1 ᠰᠠᠷ᠎ᠠ ᠵᠢᠨ 24᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ ᠤᠨᠤᠯ ᠰᠤᠷᠤᠯᠴᠠᠬᠤ ᠭᠣᠣᠯ ᠳᠤᠭᠤᠢ᠌ᠯᠠᠩ (ᠥᠷᠭᠡᠳᠬᠡᠭᠰᠡᠨ)᠎ᠤᠨ 2025 ᠣᠨ᠎ᠤ ᠠᠩᠬᠠᠳᠤᠭ᠋ᠠᠷ ᠤᠳᠠᠭ᠎ᠠ ᠵᠢᠨ ᠰᠤᠷᠤᠯᠴᠠᠯᠭ᠎ᠠ ᠵᠢᠨ ᠬᠤᠷᠠᠯ ᠵᠢᠴᠢ 2024 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠠᠴᠠ ᠡᠮᠦᠨᠡᠬᠢ ᠲᠤᠰᠬᠠᠢ ᠰᠡᠳᠦᠪᠲᠦ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ᠃ ᠬᠤᠷᠠᠯ᠎ᠠᠴᠠ ᠡᠮᠦᠨ᠎ᠡ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ ᠨᠠᠷ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠂ ᠢᠯᠠᠩᠭᠤᠶ᠎ᠠ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠪᠠᠢ᠌ᠭᠤᠯᠤᠯᠲᠠ ᠵᠢᠨ ᠲᠤᠬᠠᠢ ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠵᠡᠷᠭᠡ ᠬᠠᠮᠢᠶ᠎ᠠ ᠪᠦᠬᠦᠢ ᠠᠭᠤᠯᠭ᠎ᠠ ᠵᠢ ᠨᠠᠷᠢᠨ ᠬᠢᠨᠠᠮᠠᠭ᠋ᠠᠢ ᠰᠤᠷᠤᠯᠴᠠᠵᠤ᠂ ᠡᠭᠦᠨ᠎ᠤ ᠬᠠᠮᠲᠤ 《ᠰᠢ ᠵᠢᠨ ᠫᠢᠩ ᠶᠡᠷᠦᠩᠬᠡᠢ ᠱᠦᠵᠢ ᠵᠢᠨ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠭᠦᠨᠵᠡᠭᠡᠢ᠌ᠷᠡᠭᠦᠯᠵᠦ᠂ ᠥᠭᠡᠷᠡᠴᠢᠯᠡᠯᠲᠡ ᠵᠢ ᠤᠯᠠᠮ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠬᠣᠶᠠᠷ ᠶᠡᠬᠡ ᠶᠠᠪᠤᠳᠠᠯ᠎ᠢ ᠰᠠᠶ᠋ᠢᠲᠤᠷ ᠬᠢᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ᠎ᠳᠤ ᠪᠠᠲᠤ ᠴᠢᠩᠭ᠎ᠠ ᠰᠠᠬᠢᠯᠭ᠎ᠠ ᠪᠠᠲᠤ ᠵᠢᠨ ᠪᠠᠲᠤᠯᠠᠭ᠎ᠠ ᠬᠠᠩᠭ᠋ᠠᠶ᠎ᠠ》 ᠭᠡᠬᠦ ᠰᠡᠳᠦᠪ ᠵᠶ᠋ᠡᠷ ᠰᠤᠳᠤᠯᠤᠨ ᠶᠠᠷᠢᠯᠴᠠᠵᠤ ᠰᠣᠯᠢᠯᠴᠠᠭ᠎ᠠ ᠥᠷᠨᠢᠭᠦᠯᠵᠡᠢ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠵᠣᠣ ᠱ᠌ᠢ ᠳ᠋ᠧ ᠨᠥᠬᠥᠷ ᠬᠤᠷᠠᠯ᠎ᠢ ᠡᠷᠭᠢᠯᠡᠪᠡ᠃
ᠬᠤᠷᠠᠯ᠎ᠠᠴᠠ᠂ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠴᠢᠨᠠᠷ ᠰᠠᠢ᠌ᠲᠠᠢ ᠰᠠᠶ᠋ᠢᠨ ᠬᠢᠬᠦ ᠪᠣᠯ ᠨᠢᠭᠡᠨ ᠴᠢᠬᠤᠯᠠ ᠤᠯᠤᠰ ᠲᠥᠷᠥ ᠵᠢᠨ ᠡᠭᠦᠷᠭᠡ ᠮᠥᠨ᠂ ᠭᠣᠣᠯ ᠰᠡᠳᠦᠪ᠎ᠤᠨ ᠠᠭᠤᠯᠤᠭᠳᠠᠬᠤᠨ᠎ᠢ ᠭᠦᠨᠵᠡᠭᠡᠢ ᠡᠵᠡᠮᠳᠡᠵᠦ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠭᠦᠢ᠍ᠴᠡᠳ ᠰᠠᠶ᠋ᠢᠲᠤᠷ ᠠᠰᠢᠭᠯᠠᠵᠤ᠂ ᠲᠥᠪ᠎ᠤᠨ ᠤᠯᠤᠰ ᠲᠥᠷᠥ ᠵᠢᠨ ᠲᠣᠪᠴᠢᠶ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠵᠶ᠋ᠠᠷ ᠬᠡᠪ ᠳᠠᠭᠤᠷᠢᠶᠠᠯ ᠪᠣᠯᠭ᠋ᠠᠵᠤ᠂ ᠤᠨᠤᠯ᠎ᠢ ᠰᠤᠷᠤᠯᠴᠠᠵᠤ ᠰᠤᠳᠤᠯᠤᠨ ᠶᠠᠷᠢᠯᠴᠠᠬᠤ᠂ ᠰᠠᠨᠠᠯ ᠰᠠᠨᠠᠭᠤᠯᠭ᠎ᠠ ᠬᠤᠷᠢᠶᠠᠬᠤ᠂ ᠰᠡᠳᠬᠢᠯ᠎ᠤᠨ ᠦᠭᠡ᠎ᠪᠠᠨ ᠬᠡᠯᠡᠯᠴᠡᠨ ᠶᠠᠷᠢᠯᠴᠠᠬᠤ᠂ ᠬᠠᠷᠢᠴᠠᠭᠤᠯᠤᠨ ᠪᠠᠢ᠌ᠴᠠᠭ᠋ᠠᠬᠤ ᠮᠠᠲ᠋ᠧᠷᠢᠶᠠᠯ ᠪᠢᠴᠢᠬᠦ ᠵᠡᠷᠭᠡ ᠡᠯ᠎ᠡ ᠭᠣᠭᠴᠣᠭ᠎ᠠ ᠵᠢᠨ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠰᠠᠶ᠋ᠢᠲᠤᠷ ᠬᠢᠬᠦ᠎ᠳᠤ ᠰᠠᠭᠤᠷᠢ ᠵᠢ ᠰᠠᠶ᠋ᠢᠲᠤᠷ ᠲᠠᠯᠪᠢᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠬᠡᠵᠦ᠂ ᠨᠠᠮ᠎ᠤᠨ ᠭᠡᠰᠢᠭᠦᠨ ᠺᠠᠳ᠋ᠷᠴᠤᠳ᠎ᠢ ᠬᠥᠮᠥᠵᠢᠭᠦᠯᠦᠨ ᠬᠥᠲᠥᠯᠥᠨ ᠵᠢᠯᠤᠭᠣᠳᠴᠤ ᠪᠠᠶ᠋ᠢᠭ᠋ᠠᠳ ᠰᠠᠬᠢᠯᠭ᠎ᠠ ᠪᠠᠲᠤ ᠵᠢ ᠰᠤᠷᠤᠯᠴᠠᠵᠤ ᠰᠠᠬᠢᠯᠭ᠎ᠠ ᠪᠠᠲᠤ ᠵᠢ ᠮᠡᠳᠡᠵᠦ ᠰᠠᠬᠢᠯᠭ᠎ᠠ ᠪᠠᠲᠤ ᠵᠢ ᠰᠠᠬᠢᠬᠤ ᠦᠵᠡᠯ ᠰᠠᠨᠠᠭ᠋ᠠᠨ᠎ᠤ ᠤᠬᠠᠮᠰᠠᠷ ᠪᠣᠯᠣᠨ ᠠᠵᠢᠯᠯᠠᠭ᠋ᠠᠨ᠎ᠤ ᠤᠬᠠᠮᠰᠠᠷ᠎ᠢ᠎ᠨᠢ ᠤᠯᠠᠮ ᠴᠢᠨᠠᠭᠰᠢᠳᠠ ᠴᠢᠩᠭ᠋ᠠᠳᠬᠠᠵᠤ᠂ ᠨᠡᠩ ᠥᠨᠳᠥᠷ ᠪᠠᠷᠢᠮᠵᠢᠶ᠎ᠠ᠎ᠪᠠᠷ ᠨᠠᠮᠴᠢ ᠴᠢᠨᠠᠷ᠎ᠢ ᠴᠢᠩᠳᠠᠯᠠᠵᠤ᠂ ᠰᠠᠬᠢᠯᠭ᠎ᠠ ᠪᠠᠲᠤ ᠵᠢ ᠴᠢᠩᠳᠠᠯᠠᠵᠤ᠂ ᠰᠤᠷᠲᠠᠯ᠎ᠢ ᠴᠢᠩᠳᠠᠯᠠᠵᠤ᠂ ᠡᠯ᠎ᠡ ᠵᠦᠢ᠍ᠯ᠎ᠤᠨ ᠲᠥᠪ ᠪᠤᠰᠤ ᠰᠤᠷᠲᠠᠯ ᠪᠣᠯᠣᠨ ᠢᠯᠵᠢᠷᠡᠯ᠎ᠤᠨ ᠦᠵᠡᠭᠳᠡᠯ᠎ᠲᠠᠢ ᠡᠷᠡᠰ ᠲᠡᠮᠡᠴᠡᠬᠦ ᠬᠡᠷᠡᠭᠲᠡᠢ; ᠰᠠᠬᠢᠯᠭ᠎ᠠ ᠪᠠᠲᠤ ᠭᠡᠬᠦ ᠡᠨᠡ ᠬᠦ᠌ ᠬᠥᠪᠴᠢ ᠵᠢ ᠴᠠᠭ ᠢᠮᠠᠭᠲᠠ ᠴᠢᠩᠭ᠋ᠠᠷᠠᠭᠤᠯᠵᠤ᠂ ᠠᠷᠢᠭᠤᠨ ᠴᠢᠬᠡᠴᠢ᠎ᠪᠠᠷ ᠪᠡᠶ᠎ᠡ᠎ᠪᠠᠨ ᠪᠠᠷᠢᠬᠤ ᠪᠣᠭᠣᠮᠲᠠ ᠵᠢ ᠴᠢᠩᠭ᠎ᠠ ᠰᠠᠬᠢᠵᠤ᠂ ᠰᠢᠬᠢᠷᠲᠦ ᠰᠤᠮᠤ ᠵᠢᠨ ᠳᠠᠭ᠋ᠠᠷᠢᠯᠲᠠ ᠵᠢ ᠰᠡᠷᠭᠡᠢ᠌ᠯᠡᠵᠦ᠂ ᠮᠠᠭᠤ ᠥᠳᠥᠭᠡᠯᠭᠡ ᠵᠢᠨ ᠬᠠᠷᠰᠢᠯᠠᠯ᠎ᠢ ᠡᠰᠡᠷᠭᠦᠴᠡᠨ ᠬᠣᠷᠢᠭᠯᠠᠵᠤ᠂ ᠠᠷᠢᠭᠤᠨ ᠴᠢᠬᠡᠴᠢ᠂ ᠲᠥᠪ ᠭᠣᠣᠯᠴᠢ᠂ ᠠᠷᠢᠭᠤᠨ ᠴᠡᠪᠡᠷ ᠪᠠᠶ᠋ᠢᠬᠤ ᠵᠢ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
ᠬᠤᠷᠠᠯ᠎ᠠᠴᠠ᠂ ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠣᠳᠠᠲᠤ ᠠᠮᠵᠢᠯᠲᠠ ᠪᠣᠯᠭ᠋ᠠᠨ ᠬᠤᠪᠢᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠠᠵᠢᠯ᠎ᠤᠨ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠬᠤ᠎ᠲᠠᠢ ᠨᠢᠭᠲᠠ ᠤᠶᠠᠯᠳᠤᠭᠤᠯᠤᠨ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠬᠠᠮᠤᠭ᠎ᠤᠨ ᠶᠡᠬᠡ ᠳᠦᠷᠢᠮ ᠲᠣᠭᠲᠠᠭ᠋ᠠᠯ ᠰᠠᠬᠢᠯᠭ᠎ᠠ ᠪᠠᠲᠤ ᠵᠢ ᠰᠠᠬᠢᠬᠤ᠂ ᠬᠠᠮᠤᠭ᠎ᠤᠨ ᠶᠡᠬᠡ ᠤᠯᠤᠰ ᠲᠥᠷᠥ ᠵᠢᠨ ᠡᠭᠦᠷᠭᠡᠯᠡᠯ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠤᠢ ᠪᠣᠯᠭ᠋ᠠᠬᠤ ᠡᠨᠡᠬᠦ ᠭᠣᠣᠯ ᠱᠤᠭᠤᠮ᠎ᠢ ᠡᠯ᠎ᠡ ᠵᠦᠢ᠍ᠯ᠎ᠤᠨ ᠠᠵᠢᠯ᠎ᠳᠠᠭᠠᠨ ᠪᠦᠬᠦ ᠲᠠᠯ᠎ᠠ᠎ᠪᠠᠷ ᠭᠦᠨᠵᠡᠭᠡᠢ ᠪᠣᠳᠠᠲᠠᠢ ᠲᠤᠭᠤᠰᠢᠯᠠᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠥᠨᠳᠥᠷ ᠲᠦᠪᠰᠢᠨ᠎ᠤ ᠬᠠᠮᠠᠭ᠋ᠠᠯᠠᠯᠲᠠ᠎ᠪᠠᠷ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ᠎ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠱᠠᠭ᠋ᠠᠷᠳᠠᠵᠠᠢ᠃