3 ᠰᠠᠷ᠎ᠠ ᠵᠢᠨ 19᠎ᠤ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠸᠠᠩ ᠸᠠᠩ ᠱᠧᠩ ᠲᠢᠩᠬᠢᠮ᠎ᠤᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷᠴᠤᠳ᠎ᠢ ᠳᠠᠭ᠋ᠠᠭᠤᠯᠤᠨ ᠥᠪᠡᠷᠲᠡᠭᠡᠨ ᠵᠠᠰᠠᠬᠤ ᠣᠷᠣᠨ᠎ᠤ ᠦᠵᠡᠰᠬᠦᠯᠡᠩ᠎ᠤᠨ ᠣᠷᠳᠣᠨ᠎ᠳᠤ ᠬᠦᠷᠴᠦ 《ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠵᠦ ᠠᠴᠢ ᠡᠨᠡᠷᠢᠯ᠎ᠳᠤᠨᠢ ᠲᠠᠯᠠᠷᠬᠠᠨ ᠡᠷᠡᠯᠬᠡᠭᠯᠡᠨ ᠤᠷᠤᠭᠰᠢᠯᠠᠶ᠎ᠠ — ᠬᠣᠶᠠᠷ ᠶᠡᠬᠡ ᠶᠠᠪᠤᠳᠠᠯ᠎ᠢ ᠰᠠᠶ᠋ᠢᠲᠤᠷ ᠬᠢᠵᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠶ᠎ᠡ》 ᠭᠡᠬᠦ ᠭᠣᠣᠯ ᠰᠡᠳᠦᠪᠲᠦ ᠦᠵᠡᠰᠬᠦᠯᠡᠩ᠎ᠢ ᠲᠣᠭᠣᠷᠢᠨ ᠦᠵᠡᠪᠡ᠃

《ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠵᠦ ᠠᠴᠢ ᠡᠨᠡᠷᠢᠯ᠎ᠳᠤᠨᠢ ᠲᠠᠯᠠᠷᠬᠠᠨ ᠡᠷᠡᠯᠬᠡᠭᠯᠡᠨ ᠤᠷᠤᠭᠰᠢᠯᠠᠶ᠎ᠠ》 ᠭᠡᠬᠦ ᠭᠣᠣᠯ ᠰᠡᠳᠦᠪᠲᠦ ᠦᠵᠡᠰᠬᠦᠯᠡᠩ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭ᠋ᠠᠵᠤ᠂ 《ᠠᠷᠠᠳ᠎ᠤᠨ ᠤᠳᠤᠷᠢᠳᠤᠭᠴᠢ ᠤᠮᠠᠷᠠᠲᠤ ᠬᠢᠯᠢ᠎ᠲᠠᠢ ᠰᠡᠳᠬᠢᠯ ᠵᠢᠷᠦᠬᠡ᠎ᠪᠠᠨ ᠬᠣᠯᠪᠣᠬᠤ》 《ᠥᠨᠳᠥᠷ᠎ᠲᠤ ᠵᠣᠭᠰᠣᠨ ᠠᠯᠤᠰ᠎ᠢ ᠪᠠᠷᠠᠯᠠᠵᠤ ᠵᠠᠯᠠᠭᠤᠷ᠎ᠢ ᠡᠵᠡᠮᠳᠡᠨ ᠵᠠᠮᠴᠢᠯᠠᠬᠤ》 《ᠲᠠᠪᠤᠨ ᠶᠡᠬᠡ ᠡᠭᠦᠷᠭᠡ ᠵᠢ ᠡᠭᠦᠷᠭᠡᠯᠡᠨ ᠡᠷᠡᠯᠬᠡᠭᠯᠡᠨ ᠤᠷᠤᠭᠰᠢᠯᠠᠬᠤ》 《ᠭᠣᠣᠯ ᠰᠢᠵᠢᠮ᠎ᠳᠤ ᠠᠩᠬᠠᠷᠤᠯ ᠵᠶ᠋ᠠᠨ ᠲᠥᠪᠯᠡᠷᠡᠭᠦᠯᠦᠨ ᠵᠢᠱ᠌ᠢᠶᠡᠴᠢ᠎ᠪᠠᠷ ᠤᠷᠤᠭᠰᠢᠯᠠᠬᠤ》 《ᠠᠷᠠᠳ ᠲᠦᠮᠡᠨ᠎ᠢ ᠳᠡᠭᠡᠳᠦᠯᠡᠨ ᠤᠭ ᠰᠠᠨᠠᠭ᠎ᠠ᠎ᠪᠠᠨ ᠪᠠᠲᠤᠳᠬᠠᠬᠤ》 《ᠰᠢᠨ᠎ᠡ ᠵᠠᠮ ᠵᠶ᠋ᠠᠷ ᠡᠷᠡᠯᠬᠡᠭᠯᠡᠨ ᠤᠷᠤᠭᠰᠢᠯᠠᠵᠤ ᠳᠤᠮᠳᠠ ᠲᠦᠪᠰᠢᠨ᠎ᠳᠤ ᠣᠷᠣᠬᠤ》 ᠵᠢᠷᠭᠤᠭ᠋ᠠᠨ ᠬᠡᠰᠡᠭ᠎ᠤᠨ ᠲᠣᠭᠣᠷᠢᠨ᠎ᠳᠤ ᠭᠡᠷᠡᠯ ᠵᠢᠷᠤᠭ ᠦᠰᠦᠭ ᠪᠢᠴᠢᠭ᠂ ᠪᠣᠳᠠᠲᠤ ᠪᠣᠳᠠᠰ᠎ᠤᠨ ᠦᠵᠡᠭᠦᠯᠭᠡ᠂ ᠲᠣᠭ᠋ᠠᠴᠢᠯᠠᠭᠰᠠᠨ ᠵᠠᠭᠤᠴᠢᠯᠠᠭᠤᠷ ᠪᠠ ᠡᠯᠡᠰᠦᠨ ᠴᠠᠷ᠎ᠠ ᠵᠢᠨ ᠵᠠᠭᠪᠤᠷ ᠵᠡᠷᠭᠡ ᠤᠯᠠᠨ ᠵᠦᠢ᠍ᠯ᠎ᠤᠨ ᠬᠡᠯᠪᠡᠷᠢ᠎ᠪᠠᠷ ᠳᠠᠮᠵᠢᠭᠤᠯᠤᠨ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠠᠬᠢ ᠳᠣᠲᠣᠨᠣ ᠬᠠᠯᠠᠮᠵᠢᠯᠠᠯ ᠪᠠ ᠭᠦᠨ ᠵᠤᠵᠠᠭ᠋ᠠᠨ ᠬᠠᠶ᠋ᠢᠷ᠎ᠠ ᠬᠠᠯᠠᠮᠵᠢ ᠵᠢ ᠠᠮᠢᠳᠤᠯᠢᠭ ᠵᠶ᠋ᠠᠷ ᠢᠯᠡᠷᠡᠭᠦᠯᠵᠦ᠂ ᠥᠪᠥᠷ ᠮᠣᠩᠭᠣᠯ᠎ᠤᠨ 《ᠲᠠᠪᠤᠨ ᠶᠡᠬᠡ ᠡᠭᠦᠷᠭᠡ》 ᠪᠣᠯᠣᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠢ᠌ᠭᠤᠯᠬᠤ ᠵᠢᠨ ᠠᠭᠤᠯᠤᠭᠳᠠᠬᠤᠨ᠎ᠢ ᠭᠦᠨᠵᠡᠭᠡᠢ ᠲᠣᠳᠣᠷᠬᠠᠢ᠌ᠯᠠᠨ ᠲᠠᠢ᠌ᠯᠪᠤᠷᠢᠯᠠᠵᠤ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠰᠠᠨᠠᠯ》᠎ᠢ ᠳᠠᠷᠤᠮᠠᠯᠯᠠᠨ ᠲᠠᠷᠬᠠᠭ᠋ᠠᠭᠰᠠᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠪᠥᠬᠥ ᠲᠠᠯ᠎ᠠ᠎ᠪᠠᠷ ᠲᠠᠢ᠌ᠯᠪᠤᠷᠢᠯᠠᠨ᠂ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠤ ᠰᠢᠨ᠎ᠡ ᠠᠶᠠᠨ ᠵᠠᠮ᠎ᠳᠤ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ᠎ᠳᠤ ᠭᠠᠪᠢᠶ᠎ᠠ ᠪᠠᠢ᠌ᠭᠤᠯᠤᠭᠰᠠᠨ ᠠᠮᠢᠳᠤᠯᠢᠭ ᠦᠢ᠍ᠯᠡᠳᠦᠯᠭᠡ ᠵᠢ ᠭᠦᠢ᠍ᠴᠡᠳ ᠬᠠᠷᠠᠭᠤᠯᠤᠭᠰᠠᠨ ᠪᠠᠢ᠌ᠨ᠎ᠠ᠃
ᠤᠯᠠᠨ ᠵᠶ᠋ᠠᠷ ᠵᠶ᠋ᠠᠨ ᠳᠡᠯᠭᠡᠨ ᠦᠵᠡᠭᠦᠯᠭᠡ ᠵᠢᠨ ᠲᠠᠢ᠌ᠯᠪᠤᠷᠢᠯᠠᠯᠲᠠ ᠵᠢ ᠨᠠᠷᠢᠨ ᠬᠢᠨᠠᠮᠠᠭ᠋ᠠᠢ ᠰᠣᠨᠣᠰᠴᠤ᠂ ᠨᠠᠷᠢᠨ ᠬᠢᠨᠠᠮᠠᠭ᠋ᠠᠢ ᠰᠣᠨᠢᠷᠬᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠵᠢᠭ᠋ᠠᠭᠰᠠᠨ ᠵᠠᠮ ᠵᠶ᠋ᠠᠷ ᠴᠥᠬᠥᠷᠡᠰᠢ ᠦᠭᠡᠢ ᠴᠢᠷᠮᠠᠢ᠌ᠨ ᠤᠷᠤᠭᠰᠢᠯᠠᠵᠤ᠂ ᠭᠣᠣᠯ ᠬᠠᠷᠢᠭᠤᠴᠠᠯᠭ᠎ᠠ ᠭᠣᠣᠯ ᠦᠢ᠍ᠯᠡᠰ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠡᠭᠦᠷᠭᠡ ᠬᠠᠷᠢᠭᠤᠴᠠᠯᠭ᠎ᠠ᠎ᠪᠠᠨ ᠴᠢᠩᠭ᠋ᠠᠳᠬᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠬᠤ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃