3 ᠰᠠᠷ᠎ᠠ ᠵᠢᠨ 27᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠸᠠᠩ ᠸᠠᠩ ᠱᠧᠩ ᠨᠠᠷ ᠤᠷᠢᠳ ᠬᠣᠵᠢᠳ ᠤᠯᠠᠭ᠋ᠠᠨᠴᠠᠪ ᠬᠣᠲᠠ ᠵᠢᠨ ᠳᠥᠷᠪᠡᠳ ᠬᠣᠰᠢᠭᠤ᠂ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠲᠤ ᠬᠦᠷᠴᠦ 《ᠵᠢᠷᠭᠤᠭ᠎ᠠ ᠵᠢ ᠨᠢᠭᠡᠳᠦᠯᠲᠡᠢ ᠲᠥᠯᠥᠪᠯᠡᠬᠦ》 ᠠᠵᠢᠯ᠎ᠢ ᠠᠬᠢᠭᠤᠯᠤᠭᠰᠠᠨ ᠪᠠᠶ᠋ᠢᠳᠠᠯ᠎ᠳᠤ ᠪᠠᠢ᠌ᠴᠠᠭ᠋ᠠᠨ ᠰᠤᠳᠤᠯᠤᠯᠲᠠ ᠬᠢᠪᠡ᠃

ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠳᠥᠷᠪᠡᠳ ᠬᠣᠰᠢᠭᠤᠨ᠎ᠳᠤ ᠬᠦᠷᠴᠦ ᠥᠪᠥᠷ ᠮᠣᠩᠭᠣᠯ᠎ᠤᠨ ᠰᠠᠢ ᠨᠥᠸᠧ ᠡᠭᠦᠯᠳᠡᠷ᠎ᠤᠨ ᠬᠤᠨᠢᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠠᠯᠠᠰᠢᠨ ᠬᠤᠨᠢᠨ᠎ᠤ ᠡᠭᠦᠯᠳᠡᠷ᠎ᠤᠨ ᠦᠢ᠍ᠯᠡᠰ᠎ᠤᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠪᠠᠶ᠋ᠢᠳᠠᠯ᠎ᠢ ᠰᠢᠨᠵᠢᠯᠡᠨ ᠪᠠᠢ᠌ᠴᠠᠭ᠋ᠠᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ ᠤᠯᠠᠭ᠋ᠠᠨᠴᠠᠪ ᠬᠣᠲᠠ᠂ ᠳᠥᠷᠪᠡᠳ ᠬᠣᠰᠢᠭᠤ ᠬᠣᠶᠠᠷ ᠱᠠᠲᠤᠨ᠎ᠤ 《ᠵᠢᠷᠭᠤᠭ᠎ᠠ ᠵᠢ ᠨᠢᠭᠡᠳᠦᠯᠲᠡᠢ ᠲᠥᠯᠥᠪᠯᠡᠬᠦ》 ᠠᠵᠢᠯ᠎ᠢ ᠠᠬᠢᠭᠤᠯᠵᠤ ᠪᠠᠢ᠌ᠭ᠎ᠠ ᠪᠠᠶ᠋ᠢᠳᠠᠯ᠎ᠢ ᠬᠢᠨᠠᠮᠠᠭ᠋ᠠᠢ ᠰᠣᠨᠣᠰᠴᠤ᠂ ᠦᠨᠳᠦᠰᠦᠨ ᠱᠠᠲᠤᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠵᠢᠨ ᠭᠣᠣᠯ ᠠᠷᠭ᠎ᠠ ᠬᠢᠳᠡᠯ ᠪᠠ ᠠᠵᠢᠯ᠎ᠤᠨ ᠦᠷ᠎ᠡ ᠪᠦᠲᠦᠮᠵᠢ ᠵᠢᠨ ᠲᠤᠬᠠᠢ ᠭᠣᠣᠯᠳᠠᠯᠭ᠎ᠠ᠎ᠲᠠᠢ ᠭᠦᠨᠵᠡᠭᠡᠢ ᠰᠣᠯᠢᠯᠴᠠᠪᠠ᠃
ᠪᠠᠢ᠌ᠴᠠᠭ᠋ᠠᠨ ᠰᠤᠳᠤᠯᠬᠤ ᠳᠤᠭᠤᠢ᠌ᠯᠠᠩ ᠰᠢᠨ᠎ᠡ ᠬᠣᠲᠠ ᠲᠣᠭᠣᠷᠢᠭ᠎ᠲᠤ ᠬᠦᠷᠴᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠣᠲᠠ ᠵᠢᠨ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢᠨ ᠪᠦᠲᠦᠭᠡᠨ ᠪᠠᠢ᠌ᠭᠤᠯᠤᠯᠲᠠ ᠪᠠ ᠳᠠᠬᠢᠯᠲᠠ ᠤᠰᠤᠨ᠎ᠤ ᠠᠰᠢᠭᠯᠠᠯᠲᠠ ᠵᠢᠨ ᠪᠠᠶ᠋ᠢᠳᠠᠯ᠎ᠢ ᠰᠢᠨᠵᠢᠯᠡᠨ ᠪᠠᠢ᠌ᠴᠠᠭ᠋ᠠᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ᠂ ᠬᠥᠬᠡᠬᠣᠲᠠ᠂ ᠰᠢᠨ᠎ᠡ ᠬᠣᠲᠠ ᠲᠣᠭᠣᠷᠢᠭ᠎ᠤᠨ ᠬᠣᠶᠠᠷ ᠱᠠᠲᠤᠨ᠎ᠤ 《ᠵᠢᠷᠭᠤᠭ᠎ᠠ ᠵᠢ ᠨᠢᠭᠡᠳᠦᠯᠲᠡᠢ ᠲᠥᠯᠥᠪᠯᠡᠬᠦ》 ᠠᠵᠢᠯ᠎ᠢ ᠠᠬᠢᠭᠤᠯᠵᠤ ᠨᠠᠢ᠌ᠳᠠᠪᠤᠷᠢᠵᠢᠭᠤᠯᠤᠭᠰᠠᠨ ᠪᠠᠶ᠋ᠢᠳᠠᠯ᠎ᠢ ᠭᠦᠨᠵᠡᠭᠡᠢ ᠣᠢ᠌ᠯᠠᠭ᠋ᠠᠵᠤ᠂ ᠠᠬᠢᠭᠤᠯᠬᠤ ᠠᠵᠢᠯ᠎ᠤᠨ ᠳᠤᠮᠳᠠ ᠣᠷᠣᠰᠢᠵᠤ ᠪᠠᠢ᠌ᠭ᠎ᠠ ᠬᠦᠴᠢᠷᠳᠡᠯ ᠪᠠ ᠠᠰᠠᠭᠤᠳᠠᠯ᠎ᠢ ᠭᠣᠣᠯᠳᠠᠯᠭ᠎ᠠ᠎ᠲᠠᠢ ᠰᠣᠯᠢᠯᠴᠠᠪᠠ᠃

ᠸᠠᠩ ᠸᠠᠩ ᠱᠧᠩ᠂ ᠵᠣᠬᠢᠶᠠᠨ ᠪᠠᠢ᠌ᠭᠤᠯᠤᠨ ᠵᠣᠬᠢᠴᠠᠭᠤᠯᠬᠤ᠂ ᠬᠠᠤᠯᠢ ᠲᠣᠭᠲᠠᠭ᠋ᠠᠯ᠎ᠤᠨ ᠪᠠᠷᠢᠮᠵᠢᠶ᠎ᠠ᠂ ᠬᠢᠨᠠᠨ ᠬᠡᠮᠵᠢᠵᠦ ᠦᠨᠡᠯᠡᠨ ᠵᠢᠱ᠌ᠢᠬᠦ᠂ ᠬᠢᠨᠠᠯᠲᠠ ᠲᠠᠯᠪᠢᠬᠤ ᠰᠢᠰᠲ᠋ᠧᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠂ ᠭᠠᠳᠠᠭ᠋ᠠᠳᠤ᠎ᠲᠠᠢ ᠬᠠᠮᠲᠤᠷᠠᠯᠴᠠᠬᠤ 《ᠵᠢᠷᠭᠤᠭ᠎ᠠ ᠵᠢ ᠨᠢᠭᠡᠳᠦᠯᠲᠡᠢ ᠲᠥᠯᠥᠪᠯᠡᠬᠦ》 ᠵᠢ ᠪᠥᠬᠥ ᠲᠠᠯ᠎ᠠ᠎ᠪᠠᠷ ᠴᠢᠩᠭ᠋ᠠᠳᠬᠠᠬᠤ ᠪᠣᠯ ᠪᠥᠬᠥ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ ᠪᠠ ᠪᠥᠬᠥ ᠣᠷᠣᠨ᠎ᠤ ᠭᠣᠣᠯᠳᠠᠯᠭ᠎ᠠ᠎ᠲᠠᠢ ᠠᠵᠢᠯ᠎ᠢ ᠠᠬᠢᠭᠤᠯᠬᠤ ᠬᠤᠷᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠪᠠ 《ᠲᠣᠮᠣ ᠠᠮᠢ ᠠᠬᠤᠢ》 ᠲᠡᠢ᠌ᠰᠢ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠵᠢ ᠲᠦᠷᠭᠡᠳᠬᠡᠨ ᠪᠡᠶᠡᠯᠡᠭᠦᠯᠬᠦ ᠵᠢᠨ ᠴᠢᠬᠤᠯᠠ ᠭᠠᠷᠳᠠᠴᠠ ᠮᠥᠨ᠃ ᠠᠶ᠋ᠢᠮᠠᠭ ᠬᠣᠲᠠ᠂ ᠬᠣᠰᠢᠭᠤ ᠰᠢᠶᠠᠨ᠎ᠨᠤᠭᠤᠳ ᠲᠣᠰ ᠪᠡᠶ᠎ᠡ ᠵᠢᠨ ᠡᠭᠦᠷᠭᠡ ᠬᠠᠷᠢᠭᠤᠴᠠᠯᠭ᠎ᠠ ᠵᠢᠴᠢ ᠣᠷᠣᠨ ᠪᠠᠶ᠋ᠢᠷᠢ ᠵᠢᠨ ᠣᠨᠴᠠᠯᠢᠭ᠎ᠲᠠᠢ᠎ᠪᠠᠨ ᠤᠶᠠᠯᠳᠤᠭᠤᠯᠤᠨ᠂ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠪᠠᠢ᠌ᠭᠤᠯᠤᠮᠵᠢ ᠵᠢᠨ ᠣᠷᠣᠨ ᠲᠣᠭ᠎ᠠ ᠵᠢ ᠲᠣᠬᠢᠷᠠᠭᠤᠯᠬᠤ᠂ ᠬᠠᠤᠯᠢ ᠬᠡᠷᠡᠭᠵᠢᠭᠦᠯᠬᠦ ᠬᠦᠴᠦᠨ᠎ᠢ ᠡᠮᠬᠢᠯᠡᠨ ᠨᠡᠶ᠋ᠢᠯᠡᠭᠦᠯᠬᠦ ᠵᠡᠷᠭᠡ ᠠᠰᠠᠭᠤᠳᠠᠯ᠎ᠢ ᠭᠦᠨᠵᠡᠭᠡᠢ ᠰᠤᠳᠤᠯᠵᠤ᠂ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠦᠵᠡᠯᠲᠡ ᠵᠢ ᠬᠤᠪᠢᠷᠠᠭᠤᠯᠬᠤ᠂ ᠪᠠᠢ᠌ᠭᠤᠯᠤᠯ᠎ᠤᠨ ᠥᠭᠡᠷᠡᠴᠢᠯᠡᠯᠲᠡ ᠬᠢᠬᠦ᠂ ᠲᠣᠭᠲᠠᠴᠠ ᠵᠢᠨ ᠰᠢᠨ᠎ᠡ ᠵᠢ ᠡᠭᠦᠳᠬᠦ᠂ ᠡᠭᠦᠷᠭᠡ ᠴᠢᠳᠠᠪᠤᠷᠢ ᠵᠢ ᠲᠣᠬᠢᠷᠠᠭᠤᠯᠬᠤ᠂ ᠪᠠᠢ᠌ᠭᠤᠯᠤᠮᠵᠢ ᠵᠢ ᠰᠢᠯᠢᠳᠡᠭᠵᠢᠭᠦᠯᠬᠦ ᠪᠠ ᠡᠩᠨᠡᠭᠡ ᠵᠢ ᠳᠠᠬᠢᠨ ᠪᠠᠢ᠌ᠭᠤᠯᠬᠤ ᠵᠢ ᠲᠦᠷᠭᠡᠳᠬᠡᠨ᠂ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠬᠠᠷᠠᠯᠲᠠ ᠵᠢᠨ ᠱᠠᠭ᠋ᠠᠷᠳᠠᠯᠭ᠎ᠠ ᠵᠢ ᠪᠥᠬᠥ ᠬᠦᠴᠦᠨ ᠵᠶ᠋ᠡᠷ ᠵᠶ᠋ᠡᠨ ᠨᠠᠢ᠌ᠳᠠᠪᠤᠷᠢᠵᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠳᠠᠭ᠋ᠠᠭ᠋ᠠᠴᠢᠯᠠᠨ ᠬᠣᠯᠪᠣᠭ᠋ᠠᠯᠠᠬᠤ ᠵᠢᠨ ᠪᠠᠢ᠌ᠴᠠᠭ᠋ᠠᠨ ᠰᠤᠳᠤᠯᠤᠯᠲᠠ ᠵᠢᠨ ᠠᠵᠢᠯ᠎ᠢ ᠦᠷᠭᠦᠯᠵᠢᠯᠡᠨ ᠰᠠᠶ᠋ᠢᠲᠤᠷ ᠬᠢᠵᠦ᠂ ᠣᠢ᠌ᠯᠠᠭ᠋ᠠᠯᠴᠠᠨ ᠵᠣᠬᠢᠴᠠᠭᠤᠯᠬᠤ᠎ᠪᠠᠨ ᠴᠢᠩᠭ᠋ᠠᠳᠬᠠᠨ᠂ ᠬᠠᠪᠰᠤᠷᠤᠨ ᠲᠡᠳᠬᠦᠬᠦ ᠵᠢ ᠵᠢᠯᠤᠭᠣᠳᠴᠤ᠂ ᠠᠶ᠋ᠢᠮᠠᠭ ᠬᠣᠲᠠ᠂ ᠬᠣᠰᠢᠭᠤ ᠰᠢᠶᠠᠨ᠎ᠤ ᠠᠵᠢᠯ᠎ᠤᠨ ᠳᠤᠮᠳᠠ ᠣᠷᠣᠰᠢᠵᠤ ᠪᠠᠢ᠌ᠭ᠎ᠠ ᠬᠦᠴᠢᠷᠳᠡᠯ ᠪᠠ ᠠᠰᠠᠭᠤᠳᠠᠯ᠎ᠢ ᠬᠢᠨᠠᠮᠠᠭ᠋ᠠᠢ ᠰᠤᠳᠤᠯᠤᠨ ᠰᠢᠢ᠍ᠳᠪᠦᠷᠢᠯᠡᠵᠦ᠂ 《ᠵᠢᠷᠭᠤᠭ᠎ᠠ ᠵᠢ ᠨᠢᠭᠡᠳᠦᠯᠲᠡᠢ ᠲᠥᠯᠥᠪᠯᠡᠬᠦ》 ᠠᠵᠢᠯ᠎ᠢ ᠲᠦᠷᠭᠡᠬᠡᠨ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
ᠬᠥᠬᠡᠬᠣᠲᠠ ᠵᠢᠨ ᠳᠡᠳ᠋ ᠳᠠᠷᠤᠭ᠎ᠠ ᠮᠠ ᠪᠢᠩ ᠴᠢᠤᠸᠠᠨ᠂ ᠤᠯᠠᠭ᠋ᠠᠨᠴᠠᠪ ᠬᠣᠲᠠ ᠵᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠳᠡᠳ᠋ ᠡᠷᠬᠢᠯᠡᠭᠴᠢ᠂ ᠳᠥᠷᠪᠡᠳ ᠬᠣᠰᠢᠭᠤᠨ᠎ᠤ ᠨᠠᠮ᠎ᠤᠨ ᠬᠣᠷᠢᠶ᠎ᠠ ᠵᠢᠨ ᠱᠦᠵᠢ ᠸᠧᠢ ᠳ᠋ᠠᠢ ᠴᠢᠩ᠂ ᠤᠯᠠᠭ᠋ᠠᠨᠴᠠᠪ ᠬᠣᠲᠠ ᠵᠢᠨ ᠳᠡᠳ᠋ ᠳᠠᠷᠤᠭ᠎ᠠ ᠢᠦᠢ ᠬᠠᠢ ᠴᠧᠩ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠬᠠᠮᠢᠶ᠎ᠠ ᠪᠦᠬᠦᠢ ᠭᠠᠵᠠᠷ ᠲᠠᠰᠤᠭ ᠵᠢᠴᠢ ᠬᠥᠬᠡᠬᠣᠲᠠ᠂ ᠤᠯᠠᠭ᠋ᠠᠨᠴᠠᠪ ᠬᠣᠲᠠ ᠵᠢᠨ ᠬᠠᠮᠢᠶ᠎ᠠ ᠪᠦᠬᠦᠢ ᠰᠠᠯᠠᠭ᠎ᠠ ᠮᠥᠴᠢᠷ᠂ ᠬᠣᠰᠢᠭᠤ (ᠲᠣᠭᠣᠷᠢᠭ) ᠵᠢᠨ ᠬᠠᠷᠢᠭᠤᠴᠠᠯᠭ᠋ᠠᠲᠠᠨ ᠨᠥᠬᠥᠳ ᠪᠠᠢ᠌ᠴᠠᠭ᠋ᠠᠨ ᠰᠤᠳᠤᠯᠤᠯᠲᠠ ᠪᠠ ᠶᠠᠷᠢᠯᠴᠠᠬᠤ ᠬᠤᠷᠠᠯ᠎ᠳᠤ ᠣᠷᠣᠯᠴᠠᠪᠠ᠃