ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
2024 ᠥᠪᠥᠷ ᠮᠣᠩᠭᠣᠯ᠎ᠤᠨ ᠠᠮᠢ ᠠᠬᠤᠢ ᠵᠢᠨ ᠤᠳᠬ᠎ᠠ ᠵᠣᠬᠢᠶᠠᠯ᠎ᠤᠨ ᠭᠠᠷᠠᠭ ᠵᠢᠴᠢ ᠠᠮᠢ ᠠᠬᠤᠢ ᠵᠢᠨ ᠤᠳᠬ᠎ᠠ ᠵᠣᠬᠢᠶᠠᠯ᠎ᠤᠨ ᠨᠡᠷᠡᠲᠦ ᠵᠣᠬᠢᠶᠠᠯᠴᠢᠳ᠎ᠤᠨ ᠰᠢᠯᠢ ᠵᠢᠨ ᠭᠣᠣᠯ᠎ᠤᠨ ᠠᠶᠠᠯᠠᠯ ᠰᠢᠯᠢᠩᠬᠣᠲᠠ᠎ᠳᠤ ᠡᠬᠢᠯᠡᠪᠡ
ᠨᠡᠶ᠋ᠢᠲᠡᠯᠡᠭᠰᠡᠨ ᠴᠠᠭ᠄ 2024-08-15

      8 ᠰᠠᠷ᠎ᠠ ᠵᠢᠨ 10᠎ᠤ ᠡᠳᠦᠷ᠂ 2024 ᠥᠪᠥᠷ ᠮᠣᠩᠭᠣᠯ᠎ᠤᠨ ᠠᠮᠢ ᠠᠬᠤᠢ ᠵᠢᠨ ᠤᠳᠬ᠎ᠠ ᠵᠣᠬᠢᠶᠠᠯ᠎ᠤᠨ ᠭᠠᠷᠠᠭ ᠵᠢᠴᠢ ᠠᠮᠢ ᠠᠬᠤᠢ ᠵᠢᠨ ᠤᠳᠬ᠎ᠠ ᠵᠣᠬᠢᠶᠠᠯ᠎ᠤᠨ ᠨᠡᠷᠡᠲᠦ ᠵᠣᠬᠢᠶᠠᠯᠴᠢᠳ᠎ᠤᠨ ᠰᠢᠯᠢ ᠵᠢᠨ ᠭᠣᠣᠯ᠎ᠤᠨ ᠠᠶᠠᠯᠠᠯ᠎ᠤᠨ ᠠᠵᠢᠯᠯᠠᠭ᠎ᠠ ᠰᠢᠯᠢᠩᠬᠣᠲᠠ᠎ᠳᠤ ᠡᠬᠢᠯᠡᠪᠡ᠃ ᠥᠪᠥᠷ ᠮᠣᠩᠭᠣᠯ᠎ᠤᠨ ᠤᠳᠬ᠎ᠠ ᠤᠷᠠᠯᠢᠭ᠎ᠤᠨ ᠬᠣᠯᠪᠣᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠡᠷᠢᠭᠦᠯᠡᠭᠴᠢ ᠵᠢᠢ ᠰᠢᠶᠣᠣ ᠴᠢᠩ ᠡᠬᠢᠯᠡᠯᠲᠡ ᠵᠢᠨ ᠶᠣᠰᠣᠯᠠᠯ᠎ᠳᠤ ᠣᠷᠣᠯᠴᠠᠭᠰᠠᠨ ᠪᠥᠭᠡᠳ ᠦᠨᠳᠦᠰᠦᠨ ᠱᠠᠲᠤᠨ᠎ᠤ ᠠᠮᠢᠳᠤᠷᠠᠯ᠎ᠳᠤ ᠭᠦᠨᠵᠡᠭᠡᠢ᠌ᠷᠡᠬᠦ ᠪᠦᠯᠬᠦᠮ᠎ᠳᠤ ᠲᠤᠭ ᠭᠠᠷᠳᠠᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠤᠬᠠᠭᠤᠯᠭ᠎ᠠ ᠬᠥᠮᠦᠵᠢᠯ᠎ᠤᠨ ᠵᠤᠷᠭ᠋ᠠᠨ᠎ᠤ ᠤᠤᠯ᠎ᠤᠨ ᠳᠠᠷᠤᠭ᠎ᠠ ᠯᠢᠦ ᠶᠢᠦ ᠪᠢᠨ ᠤᠷᠢᠯᠭ᠎ᠠ᠎ᠪᠠᠷ ᠡᠬᠢᠯᠡᠯᠲᠡ ᠵᠢᠨ ᠶᠣᠰᠣᠯᠠᠯ᠎ᠳᠤ ᠣᠷᠣᠯᠴᠠᠭᠰᠠᠨ ᠪᠥᠭᠡᠳ ᠲᠤᠰᠬᠠᠢ ᠮᠡᠷᠭᠡᠵᠢᠯᠲᠡᠨ ᠵᠣᠬᠢᠶᠠᠯᠴᠢ ᠵᠢ ᠲᠥᠯᠥᠭᠡᠯᠡᠨ ᠶᠠᠷᠢᠶ᠎ᠠ ᠲᠠᠯᠪᠢᠵᠤ᠂ ᠰᠢᠯᠢ ᠵᠢᠨ ᠭᠣᠣᠯ ᠠᠶ᠋ᠢᠮᠠᠭ᠎ᠤᠨ ᠵᠠᠬᠢᠷᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠠᠶ᠋ᠢᠮᠠᠭ᠎ᠤᠨ ᠳᠡᠳ᠋ ᠳᠠᠷᠤᠭ᠎ᠠ ᠶᠠᠩ ᠯᠢ ᠪᠠᠶᠠᠷ᠎ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠫᠧᠢ ᠳ᠋ᠡ ᠱ᠌ᠢ᠂ ᠥᠪᠥᠷ ᠮᠣᠩᠭᠣᠯ᠎ᠤᠨ ᠤᠳᠬ᠎ᠠ ᠤᠷᠠᠯᠢᠭ᠎ᠤᠨ ᠬᠣᠯᠪᠣᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠶᠠᠨ ᠶᠠᠨ ᠶᠠᠷᠢᠶ᠎ᠠ ᠲᠠᠯᠪᠢᠵᠠᠢ᠃

图片01.jpg

      ᠶᠠᠩ ᠯᠢ ᠪᠠᠶᠠᠷ᠎ᠤᠨ ᠦᠭᠡ᠎ᠳᠡᠭᠡᠨ᠂ ᠰᠢᠯᠢ ᠵᠢᠨ ᠭᠣᠣᠯ ᠠᠶ᠋ᠢᠮᠠᠭ ᠪᠣᠯ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ ᠪᠣᠯᠣᠨ᠎ᠠ᠂ ᠮᠠᠨ᠎ᠤ ᠤᠯᠤᠰ᠎ᠤᠨ ᠪᠡᠯᠴᠢᠭᠡᠷ᠎ᠤᠨ ᠳᠦᠷᠦᠯ ᠵᠦᠢ᠍ᠯ ᠪᠠ ᠤᠷᠭᠤᠮᠠᠯ᠎ᠤᠨ ᠬᠤᠴᠢᠯᠭ᠎ᠠ ᠵᠢᠨ ᠳᠦᠷᠦᠯ ᠵᠦᠢ᠍ᠯ ᠵᠶ᠋ᠡᠷ ᠬᠠᠮᠤᠭ᠎ᠤᠨ ᠪᠦᠷᠢᠨ ᠭᠦᠢ᠍ᠴᠡᠳ ᠲᠠᠯ᠎ᠠ ᠨᠤᠲᠤᠭ᠎ᠤᠨ ᠣᠷᠣᠨ ᠪᠣᠯᠣᠨ᠎ᠠ᠂ ᠥᠪᠥᠷ ᠮᠣᠩᠭᠣᠯ ᠴᠢᠨᠠᠭᠰᠢᠯᠠᠪᠠᠯ ᠪᠦᠬᠦ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠣᠨᠴᠠᠭ᠋ᠠᠢ ᠴᠢᠬᠤᠯᠠ ᠪᠠᠶ᠋ᠢᠷᠢ ᠵᠢ ᠡᠵᠡᠯᠡᠵᠦ ᠪᠤᠢ᠃ ᠰᠢᠯᠢ ᠵᠢᠨ ᠭᠣᠣᠯ ᠠᠶ᠋ᠢᠮᠠᠭ ᠲᠤᠰ ᠤᠳᠠᠭ᠎ᠠ ᠵᠢᠨ ᠠᠵᠢᠯᠯᠠᠭ᠎ᠠ᠎ᠪᠠᠷ ᠠᠵᠠ ᠲᠣᠬᠢᠶᠠᠯ ᠪᠣᠯᠭ᠋ᠠᠵᠤ᠂ ᠡᠯ᠎ᠡ ᠤᠳᠬ᠎ᠠ ᠵᠣᠬᠢᠶᠠᠯ᠎ᠤᠨ ᠨᠡᠷᠡᠲᠦ ᠬᠥᠮᠥᠰ᠎ᠤᠨ ᠪᠢᠷ ᠵᠶ᠋ᠠᠷ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠦᠢ᠍ᠯᠡᠳᠦᠯᠭᠡ ᠵᠢᠨ ᠦᠷ᠎ᠡ ᠪᠦᠲᠦᠭᠡᠯ᠎ᠢ ᠭᠦᠨᠵᠡᠭᠡᠢ ᠠᠭᠤᠳᠠᠯᠵᠤ᠂ ᠨᠡᠩ ᠤᠯᠠᠨ ᠨᠡᠩ ᠰᠠᠢ᠍ᠢ᠍ᠨ ᠠᠮᠢ ᠠᠬᠤᠢ ᠵᠢᠨ ᠤᠳᠬ᠎ᠠ ᠵᠣᠬᠢᠶᠠᠯ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠵᠦ᠂ ᠦᠵᠡᠰᠬᠦᠯᠡᠩᠲᠦ ᠰᠠᠢ᠌ᠬᠠᠨ ᠰᠢᠯᠢ ᠵᠢᠨ ᠭᠣᠣᠯ᠎ᠢ ᠪᠦᠲᠦᠭᠡᠨ ᠪᠠᠢ᠌ᠭᠤᠯᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠪᠡ᠃
      ᠫᠧᠢ ᠳ᠋ᠡ ᠱ᠌ᠢ ᠶᠠᠷᠢᠶᠠᠨ᠎ᠳᠠᠭᠠᠨ᠂ ᠠᠮᠢ ᠠᠬᠤᠢ ᠵᠢᠨ ᠰᠣᠶᠣᠯ ᠪᠣᠯ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠰᠣᠶᠣᠯ᠎ᠤᠨ ᠴᠢᠬᠤᠯᠠ ᠪᠦᠷᠢᠯᠳᠦᠬᠦᠨ ᠬᠡᠰᠡᠭ ᠮᠥᠨ᠂ ᠠᠮᠢ ᠠᠬᠤᠢ ᠵᠢᠨ ᠤᠳᠬ᠎ᠠ ᠵᠣᠬᠢᠶᠠᠯ᠎ᠢ ᠴᠡᠴᠡᠭᠯᠡᠭᠦᠯᠦᠨ ᠬᠥᠭᠵᠢᠭᠦᠯᠬᠦ ᠪᠣᠯ ᠠᠮᠢ ᠠᠬᠤᠢ ᠵᠢᠨ ᠰᠣᠶᠣᠯ᠎ᠢ ᠪᠣᠢ᠌ᠵᠢᠭᠤᠯᠤᠨ ᠪᠠᠳᠠᠷᠠᠭᠤᠯᠬᠤ ᠵᠢᠨ ᠬᠦᠴᠦᠲᠡᠢ ᠲᠤᠯᠭ᠋ᠠᠭᠤᠷᠢᠯᠠᠯ ᠮᠥᠨ᠃ ᠥᠪᠥᠷ ᠮᠣᠩᠭᠣᠯ ᠪᠣᠯ ᠮᠠᠨ᠎ᠤ ᠤᠯᠤᠰ᠎ᠤᠨ ᠤᠮᠠᠷᠠᠲᠤ ᠵᠢᠨ ᠲᠠᠯᠠᠪᠠᠶ᠎ᠪᠠᠷ ᠬᠠᠮᠤᠭ᠎ᠤᠨ ᠶᠡᠬᠡ᠂ ᠲᠥᠷᠥᠯ ᠵᠦᠢ᠍ᠯ ᠵᠶ᠋ᠡᠷ ᠬᠠᠮᠤᠭ᠎ᠤᠨ ᠪᠦᠷᠢᠨ ᠠᠮᠢ ᠠᠬᠤᠢ ᠵᠢᠨ ᠴᠢᠳᠠᠮᠵᠢᠲᠤ ᠣᠷᠣᠨ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠠᠮᠢ ᠠᠬᠤᠢ ᠵᠢᠨ ᠤᠳᠬ᠎ᠠ ᠵᠣᠬᠢᠶᠠᠯ᠎ᠤᠨ ᠵᠣᠬᠢᠶᠠᠨ ᠪᠦᠲᠦᠭᠡᠯᠭᠡ ᠵᠢᠨ ᠰᠢᠮᠡᠯᠢᠭ ᠬᠥᠷᠥᠰᠥ ᠪᠣᠯᠣᠨ᠎ᠠ᠃ ᠡᠯ᠎ᠡ ᠵᠣᠬᠢᠶᠠᠯᠴᠢ ᠡᠷᠳᠡᠮᠲᠡᠳ ᠲᠤᠰ ᠤᠳᠠᠭ᠎ᠠ ᠵᠢᠨ ᠠᠵᠢᠯᠯᠠᠭ᠎ᠠ ᠵᠢ ᠠᠰᠢᠭᠯᠠᠨ᠂ ᠤᠷᠠᠨ ᠵᠣᠬᠢᠶᠠᠯ᠎ᠤᠨ ᠪᠦᠲᠦᠭᠡᠯ ᠵᠶ᠋ᠡᠷ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠠᠢ᠌ᠯᠪᠤᠷᠢᠯᠠᠵᠤ᠂ ᠥᠪᠥᠷ ᠮᠣᠩᠭᠣᠯ᠎ᠤᠨ ᠠᠭᠤᠯᠠ ᠤᠰᠤᠨ᠎ᠤ ᠭᠤᠶᠤ ᠰᠠᠢ᠌ᠬᠠᠨ᠎ᠢ ᠠᠮᠢᠳᠤᠯᠢᠭ ᠵᠶ᠋ᠠᠷ ᠵᠢᠷᠤᠭᠯᠠᠵᠤ᠂ ᠥᠪᠥᠷ ᠮᠣᠩᠭᠣᠯ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠥᠯᠢᠭᠡᠷ᠎ᠢ ᠭᠦᠨ ᠰᠡᠳᠬᠢᠯᠭᠡ᠎ᠲᠠᠢ᠎ᠪᠠᠷ ᠰᠠᠶ᠋ᠢᠲᠤᠷ ᠶᠠᠷᠢᠵᠤ᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠪᠦᠬᠦ ᠠᠷᠠᠳ᠎ᠤᠨ ᠠᠵᠢᠯᠯᠠᠭ᠋ᠠᠨ᠎ᠤ ᠰᠢᠰᠲ᠋ᠧᠮ᠎ᠢ ᠪᠠᠢ᠌ᠭᠤᠯᠬᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭᠲᠠᠷᠠᠭᠤᠯᠬᠤ ᠵᠢ ᠬᠦᠰᠡᠵᠦ ᠪᠠᠢ᠌ᠨ᠎ᠠ ᠭᠡᠵᠦ ᠵᠢᠭ᠋ᠠᠵᠤ ᠭᠠᠷᠭ᠋ᠠᠪᠠ᠃
      ᠶᠠᠨ ᠶᠠᠨ ᠶᠠᠷᠢᠶᠠᠨ᠎ᠳᠠᠭᠠᠨ᠂ ᠤᠳᠬ᠎ᠠ ᠵᠣᠬᠢᠶᠠᠯ ᠪᠠ ᠠᠮᠢ ᠠᠬᠤᠢ ᠬᠠᠷᠢᠯᠴᠠᠨ ᠨᠥᠬᠥᠴᠡᠯᠳᠦᠵᠦ᠂ ᠠᠮᠢ ᠠᠬᠤᠢ᠎ᠨᠢ ᠤᠳᠬ᠎ᠠ ᠵᠣᠬᠢᠶᠠᠯ᠎ᠳᠤ ᠡᠯᠪᠡᠭ ᠪᠠᠶᠠᠯᠢᠭ ᠪᠣᠷᠣ ᠮᠠᠲ᠋ᠧᠷᠢᠶᠠᠯ ᠪᠠ ᠠᠪᠢᠶᠠᠰ ᠪᠢᠯᠢᠭ᠎ᠤᠨ ᠢᠷᠡᠯᠲᠡ ᠵᠢ ᠬᠠᠩᠭ᠋ᠠᠵᠤ᠂ ᠤᠳᠬ᠎ᠠ ᠵᠣᠬᠢᠶᠠᠯ᠎ᠨᠢ ᠠᠮᠢ ᠠᠬᠤᠢ᠎ᠳᠤ ᠴᠢᠬᠤᠯᠠ ᠲᠤᠰᠬᠠᠯ ᠪᠠ ᠠᠬᠢᠭᠤᠯᠬᠤ ᠦᠢ᠍ᠯᠡᠳᠦᠯ᠎ᠲᠠᠢ ᠶᠤᠮ᠃ ᠤᠷᠳᠤ ᠬᠤᠭᠤᠴᠠᠭ᠋ᠠᠨ᠎ᠤ ᠲᠤᠷᠰᠢ᠂ ᠥᠪᠥᠷ ᠮᠣᠩᠭᠣᠯ᠎ᠤᠨ ᠤᠳᠬ᠎ᠠ ᠤᠷᠠᠯᠢᠭ᠎ᠤᠨ᠎ᠬᠢᠨ᠎ᠤ ᠬᠣᠯᠪᠣᠭ᠎ᠠ᠂ ᠥᠪᠥᠷ ᠮᠣᠩᠭᠣᠯ᠎ᠤᠨ ᠵᠣᠬᠢᠶᠠᠯᠴᠢᠳ᠎ᠤᠨ ᠡᠪᠯᠡᠯ᠎ᠤᠨ᠎ᠬᠢᠨ ᠠᠮᠢ ᠠᠬᠤᠢ ᠵᠢᠨ ᠤᠳᠬ᠎ᠠ ᠵᠣᠬᠢᠶᠠᠯ᠎ᠢ ᠴᠡᠴᠡᠭᠯᠡᠭᠦᠯᠦᠨ ᠬᠥᠭᠵᠢᠭᠦᠯᠬᠦ ᠵᠢ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠴᠢᠬᠤᠯᠠ ᠠᠭᠤᠯᠭ᠎ᠠ ᠪᠣᠯᠭ᠋ᠠᠵᠤ᠂ ᠰᠡᠳᠦᠪ ᠰᠣᠩᠭᠣᠬᠤ ᠲᠥᠰᠥᠪᠯᠡᠯ ᠵᠶ᠋ᠡᠨ ᠴᠢᠩᠭ᠋ᠠᠳᠬᠠᠵᠤ᠂ ᠠᠮᠢ ᠠᠬᠤᠢ ᠵᠢᠨ ᠤᠳᠬ᠎ᠠ ᠵᠣᠬᠢᠶᠠᠯ᠎ᠤᠨ ᠭᠣᠣᠯ ᠰᠡᠳᠦᠪᠲᠦ ᠠᠵᠢᠯᠯᠠᠭ᠎ᠠ᠂ ᠶᠠᠷᠢᠶᠠᠨ᠎ᠤ ᠲᠠᠪᠴᠠᠩ᠎ᠢ ᠤᠯᠠᠨ ᠲᠠᠯᠠᠪᠠᠢ ᠡᠷᠬᠢᠯᠡᠵᠦ᠂ ᠥᠷᠭᠡᠨ ᠤᠯᠠᠨ ᠵᠣᠬᠢᠶᠠᠯᠴᠢᠳ᠎ᠢ ᠬᠥᠲᠥᠯᠥᠨ ᠳᠠᠭ᠋ᠠᠭᠤᠯᠵᠤ ᠪᠠᠶ᠋ᠢᠭ᠋ᠠᠳ ᠥᠪᠥᠷ ᠮᠣᠩᠭᠣᠯ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠦᠷ᠎ᠡ ᠪᠦᠲᠦᠭᠡᠯ ᠪᠣᠯᠣᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠡᠷᠢᠭᠦᠨ᠎ᠤ ᠦᠢ᠍ᠯᠡ ᠠᠵᠢᠯᠯᠠᠭ᠎ᠠ ᠵᠢ ᠳᠡᠯᠭᠡᠨ ᠦᠵᠡᠭᠦᠯᠦᠭᠰᠡᠨ ᠠᠯᠢ ᠤᠯᠠᠨ ᠰᠢᠯᠢᠳᠡᠭ ᠤᠷᠠᠨ ᠵᠣᠬᠢᠶᠠᠯ᠎ᠤᠨ ᠪᠦᠲᠦᠭᠡᠯ᠎ᠢ ᠪᠦᠲᠦᠭᠡᠵᠡᠢ᠃ ᠲᠤᠰ ᠤᠳᠠᠭ᠋ᠠᠨ᠎ᠤ ᠠᠵᠢᠯᠯᠠᠭ᠎ᠠ᠎ᠨᠢ ᠠᠮᠢ ᠠᠬᠤᠢ ᠵᠢᠨ ᠤᠳᠬ᠎ᠠ ᠵᠣᠬᠢᠶᠠᠯ᠎ᠤᠨ ᠬᠥᠭᠵᠢᠯᠲᠡ᠎ᠳᠤ ᠥᠪᠡᠷᠮᠢᠴᠡ ᠣᠨᠴᠠᠯᠢᠭ ᠪᠦᠬᠦᠢ ᠰᠣᠶᠣᠯ᠎ᠤᠨ ᠬᠠᠷᠠᠭ᠋ᠠᠰᠤ ᠪᠠ ᠣᠶᠤᠨ ᠰᠠᠨᠠᠭ᠋ᠠᠨ᠎ᠤ ᠠᠭᠤᠯᠬᠤᠨ ᠬᠠᠩᠭ᠋ᠠᠬᠤ ᠵᠢ ᠬᠦᠰᠡᠵᠦ ᠪᠠᠢ᠌ᠨ᠎ᠠ ᠭᠡᠵᠡᠢ᠃
      ᠯᠢᠦ ᠶᠢᠤ ᠪᠢᠨ ᠶᠠᠷᠢᠶᠠᠨ᠎ᠳᠠᠭᠠᠨ᠂ ᠶᠡᠷᠦᠩᠬᠡᠢ ᠱᠦᠵᠢ ᠰᠢ ᠵᠢᠨ ᠫᠢᠩ ᠠᠮᠢ ᠠᠬᠤᠢ ᠵᠢᠨ ᠥᠷᠲᠡᠭ᠎ᠤᠨ ᠦᠵᠡᠯᠲᠡ᠎ᠪᠠᠷ ᠪᠠᠷᠢᠮᠵᠢᠶ᠎ᠠ ᠪᠣᠯᠭ᠋ᠠᠭᠰᠠᠨ ᠠᠮᠢ ᠠᠬᠤᠢ ᠵᠢᠨ ᠰᠣᠶᠣᠯ᠎ᠤᠨ ᠰᠢᠰᠲ᠋ᠧᠮ᠎ᠢ ᠲᠦᠷᠭᠡᠪᠴᠢᠯᠡᠨ ᠪᠠᠢ᠌ᠭᠤᠯᠤᠨ ᠲᠡᠭᠦᠯᠳᠡᠷᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠨᠡᠢ᠌ᠲᠡᠯᠡᠭᠰᠡᠨ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠬᠤ ᠲᠤᠬᠠᠢ ᠰᠠᠨᠠᠯ》᠎ᠳᠤ ᠨᠢᠭᠡ ᠪᠦᠯᠦᠭ ᠠᠮᠢ ᠠᠬᠤᠢ ᠵᠢᠨ ᠤᠳᠬ᠎ᠠ ᠵᠣᠬᠢᠶᠠᠯ᠎ᠤᠨ ᠰᠣᠳᠣᠨ ᠪᠦᠲᠦᠭᠡᠯ᠎ᠢ ᠭᠠᠷᠭ᠋ᠠᠵᠤ᠂ ᠠᠮᠢ ᠠᠬᠤᠢ ᠵᠢᠨ ᠰᠣᠶᠣᠯ᠎ᠤᠨ ᠴᠡᠴᠡᠭᠯᠡᠯ ᠬᠥᠭᠵᠢᠯ᠎ᠢ ᠠᠬᠢᠭᠤᠯᠤᠨ᠎ᠠ ᠭᠡᠵᠦ ᠲᠣᠳᠣᠷᠬᠠᠢ ᠳᠤᠷᠠᠳᠴᠠᠢ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠂ ᠳᠤᠮᠳᠠᠳᠤ ᠤᠯᠤᠰ᠎ᠤᠨ ᠵᠣᠬᠢᠶᠠᠯᠴᠢᠳ᠎ᠤᠨ ᠡᠪᠯᠡᠯ 《ᠰᠢᠨ᠎ᠡ ᠴᠠᠭ ᠦᠶ᠎ᠡ ᠵᠢᠨ ᠠᠮᠢ ᠠᠬᠤᠢ ᠵᠢᠨ ᠤᠳᠬ᠎ᠠ ᠵᠣᠬᠢᠶᠠᠯ᠎ᠤᠨ ᠴᠡᠴᠡᠭᠯᠡᠯ ᠬᠥᠭᠵᠢᠯ᠎ᠢ ᠠᠬᠢᠭᠤᠯᠬᠤ ᠲᠤᠬᠠᠢ ᠵᠢᠯᠤᠭᠣᠳᠬᠤ ᠰᠠᠨᠠᠯ》᠎ᠢ ᠲᠤᠰᠬᠠᠢ᠌ᠯᠠᠨ ᠳᠠᠷᠤᠮᠠᠯᠯᠠᠨ ᠲᠠᠷᠬᠠᠭ᠋ᠠᠵᠤ᠂ ᠠᠮᠢ ᠠᠬᠤᠢ ᠵᠢᠨ ᠤᠳᠬ᠎ᠠ ᠵᠣᠬᠢᠶᠠᠯ᠎ᠤᠨ ᠵᠣᠬᠢᠶᠠᠨ ᠪᠦᠲᠦᠭᠡᠯᠭᠡ ᠶᠡᠬᠡ ᠰᠠᠢ᠍ᠢ᠍ᠨ ᠲᠡᠦᠬᠡ ᠵᠢᠨ ᠠᠵᠠ ᠲᠣᠬᠢᠶᠠᠯ᠎ᠢ ᠤᠭᠲᠤᠨ ᠠᠪᠴᠢᠷᠠᠪᠠ᠃ ᠳᠤᠮᠳᠠᠳᠤ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠠᠮᠢᠳᠤᠯᠢᠭ ᠦᠢ᠍ᠯᠡᠳᠦᠯᠭᠡ᠎ᠨᠢ ᠯᠠᠪᠲᠠᠢ ᠵᠣᠬᠢᠶᠠᠯᠴᠢᠳ᠎ᠤᠨ ᠵᠣᠬᠢᠶᠠᠨ ᠪᠦᠲᠦᠭᠡᠬᠦ ᠠᠪᠢᠶᠠᠰ ᠪᠢᠯᠢᠭ᠎ᠢ ᠬᠥᠭᠵᠢᠭᠡᠵᠦ᠂ ᠠᠷᠠᠳ ᠤᠯᠠᠨ᠎ᠳᠤ ᠨᠡᠩ ᠤᠯᠠᠨ ᠴᠢᠨᠠᠷ ᠰᠠᠢ᠌ᠲᠠᠢ ᠰᠢᠯᠢᠳᠡᠭ ᠪᠦᠲᠦᠭᠡᠯ᠎ᠢ ᠬᠠᠩᠭ᠋ᠠᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ᠎ᠳᠤ ᠤᠳᠬ᠎ᠠ ᠵᠣᠬᠢᠶᠠᠯ᠎ᠤᠨ ᠬᠦᠴᠦᠨ ᠴᠢᠳᠠᠯ ᠵᠶ᠋ᠠᠨ ᠡᠷᠭᠦᠬᠦ ᠶᠤᠮ ᠭᠡᠪᠡ᠃

图片02.jpg

      ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠪᠦᠯᠦᠭ᠎ᠤᠨ ᠠᠮᠢ ᠠᠬᠤᠢ ᠵᠢᠨ ᠤᠳᠬ᠎ᠠ ᠵᠣᠬᠢᠶᠠᠯ᠎ᠤᠨ ᠲᠠᠨᠢᠯᠴᠠᠭᠤᠯᠭ᠎ᠠ ᠵᠢᠨ ᠨᠣᠮ᠎ᠤᠨ ᠭᠠᠷᠴᠠᠭ᠎ᠢ ᠨᠡᠢ᠌ᠲᠡᠯᠡᠵᠦ᠂ ᠥᠪᠥᠷ ᠮᠣᠩᠭᠣᠯ᠎ᠤᠨ ᠠᠮᠢ ᠠᠬᠤᠢ ᠵᠢᠨ ᠤᠳᠬ᠎ᠠ ᠵᠣᠬᠢᠶᠠᠯ᠎ᠤᠨ ᠪᠦᠲᠦᠭᠡᠯ᠎ᠤᠨ ᠦᠵᠡᠰᠬᠦᠯᠡᠩ᠂ ᠤᠯᠤᠰ᠎ᠤᠨ ᠳᠣᠲᠣᠭ᠋ᠠᠳᠤ ᠵᠢᠨ ᠠᠮᠢ ᠠᠬᠤᠢ ᠵᠢᠨ ᠤᠳᠬ᠎ᠠ ᠵᠣᠬᠢᠶᠠᠯ᠎ᠤᠨ ᠠᠯᠳᠠᠷᠲᠤ ᠵᠣᠬᠢᠶᠠᠯᠴᠢ ᠲᠤᠰᠬᠠᠢ ᠮᠡᠷᠭᠡᠵᠢᠯᠲᠡᠨ᠎ᠤ ᠬᠣᠭᠤᠷᠤᠨᠳᠤᠬᠢ ᠶᠠᠷᠢᠯᠴᠠᠭ᠎ᠠ ᠵᠢᠨ ᠬᠤᠷᠠᠯ ᠵᠢᠴᠢ ᠲᠤᠬᠠᠢ ᠵᠢᠨ ᠭᠠᠵᠠᠷ᠎ᠤᠨ ᠵᠣᠬᠢᠶᠠᠯᠴᠢᠳ᠎ᠲᠠᠢ ᠨᠢᠭᠤᠷᠲᠠᠨ ᠡᠬᠡ ᠪᠢᠴᠢᠭ ᠥᠭᠡᠷᠡᠴᠢᠯᠡᠬᠦ ᠬᠤᠷᠠᠯ᠎ᠢ ᠡᠷᠬᠢᠯᠡᠪᠡ᠃ ᠰᠢᠦᠢ ᠺᠧ᠂ ᠱ᠌ᠢ ᠢ ᠨᠢᠩ᠂ ᠶᠠᠩ ᠬᠠᠢ ᠳ᠋ᠢ᠂ ᠲᠦᠩ ᠰᠢᠨ᠂ ᠸᠠᠩ ᠵᠢᠶᠠᠨ ᠪᠢᠩ᠂ ᠯᠢ ᠴᠢᠩ ᠰᠥᠩ᠂ ᠴᠧᠨ ᠵᠢᠢ ᠮᠢᠩ᠂ ᠠᠢ ᠫᠢᠩ᠂ ᠬᠠᠢ᠌ᠯᠠᠭ᠋ᠠᠨ᠂ ᠯᠢᠦ ᠬᠤᠸᠠ ᠴᠦᠨ᠂ ᠶᠠᠨ ᠨᠠᠨ ᠹᠧᠢ ᠵᠡᠷᠭᠡ ᠪᠥᠬᠥ ᠤᠯᠤᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠨᠡᠷᠡᠲᠦ ᠵᠣᠬᠢᠶᠠᠯᠴᠢ᠂ ᠲᠤᠰᠬᠠᠢ ᠮᠡᠷᠭᠡᠵᠢᠯᠲᠡᠨ 3 ᠡᠳᠦᠷ᠎ᠤᠨ ᠴᠠᠭ᠎ᠢ ᠠᠰᠢᠭᠯᠠᠨ ᠰᠢᠯᠢᠩᠬᠣᠲᠠ᠂ ᠰᠢᠯᠤᠭᠤᠨ ᠬᠥᠬᠡ ᠬᠣᠰᠢᠭᠤ᠂ ᠲᠤᠯᠤᠨ ᠨᠠᠭᠤᠷ ᠰᠢᠶᠠᠨ᠎ᠳᠤ ᠭᠦᠨᠵᠡᠭᠡᠢ᠌ᠷᠡᠵᠦ᠂ ᠴᠦᠯᠯᠡᠷᠬᠡᠭᠵᠢᠯ᠎ᠢ ᠵᠠᠰᠠᠬᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ᠂ ᠪᠣᠬᠢᠷᠲᠤᠯ ᠦᠭᠡᠢ ᠬᠥᠭᠵᠢᠯᠲᠡ ᠵᠡᠷᠭᠡ ᠭᠣᠣᠯ ᠰᠡᠳᠦᠪ᠎ᠤᠨ ᠲᠣᠭᠣᠷᠢᠨ᠎ᠳᠤ ᠠᠮᠢ ᠠᠬᠤᠢ ᠵᠢᠨ ᠤᠳᠬ᠎ᠠ ᠵᠣᠬᠢᠶᠠᠯ᠎ᠤᠨ ᠰᠣᠷᠪᠤᠯᠵᠢᠯᠠᠭ᠎ᠠ ᠵᠢᠨ ᠵᠣᠬᠢᠶᠠᠨ ᠪᠦᠲᠦᠭᠡᠬᠦ ᠠᠵᠢᠯᠯᠠᠭ᠎ᠠ ᠵᠢ ᠥᠷᠨᠢᠭᠦᠯᠵᠦ᠂ ᠬᠡᠰᠡᠭ ᠲᠥᠪ᠂ ᠥᠪᠡᠷᠲᠡᠭᠡᠨ ᠵᠠᠰᠠᠬᠤ ᠣᠷᠣᠨ᠎ᠤ ᠭᠣᠣᠯ ᠵᠠᠭᠤᠴᠢᠯᠠᠭᠤᠷ᠎ᠤᠨ᠎ᠬᠢᠨ ᠪᠦᠯᠬᠦᠮ᠎ᠢ ᠲᠠᠭ᠋ᠠᠵᠤ ᠮᠡᠳᠡᠭᠡᠯᠡᠨ᠎ᠡ᠃

图片03.jpg

      ᠲᠣᠰ ᠤᠳᠠᠭ᠋ᠠᠨ᠎ᠤ ᠠᠵᠢᠯᠯᠠᠭ᠎ᠠ ᠵᠢ ᠥᠪᠥᠷ ᠮᠣᠩᠭᠣᠯ᠎ᠤᠨ ᠤᠳᠬ᠎ᠠ ᠤᠷᠠᠯᠢᠭ᠎ᠤᠨ᠎ᠬᠢᠨ᠎ᠤ ᠬᠣᠯᠪᠣᠭ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠂ ᠰᠢᠯᠢ ᠵᠢᠨ ᠭᠣᠣᠯ ᠠᠶ᠋ᠢᠮᠠᠭ᠎ᠤᠨ ᠵᠠᠬᠢᠷᠭ᠎ᠠ᠎ᠠᠴᠠ ᠬᠠᠮᠲᠤᠷᠠᠨ ᠡᠷᠭᠢᠯᠡᠪᠡ᠃ ᠥᠪᠥᠷ ᠮᠣᠩᠭᠣᠯ᠎ᠤᠨ ᠵᠣᠬᠢᠶᠠᠯᠴᠢᠳ᠎ᠤᠨ ᠡᠪᠯᠡᠯ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠤᠬᠠᠭᠤᠯᠭ᠎ᠠ ᠬᠥᠮᠦᠵᠢᠯ᠎ᠤᠨ ᠲᠥᠪ᠂ ᠥᠪᠥᠷ ᠮᠣᠩᠭᠣᠯ᠎ᠤᠨ ᠤᠳᠬ᠎ᠠ ᠵᠣᠬᠢᠶᠠᠯ᠎ᠤᠨ ᠣᠷᠳᠣᠨ᠂ ᠰᠢᠯᠢ ᠵᠢᠨ ᠭᠣᠣᠯ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠂ ᠰᠢᠯᠢ ᠵᠢᠨ ᠭᠣᠣᠯ ᠠᠶ᠋ᠢᠮᠠᠭ᠎ᠤᠨ ᠤᠳᠬ᠎ᠠ ᠤᠷᠠᠯᠢᠭ᠎ᠤᠨ᠎ᠬᠢᠨ᠎ᠤ ᠬᠣᠯᠪᠣᠭ᠎ᠠ ᠬᠠᠮᠲᠤᠷᠠᠨ ᠳᠠᠭ᠋ᠠᠭ᠋ᠠᠨ ᠡᠷᠭᠢᠯᠡᠪᠡ᠃

 

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢ᠌ᠭᠤᠯᠵᠤ 《ᠠᠴᠢ ᠬᠠᠷᠢᠭᠤᠯᠠᠵᠤ ᠡᠷᠡᠯᠬᠡᠭᠯᠡᠨ ᠲᠡᠮᠡᠦᠯᠵᠦ ᠨᠠᠮ ᠵᠶ᠋ᠠᠨ᠎ᠲᠠᠭᠠᠨ ᠤᠷᠤᠭᠰᠢᠯᠠᠶ᠎ᠠ》 ᠭᠡᠬᠦ ᠭᠣᠣᠯ ᠰᠡᠳᠦᠪᠲᠦ ᠦᠵᠡᠭᠦᠯᠭᠡ ᠵᠢ ᠲᠣᠭᠣᠷᠢᠨ  ᠦᠵᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠡᠷᠬᠢᠯᠡᠪᠡ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠰᠦᠨ ᠵᠢᠨ ᠯᠦᠩ 《ᠲᠤᠭ》 ᠰᠡᠳᠬᠦᠯ᠎ᠳᠤ 《〈ᠬᠣᠶᠠᠷ᠎ᠢ ᠬᠠᠮᠠᠭ᠋ᠠᠯᠠᠬᠤ〉 ᠵᠢ ᠰᠠᠶ᠋ᠢᠲᠤᠷ ᠦᠢ᠍ᠯᠡᠳᠦᠯᠭᠡᠵᠢᠭᠦᠯᠬᠦ ᠨᠢᠭᠡᠳᠦᠭᠡᠷ ᠵᠢᠭᠰᠠᠭ᠋ᠠᠯ᠎ᠤᠨ ᠡᠩᠨᠡᠭᠡ ᠪᠣᠯᠵᠤ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠢᠰᠲ᠋ᠧᠮ᠎ᠤᠨ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠶᠠᠰᠤ ᠴᠢᠨᠠᠷ᠎ᠢ ᠪᠦᠬᠦ ᠲᠠᠯ᠎ᠠ᠎ᠪᠠᠷ ᠳᠡᠬᠡᠭᠰᠢᠯᠡᠬᠦᠯᠦᠨ᠎ᠡ》 ᠭᠡᠬᠦ ᠨᠡᠷ᠎ᠡ ᠬᠠᠲᠠᠭᠰᠠᠨ ᠵᠣᠬᠢᠶᠠᠯ ᠨᠡᠢ᠌ᠲᠡᠯᠡᠪᠡ
ᠰᠦᠨ ᠱᠤᠤ ᠴᠧᠩ ᠸᠢᠳᠢᠤ᠋᠎ᠪᠠᠷ ᠬᠣᠯᠪᠣᠭᠳᠠᠬᠤ ᠬᠡᠯᠪᠡᠷᠢ᠎ᠪᠠᠷ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠯᠢᠭᠡᠷ — ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢᠨ ᠵᠡᠭᠦᠨ ᠬᠣᠢ᠌ᠲᠤ ᠣᠷᠣᠨ᠎ᠳᠠᠬᠢ ᠦᠢ᠍ᠯᠡᠳᠦᠯᠭᠡ》 ᠭᠡᠬᠦ ᠲᠤᠰᠬᠠᠢ ᠰᠡᠳᠦᠪᠲᠦ ᠤᠬᠠᠭᠤᠯᠤᠨ ᠲᠠᠨᠢᠯᠴᠠᠭᠤᠯᠬᠤ ᠬᠤᠷᠠᠯ᠎ᠳᠤ ᠣᠷᠣᠯᠴᠠᠪᠠ
 
             蒙ICP备05000248号