ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠪᠢᠴᠢᠭ ᠮᠠᠲ᠋ᠧᠷᠢᠶᠠᠯ
《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ 2020 ᠤᠨ᠎ᠤ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠲᠦᠬᠦᠭᠡᠷᠦᠮᠵᠢ ᠪᠠ ᠬᠤᠳᠠ ᠵᠢᠨ ᠪᠤᠬᠢᠷ ᠤᠰᠤ ᠬᠤᠭ ᠨᠤᠪᠰᠢ ᠵᠢ ᠰᠢᠢ᠍ᠳᠪᠦᠷᠢᠯᠡᠬᠦ ᠲᠦᠬᠦᠭᠡᠷᠦᠮᠵᠢ ᠵᠢ ᠤᠯᠠᠨ ᠨᠡᠢ᠌ᠳᠡ᠎ᠳᠤ ᠴᠢᠯᠦᠭᠡᠳᠠᠢ ᠪᠠᠢ᠌ᠯᠭ᠋ᠠᠬᠤ ᠠᠵᠢᠯ᠎ᠤᠨ ᠭᠡᠷᠡᠭᠵᠢᠬᠦᠯᠬᠦ ᠲᠦᠰᠦᠯ 《ᠵᠢ ᠲᠠᠷᠤᠮᠯᠠᠨ ᠲᠠᠷᠬᠠᠭ᠋ᠠᠬᠤ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2020-04-23

      ᠦᠪᠦᠷ ᠤᠷᠴᠢᠨ ᠠᠯᠪᠠᠨ [2020] 60 ᠲᠤᠭ᠋ᠠᠳᠤ

     《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ 2020 ᠤᠨ᠎ᠤ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠲᠦᠬᠦᠭᠡᠷᠦᠮᠵᠢ ᠪᠠ ᠬᠤᠳᠠ ᠵᠢᠨ ᠪᠤᠬᠢᠷ ᠤᠰᠤ
ᠬᠤᠭ ᠨᠤᠪᠰᠢ ᠵᠢ ᠰᠢᠢ᠍ᠳᠪᠦᠷᠢᠯᠡᠬᠦ ᠲᠦᠬᠦᠭᠡᠷᠦᠮᠵᠢ ᠵᠢ ᠤᠯᠠᠨ ᠨᠡᠢ᠌ᠳᠡ᠎ᠳᠤ ᠴᠢᠯᠦᠭᠡᠳᠠᠢ ᠪᠠᠢ᠌ᠯᠭ᠋ᠠᠬᠤ ᠠᠵᠢᠯ᠎ᠤᠨ ᠭᠡᠷᠡᠭᠵᠢᠬᠦᠯᠬᠦ ᠲᠦᠰᠦᠯ 《ᠵᠢ ᠲᠠᠷᠤᠮᠯᠠᠨ ᠲᠠᠷᠬᠠᠭ᠋ᠠᠬᠤ ᠲᠤᠬᠠᠢ ᠮᠡᠳᠡᠭᠳᠡᠯ

      ᠡᠯ᠎ᠡ ᠠᠢ᠌ᠮᠠᠭ ᠬᠤᠳᠠ ᠵᠢᠨ ᠠᠮᠢ ᠠᠬᠤᠢ ᠤᠷᠴᠢᠨ ᠲᠤᠭᠤᠷᠢᠨ᠎ᠤ ᠲᠤᠪᠴᠢᠶ᠎ᠠ᠂ ᠤᠷᠤᠨ ᠰᠠᠭᠤᠴᠠ ᠪᠠ ᠬᠤᠳᠠ ᠬᠦᠳᠡᠭᠡ ᠵᠢᠨ ᠪᠦᠳᠦᠭᠡᠨ ᠪᠠᠢ᠌ᠭᠤᠯᠤᠯᠳᠠ ᠵᠢᠨ ᠲᠤᠪᠴᠢᠶ᠎ᠠ (ᠵᠦᠪᠯᠡᠯ)᠂ ᠬᠤᠳᠠ ᠵᠢᠨ ᠬᠠᠮᠢᠶᠠᠷᠤᠯᠳᠠ ᠵᠢᠨ ᠲᠤᠪᠴᠢᠶ᠎ᠠ᠂ ᠡᠯ᠎ᠡ ᠬᠠᠮᠢᠶ᠎ᠠ ᠪᠦᠬᠦᠢ ᠪᠠᠢ᠌ᠭᠤᠯᠭ᠎ᠠ᠄
     〈〈ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ   ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠮᠢ ᠠᠬᠤᠢ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢ ᠪᠦᠬᠦ ᠲᠠᠯ᠎ᠠ᠎ᠪᠠᠷ ᠴᠢᠩᠭ᠋ᠠᠳᠬᠠᠨ   ᠪᠤᠬᠢᠷᠳᠤᠯ᠎ᠢ ᠰᠡᠷᠭᠡᠢ᠌ᠯᠡᠨ ᠵᠠᠰᠠᠬᠤ ᠲᠠᠢ᠌ᠯᠠᠯᠳᠤᠭ᠋ᠠᠨ᠎ᠢ ᠡᠷᠡᠰ ᠰᠠᠢ᠌ᠳᠤᠷ ᠬᠢᠬᠦ ᠲᠤᠬᠠᠢ ᠭᠡᠷᠡᠭᠵᠢᠬᠦᠯᠬᠦ ᠰᠠᠨᠠᠯ〉〉 (ᠲᠤᠷᠤᠭᠰᠢ ᠰᠠᠨᠠᠯ ᠭᠡᠵᠦ ᠲᠦᠭᠦᠮᠴᠢᠯᠡᠨ᠎ᠡ) ᠵᠢ ᠲᠤᠤᠱᠯᠠᠭᠤᠯᠤᠨ᠂ ᠠᠮᠢ ᠠᠬᠤᠢ ᠤᠷᠴᠢᠨ ᠲᠤᠭᠤᠷᠢᠨ᠎ᠤ ᠶᠠᠮᠤᠨ᠎ᠤ ᠠᠯᠪᠠᠨ ᠲᠢᠩᠭᠢᠮ᠂ ᠤᠷᠤᠨ ᠰᠠᠭᠤᠴᠠ ᠪᠠ ᠬᠤᠳᠠ ᠵᠢᠨ ᠪᠦᠳᠦᠭᠡᠨ ᠪᠠᠢ᠌ᠭᠤᠯᠤᠯᠳᠠ ᠵᠢᠨ ᠶᠠᠮᠤᠨ᠎ᠤ ᠠᠯᠪᠠᠨ ᠲᠢᠩᠭᠢᠮ᠎ᠤᠨ 〈〈ᠪᠦᠬᠦ ᠤᠯᠤᠰ᠎ᠤᠨ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠲᠦᠬᠦᠭᠡᠷᠦᠮᠵᠢ ᠪᠠ ᠬᠤᠳᠠ ᠵᠢᠨ ᠪᠤᠬᠢᠷ ᠤᠰᠤ ᠬᠤᠭ ᠨᠤᠪᠰᠢ ᠵᠢ ᠰᠢᠢ᠍ᠳᠪᠦᠷᠢᠯᠡᠬᠦ ᠲᠦᠬᠦᠭᠡᠷᠦᠮᠵᠢ ᠵᠢ ᠤᠯᠠᠨ ᠨᠡᠢ᠌ᠳᠡ᠎ᠳᠤ ᠴᠢᠯᠦᠭᠡᠳᠠᠢ ᠪᠠᠢ᠌ᠯᠭ᠋ᠠᠬᠤ ᠠᠵᠢᠯ ᠵᠢ ᠤᠯᠠᠮ ᠨᠢᠬᠡ ᠠᠯᠬᠤᠮ ᠰᠠᠢ᠌ᠳᠤᠷ ᠬᠢᠬᠦ ᠲᠤᠬᠠᠢ ᠮᠡᠳᠡᠭᠳᠡᠯ〉〉 (ᠤᠷᠴᠢᠨ ᠠᠯᠪᠠᠨ ᠤᠬᠠᠭᠤᠯᠬᠤ ᠬᠦᠮᠦᠵᠢᠯ [2018] 29 ᠲᠤᠭ᠋ᠠᠳᠤ)᠎ᠤᠨ ᠱᠠᠭ᠋ᠠᠷᠳᠠᠯᠭ᠎ᠠ ᠵᠢ ᠨᠠᠢ᠌ᠳᠠᠪᠦᠷᠢᠵᠢᠭᠤᠯᠬᠤ ᠵᠢᠨ ᠲᠦᠯᠦᠭᠡ᠂ ᠠᠮᠢ ᠠᠬᠤᠢ ᠤᠷᠴᠢᠨ ᠲᠤᠭᠤᠷᠢᠨ᠎ᠤ ᠶᠠᠮᠤᠨ᠎ᠤ ᠠᠯᠪᠠᠨ ᠲᠢᠩᠭᠢᠮ᠎ᠤᠨ 〈〈〈2020 ᠤᠨ᠎ᠤ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠭᠡᠷᠡᠭᠰᠡᠯ ᠪᠠ ᠬᠤᠳᠠ ᠵᠢᠨ ᠪᠤᠬᠢᠷ ᠤᠰᠤ ᠬᠤᠭ   ᠨᠤᠪᠰᠢ ᠵᠢ ᠰᠢᠢ᠍ᠳᠪᠦᠷᠢᠯᠡᠬᠦ ᠲᠦᠬᠦᠭᠡᠷᠦᠮᠵᠢ ᠵᠢ ᠤᠯᠠᠨ ᠨᠡᠢ᠌ᠳᠡ᠎ᠳᠤ ᠴᠢᠯᠦᠭᠡᠳᠠᠢ ᠪᠠᠢ᠌ᠯᠭ᠋ᠠᠬᠤ ᠠᠵᠢᠯ᠎ᠤᠨ ᠭᠡᠷᠡᠭᠵᠢᠬᠦᠯᠬᠦ ᠲᠦᠰᠦᠯ〉 ᠵᠢ ᠲᠠᠷᠤᠮᠯᠠᠨ ᠲᠠᠷᠬᠠᠭ᠋ᠠᠬᠤ ᠲᠤᠬᠠᠢ ᠮᠡᠳᠡᠭᠳᠡᠯ〉〉 (ᠤᠷᠴᠢᠨ ᠠᠯᠪᠠᠨ ᠤᠬᠠᠭᠤᠯᠬᠤ ᠬᠦᠮᠦᠵᠢᠯ ᠪᠢᠴᠢᠭ [2020] 132 ᠲᠤᠭ᠋ᠠᠳᠤ) ᠵᠢᠨ ᠨᠢᠬᠡᠳᠤᠯᠳᠠᠢ ᠪᠠᠢ᠌ᠷᠢᠯᠠᠭᠤᠯᠤᠯᠳᠠ ᠶᠤᠰᠤᠭ᠋ᠠᠷ᠂ 2020 ᠤᠨ᠎ᠤ ᠵᠢᠯ᠎ᠤᠨ ᠡᠴᠦᠰ᠎ᠠᠴᠠ ᠡᠮᠦᠨ᠎ᠡ᠂ ᠡᠯ᠎ᠡ ᠮᠤᠵᠢ (ᠲᠤᠭᠤᠷᠢᠭ᠂ ᠬᠤᠳᠠ) ᠵᠢᠨ ᠭᠠᠵᠠᠷ᠎ᠤᠨ ᠲᠡᠰ ᠪᠤᠯᠤᠨ ᠲᠡᠭᠦᠨ᠎ᠠᠴᠠ ᠲᠡᠭᠡᠭᠰᠢᠬᠢ ᠬᠤᠳᠠ ᠵᠢᠨ ᠨᠦᠭᠦᠴᠡᠯ᠎ᠳᠤ ᠬᠦᠷᠦᠭᠰᠡᠨ ᠲᠦᠷᠪᠡᠨ ᠲᠦᠷᠦᠯ᠎ᠤᠨ ᠲᠦᠬᠦᠭᠡᠷᠦᠮᠵᠢ (ᠤᠷᠴᠢᠨ ᠲᠤᠭᠤᠷᠢᠨ᠎ᠤ ᠬᠢᠨᠠᠯᠳᠠ ᠬᠡᠮᠵᠢᠯᠳᠡ ᠵᠢᠨ ᠲᠦᠬᠦᠭᠡᠷᠦᠮᠵᠢ᠂ ᠬᠤᠳᠠ ᠵᠢᠨ ᠪᠤᠬᠢᠷ ᠤᠰᠤ ᠰᠢᠢ᠍ᠳᠪᠦᠷᠢᠯᠡᠬᠦ ᠲᠦᠭᠦᠭᠡᠷᠦᠮᠵᠢ᠂ ᠬᠤᠳᠠ ᠵᠢᠨ ᠠᠮᠢᠳᠤᠷᠠᠯ᠎ᠤᠨ ᠬᠤᠭ ᠨᠤᠪᠰᠢ ᠵᠢ ᠰᠢᠢ᠍ᠳᠪᠦᠷᠢᠯᠡᠬᠦ ᠲᠦᠭᠦᠭᠡᠷᠦᠮᠵᠢ᠂ ᠠᠶᠤᠯᠳᠠᠢ ᠬᠠᠶᠠᠭᠳᠠᠮᠠᠯ ᠪᠤᠳᠠᠰ ᠪᠠ ᠬᠠᠶᠠᠭᠳᠠᠮᠠᠯ ᠴᠠᠬᠢᠯᠭ᠋ᠠᠨ ᠭᠡᠷᠡᠭᠰᠡᠯ ᠴᠠᠬᠢᠯᠭ᠋ᠠᠨ ᠲᠤᠨᠤᠭ ᠵᠢ ᠰᠢᠢ᠍ᠳᠪᠦᠷᠢᠯᠡᠬᠦ ᠲᠦᠭᠦᠭᠡᠷᠦᠮᠵᠢ) ᠵᠢᠨ ᠴᠢᠯᠦᠭᠡᠳᠠᠢ ᠪᠠᠢ᠌ᠯᠭ᠋ᠠᠬᠤ ᠬᠤᠳᠠ ᠵᠢᠨ ᠬᠠᠷᠢᠴᠠᠯ᠎ᠢ 100%᠎ᠳᠤ ᠬᠦᠷᠭᠡᠬᠦ ᠵᠢᠨ ᠲᠦᠯᠦᠭᠡ᠂ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠠᠩᠭᠢᠮ᠎ᠨᠢ ᠤᠷᠤᠨ ᠰᠠᠭᠤᠴᠠ ᠪᠠ ᠬᠤᠳᠠ ᠬᠦᠳᠡᠭᠡ ᠵᠢᠨ ᠪᠦᠳᠦᠭᠡᠨ ᠪᠠᠢ᠌ᠭᠤᠯᠤᠯᠳᠠ ᠵᠢᠨ ᠲᠢᠩᠭᠢᠮ᠎ᠲᠠᠢ ᠬᠠᠮᠳᠤᠷᠠᠨ 〈〈ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ 2020 ᠤᠨ᠎ᠤ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠲᠦᠬᠦᠭᠡᠷᠦᠮᠵᠢ ᠪᠠ ᠬᠤᠳᠠ ᠵᠢᠨ ᠪᠤᠬᠢᠷ ᠤᠰᠤ ᠬᠤᠭ ᠨᠤᠪᠰᠢ ᠵᠢ ᠰᠢᠢ᠍ᠳᠪᠦᠷᠢᠯᠡᠬᠦ ᠲᠦᠬᠦᠭᠡᠷᠦᠮᠵᠢ ᠵᠢ ᠤᠯᠠᠨ ᠨᠡᠢ᠌ᠳᠡ᠎ᠳᠤ ᠴᠢᠯᠦᠭᠡᠳᠠᠢ ᠪᠠᠢ᠌ᠯᠭ᠋ᠠᠬᠤ ᠠᠵᠢᠯ᠎ᠤᠨ ᠭᠡᠷᠡᠭᠵᠢᠬᠦᠯᠬᠦ ᠲᠦᠰᠦᠯ〉〉 ᠵᠢ ᠰᠤᠳᠤᠯᠤᠨ ᠲᠤᠭᠳᠠᠭ᠋ᠠᠵᠦ᠂ ᠤᠳᠤ ᠲᠠᠨᠠᠷ᠎ᠳᠤ ᠲᠠᠷᠤᠮᠯᠠᠨ ᠲᠠᠷᠬᠠᠭ᠋ᠠᠶ᠎ᠠ᠃ ᠪᠤᠳᠠᠳᠠᠢ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠨᠠᠷᠢᠨ ᠬᠢᠨᠠᠮᠠᠭ᠋ᠠᠢ ᠵᠤᠬᠢᠶᠠᠨ ᠪᠠᠢ᠌ᠭᠤᠯᠤᠨ ᠬᠡᠷᠡᠭᠵᠢᠬᠦᠯᠵᠦ᠂ ᠲᠦᠰᠦᠯ᠎ᠤᠨ ᠴᠠᠭ᠎ᠤᠨ ᠬᠢᠵᠠᠭ᠋ᠠᠷ ᠱᠠᠭ᠋ᠠᠷᠳᠠᠯᠭ᠎ᠠ ᠶᠣᠰᠣᠭ᠋ᠠᠷ᠂ ᠴᠠᠭ ᠲᠤᠬᠠᠢ᠎ᠲᠤᠨᠢ ᠬᠠᠮᠢᠶ᠎ᠠ ᠪᠦᠬᠦᠢ ᠰᠤᠷᠠᠭ ᠵᠠᠩᠭᠢ ᠵᠢ ᠮᠡᠳᠡᠬᠦᠯᠬᠦ ᠪᠤᠯᠪᠠᠤ᠃


      ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ   ᠲᠤᠭᠤᠷᠢᠨ᠎ᠤ ᠲᠢᠩᠭᠢᠮ
      ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠷᠤᠨ ᠰᠠᠭᠤᠴᠠ ᠪᠠ ᠬᠤᠳᠠ ᠬᠦᠳᠡᠭᠡ ᠵᠢᠨ ᠪᠦᠳᠦᠭᠡᠨ ᠪᠠᠢ᠌ᠭᠤᠯᠤᠯᠳᠠ ᠵᠢᠨ ᠲᠢᠩᠭᠢᠮ
     2020 ᠤᠨ᠎ᠤ 4 ᠰᠠᠷ᠎ᠠ ᠵᠢᠨ 17᠎ᠤ ᠡᠳᠦᠷ


      ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ 2020 ᠤᠨ᠎ᠤ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠲᠦᠬᠦᠭᠡᠷᠦᠮᠵᠢ ᠪᠠ ᠬᠤᠳᠠ ᠵᠢᠨ ᠪᠤᠬᠢᠷ ᠤᠰᠤ ᠬᠤᠭ ᠨᠤᠪᠰᠢ ᠵᠢ ᠰᠢᠢ᠍ᠳᠪᠦᠷᠢᠯᠡᠬᠦ ᠲᠦᠬᠦᠭᠡᠷᠦᠮᠵᠢ ᠵᠢ ᠤᠯᠠᠨ ᠨᠡᠢ᠌ᠳᠡ᠎ᠳᠤ ᠴᠢᠯᠦᠭᠡᠳᠠᠢ ᠪᠠᠢ᠌ᠯᠭ᠋ᠠᠬᠤ ᠠᠵᠢᠯ᠎ᠤᠨ ᠭᠡᠷᠡᠭᠵᠢᠬᠦᠯᠬᠦ ᠲᠦᠰᠦᠯ

      ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠳᠤ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠲᠦᠬᠦᠭᠡᠷᠦᠮᠵᠢ ᠪᠠ ᠬᠤᠳᠠ ᠵᠢᠨ ᠪᠤᠬᠢᠷ ᠤᠰᠤ ᠬᠤᠭ ᠨᠤᠪᠰᠢ ᠵᠢ ᠰᠢᠢ᠍ᠳᠪᠦᠷᠢᠯᠡᠬᠦ ᠲᠦᠬᠦᠭᠡᠷᠦᠮᠵᠢ ᠵᠢ ᠤᠯᠠᠨ ᠨᠡᠢ᠌ᠳᠡ᠎ᠳᠤ ᠴᠢᠯᠦᠭᠡᠳᠠᠢ ᠪᠠᠢ᠌ᠯᠭ᠋ᠠᠬᠤ ᠠᠵᠢᠯ᠎ᠢ ᠲᠦᠯᠬᠢᠨ ᠠᠬᠢᠭᠤᠯᠬᠤ ᠤᠳᠤᠷᠢᠳᠬᠤ ᠪᠠᠭ᠎ᠠ ᠲᠤᠭᠤᠢ᠌ᠯᠠᠩ (ᠲᠤᠷᠤᠭᠰᠢ ᠤᠳᠤᠷᠢᠳᠬᠤ ᠪᠠᠭ᠎ᠠ ᠲᠤᠭᠤᠢ᠌ᠯᠠᠩ ᠭᠡᠵᠦ ᠲᠦᠬᠦᠮᠴᠢᠯᠡᠨ᠎ᠡ)᠎ᠤᠨ ᠨᠢᠬᠡᠳᠦᠯᠳᠠᠢ ᠵᠢᠭ᠋ᠠᠨ ᠵᠢᠯᠤᠭᠤᠳᠤᠯᠭ᠎ᠠ ᠲᠤᠤᠷ᠎ᠠ᠂ ᠤᠳᠤᠷᠢᠳᠬᠤ ᠪᠠᠭ᠎ᠠ ᠲᠤᠭᠤᠢ᠌ᠯᠠᠩ᠎ᠤᠨ ᠠᠯᠪᠠᠨ ᠭᠡᠷ᠎ᠤᠨ ᠦᠪᠡᠷᠳᠡᠭᠡᠨ ᠵᠠᠰᠠᠬᠤ ᠤᠷᠤᠨ᠎ᠤ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠤᠬᠠᠭᠤᠯᠤᠨ ᠬᠦᠮᠦᠵᠢᠬᠦᠯᠬᠦ ᠲᠦᠪ᠎ᠨᠢ ᠲᠤᠰ ᠲᠦᠰᠦᠯ᠎ᠢ ᠪᠤᠳᠠᠳᠠᠢ ᠬᠠᠷᠢᠭᠤᠴᠠᠨ ᠭᠡᠷᠡᠭᠵᠢᠬᠦᠯᠦᠨ᠎ᠡ᠃ ᠤᠬᠠᠭᠤᠯᠤᠨ ᠬᠦᠮᠦᠵᠢᠬᠦᠯᠬᠦ ᠲᠦᠪ᠎ᠨᠢ ᠲᠤᠰᠬᠠᠢ ᠭᠦᠮᠦᠨ ᠲᠤᠮᠢᠯᠠᠨ ᠠᠵᠢᠯ᠎ᠤᠨ ᠠᠬᠢᠴᠠ᠂ ᠵᠤᠬᠢᠴᠠᠭᠤᠯᠤᠨ ᠬᠠᠷᠢᠯᠴᠠᠬᠤ᠂ ᠲᠡᠭᠡᠭᠰᠢ ᠮᠡᠳᠡᠬᠦᠯᠦᠨ ᠲᠤᠷᠤᠭᠰᠢ ᠤᠯᠠᠮᠵᠢᠯᠠᠬᠤ᠂ ᠱᠠᠭ᠋ᠠᠷᠳᠠᠨ ᠨᠠᠢ᠌ᠳᠠᠪᠦᠷᠢᠵᠢᠭᠤᠯᠬᠤ ᠵᠡᠷᠭᠡ ᠵᠢ ᠪᠤᠳᠠᠳᠠᠢ ᠬᠠᠷᠢᠭᠤᠴᠠᠨ᠂ ᠴᠠᠭ ᠲᠤᠬᠠᠢ᠎ᠲᠤᠨᠢ ᠲᠦᠬᠦᠭᠡᠷᠦᠮᠵᠢ ᠵᠢᠨ ᠴᠢᠯᠦᠭᠡᠳᠠᠢ ᠭᠡᠷᠡᠭᠯᠡᠵᠦ ᠪᠠᠢ᠌ᠭ᠎ᠠ ᠪᠠᠢ᠌ᠳᠠᠯ᠎ᠢ ᠴᠠᠭ ᠲᠤᠬᠠᠢ᠎ᠲᠤᠨᠢ ᠳ᠋ᠦᠩᠨᠡᠨ᠂ ᠡᠯ᠎ᠡ ᠲᠦᠷᠦᠯ᠎ᠤᠨ ᠠᠵᠢᠯ᠎ᠤᠨ ᠪᠤᠳᠠᠳᠠᠢ ᠭᠡᠷᠡᠭᠵᠢᠬᠦᠯᠦᠭᠳᠡᠨ ᠪᠦᠳᠦᠮᠵᠢ ᠭᠠᠷᠭ᠋ᠠᠬᠤ ᠵᠢ ᠠᠬᠢᠭᠤᠯᠤᠨ᠂ 2020 ᠤᠨ᠎ᠤ ᠵᠢᠯ᠎ᠤᠨ ᠡᠴᠦᠰ᠎ᠠᠴᠠ ᠡᠮᠦᠨ᠎ᠡ᠂ ᠪᠦᠬᠦ ᠤᠷᠤᠨ᠎ᠤ ᠨᠦᠭᠦᠴᠡᠯ᠎ᠳᠤ ᠬᠦᠷᠦᠭᠰᠡᠨ ᠲᠦᠷᠪᠡᠨ ᠲᠦᠷᠦᠯ᠎ᠤᠨ ᠲᠦᠬᠦᠭᠡᠷᠦᠮᠵᠢ ᠵᠢ ᠴᠢᠯᠦᠭᠡᠳᠠᠢ ᠪᠠᠢ᠌ᠯᠭ᠋ᠠᠭᠰᠠᠨ ᠬᠤᠳᠠ ᠵᠢᠨ ᠬᠠᠷᠢᠴᠠᠯ᠎ᠢ 100%᠎ᠳᠤ ᠬᠦᠷᠭᠡᠨ᠎ᠡ᠃
      ᠨᠢᠭᠡ᠂ ᠭᠤᠤᠯᠳᠠᠯᠭ᠎ᠠ᠎ᠲᠠᠢ ᠠᠵᠢᠯ᠎ᠤᠨ ᠡᠭᠦᠷᠭᠡ
     (ᠨᠢᠭᠡ) ᠲᠦᠷᠪᠡᠳᠦᠭᠡᠷ ᠪᠦᠯᠦᠭ᠎ᠤᠨ ᠨᠡᠷᠡᠰ ᠵᠢ ᠵᠤᠬᠢᠶᠠᠨ ᠪᠠᠢ᠌ᠭᠤᠯᠤᠨ ᠮᠡᠳᠡᠬᠦᠯᠦᠨ ᠬᠦᠷᠭᠡᠨ᠎ᠡ
     〈〈〈2020 ᠤᠨ᠎ᠤ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠲᠦᠭᠦᠭᠡᠷᠦᠮᠵᠢ ᠪᠠ ᠬᠤᠳᠠ ᠵᠢᠨ ᠪᠤᠬᠢᠷ ᠤᠰᠤ ᠬᠤᠭ ᠨᠤᠪᠰᠢ ᠵᠢ ᠰᠢᠢ᠍ᠳᠪᠦᠷᠢᠯᠡᠬᠦ ᠲᠦᠬᠦᠭᠡᠷᠦᠮᠵᠢ ᠵᠢ ᠤᠯᠠᠨ ᠨᠡᠢ᠌ᠳᠡ᠎ᠳᠤ ᠴᠢᠯᠦᠭᠡᠳᠠᠢ ᠪᠠᠢ᠌ᠯᠭ᠋ᠠᠬᠤ ᠠᠵᠢᠯ᠎ᠤᠨ ᠭᠡᠷᠡᠭᠵᠢᠬᠦᠯᠬᠦ ᠲᠦᠰᠦᠯ〉 ᠵᠢ ᠲᠠᠷᠤᠮᠯᠠᠨ ᠲᠠᠷᠬᠠᠭ᠋ᠠᠬᠤ ᠲᠤᠬᠠᠢ ᠮᠡᠳᠡᠭᠳᠡᠯ〉〉 (ᠤᠷᠴᠢᠨ ᠠᠯᠪᠠᠨ ᠤᠬᠠᠭᠤᠯᠬᠤ ᠬᠦᠮᠦᠵᠢᠯ ᠪᠢᠴᠢᠭ [2020] 132 ᠲᠤᠭ᠋ᠠᠳᠤ) ᠵᠢᠨ ᠱᠠᠭ᠋ᠠᠷᠳᠠᠯᠭ᠎ᠠ ᠶᠤᠰᠤᠭ᠋ᠠᠷ᠂ ᠡᠯ᠎ᠡ ᠠᠢ᠌ᠮᠠᠭ ᠬᠤᠳᠠ ᠵᠢᠨ ᠠᠮᠢ ᠠᠬᠤᠢ ᠤᠷᠴᠢᠨ ᠲᠤᠭᠤᠷᠢᠨ᠎ᠤ ᠰᠠᠯᠠᠭ᠎ᠠ ᠮᠦᠴᠢᠷ᠎ᠨᠢ ᠴᠠᠭ᠎ᠢ ᠵᠠᠪᠳᠤᠨ ᠤᠷᠤᠨ ᠰᠠᠭᠤᠴᠠ ᠪᠠ ᠬᠤᠳᠠ ᠬᠦᠳᠡᠭᠡ ᠵᠢᠨ ᠪᠦᠳᠦᠭᠡᠨ ᠪᠠᠢ᠌ᠭᠤᠯᠤᠯᠳᠠ (ᠬᠤᠳᠠ ᠵᠢᠨ ᠬᠠᠮᠢᠶᠠᠷᠤᠯᠳᠠ᠂ ᠤᠰᠤᠨ᠎ᠤ ᠶᠠᠪᠤᠳᠠᠯ) ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ᠎ᠲᠠᠢ ᠬᠠᠮᠳᠤᠷᠠᠨ ᠲᠦᠷᠪᠡᠳᠦᠭᠡᠷ ᠪᠦᠯᠦᠭ ᠲᠦᠬᠦᠭᠡᠷᠦᠮᠵᠢ ᠵᠢ ᠤᠯᠠᠨ ᠨᠡᠢ᠌ᠳᠡ᠎ᠳᠤ ᠴᠢᠯᠦᠭᠡᠳᠠᠢ ᠪᠠᠢ᠌ᠯᠭ᠋ᠠᠬᠤ ᠨᠢᠭᠡᠴᠢ᠎ᠪᠠᠷ ᠲᠡᠪᠰᠢᠬᠦᠯᠬᠦ ᠨᠡᠷᠡᠰ᠎ᠢ ᠲᠤᠭᠳᠠᠭ᠋ᠠᠨ᠂ ᠲᠦᠷᠪᠡᠨ ᠲᠦᠷᠦᠯ᠎ᠤᠨ ᠲᠦᠭᠦᠭᠡᠷᠦᠮᠵᠢ ᠵᠢᠨ ᠴᠢᠯᠦᠭᠡᠳᠠᠢ ᠪᠠᠢ᠌ᠯᠭ᠋ᠠᠭᠰᠠᠨ ᠬᠤᠳᠠ ᠵᠢᠨ ᠬᠠᠷᠢᠴᠠᠯ᠎ᠢ 100%᠎ᠳᠤ ᠬᠦᠷᠭᠡᠬᠦ ᠵᠢ ᠪᠠᠳᠤᠯᠠᠨ᠂ 2020 ᠤᠨ᠎ᠤ 4 ᠰᠠᠷ᠎ᠠ ᠵᠢᠨ 23᠎ᠤ ᠡᠳᠦᠷ᠎ᠠᠴᠠ ᠡᠮᠦᠨ᠎ᠡ ᠬᠤᠷᠢᠶᠠᠩᠭᠤᠢ᠌ᠯᠠᠨ ᠮᠡᠳᠡᠬᠦᠯᠦᠨ ᠬᠦᠷᠭᠡᠬᠦ ᠠᠵᠢᠯ᠎ᠢ ᠪᠡᠶᠡᠯᠡᠬᠦᠯᠬᠦ ᠬᠡᠷᠡᠭᠳᠠᠢ (ᠮᠡᠳᠡᠬᠦᠯᠦᠨ ᠬᠦᠷᠭᠡᠬᠦ ᠬᠡᠯᠪᠡᠷᠢ᠎ᠨᠢ ᠲᠠᠭ᠋ᠠᠯᠳᠠ 1 ᠵᠢ ᠦᠵᠡ)᠃
     (ᠬᠤᠶᠠᠷ) ᠵᠤᠷᠰᠢᠯ ᠶᠤᠰᠤᠭ᠋ᠠᠷ ᠴᠢᠯᠦᠬᠡᠳᠠᠢ ᠪᠠᠢ᠌ᠯᠭ᠋ᠠᠬᠤ᠂ ᠲᠦᠪᠯᠡᠷᠬᠦᠯᠦᠨ ᠴᠢᠯᠦᠬᠡᠳᠠᠢ ᠪᠠᠢ᠌ᠯᠭ᠋ᠠᠬᠤ ᠪᠠ ᠰᠦᠯᠵᠢᠶᠡᠨ ᠲᠡᠭᠡᠷ᠎ᠡ ᠴᠢᠯᠦᠬᠡᠳᠠᠢ ᠪᠠᠢ᠌ᠯᠭ᠋ᠠᠬᠤ ᠵᠢ ᠰᠠᠢ᠌ᠳᠤᠷ ᠬᠢᠨ᠎ᠡ
      ᠡᠯ᠎ᠡ ᠠᠢ᠌ᠮᠠᠭ ᠬᠤᠳᠠ ᠵᠢᠨ ᠠᠮᠢ ᠠᠬᠤᠢ ᠤᠷᠴᠢᠨ ᠲᠤᠭᠤᠷᠢᠨ᠎ᠤ ᠰᠠᠯᠠᠭ᠎ᠠ ᠮᠦᠴᠢᠷ᠎ᠨᠢ ᠲᠤᠰ ᠭᠠᠵᠠᠷ ᠤᠷᠤᠨ᠎ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠢ ᠰᠡᠷᠬᠡᠢ᠌ᠯᠡᠨ ᠡᠵᠡᠮᠳᠡᠬᠦ ᠠᠵᠢᠯ᠎ᠤᠨ ᠪᠤᠳᠠᠳᠠᠢ᠎ᠲᠠᠢ ᠤᠶᠠᠯᠳᠤᠭᠤᠯᠤᠨ᠂ ᠪᠦᠬᠦ ᠵᠢᠯ᠎ᠤᠨ ᠴᠢᠯᠦᠬᠡᠳᠠᠢ ᠪᠠᠢ᠌ᠯᠭ᠋ᠠᠬᠤ ᠠᠵᠢᠯ ᠵᠶ᠋ᠠᠨ ᠤᠷᠢᠳᠴᠢᠯᠠᠨ ᠲᠦᠯᠦᠪᠯᠡᠨ᠂ ᠰᠢᠰᠲᠸᠮ᠎ᠲᠠᠢ ᠪᠠᠢ᠌ᠷᠢᠯᠠᠭᠤᠯᠬᠤ ᠬᠡᠷᠡᠭᠳᠠᠢ᠃ ᠬᠢᠵᠢᠭ᠎ᠢ ᠰᠡᠷᠭᠡᠢ᠌ᠯᠡᠨ ᠡᠵᠡᠮᠳᠡᠬᠦ ᠬᠤᠭᠤᠴᠠᠭ᠋ᠠᠨ᠎ᠳᠤ᠂ ᠭᠤᠤᠯ᠎ᠨᠢ ᠰᠦᠯᠵᠢᠶᠡᠨ ᠲᠡᠭᠡᠷ᠎ᠡ ᠴᠢᠯᠦᠬᠡᠳᠠᠢ ᠪᠠᠢ᠌ᠯᠭ᠋ᠠᠬᠤ᠎ᠪᠠᠷ ᠭᠤᠤᠯᠳᠠᠨ᠎ᠠ; ᠬᠢᠵᠢᠭ᠎ᠢ ᠰᠡᠷᠭᠡᠢ᠌ᠯᠡᠨ ᠡᠵᠡᠮᠳᠡᠬᠦ ᠲᠠᠭᠤᠰᠤᠭᠰᠠᠨ᠎ᠤ ᠲᠠᠷᠠᠭ᠎ᠠ᠂ ᠵᠤᠷᠰᠢᠯ ᠶᠤᠰᠤᠭ᠋ᠠᠷ ᠴᠢᠯᠦᠬᠡᠳᠠᠢ ᠪᠠᠢ᠌ᠯᠭ᠋ᠠᠬᠤ ᠵᠢ ᠰᠡᠷᠬᠦᠭᠡᠨ᠂ ᠬᠤᠶᠠᠷ ᠰᠠᠷ᠎ᠠ ᠪᠦᠷᠢ᠎ᠳᠤ ᠬᠠᠮᠤᠭ ᠪᠠᠭ᠎ᠠ᠎ᠳᠤ᠎ᠪᠠᠨ ᠨᠢᠭᠡ ᠤᠳᠠᠭ᠎ᠠ ᠵᠤᠬᠢᠶᠠᠨ ᠪᠠᠢ᠌ᠭᠤᠯᠤᠨ᠎ᠠ; ᠤᠨᠴᠠᠭ᠋ᠠᠢ ᠲᠤᠷᠠᠰᠬᠠᠯ᠎ᠤᠨ ᠡᠳᠦᠷ᠂ ᠲᠤᠷᠠᠰᠬᠠᠯ᠎ᠤᠨ ᠭᠠᠷᠠᠭ ᠲᠤᠬᠢᠶᠠᠯᠳᠤᠪᠠᠯ᠂ ᠵᠢᠱ᠌ᠢᠶᠠᠯᠡᠪᠡᠯ ᠵᠢᠷᠭᠤᠭ᠋ᠠᠨ ᠰᠠᠷ᠎ᠠ ᠵᠢᠨ ᠲᠠᠪᠤᠨ᠎ᠤ ᠤᠷᠴᠢᠨ ᠲᠤᠭᠤᠷᠢᠨ᠎ᠤ ᠡᠳᠦᠷ᠂ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠵᠢᠨ ᠪᠤᠯᠪᠠᠰᠤᠨ᠎ᠢ ᠪᠦᠳᠦᠭᠡᠨ ᠪᠠᠢ᠌ᠭᠤᠯᠬᠤ ᠤᠬᠠᠭᠤᠯᠭ᠎ᠠ ᠵᠢᠨ ᠭᠠᠷᠠᠭ (7 ᠰᠠᠷ᠎ᠠ ᠵᠢᠨ 1᠎ᠤ ᠡᠳᠦᠷ — — 7 ᠰᠠᠷ᠎ᠠ ᠵᠢᠨ 7᠎ᠤ ᠡᠳᠦᠷ) ᠵᠡᠷᠭᠡ᠂ ᠨᠢᠬᠡᠨᠳᠡ ᠨᠡᠢ᠌ᠳᠡᠯᠡᠭᠰᠡᠨ ᠡᠯ᠎ᠡ ᠲᠦᠷᠦᠯ᠎ᠤᠨ ᠲᠦᠬᠦᠭᠡᠷᠦᠮᠵᠢ ᠵᠢᠨ ᠨᠢᠭᠡᠴᠢ ᠵᠢ ᠲᠦᠪᠯᠡᠷᠡᠬᠦᠯᠦᠨ ᠤᠯᠠᠨ ᠨᠡᠢ᠌ᠳᠡ᠎ᠳᠤ ᠴᠢᠯᠦᠭᠡᠳᠠᠢ ᠪᠠᠢ᠌ᠯᠭ᠋ᠠᠨ᠎ᠠ᠃
     (ᠭᠤᠷᠪᠠ)  〈〈ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠲᠦᠭᠦᠭᠡᠷᠦᠮᠵᠢ ᠵᠢ ᠤᠯᠠᠨ ᠨᠡᠢ᠌ᠳᠡ᠎ᠳᠤ ᠴᠢᠯᠦᠬᠡᠳᠠᠢ ᠪᠠᠢ᠌ᠯᠭ᠋ᠠᠬᠤ NGO ᠰᠠᠭᠤᠷᠢ ᠮᠦᠩᠭᠦ〉〉 ᠵᠢ ᠢᠳᠡᠪᠬᠢᠳᠠᠢ ᠡᠷᠡᠮᠵᠢᠯᠡᠨ ᠮᠡᠳᠡᠬᠦᠯᠦᠨ᠎ᠡ
     5 — — 10 ᠰᠠᠷ᠎ᠠ᠎ᠳᠤ᠂ ᠠᠮᠢ ᠠᠬᠤᠢ ᠤᠷᠴᠢᠨ ᠲᠤᠭᠤᠷᠢᠨ᠎ᠤ ᠶᠠᠮᠤᠨ᠎ᠨᠢ ᠡᠯ᠎ᠡ ᠮᠤᠵᠢ (ᠲᠤᠭᠤᠷᠢᠭ᠂ ᠬᠤᠳᠠ) ᠵᠢᠨ 〈〈ᠦᠵᠡᠰᠬᠦᠯᠡᠩᠳᠦ ᠰᠠᠢ᠌ᠬᠠᠨ ᠲᠤᠮᠳᠠᠳᠤ ᠤᠯᠤᠰ᠂ ᠪᠢ ᠪᠤᠯ ᠭᠡᠷᠡᠭᠵᠢᠬᠦᠯᠦᠭᠴᠢ〉〉 ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢᠨ ᠬᠤᠯᠪᠤᠭ᠋ᠠᠨ᠎ᠤ ᠬᠡᠰᠢᠭᠦᠨ᠎ᠪᠠᠷ ᠨᠡᠷ᠎ᠡ ᠲᠡᠪᠰᠢᠬᠦᠯᠦᠭᠰᠡᠳ᠎ᠳᠤ᠂ ᠬᠤᠶᠠᠳᠤᠭ᠋ᠠᠷ ᠬᠤᠭᠤᠴᠠᠭ᠋ᠠᠨ᠎ᠤ 〈〈ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠲᠦᠭᠦᠭᠡᠷᠦᠮᠵᠢ ᠵᠢ ᠤᠯᠠᠨ ᠨᠡᠢ᠌ᠳᠡ᠎ᠳᠤ ᠴᠢᠯᠦᠬᠡᠳᠠᠢ ᠪᠠᠢ᠌ᠯᠭ᠋ᠠᠬᠤ NGO ᠰᠠᠭᠤᠷᠢ ᠮᠦᠩᠭᠦ〉〉 ᠵᠢᠨ ᠲᠦᠷᠦᠯ ᠵᠦᠢ᠍ᠯ᠎ᠤᠨ ᠲᠡᠮᠵᠢᠯᠭᠡ ᠵᠢ ᠦᠷᠨᠢᠬᠦᠯᠵᠦ᠂ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢ ᠲᠦᠬᠦᠭᠡᠷᠦᠮᠵᠢ ᠵᠢ ᠴᠢᠯᠦᠬᠡᠳᠠᠢ ᠪᠠᠢ᠌ᠯᠭ᠋ᠠᠬᠤ ᠠᠵᠢᠯ᠎ᠳᠤ ᠢᠳᠡᠪᠬᠢᠳᠠᠢ᠎ᠪᠠᠷ ᠤᠷᠤᠯᠴᠠᠬᠤ ᠵᠢ ᠵᠤᠷᠢᠭᠵᠢᠭᠤᠯᠤᠨ ᠲᠡᠮᠵᠢᠨ᠎ᠡ᠃ ᠡᠯ᠎ᠡ ᠠᠢ᠌ᠮᠠᠭ ᠬᠤᠳᠠ᠎ᠨᠢ ᠲᠡᠮᠵᠢᠯᠭᠡ ᠬᠦᠷᠳᠡᠭᠰᠡᠨ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠨᠡᠢ᠌ᠬᠡᠮ᠎ᠤᠨ ᠵᠤᠬᠢᠶᠠᠨ ᠪᠠᠢ᠌ᠭᠤᠯᠤᠯᠳᠠ ᠵᠢ ᠵᠢᠭ᠋ᠠᠨ ᠵᠢᠯᠤᠭᠤᠳᠬᠤ ᠪᠠ ᠲᠡᠮᠵᠢᠬᠦ᠎ᠪᠠᠨ ᠴᠢᠩᠭ᠋ᠠᠳᠬᠠᠨ᠂ ᠰᠦᠯᠵᠢᠶᠡᠨ ᠲᠡᠭᠡᠷ᠎ᠡ ᠤᠷᠤᠯᠴᠠᠬᠤ ᠠᠷᠭ᠎ᠠ ᠵᠠᠮ᠎ᠢ ᠬᠠᠢ᠌ᠨ ᠰᠦᠪᠡᠭᠴᠢᠯᠡᠬᠦ᠂ ᠨᠡᠢ᠌ᠳᠡᠯᠢᠭ ᠵᠢᠱ᠌ᠢᠶ᠎ᠡ ᠲᠤᠷᠰᠢᠯᠭ᠎ᠠ᠎ᠪᠠᠨ ᠬᠤᠪᠢᠶᠠᠯᠴᠠᠬᠤ ᠪᠠ ᠤᠬᠠᠭᠤᠯᠭ᠎ᠠ ᠦᠷᠨᠢᠬᠦᠯᠬᠦ ᠵᠢ ᠵᠤᠷᠢᠭᠵᠢᠭᠤᠯᠤᠨ᠎ᠠ᠃
     (ᠲᠦᠷᠪᠡ) ᠴᠢᠯᠦᠬᠡᠳᠠᠢ ᠪᠠᠢ᠌ᠯᠭ᠋ᠠᠬᠤ ᠰᠠᠯᠠᠭ᠎ᠠ ᠮᠦᠴᠢᠷ ᠪᠠ ᠤᠷᠤᠨ ᠪᠦᠰᠡ ᠵᠢ ᠤᠯᠠᠮ ᠨᠢᠬᠡ ᠠᠯᠬᠤᠮ ᠦᠷᠭᠡᠳᠬᠡᠨ᠎ᠡ
      ᠡᠯ᠎ᠡ ᠠᠢ᠌ᠮᠠᠭ ᠬᠤᠳᠠ᠎ᠨᠢ ᠭᠠᠵᠠᠷ ᠤᠷᠤᠨ᠎ᠤ ᠠᠵᠦ ᠦᠢ᠍ᠯᠡᠰ᠎ᠤᠨ ᠪᠦᠳᠦᠴᠡ ᠵᠢᠨ ᠤᠨᠴᠠᠯᠢᠭ᠎ᠲᠠᠢ᠎ᠪᠠᠨ ᠤᠶᠠᠯᠳᠤᠭᠤᠯᠤᠨ᠂ ᠤᠨᠳᠤᠤ ᠪᠤᠰᠤᠳ ᠰᠠᠯᠠᠭ᠎ᠠ ᠮᠦᠴᠢᠷ ᠪᠠ ᠤᠷᠤᠨ ᠪᠦᠰᠡ ᠵᠢᠨ ᠲᠦᠭᠦᠭᠡᠷᠦᠮᠵᠢ ᠵᠢᠨ ᠨᠢᠭᠡᠴᠢ ᠵᠢ ᠢᠳᠡᠪᠬᠢᠳᠠᠢ ᠠᠬᠢᠭᠤᠯᠵᠦ᠂ ᠤᠨᠴᠠᠭ᠋ᠠᠢ᠌ᠯᠠᠨ ᠴᠢᠯᠠᠭᠤᠨ ᠲᠤᠰᠤ᠂ ᠪᠤᠯᠤᠳ ᠲᠡᠮᠦᠷ᠂ ᠴᠠᠬᠢᠯᠭ᠋ᠠᠨ ᠬᠦᠴᠦᠨ ᠵᠡᠷᠭᠡ ᠤᠯᠠᠨ ᠨᠡᠢ᠌ᠳᠡ ᠵᠢᠨ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠵᠠᠰᠠᠯᠳᠠ ᠵᠢᠨ ᠦᠷ᠎ᠡ ᠪᠦᠳᠦᠮᠵᠢ ᠵᠢ᠎ᠨᠢ ᠦᠷᠭᠡᠨ ᠵᠶ᠋ᠠᠷ ᠠᠩᠬᠠᠷᠴᠦ ᠪᠠᠢ᠌ᠭ᠎ᠠ ᠠᠵᠦ ᠠᠬᠤᠢ᠌ᠯᠠᠯ᠎ᠢ ᠲᠦᠭᠦᠭᠡᠷᠦᠮᠵᠢ ᠵᠢ ᠴᠢᠯᠦᠬᠡᠳᠠᠢ ᠪᠠᠢ᠌ᠯᠭ᠋ᠠᠬᠤ᠎ᠳᠤ ᠤᠷᠤᠯᠴᠠᠭᠤᠯᠤᠨ᠎ᠠ᠃
     (ᠲᠠᠪᠤ) ᠤᠬᠠᠭᠤᠯᠭ᠎ᠠ ᠬᠢᠨ᠎ᠡ
      ᠡᠯ᠎ᠡ ᠠᠢ᠌ᠮᠠᠭ ᠬᠤᠳᠠ ᠵᠢᠨ ᠠᠮᠢ ᠠᠬᠤᠢ ᠤᠷᠴᠢᠨ ᠲᠤᠭᠤᠷᠢᠨ᠎ᠤ ᠰᠠᠯᠠᠭ᠎ᠠ ᠮᠦᠴᠢᠷ᠎ᠨᠢ ᠲᠤᠭᠳᠠᠭᠰᠠᠨ ᠬᠤᠭᠤᠴᠠᠭ᠎ᠠ᠎ᠲᠠᠢ᠎ᠪᠠᠷ ᠲᠤᠷᠰᠢᠯᠭ᠎ᠠ ᠵᠢᠨ ᠮᠠᠲᠸᠷᠢᠶᠠᠯ᠎ᠢ ᠮᠡᠳᠡᠬᠦᠯᠦᠨ ᠬᠦᠷᠭᠡᠵᠦ᠂ ᠤᠯᠠᠷᠢᠯ ᠪᠦᠷᠢ᠎ᠳᠤ ᠠᠳᠠᠭ᠎ᠳᠤ᠎ᠪᠠᠨ 1 ᠵᠤᠷᠪᠤᠰ ᠵᠢ ᠮᠡᠳᠡᠬᠦᠯᠦᠨ ᠬᠦᠷᠭᠡᠵᠦ᠂ ᠰᠢᠯᠢᠳᠡᠭ ᠮᠠᠲᠸᠷᠢᠶᠠᠯ᠎ᠢ ᠠᠮᠢ ᠠᠬᠤᠢ ᠤᠷᠴᠢᠨ ᠲᠤᠭᠤᠷᠢᠨ᠎ᠤ ᠶᠠᠮᠤᠨ᠎ᠤ ᠤᠬᠠᠭᠤᠯᠤᠨ ᠬᠦᠮᠦᠵᠢᠬᠦᠯᠬᠦ ᠠᠵᠢᠯ᠎ᠤᠨ ᠲᠤᠪᠴᠢ ᠵᠠᠩᠭᠢ ᠪᠠ ᠠᠷᠠᠳ᠎ᠤᠨ ᠰᠦᠯᠵᠢᠶ᠎ᠡ᠂ ᠲᠤᠮᠳᠠᠳᠤ ᠤᠯᠤᠰ᠎ᠤᠨ ᠤᠷᠴᠢᠨ ᠲᠤᠭᠤᠷᠢᠨ᠎ᠤ ᠰᠤᠨᠢᠨ ᠵᠡᠷᠭᠡ ᠵᠠᠭᠤᠴᠢ᠎ᠳᠤ ᠡᠬᠢ ᠪᠢᠴᠢᠭ᠎ᠪᠠᠷ ᠮᠡᠳᠡᠬᠦᠯᠵᠦ᠂ ᠡᠰᠡᠬᠦᠯ᠎ᠡ ᠲᠢᠩᠭᠢᠮ᠎ᠤᠨ ᠵᠠᠰᠠᠭ᠎ᠤᠨ ᠤᠷᠳᠤᠨ᠎ᠤ ᠰᠦᠯᠵᠢᠶ᠎ᠡ᠂ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠂ ᠦᠪᠦᠷ ᠮᠤᠩᠭᠤᠯ᠎ᠤᠨ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠰᠤᠷᠠᠭ ᠵᠠᠩᠭᠢ ᠵᠢ ᠰᠤᠯᠢᠯᠴᠠᠬᠤ ᠰᠡᠳᠬᠦᠯ᠎ᠳᠤ ᠨᠡᠢ᠌ᠳᠡᠯᠡᠨ᠎ᠡ᠃ ᠶᠠᠮᠤᠨ᠎ᠤ ᠤᠬᠠᠭᠤᠯᠤᠨ ᠬᠦᠮᠦᠵᠢᠬᠦᠯᠬᠦ ᠲᠦᠪ᠎ᠤᠨ ᠦᠢ᠍ᠯᠡᠳᠦᠭᠰᠡᠨ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠲᠦᠬᠦᠭᠡᠷᠦᠮᠵᠢ ᠪᠠ ᠬᠤᠳᠠ ᠵᠢᠨ ᠪᠤᠬᠢᠷ ᠤᠰᠤ ᠬᠤᠭ ᠨᠤᠪᠰᠢ ᠵᠢ ᠰᠢᠢ᠍ᠳᠪᠦᠷᠢᠯᠡᠬᠦ ᠲᠦᠭᠦᠭᠡᠷᠦᠮᠵᠢ ᠵᠢ ᠤᠯᠠᠨ ᠨᠡᠢ᠌ᠳᠡ᠎ᠳᠤ ᠴᠢᠯᠦᠬᠡᠳᠠᠢ ᠪᠠᠢ᠌ᠯᠭ᠋ᠠᠬᠤ ᠨᠢᠭᠡᠴᠢ ᠵᠢᠨ ᠬᠦᠷᠡᠯ ᠫᠠᠢ᠌ᠰᠠ ᠵᠢ ᠭᠤᠷᠪᠠᠳᠤᠭ᠋ᠠᠷ᠂ ᠲᠦᠷᠪᠡᠳᠦᠭᠡᠷ ᠪᠦᠯᠦᠭ᠎ᠤᠨ ᠲᠦᠭᠦᠭᠡᠷᠦᠮᠵᠢ ᠵᠢ ᠴᠢᠯᠦᠭᠡᠳᠠᠢ ᠪᠠᠢ᠌ᠯᠭ᠋ᠠᠭᠰᠠᠨ ᠨᠢᠭᠡᠴᠢ᠎ᠳᠤ ᠤᠯᠭᠤᠨ᠎ᠠ; ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠲᠦᠬᠦᠭᠡᠷᠦᠮᠵᠢ ᠵᠢ ᠤᠯᠠᠨ ᠨᠡᠢ᠌ᠳᠡ᠎ᠳᠤ ᠴᠢᠯᠦᠬᠡᠳᠠᠢ ᠪᠠᠢ᠌ᠯᠭ᠋ᠠᠬᠤ U ᠲᠠᠪᠠᠭ (ᠲᠤᠳᠤᠷ᠎ᠠ᠎ᠨᠢ ᠴᠠᠬᠢᠯᠭ᠋ᠠᠨ ᠬᠡᠪᠯᠡᠯ᠎ᠤᠨ ᠲᠠᠢ᠌ᠯᠪᠦᠷᠢ ᠭᠠᠷ ᠲᠡᠪᠳᠡᠷ᠂ ᠠᠵᠢᠯ᠎ᠤᠨ ᠪᠤᠭᠴᠦ ᠵᠢ ᠲᠦᠯᠦᠪᠯᠡᠨ ᠦᠢ᠍ᠯᠡᠳᠬᠦ ᠪᠢᠴᠢᠭ ᠮᠠᠲᠸᠷᠢᠶᠠᠯ᠂ ᠲᠦᠬᠦᠭᠡᠷᠦᠮᠵᠢ ᠵᠢ ᠴᠢᠯᠦᠭᠡᠳᠠᠢ ᠬᠡᠷᠡᠭᠯᠡᠬᠦᠯᠬᠦ ᠤᠬᠠᠭᠤᠯᠭ᠎ᠠ ᠵᠢᠨ ᠬᠠᠭᠤᠳᠠᠰᠤ ᠪᠠ ᠤᠬᠠᠭᠤᠯᠭ᠎ᠠ ᠵᠢᠨ ᠫᠢᠯᠢᠮ ᠵᠡᠷᠭᠡ ᠪᠠᠭᠳᠠᠨ᠎ᠠ) ᠵᠢ ᠦᠢ᠍ᠯᠡᠳᠦᠨ᠂ ᠭᠤᠷᠪᠠᠳᠤᠭ᠋ᠠᠷ᠂ ᠲᠦᠷᠪᠡᠳᠦᠭᠡᠷ ᠪᠦᠯᠦᠭ᠎ᠤᠨ ᠲᠦᠭᠦᠭᠡᠷᠦᠮᠵᠢ ᠵᠢ ᠴᠢᠯᠦᠬᠡᠳᠠᠢ ᠪᠠᠢ᠌ᠯᠭ᠋ᠠᠬᠤ ᠨᠢᠭᠡᠴᠢ᠎ᠳᠤ ᠦᠨ᠎ᠡ ᠲᠦᠯᠦᠪᠦᠷᠢ ᠦᠭᠡᠢ ᠲᠠᠷᠬᠠᠭ᠋ᠠᠨ᠂ ᠡᠯ᠎ᠡ ᠨᠢᠭᠡᠴᠢ᠎ᠨᠢ ᠦᠪᠡᠷᠳᠡᠭᠡᠨ ᠲᠠᠷᠤᠮᠯᠠᠨ ᠦᠢ᠍ᠯᠡᠳᠴᠦ ᠪᠤᠯᠤᠨ᠎ᠠ᠃ ᠡᠯ᠎ᠡ ᠭᠠᠵᠠᠷ᠎ᠨᠢ ᠲᠦᠬᠦᠭᠡᠷᠦᠮᠵᠢ ᠵᠢ ᠴᠢᠯᠦᠬᠡᠳᠠᠢ ᠪᠠᠢ᠌ᠯᠭ᠋ᠠᠬᠤ ᠨᠢᠭᠡᠴᠢ ᠵᠢᠨ ᠨᠦᠬᠦᠴᠡᠯ᠎ᠲᠠᠢ ᠤᠶᠠᠯᠳᠤᠭᠤᠯᠤᠨ᠂ ᠴᠢᠯᠦᠬᠡᠳᠠᠢ ᠪᠠᠢ᠌ᠯᠭ᠋ᠠᠬᠤ ᠰᠢᠨ᠎ᠡ ᠠᠷᠭ᠎ᠠ ᠬᠡᠯᠪᠡᠷᠢ ᠵᠢ ᠡᠬᠦᠳᠦᠨ᠂ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠲᠦᠬᠦᠭᠡᠷᠦᠮᠵᠢ ᠵᠢ ᠤᠯᠠᠨ ᠨᠡᠢ᠌ᠳᠡ᠎ᠳᠤ ᠴᠢᠯᠦᠬᠡᠳᠠᠢ ᠪᠠᠢ᠌ᠯᠭ᠋ᠠᠬᠤ ᠰᠦᠯᠵᠢᠶᠡᠨ ᠲᠡᠭᠡᠷᠡᠬᠢ ᠲᠤᠭᠤᠷᠢᠨ ᠦᠵᠡᠬᠦ ᠠᠷᠭ᠎ᠠ ᠵᠠᠮ᠎ᠢ ᠦᠷᠭᠡᠳᠬᠡᠨ᠂ ᠰᠦᠯᠵᠢᠶᠡᠨ ᠲᠡᠭᠡᠷ᠎ᠡ ᠴᠢᠯᠦᠭᠡᠳᠠᠢ ᠭᠡᠷᠡᠭᠯᠡᠬᠦᠯᠬᠦ ᠬᠦᠳᠡᠯᠬᠡᠬᠡᠨ᠎ᠢ ᠲᠦᠯᠦᠪᠯᠡᠨ   ᠵᠤᠬᠢᠶᠠᠨ ᠪᠠᠢ᠌ᠭᠤᠯᠤᠨ᠎ᠠ᠃
     (ᠵᠢᠷᠭᠤᠭ᠎ᠠ) ᠠᠵᠢᠯ᠎ᠤᠨ ᠵᠤᠬᠢᠴᠠᠭᠤᠯᠭ᠎ᠠ ᠪᠠ ᠵᠢᠱ᠌ᠢᠨ ᠦᠨᠡᠯᠡᠬᠦ ᠵᠢ ᠴᠢᠩᠭ᠋ᠠᠳᠬᠠᠨ᠎ᠠ
      ᠤᠳᠤᠷᠢᠳᠬᠤ ᠪᠠᠭ᠎ᠠ ᠲᠤᠭᠤᠢ᠌ᠯᠠᠩ᠎ᠤᠨ ᠠᠯᠪᠠᠨ ᠭᠡᠷ᠎ᠨᠢ ᠠᠵᠢᠯ᠎ᠤᠨ ᠵᠤᠬᠢᠴᠠᠭᠤᠯᠭ᠎ᠠ ᠵᠢᠨ ᠲᠤᠭᠳᠠᠴᠠ ᠵᠢ ᠪᠠᠢ᠌ᠭᠤᠯᠤᠨ᠂ ᠤᠯᠠᠷᠢᠯ ᠪᠦᠷᠢ᠎ᠳᠤ ᠡᠯ᠎ᠡ ᠠᠢ᠌ᠮᠠᠭ ᠬᠤᠳᠠ ᠵᠢᠨ ᠠᠵᠢᠯ᠎ᠤᠨ ᠠᠬᠢᠴᠠ ᠵᠢ ᠵᠤᠬᠢᠴᠠᠭᠤᠯᠤᠨ᠂ ᠡᠯ᠎ᠡ ᠠᠢ᠌ᠮᠠᠭ ᠬᠤᠳᠠ᠎ᠨᠢ ᠠᠵᠢᠯ ᠵᠶ᠋ᠠᠨ ᠦᠷᠨᠢᠬᠦᠯᠬᠦ᠎ᠳᠤ ᠬᠠᠷᠰᠢ ᠪᠤᠯᠤᠭᠰᠠᠨ ᠬᠦᠴᠢᠷ ᠠᠰᠠᠭᠤᠳᠠᠯ᠎ᠢ ᠴᠠᠭ ᠲᠤᠬᠠᠢ᠎ᠲᠤᠨᠢ ᠰᠢᠢ᠍ᠳᠪᠦᠷᠢᠯᠡᠬᠦ ᠵᠢ ᠠᠬᠢᠭᠤᠯᠵᠦ᠂ ᠤᠯᠠᠷᠢᠯ ᠪᠦᠷᠢ᠎ᠳᠤ ᠶᠠᠮᠤᠨ᠎ᠤ ᠤᠬᠠᠭᠤᠯᠤᠨ ᠬᠦᠮᠦᠵᠢᠬᠦᠯᠬᠦ ᠲᠦᠪ᠎ᠲᠤ ᠵᠢᠱ᠌ᠢᠨ ᠦᠨᠡᠯᠡᠭᠰᠡᠨ ᠪᠠᠢ᠌ᠳᠠᠯ᠎ᠤᠨ ᠮᠡᠳᠡᠬᠦᠯᠦᠯᠳᠡ ᠵᠢ ᠲᠤᠰᠢᠶᠠᠨ᠎ᠠ; ᠶᠠᠮᠤᠨ᠎ᠤ ᠤᠬᠠᠭᠤᠯᠤᠨ ᠬᠦᠮᠦᠵᠢᠬᠦᠯᠬᠦ ᠲᠦᠪ᠎ᠨᠢ ᠤᠷᠴᠢᠨ ᠲᠤᠭᠤᠷᠢᠨ᠎ᠤ ᠲᠦᠬᠦᠭᠡᠷᠦᠮᠵᠢ ᠵᠢ ᠤᠯᠠᠨ ᠨᠡᠢ᠌ᠳᠡ᠎ᠳᠤ ᠴᠢᠯᠦᠬᠡᠳᠠᠢ ᠪᠠᠢ᠌ᠯᠭ᠋ᠠᠬᠤ ᠵᠢ ᠲᠤᠭᠤᠷᠢᠨ ᠦᠵᠡᠬᠦ᠎ᠳᠤ ᠨᠡᠷ᠎ᠡ ᠪᠦᠷᠢᠳᠬᠡᠬᠦ ᠲᠤᠨᠤᠭ᠎ᠢ ᠦᠢ᠍ᠯᠡᠳᠦᠨ ᠲᠦᠬᠡᠮᠡᠯᠵᠢᠬᠦᠯᠵᠦ᠂ ᠴᠠᠭ ᠲᠤᠬᠠᠢ᠎ᠲᠤᠨᠢ ᠡᠯ᠎ᠡ ᠭᠠᠵᠠᠷ᠎ᠤᠨ ᠴᠢᠯᠦᠬᠡᠳᠠᠢ ᠪᠠᠢ᠌ᠯᠭ᠋ᠠᠬᠤ ᠠᠵᠢᠯᠯᠭ᠋ᠠᠨ᠎ᠤ ᠪᠠᠢ᠌ᠳᠠᠯ᠎ᠢ ᠡᠵᠡᠮᠰᠢᠨ᠎ᠡ᠃ ᠡᠯ᠎ᠡ ᠠᠢ᠌ᠮᠠᠭ ᠬᠤᠳᠠ ᠵᠢᠨ ᠠᠮᠢ ᠠᠬᠤᠢ ᠤᠷᠴᠢᠨ ᠲᠤᠭᠤᠷᠢᠨ᠎ᠤ ᠰᠠᠯᠠᠭ᠎ᠠ ᠮᠦᠴᠢᠷ᠎ᠨᠢ ᠪᠠᠢ᠌ᠴᠠᠭ᠋ᠠᠯᠳᠠ ᠱᠠᠭ᠋ᠠᠷᠳᠠᠯᠳᠠ ᠵᠢᠨ ᠬᠦᠴᠦᠯᠡᠴᠡ᠎ᠪᠠᠨ ᠨᠡᠮᠡᠭᠳᠡᠬᠦᠯᠦᠨ᠂ ᠡᠯ᠎ᠡ ᠭᠠᠵᠠᠷ᠎ᠤᠨ ᠤᠷᠴᠢᠨ ᠲᠤᠭᠤᠷᠢᠨ᠎ᠤ ᠲᠦᠬᠦᠭᠡᠷᠦᠮᠵᠢ ᠵᠢᠨ ᠴᠢᠯᠦᠬᠡᠳᠠᠢ ᠪᠠᠢ᠌ᠯᠭ᠋ᠠᠬᠤ   ᠨᠢᠭᠡᠴᠢ ᠵᠢᠨ ᠲᠦᠷᠦᠯ ᠠᠩᠭᠢᠯᠠᠯ᠂ ᠲᠤᠭ᠎ᠠ ᠬᠡᠮᠵᠢᠶ᠎ᠡ᠂ ᠪᠦᠷᠭᠦᠴᠡ ᠵᠢᠨ ᠨᠤᠷᠮ᠎ᠠ᠂ ᠴᠢᠯᠦᠬᠡᠳᠠᠢ ᠪᠠᠢ᠌ᠯᠭ᠋ᠠᠬᠤ ᠲᠡᠪᠳᠠᠮᠵᠢ᠂ ᠲᠤᠭᠤᠷᠢᠨ ᠦᠵᠡᠭᠰᠡᠨ ᠬᠦᠮᠦᠨ᠎ᠤ ᠪᠠᠢ᠌ᠳᠠᠯ ᠪᠠ ᠴᠢᠯᠦᠬᠡᠳᠠᠢ ᠪᠠᠢ᠌ᠯᠭ᠋ᠠᠬᠤ ᠦᠷ᠎ᠡ ᠪᠦᠳᠦᠮᠵᠢ ᠵᠡᠷᠭᠡ ᠵᠢ ᠨᠢᠭᠡᠳ ᠨᠢᠭᠡ᠎ᠪᠠᠷ ᠬᠠᠷᠭᠤᠭᠤᠯᠤᠨ᠂ ᠴᠢᠯᠦᠭᠡᠳᠠᠢ ᠪᠠᠢ᠌ᠯᠭ᠋ᠠᠪᠠᠯ ᠵᠤᠬᠢᠰᠳᠠᠢ ᠵᠢ᠎ᠨᠢ ᠴᠢᠯᠦᠭᠡᠳᠠ᠊ ᠪᠠᠢ᠌ᠯᠭ᠋ᠠᠬᠤ ᠵᠢ ᠪᠠᠳᠤᠯᠠᠨ᠂ ᠤᠯᠠᠷᠢᠯ ᠪᠦᠷᠢ ᠵᠢᠨ ᠰᠡᠭᠦᠯᠴᠢ᠎ᠤᠨ ᠰᠠᠷ᠎ᠠ ᠵᠢᠨ 10᠎ᠤ ᠡᠳᠦᠷ᠎ᠠᠴᠠ ᠡᠮᠦᠨ᠎ᠡ ᠴᠢᠯᠦᠬᠡᠳᠠᠢ ᠪᠠᠢ᠌ᠯᠭ᠋ᠠᠭᠰᠠᠨ ᠪᠠᠢ᠌ᠳᠠᠯ ᠵᠶ᠋ᠠᠨ ᠤᠳᠤᠷᠢᠳᠬᠤ ᠪᠠᠭ᠎ᠠ ᠲᠤᠭᠤᠢ᠌ᠯᠠᠩ᠎ᠤᠨ ᠠᠯᠪᠠᠨ ᠭᠡᠷ (ᠬᠢᠵᠢᠭ᠎ᠢ ᠰᠡᠷᠭᠡᠢ᠌ᠯᠡᠨ ᠡᠵᠡᠮᠳᠡᠬᠦ ᠬᠤᠭᠤᠴᠠᠭ᠋ᠠᠨ᠎ᠳᠤ᠂ ᠡᠯ᠎ᠡ ᠲᠦᠭᠦᠭᠡᠷᠦᠮᠵᠢ ᠵᠢ ᠴᠢᠯᠦᠬᠡᠳᠠᠢ ᠪᠠᠢ᠌ᠯᠭ᠋ᠠᠬᠤ ᠨᠢᠭᠡᠴᠢ ᠵᠢᠨ ᠲᠤᠬᠠᠢ ᠵᠢᠨ ᠲᠠᠯᠠᠪᠠᠢ᠎ᠳᠤ ᠴᠢᠯᠦᠭᠡᠳᠠᠢ ᠪᠠᠢ᠌ᠯᠭ᠋ᠠᠭᠰᠠᠨ ᠲᠤᠭ᠎ᠠ᠎ᠨᠢ ᠲᠤᠰ ᠵᠢᠯ᠎ᠤᠨ ᠬᠢᠨᠠᠨ ᠰᠢᠯᠭ᠋ᠠᠯᠳᠠ᠎ᠳᠤ ᠤᠷᠤᠬᠤ ᠦᠭᠡᠢ ᠪᠠᠢ᠌ᠵᠦ᠂ ᠡᠯ᠎ᠡ ᠭᠠᠵᠠᠷ ᠤᠷᠤᠨ ᠡᠯ᠎ᠡ ᠨᠢᠭᠡᠴᠢ᠎ᠨᠢ ᠰᠦᠯᠵᠢᠶᠡᠨ ᠲᠡᠭᠡᠷ᠎ᠡ ᠴᠢᠯᠦᠭᠡᠳᠠᠢ ᠪᠠᠢ᠌ᠯᠭ᠋ᠠᠬᠤ᠎ᠪᠠᠷ ᠲᠤᠬᠠᠢ ᠵᠢᠨ ᠲᠠᠯᠠᠪᠠᠢ᠎ᠳᠤ ᠴᠢᠯᠦᠭᠡᠳᠠᠢ ᠪᠠᠢ᠌ᠯᠭ᠋ᠠᠬᠤ ᠵᠢ ᠤᠷᠤᠯᠠᠵᠦ ᠪᠤᠯᠤᠨ᠎ᠠ)᠎ᠲᠤ ᠮᠡᠳᠡᠬᠦᠯᠦᠨ᠎ᠡ ᠬᠦᠷᠭᠡᠨ᠎ᠡ᠃
      ᠤᠳᠤᠷᠢᠳᠬᠤ ᠪᠠᠭ᠎ᠠ ᠲᠤᠭᠤᠢ᠌ᠯᠠᠩ᠎ᠤᠨ ᠠᠯᠪᠠᠨ ᠭᠡᠷ᠎ᠨᠢ ᠴᠠᠭ ᠲᠤᠬᠢᠷᠠᠭᠤᠯᠤᠨ ᠪᠦᠬᠦ ᠤᠷᠤᠨ᠎ᠤ ᠲᠦᠬᠦᠭᠡᠷᠦᠮᠵᠢ ᠵᠢ ᠴᠢᠯᠦᠬᠡᠳᠠᠢ ᠪᠠᠢ᠌ᠯᠭ᠋ᠠᠬᠤ ᠠᠵᠢᠯ᠎ᠳᠤ ᠪᠠᠢ᠌ᠴᠠᠭ᠋ᠠᠨ ᠰᠤᠳᠤᠯᠤᠯᠳᠠ ᠬᠢᠵᠦ᠂ ᠡᠯ᠎ᠡ ᠭᠠᠵᠠᠷ ᠤᠷᠤᠨ᠎ᠤ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠲᠦᠭᠦᠭᠡᠷᠦᠮᠵᠢ ᠪᠠ ᠬᠤᠳᠠ ᠵᠢᠨ ᠪᠤᠬᠢᠷ ᠤᠰᠤ ᠬᠤᠭ ᠨᠤᠪᠰᠢ ᠵᠢ ᠰᠢᠢ᠍ᠳᠪᠦᠷᠢᠯᠡᠬᠦ ᠲᠦᠬᠦᠭᠡᠷᠦᠮᠵᠢ ᠵᠢᠨ ᠵᠤᠷᠰᠢᠯ ᠶᠤᠰᠤᠭ᠋ᠠᠷ ᠴᠢᠯᠦᠭᠡᠳᠠᠢ ᠪᠠᠢ᠌ᠯᠭ᠋ᠠᠬᠤ ᠪᠠ ᠲᠦᠪᠯᠡᠷᠬᠦᠯᠦᠨ ᠴᠢᠯᠦᠭᠡᠳᠠᠢ ᠪᠠᠢ᠌ᠯᠭ᠋ᠠᠬᠤ ᠠᠵᠢᠯᠯᠠᠭ᠎ᠠ ᠵᠢ ᠬᠡᠷᠡᠭᠵᠢᠬᠦᠯᠦᠭᠰᠡᠨ ᠪᠠᠢ᠌ᠳᠠᠯ᠎ᠢ ᠤᠯᠠᠮ ᠨᠢᠭᠡ ᠠᠯᠬᠤᠮ ᠡᠵᠡᠮᠰᠢᠨ᠂ ᠡᠯ᠎ᠡ ᠭᠠᠵᠷ᠎ᠤᠨ ᠲᠦᠬᠦᠭᠡᠷᠦᠮᠵᠢ ᠵᠢ ᠴᠢᠯᠦᠭᠡᠳᠠᠢ ᠪᠠᠢ᠌ᠯᠭ᠋ᠠᠬᠤ ᠠᠵᠢᠯ᠎ᠤᠨ ᠮᠡᠳᠡᠬᠦ ᠨᠤᠷᠮ᠎ᠠ ᠪᠠ ᠨᠦᠯᠦᠭᠡ ᠵᠢ ᠵᠢᠱ᠌ᠢᠨ ᠦᠨᠡᠯᠡᠵᠦ᠂ ᠠᠬᠢᠭᠤᠯᠬᠤ ᠠᠵᠢᠯ᠎ᠢ ᠬᠦᠨᠵᠡᠭᠡᠢ ᠪᠤᠳᠠᠳᠠᠢ ᠪᠤᠯᠭ᠋ᠠᠨ᠎ᠠ᠃
      ᠬᠤᠶᠠᠷ᠂ ᠳ᠋ᠦᠩᠨᠡᠯᠳᠡ ᠵᠢᠨ ᠠᠵᠢᠯ
     2020 ᠤᠨ᠎ᠤ 10 ᠰᠠᠷ᠎ᠠ — — 11 ᠰᠠᠷ᠎ᠠ᠎ᠳᠤ᠂ ᠭᠤᠷᠪᠠᠨ ᠵᠢᠯ᠎ᠤᠨ ᠬᠤᠭᠤᠴᠠᠭ᠎ᠠ᠎ᠲᠠᠢ ᠲᠦᠭᠦᠭᠡᠷᠦᠮᠵᠢ ᠵᠢ ᠴᠢᠯᠦᠭᠡᠳᠠᠢ ᠪᠠᠢ᠌ᠯᠭ᠋ᠠᠬᠤ ᠠᠵᠢᠯ᠎ᠢ ᠪᠦᠬᠦ ᠲᠠᠯ᠎ᠠ᠎ᠪᠠᠷ ᠳ᠋ᠦᠩᠨᠡᠨ᠎ᠡ᠃ ᠡᠯ᠎ᠡ ᠠᠢ᠌ᠮᠠᠭ ᠬᠤᠳᠠ ᠵᠢᠨ ᠠᠮᠢ ᠠᠬᠤᠢ ᠤᠷᠴᠢᠨ ᠲᠤᠭᠤᠷᠢᠨ᠎ᠤ ᠰᠠᠯᠠᠭ᠎ᠠ ᠮᠦᠴᠢᠷ᠎ᠨᠢ ᠲᠦᠭᠦᠭᠡᠷᠦᠮᠵᠢ ᠵᠢ ᠴᠢᠯᠦᠭᠡᠳᠠᠢ ᠪᠠᠢ᠌ᠯᠭ᠋ᠠᠬᠤ ᠠᠵᠢᠯ᠎ᠢ ᠪᠦᠬᠦ ᠲᠠᠯ᠎ᠠ᠎ᠪᠠᠷ ᠡᠮᠬᠢᠯᠡᠨ᠂ ᠡᠭᠦᠷᠭᠡ ᠬᠠᠷᠠᠯᠳᠠ ᠵᠢ ᠪᠡᠶᠡᠯᠡᠬᠦᠯᠦᠭᠰᠡᠨ ᠪᠠᠢ᠌ᠳᠠᠯ᠂ ᠬᠡᠷᠡᠭᠵᠢᠬᠦᠯᠦᠭᠰᠡᠨ ᠪᠠᠢ᠌ᠳᠠᠯ᠂ ᠠᠵᠢᠯ᠎ᠤᠨ ᠠᠬᠢᠴᠠ ᠵᠢᠨ ᠦᠷ᠎ᠡ ᠪᠦᠳᠦᠮᠵᠢ᠂ ᠲᠤᠷᠰᠢᠯᠭ᠎ᠠ ᠪᠠ ᠰᠠᠨᠠᠭᠤᠯᠭ᠎ᠠ ᠵᠡᠷᠭᠡ ᠵᠢᠨ ᠲᠤᠭᠤᠷᠢᠨ᠎ᠳᠤ᠂ ᠭᠤᠷᠪᠠᠨ ᠵᠢᠯ᠎ᠤᠨ ᠲᠦᠭᠦᠭᠡᠷᠦᠮᠵᠢ ᠵᠢ ᠴᠢᠯᠦᠭᠡᠳᠠᠢ ᠪᠠᠢ᠌ᠯᠭ᠋ᠠᠭᠰᠠᠨ ᠠᠵᠢᠯᠯᠠᠭ᠎ᠠ᠎ᠳᠤ ᠳ᠋ᠦᠩᠨᠡᠯᠳᠡ ᠬᠢᠵᠦ᠂ ᠤᠳᠤᠷᠢᠳᠬᠤ ᠪᠠᠭ᠎ᠠ ᠲᠤᠭᠤᠢ᠌ᠯᠠᠩ᠎ᠤᠨ ᠠᠯᠪᠠᠨ ᠭᠡᠷ᠎ᠲᠤ ᠳ᠋ᠦᠩᠨᠡᠯᠳᠡ ᠵᠢᠨ ᠮᠡᠳᠡᠬᠦᠯᠦᠯᠳᠡ᠎ᠪᠠᠨ ᠲᠤᠰᠢᠶᠡᠨ᠎ᠠ᠃ ᠤᠳᠤᠷᠢᠳᠬᠤ ᠪᠠᠭ᠎ᠠ ᠲᠤᠭᠤᠢ᠌ᠯᠠᠩ᠎ᠤᠨ ᠠᠯᠪᠠᠨ ᠭᠡᠷ᠎ᠨᠢ ᠡᠯ᠎ᠡ ᠭᠠᠵᠠᠷ᠎ᠤᠨ ᠳ᠋ᠦᠩᠨᠡᠯᠳᠡ ᠵᠢᠨ ᠮᠡᠳᠡᠬᠦᠯᠦᠯᠳᠡ ᠵᠢ ᠳ᠋ᠦᠩᠨᠡᠭᠰᠡᠨ ᠰᠠᠭᠤᠷᠢᠨ ᠲᠡᠭᠡᠷ᠎ᠡ᠂ ᠤᠳᠤᠷᠢᠳᠬᠤ ᠪᠠᠭ᠎ᠠ ᠲᠤᠭᠤᠢ᠌ᠯᠠᠩ᠎ᠳᠤ ᠪᠦᠬᠦ ᠤᠷᠤᠨ᠎ᠤ ᠲᠦᠷᠪᠡᠨ ᠲᠦᠷᠦᠯ᠎ᠤᠨ ᠲᠦᠬᠦᠭᠡᠷᠦᠮᠵᠢ ᠵᠢ ᠴᠢᠯᠦᠭᠡᠳᠠᠢ ᠪᠠᠢ᠌ᠯᠭ᠋ᠠᠭᠰᠠᠨ ᠠᠵᠢᠯ᠎ᠤᠨ ᠳ᠋ᠦᠩᠨᠡᠯᠳᠡ ᠵᠢ ᠮᠡᠳᠡᠬᠦᠯᠬᠦ ᠵᠢᠨ ᠬᠠᠮᠳᠤ ᠠᠮᠢ ᠠᠬᠤᠢ ᠤᠷᠴᠢᠨ ᠲᠤᠭᠤᠷᠢᠨ᠎ᠤ ᠶᠠᠮᠤᠨ᠎ᠳᠤ ᠮᠡᠳᠡᠬᠦᠯᠦᠨ᠎ᠡ᠃ ᠶᠠᠮᠤᠨ᠎ᠤ ᠤᠬᠠᠭᠤᠯᠤᠨ ᠬᠦᠮᠦᠵᠢᠬᠦᠯᠬᠦ ᠲᠦᠪ᠎ᠨᠢ ᠲᠦᠬᠦᠭᠡᠷᠦᠮᠵᠢ ᠵᠢ ᠴᠢᠯᠦᠭᠡᠳᠠᠢ ᠪᠠᠢ᠌ᠯᠭ᠋ᠠᠭᠰᠠᠨ ᠠᠵᠢᠯ᠎ᠤᠨ ᠰᠢᠯᠢᠳᠡᠭ ᠦᠢ᠍ᠯᠡᠳᠦᠯᠭᠡ ᠵᠢᠨ ᠵᠢᠱ᠌ᠢᠶ᠎ᠡ ᠵᠢ ᠨᠠᠢ᠌ᠷᠠᠭᠤᠯᠤᠨ᠂ ᠨᠡᠢ᠌ᠳᠡᠯᠢᠭ ᠭᠡᠷᠡᠭ᠎ᠤᠨ ᠡᠮᠬᠢᠳᠬᠡᠯ ᠪᠤᠯᠭ᠋ᠠᠨ᠂ ᠪᠦᠬᠦ ᠤᠯᠤᠰ᠎ᠲᠤ ᠲᠦᠭᠡᠮᠡᠯᠵᠢᠬᠦᠯᠦᠨ᠎ᠡ᠃
      ᠦᠪᠡᠷᠳᠡᠬᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠭᠢᠮ᠂ ᠤᠷᠤᠨ ᠰᠠᠭᠤᠴᠠ ᠪᠠ ᠬᠤᠳᠠ ᠬᠦᠳᠡᠭᠡ ᠵᠢᠨ ᠪᠦᠳᠦᠭᠡᠨ ᠪᠠᠢ᠌ᠭᠤᠯᠤᠯᠳᠠ ᠵᠢᠨ ᠲᠢᠩᠭᠢᠮ᠎ᠨᠢ ᠴᠠᠭ ᠲᠤᠬᠢᠷᠠᠭᠤᠯᠤᠨ ᠪᠦᠬᠦ ᠤᠷᠤᠨ᠎ᠤ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠲᠦᠬᠦᠭᠡᠷᠦᠮᠵᠢ ᠪᠠ ᠬᠤᠳᠠ ᠵᠢᠨ ᠪᠤᠬᠢᠷ ᠤᠰᠤ ᠬᠤᠭ ᠨᠤᠪᠰᠢ ᠵᠢ ᠰᠢᠢ᠍ᠳᠪᠦᠷᠢᠯᠡᠬᠦ ᠲᠦᠭᠦᠭᠡᠷᠦᠮᠵᠢ ᠵᠢ ᠤᠯᠠᠨ ᠨᠡᠢ᠌ᠳᠡ᠎ᠳᠤ ᠴᠢᠯᠦᠭᠡᠳᠠᠢ ᠪᠠᠢ᠌ᠯᠭ᠋ᠠᠭᠰᠠᠨ ᠳ᠋ᠦᠩᠨᠡᠯᠳᠡ ᠵᠢᠨ ᠠᠵᠢᠯᠯᠭ᠎ᠠ ᠵᠢ ᠦᠷᠨᠢᠬᠦᠯᠵᠦ᠂ ᠡᠯ᠎ᠡ ᠭᠠᠵᠠᠷ᠎ᠤᠨ ᠲᠦᠭᠦᠭᠡᠷᠦᠮᠵᠢ ᠵᠢ ᠴᠢᠯᠦᠭᠡᠳᠠᠢ ᠪᠠᠢ᠌ᠯᠭ᠋ᠠᠬᠤ ᠠᠵᠢᠯ᠎ᠤᠨ ᠲᠡᠷᠢᠬᠦᠨ᠎ᠤ ᠲᠤᠷᠰᠢᠯᠭ᠎ᠠ ᠪᠠ ᠠᠷᠭ᠎ᠠ ᠵᠢ ᠳ᠋ᠦᠩᠨᠡᠨ ᠰᠤᠯᠢᠯᠴᠠᠵᠦ᠂ ᠦᠷ᠎ᠡ ᠪᠦᠳᠦᠮᠵᠢ ᠲᠤᠪᠤᠢ᠌ᠮ᠎ᠠ ᠨᠢᠭᠡᠴᠢ ᠪᠠ ᠬᠤᠪᠢ ᠬᠦᠮᠦᠨ᠎ᠢ ᠬᠦᠬᠢᠬᠦᠯᠦᠨ᠂ ᠲᠠᠷᠠᠭ᠎ᠠ ᠠᠯᠬᠤᠮ᠎ᠤᠨ ᠠᠵᠢᠯ ᠵᠶ᠋ᠠᠨ ᠪᠠᠢ᠌ᠷᠢᠯᠠᠭᠤᠯᠤᠨ᠎ᠠ᠃
      ᠡᠯ᠎ᠡ ᠲᠦᠷᠦᠯ᠎ᠤᠨ ᠠᠵᠢᠯ᠎ᠢ ᠤᠷᠤᠭᠰᠢᠳᠠᠢ ᠭᠡᠷᠡᠭᠵᠢᠬᠦᠯᠬᠦ ᠵᠢ ᠠᠬᠢᠭᠤᠯᠤᠨ᠂ ᠲᠦᠭᠦᠭᠡᠷᠦᠮᠵᠢ ᠵᠢ ᠴᠢᠯᠦᠭᠡᠳᠠᠢ ᠪᠠᠢ᠌ᠯᠭ᠋ᠠᠬᠤ ᠡᠭᠦᠷᠭᠡ ᠬᠠᠷᠠᠯᠳᠠ ᠵᠢ ᠦᠨᠡᠨᠬᠦ ᠪᠡᠶᠡᠯᠡᠬᠦᠯᠬᠦ ᠵᠢᠨ ᠲᠦᠯᠦᠭᠡ᠂ ᠡᠯ᠎ᠡ ᠠᠢ᠌ᠮᠠᠭ ᠬᠤᠳᠠ ᠵᠢᠨ ᠠᠮᠢ ᠠᠬᠤᠢ ᠤᠷᠴᠢᠨ ᠲᠤᠭᠤᠷᠢᠨ᠎ᠤ ᠰᠠᠯᠠᠭ᠎ᠠ ᠮᠦᠴᠢᠷ᠎ᠨᠢ ᠢᠳᠡᠪᠬᠢᠳᠠᠢ᠎ᠪᠠᠷ ᠤᠷᠤᠨ ᠰᠠᠭᠤᠴᠠ ᠪᠠ ᠬᠤᠳᠠ ᠬᠦᠳᠡᠭᠡ ᠵᠢᠨ ᠪᠦᠳᠦᠭᠡᠨ ᠪᠠᠢ᠌ᠭᠤᠯᠤᠯᠳᠠ (ᠬᠤᠳᠠ ᠵᠢᠨ ᠬᠠᠮᠢᠶᠠᠷᠤᠯᠳᠠ᠂ ᠤᠰᠤᠨ᠎ᠤ ᠶᠠᠪᠤᠳᠠᠯ) ᠵᠡᠷᠭᠡ ᠰᠠᠯᠠᠭ᠎ᠠ ᠮᠦᠴᠢᠷ᠎ᠲᠠᠢ ᠤᠢ᠌ᠯᠭ᠋ᠠᠯᠴᠠᠨ ᠬᠠᠮᠳᠤᠷᠠᠯᠴᠠᠬᠤ ᠲᠤᠭᠳᠠᠴᠠ ᠵᠢ ᠪᠠᠢ᠌ᠭᠤᠯᠤᠨ᠂ ᠲᠤᠰ ᠭᠠᠵᠠᠷ ᠤᠷᠤᠨ᠎ᠤ ᠵᠢᠯ᠎ᠤᠨ ᠲᠦᠭᠦᠭᠡᠷᠦᠮᠵᠢ ᠵᠢ ᠴᠢᠯᠦᠭᠡᠳᠠᠢ ᠪᠠᠢ᠌ᠯᠭ᠋ᠠᠬᠤ ᠠᠵᠢᠯ᠎ᠤᠨ ᠭᠡᠷᠡᠭᠵᠢᠬᠦᠯᠬᠦ ᠲᠦᠰᠦᠯ᠎ᠢ ᠤᠳᠤᠷᠢᠳᠤᠨ ᠵᠤᠬᠢᠶᠠᠵᠦ᠂ ᠬᠠᠷᠢᠯᠴᠠᠬᠤ ᠬᠦᠮᠦᠨ᠎ᠤ ᠰᠤᠷᠠᠭ ᠵᠠᠩᠭᠢ ᠵᠢᠨ ᠬᠦᠰᠦᠨᠦᠭ (ᠲᠠᠭ᠋ᠠᠯᠳᠠ 2) ᠵᠢ ᠰᠢᠨᠡᠴᠢᠯᠡᠨ᠂ 2020 ᠤᠨ᠎ᠤ 4 ᠰᠠᠷ᠎ᠠ ᠵᠢᠨ 23᠎ᠤ ᠡᠳᠦᠷ᠎ᠠᠴᠠ ᠡᠮᠦᠨ᠎ᠡ ᠤᠳᠤᠷᠢᠳᠬᠤ ᠪᠠᠭ᠎ᠠ ᠲᠤᠭᠤᠢ᠌ᠯᠠᠩ᠎ᠤᠨ ᠠᠯᠪᠠᠨ ᠭᠡᠷ᠎ᠲᠤ ᠮᠡᠳᠡᠭᠦᠯᠦᠨ᠎ᠡ ᠲᠠᠩᠰᠠᠯᠠᠭᠤᠯᠤᠨ᠎ᠠ᠃
      ᠭᠤᠷᠪᠠ᠂ ᠬᠠᠷᠢᠯᠴᠠᠬᠤ ᠬᠦᠮᠦᠨ ᠵᠢᠴᠢ ᠬᠠᠷᠢᠯᠴᠠᠬᠤ ᠤᠳᠠᠰᠤ
     (ᠨᠢᠬᠡ) ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠤᠠᠬᠭᠤᠯᠤᠨ ᠬᠦᠮᠦᠵᠢᠬᠦᠯᠬᠦ ᠲᠦᠪ
      ᠬᠠᠨ ᠶᠠᠨ ᠯᠢ       ᠮᠠ ᠬᠠᠢ ᠹᠸᠩ        0471 — 4632192
     (ᠬᠤᠶᠠᠷ) ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠷᠤᠨ ᠰᠠᠭᠤᠴᠠ ᠪᠠ ᠬᠤᠳᠠ ᠬᠦᠳᠡᠭᠡ ᠵᠢᠨ ᠪᠦᠳᠦᠭᠡᠨ ᠪᠠᠢ᠌ᠭᠤᠯᠤᠯᠳᠠ ᠵᠢᠨ ᠲᠢᠩᠭᠢᠮ
      ᠯᠢ ᠵᠢᠨ ᠯᠥᠩ       ᠹᠠᠨ ᠢᠦᠢ           0471 —6946526
      ᠱ᠌ᠢ ᡁᠢ ᠭᠠᠩ       ᠰᠦᠶ᠎ᠠ              0471 —6539294

      ᠲᠠᠭ᠋ᠠᠯᠳᠠ᠄
     ⒈ ᠲᠦᠷᠪᠡᠳᠦᠭᠡᠷ ᠪᠦᠯᠦᠭ᠎ᠤᠨ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠲᠦᠬᠦᠭᠡᠷᠦᠮᠵᠢ ᠪᠠ ᠬᠤᠳᠠ ᠵᠢᠨ ᠪᠤᠬᠢᠷ ᠤᠰᠤ ᠬᠤᠭ ᠨᠤᠪᠰᠢ ᠵᠢ ᠰᠢᠢ᠍ᠳᠪᠦᠷᠢᠯᠡᠬᠦ ᠲᠦᠬᠦᠭᠡᠷᠦᠮᠵᠢ ᠵᠢ ᠤᠯᠠᠨ ᠨᠡᠢ᠌ᠳᠡ᠎ᠳᠤ ᠴᠢᠯᠦᠭᠡᠳᠠᠢ ᠪᠠᠢ᠌ᠯᠭ᠋ᠠᠬᠤ ᠨᠢᠭᠡᠴᠢ᠎ᠪᠠᠷ ᠲᠡᠪᠰᠢᠬᠦᠯᠬᠦ ᠨᠡᠷᠡᠰ
     ⒉ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠲᠦᠬᠦᠭᠷᠦᠮᠵᠢ ᠪᠠ ᠬᠤᠳᠠ ᠵᠢᠨ ᠪᠤᠬᠢᠷ ᠤᠰᠤ ᠬᠤᠭ ᠨᠤᠪᠰᠢ ᠵᠢ ᠰᠢᠢ᠍ᠳᠪᠦᠷᠢᠯᠡᠬᠦ ᠲᠦᠬᠦᠭᠡᠷᠦᠮᠵᠢ ᠵᠢ ᠤᠯᠠᠨ ᠨᠡᠢ᠌ᠳᠡ᠎ᠳᠤ ᠴᠢᠯᠦᠭᠡᠳᠠᠢ ᠪᠠᠢ᠌ᠯᠭ᠋ᠠᠬᠤ ᠠᠵᠢᠯ᠎ᠤᠨ ᠬᠠᠷᠢᠯᠴᠠᠬᠤ ᠬᠦᠮᠦᠰ᠎ᠤᠨ ᠰᠤᠷᠠᠭ ᠵᠠᠩᠭᠢ ᠵᠢᠨ ᠬᠦᠰᠦᠨᠦᠭ


     http://sthjt.nmg.gov.cn/zwgk/twj/202004/P020200420570365473041.pdf

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠬᠡᠷᠡᠭᠵᠢᠬᠦᠯᠬᠦ ᠠᠷᠭ᠎ᠠ
ᠣᠷᠴᠢᠨ ᠲᠤᠭᠤᠷᠢᠨ᠎ᠢ ᠬᠠᠮᠠᠭ᠋ᠠᠯᠠᠬᠤ ᠮᠡᠳᠡᠯᠭᠡ
2020 ᠣᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠭᠰᠠᠨ ᠰᠢᠪᠳᠤᠯᠤᠯᠳᠠ ᠵᠢᠨ ᠳᠠᠶ᠋ᠢᠯᠠᠯᠳᠤᠭ᠋ᠠᠨ᠎ᠤ ᠦᠷ᠎ᠡ ᠪᠦᠲᠦᠮᠵᠢ ᠵᠢ ᠬᠢᠨᠠᠨ ᠰᠢᠯᠭ᠋ᠠᠬᠤ ᠠᠵᠢᠯ᠎ᠢ ᠪᠦᠬᠦ ᠲᠠᠯ᠎ᠠ᠎ᠪᠠᠷ ᠦᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠬᠠᠳᠠ ᠵᠢᠨ ᠠᠮᠢ ᠠᠬᠤᠶ ᠣᠷᠴᠢᠨ ᠲᠣᠭᠣᠷᠢᠨ᠎ᠤ ᠬᠢᠨᠠᠨ ᠬᠡᠮᠵᠢᠯᠳᠡ ᠵᠢᠨ ᠦᠷᠳᠡᠭᠡᠨ᠎ᠤ ᠡᠯᠡᠰᠦᠨ ᠰᠢᠭᠤᠷᠭ᠎ᠠ ᠵᠢᠨ ᠠᠦ᠋ᠲ᠋ᠣ᠋ ᠬᠢᠨᠠᠨ ᠬᠡᠮᠵᠢᠯᠳᠡ ᠵᠢᠨ ᠥᠷᠲᠡᠭᠡ ᠵᠢᠨ ᠠᠵᠢᠯᠯᠠᠭᠤᠯᠵᠤ ᠬᠠᠮᠠᠭ᠋ᠠᠯᠠᠬᠤ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠭᠡᠷ᠎ᠡ ᠵᠢᠨ ᠠᠯᠪᠠᠨ ᠵᠠᠷᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠬᠠᠳᠠ ᠵᠢᠨ ᠠᠮᠢ ᠠᠬᠤᠶ ᠣᠷᠴᠢᠨ ᠲᠣᠭᠣᠷᠢᠨ᠎ᠤ ᠬᠢᠨᠠᠨ ᠬᠡᠮᠵᠢᠯᠳᠡ ᠵᠢᠨ ᠦᠷᠳᠡᠭᠡᠨ᠎ᠤ ᠵᠠᠭᠪᠤᠷ ᠣᠷᠣᠭᠤᠯᠬᠤ ᠠᠦ᠋ᠲ᠋ᠣ᠋ ᠮᠠᠰᠢᠨ ᠬᠤᠳᠠᠯᠳᠤᠨ ᠠᠪᠬᠤ ᠲᠥᠷᠥᠯ ᠵᠦᠢ᠍ᠯ᠎ᠤᠨ ᠥᠷᠢᠰᠥᠯᠳᠦᠭᠡᠨ᠎ᠤ ᠬᠡᠯᠡᠯᠴᠡᠭᠡᠷ᠎ᠤᠨ ᠠᠯᠪᠠᠨ ᠵᠠᠷᠯᠠᠯ
 
             蒙ICP备05000248号