ᠦᠪᠦᠷ ᠵᠠᠰᠠᠭ ᠲᠠᠷᠬᠠᠭ᠋ᠠᠭᠰᠠᠨ [2020] 1 ᠳ᠋ᠦ᠍ᠭᠡᠷ ᠲᠣᠭ᠋ᠠᠲᠤ 2020 ᠣᠨ᠎ᠤ 1 ᠳ᠋ᠦ᠍ᠭᠡᠷ ᠰᠠᠷ᠎ᠠ ᠵᠢᠨ 22᠎ᠤᠨ ᠡᠳᠦᠷ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠤᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠦᠪᠡᠷᠲᠡᠭᠡᠨ ᠵᠠᠰᠠᠬᠤ ᠣᠷᠣᠨ᠎ᠤ ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
《2020 ᠣᠨ᠎ᠤ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠶ᠋ᠢᠭᠡᠮ᠎ᠤᠨ ᠬᠥᠭᠵᠢᠯᠲᠡ ᠵᠢᠨ ᠲᠦᠯᠦᠪᠯᠡᠭᠡ》 ᠵᠢ ᠨᠢᠭᠡᠨᠲᠡ ᠦᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠭᠤᠷᠪᠠᠳᠤᠭ᠋ᠠᠷ ᠬᠤᠷᠠᠯᠳᠤᠭ᠋ᠠᠨ ᠵᠶ᠋ᠠᠷ ᠬᠢᠨᠠᠨ ᠵᠥᠪᠯᠡᠵᠦ ᠪᠠᠲᠤᠯᠠᠭ᠋ᠠᠳ᠂ ᠡᠳᠦᠭᠡ ᠪᠠᠭᠤᠯᠭ᠋ᠠᠪᠠ᠂ ᠪᠤᠲᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃
2020 ᠣᠨ᠎ᠤ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ
ᠤᠯᠤᠰ ᠠᠷᠠᠳ᠎ᠤᠨ ᠠᠵᠤ ᠠᠬᠤᠢ ᠪᠠ ᠨᠡᠶ᠋ᠢᠭᠡᠮ᠎ᠤᠨ ᠬᠥᠭᠵᠢᠯᠲᠡ ᠵᠢᠨ ᠲᠦᠯᠦᠪᠯᠡᠭᠡ
2020 ᠣᠨ ᠪᠣᠯ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠬᠤ ᠪᠠ 《ᠠᠷᠪᠠᠨ ᠭᠤᠷᠪᠠᠳᠤᠭ᠋ᠠᠷ ᠲᠠᠪᠣᠨ ᠵᠢᠯ》᠎ᠤᠨ ᠲᠦᠯᠦᠪᠵᠢᠭᠦᠯᠭᠡ ᠵᠢᠨ ᠰᠡᠭᠦᠯ ᠬᠤᠷᠢᠶᠠᠬᠤ ᠵᠢᠯ ᠪᠣᠯᠣᠨ᠎ᠠ᠂ ᠨᠢᠭᠡᠳᠦᠭᠡᠷ ᠵᠠᠭᠤᠨ ᠵᠢᠯ᠎ᠤᠨ ᠲᠡᠮᠡᠴᠡᠬᠦ ᠬᠠᠷᠠᠯᠲᠠ᠎ᠪᠠᠨ ᠪᠡᠶᠡᠯᠡᠭᠦᠯᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠦᠯᠦᠪᠵᠢᠭᠦᠯᠭᠡ ᠵᠢᠨ ᠬᠤᠭᠤᠴᠠᠭ᠋ᠠᠨ᠎ᠤ ᠬᠥᠭᠵᠢᠯᠲᠡ ᠪᠠ ᠬᠤᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ᠎ᠪᠠᠨ ᠪᠡᠶᠡᠯᠡᠭᠦᠯᠬᠦ᠎ᠳᠤ ᠰᠠᠶ᠋ᠢᠲᠤᠷ ᠰᠠᠭᠤᠷᠢ ᠲᠠᠯᠪᠢᠵᠤ ᠪᠦᠬᠦ ᠵᠢᠯ᠎ᠤᠨ ᠠᠵᠢᠯ ᠵᠶ᠋ᠠᠨ ᠰᠠᠶ᠋ᠢᠲᠤᠷ ᠬᠢᠬᠦ᠎ᠨᠢ ᠴᠢᠬᠤᠯᠠ ᠠᠴᠢ ᠬᠤᠯᠪᠣᠭᠳᠠᠯ᠎ᠲᠠᠢ ᠶᠤᠮ᠃ ᠣᠷᠣᠨ ᠳᠠᠶᠠᠭ᠋ᠠᠷ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠨᠠᠮ᠎ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠵᠢ ᠡᠷᠡᠰ ᠲᠤᠭᠤᠰᠢᠯᠠᠭᠤᠯᠵᠤ᠂ 《ᠳᠦᠷᠪᠡᠨ ᠦᠵᠡᠯ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠬᠤ ᠬᠠᠷᠠᠯᠲᠠᠲᠤ ᠡᠭᠦᠷᠭᠡ᠎ᠲᠠᠢ ᠨᠢᠭᠲᠠ ᠤᠶᠠᠯᠳᠤᠭᠤᠯᠤᠨ᠂ ᠲᠣᠭᠲᠠᠭᠤᠨ ᠪᠠᠶ᠋ᠢᠯᠭ᠋ᠠᠬᠤ ᠵᠢᠨ ᠳᠠᠭ᠋ᠠᠤ᠎ᠳᠤ ᠤᠷᠤᠭᠰᠢᠯᠠᠭᠤᠯᠬᠤ ᠠᠵᠢᠯ᠎ᠤᠨ ᠶᠡᠷᠦᠩᠬᠡᠢ ᠦᠨᠳᠦᠰᠦᠨ ᠰᠠᠨᠠᠭ᠎ᠠ ᠵᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠪᠠᠷᠢᠮᠲᠠᠯᠠᠨ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠦᠭᠡᠷᠡᠴᠢᠯᠡᠯᠲᠡ᠎ᠪᠠᠷ ᠭᠤᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠦᠭᠡᠷᠡᠴᠢᠯᠡᠯᠲᠡ ᠨᠡᠭᠡᠭᠡᠯᠲᠡ ᠬᠢᠬᠦ᠎ᠪᠠᠷ ᠬᠦᠳᠡᠯᠭᠡᠭᠴᠢ ᠬᠦᠴᠦᠨ ᠪᠣᠯᠭ᠋ᠠᠬᠤ ᠵᠢ ᠪᠠᠷᠢᠮᠲᠠᠯᠠᠨ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ 《ᠭᠤᠷᠪᠠᠨ ᠶᠡᠭᠡ ᠰᠢᠪᠲᠤᠯᠤᠯᠲᠠ ᠵᠢᠨ ᠳᠠᠶ᠋ᠢᠯᠠᠯᠳᠤᠭ᠋ᠠᠨ》᠎ᠤ ᠢᠯᠠᠯᠲᠡ ᠵᠢ ᠡᠷᠡᠰ ᠲᠡᠮᠡᠴᠡᠨ ᠣᠯᠵᠤ᠂ 《ᠵᠢᠷᠭᠤᠭ᠋ᠠᠨ ᠵᠦᠢ᠍ᠯ᠎ᠢ ᠲᠣᠭᠲᠠᠭᠤᠨ ᠪᠠᠶ᠋ᠢᠯᠭ᠋ᠠᠬᠤ》 ᠠᠵᠢᠯ᠎ᠢ ᠪᠦᠬᠦ ᠲᠠᠯ᠎ᠠ᠎ᠪᠠᠷ ᠰᠠᠶ᠋ᠢᠲᠤᠷ ᠬᠢᠵᠦ᠂ ᠨᠡᠮᠡᠭᠳᠡᠯ᠎ᠢ ᠲᠣᠭᠲᠠᠪᠤᠷᠢᠵᠢᠭᠤᠯᠬᠤ᠂ ᠦᠭᠡᠷᠡᠴᠢᠯᠡᠯᠲᠡ ᠵᠢ ᠠᠬᠢᠭᠤᠯᠬᠤ᠂ ᠪᠦᠲᠦᠴᠡ ᠵᠢ ᠲᠣᠬᠢᠷᠠᠭᠤᠯᠬᠤ᠂ ᠠᠷᠠᠳ᠎ᠲᠤ ᠠᠰᠢᠭ ᠬᠦᠷᠲᠡᠭᠡᠬᠦ᠂ ᠲᠥᠭᠰᠢᠭᠦᠷᠢ ᠵᠢ ᠰᠡᠷᠭᠡᠶ᠋ᠢᠯᠡᠬᠦ᠂ ᠲᠣᠭᠲᠠᠭᠤᠨ᠎ᠢ ᠪᠠᠲᠤᠯᠠᠬᠤ ᠵᠢ ᠨᠢᠭᠡᠲᠦᠯᠲᠡᠢ ᠲᠦᠯᠦᠪᠯᠡᠨ ᠠᠬᠢᠭᠤᠯᠵᠤ᠂ ᠠᠵᠤ ᠠᠬᠤᠢ ᠵᠢ ᠵᠦᠢ ᠵᠣᠬᠢᠰᠲᠠᠢ ᠬᠡᠪᠴᠢᠶᠡᠨ᠎ᠳᠤ ᠠᠵᠢᠯᠯᠠᠭᠤᠯᠬᠤ ᠵᠢ ᠪᠠᠲᠤᠯᠠᠨ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠬᠤ ᠪᠠ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠦᠯᠦᠪᠵᠢᠭᠦᠯᠭᠡ ᠵᠢᠨ ᠠᠮᠵᠢᠯᠲᠠ᠎ᠲᠠᠢ᠎ᠪᠠᠷ ᠰᠡᠭᠦᠯ ᠬᠤᠷᠢᠶᠠᠬᠤ ᠵᠢ ᠦᠨᠡᠨ ᠬᠦ᠌ ᠪᠠᠲᠤᠯᠠᠵᠤ᠂ ᠠᠷᠠᠳ ᠣᠯᠠᠨ᠎ᠳᠤ ᠮᠡᠳᠡᠷᠡᠭᠳᠡᠨ ᠲᠠᠭ᠋ᠠᠰᠢᠶᠠᠭᠳᠠᠵᠤ᠂ ᠲᠡᠦᠬᠡ ᠵᠢᠨ ᠰᠢᠯᠭ᠋ᠠᠯᠲᠠ ᠵᠢ ᠳᠠᠭ᠋ᠠᠭ᠋ᠠᠵᠤ ᠴᠢᠳᠠᠭᠰᠠᠨ ᠪᠠᠶ᠋ᠢᠬᠤ ᠬᠡᠷᠡᠭᠲᠡᠢ᠃
2020 ᠣᠨ᠎ᠤ ᠦᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠶ᠋ᠢᠭᠡᠮ᠎ᠤᠨ ᠬᠥᠭᠵᠢᠯᠲᠡ ᠵᠢᠨ ᠭᠤᠣᠯ ᠵᠢᠱ᠌ᠢᠭᠰᠡᠨ ᠬᠠᠷᠠᠯᠲᠠ ᠪᠣᠯ᠄ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠢ 6% ᠣᠷᠴᠢᠮ ᠨᠡᠮᠡᠭᠳᠡᠭᠦᠯᠦᠨ᠎ᠡ; ᠬᠤᠲᠠ ᠪᠠᠯᠭ᠋ᠠᠰᠤᠨ᠎ᠤ ᠠᠵᠢᠯ ᠣᠯᠣᠭᠰᠠᠳ᠎ᠢ 22 ᠲᠦᠮᠡ ᠭᠠᠷᠤᠢ ᠰᠢᠨ᠎ᠡ᠎ᠪᠠᠷ ᠨᠡᠮᠡᠭᠳᠡᠭᠦᠯᠦᠨ᠎ᠡ; ᠬᠤᠲᠠ ᠪᠠᠯᠭ᠋ᠠᠰᠤᠨ᠎ᠤ ᠪᠠᠶ᠋ᠢᠴᠠᠭ᠋ᠠᠯᠲᠠ᠎ᠳᠠᠬᠢ ᠠᠵᠢᠯ ᠠᠯᠳᠠᠭᠰᠠᠳ᠎ᠤᠨ ᠨᠤᠷᠮ᠎ᠠ ᠵᠢ 5.5% ᠣᠷᠴᠢᠮ᠎ᠳᠤ ᠪᠠᠶ᠋ᠢᠯᠭ᠋ᠠᠵᠤ᠂ ᠬᠤᠲᠠ ᠪᠠᠯᠭ᠋ᠠᠰᠤᠨ᠎ᠤ ᠳᠠᠩᠰᠠᠯᠠᠨ ᠲᠡᠮᠲᠡᠭᠯᠡᠭᠦᠯᠦᠭᠰᠡᠨ ᠠᠵᠢᠯ ᠠᠯᠳᠠᠭᠰᠠᠳ᠎ᠤᠨ ᠨᠤᠷᠮ᠎ᠠ ᠵᠢ 4.5% ᠲᠤᠳᠤᠷ᠎ᠠ ᠪᠠᠶ᠋ᠢᠯᠭ᠋ᠠᠨ᠎ᠠ; ᠰᠠᠭᠤᠭ᠋ᠠᠯᠢ ᠠᠷᠠᠳ᠎ᠤᠨ ᠬᠡᠷᠡᠭᠯᠡᠭᠡ ᠵᠢᠨ ᠦᠨ᠎ᠡ ᠬᠠᠩᠰᠢ ᠵᠢᠨ ᠦᠰᠦᠯᠲᠡ ᠵᠢᠨ ᠬᠡᠮᠵᠢᠶ᠎ᠡ ᠵᠢ 3.5% ᠣᠷᠴᠢᠮ ᠪᠠᠶ᠋ᠢᠯᠭ᠋ᠠᠨ᠎ᠠ; ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠢ ᠠᠵᠤ ᠠᠬᠤᠢ ᠵᠢᠨ ᠨᠡᠮᠡᠭᠳᠡᠯ᠎ᠲᠠᠢ ᠦᠨᠳᠦᠰᠦᠨ᠎ᠳᠤ᠎ᠪᠠᠨ ᠠᠳᠠᠯᠢ ᠠᠯᠬᠤᠮ᠎ᠳᠤ ᠪᠠᠶ᠋ᠢᠯᠭ᠋ᠠᠨ᠎ᠠ᠃
ᠳᠡᠭᠡᠷ᠎ᠡ ᠳᠤᠷᠠᠳᠤᠭᠰᠠᠨ ᠬᠠᠷᠠᠯᠲᠠ ᠵᠢ ᠪᠡᠶᠡᠯᠡᠭᠦᠯᠬᠦ᠎ᠳᠤ ᠤᠳᠤᠬᠠᠨ᠎ᠤ ᠪᠠᠶ᠋ᠢᠳᠠᠯ᠎ᠳᠤ᠎ᠪᠠᠨ ᠰᠠᠭᠤᠷᠢᠯᠠᠨ᠂ ᠠᠯᠤᠰ ᠬᠤᠯᠠ ᠵᠢ ᠪᠣᠳᠣᠯᠬᠢᠯᠠᠵᠤ᠂ ᠦᠪᠦᠷ ᠮᠣᠩᠭᠤᠯ᠎ᠤᠨ ᠠᠵᠢᠯ᠎ᠤᠨ ᠲᠣᠬᠠᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠤᠬᠤᠯᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠬᠤ᠎ᠲᠠᠢ ᠨᠢᠭᠲᠠ ᠤᠶᠠᠯᠳᠤᠭᠤᠯᠤᠨ᠂ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠪᠠ ᠦᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠳᠤᠭ᠋ᠠᠷ ᠬᠤᠭᠤᠴᠠᠭ᠋ᠠᠨ᠎ᠤ ᠠᠷᠪᠠᠨ ᠨᠢᠭᠡᠳᠦᠭᠡᠷ ᠤᠳᠠᠭ᠋ᠠᠨ᠎ᠤ ᠪᠦᠭᠦᠳᠡ ᠬᠤᠷᠠᠯ᠎ᠤᠨ ᠪᠠᠶ᠋ᠢᠷᠢᠯᠠᠭᠤᠯᠤᠯᠲᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠭᠤᠶ᠋ᠢᠪᠢᠰᠢ ᠦᠭᠡᠢ ᠲᠤᠭᠤᠰᠢᠯᠠᠭᠤᠯᠤᠨ᠂ ᠲᠣᠭᠲᠠᠭᠤᠨ᠎ᠢ ᠲᠡᠷᠢᠭᠦᠨ ᠪᠠᠶ᠋ᠢᠷᠢᠨ᠎ᠳᠤ ᠲᠠᠯᠪᠢᠬᠤ ᠵᠢ ᠪᠠᠷᠢᠮᠲᠠᠯᠠᠵᠤ᠂ 《ᠪᠠᠬᠢᠵᠢᠭᠦᠯᠬᠦ᠂ ᠴᠢᠩᠭ᠋ᠠᠷᠠᠭᠤᠯᠬᠤ᠂ ᠳᠡᠭᠡᠭᠰᠢᠯᠡᠭᠦᠯᠬᠦ᠂ ᠰᠠᠭ᠋ᠠᠳ ᠦᠭᠡᠢ ᠪᠠᠶ᠋ᠢᠯᠭ᠋ᠠᠬᠤ》 ᠴᠢᠭᠯᠡᠯᠲᠡ ᠵᠢ ᠪᠠᠷᠢᠮᠲᠠᠯᠠᠨ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ᠂ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ᠂ ᠦᠷ᠎ᠡ ᠳ᠋ᠦᠩ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠰᠢᠨ᠎ᠡ ᠵᠢ ᠡᠭᠦᠳᠬᠦ᠎ᠪᠠᠷ ᠬᠦᠳᠡᠯᠭᠡᠭᠦᠷ ᠪᠣᠯᠭ᠋ᠠᠬᠤ ᠪᠠ ᠦᠭᠡᠷᠡᠴᠢᠯᠡᠯᠲᠡ ᠨᠡᠭᠡᠭᠡᠯᠲᠡ᠎ᠪᠠᠷ ᠬᠦᠳᠡᠯᠭᠡᠭᠴᠢ ᠬᠦᠴᠦᠨ ᠪᠣᠯᠭ᠋ᠠᠵᠤ᠂ ᠣᠳᠣᠬᠢᠴᠢᠯᠠᠭᠰᠠᠨ ᠠᠵᠤ ᠠᠬᠤᠢ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠲᠦᠷᠭᠡᠳᠭᠡᠨ᠂ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠵᠠᠮ ᠵᠶ᠋ᠠᠷ ᠵᠠᠮᠨᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠬᠠᠯᠬᠠᠪᠴᠢ ᠪᠠ ᠡᠬᠡ ᠤᠯᠤᠰ᠎ᠤᠨ ᠤᠮᠠᠷᠠᠲᠤ ᠬᠢᠯᠢ ᠵᠢᠨ ᠠᠮᠦᠷ ᠲᠥᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠪᠠᠬᠢ ᠪᠣᠯᠭ᠋ᠠᠨ᠎ᠠ᠃
ᠨᠢᠭᠡ᠂ 《 ᠵᠢᠷᠭᠤᠭ᠋ᠠᠨ ᠵᠦᠢ᠍ᠯ᠎ᠢ ᠲᠣᠭᠲᠠᠭᠤᠨ ᠪᠠᠶ᠋ᠢᠯᠭ᠋ᠠᠬᠤ》 ᠠᠵᠢᠯ᠎ᠢ ᠪᠦᠬᠦ ᠲᠠᠯ᠎ᠠ᠎ᠪᠠᠷ ᠰᠠᠶ᠋ᠢᠲᠤᠷ ᠬᠢᠵᠦ᠂ ᠴᠢᠨᠠᠷ ᠰᠠᠶ᠋ᠢᠲᠠᠢ ᠬᠥᠭᠵᠢᠯᠲᠡ ᠵᠢᠨ ᠲᠤᠯᠭ᠋ᠠᠭᠤᠷᠢᠯᠠᠯ᠎ᠢ ᠴᠢᠩᠭ᠋ᠠᠷᠠᠭᠤᠯᠤᠨ᠎ᠠ
ᠠᠵᠢᠯ ᠣᠯᠭᠤᠯᠲᠠ᠂ ᠮᠦᠩᠭᠦᠨ ᠭᠦᠢ᠍ᠯᠭᠡᠭᠡ᠂ ᠭᠠᠳᠠᠭ᠋ᠠᠲᠤ ᠠᠷᠠᠯᠵᠢᠶ᠎ᠠ᠂ ᠭᠠᠳᠠᠭ᠋ᠠᠲᠣ ᠪᠡᠯᠡ᠂ ᠪᠡᠯᠡ ᠣᠷᠤᠭᠤᠯᠤᠯᠲᠠ᠂ ᠵᠢᠱ᠌ᠢᠯᠲᠡ ᠲᠦᠰᠦᠭᠡᠯᠡᠯᠢ ᠲᠣᠭᠲᠠᠭᠤᠨ ᠪᠠᠶ᠋ᠢᠯᠭ᠋ᠠᠬᠤ ᠡᠯ᠎ᠡ ᠵᠦᠢ᠍ᠯ᠎ᠤᠨ ᠠᠵᠢᠯ᠎ᠤᠨ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠴᠢᠩᠭ᠋ᠠᠷᠠᠭᠤᠯᠵᠤ᠂ ᠪᠦᠲᠦᠮᠵᠢᠲᠡᠢ ᠬᠡᠷᠡᠭᠴᠡᠭᠡ ᠱᠠᠭ᠋ᠠᠷᠳᠠᠯᠭ᠎ᠠ ᠵᠢᠨ ᠬᠡᠪᠴᠢᠶᠡᠵᠢᠯ᠎ᠢ ᠢᠳᠡᠪᠬᠢᠲᠡᠢ᠎ᠪᠠᠷ ᠥᠷᠭᠡᠳᠭᠡᠨ᠂ ᠠᠵᠤ ᠠᠬᠤᠢ ᠵᠢ ᠵᠦᠢ ᠵᠣᠬᠢᠰᠲᠠᠢ ᠬᠡᠪᠴᠢᠶᠡᠨ᠎ᠳᠤ ᠠᠵᠢᠯᠯᠠᠭᠤᠯᠬᠤ ᠵᠢ ᠦᠨᠡᠨ ᠬᠦ᠌ ᠪᠠᠲᠤᠯᠠᠵᠤ᠂ ᠴᠢᠨᠠᠷ ᠰᠠᠶ᠋ᠢᠲᠠᠢ ᠬᠥᠭᠵᠢᠯᠲᠡ ᠵᠢ ᠯᠠᠪᠳᠠᠭᠤᠨ ᠵᠶ᠋ᠠᠷ ᠣᠷᠤᠭᠰᠢᠯᠠᠭᠤᠯᠬᠤ ᠵᠢ ᠠᠬᠢᠭᠤᠯᠤᠨ᠎ᠠ᠃
(ᠨᠢᠭᠡ) ᠠᠵᠢᠯ ᠣᠯᠭᠤᠯᠲᠠ ᠵᠢ ᠤᠷᠢᠳ ᠵᠶ᠋ᠠᠷ ᠪᠣᠳᠣᠯᠬᠢᠯᠠᠬᠤ ᠪᠠᠶ᠋ᠢᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠦᠨ᠎ᠡ᠃ ᠨᠡᠩ ᠢᠳᠡᠪᠬᠢᠲᠡᠢ ᠠᠵᠢᠯ ᠣᠯᠭᠤᠯᠲᠠ ᠵᠢᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠠᠵᠢᠯ ᠣᠯᠭᠤᠬᠤ ᠶᠡᠷᠦᠩᠬᠡᠢ ᠬᠡᠮᠵᠢᠶ᠎ᠡ ᠵᠢ ᠲᠣᠭᠲᠠᠪᠤᠷᠢᠵᠢᠭᠤᠯᠤᠨ᠂ ᠠᠵᠢᠯ ᠣᠯᠭᠤᠯᠲᠠ ᠵᠢᠨ ᠪᠦᠲᠦᠴᠡ ᠵᠢ ᠰᠠᠶ᠋ᠢᠵᠢᠷᠠᠭᠤᠯᠵᠤ᠂ ᠠᠵᠢᠯ ᠣᠯᠭᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠎ᠡ᠃ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ ᠵᠶ᠋ᠠᠷ ᠭᠤᠣᠯᠳᠠᠯᠭ᠎ᠠ ᠪᠣᠯᠭ᠋ᠠᠭᠰᠠᠨ ᠵᠠᠯᠠᠭᠤᠴᠤᠳ᠂ ᠠᠵᠢᠯ ᠠᠯᠳᠠᠭᠰᠠᠳ ᠪᠠ ᠮᠠᠯᠴᠢᠨ ᠲᠠᠷᠢᠶᠠᠴᠢᠨ ᠬᠦᠴᠦ ᠶᠠᠪᠤᠭᠰᠠᠳ ᠵᠡᠷᠭᠡ ᠭᠤᠣᠯᠳᠠᠯᠭ᠎ᠠ᠎ᠲᠠᠢ ᠬᠦᠮᠦᠰ᠎ᠲᠤ ᠠᠵᠢᠯ ᠣᠯᠭᠤᠬᠤ ᠵᠢ ᠰᠠᠶ᠋ᠢᠲᠤᠷ ᠠᠳᠬᠤᠵᠤ᠂ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠤᠨ ᠠᠵᠢᠯ ᠣᠯᠭᠤᠯᠲᠠ ᠵᠢᠨ ᠪᠠᠲᠤᠯᠠᠭ᠎ᠠ ᠵᠢ ᠴᠢᠩᠭ᠋ᠠᠳᠬᠠᠨ᠂ ᠠᠵᠢᠯ ᠣᠯᠬᠤ᠎ᠳᠤ ᠬᠦᠴᠢᠷᠲᠡᠢ ᠬᠦᠮᠦᠰ᠎ᠢ ᠦᠨᠳᠦᠰᠦᠨ᠎ᠠᠴᠠ᠎ᠨᠢ ᠬᠠᠪᠰᠤᠷᠤᠨ ᠲᠡᠳᠭᠦᠬᠦ᠂ ᠨᠢᠭᠡ᠎ᠨᠢ ᠴᠦ᠍ ᠠᠵᠢᠯ ᠣᠯᠣᠭ᠋ᠠᠳᠤᠢ ᠭᠡᠷ ᠪᠦᠯᠢ᠎ᠳᠤ ᠬᠦᠳᠡᠯᠦᠩᠭᠦᠢ᠎ᠪᠠᠷ ᠠᠵᠢᠯ ᠣᠯᠭᠤᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠣᠯᠠᠨ ᠨᠡᠶ᠋ᠢᠲᠡ ᠵᠢᠨ ᠠᠵᠢᠯ ᠣᠯᠭᠤᠬᠤ ᠦᠢ᠍ᠯᠡᠴᠢᠯᠡᠭᠡ ᠵᠢ ᠰᠢᠯᠢᠳᠡᠭᠵᠢᠭᠦᠯᠵᠦ᠂ ᠠᠵᠢᠯᠲᠠᠨ ᠬᠡᠷᠡᠭᠯᠡᠬᠦ᠂ ᠠᠵᠢᠯ ᠡᠷᠢᠬᠦ ᠵᠢᠨ ᠬᠡᠷᠡᠭᠴᠡᠭᠡ ᠱᠠᠭ᠋ᠠᠷᠳᠠᠯᠭ᠎ᠠ ᠵᠢ ᠪᠣᠯᠪᠠᠰᠤᠷᠠᠭᠤᠯᠤᠯ᠎ᠤᠨ ᠮᠡᠳᠡᠭᠡ ᠵᠠᠩᠭᠢ᠎ᠯᠤᠭ᠎ᠠ ᠵᠢᠨ ᠵᠠᠯᠭ᠋ᠠᠯᠳᠤᠭᠤᠯᠤᠭᠰᠠᠨ ᠲᠣᠭᠲᠠᠴᠠ ᠵᠢ ᠪᠠᠶ᠋ᠢᠭᠤᠯᠤᠨ᠎ᠠ᠃ ᠦᠢ᠍ᠯᠡᠰ ᠴᠤᠭᠴᠠᠯᠠᠬᠤ᠎ᠪᠠᠷ ᠠᠵᠢᠯ ᠣᠯᠭᠤᠯᠲᠠ ᠵᠢ ᠳᠠᠶ᠋ᠢᠴᠢᠯᠠᠬᠤ ᠵᠢ ᠠᠬᠢᠭᠤᠯᠵᠤ᠂ ᠣᠯᠠᠨ ᠠᠷᠭ᠎ᠠ ᠵᠠᠮ ᠵᠶ᠋ᠠᠷ ᠠᠮᠢᠳᠤᠯᠢᠭ ᠵᠶ᠋ᠠᠷ ᠠᠵᠢᠯ ᠣᠯᠭᠤᠬᠤ ᠵᠢ ᠵᠣᠷᠢᠭᠵᠢᠭᠤᠯᠤᠨ᠂ ᠠᠵᠤ ᠠᠬᠤᠶ᠋ᠢᠯᠠᠯ᠎ᠢ ᠲᠤᠰᠠᠯᠠᠨ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠬᠤ ᠵᠢ ᠴᠢᠩᠭ᠋ᠠᠳᠬᠠᠨ᠎ᠠ᠃ ᠤᠷ᠎ᠠ ᠮᠡᠷᠭᠡᠰᠢᠯ᠎ᠤᠨ ᠴᠢᠳᠠᠪᠤᠷᠢᠲᠠᠨ ᠲᠤᠳᠠᠭᠳᠠᠵᠤ ᠪᠠᠶ᠋ᠢᠭ᠎ᠠ ᠠᠰᠠᠭᠤᠳᠠᠯ᠎ᠢ ᠲᠦᠷᠭᠡᠬᠡᠨ ᠰᠢᠢ᠍ᠳᠪᠦᠷᠢᠯᠡᠵᠦ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠪᠠᠨ ᠳᠡᠭᠡᠭᠰᠢᠯᠡᠭᠦᠯᠬᠦ ᠠᠵᠢᠯᠯᠠᠭ᠎ᠠ ᠪᠠ ᠦᠨᠳᠦᠷ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠡᠯᠰᠡᠬᠦ ᠰᠤᠷᠤᠭᠴᠢ᠎ᠪᠠᠨ ᠨᠡᠮᠡᠭᠳᠡᠭᠦᠯᠵᠦ ᠴᠢᠨᠠᠷ ᠴᠢᠨᠰᠠᠭ᠎ᠠ᠎ᠪᠠᠨ ᠰᠠᠶ᠋ᠢᠵᠢᠷᠠᠭᠤᠯᠬᠤ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ ᠪᠦᠲᠦᠴᠡ ᠵᠢᠨ ᠴᠢᠨᠠᠷᠲᠠᠢ ᠠᠵᠢᠯ ᠣᠯᠭᠤᠯᠲᠠ ᠵᠢᠨ ᠵᠦᠷᠢᠴᠡᠯ᠎ᠢ ᠠᠷᠢᠯᠭ᠋ᠠᠨ᠎ᠠ᠃
(ᠬᠤᠶᠠᠷ) ᠪᠤᠳᠠᠳᠤ ᠴᠤᠭᠴᠠ ᠵᠢᠨ ᠠᠵᠤ ᠠᠬᠤᠢ᠎ᠳᠤ ᠦᠢ᠍ᠯᠡᠴᠢᠯᠡᠬᠦ ᠮᠦᠩᠭᠦᠨ ᠭᠦᠢ᠍ᠯᠭᠡᠭᠡᠨ᠎ᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠬᠠᠳᠠᠭ᠋ᠠᠯᠠᠮᠵᠢ ᠵᠢᠨ ᠪᠡᠯᠡᠳᠭᠡᠯ ᠮᠦᠩᠭᠦᠨ᠎ᠤ ᠨᠤᠷᠮ᠎ᠠ ᠵᠢ ᠬᠠᠨᠳᠤᠯᠭ᠎ᠠ᠎ᠲᠠᠢ᠎ᠪᠠᠷ ᠪᠠᠭᠤᠷᠠᠭᠤᠯᠬᠤ ᠵᠡᠷᠭᠡ ᠤᠯᠤᠰ᠎ᠤᠨ ᠵᠤᠭᠤᠰᠤᠨ᠎ᠤ ᠲᠥᠷᠥ ᠵᠢᠨ ᠪᠣᠳᠣᠯᠭ᠎ᠠ ᠵᠢᠨ ᠠᠷᠭ᠎ᠠ ᠪᠠᠷᠢᠯ᠎ᠢ ᠰᠠᠶ᠋ᠢᠲᠤᠷ ᠬᠡᠷᠡᠭᠯᠡᠵᠦ᠂ ᠮᠦᠩᠭᠦᠨ ᠭᠦᠢ᠍ᠯᠭᠡᠭᠡᠨ᠎ᠤ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠦᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ ᠮᠦᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠬᠦᠲᠦᠯᠦᠨ ᠵᠢᠯᠤᠭᠤᠳᠴᠤ ᠪᠠᠶ᠋ᠢᠭ᠋ᠠᠳ ᠪᠡᠯᠡ ᠲᠣᠬᠢᠷᠠᠭᠤᠯᠭ᠎ᠠ ᠵᠢᠨ ᠪᠦᠲᠦᠴᠡ ᠪᠠ ᠢᠲᠡᠭᠡᠮᠵᠢᠲᠦ ᠵᠢᠭᠡᠯᠡᠯᠭᠡ ᠵᠢᠨ ᠪᠦᠲᠦᠴᠡ ᠵᠢ ᠰᠢᠯᠢᠳᠡᠭᠵᠢᠭᠦᠯᠦᠨ᠂ ᠭᠤᠣᠯᠳᠠᠯᠭ᠎ᠠ᠎ᠲᠠᠢ ᠬᠦᠷᠢᠶ᠎ᠡ ᠴᠠᠷᠠᠭ᠎ᠠ ᠪᠠ ᠠᠨᠠᠢ ᠭᠤᠭᠴᠤᠭ᠋ᠠᠨ᠎ᠳᠤ ᠳᠡᠮᠵᠢᠯᠭᠡ ᠦᠵᠡᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠦᠢ᠍ᠯᠡᠳᠬᠦ ᠦᠢ᠍ᠯᠡᠰ᠎ᠤᠨ ᠤᠷᠲᠤᠪᠲᠣᠷ ᠪᠠ ᠤᠷᠲᠤ ᠬᠤᠭᠤᠴᠠᠭ᠋ᠠᠨ᠎ᠤ ᠪᠡᠯᠡ ᠲᠣᠬᠢᠷᠠᠭᠤᠯᠭ᠎ᠠ ᠵᠢ ᠴᠢᠩᠭ᠋ᠠᠳᠬᠠᠨ᠎ᠠ᠃ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠪᠠ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠪᠡᠯᠡ ᠲᠣᠬᠢᠷᠠᠭᠤᠯᠬᠤ᠎ᠳᠤ ᠬᠦᠴᠢᠷᠲᠡᠢ ᠪᠡᠯᠡ ᠲᠣᠬᠢᠷᠠᠭᠤᠯᠬᠤ᠎ᠳᠤ ᠦᠨᠡᠲᠡᠢ ᠪᠠᠶ᠋ᠢᠬᠤ ᠠᠰᠠᠭᠤᠳᠠᠯ᠎ᠢ ᠨᠡᠩ ᠰᠠᠶ᠋ᠢᠲᠤᠷ ᠨᠠᠮᠳᠠᠭ᠋ᠠᠵᠤ᠂ ᠬᠠᠩᠭ᠋ᠠᠯᠭ᠎ᠠ ᠬᠡᠷᠡᠭᠴᠡᠭᠡ ᠬᠤᠶᠠᠷ ᠲᠠᠯ᠎ᠠ᠎ᠪᠠᠷ ᠬᠦᠴᠦᠯᠡᠨ᠂ ᠢᠲᠡᠭᠡᠮᠵᠢᠲᠦ ᠵᠢᠭᠡᠯᠡᠯᠭᠡ ᠲᠠᠯᠪᠢᠬᠤ ᠵᠢᠨ ᠰᠠᠭ᠋ᠠᠳ ᠬᠠᠷᠰᠢ ᠵᠢ᠎ᠨᠢ ᠠᠷᠢᠯᠭ᠋ᠠᠵᠤ᠂ ᠰᠢᠭᠤᠳ ᠪᠡᠯᠡ ᠲᠣᠬᠢᠷᠠᠭᠤᠯᠬᠤ ᠬᠡᠪᠴᠢᠶᠡᠵᠢᠯ᠎ᠢ ᠥᠷᠭᠡᠳᠭᠡᠨ᠂ ᠠᠵᠤ ᠠᠬᠤᠶ᠋ᠢᠯᠠᠯ᠎ᠤᠨ ᠶᠡᠷᠦᠩᠬᠡᠶ᠋ᠢᠯᠡᠭᠰᠡᠨ ᠪᠡᠯᠡ ᠲᠣᠬᠢᠷᠠᠭᠤᠯᠭ᠎ᠠ ᠵᠢᠨ ᠦᠪᠡᠷ᠎ᠤᠨ ᠥᠷᠲᠡᠭ᠎ᠤᠨ ᠪᠠᠭᠤᠷᠠᠯᠲᠠ ᠵᠢ ᠠᠬᠢᠭᠤᠯᠤᠨ᠎ᠠ᠃ ᠲᠦᠷᠦᠯ ᠵᠦᠢ᠍ᠯ᠎ᠤᠨ ᠪᠡᠯᠡ ᠮᠦᠩᠭᠦᠨ᠎ᠤ ᠪᠠᠲᠤᠯᠠᠭ᠎ᠠ ᠵᠢ ᠴᠢᠩᠭ᠋ᠠᠳᠬᠠᠵᠤ᠂ ᠤᠯᠤᠰ᠎ᠤᠨ ᠡᠯ᠎ᠡ ᠲᠦᠷᠦᠯ᠎ᠤᠨ ᠪᠡᠯᠡ ᠮᠦᠩᠭᠦᠨ᠎ᠤ ᠳᠡᠮᠵᠢᠯᠭᠡ ᠵᠢ ᠢᠳᠡᠪᠬᠢᠲᠡᠢ ᠴᠢᠷᠮᠠᠶ᠋ᠢᠨ ᠣᠯᠵᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠢ ᠵᠦᠢ᠍ᠯ᠎ᠤᠨ ᠵᠢᠭᠡᠯᠡᠯᠭᠡ ᠵᠢᠨ ᠲᠡᠮᠲᠡᠭᠲᠦ ᠵᠢ ᠰᠠᠶ᠋ᠢᠲᠤᠷ ᠬᠡᠷᠡᠭᠯᠡᠵᠦ᠂ ᠵᠠᠰᠠᠭ᠎ᠤᠨ ᠣᠷᠳᠣᠨ ᠮᠦᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠠᠵᠤ ᠠᠬᠤᠶ᠋ᠢᠯᠠᠯ ᠭᠤᠷᠪᠠ ᠵᠢᠨ ᠪᠡᠯᠡ ᠲᠣᠬᠢᠷᠠᠭᠤᠯᠬᠤ ᠵᠢ ᠵᠠᠯᠭ᠋ᠠᠯᠳᠤᠭᠤᠯᠬᠤ ᠠᠵᠢᠯ ᠵᠶ᠋ᠠᠨ ᠦᠷᠭᠦᠯᠵᠢᠯᠡᠨ ᠦᠷᠨᠢᠭᠦᠯᠵᠦ᠂ ᠵᠠᠰᠠᠭ᠎ᠤᠨ ᠣᠷᠳᠣᠨ᠎ᠤ ᠡᠯ᠎ᠡ ᠲᠦᠷᠦᠯ᠎ᠤᠨ ᠪᠡᠯᠡ ᠣᠷᠤᠭᠤᠯᠤᠯᠲᠠ ᠵᠢᠨ ᠰᠠᠭᠤᠷᠢ ᠮᠦᠩᠭᠦ ᠵᠢ ᠵᠢᠷᠤᠮᠵᠢᠭᠤᠯᠤᠨ ᠬᠥᠭᠵᠢᠭᠦᠯᠵᠦ᠂ ᠬᠤᠳᠠᠯᠳᠤᠭ᠋ᠠᠴᠢᠨ ᠤᠷᠢᠵᠤ ᠪᠡᠯᠡ ᠣᠷᠤᠭᠤᠯᠬᠤ ᠡᠷᠴᠢᠮ᠎ᠢ ᠴᠢᠩᠭ᠋ᠠᠷᠠᠭᠤᠯᠵᠤ᠂ ᠨᠡᠩ ᠣᠯᠠᠨ ᠪᠡᠯᠡ ᠮᠦᠩᠭᠦ ᠪᠠ ᠠᠵᠤ ᠦᠢ᠍ᠯᠡᠰ᠎ᠢ ᠮᠠᠨ᠎ᠤ ᠣᠷᠣᠨ᠎ᠳᠤ᠎ᠪᠠᠨ ᠲᠠᠲᠠᠵᠤ ᠠᠪᠴᠢᠷᠠᠨ᠎ᠠ᠃
(ᠭᠤᠷᠪᠡ) ᠭᠠᠳᠠᠭ᠋ᠠᠳᠤ ᠠᠷᠠᠯᠵᠢᠶ᠎ᠠ ᠭᠠᠳᠠᠭ᠋ᠠᠳᠤ ᠪᠡᠯᠡ ᠵᠢ ᠲᠤᠭᠲᠠᠭᠤᠨ ᠪᠠᠶ᠋ᠢᠯᠭ᠋ᠠᠬᠤ ᠵᠢᠨ ᠳᠠᠭ᠋ᠠᠤ ᠶᠠᠰᠤ ᠴᠢᠨᠠᠷ ᠵᠶ᠋ᠠᠨ ᠳᠡᠭᠡᠭᠰᠢᠯᠡᠭᠦᠯᠬᠦ ᠵᠢ ᠠᠬᠢᠭᠤᠯᠤᠨ᠎ᠠ᠃ ᠭᠠᠳᠠᠭ᠋ᠠᠳᠤ ᠠᠷᠠᠯᠵᠢᠶ᠎ᠠ ᠵᠢ ᠰᠢᠯᠢᠳᠡᠭᠵᠢᠭᠦᠯᠵᠦ ᠳᠡᠰ ᠳᠡᠪᠰᠢᠭᠦᠯᠬᠦ ᠵᠢ ᠲᠦᠷᠭᠡᠳᠭᠡᠵᠦ᠂ ᠠᠵᠤ ᠠᠬᠤᠶ᠋ᠢᠯᠠᠯ᠎ᠤᠨ᠎ᠬᠢᠨ᠎ᠤ ᠣᠯᠠᠨ ᠡᠰᠢᠵᠢᠭᠰᠡᠨ ᠵᠠᠬ᠎ᠠ ᠳᠡᠯᠭᠡᠭᠦᠷ᠎ᠢ ᠨᠡᠭᠡᠭᠡᠨ ᠥᠷᠭᠡᠳᠭᠡᠬᠦ ᠵᠢ᠎ᠨᠢ ᠵᠣᠷᠢᠭᠵᠢᠭᠤᠯᠤᠨ᠂ ᠭᠠᠳᠠᠭ᠋ᠠᠳᠤ ᠠᠷᠠᠯᠵᠢᠶᠠᠨ᠎ᠤ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠰᠠᠭᠤᠷᠢᠨ ᠭᠠᠵᠠᠷ᠎ᠤᠨ ᠪᠠᠶ᠋ᠢᠭᠤᠯᠤᠯᠲᠠ ᠵᠢ ᠠᠬᠢᠭᠤᠯᠵᠤ᠂ ᠨᠡᠩ ᠣᠯᠠᠨ 《ᠮᠧᠩ (ᠬᠢᠲᠠᠳ ᠦᠰᠦᠭ) ᠦᠰᠦᠭᠲᠦ ᠲᠡᠮᠲᠡᠭ》᠎ᠲᠠᠢ ᠴᠢᠨᠠᠷ ᠰᠠᠶ᠋ᠢᠲᠠᠢ ᠪᠦᠲᠦᠭᠡᠭᠳᠡᠭᠦᠨ᠎ᠢ ᠭᠠᠳᠠᠭᠰᠢ ᠭᠠᠷᠭ᠋ᠠᠬᠤ ᠵᠢ᠎ᠨᠢ ᠠᠬᠢᠭᠤᠯᠤᠨ᠎ᠠ᠃ ᠬᠢᠯᠢ ᠵᠢᠨ ᠠᠷᠠᠯᠵᠢᠶ᠎ᠠ ᠵᠢᠨ ᠪᠣᠯᠪᠠᠰᠤᠷᠠᠭᠤᠯᠬᠤ ᠣᠨᠴᠠᠯᠢᠭᠲᠤ ᠠᠵᠤ ᠦᠢ᠍ᠯᠡᠰ᠎ᠤᠨ ᠪᠦᠭᠡᠮᠨᠡᠷᠡᠯ᠎ᠢ ᠪᠣᠢ ᠪᠣᠯᠭ᠋ᠠᠵᠤ᠂ ᠦᠢ᠍ᠯᠡᠴᠢᠯᠡᠭᠡᠨ᠎ᠤ ᠠᠷᠠᠯᠵᠢᠶ᠎ᠠ ᠵᠢ ᠶᠡᠭᠡ᠎ᠪᠠᠷ ᠬᠥᠭᠵᠢᠭᠦᠯᠦᠨ᠂ ᠥᠷᠭᠡᠨ ᠬᠡᠪᠴᠢᠶᠡᠨ᠎ᠤ ᠬᠢᠯᠢ ᠵᠢᠨ ᠪᠣᠭᠤᠮᠲᠠ ᠵᠢᠨ ᠠᠵᠤ ᠠᠬᠤᠢ ᠵᠢ ᠢᠳᠡᠪᠬᠢᠲᠡᠢ ᠬᠥᠭᠵᠢᠭᠦᠯᠦᠨ᠎ᠡ᠃ ᠮᠠᠨ᠎ᠤ ᠣᠷᠣᠨ᠎ᠠᠴᠠ ᠠᠶᠠᠯᠠᠯ ᠵᠶ᠋ᠠᠨ ᠡᠬᠢᠯᠡᠭᠦᠯᠵᠦ ᠪᠠᠶ᠋ᠢᠭ᠎ᠠ ᠳᠤᠮᠳᠠᠳᠤ ᠡᠸᠦ᠋ᠷᠦᠫᠡ ᠵᠢᠨ ᠡᠭᠡᠯᠵᠢ ᠵᠢᠨ ᠭᠠᠯᠲᠤ ᠲᠡᠷᠭᠡᠨ᠎ᠤ ᠴᠢᠨᠠᠷ᠎ᠢ ᠰᠠᠶ᠋ᠢᠵᠢᠷᠠᠭᠤᠯᠤᠨ ᠪᠠᠭᠲᠠᠭ᠋ᠠᠮᠵᠢ ᠵᠢ ᠨᠡᠮᠡᠭᠳᠡᠭᠦᠯᠬᠦ ᠵᠢ᠎ᠨᠢ ᠳᠡᠮᠵᠢᠵᠦ᠂ ᠭᠠᠳᠠᠭ᠋ᠠᠳᠤ᠎ᠠᠴᠠ ᠣᠷᠤᠭᠤᠯᠤᠨ ᠭᠠᠳᠠᠭ᠋ᠠᠳᠤ᠎ᠳᠤ ᠭᠠᠷᠭ᠋ᠠᠬᠤ ᠭᠦᠢ᠍ᠯᠭᠡᠭᠡᠨ ᠶᠡᠬᠡᠲᠡᠢ ᠪᠦᠲᠦᠭᠡᠭᠳᠡᠭᠦᠨ᠎ᠢ ᠪᠤᠲᠠᠲᠠᠢ ᠭᠠᠵᠠᠷ᠎ᠲᠤ ᠰᠠᠭᠤᠷᠢᠰᠢᠭᠤᠯᠵᠤ ᠪᠣᠯᠪᠠᠰᠤᠷᠠᠭᠤᠯᠬᠤ ᠵᠢ ᠠᠬᠢᠭᠤᠯᠵᠤ᠂ ᠪᠦᠬᠦ ᠵᠢᠯ᠎ᠳᠠᠬᠢ ᠳᠤᠮᠳᠠᠳᠤ ᠡᠸᠦ᠋ᠷᠦᠫᠡ ᠵᠢᠨ ᠡᠭᠡᠯᠵᠢ ᠵᠢᠨ ᠭᠠᠯᠲᠤ ᠲᠡᠷᠭᠡ ᠵᠢ 260 ᠠᠶᠠᠯᠠᠭᠤᠯᠬᠤ᠎ᠪᠠᠷ ᠴᠢᠷᠮᠠᠶ᠋ᠢᠨ᠎ᠠ᠃ ᠭᠠᠳᠠᠭ᠋ᠠᠳᠤ ᠠᠷᠠᠯᠵᠢᠶᠠᠨ᠎ᠤ ᠰᠢᠨ᠎ᠡ ᠡᠵᠡᠩᠨᠡᠯᠲᠡ ᠵᠢᠨ ᠪᠠᠶ᠋ᠢᠳᠠᠯ᠎ᠢ ᠪᠣᠢ ᠪᠣᠯᠭ᠋ᠠᠬᠤ ᠪᠠ ᠬᠥᠭᠵᠢᠭᠦᠯᠵᠦ᠂ ᠬᠢᠯᠢ ᠠᠯᠤᠰᠯᠠᠭᠰᠠᠨ ᠡᠯᠸᠺᠲᠷᠤᠨ ᠬᠤᠳᠠᠯᠳᠤᠭ᠋ᠠᠨ᠎ᠤ ᠶᠠᠪᠤᠳᠠᠯ᠎ᠤᠨ ᠶᠡᠷᠦᠩᠬᠡᠶ᠋ᠢᠯᠡᠭᠰᠡᠨ ᠲᠣᠷᠰᠢᠯᠲᠠ ᠵᠢᠨ ᠣᠷᠣᠨ ᠪᠠ ᠶᠡᠷᠦᠩᠬᠡᠶ᠋ᠢᠯᠡᠭᠰᠡᠨ ᠭᠠᠶ᠋ᠢᠯᠢ ᠪᠠᠲᠤᠯᠠᠬᠤ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠎ᠠ᠃ ᠬᠤᠳᠠᠯᠳᠤᠭ᠋ᠠᠴᠢᠨ ᠤᠷᠢᠵᠤ ᠪᠡᠯᠡ ᠣᠷᠤᠭᠤᠯᠬᠤ ᠡᠷᠴᠢᠮ᠎ᠢ ᠴᠢᠩᠭ᠋ᠠᠷᠠᠭᠤᠯᠵᠤ᠂ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠣᠷᠣᠨ᠂ ᠪᠤᠭᠤᠮᠲᠠ ᠵᠢᠨ ᠣᠨᠴᠠᠭ᠋ᠠᠢ ᠬᠢᠨᠠᠨ ᠬᠠᠮᠢᠶᠠᠷᠬᠤ ᠣᠷᠣᠨ᠎ᠤ ᠲᠤᠭ᠎ᠠ ᠬᠡᠮᠵᠢᠶ᠎ᠡ ᠪᠠ ᠴᠢᠨᠠᠷ ᠴᠢᠨᠰᠠᠭ᠎ᠠ ᠵᠢ ᠠᠬᠢᠭᠤᠯᠤᠨ ᠳᠡᠭᠡᠭᠰᠢᠯᠡᠭᠦᠯᠦᠨ᠎ᠡ᠃ 《ᠭᠠᠳᠠᠭ᠋ᠠᠳᠤ ᠪᠡᠯᠡ ᠵᠢ ᠠᠰᠢᠭᠯᠠᠬᠤ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠲᠣᠬᠠᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠠᠨᠠᠯ》 (ᠲᠥᠷᠥ ᠲᠠᠷᠬᠠᠭ᠋ᠠᠭᠰᠠᠨ [2019] 23 ᠳ᠋ᠤᠭ᠋ᠠᠷ ᠲᠣᠭ᠋ᠠᠲᠤ)᠂ 《ᠬᠢᠯᠢ ᠠᠯᠤᠰᠯᠠᠭᠰᠠᠨ ᠠᠷᠠᠯᠵᠢᠶ᠎ᠠ ᠪᠡᠯᠡ ᠣᠷᠤᠭᠤᠯᠤᠯᠲᠠ᠎ᠳᠤ ᠳᠦᠭᠦᠮ ᠦᠵᠡᠭᠦᠯᠬᠦ ᠵᠢ ᠠᠬᠢᠭᠤᠯᠬᠤ ᠲᠣᠬᠠᠢ ᠤᠯᠤᠰ᠎ᠤᠨ ᠭᠠᠳᠠᠭ᠋ᠠᠳᠤ ᠭᠤᠪᠢᠭᠤᠯᠭ᠎ᠠ ᠵᠢᠨ ᠬᠠᠮᠢᠶᠠᠷᠤᠯᠲᠠ ᠵᠢᠨ ᠲᠣᠪᠴᠢᠶᠠᠨ᠎ᠤ ᠮᠡᠳᠡᠭᠳᠡᠯ》 (ᠭᠤᠪᠢᠭᠤᠯᠭ᠎ᠠ ᠲᠠᠷᠬᠠᠭ᠋ᠠᠭᠰᠠᠨ [2019] 28 ᠳ᠋ᠤᠭ᠋ᠠᠷ ᠲᠣᠭ᠋ᠠᠲᠤ) ᠵᠡᠷᠭᠡ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠤᠭᠤᠯᠤᠯᠲᠠ ᠵᠢ ᠲᠣᠭᠲᠠᠭᠤᠨ ᠵᠶ᠋ᠠᠷ ᠨᠡᠮᠡᠭᠳᠡᠭᠦᠯᠬᠦ ᠵᠢ ᠠᠬᠢᠭᠤᠯᠤᠨ᠎ᠠ᠃
(ᠳᠥᠷᠪᠡ) ᠪᠦᠲᠦᠮᠵᠢᠲᠡᠢ ᠪᠡᠯᠡ ᠣᠷᠤᠭᠤᠯᠤᠯᠲᠠ ᠵᠢ ᠦᠨᠡᠨ ᠬᠦ᠌ ᠨᠡᠮᠡᠭᠳᠡᠭᠦᠯᠦᠨ᠎ᠡ᠃ ᠬᠠᠩᠭ᠋ᠠᠯᠭ᠎ᠠ ᠵᠢᠨ ᠪᠦᠲᠦᠴᠡ ᠵᠢ ᠰᠢᠯᠢᠳᠡᠭᠵᠢᠭᠦᠯᠬᠦ᠎ᠳᠤ ᠦᠵᠡᠭᠦᠯᠬᠦ ᠪᠡᠯᠡ ᠣᠷᠤᠭᠤᠯᠤᠯᠲᠠ ᠵᠢᠨ ᠵᠠᠩᠬᠢᠯᠠᠭ᠎ᠠ ᠵᠢᠨ ᠴᠢᠨᠠᠷᠲᠠᠢ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠠᠭᠤᠷᠢ ᠪᠡᠯᠡᠳᠭᠡᠮᠵᠢ᠂ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠬᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠳᠤ ᠰᠢᠨ᠎ᠡ ᠵᠢ ᠡᠭᠦᠳᠬᠦ᠂ ᠠᠮᠢ ᠠᠬᠤᠢ ᠵᠢᠨ ᠣᠷᠴᠢᠨ ᠲᠣᠭᠤᠷᠢᠨ᠂ ᠣᠯᠠᠨ ᠨᠡᠶ᠋ᠢᠲᠡ ᠵᠢᠨ ᠦᠢ᠍ᠯᠡᠴᠢᠯᠡᠭᠡ ᠵᠡᠷᠭᠡ ᠬᠦᠷᠢᠶ᠎ᠡ ᠴᠠᠷᠠᠭ᠎ᠠ᠎ᠳᠤ ᠠᠩᠬᠠᠷᠤᠯ ᠵᠶ᠋ᠠᠨ ᠲᠦᠪᠯᠡᠷᠡᠭᠦᠯᠵᠦ᠂ ᠴᠢᠬᠤᠯᠠ ᠶᠡᠭᠡ ᠪᠡᠯᠡ ᠣᠷᠤᠭᠤᠯᠤᠯᠲᠠ ᠵᠢᠨ ᠲᠦᠷᠦᠯ ᠵᠦᠢ᠍ᠯ᠎ᠤᠨ ᠨᠦᠬᠡᠴᠡᠯᠡᠬᠦ ᠠᠵᠢᠯ᠎ᠢ ᠠᠬᠢᠭᠤᠯᠤᠨ ᠬᠡᠷᠡᠭᠵᠢᠭᠦᠯᠵᠦ᠂ ᠪᠡᠯᠡ ᠣᠷᠤᠭᠤᠯᠤᠯᠲᠠ ᠵᠢᠨ ᠪᠦᠲᠦᠴᠡ ᠵᠢ ᠰᠢᠯᠢᠳᠡᠭᠵᠢᠭᠦᠯᠦᠨ᠂ ᠪᠦᠬᠦ ᠵᠢᠯ᠎ᠤᠨ ᠪᠡᠯᠡ ᠣᠷᠤᠭᠤᠯᠤᠯᠲᠠ ᠵᠢ 5% ᠣᠷᠴᠢᠮ ᠨᠡᠮᠡᠭᠳᠡᠭᠦᠯᠬᠦ᠎ᠪᠠᠷ ᠴᠢᠷᠮᠠᠶ᠋ᠢᠨ᠎ᠠ᠃ ᠪᠡᠯᠡ ᠣᠷᠤᠭᠤᠯᠤᠯᠲᠠ ᠵᠢᠨ ᠦᠢ᠍ᠯᠡᠴᠢᠯᠡᠭᠡ ᠵᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠡᠯᠡ ᠣᠷᠤᠭᠤᠯᠤᠯᠲᠠ ᠵᠢᠨ ᠬᠢᠨᠠᠨ ᠵᠥᠪᠰᠢᠶᠡᠷᠡᠬᠦ ᠳᠦᠷᠢᠮ᠎ᠤᠨ ᠦᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ ᠭᠠᠵᠠᠷ ᠬᠡᠷᠡᠭᠯᠡᠬᠦ ᠪᠠ ᠲᠦᠯᠦᠪᠵᠢᠭᠦᠯᠬᠦ᠎ᠳᠤ 《ᠣᠯᠠᠨ ᠬᠢᠨᠠᠨ ᠬᠠᠷᠭᠤᠭᠤᠯᠤᠯᠲᠠ ᠵᠢ ᠨᠡᠶ᠋ᠢᠯᠡᠭᠦᠯᠵᠦ ᠨᠢᠭᠡ ᠪᠣᠯᠭ᠋ᠠᠬᠤ᠂ ᠣᠯᠠᠨ ᠦᠨᠡᠮᠯᠡᠯ᠎ᠢ ᠨᠡᠶ᠋ᠢᠯᠡᠭᠦᠯᠵᠦ ᠨᠢᠭᠡ ᠪᠣᠯᠭ᠋ᠠᠬᠤ》 ᠵᠢ ᠠᠬᠢᠭᠤᠯᠵᠤ᠂ ᠪᠡᠯᠡ ᠣᠷᠤᠭᠤᠯᠤᠯᠲᠠ ᠵᠢᠨ ᠲᠦᠪᠡᠭᠲᠡᠢ ᠠᠰᠠᠭᠤᠳᠠᠯ᠎ᠢ ᠬᠤᠪᠢᠶᠠᠷᠢᠯᠠᠨ ᠰᠢᠢ᠍ᠳᠪᠦᠷᠢᠯᠡᠵᠦ ᠵᠠᠰᠠᠬᠤ ᠲᠤᠰᠬᠠᠢ ᠠᠵᠢᠯᠯᠠᠭ᠋ᠠᠨ᠎ᠢ ᠦᠷᠨᠢᠭᠦᠯᠵᠦ᠂ ᠠᠷᠠᠳ᠎ᠤᠨ ᠳᠤᠮᠳᠠᠬᠢ ᠬᠦᠷᠦᠩᠭᠡ ᠮᠦᠩᠭᠦᠳᠤ ᠲᠠᠨᠢᠯᠴᠠᠭᠤᠯᠬᠤ ᠲᠦᠷᠦᠯ ᠵᠦᠢ᠍ᠯ᠎ᠤᠨ ᠤᠷᠲᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠲᠡᠭᠦᠯᠳᠡᠷᠵᠢᠭᠦᠯᠦᠨ᠂ ᠠᠷᠠᠳ᠎ᠤᠨ ᠳᠤᠮᠳᠠᠬᠢ ᠪᠡᠯᠡ ᠣᠷᠤᠭᠤᠯᠤᠯᠲᠠ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ᠃ ᠴᠢᠬᠤᠯᠠ ᠶᠡᠭᠡ ᠲᠦᠷᠦᠯ ᠵᠦᠢ᠍ᠯ ᠵᠶ᠋ᠠᠨ ᠨᠦᠬᠡᠴᠡᠯᠡᠬᠦ ᠵᠢ ᠦᠨᠡᠨ ᠬᠦ᠌ ᠰᠠᠶ᠋ᠢᠲᠤᠷ ᠬᠢᠵᠦ᠂ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ᠂ ᠴᠢᠬᠤᠯᠠ ᠶᠡᠭᠡ ᠢᠨᠵᠧᠨᠧᠷᠢᠩ᠂ ᠭᠤᠣᠯᠳᠠᠯᠭ᠎ᠠ᠎ᠲᠠᠢ ᠪᠦᠲᠦᠭᠡᠨ ᠪᠠᠶ᠋ᠢᠭᠤᠯᠬᠤ ᠡᠭᠦᠷᠭᠡ᠎ᠳᠤ ᠠᠩᠬᠠᠷᠤᠯ ᠵᠶ᠋ᠠᠨ ᠲᠦᠪᠯᠡᠷᠡᠭᠦᠯᠵᠦ᠂ ᠲᠤᠮᠤ ᠠᠵᠢᠯ ᠶᠠᠪᠤᠳᠠᠯ ᠬᠦᠴᠢᠷᠲᠡᠢ ᠠᠵᠢᠯ ᠶᠠᠪᠤᠳᠠᠯ ᠪᠠᠴᠢᠮ ᠠᠵᠢᠯ ᠶᠠᠪᠤᠳᠠᠯ᠎ᠤᠨ ᠲᠤᠭᠤᠷᠢᠨ᠎ᠳᠤ᠂ ᠲᠦᠷᠦᠯ ᠵᠦᠢ᠍ᠯ᠎ᠤᠨ ᠨᠦᠬᠡᠴᠡᠯᠡᠬᠦ ᠠᠵᠢᠯ᠎ᠤᠨ ᠲᠣᠭᠲᠠᠴᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠲᠦᠷᠦᠯ ᠵᠦᠢ᠍ᠯ᠎ᠢ ᠬᠦᠮᠦᠷᠭᠡ᠎ᠳᠤ ᠣᠷᠤᠭᠤᠯᠬᠤ ᠨᠦᠬᠦᠴᠡᠯ᠎ᠢ ᠴᠢᠩᠳᠠᠯᠠᠵᠤ᠂ ᠨᠠᠷᠢᠯᠢᠭᠵᠢᠭᠤᠯᠤᠨ ᠬᠠᠮᠢᠶᠠᠷᠬᠤ ᠬᠢᠷᠢ ᠲᠥᠪᠰᠢᠨ᠎ᠢ ᠳᠡᠭᠡᠭᠰᠢᠯᠡᠭᠦᠯᠦᠨ᠎ᠡ᠃ ᠲᠦᠷᠦᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠲᠦᠷᠭᠡᠳᠭᠡᠨ ᠠᠬᠢᠭᠤᠯᠵᠤ᠂ ᠲᠦᠷᠦᠯ ᠵᠦᠢ᠍ᠯ᠎ᠤᠨ ᠬᠦᠴᠦᠨ ᠵᠦᠢ᠍ᠯ᠎ᠤᠨ ᠪᠠᠲᠤᠯᠠᠭ᠎ᠠ ᠵᠢ ᠴᠢᠩᠭ᠋ᠠᠷᠠᠭᠤᠯᠤᠨ᠂ ᠲᠦᠷᠦᠯ ᠵᠦᠢ᠍ᠯ᠎ᠤᠨ ᠪᠡᠯᠡ ᠲᠣᠬᠢᠷᠠᠭᠤᠯᠬᠤ ᠲᠣᠭᠲᠠᠴᠠ᠎ᠳᠤ ᠰᠢᠨ᠎ᠡ ᠵᠢ ᠡᠭᠦᠳᠴᠦ᠂ 《ᠪᠡᠯᠡ ᠮᠦᠩᠭᠦ ᠪᠠ ᠬᠦᠴᠦᠨ ᠵᠦᠢ᠍ᠯ᠎ᠨᠢ ᠲᠦᠷᠦᠯ ᠵᠦᠢ᠍ᠯ ᠵᠶ᠋ᠠᠨ ᠳᠠᠭ᠋ᠠᠬᠤ》 ᠵᠢ ᠨᠠᠶ᠋ᠢᠳᠠᠪᠤᠷᠢᠵᠢᠭᠤᠯᠤᠨ᠂ ᠴᠢᠬᠤᠯᠠ ᠶᠡᠭᠡ ᠲᠦᠷᠦᠯ ᠵᠦᠢ᠍ᠯ᠎ᠤᠨ ᠬᠡᠷᠡᠭᠵᠢᠭᠦᠯᠬᠦ ᠲᠣᠭᠲᠠᠴᠠ ᠵᠢ ᠪᠦᠷᠢᠨᠰᠢᠭᠦᠯᠵᠦ᠂ ᠲᠦᠷᠦᠯ ᠵᠦᠢ᠍ᠯ᠎ᠤᠨ ᠪᠣᠲᠠᠲᠠᠶ᠋ᠢᠵᠢᠭᠳᠠᠨ ᠦᠷ᠎ᠡ ᠪᠦᠲᠦᠮᠵᠢ᠎ᠲᠠᠢ ᠪᠣᠯᠬᠤ ᠵᠢ ᠠᠬᠢᠭᠤᠯᠤᠨ᠎ᠠ᠃
(ᠲᠠᠪᠤ) ᠰᠠᠭᠤᠷᠢ ᠪᠡᠯᠡᠳᠭᠡᠮᠵᠢ ᠵᠢ ᠪᠦᠲᠦᠭᠡᠨ ᠪᠠᠶ᠋ᠢᠭᠤᠯᠬᠤ ᠡᠷᠴᠢᠮ ᠵᠶ᠋ᠠᠨ ᠴᠢᠩᠭ᠋ᠠᠷᠠᠭᠤᠯᠤᠨ᠎ᠠ᠃ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ᠂ ᠲᠣᠣᠷ ᠰᠦᠯᠵᠢᠶᠡᠵᠢᠭᠰᠡᠨ ᠬᠡᠯᠪᠡᠷᠢᠲᠦ ᠰᠠᠭᠤᠷᠢ ᠪᠡᠯᠡᠳᠭᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ 《ᠵᠠᠮ ᠬᠠᠷᠢᠯᠴᠠᠭ᠎ᠠ᠎ᠪᠠᠷ ᠤᠯᠤᠰ ᠵᠶ᠋ᠠᠨ ᠬᠦᠴᠦᠷᠭᠡᠭᠵᠢᠭᠦᠯᠬᠦ ᠪᠦᠲᠦᠭᠡᠨ ᠪᠠᠶ᠋ᠢᠭᠤᠯᠤᠯᠲᠠ ᠵᠢᠨ ᠬᠦᠲᠦᠯᠪᠦᠷᠢ》 ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠤᠰᠤᠨ ᠠᠰᠢᠭᠯᠠᠯᠲᠠ᠂ ᠡᠨᠧᠷᠬᠢ ᠵᠢᠨ ᠲᠣᠣᠷ ᠰᠦᠯᠵᠢᠶ᠎ᠡ᠂ ᠬᠤᠲᠠ ᠬᠦᠳᠡᠭᠡ ᠵᠢᠨ ᠰᠠᠭᠤᠷᠢ ᠪᠡᠯᠡᠳᠭᠡᠮᠵᠢ᠂ ᠪᠠᠶ᠋ᠢᠭ᠋ᠠᠯᠢ ᠵᠢᠨ ᠭᠠᠢ ᠭᠠᠮᠰᠢᠭ᠎ᠢ ᠰᠡᠷᠭᠡᠶ᠋ᠢᠯᠡᠨ ᠵᠠᠰᠠᠬᠤ ᠴᠢᠬᠤᠯᠠ ᠶᠡᠭᠡ ᠢᠨᠵᠧᠨᠧᠷᠢᠩ᠎ᠢ ᠠᠬᠢᠭᠤᠯᠤᠨ ᠬᠡᠷᠡᠭᠵᠢᠭᠦᠯᠵᠦ᠂ ᠴᠢᠮᠡᠭᠡ ᠬᠤᠯᠪᠣᠭ᠎ᠠ ᠵᠢᠨ ᠰᠦᠯᠵᠢᠶ᠎ᠡ ᠵᠢ ᠪᠦᠲᠦᠭᠡᠨ ᠪᠠᠶ᠋ᠢᠭᠤᠯᠬᠤ ᠬᠢᠷᠢ ᠲᠥᠪᠰᠢᠨ ᠵᠶ᠋ᠠᠨ ᠳᠡᠭᠡᠭᠰᠢᠯᠡᠭᠦᠯᠦᠨ᠎ᠡ᠃ ᠵᠢᠨᠢᠩ᠎ᠠᠴᠠ ᠳ᠋ᠠᠲ᠋ᠦ᠋ᠩ ᠪᠠ ᠶᠤᠸᠠᠨᠫᠢᠩ ᠬᠦᠷᠬᠦ ᠳᠡᠭᠡᠳᠦ ᠬᠤᠷᠳᠤ ᠵᠢᠨ ᠲᠡᠮᠦᠷ ᠵᠠᠮ᠂ ᠪᠤᠭᠤᠳᠤ᠎ᠠᠴᠠ ᠢᠷᠭ᠋ᠠᠢ ᠬᠦᠷᠬᠦ ᠳᠡᠭᠡᠳᠦ ᠬᠤᠷᠳᠤ ᠵᠢᠨ ᠲᠡᠮᠦᠷ ᠵᠠᠮ᠂ ᠬᠦᠬᠡᠬᠤᠲᠠ ᠵᠢᠨ ᠬᠤᠶᠠᠳᠤᠭ᠋ᠠᠷ ᠱᠤᠭᠤᠮ᠎ᠤᠨ ᠭᠠᠵᠠᠷ ᠳᠤᠤᠷᠠᠬᠢ ᠲᠡᠮᠦᠷ ᠵᠠᠮ᠂ ᠬᠠᠶ᠋ᠢᠯᠠᠷ᠎ᠠᠴᠠ ᠮᠠᠨᠵᠤᠤᠷ ᠬᠦᠷᠬᠦ ᠵᠡᠷᠭᠡ ᠳᠡᠭᠡᠳᠦ ᠬᠤᠷᠳᠤ ᠵᠢᠨ ᠵᠠᠰᠠᠮᠠᠯ ᠵᠠᠮ ᠪᠠ ᠮᠠᠯᠵᠢᠬᠤ ᠲᠠᠷᠢᠶᠠᠯᠠᠬᠤ ᠣᠷᠣᠨ᠎ᠤ ᠵᠠᠰᠠᠮᠠᠯ ᠵᠠᠮ᠂ ᠨᠡᠶ᠋ᠢᠳᠡᠮ ᠬᠡᠷᠡᠭᠯᠡᠭᠡᠨ᠎ᠤ ᠨᠢᠰᠭᠡᠯ᠎ᠤᠨ ᠪᠠᠭᠤᠳᠠᠯ᠎ᠤᠨ ᠪᠦᠭᠡᠮᠨᠡᠷᠡᠯ᠂ ᠡᠨᠧᠷᠬᠢ ᠵᠢᠨ ᠲᠡᠭᠡᠭᠡᠪᠦᠷᠢ ᠵᠢᠨ ᠨᠡᠪᠲᠡᠷᠡᠯ ᠵᠠᠮ ᠵᠡᠷᠭᠡ ᠬᠦᠷᠢᠶ᠎ᠡ ᠴᠠᠷᠠᠭ᠋ᠠᠨ᠎ᠤ ᠲᠦᠷᠦᠯ ᠵᠦᠢ᠍ᠯ᠎ᠢ ᠪᠦᠲᠦᠭᠡᠨ ᠪᠠᠶ᠋ᠢᠭᠤᠯᠬᠤ᠎ᠪᠠᠨ ᠲᠦᠷᠭᠡᠳᠭᠡᠵᠦ᠂ ᠤᠯᠠᠭ᠋ᠠᠨᠬᠠᠳᠠ᠎ᠠᠴᠠ ᠪᠡᠭᠡᠵᠢᠩ ᠮᠦᠭᠳᠡᠨ ᠬᠦᠷᠬᠦ ᠳᠡᠭᠡᠳᠦ ᠬᠤᠷᠳᠤ ᠵᠢᠨ ᠲᠡᠮᠦᠷ ᠵᠠᠮ᠎ᠤᠨ ᠬᠤᠯᠪᠣᠭ᠋ᠠᠰᠤ ᠱᠤᠭᠤᠮ᠎ᠢ ᠨᠡᠪᠲᠡᠷᠡᠭᠦᠯᠦᠨ ᠠᠵᠢᠯᠯᠠᠭᠤᠯᠬᠤ ᠵᠢ ᠠᠬᠢᠭᠤᠯᠤᠨ᠂ ᠬᠦᠬᠡᠬᠤᠲᠠ ᠵᠢᠨ ᠰᠢᠨ᠎ᠡ ᠨᠢᠰᠬᠡᠯ᠎ᠤᠨ ᠪᠠᠭᠤᠳᠠᠯ᠂ ᠰᠢᠯᠢ ᠵᠢᠨ ᠬᠤᠲᠠ᠎ᠠᠴᠠ ᠲᠠᠶ᠋ᠢᠽᠢ ᠬᠤᠲᠠ ᠬᠦᠷᠬᠦ ᠲᠥᠷᠭᠡᠨ ᠬᠤᠷᠳᠤ ᠵᠢᠨ ᠲᠡᠮᠦᠷ ᠵᠠᠮ᠂ ᠵᠢᠨᠢᠩ᠎ᠠᠴᠠ ᠲᠦᠩᠯᠢᠶᠣᠣ ᠬᠦᠷᠬᠦ ᠲᠡᠮᠦᠷ ᠵᠠᠮ᠎ᠤᠨ ᠴᠠᠬᠢᠯᠭ᠋ᠠᠨᠵᠢᠭᠤᠯᠬᠤ ᠦᠭᠡᠷᠡᠴᠢᠯᠡᠯᠲᠡ᠂ ᠤᠯᠠᠭ᠋ᠠᠨᠬᠤᠲᠠ᠎ᠠᠴᠠ ᠷᠠᠰᠢᠶᠠᠨ ᠬᠦᠷᠬᠦ ᠲᠡᠮᠦᠷ ᠵᠠᠮ᠎ᠢ ᠦᠭᠡᠷᠡᠴᠢᠯᠡᠨ ᠵᠠᠰᠠᠬᠤ᠂ ᠡᠷᠢᠶᠡᠨ ᠬᠤᠲᠠ᠎ᠠᠴᠠ ᠭᠤᠸᠠᠩᠵᠧᠦ ᠬᠦᠷᠬᠦ ᠲᠡᠭᠡᠳᠦ ᠬᠤᠷᠳᠤ ᠵᠢᠨ ᠲᠡᠮᠦᠷ ᠵᠠᠮ᠎ᠤᠨ ᠡᠷᠢᠶᠡᠨ᠎ᠠᠴᠠ ᠰᠠᠶ᠋ᠢᠬᠠᠨᠲᠠᠯ᠎ᠠ ᠬᠦᠷᠬᠦ ᠬᠡᠰᠡᠭ᠂ ᠳᠠᠭ᠎ᠠ ᠵᠢᠨ ᠨᠠᠭᠤᠷ᠎ᠤᠨ ᠠᠮᠢ ᠠᠬᠤᠢ᠎ᠳᠤ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠤᠰᠤ ᠨᠦᠬᠦᠪᠦᠷᠢᠯᠡᠬᠦ ᠵᠡᠷᠭᠡ ᠭᠤᠣᠯᠳᠠᠯᠭ᠎ᠠ᠎ᠲᠠᠢ ᠢᠨᠵᠧᠨᠧᠷᠢᠩ᠎ᠢ ᠠᠬᠢᠭᠤᠯᠵᠤ᠂ ᠬᠤᠲᠠ ᠵᠢᠨ ᠶᠠᠪᠤᠳᠠᠯ᠎ᠤᠨ ᠬᠤᠭᠤᠯᠠᠢ ᠭᠤᠣᠷᠰᠤ ᠵᠢᠨ ᠲᠣᠣᠷ᠂ ᠲᠡᠷᠭᠡᠨ᠎ᠤ ᠵᠣᠭᠰᠤᠭ᠋ᠠᠯ᠂ ᠭᠦᠢ᠍ᠲᠡᠨ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡ᠂ ᠬᠤᠲᠠ ᠬᠦᠳᠡᠭᠡ ᠵᠢᠨ ᠪᠣᠬᠢᠷ ᠤᠰᠤ ᠬᠤᠭ ᠨᠣᠪᠰᠢ ᠵᠢ ᠰᠢᠢ᠍ᠳᠪᠦᠷᠢᠯᠡᠬᠦ ᠪᠡᠯᠡᠳᠭᠡᠮᠵᠢ ᠵᠡᠷᠭᠡ ᠵᠢ ᠪᠦᠲᠦᠭᠡᠨ ᠪᠠᠶ᠋ᠢᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠬᠦᠬᠡᠬᠤᠲᠠ᠎ᠳᠠᠬᠢ ᠤᠯᠤᠰ᠎ᠤᠨ ᠳᠡᠰ᠎ᠤᠨ ᠢᠨᠲ᠋ᠧᠷ ᠰᠦᠯᠵᠢᠶᠡᠨ᠎ᠤ ᠭᠤᠣᠯᠯᠠᠭᠴᠢ ᠪᠣᠯᠬᠤ ᠰᠢᠭᠤᠳ ᠬᠤᠯᠪᠣᠭᠳᠠᠬᠤ ᠴᠡᠭ᠎ᠢ ᠪᠦᠲᠦᠭᠡᠨ ᠪᠠᠶ᠋ᠢᠭᠤᠯᠤᠨ᠎ᠠ᠃
(ᠵᠢᠷᠭᠤᠭ᠎ᠠ) ᠬᠡᠷᠡᠭᠯᠡᠭᠡ ᠵᠢᠨ ᠬᠡᠪᠴᠢᠶᠡᠵᠢᠯ᠎ᠢ ᠴᠢᠷᠮᠠᠶ᠋ᠢᠨ ᠥᠷᠭᠡᠳᠭᠡᠨ᠎ᠡ᠃ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠢᠭᠡᠳ ᠬᠡᠷᠡᠭᠯᠡᠭᠡ ᠵᠢᠨ ᠳᠠᠯᠳᠠ ᠬᠦᠴᠦᠨ᠎ᠢ ᠭᠦᠨᠵᠡᠭᠡᠢ ᠠᠭᠤᠳᠠᠯᠯᠠᠨ ᠬᠥᠭᠵᠢᠭᠡᠵᠦ᠂ ᠣᠨᠴᠠᠯᠢᠭ᠎ᠲᠠᠢ ᠬᠡᠷᠡᠭᠯᠡᠭᠡ ᠵᠢᠨ ᠬᠠᠩᠭ᠋ᠠᠯᠭ᠎ᠠ ᠵᠢ ᠢᠳᠡᠪᠬᠢᠲᠡᠢ᠎ᠪᠠᠷ ᠥᠷᠭᠡᠳᠭᠡᠨ᠂ ᠨᠡᠷᠡᠲᠦ ᠲᠡᠮᠲᠡᠭ᠎ᠢ ᠪᠣᠢ ᠪᠣᠯᠭ᠋ᠠᠨ ᠳᠡᠯᠭᠡᠷᠡᠭᠦᠯᠬᠦ ᠲᠦᠯᠦᠪᠯᠡᠭᠡ ᠵᠢ ᠬᠡᠷᠡᠭᠵᠢᠭᠦᠯᠵᠦ᠂ ᠨᠡᠩ ᠣᠯᠠᠨ ᠦᠪᠦᠷ ᠮᠣᠩᠭᠤᠯ᠎ᠤᠨ ᠨᠡᠷᠡᠲᠦ ᠲᠡᠮᠲᠡᠭ᠎ᠢ ᠪᠣᠢ ᠪᠣᠯᠭ᠋ᠠᠨ᠂ ᠬᠡᠷᠡᠭᠴᠡᠭᠡ᠎ᠪᠠᠷ ᠬᠠᠩᠭ᠋ᠠᠯᠭ᠎ᠠ ᠵᠢ ᠰᠢᠯᠢᠳᠡᠭᠵᠢᠭᠦᠯᠦᠨ᠂ ᠬᠠᠩᠭ᠋ᠠᠯᠭ᠎ᠠ᠎ᠪᠠᠷ ᠬᠡᠷᠡᠭᠴᠡᠭᠡ ᠵᠢ ᠠᠬᠢᠭᠤᠯᠤᠨ᠎ᠠ᠃ ᠬᠤᠳᠠᠯᠳᠤᠭ᠋ᠠᠨ᠎ᠤ ᠬᠤᠪᠢᠰᠤᠯᠲᠠ ᠪᠠ ᠬᠡᠷᠡᠭᠯᠡᠭᠡ ᠵᠢᠨ ᠳᠡᠰ ᠳᠡᠪᠰᠢᠬᠦ ᠬᠠᠨᠳᠤᠰᠢ᠎ᠳᠤ ᠵᠣᠬᠢᠴᠠᠭᠤᠯᠤᠨ᠂ ᠪᠣᠲᠠᠲᠠᠢ᠎ᠲᠠᠢ᠎ᠪᠠᠨ ᠤᠶᠠᠯᠳᠤᠭᠤᠯᠤᠨ ᠬᠤᠳᠠᠯᠳᠤᠭ᠋ᠠᠨ᠎ᠤ ᠶᠠᠪᠠᠭ᠋ᠠᠨ ᠵᠡᠭᠡᠯᠢ ᠵᠢ ᠦᠭᠡᠷᠡᠴᠢᠯᠡᠨ ᠰᠠᠶ᠋ᠢᠵᠢᠷᠠᠭᠤᠯᠵᠤ᠂ ᠦᠳᠡᠰᠢ ᠣᠷᠣᠢ ᠵᠢᠨ ᠬᠡᠷᠡᠭᠯᠡᠭᠡ ᠵᠢᠨ ᠠᠵᠤ ᠠᠬᠤᠢ᠂ ᠬᠡᠷᠡᠭᠴᠡᠭᠡ᠎ᠪᠠᠷ ᠦᠢ᠍ᠯᠡᠳᠬᠦ ᠬᠡᠷᠡᠭᠯᠡᠭᠡ᠂ ᠤᠶᠤᠨᠴᠢ ᠬᠡᠷᠡᠭᠯᠡᠭᠡ ᠵᠡᠷᠭᠡ ᠬᠡᠷᠡᠭᠯᠡᠭᠡ ᠵᠢᠨ ᠰᠢᠨ᠎ᠡ ᠨᠡᠮᠡᠭᠳᠡᠯ᠎ᠤᠨ ᠴᠡᠭ᠎ᠢ ᠬᠥᠭᠵᠢᠭᠦᠯᠦᠨ᠎ᠡ᠃ ᠦᠢ᠍ᠯᠡᠴᠢᠯᠡᠭᠡᠨ᠎ᠤ ᠬᠡᠷᠡᠭᠯᠡᠭᠡ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ ᠪᠠᠭᠲᠠᠭ᠋ᠠᠮᠵᠢ ᠵᠢ ᠥᠷᠭᠡᠳᠭᠡᠬᠦ ᠵᠢ᠎ᠨᠢ ᠠᠬᠢᠭᠤᠯᠵᠤ᠂ ᠨᠠᠰᠤᠵᠢᠯ᠎ᠤᠨ ᠠᠰᠠᠷᠠᠮᠵᠢ᠂ ᠬᠡᠦᠬᠡᠳ ᠰᠠᠭ᠋ᠠᠲᠠᠭᠤᠯᠬᠤ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠣᠯᠠᠨ ᠠᠷᠭ᠎ᠠ ᠵᠠᠮ ᠵᠶ᠋ᠠᠷ ᠨᠡᠮᠡᠭᠳᠡᠭᠦᠯᠵᠦ᠂ ᠰᠤᠷᠭ᠋ᠠᠨ ᠬᠦᠮᠦᠵᠢᠯ ᠰᠤᠶᠤᠯ᠂ ᠡᠷᠡᠭᠦᠯ ᠮᠡᠨᠳᠦ ᠡᠮᠴᠢᠯᠡᠭᠡ᠂ ᠵᠢᠭᠤᠯᠴᠢᠯᠠᠯ ᠰᠡᠯᠡᠭᠦᠴᠡᠯ ᠵᠡᠷᠭᠡ ᠠᠮᠢᠳᠤᠷᠠᠯ᠎ᠤᠨ ᠴᠢᠨᠠᠷᠲᠠᠢ ᠦᠢ᠍ᠯᠡᠴᠢᠯᠡᠭᠡᠨ᠎ᠤ ᠦᠢ᠍ᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠵᠦ᠂ ᠠᠵᠢᠯ ᠲᠦᠷᠦᠯ᠎ᠤᠨ ᠴᠢᠨᠠᠷ ᠰᠠᠶ᠋ᠢᠲᠠᠢ ᠪᠠ ᠣᠯᠠᠨ ᠶᠠᠩᠵᠤᠴᠢᠯᠠᠭᠰᠠᠨ ᠲᠡᠶ᠋ᠢᠰᠢ ᠳᠡᠰ ᠳᠡᠪᠰᠢᠬᠦ ᠵᠢ ᠠᠬᠢᠭᠤᠯᠤᠨ᠎ᠠ᠃ ᠨᠡᠶ᠋ᠢᠭᠡᠮ ᠲᠤᠭᠤᠷᠢᠭ᠎ᠤᠨ ᠡᠮᠴᠢᠯᠡᠭᠡ᠂ ᠨᠠᠰᠤᠵᠢᠯ᠎ᠤᠨ ᠠᠰᠠᠷᠠᠮᠵᠢ᠂ ᠭᠡᠷ ᠠᠬᠤᠢ ᠵᠡᠷᠭᠡ ᠰᠠᠭᠤᠭ᠋ᠠᠯᠢ ᠲᠣᠭᠤᠷᠢᠭ᠎ᠤᠨ ᠳᠦᠬᠦᠷ ᠪᠡᠯᠡᠳᠭᠡᠮᠵᠢ ᠵᠢ ᠲᠡᠭᠦᠯᠳᠡᠷᠵᠢᠭᠦᠯᠵᠦ᠂ ᠠᠷᠠᠳ᠎ᠲᠤ ᠳᠦᠭᠦᠮ ᠦᠵᠡᠭᠦᠯᠬᠦ ᠬᠡᠷᠡᠭᠯᠡᠭᠡ ᠵᠢᠨ ᠬᠦᠷᠢᠶ᠎ᠡ ᠵᠢ ᠪᠠᠶ᠋ᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠵᠠᠬ᠎ᠠ ᠳᠡᠯᠭᠡᠭᠦᠷ᠎ᠢ ᠪᠦᠲᠦᠮᠵᠢᠲᠡᠢ ᠡᠬᠢᠯᠡᠭᠦᠯᠵᠦ᠂ ᠡᠯᠸᠺᠲᠷᠤᠨ ᠬᠤᠳᠠᠯᠳᠤᠭ᠋ᠠᠨ᠎ᠤ ᠲᠡᠪᠴᠡᠩ᠎ᠤᠨ ᠪᠠᠶ᠋ᠢᠭᠤᠯᠤᠯᠲᠠ ᠵᠢ ᠠᠬᠢᠭᠤᠯᠤᠨ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠭᠦᠨ᠎ᠤ ᠪᠦᠭᠡᠮ ᠵᠶ᠋ᠠᠷ ᠬᠤᠳᠠᠯᠳᠤᠬᠤ ᠵᠠᠬ᠎ᠠ ᠳᠡᠯᠭᠡᠭᠦᠷ᠎ᠤᠨ ᠰᠢᠰᠲ᠋ᠧᠮᠵᠢ ᠵᠢ ᠪᠦᠷᠢᠨᠰᠢᠭᠦᠯᠦᠨ᠎ᠡ᠃ ᠬᠡᠷᠡᠭᠯᠡᠭᠡ᠎ᠪᠠᠷ ᠠᠷᠠᠳ᠎ᠲᠤ ᠠᠰᠢᠭ ᠬᠦᠷᠲᠡᠭᠡᠬᠦ ᠵᠢ ᠠᠬᠢᠭᠤᠯᠵᠤ᠂ ᠰᠤᠶᠤᠯ ᠵᠢᠭᠤᠯᠴᠢᠯᠠᠯ᠎ᠤᠨ ᠬᠡᠷᠡᠭᠯᠡᠭᠡᠨ᠎ᠤ ᠤᠯᠠᠷᠢᠯ ᠵᠡᠷᠭᠡ ᠠᠵᠢᠯᠯᠠᠭ᠎ᠠ ᠡᠷᠬᠢᠯᠡᠬᠦ ᠵᠢ ᠵᠣᠷᠢᠭᠵᠢᠭᠤᠯᠵᠤ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨᠨᠤᠭᠤᠳᠢ ᠳᠠᠭ᠋ᠠᠭ᠋ᠠᠨ ᠡᠷᠬᠢᠯᠡᠨ᠎ᠡ᠃ ᠣᠷᠣᠨ ᠪᠦᠰᠡ ᠵᠢᠨ ᠣᠨᠴᠠᠯᠢᠭᠲᠤ ᠵᠢᠭᠤᠯᠴᠢᠯᠠᠯ᠎ᠤᠨ ᠨᠡᠷᠡᠲᠦ ᠲᠡᠮᠲᠡᠭ᠎ᠢ ᠪᠣᠢ ᠪᠣᠯᠭ᠋ᠠᠵᠤ᠂ 《ᠦᠪᠦᠷ ᠮᠣᠩᠭᠤᠯ᠎ᠤᠨ ᠦᠨᠦᠷ ᠠᠮᠲᠠ》 《ᠦᠪᠦᠷ ᠮᠣᠩᠭᠤᠯ᠎ᠤᠨ ᠳᠠᠭᠤᠤ ᠬᠥᠭᠵᠢᠮ》 《ᠦᠪᠦᠷ ᠮᠣᠩᠭᠤᠯ᠎ᠤᠨ ᠺᠢᠨᠣ᠋ ᠲᠧᠯᠸᠢᠰ》 ᠬᠢᠭᠡᠳ 《ᠦᠪᠦᠷ ᠮᠣᠩᠭᠤᠯ᠎ᠤᠨ ᠵᠢᠭᠤᠯᠴᠢᠯᠠᠯ》᠎ᠢ ᠠᠭᠤᠰᠤᠯᠴᠠᠭᠤᠯᠤᠨ ᠬᠥᠭᠵᠢᠭᠦᠯᠬᠦ ᠵᠢ ᠠᠬᠢᠭᠤᠯᠵᠤ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠪᠠ ᠡᠪᠦᠯ᠎ᠤᠨ ᠤᠯᠠᠷᠢᠯ᠎ᠤᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠠᠵᠠ ᠳᠣᠬᠢᠶᠠᠯ᠎ᠢ ᠠᠳᠬᠤᠨ ᠮᠦᠰᠦ ᠴᠠᠰᠤᠨ᠎ᠤ ᠵᠢᠭᠤᠯᠴᠢᠯᠠᠯ᠎ᠢ ᠬᠥᠭᠵᠢᠭᠦᠯᠵᠦ᠂ ᠪᠦᠬᠦ ᠣᠷᠣᠨ ᠪᠦᠰᠡ ᠵᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠣᠷᠣᠨ᠎ᠢ ᠡᠭᠦᠳᠦᠨ ᠪᠠᠶ᠋ᠢᠭᠤᠯᠵᠤ ᠭᠦᠨᠵᠡᠭᠡᠶ᠋ᠢᠷᠡᠭᠦᠯᠦᠨ᠎ᠡ᠃ ᠬᠡᠷᠡᠭᠯᠡᠭᠡᠨ᠎ᠤ ᠴᠢᠳᠠᠪᠤᠷᠢ ᠵᠢ ᠨᠡᠮᠡᠭᠳᠡᠭᠦᠯᠵᠦ᠂ ᠬᠤᠲᠠ ᠬᠦᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢ ᠣᠯᠠᠨ ᠠᠷᠭ᠎ᠠ ᠵᠠᠮ ᠵᠶ᠋ᠠᠷ ᠨᠡᠮᠡᠭᠳᠡᠭᠦᠯᠦᠨ᠎ᠡ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠲᠡᠭᠦᠯᠳᠡᠷᠵᠢᠭᠦᠯᠵᠦ᠂ ᠬᠡᠷᠡᠭᠯᠡᠭᠴᠢᠳ᠎ᠤᠨ ᠡᠷᠬᠡ ᠠᠰᠢᠭ᠎ᠢ ᠬᠠᠮᠠᠭ᠋ᠠᠯᠠᠨ᠎ᠠ᠃ ᠬᠤᠶᠠᠷ᠂ ᠭᠤᠷᠪᠠᠨ ᠶᠡᠭᠡ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ ᠢᠯᠠᠯᠲᠠ ᠵᠢ ᠡᠷᠡᠰ ᠲᠡᠮᠡᠴᠡᠨ ᠣᠯᠵᠤ᠂ ᠴᠢᠨᠠᠷ ᠰᠠᠶ᠋ᠢᠲᠠᠢ ᠬᠥᠭᠵᠢᠯᠲᠡ ᠵᠢᠨ ᠪᠣᠭᠤᠮᠲᠠ ᠵᠢ ᠳᠠᠪᠠᠨ᠎ᠠ
ᠬᠠᠷᠠᠯᠲᠠᠲᠤ ᠡᠭᠦᠷᠭᠡ᠎ᠲᠠᠢ᠎ᠪᠠᠨ ᠬᠠᠷᠢᠴᠠᠭᠤᠯᠤᠨ᠂ ᠦᠷᠭᠦᠯᠵᠢᠯᠡᠨ ᠲᠦᠢ᠍ᠯ᠎ᠤᠨ ᠣᠨᠣᠪᠴᠢᠲᠠᠢ᠎ᠪᠠᠷ ᠬᠦᠴᠦᠯᠡᠵᠦ᠂ ᠶᠠᠳᠠᠭᠤ᠎ᠠᠴᠠ ᠠᠩᠬᠢᠵᠢᠷᠠᠭᠤᠯᠬᠤ ᠰᠢᠪᠲᠤᠯᠤᠯᠲᠠ ᠵᠢᠨ ᠡᠭᠦᠷᠭᠡ ᠵᠢ ᠬᠤᠭᠤᠴᠠᠭ᠎ᠠ ᠶᠤᠰᠤᠭ᠋ᠠᠷ ᠪᠦᠬᠦ ᠲᠠᠯ᠎ᠠ᠎ᠪᠠᠷ ᠪᠡᠶᠡᠯᠡᠭᠦᠯᠬᠦ ᠵᠢ ᠦᠨᠡᠨ ᠬᠦ᠌ ᠪᠠᠲᠤᠯᠠᠵᠤ᠂ ᠪᠤᠬᠢᠷᠳᠤᠯ᠎ᠢ ᠰᠡᠷᠭᠡᠶ᠋ᠢᠯᠡᠨ ᠵᠠᠰᠠᠬᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ ᠱᠠᠲᠤᠴᠢ ᠴᠢᠨᠠᠷᠲᠠᠢ ᠬᠠᠷᠠᠯᠲᠠ ᠵᠢ ᠪᠡᠶᠡᠯᠡᠭᠦᠯᠬᠦ᠎ᠪᠠᠨ ᠦᠨᠡᠨ ᠬᠦ᠌ ᠪᠠᠲᠤᠯᠠᠵᠤ᠂ ᠰᠢᠰᠲ᠋ᠧᠮ᠎ᠤᠨ ᠴᠢᠨᠠᠷᠲᠠᠢ ᠮᠦᠩᠭᠦᠨ ᠭᠦᠢ᠍ᠯᠭᠡᠭᠡᠨ᠎ᠤ ᠲᠥᠭᠰᠢᠭᠦᠷᠢ ᠡᠭᠦᠰᠬᠦ ᠦᠭᠡᠢ ᠪᠠᠶ᠋ᠢᠬᠤ ᠵᠢ ᠦᠨᠡᠨ ᠬᠦ᠌ ᠪᠠᠲᠤᠯᠠᠨ᠎ᠠ᠃
(ᠨᠢᠭᠡ) ᠶᠠᠳᠠᠭᠤ᠎ᠠᠴᠠ ᠠᠩᠬᠢᠵᠢᠷᠠᠭᠤᠯᠬᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ ᠢᠯᠠᠯᠲᠠ ᠵᠢ ᠨᠡᠩ ᠴᠢᠨᠠᠷᠵᠢᠭᠤᠨ ᠵᠶ᠋ᠠᠷ ᠲᠡᠮᠡᠴᠡᠨ ᠣᠯᠣᠨ᠎ᠠ᠃ 《ᠬᠤᠶᠠᠷ᠎ᠲᠤ ᠵᠣᠪᠠᠭ᠍ᠤ ᠦᠭᠡᠢ ᠭᠤᠷᠪᠠ ᠵᠢ ᠪᠠᠲᠤᠯᠠᠬᠤ》 ᠬᠠᠷᠠᠯᠲᠠ᠎ᠲᠠᠢ ᠨᠢᠭᠲᠠ ᠤᠶᠠᠯᠳᠤᠭᠤᠯᠤᠨ᠂ ᠠᠵᠤ ᠦᠢ᠍ᠯᠡᠰ᠂ ᠠᠵᠢᠯ ᠣᠯᠭᠤᠯᠲᠠ᠂ ᠠᠮᠢ ᠠᠬᠤᠢ᠂ ᠰᠤᠷᠭ᠋ᠠᠨ ᠬᠦᠮᠦᠵᠢᠯ᠂ ᠡᠷᠡᠭᠦᠯ ᠮᠡᠨᠳᠦ᠂ ᠬᠡᠷᠡᠭᠯᠡᠭᠡ᠂ ᠨᠡᠶ᠋ᠢᠭᠡᠮ᠎ᠤᠨ ᠪᠠᠲᠤᠯᠠᠭ᠎ᠠ᠂ ᠬᠠᠪᠰᠤᠷᠤᠨ ᠲᠡᠳᠭᠦᠬᠦ ᠬᠠᠮᠵᠢᠯᠴᠠᠭ᠎ᠠ ᠵᠡᠷᠭᠡ ᠲᠠᠯ᠎ᠠ ᠵᠢᠨ ᠶᠠᠳᠠᠭᠤ᠎ᠠᠴᠠ ᠠᠩᠬᠢᠵᠢᠷᠠᠭᠤᠯᠬᠤ ᠡᠯ᠎ᠡ ᠵᠦᠢ᠍ᠯ᠎ᠤᠨ ᠠᠷᠭ᠎ᠠ ᠠᠪᠴᠠᠯ᠎ᠢ ᠴᠢᠩᠭ᠋ᠠᠷᠠᠭᠤᠯᠵᠤ᠂ ᠶᠠᠳᠠᠭᠤ ᠬᠦᠴᠢᠷᠳᠡᠯᠲᠡᠢ ᠵᠢᠨ ᠲᠣᠭ᠋ᠠᠨ᠎ᠠᠴᠠ ᠬᠠᠰᠤᠵᠤ ᠭᠠᠷᠭ᠋ᠠᠬᠤ ᠪᠠᠷᠢᠮᠵᠢᠶ᠎ᠠ ᠪᠠ ᠬᠠᠰᠤᠵᠤ ᠭᠠᠷᠭ᠋ᠠᠬᠤ ᠳᠡᠰ ᠳᠠᠷᠠᠭ᠋ᠠᠯᠠᠯ᠎ᠢ ᠴᠢᠩᠭ᠎ᠠ ᠬᠡᠷᠡᠭᠵᠢᠭᠦᠯᠵᠦ᠂ ᠣᠳᠤ ᠪᠠᠶ᠋ᠢᠭ᠎ᠠ ᠶᠠᠳᠠᠭᠤ ᠬᠦᠴᠢᠷᠳᠡᠯᠲᠡᠢ ᠬᠦᠮᠦᠨ ᠠᠮᠠ ᠵᠢ ᠶᠠᠳᠠᠭᠤ᠎ᠠᠴᠠ ᠠᠩᠬᠢᠵᠢᠷᠠᠭᠤᠯᠬᠤ ᠡᠭᠦᠷᠭᠡ ᠵᠢ ᠪᠡᠶᠡᠯᠡᠭᠦᠯᠦᠨ᠎ᠡ᠃ ᠶᠠᠳᠠᠭᠤ᠎ᠠᠴᠠ ᠠᠩᠬᠢᠵᠢᠷᠠᠭᠤᠯᠤᠭᠰᠠᠨ ᠦᠷ᠎ᠡ ᠪᠦᠲᠦᠭᠡᠯ᠎ᠢ ᠪᠠᠬᠢᠵᠢᠭᠦᠯᠵᠦ᠂ ᠲᠣᠭᠲᠠᠭᠤᠨ ᠵᠶ᠋ᠠᠷ ᠶᠠᠳᠠᠭᠤ᠎ᠠᠴᠠ ᠠᠩᠬᠢᠵᠢᠷᠠᠭᠤᠯᠬᠤ ᠤᠷᠲᠤ ᠬᠤᠭᠤᠴᠠᠭ᠋ᠠᠨ᠎ᠤ ᠪᠦᠲᠦᠮᠵᠢᠲᠡᠢ ᠪᠠᠶ᠋ᠢᠯᠭ᠋ᠠᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠶᠠᠳᠠᠭᠤ᠎ᠠᠴᠠ ᠠᠩᠬᠢᠵᠢᠷᠠᠭᠤᠯᠬᠤ ᠰᠢᠪᠲᠤᠯᠤᠯᠲᠠ ᠵᠢ ᠬᠦᠳᠡᠭᠡ ᠲᠤᠰᠬᠤᠨ ᠵᠶ᠋ᠠᠨ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ᠎ᠯᠤᠭ᠎ᠠ ᠪᠦᠲᠦᠮᠵᠢᠲᠡᠢ ᠵᠤᠯᠠᠭ᠋ᠠᠭᠤᠯᠬᠤ ᠵᠢ ᠠᠬᠢᠭᠤᠯᠵᠤ᠂ ᠳᠠᠬᠢᠨ ᠶᠠᠳᠠᠭᠤᠷᠠᠭᠰᠠᠨ ᠬᠦᠮᠦᠨ ᠠᠮᠠ ᠪᠠ ᠶᠠᠳᠠᠭᠤᠷᠠᠭᠰᠠᠨ ᠬᠦᠮᠦᠨ ᠠᠮᠠ ᠵᠢ ᠬᠢᠨᠠᠨ ᠰᠢᠨᠵᠢᠬᠦ ᠪᠠ ᠬᠠᠪᠰᠤᠷᠤᠨ ᠲᠡᠳᠭᠦᠬᠦ ᠠᠵᠢᠯ᠎ᠢ ᠴᠠᠭ ᠲᠣᠬᠠᠢᠳᠤᠨᠢ ᠰᠠᠶ᠋ᠢᠲᠤᠷ ᠬᠢᠨ᠎ᠡ᠃ ᠶᠠᠳᠠᠭᠤ ᠵᠢ ᠲᠡᠳᠭᠦᠭᠰᠡᠨ ᠡᠳ᠋ ᠬᠦᠷᠦᠩᠭᠡ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠶᠠᠳᠠᠭᠤ ᠵᠢ ᠲᠡᠳᠭᠦᠭᠰᠡᠨ ᠡᠳ᠋ ᠬᠦᠷᠦᠩᠭᠡ ᠵᠢ ᠬᠡᠷᠡᠭᠯᠡᠬᠦ ᠦᠷ᠎ᠡ ᠠᠰᠢᠭ ᠵᠶ᠋ᠠᠨ ᠳᠡᠭᠡᠭᠰᠢᠯᠡᠭᠦᠯᠦᠨ᠎ᠡ᠃
(ᠬᠤᠶᠠᠷ) ᠬᠥᠬᠡ ᠣᠭᠲᠠᠷᠭᠤᠢ ᠬᠦᠬᠡᠮᠳᠦᠭ ᠤᠰᠤ ᠴᠡᠪᠡᠷ ᠬᠦᠷᠦᠰᠦ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠨ᠎ᠡ᠃ ᠠᠭ᠋ᠠᠷ ᠮᠠᠨᠳᠡᠯ᠂ ᠤᠰᠤ᠂ ᠬᠦᠷᠦᠰᠦ ᠰᠢᠷᠤᠢ ᠵᠢᠨ ᠪᠣᠬᠢᠷᠳᠤᠯ᠎ᠢ ᠰᠡᠷᠭᠡᠶ᠋ᠢᠯᠡᠨ ᠵᠠᠰᠠᠬᠤ ᠭᠤᠷᠪᠠᠨ ᠵᠢᠯ᠎ᠤᠨ ᠰᠢᠪᠲᠤᠯᠤᠯᠲᠠ ᠵᠢᠨ ᠲᠦᠯᠦᠪᠯᠡᠭᠡ ᠵᠢ ᠭᠦᠨᠵᠡᠭᠡᠢ ᠬᠡᠷᠡᠭᠵᠢᠭᠦᠯᠵᠦ᠂ ᠭᠤᠣᠯᠳᠠᠯᠭ᠎ᠠ᠎ᠲᠠᠢ ᠣᠷᠣᠨ ᠪᠦᠰᠡ᠂ ᠭᠤᠣᠯᠳᠠᠯᠭ᠎ᠠ᠎ᠲᠠᠢ ᠰᠠᠪᠠ ᠭᠠᠵᠠᠷ᠂ ᠭᠤᠣᠯᠳᠠᠯᠭ᠎ᠠ᠎ᠲᠠᠢ ᠠᠵᠢᠯ ᠲᠦᠷᠦᠯ᠎ᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠵᠢ ᠦᠷᠭᠦᠯᠵᠢᠯᠡᠨ ᠠᠬᠢᠭᠤᠯᠵᠤ᠂ ᠲᠥᠪ᠎ᠤᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠬᠤ ᠵᠢᠴᠢ 《ᠪᠤᠴᠠᠵᠤ ᠪᠠᠶ᠋ᠢᠴᠠᠭ᠋ᠠᠨ ᠦᠵᠡᠬᠦ》᠎ᠳᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠵᠢ ᠪᠦᠬᠦ ᠲᠠᠯ᠎ᠠ᠎ᠪᠠᠷ ᠪᠡᠶᠡᠯᠡᠭᠦᠯᠦᠨ᠂ ᠠᠮᠢ ᠠᠬᠤᠢ ᠵᠢᠨ ᠣᠷᠴᠢᠨ ᠲᠣᠭᠤᠷᠢᠨ᠎ᠤ ᠴᠢᠨᠠᠷ ᠴᠢᠨᠰᠠᠭ᠎ᠠ ᠵᠢ ᠦᠷᠭᠦᠯᠵᠢᠯᠡᠨ ᠰᠠᠶ᠋ᠢᠵᠢᠷᠠᠭᠤᠯᠬᠤ ᠵᠢ ᠠᠬᠢᠭᠤᠯᠤᠨ᠎ᠠ᠃ ᠣᠯᠠᠨ ᠲᠠᠯ᠎ᠠ᠎ᠠᠴᠠ ᠵᠡᠷᠭᠡ᠎ᠪᠠᠷ ᠠᠳᠬᠤᠬᠤ ᠵᠢ ᠪᠠᠷᠢᠮᠲᠠᠯᠠᠨ᠂ ᠠᠭ᠋ᠠᠷ᠎ᠤᠨ ᠴᠢᠨᠠᠷ ᠴᠢᠨᠰᠠᠭ᠎ᠠ ᠵᠢ ᠤᠯᠠᠮ ᠨᠢᠭᠡ ᠠᠯᠬᠤᠮ ᠰᠠᠶ᠋ᠢᠵᠢᠷᠠᠭᠤᠯᠵᠤ᠂ ᠭᠤᠣᠯᠳᠠᠯᠭ᠎ᠠ᠎ᠲᠠᠢ ᠪᠣᠬᠢᠷᠳᠤᠯ᠎ᠤᠨ ᠡᠬᠢ ᠢᠷᠡᠯᠲᠡ ᠵᠢ ᠪᠦᠬᠦ ᠲᠠᠯ᠎ᠠ᠎ᠪᠠᠷ ᠪᠠᠷᠢᠮᠵᠢᠶ᠎ᠠ᠎ᠳᠤ ᠬᠦᠷᠭᠡᠵᠦ ᠭᠠᠳᠠᠭᠰᠢᠯᠠᠭᠤᠯᠬᠤ ᠵᠢ ᠴᠢᠩᠭ᠋ᠠᠷᠠᠭᠤᠯᠤᠨ᠂ ᠬᠡᠮᠬᠡᠳᠡᠭ ᠨᠡᠭᠦᠷᠡᠰᠦ ᠵᠢᠨ ᠰᠢᠲᠠᠭ᠋ᠠᠯᠭ᠎ᠠ᠂ ᠠᠵᠤ ᠦᠢ᠍ᠯᠡᠳᠪᠦᠷᠢ ᠵᠢᠨ ᠪᠣᠬᠢᠷᠳᠤᠯ᠂ ᠠᠭᠤᠷᠬᠠᠢ ᠨᠡᠭᠡᠭᠡᠨ ᠮᠠᠯᠲᠠᠬᠤ᠂ ᠬᠤᠲᠠ ᠵᠢᠨ ᠲᠤᠭᠤᠰᠤᠨ᠎ᠤ ᠪᠣᠬᠢᠷᠳᠤᠯ᠂ ᠴᠠᠶ᠋ᠢᠶᠢᠦ ᠲᠣᠰᠣ ᠰᠢᠲᠠᠭ᠋ᠠᠬᠤ ᠠᠴᠢᠶᠠᠨ᠎ᠤ ᠮᠠᠰᠢᠨ ᠲᠡᠷᠭᠡ ᠵᠢᠨ ᠪᠣᠬᠢᠷᠳᠤᠯ ᠵᠡᠷᠭᠡ᠎ᠳᠤ ᠵᠠᠰᠠᠯᠲᠠ ᠬᠢᠬᠦ ᠵᠢ ᠲᠣᠬᠠᠢ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠰᠠᠶ᠋ᠢᠲᠤᠷ ᠠᠳᠬᠤᠵᠤ᠂ ᠲᠡᠭᠡᠭᠡᠪᠦᠷᠢ ᠵᠢᠨ ᠪᠦᠲᠦᠴᠡ ᠵᠢᠨ ᠲᠣᠬᠢᠷᠠᠭᠤᠯᠤᠯᠲᠠ ᠵᠢ ᠠᠬᠢᠭᠤᠯᠤᠨ᠂ ᠬᠤᠲᠠ ᠪᠠᠯᠭ᠋ᠠᠰᠤᠨ᠎ᠤ ᠴᠡᠪᠡᠷ ᠳᠤᠯᠠᠭ᠋ᠠᠯᠠᠭ᠎ᠠ ᠵᠢᠨ ᠨᠤᠷᠮ᠎ᠠ ᠵᠢ ᠳᠡᠭᠡᠭᠰᠢᠯᠡᠭᠦᠯᠵᠦ᠂ ᠣᠷᠣᠨ ᠪᠦᠰᠡ ᠵᠢᠨ ᠬᠤᠯᠪᠣᠭ᠋ᠠᠯᠠᠨ ᠰᠡᠷᠭᠡᠶ᠋ᠢᠯᠡᠵᠦ ᠬᠤᠯᠪᠣᠭ᠋ᠠᠯᠠᠨ ᠡᠵᠡᠮᠰᠢᠵᠦ ᠬᠤᠯᠪᠣᠭ᠋ᠠᠯᠠᠨ ᠵᠠᠰᠠᠬᠤ ᠵᠢ ᠴᠢᠩᠭ᠋ᠠᠷᠠᠭᠤᠯᠤᠨ᠂ ᠲᠤᠰᠬᠠᠢ ᠣᠷᠣᠨ᠎ᠤ ᠳᠡᠰ᠎ᠤᠨ ᠬᠤᠲᠠ ᠵᠢᠴᠢ ᠲᠡᠭᠦᠨ᠎ᠠᠴᠠ ᠳᠡᠭᠡᠭᠰᠢᠬᠢ ᠳᠡᠰ᠎ᠤᠨ ᠬᠤᠲᠠ ᠵᠢᠨ ᠠᠭ᠋ᠠᠷ᠎ᠤᠨ ᠴᠢᠨᠠᠷ ᠴᠢᠨᠰᠠᠭ᠎ᠠ ᠰᠢᠯᠢᠳᠡᠭ ᠰᠠᠶ᠋ᠢᠨ ᠪᠠᠶ᠋ᠢᠬᠤ ᠡᠳᠦᠷ᠎ᠤᠨ ᠲᠣᠭ᠋ᠠᠨ᠎ᠤ ᠬᠠᠷᠢᠴᠠᠯ᠎ᠢ 83.8%᠎ᠳᠤ ᠬᠦᠷᠦᠭᠦᠯᠬᠦ᠎ᠪᠠᠷ ᠦᠨᠡᠨ ᠬᠦ᠌ ᠪᠠᠲᠤᠯᠠᠵᠤ᠂ ᠨᠠᠷᠢᠨ ᠮᠦᠬᠦᠯᠢᠭᠲᠦ ᠪᠤᠳᠠᠰ (PM2.5)᠎ᠤᠨ ᠪᠠᠷᠢᠮᠵᠢᠶ᠎ᠠ᠎ᠳᠤ ᠬᠦᠷᠦᠭᠡᠳᠦᠢ ᠲᠤᠰᠬᠠᠢ ᠣᠷᠣᠨ᠎ᠤ ᠳᠠᠰ᠎ᠤᠨ ᠬᠤᠲᠠ ᠵᠢᠴᠢ ᠲᠡᠭᠦᠨ᠎ᠠᠴᠠ ᠳᠡᠭᠡᠭᠰᠢᠬᠢ ᠳᠡᠰ᠎ᠤᠨ ᠬᠤᠲᠠ ᠵᠢᠨ ᠮᠦᠬᠦᠯᠢᠭᠲᠦ ᠪᠤᠳᠠᠰ᠎ᠤᠨ ᠥᠳᠭᠡᠴᠡ ᠵᠢ 2015 ᠣᠨ᠎ᠤ᠎ᠬᠢ᠎ᠠᠴᠠ 12% ᠪᠠᠭᠤᠷᠠᠭᠤᠯᠤᠨ᠎ᠠ᠃ ᠤᠰᠤᠨ᠎ᠤ ᠣᠷᠴᠢᠨ ᠲᠣᠭᠤᠷᠢᠨ᠎ᠤ ᠴᠢᠨᠠᠷ ᠴᠢᠨᠰᠠᠭ᠎ᠠ ᠵᠢ ᠦᠨᠡᠨ ᠬᠦ᠌ ᠰᠠᠶ᠋ᠢᠵᠢᠷᠠᠭᠤᠯᠵᠤ᠂ ᠪᠤᠬᠢᠷᠳᠤᠯ᠎ᠤᠨ ᠡᠬᠢ ᠢᠷᠡᠯᠲᠡ ᠪᠠ ᠤᠰᠤᠨ᠎ᠤ ᠠᠮᠢ ᠠᠬᠤᠢ ᠵᠢᠨ ᠰᠢᠰᠲ᠋ᠧᠮ᠎ᠢ ᠴᠡᠭᠴᠡᠯᠡᠨ ᠵᠠᠰᠠᠬᠤ᠎ᠪᠠᠨ ᠴᠢᠩᠭ᠋ᠠᠳᠬᠠᠵᠤ᠂ ᠪᠤᠬᠢᠷᠳᠤᠯ ᠭᠠᠳᠠᠭᠰᠢᠯᠠᠭᠤᠯᠬᠤ ᠵᠢᠨ ᠵᠥᠪᠰᠢᠶᠡᠷᠡᠯ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠭᠤᠣᠯᠳᠠᠯᠭ᠎ᠠ᠎ᠲᠠᠢ ᠠᠵᠢᠯ ᠲᠦᠷᠦᠯ᠎ᠤᠨ ᠴᠡᠪᠡᠷᠰᠢᠭᠦᠯᠦᠨ ᠦᠭᠡᠷᠡᠴᠢᠯᠡᠵᠦ ᠵᠠᠰᠠᠬᠤ ᠵᠢ ᠲᠦᠷᠭᠡᠳᠭᠡᠨ᠂ ᠤᠤᠭᠤᠬᠤ ᠤᠰᠤᠨ᠎ᠤ ᠤᠰᠤᠨ ᠰᠤᠷᠪᠣᠯᠵᠢ ᠵᠢᠨ ᠭᠠᠵᠠᠷ᠎ᠤᠨ ᠬᠠᠮᠠᠭ᠋ᠠᠯᠠᠯᠲᠠ ᠵᠢ ᠴᠢᠩᠭ᠋ᠠᠷᠠᠭᠤᠯᠵᠤ᠂ ᠭᠤᠣᠯᠳᠠᠯᠭ᠎ᠠ᠎ᠲᠠᠢ ᠨᠠᠭᠤᠷ ᠴᠦᠬᠦᠷᠦᠮ᠎ᠳᠤ ᠶᠡᠷᠦᠩᠬᠡᠶ᠋ᠢᠯᠡᠭᠰᠡᠨ ᠵᠠᠰᠠᠯᠲᠠ ᠬᠢᠬᠦ ᠵᠢ ᠠᠬᠢᠭᠤᠯᠤᠨ᠂ 《ᠭᠤᠷᠪᠠᠨ ᠨᠠᠭᠤᠷ》᠎ᠲᠤ ᠶᠡᠷᠦᠩᠬᠡᠶ᠋ᠢᠯᠡᠭᠰᠡᠨ ᠵᠠᠰᠠᠯᠲᠠ ᠬᠢᠬᠦ ᠵᠢ ᠭᠦᠨᠵᠡᠭᠡᠶ᠋ᠢᠷᠡᠭᠦᠯᠵᠦ᠂ ᠬᠦᠯᠦᠨ ᠨᠠᠭᠤᠷ᠎ᠢ ᠶᠡᠷᠦᠩᠬᠡᠶ᠋ᠢᠯᠡᠨ ᠵᠠᠰᠠᠬᠤ ᠬᠤᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠤᠨ ᠲᠦᠷᠦᠯ ᠵᠦᠢ᠍ᠯ᠎ᠢ ᠦᠨᠡᠨ ᠬᠦ᠌ ᠪᠠᠲᠤᠯᠠᠨ ᠪᠡᠶᠡᠯᠡᠭᠦᠯᠦᠨ᠎ᠡ᠃ ᠬᠦᠷᠦᠰᠦ ᠰᠢᠷᠣᠢ ᠵᠢᠨ ᠣᠷᠴᠢᠨ ᠨᠦᠬᠦᠴᠡᠯ᠎ᠤᠨ ᠲᠥᠭᠰᠢᠭᠦᠷᠢ ᠵᠢ ᠬᠦᠴᠦᠯᠡᠨ ᠬᠠᠮᠢᠶᠠᠷᠴᠤ ᠡᠵᠡᠮᠰᠢᠨ᠂ ᠮᠠᠯ ᠲᠠᠷᠢᠶᠠᠯᠠᠩ᠎ᠤᠨ ᠣᠯᠠᠨ ᠡᠬᠢᠲᠦ ᠪᠣᠬᠢᠷᠳᠤᠯ᠎ᠢ ᠰᠡᠷᠭᠡᠶ᠋ᠢᠯᠡᠨ ᠵᠠᠰᠠᠬᠤ᠎ᠪᠠᠨ ᠴᠢᠩᠭ᠋ᠠᠳᠬᠠᠵᠤ᠂ ᠠᠵᠤ ᠦᠢ᠍ᠯᠡᠳᠪᠦᠷᠢ᠂ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠣᠷᠴᠢᠨ ᠨᠦᠬᠦᠴᠡᠯ᠎ᠤᠨ ᠵᠥᠪᠰᠢᠶᠡᠷᠡᠨ ᠣᠷᠤᠭᠤᠯᠬᠤ ᠪᠠ ᠬᠢᠨᠠᠨ ᠬᠠᠮᠢᠶᠠᠷᠬᠤ ᠵᠢ ᠴᠢᠩᠳᠠᠯᠠᠨ᠂ ᠬᠦᠨᠳᠦ ᠲᠡᠮᠦᠷᠯᠢᠭ᠎ᠤᠨ ᠠᠵᠢᠯ ᠲᠦᠷᠦᠯ᠎ᠤᠨ ᠪᠣᠬᠢᠷᠳᠤᠯ᠎ᠢ ᠰᠡᠷᠭᠡᠶ᠋ᠢᠯᠡᠨ ᠡᠵᠡᠮᠰᠢᠬᠦ᠎ᠪᠠᠨ ᠴᠢᠩᠭ᠋ᠠᠳᠬᠠᠵᠤ᠂ ᠠᠶᠤᠯᠲᠠᠢ ᠬᠠᠶᠠᠭᠳᠠᠮᠠᠯ ᠡᠳ᠋᠎ᠢ ᠬᠢᠨᠠᠨ ᠬᠠᠮᠢᠶᠠᠷᠬᠤ ᠪᠠ ᠠᠰᠢᠭᠯᠠᠵᠤ ᠰᠢᠢ᠍ᠳᠪᠦᠷᠢᠯᠡᠬᠦ ᠴᠢᠳᠠᠪᠤᠷᠢ᠎ᠪᠠᠨ ᠳᠡᠭᠡᠭᠰᠢᠯᠡᠭᠦᠯᠦᠨ᠂ ᠬᠦᠷᠦᠰᠦ ᠰᠢᠷᠤᠢ ᠵᠢᠨ ᠣᠷᠴᠢᠨ ᠨᠦᠬᠦᠴᠡᠯ᠎ᠤᠨ ᠠᠮᠦᠷ ᠲᠥᠪᠰᠢᠨ᠎ᠢ ᠦᠨᠡᠨ ᠬᠦ᠌ ᠪᠦᠲᠦᠮᠵᠢᠲᠡᠢ ᠪᠠᠲᠤᠯᠠᠨ᠎ᠠ᠃ ᠠᠮᠢᠳᠤᠷᠠᠯ᠎ᠤᠨ ᠬᠤᠭ ᠨᠣᠪᠰᠢ ᠵᠢ ᠲᠦᠷᠦᠯ ᠬᠤᠪᠢᠶᠠᠵᠤ ᠰᠢᠢ᠍ᠳᠪᠦᠷᠢᠯᠡᠬᠦ ᠲᠣᠷᠰᠢᠯᠲᠠ ᠵᠢᠨ ᠴᠡᠭ᠎ᠢ ᠠᠬᠢᠭᠤᠯᠵᠤ᠂ ᠬᠤᠭ ᠨᠣᠪᠰᠢ ᠵᠢ ᠲᠦᠷᠦᠯ ᠵᠦᠢ᠍ᠯ ᠬᠤᠪᠢᠶᠠᠨ ᠰᠢᠢ᠍ᠳᠪᠦᠷᠢᠯᠡᠬᠦ ᠪᠡᠯᠡᠳᠭᠡᠮᠵᠢ ᠵᠢᠨ ᠪᠦᠲᠦᠭᠡᠨ ᠪᠠᠶ᠋ᠢᠭᠤᠯᠬᠤ ᠡᠷᠴᠢᠮ ᠵᠶ᠋ᠠᠨ ᠴᠢᠩᠭ᠋ᠠᠷᠠᠭᠤᠯᠤᠨ᠂ ᠣᠯᠠᠨ ᠨᠡᠶ᠋ᠢᠲᠡ ᠵᠢᠨ ᠪᠠᠶ᠋ᠢᠭᠤᠯᠤᠮᠵᠢ ᠪᠦᠬᠦᠨ᠎ᠤ ᠠᠮᠢᠳᠤᠷᠠᠯ᠎ᠤᠨ ᠬᠤᠭ ᠨᠣᠪᠰᠢ᠎ᠪᠠᠨ ᠲᠦᠷᠦᠯ ᠬᠤᠪᠢᠶᠠᠵᠤ ᠰᠢᠢ᠍ᠳᠪᠦᠷᠢᠯᠡᠬᠦ ᠵᠢ ᠪᠡᠶᠡᠯᠡᠭᠦᠯᠦᠨ᠎ᠡ᠃
(ᠭᠤᠷᠪᠠ) ᠬᠦᠨᠳᠦ ᠶᠡᠭᠡ ᠲᠥᠭᠰᠢᠭᠦᠷᠢ ᠵᠢ ᠪᠦᠲᠦᠮᠵᠢᠲᠡᠢ ᠰᠡᠷᠭᠡᠶ᠋ᠢᠯᠡᠨ ᠠᠷᠢᠯᠭ᠋ᠠᠨ᠎ᠠ᠃ ᠵᠠᠰᠠᠭ᠎ᠤᠨ ᠣᠷᠳᠣᠨ᠎ᠤ ᠥᠷᠢ ᠥᠭᠴᠡᠭᠡ ᠵᠢᠨ ᠬᠠᠮᠢᠶᠠᠷᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠳᠠᠯᠳᠠ ᠥᠷᠢ ᠥᠭᠴᠡᠭᠡ ᠵᠢᠨ ᠬᠠᠳᠠᠭ᠋ᠠᠯᠠᠭᠳᠠᠴᠠ ᠵᠢ ᠯᠠᠪᠳᠠᠭᠤᠨ ᠵᠶ᠋ᠠᠷ ᠠᠷᠢᠯᠭ᠋ᠠᠵᠤ᠂ ᠣᠷᠣᠨ ᠨᠤᠲᠤᠭ᠎ᠤᠨ ᠵᠢᠭᠡᠯᠡᠯᠭᠡ ᠵᠢᠨ ᠲᠡᠮᠲᠡᠭᠲᠦ ᠵᠢᠨ ᠵᠠᠷᠤᠯᠭ᠎ᠠ ᠵᠢᠨ ᠬᠠᠮᠢᠶᠠᠷᠤᠯᠲᠠ ᠵᠢ ᠴᠢᠩᠭ᠋ᠠᠳᠬᠠᠨ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ ᠳᠤᠮᠳᠠ ᠵᠢᠵᠢᠭ ᠠᠵᠤ ᠠᠬᠤᠶ᠋ᠢᠯᠠᠯ᠎ᠳᠤ ᠦᠷᠢᠲᠦᠵᠦ ᠪᠠᠶ᠋ᠢᠭ᠎ᠠ ᠳᠠᠩᠰᠠᠨ᠎ᠳᠠᠬᠢ ᠵᠤᠭᠤᠰ᠎ᠢ᠎ᠨᠢ ᠢᠯᠭ᠋ᠠᠷᠠᠭᠤᠯᠬᠤ ᠠᠵᠢᠯ᠎ᠢ ᠪᠦᠬᠦ ᠲᠠᠯ᠎ᠠ᠎ᠪᠠᠷ ᠪᠡᠶᠡᠯᠡᠭᠦᠯᠵᠦ᠂ ᠥᠷᠢ ᠥᠭᠴᠡᠭᠡ ᠵᠢᠨ ᠲᠥᠭᠰᠢᠭᠦᠷᠢ ᠵᠢᠨ ᠵᠡᠷᠭᠡ ᠳᠡᠰ᠎ᠢ ᠲᠦᠷᠭᠡᠬᠡᠨ ᠪᠠᠭᠤᠷᠠᠭᠤᠯᠤᠨ᠎ᠠ᠃ ᠮᠦᠩᠭᠦᠨ ᠭᠦᠢ᠍ᠯᠭᠡᠭᠡᠨ᠎ᠤ ᠲᠥᠭᠰᠢᠭᠦᠷᠢ ᠵᠢ ᠰᠡᠷᠭᠡᠶ᠋ᠢᠯᠡᠨ ᠡᠵᠡᠮᠰᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠣᠷᠣᠨ ᠨᠤᠲᠤᠭ᠎ᠲᠠᠬᠢ ᠬᠠᠤᠯᠢ ᠵᠢᠨ ᠡᠷᠬᠡᠲᠡᠨ᠎ᠲᠠᠢ ᠮᠦᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠲᠥᠭᠰᠢᠭᠦᠷᠢ ᠵᠢ ᠬᠢᠨᠠᠨ ᠡᠵᠡᠮᠰᠢᠵᠦ ᠰᠡᠷᠭᠡᠶ᠋ᠢᠯᠡᠬᠦ ᠪᠠ ᠰᠢᠢ᠍ᠳᠪᠦᠷᠢᠯᠡᠬᠦ ᠵᠢ ᠴᠢᠩᠭ᠋ᠠᠷᠠᠭᠤᠯᠤᠨ᠂ ᠪᠤᠭᠤᠳᠤ ᠵᠢᠨ ᠬᠤᠳᠠᠯᠳᠤᠭ᠋ᠠᠨ᠎ᠤ ᠪᠠᠩᠭᠢ ᠵᠢᠨ ᠰᠲ᠋ᠣᠺ᠎ᠤᠨ ᠡᠷᠬᠡ᠎ᠪᠠᠷ ᠳᠠᠬᠢᠨ ᠵᠣᠬᠢᠶᠠᠨ ᠪᠠᠶ᠋ᠢᠭᠤᠯᠬᠤ ᠵᠢ ᠠᠬᠢᠭᠤᠯᠵᠤ᠂ ᠵᠦᠢ ᠪᠤᠰᠤ ᠵᠢᠭᠡᠯᠡᠯᠭᠡ ᠵᠢ ᠠᠷᠢᠯᠭ᠋ᠠᠬᠤ᠎ᠪᠠᠨ ᠠᠬᠢᠭᠤᠯᠵᠤ᠂ ᠢᠨᠲ᠋ᠧᠷ ᠰᠦᠯᠵᠢᠶᠡᠨ᠎ᠤ ᠮᠦᠩᠭᠦᠨ ᠭᠦᠢ᠍ᠯᠭᠡᠭᠡᠨ᠎ᠢ ᠬᠢᠨᠠᠨ ᠬᠠᠮᠢᠶᠠᠷᠬᠤ ᠬᠠᠷᠢᠭᠤᠴᠠᠯᠭ᠎ᠠ᠎ᠪᠠᠨ ᠴᠢᠩᠭ᠎ᠠ ᠨᠠᠶ᠋ᠢᠳᠠᠪᠤᠷᠢᠵᠢᠭᠤᠯᠤᠨ᠂ ᠰᠢᠰᠲ᠋ᠧᠮ᠎ᠤᠨ ᠴᠢᠨᠠᠷᠲᠠᠢ ᠮᠦᠩᠭᠦᠨ ᠭᠦᠢ᠍ᠯᠭᠡᠭᠡᠨ᠎ᠤ ᠲᠥᠭᠰᠢᠭᠦᠷᠢ ᠭᠠᠷᠭ᠋ᠠᠬᠤ ᠦᠭᠡᠢ ᠪᠠᠲᠤᠯᠠᠬᠤ ᠱᠤᠭᠤᠮ᠎ᠢ ᠪᠠᠲᠤ ᠰᠠᠬᠢᠨ᠎ᠠ᠃ ᠭᠠᠳᠠᠷ ᠲᠠᠯ᠎ᠠ᠎ᠠᠴᠠ ᠢᠷᠡᠬᠦ ᠳᠠᠭ᠋ᠠᠷᠢᠯᠲᠠ ᠵᠢᠨ ᠲᠥᠭᠰᠢᠭᠦᠷᠢ ᠵᠢ ᠮᠦᠷᠳᠡᠨ ᠰᠡᠷᠭᠡᠶ᠋ᠢᠯᠡᠵᠦ᠂ ᠣᠨᠣᠪᠴᠢᠲᠠᠢ᠎ᠪᠠᠷ ᠦᠨᠡᠯᠡᠨ ᠵᠢᠱ᠌ᠢᠵᠦ᠂ ᠣᠨᠣᠪᠴᠢᠲᠠᠢ᠎ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ᠂ ᠲᠥᠭᠰᠢᠭᠦᠷᠢ ᠵᠢ ᠳᠣᠬᠢᠶᠠᠯ ᠪᠣᠯᠭ᠋ᠠᠨ ᠬᠤᠪᠢᠷᠠᠭᠤᠯᠬᠤ᠎ᠪᠠᠷ ᠴᠢᠷᠮᠠᠶ᠋ᠢᠨ ᠠᠵᠢᠯᠯᠠᠵᠤ᠂ ᠬᠤᠪᠢᠳᠠᠭᠰᠠᠨ ᠠᠵᠢᠯ ᠵᠶ᠋ᠠᠨ ᠰᠠᠶ᠋ᠢᠲᠤᠷ ᠭᠦᠢ᠍ᠴᠡᠳᠭᠡᠨ᠎ᠡ᠃
ᠭᠤᠷᠪᠠ᠂ ᠪᠤᠳᠠᠳᠤ ᠴᠤᠭᠴᠠ ᠵᠢᠨ ᠠᠵᠤ ᠠᠬᠤᠢ ᠵᠢᠨ ᠬᠥᠭᠵᠢᠯᠲᠡ ᠵᠢᠨ ᠬᠢᠷᠢ ᠲᠥᠪᠰᠢᠨ᠎ᠢ ᠳᠡᠭᠡᠭᠰᠢᠯᠡᠭᠦᠯᠵᠦ᠂ ᠴᠢᠨᠠᠷ ᠰᠠᠶ᠋ᠢᠲᠠᠢ ᠬᠥᠭᠵᠢᠯᠲᠡ ᠵᠢᠨ ᠰᠠᠭᠤᠷᠢ ᠵᠢ ᠪᠠᠬᠢᠵᠢᠭᠦᠯᠦᠨ᠎ᠡ
ᠪᠢᠴᠢᠯ ᠪᠡᠶᠡᠲᠦ ᠴᠤᠭᠴᠠ ᠵᠢᠨ ᠠᠮᠢᠵᠢᠷᠠᠯ᠎ᠤᠨ ᠬᠦᠴᠦᠨ᠎ᠢ ᠴᠢᠩᠭ᠋ᠠᠳᠬᠠᠵᠤ᠂ ᠰᠢᠨ᠎ᠡ ᠵᠢ ᠡᠭᠦᠳᠬᠦ᠎ᠪᠠᠷ ᠬᠦᠳᠡᠯᠭᠡᠭᠦᠷ ᠪᠣᠯᠭ᠋ᠠᠬᠤ ᠵᠢ ᠴᠢᠩᠭ᠋ᠠᠷᠠᠭᠤᠯᠤᠨ᠂ ᠠᠵᠤ ᠦᠢ᠍ᠯᠡᠰ᠎ᠤᠨ ᠰᠠᠭᠤᠷᠢ ᠴᠢᠳᠠᠪᠤᠷᠢ ᠪᠠ ᠠᠵᠤ ᠦᠢ᠍ᠯᠡᠰ᠎ᠤᠨ ᠬᠡᠯᠬᠢᠶ᠎ᠡ ᠵᠢᠨ ᠤᠳᠤᠬᠢᠴᠢᠯᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠤᠳᠤᠬᠢᠴᠢᠯᠠᠭᠰᠠᠨ ᠠᠵᠤ ᠠᠬᠤᠢ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠲᠦᠷᠭᠡᠳᠭᠡᠨ᠎ᠡ᠃
(ᠨᠢᠭᠡ) ᠠᠵᠤ ᠦᠢ᠍ᠯᠡᠰ᠎ᠤᠨ ᠬᠡᠯᠬᠢᠶ᠎ᠡ ᠵᠢᠨ ᠬᠢᠷᠢ ᠲᠥᠪᠰᠢᠨ᠎ᠢ ᠬᠦᠴᠦᠯᠡᠨ ᠳᠡᠭᠡᠭᠰᠢᠯᠡᠭᠦᠯᠦᠨ᠎ᠡ᠃ ᠦᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠰ᠎ᠤᠨ 《ᠳᠥᠷᠪᠡᠨ ᠣᠯᠠᠨ ᠳᠥᠷᠪᠡᠨ ᠴᠦᠬᠡᠨ》 (ᠤᠯᠠᠮᠵᠢᠯᠠᠯᠲᠤ ᠠᠵᠤ ᠦᠢ᠍ᠯᠡᠰ ᠣᠯᠠᠨ᠂ ᠰᠢᠨ᠎ᠡ᠎ᠪᠠᠷ ᠪᠣᠢ ᠪᠣᠯᠣᠭᠰᠠᠨ ᠠᠵᠤ ᠦᠢ᠍ᠯᠡᠰ ᠴᠦᠬᠡᠨ᠂ ᠳᠣᠣᠷ᠎ᠠ ᠵᠡᠷᠭᠡ ᠵᠢᠨ ᠠᠵᠤ ᠦᠢ᠍ᠯᠡᠰ ᠣᠯᠠᠨ᠂ ᠳᠡᠭᠡᠳᠦ ᠵᠡᠷᠭᠡ ᠵᠢᠨ ᠠᠵᠤ ᠦᠢ᠍ᠯᠡᠰ ᠴᠦᠬᠡᠨ᠂ ᠡᠬᠢ ᠪᠠᠶᠠᠯᠢᠭ᠎ᠤᠨ ᠬᠡᠯᠪᠡᠷᠢᠲᠦ ᠠᠵᠤ ᠦᠢ᠍ᠯᠡᠰ ᠣᠯᠠᠨ᠂ ᠦᠨᠳᠦᠷ ᠨᠡᠮᠡᠯᠲᠡ ᠥᠷᠲᠡᠭ᠎ᠲᠠᠢ ᠠᠵᠤ ᠦᠢ᠍ᠯᠡᠰ ᠴᠦᠬᠡᠨ᠂ ᠬᠦᠳᠡᠯᠮᠦᠷᠢ ᠨᠢᠭᠲᠠᠷᠠᠭᠰᠠᠨ ᠬᠡᠯᠪᠡᠷᠢ ᠵᠢᠨ ᠠᠵᠤ ᠦᠢ᠍ᠯᠡᠰ ᠣᠯᠠᠨ᠂ ᠬᠦᠷᠦᠩᠭᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠨᠢᠭᠲᠠᠷᠠᠭᠰᠠᠨ ᠬᠡᠯᠪᠡᠷᠢ ᠵᠢᠨ ᠠᠵᠤ ᠦᠢ᠍ᠯᠡᠰ ᠴᠦᠬᠡᠨ) ᠪᠠᠶ᠋ᠢᠬᠤ ᠪᠠᠶ᠋ᠢᠳᠠᠯ᠎ᠢ ᠴᠢᠷᠮᠠᠶ᠋ᠢᠨ ᠦᠭᠡᠷᠡᠴᠢᠯᠡᠵᠦ᠂ ᠠᠵᠤ ᠦᠢ᠍ᠯᠡᠰ᠎ᠢ ᠤᠷᠲᠤᠳᠬᠠᠬᠤ᠂ ᠠᠵᠤ ᠦᠢ᠍ᠯᠡᠰ᠎ᠤᠨ ᠣᠯᠠᠨ ᠡᠰᠢᠵᠢᠬᠦ᠂ ᠠᠵᠤ ᠦᠢ᠍ᠯᠡᠰ᠎ᠤᠨ ᠳᠡᠰ ᠳᠡᠪᠰᠢᠬᠦ ᠵᠢ ᠬᠦᠴᠦᠯᠡᠨ ᠰᠠᠶ᠋ᠢᠲᠤᠷ ᠠᠳᠬᠤᠨ᠎ᠠ᠃ ᠤᠯᠠᠮᠵᠢᠯᠠᠯᠲᠤ ᠠᠵᠤ ᠦᠢ᠍ᠯᠡᠰ᠎ᠤᠨ ᠰᠢᠯᠢᠳᠡᠭᠵᠢᠵᠦ ᠳᠡᠰ ᠳᠡᠪᠰᠢᠬᠦ ᠵᠢ ᠠᠬᠢᠭᠤᠯᠵᠤ᠂ ᠲᠥᠭᠦᠭᠡᠷᠦᠮᠵᠢ ᠵᠢ ᠰᠢᠨᠡᠳᠭᠡᠬᠦ ᠪᠠ ᠮᠡᠷᠭᠡᠵᠢᠯ᠎ᠤᠨ ᠦᠭᠡᠷᠡᠴᠢᠯᠡᠯᠲᠡ᠎ᠳᠠᠬᠢ ᠣᠷᠤᠭᠤᠯᠤᠯᠲᠠ ᠵᠢ ᠳᠡᠮᠵᠢᠨ ᠨᠡᠮᠡᠭᠳᠡᠭᠦᠯᠵᠦ᠂ ᠲᠡᠷᠢᠭᠦᠨ᠎ᠤ ᠬᠡᠷᠡᠭᠯᠡᠭᠡᠨ᠎ᠤ ᠮᠡᠷᠭᠡᠵᠢᠯ᠎ᠢ ᠭᠦᠢ᠍ᠴᠡᠳ ᠠᠰᠢᠭᠯᠠᠵᠤ ᠪᠠᠶ᠋ᠢᠭ᠋ᠠᠳ ᠡᠬᠢ ᠪᠠᠶᠠᠯᠢᠭ᠎ᠢ ᠶᠡᠷᠦᠩᠬᠡᠶ᠋ᠢᠯᠡᠨ ᠠᠰᠢᠭᠯᠠᠬᠤ ᠨᠤᠷᠮ᠎ᠠ ᠪᠣᠯᠣᠨ ᠨᠠᠷᠢᠯᠢᠭ ᠭᠦᠨ ᠪᠣᠯᠪᠠᠰᠤᠷᠠᠭᠤᠯᠬᠤ ᠬᠡᠮᠵᠢᠶ᠎ᠡ ᠵᠢ ᠳᠡᠭᠡᠭᠰᠢᠯᠡᠭᠦᠯᠦᠨ᠂ ᠳᠡᠭᠡᠳᠦ ᠬᠡᠯᠬᠢᠶ᠎ᠡ ᠵᠢᠨ ᠠᠵᠤ ᠠᠬᠤᠶ᠋ᠢᠯᠠᠯ᠎ᠢ ᠬᠦᠲᠦᠯᠦᠨ ᠵᠢᠯᠤᠭᠤᠳᠬᠤ ᠪᠠ ᠵᠣᠷᠢᠭᠵᠢᠭᠤᠯᠵᠤ ᠳᠣᠣᠷᠠᠳᠤ ᠬᠡᠯᠬᠢᠶᠡᠨ᠎ᠤ ᠭᠦᠨ ᠪᠣᠯᠪᠠᠰᠤᠷᠠᠭᠤᠯᠬᠤ ᠠᠵᠤ ᠦᠢ᠍ᠯᠡᠰ᠎ᠢ ᠬᠥᠭᠵᠢᠭᠦᠯᠵᠦ᠂ ᠪᠣᠯᠪᠠᠰᠤᠷᠠᠭᠤᠯᠵᠤ ᠤᠯᠠᠷᠢᠭᠤᠯᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠭᠡᠮᠨᠡᠷᠡᠯ᠎ᠢ ᠬᠥᠭᠵᠢᠭᠦᠯᠵᠦ᠂ ᠬᠢᠮᠢ ᠵᠢᠨ ᠠᠵᠤ ᠦᠢ᠍ᠯᠡᠳᠪᠦᠷᠢ᠂ ᠲᠤᠨᠤᠭ ᠲᠥᠭᠦᠭᠡᠷᠦᠮᠵᠢ ᠦᠢ᠍ᠯᠡᠳᠬᠦ᠂ ᠪᠤᠯᠣᠳ ᠲᠡᠮᠦᠷ ᠭᠦᠨ ᠪᠣᠯᠪᠠᠰᠤᠷᠠᠭᠤᠯᠬᠤ᠂ ᠬᠦᠩᠭᠡᠨᠴᠠᠭ᠋ᠠᠨ ᠵᠢᠴᠢ ᠲᠡᠭᠦᠨ᠎ᠢ ᠡᠳ᠋ᠰᠢᠭᠦᠯᠦᠨ ᠪᠣᠯᠪᠠᠰᠤᠷᠠᠭᠤᠯᠬᠤ᠂ ᠬᠤᠪᠣᠷ ᠰᠢᠷᠤᠢ᠂ ᠰᠦ ᠮᠢᠬ᠎ᠠ ᠨᠤᠤᠯᠤᠭᠤᠷᠢ ᠪᠣᠯᠪᠠᠰᠤᠷᠠᠭᠤᠯᠬᠤ ᠵᠡᠷᠭᠡ ᠳᠠᠪᠠᠭᠤᠯᠢᠭ᠎ᠲᠠᠢ ᠣᠨᠴᠠᠯᠢᠭᠲᠤ ᠬᠦᠷᠢᠶᠡᠨ᠎ᠳᠤ ᠨᠢᠭᠡ ᠪᠦᠯᠦᠭ ᠠᠵᠤ ᠦᠢ᠍ᠯᠡᠰ᠎ᠤᠨ ᠪᠦᠭᠡᠮᠨᠡᠷᠡᠯ᠎ᠢ ᠴᠤᠭᠴᠠᠯᠠᠨ᠎ᠠ᠃ ᠤᠯᠤᠰ᠎ᠤᠨ ᠣᠳᠣ ᠦᠶ᠎ᠡ ᠵᠢᠨ ᠡᠨᠧᠷᠬᠢ ᠵᠢᠨ ᠠᠵᠤ ᠠᠬᠤᠢ ᠵᠢᠨ ᠵᠢᠱ᠌ᠢᠶ᠎ᠡ ᠦᠵᠡᠭᠦᠯᠬᠦ ᠣᠷᠣᠨ᠎ᠢ ᠡᠭᠦᠳᠦᠨ ᠪᠠᠶ᠋ᠢᠭᠤᠯᠵᠤ᠂ ᠡᠨᠧᠷᠬᠢ ᠵᠢᠨ ᠬᠠᠩᠭ᠋ᠠᠯᠭ᠎ᠠ ᠵᠢ ᠪᠠᠲᠤᠯᠠᠨ᠂ ᠨᠡᠭᠦᠷᠡᠰᠦ ᠵᠢ ᠠᠶᠤᠯ ᠦᠭᠡᠢ ᠪᠦᠭᠡᠳ ᠪᠣᠬᠢᠷᠳᠤᠯ ᠦᠭᠡᠢ ᠨᠡᠭᠡᠭᠡᠨ ᠮᠠᠯᠲᠠᠬᠤ ᠪᠠ ᠴᠡᠪᠡᠷ ᠦᠨᠳᠦᠷ ᠪᠦᠲᠦᠮᠵᠢᠲᠡᠢ᠎ᠪᠠᠷ ᠠᠰᠢᠭᠯᠠᠬᠤ ᠵᠢ ᠠᠬᠢᠭᠤᠯᠵᠤ᠂ ᠨᠡᠭᠦᠷᠡᠰᠦ᠎ᠪᠠᠷ ᠬᠡᠢ ᠦᠢ᠍ᠯᠡᠳᠬᠦ ᠵᠢᠨ ᠦᠢ᠍ᠯᠡᠳᠪᠦᠷᠢᠯᠡᠬᠦ ᠴᠢᠳᠠᠮᠵᠢ ᠵᠢ 25.3 ᠳ᠋ᠦᠩᠰᠢᠭᠤᠷ ᠪᠤᠰᠤᠭ᠎ᠠ ᠲᠦᠷᠪᠡᠯᠵᠢᠨ ᠮᠸᠲᠷ᠂ ᠨᠡᠭᠦᠷᠡᠰᠦ᠎ᠪᠠᠷ ᠠᠯᠺᠧᠨ ᠦᠢ᠍ᠯᠡᠳᠬᠦ ᠵᠢᠨ ᠦᠢ᠍ᠯᠡᠳᠪᠦᠷᠢᠯᠡᠬᠦ ᠴᠢᠳᠠᠮᠵᠢ ᠵᠢ 150 ᠲᠦᠮᠡᠨ ᠲᠤᠨ ᠰᠢᠨ᠎ᠡ᠎ᠪᠠᠷ ᠨᠡᠮᠡᠭᠳᠡᠭᠦᠯᠦᠨ᠎ᠡ᠃ ᠤᠯᠠᠭ᠋ᠠᠨᠴᠠᠪ᠂ ᠰᠢᠯᠢ ᠵᠢᠨ ᠭᠤᠣᠯ ᠵᠡᠷᠭᠡ ᠰᠢᠨ᠎ᠡ ᠡᠨᠧᠷᠬᠢ ᠵᠢᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠎ᠠ᠃ ᠤᠶᠤᠨᠴᠢ ᠴᠠᠬᠢᠯᠭ᠋ᠠᠨ ᠬᠦᠴᠦᠨ᠎ᠤ ᠲᠣᠣᠷ᠎ᠤᠨ ᠪᠠᠶ᠋ᠢᠭᠤᠯᠤᠯᠲᠠ ᠵᠢ ᠲᠦᠷᠭᠡᠳᠭᠡᠨ᠂ ᠤᠰᠤᠳᠦ᠋ᠷᠦᠭᠴᠢᠲᠦ ᠡᠨᠧᠷᠬᠢ ᠵᠡᠷᠭᠡ ᠰᠢᠨ᠎ᠡ᠎ᠪᠠᠷ ᠪᠣᠢ ᠪᠣᠯᠣᠭᠰᠠᠨ ᠡᠨᠧᠷᠬᠢ ᠵᠢᠨ ᠠᠵᠤ ᠦᠢ᠍ᠯᠡᠰ᠎ᠢ ᠬᠥᠭᠵᠢᠭᠦᠯᠵᠦ᠂ ᠡᠨᠧᠷᠬᠢ ᠵᠢᠨ ᠤᠶᠤᠨᠴᠢᠯᠠᠭᠰᠠᠨ ᠬᠥᠭᠵᠢᠯᠲᠡ ᠵᠢ ᠠᠬᠢᠭᠤᠯᠤᠨ᠎ᠠ᠃ ᠰᠢᠨ᠎ᠡ᠎ᠪᠠᠷ ᠪᠣᠢ ᠪᠣᠯᠣᠭᠰᠠᠨ ᠠᠵᠤ ᠦᠢ᠍ᠯᠡᠰ᠎ᠢ ᠪᠣᠢ ᠪᠣᠯᠭ᠋ᠠᠬᠤ ᠪᠠ ᠪᠣᠵᠠᠭ᠋ᠠᠶ᠋ᠢᠷᠠᠭᠤᠯᠵᠤ᠂ ᠲᠣᠭ᠋ᠠᠵᠢᠯᠠᠭᠰᠠᠨ ᠠᠵᠤ ᠠᠬᠤᠢ ᠵᠢ ᠶᠡᠭᠡ᠎ᠪᠠᠷ ᠬᠥᠭᠵᠢᠭᠦᠯᠦᠨ᠂ ᠰᠢᠨ᠎ᠡ ᠮᠠᠲ᠋ᠧᠷᠢᠶᠠᠯ᠂ ᠠᠮᠢᠳᠤ ᠪᠤᠳᠠᠰ᠎ᠤᠨ ᠡᠮ ᠡᠮᠨᠡᠯᠭᠡ᠂ ᠳᠡᠭᠡᠳᠦ ᠵᠡᠷᠭᠡ ᠵᠢᠨ ᠲᠤᠨᠤᠭ ᠲᠥᠭᠦᠭᠡᠷᠦᠮᠵᠢ ᠵᠡᠷᠭᠡ ᠠᠵᠤ ᠦᠢ᠍ᠯᠡᠰ᠎ᠢ ᠲᠥᠷᠭᠡᠳᠭᠡᠨ ᠬᠥᠭᠵᠢᠭᠦᠯᠵᠦ᠂ ᠵᠣᠬᠢᠶᠠᠮᠠᠯ ᠤᠶᠤᠨ᠂ ᠪᠣᠳᠠᠰᠯᠢᠭ ᠬᠤᠯᠪᠣᠭ᠋ᠠᠲᠤ ᠰᠦᠯᠵᠢᠶ᠎ᠡ᠂ ᠲᠤᠮᠤ ᠳ᠋ᠡᠶ᠋ᠢᠲ᠋ᠠ᠂ ᠬᠡᠰᠡᠭ᠎ᠤᠳ᠎ᠤᠨ ᠬᠡᠯᠬᠢᠶ᠎ᠡ ᠵᠡᠷᠭᠡ ᠮᠡᠷᠭᠡᠵᠢᠯ᠎ᠤᠨ ᠬᠡᠷᠡᠭᠯᠡᠭᠡᠨ᠎ᠢ ᠠᠬᠢᠭᠤᠯᠵᠤ᠂ 5G ᠴᠢᠮᠡᠭᠡ ᠬᠤᠯᠪᠣᠭ᠋ᠠᠨ᠎ᠤ ᠰᠦᠯᠵᠢᠶ᠎ᠡ ᠵᠢ ᠪᠦᠲᠦᠭᠡᠨ ᠪᠠᠶ᠋ᠢᠭᠤᠯᠬᠤ ᠪᠠ ᠬᠡᠷᠡᠭᠯᠡᠵᠦ ᠳᠡᠯᠭᠡᠷᠡᠭᠦᠯᠬᠦ ᠵᠢ ᠠᠬᠢᠭᠤᠯᠤᠨ᠂ ᠠᠵᠤ ᠦᠢ᠍ᠯᠡᠳᠪᠦᠷᠢ ᠵᠢᠨ ᠢᠨᠲ᠋ᠧᠷ ᠰᠦᠯᠵᠢᠶᠡᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠪᠠᠷᠢᠯᠭ᠎ᠠ ᠵᠢᠨ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠠᠬᠢᠭᠤᠯᠵᠤ᠂ ᠪᠤᠬᠢᠷᠳᠤᠯ ᠦᠭᠡᠢ ᠪᠠᠷᠢᠯᠭ᠎ᠠ᠂ ᠤᠶᠤᠨᠴᠢ ᠪᠠᠷᠢᠯᠭ᠎ᠠ᠂ ᠤᠭᠰᠠᠷᠠᠮᠠᠯ ᠮᠠᠶᠢᠭ᠎ᠤᠨ ᠪᠠᠷᠢᠯᠭ᠎ᠠ ᠵᠢ ᠶᠡᠭᠡ᠎ᠪᠠᠷ ᠬᠥᠭᠵᠢᠭᠦᠯᠦᠨ᠎ᠡ᠃ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠬᠢᠷᠢ ᠲᠥᠪᠰᠢᠨ᠎ᠢ ᠳᠡᠭᠡᠭᠰᠢᠯᠡᠭᠦᠯᠵᠦ᠂ ᠦᠢ᠍ᠯᠡᠴᠢᠯᠡᠭᠡᠨ᠎ᠤ ᠦᠢ᠍ᠯᠡᠰ ᠲᠦᠪᠯᠡᠷᠡᠭᠰᠡᠨ ᠣᠷᠣᠨ᠎ᠢ ᠰᠠᠶ᠋ᠢᠵᠢᠷᠠᠭᠤᠯᠬᠤ ᠢᠨᠵᠧᠨᠧᠷᠢᠩ᠎ᠢ ᠬᠡᠷᠡᠭᠵᠢᠭᠦᠯᠵᠦ᠂ ᠦᠢ᠍ᠯᠡᠳᠬᠦ ᠦᠢ᠍ᠯᠡᠰ ᠬᠢᠭᠡᠳ ᠦᠢ᠍ᠯᠡᠴᠢᠯᠡᠭᠡᠨ᠎ᠤ ᠦᠢ᠍ᠯᠡᠰ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠤᠨ᠂ ᠮᠡᠳᠡᠭᠡ ᠵᠠᠩᠭᠢ ᠵᠢᠨ ᠦᠢ᠍ᠯᠡᠴᠢᠯᠡᠭᠡ᠂ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠴᠢᠯᠡᠭᠡ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠢ᠍ᠯᠡᠴᠢᠯᠡᠭᠡ᠂ ᠠᠵᠤ ᠦᠢ᠍ᠯᠡᠳᠪᠦᠷᠢ ᠵᠢᠨ ᠵᠢᠷᠤᠭ ᠲᠦᠯᠦᠪᠯᠡᠭᠡ ᠵᠡᠷᠭᠡ ᠦᠢ᠍ᠯᠡᠳᠪᠦᠷᠢᠯᠡᠯ᠎ᠤᠨ ᠴᠢᠨᠠᠷᠲᠠᠢ ᠦᠢ᠍ᠯᠡᠴᠢᠯᠡᠭᠡᠨ᠎ᠤ ᠦᠢ᠍ᠯᠡᠰ᠎ᠤᠨ ᠲᠤᠳᠠᠭᠤᠳᠠᠯ᠎ᠢ ᠨᠦᠬᠦᠪᠦᠷᠢᠯᠡᠵᠦ᠂ ᠣᠳᠣ ᠥᠶ᠎ᠡ ᠵᠢᠨ ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠰ᠎ᠤᠨ ᠬᠥᠭᠵᠢᠯᠲᠡ ᠵᠢ ᠲᠦᠷᠭᠡᠳᠭᠡᠵᠦ᠂ ᠤᠯᠠᠭ᠋ᠠᠨᠴᠠᠪ — ᠡᠷᠢᠶᠡᠨ ᠬᠤᠲᠠ ᠵᠢᠨ ᠬᠠᠭᠤᠷᠠᠢ ᠭᠠᠷᠠᠮ᠎ᠤᠨ ᠬᠡᠯᠪᠡᠷᠢ ᠪᠦᠬᠦᠢ ᠤᠯᠤᠰ᠎ᠤᠨ ᠪᠠᠷᠠᠭ᠋ᠠᠨ᠎ᠤ ᠭᠦᠢ᠍ᠯᠭᠡᠭᠡᠨ᠎ᠤ ᠭᠦᠢ᠍ᠰᠦ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠎ᠠ᠃
(ᠬᠤᠶᠠᠷ) ᠡᠵᠡᠩᠨᠡᠨ ᠬᠤᠳᠠᠯᠳᠤᠭ᠋ᠠᠯᠠᠬᠤ ᠣᠷᠴᠢᠨ ᠨᠦᠬᠦᠴᠡᠯ᠎ᠢ ᠶᠡᠭᠡ᠎ᠪᠠᠷ ᠰᠢᠯᠢᠳᠡᠭᠵᠢᠭᠦᠯᠦᠨ᠎ᠡ᠃ 《ᠡᠵᠡᠩᠨᠡᠨ ᠬᠤᠳᠠᠯᠳᠤᠭ᠋ᠠᠯᠠᠬᠤ ᠣᠷᠴᠢᠨ ᠨᠦᠬᠦᠴᠡᠯ᠎ᠢ ᠰᠢᠯᠢᠳᠡᠭᠵᠢᠭᠦᠯᠬᠦ ᠳᠦᠷᠢᠮ》᠎ᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠣᠷᠣᠨ ᠪᠦᠰᠡ ᠵᠢᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠬᠦᠴᠡᠯ᠎ᠢ ᠦᠷᠭᠦᠯᠵᠢᠯᠡᠨ ᠰᠠᠶ᠋ᠢᠵᠢᠷᠠᠭᠤᠯᠬᠤ ᠵᠢ ᠠᠬᠢᠭᠤᠯᠤᠨ᠎ᠠ᠃ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠦᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠤᠭᠤᠯᠬᠤ ᠬᠤᠷᠢᠭ᠎ᠠ᠎ᠲᠠᠢ ᠵᠦᠢ᠍ᠯᠡᠰ᠎ᠤᠨ ᠨᠠᠷᠢᠨ ᠳᠠᠩᠰᠠ ᠵᠢᠨ ᠳᠦᠷᠢᠮ᠎ᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ 《ᠭᠡᠷᠡᠴᠢ ᠦᠨᠡᠮᠯᠡᠯ᠎ᠢ ᠰᠠᠯᠭ᠋ᠠᠬᠤ》 ᠦᠭᠡᠷᠡᠴᠢᠯᠡᠯᠲᠡ ᠵᠢ ᠭᠦᠨᠵᠡᠭᠡᠢ ᠠᠬᠢᠭᠤᠯᠤᠨ᠎ᠠ᠃ ᠠᠵᠤ ᠦᠢ᠍ᠯᠡᠳᠪᠦᠷᠢ ᠵᠢᠨ ᠦᠢ᠍ᠯᠡᠳᠭᠦᠨ ᠦᠢ᠍ᠯᠡᠳᠪᠦᠷᠢᠯᠡᠬᠦ ᠵᠥᠪᠰᠢᠶᠡᠷᠡᠯ᠎ᠠᠴᠠ ᠪᠤᠰᠤᠳ ᠵᠥᠪᠰᠢᠶᠡᠷᠡᠨ ᠣᠷᠤᠭᠤᠯᠬᠤ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠶᠡᠭᠡ ᠬᠡᠮᠵᠢᠶ᠎ᠡ᠎ᠪᠠᠷ ᠴᠤᠮᠬᠠᠳᠬᠠᠵᠤ᠂ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠬᠢᠷᠢ ᠭᠡᠮ᠎ᠤᠨ ᠲᠦᠷᠦᠯ ᠢᠯᠭ᠋ᠠᠯ ᠪᠠ ᠵᠡᠷᠭᠡ ᠳᠡᠰ᠎ᠢ ᠪᠠᠭ᠋ᠠᠰᠬᠠᠨ᠎ᠠ᠃ ᠠᠵᠤ ᠠᠬᠤᠶ᠋ᠢᠯᠠᠯ ᠡᠷᠬᠢᠯᠡᠨ ᠪᠠᠶ᠋ᠢᠭᠤᠯᠬᠤ ᠴᠠᠭ᠂ ᠦᠯᠦ ᠬᠦᠳᠡᠯᠬᠦ ᠬᠦᠷᠦᠩᠭᠡ ᠵᠢ ᠳᠠᠩᠰᠠᠯᠠᠨ ᠲᠡᠮᠲᠡᠭᠯᠡᠬᠦ ᠴᠠᠭ᠎ᠢ ᠤᠯᠠᠮ ᠨᠢᠭᠡ ᠠᠯᠬᠤᠮ ᠪᠤᠭᠤᠨᠢᠰᠬᠠᠨ᠎ᠠ᠃ ᠭᠠᠶ᠋ᠢᠯᠢ ᠵᠢ ᠬᠠᠰᠤᠵᠤ ᠰᠦᠢ᠍ᠳᠭᠡᠯ᠎ᠢ ᠪᠠᠭᠤᠷᠠᠭᠤᠯᠬᠤ ᠦᠷ᠎ᠡ ᠪᠦᠲᠦᠮᠵᠢ ᠵᠢ ᠪᠠᠬᠢᠵᠢᠭᠦᠯᠦᠨ ᠥᠷᠭᠡᠳᠭᠡᠵᠦ᠂ ᠠᠵᠤ ᠠᠬᠤᠶ᠋ᠢᠯᠠᠯ᠎ᠳᠤ ᠬᠤᠯᠪᠣᠭᠳᠠᠭᠰᠠᠨ ᠬᠤᠷᠢᠶᠠᠬᠤ ᠰᠦᠢ᠍ᠳᠭᠡᠯ᠎ᠢ ᠤᠯᠠᠮ ᠨᠢᠭᠡ ᠠᠯᠬᠤᠮ ᠢᠯᠭ᠋ᠠᠷᠠᠭᠤᠯᠵᠤ᠂ ᠪᠠᠷᠠᠭ᠋ᠠᠨ᠎ᠤ ᠭᠦᠢ᠍ᠯᠭᠡᠭᠡ ᠵᠢᠨ ᠬᠦᠷᠢᠶᠡᠨ᠎ᠳᠠᠬᠢ ᠵᠦᠢ ᠵᠣᠬᠢᠰ ᠦᠭᠡᠢ ᠬᠤᠷᠢᠶᠠᠬᠤ ᠰᠦᠢ᠍ᠳᠭᠡᠯ᠎ᠢ ᠴᠡᠭᠴᠡᠯᠡᠨ ᠵᠠᠰᠠᠵᠤ᠂ ᠦᠢ᠍ᠯᠡᠳᠬᠦ ᠦᠢ᠍ᠯᠡᠰ᠎ᠤᠨ ᠦᠪᠡᠷ᠎ᠤᠨ ᠥᠷᠲᠡᠭ᠎ᠢ ᠦᠷᠭᠦᠯᠵᠢᠯᠡᠨ ᠪᠠᠭᠤᠷᠠᠭᠤᠯᠤᠨ᠎ᠠ᠃ ᠡᠷᠬᠡ ᠲᠡᠭᠰᠢ ᠦᠷᠢᠰᠦᠯᠳᠦᠭᠡᠨ᠎ᠢ ᠤᠯᠠᠮ ᠨᠢᠭᠡ ᠠᠯᠬᠤᠮ ᠠᠬᠢᠭᠤᠯᠵᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠵᠢᠨ ᠵᠢᠷᠤᠮᠵᠢᠯ ᠪᠠ ᠢᠯᠡ ᠲᠤᠳᠣ ᠵᠢᠨ ᠬᠡᠮᠵᠢᠶ᠎ᠡ ᠵᠢ ᠴᠢᠩᠭ᠋ᠠᠳᠬᠠᠨ᠎ᠠ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠢᠷᠢ ᠲᠥᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯᠸᠺᠲᠷᠤᠨ ᠵᠠᠰᠠᠭ᠎ᠤᠨ ᠶᠠᠪᠤᠳᠠᠯ᠎ᠢ ᠲᠦᠷᠭᠡᠳᠭᠡᠨ ᠠᠬᠢᠭᠤᠯᠤᠨ᠎ᠠ᠃ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠬᠥᠭᠵᠢᠯᠲᠡ ᠵᠢᠨ ᠣᠷᠴᠢᠨ ᠨᠦᠬᠦᠴᠡᠯ᠎ᠢ ᠰᠢᠯᠢᠳᠡᠭᠵᠢᠭᠦᠯᠵᠦ᠂ ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠬᠥᠭᠵᠢᠯᠲᠡ ᠵᠢ ᠠᠬᠢᠭᠤᠯᠬᠤ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠨᠡᠩ ᠰᠠᠶ᠋ᠢᠨ ᠬᠥᠭᠵᠢᠯᠲᠡ ᠵᠢᠨ ᠣᠷᠴᠢᠨ ᠨᠦᠬᠦᠴᠡᠯ᠎ᠢ ᠪᠣᠢ ᠪᠣᠯᠭ᠋ᠠᠵᠤ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠬᠥᠭᠵᠢᠯᠲᠡ ᠵᠢ ᠳᠡᠮᠵᠢᠬᠦ ᠲᠣᠬᠠᠢ ᠦᠪᠡᠷᠲᠡᠭᠡᠨ ᠵᠠᠰᠠᠬᠤ ᠣᠷᠣᠨ᠎ᠤ ᠠᠷᠭ᠎ᠠ ᠬᠡᠮᠵᠢᠶ᠎ᠡ᠎ᠨᠦᠭᠦᠳ᠎ᠢ ᠲᠣᠭᠲᠠᠭ᠋ᠠᠨ ᠨᠡᠶ᠋ᠢᠲᠡᠯᠡᠵᠦ᠂ ᠳᠤᠮᠳᠠ ᠵᠢᠵᠢᠭ ᠠᠵᠤ ᠠᠬᠤᠶ᠋ᠢᠯᠠᠯ᠎ᠤᠨ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠰᠢᠰᠲ᠋ᠧᠮᠵᠢ ᠵᠢ ᠲᠡᠭᠦᠯᠳᠡᠷᠵᠢᠭᠦᠯᠦᠨ᠎ᠡ᠃
(ᠭᠤᠷᠪᠡ) ᠰᠢᠨ᠎ᠡ ᠵᠢ ᠡᠭᠦᠳᠬᠦ᠎ᠪᠠᠷ ᠬᠦᠳᠡᠯᠭᠡᠭᠦᠷ ᠪᠣᠯᠭ᠋ᠠᠵᠤ ᠬᠦᠲᠦᠯᠦᠨ ᠳᠠᠭ᠋ᠠᠭᠤᠯᠬᠤ ᠵᠢ ᠴᠢᠩᠭ᠋ᠠᠷᠠᠭᠤᠯᠤᠨ᠎ᠠ᠃ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠦᠪᠦᠷ ᠮᠣᠩᠭᠤᠯ ᠵᠶ᠋ᠠᠨ ᠬᠥᠭᠵᠢᠭᠦᠯᠦᠨ ᠮᠠᠨᠳᠤᠭᠤᠯᠬᠤ》 ᠠᠵᠢᠯᠯᠠᠭ᠎ᠠ ᠵᠢ ᠠᠬᠢᠭᠤᠯᠵᠤ᠂ ᠣᠷᠣᠨ ᠪᠦᠰᠡ ᠵᠢᠨ ᠰᠢᠨ᠎ᠡ ᠵᠢ ᠡᠭᠦᠳᠬᠦ ᠰᠢᠰᠲ᠋ᠧᠮᠵᠢ ᠵᠢᠨ ᠪᠠᠶ᠋ᠢᠭᠤᠯᠤᠯᠲᠠ ᠵᠢ ᠲᠦᠷᠭᠡᠳᠭᠡᠨ᠂ ᠤᠯᠤᠰ᠎ᠤᠨ ᠡᠯ᠎ᠡ ᠲᠦᠷᠦᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠦᠷᠦᠯ ᠵᠦᠢ᠍ᠯ᠎ᠢ ᠢᠳᠡᠪᠬᠢᠲᠡᠢ᠎ᠪᠠᠷ ᠣᠯᠵᠤ᠂ ᠬᠥᠭᠵᠢᠭᠰᠡᠨ ᠭᠠᠵᠠᠷ ᠣᠷᠣᠨ᠎ᠤ ᠰᠤᠳᠤᠯᠤᠨ ᠨᠡᠭᠡᠭᠡᠬᠦ ᠪᠠᠶ᠋ᠢᠭᠤᠯᠤᠮᠵᠢ᠎ᠯᠤᠭ᠎ᠠ ᠬᠠᠮᠲᠤᠷᠠᠨ ᠠᠵᠢᠯᠯᠠᠬᠤ᠎ᠪᠠᠨ ᠴᠢᠩᠭ᠋ᠠᠳᠬᠠᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠎ᠳᠠᠬᠢ ᠠᠵᠤ ᠠᠬᠤᠶ᠋ᠢᠯᠠᠯ᠎ᠤᠨ ᠭᠤᠣᠯ ᠴᠤᠭᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠤᠯᠤᠰ᠎ᠤᠨ ᠳᠡᠰ᠎ᠤᠨ ᠪᠠ ᠦᠪᠡᠷᠲᠡᠭᠡᠨ ᠵᠠᠰᠠᠬᠤ ᠣᠷᠣᠨ᠎ᠤ ᠳᠡᠰ᠎ᠤᠨ ᠨᠢᠭᠡ ᠪᠦᠯᠦᠭ ᠭᠤᠣᠯᠳᠠᠯᠭ᠎ᠠ᠎ᠲᠠᠢ ᠲᠣᠷᠰᠢᠯᠲᠠ ᠵᠢᠨ ᠲᠠᠰᠤᠭ᠂ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠥᠪ᠂ ᠢᠨᠵᠧᠨᠧᠷᠢᠩ (ᠰᠤᠳᠤᠯᠭ᠋ᠠᠨ᠎ᠤ ᠲᠥᠪ)᠎ᠤᠨ ᠲᠣᠷᠰᠢᠯᠲᠠ ᠵᠢᠨ ᠲᠠᠰᠤᠭ ᠪᠠ ᠠᠵᠤ ᠠᠬᠤᠶ᠋ᠢᠯᠠᠯ᠎ᠤᠨ ᠮᠡᠷᠭᠡᠵᠢᠯ᠎ᠤᠨ ᠲᠥᠪ᠎ᠢ ᠡᠭᠦᠳᠦᠨ ᠪᠠᠶ᠋ᠢᠭᠤᠯᠵᠤ᠂ ᠵᠠᠩᠬᠢᠯᠠᠭ᠎ᠠ ᠵᠢᠨ ᠬᠦᠷᠢᠶᠡᠨ᠎ᠤ ᠮᠡᠷᠭᠡᠵᠢᠯ᠎ᠳᠤ ᠰᠢᠪᠲᠤᠯᠤᠯᠲᠠ᠎ᠲᠠᠢ ᠪᠣᠯᠬᠤ ᠵᠢ ᠠᠬᠢᠭᠤᠯᠤᠨ᠎ᠠ᠃ ᠰᠢᠨ᠎ᠡ ᠵᠢ ᠡᠭᠦᠳᠬᠦ ᠲᠠᠪᠴᠠᠩ ᠠᠴᠢᠶᠠᠯᠠᠪᠤᠷᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠷᠠᠭᠤᠯᠵᠤ᠂ ᠶᠠᠮᠦᠨ ᠪᠠ ᠦᠪᠡᠷᠲᠡᠭᠡᠨ ᠵᠠᠰᠠᠬᠤ ᠣᠷᠣᠨ᠎ᠤ ᠠᠵᠢᠯ᠎ᠤᠨ ᠬᠠᠮᠲᠤᠷᠠᠨ ᠵᠦᠪᠳᠡᠯᠴᠡᠭᠰᠡᠨ ᠬᠤᠷᠠᠯ᠎ᠤᠨ ᠭᠤᠣᠯᠳᠠᠯᠭ᠎ᠠ᠎ᠲᠠᠢ ᠡᠭᠦᠷᠭᠡ ᠵᠢ ᠨᠠᠶ᠋ᠢᠳᠠᠪᠤᠷᠢᠵᠢᠭᠤᠯᠤᠨ᠂ ᠬᠦᠬᠡᠬᠤᠲᠠ ᠪᠤᠭᠤᠳᠤ ᠣᠷᠳᠣᠰ᠎ᠲᠠᠬᠢ ᠤᠯᠤᠰ᠎ᠤᠨ ᠪᠡᠶ᠎ᠡ᠎ᠪᠠᠨ ᠳᠠᠭ᠋ᠠᠭ᠋ᠠᠭᠰᠠᠨ ᠰᠢᠨ᠎ᠡ ᠡᠭᠦᠳᠦᠯᠲᠡ᠎ᠲᠠᠢ ᠵᠢᠱ᠌ᠢᠶ᠎ᠡ ᠦᠵᠡᠭᠦᠯᠬᠦ ᠣᠷᠣᠨ᠎ᠢ ᠢᠳᠡᠪᠬᠢᠲᠡᠢ ᠡᠭᠦᠳᠦᠨ ᠪᠠᠶ᠋ᠢᠭᠤᠯᠤᠨ᠎ᠠ᠃ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ᠎ᠢ ᠶᠡᠭᠡ᠎ᠪᠠᠷ ᠪᠣᠢ ᠪᠣᠯᠭ᠋ᠠᠵᠤ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ᠎ᠢ 1000᠎ᠠᠴᠠ ᠳᠠᠪᠠᠭᠤᠯᠬᠤ᠎ᠪᠠᠷ ᠴᠢᠷᠮᠠᠶ᠋ᠢᠨ᠎ᠠ᠃ ᠳᠤᠮᠳᠠ ᠵᠢᠵᠢᠭ ᠠᠵᠤ ᠠᠬᠤᠶ᠋ᠢᠯᠠᠯ᠎ᠤᠨ ᠰᠢᠨ᠎ᠡ ᠡᠭᠦᠳᠦᠯᠲᠡ ᠵᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠣᠯᠠᠨ ᠵᠶ᠋ᠠᠷ ᠵᠶ᠋ᠠᠨ ᠦᠢ᠍ᠯᠡᠰ ᠴᠤᠭᠴᠠᠯᠠᠵᠤ ᠰᠢᠨ᠎ᠡ ᠵᠢ ᠡᠭᠦᠳᠬᠦ ᠵᠢ ᠠᠬᠢᠭᠤᠯᠵᠤ᠂ ᠰᠢᠨᠵᠢᠯᠡᠬᠦ ᠤᠬᠠᠭ᠋ᠠᠨ᠎ᠤ ᠲᠠᠯ᠎ᠠ᠎ᠪᠠᠷ᠎ᠬᠢ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠠᠵᠢᠯᠯᠠᠭ᠋ᠠᠨ᠎ᠢ ᠦᠷᠨᠢᠭᠦᠯᠦᠨ᠎ᠡ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠶ᠋ᠢᠭᠤᠯᠤᠯ᠎ᠤᠨ ᠦᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠤᠯᠠᠷᠢᠭᠤᠯᠤᠨ ᠬᠡᠷᠡᠭᠯᠡᠭᠳᠡᠬᠦ ᠵᠢ ᠠᠬᠢᠭᠤᠯᠤᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢᠲᠠᠨ᠎ᠢ ᠢᠯᠡᠷᠡᠭᠦᠯᠬᠦ᠂ ᠬᠦᠮᠦᠵᠢᠭᠦᠯᠬᠦ᠂ ᠣᠷᠤᠭᠤᠯᠬᠤ᠂ ᠤᠷᠮᠠᠰᠢᠭᠤᠯᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃
ᠳᠥᠷᠪᠡ᠂ ᠦᠭᠡᠷᠡᠴᠢᠯᠡᠯᠲᠡ ᠨᠡᠭᠡᠭᠡᠯᠲᠡ ᠵᠢ ᠭᠤᠶ᠋ᠢᠪᠢᠰᠢ ᠦᠭᠡᠢ ᠭᠦᠨᠵᠡᠭᠡᠶ᠋ᠢᠷᠡᠭᠦᠯᠵᠦ᠂ ᠴᠢᠨᠠᠷ ᠰᠠᠶ᠋ᠢᠲᠠᠢ ᠬᠥᠭᠵᠢᠭᠦᠯᠬᠦ ᠬᠦᠳᠡᠯᠭᠡᠭᠴᠢ ᠬᠦᠴᠦᠨ᠎ᠢ ᠬᠥᠭᠵᠢᠭᠡᠨ᠎ᠡ
ᠵᠠᠬ᠎ᠠ ᠳᠡᠯᠭᠡᠭᠦᠷᠴᠢᠯᠡᠬᠦ ᠦᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠂ ᠦᠨᠳᠦᠷ ᠲᠥᠪᠰᠢᠨ ᠪᠦᠬᠦᠢ ᠨᠡᠭᠡᠭᠡᠯᠲᠡ ᠵᠢ ᠦᠷᠭᠡᠳᠭᠡᠬᠦ ᠵᠢ ᠪᠠᠷᠢᠮᠲᠠᠯᠠᠵᠤ᠂ ᠴᠢᠨᠠᠷ ᠰᠠᠶ᠋ᠢᠲᠠᠢ ᠬᠥᠭᠵᠢᠯᠲᠡ᠎ᠯᠦᠭᠡ ᠵᠣᠬᠢᠴᠠᠯᠳᠤᠭᠰᠠᠨ ᠪᠠᠶ᠋ᠢᠭᠤᠯᠤᠯ ᠲᠣᠭᠲᠠᠴᠠ ᠵᠢ ᠪᠦᠷᠢᠨᠰᠢᠭᠦᠯᠦᠨ᠂ ᠦᠨᠳᠦᠷ ᠪᠠᠷᠢᠮᠵᠢᠶᠠᠲᠦ ᠵᠠᠬ᠎ᠠ ᠳᠡᠯᠭᠡᠭᠦᠷ᠎ᠤᠨ ᠰᠢᠰᠲ᠋ᠧᠮᠵᠢ ᠵᠢ ᠲᠦᠷᠭᠡᠳᠭᠡᠨ ᠪᠠᠶ᠋ᠢᠭᠤᠯᠵᠤ᠂ ᠤᠯᠤᠰ᠎ᠤᠨ ᠲᠤᠳᠤᠭ᠋ᠠᠲᠤ ᠪᠠ ᠣᠯᠠᠨ ᠤᠯᠤᠰ᠎ᠤᠨ ᠲᠤᠮᠤ ᠵᠠᠬ᠎ᠠ ᠳᠡᠯᠭᠡᠭᠦᠷ᠎ᠲᠤ ᠪᠦᠬᠦ ᠲᠠᠯ᠎ᠠ᠎ᠪᠠᠷ ᠠᠭᠤᠰᠤᠯᠴᠠᠨ᠂ ᠠᠵᠤ ᠠᠬᠤᠢ ᠵᠢᠨ ᠬᠥᠭᠵᠢᠯᠲᠡ ᠵᠢᠨ ᠠᠮᠢᠵᠢᠷᠠᠯ᠎ᠤᠨ ᠬᠦᠴᠦᠨ ᠪᠠ ᠬᠦᠳᠡᠯᠭᠡᠭᠴᠢ ᠬᠦᠴᠦᠨ᠎ᠢ ᠴᠢᠩᠭ᠋ᠠᠷᠠᠭᠤᠯᠤᠨ᠎ᠠ᠃
(ᠨᠢᠭᠡ) ᠬᠦᠴᠦᠨ ᠵᠦᠢ᠍ᠯ᠎ᠤᠨ ᠵᠠᠬ᠎ᠠ ᠳᠡᠯᠭᠡᠭᠦᠷᠴᠢᠯᠡᠵᠦ ᠲᠣᠬᠢᠷᠠᠭᠤᠯᠬᠤ ᠵᠢ ᠲᠦᠷᠭᠡᠳᠭᠡᠨ ᠠᠬᠢᠭᠤᠯᠤᠨ᠎ᠠ᠃ ᠣᠯᠠᠨ ᠨᠡᠶ᠋ᠢᠲᠡ ᠵᠢᠨ ᠡᠬᠢ ᠪᠠᠶᠠᠯᠢᠭ᠎ᠢ ᠲᠣᠬᠢᠷᠠᠭᠤᠯᠬᠤ ᠠᠷᠭ᠎ᠠ ᠮᠠᠶᠢᠭ᠎ᠤᠨ ᠲᠠᠯ᠎ᠠ᠎ᠳᠤ ᠤᠯᠠᠮ ᠨᠢᠭᠡ ᠠᠯᠬᠤᠮ ᠰᠢᠨ᠎ᠡ ᠵᠢ ᠡᠭᠦᠳᠴᠦ᠂ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠦᠮᠴᠢᠯᠡᠬᠦ ᠡᠷᠬᠡ ᠵᠢᠨ ᠳᠦᠷᠢᠮ᠎ᠢ ᠪᠦᠷᠢᠨᠰᠢᠭᠦᠯᠦᠨ᠂ ᠡᠬᠢ ᠪᠠᠶᠠᠯᠢᠭ᠎ᠤᠨ ᠠᠰᠢᠭ ᠣᠷᠤᠯᠭ᠎ᠠ ᠵᠢ ᠵᠦᠢ ᠵᠣᠬᠢᠰᠲᠠᠢ ᠬᠤᠪᠢᠶᠠᠷᠢᠯᠠᠬᠤ ᠵᠢ ᠠᠬᠢᠭᠤᠯᠤᠨ᠎ᠠ᠃ ᠦᠢ᠍ᠯᠡᠳᠪᠦᠷᠢᠯᠡᠬᠦ ᠴᠢᠳᠠᠮᠵᠢ ᠵᠢ ᠦᠭᠡᠶ᠋ᠢᠰᠭᠡᠭᠰᠡᠨ ᠦᠷ᠎ᠡ ᠪᠦᠲᠦᠭᠡᠯ᠎ᠢ ᠪᠠᠬᠢᠵᠢᠭᠦᠯᠵᠦ᠂ ᠨᠡᠭᠦᠷᠡᠰᠦ ᠦᠢ᠍ᠯᠡᠳᠪᠦᠷᠢᠯᠡᠬᠦ ᠴᠢᠳᠠᠮᠵᠢ ᠵᠢ ᠪᠦᠲᠦᠴᠡ ᠵᠢᠨ ᠴᠢᠨᠠᠷᠲᠠᠢ᠎ᠪᠠᠷ ᠰᠢᠯᠢᠳᠡᠭᠵᠢᠭᠦᠯᠬᠦ ᠵᠢ ᠲᠦᠷᠭᠡᠳᠭᠡᠵᠦ᠂ ᠪᠤᠯᠣᠳ ᠲᠡᠮᠦᠷ ᠪᠠ ᠴᠠᠬᠢᠯᠭ᠋ᠠᠨ ᠵᠶ᠋ᠠᠷ ᠵᠠᠳᠠᠯᠤᠭᠰᠠᠨ ᠬᠦᠩᠭᠡᠨᠴᠠᠭ᠋ᠠᠨ ᠵᠡᠷᠭᠡ ᠦᠢ᠍ᠯᠡᠳᠪᠦᠷᠢᠯᠡᠬᠦ ᠴᠢᠳᠠᠮᠵᠢ᠎ᠪᠠᠨ ᠬᠠᠯᠠᠬᠤ ᠵᠢ ᠠᠬᠢᠭᠤᠯᠤᠨ᠎ᠠ᠃ ᠠᠭᠤᠷᠬᠠᠢ ᠵᠢᠨ ᠡᠬᠢ ᠪᠠᠶᠠᠯᠢᠭ ᠬᠡᠷᠡᠭᠯᠡᠬᠦ ᠡᠷᠬᠡ ᠵᠢᠨ ᠦᠷᠢᠰᠦᠯᠳᠦᠭᠡᠨ᠎ᠤ ᠴᠢᠨᠠᠷᠲᠠᠢ ᠬᠤᠳᠠᠯᠳᠤᠨ ᠰᠢᠯᠵᠢᠭᠦᠯᠬᠦ ᠵᠢ ᠪᠦᠬᠦ ᠲᠠᠯ᠎ᠠ᠎ᠪᠠᠷ ᠠᠬᠢᠭᠤᠯᠵᠤ᠂ ᠠᠭᠤᠷᠬᠠᠢ ᠵᠢᠨ ᠡᠬᠢ ᠪᠠᠶᠠᠯᠢᠭ ᠬᠡᠷᠡᠭᠯᠡᠬᠦ ᠡᠷᠬᠡ ᠵᠢ ᠳᠡᠰ ᠲᠦᠷᠦᠯ ᠬᠤᠪᠢᠶᠠᠨ ᠬᠤᠳᠠᠯᠳᠤᠨ ᠰᠢᠯᠵᠢᠭᠦᠯᠬᠦ ᠳᠦᠷᠢᠮ᠎ᠢ ᠪᠦᠷᠢᠨᠰᠢᠭᠦᠯᠦᠨ᠂ ᠠᠭᠤᠷᠬᠠᠢ ᠵᠢᠨ ᠡᠬᠢ ᠪᠠᠶᠠᠯᠢᠭ ᠬᠡᠷᠡᠭᠯᠡᠬᠦ ᠡᠷᠬᠡ ᠵᠢ ᠦᠨ᠎ᠡ ᠲᠦᠯᠦᠪᠦᠷᠢᠲᠡᠢ᠎ᠪᠠᠷ ᠡᠵᠡᠯᠡᠨ ᠬᠡᠷᠡᠭᠯᠡᠬᠦ ᠪᠠ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠤᠨ ᠭᠠᠶ᠋ᠢᠯᠢ ᠰᠦᠢ᠍ᠳᠭᠡᠯ᠎ᠤᠨ ᠳᠦᠷᠢᠮ᠎ᠢ ᠲᠡᠭᠦᠯᠳᠡᠷᠵᠢᠭᠦᠯᠦᠨ᠎ᠡ᠃ ᠴᠠᠬᠢᠯᠭ᠋ᠠᠨ ᠬᠦᠴᠦᠨ᠎ᠤ ᠪᠠᠶ᠋ᠢᠭᠤᠯᠤᠯ᠎ᠤᠨ ᠦᠭᠡᠷᠡᠴᠢᠯᠡᠯᠲᠡ ᠵᠢ ᠭᠦᠨᠵᠡᠭᠡᠢ ᠠᠬᠢᠭᠤᠯᠵᠤ᠂ ᠲᠦᠯᠡᠰᠢᠨ ᠨᠡᠭᠦᠷᠡᠰᠦ᠎ᠪᠠᠷ ᠭᠠᠷᠭ᠋ᠠᠭᠰᠠᠨ ᠴᠠᠬᠢᠯᠭ᠋ᠠᠨ᠎ᠤ ᠦᠨ᠎ᠡ ᠬᠠᠩᠰᠢ ᠵᠢᠨ ᠪᠣᠢ ᠪᠣᠯᠬᠤ ᠲᠣᠭᠲᠠᠴᠠ᠎ᠳᠤ ᠦᠭᠡᠷᠡᠴᠢᠯᠡᠯᠲᠡ ᠬᠢᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠨ᠂ ᠴᠠᠬᠢᠯᠭ᠋ᠠᠨ ᠬᠦᠴᠦᠨ᠎ᠤ ᠠᠷᠠᠯᠵᠢᠶ᠎ᠠ ᠵᠢᠨ ᠵᠠᠬ᠎ᠠ ᠳᠡᠯᠭᠡᠭᠦᠷᠴᠢᠯᠡᠬᠦ ᠬᠡᠮᠵᠢᠶ᠎ᠡ ᠵᠢ ᠳᠡᠭᠡᠭᠰᠢᠯᠡᠭᠦᠯᠵᠦ᠂ ᠳᠠᠮᠵᠢᠭᠤᠯᠵᠤ ᠲᠦᠭᠡᠭᠡᠬᠦ ᠴᠠᠬᠢᠯᠭ᠋ᠠᠨ᠎ᠤ ᠦᠨ᠎ᠡ ᠬᠠᠩᠰᠢ ᠵᠢᠨ ᠦᠭᠡᠷᠡᠴᠢᠯᠡᠯᠲᠡ ᠵᠢ ᠠᠬᠢᠭᠤᠯᠤᠨ᠂ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ᠎ᠳᠤ ᠠᠰᠢᠭᠲᠠᠢ ᠴᠠᠬᠢᠯᠭ᠋ᠠᠨ᠎ᠤ ᠦᠨ᠎ᠡ ᠬᠠᠩᠰᠢ ᠵᠢᠨ ᠲᠣᠭᠲᠠᠴᠠ ᠵᠢ ᠪᠠᠶ᠋ᠢᠭᠤᠯᠤᠨ᠎ᠠ᠃ ᠭᠠᠵᠠᠷ ᠰᠢᠷᠤᠢ ᠵᠢ ᠠᠷᠪᠢᠲᠠᠢ ᠡᠷᠴᠢᠮᠯᠢᠭ ᠠᠰᠢᠭᠯᠠᠬᠤ ᠵᠢ ᠠᠬᠢᠭᠤᠯᠵᠤ᠂ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠤᠭ᠎ᠤᠨ ᠪᠠᠶ᠋ᠢᠭᠰᠠᠨ ᠬᠡᠰᠡᠭ᠎ᠢ ᠴᠢᠯᠦᠭᠡᠲᠡᠢ ᠪᠣᠯᠭ᠋ᠠᠵᠤ᠂ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠵᠢ ᠰᠢᠯᠵᠢᠭᠦᠯᠦᠨ ᠥᠭᠬᠦ᠂ ᠳᠦᠷᠢᠶᠡᠰᠦᠯᠡᠭᠦᠯᠬᠦ᠂ ᠪᠠᠷᠢᠴᠠᠭ᠋ᠠᠯᠠᠬᠤ ᠬᠤᠶᠠᠳᠤᠭ᠋ᠠᠷ ᠳᠡᠰ᠎ᠤᠨ ᠵᠠᠬ᠎ᠠ ᠳᠡᠯᠭᠡᠭᠦᠷ᠎ᠢ ᠲᠡᠭᠦᠯᠳᠡᠷᠵᠢᠭᠦᠯᠦᠨ᠎ᠡ᠃ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ᠎ᠠ᠃
(ᠬᠤᠶᠠᠷ) ᠭᠤᠣᠯᠳᠠᠯᠭ᠎ᠠ᠎ᠲᠠᠢ ᠬᠦᠷᠢᠶᠡᠨ᠎ᠤ ᠦᠭᠡᠷᠡᠴᠢᠯᠡᠯᠲᠡ ᠵᠢ ᠭᠦᠨᠵᠡᠭᠡᠢ ᠠᠬᠢᠭᠤᠯᠤᠨ᠎ᠠ᠃ ᠡᠳ᠋᠎ᠤᠨ ᠵᠠᠰᠠᠭ ᠭᠠᠶ᠋ᠢᠯᠢ ᠵᠢᠨ ᠪᠠᠶ᠋ᠢᠭᠤᠯᠤᠯ᠎ᠤᠨ ᠦᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠡᠳ᠋᠎ᠤᠨ ᠵᠠᠰᠠᠭ᠎ᠤᠨ ᠵᠠᠷᠤᠯᠭ᠎ᠠ ᠵᠢᠨ ᠪᠦᠲᠦᠴᠡ ᠵᠢ ᠰᠢᠯᠢᠳᠡᠭᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠤᠨ᠂ ᠡᠩ᠎ᠤᠨ ᠴᠢᠨᠠᠷᠲᠠᠢ ᠵᠠᠷᠤᠯᠭ᠎ᠠ ᠵᠢ ᠶᠡᠭᠡ᠎ᠪᠠᠷ ᠪᠠᠭ᠋ᠠᠰᠬᠠᠵᠤ᠂ ᠲᠦᠰᠦᠪ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠪᠠ ᠤᠯᠤᠰ᠎ᠤᠨ ᠦᠮᠴᠢᠯᠡᠯᠲᠦ ᠮᠦᠩᠭᠦᠨ ᠭᠦᠢ᠍ᠯᠭᠡᠭᠡᠨ᠎ᠤ ᠬᠦᠷᠦᠩᠭᠡ ᠮᠦᠩᠭᠦ ᠵᠢᠨ ᠲᠦᠪᠯᠡᠷᠡᠩᠭᠦᠢ ᠪᠦᠭᠡᠳ ᠨᠢᠭᠡᠲᠦᠯᠲᠡᠢ ᠬᠢᠨᠠᠯᠲᠠ ᠬᠠᠮᠢᠶᠠᠷᠤᠯᠲᠠ ᠵᠢ ᠯᠠᠪᠳᠠᠭᠤᠨ ᠪᠠᠲᠤᠲᠠᠢ ᠠᠬᠢᠭᠤᠯᠤᠨ᠎ᠠ᠃ ᠮᠦᠩᠭᠦᠨ ᠭᠦᠢ᠍ᠯᠭᠡᠭᠡᠨ᠎ᠤ ᠪᠠᠶ᠋ᠢᠭᠤᠯᠤᠯ᠎ᠤᠨ ᠦᠭᠡᠷᠡᠴᠢᠯᠡᠯᠲᠡ ᠵᠢ ᠲᠦᠷᠭᠡᠳᠭᠡᠵᠦ᠂ ᠮᠦᠩᠭᠦᠨ ᠭᠦᠢ᠍ᠯᠭᠡᠭᠡᠨ᠎ᠤ ᠰᠢᠰᠲ᠋ᠧᠮᠵᠢ ᠵᠢᠨ ᠪᠦᠲᠦᠴᠡ ᠵᠢ ᠲᠣᠬᠢᠷᠠᠭᠤᠯᠤᠨ ᠰᠢᠯᠢᠳᠡᠭᠵᠢᠭᠦᠯᠵᠦ᠂ ᠣᠯᠠᠨ ᠳᠡᠰ ᠳᠠᠪᠬᠤᠷᠭ᠋ᠠᠲᠤ ᠬᠦᠷᠦᠩᠭᠡ ᠵᠢᠨ ᠵᠠᠬ᠎ᠠ ᠳᠡᠯᠭᠡᠭᠦᠷ᠎ᠢ ᠲᠡᠭᠦᠯᠳᠡᠷᠵᠢᠭᠦᠯᠵᠦ᠂ ᠬᠤᠲᠠ ᠵᠢᠨ ᠬᠤᠳᠠᠯᠳᠤᠭ᠋ᠠᠨ᠎ᠤ ᠪᠠᠩᠭᠢ ᠪᠠ ᠬᠦᠳᠡᠭᠡ ᠲᠤᠰᠬᠤᠨ᠎ᠤ ᠢᠲᠡᠭᠡᠮᠵᠢ ᠵᠢᠨ ᠬᠤᠷᠰᠢᠶᠠᠨ᠎ᠤ ᠦᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠵᠠᠬ᠎ᠠ ᠳᠡᠯᠭᠡᠭᠦᠷᠴᠢᠯᠡᠨ ᠵᠢᠭᠡᠯᠡᠯᠭᠡ᠎ᠪᠠᠨ ᠰᠲ᠋ᠣᠺ ᠪᠣᠯᠭ᠋ᠠᠵᠤ ᠬᠤᠪᠢᠷᠠᠭᠤᠯᠬᠤ ᠵᠢ ᠠᠬᠢᠭᠤᠯᠤᠨ᠎ᠠ᠃ ᠤᠯᠤᠰ᠎ᠤᠨ ᠦᠮᠴᠢᠯᠡᠯᠲᠦ ᠬᠦᠷᠦᠩᠭᠡ ᠮᠦᠩᠭᠦ ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ᠎ᠤᠨ ᠦᠭᠡᠷᠡᠴᠢᠯᠡᠯᠲᠡ ᠵᠢ ᠭᠦᠨᠵᠡᠭᠡᠢ ᠠᠬᠢᠭᠤᠯᠵᠤ᠂ ᠤᠯᠤᠰ᠎ᠤᠨ ᠦᠮᠴᠢᠯᠡᠯᠲᠦ ᠠᠵᠤ ᠠᠬᠤᠢ ᠵᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠬᠦ᠂ ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠤᠨ᠂ ᠤᠯᠤᠰ᠎ᠤᠨ ᠦᠮᠴᠢᠯᠡᠯᠲᠦ ᠬᠦᠷᠦᠩᠭᠡ ᠮᠦᠩᠭᠦ᠎ᠪᠠᠷ ᠪᠡᠯᠡ ᠣᠷᠤᠭᠤᠯᠵᠤ᠂ ᠡᠵᠡᠩᠨᠡᠨ ᠠᠵᠢᠯᠯᠠᠬᠤ ᠺᠤᠮᠫᠠᠨᠢ ᠵᠢᠨ ᠲᠣᠷᠰᠢᠯᠲᠠ ᠵᠢᠨ ᠴᠡᠭ᠎ᠤᠨ ᠠᠵᠢᠯ᠎ᠢ ᠠᠬᠢᠭᠤᠯᠤᠨ᠂ ᠬᠤᠯᠢᠮᠠᠭ ᠦᠮᠴᠢᠯᠡᠯᠲᠦ ᠵᠢᠨ ᠦᠭᠡᠷᠡᠴᠢᠯᠡᠯᠲᠡ ᠪᠠ ᠰᠲ᠋ᠣᠺ᠎ᠤᠨ ᠡᠷᠬᠡ ᠵᠢᠨ ᠣᠯᠠᠨ ᠡᠰᠢᠵᠢᠯᠲᠡ᠎ᠳᠤ ᠪᠤᠳᠠᠳᠤ ᠦᠷ᠎ᠡ ᠪᠦᠲᠦᠮᠵᠢ ᠣᠯᠬᠤ ᠵᠢ ᠠᠬᠢᠭᠤᠯᠵᠤ᠂ ᠤᠯᠤᠰ᠎ᠤᠨ ᠦᠮᠴᠢᠯᠡᠯᠲᠦ ᠠᠵᠤ ᠠᠬᠤᠶ᠋ᠢᠯᠠᠯ᠎ᠤᠨ ᠨᠡᠶ᠋ᠢᠭᠡᠮ᠎ᠤᠨ ᠦᠢ᠍ᠯᠡᠰ ᠡᠷᠬᠢᠯᠡᠬᠦ ᠡᠭᠦᠷᠭᠡ ᠴᠢᠳᠠᠪᠤᠷᠢ ᠵᠢ ᠰᠠᠯᠭ᠋ᠠᠬᠤ ᠪᠠ ᠦᠩᠭᠡᠷᠡᠭᠰᠡᠨ᠎ᠤ ᠦᠯᠡᠳᠡᠭᠳᠡᠵᠦ ᠢᠷᠡᠭᠰᠡᠨ ᠠᠰᠠᠭᠤᠳᠠᠯ᠎ᠢ ᠰᠢᠢ᠍ᠳᠪᠦᠷᠢᠯᠡᠬᠦ ᠠᠵᠢᠯ᠎ᠢ ᠦᠨᠳᠦᠰᠦᠨ᠎ᠳᠤ᠎ᠪᠠᠨ ᠪᠡᠶᠡᠯᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠦᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠤᠯᠤᠰ᠎ᠤᠨ ᠦᠨᠳᠦᠰᠦᠨ ᠡᠮ᠎ᠤᠨ ᠵᠦᠢ᠍ᠯ᠎ᠤᠨ ᠳᠦᠷᠢᠮ᠎ᠤᠨ ᠶᠡᠷᠦᠩᠬᠡᠶ᠋ᠢᠯᠡᠭᠰᠡᠨ ᠲᠣᠷᠰᠢᠯᠲᠠ ᠵᠢᠨ ᠴᠡᠭ᠎ᠤᠨ ᠠᠵᠢᠯ᠎ᠢ ᠦᠷᠨᠢᠭᠦᠯᠦᠨ᠂ ᠣᠳᠣ ᠦᠶ᠎ᠡ ᠵᠢᠨ ᠡᠮᠨᠡᠯᠭᠡ ᠵᠢᠨ ᠬᠤᠷᠢᠶᠠᠨ᠎ᠤ ᠬᠠᠮᠢᠶᠠᠷᠤᠯᠲᠠ ᠵᠢᠨ ᠳᠦᠷᠢᠮ᠎ᠢ ᠲᠦᠷᠭᠡᠳᠭᠡᠨ ᠪᠠᠶ᠋ᠢᠭᠤᠯᠵᠤ᠂ ᠬᠤᠰᠢᠭᠤ ᠰᠢᠶᠠᠨ᠎ᠤ ᠬᠡᠪᠴᠢᠶᠡᠨ᠎ᠤ ᠶᠡᠷᠦᠩᠬᠡᠶ᠋ᠢᠯᠡᠭᠰᠡᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠯ᠎ᠤᠨ ᠦᠭᠡᠷᠡᠴᠢᠯᠡᠯᠲᠡ ᠵᠢᠨ ᠵᠠᠭᠪᠤᠷ᠎ᠢ ᠢᠳᠡᠪᠬᠢᠲᠡᠢ ᠰᠦᠪᠡᠭᠴᠢᠯᠡᠨ᠂ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠬᠦᠮᠦᠨ ᠳᠤᠮᠳᠠᠴᠢ᠎ᠳᠤ ᠣᠯᠭᠤᠬᠤ ᠡᠳ᠋᠎ᠤᠨ ᠵᠠᠰᠠᠭ᠎ᠤᠨ ᠨᠦᠬᠦᠪᠦᠷᠢ ᠵᠢᠨ ᠪᠠᠷᠢᠮᠵᠢᠶ᠎ᠠ ᠵᠢ ᠦᠷᠭᠦᠯᠵᠢᠯᠡᠨ ᠳᠡᠭᠡᠭᠰᠢᠯᠡᠭᠦᠯᠦᠨ᠎ᠡ᠃ (ᠭᠤᠷᠪᠠ) ᠪᠦᠬᠦ ᠲᠠᠯ᠎ᠠ᠎ᠪᠠᠷ ᠭᠠᠳᠠᠭ᠋ᠠᠳᠤ ᠨᠡᠭᠡᠭᠡᠯᠲᠡ ᠬᠢᠬᠦ ᠬᠢᠷᠢ ᠲᠥᠪᠰᠢᠨ ᠵᠶ᠋ᠠᠨ ᠳᠡᠭᠡᠭᠰᠢᠯᠡᠭᠦᠯᠦᠨ᠎ᠡ᠃ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠠᠶ᠋ᠢᠭᠤᠯᠬᠤ ᠵᠢᠨ ᠲᠣᠭᠤᠷᠢᠨ᠎ᠳᠤ ᠡᠯ᠎ᠡ ᠲᠦᠷᠦᠯ᠎ᠤᠨ ᠬᠠᠮᠲᠤᠷᠠᠯᠴᠠᠭ᠋ᠠᠨ᠎ᠤ ᠲᠠᠪᠴᠠᠩ᠎ᠤᠨ ᠪᠦᠲᠦᠭᠡᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ᠂ ᠲᠤᠳᠤᠭ᠋ᠠᠲᠤ ᠭᠠᠳᠠᠭ᠋ᠠᠳᠤ ᠵᠢ ᠬᠤᠯᠪᠣᠭᠰᠠᠨ᠂ ᠡᠷᠬᠢᠨ ᠲᠣᠭᠤᠷᠢᠨᠤᠬᠢᠨᠢ ᠰᠠᠴᠤᠷᠠᠭ᠋ᠠᠨ ᠳᠠᠶ᠋ᠢᠴᠢᠯᠠᠭᠰᠠᠨ᠂ ᠡᠬᠢ ᠪᠠᠶᠠᠯᠢᠭ᠎ᠢ ᠬᠤᠷᠠᠭᠤᠯᠤᠨ ᠪᠦᠭᠡᠮᠨᠡᠷᠡᠭᠦᠯᠦᠭᠰᠡᠨ ᠪᠠ ᠲᠦᠪᠯᠡᠷᠡᠭᠦᠯᠵᠦ ᠬᠤᠪᠢᠶᠠᠭᠰᠠᠨ᠂ ᠬᠦᠴᠦᠨ ᠵᠦᠢ᠍ᠯ᠎ᠢ ᠠᠭᠤᠰᠤᠯᠴᠠᠭᠤᠯᠤᠨ ᠨᠡᠪᠲᠡᠷᠡᠯᠴᠡᠭᠦᠯᠦᠭᠰᠡᠨ ᠪᠦᠬᠦ ᠣᠷᠣᠨ ᠪᠦᠰᠡ ᠵᠢᠨ ᠨᠡᠭᠡᠭᠡᠯᠲᠡ ᠵᠢᠨ ᠲᠠᠪᠴᠠᠩ᠎ᠢ ᠪᠦᠷᠢᠯᠳᠦᠭᠦᠯᠦᠨ᠎ᠡ᠃ 《ᠨᠢᠭᠡ ᠪᠦᠰᠡ ᠨᠢᠭᠡ ᠵᠠᠮ》᠎ᠤᠨ ᠪᠦᠲᠦᠭᠡᠨ ᠪᠠᠶ᠋ᠢᠭᠤᠯᠤᠯᠲᠠ᠎ᠳᠤ ᠴᠢᠨᠠᠷ ᠰᠠᠶ᠋ᠢᠲᠠᠢ ᠦᠢ᠍ᠯᠡᠴᠢᠯᠡᠬᠦ ᠪᠠ ᠠᠭᠤᠰᠤᠯᠴᠠᠵᠤ᠂ ᠰᠠᠭᠤᠷᠢ ᠪᠡᠯᠡᠳᠭᠡᠮᠵᠢ ᠵᠢᠨ ᠬᠠᠷᠢᠯᠴᠠᠨ ᠬᠤᠯᠪᠤᠭ᠋ᠠᠯᠠᠵᠤ ᠬᠠᠷᠢᠯᠴᠠᠨ ᠨᠡᠪᠲᠡᠷᠡᠯᠴᠡᠬᠦ ᠵᠢ ᠠᠬᠢᠭᠤᠯᠤᠨ᠂ ᠡᠷᠢᠶᠡᠨ ᠬᠤᠲᠠ — ᠤᠯᠠᠭ᠋ᠠᠨᠪᠭ᠋ᠠᠲᠣᠷ — ᠤᠯᠠᠭ᠋ᠠᠨ ᠦᠳᠡ ᠬᠦᠷᠬᠦ ᠲᠡᠮᠦᠷ ᠵᠠᠮ᠎ᠤᠨ ᠳᠤᠮᠳᠠ ᠱᠤᠭᠤᠮ᠎ᠤᠨ ᠬᠡᠰᠡᠭ᠎ᠤᠨ ᠳᠡᠰ ᠳᠡᠪᠰᠢᠵᠦ ᠦᠭᠡᠷᠡᠴᠢᠯᠡᠬᠦ᠂ ᠳᠠᠯᠠᠢ ᠳᠠᠭ᠋ᠠᠤ ᠵᠢᠨ 2 ᠳ᠋ᠤᠭ᠋ᠠᠷ ᠨᠣᠮᠧᠷᠲᠤ ᠣᠯᠠᠨ ᠤᠯᠤᠰ᠎ᠤᠨ ᠬᠤᠩᠭᠢᠯ ᠵᠡᠷᠭᠡ ᠲᠦᠷᠦᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠬᠢᠯᠢ ᠵᠢᠨ ᠪᠤᠭᠤᠮᠲᠠ ᠵᠢᠨ ᠰᠠᠭᠤᠷᠢ ᠪᠡᠯᠡᠳᠭᠡᠮᠵᠢ ᠪᠠ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠮᠠᠨᠵᠣᠣᠷ᠂ ᠡᠷᠢᠶᠡᠨ ᠬᠤᠲᠠ ᠵᠢᠨ ᠤᠯᠤᠰ᠎ᠤᠨ ᠭᠤᠣᠯᠳᠠᠯᠭ᠎ᠠ᠎ᠲᠠᠢ ᠨᠡᠭᠡᠭᠡᠯᠲᠡ ᠬᠢᠵᠦ ᠴᠢᠯᠦᠭᠡᠲᠡᠢ ᠶᠠᠪᠤᠯᠴᠠᠬᠤ ᠲᠣᠷᠰᠢᠯᠲᠠ ᠵᠢᠨ ᠣᠷᠣᠨ᠂ ᠡᠷᠢᠶᠡᠨ ᠬᠤᠲᠠ — ᠵᠠᠮ᠎ᠤᠨ ᠡᠭᠦᠳᠡ ᠵᠢᠨ ᠠᠵᠤ ᠠᠬᠤᠢ ᠵᠢᠨ ᠬᠠᠮᠲᠤᠷᠠᠯᠴᠠᠭ᠋ᠠᠨ᠎ᠤ ᠣᠷᠣᠨ᠂ ᠭᠠᠭᠴᠠᠮᠤᠳᠤ᠂ ᠡᠵᠡᠨ᠎ᠡ ᠵᠡᠷᠭᠡ ᠦᠪᠡᠷᠲᠡᠭᠡᠨ ᠵᠠᠰᠠᠬᠤ ᠣᠷᠣᠨ᠎ᠤ ᠬᠢᠯᠢ ᠳᠠᠭ᠋ᠠᠤ ᠵᠢᠨ ᠭᠤᠣᠯᠳᠠᠯᠭ᠎ᠠ᠎ᠲᠠᠢ ᠨᠡᠭᠡᠭᠡᠯᠲᠡ ᠬᠢᠵᠦ ᠴᠢᠯᠦᠭᠡᠲᠡᠢ ᠶᠠᠪᠤᠯᠴᠠᠬᠤ ᠲᠣᠷᠰᠢᠯᠲᠠ ᠵᠢᠨ ᠣᠷᠣᠨ᠂ ᠬᠦᠯᠦᠨ ᠪᠣᠶ᠋ᠢᠷ᠎ᠤᠨ ᠳᠤᠮᠳᠠᠳᠤ ᠣᠷᠣᠰ ᠮᠤᠩᠭᠤᠯ᠎ᠤᠨ ᠬᠠᠮᠲᠤᠷᠠᠯᠴᠠᠭ᠋ᠠᠨ᠎ᠤ ᠬᠤᠰᠢᠭᠤᠴᠢ ᠣᠷᠣᠨ ᠵᠡᠷᠭᠡ ᠭᠠᠳᠠᠭ᠋ᠠᠲᠣ ᠨᠡᠭᠡᠭᠡᠯᠲᠡ ᠬᠢᠬᠦ ᠲᠠᠪᠴᠠᠩ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠭᠡᠨ᠎ᠡ᠃ ᠣᠯᠠᠨ ᠤᠯᠤᠰ᠎ᠤᠨ ᠰᠤᠯᠢᠯᠴᠠᠭ᠎ᠠ ᠬᠠᠮᠲᠤᠷᠠᠯᠴᠠᠭ᠋ᠠᠨ᠎ᠤ ᠰᠢᠨ᠎ᠡ ᠵᠠᠬ᠎ᠠ ᠳᠡᠯᠭᠡᠭᠦᠷ᠎ᠢ ᠢᠳᠡᠪᠬᠢᠲᠡᠢ ᠨᠡᠭᠡᠭᠡᠨ ᠥᠷᠭᠡᠳᠭᠡᠵᠦ᠂ ᠡᠸᠦ᠋ᠷᠦᠫᠡ ᠠᠮᠧᠷᠢᠺᠠ᠂ ᠵᠡᠭᠦᠨ ᠡᠮᠦᠨᠡᠲᠦ ᠠᠽᠢᠶ᠎ᠠ᠂ ᠵᠡᠭᠦᠨ ᠬᠤᠶ᠋ᠢᠲᠤ ᠠᠽᠢᠶ᠎ᠠ᠂ ᠳᠤᠮᠳᠠᠳᠤ ᠠᠽᠢᠶ᠎ᠠ ᠵᠡᠷᠭᠡ ᠣᠷᠣᠨ ᠪᠦᠰᠡ ᠵᠢᠴᠢ ᠮᠠᠨ᠎ᠤ ᠤᠯᠤᠰ᠎ᠲᠠᠢ ᠴᠢᠯᠦᠭᠡᠲᠦ ᠠᠷᠠᠯᠵᠢᠶᠠᠨ᠎ᠤ ᠬᠡᠯᠡᠯᠴᠡᠭᠡᠷ ᠲᠣᠭᠲᠠᠭᠰᠠᠨ ᠤᠯᠤᠰ (ᠭᠠᠵᠠᠷ ᠣᠷᠣᠨ)᠎ᠯᠤᠭ᠎ᠠ ᠵᠢᠨ ᠠᠷᠠᠯᠵᠢᠶᠠᠨ᠎ᠤ ᠶᠠᠪᠤᠯᠴᠠᠭ᠎ᠠ ᠵᠢ ᠴᠢᠩᠭ᠋ᠠᠳᠬᠠᠨ᠎ᠠ᠃ ᠭᠠᠳᠠᠭ᠋ᠠᠳᠤ᠎ᠳᠤ ᠪᠡᠯᠡ ᠣᠷᠤᠭᠤᠯᠬᠤ ᠵᠢᠨ ᠲᠣᠭᠲᠠᠭᠤᠨ ᠪᠦᠭᠡᠳ ᠡᠷᠡᠭᠦᠯ ᠵᠶ᠋ᠠᠷ ᠬᠥᠭᠵᠢᠬᠦ ᠵᠢ ᠬᠦᠲᠦᠯᠦᠨ ᠵᠢᠯᠤᠭᠤᠳᠤᠨ᠎ᠠ᠃ ᠣᠷᠣᠨ ᠪᠦᠰᠡ ᠵᠢᠨ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠪᠡᠭᠡᠵᠢᠩ ᠲᠢᠶᠠᠨᠵᠢᠨ ᠾᠧᠪᠧᠢ᠂ ᠪᠥᠸᠧᠬᠠᠢ ᠲᠠᠩᠬᠢᠰ ᠳᠠᠭ᠋ᠠᠤ᠂ ᠵᠢᠶᠠᠩᠰᠤ ᠵᠧᠵᠢᠶᠠᠩ ᠱᠠᠩᠬᠠᠢ ᠭᠤᠸᠠᠩᠳᠦ᠋ᠩ᠂ ᠵᠡᠭᠦᠨ ᠬᠤᠶ᠋ᠢᠲᠣ ᠵᠢᠨ ᠭᠤᠷᠪᠠᠨ ᠮᠤᠵᠢ ᠵᠡᠷᠭᠡ ᠣᠷᠣᠨ ᠪᠦᠰᠡ᠎ᠯᠦᠭᠡ ᠵᠢᠨ ᠰᠢᠯᠢᠳᠡᠭ ᠬᠠᠮᠲᠤᠷᠠᠯᠴᠠᠭ᠋ᠠᠨ᠎ᠤ ᠬᠠᠷᠢᠴᠠᠭ᠎ᠠ ᠵᠢ ᠪᠠᠬᠢᠵᠢᠭᠦᠯᠦᠨ ᠭᠦᠨᠵᠡᠭᠡᠶ᠋ᠢᠷᠡᠭᠦᠯᠵᠦ᠂ ᠬᠦᠬᠡᠮᠦ᠋ᠷᠡᠨ᠎ᠤ ᠠᠵᠤ ᠠᠬᠤᠢ ᠵᠢᠨ ᠪᠦᠰᠡ᠂ ᠨᠠᠷᠮᠠᠢ ᠵᠦᠵᠢᠶᠠᠩ ᠮᠦᠷᠡᠨ᠎ᠤ ᠭᠤᠷᠪᠠᠯᠵᠢᠨ ᠬᠤᠶ᠋ᠢᠭ ᠵᠡᠷᠭᠡ ᠣᠷᠣᠨ ᠪᠦᠰᠡ᠎ᠯᠦᠭᠡ ᠵᠢᠨ ᠰᠢᠨ᠎ᠡ ᠬᠠᠮᠲᠤᠷᠠᠯᠴᠠᠭ᠋ᠠᠨ᠎ᠤ ᠬᠠᠷᠢᠴᠠᠭ᠎ᠠ ᠵᠢ ᠥᠷᠭᠡᠳᠭᠡᠬᠦ᠎ᠪᠠᠨ ᠢᠳᠡᠪᠬᠢᠲᠡᠢ ᠰᠦᠪᠡᠭᠴᠢᠯᠡᠵᠦ᠂ ᠤᠯᠤᠰ᠎ᠤᠨ ᠲᠤᠳᠤᠭ᠋ᠠᠳᠤ ᠵᠢᠨ ᠠᠵᠤ ᠦᠢ᠍ᠯᠡᠰ᠎ᠤᠨ ᠬᠡᠯᠬᠢᠶ᠎ᠡ᠂ ᠥᠷᠲᠡᠭ᠎ᠤᠨ ᠬᠡᠯᠬᠢᠶ᠎ᠡ᠎ᠳᠤ ᠭᠦᠨᠵᠡᠭᠡᠢ ᠠᠭᠤᠰᠤᠯᠴᠠᠨ᠎ᠠ᠃
ᠲᠠᠪᠤ᠂ ᠬᠦᠳᠡᠭᠡ ᠲᠤᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢ ᠲᠦᠷᠭᠡᠳᠭᠡᠨ ᠬᠡᠷᠡᠭᠵᠢᠭᠦᠯᠵᠦ᠂ ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠤᠨ᠎ᠠ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠦᠳᠡᠭᠡ ᠲᠤᠰᠬᠤᠨ᠎ᠤ ᠠᠵᠢᠯ᠎ᠤᠨ ᠳᠦᠷᠢᠮ》᠎ᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ᠎ᠢ ᠤᠷᠢᠳ ᠵᠶ᠋ᠠᠷ ᠬᠥᠭᠵᠢᠭᠦᠯᠬᠦ ᠵᠢ ᠪᠠᠷᠢᠮᠲᠠᠯᠠᠨ᠂ ᠲᠠᠷᠢᠶᠠᠯᠠᠩ ᠮᠠᠯ ᠠᠵᠤ ᠠᠬᠤᠢ ᠵᠢ ᠳᠡᠮᠵᠢᠵᠦ ᠬᠠᠮᠠᠭ᠋ᠠᠯᠠᠬᠤ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃
(ᠨᠢᠭᠡ) ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠵᠢᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠦᠭᠡᠷᠡᠴᠢᠯᠡᠯᠲᠡ ᠵᠢ ᠲᠦᠷᠭᠡᠳᠭᠡᠵᠦ᠂ ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠬᠠᠩᠭ᠋ᠠᠯᠭ᠎ᠠ ᠵᠢ ᠬᠦᠴᠦᠲᠡᠢ ᠠᠳᠬᠤᠵᠤ᠂ ᠮᠠᠯ ᠪᠡᠯᠴᠢᠭᠡᠷ᠎ᠢ ᠨᠢᠭᠡ ᠴᠤᠭᠴᠠᠵᠢᠭᠤᠯᠤᠨ ᠬᠥᠭᠵᠢᠭᠦᠯᠬᠦ ᠵᠢ ᠠᠬᠢᠭᠤᠯᠤᠨ᠂ 《ᠠᠮᠤ ᠪᠤᠳᠠᠭ᠎ᠠ》 ᠵᠢᠨ ᠮᠤᠵᠢ ᠵᠢᠨ ᠳᠠᠷᠤᠭ᠎ᠠ ᠬᠠᠷᠢᠭᠤᠴᠠᠬᠤ ᠳᠦᠷᠢᠮ ᠪᠠ 《ᠬᠤᠯᠢᠰᠢᠨ ᠢᠳᠡᠭᠡ》 ᠵᠢᠨ ᠬᠤᠲᠠ ᠵᠢᠨ ᠳᠠᠷᠤᠭ᠎ᠠ ᠬᠠᠷᠢᠭᠤᠴᠠᠬᠤ ᠳᠦᠷᠢᠮ᠎ᠢ ᠨᠠᠶ᠋ᠢᠳᠠᠪᠤᠷᠢᠵᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠵᠢᠨ ᠣᠷᠣᠨ ᠪᠦᠰᠡ ᠵᠢᠨ ᠪᠠᠶ᠋ᠢᠷᠢᠰᠢᠭᠤᠯᠤᠯᠲᠠ ᠪᠠ ᠠᠵᠤ ᠦᠢ᠍ᠯᠡᠰ᠎ᠤᠨ ᠪᠦᠲᠦᠴᠡ ᠵᠢ ᠰᠢᠯᠢᠳᠡᠭᠵᠢᠭᠦᠯᠵᠦ᠂ ᠣᠨᠴᠠᠯᠢᠭ᠎ᠲᠠᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠭᠦᠨ᠎ᠤ ᠠᠵᠤ ᠦᠢ᠍ᠯᠡᠰ᠎ᠤᠨ ᠪᠦᠰᠡ ᠪᠠ ᠠᠵᠤ ᠦᠢ᠍ᠯᠡᠰ᠎ᠤᠨ ᠪᠦᠭᠡᠮᠨᠡᠷᠡᠯ᠎ᠢ ᠪᠦᠲᠦᠭᠡᠨ ᠪᠠᠶ᠋ᠢᠭᠤᠯᠤᠨ᠎ᠠ᠃ ᠮᠠᠯ ᠲᠠᠷᠢᠶᠠᠯᠠᠩ᠎ᠢ ᠪᠣᠬᠢᠷᠳᠤᠭᠤᠯᠬᠤ ᠦᠭᠡᠢ᠎ᠪᠠᠷ ᠬᠥᠭᠵᠢᠭᠦᠯᠬᠦ ᠵᠢ ᠪᠠᠷᠢᠮᠲᠠᠯᠠᠵᠤ᠂ ᠠᠮᠢ ᠠᠬᠤᠢ ᠵᠢᠨ ᠲᠠᠷᠢᠶᠠᠯᠠᠩ ᠮᠠᠯ ᠠᠵᠤ ᠠᠬᠤᠢ ᠵᠢ ᠶᠡᠭᠡ᠎ᠪᠠᠷ ᠬᠥᠭᠵᠢᠭᠦᠯᠦᠨ᠂ ᠴᠢᠨᠠᠷᠵᠢᠭᠤᠨ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠭᠦᠨ᠎ᠤ ᠬᠠᠩᠭ᠋ᠠᠯᠭ᠎ᠠ ᠵᠢ ᠨᠡᠮᠡᠭᠳᠡᠭᠦᠯᠦᠨ᠎ᠡ᠃ ᠦᠨᠳᠦᠷ ᠪᠦᠲᠦᠮᠵᠢᠲᠦ ᠤᠰᠤ ᠠᠷᠪᠢᠯᠠᠬᠤ᠂ ᠦᠨᠳᠦᠷ ᠪᠠᠷᠢᠮᠵᠢᠶᠠᠲᠦ ᠲᠠᠷᠢᠶᠠᠨ ᠭᠠᠵᠠᠷ ᠪᠠ ᠬᠤᠵᠢᠷᠯᠢᠭ ᠭᠠᠵᠠᠷ᠎ᠢ ᠦᠭᠡᠷᠡᠴᠢᠯᠡᠵᠦ ᠪᠠᠶ᠋ᠢᠭᠤᠯᠬᠤ ᠵᠢ ᠲᠦᠷᠭᠡᠳᠭᠡᠨ ᠠᠬᠢᠭᠤᠯᠵᠤ᠂ ᠦᠨᠳᠦᠷ ᠪᠠᠷᠢᠮᠵᠢᠶᠠᠲᠦ ᠲᠠᠷᠢᠶᠠᠨ ᠭᠠᠵᠠᠷ᠎ᠢ 300 ᠲᠦᠮᠡᠨ ᠮᠦ᠍᠂ ᠦᠨᠳᠦᠷ ᠪᠦᠲᠦᠮᠵᠢᠲᠦ ᠤᠰᠤ ᠠᠷᠪᠢᠯᠠᠬᠤ ᠲᠠᠷᠢᠶᠠᠨ ᠭᠠᠵᠠᠷ᠎ᠤᠨ ᠲᠠᠯᠠᠪᠠᠢ ᠵᠢ 135 ᠲᠦᠮᠡᠨ ᠮᠦ᠍ ᠰᠢᠨ᠎ᠡ᠎ᠪᠠᠷ ᠨᠡᠮᠡᠭᠳᠡᠭᠦᠯᠦᠨ᠎ᠡ᠃ ᠲᠦᠮᠦᠰᠦ᠎ᠪᠠᠷ ᠭᠤᠣᠯᠯᠠᠬᠤ ᠠᠮᠤ ᠪᠤᠳᠠᠭ᠎ᠠ ᠪᠣᠯᠭ᠋ᠠᠭᠰᠠᠨ ᠪᠦᠲᠦᠭᠡᠭᠳᠡᠭᠦᠨ ᠪᠠ ᠠᠵᠤ ᠦᠢ᠍ᠯᠡᠰ᠎ᠢ ᠨᠡᠭᠡᠭᠡᠨ ᠬᠥᠭᠵᠢᠭᠦᠯᠬᠦ᠎ᠪᠠᠨ ᠲᠦᠷᠭᠡᠳᠭᠡᠵᠦ᠂ ᠰᠦ ᠰᠠᠭ᠋ᠠᠯᠢ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠵᠢ ᠭᠦᠨᠵᠡᠭᠡᠢ ᠦᠷᠨᠢᠭᠦᠯᠦᠨ᠂ ᠠᠯᠠᠰᠢᠨ ᠦᠬᠡᠷ᠂ ᠠᠯᠠᠰᠢᠨ ᠬᠤᠨᠢ᠂ ᠢᠮᠠᠭ᠋ᠠᠨ ᠨᠤᠤᠯᠤᠭᠤᠷ᠎ᠤᠨ ᠠᠵᠤ ᠦᠢ᠍ᠯᠡᠰ᠎ᠢ ᠬᠥᠭᠵᠢᠭᠦᠯᠦᠨ ᠪᠣᠵᠠᠭ᠋ᠠᠶ᠋ᠢᠷᠠᠭᠤᠯᠵᠤ᠂ ᠠᠮᠢᠳᠤ ᠭᠠᠭ᠍ᠠᠢ ᠵᠢᠨ ᠦᠢ᠍ᠯᠡᠳᠪᠦᠷᠢᠯᠡᠯ᠎ᠢ ᠰᠡᠷᠭᠦᠭᠡᠬᠦ᠎ᠪᠠᠨ ᠰᠠᠶ᠋ᠢᠲᠤᠷ ᠠᠳᠬᠤᠨ᠎ᠠ᠃ ᠲᠠᠷᠢᠶᠠᠯᠠᠩ ᠮᠠᠯ ᠠᠵᠤ ᠠᠬᠤᠢ ᠵᠢᠨ ᠪᠠᠷᠢᠮᠵᠢᠶᠠᠵᠢᠭᠤᠯᠤᠭᠰᠠᠨ᠂ ᠵᠡᠷᠭᠡ ᠳᠡᠰᠴᠢᠯᠡᠭᠰᠡᠨ᠂ ᠳᠡᠭᠡᠳᠦ ᠮᠡᠷᠭᠡᠵᠢᠭᠦᠯᠦᠭᠰᠡᠨ᠂ ᠮᠡᠳᠡᠭᠡ ᠵᠠᠩᠬᠢᠴᠢᠯᠠᠭᠰᠠᠨ ᠬᠥᠭᠵᠢᠯᠲᠡ ᠵᠢᠨ ᠬᠢᠷᠢ ᠲᠥᠪᠰᠢᠨ᠎ᠢ ᠳᠡᠭᠡᠭᠰᠢᠯᠡᠭᠦᠯᠵᠦ᠂ ᠣᠳᠣ ᠦᠶ᠎ᠡ ᠵᠢᠨ ᠦᠷ᠎ᠡ ᠡᠭᠦᠯᠳᠡᠷ᠎ᠤᠨ ᠦᠢ᠍ᠯᠡᠰ᠎ᠤᠨ ᠢᠨᠵᠧᠨᠧᠷᠢᠩ᠎ᠢ ᠬᠡᠷᠡᠭᠵᠢᠭᠦᠯᠦᠨ᠂ ᠭᠠᠷᠤᠯᠲᠠ ᠵᠢᠨ ᠣᠷᠣᠨ᠎ᠳᠤᠨᠢ ᠴᠡᠪᠡᠷᠰᠢᠭᠦᠯᠬᠦ ᠪᠠ ᠠᠮᠢᠲᠠᠨ᠎ᠤ ᠬᠢᠵᠢᠭ ᠡᠪᠡᠳᠴᠢᠨ᠎ᠢ ᠰᠡᠷᠭᠡᠶ᠋ᠢᠯᠡᠨ ᠳᠠᠷᠤᠬᠤ ᠡᠷᠴᠢᠮ ᠵᠶ᠋ᠠᠨ ᠴᠢᠩᠭ᠋ᠠᠷᠠᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠵᠤ᠂ ᠮᠠᠯᠵᠢᠬᠤ ᠲᠠᠷᠢᠶᠠᠯᠠᠬᠤ ᠣᠷᠣᠨ᠎ᠤ ᠨᠢᠭᠡᠳᠦᠭᠡᠷ ᠬᠤᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠠᠬᠢᠭᠤᠯᠤᠨ᠂ ᠣᠳᠣ ᠦᠶ᠎ᠡ ᠵᠢᠨ ᠬᠦᠲᠦᠴᠢ ᠠᠵᠤ ᠠᠬᠤᠶ᠋ᠢᠯᠠᠯ᠎ᠢ ᠪᠣᠢ ᠪᠣᠯᠭ᠋ᠠᠵᠤ᠂ ᠨᠡᠷᠡᠲᠦ ᠲᠡᠮᠲᠡᠭ ᠵᠶ᠋ᠠᠷ ᠬᠦᠲᠦᠯᠦᠨ ᠳᠠᠭ᠋ᠠᠭᠤᠯᠬᠤ ᠪᠠᠶ᠋ᠢᠯᠳᠤᠬᠤ ᠪᠣᠳᠣᠯᠭ᠎ᠠ ᠵᠢ ᠠᠬᠢᠭᠤᠯᠤᠨ᠂ ᠨᠢᠭᠡ ᠪᠦᠯᠦᠭ ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ ᠪᠠ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠣᠷᠣᠨ᠎ᠢ ᠴᠤᠭᠴᠠᠯᠠᠨ ᠪᠠᠶ᠋ᠢᠭᠤᠯᠤᠨ᠎ᠠ᠃
(ᠬᠤᠶᠠᠷ) ᠮᠠᠯᠵᠢᠬᠤ ᠲᠠᠷᠢᠶᠠᠯᠠᠬᠤ ᠣᠷᠣᠨ᠎ᠤ ᠣᠷᠴᠢᠨ ᠨᠦᠬᠦᠴᠡᠯ᠎ᠢ ᠬᠦᠴᠦᠯᠡᠨ ᠰᠠᠶ᠋ᠢᠵᠢᠷᠠᠭᠤᠯᠤᠨ᠎ᠠ᠃ ᠬᠦᠳᠡᠭᠡ ᠲᠤᠰᠬᠤᠨ᠎ᠤ ᠪᠦᠲᠦᠭᠡᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ᠂ ᠣᠯᠠᠨ ᠲᠦᠯᠦᠪᠵᠢᠭᠦᠯᠭᠡ ᠵᠢ ᠨᠢᠭᠡᠳᠭᠡᠭᠰᠡᠨ ᠬᠡᠷᠡᠭᠯᠡᠭᠡᠨ᠎ᠤ ᠬᠡᠯᠪᠡᠷᠢ ᠪᠦᠬᠦᠢ ᠠᠶ᠋ᠢᠯ ᠲᠤᠰᠬᠤᠨ᠎ᠤ ᠲᠦᠯᠦᠪᠵᠢᠭᠦᠯᠭᠡ ᠵᠢ ᠲᠣᠭᠲᠠᠭ᠋ᠠᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠰᠠᠭᠤᠷᠢ ᠪᠡᠯᠡᠳᠭᠡᠮᠵᠢ ᠵᠢᠨ ᠲᠠᠯ᠎ᠠ᠎ᠪᠠᠷ᠎ᠬᠢ ᠲᠤᠳᠠᠭᠤᠳᠠᠯ᠎ᠢ ᠲᠦᠷᠭᠡᠳᠭᠡᠨ ᠨᠦᠬᠦᠪᠦᠷᠢᠯᠡᠵᠦ᠂ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭ᠋ᠠᠬᠤ᠂ ᠴᠠᠬᠢᠯᠭ᠋ᠠᠨ ᠬᠠᠩᠭ᠋ᠠᠬᠤ᠂ ᠵᠠᠮ ᠱᠤᠭᠤᠮ᠂ ᠮᠡᠳᠡᠭᠡ ᠵᠠᠩᠭᠢ᠂ ᠭᠦᠢ᠍ᠲᠡᠨ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡ ᠵᠡᠷᠭᠡ ᠰᠠᠭᠤᠷᠢ ᠪᠡᠯᠡᠳᠭᠡᠮᠵᠢ ᠵᠢᠨ ᠨᠦᠬᠦᠴᠡᠯ᠎ᠢ ᠤᠯᠠᠮ ᠨᠢᠭᠡ ᠠᠯᠬᠤᠮ ᠰᠠᠶ᠋ᠢᠵᠢᠷᠠᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠣᠷᠣᠰᠢᠨ ᠰᠠᠭᠤᠷᠢᠰᠢᠬᠤ ᠣᠷᠴᠢᠨ ᠨᠦᠬᠦᠴᠡᠯ᠎ᠢ ᠴᠡᠭᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭ᠋ᠠᠨ᠎ᠤ ᠬᠠᠷᠠᠯᠲᠠ᠎ᠪᠠᠨ ᠪᠦᠬᠦ ᠲᠠᠯ᠎ᠠ᠎ᠪᠠᠷ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠪᠤᠬᠢᠷ ᠤᠰᠤ ᠬᠤᠭ ᠨᠣᠪᠰᠢ ᠵᠢ ᠰᠢᠢ᠍ᠳᠪᠦᠷᠢᠯᠡᠬᠦ᠂ ᠵᠣᠷᠯᠣᠩ᠎ᠤᠨ ᠬᠤᠪᠢᠰᠤᠯᠲᠠ᠂ ᠲᠠᠷᠢᠮᠠᠯ᠎ᠤᠨ ᠡᠰᠢ ᠰᠦᠷᠡᠯ ᠵᠢᠴᠢ ᠮᠠᠯ ᠵᠢᠭᠦᠷᠲᠡᠨ ᠲᠡᠵᠢᠭᠡᠪᠦᠷᠢ ᠵᠢᠨ ᠢᠯᠭ᠋ᠠᠳᠠᠰᠤ ᠵᠢ ᠡᠬᠢ ᠪᠠᠶᠠᠯᠢᠭᠵᠢᠭᠤᠯᠤᠨ ᠠᠰᠢᠭᠯᠠᠬᠤ ᠪᠠ ᠠᠶ᠋ᠢᠯ ᠲᠤᠰᠬᠤᠨ᠎ᠤ ᠳᠥᠷᠰᠦ ᠪᠠᠶ᠋ᠢᠳᠠᠯ᠎ᠢ ᠰᠠᠶ᠋ᠢᠵᠢᠷᠠᠭᠤᠯᠬᠤ ᠵᠢ ᠠᠬᠢᠭᠤᠯᠤᠨ᠎ᠠ᠃ ᠬᠦᠳᠡᠭᠡ ᠲᠤᠰᠬᠤᠨ᠎ᠢ ᠨᠣᠭᠤᠭ᠋ᠠᠷᠠᠭᠤᠯᠵᠤ ᠭᠤᠶᠤᠵᠢᠭᠤᠯᠬᠤ ᠠᠵᠢᠯᠯᠠᠭ᠎ᠠ ᠵᠢ ᠦᠷᠨᠢᠭᠦᠯᠵᠦ᠂ ᠬᠦᠳᠡᠭᠡ ᠲᠤᠰᠬᠤᠨ᠎ᠢ ᠨᠤᠭᠤᠭ᠋ᠠᠷᠠᠭᠤᠯᠵᠤ ᠭᠤᠶᠤᠵᠢᠭᠤᠯᠬᠤ ᠵᠢᠨ ᠵᠢᠱ᠌ᠢᠶ᠎ᠡ ᠦᠵᠡᠭᠦᠯᠬᠦ ᠲᠤᠰᠬᠤᠨ᠎ᠢ 1000 ᠪᠠᠶ᠋ᠢᠭᠤᠯᠵᠤ᠂ ᠤᠯᠤᠰ᠎ᠤᠨ ᠳᠡᠰ᠎ᠤᠨ ᠣᠢ ᠰᠢᠭᠤᠢ᠎ᠲᠠᠢ ᠬᠦᠳᠡᠭᠡ ᠲᠤᠰᠬᠤᠨ᠎ᠢ 300᠎ᠠᠴᠠ ᠳᠡᠭᠡᠭᠰᠢ ᠡᠭᠦᠳᠦᠨ ᠪᠠᠶ᠋ᠢᠭᠤᠯᠤᠨ᠎ᠠ᠃
(ᠭᠤᠷᠪᠠ) ᠮᠠᠯᠵᠢᠬᠤ ᠲᠠᠷᠢᠶᠠᠯᠠᠬᠤ ᠣᠷᠣᠨ᠎ᠳᠤ ᠦᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠭᠦᠨᠵᠡᠭᠡᠶ᠋ᠢᠷᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ᠎ᠤ ᠦᠨᠳᠦᠰᠦᠨ ᠡᠵᠡᠩᠨᠡᠯᠲᠡ ᠵᠢᠨ ᠳᠦᠷᠢᠮ᠎ᠢ ᠪᠠᠬᠢᠵᠢᠭᠦᠯᠦᠨ ᠲᠡᠭᠦᠯᠳᠡᠷᠵᠢᠭᠦᠯᠵᠦ᠂ ᠵᠢᠵᠢᠭ ᠮᠠᠯᠵᠢᠬᠤ ᠲᠠᠷᠢᠶᠠᠯᠠᠬᠤ ᠡᠷᠦᠬᠡ ᠪᠠ ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠢ ᠤᠷᠭ᠋ᠠᠨᠢᠭ ᠵᠶ᠋ᠠᠷ ᠵᠤᠯᠭ᠋ᠠᠭᠤᠯᠬᠤ ᠵᠢ ᠠᠬᠢᠭᠤᠯᠤᠨ᠂ ᠵᠢᠵᠢᠭ ᠮᠠᠯᠵᠢᠬᠤ ᠲᠠᠷᠢᠶᠠᠯᠠᠬᠤ ᠡᠷᠦᠬᠡ᠎ᠳᠤ ᠬᠠᠨᠳᠤᠭᠤᠯᠤᠭᠰᠠᠨ ᠨᠡᠶ᠋ᠢᠭᠡᠮᠴᠢᠯᠡᠭᠰᠡᠨ ᠦᠢ᠍ᠯᠡᠴᠢᠯᠡᠭᠡᠨ᠎ᠤ ᠰᠢᠰᠲ᠋ᠧᠮᠵᠢ ᠵᠢ ᠪᠦᠷᠢᠨᠰᠢᠭᠦᠯᠵᠦ᠂ ᠣᠯᠠᠨ ᠵᠦᠢ᠍ᠯ᠎ᠤᠨ ᠬᠡᠯᠪᠡᠷᠢ᠎ᠲᠠᠢ ᠵᠣᠬᠢᠬᠤ ᠬᠡᠪᠴᠢᠶᠡᠵᠢᠯᠲᠦ ᠡᠵᠡᠩᠨᠡᠯᠲᠡ ᠵᠢ ᠲᠣᠭᠲᠠᠭᠤᠨ ᠵᠶ᠋ᠠᠷ ᠬᠥᠭᠵᠢᠭᠦᠯᠦᠨ᠎ᠡ᠃ ᠬᠦᠲᠦᠴᠢ ᠠᠵᠤ ᠠᠬᠤᠶ᠋ᠢᠯᠠᠯ ᠬᠢᠭᠡᠳ ᠮᠠᠯᠴᠢᠨ ᠲᠠᠷᠢᠶᠠᠴᠢᠳ᠎ᠤᠨ ᠠᠰᠢᠭ ᠲᠤᠰᠠ ᠵᠢ ᠬᠤᠯᠪᠣᠭᠳᠠᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠡᠬᠢ ᠪᠠᠶᠠᠯᠢᠭ᠎ᠢ ᠡᠳ᠋ ᠬᠦᠷᠦᠩᠭᠡ ᠪᠣᠯᠭ᠋ᠠᠨ ᠬᠤᠪᠢᠷᠠᠭᠤᠯᠬᠤ᠂ ᠪᠡᠯᠡ ᠮᠦᠩᠭᠦ ᠵᠢ ᠬᠤᠪᠢ ᠣᠷᠤᠭᠤᠯᠤᠭᠰᠠᠨ ᠮᠦᠩᠭᠦ ᠪᠣᠯᠭ᠋ᠠᠨ ᠬᠤᠪᠢᠷᠠᠭᠤᠯᠬᠤ᠂ ᠮᠠᠯᠴᠢᠨ ᠲᠠᠷᠢᠶᠠᠴᠢᠳ᠎ᠢ ᠬᠤᠪᠢ ᠣᠷᠤᠭᠤᠯᠤᠭᠴᠢ ᠪᠣᠯᠭ᠋ᠠᠨ ᠬᠤᠪᠢᠷᠠᠭᠤᠯᠬᠤ ᠵᠡᠷᠭᠡ ᠦᠭᠡᠷᠡᠴᠢᠯᠡᠯᠲᠡ ᠵᠢᠨ ᠲᠣᠷᠰᠢᠯᠭ᠎ᠠ ᠵᠢ ᠳᠡᠯᠭᠡᠷᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ᠎ᠤ ᠭᠠᠵᠠᠷ ᠰᠢᠷᠤᠢ ᠵᠢᠨ ᠳᠦᠷᠢᠮ᠎ᠤᠨ ᠦᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠭᠠᠵᠠᠷ ᠰᠢᠷᠤᠢ ᠵᠢ ᠲᠠᠲᠠᠪᠤᠷᠢᠯᠠᠬᠤ᠂ ᠬᠠᠮᠲᠤ ᠵᠢᠨ ᠡᠵᠡᠩᠨᠡᠯᠲᠡ ᠵᠢᠨ ᠴᠢᠨᠠᠷᠲᠠᠢ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠵᠠᠬ᠎ᠠ ᠳᠡᠯᠭᠡᠭᠦᠷ᠎ᠲᠤ ᠣᠷᠤᠭᠤᠯᠬᠤ᠂ ᠣᠷᠣᠨ ᠰᠠᠭᠤᠴᠠ ᠵᠢᠨ ᠰᠠᠭᠤᠷᠢ ᠭᠠᠵᠠᠷ᠎ᠤᠨ ᠳᠦᠷᠢᠮ᠎ᠤᠨ ᠦᠭᠡᠷᠡᠴᠢᠯᠡᠯᠲᠡ ᠵᠢᠨ ᠲᠣᠷᠰᠢᠯᠲᠠ ᠵᠢᠨ ᠴᠡᠭ ᠪᠣᠯᠤᠨ ᠨᠤᠲᠤᠭ ᠪᠡᠯᠴᠢᠭᠡᠷ᠎ᠤᠨ 《ᠭᠤᠷᠪᠠᠨ ᠡᠷᠬᠡ ᠵᠢ ᠰᠠᠯᠭ᠋ᠠᠬᠤ》 ᠠᠵᠢᠯ᠎ᠢ ᠲᠣᠭᠲᠠᠭᠤᠨ ᠵᠶ᠋ᠠᠷ ᠠᠬᠢᠭᠤᠯᠤᠨ᠎ᠠ᠃ ᠬᠦᠳᠡᠭᠡ ᠲᠤᠰᠬᠤᠨ᠎ᠤ ᠵᠠᠰᠠᠯᠲᠠ ᠵᠢ ᠪᠦᠲᠦᠮᠵᠢᠲᠡᠢ ᠪᠡᠶᠡᠯᠡᠭᠦᠯᠬᠦ ᠠᠷᠭ᠎ᠠ ᠬᠡᠯᠪᠡᠷᠢ ᠵᠢ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠰᠦᠪᠡᠭᠴᠢᠯᠡᠵᠦ᠂ ᠬᠦᠳᠡᠭᠡ ᠲᠤᠰᠬᠤᠨ᠎ᠤ ᠵᠠᠰᠠᠯᠲᠠ ᠵᠢᠨ ᠰᠢᠰᠲ᠋ᠧᠮᠵᠢ ᠪᠣᠯᠣᠨ ᠵᠠᠰᠠᠬᠤ ᠴᠢᠳᠠᠪᠤᠷᠢ ᠵᠢᠨ ᠤᠳᠤᠬᠢᠴᠢᠯᠠᠯᠲᠠ ᠵᠢᠨ ᠲᠣᠷᠰᠢᠯᠲᠠ ᠵᠢᠨ ᠴᠡᠭ᠎ᠤᠨ ᠪᠠᠶ᠋ᠢᠭᠤᠯᠤᠯᠲᠠ ᠵᠢ ᠦᠷᠨᠢᠭᠦᠯᠦᠨ᠎ᠡ᠃
ᠵᠢᠷᠭᠤᠭ᠎ᠠ᠂ ᠬᠤᠲᠠ ᠬᠦᠳᠡᠭᠡ ᠵᠢᠨ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢ ᠠᠬᠢᠭᠤᠯᠵᠤ᠂ ᠴᠢᠨᠠᠷ ᠰᠠᠶ᠋ᠢᠲᠠᠢ ᠬᠥᠭᠵᠢᠯᠲᠡ ᠵᠢᠨ ᠪᠠᠶ᠋ᠢᠷᠢᠰᠢᠯ᠎ᠢ ᠰᠢᠯᠢᠳᠡᠭᠵᠢᠭᠦᠯᠦᠨ᠎ᠡ
ᠡᠬᠢ ᠪᠠᠶᠠᠯᠢᠭ᠎ᠤᠨ ᠬᠦᠴᠦᠨ ᠵᠦᠢ᠍ᠯ᠎ᠤᠨ ᠲᠣᠬᠢᠷᠠᠭᠤᠯᠤᠯᠲᠠ ᠪᠠ ᠦᠢ᠍ᠯᠡᠳᠪᠦᠷᠢᠯᠡᠯ᠎ᠤᠨ ᠬᠦᠴᠦᠨ᠎ᠤ ᠣᠷᠣᠨ ᠵᠠᠢ ᠵᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠵᠦ᠂ ᠣᠷᠣᠨ ᠪᠦᠰᠡ ᠵᠢᠨ ᠵᠣᠬᠢᠴᠠᠩᠭᠤᠢ ᠬᠥᠭᠵᠢᠬᠦ ᠪᠠᠶ᠋ᠢᠭᠤᠯᠤᠯ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠳᠠᠪᠠᠭᠤᠯᠢᠭ ᠲᠠᠯ᠎ᠠ᠎ᠪᠠᠨ ᠬᠠᠷᠢᠯᠴᠠᠨ ᠨᠦᠬᠦᠪᠦᠷᠢᠯᠡᠭᠰᠡᠨ ᠵᠦᠷᠢᠶᠡᠴᠢᠯᠡᠨ ᠵᠣᠬᠢᠴᠠᠭᠤᠯᠵᠤ ᠬᠥᠭᠵᠢᠬᠦ ᠣᠷᠣᠨ ᠪᠦᠰᠡ ᠵᠢᠨ ᠪᠠᠶ᠋ᠢᠷᠢᠰᠢᠭᠤᠯᠤᠯᠲᠠ ᠪᠦᠷᠢᠯᠳᠦᠬᠦ ᠵᠢ ᠠᠬᠢᠭᠤᠯᠤᠨ᠂ ᠣᠷᠣᠨ ᠪᠦᠰᠡ ᠵᠢᠨ ᠬᠤᠯᠪᠣᠭ᠋ᠠᠯᠠᠯ᠂ ᠬᠤᠲᠠ ᠬᠦᠳᠡᠭᠡ ᠵᠢᠨ ᠠᠭᠤᠰᠤᠯᠴᠠᠯ᠂ ᠲᠤᠳᠤᠭ᠋ᠠᠲᠤ ᠭᠠᠳᠠᠭ᠋ᠠᠳᠤ ᠵᠢᠨ ᠰᠠᠭ᠋ᠠᠳ ᠦᠭᠡᠢ ᠨᠡᠪᠲᠡᠷᠡᠯ᠎ᠢ ᠪᠦᠲᠦᠮᠵᠢᠲᠡᠢ ᠠᠬᠢᠭᠤᠯᠤᠨ᠎ᠠ᠃
(ᠨᠢᠭᠡ) ᠲᠦᠪᠯᠡᠷᠡᠭᠦᠯᠦᠨ ᠪᠦᠭᠡᠮᠨᠡᠷᠡᠭᠦᠯᠵᠦ ᠡᠷᠴᠢᠮᠵᠢᠭᠦᠯᠦᠨ ᠬᠥᠭᠵᠢᠭᠦᠯᠬᠦ ᠵᠢ ᠠᠬᠢᠭᠤᠯᠤᠨ᠎ᠠ᠃ ᠦᠢ᠍ᠯᠡᠳᠪᠦᠷᠢᠯᠡᠯ᠎ᠤᠨ ᠬᠦᠴᠦᠨ᠎ᠤ ᠣᠷᠣᠨ ᠵᠠᠢ ᠵᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠵᠦ᠂ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠲᠣᠬᠢᠷᠠᠭᠤᠯᠤᠨ ᠲᠡᠭᠦᠯᠳᠡᠷᠵᠢᠭᠦᠯᠵᠦ᠂ ᠠᠵᠤ ᠦᠢ᠍ᠯᠡᠳᠪᠦᠷᠢ ᠵᠢ ᠬᠦᠷᠢᠶᠡᠯᠡᠩ ᠲᠣᠭᠤᠷᠢᠭ ᠲᠡᠶ᠋ᠢᠰᠢ ᠲᠦᠪᠯᠡᠷᠡᠭᠦᠯᠬᠦ᠂ ᠮᠠᠯ ᠲᠠᠷᠢᠶᠠᠯᠠᠩ᠎ᠢ ᠦᠢ᠍ᠯᠡᠳᠪᠦᠷᠢᠯᠡᠯ᠎ᠤᠨ ᠨᠦᠬᠦᠴᠡᠯ ᠵᠶ᠋ᠠᠷ ᠨᠡᠯᠢᠶᠡᠳ ᠰᠠᠶ᠋ᠢᠨ ᠭᠠᠵᠠᠷ ᠣᠷᠣᠨ ᠲᠡᠶ᠋ᠢᠰᠢ ᠲᠥᠪᠯᠡᠷᠡᠭᠦᠯᠬᠦ᠎ᠪᠠᠷ ᠬᠦᠲᠦᠯᠦᠨ ᠵᠢᠯᠤᠭᠤᠳᠤᠨ᠎ᠠ᠃ 《ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠣᠬᠠᠢ ᠦᠪᠦᠷ ᠮᠣᠩᠭᠤᠯ᠎ᠤᠨ ᠦᠪᠡᠷᠲᠡᠭᠡᠨ ᠵᠠᠰᠬᠠᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ᠎ᠤᠳ》 (ᠦᠪᠦᠷ ᠵᠠᠰᠠᠭ ᠲᠠᠷᠬᠠᠭ᠋ᠠᠭᠰᠠᠨ [2019] 21 ᠳ᠋ᠦ᠍ᠭᠡᠷ ᠲᠣᠭ᠋ᠠᠲᠤ)᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠬᠦᠷᠢᠶᠡᠯᠡᠩ ᠲᠣᠭᠤᠷᠢᠭ᠎ᠤᠨ ᠡᠮᠬᠢᠯᠡᠨ ᠨᠡᠶ᠋ᠢᠯᠡᠭᠦᠯᠬᠦ ᠪᠠ ᠠᠵᠤ ᠦᠢ᠍ᠯᠡᠰ᠎ᠤᠨ ᠨᠢᠭᠡᠲᠦᠯᠲᠡᠢ ᠲᠦᠯᠦᠪᠯᠡᠬᠦ ᠠᠵᠢᠯ᠎ᠢ ᠡᠮᠬᠢ ᠵᠢᠷᠤᠮ᠎ᠲᠠᠢ ᠠᠬᠢᠭᠤᠯᠤᠨ᠂ ᠬᠦᠷᠢᠶᠡᠯᠡᠩ ᠲᠣᠭᠤᠷᠢᠭ᠎ᠤᠨ ᠬᠦᠨᠳᠡᠶ᠋ᠢᠷᠡᠨ ᠬᠤᠭᠤᠰᠤᠷᠠᠭᠰᠠᠨ᠂ ᠠᠵᠤ ᠦᠢ᠍ᠯᠡᠰ᠎ᠤᠨ ᠢᠵᠢᠯᠢᠰᠢᠭᠰᠡᠨ᠂ ᠡᠬᠢ ᠪᠠᠶᠠᠯᠢᠭ᠎ᠤᠨ ᠰᠣᠯᠠ ᠲᠠᠯᠪᠢᠭᠳᠠᠭᠰᠠᠨ ᠠᠰᠠᠭᠤᠳᠠᠯ᠎ᠤᠳ᠎ᠢ ᠬᠦᠴᠦᠯᠡᠨ ᠰᠢᠢ᠍ᠳᠪᠦᠷᠢᠯᠡᠵᠦ᠂ ᠪᠠᠶ᠋ᠢᠷᠢᠰᠢᠭᠤᠯᠤᠯᠲᠠ᠎ᠨᠢ ᠵᠦᠢ ᠵᠣᠬᠢᠰᠲᠠᠢ᠂ ᠪᠠᠶ᠋ᠢᠷᠢ ᠰᠤᠯᠢᠪᠢᠴᠠᠨ ᠬᠥᠭᠵᠢᠭᠰᠡᠨ᠂ ᠴᠢᠳᠠᠮᠵᠢ᠎ᠨᠢ ᠵᠣᠬᠢᠴᠠᠩᠭᠤᠢ ᠬᠦᠷᠢᠶᠡᠯᠡᠩ ᠲᠣᠭᠤᠷᠢᠭ᠎ᠤᠨ ᠬᠥᠭᠵᠢᠯᠲᠡ ᠵᠢᠨ ᠪᠠᠶ᠋ᠢᠷᠢᠰᠢᠯ᠎ᠢ ᠲᠦᠷᠭᠡᠳᠭᠡᠨ ᠪᠣᠢ ᠪᠣᠯᠭ᠋ᠠᠨ᠎ᠠ᠃ ᠬᠦᠷᠢᠶᠡᠯᠡᠩ ᠲᠣᠭᠤᠷᠢᠭ᠎ᠤᠨ ᠰᠢᠨ᠎ᠡ ᠵᠢ ᠡᠭᠦᠳᠬᠦ ᠲᠠᠪᠴᠠᠩ᠎ᠤᠨ ᠪᠠᠶ᠋ᠢᠭᠤᠯᠤᠯᠲᠠ ᠵᠢ ᠳᠡᠮᠵᠢᠵᠦ᠂ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠠᠭᠤᠷᠢ ᠪᠡᠯᠡᠳᠭᠡᠮᠵᠢ ᠵᠢᠨ ᠪᠦᠲᠦᠭᠡᠨ ᠪᠠᠶ᠋ᠢᠭᠤᠯᠤᠯᠲᠠ᠎ᠳᠤ ᠣᠷᠤᠭᠤᠯᠤᠯᠲᠠ ᠬᠢᠬᠦ᠎ᠪᠠᠨ ᠨᠡᠮᠡᠭᠳᠡᠭᠦᠯᠵᠦ᠂ ᠬᠦᠷᠢᠶᠡᠯᠡᠩ ᠲᠣᠭᠤᠷᠢᠭ᠎ᠤᠨ ᠬᠠᠮᠢᠶᠠᠷᠤᠯᠲᠠ ᠵᠢᠨ ᠪᠠᠶ᠋ᠢᠭᠤᠯᠤᠯ ᠲᠣᠭᠲᠠᠴᠠ᠎ᠳᠤ ᠰᠢᠨ᠎ᠡ ᠵᠢ ᠡᠭᠦᠳᠬᠦ ᠵᠢ ᠲᠦᠷᠭᠡᠳᠭᠡᠵᠦ᠂ ᠦᠷ᠎ᠡ ᠠᠰᠢᠭ᠎ᠤᠨ ᠭᠦᠢ᠍ᠴᠡᠳᠭᠡᠯ ᠲᠤᠭ᠎ᠠ᠎ᠪᠠᠷ ᠭᠤᠣᠯ ᠪᠣᠯᠭ᠋ᠠᠭᠰᠠᠨ ᠰᠢᠯᠭ᠋ᠠᠨ ᠬᠢᠨᠠᠵᠤ ᠦᠨᠡᠯᠡᠬᠦ ᠰᠢᠰᠲ᠋ᠧᠮᠵᠢ ᠵᠢ ᠪᠠᠶ᠋ᠢᠭᠤᠯᠤᠨ᠂ ᠨᠢᠭᠡᠴᠢ ᠲᠠᠯᠠᠪᠠᠢ ᠵᠢᠨ ᠣᠷᠤᠭᠤᠯᠤᠯᠲᠠ ᠵᠢᠨ ᠡᠷᠴᠢᠮ ᠪᠠ ᠭᠠᠷᠭ᠋ᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠬᠦᠷᠢᠶᠡᠯᠡᠩ ᠲᠣᠭᠤᠷᠢᠭ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠤᠨ᠎ᠠ᠃
(ᠬᠤᠶᠠᠷ) ᠣᠷᠣᠨ ᠪᠦᠰᠡ ᠵᠢᠨ ᠨᠡᠮᠡᠭᠳᠡᠯ᠎ᠢ ᠳᠠᠶ᠋ᠢᠴᠢᠯᠠᠬᠤ ᠲᠦᠢ᠍ᠯ᠎ᠢ ᠪᠣᠢ ᠪᠣᠯᠭ᠋ᠠᠨ᠎ᠠ᠃ 《ᠰᠢᠨ᠎ᠡ ᠴᠠᠭ ᠦᠶ᠎ᠡ᠎ᠳᠤ ᠪᠠᠷᠠᠭᠤᠨ ᠣᠷᠣᠨ᠎ᠢ ᠶᠡᠭᠡ᠎ᠪᠠᠷ ᠬᠥᠭᠵᠢᠭᠦᠯᠵᠦ ᠰᠢᠨ᠎ᠡ ᠪᠠᠶ᠋ᠢᠷᠢᠰᠢᠯ᠎ᠢ ᠪᠣᠢ ᠪᠣᠯᠭ᠋ᠠᠬᠤ ᠵᠢ ᠠᠬᠢᠭᠤᠯᠬᠤ ᠲᠣᠬᠠᠢ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》 (ᠦᠪᠦᠷ ᠨᠠᠮ ᠲᠠᠷᠬᠠᠭ᠋ᠠᠭᠰᠠᠨ [2019] 24 ᠳ᠋ᠦ᠍ᠭᠡᠷ ᠲᠣᠭ᠋ᠠᠲᠤ)᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠰᠢᠨ᠎ᠡ ᠨᠢᠭᠡ ᠡᠭᠡᠯᠵᠢ ᠵᠢᠨ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ ᠵᠢ ᠭᠦᠨᠵᠡᠭᠡᠢ ᠠᠬᠢᠭᠤᠯᠤᠨ᠎ᠠ᠃ ᠬᠦᠬᠡᠬᠤᠲᠠ ᠪᠤᠭᠤᠳᠤ ᠣᠷᠳᠤᠰ ᠵᠢᠴᠢ ᠤᠯᠠᠭ᠋ᠠᠨᠴᠠᠪ᠎ᠤᠨ ᠬᠠᠮᠵᠢᠯᠴᠠᠨ ᠬᠥᠭᠵᠢᠬᠦ ᠵᠢ ᠠᠬᠢᠭᠤᠯᠵᠤ᠂ ᠡᠯ᠎ᠡ ᠭᠠᠵᠠᠷ ᠣᠷᠣᠨ᠎ᠤ ᠳᠠᠪᠠᠭᠤᠯᠢᠭ᠎ᠲᠤ᠎ᠪᠠᠨ ᠲᠦᠰᠢᠭᠯᠡᠨ ᠣᠨᠴᠠᠯᠢᠭ ᠵᠶ᠋ᠠᠷ ᠢᠯᠡ ᠲᠣᠳᠣ᠂ ᠪᠠᠶ᠋ᠢᠷᠢ ᠰᠤᠯᠪᠢᠴᠠᠵᠤ ᠬᠠᠷᠢᠯᠴᠠᠨ ᠨᠦᠬᠦᠪᠦᠷᠢᠯᠡᠭᠰᠡᠨ᠂ ᠵᠣᠬᠢᠴᠠᠩᠭᠤᠢ ᠬᠥᠭᠵᠢᠭᠰᠡᠨ ᠠᠵᠤ ᠦᠢ᠍ᠯᠡᠰ᠎ᠤᠨ ᠰᠢᠰᠲ᠋ᠧᠮᠵᠢ ᠪᠠᠶ᠋ᠢᠭᠤᠯᠬᠤ ᠵᠢ ᠳᠡᠮᠵᠢᠵᠦ᠂ ᠣᠷᠣᠨ ᠪᠦᠰᠡ ᠵᠢᠨ ᠦᠷᠢᠰᠦᠯᠳᠦᠬᠦ ᠬᠦᠴᠦᠨ᠎ᠢ ᠳᠡᠭᠡᠭᠰᠢᠯᠡᠭᠦᠯᠦᠨ᠎ᠡ᠃ ᠬᠦᠬᠡᠬᠤᠲᠠ ᠪᠤᠭᠤᠳᠤ ᠣᠷᠳᠣᠰ ᠲᠡᠮᠡᠭᠡᠲᠦ ᠬᠤᠲᠠ ᠵᠢᠨ ᠪᠦᠭᠡᠮᠨᠡᠷᠡᠯ᠎ᠤᠨ ᠬᠥᠭᠵᠢᠯᠲᠡ ᠵᠢᠨ ᠲᠦᠯᠦᠪᠵᠢᠭᠦᠯᠭᠡ ᠵᠢ ᠠᠬᠢᠭᠤᠯᠤᠨ ᠨᠠᠶ᠋ᠢᠳᠠᠪᠤᠷᠢᠵᠢᠭᠤᠯᠤᠨ᠎ᠠ᠃ ᠵᠡᠭᠦᠨ ᠬᠡᠰᠡᠭ᠎ᠤᠨ ᠠᠶ᠋ᠢᠮᠠᠭ ᠬᠤᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ ᠤᠯᠠᠭ᠋ᠠᠨᠬᠠᠳᠠ ᠪᠠ ᠲᠦᠩᠯᠢᠶᠣᠣ ᠵᠡᠷᠭᠡ ᠣᠷᠣᠨ ᠪᠦᠰᠡ ᠵᠢᠨ ᠴᠢᠨᠠᠷᠲᠠᠢ ᠭᠤᠣᠯ ᠲᠥᠪ ᠪᠣᠯᠬᠤ ᠬᠤᠲᠠ᠎ᠪᠠᠷ ᠭᠤᠣᠯᠳᠠᠯᠭ᠎ᠠ ᠪᠣᠯᠭ᠋ᠠᠵᠤ᠂ ᠴᠢᠬᠤᠯᠠ ᠶᠡᠭᠡ ᠲᠦᠷᠦᠯ ᠵᠦᠢ᠍ᠯ᠎ᠢ ᠵᠠᠯᠭ᠋ᠠᠨ ᠠᠪᠴᠤ ᠪᠠᠶ᠋ᠢᠷᠢᠰᠢᠭᠤᠯᠵᠤ᠂ ᠵᠡᠭᠦᠨ ᠬᠡᠰᠡᠭ᠎ᠤᠨ ᠠᠶ᠋ᠢᠮᠠᠭ ᠬᠤᠲᠠ ᠵᠢᠨ ᠦᠭᠡᠷᠡᠴᠢᠯᠡᠯᠲᠡ᠎ᠪᠠᠨ ᠭᠦᠨᠵᠡᠭᠡᠶ᠋ᠢᠷᠡᠭᠦᠯᠵᠦ ᠰᠢᠨ᠎ᠡ ᠵᠢ ᠡᠭᠦᠳᠬᠦ ᠵᠢ ᠠᠬᠢᠭᠤᠯᠤᠨ᠂ ᠪᠤᠬᠢᠷᠳᠤᠯ ᠦᠭᠡᠢ ᠬᠥᠭᠵᠢᠬᠦ ᠪᠠ ᠨᠡᠭᠡᠭᠡᠯᠲᠡ᠎ᠲᠠᠢ ᠬᠥᠭᠵᠢᠬᠦ ᠵᠢᠨ ᠳᠠᠪᠠᠭᠤᠯᠢᠭ᠎ᠢ ᠳᠡᠭᠡᠭᠰᠢᠯᠡᠭᠦᠯᠦᠨ᠎ᠡ᠃ ᠦᠬᠠᠢ ᠵᠢᠴᠢ ᠡᠷᠬᠢᠨ ᠲᠣᠭᠤᠷᠢᠨ᠎ᠤ ᠭᠠᠵᠠᠷ ᠣᠷᠣᠨ᠎ᠤ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠵᠢ ᠠᠬᠢᠭᠤᠯᠵᠤ᠂ ᠡᠬᠢ ᠪᠠᠶᠠᠯᠢᠭ᠎ᠤᠨ ᠬᠡᠯᠪᠡᠷᠢ ᠪᠦᠬᠦᠢ ᠭᠠᠵᠠᠷ ᠣᠷᠣᠨ᠎ᠤ ᠬᠡᠯᠪᠡᠷᠢ᠎ᠪᠠᠨ ᠬᠤᠪᠢᠷᠠᠭᠤᠯᠵᠤ ᠬᠥᠭᠵᠢᠭᠰᠡᠨ ᠵᠢᠱ᠌ᠢᠶ᠎ᠡ ᠦᠵᠡᠭᠦᠯᠬᠦ ᠣᠷᠣᠨ᠎ᠢ ᠪᠦᠲᠦᠭᠡᠨ ᠪᠠᠶ᠋ᠢᠭᠤᠯᠤᠨ᠎ᠠ᠃
(ᠭᠤᠷᠪᠠ) ᠬᠠᠲᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠤᠨ᠎ᠠ᠃ ᠶᠡᠭᠡ᠎ᠪᠠᠷ ᠬᠠᠮᠠᠭ᠋ᠠᠯᠠᠬᠤ ᠵᠢ ᠬᠠᠮᠲᠤ᠎ᠳᠤ᠎ᠪᠠᠨ ᠰᠠᠶ᠋ᠢᠲᠤᠷ ᠠᠳᠬᠤᠬᠤ ᠵᠢ ᠪᠠᠷᠢᠮᠲᠠᠯᠠᠵᠤ᠂ ᠶᠡᠭᠡ᠎ᠪᠠᠷ ᠵᠠᠰᠠᠬᠤ ᠵᠢ ᠬᠠᠮᠵᠢᠯᠴᠠᠨ ᠠᠬᠢᠭᠤᠯᠵᠤ᠂ 《ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠬᠠᠲᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠢ ᠬᠥᠭᠵᠢᠯᠲᠡ ᠵᠢᠨ ᠲᠦᠯᠦᠪᠵᠢᠭᠦᠯᠭᠡ》 ᠪᠠ ᠬᠠᠲᠤᠨ ᠭᠤᠣᠯ᠎ᠤᠨ ᠰᠠᠪᠠ ᠭᠠᠵᠠᠷ᠎ᠤᠨ ᠤᠯᠤᠰ᠎ᠤᠨ ᠨᠤᠲᠤᠭ ᠳᠡᠪᠢᠭᠰᠡᠭᠡᠷ᠎ᠤᠨ ᠣᠷᠣᠨ ᠵᠠᠢ ᠵᠢᠨ ᠲᠦᠯᠦᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ᠂ 《ᠬᠠᠲᠤᠨ ᠭᠤᠣᠯ᠎ᠤᠨ ᠦᠪᠦᠷ ᠮᠣᠩᠭᠤᠯ᠎ᠤᠨ ᠬᠡᠰᠡᠭ᠎ᠤᠨ ᠠᠮᠢ ᠠᠬᠤᠢ ᠵᠢᠨ ᠣᠷᠴᠢᠨ ᠲᠣᠭᠤᠷᠢᠨ᠎ᠢ ᠬᠠᠮᠠᠭ᠋ᠠᠯᠠᠬᠤ ᠪᠠ ᠦᠩᠵᠢᠭᠦᠯᠦᠨ ᠰᠡᠷᠭᠦᠭᠡᠬᠦ ᠠᠵᠢᠯᠯᠠᠭ᠋ᠠᠨ᠎ᠤ ᠲᠦᠯᠦᠪᠯᠡᠭᠡ》 ᠵᠢ ᠬᠡᠷᠡᠭᠵᠢᠭᠦᠯᠵᠦ᠂ ᠬᠠᠲᠤᠨ ᠭᠤᠣᠯ ᠳᠠᠭ᠋ᠠᠤ ᠵᠢᠨ ᠠᠮᠢ ᠠᠬᠤᠢ ᠵᠢᠨ ᠬᠤᠩᠭᠢᠯ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠴᠢᠬᠤᠯᠠ ᠶᠡᠭᠡ ᠤᠰᠤᠨ ᠠᠰᠢᠭᠯᠠᠯᠲᠠ ᠵᠢᠨ ᠢᠨᠵᠧᠨᠧᠷᠢᠩ᠎ᠢ ᠠᠬᠢᠭᠤᠯᠤᠨ ᠬᠡᠷᠡᠭᠵᠢᠭᠦᠯᠵᠦ᠂ ᠭᠤᠣᠯ᠎ᠤᠨ ᠵᠠᠮ᠎ᠢ ᠴᠡᠭᠴᠡᠯᠡᠨ ᠵᠠᠰᠠᠬᠤ᠂ ᠰᠦᠩ ᠬᠠᠯᠢᠶ᠎ᠠ ᠵᠢ ᠰᠡᠷᠭᠡᠶ᠋ᠢᠯᠡᠨ ᠭᠠᠮᠰᠢᠭ᠎ᠢ ᠪᠠᠭ᠋ᠠᠰᠬᠠᠬᠤ ᠪᠠ ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠲᠦᠷᠭᠡᠳᠭᠡᠵᠦ᠂ ᠪᠤᠷᠤᠲᠤᠬᠤᠢ ᠵᠢᠨ ᠤᠳᠤᠬᠢᠴᠢᠯᠠᠭᠰᠠᠨ ᠤᠰᠤᠨ ᠠᠰᠢᠭᠯᠠᠯᠲᠠ ᠵᠢᠨ ᠣᠷᠣᠨ᠎ᠢ ᠪᠦᠲᠦᠭᠡᠨ ᠪᠠᠶ᠋ᠢᠭᠤᠯᠤᠨ᠎ᠠ᠃ ᠰᠠᠪᠠ ᠭᠠᠵᠠᠷ᠎ᠤᠨ ᠠᠵᠤ ᠦᠢ᠍ᠯᠡᠰ᠎ᠤᠨ ᠪᠤᠬᠢᠷᠳᠤᠯ ᠦᠭᠡᠢ ᠬᠥᠭᠵᠢᠯᠲᠡ ᠵᠢ ᠠᠬᠢᠭᠤᠯᠤᠨ᠎ᠠ᠃
(ᠳᠥᠷᠪᠡ) ᠬᠤᠲᠠ ᠬᠦᠳᠡᠭᠡ ᠵᠢᠨ ᠬᠥᠭᠵᠢᠯᠲᠡ ᠵᠢ ᠨᠢᠭᠡᠲᠦᠯᠲᠡᠢ ᠲᠦᠯᠦᠪᠯᠡᠨ᠎ᠡ᠃ ᠬᠦᠮᠦᠨ ᠠᠷᠠᠳ ᠵᠶ᠋ᠠᠷ ᠭᠤᠣᠯ ᠪᠣᠯᠭ᠋ᠠᠭᠰᠠᠨ ᠰᠢᠨ᠎ᠡ ᠮᠠᠶᠢᠭ᠎ᠤᠨ ᠬᠤᠲᠠ ᠪᠠᠯᠭ᠋ᠠᠰᠤᠵᠢᠯᠲᠠ ᠵᠢ ᠯᠠᠪᠳᠠᠭᠤᠨ ᠵᠶ᠋ᠠᠷ ᠠᠬᠢᠭᠤᠯᠵᠤ᠂ ᠲᠥᠪ ᠬᠤᠲᠠ ᠪᠠ ᠬᠤᠲᠠ ᠵᠢᠨ ᠪᠦᠭᠡᠮᠨᠡᠷᠡᠯ᠎ᠤᠨ ᠶᠡᠷᠦᠩᠬᠡᠢ ᠳᠠᠭ᠋ᠠᠭ᠋ᠠᠴᠠ ᠵᠢ᠎ᠨᠢ ᠳᠡᠭᠡᠭᠰᠢᠯᠡᠭᠦᠯᠦᠨ᠂ ᠲᠤᠮᠤ ᠳᠤᠮᠳᠠ ᠵᠢᠵᠢᠭ ᠬᠤᠲᠠ ᠪᠠ ᠵᠢᠵᠢᠭ ᠬᠤᠲᠠ ᠪᠠᠯᠭ᠋ᠠᠰᠤᠨ᠎ᠤ ᠵᠣᠬᠢᠴᠠᠩᠭᠤᠢ ᠬᠥᠭᠵᠢᠬᠦ ᠵᠢ ᠠᠬᠢᠭᠤᠯᠵᠤ᠂ ᠬᠤᠲᠠ ᠪᠠᠯᠭ᠋ᠠᠰᠤᠨ᠎ᠤ ᠦᠢ᠍ᠯᠡᠴᠢᠯᠡᠭᠡᠨ᠎ᠤ ᠴᠢᠳᠠᠮᠵᠢ ᠵᠢ ᠳᠡᠭᠡᠭᠰᠢᠯᠡᠭᠦᠯᠦᠨ᠎ᠡ᠃ ᠬᠤᠲᠠ ᠪᠠᠯᠭ᠋ᠠᠰᠤᠨ᠎ᠤ ᠠᠵᠤ ᠠᠬᠤᠢ ᠵᠢ ᠴᠡᠴᠡᠭᠯᠡᠭᠦᠯᠦᠨ ᠬᠥᠭᠵᠢᠭᠦᠯᠵᠦ᠂ ᠠᠵᠤ ᠦᠢ᠍ᠯᠡᠰ ᠪᠠ ᠬᠤᠲᠠ ᠵᠢᠨ ᠠᠭᠤᠰᠤᠯᠴᠠᠯ᠎ᠢ ᠠᠬᠢᠭᠤᠯᠤᠨ᠂ ᠣᠨᠴᠠᠯᠢᠭᠲᠣ ᠵᠢᠵᠢᠭ ᠪᠠᠯᠭ᠋ᠠᠰᠤᠨ᠎ᠤ ᠴᠢᠨᠠᠷ ᠰᠠᠶ᠋ᠢᠲᠠᠢ ᠭᠥᠭᠵᠢᠯᠲᠡ ᠵᠢ ᠠᠬᠢᠭᠤᠯᠤᠨ᠎ᠠ᠃ ᠬᠤᠲᠠ ᠬᠦᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠪᠠᠶ᠋ᠢᠭᠤᠯᠤᠯ ᠲᠣᠭᠲᠠᠴᠠ ᠪᠠ ᠲᠥᠷᠥ ᠵᠢᠨ ᠪᠣᠳᠣᠯᠭ᠎ᠠ ᠵᠢᠨ ᠰᠢᠰᠲ᠋ᠧᠮᠵᠢ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠤᠲᠠ ᠵᠢᠨ ᠰᠠᠭᠤᠷᠢ ᠪᠡᠯᠡᠳᠭᠡᠮᠵᠢ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠢ ᠮᠠᠯᠵᠢᠬᠤ ᠲᠠᠷᠢᠶᠠᠯᠠᠬᠤ ᠣᠷᠣᠨ ᠲᠡᠶ᠋ᠢᠰᠢ ᠥᠷᠭᠡᠳᠭᠡᠨ ᠭᠦᠨᠵᠡᠭᠡᠶ᠋ᠢᠷᠡᠭᠦᠯᠬᠦ ᠵᠢ ᠠᠬᠢᠭᠤᠯᠤᠨ᠎ᠠ᠃
ᠳᠤᠯᠤᠭ᠎ᠠ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠴᠢᠨᠠᠷ ᠰᠠᠶ᠋ᠢᠲᠠᠢ ᠬᠥᠭᠵᠢᠯᠲᠡ ᠵᠢᠨ ᠰᠡᠯᠭᠦᠬᠦ ᠬᠦᠴᠦᠨ᠎ᠢ ᠴᠢᠩᠭ᠋ᠠᠷᠠᠭᠤᠯᠤᠨ᠎ᠠ
ᠪᠠᠶ᠋ᠢᠯᠳᠤᠬᠤ ᠪᠣᠳᠣᠯᠭ᠎ᠠ ᠵᠢᠨ ᠲᠣᠭᠲᠠᠯ ᠬᠦᠴᠦᠨ᠎ᠢ ᠪᠠᠲᠤᠯᠠᠵᠤ᠂ ᠠᠮᠢ ᠠᠬᠤᠢ ᠵᠢ ᠤᠷᠢᠳ ᠵᠶ᠋ᠠᠷ ᠪᠣᠳᠤᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠵᠢ ᠪᠠᠷᠢᠮᠲᠠᠯᠠᠨ᠂ ᠠᠵᠤ ᠦᠢ᠍ᠯᠡᠰ᠎ᠢ ᠠᠮᠢ ᠠᠬᠤᠶ᠋ᠢᠴᠢᠯᠠᠬᠤ᠂ ᠠᠮᠢ ᠠᠬᠤᠢ ᠵᠢ ᠠᠵᠤ ᠦᠢ᠍ᠯᠡᠰᠵᠢᠭᠦᠯᠬᠦ ᠵᠢ ᠠᠬᠢᠭᠤᠯᠵᠤ᠂ ᠴᠢᠨᠠᠷ ᠰᠠᠶ᠋ᠢᠲᠠᠢ ᠬᠥᠭᠵᠢᠭᠦᠯᠬᠦ ᠶᠠᠪᠤᠴᠠ᠎ᠳᠤ ᠦᠨᠳᠦᠷ ᠬᠢᠷᠢ ᠲᠥᠪᠰᠢᠨ ᠵᠶ᠋ᠠᠷ ᠬᠠᠮᠠᠭ᠋ᠠᠯᠠᠬᠤ ᠵᠢ ᠠᠬᠢᠭᠤᠯᠤᠨ᠂ ᠦᠨᠳᠦᠷ ᠬᠢᠷᠢ ᠲᠥᠪᠰᠢᠨ ᠵᠶ᠋ᠠᠷ ᠬᠠᠮᠠᠭ᠋ᠠᠯᠠᠬᠤ ᠶᠠᠪᠤᠴᠠ᠎ᠳᠤ ᠴᠢᠨᠠᠷ ᠰᠠᠶ᠋ᠢᠲᠠᠢ ᠬᠥᠭᠵᠢᠭᠦᠯᠬᠦ ᠵᠢ ᠠᠬᠢᠭᠤᠯᠤᠨ᠎ᠠ᠃
(ᠨᠢᠭᠡ) ᠠᠮᠢ ᠠᠬᠤᠢ ᠵᠢᠨ ᠰᠢᠰᠲ᠋ᠧᠮ᠎ᠤᠨ ᠬᠠᠮᠠᠭ᠋ᠠᠯᠠᠯᠲᠠ ᠪᠦᠲᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠨ᠎ᠠ᠃ ᠠᠭᠤᠯᠠ ᠤᠰᠤ ᠣᠢ ᠲᠠᠷᠢᠶ᠎ᠠ ᠨᠠᠭᠤᠷ ᠪᠡᠯᠴᠢᠭᠡᠷ᠎ᠤᠨ ᠰᠢᠰᠲ᠋ᠧᠮ᠎ᠤᠨ ᠵᠠᠰᠠᠯᠲᠠ ᠵᠢ ᠨᠢᠭᠡᠲᠦᠯᠲᠡᠢ ᠲᠦᠯᠦᠪᠯᠡᠵᠦ᠂ ᠠᠮᠢ ᠠᠬᠤᠢ ᠵᠢ ᠦᠩᠵᠢᠭᠦᠯᠦᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ᠎ᠢ ᠦᠷᠭᠦᠯᠵᠢᠯᠡᠨ ᠰᠠᠶ᠋ᠢᠲᠤᠷ ᠠᠳᠬᠤᠵᠤ᠂ ᠶᠡᠭᠡ ᠬᠢᠩᠭ᠋ᠠᠨ ᠳᠠᠪᠠᠭ᠎ᠠ ᠵᠢᠴᠢ ᠡᠷᠬᠢᠨ ᠲᠤᠭᠤᠷᠢᠨ᠎ᠤ ᠭᠠᠵᠠᠷ ᠣᠷᠣᠨ᠎ᠳᠤ ᠲᠠᠷᠢᠶᠠᠯᠠᠬᠤ ᠵᠢ ᠵᠣᠭᠰᠤᠭ᠋ᠠᠵᠤ ᠣᠶ᠋ᠢᠵᠢᠭᠤᠯᠬᠤ ᠪᠠ ᠡᠪᠡᠰᠦ ᠪᠡᠯᠴᠢᠭᠡᠷ ᠨᠤᠭᠤ ᠭᠠᠵᠠᠷ᠎ᠢ ᠰᠡᠷᠭᠦᠭᠡᠬᠦ ᠲᠣᠷᠰᠢᠯᠲᠠ ᠵᠢᠨ ᠴᠡᠭ᠎ᠤᠨ ᠠᠵᠢᠯ᠎ᠢ ᠦᠷᠨᠢᠭᠦᠯᠦᠨ᠂ ᠲᠠᠴᠢᠷᠳᠠᠭᠰᠠᠨ ᠨᠤᠲᠤᠭ ᠪᠡᠯᠴᠢᠭᠡᠷ᠎ᠤᠨ ᠠᠮᠢ ᠠᠬᠤᠢ ᠵᠢ ᠦᠩᠵᠢᠭᠦᠯᠦᠨ ᠰᠡᠷᠭᠦᠭᠡᠬᠦ ᠤᠯᠤᠰ᠎ᠤᠨ ᠲᠣᠷᠰᠢᠯᠲᠠ ᠵᠢᠨ ᠴᠡᠭ᠎ᠤᠨ ᠠᠵᠢᠯ᠎ᠢ ᠠᠬᠢᠭᠤᠯᠵᠤ᠂ 1450 ᠲᠦᠮᠡᠨ ᠮᠦ᠍ ᠡᠪᠡᠰᠦ ᠲᠠᠷᠢᠵᠤ᠂ 1290 ᠲᠦᠮᠡᠨ ᠮᠦ᠍ ᠣᠶ᠋ᠢᠵᠢᠭᠤᠯᠵᠤ᠂ 924 ᠲᠦᠮᠡᠨ ᠮᠦ᠍ ᠬᠦᠷᠦᠰᠦ ᠰᠢᠷᠤᠢ ᠵᠢᠨ ᠢᠳᠡᠭᠳᠡᠯ᠎ᠲᠠᠢ ᠭᠠᠵᠠᠷ᠎ᠢ ᠶᠡᠷᠦᠩᠬᠡᠶ᠋ᠢᠯᠡᠨ ᠵᠠᠰᠠᠨ᠎ᠠ᠃ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠠᠮᠢ ᠠᠬᠤᠢ ᠵᠢ ᠦᠩᠵᠢᠭᠦᠯᠦᠨ ᠰᠡᠷᠭᠦᠭᠡᠬᠦ ᠲᠦᠯᠦᠪᠵᠢᠭᠦᠯᠭᠡ ᠵᠢ ᠨᠠᠶ᠋ᠢᠷᠠᠭᠤᠯᠤᠨ ᠵᠣᠬᠢᠶᠠᠨ᠎ᠠ᠃ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠲᠣᠷᠰᠢᠯᠲᠠ ᠵᠢᠨ ᠣᠷᠣᠨ᠎ᠢ ᠡᠭᠦᠳᠦᠨ ᠪᠠᠶ᠋ᠢᠭᠤᠯᠬᠤ ᠠᠵᠢᠯ᠎ᠢ ᠠᠬᠢᠭᠤᠯᠵᠤ᠂ 《ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠲᠣᠷᠰᠢᠯᠲᠠ ᠵᠢᠨ ᠣᠷᠣᠨ (ᠦᠪᠦᠷ ᠮᠣᠩᠭᠤᠯ)᠎ᠤ ᠬᠡᠷᠡᠭᠵᠢᠭᠦᠯᠬᠦ ᠲᠦᠰᠦᠯ》᠎ᠢ ᠨᠠᠶ᠋ᠢᠷᠠᠭᠤᠯᠤᠨ ᠵᠣᠬᠢᠶᠠᠵᠤ ᠳᠡᠭᠡᠭᠰᠢ ᠮᠡᠳᠡᠭᠦᠯᠦᠨ᠎ᠡ᠃ ᠬᠦᠯᠦᠨ ᠪᠣᠶ᠋ᠢᠷ᠎ᠤᠨ ᠤᠯᠤᠰ᠎ᠤᠨ ᠴᠡᠴᠡᠷᠯᠢᠭ᠎ᠤᠨ ᠭᠤᠶᠤᠴᠢᠯᠠᠨ ᠮᠡᠳᠡᠭᠦᠯᠬᠦ ᠠᠵᠢᠯ᠎ᠢ ᠰᠠᠶ᠋ᠢᠲᠤᠷ ᠬᠢᠨ᠎ᠡ᠃ ᠭᠤᠷᠪᠠᠳᠤᠭ᠋ᠠᠷ ᠤᠳᠠᠭ᠋ᠠᠨ᠎ᠤ ᠤᠯᠤᠰ᠎ᠤᠨ ᠨᠤᠲᠤᠭ ᠳᠡᠪᠢᠰᠬᠡᠷ᠎ᠤᠨ ᠪᠠᠶ᠋ᠢᠴᠠᠭ᠋ᠠᠯᠲᠠ ᠵᠢ ᠪᠡᠶᠡᠯᠡᠭᠦᠯᠦᠨ᠎ᠡ᠃
(ᠬᠤᠶᠠᠷ) ᠪᠤᠬᠢᠷᠳᠤᠯ ᠦᠭᠡᠢ ᠬᠥᠭᠵᠢᠯᠲᠡ ᠵᠢ ᠶᠡᠭᠡ᠎ᠪᠠᠷ ᠠᠬᠢᠭᠤᠯᠤᠨ᠎ᠠ᠃ ᠡᠨᠧᠷᠬᠢ ᠵᠢᠨ ᠬᠤᠷᠣᠭᠳᠠᠵᠤ ᠪᠠᠶ᠋ᠢᠭ᠎ᠠ ᠶᠡᠷᠦᠩᠬᠡᠢ ᠬᠡᠮᠵᠢᠶ᠎ᠡ ᠪᠠ ᠬᠤᠷᠤᠭᠳᠠᠵᠤ ᠪᠠᠶ᠋ᠢᠭ᠎ᠠ ᠡᠷᠴᠢᠮ᠎ᠢ ᠴᠢᠩᠭ᠎ᠠ ᠡᠵᠡᠮᠰᠢᠬᠦ᠎ᠪᠠᠨ ᠤᠯᠠᠮ ᠨᠢᠭᠡ ᠠᠯᠬᠤᠮ ᠴᠢᠩᠭ᠋ᠠᠳᠬᠠᠨ᠂ ᠪᠡᠯᠡ ᠣᠷᠤᠭᠤᠯᠤᠭᠰᠠᠨ ᠲᠦᠷᠦᠯ ᠵᠦᠢ᠍ᠯ᠎ᠳᠤ ᠡᠨᠧᠷᠬᠢ ᠠᠷᠪᠢᠯᠠᠬᠤ ᠲᠠᠯ᠎ᠠ ᠵᠢᠨ ᠬᠢᠨᠠᠨ ᠪᠠᠶ᠋ᠢᠴᠠᠭ᠋ᠠᠯᠲᠠ ᠵᠢ ᠬᠡᠷᠡᠭᠵᠢᠭᠦᠯᠵᠦ᠂ ᠭᠤᠣᠯᠳᠠᠯᠭ᠎ᠠ᠎ᠲᠠᠢ ᠠᠵᠢᠯ ᠲᠦᠷᠦᠯ᠎ᠤᠨ ᠡᠨᠧᠷᠬᠢ ᠵᠢᠨ ᠬᠤᠷᠤᠭᠳᠠᠯ᠎ᠤᠨ ᠬᠢᠵᠠᠭ᠋ᠠᠷᠯᠠᠬᠤ ᠲᠤᠭ᠎ᠠ ᠵᠢ ᠪᠠᠷᠢᠮᠵᠢᠶ᠎ᠠ᠎ᠪᠠᠷ ᠬᠠᠷᠢᠴᠠᠭᠤᠯᠤᠨ ᠪᠠᠷᠢᠮᠵᠢᠶ᠎ᠠ᠎ᠳᠤ ᠬᠦᠷᠦᠭᠦᠯᠬᠦ ᠠᠵᠢᠯᠯᠠᠭ᠎ᠠ ᠵᠢ ᠦᠷᠨᠢᠭᠦᠯᠦᠨ᠂ ᠡᠨᠧᠷᠬᠢ ᠵᠢᠨ ᠬᠤᠷᠤᠭᠳᠠᠯ᠎ᠢ ᠰᠦᠯᠵᠢᠶ᠎ᠡ᠎ᠪᠠᠷ ᠬᠢᠨᠠᠨ ᠰᠢᠨᠵᠢᠬᠦ ᠵᠢ ᠠᠬᠢᠭᠤᠯᠤᠨ᠎ᠠ᠃ ᠠᠵᠢᠯ ᠲᠦᠷᠦᠯ᠎ᠤᠨ ᠵᠥᠪᠰᠢᠶᠡᠷᠡᠨ ᠣᠷᠤᠭᠤᠯᠬᠤ ᠪᠠᠷᠢᠮᠵᠢᠶ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠡᠨᠧᠷᠬᠢ ᠵᠢᠨ ᠬᠤᠷᠣᠭᠳᠠᠯ ᠶᠡᠬᠡᠲᠡᠢ ᠠᠵᠤ ᠦᠢ᠍ᠯᠡᠰ᠎ᠤᠨ ᠦᠢ᠍ᠯᠡᠳᠪᠦᠷᠢᠯᠡᠬᠦ ᠴᠢᠳᠠᠮᠵᠢ ᠵᠢᠨ ᠰᠢᠨ᠎ᠡ᠎ᠪᠠᠷ ᠨᠡᠮᠡᠭᠳᠡᠬᠦ ᠵᠢ ᠴᠢᠩᠭ᠎ᠠ ᠬᠢᠵᠠᠭ᠋ᠠᠷᠯᠠᠨ᠎ᠠ᠃ ᠪᠤᠬᠢᠷᠳᠤᠯ ᠦᠭᠡᠢ ᠠᠭᠤᠷᠬᠠᠢ ᠪᠠ ᠪᠤᠬᠢᠷᠳᠤᠯ ᠦᠭᠡᠢ ᠠᠭᠤᠷᠬᠠᠢ ᠵᠢᠨ ᠦᠢ᠍ᠯᠡᠰ᠎ᠤᠨ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠲᠦᠷᠭᠡᠳᠭᠡᠵᠦ᠂ ᠪᠤᠬᠢᠷᠳᠤᠯ ᠦᠭᠡᠢ 128 ᠠᠭᠤᠷᠬᠠᠢ ᠵᠢᠨ ᠪᠦᠲᠦᠭᠡᠨ ᠪᠠᠶ᠋ᠢᠭᠤᠯᠤᠯᠲᠠ ᠵᠢ ᠪᠡᠶᠡᠯᠡᠭᠦᠯᠦᠨ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠠᠬᠢ ᠠᠭᠤᠷᠬᠠᠢ ᠵᠢᠨ ᠡᠬᠢ ᠪᠠᠶᠠᠯᠢᠭ ᠬᠡᠷᠡᠭᠯᠡᠬᠦ ᠡᠷᠬᠡ ᠵᠢ ᠪᠦᠬᠦ ᠲᠠᠯ᠎ᠠ᠎ᠪᠠᠷ ᠵᠤᠭᠰᠤᠭ᠋ᠠᠨ᠎ᠠ᠃ ᠪᠤᠬᠢᠷᠳᠤᠯ ᠦᠭᠡᠢ ᠴᠠᠬᠢᠯᠭ᠋ᠠᠨ ᠭᠠᠷᠭ᠋ᠠᠬᠤ ᠦᠢ᠍ᠯᠡᠳᠪᠦᠷᠢ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠲᠦᠯᠡᠰᠢᠨ ᠨᠡᠭᠦᠷᠡᠰᠦ ᠰᠢᠲᠠᠭ᠋ᠠᠬᠤ ᠴᠠᠬᠢᠯᠭ᠋ᠠᠨ ᠥᠷᠲᠡᠭᠡ ᠵᠢᠨ ᠬᠡᠳᠦ ᠳᠣᠣᠷ᠎ᠠ ᠭᠠᠳᠠᠭᠰᠢᠯᠠᠭᠤᠯᠬᠤ ᠦᠭᠡᠷᠡᠴᠢᠯᠡᠯᠲᠡ ᠵᠢ 100 ᠲᠦᠮᠡᠨ ᠺᠢᠯᠤᠸᠠᠲ᠎ᠠᠴᠠ ᠳᠡᠭᠡᠭᠰᠢ᠂ ᠡᠨᠧᠷᠬᠢ ᠠᠷᠪᠢᠯᠠᠬᠤ ᠦᠭᠡᠷᠡᠴᠢᠯᠡᠯᠲᠡ ᠵᠢ 400 ᠲᠦᠮᠡᠨ ᠺᠢᠯᠤᠸᠠᠲ ᠣᠷᠴᠢᠮ ᠪᠡᠶᠡᠯᠡᠭᠦᠯᠵᠦ᠂ ᠨᠡᠭᠦᠷᠡᠰᠦ᠎ᠪᠠᠷ ᠴᠠᠬᠢᠯᠭ᠋ᠠᠨ ᠭᠠᠷᠭ᠋ᠠᠬᠤ ᠬᠤᠴᠤᠷᠤᠩᠭᠤᠢ ᠦᠢ᠍ᠯᠡᠳᠪᠦᠷᠢᠯᠡᠬᠦ ᠴᠢᠳᠠᠮᠵᠢ ᠵᠢ 4.2 ᠲᠦᠮᠡᠨ ᠺᠢᠯᠣᠸᠠᠲ ᠰᠢᠭᠰᠢᠭᠳᠡᠭᠦᠯᠦᠨ᠎ᠡ᠃ ᠪᠤᠬᠢᠷᠳᠤᠯ ᠦᠭᠡᠢ ᠬᠥᠭᠵᠢᠯᠲᠡ ᠵᠢᠨ ᠢᠨᠵᠧᠨᠧᠷᠢᠩ᠎ᠢ ᠬᠡᠷᠡᠭᠵᠢᠭᠦᠯᠵᠦ᠂ ᠪᠤᠬᠢᠷᠳᠤᠯ ᠦᠭᠡᠢ ᠠᠵᠤ ᠦᠢ᠍ᠯᠡᠰ᠎ᠤᠨ ᠬᠥᠭᠵᠢᠯᠲᠡ ᠵᠢ ᠳᠡᠮᠵᠢᠬᠦ ᠲᠥᠷᠥ ᠵᠢᠨ ᠪᠣᠳᠣᠯᠭ᠎ᠠ ᠵᠢ ᠰᠤᠳᠤᠯᠤᠨ ᠲᠣᠭᠲᠠᠭ᠋ᠠᠵᠤ᠂ ᠪᠤᠬᠢᠷᠳᠤᠯ ᠦᠭᠡᠢ ᠪᠣᠯᠭ᠋ᠠᠬᠤ ᠮᠡᠷᠭᠡᠵᠢᠯ᠎ᠤᠨ ᠦᠭᠡᠷᠡᠴᠢᠯᠡᠨ ᠰᠢᠨᠡᠳᠭᠡᠬᠦ ᠵᠢ ᠳᠡᠮᠵᠢᠨ ᠦᠷᠨᠢᠭᠦᠯᠵᠦ᠂ ᠭᠤᠣᠯᠳᠠᠯᠭ᠎ᠠ᠎ᠲᠠᠢ ᠬᠦᠷᠢᠶᠡᠨ᠎ᠤ ᠪᠣᠬᠢᠷᠳᠤᠯ ᠦᠭᠡᠢ ᠦᠢ᠍ᠯᠡᠳᠪᠦᠷᠢᠯᠡᠯ ᠪᠠ ᠬᠦᠷᠢᠶᠡᠯᠡᠩ ᠲᠣᠭᠤᠷᠢᠭ᠎ᠤᠨ ᠡᠷᠬᠢᠯᠲᠡ᠎ᠲᠠᠢ ᠦᠭᠡᠷᠡᠴᠢᠯᠡᠨ ᠰᠢᠨᠡᠳᠭᠡᠬᠦ ᠵᠢ ᠠᠬᠢᠭᠤᠯᠤᠨ᠂ ᠪᠤᠬᠢᠷᠳᠤᠯ ᠦᠭᠡᠢ ᠬᠥᠭᠵᠢᠯᠲᠡ ᠵᠢᠨ ᠵᠦᠷᠢᠶᠡᠴᠢᠯᠡᠭᠰᠡᠨ ᠰᠢᠯᠭ᠋ᠠᠨ ᠬᠢᠨᠠᠬᠤ ᠪᠠ ᠱᠠᠩᠨᠠᠵᠤ ᠨᠦᠬᠦᠪᠦᠷᠢᠯᠡᠬᠦ ᠲᠣᠭᠲᠠᠴᠠ ᠵᠢ ᠪᠠᠶ᠋ᠢᠭᠤᠯᠤᠨ᠎ᠠ᠃ ᠪᠣᠬᠢᠷᠳᠤᠯ ᠦᠭᠡᠢ ᠠᠮᠢᠳᠤᠷᠠᠯ᠎ᠤᠨ ᠠᠷᠭ᠎ᠠ ᠮᠠᠶᠢᠭ᠎ᠢ ᠬᠡᠷᠡᠭᠵᠢᠭᠦᠯᠵᠦ᠂ ᠪᠤᠬᠢᠷᠳᠤᠯ ᠦᠭᠡᠢ ᠵᠢᠨ ᠵᠢᠱ᠌ᠢᠶ᠎ᠡ ᠦᠵᠡᠭᠦᠯᠬᠦ᠎ᠪᠠᠷ ᠡᠭᠦᠳᠦᠨ ᠪᠠᠶ᠋ᠢᠭᠤᠯᠬᠤ ᠠᠵᠢᠯ᠎ᠢ ᠠᠬᠢᠭᠤᠯᠤᠨ᠎ᠠ᠃
(ᠭᠤᠷᠪᠠ) ᠠᠮᠢ ᠠᠬᠤᠢ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠳᠦᠷᠢᠮ᠎ᠤᠨ ᠰᠢᠰᠲ᠋ᠧᠮᠵᠢ ᠵᠢ ᠲᠡᠭᠦᠯᠳᠡᠷᠵᠢᠭᠦᠯᠦᠨ᠎ᠡ᠃ 《ᠭᠤᠷᠪᠠᠨ ᠱᠤᠭᠤᠮ ᠨᠢᠭᠡ ᠨᠠᠷᠢᠨ ᠳᠠᠩᠰᠠ》 (ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠂ ᠣᠷᠴᠢᠨ ᠲᠣᠭᠤᠷᠢᠨ᠎ᠤ ᠴᠢᠨᠠᠷ ᠴᠢᠨᠰᠠᠭ᠎ᠠ ᠵᠢᠨ ᠬᠤᠷᠢᠭ᠎ᠠ ᠱᠤᠭᠤᠮ᠂ ᠡᠬᠢ ᠪᠠᠶᠠᠯᠢᠭ᠎ᠢ ᠠᠰᠢᠭᠯᠠᠬᠤ ᠵᠢᠨ ᠳᠡᠭᠡᠳᠦ ᠬᠢᠵᠠᠭ᠋ᠠᠷ ᠱᠤᠭᠤᠮ ᠪᠠ ᠣᠷᠴᠢᠨ ᠲᠣᠭᠤᠷᠢᠨ᠎ᠤ ᠵᠥᠪᠰᠢᠶᠡᠷᠡᠨ ᠣᠷᠤᠭᠤᠯᠬᠤ ᠨᠠᠷᠢᠨ ᠳᠠᠩᠰᠠ) ᠵᠢᠨ ᠬᠠᠲᠠᠭᠤ ᠬᠢᠵᠠᠭ᠋ᠠᠷᠯᠠᠯ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠠᠮᠢ ᠠᠬᠤᠢ ᠵᠢᠨ ᠣᠷᠴᠢᠨ ᠲᠣᠭᠤᠷᠢᠨ᠎ᠤ ᠲᠤᠭᠤᠷᠢᠭ ᠬᠤᠪᠢᠶᠠᠨ ᠬᠠᠮᠢᠶᠠᠷᠴᠤ ᠡᠵᠡᠮᠰᠢᠬᠦ ᠰᠢᠰᠲ᠋ᠧᠮᠵᠢ ᠵᠢ ᠪᠠᠶ᠋ᠢᠭᠤᠯᠤᠨ᠂ ᠣᠷᠣᠨ ᠪᠦᠰᠡ ᠵᠢᠨ ᠣᠷᠣᠨ ᠵᠠᠢ᠎ᠳᠠᠬᠢ ᠠᠮᠢ ᠠᠬᠤᠢ ᠵᠢᠨ ᠣᠷᠴᠢᠨ ᠲᠣᠭᠤᠷᠢᠨ᠎ᠳᠤ ᠦᠨᠡᠯᠡᠯᠲᠡ ᠬᠢᠬᠦ ᠵᠢ ᠠᠬᠢᠭᠤᠯᠤᠨ᠎ᠠ᠃ 《ᠭᠤᠷᠪᠠᠨ ᠣᠷᠣᠨ ᠵᠠᠢ ᠭᠤᠷᠪᠠᠨ ᠱᠤᠭᠤᠮ》 (ᠬᠤᠲᠠ ᠪᠠᠯᠭ᠋ᠠᠰᠤᠨ᠎ᠤ ᠣᠷᠣᠨ ᠵᠠᠢ᠂ ᠲᠠᠷᠢᠶᠠᠯᠠᠩ᠎ᠤᠨ ᠣᠷᠣᠨ ᠵᠠᠢ᠂ ᠠᠮᠢ ᠠᠬᠤᠢ ᠵᠢᠨ ᠣᠷᠣᠨ ᠵᠠᠢ ᠪᠠ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠂ ᠦᠨᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠂ ᠬᠤᠲᠠ ᠪᠠᠯᠭ᠋ᠠᠰᠤᠨ᠎ᠤ ᠨᠡᠭᠡᠭᠡᠯᠲᠡ ᠵᠢᠨ ᠵᠠᠭ᠋ᠠᠭ ᠱᠤᠭᠤᠮ)᠎ᠢ ᠬᠤᠪᠢᠶᠠᠷᠢᠯᠠᠨ ᠲᠣᠭᠲᠠᠭ᠋ᠠᠬᠤ ᠪᠠ ᠴᠢᠩᠭ᠎ᠠ ᠰᠠᠬᠢᠵᠤ᠂ ᠦᠪᠡᠷᠲᠡᠭᠡᠨ ᠵᠠᠰᠠᠬᠤ ᠣᠷᠣᠨ᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠦᠯᠦᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ ᠬᠡᠷᠡᠭᠵᠢᠭᠦᠯᠦᠨ᠎ᠡ᠃ ᠤᠯᠤᠰ᠎ᠤᠨ ᠣᠢ ᠰᠢᠭᠤᠢ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠬᠠᠮᠢᠶᠠᠷᠤᠯᠲᠠ᠎ᠳᠤ 《ᠬᠤᠷᠢᠭ᠎ᠠ᠎ᠲᠠᠢ ᠪᠠᠶ᠋ᠢᠯᠭ᠋ᠠᠬᠤ ᠨᠠᠷᠢᠨ ᠳᠠᠩᠰᠠ》 ᠵᠢ ᠨᠠᠶ᠋ᠢᠳᠠᠪᠤᠷᠢᠵᠢᠭᠤᠯᠵᠤ᠂ ᠪᠡᠯᠴᠢᠭᠡᠷᠯᠡᠭᠦᠯᠬᠦ ᠵᠢ ᠵᠤᠭᠰᠤᠭ᠋ᠠᠬᠤ ᠪᠠ ᠪᠡᠯᠴᠢᠭᠡᠷ ᠮᠠᠯ᠎ᠢ ᠲᠡᠩᠴᠡᠭᠦᠷᠢ᠎ᠲᠠᠢ ᠪᠠᠶ᠋ᠢᠯᠭ᠋ᠠᠬᠤ ᠳᠦᠷᠢᠮ᠎ᠢ ᠬᠡᠷᠡᠭᠵᠢᠭᠦᠯᠬᠦ ᠵᠢᠨ ᠵᠢᠯᠤᠭᠤᠳᠬᠤ ᠰᠠᠨᠠᠯ᠎ᠢ ᠨᠡᠶ᠋ᠢᠲᠡᠯᠡᠨ᠎ᠡ᠃ ᠠᠮᠢ ᠠᠬᠤᠢ ᠵᠢᠨ ᠨᠦᠬᠦᠪᠦᠷᠢᠯᠡᠬᠦ ᠲᠣᠭᠲᠠᠴᠠ ᠵᠢ ᠨᠠᠶ᠋ᠢᠳᠠᠪᠤᠷᠢᠵᠢᠭᠤᠯᠵᠤ᠂ ᠠᠮᠢ ᠠᠬᠤᠢ ᠵᠢᠨ ᠬᠠᠮᠠᠭ᠋ᠠᠯᠠᠯᠲᠠ ᠵᠢᠨ ᠦᠷ᠎ᠡ ᠠᠰᠢᠭ᠎ᠢ ᠪᠡᠯᠡ ᠮᠦᠩᠭᠦ ᠵᠢᠨ ᠬᠤᠪᠢᠶᠠᠷᠢᠯᠠᠯᠲᠠᠯᠤᠭᠠ ᠬᠤᠯᠪᠣᠭᠳᠠᠭᠤᠯᠬᠤ ᠵᠢ ᠬᠡᠷᠡᠭᠵᠢᠭᠦᠯᠦᠨ᠎ᠡ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠳ᠋ ᠬᠦᠷᠦᠩᠭᠡ ᠵᠢᠨ ᠦᠮᠴᠢᠯᠡᠬᠦ ᠡᠷᠬᠡ ᠵᠢᠨ ᠳᠦᠷᠢᠮ᠎ᠤᠨ ᠦᠭᠡᠷᠡᠴᠢᠯᠡᠯᠲᠡ ᠵᠢ ᠦᠷᠨᠢᠭᠦᠯᠵᠦ᠂ ᠡᠨᠧᠷᠬᠢ ᠬᠡᠷᠡᠭᠯᠡᠬᠦ ᠡᠷᠬᠡ᠂ ᠨᠡᠭᠦᠷᠡᠰᠦᠳᠦ᠋ᠷᠦᠭᠴᠢ ᠭᠠᠳᠠᠭᠰᠢᠯᠠᠭᠤᠯᠬᠤ ᠡᠷᠬᠡ᠂ ᠪᠣᠬᠢᠷᠳᠤᠯ ᠪᠤᠳᠠᠰ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠳᠤ ᠦᠭᠡᠷᠡᠴᠢᠯᠡᠯᠲᠡ ᠬᠢᠬᠦ ᠵᠢ ᠠᠬᠢᠭᠤᠯᠤᠨ᠎ᠠ᠃
ᠨᠠᠢ᠍ᠮᠠ᠂ ᠠᠷᠠᠳ᠎ᠤᠨ ᠠᠮᠢᠳᠤᠷᠠᠯ᠎ᠢ ᠬᠦᠴᠦᠯᠡᠨ ᠪᠠᠲᠤᠯᠠᠵᠤ ᠰᠠᠶ᠋ᠢᠵᠢᠷᠠᠭᠤᠯᠤᠨ᠂ ᠴᠢᠨᠠᠷ ᠰᠠᠶ᠋ᠢᠲᠠᠢ ᠬᠥᠭᠵᠢᠯᠲᠡ ᠵᠢᠨ ᠦᠷ᠎ᠡ ᠪᠦᠲᠦᠭᠡᠯ᠎ᠢ ᠬᠠᠮᠲᠤ᠎ᠪᠠᠷ ᠬᠦᠷᠲᠡᠨ᠎ᠡ
ᠪᠣᠲᠠᠲᠠᠢ᠎ᠠᠴᠠ ᠡᠭᠦᠰᠬᠦ ᠵᠢ ᠪᠠᠷᠢᠮᠲᠠᠯᠠᠵᠤ᠂ ᠲᠦᠭᠡᠮᠡᠯ ᠬᠠᠷᠠᠭ᠋ᠠᠯᠵᠠᠯ᠎ᠤᠨ ᠴᠢᠨᠠᠷ᠂ ᠰᠠᠭᠤᠷᠢᠯᠠᠬᠤ ᠴᠢᠨᠠᠷ᠂ ᠰᠠᠭᠤᠷᠢ᠎ᠠᠴᠠ᠎ᠨᠢ ᠪᠠᠲᠤᠯᠠᠬᠤ ᠴᠢᠨᠠᠷ᠎ᠢ ᠴᠢᠬᠤᠯᠠᠴᠢᠯᠠᠵᠤ᠂ ᠵᠠᠩᠬᠢᠯᠠᠭ᠎ᠠ ᠵᠢᠨ ᠴᠠᠭ᠎ᠲᠠᠬᠢ ᠬᠦᠴᠢᠷᠳᠡᠯᠲᠡᠢ ᠬᠦᠮᠦᠰ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ ᠵᠢ ᠰᠠᠶ᠋ᠢᠲᠤᠷ ᠬᠢᠵᠦ᠂ ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡ ᠵᠢ ᠪᠦᠲᠦᠮᠵᠢᠲᠡᠢ ᠰᠠᠶ᠋ᠢᠵᠢᠷᠠᠭᠤᠯᠵᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠬᠤ ᠶᠠᠪᠤᠴᠠ᠎ᠳᠠᠬᠢ ᠳᠤᠪᠤᠶ᠋ᠢᠮ᠎ᠠ ᠠᠰᠠᠭᠤᠳᠠᠯ ᠪᠠ ᠠᠨᠠᠢ ᠵᠦᠢ᠍ᠯ᠎ᠢ ᠬᠦᠴᠦᠯᠡᠨ ᠰᠢᠢ᠍ᠳᠪᠦᠷᠢᠯᠡᠵᠦ᠂ ᠣᠯᠠᠨ ᠲᠦᠮᠡᠨ᠎ᠤ ᠬᠦᠷᠲᠡᠭᠡᠮᠵᠢᠲᠦ ᠰᠡᠳᠭᠢᠭᠳᠡᠯ᠂ ᠵᠣᠯ ᠵᠢᠷᠭ᠋ᠠᠯᠲᠤ ᠰᠡᠳᠬᠢᠭᠳᠡᠯ᠂ ᠠᠮᠦᠷ ᠲᠥᠪᠰᠢᠨ᠎ᠤ ᠰᠡᠳᠬᠢᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃
(ᠨᠢᠭᠡ) ᠠᠷᠠᠳ᠎ᠤᠨ ᠠᠮᠢᠳᠤᠷᠠᠯ᠎ᠤᠨ ᠬᠠᠯᠠᠮᠰᠢᠯ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠨ᠎ᠡ᠃ ᠣᠯᠠᠨ ᠲᠦᠮᠡᠨ᠎ᠤ ᠠᠩᠬᠠᠷᠴᠤ ᠪᠠᠶ᠋ᠢᠭ᠎ᠠ ᠠᠰᠠᠭᠤᠳᠠᠯ᠎ᠲᠠᠢ ᠨᠢᠭᠲᠠ ᠤᠶᠠᠯᠳᠤᠭᠤᠯᠤᠨ᠂ ᠠᠷᠠᠳ᠎ᠤᠨ ᠦᠨᠳᠦᠰᠦᠨ ᠠᠮᠢᠳᠤᠷᠠᠯ᠎ᠢ ᠦᠨᠡᠨ ᠬᠦ᠌ ᠰᠠᠶ᠋ᠢᠲᠤᠷ ᠪᠠᠲᠤᠯᠠᠵᠤ᠂ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠪᠦᠲᠦᠮᠵᠢᠲᠡᠢ ᠪᠠᠲᠤᠯᠠᠨ ᠰᠠᠶ᠋ᠢᠵᠢᠷᠠᠭᠤᠯᠬᠤ ᠵᠢ ᠦᠨᠡᠨ ᠬᠦ᠌ ᠪᠠᠲᠤᠯᠠᠨ᠎ᠠ᠃ ᠨᠡᠶ᠋ᠢᠭᠡᠮ᠎ᠤᠨ ᠪᠠᠲᠤᠯᠠᠭ᠎ᠠ ᠵᠢᠨ ᠬᠢᠷᠢ ᠲᠥᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠶ᠋ᠢᠭᠡᠮ᠎ᠤᠨ ᠪᠠᠲᠤᠯᠠᠭ᠎ᠠ ᠵᠢᠨ ᠰᠠᠭᠤᠷᠢ᠎ᠠᠴᠠ᠎ᠨᠢ ᠪᠠᠲᠤᠯᠠᠬᠤ᠂ ᠲᠦᠷ ᠴᠠᠭ ᠠᠪᠤᠷᠠᠨ ᠲᠤᠰᠠᠯᠠᠬᠤ ᠵᠡᠷᠭᠡ ᠳᠦᠷᠢᠮ᠎ᠢ ᠰᠠᠶ᠋ᠢᠲᠤᠷ ᠬᠡᠷᠡᠭᠵᠢᠭᠦᠯᠦᠨ᠎ᠡ᠃ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠴᠠᠯᠢᠩ᠎ᠢ ᠴᠠᠭ ᠲᠣᠬᠠᠢᠳᠤᠨᠢ ᠲᠤᠭ᠎ᠠ ᠶᠤᠰᠤᠭ᠋ᠠᠷ ᠭᠦᠢ᠍ᠴᠡᠳ ᠣᠯᠭᠤᠬᠤ ᠵᠢ ᠪᠠᠲᠤᠯᠠᠨ᠎ᠠ᠃ ᠪᠣᠷᠣ ᠰᠠᠭᠤᠷᠢᠰᠢᠯ᠎ᠤᠨ ᠲᠣᠭᠤᠷᠢᠭ᠂ ᠬᠤᠲᠠ ᠪᠠᠯᠭ᠋ᠠᠰᠤᠨ᠎ᠳᠠᠬᠢ ᠬᠠᠭᠤᠴᠢᠷᠠᠭᠰᠠᠨ ᠪᠠ ᠬᠠᠭᠤᠴᠢᠨ ᠰᠠᠭᠤᠭ᠋ᠠᠯᠢ ᠲᠣᠭᠤᠷᠢᠭ᠎ᠤᠨ ᠦᠭᠡᠷᠡᠴᠢᠯᠡᠨ ᠰᠢᠨᠡᠳᠭᠡᠬᠦ ᠵᠢ ᠦᠷᠭᠦᠯᠵᠢᠯᠡᠨ ᠠᠬᠢᠭᠤᠯᠵᠤ᠂ ᠳᠦᠷᠢᠶᠡᠰᠦᠨ ᠣᠷᠣᠨ ᠰᠠᠭᠤᠴᠠ ᠵᠢ ᠶᠡᠭᠡ᠎ᠪᠠᠷ ᠬᠥᠭᠵᠢᠭᠦᠯᠵᠦ᠂ ᠬᠤᠲᠠ ᠵᠢᠨ ᠪᠠᠶ᠋ᠢᠳᠠᠯ᠎ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠭᠠᠵᠠᠷ᠎ᠤᠨ ᠦᠨ᠎ᠡ ᠬᠠᠩᠰᠢ ᠵᠢ ᠲᠣᠭᠲᠠᠪᠤᠷᠢᠵᠢᠭᠤᠯᠬᠤ᠂ ᠭᠡᠷ ᠪᠠᠶ᠋ᠢᠰᠢᠩ᠎ᠤᠨ ᠦᠨ᠎ᠡ ᠬᠠᠩᠰᠢ ᠵᠢ ᠲᠣᠭᠲᠠᠪᠤᠷᠢᠵᠢᠭᠤᠯᠬᠤ᠂ ᠵᠢᠱ᠌ᠢᠯᠲᠡ ᠵᠢ ᠲᠣᠭᠲᠠᠪᠤᠷᠢᠵᠢᠭᠤᠯᠬᠤ ᠲᠠᠯ᠎ᠠ᠎ᠪᠠᠷ᠎ᠬᠢ ᠭᠡᠷ ᠪᠠᠶ᠋ᠢᠰᠢᠩ ᠭᠠᠵᠠᠷ ᠬᠦᠷᠦᠩᠭᠡ ᠵᠢᠨ ᠵᠠᠬ᠎ᠠ ᠳᠡᠯᠭᠡᠭᠦᠷ᠎ᠤᠨ ᠤᠷᠲᠤ ᠬᠤᠭᠤᠴᠠᠭ᠋ᠠᠨ᠎ᠤ ᠬᠠᠮᠢᠶᠠᠷᠴᠤ ᠲᠣᠬᠢᠷᠠᠭᠤᠯᠤᠨ ᠡᠵᠡᠮᠰᠢᠬᠦ ᠲᠣᠭᠲᠠᠴᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠭᠡᠷ ᠪᠠᠶ᠋ᠢᠰᠢᠩ ᠭᠠᠵᠠᠷ ᠬᠦᠷᠦᠩᠭᠡ ᠵᠢᠨ ᠦᠩᠭᠡᠷᠡᠭᠰᠡᠨ᠎ᠤ ᠦᠯᠡᠳᠡᠭᠳᠡᠵᠦ ᠢᠷᠡᠭᠰᠡᠨ ᠠᠰᠠᠭᠤᠳᠠᠯ᠎ᠢ ᠪᠦᠲᠦᠮᠵᠢᠲᠡᠢ ᠰᠢᠢ᠍ᠳᠪᠦᠷᠢᠯᠡᠬᠦ ᠵᠢ ᠠᠬᠢᠭᠤᠯᠤᠨ᠎ᠠ᠃ ᠡᠬᠢ ᠪᠠᠶᠠᠯᠢᠭ᠎ᠢ ᠨᠢᠭᠡᠲᠦᠯᠲᠡᠢ ᠲᠦᠯᠦᠪᠯᠡᠨ ᠵᠣᠬᠢᠴᠠᠭᠤᠯᠬᠤ ᠵᠢ ᠴᠢᠩᠭ᠋ᠠᠳᠬᠠᠵᠤ᠂ ᠭᠠᠭ᠍ᠠᠢ ᠵᠢᠨ ᠮᠢᠬᠠᠨ᠎ᠤ ᠬᠠᠩᠭ᠋ᠠᠯᠭ᠎ᠠ ᠵᠢ ᠪᠠᠲᠤᠯᠠᠵᠤ ᠦᠨ᠎ᠡ ᠬᠠᠩᠰᠢ ᠵᠢ᠎ᠨᠢ ᠲᠣᠭᠲᠠᠭᠤᠨ ᠪᠠᠶ᠋ᠢᠯᠭ᠋ᠠᠬᠤ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠨ᠂ ᠮᠢᠬ᠎ᠠ ᠦᠨᠳᠡᠭᠡ ᠨᠤᠭᠤᠭ᠎ᠠ᠂ ᠪᠠᠶ᠋ᠢᠭ᠋ᠠᠯᠢ ᠵᠢᠨ ᠰᠢᠲᠠᠮᠠᠬᠠᠢ ᠬᠡᠢ ᠵᠡᠷᠭᠡ ᠵᠢᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢ ᠪᠠᠲᠤᠯᠠᠵᠤ᠂ ᠡᠮᠴᠢᠯᠡᠭᠡ᠂ ᠰᠤᠷᠭ᠋ᠠᠨ ᠬᠦᠮᠦᠵᠢᠯ ᠵᠡᠷᠭᠡ ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ ᠦᠨ᠎ᠡ ᠪᠠ ᠰᠦᠢ᠍ᠳᠭᠡᠯ᠎ᠳᠤ ᠬᠢᠨᠠᠯᠲᠠ ᠬᠠᠮᠢᠶᠠᠷᠤᠯᠲᠠ ᠬᠢᠬᠦ ᠵᠢ ᠴᠢᠩᠭ᠋ᠠᠷᠠᠭᠤᠯᠤᠨ᠂ ᠨᠡᠶ᠋ᠢᠭᠡᠮ᠎ᠤᠨ ᠠᠪᠤᠷᠠᠯ ᠲᠤᠰᠠᠯᠠᠮᠵᠢ ᠪᠠ ᠪᠠᠲᠤᠯᠠᠭ᠎ᠠ ᠵᠢᠨ ᠪᠠᠷᠢᠮᠵᠢᠶ᠎ᠠ ᠵᠢ ᠪᠠᠷᠠᠭ᠋ᠠᠨ᠎ᠤ ᠦᠨ᠎ᠡ ᠵᠢᠨ ᠦᠰᠦᠯᠲᠡᠯᠦᠭᠡ ᠬᠤᠯᠪᠣᠭᠳᠠᠭᠤᠯᠵᠤ ᠬᠤᠯᠪᠣᠭ᠋ᠠᠯᠠᠨ ᠬᠦᠳᠡᠯᠦᠯᠴᠡᠬᠦ ᠲᠣᠭᠲᠠᠴᠠ ᠵᠢ ᠴᠠᠭ ᠲᠣᠬᠠᠢᠳᠤᠨᠢ ᠡᠬᠢᠯᠡᠭᠦᠯᠦᠨ᠎ᠡ᠃ ᠨᠠᠰᠤᠲᠠᠶ᠋ᠢᠴᠤᠳ᠎ᠤᠨ ᠨᠠᠰᠤᠵᠢᠯ᠎ᠤᠨ ᠠᠰᠠᠷᠠᠮᠵᠢ ᠪᠠ ᠨᠢᠯᠬᠠᠰ᠎ᠢ ᠠᠰᠠᠷᠠᠨ ᠬᠠᠷᠠᠭ᠋ᠠᠯᠵᠠᠬᠤ ᠠᠰᠠᠭᠤᠳᠠᠯ᠎ᠢ ᠴᠢᠬᠤᠯᠠᠴᠢᠯᠠᠨ ᠰᠠᠶ᠋ᠢᠲᠤᠷ ᠰᠢᠢ᠍ᠳᠪᠦᠷᠢᠯᠡᠵᠦ᠂ ᠡᠮᠴᠢᠯᠡᠭᠡᠨ᠎ᠤ ᠰᠣᠪᠢᠯᠠᠯᠲᠠ ᠪᠠ ᠡᠷᠡᠭᠦᠯᠵᠢᠯ᠎ᠤᠨ ᠰᠣᠪᠢᠯᠠᠯᠲᠠ᠎ᠤᠨ ᠤᠶᠠᠯᠳᠤᠯ᠎ᠢ ᠭᠦᠨᠵᠡᠭᠡᠢ ᠠᠬᠢᠭᠤᠯᠤᠨ᠂ ᠨᠠᠰᠤᠵᠢᠯ᠎ᠤᠨ ᠦᠢ᠍ᠯᠡᠴᠢᠯᠡᠭᠡᠨ᠎ᠤ ᠰᠢᠰᠲ᠋ᠧᠮᠵᠢ ᠵᠢ ᠲᠦᠷᠭᠡᠳᠭᠡᠨ ᠪᠠᠶ᠋ᠢᠭᠤᠯᠵᠤ᠂ ᠬᠡᠦᠬᠡᠳ᠎ᠢ ᠣᠶ᠋ᠢᠷ᠎ᠠ ᠬᠠᠪᠢ᠎ᠳᠤ᠎ᠪᠠᠨ ᠣᠯᠠᠨ ᠵᠦᠢ᠍ᠯ᠎ᠤᠨ ᠬᠡᠯᠪᠡᠷᠢ᠎ᠪᠠᠷ ᠨᠠᠶ᠋ᠢᠳᠠᠨ ᠠᠰᠠᠷᠠᠭᠤᠯᠬᠤ ᠳᠦᠭᠦᠮ ᠳᠦᠳᠡ ᠦᠢ᠍ᠯᠡᠴᠢᠯᠡᠭᠡ ᠵᠢ ᠬᠥᠭᠵᠢᠭᠦᠯᠦᠨ᠎ᠡ᠃
(ᠬᠤᠶᠠᠷ) ᠨᠡᠶ᠋ᠢᠭᠡᠮ᠎ᠤᠨ ᠡᠯ᠎ᠡ ᠵᠦᠢ᠍ᠯ᠎ᠤᠨ ᠠᠵᠢᠯ ᠦᠢ᠍ᠯᠡᠰ᠎ᠢ ᠶᠡᠭᠡ᠎ᠪᠠᠷ ᠬᠥᠭᠵᠢᠭᠦᠯᠦᠨ᠎ᠡ᠃ ᠰᠤᠷᠭ᠋ᠠᠨ ᠬᠦᠮᠦᠵᠢᠯ᠎ᠤᠨ ᠦᠢ᠍ᠯᠡᠰ᠎ᠤᠨ ᠬᠥᠭᠵᠢᠯᠲᠡ ᠵᠢ ᠨᠡᠩ ᠲᠥᠪ ᠭᠤᠣᠯᠴᠢ ᠨᠡᠩ ᠴᠢᠨᠠᠷ ᠴᠢᠨᠰᠠᠭ᠎ᠠ᠎ᠲᠠᠢ ᠪᠣᠯᠭ᠋ᠠᠬᠤ ᠵᠢ ᠠᠬᠢᠭᠤᠯᠵᠤ᠂ ᠰᠤᠷᠬᠤ ᠨᠠᠰᠤᠨ᠎ᠠᠴᠠ ᠡᠮᠦᠨᠡᠬᠢ ᠰᠤᠷᠭ᠋ᠠᠨ ᠬᠦᠮᠦᠵᠢᠯ᠎ᠤᠨ ᠠᠵᠢᠯᠯᠠᠭ᠋ᠠᠨ᠎ᠤ ᠲᠦᠯᠦᠪᠯᠡᠭᠡ ᠵᠢ ᠭᠦᠨᠵᠡᠭᠡᠢ ᠬᠡᠷᠡᠭᠵᠢᠭᠦᠯᠦᠨ᠂ ᠬᠤᠲᠠ ᠬᠦᠳᠡᠭᠡ ᠵᠢᠨ ᠠᠯᠪᠠᠨ ᠵᠢᠷᠤᠮ᠎ᠤᠨ ᠰᠤᠷᠭ᠋ᠠᠨ ᠬᠦᠮᠦᠵᠢᠯ᠎ᠤᠨ ᠴᠢᠨᠠᠷ ᠰᠠᠶ᠋ᠢᠲᠠᠢ ᠪᠦᠭᠡᠳ ᠲᠡᠩᠴᠡᠭᠦᠷᠢᠲᠡᠢ ᠬᠥᠭᠵᠢᠬᠦ ᠵᠢ ᠦᠷᠭᠦᠯᠵᠢᠯᠡᠨ ᠠᠬᠢᠭᠤᠯᠵᠤ᠂ ᠳᠠᠭ᠋ᠠᠯᠳᠤᠨ ᠨᠡᠭᠦᠭᠰᠡᠨ ᠦᠷ᠎ᠡ ᠬᠡᠦᠬᠡᠳ᠎ᠤᠨ ᠠᠯᠪᠠᠨ ᠵᠢᠷᠤᠮ᠎ᠤᠨ ᠰᠤᠷᠭ᠋ᠠᠨ ᠬᠦᠮᠦᠵᠢᠯ᠎ᠤᠨ ᠰᠤᠷᠭ᠋ᠠᠭᠤᠯᠢ᠎ᠳᠤ ᠣᠷᠤᠬᠤ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠂ ᠦᠨᠳᠦᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠱᠠᠲᠤ ᠦᠶ᠎ᠡ ᠵᠢᠨ ᠲᠦᠭᠡᠮᠡᠯᠵᠢᠭᠦᠯᠬᠦ ᠰᠢᠪᠲᠤᠯᠤᠯᠲᠠ ᠵᠢᠨ ᠲᠦᠯᠦᠪᠯᠡᠭᠡ ᠵᠢ ᠬᠡᠷᠡᠭᠵᠢᠭᠦᠯᠵᠦ᠂ 《ᠬᠤᠣᠰ ᠲᠡᠷᠢᠭᠦᠨ ᠳᠡᠰ》᠎ᠤᠨ ᠪᠠᠶ᠋ᠢᠭᠤᠯᠤᠯᠲᠠ ᠵᠢ ᠲᠦᠷᠭᠡᠳᠭᠡᠨ᠂ ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠎ᠠ᠂ ᠠᠵᠤ ᠦᠢ᠍ᠯᠡᠰ ᠪᠠ ᠵᠢᠭ᠋ᠠᠨ ᠰᠤᠷᠭ᠋ᠠᠯᠲᠠ ᠵᠢᠨ ᠠᠭᠤᠰᠤᠯᠴᠠᠯ᠎ᠢ ᠭᠦᠨᠵᠡᠭᠡᠶ᠋ᠢᠷᠡᠭᠦᠯᠵᠦ᠂ ᠦᠨᠳᠦᠰᠦᠲᠡᠨ᠎ᠤ ᠰᠤᠷᠭ᠋ᠠᠨ ᠬᠦᠮᠦᠵᠢᠯ᠎ᠢ ᠡᠩ ᠲᠡᠷᠢᠭᠦᠨ᠎ᠳᠤ ᠭᠤᠣᠯᠳᠠᠯᠭ᠎ᠠ᠎ᠲᠠᠢ ᠬᠥᠭᠵᠢᠭᠦᠯᠵᠦ᠂ ᠠᠷᠠᠳ᠎ᠠᠴᠠ ᠡᠷᠬᠢᠯᠡᠭᠰᠡᠨ ᠰᠤᠷᠭ᠋ᠠᠨ ᠬᠦᠮᠦᠵᠢᠯ᠂ ᠣᠨᠴᠠᠭ᠋ᠠᠢ ᠰᠤᠷᠭ᠋ᠠᠨ ᠬᠦᠮᠦᠵᠢᠯ᠂ ᠦᠷᠭᠦᠯᠵᠢᠯᠡᠭᠰᠡᠨ ᠰᠤᠷᠭ᠋ᠠᠨ ᠬᠦᠮᠦᠵᠢᠯ᠎ᠢ ᠨᠢᠭᠡᠲᠦᠯᠲᠡᠢ ᠲᠦᠯᠦᠪᠯᠡᠨ ᠬᠥᠭᠵᠢᠭᠦᠯᠵᠦ᠂ 《ᠢᠨᠲ᠋ᠧᠷ ᠰᠦᠯᠵᠢᠶ᠎ᠡ + ᠰᠤᠷᠭ᠋ᠠᠨ ᠬᠦᠮᠦᠵᠢᠯ》᠎ᠢ ᠠᠬᠢᠭᠤᠯᠤᠨ᠂ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢᠨ ᠦᠭᠡᠷᠡᠴᠢᠯᠡᠯᠲᠡ ᠵᠢ ᠴᠢᠩᠭ᠋ᠠᠳᠬᠠᠨ᠎ᠠ᠃ ᠡᠷᠡᠭᠦᠯ ᠡᠩᠬᠡ ᠦᠪᠦᠷ ᠮᠣᠩᠭᠤᠯ᠎ᠤᠨ ᠠᠵᠢᠯᠯᠠᠭ᠋ᠠᠨ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠦᠨᠳᠦᠰᠦᠨ ᠦᠢ᠍ᠯᠡᠴᠢᠯᠡᠭᠡᠨ᠎ᠤ ᠵᠠᠷᠤᠳᠠᠯ ᠪᠣᠯᠬᠤ ᠡᠳ᠋᠎ᠤᠨ ᠵᠠᠰᠠᠭ᠎ᠤᠨ ᠬᠦᠮᠦᠨ ᠳᠤᠮᠳᠠᠴᠢ ᠨᠦᠬᠦᠪᠦᠷᠢ ᠵᠢᠨ ᠪᠠᠷᠢᠮᠵᠢᠶ᠎ᠠ ᠵᠢ ᠦᠷᠭᠦᠯᠵᠢᠯᠡᠨ ᠳᠡᠭᠡᠭᠰᠢᠯᠡᠭᠦᠯᠵᠦ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠰᠢᠰᠲ᠋ᠧᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠂ ᠦᠨᠳᠦᠰᠦᠨ ᠱᠠᠲᠤᠨ᠎ᠤ ᠡᠪᠡᠳᠴᠢᠨ ᠡᠮᠭᠡᠭ᠎ᠢ ᠰᠡᠷᠭᠡᠶ᠋ᠢᠯᠡᠨ ᠳᠠᠷᠤᠬᠤ ᠴᠢᠳᠠᠪᠤᠷᠢ ᠵᠢ ᠳᠡᠭᠡᠭᠰᠢᠯᠡᠭᠦᠯᠵᠦ᠂ ᠬᠦᠨᠳᠦ ᠬᠡᠴᠡᠭᠦᠦ ᠡᠪᠡᠳᠴᠢᠨ ᠡᠮᠭᠡᠭ᠎ᠢ ᠣᠨᠣᠰᠢᠯᠠᠨ ᠡᠮᠨᠡᠵᠦ ᠵᠠᠰᠠᠬᠤ ᠴᠢᠳᠠᠪᠤᠷᠢ ᠵᠢ ᠳᠡᠭᠡᠭᠰᠢᠯᠡᠭᠦᠯᠬᠦ ᠢᠨᠵᠧᠨᠧᠷᠢᠩ ᠪᠠ ᠬᠢᠲᠠᠳ ᠡᠮ ᠡᠮᠨᠡᠯᠭᠡ ᠵᠢ ᠤᠯᠠᠮᠵᠢᠯᠠᠨ ᠵᠠᠯᠭ᠋ᠠᠮᠵᠢᠯᠠᠵᠤ ᠰᠢᠨ᠎ᠡ ᠵᠢ ᠡᠭᠦᠳᠬᠦ ᠢᠨᠵᠧᠨᠧᠷᠢᠩ᠎ᠢ ᠠᠬᠢᠭᠤᠯᠵᠤ᠂ ᠮᠤᠩᠭᠤᠯ ᠡᠮ ᠡᠮᠨᠡᠯᠭᠡ ᠵᠢ ᠬᠥᠭᠵᠢᠭᠦᠯᠦᠨ ᠮᠠᠨᠳᠤᠭᠤᠯᠬᠤ ᠲᠦᠯᠦᠪᠯᠡᠭᠡ ᠵᠢ ᠬᠡᠷᠡᠭᠵᠢᠭᠦᠯᠦᠨ᠎ᠡ᠃ ᠰᠤᠶᠤᠯ᠎ᠤᠨ ᠴᠡᠴᠡᠭᠯᠡᠯᠲᠡ ᠬᠥᠭᠵᠢᠯᠲᠡ ᠵᠢ ᠠᠬᠢᠭᠤᠯᠵᠤ᠂ ᠰᠤᠶᠤᠯ᠎ᠤᠨ ᠬᠦᠷᠢᠶᠡᠨ᠎ᠤ ᠦᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠣᠯᠠᠨ ᠨᠡᠶ᠋ᠢᠲᠡ ᠵᠢᠨ ᠰᠤᠶᠤᠯ᠎ᠤᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠠᠬᠢᠭᠤᠯᠤᠨ᠂ ᠣᠯᠠᠨ ᠨᠡᠶ᠋ᠢᠲᠡ ᠵᠢᠨ ᠰᠤᠶᠤᠯ᠎ᠤᠨ ᠦᠢ᠍ᠯᠡᠴᠢᠯᠡᠭᠡᠨ᠎ᠤ ᠬᠢᠷᠢ ᠲᠥᠪᠰᠢᠨ᠎ᠢ ᠳᠡᠭᠡᠭᠰᠢᠯᠡᠭᠦᠯᠵᠦ᠂ ᠤᠯᠠᠭ᠋ᠠᠨᠮᠦ᠋ᠴᠢᠷ᠎ᠤᠨ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢᠨ ᠢᠨᠵᠧᠨᠧᠷᠢᠩ᠎ᠢ ᠬᠡᠷᠡᠭᠵᠢᠭᠦᠯᠵᠦ᠂ ᠪᠤᠳᠠᠰ᠎ᠤᠨ ᠪᠤᠰᠤ ᠰᠤᠶᠤᠯ᠎ᠤᠨ ᠥᠪ᠎ᠤᠨ ᠲᠠᠯᠠᠪᠠᠢ ᠣᠷᠳᠣᠨ᠎ᠤ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠎ᠠ᠃ ᠪᠡᠶ᠎ᠡ ᠵᠢᠨ ᠲᠠᠮᠢᠷ᠎ᠤᠨ ᠦᠢ᠍ᠯᠡᠰ᠎ᠢ ᠬᠥᠭᠵᠢᠭᠦᠯᠵᠦ᠂ ᠪᠦᠬᠦ ᠠᠷᠠᠳ ᠵᠶ᠋ᠠᠷ ᠵᠶ᠋ᠠᠨ ᠪᠡᠶ᠎ᠡ ᠴᠢᠬᠢᠷᠠᠭᠵᠢᠭᠤᠯᠬᠤ ᠠᠵᠢᠯᠯᠠᠭ᠎ᠠ ᠵᠢ ᠭᠦᠨᠵᠡᠭᠡᠢ ᠦᠷᠨᠢᠭᠦᠯᠵᠦ᠂ ᠠᠷᠠᠳ ᠣᠯᠠᠨ᠎ᠤ ᠬᠡᠷᠡᠭᠴᠡᠭᠡ ᠱᠠᠭ᠋ᠠᠷᠳᠠᠯᠭ᠎ᠠ᠎ᠪᠠᠷ ᠴᠢᠩᠭ᠎ᠠ᠂ ᠲᠦᠭᠡᠮᠡᠯ ᠬᠠᠷᠠᠭ᠋ᠠᠯᠵᠠᠯ᠎ᠤᠨ ᠴᠢᠨᠠᠷ ᠵᠶ᠋ᠠᠷ ᠰᠠᠶ᠋ᠢᠨ ᠨᠢᠭᠡ ᠪᠦᠯᠦᠭ ᠣᠯᠠᠨ ᠨᠡᠶ᠋ᠢᠲᠡ ᠵᠢᠨ ᠪᠡᠶ᠎ᠡ ᠵᠢᠨ ᠲᠠᠮᠢᠷ᠎ᠤᠨ ᠪᠡᠯᠡᠳᠭᠡᠮᠵᠢ ᠵᠢ ᠪᠠᠶ᠋ᠢᠭᠤᠯᠵᠤ᠂ ᠬᠥᠯ ᠪᠦᠮᠪᠦᠭᠡᠨᠤ ᠦᠭᠡᠷᠡᠴᠢᠯᠡᠯᠲᠡ ᠬᠥᠭᠵᠢᠯᠲᠡ ᠵᠢ ᠠᠬᠢᠭᠤᠯᠤᠨ᠂ 《ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ》᠎ᠤᠨ ᠮᠦᠰᠦ ᠴᠠᠰᠤᠨ᠎ᠤ ᠦᠪᠡᠳᠡᠭᠰᠢ ᠴᠤᠭᠯᠠᠭ᠋ᠠᠨ᠎ᠢ ᠰᠠᠶ᠋ᠢᠲᠤᠷ ᠡᠷᠬᠢᠯᠡᠨ᠎ᠡ᠃
(ᠭᠤᠷᠪᠠ) ᠨᠡᠶ᠋ᠢᠭᠡᠮ᠎ᠤᠨ ᠵᠠᠰᠠᠯᠲᠠ ᠵᠢᠨ ᠰᠢᠰᠲ᠋ᠧᠮᠵᠢ ᠵᠢ ᠲᠦᠷᠭᠡᠳᠭᠡᠨ ᠲᠡᠭᠦᠯᠳᠡᠷᠵᠢᠭᠦᠯᠦᠨ᠎ᠡ᠃ ᠨᠡᠶ᠋ᠢᠭᠡᠮ᠎ᠤᠨ ᠢᠲᠡᠭᠡᠮᠵᠢ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠢᠲᠡᠭᠡᠮᠵᠢ᠎ᠪᠠᠷ ᠰᠠᠭᠤᠷᠢ ᠪᠣᠯᠭ᠋ᠠᠭᠰᠠᠨ ᠰᠢᠨ᠎ᠡ ᠬᠡᠯᠪᠡᠷᠢ ᠵᠢᠨ ᠬᠢᠨᠠᠨ ᠬᠠᠮᠢᠶᠠᠷᠬᠤ ᠲᠣᠭᠲᠠᠴᠠ ᠵᠢ ᠪᠠᠶ᠋ᠢᠭᠤᠯᠤᠨ᠎ᠠ᠃ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠪᠠ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠨ ᠭᠠᠮᠰᠢᠭ᠎ᠠᠴᠠ ᠠᠪᠤᠷᠠᠬᠤ ᠴᠢᠳᠠᠪᠤᠷᠢ ᠵᠢ ᠳᠡᠭᠡᠭᠰᠢᠯᠡᠭᠦᠯᠵᠦ᠂ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠤᠨ᠂ ᠭᠤᠣᠯᠳᠠᠯᠭ᠎ᠠ᠎ᠲᠠᠢ ᠬᠦᠷᠢᠶᠡᠨ᠎ᠤ ᠠᠮᠦᠷ ᠲᠥᠪᠰᠢᠨ᠎ᠢ ᠲᠤᠰᠬᠠᠶ᠋ᠢᠯᠠᠨ ᠴᠡᠭᠴᠡᠯᠡᠵᠦ ᠵᠠᠰᠠᠬᠤ ᠪᠠ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠵᠤ ᠵᠠᠰᠠᠬᠤ ᠠᠵᠢᠯ᠎ᠢ ᠰᠠᠶ᠋ᠢᠲᠤᠷ ᠠᠳᠬᠤᠵᠤ᠂ ᠦᠢ᠍ᠯᠡᠳᠪᠦᠷᠢᠯᠡᠯ᠎ᠤᠨ ᠠᠮᠦᠷ ᠲᠥᠪᠰᠢᠨ᠎ᠤ ᠲᠠᠯ᠎ᠠ᠎ᠳᠤ ᠣᠨᠴᠠ ᠬᠦᠨᠳᠦ ᠶᠡᠭᠡ ᠠᠳᠡᠯ ᠭᠠᠷᠬᠤ ᠵᠢ ᠰᠡᠷᠭᠡᠶ᠋ᠢᠯᠡᠨ ᠬᠤᠷᠢᠭᠯᠠᠨ᠎ᠠ᠃ ᠬᠦᠨᠳᠦ ᠶᠡᠭᠡ ᠬᠠᠯᠳᠠᠪᠤᠷᠢᠲᠦ ᠡᠪᠡᠳᠴᠢᠨ᠎ᠢ ᠰᠡᠷᠭᠡᠶ᠋ᠢᠯᠡᠨ ᠡᠵᠡᠮᠰᠢᠬᠦ ᠵᠢ ᠴᠢᠩᠭ᠋ᠠᠳᠬᠠᠵᠤ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠭᠡᠨᠡᠳᠲᠡ ᠵᠢᠨ ᠬᠡᠷᠡᠭ᠎ᠢ ᠰᠡᠷᠭᠡᠶ᠋ᠢᠯᠡᠨ ᠡᠵᠡᠮᠰᠢᠬᠦ ᠪᠠ ᠪᠠᠴᠢᠮ ᠠᠪᠤᠷᠠᠨ ᠲᠤᠰᠠᠯᠠᠬᠤ ᠵᠢ ᠰᠠᠶ᠋ᠢᠲᠤᠷ ᠬᠢᠨ᠎ᠡ᠃ ᠬᠠᠷᠢᠭᠤᠴᠠᠯᠭ᠎ᠠ ᠵᠢᠨ ᠬᠠᠮᠢᠶᠠᠷᠤᠯᠲᠠ ᠵᠢ ᠴᠢᠩᠭ᠋ᠠᠷᠠᠭᠤᠯᠵᠤ᠂ ᠲᠥᠭᠰᠢᠭᠦᠷᠢ ᠡᠭᠦᠰᠬᠦ ᠳᠠᠯᠳᠠ ᠭᠡᠮ᠎ᠢ ᠴᠢᠩᠭ᠎ᠠ ᠠᠩᠬᠠᠷᠴᠤ᠂ ᠢᠳᠡᠭᠡᠨ᠎ᠤ ᠪᠠ ᠡᠮ᠎ᠤᠨ ᠵᠦᠢ᠍ᠯ᠎ᠤᠨ ᠠᠮᠦᠷ ᠲᠥᠪᠰᠢᠨ᠎ᠤ ᠰᠡᠷᠭᠡᠶ᠋ᠢᠯᠡᠬᠦ ᠱᠤᠭᠤᠮ ᠪᠠ ᠬᠤᠷᠢᠭ᠎ᠠ ᠱᠤᠭᠤᠮ᠎ᠢ ᠡᠷᠡᠰ ᠰᠠᠬᠢᠨ᠎ᠠ᠃ 《ᠬᠠᠷ᠎ᠠ ᠪᠦᠯᠦᠭᠲᠡᠨ ᠬᠠᠷᠬᠢᠰ ᠬᠦᠴᠦᠨ᠎ᠢ ᠠᠷᠢᠯᠭ᠋ᠠᠬᠤ》 ᠲᠤᠰᠬᠠᠢ ᠲᠡᠮᠡᠴᠡᠯ᠎ᠢ ᠭᠦᠨᠵᠡᠭᠡᠶ᠋ᠢᠷᠡᠭᠦᠯᠦᠨ ᠠᠬᠢᠭᠤᠯᠵᠤ᠂ ᠭᠤᠷᠪᠠᠨ ᠵᠢᠯ᠎ᠤᠨ ᠶᠡᠷᠦᠩᠬᠡᠢ ᠬᠠᠷᠠᠯᠲᠠ ᠵᠢ ᠴᠢᠩᠭ᠎ᠠ ᠪᠠᠷᠢᠮᠲᠠᠯᠠᠨ᠎ᠠ᠃ ᠠᠷᠠᠳ᠎ᠤᠨ ᠠᠭ᠋ᠠᠷ᠎ᠤᠨ ᠰᠡᠷᠭᠡᠶ᠋ᠢᠯᠡᠯᠲᠡ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠬᠢᠯᠢ ᠬᠢᠵᠠᠭ᠋ᠠᠷ ᠣᠷᠣᠨ ᠵᠶ᠋ᠠᠨ ᠬᠦᠴᠦᠷᠭᠡᠭᠵᠢᠭᠦᠯᠦᠨ᠂ ᠰᠡᠷᠭᠡᠶ᠋ᠢᠯᠡᠯᠲᠡ ᠵᠢ ᠪᠠᠬᠢᠵᠢᠭᠦᠯᠬᠦ᠎ᠪᠠᠷ ᠬᠦᠴᠦᠯᠡᠵᠦ᠂ ᠨᠠᠮ ᠵᠠᠰᠠᠭ ᠴᠡᠷᠢᠭ ᠴᠠᠭᠳᠠᠭ᠎ᠠ ᠠᠷᠠᠳ᠎ᠤᠨ ᠬᠤᠯᠪᠣᠭ᠋ᠠᠯᠠᠨ ᠰᠡᠷᠭᠡᠶ᠋ᠢᠯᠡᠵᠦ ᠬᠤᠯᠪᠣᠭ᠋ᠠᠯᠠᠨ ᠡᠵᠡᠮᠰᠢᠬᠦ ᠤᠷᠲᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠲᠡᠭᠦᠯᠳᠡᠷᠵᠢᠭᠦᠯᠦᠨ᠎ᠡ᠃ ᠭᠠᠵᠠᠷ ᠰᠢᠨᠵᠢᠯᠡᠭᠡᠨ᠂ ᠴᠠᠭ ᠠᠭᠤᠷ᠂ ᠬᠡᠮᠵᠢᠨ ᠵᠢᠷᠤᠬᠤ ᠵᠡᠷᠭᠡ ᠠᠵᠢᠯ᠎ᠢ ᠰᠠᠶ᠋ᠢᠲᠤᠷ ᠬᠢᠨ᠎ᠡ᠃
2020 ᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠠᠵᠢᠯ᠎ᠢ ᠰᠠᠶ᠋ᠢᠲᠤᠷ ᠬᠢᠬᠦ ᠡᠭᠦᠷᠭᠡ ᠪᠡᠷᠬᠡ ᠬᠠᠲᠠᠭᠤᠵᠢᠯᠲᠠᠢ ᠪᠠᠶ᠋ᠢᠨ᠎ᠠ᠂ ᠣᠷᠣᠨ ᠳᠠᠶᠠᠭ᠋ᠠᠷ ᠰᠢ ᠵᠢᠨ ᠫᠢᠩ ᠨᠦᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠡᠩ ᠨᠢᠭᠲᠠᠷᠠᠨ ᠪᠦᠯᠬᠦᠮᠳᠡᠵᠦ᠂ ᠦᠪᠦᠷ ᠮᠣᠩᠭᠤᠯ᠎ᠤᠨ ᠠᠵᠢᠯ᠎ᠤᠨ ᠲᠣᠬᠠᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠤᠬᠤᠯᠠᠪᠤᠷᠢ ᠵᠢᠨ ᠵᠣᠷᠢᠭ ᠰᠠᠨᠠᠭ᠎ᠠ ᠪᠠ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠵᠠᠰᠠᠯᠲᠠ ᠵᠢᠨ ᠰᠢᠰᠲ᠋ᠧᠮᠵᠢ ᠪᠠ ᠵᠠᠰᠠᠬᠤ ᠴᠢᠳᠠᠪᠤᠷᠢ ᠵᠢᠨ ᠤᠳᠤᠬᠢᠴᠢᠯᠠᠯᠲᠠ ᠵᠢ ᠶᠡᠭᠡ᠎ᠪᠠᠷ ᠠᠬᠢᠭᠤᠯᠤᠨ᠂ ᠨᠠᠮ᠎ᠠᠴᠠ ᠠᠵᠤ ᠠᠬᠤᠢ ᠵᠢᠨ ᠠᠵᠢᠯ᠎ᠢ ᠤᠳᠤᠷᠢᠳᠬᠤ ᠳᠦᠷᠢᠮ᠎ᠤᠨ ᠳᠠᠪᠠᠭᠤᠯᠢᠭ᠎ᠢ ᠦᠨᠡᠨ ᠬᠦ᠌ ᠵᠠᠰᠠᠯᠲᠠ ᠵᠢᠨ ᠦᠷ᠎ᠡ ᠪᠦᠲᠦᠮᠵᠢ ᠪᠣᠯᠭ᠋ᠠᠵᠤ ᠬᠤᠪᠢᠷᠠᠭᠤᠯᠤᠨ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠡᠯ᠎ᠡ ᠵᠦᠢ᠍ᠯ᠎ᠤᠨ ᠠᠵᠢᠯ᠎ᠢ ᠯᠠᠪᠳᠠᠭᠤᠨ ᠪᠦᠲᠦᠮᠵᠢᠲᠡᠢ ᠰᠠᠶ᠋ᠢᠲᠤᠷ ᠬᠢᠵᠦ᠂ ᠭᠤᠣᠯᠳᠠᠯᠭ᠎ᠠ ᠵᠢ ᠦᠷᠭᠦᠯᠵᠢᠯᠡᠨ ᠠᠳᠬᠤᠬᠤ᠂ ᠲᠤᠳᠠᠭᠤᠳᠠᠯ ᠵᠶ᠋ᠠᠨ ᠨᠦᠬᠦᠪᠦᠷᠢᠯᠡᠬᠦ᠂ ᠠᠨᠠᠢ ᠵᠦᠢ᠍ᠯ ᠵᠶ᠋ᠠᠨ ᠴᠢᠩᠭ᠋ᠠᠷᠠᠭᠤᠯᠬᠤ ᠵᠢ ᠦᠷᠭᠦᠯᠵᠢᠯᠡᠨ ᠠᠳᠬᠤᠵᠤ᠂ ᠴᠢᠬᠤᠯᠠ ᠶᠡᠭᠡ ᠲᠥᠷᠥ ᠵᠢᠨ ᠪᠣᠳᠣᠯᠭ᠎ᠠ ᠵᠢᠨ ᠪᠣᠳᠠᠳᠠᠶ᠋ᠢᠵᠢᠵᠦ ᠬᠡᠷᠡᠭᠵᠢᠭᠦᠯᠦᠭᠳᠡᠬᠦ ᠵᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠠᠳᠬᠤᠵᠤ᠂ ᠴᠢᠬᠤᠯᠠ ᠶᠡᠭᠡ ᠢᠨᠵᠧᠨᠧᠷᠢᠩ᠎ᠤᠨ ᠲᠦᠷᠦᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠭᠡᠨ᠂ ᠴᠢᠬᠤᠯᠠ ᠶᠡᠭᠡ ᠦᠭᠡᠷᠡᠴᠢᠯᠡᠯᠲᠡ ᠵᠢᠨ ᠪᠤᠳᠠᠲᠠᠢ ᠦᠷ᠎ᠡ ᠪᠦᠲᠦᠮᠵᠢ ᠣᠯᠬᠤ ᠵᠢ ᠠᠬᠢᠭᠤᠯᠵᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠬᠤ ᠠᠭᠤᠤ ᠶᠡᠭᠡ ᠢᠯᠠᠯᠲᠠ ᠵᠢ ᠡᠷᠡᠰ ᠲᠡᠮᠡᠴᠡᠨ ᠤᠯᠤᠨ᠎ᠠ᠃ ᠴᠢᠬᠤᠯᠠ ᠶᠡᠭᠡ ᠬᠠᠨᠳᠤᠰᠢ ᠵᠢ ᠡᠵᠡᠮᠳᠡᠵᠦ᠂ ᠦᠪᠡᠷᠲᠡᠭᠡᠨ ᠵᠠᠰᠠᠬᠤ ᠣᠷᠣᠨ᠎ᠤ ᠪᠣᠲᠠᠲᠠᠢ᠎ᠳᠤ ᠰᠠᠭᠤᠷᠢᠯᠠᠨ᠂ ᠤᠯᠤᠰ᠎ᠤᠨ ᠡᠯ᠎ᠡ ᠲᠦᠷᠦᠯ᠎ᠤᠨ ᠲᠦᠯᠦᠪᠵᠢᠭᠦᠯᠭᠡᠯᠦᠭᠡ ᠤᠷᠭ᠋ᠠᠨᠢᠭ ᠵᠶ᠋ᠠᠷ ᠵᠤᠯᠭ᠋ᠠᠭᠤᠯᠬᠤ ᠵᠢ ᠴᠢᠩᠭ᠋ᠠᠳᠬᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠦᠯᠦᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠰᠠᠶ᠋ᠢᠲᠤᠷ ᠬᠢᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠤ ᠬᠥᠭᠵᠢᠯᠲᠡ ᠪᠠ ᠬᠤᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ᠎ᠳᠤ ᠰᠠᠶ᠋ᠢᠲᠤᠷ ᠰᠠᠭᠤᠷᠢ ᠲᠠᠯᠪᠢᠬᠤ ᠬᠡᠷᠡᠭᠲᠡᠢ᠃
(ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)