ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
2025 ᠣᠨ᠎ᠤ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠴᠢ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2025-02-21

      2 ᠰᠠᠷ᠎ᠠ ᠵᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠥᠬᠡᠬᠣᠲᠠ᠎ᠳᠤ 2025 ᠣᠨ᠎ᠤ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠴᠢ ᠪᠥᠬᠥ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠬᠤᠷᠠᠯ ᠬᠤᠷᠠᠯᠳᠤᠭᠤᠯᠪᠠ᠃ ᠬᠤᠷᠠᠯ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠠᠯᠢ ᠤᠯᠠᠨ ᠴᠢᠬᠤᠯᠠ ᠬᠤᠷᠠᠯ᠎ᠤᠨ ᠪᠠᠢ᠌ᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠤᠢ ᠪᠣᠯᠭ᠋ᠠᠬᠤ ᠠᠵᠢᠯ᠎ᠤᠨ ᠭᠣᠣᠯ ᠱᠤᠭᠤᠮ᠎ᠤᠨ ᠲᠣᠭᠣᠷᠢᠨ᠎ᠳᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠤᠢ ᠪᠣᠯᠭ᠋ᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 2024 ᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠳ᠋ᠦᠩᠨᠡᠵᠦ᠂ 2025 ᠣᠨ᠎ᠤ ᠭᠣᠣᠯᠳᠠᠯᠭ᠎ᠠ᠎ᠲᠠᠢ ᠡᠭᠦᠷᠭᠡ ᠵᠢ ᠲᠣᠬᠢᠷᠠᠭᠤᠯᠤᠨ ᠪᠠᠢ᠌ᠷᠢᠯᠠᠭᠤᠯᠪᠠ᠃ ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠶᠣᠣ ᠶᠦᠩ ᠪᠥᠸᠧ ᠨᠥᠬᠥᠷ᠎ᠤᠨ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠵᠤᠤ ᠱ᠌ᠢ ᠳ᠋ᠸ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠥᠪᠯᠡᠯ᠎ᠤᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠯᠢ ᠵᠢᠶᠠᠨ ᠵᠢᠶᠦ᠋ᠨ ᠲᠤᠰ ᠲᠤᠰ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠹᠠᠨ ᠮᠢᠩ ᠱ᠌ᠢ ᠬᠤᠷᠠᠯ᠎ᠢ ᠡᠷᠬᠢᠯᠡᠪᠡ᠃

图片01.jpg

      ᠵᠣᠣ ᠱ᠌ᠢ ᠳ᠋ᠧ᠂ 2024 ᠣᠨ᠎ᠳᠤ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠵᠢᠯᠣᠭᠣᠳᠤᠯᠭ᠎ᠠ ᠬᠠᠪᠰᠤᠷᠤᠯᠭ᠎ᠠ ᠳᠣᠣᠷ᠎ᠠ᠂ 《ᠲᠥᠷᠥ ᠬᠦᠷᠦᠨ᠎ᠤ ᠶᠡᠬᠡ ᠶᠠᠪᠤᠳᠠᠯ》᠎ᠢ ᠢᠮᠠᠭᠲᠠ ᠪᠠᠲᠤ ᠴᠡᠭᠡᠵᠢᠯᠡᠵᠦ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠠ 《ᠬᠣᠶᠠᠷ ᠶᠡᠬᠡ ᠶᠠᠪᠤᠳᠠᠯ》᠎ᠢ ᠨᠠᠢ᠌ᠳᠠᠪᠤᠷᠢᠵᠢᠭᠤᠯᠬᠤ᠎ᠳᠤ ᠰᠢᠨ᠎ᠡ ᠦᠷ᠎ᠡ ᠪᠦᠲᠦᠮᠵᠢ ᠣᠯᠬᠤ ᠵᠢ ᠠᠬᠢᠭᠤᠯᠵᠤ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠴᠢᠨᠠᠷ ᠰᠠᠢ᠌ᠲᠠᠢ ᠬᠥᠭᠵᠢᠯᠲᠡ ᠪᠠ 《ᠵᠢᠷᠭᠤᠭ᠋ᠠᠨ ᠢᠨᠵᠧᠨᠧᠷᠢᠩ》 ᠰᠢᠨ᠎ᠡ ᠠᠬᠢᠴᠠ᠎ᠲᠠᠢ ᠪᠣᠯᠵᠤ᠂ ᠣᠷᠴᠢᠨ ᠲᠣᠭᠣᠷᠢᠨ᠎ᠤ ᠪᠣᠬᠢᠷᠲᠤᠯ᠎ᠢ ᠵᠠᠰᠠᠬᠤ ᠪᠠ ᠪᠠᠶ᠋ᠢᠭ᠋ᠠᠯᠢ ᠵᠢᠨ ᠠᠮᠢ ᠠᠬᠤᠢ ᠵᠢᠨ ᠬᠠᠮᠠᠭ᠋ᠠᠯᠠᠯᠲᠠ ᠰᠢᠨ᠎ᠡ ᠰᠢᠪᠲᠤᠯᠤᠯᠲᠠ᠎ᠲᠠᠢ ᠪᠣᠯᠵᠤ᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠰᠢᠨ᠎ᠡ ᠳᠡᠭᠲᠡᠷ᠎ᠲᠤ ᠭᠠᠷᠴᠤ᠂ ᠨᠠᠮ᠎ᠤᠨ ᠪᠠᠢ᠌ᠭᠤᠯᠤᠯᠲᠠ ᠪᠠ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠰᠢᠨ᠎ᠡ ᠠᠮᠵᠢᠯᠲᠠ ᠪᠦᠲᠦᠮᠵᠢ ᠣᠯᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠪᠠᠭᠤᠯᠭ᠋ᠠᠭᠰᠠᠨ 2024 ᠣᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢ᠌ᠵᠢᠷᠠᠭᠤᠯᠬᠤ ᠡᠯ᠎ᠡ ᠵᠦᠢ᠍ᠯ᠎ᠤᠨ ᠬᠢᠵᠠᠭ᠋ᠠᠷᠯᠠᠬᠤ ᠴᠢᠨᠠᠷᠲᠠᠢ ᠭᠦᠢ᠍ᠴᠡᠳᠬᠡᠯ ᠲᠣᠭ᠎ᠠ ᠵᠢ ᠪᠦᠬᠦᠨ᠎ᠢ ᠪᠡᠶᠡᠯᠡᠭᠦᠯᠵᠦ᠂ 2023 ᠣᠨ᠎ᠤ ᠤᠯᠤᠰ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠦᠷ᠎ᠡ ᠪᠦᠲᠦᠮᠵᠢ ᠵᠢ ᠬᠢᠨᠠᠨ ᠰᠢᠯᠭ᠋ᠠᠭᠰᠠᠨ ᠦᠷ᠎ᠡ ᠪᠦᠲᠦᠮᠵᠢ ᠰᠠᠢ᠍ᠢ᠍ᠨ ᠪᠠᠢ᠌ᠭᠰᠠᠨ᠎ᠠᠴᠠ᠎ᠪᠠᠨ ᠰᠢᠯᠢᠳᠡᠭ ᠪᠣᠯᠬᠤ ᠳᠠᠪᠠᠯᠲᠠ ᠵᠢ ᠪᠡᠶᠡᠯᠡᠭᠦᠯᠵᠦ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ ᠳᠡᠰ ᠳᠠᠪᠰᠢᠵᠤ᠂ ᠪᠦᠬᠦ ᠲᠠᠯ᠎ᠠ᠎ᠪᠠᠷ ᠤᠷᠤᠭᠰᠢᠯᠠᠵᠤ᠂ ᠬᠢᠯᠠᠰ ᠴᠡᠭ ᠤᠯᠠᠨ᠂ ᠦᠷ᠎ᠡ ᠪᠦᠲᠦᠮᠵᠢ ᠢᠯᠡᠳᠲᠡ ᠪᠣᠯᠵᠠᠢ ᠭᠡᠵᠦ ᠵᠢᠭ᠋ᠠᠵᠤ ᠭᠠᠷᠭ᠋ᠠᠪᠠ᠃
      ᠵᠣᠣ ᠱ᠌ᠢ ᠳ᠋ᠧ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠂ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠂ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠥᠬᠥᠳᠡ ᠬᠤᠷᠠᠯ ᠵᠢᠴᠢ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠂ ᠥᠪᠡᠷᠲᠡᠭᠡᠨ ᠵᠠᠰᠠᠬᠤ ᠣᠷᠣᠨ᠎ᠤ 《ᠬᠣᠶᠠᠷ ᠬᠤᠷᠠᠯ》᠎ᠤᠨ ᠵᠣᠷᠢᠭ ᠰᠠᠨᠠᠭ᠎ᠠ ᠵᠢ ᠡᠷᠡᠰ ᠲᠤᠭᠤᠰᠢᠯᠠᠭᠤᠯᠵᠤ᠂ ᠪᠠᠷᠢᠮᠵᠢᠶ᠎ᠠ ᠪᠠ ᠬᠦᠰᠦᠨᠦᠭᠲᠦ᠎ᠲᠠᠢ ᠬᠠᠷᠭᠤᠭᠤᠯᠵᠤ᠂ ᠰᠤᠷᠤᠯᠴᠠᠨ ᠰᠡᠳᠬᠢᠵᠦ ᠦᠢ᠍ᠯᠡᠳᠦᠯᠭᠡᠵᠢᠭᠦᠯᠦᠨ ᠤᠬᠠᠪᠤᠷᠢᠯᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠤᠬᠠᠢ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠴᠢᠬᠤᠯᠠ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠬᠠᠷᠢᠭᠤᠴᠠᠨ ᠨᠠᠢ᠌ᠳᠠᠪᠤᠷᠢᠵᠢᠭᠤᠯᠵᠤ᠂ ᠨᠢᠭᠡ ᠭᠣᠣᠯ ᠰᠢᠵᠢᠮ᠎ᠢ ᠲᠤᠭᠤᠰᠢᠯᠠᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠣᠶᠠᠷ ᠶᠡᠬᠡ ᠶᠠᠪᠤᠳᠠᠯ᠎ᠢ ᠰᠠᠶ᠋ᠢᠲᠤᠷ ᠬᠢᠵᠦ᠂ 《ᠲᠠᠪᠤᠨ ᠶᠡᠬᠡ ᠡᠭᠦᠷᠭᠡ》 ᠵᠢ ᠪᠡᠶᠡᠯᠡᠭᠦᠯᠵᠦ᠂ 《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠵᠦ᠂ 《ᠵᠢᠷᠭᠤᠭ᠋ᠠᠨ ᠠᠵᠢᠯᠯᠠᠭ᠎ᠠ》 ᠵᠢ ᠥᠷᠨᠢᠭᠦᠯᠵᠦ᠂ ᠨᠠᠭᠦᠷᠡᠰᠦᠲᠦ᠋ᠷᠦᠭᠴᠢ ᠵᠢ ᠪᠠᠭ᠋ᠠᠰᠬᠠᠬᠤ᠂ ᠪᠣᠬᠢᠷᠲᠤᠯ᠎ᠢ ᠪᠠᠭ᠋ᠠᠰᠬᠠᠬᠤ᠂ ᠨᠣᠭᠣᠭ᠋ᠠᠷᠠᠭᠤᠯᠤᠯᠲᠠ ᠵᠢ ᠥᠷᠭᠡᠳᠬᠡᠬᠦ᠂ ᠨᠡᠮᠡᠭᠳᠡᠯ᠎ᠢ ᠬᠠᠮᠵᠢᠯᠴᠠᠨ ᠠᠬᠢᠭᠤᠯᠵᠤ᠂ ᠪᠦᠬᠦ ᠡᠯᠧᠮᠧᠨ᠋ᠲ᠎ᠤᠨ ᠪᠦᠬᠦ ᠲᠠᠯ᠎ᠠ ᠵᠢᠨ ᠵᠠᠰᠠᠯᠲᠠ ᠵᠢᠨ ᠪᠠᠢ᠌ᠷᠢᠰᠢᠯ᠎ᠢ ᠬᠦᠴᠦᠯᠡᠨ ᠪᠠᠢ᠌ᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠤᠨ ᠲᠣᠭᠲᠠᠭᠤᠨ᠎ᠤ ᠳᠤᠮᠳᠠ ᠰᠠᠢ᠌ᠵᠢᠷᠠᠬᠤ᠂ ᠦᠷᠭᠦᠯᠵᠢᠯᠡᠨ ᠰᠠᠢ᠌ᠵᠢᠷᠠᠬᠤ ᠵᠢ ᠠᠬᠢᠭᠤᠯᠵᠤ᠂ ᠴᠢᠨᠠᠷ ᠰᠠᠢ᠌ᠲᠠᠢ ᠠᠮᠢ ᠠᠬᠤᠢ ᠣᠷᠴᠢᠨ ᠲᠣᠭᠣᠷᠢᠨ ᠵᠶ᠋ᠠᠷ ᠴᠢᠨᠠᠷ ᠰᠠᠢ᠌ᠲᠠᠢ ᠬᠥᠭᠵᠢᠯᠲᠡ ᠵᠢ ᠲᠤᠯᠭ᠋ᠠᠭᠤᠷᠢᠯᠠᠬᠤ ᠬᠡᠷᠡᠭᠲᠡᠢ᠃ 2025 ᠣᠨ᠎ᠳᠤ ᠲᠤᠯᠤᠭ᠋ᠠᠨ ᠵᠦᠢ᠍ᠯ᠎ᠤᠨ ᠡᠭᠦᠷᠭᠡ ᠵᠢ ᠭᠣᠣᠯᠳᠠᠯᠭ᠎ᠠ᠎ᠲᠠᠢ ᠰᠠᠶ᠋ᠢᠲᠤᠷ ᠨᠠᠢ᠌ᠳᠠᠪᠤᠷᠢᠵᠢᠭᠤᠯᠤᠨ᠎ᠠ᠄ ᠨᠢᠭᠡ᠎ᠳᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠪᠠ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠬᠠᠮᠵᠢᠯᠴᠠᠨ ᠠᠬᠢᠭᠤᠯᠬᠤ ᠲᠠᠯ᠎ᠠ᠎ᠪᠠᠷ ᠠᠮᠵᠢᠯᠲᠠ ᠪᠦᠲᠦᠮᠵᠢ ᠭᠠᠷᠭ᠋ᠠᠵᠤ᠂ ᠪᠣᠳᠠᠲᠠᠢ ᠦᠷ᠎ᠡ ᠪᠦᠲᠦᠮᠵᠢ ᠣᠯᠣᠨ᠎ᠠ᠃ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠲᠦᠭᠡᠨ ᠪᠠᠢ᠌ᠭᠤᠯᠤᠯᠲᠠ ᠵᠢ ᠬᠦᠴᠦᠲᠡᠢ ᠪᠥᠭᠡᠳ ᠡᠮᠬᠢ ᠵᠢᠷᠤᠮ᠎ᠲᠠᠢ ᠲᠦᠯᠬᠢᠨ ᠠᠬᠢᠭᠤᠯᠵᠤ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠲᠠᠰ ᠲᠥᠷᠥᠯ ᠬᠤᠪᠢᠶᠠᠨ ᠠᠬᠢᠭᠤᠯᠵᠤ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠰᠢᠨᠵᠢᠯᠡᠬᠦ ᠤᠬᠠᠭ᠋ᠠᠨᠴᠢ᠎ᠪᠠᠷ ᠰᠢᠰᠲ᠋ᠧᠮ᠎ᠲᠠᠢ ᠲᠥᠯᠥᠪᠵᠢᠭᠦᠯᠵᠦ᠂ ᠨᠢᠭᠡ ᠬᠤᠪᠢ ᠬᠠᠨᠤᠮᠵᠢᠲᠠᠢ ᠬᠠᠷᠢᠭᠤᠯᠲᠠ ᠵᠢᠨ ᠬᠠᠭᠤᠳᠠᠰᠤ ᠲᠤᠰᠢᠶᠠᠬᠤ ᠵᠢ ᠦᠨᠡᠨ ᠬᠦ᠌ ᠪᠠᠲᠤᠯᠠᠨ᠎ᠠ᠃ ᠬᠣᠶᠠᠷ᠎ᠲᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠬᠦ ᠲᠠᠯ᠎ᠠ᠎ᠪᠠᠷ ᠠᠮᠵᠢᠯᠲᠠ ᠪᠦᠲᠦᠮᠵᠢ ᠭᠠᠷᠭ᠋ᠠᠵᠤ᠂ ᠪᠣᠳᠠᠲᠠᠢ ᠦᠷ᠎ᠡ ᠪᠦᠲᠦᠮᠵᠢ ᠣᠯᠣᠨ᠎ᠠ᠃ ᠤᠨᠢᠨ ᠳᠡᠭᠡᠷ᠎ᠡ᠎ᠨᠢ ᠪᠣᠬᠢᠷᠲᠤᠯ᠎ᠢ ᠵᠠᠰᠠᠬᠤ᠂ ᠰᠢᠨᠵᠢᠯᠡᠬᠦ ᠤᠬᠠᠭ᠋ᠠᠨᠴᠢ᠎ᠪᠠᠷ ᠪᠣᠬᠢᠷᠲᠤᠯ᠎ᠢ ᠵᠠᠰᠠᠬᠤ᠂ ᠬᠠᠤᠯᠢ ᠶᠣᠰᠣᠭ᠋ᠠᠷ ᠪᠣᠬᠢᠷᠲᠤᠯ᠎ᠢ ᠵᠠᠰᠠᠬᠤ ᠵᠢ ᠪᠠᠷᠢᠮᠲᠠᠯᠠᠵᠤ᠂ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠰᠢᠨ᠎ᠡ ᠪᠣᠬᠢᠷᠲᠤᠯ ᠪᠣᠳᠠᠰ᠎ᠢ ᠵᠠᠰᠠᠬᠤ ᠠᠵᠢᠯ᠎ᠢ ᠴᠢᠩᠭ᠋ᠠᠳᠬᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠬᠢᠵᠠᠭ᠋ᠠᠷᠯᠠᠬᠤ ᠴᠢᠨᠠᠷᠲᠠᠢ ᠭᠦᠢ᠍ᠴᠡᠳᠬᠡᠬᠦ ᠲᠣᠭ᠎ᠠ ᠵᠢᠨ ᠡᠭᠦᠷᠭᠡ ᠵᠢ ᠪᠦᠬᠦ ᠲᠠᠯ᠎ᠠ᠎ᠪᠠᠷ ᠪᠡᠶᠡᠯᠡᠭᠦᠯᠦᠨ᠎ᠡ᠃ ᠭᠤᠷᠪᠠ᠎ᠳᠤ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠠᠯ᠎ᠠ᠎ᠪᠠᠷ ᠠᠮᠵᠢᠯᠲᠠ ᠪᠦᠲᠦᠮᠵᠢ ᠭᠠᠷᠭ᠋ᠠᠵᠤ᠂ ᠪᠣᠳᠠᠲᠤ ᠦᠷ᠎ᠡ ᠪᠦᠲᠦᠮᠵᠢ ᠣᠯᠣᠨ᠎ᠠ᠃ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠵᠦ᠂ ᠠᠮᠢ ᠠᠬᠤᠢ ᠣᠷᠴᠢᠨ ᠲᠣᠭᠣᠷᠢᠨ᠎ᠢ ᠣᠷᠣᠨ ᠬᠤᠪᠢᠶᠠᠨ ᠬᠠᠮᠢᠶᠠᠷᠤᠨ ᠡᠵᠡᠮᠳᠡᠭᠰᠡᠨ ᠦᠷ᠎ᠡ ᠪᠦᠲᠦᠭᠡᠯ᠎ᠢ ᠪᠣᠳᠠᠲᠠᠢ᠎ᠳᠤ ᠨᠠᠢ᠌ᠳᠠᠪᠤᠷᠢᠵᠢᠭᠤᠯᠤᠨ ᠬᠡᠷᠡᠭᠯᠡᠬᠦ ᠵᠢ ᠭᠦᠨᠵᠡᠭᠡᠢ᠌ᠷᠡᠭᠦᠯᠵᠦ᠂ ᠭᠣᠣᠯᠳᠠᠯᠭ᠎ᠠ᠎ᠲᠠᠢ ᠠᠵᠢᠯ ᠳᠦᠷᠦᠯ᠎ᠤᠨ ᠪᠣᠬᠢᠷᠲᠤᠯ᠎ᠢ ᠪᠠᠭ᠋ᠠᠰᠬᠠᠵᠤ ᠨᠠᠭᠦᠷᠡᠰᠦᠲᠦ᠋ᠷᠦᠭᠴᠢ ᠵᠢ ᠪᠠᠭ᠋ᠠᠰᠬᠠᠬᠤ ᠵᠢ ᠴᠢᠩᠭ᠋ᠠᠳᠬᠠᠵᠤ᠂ ᠠᠭᠤᠷ ᠠᠮᠢᠰᠬᠤᠯ᠎ᠤᠨ ᠬᠤᠪᠢᠷᠠᠯᠲᠠ ᠵᠢ ᠢᠳᠡᠪᠬᠢᠲᠡᠢ ᠠᠷᠭ᠋ᠠᠴᠠᠵᠤ᠂ ᠤᠯᠠᠨ ᠠᠷᠭ᠎ᠠ ᠬᠡᠮᠵᠢᠶ᠎ᠡ ᠵᠢ ᠵᠡᠷᠭᠡᠪᠡᠷ ᠬᠡᠷᠡᠭᠵᠢᠭᠦᠯᠵᠦ ᠪᠠᠶ᠋ᠢᠭ᠋ᠠᠳ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠦᠬᠦ ᠲᠠᠯ᠎ᠠ᠎ᠪᠠᠷ ᠪᠣᠬᠢᠷᠲᠤᠯ ᠦᠭᠡᠢ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠤᠨ᠎ᠠ᠃ ᠳᠥᠷᠪᠡ᠎ᠳᠤ᠂ ᠠᠮᠢ ᠠᠬᠤᠢ ᠵᠢᠨ ᠬᠠᠮᠠᠭ᠋ᠠᠯᠠᠯᠲᠠ ᠰᠡᠷᠭᠦᠭᠡᠯᠲᠡ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠲᠠᠯ᠎ᠠ᠎ᠪᠠᠷ ᠠᠮᠵᠢᠯᠲᠠ ᠪᠦᠲᠦᠮᠵᠢ ᠭᠠᠷᠭ᠋ᠠᠵᠤ᠂ ᠪᠣᠳᠠᠲᠠᠢ ᠦᠷ᠎ᠡ ᠪᠦᠲᠦᠮᠵᠢ ᠣᠯᠣᠨ᠎ᠠ᠃ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠨᠢᠭᠡᠳᠦᠯᠲᠡᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠬᠠᠮᠠᠭ᠋ᠠᠯᠠᠯᠲᠠ ᠵᠢ ᠴᠢᠩᠭ᠋ᠠᠳᠬᠠᠨ᠂ ᠠᠮᠢ ᠠᠬᠤᠢ ᠵᠢ ᠡᠪᠳᠡᠬᠦ ᠦᠢ᠍ᠯᠡ ᠠᠵᠢᠯᠯᠠᠭ᠎ᠠ ᠵᠢ ᠴᠢᠩᠭ᠎ᠠ ᠪᠠᠢ᠌ᠴᠠᠭ᠋ᠠᠨ ᠰᠢᠢ᠍ᠳᠪᠦᠷᠢᠯᠡᠵᠦ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢᠨ ᠠᠮᠢ ᠠᠬᠤᠢ ᠵᠢᠨ ᠰᠠᠭᠤᠷᠢ ᠵᠢ ᠲᠠᠰᠤᠷᠠᠯᠲᠠ ᠦᠭᠡᠢ ᠪᠠᠲᠤᠳᠬᠠᠨ᠎ᠠ᠃ ᠲᠠᠪᠤ᠎ᠳᠤ᠂ ᠠᠮᠢ ᠠᠬᠤᠢ ᠣᠷᠴᠢᠨ ᠲᠣᠭᠣᠷᠢᠨ᠎ᠤ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠠᠲᠤ ᠰᠠᠬᠢᠬᠤ ᠲᠠᠯ᠎ᠠ᠎ᠪᠠᠷ ᠠᠮᠵᠢᠯᠲᠠ ᠪᠦᠲᠦᠮᠵᠢ ᠭᠠᠷᠭ᠋ᠠᠵᠤ᠂ ᠪᠣᠳᠠᠲᠤ ᠦᠷ᠎ᠡ ᠪᠦᠲᠦᠮᠵᠢ ᠣᠯᠣᠨ᠎ᠠ᠃ ᠲᠦᠭᠰᠢᠭᠦᠷᠢ ᠵᠢᠨ ᠦᠵᠡᠯ ᠤᠬᠠᠮᠰᠠᠷ᠂ ᠬᠣᠷᠢᠭ᠎ᠠ ᠱᠤᠭᠤᠮ᠎ᠤᠨ ᠰᠡᠳᠬᠢᠬᠦᠢ ᠵᠢ ᠴᠢᠩᠭ᠋ᠠᠷᠠᠭᠤᠯᠵᠤ᠂ ᠣᠷᠴᠢᠨ ᠲᠣᠭᠣᠷᠢᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢ ᠴᠢᠩᠭ᠋ᠠᠳᠬᠠᠨ᠂ ᠴᠥᠮ᠎ᠡ ᠬᠢᠭᠡᠳ ᠰᠠᠴᠤᠷᠠᠭ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠭᠦᠨᠵᠡᠭᠡᠢ᠌ᠷᠡᠭᠦᠯᠵᠦ᠂ ᠣᠷᠴᠢᠨ ᠲᠣᠭᠣᠷᠢᠨ᠎ᠤ ᠠᠮᠤᠷ ᠲᠦᠪᠰᠢᠨ᠎ᠤ ᠬᠡᠮ ᠰᠣᠭᠣᠭ᠎ᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠵᠢ ᠥᠷᠨᠢᠭᠦᠯᠵᠦ᠂ ᠡᠯ᠎ᠡ ᠲᠥᠷᠥᠯ᠎ᠤᠨ ᠲᠦᠭᠰᠢᠭᠦᠷᠢ ᠵᠢᠨ ᠬᠡᠮ ᠰᠣᠭᠣᠭ᠎ᠢ ᠴᠠᠭ ᠲᠤᠬᠠᠢ᠎ᠳᠤᠨᠢ ᠠᠷᠢᠯᠭ᠋ᠠᠨ᠎ᠠ᠃ ᠵᠢᠷᠭᠤᠭ᠎ᠠ᠎ᠳᠤ᠂ ᠠᠮᠢ ᠠᠬᠤᠢ ᠣᠷᠴᠢᠨ ᠲᠣᠭᠣᠷᠢᠨ᠎ᠤ ᠱᠠᠯᠠᠪᠳᠠᠭᠤᠯᠤᠨ ᠪᠠᠢ᠌ᠴᠠᠭ᠋ᠠᠯᠲᠠ ᠵᠢᠨ ᠬᠠᠤᠯᠢ ᠬᠡᠷᠡᠭᠵᠢᠭᠦᠯᠦᠯᠲᠡ ᠵᠢ ᠴᠢᠩᠭ᠋ᠠᠳᠬᠠᠬᠤ ᠲᠠᠯ᠎ᠠ᠎ᠪᠠᠷ ᠠᠮᠵᠢᠯᠲᠠ ᠪᠦᠲᠦᠮᠵᠢ ᠭᠠᠷᠭ᠋ᠠᠵᠤ᠂ ᠪᠣᠳᠠᠲᠠᠢ ᠦᠷ᠎ᠡ ᠪᠦᠲᠦᠮᠵᠢ ᠣᠯᠣᠨ᠎ᠠ᠃ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ ᠵᠢ ᠭᠦᠨᠵᠡᠭᠡᠢ ᠲᠦᠯᠬᠢᠨ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠦᠯᠲᠡ ᠵᠢᠨ ᠬᠢᠨᠠᠯᠲᠠ ᠬᠠᠮᠢᠶᠠᠷᠤᠯᠲᠠ ᠵᠢ ᠰᠢᠯᠢᠳᠡᠭᠵᠢᠭᠦᠯᠦᠨ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ ᠵᠢᠨ ᠴᠡᠭᠴᠡᠯᠡᠨ ᠵᠠᠰᠠᠬᠤ ᠪᠠ ᠲᠣᠪᠣᠢ᠌ᠮ᠎ᠠ ᠠᠰᠠᠭᠤᠳᠠᠯ᠎ᠢ ᠪᠠᠢ᠌ᠴᠠᠭ᠋ᠠᠨ ᠰᠢᠢ᠍ᠳᠪᠦᠷᠢᠯᠡᠬᠦ ᠡᠷᠴᠢᠮ᠎ᠢ ᠴᠢᠩᠭ᠋ᠠᠷᠠᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠴᠡᠭᠴᠡᠯᠡᠨ ᠵᠠᠰᠠᠬᠤ ᠴᠢᠨᠠᠷ ᠪᠠ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ ᠵᠢᠨ ᠬᠤᠷᠴᠠ ᠰᠡᠯᠡᠮ᠎ᠡ ᠵᠢᠨ ᠦᠢ᠍ᠯᠡᠳᠦᠯ ᠪᠠ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠦᠯᠲᠡ ᠵᠢᠨ ᠰᠦᠷᠳᠡᠭᠦᠯᠬᠦ ᠦᠢ᠍ᠯᠡᠳᠦᠯ᠎ᠢ ᠦᠨᠡᠨ ᠬᠦ᠌ ᠪᠠᠳᠠᠷᠠᠭᠤᠯᠤᠨ᠎ᠠ᠃ ᠲᠤᠯᠤᠭ᠎ᠠ᠎ᠳᠤ᠂ ᠣᠲᠣ ᠦᠶ᠎ᠡ ᠵᠢᠨ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮ᠎ᠢ ᠪᠦᠷᠢᠨᠰᠢᠭᠦᠯᠬᠦ ᠲᠠᠯ᠎ᠠ᠎ᠪᠠᠷ ᠠᠮᠵᠢᠯᠲᠠ ᠪᠦᠲᠦᠮᠵᠢ ᠭᠠᠷᠭ᠋ᠠᠵᠤ᠂ ᠪᠣᠳᠠᠲᠠᠢ ᠦᠷ᠎ᠡ ᠪᠦᠲᠦᠮᠵᠢ ᠣᠯᠣᠨ᠎ᠠ᠃ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠎ᠪᠠᠷ ᠦᠨᠳᠦᠰᠦᠨ ᠬᠥᠳᠡᠯᠭᠡᠬᠦ ᠬᠦᠴᠦᠨ ᠪᠣᠯᠭ᠋ᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠵᠢᠨ ᠪᠠᠷᠢᠮᠵᠢᠶ᠎ᠠ ᠵᠢᠨ ᠰᠢᠰᠲ᠋ᠧᠮ᠎ᠢ ᠪᠦᠷᠢᠨᠰᠢᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠲᠤᠯᠭ᠋ᠠᠭᠤᠷᠢᠯᠠᠵᠤ ᠪᠠᠲᠤᠯᠠᠬᠤ ᠴᠢᠳᠠᠪᠤᠷᠢ ᠵᠢ ᠳᠡᠭᠡᠭᠰᠢᠯᠡᠭᠦᠯᠵᠦ᠂ ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠠᠵᠢᠯᠯᠠᠭ᠎ᠠ ᠵᠢ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠬᠢᠷᠢ ᠲᠦᠪᠰᠢᠨ᠎ᠢ ᠲᠠᠰᠤᠷᠠᠯᠳᠠ ᠦᠭᠡᠢ ᠲᠡᠭᠡᠭᠰᠢᠯᠡᠬᠦᠯᠦᠨ᠎ᠡ ᠭᠡᠵᠦ ᠴᠢᠬᠤᠯᠠᠴᠢᠯᠠᠪᠠ᠃
      ᠵᠤᠤ ᠱ᠌ᠢ ᠳ᠋ᠸ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠤᠯᠤᠰ ᠲᠥᠷᠥ ᠵᠢᠨ ᠬᠠᠷᠢᠭᠤᠴᠠᠯᠭ᠎ᠠ ᠵᠢ ᠦᠨᠡᠨ ᠬᠦ᠌ ᠡᠭᠦᠷᠭᠡᠯᠡᠵᠦ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠠᠵᠢᠯ ᠳᠦᠷᠦᠯ᠎ᠤᠨ ᠣᠨᠴᠠᠯᠢᠭ᠎ᠢ ᠭᠦᠨᠵᠡᠭᠡᠢ ᠡᠵᠡᠮᠳᠡᠵᠦ᠂ ᠥᠭᠡᠷᠡᠴᠢᠯᠡᠯᠲᠡ ᠵᠢᠨ ᠵᠣᠷᠢᠭ ᠰᠠᠨᠠᠭ᠎ᠠ ᠪᠣᠯᠣᠨ ᠴᠢᠩᠭ᠎ᠠ ᠪᠠᠷᠢᠮᠵᠢᠶ᠎ᠠ᠎ᠪᠠᠷ ᠨᠠᠮ᠎ᠢ ᠬᠠᠮᠢᠶᠠᠷᠴᠤ ᠨᠠᠮ᠎ᠢ ᠵᠠᠰᠠᠬᠤ ᠵᠢ ᠪᠠᠷᠢᠮᠲᠠᠯᠠᠵᠤ᠂ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠶᠠᠰᠤ ᠴᠢᠨᠠᠷ᠎ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠤᠷᠲᠠᠯ᠎ᠤᠨ ᠪᠠᠢ᠌ᠭᠤᠯᠤᠯᠲᠠ ᠵᠢ ᠪᠠᠢ᠌ᠩᠭᠤᠵᠢᠭᠤᠯᠬᠤ ᠪᠠ ᠤᠷᠳᠤ ᠬᠤᠭᠤᠴᠠᠭ᠎ᠠ᠎ᠪᠠᠷ ᠪᠦᠲᠦᠮᠵᠢᠲᠡᠢ ᠪᠠᠢ᠌ᠯᠭ᠋ᠠᠬᠤ ᠵᠢ ᠠᠬᠢᠭᠤᠯᠵᠤ᠂ ᠴᠢᠬᠡᠴᠢ ᠵᠠᠰᠠᠭ᠎ᠤᠨ ᠠᠶᠤᠯ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠲᠣᠭᠲᠠᠴᠠ ᠵᠢ ᠲᠡᠭᠦᠯᠳᠡᠷᠵᠢᠭᠦᠯᠵᠦ᠂ ᠢᠯᠵᠢᠷᠡᠯ᠎ᠢ ᠡᠰᠡᠷᠭᠦᠴᠡᠬᠦ ᠪᠠᠢ᠌ᠯᠳᠤᠬᠤ ᠪᠣᠳᠣᠯᠭ᠎ᠠ ᠵᠢᠨ ᠲᠣᠭᠲᠠᠯ ᠬᠦᠴᠦᠨ ᠪᠠ ᠰᠦᠷ ᠬᠦᠴᠦᠲᠦ ᠪᠠᠶ᠋ᠢᠳᠠᠯ᠎ᠢ ᠢᠮᠠᠭᠲᠠ ᠪᠠᠲᠤᠯᠠᠵᠤ᠂ ᠬᠥᠭᠵᠢᠯᠲᠡ ᠵᠢᠨ ᠰᠤᠷᠲᠠᠯ ᠴᠢᠬᠡᠴᠢ ᠣᠪᠣᠷ ᠲᠥᠪ ᠰᠠᠢ᠍ᠢ᠍ᠨ ᠰᠠᠢ᠌ᠬᠠᠨ ᠤᠯᠤᠰ ᠲᠥᠷᠥ ᠵᠢᠨ ᠠᠮᠢ ᠠᠬᠤᠢ ᠵᠢ ᠪᠡᠬᠢᠵᠢᠭᠦᠯᠵᠦ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠥᠪᠥᠷ ᠮᠣᠩᠭᠣᠯ᠎ᠢ ᠪᠦᠲᠦᠭᠡᠨ ᠪᠠᠢ᠌ᠭᠤᠯᠬᠤ ᠰᠢᠨ᠎ᠡ ᠬᠠᠭᠤᠳᠠᠰᠤ ᠵᠢ ᠪᠢᠴᠢᠭᠯᠡᠬᠦ᠎ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠯᠢ ᠵᠢᠶᠠᠨ ᠵᠢᠶᠦ᠋ᠨ 2024 ᠣᠨ᠎ᠤ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠠᠵᠢᠯ᠎ᠢ ᠪᠦᠬᠦ ᠲᠠᠯ᠎ᠠ᠎ᠪᠠᠷ ᠳ᠋ᠦᠩᠨᠡᠵᠦ᠂ 2025 ᠣᠨ᠎ᠳᠤ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠬᠤ ᠠᠵᠢᠯ᠎ᠤᠨ ᠭᠣᠣᠯ ᠰᠢᠵᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ ᠪᠣᠯᠣᠨ ᠠᠷᠪᠠᠨ ᠨᠢᠭᠡᠳᠦᠭᠡᠷ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠲᠠᠪᠤᠳᠤᠭ᠋ᠠᠷ ᠪᠦᠭᠦᠳᠡ ᠬᠤᠷᠠᠯ᠎ᠤᠨ ᠪᠠᠢ᠌ᠷᠢᠯᠠᠭᠤᠯᠤᠯᠲᠠ ᠶᠣᠰᠣᠭ᠋ᠠᠷ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠤᠯᠤᠰ ᠲᠥᠷᠥ ᠵᠢᠨ ᠬᠠᠷᠢᠭᠤᠴᠠᠯᠭ᠎ᠠ ᠵᠢ ᠴᠢᠩᠭ᠋ᠠᠳᠬᠠᠵᠤ᠂ ᠡᠷᠡᠰ ᠭᠤᠶ᠋ᠢᠪᠢᠰᠢ ᠦᠭᠡᠢ᠎ᠪᠠᠷ ᠰᠤᠷᠲᠠᠯ᠎ᠢ ᠲᠥᠪ ᠪᠣᠯᠭ᠋ᠠᠨ ᠰᠠᠬᠢᠯᠭ᠎ᠠ ᠪᠠᠲᠤ ᠵᠢ ᠴᠢᠩᠳᠠᠯᠠᠵᠤ ᠢᠯᠵᠢᠷᠡᠯ᠎ᠢ ᠡᠰᠡᠷᠭᠦᠴᠡᠵᠦ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠲᠣᠮᠢᠯᠠᠨ ᠰᠠᠭᠤᠯᠭ᠋ᠠᠭᠰᠠᠨ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠹᠠᠨ ᠮᠢᠩ ᠱ᠌ᠢ ᠳ᠋ᠦᠩᠨᠡᠯᠲᠡ ᠵᠢᠨ ᠬᠤᠷᠠᠯ ᠳᠡᠭᠡᠷ᠎ᠡ ᠵᠢᠭ᠋ᠠᠵᠤ ᠭᠠᠷᠭ᠋ᠠᠭᠰᠠᠨ᠎ᠨᠢ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ ᠭᠦᠨᠵᠡᠭᠡᠢ ᠰᠤᠷᠤᠯᠴᠠᠵᠤ᠂ ᠬᠤᠷᠠᠯ᠎ᠤᠨ ᠵᠣᠷᠢᠭ ᠰᠠᠨᠠᠭ᠎ᠠ ᠵᠢ ᠤᠨᠢᠨ ᠳᠡᠭᠡᠷ᠎ᠡ᠎ᠨᠢ ᠡᠵᠡᠮᠰᠢᠵᠦ᠂ ᠰᠡᠳᠬᠢᠯ᠎ᠳᠡᠭᠡᠨ ᠰᠢᠩᠭᠡᠭᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ; ᠭᠦᠨᠵᠡᠭᠡᠢ ᠲᠥᠯᠥᠪᠵᠢᠭᠦᠯᠵᠦ᠂ ᠨᠠᠷᠢᠨ ᠨᠢᠮᠪᠠᠢ ᠵᠣᠬᠢᠶᠠᠨ ᠪᠠᠢ᠌ᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ; ᠠᠷᠭ᠎ᠠ ᠬᠡᠮᠵᠢᠶ᠎ᠡ᠎ᠪᠠᠨ ᠭᠦᠨᠵᠡᠭᠡᠢ᠌ᠷᠡᠭᠦᠯᠦᠨ᠂ ᠨᠠᠷᠢᠨ ᠨᠢᠮᠪᠠᠢ ᠬᠠᠮᠢᠶᠠᠷᠴᠤ᠂ ᠪᠣᠳᠠᠲᠠᠢ ᠠᠵᠢᠯ ᠬᠢᠵᠦ ᠪᠣᠳᠠᠲᠠᠢ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠪᠣᠳᠠᠲᠠᠢ ᠠᠵᠢᠯ᠎ᠤᠨ ᠳᠤᠮᠳᠠ᠂ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠨᠠᠢ᠌ᠳᠠᠪᠤᠷᠢᠵᠢᠭᠤᠯᠤᠯᠲᠠ ᠵᠢ ᠠᠳᠬᠤᠵᠤ᠂ ᠭᠣᠣᠯᠳᠠᠯᠭ᠎ᠠ᠎ᠪᠠᠨ ᠲᠣᠪᠤᠢ᠌ᠯᠭ᠋ᠠᠨ ᠨᠠᠢ᠌ᠳᠠᠪᠤᠷᠢᠵᠢᠭᠤᠯᠤᠯᠲᠠ ᠵᠢ ᠠᠳᠬᠤᠵᠤ᠂ ᠵᠣᠷᠢᠭᠲᠠᠢ᠎ᠪᠠᠷ ᠰᠢᠨ᠎ᠡ ᠵᠢ ᠡᠭᠦᠳᠦᠨ ᠨᠠᠢ᠌ᠳᠠᠪᠤᠷᠢᠵᠢᠭᠤᠯᠤᠯᠲᠠ ᠵᠢ ᠠᠳᠬᠤᠵᠤ᠂ ᠪᠣᠳᠠᠲᠤ ᠦᠷ᠎ᠡ ᠪᠦᠲᠦᠮᠵᠢ ᠵᠢ ᠡᠷᠬᠢᠮᠯᠡᠨ ᠨᠠᠢ᠌ᠳᠠᠪᠤᠷᠢᠵᠢᠭᠤᠯᠤᠯᠲᠠ ᠵᠢ ᠠᠳᠬᠤᠵᠤ᠂ ᠠᠵᠢᠯ᠎ᠤᠨ ᠬᠤᠪᠢᠶᠠᠷᠢᠯᠠᠯ ᠵᠶ᠋ᠠᠨ ᠨᠠᠷᠢᠯᠢᠭᠵᠢᠭᠤᠯᠵᠤ᠂ ᠡᠭᠦᠷᠭᠡ᠎ᠪᠠᠨ ᠬᠡᠮᠵᠢᠶᠡᠯᠡᠵᠦ᠂ ᠠᠷᠭ᠎ᠠ ᠬᠡᠮᠵᠢᠶ᠎ᠡ᠎ᠪᠠᠨ ᠪᠣᠳᠠᠲᠠᠢ᠌ᠵᠢᠭᠤᠯᠵᠤ᠂ ᠠᠵᠢᠯ᠎ᠤᠨ ᠳᠠᠷᠤᠯᠲᠠ᠎ᠪᠠᠨ ᠥᠪᠡᠰᠦᠪᠡᠨ ᠨᠡᠮᠡᠭᠳᠡᠭᠦᠯᠵᠦ᠂ ᠳᠣᠲᠣᠭ᠋ᠠᠳᠤ ᠵᠢᠨ ᠬᠥᠳᠡᠯᠭᠡᠬᠦ ᠬᠦᠴᠦᠨ ᠵᠶ᠋ᠡᠨ ᠨᠡᠮᠡᠭᠳᠡᠭᠦᠯᠦᠨ᠂ ᠡᠯ᠎ᠡ ᠲᠠᠯ᠎ᠠ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠪᠠ ᠥᠨᠳᠥᠷ ᠬᠢᠷᠢ ᠲᠦᠪᠰᠢᠨ ᠪᠦᠬᠦᠢ ᠬᠠᠮᠠᠭ᠋ᠠᠯᠠᠯᠲᠠ ᠵᠢ ᠪᠥᠬᠥ ᠲᠠᠯ᠎ᠠ᠎ᠪᠠᠷ ᠨᠢᠭᠡᠳᠦᠯᠲᠡᠢ ᠲᠥᠯᠥᠪᠯᠡᠨ ᠠᠬᠢᠭᠤᠯᠤᠨ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠥᠮᠥᠰ᠎ᠤᠨ ᠪᠠᠢ᠌ᠪᠠᠰᠤ ᠵᠣᠬᠢᠬᠤ ᠦᠢ᠍ᠯᠡᠳᠦᠯ᠎ᠢ ᠪᠠᠳᠠᠷᠠᠭᠤᠯᠬᠤ ᠵᠢᠨ ᠲᠥᠯᠥᠭᠡ ᠳᠠᠬᠢᠨ ᠴᠢᠷᠮᠠᠢ᠌ᠵᠤ᠂ ᠳᠠᠬᠢᠨ ᠰᠢᠨ᠎ᠡ ᠭᠠᠪᠢᠶ᠎ᠠ ᠪᠠᠢ᠌ᠭᠤᠯᠬᠤ ᠬᠡᠷᠡᠭᠲᠡᠢ ᠭᠡᠵᠡᠢ᠃
      ᠬᠤᠷᠠᠯ ᠳᠡᠭᠡᠷ᠎ᠡ᠂ ᠬᠥᠬᠡᠬᠣᠲᠠ᠂ ᠬᠥᠯᠥᠨ ᠪᠣᠢ᠌ᠷ ᠬᠤᠳᠠ᠂ ᠣᠷᠳᠣᠰ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠭᠣᠣᠯ ᠬᠠᠷᠢᠭᠤᠴᠠᠯᠭ᠋ᠠᠲᠠᠨ ᠨᠥᠬᠥᠳ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠂ ᠭᠠᠵᠠᠷ ᠳᠣᠣᠷᠠᠬᠢ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠵᠡᠷᠭᠡ ᠠᠭᠤᠯᠭ᠎ᠠ ᠵᠢᠨ ᠲᠣᠭᠣᠷᠢᠨ᠎ᠳᠤ ᠲᠤᠰ ᠲᠤᠰ ᠨᠡᠢ᠌ᠲᠡᠯᠢᠭ ᠶᠠᠷᠢᠶ᠎ᠠ ᠲᠠᠯᠪᠢᠵᠠᠢ᠃
      ᠬᠤᠷᠠᠯ᠎ᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠵᠢ ᠤᠶᠠᠯᠳᠤᠭᠤᠯᠬᠤ ᠬᠡᠯᠪᠡᠷᠢ᠎ᠪᠠᠷ ᠬᠤᠷᠠᠯᠳᠤᠭᠤᠯᠪᠠ᠃ ᠡᠯ᠎ᠡ ᠲᠢᠩᠬᠢᠮ᠎ᠤᠨ ᠤᠳᠤᠷᠢᠳᠤᠯᠭ᠎ᠠ᠂ ᠡᠯ᠎ᠡ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠬᠠᠷᠢᠭᠤᠴᠠᠯᠭ᠋ᠠᠲᠠᠨ ᠨᠥᠬᠥᠳ᠂ ᠲᠢᠩᠬᠢᠮ᠎ᠤᠨ ᠪᠠᠢ᠌ᠭᠤᠯᠭ᠎ᠠ ᠵᠢᠨ ᠳᠡᠳ᠋ ᠭᠠᠵᠠᠷ᠎ᠤᠨ ᠲᠠᠰ᠎ᠠᠴᠠ ᠳᠡᠭᠡᠭᠰᠢᠬᠢ ᠺᠠᠳ᠋ᠷ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠪᠥᠬᠥ ᠺᠠᠳ᠋ᠷ᠂ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠤᠳᠤᠷᠢᠳᠬᠤ ᠪᠠᠭ᠎ᠤᠨ ᠪᠦᠷᠢᠯᠳᠦᠬᠦᠨ ᠭᠣᠣᠯ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ; ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠺᠠᠳ᠋ᠷ ᠠᠵᠢᠯᠲᠠᠨ ᠠᠵᠢᠯᠴᠢᠨ ᠬᠤᠪᠢᠶᠠᠷᠢ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ᠃

 

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠨᠢᠭᠡᠳᠦᠭᠡᠷ ᠨᠠᠮ᠎ᠤᠨ ᠪᠠᠢ᠌ᠭᠤᠯᠤᠯᠲᠠ ᠵᠢᠨ ᠬᠠᠷᠢᠯᠴᠠᠬᠤ ᠬᠡᠰᠡᠭ᠎ᠤᠨ ᠳᠤᠭᠤᠢ᠌ᠯᠠᠩ᠎ᠤᠨ ᠠᠵᠢᠯ᠎ᠢ ᠵᠣᠬᠢᠴᠠᠭᠤᠯᠬᠤ ᠬᠤᠷᠠᠯ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠳᠤ ᠬᠤᠷᠠᠯᠳᠤᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠡᠬᠢᠯᠡᠭᠦᠯᠪᠡ
ᠴᠢ ᠹᠸᠢ ᠶᠦᠨ ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠵᠢᠴᠢ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠶ᠋ᠢᠴᠠᠭ᠋ᠠᠵᠤ ᠴᠡᠭᠴᠡᠯᠡᠨ ᠰᠠᠢ᠌ᠵᠢᠷᠠᠭᠤᠯᠤᠭᠰᠠᠨ ᠠᠵᠢᠯ᠎ᠢ ᠪᠠᠶ᠋ᠢᠴᠠᠭ᠋ᠠᠨ ᠰᠤᠳᠤᠯᠪᠠ
ᠰᠦᠨ ᠱᠤᠤ ᠴᠧᠩ ᠪᠠᠶᠠᠨᠨᠠᠭᠤᠷ ᠬᠤᠳᠠ᠎ᠳᠤ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠪᠠᠶ᠋ᠢᠴᠠᠭ᠋ᠠᠨ ᠰᠤᠳᠤᠯᠪᠠ
 
             蒙ICP备05000248号