ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠬᠦ ᠵᠢᠨ ᠲᠥᠯᠥᠭᠡ᠂ 8 ᠰᠠᠷ᠎ᠠ ᠵᠢᠨ 21᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢ᠌ᠭᠤᠯᠵᠤ 《ᠠᠴᠢ ᠬᠠᠷᠢᠭᠤᠯᠠᠵᠤ ᠡᠷᠡᠯᠬᠡᠭᠯᠡᠨ ᠲᠡᠮᠡᠦᠯᠵᠦ ᠨᠠᠮ ᠵᠶ᠋ᠠᠨ᠎ᠲᠠᠭᠠᠨ ᠤᠷᠤᠭᠰᠢᠯᠠᠶ᠎ᠠ》 ᠭᠡᠬᠦ ᠭᠣᠣᠯ ᠰᠡᠳᠦᠪᠲᠦ ᠦᠵᠡᠭᠦᠯᠭᠡ ᠵᠢ ᠲᠣᠭᠣᠷᠢᠨ ᠦᠵᠡᠪᠡ᠃

ᠲᠤᠰ ᠤᠳᠠᠭ᠋ᠠᠨ᠎ᠤ ᠦᠵᠡᠰᠬᠦᠯᠡᠩ᠎ᠢ ᠬᠢᠩᠭ᠋ᠠᠨ ᠠᠶ᠋ᠢᠮᠠᠭ᠎ᠤᠨ ᠨᠠᠮ᠎ᠤᠨ ᠬᠣᠷᠢᠶ᠎ᠠ᠂ ᠠᠶ᠋ᠢᠮᠠᠭ᠎ᠤᠨ ᠵᠠᠬᠢᠷᠭ᠎ᠠ᠎ᠠᠴᠠ ᠭᠣᠣᠯᠯᠠᠨ ᠡᠷᠭᠢᠯᠡᠵᠦ᠂ ᠬᠢᠩᠭ᠋ᠠᠨ ᠠᠶ᠋ᠢᠮᠠᠭ᠎ᠤᠨ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠥᠪᠥᠷ ᠮᠣᠩᠭᠣᠯ᠎ᠤᠨ ᠦᠵᠡᠰᠬᠦᠯᠡᠩ᠎ᠤᠨ ᠣᠷᠳᠣᠨ ᠳᠠᠭ᠋ᠠᠭ᠋ᠠᠴᠢᠯᠠᠨ ᠡᠷᠭᠢᠯᠡᠵᠦ᠂ ᠶᠡᠷᠦᠩᠬᠡᠢ ᠱᠦᠵᠢ ᠰᠢ ᠵᠢᠨ ᠫᠢᠩ᠎ᠤᠨ ᠳᠣᠲᠣᠨᠣ ᠬᠠᠯᠠᠮᠵᠢᠯᠠᠯ ᠪᠠ ᠰᠢᠨᠵᠢᠯᠡᠬᠦ ᠤᠬᠠᠭ᠋ᠠᠨ᠎ᠤ ᠵᠢᠯᠣᠭᠣᠳᠤᠯᠭ᠎ᠠ ᠳᠣᠣᠷ᠎ᠠ᠂ ᠲᠥᠪ᠎ᠤᠨ ᠨᠢᠭᠡᠴᠢ᠂ ᠪᠡᠭᠡᠵᠢᠩ ᠬᠣᠲᠠ ᠲᠣᠭᠣᠷᠢᠭ ᠰᠢᠶᠠᠨ ᠵᠢᠴᠢ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠢ ᠪᠣᠯᠣᠨ ᠠᠬ᠎ᠠ ᠳᠡᠭᠦᠦ ᠠᠶ᠋ᠢᠮᠠᠭ ᠬᠣᠲᠠ ᠵᠢᠨ ᠬᠠᠮᠲᠤ ᠵᠢᠨ ᠳᠡᠮᠵᠢᠯᠭᠡ ᠳᠣᠣᠷ᠎ᠠ᠂ ᠬᠢᠩᠭ᠋ᠠᠨ ᠠᠶ᠋ᠢᠮᠠᠭ᠎ᠤᠨ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ᠂ ᠡᠷᠡᠰ ᠭᠤᠶ᠋ᠢᠪᠢᠰᠢ ᠦᠭᠡᠢ᠎ᠪᠠᠷ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠵᠤ ᠤᠷᠤᠭᠰᠢᠯᠠᠵᠤ᠂ ᠮᠣᠩᠭᠣᠯ ᠮᠣᠷᠢᠨ᠎ᠤ ᠵᠣᠷᠢᠭ ᠰᠠᠨᠠᠭ᠎ᠠ ᠪᠣᠯᠣᠨ 《ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠶᠡᠬᠡᠪᠡᠷ ᠪᠠᠳᠠᠷᠠᠭᠤᠯᠵᠤ᠂ ᠬᠣᠶᠠᠷ ᠶᠡᠬᠡ ᠶᠠᠪᠤᠳᠠᠯ᠎ᠢ ᠪᠦᠬᠦ ᠬᠦᠴᠦᠨ ᠵᠶ᠋ᠡᠷ ᠵᠶ᠋ᠡᠨ ᠰᠠᠶ᠋ᠢᠲᠤᠷ ᠬᠢᠵᠦ᠂ ᠡᠷᠡᠮᠡᠬᠡᠢ᠌ᠯᠡᠨ ᠤᠷᠤᠭᠰᠢᠯᠠᠭᠰᠠᠨ ᠠᠮᠢᠳᠤᠯᠢᠭ ᠦᠢ᠍ᠯᠡᠳᠦᠯᠭᠡ ᠵᠢ ᠪᠦᠬᠦ ᠬᠦᠴᠦᠨ ᠵᠶ᠋ᠡᠷ ᠵᠶ᠋ᠡᠨ ᠰᠠᠶ᠋ᠢᠲᠤᠷ ᠬᠢᠵᠦ ᠪᠠᠢ᠌ᠭ᠎ᠠ ᠵᠢ ᠪᠥᠬᠥ ᠲᠠᠯ᠎ᠠ᠎ᠪᠠᠷ ᠳᠡᠯᠭᠡᠨ ᠦᠵᠡᠭᠦᠯᠪᠡ᠃
ᠦᠵᠡᠰᠬᠦᠯᠡᠩ᠎ᠢ ᠲᠣᠭᠣᠷᠢᠨ ᠦᠵᠡᠭᠰᠡᠨ᠎ᠤ ᠳᠠᠷᠠᠭ᠎ᠠ᠂ ᠤᠯᠠᠨ ᠵᠶ᠋ᠠᠷ ᠵᠶ᠋ᠠᠨ ᠶᠡᠷᠦᠩᠬᠡᠢ ᠱᠦᠵᠢ ᠰᠢ ᠵᠢᠨ ᠫᠢᠩ᠎ᠤᠨ ᠵᠢᠭ᠋ᠠᠭᠰᠠᠨ ᠵᠠᠮ ᠵᠶ᠋ᠠᠷ ᠭᠤᠶ᠋ᠢᠪᠢᠰᠢ ᠦᠭᠡᠢ᠎ᠪᠠᠷ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ᠂ ᠭᠣᠣᠯ ᠬᠠᠷᠢᠭᠤᠴᠠᠯᠭ᠎ᠠ ᠭᠣᠣᠯ ᠦᠢ᠍ᠯᠡᠰ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠡᠭᠦᠷᠭᠡ ᠬᠠᠷᠢᠭᠤᠴᠠᠯᠭ᠎ᠠ᠎ᠪᠠᠨ ᠴᠢᠩᠭ᠋ᠠᠳᠬᠠᠵᠤ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠬᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ᠎ᠳᠤ ᠲᠠᠬᠢᠨ ᠰᠢᠨ᠎ᠡ ᠭᠠᠪᠢᠶ᠎ᠠ ᠪᠠᠢ᠌ᠭᠤᠯᠬᠤ ᠬᠡᠷᠡᠭᠲᠡᠢ ᠭᠡᠵᠦ ᠢᠯᠡᠷᠬᠡᠢ᠌ᠯᠡᠪᠡ᠃
ᠲᠢᠩᠬᠢᠮ᠎ᠳᠡᠭᠡᠨ ᠪᠠᠢ᠌ᠭ᠎ᠠ ᠤᠳᠤᠷᠢᠳᠤᠯᠭ᠎ᠠ ᠪᠣᠯᠣᠨ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ 40 ᠭᠠᠷᠤᠢ ᠨᠠᠮ᠎ᠤᠨ ᠭᠡᠰᠢᠭᠦᠨ ᠺᠠᠳ᠋ᠷ ᠠᠵᠢᠯᠯᠠᠭ᠎ᠠ᠎ᠳᠤ ᠣᠷᠣᠯᠴᠠᠵᠠᠢ᠃