ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
2024 ᠣᠨ᠎ᠤ 6 ᠰᠠᠷ᠎ᠠ ᠵᠢᠨ 5᠎ᠤ ᠣᠷᠴᠢᠨ ᠲᠣᠭᠣᠷᠢᠨ᠎ᠤ ᠡᠳᠦᠷ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯ ᠲᠠᠯᠠᠪᠤᠷ᠎ᠤᠨ ᠠᠵᠢᠯᠯᠠᠭ᠎ᠠ ᠪᠤᠭᠤᠲᠤ᠎ᠳᠤ ᠶᠠᠪᠤᠭᠳᠠᠪᠠ
ᠨᠡᠶ᠋ᠢᠲᠡᠯᠡᠭᠰᠡᠨ ᠴᠠᠭ᠄ 2024-06-07

      6 ᠰᠠᠷ᠎ᠠ ᠵᠢᠨ 5᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠣᠶᠤᠨ᠎ᠤ ᠪᠣᠯᠪᠠᠰᠤᠨ᠎ᠤ ᠪᠠᠢ᠌ᠭᠤᠯᠤᠯᠲᠠ ᠵᠢᠨ ᠠᠯᠪᠠᠨ ᠭᠡᠷ᠂ ᠪᠤᠭᠤᠲᠤ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠮᠲᠤᠷᠠᠨ ᠪᠤᠭᠤᠲᠤ ᠬᠣᠲᠠ᠎ᠳᠤ 2024 ᠣᠨ᠎ᠤ 6 ᠰᠠᠷ᠎ᠠ ᠵᠢᠨ 5᠎ᠤ ᠡᠳᠦᠷ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯ ᠲᠠᠯᠠᠪᠤᠷ᠎ᠤᠨ ᠠᠵᠢᠯᠯᠠᠭ᠎ᠠ ᠡᠷᠭᠢᠯᠡᠪᠡ᠃ ᠪᠤᠭᠤᠲᠤ ᠬᠤᠳᠠ ᠵᠢᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠬᠤᠳᠠ ᠵᠢᠨ ᠳᠠᠷᠤᠭ᠎ᠠ ᠵᠠᠩ ᠷᠦᠢ ᠪᠤᠭᠤᠲᠤ ᠬᠤᠳᠠ ᠵᠢᠨ ᠵᠠᠰᠠᠭ᠎ᠤᠨ ᠣᠷᠳᠣᠨ᠎ᠢ ᠲᠥᠯᠥᠭᠡᠯᠡᠨ ᠪᠠᠶᠠᠷ᠎ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠤᠨ ᠳᠠᠷᠤᠭ᠎ᠠ ᠵᠤᠤ ᠱ᠌ᠢ ᠳ᠋ᠧ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠤᠨ ᠳᠠᠷᠤᠭ᠎ᠠ ᠹᠠᠨ ᠮᠢᠩ ᠱ᠌ᠢ ᠠᠵᠢᠯᠯᠠᠭ᠎ᠠ ᠵᠢ ᠡᠷᠬᠢᠯᠡᠪᠡ᠃

图片01.jpg

      ᠡᠨᠡ ᠵᠢᠯ᠎ᠤᠨ ᠵᠢᠷᠭᠤᠭ᠋ᠠᠨ ᠰᠠᠷ᠎ᠠ ᠵᠢᠨ ᠲᠠᠪᠤᠨ᠎ᠤ ᠣᠷᠴᠢᠨ ᠲᠣᠭᠣᠷᠢᠨ᠎ᠤ ᠡᠳᠦᠷ᠎ᠤᠨ ᠭᠣᠣᠯ ᠰᠡᠳᠦᠪ ᠪᠣᠯ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠬᠤ》 ᠪᠣᠯᠣᠨ᠎ᠠ᠂ ᠡᠭᠦᠨ᠎ᠤ ᠵᠣᠷᠢᠯᠭ᠎ᠠ᠎ᠨᠢ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ ᠭᠡᠬᠦ ᠣᠢ᠌ᠯᠠᠭ᠋ᠠᠭᠳᠠᠬᠤᠨ᠎ᠢ ᠪᠠᠲᠤ ᠪᠡᠬᠢ ᠪᠤᠢ ᠪᠣᠯᠭ᠋ᠠᠬᠤ ᠪᠠ ᠦᠢ᠍ᠯᠡᠳᠦᠯᠭᠡᠵᠢᠭᠦᠯᠵᠦ᠂ ᠠᠮᠢ ᠠᠬᠤᠢ ᠵᠢᠨ ᠰᠣᠶᠣᠯ᠎ᠢ ᠶᠡᠬᠡᠪᠡᠷ ᠪᠠᠳᠠᠷᠠᠭᠤᠯᠵᠤ᠂ ᠨᠡᠢ᠌ᠭᠡᠮ᠎ᠤᠨ ᠡᠯ᠎ᠡ ᠡᠲᠡᠭᠡᠳ᠎ᠢ ᠥᠷᠭᠡᠨ ᠵᠶ᠋ᠡᠷ ᠳᠠᠶ᠋ᠢᠴᠢᠯᠠᠨ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠡᠷᠡᠰ ᠪᠠᠲᠤ ᠴᠣᠭᠴᠠᠯᠠᠨ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ᠎ᠳᠤ ᠥᠪᠥᠷ ᠮᠣᠩᠭᠣᠯ᠎ᠤᠨ ᠬᠦᠴᠦᠨ ᠴᠢᠳᠠᠯ ᠵᠶ᠋ᠠᠨ ᠡᠷᠭᠦᠨ᠎ᠡ᠃
      ᠵᠣᠣ ᠱ᠌ᠢ ᠳ᠋ᠧ ᠶᠠᠷᠢᠶᠠᠨ᠎ᠳᠠᠭᠠᠨ᠂ ᠥᠩᠭᠡᠷᠡᠭᠰᠡᠨ ᠨᠢᠭᠡ ᠵᠢᠯ᠎ᠤᠨ ᠲᠤᠷᠰᠢ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ 《ᠤᠯᠤᠰ᠎ᠤᠨ ᠶᠡᠬᠡ ᠶᠠᠪᠤᠳᠠᠯ》᠎ᠢ ᠪᠠᠲᠤ ᠴᠡᠭᠡᠵᠢᠯᠡᠵᠦ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢ᠍ᠯ᠎ᠤᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠦᠴᠦᠨ ᠵᠶ᠋ᠡᠨ ᠲᠥᠪᠯᠡᠷᠡᠭᠦᠯᠦᠨ ᠬᠣᠶᠠᠷ ᠶᠡᠬᠡ ᠶᠠᠪᠤᠳᠠᠯ᠎ᠢ ᠰᠠᠶ᠋ᠢᠲᠤᠷ ᠬᠢᠵᠦ᠂ ᠠᠵᠤ ᠦᠢ᠍ᠯᠡᠰ᠎ᠤᠨ ᠪᠦᠲᠦᠴᠡ ᠵᠢ ᠲᠣᠬᠢᠷᠠᠭᠤᠯᠬᠤ᠂ ᠪᠣᠬᠢᠷᠲᠤᠯ᠎ᠢ ᠵᠠᠰᠠᠬᠤ᠂ ᠠᠮᠢ ᠠᠬᠤᠢ ᠵᠢ ᠬᠠᠮᠠᠭ᠋ᠠᠯᠠᠬᠤ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠵᠢ ᠨᠢᠭᠡᠳᠦᠯᠲᠡᠢ ᠲᠥᠯᠥᠪᠯᠡᠨ᠂ ᠨᠠᠭᠦᠷᠡᠰᠦᠲᠦ᠋ᠷᠦᠭᠴᠢ ᠵᠢ ᠪᠠᠭᠤᠷᠠᠭᠤᠯᠬᠤ᠂ ᠪᠣᠬᠢᠷᠲᠤᠯ᠎ᠢ ᠪᠠᠭ᠋ᠠᠰᠬᠠᠬᠤ᠂ ᠨᠣᠭᠣᠭ᠋ᠠᠷᠠᠭᠤᠯᠤᠯᠲᠠ ᠵᠢ ᠥᠷᠭᠡᠳᠬᠡᠬᠦ ᠵᠢ ᠬᠠᠮᠵᠢᠯᠴᠠᠨ ᠠᠬᠢᠭᠤᠯᠵᠤ᠂ ᠣᠲᠣ ᠦᠶ᠎ᠡ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮ᠎ᠢ ᠲᠦᠷᠭᠡᠳᠬᠡᠨ ᠪᠠᠢ᠌ᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠳᠤ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠣᠯᠬᠤ ᠵᠢ ᠠᠬᠢᠭᠤᠯᠪᠠ᠃ ᠲᠡᠦᠬᠡ ᠵᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ ᠪᠣᠯᠣᠨ ᠲᠥᠷᠥ ᠵᠢᠨ ᠶᠠᠪᠤᠳᠠᠯ᠎ᠤᠨ ᠬᠣᠷᠢᠶᠠᠨ᠎ᠤ 《ᠰᠠᠨᠠᠯ》᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠴᠢᠩᠭ᠋ᠠᠳᠬᠠᠬᠤ ᠪᠠᠢ᠌ᠯᠳᠤᠬᠤ ᠪᠣᠳᠣᠯᠭ᠎ᠠ ᠵᠢᠨ ᠲᠣᠭᠲᠠᠯ ᠬᠦᠴᠦᠨ᠎ᠢ ᠢᠮᠠᠭᠲᠠ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠱᠤᠭᠤᠮ ᠪᠣᠯᠭ᠋ᠠᠵᠤ᠂ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠪᠦᠬᠦ ᠡᠯᠧᠮᠧᠨ᠋ᠲ᠎ᠤᠨ ᠪᠦᠬᠦ ᠲᠠᠯ᠎ᠠ ᠵᠢᠨ ᠵᠠᠰᠠᠯᠲᠠ᠎ᠳᠠᠬᠢ ᠲᠦᠷᠦᠭᠦᠯᠡᠨ ᠠᠳᠬᠤᠬᠤ ᠶᠡᠷᠦᠩᠬᠡᠢ ᠦᠢ᠍ᠯᠡᠳᠦᠯ᠎ᠢ ᠭᠦᠢ᠍ᠴᠡᠳ ᠪᠠᠳᠠᠷᠠᠭᠤᠯᠪᠠ᠃ ᠠᠭᠤᠯᠠ ᠤᠰᠤ ᠣᠢ ᠰᠢᠭᠤᠢ ᠲᠠᠷᠢᠶᠠᠨ ᠭᠠᠵᠠᠷ ᠨᠠᠭᠤᠷ ᠴᠥᠭᠥᠷᠥᠮ ᠡᠪᠡᠰᠦ ᠡᠯᠡᠰᠦ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠢ ᠲᠥᠯᠥᠪᠯᠡᠵᠦ᠂ ᠬᠥᠬᠡ ᠣᠭᠲᠠᠷᠭᠤᠢ᠂ ᠨᠣᠮᠢᠨ ᠤᠰᠤ᠂ ᠴᠡᠪᠡᠷ ᠬᠥᠷᠥᠰᠥ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠦᠷᠭᠦᠯᠵᠢᠯᠡᠨ ᠭᠦᠨᠵᠡᠭᠡᠢ ᠰᠠᠶ᠋ᠢᠲᠤᠷ ᠬᠢᠵᠦ᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠬᠢᠨᠠᠨ ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ ᠵᠢ ᠴᠢᠩᠭ᠋ᠠᠳᠬᠠᠵᠤ᠂ ᠠᠮᠢ ᠠᠬᠤᠢ ᠣᠷᠴᠢᠨ ᠲᠣᠭᠣᠷᠢᠨ᠎ᠤ ᠥᠨᠳᠥᠷ ᠲᠦᠪᠰᠢᠨ᠎ᠤ ᠬᠠᠮᠠᠭ᠋ᠠᠯᠠᠯᠲᠠ᠎ᠪᠠᠷ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠨᠡᠩ ᠪᠠᠲᠤ ᠪᠡᠬᠢ ᠪᠠᠢ᠌ᠭᠤᠯᠵᠤ᠂ ᠠᠷᠠᠳ ᠤᠯᠠᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠦᠷᠲᠡᠮᠵᠢ ᠵᠢᠨ ᠲᠥᠷᠥᠭᠳᠡᠯ᠂ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠪᠡ᠃
      ᠵᠠᠩ ᠷᠦᠢ ᠪᠠᠶᠠᠷ᠎ᠤᠨ ᠦᠭᠡ᠎ᠳᠡᠭᠡᠨ᠂ ᠣᠢ᠌ᠷ᠎ᠠ ᠵᠢᠨ ᠵᠢᠯ᠎ᠠᠴᠠ᠂ ᠪᠤᠭᠤᠲᠤ ᠬᠤᠳᠠ ᠵᠢᠨ᠎ᠬᠢᠨ ᠪᠣᠬᠢᠷᠲᠤᠯ᠎ᠢ ᠰᠡᠷᠭᠡᠢ᠌ᠯᠡᠨ ᠵᠠᠰᠠᠬᠤ᠂ ᠪᠣᠬᠢᠷᠲᠤᠯ ᠦᠭᠡᠢ ᠲᠡᠢ᠌ᠰᠢ ᠬᠡᠯᠪᠡᠷᠢ᠎ᠪᠠᠨ ᠬᠤᠪᠢᠷᠠᠭᠤᠯᠬᠤ᠂ ᠠᠮᠢ ᠠᠬᠤᠢ ᠵᠢ ᠬᠠᠮᠠᠭ᠋ᠠᠯᠠᠬᠤ ᠵᠢ ᠶᠡᠬᠡᠪᠡᠷ ᠠᠳᠬᠤᠵᠤ᠂ ᠬᠤᠳᠠ ᠵᠢᠨ ᠠᠮᠢ ᠠᠬᠤᠢ ᠵᠢᠨ ᠴᠢᠳᠠᠪᠤᠷᠢ ᠵᠢᠨ ᠲᠡᠰ᠎ᠢ ᠬᠦᠴᠦᠯᠡᠨ ᠳᠡᠭᠡᠭᠰᠢᠯᠡᠭᠦᠯᠵᠦ᠂ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠪᠣᠯᠬᠤ ᠣᠢ᠌ᠯᠠᠭ᠋ᠠᠭᠳᠠᠬᠤᠨ ᠬᠥᠮᠥᠰ᠎ᠤᠨ ᠰᠡᠳᠬᠢᠯ᠎ᠳᠤ ᠬᠠᠳᠠᠩᠰᠢᠵᠤ᠂ ᠬᠥᠮᠥᠨ ᠪᠠᠶ᠋ᠢᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠰᠠᠢ᠍ᠢ᠍ᠨ ᠰᠠᠢ᠌ᠬᠠᠨ ᠪᠠᠶ᠋ᠢᠳᠠᠯ ᠢᠯᠡᠷᠡᠵᠡᠢ᠃ ᠲᠠᠷᠠᠭ᠋ᠠᠴᠢ ᠵᠢᠨ ᠠᠯᠬᠤᠮ᠎ᠳᠤ ᠦᠷᠭᠦᠯᠵᠢᠯᠡᠨ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢ᠌ᠵᠢᠷᠠᠭᠤᠯᠬᠤ᠎ᠪᠠᠷ ᠭᠣᠣᠯ ᠪᠣᠯᠭ᠋ᠠᠵᠤ᠂ ᠬᠦᠴᠦᠨ ᠵᠶ᠋ᠡᠨ ᠲᠥᠪᠯᠡᠷᠡᠭᠦᠯᠦᠨ ᠬᠥᠳᠡᠯᠭᠡᠬᠦ ᠬᠦᠴᠦᠨ᠎ᠤ ᠰᠣᠯᠢᠭᠳᠠᠯ᠎ᠢ ᠭᠦᠨᠵᠡᠭᠡᠢ᠌ᠷᠡᠭᠦᠯᠵᠦ᠂ ᠬᠦᠴᠦᠨ ᠵᠶ᠋ᠡᠨ ᠲᠥᠪᠯᠡᠷᠡᠭᠦᠯᠦᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠠᠬᠢᠭᠤᠯᠵᠤ᠂ ᠬᠦᠴᠦᠨ ᠵᠶ᠋ᠡᠨ ᠲᠥᠪᠯᠡᠷᠡᠭᠦᠯᠦᠨ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢ᠌ᠵᠢᠷᠠᠭᠤᠯᠵᠤ᠂ ᠬᠦᠴᠦᠨ ᠵᠶ᠋ᠡᠨ ᠲᠥᠪᠯᠡᠷᠡᠭᠦᠯᠦᠨ ᠡᠨᠧᠷᠭᠢ ᠠᠷᠪᠢᠯᠠᠵᠤ ᠨᠠᠭᠦᠷᠡᠰᠦᠲᠦ᠋ᠷᠦᠭᠴᠢ ᠵᠢ ᠪᠠᠭ᠋ᠠᠰᠬᠠᠬᠤ ᠵᠢ ᠠᠬᠢᠭᠤᠯᠵᠤ᠂ ᠨᠡᠩ ᠥᠨᠳᠥᠷ ᠪᠠᠷᠢᠮᠵᠢᠶ᠎ᠠ᠎ᠪᠠᠷ ᠬᠥᠬᠡ ᠲᠡᠭᠷᠢ᠂ ᠨᠣᠮᠢᠨ ᠤᠰᠤ᠂ ᠴᠡᠪᠡᠷ ᠬᠥᠷᠥᠰᠥ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠰᠠᠶ᠋ᠢᠲᠤᠷ ᠬᠢᠵᠦ᠂ ᠦᠵᠡᠰᠬᠦᠯᠡᠩᠲᠦ ᠰᠠᠢ᠌ᠬᠠᠨ ᠪᠤᠭᠤᠲᠤ ᠵᠢᠨ ᠪᠠᠷᠢᠮᠵᠢᠶ᠎ᠠ ᠵᠢ ᠳᠡᠭᠡᠭᠰᠢᠯᠡᠭᠦᠯᠬᠦ ᠠᠵᠢᠯᠯᠠᠭ᠎ᠠ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠬᠥᠬᠡᠮᠳᠦᠭ ᠨᠣᠭᠣᠭ᠋ᠠᠨ ᠠᠭᠤᠯᠠ ᠤᠰᠤ ᠵᠢ ᠢᠯᠡ ᠲᠣᠳᠣ ᠬᠤᠳᠠ ᠵᠢᠨ ᠳᠡᠪᠢᠰᠬᠡᠷ ᠥᠩᠭᠡ ᠪᠣᠯᠭ᠋ᠠᠪᠠ᠃
      ᠪᠤᠭᠤᠲᠤ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠂ ᠪᠤᠭᠤᠲᠤ ᠵᠢᠨ ᠬᠥᠩᠭᠡᠨᠴᠠᠭ᠋ᠠᠨ᠎ᠤ ᠪᠦᠯᠦᠭᠯᠡᠯ᠎ᠤᠨ ᠭᠣᠣᠯ ᠬᠠᠷᠢᠭᠤᠴᠠᠯᠭ᠋ᠠᠲᠠᠨ ᠲᠤᠰ ᠲᠤᠰ ᠶᠠᠷᠢᠶ᠎ᠠ ᠲᠠᠯᠪᠢᠵᠤ᠂ ᠰᠢᠯᠢ ᠵᠢᠨ ᠭᠣᠣᠯ ᠠᠶ᠋ᠢᠮᠠᠭ᠎ᠤᠨ ᠠ ᠠ᠋ ᠢ ᠨᠠᠢ᠌ᠳᠠ ᠵᠢᠨ ᠠᠰᠠᠷᠠᠮᠵᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠢ᠍ᠢ᠍ᠨ ᠳᠤᠷᠠᠴᠤᠳ᠎ᠤᠨ ᠨᠡᠢ᠌ᠭᠡᠮᠯᠢᠭ᠎ᠤᠨ ᠳᠠᠷᠤᠭ᠎ᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠨᠠᠭ᠋ᠠᠴᠢᠯᠠᠭ᠎ᠠ ᠵᠢᠨ ᠪᠢᠴᠢᠭ᠎ᠢ ᠤᠩᠰᠢᠨ ᠨᠡᠢ᠌ᠲᠡᠯᠡᠪᠡ᠃

图片02.jpg

      ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ᠂ ᠪᠠᠰᠠ ᠬᠠᠳᠤᠨ ᠭᠣᠣᠯ᠎ᠤᠨ 《ᠶᠡᠬᠡ ᠲᠣᠬᠣᠢ ᠵᠢᠨ ᠮᠤᠷᠤᠢ᠌ᠯᠲᠠ》ᠵᠢᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠬᠠᠶᠠᠭᠳᠠᠮᠠᠯ ᠪᠣᠳᠠᠰ᠎ᠢ ᠠᠷᠢᠯᠭ᠋ᠠᠬᠤ ᠬᠠᠤᠯᠢ ᠬᠡᠷᠡᠭᠵᠢᠭᠦᠯᠬᠦ ᠠᠵᠢᠯᠯᠠᠭ᠎ᠠ ᠵᠢ ᠡᠬᠢᠯᠡᠭᠦᠯᠵᠦ᠂ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠤᠶ᠎ᠠ》 ᠭᠡᠬᠦ ᠭᠣᠣᠯ ᠰᠡᠳᠦᠪᠲᠦ ᠦᠵᠡᠭᠦᠯᠭᠡ ᠵᠢ ᠡᠷᠬᠢᠯᠡᠵᠦ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠵᠢᠨ ᠮᠠᠲ᠋ᠧᠷᠢᠶᠠᠯ᠎ᠢ ᠲᠠᠷᠬᠠᠭ᠋ᠠᠵᠤ᠂ ᠨᠡᠢ᠌ᠭᠡᠮ ᠨᠠᠢ᠌ᠳᠠ ᠵᠢ ᠢᠳᠡᠪᠬᠢᠲᠡᠢ ᠳᠠᠢ᠍ᠢ᠍ᠴᠢᠯᠠᠨ ᠠᠮᠢ ᠠᠬᠤᠢ ᠵᠢᠨ ᠪᠣᠯᠪᠠᠰᠤᠨ᠎ᠤ ᠣᠢ᠌ᠯᠠᠭ᠋ᠠᠭᠳᠠᠬᠤᠨ᠎ᠢ ᠦᠢ᠍ᠯᠡᠳᠦᠯᠭᠡᠵᠢᠭᠦᠯᠵᠦ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠴᠢᠩᠭ᠋ᠠᠳᠬᠠᠵᠤ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ᠎ᠳᠤ ᠣᠷᠣᠯᠴᠠᠭᠤᠯᠵᠠᠢ᠃

图片03.jpg

      ᠠᠵᠢᠯᠯᠠᠭ᠎ᠠ ᠵᠢᠨ ᠲᠤᠬᠠᠢ ᠵᠢᠨ ᠡᠳᠦᠷ᠂ ᠡᠯ᠎ᠡ ᠠᠶ᠋ᠢᠮᠠᠭ ᠬᠣᠲᠠ ᠵᠢᠨ᠎ᠬᠢᠨ ᠤᠯᠠᠨ ᠶᠠᠩᠵᠤ ᠬᠡᠯᠪᠡᠷᠢ᠎ᠲᠠᠢ᠂ ᠡᠯᠪᠡᠭ ᠪᠠᠶᠠᠯᠢᠭ ᠠᠭᠤᠯᠭ᠎ᠠ᠎ᠲᠠᠢ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠵᠡᠷᠭᠡ᠎ᠪᠠᠷ ᠥᠷᠨᠢᠭᠦᠯᠪᠡ᠃
      ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠵᠥᠪᠯᠡᠯ ᠠᠯᠪᠠᠨ ᠭᠡᠷ ᠲᠢᠩᠬᠢᠮ ᠲᠣᠪᠴᠢᠶ᠎ᠠ ᠵᠢᠨ ᠬᠠᠷᠢᠭᠤᠴᠠᠯᠭ᠋ᠠᠲᠠᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠸᠠᠩ ᠢ ᠯᠢᠩ᠂ ᠲᠢᠩᠬᠢᠮ᠎ᠤᠨ ᠪᠠᠢ᠌ᠭᠤᠯᠤᠯᠭ᠎ᠠ ᠵᠢᠨ ᠡᠯ᠎ᠡ ᠭᠠᠵᠠᠷ ᠲᠠᠰᠤᠭ ᠵᠢᠴᠢ ᠡᠯ᠎ᠡ ᠠᠶ᠋ᠢᠮᠠᠭ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠬᠠᠷᠢᠭᠤᠴᠠᠯᠭ᠋ᠠᠲᠠᠨ᠂ ᠬᠡᠰᠡᠭ ᠠᠵᠤ ᠠᠬᠤᠢ᠌ᠯᠠᠯ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠣᠬᠢᠶᠠᠨ ᠪᠠᠢ᠌ᠭᠤᠯᠤᠯᠲᠠ ᠵᠢᠴᠢ ᠰᠠᠢ᠍ᠢ᠍ᠨ ᠳᠤᠷ᠎ᠠ ᠵᠢᠨ ᠠᠵᠢᠯᠯᠠᠭᠰᠠᠳ᠎ᠤᠨ ᠲᠥᠯᠥᠭᠡᠯᠡᠭᠴᠢ ᠠᠵᠢᠯᠯᠠᠭ᠎ᠠ᠎ᠳᠤ ᠣᠷᠣᠯᠴᠠᠪᠠ᠃
      ᠳᠥᠷᠪᠡ᠎ᠳᠤ ᠰᠢᠨ᠎ᠡ ᠪᠣᠬᠢᠷᠲᠤᠯ ᠪᠣᠳᠠᠰ᠎ᠤᠨ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢᠨ ᠪᠠᠶ᠋ᠢᠳᠠᠯ᠎ᠢ ᠣᠢ᠌ᠯᠠᠭ᠋ᠠᠬᠤ ᠪᠠᠢ᠌ᠴᠠᠭ᠋ᠠᠯᠲᠠ ᠵᠢ ᠥᠷᠨᠢᠭᠦᠯᠪᠡ᠃ ᠬᠢᠮᠢ ᠵᠢᠨ ᠪᠣᠳᠠᠰ᠎ᠤᠨ ᠣᠷᠴᠢᠨ ᠲᠣᠭᠣᠷᠢᠨ᠎ᠤ ᠮᠡᠳᠡᠭᠡ ᠵᠠᠩᠭᠢ ᠵᠢ ᠪᠦᠷᠢᠳᠬᠡᠨ ᠪᠠᠢ᠌ᠴᠠᠭ᠋ᠠᠬᠤ ᠳᠦᠷᠢᠮ᠎ᠢ ᠳᠠᠷᠤᠮᠠᠯᠯᠠᠨ ᠲᠠᠷᠬᠠᠭ᠋ᠠᠵᠤ᠂ 122 ᠠᠵᠢᠯ ᠲᠥᠷᠥᠯ᠂ 7 ᠲᠦᠮᠡ ᠭᠠᠷᠤᠢ ᠠᠵᠤ ᠠᠬᠤᠢ᠌ᠯᠠᠯ᠂ 4000 ᠭᠠᠷᠤᠢ ᠵᠦᠢ᠍ᠯ᠎ᠤᠨ ᠬᠣᠣᠷ ᠬᠥᠨᠥᠭᠡᠯ ᠶᠡᠬᠡᠲᠡᠢ᠂ ᠣᠷᠴᠢᠨ ᠲᠣᠭᠣᠷᠢᠨ᠎ᠢ ᠪᠠᠢ᠌ᠴᠠᠭ᠋ᠠᠨ ᠭᠠᠷᠭ᠋ᠠᠭᠰᠠᠨ ᠬᠢᠮᠢ ᠵᠢᠨ ᠪᠣᠳᠠᠰ᠎ᠤᠨ ᠦᠢ᠍ᠯᠡᠳᠪᠦᠷᠢᠯᠡᠯ ᠬᠡᠷᠡᠭᠯᠡᠯᠲᠡ ᠵᠢᠨ ᠪᠠᠶ᠋ᠢᠳᠠᠯ᠎ᠤᠨ ᠪᠠᠶ᠋ᠢᠳᠠᠯ᠎ᠢ ᠣᠢ᠌ᠯᠠᠭ᠋ᠠᠨ ᠪᠠᠢ᠌ᠴᠠᠭ᠋ᠠᠬᠤ ᠵᠢ ᠪᠡᠶᠡᠯᠡᠭᠦᠯᠵᠦ᠂ ᠨᠢᠭᠤᠭᠳᠠᠮᠠᠯ ᠰᠢᠨ᠎ᠡ ᠪᠣᠬᠢᠷᠲᠤᠯ ᠪᠣᠳᠠᠰ᠎ᠤᠨ ᠲᠠᠷᠬᠠᠯᠲᠠ ᠵᠢᠨ ᠪᠠᠶ᠋ᠢᠳᠠᠯ᠎ᠢ ᠠᠩᠬ᠎ᠠ ᠠᠯᠬᠤᠮ ᠡᠵᠡᠮᠰᠢᠪᠡ᠃ ᠳᠡᠯᠡᠬᠡᠢ ᠳᠡᠭᠡᠷ᠎ᠡ ᠨᠢᠭᠡᠨᠲᠡ ᠬᠡᠷᠡᠭᠯᠡᠬᠦ ᠵᠢ ᠴᠠᠭ᠋ᠠᠵᠠᠯᠠᠭᠰᠠᠨ ᠪᠠ ᠬᠢᠵᠠᠭ᠋ᠠᠷᠯᠠᠭᠰᠠᠨ ᠮᠥᠷᠲᠡᠭᠡᠨ ᠮᠠᠨ᠎ᠤ ᠤᠯᠤᠰ᠎ᠲᠤ ᠮᠥᠨ ᠬᠦ᠌ ᠦᠢ᠍ᠯᠡᠳᠪᠦᠷᠢᠯᠡᠨ ᠬᠡᠷᠡᠭᠯᠡᠵᠦ ᠪᠠᠢ᠌ᠭ᠎ᠠ ᠬᠢᠮᠢ ᠵᠢᠨ ᠪᠣᠳᠠᠰ᠎ᠢ ᠦᠨᠡᠯᠡᠨ ᠵᠢᠱ᠌ᠢᠬᠦ ᠲᠥᠯᠥᠪᠯᠡᠭᠡ᠎ᠳᠤ ᠤᠷᠢᠳᠠᠪᠠᠷ ᠣᠷᠣᠭᠤᠯᠵᠤ᠂ ᠲᠡᠭᠦᠨ᠎ᠳᠤ ᠪᠦᠬᠦ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠤ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢᠨ ᠦᠨᠡᠯᠡᠨ ᠵᠢᠱ᠌ᠢᠯᠲᠡ ᠬᠢᠵᠡᠢ᠃
      ᠲᠠᠪᠤ᠎ᠳᠤ᠂ 《ᠡᠪᠡᠳᠴᠢᠯᠡᠬᠦ᠎ᠠᠴᠠ ᠡᠮᠦᠨ᠎ᠡ ᠵᠠᠰᠠᠬᠤ》᠎ᠪᠠᠷ ᠭᠣᠣᠯᠳᠠᠭᠤᠯᠵᠤ ᠬᠣᠯᠪᠣᠭᠳᠠᠯ ᠪᠦᠬᠦᠢ ᠠᠵᠢᠯ ᠳᠦᠷᠦᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠪᠠ᠃ ᠰᠢᠨ᠎ᠡ ᠬᠢᠮᠢ ᠵᠢᠨ ᠪᠣᠳᠠᠰ᠎ᠤᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠳᠠᠩᠰᠠᠯᠠᠯᠲᠠ ᠵᠢᠨ ᠳᠦᠷᠢᠮ᠎ᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ 《ᠨᠢᠭᠤᠭᠳᠠᠮᠠᠯ ᠰᠢᠨ᠎ᠡ ᠪᠣᠬᠢᠷᠲᠤᠯ ᠪᠣᠳᠠᠰ》᠎ᠤᠨ ᠠᠵᠤ ᠠᠬᠤᠢ ᠨᠡᠢ᠌ᠭᠡᠮ᠎ᠤᠨ ᠠᠵᠢᠯᠯᠠᠭ᠎ᠠ ᠪᠠ ᠠᠮᠢ ᠠᠬᠤᠢ ᠣᠷᠴᠢᠨ ᠲᠣᠭᠣᠷᠢᠨ᠎ᠳᠤ ᠣᠷᠣᠬᠤ ᠵᠢ ᠰᠡᠷᠭᠡᠢ᠌ᠯᠡᠪᠡ᠃ ᠣᠲᠣ ᠪᠣᠯᠲᠠᠯ᠎ᠠ᠂ ᠨᠠᠢ᠌ᠳᠠ 2 ᠲᠦᠮᠡ ᠭᠠᠷᠤᠢ ᠵᠦᠢ᠍ᠯ᠎ᠤᠨ ᠰᠢᠨ᠎ᠡ ᠬᠢᠮᠢ ᠵᠢᠨ ᠪᠣᠳᠠᠰ᠎ᠢ ᠵᠥᠪᠰᠢᠶᠡᠷᠡᠨ ᠳᠡᠩᠰᠡᠯᠡᠵᠦ᠂ 3200 ᠭᠠᠷᠤᠢ ᠵᠦᠢ᠍ᠯ᠎ᠤᠨ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢ ᠬᠢᠵᠠᠭ᠋ᠠᠷᠯᠠᠬᠤ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃ ᠠᠵᠤ ᠦᠢ᠍ᠯᠡᠰ᠎ᠤᠨ ᠪᠦᠲᠦᠴᠡ ᠵᠢᠨ ᠲᠣᠬᠢᠷᠠᠭᠤᠯᠤᠯᠲᠠ ᠵᠢᠨ ᠵᠢᠯᠤᠭᠣᠳᠬᠤ ᠭᠠᠷᠴᠠᠭ᠎ᠲᠤ ᠵᠠᠰᠠᠪᠤᠷᠢ ᠣᠷᠣᠭᠤᠯᠬᠤ᠂ ᠠᠷᠢᠭᠤᠨ ᠴᠡᠪᠡᠷ ᠦᠢ᠍ᠯᠡᠳᠪᠦᠷᠢᠯᠡᠯ᠎ᠢ ᠳᠡᠯᠭᠡᠷᠡᠭᠦᠯᠬᠦ᠂ ᠪᠣᠬᠢᠷᠲᠤᠯ ᠦᠭᠡᠢ ᠪᠦᠲᠦᠭᠡᠭᠳᠡᠬᠦᠨ᠎ᠤ ᠦᠨᠡᠯᠡᠯᠲᠡ ᠵᠢᠨ ᠪᠠᠷᠢᠮᠵᠢᠶ᠎ᠠ ᠵᠢ ᠳᠠᠷᠤᠮᠠᠯᠯᠠᠨ ᠲᠠᠷᠬᠠᠭ᠋ᠠᠬᠤ ᠵᠡᠷᠭᠡ ᠠᠵᠢᠯ᠎ᠤᠨ ᠳᠤᠮᠳᠠ᠂ ᠰᠢᠨ᠎ᠡ ᠪᠣᠬᠢᠷᠲᠤᠯ ᠪᠣᠳᠠᠰ᠎ᠢ ᠵᠠᠰᠠᠬᠤ ᠱᠠᠭ᠋ᠠᠷᠳᠠᠯᠭ᠎ᠠ᠎ᠳᠤ ᠣᠷᠣᠭᠤᠯᠵᠤ᠂ ᠠᠵᠢᠯ ᠲᠥᠷᠥᠯ᠎ᠤᠨ ᠴᠢᠨᠠᠷ ᠰᠠᠢ᠌ᠲᠠᠢ ᠬᠥᠭᠵᠢᠯᠲᠡ ᠵᠢ ᠬᠥᠲᠥᠯᠥᠨ ᠵᠢᠯᠤᠭᠤᠳᠤᠪᠠ᠃
      ᠵᠢᠷᠭᠤᠭ᠎ᠠ᠎ᠳᠤ ᠤᠬᠠᠭᠤᠯᠭ᠎ᠠ ᠬᠥᠮᠦᠵᠢᠯ᠎ᠢ ᠤᠯᠠᠨ ᠬᠡᠯᠪᠡᠷᠢ᠎ᠪᠠᠷ ᠥᠷᠨᠢᠭᠦᠯᠪᠡ᠃ ᠰᠢᠨ᠎ᠡ ᠪᠣᠬᠢᠷᠲᠤᠯ ᠪᠣᠳᠠᠰ᠎ᠢ ᠵᠠᠰᠠᠬᠤ 《ᠰᠢᠨ᠎ᠡ》 ᠣᠨᠴᠠᠯᠢᠭ᠎ᠲᠤ ᠴᠢᠭᠯᠡᠭᠦᠯᠦᠨ᠂ ᠰᠣᠨᠢᠨ ᠮᠡᠳᠡᠭᠡ ᠨᠡᠢ᠌ᠲᠡᠯᠡᠬᠦ ᠬᠤᠷᠠᠯ᠂ ᠲᠤᠰᠬᠠᠢ ᠮᠡᠷᠭᠡᠵᠢᠯᠲᠡᠨ᠎ᠤ ᠶᠠᠷᠢᠯᠴᠠᠬᠤ ᠬᠤᠷᠠᠯ᠂ ᠲᠤᠰᠬᠠᠢ ᠮᠡᠷᠭᠡᠵᠢᠯᠲᠡᠨ᠎ᠤ ᠲᠠᠢ᠌ᠯᠤᠮᠵᠢ᠂ ᠣᠨᠴᠠ ᠤᠷᠢᠭᠰᠠᠨ ᠠᠵᠢᠭᠯᠠᠭᠴᠢ ᠵᠢᠨ ᠰᠣᠷᠪᠤᠯᠵᠢᠯᠠᠭ᠎ᠠ᠂ ᠲᠠᠭᠤ ᠵᠣᠬᠢᠶᠠᠬᠤ᠂ ᠨᠠᠢ᠌ᠳᠠ ᠵᠢᠨ ᠲᠠᠪᠴᠠᠩ ᠨᠡᠢ᠌ᠲᠡᠯᠡᠬᠦ ᠵᠡᠷᠭᠡ ᠤᠯᠠᠨ ᠵᠦᠢ᠍ᠯ᠎ᠤᠨ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠵᠢ ᠲᠥᠪᠯᠡᠷᠡᠭᠦᠯᠦᠨ ᠥᠷᠨᠢᠭᠦᠯᠵᠦ᠂ ᠡᠯ᠎ᠡ ᠲᠠᠯ᠎ᠠ ᠵᠢᠨ᠎ᠬᠢᠨ᠎ᠤ ᠰᠢᠨ᠎ᠡ ᠪᠣᠬᠢᠷᠲᠤᠯ ᠪᠣᠳᠠᠰ᠎ᠢ ᠵᠠᠰᠠᠬᠤ ᠠᠵᠢᠯ᠎ᠤᠨ ᠲᠤᠬᠠᠢ ᠲᠠᠨᠢᠯᠲᠠ ᠵᠢ ᠴᠢᠷᠮᠠᠢ᠌ᠨ ᠳᠡᠭᠡᠭᠰᠢᠯᠡᠭᠦᠯᠪᠡ᠃ ᠰᠢᠨ᠎ᠡ ᠪᠣᠬᠢᠷᠲᠤᠯ ᠪᠣᠳᠠᠰ᠎ᠢ ᠵᠠᠰᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠤᠨ ᠨᠡᠭᠡᠭᠡᠬᠦ ᠬᠡᠷᠡᠭᠴᠡᠭᠡ ᠵᠢ ᠰᠤᠳᠤᠯᠤᠨ ᠳᠤᠷᠠᠳᠴᠤ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠨᠡᠢ᠌ᠭᠡᠮᠯᠢᠭ᠎ᠤᠨ ᠣᠨ᠎ᠤ ᠬᠤᠷᠠᠯ ᠵᠡᠷᠭᠡ ᠡᠷᠳᠡᠮ ᠰᠢᠨᠵᠢᠯᠡᠭᠡᠨ᠎ᠤ ᠬᠤᠷᠠᠯ᠎ᠳᠤ ᠣᠷᠣᠯᠴᠠᠬᠤ᠎ᠪᠠᠷ ᠳᠠᠮᠵᠢᠭᠤᠯᠤᠨ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠢ ᠬᠥᠲᠥᠯᠥᠨ ᠵᠢᠯᠤᠭᠣᠳᠴᠤ ᠪᠠᠶ᠋ᠢᠭ᠋ᠠᠳ ᠰᠢᠨ᠎ᠡ ᠪᠣᠬᠢᠷᠲᠤᠯ ᠪᠣᠳᠠᠰ᠎ᠢ ᠵᠠᠰᠠᠬᠤ ᠭᠣᠣᠯᠳᠠᠯᠭ᠎ᠠ᠎ᠲᠠᠢ ᠬᠦᠴᠢᠷ ᠠᠰᠠᠭᠤᠳᠠᠯ᠎ᠳᠤ ᠲᠥᠪᠯᠡᠷᠡᠭᠦᠯᠪᠡ᠃
      《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》 (《ᠰᠠᠨᠠᠯ》 ᠭᠡᠵᠦ ᠲᠣᠪᠴᠢᠯᠠᠨ᠎ᠠ)᠎ᠳᠤ 2035 ᠣᠨ ᠪᠣᠯᠬᠤ᠎ᠳᠤ ᠰᠢᠨ᠎ᠡ ᠪᠣᠬᠢᠷᠲᠤᠯ ᠪᠣᠳᠠᠰ᠎ᠤᠨ ᠣᠷᠴᠢᠨ ᠠᠬᠤᠢ ᠵᠢᠨ ᠠᠶᠤᠯ ᠲᠦᠭᠰᠢᠭᠦᠷᠢ ᠵᠢ ᠪᠦᠲᠦᠮᠵᠢᠲᠡᠢ ᠬᠠᠮᠢᠶᠠᠷᠤᠨ ᠡᠵᠡᠮᠳᠡᠬᠦ ᠬᠠᠷᠠᠯᠲᠠ ᠵᠢ ᠲᠣᠳᠣᠷᠬᠠᠢ ᠲᠣᠭᠲᠠᠭ᠋ᠠᠭᠰᠠᠨ ᠪᠥᠭᠡᠳ ᠤᠯᠠᠨ ᠵᠦᠢ᠍ᠯ᠎ᠤᠨ ᠰᠢᠨ᠎ᠡ ᠪᠣᠬᠢᠷᠲᠤᠯ ᠪᠣᠳᠠᠰ᠎ᠢ ᠵᠠᠰᠠᠬᠤ ᠴᠢᠬᠤᠯᠠ ᠶᠡᠬᠡ ᠡᠭᠦᠷᠭᠡ ᠵᠢ ᠪᠠᠢ᠌ᠷᠢᠯᠠᠭᠤᠯᠵᠤ᠂ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢ ᠨᠢᠭᠡᠨᠲᠡ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠵᠢᠷᠤᠭ ᠲᠥᠰᠥᠪ᠎ᠲᠤ ᠪᠥᠬᠥ ᠲᠠᠯ᠎ᠠ᠎ᠪᠠᠷ ᠣᠷᠣᠭᠤᠯᠪᠠ᠃
      ᠳᠠᠷᠠᠭ᠋ᠠᠴᠢ ᠵᠢᠨ ᠠᠯᠬᠤᠮ᠎ᠳᠤ᠂ 《ᠰᠠᠨᠠᠯ》᠎ᠳᠠᠬᠢ ᠰᠢᠨ᠎ᠡ ᠪᠣᠬᠢᠷᠲᠤᠯ ᠪᠣᠳᠠᠰ᠎ᠢ ᠵᠠᠰᠠᠬᠤ ᠲᠤᠬᠠᠢ ᠰᠢᠨ᠎ᠡ ᠪᠠᠢ᠌ᠷᠢᠯᠠᠭᠤᠯᠤᠯᠲᠠ ᠪᠠ ᠰᠢᠨ᠎ᠡ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠲᠤᠭᠤᠱ᠌ᠢᠯᠠᠭᠤᠯᠤᠨ ᠨᠠᠢ᠌ᠳᠠᠪᠤᠷᠢᠵᠢᠭᠤᠯᠵᠤ᠂ ᠰᠢᠨ᠎ᠡ ᠪᠣᠬᠢᠷᠲᠤᠯ ᠪᠣᠳᠠᠰ᠎ᠢ ᠵᠠᠰᠠᠬᠤ ᠠᠵᠢᠯᠯᠠᠭ᠎ᠠ ᠵᠢ ᠦᠷᠭᠦᠯᠵᠢᠯᠡᠨ ᠠᠬᠢᠭᠤᠯᠵᠤ᠂ ᠰᠢᠨ᠎ᠡ ᠪᠣᠬᠢᠷᠲᠤᠯ ᠪᠣᠳᠠᠰ᠎ᠢ ᠵᠠᠰᠠᠬᠤ ᠬᠠᠤᠯᠢ ᠲᠣᠭᠲᠠᠭ᠋ᠠᠯ᠎ᠢ ᠲᠣᠭᠲᠠᠭ᠋ᠠᠬᠤ ᠵᠢ ᠲᠦᠷᠭᠡᠳᠬᠡᠨ ᠠᠬᠢᠭᠤᠯᠵᠤ᠂ ᠬᠢᠨᠠᠨ ᠬᠡᠮᠵᠢᠬᠦ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ᠎ᠢ ᠴᠢᠩᠭ᠋ᠠᠳᠬᠠᠵᠤ᠂ ᠰᠢᠨ᠎ᠡ ᠪᠣᠬᠢᠷᠲᠤᠯ ᠪᠣᠳᠠᠰ᠎ᠢ ᠵᠠᠰᠠᠬᠤ ᠴᠢᠬᠤᠯᠠ ᠶᠡᠬᠡ ᠢᠨᠵᠧᠨᠧᠷᠢᠩ᠎ᠢ ᠬᠡᠷᠡᠭᠵᠢᠭᠦᠯᠵᠦ᠂ ᠰᠢᠨ᠎ᠡ ᠪᠣᠬᠢᠷᠲᠤᠯ ᠪᠣᠳᠠᠰ᠎ᠤᠨ ᠣᠷᠴᠢᠨ ᠲᠣᠭᠣᠷᠢᠨ ᠬᠢᠭᠡᠳ ᠡᠷᠡᠭᠦᠯ ᠮᠠᠨᠳᠤ ᠵᠢᠨ ᠠᠶᠤᠯ ᠲᠦᠭᠰᠢᠭᠦᠷᠢ ᠵᠢ ᠪᠦᠲᠦᠮᠵᠢᠲᠡᠢ ᠰᠡᠷᠭᠡᠢ᠌ᠯᠡᠵᠦ᠂ ᠪᠦᠬᠦ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠤ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢᠨ ᠬᠠᠮᠢᠶᠠᠷᠤᠯᠲᠠ ᠵᠢᠨ ᠣᠢ᠌ᠯᠠᠭ᠋ᠠᠭᠳᠠᠬᠤᠨ᠎ᠢ ᠵᠢᠷᠤᠮᠯᠠᠵᠤ᠂ ᠰᠢᠨ᠎ᠡ ᠪᠣᠬᠢᠷᠲᠤᠯ ᠪᠣᠳᠠᠰ᠎ᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠵᠢᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠬᠠᠮᠤᠭ᠎ᠤᠨ ᠶᠡᠬᠡ ᠡᠷᠴᠢᠮ ᠵᠶ᠋ᠡᠷ ᠠᠮᠢ ᠠᠬᠤᠢ ᠣᠷᠴᠢᠨ ᠲᠣᠭᠣᠷᠢᠨ᠎ᠤ ᠠᠮᠤᠷ ᠲᠦᠪᠰᠢᠨ ᠪᠠ ᠠᠷᠠᠳ ᠤᠯᠠᠨ᠎ᠤ ᠪᠡᠶ᠎ᠡ ᠮᠠᠬᠠᠪᠤᠳ᠎ᠤᠨ ᠡᠷᠡᠭᠦᠯ ᠮᠠᠨᠳᠤ ᠵᠢ ᠪᠠᠲᠤᠯᠠᠪᠠ᠃

 

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号