ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠡᠬᠢᠯᠡᠭᠦᠯᠪᠡ
ᠨᠡᠶ᠋ᠢᠲᠡᠯᠡᠭᠰᠡᠨ ᠴᠠᠭ᠄ 2025-04-08

图片01.jpg


      3 ᠰᠠᠷ᠎ᠠ ᠵᠢᠨ 20᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠵᠤ᠂ ᠲᠥᠪ ᠬᠣᠷᠢᠶ᠎ᠠ ᠵᠢᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠢ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠬᠤᠷᠠᠯ ᠪᠠ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠵᠤ᠂ ᠪᠥᠬᠥ ᠲᠢᠩᠬᠢᠮ᠎ᠤᠨ ᠲᠥᠪ ᠬᠣᠷᠢᠶ᠎ᠠ ᠵᠢᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠠᠵᠢᠯ᠎ᠳᠤ ᠲᠣᠬᠢᠷᠠᠭᠤᠯᠤᠯᠲᠠ ᠪᠠᠢ᠌ᠷᠢᠯᠠᠭᠤᠯᠤᠯᠲᠠ ᠬᠢᠵᠦ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠴᠢ ᠹᠧᠢ ᠶᠦᠨ ᠳᠠᠢ᠌ᠴᠢᠯᠠᠯᠲᠠ ᠵᠢᠨ ᠶᠠᠷᠢᠶ᠎ᠠ ᠲᠠᠯᠪᠢᠪᠠ᠃
      ᠬᠤᠷᠠᠯ᠎ᠠᠴᠠ᠂ ᠪᠦᠬᠦ ᠨᠠᠮ᠎ᠤᠨ ᠬᠡᠪᠴᠢᠶᠡᠨ᠎ᠳᠤ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠪᠣᠯ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠭᠠᠷᠭ᠋ᠠᠭᠰᠠᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠪᠣᠯᠣᠨ᠎ᠠ᠂ ᠡᠨᠡ ᠵᠢᠯ᠎ᠤᠨ ᠴᠢᠬᠤᠯᠠ ᠤᠯᠤᠰ ᠲᠦᠷᠦ ᠵᠢᠨ ᠡᠭᠦᠷᠭᠡ ᠪᠣᠯᠣᠨ᠎ᠠ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠬᠠᠷᠠᠯᠲᠠ ᠵᠢᠨ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠣᠨᠣᠪᠴᠢᠲᠠᠢ ᠡᠵᠡᠮᠳᠡᠵᠦ᠂ ᠡᠳᠦᠷ ᠳᠤᠳᠤᠮ᠎ᠤᠨ ᠠᠮᠢᠳᠤᠷᠠᠯ᠎ᠳᠤ ᠠᠭᠤᠰᠤᠯᠴᠠᠭᠤᠯᠵᠤ᠂ ᠪᠠᠢ᠌ᠩᠭᠤ ᠠᠳᠬᠤᠵᠤ᠂ ᠬᠠᠷᠠᠯᠲᠠ᠎ᠲᠠᠢ ᠨᠢᠭᠲᠠ ᠤᠶᠠᠯᠳᠤᠭᠤᠯᠵᠤ᠂ ᠰᠤᠷᠤᠯᠴᠠᠬᠤ ᠵᠢ ᠪᠠᠢ᠌ᠴᠠᠭ᠋ᠠᠵᠤ ᠥᠭᠡᠷᠡᠴᠢᠯᠡᠬᠦ ᠵᠢ ᠨᠢᠭᠡ ᠴᠣᠭᠴᠠᠵᠢᠭᠤᠯᠤᠨ ᠠᠬᠢᠭᠤᠯᠵᠤ᠂ ᠰᠤᠷᠤᠯᠴᠠᠬᠤ᠎ᠳᠤ ᠶᠠᠰᠤ ᠴᠢᠨᠠᠷ᠎ᠲᠠᠢ᠂ ᠪᠠᠢ᠌ᠴᠠᠭ᠋ᠠᠬᠤ᠎ᠳᠤ ᠡᠷᠴᠢᠮ᠎ᠲᠠᠢ᠂ ᠥᠭᠡᠷᠡᠴᠢᠯᠡᠬᠦ᠎ᠳᠤ ᠦᠷ᠎ᠡ ᠪᠦᠲᠦᠮᠵᠢ᠎ᠲᠠᠢ ᠪᠠᠢ᠌ᠬᠤ ᠵᠢ ᠪᠠᠲᠤᠯᠠᠬᠤ ᠬᠡᠷᠡᠭᠲᠡᠢ᠃ ᠦᠵᠡᠯ ᠰᠠᠨᠠᠭ᠎ᠠ᠎ᠪᠠᠷ ᠬᠥᠲᠥᠯᠥᠨ ᠳᠠᠭ᠋ᠠᠭᠤᠯᠬᠤ᠂ ᠰᠤᠷᠤᠯᠴᠠᠬᠤ ᠵᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠵᠤ᠂ ᠨᠠᠮ᠎ᠤᠨ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠥᠭᠦᠯᠡᠯᠲᠡ ᠪᠣᠯᠣᠨ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠢ᠌ᠯᠠᠭ᠋ᠠᠬᠤ ᠬᠡᠷᠡᠭᠲᠡᠢ᠃ ᠬᠡᠷᠡᠭ ᠵᠶ᠋ᠡᠷ ᠲᠣᠯᠢ ᠪᠣᠯᠭ᠋ᠠᠬᠤ ᠵᠢ ᠪᠠᠷᠢᠮᠲᠠᠯᠠᠨ᠂ ᠠᠰᠠᠭᠤᠳᠠᠯ᠎ᠢ ᠭᠦᠨᠵᠡᠭᠡᠢ ᠪᠠᠢ᠌ᠴᠠᠭ᠋ᠠᠵᠤ᠂ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠰᠠᠢ᠌ᠲᠤᠷ ᠬᠡᠷᠡᠭᠯᠡᠵᠦ᠂ ᠨᠠᠮ᠎ᠤᠨ ᠭᠡᠰᠢᠭᠦᠨ᠂ ᠺᠠᠳ᠋ᠷᠴᠤᠳ᠎ᠤᠨ ᠠᠷᠢᠭᠤᠨ ᠴᠢᠬᠡᠴᠢ᠎ᠪᠠᠷ ᠪᠡᠶ᠎ᠡ᠎ᠪᠠᠨ ᠪᠠᠷᠢᠬᠤ ᠤᠬᠠᠮᠰᠠᠷ᠎ᠢ ᠴᠢᠩᠭ᠋ᠠᠳᠬᠠᠬᠤ ᠬᠡᠷᠡᠭᠲᠡᠢ᠃ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠥᠷᠨᠢᠭᠦᠯᠵᠦ᠂ ᠪᠠᠢ᠌ᠴᠠᠭ᠋ᠠᠬᠤ ᠵᠢᠨ ᠳᠠᠭ᠋ᠠᠤ ᠰᠠᠢ᠌ᠵᠢᠷᠠᠭᠤᠯᠬᠤ᠂ ᠥᠭᠡᠷᠡᠴᠢᠯᠡᠬᠦ᠎ᠪᠠᠷ ᠵᠠᠰᠠᠬᠤ ᠵᠢ ᠠᠬᠢᠭᠤᠯᠬᠤ ᠵᠢ ᠪᠠᠷᠢᠮᠲᠠᠯᠠᠬᠤ ᠬᠡᠷᠡᠭᠲᠡᠢ᠃ ᠡᠭᠦᠳᠡ᠎ᠪᠠᠨ ᠨᠡᠭᠡᠭᠡᠵᠦ ᠰᠤᠷᠭ᠋ᠠᠨ ᠬᠥᠮᠦᠵᠢᠯ᠎ᠢ ᠠᠳᠬᠤᠬᠤ ᠵᠢ ᠪᠠᠷᠢᠮᠲᠠᠯᠠᠵᠤ᠂ ᠤᠯᠠᠨ ᠲᠦᠮᠡᠨ᠎ᠢ ᠲᠠᠢ᠍ᠢ᠍ᠴᠢᠯᠠᠨ ᠣᠷᠣᠯᠴᠠᠭᠤᠯᠵᠤ᠂ ᠵᠠᠬᠢᠳᠠᠯ ᠰᠣᠷᠪᠤᠯᠵᠢᠯᠠᠭ᠎ᠠ ᠬᠢᠬᠦ᠂ ᠤᠯᠠᠨ ᠨᠡᠶ᠋ᠢᠲᠡ᠎ᠪᠠᠷ ᠵᠶ᠋ᠡᠨ ᠦᠭᠡ ᠦᠯᠡᠳᠡᠭᠡᠬᠦ ᠵᠡᠷᠭᠡ ᠠᠷᠭ᠎ᠠ ᠵᠠᠮ ᠵᠶ᠋ᠠᠷ ᠳᠠᠮᠵᠢᠭᠤᠯᠤᠨ᠂ ᠤᠯᠠᠨ ᠲᠦᠮᠡᠨ᠎ᠤ ᠰᠠᠨᠠᠯ ᠰᠠᠨᠠᠭᠤᠯᠭ᠎ᠠ ᠵᠢ ᠥᠷᠭᠡᠨ ᠵᠶ᠋ᠡᠷ ᠬᠤᠷᠢᠶᠠᠵᠤ᠂ ᠦᠨᠳᠦᠰᠦᠨ ᠱᠠᠲᠤ ᠪᠠ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠬᠠᠨᠳᠤᠯᠭ᠎ᠠ᠎ᠲᠠᠢ᠎ᠪᠠᠷ ᠬᠠᠪᠰᠤᠷᠴᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢ᠌ᠭ᠎ᠠ ᠠᠰᠠᠭᠤᠳᠠᠯ᠎ᠢ᠎ᠨᠢ ᠰᠢᠢ᠍ᠳᠪᠦᠷᠢᠯᠡᠵᠦ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠬᠠᠷᠢᠭᠤᠴᠠᠯᠭ᠎ᠠ ᠵᠢ ᠱᠠᠲᠤ ᠱᠠᠲᠤ᠎ᠪᠠᠷ ᠪᠣᠳᠠᠲᠠᠢ᠌ᠵᠢᠭᠤᠯᠵᠤ᠂ ᠬᠡᠯᠪᠡᠷᠢᠴᠢ ᠦᠵᠡᠯ᠎ᠢ ᠴᠢᠩᠭ᠎ᠠ ᠴᠡᠭᠡᠷᠯᠡᠵᠦ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠬᠤ ᠵᠢ ᠭᠦᠨᠵᠡᠭᠡᠢ᠌ᠷᠡᠭᠦᠯᠦᠨ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠱᠠᠭ᠋ᠠᠷᠳᠠᠯᠭ᠎ᠠ ᠵᠢ ᠰᠤᠷᠤᠯᠴᠠᠯᠭ᠎ᠠ ᠬᠥᠮᠦᠵᠢᠯ᠎ᠤᠨ ᠪᠦᠬᠦ ᠶᠠᠪᠤᠴᠠ᠂ ᠡᠯ᠎ᠡ ᠲᠠᠯ᠎ᠠ᠎ᠳᠤ ᠲᠤᠭᠤᠰᠢᠯᠠᠭᠤᠯᠬᠤ ᠵᠢ ᠴᠢᠬᠤᠯᠠᠴᠢᠯᠠᠵᠤ᠂ ᠰᠤᠷᠤᠯᠴᠠᠯᠭ᠎ᠠ ᠬᠥᠮᠦᠵᠢᠯ᠎ᠤᠨ ᠬᠦᠴᠦᠲᠡᠢ ᠪᠥᠭᠡᠳ ᠪᠦᠲᠦᠮᠵᠢᠲᠡᠢ ᠥᠷᠨᠢᠬᠦ ᠵᠢ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃
      ᠬᠤᠷᠠᠯ᠎ᠠᠴᠠ ᠪᠠᠰᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ᠎ᠢ ᠬᠢᠨᠠᠨ ᠵᠥᠪᠯᠡᠵᠡᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠴᠢ ᠹᠸᠢ ᠶᠦᠨ ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠵᠢᠴᠢ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠶ᠋ᠢᠴᠠᠭ᠋ᠠᠵᠤ ᠴᠡᠭᠴᠡᠯᠡᠨ ᠰᠠᠢ᠌ᠵᠢᠷᠠᠭᠤᠯᠤᠭᠰᠠᠨ ᠠᠵᠢᠯ᠎ᠢ ᠪᠠᠶ᠋ᠢᠴᠠᠭ᠋ᠠᠨ ᠰᠤᠳᠤᠯᠪᠠ
ᠰᠦᠨ ᠱᠤᠤ ᠴᠧᠩ ᠪᠠᠶᠠᠨᠨᠠᠭᠤᠷ ᠬᠤᠳᠠ᠎ᠳᠤ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠪᠠᠶ᠋ᠢᠴᠠᠭ᠋ᠠᠨ ᠰᠤᠳᠤᠯᠪᠠ
2025 ᠣᠨ᠎ᠤ 6 ᠰᠠᠷ᠎ᠠ ᠵᠢᠨ 5᠎ᠤ ᠣᠷᠴᠢᠨ ᠲᠣᠭᠣᠷᠢᠨ᠎ᠤ ᠡᠳᠦᠷ᠎ᠤᠨ ᠥᠪᠡᠷᠲᠡᠭᠡᠨ ᠵᠠᠰᠠᠬᠤ ᠣᠷᠣᠨ᠎ᠤ ᠭᠣᠥᠯ ᠲᠠᠯᠠᠪᠤᠷ᠎ᠤᠨ ᠠᠵᠢᠯᠯᠠᠭ᠎ᠠ ᠬᠥᠬᠡᠬᠣᠲᠠ᠎ᠳᠤ ᠶᠠᠪᠤᠭᠳᠠᠪᠠ
《ᠨᠣᠭᠣᠭ᠋ᠠᠨ ᠪᠠᠮᠪᠠᠢ 2018》 ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠢ ᠬᠢᠨᠠᠨ ᠪᠠᠶ᠋ᠢᠴᠠᠭ᠋ᠠᠬᠤ ᠲᠤᠰᠬᠠᠶ ᠠᠵᠢᠯᠯᠠᠭ᠎ᠠ ᠵᠢ ᠲᠣᠭᠣᠷᠢᠨ ᠪᠠᠶ᠋ᠢᠴᠠᠭ᠋ᠠᠬᠤ ᠠᠵᠢᠯ᠎ᠤᠨ ᠬᠠᠷᠢᠭᠤ ᠮᠡᠳᠡᠭᠦᠯᠦᠯᠲᠡ ᠵᠢᠨ ᠬᠤᠷᠠᠯ ᠬᠤᠷᠠᠯᠳᠤᠪᠠ
 
             蒙ICP备05000248号