ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
ᠤᠮᠠᠷᠠᠲᠤ ᠵᠢᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠰᠤᠳᠤᠯᠭ᠋ᠠᠨ᠎ᠤ ᠲᠥᠪ᠎ᠤᠨ ᠫᠠᠢ᠌ᠰᠠ ᠰᠡᠬᠦᠬᠦ ᠶᠣᠰᠣᠯᠠᠯ ᠵᠢᠴᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠬᠡᠷᠡᠭᠵᠢᠭᠦᠯᠬᠦ᠎ᠳᠤ ᠬᠦᠴᠦᠨ ᠨᠡᠮᠡᠷᠢᠯᠡᠬᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢ ᠣᠯᠭᠣᠬᠤ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠠᠢ᠌ᠭᠤᠯᠤᠯᠲᠠ ᠵᠢ ᠠᠬᠢᠭᠤᠯᠬᠤ ᠬᠤᠷᠠᠯ ᠬᠥᠬᠡᠬᠣᠲᠠ᠎ᠳᠤ ᠶᠠᠪᠤᠭᠳᠠᠪᠠ
ᠨᠡᠶ᠋ᠢᠲᠡᠯᠡᠭᠰᠡᠨ ᠴᠠᠭ᠄ 2024-04-22

      4 ᠰᠠᠷ᠎ᠠ ᠵᠢᠨ 19᠎ᠤ ᠡᠳᠦᠷ᠂ ᠤᠮᠠᠷᠠᠲᠤ ᠵᠢᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠰᠤᠳᠤᠯᠭ᠋ᠠᠨ᠎ᠤ ᠲᠥᠪ᠎ᠤᠨ ᠫᠠᠢ᠌ᠰᠠ ᠰᠡᠬᠦᠬᠦ ᠶᠣᠰᠣᠯᠠᠯ ᠵᠢᠴᠢ ᠰᠢᠨᠵᠢᠯᠡᠬᠦ ᠤᠬᠠᠭ᠋ᠠᠨ ᠲᠡᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠬᠡᠷᠡᠭᠵᠢᠭᠦᠯᠬᠦ᠎ᠳᠤ ᠬᠦᠴᠦᠨ ᠨᠡᠮᠡᠷᠢᠯᠡᠬᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢ ᠣᠯᠭᠣᠬᠤ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠠᠢ᠌ᠭᠤᠯᠤᠯᠲᠠ ᠵᠢ ᠠᠬᠢᠭᠤᠯᠬᠤ ᠬᠤᠷᠠᠯ ᠬᠥᠬᠡᠬᠣᠲᠠ᠎ᠳᠤ ᠶᠠᠪᠤᠭᠳᠠᠪᠠ᠃ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠺᠠᠳᠧᠮᠢᠴᠢ ᠸᠠᠩ ᠵᠢᠨ ᠨᠠᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠳᠠᠷᠤᠭ᠎ᠠ ᠰᠦᠨ ᠵᠢᠶᠦ᠋ᠨ ᠴᠢᠩ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠸᠠᠩ ᠸᠠᠩ ᠱᠧᠩ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠨᠵᠢᠩ᠎ᠤᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠭᠠᠵᠠᠷ᠎ᠤᠨ ᠨᠠᠮ᠎ᠤᠨ ᠬᠣᠷᠢᠶ᠎ᠠ ᠵᠢᠨ ᠱᠦᠵᠢ᠂ ᠰᠤᠳᠤᠯᠭ᠋ᠠᠨ᠎ᠤ ᠭᠠᠵᠠᠷ᠎ᠤᠨ ᠳᠠᠷᠤᠭ᠎ᠠ ᠯᠢᠦ ᠭᠥᠸᠧ ᠼᠠᠢ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠢ᠌ᠭᠡᠮᠯᠢᠭ᠎ᠤᠨ ᠲᠡᠷᠢᠭᠦᠯᠡᠭᠴᠢ ᠵᠤᠤ ᠵᠢᠢ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠬᠢᠭᠡᠳ ᠡᠳ᠋᠎ᠤᠨ ᠶᠠᠪᠤᠳᠠᠯ᠎ᠤᠨ ᠵᠤᠷᠭ᠋ᠠᠨ᠎ᠤ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠵᠦ᠍ ᠭᠤᠸᠠᠩ ᠴᠢᠩ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠶᠡᠷᠦᠩᠬᠡᠢ᠌ᠯᠡᠭᠰᠡᠨ ᠵᠤᠷᠭ᠋ᠠᠨ᠎ᠤ ᠳᠡᠳ᠋ ᠳᠠᠷᠤᠭ᠎ᠠ ᠵᠠᠩ ᠬᠤᠸᠠ ᠫᠢᠩ ᠬᠤᠷᠠᠯ᠎ᠳᠤ ᠣᠷᠣᠯᠴᠠᠭᠰᠠᠨ ᠪᠥᠭᠡᠳ ᠬᠠᠮᠲᠤ᠎ᠪᠠᠷ ᠤᠮᠠᠷᠠᠲᠤ ᠵᠢᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠰᠤᠳᠤᠯᠭ᠋ᠠᠨ᠎ᠤ ᠲᠥᠪ᠎ᠤᠨ ᠫᠠᠢ᠌ᠰᠠ ᠵᠢ ᠰᠡᠬᠦᠪᠡ᠃ ᠬᠤᠷᠠᠯ᠎ᠢ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠸᠠᠩ ᠢ ᠯᠢᠩ ᠡᠷᠬᠢᠯᠡᠪᠡ᠃

图片01.jpg


      ᠸᠠᠩ ᠸᠠᠩ ᠱᠧᠩ ᠪᠠᠶᠠᠷ᠎ᠤᠨ ᠦᠭᠡ᠎ᠳᠡᠭᠡᠨ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ ᠪᠣᠯ ᠥᠪᠥᠷ ᠮᠣᠩᠭᠣᠯ᠎ᠤᠨ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ 《ᠤᠯᠤᠰ᠎ᠤᠨ ᠶᠡᠬᠡ ᠶᠠᠪᠤᠳᠠᠯ》 ᠪᠣᠯᠣᠨ᠎ᠠ᠃ ᠤᠮᠠᠷᠠᠲᠤ ᠵᠢᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠰᠤᠳᠤᠯᠭ᠋ᠠᠨ᠎ᠤ ᠲᠥᠪ᠎ᠤᠨ ᠫᠠᠢ᠌ᠰᠠ ᠰᠡᠬᠦᠵᠦ ᠪᠠᠢ᠌ᠭᠤᠯᠤᠭᠳᠠᠭᠰᠠᠨ᠎ᠨᠢ ᠠᠮᠢ ᠠᠬᠤᠢ ᠣᠷᠴᠢᠨ ᠲᠣᠭᠣᠷᠢᠨ᠎ᠤ ᠶᠠᠮᠤᠨ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠭᠰᠠᠨ᠂ ᠥᠨᠳᠥᠷ ᠲᠦᠪᠰᠢᠨ ᠵᠶ᠋ᠡᠷ ᠠᠬᠢᠭᠤᠯᠤᠭᠰᠠᠨ᠎ᠠᠴᠠ ᠪᠣᠯᠤᠭᠰᠠᠨ ᠶᠤᠮ᠃ ᠣᠳᠣᠬᠠᠨ᠎ᠳᠤ᠂ ᠪᠥᠬᠥ ᠣᠷᠣᠨ᠎ᠤ ᠭᠣᠣᠯᠳᠠᠯᠭ᠎ᠠ᠎ᠲᠠᠢ ᠠᠵᠢᠯ᠎ᠢ ᠠᠬᠢᠭᠤᠯᠬᠤ ᠬᠤᠷᠠᠯ᠎ᠤᠨ 《ᠭᠤᠷᠪᠠ ᠵᠢ ᠪᠠᠢ᠌ᠭᠤᠯᠬᠤ》 ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠶᠠᠭ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》᠎ᠪᠠᠷ ᠭᠠᠷᠳᠠᠴᠠ ᠪᠣᠯᠭ᠋ᠠᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠪᠠ 《ᠶᠡᠬᠡ ᠠᠮᠢ ᠠᠬᠤᠢ》 ᠳᠠᠰᠢ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠵᠢ ᠠᠬᠢᠭᠤᠯᠵᠤ ᠪᠠᠢ᠌ᠨ᠎ᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠨᠢᠭᠡᠳᠦᠯᠲᠡᠢ ᠲᠥᠯᠥᠪᠯᠡᠬᠦ ᠵᠢ ᠴᠢᠩᠭ᠋ᠠᠳᠬᠠᠬᠤ ᠪᠣᠯ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠵᠢᠨ ᠴᠢᠬᠤᠯᠠ ᠠᠭᠤᠯᠭ᠎ᠠ ᠮᠥᠨ᠂ 《ᠭᠤᠷᠪᠠ ᠵᠢ ᠱᠤᠭᠤᠬᠤ》 ᠵᠢ ᠨᠠᠢ᠌ᠳᠠᠪᠤᠷᠢᠵᠢᠭᠤᠯᠬᠤ ᠪᠦᠲᠦᠮᠵᠢᠲᠡᠢ ᠠᠷᠭ᠎ᠠ ᠬᠡᠮᠵᠢᠶ᠎ᠡ ᠮᠥᠨ᠃ ᠳᠠᠷᠠᠭ᠋ᠠᠴᠢ ᠵᠢᠨ ᠠᠯᠬᠤᠮ᠎ᠳᠤ᠂ ᠤᠮᠠᠷᠠᠲᠤ ᠵᠢᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠰᠤᠳᠤᠯᠭ᠋ᠠᠨ᠎ᠤ ᠲᠥᠪ ᠪᠠᠢ᠌ᠭᠤᠯᠬᠤ᠎ᠪᠠᠷ ᠲᠦᠰᠢᠭ ᠪᠣᠯᠭ᠋ᠠᠵᠤ᠂ ᠶᠡᠬᠡ ᠠᠮᠢ ᠠᠬᠤᠢ ᠵᠢᠨ ᠬᠦᠷᠢᠶᠡᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠦᠷᠦᠯ ᠵᠦᠢ᠍ᠯ᠎ᠤᠨ ᠬᠥᠮᠥᠷᠭᠡ ᠵᠢᠨ ᠪᠠᠢ᠌ᠭᠤᠯᠤᠯᠲᠠ ᠭᠡᠬᠦ ᠡᠨᠡᠬᠦ ᠵᠠᠩᠭᠢᠯᠠᠭ᠎ᠠ ᠵᠢ ᠪᠠᠲᠤ ᠠᠳᠬᠤᠵᠤ᠂ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠤᠯᠤᠰ᠎ᠤᠨ ᠴᠢᠬᠤᠯᠠ ᠶᠡᠬᠡ ᠢᠨᠵᠧᠨᠧᠷᠢᠩ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠢᠶᠠᠷᠤᠯᠲᠠ ᠪᠠ ᠠᠵᠤ ᠦᠢ᠍ᠯᠡᠰ᠎ᠤᠨ ᠬᠥᠭᠵᠢᠯᠲᠡ ᠵᠢᠨ ᠲᠥᠷᠥ ᠵᠢᠨ ᠪᠣᠳᠣᠯᠭ᠎ᠠ ᠵᠢᠨ ᠬᠣᠯᠪᠤᠭ᠋ᠠᠯᠠᠨ ᠬᠥᠳᠡᠯᠦᠯᠴᠡᠬᠦ ᠲᠣᠭᠲᠠᠴᠠ ᠵᠢ ᠪᠠᠢ᠌ᠭᠤᠯᠬᠤ ᠵᠢ ᠠᠬᠢᠭᠤᠯᠵᠤ᠂ ᠬᠠᠷᠢᠯᠴᠠᠨ ᠠᠰᠢᠭ ᠬᠦᠷᠲᠡᠭᠡᠵᠦ ᠬᠠᠮᠲᠤᠪᠠᠷ ᠡᠳ᠋ᠯᠡᠬᠦ ᠤᠯᠠᠨ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠋ᠠᠨ᠎ᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠵᠦ᠂ ᠤᠯᠠᠨ ᠭᠣᠣᠯ ᠴᠣᠭᠴᠠ ᠠᠭᠤᠰᠤᠯᠴᠠᠭᠰᠠᠨ᠂ ᠤᠯᠠᠨ ᠠᠷᠭ᠎ᠠ ᠵᠠᠮ ᠵᠶ᠋ᠠᠷ ᠲᠥᠪᠯᠡᠷᠡᠭᠰᠡᠨ ᠠᠮᠢ ᠠᠬᠤᠢ ᠵᠢᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠᠢ᠌ᠷᠢᠰᠢᠯ ᠪᠠ ᠬᠠᠮᠵᠢᠯᠴᠠᠬᠤ ᠲᠣᠭᠲᠠᠴᠠ ᠵᠢ ᠪᠠᠢ᠌ᠭᠤᠯᠬᠤ ᠬᠡᠷᠡᠭᠲᠡᠢ; ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠰᠢᠰᠲ᠋ᠧᠮᠵᠢᠭᠦᠯᠦᠨ ᠬᠤᠷᠠᠮᠳᠤᠭᠤᠯᠬᠤ ᠪᠠ ᠤᠯᠠᠷᠢᠭᠤᠯᠤᠨ ᠬᠡᠷᠡᠭᠯᠡᠬᠦ ᠵᠢ ᠴᠢᠩᠭ᠋ᠠᠳᠬᠠᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢ ᠬᠠᠤᠯᠢ ᠶᠣᠰᠣᠭ᠋ᠠᠷ᠂ ᠰᠢᠨᠵᠢᠯᠡᠬᠦ ᠤᠬᠠᠭ᠋ᠠᠨᠴᠢ᠎ᠪᠠᠷ᠂ ᠨᠠᠷᠢᠯᠢᠭ ᠣᠨᠣᠴᠠᠲᠠᠢ᠎ᠪᠠᠷ ᠪᠣᠬᠢᠷᠲᠤᠯ᠎ᠢ ᠵᠠᠰᠠᠬᠤ ᠳᠠᠰᠢ ᠬᠤᠪᠢᠷᠠᠭᠤᠯᠬᠤ᠂ ᠠᠵᠤ ᠠᠬᠤᠢ ᠨᠡᠢ᠌ᠭᠡᠮ᠎ᠤᠨ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ᠎ᠪᠠᠨ ᠪᠥᠬᠥ ᠲᠠᠯ᠎ᠠ᠎ᠪᠠᠷ ᠬᠤᠪᠢᠷᠠᠭᠤᠯᠬᠤ ᠵᠢ ᠠᠬᠢᠭᠤᠯᠤᠨ᠎ᠠ; ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠨᠵᠢᠩ᠎ᠤᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠭᠠᠵᠠᠷ᠎ᠯᠤᠭ᠎ᠠ ᠵᠢᠨ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠎ᠠ᠎ᠪᠠᠨ ᠴᠢᠨᠠᠭᠰᠢᠳᠠ ᠭᠦᠨᠵᠡᠭᠡᠢ᠌ᠷᠡᠭᠦᠯᠵᠦ᠂ ᠬᠣᠶᠠᠷ ᠲᠠᠯ᠎ᠠ᠎ᠪᠠᠷ ᠵᠶ᠋ᠠᠨ ᠬᠠᠮᠲᠤᠪᠠᠷ ᠬᠥᠭᠵᠢᠵᠦ᠂ ᠬᠠᠮᠲᠤᠪᠠᠷ ᠬᠠᠯᠬᠠᠪᠴᠢ ᠪᠠᠢ᠌ᠭᠤᠯᠤᠨ᠎ᠠ ᠭᠡᠵᠦ ᠵᠢᠭ᠋ᠠᠵᠤ ᠭᠠᠷᠭ᠋ᠠᠪᠠ᠃
      ᠵᠦ᠍ ᠭᠤᠸᠠᠩ ᠴᠢᠩ ᠪᠠᠶᠠᠷ᠎ᠤᠨ ᠦᠭᠡ᠎ᠳᠡᠭᠡᠨ᠂ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠪᠣᠯ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠰᠢᠢ᠍ᠳᠪᠦᠷᠢᠯᠡᠬᠦ ᠬᠤᠷᠴᠠ ᠵᠡᠪᠰᠡᠭ ᠮᠥᠨ᠃ ᠠᠮᠢ ᠠᠬᠤᠢ ᠣᠷᠴᠢᠨ ᠲᠣᠭᠣᠷᠢᠨ᠎ᠤ ᠶᠠᠮᠤᠨ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠲᠥᠪ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠢ᠌ᠭᠤᠯᠤᠮᠵᠢ ᠵᠢᠨ ᠥᠭᠡᠷᠡᠴᠢᠯᠡᠯᠲᠡ ᠪᠣᠯᠣᠨ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠤᠯᠤᠰ᠎ᠤᠨ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠪᠣᠯᠣᠨ ᠲᠥᠯᠦᠪᠵᠢᠭᠦᠯᠭᠡ ᠵᠢᠨ ᠲᠥᠷᠥ ᠵᠢᠨ ᠪᠣᠳᠣᠯᠭ᠎ᠠ ᠵᠢ ᠲᠤᠯᠭ᠋ᠠᠭᠤᠷᠢᠯᠠᠬᠤ᠎ᠳᠤ ᠰᠠᠭᠤᠷᠢᠯᠠᠵᠤ᠂ ᠦᠵᠦ ᠲᠥᠯᠥᠪᠯᠡᠭᠡ ᠵᠢ ᠦᠷᠭᠦᠯᠵᠢᠯᠡᠨ ᠴᠢᠩᠭ᠋ᠠᠳᠬᠠᠵᠤ᠂ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠥᠨᠳᠥᠷ ᠲᠦᠪᠰᠢᠨ᠎ᠲᠠᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠩᠭ᠋ᠠᠯᠭ᠎ᠠ ᠵᠢ ᠴᠢᠩᠭ᠋ᠠᠳᠬᠠᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠭᠦᠨᠵᠡᠭᠡᠢ᠌ᠷᠡᠨ ᠪᠣᠳᠠᠲᠠᠢ᠌ᠵᠢᠬᠤ ᠵᠢ ᠠᠬᠢᠭᠤᠯᠪᠠ᠃ ᠣᠳᠣᠬᠠᠨ᠎ᠳᠤ ᠪᠠ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠳᠤ᠂ ᠬᠥᠮᠥᠨ ᠪᠠᠶ᠋ᠢᠭ᠋ᠠᠯᠢ ᠵᠢᠨ ᠡᠶ᠎ᠡ ᠵᠣᠬᠢᠴᠠᠩᠭᠤᠢ ᠬᠠᠮᠲᠤ ᠣᠷᠣᠰᠢᠬᠤ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠵᠢᠨ ᠲᠣᠭᠣᠷᠢᠨ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠠᠴᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠬᠡᠷᠡᠭᠯᠡᠭᠡᠨ᠎ᠤ ᠰᠠᠭᠤᠷᠢ ᠰᠤᠳᠤᠯᠭ᠋ᠠᠨ᠎ᠢ ᠬᠦᠴᠦᠯᠡᠨ ᠴᠢᠩᠭ᠋ᠠᠳᠬᠠᠵᠤ᠂ ᠵᠠᠩᠭᠢᠯᠠᠭ᠎ᠠ ᠵᠢᠨ ᠮᠡᠷᠭᠡᠵᠢᠯ᠎ᠤᠨ ᠪᠣᠭᠣᠮᠲᠠ ᠰᠢᠪᠲᠤᠯᠬᠤ ᠵᠢ ᠴᠢᠩᠭ᠋ᠠᠳᠬᠠᠵᠤ᠂ ᠴᠢᠬᠤᠯᠠ ᠶᠡᠬᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠦᠷᠦᠯ ᠵᠦᠢ᠍ᠯ᠎ᠤᠨ ᠪᠦᠲᠦᠮᠵᠢᠲᠡᠢ ᠬᠡᠷᠡᠭᠵᠢᠭᠦᠯᠦᠭᠳᠡᠬᠦ ᠵᠢ ᠠᠬᠢᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠬᠤ ᠬᠦᠴᠦᠨ᠎ᠢ ᠪᠤᠢ ᠪᠣᠯᠭ᠋ᠠᠵᠤ᠂ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢ᠌ᠵᠢᠷᠠᠭᠤᠯᠬᠤ᠂ ᠥᠨᠳᠥᠷ ᠲᠦᠪᠰᠢᠨ ᠪᠦᠬᠦᠢ ᠬᠠᠮᠠᠭ᠋ᠠᠯᠠᠯᠲᠠ ᠪᠣᠯᠣᠨ ᠴᠢᠨᠠᠷ ᠰᠠᠢ᠌ᠲᠠᠢ ᠬᠥᠭᠵᠢᠯᠲᠡ᠎ᠳᠤ ᠬᠦᠴᠦ ᠨᠡᠮᠡᠷᠢᠯᠡᠨ᠎ᠡ᠃ ᠵᠣᠭᠰᠣᠴᠠ᠎ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠬᠦ᠎ᠪᠠᠨ ᠴᠢᠩᠭ᠋ᠠᠳᠬᠠᠵᠤ᠂ ᠥᠪᠥᠷ ᠮᠣᠩᠭᠣᠯ᠎ᠲᠠᠢ ᠬᠠᠮᠲᠤ᠎ᠪᠠᠷ ᠬᠦᠴᠦᠯᠡᠵᠦ᠂ ᠠᠳᠠᠯᠢ ᠰᠡᠳᠦᠪ᠎ᠢ ᠬᠠᠮᠲᠤ᠎ᠪᠠᠷ ᠬᠠᠷᠢᠭᠤᠯᠵᠤ᠂ ᠬᠦᠴᠦ᠎ᠪᠠᠨ ᠬᠠᠮᠲᠤᠳᠬᠠᠨ ᠬᠠᠮᠵᠢᠯᠴᠠᠵᠤ᠂ ᠤᠮᠠᠷᠠᠲᠤ ᠵᠢᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠰᠤᠳᠤᠯᠭ᠋ᠠᠨ᠎ᠤ ᠲᠥᠪ᠎ᠤᠨ ᠪᠠᠢ᠌ᠭᠤᠯᠤᠯᠲᠠ ᠪᠠ ᠠᠵᠢᠯᠯᠠᠭ᠋ᠠᠨ᠎ᠢ ᠶᠡᠬᠡᠪᠡᠷ ᠳᠡᠮᠵᠢᠬᠦ ᠪᠠ ᠲᠡᠭᠦᠨ᠎ᠳᠤ ᠣᠷᠣᠯᠴᠠᠵᠤ᠂ ᠬᠥᠮᠥᠨ ᠪᠠᠶ᠋ᠢᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠢ᠌ᠭᠤᠯᠬᠤ᠎ᠳᠤ ᠨᠡᠩ ᠤᠯᠠᠨ ᠣᠶᠤᠨ ᠤᠬᠠᠭ᠋ᠠᠨ ᠬᠦᠴᠦᠨ ᠴᠢᠳᠠᠯ ᠵᠶ᠋ᠠᠨ ᠨᠡᠮᠡᠷᠢᠯᠡᠨ᠎ᠡ ᠭᠡᠵᠦ ᠵᠢᠭ᠋ᠠᠵᠤ ᠭᠠᠷᠭ᠋ᠠᠪᠠ᠃
      ᠯᠢᠦ ᠭᠥᠸᠧ ᠼᠠᠢ ᠪᠠᠶᠠᠷ᠎ᠤᠨ ᠦᠭᠡ᠎ᠳᠡᠭᠡᠨ᠂ ᠤᠮᠠᠷᠠᠲᠤ ᠵᠢᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠰᠤᠳᠤᠯᠭ᠋ᠠᠨ᠎ᠤ ᠲᠥᠪ᠎ᠢ ᠪᠠᠢ᠌ᠭᠤᠯᠤᠭᠰᠠᠨ᠎ᠨᠢ ᠶᠡᠷᠦᠩᠬᠡᠢ ᠱᠦᠵᠢ ᠰᠢ ᠵᠢᠨ ᠫᠢᠩ᠎ᠤᠨ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ ᠲᠤᠬᠠᠢ ᠴᠢᠬᠤᠯᠠ ᠵᠢᠭ᠋ᠠᠪᠤᠷᠢ ᠵᠢ ᠨᠠᠢ᠌ᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠣᠨ᠎ᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠣᠯᠭᠣᠬᠤ ᠵᠢ ᠪᠡᠶᠡᠯᠡᠭᠦᠯᠬᠦ᠎ᠳᠤ᠂ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠦᠵᠦ ᠲᠥᠯᠥᠪᠯᠡᠭᠡ ᠵᠢ ᠰᠠᠶ᠋ᠢᠲᠤᠷ ᠬᠢᠵᠦ᠂ ᠠᠵᠢᠯ᠎ᠤᠨ ᠲᠣᠭᠲᠠᠴᠠ ᠵᠢ ᠰᠢᠯᠤᠭᠤᠳᠬᠠᠵᠤ᠂ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠪᠣᠳᠠᠲᠠᠢ᠎ᠳᠤ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠪᠠᠲᠤᠯᠠᠬᠤ ᠬᠡᠷᠡᠭᠲᠡᠢ᠃ ᠲᠥᠪ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠱᠠᠭ᠋ᠠᠷᠳᠠᠯᠭ᠎ᠠ ᠵᠢ ᠰᠠᠶ᠋ᠢᠲᠤᠷ ᠨᠠᠢ᠌ᠳᠠᠪᠤᠷᠢᠵᠢᠭᠤᠯᠵᠤ᠂ ᠤᠯᠤᠰ᠎ᠤᠨ ᠪᠠ ᠣᠷᠣᠨ ᠨᠤᠲᠤᠭ᠎ᠤᠨ ᠴᠢᠬᠤᠯᠠ ᠶᠡᠬᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠷᠡᠭᠴᠡᠭᠡ ᠵᠢ ᠨᠢᠭᠲᠠᠷᠠᠭᠤᠯᠵᠤ᠂ ᠤᠯᠤᠰ᠎ᠤᠨ ᠪᠠ ᠣᠷᠣᠨ ᠨᠤᠲᠤᠭ᠎ᠤᠨ ᠴᠢᠬᠤᠯᠠ ᠶᠡᠬᠡ ᠳᠦᠷᠦᠯ ᠵᠦᠢ᠍ᠯ᠎ᠢ ᠲᠥᠯᠥᠪᠵᠢᠭᠦᠯᠦᠨ ᠬᠡᠷᠡᠭᠵᠢᠭᠦᠯᠵᠦ᠂ ᠤᠯᠤᠰ᠎ᠤᠨ ᠪᠠ ᠣᠷᠣᠨ ᠨᠤᠲᠤᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠤᠨ ᠪᠠᠢ᠌ᠭᠤᠯᠤᠯᠲᠠ ᠵᠢ ᠠᠬᠢᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢᠲᠠᠨ᠎ᠤ ᠡᠩᠨᠡᠭᠡ ᠵᠢ ᠪᠠᠢ᠌ᠭᠤᠯᠬᠤ ᠬᠡᠷᠡᠭᠲᠡᠢ᠃ ᠬᠠᠮᠠᠭ᠋ᠠᠯᠠᠬᠤ ᠪᠠ ᠬᠥᠭᠵᠢᠭᠦᠯᠬᠦ ᠡᠨᠡᠬᠦ ᠲᠣᠮᠣ ᠶᠠᠪᠤᠳᠠᠯ᠎ᠢ ᠰᠠᠶ᠋ᠢᠲᠤᠷ ᠬᠢᠵᠦ᠂ ᠬᠠᠷᠠᠯᠲᠠ᠂ ᠡᠭᠦᠷᠭᠡ ᠪᠣᠯᠣᠨ ᠬᠠᠷᠢᠭᠤᠴᠠᠯᠭ᠎ᠠ ᠵᠡᠷᠭᠡ ᠭᠤᠷᠪᠠᠨ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠵᠦ᠂ ᠠᠵᠤ ᠠᠬᠤᠢ ᠵᠢᠨ ᠬᠥᠭᠵᠢᠯᠲᠡ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠣᠷᠢᠭ᠎ᠠ ᠱᠤᠭᠤᠮ᠎ᠢ ᠪᠠᠲᠤ ᠰᠠᠬᠢᠵᠤ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠠᠮᠢ ᠠᠬᠤᠢ ᠵᠢᠨ ᠳᠠᠪᠠᠭᠤᠯᠢᠭ᠎ᠢ ᠦᠨᠡᠨᠬᠦ ᠠᠵᠤ ᠠᠬᠤᠢ ᠵᠢᠨ ᠬᠥᠭᠵᠢᠯᠲᠡ ᠵᠢᠨ ᠳᠠᠪᠠᠭᠤᠯᠢᠭ ᠪᠣᠯᠭ᠋ᠠᠨ ᠬᠤᠪᠢᠷᠠᠭᠤᠯᠬᠤ ᠬᠡᠷᠡᠭᠲᠡᠢ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠨᠵᠢᠩ᠎ᠳᠠᠬᠢ ᠤᠯᠤᠰ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ ᠪᠣᠯᠤᠭᠰᠠᠨ᠎ᠤ ᠬᠤᠪᠢ᠎ᠳᠤ᠂ ᠪᠠᠢ᠌ᠯᠳᠤᠬᠤ ᠪᠣᠳᠣᠯᠭ᠎ᠠ ᠵᠢᠨ ᠰᠡᠳᠬᠢᠬᠦᠢ ᠵᠢᠨ ᠴᠢᠳᠠᠪᠤᠷᠢ ᠪᠣᠯᠣᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ᠎ᠪᠠᠨ ᠦᠷᠭᠦᠯᠵᠢᠯᠡᠨ ᠳᠡᠭᠡᠭᠰᠢᠯᠡᠭᠦᠯᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠪᠣᠯᠣᠨ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ᠎ᠳᠤ ᠬᠦᠴᠦᠷᠬᠡᠭ ᠶᠡᠬᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠬᠤ ᠪᠣᠯᠣᠨ᠎ᠠ᠃
      ᠬᠤᠷᠠᠯ ᠳᠡᠭᠡᠷ᠎ᠡ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠺᠠᠳᠧᠮᠢᠴᠢ ᠸᠠᠩ ᠵᠢᠨ ᠨᠠᠨ᠂ ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠠᠮᠢ ᠠᠬᠤᠢ ᠵᠢᠨ ᠪᠣᠯᠪᠠᠰᠤᠨ᠎ᠤ ᠰᠤᠳᠤᠯᠭ᠋ᠠᠨ᠎ᠤ ᠭᠠᠵᠠᠷ᠎ᠤᠨ ᠳᠡᠳ᠋ ᠳᠠᠷᠤᠭ᠎ᠠ ᠵᠤᠸᠠᠩ ᠬᠦᠢ ᠶᠠᠩ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠢ᠌ᠭᠡᠮᠯᠢᠭ᠎ᠤᠨ ᠲᠡᠷᠢᠭᠦᠯᠡᠭᠴᠢ ᠵᠣᠣ ᠵᠢᠢ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠤᠤᠯ᠎ᠤᠨ ᠨᠢᠭᠡᠳᠦᠭᠡᠷ ᠳᠡᠰ᠎ᠤᠨ ᠲᠣᠭᠣᠷᠢᠨ ᠪᠠᠢ᠌ᠴᠠᠭ᠋ᠠᠭᠴᠢ ᠵᠠᠩ ᠱᠤ᠌ ᠯᠢ ᠲᠤᠰᠪᠦᠷᠢ 《ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠦᠢ᠍ᠯᠡᠳᠦᠯᠭᠡᠵᠢᠭᠦᠯᠵᠦ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠰᠢᠨ᠎ᠡ ᠬᠠᠭᠤᠳᠠᠰᠤ ᠵᠢ ᠪᠦᠬᠦ ᠲᠠᠯ᠎ᠠ᠎ᠪᠠᠷ ᠨᠡᠭᠡᠭᠡᠬᠦ》 《〈ᠬᠣᠣᠰ ᠨᠠᠭᠦᠷᠡᠰᠦᠲᠦ᠋ᠷᠦᠭᠴᠢ〉 ᠵᠢᠨ ᠬᠠᠷᠠᠭ᠋ᠠᠰᠤ ᠳᠣᠣᠷᠠᠬᠢ ᠠᠮᠢ ᠠᠬᠤᠢ ᠵᠢᠨ ᠠᠮᠤᠷ ᠲᠦᠪᠰᠢᠨ ᠪᠠ ᠠᠶᠤᠯ ᠲᠦᠭᠰᠢᠭᠦᠷᠢ ᠵᠢ ᠰᠡᠷᠭᠡᠢ᠌ᠯᠡᠬᠦ》 《ᠡᠯᠡᠰᠦᠷᠬᠡᠭᠵᠢᠬᠦ ᠵᠢ ᠵᠠᠰᠠᠬᠤ ᠪᠠ ᠨᠠᠭᠦᠷᠡᠰᠦᠲᠦ᠋ᠷᠦᠭᠴᠢ ᠵᠢ ᠰᠠᠭ᠋ᠠᠷᠮᠠᠭᠵᠢᠭᠤᠯᠬᠤ ᠲᠤᠬᠠᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ》 ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠦᠰᠡᠯᠡᠯᠲᠡ ᠵᠢ ᠰᠢᠪᠲᠤᠯᠬᠤ ᠢᠨᠵᠧᠨᠧᠷᠢᠩ᠎ᠢ ᠬᠡᠷᠡᠭᠵᠢᠭᠦᠯᠬᠦ ᠵᠢᠨ ᠲᠣᠭᠣᠷᠢᠨ᠎ᠳᠤ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠢ᠌ᠭᠤᠯᠬᠤ》 ᠭᠡᠬᠦ ᠵᠡᠷᠭᠡ ᠭᠣᠣᠯ ᠰᠡᠳᠦᠪ ᠵᠶ᠋ᠡᠷ ᠭᠣᠣᠯ ᠵᠤᠷᠢᠯᠳᠤᠳᠤ ᠮᠡᠳᠡᠭᠦᠯᠦᠯᠲᠡ ᠬᠢᠵᠡᠢ᠃
      ᠬᠤᠷᠠᠯ᠎ᠢ ᠰᠦᠯᠵᠢᠶᠡᠨ ᠳᠡᠭᠡᠷ᠎ᠡ ᠪᠠ ᠠᠬᠤᠢ ᠳᠠᠯᠠᠪᠠᠢ ᠵᠢ ᠤᠶᠠᠯᠳᠤᠭᠤᠯᠬᠤ ᠬᠡᠯᠪᠡᠷᠢ᠎ᠪᠠᠷ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠵᠥᠪᠯᠡᠯ ᠠᠯᠪᠠᠨ ᠭᠡᠷ᠎ᠤᠨ ᠲᠢᠩᠬᠢᠮ ᠲᠣᠪᠴᠢᠶ᠎ᠠ ᠵᠢᠨ ᠬᠠᠷᠢᠭᠤᠴᠠᠯᠭ᠋ᠠᠲᠠᠨ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠶᠡᠬᠡ ᠳᠡᠭᠡᠳᠦ ᠰᠤᠷᠭ᠋ᠠᠭᠤᠯᠢ ᠵᠢᠨ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠡᠷᠳᠡᠮᠲᠡᠨ᠂ ᠭᠣᠣᠯᠳᠠᠯᠭ᠎ᠠ᠎ᠲᠠᠢ ᠠᠵᠤ ᠠᠬᠤᠢ᠌ᠯᠠᠯ᠎ᠤᠨ ᠲᠥᠯᠥᠭᠡᠯᠡᠭᠴᠢ ᠨᠠᠢ᠌ᠳᠠ 100 ᠭᠠᠷᠤᠢ ᠬᠥᠮᠥᠨ ᠭᠣᠣᠯ ᠬᠤᠷᠠᠯ᠎ᠤᠨ ᠲᠠᠯᠠᠪᠠᠢ᠎ᠳᠤ ᠣᠷᠣᠯᠴᠠᠵᠤ᠂ ᠡᠯ᠎ᠡ ᠠᠶ᠋ᠢᠮᠠᠭ ᠬᠤᠳᠠ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ ᠵᠢᠨ ᠥᠷᠭᠡᠨ ᠤᠯᠠᠨ ᠺᠠᠳ᠋ᠷ ᠬᠤᠪᠢᠶᠠᠷᠢ ᠬᠤᠷᠠᠯ᠎ᠤᠨ ᠲᠠᠯᠠᠪᠠᠢ ᠵᠢᠨ ᠸᠢᠳᠢᠤ᠋᠎ᠪᠠᠷ ᠬᠤᠷᠠᠯ᠎ᠳᠤ ᠣᠷᠣᠯᠴᠠᠪᠠ᠃

 

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠸᠠᠩ ᠸᠠᠩ ᠱᠧᠩ ᠬᠥᠬᠡᠬᠣᠲᠠ ᠣᠷᠳᠣᠰ ᠬᠤᠳᠠ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠪᠡ
ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠨᠡᠢ᠌ᠭᠡᠮᠯᠢᠭ 2024 ᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨ᠎ᠤ ᠬᠤᠷᠠᠯ ᠬᠢᠪᠡ
2024 ᠣᠨ᠎ᠤ 6 ᠰᠠᠷ᠎ᠠ ᠵᠢᠨ 5᠎ᠤ ᠣᠷᠴᠢᠨ ᠲᠣᠭᠣᠷᠢᠨ᠎ᠤ ᠡᠳᠦᠷ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯ ᠲᠠᠯᠠᠪᠤᠷ᠎ᠤᠨ ᠠᠵᠢᠯᠯᠠᠭ᠎ᠠ ᠪᠤᠭᠤᠲᠤ᠎ᠳᠤ ᠶᠠᠪᠤᠭᠳᠠᠪᠠ
 
             蒙ICP备05000248号