ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠸᠠᠩ ᠸᠠᠩ ᠱᠧᠩ ᠬᠥᠬᠡᠬᠣᠲᠠ ᠣᠷᠳᠣᠰ ᠬᠤᠳᠠ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠪᠡ
ᠨᠡᠶ᠋ᠢᠲᠡᠯᠡᠭᠰᠡᠨ ᠴᠠᠭ᠄ 2024-05-07

      4 ᠰᠠᠷ᠎ᠠ ᠵᠢᠨ 29᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠸᠠᠩ ᠸᠠᠩ ᠱᠧᠩ ᠪᠦᠯᠬᠦᠮ ᠳᠠᠭ᠋ᠠᠭᠤᠯᠤᠨ ᠬᠥᠬᠡᠬᠣᠲᠠ ᠵᠢᠨ ᠲᠣᠭᠲᠠᠬᠤ ᠰᠢᠶᠠᠨ᠂ ᠣᠷᠳᠣᠰ ᠬᠣᠲᠠ ᠵᠢᠨ ᠵᠡᠭᠦᠨᠭ᠋ᠠᠷ ᠬᠣᠰᠢᠭᠤᠨ᠎ᠳᠤ ᠬᠦᠷᠴᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠶᠡᠷᠦᠩᠬᠡᠢ᠌ᠯᠡᠨ ᠠᠰᠢᠭᠯᠠᠬᠤ ᠵᠢᠴᠢ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠵᠢ ᠠᠬᠢᠭᠤᠯᠤᠨ ᠨᠠᠢ᠌ᠳᠠᠪᠤᠷᠢᠵᠢᠭᠤᠯᠤᠭᠰᠠᠨ ᠪᠠᠶ᠋ᠢᠳᠠᠯ᠎ᠤᠨ ᠲᠤᠬᠠᠢ ᠪᠠᠢ᠌ᠴᠠᠭ᠋ᠠᠨ ᠰᠤᠳᠤᠯᠤᠯᠲᠠ ᠬᠢᠪᠡ᠃
      ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠤᠷᠢᠳ ᠬᠣᠵᠢᠳ ᠬᠥᠬᠡᠬᠣᠲᠠ ᠵᠢᠨ ᠳ᠋ᠠ ᠲᠠᠩ᠎ᠤᠨ ᠲᠣᠭᠲᠠᠬᠤ ᠴᠠᠬᠢᠯᠭ᠋ᠠᠨ᠎ᠤ ᠦᠢ᠍ᠯᠡᠳᠪᠦᠷᠢ ᠵᠢᠨ ᠬᠦᠷᠢᠶᠡᠨ᠎ᠤ᠎ᠲᠤ ᠭᠧᠦ ᠵᠢᠨ ᠵᠢᠵᠢᠭ ᠰᠠᠪᠠ ᠭᠠᠵᠠᠷ᠎ᠢ ᠵᠠᠰᠠᠬᠤ ᠳᠦᠷᠦᠯ ᠵᠦᠢ᠍ᠯ᠎ᠤᠨ ᠲᠤᠬᠠᠢ ᠵᠢᠨ ᠲᠠᠯᠠᠪᠠᠢ ᠪᠣᠯᠣᠨ ᠭᠤᠤ ᠪᠦᠦ ᠱ᠌ᠢ ᠦᠨᠡᠰᠦ ᠬᠠᠳᠠᠭ᠋ᠠᠯᠠᠬᠤ ᠲᠠᠯᠠᠪᠠᠢ᠎ᠳᠤ ᠭᠦᠨᠵᠡᠭᠡᠢ᠌ᠷᠡᠵᠦ᠂ ᠨᠤᠨᠳᠠᠭ ᠨᠡᠭᠦᠷᠡᠰᠦᠨ᠎ᠤ ᠦᠨᠡᠰᠦ᠂ ᠵᠤᠤᠬ᠎ᠠ ᠵᠢᠨ ᠦᠨᠡᠰᠦ ᠰᠢᠭ᠋ᠠᠷᠤ ᠵᠢ ᠬᠠᠳᠠᠭ᠋ᠠᠯᠠᠬᠤ ᠵᠢᠴᠢ ᠶᠡᠷᠦᠩᠬᠡᠢ᠌ᠯᠡᠨ ᠠᠰᠢᠭᠯᠠᠭᠰᠠᠨ ᠪᠠᠶ᠋ᠢᠳᠠᠯ᠎ᠢ ᠪᠦᠬᠦ ᠲᠠᠯ᠎ᠠ᠎ᠪᠠᠷ ᠣᠢ᠌ᠯᠠᠭ᠋ᠠᠭᠰᠠᠨ ᠪᠠ ᠲᠤᠬᠠᠢ ᠵᠢᠨ ᠲᠠᠯᠠᠪᠠᠢ᠎ᠳᠤ ᠵᠢᠭ᠋ᠠᠨ ᠵᠢᠯᠣᠭᠣᠳᠪᠠ; ᠣᠷᠳᠣᠰ ᠬᠣᠲᠠ ᠵᠢᠨ ᠵᠡᠭᠦᠨᠭ᠋ᠠᠷ ᠬᠣᠰᠢᠭᠤᠨ᠎ᠳᠤ ᠭᠦᠨᠵᠡᠭᠡᠢ᠌ᠷᠡᠵᠦ᠂ ᠥᠪᠥᠷ ᠮᠣᠩᠭᠣᠯ᠎ᠤᠨ ᠾᠦᠢ ᠨᠧᠩ ᠪᠦᠯᠦᠭᠯᠡᠯ᠎ᠤᠨ ᠨᠡᠭᠦᠷᠡᠰᠦᠨ ᠴᠢᠯᠠᠭᠤ᠂ ᠨᠤᠨᠳᠠᠭ ᠨᠡᠭᠦᠷᠡᠰᠦᠨ᠎ᠤ ᠦᠨᠡᠰᠦ ᠦᠢ᠍ᠯᠡᠳᠬᠦ ᠬᠥᠩᠭᠡᠨᠴᠠᠭ᠋ᠠᠨ ᠴᠠᠬᠢᠭᠤᠷ᠎ᠤᠨ ᠬᠠᠢ᠌ᠯᠤᠰᠢ ᠵᠢᠨ ᠲᠥᠷᠥᠯ ᠵᠦᠢ᠍ᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠲᠠᠩ ᠵᠢᠶᠠ ᠬᠤᠢ ᠨᠡᠭᠦᠷᠡᠰᠦᠨ ᠠᠭᠤᠷᠬᠠᠢ᠂ ᠯᠦᠩ ᠸᠠᠩ ᠭᠧᠦ ᠨᠡᠭᠦᠷᠡᠰᠦᠨ ᠠᠭᠤᠷᠬᠠᠢ᠂ ᠬᠠᠲᠠᠢ ᠭᠣᠣᠯ ᠵᠠᠳᠠᠭ᠋ᠠᠢ ᠠᠭᠤᠷᠬᠠᠢ ᠵᠢᠨ ᠨᠡᠭᠦᠷᠡᠰᠦᠨ ᠴᠢᠯᠠᠭᠤ ᠵᠢ ᠰᠢᠢ᠍ᠳᠪᠦᠷᠢᠯᠡᠵᠦ ᠠᠰᠢᠭᠯᠠᠭᠰᠠᠨ ᠪᠠᠶ᠋ᠢᠳᠠᠯ᠎ᠢ ᠪᠠᠢ᠌ᠴᠠᠭ᠋ᠠᠨ ᠦᠵᠡᠬᠦ ᠵᠢᠨ ᠬᠠᠮᠲᠤ᠂ ᠨᠡᠭᠦᠷᠡᠰᠦᠨ ᠴᠢᠯᠠᠭᠤ ᠵᠢ ᠤᠯᠠᠢ᠌ᠰᠬᠠᠵᠤ ᠰᠢᠲᠠᠭ᠋ᠠᠭᠰᠠᠨ ᠭᠤᠤᠯᠢᠩ ᠰᠢᠷᠣᠢ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠣᠳᠣᠬᠢ ᠪᠠᠶ᠋ᠢᠳᠠᠯ᠎ᠢ ᠨᠠᠷᠢᠨ ᠣᠢ᠌ᠯᠠᠭ᠋ᠠᠵᠤ᠂ ᠬᠠᠮᠢᠶ᠎ᠠ ᠪᠦᠬᠦᠢ ᠠᠵᠢᠯ᠎ᠢ ᠵᠢᠯᠣᠭᠣᠳᠪᠠ᠃

图片01.jpg

      ᠸᠠᠩ ᠸᠠᠩ ᠱᠧᠩ᠂ ᠲᠣᠭᠲᠠᠬᠤ ᠰᠢᠶᠠᠨ᠎ᠤ ᠵᠠᠰᠠᠭ᠎ᠤᠨ ᠣᠷᠳᠣᠨ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ ᠪᠠᠶ᠋ᠢᠭ᠋ᠠᠳ ᠬᠦᠷᠢᠶᠡᠲᠦ ᠭᠤᠤ ᠵᠢᠵᠢᠭ ᠰᠠᠪᠠ ᠭᠠᠵᠠᠷ᠎ᠢ ᠵᠠᠰᠠᠬᠤ ᠳᠦᠷᠦᠯ ᠵᠦᠢ᠍ᠯ᠂ ᠭᠤᠤ ᠪᠦᠦ ᠱ᠌ᠢ ᠦᠨᠡᠰᠦ ᠬᠠᠳᠠᠭ᠋ᠠᠯᠠᠬᠤ ᠲᠠᠯᠠᠪᠠᠢ᠎ᠳᠤ ᠪᠦᠬᠦᠯᠢ ᠴᠣᠭᠴᠠ ᠵᠢᠨ ᠦᠨᠡᠯᠡᠯᠲᠡ ᠬᠢᠵᠦ᠂ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢᠨ ᠬᠡᠮ ᠰᠣᠭᠣᠭ᠎ᠢ ᠪᠠᠢ᠌ᠴᠠᠭ᠋ᠠᠬᠤ ᠠᠵᠢᠯ᠎ᠢ ᠥᠷᠨᠢᠭᠦᠯᠵᠦ᠂ ᠠᠵᠤ ᠠᠬᠤᠢ᠌ᠯᠠᠯ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠱᠠᠯᠠᠪᠳᠠᠭᠤᠯᠬᠤ ᠬᠡᠷᠡᠭᠲᠡᠢ᠃ ᠬᠣᠲᠠ᠂ ᠰᠢᠶᠠᠨ ᠬᠣᠶᠠᠷ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ 《ᠨᠢᠭᠡ᠎ᠠᠴᠠ ᠵᠦᠢ᠍ᠴᠢᠯᠡᠵᠦ ᠨᠥᠭᠥᠭᠡ ᠵᠢ ᠮᠡᠳᠡᠵᠦ》᠂ ᠬᠠᠷᠢᠶ᠎ᠠ ᠣᠷᠣᠨ᠎ᠤ ᠳᠣᠲᠣᠷᠠᠬᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠠᠶᠤᠯᠲᠠᠢ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠭᠰᠡᠨ ᠪᠠᠶ᠋ᠢᠳᠠᠯ᠎ᠢ ᠪᠦᠬᠦ ᠲᠠᠯ᠎ᠠ᠎ᠪᠠᠷ ᠣᠢ᠌ᠯᠠᠭ᠋ᠠᠵᠤ᠂ 《ᠰᠠᠭᠤᠷᠢ ᠲᠣᠭ᠎ᠠ ᠵᠢ ᠲᠣᠳᠣᠷᠬᠠᠢ᠌ᠯᠠᠵᠤ᠂ ᠶᠠᠪᠤᠬᠤ ᠬᠠᠨᠳᠤᠰᠢ ᠵᠢ ᠲᠣᠳᠣᠷᠬᠠᠢ᠌ᠯᠠᠬᠤ》 ᠵᠢ ᠦᠨᠡᠨᠬᠦ ᠪᠡᠶᠡᠯᠡᠭᠦᠯᠵᠦ᠂ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢᠨ ᠴᠡᠭ᠎ᠢ ᠴᠠᠭ ᠲᠤᠬᠠᠢ᠎ᠳᠤᠨᠢ ᠲᠣᠬᠢᠲᠠᠢ ᠠᠷᠢᠯᠭ᠋ᠠᠬᠤ ᠬᠡᠷᠡᠭᠲᠡᠢ ᠭᠡᠵᠦ ᠴᠢᠬᠤᠯᠠᠴᠢᠯᠠᠵᠠᠢ᠃

图片02.jpg

      ᠸᠠᠩ ᠸᠠᠩ ᠱᠧᠩ᠂ ᠣᠷᠳᠣᠰ ᠬᠣᠲᠠ ᠵᠢᠨ᠎ᠬᠢᠨ ᠰᠢᠰᠲ᠋ᠧᠮ᠎ᠤᠨ ᠦᠵᠡᠯᠲᠡ᠎ᠪᠠᠨ ᠴᠢᠩᠭ᠋ᠠᠳᠬᠠᠵᠤ᠂ ᠬᠠᠲᠤᠨ ᠭᠣᠣᠯ᠎ᠤᠨ ᠰᠠᠪᠠ ᠭᠠᠵᠠᠷ᠎ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠣᠪᠣᠭ᠋ᠠᠨ᠎ᠤ ᠲᠠᠯᠠᠪᠤᠷ᠎ᠤᠨ ᠠᠮᠤᠷ ᠲᠦᠪᠰᠢᠨ᠎ᠤ ᠬᠡᠮ ᠰᠣᠭᠣᠭ᠎ᠢ ᠵᠢᠭᠰᠠᠭ᠋ᠠᠨ ᠪᠠᠢ᠌ᠴᠠᠭ᠋ᠠᠬᠤ ᠪᠠ ᠠᠰᠠᠭᠤᠳᠠᠯ᠎ᠢ ᠴᠡᠭᠴᠡᠯᠡᠨ ᠵᠠᠰᠠᠬᠤ ᠵᠢ ᠦᠨᠡᠨ ᠬᠦ᠌ ᠴᠢᠩᠭ᠋ᠠᠳᠬᠠᠬᠤ ᠬᠡᠷᠡᠭᠲᠡᠶ; ᠬᠥᠩᠭᠡᠨᠴᠠᠭ᠋ᠠᠨ ᠶᠡᠬᠡᠲᠡᠢ ᠨᠤᠨᠳᠠᠭ ᠨᠡᠭᠦᠷᠡᠰᠦᠨ᠎ᠤ ᠦᠨᠡᠰᠦ ᠪᠠ ᠨᠡᠭᠦᠷᠡᠰᠦᠨ ᠴᠢᠯᠠᠭᠤ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠲᠦᠪᠰᠢᠨ᠎ᠢ ᠳᠡᠭᠡᠭᠰᠢᠯᠡᠭᠦᠯᠵᠦ᠂ ᠬᠥᠩᠭᠡᠨᠴᠠᠭ᠋ᠠᠨ᠎ᠤ ᠢᠰᠦᠯ ᠵᠢᠴᠢ ᠬᠥᠩᠭᠡᠨᠴᠠᠭ᠋ᠠᠨ ᠴᠠᠬᠢᠭᠤᠷ᠎ᠤᠨ ᠬᠠᠢ᠌ᠯᠤᠰᠢ ᠵᠢ ᠥᠨᠳᠥᠷ ᠥᠷᠲᠡᠭᠵᠢᠭᠦᠯᠦᠨ ᠠᠰᠢᠭᠯᠠᠬᠤ ᠠᠵᠤ ᠦᠢ᠍ᠯᠡᠰ᠎ᠢ ᠬᠥᠭᠵᠢᠭᠦᠯᠦᠨ ᠪᠤᠵᠠᠭ᠋ᠠᠢ᠌ᠷᠠᠭᠤᠯᠬᠤ ᠬᠡᠷᠡᠭᠲᠡᠶ; ᠰᠠᠯᠠᠭ᠎ᠠ ᠮᠥᠴᠢᠷ᠎ᠤᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠬᠦᠷᠢᠶᠡᠨ᠎ᠳᠠᠬᠢ ᠨᠡᠭᠦᠷᠡᠰᠦᠨ ᠴᠢᠯᠠᠭᠤ ᠵᠢᠨ ᠬᠡᠷᠡᠭᠯᠡᠯᠲᠡ ᠵᠢᠨ ᠲᠠᠯ᠎ᠠ ᠵᠢᠨ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠪᠠ ᠠᠵᠢᠯ᠎ᠤᠨ ᠳᠡᠰ ᠳᠠᠷᠠᠭ᠋ᠠᠯᠠᠯ᠎ᠢ ᠪᠥᠬᠥ ᠲᠠᠯ᠎ᠠ᠎ᠪᠠᠷ ᠲᠣᠳᠣᠷᠬᠠᠢ᠌ᠯᠠᠵᠤ᠂ ᠠᠮᠢ ᠠᠬᠤᠢ ᠣᠷᠴᠢᠨ ᠲᠣᠭᠣᠷᠢᠨ᠎ᠤ ᠠᠮᠤᠷ ᠲᠦᠪᠰᠢᠨ᠎ᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ᠂ ᠨᠡᠭᠦᠷᠡᠰᠦᠨ ᠴᠢᠯᠠᠭᠤ ᠵᠢ ᠶᠡᠷᠦᠩᠬᠡᠢ᠌ᠯᠡᠨ ᠠᠰᠢᠭᠯᠠᠬᠤ ᠵᠢ ᠢᠳᠡᠪᠬᠢᠲᠡᠢ ᠠᠬᠢᠭᠤᠯᠵᠤ᠂ ᠨᠡᠭᠦᠷᠡᠰᠦᠨ᠎ᠤ ᠠᠵᠢᠯ ᠲᠥᠷᠥᠯ᠎ᠤᠨ ᠪᠣᠬᠢᠷᠲᠤᠯ ᠦᠭᠡᠢ ᠦᠢ᠍ᠯᠡᠳᠪᠦᠷᠢᠯᠡᠯ ᠬᠢᠭᠡᠳ ᠠᠭᠤᠷᠬᠠᠢ ᠵᠢᠨ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠵᠡᠷᠭᠡᠪᠡᠷ ᠠᠳᠬᠤᠨ ᠬᠠᠮᠲᠤᠪᠠᠷ ᠬᠠᠮᠢᠶᠠᠷᠴᠤ᠂ ᠬᠠᠮᠵᠢᠯᠴᠠᠨ ᠬᠠᠮᠲᠤᠪᠠᠷ ᠤᠷᠤᠭᠰᠢᠯᠠᠬᠤ ᠵᠢ ᠪᠡᠶᠡᠯᠡᠭᠦᠯᠬᠦ ᠬᠡᠷᠡᠭᠲᠡᠢ ᠭᠡᠵᠦ ᠵᠢᠭ᠋ᠠᠨ ᠭᠠᠷᠭ᠋ᠠᠪᠠ᠃
      ᠸᠠᠩ ᠸᠠᠩ ᠱᠧᠩ᠂ ᠬᠠᠷᠢᠶᠠᠲᠤ ᠣᠷᠣᠨ᠎ᠤ ᠵᠠᠰᠠᠭ᠎ᠤᠨ ᠣᠷᠳᠣᠨ ᠵᠢᠴᠢ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠢ᠌ᠭᠤᠯᠬᠤ᠎ᠪᠠᠷ ᠬᠠᠷᠠᠯᠲᠠ ᠪᠣᠯᠭ᠋ᠠᠵᠤ᠂ ᠵᠣᠬᠢᠶᠠᠨ ᠪᠠᠢ᠌ᠭᠤᠯᠤᠨ ᠵᠣᠬᠢᠴᠠᠭᠤᠯᠬᠤ᠂ ᠬᠠᠤᠯᠢ ᠲᠣᠭᠲᠠᠭ᠋ᠠᠯ᠎ᠤᠨ ᠪᠠᠷᠢᠮᠵᠢᠶ᠎ᠠ᠂ ᠬᠢᠨᠠᠨ ᠬᠡᠮᠵᠢᠵᠦ ᠦᠨᠡᠯᠡᠨ ᠵᠢᠱ᠌ᠢᠬᠦ᠂ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠂ ᠭᠠᠳᠠᠭ᠋ᠠᠳᠤ᠎ᠲᠠᠢ ᠬᠠᠮᠲᠤᠷᠠᠯᠴᠠᠬᠤ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠵᠢ ᠪᠦᠬᠦ ᠬᠦᠴᠦᠨ ᠵᠶ᠋ᠡᠷ ᠵᠶ᠋ᠡᠨ ᠠᠬᠢᠭᠤᠯᠵᠤ᠂ ᠰᠠᠯᠠᠭ᠎ᠠ ᠮᠥᠴᠢᠷ᠎ᠤᠨ ᠬᠣᠯᠪᠤᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠵᠤ᠂ ᠬᠦᠴᠦ᠎ᠪᠠᠨ ᠬᠠᠮᠲᠤᠳᠬᠠᠨ ᠬᠦᠴᠢᠷ᠎ᠢ ᠲᠤᠭᠤᠯᠤᠨ ᠪᠡᠷᠬᠡ ᠵᠢ ᠳᠠᠪᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ 《ᠶᠡᠬᠡ ᠠᠮᠢ ᠠᠬᠤᠢ》 ᠲᠡᠢ᠌ᠰᠢ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ ᠲᠦᠷᠭᠡᠨ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠡᠯ᠎ᠡ ᠵᠦᠢ᠍ᠯ᠎ᠤᠨ ᠠᠵᠢᠯ᠎ᠢ ᠭᠦᠨᠵᠡᠭᠡᠢ ᠬᠡᠷᠡᠭᠵᠢᠭᠦᠯᠬᠦ ᠵᠢ ᠪᠦᠬᠦ ᠲᠠᠯ᠎ᠠ᠎ᠪᠠᠷ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠡᠪᠳᠡᠷᠡᠰᠢ ᠦᠭᠡᠢ ᠪᠠᠲᠤ ᠪᠡᠬᠢ ᠪᠣᠯᠭ᠋ᠠᠨ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠣᠷᠳᠣᠰ ᠬᠤᠳᠠ ᠵᠢᠨ ᠵᠠᠰᠠᠭ᠎ᠤᠨ ᠣᠷᠳᠣᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ ᠶᠢᠨ ᠵᠠᠨ ᠢ᠂ ᠲᠣᠭᠲᠠᠬᠤ ᠰᠢᠶᠠᠨ᠎ᠤ ᠳᠠᠷᠤᠭ᠎ᠠ ᠭᠤᠤ ᠵᠧᠩ᠂ ᠵᠡᠭᠦᠨᠭ᠋ᠠᠷ ᠬᠣᠰᠢᠭᠤᠨ᠎ᠤ ᠳᠠᠷᠤᠭ᠎ᠠ ᠸᠠᠩ ᠭᠥᠸᠧ ᠴᠢᠤᠸᠠᠨ᠂ ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠳᠠᠷᠤᠭ᠎ᠠ ᠬᠤᠸᠠᠩ ᠰᠦ᠍ ᠵᠢᠶᠦ᠋ᠨ᠂ ᠣᠷᠳᠣᠰ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠳᠠᠷᠤᠭ᠎ᠠ ᠰᠣᠶᠣᠯᠲᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠬᠠᠮᠢᠶ᠎ᠠ ᠪᠦᠬᠦᠢ ᠭᠠᠵᠠᠷ ᠭᠡᠷ᠎ᠤᠨ ᠬᠠᠷᠢᠭᠤᠴᠠᠯᠭ᠋ᠠᠲᠠᠳ ᠪᠠᠷ᠎ᠠ ᠪᠣᠯᠵᠤ ᠪᠠᠢ᠌ᠴᠠᠭ᠋ᠠᠨ ᠰᠤᠳᠤᠯᠵᠠᠢ᠃

 

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠨᠡᠢ᠌ᠭᠡᠮᠯᠢᠭ 2024 ᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨ᠎ᠤ ᠬᠤᠷᠠᠯ ᠬᠢᠪᠡ
2024 ᠣᠨ᠎ᠤ 6 ᠰᠠᠷ᠎ᠠ ᠵᠢᠨ 5᠎ᠤ ᠣᠷᠴᠢᠨ ᠲᠣᠭᠣᠷᠢᠨ᠎ᠤ ᠡᠳᠦᠷ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯ ᠲᠠᠯᠠᠪᠤᠷ᠎ᠤᠨ ᠠᠵᠢᠯᠯᠠᠭ᠎ᠠ ᠪᠤᠭᠤᠲᠤ᠎ᠳᠤ ᠶᠠᠪᠤᠭᠳᠠᠪᠠ
 
             蒙ICP备05000248号