ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
ᠪᠥᠬᠥ ᠣᠷᠣᠨ᠎ᠤ ᠬᠣᠰᠢᠭᠤ ᠰᠢᠶᠠᠨ (ᠬᠣᠲᠠ᠂ ᠲᠣᠭᠣᠷᠢᠭ)᠎ᠤ ᠨᠠᠮ᠎ᠤᠨ ᠬᠣᠷᠢᠶ᠎ᠠ ᠵᠢᠨ ᠱᠦᠵᠢ ᠵᠢᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠠ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠥᠪᠥᠷ ᠮᠣᠩᠭᠣᠯ᠎ᠤᠨ ᠨᠠᠮ᠎ᠤᠨ ᠰᠤᠷᠭ᠋ᠠᠭᠤᠯᠢ᠎ᠳᠤ ᠶᠠᠪᠤᠭᠳᠠᠪᠠ
ᠨᠡᠶ᠋ᠢᠲᠡᠯᠡᠭᠰᠡᠨ ᠴᠠᠭ᠄ 2024-07-12

      ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠨᠠᠮ᠎ᠤᠨ ᠬᠣᠷᠢᠶᠠᠨ᠎ᠤ ᠱᠦᠵᠢ ᠵᠢᠨ《ᠤᠯᠤᠰ᠎ᠤᠨ ᠶᠡᠬᠡ ᠶᠠᠪᠤᠳᠠᠯ》᠎ᠢ ᠢᠮᠠᠭᠲᠠ ᠪᠠᠲᠤ ᠴᠡᠭᠡᠵᠢᠯᠡᠬᠦ ᠵᠢ ᠠᠬᠢᠭᠤᠯᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠶᠠᠪᠤᠴᠠ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠥᠨᠳᠥᠷ ᠲᠦᠪᠰᠢᠨ᠎ᠤ ᠬᠠᠮᠠᠭ᠋ᠠᠯᠠᠯᠲᠠ ᠵᠢᠨ ᠴᠢᠳᠠᠪᠤᠷᠢ᠂ ᠠᠶᠤᠯ ᠲᠦᠭᠰᠢᠭᠦᠷᠢ ᠵᠢᠨ ᠳᠠᠯᠳᠠ ᠬᠡᠮ᠎ᠢ ᠰᠡᠷᠭᠡᠢ᠌ᠯᠡᠨ ᠠᠷᠢᠯᠭ᠋ᠠᠬᠤ ᠴᠢᠳᠠᠪᠤᠷᠢ᠂ ᠰᠦᠯᠵᠢᠶᠡᠨ᠎ᠤ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠡᠷᠡᠰ ᠪᠠᠲᠤ ᠪᠠᠢ᠌ᠭᠤᠯᠬᠤ ᠵᠢᠨ ᠲᠥᠯᠥᠭᠡ᠂ 7 ᠰᠠᠷ᠎ᠠ ᠵᠢᠨ 9᠎ᠤ ᠡᠳᠦᠷ᠎ᠠᠴᠠ 10᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠢ᠌ᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠥᠪᠥᠷ ᠮᠣᠩᠭᠣᠯ᠎ᠤᠨ ᠨᠠᠮ᠎ᠤᠨ ᠰᠤᠷᠭ᠋ᠠᠭᠤᠯᠢ᠎ᠳᠤ ᠥᠪᠡᠷᠲᠡᠭᠡᠨ ᠵᠠᠰᠠᠬᠤ ᠣᠷᠣᠨ᠎ᠤ ᠬᠣᠰᠢᠭᠤ ᠰᠢᠶᠠᠨ (ᠬᠤᠳᠠ᠂ ᠲᠣᠭᠣᠷᠢᠭ)᠎ᠤ ᠨᠠᠮ᠎ᠤᠨ ᠬᠣᠷᠢᠶ᠎ᠠ ᠵᠢᠨ ᠱᠦᠵᠢ ᠵᠢᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠣᠯᠣᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠤᠰᠬᠠᠢ ᠰᠡᠳᠦᠪᠲᠦ ᠪᠤᠯᠪᠠᠰᠤᠷᠠᠯ᠎ᠤᠨ ᠠᠩᠭᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠵᠣᠬᠢᠶᠠᠨ ᠪᠠᠢ᠌ᠭᠤᠯᠬᠤ ᠬᠡᠯᠲᠡᠰ᠎ᠤᠨ ᠳᠠᠷᠤᠭ᠎ᠠ ᠯᠢ ᠢᠦᠢ ᠭᠠᠩ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠶᠣᠣ ᠶᠦᠩ ᠪᠥᠸᠧ ᠬᠤᠷᠠᠯ᠎ᠳᠤ ᠣᠷᠣᠯᠴᠠᠭᠰᠠᠨ ᠪᠥᠭᠡᠳ ᠲᠤᠰ ᠲᠤᠰ ᠰᠤᠷᠤᠯᠭ᠎ᠠ ᠡᠬᠢᠯᠡᠬᠦ ᠶᠣᠰᠣᠯᠠᠯ ᠪᠠ ᠰᠤᠷᠤᠯᠭ᠎ᠠ ᠲᠡᠭᠦᠰᠬᠦ ᠶᠣᠰᠣᠯᠠᠯ᠎ᠳᠤ ᠶᠠᠷᠢᠶ᠎ᠠ ᠲᠠᠯᠪᠢᠵᠠᠢ᠃

图片01.jpg


      ᠯᠢ ᠢᠦᠢ ᠭᠠᠩ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠪᠠ 《ᠶᠡᠬᠡ ᠠᠮᠢ ᠠᠬᠤᠢ》 ᠵᠢᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠭᠦᠯᠬᠦ ᠰᠢᠨ᠎ᠡ ᠪᠠᠶ᠋ᠢᠳᠠᠯ ᠰᠢᠨ᠎ᠡ ᠡᠭᠦᠷᠭᠡ ᠰᠢᠨ᠎ᠡ ᠱᠠᠭ᠋ᠠᠷᠳᠠᠯᠭ᠎ᠠ᠎ᠳᠤ ᠵᠣᠬᠢᠴᠠᠭᠤᠯᠬᠤ ᠬᠡᠷᠡᠭᠲᠡᠢ᠂ ᠲᠤᠰᠬᠠᠢ ᠰᠡᠳᠦᠪᠲᠦ ᠪᠣᠯᠪᠠᠰᠤᠷᠠᠯ᠎ᠢ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠪᠡᠶᠡᠯᠡᠭᠦᠯᠬᠦ᠂ ᠰᠠᠬᠢᠯᠭ᠎ᠠ ᠪᠠᠲᠤ ᠣᠪᠣᠷ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠵᠤ ᠨᠠᠢ᠌ᠳᠠᠪᠤᠷᠢᠵᠢᠭᠤᠯᠤᠯᠲᠠ ᠵᠢ ᠠᠳᠬᠤᠬᠤ ᠪᠣᠳᠠᠲᠠᠢ ᠠᠷᠭ᠎ᠠ ᠬᠡᠮᠵᠢᠶ᠎ᠡ ᠪᠣᠯᠭ᠋ᠠᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠤᠯᠤᠰ ᠲᠥᠷᠥ ᠵᠢᠨ ᠤᠬᠠᠮᠰᠠᠷ᠂ ᠦᠵᠡᠯ ᠰᠠᠨᠠᠭ᠋ᠠᠨ᠎ᠤ ᠤᠬᠠᠮᠰᠠᠷ᠂ ᠦᠢ᠍ᠯᠡ ᠠᠵᠢᠯᠯᠠᠭ᠎ᠠ ᠵᠢᠨ ᠤᠬᠠᠮᠰᠠᠷ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠭᠦᠨᠵᠡᠭᠡᠢ ᠰᠤᠷᠤᠯᠴᠠᠨ ᠦᠨᠡᠨᠴᠢ ᠰᠢᠳᠤᠷᠭᠤ᠎ᠪᠠᠷ ᠬᠡᠷᠡᠭᠯᠡᠬᠦ ᠪᠣᠳᠠᠲᠤ ᠠᠵᠢᠯᠯᠠᠭ᠎ᠠ᠎ᠪᠠᠷ ᠵᠶ᠋ᠠᠨ《ᠬᠣᠶᠠᠷ᠎ᠢ ᠲᠣᠭᠲᠠᠭ᠋ᠠᠭᠰᠠᠨ》᠎ᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
      ᠯᠢ ᠢᠦᠢ ᠭᠠᠩ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠨᠠᠷᠢᠨ ᠣᠢ᠌ᠯᠠᠭ᠋ᠠᠵᠤ᠂ ᠤᠬᠠᠮᠰᠠᠷ᠎ᠠᠴᠠ᠎ᠪᠠᠨ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠡᠷᠡᠰ ᠪᠠᠲᠤ ᠰᠢᠲᠦᠭᠴᠢ᠂ ᠢᠳᠡᠪᠬᠢᠲᠡᠢ ᠤᠯᠠᠮᠵᠢᠯᠠᠭᠴᠢ᠂ ᠦᠨᠡᠨᠴᠢ ᠰᠢᠳᠤᠷᠭᠤ᠎ᠪᠠᠷ ᠦᠢ᠍ᠯᠡᠳᠦᠯᠭᠡᠵᠢᠭᠦᠯᠦᠭᠴᠢ ᠪᠣᠯᠬᠤ ᠬᠡᠷᠡᠭᠲᠡᠢ᠃ ᠲᠡᠷᠡ ᠬᠡᠪ ᠵᠶ᠋ᠡᠷ᠎ᠨᠢ ᠰᠤᠷᠤᠯᠴᠠᠬᠤ᠂ ᠬᠡᠷᠡᠭ ᠵᠶ᠋ᠡᠷ ᠲᠣᠯᠢ ᠪᠣᠯᠭ᠋ᠠᠨ ᠰᠤᠷᠤᠯᠴᠠᠬᠤ᠂ ᠪᠣᠳᠠᠲᠠᠢ᠎ᠲᠠᠢ ᠤᠶᠠᠯᠳᠤᠭᠤᠯᠤᠨ ᠰᠤᠷᠤᠯᠴᠠᠬᠤ ᠵᠢ ᠪᠠᠷᠢᠮᠲᠠᠯᠠᠵᠤ᠂ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠲᠦᠭᠡᠨ ᠪᠠᠢ᠌ᠭᠤᠯᠤᠯᠲᠠ ᠵᠢᠨ ᠵᠥᠪ ᠴᠢᠭᠯᠡᠯ᠎ᠢ ᠰᠠᠶ᠋ᠢᠲᠤᠷ ᠡᠵᠡᠮᠳᠡᠵᠦ᠂ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠲᠦᠭᠡᠨ ᠪᠠᠢ᠌ᠭᠤᠯᠤᠯᠲᠠ ᠵᠢᠨ ᠳᠤᠲᠠᠭᠤᠳᠠᠯ ᠪᠠᠭᠤᠷᠠᠢ ᠲᠠᠯ᠎ᠠ ᠵᠢ ᠣᠨᠣᠪᠴᠢᠲᠠᠢ ᠡᠷᠢᠵᠦ᠂ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠲᠦᠭᠡᠨ ᠪᠠᠢ᠌ᠭᠤᠯᠤᠯᠲᠠ ᠵᠢᠨ ᠰᠢᠨᠵᠢᠯᠡᠬᠦ ᠤᠬᠠᠭ᠋ᠠᠨᠴᠢ ᠠᠷᠭ᠎ᠠ ᠵᠠᠮ᠎ᠢ ᠰᠦᠪᠡᠭᠴᠢᠯᠡᠬᠦ ᠬᠡᠷᠡᠭᠲᠡᠢ᠃ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠡᠷᠡᠰ ᠰᠠᠶ᠋ᠢᠲᠤᠷ ᠬᠢᠵᠦ᠂ 《ᠬᠥᠯᠥᠨ ᠨᠠᠭᠤᠷ᠂ ᠤᠯᠠᠭ᠋ᠠᠨᠰᠤᠬᠠᠢ ᠨᠠᠭᠤᠷ᠂ ᠲᠠᠬ᠋ ᠊ᠠ᠋ ᠵᠢᠨ ᠨᠠᠭᠤᠷ》᠎ᠢ ᠶᠡᠷᠦᠩᠬᠡᠢ᠌ᠯᠡᠨ ᠵᠠᠰᠠᠬᠤ ᠬᠠᠲᠠᠭᠤ ᠡᠭᠦᠷᠭᠡ ᠵᠢ ᠰᠠᠶ᠋ᠢᠲᠤᠷ ᠠᠳᠬᠤᠵᠤ᠂ ᠣᠲᠣ ᠦᠶ᠎ᠡ ᠵᠢᠨ ᠡᠨᠧᠷᠭᠢ ᠵᠢᠨ ᠠᠵᠤ ᠠᠬᠤᠢ ᠵᠢᠨ ᠰᠢᠨ᠎ᠡ ᠠᠵᠢᠯ᠎ᠢ ᠰᠠᠶ᠋ᠢᠲᠤᠷ ᠬᠢᠵᠦ᠂ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠬᠤ ᠡᠨᠡᠬᠦ ᠬᠠᠮᠤᠭ᠎ᠤᠨ ᠲᠦᠭᠡᠮᠡᠯ ᠠᠰᠢᠭ ᠬᠦᠷᠲᠡᠭᠡᠬᠦ ᠠᠷᠠᠳ᠎ᠤᠨ ᠠᠮᠢᠳᠤᠷᠠᠯ᠎ᠤᠨ ᠠᠵᠠ ᠵᠢᠷᠭ᠋ᠠᠯ᠎ᠲᠠᠢ ᠶᠡᠬᠡ ᠪᠣᠳᠠᠲᠤ ᠶᠠᠪᠤᠳᠠᠯ᠎ᠢ ᠰᠠᠶ᠋ᠢᠲᠤᠷ ᠬᠢᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠨᠡᠩ ᠶᠡᠬᠡ ᠬᠦᠴᠦᠨ ᠴᠢᠳᠠᠯ ᠵᠶ᠋ᠠᠨ ᠡᠷᠭᠦᠵᠦ᠂ ᠨᠡᠩ ᠶᠡᠬᠡ ᠵᠢᠳᠬᠦᠯ ᠴᠢᠷᠮᠠᠢ᠌ᠯᠭ᠎ᠠ ᠭᠠᠷᠭ᠋ᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠶᠣᠣ ᠶᠦᠩ ᠪᠥᠸᠧ᠂ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ 《ᠤᠯᠤᠰ᠎ᠤᠨ ᠶᠡᠬᠡ ᠶᠠᠪᠤᠳᠠᠯ》᠎ᠢ ᠪᠠᠲᠤ ᠴᠡᠭᠡᠵᠢᠯᠡᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ ᠤᠯᠤᠰ ᠲᠥᠷᠥ ᠵᠢᠨ ᠬᠠᠷᠢᠭᠤᠴᠠᠯᠭ᠎ᠠ ᠵᠢ ᠦᠨᠡᠨᠬᠦ ᠡᠭᠦᠷᠭᠡᠯᠡᠬᠦ ᠬᠡᠷᠡᠭᠲᠡᠢ ᠭᠡᠵᠦ ᠱᠠᠭ᠋ᠠᠷᠳᠠᠪᠠ᠃ ᠣᠳᠣᠬᠠᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠬᠦᠨᠳᠦ ᠨᠣᠴᠢᠲᠠᠢ ᠪᠠᠶ᠋ᠢᠳᠠᠯ᠎ᠢ ᠭᠦᠨᠵᠡᠭᠡᠢ ᠲᠠᠨᠢᠵᠤ᠂ ᠪᠦᠬᠦ ᠡᠯᠧᠮᠧᠨ᠋ᠲ ᠪᠦᠬᠦ ᠬᠡᠯᠬᠢᠶ᠎ᠡ᠎ᠪᠠᠷ ᠪᠦᠬᠦᠨ᠎ᠢ ᠪᠦᠷᠬᠦᠭᠦᠯᠬᠦ ᠪᠠᠶ᠋ᠢᠳᠠᠯ᠎ᠢ ᠣᠢ᠌ᠯᠠᠭ᠋ᠠᠵᠤ ᠵᠢᠭᠰᠠᠭ᠋ᠠᠨ ᠪᠠᠢ᠌ᠴᠠᠭ᠋ᠠᠬᠤ ᠠᠵᠢᠯ᠎ᠢ ᠨᠠᠷᠢᠨ ᠬᠢᠨᠠᠮᠠᠭ᠋ᠠᠢ ᠵᠣᠬᠢᠶᠠᠨ ᠪᠠᠢ᠌ᠭᠤᠯᠤᠨ ᠥᠷᠨᠢᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠤ ᠠᠶᠤᠯ ᠲᠦᠭᠰᠢᠭᠦᠷᠢ ᠵᠢᠨ ᠴᠡᠭ ᠪᠣᠯᠣᠨ ᠲᠣᠪᠣᠢ᠌ᠮ᠎ᠠ ᠠᠰᠠᠭᠤᠳᠠᠯ᠎ᠤᠨ ᠰᠠᠭᠤᠷᠢ ᠲᠣᠭ᠎ᠠ ᠵᠢ ᠦᠨᠡᠨᠬᠦ ᠲᠣᠳᠣᠷᠬᠠᠢ ᠪᠣᠯᠭ᠋ᠠᠬᠤ ᠬᠡᠷᠡᠭᠲᠡᠢ᠃ ᠠᠵᠢᠯ᠎ᠢ ᠨᠢᠭᠡᠳᠦᠯᠲᠡᠢ ᠲᠥᠯᠥᠪᠵᠢᠭᠦᠯᠬᠦ ᠵᠢ ᠴᠢᠩᠭ᠋ᠠᠳᠬᠠᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠡᠭᠦᠷᠭᠡ ᠬᠠᠷᠢᠭᠤᠴᠠᠯᠭ᠎ᠠ ᠵᠢ ᠤᠯᠠᠮ ᠴᠢᠨᠠᠭᠰᠢᠳᠠ ᠲᠣᠳᠣᠷᠬᠠᠢ ᠪᠣᠯᠭ᠋ᠠᠵᠤ᠂ ᠠᠵᠢᠯ᠎ᠤᠨ ᠬᠠᠮᠲᠤᠷᠠᠯ ᠬᠦᠴᠦᠨ᠎ᠢ ᠪᠦᠷᠢᠯᠳᠦᠭᠦᠯᠬᠦ ᠵᠢ ᠠᠬᠢᠭᠤᠯᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠰᠠᠨᠠᠭ᠋ᠠᠴᠢᠯᠠᠭ᠋ᠠᠲᠤ ᠴᠢᠨᠠᠷ᠎ᠢ ᠴᠢᠩᠭ᠋ᠠᠳᠬᠠᠵᠤ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠵᠢᠴᠢ ᠤᠯᠤᠰ᠂ ᠥᠪᠡᠷᠲᠡᠭᠡᠨ ᠵᠠᠰᠠᠬᠤ ᠣᠷᠣᠨ᠎ᠤ ᠬᠠᠳᠤᠨ ᠭᠣᠣᠯ᠎ᠤᠨ ᠰᠠᠪᠠ ᠭᠠᠵᠠᠷ᠎ᠤᠨ ᠰᠡᠷᠡᠮᠵᠢᠯᠡᠬᠦᠯᠬᠦ ᠹᠢᠯᠢᠮ ᠵᠡᠷᠭᠡ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠪᠦᠬᠦ ᠬᠦᠴᠦᠨ ᠵᠶ᠋ᠡᠷ ᠵᠶ᠋ᠡᠨ ᠠᠬᠢᠭᠤᠯᠵᠤ᠂ ᠡᠯ᠎ᠡ ᠳᠦᠷᠦᠯ᠎ᠤᠨ ᠠᠰᠠᠭᠤᠳᠠᠯ᠎ᠢ ᠴᠠᠭ ᠲᠤᠬᠠᠢ᠎ᠳᠤᠨᠢ ᠴᠡᠭᠴᠡᠯᠡᠨ ᠰᠠᠢ᠌ᠵᠢᠷᠠᠭᠤᠯᠬᠤ ᠵᠢ ᠦᠨᠡᠨᠬᠦ ᠪᠠᠲᠤᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠱᠠᠯᠠᠪᠳᠠᠭᠤᠯᠤᠨ ᠪᠠᠢ᠌ᠴᠠᠭ᠋ᠠᠬᠤ ᠪᠠ ᠲᠣᠪᠣᠢ᠌ᠮ᠎ᠠ ᠠᠰᠠᠭᠤᠳᠠᠯ᠎ᠢ ᠢᠯᠡᠴᠢᠯᠡᠬᠦ ᠡᠷᠴᠢᠮ ᠵᠶ᠋ᠡᠨ ᠴᠢᠩᠭ᠋ᠠᠷᠠᠭᠤᠯᠵᠤ᠂ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠬᠦ ᠪᠠ ᠦᠨᠳᠦᠰᠦᠨ ᠱᠠᠲᠤ ᠵᠢ ᠵᠢᠯᠣᠭᠣᠳᠤᠨ ᠦᠢ᠍ᠯᠡᠴᠢᠯᠡᠬᠦ᠎ᠪᠠᠨ ᠴᠢᠩᠭ᠋ᠠᠷᠠᠭᠤᠯᠤᠨ᠂ ᠡᠯ᠎ᠡ ᠭᠠᠵᠠᠷ ᠣᠷᠣᠨ᠎ᠢ ᠱᠠᠯᠠᠪᠳᠠᠭᠤᠯᠤᠨ ᠬᠠᠪᠰᠤᠷᠴᠤ ᠪᠠᠶ᠋ᠢᠭ᠋ᠠᠳ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠷᠢ ᠬᠡᠮᠵᠢᠶ᠎ᠡ ᠵᠢ ᠲᠦᠷᠭᠡᠳᠬᠡᠨ ᠳᠡᠭᠡᠭᠰᠢᠯᠡᠭᠦᠯᠬᠦ ᠬᠡᠷᠡᠭᠲᠡᠶ ᠭᠡᠵᠦ ᠱᠠᠭ᠋ᠠᠷᠳᠠᠪᠠ᠃
      ᠪᠣᠯᠪᠠᠰᠤᠷᠠᠯ᠎ᠤᠨ ᠠᠩᠭᠢ ᠵᠢ ᠠᠬᠤᠢ ᠳᠠᠯᠠᠪᠠᠢ ᠵᠢᠨ ᠪᠠ ᠰᠦᠯᠵᠢᠶᠡᠨ ᠳᠡᠭᠡᠷᠡᠬᠢ ᠵᠢ ᠬᠠᠷᠢᠯᠴᠠᠨ ᠤᠶᠠᠯᠳᠤᠭᠤᠯᠬᠤ ᠬᠡᠯᠪᠡᠷᠢ᠎ᠪᠠᠷ ᠶᠠᠪᠤᠭᠳᠠᠭᠤᠯᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ᠂ ᠣᠢ ᠰᠢᠭᠤᠢ ᠡᠪᠡᠰᠦ ᠪᠡᠯᠴᠢᠭᠡᠷ᠎ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠵᠢᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠥᠳ ᠠᠵᠢᠯ᠎ᠤᠨ ᠪᠣᠳᠠᠲᠤ ᠪᠠᠶ᠋ᠢᠳᠠᠯ ᠪᠠ ᠨᠡᠢ᠌ᠲᠡᠯᠢᠭ ᠬᠡᠷᠡᠭ᠎ᠤᠨ ᠵᠢᠱ᠌ᠢᠶ᠎ᠡ᠎ᠲᠠᠢ᠎ᠪᠠᠨ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠰᠤᠷᠤᠯᠴᠠᠨ ᠲᠤᠭᠤᠰᠯᠠᠭᠤᠯᠬᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠵᠢ ᠴᠢᠩᠭ᠋ᠠᠳᠬᠠᠬᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ ᠵᠡᠷᠭᠡ ᠠᠭᠤᠯᠭ᠎ᠠ ᠵᠢᠨ ᠲᠣᠭᠣᠷᠢᠨ᠎ᠳᠤ ᠬᠢᠴᠢᠶᠡᠯ ᠣᠷᠣᠪᠠ᠃

图片02.jpg


      ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠎ᠤ ᠨᠠᠮ᠎ᠤᠨ ᠬᠣᠷᠢᠶ᠎ᠠ ᠵᠢᠨ ᠱᠦᠵᠢ ᠪᠣᠯᠣᠨ ᠡᠯ᠎ᠡ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶᠠᠨ ᠳᠠᠷᠤᠭ᠎ᠠ ᠪᠣᠯᠪᠠᠰᠤᠷᠠᠯ᠎ᠳᠤ ᠣᠷᠣᠯᠴᠠᠪᠠ᠃

 

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠣᠨ ᠰᠠᠷ᠎ᠠ ᠤᠭ ᠰᠠᠨᠠᠭ᠎ᠠ ᠵᠢ ᠭᠡᠷᠡᠴᠢᠯᠡᠨ ᠢᠷᠠᠭᠤ ᠠᠯᠳᠠᠷᠲᠠᠢ᠎ᠪᠠᠷ ᠠᠮᠠᠷᠠᠵᠤ ᠵᠠᠯᠠᠭᠤ ᠨᠠᠰᠤᠨ᠎ᠳᠠᠭᠠᠨ ᠬᠦᠨᠳᠦᠳᠬᠡᠯ ᠳᠡᠪᠰᠢᠭᠦᠯᠦᠶ᠎ᠡ — ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠢᠷᠠᠭᠤ ᠠᠯᠳᠠᠷᠲᠠᠢ᠎ᠪᠠᠷ ᠠᠵᠢᠯ᠎ᠠᠴᠠ᠎ᠪᠠᠨ ᠠᠮᠠᠷᠠᠬᠤ ᠶᠣᠰᠣᠯᠠᠯ ᠶᠠᠪᠤᠭᠤᠯᠪᠠ
2024 ᠥᠪᠥᠷ ᠮᠣᠩᠭᠣᠯ᠎ᠤᠨ ᠠᠮᠢ ᠠᠬᠤᠢ ᠵᠢᠨ ᠤᠳᠬ᠎ᠠ ᠵᠣᠬᠢᠶᠠᠯ᠎ᠤᠨ ᠭᠠᠷᠠᠭ ᠵᠢᠴᠢ ᠠᠮᠢ ᠠᠬᠤᠢ ᠵᠢᠨ ᠤᠳᠬ᠎ᠠ ᠵᠣᠬᠢᠶᠠᠯ᠎ᠤᠨ ᠨᠡᠷᠡᠲᠦ ᠵᠣᠬᠢᠶᠠᠯᠴᠢᠳ᠎ᠤᠨ ᠰᠢᠯᠢ ᠵᠢᠨ ᠭᠣᠣᠯ᠎ᠤᠨ ᠠᠶᠠᠯᠠᠯ ᠰᠢᠯᠢᠩᠬᠣᠲᠠ᠎ᠳᠤ ᠡᠬᠢᠯᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢ᠌ᠭᠤᠯᠵᠤ 《ᠠᠴᠢ ᠬᠠᠷᠢᠭᠤᠯᠠᠵᠤ ᠡᠷᠡᠯᠬᠡᠭᠯᠡᠨ ᠲᠡᠮᠡᠦᠯᠵᠦ ᠨᠠᠮ ᠵᠶ᠋ᠠᠨ᠎ᠲᠠᠭᠠᠨ ᠤᠷᠤᠭᠰᠢᠯᠠᠶ᠎ᠠ》 ᠭᠡᠬᠦ ᠭᠣᠣᠯ ᠰᠡᠳᠦᠪᠲᠦ ᠦᠵᠡᠭᠦᠯᠭᠡ ᠵᠢ ᠲᠣᠭᠣᠷᠢᠨ  ᠦᠵᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠡᠷᠬᠢᠯᠡᠪᠡ
 
             蒙ICP备05000248号