ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠬᠡᠷᠡᠭᠵᠢᠬᠦᠯᠬᠦ ᠠᠷᠭ᠎ᠠ
ᠨᠡᠶ᠋ᠢᠲᠡᠯᠡᠭᠰᠡᠨ ᠴᠠᠭ᠄ 2021-01-22

     (2020 ᠣᠨ᠎ᠤ 12 ᠰᠠᠷ᠎ᠠ ᠵᠢᠨ 4᠎ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠬᠣᠷᠢᠶᠠᠨ᠎ᠤ ᠪᠠᠢ᠌ᠩᠭᠤ ᠵᠢᠨ ᠬᠤᠷᠢᠶ᠎ᠠ ᠵᠢᠨ ᠬᠤᠷᠠᠯᠳᠤᠭ᠋ᠠᠨ᠎ᠠᠴᠠ ᠵᠦᠪᠰᠢᠶᠡᠷᠡᠪᠡ 2020 ᠣᠨ᠎ᠤ 12 ᠰᠠᠷ᠎ᠠ ᠵᠢᠨ 14᠎ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠬᠣᠷᠢᠶᠠᠨ᠎ᠤ ᠠᠯᠪᠡᠨ ᠲᠢᠨᠭᠬᠢᠮ᠂ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠡᠨ ᠲᠢᠨᠭᠬᠢᠮ᠎ᠠᠴᠠ ᠨᠡᠢ᠌ᠳᠡᠯᠡᠪᠡ
      ᠨᠢᠭᠡᠳᠦᠭᠡᠷ ᠪᠦᠯᠦᠭ ᠵᠡᠷᠦᠩᠬᠡᠶ ᠲᠦᠷᠢᠮ
      ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠠᠵᠢᠯ᠎ᠢ ᠵᠢᠷᠤᠮᠵᠢᠭᠤᠯᠵᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠂ ᠠᠮᠢ ᠠᠬᠤᠢ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠬᠤ ᠵᠢᠨ ᠲᠤᠰᠠᠳᠠ᠂ 《ᠲᠥᠪ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠠᠵᠢᠯ᠎ᠤᠨ ᠲᠣᠭᠲᠠᠭ᠋ᠠᠯ》᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ ᠪᠠᠢ᠌ᠢ᠍ᠳᠠᠯ᠎ᠲᠠᠢ ᠤᠶᠠᠯᠳᠤᠭᠤᠯᠤᠨ ᠳᠤᠰ ᠠᠷᠭ᠎ᠠ ᠵᠢ ᠳᠤᠭᠳᠠᠭ᠋ᠠᠭᠰᠠᠨ ᠪᠠᠢ᠌ᠨ᠎ᠠ᠃
      ᠬᠣᠶᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠯᠲᠠ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠲᠤᠮᠳᠡᠳᠦ ᠤᠯᠦᠰ᠎ᠤᠨ ᠤᠡᠴᠡᠯᠢᠬ᠎ᠲᠠᠢ ᠨᠡᠢ᠌ᠢ᠍ᠭᠡᠮ ᠵᠢᠷᠦᠮ᠎ᠤᠨ ᠦᠵᠡᠯ ᠰᠠᠨᠠᠭ᠎ᠠ ᠎ᠪᠠᠷ ᠵᠢᠯᠤᠭᠤᠳᠤᠯᠭ᠎ᠠ ᠪᠤᠯᠭ᠋ᠠᠵᠤ᠂ ᠰᠢ ᠵᠢᠨ ᠫᠢᠩ᠎ᠤᠨ ᠠᠮᠢ ᠠᠬᠤᠢ ᠪᠣᠯᠪᠠᠰᠤᠨ᠎ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠤᠨ ᠦᠪᠦᠷ ᠮᠤᠨᠭ᠌ᠭᠤᠯ᠎ᠤᠨ ᠠᠵᠢᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠤᠱᠯᠠᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠳᠣᠪᠤᠢ᠌ᠮ᠎ᠠ ᠠᠰᠠᠭᠤᠳᠠᠯ᠎ᠢ ᠰᠢᠢ᠍ᠳᠪᠦᠷᠢᠯᠡᠬᠦ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠶ᠋ᠢᠵᠢᠷᠠᠭᠤᠯᠬᠤ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠪᠠᠷ ᠭᠣᠣᠯᠳᠠᠯᠭ᠎ᠠ ᠪᠣᠯᠭ᠋ᠠᠵᠤ᠂ ᠠᠮᠢ ᠠᠬᠤᠢ ᠪᠣᠯᠪᠠᠰᠤᠨ᠎ᠤ ᠪᠠᠶ᠋ᠢᠭᠤᠯᠤᠯᠲᠠ ᠪᠣᠯᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠯᠤᠰ ᠲᠦᠷᠦ ᠵᠢᠨ ᠬᠠᠷᠢᠭᠤᠴᠠᠯᠭ᠎ᠠ ᠵᠢ ᠪᠡᠬᠢᠵᠢᠭᠦᠯᠵᠦ᠂ ᠱᠠᠯᠠᠪᠳᠠᠭᠤᠯᠤᠨ ᠪᠠᠶ᠋ᠢᠴᠠᠭ᠋ᠠᠵᠤ ᠬᠠᠷᠢᠭᠤᠴᠠᠯᠭ᠎ᠠ ᠨᠡᠬᠡᠮᠵᠢᠯᠡᠬᠦ ᠵᠢ ᠴᠢᠩᠭ᠋ᠠᠳᠬᠠᠵᠤ᠂ ᠰᠡᠷᠡᠮᠵᠢᠯᠡᠭᠦᠯᠬᠦ ᠰᠦᠷᠳᠡᠭᠦᠯᠦᠯ᠎ᠢ ᠪᠦᠷᠢᠯᠳᠦᠭᠦᠯᠵᠦ᠂ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠠᠬᠢᠭᠤᠯᠵᠤ᠂ ᠦᠩᠬᠡᠨ ᠳᠠᠯ᠎ᠠ ᠪᠠ ᠦᠨᠳᠦᠰᠦᠨ᠎ᠠᠴᠠ᠎ᠨᠢ ᠵᠠᠰᠠᠬᠤ ᠵᠢ ᠪᠡᠶᠡᠯᠡᠭᠦᠯᠵᠦ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠶ᠋ᠢᠭ᠎ᠠ ᠰᠠᠢ᠌ᠢ᠍ᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ ᠵᠢ ᠳᠠᠰᠤᠷᠠᠯᠳᠠ ᠦᠭᠡᠢ ᠬᠠᠩᠭ᠋ᠠᠬᠤ ᠬᠡᠷᠡᠭᠲᠡᠢ᠃
      ᠭᠤᠷᠪᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠶ᠋ᠢᠴᠠᠭ᠋ᠠᠬᠤ ᠪᠣᠯ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠶ᠋ᠢᠴᠠᠭ᠋ᠠᠬᠤ ᠵᠢᠨ ᠦᠷᠭᠦᠯᠵᠢᠯᠡᠯ ᠪᠠ ᠨᠥᠬᠥᠪᠥᠷᠢᠯᠡᠯ ᠪᠠᠶ᠋ᠢᠵᠤ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠶ᠋ᠢᠴᠠᠭ᠋ᠠᠬᠤ᠎ᠯᠤᠭ᠎ᠠ ᠤᠷᠭ᠋ᠠᠨᠢᠭ ᠵᠶ᠋ᠠᠷ ᠤᠶᠠᠯᠳᠤᠭᠤᠯᠵᠤ᠂ ᠨᠡᠢ᠌ᠯᠡᠯ ᠬᠦᠴᠦᠨ᠎ᠢ ᠪᠦᠷᠢᠯᠳᠦᠬᠦᠯᠦᠨ᠎ᠡ᠃
      ᠳᠥᠷᠪᠡᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠶ᠋ᠢᠴᠠᠭ᠋ᠠᠬᠤ᠎ᠳᠤ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ᠂ ᠤᠯᠤᠰ ᠲᠦᠷᠦ ᠵᠢᠨ ᠵᠣᠭᠰᠣᠴᠠ᠎ᠪᠠᠨ ᠦᠨᠳᠦᠷᠵᠢᠬᠦᠯᠵᠦ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠦᠨᠡᠨ ᠪᠣᠳᠠᠲᠠᠢ᠎ᠪᠠᠷ ᠬᠦᠴᠢᠷ ᠠᠰᠠᠭᠤᠳᠠᠯ᠎ᠢ ᠬᠦᠨᠳᠡᠵᠤ᠂ ᠬᠠᠷᠢᠭᠤᠴᠠᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠭᠡᠳᠡᠷᠬᠦ ᠰᠢᠬᠠᠮᠳᠠᠭᠤᠯᠬᠤ ᠬᠡᠷᠡᠭᠲᠡᠢ; ᠬᠠᠤᠯᠢ ᠲᠣᠭᠲᠠᠭ᠋ᠠᠯ ᠶᠣᠰᠣᠭ᠋ᠠᠷ᠂ ᠴᠢᠩᠭ᠎ᠠ ᠨᠢᠮᠪᠠᠶ ᠵᠢᠷᠤᠮᠵᠢᠯ᠎ᠲᠠᠢ ᠪᠠᠶ᠋ᠢᠬᠤ ᠵᠢ ᠪᠠᠷᠢᠮᠲᠠᠯᠠᠵᠤ᠂ ᠪᠤᠰᠤᠳᠴᠢ ᠪᠥᠭᠡᠳ ᠲᠥᠪ ᠭᠣᠣᠯᠴᠢ ᠪᠠᠶ᠋ᠢᠬᠤ ᠵᠢ ᠪᠡᠶᠡᠯᠡᠭᠦᠯᠦᠨ᠎ᠡ; ᠣᠯᠠᠨ ᠲᠦᠮᠡᠨᠴᠢ ᠱᠤᠭᠤᠮ᠎ᠢ ᠪᠠᠷᠢᠮᠲᠠᠯᠠᠨ᠂ ᠮᠡᠳᠡᠭᠡ ᠵᠠᠩᠭᠢ ᠵᠢ ᠢᠯᠡ ᠪᠣᠯᠭ᠋ᠠᠵᠤ᠂ ᠶᠡᠷᠦᠩᠬᠡᠶ᠋ᠢᠯᠡᠭᠰᠡᠨ ᠦᠷ᠎ᠡ ᠪᠦᠲᠦᠮᠵᠢ ᠵᠢ ᠴᠢᠬᠤᠯᠠᠴᠢᠯᠠᠨ᠎ᠠ; ᠦᠨᠡᠨ᠎ᠢ ᠪᠠᠷᠢᠮᠲᠠᠯᠠᠨ ᠪᠤᠳᠠᠳᠠᠢ ᠵᠢ ᠡᠷᠬᠢᠮᠯᠡᠬᠦ᠂ ᠦᠨᠡᠨ ᠬᠦ᠌ ᠠᠳᠬᠤᠵᠤ ᠪᠣᠳᠠᠲᠠᠶ᠎ᠪᠠᠷ ᠠᠵᠢᠯᠯᠠᠬᠤ ᠵᠢ ᠪᠠᠷᠢᠮᠲᠠᠯᠠᠵᠤ᠂ ᠬᠡᠯᠪᠡᠷᠢ ᠵᠢᠨ ᠦᠵᠡᠯ᠂ ᠨᠤᠶᠠᠨᠴᠢ ᠦᠵᠡᠯ᠎ᠢ ᠡᠰᠡᠷᠬᠦᠴᠡᠨ᠎ᠡ᠃
      ᠲᠠᠪᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ᠎ᠳᠤ ᠵᠤᠷᠰᠢᠯᠳᠤ ᠱᠠᠯᠠᠪᠳᠠᠭᠤᠯᠤᠨ ᠪᠠᠶ᠋ᠢᠴᠠᠭ᠋ᠠᠬᠤ᠂ ᠲᠤᠰᠬᠠᠢ ᠳᠦᠷᠦᠯ ᠵᠶ᠋ᠠᠷ ᠱᠠᠯᠠᠪᠳᠠᠭᠤᠯᠤᠨ ᠪᠠᠶ᠋ᠢᠴᠠᠭ᠋ᠠᠬᠤ ᠪᠠ ᠲᠣᠮᠢᠯᠠᠨ ᠰᠠᠭᠤᠯᠭ᠋ᠠᠵᠤ ᠬᠢᠨᠠᠨ   ᠪᠠᠢ᠌ᠴᠠᠭ᠋ᠠᠨ᠎ᠠ᠃
      ᠵᠠᠷᠴᠢᠮ ᠳᠡᠭᠡᠷ᠎ᠡ᠎ᠪᠠᠨ ᠬᠤᠭᠤᠴᠠᠭ᠎ᠠ ᠪᠦᠷᠢ ᠵᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠤᠰᠢᠶᠠᠯ᠎ᠤᠨ ᠬᠤᠭᠤᠴᠠᠭ᠋ᠠᠨ᠎ᠳᠤ᠂ ᠡᠯ᠎ᠡ ᠠᠶ᠋ᠢᠮᠠᠭ ᠬᠣᠲᠠ ᠵᠢᠨ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ (ᠵᠠᠰᠠᠭ ᠵᠠᠬᠢᠷᠭ᠋ᠠᠨ᠎ᠤ ᠵᠠᠬᠢᠷᠭ᠎ᠠ)᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠣᠯᠪᠣᠭᠳᠠᠯ ᠪᠥᠬᠥᠶ ᠰᠠᠯᠠᠭ᠎ᠠ ᠮᠥᠴᠢᠷ ᠵᠢᠴᠢ ᠬᠣᠯᠪᠣᠭᠳᠠᠯ ᠪᠥᠬᠥᠶ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠤᠯᠤᠰ᠎ᠤᠨ ᠦᠮᠴᠢᠯᠡᠯᠳᠤ ᠠᠵᠤ ᠠᠬᠤᠢ᠌ᠯᠠᠯ᠎ᠳᠤ ᠨᠢᠭᠡ ᠤᠳᠠᠭ᠎ᠠ ᠵᠢᠨ ᠵᠤᠷᠰᠢᠯᠳᠤ ᠱᠠᠯᠠᠪᠳᠠᠭᠤᠯᠤᠨ ᠪᠠᠶ᠋ᠢᠴᠠᠭ᠋ᠠᠯᠲᠠ ᠵᠢ ᠥᠷᠨᠢᠭᠦᠯᠬᠦ ᠬᠡᠷᠡᠭᠲᠡᠶ; ᠠᠮᠢ ᠠᠬᠤᠢ ᠣᠷᠴᠢᠨ ᠲᠣᠭᠣᠷᠢᠨ᠎ᠤ ᠳᠣᠪᠣᠢ᠌ᠮ᠎ᠠ ᠠᠰᠠᠭᠤᠳᠠᠯ᠎ᠳᠤ ᠴᠢᠭᠯᠡᠭᠦᠯᠦᠨ ᠪᠠᠶ᠋ᠢᠳᠠᠯ᠎ᠢ ᠦᠵᠡᠵᠦ᠂ ᠲᠤᠰᠬᠠᠢ ᠱᠠᠯᠠᠪᠳᠠᠭᠤᠯᠤᠨ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠵᠤ ᠦᠷᠨᠢᠬᠦᠯᠦᠨ᠎ᠡ; ᠲᠣᠮᠢᠯᠠᠨ ᠰᠠᠭᠤᠯᠭ᠋ᠠᠭᠰᠠᠨ ᠣᠷᠣᠨ ᠪᠦᠰᠡ ᠵᠢᠨ ᠠᠶ᠋ᠢᠮᠠᠭ ᠬᠣᠲᠠ᠂ ᠬᠣᠰᠢᠭᠤ ᠰᠢᠶᠠᠨ᠎ᠤ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠤ ᠲᠣᠮᠢᠯᠠᠨ ᠰᠠᠭᠤᠯᠭ᠋ᠠᠵᠤ ᠬᠢᠨᠠᠨ ᠪᠠᠶ᠋ᠢᠴᠠᠭ᠋ᠠᠬᠤ ᠠᠵᠢᠯ᠎ᠢ ᠥᠷᠨᠢᠭᠦᠯᠦᠨ᠎ᠡ᠃
      ᠬᠣᠶᠠᠳᠤᠭ᠋ᠠᠷ ᠪᠦᠯᠦᠭ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠪᠠ ᠠᠵᠢᠯᠳᠠᠨ
      ᠵᠢᠷᠭᠤᠳᠤᠭ᠋ᠠᠷ ᠵᠦᠢᠯ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ (ᠳᠣᠷᠣᠭᠰᠢ ᠤᠳᠤᠷᠢᠳᠬᠤ ᠳᠤᠭᠤᠶ᠋ᠢᠯᠠᠩ ᠭᠡᠵᠦ ᠲᠣᠪᠴᠢᠯᠠᠨ᠎ᠠ)᠎ᠢ ᠪᠠᠶ᠋ᠢᠭᠤᠯᠵᠤ᠂ ᠲᠥᠪ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠰᠠᠨᠠᠯ ᠵᠶ᠋ᠠᠷ ᠴᠡᠭᠴᠡᠯᠡᠨ ᠰᠠᠶ᠋ᠢᠵᠢᠷᠠᠭᠤᠯᠬᠤ ᠵᠢ ᠨᠠᠶ᠋ᠢᠳᠠᠪᠤᠷᠢᠵᠢᠭᠤᠯᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠎ᠲᠠᠢ ᠠᠳᠠᠯᠢ᠎ᠪᠠᠷ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠵᠢ ᠨᠠᠶ᠋ᠢᠳᠠᠪᠤᠷᠢᠵᠢᠭᠤᠯᠬᠤ ᠠᠵᠢᠯ ᠪᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠠᠵᠢᠯ᠎ᠢ ᠨᠢᠭᠡᠳᠦᠯᠲᠡᠶ ᠲᠦᠯᠦᠪᠵᠢᠬᠦᠯᠦᠨ ᠵᠣᠬᠢᠴᠠᠭᠤᠯᠵᠤ ᠠᠬᠢᠭᠤᠯᠬᠤ ᠵᠢ ᠬᠠᠷᠢᠭᠤᠴᠠᠨ᠎ᠠ᠃
      ᠤᠳᠤᠷᠢᠳᠬᠤ ᠳᠤᠭᠤᠶ᠋ᠢᠯᠠᠩ᠎ᠤᠨ ᠠᠯᠪᠡᠠ ᠭᠡᠷ᠎ᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠳᠤ ᠲᠤᠬᠢᠷᠠᠭᠤᠯᠵᠤ᠂ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠵᠢ ᠨᠠᠶ᠋ᠢᠳᠠᠪᠤᠷᠢᠵᠢᠭᠤᠯᠬᠤ ᠪᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠶ᠋ᠢᠴᠠᠭ᠋ᠠᠬᠤ ᠵᠢ ᠪᠣᠳᠠᠲᠠᠢ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠠᠵᠢᠯ᠎ᠢ ᠡᠭᠦᠷᠭᠡᠯᠡᠵᠦ᠂ ᠡᠳᠦᠷ ᠳᠤᠳᠤᠮ᠎ᠤᠨ ᠠᠵᠢᠯ᠎ᠢ ᠥᠪᠡᠷᠲᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠢ ᠬᠠᠮᠠᠭ᠋ᠠᠯᠠᠬᠤ ᠱᠠᠯᠠᠪᠳᠠᠭᠤᠯᠤᠨ ᠪᠠᠢ᠌ᠴᠠᠭ᠋ᠠᠬᠤ ᠠᠯᠪᠠᠨ ᠬᠡᠷ᠎ᠠᠴᠠ ᠬᠠᠷᠢᠭᠤᠴᠠᠨ᠎ᠠ᠃
      ᠳᠣᠯᠣᠳᠤᠭ᠋ᠠᠷ ᠵᠦᠢ᠍ᠯ ᠤᠳᠤᠷᠢᠳᠬᠤ ᠳᠤᠭᠤᠶ᠋ᠢᠯᠠᠩ᠎ᠤᠨ ᠡᠭᠦᠷᠭᠡ ᠬᠠᠷᠢᠭᠤᠴᠠᠯᠭ᠎ᠠ ᠪᠣᠯ᠄
     (ᠨᠢᠭᠡ) ᠰᠢ ᠵᠢᠨ ᠫᠢᠩ᠎ᠤᠨ ᠠᠮᠢ ᠠᠬᠤᠢ ᠪᠣᠯᠪᠠᠰᠤᠨ᠎ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠤᠨ ᠦᠪᠦᠷ ᠮᠤᠨᠭ᠌ᠭᠤᠯ᠎ᠤᠨ ᠠᠵᠢᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠶ᠋ᠢᠴᠠᠭ᠋ᠠᠬᠤ ᠠᠵᠢᠯ᠎ᠢ ᠬᠡᠷᠡᠭᠵᠢᠭᠦᠯᠬᠦ ᠳᠤᠮᠳᠠᠬᠢ ᠪᠣᠳᠠᠲᠠᠶ ᠨᠠᠶ᠋ᠢᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠰᠤᠳᠤᠯᠤᠨ᠎ᠠ;
     (ᠬᠣᠶᠠᠷ) ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠶ᠋ᠢᠴᠠᠭ᠋ᠠᠬᠤ ᠲᠤᠬᠠᠶ ᠨᠠᠮ᠎ᠤᠨ ᠲᠥᠪ ᠬᠣᠷᠢᠶ᠎ᠠ᠂ ᠲᠦᠷᠤ ᠵᠢᠨ ᠶᠠᠪᠤᠳᠠᠯ᠎ᠤᠨ ᠬᠤᠷᠢᠶ᠎ᠠ ᠵᠢᠨ ᠰᠢᠢᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠲᠣᠬᠢᠷᠠᠭᠤᠯᠤᠯᠲᠠ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠤᠨ᠎ᠠ;
     (ᠭᠤᠷᠪᠠ) ᠲᠦᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠲᠥᠰᠦᠯ᠂ ᠴᠡᠭᠴᠡᠯᠡᠨ ᠰᠠᠶ᠋ᠢᠵᠢᠷᠠᠭᠤᠯᠬᠤ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠤᠨ ᠮᠡᠳᠡᠭᠦᠯᠦᠯᠲᠡ ᠵᠡᠷᠭᠡ ᠵᠢ ᠬᠢᠨᠠᠨ ᠵᠥᠪᠯᠡᠨ᠎ᠡ;
     (ᠳᠥᠷᠪᠡ) ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠳᠤ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ ᠪᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠶ᠋ᠢᠴᠠᠭ᠋ᠠᠬᠤ ᠠᠵᠢᠯ᠎ᠤᠨ ᠬᠠᠮᠢᠶ᠎ᠠ ᠪᠦᠬᠦᠢ ᠪᠠᠢ᠌ᠳᠠᠯ᠎ᠢ ᠮᠡᠳᠡᠬᠦᠯᠦᠨ᠎ᠡ᠃
     (ᠲᠠᠪᠤ) ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠲᠦᠷᠢᠮ᠎ᠤᠨ ᠵᠢᠷᠤᠮᠵᠢᠯ᠂ ᠲᠥᠯᠥᠪᠯᠡᠭᠡ ᠵᠢᠨ ᠲᠣᠬᠢᠷᠠᠭᠤᠯᠤᠯᠲᠠ᠂ ᠠᠵᠢᠯ᠎ᠤᠨ ᠲᠥᠰᠦᠯ᠂ ᠱᠠᠯᠠᠪᠳᠠᠭᠤᠯᠤᠨ ᠪᠠᠶ᠋ᠢᠴᠠᠭ᠋ᠠᠭᠰᠠᠨ ᠮᠡᠳᠡᠭᠦᠯᠦᠯᠲᠡ ᠵᠢ ᠬᠢᠨᠠᠨ ᠵᠥᠪᠯᠡᠨ᠎ᠡ;
     (ᠵᠢᠷᠭᠤᠭ᠎ᠠ) ᠤᠳᠤᠷᠢᠳᠬᠤ ᠳᠤᠭᠤᠶ᠋ᠢᠯᠠᠩ᠎ᠤᠨ ᠠᠯᠪᠡᠠ ᠭᠡᠷ᠎ᠤᠨ ᠬᠣᠯᠪᠣᠭᠳᠠᠯ ᠪᠦᠬᠦᠢ ᠠᠵᠢᠯ᠎ᠤᠨ ᠲᠤᠬᠠᠶ ᠬᠠᠷᠢᠭᠤ ᠮᠡᠳᠡᠭᠦᠯᠦᠯᠲᠡ ᠵᠢ ᠰᠣᠨᠣᠰᠤᠨ᠎ᠠ;
     (ᠳᠣᠯᠣᠭ᠎ᠠ) ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠠᠵᠢᠯ᠎ᠤᠨ ᠳᠤᠮᠳᠠᠬᠢ ᠴᠢᠬᠤᠯᠠ ᠶᠡᠬᠡ ᠠᠰᠠᠭᠤᠳᠠᠯ᠎ᠢ ᠵᠣᠬᠢᠴᠠᠭᠤᠯᠤᠨ ᠰᠢᠢᠳᠪᠦᠷᠢᠯᠡᠨ᠎ᠡ;
     (ᠨᠠᠢ᠌ᠮᠠ) ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠪᠤᠰᠤᠳ ᠴᠢᠬᠤᠯᠠ ᠵᠦᠢᠯᠡᠰ᠎ᠢ ᠬᠢᠨᠠᠨ ᠵᠥᠪᠯᠡᠨ᠎ᠡ᠃
      ᠨᠠᠢ᠍ᠮᠠᠳᠤᠭ᠋ᠠᠷ ᠵᠦᠢ᠍ᠯ ᠤᠳᠤᠷᠢᠳᠬᠤ ᠳᠤᠭᠤᠶ᠋ᠢᠯᠠᠩ᠎ᠤᠨ ᠠᠯᠪᠡᠠ ᠭᠡᠷ᠎ᠤᠨ ᠡᠭᠦᠷᠭᠡ ᠬᠠᠷᠢᠭᠤᠴᠠᠯᠭ᠎ᠠ ᠪᠣᠯ᠄
     (ᠨᠢᠭᠡ) ᠤᠳᠤᠷᠢᠳᠬᠤ ᠳᠤᠭᠤᠶ᠋ᠢᠯᠠᠩ᠎ᠳᠤ ᠠᠵᠢᠯ᠎ᠤᠨ ᠪᠠᠶ᠋ᠢᠳᠠᠯ ᠵᠶ᠋ᠠᠨ ᠮᠡᠳᠡᠭᠦᠯᠵᠦ᠂ ᠤᠳᠤᠷᠢᠳᠬᠤ ᠳᠤᠭᠤᠶ᠋ᠢᠯᠠᠩ᠎ᠤᠨ ᠲᠣᠭᠲᠠᠭ᠋ᠠᠭᠰᠠᠨ ᠠᠵᠢᠯ᠎ᠤᠨ ᠡᠭᠦᠷᠭᠡ ᠵᠢ ᠵᠣᠬᠢᠶᠠᠨ ᠪᠠᠶ᠋ᠢᠭᠤᠯᠵᠤ ᠨᠠᠶ᠋ᠢᠳᠠᠪᠤᠷᠢᠵᠢᠭᠤᠯᠤᠨ᠎ᠠ;
     (ᠬᠣᠶᠠᠷ) ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠲᠥᠰᠦᠯ᠎ᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠬᠦᠯᠬᠦ᠂ ᠴᠡᠭᠴᠡᠯᠡᠨ ᠰᠠᠶ᠋ᠢᠵᠢᠷᠠᠭᠤᠯᠬᠤ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠤᠨ ᠮᠡᠳᠡᠭᠦᠯᠦᠯᠲᠡ ᠵᠢ ᠲᠤᠭᠤᠷᠪᠢᠬᠤ ᠵᠢ ᠬᠠᠷᠢᠭᠤᠴᠠᠨ᠎ᠠ;
     (ᠭᠤᠷᠪᠠ) ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ   ᠪᠠᠢ᠌ᠴᠠᠭ᠋ᠠᠬᠤ ᠲᠦᠷᠢᠮ᠎ᠤᠨ ᠵᠢᠷᠤᠮᠵᠢᠯ᠂ ᠲᠥᠯᠥᠪᠯᠡᠭᠡ ᠵᠢᠨ ᠲᠣᠬᠢᠷᠠᠭᠤᠯᠤᠯᠲᠠ᠂ ᠠᠵᠢᠯ᠎ᠤᠨ ᠲᠥᠰᠦᠯ᠎ᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠵᠢ ᠬᠠᠷᠢᠭᠤᠴᠠᠨ᠎ᠠ;
     (ᠳᠥᠷᠪᠡ) ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠤᠨ ᠵᠣᠬᠢᠶᠠᠨ ᠪᠠᠶ᠋ᠢᠭᠤᠯᠵᠤ ᠵᠣᠬᠢᠴᠠᠭᠤᠯᠬᠤ ᠠᠵᠢᠯ᠎ᠢ ᠡᠭᠦᠷᠭᠡᠯᠡᠨ᠎ᠡ;
     (ᠲᠠᠪᠤ) ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠭᠰᠠᠨ ᠮᠡᠳᠡᠭᠦᠯᠦᠯᠲᠡ ᠵᠢ ᠬᠢᠨᠠᠨ ᠬᠠᠷᠭᠤᠭᠤᠯᠬᠤ᠂ ᠬᠤᠷᠢᠶᠠᠩᠭᠤᠶ᠋ᠢᠯᠠᠬᠤ᠂ ᠳᠡᠭᠡᠭᠰᠢ ᠮᠡᠳᠡᠭᠦᠯᠬᠦ ᠵᠢᠴᠢ ᠱᠠᠯᠠᠪᠳᠠᠭᠤᠯᠤᠨ ᠪᠠᠶ᠋ᠢᠴᠠᠭ᠋ᠠᠵᠤ ᠬᠠᠷᠢᠭᠤ ᠲᠤᠰᠬᠠᠬᠤ᠂ ᠰᠢᠯᠵᠢᠭᠦᠯᠦᠨ ᠬᠦᠷᠬᠡᠵᠦ ᠲᠤᠰᠢᠶᠠᠬᠤ ᠵᠢ ᠵᠣᠬᠢᠶᠠᠨ ᠪᠠᠶ᠋ᠢᠭᠤᠯᠤᠨ ᠵᠣᠬᠢᠴᠠᠭᠤᠯᠬᠤ ᠪᠠ ᠱᠠᠯᠠᠪᠳᠠᠭᠤᠯᠤᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠵᠢ ᠳᠤᠬᠢᠷᠠᠭᠤᠯᠤᠨ ᠱᠠᠯᠠᠪᠳᠠᠭᠤᠯᠬᠤ   ᠵᠡᠷᠬᠡ ᠠᠵᠢᠯ᠎ᠢ ᠡᠭᠦᠷᠭᠡᠯᠡᠨ᠎ᠡ;
     (ᠵᠢᠷᠭᠤᠭ᠎ᠠ) ᠤᠳᠤᠷᠢᠳᠬᠤ ᠳᠤᠭᠤᠶ᠋ᠢᠯᠠᠩ᠎ᠤᠨ ᠲᠤᠰᠢᠶᠠᠭᠰᠠᠨ ᠪᠤᠰᠤᠳ ᠶᠠᠪᠤᠳᠠᠯ᠎ᠤᠳ᠎ᠢ ᠡᠬᠦᠷᠬᠡᠯᠡᠨ᠎ᠡ
      ᠶᠢᠰᠦᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠠᠵᠢᠯ᠎ᠤᠨ ᠲᠤᠬᠢᠷᠠᠭᠤᠯᠤᠯᠳᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ (ᠳᠣᠷᠣᠭᠰᠢ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ ᠭᠡᠵᠦ ᠳᠥᠭᠥᠮᠴᠢᠯᠡᠨ᠎ᠡ)᠎ᠢ ᠵᠣᠬᠢᠶᠠᠨ ᠪᠠᠶ᠋ᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠠᠢ ᠱᠠᠯᠠᠪᠳᠠᠭᠤᠯᠤᠨ ᠪᠠᠢ᠌ᠴᠠᠭ᠋ᠠᠬᠤ ᠡᠭᠦᠷᠭᠡ ᠵᠢ ᠡᠬᠦᠷᠬᠡᠯᠡᠨ᠎ᠡ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠳᠤ ᠳᠤᠭᠤᠢ᠌ᠯᠠᠩ᠎ᠤᠨ ᠳᠠᠷᠤᠭ᠎ᠠ ᠬᠠᠷᠢᠭᠤᠴᠠᠬᠤ ᠲᠦᠷᠢᠮ᠎ᠢ ᠬᠡᠷᠡᠭᠵᠢᠬᠦᠯᠦᠨ᠎ᠡ᠃ ᠵᠤᠷᠰᠢᠯᠳᠤ ᠱᠠᠯᠠᠪᠳᠠᠭᠤᠯᠤᠨ ᠪᠠᠶ᠋ᠢᠴᠠᠭ᠋ᠠᠬᠤ᠎ᠳᠤ ᠤᠳᠤ ᠵᠢᠨ ᠲᠤᠰᠢᠶᠠᠯ᠎ᠳᠤ ᠪᠠᠶ᠋ᠢᠭ᠎ᠠ ᠪᠤᠶᠤ   ᠣᠢ᠌ᠷ᠎ᠠ ᠵᠢᠨ ᠬᠤᠭᠤᠴᠠᠭ᠋ᠠᠨ᠎ᠳᠤ ᠤᠳᠤᠷᠢᠳᠬᠤ ᠪᠠᠶ᠋ᠢᠷᠢ᠎ᠠᠴᠠ ᠪᠠᠭᠤᠭᠰᠠᠨ ᠳᠡᠳ᠋ ᠮᠤᠵᠢ ᠵᠢᠨ ᠲᠡᠰ᠎ᠤᠨ ᠪᠤᠶᠤ ᠵᠢᠩᠬᠢᠨᠢ ᠲᠢᠩᠬᠢᠮ᠎ᠤᠨ ᠲᠡᠰ᠎ᠤᠨ ᠤᠳᠤᠷᠢᠳᠬᠤ ᠺᠠᠳ᠋ᠷ ᠵᠶ᠋ᠠᠷ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ ᠵᠢᠨ ᠲᠤᠰᠢᠶᠠᠯ᠎ᠢ ᠬᠠᠷᠢᠭᠤᠴᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠣᠲᠣ ᠵᠢᠨ ᠲᠤᠰᠢᠶᠠᠯ᠎ᠳᠤ ᠪᠠᠶ᠋ᠢᠭ᠎ᠠ ᠳᠡᠳ᠋ ᠲᠢᠩᠬᠢᠮ᠎ᠤᠨ ᠲᠠᠰ᠎ᠠᠴᠠ ᠳᠡᠭᠡᠭᠰᠢᠬᠢ ᠤᠳᠤᠷᠢᠳᠬᠤ ᠺᠠᠳ᠋ᠷ ᠵᠶ᠋ᠠᠷ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠡᠳ᠋ ᠳᠠᠷᠤᠭ᠎ᠠ ᠵᠢᠨ ᠲᠤᠰᠢᠶᠠᠯ᠎ᠢ ᠡᠭᠦᠷᠭᠡᠯᠡᠭᠦᠯᠵᠦ᠂ ᠪᠦᠷᠢᠯᠳᠦᠬᠦᠨ᠎ᠨᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠪᠠᠶ᠋ᠢᠭᠤᠯᠭ᠎ᠠ ᠵᠢᠨ ᠠᠵᠢᠯᠲᠠᠨ ᠵᠶ᠋ᠠᠷ ᠭᠣᠤᠯ ᠴᠣᠭᠴᠠ ᠪᠣᠯᠭ᠋ᠠᠵᠤ᠂ ᠡᠭᠦᠷᠭᠡ ᠵᠢᠨ ᠱᠠᠭ᠋ᠠᠷᠳᠠᠯᠭ᠎ᠠ᠎ᠪᠠᠨ ᠦᠨᠳᠦᠰᠦᠯᠡᠨ ᠬᠣᠯᠪᠣᠭᠳᠠᠯ ᠪᠥᠬᠥᠶ ᠲᠤᠰᠬᠠᠶ ᠮᠡᠷᠭᠡᠵᠢᠯᠲᠡᠨ ᠪᠠ ᠪᠤᠰᠤᠳ ᠬᠥᠮᠦᠰ᠎ᠢ ᠰᠣᠩᠭᠣᠨ ᠣᠷᠣᠯᠴᠠᠭᠤᠯᠤᠨ᠎ᠠ᠃ ᠲᠤᠰᠬᠠᠶ ᠱᠠᠯᠠᠪᠳᠠᠭᠤᠯᠤᠨ ᠪᠠᠶ᠋ᠢᠴᠠᠭ᠋ᠠᠯᠲᠠ ᠵᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠣᠲᠣ ᠵᠢᠨ ᠲᠤᠰᠢᠶᠠᠯ᠎ᠳᠤ ᠪᠠᠶ᠋ᠢᠭ᠎ᠠ ᠳᠡᠳ᠋ ᠲᠢᠩᠬᠢᠮ᠎ᠤᠨ ᠲᠠᠰ᠎ᠠᠴᠠ ᠳᠡᠭᠡᠭᠰᠢᠬᠢ ᠤᠳᠤᠷᠢᠳᠬᠤ ᠺᠠᠳ᠋ᠷ ᠵᠶ᠋ᠠᠷ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ ᠵᠢᠨ ᠲᠤᠰᠢᠶᠠᠯ᠎ᠢ ᠡᠭᠦᠷᠭᠡᠯᠡᠭᠦᠯᠵᠦ᠂ ᠪᠦᠷᠢᠯᠳᠦᠬᠦᠨ᠎ᠨᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ   ᠣᠷᠴᠢᠨ ᠲᠣᠭᠣᠷᠢᠨ᠎ᠤ ᠲᠢᠩᠬᠢᠮ᠎ᠤᠨ ᠪᠠᠶ᠋ᠢᠭᠤᠯᠤᠯᠭ᠎ᠠ ᠪᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠲᠤᠰᠬᠠᠶ ᠲᠤᠰᠢᠶᠠᠯᠲᠠᠨ ᠠᠯᠪᠡᠠ ᠭᠡᠷ ᠠᠵᠢᠯᠲᠠᠨ ᠵᠶ᠋ᠠᠷ ᠭᠣᠤᠯ ᠴᠣᠭᠴᠠ ᠪᠣᠯᠭ᠋ᠠᠵᠤ᠂ ᠡᠭᠦᠷᠭᠡ ᠵᠢᠨ ᠱᠠᠭ᠋ᠠᠷᠳᠠᠯᠭ᠎ᠠ ᠵᠢ ᠦᠨᠳᠦᠰᠦᠯᠡᠨ᠂ ᠬᠣᠯᠪᠣᠭᠳᠠᠯ ᠪᠥᠬᠥᠶ ᠲᠤᠰᠬᠠᠶ ᠮᠡᠷᠭᠡᠵᠢᠯᠲᠡᠨ ᠪᠠ ᠪᠤᠰᠤᠳ᠎ᠢ ᠰᠤᠩᠭᠤᠨ ᠤᠷᠤᠯᠴᠠᠭᠤᠯᠤᠨ᠎ᠠ᠃ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ ᠵᠢᠨ ᠵᠢᠱ᠌ᠢᠭᠳᠡᠭᠴᠢ ᠵᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ   ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠎ᠠᠴᠠ ᠬᠢᠨᠠᠨ ᠬᠠᠷᠭᠤᠭᠤᠯᠬᠤ ᠲᠡᠰ ᠳᠠᠷᠠᠭ᠋ᠠᠯᠠᠯ᠎ᠢ ᠭᠦᠢ᠍ᠴᠡᠳᠬᠡᠵᠦ᠂ ᠤᠳᠠᠭ᠎ᠠ ᠪᠦᠷᠢ ᠵᠢᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠡᠭᠦᠷᠭᠡ ᠵᠢ ᠳᠤᠭᠳᠠᠭ᠋ᠠᠵᠤ ᠡᠷᠬᠡ ᠤᠯᠭᠤᠨ᠎ᠠ᠃
      ᠲᠣᠮᠢᠯᠠᠨ ᠰᠠᠭᠤᠯᠭ᠋ᠠᠵᠤ ᠬᠢᠨᠠᠨ ᠪᠠᠶ᠋ᠢᠴᠠᠭ᠋ᠠᠬᠤ ᠵᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠬᠤ ᠬᠢᠨᠠᠨ ᠪᠠᠢ᠌ᠴᠠᠭ᠋ᠠᠬᠤ ᠳᠤᠰᠬᠠᠢ ᠳᠤᠰᠢᠶᠠᠯᠳᠠᠨ᠎ᠢ ᠠᠯᠪᠠᠨ ᠬᠡᠷ᠎ᠠᠴᠠ ᠡᠬᠦᠷᠬᠡᠯᠡᠨ᠎ᠡ᠃
      ᠠᠷᠪᠠᠳᠤᠭ᠋ᠠᠷ ᠵᠦᠢᠯ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠤᠨ ᠪᠦᠷᠢᠯᠳᠦᠬᠦᠨ᠎ᠢ ᠰᠣᠩᠭᠣᠨ ᠳᠣᠭᠢᠷᠠᠭᠤᠯᠬᠤ᠎ᠳᠤ ᠪᠠᠷᠢᠮᠵᠢᠶ᠎ᠠ ᠨᠥᠬᠥᠴᠡᠯ᠎ᠢ ᠴᠢᠩᠳᠠᠯᠠᠵᠤ᠂ ᠱᠠᠯᠠᠪᠳᠠᠭᠤᠯᠤᠨ ᠪᠠᠶ᠋ᠢᠴᠠᠭ᠋ᠠᠬᠤ ᠠᠵᠢᠯ᠎ᠢ ᠬᠢᠬᠦ᠎ᠳᠤ ᠳᠣᠭᠢᠷᠠᠬᠤ ᠥᠬᠡᠶ ᠬᠥᠮᠦᠰ᠎ᠲᠤ ᠴᠠᠭ ᠲᠤᠬᠠᠶ᠎ᠳᠤᠨᠢ ᠲᠣᠬᠢᠷᠠᠭᠤᠯᠤᠯᠲᠠ ᠬᠢᠬᠦ ᠬᠡᠷᠡᠭᠲᠡᠶ᠃
      ᠠᠷᠪᠠᠨ ᠨᠢᠭᠡᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠤᠨ ᠪᠦᠷᠢᠯᠳᠦᠬᠦᠨ᠎ᠳᠤ ᠲᠤᠰᠢᠶᠠᠯ ᠡᠭᠦᠷᠭᠡᠯᠡᠬᠦ᠎ᠠᠴᠠ ᠵᠠᠶ᠋ᠢᠯᠠᠭᠤᠯᠬᠤ᠂ ᠣᠷᠣᠨ ᠪᠦᠰᠡ᠎ᠪᠠᠷ ᠵᠠᠶ᠋ᠢᠯᠠᠭᠤᠯᠬᠤ᠂ ᠠᠯᠪᠠᠨ ᠶᠠᠪᠤᠳᠠᠯ᠎ᠠᠴᠠ ᠵᠠᠶ᠋ᠢᠯᠠᠭᠤᠯᠬᠤ ᠵᠢ ᠬᠡᠷᠡᠭᠵᠢᠭᠦᠯᠬᠦ ᠵᠢᠨ ᠬᠠᠮᠲᠤ ᠡᠭᠦᠷᠭᠡ ᠵᠢᠨ ᠱᠠᠭ᠋ᠠᠷᠳᠠᠯᠭ᠎ᠠ᠎ᠪᠠᠨ ᠦᠨᠳᠦᠰᠦᠯᠡᠨ ᠠᠵᠢᠯ᠎ᠤᠨ ᠪᠠᠶ᠋ᠢᠷᠢ ᠡᠭᠡᠯᠵᠢᠯᠡᠭᠦᠯᠦᠨ ᠰᠤᠯᠢᠯᠴᠠᠭᠤᠯᠤᠨ᠎ᠠ᠃
ᠭᠤᠷᠪᠠᠳᠤᠭ᠋ᠠᠷ ᠪᠦᠯᠦᠭ ᠵᠤᠷᠰᠢᠯᠳᠤ ᠱᠠᠯᠠᠪᠳᠠᠭᠤᠯᠤᠨ ᠪᠠᠶ᠋ᠢᠴᠠᠭ᠋ᠠᠯᠲᠠ
      ᠠᠷᠪᠠᠨ ᠬᠣᠶᠠᠳᠤᠭ᠋ᠠᠷ ᠵᠦᠢᠯ ᠵᠤᠷᠰᠢᠯᠳᠤ ᠱᠠᠯᠠᠪᠳᠠᠭᠤᠯᠤᠨ ᠪᠠᠢ᠌ᠴᠠᠭ᠋ᠠᠯᠳᠠ᠎ᠳᠤ ᠲᠥᠯᠥᠪᠯᠡᠭᠡ ᠵᠢᠨ ᠬᠠᠮᠢᠶᠠᠷᠤᠯᠲᠠ ᠵᠢ ᠬᠡᠷᠡᠭᠵᠢᠬᠦᠯᠵᠦ᠂ ᠱᠠᠯᠠᠪᠳᠠᠭᠤᠯᠤᠨ ᠪᠠᠶ᠋ᠢᠴᠠᠭ᠋ᠠᠬᠤ ᠠᠵᠢᠯ᠎ᠤᠨ ᠲᠥᠯᠥᠪᠯᠡᠭᠡ ᠵᠢᠴᠢ ᠣᠨ᠎ᠤ ᠠᠵᠢᠯ᠎ᠤᠨ ᠲᠣᠬᠢᠷᠠᠭᠤᠯᠤᠯᠲᠠ ᠵᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ ᠬᠡᠷᠡᠭᠵᠢᠭᠦᠯᠦᠨ᠎ᠡ᠃ ᠣᠨ᠎ᠤ ᠠᠵᠢᠯ᠎ᠤᠨ ᠲᠣᠬᠢᠷᠠᠭᠤᠯᠤᠯᠲᠠ᠎ᠳᠤ ᠱᠠᠯᠠᠪᠳᠠᠭᠤᠯᠤᠨ ᠪᠠᠶ᠋ᠢᠴᠠᠭ᠋ᠠᠬᠤ ᠡᠲᠡᠭᠡᠳ᠂ ᠱᠠᠯᠠᠪᠳᠠᠭᠤᠯᠤᠨ ᠪᠠᠶ᠋ᠢᠴᠠᠭ᠋ᠠᠬᠤ ᠭᠣᠤᠯᠳᠠᠯᠭ᠎ᠠ᠂ ᠴᠠᠭ᠎ᠤᠨ ᠲᠣᠬᠢᠷᠠᠭᠤᠯᠤᠯᠲᠠ᠂ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠤᠨ ᠪᠦᠷᠢᠯᠳᠦᠬᠦᠨ ᠵᠡᠷᠭᠡ ᠠᠭᠤᠯᠭ᠎ᠠ ᠵᠢ ᠪᠠᠭᠲᠠᠭ᠋ᠠᠬᠤ ᠬᠡᠷᠡᠭᠲᠡᠶ᠃
      ᠠᠷᠪᠠᠨ ᠭᠤᠷᠪᠠᠳᠤᠭ᠋ᠠᠷ ᠵᠦᠢ᠍ᠯ ᠵᠤᠷᠰᠢᠯᠳᠤ ᠬᠢᠨᠠᠨ ᠪᠠᠢ᠌ᠴᠠᠭ᠋ᠠᠯᠳᠠ ᠵᠢᠨ ᠬᠢᠨᠠᠨ ᠪᠠᠶ᠋ᠢᠴᠠᠭ᠋ᠠᠭᠳᠠᠬᠤ ᠡᠲᠡᠭᠡᠳ᠎ᠲᠤ ᠳᠣᠤᠷᠠᠬᠢ ᠵᠦᠢᠯᠡᠰ ᠪᠠᠭᠲᠠᠨ᠎ᠠ᠄
     (ᠨᠢᠭᠡ) ᠡᠯ᠎ᠡ ᠠᠶ᠋ᠢᠮᠠᠭ ᠬᠤᠳᠠ ᠵᠢᠨ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ (ᠵᠠᠰᠠᠭ ᠵᠠᠬᠢᠷᠭ᠋ᠠᠨ᠎ᠤ ᠵᠠᠬᠢᠷᠭ᠎ᠠ) ᠵᠢᠴᠢ ᠬᠣᠯᠪᠣᠭᠳᠠᠯ ᠪᠥᠬᠥᠢ ᠰᠠᠯᠠᠭ᠎ᠠ ᠮᠥᠴᠢᠷ᠂ ᠲᠡᠷᠡᠴᠢᠯᠡᠨ ᠬᠣᠯᠪᠣᠭᠳᠠᠯ ᠪᠥᠬᠥᠢ ᠬᠣᠰᠢᠭᠤ ᠰᠢᠶᠠᠨ᠎ᠤ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠥᠬᠥᠢ ᠰᠠᠯᠠᠭ᠎ᠠ ᠮᠥᠴᠢᠷ᠂ ᠡᠯ᠎ᠡ ᠲᠥᠷᠥᠯ᠎ᠤᠨ ᠨᠡᠭᠡᠭᠡᠯᠳᠠ ᠵᠢᠨ ᠤᠷᠦᠠ᠎ᠤ ᠬᠠᠮᠢᠶᠠᠷᠤᠯᠲᠠ ᠵᠢᠨ ᠵᠥᠪᠯᠡᠯ᠎ᠳᠤ ᠳᠣᠷᠣᠭᠰᠢ ᠪᠠᠭᠤᠯᠭ᠋ᠠᠵᠤ ᠪᠣᠯᠤᠨ᠎ᠠ;
     (ᠬᠣᠶᠠᠷ) ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠴᠢᠬᠤᠯᠠ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ ᠪᠥᠬᠥᠶ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠰᠠᠯᠠᠭ᠎ᠠ ᠮᠦᠴᠢᠷ;
     (ᠭᠤᠷᠪᠠ) ᠡᠷᠬᠢᠯᠡᠵᠤ ᠪᠠᠶ᠋ᠢᠭ᠎ᠠ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ ᠵᠢᠨ ᠠᠮᠢ ᠠᠬᠤᠢ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ᠎ᠪᠠᠷ ᠨᠡᠯᠢᠶᠡᠳ ᠶᠡᠬᠡ ᠪᠠᠶ᠋ᠢᠳᠠᠭ ᠬᠣᠯᠪᠣᠭᠳᠠᠯ ᠪᠥᠬᠥᠢ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠤᠯᠤᠰ᠎ᠤᠨ ᠤᠮᠴᠢᠯᠡᠯᠳᠤ ᠠᠵᠤ ᠠᠬᠤᠢ᠌ᠯᠠᠯ;
     (ᠳᠥᠷᠪᠡ) ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠱᠠᠯᠠᠪᠳᠠᠭᠤᠯᠤᠨ ᠪᠠᠶ᠋ᠢᠴᠠᠭ᠋ᠠᠬᠤ᠎ᠪᠠᠷ ᠱᠠᠭ᠋ᠠᠷᠳᠠᠭᠰᠠᠨ ᠪᠤᠰᠤᠳ ᠨᠢᠬᠡᠴᠢ᠃
      ᠠᠷᠪᠠᠨ ᠳᠥᠷᠪᠡᠳᠦᠭᠡᠷ ᠵᠦᠢ᠍ᠯ ᠵᠤᠷᠰᠢᠯᠳᠤ ᠬᠢᠨᠠᠨ ᠪᠠᠢ᠌ᠴᠠᠭ᠋ᠠᠯᠳᠠ ᠵᠢᠨ ᠠᠭᠤᠯᠭ᠎ᠠ᠎ᠳᠤ ᠳᠣᠤᠷᠠᠬᠢ ᠵᠦᠢᠯᠡᠰ ᠪᠠᠭᠲᠠᠨ᠎ᠠ᠄
     (ᠨᠢᠭᠡ) ᠰᠢ ᠵᠢᠨ ᠫᠢᠩ᠎ᠤᠨ ᠠᠮᠢ ᠠᠬᠤᠢ   ᠪᠣᠯᠪᠠᠰᠤᠨ᠎ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠤᠨ ᠦᠪᠦᠷ ᠮᠤᠨᠭ᠌ᠭᠤᠯ᠎ᠤᠨ ᠠᠮᠢ ᠠᠬᠤᠢ ᠪᠣᠯᠪᠠᠰᠤᠨ᠎ᠤ ᠪᠠᠶ᠋ᠢᠭᠤᠯᠤᠯᠲᠠ ᠪᠣᠯᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢᠴᠢ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠤᠭᠰᠠᠨ ᠪᠠᠶ᠋ᠢᠳᠠᠯ;
     (ᠬᠣᠶᠠᠷ) ᠨᠠᠮ᠎ᠤᠨ ᠲᠥᠪ ᠬᠣᠷᠢᠶ᠎ᠠ᠂ ᠲᠦᠷᠤ ᠵᠢᠨ ᠶᠠᠪᠤᠳᠠᠯ᠎ᠤᠨ ᠬᠤᠷᠢᠶ᠎ᠠ ᠵᠢᠨ ᠠᠮᠢ ᠠᠬᠤᠢ ᠪᠣᠯᠪᠠᠰᠤᠨ᠎ᠤ ᠪᠠᠶ᠋ᠢᠭᠤᠯᠤᠯᠲᠠ ᠪᠠ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠤᠬᠠᠶ ᠰᠢᠢᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠲᠣᠬᠢᠷᠠᠭᠤᠯᠤᠯᠲᠠ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ;
     (ᠭᠤᠷᠪᠠ) ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠴᠠᠭ᠋ᠠᠵᠠ       ᠬᠠᠤᠯᠢ ᠲᠣᠭᠲᠠᠭ᠋ᠠᠯ᠂ ᠲᠥᠷᠥ ᠵᠢᠨ ᠪᠤᠳᠤᠯᠭ᠎ᠠ ᠵᠢᠨ ᠲᠥᠷᠢᠮ᠂ ᠪᠠᠷᠢᠮᠵᠢᠶ᠎ᠠ ᠵᠢᠷᠤᠮᠵᠢᠯ᠂ ᠲᠥᠯᠥᠪᠵᠢᠭᠦᠯᠭᠡ ᠲᠥᠯᠥᠪᠯᠡᠭᠡ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ
     (ᠳᠥᠷᠪᠡ) ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠨᠠᠮ ᠵᠠᠰᠠᠭ ᠠᠳᠠᠯᠢ ᠬᠠᠷᠢᠭᠤᠴᠠᠯᠭ᠎ᠠ᠎ᠲᠠᠢ᠂ ᠨᠢᠭᠡ ᠠᠵᠢᠯ᠎ᠤᠨ ᠪᠠᠶ᠋ᠢᠷᠢ᠎ᠳᠤ ᠬᠣᠤᠰ ᠬᠠᠷᠢᠭᠤᠴᠠᠯᠭ᠎ᠠ᠎ᠲᠠᠢ ᠪᠠᠶ᠋ᠢᠬᠤ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ ᠪᠠ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢᠨ ᠪᠠᠶ᠋ᠢᠭᠤᠯᠤᠯᠲᠠ ᠵᠢᠨ ᠪᠠᠶ᠋ᠢᠳᠠᠯ;
     (ᠲᠠᠪᠤ) ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ ᠵᠢᠴᠢ ᠰᠢᠢ᠍ᠳᠪᠦᠷᠢᠯᠡᠭᠰᠡᠨ ᠪᠠᠶ᠋ᠢᠳᠠᠯ;
     (ᠵᠢᠷᠭᠤᠭ᠎ᠠ) ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠶ᠋ᠢᠴᠠᠭ᠋ᠠᠵᠤ ᠴᠡᠭᠴᠡᠯᠡᠨ       ᠰᠠᠶ᠋ᠢᠵᠢᠷᠠᠭᠤᠯᠬᠤ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ;
     (ᠲᠤᠯᠤᠭ᠎ᠠ) ᠠᠷᠠᠳ ᠤᠯᠠᠨ᠎ᠤ ᠲᠤᠰᠬᠠᠭᠰᠠᠨ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠳᠠᠷᠤᠢ᠌ᠢ᠍ᠬᠠᠨ ᠬᠡᠷᠡᠭᠵᠢᠭᠦᠯᠵᠦ ᠳᠠᠷᠤᠢ᠌ᠬᠠᠨ ᠥᠭᠡᠷᠡᠴᠢᠯᠡᠭᠰᠡᠨ ᠪᠠᠶ᠋ᠢᠳᠠᠯ;
     (  ᠨᠠᠢ᠍ᠮᠠ) ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠬᠡᠷᠡᠭ ᠪᠣᠯᠭ᠋ᠠᠨ ᠳᠠᠩᠰᠠᠯᠠᠬᠤ᠂ ᠪᠠᠶ᠋ᠢᠴᠠᠭ᠋ᠠᠨ ᠭᠠᠷᠭ᠋ᠠᠬᠤ᠂ ᠰᠢᠯᠵᠢᠭᠦᠯᠦᠨ ᠲᠤᠰᠢᠶᠠᠬᠤ᠂ ᠰᠢᠭᠦᠨ ᠲᠠᠰᠤᠯᠬᠤ᠂ ᠭᠦᠢᠴᠡᠳᠬᠡᠬᠦ ᠵᠡᠷᠭᠡ ᠭᠣᠭᠴᠣᠭ᠎ᠠ᠎ᠳᠤ ᠬᠠᠤᠯᠢ ᠪᠤᠰᠤ᠎ᠪᠠᠷ ᠭᠠᠷ ᠲᠥᠷᠥᠭᠰᠡᠨ ᠵᠢᠴᠢ ᠥᠯᠥ ᠬᠠᠮᠵᠢᠯᠴᠠᠭᠰᠠᠨ ᠵᠡᠷᠭᠡ ᠪᠠᠶ᠋ᠢᠳᠠᠯ;
     (ᠶᠢᠰᠦ) ᠪᠤᠰᠤᠳ ᠱᠠᠯᠠᠪᠳᠠᠭᠤᠯᠤᠨ ᠪᠠᠶ᠋ᠢᠴᠠᠭ᠋ᠠᠬᠤ ᠴᠢᠬᠤᠯᠠᠲᠠᠶ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠦᠢᠯᠡᠰ᠃
      ᠠᠷᠪᠠᠨ ᠲᠠᠪᠤᠳᠤᠭ᠋ᠠᠷ ᠵᠤᠷᠰᠢᠯᠳᠤ ᠱᠠᠯᠠᠪᠳᠠᠭᠤᠯᠤᠨ ᠪᠠᠶ᠋ᠢᠴᠠᠭ᠋ᠠᠯᠲᠠ᠎ᠳᠤ ᠡᠩ᠎ᠤᠨ ᠪᠠᠶ᠋ᠢᠳᠠᠯ᠎ᠳᠤ ᠱᠠᠯᠠᠪᠳᠠᠭᠤᠯᠤᠨ ᠪᠠᠶ᠋ᠢᠴᠠᠭ᠋ᠠᠯᠲᠠ ᠵᠢᠨ ᠪᠡᠯᠡᠳᠬᠡᠯ᠂ ᠱᠠᠯᠠᠪᠳᠠᠭᠤᠯᠤᠨ ᠪᠠᠶ᠋ᠢᠴᠠᠭ᠋ᠠᠯᠲᠠ ᠵᠢᠨ ᠣᠷᠣᠵᠤ ᠰᠠᠭᠤᠬᠤ᠂ ᠱᠠᠯᠠᠪᠳᠠᠭᠤᠯᠤᠨ ᠪᠠᠶ᠋ᠢᠴᠠᠭ᠋ᠠᠯᠲᠠ ᠵᠢᠨ ᠮᠡᠳᠡᠭᠦᠯᠦᠯᠲᠡ᠂ ᠱᠠᠯᠠᠪᠳᠠᠭᠤᠯᠤᠨ ᠪᠠᠶ᠋ᠢᠴᠠᠭ᠋ᠠᠯᠲᠠ ᠵᠢᠨ ᠬᠠᠷᠢᠭᠤ ᠲᠤᠰᠬᠠᠬᠤ᠂ ᠰᠢᠯᠵᠢᠭᠦᠯᠦᠨ ᠲᠤᠰᠢᠶᠠᠵᠤ ᠰᠢᠯᠵᠢᠭᠦᠯᠦᠨ ᠬᠦᠷᠭᠡᠬᠦ᠂ ᠴᠡᠭᠴᠡᠯᠡᠨ ᠥᠭᠡᠷᠡᠴᠢᠯᠡᠵᠦ ᠨᠠᠶ᠋ᠢᠳᠠᠪᠤᠷᠢᠵᠢᠭᠤᠯᠬᠤ ᠪᠠ ᠲᠠᠩᠰᠠ ᠡᠪᠬᠡᠮᠡᠯ᠎ᠳᠤ ᠣᠷᠣᠭᠤᠯᠬᠤ ᠵᠡᠷᠭᠡ ᠲᠠᠰ ᠳᠠᠷᠠᠭ᠋ᠠᠯᠠᠯ᠎ᠤᠨ ᠭᠣᠭᠴᠣᠭ᠎ᠠ ᠵᠢ ᠪᠠᠭᠲᠠᠭ᠋ᠠᠨ᠎ᠠ᠃
      ᠠᠷᠪᠠᠨ ᠵᠢᠷᠭᠤᠳᠤᠭ᠋ᠠᠷ ᠵᠦᠢᠯ ᠱᠠᠯᠠᠪᠳᠠᠭᠤᠯᠤᠨ ᠪᠠᠶ᠋ᠢᠴᠠᠭ᠋ᠠᠬᠤ ᠪᠡᠯᠡᠳᠬᠡᠯ ᠠᠵᠢᠯ᠎ᠳᠤ ᠭᠣᠤᠯᠳᠠᠭᠤ ᠳᠣᠤᠷᠠᠬᠢ ᠵᠦᠢᠯᠡᠰ᠎ᠢ ᠪᠠᠭᠲᠠᠭ᠋ᠠᠨ᠎ᠠ᠄
     (ᠨᠢᠭᠡ) ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠰᠠᠯᠠᠭ᠎ᠠ ᠮᠥᠴᠢᠷ ᠪᠠ ᠨᠢᠭᠡᠴᠡ᠎ᠠᠴᠠ ᠱᠠᠯᠠᠪᠳᠠᠭᠤᠯᠤᠨ ᠪᠠᠶ᠋ᠢᠴᠠᠭ᠋ᠠᠭᠳᠠᠬᠤ ᠡᠲᠡᠭᠡᠳ᠎ᠤᠨ ᠬᠣᠯᠪᠣᠭᠳᠠᠯ ᠪᠥᠬᠥᠶ ᠪᠠᠶ᠋ᠢᠳᠠᠯ ᠵᠢᠴᠢ ᠠᠰᠠᠭᠤᠳᠠᠯ᠎ᠤᠨ ᠰᠦᠪᠡᠭᠴᠢ ᠵᠢ ᠣᠶ᠋ᠢᠯᠠᠭ᠋ᠠᠬᠤ ᠬᠡᠷᠡᠭᠲᠡᠶ;
     (ᠬᠣᠶᠠᠷ) ᠴᠢᠬᠤᠯᠠ ᠪᠥᠬᠥᠶ ᠪᠠᠶ᠋ᠢᠳᠠᠯ᠎ᠢ ᠤᠶ᠋ᠢᠯᠠᠭ᠋ᠠᠨ ᠵᠢᠭᠰᠠᠭ᠋ᠠᠨ ᠪᠠᠶ᠋ᠢᠴᠠᠭ᠋ᠠᠬᠤ ᠵᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ;
     (ᠭᠤᠷᠪᠠ) ᠳᠤᠭᠤᠶ᠋ᠢᠯᠠᠩ᠎ᠤᠨ ᠳᠠᠷᠤᠭ᠎ᠠ᠂ ᠳᠡᠳ᠋ ᠳᠤᠭᠤᠶ᠋ᠢᠯᠠᠩ᠎ᠤᠨ ᠳᠠᠷᠤᠭ᠎ᠠ ᠵᠢᠨ ᠵᠢᠱ᠌ᠢᠭᠳᠡᠭᠴᠢ ᠵᠢ ᠲᠣᠭᠲᠠᠭ᠋ᠠᠵᠤ᠂ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠢ ᠪᠦᠷᠢᠯᠳᠦᠬᠦᠯᠵᠦ᠂ ᠳᠠᠶ᠋ᠢᠴᠢᠯᠠᠯᠲᠠ ᠵᠢᠨ ᠪᠤᠯᠪᠠᠰᠤᠷᠠᠯ᠎ᠢ ᠥᠷᠨᠢᠭᠦᠯᠦᠨ᠎ᠡ;
     (ᠳᠥᠷᠪᠡ) ᠱᠠᠯᠠᠪᠳᠠᠭᠤᠯᠤᠨ ᠪᠠᠶ᠋ᠢᠴᠠᠭ᠋ᠠᠬᠤ ᠠᠵᠢᠯ᠎ᠤᠨ ᠲᠥᠰᠦᠯ᠎ᠢ ᠲᠣᠭᠲᠠᠭ᠋ᠠᠨ᠎ᠠ;
     (ᠲᠠᠪᠤ) ᠱᠠᠯᠠᠪᠳᠠᠭᠤᠯᠤᠨ ᠪᠠᠶ᠋ᠢᠴᠠᠭ᠋ᠠᠯᠲᠠ ᠵᠢᠨ ᠣᠷᠣᠵᠤ ᠰᠠᠭᠤᠬᠤ ᠮᠡᠳᠡᠭᠳᠡᠯ᠎ᠢ ᠳᠠᠷᠤᠮᠠᠯᠯᠠᠨ ᠲᠠᠷᠬᠠᠭ᠋ᠠᠵᠤ᠂ ᠱᠠᠯᠠᠪᠳᠠᠭᠤᠯᠤᠨ ᠪᠠᠶ᠋ᠢᠴᠠᠭ᠋ᠠᠯᠲᠠ ᠵᠢᠨ ᠣᠷᠣᠵᠤ ᠰᠠᠭᠤᠬᠤ ᠡᠯ᠎ᠡ ᠵᠦᠢᠯ᠎ᠤᠨ ᠪᠡᠯᠡᠳᠬᠡᠯ ᠠᠵᠢᠯ᠎ᠢ ᠨᠠᠶ᠋ᠢᠳᠠᠪᠤᠷᠢᠵᠢᠭᠤᠯᠤᠨ᠎ᠠ᠃
ᠠᠷᠪᠠᠨ ᠳᠣᠯᠣᠳᠤᠭ᠋ᠠᠷ ᠵᠦᠢ᠍ᠯ ᠱᠠᠯᠠᠪᠳᠠᠭᠤᠯᠤᠨ ᠪᠠᠶ᠋ᠢᠴᠠᠭ᠋ᠠᠯᠲᠠ ᠵᠢᠨ ᠣᠷᠣᠵᠤ ᠰᠠᠭᠤᠬᠤ ᠴᠠᠭ᠎ᠢ ᠪᠣᠳᠠᠲᠠᠶ ᠱᠠᠯᠠᠪᠳᠠᠭᠤᠯᠤᠨ ᠪᠠᠶ᠋ᠢᠴᠠᠭ᠋ᠠᠭᠳᠠᠬᠤ ᠡᠲᠡᠭᠡᠳ ᠪᠠ ᠱᠠᠯᠠᠪᠳᠠᠭᠤᠯᠤᠨ ᠪᠠᠶ᠋ᠢᠴᠠᠭ᠋ᠠᠬᠤ ᠡᠭᠦᠷᠭᠡ ᠵᠢ ᠦᠨᠳᠦᠰᠦᠯᠡᠨ ᠲᠣᠭᠲᠠᠭ᠋ᠠᠨ᠎ᠠ᠂ ᠡᠩ᠎ᠤᠨ ᠪᠠᠶ᠋ᠢᠳᠠᠯ᠎ᠳᠤ 25 ᠡᠳᠦᠷ᠎ᠠᠴᠠ ᠬᠡᠲᠦᠷᠡᠭᠦᠯᠵᠦ ᠪᠣᠯᠬᠤ ᠥᠬᠡᠶ᠃ ᠱᠠᠯᠠᠪᠳᠠᠭᠤᠯᠤᠨ ᠪᠠᠶ᠋ᠢᠴᠠᠭ᠋ᠠᠬᠤ᠎ᠳᠤ ᠣᠷᠣᠵᠤ ᠰᠠᠭᠤᠬᠤ᠎ᠳᠤ ᠭᠣᠣᠯᠳᠠᠭᠤ ᠳᠣᠣᠷᠠᠬᠢ       ᠠᠷᠭ᠎ᠠ ᠬᠡᠯᠪᠡᠷᠢ᠎ᠪᠠᠷ ᠠᠵᠢᠯ ᠵᠶ᠋ᠠᠨ ᠥᠷᠨᠢᠭᠦᠯᠦᠨ᠎ᠡ᠄
     (ᠨᠢᠭᠡ) ᠱᠠᠯᠠᠪᠳᠠᠭᠤᠯᠤᠨ ᠪᠠᠶ᠋ᠢᠴᠠᠭ᠋ᠠᠭᠳᠠᠬᠤ ᠡᠲᠡᠭᠡᠳ᠎ᠤᠨ ᠠᠵᠢᠯ᠎ᠤᠨ ᠬᠠᠷᠢᠭᠤ ᠮᠡᠳᠡᠭᠦᠯᠦᠯᠲᠡ ᠪᠠ ᠬᠣᠯᠪᠣᠭᠳᠠᠯ ᠪᠦᠬᠦᠢ ᠲᠤᠰᠬᠠᠢ ᠰᠡᠳᠦᠪᠲᠦ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠤᠨ᠎ᠠ;
     (ᠬᠣᠶᠠᠷ) ᠱᠠᠯᠠᠪᠳᠠᠭᠤᠯᠤᠨ ᠪᠠᠶ᠋ᠢᠴᠠᠭ᠋ᠠᠭᠳᠠᠬᠤ ᠡᠲᠡᠭᠡᠳ᠎ᠤᠨ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ ᠪᠠ ᠪᠤᠰᠤᠳ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ᠎ᠲᠠᠢ ᠲᠤᠰᠬᠠᠢ ᠶᠠᠷᠢᠯᠴᠠᠨ᠎ᠠ;
     (ᠭᠤᠷᠪᠠ) ᠢᠯᠡᠴᠢᠯᠡᠨ ᠮᠡᠳᠡᠭᠦᠯᠬᠦ ᠤᠳᠠᠰᠤ ᠪᠠ ᠢᠯᠡᠴᠢᠯᠡᠨ ᠮᠡᠳᠡᠭᠦᠯᠬᠦ ᠰᠢᠦᠳᠠᠨ᠎ᠤ ᠵᠠᠬᠢᠳᠠᠯ᠎ᠤᠨ ᠬᠠᠶ᠋ᠢᠷᠴᠠᠭ ᠭᠠᠷᠭ᠋ᠠᠵᠤ᠂ ᠠᠷᠠᠳ ᠤᠯᠠᠨ᠎ᠤ ᠠᠮᠢ ᠠᠬᠤᠢ ᠣᠷᠴᠢᠨ ᠨᠥᠬᠥᠴᠡᠯ᠎ᠤᠨ ᠬᠠᠮᠠᠭ᠋ᠠᠯᠠᠯᠲᠠ ᠵᠢᠨ ᠲᠠᠯ᠎ᠠ᠎ᠪᠠᠷ᠎ᠬᠢ ᠵᠠᠬᠢᠳᠠᠯ ᠰᠤᠷᠪᠤᠯᠵᠢᠯᠠᠭ᠎ᠠ ᠵᠢᠨ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠴᠤ ᠰᠢᠢᠳᠪᠦᠷᠢᠯᠡᠨ᠎ᠡ;
     (ᠲᠦᠷᠪᠡ) ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠳᠠᠩᠰᠠ ᠪᠠ ᠬᠤᠷᠠᠯ᠎ᠤᠨ ᠲᠡᠮᠳᠡᠭᠯᠡᠯ ᠵᠡᠷᠭᠡ ᠮᠠᠲ᠋ᠧᠷᠢᠶᠠᠯ᠎ᠢ ᠰᠢᠯᠵᠢᠭᠦᠯᠦᠨ ᠠᠪᠴᠢᠷᠠᠵᠤ ᠦᠵᠡᠬᠦ᠂ ᠪᠠᠭᠤᠯᠭ᠋ᠠᠨ ᠠᠪᠬᠤ;
     (ᠲᠠᠪᠤ) ᠬᠣᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ᠂ ᠨᠢᠭᠡᠴᠢ ᠵᠢᠴᠢ ᠬᠤᠪᠢ ᠬᠥᠮᠦᠨ᠎ᠢ ᠰᠤᠷᠪᠤᠯᠵᠢᠯᠠᠬᠤ᠂ ᠠᠰᠠᠭᠤᠨ ᠯᠠᠪᠯᠠᠬᠤ;
     (ᠵᠢᠷᠭᠤᠭ᠎ᠠ) ᠠᠰᠠᠭᠤᠳᠠᠯ᠎ᠳᠤ ᠴᠢᠭᠯᠡᠭᠦᠯᠦᠨ ᠪᠠᠶ᠋ᠢᠴᠠᠭ᠋ᠠᠯᠲᠠ ᠬᠢᠵᠦ ᠭᠡᠷᠡᠴᠢ ᠴᠤᠭᠯᠠᠭᠤᠯᠬᠤ ᠠᠵᠢᠯ᠎ᠢ ᠥᠷᠨᠢᠭᠦᠯᠬᠦ ᠵᠢᠨ ᠬᠠᠮᠲᠤ᠂ ᠬᠣᠯᠪᠣᠭᠳᠠᠯ ᠪᠥᠬᠥᠶ ᠭᠠᠵᠠᠷ ᠣᠷᠣᠨ᠂ ᠰᠠᠯᠠᠭ᠎ᠠ ᠮᠥᠴᠢᠷ᠂ ᠨᠢᠭᠡᠴᠡ ᠵᠢᠴᠢ ᠬᠤᠪᠢ ᠬᠥᠮᠦᠨ᠎ᠢ ᠵᠠᠷᠯᠢᠭᠳᠠᠵᠤ ᠪᠠᠶ᠋ᠢᠭ᠋ᠠᠳ ᠬᠣᠯᠪᠣᠭᠳᠠᠯ ᠪᠥᠬᠥᠶ ᠠᠰᠠᠭᠤᠳᠠᠯ᠎ᠤᠨ ᠲᠤᠬᠠᠶ ᠪᠢᠴᠢᠭ᠎ᠤᠨ ᠲᠣᠳᠣᠷᠬᠠᠶ᠋ᠢᠯᠠᠯᠲᠠ ᠬᠢᠯᠭᠡᠵᠦ ᠪᠣᠯᠤᠨ᠎ᠠ;
     (ᠳᠣᠯᠣᠭ᠎ᠠ) ᠱᠠᠯᠠᠪᠳᠠᠭᠤᠯᠤᠨ ᠪᠠᠶ᠋ᠢᠴᠠᠭ᠋ᠠᠭᠳᠠᠬᠤ ᠡᠲᠡᠭᠡᠳ᠎ᠤᠨ ᠬᠠᠷᠢᠶ᠎ᠠ ᠭᠠᠵᠠᠷ ᠣᠷᠣᠨ᠂ ᠰᠠᠯᠠᠭ᠎ᠠ ᠮᠥᠴᠢᠷ ᠪᠤᠶᠤ ᠨᠢᠭᠡᠴᠡ᠎ᠳᠤ ᠬᠦᠷᠴᠦ ᠱᠠᠯᠠᠪᠳᠠᠭᠤᠯᠤᠨ ᠪᠠᠶ᠋ᠢᠴᠠᠭ᠋ᠠᠯᠲᠠ ᠥᠷᠨᠢᠭᠦᠯᠵᠦ᠂ ᠬᠣᠯᠪᠣᠭᠳᠠᠯ ᠪᠥᠬᠥᠶ ᠠᠰᠠᠭᠤᠳᠠᠯ᠎ᠳᠤ ᠴᠢᠭᠯᠡᠭᠦᠯᠦᠨ ᠪᠠᠢ᠌ᠴᠠᠭ᠋ᠠᠨ ᠬᠠᠷᠭᠤᠭᠤᠯᠬᠤ ᠵᠢᠨ ᠬᠠᠮᠲᠤ ᠲᠤᠬᠠᠶ ᠵᠢᠨ ᠲᠠᠯᠠᠪᠤᠷ᠎ᠠᠴᠠ ᠭᠡᠷᠡᠴᠢ ᠴᠤᠭᠯᠠᠭᠤᠯᠤᠨ᠎ᠠ;
     (  ᠨᠠᠢ᠍ᠮᠠ) ᠱᠠᠯᠠᠪᠳᠠᠭᠤᠯᠤᠨ ᠪᠠᠶ᠋ᠢᠴᠠᠭ᠋ᠠᠯᠲᠠ᠎ᠳᠤ ᠢᠯᠡᠷᠡᠭᠦᠯᠦᠭᠰᠡᠨ ᠳᠣᠪᠣᠢ᠌ᠮ᠎ᠠ ᠠᠰᠠᠭᠤᠳᠠᠯ᠎ᠳᠤ ᠴᠢᠭᠯᠡᠭᠦᠯᠦᠨ᠂ ᠪᠠᠶ᠋ᠢᠳᠠᠯ᠎ᠢ᠎ᠨᠢ ᠦᠵᠡᠵᠦ ᠪᠠᠶ᠋ᠢᠭ᠋ᠠᠳ ᠬᠣᠯᠪᠣᠭᠳᠠᠯ ᠪᠦᠬᠦᠢ ᠨᠠᠮ ᠵᠠᠰᠠᠭ᠎ᠤᠨ ᠤᠳᠤᠷᠢᠳᠬᠤ ᠺᠠᠳ᠋ᠷ ᠪᠣᠯᠤᠨ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠬᠠᠷᠢᠭᠤᠴᠠᠯᠭ᠋ᠠᠲᠠᠨ᠎ᠲᠠᠢ ᠪᠣᠯᠵᠣᠨ ᠠᠭᠤᠯᠵᠠᠬᠤ ᠪᠤᠶᠤ ᠪᠣᠯᠵᠣᠨ ᠶᠠᠷᠢᠯᠴᠠᠬᠤ ᠵᠢ ᠬᠡᠷᠡᠭᠵᠢᠭᠦᠯᠵᠦ ᠪᠣᠯᠤᠨ᠎ᠠ;
     (ᠶᠢᠰᠦ) ᠬᠣᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ᠂ ᠨᠢᠭᠡᠴᠢ ᠵᠢᠴᠢ ᠬᠤᠪᠢ ᠬᠥᠮᠦᠨ᠎ᠳᠤ ᠬᠠᠮᠵᠢᠯᠴᠠᠭᠤᠯᠬᠤ᠎ᠪᠠᠷ ᠳᠡᠪᠰᠢᠭᠦᠯᠦᠨ᠎ᠡ;
     (ᠠᠷᠪᠠ) ᠪᠤᠰᠤᠳ ᠴᠢᠬᠤᠯᠠ ᠪᠥᠬᠥᠶ ᠱᠠᠯᠠᠪᠳᠠᠭᠤᠯᠤᠨ ᠪᠠᠶ᠋ᠢᠴᠠᠭ᠋ᠠᠬᠤ ᠠᠵᠢᠯ᠎ᠤᠨ ᠠᠷᠭ᠎ᠠ ᠮᠠᠶᠢᠭ᠃
      ᠠᠷᠪᠠᠨ ᠨᠠᠢ᠍ᠮᠠᠳᠤᠭ᠋ᠠᠷ ᠵᠦᠢ᠍ᠯ ᠵᠦᠢ᠍ᠯ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ ᠣᠷᠣᠵᠤ ᠰᠠᠭᠤᠬᠤ ᠠᠵᠢᠯ ᠳᠠᠭᠤᠰᠤᠭᠰᠠᠨ᠎ᠤ ᠳᠠᠷᠠᠭ᠎ᠠ᠂ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠤᠨ᠎ᠬᠢᠨ ᠡᠩ᠎ᠤᠨ ᠪᠠᠶ᠋ᠢᠳᠠᠯ᠎ᠳᠤ 10 ᠠᠵᠢᠯᠯᠠᠬᠤ ᠡᠳᠦᠷ᠎ᠤᠨ ᠳᠣᠲᠣᠷ᠎ᠠ ᠱᠠᠯᠠᠪᠳᠠᠭᠤᠯᠤᠨ ᠪᠠᠶ᠋ᠢᠴᠠᠭ᠋ᠠᠭᠰᠠᠨ ᠮᠡᠳᠡᠭᠦᠯᠦᠯᠲᠡ ᠵᠢ ᠪᠦᠷᠢᠯᠳᠦᠭᠦᠯᠵᠦ᠂ ᠱᠠᠯᠠᠪᠳᠠᠭᠤᠯᠤᠨ ᠪᠠᠶ᠋ᠢᠴᠠᠭ᠋ᠠᠭ᠋ᠠᠳ ᠢᠯᠡᠷᠡᠭᠦᠯᠦᠭᠰᠡᠨ ᠴᠢᠬᠤᠯᠠ ᠪᠠᠶ᠋ᠢᠳᠠᠯ ᠪᠣᠯᠤᠨ ᠠᠰᠠᠭᠤᠳᠠᠯ ᠵᠶ᠋ᠠᠨ ᠦᠨᠡᠨ ᠮᠥᠨ ᠵᠶ᠋ᠠᠷ᠎ᠨᠢ ᠮᠡᠳᠡᠭᠦᠯᠬᠦ ᠵᠢᠨ ᠬᠠᠮᠲᠤ ᠰᠠᠨᠠᠯ ᠪᠠ ᠰᠠᠨᠠᠭᠤᠯᠭ᠎ᠠ᠎ᠪᠠᠨ ᠳᠤᠷᠠᠳᠬᠤ ᠬᠡᠷᠡᠭᠲᠡᠢ᠃
      ᠱᠠᠯᠠᠪᠳᠠᠭᠤᠯᠤᠨ ᠪᠠᠶ᠋ᠢᠴᠠᠭ᠋ᠠᠭᠰᠠᠨ ᠮᠡᠳᠡᠭᠦᠯᠦᠯᠲᠡ ᠵᠢ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠠᠴᠠ ᠵᠣᠬᠢᠰᠲᠠᠢ ᠠᠷᠭ᠎ᠠ ᠬᠡᠯᠪᠡᠷᠢ᠎ᠪᠠᠷ ᠱᠠᠯᠠᠪᠳᠠᠭᠤᠯᠤᠨ ᠪᠠᠶ᠋ᠢᠴᠠᠭ᠋ᠠᠭᠳᠠᠬᠤ ᠡᠲᠡᠭᠡᠳ᠎ᠯᠦᠭᠡ ᠰᠠᠨᠠᠯ ᠵᠶ᠋ᠠᠨ ᠰᠣᠯᠢᠯᠴᠠᠵᠤ᠂ ᠤᠳᠤᠷᠢᠳᠬᠤ ᠳᠤᠭᠤᠶ᠋ᠢᠯᠠᠩ᠎ᠤᠨ ᠠᠯᠪᠡᠠ ᠭᠡᠷ ᠬᠢᠨᠠᠨ ᠬᠠᠷᠭᠤᠭᠤᠯᠵᠤ᠂ ᠤᠳᠤᠷᠢᠳᠬᠤ ᠳᠤᠭᠤᠶ᠋ᠢᠯᠠᠩ ᠵᠶ᠋ᠠᠷ ᠬᠢᠨᠠᠨ ᠵᠥᠪᠯᠡᠭᠦᠯᠦᠭᠰᠡᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ   ᠬᠣᠷᠢᠶ᠎ᠠ᠂ ᠵᠠᠰᠠᠭ᠎ᠤᠨ ᠣᠷᠳᠣᠨ᠎ᠳᠤ ᠮᠡᠳᠡᠭᠦᠯᠦᠨ᠎ᠡ᠃
      ᠠᠷᠪᠠ ᠶᠢᠰᠦᠳᠦᠭᠡᠷ ᠵᠦᠢᠯ ᠱᠠᠯᠠᠪᠳᠠᠭᠤᠯᠤᠨ ᠪᠠᠶ᠋ᠢᠴᠠᠭ᠋ᠠᠭᠰᠠᠨ ᠮᠡᠳᠡᠭᠦᠯᠦᠯᠲᠡ ᠵᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ᠂ ᠡᠩ᠎ᠤᠨ ᠪᠠᠶ᠋ᠢᠳᠠᠯ᠎ᠳᠤ 10 ᠠᠵᠢᠯᠯᠠᠬᠤ ᠡᠳᠦᠷ᠎ᠤᠨ ᠳᠣᠲᠣᠷ᠎ᠠ᠂ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠠᠴᠠ ᠱᠠᠯᠠᠪᠳᠠᠭᠤᠯᠤᠨ ᠪᠠᠶ᠋ᠢᠴᠠᠭ᠋ᠠᠭᠳᠠᠬᠤ ᠡᠲᠡᠭᠡᠳ᠎ᠲᠤ ᠬᠠᠷᠢᠭᠤ ᠲᠤᠰᠬᠠᠬᠤ ᠬᠡᠷᠡᠭᠲᠡᠶ᠃ ᠱᠠᠯᠠᠪᠳᠠᠭᠤᠯᠤᠨ ᠪᠠᠶ᠋ᠢᠴᠠᠭ᠋ᠠᠭ᠋ᠠᠳ ᠢᠯᠡᠷᠡᠭᠦᠯᠦᠭᠰᠡᠨ ᠴᠢᠬᠤᠯᠠ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ ᠵᠢᠴᠢ ᠲᠤᠰᠢᠶᠠᠯ᠎ᠳᠠᠭᠠᠨ ᠣᠰᠣᠯᠳᠠᠵᠤ ᠬᠠᠷᠢᠭᠤᠴᠠᠯᠭ᠎ᠠ᠎ᠪᠠᠨ ᠠᠯᠳᠠᠭᠰᠠᠨ ᠪᠠᠶ᠋ᠢᠳᠠᠯ᠎ᠳᠤ᠂ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠤᠨ᠎ᠬᠢᠨ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠬᠠᠷᠢᠭᠤᠴᠠᠯᠭ᠎ᠠ ᠵᠢ ᠨᠡᠬᠡᠮᠵᠢᠯᠡᠬᠦ ᠠᠰᠠᠭᠤᠳᠠᠯ᠎ᠤᠨ ᠰᠦᠪᠡᠭᠴᠢ ᠵᠢᠨ ᠨᠠᠷᠢᠨ ᠳᠠᠩᠰᠠ ᠪᠠ ᠬᠡᠷᠡᠭ᠎ᠤᠨ ᠡᠪᠬᠡᠮᠡᠯ᠎ᠢ ᠪᠦᠷᠢᠯᠳᠦᠭᠦᠯᠵᠦ᠂ ᠬᠠᠮᠢᠶ᠎ᠠ ᠪᠦᠬᠦᠢ ᠡᠷᠬᠡ ᠵᠢᠨ ᠬᠡᠪᠴᠢ᠊ ᠢ᠎ᠡ᠂ ᠲᠡᠰ ᠳᠠᠷᠠᠭ᠋ᠠᠯᠠᠯ ᠪᠠ ᠱᠠᠭ᠋ᠠᠷᠳᠠᠯᠭ᠎ᠠ ᠶᠣᠰᠣᠭ᠋ᠠᠷ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ   ᠬᠣᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠂ ᠨᠠᠮ᠎ᠤᠨ   ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠂ ᠤᠯᠤᠰ᠎ᠤᠨ ᠥᠮᠴᠢᠯᠡᠯ᠎ᠤᠨ ᠡᠳ᠋ ᠬᠦᠷᠦᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠨᠠᠮ᠎ᠤᠨ   ᠬᠣᠷᠢᠶ᠎ᠠ ᠪᠤᠶᠤ ᠱᠠᠯᠠᠪᠳᠠᠭᠤᠯᠤᠨ ᠪᠠᠶ᠋ᠢᠴᠠᠭ᠋ᠠᠭᠳᠠᠬᠤ ᠡᠲᠡᠭᠡᠳ᠎ᠲᠤ ᠰᠢᠯᠵᠢᠭᠦᠯᠦᠨ ᠲᠤᠰᠢᠶᠠᠬᠤ ᠬᠡᠷᠡᠭᠲᠡᠢ᠃
      ᠳᠥᠷᠪᠡᠳᠦᠭᠡᠷ ᠪᠦᠯᠦᠭ ᠲᠤᠰᠬᠠᠶ ᠵᠦᠢ᠍ᠯ ᠵᠶ᠋ᠠᠷ ᠱᠠᠯᠠᠪᠳᠠᠭᠤᠯᠤᠨ ᠪᠠᠶ᠋ᠢᠴᠠᠭ᠋ᠠᠬᠤ
      ᠬᠣᠷᠢᠳᠤᠭ᠋ᠠᠷ ᠵᠦᠢᠯ ᠲᠤᠰᠬᠠᠶ ᠵᠦᠢᠯ ᠵᠶ᠋ᠠᠷ ᠱᠠᠯᠠᠪᠳᠠᠭᠤᠯᠤᠨ ᠪᠠᠶ᠋ᠢᠴᠠᠭ᠋ᠠᠬᠤ ᠵᠣᠬᠢᠶᠠᠨ ᠪᠠᠶ᠋ᠢᠭᠤᠯᠤᠯᠲᠠ ᠵᠢᠨ ᠬᠡᠯᠪᠡᠷᠢ᠂ ᠱᠠᠯᠠᠪᠳᠠᠭᠤᠯᠤᠨ ᠪᠠᠶ᠋ᠢᠴᠠᠭ᠋ᠠᠭᠳᠠᠬᠤ ᠡᠲᠡᠭᠡᠳ ᠪᠠ ᠠᠵᠢᠯ᠎ᠤᠨ ᠠᠷᠭ᠎ᠠ ᠮᠠᠶᠢᠭ᠎ᠢ ᠵᠤᠷᠰᠢᠯᠳᠤ ᠱᠠᠯᠠᠪᠳᠠᠭᠤᠯᠤᠨ ᠪᠠᠶ᠋ᠢᠴᠠᠭ᠋ᠠᠬᠤ᠎ᠪᠠᠷ ᠯᠠᠪᠯᠠᠯᠲᠠ ᠪᠣᠯᠭ᠋ᠠᠵᠤ᠂ ᠪᠣᠳᠠᠲᠠᠶ ᠱᠠᠯᠠᠪᠳᠠᠭᠤᠯᠤᠨ ᠪᠠᠶ᠋ᠢᠴᠠᠭ᠋ᠠᠬᠤ ᠵᠦᠢᠯᠡᠰ ᠪᠠ ᠱᠠᠭ᠋ᠠᠷᠳᠠᠯᠭ᠎ᠠ ᠵᠢ ᠦᠨᠳᠦᠰᠦᠯᠡᠨ ᠲᠣᠭᠲᠠᠭ᠋ᠠᠨ᠎ᠠ᠃ ᠴᠢᠬᠤᠯᠠ ᠲᠤᠰᠬᠠᠶ ᠱᠠᠯᠠᠪᠳᠠᠭᠤᠯᠤᠨ ᠪᠠᠶ᠋ᠢᠴᠠᠭ᠋ᠠᠬᠤ ᠬᠠᠮᠢᠶ᠎ᠠ ᠪᠥᠬᠥᠶ ᠠᠵᠢᠯ᠎ᠤᠨ ᠲᠣᠬᠢᠷᠠᠭᠤᠯᠤᠯᠲᠠ ᠵᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃
      ᠬᠣᠷᠢᠨ ᠨᠢᠭᠡᠳᠦᠭᠡᠷ ᠵᠦᠢ᠍ᠯ ᠲᠤᠰᠬᠠᠶ ᠵᠦᠢ᠍ᠯ ᠵᠶ᠋ᠠᠷ ᠱᠠᠯᠠᠪᠳᠠᠭᠤᠯᠤᠨ ᠪᠠᠶ᠋ᠢᠴᠠᠭ᠋ᠠᠬᠤ       ᠠᠭᠤᠯᠭ᠎ᠠ᠎ᠳᠤ ᠭᠣᠣᠯᠳᠠᠭᠤ᠄
     (ᠨᠢᠭᠡ) ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠱᠠᠯᠠᠪᠳᠠᠭᠤᠯᠤᠨ ᠪᠠᠶ᠋ᠢᠴᠠᠭ᠋ᠠᠬᠤ᠎ᠪᠠᠷ ᠲᠣᠳᠣᠷᠬᠠᠶ ᠱᠠᠭ᠋ᠠᠷᠳᠠᠭᠰᠠᠨ ᠵᠦᠢᠯᠡᠰ;
     (ᠬᠣᠶᠠᠷ) ᠭᠣᠣᠯᠳᠠᠯᠭ᠎ᠠ᠎ᠲᠠᠢ ᠣᠷᠣᠨ ᠪᠦᠰᠡ᠂ ᠭᠣᠣᠯᠳᠠᠯᠭ᠎ᠠ᠎ᠲᠠᠢ ᠬᠦᠷᠢᠶ᠎ᠡ᠂ ᠭᠣᠣᠯᠳᠠᠯᠭ᠎ᠠ᠎ᠲᠠᠢ ᠠᠵᠢᠯ ᠲᠦᠷᠦᠯ᠎ᠳᠤ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ   ᠳᠣᠪᠣᠢ᠌ᠯᠭ᠋ᠠᠬᠤ;
     (ᠭᠤᠷᠪᠠ) ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠲᠠᠯ᠎ᠠ᠎ᠪᠠᠷ ᠬᠦᠷᠦᠯᠴᠡᠬᠦ ᠦᠬᠡᠢ ᠨᠡᠢ᠌ᠲᠡᠯᠢᠭ ᠵᠢᠱ᠌ᠢᠶ᠎ᠡ;
     (ᠲᠦᠷᠪᠡ) ᠠᠷᠠᠳ ᠤᠯᠠᠨ᠎ᠤ ᠲᠤᠰᠬᠠᠯ ᠶᠡᠬᠡᠲᠡᠶ᠂ ᠤᠷᠳᠤ ᠬᠤᠭᠤᠴᠠᠭ᠎ᠠ᠎ᠪᠠᠷ ᠰᠢᠢᠳᠪᠦᠷᠢᠯᠡᠭᠳᠡᠭᠡᠳᠦᠶ ᠪᠠᠶ᠋ᠢᠭ᠎ᠠ ᠠᠮᠢ ᠠᠬᠤᠢ ᠣᠷᠴᠢᠨ ᠨᠥᠬᠥᠴᠡᠯ᠎ᠤᠨ   ᠳᠣᠪᠣᠢ᠌ᠮ᠎ᠠ ᠠᠰᠠᠭᠤᠳᠠᠯ;
     (ᠲᠠᠪᠤ) ᠪᠤᠰᠤᠳ ᠲᠤᠰᠬᠠᠶ ᠱᠠᠯᠠᠪᠳᠠᠭᠤᠯᠤᠨ ᠪᠠᠶ᠋ᠢᠴᠠᠭ᠋ᠠᠯᠲᠠ ᠵᠢ ᠥᠷᠨᠢᠭᠦᠯᠬᠦ ᠴᠢᠬᠤᠯᠠᠲᠠᠶ ᠵᠦᠢᠯᠡᠰ᠃
      ᠬᠣᠷᠢᠨ ᠬᠣᠶᠠᠳᠤᠭ᠋ᠠᠷ ᠵᠦᠢ᠍ᠯ ᠲᠤᠰᠬᠠᠢ ᠱᠠᠯᠠᠪᠳᠠᠭᠤᠯᠤᠨ ᠪᠠᠶ᠋ᠢᠴᠠᠭ᠋ᠠᠯᠲᠠ ᠳᠠᠭᠤᠰᠤᠭᠰᠠᠨ᠎ᠤ ᠳᠠᠷᠠᠭ᠎ᠠ᠂ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠤᠨ᠎ᠬᠢᠨ ᠡᠩ᠎ᠤᠨ ᠪᠠᠶ᠋ᠢᠳᠠᠯ᠎ᠳᠤ 7 ᠠᠵᠢᠯᠯᠠᠬᠤ ᠡᠳᠦᠷ᠎ᠤᠨ ᠳᠣᠲᠣᠷ᠎ᠠ ᠲᠤᠰᠬᠠᠢ ᠱᠠᠯᠠᠪᠳᠠᠭᠤᠯᠤᠨ ᠪᠠᠶ᠋ᠢᠴᠠᠭ᠋ᠠᠭᠰᠠᠨ ᠮᠡᠳᠡᠭᠦᠯᠦᠯᠲᠡ ᠵᠢ ᠪᠦᠷᠢᠯᠳᠦᠭᠦᠯᠵᠦ᠂ ᠱᠠᠯᠠᠪᠳᠠᠭᠤᠯᠤᠨ ᠪᠠᠶ᠋ᠢᠴᠠᠭ᠋ᠠᠭ᠋ᠠᠳ ᠢᠯᠡᠷᠡᠭᠦᠯᠦᠭᠰᠡᠨ ᠴᠢᠬᠤᠯᠠ ᠪᠠᠶ᠋ᠢᠳᠠᠯ ᠪᠠ ᠠᠰᠠᠭᠤᠳᠠᠯ ᠵᠶ᠋ᠠᠨ ᠦᠨᠡᠨ ᠮᠥᠨ ᠵᠶ᠋ᠠᠷ᠎ᠨᠢ ᠮᠡᠳᠡᠭᠦᠯᠬᠦ ᠵᠢᠨ ᠬᠠᠮᠲᠤ ᠰᠠᠨᠠᠯ ᠪᠠ ᠰᠠᠨᠠᠭᠤᠯᠭ᠎ᠠ ᠳᠤᠷᠠᠳᠴᠤ᠂ ᠤᠳᠤᠷᠢᠳᠬᠤ ᠳᠤᠭᠤᠶ᠋ᠢᠯᠠᠩ᠎ᠤᠨ ᠠᠯᠪᠡᠠ ᠭᠡᠷ᠎ᠠᠴᠠ ᠲᠡᠰ ᠳᠠᠷᠠᠭ᠋ᠠᠯᠠᠯ ᠶᠣᠰᠣᠭ᠋ᠠᠷ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃ ᠴᠢᠬᠤᠯᠠ ᠲᠤᠰᠬᠠᠶ ᠱᠠᠯᠠᠪᠳᠠᠭᠤᠯᠤᠨ ᠪᠠᠶ᠋ᠢᠴᠠᠭ᠋ᠠᠭᠰᠠᠨ ᠮᠡᠳᠡᠭᠦᠯᠦᠯᠲᠡ ᠵᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠳᠤ ᠮᠡᠳᠡᠭᠦᠯᠬᠦ ᠬᠡᠷᠡᠭᠲᠡᠶ᠃
      ᠬᠣᠷᠢᠨ ᠭᠤᠷᠪᠠᠳᠤᠭ᠋ᠠᠷ ᠵᠦᠢ᠍ᠯ ᠲᠤᠰᠬᠠᠶ ᠵᠦᠢ᠍ᠯ᠎ᠤᠨ ᠰᠢᠪᠠᠳᠠᠨ ᠪᠠᠶ᠋ᠢᠴᠠᠭ᠋ᠠᠭᠰᠠᠨ ᠮᠡᠳᠡᠭᠦᠯᠦᠯᠲᠡ ᠵᠢ ᠵᠥᠪᠰᠢᠶᠡᠷᠡᠭᠦᠯᠦᠭᠰᠡᠨ᠎ᠤ ᠲᠠᠷᠠᠭ᠎ᠠ᠂ ᠰᠢᠪᠠᠳᠠᠨ ᠪᠠᠶ᠋ᠢᠴᠠᠭ᠋ᠠᠭᠳᠠᠬᠤ ᠡᠲᠡᠭᠡᠳ᠎ᠲᠤ ᠴᠠᠭ ᠲᠤᠬᠠᠶ᠎ᠳᠤᠨᠢ ᠬᠠᠷᠢᠭᠤ ᠲᠤᠰᠬᠠᠬᠤ ᠬᠡᠷᠡᠭᠲᠡᠶ᠃ ᠱᠠᠯᠠᠪᠳᠠᠭᠤᠯᠤᠨ ᠪᠠᠶ᠋ᠢᠴᠠᠭ᠋ᠠᠭ᠋ᠠᠳ ᠢᠯᠡᠷᠡᠭᠦᠯᠦᠭᠰᠡᠨ ᠴᠢᠬᠤᠯᠠ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ ᠵᠢᠴᠢ ᠲᠤᠰᠢᠶᠠᠯ᠎ᠳᠠᠭᠠᠨ ᠣᠰᠣᠯᠳᠠᠵᠤ ᠬᠠᠷᠢᠭᠤᠴᠠᠯᠭ᠎ᠠ᠎ᠪᠠᠨ ᠠᠯᠳᠠᠭᠰᠠᠨ ᠪᠠᠶ᠋ᠢᠳᠠᠯ᠎ᠳᠤ᠂ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠤᠨ᠎ᠬᠢᠨ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠬᠠᠷᠢᠭᠤᠴᠠᠯᠭ᠎ᠠ ᠵᠢ ᠨᠡᠬᠡᠮᠵᠢᠯᠡᠬᠦ ᠠᠰᠠᠭᠤᠳᠠᠯ᠎ᠤᠨ ᠰᠦᠪᠡᠭᠴᠢ ᠵᠢᠨ ᠨᠠᠷᠢᠨ ᠲᠠᠩᠰᠠ ᠪᠠ ᠬᠡᠷᠡᠭ᠎ᠤᠨ ᠳᠠᠩᠰᠠ ᠡᠪᠬᠡᠮᠡᠯ᠎ᠢ ᠪᠦᠷᠢᠯᠳᠦᠭᠦᠯᠵᠦ᠂ ᠬᠠᠮᠢᠶ᠎ᠠ ᠪᠦᠬᠦᠢ ᠡᠷᠬᠡ ᠵᠢᠨ   ᠬᠡᠪᠴᠢᠶ᠎ᠠ᠂ ᠲᠡᠰ ᠳᠠᠷᠠᠭ᠋ᠠᠯᠠᠯ ᠪᠠ ᠱᠠᠭ᠋ᠠᠷᠳᠠᠯᠭ᠎ᠠ ᠶᠣᠰᠣᠭ᠋ᠠᠷ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ   ᠬᠣᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠂ ᠨᠠᠮ᠎ᠤᠨ   ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠂ ᠤᠯᠤᠰ᠎ᠤᠨ ᠥᠮᠴᠢᠯᠡᠯ᠎ᠤᠨ ᠡᠳ᠋ ᠬᠦᠷᠦᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠨᠠᠮ᠎ᠤᠨ   ᠬᠣᠷᠢᠶ᠎ᠠ ᠪᠤᠶᠤ ᠱᠠᠯᠠᠪᠳᠠᠭᠤᠯᠤᠨ ᠪᠠᠶ᠋ᠢᠴᠠᠭ᠋ᠠᠭᠳᠠᠬᠤ ᠡᠲᠡᠭᠡᠳ᠎ᠲᠤ ᠰᠢᠯᠵᠢᠭᠦᠯᠦᠨ ᠲᠤᠰᠢᠶᠠᠬᠤ ᠬᠡᠷᠡᠭᠲᠡᠢ᠃
ᠲᠠᠪᠤᠳᠤᠭ᠋ᠠᠷ ᠪᠦᠯᠦᠭ ᠲᠣᠮᠢᠯᠠᠨ ᠰᠠᠭᠤᠯᠭ᠋ᠠᠵᠤ ᠬᠢᠨᠠᠨ ᠪᠠᠶ᠋ᠢᠴᠠᠭ᠋ᠠᠬᠤ
      ᠬᠣᠷᠢᠨ ᠳᠥᠷᠪᠡᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠲᠤᠰᠬᠠᠶ ᠲᠤᠰᠢᠶᠠᠯᠲᠠᠨ᠎ᠤ ᠠᠯᠪᠡᠠ ᠭᠡᠷ᠎ᠠᠴᠠ ᠤᠨ᠎ᠤ ᠲᠣᠮᠢᠯᠠᠨ ᠰᠠᠭᠤᠯᠭ᠋ᠠᠵᠤ ᠬᠢᠨᠠᠨ ᠪᠠᠶ᠋ᠢᠴᠠᠭ᠋ᠠᠬᠤ ᠲᠥᠯᠥᠪᠯᠡᠭᠡ ᠵᠢ ᠬᠠᠷᠢᠭᠤᠴᠠᠨ ᠲᠣᠭᠲᠠᠭ᠋ᠠᠵᠤ᠂ ᠤᠳᠤᠷᠢᠳᠬᠤ ᠳᠤᠭᠤᠶ᠋ᠢᠯᠠᠩ᠎ᠤᠨ ᠠᠯᠪᠡᠠ ᠭᠡᠷ ᠵᠶ᠋ᠠᠷ ᠬᠢᠨᠠᠨ ᠲᠣᠭᠲᠠᠭ᠋ᠠᠯᠭ᠋ᠠᠭᠰᠠᠨ᠎ᠤ ᠲᠠᠷᠠᠭ᠎ᠠ ᠬᠡᠷᠡᠭᠵᠢᠭᠦᠯᠦᠨ᠎ᠡ᠃
      ᠬᠣᠷᠢᠨ ᠲᠠᠪᠤᠳᠤᠭ᠋ᠠᠷ ᠵᠦᠢ᠍ᠯ ᠲᠣᠮᠢᠯᠠᠨ ᠰᠠᠭᠤᠯᠭ᠋ᠠᠵᠤ ᠬᠢᠨᠠᠨ ᠪᠠᠶ᠋ᠢᠴᠠᠭ᠋ᠠᠬᠤ ᠠᠭᠤᠯᠭ᠎ᠠ᠎ᠳᠤ ᠭᠣᠣᠯᠳᠠᠭᠤ᠄
     (ᠨᠢᠭᠡ) ᠲᠣᠮᠢᠯᠠᠨ ᠰᠠᠭᠤᠯᠭ᠋ᠠᠭᠰᠠᠨ ᠣᠷᠣᠨ ᠪᠦᠰᠡ ᠵᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠳᠤᠬᠠᠢ ᠨᠠᠮ ᠵᠠᠰᠠᠭ ᠠᠳᠠᠯᠢ ᠬᠠᠷᠢᠭᠤᠴᠠᠯᠭ᠎ᠠ᠎ᠲᠠᠢ᠂ ᠨᠢᠭᠡ ᠠᠵᠢᠯ᠎ᠤᠨ ᠪᠠᠶ᠋ᠢᠷᠢ᠎ᠳᠤ ᠬᠣᠤᠰ ᠬᠠᠷᠢᠭᠤᠴᠠᠯᠭ᠎ᠠ᠎ᠲᠠᠢ ᠪᠠᠶ᠋ᠢᠬᠤ ᠵᠢ ᠠᠬᠢᠭᠤᠯᠤᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ ᠪᠠ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢᠨ ᠪᠠᠶ᠋ᠢᠭᠤᠯᠤᠯᠲᠠ ᠵᠢᠨ ᠪᠠᠶ᠋ᠢᠳᠠᠯ;
     (ᠬᠣᠶᠠᠷ) ᠲᠣᠮᠢᠯᠠᠨ ᠰᠠᠭᠤᠯᠭ᠋ᠠᠭᠰᠠᠨ ᠣᠷᠣᠨ ᠪᠦᠰᠡ ᠵᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠳᠤᠬᠠᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠲᠦᠷᠦ ᠵᠢᠨ ᠪᠤᠳᠤᠯᠭ᠎ᠠ ᠲᠦᠷᠢᠮ᠂ ᠪᠠᠷᠢᠮᠵᠢᠶ᠎ᠠ ᠵᠢᠷᠤᠮᠵᠢᠯ᠂ ᠲᠥᠯᠥᠪᠵᠢᠭᠦᠯᠭᠡ ᠲᠥᠯᠥᠪᠯᠡᠭᠡ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ;
     (ᠭᠤᠷᠪᠠ) ᠲᠣᠮᠢᠯᠠᠨ ᠰᠠᠭᠤᠯᠭ᠋ᠠᠭᠰᠠᠨ ᠣᠷᠣᠨ ᠪᠦᠰᠡ ᠵᠢᠨ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠶ᠋ᠢᠵᠢᠷᠠᠭᠤᠯᠤᠭᠰᠠᠨ ᠪᠠᠶ᠋ᠢᠳᠠᠯ;
     (ᠲᠦᠷᠪᠡ) ᠲᠣᠮᠢᠯᠠᠨ ᠰᠠᠭᠤᠯᠭ᠋ᠠᠭᠰᠠᠨ ᠣᠷᠣᠨ ᠪᠦᠰᠡ ᠵᠢᠨ ᠳᠣᠪᠣᠢ᠌ᠮ᠎ᠠ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ ᠵᠢᠴᠢ ᠰᠢᠢ᠍ᠳᠪᠦᠷᠢᠯᠡᠭᠰᠡᠨ ᠪᠠᠶ᠋ᠢᠳᠠᠯ;
     (ᠲᠠᠪᠤ) ᠲᠥᠪ ᠪᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ;
     (ᠵᠢᠷᠭᠤᠭ᠎ᠠ) ᠠᠷᠠᠳ ᠤᠯᠠᠨ᠎ᠤ ᠲᠤᠰᠬᠠᠭᠰᠠᠨ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠲᠡᠷᠡ ᠳᠠᠷᠤᠢ᠎ᠳᠤᠨᠢ ᠬᠡᠷᠡᠭᠵᠢᠭᠦᠯᠵᠦ ᠲᠡᠷᠡ ᠳᠠᠷᠤᠢ᠎ᠳᠤᠨᠢ ᠥᠭᠡᠷᠡᠴᠢᠯᠡᠭᠰᠡᠨ ᠪᠠᠶ᠋ᠢᠳᠠᠯ;
     (ᠳᠣᠯᠣᠭ᠎ᠠ) ᠪᠤᠰᠤᠳ ᠲᠣᠮᠢᠯᠠᠨ ᠰᠠᠭᠤᠯᠭ᠋ᠠᠵᠤ ᠬᠢᠨᠠᠨ ᠪᠠᠶ᠋ᠢᠴᠠᠭ᠋ᠠᠬᠤ ᠵᠢ ᠥᠷᠨᠢᠭᠦᠯᠬᠦ ᠴᠢᠬᠤᠯᠠᠲᠠᠶ       ᠵᠦᠢᠯᠡᠰ᠃
      ᠬᠣᠷᠢᠨ ᠵᠢᠷᠭᠤᠳᠤᠭ᠋ᠠᠷ ᠵᠦᠢ᠍ᠯ ᠲᠣᠮᠢᠯᠠᠨ ᠰᠠᠭᠤᠯᠭ᠋ᠠᠵᠤ ᠬᠢᠨᠠᠨ ᠪᠠᠶ᠋ᠢᠴᠠᠭ᠋ᠠᠬᠤ᠎ᠳᠤ ᠳᠣᠣᠷᠠᠬᠢ ᠠᠷᠭ᠎ᠠ ᠮᠠᠶᠢᠭ᠎ᠢ ᠠᠪᠴᠤ ᠠᠵᠢᠯ ᠵᠶ᠋ᠠᠨ ᠥᠷᠨᠢᠭᠦᠯᠵᠦ ᠪᠣᠯᠤᠨ᠎ᠠ᠄
     (ᠨᠢᠭᠡ) ᠲᠣᠮᠢᠯᠠᠨ ᠰᠠᠭᠤᠯᠭ᠋ᠠᠭᠰᠠᠨ ᠣᠷᠣᠨ ᠪᠦᠰᠡ ᠵᠢᠨ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠥᠪᠯᠡᠬᠦ ᠰᠡᠳᠦᠪ᠎ᠲᠠᠢ ᠬᠣᠯᠪᠣᠭᠳᠠᠭᠰᠠᠨ ᠬᠤᠷᠠᠯ᠎ᠳᠤ ᠰᠤᠯᠠ ᠣᠷᠣᠯᠴᠠᠨ᠎ᠠ;
     (ᠬᠣᠶᠠᠷ) ᠲᠣᠮᠢᠯᠠᠨ ᠰᠠᠭᠤᠯᠭ᠋ᠠᠭᠰᠠᠨ ᠣᠷᠣᠨ ᠪᠦᠰᠡ ᠵᠢᠨ ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠠᠴᠠ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠣᠯᠪᠣᠭᠳᠠᠯ ᠪᠦᠬᠦᠢ ᠪᠠᠶ᠋ᠢᠳᠠᠯ᠎ᠢ ᠣᠶ᠋ᠢᠯᠠᠭ᠋ᠠᠵᠤ᠂ ᠴᠢᠬᠤᠯᠠᠲᠠᠢ ᠦᠶ᠎ᠡ᠎ᠳᠤ ᠬᠣᠯᠪᠣᠭᠳᠠᠯ ᠪᠦᠬᠦᠢ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠤᠨ᠎ᠠ;
     (ᠭᠤᠷᠪᠠ) ᠲᠣᠮᠢᠯᠠᠨ ᠰᠠᠭᠤᠯᠭ᠋ᠠᠭᠰᠠᠨ ᠣᠷᠣᠨ ᠪᠦᠰᠡ ᠵᠢᠨ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠥᠬᠥᠢ ᠰᠠᠯᠠᠭ᠎ᠠ ᠮᠥᠴᠢᠷ ᠪᠣᠯᠤᠨ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠬᠠᠮᠢᠶ᠎ᠠ ᠪᠥᠬᠥᠢ ᠪᠢᠴᠢᠭ ᠮᠠᠲ᠋ᠧᠷᠢᠶᠠᠯ᠂ ᠳᠠᠩᠰᠠ᠂ ᠬᠤᠷᠠᠯ᠎ᠤᠨ ᠲᠡᠮᠳᠡᠭᠯᠡᠯ ᠵᠡᠷᠭᠡ ᠮᠠᠲ᠋ᠧᠷᠢᠶᠠᠯ᠎ᠢ ᠪᠠᠢ᠌ᠴᠠᠭ᠋ᠠᠨ ᠦᠵᠡᠨ᠎ᠡ᠃
     (ᠳᠥᠷᠪᠡ) ᠲᠣᠮᠢᠯᠠᠨ ᠰᠠᠭᠤᠯᠭ᠋ᠠᠭᠰᠠᠨ ᠣᠷᠣᠨ ᠪᠦᠰᠡ ᠵᠢᠨ ᠳᠣᠲᠣᠷᠠᠬᠢ ᠠᠮᠢ ᠠᠬᠤᠢ ᠣᠷᠴᠢᠨ ᠲᠣᠭᠣᠷᠢᠨ᠎ᠤ ᠬᠠᠮᠢᠶ᠎ᠠ ᠪᠥᠬᠥᠶ ᠠᠰᠠᠭᠤᠳᠠᠯ᠎ᠳᠤ ᠲᠤᠬᠠᠶ ᠵᠢᠨ ᠭᠠᠵᠠᠷ᠎ᠤᠨ ᠪᠠᠶ᠋ᠢᠴᠠᠭ᠋ᠠᠯᠲᠠ ᠥᠷᠨᠢᠭᠦᠯᠦᠨ᠎ᠡ;
     (ᠲᠠᠪᠤ) ᠪᠤᠰᠤᠳ ᠴᠢᠬᠤᠯᠠ ᠪᠥᠬᠥᠢ ᠠᠵᠢᠯ᠎ᠤᠨ ᠠᠷᠭ᠎ᠠ ᠮᠠᠶᠢᠭ᠃
      ᠬᠣᠷᠢᠨ ᠳᠣᠯᠣᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠲᠤᠰᠬᠠᠶ ᠲᠤᠰᠢᠶᠠᠯᠲᠠᠨ᠎ᠤ ᠠᠯᠪᠡᠠ ᠭᠡᠷ᠎ᠨᠢ ᠲᠣᠮᠢᠯᠠᠨ ᠰᠠᠭᠤᠯᠭ᠋ᠠᠵᠤ ᠬᠢᠨᠠᠨ ᠪᠠᠶ᠋ᠢᠴᠠᠭ᠋ᠠᠭᠰᠠᠨ ᠪᠠᠶ᠋ᠢᠳᠠᠯ ᠵᠶ᠋ᠠᠨ ᠤᠯᠠᠷᠢᠯ ᠪᠦᠷᠢ ᠤᠳᠤᠷᠢᠳᠬᠤ ᠳᠤᠭᠤᠶ᠋ᠢᠯᠠᠩ᠎ᠤᠨ ᠠᠯᠪᠡᠠ ᠭᠡᠷ᠎ᠲᠤ ᠮᠡᠳᠡᠭᠦᠯᠦᠨ ᠬᠦᠷᠭᠡᠵᠦ᠂ ᠲᠣᠮᠢᠯᠠᠨ ᠰᠠᠭᠤᠯᠭ᠋ᠠᠵᠤ ᠬᠢᠨᠠᠨ ᠪᠠᠶ᠋ᠢᠴᠠᠭ᠋ᠠᠬᠤ ᠶᠠᠪᠤᠴᠠ᠎ᠳᠤ ᠣᠯᠵᠤ ᠮᠡᠳᠡᠭᠰᠡᠨ ᠴᠢᠬᠤᠯᠠ ᠪᠠᠶ᠋ᠢᠳᠠᠯ ᠪᠣᠯᠤᠨ ᠠᠰᠠᠭᠤᠳᠠᠯ᠎ᠢ ᠴᠠᠭ ᠲᠤᠬᠠᠶ᠎ᠳᠤᠨᠢ ᠮᠡᠳᠡᠭᠦᠯᠬᠦ ᠬᠡᠷᠡᠭᠲᠡᠶ᠃
      ᠬᠣᠷᠢᠨ ᠨᠠᠢ᠍ᠮᠠᠳᠤᠭ᠋ᠠᠷ ᠵᠦᠢ᠍ᠯ   ᠲᠣᠮᠢᠯᠠᠨ ᠰᠠᠭᠤᠯᠭ᠋ᠠᠵᠤ ᠬᠢᠨᠠᠨ ᠪᠠᠶ᠋ᠢᠴᠠᠭ᠋ᠠᠭ᠋ᠠᠳ ᠢᠯᠡᠷᠡᠭᠦᠯᠦᠭᠰᠡᠨ ᠡᠩ᠎ᠤᠨ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠳᠤ᠂ ᠤᠳᠤᠷᠢᠳᠬᠤ ᠳᠤᠭᠤᠶ᠋ᠢᠯᠠᠩ᠎ᠤᠨ ᠠᠯᠪᠡᠠ ᠭᠡᠷ ᠲᠣᠮᠢᠯᠠᠨ ᠰᠠᠭᠤᠯᠭ᠋ᠠᠭᠰᠠᠨ ᠣᠷᠣᠨ᠎ᠤ ᠬᠣᠯᠪᠣᠭᠳᠠᠯ ᠪᠦᠬᠦᠢ ᠠᠶ᠋ᠢᠮᠠᠭ ᠬᠤᠳᠠ᠂ ᠬᠣᠰᠢᠭᠤ ᠰᠢᠶᠠᠨ᠎ᠤ ᠱᠠᠲᠤᠨ᠎ᠤ ᠨᠠᠮ᠎ᠤᠨ   ᠬᠣᠷᠢᠶ᠎ᠠ ᠪᠠ ᠵᠠᠰᠠᠭ᠎ᠤᠨ ᠣᠷᠳᠣᠨ᠎ᠳᠤ ᠠᠮᠢ ᠠᠬᠤᠢ ᠣᠷᠴᠢᠨ ᠲᠣᠭᠣᠷᠢᠨ᠎ᠢ ᠬᠢᠨᠠᠨ ᠪᠠᠶ᠋ᠢᠴᠠᠭ᠋ᠠᠬᠤ ᠰᠠᠨᠠᠭᠤᠯᠭ᠎ᠠ ᠭᠠᠷᠭ᠋ᠠᠵᠤ᠂ ᠬᠣᠯᠪᠣᠭᠳᠠᠯ ᠪᠦᠬᠦᠢ ᠠᠶ᠋ᠢᠮᠠᠭ ᠬᠤᠳᠠ᠂ ᠬᠣᠰᠢᠭᠤ ᠰᠢᠶᠠᠨ᠎ᠤ ᠱᠠᠲᠤᠨ᠎ᠤ ᠨᠠᠮ᠎ᠤᠨ   ᠬᠣᠷᠢᠶ᠎ᠠ ᠪᠠ ᠵᠠᠰᠠᠭ᠎ᠤᠨ ᠣᠷᠳᠣᠨ ᠠᠮᠢ ᠠᠬᠤᠢ ᠣᠷᠴᠢᠨ ᠲᠣᠭᠣᠷᠢᠨ᠎ᠢ ᠬᠢᠨᠠᠨ ᠪᠠᠶ᠋ᠢᠴᠠᠭ᠋ᠠᠬᠤ ᠰᠠᠨᠠᠭᠤᠯᠭ᠎ᠠ᠎ᠳᠤ ᠲᠣᠭᠲᠠᠭ᠋ᠠᠭᠰᠠᠨ ᠴᠠᠭ ᠬᠤᠭᠤᠴᠠᠭ᠋ᠠᠨ᠎ᠤ ᠳᠣᠲᠣᠷ᠎ᠠ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ ᠵᠶ᠋ᠠᠨ ᠬᠠᠷᠢᠭᠤ ᠲᠤᠰᠬᠠᠬᠤ ᠬᠡᠷᠡᠭᠲᠡᠢ; ᠲᠣᠮᠢᠯᠠᠨ ᠰᠠᠭᠤᠯᠭ᠋ᠠᠵᠤ ᠬᠢᠨᠠᠨ ᠪᠠᠶ᠋ᠢᠴᠠᠭ᠋ᠠᠭ᠋ᠠᠳ ᠢᠯᠡᠷᠡᠭᠦᠯᠦᠭᠰᠡᠨ ᠴᠢᠬᠤᠯᠠ ᠶᠡᠬᠡ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠳᠤ᠂ ᠤᠳᠤᠷᠢᠳᠬᠤ ᠳᠤᠭᠤᠶ᠋ᠢᠯᠠᠩ᠎ᠤᠨ ᠠᠯᠪᠡᠠ ᠭᠡᠷ ᠴᠠᠭ ᠲᠤᠬᠠᠶ᠎ᠳᠤᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠳᠤ ᠮᠡᠳᠡᠭᠦᠯᠬᠦ ᠵᠢᠨ ᠬᠠᠮᠲᠤ ᠪᠠᠶ᠋ᠢᠳᠠᠯ᠎ᠢ ᠦᠵᠡᠵᠦ ᠪᠠᠶ᠋ᠢᠭ᠋ᠠᠳ ᠮᠡᠳᠡᠭᠡᠯᠡᠬᠦ᠂ ᠪᠣᠯᠵᠣᠨ ᠶᠠᠷᠢᠯᠴᠠᠬᠤ᠂ ᠲᠤᠰᠬᠠᠶ ᠵᠦᠢᠯ ᠵᠶ᠋ᠠᠷ   ᠱᠠᠯᠠᠪᠳᠠᠭᠤᠯᠤᠨ ᠰᠢᠢᠳᠪᠦᠷᠢᠯᠡᠭᠦᠯᠬᠦ᠂ ᠫᠠᠶ᠋ᠢᠰᠠ ᠡᠯᠭᠦᠨ ᠱᠠᠯᠠᠪᠳᠠᠭᠤᠯᠤᠨ ᠰᠢᠢᠳᠪᠦᠷᠢᠯᠡᠭᠦᠯᠬᠦ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠶ᠃
      ᠵᠢᠷᠭᠤᠳᠤᠭ᠋ᠠᠷ ᠪᠦᠯᠦᠭ ᠴᠡᠭᠴᠡᠯᠡᠨ ᠥᠭᠡᠷᠡᠴᠢᠯᠡᠵᠦ ᠨᠠᠶ᠋ᠢᠳᠠᠪᠤᠷᠢᠵᠢᠭᠤᠯᠬᠤ
      ᠬᠣᠷᠢ ᠶᠢᠰᠦᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠯᠲᠠ ᠬᠢᠭᠰᠡᠳ ᠣᠷᠣᠵᠤ ᠰᠠᠭᠤᠬᠤ ᠶᠠᠪᠤᠴᠠ᠎ᠳᠤ ᠠᠷᠠᠳ ᠤᠯᠠᠨ᠎ᠤ ᠢᠯᠡᠴᠢᠯᠡᠨ ᠮᠡᠳᠡᠭᠦᠯᠦᠭᠰᠡᠨ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ ᠵᠢᠴᠢ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠤᠨ ᠲᠤᠰᠢᠶᠠᠭᠰᠠᠨ ᠪᠤᠰᠤᠳ ᠠᠰᠠᠭᠤᠳᠠᠯ᠎ᠢ ᠱᠠᠯᠠᠪᠳᠠᠭᠤᠯᠤᠨ ᠪᠠᠶ᠋ᠢᠴᠠᠭ᠋ᠠᠭᠳᠠᠬᠤ ᠡᠲᠡᠭᠡᠳ ᠳᠠᠷᠤᠢ᠌ᠬᠠᠨ ᠬᠡᠷᠡᠭᠵᠢᠭᠦᠯᠵᠦ ᠳᠠᠷᠤᠢ᠌ᠬᠠᠨ ᠥᠭᠡᠷᠡᠴᠢᠯᠡᠵᠦ᠂ ᠡᠷᠡᠰ ᠴᠡᠭᠴᠡᠯᠡᠨ ᠰᠠᠶ᠋ᠢᠵᠢᠷᠠᠭᠤᠯᠵᠤ᠂ ᠬᠣᠯᠪᠣᠭᠳᠠᠯ ᠪᠦᠬᠦᠢ ᠠᠰᠠᠭᠤᠳᠠᠯ᠎ᠢ ᠪᠣᠳᠠᠲᠠᠢ᠎ᠳᠤ ᠪᠠᠶ᠋ᠢᠴᠠᠭ᠋ᠠᠨ ᠰᠢᠢ᠍ᠳᠪᠦᠷᠢᠯᠡᠵᠦ᠂ ᠪᠣᠳᠠᠲᠠᠢ᠎ᠳᠤ ᠴᠡᠭᠴᠡᠯᠡᠨ ᠰᠠᠶ᠋ᠢᠵᠢᠷᠠᠭᠤᠯᠬᠤ ᠵᠢ ᠦᠨᠡᠨᠬᠦ ᠪᠠᠲᠤᠯᠠᠬᠤ ᠬᠡᠷᠡᠭᠲᠡᠢ᠃
      ᠭᠤᠴᠢᠳᠤᠭ᠋ᠠᠷ ᠵᠦᠢᠯ ᠵᠤᠷᠰᠢᠯᠳᠤ ᠬᠢᠨᠠᠨ ᠪᠠᠶ᠋ᠢᠴᠠᠭ᠋ᠠᠭᠰᠠᠨ ᠮᠡᠳᠡᠭᠦᠯᠦᠯᠲᠡ ᠵᠢ ᠬᠠᠷᠢᠭᠤ ᠲᠤᠰᠬᠠᠭᠰᠠᠨ᠎ᠤ ᠳᠠᠷᠠᠭ᠎ᠠ᠂ ᠱᠠᠯᠠᠪᠳᠠᠭᠤᠯᠤᠨ ᠪᠠᠶ᠋ᠢᠴᠠᠭ᠋ᠠᠭᠳᠠᠬᠤ ᠡᠲᠡᠭᠡᠳ᠎ᠨᠢ ᠱᠠᠯᠠᠪᠳᠠᠭᠤᠯᠤᠨ ᠪᠠᠶ᠋ᠢᠴᠠᠭ᠋ᠠᠭᠰᠠᠨ ᠮᠡᠳᠡᠭᠦᠯᠦᠯᠲᠡ ᠵᠢᠨ ᠶᠣᠰᠣᠭ᠋ᠠᠷ ᠱᠠᠯᠠᠪᠳᠠᠭᠤᠯᠤᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠲᠥᠰᠦᠯ ᠲᠣᠭᠲᠠᠭ᠋ᠠᠵᠤ᠂ 30 ᠠᠵᠢᠯᠯᠠᠬᠤ ᠡᠳᠦᠷ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠳᠤ ᠮᠡᠳᠡᠭᠦᠯᠦᠨ᠂ ᠬᠢᠨᠠᠨ ᠲᠣᠭᠲᠠᠭ᠋ᠠᠭᠰᠠᠨ᠎ᠤ ᠳᠠᠷᠠᠭ᠎ᠠ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠬᠦ ᠬᠡᠷᠡᠭᠲᠡᠶ; ᠱᠠᠯᠠᠪᠳᠠᠭᠤᠯᠤᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠲᠥᠰᠦᠯ᠎ᠢ ᠳᠠᠷᠤᠮᠠᠯᠯᠠᠨ ᠲᠠᠷᠬᠠᠭ᠋ᠠᠭᠰᠠᠨ᠎ᠤ ᠳᠠᠷᠠᠭ᠋ᠠᠬᠢ 6 ᠰᠠᠷ᠎ᠠ ᠵᠢᠨ ᠳᠣᠲᠣᠷ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ   ᠬᠣᠷᠢᠶ᠎ᠠ᠂ ᠵᠠᠰᠠᠭ᠎ᠤᠨ ᠣᠷᠳᠣᠨ᠎ᠳᠤ ᠱᠠᠯᠠᠪᠳᠠᠭᠤᠯᠤᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ ᠵᠶ᠋ᠠᠨ ᠮᠡᠳᠡᠭᠦᠯᠦᠨ ᠬᠦᠷᠭᠡᠨ᠎ᠡ᠃
      ᠲᠤᠰᠬᠠᠢ ᠱᠠᠯᠠᠪᠳᠠᠭᠤᠯᠤᠨ ᠪᠠᠶ᠋ᠢᠴᠠᠭ᠋ᠠᠭᠰᠠᠨ ᠮᠡᠳᠡᠭᠦᠯᠦᠯᠲᠡ ᠵᠢ ᠬᠠᠷᠢᠭᠤ ᠲᠤᠰᠬᠠᠭᠰᠠᠨ᠎ᠤ ᠳᠠᠷᠠᠭ᠎ᠠ᠂ ᠱᠠᠯᠠᠪᠳᠠᠭᠤᠯᠤᠨ ᠪᠠᠶ᠋ᠢᠴᠠᠭ᠋ᠠᠭᠳᠠᠬᠤ ᠡᠲᠡᠭᠡᠳ ᠱᠠᠯᠠᠪᠳᠠᠭᠤᠯᠤᠨ ᠪᠠᠶ᠋ᠢᠴᠠᠭ᠋ᠠᠭᠰᠠᠨ ᠮᠡᠳᠡᠭᠦᠯᠦᠯᠲᠡ ᠵᠢᠨ ᠶᠣᠰᠣᠭ᠋ᠠᠷ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠲᠥᠰᠦᠯ ᠲᠣᠭᠲᠠᠭ᠋ᠠᠵᠤ᠂ 20 ᠠᠵᠢᠯᠯᠠᠬᠤ ᠡᠳᠦᠷ᠎ᠤᠨ ᠳᠣᠲᠣᠷ᠎ᠠ ᠤᠳᠤᠷᠢᠳᠬᠤ ᠳᠤᠭᠤᠶ᠋ᠢᠯᠠᠩ᠎ᠳᠤ ᠮᠡᠳᠡᠭᠦᠯᠵᠦ᠂ ᠬᠢᠨᠠᠨ ᠲᠣᠭᠲᠠᠭ᠋ᠠᠭᠰᠠᠨ᠎ᠤ ᠳᠠᠷᠠᠭ᠎ᠠ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠬᠦ ᠬᠡᠷᠡᠭᠲᠡᠢ; ᠱᠠᠯᠠᠪᠳᠠᠭᠤᠯᠤᠨ ᠪᠠᠢ᠌ᠴᠠᠭ᠋ᠠᠭᠰᠠᠨ᠎ᠢ ᠴᠡᠭᠴᠡᠯᠡᠨ ᠰᠠᠶ᠋ᠢᠵᠢᠷᠠᠭᠤᠯᠬᠤ ᠲᠥᠰᠦᠯ᠎ᠢ ᠳᠠᠷᠤᠮᠠᠯᠯᠠᠨ ᠲᠠᠷᠬᠠᠭ᠋ᠠᠭᠰᠠᠨ᠎ᠤ ᠳᠠᠷᠠᠭ᠎ᠠ 2 ᠰᠠᠷ᠎ᠠ ᠵᠢᠨ ᠳᠣᠲᠣᠷ᠎ᠠ᠂ ᠤᠳᠤᠷᠢᠳᠬᠤ ᠳᠤᠭᠤᠶ᠋ᠢᠯᠠᠩ᠎ᠳᠤ ᠱᠠᠯᠠᠪᠳᠠᠭᠤᠯᠤᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ ᠵᠶ᠋ᠠᠨ ᠮᠡᠳᠡᠭᠦᠯᠦᠨ ᠬᠦᠷᠭᠡᠬᠦ ᠬᠡᠷᠡᠭᠲᠡᠢ᠃
      ᠭᠤᠴᠢᠨ ᠨᠢᠭᠡᠳᠦᠭᠡᠷ ᠵᠦᠢᠯ ᠱᠠᠯᠠᠪᠳᠠᠭᠤᠯᠤᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠲᠥᠰᠦᠯ᠎ᠳᠤ ᠴᠡᠭᠴᠡᠯᠡᠨ ᠰᠠᠶ᠋ᠢᠵᠢᠷᠠᠭᠤᠯᠬᠤ ᠬᠠᠷᠠᠯᠲᠠ᠂ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ᠂ ᠴᠡᠭᠴᠡᠯᠡᠨ ᠰᠠᠶ᠋ᠢᠵᠢᠷᠠᠭᠤᠯᠬᠤ ᠴᠠᠭ᠎ᠤᠨ ᠬᠢᠵᠠᠭ᠋ᠠᠷ ᠪᠠ ᠬᠠᠷᠢᠭᠤᠴᠠᠯᠭ᠋ᠠᠲᠤ ᠨᠢᠭᠡᠴᠡ ᠵᠢ ᠲᠣᠳᠣᠷᠬᠠᠶ᠋ᠢᠯᠠᠬᠤ ᠬᠡᠷᠡᠭᠲᠡᠶ᠃
      ᠭᠤᠴᠢᠨ ᠬᠣᠶᠠᠳᠤᠭ᠋ᠠᠷ ᠵᠦᠢᠯ ᠤᠳᠤᠷᠢᠳᠬᠤ ᠳᠤᠭᠤᠶ᠋ᠢᠯᠠᠩ᠎ᠤᠨ ᠠᠯᠪᠡᠠ ᠭᠡᠷ ᠱᠠᠯᠠᠪᠳᠠᠭᠤᠯᠤᠨ ᠪᠠᠢ᠌ᠴᠠᠭ᠋ᠠᠭᠰᠠᠨ᠎ᠢ ᠴᠡᠭᠴᠡᠯᠡᠨ ᠰᠠᠶ᠋ᠢᠵᠢᠷᠠᠭᠤᠯᠬᠤ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠳᠤ ᠲᠣᠬᠢᠷᠠᠭᠤᠯᠤᠯᠲᠠ ᠬᠢᠵᠦ ᠱᠠᠯᠠᠪᠳᠠᠭᠤᠯᠤᠨ ᠰᠢᠢᠳᠪᠦᠷᠢᠯᠡᠭᠦᠯᠬᠦ ᠵᠢᠨ ᠬᠠᠮᠲᠤ ᠵᠣᠬᠢᠶᠠᠨ ᠪᠠᠶ᠋ᠢᠭᠤᠯᠤᠨ ᠰᠤᠭᠤᠴᠢᠨ ᠪᠠᠶ᠋ᠢᠴᠠᠭ᠋ᠠᠵᠤ ᠬᠠᠷᠭᠤᠭᠤᠯᠬᠤ ᠬᠡᠷᠡᠭᠲᠡᠶ᠃ ᠴᠡᠭᠴᠡᠯᠡᠨ ᠰᠠᠶ᠋ᠢᠵᠢᠷᠠᠭᠤᠯᠤᠭᠰᠠᠨ᠎ᠨᠢ ᠬᠦᠴᠦᠨ ᠥᠬᠡᠶ ᠪᠠᠶ᠋ᠢᠪᠠᠯ᠂ ᠪᠠᠶ᠋ᠢᠳᠠᠯ᠎ᠢ᠎ᠨᠢ ᠦᠵᠡᠵᠦ ᠪᠠᠶ᠋ᠢᠭ᠋ᠠᠳ ᠵᠠᠬᠢᠳᠠᠯ ᠵᠶ᠋ᠠᠷ ᠮᠡᠳᠡᠭᠳᠡᠬᠦ᠂ ᠵᠠᠷᠯᠠᠨ ᠮᠡᠳᠡᠭᠳᠡᠬᠦ᠂ ᠪᠣᠯᠵᠣᠨ ᠶᠠᠷᠢᠯᠴᠠᠬᠤ᠂ ᠲᠤᠰᠬᠠᠶ ᠰᠢᠪᠠᠳᠠᠨ ᠪᠠᠶ᠋ᠢᠴᠠᠭ᠋ᠠᠬᠤ ᠵᠡᠷᠭᠡ ᠠᠷᠭ᠎ᠠ ᠬᠡᠮᠵᠢᠶ᠎ᠡ ᠵᠢ ᠠᠪᠴᠤ᠂ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠂ ᠴᠡᠭᠴᠡᠯᠡᠨ ᠰᠠᠶ᠋ᠢᠵᠢᠷᠠᠭᠤᠯᠬᠤ ᠵᠢ ᠠᠬᠢᠭᠤᠯᠤᠨ᠎ᠠ᠃
      ᠳᠣᠯᠣᠳᠤᠭ᠋ᠠᠷ ᠪᠦᠯᠦᠭ   ᠦᠷ᠎ᠡ ᠳ᠋ᠦᠩ᠎ᠢ ᠬᠡᠷᠡᠭᠯᠡᠬᠦ ᠪᠠ ᠮᠡᠳᠡᠭᠡ ᠵᠠᠩᠭᠢ ᠵᠢ ᠢᠯᠡ ᠪᠣᠯᠭ᠋ᠠᠬᠤ
      ᠭᠤᠴᠢᠨ ᠭᠤᠷᠪᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠭᠰᠠᠨ ᠦᠷ᠎ᠡ ᠳ᠋ᠦᠩ᠎ᠢ ᠱᠠᠯᠠᠪᠳᠠᠭᠤᠯᠤᠨ ᠪᠠᠶ᠋ᠢᠴᠠᠭ᠋ᠠᠭᠳᠠᠬᠤ ᠡᠲᠡᠭᠡᠳ᠎ᠤᠨ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ᠎ᠢ ᠶᠡᠷᠦᠩᠬᠡᠶ᠋ᠢᠯᠡᠨ ᠬᠢᠨᠠᠨ ᠰᠢᠯᠭ᠋ᠠᠵᠤ ᠦᠨᠡᠯᠡᠬᠦ᠂ ᠱᠠᠩᠨᠠᠵᠤ ᠲᠣᠷᠭ᠋ᠠᠬᠤ ᠲᠣᠮᠢᠯᠠᠵᠤ ᠪᠠᠭᠤᠯᠭ᠋ᠠᠬᠤ ᠵᠢᠨ ᠴᠢᠬᠤᠯᠠ ᠦᠨᠳᠦᠰᠦᠯᠡᠯ ᠪᠣᠯᠭ᠋ᠠᠵᠤ᠂ ᠺᠠᠳ᠋ᠷ᠎ᠤᠨ ᠬᠠᠮᠢᠶᠠᠷᠤᠯᠲᠠ ᠵᠢᠨ ᠡᠷᠬᠡ ᠮᠡᠳᠡᠯ᠎ᠤᠨ   ᠬᠡᠪᠴᠢᠶ᠎ᠠ ᠶᠣᠰᠣᠭ᠋ᠠᠷ ᠬᠣᠯᠪᠣᠭᠳᠠᠯ ᠪᠦᠬᠦᠢ ᠵᠣᠬᠢᠶᠠᠨ ᠪᠠᠶ᠋ᠢᠭᠤᠯᠤᠯᠲᠠ (ᠠᠵᠢᠯᠳᠠᠨ᠎ᠤ ᠶᠠᠪᠤᠳᠠᠯ) ᠵᠢᠨ ᠰᠠᠯᠠᠭ᠎ᠠ ᠮᠥᠴᠢᠷ᠎ᠲᠤ ᠬᠦᠷᠭᠡᠨ᠎ᠡ᠃
      ᠱᠠᠯᠠᠪᠳᠠᠭᠤᠯᠤᠨ ᠪᠠᠶ᠋ᠢᠴᠠᠭ᠋ᠠᠬᠤ᠎ᠳᠤ ᠢᠯᠡᠷᠡᠭᠦᠯᠦᠭᠰᠡᠨ ᠴᠢᠬᠤᠯᠠ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ ᠵᠢᠴᠢ ᠲᠤᠰᠢᠶᠠᠯ᠎ᠳᠠᠭᠠᠨ ᠣᠰᠣᠯᠳᠠᠵᠤ ᠬᠠᠷᠢᠭᠤᠴᠠᠯᠭ᠎ᠠ᠎ᠪᠠᠨ ᠠᠯᠳᠠᠭᠰᠠᠨ ᠪᠠᠶ᠋ᠢᠳᠠᠯ᠎ᠤᠨ ᠲᠤᠬᠠᠢ ᠤᠳᠤᠷᠢᠳᠬᠤ ᠳᠤᠭᠤᠶ᠋ᠢᠯᠠᠩ᠎ᠤᠨ ᠠᠯᠪᠡᠠ ᠭᠡᠷ ᠬᠣᠯᠪᠣᠭᠳᠠᠯ ᠪᠦᠬᠦᠢ ᠨᠠᠮ ᠵᠠᠰᠠᠭ᠎ᠤᠨ ᠤᠳᠤᠷᠢᠳᠬᠤ ᠺᠠᠳ᠋ᠷ ᠪᠣᠯᠤᠨ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠬᠠᠷᠢᠭᠤᠴᠠᠯᠭ᠋ᠠᠲᠠᠨ᠎ᠲᠠᠢ ᠪᠣᠯᠵᠣᠨ ᠶᠠᠷᠢᠯᠴᠠᠵᠤ᠂ ᠴᠢᠬᠤᠯᠠᠲᠠᠢ ᠦᠶ᠎ᠡ᠎ᠳᠤ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ   ᠬᠣᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠂ ᠨᠠᠮ᠎ᠤᠨ   ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠂ ᠤᠯᠤᠰ᠎ᠤᠨ ᠥᠮᠴᠢᠯᠡᠯ᠎ᠤᠨ ᠡᠳ᠋ ᠬᠦᠷᠦᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠨᠠᠮ᠎ᠤᠨ ᠬᠣᠷᠢᠶ᠎ᠠ ᠪᠤᠶᠤ ᠱᠠᠯᠠᠪᠳᠠᠭᠤᠯᠤᠨ ᠪᠠᠶ᠋ᠢᠴᠠᠭ᠋ᠠᠭᠳᠠᠬᠤ ᠡᠲᠡᠭᠡᠳ᠎ᠲᠤ ᠬᠠᠷᠢᠭᠤᠴᠠᠯᠭ᠎ᠠ ᠨᠡᠬᠡᠮᠵᠢᠯᠡᠬᠦ ᠰᠠᠨᠠᠭᠤᠯᠭ᠎ᠠ ᠳᠤᠷᠠᠳᠴᠤ ᠪᠣᠯᠤᠨ᠎ᠠ᠃
      ᠱᠠᠯᠠᠪᠳᠠᠭᠤᠯᠤᠨ ᠪᠠᠶ᠋ᠢᠴᠠᠭ᠋ᠠᠬᠤ᠎ᠳᠤ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠠᠵᠢᠯ ᠥᠷᠨᠢᠭᠦᠯᠬᠦ ᠴᠢᠬᠤᠯᠠᠲᠠᠢ ᠪᠠᠶ᠋ᠢᠬᠤ ᠵᠢ ᠣᠯᠵᠤ ᠮᠡᠳᠡᠪᠡᠯ᠂ ᠬᠣᠯᠪᠣᠭᠳᠠᠯ ᠪᠦᠬᠦᠢ ᠠᠶ᠋ᠢᠮᠠᠭ ᠬᠤᠳᠠ ᠵᠢᠨ ᠵᠠᠰᠠᠭ᠎ᠤᠨ ᠣᠷᠳᠣᠨ (ᠵᠠᠰᠠᠭ ᠵᠠᠬᠢᠷᠭ᠋ᠠᠨ᠎ᠤ ᠵᠠᠬᠢᠷᠭ᠎ᠠ)᠎ᠳᠤ ᠰᠢᠯᠵᠢᠭᠦᠯᠦᠨ ᠬᠦᠷᠭᠡᠵᠦ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠲᠥᠯᠥᠪᠦᠷᠢ ᠨᠡᠬᠡᠨ ᠲᠦᠯᠦᠭᠦᠯᠦᠨ᠎ᠡ; ᠨᠡᠶ᠋ᠢᠲᠡ ᠵᠢᠨ ᠠᠰᠠᠷᠠᠮᠵᠢ ᠵᠢᠨ ᠵᠠᠭ᠋ᠠᠯᠳᠤᠯᠭ᠎ᠠ ᠭᠠᠷᠭ᠋ᠠᠬᠤ ᠴᠢᠬᠤᠯᠠᠲᠠᠢ ᠪᠠᠶ᠋ᠢᠪᠠᠯ᠂ ᠪᠠᠶ᠋ᠢᠴᠠᠭ᠋ᠠᠬᠤ ᠪᠠᠶ᠋ᠢᠭᠤᠯᠭ᠎ᠠ ᠵᠡᠷᠭᠡ ᠡᠷᠬᠡᠲᠦ ᠪᠠᠶ᠋ᠢᠭᠤᠯᠭ᠎ᠠ᠎ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭ᠋ᠠᠷ ᠰᠢᠢ᠍ᠳᠪᠦᠷᠢᠯᠡᠭᠦᠯᠦᠨ᠎ᠡ᠃
      ᠱᠠᠯᠠᠪᠳᠠᠭᠤᠯᠤᠨ ᠪᠠᠶ᠋ᠢᠴᠠᠭ᠋ᠠᠭ᠋ᠠᠳ ᠶᠠᠯ᠎ᠠ ᠬᠢᠭᠰᠡᠨ ᠰᠡᠵᠢᠭᠯᠡᠯᠲᠡᠢ ᠪᠠᠶ᠋ᠢᠬᠤ ᠵᠢ ᠣᠯᠵᠤ ᠮᠡᠳᠡᠪᠡᠯ᠂ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠬᠢᠨᠠᠨ ᠪᠠᠶ᠋ᠢᠴᠠᠭ᠋ᠠᠬᠤ ᠪᠠᠶ᠋ᠢᠭᠤᠯᠤᠯᠭ᠎ᠠ ᠪᠤᠶᠤ ᠬᠠᠤᠯᠢ ᠴᠠᠭ᠋ᠠᠵᠠ ᠵᠢᠨ ᠪᠠᠶ᠋ᠢᠭᠤᠯᠤᠯᠭ᠎ᠠ᠎ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭ᠋ᠠᠷ ᠰᠢᠢ᠍ᠳᠪᠦᠷᠢᠯᠡᠭᠦᠯᠦᠨ᠎ᠡ᠃
      ᠭᠤᠴᠢᠨ ᠳᠥᠷᠪᠡᠳᠦᠭᠡᠷ ᠵᠦᠢ᠍ᠯ ᠬᠠᠷᠢᠭᠤᠴᠠᠯᠭ᠎ᠠ᠎ᠪᠠᠨ ᠬᠦᠢ᠍ᠴᠡᠳᠬᠡᠭᠰᠡᠨ ᠦᠬᠡᠢ ᠪᠤᠶᠤ ᠲᠤᠰᠢᠶᠠᠯ ᠬᠠᠷᠢᠭᠤᠴᠠᠯᠭ᠎ᠠ᠎ᠪᠠᠨ ᠵᠥᠪ ᠵᠶ᠋ᠠᠷ ᠭᠦᠢ᠍ᠴᠡᠳᠬᠡᠭᠰᠡᠨ ᠦᠭᠡᠢ᠎ᠠᠴᠠ ᠪᠤᠯᠵᠤ ᠠᠮᠢ ᠠᠬᠤᠢ ᠣᠷᠴᠢᠨ ᠲᠣᠭᠣᠷᠢᠨ᠎ᠢ ᠬᠣᠬᠢᠷᠠᠭᠤᠯᠤᠭᠰᠠᠨ ᠭᠠᠵᠠᠷ ᠣᠷᠣᠨ ᠪᠠ ᠨᠢᠬᠡᠴᠡ ᠵᠢᠨ ᠨᠠᠮ ᠵᠠᠰᠠᠭ᠎ᠤᠨ ᠤᠳᠤᠷᠢᠳᠬᠤ ᠺᠠᠳ᠋ᠷ᠎ᠠᠴᠠ ᠰᠠᠬᠢᠯᠭ᠎ᠠ ᠪᠠᠲᠤ ᠬᠠᠤᠯᠢ ᠴᠠᠭ᠋ᠠᠵᠠ ᠵᠢᠨ ᠶᠣᠰᠣᠭ᠋ᠠᠷ ᠲᠥᠪ ᠴᠢᠩᠭ᠎ᠠ᠂ ᠣᠨᠣᠪᠴᠢᠲᠠᠢ᠂ ᠪᠦᠲᠦᠮᠵᠢᠲᠡᠢ᠎ᠪᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃
      ᠭᠤᠴᠢᠨ ᠲᠠᠪᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠶ᠋ᠢᠴᠠᠭ᠋ᠠᠬᠤ ᠪᠣᠳᠠᠲᠠᠢ ᠠᠵᠢᠯ᠎ᠤᠨ ᠲᠤᠬᠢᠷᠠᠭᠤᠯᠤᠯᠳᠠ᠂ ᠱᠠᠯᠠᠪᠳᠠᠭᠤᠯᠬᠤ ᠵᠢᠨ ᠳᠠᠭ᠋ᠠᠤ ᠰᠠᠶ᠋ᠢᠵᠢᠷᠠᠭᠤᠯᠤᠭᠰᠠᠨ ᠪᠠᠶ᠋ᠢᠳᠠᠯ᠂ ᠬᠣᠯᠪᠣᠭᠳᠠᠯ ᠪᠦᠬᠦᠢ ᠳᠣᠪᠣᠢ᠌ᠮ᠎ᠠ ᠠᠰᠠᠭᠤᠳᠠᠯ ᠪᠠ ᠬᠡᠷᠡᠭ᠎ᠤᠨ   ᠵᠢᠱ᠌ᠢᠶ᠎ᠡ᠂ ᠱᠠᠯᠠᠪᠳᠠᠭᠤᠯᠤᠨ ᠪᠠᠶ᠋ᠢᠴᠠᠭ᠋ᠠᠭᠰᠠᠨ ᠮᠡᠳᠡᠭᠦᠯᠦᠯᠲᠡ ᠵᠢᠨ ᠭᠣᠣᠯ ᠠᠭᠤᠯᠭ᠎ᠠ᠂ ᠱᠠᠯᠠᠪᠳᠠᠭᠤᠯᠤᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠲᠥᠰᠦᠯ᠂ ᠱᠠᠯᠠᠪᠳᠠᠭᠤᠯᠤᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ ᠵᠢᠴᠢ ᠱᠠᠯᠠᠪᠳᠠᠭᠤᠯᠤᠨ ᠪᠠᠶ᠋ᠢᠴᠠᠭ᠋ᠠᠵᠤ ᠬᠠᠷᠢᠭᠤᠴᠠᠯᠭ᠎ᠠ ᠨᠡᠬᠡᠮᠵᠢᠯᠡᠭᠰᠡᠨ ᠬᠣᠯᠪᠣᠭᠳᠠᠯ ᠪᠦᠬᠦᠢ ᠪᠠᠶ᠋ᠢᠳᠠᠯ ᠵᠡᠷᠭᠡ ᠵᠢ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ ᠢᠯᠡ ᠪᠣᠯᠭ᠋ᠠᠵᠤ᠂ ᠨᠡᠶ᠋ᠢᠭᠡᠮ᠎ᠤᠨ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ᠎ᠳᠤ ᠬᠠᠷᠢᠭᠤ ᠥᠭᠴᠦ᠂ ᠤᠯᠠᠨ ᠲᠦᠮᠡᠨ᠎ᠤ ᠬᠢᠨᠠᠯᠲᠠ ᠲᠠᠯᠪᠢᠬᠤ ᠵᠢ ᠬᠦᠯᠢᠶᠡᠬᠦ ᠬᠡᠷᠡᠭᠲᠡᠢ᠃
      ᠨᠠᠢ᠍ᠮᠠᠳᠤᠭ᠋ᠠᠷ ᠪᠦᠯᠦᠭ ᠱᠠᠯᠠᠪᠳᠠᠭᠤᠯᠤᠨ ᠪᠠᠶ᠋ᠢᠴᠠᠭ᠋ᠠᠬᠤ ᠰᠠᠬᠢᠯᠭ᠎ᠠ ᠪᠠᠲᠤ ᠪᠠ ᠬᠠᠷᠢᠭᠤᠴᠠᠯᠭ᠎ᠠ
      ᠭᠤᠴᠢᠨ ᠵᠢᠷᠭᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠶ᠋ᠢᠴᠠᠭ᠋ᠠᠬᠤ᠎ᠳᠤ ᠤᠯᠤᠰ ᠲᠦᠷᠦ ᠵᠢᠨ ᠰᠠᠬᠢᠯᠭ᠎ᠠ ᠪᠠᠲᠤ ᠪᠣᠯᠤᠨ ᠤᠯᠤᠰ ᠲᠦᠷᠦ ᠵᠢᠨ ᠶᠣᠰᠣ ᠲᠦᠷᠢᠮ᠎ᠢ ᠴᠢᠩᠳᠠᠯᠠᠵᠤ᠂ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠠᠷᠭ᠎ᠠ ᠵᠢ ᠴᠢᠩᠭ᠎ᠠ ᠬᠡᠷᠡᠭᠵᠢᠭᠦᠯᠵᠦ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠡᠯ᠎ᠡ ᠵᠦᠢ᠍ᠯ᠎ᠤᠨ ᠲᠣᠭᠲᠠᠭ᠋ᠠᠯ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠵᠥᠪ ᠣᠨᠣᠪᠴᠢᠲᠠᠢ ᠭᠦᠢ᠍ᠴᠡᠳᠬᠡᠬᠦ ᠬᠡᠷᠡᠭᠲᠡᠢ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠤᠨ ᠱᠠᠯᠠᠪᠳᠠᠭᠤᠯᠤᠨ ᠪᠠᠢ᠌ᠴᠠᠭ᠋ᠠᠬᠤ᠎ᠪᠠᠷ ᠣᠷᠣᠵᠤ ᠰᠠᠭᠤᠬᠤ ᠬᠤᠭᠤᠴᠠᠭ᠋ᠠᠨ᠎ᠳᠤ ᠬᠠᠮᠢᠶ᠎ᠠ ᠪᠥᠬᠥᠶ ᠲᠣᠭᠲᠠᠭ᠋ᠠᠯ ᠶᠣᠰᠣᠭ᠋ᠠᠷ ᠲᠦᠷ ᠴᠠᠭ᠎ᠤᠨ ᠨᠠᠮ᠎ᠤᠨ ᠡᠭᠦᠷ ᠪᠠᠶ᠋ᠢᠭᠤᠯᠵᠤ᠂ ᠨᠠᠮ᠎ᠢ ᠪᠥᠬᠥ ᠲᠠᠯ᠎ᠠ᠎ᠪᠠᠷ ᠴᠢᠩᠭ᠎ᠠ ᠵᠠᠰᠠᠬᠤ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠤᠨ᠂ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠤᠨ ᠪᠦᠷᠢᠯᠳᠦᠬᠦᠨ᠎ᠤ ᠬᠥᠮᠦᠵᠢᠯ᠂ ᠬᠠᠮᠢᠶᠠᠷᠤᠯᠲᠠ ᠪᠠ ᠬᠢᠨᠠᠯᠲᠠ ᠵᠢ ᠴᠢᠩᠭ᠋ᠠᠳᠬᠠᠬᠤ ᠬᠡᠷᠡᠭᠲᠡᠶ᠃
      ᠭᠤᠴᠢᠨ ᠳᠣᠯᠣᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠠᠵᠢᠯᠲᠠᠨ᠎ᠨᠢ ᠵᠢᠭ᠋ᠠᠪᠤᠷᠢ ᠠᠪᠴᠤ ᠮᠡᠳᠡᠭᠦᠯᠬᠦ ᠲᠥᠷᠢᠮ᠎ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠱᠠᠯᠠᠪᠳᠠᠭᠤᠯᠤᠨ ᠪᠠᠶ᠋ᠢᠴᠠᠭ᠋ᠠᠬᠤ ᠳᠤᠮᠳᠠ ᠢᠯᠡᠷᠡᠭᠦᠯᠦᠭᠰᠡᠨ ᠴᠢᠬᠤᠯᠠ ᠪᠠᠶ᠋ᠢᠳᠠᠯ ᠪᠠ ᠴᠢᠬᠤᠯᠠ ᠶᠡᠬᠡ ᠠᠰᠠᠭᠤᠳᠠᠯ᠎ᠢ ᠤᠳᠤᠷᠢᠳᠬᠤ ᠳᠤᠭᠤᠶ᠋ᠢᠯᠠᠩ ᠪᠤᠶᠤ ᠤᠳᠤᠷᠢᠳᠬᠤ ᠳᠤᠭᠤᠶ᠋ᠢᠯᠠᠩ᠎ᠤᠨ ᠠᠯᠪᠡᠠ ᠭᠡᠷ᠎ᠲᠤ ᠮᠡᠳᠡᠭᠦᠯᠦᠨ ᠵᠢᠭ᠋ᠠᠪᠤᠷᠢ ᠠᠪᠬᠤ ᠬᠡᠷᠡᠭᠲᠡᠢ᠂ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠤᠨ ᠪᠦᠷᠢᠯᠳᠦᠬᠦᠨ ᠳᠤᠷ᠎ᠠ᠎ᠪᠠᠷ ᠵᠶ᠋ᠠᠨ ᠣᠪᠣᠷ ᠵᠶ᠋ᠠᠨ ᠢᠯᠡᠳᠬᠡᠬᠦ ᠪᠠ ᠰᠢᠢ᠍ᠳᠪᠦᠷᠢᠯᠡᠵᠦ ᠪᠣᠯᠬᠤ ᠦᠭᠡᠢ᠃
      ᠭᠤᠴᠢᠨ ᠨᠠᠢ᠍ᠮᠠᠳᠤᠭ᠋ᠠᠷ ᠵᠦᠢᠯ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠠᠵᠢᠯᠲᠠᠨ ᠡᠯ᠎ᠡ ᠵᠦᠢᠯ᠎ᠤᠨ ᠨᠢᠭᠤᠴᠠ ᠵᠢ ᠬᠠᠮᠠᠭ᠋ᠠᠯᠠᠬᠤ ᠲᠣᠭᠲᠠᠭ᠋ᠠᠯ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠵᠥᠪᠰᠢᠶᠡᠷᠡᠯ ᠥᠬᠡᠶ᠎ᠪᠠᠷ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠬᠠᠮᠢᠶ᠎ᠠ ᠪᠥᠬᠥᠶ ᠪᠠᠶ᠋ᠢᠳᠠᠯ᠎ᠢ ᠭᠠᠳᠠᠭᠰᠢ ᠨᠡᠶ᠋ᠢᠲᠡᠯᠡᠬᠦ ᠪᠤᠶᠤ ᠵᠠᠳᠠᠷᠠᠭᠤᠯᠵᠤ ᠪᠣᠯᠬᠤ ᠥᠬᠡᠶ᠃
      ᠭᠤᠴᠢ ᠶᠢᠰᠦᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠯᠲᠠ᠎ᠨᠢ ᠱᠠᠯᠠᠪᠳᠠᠭᠤᠯᠤᠨ ᠪᠠᠶ᠋ᠢᠴᠠᠭ᠋ᠠᠭᠳᠠᠬᠤ ᠡᠲᠡᠭᠡᠳ᠎ᠤᠨ ᠬᠡᠪ᠎ᠤᠨ ᠠᠵᠢᠯ᠎ᠳᠤ ᠭᠠᠷ ᠳᠦᠷᠦᠵᠦ ᠪᠣᠯᠬᠤ ᠦᠭᠡᠢ᠂ ᠱᠠᠯᠠᠪᠳᠠᠭᠤᠯᠤᠨ ᠪᠠᠶ᠋ᠢᠴᠠᠭ᠋ᠠᠭᠳᠠᠬᠤ ᠡᠲᠡᠭᠡᠳ᠎ᠲᠤ ᠱᠠᠯᠠᠪᠳᠠᠭᠤᠯᠤᠨ ᠪᠠᠶ᠋ᠢᠴᠠᠭ᠋ᠠᠬᠤ ᠠᠵᠢᠯ᠎ᠲᠠᠢ ᠬᠠᠮᠢᠶ᠎ᠠ ᠦᠭᠡᠢ ᠱᠠᠭ᠋ᠠᠷᠳᠠᠯᠭ᠎ᠠ ᠳᠤᠷᠠᠳᠴᠤ ᠪᠣᠯᠬᠤ ᠦᠭᠡᠢ᠂ ᠱᠠᠯᠠᠪᠳᠠᠭᠤᠯᠤᠨ ᠪᠠᠶ᠋ᠢᠴᠠᠭ᠋ᠠᠭᠳᠠᠬᠤ ᠡᠲᠡᠭᠡᠳ᠎ᠤᠨ ᠪᠣᠳᠠᠲᠠᠢ ᠠᠰᠠᠭᠤᠳᠠᠯ᠎ᠢ ᠰᠢᠢ᠍ᠳᠪᠦᠷᠢᠯᠡᠬᠦ ᠦᠭᠡᠢ ᠪᠠᠶ᠋ᠢᠬᠤ ᠬᠡᠷᠡᠭᠲᠡᠢ᠃
      ᠳᠥᠴᠢᠳᠦᠭᠡᠷ ᠵᠦᠢ᠍ᠯ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠂ ᠬᠢᠨᠠᠨ ᠪᠤᠳᠤᠬᠤ ᠪᠠᠶ᠋ᠢᠭᠤᠯᠭ᠎ᠠ᠂ ᠤᠯᠤᠰ ᠲᠦᠷᠦ ᠬᠠᠤᠯᠢ ᠴᠠᠭ᠋ᠠᠵᠠ ᠵᠢᠨ ᠪᠠᠶ᠋ᠢᠭᠤᠯᠭ᠎ᠠ ᠪᠠ ᠵᠣᠬᠢᠶᠠᠨ ᠪᠠᠶ᠋ᠢᠭᠤᠯᠤᠯᠲᠠ᠂ ᠵᠠᠬᠢᠳᠠᠯ ᠰᠤᠷᠪᠤᠯᠵᠢᠯᠠᠭ᠎ᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠬᠡᠴᠡ ᠠᠮᠢ ᠠᠬᠤᠢ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠯᠲᠠ ᠵᠢ ᠳᠡᠮᠵᠢᠨ ᠬᠠᠪᠰᠤᠷᠬᠤ ᠬᠡᠷᠡᠭᠲᠡᠢ᠃ ᠲᠣᠭᠲᠠᠭ᠋ᠠᠯ᠎ᠢ ᠵᠥᠷᠢᠴᠡᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠯᠲᠠ ᠵᠢ ᠲᠦᠯᠬᠢᠯᠴᠡᠵᠦ᠂ ᠤᠳᠠᠭ᠋ᠠᠰᠢᠷᠠᠭᠤᠯᠵᠤ᠂ ᠳᠡᠮᠵᠢᠬᠦ ᠵᠢ ᠲᠡᠪᠴᠢᠵᠦ᠂ ᠮᠠᠭᠤ ᠦᠷ᠎ᠡ ᠳ᠋ᠦᠩ ᠭᠠᠷᠭ᠋ᠠᠭᠰᠠᠨ ᠪᠠᠶ᠋ᠢᠪᠠᠯ᠂ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠠᠮᠢᠶ᠎ᠠ ᠪᠦᠬᠦᠢ ᠬᠥᠮᠦᠰ᠎ᠠᠴᠠ ᠬᠠᠷᠢᠭᠤᠴᠠᠯᠭ᠎ᠠ ᠨᠡᠬᠡᠮᠵᠢᠯᠡᠨ᠎ᠡ᠃
      ᠳᠥᠴᠢᠨ ᠨᠢᠭᠡᠳᠦᠭᠡᠷ ᠵᠦᠢ᠍ᠯ ᠱᠠᠯᠠᠪᠳᠠᠭᠤᠯᠤᠨ ᠪᠠᠶ᠋ᠢᠴᠠᠭ᠋ᠠᠭᠳᠠᠬᠤ ᠡᠲᠡᠭᠡᠳ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠤᠨ ᠠᠵᠢᠯ ᠵᠶ᠋ᠠᠨ ᠥᠷᠨᠢᠭᠦᠯᠬᠦ᠎ᠳᠤ ᠢᠳᠡᠪᠬᠢᠲᠡᠢ ᠬᠠᠮᠵᠢᠯᠴᠠᠵᠤ᠂ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠳᠤ ᠪᠠᠶ᠋ᠢᠳᠠᠯ ᠪᠣᠯᠤᠨ ᠠᠰᠠᠭᠤᠳᠠᠯ ᠵᠶ᠋ᠠᠨ ᠦᠨᠡᠨ ᠮᠥᠨ ᠵᠶ᠋ᠠᠷ᠎ᠨᠢ ᠲᠤᠰᠬᠠᠬᠤ ᠬᠡᠷᠡᠭᠲᠡᠢ᠃
      ᠳᠥᠴᠢᠨ ᠬᠣᠶᠠᠳᠤᠭ᠋ᠠᠷ ᠵᠦᠢᠯ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠶ᠋ᠢᠴᠠᠭ᠋ᠠᠬᠤ ᠪᠠ ᠱᠠᠯᠠᠪᠳᠠᠭᠤᠯᠤᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠠᠵᠢᠯ᠎ᠤᠨ ᠳᠤᠮᠳᠠᠬᠢ ᠠᠯᠪᠠ ᠬᠠᠰᠢᠵᠤ ᠠᠮᠠ ᠪᠥᠭᠯᠡᠬᠦ᠂ ᠬᠠᠷᠢᠭᠤᠴᠠᠯᠭ᠎ᠠ᠎ᠪᠠᠨ ᠠᠯᠳᠠᠵᠤ ᠲᠤᠰᠢᠶᠠᠯ ᠵᠶ᠋ᠠᠨ ᠭᠤᠲᠤᠭ᠋ᠠᠬᠤ᠂ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠬᠤ᠂ ᠬᠠᠷᠰᠢᠯᠠᠨ ᠬᠣᠷᠢᠭᠯᠠᠬᠤ ᠵᠡᠷᠭᠡ ᠰᠠᠬᠢᠯᠭ᠎ᠠ ᠪᠠᠲᠤ ᠲᠦᠷᠢᠮ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠳᠤ ᠬᠠᠮᠢᠶ᠎ᠠ ᠪᠥᠬᠥᠶ ᠲᠣᠭᠲᠠᠭ᠋ᠠᠯ ᠶᠣᠰᠣᠭ᠋ᠠᠷ ᠬᠠᠮᠢᠶ᠎ᠠ ᠪᠥᠬᠥᠶ ᠬᠥᠮᠦᠰ᠎ᠠᠴᠠ ᠬᠠᠷᠢᠭᠤᠴᠠᠯᠭ᠎ᠠ ᠨᠡᠬᠡᠮᠵᠢᠯᠡᠨ᠎ᠡ᠃
      ᠶᠢᠰᠦᠳᠦᠭᠡᠷ ᠪᠦᠯᠦᠭ ᠳᠠᠭ᠋ᠠᠯᠳᠤᠭᠰᠠᠨ ᠲᠦᠷᠢᠮ
      ᠳᠥᠴᠢᠨ ᠭᠤᠷᠪᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ   ᠪᠠᠢ᠌ᠴᠠᠭ᠋ᠠᠬᠤ᠎ᠳᠤ ᠬᠡᠷᠡᠭᠰᠡᠬᠦ ᠵᠠᠷᠤᠳᠠᠯ᠎ᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ ᠪᠠᠲᠤᠯᠠᠬᠤ ᠬᠡᠷᠡᠭᠲᠡᠶ᠃
      ᠳᠥᠴᠢᠨ ᠳᠥᠷᠪᠡᠳᠦᠭᠡᠷ ᠵᠦᠢ᠍ᠯ ᠠᠶ᠋ᠢᠮᠠᠭ ᠬᠤᠳᠠ ᠵᠢᠨ ᠱᠠᠲᠤᠨ᠎ᠠᠴᠠ ᠳᠣᠷᠣᠭᠰᠢᠬᠢ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠬᠠᠤᠯᠢ ᠲᠣᠭᠲᠠᠭ᠋ᠠᠯ ᠶᠣᠰᠣᠭ᠋ᠠᠷ ᠲᠤᠤᠷᠠᠳᠤ ᠱᠠᠲᠤᠨ᠎ᠤ ᠨᠠᠮ᠎ᠤᠨ   ᠬᠣᠷᠢᠶ᠎ᠠ ᠪᠣᠯᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠳᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠬᠤ ᠬᠡᠷᠡᠭᠲᠡᠢ᠃
      ᠳᠥᠴᠢᠨ ᠲᠠᠪᠤᠳᠤᠭ᠋ᠠᠷ ᠵᠦᠢᠯ ᠲᠣᠰ ᠠᠷᠭ᠎ᠠ ᠵᠢᠨ ᠲᠠᠶ᠋ᠢᠯᠪᠤᠷᠢᠯᠠᠯᠲᠠ ᠵᠢ ᠭᠦᠢᠴᠡᠳᠬᠡᠬᠦ ᠠᠵᠢᠯ᠎ᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠠᠴᠠ ᠬᠠᠷᠢᠭᠤᠴᠠᠨ᠎ᠠ᠃
      ᠳᠥᠴᠢᠨ ᠵᠢᠷᠭᠤᠳᠤᠭ᠋ᠠᠷ ᠵᠦᠢ᠍ᠯ ᠲᠤᠰ ᠠᠷᠭ᠎ᠠ ᠵᠢ ᠳᠠᠷᠤᠮᠠᠯᠯᠠᠨ ᠶᠠᠪᠤᠭᠤᠯᠤᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠣᠷᠴᠢᠨ ᠲᠤᠭᠤᠷᠢᠨ᠎ᠢ ᠬᠠᠮᠠᠭ᠋ᠠᠯᠠᠬᠤ ᠮᠡᠳᠡᠯᠭᠡ
2020 ᠣᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠭᠰᠠᠨ ᠰᠢᠪᠳᠤᠯᠤᠯᠳᠠ ᠵᠢᠨ ᠳᠠᠶ᠋ᠢᠯᠠᠯᠳᠤᠭ᠋ᠠᠨ᠎ᠤ ᠦᠷ᠎ᠡ ᠪᠦᠲᠦᠮᠵᠢ ᠵᠢ ᠬᠢᠨᠠᠨ ᠰᠢᠯᠭ᠋ᠠᠬᠤ ᠠᠵᠢᠯ᠎ᠢ ᠪᠦᠬᠦ ᠲᠠᠯ᠎ᠠ᠎ᠪᠠᠷ ᠦᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠬᠠᠳᠠ ᠵᠢᠨ ᠠᠮᠢ ᠠᠬᠤᠶ ᠣᠷᠴᠢᠨ ᠲᠣᠭᠣᠷᠢᠨ᠎ᠤ ᠬᠢᠨᠠᠨ ᠬᠡᠮᠵᠢᠯᠳᠡ ᠵᠢᠨ ᠦᠷᠳᠡᠭᠡᠨ᠎ᠤ ᠡᠯᠡᠰᠦᠨ ᠰᠢᠭᠤᠷᠭ᠎ᠠ ᠵᠢᠨ ᠠᠦ᠋ᠲ᠋ᠣ᠋ ᠬᠢᠨᠠᠨ ᠬᠡᠮᠵᠢᠯᠳᠡ ᠵᠢᠨ ᠥᠷᠲᠡᠭᠡ ᠵᠢᠨ ᠠᠵᠢᠯᠯᠠᠭᠤᠯᠵᠤ ᠬᠠᠮᠠᠭ᠋ᠠᠯᠠᠬᠤ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠭᠡᠷ᠎ᠡ ᠵᠢᠨ ᠠᠯᠪᠠᠨ ᠵᠠᠷᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠬᠠᠳᠠ ᠵᠢᠨ ᠠᠮᠢ ᠠᠬᠤᠶ ᠣᠷᠴᠢᠨ ᠲᠣᠭᠣᠷᠢᠨ᠎ᠤ ᠬᠢᠨᠠᠨ ᠬᠡᠮᠵᠢᠯᠳᠡ ᠵᠢᠨ ᠦᠷᠳᠡᠭᠡᠨ᠎ᠤ ᠵᠠᠭᠪᠤᠷ ᠣᠷᠣᠭᠤᠯᠬᠤ ᠠᠦ᠋ᠲ᠋ᠣ᠋ ᠮᠠᠰᠢᠨ ᠬᠤᠳᠠᠯᠳᠤᠨ ᠠᠪᠬᠤ ᠲᠥᠷᠥᠯ ᠵᠦᠢ᠍ᠯ᠎ᠤᠨ ᠥᠷᠢᠰᠥᠯᠳᠦᠭᠡᠨ᠎ᠤ ᠬᠡᠯᠡᠯᠴᠡᠭᠡᠷ᠎ᠤᠨ ᠠᠯᠪᠠᠨ ᠵᠠᠷᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ᠎ᠳᠤ ᠨᠠᠶ᠋ᠢᠳᠠᠵᠤ ᠲᠢᠩᠬᠢᠮ᠎ᠤᠨ ᠰᠢᠰᠲ᠋ᠧᠮ᠎ᠤᠨ 2021 ᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠲᠥᠷᠥᠯ ᠵᠦᠢ᠍ᠯ᠎ᠢ ᠬᠢᠨᠠᠨ ᠬᠠᠷᠭᠤᠭᠤᠯᠬᠤ ᠦᠢ᠍ᠯᠡᠴᠢᠯᠡᠭᠡ ᠵᠢᠨ ᠦᠷᠢᠰᠦᠯᠳᠦᠭᠡᠨ᠎ᠤ ᠵᠦᠪᠳᠡᠯᠴᠡᠭᠡᠷ᠎ᠤᠨ ᠠᠯᠪᠠᠨ ᠵᠠᠷᠯᠠᠯ
 
             蒙ICP备05000248号