8 ᠰᠠᠷ᠎ᠠ ᠵᠢᠨ 28᠎ᠤ ᠡᠳᠦᠷ᠎ᠠᠴᠠ 30᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠡᠷᠬᠢᠯᠡᠪᠡ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠵᠣᠣ ᠱ᠌ᠢ ᠳ᠋ᠧ ᠨᠥᠬᠥᠷ ᠠᠩᠭᠢ ᠡᠬᠢᠯᠡᠬᠦ ᠳᠠᠢ᠌ᠴᠢᠯᠠᠯᠲᠠ ᠵᠢᠨ ᠶᠠᠷᠢᠶ᠎ᠠ ᠲᠠᠯᠪᠢᠵᠠᠢ᠃

ᠪᠣᠯᠪᠠᠰᠤᠷᠠᠯ᠎ᠨᠢ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢ᠌ᠭᠤᠯᠵᠤ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠠᠯᠪᠠᠨ ᠮᠡᠳᠡᠭᠡ》 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭ᠋ᠠᠯ》᠎ᠢ ᠲᠡᠷᠡ ᠬᠡᠪ ᠵᠶ᠋ᠡᠷ᠎ᠨᠢ᠂ ᠪᠦᠬᠦ ᠲᠠᠯ᠎ᠠ᠎ᠪᠠᠷ ᠰᠢᠰᠲ᠋ᠧᠮ᠎ᠲᠠᠢ ᠰᠤᠷᠤᠯᠴᠠᠭᠤᠯᠤᠭᠰᠠᠨ ᠰᠠᠭᠤᠷᠢᠨ ᠳᠡᠭᠡᠷ᠎ᠡ᠂ 《ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠋ᠠᠨ᠎ᠤ ᠲᠠᠢ᠌ᠯᠤᠮᠵᠢ》 《ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ》 《ᠪᠦᠬᠦ ᠶᠠᠪᠤᠴᠠ ᠵᠢᠨ ᠠᠷᠠᠳ᠎ᠤᠨ ᠠᠷᠠᠳᠴᠢᠯᠠᠯ᠎ᠤᠨ ᠳᠦᠷᠢᠮ᠎ᠤᠨ ᠰᠢᠰᠲ᠋ᠧᠮ᠎ᠢ ᠲᠡᠭᠦᠯᠳᠡᠷᠵᠢᠭᠦᠯᠬᠦ》 《ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠬᠠᠤᠯᠢ᠎ᠪᠠᠷ ᠵᠠᠰᠠᠬᠤ ᠰᠢᠰᠲ᠋ᠧᠮ᠎ᠢ ᠲᠡᠭᠦᠯᠳᠡᠷᠵᠢᠭᠦᠯᠬᠦ》 ᠵᠡᠷᠭᠡ ᠬᠢᠴᠢᠶᠡᠯ᠎ᠢ ᠨᠠᠷᠢᠨ ᠨᠢᠮᠪᠠᠢ ᠲᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠲᠠᠢ ᠤᠶᠠᠯᠳᠤᠭᠤᠯᠤᠨ ᠰᠤᠳᠤᠯᠤᠨ ᠶᠠᠷᠢᠯᠴᠠᠵᠤ ᠰᠣᠯᠢᠯᠴᠠᠭ᠎ᠠ ᠥᠷᠨᠢᠭᠦᠯᠵᠦ᠂ ᠲᠢᠩᠬᠢᠮ᠎ᠤᠨ ᠰᠢᠰᠲ᠋ᠧᠮ᠎ᠤᠨ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠲᠥᠪ ᠬᠣᠷᠢᠶᠠᠨ᠎ᠤ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠲᠠᠢ ᠦᠨᠡᠨᠬᠦ ᠨᠢᠭᠡᠳᠬᠡᠵᠦ᠂ ᠣᠶᠤᠨ ᠤᠬᠠᠭ᠋ᠠᠨ ᠪᠠ ᠬᠦᠴᠦᠨ ᠴᠢᠳᠠᠯ ᠵᠶ᠋ᠠᠨ ᠪᠦᠭᠦᠳᠡ ᠬᠤᠷᠠᠯ᠎ᠤᠨ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠬᠤ ᠳᠡᠭᠡᠷ᠎ᠡ ᠨᠢᠭᠲᠠᠷᠠᠭᠤᠯᠬᠤ ᠵᠢ ᠰᠤᠷᠭ᠋ᠠᠨ ᠬᠥᠮᠥᠵᠢᠭᠦᠯᠵᠦ ᠬᠥᠲᠥᠯᠥᠨ ᠵᠢᠯᠣᠭᠣᠳᠴᠠᠢ᠃
ᠰᠤᠷᠤᠯᠴᠠᠯᠭ᠎ᠠ᠎ᠪᠠᠷ ᠳᠡᠮᠵᠢᠨ᠂ ᠪᠣᠯᠪᠠᠰᠤᠷᠠᠯ᠎ᠳᠤ ᠣᠷᠣᠯᠴᠠᠭᠰᠠᠳ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠎ᠤᠨ ᠲᠤᠬᠠᠢ ᠨᠡᠩ ᠭᠦᠨᠵᠡᠭᠡᠢ ᠲᠠᠨᠢᠯᠲᠠ᠎ᠲᠠᠢ ᠪᠣᠯᠵᠤ᠂ 《ᠥᠭᠡᠷᠡᠴᠢᠯᠡᠯᠲᠡ ᠵᠢ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭ᠋ᠠᠯ》᠎ᠤᠨ ᠪᠠᠶᠠᠯᠢᠭ ᠠᠭᠤᠯᠤᠭᠳᠠᠬᠤᠨ ᠪᠠ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠨᠡᠩ ᠪᠦᠬᠦ ᠲᠠᠯ᠎ᠠ᠎ᠪᠠᠷ ᠣᠢ᠌ᠯᠠᠭ᠋ᠠᠵᠤ᠂ 《ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠠᠨᠠᠯ》᠎ᠤᠨ ᠡᠯ᠎ᠡ ᠵᠦᠢ᠍ᠯ᠎ᠤᠨ ᠱᠠᠭ᠋ᠠᠷᠳᠠᠯᠭ᠎ᠠ ᠵᠢ ᠨᠡᠩ ᠣᠨᠣᠪᠴᠢᠲᠠᠢ ᠡᠵᠡᠮᠰᠢᠵᠡᠢ᠃ ᠤᠯᠠᠨ ᠵᠶ᠋ᠠᠷ ᠵᠶ᠋ᠠᠨ᠂ ᠰᠣᠷᠣᠭᠰᠠᠨ ᠵᠶ᠋ᠠᠨ ᠬᠡᠷᠡᠭᠯᠡᠬᠦ᠂ ᠰᠤᠷᠤᠯᠴᠠᠬᠤ᠎ᠪᠠᠷ ᠠᠵᠢᠯᠯᠠᠬᠤ ᠵᠢ ᠠᠬᠢᠭᠤᠯᠬᠤ ᠳᠡᠭᠡᠷ᠎ᠡ ᠬᠦᠴᠦ ᠲᠠᠯᠪᠢᠵᠤ᠂ ᠰᠤᠷᠤᠯᠴᠠᠯᠭ᠎ᠠ ᠵᠢᠨ ᠦᠷ᠎ᠡ ᠪᠦᠲᠦᠭᠡᠯ ᠵᠶ᠋ᠡᠨ ᠦᠨᠡᠨᠬᠦ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯ᠎ᠤᠨ ᠥᠭᠡᠷᠡᠴᠢᠯᠡᠯᠲᠡ ᠵᠢ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠵᠤ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠠᠮᠢᠳᠤᠯᠢᠭ ᠦᠢ᠍ᠯᠡᠳᠦᠯᠭᠡ ᠪᠣᠯᠭ᠋ᠠᠨ ᠬᠤᠪᠢᠷᠠᠭᠤᠯᠤᠨ᠎ᠠ ᠭᠡᠵᠦ ᠢᠯᠡᠳᠬᠡᠵᠡᠭᠡᠪᠡ᠃

ᠲᠢᠩᠬᠢᠮ᠎ᠳᠡᠭᠡᠨ ᠪᠠᠢ᠌ᠭ᠎ᠠ ᠤᠳᠤᠷᠢᠳᠤᠯᠭ᠎ᠠ᠂ ᠲᠢᠩᠬᠢᠮ᠎ᠤᠨ ᠰᠢᠰᠲ᠋ᠧᠮ᠎ᠤᠨ 400 ᠭᠠᠷᠤᠢ ᠨᠠᠮ᠎ᠤᠨ ᠭᠡᠰᠢᠭᠦᠨ ᠺᠠᠳ᠋ᠷ ᠪᠣᠯᠪᠠᠰᠤᠷᠠᠯ᠎ᠳᠤ ᠣᠷᠣᠯᠴᠠᠵᠠᠢ᠃