ᠥᠪᠥᠷ ᠵᠠᠰᠠᠭ ᠠᠯᠪᠠᠨ ᠲᠠᠷᠬᠠᠭ᠋ᠠᠭᠰᠠᠨ [2021] 5 ᠳ᠋ᠤᠭ᠋ᠠᠷ ᠲᠣᠭ᠋ᠠᠲᠤ 2021 ᠣᠨ᠎ᠤ 1 ᠳ᠋ᠦ᠍ᠭᠡᠷ ᠰᠠᠷ᠎ᠠ ᠵᠢᠨ 22᠎ᠤᠨ ᠡᠳᠦᠷ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠥᠷᠥᠯ ᠵᠦᠢ᠍ᠯ᠎ᠤᠨ ᠵᠠᠷᠤᠯᠭ᠎ᠠ ᠵᠢᠨ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠬᠠᠮᠢᠶᠠᠷᠤᠯᠲᠠ ᠵᠢᠨ ᠠᠷᠭ᠎ᠠ》 ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠶ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠥᠷᠥᠯ ᠵᠦᠢ᠍ᠯ᠎ᠤᠨ ᠵᠠᠷᠤᠯᠭ᠎ᠠ ᠵᠢᠨ
ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠬᠠᠮᠢᠶᠠᠷᠤᠯᠲᠠ ᠵᠢᠨ ᠠᠷᠭ᠎ᠠ
ᠨᠢᠭᠡᠳᠦᠭᠡᠷ ᠪᠦᠯᠦᠭ ᠶᠡᠷᠦᠩᠬᠡᠶ ᠳᠦᠷᠢᠮ
ᠨᠢᠭᠡᠳᠦᠭᠡᠷ ᠵᠦᠢ᠍ᠯ ᠲᠥᠰᠦᠪ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠡᠳ᠋᠎ᠤᠨ ᠵᠠᠰᠠᠭ᠎ᠤᠨ ᠲᠥᠷᠥᠯ ᠵᠦᠢ᠍ᠯ᠎ᠤᠨ ᠵᠠᠷᠤᠯᠭ᠎ᠠ ᠵᠢᠨ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠠᠵᠢᠯ᠎ᠢ ᠵᠢᠷᠤᠮᠵᠢᠭᠤᠯᠤᠨ᠂ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠠᠵᠢᠯ᠎ᠤᠨ ᠶᠠᠰᠤ ᠴᠢᠨᠠᠷ ᠪᠠ ᠬᠢᠷᠢ ᠲᠦᠪᠰᠢᠨ᠎ᠢ ᠳᠡᠭᠡᠭᠰᠢᠯᠡᠭᠦᠯᠬᠦ ᠵᠢᠨ ᠲᠤᠰᠠᠳᠠ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠥᠰᠦᠪ᠎ᠤᠨ ᠬᠠᠤᠯᠢ》 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠥᠰᠦᠪ᠎ᠤᠨ ᠬᠠᠤᠯᠢ ᠵᠢ ᠬᠡᠷᠡᠭᠵᠢᠭᠦᠯᠬᠦ ᠳᠦᠷᠢᠮ》 《ᠲᠥᠰᠦᠪ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠬᠦ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠠᠨᠠᠯ》 (ᠲᠥᠪ ᠲᠠᠷᠬᠠᠭ᠋ᠠᠭᠰᠠᠨ [2018] 34 ᠳ᠋ᠤᠭᠡᠷ ᠲᠣᠭ᠋ᠠᠲᠤ)᠂ 《〈ᠲᠥᠷᠥᠯ ᠵᠦᠢ᠍ᠯ᠎ᠤᠨ ᠵᠠᠷᠤᠯᠭ᠎ᠠ ᠵᠢᠨ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠬᠠᠮᠢᠶᠠᠷᠤᠯᠲᠠ ᠵᠢᠨ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠶ ᠡᠳ᠋᠎ᠤᠨ ᠵᠠᠰᠠᠭ᠎ᠤᠨ ᠶᠠᠮᠤᠨ᠎ᠤ ᠮᠡᠳᠡᠭᠳᠡᠯ》 (ᠡᠳ᠋ ᠲᠥᠰᠦᠪ [2020] 10 ᠳ᠋ᠤᠭ᠋ᠠᠷ ᠲᠣᠭ᠋ᠠᠲᠤ) ᠵᠡᠷᠭᠡ ᠬᠤᠯᠪᠣᠭᠳᠠᠯ ᠪᠦᠬᠦᠢ ᠬᠠᠤᠯᠢ ᠴᠠᠭ᠋ᠠᠵᠠ᠂ ᠲᠣᠭᠲᠠᠭ᠋ᠠᠯ ᠳᠦᠷᠢᠮ ᠪᠠ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠤᠰ ᠠᠷᠭ᠎ᠠ ᠵᠢ ᠲᠣᠭᠲᠠᠭ᠋ᠠᠪᠠ᠃
ᠬᠤᠶᠠᠳᠤᠭ᠋ᠠᠷ ᠵᠦᠢ᠍ᠯ ᠲᠣᠰ ᠠᠷᠭ᠎ᠠ ᠵᠢ ᠡᠩ᠎ᠤᠨ ᠣᠯᠠᠨ ᠨᠡᠶ᠋ᠢᠲᠡ ᠵᠢᠨ ᠲᠥᠰᠦᠪ᠂ ᠵᠠᠰᠠᠭ᠎ᠤᠨ ᠣᠷᠳᠣᠨ᠎ᠤ ᠴᠢᠨᠠᠷᠲᠠᠶ ᠰᠠᠭᠤᠷᠢ ᠮᠥᠩᠭᠦᠨ᠎ᠤ ᠲᠥᠰᠦᠪ᠂ ᠤᠯᠤᠰ᠎ᠤᠨ ᠥᠮᠴᠢᠯᠡᠯᠲᠦ ᠬᠥᠷᠥᠩᠭᠡ ᠵᠢᠨ ᠡᠵᠡᠩᠨᠡᠯᠲᠡ ᠵᠢᠨ ᠲᠥᠰᠦᠪ ᠵᠶ᠋ᠠᠷ ᠳᠣᠭᠢᠷᠠᠭᠤᠯᠤᠭᠰᠠᠨ ᠲᠥᠷᠥᠯ ᠵᠦᠢ᠍ᠯ᠎ᠤᠨ ᠵᠠᠷᠤᠯᠭ᠎ᠠ᠎ᠳᠤ ᠲᠣᠬᠢᠷᠠᠭᠤᠯᠤᠨ ᠬᠡᠷᠡᠭᠯᠡᠵᠦ᠂ ᠲᠥᠰᠦᠪ᠎ᠤᠨ ᠪᠠᠯᠠ ᠮᠥᠩᠭᠦ ᠵᠢᠴᠢ ᠬᠠᠮᠢᠶ᠎ᠠ ᠪᠥᠬᠦᠶ ᠠᠵᠢᠯᠯᠠᠭ᠎ᠠ᠎ᠲᠠᠢ ᠬᠤᠯᠪᠣᠭᠳᠠᠬᠤ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ ᠵᠢᠨ ᠰᠠᠭᠤᠷᠢ ᠮᠥᠩᠭᠦ᠂ ᠡᠷᠬᠡ ᠮᠡᠳᠡᠯᠲᠦ ᠡᠳ᠋ ᠬᠥᠷᠥᠩᠭᠡ ᠵᠢᠨ ᠰᠠᠭᠤᠷᠢ ᠮᠥᠩᠭᠦ᠂ ᠵᠠᠰᠠᠭ᠎ᠤᠨ ᠣᠷᠳᠣᠨ ᠪᠠ ᠨᠡᠶ᠋ᠢᠭᠡᠮ᠎ᠤᠨ ᠬᠥᠷᠥᠩᠭᠡ ᠵᠢᠨ ᠬᠠᠮᠲᠤᠷᠠᠯᠴᠠᠭ᠎ᠠ (PPP)᠂ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠬᠤ᠂ ᠵᠠᠰᠠᠭ᠎ᠤᠨ ᠣᠷᠳᠣᠨ᠎ᠤ ᠥᠷᠢ ᠥᠭᠴᠡᠭᠡ ᠵᠢᠨ ᠲᠥᠷᠥᠯ ᠵᠦᠢ᠍ᠯ ᠵᠡᠷᠭᠡ ᠵᠢᠨ ᠠᠮᠵᠢᠯᠲᠠ ᠪᠦᠲᠦᠮᠵᠢ ᠵᠢᠨ ᠦᠨᠡᠯᠡᠯᠲᠡ᠎ᠳᠤ ᠲᠣᠰ ᠠᠷᠭ᠎ᠠ ᠵᠢ ᠯᠠᠪᠯᠠᠯᠲᠠ ᠪᠣᠯᠭ᠋ᠠᠨ ᠬᠡᠷᠡᠭᠵᠢᠭᠦᠯᠵᠦ ᠪᠣᠯᠤᠨ᠎ᠠ᠃
ᠭᠤᠷᠪᠠᠳᠤᠭ᠋ᠠᠷ ᠵᠦᠢ᠍ᠯ ᠲᠥᠷᠥᠯ ᠵᠦᠢ᠍ᠯ᠎ᠤᠨ ᠵᠠᠷᠤᠯᠭ᠎ᠠ ᠪᠣᠯ ᠰᠠᠯᠠᠭ᠎ᠠ ᠮᠥᠴᠢᠷ᠎ᠤᠨ ᠵᠠᠷᠤᠯᠭ᠎ᠠ ᠵᠢᠨ ᠪᠦᠷᠢᠯᠳᠦᠬᠦᠨ ᠬᠡᠰᠡᠭ ᠪᠣᠯᠬᠤ ᠪᠥᠭᠡᠳ ᠡᠯ᠎ᠡ ᠰᠠᠯᠠᠭ᠎ᠠ ᠮᠥᠴᠢᠷ ᠪᠤᠶᠤ ᠨᠢᠭᠡᠴᠢ ᠵᠢᠨ ᠣᠨᠴᠠ ᠲᠣᠭᠲᠠᠭᠰᠠᠨ ᠵᠠᠰᠠᠭ ᠵᠠᠬᠢᠷᠭ᠋ᠠᠨ᠎ᠤ ᠠᠵᠢᠯ᠎ᠤᠨ ᠡᠭᠦᠷᠭᠡ ᠪᠤᠶᠤ ᠠᠵᠢᠯ ᠦᠢ᠍ᠯᠡᠰ᠎ᠤᠨ ᠬᠥᠭᠵᠢᠯᠲᠡ ᠵᠢᠨ ᠬᠠᠷᠠᠯᠲᠠ᠎ᠪᠠᠨ ᠪᠡᠶᠡᠯᠡᠭᠦᠯᠬᠦ ᠵᠢᠨ ᠲᠤᠰᠠᠳᠠ᠂ ᠦᠨᠳᠦᠰᠦᠨ ᠵᠠᠷᠤᠯᠭ᠎ᠠ᠎ᠠᠴᠠ ᠭᠠᠳᠠᠨ᠎ᠠ ᠨᠠᠶ᠋ᠢᠷᠠᠭᠤᠯᠵᠤ ᠵᠣᠬᠢᠶᠠᠭᠰᠠᠨ ᠣᠨ᠎ᠤ ᠲᠥᠷᠥᠯ ᠵᠦᠢ᠍ᠯ᠎ᠤᠨ ᠵᠠᠷᠤᠯᠭ᠎ᠠ ᠪᠣᠯᠤᠨ᠎ᠠ᠃ ᠡᠭᠦᠨ᠎ᠳᠤ ᠦᠨᠳᠦᠰᠦᠨ ᠪᠦᠳᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠂ ᠬᠤᠯᠪᠣᠭᠳᠠᠯ ᠪᠦᠬᠦᠢ ᠠᠵᠢᠯ ᠦᠢ᠍ᠯᠡᠰ᠎ᠤᠨ ᠬᠥᠭᠵᠢᠯᠲᠡ ᠵᠢᠨ ᠲᠤᠰᠬᠠᠢ ᠲᠥᠯᠥᠪᠯᠡᠭᠡ᠂ ᠢᠨᠵᠧᠨᠧᠷᠢᠩ᠂ ᠰᠠᠭᠤᠷᠢ ᠮᠥᠩᠭᠦᠨ᠎ᠤ ᠲᠦᠷᠦᠯ ᠵᠦᠢ᠍ᠯ᠂ ᠲᠤᠰᠬᠠᠢ ᠲᠤᠬᠠᠶ᠋ᠢᠯᠠᠭᠰᠠᠨ ᠠᠵᠢᠯ᠎ᠤᠨ ᠲᠦᠷᠦᠯ ᠵᠦᠢ᠍ᠯ᠂ ᠲᠤᠮᠤ ᠬᠡᠪᠴᠢᠶᠡᠨ᠎ᠤ ᠰᠡᠯᠪᠢᠨ ᠵᠠᠰᠠᠯᠲᠠ᠂ ᠶᠡᠭᠡ ᠬᠡᠮᠵᠢᠶ᠎ᠡ᠎ᠪᠠᠷ ᠬᠤᠳᠠᠯᠳᠤᠨ ᠠᠪᠬᠤ᠂ ᠲᠤᠮᠤ ᠬᠡᠪᠴᠢᠶᠡᠨ᠎ᠤ ᠬᠤᠷᠠᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠰᠬᠠᠢ ᠲᠦᠷᠦᠯ ᠵᠦᠢ᠍ᠯ᠂ ᠲᠠᠷᠢᠶᠠᠯᠠᠩ᠎ᠤᠨ ᠶᠡᠷᠦᠩᠬᠡᠶ᠋ᠢᠯᠡᠭᠰᠡᠨ ᠨᠡᠭᠡᠭᠡᠨ ᠬᠥᠭᠵᠢᠯᠲᠡ᠂ ᠲᠦᠷᠦ ᠵᠢᠨ ᠪᠤᠳᠤᠯᠭ᠎ᠠ ᠵᠢᠨ ᠴᠢᠨᠠᠷᠲᠠᠢ ᠨᠡᠮᠡᠭᠦᠷᠢ᠂ ᠭᠠᠳᠠᠭ᠋ᠠᠳᠤ᠎ᠳᠤ ᠲᠤᠰᠠᠯᠠᠮᠵᠢ ᠦᠵᠡᠭᠦᠯᠬᠦ᠂ ᠬᠥᠭᠵᠢᠭᠡᠳᠦᠢ ᠭᠠᠵᠠᠷ ᠣᠷᠣᠨ᠎ᠢ ᠲᠤᠰᠠᠯᠠᠬᠤ ᠵᠡᠷᠭᠡ ᠲᠥᠷᠥᠯ ᠵᠦᠢ᠍ᠯ ᠪᠠᠭᠲᠠᠨ᠎ᠠ᠃
ᠳᠥᠷᠪᠡᠳᠦᠭᠡᠷ ᠵᠦᠢ᠍ᠯ ᠲᠥᠷᠥᠯ ᠵᠦᠢ᠍ᠯ᠎ᠤᠨ ᠵᠠᠷᠤᠯᠭ᠎ᠠ ᠵᠢᠨ ᠠᠮᠵᠢᠯᠲᠠ ᠪᠦᠲᠦᠮᠵᠢ ᠵᠢᠨ ᠦᠨᠡᠯᠡᠯᠲᠡ (ᠳᠣᠷᠣᠭᠰᠢ ᠠᠮᠵᠢᠯᠲᠠ ᠪᠦᠲᠦᠮᠵᠢ ᠵᠢᠨ ᠦᠨᠡᠯᠡᠯᠲᠡ ᠭᠡᠵᠦ ᠲᠣᠪᠴᠢᠯᠠᠨ᠎ᠠ) ᠭᠡᠳᠡᠭ᠎ᠨᠢ ᠡᠳ᠋᠎ᠤᠨ ᠵᠠᠰᠠᠭ᠎ᠤᠨ ᠰᠠᠯᠠᠭ᠎ᠠ ᠮᠥᠴᠢᠷ᠂ ᠲᠥᠰᠦᠪ ᠬᠢᠵᠦ ᠪᠦᠬᠦᠢ ᠰᠠᠯᠠᠭ᠎ᠠ ᠮᠥᠴᠢᠷ ᠪᠠ ᠨᠢᠭᠡᠴᠢ᠎ᠨᠦᠭᠦᠳ ᠲᠣᠭᠲᠠᠭ᠋ᠠᠭᠰᠠᠨ ᠠᠮᠵᠢᠯᠲᠠ ᠪᠦᠲᠦᠮᠵᠢ ᠵᠢᠨ ᠬᠠᠷᠠᠯᠲᠠ᠎ᠪᠠᠨ ᠦᠨᠳᠦᠰᠦᠯᠡᠨ᠂ ᠲᠥᠷᠥᠯ ᠵᠦᠢ᠍ᠯ᠎ᠤᠨ ᠵᠠᠷᠤᠯᠭ᠎ᠠ ᠵᠢᠨ ᠠᠵᠤ ᠠᠬᠤᠢ ᠵᠢᠨ ᠴᠢᠨᠠᠷ᠂ ᠦᠷ᠎ᠡ ᠪᠦᠲᠦᠮᠵᠢ ᠵᠢᠨ ᠴᠢᠨᠠᠷ᠂ ᠦᠷ᠎ᠡ ᠠᠰᠢᠭ᠎ᠤᠨ ᠴᠢᠨᠠᠷ ᠪᠠ ᠡᠷᠬᠡ ᠲᠡᠭᠰᠢ ᠵᠢᠨ ᠴᠢᠨᠠᠷ᠎ᠢ ᠪᠤᠰᠤᠳᠴᠢ ᠪᠥᠭᠡᠳ ᠭᠤᠣᠯᠴᠢ᠎ᠪᠠᠷ ᠬᠡᠮᠵᠢᠬᠦ᠂ ᠵᠠᠳᠠᠯᠬᠤ ᠪᠠ ᠦᠨᠡᠯᠡᠬᠦ ᠵᠢ ᠵᠢᠭ᠋ᠠᠵᠤ ᠪᠤᠶ᠃
ᠲᠠᠪᠤᠳᠤᠭ᠋ᠠᠷ ᠵᠦᠢ᠍ᠯ ᠲᠤᠰ ᠠᠷᠭ᠎ᠠ᠎ᠳᠤ ᠬᠡᠯᠡᠵᠦ ᠪᠠᠶ᠋ᠢᠭ᠎ᠠ ᠠᠮᠵᠢᠯᠲᠠ ᠪᠦᠲᠦᠮᠵᠢ ᠵᠢᠨ ᠦᠨᠡᠯᠡᠯᠲᠡ᠎ᠳᠤ ᠨᠢᠭᠡᠴᠢ ᠵᠢᠨ ᠥᠪᠡᠷᠰᠡᠳ᠎ᠤᠨ ᠦᠨᠡᠯᠡᠯᠲᠡ᠂ ᠰᠠᠯᠠᠭ᠎ᠠ ᠮᠥᠴᠢᠷ᠎ᠤᠨ ᠦᠨᠡᠯᠡᠯᠲᠡ ᠪᠠ ᠡᠳ᠋᠎ᠤᠨ ᠵᠠᠰᠠᠭ᠎ᠤᠨ ᠦᠨᠡᠯᠡᠯᠲᠡ ᠪᠠᠭᠲᠠᠨ᠎ᠠ᠃ ᠨᠢᠭᠡᠴᠢ ᠵᠢᠨ ᠥᠪᠡᠷᠰᠡᠳ᠎ᠤᠨ ᠦᠨᠡᠯᠡᠯᠲᠡ ᠭᠡᠳᠡᠭ ᠪᠣᠯ ᠲᠥᠷᠥᠯ ᠵᠦᠢ᠍ᠯ᠎ᠤᠨ ᠨᠢᠭᠡᠴᠢ᠎ᠨᠢ ᠬᠤᠯᠪᠣᠭᠳᠠᠯ ᠪᠦᠬᠦᠢ ᠲᠣᠭᠲᠠᠭ᠋ᠠᠯ ᠪᠠ ᠱᠠᠭ᠋ᠠᠷᠳᠠᠯᠭ᠎ᠠ ᠶᠣᠰᠣᠭ᠋ᠠᠷ ᠠᠮᠵᠢᠯᠲᠠ ᠪᠦᠲᠦᠮᠵᠢ ᠵᠢᠨ ᠬᠠᠷᠠᠯᠲᠠ ᠵᠢ ᠪᠡᠶᠡᠯᠡᠭᠦᠯᠦᠭᠰᠡᠨ ᠪᠠᠶ᠋ᠢᠳᠠᠯ᠎ᠳᠤ᠎ᠪᠠᠨ ᠥᠪᠡᠷᠰᠡᠳ ᠵᠶ᠋ᠠᠨ ᠦᠨᠡᠯᠡᠯᠲᠡ ᠬᠢᠬᠦ ᠵᠢ ᠵᠢᠭ᠋ᠠᠵᠤ ᠪᠤᠶ᠃ ᠰᠠᠯᠠᠭ᠎ᠠ ᠮᠥᠴᠢᠷ᠎ᠤᠨ ᠦᠨᠡᠯᠡᠯᠲᠡ ᠭᠡᠳᠡᠭ ᠪᠣᠯ ᠡᠯ᠎ᠡ ᠱᠠᠲᠤᠨ᠎ᠤ ᠲᠥᠰᠦᠪ ᠬᠢᠵᠦ ᠪᠦᠬᠦᠢ ᠰᠠᠯᠠᠭ᠎ᠠ ᠮᠥᠴᠢᠷ᠎ᠨᠢ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠦᠨᠳᠦᠰᠦᠯᠡᠨ᠂ ᠠᠮᠵᠢᠯᠲᠠ ᠪᠦᠲᠦᠮᠵᠢ᠎ᠳᠤ ᠦᠨᠡᠯᠡᠯᠲᠡ ᠬᠢᠬᠦ ᠰᠢᠨᠵᠢᠯᠡᠬᠦ ᠤᠬᠠᠭ᠋ᠠᠨᠴᠢ᠂ ᠵᠦᠢ ᠵᠣᠬᠢᠰᠲᠠᠶ ᠭᠦᠢ᠍ᠴᠡᠳᠬᠡᠯ ᠲᠤᠭ᠎ᠠ᠂ ᠦᠨᠡᠯᠡᠬᠦ ᠪᠠᠷᠢᠮᠵᠢᠶ᠎ᠠ ᠪᠠ ᠦᠨᠡᠯᠡᠬᠦ ᠠᠷᠭ᠎ᠠ ᠵᠢ ᠬᠡᠷᠡᠭᠯᠡᠨ ᠲᠤᠰ ᠰᠠᠯᠠᠭ᠎ᠠ ᠮᠥᠴᠢᠷ᠎ᠤᠨ ᠲᠥᠷᠥᠯ ᠵᠦᠢ᠍ᠯ᠎ᠳᠤ᠎ᠪᠠᠨ ᠵᠣᠬᠢᠶᠠᠨ ᠪᠠᠶ᠋ᠢᠭᠤᠯᠵᠤ ᠥᠷᠨᠢᠭᠦᠯᠦᠭᠰᠡᠨ ᠠᠮᠵᠢᠯᠲᠠ ᠪᠦᠲᠦᠮᠵᠢ ᠵᠢᠨ ᠦᠨᠡᠯᠡᠯᠲᠡ ᠵᠢ ᠵᠢᠭ᠋ᠠᠵᠤ ᠪᠤᠶ᠃ ᠡᠳ᠋᠎ᠤᠨ ᠵᠠᠰᠠᠭ᠎ᠤᠨ ᠦᠨᠡᠯᠡᠯᠲᠡ ᠭᠡᠳᠡᠭ ᠪᠣᠯ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠲᠥᠰᠦᠪ ᠬᠢᠵᠦ ᠪᠦᠬᠦᠢ ᠰᠠᠯᠠᠭ᠎ᠠ ᠮᠥᠴᠢᠷ᠎ᠤᠨ ᠲᠥᠷᠥᠯ ᠵᠦᠢ᠍ᠯ᠎ᠳᠤ ᠵᠣᠬᠢᠶᠠᠨ ᠪᠠᠶ᠋ᠢᠭᠤᠯᠵᠤ ᠥᠷᠨᠢᠭᠦᠯᠦᠭᠰᠡᠨ ᠠᠮᠵᠢᠯᠲᠠ ᠪᠦᠲᠦᠮᠵᠢ ᠵᠢᠨ ᠦᠨᠡᠯᠡᠯᠲᠡ ᠵᠢ ᠵᠢᠭ᠋ᠠᠵᠤ ᠪᠤᠶ᠃
ᠤᠯᠤᠰ᠎ᠤᠨ ᠥᠮᠴᠢᠯᠡᠯᠲᠦ ᠬᠥᠷᠥᠩᠭᠡ ᠵᠢᠨ ᠡᠵᠡᠩᠨᠡᠯᠲᠡ ᠵᠢᠨ ᠲᠥᠰᠦᠪ ᠬᠢᠵᠦ ᠪᠦᠬᠦᠢ ᠨᠢᠭᠡᠴᠢ ᠵᠢᠨ ᠪᠡᠯᠡ ᠭᠠᠷᠭ᠋ᠠᠭᠴᠢ ᠵᠢᠨ ᠡᠭᠦᠷᠭᠡ ᠬᠠᠷᠢᠭᠤᠴᠠᠯᠭ᠎ᠠ (ᠭᠤᠣᠯᠴᠢᠯᠠᠨ ᠬᠠᠮᠢᠶᠠᠷᠬᠤ) ᠵᠢ ᠭᠦᠢ᠍ᠴᠡᠳᠬᠡᠬᠦ ᠰᠠᠯᠠᠭ᠎ᠠ ᠮᠥᠴᠢᠷ᠎ᠨᠢ ᠬᠢᠨᠠᠨ ᠬᠠᠮᠢᠶᠠᠷᠴᠤ ᠪᠦᠬᠦᠢ ᠠᠵᠤ ᠠᠬᠤᠶ᠋ᠢᠯᠠᠯ᠎ᠤᠨ ᠲᠥᠷᠥᠯ ᠵᠦᠢ᠍ᠯ᠎ᠳᠤ ᠵᠣᠬᠢᠶᠠᠨ ᠪᠠᠶ᠋ᠢᠭᠤᠯᠵᠤ ᠥᠷᠨᠢᠭᠦᠯᠦᠭᠰᠡᠨ ᠠᠮᠵᠢᠯᠲᠠ ᠪᠦᠲᠦᠮᠵᠢ ᠵᠢᠨ ᠦᠨᠡᠯᠡᠯᠲᠡ ᠵᠢ ᠰᠠᠯᠠᠭ᠎ᠠ ᠮᠥᠴᠢᠷ᠎ᠤᠨ ᠦᠨᠡᠯᠡᠯᠲᠡ ᠵᠢᠨ ᠬᠡᠪᠴᠢᠶᠡᠨ᠎ᠳᠤ ᠣᠷᠣᠭᠤᠯᠬᠤ ᠬᠡᠷᠡᠭᠲᠡᠶ᠃
ᠵᠢᠷᠭᠤᠳᠤᠭ᠋ᠠᠷ ᠵᠦᠢ᠍ᠯ ᠠᠵᠢᠯ᠎ᠤᠨ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠬᠤᠭᠤᠴᠠᠭ᠎ᠠ ᠬᠢᠵᠠᠭ᠋ᠠᠷᠲᠤ ᠣᠨ᠂ ᠤᠷᠲᠤᠪᠲᠤᠷ ᠬᠤᠭᠤᠴᠠᠭ᠎ᠠ ᠵᠢᠴᠢ ᠲᠥᠷᠥᠯ ᠵᠦᠢ᠍ᠯ᠎ᠤᠨ ᠬᠤᠭᠤᠴᠠᠭ᠎ᠠ ᠳᠠᠭᠤᠰᠤᠭᠰᠠᠨ᠎ᠤ ᠳᠠᠷᠠᠭ᠋ᠠᠬᠢ ᠴᠠᠭ ᠬᠤᠭᠤᠴᠠᠭ᠎ᠠ ᠵᠢ ᠪᠠᠭᠲᠠᠭ᠋ᠠᠨ᠎ᠠ; 5 ᠵᠢᠯ (ᠪᠠᠭᠲᠠᠨ᠎ᠠ)᠎ᠠᠴᠠ ᠤᠷᠲᠤ ᠬᠡᠷᠡᠭᠵᠢᠭᠦᠯᠬᠦ ᠬᠤᠭᠤᠴᠠᠭ᠎ᠠ᠎ᠲᠠᠢ ᠲᠥᠷᠥᠯ ᠵᠦᠢ᠍ᠯ᠎ᠳᠤ ᠤᠷᠲᠤᠪᠲᠤᠷ ᠬᠤᠭᠤᠴᠠᠭ᠋ᠠᠨ᠎ᠤ ᠪᠠ ᠬᠡᠷᠡᠭᠵᠢᠭᠦᠯᠦᠭᠰᠡᠨ ᠬᠤᠭᠤᠴᠠᠭ᠋ᠠᠨ᠎ᠤ ᠳᠠᠷᠠᠭ᠋ᠠᠬᠢ ᠠᠮᠵᠢᠯᠲᠠ ᠪᠦᠲᠦᠮᠵᠢ ᠵᠢᠨ ᠦᠨᠡᠯᠡᠯᠲᠡ ᠵᠢ ᠴᠠᠭᠲᠤᠨᠢ ᠲᠣᠬᠢᠷᠠᠭᠤᠯᠤᠨ ᠥᠷᠨᠢᠭᠦᠯᠬᠦ ᠬᠡᠷᠡᠭᠲᠡᠶ᠃
ᠬᠤᠶᠠᠳᠤᠭ᠋ᠠᠷ ᠪᠦᠯᠦᠭ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠵᠠᠷᠴᠢᠮ᠂ ᠦᠨᠳᠦᠰᠦᠯᠡᠯ ᠪᠠ ᠪᠠᠷᠢᠮᠵᠢᠶ᠎ᠠ
ᠳᠣᠯᠣᠳᠤᠭ᠋ᠠᠷ ᠵᠦᠢ᠍ᠯ ᠠᠮᠵᠢᠯᠲᠠ ᠪᠦᠲᠦᠮᠵᠢ ᠵᠢᠨ ᠦᠨᠡᠯᠡᠯᠲᠡ᠎ᠳᠤ ᠳᠣᠤᠷᠠᠬᠢ ᠦᠨᠳᠦᠰᠦᠨ ᠵᠠᠷᠴᠢᠮ᠎ᠢ ᠵᠢᠷᠤᠮᠯᠠᠬᠤ ᠬᠡᠷᠡᠭᠲᠡᠶ᠄
(ᠨᠢᠭᠡ) ᠰᠢᠨᠵᠢᠯᠡᠬᠦ ᠤᠬᠠᠭ᠋ᠠᠨᠴᠢ ᠪᠥᠭᠡᠳ ᠲᠥᠪ ᠭᠤᠣᠯᠴᠢ ᠪᠠᠶ᠋ᠢᠬᠤ᠃ ᠠᠮᠵᠢᠯᠲᠠ ᠪᠦᠲᠦᠮᠵᠢ ᠵᠢᠨ ᠦᠨᠡᠯᠡᠯᠲᠡ᠎ᠳᠤ ᠰᠢᠨᠵᠢᠯᠡᠬᠦ ᠤᠬᠠᠭ᠋ᠠᠨᠴᠢ ᠵᠦᠢ ᠵᠣᠬᠢᠰᠲᠠᠶ ᠠᠷᠭ᠎ᠠ ᠵᠢ ᠬᠡᠷᠡᠭᠯᠡᠨ᠂ ᠵᠢᠷᠤᠮᠵᠢᠭᠰᠠᠨ ᠳᠡᠰ ᠳᠠᠷᠠᠭ᠋ᠠᠯᠠᠯ ᠶᠣᠰᠣᠭ᠋ᠠᠷ ᠲᠥᠷᠥᠯ ᠵᠦᠢ᠍ᠯ᠎ᠤᠨ ᠠᠮᠵᠢᠯᠲᠠ ᠪᠦᠲᠦᠮᠵᠢ ᠵᠢ ᠪᠤᠰᠤᠳᠴᠢ ᠪᠥᠭᠡᠳ ᠭᠤᠣᠯᠴᠢ᠎ᠪᠠᠷ ᠲᠤᠰᠬᠠᠬᠤ ᠬᠡᠷᠡᠭᠲᠡᠶ; (ᠬᠤᠶᠠᠷ) ᠨᠢᠭᠡᠳᠦᠯᠲᠡᠶ ᠲᠥᠯᠥᠪᠯᠡᠨ ᠨᠡᠶ᠋ᠢᠲᠡᠳᠤᠨᠢ ᠬᠠᠷᠠᠭ᠋ᠠᠯᠵᠠᠬᠤ᠃ ᠨᠢᠭᠡᠴᠢ ᠵᠢᠨ ᠥᠪᠡᠷᠰᠡᠳ᠎ᠤᠨ ᠦᠨᠡᠯᠡᠯᠲᠡ᠂ ᠰᠠᠯᠠᠭ᠎ᠠ ᠮᠥᠴᠢᠷ ᠪᠠ ᠡᠳ᠋᠎ᠤᠨ ᠵᠠᠰᠠᠭ᠎ᠤᠨ ᠦᠨᠡᠯᠡᠯᠲᠡ᠎ᠳᠤ ᠡᠭᠦᠷᠭᠡ ᠬᠠᠷᠢᠭᠤᠴᠠᠯᠭ᠎ᠠ ᠵᠢ᠎ᠨᠢ ᠲᠣᠳᠣᠷᠬᠠᠢ ᠲᠣᠭᠲᠠᠭ᠋ᠠᠨ᠂ ᠲᠤᠰ ᠲᠤᠰᠲᠤᠨᠢ ᠭᠤᠣᠯᠳᠠᠯᠭ᠎ᠠ᠎ᠲᠠᠢ ᠪᠠᠶ᠋ᠢᠯᠭ᠋ᠠᠵᠤ᠂ ᠬᠠᠷᠢᠯᠴᠠᠨ ᠵᠣᠯᠭ᠋ᠠᠯᠳᠤᠭᠤᠯᠬᠤ ᠬᠡᠷᠡᠭᠲᠡᠢ᠃ ᠨᠢᠭᠡᠴᠢ ᠵᠢᠨ ᠥᠪᠡᠷᠰᠡᠳ᠎ᠤᠨ ᠦᠨᠡᠯᠡᠯᠲᠡ ᠵᠢ ᠪᠣᠯ ᠲᠥᠷᠥᠯ ᠵᠦᠢ᠍ᠯ᠎ᠤᠨ ᠨᠢᠭᠡᠴᠢ᠎ᠨᠢ ᠥᠪᠡᠷᠰᠡᠳ ᠵᠶ᠋ᠠᠨ ᠪᠡᠶ᠎ᠡ᠎ᠪᠠᠨ ᠳᠠᠭ᠋ᠠᠭ᠋ᠠᠵᠤ ᠬᠡᠷᠡᠭᠵᠢᠭᠦᠯᠬᠦ ᠬᠡᠷᠡᠭᠲᠡᠶ᠂ ᠰᠠᠯᠠᠭ᠎ᠠ ᠮᠥᠴᠢᠷ᠎ᠤᠨ ᠦᠨᠡᠯᠡᠯᠲᠡ ᠪᠠ ᠡᠳ᠋᠎ᠤᠨ ᠵᠠᠰᠠᠭ᠎ᠤᠨ ᠦᠨᠡᠯᠡᠯᠲᠡ ᠵᠢ ᠪᠣᠯ ᠨᠢᠭᠡᠴᠢ ᠵᠢᠨ ᠥᠪᠡᠷᠰᠡᠳ᠎ᠤᠨ ᠦᠨᠡᠯᠡᠯᠲᠡ ᠵᠢᠨ ᠰᠠᠭᠤᠷᠢᠨ ᠳᠡᠭᠡᠷ᠎ᠡ ᠥᠷᠨᠢᠭᠦᠯᠬᠦ ᠬᠡᠷᠡᠭᠲᠡᠶ᠂ ᠴᠢᠬᠤᠯᠠᠲᠠᠶ ᠦᠶ᠎ᠡ᠎ᠳᠤ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ᠎ᠳᠤ ᠨᠠᠶ᠋ᠢᠳᠠᠨ ᠬᠡᠷᠡᠭᠵᠢᠭᠦᠯᠵᠦ ᠪᠣᠯᠤᠨ᠎ᠠ;
(ᠭᠤᠷᠪᠠ) ᠤᠷᠮᠠᠰᠢᠭᠤᠯᠬᠤ ᠪᠠ ᠬᠢᠵᠠᠭ᠋ᠠᠷᠯᠠᠬᠤ᠃ ᠠᠮᠵᠢᠯᠲᠠ ᠪᠦᠲᠦᠮᠵᠢ ᠵᠢ ᠦᠨᠡᠯᠡᠭᠰᠡᠨ ᠦᠷ᠎ᠡ ᠳ᠋ᠦᠩ ᠬᠢᠭᠡᠳ ᠲᠥᠰᠦᠪ᠎ᠤᠨ ᠲᠣᠬᠢᠷᠠᠭᠤᠯᠤᠯᠲᠠ᠂ ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ᠂ ᠬᠠᠯᠠᠨ ᠰᠠᠶ᠋ᠢᠵᠢᠷᠠᠭᠤᠯᠬᠤ ᠬᠠᠮᠢᠶᠠᠷᠤᠯᠲᠠ ᠵᠢᠨ ᠮᠥᠨ ᠴᠢᠨᠠᠷ᠎ᠯᠤᠭ᠎ᠠ ᠬᠤᠯᠪᠣᠭᠳᠠᠭᠤᠯᠵᠤ᠂ ᠰᠠᠶ᠋ᠢᠨ᠎ᠢ᠎ᠨᠢ ᠱᠠᠩᠨᠠᠵᠤ ᠠᠨᠠᠢ ᠵᠢ᠎ᠨᠢ ᠲᠣᠷᠭ᠋ᠠᠬᠤ ᠪᠠ ᠤᠷᠮᠠᠰᠢᠭᠤᠯᠬᠤ᠎ᠪᠠᠨ ᠵᠣᠬᠢᠴᠠᠯᠳᠤᠭᠤᠯᠤᠭᠰᠠᠨ ᠤᠳᠤᠷᠢᠳᠤᠮᠵᠢ ᠵᠢ ᠢᠯᠡᠷᠡᠭᠦᠯᠦᠨ᠂ ᠦᠷ᠎ᠡ ᠪᠦᠲᠦᠮᠵᠢ᠎ᠲᠠᠢ ᠪᠣᠯ ᠲᠣᠬᠢᠷᠠᠭᠤᠯᠵᠤ᠂ ᠦᠷ᠎ᠡ ᠪᠦᠲᠦᠮᠵᠢ᠎ᠨᠢ ᠳᠣᠣᠷ᠎ᠠ ᠪᠣᠯ ᠪᠠᠭ᠋ᠠᠰᠬᠠᠵᠤ᠂ ᠦᠷ᠎ᠡ ᠪᠦᠲᠦᠮᠵᠢ ᠦᠭᠡᠶ ᠪᠣᠯ ᠬᠠᠷᠢᠭᠤᠴᠠᠯᠭ᠎ᠠ ᠬᠡᠯᠡᠯᠴᠡᠬᠦ ᠬᠡᠷᠡᠭᠲᠡᠶ;
(ᠳᠥᠷᠪᠡ) ᠢᠯᠡ ᠲᠣᠳᠣ ᠪᠠᠶ᠋ᠢᠯᠭ᠋ᠠᠬᠤ᠃ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠦᠷ᠎ᠡ ᠳ᠋ᠦᠩ᠎ᠢ ᠬᠠᠤᠯᠢ ᠲᠣᠭᠲᠠᠭ᠋ᠠᠯ ᠶᠣᠰᠣᠭ᠋ᠠᠷ ᠢᠯᠡ ᠪᠣᠯᠭ᠋ᠠᠬᠤ ᠵᠢᠨ ᠬᠠᠮᠲᠤ᠂ ᠨᠡᠶ᠋ᠢᠭᠡᠮ᠎ᠤᠨ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠬᠦ ᠬᠡᠷᠡᠭᠲᠡᠢ᠃
ᠨᠠᠢ᠍ᠮᠠᠳᠤᠭ᠋ᠠᠷ ᠵᠦᠢ᠍ᠯ ᠠᠮᠵᠢᠯᠲᠠ ᠪᠦᠲᠦᠮᠵᠢ ᠵᠢᠨ ᠦᠨᠡᠯᠡᠯᠲᠡ ᠬᠢᠬᠦ ᠭᠤᠣᠯ ᠦᠨᠳᠦᠰᠦᠯᠡᠯ᠄
(ᠨᠢᠭᠡ) ᠤᠯᠤᠰ᠎ᠤᠨ ᠬᠠᠮᠢᠶ᠎ᠠ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠲᠣᠭᠲᠠᠭ᠋ᠠᠯ ᠳᠦᠷᠢᠮ; (ᠬᠤᠶᠠᠷ) ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠠᠷᠠᠯᠲᠠ; ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ᠎ᠤ ᠭᠤᠣᠯᠳᠠᠯᠭ᠎ᠠ᠎ᠲᠠᠢ ᠠᠵᠢᠯ᠎ᠤᠨ ᠲᠣᠬᠢᠷᠠᠭᠤᠯᠤᠯᠲᠠ᠂ ᠭᠤᠣᠯᠳᠠᠯᠭ᠎ᠠ᠎ᠲᠠᠢ ᠡᠭᠦᠷᠭᠡ ᠱᠠᠭ᠋ᠠᠷᠳᠠᠯᠭ᠎ᠠ ᠵᠢᠴᠢ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠠᠷᠠᠯᠲᠠ;
(ᠭᠤᠷᠪᠠ) ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠵᠢᠨ ᠬᠠᠮᠢᠶ᠎ᠠ ᠪᠦᠬᠦᠢ ᠲᠣᠭᠲᠠᠭ᠋ᠠᠯ;
(ᠳᠥᠷᠪᠡ) ᠬᠠᠮᠢᠶ᠎ᠠ ᠪᠦᠬᠦᠢ ᠠᠵᠢᠯ ᠲᠥᠷᠥᠯ᠎ᠤᠨ ᠲᠥᠷᠥ ᠵᠢᠨ ᠪᠣᠳᠣᠯᠭ᠎ᠠ᠂ ᠠᠵᠢᠯ ᠲᠥᠷᠥᠯ᠎ᠤᠨ ᠪᠠᠷᠢᠮᠵᠢᠶ᠎ᠠ᠂ ᠠᠵᠢᠯ ᠲᠥᠷᠥᠯ᠎ᠤᠨ ᠲᠥᠯᠥᠪᠵᠢᠭᠦᠯᠭᠡ ᠵᠢᠴᠢ ᠲᠤᠰᠬᠠᠶ ᠮᠡᠷᠭᠡᠵᠢᠯ᠎ᠤᠨ ᠵᠢᠷᠤᠮᠵᠢᠯ;
(ᠲᠠᠪᠤ) ᠲᠥᠰᠦᠪ᠎ᠤᠨ ᠬᠠᠮᠢᠶᠠᠷᠤᠯᠲᠠ ᠵᠢᠨ ᠳᠦᠷᠢᠮ ᠵᠢᠴᠢ ᠠᠷᠭ᠎ᠠ᠂ ᠲᠥᠷᠥᠯ ᠵᠦᠢ᠍ᠯ ᠵᠢᠴᠢ ᠪᠡᠯᠡ ᠮᠥᠩᠭᠦᠨ᠎ᠤ ᠬᠠᠮᠢᠶᠠᠷᠤᠯᠲᠠ ᠵᠢᠨ ᠠᠷᠭ᠎ᠠ᠂ ᠡᠳ᠋᠎ᠤᠨ ᠶᠠᠪᠤᠳᠠᠯ ᠪᠠ ᠨᠢᠭᠲᠠᠯᠠᠨ ᠪᠣᠳᠣᠬᠤ ᠵᠢᠨ ᠮᠠᠲ᠋ᠧᠷᠢᠶᠠᠯ;
(ᠵᠢᠷᠭᠤᠭ᠎ᠠ) ᠲᠥᠷᠥᠯ ᠵᠦᠢ᠍ᠯ ᠪᠠᠶ᠋ᠢᠭᠤᠯᠬᠤ ᠲᠥᠷᠥ ᠵᠢᠨ ᠪᠣᠳᠣᠯᠭ᠎ᠠ ᠵᠢᠨ ᠦᠨᠳᠦᠰᠦᠯᠡᠯ ᠪᠠ ᠬᠠᠷᠠᠯᠲᠠ᠂ ᠲᠥᠷᠥᠯ ᠵᠦᠢ᠍ᠯ᠎ᠢ ᠴᠣᠬᠤᠯᠠᠪᠤᠷᠢᠯᠠᠭᠰᠠᠨ ᠪᠢᠴᠢᠭ ᠮᠠᠲ᠋ᠧᠷᠢᠶᠠᠯ᠂ ᠲᠥᠰᠦᠪ᠎ᠢ ᠭᠦᠢ᠍ᠴᠡᠳᠬᠡᠭᠰᠡᠨ ᠪᠠᠶ᠋ᠢᠳᠠᠯ᠂ ᠣᠨ᠎ᠤ ᠲᠥᠰᠦᠪ᠎ᠤᠨ ᠭᠦᠢ᠍ᠴᠡᠳᠬᠡᠯ᠎ᠤᠨ ᠮᠡᠳᠡᠭᠦᠯᠦᠯᠲᠡ᠂ ᠲᠥᠷᠥᠯ ᠵᠦᠢ᠍ᠯ᠎ᠤᠨ ᠲᠥᠰᠦᠪ᠎ᠤᠨ ᠭᠦᠢ᠍ᠴᠡᠳᠬᠡᠯ ᠪᠤᠶᠤ ᠰᠢᠯᠭ᠋ᠠᠨ ᠬᠤᠷᠢᠶᠠᠭᠰᠠᠨ ᠮᠡᠳᠡᠭᠦᠯᠦᠯᠲᠡ ᠵᠡᠷᠭᠡ ᠬᠠᠮᠢᠶ᠎ᠠ ᠪᠥᠬᠦᠶ ᠮᠠᠲ᠋ᠧᠷᠢᠶᠠᠯ;
(ᠳᠤᠯᠤᠭ᠎ᠠ) ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠢᠨᠠᠨ ᠪᠠᠶ᠋ᠢᠴᠠᠭ᠋ᠠᠭᠰᠠᠨ ᠦᠷ᠎ᠡ ᠳ᠋ᠦᠩ᠎ᠤᠨ ᠮᠡᠳᠡᠭᠦᠯᠦᠯᠲᠡ᠂ ᠬᠢᠨᠠᠨ ᠪᠤᠳᠤᠭᠰᠠᠨ ᠮᠡᠳᠡᠭᠦᠯᠦᠯᠲᠡ ᠵᠢᠴᠢ ᠲᠣᠭᠲᠠᠭ᠋ᠠᠯ᠂ ᠡᠳ᠋᠎ᠤᠨ ᠵᠠᠰᠠᠭ᠎ᠤᠨ ᠬᠢᠨᠠᠵᠤ ᠲᠤᠯᠭ᠋ᠠᠨ ᠬᠠᠷᠭᠤᠭᠤᠯᠤᠭᠰᠠᠨ ᠮᠡᠳᠡᠭᠦᠯᠦᠯᠲᠡ ᠵᠡᠷᠭᠡ;
(ᠨᠠᠢ᠍ᠮᠠ) ᠪᠤᠰᠤᠳ ᠬᠠᠮᠢᠶ᠎ᠠ ᠪᠦᠬᠦᠢ ᠮᠠᠲ᠋ᠧᠷᠢᠶᠠᠯ᠃
ᠶᠢᠰᠦᠳᠦᠭᠡᠷ ᠵᠦᠢ᠍ᠯ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠪᠠᠷᠢᠮᠵᠢᠶ᠎ᠠ ᠵᠢ ᠭᠤᠤᠯᠳᠠᠭᠤ ᠠᠮᠵᠢᠯᠲᠠ ᠪᠦᠲᠦᠮᠵᠢ ᠵᠢᠨ ᠭᠦᠢ᠍ᠴᠡᠳᠬᠡᠯ ᠲᠤᠭ᠎ᠠ ᠵᠢ ᠪᠡᠶᠡᠯᠡᠭᠦᠯᠦᠭᠰᠡᠨ ᠪᠠᠶ᠋ᠢᠳᠠᠯ᠎ᠢ ᠬᠠᠷᠢᠴᠠᠭᠤᠯᠬᠤ᠎ᠳᠤ ᠬᠡᠷᠡᠭᠯᠡᠨ᠎ᠡ᠂ ᠡᠭᠦᠨ᠎ᠳᠤ ᠳᠣᠣᠷᠠᠬᠢ ᠵᠦᠢ᠍ᠯᠡᠰ ᠪᠠᠭᠲᠠᠨ᠎ᠠ᠄
(ᠨᠢᠭᠡ) ᠲᠥᠯᠥᠪᠯᠡᠭᠡ ᠵᠢᠨ ᠪᠠᠷᠢᠮᠵᠢᠶ᠎ᠠ᠃ ᠡᠨᠡ᠎ᠨᠢ ᠤᠷᠢᠳᠴᠢᠯᠠᠵᠤ ᠲᠣᠭᠲᠠᠭ᠋ᠠᠭᠰᠠᠨ ᠬᠠᠷᠠᠯᠲᠠ᠂ ᠲᠥᠯᠥᠪᠯᠡᠭᠡ᠂ ᠲᠥᠰᠦᠪ᠂ ᠲᠣᠭᠲᠠᠭᠰᠠᠨ ᠨᠣᠷᠮ᠎ᠠ ᠵᠡᠷᠭᠡ᠎ᠪᠠᠷ ᠦᠨᠡᠯᠡᠯᠲᠡ ᠵᠢᠨ ᠪᠠᠷᠢᠮᠵᠢᠶ᠎ᠠ ᠪᠣᠯᠭ᠋ᠠᠬᠤ ᠵᠢ ᠵᠢᠭ᠋ᠠᠵᠤ ᠪᠠᠶ᠋ᠢᠨ᠎ᠠ;
(ᠬᠤᠶᠠᠷ) ᠠᠵᠢᠯ ᠲᠥᠷᠥᠯ᠎ᠤᠨ ᠪᠠᠷᠢᠮᠵᠢᠶ᠎ᠠ᠃ ᠤᠯᠤᠰ᠎ᠠᠴᠠ ᠨᠡᠶ᠋ᠢᠲᠡᠯᠡᠭᠰᠡᠨ ᠠᠵᠢᠯ ᠲᠥᠷᠥᠯ᠎ᠤᠨ ᠭᠦᠢ᠍ᠴᠡᠳᠬᠡᠯ ᠲᠣᠭ᠋ᠠᠨ᠎ᠤ ᠲᠤᠭ᠎ᠠ ᠪᠠᠷᠢᠮᠲᠠ᠎ᠪᠠᠷ ᠯᠠᠪᠯᠠᠯᠲᠠ ᠪᠣᠯᠭ᠋ᠠᠵᠤ ᠲᠣᠭᠲᠠᠭ᠋ᠠᠭᠰᠠᠨ ᠦᠨᠡᠯᠡᠯᠲᠡ ᠵᠢᠨ ᠪᠠᠷᠢᠮᠵᠢᠶ᠎ᠠ ᠵᠢ ᠵᠢᠭ᠋ᠠᠵᠤ ᠪᠠᠶ᠋ᠢᠨ᠎ᠠ;
(ᠭᠤᠷᠪᠠ) ᠥᠩᠭᠡᠷᠡᠭᠰᠡᠨ᠎ᠤ ᠪᠠᠷᠢᠮᠵᠢᠶ᠎ᠠ᠃ ᠥᠩᠭᠡᠷᠡᠭᠰᠡᠨ᠎ᠤ ᠲᠤᠭ᠎ᠠ ᠪᠠᠷᠢᠮᠲᠠ᠎ᠪᠠᠷ ᠯᠠᠪᠯᠠᠯᠲᠠ ᠪᠣᠯᠭ᠋ᠠᠵᠤ ᠲᠣᠭᠲᠠᠭ᠋ᠠᠭᠰᠠᠨ ᠦᠨᠡᠯᠡᠯᠲᠡ ᠵᠢᠨ ᠪᠠᠷᠢᠮᠵᠢᠶ᠎ᠠ ᠵᠢ ᠵᠢᠭ᠋ᠠᠵᠤ ᠪᠣᠢ᠂ ᠠᠮᠵᠢᠯᠲᠠ ᠪᠦᠲᠦᠮᠵᠢ ᠵᠢᠨ ᠰᠠᠶ᠋ᠢᠵᠢᠷᠠᠯᠲᠠ ᠵᠢᠨ ᠵᠠᠷᠴᠢᠮ᠎ᠢ ᠢᠯᠡᠳᠬᠡᠬᠦ ᠵᠢᠨ ᠲᠣᠰᠠᠳᠠ᠂ ᠪᠡᠶᠡᠯᠡᠭᠦᠯᠵᠦ ᠪᠣᠯᠬᠤ ᠨᠥᠬᠦᠴᠡᠯ᠎ᠳᠤ ᠬᠠᠷᠢᠴᠠᠩᠭᠤᠶ ᠨᠡᠯᠢᠶᠡᠳ ᠥᠨᠳᠥᠷ ᠦᠨᠡᠯᠡᠯᠲᠡ ᠵᠢᠨ ᠪᠠᠷᠢᠮᠵᠢᠶ᠎ᠠ ᠲᠣᠭᠲᠠᠭ᠋ᠠᠪᠠᠰᠤ ᠵᠣᠬᠢᠨ᠎ᠠ;
(ᠳᠥᠷᠪᠡ) ᠡᠳ᠋᠎ᠤᠨ ᠵᠠᠰᠠᠭ᠎ᠤᠨ ᠰᠠᠯᠠᠭ᠎ᠠ ᠮᠥᠴᠢᠷ ᠪᠣᠯᠤᠨ ᠲᠥᠰᠦᠪ ᠬᠢᠵᠦ ᠪᠦᠬᠦᠢ ᠰᠠᠯᠠᠭ᠎ᠠ ᠮᠥᠴᠢᠷ᠎ᠤᠨ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠨᠤᠲᠠᠯᠠᠭᠰᠠᠨ ᠪᠤᠶᠤ ᠵᠥᠪᠰᠢᠶᠡᠷᠡᠭᠰᠡᠨ ᠪᠤᠰᠤᠳ ᠪᠠᠷᠢᠮᠵᠢᠶ᠎ᠠ᠃
ᠭᠤᠷᠪᠠᠳᠤᠭ᠋ᠠᠷ ᠪᠦᠯᠦᠭ ᠨᠢᠭᠡᠴᠢ ᠵᠢᠨ ᠥᠪᠡᠷᠰᠡᠳ᠎ᠤᠨ ᠦᠨᠡᠯᠡᠯᠲᠡ ᠵᠢ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ
ᠠᠷᠪᠠᠳᠤᠭ᠋ᠠᠷ ᠵᠦᠢ᠍ᠯ ᠨᠢᠭᠡᠴᠢ ᠵᠢᠨ ᠥᠪᠡᠷᠰᠡᠳ᠎ᠤᠨ ᠦᠨᠡᠯᠡᠯᠲᠡ ᠬᠢᠬᠦ ᠡᠲᠡᠭᠡᠳ᠎ᠲᠤ ᠵᠠᠰᠠᠭ᠎ᠤᠨ ᠣᠷᠳᠣᠨ᠎ᠤ ᠲᠥᠰᠦᠪ᠎ᠤᠨ ᠬᠠᠮᠢᠶᠠᠷᠤᠯᠲᠠ᠎ᠳᠤ ᠣᠷᠣᠭᠤᠯᠤᠭᠰᠠᠨ ᠪᠤᠶ ᠪᠦᠬᠦᠢ ᠲᠥᠷᠥᠯ ᠵᠦᠢ᠍ᠯ᠎ᠤᠨ ᠵᠠᠷᠤᠯᠭ᠎ᠠ ᠵᠢ ᠪᠠᠭᠲᠠᠭ᠋ᠠᠨ᠎ᠠ᠂ 《ᠬᠡᠨ ᠵᠠᠷᠤᠴᠠᠭᠤᠯᠪᠠᠯ ᠲᠡᠷᠡ ᠥᠪᠡᠷᠰᠡᠳ ᠵᠶ᠋ᠠᠨ ᠦᠨᠡᠯᠡᠬᠦ》 ᠵᠠᠷᠴᠢᠮ ᠶᠣᠰᠣᠭ᠋ᠠᠷ᠂ ᠥᠪᠡᠷᠰᠡᠳ᠎ᠤᠨ ᠦᠨᠡᠯᠡᠯᠲᠡ ᠵᠢᠨ ᠠᠵᠢᠯ᠎ᠢ ᠲᠥᠷᠥᠯ ᠵᠦᠢ᠍ᠯ᠎ᠤᠨ ᠨᠢᠭᠡᠴᠢ᠎ᠨᠢ ᠪᠣᠳᠠᠲᠠᠶ ᠬᠠᠷᠢᠭᠤᠴᠠᠨ ᠬᠡᠷᠡᠭᠵᠢᠭᠦᠯᠬᠦ ᠬᠡᠷᠡᠭᠲᠡᠢ᠃
ᠠᠷᠪᠠᠨ ᠨᠢᠭᠡᠳᠦᠭᠡᠷ ᠵᠦᠢ᠍ᠯ ᠨᠢᠭᠡᠴᠢ ᠵᠢᠨ ᠥᠪᠡᠷᠰᠡᠳ᠎ᠤᠨ ᠦᠨᠡᠯᠡᠯᠲᠡ ᠵᠢᠨ ᠠᠭᠤᠯᠭ᠎ᠠ᠎ᠳᠤ ᠭᠤᠣᠯᠳᠠᠭᠤ᠄ ᠲᠥᠷᠥᠯ ᠵᠦᠢ᠍ᠯ᠎ᠤᠨ ᠶᠡᠷᠦᠩᠬᠡᠶ ᠠᠮᠵᠢᠯᠲᠠ ᠪᠦᠲᠦᠮᠵᠢ ᠵᠢᠨ ᠬᠠᠷᠠᠯᠲᠠ᠂ ᠡᠯ᠎ᠡ ᠵᠦᠢ᠍ᠯ᠎ᠤᠨ ᠠᠮᠵᠢᠯᠲᠠ ᠪᠦᠲᠦᠮᠵᠢ ᠵᠢᠨ ᠭᠦᠢ᠍ᠴᠡᠳᠬᠡᠯ ᠲᠤᠭ᠎ᠠ ᠵᠢ ᠪᠡᠶᠡᠯᠡᠭᠦᠯᠦᠭᠰᠡᠨ ᠪᠠᠶ᠋ᠢᠳᠠᠯ ᠵᠢᠴᠢ ᠲᠥᠰᠦᠪ᠎ᠢ ᠭᠦᠢ᠍ᠴᠡᠳᠬᠡᠭᠰᠡᠨ ᠪᠠᠶ᠋ᠢᠳᠠᠯ ᠪᠠᠭᠲᠠᠨ᠎ᠠ᠃ ᠠᠮᠵᠢᠯᠲᠠ ᠪᠦᠲᠦᠮᠵᠢ ᠵᠢᠨ ᠬᠠᠷᠠᠯᠲᠠ᠎ᠪᠠᠨ ᠪᠡᠶᠡᠯᠡᠭᠦᠯᠦᠭᠰᠡᠨ ᠦᠭᠡᠶ ᠪᠤᠶᠤ ᠠᠮᠵᠢᠯᠲᠠ ᠪᠦᠲᠦᠮᠵᠢ ᠵᠢᠨ ᠬᠠᠷᠠᠯᠲᠠ᠎ᠠᠴᠠ᠎ᠪᠠᠨ ᠨᠡᠯᠢᠶᠡᠳ ᠶᠡᠭᠡ ᠵᠠᠶ᠋ᠢᠳᠠᠭᠰᠠᠨ ᠲᠥᠷᠥᠯ ᠵᠦᠢ᠍ᠯ᠎ᠳᠤ ᠰᠢᠯᠲᠠᠭ᠋ᠠᠨ᠎ᠢ᠎ᠨᠢ ᠵᠠᠳᠠᠯᠬᠤ ᠵᠢᠨ ᠬᠠᠮᠲᠤ ᠲᠡᠭᠦᠨ᠎ᠢ ᠲᠣᠳᠣᠷᠬᠠᠶ᠋ᠢᠯᠠᠵᠤ᠂ ᠬᠠᠯᠠᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ᠎ᠪᠠᠨ ᠰᠤᠳᠤᠯᠤᠨ ᠳᠤᠷᠠᠳᠬᠤ ᠬᠡᠷᠡᠭᠲᠡᠶ᠃
ᠠᠷᠪᠠᠨ ᠬᠤᠶᠠᠳᠤᠭ᠋ᠠᠷ ᠵᠦᠢ᠍ᠯ ᠨᠢᠭᠡᠴᠢ ᠵᠢᠨ ᠥᠪᠡᠷᠰᠡᠳ᠎ᠤᠨ ᠦᠨᠡᠯᠡᠯᠲᠡ ᠵᠢᠨ ᠭᠦᠢ᠍ᠴᠡᠳᠬᠡᠯ ᠲᠤᠭ᠎ᠠ ᠪᠣᠯ ᠲᠥᠰᠦᠪ᠎ᠢ ᠴᠣᠬᠤᠯᠠᠪᠤᠷᠢᠯᠠᠬᠤ᠎ᠳᠤ ᠲᠣᠭᠲᠠᠭ᠋ᠠᠭᠰᠠᠨ ᠠᠮᠵᠢᠯᠲᠠ ᠪᠦᠲᠦᠮᠵᠢ ᠵᠢᠨ ᠭᠦᠢ᠍ᠴᠡᠳᠬᠡᠯ ᠲᠤᠭ᠎ᠠ ᠪᠤᠶᠤ ᠳᠡᠭᠡᠳᠦ ᠱᠠᠲᠤᠨ᠎ᠤ ᠲᠤᠰᠬᠠᠶ ᠪᠡᠯᠡ ᠮᠥᠩᠭᠦ ᠵᠢ ᠭᠤᠶᠤᠴᠢᠯᠠᠬᠤ᠎ᠳᠤ ᠲᠣᠭᠲᠠᠭ᠋ᠠᠭᠰᠠᠨ ᠠᠮᠵᠢᠯᠲᠠ ᠪᠦᠲᠦᠮᠵᠢ ᠵᠢᠨ ᠭᠦᠢ᠍ᠴᠡᠳᠬᠡᠯ ᠲᠤᠭ᠎ᠠ ᠪᠣᠯᠤᠨ᠎ᠠ᠂ ᠡᠭᠦᠨ᠎ᠳᠤ ᠲᠥᠷᠥᠯ ᠵᠦᠢ᠍ᠯ᠎ᠤᠨ ᠦᠢ᠍ᠯᠡᠳᠪᠦᠷᠢᠯᠡᠵᠦ ᠭᠠᠷᠭ᠋ᠠᠭᠰᠠᠨ ᠬᠡᠮᠵᠢᠶ᠎ᠡ᠂ ᠶᠠᠰᠤ ᠴᠢᠨᠠᠷ᠂ ᠬᠦᠴᠦᠨ᠎ᠲᠠᠢ ᠬᠤᠭᠤᠴᠠᠭ᠎ᠠ᠂ ᠥᠪᠡᠷ᠎ᠤᠨ ᠥᠷᠲᠡᠭ ᠵᠢᠴᠢ ᠠᠵᠤ ᠠᠬᠤᠶ ᠵᠢᠨ ᠦᠷ᠎ᠡ ᠠᠰᠢᠭ᠂ ᠨᠡᠶ᠋ᠢᠭᠡᠮ᠎ᠤᠨ ᠦᠷ᠎ᠡ ᠠᠰᠢᠭ᠂ ᠠᠮᠢ ᠠᠬᠤᠶ ᠵᠢᠨ ᠦᠷ᠎ᠡ ᠠᠰᠢᠭ᠂ ᠦᠷᠬᠦᠯᠵᠢᠯᠡᠬᠦ᠋ᠢ᠍ᠴᠡ ᠨᠥᠯᠥᠭᠡᠯᠡᠯ᠂ ᠦᠢ᠍ᠯᠡᠴᠢᠯᠡᠭᠡ ᠬᠦᠷᠲᠡᠭᠰᠡᠳ᠎ᠤᠨ ᠰᠡᠳᠬᠢᠯ ᠬᠠᠨᠤᠮᠵᠢᠲᠡᠢ ᠪᠠᠶ᠋ᠢᠬᠤ ᠪᠠᠶ᠋ᠢᠳᠠᠯ ᠵᠡᠷᠭᠡ ᠪᠠᠭᠲᠠᠨ᠎ᠠ᠃
ᠠᠷᠪᠠᠨ ᠭᠤᠷᠪᠠᠳᠤᠭ᠋ᠠᠷ ᠵᠦᠢ᠍ᠯ ᠨᠢᠭᠡᠴᠢ ᠵᠢᠨ ᠥᠪᠡᠷᠰᠡᠳ᠎ᠤᠨ ᠦᠨᠡᠯᠡᠯᠲᠡ ᠵᠢᠨ ᠭᠦᠢ᠍ᠴᠡᠳᠬᠡᠯ ᠲᠣᠭ᠋ᠠᠨ᠎ᠤ ᠡᠵᠡᠯᠡᠬᠦ ᠬᠤᠪᠢᠳᠠᠯ᠎ᠢ ᠡᠯ᠎ᠡ ᠨᠢᠭᠡᠴᠢ᠎ᠨᠢ ᠲᠥᠷᠥᠯ ᠵᠦᠢ᠍ᠯ᠎ᠤᠨ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠲᠣᠭᠲᠠᠭ᠋ᠠᠨ᠎ᠠ᠃ ᠵᠠᠷᠴᠢᠮ ᠳᠡᠭᠡᠷ᠎ᠡ᠎ᠪᠠᠨ ᠲᠥᠰᠦᠪ᠎ᠢ ᠭᠦᠢ᠍ᠴᠡᠳᠬᠡᠭᠰᠡᠨ ᠨᠣᠷᠮ᠎ᠠ ᠪᠠ ᠨᠢᠭᠡᠳᠦᠭᠡᠷ ᠳᠡᠰ᠎ᠤᠨ ᠭᠦᠢ᠍ᠴᠡᠳᠬᠡᠯ ᠲᠣᠭ᠋ᠠᠨ᠎ᠤ ᠡᠵᠡᠯᠡᠬᠦ ᠬᠤᠪᠢᠳᠠᠯ᠎ᠢ᠄ ᠲᠥᠰᠦᠪ᠎ᠢ ᠭᠦᠢ᠍ᠴᠡᠳᠬᠡᠭᠰᠡᠨ ᠨᠣᠷᠮ᠎ᠠ 10%᠂ ᠦᠢ᠍ᠯᠡᠳᠪᠦᠷᠢᠯᠡᠵᠦ ᠭᠠᠷᠭ᠋ᠠᠭᠰᠠᠨ ᠭᠦᠢ᠍ᠴᠡᠳᠬᠡᠯ ᠲᠤᠭ᠎ᠠ 50%᠂ ᠦᠷ᠎ᠡ ᠠᠰᠢᠭ᠎ᠤᠨ ᠭᠦᠢ᠍ᠴᠡᠳᠬᠡᠯ ᠲᠤᠭ᠎ᠠ 30%᠂ ᠦᠢ᠍ᠯᠡᠴᠢᠯᠡᠭᠡ ᠬᠦᠷᠲᠡᠭᠰᠡᠳ᠎ᠤᠨ ᠰᠡᠳᠬᠢᠯ ᠬᠠᠨᠤᠮᠵᠢᠲᠡᠢ ᠪᠠᠶ᠋ᠢᠬᠤ ᠪᠠᠶ᠋ᠢᠳᠠᠯ᠎ᠤᠨ ᠭᠦᠢ᠍ᠴᠡᠳᠬᠡᠯ ᠲᠤᠭ᠎ᠠ 10%᠎ᠪᠠᠷ ᠨᠢᠭᠡᠳᠦᠯᠲᠡᠢ ᠲᠣᠭᠲᠠᠭ᠋ᠠᠪᠠ᠃ ᠣᠨᠴᠠᠭ᠋ᠠᠶ ᠪᠠᠶ᠋ᠢᠳᠠᠯ᠎ᠲᠠᠢ ᠪᠣᠯ᠂ ᠨᠢᠭᠡᠳᠦᠭᠡᠷ ᠳᠡᠰ᠎ᠤᠨ ᠭᠦᠢ᠍ᠴᠡᠳᠬᠡᠯ ᠲᠣᠭ᠋ᠠᠨ᠎ᠤ ᠡᠵᠡᠯᠡᠬᠦ ᠬᠤᠪᠢᠳᠠᠯ᠎ᠢ᠎ᠨᠢ ᠵᠣᠬᠢᠰᠲᠠᠶ ᠲᠣᠬᠢᠷᠠᠭᠤᠯᠵᠤ ᠪᠣᠯᠤᠨ᠎ᠠ᠃ ᠬᠤᠶᠠᠷ᠂ ᠭᠤᠷᠪᠠᠳᠤᠭ᠋ᠠᠷ ᠳᠡᠰ᠎ᠤᠨ ᠭᠦᠢ᠍ᠴᠡᠳᠬᠡᠯ ᠲᠤᠭ᠎ᠠ ᠵᠢ ᠭᠦᠢ᠍ᠴᠡᠳᠬᠡᠯ ᠲᠣᠭ᠋ᠠᠨ᠎ᠤ ᠴᠢᠬᠤᠯᠠ ᠵᠢᠨ ᠬᠡᠮᠵᠢᠶ᠎ᠡ᠂ ᠲᠥᠷᠥᠯ ᠵᠦᠢ᠍ᠯ᠎ᠢ ᠬᠡᠷᠡᠭᠵᠢᠭᠦᠯᠬᠦ ᠱᠠᠲᠤ ᠦᠶ᠎ᠡ ᠵᠡᠷᠭᠡ ᠬᠦᠴᠦᠨ ᠵᠦᠢ᠍ᠯ᠎ᠢ ᠦᠨᠳᠦᠰᠦᠯᠡᠨ ᠶᠡᠷᠦᠩᠬᠡᠶ᠋ᠢᠯᠡᠨ ᠲᠣᠭᠲᠠᠭ᠋ᠠᠵᠤ᠂ ᠲᠥᠷᠥᠯ ᠵᠦᠢ᠍ᠯ᠎ᠤᠨ ᠦᠢ᠍ᠯᠡᠳᠪᠦᠷᠢᠯᠡᠵᠦ ᠭᠠᠷᠭ᠋ᠠᠭᠰᠠᠨ ᠬᠡᠮᠵᠢᠶ᠎ᠡ ᠪᠠ ᠦᠷ᠎ᠡ ᠠᠰᠢᠭ᠎ᠢ ᠣᠨᠣᠪᠴᠢᠲᠠᠶ ᠲᠤᠰᠬᠠᠬᠤ ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠤ ᠠᠰᠲᠠᠭ᠋ᠠᠨ ᠲᠣᠭᠲᠠᠭ᠋ᠠᠯ᠎ᠲᠠᠢ ᠪᠠᠶ᠋ᠢᠪᠠᠯ᠂ ᠲᠡᠷᠡ ᠬᠦ᠌ ᠲᠣᠭᠲᠠᠭ᠋ᠠᠯ ᠵᠶ᠋ᠠᠷ ᠬᠡᠷᠡᠭᠵᠢᠭᠦᠯᠬᠦ ᠬᠡᠷᠡᠭᠲᠡᠢ᠃
ᠠᠷᠪᠠᠨ ᠳᠥᠷᠪᠡᠳᠦᠭᠡᠷ ᠵᠦᠢ᠍ᠯ ᠨᠢᠭᠡᠴᠢ ᠵᠢᠨ ᠥᠪᠡᠷᠰᠡᠳ᠎ᠤᠨ ᠦᠨᠡᠯᠡᠯᠲᠡ᠎ᠳᠤ ᠲᠣᠭᠲᠠᠮᠠᠯ ᠬᠡᠮᠵᠢᠶ᠎ᠡ ᠬᠢᠭᠡᠳ ᠲᠣᠭᠲᠠᠮᠠᠯ ᠴᠢᠨᠠᠷ᠎ᠤᠨ ᠦᠨᠡᠯᠡᠯᠲᠡ ᠵᠢ ᠤᠶᠠᠯᠳᠤᠭᠤᠯᠤᠭᠰᠠᠨ ᠠᠳᠠᠯᠢᠳᠬᠠᠬᠤ ᠠᠷᠭ᠎ᠠ ᠵᠢ ᠬᠡᠷᠡᠭᠯᠡᠵᠦ᠂ ᠶᠡᠷᠦᠩᠬᠡᠶ ᠬᠤᠪᠢ ᠵᠢ ᠡᠯ᠎ᠡ ᠵᠦᠢ᠍ᠯ᠎ᠤᠨ ᠭᠦᠢ᠍ᠴᠡᠳᠬᠡᠯ ᠲᠤᠭᠠᠳᠤ ᠣᠯᠤᠭᠰᠠᠨ ᠬᠤᠪᠢ ᠵᠢ ᠬᠤᠷᠢᠶᠠᠩᠭᠤᠶ᠋ᠢᠯᠠᠭ᠋ᠠᠳ ᠲᠣᠭᠲᠠᠭ᠋ᠠᠬᠤ ᠬᠡᠷᠡᠭᠲᠡᠢ᠃
ᠠᠷᠪᠠᠨ ᠲᠠᠪᠤᠳᠤᠭ᠋ᠠᠷ ᠵᠦᠢ᠍ᠯ ᠲᠣᠭᠲᠠᠮᠠᠯ ᠬᠡᠮᠵᠢᠶᠡᠨ᠎ᠤ ᠭᠦᠢ᠍ᠴᠡᠳᠬᠡᠯ ᠲᠤᠭᠠᠳᠤ ᠣᠯᠭᠤᠬᠤ ᠬᠤᠪᠢ ᠵᠢ ᠳᠣᠣᠷᠠᠬᠢ ᠠᠷᠭ᠎ᠠ᠎ᠪᠠᠷ ᠦᠨᠡᠯᠡᠨ ᠲᠣᠭᠲᠠᠭ᠋ᠠᠨ᠎ᠠ᠄
(ᠨᠢᠭᠡ) ᠵᠢᠯ᠎ᠤᠨ ᠡᠬᠢᠨ᠎ᠤ ᠪᠤᠶᠤ ᠲᠥᠷᠥᠯ ᠵᠦᠢ᠍ᠯ᠎ᠳᠤ ᠲᠣᠭᠲᠠᠭ᠋ᠠᠭᠰᠠᠨ ᠭᠦᠢ᠍ᠴᠡᠳᠬᠡᠯ ᠲᠣᠭ᠋ᠠᠨ᠎ᠤ ᠬᠡᠮᠵᠢᠭᠳᠡᠯ᠎ᠲᠠᠢ ᠬᠠᠷᠢᠴᠠᠭᠤᠯᠵᠤ᠂ ᠭᠦᠢ᠍ᠴᠡᠳᠬᠡᠯ ᠲᠣᠭ᠋ᠠᠨ᠎ᠤ ᠬᠡᠮᠵᠢᠭᠳᠡᠯ᠎ᠢ ᠪᠡᠶᠡᠯᠡᠭᠦᠯᠦᠭᠰᠡᠨ ᠪᠠᠶ᠋ᠢᠪᠠᠯ᠂ ᠲᠣᠰ ᠭᠦᠢ᠍ᠴᠡᠳᠬᠡᠯ ᠲᠤᠭᠠᠳᠤ ᠣᠨᠣᠭᠳᠠᠭᠰᠠᠨ ᠪᠥᠬᠦ ᠬᠤᠪᠢ ᠵᠢᠨ ᠬᠡᠮᠵᠢᠭᠳᠡᠯ᠎ᠢ ᠲᠡᠮᠳᠡᠭᠯᠡᠬᠦ ᠬᠡᠷᠡᠭᠲᠡᠶ;
(ᠬᠤᠶᠠᠷ) ᠪᠡᠶᠡᠯᠡᠭᠦᠯᠦᠭᠰᠡᠨ ᠬᠡᠮᠵᠢᠭᠳᠡᠯ᠎ᠨᠢ ᠭᠦᠢ᠍ᠴᠡᠳᠬᠡᠯ ᠲᠣᠭ᠋ᠠᠨ᠎ᠤ ᠬᠡᠮᠵᠢᠭᠳᠡᠯ᠎ᠠᠴᠠ ᠨᠡᠯᠢᠶᠡᠳ ᠶᠡᠭᠡ ᠪᠠᠶ᠋ᠢᠪᠠᠯ᠂ ᠰᠢᠯᠲᠠᠭ᠋ᠠᠨ᠎ᠢ᠎ᠨᠢ ᠵᠠᠳᠠᠯᠬᠤ ᠬᠡᠷᠡᠭᠲᠡᠶ᠂ ᠬᠡᠷᠪᠡ ᠵᠢᠯ᠎ᠤᠨ ᠡᠬᠢᠨ᠎ᠤ ᠪᠤᠶᠤ ᠲᠥᠷᠥᠯ ᠵᠦᠢ᠍ᠯ᠎ᠤᠨ ᠭᠦᠢ᠍ᠴᠡᠳᠬᠡᠯ ᠲᠣᠭ᠋ᠠᠨ᠎ᠤ ᠬᠡᠮᠵᠢᠭᠳᠡᠯ᠎ᠢ ᠢᠯᠡᠷᠬᠡᠶ ᠪᠠᠭ᠎ᠠ ᠲᠣᠭᠲᠠᠭ᠋ᠠᠭᠰᠠᠨ᠎ᠠᠴᠠ ᠪᠣᠯᠤᠭᠰᠠᠨ ᠪᠠᠶ᠋ᠢᠪᠠᠯ᠂ ᠵᠠᠶ᠋ᠢᠳᠠᠭᠰᠠᠨ ᠬᠡᠮᠵᠢᠶ᠎ᠡ᠎ᠪᠠᠷ ᠬᠤᠪᠢ ᠵᠢᠨ ᠬᠡᠮᠵᠢᠭᠳᠡᠯ᠎ᠢ᠎ᠨᠢ ᠵᠣᠬᠢᠰᠲᠠᠶ ᠲᠣᠬᠢᠷᠠᠭᠤᠯᠤᠨ ᠬᠠᠰᠤᠬᠤ ᠬᠡᠷᠡᠭᠲᠡᠶ;
(ᠭᠤᠷᠪᠠ) ᠭᠦᠢ᠍ᠴᠡᠳᠬᠡᠯ ᠲᠣᠭ᠋ᠠᠨ᠎ᠤ ᠬᠡᠮᠵᠢᠭᠳᠡᠯ᠎ᠢ ᠪᠡᠶᠡᠯᠡᠭᠦᠯᠦᠭᠰᠡᠨ ᠦᠭᠡᠢ ᠪᠠᠶ᠋ᠢᠪᠠᠯ᠂ ᠪᠡᠶᠡᠯᠡᠭᠦᠯᠦᠭᠰᠡᠨ ᠬᠡᠮᠵᠢᠭᠳᠡᠯ ᠪᠠ ᠭᠦᠢ᠍ᠴᠡᠳᠬᠡᠯ ᠲᠣᠭ᠋ᠠᠨ᠎ᠤ ᠬᠡᠮᠵᠢᠭᠳᠡᠯ᠎ᠤᠨ ᠬᠠᠷᠢᠴᠠᠯ ᠵᠶ᠋ᠠᠷ ᠬᠤᠪᠢ ᠵᠢ᠎ᠨᠢ ᠲᠡᠮᠳᠡᠭᠯᠡᠬᠦ ᠬᠡᠷᠡᠭᠲᠡᠢ᠃
ᠠᠷᠪᠠᠨ ᠵᠢᠷᠭᠤᠳᠤᠭ᠋ᠠᠷ ᠵᠦᠢ᠍ᠯ ᠲᠣᠭᠲᠠᠮᠠᠯ ᠴᠢᠨᠠᠷ᠎ᠤᠨ ᠭᠦᠢ᠍ᠴᠡᠳᠬᠡᠯ ᠲᠤᠭᠠᠳᠤ ᠣᠯᠭᠤᠬᠤ ᠬᠤᠪᠢ ᠵᠢ ᠳᠣᠣᠷᠠᠬᠢ ᠠᠷᠭ᠎ᠠ᠎ᠪᠠᠷ ᠦᠨᠡᠯᠡᠨ ᠲᠣᠭᠲᠠᠭ᠋ᠠᠨ᠎ᠠ᠄ ᠭᠦᠢ᠍ᠴᠡᠳᠬᠡᠯ ᠲᠤᠭ᠎ᠠ ᠵᠢ ᠪᠡᠶᠡᠯᠡᠭᠦᠯᠦᠭᠰᠡᠨ ᠪᠠᠶ᠋ᠢᠳᠠᠯ᠎ᠢ᠎ᠨᠢ ᠦᠨᠳᠦᠰᠦᠯᠡᠨ ᠣᠨ᠎ᠤ ᠲᠣᠬᠢᠷᠠᠯᠴᠠᠬᠤ ᠭᠦᠢ᠍ᠴᠡᠳᠬᠡᠯ ᠲᠤᠭ᠎ᠠ᠂ ᠣᠨ᠎ᠤ ᠲᠣᠬᠢᠷᠠᠯᠴᠠᠬᠤ ᠬᠡᠰᠡᠭ ᠭᠦᠢ᠍ᠴᠡᠳᠬᠡᠯ ᠲᠤᠭ᠎ᠠ ᠪᠥᠭᠡᠳ ᠵᠣᠬᠢᠬᠤ ᠦᠷ᠎ᠡ ᠪᠦᠲᠦᠮᠵᠢ᠎ᠲᠠᠢ᠂ ᠣᠨ᠎ᠤ ᠥᠯᠥ ᠲᠣᠬᠢᠷᠠᠯᠴᠠᠬᠤ ᠭᠦᠢ᠍ᠴᠡᠳᠬᠡᠯ ᠲᠤᠭ᠎ᠠ ᠮᠥᠷᠲᠡᠭᠡᠨ ᠦᠷ᠎ᠡ ᠪᠦᠲᠦᠮᠵᠢ᠎ᠪᠠᠷ ᠨᠡᠯᠢᠶᠡᠳ ᠠᠨᠠᠶ ᠭᠤᠷᠪᠠᠨ ᠳᠡᠰ ᠬᠤᠪᠢᠶᠠᠨ᠎ᠠ᠂ ᠲᠤᠰ ᠭᠦᠢ᠍ᠴᠡᠳᠬᠡᠯ ᠲᠤᠭ᠎ᠠ᠎ᠲᠠᠢ ᠬᠠᠷᠠᠭ᠋ᠠᠯᠵᠠᠬᠤ ᠬᠤᠪᠢ ᠵᠢᠨ ᠬᠡᠮᠵᠢᠭᠳᠡᠯ᠎ᠤᠨ ᠣᠷᠣᠨ᠎ᠢ 100% — 80% (ᠪᠠᠭᠲᠠᠨ᠎ᠠ)᠂ 80% — 60% (ᠪᠠᠭᠲᠠᠨ᠎ᠠ)᠂ 60% — 0%᠎ᠪᠠᠷ ᠬᠤᠪᠢᠶᠠᠷᠢ ᠬᠡᠮᠵᠢᠭᠳᠡᠯ᠎ᠢ᠎ᠨᠢ ᠲᠤᠰ ᠲᠤᠰ ᠵᠣᠬᠢᠰᠲᠠᠶ ᠲᠣᠭᠲᠠᠭ᠋ᠠᠬᠤ ᠬᠡᠷᠡᠭᠲᠡᠢ᠃
ᠠᠷᠪᠠᠨ ᠳᠣᠯᠣᠳᠤᠭ᠋ᠠᠷ ᠵᠦᠢ᠍ᠯ ᠨᠢᠭᠡᠴᠢ ᠵᠢᠨ ᠥᠪᠡᠷᠰᠡᠳ᠎ᠤᠨ ᠦᠨᠡᠯᠡᠯᠲᠡ ᠵᠢ ᠪᠣᠯ ᠭᠤᠤᠯᠳᠠᠭᠤ ᠲᠥᠷᠥᠯ ᠵᠦᠢ᠍ᠯ᠎ᠤᠨ ᠵᠠᠷᠤᠯᠭ᠎ᠠ ᠵᠢᠨ ᠠᠮᠵᠢᠯᠲᠠ ᠪᠦᠲᠦᠮᠵᠢ ᠵᠢᠨ ᠥᠪᠡᠷᠰᠡᠳ᠎ᠤᠨ ᠦᠨᠡᠯᠡᠯᠲᠡ ᠵᠢᠨ ᠬᠦᠰᠦᠨᠦᠭᠲᠦ ᠪᠠ ᠥᠪᠡᠷᠰᠡᠳ᠎ᠤᠨ ᠦᠨᠡᠯᠡᠯᠲᠡ ᠵᠢᠨ ᠮᠡᠳᠡᠭᠦᠯᠦᠯᠲᠡ ᠵᠢᠨ ᠬᠡᠯᠪᠡᠷᠢ᠎ᠪᠠᠷ ᠳᠠᠮᠵᠢᠭᠤᠯᠤᠨ ᠲᠤᠰᠬᠠᠵᠤ᠂ ᠥᠪᠡᠷᠰᠡᠳ᠎ᠤᠨ ᠦᠨᠡᠯᠡᠯᠲᠡ ᠵᠢᠨ ᠦᠷ᠎ᠡ ᠳ᠋ᠦᠩ᠎ᠳᠤ ᠠᠭᠤᠯᠭ᠎ᠠ ᠵᠢ᠎ᠨᠢ ᠪᠦᠷᠢᠨ ᠪᠦᠲᠦᠨ᠂ ᠡᠵᠡᠯᠡᠬᠦ ᠬᠤᠪᠢᠳᠠᠯ᠎ᠢ᠎ᠨᠢ ᠵᠦᠶ ᠵᠣᠬᠢᠰᠲᠠᠶ᠂ ᠲᠤᠭ᠎ᠠ ᠪᠠᠷᠢᠮᠲᠠ ᠵᠢ᠎ᠨᠢ ᠦᠨᠡᠨ ᠪᠣᠳᠠᠲᠠᠶ᠂ ᠦᠷ᠎ᠡ ᠳ᠋ᠦᠩ᠎ᠢ᠎ᠨᠢ ᠪᠤᠰᠤᠳᠴᠢ ᠪᠠᠶ᠋ᠢᠯᠭ᠋ᠠᠬᠤ ᠬᠡᠷᠡᠭᠲᠡᠶ᠃ ᠲᠥᠷᠥᠯ ᠵᠦᠢ᠍ᠯ᠎ᠤᠨ ᠨᠢᠭᠡᠴᠢ᠎ᠨᠢ ᠥᠪᠡᠷᠰᠡᠳ᠎ᠤᠨ ᠦᠨᠡᠯᠡᠯᠲᠡ ᠵᠢᠨ ᠦᠷ᠎ᠡ ᠳ᠋ᠦᠩ᠎ᠤᠨ ᠦᠨᠡᠨ ᠪᠣᠳᠠᠲᠤ ᠴᠢᠨᠠᠷ ᠪᠠ ᠣᠨᠣᠪᠴᠢᠲᠤ ᠴᠢᠨᠠᠷ᠎ᠲᠤ ᠬᠠᠷᠢᠭᠤᠴᠠᠬᠤ ᠬᠡᠷᠡᠭᠲᠡᠶ᠃
ᠠᠷᠪᠠᠨ ᠨᠠᠢ᠍ᠮᠠᠳᠤᠭ᠋ᠠᠷ ᠵᠦᠢ᠍ᠯ ᠬᠤᠯᠪᠣᠭᠳᠠᠯ ᠪᠥᠬᠦᠶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ᠂ ᠨᠢᠭᠡᠴᠢ ᠵᠢᠨ ᠥᠪᠡᠷᠰᠡᠳ᠎ᠤᠨ ᠦᠨᠡᠯᠡᠯᠲᠡ ᠵᠢᠨ ᠦᠷ᠎ᠡ ᠳ᠋ᠦᠩ᠎ᠢ ᠰᠤᠭᠤᠴᠢᠨ ᠪᠠᠶ᠋ᠢᠴᠠᠭ᠋ᠠᠵᠤ ᠬᠠᠷᠭᠤᠭᠤᠯᠤᠨ ᠰᠢᠯᠭ᠋ᠠᠬᠤ ᠬᠡᠷᠡᠭᠲᠡᠢ᠃ ᠰᠤᠭᠤᠴᠢᠨ ᠪᠠᠶ᠋ᠢᠴᠠᠭ᠋ᠠᠵᠤ ᠬᠠᠷᠭᠤᠭᠤᠯᠤᠨ ᠰᠢᠯᠭ᠋ᠠᠬᠤ᠎ᠳᠤ ᠢᠯᠡᠷᠡᠭᠦᠯᠦᠭᠰᠡᠨ ᠠᠰᠠᠭᠤᠳᠠᠯ᠎ᠢ ᠲᠥᠷᠥᠯ ᠵᠦᠢ᠍ᠯ᠎ᠤᠨ ᠨᠢᠭᠡᠴᠢ᠎ᠨᠢ ᠴᠠᠭ ᠲᠤᠬᠠᠶ᠎ᠳᠤᠨᠢ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠬᠡᠷᠡᠭᠲᠡᠶ᠃
ᠳᠥᠷᠪᠡᠳᠦᠭᠡᠷ ᠪᠦᠯᠦᠭ ᠰᠠᠯᠠᠭ᠎ᠠ ᠮᠥᠴᠢᠷ ᠪᠠ ᠡᠳ᠋᠎ᠤᠨ ᠵᠠᠰᠠᠭ᠎ᠤᠨ ᠦᠨᠡᠯᠡᠯᠲᠡ ᠵᠢ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ
ᠠᠷᠪᠠ ᠶᠢᠰᠦᠳᠦᠭᠡᠷ ᠵᠦᠢ᠍ᠯ ᠰᠠᠯᠠᠭ᠎ᠠ ᠮᠥᠴᠢᠷ ᠪᠠ ᠡᠳ᠋᠎ᠤᠨ ᠵᠠᠰᠠᠭ᠎ᠤᠨ ᠦᠨᠡᠯᠡᠯᠲᠡ᠎ᠳᠤ ᠣᠨ᠎ᠤ ᠲᠥᠯᠥᠪᠯᠡᠭᠡ ᠵᠢᠨ ᠬᠠᠮᠢᠶᠠᠷᠤᠯᠲᠠ ᠵᠢ ᠬᠡᠷᠡᠭᠵᠢᠭᠦᠯᠵᠦ᠂ ᠵᠢᠯ᠎ᠤᠨ ᠡᠬᠢᠨ᠎ᠳᠤ ᠲᠥᠰᠦᠪ ᠬᠢᠵᠦ ᠪᠦᠬᠦᠢ ᠰᠠᠯᠠᠭ᠎ᠠ ᠮᠥᠴᠢᠷ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠲᠤᠰ ᠵᠢᠯ᠎ᠤᠨ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠠᠵᠢᠯ᠎ᠤᠨ ᠲᠥᠯᠥᠪᠯᠡᠭᠡ ᠵᠢ ᠨᠢᠭᠡᠳᠦᠯᠲᠡᠶ ᠲᠥᠯᠥᠪᠯᠡᠵᠦ ᠰᠤᠳᠤᠯᠤᠨ ᠲᠣᠭᠲᠠᠭ᠋ᠠᠵᠤ᠂ ᠲᠥᠰᠦᠪ ᠬᠢᠵᠦ ᠪᠦᠬᠦᠢ ᠰᠠᠯᠠᠭ᠎ᠠ ᠮᠥᠴᠢᠷ᠎ᠨᠢ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠠᠵᠢᠯ᠎ᠤᠨ ᠲᠥᠯᠥᠪᠯᠡᠭᠡ᠎ᠪᠠᠨ ᠠᠳᠠᠯᠢ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃
ᠬᠤᠷᠢᠳᠤᠭ᠋ᠠᠷ ᠵᠦᠢ᠍ᠯ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ᠂ ᠦᠨᠡᠯᠡᠯᠲᠡ ᠬᠢᠬᠦ ᠰᠠᠯᠠᠭ᠎ᠠ ᠮᠥᠴᠢᠷ᠎ᠨᠢ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠬᠤᠯᠠ ᠶᠡᠭᠡ ᠥᠭᠡᠷᠡᠴᠢᠯᠡᠯᠲᠡ ᠬᠥᠭᠵᠢᠯᠲᠡ ᠵᠢᠨ ᠲᠥᠷᠥᠯ ᠵᠦᠢ᠍ᠯ᠎ᠢ ᠦᠨᠡᠯᠡᠯᠲᠡ ᠬᠢᠯᠭᠡᠬᠦ ᠡᠲᠡᠭᠡᠳ ᠵᠶ᠋ᠠᠷ ᠡᠩ ᠲᠡᠷᠢᠭᠦᠨ᠎ᠳᠤ ᠰᠣᠩᠭᠤᠵᠤ᠂ ᠵᠠᠷᠴᠢᠮ ᠳᠡᠭᠡᠷ᠎ᠡ᠎ᠪᠠᠨ 5 ᠵᠢᠯ ᠵᠶ᠋ᠠᠷ ᠦᠶᠡᠯᠡᠬᠦ ᠬᠤᠭᠤᠴᠠᠭ᠎ᠠ ᠪᠣᠯᠭ᠋ᠠᠨ᠂ ᠰᠠᠯᠠᠭ᠎ᠠ ᠮᠥᠴᠢᠷ᠎ᠤᠨ ᠦᠨᠡᠯᠡᠯᠲᠡ ᠵᠢᠨ ᠭᠤᠣᠯᠳᠠᠯᠭ᠎ᠠ᠎ᠲᠠᠢ ᠲᠥᠷᠥᠯ ᠵᠦᠢ᠍ᠯ ᠪᠥᠬᠦᠨ᠎ᠢ ᠬᠠᠮᠤᠷᠴᠤ ᠪᠠᠭᠲᠠᠭ᠋ᠠᠭᠰᠠᠨ ᠪᠠᠶ᠋ᠢᠬᠤ ᠬᠡᠷᠡᠭᠲᠡᠢ᠂ ᠡᠩ᠎ᠤᠨ ᠴᠢᠨᠠᠷᠲᠠᠢ ᠲᠥᠷᠥᠯ ᠵᠦᠢ᠍ᠯ᠎ᠤᠨ ᠠᠮᠵᠢᠯᠲᠠ ᠪᠦᠲᠦᠮᠵᠢ ᠵᠢ ᠲᠠᠰᠢᠷᠠᠮ ᠵᠶ᠋ᠠᠷ ᠰᠤᠭᠤᠴᠢᠨ ᠰᠣᠩᠭᠤᠵᠤ ᠪᠣᠯᠣᠨ᠎ᠠ᠃ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠴᠢᠬᠤᠯᠠ ᠶᠡᠭᠡ ᠴᠢᠭᠯᠡᠯᠲᠡ ᠲᠥᠷᠥ ᠵᠢᠨ ᠪᠣᠳᠣᠯᠭ᠎ᠠ ᠪᠠ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠬᠢᠭᠡᠳ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠲᠥᠷᠥᠯ ᠵᠦᠢ᠍ᠯ ᠵᠢᠴᠢ ᠬᠠᠮᠤᠷᠬᠤ ᠬᠡᠪᠴᠢᠶ᠎ᠡ᠎ᠨᠢ ᠥᠷᠭᠡᠨ᠂ ᠨᠥᠯᠥᠭᠡᠯᠡᠬᠦ ᠬᠦᠴᠦᠨ ᠵᠶ᠋ᠠᠷ ᠶᠡᠭᠡ᠂ ᠨᠡᠶ᠋ᠢᠭᠡᠮ᠎ᠤᠨ᠎ᠬᠢᠨ᠎ᠤ ᠠᠩᠬᠠᠷᠤᠯ᠎ᠤᠨ ᠭᠡᠮᠵᠢᠶ᠎ᠠ ᠶᠡᠭᠡ᠂ ᠬᠡᠷᠡᠭᠵᠢᠭᠦᠯᠬᠦ ᠬᠤᠭᠤᠴᠠᠭ᠎ᠠ᠎ᠨᠢ ᠤᠷᠲᠤ ᠪᠠᠶ᠋ᠢᠭ᠎ᠠ ᠲᠥᠷᠥᠯ ᠵᠦᠢ᠍ᠯ᠎ᠢ ᠦᠨᠡᠯᠡᠯᠲᠡ ᠬᠢᠯᠭᠡᠬᠦ ᠲᠥᠷᠥᠯ ᠵᠦᠢ᠍ᠯ ᠵᠶ᠋ᠠᠷ ᠡᠩ ᠲᠡᠷᠢᠭᠦᠨ᠎ᠳᠤ ᠰᠣᠩᠭᠤᠬᠤ ᠬᠡᠷᠡᠭᠲᠡᠶ᠃ ᠭᠤᠣᠯᠳᠠᠯᠭ᠎ᠠ᠎ᠲᠠᠢ ᠲᠥᠷᠥᠯ ᠵᠦᠢ᠍ᠯ᠎ᠳᠤ ᠠᠵᠢᠯ᠎ᠤᠨ ᠠᠮᠵᠢᠯᠲᠠ ᠪᠦᠲᠦᠮᠵᠢ ᠵᠢᠨ ᠦᠨᠡᠯᠡᠯᠲᠡ ᠵᠢ ᠦᠶᠡᠯᠡᠯ᠎ᠤᠨ ᠴᠢᠨᠠᠷᠲᠠᠶ᠎ᠪᠠᠷ ᠵᠣᠬᠢᠶᠠᠨ ᠪᠠᠶ᠋ᠢᠭᠤᠯᠵᠤ ᠥᠷᠨᠢᠭᠦᠯᠬᠦ ᠬᠡᠷᠡᠭᠲᠡᠢ᠃
ᠬᠤᠷᠢᠨ ᠨᠢᠭᠡᠳᠦᠭᠡᠷ ᠵᠦᠢ᠍ᠯ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠰᠤᠭᠤᠴᠢᠨ ᠪᠠᠶ᠋ᠢᠴᠠᠭ᠋ᠠᠬᠤ ᠲᠣᠭᠲᠠᠴᠠ ᠵᠢ ᠪᠠᠶ᠋ᠢᠭᠤᠯᠵᠤ᠂ ᠡᠯ᠎ᠡ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠵᠣᠬᠢᠬᠤ ᠲᠣᠭ᠋ᠠᠨ᠎ᠤ ᠰᠠᠯᠠᠭ᠎ᠠ ᠮᠥᠴᠢᠷ᠎ᠤᠨ ᠦᠨᠡᠯᠡᠯᠲᠡ ᠵᠢᠨ ᠲᠥᠷᠥᠯ ᠵᠦᠢ᠍ᠯ᠎ᠢ ᠵᠢᠯ ᠪᠦᠷᠢ ᠰᠤᠭᠤᠴᠢᠨ ᠠᠪᠴᠤ᠂ ᠦᠨᠡᠯᠡᠯᠲᠡ ᠵᠢᠨ ᠦᠷ᠎ᠡ ᠳ᠋ᠦᠩ᠎ᠤᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠵᠡᠷᠭᠡ ᠵᠢ᠎ᠨᠢ ᠳᠠᠬᠢᠨ ᠬᠠᠷᠭᠤᠭᠤᠯᠵᠣ᠂ ᠦᠨᠡᠯᠡᠯᠲᠡ ᠵᠢᠨ ᠦᠷ᠎ᠡ ᠳ᠋ᠦᠩ᠎ᠤᠨ ᠪᠤᠰᠤᠳᠴᠢ ᠴᠢᠨᠠᠷ᠎ᠢ ᠳᠡᠭᠡᠭᠰᠢᠯᠡᠭᠦᠯᠬᠦ ᠬᠡᠷᠡᠭᠲᠡᠶ᠃ ᠳᠠᠬᠢᠨ ᠬᠠᠷᠭᠤᠭᠤᠯᠬᠤ ᠠᠵᠢᠯ᠎ᠢ ᠭᠤᠤᠯᠳᠠᠭᠤ ᠡᠳᠦᠷ ᠲᠤᠲᠤᠮ᠎ᠤᠨ ᠡᠵᠡᠮᠰᠢᠭᠰᠡᠨ ᠪᠠᠶ᠋ᠢᠳᠠᠯ᠎ᠲᠠᠢ ᠤᠶᠠᠯᠳᠤᠭᠤᠯᠤᠨ᠂ ᠠᠮᠵᠢᠯᠲᠠ ᠪᠦᠲᠦᠮᠵᠢ ᠵᠢᠨ ᠥᠪᠡᠷᠰᠡᠳ᠎ᠤᠨ ᠦᠨᠡᠯᠡᠯᠲᠡ ᠪᠤᠶᠤ ᠦᠨᠡᠯᠡᠯᠲᠡ ᠵᠢᠨ ᠮᠠᠲ᠋ᠧᠷᠢᠶᠠᠯ᠎ᠢ ᠬᠢᠨᠠᠨ ᠬᠠᠷᠭᠤᠭᠤᠯᠬᠤ᠂ ᠲᠤᠯᠭ᠋ᠠᠭᠤᠷᠢᠯᠠᠬᠤ ᠡᠬᠡ ᠲᠠᠩᠰᠠ ᠵᠢᠨ ᠮᠠᠲ᠋ᠧᠷᠢᠶᠠᠯ᠎ᠢ ᠪᠠᠶ᠋ᠢᠴᠠᠭ᠋ᠠᠨ ᠦᠵᠡᠬᠦ᠂ ᠵᠠᠩᠭᠢᠯᠠᠭ᠎ᠠ ᠵᠢᠨ ᠭᠦᠢ᠍ᠴᠡᠳᠬᠡᠯ ᠲᠣᠭ᠋ᠠᠨ᠎ᠤ ᠪᠡᠶᠡᠯᠡᠭᠦᠯᠦᠭᠰᠡᠨ ᠪᠠᠶ᠋ᠢᠳᠠᠯ᠎ᠢ ᠪᠣᠳᠠᠲᠠᠶ ᠭᠠᠵᠠᠷ᠎ᠲᠤᠨᠢ ᠭᠦᠡᠵᠡᠭᠡᠶ᠋ᠢᠷᠡᠵᠣ ᠬᠠᠷᠭᠤᠭᠤᠯᠵᠣ ᠲᠣᠭᠳᠠᠭ᠋ᠠᠬᠤ ᠵᠡᠷᠭᠡ ᠠᠷᠭ᠎ᠠ ᠮᠠᠶᠢᠭ ᠵᠶ᠋ᠠᠷ ᠥᠷᠨᠢᠭᠦᠯᠵᠦ᠂ ᠰᠤᠭᠤᠴᠢᠨ ᠪᠠᠶ᠋ᠢᠴᠠᠭ᠋ᠠᠬᠤ᠎ᠳᠤ ᠢᠯᠡᠷᠡᠭᠦᠯᠦᠭᠰᠡᠨ ᠠᠰᠠᠭᠤᠳᠠᠯ᠎ᠢ ᠰᠠᠯᠠᠭ᠎ᠠ ᠮᠥᠴᠢᠷ᠎ᠲᠤ ᠴᠠᠭ ᠲᠤᠬᠠᠶ᠎ᠳᠤᠨᠢ ᠬᠠᠷᠢᠭᠤ ᠲᠤᠰᠬᠠᠵᠤ ᠬᠠᠷᠭᠤᠭᠤᠯᠣᠨ ᠲᠣᠭᠳᠠᠭ᠋ᠠᠵᠣ ᠴᠡᠭᠴᠡᠯᠡᠨ ᠰᠠᠶ᠋ᠢᠵᠢᠷᠠᠭᠤᠯᠬᠤ ᠬᠡᠷᠡᠭᠲᠡᠶ᠃
ᠬᠤᠷᠢᠨ ᠬᠤᠶᠠᠳᠤᠭ᠋ᠠᠷ ᠵᠦᠢ᠍ᠯ ᠰᠠᠯᠠᠭ᠎ᠠ ᠮᠥᠴᠢᠷ ᠪᠠ ᠡᠳ᠋᠎ᠤᠨ ᠵᠠᠰᠠᠭ᠎ᠤᠨ ᠦᠨᠡᠯᠡᠯᠲᠡ ᠵᠢ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ᠎ᠳᠤ ᠨᠠᠶ᠋ᠢᠳᠠᠨ ᠬᠡᠷᠡᠭᠵᠢᠭᠦᠯᠬᠦ᠎ᠳᠤ᠂ ᠬᠤᠯᠪᠣᠭᠳᠠᠯ ᠪᠦᠬᠦᠢ ᠳᠦᠷᠢᠮ ᠪᠠ ᠠᠷᠭ᠎ᠠ ᠵᠢᠨ ᠶᠣᠰᠣᠭ᠋ᠠᠷ᠂ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ ᠵᠢᠴᠢ ᠠᠵᠢᠯ᠎ᠤᠨ ᠶᠠᠰᠤ ᠴᠢᠨᠠᠷ᠎ᠲᠤ ᠠᠵᠢᠯ ᠶᠠᠪᠤᠳᠠᠯ᠎ᠤᠨ ᠡᠮᠦᠨᠡᠬᠢ᠂ ᠠᠵᠢᠯ ᠶᠠᠪᠤᠳᠠᠯ᠎ᠤᠨ ᠳᠤᠮᠳᠠᠬᠢ᠂ ᠠᠵᠢᠯ ᠶᠠᠪᠤᠳᠠᠯ᠎ᠤᠨ ᠳᠠᠷᠠᠭ᠋ᠠᠬᠢ ᠪᠦᠬᠦ ᠶᠠᠪᠤᠴᠠ ᠵᠢ ᠬᠢᠨᠠᠨ ᠬᠠᠮᠢᠶᠠᠷᠬᠤ ᠵᠢᠨ ᠬᠠᠮᠲᠤ᠂ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ ᠵᠢᠨ ᠭᠠᠷᠭ᠋ᠠᠭᠰᠠᠨ ᠦᠨᠡᠯᠡᠯᠲᠡ ᠵᠢᠨ ᠮᠡᠳᠡᠭᠦᠯᠦᠯᠲᠡ᠎ᠳᠤ ᠬᠢᠨᠠᠨ ᠲᠣᠭᠲᠠᠭ᠋ᠠᠬᠤ ᠳᠦᠷᠢᠮ᠎ᠢ ᠪᠠᠶ᠋ᠢᠭᠤᠯᠵᠤ᠂ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠶᠠᠰᠤ ᠴᠢᠨᠠᠷ᠎ᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠶ᠃
ᠬᠤᠷᠢᠨ ᠭᠤᠷᠪᠠᠳᠤᠭ᠋ᠠᠷ ᠵᠦᠢ᠍ᠯ ᠰᠠᠯᠠᠭ᠎ᠠ ᠮᠥᠴᠢᠷ ᠪᠠ ᠡᠳ᠋᠎ᠤᠨ ᠵᠠᠰᠠᠭ᠎ᠤᠨ ᠦᠨᠡᠯᠡᠯᠲᠡ ᠵᠢᠨ ᠠᠭᠤᠯᠭ᠎ᠠ᠎ᠳᠤ ᠭᠤᠣᠯᠳᠠᠭᠤ᠄ ᠲᠥᠷᠥᠯ ᠵᠦᠢ᠍ᠯ ᠪᠠᠶ᠋ᠢᠭᠤᠯᠤᠭᠰᠠᠨ ᠪᠠᠶ᠋ᠢᠳᠠᠯ᠂ ᠠᠮᠵᠢᠯᠲᠠ ᠪᠦᠲᠦᠮᠵᠢ ᠵᠢᠨ ᠬᠠᠷᠠᠯᠲᠠ ᠪᠠ ᠠᠮᠵᠢᠯᠲᠠ ᠪᠦᠲᠦᠮᠵᠢ ᠵᠢᠨ ᠭᠦᠢ᠍ᠴᠡᠳᠬᠡᠯ ᠲᠤᠭ᠎ᠠ ᠵᠢ ᠲᠣᠭᠲᠠᠭ᠋ᠠᠭᠰᠠᠨ ᠪᠠᠶ᠋ᠢᠳᠠᠯ᠂ ᠪᠡᠯᠡ ᠮᠥᠩᠭᠦᠨ᠎ᠤ ᠬᠠᠮᠢᠶᠠᠷᠤᠯᠲᠠ ᠪᠠ ᠬᠡᠷᠡᠭᠯᠡᠭᠰᠡᠨ ᠪᠠᠶ᠋ᠢᠳᠠᠯ᠂ ᠬᠠᠮᠢᠶ᠎ᠠ ᠪᠦᠬᠦᠢ ᠬᠠᠮᠢᠶᠠᠷᠤᠯᠲᠠ ᠵᠢᠨ ᠳᠦᠷᠢᠮ ᠪᠠ ᠠᠷᠭ᠎ᠠ ᠵᠢᠨ ᠪᠦᠷᠢᠨ ᠲᠡᠭᠦᠯᠳᠡᠷ ᠴᠢᠨᠠᠷ ᠵᠢᠴᠢ ᠬᠡᠷᠡᠭᠵᠢᠭᠦᠯᠦᠭᠰᠡᠨ ᠪᠠᠶ᠋ᠢᠳᠠᠯ᠂ ᠪᠡᠶᠡᠯᠡᠭᠦᠯᠤᠭ᠌ᠰᠡᠨ ᠦᠢ᠍ᠯᠡᠳᠪᠦᠷᠢᠯᠡᠵᠦ ᠭᠠᠷᠭ᠋ᠠᠭᠰᠠᠨ ᠪᠠᠶ᠋ᠢᠳᠠᠯ᠂ ᠣᠯᠣᠭᠰᠠᠨ ᠦᠷ᠎ᠡ ᠠᠰᠢᠭ᠎ᠤᠨ ᠪᠠᠶ᠋ᠢᠳᠠᠯ᠂ ᠦᠢ᠍ᠯᠡᠴᠢᠯᠡᠭᠡ ᠬᠦᠷᠲᠡᠭᠰᠡᠳ᠎ᠤᠨ ᠰᠡᠳᠬᠢᠯ ᠬᠠᠨᠤᠮᠵᠢᠲᠠᠢ ᠪᠠᠶ᠋ᠢᠬᠤ ᠪᠠᠶ᠋ᠢᠳᠠᠯ᠂ ᠪᠤᠰᠤᠳ ᠬᠠᠮᠢᠶ᠎ᠠ ᠪᠦᠬᠦᠢ ᠠᠭᠤᠯᠭ᠎ᠠ ᠵᠡᠷᠭᠡ ᠪᠠᠭᠲᠠᠨ᠎ᠠ᠃
ᠬᠤᠷᠢᠨ ᠳᠥᠷᠪᠡᠳᠦᠭᠡᠷ ᠵᠦᠢ᠍ᠯ ᠦᠨᠡᠯᠡᠯᠲᠡ ᠵᠢᠨ ᠠᠵᠢᠯ᠎ᠳᠤ ᠭᠤᠤᠯᠳᠠᠭᠤ ᠳᠣᠤᠷᠠᠬᠢ ᠭᠤᠭᠴᠤᠭ᠎ᠠ ᠪᠠᠭᠳᠡᠨ᠎ᠠ᠄
(ᠨᠢᠭᠡ) ᠠᠮᠵᠢᠯᠲᠠ ᠪᠦᠲᠦᠮᠵᠢ ᠵᠢᠨ ᠦᠨᠡᠯᠡᠯᠲᠡ ᠬᠢᠯᠭᠡᠬᠦ ᠡᠲᠡᠭᠡᠳ ᠪᠠ ᠬᠡᠪᠴᠢᠶ᠎ᠡ ᠵᠢ ᠲᠣᠭᠲᠠᠭ᠋ᠠᠬᠤ;
(ᠬᠤᠶᠠᠷ) ᠠᠮᠵᠢᠯᠲᠠ ᠪᠦᠲᠦᠮᠵᠢ ᠵᠢᠨ ᠦᠨᠡᠯᠡᠯᠲᠡ ᠬᠢᠬᠦ ᠮᠡᠳᠡᠭᠳᠡᠯ ᠪᠠᠭᠤᠯᠭ᠋ᠠᠬᠤ;
(ᠭᠤᠷᠪᠠ) ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠠᠵᠢᠯ᠎ᠤᠨ ᠲᠥᠰᠦᠯ᠎ᠢ ᠰᠤᠳᠤᠯᠤᠨ ᠲᠣᠭᠲᠠᠭ᠋ᠠᠬᠤ;
(ᠳᠥᠷᠪᠡ) ᠬᠠᠮᠢᠶ᠎ᠠ ᠪᠦᠬᠦᠢ ᠲᠤᠭ᠎ᠠ ᠪᠠᠷᠢᠮᠲᠠ ᠮᠠᠲ᠋ᠧᠷᠢᠶᠠᠯ᠎ᠢ ᠴᠤᠭᠯᠠᠭᠤᠯᠬᠤ ᠵᠢᠨ ᠬᠠᠮᠲᠤ᠂ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠰᠤᠳᠤᠯᠬᠤ᠂ ᠰᠠᠭᠤᠳᠠᠯ᠎ᠤᠨ ᠬᠤᠷᠠᠯ ᠬᠢᠬᠦ;
(ᠲᠠᠪᠤ) ᠬᠤᠯᠪᠣᠭᠳᠠᠯ ᠪᠦᠬᠦᠢ ᠪᠠᠶ᠋ᠢᠳᠠᠯ᠎ᠢ ᠬᠢᠨᠠᠨ ᠬᠠᠷᠭᠤᠭᠤᠯᠵᠤ᠂ ᠵᠠᠳᠠᠯᠤᠯᠲᠠ ᠬᠢᠵᠦ ᠠᠩᠬ᠎ᠠ ᠠᠯᠬᠤᠮ᠎ᠤᠨ ᠳ᠋ᠦᠩᠨᠡᠯᠲᠡ ᠭᠠᠷᠭ᠋ᠠᠬᠤ;
(ᠵᠢᠷᠭᠤᠭ᠎ᠠ) ᠦᠨᠡᠯᠡᠯᠲᠡ ᠬᠢᠯᠭᠡᠭᠰᠡᠨ ᠰᠠᠯᠠᠭ᠎ᠠ ᠮᠥᠴᠢᠷ (ᠨᠢᠭᠡᠴᠢ)᠎ᠲᠠᠢ ᠰᠠᠨᠠᠯ ᠵᠶ᠋ᠠᠨ ᠰᠣᠯᠢᠯᠴᠠᠬᠤ;
(ᠳᠣᠯᠤᠭ᠎ᠠ) ᠶᠡᠷᠦᠩᠬᠡᠶ᠋ᠢᠯᠡᠨ ᠵᠠᠳᠠᠯᠤᠯᠲᠠ ᠬᠢᠬᠦ ᠵᠢᠨ ᠬᠠᠮᠲᠤ ᠡᠴᠦᠰ᠎ᠤᠨ ᠳ᠋ᠦᠩᠨᠡᠯᠲᠡ ᠭᠠᠷᠭ᠋ᠠᠬᠤ;
(ᠨᠠᠢ᠍ᠮᠠ) ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠮᠡᠳᠡᠭᠦᠯᠦᠯᠲᠡ ᠵᠢ ᠲᠤᠰᠢᠶᠠᠬᠤ;
(ᠶᠢᠰᠦ) ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠳᠠᠩᠰᠠ ᠡᠪᠬᠡᠮᠡᠯ᠎ᠢ ᠪᠠᠶ᠋ᠢᠭᠤᠯᠬᠤ᠃
ᠬᠤᠷᠢᠨ ᠲᠠᠪᠤᠳᠤᠭ᠋ᠠᠷ ᠵᠦᠢ᠍ᠯ ᠠᠮᠵᠢᠯᠲᠠ ᠪᠦᠲᠦᠮᠵᠢ ᠵᠢᠨ ᠦᠨᠡᠯᠡᠯᠲᠡ ᠬᠢᠬᠦ ᠮᠡᠳᠡᠭᠳᠡᠯ᠎ᠳᠤ ᠦᠨᠡᠯᠡᠯᠲᠡ ᠵᠢᠨ ᠡᠭᠦᠷᠭᠡ᠂ ᠦᠨᠡᠯᠡᠯᠲᠡ ᠬᠢᠯᠭᠡᠬᠦ ᠡᠲᠡᠭᠡᠳ᠂ ᠦᠨᠡᠯᠡᠯᠲᠡ ᠵᠢᠨ ᠠᠭᠤᠯᠭ᠎ᠠ᠂ ᠦᠨᠡᠯᠡᠯᠲᠡ ᠵᠢᠨ ᠠᠵᠢᠯ᠎ᠤᠨ ᠠᠬᠢᠴᠠ ᠵᠢᠨ ᠲᠣᠬᠢᠷᠠᠭᠤᠯᠤᠯᠲᠠ᠂ ᠲᠥᠷᠥᠯ ᠵᠦᠢ᠍ᠯ᠎ᠤᠨ ᠨᠢᠭᠡᠴᠢ ᠵᠢᠨ ᠬᠠᠩᠭ᠋ᠠᠬᠤ ᠴᠢᠬᠤᠯᠠᠲᠠᠶ ᠮᠠᠲ᠋ᠧᠷᠢᠶᠠᠯ ᠵᠡᠷᠭᠡ ᠵᠢ ᠲᠣᠳᠣᠷᠬᠠᠢ ᠲᠣᠭᠲᠠᠭ᠋ᠠᠵᠤ᠂ ᠦᠨᠡᠯᠡᠯᠳᠡ ᠵᠢᠨ ᠠᠵᠢᠯ᠎ᠢ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ᠎ᠠᠴᠠ ᠡᠮᠦᠨ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠢ᠎ᠳᠤ ᠪᠠᠭᠤᠯᠭ᠋ᠠᠬᠤ ᠬᠡᠷᠡᠭᠲᠡᠶ᠃
ᠬᠤᠷᠢᠨ ᠵᠢᠷᠭᠤᠳᠤᠭ᠋ᠠᠷ ᠵᠦᠢ᠍ᠯ ᠦᠨᠡᠯᠡᠯᠲᠡ ᠵᠢᠨ ᠠᠵᠢᠯ᠎ᠤᠨ ᠲᠥᠰᠦᠯ᠎ᠨᠢ ᠪᠣᠯᠤᠮᠵᠢᠲᠤ ᠴᠢᠨᠠᠷ᠂ ᠪᠦᠬᠦ ᠲᠠᠯ᠎ᠠ ᠵᠢᠨ ᠴᠢᠨᠠᠷ ᠪᠠ ᠲᠣᠪᠴᠢ ᠲᠣᠳᠣᠷᠬᠠᠢ ᠴᠢᠨᠠᠷ᠎ᠤᠨ ᠵᠠᠷᠴᠢᠮ᠎ᠳᠤ ᠨᠠᠶ᠋ᠢᠴᠡᠭᠰᠡᠨ ᠪᠠᠶ᠋ᠢᠵᠤ᠂ ᠦᠨᠡᠯᠡᠯᠲᠡ ᠵᠢᠨ ᠠᠭᠤᠯᠭ᠎ᠠ᠂ ᠠᠷᠭ᠎ᠠ᠂ ᠠᠯᠬᠤᠮ ᠳᠠᠷᠠᠭ᠎ᠠ ᠪᠠ ᠴᠠᠭ᠎ᠤᠨ ᠵᠠᠩᠭᠢᠶᠠᠰᠤ ᠵᠢᠨ ᠲᠣᠬᠢᠷᠠᠭᠤᠯᠤᠯᠲᠠ᠎ᠨᠢ ᠰᠢᠨᠵᠢᠯᠡᠬᠦ ᠤᠬᠠᠭ᠋ᠠᠨᠴᠢ ᠪᠥᠭᠡᠳ ᠵᠦᠢ ᠵᠣᠬᠢᠰᠲᠠᠶ ᠪᠠᠶ᠋ᠢᠬᠤ ᠬᠡᠷᠡᠭᠲᠡᠶ᠃
ᠬᠤᠷᠢᠨ ᠳᠣᠯᠣᠳᠤᠭ᠋ᠠᠷ ᠵᠦᠢ᠍ᠯ ᠡᠳ᠋᠎ᠤᠨ ᠵᠠᠰᠠᠭ ᠪᠠ ᠰᠠᠯᠠᠭ᠎ᠠ ᠮᠥᠴᠢᠷ᠎ᠤᠨ ᠦᠨᠡᠯᠡᠯᠲᠡ ᠵᠢ ᠬᠡᠷᠡᠭᠴᠡᠭᠡ᠎ᠪᠠᠨ ᠦᠨᠳᠦᠰᠦᠯᠡᠨ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ᠎ᠳᠤ ᠨᠠᠶ᠋ᠢᠳᠠᠬᠤ ᠪᠤᠶᠤ ᠬᠠᠮᠢᠶ᠎ᠠ ᠪᠦᠬᠦᠢ ᠬᠦᠷᠢᠶᠡᠨ᠎ᠤ ᠲᠤᠰᠬᠠᠶ ᠮᠡᠷᠭᠡᠵᠢᠯᠲᠡᠨ᠎ᠢ ᠣᠷᠣᠯᠴᠠᠭᠤᠯᠵᠤ ᠪᠣᠯᠤᠨ᠎ᠠ᠃ ᠬᠠᠮᠢᠶ᠎ᠠ ᠪᠥᠬᠦᠶ ᠬᠦᠷᠢᠶᠡᠨ᠎ᠤ ᠲᠤᠰᠬᠠᠶ ᠮᠡᠷᠭᠡᠵᠢᠯᠲᠡᠨ᠎ᠨᠢ ᠲᠥᠷᠥᠯ ᠵᠦᠢ᠍ᠯ᠎ᠳᠤ ᠬᠤᠯᠪᠣᠭᠳᠠᠬᠤ ᠬᠦᠷᠢᠶ᠎ᠡ ᠴᠠᠷᠠᠭ᠋ᠠᠨ (ᠠᠵᠢᠯ ᠲᠥᠷᠥᠯ)᠎ᠤ ᠲᠤᠰᠬᠠᠶ ᠮᠡᠷᠭᠡᠵᠢᠯᠲᠡᠨ᠂ ᠡᠳ᠋᠎ᠤᠨ ᠶᠠᠪᠤᠳᠠᠯ (ᠡᠳ᠋᠎ᠤᠨ ᠵᠠᠰᠠᠭ)᠎ᠤᠨ ᠬᠠᠮᠢᠶᠠᠷᠤᠯᠲᠠ ᠵᠢᠨ ᠲᠤᠰᠬᠠᠶ ᠮᠡᠷᠭᠡᠵᠢᠯᠲᠡᠨ᠂ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢᠨ ᠲᠤᠰᠬᠠᠶ ᠮᠡᠷᠭᠡᠵᠢᠯᠲᠡᠨ ᠵᠡᠷᠭᠡ ᠵᠢ ᠪᠠᠭᠲᠠᠭ᠋ᠠᠨ᠎ᠠ᠃ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ ᠪᠠ ᠲᠤᠰᠬᠠᠶ ᠮᠡᠷᠭᠡᠵᠢᠯᠲᠡᠨ᠎ᠤ ᠲᠤᠭ᠎ᠠ᠂ ᠲᠤᠰᠬᠠᠶ ᠮᠡᠷᠭᠡᠵᠢᠯ᠎ᠤᠨ ᠪᠦᠲᠦᠴᠡ ᠵᠢᠴᠢ ᠲᠤᠬᠠᠶ᠋ᠢᠯᠠᠭᠰᠠᠨ ᠠᠵᠢᠯ᠎ᠤᠨ ᠴᠢᠳᠠᠪᠤᠷᠢ᠎ᠨᠢ ᠦᠨᠡᠯᠡᠯᠲᠡ ᠵᠢᠨ ᠠᠵᠢᠯ᠎ᠤᠨ ᠬᠡᠷᠡᠭᠴᠡᠭᠡ ᠵᠢ ᠬᠠᠩᠭ᠋ᠠᠬᠤ ᠵᠢᠨ ᠬᠠᠮᠲᠤ᠂ ᠠᠰᠢᠭ ᠲᠤᠰᠠ ᠵᠢᠨ ᠬᠠᠷᠢᠴᠠᠭ᠎ᠠ᠎ᠲᠠᠢ ᠬᠥᠮᠥᠰ᠎ᠢ ᠵᠠᠶ᠋ᠢᠯᠠᠭᠤᠯᠬᠤ᠂ ᠪᠦᠷᠢᠯᠳᠦᠬᠦᠨ᠎ᠤ ᠲᠣᠭᠲᠠᠪᠤᠷᠢᠲᠤ ᠴᠢᠨᠠᠷ ᠵᠡᠷᠭᠡ ᠡᠯᠧᠮᠧᠨ᠋ᠲ᠎ᠢ ᠭᠦᠢ᠍ᠴᠡᠳ ᠪᠣᠳᠣᠯᠬᠢᠯᠠᠬᠤ ᠬᠡᠷᠡᠭᠲᠡᠶ᠃
ᠬᠤᠷᠢᠨ ᠨᠠᠢ᠍ᠮᠠᠳᠤᠭ᠋ᠠᠷ ᠵᠦᠢ᠍ᠯ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ ᠪᠤᠶᠤ ᠲᠤᠰᠬᠠᠶ ᠮᠡᠷᠭᠡᠵᠢᠯᠲᠡᠨ᠎ᠨᠢ ᠲᠥᠷᠥᠯ ᠵᠦᠢ᠍ᠯ᠎ᠤᠨ ᠨᠢᠭᠡᠴᠢ᠎ᠯᠦᠭᠡ ᠭᠦᠢ᠍ᠴᠡᠳ ᠨᠡᠪᠲᠡᠷᠡᠯᠴᠡᠭᠰᠡᠨ ᠰᠠᠭᠤᠷᠢᠨ ᠳᠡᠭᠡᠷ᠎ᠡ᠂ ᠪᠦᠷᠢᠨ ᠪᠦᠲᠦᠨ ᠴᠢᠨᠠᠷ᠂ ᠴᠢᠬᠤᠯᠠ ᠴᠢᠨᠠᠷ᠂ ᠬᠤᠯᠪᠣᠭᠳᠠᠬᠤ ᠴᠢᠨᠠᠷ᠂ ᠬᠠᠷᠢᠴᠠᠭᠤᠯᠵᠤ ᠪᠣᠯᠬᠤᠶ᠋ᠢᠴᠠ ᠴᠢᠨᠠᠷ᠂ ᠪᠣᠯᠤᠮᠵᠢᠲᠤ ᠴᠢᠨᠠᠷ ᠪᠠ ᠠᠵᠤ ᠠᠬᠤᠶ ᠵᠢᠨ ᠴᠢᠨᠠᠷ᠂ ᠪᠦᠲᠦᠮᠵᠢᠲᠦ ᠴᠢᠨᠠᠷ ᠵᠡᠷᠭᠡ ᠡᠯᠧᠮᠧᠨ᠋ᠲ᠎ᠢ ᠪᠣᠳᠣᠯᠬᠢᠯᠠᠵᠤ᠂ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠭᠦᠢ᠍ᠴᠡᠳᠬᠡᠯ ᠲᠣᠭ᠋ᠠᠨ᠎ᠤ ᠲᠣᠭᠲᠠᠯᠴᠠᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠨᠠᠶ᠋ᠢᠷᠠᠭᠤᠯᠤᠨ ᠵᠣᠬᠢᠶᠠᠵᠤ᠂ ᠭᠦᠢ᠍ᠴᠡᠳᠬᠡᠯ ᠲᠣᠭ᠋ᠠᠨ᠎ᠤ ᠡᠵᠡᠯᠡᠬᠦ ᠬᠤᠪᠢᠳᠠᠯ᠎ᠢ ᠵᠦᠶ ᠵᠣᠬᠢᠰᠲᠠᠶ ᠬᠤᠪᠢᠶᠠᠷᠢᠯᠠᠨ᠂ ᠲᠥᠷᠥᠯ ᠵᠦᠢ᠍ᠯ᠎ᠤᠨ ᠠᠮᠵᠢᠯᠲᠠ ᠪᠦᠲᠦᠮᠵᠢ ᠵᠢᠨ ᠪᠠᠶ᠋ᠢᠳᠠᠯ ᠵᠢᠴᠢ ᠠᠮᠵᠢᠯᠲᠠ ᠪᠦᠲᠦᠮᠵᠢ ᠵᠢᠨ ᠬᠠᠷᠠᠯᠲᠠ ᠵᠢ ᠪᠡᠶᠡᠯᠡᠭᠦᠯᠦᠭᠰᠡᠨ ᠬᠡᠮᠵᠢᠶ᠎ᠡ ᠵᠢ ᠭᠦᠢ᠍ᠴᠡᠳ ᠢᠯᠡᠷᠡᠭᠦᠯᠬᠦ ᠪᠠ ᠪᠤᠰᠤᠳᠴᠢ ᠲᠤᠰᠬᠠᠬᠤ ᠬᠡᠷᠡᠭᠲᠡᠶ᠃
ᠬᠤᠷᠢ ᠶᠢᠰᠦᠳᠦᠭᠡᠷ ᠵᠦᠢ᠍ᠯ ᠦᠨᠡᠯᠡᠯᠲᠡ ᠵᠢᠨ ᠭᠦᠢ᠍ᠴᠡᠳᠬᠡᠯ ᠲᠤᠭ᠎ᠠ᠎ᠨᠢ ᠳᠣᠤᠷᠠᠬᠢ ᠱᠠᠭ᠋ᠠᠷᠳᠠᠯᠭ᠎ᠠ᠎ᠳᠤ ᠨᠠᠶ᠋ᠢᠴᠡᠭᠦ ᠬᠡᠷᠡᠭᠲᠡᠶ᠄
(ᠨᠢᠭᠡ) ᠦᠨᠡᠯᠡᠯᠲᠡ ᠬᠢᠯᠭᠡᠬᠦ ᠡᠲᠡᠭᠡᠳ᠎ᠯᠦᠭᠡ ᠨᠢᠭᠲᠠ ᠬᠤᠯᠪᠣᠭ᠎ᠠ᠎ᠲᠠᠢ ᠪᠠᠶ᠋ᠢᠵᠣ᠂ ᠲᠥᠷᠥᠯ ᠵᠦᠢ᠍ᠯ᠎ᠤᠨ ᠰᠢᠢ᠍ᠳᠪᠦᠷᠢᠲᠦ ᠪᠣᠳᠣᠯᠭ᠎ᠠ᠂ ᠲᠥᠷᠥᠯ ᠵᠦᠢ᠍ᠯ ᠪᠠ ᠪᠡᠯᠡ ᠮᠥᠩᠭᠦᠨ᠎ᠤ ᠬᠠᠮᠢᠶᠠᠷᠤᠯᠲᠠ᠂ ᠦᠢ᠍ᠯᠡᠳᠪᠦᠷᠢᠯᠡᠵᠦ ᠭᠠᠷᠭ᠋ᠠᠬᠤ ᠪᠠ ᠦᠷ᠎ᠡ ᠠᠰᠢᠭ᠎ᠢ ᠪᠦᠬᠦ ᠲᠠᠯ᠎ᠠ᠎ᠪᠠᠷ ᠲᠤᠰᠬᠠᠨ᠎ᠠ;
(ᠬᠤᠶᠠᠷ) ᠬᠠᠮᠤᠭ᠎ᠤᠨ ᠲᠥᠯᠥᠭᠡᠯᠡᠬᠦ ᠴᠢᠨᠠᠷᠲᠠᠢ᠂ ᠦᠢ᠍ᠯᠡᠳᠪᠦᠷᠢᠯᠡᠵᠦ ᠭᠠᠷᠭ᠋ᠠᠬᠤ ᠪᠠ ᠦᠷ᠎ᠡ ᠠᠰᠢᠭ᠎ᠢ ᠬᠠᠮᠤᠭ᠎ᠠᠴᠠ ᠰᠢᠭᠤᠳ ᠲᠤᠰᠬᠠᠵᠤ ᠴᠢᠳᠠᠬᠤ ᠭᠤᠣᠯᠯᠠᠬᠤ ᠭᠦᠢ᠍ᠴᠡᠳᠬᠡᠯ ᠲᠤᠭ᠎ᠠ ᠵᠢ ᠤᠷᠢᠳ ᠵᠶ᠋ᠠᠷ ᠰᠣᠩᠭᠤᠵᠤ᠂ ᠴᠣᠮᠬᠠᠳᠬᠠᠨ ᠪᠣᠳᠠᠲᠠᠢ ᠬᠡᠷᠡᠭᠯᠡᠬᠦ ᠪᠣᠯᠭ᠋ᠠᠨ᠎ᠠ;
(ᠭᠤᠷᠪᠠ) ᠭᠦᠢ᠍ᠴᠡᠳᠬᠡᠯ ᠲᠣᠭ᠋ᠠᠨ᠎ᠤ ᠠᠭᠤᠯᠤᠭᠳᠠᠬᠤᠨ᠎ᠢ ᠲᠣᠳᠣᠷᠬᠠᠢ᠂ ᠪᠣᠳᠠᠲᠠᠢ᠂ ᠬᠡᠮᠵᠢᠵᠦ ᠪᠣᠯᠬᠤ᠎ᠪᠠᠷ ᠲᠣᠭᠲᠠᠭ᠋ᠠᠵᠤ᠂ ᠲᠤᠭ᠎ᠠ ᠪᠠᠷᠢᠮᠲᠠ ᠵᠢᠴᠢ ᠭᠡᠷᠡᠴᠢᠯᠡᠬᠦ ᠮᠠᠲ᠋ᠧᠷᠢᠶᠠᠯ᠎ᠢ ᠴᠤᠭᠯᠠᠭᠤᠯᠵᠤ᠂ ᠣᠯᠵᠤ ᠪᠣᠯᠬᠤ ᠪᠣᠯᠭ᠋ᠠᠨ᠎ᠠ;
(ᠳᠥᠷᠪᠡ) ᠠᠳᠠᠯᠢ ᠲᠥᠷᠥᠯ᠎ᠤᠨ ᠲᠥᠷᠥᠯ ᠵᠦᠢ᠍ᠯ᠎ᠤᠨ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠭᠦᠢ᠍ᠴᠡᠳᠬᠡᠯ ᠲᠤᠭ᠎ᠠ ᠪᠠ ᠪᠠᠷᠢᠮᠵᠢᠶ᠎ᠠ᠎ᠨᠢ ᠨᠢᠭᠡᠳᠣᠯᠳᠣ ᠴᠢᠨᠠᠷᠳᠠᠢ᠂ ᠦᠨᠡᠯᠡᠭᠰᠡᠨ ᠦᠷ᠎ᠡ ᠳ᠋ᠦᠩ᠎ᠢ ᠬᠠᠷᠢᠯᠴᠠᠨ ᠬᠠᠷᠢᠴᠠᠭᠤᠯᠬᠤ᠎ᠳᠤ ᠲᠥᠬᠦᠮ ᠪᠣᠯᠭ᠋ᠠᠨ᠎ᠠ᠃
ᠭᠤᠴᠢᠳᠤᠭ᠋ᠠᠷ ᠵᠦᠢ᠍ᠯ ᠦᠨᠡᠯᠡᠬᠦ ᠭᠦᠢ᠍ᠴᠡᠳᠬᠡᠯ ᠲᠣᠭ᠋ᠠᠨ᠎ᠤ ᠡᠵᠡᠯᠡᠬᠦ ᠬᠤᠪᠢᠳᠠᠯ᠎ᠢ ᠦᠨᠡᠯᠡᠯᠲᠡ ᠵᠢᠨ ᠰᠢᠰᠲ᠋ᠧᠮ᠎ᠳᠠᠬᠢ ᠡᠯ᠎ᠡ ᠵᠦᠢ᠍ᠯ᠎ᠤᠨ ᠭᠦᠢ᠍ᠴᠡᠳᠬᠡᠯ ᠲᠣᠭ᠋ᠠᠨ᠎ᠤ ᠴᠢᠬᠤᠯᠠ ᠪᠠᠶ᠋ᠢᠬᠤ ᠬᠡᠮᠵᠢᠶ᠎ᠠ ᠵᠢ ᠦᠨᠳᠦᠰᠦᠯᠡᠨ ᠲᠣᠭᠲᠠᠭ᠋ᠠᠨ᠎ᠠ᠂ ᠦᠷ᠎ᠡ ᠳ᠋ᠦᠩ᠎ᠤᠨ ᠤᠳᠤᠷᠢᠳᠤᠮᠵᠢ ᠵᠢ ᠲᠣᠪᠤᠶ᠋ᠢᠯᠭ᠋ᠠᠵᠦ᠂ ᠵᠠᠷᠴᠢᠮ ᠳᠡᠭᠡᠷ᠎ᠡ᠎ᠪᠠᠨ ᠦᠢ᠍ᠯᠡᠳᠪᠦᠷᠢᠯᠡᠵᠦ ᠭᠠᠷᠭ᠋ᠠᠬᠤ᠂ ᠦᠷ᠎ᠡ ᠠᠰᠢᠭ᠎ᠤᠨ ᠭᠦᠢ᠍ᠴᠡᠳᠬᠡᠯ ᠲᠣᠭ᠋ᠠᠨ᠎ᠤ ᠡᠵᠡᠯᠡᠬᠦ ᠬᠤᠪᠢᠳᠠᠯ᠎ᠢ 60%᠎ᠠᠴᠠ ᠳᠣᠣᠷ᠎ᠠ ᠪᠠᠶ᠋ᠢᠯᠭ᠋ᠠᠵᠤ ᠪᠣᠯᠬᠤ ᠦᠭᠡᠢ᠂ ᠣᠨᠴᠠᠭ᠋ᠠᠢ ᠪᠠᠶ᠋ᠢᠳᠠᠯ᠎ᠳᠤ ᠵᠣᠬᠢᠰᠲᠠᠢ ᠲᠤᠬᠢᠷᠠᠭᠤᠯᠤᠯᠳᠠ ᠬᠢᠵᠦ ᠪᠣᠯᠤᠨ᠎ᠠ᠃ ᠲᠥᠷᠥᠯ ᠵᠦᠢ᠍ᠯ᠎ᠨᠢ ᠠᠳᠠᠯᠢ ᠪᠤᠰᠤ ᠬᠡᠷᠡᠭᠵᠢᠭᠦᠯᠬᠦ ᠱᠠᠲᠤ ᠦᠶ᠎ᠡ᠎ᠳᠤ ᠪᠠᠶ᠋ᠢᠪᠠᠯ᠂ ᠭᠦᠢ᠍ᠴᠡᠳᠬᠡᠯ ᠲᠣᠭ᠋ᠠᠨ᠎ᠤ ᠡᠵᠡᠯᠡᠬᠦ ᠬᠤᠪᠢᠳᠠᠯ᠎ᠨᠢ ᠵᠥᠷᠢᠶᠡᠲᠦ ᠴᠢᠨᠠᠷ᠎ᠢ ᠢᠯᠡᠷᠡᠭᠦᠯᠦᠭᠰᠡᠨ ᠪᠠᠶ᠋ᠢᠬᠤ ᠬᠡᠷᠡᠭᠲᠡᠢ᠂ ᠡᠭᠦᠨ᠎ᠳᠤ ᠬᠡᠷᠡᠭᠵᠢᠭᠦᠯᠬᠦ ᠬᠤᠭᠤᠴᠠᠭ᠋ᠠᠨ᠎ᠳᠠᠬᠢ ᠦᠨᠡᠯᠡᠯᠲᠡ᠎ᠨᠢ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠶᠠᠪᠤᠴᠠ ᠪᠠ ᠦᠢ᠍ᠯᠡᠳᠪᠦᠷᠢᠯᠡᠵᠦ ᠭᠠᠷᠭ᠋ᠠᠬᠤ ᠵᠢ ᠨᠡᠩ ᠢᠯᠡᠭᠦᠦ ᠴᠢᠬᠤᠯᠠᠴᠢᠯᠠᠵᠤ᠂ ᠬᠡᠷᠡᠭᠵᠢᠭᠦᠯᠬᠦ ᠬᠤᠭᠤᠴᠠᠭ᠎ᠠ ᠳᠠᠭᠤᠰᠤᠭᠰᠠᠨ᠎ᠤ ᠳᠠᠷᠠᠭ᠋ᠠᠬᠢ ᠦᠨᠡᠯᠡᠯᠲᠡ᠎ᠳᠤ ᠦᠢ᠍ᠯᠡᠳᠪᠦᠷᠢᠯᠡᠵᠦ ᠭᠠᠷᠭ᠋ᠠᠬᠤ ᠪᠠ ᠦᠷ᠎ᠡ ᠠᠰᠢᠭ᠎ᠢ ᠨᠠᠩ ᠢᠯᠡᠭᠦᠤ ᠴᠢᠬᠤᠯᠠᠴᠢᠯᠠᠬᠤ ᠬᠡᠷᠡᠭᠲᠡᠶ᠃
ᠭᠤᠴᠢᠨ ᠨᠢᠭᠡᠳᠦᠭᠡᠷ ᠵᠦᠢ᠍ᠯ ᠠᠮᠵᠢᠯᠲᠠ ᠪᠦᠲᠦᠮᠵᠢ ᠵᠢᠨ ᠦᠨᠡᠯᠡᠯᠲᠡ᠎ᠳᠤ ᠵᠠᠷᠴᠢᠮ ᠳᠡᠭᠡᠷ᠎ᠡ᠎ᠪᠠᠨ ᠠᠬᠤᠢ ᠲᠠᠯᠠᠪᠠᠶ ᠪᠠ ᠠᠬᠤᠢ ᠲᠠᠯᠠᠪᠠᠶ ᠵᠢᠨ ᠪᠤᠰᠤ ᠦᠨᠡᠯᠡᠯᠲᠡ ᠵᠢ ᠤᠶᠠᠯᠳᠤᠭᠤᠯᠬᠤ ᠠᠷᠭ᠎ᠠ ᠮᠠᠶᠢᠭ᠎ᠢ ᠬᠡᠷᠡᠭᠯᠡᠬᠦ ᠬᠡᠷᠡᠭᠲᠡᠶ᠃
(ᠨᠢᠭᠡ) ᠠᠬᠤᠢ ᠲᠠᠯᠠᠪᠠᠶ ᠵᠢᠨ ᠦᠨᠡᠯᠡᠯᠲᠡ ᠭᠡᠳᠡᠭ᠎ᠨᠢ ᠦᠨᠡᠯᠡᠯᠲᠡ ᠬᠢᠬᠦ ᠠᠵᠢᠯᠲᠠᠳ ᠲᠥᠷᠥᠯ ᠵᠦᠢ᠍ᠯ᠎ᠤᠨ ᠠᠬᠤᠢ ᠲᠠᠯᠠᠪᠠᠶ᠎ᠳᠤ ᠬᠦᠷᠴᠦ ᠬᠠᠶ᠋ᠢᠨ ᠪᠠᠶ᠋ᠢᠴᠠᠭ᠋ᠠᠬᠤ᠂ ᠠᠰᠠᠭᠤᠨ ᠯᠠᠪᠯᠠᠬᠤ᠂ ᠳᠠᠬᠢᠨ ᠬᠠᠷᠭᠤᠭᠤᠯᠬᠤ ᠪᠤᠶᠤ ᠲᠥᠷᠥᠯ ᠵᠦᠢ᠍ᠯ᠎ᠤᠨ ᠨᠢᠭᠡᠴᠢ᠎ᠲᠠᠢ ᠶᠠᠷᠢᠯᠴᠠᠬᠤ ᠵᠡᠷᠭᠡ ᠠᠷᠭ᠎ᠠ ᠮᠠᠶᠢᠭ᠎ᠢ ᠬᠡᠷᠡᠭᠯᠡᠨ᠂ ᠬᠤᠯᠪᠣᠭᠳᠠᠯ ᠪᠥᠬᠦᠶ ᠪᠠᠶ᠋ᠢᠳᠠᠯ᠎ᠢ ᠬᠠᠷᠭᠤᠭᠤᠯᠬᠤ᠂ ᠡᠵᠡᠮᠰᠢᠭᠰᠡᠨ ᠮᠠᠲ᠋ᠧᠷᠢᠶᠠᠯ᠎ᠳᠤ ᠵᠠᠳᠠᠯᠤᠯᠲᠠ ᠬᠢᠬᠦ᠂ ᠲᠥᠷᠥᠯ ᠵᠦᠢ᠍ᠯ᠎ᠳᠤ ᠦᠨᠡᠯᠡᠯᠲᠡ ᠬᠢᠬᠦ ᠶᠠᠪᠤᠴᠠ ᠵᠢ ᠵᠢᠭ᠋ᠠᠵᠤ ᠪᠣᠶ᠃ ᠠᠬᠤᠢ ᠲᠠᠯᠠᠪᠠᠶ ᠵᠢᠨ ᠦᠨᠡᠯᠡᠯᠲᠡ ᠵᠢᠨ ᠬᠡᠪᠴᠢᠶ᠎ᠡ ᠵᠢ ᠨᠠᠶ᠋ᠢᠳᠠᠭᠰᠠᠨ ᠲᠠᠯ᠎ᠠ ᠵᠢᠨ ᠱᠠᠭ᠋ᠠᠷᠳᠠᠯᠭ᠎ᠠ ᠵᠢ᠎ᠨᠢ ᠦᠨᠳᠦᠰᠦᠯᠡᠨ ᠲᠣᠭᠲᠠᠭ᠋ᠠᠵᠤ᠂ ᠵᠠᠷᠴᠢᠮ ᠳᠡᠭᠡᠷ᠎ᠡ᠎ᠪᠠᠨ ᠪᠣᠳᠠᠲᠠᠶ ᠲᠥᠷᠥᠯ ᠵᠦᠢ᠍ᠯ᠎ᠤᠨ ᠨᠢᠭᠡᠴᠢ (ᠪᠤᠶᠤ ᠲᠥᠷᠥᠯ ᠵᠦᠢ᠍ᠯ᠎ᠤᠨ ᠲᠤᠭ᠎ᠠ) ᠵᠢᠨ ᠶᠡᠷᠦᠩᠬᠡᠶ ᠲᠣᠭ᠋ᠠᠨ᠎ᠤ 30%᠂ ᠲᠥᠷᠥᠯ ᠵᠦᠢ᠍ᠯ᠎ᠤᠨ ᠲᠥᠰᠦᠪ᠎ᠤᠨ ᠶᠡᠷᠦᠩᠬᠡᠶ ᠲᠣᠭ᠋ᠠᠨ᠎ᠤ 30%᠎ᠠᠴᠠ ᠳᠣᠤᠷ᠎ᠠ ᠪᠠᠶ᠋ᠢᠯᠭ᠋ᠠᠵᠤ ᠪᠣᠯᠬᠤ ᠥᠬᠡᠶ;
(ᠬᠤᠶᠠᠷ) ᠠᠬᠤᠢ ᠲᠠᠯᠠᠪᠠᠶ ᠵᠢᠨ ᠪᠤᠰᠤ ᠦᠨᠡᠯᠡᠯᠲᠡ ᠭᠡᠳᠡᠭ᠎ᠨᠢ ᠦᠨᠡᠯᠡᠯᠲᠡ ᠬᠢᠬᠦ ᠠᠵᠢᠯᠲᠠᠳ ᠲᠥᠷᠥᠯ ᠵᠦᠢ᠍ᠯ᠎ᠤᠨ ᠨᠢᠭᠡᠴᠢ ᠵᠢᠨ ᠬᠠᠩᠭ᠋ᠠᠭᠰᠠᠨ ᠲᠥᠷᠥᠯ ᠵᠦᠢ᠍ᠯ᠎ᠤᠨ ᠬᠠᠮᠢᠶ᠎ᠠ ᠪᠥᠬᠦᠶ ᠮᠠᠲ᠋ᠧᠷᠢᠶᠠᠯ ᠪᠠ ᠡᠯ᠎ᠡ ᠵᠦᠢ᠍ᠯ᠎ᠤᠨ ᠢᠯᠡ ᠪᠠᠶ᠋ᠢᠭ᠎ᠠ ᠲᠤᠭ᠎ᠠ ᠪᠠᠷᠢᠮᠲᠠ ᠵᠢᠨ ᠮᠠᠲ᠋ᠧᠷᠢᠶᠠᠯ᠎ᠳᠤ ᠲᠥᠷᠥᠯ ᠬᠤᠪᠢᠶᠠᠬᠤ᠂ ᠬᠤᠷᠢᠶᠠᠩᠭᠤᠶ᠋ᠢᠯᠠᠬᠤ ᠪᠠ ᠵᠠᠳᠠᠯᠤᠯᠲᠠ ᠬᠢᠵᠦ᠂ ᠲᠥᠷᠥᠯ ᠵᠦᠢ᠍ᠯ᠎ᠳᠤ ᠦᠨᠡᠯᠡᠯᠲᠡ ᠬᠢᠬᠦ ᠶᠠᠪᠤᠴᠠ ᠵᠢ ᠵᠢᠭ᠋ᠠᠵᠤ ᠪᠣᠶ᠃ ᠠᠬᠤᠢ ᠲᠠᠯᠠᠪᠠᠶ ᠵᠢᠨ ᠪᠤᠰᠤ ᠦᠨᠡᠯᠡᠯᠲᠡ ᠵᠢ ᠵᠠᠷᠴᠢᠮ ᠳᠡᠭᠡᠷ᠎ᠡ᠎ᠪᠠᠨ ᠲᠥᠷᠥᠯ ᠵᠦᠢ᠍ᠯ᠎ᠤᠨ ᠬᠡᠷᠡᠭᠵᠢᠭᠦᠯᠬᠦ᠎ᠳᠤ ᠬᠤᠯᠪᠣᠭᠳᠠᠬᠤ ᠪᠣᠶ ᠪᠥᠬᠦᠶ ᠨᠢᠭᠡᠴᠢ ᠪᠠ ᠲᠥᠷᠥᠯ ᠵᠦᠢ᠍ᠯ᠎ᠳᠤ ᠣᠷᠣᠭᠤᠯᠤᠭᠰᠠᠨ ᠪᠠᠯᠠ ᠮᠥᠩᠭᠦ ᠵᠢ ᠬᠠᠮᠤᠷᠬᠤ ᠬᠡᠷᠡᠭᠲᠡᠢ᠃
ᠭᠤᠴᠢᠨ ᠬᠤᠶᠠᠳᠤᠭ᠋ᠠᠷ ᠵᠦᠢ᠍ᠯ ᠦᠨᠡᠯᠡᠯᠲᠡ ᠵᠢᠨ ᠠᠷᠭ᠎ᠠ᠎ᠳᠤ ᠭᠤᠣᠯᠳᠠᠭᠤ ᠥᠪᠡᠷ᠎ᠤᠨ ᠥᠷᠲᠡᠭ ᠦᠷ᠎ᠡ ᠠᠰᠢᠭ᠎ᠢ ᠵᠠᠳᠠᠯᠬᠤ ᠠᠷᠭ᠎ᠠ᠂ ᠬᠠᠷᠢᠴᠠᠭᠤᠯᠬᠤ ᠠᠷᠭ᠎ᠠ᠂ ᠡᠯᠧᠮᠧᠨ᠋ᠲ᠎ᠢ ᠵᠠᠳᠠᠯᠬᠤ ᠠᠷᠭ᠎ᠠ᠂ ᠬᠠᠮᠤᠭ᠎ᠤᠨ ᠳᠣᠣᠷ᠎ᠠ ᠥᠪᠡᠷ᠎ᠤᠨ ᠥᠷᠲᠡᠭ᠎ᠤᠨ ᠠᠷᠭ᠎ᠠ᠂ ᠨᠡᠶ᠋ᠢᠲᠡ ᠣᠯᠠᠨ᠎ᠤ ᠦᠨᠡᠯᠡᠨ ᠮᠠᠭ᠋ᠠᠳᠯᠠᠬᠤ ᠠᠷᠭ᠎ᠠ᠂ ᠬᠡᠪ ᠳᠠᠭᠤᠷᠢᠶᠠᠯ᠎ᠤᠨ ᠬᠠᠮᠢᠶᠠᠷᠤᠯᠲᠠ ᠵᠢᠨ ᠠᠷᠭ᠎ᠠ ᠵᠡᠷᠭᠡ ᠪᠠᠭᠲᠠᠨ᠎ᠠ᠃ ᠦᠨᠡᠯᠡᠯᠲᠡ ᠬᠢᠯᠭᠡᠬᠦ ᠡᠲᠡᠭᠡᠳ᠎ᠤᠨ ᠪᠣᠳᠠᠲᠤ ᠪᠠᠶ᠋ᠢᠳᠠᠯ᠎ᠢ ᠦᠨᠳᠦᠰᠦᠯᠡᠨ᠂ ᠨᠢᠭᠡ ᠵᠦᠢ᠍ᠯ᠎ᠤᠨ ᠪᠤᠶᠤ ᠣᠯᠠᠨ ᠵᠦᠢ᠍ᠯ᠎ᠤᠨ ᠠᠷᠭ᠎ᠠ ᠵᠢ ᠬᠡᠷᠡᠭᠯᠡᠵᠦ ᠪᠣᠯᠤᠨ᠎ᠠ᠃
(ᠨᠢᠭᠡ) ᠥᠪᠡᠷ᠎ᠤᠨ ᠥᠷᠲᠡᠭ ᠦᠷ᠎ᠡ ᠠᠰᠢᠭ᠎ᠢ ᠵᠠᠳᠠᠯᠬᠤ ᠠᠷᠭ᠎ᠠ᠃ ᠡᠨᠡ᠎ᠨᠢ ᠣᠷᠣᠭᠤᠯᠤᠯᠲᠠ ᠬᠢᠭᠡᠳ ᠦᠢ᠍ᠯᠡᠳᠪᠦᠷᠢᠯᠡᠵᠦ ᠭᠠᠷᠭ᠋ᠠᠬᠤ᠂ ᠦᠷ᠎ᠡ ᠠᠰᠢᠭ᠎ᠢ ᠬᠤᠯᠪᠣᠭᠳᠠᠭᠤᠯᠤᠨ ᠵᠠᠳᠠᠯᠤᠯᠲᠠ ᠬᠢᠬᠦ ᠠᠷᠭ᠎ᠠ ᠵᠢ ᠵᠢᠭ᠋ᠠᠵᠤ ᠪᠣᠢ;
(ᠬᠤᠶᠠᠷ) ᠬᠠᠷᠢᠴᠠᠭᠤᠯᠬᠤ ᠠᠷᠭ᠎ᠠ᠃ ᠡᠨᠡ᠎ᠨᠢ ᠬᠡᠷᠡᠭᠵᠢᠭᠦᠯᠦᠭᠰᠡᠨ ᠪᠠᠶ᠋ᠢᠳᠠᠯ ᠬᠢᠭᠡᠳ ᠠᠮᠵᠢᠯᠲᠠ ᠪᠦᠲᠦᠮᠵᠢ ᠵᠢᠨ ᠬᠠᠷᠠᠯᠲᠠ᠂ ᠥᠩᠭᠡᠷᠡᠭᠰᠡᠨ᠎ᠤ ᠪᠠᠶ᠋ᠢᠳᠠᠯ᠂ ᠠᠳᠠᠯᠢ ᠪᠤᠰᠤ ᠰᠠᠯᠠᠭ᠎ᠠ ᠮᠥᠴᠢᠷ ᠪᠠ ᠭᠠᠵᠠᠷ ᠣᠷᠣᠨ᠎ᠤ ᠠᠳᠠᠯᠢ ᠲᠦᠷᠦᠯ᠎ᠤᠨ ᠵᠠᠷᠤᠯᠭ᠎ᠠ ᠵᠢᠨ ᠪᠠᠶ᠋ᠢᠳᠠᠯ᠎ᠲᠠᠢ ᠬᠠᠷᠢᠴᠠᠭᠤᠯᠬᠤ ᠠᠷᠭ᠎ᠠ ᠵᠢ ᠵᠢᠭ᠋ᠠᠵᠤ ᠪᠣᠢ;
(ᠭᠤᠷᠪᠠ) ᠡᠯᠧᠮᠧᠨ᠋ᠲ᠎ᠢ ᠵᠠᠳᠠᠯᠬᠤ ᠠᠷᠭ᠎ᠠ᠃ ᠡᠨᠡ᠎ᠨᠢ ᠠᠮᠵᠢᠯᠲᠠ ᠪᠦᠲᠦᠮᠵᠢ ᠵᠢᠨ ᠬᠠᠷᠠᠯᠲᠠ ᠵᠢ ᠪᠡᠶᠡᠯᠡᠭᠦᠯᠬᠦ᠂ ᠬᠡᠷᠡᠭᠵᠢᠭᠦᠯᠦᠭᠰᠡᠨ᠎ᠤ ᠦᠷ᠎ᠡ ᠪᠦᠲᠦᠮᠵᠢ ᠵᠢ᠎ᠨᠢ ᠨᠥᠯᠥᠭᠡᠯᠡᠬᠦ ᠳᠣᠲᠣᠭ᠋ᠠᠳᠤ ᠭᠠᠳᠠᠭ᠋ᠠᠳᠤ ᠲᠠᠯ᠎ᠠ ᠵᠢᠨ ᠡᠯᠧᠮᠧᠨ᠋ᠲ᠎ᠲᠤ ᠶᠡᠷᠦᠩᠬᠡᠶ᠋ᠢᠯᠡᠭᠰᠡᠨ ᠵᠠᠳᠠᠯᠤᠯᠲᠠ ᠬᠢᠬᠦ ᠠᠷᠭ᠎ᠠ ᠵᠢ ᠵᠢᠭ᠋ᠠᠵᠤ ᠪᠤᠶ;
(ᠳᠥᠷᠪᠡ) ᠬᠠᠮᠤᠭ᠎ᠤᠨ ᠳᠣᠤᠷ᠎ᠠ ᠥᠪᠡᠷ᠎ᠤᠨ ᠥᠷᠲᠡᠭ᠎ᠤᠨ ᠠᠷᠭ᠎ᠠ᠃ ᠡᠨᠡ᠎ᠨᠢ ᠠᠮᠵᠢᠯᠲᠠ ᠪᠦᠲᠦᠮᠵᠢ ᠵᠢᠨ ᠬᠠᠷᠠᠯᠲᠠ ᠵᠢ ᠲᠣᠭᠲᠠᠭ᠋ᠠᠭᠰᠠᠨ ᠤᠷᠢᠲᠠᠯ ᠳᠣᠣᠷ᠎ᠠ᠂ ᠥᠪᠡᠷ᠎ᠤᠨ ᠥᠷᠲᠡᠭ ᠵᠶ᠋ᠠᠷ ᠬᠠᠮᠤᠭ᠎ᠤᠨ ᠪᠠᠭ᠎ᠠ ᠵᠢ᠎ᠨᠢ ᠰᠠᠶ᠋ᠢᠨ ᠭᠡᠵᠦ ᠦᠨᠡᠯᠡᠬᠦ ᠠᠷᠭ᠎ᠠ ᠵᠢ ᠵᠢᠭ᠋ᠠᠵᠤ ᠪᠤᠶ;
(ᠲᠠᠪᠤ) ᠨᠡᠶ᠋ᠢᠲᠡ ᠣᠯᠠᠨ᠎ᠤ ᠦᠨᠡᠯᠡᠨ ᠮᠠᠭ᠋ᠠᠳᠯᠠᠬᠤ ᠠᠷᠭ᠎ᠠ᠃ ᠲᠤᠰᠬᠠᠶ ᠮᠡᠷᠭᠡᠵᠢᠯᠲᠡᠨ᠎ᠤ ᠦᠨᠡᠯᠡᠨ ᠵᠢᠱ᠌ᠢᠬᠦ᠂ ᠨᠡᠶ᠋ᠢᠲᠡ ᠣᠯᠠᠨ ᠵᠶ᠋ᠠᠷ ᠠᠰᠠᠭᠤᠯᠲᠠ ᠬᠠᠷᠢᠭᠤᠯᠬᠤ ᠵᠢᠴᠢ ᠥᠯᠢᠭᠡᠷ ᠠᠪᠴᠤ ᠪᠠᠶ᠋ᠢᠴᠠᠭ᠋ᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠦᠨᠡᠯᠡᠯᠲᠡ ᠬᠢᠬᠦ ᠠᠷᠭ᠎ᠠ ᠵᠢ ᠵᠢᠭ᠋ᠠᠵᠤ ᠪᠣᠢ;
(ᠵᠢᠷᠭᠤᠭ᠎ᠠ) ᠬᠡᠪ ᠳᠠᠭᠤᠷᠢᠶᠠᠯ᠎ᠤᠨ ᠬᠠᠮᠢᠶᠠᠷᠤᠯᠲᠠ ᠵᠢᠨ ᠠᠷᠭ᠎ᠠ᠃ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠠᠳᠠᠯᠢ ᠠᠵᠢᠯ ᠲᠥᠷᠥᠯ᠎ᠤᠨ ᠳᠣᠲᠣᠷᠠᠬᠢ ᠨᠡᠯᠢᠶᠡᠳ ᠥᠨᠳᠥᠷ ᠠᠮᠵᠢᠯᠲᠠ ᠪᠦᠲᠦᠮᠵᠢ ᠵᠢᠨ ᠬᠢᠷᠢ ᠬᠡᠮᠵᠢᠶ᠎ᠡ᠎ᠪᠠᠷ ᠬᠡᠪ ᠳᠠᠭᠤᠷᠢᠶᠠᠯ ᠪᠣᠯᠭ᠋ᠠᠵᠤ ᠦᠨᠡᠯᠡᠨ ᠮᠠᠭ᠋ᠠᠳᠯᠠᠬᠤ ᠠᠷᠭ᠎ᠠ ᠵᠢ ᠵᠢᠭ᠋ᠠᠵᠤ ᠪᠤᠶ;
(ᠳᠣᠯᠤᠭ᠎ᠠ) ᠦᠨᠡᠯᠡᠯᠲᠡ ᠵᠢᠨ ᠪᠤᠰᠤᠳ ᠠᠷᠭ᠎ᠠ᠃
ᠭᠤᠴᠢᠨ ᠭᠤᠷᠪᠠᠳᠤᠭ᠋ᠠᠷ ᠵᠦᠢ᠍ᠯ ᠦᠨᠡᠯᠡᠯᠲᠡ ᠵᠢᠨ ᠠᠵᠢᠯ᠎ᠤᠨ ᠳᠤᠭᠤᠶ᠋ᠢᠯᠠᠩ᠎ᠨᠢ ᠠᠬᠤᠢ ᠲᠠᠯᠠᠪᠠᠶ ᠵᠢᠨ ᠦᠨᠡᠯᠡᠯᠲᠡ ᠪᠠ ᠠᠬᠤᠢ ᠲᠠᠯᠠᠪᠠᠶ ᠵᠢᠨ ᠪᠤᠰᠤ ᠦᠨᠡᠯᠡᠯᠲᠡ ᠵᠢᠨ ᠪᠠᠶ᠋ᠢᠳᠠᠯ᠎ᠢ ᠡᠮᠬᠢᠯᠡᠨ ᠬᠤᠷᠢᠶᠠᠩᠭᠤᠶ᠋ᠢᠯᠠᠵᠤ ᠵᠠᠳᠠᠯᠤᠯᠲᠠ ᠬᠢᠭᠰᠡᠨ ᠰᠠᠭᠤᠷᠢᠨ ᠳᠡᠭᠡᠷ᠎ᠡ᠂ ᠲᠥᠷᠥᠯ ᠵᠦᠢ᠍ᠯ᠎ᠤᠨ ᠶᠡᠷᠦᠩᠬᠡᠶ ᠪᠠᠶ᠋ᠢᠳᠠᠯ᠎ᠳᠤ ᠶᠡᠷᠦᠩᠬᠡᠶ᠋ᠢᠯᠡᠭᠰᠡᠨ ᠦᠨᠡᠯᠡᠯᠲᠡ ᠬᠢᠵᠦ᠂ ᠦᠨᠡᠯᠡᠯᠲᠡ ᠵᠢᠨ ᠦᠷ᠎ᠡ ᠳ᠋ᠦᠩ᠎ᠢ ᠭᠠᠷᠭ᠋ᠠᠬᠤ ᠵᠢᠨ ᠬᠠᠮᠲᠤ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠮᠡᠳᠡᠭᠦᠯᠦᠯᠲᠡ ᠵᠢ ᠲᠤᠭᠤᠷᠪᠢᠬᠤ ᠬᠡᠷᠡᠭᠲᠡᠶ᠃
ᠭᠤᠴᠢᠨ ᠳᠥᠷᠪᠡᠳᠦᠭᠡᠷ ᠵᠦᠢ᠍ᠯ ᠦᠨᠡᠯᠡᠯᠲᠡ ᠵᠢᠨ ᠦᠷ᠎ᠡ ᠳ᠋ᠦᠩ᠎ᠳᠤ ᠬᠤᠪᠢ ᠲᠣᠭᠲᠠᠭ᠋ᠠᠬᠤ ᠪᠠ ᠳᠡᠰ ᠲᠣᠭᠲᠠᠭ᠋ᠠᠬᠤ ᠵᠢ ᠤᠶᠠᠯᠳᠤᠭᠤᠯᠤᠭᠰᠠᠨ ᠠᠷᠭ᠎ᠠ ᠮᠠᠶᠢᠭ᠎ᠢ ᠬᠡᠷᠡᠭᠯᠡᠨ᠂ ᠪᠣᠳᠠᠲᠠᠶ ᠬᠤᠪᠢ ᠵᠢᠨ ᠬᠡᠮᠵᠢᠭᠳᠡᠯ ᠪᠠ ᠵᠡᠷᠭᠡ ᠳᠡᠰ᠎ᠢ᠎ᠨᠢ ᠠᠳᠠᠯᠢ ᠪᠤᠰᠤ ᠦᠨᠡᠯᠡᠯᠲᠡ ᠵᠢᠨ ᠠᠭᠤᠯᠭ᠎ᠠ ᠵᠢ ᠦᠨᠳᠦᠰᠦᠯᠡᠨ ᠲᠣᠭᠲᠠᠭ᠋ᠠᠵᠤ ᠪᠣᠯᠤᠨ᠎ᠠ᠃ ᠶᠡᠷᠦᠩᠬᠡᠶ ᠬᠤᠪᠢ ᠵᠢ ᠶᠡᠷᠦ᠎ᠳᠤ᠎ᠪᠠᠨ 100 ᠬᠤᠪᠢ᠎ᠪᠠᠷ ᠲᠣᠭᠲᠠᠭ᠋ᠠᠵᠤ᠂ ᠵᠡᠷᠭᠡ ᠳᠡᠰ᠎ᠢ᠎ᠨᠢ ᠶᠡᠷᠦ᠎ᠳᠤ᠎ᠪᠠᠨ ᠳᠥᠷᠪᠡᠨ ᠳᠡᠰ ᠬᠤᠪᠢᠶᠠᠨ᠎ᠠ᠄ 90 (ᠪᠠᠭᠲᠠᠨ᠎ᠠ) — 100 ᠬᠤᠪᠢ᠎ᠨᠢ ᠰᠢᠯᠢᠳᠡᠭ᠂ 80 (ᠪᠠᠭᠲᠠᠨ᠎ᠠ) — 90 ᠬᠤᠪᠢ᠎ᠨᠢ ᠰᠠᠶ᠋ᠢᠨ᠂ 60 (ᠪᠠᠭᠲᠠᠨ᠎ᠠ) — 80 ᠬᠤᠪᠢ᠎ᠨᠢ ᠳᠤᠮᠳᠠ ᠵᠢᠨ᠂ 60 ᠬᠤᠪᠢ᠎ᠠᠴᠠ ᠪᠠᠭ᠎ᠠ ᠵᠢ᠎ᠨᠢ ᠠᠨᠠᠶ ᠭᠡᠵᠦ ᠬᠤᠪᠢᠶᠠᠨ᠎ᠠ᠃
ᠭᠤᠴᠢᠨ ᠲᠠᠪᠤᠳᠤᠭ᠋ᠠᠷ ᠵᠦᠢ᠍ᠯ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠮᠡᠳᠡᠭᠦᠯᠦᠯᠲᠡ᠎ᠳᠤ ᠦᠨᠡᠯᠡᠯᠲᠡ ᠬᠢᠭᠰᠡᠨ ᠲᠥᠷᠥᠯ ᠵᠦᠢ᠍ᠯ᠎ᠤᠨ ᠦᠨᠳᠦᠰᠦᠨ ᠪᠠᠶ᠋ᠢᠳᠠᠯ᠎ᠢ ᠪᠦᠬᠦ ᠲᠠᠯ᠎ᠠ᠎ᠪᠠᠷ ᠲᠣᠳᠣᠷᠬᠠᠶ᠋ᠢᠯᠠᠨ ᠪᠢᠴᠢᠵᠦ᠂ ᠦᠨᠡᠯᠡᠯᠲᠡ ᠵᠢ ᠵᠣᠬᠢᠶᠠᠨ ᠪᠠᠶ᠋ᠢᠭᠤᠯᠵᠤ ᠬᠡᠷᠡᠭᠵᠢᠭᠦᠯᠦᠭᠰᠡᠨ ᠪᠠᠶ᠋ᠢᠳᠠᠯ ᠵᠶ᠋ᠠᠨ ᠲᠣᠳᠣᠷᠬᠠᠶ᠋ᠢᠯᠠᠬᠤ ᠵᠢᠨ ᠬᠠᠮᠲᠤ᠂ ᠪᠦᠬᠦ ᠲᠠᠯ᠎ᠠ᠎ᠪᠠᠷ ᠵᠠᠳᠠᠯᠵᠣ ᠳ᠋ᠦᠩᠨᠡᠨ ᠦᠨᠡᠯᠡᠭᠰᠡᠨ ᠰᠠᠭᠤᠷᠢᠨ ᠳᠡᠭᠡᠷ᠎ᠡ᠂ ᠦᠨᠡᠯᠡᠯᠲᠡ ᠵᠢᠨ ᠭᠦᠢ᠍ᠴᠡᠳᠬᠡᠯ ᠲᠣᠭ᠋ᠠᠨ᠎ᠤ ᠲᠣᠭᠲᠠᠯᠴᠠᠭ᠎ᠠ᠎ᠲᠠᠢ ᠬᠠᠷᠢᠴᠠᠭᠤᠯᠤᠭ᠋ᠠᠳ ᠪᠣᠳᠠᠲᠠᠶ ᠠᠮᠵᠢᠯᠲᠠ ᠪᠦᠲᠦᠮᠵᠢ ᠵᠢᠨ ᠵᠠᠳᠠᠯᠤᠯᠲᠠ ᠪᠠ ᠳ᠋ᠦᠩᠨᠡᠯᠲᠡ ᠭᠠᠷᠭ᠋ᠠᠬᠤ ᠬᠡᠷᠡᠭᠲᠡᠶ᠃ ᠲᠥᠷᠥᠯ ᠵᠦᠢ᠍ᠯ᠎ᠤᠨ ᠠᠮᠵᠢᠯᠲᠠ ᠪᠦᠲᠦᠮᠵᠢ᠂ ᠭᠤᠤᠯ ᠪᠣᠯᠬᠤ ᠠᠰᠠᠭᠤᠳᠠᠯ᠎ᠤᠨ ᠵᠠᠳᠠᠯᠤᠯᠲᠠ ᠵᠡᠷᠭᠡ᠎ᠳᠤ ᠲᠤᠭ᠎ᠠ ᠪᠠᠷᠢᠮᠲᠠ᠎ᠨᠢ ᠦᠨᠡᠨ ᠪᠣᠳᠠᠲᠠᠶ᠂ ᠠᠭᠤᠯᠭ᠎ᠠ᠎ᠨᠢ ᠪᠦᠷᠢᠨ ᠲᠡᠭᠦᠯᠳᠡᠷ᠂ ᠬᠡᠷᠡᠭ᠎ᠤᠨ ᠵᠢᠱ᠌ᠢᠶ᠎ᠡ᠎ᠨᠢ ᠨᠠᠷᠢᠨ ᠪᠣᠳᠠᠲᠠᠶ᠂ ᠦᠨᠳᠦᠰᠦᠯᠡᠯ᠎ᠨᠢ ᠪᠦᠷᠢᠨ ᠭᠦᠢ᠍ᠴᠡᠳ᠂ ᠵᠠᠳᠠᠯᠤᠯᠲᠠ᠎ᠨᠢ ᠨᠡᠪᠲᠡᠷᠬᠡᠶ᠂ ᠳ᠋ᠦᠩᠨᠡᠯᠲᠡ᠎ᠨᠢ ᠣᠨᠣᠪᠴᠢᠲᠠᠶ ᠪᠠᠶ᠋ᠢᠵᠦ᠂ ᠳᠤᠷᠠᠳᠤᠭᠰᠠᠨ ᠰᠠᠨᠠᠭᠤᠯᠭ᠎ᠠ᠎ᠨᠢ ᠬᠠᠨᠳᠤᠯᠭ᠋ᠠᠲᠤ ᠴᠢᠨᠠᠷ ᠪᠠ ᠪᠣᠯᠤᠮᠵᠢᠲᠤ ᠴᠢᠨᠠᠷᠲᠠᠢ ᠪᠠᠶ᠋ᠢᠬᠤ ᠬᠡᠷᠡᠭᠲᠡᠶ᠃
ᠲᠠᠪᠤᠳᠤᠭ᠋ᠠᠷ ᠪᠦᠯᠦᠭ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠦᠷ᠎ᠡ ᠳ᠋ᠦᠩ᠎ᠢ ᠬᠡᠷᠡᠭᠯᠡᠬᠦ ᠵᠢᠴᠢ ᠲᠡᠭᠦᠨ᠎ᠢ ᠢᠯᠡ ᠪᠣᠯᠭ᠋ᠠᠬᠤ
ᠭᠤᠴᠢᠨ ᠵᠢᠷᠭᠤᠳᠤᠭ᠋ᠠᠷ ᠵᠦᠢ᠍ᠯ ᠲᠥᠷᠥᠯ ᠵᠦᠢ᠍ᠯ᠎ᠤᠨ ᠨᠢᠭᠡᠴᠢ᠎ᠨᠢ ᠨᠢᠭᠡᠴᠢ ᠵᠢᠨ ᠥᠪᠡᠷᠰᠡᠳ᠎ᠤᠨ ᠦᠨᠡᠯᠡᠯᠲᠡ ᠵᠢᠨ ᠦᠷ᠎ᠡ ᠳ᠋ᠦᠩ ᠵᠶ᠋ᠠᠨ ᠡᠮᠬᠢᠯᠡᠨ ᠳᠢᠭᠯᠡᠬᠦ ᠪᠠ ᠵᠠᠳᠠᠯᠤᠯᠲᠠ ᠬᠢᠬᠦ ᠵᠢ ᠦᠨᠡᠨ ᠬᠦ᠌ ᠴᠢᠩᠭ᠋ᠠᠳᠬᠠᠵᠤ᠂ ᠥᠪᠡᠷᠰᠡᠳ᠎ᠤᠨ ᠦᠨᠡᠯᠡᠯᠲᠡ ᠵᠢᠨ ᠦᠷ᠎ᠡ ᠳ᠋ᠦᠩ᠎ᠢ ᠲᠣᠰ ᠨᠢᠭᠡᠴᠢ ᠵᠢᠨ ᠲᠥᠷᠥ ᠵᠢᠨ ᠪᠣᠳᠣᠯᠭ᠎ᠠ᠂ ᠲᠦᠷᠢᠮ ᠵᠶ᠋ᠠᠨ ᠲᠡᠭᠦᠯᠳᠡᠷᠵᠢᠭᠦᠯᠬᠦ ᠪᠠ ᠬᠠᠮᠢᠶᠠᠷᠤᠯᠲᠠ᠎ᠪᠠᠨ ᠰᠠᠶ᠋ᠢᠵᠢᠷᠠᠭᠤᠯᠬᠤ ᠴᠢᠬᠤᠯᠠ ᠦᠨᠳᠦᠰᠦᠯᠡᠯ ᠪᠣᠯᠭ᠋ᠠᠬᠤ ᠬᠡᠷᠡᠭᠲᠡᠶ᠃ ᠲᠥᠰᠦᠪ᠎ᠢ ᠭᠦᠢ᠍ᠴᠡᠳᠬᠡᠭᠰᠡᠨ ᠨᠣᠷᠮ᠎ᠠ᠎ᠨᠢ ᠳᠣᠣᠷ᠎ᠠ᠂ ᠥᠪᠡᠷᠰᠡᠳ᠎ᠤᠨ ᠦᠨᠡᠯᠡᠯᠲᠡ ᠵᠢᠨ ᠦᠷ᠎ᠡ ᠳ᠋ᠦᠩ᠎ᠨᠢ ᠨᠡᠯᠢᠶᠡᠳ ᠠᠨᠠᠶ ᠪᠠᠶ᠋ᠢᠭ᠎ᠠ ᠲᠥᠷᠥᠯ ᠵᠦᠢ᠍ᠯ᠎ᠳᠤ᠎ᠪᠠᠨ ᠰᠢᠯᠲᠠᠭ᠋ᠠᠨ᠎ᠢ᠎ᠨᠢ ᠠᠰᠲᠠᠭ᠋ᠠᠨ ᠲᠣᠳᠣᠷᠬᠠᠶ᠋ᠢᠯᠠᠵᠤ᠂ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠬᠤ ᠬᠡᠷᠡᠭᠲᠡᠶ᠃
ᠭᠤᠴᠢᠨ ᠳᠣᠯᠣᠳᠤᠭ᠋ᠠᠷ ᠵᠦᠢ᠍ᠯ ᠰᠠᠯᠠᠭ᠎ᠠ ᠮᠥᠴᠢᠷ ᠪᠠ ᠡᠳ᠋᠎ᠤᠨ ᠵᠠᠰᠠᠭ᠎ᠤᠨ ᠦᠨᠡᠯᠡᠯᠲᠡ ᠵᠢᠨ ᠠᠵᠢᠯ᠎ᠢ ᠪᠡᠶᠡᠯᠡᠭᠦᠯᠦᠭᠰᠡᠨ᠎ᠤ ᠳᠠᠷᠠᠭ᠎ᠠ᠂ ᠦᠨᠡᠯᠡᠯᠲᠡ ᠬᠢᠭᠰᠡᠨ ᠲᠠᠯ᠎ᠠ᠎ᠨᠢ ᠦᠨᠡᠯᠡᠯᠲᠡ ᠵᠢᠨ ᠦᠷ᠎ᠡ ᠳ᠋ᠦᠩ ᠵᠶ᠋ᠠᠨ ᠦᠨᠡᠯᠡᠯᠲᠡ ᠬᠢᠯᠭᠡᠭᠰᠡᠨ ᠡᠲᠡᠭᠡᠳ᠎ᠲᠤ ᠴᠠᠭ ᠲᠤᠬᠠᠶ᠎ᠳᠤᠨᠢ ᠬᠠᠷᠢᠭᠤ ᠲᠤᠰᠬᠠᠬᠤ ᠵᠢᠨ ᠬᠠᠮᠲᠤ ᠴᠡᠭᠴᠡᠯᠡᠨ ᠰᠠᠶ᠋ᠢᠵᠢᠷᠠᠭᠤᠯᠬᠤ ᠴᠠᠭ᠎ᠤᠨ ᠬᠢᠵᠠᠭ᠋ᠠᠷ᠎ᠢ᠎ᠨᠢ ᠲᠣᠳᠣᠷᠬᠠᠶ ᠲᠣᠭᠲᠠᠭ᠋ᠠᠵᠤ ᠥᠭᠬᠦ ᠬᠡᠷᠡᠭᠲᠡᠶ᠃ ᠦᠨᠡᠯᠡᠯᠲᠡ ᠬᠢᠯᠭᠡᠭᠰᠡᠨ ᠡᠲᠡᠭᠡᠳ᠎ᠨᠢ ᠱᠠᠭ᠋ᠠᠷᠳᠠᠯᠭ᠎ᠠ ᠶᠣᠰᠣᠭ᠋ᠠᠷ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ ᠵᠶ᠋ᠠᠨ ᠮᠡᠳᠡᠭᠦᠯᠦᠨ ᠬᠦᠷᠭᠡᠵᠦ᠂ ᠦᠨᠡᠯᠡᠯᠲᠡ ᠵᠢᠨ ᠦᠷ᠎ᠡ ᠳ᠋ᠦᠩ ᠬᠢᠭᠡᠳ ᠥᠪᠡᠷᠰᠡᠳ᠎ᠤᠨ ᠦᠨᠡᠯᠡᠯᠲᠡ ᠵᠢᠨ ᠦᠷ᠎ᠡ ᠳ᠋ᠦᠩ᠎ᠨᠢ ᠨᠡᠯᠢᠶᠡᠳ ᠶᠡᠭᠡ ᠵᠥᠷᠢᠶ᠎ᠡ᠎ᠲᠠᠢ ᠪᠠᠶ᠋ᠢᠪᠠᠯ᠂ ᠵᠥᠷᠢᠶ᠎ᠡ ᠭᠠᠷᠤᠭᠰᠠᠨ ᠰᠢᠯᠲᠠᠭ᠋ᠠᠨ᠎ᠳᠤᠨᠢ ᠭᠦᠨᠵᠡᠭᠡᠶ ᠵᠠᠳᠠᠯᠤᠯᠲᠠ ᠬᠢᠵᠦ᠂ ᠬᠠᠮᠢᠶ᠎ᠠ ᠪᠥᠬᠦᠶ ᠠᠵᠢᠯ ᠵᠶ᠋ᠠᠨ ᠤᠯᠠᠮ ᠨᠢᠭᠡ ᠠᠯᠬᠤᠮ ᠰᠠᠶ᠋ᠢᠵᠢᠷᠠᠭᠤᠯᠬᠤ ᠬᠡᠷᠡᠭᠲᠡᠶ᠃ ᠦᠨᠡᠯᠡᠯᠲᠡ ᠬᠢᠭᠰᠡᠨ ᠰᠠᠯᠠᠭ᠎ᠠ ᠮᠥᠴᠢᠷ᠎ᠨᠢ ᠱᠠᠭ᠋ᠠᠷᠳᠠᠯᠭ᠎ᠠ ᠶᠣᠰᠣᠭ᠋ᠠᠷ ᠰᠠᠯᠠᠭ᠎ᠠ ᠮᠥᠴᠢᠷ᠎ᠤᠨ ᠦᠨᠡᠯᠡᠯᠲᠡ ᠵᠢᠨ ᠦᠷ᠎ᠡ ᠳ᠋ᠦᠩ᠎ᠢ᠎ᠨᠢ ᠲᠤᠰ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠴᠠᠭ ᠲᠤᠬᠠᠢᠳᠤᠨᠢ ᠮᠡᠳᠡᠭᠦᠯᠦᠨ ᠬᠦᠷᠭᠡᠬᠦ ᠬᠡᠷᠡᠭᠲᠡᠢ᠃
ᠭᠤᠴᠢᠨ ᠨᠠᠢ᠍ᠮᠠᠳᠤᠭ᠋ᠠᠷ ᠵᠦᠢ᠍ᠯ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠲᠥᠰᠦᠪ ᠬᠢᠵᠦ ᠪᠦᠬᠦᠢ ᠰᠠᠯᠠᠭ᠎ᠠ ᠮᠥᠴᠢᠷ᠎ᠤᠨ ᠭᠤᠣᠯᠳᠠᠯᠭ᠎ᠠ᠎ᠲᠠᠢ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠦᠷ᠎ᠡ ᠳ᠋ᠦᠩ᠎ᠢ ᠬᠡᠷᠡᠭᠯᠡᠭᠰᠡᠨ ᠪᠠ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ᠎ᠢ᠎ᠨᠢ ᠪᠦᠬᠦ ᠲᠠᠯ᠎ᠠ᠎ᠪᠠᠷ ᠬᠢᠨᠠᠨ ᠬᠠᠷᠭᠤᠭᠤᠯᠬᠤ ᠵᠢᠨ ᠬᠠᠮᠲᠤ᠂ ᠬᠡᠰᠡᠭ ᠲᠥᠷᠥᠯ ᠵᠦᠢ᠍ᠯ᠎ᠢ᠎ᠨᠢ ᠭᠤᠣᠯᠳᠠᠯᠭ᠎ᠠ᠎ᠲᠠᠢ ᠰᠣᠩᠭᠤᠨ ᠲᠤᠰᠬᠠᠶ ᠬᠢᠨᠠᠨ ᠪᠠᠶ᠋ᠢᠴᠠᠭ᠋ᠠᠵᠦ᠂ ᠦᠨᠡᠯᠡᠯᠲᠡ ᠵᠢᠨ ᠦᠷ᠎ᠡ ᠳ᠋ᠦᠩ᠎ᠤᠨ ᠬᠡᠷᠡᠭᠯᠡᠯᠲᠡ ᠵᠢ ᠰᠢᠮᠳᠠᠭᠤᠯᠤᠨ ᠴᠢᠩᠭ᠋ᠠᠳᠬᠠᠬᠤ ᠬᠡᠷᠡᠭᠲᠡᠶ᠃
ᠭᠤᠴᠢ ᠶᠢᠰᠦᠳᠦᠭᠡᠷ ᠵᠦᠢ᠍ᠯ ᠰᠠᠯᠠᠭ᠎ᠠ ᠮᠥᠴᠢᠷ᠎ᠤᠨ ᠦᠨᠡᠯᠡᠯᠲᠡ ᠵᠢᠨ ᠦᠷ᠎ᠡ ᠳ᠋ᠦᠩ᠎ᠢ ᠲᠤᠰ ᠰᠠᠯᠠᠭ᠎ᠠ ᠮᠥᠴᠢᠷ᠎ᠤᠨ ᠲᠥᠰᠦᠪ᠎ᠢ ᠲᠣᠬᠢᠷᠠᠭᠤᠯᠬᠤ᠂ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠬᠦ ᠪᠠ ᠬᠠᠮᠢᠶᠠᠷᠤᠯᠲᠠ ᠵᠢ ᠰᠠᠶ᠋ᠢᠵᠢᠷᠠᠭᠤᠯᠬᠤ ᠵᠢᠨ ᠴᠢᠬᠤᠯᠠ ᠦᠨᠳᠦᠰᠦᠯᠡᠯ ᠪᠣᠯᠭ᠋ᠠᠬᠤ ᠬᠡᠷᠡᠭᠲᠡᠢ; ᠡᠳ᠋᠎ᠤᠨ ᠵᠠᠰᠠᠭ᠎ᠤᠨ ᠦᠨᠡᠯᠡᠯᠲᠡ ᠵᠢᠨ ᠦᠷ᠎ᠡ ᠳ᠋ᠦᠩ᠎ᠢ ᠵᠠᠰᠠᠭ᠎ᠤᠨ ᠣᠷᠳᠣᠨ᠎ᠤ ᠲᠥᠰᠦᠪ᠎ᠢ ᠲᠣᠬᠢᠷᠠᠭᠤᠯᠬᠤ᠂ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠬᠦ ᠪᠠ ᠬᠠᠮᠢᠶᠠᠷᠤᠯᠲᠠ ᠵᠢ ᠰᠠᠶ᠋ᠢᠵᠢᠷᠠᠭᠤᠯᠬᠤ ᠵᠢᠨ ᠴᠢᠬᠤᠯᠠ ᠦᠨᠳᠦᠰᠦᠯᠡᠯ ᠪᠣᠯᠭ᠋ᠠᠬᠤ ᠬᠡᠷᠡᠭᠲᠡᠢ᠃ ᠵᠠᠷᠴᠢᠮ ᠳᠡᠭᠡᠷ᠎ᠡ᠎ᠪᠠᠨ ᠦᠨᠡᠯᠡᠯᠲᠡ ᠵᠢᠨ ᠵᠡᠷᠭᠡ ᠳᠡᠰ᠎ᠨᠢ ᠰᠢᠯᠢᠳᠡᠭ ᠪᠣᠶᠣ ᠰᠠᠶ᠋ᠢᠨ ᠪᠠᠶ᠋ᠢᠪᠠᠯ᠂ ᠪᠠᠶ᠋ᠢᠳᠠᠯ᠎ᠢ᠎ᠨᠢ ᠦᠨᠳᠦᠰᠦᠯᠡᠨ ᠳᠡᠮᠵᠢᠯᠭᠡ ᠦᠵᠡᠭᠦᠯᠦᠨ᠎ᠡ; ᠦᠨᠡᠯᠡᠯᠲᠡ ᠵᠢᠨ ᠵᠡᠷᠭᠡ ᠳᠡᠰ᠎ᠨᠢ ᠳᠤᠮᠳᠠ ᠪᠣᠶᠣ ᠠᠨᠠᠢ ᠪᠠᠶ᠋ᠢᠪᠠᠯ᠂ ᠲᠦᠷᠦ ᠵᠢᠨ ᠪᠤᠳᠤᠯᠭ᠎ᠠ᠎ᠪᠠᠨ ᠲᠡᠭᠦᠯᠳᠡᠷᠵᠢᠭᠦᠯᠦᠨ᠂ ᠬᠠᠮᠢᠶᠠᠷᠤᠯᠲᠠ᠎ᠪᠠᠨ ᠰᠠᠶ᠋ᠢᠵᠢᠷᠠᠭᠤᠯᠵᠤ᠂ ᠪᠠᠶ᠋ᠢᠳᠠᠯ᠎ᠢ᠎ᠨᠢ ᠦᠨᠳᠦᠰᠦᠯᠡᠨ ᠲᠥᠰᠦᠪ᠎ᠢ ᠬᠠᠷᠭᠤᠭᠤᠯᠤᠨ ᠬᠠᠰᠤᠬᠤ ᠬᠡᠷᠡᠭᠲᠡᠢ᠃ ᠴᠡᠭᠴᠡᠯᠡᠨ ᠰᠠᠶ᠋ᠢᠵᠢᠷᠠᠭᠤᠯᠬᠤ ᠦᠭᠡᠶ ᠪᠤᠶᠤ ᠴᠡᠭᠴᠡᠯᠡᠨ ᠰᠠᠶ᠋ᠢᠵᠢᠷᠠᠭᠤᠯᠬᠤ ᠵᠢ ᠪᠣᠳᠠᠲᠠᠶ᠋ᠢᠵᠢᠭᠤᠯᠤᠭᠰᠠᠨ ᠦᠭᠡᠶ ᠪᠠᠶ᠋ᠢᠪᠠᠯ᠂ ᠪᠠᠶ᠋ᠢᠳᠠᠯ᠎ᠢ᠎ᠨᠢ ᠦᠨᠳᠦᠰᠦᠯᠡᠨ ᠲᠥᠰᠦᠪ᠎ᠢ ᠵᠣᠬᠢᠴᠠᠩᠭᠤᠶ᠎ᠪᠠᠷ ᠲᠣᠬᠢᠷᠠᠭᠤᠯᠤᠨ ᠬᠠᠰᠤᠬᠤ ᠪᠤᠶᠤ ᠴᠡᠭᠴᠡᠯᠡᠨ ᠰᠠᠶ᠋ᠢᠵᠢᠷᠠᠭᠤᠯᠬᠤ ᠵᠢ ᠪᠣᠳᠠᠲᠠᠶ᠋ᠢᠵᠢᠭᠤᠯᠤᠭᠰᠠᠨᠤ ᠳᠠᠷᠠᠭ᠎ᠠ ᠳᠠᠬᠢᠨ ᠲᠣᠬᠢᠷᠠᠭᠤᠯᠵᠤ ᠥᠭᠬᠦ ᠬᠡᠷᠡᠭᠲᠡᠶ᠃
ᠳᠥᠴᠢᠳᠦᠭᠡᠷ ᠵᠦᠢ᠍ᠯ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠠᠵᠢᠯ ᠪᠠ ᠦᠷ᠎ᠡ ᠳ᠋ᠦᠩ᠎ᠳᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠂ ᠬᠢᠨᠠᠨ ᠪᠣᠳᠣᠬᠤ ᠪᠠ ᠡᠳ᠋᠎ᠤᠨ ᠵᠠᠰᠠᠭ ᠵᠡᠷᠭᠡ ᠰᠠᠯᠠᠭ᠎ᠠ ᠮᠥᠴᠢᠷ᠎ᠤᠨ ᠬᠢᠨᠠᠯᠲᠠ ᠲᠠᠯᠪᠢᠬᠤ ᠪᠠ ᠨᠡᠶ᠋ᠢᠭᠡᠮ᠎ᠤᠨ ᠬᠢᠨᠠᠯᠲᠠ ᠲᠠᠯᠪᠢᠬᠤ ᠵᠢ ᠬᠠᠤᠯᠢ ᠶᠣᠰᠣᠭ᠋ᠠᠷ ᠬᠦᠯᠢᠶᠡᠬᠦ ᠬᠡᠷᠡᠭᠲᠡᠢ᠃ ᠳᠥᠴᠢᠨ ᠨᠢᠭᠡᠳᠦᠭᠡᠷ ᠵᠦᠢ᠍ᠯ ᠨᠢᠭᠡᠴᠢ ᠵᠢᠨ ᠥᠪᠡᠷᠰᠡᠳ᠎ᠤᠨ ᠦᠨᠡᠯᠡᠯᠲᠡ ᠵᠢᠨ ᠦᠷ᠎ᠡ ᠳ᠋ᠦᠩ᠂ ᠰᠠᠯᠠᠭ᠎ᠠ ᠮᠥᠴᠢᠷ᠎ᠤᠨ ᠦᠨᠡᠯᠡᠯᠲᠡ ᠪᠠ ᠡᠳ᠋᠎ᠤᠨ ᠵᠠᠰᠠᠭ᠎ᠤᠨ ᠦᠨᠡᠯᠡᠯᠲᠡ ᠵᠢᠨ ᠦᠷ᠎ᠡ ᠳ᠋ᠦᠩ᠎ᠢ ᠱᠠᠭ᠋ᠠᠷᠳᠠᠯᠭ᠎ᠠ ᠶᠣᠰᠣᠭ᠋ᠠᠷ ᠵᠠᠰᠠᠭ᠎ᠤᠨ ᠣᠷᠳᠣᠨ᠎ᠤ ᠲᠥᠰᠦᠪ᠎ᠤᠨ ᠭᠦᠢ᠍ᠴᠡᠳᠬᠡᠯ ᠪᠠ ᠲᠤᠰ ᠰᠠᠯᠠᠭ᠎ᠠ ᠮᠥᠴᠢᠷ᠎ᠤᠨ ᠲᠥᠰᠦᠪ᠎ᠤᠨ ᠭᠦᠢ᠍ᠴᠡᠳᠬᠡᠯ᠎ᠳᠤ ᠨᠠᠶ᠋ᠢᠷᠠᠭᠤᠯᠤᠨ ᠣᠷᠣᠭᠤᠯᠵᠤ᠂ ᠲᠤᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ (ᠠᠵᠢᠯᠯᠠᠬᠤ ᠬᠤᠷᠢᠶ᠎ᠠ)᠎ᠳᠤ ᠮᠡᠳᠡᠭᠦᠯᠦᠨ ᠬᠦᠷᠭᠡᠬᠦ ᠵᠢᠨ ᠬᠠᠮᠲᠤ᠂ ᠬᠠᠤᠯᠢ ᠶᠣᠰᠣᠭ᠋ᠠᠷ ᠢᠯᠡ ᠪᠣᠯᠭ᠋ᠠᠬᠤ ᠬᠡᠷᠡᠭᠲᠡᠢ᠃
ᠵᠢᠷᠭᠤᠳᠤᠭ᠋ᠠᠷ ᠪᠦᠯᠦᠭ ᠬᠠᠤᠯᠢ ᠴᠠᠭ᠋ᠠᠵᠠ ᠵᠢᠨ ᠬᠠᠷᠢᠭᠤᠴᠠᠯᠭ᠎ᠠ
ᠳᠥᠴᠢᠨ ᠬᠤᠶᠠᠳᠤᠭ᠋ᠠᠷ ᠵᠦᠢ᠍ᠯ ᠡᠳ᠋᠎ᠤᠨ ᠵᠠᠰᠠᠭ᠎ᠤᠨ ᠪᠡᠯᠡ ᠮᠥᠩᠭᠦ ᠵᠢ ᠬᠡᠷᠡᠭᠯᠡᠭᠡᠳ ᠦᠷ᠎ᠡ ᠠᠰᠢᠭ ᠣᠯᠣᠭᠰᠠᠨ ᠵᠶ᠋ᠠᠷ ᠰᠦᠷᠡᠬᠡᠢ ᠪᠠᠭ᠎ᠠ ᠪᠠ ᠦᠴᠦᠬᠡᠨ ᠴᠤ᠌ ᠦᠷ᠎ᠡ ᠠᠰᠢᠭ ᠣᠯᠣᠭᠰᠠᠨ ᠦᠭᠡᠢ ᠪᠥᠭᠡᠳ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ ᠬᠠᠷᠢᠭᠤᠴᠠᠯᠭ᠎ᠠ᠎ᠲᠠᠢ ᠬᠥᠮᠥᠨ᠎ᠠᠴᠠ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠬᠦ ᠬᠡᠷᠡᠭᠲᠡᠢ᠃ ᠠᠮᠵᠢᠯᠲᠠ ᠪᠦᠲᠦᠮᠵᠢ ᠵᠢᠨ ᠦᠨᠡᠯᠡᠯᠲᠡ ᠬᠢᠬᠦ ᠶᠠᠪᠤᠴᠠ᠎ᠳᠤ ᠢᠯᠡᠷᠡᠭᠦᠯᠦᠭᠰᠡᠨ ᠡᠳ᠋᠎ᠤᠨ ᠵᠠᠰᠠᠭ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠥᠰᠦᠪ᠎ᠤᠨ ᠬᠠᠤᠯᠢ》 《ᠡᠳ᠋᠎ᠤᠨ ᠵᠠᠰᠠᠭ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠲᠣᠷᠭ᠋ᠠᠵᠤ ᠰᠢᠢ᠍ᠳᠬᠡᠬᠦ ᠳᠦᠷᠢᠮ》 ᠵᠡᠷᠭᠡ ᠬᠤᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠶᠣᠰᠣᠭ᠋ᠠᠷ᠂ ᠪᠡᠯᠡ ᠮᠥᠩᠭᠦ ᠬᠡᠷᠡᠭᠯᠡᠭᠰᠡᠨ ᠨᠢᠭᠡᠴᠢ ᠪᠠ ᠬᠤᠪᠢ ᠬᠥᠮᠦᠨ᠎ᠠᠴᠠ ᠬᠠᠮᠢᠶ᠎ᠠ ᠪᠦᠬᠦᠢ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ; ᠰᠠᠬᠢᠯᠭ᠎ᠠ ᠪᠠᠲᠤ ᠪᠠ ᠬᠠᠤᠯᠢ ᠴᠠᠭ᠋ᠠᠵᠠ ᠵᠢ ᠵᠥᠷᠢᠴᠡᠭᠰᠡᠨ ᠠᠰᠠᠭᠤᠳᠠᠯ᠎ᠤᠨ ᠰᠦᠪᠡᠭᠴᠢ ᠵᠢ ᠣᠯᠵᠤ ᠮᠡᠳᠡᠪᠡᠯ᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠳᠤ ᠴᠠᠭ ᠲᠤᠬᠠᠢᠳᠤᠨᠢ ᠰᠢᠯᠵᠢᠭᠦᠯᠦᠨ ᠬᠦᠷᠭᠡᠬᠦ ᠬᠡᠷᠡᠭᠲᠡᠢ᠃
ᠳᠥᠴᠢᠨ ᠭᠤᠷᠪᠠᠳᠤᠭ᠋ᠠᠷ ᠵᠦᠢ᠍ᠯ ᠡᠯ᠎ᠡ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠂ ᠲᠥᠰᠦᠪ ᠬᠢᠵᠦ ᠪᠥᠬᠦᠶ ᠰᠠᠯᠠᠭ᠎ᠠ ᠮᠥᠴᠢᠷ ᠪᠠ ᠨᠢᠭᠡᠴᠢ ᠵᠢᠴᠢ ᠲᠡᠳᠡᠭᠡᠷ᠎ᠤᠨ ᠠᠵᠢᠯᠲᠠᠳ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠠᠵᠢᠯ᠎ᠳᠤ ᠲᠣᠰ ᠠᠷᠭ᠎ᠠ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠴᠢ ᠡᠷᠬᠡ ᠲᠤᠰᠢᠶᠠᠯ ᠵᠶ᠋ᠠᠨ ᠳᠤᠷ᠎ᠠ᠎ᠪᠠᠷ ᠬᠡᠷᠡᠭᠯᠡᠭᠰᠡᠨ᠂ ᠠᠯᠪᠠᠨ ᠲᠤᠰᠢᠶᠠᠯ᠎ᠳᠤ᠎ᠪᠠᠨ ᠠᠯᠮᠠᠶ᠋ᠢᠷᠠᠨ ᠣᠰᠣᠯᠳᠠᠭᠰᠠᠨ᠂ ᠬᠤᠪᠢ ᠵᠢᠨ ᠨᠠᠶ᠋ᠢᠷ ᠬᠠᠷᠠᠵᠤ ᠬᠠᠤᠯᠢ ᠶᠣᠰᠣ ᠵᠢ ᠵᠥᠷᠢᠴᠡᠭᠰᠡᠨ ᠵᠡᠷᠭᠡ ᠬᠠᠤᠯᠢ ᠪᠠ ᠰᠠᠬᠢᠯᠭ᠎ᠠ ᠪᠠᠲᠤ ᠵᠥᠷᠢᠴᠡᠭᠰᠡᠨ ᠪᠤᠰᠤᠳ ᠦᠢ᠍ᠯᠡ ᠠᠵᠢᠯᠯᠠᠭ᠎ᠠ᠎ᠲᠠᠢ ᠪᠠᠶ᠋ᠢᠪᠠᠯ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠥᠰᠦᠪ᠎ᠤᠨ ᠬᠠᠤᠯᠢ》 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠲᠠᠨ᠎ᠤ ᠬᠠᠤᠯᠢ》 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠨᠠᠨ ᠪᠠᠶ᠋ᠢᠴᠠᠭ᠋ᠠᠬᠤ ᠬᠠᠤᠯᠢ》 《ᠡᠳ᠋᠎ᠤᠨ ᠵᠠᠰᠠᠭ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠲᠣᠷᠭ᠋ᠠᠵᠤ ᠰᠢᠢ᠍ᠳᠬᠡᠬᠦ ᠲᠦᠷᠢᠮ》 ᠵᠡᠷᠭᠡ ᠤᠯᠤᠰ᠎ᠤᠨ ᠬᠤᠯᠪᠣᠭᠳᠠᠯ ᠪᠥᠬᠦᠶ ᠲᠣᠭᠲᠠᠭ᠋ᠠᠯ ᠶᠣᠰᠣᠭ᠋ᠠᠷ ᠵᠣᠬᠢᠬᠤ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ; ᠶᠠᠯ᠎ᠠ ᠬᠢᠭᠰᠡᠨ ᠵᠶ᠋ᠠᠷ ᠰᠡᠵᠢᠭᠯᠡᠭᠳᠡᠭᠰᠡᠨ ᠪᠠᠶ᠋ᠢᠪᠠᠯ᠂ ᠬᠠᠤᠯᠢ ᠴᠠᠭ᠋ᠠᠵᠠ ᠵᠢᠨ ᠪᠠᠶ᠋ᠢᠭᠤᠯᠭ᠎ᠠ᠎ᠳᠤ ᠰᠢᠯᠵᠢᠭᠦᠯᠦᠨ ᠬᠦᠷᠭᠡᠵᠦ ᠰᠢᠢ᠍ᠳᠬᠡᠯᠬᠡᠬᠦ ᠬᠡᠷᠡᠭᠲᠡᠢ᠃
ᠳᠣᠯᠣᠳᠤᠭ᠋ᠠᠷ ᠪᠦᠯᠦᠭ ᠳᠠᠭ᠋ᠠᠯᠳᠤᠭᠤᠯᠤᠯ ᠲᠦᠷᠢᠮ
ᠳᠥᠴᠢᠨ ᠳᠥᠷᠪᠡᠳᠦᠭᠡᠷ ᠵᠦᠢ᠍ᠯ ᠲᠤᠰ ᠠᠷᠭ᠎ᠠ ᠵᠢ ᠬᠡᠷᠡᠭᠵᠢᠭᠦᠯᠬᠦ ᠶᠠᠪᠤᠴᠠ᠎ᠳᠠᠬᠢ ᠪᠣᠳᠠᠲᠠᠶ ᠠᠰᠠᠭᠤᠳᠠᠯ᠎ᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠃
ᠳᠥᠴᠢᠨ ᠲᠠᠪᠤᠳᠤᠭ᠋ᠠᠷ ᠵᠦᠢ᠍ᠯ ᠰᠢᠨ᠎ᠡ᠎ᠪᠠᠷ ᠨᠡᠮᠡᠭᠳᠡᠭᠰᠡᠨ ᠲᠥᠷᠥᠯ ᠵᠦᠢ᠍ᠯ (ᠲᠥᠷᠥ ᠵᠢᠨ ᠪᠣᠳᠣᠯᠭ᠎ᠠ) ᠪᠤᠶᠤ ᠲᠥᠷᠥᠯ ᠵᠦᠢ᠍ᠯ (ᠲᠥᠷᠥ ᠵᠢᠨ ᠪᠣᠳᠣᠯᠭ᠎ᠠ)᠎ᠤᠨ ᠬᠤᠭᠤᠴᠠᠭ᠎ᠠ᠎ᠨᠢ ᠲᠤᠯᠤᠭᠰᠠᠨ᠎ᠤ ᠳᠠᠷᠠᠭ᠎ᠠ ᠦᠷᠭᠦᠯᠵᠢᠯᠡᠨ ᠬᠡᠷᠡᠭᠵᠢᠭᠦᠯᠬᠦ ᠴᠢᠬᠤᠯᠠᠲᠠᠶ ᠪᠣᠯ᠂ ᠠᠵᠢᠯ ᠶᠠᠪᠤᠳᠠᠯ᠎ᠤᠨ ᠡᠮᠦᠨᠡᠬᠢ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠬᠤᠯᠪᠣᠭᠳᠠᠯ ᠪᠥᠬᠦᠶ ᠠᠷᠭ᠎ᠠ᠎ᠪᠠᠷ ᠯᠠᠪᠯᠠᠯᠲᠠ ᠪᠣᠯᠭ᠋ᠠᠵᠤ ᠠᠵᠢᠯ ᠶᠠᠪᠤᠳᠠᠯ᠎ᠤᠨ ᠡᠮᠦᠨᠡᠬᠢ ᠠᠮᠵᠢᠯᠲᠠ ᠪᠦᠲᠦᠮᠵᠢ ᠵᠢᠨ ᠦᠨᠡᠯᠡᠯᠲᠡ ᠬᠢᠵᠦ᠂ ᠦᠨᠡᠯᠡᠯᠲᠡ ᠵᠢᠨ ᠦᠷ᠎ᠡ ᠳ᠋ᠦᠩ᠎ᠢ ᠲᠥᠰᠦᠪ ᠭᠤᠶᠤᠴᠢᠯᠠᠬᠤ᠎ᠳᠤ ᠵᠠᠪᠠᠯ ᠪᠦᠷᠢᠳᠦᠭᠦᠯᠬᠦ ᠨᠥᠬᠦᠴᠡᠯ ᠪᠠ ᠲᠥᠰᠦᠪ᠎ᠤᠨ ᠲᠣᠬᠢᠷᠠᠭᠤᠯᠤᠯᠲᠠ ᠵᠢᠨ ᠴᠢᠬᠤᠯᠠ ᠯᠠᠪᠯᠠᠬᠤ ᠦᠨᠳᠦᠰᠦᠯᠡᠯ ᠪᠣᠯᠭ᠋ᠠᠬᠤ ᠬᠡᠷᠡᠭᠲᠡᠶ᠃
ᠳᠥᠴᠢᠨ ᠵᠢᠷᠭᠤᠳᠤᠭ᠋ᠠᠷ ᠵᠦᠢ᠍ᠯ ᠲᠣᠰ ᠠᠷᠭ᠎ᠠ ᠵᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃ 《〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠵᠠᠷᠤᠯᠭ᠎ᠠ ᠵᠢᠨ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠬᠠᠮᠢᠶᠠᠷᠤᠯᠲᠠ ᠵᠢᠨ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2016] 171 ᠳ᠋ᠤᠭᠡᠷ ᠲᠣᠭ᠋ᠠᠲᠤ)᠎ᠢ ᠬᠠᠮᠲᠤᠳᠤᠨᠢ ᠬᠦᠴᠦᠨ ᠥᠬᠡᠶ ᠪᠣᠯᠭ᠋ᠠᠨ᠎ᠠ᠃
ᠳᠠᠭ᠋ᠠᠯᠳᠤᠭᠤᠯᠤᠯ᠄
1. ᠲᠥᠷᠥᠯ ᠵᠦᠢ᠍ᠯ᠎ᠤᠨ ᠵᠠᠷᠤᠯᠭ᠎ᠠ ᠵᠢᠨ ᠠᠮᠵᠢᠯᠲᠠ ᠪᠦᠲᠦᠮᠵᠢ ᠵᠢᠨ ᠥᠪᠡᠷᠰᠡᠳ᠎ᠤᠨ ᠦᠨᠡᠯᠡᠯᠲᠡ ᠵᠢᠨ ᠬᠦᠰᠦᠨᠦᠭᠲᠦ
2. ᠲᠥᠷᠥᠯ ᠵᠦᠢ᠍ᠯ᠎ᠤᠨ ᠵᠠᠷᠤᠯᠭ᠎ᠠ ᠵᠢᠨ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠭᠦᠢ᠍ᠴᠡᠳᠬᠡᠯ ᠲᠣᠭ᠋ᠠᠨ᠎ᠤ ᠲᠣᠭᠲᠠᠯᠴᠠᠭ᠎ᠠ ᠵᠢᠨ ᠪᠣᠷᠣ ᠲᠥᠰᠥᠪ (ᠯᠠᠪᠯᠠᠬᠤ)
3. ᠲᠥᠷᠥᠯ ᠵᠦᠢ᠍ᠯ᠎ᠤᠨ ᠵᠠᠷᠤᠯᠭ᠎ᠠ ᠵᠢᠨ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠮᠡᠳᠡᠭᠦᠯᠦᠯᠲᠡ (ᠯᠠᠪᠯᠠᠬᠤ ᠲᠣᠪᠴᠢᠯᠠᠯ)
4. ᠲᠥᠷᠥᠯ ᠵᠦᠢ᠍ᠯ᠎ᠤᠨ ᠵᠠᠷᠤᠯᠭ᠎ᠠ ᠵᠢᠨ ᠠᠮᠵᠢᠯᠲᠠ ᠪᠦᠲᠦᠮᠵᠢ ᠵᠢᠨ ᠥᠪᠡᠷᠰᠡᠳ᠎ᠤᠨ ᠦᠨᠡᠯᠡᠯᠲᠡ ᠵᠢᠨ ᠮᠡᠳᠡᠭᠦᠯᠦᠯᠲᠡ (ᠯᠠᠪᠯᠠᠬᠤ ᠲᠣᠪᠴᠢᠯᠠᠯ)
ᠳᠠᠭ᠋ᠠᠯᠳᠤᠭᠤᠯᠤᠯ 3
ᠲᠥᠷᠥᠯ ᠵᠦᠢ᠍ᠯ᠎ᠤᠨ ᠵᠠᠷᠤᠯᠭ᠎ᠠ ᠵᠢᠨ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠮᠡᠳᠡᠬᠦᠯᠦᠯᠳᠡ (ᠯᠠᠪᠯᠠᠬᠤ ᠲᠤᠪᠴᠢᠯᠠᠯ)
ᠨᠢᠭᠡ᠂ ᠦᠨᠳᠦᠰᠦᠨ ᠪᠠᠶ᠋ᠢᠳᠠᠯ
(ᠨᠢᠭᠡ) ᠲᠥᠷᠥᠯ ᠵᠦᠢ᠍ᠯ᠎ᠤᠨ ᠲᠦᠢ᠍ᠮᠣ ᠪᠠᠶ᠋ᠢᠳᠠᠯ᠃ ᠡᠭᠦᠨ᠎ᠳᠤ ᠲᠥᠷᠥᠯ ᠵᠦᠢ᠍ᠯ᠎ᠤᠨ ᠠᠬᠤᠶ ᠪᠠᠶ᠋ᠢᠳᠠᠯ᠂ ᠭᠤᠣᠯ ᠠᠭᠤᠯᠭ᠎ᠠ ᠬᠢᠭᠡᠳ ᠬᠡᠷᠡᠭᠵᠢᠭᠦᠯᠦᠭᠰᠡᠨ ᠪᠠᠶ᠋ᠢᠳᠠᠯ᠂ ᠪᠡᠯᠡ ᠮᠥᠩᠭᠦ ᠣᠷᠣᠭᠤᠯᠤᠭᠰᠠᠨ ᠪᠠ ᠬᠡᠷᠡᠭᠯᠡᠭᠰᠡᠨ ᠪᠠᠶ᠋ᠢᠳᠠᠯ ᠵᠡᠷᠭᠡ ᠪᠠᠭᠲᠠᠨ᠎ᠠ᠃
(ᠬᠤᠶᠠᠷ) ᠲᠥᠷᠥᠯ ᠵᠦᠢ᠍ᠯ᠎ᠤᠨ ᠠᠮᠵᠢᠯᠲᠠ ᠪᠦᠲᠦᠮᠵᠢ ᠵᠢᠨ ᠬᠠᠷᠠᠯᠲᠠ᠃ ᠡᠭᠦᠨ᠎ᠳᠤ ᠶᠡᠷᠦᠩᠬᠡᠶ ᠬᠠᠷᠠᠯᠲᠠ ᠪᠠ ᠱᠠᠲᠤ ᠦᠶ᠎ᠡ ᠵᠢᠨ ᠴᠢᠨᠠᠷᠲᠠᠶ ᠬᠠᠷᠠᠯᠲᠠ ᠪᠠᠭᠲᠠᠨ᠎ᠠ᠃
ᠬᠤᠶᠠᠷ᠂ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠠᠵᠢᠯ᠎ᠢ ᠥᠷᠨᠢᠭᠦᠯᠦᠭᠰᠡᠨ ᠪᠠᠶ᠋ᠢᠳᠠᠯ
(ᠨᠢᠭᠡ) ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠵᠣᠷᠢᠯᠭ᠎ᠠ᠂ ᠡᠲᠡᠭᠡᠳ ᠪᠠ ᠬᠡᠪᠴᠢᠶ᠎ᠡ᠃
(ᠬᠤᠶᠠᠷ) ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠵᠠᠷᠴᠢᠮ᠂ ᠦᠨᠡᠯᠡᠯᠲᠡ ᠵᠢᠨ ᠭᠦᠢ᠍ᠴᠡᠳᠬᠡᠯ ᠲᠣᠭ᠋ᠠᠨ᠎ᠤ ᠲᠣᠭᠲᠠᠯᠴᠠᠭ᠎ᠠ (ᠳᠠᠭ᠋ᠠᠯᠳᠤᠭᠤᠯᠤᠯ ᠬᠦᠰᠦᠨᠦᠭᠲᠦ ᠵᠢᠨ ᠲᠣᠳᠣᠷᠬᠠᠶ᠋ᠢᠯᠠᠯᠲᠠ)᠂ ᠦᠨᠡᠯᠡᠯᠲᠡ ᠵᠢᠨ ᠠᠷᠭ᠎ᠠ᠂ ᠦᠨᠡᠯᠡᠯᠲᠡ ᠵᠢᠨ ᠪᠠᠷᠢᠮᠵᠢᠶ᠎ᠠ ᠵᠡᠷᠭᠡ᠃
(ᠭᠤᠷᠪᠠ) ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠠᠵᠢᠯ᠎ᠤᠨ ᠶᠠᠪᠤᠴᠠ᠃ ᠡᠭᠦᠨ᠎ᠳᠤ ᠡᠬᠢᠨ᠎ᠤ ᠬᠤᠭᠤᠴᠠᠭ᠋ᠠᠨ᠎ᠳᠠᠬᠢ ᠪᠡᠯᠡᠳᠬᠡᠯ᠂ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠪᠠ ᠦᠨᠡᠯᠡᠯᠲᠡ ᠬᠢᠵᠦ ᠵᠠᠳᠠᠯᠬᠤ᠂ ᠣᠶ᠋ᠢᠯᠠᠭ᠋ᠠᠨ ᠨᠡᠪᠲᠡᠷᠡᠯᠴᠡᠵᠦ ᠬᠠᠷᠢᠭᠤ ᠲᠤᠰᠬᠠᠬᠤ ᠵᠡᠷᠭᠡ ᠪᠠᠭᠲᠠᠨ᠎ᠠ᠃
ᠭᠤᠷᠪᠠ᠂ ᠶᠡᠷᠦᠩᠬᠡᠶ᠋ᠢᠯᠡᠭᠰᠡᠨ ᠦᠨᠡᠯᠡᠯᠲᠡ ᠬᠢᠵᠦ ᠵᠠᠳᠠᠯᠤᠭᠰᠠᠨ ᠪᠠᠶ᠋ᠢᠳᠠᠯ ᠵᠢᠴᠢ ᠦᠨᠡᠯᠡᠯᠲᠡ ᠵᠢᠨ ᠳ᠋ᠦᠩᠨᠡᠯᠲᠡ (ᠬᠠᠮᠢᠶ᠎ᠠ ᠪᠥᠬᠦᠶ ᠬᠤᠪᠢ ᠲᠣᠭᠲᠠᠭ᠋ᠠᠬᠤ ᠬᠦᠰᠦᠨᠦᠭᠲᠦ ᠵᠢ ᠳᠠᠭ᠋ᠠᠯᠳᠤᠭᠤᠯᠪᠠ)
ᠳᠥᠷᠪᠡ᠂ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠭᠦᠢ᠍ᠴᠡᠳᠬᠡᠯ ᠲᠣᠭ᠋ᠠᠨ᠎ᠤ ᠵᠠᠳᠠᠯᠤᠯᠲᠠ (ᠦᠨᠡᠯᠡᠯᠲᠡ ᠵᠢᠨ ᠭᠦᠢ᠍ᠴᠡᠳᠬᠡᠯ ᠲᠣᠭ᠋ᠠᠨ᠎ᠤ ᠲᠣᠭᠲᠠᠯᠴᠠᠭ᠎ᠠ᠎ᠲᠠᠢ ᠤᠶᠠᠯᠳᠤᠭᠤᠯᠤᠨ ᠵᠠᠳᠠᠯᠤᠯᠲᠠ ᠬᠢᠨ᠎ᠠ)
(ᠨᠢᠭᠡ) ᠲᠥᠷᠥᠯ ᠵᠦᠢ᠍ᠯ᠎ᠤᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠭᠰᠠᠨ ᠪᠠᠶ᠋ᠢᠳᠠᠯ᠃
(ᠬᠤᠶᠠᠷ) ᠲᠥᠷᠥᠯ ᠵᠦᠢ᠍ᠯ᠎ᠤᠨ ᠶᠠᠪᠤᠴᠠ ᠵᠢᠨ ᠪᠠᠶ᠋ᠢᠳᠠᠯ᠃
(ᠭᠤᠷᠪᠠ) ᠲᠥᠷᠥᠯ ᠵᠦᠢ᠍ᠯ᠎ᠤᠨ ᠦᠢ᠍ᠯᠡᠳᠪᠦᠷᠢᠯᠡᠵᠦ ᠭᠠᠷᠭ᠋ᠠᠭᠰᠠᠨ ᠪᠠᠶ᠋ᠢᠳᠠᠯ᠃ (ᠳᠥᠷᠪᠡ) ᠲᠥᠷᠥᠯ ᠵᠦᠢ᠍ᠯ᠎ᠤᠨ ᠦᠷ᠎ᠡ ᠠᠰᠢᠭ᠎ᠤᠨ ᠪᠠᠶ᠋ᠢᠳᠠᠯ᠃
ᠲᠠᠪᠤ᠂ ᠭᠤᠣᠯ ᠪᠣᠯᠬᠤ ᠲᠤᠷᠰᠢᠯᠭ᠎ᠠ ᠬᠢᠭᠡᠳ ᠬᠢᠳᠡᠯ᠂ ᠣᠷᠣᠰᠢᠵᠤ ᠪᠠᠶ᠋ᠢᠭ᠎ᠠ ᠠᠰᠠᠭᠤᠳᠠᠯ ᠵᠢᠴᠢ ᠲᠡᠭᠦᠨ᠎ᠤ ᠰᠢᠯᠲᠠᠭ᠋ᠠᠨ᠎ᠤ ᠵᠠᠳᠠᠯᠤᠯᠲᠠ
ᠵᠢᠷᠭᠤᠭ᠎ᠠ᠂ ᠬᠤᠯᠪᠤᠨᠨᠳᠠᠯ ᠪᠦᠬᠦᠢ ᠰᠠᠨᠠᠭᠤᠯᠭ᠎ᠠ ᠲᠤᠯᠤᠭ᠎ᠠ᠂ ᠲᠣᠳᠣᠷᠬᠠᠶ᠋ᠢᠯᠠᠬᠤ ᠴᠢᠬᠤᠯᠠᠲᠠᠢ ᠪᠤᠰᠤᠳ ᠠᠰᠠᠭᠤᠳᠠᠯ
ᠳᠠᠭ᠋ᠠᠯᠳᠤᠭᠤᠯᠤᠯ 4
ᠲᠥᠷᠥᠯ ᠵᠦᠢ᠍ᠯ᠎ᠤᠨ ᠵᠠᠷᠤᠯᠭ᠎ᠠ ᠵᠢᠨ ᠠᠮᠵᠢᠯᠲᠠ ᠪᠦᠲᠦᠮᠵᠢ ᠵᠢᠨ ᠥᠪᠡᠷᠰᠡᠳ᠎ᠤᠨ ᠦᠨᠡᠯᠡᠯᠲᠡ ᠵᠢᠨ ᠮᠡᠳᠡᠭᠦᠯᠦᠯᠲᠡ (ᠯᠠᠪᠯᠠᠬᠤ ᠲᠤᠪᠴᠢᠯᠠᠯ)
ᠨᠢᠭᠡ᠂ ᠲᠥᠷᠥᠯ ᠵᠦᠢ᠍ᠯ᠎ᠤᠨ ᠦᠨᠳᠦᠰᠦᠨ ᠪᠠᠶ᠋ᠢᠳᠠᠯ
(ᠨᠢᠭᠡ) ᠲᠥᠷᠥᠯ ᠵᠦᠢ᠍ᠯ᠎ᠤᠨ ᠦᠨᠳᠦᠰᠦᠨ ᠪᠠᠶ᠋ᠢᠳᠠᠯ᠎ᠤᠨ ᠲᠣᠪᠴᠢ ᠲᠠᠨᠢᠯᠴᠠᠭᠤᠯᠭ᠎ᠠ᠃
(ᠬᠤᠶᠠᠷ) ᠠᠮᠵᠢᠯᠲᠠ ᠪᠦᠲᠦᠮᠵᠢ ᠵᠢᠨ ᠬᠠᠷᠠᠯᠲᠠ ᠵᠢ ᠲᠣᠭᠲᠠᠭ᠋ᠠᠭᠰᠠᠨ ᠵᠢᠴᠢ ᠭᠦᠢ᠍ᠴᠡᠳᠬᠡᠯ ᠲᠤᠭ᠎ᠠ ᠵᠢ ᠪᠡᠶᠡᠯᠡᠭᠦᠯᠦᠭᠰᠡᠨ ᠪᠠᠶ᠋ᠢᠳᠠᠯ᠃
ᠬᠤᠶᠠᠷ᠂ ᠠᠮᠵᠢᠯᠲᠠ ᠪᠦᠲᠦᠮᠵᠢ ᠵᠢᠨ ᠥᠪᠡᠷᠰᠡᠳ᠎ᠤᠨ ᠦᠨᠡᠯᠡᠯᠲᠡ ᠵᠢᠨ ᠠᠵᠢᠯ᠎ᠤᠨ ᠪᠠᠶ᠋ᠢᠳᠠᠯ
(ᠨᠢᠭᠡ) ᠠᠮᠵᠢᠯᠲᠠ ᠪᠦᠲᠦᠮᠵᠢ ᠵᠢᠨ ᠥᠪᠡᠷᠰᠡᠳ᠎ᠤᠨ ᠦᠨᠡᠯᠡᠯᠲᠡ ᠵᠢᠨ ᠬᠠᠷᠠᠯᠲᠠ᠃
(ᠬᠤᠶᠠᠷ) ᠲᠥᠷᠥᠯ ᠵᠦᠢ᠍ᠯ᠎ᠤᠨ ᠪᠡᠯᠡ ᠮᠥᠩᠭᠦ ᠣᠷᠣᠭᠤᠯᠤᠭᠰᠠᠨ ᠪᠠᠶ᠋ᠢᠳᠠᠯ᠃
(ᠭᠤᠷᠪᠠ) ᠲᠥᠷᠥᠯ ᠵᠦᠢ᠍ᠯ᠎ᠤᠨ ᠪᠡᠯᠡ ᠮᠥᠩᠭᠦᠨ᠎ᠤ ᠦᠢ᠍ᠯᠡᠳᠪᠦᠷᠢᠯᠡᠵᠦ ᠭᠠᠷᠭ᠋ᠠᠭᠰᠠᠨ ᠪᠠᠶ᠋ᠢᠳᠠᠯ᠃
(ᠳᠥᠷᠪᠡ) ᠲᠥᠷᠥᠯ ᠵᠦᠢ᠍ᠯ᠎ᠤᠨ ᠪᠡᠯᠡ ᠮᠥᠩᠭᠦᠨ᠎ᠤ ᠬᠠᠮᠢᠶᠠᠷᠤᠯᠲᠠ ᠵᠢᠨ ᠪᠠᠶ᠋ᠢᠳᠠᠯ᠃
ᠭᠤᠷᠪᠠ᠂ ᠲᠥᠷᠥᠯ ᠵᠦᠢ᠍ᠯ᠎ᠤᠨ ᠠᠮᠵᠢᠯᠲᠠ ᠪᠦᠲᠦᠮᠵᠢ ᠵᠢᠨ ᠪᠠᠶ᠋ᠢᠳᠠᠯ
(ᠨᠢᠭᠡ) ᠦᠢ᠍ᠯᠡᠳᠪᠦᠷᠢᠯᠡᠵᠦ ᠭᠠᠷᠭ᠋ᠠᠬᠤ ᠭᠦᠢ᠍ᠴᠡᠳᠬᠡᠯ ᠲᠤᠭ᠎ᠠ᠎ᠪᠠᠨ ᠪᠡᠶᠡᠯᠡᠭᠦᠯᠦᠭᠰᠡᠨ ᠪᠠᠶ᠋ᠢᠳᠠᠯ᠃
(ᠬᠤᠶᠠᠷ) ᠦᠷ᠎ᠡ ᠠᠰᠢᠭ᠎ᠤᠨ ᠭᠦᠢ᠍ᠴᠡᠳᠬᠡᠯ ᠲᠤᠭ᠎ᠠ᠎ᠪᠠᠨ ᠪᠡᠶᠡᠯᠡᠭᠦᠯᠦᠭᠰᠡᠨ ᠪᠠᠶ᠋ᠢᠳᠠᠯ᠃
(ᠭᠤᠷᠪᠠ) ᠥᠪᠡᠷᠰᠡᠳ᠎ᠤᠨ ᠦᠨᠡᠯᠡᠯᠲᠡ ᠵᠢᠨ ᠣᠯᠤᠭᠰᠠᠨ ᠬᠤᠪᠢ ᠵᠢᠨ ᠪᠠᠶ᠋ᠢᠳᠠᠯ᠃
ᠳᠦᠷᠪᠡ᠂ ᠣᠷᠣᠰᠢᠵᠤ ᠪᠠᠶ᠋ᠢᠭ᠎ᠠ ᠠᠰᠠᠭᠤᠳᠠᠯ
(ᠨᠢᠭᠡ) ᠲᠥᠷᠥᠯ ᠵᠦᠢ᠍ᠯ ᠪᠠᠶ᠋ᠢᠭᠤᠯᠬᠤ᠂ ᠬᠡᠷᠡᠭᠵᠢᠭᠦᠯᠬᠦ᠎ᠳᠤ ᠣᠷᠣᠰᠢᠵᠤ ᠪᠠᠶ᠋ᠢᠭ᠎ᠠ ᠠᠰᠠᠭᠤᠳᠠᠯ᠃
(ᠬᠤᠶᠠᠷ) ᠪᠡᠯᠡ ᠮᠥᠩᠭᠦᠨ᠎ᠤ ᠬᠠᠮᠢᠶᠠᠷᠤᠯᠲᠠ ᠪᠠ ᠬᠡᠷᠡᠭᠯᠡᠯᠲᠡ᠎ᠳᠤ ᠣᠷᠣᠰᠢᠵᠤ ᠪᠠᠶ᠋ᠢᠭ᠎ᠠ ᠠᠰᠠᠭᠤᠳᠠᠯ᠃
ᠲᠠᠪᠤ᠂ ᠲᠣᠳᠣᠷᠬᠠᠶ᠋ᠢᠯᠠᠬᠤ ᠴᠢᠬᠤᠯᠠᠲᠠᠢ ᠪᠤᠰᠤᠳ ᠠᠰᠠᠭᠤᠳᠠᠯ
(ᠨᠢᠭᠡ) ᠬᠤᠶ᠋ᠢᠰᠢᠳᠠ ᠦᠷᠭᠦᠯᠵᠢᠯᠡᠭᠦᠯᠬᠦ ᠠᠵᠢᠯ᠎ᠤᠨ ᠲᠥᠯᠥᠪᠯᠡᠭᠡ᠃
(ᠬᠤᠶᠠᠷ) ᠠᠷᠭ᠎ᠠ ᠬᠡᠮᠵᠢᠶ᠎ᠡ ᠬᠢᠭᠡᠳ ᠠᠷᠭ᠎ᠠ᠃