ᠣᠢ᠌ᠷ᠎ᠠ ᠵᠢᠨ ᠵᠢᠯ᠎ᠤᠨ ᠲᠤᠷᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠢ ᠦᠷᠭᠦᠯᠵᠢᠯᠡᠨ ᠰᠠᠶ᠋ᠢᠲᠤᠷ ᠠᠳᠬᠤᠵᠤ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠪᠣᠬᠢᠷ ᠤᠰᠤ ᠵᠢ ᠰᠢᠢ᠍ᠳᠪᠦᠷᠢᠯᠡᠬᠦ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ 《ᠵᠥᠪᠰᠢᠶᠡᠷᠡᠬᠦ ᠵᠢ ᠴᠢᠩᠳᠠᠯᠠᠬᠤ᠂ ᠠᠷᠪᠢᠲᠠᠢ ᠡᠷᠴᠢᠮᠯᠢᠭ ᠪᠠᠶ᠋ᠢᠬᠤ᠂ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠬᠤ᠂ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ》᠎ᠪᠠᠷ ᠳᠠᠮᠵᠢᠭᠤᠯᠤᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠤᠰᠤᠨ᠎ᠤ ᠪᠣᠬᠢᠷᠲᠤᠯ᠎ᠢ ᠴᠡᠭᠴᠡᠯᠡᠨ ᠵᠠᠰᠠᠵᠤ ᠲᠠᠰ ᠳᠡᠪᠰᠢᠭᠦᠯᠬᠦ ᠵᠢ ᠠᠬᠢᠭᠤᠯᠵᠤ᠂ ᠪᠥᠬᠥ ᠣᠷᠣᠨ᠎ᠤ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠪᠡᠬᠢᠵᠢᠭᠦᠯᠦᠨ ᠳᠡᠭᠡᠭᠰᠢᠯᠡᠭᠦᠯᠵᠦ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ᠎ᠳᠤ ᠬᠦᠴᠦᠨ ᠨᠡᠮᠡᠷᠢᠯᠡᠪᠡ᠃ 2023 ᠣᠨ᠎ᠳᠤ᠂ ᠪᠥᠬᠥ ᠣᠷᠣᠨ᠎ᠤ ᠭᠠᠵᠠᠷ ᠳᠡᠭᠡᠷᠡᠬᠢ ᠤᠰᠤᠨ᠎ᠤ ᠣᠭᠲᠣᠯᠣᠭ᠋ᠠᠰᠤ ᠵᠢᠨ ᠰᠢᠯᠢᠳᠡᠭ ᠤᠰᠤᠨ᠎ᠤ ᠴᠢᠨᠠᠷ᠎ᠤᠨ ᠬᠠᠷᠢᠴᠠᠯ 2014 ᠣᠨ᠎ᠤ᠎ᠬᠢ᠎ᠠᠴᠠ ᠵᠠᠭᠤᠨ᠎ᠤ ᠬᠠᠷᠢᠴᠠᠯ ᠵᠶ᠋ᠠᠷ 20.8 ᠳᠡᠭᠡᠭᠰᠢᠯᠡᠵᠦ᠂ ᠬᠢᠨᠠᠨ ᠬᠡᠮᠵᠢᠭᠰᠡᠨ ᠲᠡᠮᠳᠡᠭᠯᠡᠯ᠎ᠲᠠᠢ ᠪᠣᠯᠤᠭᠰᠠᠨ᠎ᠠᠴᠠ ᠨᠠᠭ᠋ᠠᠰᠢᠬᠢ ᠬᠠᠮᠤᠭ᠎ᠤᠨ ᠰᠠᠶ᠋ᠢᠨ ᠬᠢᠷᠢ ᠲᠦᠪᠰᠢᠨ᠎ᠳᠤ ᠬᠦᠷᠴᠦ᠂ ᠬᠠᠲᠤᠨ ᠭᠣᠣᠯ᠎ᠤᠨ ᠥᠪᠥᠷ ᠮᠣᠩᠭᠣᠯ᠎ᠳᠠᠬᠢ ᠬᠡᠰᠡᠭ᠎ᠤᠨ ᠭᠣᠣᠯ ᠤᠷᠤᠰᠬᠠᠯ᠎ᠤᠨ ᠤᠰᠤᠨ᠎ᠤ ᠴᠢᠨᠠᠷ 4 ᠵᠢᠯ ᠳᠠᠷᠠᠭ᠋ᠠᠯᠠᠨ Ⅱ ᠲᠥᠷᠥᠯ ᠵᠶ᠋ᠠᠷ ᠣᠷᠣᠭᠤᠯᠵᠤ Ⅱ ᠲᠥᠷᠥᠯ ᠵᠶ᠋ᠠᠷ ᠭᠠᠷᠭ᠋ᠠᠵᠤ᠂ ᠰᠠᠯᠪᠤᠷᠢ ᠤᠷᠤᠰᠬᠠᠯ᠎ᠤᠨ ᠤᠯᠤᠰ᠎ᠤᠨ ᠬᠢᠨᠠᠨ ᠰᠢᠯᠭ᠋ᠠᠯᠲᠠ ᠵᠢᠨ ᠣᠭᠲᠣᠯᠣᠭ᠋ᠠᠰᠤ ᠠᠩᠬ᠎ᠠ ᠤᠳᠠᠭ᠎ᠠ ᠤᠰᠤᠨ᠎ᠤ ᠮᠠᠭᠤ ᠴᠢᠨᠠᠷ᠎ᠢ ᠪᠥᠬᠥ ᠲᠠᠯ᠎ᠠ᠎ᠪᠠᠷ ᠦᠭᠡᠢ᠌ᠰᠬᠡᠭᠰᠡᠨ ᠪᠠᠢ᠌ᠨ᠎ᠠ᠃ ᠬᠢᠩᠭ᠋ᠠᠨ ᠠᠶ᠋ᠢᠮᠠᠭ᠎ᠤᠨ ᠬᠠᠯᠬ᠎ᠠ ᠭᠣᠣᠯ᠂ ᠣᠷᠳᠣᠰ ᠬᠤᠳᠠ ᠵᠢᠨ ᠦ᠋ ᠳ᠋ᠢᠩ ᠾᠧ ᠭᠣᠣᠯ ᠠᠮᠢ ᠠᠬᠤᠢ ᠵᠢᠨ ᠣᠷᠴᠢᠨ ᠲᠣᠭᠣᠷᠢᠨ᠎ᠤ ᠶᠠᠮᠤᠨ᠎ᠤ ᠦᠵᠡᠰᠬᠦᠯᠡᠩᠲᠦ ᠰᠠᠢ᠌ᠬᠠᠨ ᠭᠣᠣᠯ ᠨᠠᠭᠤᠷ᠎ᠤᠨ ᠰᠢᠯᠢᠳᠡᠭ ᠬᠡᠷᠡᠭ᠎ᠤᠨ ᠵᠢᠱ᠌ᠢᠶ᠎ᠡ᠎ᠪᠠᠷ ᠰᠣᠩᠭᠣᠭᠳᠠᠪᠠ᠃
ᠣᠷᠣᠬᠤ ᠵᠢ ᠵᠥᠪᠰᠢᠶᠡᠷᠡᠬᠦ ᠵᠢ ᠴᠢᠩᠳᠠᠯᠠᠵᠤ᠂ ᠠᠷᠪᠢᠲᠠᠢ ᠡᠷᠴᠢᠮᠯᠢᠭ ᠪᠠᠢ᠌ᠵᠤ᠂ ᠬᠦᠷᠢᠶᠡᠯᠡᠩ ᠲᠣᠭᠣᠷᠢᠭ᠎ᠤᠨ ᠤᠰᠤ ᠬᠡᠷᠡᠭᠯᠡᠬᠦ ᠵᠢ ᠵᠦᠢ ᠵᠣᠬᠢᠰᠲᠠᠢ ᠲᠣᠬᠢᠷᠠᠭᠤᠯᠤᠨ ᠬᠡᠮᠵᠢᠶ᠎ᠡ ᠵᠢ ᠪᠠᠭ᠋ᠠᠰᠬᠠᠨ ᠡᠷᠭᠢᠯᠳᠦᠭᠦᠯᠬᠦ ᠵᠢ ᠪᠥᠬᠥ ᠲᠠᠯ᠎ᠠ᠎ᠪᠠᠷ ᠠᠬᠢᠭᠤᠯᠪᠠ
ᠨᠢᠭᠡ᠎ᠳᠤ᠂ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠵᠦ᠂ ᠵᠥᠪᠰᠢᠶᠡᠷᠡᠬᠦ ᠪᠣᠭᠣᠮᠲᠠ ᠵᠢ ᠴᠢᠩᠭ᠎ᠠ ᠠᠳᠬᠤᠪᠠ᠃ ᠥᠪᠥᠷ ᠮᠣᠩᠭᠣᠯ ᠲᠠᠪᠤᠨ ᠳᠡᠰ᠎ᠤᠨ ᠠᠮᠢ ᠠᠬᠤᠢ ᠣᠷᠴᠢᠨ ᠲᠣᠭᠣᠷᠢᠨ᠎ᠤ ᠵᠥᠪᠰᠢᠶᠡᠷᠡᠨ ᠤᠷᠤᠭᠤᠯᠬᠤ ᠨᠠᠷᠢᠨ ᠳᠠᠩᠰᠠ ᠵᠢᠨ ᠬᠠᠮᠢᠶᠠᠷᠤᠨ ᠡᠵᠡᠮᠳᠡᠬᠦ ᠰᠢᠰᠲ᠋ᠧᠮ᠎ᠢ ᠬᠦᠴᠦᠯᠡᠨ ᠪᠠᠢ᠌ᠭᠤᠯᠵᠤ᠂ 《ᠭᠤᠷᠪᠠᠨ ᠱᠤᠭᠤᠮ ᠨᠢᠭᠡ ᠬᠠᠭᠤᠳᠠᠰᠤ》 ᠵᠢᠨ ᠦᠷ᠎ᠡ ᠪᠦᠲᠦᠭᠡᠯ᠎ᠤᠨ ᠬᠣᠷᠸ᠎ᠠ ᠲᠠᠯ᠎ᠠ᠎ᠠᠴᠠ 《ᠬᠦᠷᠢᠶ᠎ᠡ ᠬᠡᠪᠴᠢᠶ᠎ᠡ ᠲᠣᠭᠲᠠᠭ᠋ᠠᠬᠤ᠂ ᠳᠦᠷᠢᠮ ᠲᠣᠭᠲᠠᠭ᠋ᠠᠯ ᠲᠣᠭᠲᠠᠭ᠋ᠠᠬᠤ᠂ ᠵᠥᠪᠰᠢᠶᠡᠷᠡᠨ ᠣᠷᠣᠭᠤᠯᠬᠤ ᠵᠢ ᠴᠢᠩᠳᠠᠯᠠᠬᠤ》 ᠴᠢᠬᠤᠯᠠ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠣᠷᠣᠨ ᠪᠦᠰᠡ ᠵᠢᠨ ᠪᠠᠶ᠋ᠢᠭ᠋ᠠᠯᠢ ᠵᠢᠨ ᠨᠥᠬᠥᠴᠡᠯ᠂ ᠬᠣᠲᠠ ᠵᠢᠨ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ᠂ ᠠᠵᠤ ᠠᠬᠤᠢ ᠵᠢᠨ ᠠᠵᠤ ᠦᠢ᠍ᠯᠡᠰ᠎ᠤᠨ ᠣᠨᠴᠠᠯᠢᠭ᠂ ᠠᠮᠢ ᠠᠬᠤᠢ ᠣᠷᠴᠢᠨ ᠲᠣᠭᠣᠷᠢᠨ᠎ᠤ ᠴᠢᠳᠠᠮᠵᠢ ᠵᠡᠷᠭᠡ ᠠᠭᠤᠯᠭ᠎ᠠ ᠵᠢ ᠦᠨᠳᠦᠰᠦᠯᠡᠨ᠂ ᠣᠷᠣᠨ ᠵᠠᠢ ᠵᠢᠨ ᠪᠠᠢ᠌ᠷᠢᠰᠢᠭᠤᠯᠤᠯᠲᠠ ᠵᠢᠨ ᠬᠢᠵᠠᠭ᠋ᠠᠷᠯᠠᠯ᠂ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢ ᠬᠠᠮᠢᠶᠠᠷᠤᠨ ᠡᠵᠡᠮᠳᠡᠬᠦ᠂ ᠣᠷᠴᠢᠨ ᠲᠣᠭᠣᠷᠢᠨ᠎ᠤ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠪᠠ ᠡᠬᠢ ᠪᠠᠶᠠᠯᠢᠭ᠎ᠢ ᠨᠡᠭᠡᠭᠡᠨ ᠠᠰᠢᠭᠯᠠᠬᠤ ᠦᠷ᠎ᠡ ᠪᠦᠲᠦᠮᠵᠢ ᠵᠡᠷᠭᠡ ᠲᠠᠯ᠎ᠠ᠎ᠪᠠᠷ ᠬᠠᠮᠢᠶᠠᠷᠤᠨ ᠡᠵᠡᠮᠳᠡᠬᠦ ᠱᠠᠭ᠋ᠠᠷᠳᠠᠯᠭ᠎ᠠ ᠵᠢ ᠲᠣᠳᠣᠷᠬᠠᠢ᠌ᠯᠠᠵᠤ᠂ ᠲᠥᠷᠥᠯ ᠵᠦᠢ᠍ᠯ᠎ᠤᠨ ᠵᠥᠪᠰᠢᠶᠡᠷᠡᠨ ᠣᠷᠣᠭᠤᠯᠬᠤ ᠪᠣᠭᠣᠮᠲᠠ ᠵᠢ ᠴᠢᠩᠭ᠎ᠠ ᠠᠳᠬᠤᠪᠠ᠃ ᠲᠥᠯᠦᠪᠵᠢᠭᠦᠯᠭᠡ ᠵᠢᠨ ᠣᠷᠴᠢᠨ ᠲᠣᠭᠣᠷᠢᠨ᠎ᠤ ᠦᠨᠡᠯᠡᠯᠲᠡ ᠪᠠ ᠤᠰᠤᠨ᠎ᠤ ᠡᠬᠢ ᠪᠠᠶᠠᠯᠢᠭ᠎ᠤᠨ ᠨᠤᠲᠠᠯᠠᠯᠲᠠ ᠵᠢᠨ ᠬᠦᠷᠢᠶᠡᠯᠡᠩ ᠲᠣᠭᠣᠷᠢᠭ᠎ᠤᠨ ᠶᠡᠷᠦᠩᠬᠡᠢ ᠲᠥᠯᠦᠪᠵᠢᠭᠦᠯᠭᠡ᠎ᠳᠠᠬᠢ ᠰᠢᠨᠵᠢᠯᠡᠬᠦ ᠤᠬᠠᠭ᠋ᠠᠨᠴᠢ ᠲᠤᠯᠭ᠋ᠠᠭᠤᠷᠢᠯᠠᠯ᠎ᠢ ᠴᠢᠩᠭ᠋ᠠᠷᠠᠭᠤᠯᠵᠤ᠂ ᠤᠰᠤ ᠬᠡᠷᠡᠭᠯᠡᠬᠦ ᠵᠢ ᠵᠦᠪᠰᠶᠡᠷᠡᠬᠦ ᠵᠢ ᠴᠢᠩᠳᠠᠯᠠᠵᠤ᠂ ᠤᠰᠤ ᠬᠡᠷᠡᠭᠯᠡᠬᠦ ᠬᠡᠪᠴᠢᠶ᠎ᠡ ᠵᠢ ᠬᠢᠵᠠᠭ᠋ᠠᠷᠯᠠᠨ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠬᠦ ᠵᠢ ᠬᠠᠮᠵᠢᠯᠴᠠᠨ ᠠᠬᠢᠭᠤᠯᠪᠠ᠃
ᠬᠣᠶᠠᠷ᠎ᠲᠤ ᠰᠢᠨᠵᠢᠯᠡᠬᠦ ᠤᠬᠠᠭ᠋ᠠᠨᠴᠢ᠎ᠪᠠᠷ ᠤᠰᠤ ᠵᠢ ᠲᠣᠬᠢᠷᠠᠭᠤᠯᠵᠤ᠂ ᠤᠰᠤ᠎ᠪᠠᠷ ᠭᠠᠷᠤᠯᠲᠠ ᠵᠢ ᠲᠣᠭᠲᠠᠭ᠋ᠠᠪᠠ᠃ ᠤᠰᠤᠨ᠎ᠤ ᠡᠬᠢ ᠪᠠᠶᠠᠯᠢᠭ᠎ᠢ ᠬᠠᠮᠤᠭ᠎ᠤᠨ ᠶᠡᠬᠡ ᠬᠠᠲᠠᠭᠤ ᠬᠢᠵᠠᠭ᠋ᠠᠷᠯᠠᠯ ᠪᠣᠯᠭ᠋ᠠᠵᠤ᠂ ᠰᠢᠨ᠎ᠡ᠎ᠪᠠᠷ ᠪᠠᠢ᠌ᠭᠤᠯᠤᠭᠰᠠᠨ᠂ ᠥᠭᠡᠷᠡᠴᠢᠯᠡᠨ ᠪᠠᠢ᠌ᠭᠤᠯᠤᠭᠰᠠᠨ᠂ ᠥᠷᠭᠡᠳᠬᠡᠨ ᠪᠠᠢ᠌ᠭᠤᠯᠤᠭᠰᠠᠨ ᠬᠦᠷᠢᠶᠡᠯᠡᠩ ᠲᠣᠭᠣᠷᠢᠭ᠎ᠤᠨ ᠤᠰᠤ ᠶᠡᠬᠡ ᠬᠣᠷᠣᠭᠳᠠᠭᠤᠯᠬᠤ ᠲᠥᠷᠥᠯ ᠵᠦᠢ᠍ᠯ᠎ᠳᠤ᠂ ᠳᠠᠬᠢᠯᠲᠠ ᠤᠰᠤ᠂ ᠨᠡᠭᠦᠷᠡᠰᠦᠨ ᠳᠠᠪᠬᠤᠷᠭ᠎ᠠ ᠵᠢᠨ ᠤᠰᠤ ᠵᠡᠷᠭᠡ ᠬᠡᠪ᠎ᠤᠨ ᠪᠤᠰᠤ ᠤᠰᠤ ᠵᠢ ᠤᠷᠢᠳᠠᠪᠠᠷ ᠲᠣᠬᠢᠷᠠᠭᠤᠯᠤᠨ ᠬᠡᠷᠡᠭᠯᠡᠵᠦ᠂ ᠨᠢᠭᠡᠨᠲᠡ ᠪᠠᠢ᠌ᠭᠤᠯᠤᠭᠰᠠᠨ ᠲᠥᠷᠥᠯ ᠵᠦᠢ᠍ᠯ᠎ᠳᠤ ᠳᠠᠬᠢᠯᠲᠠ ᠤᠰᠤᠨ᠎ᠤ ᠬᠡᠷᠡᠭᠯᠡᠬᠦ ᠬᠠᠷᠢᠴᠠᠯ᠎ᠢ ᠠᠯᠬᠤᠮ ᠠᠯᠬᠤᠮ ᠵᠶ᠋ᠠᠷ ᠨᠡᠮᠡᠭᠳᠡᠭᠦᠯᠪᠡ᠃ ᠬᠥᠬᠡᠬᠣᠲᠠ 9.2 ᠳ᠋ᠦᠩᠰᠢᠭᠤᠷ ᠲᠥᠭᠥᠷᠢᠭ ᠪᠡᠯᠡ ᠣᠷᠣᠭᠤᠯᠵᠤ᠂ ᠶᠡᠷᠦᠩᠬᠡᠢ ᠤᠷᠳᠤᠨᠢ 80 ᠺᠢᠯᠣᠮᠧᠲᠷ᠎ᠤᠨ ᠲᠦᠸᠧ ᠴᠢᠩ ᠠᠵᠤ ᠠᠬᠤᠢ ᠵᠢᠨ ᠨᠡᠭᠡᠭᠡᠯᠲᠡ ᠵᠢᠨ ᠲᠣᠭᠣᠷᠢᠭ᠎ᠤᠨ ᠴᠠᠩ ᠱᠤ᠌ ᠳᠠᠬᠢᠯᠲᠠ ᠤᠰᠤᠨ᠎ᠤ ᠬᠣᠭᠣᠯᠠᠢ ᠵᠢᠨ ᠱᠤᠭᠤᠮ᠎ᠤᠨ ᠲᠥᠷᠥᠯ ᠵᠦᠢ᠍ᠯ᠎ᠢ ᠪᠦᠲᠦᠭᠡᠨ ᠪᠠᠢ᠌ᠭᠤᠯᠪᠠ᠃ ᠪᠠᠷᠢᠯᠭ᠎ᠠ ᠳᠠᠭᠤᠰᠤᠭᠰᠠᠨ᠎ᠤ ᠳᠠᠷᠠᠭ᠎ᠠ᠂ ᠭᠣᠣᠯ ᠬᠤᠳᠠ ᠲᠣᠭᠣᠷᠢᠭ᠎ᠤᠨ 15 ᠲᠦᠮᠡᠨ ᠲᠣᠨ / ᠡᠳᠦᠷ᠎ᠤᠨ ᠳᠠᠬᠢᠯᠲᠠ ᠤᠰᠤ ᠵᠢ ᠲᠦᠸᠧ ᠴᠢᠩ᠎ᠤᠨ ᠠᠵᠤ ᠠᠬᠤᠢ ᠵᠢᠨ ᠨᠡᠭᠡᠭᠡᠯᠲᠡ ᠵᠢᠨ ᠲᠣᠭᠣᠷᠢᠭ᠎ᠲᠤ ᠬᠦᠷᠭᠡᠵᠦ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ᠎ᠳᠤ ᠬᠡᠷᠡᠭᠯᠡᠭᠦᠯᠦᠨ᠂ ᠰᠢᠨ᠎ᠡ ᠰᠣᠷᠭᠣᠭ ᠤᠰᠤ ᠵᠢ ᠰᠣᠯᠢᠵᠤ᠂ ᠳᠠᠬᠢᠯᠲᠠ ᠤᠰᠤᠨ᠎ᠤ ᠠᠰᠢᠭᠯᠠᠯᠲᠠ ᠵᠢᠨ ᠨᠤᠷᠮ᠎ᠠ ᠵᠢ ᠤᠯᠠᠮ ᠨᠢᠭᠡ ᠠᠯᠬᠤᠮ ᠳᠡᠬᠡᠭᠰᠢᠯᠡᠬᠦᠯᠦᠨ᠎ᠡ᠃ ᠦᠬᠠᠢ ᠬᠤᠳᠠ ᠵᠢᠨ ᠪᠣᠬᠢᠷ ᠤᠰᠤ ᠰᠢᠢ᠍ᠳᠪᠦᠷᠢᠯᠡᠬᠦ 6 ᠦᠢ᠍ᠯᠡᠳᠪᠦᠷᠢ ᠠᠮᠢᠳᠤᠷᠠᠯ᠎ᠤᠨ ᠪᠣᠬᠢᠷ ᠤᠰᠤ ᠪᠣᠯᠣᠨ ᠠᠵᠤ ᠦᠢ᠍ᠯᠡᠳᠪᠦᠷᠢ ᠵᠢᠨ ᠬᠠᠶᠠᠭᠳᠠᠮᠠᠯ ᠤᠰᠤ ᠵᠢ ᠬᠤᠷᠢᠶᠠᠪᠠᠯ ᠵᠣᠬᠢᠬᠤ ᠵᠢ᠎ᠨᠢ ᠪᠦᠬᠦᠨ᠎ᠢ ᠬᠤᠷᠢᠶᠠᠵᠤ᠂ 《ᠲᠥᠪᠯᠡᠷᠡᠭᠦᠯᠦᠨ ᠴᠤᠭᠯᠠᠭᠤᠯᠵᠤ᠂ ᠴᠢᠨᠠᠷ ᠬᠤᠪᠢᠶᠠᠨ ᠤᠰᠤ ᠬᠠᠩᠭ᠋ᠠᠬᠤ》 ᠳᠠᠬᠢᠯᠲᠠ ᠤᠰᠤ ᠵᠢ ᠬᠣᠷᠢᠶᠠᠨ ᠴᠤᠭᠯᠠᠭᠤᠯᠵᠤ ᠠᠰᠢᠭᠯᠠᠬᠤ ᠰᠢᠰᠲ᠋ᠧᠮ᠎ᠢ ᠪᠦᠷᠢᠯᠳᠦᠭᠦᠯᠵᠦ᠂ ᠪᠦᠬᠦ ᠬᠤᠳᠠ ᠵᠢᠨ ᠳᠠᠬᠢᠯᠲᠠ ᠤᠰᠤᠨ᠎ᠤ ᠠᠰᠢᠭᠯᠠᠯᠲᠠ ᠵᠢᠨ ᠨᠤᠷᠮ᠎ᠠ ᠵᠢ 100%᠎ᠳᠤ ᠬᠦᠷᠭᠡᠵᠡᠢ᠃
ᠭᠤᠷᠪᠠ᠎ᠳᠤ᠂ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ᠂ ᠥᠨᠳᠥᠷ ᠪᠦᠲᠦᠮᠵᠢᠲᠡᠢ᠎ᠪᠠᠷ ᠤᠰᠤ ᠠᠷᠪᠢᠯᠠᠪᠠ᠃ ᠤᠰᠤ ᠶᠡᠬᠡ ᠬᠣᠷᠣᠭᠳᠠᠭᠤᠯᠬᠤ ᠠᠵᠢᠯ ᠲᠥᠷᠥᠯ᠎ᠤᠨ ᠤᠰᠤ ᠠᠷᠪᠢᠯᠠᠬᠤ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠠᠬᠢᠭᠤᠯᠵᠤ᠂ ᠣᠷᠳᠣᠰ ᠬᠤᠳᠠ ᠵᠢᠨ 32 ᠲᠣᠮᠣ ᠬᠡᠯᠪᠡᠷᠢ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ ᠬᠠᠶᠠᠭᠳᠠᠮᠠᠯ ᠤᠰᠤ ᠵᠢ 《ᠦᠯᠦ ᠭᠠᠳᠠᠭᠰᠢᠯᠠᠭᠤᠯᠬᠤ》 ᠵᠢ ᠬᠠᠢ᠌ᠨ ᠰᠦᠪᠡᠭᠴᠢᠯᠡᠵᠦ᠂ ᠬᠡᠲᠦ ᠱᠦᠭᠦᠬᠦ᠂ ᠨᠡᠪᠴᠢᠯᠲᠡ ᠵᠢ ᠡᠰᠡᠷᠭᠦᠴᠡᠬᠦ᠂ ᠥᠨᠳᠥᠷ ᠦᠷ᠎ᠡ ᠠᠰᠢᠭᠲᠠᠢ ᠠᠭᠤᠷᠰᠢᠭᠤᠯᠬᠤ ᠮᠡᠷᠭᠡᠵᠢᠯ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠠᠵᠤ ᠦᠢ᠍ᠯᠡᠳᠪᠦᠷᠢ ᠵᠢᠨ ᠳᠠᠪᠤᠰᠤ ᠶᠡᠬᠡᠲᠡᠢ ᠬᠠᠶᠠᠭᠳᠠᠮᠠᠯ ᠤᠰᠤ᠎ᠪᠠᠷ ᠳᠠᠪᠤᠰᠤ ᠰᠢᠷᠭ᠋ᠠᠬᠤ᠂ ᠳᠠᠪᠤᠰᠤ ᠬᠤᠪᠢᠶᠠᠬᠤ᠂ ᠲᠠᠯᠠᠰᠵᠢᠭᠤᠯᠬᠤ ᠮᠡᠷᠭᠡᠵᠢᠯ᠎ᠤᠨ ᠪᠣᠭᠣᠮᠲᠠ ᠰᠢᠪᠲᠤᠯᠬᠤ ᠠᠵᠢᠯ ᠴᠢᠬᠤᠯᠠ ᠶᠡᠬᠡ ᠰᠢᠪᠲᠤᠯᠤᠯᠲᠠ᠎ᠲᠠᠢ ᠪᠣᠯᠵᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠳᠤ ᠤᠯᠤᠰ᠎ᠤᠨ ᠲᠡᠷᠢᠭᠦᠨ᠎ᠤ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢᠱ᠌ᠢᠶ᠎ᠡ ᠦᠵᠡᠭᠦᠯᠬᠦ ᠮᠡᠷᠭᠡᠵᠢᠯ ᠵᠶ᠋ᠡᠷ ᠵᠢᠭᠰᠠᠭ᠋ᠠᠭᠳᠠᠵᠤ᠂ ᠠᠵᠤ ᠦᠢ᠍ᠯᠡᠳᠪᠦᠷᠢ ᠵᠢᠨ ᠬᠠᠶᠠᠭᠳᠠᠮᠠᠯ ᠤᠰᠤ ᠵᠢᠨ ᠬᠡᠮᠵᠢᠶ᠎ᠡ ᠵᠢ ᠪᠠᠭ᠋ᠠᠰᠬᠠᠬᠤ᠂ ᠡᠬᠢ ᠪᠠᠶᠠᠯᠢᠭᠵᠢᠭᠤᠯᠬᠤ᠂ ᠬᠣᠣᠷ ᠦᠭᠡᠢ᠍ᠢ᠍ᠵᠢᠬᠦᠯᠦᠨ ᠠᠰᠢᠭᠯᠠᠬᠤ ᠵᠢ ᠠᠬᠢᠭᠤᠯᠪᠠ᠃ ᠪᠤᠭᠤᠲᠤ ᠵᠢᠨ ᠬᠣᠪᠣᠷ ᠰᠢᠷᠣᠢ ᠵᠢᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ᠎ᠨᠢ ᠬᠦᠷᠢᠶᠡᠯᠡᠩ ᠲᠣᠭᠣᠷᠢᠭ᠎ᠤᠨ ᠪᠦᠬᠦᠯᠢ ᠴᠣᠭᠴᠠ ᠵᠢᠨ ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠬᠤ ᠠᠵᠢᠯ᠎ᠢ ᠢᠳᠡᠪᠬᠢᠲᠡᠢ ᠠᠬᠢᠭᠤᠯᠵᠤ᠂ ᠤᠰᠤᠨ᠎ᠤ ᠡᠬᠢ ᠪᠠᠶᠠᠯᠢᠭ᠎ᠢ ᠠᠰᠢᠭᠯᠠᠬᠤ ᠬᠢᠷᠢ ᠲᠦᠪᠰᠢᠨ᠎ᠢ ᠳᠡᠬᠡᠭᠰᠢᠯᠡᠬᠦᠯᠵᠦ᠂ ᠬᠦᠷᠢᠶᠡᠯᠡᠩ ᠲᠣᠭᠣᠷᠢᠭ᠎ᠤᠨ ᠪᠦᠬᠦᠯᠢ ᠴᠣᠭᠴᠠ ᠵᠢᠨ ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠬᠤ ᠵᠠᠭᠪᠤᠷ᠎ᠢ ᠪᠠᠢ᠌ᠭᠤᠯᠵᠤ᠂ ᠬᠦᠷᠢᠶᠡᠯᠡᠩ ᠲᠣᠭᠣᠷᠢᠭ᠎ᠤᠨ ᠤᠮᠠᠷᠠᠲᠤ ᠵᠢᠨ ᠬᠣᠪᠣᠷ ᠰᠢᠷᠣᠢ ᠵᠢᠨ ᠲᠢᠶᠠᠨ ᠵᠢᠶᠣᠣ ᠴᠢᠩ ᠮᠧᠢ ᠺᠣᠮᠫᠠᠨᠢ᠎ᠨᠢ 《ᠬᠤᠢ᠌ᠯᠠᠷᠠᠭᠠ ᠰᠠᠯᠬᠢᠨ᠎ᠤ ᠰᠤᠪᠤᠷᠭ᠎ᠠ + ᠨᠡᠢ᠌ᠯᠡᠮᠡᠯ ᠱᠦᠭᠦᠬᠦ ᠲᠣᠣᠷ᠎ᠤᠨ ᠮᠠᠨᠠᠨ ᠠᠷᠢᠯᠭ᠋ᠠᠭᠤᠷ + ᠬᠡᠯᠪᠡᠯᠵᠡᠭᠴᠢ ᠰᠢᠭᠰᠢᠭᠦᠷ + ᠰᠠᠯᠬᠢᠨ᠎ᠤ ᠮᠠᠰᠢᠨ》᠎ᠤ ᠤᠷᠠᠯᠠᠯ᠎ᠢ ᠬᠡᠷᠡᠭᠯᠡᠨ ᠰᠡᠭᠦᠯ᠎ᠤᠨ ᠬᠡᠢ᠎ᠪᠠᠷ ᠲᠣᠭᠣᠰᠣ ᠮᠠᠨᠠᠨ᠎ᠢ ᠠᠷᠢᠯᠭ᠋ᠠᠨ ᠵᠠᠰᠠᠵᠤ᠂ ᠲᠣᠭᠣᠰᠣ ᠪᠠᠭᠤᠷᠠᠭᠤᠯᠬᠤ ᠶᠠᠪᠤᠴᠠ᠎ᠳᠤ ᠤᠰᠤᠨ ᠠᠭᠤᠷ᠎ᠢ ᠲᠣᠣᠷ᠎ᠤᠨ ᠱᠤᠭᠤᠮ ᠳᠡᠭᠡᠷ᠎ᠡ ᠴᠠᠷᠴᠠᠭᠤᠯᠤᠨ᠂ ᠳᠤᠰᠤᠯᠠᠭᠰᠠᠨᠤ ᠳᠠᠷᠠᠭ᠎ᠠ ᠬᠣᠷᠢᠶᠠᠨ ᠠᠪᠴᠤ᠂ ᠤᠲᠤᠭ᠎ᠠ ᠵᠢ ᠭᠦᠨ ᠵᠠᠰᠠᠬᠤ ᠵᠢᠨ ᠬᠠᠮᠲᠤ ᠤᠰᠤᠨ᠎ᠤ ᠡᠬᠢ ᠪᠠᠶᠠᠯᠢᠭ᠎ᠢ ᠠᠷᠪᠢᠯᠠᠨ ᠠᠰᠢᠭᠯᠠᠬᠤ ᠵᠢ ᠪᠡᠶᠡᠯᠡᠭᠦᠯᠪᠡ᠃ ᠤᠯᠠᠭ᠋ᠠᠨᠬᠠᠳᠠ ᠵᠢᠨ ᠶᠦᠨ ᠲᠦᠩ ᠺᠣᠮᠫᠠᠨᠢ ᠵᠢᠨ᠎ᠬᠢᠨ ᠦᠢ᠍ᠯᠡᠳᠪᠦᠷᠢ ᠵᠢᠨ ᠬᠠᠶᠠᠭᠳᠠᠮᠠᠯ ᠤᠰᠤ ᠵᠢ ᠡᠷᠭᠢᠯᠳᠦᠭᠦᠯᠦᠨ ᠠᠰᠢᠭᠯᠠᠬᠤ ᠨᠤᠷᠮ᠎ᠠ ᠵᠢ ᠳᠡᠭᠡᠭᠰᠢᠯᠡᠭᠦᠯᠬᠦ᠎ᠪᠠᠷ ᠳᠠᠮᠵᠢᠭᠤᠯᠵᠤ᠂ ᠡᠳᠦᠷ ᠪᠦᠷᠢ 1000 ᠪᠣᠰᠣᠭ᠎ᠠ ᠳᠥᠷᠪᠡᠯᠵᠢᠨ ᠮᠧᠲᠷ ᠤᠰᠤ ᠠᠷᠪᠢᠯᠠᠪᠠ᠃ 2022 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠳᠠᠬᠢᠯᠲᠠ ᠤᠰᠤ ᠵᠢ ᠡᠭᠡᠭᠦᠯᠦᠨ ᠬᠡᠷᠡᠭᠯᠡᠬᠦ ᠨᠣᠷᠮ᠎ᠠ 45% ᠪᠠᠢ᠌ᠵᠤ᠂ ᠲᠦᠮᠡᠨ ᠲᠥᠭᠥᠷᠢᠭ᠎ᠤᠨ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ 2020 ᠣᠨ᠎ᠤ᠎ᠬᠢ᠎ᠠᠴᠠ 13%᠎ᠪᠠᠷ ᠪᠠᠭᠤᠷᠠᠪᠠ᠃
ᠳᠥᠷᠪᠡ᠎ᠳᠤ ᠤᠷᠢᠳᠠᠪᠠᠷ ᠲᠤᠷᠰᠢᠯᠲᠠ ᠬᠢᠵᠦ᠂ ᠬᠥᠲᠥᠯᠥᠨ ᠳᠠᠭ᠋ᠠᠭᠤᠯᠵᠤ ᠲᠠᠢ᠌ᠴᠢᠯᠠᠪᠠ᠃ ᠬᠥᠬᠡᠬᠣᠲᠠ᠂ ᠪᠤᠭᠤᠲᠤ ᠬᠣᠲᠠ᠂ ᠣᠷᠳᠣᠰ ᠬᠣᠲᠠ᠂ ᠦᠬᠠᠢ ᠬᠣᠲᠠ ᠤᠯᠤᠰ᠎ᠤᠨ ᠲᠠᠰ᠎ᠤᠨ ᠨᠡᠢ᠌ᠲᠡᠯᠢᠭ ᠭᠠᠵᠠᠷ ᠣᠷᠣᠨ᠎ᠤ ᠳᠠᠬᠢᠯᠲᠠ ᠤᠰᠤ ᠵᠢ ᠠᠰᠢᠭᠯᠠᠵᠤ ᠲᠣᠬᠢᠷᠠᠭᠤᠯᠬᠤ ᠲᠤᠷᠰᠢᠯᠲᠠ ᠵᠢᠨ ᠬᠣᠲᠠ᠎ᠳᠤ ᠰᠣᠩᠭᠣᠭᠳᠠᠨ ᠣᠷᠣᠵᠤ᠂ ᠪᠤᠭᠤᠲᠤ ᠬᠣᠲᠠ᠂ ᠣᠷᠳᠣᠰ ᠬᠣᠲᠠ ᠤᠯᠤᠰ᠎ᠤᠨ ᠲᠦᠷᠦᠭᠦᠸ᠋ ᠪᠦᠯᠦᠭ ᠣᠷᠣᠨ ᠪᠦᠰᠡ ᠵᠢᠨ ᠳᠠᠬᠢᠯᠲᠠ ᠤᠰᠤ ᠵᠢ ᠡᠷᠭᠢᠯᠳᠦᠭᠦᠯᠦᠨ ᠠᠰᠢᠭᠯᠠᠬᠤ ᠲᠤᠷᠰᠢᠯᠲᠠ ᠵᠢᠨ ᠬᠣᠲᠠ᠎ᠳᠤ ᠰᠣᠩᠭᠣᠭᠳᠠᠨ ᠣᠷᠣᠪᠠ᠃ 2023 ᠣᠨ᠎ᠳᠤ᠂ ᠪᠤᠭᠤᠲᠤ ᠬᠣᠲᠠ᠂ ᠣᠷᠳᠣᠰ ᠬᠣᠲᠠ ᠵᠢᠨ ᠲᠤᠷᠰᠢᠯᠲᠠ ᠵᠢᠨ ᠴᠡᠭ᠎ᠤᠨ ᠣᠷᠣᠨ ᠪᠦᠰᠡ ᠵᠢᠨ ᠳᠠᠬᠢᠯᠲᠠ ᠤᠰᠤᠨ᠎ᠤ ᠠᠰᠢᠭᠯᠠᠯᠲᠠ ᠵᠢᠨ ᠨᠣᠷᠮ᠎ᠠ ᠵᠠᠭᠤᠨ᠎ᠤ ᠬᠠᠷᠢᠴᠠᠯ ᠵᠶ᠋ᠠᠷ ᠲᠣᠰ ᠲᠣᠰ 5.6 ᠪᠠ 4 ᠬᠤᠪᠢ ᠳᠡᠭᠡᠭᠰᠢᠯᠡᠵᠦ᠂ ᠣᠷᠳᠣᠰ ᠬᠣᠲᠠ ᠵᠢᠨ ᠲᠤᠷᠰᠢᠯᠲᠠ ᠵᠢᠨ ᠴᠡᠭ᠎ᠤᠨ ᠣᠷᠣᠨ ᠪᠦᠰᠡ ᠵᠢᠨ ᠳᠠᠬᠢᠯᠲᠠ ᠤᠰᠤ ᠵᠢ ᠪᠤᠴᠠᠭ᠋ᠠᠨ ᠬᠡᠷᠡᠭᠯᠡᠬᠦ ᠨᠣᠷᠮ᠎ᠠ ᠵᠢ 81.59%᠎ᠳᠤ ᠬᠦᠷᠦᠭᠦᠯᠪᠡ᠃ ᠤᠷᠢᠳᠠᠪᠠᠷ ᠲᠤᠷᠰᠢᠯᠲᠠ ᠬᠢᠵᠦ᠂ ᠳᠠᠬᠢᠯᠲᠠ ᠤᠰᠤ ᠵᠢ ᠲᠥᠯᠥᠪᠵᠢᠭᠦᠯᠬᠦ᠂ ᠲᠣᠬᠢᠷᠠᠭᠤᠯᠬᠤ᠂ ᠠᠰᠢᠭᠯᠠᠬᠤ᠂ ᠤᠷᠮᠠᠰᠢᠭᠤᠯᠬᠤ ᠪᠥᠬᠥ ᠶᠠᠪᠤᠴᠠ ᠵᠢ ᠬᠠᠮᠤᠷᠤᠭᠰᠠᠨ ᠪᠣᠬᠢᠷ ᠤᠰᠤ ᠵᠢ ᠡᠬᠢ ᠪᠠᠶᠠᠯᠢᠭᠵᠢᠭᠤᠯᠬᠤ᠂ ᠡᠷᠭᠢᠯᠳᠦᠭᠦᠯᠬᠦ᠂ ᠭᠠᠮᠨᠠᠨ ᠠᠰᠢᠭᠯᠠᠬᠤ ᠵᠠᠭᠪᠤᠷ᠎ᠨᠢ ᠪᠤᠰᠤᠳ ᠠᠶ᠋ᠢᠮᠠᠭ ᠬᠣᠲᠠ ᠵᠢ ᠨᠥᠯᠥᠭᠡᠯᠡᠨ ᠲᠠᠢ᠌ᠴᠢᠯᠠᠪᠠ᠃
ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠬᠦᠷᠢᠶᠡᠯᠡᠩ ᠲᠣᠭᠣᠷᠢᠭ᠎ᠤᠨ ᠤᠰᠤᠨ᠎ᠤ ᠪᠣᠬᠢᠷᠲᠤᠯ᠎ᠢ ᠴᠡᠭᠴᠡᠯᠡᠨ ᠵᠠᠰᠠᠬᠤ ᠬᠢᠨᠠᠯᠲᠠ ᠵᠢᠨ ᠰᠢᠰᠲ᠋ᠧᠮ᠎ᠢ ᠪᠠᠢ᠌ᠭᠤᠯᠪᠠ
ᠨᠢᠭᠡ᠎ᠳᠤ᠂ ᠬᠥᠷᠥᠩᠭᠡ ᠵᠢᠨ ᠪᠠᠶ᠋ᠢᠳᠠᠯ᠎ᠢ ᠲᠣᠳᠣᠷᠬᠠᠢ ᠣᠢ᠌ᠯᠠᠭ᠋ᠠᠪᠠ᠃ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠪᠣᠬᠢᠷ ᠤᠰᠤ ᠵᠢ ᠬᠣᠷᠢᠶᠠᠨ ᠴᠤᠭᠯᠠᠭᠤᠯᠵᠤ ᠰᠢᠢ᠍ᠳᠪᠦᠷᠢᠯᠡᠬᠦ ᠬᠦᠴᠦᠨ ᠴᠢᠳᠠᠪᠤᠷᠢ ᠵᠢ ᠦᠷᠭᠦᠯᠵᠢᠯᠡᠨ ᠳᠡᠭᠡᠭᠰᠢᠯᠡᠭᠦᠯᠬᠦ ᠢᠯᠡ ᠲᠣᠳᠣ ᠤᠳᠤᠷᠢᠳᠤᠮᠵᠢ ᠵᠢ ᠪᠤᠢ ᠪᠣᠯᠭ᠋ᠠᠵᠤ᠂ ᠡᠯ᠎ᠡ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ ᠵᠢᠴᠢ ᠬᠡᠰᠡᠭ ᠲᠣᠭᠣᠷᠢᠭ᠎ᠤᠨ ᠵᠠᠭ᠋ᠠᠭ ᠬᠢᠵᠠᠭ᠋ᠠᠷ᠂ ᠤᠰᠤᠨ᠎ᠳᠤ ᠬᠣᠯᠪᠣᠭᠳᠠᠬᠤ ᠠᠵᠤ ᠠᠬᠤᠢ᠌ᠯᠠᠯ᠂ ᠬᠣᠭᠣᠯᠠᠢ ᠲᠣᠣᠷ᠎ᠤᠨ ᠪᠦᠲᠦᠭᠡᠨ ᠪᠠᠢ᠌ᠭᠤᠯᠤᠯᠲᠠ᠂ ᠪᠣᠬᠢᠷ ᠤᠰᠤ ᠵᠢ ᠬᠣᠷᠢᠶᠠᠨ ᠴᠤᠭᠯᠠᠭᠤᠯᠬᠤ ᠲᠣᠨᠣᠭ ᠲᠥᠬᠦᠭᠡᠷᠦᠮᠵᠢ ᠵᠢᠨ ᠡᠵᠡᠩᠨᠡᠯᠲᠡ ᠵᠢᠴᠢ ᠤᠰᠤᠨ᠎ᠤ ᠴᠢᠨᠠᠷ᠎ᠢ ᠬᠢᠨᠠᠨ ᠬᠡᠮᠵᠢᠬᠦ ᠵᠡᠷᠭᠡ ᠪᠠᠶ᠋ᠢᠳᠠᠯ᠎ᠢ ᠪᠥᠬᠥ ᠲᠠᠯ᠎ᠠ᠎ᠪᠠᠷ ᠣᠢ᠌ᠯᠠᠭ᠋ᠠᠵᠤ᠂ 《ᠨᠢᠭᠡ ᠬᠦᠷᠢᠶᠡᠯᠡᠩ ᠨᠢᠭᠡ ᠲᠠᠩᠰᠠ ᠡᠪᠬᠡᠮᠡᠯ》᠎ᠤᠨ ᠮᠡᠳᠡᠭᠡ ᠵᠠᠩᠭᠢ ᠵᠢᠨ ᠲᠠᠩᠰᠠ ᠡᠪᠬᠡᠮᠡᠯ ᠪᠠᠢ᠌ᠭᠤᠯᠵᠤ᠂ ᠬᠥᠳᠡᠯᠦᠩᠭᠦᠢ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠪᠠ᠃
ᠬᠣᠶᠠᠷ᠎ᠲᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠵᠢ ᠴᠢᠩᠭ᠎ᠠ ᠬᠢᠵᠠᠭ᠋ᠠᠷᠯᠠᠪᠠ᠃ ᠠᠵᠤ ᠦᠢ᠍ᠯᠡᠳᠪᠦᠷᠢ ᠵᠢᠨ ᠪᠣᠬᠢᠷ ᠪᠣᠳᠠᠰ ᠭᠠᠳᠠᠭᠰᠢᠯᠠᠭᠤᠯᠬᠤ ᠠᠮᠠ ᠵᠢ ᠭᠣᠣᠯᠳᠠᠯᠭ᠎ᠠ᠎ᠲᠠᠢ ᠵᠢᠭᠰᠠᠭ᠋ᠠᠨ ᠪᠠᠢ᠌ᠴᠠᠭ᠋ᠠᠬᠤ ᠵᠢᠨ ᠬᠠᠮᠲᠤ ᠴᠢᠩᠭ᠎ᠠ ᠬᠠᠮᠢᠶᠠᠷᠤᠨ ᠡᠵᠡᠮᠳᠡᠵᠦ᠂ ᠴᠡᠭᠴᠡᠯᠡᠨ ᠵᠠᠰᠠᠬᠤ ᠨᠠᠷᠢᠨ ᠲᠠᠩᠰᠠᠨ᠎ᠳᠤ ᠣᠷᠣᠭᠤᠯᠤᠭᠰᠠᠨ ᠠᠵᠤ ᠦᠢ᠍ᠯᠡᠳᠪᠦᠷᠢ ᠵᠢᠨ ᠪᠣᠬᠢᠷ ᠪᠣᠳᠠᠰ ᠭᠠᠳᠠᠭᠰᠢᠯᠠᠭᠤᠯᠬᠤ ᠠᠮᠠ᠎ᠳᠤ 《ᠭᠤᠷᠪᠠᠨ ᠨᠢᠭᠡ ᠪᠦᠯᠦᠭ》᠎ᠢ ᠴᠡᠭᠴᠡᠯᠡᠨ ᠵᠠᠰᠠᠬᠤ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠤᠨ᠂ ᠠᠵᠤ ᠦᠢ᠍ᠯᠡᠳᠪᠦᠷᠢ ᠵᠢᠨ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠴᠢᠩᠭ᠎ᠠ ᠡᠵᠡᠮᠳᠡᠪᠡ᠃ ᠤᠯᠠᠭ᠋ᠠᠨᠬᠠᠳᠠ ᠬᠣᠲᠠ ᠵᠢᠨ ᠬᠤᠩᠱ᠌ᠠᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠲᠤ 《ᠡᠬᠢ (ᠪᠣᠬᠢᠷᠲᠤᠯ᠎ᠤᠨ ᠡᠬᠢ) — ᠲᠣᠣᠷ (ᠤᠰᠤ ᠲᠠᠲᠠᠷᠠᠭᠤᠯᠬᠤ ᠬᠣᠭᠣᠯᠠᠢ ᠵᠢᠨ ᠲᠣᠣᠷ) — ᠦᠢ᠍ᠯᠡᠳᠪᠦᠷᠢ (ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ) — ᠠᠮᠠᠰᠠᠷ (ᠭᠣᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠᠰᠠᠷ) — ᠭᠣᠣᠯ (ᠭᠣᠣᠯ ᠮᠥᠷᠡᠨ)》᠎ᠤᠨ ᠬᠦᠷᠢᠶᠡᠯᠡᠩ ᠲᠣᠭᠣᠷᠢᠭ᠎ᠤᠨ ᠤᠰᠤ ᠲᠠᠲᠠᠷᠠᠭᠤᠯᠬᠤ ᠪᠥᠬᠥ ᠶᠠᠪᠤᠴᠠ ᠵᠢᠨ ᠬᠢᠨᠠᠯᠲᠠ ᠬᠠᠮᠢᠶᠠᠷᠤᠯᠲᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠠᠵᠤ ᠠᠬᠤᠢ᠌ᠯᠠᠯ᠎ᠤᠨ ᠪᠣᠬᠢᠷᠲᠤᠯ ᠭᠠᠳᠠᠭᠰᠢᠯᠠᠭᠤᠯᠬᠤ ᠦᠢ᠍ᠯᠡ ᠠᠵᠢᠯᠯᠠᠭ᠎ᠠ ᠵᠢ ᠵᠢᠷᠤᠮᠵᠢᠭᠤᠯᠤᠨ᠂ ᠵᠠᠰᠠᠯᠲᠠ ᠵᠢᠨ ᠦᠷ᠎ᠡ ᠪᠦᠲᠦᠮᠵᠢ ᠵᠢ ᠲᠠᠰᠤᠷᠠᠯᠲᠠ ᠦᠭᠡᠢ ᠳᠡᠭᠡᠭᠰᠢᠯᠡᠭᠦᠯᠪᠡ᠃
ᠭᠤᠷᠪᠠ᠎ᠳᠤ᠂ ᠳᠦᠷᠢᠮ ᠲᠣᠭᠲᠠᠭ᠋ᠠᠯ ᠲᠣᠭᠲᠠᠭ᠋ᠠᠪᠠ᠃ ᠬᠢᠨᠠᠨ ᠬᠡᠮᠵᠢᠬᠦ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠤᠰᠤᠨ᠎ᠤ ᠣᠷᠴᠢᠨ ᠲᠣᠭᠣᠷᠢᠨ᠎ᠤ ᠪᠠᠶ᠋ᠢᠳᠠᠯ᠎ᠳᠤ ᠵᠠᠳᠠᠯᠤᠯᠲᠠ ᠬᠢᠵᠦ ᠵᠥᠪᠳᠡᠯᠴᠡᠬᠦ ᠪᠠ ᠰᠡᠷᠡᠮᠵᠢᠯᠡᠭᠦᠯᠦᠨ ᠱᠠᠯᠠᠪᠳᠠᠭᠤᠯᠤᠨ ᠭᠦᠢ᠍ᠴᠡᠳᠬᠡᠬᠦ ᠠᠵᠢᠯ᠎ᠤᠨ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢᠨ ᠪᠠᠷᠢᠮᠵᠢᠶ᠎ᠠ᠎ᠳᠤ ᠬᠦᠷᠦᠭᠰᠡᠨ ᠪᠠᠶ᠋ᠢᠳᠠᠯ᠎ᠢ ᠰᠠᠷ᠎ᠠ ᠪᠦᠷᠢ ᠵᠢᠨ ᠵᠠᠳᠠᠯᠤᠯᠲᠠ ᠬᠢᠵᠦ ᠵᠥᠪᠳᠡᠯᠴᠡᠬᠦ᠎ᠳᠤ ᠣᠷᠣᠭᠤᠯᠤᠨ᠂ ᠪᠠᠷᠢᠮᠵᠢᠶ᠎ᠠ᠎ᠠᠴᠠ ᠬᠡᠲᠦᠷᠡᠭᠰᠡᠨ ᠭᠠᠵᠠᠷ ᠣᠷᠣᠨ᠎ᠳᠤ ᠬᠣᠯᠪᠣᠭᠳᠠᠪᠠᠯ᠂ ᠨᠢᠭᠤᠷᠲᠠᠨ ᠮᠡᠳᠡᠭᠳᠡᠨ ᠰᠠᠨᠠᠭᠤᠯᠵᠤ᠂ ᠴᠡᠭ᠎ᠠᠴᠠ ᠴᠡᠭ᠎ᠲᠤ ᠱᠠᠭ᠋ᠠᠷᠳᠠᠯᠭ᠎ᠠ ᠳᠤᠷᠠᠳᠴᠤ᠂ ᠨᠢᠭᠡ ᠵᠢ ᠨᠢᠭᠡ᠎ᠪᠠᠷ ᠵᠢᠯᠣᠭᠣᠳᠤᠨ ᠲᠡᠳᠬᠦᠵᠦ᠂ ᠪᠦᠬᠦᠨ᠎ᠢ ᠬᠠᠮᠤᠷᠬᠤ ᠬᠠᠮᠢᠶᠠᠷᠤᠯᠲᠠ ᠵᠢ ᠬᠡᠷᠡᠭᠵᠢᠭᠦᠯᠵᠦ᠂ ᠨᠠᠷᠢᠯᠢᠭᠵᠢᠭᠤᠯᠤᠨ ᠢᠯᠭ᠋ᠠᠨ ᠲᠠᠨᠢᠬᠤ ᠬᠦᠷᠢᠶᠡᠯᠡᠩ ᠲᠣᠭᠣᠷᠢᠭ᠎ᠤᠨ ᠤᠰᠤᠨ᠎ᠤ ᠪᠣᠬᠢᠷᠲᠤᠯ᠎ᠢ ᠴᠡᠭᠴᠡᠯᠡᠨ ᠵᠠᠰᠠᠬᠤ᠎ᠳᠤ ᠳᠦᠷᠢᠮ᠎ᠤᠨ ᠪᠣᠷᠣ ᠲᠥᠯᠥᠪ᠎ᠢ ᠪᠠᠢ᠌ᠭᠤᠯᠪᠠ᠃
ᠳᠥᠷᠪᠡ᠎ᠳᠤ᠂ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢ ᠴᠢᠩᠭ᠎ᠠ ᠰᠡᠷᠭᠡᠢ᠌ᠯᠡᠪᠡ᠃ 《ᠨᠠᠨᠶᠠᠩ᠎ᠤᠨ ᠦᠢ᠍ᠯᠡᠳᠦᠯᠭᠡ》 ᠵᠢ ᠥᠪᠥᠷ ᠮᠣᠩᠭᠣᠯ᠎ᠳᠤ ᠨᠠᠢ᠌ᠳᠠᠪᠤᠷᠢᠵᠢᠭᠤᠯᠬᠤ ᠵᠢ ᠯᠠᠪᠳᠠᠭᠤᠨ ᠵᠶ᠋ᠠᠷ ᠠᠬᠢᠭᠤᠯᠵᠤ᠂ ᠬᠠᠲᠤᠨ ᠭᠣᠣᠯ᠎ᠤᠨ ᠰᠠᠪᠠ ᠭᠠᠵᠠᠷ᠎ᠤᠨ 87 ᠵᠤᠷᠪᠤᠰ ᠭᠣᠣᠯᠳᠠᠯᠭ᠎ᠠ᠎ᠲᠠᠢ ᠭᠣᠣᠯ ᠮᠥᠷᠡᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠢ ᠨᠠᠢ᠌ᠷᠠᠭᠤᠯᠤᠨ ᠵᠣᠬᠢᠶᠠᠬᠤ ᠠᠵᠢᠯ᠎ᠢ ᠵᠣᠬᠢᠶᠠᠨ ᠪᠠᠢ᠌ᠭᠤᠯᠤᠨ ᠪᠡᠶᠡᠯᠡᠭᠦᠯᠪᠡ᠃ ᠬᠥᠷᠰᠢ ᠵᠡᠷᠭᠡᠯᠡᠳᠡᠭᠡ ᠮᠤᠵᠢ ᠣᠷᠣᠨ᠎ᠲᠠᠢ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠡᠵᠡᠮᠳᠡᠬᠦ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠣᠯᠪᠤᠭ᠋ᠠᠯᠠᠨ ᠬᠥᠳᠡᠯᠦᠯᠴᠡᠵᠦ ᠬᠣᠯᠪᠤᠭ᠋ᠠᠯᠠᠨ ᠰᠢᠢ᠍ᠳᠪᠦᠷᠢᠯᠡᠬᠦ ᠠᠵᠢᠯ᠎ᠤᠨ ᠲᠣᠭᠲᠠᠴᠠ ᠵᠢ ᠪᠠᠢ᠌ᠭᠤᠯᠵᠤ᠂ ᠲᠤᠰ ᠲᠤᠰ ᠬᠠᠷᠠᠮᠥ᠋ᠷᠡᠨ᠂ ᠭᠢᠷᠢᠨ᠂ ᠯᠢᠶᠣᠤᠨᠢᠩ᠂ ᠾᠧᠪᠧᠢ᠂ ᠱᠠᠨ ᠰᠢ᠂ ᠱᠠᠨᠰᠢ᠂ ᠨᠢᠩᠰᠢᠶᠠ᠂ ᠭᠠᠨᠰᠤ ᠵᠡᠷᠭᠡ 8 ᠮᠤᠵᠢ᠎ᠲᠠᠢ ᠭᠡᠨᠡᠳᠲᠡ ᠡᠭᠦᠰᠦᠭᠰᠡᠨ ᠤᠰᠤᠨ᠎ᠤ ᠪᠣᠬᠢᠷᠲᠤᠯ᠎ᠤᠨ ᠬᠡᠷᠡᠭ᠎ᠢ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠡᠵᠡᠮᠳᠡᠬᠦ ᠬᠠᠮᠲᠤᠷᠠᠯᠴᠠᠭ᠋ᠠᠨ᠎ᠤ ᠬᠡᠯᠡᠯᠴᠡᠭᠡᠷ ᠲᠣᠭᠲᠠᠵᠤ᠂ ᠰᠠᠪᠠ ᠭᠠᠵᠠᠷ᠎ᠤᠨ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢ ᠴᠢᠩᠭ᠎ᠠ ᠰᠡᠷᠭᠡᠢ᠌ᠯᠡᠨ ᠡᠵᠡᠮᠳᠡᠪᠡ᠃
ᠬᠠᠷᠠᠯᠲᠠ᠎ᠪᠠᠨ ᠲᠣᠭᠲᠠᠭ᠋ᠠᠵᠤ᠂ ᠦᠷᠭᠦᠯᠵᠢᠯᠡᠨ ᠬᠦᠴᠦᠯᠡᠵᠦ᠂ ᠬᠦᠷᠢᠶᠡᠯᠡᠩ ᠲᠣᠭᠣᠷᠢᠭ᠎ᠤᠨ ᠤᠰᠤᠨ᠎ᠤ ᠪᠣᠬᠢᠷᠲᠤᠯ᠎ᠢ ᠴᠡᠭᠴᠡᠯᠡᠨ ᠵᠠᠰᠠᠬᠤ ᠦᠷ᠎ᠡ ᠪᠦᠲᠦᠮᠵᠢ ᠵᠢ ᠪᠡᠬᠢᠵᠢᠭᠦᠯᠦᠨ ᠳᠡᠭᠡᠭᠰᠢᠯᠡᠭᠦᠯᠪᠡ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ 《ᠬᠠᠲᠤᠨ ᠭᠣᠣᠯ ᠳᠠᠭ᠋ᠠᠤ ᠮᠤᠵᠢ (ᠣᠷᠣᠨ) ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠤᠰᠤᠨ᠎ᠤ ᠪᠣᠬᠢᠷᠲᠤᠯ᠎ᠢ ᠴᠡᠭᠴᠡᠯᠡᠨ ᠵᠠᠰᠠᠬᠤ ᠠᠵᠢᠯ᠎ᠤᠨ ᠲᠥᠰᠥᠯ》᠎ᠤᠨ ᠲᠣᠭᠣᠷᠢᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ 《ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠤᠰᠤᠨ᠎ᠤ ᠪᠣᠬᠢᠷᠲᠤᠯ᠎ᠢ ᠴᠡᠭᠴᠡᠯᠡᠨ ᠵᠠᠰᠠᠬᠤ ᠠᠵᠢᠯ᠎ᠢ ᠥᠷᠨᠢᠭᠦᠯᠬᠦ ᠲᠤᠬᠠᠢ ᠮᠡᠳᠡᠭᠳᠡᠯ》᠎ᠢ ᠲᠣᠭᠲᠠᠭ᠋ᠠᠨ ᠨᠡᠢ᠌ᠲᠡᠯᠡᠪᠡ᠃
ᠨᠢᠭᠡ᠎ᠳᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠲᠣᠪᠣᠢ᠌ᠯᠭ᠋ᠠᠨᠠ᠃ ᠬᠦᠷᠢᠶᠡᠯᠡᠩ ᠲᠣᠭᠣᠷᠢᠭ᠎ᠤᠨ ᠪᠣᠬᠢᠷ ᠤᠰᠤ ᠵᠢ ᠬᠣᠷᠢᠶᠠᠨ ᠴᠤᠭᠯᠠᠭᠤᠯᠬᠤ᠂ ᠲᠣᠨᠣᠭ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯᠯᠠᠭ᠋ᠠᠨ᠎ᠢ ᠲᠥᠪᠯᠡᠷᠡᠭᠦᠯᠦᠨ ᠰᠢᠢ᠍ᠳᠪᠦᠷᠢᠯᠡᠬᠦ᠂ ᠬᠦᠷᠢᠶᠡᠯᠡᠩ ᠲᠣᠭᠣᠷᠢᠭ᠎ᠤᠨ ᠣᠷᠴᠢᠨ ᠲᠣᠭᠣᠷᠢᠨ᠎ᠤ ᠬᠠᠮᠢᠶᠠᠷᠤᠯᠲᠠ᠂ ᠬᠢᠮᠢ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠡᠬᠢᠨ᠎ᠤ ᠬᠤᠭᠤᠴᠠᠭ᠋ᠠᠨ᠎ᠤ ᠪᠣᠷᠣᠭ᠋ᠠᠨ᠎ᠤ ᠤᠰᠤ ᠵᠢ ᠬᠣᠷᠢᠶᠠᠨ ᠴᠤᠭᠯᠠᠭᠤᠯᠵᠤ ᠰᠢᠢ᠍ᠳᠪᠦᠷᠢᠯᠡᠬᠦ 4 ᠲᠠᠯ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ ᠪᠥᠬᠥ ᠲᠠᠯ᠎ᠠ᠎ᠪᠠᠷ ᠵᠢᠭᠰᠠᠭ᠋ᠠᠨ ᠪᠠᠢ᠌ᠴᠠᠭ᠋ᠠᠬᠤ ᠵᠢ ᠥᠷᠨᠢᠭᠦᠯᠵᠦ᠂ ᠪᠠᠢ᠌ᠴᠠᠭ᠋ᠠᠨ ᠲᠣᠳᠣᠯᠠᠭᠰᠠᠨ ᠠᠰᠠᠭᠤᠳᠠᠯ᠎ᠳᠤ ᠠᠰᠠᠭᠤᠳᠠᠯ᠎ᠢ ᠢᠯᠭ᠋ᠠᠨ ᠲᠠᠨᠢᠬᠤ᠂ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ᠂ ᠠᠰᠠᠭᠤᠳᠠᠯ᠎ᠢ ᠮᠥᠷᠳᠡᠬᠦ᠂ ᠠᠰᠠᠭᠤᠳᠠᠯ᠎ᠤᠨ ᠳ᠋ᠤᠭ᠋ᠠᠷ᠎ᠢ ᠬᠠᠰᠤᠬᠤ ᠠᠵᠢᠯ᠎ᠤᠨ ᠲᠣᠭᠲᠠᠴᠠ ᠵᠢ ᠦᠳᠲᠡᠷ ᠲᠦᠷᠭᠡᠨ ᠡᠬᠢᠯᠡᠭᠦᠯᠪᠡ᠃
ᠬᠣᠶᠠᠷ᠎ᠲᠤ᠂ ᠠᠵᠢᠯ᠎ᠤᠨ ᠨᠡᠢ᠌ᠯᠡᠮᠡᠯ ᠬᠦᠴᠦᠨ᠎ᠢ ᠨᠢᠭᠲᠠᠷᠠᠭᠤᠯᠪᠠ᠃ ᠡᠯ᠎ᠡ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠴᠢ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ ᠵᠢᠨ ᠪᠠᠢ᠌ᠭᠤᠯᠤᠮᠵᠢ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ 《ᠨᠢᠭᠡ ᠬᠦᠷᠢᠶᠡᠯᠡᠩ᠎ᠳᠤ ᠨᠢᠭᠡ ᠲᠥᠷᠥ ᠵᠢᠨ ᠪᠣᠳᠣᠯᠭ᠎ᠠ》 ᠵᠢᠨ ᠴᠡᠭᠴᠡᠯᠡᠨ ᠵᠠᠰᠠᠬᠤ ᠲᠥᠰᠥᠯ᠎ᠢ ᠲᠣᠭᠲᠠᠭ᠋ᠠᠵᠤ᠂ ᠡᠬᠢᠨ᠎ᠤ ᠬᠤᠭᠤᠴᠠᠭ᠋ᠠᠨ᠎ᠤ ᠪᠣᠷᠣᠭ᠋ᠠᠨ᠎ᠤ ᠤᠰᠤ᠂ ᠠᠵᠤ ᠦᠢ᠍ᠯᠡᠳᠪᠦᠷᠢ ᠵᠢᠨ ᠬᠠᠶᠠᠭᠳᠠᠮᠠᠯ ᠤᠰᠤ᠂ ᠠᠮᠢᠳᠤᠷᠠᠯ᠎ᠤᠨ ᠪᠣᠬᠢᠷ ᠤᠰᠤ ᠵᠢ ᠴᠢᠨᠠᠷ ᠬᠤᠪᠢᠶᠠᠨ ᠲᠥᠷᠥᠯ ᠬᠤᠪᠢᠶᠠᠨ ᠰᠢᠢ᠍ᠳᠪᠦᠷᠢᠯᠡᠬᠦ ᠵᠢ ᠠᠬᠢᠭᠤᠯᠵᠤ᠂ ᠠᠵᠤ ᠦᠢ᠍ᠯᠡᠳᠪᠦᠷᠢ ᠵᠢᠨ ᠬᠠᠶᠠᠭᠳᠠᠮᠠᠯ ᠤᠰᠤᠨ᠎ᠤ ᠶᠡᠷᠦᠩᠬᠡᠢ᠌ᠯᠡᠭᠰᠡᠨ ᠬᠣᠣᠷᠲᠤ ᠴᠢᠨᠠᠷ᠎ᠢ ᠬᠠᠮᠢᠶᠠᠷᠤᠨ ᠡᠵᠡᠮᠳᠡᠬᠦ ᠴᠢᠳᠠᠪᠤᠷᠢ ᠵᠢᠨ ᠪᠠᠢ᠌ᠭᠤᠯᠤᠯᠲᠠ ᠪᠠ ᠭᠣᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠵᠢ ᠵᠢᠷᠤᠮᠵᠢᠭᠤᠯᠬᠤ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠎ᠠ ᠭᠡᠵᠦ ᠲᠣᠳᠣᠷᠬᠠᠢ ᠲᠣᠭᠲᠠᠭ᠋ᠠᠪᠠ᠃ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠱᠠᠯᠠᠪᠳᠠᠭᠤᠯᠤᠨ ᠪᠠᠢ᠌ᠴᠠᠭ᠋ᠠᠯᠲᠠ ᠵᠢᠴᠢ ᠡᠳᠦᠷ ᠲᠤᠲᠤᠮ᠎ᠤᠨ ᠠᠵᠢᠯ᠎ᠤᠨ ᠳᠤᠮᠳᠠ ᠨᠢᠭᠡᠨᠲᠡ ᠬᠠᠷᠢᠭᠤ ᠲᠤᠰᠬᠠᠭᠰᠠᠨ ᠪᠣᠯᠪᠠᠴᠤ ᠴᠡᠭᠴᠡᠯᠡᠨ ᠰᠠᠢ᠌ᠵᠢᠷᠠᠭᠤᠯᠵᠤ ᠳ᠋ᠤᠭ᠋ᠠᠷᠯᠠᠯ᠎ᠢ ᠬᠠᠰᠤᠬᠤ ᠵᠢ ᠪᠡᠶᠡᠯᠡᠭᠦᠯᠦᠭᠰᠡᠨ ᠦᠭᠡᠢ ᠠᠰᠠᠭᠤᠳᠠᠯ᠎ᠢ ᠴᠡᠭᠴᠡᠯᠡᠨ ᠵᠠᠰᠠᠬᠤ ᠲᠥᠰᠥᠯ᠎ᠳᠤ ᠬᠠᠮᠲᠤᠳᠤᠨᠢ ᠣᠷᠣᠭᠤᠯᠵᠤ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ᠂ ᠬᠠᠷᠢᠭᠤᠴᠠᠯᠭ᠋ᠠᠲᠤ ᠨᠢᠭᠡᠴᠢ᠂ ᠬᠠᠷᠢᠭᠤᠴᠠᠯᠭ᠋ᠠᠲᠤ ᠬᠥᠮᠥᠨ᠂ ᠪᠡᠶᠡᠯᠡᠭᠦᠯᠬᠦ ᠴᠠᠭ᠎ᠤᠨ ᠬᠢᠵᠠᠭ᠋ᠠᠷ᠎ᠢ ᠵᠤᠷᠪᠤᠰ ᠳᠠᠷᠠᠭ᠋ᠠᠯᠠᠨ ᠲᠣᠳᠣᠷᠬᠠᠢ᠌ᠯᠠᠪᠠ᠃ ᠣᠬᠣᠷ ᠬᠤᠭᠤᠴᠠᠭ᠋ᠠᠨ᠎ᠤ ᠳᠣᠲᠣᠷ᠎ᠠ ᠴᠡᠭᠴᠡᠯᠡᠨ ᠵᠠᠰᠠᠬᠤ ᠵᠢ ᠪᠡᠶᠡᠯᠡᠭᠦᠯᠬᠦ᠎ᠳᠤ ᠪᠡᠷᠬᠡᠲᠡᠢ ᠬᠦᠷᠢᠶᠡᠯᠡᠩ ᠲᠣᠭᠣᠷᠢᠭ᠎ᠲᠤ᠂ ᠴᠡᠭᠴᠡᠯᠡᠨ ᠵᠠᠰᠠᠬᠤ ᠡᠭᠦᠷᠭᠡ ᠵᠢ ᠱᠠᠲᠤ ᠬᠤᠪᠢᠶᠠᠨ ᠲᠣᠭᠲᠠᠭ᠋ᠠᠬᠤ ᠵᠢᠨ ᠬᠠᠮᠲᠤ ᠱᠠᠲᠤ ᠦᠶ᠎ᠡ ᠵᠢᠨ ᠴᠢᠨᠠᠷᠲᠠᠢ ᠴᠡᠭᠴᠡᠯᠡᠨ ᠰᠠᠢ᠌ᠵᠢᠷᠠᠭᠤᠯᠬᠤ ᠵᠢ ᠴᠠᠭ ᠲᠤᠬᠠᠢᠳᠤᠨᠢ ᠵᠣᠬᠢᠶᠠᠨ ᠪᠠᠢ᠌ᠭᠤᠯᠤᠨ ᠬᠢᠨᠠᠨ ᠰᠢᠯᠭ᠋ᠠᠪᠠ᠃
ᠭᠤᠷᠪᠠ᠎ᠳᠤ᠂ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠤᠰᠤᠨ᠎ᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠠᠵᠢᠯ ᠵᠶ᠋ᠠᠷ ᠠᠵᠠ ᠲᠣᠬᠢᠶᠠᠯ ᠪᠣᠯᠭ᠋ᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠪᠣᠬᠢᠷ ᠤᠰᠤ ᠵᠢ ᠰᠢᠢ᠍ᠳᠪᠦᠷᠢᠯᠡᠬᠦ ᠲᠣᠨᠣᠭ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ᠂ ᠬᠣᠭᠣᠯᠠᠢ ᠵᠢᠨ ᠲᠣᠣᠷ᠎ᠢ ᠬᠠᠮᠠᠭ᠋ᠠᠯᠠᠨ ᠥᠭᠡᠷᠡᠴᠢᠯᠡᠬᠦ᠂ ᠬᠦᠷᠢᠶᠡᠯᠡᠩ ᠲᠣᠭᠣᠷᠢᠭ᠎ᠢ ᠡᠷᠬᠢᠯᠳᠦᠬᠦᠯᠦᠨ ᠥᠭᠡᠷᠡᠴᠢᠯᠡᠬᠦ ᠵᠡᠷᠭᠡ ᠲᠠᠯ᠎ᠠ᠎ᠪᠠᠷ᠎ᠬᠢ ᠪᠡᠯᠡ ᠮᠥᠩᠭᠥ ᠵᠢᠨ ᠳᠡᠮᠵᠢᠯᠭᠡ ᠵᠢ ᠴᠢᠩᠭ᠋ᠠᠳᠬᠠᠵᠤ᠂ ᠠᠵᠤ ᠠᠬᠤᠢ᠌ᠯᠠᠯ᠎ᠤᠨ ᠲᠡᠷᠢᠭᠦᠨ᠎ᠤ ᠮᠡᠷᠭᠡᠵᠢᠯ᠂ ᠤᠷᠠᠯᠠᠯ᠂ ᠲᠥᠬᠦᠭᠡᠷᠦᠮᠵᠢ ᠵᠢᠴᠢ ᠶᠡᠷᠦᠩᠬᠡᠢ᠌ᠯᠡᠨ ᠠᠰᠢᠭᠯᠠᠬᠤ ᠠᠷᠭ᠎ᠠ ᠬᠡᠮᠵᠢᠶ᠎ᠡ ᠵᠢ ᠬᠡᠷᠡᠭᠯᠡᠨ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢ ᠵᠣᠷᠢᠭᠵᠢᠭᠤᠯᠵᠤ᠂ ᠳᠤᠮᠳᠠᠬᠢ ᠤᠰᠤ ᠵᠢ ᠡᠭᠡᠭᠦᠯᠦᠨ ᠬᠡᠷᠡᠭᠯᠡᠬᠦ ᠨᠣᠷᠮ᠎ᠠ ᠵᠢ ᠳᠡᠭᠡᠭᠰᠢᠯᠡᠭᠦᠯᠦᠨ᠂ ᠤᠯᠠᠨ ᠲᠠᠯ᠎ᠠ ᠵᠢᠨ᠎ᠬᠢᠨ ᠣᠷᠣᠯᠴᠠᠭᠰᠠᠨ᠂ ᠬᠠᠷᠢᠭᠤᠴᠠᠯᠭ᠎ᠠ ᠲᠣᠳᠣᠷᠬᠠᠢ᠂ ᠬᠢᠨᠠᠯᠲᠠ ᠬᠠᠮᠢᠶᠠᠷᠤᠯᠲᠠ ᠬᠦᠴᠦᠲᠡᠢ᠂ ᠬᠠᠮᠵᠢᠯᠴᠠᠨ ᠥᠨᠳᠥᠷ ᠦᠷ᠎ᠡ ᠪᠦᠲᠦᠮᠵᠢᠲᠡᠢ ᠬᠦᠷᠢᠶᠡᠯᠡᠩ ᠲᠣᠭᠣᠷᠢᠭ᠎ᠤᠨ ᠤᠰᠤᠨ᠎ᠤ ᠪᠣᠬᠢᠷᠲᠤᠯ᠎ᠢ ᠴᠡᠭᠴᠡᠯᠡᠨ ᠵᠠᠰᠠᠬᠤ ᠣᠷᠳᠣ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠢ᠌ᠭᠤᠯᠪᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠤᠰᠤᠨ᠎ᠤ ᠪᠣᠬᠢᠷᠲᠤᠯ᠎ᠢ ᠴᠡᠭᠴᠡᠯᠡᠨ ᠵᠠᠰᠠᠬᠤ ᠠᠵᠢᠯ᠎ᠢ ᠭᠦᠨᠵᠡᠭᠡᠢ ᠠᠬᠢᠭᠤᠯᠵᠤ᠂ ᠣᠨᠣᠴᠠᠲᠠᠢ᠎ᠪᠠᠷ ᠰᠢᠨᠵᠢᠯᠡᠬᠦ ᠤᠬᠠᠭ᠋ᠠᠨᠴᠢ᠎ᠪᠠᠷ ᠬᠠᠤᠯᠢ ᠶᠣᠰᠣᠭ᠋ᠠᠷ ᠪᠣᠬᠢᠷᠲᠤᠯ᠎ᠢ ᠵᠠᠰᠠᠬᠤ ᠵᠢ ᠪᠠᠷᠢᠮᠲᠠᠯᠠᠵᠤ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠤᠰᠤᠨ᠎ᠤ ᠪᠣᠬᠢᠷᠲᠤᠯ᠎ᠢ ᠵᠠᠰᠠᠬᠤ ᠪᠠ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠡᠯ᠎ᠡ ᠭᠣᠭᠴᠣᠭ᠎ᠠ ᠵᠢ ᠨᠠᠪᠲᠠᠷᠡᠭᠦᠯᠵᠦ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠪᠣᠬᠢᠷᠲᠤᠯ ᠦᠭᠡᠢ ᠬᠥᠭᠵᠢᠯᠲᠡ ᠵᠢᠨ ᠳᠣᠲᠣᠭ᠋ᠠᠳᠤ ᠬᠥᠳᠡᠯᠭᠡᠬᠦ ᠬᠦᠴᠦᠨ᠎ᠢ ᠴᠢᠩᠭ᠋ᠠᠳᠬᠠᠵᠤ᠂ ᠥᠨᠳᠥᠷ ᠲᠦᠪᠰᠢᠨ᠎ᠤ ᠬᠠᠮᠠᠭ᠋ᠠᠯᠠᠯᠲᠠ᠎ᠪᠠᠷ ᠴᠢᠨᠠᠷ ᠰᠠᠢ᠌ᠲᠠᠢ ᠬᠥᠭᠵᠢᠯᠲᠡ ᠵᠢ ᠲᠤᠯᠭ᠋ᠠᠭᠤᠷᠢᠯᠠᠪᠠ᠃
ᠵᠣᠬᠢᠶᠠᠭᠴᠢ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠲᠢᠩᠬᠢᠮ᠎ᠤᠨ ᠳᠠᠷᠤᠭ᠎ᠠ