ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠣᠣᠯᠳᠠᠯᠭ᠎ᠠ᠎ᠲᠠᠢ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-04-08

      4 ᠰᠠᠷ᠎ᠠ ᠵᠢᠨ 2᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠣᠣᠯᠳᠠᠯᠭ᠎ᠠ᠎ᠲᠠᠢ ᠠᠵᠢᠯ᠎ᠢ ᠠᠬᠢᠭᠤᠯᠬᠤ ᠪᠠᠢ᠌ᠷᠢᠯᠠᠭᠤᠯᠤᠯᠲᠠ ᠵᠢᠨ ᠬᠤᠷᠠᠯ ᠬᠤᠷᠠᠯᠳᠤᠭᠤᠯᠵᠤ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠢᠯ᠎ᠢ ᠠᠬᠢᠭᠤᠯᠬᠤ ᠬᠤᠷᠠᠯ ᠪᠠ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠴᠢ ᠨᠠᠮ᠎ᠢ ᠪᠥᠬᠥ ᠲᠠᠯ᠎ᠠ᠎ᠪᠠᠷ ᠴᠢᠩᠭ᠎ᠠ ᠵᠠᠰᠠᠬᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠵᠢ ᠰᠠᠶ᠋ᠢᠲᠤᠷ ᠬᠢᠬᠦ ᠵᠢ ᠠᠬᠢᠭᠤᠯᠬᠤ ᠵᠢᠨ ᠲᠣᠭᠣᠷᠢᠨ᠎ᠳᠤ᠂ ᠬᠣᠶᠠᠳᠤᠭ᠋ᠠᠷ ᠡᠭᠡᠯᠵᠢ ᠵᠢᠨ ᠭᠤᠷᠪᠠᠳᠤᠭ᠋ᠠᠷ ᠪᠦᠯᠦᠭ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ ᠵᠢ ᠡᠬᠢᠯᠡᠨ ᠥᠷᠨᠢᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠴᠢᠩᠭ᠋ᠠᠷᠠᠭᠤᠯᠬᠤ ᠲᠤᠬᠠᠢ ᠪᠠᠢ᠌ᠷᠢᠯᠠᠭᠤᠯᠤᠯᠲᠠ ᠬᠢᠪᠡ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠸᠠᠩ ᠸᠠᠩ ᠱᠧᠩ ᠬᠤᠷᠠᠯ᠎ᠢ ᠡᠷᠬᠢᠯᠡᠬᠦ ᠵᠢᠨ ᠬᠠᠮᠲᠤ ᠶᠠᠷᠢᠶ᠎ᠠ ᠲᠠᠯᠪᠢᠵᠠᠢ᠃


图片01.jpg


      ᠬᠤᠷᠠᠯ ᠳᠡᠭᠡᠷ᠎ᠡ᠂ ᠸᠠᠩ ᠸᠠᠩ ᠱᠧᠩ ᠥᠪᠡᠷᠲᠡᠭᠡᠨ ᠵᠠᠰᠠᠬᠤ ᠣᠷᠣᠨ᠎ᠤ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠵᠢ ᠠᠬᠢᠭᠤᠯᠬᠤ ᠠᠵᠢᠯ᠎ᠤᠨ ᠪᠠᠶ᠋ᠢᠳᠠᠯ᠎ᠢ ᠳᠥᠭᠥᠮᠬᠡᠨ ᠮᠡᠳᠡᠭᠳᠡᠵᠦ᠂ ᠠᠶ᠋ᠢᠮᠠᠭ ᠬᠤᠳᠠ᠂ ᠬᠣᠰᠢᠭᠤ ᠰᠢᠶᠠᠨ (ᠬᠤᠳᠠ᠂ ᠲᠣᠭᠣᠷᠢᠭ)᠎ᠤ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠵᠢ ᠠᠬᠢᠭᠤᠯᠬᠤ᠎ᠳᠤ ᠣᠯᠣᠭᠰᠠᠨ ᠠᠩᠬ᠎ᠠ ᠠᠯᠬᠤᠮ᠎ᠤᠨ ᠦᠷ᠎ᠡ ᠪᠦᠲᠦᠮᠵᠢ ᠵᠢ ᠭᠦᠢ᠍ᠴᠡᠳ ᠨᠤᠲᠠᠯᠠᠬᠤ ᠵᠢᠨ ᠬᠠᠮᠲᠤ ᠳᠠᠷᠠᠭ᠋ᠠᠴᠢ ᠵᠢᠨ ᠱᠠᠲᠤᠨ᠎ᠤ ᠠᠵᠢᠯ᠎ᠳᠤ ᠪᠠᠢ᠌ᠷᠢᠯᠠᠭᠤᠯᠤᠯᠲᠠ ᠬᠢᠵᠡᠢ᠃ ᠲᠡᠷᠡ᠂ ᠣᠳᠣᠬᠠᠨ᠎ᠳᠤ᠂ 《ᠵᠢᠷᠭᠤᠭ᠎ᠠ ᠵᠢ ᠨᠢᠭᠡᠳᠦᠯᠲᠡᠢ ᠲᠥᠯᠥᠪᠯᠡᠬᠦ》 ᠡᠯ᠎ᠡ ᠵᠦᠢ᠍ᠯ᠎ᠤᠨ ᠠᠵᠢᠯ᠎ᠢ ᠨᠢᠭᠡᠨᠲᠡ ᠪᠥᠬᠥ ᠲᠠᠯ᠎ᠠ᠎ᠪᠠᠷ ᠥᠷᠨᠢᠭᠦᠯᠦᠭᠰᠡᠨ ᠪᠥᠭᠡᠳ ᠵᠠᠷᠢᠮ ᠰᠠᠶ᠋ᠢᠨ ᠠᠷᠭ᠎ᠠ ᠬᠢᠳᠡᠯ᠎ᠢ ᠪᠤᠢ ᠪᠣᠯᠭ᠋ᠠᠭᠰᠠᠨ ᠪᠣᠯᠪᠠᠴᠤ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠬᠣᠶᠠᠷ ᠱᠠᠲᠤᠨ᠎ᠳᠤ ᠠᠬᠢᠭᠤᠯᠬᠤ ᠡᠷᠴᠢᠮ ᠪᠠ ᠦᠷ᠎ᠡ ᠪᠦᠲᠦᠮᠵᠢ ᠲᠡᠩᠴᠡᠭᠦᠷᠢ ᠦᠭᠡᠢ ᠪᠠᠶ᠋ᠢᠬᠤ ᠠᠰᠠᠭᠤᠳᠠᠯ ᠣᠷᠣᠰᠢᠵᠤ ᠪᠠᠢ᠌ᠨ᠎ᠠ᠃ ᠲᠠᠷᠠᠭ᠋ᠠᠴᠢ ᠵᠢᠨ ᠠᠯᠬᠤᠮ᠎ᠳᠤ᠂ 21 ᠲᠥᠪᠯᠡᠷᠡᠯ᠎ᠤᠨ ᠴᠡᠭ᠎ᠤᠨ ᠲᠣᠭᠣᠷᠢᠨ᠎ᠳᠤ᠂ ᠳᠥᠷᠪᠡᠨ ᠱᠠᠲᠤ᠎ᠪᠠᠷ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠵᠢ ᠭᠦᠨᠵᠡᠭᠡᠢ ᠬᠡᠷᠡᠭᠵᠢᠭᠦᠯᠬᠦ ᠵᠢ ᠪᠥᠬᠥ ᠬᠦᠴᠦᠨ ᠵᠶ᠋ᠡᠷ ᠵᠶ᠋ᠡᠨ ᠠᠬᠢᠭᠤᠯᠬᠤ ᠬᠡᠷᠡᠭᠲᠡᠶ᠃ ᠲᠢᠩᠬᠢᠮ᠎ᠤᠨ ᠤᠳᠤᠷᠢᠳᠬᠤ ᠪᠠᠭ᠎ᠤᠨ ᠪᠦᠷᠢᠯᠳᠦᠬᠦᠨ ᠪᠠ ᠬᠠᠮᠢᠶ᠎ᠠ ᠪᠦᠬᠦᠢ ᠭᠠᠵᠠᠷ ᠲᠠᠰᠤᠭ᠂ ᠨᠢᠭᠡᠴᠢ᠎ᠨᠦᠭᠦᠳ ᠡᠭᠦᠷᠭᠡ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ᠂ ᠲᠣᠰ ᠲᠣᠰ᠎ᠤᠨ ᠬᠦᠷᠢᠶ᠎ᠡ ᠴᠠᠷᠠᠭ᠎ᠠ ᠵᠢᠨ ᠵᠶ᠋ᠠᠨ ᠬᠡᠯᠪᠡᠷᠢ᠎ᠪᠠᠨ ᠬᠤᠪᠢᠷᠠᠭᠤᠯᠬᠤ ᠵᠢ ᠨᠢᠭᠡᠳᠦᠯᠲᠡᠢ ᠲᠥᠯᠥᠪᠵᠢᠭᠦᠯᠬᠦ ᠠᠷᠭ᠎ᠠ ᠬᠡᠮᠵᠢᠶ᠎ᠡ ᠪᠠ ᠭᠣᠣᠯᠳᠠᠯᠭ᠎ᠠ᠎ᠲᠠᠢ ᠡᠭᠦᠷᠭᠡ ᠵᠢ ᠨᠠᠷᠢᠨ ᠬᠢᠨᠠᠮᠠᠭ᠋ᠠᠢ ᠰᠤᠳᠤᠯᠤᠨ ᠳᠤᠷᠠᠳᠴᠤ᠂ ᠳᠠᠭ᠋ᠠᠭ᠋ᠠᠴᠢᠯᠠᠨ ᠬᠣᠯᠪᠣᠭ᠋ᠠᠯᠠᠬᠤ ᠠᠵᠢᠯ᠎ᠤᠨ ᠳᠤᠭᠤᠢ᠌ᠯᠠᠩ᠎ᠲᠠᠢ ᠨᠢᠭᠲᠠ ᠨᠡᠪᠲᠡᠷᠡᠯᠴᠡᠵᠦ᠂ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠬᠠᠮᠵᠢᠯᠴᠠᠨ ᠠᠬᠢᠭᠤᠯᠬᠤ ᠬᠡᠷᠡᠭᠲᠡᠶ; ᠡᠯ᠎ᠡ ᠳᠠᠭ᠋ᠠᠭ᠋ᠠᠴᠢᠯᠠᠨ ᠬᠣᠯᠪᠣᠭ᠋ᠠᠯᠠᠬᠤ ᠠᠵᠢᠯ᠎ᠤᠨ ᠳᠤᠭᠤᠢ᠌ᠯᠠᠩ᠎ᠨᠢ 《ᠳᠥᠷᠪᠡ ᠵᠢ ᠦᠨᠳᠦᠰᠦᠨ ᠱᠠᠲᠤᠨ᠎ᠳᠤ ᠪᠠᠭᠤᠯᠭ᠋ᠠᠬᠤ》 ᠰᠢᠯᠢᠳᠡᠭ ᠰᠤᠷᠲᠠᠯ᠎ᠢ ᠪᠠᠳᠠᠷᠠᠭᠤᠯᠵᠤ᠂ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠨᠠᠮ ᠵᠠᠰᠠᠭ᠎ᠤᠨ ᠬᠠᠷᠢᠭᠤᠴᠠᠯᠭ᠋ᠠᠲᠠᠨ᠎ᠲᠠᠢ ᠨᠢᠭᠡ ᠨᠢᠭᠡ᠎ᠪᠠᠷ ᠵᠣᠯᠭ᠋ᠠᠭᠤᠯᠵᠤ᠂ ᠭᠣᠣᠯᠳᠠᠯᠭ᠎ᠠ᠎ᠲᠠᠢ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠵᠢ ᠵᠣᠬᠢᠴᠠᠭᠤᠯᠤᠨ ᠠᠬᠢᠭᠤᠯᠵᠤ᠂ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠠᠵᠢᠯ᠎ᠢ ᠱᠠᠯᠠᠪᠳᠠᠭᠤᠯᠤᠨ ᠵᠢᠯᠤᠭᠣᠳᠴᠤ ᠪᠠᠶ᠋ᠢᠭ᠋ᠠᠳ ᠲᠦᠷᠭᠡᠳᠬᠡᠨ ᠨᠠᠢ᠌ᠳᠠᠪᠤᠷᠢᠵᠢᠭᠤᠯᠬᠤ ᠬᠡᠷᠡᠭᠲᠡᠶ; ᠡᠯ᠎ᠡ ᠠᠶ᠋ᠢᠮᠠᠭ ᠬᠤᠳᠠ᠂ ᠬᠣᠰᠢᠭᠤ ᠰᠢᠶᠠᠨ (ᠬᠤᠳᠠ᠂ ᠲᠣᠭᠣᠷᠢᠭ)᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ᠎ᠬᠢᠨ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠲᠤᠬᠠᠢ ᠵᠢᠨ ᠭᠠᠵᠠᠷ᠎ᠤᠨ ᠠᠵᠢᠯ᠎ᠤᠨ ᠣᠢ᠌ᠯᠠᠭ᠋ᠠᠯᠴᠠᠭ᠎ᠠ ᠵᠣᠬᠢᠴᠠᠭᠤᠯᠭ᠎ᠠ᠎ᠪᠠᠨ ᠴᠢᠩᠭ᠋ᠠᠳᠬᠠᠵᠤ᠂ ᠬᠣᠯᠪᠤᠭ᠋ᠠᠯᠠᠨ ᠳᠠᠭ᠋ᠠᠭ᠋ᠠᠴᠢᠯᠠᠬᠤ ᠬᠦᠴᠦᠨ᠎ᠤ ᠴᠢᠩᠭ᠎ᠠ ᠪᠠᠭᠤᠷᠠᠢ ᠪᠠᠢ᠌ᠳᠠᠯ᠎ᠳᠤ ᠲᠦᠰᠢᠭᠯᠡᠵᠦ᠂ ᠳᠤᠲᠠᠭᠤᠳᠠᠯ᠎ᠢ ᠨᠥᠬᠥᠪᠦᠷᠢᠯᠡᠵᠦ᠂ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂ ᠬᠥᠭᠵᠢᠯᠲᠡ ᠵᠢ ᠠᠬᠢᠭᠤᠯᠬᠤ ᠬᠡᠷᠡᠭᠲᠡᠢ᠃ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ᠎ᠬᠢᠨ ᠺᠠᠳ᠋ᠷ᠎ᠤᠨ ᠡᠩᠨᠡᠭᠡᠨ᠎ᠤ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠪᠣᠳᠠᠲᠠᠢ ᠠᠵᠢᠯᠯᠠᠬᠤ ᠵᠢ ᠴᠢᠬᠤᠯᠠᠴᠢᠯᠠᠵᠤ ᠪᠣᠳᠠᠲᠠᠢ ᠠᠮᠵᠢᠯᠲᠠ ᠭᠠᠷᠭ᠋ᠠᠬᠤ ᠵᠢ ᠴᠢᠬᠤᠯᠠᠴᠢᠯᠠᠬᠤ ᠬᠥᠮᠥᠨ ᠬᠡᠷᠡᠭᠯᠡᠬᠦ ᠢᠯᠡ ᠲᠣᠳᠣ ᠤᠳᠤᠷᠢᠳᠤᠮᠵᠢ ᠵᠢ ᠪᠤᠢ ᠪᠣᠯᠭ᠋ᠠᠵᠤ᠂ ᠺᠠᠳ᠋ᠷ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠡᠩᠨᠡᠭᠡᠨ᠎ᠤ ᠬᠥᠳᠡᠯᠭᠡᠬᠦ ᠬᠦᠴᠦᠨ᠎ᠢ ᠨᠡᠮᠡᠭᠳᠡᠭᠦᠯᠵᠦ᠂ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠵᠢ ᠭᠦᠨᠵᠡᠭᠡᠢ ᠬᠡᠷᠡᠭᠵᠢᠭᠦᠯᠬᠦ᠎ᠳᠤ ᠬᠦᠴᠦᠲᠡᠢ ᠪᠠᠲᠤᠯᠠᠭ᠎ᠠ ᠬᠠᠩᠭ᠋ᠠᠬᠤ ᠬᠡᠷᠡᠭᠲᠡᠢ ᠭᠡᠪᠡ᠃

      ᠸᠠᠩ ᠸᠠᠩ ᠱᠧᠩ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ ᠪᠣᠯ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ ᠵᠢᠨ ᠨᠥᠬᠥᠪᠦᠷᠢ ᠪᠠ ᠦᠷᠭᠦᠯᠵᠢᠯᠡᠯ ᠪᠣᠯᠣᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠢ ᠲᠥᠯᠥᠭᠡᠯᠡᠨ ᠠᠶ᠋ᠢᠮᠠᠭ ᠬᠤᠳᠠ ᠵᠢᠨ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠴᠢᠩᠭ᠋ᠠᠳᠬᠠᠬᠤ 《ᠤᠯᠤᠰ ᠲᠥᠷᠥ ᠵᠢᠨ ᠪᠠᠢ᠌ᠴᠠᠭ᠋ᠠᠯᠲᠠ》 ᠪᠣᠯᠣᠨ᠎ᠠ᠂ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠠᠢ᠌ᠭᠤᠯᠤᠯᠲᠠ ᠪᠠ 《ᠭᠤᠷᠪᠠ ᠵᠢ ᠱᠤᠭᠤᠬᠤ》᠎ᠳᠤ ᠦᠢ᠍ᠯᠡᠴᠢᠯᠡᠬᠦ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ 《ᠶᠡᠬᠡ ᠠᠮᠢ ᠠᠬᠤᠢ》 ᠲᠡᠢ᠌ᠰᠢ ᠬᠤᠪᠢᠷᠠᠭᠤᠯᠬᠤ ᠵᠢ ᠠᠬᠢᠭᠤᠯᠬᠤ ᠬᠦᠴᠦᠲᠡᠢ ᠭᠠᠷᠳᠠᠴᠠ ᠪᠣᠯᠣᠨ᠎ᠠ᠃ ᠦᠵᠡᠯ ᠰᠠᠨᠠᠭ᠎ᠠ ᠪᠣᠯᠣᠨ ᠲᠠᠨᠢᠯᠲᠠ᠎ᠪᠠᠨ ᠦᠨᠡᠨᠬᠦ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠳᠡᠭᠡᠷ᠎ᠡ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠡᠷᠬᠡ ᠰᠦᠷᠲᠦ ᠴᠢᠨᠠᠷ᠎ᠢ ᠴᠢᠨᠠᠭᠰᠢᠳᠠ ᠪᠤᠢ ᠪᠣᠯᠭ᠋ᠠᠬᠤ ᠬᠡᠷᠡᠭᠲᠡᠢ᠃ ᠭᠣᠣᠯᠳᠠᠯᠭ᠎ᠠ᠎ᠲᠠᠢ ᠡᠭᠦᠷᠭᠡ ᠵᠢ ᠳᠣᠪᠣᠶ᠋ᠢᠯᠭ᠋ᠠᠵᠤ᠂ ᠱᠠᠯᠠᠪᠳᠠᠭᠤᠯᠤᠨ ᠪᠠᠢ᠌ᠴᠠᠭ᠋ᠠᠬᠤ ᠬᠤᠷᠴᠠ ᠰᠡᠯᠡᠮ᠎ᠡ ᠵᠢᠨ ᠦᠢ᠍ᠯᠡᠳᠦᠯ᠎ᠢ ᠨᠡᠩ ᠰᠠᠶ᠋ᠢᠲᠤᠷ ᠪᠠᠳᠠᠷᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠪᠣᠯᠣᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠳᠡᠭᠡᠷ᠎ᠡ ᠠᠩᠬᠠᠷᠤᠯ ᠵᠶ᠋ᠠᠨ ᠲᠥᠪᠯᠡᠷᠡᠭᠦᠯᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠭᠣᠣᠯᠳᠠᠯᠭ᠎ᠠ᠎ᠲᠠᠢ ᠡᠭᠦᠷᠭᠡ ᠵᠢ ᠨᠠᠢ᠌ᠳᠠᠪᠤᠷᠢᠵᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠵᠤ ᠬᠠᠷᠢᠭᠤ ᠲᠤᠰᠬᠠᠬᠤ ᠠᠰᠠᠭᠤᠳᠠᠯ ᠪᠣᠯᠣᠨ ᠵᠠᠬᠢᠳᠠᠯ ᠰᠣᠷᠪᠤᠯᠵᠢᠯᠠᠭ᠎ᠠ᠎ᠪᠠᠷ ᠢᠯᠡᠴᠢᠯᠡᠨ ᠮᠡᠳᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠯᠠᠨ ᠲᠦᠮᠡᠨ᠎ᠤ ᠳᠡᠷᠭᠡᠳᠡᠬᠢ ᠲᠣᠪᠣᠢ᠌ᠮ᠎ᠠ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠰᠢᠢ᠍ᠳᠪᠦᠷᠢᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠣᠶᠠᠳᠤᠭ᠋ᠠᠷ ᠡᠭᠡᠯᠵᠢ ᠵᠢᠨ ᠭᠤᠷᠪᠠᠳᠤᠭ᠋ᠠᠷ ᠪᠦᠯᠦᠭ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠯᠲᠠ ᠵᠢ ᠴᠢᠩᠭ᠎ᠠ ᠶᠠᠪᠤᠭᠳᠠᠭᠤᠯᠵᠤ᠂ ᠬᠢᠨᠠᠨ ᠪᠠᠢ᠌ᠴᠠᠭ᠋ᠠᠬᠤ ᠴᠢᠨᠠᠷ ᠴᠢᠨᠰᠠᠭ᠎ᠠ ᠦᠷ᠎ᠡ ᠪᠦᠲᠦᠮᠵᠢ ᠵᠢ ᠦᠨᠡᠨᠬᠦ ᠳᠡᠭᠡᠭᠰᠢᠯᠡᠭᠦᠯᠦᠨ᠎ᠡ; ᠡᠭᠦᠨ᠎ᠤ ᠬᠠᠮᠲᠤ᠂ ᠡᠯ᠎ᠡ ᠱᠠᠲᠤᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠥᠪᠯᠡᠯ ᠪᠣᠯᠣᠨ ᠬᠠᠯᠬᠠᠪᠴᠢ ᠵᠢᠨ ᠠᠯᠪᠠᠨ ᠭᠡᠷ᠎ᠤᠨ ᠦᠢ᠍ᠯᠡᠳᠦᠯ᠎ᠢ ᠪᠠᠳᠠᠷᠠᠭᠤᠯᠤᠭᠰᠠᠨ ᠵᠡᠷᠭᠡ ᠪᠠᠶ᠋ᠢᠳᠠᠯ᠎ᠢ ᠱᠠᠯᠠᠪᠳᠠᠭᠤᠯᠤᠨ ᠪᠠᠢ᠌ᠴᠠᠭ᠋ᠠᠬᠤ ᠬᠡᠪᠴᠢᠶᠡᠨ᠎ᠳᠤ ᠣᠷᠣᠭᠤᠯᠵᠤ᠂ ᠱᠠᠯᠠᠪᠳᠠᠭᠤᠯᠤᠨ ᠪᠠᠢ᠌ᠴᠠᠭ᠋ᠠᠬᠤ᠎ᠪᠠᠷ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠪᠠᠢ᠌ᠴᠠᠭ᠋ᠠᠨ ᠰᠤᠳᠤᠯᠤᠯᠲᠠ ᠵᠢᠨ ᠦᠷ᠎ᠡ ᠪᠦᠲᠦᠭᠡᠯ᠎ᠢ ᠭᠦᠨᠵᠡᠭᠡᠢ᠌ᠷᠡᠭᠦᠯᠬᠦ᠎ᠪᠠᠷ ᠳᠠᠮᠵᠢᠭᠤᠯᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠶᠠᠪᠤᠴᠠ ᠵᠢ ᠦᠨᠡᠨᠬᠦ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠵᠢ ᠠᠬᠢᠭᠤᠯᠬᠤ ᠶᠠᠪᠤᠴᠠ ᠪᠣᠯᠭ᠋ᠠᠨ ᠬᠤᠪᠢᠷᠠᠭᠤᠯᠤᠨ᠎ᠠ᠃ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠰᠢᠮᠳᠠᠭᠤᠯᠤᠨ ᠪᠠᠢ᠌ᠴᠠᠭ᠋ᠠᠬᠤ ᠬᠠᠮᠵᠢᠯᠴᠠᠬᠤ ᠲᠣᠭᠲᠠᠴᠠ ᠵᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠢᠮᠳᠠᠭᠤᠯᠤᠨ ᠪᠠᠢ᠌ᠴᠠᠭ᠋ᠠᠬᠤ ᠠᠵᠢᠯᠲᠠᠨ᠎ᠤ ᠬᠦᠴᠦᠨ᠎ᠢ ᠰᠢᠯᠢᠳᠡᠭ᠎ᠢ ᠰᠣᠩᠭᠣᠨ ᠲᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠬᠤ ᠠᠵᠢᠯ᠎ᠤᠨ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠣᠯᠬᠤ ᠵᠢ ᠦᠨᠡᠨᠬᠦ ᠪᠠᠲᠤᠯᠠᠬᠤ ᠬᠡᠷᠡᠭᠲᠡᠶ᠃

      ᠸᠠᠩ ᠸᠠᠩ ᠱᠧᠩ᠂ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠨᠢ ᠠᠮᠢ ᠠᠬᠤᠢ ᠵᠢᠨ ᠠᠮᠤᠷ ᠲᠦᠪᠰᠢᠨ᠎ᠤ ᠲᠦᠷᠦᠭᠦᠯᠡᠨ ᠵᠣᠬᠢᠴᠠᠭᠤᠯᠬᠤ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ᠂ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠤ ᠠᠶᠤᠯᠭᠦᠢ ᠦᠢ᠍ᠯᠡᠳᠪᠦᠷᠢᠯᠡᠯ᠎ᠢ ᠦᠨᠳᠦᠰᠦ᠎ᠠᠴᠠ᠎ᠨᠢ ᠵᠠᠰᠠᠬᠤ ᠪᠣᠭᠣᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠎ᠠ ᠵᠢ ᠠᠬᠢᠭᠤᠯᠬᠤ ᠬᠠᠷᠢᠭᠤᠴᠠᠯᠭ᠋ᠠᠲᠤ ᠡᠭᠦᠷᠭᠡᠲᠦ ᠰᠡᠳᠬᠢᠯᠭᠡ᠎ᠪᠠᠨ ᠦᠨᠡᠨᠬᠦ ᠴᠢᠩᠭ᠋ᠠᠳᠬᠠᠬᠤ ᠬᠡᠷᠡᠭᠲᠡᠢ; ᠦᠵᠡᠯ ᠰᠠᠨᠠᠭ᠎ᠠ ᠲᠠᠨᠢᠯᠲᠠ᠎ᠪᠠᠨ ᠭᠦᠨᠵᠡᠭᠡᠢ᠌ᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠤ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠳᠤ ᠲᠤᠯᠭ᠋ᠠᠷᠠᠵᠤ ᠪᠠᠢ᠌ᠭ᠎ᠠ ᠪᠠᠶ᠋ᠢᠳᠠᠯ ᠪᠣᠯᠣᠨ ᠣᠷᠣᠰᠢᠵᠤ ᠪᠠᠢ᠌ᠭ᠎ᠠ ᠠᠰᠠᠭᠤᠳᠠᠯ᠎ᠢ ᠣᠨᠣᠪᠴᠢᠲᠠᠢ ᠡᠵᠡᠮᠳᠡᠬᠦ ᠬᠡᠷᠡᠭᠲᠡᠢ; ᠬᠠᠷᠢᠭᠤᠴᠠᠯᠭ᠎ᠠ ᠡᠭᠦᠷᠭᠡᠯᠡᠯ ᠵᠶ᠋ᠡᠨ ᠴᠢᠩᠭ᠋ᠠᠳᠬᠠᠵᠤ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠤ ᠠᠶᠤᠯᠭᠦᠢ ᠦᠢ᠍ᠯᠡᠳᠪᠦᠷᠢᠯᠡᠯ᠎ᠤᠨ ᠦᠨᠳᠦᠰᠦ᠎ᠠᠴᠠ᠎ᠨᠢ ᠵᠠᠰᠠᠬᠤ ᠪᠣᠭᠣᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠎ᠠ ᠵᠢ ᠨᠠᠢ᠌ᠳᠠᠪᠤᠷᠢᠵᠢᠭᠤᠯᠬᠤ ᠵᠢ ᠡᠷᠡᠰ ᠬᠦᠴᠦᠲᠡᠢ ᠠᠬᠢᠭᠤᠯᠵᠤ᠂ ᠠᠵᠢᠯ᠎ᠢ ᠨᠢᠭᠡᠳᠦᠯᠲᠡᠢ ᠲᠥᠯᠥᠪᠵᠢᠭᠦᠯᠬᠦ ᠵᠢ ᠬᠦᠴᠦᠯᠡᠨ ᠴᠢᠩᠭ᠋ᠠᠳᠬᠠᠵᠤ᠂ 《ᠭᠤᠷᠪᠠᠨ ᠵᠢᠯ᠎ᠤᠨ ᠠᠵᠢᠯᠯᠠᠭ᠎ᠠ》 ᠪᠠ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠵᠢ ᠨᠢᠭᠡ ᠴᠣᠭᠴᠠᠵᠢᠭᠤᠯᠤᠨ ᠠᠬᠢᠭᠤᠯᠬᠤ᠂ ᠨᠢᠭᠡ ᠴᠣᠭᠴᠠᠵᠢᠭᠤᠯᠤᠨ ᠬᠡᠷᠡᠭᠵᠢᠭᠦᠯᠬᠦ ᠵᠢ ᠠᠬᠢᠭᠤᠯᠬᠤ ᠬᠡᠷᠡᠭᠲᠡᠢ; ᠰᠠᠭᠤᠷᠢ ᠲᠣᠭ᠎ᠠ ᠵᠢ ᠲᠣᠳᠣᠷᠬᠠᠢ ᠣᠢ᠌ᠯᠠᠭ᠋ᠠᠵᠤ᠂ ᠠᠶᠤᠯᠲᠠᠢ ᠬᠠᠶᠠᠭᠳᠠᠮᠠᠯ ᠪᠣᠳᠠᠰ᠎ᠤᠨ ᠣᠷᠴᠢᠨ ᠠᠬᠤᠢ ᠵᠢᠨ ᠬᠠᠮᠢᠶᠠᠷᠤᠯᠲᠠ᠂ ᠴᠥᠮ᠎ᠡ ᠬᠢᠭᠡᠳ ᠰᠠᠴᠤᠷᠠᠭ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠂ ᠬᠠᠲᠤᠨ ᠭᠣᠣᠯ᠎ᠤᠨ ᠰᠠᠪᠠ ᠭᠠᠵᠠᠷ᠎ᠤᠨ ᠠᠶᠤᠯ ᠲᠦᠭᠰᠢᠭᠦᠷᠢ ᠶᠡᠬᠡᠲᠡᠢ ᠲᠡᠦᠬᠡ᠎ᠠᠴᠠ ᠦᠯᠡᠳᠡᠭᠳᠡᠵᠦ ᠢᠷᠡᠭᠰᠡᠨ ᠠᠭᠤᠷᠬᠠᠢ ᠵᠢ ᠵᠠᠰᠠᠬᠤ ᠵᠡᠷᠭᠡ ᠭᠣᠣᠯᠳᠠᠯᠭ᠎ᠠ᠎ᠲᠠᠢ ᠡᠭᠦᠷᠭᠡ ᠵᠢ ᠨᠠᠢ᠌ᠳᠠᠪᠤᠷᠢᠵᠢᠭᠤᠯᠬᠤ ᠵᠢ ᠰᠠᠶ᠋ᠢᠲᠤᠷ ᠠᠳᠬᠤᠵᠤ᠂ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢᠨ ᠳᠠᠯᠳᠠ ᠬᠡᠮ᠎ᠢ ᠪᠥᠬᠥ ᠲᠠᠯ᠎ᠠ᠎ᠪᠠᠷ ᠵᠢᠭᠰᠠᠭ᠋ᠠᠨ ᠪᠠᠢ᠌ᠴᠠᠭ᠋ᠠᠵᠤ ᠠᠷᠢᠯᠭ᠋ᠠᠬᠤ ᠬᠡᠷᠡᠭᠲᠡᠶ; ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠠᠵᠢᠯ᠎ᠤᠨ ᠲᠣᠭᠲᠠᠴᠠ ᠵᠢ ᠪᠦᠷᠢᠨᠰᠢᠭᠦᠯᠦᠨ᠂ ᠤᠳᠤᠷᠢᠳᠤᠯᠭ᠎ᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠣᠷᠴᠢᠨ ᠲᠣᠭᠣᠷᠢᠨ᠎ᠤ ᠠᠮᠤᠷ ᠲᠦᠪᠰᠢᠨ᠎ᠤ ᠬᠦᠨᠳᠦ ᠶᠡᠬᠡ ᠣᠨᠴᠠ ᠶᠡᠬᠡ ᠡ᠊ᠨᠳᠡᠯ ᠭᠠᠷᠬᠤ ᠵᠢ ᠡᠷᠡᠰ ᠰᠡᠷᠭᠡᠢ᠌ᠯᠡᠬᠦ ᠬᠡᠷᠡᠭᠳᠡᠢ ᠭᠡᠵᠦ ᠵᠢᠭ᠋ᠠᠵᠤ ᠭᠠᠷᠭ᠋ᠠᠪᠠ᠃

      ᠸᠠᠩ ᠸᠠᠩ ᠱᠧᠩ᠂ ᠠᠷᠠᠳ ᠤᠯᠠᠨ᠎ᠤ ᠭᠣᠶᠣ ᠰᠠᠢ᠌ᠬᠠᠨ ᠠᠮᠢ ᠠᠬᠤᠢ ᠣᠷᠴᠢᠨ ᠲᠣᠭᠣᠷᠢᠨ᠎ᠤ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠦᠨᠡᠨᠬᠦ ᠳᠡᠭᠡᠭᠰᠢᠯᠡᠭᠦᠯᠵᠦ᠂ ᠨᠡᠢ᠌ᠭᠡᠮ ᠨᠠᠢ᠌ᠳᠠ᠎ᠪᠠᠷ ᠵᠶ᠋ᠡᠨ ᠠᠩᠬᠠᠷᠴᠤ ᠪᠠᠢ᠌ᠭ᠎ᠠ᠂ ᠤᠯᠠᠨ ᠲᠦᠮᠡᠨ᠎ᠤ ᠠᠩᠬᠠᠷᠴᠤ ᠪᠠᠢ᠌ᠭ᠎ᠠ ᠠᠮᠢ ᠠᠬᠤᠢ ᠣᠷᠴᠢᠨ ᠲᠣᠭᠣᠷᠢᠨ᠎ᠤ ᠲᠣᠪᠣᠢ᠌ᠮ᠎ᠠ ᠠᠰᠠᠭᠤᠳᠠᠯ᠎ᠳᠤ ᠴᠢᠭᠯᠡᠭᠦᠯᠦᠨ ᠪᠥᠬᠥ ᠲᠠᠯ᠎ᠠ᠎ᠪᠠᠷ ᠵᠢᠭᠰᠠᠭ᠋ᠠᠨ ᠪᠠᠢ᠌ᠴᠠᠭ᠋ᠠᠵᠤ᠂ ᠪᠥᠬᠥ ᠣᠷᠣᠨ᠎ᠤ ᠬᠡᠪᠴᠢᠶᠡᠨ᠎ᠳᠤ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠪᠠ ᠱᠠᠯᠠᠪᠳᠠᠭᠤᠯᠤᠨ ᠪᠠᠢ᠌ᠴᠠᠭ᠋ᠠᠬᠤ ᠬᠤᠭᠤᠴᠠᠭ᠋ᠠᠨ᠎ᠳᠠᠬᠢ ᠤᠯᠠᠨ ᠲᠦᠮᠡᠨ᠎ᠤ ᠵᠠᠬᠢᠳᠠᠯ ᠰᠣᠷᠪᠤᠯᠵᠢᠯᠠᠭ᠎ᠠ᠎ᠪᠠᠷ ᠢᠯᠡᠴᠢᠯᠡᠨ ᠮᠡᠳᠡᠭᠦᠯᠦᠭᠰᠡᠨ ᠠᠰᠠᠭᠤᠳᠠᠯ᠎ᠢ ᠰᠢᠢ᠍ᠳᠪᠦᠷᠢᠯᠡᠭᠰᠡᠨ ᠪᠠᠶ᠋ᠢᠳᠠᠯ᠎ᠤᠨ 《ᠡᠷᠬᠢᠨ ᠬᠠᠷᠠᠬᠤ》 ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠬᠣᠯᠪᠣᠭᠳᠠᠯ ᠪᠦᠬᠦᠢ ᠠᠵᠢᠯ᠎ᠤᠨ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠴᠡᠭᠴᠡᠯᠡᠨ ᠰᠠᠢ᠌ᠵᠢᠷᠠᠭᠤᠯᠬᠤ ᠶᠠᠰᠤ ᠴᠢᠨᠠᠷ᠎ᠢ ᠪᠠᠲᠤᠯᠠᠨ᠂ ᠠᠰᠠᠭᠤᠳᠠᠯ᠎ᠤᠨ ᠳᠠᠬᠢᠨ ᠡᠭᠦᠰᠬᠦ ᠵᠢ ᠡᠷᠡᠰ ᠬᠣᠷᠢᠭᠯᠠᠬᠤ ᠬᠡᠷᠡᠭᠲᠡᠶ ᠭᠡᠵᠦ ᠴᠢᠬᠤᠯᠠᠴᠢᠯᠠᠪᠠ᠃


图片02.jpg


      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠡᠯ᠎ᠡ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠵᠢᠨ ᠲᠣᠭᠣᠷᠢᠨ᠎ᠳᠤ ᠳᠣᠷᠣᠭᠰᠢ ᠪᠠᠭᠤᠵᠤ ᠬᠣᠯᠪᠤᠭ᠋ᠠᠯᠠᠨ ᠳᠠᠭ᠋ᠠᠭ᠋ᠠᠴᠢᠯᠠᠭᠰᠠᠨ ᠪᠠ ᠪᠠᠢ᠌ᠴᠠᠭ᠋ᠠᠨ ᠰᠤᠳᠤᠯᠤᠯᠲᠠ ᠬᠢᠭᠰᠡᠨ ᠪᠠᠶ᠋ᠢᠳᠠᠯ᠎ᠤᠨ ᠲᠣᠭᠣᠷᠢᠨ᠎ᠳᠤ ᠶᠠᠷᠢᠶ᠎ᠠ ᠲᠠᠯᠪᠢᠵᠠᠢ᠃ ᠡᠯ᠎ᠡ ᠠᠶ᠋ᠢᠮᠠᠭ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠭᠣᠣᠯ ᠬᠠᠷᠢᠭᠤᠴᠠᠯᠭ᠋ᠠᠲᠠᠨ ᠨᠥᠬᠥᠳ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠠᠵᠢᠯ᠎ᠤᠨ ᠠᠷᠭ᠎ᠠ ᠬᠡᠮᠵᠢᠶ᠎ᠡ ᠪᠣᠯᠣᠨ ᠥᠪᠡᠷᠲᠡᠭᠡᠨ ᠵᠠᠰᠠᠬᠤ ᠣᠷᠣᠨ᠎ᠠᠴᠠ ᠵᠣᠬᠢᠴᠠᠭᠤᠯᠤᠨ ᠰᠢᠢ᠍ᠳᠪᠦᠷᠢᠯᠡᠬᠦ ᠴᠢᠬᠤᠯᠠᠲᠠᠢ ᠠᠰᠠᠭᠤᠳᠠᠯ᠎ᠤᠨ ᠲᠣᠭᠣᠷᠢᠨ᠎ᠳᠤ ᠬᠠᠷᠢᠭᠤ ᠮᠡᠳᠡᠭᠦᠯᠦᠯᠲᠡ ᠵᠢᠨ ᠶᠠᠷᠢᠶ᠎ᠠ ᠲᠠᠯᠪᠢᠵᠠᠢ᠃

      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠤᠨ ᠳᠠᠷᠤᠭ᠎ᠠ ᠹᠠᠨ ᠮᠢᠩ ᠱ᠌ᠢ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠵᠠᠬᠢᠳᠠᠯ ᠰᠣᠷᠪᠤᠯᠵᠢᠯᠠᠭ᠎ᠠ ᠵᠢᠨ ᠬᠡᠷᠡᠭ᠎ᠢ ᠴᠡᠭᠴᠡᠯᠡᠨ ᠰᠠᠢ᠌ᠵᠢᠷᠠᠭᠤᠯᠤᠭᠰᠠᠨ ᠬᠣᠯᠪᠣᠭᠳᠠᠯ ᠪᠦᠬᠦᠢ ᠪᠠᠶ᠋ᠢᠳᠠᠯ᠎ᠢ ᠨᠡᠢ᠌ᠲᠡᠯᠡᠵᠡᠢ᠃ ᠬᠤᠷᠠᠯ᠎ᠠᠴᠠ ᠪᠠᠰᠠ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠵᠢᠨ ᠭᠡᠰᠢᠭᠦᠨ᠂ ᠳᠡᠳ᠋ ᠲᠢᠩᠬᠢᠮ᠎ᠤᠨ ᠳᠠᠷᠤᠭ᠎ᠠ ᠵᠢᠶᠠ ᠰᠢᠶᠣᠣ ᠮᠢᠩ᠎ᠢ ᠤᠷᠢᠵᠤ 《〈ᠭᠤᠷᠪᠠ ᠵᠢ ᠬᠠᠮᠢᠶᠠᠷᠴᠤ ᠭᠤᠷᠪᠠ ᠵᠢ ᠡᠷᠬᠡᠪᠰᠢ ᠬᠢᠬᠦ〉 ᠲᠣᠭᠲᠠᠭ᠋ᠠᠯ᠎ᠤᠳ》 ᠪᠣᠯᠣᠨ 《ᠥᠪᠡᠷᠲᠡᠭᠡᠨ ᠵᠠᠰᠠᠬᠤ ᠣᠷᠣᠨ᠎ᠤ ᠠᠶᠤᠯᠭᠦᠢ ᠦᠢ᠍ᠯᠡᠳᠪᠦᠷᠢᠯᠡᠯ᠎ᠤᠨ ᠦᠨᠳᠦᠰᠦ᠎ᠠᠴᠠ᠎ᠨᠢ ᠵᠠᠰᠠᠬᠤ ᠪᠣᠭᠣᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠎ᠠ ᠵᠢᠨ ᠲᠥᠰᠥᠯ》᠎ᠤᠨ ᠲᠤᠬᠠᠢ ᠬᠢᠴᠢᠶᠡᠯ ᠣᠷᠣᠵᠤ᠂ 《ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠮᠥᠷᠥᠨ ᠳᠡᠭᠡᠷ᠎ᠡ ᠪᠠᠶ᠋ᠢᠬᠤ》ᠰᠡᠷᠡᠮᠵᠢᠯᠡᠭᠦᠯᠬᠦ ᠬᠥᠮᠦᠵᠢᠯ᠎ᠤᠨ ᠹᠢᠯᠢᠮ᠎ᠢ ᠬᠠᠮᠲᠤᠪᠠᠷ ᠰᠣᠨᠢᠷᠬᠠᠪᠠ᠃

      ᠬᠤᠷᠠᠯ᠎ᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠵᠢ ᠤᠶᠠᠯᠳᠤᠭᠤᠯᠬᠤ ᠬᠡᠯᠪᠡᠷᠢ᠎ᠪᠠᠷ ᠬᠤᠷᠠᠯᠳᠤᠭᠤᠯᠪᠠ᠃ ᠡᠯ᠎ᠡ ᠠᠶ᠋ᠢᠮᠠᠭ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠭᠣᠣᠯ ᠬᠠᠷᠢᠭᠤᠴᠠᠯᠭ᠋ᠠᠲᠠᠨ᠂ ᠲᠢᠩᠬᠢᠮ᠎ᠤᠨ ᠪᠠᠢ᠌ᠭᠤᠯᠭ᠎ᠠ ᠵᠢᠨ ᠳᠡᠳ᠋ ᠭᠠᠵᠠᠷ᠎ᠤᠨ ᠲᠡᠰ᠎ᠠᠴᠠ ᠳᠡᠭᠡᠭᠰᠢᠬᠢ ᠺᠠᠳ᠋ᠷ᠂ ᠬᠠᠷᠢᠶ᠎ᠠ ᠠᠵᠢᠯ ᠦᠢ᠍ᠯᠡᠰ᠎ᠤᠨ  ᠨᠢᠭᠡᠴᠢ ᠵᠢᠨ ᠤᠳᠤᠷᠢᠳᠬᠤ ᠪᠠᠭ᠎ᠤᠨ ᠪᠦᠷᠢᠯᠳᠦᠬᠦᠨ ᠭᠣᠣᠯ ᠬᠤᠷᠠᠯ᠎ᠤᠨ ᠲᠠᠯᠠᠪᠠᠢ᠎ᠳᠤ ᠣᠷᠣᠯᠴᠠᠪᠠ; ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠺᠠᠳ᠋ᠷ ᠠᠵᠢᠯᠲᠠᠨ ᠠᠵᠢᠯᠴᠢᠨ ᠬᠤᠪᠢᠶᠠᠷᠢ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
4.15 ᠪᠦᠬᠦ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ — ᠠᠮᠢ ᠠᠬᠤᠢ ᠵᠢᠨ ᠠᠮᠤᠷ ᠲᠦᠪᠰᠢᠨ᠂ ᠴᠥᠮ᠎ᠡ ᠵᠢᠨ ᠠᠮᠤᠷ ᠲᠦᠪᠰᠢᠨ᠎ᠤ ᠭᠣᠣᠯ ᠰᠡᠳᠦᠪᠲᠦ ᠤᠬᠠᠭᠤᠯᠭ᠎ᠠ ᠵᠢᠨ ᠵᠠᠷᠯᠠᠯ
4.15 ᠪᠦᠬᠦ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ — ᠭᠣᠣᠯ ᠰᠡᠳᠦᠪᠲᠦ ᠤᠬᠠᠭᠤᠯᠭ᠎ᠠ ᠵᠢᠨ ᠵᠠᠷᠯᠠᠯ
ᠤᠮᠠᠷᠠᠲᠤ ᠵᠢᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠰᠤᠳᠤᠯᠭ᠋ᠠᠨ᠎ᠤ ᠲᠥᠪ᠎ᠤᠨ ᠫᠠᠢ᠌ᠰᠠ ᠰᠡᠬᠦᠬᠦ ᠶᠣᠰᠣᠯᠠᠯ ᠵᠢᠴᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠬᠡᠷᠡᠭᠵᠢᠭᠦᠯᠬᠦ᠎ᠳᠤ ᠬᠦᠴᠦᠨ ᠨᠡᠮᠡᠷᠢᠯᠡᠬᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢ ᠣᠯᠭᠣᠬᠤ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠠᠢ᠌ᠭᠤᠯᠤᠯᠲᠠ ᠵᠢ ᠠᠬᠢᠭᠤᠯᠬᠤ ᠬᠤᠷᠠᠯ ᠬᠥᠬᠡᠬᠣᠲᠠ᠎ᠳᠤ ᠶᠠᠪᠤᠭᠳᠠᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠸᠠᠩ ᠸᠠᠩ ᠱᠧᠩ ᠬᠥᠬᠡᠬᠣᠲᠠ ᠣᠷᠳᠣᠰ ᠬᠤᠳᠠ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠪᠡ
ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠨᠡᠢ᠌ᠭᠡᠮᠯᠢᠭ 2024 ᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨ᠎ᠤ ᠬᠤᠷᠠᠯ ᠬᠢᠪᠡ
 
             蒙ICP备05000248号