7 ᠰᠠᠷ᠎ᠠ ᠵᠢᠨ 26᠎ᠤ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠢᠷᠠᠭᠤ ᠠᠯᠳᠠᠷᠲᠠᠢ᠎ᠪᠠᠷ ᠠᠵᠢᠯ᠎ᠠᠴᠠ᠎ᠪᠠᠨ ᠠᠮᠠᠷᠠᠬᠤ ᠶᠣᠰᠣᠯᠠᠯ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠸᠠᠩ ᠸᠠᠩ ᠱᠧᠩ ᠶᠣᠰᠣᠯᠠᠯ᠎ᠢ ᠡᠷᠬᠢᠯᠡᠪᠡ

ᠢᠷᠠᠭᠤ ᠠᠯᠳᠠᠷᠲᠠᠢ᠎ᠪᠠᠷ ᠠᠵᠢᠯ᠎ᠠᠴᠠ᠎ᠪᠠᠨ ᠠᠮᠠᠷᠠᠬᠤ ᠶᠣᠰᠣᠯᠠᠯ ᠳᠡᠭᠡᠷ᠎ᠡ᠂ ᠸᠠᠩ ᠸᠠᠩ ᠱᠧᠩ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠤᠤᠯ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠵᠦ᠍ ᠵᠢᠶᠠᠨ ᠴᠢᠩ᠂ ᠤᠤᠯ᠎ᠤᠨ ᠨᠢᠭᠡᠳᠦᠭᠡᠷ ᠳᠡᠰ᠎ᠤᠨ ᠪᠠᠢ᠌ᠴᠠᠭ᠋ᠠᠨ ᠰᠤᠳᠤᠯᠤᠭᠴᠢ ᠵᠤᠤ ᠹᠦ᠋ ᠴᠢᠤᠸᠠᠨ ᠬᠣᠶᠠᠷ ᠠᠵᠢᠯ᠎ᠠᠴᠠ᠎ᠪᠠᠨ ᠠᠮᠠᠷᠠᠭᠰᠠᠨ ᠺᠠᠳ᠋ᠷ᠎ᠲᠤ ᠢᠷᠠᠭᠤ ᠠᠯᠳᠠᠷᠲᠠᠢ᠎ᠪᠠᠷ ᠠᠵᠢᠯ᠎ᠠᠴᠠ᠎ᠪᠠᠨ ᠠᠮᠠᠷᠠᠭᠰᠠᠨ ᠳᠤᠷᠠᠰᠬᠠᠯ᠎ᠤᠨ ᠲᠡᠮᠳᠡᠭ ᠣᠯᠭᠣᠵᠤ᠂ ᠬᠣᠶᠠᠷ ᠨᠥᠬᠥᠷ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠰ᠎ᠲᠤ ᠦᠵᠡᠭᠦᠯᠦᠭᠰᠡᠨ ᠢᠳᠡᠪᠬᠢᠲᠡᠢ ᠬᠤᠪᠢ ᠨᠡᠮᠡᠷᠢ᠎ᠳᠤ ᠲᠠᠯᠠᠷᠬᠠᠵᠤ ᠪᠠᠶ᠋ᠢᠬᠤ᠎ᠪᠠᠨ ᠢᠯᠡᠳᠬᠡᠪᠡ᠃
ᠸᠠᠩ ᠸᠠᠩ ᠱᠧᠩ᠂ ᠠᠬᠠᠮᠠᠳ ᠺᠠᠳ᠋ᠷ ᠪᠣᠯ ᠮᠠᠨ᠎ᠤ ᠲᠢᠩᠬᠢᠮ᠎ᠤᠨ ᠡᠷᠬᠢᠮ ᠨᠠᠨᠳᠢᠨ ᠥᠪ ᠬᠥᠷᠥᠩᠭᠡ ᠮᠥᠨ᠂ ᠪᠠᠰᠠ ᠴᠤ᠌ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠰ᠎ᠤᠨ ᠭᠡᠷᠡᠴᠢᠯᠡᠭᠴᠢ᠂ ᠣᠷᠣᠯᠴᠠᠭᠴᠢ᠂ ᠠᠬᠢᠭᠤᠯᠤᠭᠴᠢ ᠮᠥᠨ᠂ ᠲᠡᠳᠡᠨ᠎ᠤ ᠪᠡᠶ᠎ᠡ ᠳᠡᠭᠡᠷᠡᠬᠢ ᠰᠢᠯᠢᠳᠡᠭ ᠤᠯᠠᠮᠵᠢᠯᠠᠯ᠂ ᠰᠢᠯᠢᠳᠡᠭ ᠵᠠᠩ ᠴᠢᠨᠠᠷ᠂ ᠰᠢᠯᠢᠳᠡᠭ ᠰᠤᠷᠲᠠᠯ᠎ᠢ ᠥᠷᠭᠡᠨ ᠤᠯᠠᠨ ᠵᠠᠯᠠᠭᠤ ᠺᠠᠳ᠋ᠷ ᠰᠤᠷᠤᠯᠴᠠᠭᠤᠰᠢᠲᠠᠢ ᠶᠤᠮ᠃ ᠠᠬᠠᠮᠠᠳ ᠺᠠᠳ᠋ᠷᠴᠤᠳ᠎ᠤᠨ ᠲᠤᠷᠰᠢᠯᠭ᠎ᠠ ᠵᠢᠨ ᠳᠠᠪᠠᠭᠤᠯᠢᠭ᠂ ᠲᠤᠰᠬᠠᠢ ᠮᠡᠷᠭᠡᠵᠢᠯ᠎ᠤᠨ ᠣᠨᠴᠠ ᠴᠢᠳᠠᠪᠤᠷᠢ ᠪᠣᠯᠣᠨ ᠤᠯᠠᠮᠵᠢᠯᠠᠬᠤ ᠬᠠᠪᠰᠤᠷᠬᠤ ᠳᠠᠭ᠋ᠠᠭᠤᠯᠬᠤ ᠦᠢ᠍ᠯᠡᠳᠦᠯ ᠵᠶ᠋ᠡᠨ ᠦᠷᠭᠦᠯᠵᠢᠯᠡᠨ ᠰᠠᠶ᠋ᠢᠲᠤᠷ ᠪᠠᠳᠠᠷᠠᠭᠤᠯᠵᠤ᠂ ᠥᠩᠭᠡᠷᠡᠭᠰᠡᠨ᠎ᠲᠠᠢ᠎ᠪᠠᠨ ᠠᠳᠠᠯᠢ᠎ᠪᠠᠷ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠬᠠᠯᠠᠮᠵᠢᠯᠠᠨ ᠳᠡᠮᠵᠢᠵᠦ᠂ ᠢᠳᠡᠪᠬᠢᠲᠡᠢ᠎ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭ᠋ᠠᠨ ᠭᠠᠷᠭ᠋ᠠᠵᠤ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠬᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ 《ᠪᠤᠭᠤᠷᠤᠯᠴᠤᠳ》᠎ᠤᠨ ᠬᠦᠴᠦᠨ ᠴᠢᠳᠠᠯ ᠵᠶ᠋ᠠᠨ ᠡᠷᠭᠦᠬᠦ ᠵᠢ ᠬᠦᠰᠡᠵᠦ ᠪᠠᠢ᠌ᠨ᠎ᠠ ᠭᠡᠵᠦ ᠵᠢᠭ᠋ᠠᠵᠤ ᠭᠠᠷᠭ᠋ᠠᠪᠠ᠃
ᠬᠣᠶᠠᠷ ᠠᠵᠢᠯ᠎ᠠᠴᠠ᠎ᠪᠠᠨ ᠠᠮᠠᠷᠠᠭᠰᠠᠨ ᠺᠠᠳ᠋ᠷ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠢ ᠬᠠᠯᠠᠮᠵᠢᠯᠠᠨ ᠬᠠᠢ᠌ᠷᠠᠯᠠᠭᠰᠠᠨ᠎ᠳᠤ ᠲᠠᠯᠠᠷᠬᠠᠵᠤ ᠪᠠᠢ᠌ᠨ᠎ᠠ᠂ ᠬᠣᠶ᠋ᠢᠰᠢᠳᠠ ᠤᠭ ᠰᠠᠨᠠᠭ᠎ᠠ᠎ᠪᠠᠨ ᠦᠯᠦ ᠮᠠᠷᠲᠠᠵᠤ᠂ ᠤᠭ ᠴᠢᠨᠠᠷ ᠵᠶ᠋ᠠᠨ ᠡᠭᠦᠷᠢᠳᠡ ᠬᠠᠳᠠᠭ᠋ᠠᠯᠠᠵᠤ᠂ ᠨᠠᠮ᠎ᠤᠨ ᠢᠷᠠᠭᠤ ᠠᠯᠳᠠᠷᠲᠤ ᠤᠯᠠᠮᠵᠢᠯᠠᠯ ᠪᠣᠯᠣᠨ ᠰᠢᠯᠢᠳᠡᠭ ᠰᠤᠷᠲᠠᠯ᠎ᠢ ᠦᠷᠭᠦᠯᠵᠢᠯᠡᠨ ᠪᠠᠳᠠᠷᠠᠭᠤᠯᠵᠤ᠂ ᠨᠠᠮ᠎ᠤᠨ ᠠᠴᠢ ᠲᠤᠰᠠ ᠵᠢ ᠮᠡᠳᠡᠷᠡᠵᠦ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠰ᠎ᠢ ᠠᠬᠢᠭᠤᠯᠬᠤ᠎ᠳᠤ ᠦᠯᠡᠳᠡᠪᠦᠷᠢ ᠢᠯᠴᠢ᠎ᠪᠠᠨ ᠪᠠᠳᠠᠷᠠᠭᠤᠯᠵᠤ᠂ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠪᠡ᠃
ᠲᠢᠩᠬᠢᠮᠲᠡᠭᠡᠨ ᠪᠠᠢ᠌ᠭ᠎ᠠ ᠲᠢᠩᠬᠢᠮ᠎ᠤᠨ ᠤᠳᠤᠷᠢᠳᠬᠤ ᠪᠠᠭ᠎ᠤᠨ ᠪᠦᠷᠢᠯᠳᠦᠬᠦᠨ᠂ ᠲᠢᠩᠬᠢᠮ᠎ᠤᠨ ᠠᠵᠢᠯᠲᠠᠨ᠎ᠤ ᠶᠠᠪᠤᠳᠠᠯ᠎ᠤᠨ ᠭᠠᠵᠠᠷ᠂ ᠪᠠᠶ᠋ᠢᠭ᠋ᠠᠯᠢ ᠵᠢᠨ ᠠᠮᠢ ᠠᠬᠤᠢ ᠵᠢᠨ ᠬᠠᠮᠠᠭ᠋ᠠᠯᠠᠯᠲᠠ ᠵᠢᠨ ᠭᠠᠵᠠᠷ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠣᠯᠣᠨ ᠬᠢᠮᠢ ᠵᠢᠨ ᠪᠣᠳᠠᠰ᠎ᠤᠨ ᠭᠠᠵᠠᠷ᠂ ᠠᠵᠢᠯ᠎ᠠᠴᠠ᠎ᠪᠠᠨ ᠳᠠᠷᠬᠠᠯᠠᠭᠳᠠᠭᠰᠠᠨ ᠪᠠ ᠠᠵᠢᠯ᠎ᠠᠴᠠ᠎ᠪᠠᠨ ᠠᠮᠠᠷᠠᠭᠰᠠᠨ ᠬᠥᠮᠥᠰ᠎ᠤᠨ ᠠᠵᠢᠯ᠎ᠤᠨ ᠭᠠᠵᠠᠷ᠎ᠤᠨ ᠬᠠᠷᠢᠭᠤᠴᠠᠯᠭ᠋ᠠᠲᠠᠨ ᠶᠣᠰᠣᠯᠠᠯ᠎ᠳᠤ ᠣᠷᠣᠯᠴᠠᠪᠠ᠃