ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ ᠲᠣᠬᠢᠷᠠᠭᠤᠯᠤᠯᠲᠠ ᠶᠣᠰᠣᠭ᠋ᠠᠷ᠂ 7 ᠰᠠᠷ᠎ᠠ ᠵᠢᠨ 2᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠸᠠᠩ ᠸᠠᠩ ᠱᠧᠩ 《ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠵᠦ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠪᠠᠲᠤ ᠴᠢᠩᠭ᠎ᠠ ᠰᠠᠬᠢᠯᠭ᠎ᠠ ᠪᠠᠲᠤ ᠵᠢᠨ ᠪᠠᠲᠤᠯᠠᠭ᠎ᠠ ᠬᠠᠩᠭ᠋ᠠᠨ᠎ᠠ》 ᠭᠡᠬᠦ ᠰᠡᠳᠦᠪ ᠵᠶ᠋ᠡᠷ ᠲᠤᠰᠬᠠᠢ ᠰᠡᠳᠦᠪᠲᠦ ᠰᠠᠬᠢᠯᠭ᠎ᠠ ᠪᠠᠲᠤ ᠵᠢᠨ ᠨᠠᠮ᠎ᠤᠨ ᠬᠢᠴᠢᠶᠡᠯ ᠣᠷᠣᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠢᠭᠤᠳ ᠬᠠᠷᠢᠶ᠎ᠠ ᠪᠠᠢ᠌ᠭᠤᠯᠭ᠎ᠠ ᠵᠢᠨ ᠠᠵᠢᠯ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ ᠳ᠋ᠢᠩ ᠯᠢ ᠬᠣᠩ ᠨᠠᠮ᠎ᠤᠨ ᠬᠢᠴᠢᠶᠡᠯ᠎ᠳᠤ ᠰᠤᠯᠠ ᠣᠷᠣᠯᠴᠠᠵᠤ ᠰᠣᠨᠣᠰᠪᠠ᠃

ᠨᠠᠮ᠎ᠤᠨ ᠬᠢᠴᠢᠶᠡᠯ᠎ᠨᠢ 《ᠨᠠᠮ᠎ᠤᠨ ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠴᠢᠩᠭ᠋ᠠᠳᠬᠠᠬᠤ ᠵᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠬᠤ》 《〈ᠳᠦᠷᠢᠮ〉᠎ᠤᠨ ᠭᠣᠣᠯ ᠴᠢᠮᠦᠭᠡ ᠪᠠ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠪᠠᠲᠤ ᠡᠵᠡᠮᠳᠡᠬᠦ》 《ᠲᠡᠮᠦᠷ ᠮᠡᠲᠦ ᠰᠠᠬᠢᠯᠭ᠎ᠠ ᠪᠠᠲᠤ ᠵᠢ ᠡᠳᠦᠷ ᠲᠤᠲᠤᠮ᠎ᠤᠨ ᠳᠠᠳᠬᠠᠯ ᠪᠠ ᠤᠬᠠᠮᠰᠠᠷᠲᠤ ᠵᠢᠷᠤᠮᠯᠠᠯ ᠪᠣᠯᠭ᠋ᠠᠨ ᠬᠤᠪᠢᠷᠠᠭᠤᠯᠬᠤ》 ᠭᠤᠷᠪᠠᠨ ᠲᠠᠯ᠎ᠠ ᠵᠢᠨ ᠲᠣᠭᠣᠷᠢᠨ᠎ᠳᠤ ᠲᠠᠢ᠌ᠯᠪᠤᠷᠢᠯᠠᠨ ᠵᠢᠭ᠋ᠠᠪᠠ᠃ ᠬᠢᠴᠢᠶᠡᠯᠯᠡᠬᠦ ᠠᠭᠤᠯᠭ᠎ᠠ᠎ᠨᠢ ᠠᠮᠢᠳᠤᠯᠢᠭ ᠪᠣᠳᠠᠲᠠᠢ ᠪᠠᠢ᠌ᠵᠤ᠂ ᠭᠣᠣᠯᠳᠠᠯᠭ᠎ᠠ᠎ᠲᠠᠢ᠎ᠪᠠᠷ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ》᠎ᠤᠨ ᠭᠣᠣᠯ ᠵᠦᠢ᠍ᠯ ᠵᠤᠷᠪᠤᠰ᠂ ᠰᠢᠨ᠎ᠡ᠎ᠪᠠᠷ ᠨᠡᠮᠡᠭᠰᠡᠨ ᠪᠤᠶᠤ ᠵᠠᠰᠠᠪᠤᠷᠢ ᠣᠷᠣᠭᠤᠯᠤᠭᠰᠠᠨ ᠵᠦᠢ᠍ᠯ ᠵᠤᠷᠪᠤᠰ᠎ᠲᠤ ᠨᠠᠷᠢᠨ ᠲᠠᠢ᠌ᠯᠤᠮᠵᠢ ᠬᠢᠵᠦ᠂ ᠨᠠᠮ᠎ᠤᠨ ᠭᠡᠰᠢᠭᠦᠨ ᠺᠠᠳ᠋ᠷᠴᠤᠳ᠎ᠢ ᠰᠠᠬᠢᠯᠭ᠎ᠠ ᠪᠠᠲᠤ ᠶᠣᠰᠣ ᠳᠦᠷᠢᠮ᠎ᠢ ᠵᠢᠷᠤᠮᠯᠠᠨ ᠰᠠᠬᠢᠬᠤ ᠤᠯᠤᠰ ᠲᠥᠷᠥ ᠵᠢᠨ ᠤᠬᠠᠮᠰᠠᠷ ᠪᠠ ᠠᠵᠢᠯᠯᠠᠭ᠎ᠠ ᠵᠢᠨ ᠤᠬᠠᠮᠰᠠᠷ ᠵᠶ᠋ᠠᠨ ᠴᠢᠩᠭ᠋ᠠᠳᠬᠠᠬᠤ ᠬᠡᠷᠡᠭᠲᠡᠢ ᠭᠡᠵᠦ ᠬᠥᠮᠥᠵᠢᠭᠦᠯᠵᠡᠢ᠃
ᠸᠠᠩ ᠸᠠᠩ ᠱᠧᠩ ᠴᠢᠬᠤᠯᠠᠴᠢᠯᠠᠭᠰᠠᠨ᠎ᠨᠢ᠂ ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠪᠣᠯ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢᠨ ᠦᠨᠳᠦᠰᠦ᠎ᠠᠴᠠ᠎ᠨᠢ ᠵᠠᠰᠠᠬᠤ ᠪᠣᠳᠣᠯᠭ᠎ᠠ ᠮᠥᠨ᠂ ᠡᠷᠬᠡᠪᠰᠢ ᠡᠴᠦᠰ᠎ᠲᠤᠨᠢ ᠲᠤᠯᠲᠠᠯ᠎ᠠ ᠠᠳᠬᠤᠵᠤ᠂ ᠥᠨᠢ ᠤᠳᠠᠭ᠋ᠠᠨ ᠪᠠᠷᠢᠮᠲᠠᠯᠠᠬᠤ ᠬᠡᠷᠡᠭᠲᠡᠢ᠃ ᠲᠢᠩᠬᠢᠮ᠎ᠤᠨ ᠰᠢᠰᠲ᠋ᠧᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠪᠣᠯᠣᠨ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠴᠢᠬᠤᠯᠠ ᠤᠯᠤᠰ ᠲᠥᠷᠥ ᠵᠢᠨ ᠡᠭᠦᠷᠭᠡ᠎ᠪᠠᠨ ᠪᠣᠯᠭ᠋ᠠᠵᠤ᠂ ᠴᠢᠩᠭ᠎ᠠ ᠪᠠᠶ᠋ᠢᠬᠤ ᠵᠢ ᠲᠡᠷᠢᠭᠦᠨ᠎ᠳᠤ ᠲᠠᠯᠪᠢᠵᠤ᠂ ᠪᠣᠳᠠᠲᠠᠢ ᠠᠵᠢᠯᠯᠠᠬᠤ᠎ᠪᠠᠷ ᠭᠣᠣᠯᠳᠠᠯᠭ᠎ᠠ ᠪᠣᠯᠭ᠋ᠠᠵᠤ᠂ ᠪᠦᠬᠦ ᠬᠦᠴᠦᠨ ᠵᠶ᠋ᠡᠷ ᠵᠶ᠋ᠡᠨ ᠴᠢᠷᠮᠠᠢ᠌ᠵᠤ᠂ ᠡᠯ᠎ᠡ ᠵᠦᠢ᠍ᠯ᠎ᠤᠨ ᠡᠭᠦᠷᠭᠡ ᠵᠢ ᠯᠠᠪᠳᠠᠭᠤᠨ ᠪᠠᠲᠤᠲᠠᠢ ᠪᠦᠲᠦᠮᠵᠢᠲᠡᠢ ᠪᠡᠶᠡᠯᠡᠭᠦᠯᠵᠦ᠂ ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢ ᠦᠷᠭᠦᠯᠵᠢᠯᠡᠨ ᠭᠦᠨᠵᠡᠭᠡᠢ᠌ᠷᠡᠭᠦᠯᠬᠦ᠎ᠪᠠᠷ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠪᠠᠲᠤ ᠴᠢᠩᠭ᠎ᠠ ᠰᠠᠬᠢᠯᠭ᠎ᠠ ᠪᠠᠲᠤ ᠵᠢᠨ ᠪᠠᠲᠤᠯᠠᠭ᠎ᠠ ᠬᠠᠩᠭ᠋ᠠᠬᠤ ᠬᠡᠷᠡᠭᠲᠡᠢ ᠭᠡᠪᠡ᠃
ᠲᠢᠩᠬᠢᠮ᠎ᠤᠨ ᠤᠳᠤᠷᠢᠳᠤᠯᠭ᠎ᠠ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠪᠦᠬᠦ ᠺᠠᠳ᠋ᠷ᠂ ᠲᠢᠩᠬᠢᠮ᠎ᠤᠨ ᠪᠠᠢ᠌ᠭᠤᠯᠭ᠎ᠠ ᠵᠢᠨ ᠪᠦᠬᠦ ᠺᠠᠳ᠋ᠷ ᠠᠵᠢᠯᠲᠠᠨ᠂ ᠲᠢᠩᠬᠢᠮ᠎ᠤᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠰᠠᠯᠠᠭ᠋ᠠᠨ᠎ᠤ ᠲᠡᠰ᠎ᠠᠴᠠ ᠳᠡᠭᠡᠭᠰᠢᠬᠢ ᠺᠠᠳ᠋ᠷ ᠬᠤᠷᠠᠯ᠎ᠳᠤ ᠣᠷᠣᠯᠴᠠᠪᠠ᠃