ᠥᠪᠥᠷ ᠵᠠᠰᠠᠭ ᠲᠠᠷᠬᠠᠭ᠋ᠠᠭᠰᠠᠨ [2020] 18 ᠳ᠋ᠤᠭ᠋ᠠᠷ ᠲᠣᠭ᠋ᠠᠲᠤ 2020 ᠣᠨ᠎ᠤ 11 ᠳ᠋ᠦ᠍ᠭᠡᠷ ᠰᠠᠷ᠎ᠠ ᠵᠢᠨ 5᠎ᠤ ᠡᠳᠦᠷ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠤᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠲᠥᠰᠦᠯ》᠎ᠢ ᠡᠳᠦᠭᠡ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠶ᠃
(ᠲᠣᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠦᠭᠡᠢ
ᠠᠭᠤᠷᠬᠠᠢ ᠵᠢᠨ ᠪᠦᠲᠦᠭᠡᠨ ᠪᠠᠶ᠋ᠢᠭᠤᠯᠤᠯᠲᠠ ᠵᠢᠨ ᠲᠥᠰᠦᠯ
ᠮᠠᠨ᠎ᠤ ᠣᠷᠣᠨ᠎ᠤ ᠠᠭᠤᠷᠬᠠᠢ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠬᠢᠭᠡᠳ ᠶᠡᠷᠦᠩᠬᠡᠶ᠋ᠢᠯᠡᠭᠰᠡᠨ ᠵᠠᠰᠠᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ ᠬᠢᠭᠡᠳ ᠠᠮᠢ ᠠᠬᠤᠶ ᠣᠷᠴᠢᠨ ᠲᠣᠭᠤᠷᠢᠨ᠎ᠲᠠᠢ ᠵᠣᠬᠢᠴᠠᠯᠳᠤᠬᠤ ᠵᠢ ᠠᠬᠢᠭᠤᠯᠵᠤ᠂ ᠠᠭᠤᠷᠬᠠᠶ ᠵᠢᠨ ᠦᠢ᠍ᠯᠡᠰ᠎ᠤᠨ ᠨᠡᠭᠡᠭᠡᠨ ᠬᠥᠭᠵᠢᠭᠦᠯᠬᠦ ᠵᠢ ᠪᠣᠬᠢᠷᠲᠤᠯ ᠦᠭᠡᠶ ᠪᠥᠭᠡᠳ ᠡᠷᠡᠭᠦᠯ ᠵᠶ᠋ᠠᠷ ᠦᠷᠭᠦᠯᠵᠢᠯᠡᠨ ᠬᠥᠭᠵᠢᠭᠦᠯᠬᠦ ᠵᠢᠨ ᠲᠤᠰᠠᠳᠠ᠂ ᠤᠤᠯ᠎ᠤᠨ ᠤᠯᠤᠰ᠎ᠤᠨ ᠭᠠᠵᠠᠷ ᠰᠢᠷᠣᠢ ᠡᠬᠢ ᠪᠠᠶᠠᠯᠢᠭ᠎ᠤᠨ ᠶᠠᠮᠤᠨ᠂ ᠡᠳ᠋᠎ᠤᠨ ᠵᠠᠰᠠᠭ᠎ᠤᠨ ᠶᠠᠮᠤᠨ᠂ ᠤᠤᠯ᠎ᠤᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠶᠠᠮᠤᠨ᠂ ᠤᠤᠯ᠎ᠤᠨ ᠤᠯᠤᠰ᠎ᠤᠨ ᠶᠠᠰᠤ ᠴᠢᠨᠠᠷ᠎ᠲᠤ ᠮᠡᠷᠭᠡᠵᠢᠯ᠎ᠤᠨ ᠬᠢᠨᠠᠯᠲᠠ ᠲᠠᠯᠪᠢᠬᠤ ᠲᠣᠪᠴᠢᠶ᠎ᠠ᠂ ᠤᠤᠯ᠎ᠤᠨ ᠳᠤᠮᠳᠠᠳᠤ ᠤᠯᠤᠰ᠎ᠤᠨ ᠪᠠᠩᠬᠢ ᠵᠢᠨ ᠦᠢ᠍ᠯᠡᠰ᠎ᠤᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠳᠤᠮᠳᠠᠳᠤ ᠤᠯᠤᠰ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ 《ᠪᠣᠬᠢᠷᠲᠤᠯ ᠥᠬᠡᠶ ᠠᠭᠤᠷᠬᠠᠶ ᠵᠢ ᠲᠦᠷᠭᠡᠳᠬᠡᠨ ᠪᠥᠲᠥᠭᠡᠨ ᠪᠠᠶ᠋ᠢᠭᠤᠯᠬᠤ ᠲᠣᠬᠠᠢ ᠬᠡᠷᠡᠭᠵᠢᠭᠦᠯᠬᠦ ᠰᠠᠨᠠᠯ》 (ᠤᠯᠤᠰ ᠭᠠᠵᠠᠷ ᠡᠬᠢ ᠲᠣᠭᠲᠠᠭ᠋ᠠᠯ [2017] 4 ᠳ᠋ᠦ᠍ᠭᠡᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠲᠣᠰ ᠲᠥᠰᠦᠯ᠎ᠢ ᠲᠣᠭᠲᠠᠭ᠋ᠠᠪᠠ᠃
ᠨᠢᠭᠡ᠂ ᠴᠢᠬᠤᠯᠠ ᠠᠴᠢ ᠬᠤᠯᠪᠣᠭᠳᠠᠯ
ᠮᠠᠨ᠎ᠤ ᠣᠷᠣᠨ ᠪᠣᠯ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠤᠨ ᠲᠣᠮᠣ ᠣᠷᠣᠨ ᠪᠠ ᠤᠯᠤᠰ᠎ᠤᠨ ᠴᠢᠬᠤᠯᠠ ᠡᠨᠧᠷᠭᠢ ᠵᠢᠨ ᠰᠤᠷᠪᠤᠯᠵᠢ᠂ ᠥᠩᠭᠡᠲᠦ ᠲᠡᠮᠦᠷᠯᠢᠭ᠎ᠤᠨ ᠡᠬᠢ ᠪᠠᠶᠠᠯᠢᠭ᠎ᠤᠨ ᠰᠠᠭᠤᠷᠢᠨ ᠭᠠᠵᠠᠷ ᠪᠣᠯᠤᠨ᠎ᠠ᠂ ᠠᠭᠤᠷᠬᠠᠢ ᠵᠢᠨ ᠦᠢ᠍ᠯᠡᠰ᠎ᠨᠢ ᠤᠯᠤᠰ ᠠᠷᠠᠳ᠎ᠤᠨ ᠠᠵᠤ ᠠᠬᠤᠢ᠎ᠳᠤ ᠮᠠᠰᠢ ᠴᠢᠬᠤᠯᠠ ᠪᠠᠶ᠋ᠢᠷᠢ ᠰᠠᠭᠤᠷᠢ ᠵᠢ ᠡᠵᠡᠯᠡᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠭᠡᠪᠡᠴᠦ ᠡᠭᠦᠨ᠎ᠤ ᠳᠠᠭ᠋ᠠᠤ᠎ᠳᠤ ᠪᠠᠰᠠ ᠮᠠᠨ᠎ᠤ ᠣᠷᠣᠨ᠎ᠤ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠠᠵᠢᠯ ᠶᠡᠷᠦᠩᠬᠡᠶ᠎ᠳᠤ᠎ᠪᠠᠨ ᠨᠡᠯᠢᠶᠡᠳ ᠤᠯᠠᠮᠵᠢᠯᠠᠯᠲᠤ ᠪᠦᠳᠦᠭᠦᠯᠢᠭ ᠮᠠᠶᠢᠭ᠎ᠤᠨ ᠪᠣᠯᠬᠤᠷ᠂ ᠠᠮᠢ ᠠᠬᠤᠶ ᠣᠷᠴᠢᠨ ᠲᠣᠭᠤᠷᠢᠨ᠎ᠤ ᠠᠰᠠᠭᠤᠳᠠᠯ ᠨᠡᠯᠢᠶᠡᠳ ᠲᠣᠪᠤᠶ᠋ᠢᠮ᠎ᠠ ᠪᠠᠶ᠋ᠢᠵᠤ᠂ ᠦᠢ᠍ᠯᠡᠳᠪᠦᠷᠢᠯᠡᠵᠦ ᠪᠠᠶ᠋ᠢᠭ᠎ᠠ ᠠᠭᠤᠷᠬᠠᠢ ᠵᠢᠨ ᠨᠡᠶ᠋ᠢᠲᠡ᠎ᠳᠤ᠎ᠪᠠᠨ ᠡᠵᠡᠯᠡᠵᠦ ᠬᠡᠷᠡᠭᠯᠡᠭᠰᠡᠨ ᠪᠠ ᠡᠪᠳᠡᠵᠦ ᠰᠦᠢ᠍ᠳᠬᠡᠭᠰᠡᠨ ᠭᠠᠵᠠᠷ ᠰᠢᠷᠣᠢ ᠵᠢᠨ ᠲᠠᠯᠠᠪᠠᠢ ᠶᠡᠭᠡ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠣᠪᠣᠭ᠋ᠠᠯᠠᠵᠤ ᠬᠠᠳᠠᠭ᠋ᠠᠯᠠᠭᠰᠠᠨ ᠬᠡᠮᠵᠢᠶ᠎ᠡ ᠶᠡᠭᠡ ᠪᠠᠶ᠋ᠢᠵᠤ᠂ ᠠᠭᠤᠷᠬᠠᠢ ᠵᠢᠨ ᠠᠮᠢ ᠠᠬᠤᠶ ᠵᠢᠨ ᠣᠷᠴᠢᠨ ᠲᠣᠭᠤᠷᠢᠨ ᠪᠠ ᠠᠭᠤᠷᠬᠠᠶ ᠵᠢᠨ ᠦᠢ᠍ᠯᠡᠰ᠎ᠤᠨ ᠦᠷᠭᠦᠯᠵᠢᠯᠡᠨ ᠭᠦᠭᠵᠢᠭᠦ ᠵᠢ ᠬᠦᠨᠳᠦ ᠨᠣᠴᠢᠲᠠᠶ ᠨᠥᠯᠥᠭᠡᠯᠡᠵᠦ ᠪᠠᠶ᠋ᠢᠨ᠎ᠠ᠃ ᠪᠣᠬᠢᠷᠲᠤᠯ ᠦᠭᠡᠢ ᠠᠭᠤᠷᠬᠠᠢ ᠵᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠪᠣᠯ᠂ ᠠᠭᠤᠷᠬᠠᠶ ᠵᠢᠨ ᠦᠢ᠍ᠯᠡᠰ᠎ᠤᠨ ᠬᠡᠯᠪᠡᠷᠢ ᠵᠢ ᠬᠤᠪᠢᠷᠠᠭᠤᠯᠤᠨ ᠭᠦᠭᠵᠢᠭᠦᠯᠭᠦ ᠪᠠ ᠦᠷᠭᠦᠯᠵᠢᠯᠡᠨ ᠬᠥᠭᠵᠢᠬᠦ ᠵᠢ ᠪᠠᠶᠡᠯᠡᠭᠦᠯᠬᠦ ᠵᠢᠨ ᠵᠠᠶ᠋ᠢᠯᠠᠰᠢ ᠦᠭᠡᠶ ᠱᠠᠭ᠋ᠠᠷᠳᠠᠯᠭ᠎ᠠ ᠪᠣᠯᠬᠤ ᠪᠥᠭᠡᠳ ᠠᠭᠤᠷᠬᠠᠶ ᠵᠢᠨ ᠦᠢ᠍ᠯᠡᠰ᠎ᠤᠨ ᠬᠦᠷᠢᠶᠡᠨ᠎ᠳᠠᠬᠢ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠬᠤ ᠴᠢᠬᠤᠯᠠ ᠠᠷᠭ᠎ᠠ ᠪᠠᠷᠢᠯ ᠪᠠᠶ᠋ᠢᠵᠤ᠂ ᠮᠠᠨ᠎ᠤ ᠣᠷᠣᠨ᠎ᠤ ᠠᠭᠤᠷᠬᠠᠢ ᠵᠢᠨ ᠦᠢ᠍ᠯᠡᠰ᠎ᠤᠨ ᠠᠵᠤ ᠠᠬᠤᠢ ᠵᠢᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠪᠡᠶᠡᠯᠡᠭᠦᠯᠬᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠶ᠋ᠢᠭᠡᠮ᠎ᠤᠨ ᠦᠷᠭᠦᠯᠵᠢᠯᠡᠨ ᠡᠷᠡᠭᠦᠯ ᠵᠶ᠋ᠠᠷ ᠲᠣᠭᠲᠠᠭᠤᠨ ᠬᠥᠭᠵᠢᠬᠦ ᠵᠢ ᠠᠬᠢᠭᠤᠯᠬᠤ᠂ ᠡᠬᠡ ᠤᠯᠤᠰ᠎ᠤᠨ ᠤᠮᠠᠷᠠᠲᠤ ᠵᠢᠨ ᠦᠵᠡᠰᠬᠦᠯᠡᠩᠲᠦ ᠰᠠᠶ᠋ᠢᠬᠠᠨ ᠦᠵᠡᠮᠵᠢ ᠵᠢᠨ ᠣᠷᠣᠨ᠎ᠢ ᠴᠣᠭᠴᠠᠯᠠᠨ ᠪᠠᠶ᠋ᠢᠭᠤᠯᠬᠤ᠎ᠳᠤ ᠲᠦᠢ᠍ᠯ᠎ᠤᠨ ᠴᠢᠬᠤᠯᠠ ᠠᠴᠢ ᠬᠤᠯᠪᠣᠭᠳᠠᠯ᠎ᠲᠠᠢ ᠶᠤᠮ᠃
ᠬᠤᠶᠠᠷ᠂ ᠶᠡᠷᠦᠩᠬᠡᠶ ᠱᠠᠭ᠋ᠠᠷᠳᠠᠯᠭ᠎ᠠ
(ᠨᠢᠭᠡ) ᠵᠢᠯᠣᠭᠤᠳᠬᠤ ᠦᠵᠡᠯ ᠰᠠᠨᠠᠭ᠎ᠠ᠃
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠨ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠥᠬᠦ ᠲᠠᠯ᠎ᠠ᠎ᠪᠠᠷ ᠲᠣᠭᠤᠰᠢᠯᠠᠭᠤᠯᠵᠤ᠂ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠪᠠ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠤᠨ᠂ 《ᠲᠠᠪᠤ ᠵᠢ ᠨᠢᠭᠡ ᠴᠣᠭᠴᠠᠵᠢᠭᠤᠯᠬᠤ》 ᠶᠡᠷᠦᠩᠬᠡᠶ ᠪᠠᠶ᠋ᠢᠷᠢᠰᠢᠭᠤᠯᠤᠯᠲᠠ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ 《ᠳᠥᠷᠪᠡᠨ ᠪᠦᠬᠦ ᠲᠠᠯ᠎ᠠ》 ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠰᠢᠭᠤᠯᠤᠯᠲᠠ ᠵᠢ ᠵᠣᠬᠢᠴᠠᠭᠤᠯᠵᠤ ᠠᠬᠢᠭᠤᠯᠤᠨ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠪᠠᠲᠤ ᠪᠠᠬᠢ ᠪᠤᠢ ᠪᠣᠯᠭ᠋ᠠᠬᠤ ᠪᠠ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠮᠢ ᠠᠬᠤᠶ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠬᠤ ᠵᠢ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠲᠥᠯᠥᠪᠵᠢᠭᠦᠯᠭᠡ᠂ ᠬᠠᠶ᠋ᠢᠨ ᠪᠠᠶ᠋ᠢᠴᠠᠭ᠋ᠠᠯᠲᠠ᠂ ᠨᠡᠭᠡᠭᠡᠨ ᠠᠰᠢᠭᠯᠠᠬᠤ ᠪᠠ ᠬᠠᠮᠠᠭ᠋ᠠᠯᠠᠬᠤ ᠪᠦᠬᠦ ᠶᠠᠪᠤᠴᠠ᠎ᠳᠤ ᠨᠡᠶ᠋ᠢᠳᠡᠮ ᠲᠤᠭᠤᠰᠢᠯᠠᠭᠤᠯᠤᠨ᠂ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠶ᠋ᠢᠭᠤᠯᠤᠯᠲᠠ ᠵᠢ ᠪᠦᠬᠦ ᠬᠦᠴᠦᠨ ᠵᠶ᠋ᠠᠷ ᠠᠬᠢᠭᠤᠯᠵᠤ᠂ ᠠᠭᠤᠷᠬᠠᠶ ᠵᠢᠨ ᠦᠢ᠍ᠯᠡᠰ᠎ᠤᠨ ᠪᠣᠬᠢᠷᠲᠤᠯ ᠥᠬᠡᠶ ᠬᠥᠭᠵᠢᠯᠲᠡ᠂ ᠴᠢᠨᠠᠷ ᠰᠠᠶ᠋ᠢᠲᠠᠶ ᠬᠥᠭᠵᠢᠯᠲᠡ ᠵᠢ ᠬᠥᠲᠥᠯᠦᠨ ᠳᠠᠭ᠋ᠠᠭᠤᠯᠬᠤ ᠪᠠ ᠳᠠᠶ᠋ᠢᠴᠢᠯᠠᠨ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠥᠲᠥᠭᠡᠨ ᠪᠠᠶ᠋ᠢᠭᠤᠯᠬᠤ᠎ᠳᠤ ᠬᠤᠪᠢ ᠨᠡᠮᠡᠷᠢ ᠦᠵᠡᠭᠦᠯᠦᠨ᠎ᠡ᠃
(ᠬᠤᠶᠠᠷ) ᠶᠡᠷᠦᠩᠬᠡᠶ ᠬᠠᠷᠠᠯᠲᠠ᠃
ᠵᠠᠰᠠᠭ᠎ᠤᠨ ᠣᠷᠳᠣᠨ ᠵᠶ᠋ᠠᠷ ᠭᠤᠤᠯᠯᠠᠭᠤᠯᠬᠤ᠂ ᠰᠠᠯᠠᠭ᠎ᠠ ᠮᠥᠴᠢᠷ᠎ᠤᠳ ᠬᠠᠮᠵᠢᠯᠴᠠᠬᠤ᠂ ᠭᠤᠷᠪᠠᠨ ᠱᠠᠲᠤ ᠬᠤᠯᠪᠣᠭ᠋ᠠᠯᠠᠨ ᠡᠭᠦᠳᠬᠦ ᠠᠵᠢᠯ᠎ᠤᠨ ᠲᠣᠭᠲᠠᠴᠠ ᠵᠢ ᠪᠠᠶ᠋ᠢᠭᠤᠯᠤᠨ᠎ᠠ; ᠪᠣᠬᠢᠷᠲᠤᠯ ᠥᠬᠡᠶ ᠠᠭᠤᠷᠬᠠᠶ ᠵᠢᠨ ᠪᠠᠷᠢᠮᠵᠢᠶ᠎ᠠ ᠵᠢᠨ ᠰᠢᠰᠲ᠋ᠧᠮ ᠲᠦᠷᠢᠮ᠎ᠢ ᠪᠠᠶ᠋ᠢᠭᠤᠯᠤᠨ᠎ᠠ; ᠠᠮᠢ ᠠᠬᠤᠶ ᠬᠡᠪᠡᠷᠡᠭ ᠣᠷᠣᠨ᠎ᠤ ᠠᠮᠢ ᠠᠬᠤᠢ ᠵᠢᠨ ᠬᠠᠮᠠᠭ᠋ᠠᠯᠠᠯᠲᠠ ᠪᠠ ᠪᠦᠲᠦᠭᠡᠨ ᠪᠠᠶ᠋ᠢᠭᠤᠯᠤᠯᠲᠠ ᠵᠢᠨ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠵᠢᠨ ᠰᠢᠰᠲ᠋ᠧᠮᠵᠢ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠠᠮᠢ ᠠᠬᠤᠶ ᠬᠡᠪᠡᠷᠡᠭ ᠣᠷᠣᠨ᠎ᠢ ᠬᠠᠮᠠᠭ᠋ᠠᠯᠠᠬᠤ᠂ ᠦᠩᠵᠢᠭᠦᠯᠦᠨ ᠰᠡᠷᠭᠦᠭᠡᠬᠦ ᠪᠠ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠠᠵᠢᠯ᠎ᠢ ᠥᠷᠨᠢᠭᠦᠯᠦᠨ᠂ ᠬᠠᠮᠢᠶ᠎ᠠ ᠪᠦᠬᠦᠢ ᠬᠥᠭᠵᠢᠯᠲᠡ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ᠂ ᠠᠮᠢ ᠠᠬᠤᠶ ᠬᠡᠪᠡᠷᠡᠭ ᠣᠷᠣᠨ᠎ᠤ ᠡᠬᠢ ᠪᠠᠶᠠᠯᠢᠭ᠎ᠤᠨ ᠣᠷᠴᠢᠨ ᠲᠣᠭᠤᠷᠢᠨ᠎ᠲᠠᠢ ᠲᠣᠬᠢᠷᠠᠯᠴᠠᠭᠰᠠᠨ ᠣᠷᠴᠢᠨ ᠲᠣᠭᠤᠷᠢᠨ᠎ᠤ ᠨᠥᠬᠦᠷᠰᠡᠭ ᠬᠡᠯᠪᠡᠷᠢ ᠪᠦᠬᠦᠢ ᠠᠵᠤ ᠦᠢ᠍ᠯᠡᠰ᠎ᠢ ᠭᠤᠤᠯᠳᠠᠯᠭ᠎ᠠ᠎ᠲᠠᠢ ᠬᠥᠭᠵᠢᠭᠦᠯᠦᠨ᠂ ᠠᠮᠢ ᠠᠬᠤᠢ ᠬᠡᠪᠡᠷᠡᠭ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠪᠠ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠎ᠠ; ᠲᠥᠷᠥ ᠵᠢᠨ ᠪᠣᠳᠣᠯᠭ᠎ᠠ᠎ᠪᠠᠷ ᠳᠡᠮᠵᠢᠬᠦ ᠡᠷᠴᠢᠮ᠎ᠢ ᠴᠢᠩᠭ᠋ᠠᠷᠠᠭᠤᠯᠵᠤ᠂ ᠪᠣᠬᠢᠷᠲᠤᠯ ᠦᠭᠡᠢ ᠠᠭᠤᠷᠬᠠᠢ ᠵᠢ ᠪᠦᠲᠦᠭᠡᠨ ᠪᠠᠶ᠋ᠢᠭᠤᠯᠬᠤ ᠠᠬᠢᠴᠠ᠎ᠪᠠᠨ ᠲᠦᠷᠭᠡᠳᠬᠡᠨ᠎ᠡ᠃ 2023 ᠣᠨ᠎ᠤ ᠰᠡᠭᠦᠯᠴᠢ ᠪᠣᠯᠬᠤ᠎ᠠᠴᠠ ᠡᠮᠦᠨ᠎ᠡ᠂ ᠪᠦᠬᠦ ᠣᠷᠣᠨ᠎ᠤ ᠠᠭᠤᠷᠬᠠᠶ ᠵᠢ ᠶᠡᠷᠦᠩᠬᠡᠢ᠎ᠳᠤ᠎ᠨᠢ ᠪᠣᠬᠢᠷᠲᠤᠯ ᠦᠭᠡᠶ ᠠᠭᠤᠷᠬᠠᠶ ᠵᠢᠨ ᠪᠦᠲᠦᠭᠡᠨ ᠪᠠᠶ᠋ᠢᠭᠤᠯᠤᠯᠲᠠ ᠵᠢᠨ ᠦᠨᠳᠦᠰᠦᠨ ᠨᠥᠬᠦᠴᠡᠯ᠎ᠳᠤ ᠬᠦᠷᠦᠭᠦᠯᠵᠦ᠂ ᠡᠬᠢ ᠪᠠᠶᠠᠯᠢᠭ᠎ᠢ ᠡᠷᠴᠢᠮᠵᠢᠭᠦᠯᠦᠨ ᠠᠷᠪᠢᠯᠠᠵᠤ ᠠᠰᠢᠭᠯᠠᠬᠤ ᠬᠢᠷᠢ ᠲᠦᠪᠰᠢᠨ᠎ᠢ ᠢᠯᠡᠳᠲᠡ ᠳᠡᠭᠡᠭᠰᠢᠯᠡᠭᠦᠯᠦᠨ᠂ ᠠᠭᠤᠷᠬᠠᠶ ᠵᠢᠨ ᠠᠮᠢ ᠠᠬᠤᠶ ᠵᠢᠨ ᠣᠷᠴᠢᠨ ᠲᠣᠭᠤᠷᠢᠨ᠎ᠢ ᠪᠦᠲᠦᠮᠵᠢᠲᠡᠶ ᠬᠠᠮᠠᠭ᠋ᠠᠯᠠᠵᠤ᠂ ᠠᠭᠤᠷᠬᠠᠶ ᠵᠢᠨ ᠣᠷᠣᠨ᠎ᠤ ᠭᠠᠵᠠᠷ ᠰᠢᠷᠣᠶ ᠵᠢ ᠦᠩᠵᠢᠭᠦᠯᠦᠨ ᠠᠰᠢᠭᠯᠠᠬᠤ ᠬᠢᠷᠢ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠂ ᠠᠭᠤᠷᠬᠠᠢ ᠵᠢᠨ ᠦᠢ᠍ᠯᠡᠰ᠎ᠢ ᠪᠣᠬᠢᠷᠲᠤᠯ ᠦᠭᠡᠢ᠎ᠪᠠᠷ ᠦᠷᠬᠦᠯᠵᠢᠯᠡᠨ ᠬᠥᠭᠵᠢᠭᠦᠯᠬᠦ ᠰᠠᠶ᠋ᠢᠨ ᠣᠷᠴᠢᠯ᠎ᠲᠠᠢ ᠵᠠᠮ ᠵᠶ᠋ᠠᠷ ᠵᠠᠮᠨᠠᠭᠤᠯᠵᠤ᠂ ᠠᠷᠪᠢᠲᠠᠢ ᠪᠥᠭᠡᠳ ᠥᠨᠳᠥᠷ ᠪᠦᠲᠦᠮᠵᠢᠲᠡᠢ᠂ ᠣᠷᠴᠢᠨ ᠲᠣᠭᠤᠷᠢᠨ᠎ᠨᠢ ᠦᠵᠡᠰᠬᠦᠯᠡᠩᠲᠦ ᠰᠠᠶ᠋ᠢᠬᠠᠨ᠂ ᠠᠭᠤᠷᠬᠠᠢ ᠵᠢᠨ ᠣᠷᠣᠨ᠎ᠨᠢ ᠡᠶ᠎ᠡ ᠵᠣᠬᠢᠴᠠᠯ᠎ᠲᠠᠢ ᠪᠣᠬᠢᠷᠲᠤᠯ ᠦᠭᠡᠢ ᠪᠠᠶ᠋ᠢᠬᠤ ᠠᠭᠤᠷᠬᠠᠢ ᠵᠢᠨ ᠦᠢ᠍ᠯᠡᠰ᠎ᠤᠨ ᠬᠥᠭᠵᠢᠯᠲᠡ ᠵᠢᠨ ᠰᠢᠨ᠎ᠡ ᠵᠠᠭᠪᠤᠷ᠎ᠢ ᠦᠨᠳᠦᠰᠦᠨ᠎ᠳᠤ᠎ᠪᠠᠨ ᠪᠠᠶ᠋ᠢᠭᠤᠯᠤᠨ᠎ᠠ᠃
ᠰᠢᠨ᠎ᠡ ᠪᠠᠶ᠋ᠢᠭᠤᠯᠵᠤ ᠪᠠᠶ᠋ᠢᠭ᠎ᠠ ᠠᠭᠤᠷᠬᠠᠶ ᠵᠢ ᠴᠦᠮ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠪᠠᠷᠢᠮᠵᠢᠶ᠎ᠠ᠎ᠳᠤ ᠬᠦᠷᠦᠭᠦᠯᠦᠨ᠎ᠡ; ᠦᠢ᠍ᠯᠡᠳᠪᠦᠷᠢᠯᠡᠵᠦ ᠪᠠᠶ᠋ᠢᠭ᠎ᠠ ᠠᠭᠤᠷᠬᠠᠶ ᠵᠢ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠪᠠᠷᠢᠮᠵᠢᠶ᠎ᠠ ᠶᠣᠰᠣᠭ᠋ᠠᠷ ᠥᠭᠡᠷᠡᠴᠢᠯᠡᠨ ᠰᠢᠨᠡᠳᠬᠡᠵᠦ ᠲᠠᠰ ᠳᠡᠪᠰᠢᠭᠦᠯᠬᠦ ᠵᠢ᠎ᠨᠢ ᠲᠦᠷᠭᠡᠳᠬᠡᠵᠦ᠂ ᠬᠤᠭᠤᠴᠠᠭ᠎ᠠ ᠬᠢᠵᠠᠭ᠋ᠠᠷᠯᠠᠨ ᠪᠣᠬᠢᠷᠲᠤᠯ ᠥᠬᠡᠶ ᠠᠭᠤᠷᠬᠠᠢ ᠵᠢᠨ ᠪᠥᠲᠥᠭᠡᠨ ᠪᠠᠶ᠋ᠢᠭᠤᠯᠤᠯᠲᠠ ᠵᠢᠨ ᠪᠠᠷᠢᠮᠵᠢᠶ᠎ᠠ᠎ᠳᠤ ᠬᠦᠷᠦᠭᠦᠯᠦᠨ᠎ᠡ; ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠠᠭᠤᠷᠬᠠᠶ ᠵᠢᠨ ᠦᠢ᠍ᠯᠡᠰ᠎ᠤᠨ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠣᠷᠣᠨ᠎ᠢ 3 ᠪᠠᠶ᠋ᠢᠭᠤᠯᠵᠤ᠂ ᠨᠢᠭᠡ ᠪᠦᠯᠦᠭ ᠪᠣᠬᠢᠷᠲᠤᠯ ᠥᠬᠡᠶ ᠬᠠᠶ᠋ᠢᠨ ᠪᠠᠶ᠋ᠢᠴᠠᠭ᠋ᠠᠯᠲᠠ ᠵᠢᠨ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠢ ᠪᠠᠶ᠋ᠢᠭᠤᠯᠵᠤ ᠡᠬᠢᠯᠡᠭᠦᠯᠦᠨ᠎ᠡ᠃ 2025 ᠣᠨ᠎ᠤ ᠰᠡᠭᠦᠯᠴᠢ᠎ᠠᠴᠠ ᠡᠮᠦᠨ᠎ᠡ᠂ ᠪᠦᠬᠦ ᠠᠭᠤᠷᠬᠠᠶ ᠵᠢ ᠤᠯᠤᠰ ᠪᠤᠶᠤ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠦᠭᠡᠶ ᠠᠭᠤᠷᠬᠠᠶ ᠵᠢᠨ ᠪᠦᠲᠦᠭᠡᠨ ᠪᠠᠶ᠋ᠢᠭᠤᠯᠤᠯᠲᠠ ᠵᠢᠨ ᠪᠠᠷᠢᠮᠵᠢᠶ᠎ᠠ᠎ᠳᠤ ᠬᠦᠷᠦᠭᠦᠯᠦᠨ᠎ᠡ᠂ ᠪᠣᠬᠢᠷᠲᠤᠯ ᠦᠭᠡᠶ ᠠᠭᠤᠷᠬᠠᠶ ᠵᠢᠨ ᠪᠦᠲᠦᠭᠡᠨ ᠪᠠᠶ᠋ᠢᠭᠤᠯᠤᠯᠲᠠ ᠵᠢᠨ ᠪᠠᠷᠢᠮᠵᠢᠶ᠎ᠠ᠎ᠳᠤ ᠨᠡᠶ᠋ᠢᠴᠡᠬᠦ ᠦᠭᠡᠶ ᠠᠭᠤᠷᠬᠠᠶ ᠵᠢᠨ ᠠᠵᠤ ᠠᠬᠤᠶ᠋ᠢᠯᠠᠯ᠎ᠢ ᠬᠠᠤᠯᠢ ᠶᠣᠰᠣᠭ᠋ᠠᠷ ᠠᠯᠬᠤᠮ ᠠᠯᠬᠤᠮ ᠵᠶ᠋ᠠᠷ ᠵᠠᠬ᠎ᠠ ᠳᠡᠯᠭᠡᠭᠦᠷ᠎ᠠᠴᠠ ᠭᠠᠷᠭ᠋ᠠᠨ᠎ᠠ᠃
ᠭᠤᠷᠪᠠ᠂ ᠭᠤᠤᠯᠳᠠᠯᠭ᠎ᠠ᠎ᠲᠠᠢ ᠡᠭᠦᠷᠭᠡ
(ᠨᠢᠭᠡ) ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠦᠭᠡᠢ ᠠᠭᠤᠷᠬᠠᠢ ᠵᠢᠨ ᠲᠥᠯᠥᠪᠵᠢᠭᠦᠯᠭᠡ ᠵᠢᠨ ᠰᠢᠰᠲ᠋ᠧᠮᠵᠢ ᠵᠢ ᠪᠦᠷᠢᠨᠰᠢᠬᠦᠯᠵᠦ ᠲᠡᠭᠦᠯᠳᠡᠷᠵᠢᠭᠦᠯᠦᠨ᠎ᠡ᠃ ᠪᠦᠬᠦ ᠣᠷᠣᠨ᠎ᠤ ᠦᠢ᠍ᠯᠡᠳᠪᠦᠷᠢᠯᠡᠵᠦ ᠪᠠᠶ᠋ᠢᠭ᠎ᠠ ᠠᠭᠤᠷᠬᠠᠶ᠂ ᠰᠢᠨ᠎ᠡ ᠪᠠᠶ᠋ᠢᠭᠤᠯᠵᠤ ᠪᠠᠶ᠋ᠢᠭ᠎ᠠ ᠠᠭᠤᠷᠬᠠᠶ ᠵᠢ ᠴᠦᠮ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ᠎ᠳᠤ ᠣᠷᠣᠭᠤᠯᠤᠨ᠎ᠠ᠃ ᠬᠠᠤᠯᠢ ᠶᠣᠰᠣᠭ᠋ᠠᠷ ᠠᠭᠤᠷᠬᠠᠶ ᠡᠷᠬᠢᠯᠡᠬᠦ᠂ ᠵᠢᠷᠤᠮᠵᠢᠭᠤᠯᠤᠨ ᠬᠠᠮᠢᠶᠠᠷᠬᠤ᠂ ᠶᠡᠷᠦᠩᠬᠡᠶ᠋ᠢᠯᠡᠨ ᠠᠰᠢᠭᠯᠠᠬᠤ᠂ ᠮᠡᠷᠭᠡᠵᠢᠯ᠎ᠳᠤ ᠰᠢᠨ᠎ᠡ ᠵᠢ ᠡᠭᠦᠳᠬᠦ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ᠂ ᠣᠷᠴᠢᠨ ᠲᠣᠭᠤᠷᠢᠨ᠎ᠢ ᠬᠠᠮᠠᠭ᠋ᠠᠯᠠᠬᠤ᠂ ᠭᠠᠵᠠᠷ ᠰᠢᠷᠣᠶ ᠵᠢ ᠦᠩᠵᠢᠭᠦᠯᠦᠨ ᠠᠰᠢᠭᠯᠠᠬᠤ᠂ ᠨᠡᠶ᠋ᠢᠭᠡᠮ ᠲᠣᠭᠤᠷᠢᠭ᠎ᠤᠨ ᠡᠶ᠎ᠡ ᠵᠣᠬᠢᠴᠠᠯ᠂ ᠠᠵᠤ ᠠᠬᠤᠶ᠋ᠢᠯᠠᠯ᠎ᠤᠨ ᠰᠣᠶᠣᠯ ᠵᠡᠷᠭᠡ᠎ᠪᠠᠷ ᠭᠤᠤᠯ ᠠᠭᠤᠯᠭ᠎ᠠ ᠪᠣᠯᠭ᠋ᠠᠭᠰᠠᠨ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢ ᠴᠢᠩᠭ᠎ᠠ ᠬᠡᠷᠡᠭᠵᠢᠭᠦᠯᠦᠨ᠎ᠡ᠃ (ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠨᠧᠷᠭᠢ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠬᠠᠮᠵᠢᠯᠴᠠᠨ᠎ᠠ)
(ᠬᠤᠶᠠᠷ) ᠪᠣᠬᠢᠷᠲᠤᠯ ᠦᠭᠡᠢ ᠠᠭᠤᠷᠬᠠᠢ ᠵᠢᠨ ᠪᠠᠷᠢᠮᠵᠢᠶ᠎ᠠ ᠵᠢᠨ ᠰᠢᠰᠲ᠋ᠧᠮᠵᠢ ᠵᠢ ᠪᠠᠶ᠋ᠢᠭᠤᠯᠤᠨ ᠪᠦᠷᠢᠨᠰᠢᠭᠦᠯᠦᠨ᠎ᠡ᠃ ᠭᠠᠵᠠᠷ ᠣᠷᠣᠨ ᠪᠠ ᠠᠵᠢᠯ ᠲᠥᠷᠥᠯ᠎ᠤᠨ ᠣᠨᠴᠠᠯᠢᠭ᠎ᠲᠠᠢ ᠤᠶᠠᠯᠳᠤᠭᠤᠯᠤᠨ᠂ ᠪᠣᠬᠢᠷᠲᠤᠯ ᠦᠭᠡᠶ ᠠᠭᠤᠷᠬᠠᠶ ᠵᠢᠨ ᠪᠦᠲᠦᠭᠡᠨ ᠪᠠᠶ᠋ᠢᠭᠤᠯᠤᠯᠲᠠ ᠵᠢᠨ ᠪᠠᠷᠢᠮᠵᠢᠶ᠎ᠠ ᠵᠢ ᠲᠣᠭᠲᠠᠭ᠋ᠠᠨ᠎ᠠ᠃ ᠨᠡᠭᠦᠷᠡᠰᠦ᠂ ᠥᠩᠭᠡᠲᠦ ᠲᠡᠮᠦᠷᠯᠢᠭ᠂ ᠰᠢᠵᠢᠷ ᠠᠯᠳᠠ᠂ ᠲᠡᠮᠦᠷᠯᠢᠭ ᠬᠠᠶ᠋ᠢᠯᠤᠭᠤᠯᠬᠤ᠂ ᠬᠢᠮᠢ ᠵᠢᠨ ᠠᠵᠤ ᠦᠢ᠍ᠯᠡᠳᠪᠦᠷᠢ᠂ ᠲᠡᠮᠦᠷᠯᠢᠭ ᠪᠤᠰᠤ ᠴᠢᠯᠠᠭᠤ᠂ ᠬᠠᠶ᠋ᠢᠷ ᠰᠢᠷᠣᠶ ᠵᠢᠨ ᠠᠭᠤᠷᠬᠠᠶ ᠵᠡᠷᠭᠡ ᠠᠵᠢᠯ ᠲᠥᠷᠥᠯ᠎ᠤᠨ ᠪᠣᠬᠢᠷᠲᠤᠯ ᠦᠭᠡᠢ ᠠᠭᠤᠷᠬᠠᠢ ᠵᠢᠨ ᠪᠠᠷᠢᠮᠵᠢᠶ᠎ᠠ ᠵᠢᠨ ᠰᠢᠰᠲ᠋ᠧᠮᠵᠢ ᠵᠢ ᠪᠦᠷᠢᠨᠰᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠨᠧᠷᠭᠢ ᠵᠢᠨ ᠲᠣᠪᠴᠢᠶ᠎ᠠ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ ᠵᠡᠷᠭᠡ ᠰᠠᠯᠠᠭ᠎ᠠ ᠮᠥᠴᠢᠷ ᠬᠠᠮᠵᠢᠯᠴᠠᠨ᠎ᠠ)
(ᠭᠤᠷᠪᠠ) ᠪᠣᠬᠢᠷᠲᠤᠯ ᠥᠬᠡᠶ ᠠᠭᠤᠷᠬᠠᠶ ᠵᠢᠨ ᠦᠢ᠍ᠯᠡᠰ᠎ᠤᠨ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠣᠷᠣᠨ᠎ᠢ ᠡᠭᠦᠳᠦᠨ ᠪᠠᠶ᠋ᠢᠭᠤᠯᠤᠨ᠎ᠠ᠃ ᠣᠷᠳᠣᠰ ᠬᠤᠲᠠ ᠵᠢᠨ ᠵᠡᠭᠦᠨᠭ᠋ᠠᠷ — ᠳ᠋ᠦᠩᠱ᠌ᠧᠩ᠂ ᠤᠯᠠᠭ᠋ᠠᠨᠬᠠᠳᠠ ᠬᠤᠲᠠ ᠵᠢᠨ ᠬᠤᠶ᠋ᠢᠲᠤ ᠬᠡᠰᠡᠭ᠂ ᠬᠥᠯᠥᠨ ᠪᠤᠶ᠋ᠢᠷ ᠬᠤᠲᠠ ᠵᠢᠨ ᠵᠠᠯᠠᠶ᠋ᠢᠨᠠᠭᠤᠷ — ᠢᠮᠢᠨ ᠭᠤᠷᠪᠠᠨ ᠶᠡᠭᠡ ᠣᠷᠣᠨ ᠪᠦᠰᠡ ᠵᠢᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠠᠭᠤᠷᠬᠠᠶ ᠵᠢᠨ ᠵᠢᠱ᠌ᠢᠶ᠎ᠡ ᠦᠵᠡᠭᠦᠯᠬᠦ ᠣᠷᠣᠨ᠎ᠢ ᠪᠥᠲᠥᠭᠡᠨ ᠪᠠᠶ᠋ᠢᠭᠤᠯᠬᠤ ᠵᠢ᠎ᠨᠢ ᠲᠦᠷᠭᠡᠳᠬᠡᠨ ᠠᠬᠢᠭᠤᠯᠵᠤ᠂ ᠨᠢᠭᠡ ᠪᠦᠯᠦᠭ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠠᠭᠤᠷᠬᠠᠢ ᠵᠢᠨ ᠦᠢ᠍ᠯᠡᠰ᠎ᠤᠨ ᠬᠥᠭᠵᠢᠯᠲᠡ ᠵᠢᠨ ᠰᠢᠨ᠎ᠡ ᠵᠠᠭᠪᠤᠷ᠂ ᠰᠢᠨ᠎ᠡ ᠲᠣᠭᠲᠠᠴᠠ ᠵᠢ ᠪᠤᠢ ᠪᠣᠯᠭ᠋ᠠᠨ᠎ᠠ᠃ ᠵᠢᠱ᠌ᠢᠶ᠎ᠡ ᠦᠵᠡᠭᠦᠯᠬᠦ ᠣᠷᠣᠨ᠎ᠳᠠᠬᠢ ᠠᠭᠤᠷᠬᠠᠶ ᠪᠥᠬᠦᠨ᠎ᠢ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠤᠨ ᠲᠥᠯᠥᠪᠵᠢᠭᠦᠯᠭᠡ᠎ᠳᠤ ᠣᠷᠣᠭᠤᠯᠤᠨ᠂ ᠠᠮᠢ ᠠᠬᠤᠢ ᠵᠢᠨ ᠤᠯᠠᠭ᠋ᠠᠨ ᠱᠤᠭᠤᠮ᠎ᠢ ᠴᠢᠩᠭ᠎ᠠ ᠰᠠᠬᠢᠵᠤ᠂ ᠠᠭᠤᠷᠬᠠᠢ ᠵᠢᠨ ᠠᠵᠢᠯ ᠲᠦᠷᠦᠯ᠎ᠤᠨ ᠡᠷᠬᠡ ᠵᠢ ᠵᠣᠬᠢᠰᠲᠠᠢ ᠪᠠᠶ᠋ᠢᠷᠢᠯᠠᠭᠤᠯᠤᠨ᠂ ᠠᠭᠤᠷᠬᠠᠢ ᠵᠢᠨ ᠠᠵᠤ ᠦᠢ᠍ᠯᠡᠰ᠎ᠤᠨ ᠪᠦᠲᠦᠴᠡ ᠵᠢ ᠲᠤᠬᠢᠷᠠᠭᠤᠯᠤᠨ᠎ᠠ; ᠦᠯᠡᠭᠦᠳᠡᠯ ᠦᠢ᠍ᠯᠡᠳᠪᠦᠷᠢᠯᠡᠬᠦ ᠴᠢᠳᠠᠪᠤᠷᠢ ᠵᠢ ᠠᠷᠢᠯᠭ᠋ᠠᠬᠤ ᠵᠢ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠬᠦ᠂ ᠠᠵᠤ ᠠᠬᠤᠶ᠋ᠢᠯᠠᠯ᠎ᠢ ᠨᠡᠶ᠋ᠢᠯᠡᠭᠦᠯᠵᠦ ᠳᠠᠬᠢᠨᠲᠠ ᠵᠣᠬᠢᠶᠠᠨ ᠪᠠᠶ᠋ᠢᠭᠤᠯᠬᠤ ᠪᠠ ᠬᠠᠮᠠᠭ᠋ᠠᠯᠠᠯᠲᠠ ᠵᠢᠨ ᠣᠷᠣᠨ᠎ᠳᠠᠬᠢ ᠠᠭᠤᠷᠬᠠᠶ ᠵᠢ ᠢᠯᠭ᠋ᠠᠷᠠᠭᠤᠯᠬᠤ ᠵᠢ ᠠᠬᠢᠭᠤᠯᠬᠤ᠎ᠯᠤᠭ᠎ᠠ ᠨᠢᠭᠲᠠ ᠤᠶᠠᠯᠳᠤᠭᠤᠯᠤᠨ᠎ᠠ; ᠶᠡᠷᠦᠩᠬᠡᠶ᠋ᠢᠯᠡᠨ ᠬᠠᠶ᠋ᠢᠵᠤ ᠪᠠᠶ᠋ᠢᠴᠠᠭ᠋ᠠᠬᠤ᠂ ᠦᠨᠡᠯᠡᠬᠦ᠂ ᠨᠡᠭᠡᠭᠡᠨ ᠬᠥᠭᠵᠢᠭᠦᠯᠬᠦ ᠪᠠ ᠠᠰᠢᠭᠯᠠᠬᠤ ᠵᠢ ᠠᠬᠢᠭᠤᠯᠵᠤ᠂ ᠠᠭᠤᠷᠬᠠᠢ ᠵᠢᠨ ᠠᠵᠤ ᠠᠬᠤᠶ᠋ᠢᠯᠠᠯ᠎ᠤᠨ ᠡᠨᠧᠷᠭᠢ ᠵᠢᠨ ᠬᠤᠷᠤᠭᠳᠠᠯ᠂ ᠭᠠᠵᠠᠷ ᠰᠢᠷᠣᠶ ᠵᠢᠨ ᠬᠤᠷᠤᠭᠳᠠᠯ ᠪᠠ ᠣᠰᠤᠨ᠎ᠤ ᠬᠤᠷᠤᠭᠳᠠᠯ᠎ᠤᠨ ᠬᠡᠮᠵᠢᠶ᠎ᠡ ᠵᠢ ᠪᠠᠭ᠋ᠠᠰᠬᠠᠨ᠎ᠠ᠃ (ᠬᠠᠮᠢᠶ᠎ᠠ ᠪᠦᠬᠦᠢ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠠᠮᠢ ᠠᠬᠤᠢ ᠣᠷᠴᠢᠨ ᠲᠣᠭᠤᠷᠢᠨ᠎ᠤ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠨᠧᠷᠭᠢ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠬᠠᠮᠵᠢᠯᠴᠠᠨ᠎ᠠ)
(ᠳᠥᠷᠪᠡ) ᠪᠣᠬᠢᠷᠲᠤᠯ ᠥᠬᠡᠶ ᠬᠠᠶ᠋ᠢᠨ ᠪᠠᠶ᠋ᠢᠴᠠᠭ᠋ᠠᠯᠲᠠ ᠵᠢᠨ ᠵᠢᠱ᠌ᠢᠶ᠎ᠡ ᠦᠵᠡᠭᠦᠯᠬᠦ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠤᠨ᠎ᠠ᠃ ᠪᠣᠬᠢᠷᠲᠤᠯ ᠥᠬᠡᠶ ᠬᠠᠶ᠋ᠢᠨ ᠪᠠᠶ᠋ᠢᠴᠠᠭ᠋ᠠᠬᠤ ᠣᠨᠣᠯᠵᠢᠬᠤᠨ᠎ᠢ ᠪᠣᠶ ᠪᠣᠯᠭ᠋ᠠᠨ᠎ᠠ᠃ ᠡᠯ᠎ᠡ ᠱᠠᠲᠤᠨ᠎ᠤ ᠡᠳ᠋᠎ᠤᠨ ᠵᠠᠰᠠᠭ᠎ᠠᠴᠠ ᠪᠡᠯᠡ ᠭᠠᠷᠭ᠋ᠠᠭᠰᠠᠨ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠳᠠᠬᠢ ᠬᠡᠰᠡᠭ ᠲᠥᠷᠥᠯ ᠵᠦᠢ᠍ᠯ᠎ᠢ᠎ᠨᠢ ᠰᠣᠩᠭᠤᠨ ᠠᠪᠴᠤ ᠲᠤᠷᠰᠢᠯᠲᠠ ᠵᠢᠨ ᠴᠡᠭ ᠪᠣᠯᠭ᠋ᠠᠵᠤ ᠪᠣᠬᠢᠷᠲᠤᠯ ᠦᠭᠡᠶ ᠬᠠᠶ᠋ᠢᠨ ᠪᠠᠶ᠋ᠢᠴᠠᠭ᠋ᠠᠯᠲᠠ ᠵᠢᠨ ᠵᠢᠱ᠌ᠢᠶ᠎ᠡ ᠦᠵᠡᠭᠦᠯᠬᠦ ᠰᠢᠨ᠎ᠡ ᠡᠭᠦᠳᠦᠯᠲᠡ ᠵᠢ ᠥᠷᠨᠢᠭᠦᠯᠦᠨ᠎ᠡ᠃ ᠨᠡᠶ᠋ᠢᠭᠡᠮ᠎ᠤᠨ᠎ᠬᠢᠨ ᠪᠡᠯᠡ ᠭᠠᠷᠭ᠋ᠠᠭᠰᠠᠨ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ ᠵᠶ᠋ᠠᠨ ᠶᠠᠮᠤᠨ ᠪᠠ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠪᠣᠬᠢᠷᠲᠤᠯ ᠦᠭᠡᠶ ᠬᠠᠶ᠋ᠢᠨ ᠪᠠᠶ᠋ᠢᠴᠠᠭ᠋ᠠᠯᠲᠠ ᠵᠢᠨ ᠵᠢᠱ᠌ᠢᠶ᠎ᠡ ᠦᠵᠡᠭᠦᠯᠬᠦ ᠲᠥᠷᠥᠯ ᠵᠦᠢ᠍ᠯ ᠵᠶ᠋ᠠᠷ ᠢᠳᠡᠪᠬᠢᠲᠡᠶ ᠭᠤᠶᠤᠴᠢᠯᠠᠨ ᠮᠡᠳᠡᠭᠦᠯᠬᠦ ᠵᠢ ᠵᠣᠷᠢᠭᠵᠢᠭᠤᠯᠬᠤ ᠪᠠ ᠳᠡᠮᠵᠢᠨ᠎ᠡ᠃ ᠵᠢᠱ᠌ᠢᠶ᠎ᠡ ᠦᠵᠡᠭᠦᠯᠬᠦ ᠲᠥᠷᠥᠯ ᠵᠦᠢ᠍ᠯ ᠵᠶ᠋ᠠᠷ ᠳᠠᠮᠵᠢᠭᠤᠯᠤᠨ ᠪᠣᠬᠢᠷᠲᠤᠯ ᠥᠬᠡᠶ ᠬᠠᠶ᠋ᠢᠨ ᠪᠠᠶ᠋ᠢᠴᠠᠭ᠋ᠠᠬᠤ ᠠᠵᠢᠯ᠎ᠢ ᠠᠬᠢᠭᠤᠯᠤᠨ᠎ᠠ᠃ ᠭᠠᠵᠠᠷ ᠰᠢᠨᠵᠢᠯᠡᠭᠡᠨ᠎ᠤ ᠠᠵᠢᠯ ᠲᠥᠷᠥᠯ᠎ᠤᠨ᠎ᠬᠢᠨ ᠬᠠᠶ᠋ᠢᠨ ᠪᠠᠶ᠋ᠢᠴᠠᠭ᠋ᠠᠬᠤ ᠮᠡᠷᠭᠡᠵᠢᠯ᠂ ᠤᠷᠠᠯᠠᠯ ᠪᠠ ᠠᠷᠭ᠎ᠠ ᠪᠠᠷᠢᠯ᠎ᠢ ᠰᠤᠳᠤᠯᠬᠤ ᠪᠠ ᠳᠡᠯᠭᠡᠷᠡᠭᠦᠯᠬᠦ᠎ᠪᠠᠨ ᠴᠢᠩᠭ᠋ᠠᠳᠬᠠᠨ᠂ ᠪᠣᠬᠢᠷᠲᠤᠯ ᠥᠬᠡᠶ ᠬᠠᠶ᠋ᠢᠨ ᠪᠠᠶ᠋ᠢᠴᠠᠭ᠋ᠠᠯᠲᠠ᠎ᠪᠠᠷ ᠳᠠᠮᠵᠢᠭᠤᠯᠵᠤ ᠭᠠᠵᠠᠷ᠎ᠤᠨ ᠭᠠᠳᠠᠷᠭᠤ ᠵᠢᠨ ᠤᠷᠭᠤᠮᠠᠯ᠎ᠤᠨ ᠬᠤᠴᠢᠯᠭ᠎ᠠ ᠵᠢᠨ ᠰᠦᠢ᠍ᠳᠦᠯ᠎ᠢ ᠪᠠᠭ᠋ᠠᠰᠬᠠᠵᠤ᠂ ᠠᠮᠢ ᠠᠬᠤᠶ ᠵᠢ ᠬᠠᠷᠰᠢᠯᠠᠨ ᠨᠥᠯᠥᠭᠡᠯᠡᠬᠦ ᠵᠢ᠎ᠨᠢ ᠪᠠᠭ᠋ᠠᠰᠬᠠᠨ᠎ᠠ᠃ (ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠵᠡᠷᠭᠡ ᠰᠠᠯᠠᠭ᠎ᠠ ᠮᠥᠴᠢᠷ ᠬᠠᠮᠵᠢᠯᠴᠠᠨ᠎ᠠ)
(ᠲᠠᠪᠤ) ᠰᠢᠨ᠎ᠡ ᠪᠠᠶ᠋ᠢᠭᠤᠯᠬᠤ ᠠᠭᠤᠷᠬᠠᠢ ᠵᠢᠨ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠵᠢ ᠴᠢᠩᠳᠠᠯᠠᠨ᠎ᠠ᠃ ᠰᠢᠨ᠎ᠡ᠎ᠪᠠᠷ ᠪᠠᠶ᠋ᠢᠷᠢᠯᠠᠭᠤᠯᠵᠤ ᠪᠠᠶ᠋ᠢᠭ᠎ᠠ ᠠᠭᠤᠷᠬᠠᠶ᠎ᠳᠤ ᠪᠣᠬᠢᠷᠲᠤᠯ ᠥᠬᠡᠶ ᠠᠭᠤᠷᠬᠠᠶ ᠵᠢᠨ ᠪᠠᠷᠢᠮᠵᠢᠶ᠎ᠠ᠎ᠪᠠᠷ ᠪᠥᠲᠥᠭᠡᠨ ᠪᠠᠶ᠋ᠢᠭᠤᠯᠬᠤ ᠵᠢ ᠬᠡᠷᠡᠭᠵᠢᠭᠦᠯᠦᠨ᠎ᠡ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠨᠢ ᠤᠯᠤᠰ᠎ᠤᠨ ᠬᠤᠯᠪᠣᠭᠳᠠᠯ ᠪᠦᠬᠦᠢ ᠱᠠᠭ᠋ᠠᠷᠳᠠᠯᠭ᠎ᠠ ᠵᠢ ᠦᠨᠳᠦᠰᠦᠯᠡᠨ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ᠂ ᠠᠭᠤᠷᠬᠠᠶ ᠵᠢᠨ ᠬᠦᠷᠦᠰᠦ ᠳᠠᠪᠬᠤᠷᠭ᠎ᠠ ᠵᠢᠨ ᠣᠷᠴᠢᠨ ᠲᠣᠭᠤᠷᠢᠨ᠎ᠢ ᠬᠠᠮᠠᠭ᠋ᠠᠯᠠᠬᠤ ᠬᠢᠭᠡᠳ ᠭᠠᠵᠠᠷ ᠰᠢᠷᠣᠶ ᠵᠢ ᠦᠩᠵᠢᠭᠦᠯᠦᠨ ᠠᠰᠢᠭᠯᠠᠬᠤ ᠲᠥᠰᠦᠯ᠎ᠢ ᠡᠮᠬᠢᠯᠡᠨ ᠨᠡᠶ᠋ᠢᠯᠡᠭᠦᠯᠬᠦ ᠵᠢᠨ ᠬᠠᠮᠲᠤ᠂ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠪᠠᠷᠢᠮᠵᠢᠶ᠎ᠠ ᠵᠢ ᠡᠮᠬᠢᠯᠡᠨ ᠨᠡᠶ᠋ᠢᠯᠡᠭᠦᠯᠦᠭᠰᠡᠨ᠎ᠤ ᠳᠠᠷᠠᠭ᠋ᠠᠬᠢ ᠲᠥᠰᠦᠯ᠎ᠳᠤ ᠣᠷᠣᠭᠤᠯᠵᠤ᠂ ᠨᠢᠭᠡᠳᠦᠯᠲᠡᠶ ᠨᠠᠶ᠋ᠢᠷᠠᠭᠤᠯᠤᠨ ᠵᠣᠬᠢᠶᠠᠵᠤ ᠨᠢᠭᠡᠳᠦᠯᠲᠡᠢ ᠬᠢᠨᠠᠨ ᠪᠠᠶ᠋ᠢᠴᠠᠭ᠋ᠠᠵᠤ ᠨᠢᠭᠡᠳᠦᠯᠲᠡᠶ ᠬᠡᠷᠡᠭᠵᠢᠭᠦᠯᠦᠨ᠎ᠡ; ᠣᠷᠴᠢᠨ ᠲᠣᠭᠤᠷᠢᠨ᠎ᠢ ᠡᠪᠳᠡᠬᠦ᠎ᠪᠠᠷ ᠨᠡᠯᠢᠶᠡᠳ ᠪᠠᠭ᠎ᠠ ᠪᠠᠶ᠋ᠢᠳᠠᠭ ᠨᠡᠭᠡᠭᠡᠨ ᠮᠠᠯᠲᠠᠬᠤ ᠠᠷᠭ᠎ᠠ ᠮᠠᠶᠢᠭ᠂ ᠠᠭᠤᠷᠬᠠᠶ ᠮᠠᠯᠲᠠᠬᠤ ᠮᠡᠷᠭᠡᠵᠢᠯ ᠪᠠ ᠠᠭᠤᠷᠬᠠᠢ ᠰᠢᠯᠢᠬᠦ ᠠᠷᠭ᠎ᠠ ᠵᠢ ᠰᠣᠩᠭᠤᠨ ᠬᠡᠷᠡᠭᠯᠡᠵᠦ᠂ ᠠᠭᠤᠷᠬᠠᠢ ᠵᠢᠨ ᠣᠷᠣᠨ᠎ᠤ ᠠᠮᠢ ᠠᠬᠤᠢ ᠵᠢᠨ ᠣᠷᠴᠢᠨ ᠲᠣᠭᠤᠷᠢᠨ᠎ᠢ ᠬᠠᠮᠠᠭ᠋ᠠᠯᠠᠨ᠎ᠠ᠃ ᠠᠮᠢ ᠠᠬᠤᠢ ᠣᠷᠴᠢᠨ ᠲᠣᠭᠤᠷᠢᠨ᠎ᠤ ᠰᠠᠯᠠᠭ᠎ᠠ ᠮᠥᠴᠢᠷ᠎ᠨᠢ ᠣᠷᠴᠢᠨ ᠲᠣᠭᠤᠷᠢᠨ᠎ᠤ ᠨᠥᠯᠥᠭᠡᠯᠡᠯ᠎ᠢ ᠦᠨᠡᠯᠡᠭᠰᠡᠨ ᠪᠢᠴᠢᠭ ᠮᠠᠲ᠋ᠧᠷᠢᠶᠠᠯ᠎ᠢ ᠬᠠᠤᠯᠢ ᠶᠣᠰᠣᠭ᠋ᠠᠷ ᠬᠢᠨᠠᠨ ᠵᠥᠪᠰᠢᠶᠡᠷᠡᠵᠦ᠂ ᠠᠵᠤ ᠠᠬᠤᠶ᠋ᠢᠯᠠᠯ᠎ᠤᠨ᠎ᠬᠢᠨ᠎ᠤ ᠠᠮᠢ ᠠᠬᠤᠶ ᠵᠢ ᠬᠠᠮᠠᠭ᠋ᠠᠯᠠᠬᠤ ᠠᠷᠭ᠎ᠠ ᠬᠡᠮᠵᠢᠶ᠎ᠡ᠎ᠪᠠᠨ ᠨᠠᠶ᠋ᠢᠳᠠᠪᠤᠷᠢᠵᠢᠭᠤᠯᠤᠨ ᠪᠣᠲᠠᠲᠠᠶ᠋ᠢᠵᠢᠭᠤᠯᠬᠤ᠎ᠳᠤ ᠬᠢᠨᠠᠯᠲᠠ ᠲᠠᠯᠪᠢᠵᠤ᠂ ᠠᠭᠤᠷᠬᠠᠶ ᠵᠢᠨ 《ᠭᠤᠷᠪᠠᠨ ᠬᠠᠶᠠᠭᠳᠠᠮᠠᠯ》᠎ᠢ ᠪᠦᠲᠦᠮᠵᠢᠲᠡᠶ ᠰᠢᠢ᠍ᠳᠪᠦᠷᠢᠯᠡᠨ᠂ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠵᠢ᠎ᠨᠢ ᠪᠠᠷᠢᠮᠵᠢᠶ᠎ᠠ᠎ᠳᠤ ᠬᠦᠷᠦᠭᠦᠯᠦᠨ᠎ᠡ᠃ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠨᠢ ᠤᠰᠤ ᠪᠠ ᠬᠥᠷᠥᠰᠥ ᠰᠢᠷᠣᠶ ᠵᠢ ᠬᠠᠮᠠᠭ᠋ᠠᠯᠠᠬᠤ ᠲᠥᠰᠦᠯ᠎ᠢ ᠬᠢᠨᠠᠨ ᠪᠠᠶ᠋ᠢᠴᠠᠭ᠋ᠠᠬᠤ᠎ᠪᠠᠨ ᠴᠢᠩᠭ᠋ᠠᠳᠬᠠᠨ᠎ᠠ᠃ ᠣᠶ ᠰᠢᠭᠤᠶ ᠪᠠ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠨᠢ ᠰᠢᠨ᠎ᠡ ᠪᠠᠶ᠋ᠢᠭᠤᠯᠬᠤ ᠠᠭᠤᠷᠬᠠᠶᠨᠤᠭᠤᠳ ᠨᠤᠲᠤᠭ ᠪᠡᠯᠴᠢᠭᠡᠷ᠎ᠢ ᠡᠵᠡᠯᠡᠨ ᠬᠡᠷᠡᠭᠯᠡᠬᠦ ᠡᠰᠡᠬᠦ ᠵᠢ᠎ᠨᠢ ᠴᠢᠩᠭ᠎ᠠ ᠡᠵᠡᠮᠳᠡᠵᠦ᠂ ᠨᠤᠲᠤᠭ ᠪᠡᠯᠴᠢᠭᠡᠷ᠎ᠢ ᠡᠵᠡᠯᠡᠨ ᠬᠡᠷᠡᠭᠯᠡᠵᠦ ᠪᠠᠶ᠋ᠢᠬᠤ ᠡᠰᠡᠬᠦ ᠵᠢ ᠬᠢᠨᠠᠨ ᠬᠠᠷᠭᠤᠭᠤᠯᠬᠤ᠎ᠳᠤ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠴᠢᠩᠭ᠎ᠠ ᠬᠡᠷᠡᠭᠵᠢᠭᠦᠯᠦᠨ᠎ᠡ᠃ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠠᠮᠤᠷ ᠲᠦᠪᠰᠢᠨ᠎ᠤ ᠪᠡᠯᠡᠳᠬᠡᠮᠵᠢ ᠵᠢᠨ ᠵᠢᠷᠤᠭ ᠲᠥᠯᠥᠪᠯᠡᠭᠡ ᠵᠢ ᠴᠢᠩᠭ᠎ᠠ ᠬᠢᠨᠠᠨ ᠪᠠᠶ᠋ᠢᠴᠠᠭ᠋ᠠᠵᠤ᠂ ᠠᠵᠤ ᠠᠬᠤᠶ᠋ᠢᠯᠠᠯ᠎ᠤᠨ ᠠᠮᠤᠷ ᠲᠦᠪᠰᠢᠨ᠎ᠤ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ᠎ᠳᠤ ᠬᠢᠨᠠᠯᠲᠠ ᠲᠠᠯᠪᠢᠨ᠂ ᠠᠭᠤᠷᠬᠠᠢ ᠵᠢᠨ ᠪᠣᠬᠢᠷᠲᠤᠯ ᠦᠭᠡᠢ ᠪᠦᠭᠡᠳ ᠠᠶᠤᠯ ᠦᠭᠡᠢ ᠦᠢ᠍ᠯᠡᠳᠪᠦᠷᠢᠯᠡᠬᠦ ᠵᠢ ᠦᠨᠡᠨ ᠬᠦ᠌ ᠪᠠᠲᠤᠯᠠᠨ᠎ᠠ᠃ (ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠠᠮᠢ ᠠᠬᠤᠢ ᠣᠷᠴᠢᠨ ᠲᠣᠭᠤᠷᠢᠨ᠎ᠤ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠂ ᠣᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠡᠨᠧᠷᠭᠢ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠬᠠᠮᠵᠢᠯᠴᠠᠨ᠎ᠠ)
(ᠵᠢᠷᠭᠤᠭ᠎ᠠ) ᠦᠢ᠍ᠯᠡᠳᠪᠦᠷᠢᠯᠡᠵᠦ ᠪᠠᠶ᠋ᠢᠭ᠎ᠠ ᠠᠭᠤᠷᠬᠠᠢ ᠵᠢ ᠪᠠᠷᠢᠮᠵᠢᠶ᠎ᠠ᠎ᠳᠤ ᠬᠦᠷᠦᠭᠦᠯᠵᠦ ᠪᠦᠲᠦᠭᠡᠨ ᠪᠠᠶ᠋ᠢᠭᠤᠯᠬᠤ ᠵᠢ ᠠᠬᠢᠭᠤᠯᠤᠨ᠎ᠠ᠃ ᠡᠯ᠎ᠡ ᠠᠶ᠋ᠢᠮᠠᠭ ᠬᠤᠲᠠ᠎ᠨᠢ ᠠᠭᠤᠷᠬᠠᠢ ᠵᠢᠨ ᠣᠷᠴᠢᠨ ᠲᠣᠭᠤᠷᠢᠨ᠎ᠤ ᠣᠳᠣᠬᠢ ᠪᠠᠶ᠋ᠢᠳᠠᠯ᠎ᠤᠨ ᠪᠠᠶ᠋ᠢᠴᠠᠭ᠋ᠠᠯᠲᠠ ᠵᠢ ᠦᠨᠳᠦᠰᠦᠯᠡᠨ᠂ 《ᠬᠡᠨ ᠡᠪᠳᠡᠭᠰᠡᠨ ᠪᠣᠯ ᠬᠡᠨ ᠦᠩᠵᠢᠭᠦᠯᠦᠨ ᠠᠰᠢᠭᠯᠠᠬᠤ》 ᠵᠠᠷᠴᠢᠮ ᠶᠣᠰᠣᠭ᠋ᠠᠷ᠂ ᠠᠭᠤᠷᠬᠠᠢ ᠵᠢᠨ ᠣᠷᠴᠢᠨ ᠲᠣᠭᠤᠷᠢᠨ᠎ᠢ ᠵᠠᠰᠠᠬᠤ ᠪᠠ ᠪᠣᠬᠢᠷᠲᠤᠯ ᠦᠭᠡᠢ ᠠᠭᠤᠷᠬᠠᠢ ᠵᠢ ᠪᠦᠲᠦᠭᠡᠨ ᠪᠠᠶ᠋ᠢᠭᠤᠯᠬᠤ ᠬᠠᠷᠢᠭᠤᠴᠠᠯᠭ᠎ᠠ ᠵᠢᠨ ᠭᠤᠣᠯ ᠴᠣᠭᠴᠠ᠎ᠪᠠᠨ ᠨᠠᠶ᠋ᠢᠳᠠᠪᠤᠷᠢᠵᠢᠭᠤᠯᠵᠤ᠂ ᠡᠯ᠎ᠡ ᠱᠠᠲᠤᠨ᠎ᠤ ᠪᠣᠬᠢᠷᠲᠤᠯ ᠦᠭᠡᠢ ᠠᠭᠤᠷᠬᠠᠢ ᠵᠢ ᠪᠦᠲᠦᠭᠡᠨ ᠪᠠᠶ᠋ᠢᠭᠤᠯᠬᠤ ᠲᠥᠯᠥᠪᠵᠢᠭᠦᠯᠭᠡ᠎ᠪᠠᠨ ᠲᠦᠷᠭᠡᠳᠬᠡᠨ ᠨᠠᠶ᠋ᠢᠷᠠᠭᠤᠯᠵᠤ ᠵᠣᠬᠢᠶᠠᠨ᠂ ᠪᠣᠬᠢᠷᠲᠤᠯ ᠥᠬᠡᠶ ᠠᠭᠤᠷᠬᠠᠶ ᠵᠢ ᠪᠥᠲᠥᠭᠡᠨ ᠪᠠᠶ᠋ᠢᠭᠤᠯᠬᠤ ᠣᠨ᠎ᠤ ᠠᠬᠢᠭᠤᠯᠬᠤ ᠲᠥᠯᠥᠪᠯᠡᠭᠡ᠎ᠪᠠᠨ ᠲᠣᠭᠲᠠᠭ᠋ᠠᠵᠤ᠂ ᠦᠢ᠍ᠯᠡᠳᠪᠦᠷᠢᠯᠡᠵᠦ ᠪᠠᠶ᠋ᠢᠭ᠎ᠠ ᠠᠭᠤᠷᠬᠠᠶ᠎ᠪᠠᠨ ᠪᠣᠬᠢᠷᠲᠤᠯ ᠥᠬᠡᠶ ᠠᠭᠤᠷᠬᠠᠶ ᠪᠣᠯᠭ᠋ᠠᠵᠤ ᠪᠥᠲᠥᠭᠡᠨ ᠪᠠᠶ᠋ᠢᠭᠤᠯᠬᠤ ᠵᠢ ᠪᠥᠬᠦ ᠲᠠᠯ᠎ᠠ᠎ᠪᠠᠷ ᠠᠬᠢᠭᠤᠯᠤᠨ᠎ᠠ᠃ ᠠᠭᠤᠷᠬᠠᠢ ᠵᠢᠨ ᠠᠮᠢ ᠠᠬᠤᠶ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠳᠦᠷᠢᠮ᠎ᠢ ᠦᠷᠭᠦᠯᠵᠢᠯᠡᠨ ᠬᠡᠷᠡᠭᠵᠢᠭᠦᠯᠵᠦ᠂ 《ᠮᠠᠯᠲᠠᠬᠤ ᠵᠢᠨ ᠳᠠᠭ᠋ᠠᠤ ᠵᠠᠰᠠᠬᠤ》 ᠡᠷᠴᠢᠮ ᠵᠶ᠋ᠠᠨ ᠴᠢᠩᠭ᠋ᠠᠷᠠᠭᠤᠯᠤᠨ᠂ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠲᠠᠯ᠎ᠠ ᠵᠢᠨ ᠦᠨᠡᠨ ᠬᠦ᠌ ᠶᠠᠪᠤᠭᠳᠠᠭᠤᠰᠢᠲᠠᠶ ᠲᠥᠰᠦᠯ᠎ᠢ ᠲᠣᠭᠲᠠᠭ᠋ᠠᠵᠤ᠂ ᠠᠮᠢ ᠠᠬᠤᠢ ᠵᠢᠨ ᠠᠵᠢᠯ᠎ᠳᠤ ᠤᠯᠠᠭ᠋ᠠᠨ ᠲᠤᠭ᠎ᠠ ᠦᠯᠡᠳᠡᠭᠡᠬᠦ ᠦᠭᠡᠢ᠃ ᠨᠡᠭᠡᠭᠡᠵᠦ ᠮᠠᠯᠲᠠᠭᠰᠠᠨ ᠵᠶ᠋ᠠᠨ ᠳᠠᠬᠢᠨᠲᠠ ᠮᠠᠯᠲᠠᠬᠤ ᠨᠣᠷᠮ᠎ᠠ᠂ ᠠᠭᠤᠷᠬᠠᠢ ᠰᠤᠩᠭᠤᠬᠤ ᠪᠤᠴᠠᠭ᠋ᠠᠨ ᠬᠤᠷᠢᠶᠠᠬᠤ ᠨᠣᠷᠮ᠎ᠠ᠂ ᠶᠡᠷᠦᠩᠬᠡᠶ᠋ᠢᠯᠡᠨ ᠠᠰᠢᠭᠯᠠᠬᠤ ᠨᠣᠷᠮ᠎ᠠ᠎ᠳᠤ ᠰᠤᠭᠤᠴᠢᠨ ᠪᠠᠶ᠋ᠢᠴᠠᠭ᠋ᠠᠬᠤ ᠪᠠ ᠬᠢᠨᠠᠨ ᠬᠠᠮᠢᠶᠠᠷᠬᠤ ᠡᠷᠴᠢᠮ ᠵᠶ᠋ᠠᠨ ᠴᠢᠩᠭ᠋ᠠᠷᠠᠭᠤᠯᠵᠤ᠂ ᠠᠵᠤ ᠠᠬᠤᠶ᠋ᠢᠯᠠᠯ᠎ᠢ ᠰᠢᠮᠳᠠᠭᠤᠯᠵᠤ ᠪᠠᠶ᠋ᠢᠭ᠋ᠠᠳ ᠤᠯᠤᠰ ᠪᠤᠶᠤ ᠥᠪᠡᠷᠲᠡᠭᠡᠨ ᠵᠠᠰᠠᠬᠤ ᠣᠷᠣᠨ᠎ᠤ ᠲᠣᠭᠲᠠᠭ᠋ᠠᠭᠰᠠᠨ ᠪᠠᠷᠢᠮᠵᠢᠶ᠎ᠠ᠎ᠳᠤ ᠬᠦᠷᠭᠡᠭᠦ ᠵᠢ ᠲᠦᠷᠭᠡᠣᠡᠭᠡᠨ᠎ᠠ᠃ ᠪᠣᠬᠢᠷᠲᠤᠯ ᠦᠭᠡᠢ ᠠᠭᠤᠷᠬᠠᠢ ᠵᠢ ᠪᠦᠲᠦᠭᠡᠨ ᠪᠠᠶ᠋ᠢᠭᠤᠯᠬᠤ ᠲᠥᠯᠦᠪᠵᠢᠭᠦᠯᠭᠡ ᠵᠢᠴᠢ ᠪᠠᠷᠢᠮᠵᠢᠶ᠎ᠠ ᠶᠣᠰᠣᠭ᠋ᠠᠷ᠂ ᠠᠵᠤ ᠠᠬᠤᠶ᠋ᠢᠯᠠᠯ᠎ᠤᠨ ᠮᠡᠷᠭᠡᠵᠢᠯ ᠵᠶ᠋ᠠᠨ ᠥᠭᠡᠷᠡᠴᠢᠯᠡᠨ ᠰᠢᠨᠡᠳᠬᠡᠬᠦ ᠵᠢ ᠲᠦᠷᠭᠡᠳᠬᠡᠨ ᠠᠬᠢᠭᠤᠯᠤᠨ᠎ᠠ᠃ 《ᠭᠤᠷᠪᠠᠨ ᠬᠠᠶᠠᠭᠳᠠᠮᠠᠯ》᠎ᠢ ᠬᠠᠮᠢᠶᠠᠷᠬᠤ᠎ᠪᠠᠨ ᠴᠢᠩᠭ᠋ᠠᠷᠠᠭᠤᠯᠵᠤ᠂ ᠠᠶᠤᠯ ᠦᠭᠡᠢ ᠦᠢ᠍ᠯᠡᠣᠡᠪᠣᠷᠢᠯᠡᠯ᠎ᠤᠨ ᠬᠠᠮᠢᠶᠠᠷᠣᠯᠳᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠂ ᠦᠯᠡᠳᠡᠭᠳᠡᠯ ᠠᠭᠤᠷᠬᠠᠢ ᠪᠠ ᠬᠠᠶᠠᠭᠳᠠᠮᠠᠯ ᠴᠢᠯᠠᠭᠤ ᠵᠢ ᠶᠡᠷᠦᠩᠬᠡᠶ᠋ᠢᠯᠡᠨ ᠠᠰᠢᠭᠯᠠᠬᠤ ᠵᠢ᠎ᠨᠢ ᠠᠬᠢᠭᠤᠯᠤᠨ᠎ᠠ᠃ ᠠᠵᠤ ᠠᠬᠤᠶ᠋ᠢᠯᠠᠯ᠎ᠢ ᠵᠣᠷᠢᠭᠵᠢᠭᠤᠯᠵᠤ ᠪᠠᠶ᠋ᠢᠭ᠋ᠠᠳ ᠲᠡᠷᠢᠭᠦᠨ᠎ᠤ ᠠᠭᠤᠷᠬᠠᠶ ᠮᠠᠯᠲᠠᠬᠤ ᠮᠡᠷᠭᠡᠵᠢᠯ ᠪᠠ ᠨᠡᠭᠡᠭᠡᠨ ᠮᠠᠯᠲᠠᠬᠤ ᠠᠷᠭ᠎ᠠ ᠮᠠᠶᠢᠭ᠎ᠢ ᠠᠰᠢᠭᠯᠠᠨ ᠠᠮᠢ ᠠᠬᠤᠶ ᠣᠷᠴᠢᠨ ᠲᠣᠭᠤᠷᠢᠨ᠎ᠳᠤ ᠨᠥᠯᠥᠭᠡ ᠪᠣᠯᠬᠤ ᠵᠢ᠎ᠨᠢ ᠪᠠᠭ᠋ᠠᠰᠬᠠᠨ᠎ᠠ᠃ ᠠᠭᠤᠷᠬᠠᠶ᠎ᠳᠤ ᠬᠡᠷᠡᠭᠯᠡᠬᠦ ᠭᠠᠵᠠᠷ᠎ᠢ ᠬᠢᠨᠠᠨ ᠵᠥᠪᠰᠢᠶᠡᠷᠡᠬᠦ᠎ᠳᠤ ᠬᠠᠶᠠᠭᠳᠠᠮᠠᠯ ᠪᠤᠳᠠᠰ ᠰᠢᠷᠣᠶ ᠭᠠᠳᠠᠭᠰᠢᠯᠠᠭᠤᠯᠬᠤ ᠲᠠᠯᠠᠪᠠᠶ ᠪᠠ ᠭᠠᠳᠠᠭᠰᠢᠯᠠᠭᠤᠯᠬᠤ ᠬᠡᠮᠵᠢᠶ᠎ᠡ ᠵᠢ ᠴᠢᠩᠭ᠎ᠠ ᠬᠢᠵᠠᠭ᠋ᠠᠷᠯᠠᠨ᠎ᠠ᠃ (ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠠᠮᠢ ᠠᠬᠤᠢ ᠣᠷᠴᠢᠨ ᠲᠣᠭᠤᠷᠢᠨ᠎ᠤ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠂ ᠡᠨᠧᠷᠭᠢ ᠵᠢᠨ ᠲᠣᠪᠴᠢᠶ᠎ᠠ᠂ ᠣᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠬᠠᠮᠵᠢᠯᠴᠠᠨ᠎ᠠ)
(ᠳᠣᠯᠤᠭ᠎ᠠ) ᠠᠭᠤᠷᠬᠠᠶ ᠵᠢᠨ ᠣᠷᠤᠨ ᠪᠠ ᠣᠷᠣᠨ ᠨᠤᠲᠤᠭ᠎ᠤᠨ ᠡᠶ᠎ᠡ ᠵᠣᠬᠢᠴᠠᠯ᠎ᠲᠠᠢ ᠬᠥᠭᠵᠢᠬᠦ ᠵᠢ ᠠᠬᠢᠭᠤᠯᠤᠨ᠎ᠠ᠃ ᠡᠬᠢ ᠪᠠᠶᠠᠯᠢᠭ᠎ᠢ ᠨᠡᠭᠡᠭᠡᠨ ᠠᠰᠢᠭᠯᠠᠭᠰᠠᠨ ᠠᠰᠢᠭ ᠲᠤᠰᠠ ᠵᠢᠨ ᠬᠤᠪᠢᠶᠠᠷᠢᠯᠠᠬᠤ ᠲᠣᠭᠲᠠᠴᠠ ᠵᠢ ᠰᠤᠳᠤᠯᠤᠨ ᠲᠡᠭᠦᠯᠳᠡᠷᠵᠢᠭᠦᠯᠵᠦ᠂ ᠠᠭᠤᠷᠬᠠᠶ ᠵᠢᠨ ᠣᠷᠣᠨ᠎ᠤ ᠰᠠᠭᠤᠭ᠋ᠠᠯᠢ ᠠᠷᠠᠳ᠎ᠤᠨ ᠠᠰᠢᠭ ᠲᠤᠰᠠ ᠪᠠ ᠠᠭᠤᠷᠬᠠᠶ ᠵᠢᠨ ᠠᠵᠤ ᠠᠬᠤᠶ᠋ᠢᠯᠠᠯ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠎ᠠ᠃ ᠣᠷᠣᠨ ᠨᠤᠲᠤᠭ᠎ᠤᠨ ᠵᠠᠰᠠᠭ᠎ᠤᠨ ᠣᠷᠳᠣᠨ᠂ ᠣᠯᠠᠨ ᠲᠦᠮᠡᠨ᠎ᠤ ᠲᠥᠯᠥᠭᠡᠯᠡᠭᠴᠢ ᠬᠢᠭᠡᠳ ᠠᠵᠤ ᠠᠬᠤᠶ᠋ᠢᠯᠠᠯ᠎ᠤᠨ ᠠᠵᠢᠯ ᠶᠠᠪᠤᠳᠠᠯ ᠵᠥᠪᠯᠡᠨ ᠵᠣᠬᠢᠴᠠᠭᠤᠯᠬᠤ ᠲᠣᠭᠲᠠᠴᠠ ᠵᠢ ᠰᠦᠪᠡᠭᠴᠢᠯᠡᠨ ᠪᠠᠶ᠋ᠢᠭᠤᠯᠵᠤ᠂ ᠠᠭᠤᠷᠬᠠᠶ ᠵᠢᠨ ᠣᠷᠤᠨ ᠪᠠ ᠣᠷᠣᠨ ᠨᠤᠲᠤᠭ᠎ᠤᠨ ᠵᠥᠷᠢᠴᠡᠯ᠎ᠢ ᠵᠢᠭᠰᠠᠭ᠋ᠠᠨ ᠪᠠᠶ᠋ᠢᠴᠠᠭ᠋ᠠᠬᠤ ᠪᠠ ᠵᠣᠬᠢᠴᠠᠭᠤᠯᠤᠨ ᠰᠢᠢ᠍ᠳᠪᠦᠷᠢᠯᠡᠬᠦ ᠵᠢ ᠬᠠᠷᠢᠭᠤᠴᠠᠬᠤ ᠪᠠᠶ᠋ᠢᠭᠤᠯᠤᠮᠵᠢ ᠪᠠ ᠠᠵᠢᠯᠲᠠᠨ ᠵᠶ᠋ᠠᠨ ᠲᠣᠳᠣᠷᠬᠠᠢ ᠲᠣᠭᠲᠠᠭ᠋ᠠᠨ᠂ ᠡᠯ᠎ᠡ ᠲᠥᠷᠥᠯ᠎ᠤᠨ ᠵᠥᠷᠢᠴᠡᠯ᠎ᠢ ᠴᠠᠭ ᠲᠤᠬᠠᠶ᠎ᠳᠤᠨᠢ ᠲᠣᠬᠢᠲᠠᠶ ᠰᠢᠢ᠍ᠳᠪᠦᠷᠢᠯᠡᠨ᠎ᠡ᠃ ᠠᠭᠤᠷᠬᠠᠢ ᠵᠢᠨ ᠠᠵᠤ ᠠᠬᠤᠶ᠋ᠢᠯᠠᠯ᠎ᠨᠢ ᠬᠠᠤᠯᠢ ᠶᠣᠰᠣᠭ᠋ᠠᠷ ᠵᠢᠷᠤᠮᠵᠢᠯ᠎ᠲᠠᠢ ᠨᠡᠭᠡᠭᠡᠨ ᠮᠠᠯᠲᠠᠵᠤ᠂ ᠠᠭᠤᠷᠬᠠᠢ ᠵᠢᠨ ᠣᠷᠣᠨ ᠪᠠ ᠣᠷᠣᠨ ᠨᠤᠲᠤᠭ᠎ᠤᠨ ᠵᠥᠷᠢᠴᠡᠯ᠎ᠢ ᠵᠣᠬᠢᠴᠠᠭᠤᠯᠤᠨ ᠠᠷᠢᠯᠭ᠋ᠠᠬᠤ ᠲᠣᠭᠲᠠᠴᠠ ᠵᠢ ᠪᠠᠶ᠋ᠢᠭᠤᠯᠤᠨ᠂ ᠬᠠᠤᠯᠢ᠎ᠪᠠᠷ ᠲᠣᠭᠲᠠᠭ᠋ᠠᠭᠰᠠᠨ ᠡᠭᠦᠷᠭᠡ ᠪᠠ ᠨᠡᠶ᠋ᠢᠭᠡᠮ᠎ᠤᠨ ᠬᠠᠷᠢᠭᠤᠴᠠᠯᠭ᠎ᠠ ᠵᠢ ᠤᠬᠠᠮᠰᠠᠷ᠎ᠠᠴᠠ᠎ᠪᠠᠨ ᠭᠦᠢ᠍ᠴᠡᠳᠬᠡᠵᠦ᠂ ᠠᠵᠤ ᠠᠬᠤᠶ᠋ᠢᠯᠠᠯ᠎ᠤᠨ ᠰᠠᠶ᠋ᠢᠨ ᠰᠠᠶ᠋ᠢᠬᠠᠨ ᠲᠦᠷᠢ ᠲᠥᠷᠬᠦ ᠵᠢ ᠪᠣᠢ ᠪᠣᠯᠭ᠋ᠠᠨ᠎ᠠ; ᠣᠷᠣᠨ ᠨᠤᠲᠤᠭ᠎ᠤᠨ ᠰᠠᠭᠤᠷᠢ ᠪᠡᠯᠡᠳᠬᠡᠮᠵᠢ ᠵᠢ ᠪᠦᠲᠦᠭᠡᠨ ᠪᠠᠶ᠋ᠢᠭᠤᠯᠬᠤ ᠵᠢ᠎ᠨᠢ ᠬᠦᠴᠦᠲᠡᠢ ᠳᠠᠮᠵᠢᠵᠤ᠂ ᠠᠭᠤᠷᠬᠠᠢ ᠵᠢᠨ ᠣᠷᠣᠨ ᠵᠢᠴᠢ ᠲᠡᠭᠦᠨ᠎ᠤ ᠡᠷᠭᠢᠨ ᠲᠣᠭᠤᠷᠢᠨ᠎ᠳᠠᠬᠢ ᠦᠢ᠍ᠯᠡᠳᠪᠦᠷᠢᠯᠡᠯ ᠠᠮᠢᠳᠤᠷᠠᠯ᠎ᠤᠨ ᠣᠷᠴᠢᠨ ᠲᠣᠭᠤᠷᠢᠨ᠎ᠢ ᠰᠠᠶ᠋ᠢᠵᠢᠷᠠᠭᠤᠯᠤᠨ᠎ᠠ; ᠠᠵᠢᠯ ᠣᠯᠭᠤᠬᠤ ᠪᠣᠯᠪᠠᠰᠤᠷᠠᠯ᠎ᠢ ᠵᠣᠬᠢᠶᠠᠨ ᠪᠠᠶ᠋ᠢᠭᠤᠯᠵᠤ᠂ ᠠᠭᠤᠷᠬᠠᠢ ᠵᠢᠨ ᠣᠷᠣᠨ᠎ᠤ ᠡᠷᠭᠢᠨ ᠲᠣᠭᠤᠷᠢᠨ᠎ᠳᠠᠬᠢ ᠰᠠᠭᠤᠭ᠋ᠠᠯᠢ ᠠᠷᠠᠳ᠎ᠢ ᠤᠷᠢᠳ ᠵᠶ᠋ᠠᠷ ᠲᠣᠬᠢᠷᠠᠭᠤᠯᠤᠨ᠂ ᠶᠠᠳᠠᠭᠤ ᠵᠢ ᠲᠡᠳᠬᠦᠵᠦ ᠲᠤᠰᠠᠯᠠᠬᠤ ᠵᠡᠷᠭᠡ ᠠᠷᠠᠳ᠎ᠲᠤ ᠠᠰᠢᠭ ᠬᠦᠷᠲᠡᠭᠡᠬᠦ ᠠᠵᠢᠯᠯᠠᠭ᠎ᠠ ᠵᠢ ᠢᠳᠡᠪᠬᠢᠲᠡᠢ ᠥᠷᠨᠢᠭᠦᠯᠦᠨ᠎ᠡ; ᠬᠥᠳᠡᠯᠮᠦᠷᠢ ᠦᠢ᠍ᠯᠡᠴᠢᠯᠡᠭᠡ᠎ᠳᠤ ᠨᠠᠶ᠋ᠢᠳᠠᠬᠤ᠂ ᠪᠠᠷᠢᠯᠭ᠎ᠠ ᠳᠠᠭ᠋ᠠᠭ᠋ᠠᠴᠢᠯᠠᠬᠤ ᠵᠡᠷᠭᠡ ᠠᠷᠭ᠎ᠠ ᠮᠠᠶᠢᠭ᠎ᠢ ᠠᠪᠴᠤ᠂ ᠪᠠᠶ᠋ᠢᠭ᠎ᠠ ᠭᠠᠵᠠᠷ ᠣᠷᠣᠨ᠎ᠳᠠᠬᠢ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠤᠨ᠎ᠤ ᠬᠠᠮᠲᠤ ᠵᠢᠨ ᠠᠵᠤ ᠠᠬᠤᠶ ᠵᠢ ᠬᠥᠭᠵᠢᠭᠦᠯᠦᠨ ᠪᠤᠵᠠᠭ᠋ᠠᠶ᠋ᠢᠷᠠᠭᠤᠯᠬᠤ ᠵᠢ᠎ᠨᠢ ᠳᠠᠮᠵᠢᠨ᠎ᠠ᠃ ᠠᠭᠤᠷᠬᠠᠢ ᠵᠢᠨ ᠲᠠᠯ᠎ᠠ ᠵᠢᠨ᠎ᠬᠢᠨ ᠦᠢ᠍ᠯᠡᠳᠪᠦᠷᠢᠯᠡᠯ᠎ᠤᠨ ᠶᠠᠪᠤᠴᠠ᠎ᠳᠤ᠎ᠪᠠᠨ ᠨᠡᠶ᠋ᠢᠭᠡᠮ ᠲᠣᠭᠤᠷᠢᠭ᠎ᠤᠨ ᠠᠮᠢᠳᠤᠷᠠᠯ᠎ᠢ ᠨᠥᠯᠥᠭᠡᠯᠡᠵᠦ ᠮᠡᠳᠡᠬᠦ ᠦᠢ᠍ᠯᠡᠣᠡᠪᠣᠷᠢᠯᠡᠭᠦ ᠠᠵᠢᠯ ᠵᠶ᠋ᠠᠨ ᠴᠠᠭ ᠲᠤᠬᠠᠶ᠎ᠳᠤᠨᠢ ᠲᠣᠬᠢᠷᠠᠭᠤᠯᠤᠨ᠂ ᠠᠷᠠᠳ ᠣᠯᠠᠨ᠎ᠤ ᠠᠮᠢᠳᠤᠷᠠᠯ᠎ᠢ ᠨᠦᠯᠣᠭᠡᠯᠡᠭᠦ᠎ᠪᠠᠨ ᠪᠠᠭ᠋ᠠᠰᠬᠠᠬᠤ ᠬᠡᠷᠩᠳᠠᠢ᠃ (ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠠᠮᠢ ᠠᠬᠤᠢ ᠣᠷᠴᠢᠨ ᠲᠣᠭᠤᠷᠢᠨ᠎ᠤ ᠲᠢᠩᠬᠢᠮ᠂ ᠡᠨᠧᠷᠭᠢ ᠵᠢᠨ ᠲᠣᠪᠴᠢᠶ᠎ᠠ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ ᠵᠡᠷᠭᠡ ᠰᠠᠯᠠᠭ᠎ᠠ ᠮᠥᠴᠢᠷ ᠬᠠᠮᠵᠢᠯᠴᠠᠨ᠎ᠠ)
ᠳᠥᠷᠪᠡ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ
(ᠨᠢᠭᠡ) ᠳᠡᠮᠵᠢᠬᠦ ᠲᠥᠷᠥ ᠵᠢᠨ ᠪᠣᠳᠣᠯᠭ᠎ᠠ᠃ ᠥᠪᠡᠷᠲᠡᠭᠡᠨ ᠵᠠᠰᠠᠬᠤ ᠣᠷᠣᠨ᠎ᠤ ᠠᠭᠤᠷᠬᠠᠢ ᠵᠢᠨ ᠠᠵᠤ ᠠᠬᠤᠶ᠋ᠢᠯᠠᠯ᠎ᠤᠨ ᠪᠣᠬᠢᠷᠲᠤᠯ ᠦᠭᠡᠢ ᠠᠭᠤᠷᠬᠠᠶ ᠵᠢ ᠴᠢᠷᠮᠠᠶ᠋ᠢᠨ ᠡᠭᠦᠳᠬᠦ ᠵᠢ᠎ᠨᠢ ᠵᠣᠷᠢᠭᠵᠢᠭᠤᠯᠤᠨ᠎ᠠ᠃ ᠤᠯᠤᠰ᠎ᠤᠨ ᠪᠤᠶᠤ ᠥᠪᠡᠷᠲᠡᠭᠡᠨ ᠵᠠᠰᠠᠬᠤ ᠣᠷᠣᠨ᠎ᠤ ᠨᠡᠷᠡᠰ᠎ᠤᠨ ᠬᠥᠮᠥᠷᠭᠡ᠎ᠳᠤ ᠣᠷᠣᠭᠰᠠᠨ ᠠᠭᠤᠷᠬᠠᠢ ᠵᠢᠨ ᠠᠵᠤ ᠠᠬᠤᠶ᠋ᠢᠯᠠᠯ᠎ᠨᠢ ᠲᠣᠭᠲᠠᠭ᠋ᠠᠯ ᠶᠣᠰᠣᠭ᠋ᠠᠷ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠬᠠᠷᠠᠭ᠋ᠠᠯᠵᠠᠯ᠎ᠢ ᠬᠦᠷᠲᠡᠨ᠎ᠡ᠃
1. ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠳᠡᠮᠵᠢᠬᠦ ᠲᠥᠷᠥ ᠵᠢᠨ ᠪᠣᠳᠣᠯᠭ᠎ᠠ᠃ ᠶᠡᠷᠦᠩᠬᠡᠶ ᠬᠡᠮᠵᠢᠶ᠎ᠡ ᠵᠢ᠎ᠨᠢ ᠲᠤᠬᠢᠷᠠᠭᠤᠯᠤᠨ ᠡᠵᠡᠮᠳᠡᠬᠦ ᠵᠢ ᠬᠡᠷᠡᠭᠵᠢᠭᠦᠯᠵᠦ ᠪᠠᠶ᠋ᠢᠭ᠎ᠠ ᠠᠭᠤᠷᠬᠠᠢ ᠵᠢᠨ ᠲᠥᠷᠥᠯ᠎ᠤᠨ ᠨᠡᠭᠡᠭᠡᠨ ᠮᠠᠯᠲᠠᠬᠤ ᠭᠦᠢ᠍ᠴᠡᠳᠬᠡᠯ ᠲᠤᠭ᠎ᠠ᠂ ᠠᠭᠤᠷᠬᠠᠢ ᠵᠢᠨ ᠠᠵᠢᠯ ᠲᠥᠷᠥᠯ᠎ᠤᠨ ᠡᠷᠬᠡ ᠵᠢᠨ ᠣᠷᠣᠭᠤᠯᠤᠯᠲᠠ᠎ᠳᠤ᠂ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ ᠪᠠ ᠠᠭᠤᠷᠬᠠᠶ ᠵᠢᠨ ᠬᠥᠭᠵᠢᠯᠲᠡ ᠵᠢᠨ ᠲᠥᠯᠥᠪᠵᠢᠭᠦᠯᠭᠡ᠎ᠳᠤ ᠨᠡᠶ᠋ᠢᠴᠡᠪᠡᠯ ᠪᠣᠬᠢᠷᠲᠤᠯ ᠦᠭᠡᠶ ᠠᠭᠤᠷᠬᠠᠶ ᠪᠠ ᠪᠣᠬᠢᠷᠲᠤᠯ ᠦᠭᠡᠶ ᠠᠭᠤᠷᠬᠠᠶ ᠵᠢᠨ ᠦᠢ᠍ᠯᠡᠰ᠎ᠤᠨ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠣᠷᠣᠨ ᠲᠡᠶ᠋ᠢᠰᠢ ᠤᠷᠢᠳ ᠵᠶ᠋ᠠᠷ ᠲᠣᠬᠢᠷᠠᠭᠤᠯᠤᠨ᠎ᠠ᠃
2. ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠭᠠᠵᠠᠷ ᠬᠡᠷᠡᠭᠯᠡᠬᠦ᠎ᠳᠤ ᠳᠡᠮᠵᠢᠬᠦ ᠲᠥᠷᠥ ᠵᠢᠨ ᠪᠣᠳᠣᠯᠭ᠎ᠠ᠃
(1) ᠭᠠᠵᠠᠷ ᠰᠢᠷᠣᠢ ᠵᠢ ᠠᠰᠢᠭᠯᠠᠬᠤ ᠲᠥᠯᠥᠪᠵᠢᠭᠦᠯᠭᠡ ᠲᠥᠯᠥᠪᠯᠡᠭᠡ ᠵᠢᠨ ᠪᠠᠲᠤᠯᠠᠭ᠎ᠠ᠃ ᠡᠯ᠎ᠡ ᠭᠠᠵᠠᠷ ᠣᠷᠣᠨ᠎ᠨᠢ ᠭᠠᠵᠠᠷ ᠰᠢᠷᠣᠶ ᠠᠰᠢᠭᠯᠠᠬᠤ ᠶᠡᠷᠦᠩᠬᠡᠶ ᠲᠥᠯᠥᠪᠵᠢᠭᠦᠯᠭᠡ ᠵᠢ ᠲᠣᠬᠢᠷᠠᠭᠤᠯᠵᠤ ᠲᠡᠭᠦᠯᠳᠡᠷᠵᠢᠭᠦᠯᠬᠦ᠎ᠳᠤ ᠪᠠᠨ᠂ ᠪᠣᠬᠢᠷᠲᠤᠯ ᠦᠭᠡᠢ ᠠᠭᠤᠷᠬᠠᠢ ᠵᠢ ᠪᠦᠲᠦᠭᠡᠨ ᠪᠠᠶ᠋ᠢᠭᠤᠯᠬᠤ ᠲᠥᠷᠥᠯ ᠵᠦᠢ᠍ᠯ᠎ᠢ᠎ᠨᠢ ᠲᠥᠯᠥᠪᠵᠢᠭᠦᠯᠭᠡ ᠵᠢᠨ ᠭᠤᠣᠯᠳᠠᠯᠭ᠎ᠠ᠎ᠲᠠᠢ ᠲᠥᠷᠥᠯ ᠵᠦᠢ᠍ᠯ᠎ᠤᠨ ᠨᠠᠷᠢᠨ ᠬᠠᠭᠤᠳᠠᠰᠤᠨ᠎ᠳᠤ ᠣᠷᠣᠭᠤᠯᠬᠤ ᠵᠢᠨ ᠬᠠᠮᠲᠤ᠂ ᠭᠠᠵᠠᠷ ᠰᠢᠷᠣᠶ ᠠᠰᠢᠭᠯᠠᠬᠤ ᠣᠨ᠎ᠤ ᠲᠥᠯᠥᠪᠯᠡᠭᠡ᠎ᠳᠤ᠎ᠪᠠᠨ ᠪᠣᠬᠢᠷᠲᠤᠯ ᠦᠭᠡᠢ ᠠᠭᠤᠷᠬᠠᠢ ᠵᠢ ᠰᠢᠨ᠎ᠡ᠎ᠪᠠᠷ ᠪᠠᠶ᠋ᠢᠭᠤᠯᠬᠤ᠂ ᠦᠭᠡᠷᠡᠴᠢᠯᠡᠵᠦ ᠦᠷᠭᠡᠳᠭᠡᠨ ᠪᠠᠶ᠋ᠢᠭᠤᠯᠬᠤ ᠵᠢᠨ ᠵᠦᠶ ᠶᠤᠰᠤᠨ᠎ᠤ ᠰᠢᠨ᠎ᠡ᠎ᠪᠠᠷ ᠨᠡᠮᠡᠭᠳᠡᠭᠰᠡᠨ ᠪᠦᠲᠦᠭᠡᠨ ᠪᠠᠶ᠋ᠢᠭᠤᠯᠤᠯᠲᠠ᠎ᠳᠤ ᠭᠠᠵᠠᠷ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠤᠷᠢᠳ ᠵᠶ᠋ᠠᠷ ᠪᠠᠲᠤᠯᠠᠨ᠎ᠠ᠃
(2) ᠭᠠᠵᠠᠷ ᠬᠡᠷᠡᠭᠯᠡᠬᠦ ᠥᠪᠡᠷ᠎ᠤᠨ ᠥᠷᠲᠡᠭ᠎ᠢ ᠪᠠᠭᠤᠷᠠᠭᠤᠯᠤᠨ᠎ᠠ᠃ ᠠᠭᠤᠷᠬᠠᠶ ᠮᠠᠯᠲᠠᠬᠤ ᠭᠠᠵᠠᠷ᠎ᠤᠨ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠭᠠᠷᠳᠠᠮ᠎ᠢ᠎ᠨᠢ ᠬᠠᠤᠯᠢ ᠶᠣᠰᠣᠭ᠋ᠠᠷ ᠭᠦᠢ᠍ᠴᠡᠳᠬᠡᠭᠰᠡᠨ᠎ᠤ ᠳᠠᠷᠠᠭ᠎ᠠ᠂ ᠵᠥᠪᠳᠡᠯᠴᠡᠬᠡᠷ᠎ᠤᠨ ᠠᠷᠭ᠎ᠠ ᠮᠠᠶᠢᠭ ᠵᠶ᠋ᠠᠷ ᠬᠢᠮᠳᠠ᠎ᠪᠠᠷ ᠬᠤᠳᠠᠯᠳᠤᠬᠤ᠂ ᠲᠦᠷᠢᠶᠡᠰᠦᠯᠡᠬᠦ ᠪᠤᠶᠤ ᠤᠷᠢᠳ ᠵᠶ᠋ᠠᠷ ᠲᠦᠷᠢᠶᠡᠰᠦᠯᠡᠵᠦ ᠳᠠᠷᠠᠭ᠎ᠠ᠎ᠨᠢ ᠰᠢᠯᠵᠢᠭᠦᠯᠦᠨ ᠥᠭᠴᠦ ᠪᠣᠯᠤᠨ᠎ᠠ; ᠠᠭᠤᠷᠬᠠᠢ ᠵᠢᠨ ᠦᠢ᠍ᠯᠡᠳᠪᠦᠷᠢᠯᠡᠬᠦ ᠦᠶᠡᠯᠡᠯ᠂ ᠨᠡᠭᠡᠭᠡᠨ ᠮᠠᠯᠲᠠᠬᠤ ᠵᠢᠯ ᠬᠤᠭᠤᠴᠠᠭ᠎ᠠ ᠵᠢ ᠦᠨᠳᠦᠰᠦᠯᠡᠵᠦ᠂ ᠬᠢᠮᠳᠠ᠎ᠪᠠᠷ ᠬᠤᠳᠠᠯᠳᠤᠬᠤ᠎ᠳᠤ ᠬᠠᠤᠯᠢ᠎ᠪᠠᠷ ᠲᠣᠭᠲᠠᠭ᠋ᠠᠭᠰᠠᠨ ᠬᠠᠮᠤᠭ᠎ᠤᠨ ᠤᠷᠲᠤ ᠵᠢᠯ ᠬᠤᠭᠤᠴᠠᠭ᠋ᠠᠨ᠎ᠤ ᠳᠣᠲᠣᠷ᠎ᠠ᠂ ᠭᠠᠵᠠᠷ ᠰᠢᠷᠣᠶ ᠬᠡᠷᠡᠭᠯᠡᠬᠦ ᠡᠷᠬᠡ ᠵᠢᠨ ᠬᠢᠮᠳᠠ᠎ᠪᠠᠷ ᠬᠤᠳᠠᠯᠳᠤᠬᠤ ᠣᠨ ᠵᠢᠯ᠎ᠢ ᠠᠮᠢᠳᠤᠯᠢᠭ ᠵᠶ᠋ᠠᠷ ᠰᠣᠩᠭᠤᠵᠤ᠂ ᠤᠶᠠᠨᠯᠢᠭ ᠴᠢᠨᠠᠷᠲᠠᠢ ᠬᠢᠮᠳᠠ᠎ᠪᠠᠷ ᠬᠤᠳᠠᠯᠳᠤᠬᠤ ᠵᠢ ᠬᠡᠷᠡᠭᠵᠢᠭᠦᠯᠵᠦ ᠪᠣᠯᠬᠤ ᠵᠢᠨ ᠬᠠᠮᠲᠤ᠂ ᠭᠠᠵᠠᠷ ᠰᠢᠷᠣᠶ ᠵᠢ ᠬᠢᠮᠳᠠ᠎ᠪᠠᠷ ᠬᠤᠳᠠᠯᠳᠤᠬᠤ ᠭᠡᠷ᠎ᠡ᠎ᠳᠤ ᠭᠠᠵᠠᠷ ᠰᠢᠷᠣᠶ ᠵᠢ ᠬᠢᠮᠳᠠ᠎ᠪᠠᠷ ᠬᠤᠳᠠᠯᠳᠤᠭᠰᠠᠨ ᠦᠨ᠎ᠡ ᠵᠢᠨ ᠵᠣᠭᠤᠰ᠎ᠢ ᠬᠤᠭᠤᠴᠠᠭ᠎ᠠ ᠬᠤᠪᠢᠶᠠᠨ ᠲᠤᠰᠢᠶᠠᠵᠤ ᠪᠣᠯᠬᠤ ᠵᠢ᠎ᠨᠢ ᠪᠣᠯᠵᠣᠨ ᠲᠣᠭᠲᠠᠵᠤ ᠪᠣᠯᠤᠨ᠎ᠠ᠃
(3) ᠪᠣᠬᠢᠷᠲᠤᠯ ᠥᠬᠡᠶ ᠠᠭᠤᠷᠬᠠᠶ ᠵᠢᠨ ᠠᠵᠤ ᠠᠬᠤᠶ᠋ᠢᠯᠠᠯ᠎ᠤᠨ ᠦᠢ᠍ᠯᠡᠳᠪᠦᠷᠢ ᠠᠭᠤᠷᠬᠠᠶ᠎ᠳᠤ ᠬᠡᠷᠡᠭᠯᠡᠬᠦ᠎ᠪᠠᠷ ᠰᠤᠯᠠ ᠲᠠᠯᠪᠢᠭᠳᠠᠵᠤ ᠪᠠᠶ᠋ᠢᠭ᠎ᠠ ᠭᠠᠵᠠᠷ᠎ᠢ ᠦᠩᠵᠢᠭᠦᠯᠦᠨ ᠠᠰᠢᠭᠯᠠᠯᠳᠠ᠎ᠳᠤ ᠣᠷᠣᠭᠤᠯᠬᠤ ᠵᠢ ᠳᠡᠮᠵᠢᠨ᠎ᠠ᠃ ᠪᠣᠬᠢᠷᠲᠤᠯ ᠥᠬᠡᠶ ᠠᠭᠤᠷᠬᠠᠶ ᠵᠢᠨ ᠦᠢ᠍ᠯᠡᠳᠪᠦᠷᠢ ᠠᠭᠤᠷᠬᠠᠶ᠎ᠳᠤ ᠬᠡᠷᠡᠭᠯᠡᠬᠦ᠎ᠪᠠᠷ ᠰᠤᠯᠠ ᠲᠠᠯᠪᠢᠭᠳᠠᠵᠤ ᠪᠠᠶ᠋ᠢᠭ᠎ᠠ ᠭᠠᠵᠠᠷ᠎ᠢ ᠴᠠᠭ ᠲᠤᠬᠠᠶ᠎ᠳᠤᠨᠢ ᠦᠩᠵᠢᠭᠦᠯᠦᠨ ᠠᠰᠢᠭᠯᠠᠯᠳᠠ᠎ᠳᠤ ᠣᠷᠣᠭᠤᠯᠬᠤ ᠵᠢ ᠳᠡᠮᠵᠢᠭᠦ ᠵᠢᠨ ᠬᠠᠮᠲᠤ᠂ ᠰᠢᠨ᠎ᠡ᠎ᠪᠠᠷ ᠨᠡᠮᠡᠭᠳᠡᠭᠰᠡᠨ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠲᠠᠢ ᠬᠤᠯᠪᠣᠭᠳᠠᠭᠤᠯᠤᠨ᠎ᠠ; ᠲᠥᠯᠥᠪᠵᠢᠭᠦᠯᠭᠡ ᠪᠠ ᠠᠮᠢ ᠠᠬᠤᠶ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠤᠷᠢᠲᠠᠯ ᠳᠣᠤᠷ᠎ᠠ᠂ ᠦᠢ᠍ᠯᠡᠳᠪᠦᠷᠢ ᠠᠭᠤᠷᠬᠠᠶ᠎ᠳᠤ ᠬᠡᠷᠡᠭᠯᠡᠬᠦ ᠦᠭᠡᠢ ᠥᠩᠭᠡᠷᠡᠭᠰᠡᠨ᠎ᠤ ᠦᠯᠡᠳᠡᠭᠳᠡᠭᠰᠡᠨ ᠰᠤᠯᠠ ᠬᠠᠶᠠᠭᠳᠠᠮᠠᠯ ᠭᠠᠵᠠᠷ᠎ᠢ ᠥᠩᠵᠢᠭᠦᠯᠦᠨ ᠠᠰᠢᠭᠯᠠᠭ᠋ᠠᠣᠨ ᠨᠡᠮᠡᠭᠳᠡᠭᠰᠡᠨ ᠲᠠᠷᠢᠶᠠᠨ ᠭᠠᠵᠠᠷ ᠵᠶ᠋ᠠᠷ ᠲᠠᠷᠢᠶᠠᠨ ᠭᠠᠵᠠᠷ ᠵᠶ᠋ᠠᠨ ᠨᠥᠬᠦᠪᠦᠷᠢᠯᠡᠵᠦ ᠲᠡᠩᠴᠡᠭᠦᠷᠢᠲᠡᠶ ᠪᠣᠯᠭ᠋ᠠᠬᠤ᠎ᠳᠤ ᠬᠡᠷᠡᠭᠯᠡᠬᠦ ᠵᠢ᠎ᠨᠢ ᠵᠥᠪᠰᠢᠶᠡᠷᠡᠨ᠎ᠡ; ᠠᠭᠤᠷᠬᠠᠢ ᠵᠢ ᠬᠠᠤᠯᠢ ᠶᠣᠰᠣᠭ᠋ᠠᠷ ᠨᠡᠭᠡᠭᠡᠵᠦ ᠮᠠᠯᠲᠠᠭᠰᠠᠨ᠎ᠠᠴᠠ ᠪᠣᠯᠵᠤ ᠲᠠᠷᠢᠶᠠᠯᠠᠩ᠎ᠳᠤ ᠬᠡᠷᠡᠭᠯᠡᠬᠦ ᠭᠠᠵᠠᠷ ᠪᠤᠶᠤ ᠪᠤᠰᠤᠳ ᠭᠠᠵᠠᠷ ᠰᠢᠷᠣᠢ ᠡᠪᠳᠡᠭᠳᠡᠨ ᠰᠦᠢ᠍ᠳᠦᠭᠰᠡᠨ ᠮᠦᠷᠲᠡᠭᠡᠨ ᠰᠡᠷᠭᠦᠭᠡᠨ ᠠᠰᠢᠭᠯᠠᠬᠤ ᠵᠢᠨ ᠠᠷᠭ᠎ᠠ ᠦᠭᠡᠢ ᠪᠣᠯᠤᠭᠰᠠᠨ ᠪᠠᠶ᠋ᠢᠪᠠᠯ᠂ ᠭᠠᠵᠠᠷ ᠰᠢᠷᠣᠶ ᠬᠡᠷᠡᠭᠯᠡᠬᠦ ᠵᠢ᠎ᠨᠢ ᠬᠤᠪᠢᠷᠠᠭ᠋ᠠᠨ ᠬᠠᠯᠠᠬᠤ ᠪᠠᠶ᠋ᠢᠴᠠᠭ᠋ᠠᠯᠲᠠ ᠵᠢᠨ ᠠᠵᠢᠯ᠎ᠤᠨ ᠱᠠᠭ᠋ᠠᠷᠳᠠᠯᠭ᠎ᠠ ᠪᠠ ᠳᠡᠰ ᠳᠠᠷᠠᠭ᠋ᠠᠯᠠᠯ ᠶᠣᠰᠣᠭ᠋ᠠᠷ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠯᠲᠠ ᠬᠢᠵᠦ᠂ ᠲᠤᠰᠬᠠᠶ ᠮᠡᠳᠡᠭᠦᠯᠵᠦ ᠬᠢᠨᠠᠨ ᠪᠠᠶ᠋ᠢᠴᠠᠭ᠋ᠠᠯᠭ᠋ᠠᠵᠤ ᠪᠠᠲᠤᠯᠠᠭᠤᠯᠤᠭᠰᠠᠨ᠎ᠤ ᠳᠠᠷᠠᠭ᠎ᠠ ᠣᠨ᠎ᠤ ᠬᠤᠪᠢᠷᠠᠭ᠋ᠠᠨ ᠬᠠᠯᠠᠬᠤ ᠪᠠᠶ᠋ᠢᠴᠠᠭ᠋ᠠᠯᠲᠠ᠎ᠳᠤ ᠣᠷᠣᠭᠤᠯᠤᠨ᠎ᠠ᠂ ᠲᠠᠷᠢᠶᠠᠨ ᠭᠠᠵᠠᠷ᠎ᠲᠠᠢ ᠬᠤᠯᠪᠣᠭᠳᠠᠭᠰᠠᠨ ᠪᠠᠶ᠋ᠢᠪᠠᠯ᠂ ᠪᠣᠳᠠᠲᠠᠢ᠎ᠪᠠᠨ ᠦᠨᠳᠦᠰᠦᠯᠡᠨ ᠲᠠᠷᠢᠶᠠᠨ ᠭᠠᠵᠠᠷ᠎ᠤᠨ ᠪᠠᠲᠤᠯᠠᠬᠤ ᠬᠡᠮᠵᠢᠶ᠎ᠡ ᠵᠢ ᠬᠠᠷᠭᠤᠭᠤᠯᠤᠨ ᠪᠠᠭ᠋ᠠᠰᠬᠠᠨ᠎ᠠ᠂ ᠭᠡᠪᠡᠴᠦ ᠡᠯ᠎ᠡ ᠭᠠᠵᠠᠷ ᠣᠷᠣᠨ᠎ᠤ ᠬᠢᠵᠠᠭ᠋ᠠᠷᠯᠠᠬᠤ ᠲᠣᠭ᠋ᠠᠨ᠎ᠤ ᠳᠡᠭᠡᠳᠦ ᠬᠢᠵᠠᠭ᠋ᠠᠷ᠎ᠠᠴᠠ ᠳᠠᠪᠠᠭᠤᠯᠵᠤ ᠪᠣᠯᠬᠤ ᠦᠭᠡᠢ᠂ ᠦᠨᠳᠦᠰᠦᠨ ᠲᠠᠷᠢᠶᠠᠨ ᠭᠠᠵᠠᠷ᠎ᠲᠠᠢ ᠬᠤᠯᠪᠣᠭᠳᠠᠭᠰᠠᠨᠢᠨᠢ ᠨᠥᠬᠦᠵᠦ ᠬᠤᠪᠢᠶᠠᠷᠢᠯᠠᠬᠤ ᠬᠡᠷᠡᠭᠲᠡᠶ᠃
3. ᠡᠳ᠋᠎ᠤᠨ ᠵᠠᠰᠠᠭ ᠭᠠᠶ᠋ᠢᠯᠢ ᠵᠢᠨ ᠳᠡᠮᠵᠢᠬᠦ ᠲᠥᠷᠥ ᠵᠢᠨ ᠪᠣᠳᠣᠯᠭ᠎ᠠ᠃ ᠬᠠᠮᠢᠶ᠎ᠠ ᠪᠥᠬᠦᠶ ᠡᠳ᠋᠎ᠤᠨ ᠵᠠᠰᠠᠭ ᠵᠢᠴᠢ ᠲᠥᠷᠥᠯ ᠵᠦᠢ᠍ᠯ᠎ᠤᠨ ᠵᠢᠷᠤᠮᠵᠢᠯ᠎ᠤᠨ ᠪᠠᠷᠢᠮᠵᠢᠶ᠎ᠠ ᠵᠢ ᠵᠠᠰᠠᠪᠤᠷᠢᠯᠠᠨ ᠲᠣᠭᠲᠠᠭ᠋ᠠᠵᠤ᠂ ᠪᠣᠬᠢᠷᠲᠤᠯ ᠥᠬᠡᠶ ᠬᠠᠶ᠋ᠢᠨ ᠪᠠᠶ᠋ᠢᠴᠠᠭ᠋ᠠᠬᠤ ᠮᠡᠷᠭᠡᠵᠢᠯ᠎ᠤᠨ ᠬᠡᠷᠡᠭᠯᠡᠭᠡᠨ᠎ᠳᠤ ᠰᠢᠨ᠎ᠡ᠎ᠪᠠᠷ ᠨᠡᠮᠡᠭᠳᠡᠭᠰᠡᠨ ᠵᠠᠷᠤᠳᠠᠯ ᠵᠢᠴᠢ ᠠᠵᠢᠯᠯᠠᠬᠤ ᠲᠣᠭᠤᠷᠢᠭ᠎ᠤᠨ ᠣᠷᠴᠢᠨ ᠨᠥᠬᠦᠴᠡᠯ᠎ᠤᠨ ᠰᠡᠷᠭᠦᠭᠡᠨ ᠵᠠᠰᠠᠬᠤ ᠵᠠᠷᠤᠳᠠᠯ᠎ᠢ ᠲᠥᠷᠥᠯ ᠵᠦᠢ᠍ᠯ᠎ᠤᠨ ᠲᠥᠰᠥᠪ᠎ᠲᠤ ᠣᠷᠣᠭᠤᠯᠬᠤ ᠵᠢ ᠵᠥᠪᠰᠢᠶᠡᠷᠡᠨ᠎ᠡ᠃ ᠡᠳ᠋᠎ᠤᠨ ᠵᠠᠰᠠᠭ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠨᠢ ᠭᠠᠵᠠᠷ ᠰᠢᠨᠵᠢᠯᠡᠭᠡ ᠠᠭᠤᠷᠬᠠᠶ ᠵᠢᠨ ᠭᠠᠷᠤᠯᠲᠠ ᠵᠢᠨ ᠪᠠᠶ᠋ᠢᠴᠠᠭ᠋ᠠᠨ ᠦᠨᠡᠯᠡᠬᠦ ᠪᠠᠯᠠ ᠮᠥᠩᠭᠦ ᠵᠢ ᠲᠣᠬᠢᠷᠠᠭᠤᠯᠬᠤ᠎ᠳᠤ᠂ ᠤᠯᠤᠰ᠎ᠤᠨ ᠬᠤᠯᠪᠣᠭᠳᠠᠯ ᠪᠥᠬᠦᠶ ᠲᠣᠭᠲᠠᠭ᠋ᠠᠯ ᠶᠣᠰᠣᠭ᠋ᠠᠷ ᠪᠣᠬᠢᠷᠲᠤᠯ ᠥᠬᠡᠶ ᠠᠭᠤᠷᠬᠠᠶ ᠵᠢᠨ ᠦᠢ᠍ᠯᠡᠰ᠎ᠤᠨ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠲᠣᠭᠤᠷᠢᠭ᠎ᠲᠠᠬᠢ ᠨᠥᠬᠦᠴᠡᠯ᠎ᠳᠤ ᠨᠡᠶ᠋ᠢᠴᠡᠭᠰᠡᠨ ᠲᠥᠷᠥᠯ ᠵᠦᠢ᠍ᠯ ᠲᠡᠰᠢ ᠵᠣᠬᠢᠰᠲᠠᠶ ᠬᠡᠯᠪᠠᠶ᠋ᠢᠯᠭᠡᠨ᠎ᠡ; ᠲᠥᠪ᠎ᠤᠨ ᠪᠡᠯᠡ ᠮᠥᠩᠭᠦ ᠵᠢ ᠰᠠᠶ᠋ᠢᠲᠤᠷ ᠬᠡᠷᠡᠭᠯᠡᠬᠦ ᠵᠢᠨ ᠬᠠᠮᠲᠤ᠂ ᠣᠷᠣᠨ ᠨᠤᠲᠤᠭ᠎ᠤᠨ ᠭᠠᠵᠠᠷ ᠰᠢᠨᠵᠢᠯᠡᠭᠡ ᠠᠭᠤᠷᠬᠠᠢ ᠵᠢᠨ ᠭᠠᠷᠤᠯᠲᠠ᠂ ᠠᠭᠤᠷᠬᠠᠢ ᠵᠢᠨ ᠠᠮᠢ ᠠᠬᠤᠢ ᠣᠷᠴᠢᠨ ᠲᠣᠭᠤᠷᠢᠨ᠎ᠢ ᠵᠠᠰᠠᠬᠤ᠂ ᠬᠦᠨᠳᠦ ᠲᠡᠮᠦᠷᠯᠢᠭ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ᠂ ᠭᠠᠵᠠᠷ ᠰᠢᠷᠣᠢ ᠵᠢ ᠦᠩᠵᠢᠭᠦᠯᠦᠨ ᠠᠰᠢᠭᠯᠠᠬᠤ ᠵᠡᠷᠭᠡ᠎ᠳᠤ ᠡᠳ᠋᠎ᠤᠨ ᠵᠠᠰᠠᠭ᠎ᠤᠨ ᠪᠡᠯᠡ ᠮᠥᠩᠭᠦ ᠵᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ᠎ᠪᠠᠨ ᠴᠢᠩᠭ᠋ᠠᠳᠬᠠᠨ᠂ ᠪᠣᠬᠢᠷᠲᠤᠯ ᠦᠭᠡᠢ ᠠᠭᠤᠷᠬᠠᠢ ᠵᠢᠨ ᠦᠢ᠍ᠯᠡᠰ᠎ᠤᠨ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠲᠣᠭᠤᠷᠢᠭ᠎ᠲᠠᠬᠢ ᠨᠥᠬᠦᠴᠡᠯ᠎ᠳᠤ ᠨᠡᠶ᠋ᠢᠴᠡᠭᠰᠡᠨ ᠲᠥᠷᠥᠯ ᠵᠦᠢ᠍ᠯ᠎ᠢ ᠤᠷᠢᠳ ᠵᠶ᠋ᠠᠷ ᠳᠠᠮᠵᠢᠨ᠎ᠠ᠃ ᠡᠯ᠎ᠡ ᠱᠠᠲᠤᠨ᠎ᠤ ᠡᠳ᠋᠎ᠤᠨ ᠵᠠᠰᠠᠭ᠎ᠤᠨ ᠪᠡᠯᠡ ᠮᠥᠩᠭᠦ᠎ᠳᠤ ᠱᠠᠩᠨᠠᠬᠤ ᠳᠦᠷᠢᠮ᠎ᠢ ᠪᠠᠶ᠋ᠢᠭᠤᠯᠵᠤ᠂ ᠪᠣᠬᠢᠷᠲᠤᠯ ᠦᠭᠡᠢ ᠠᠭᠤᠷᠬᠠᠢ ᠵᠢᠨ ᠰᠢᠯᠢᠳᠡᠭ ᠠᠵᠤ ᠠᠬᠤᠶ᠋ᠢᠯᠠᠯ᠎ᠢ ᠱᠠᠩᠨᠠᠨ᠎ᠠ᠃ 《ᠤᠯᠤᠰ᠎ᠤᠨ ᠭᠤᠣᠯᠳᠠᠯᠭ᠎ᠠ᠎ᠲᠠᠢ ᠳᠡᠮᠵᠢᠬᠦ ᠳᠡᠭᠡᠳᠦ ᠰᠢᠨ᠎ᠡ ᠮᠡᠷᠭᠡᠵᠢᠯ᠎ᠤᠨ ᠬᠦᠷᠢᠶ᠎ᠡ》 ᠵᠢᠨ ᠬᠡᠪᠴᠢᠶᠡᠨ᠎ᠳᠠᠬᠢ ᠨᠥᠬᠦᠴᠡᠯ᠎ᠳᠤ ᠨᠡᠶ᠋ᠢᠴᠡᠭᠰᠡᠨ ᠪᠥᠭᠡᠳ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ ᠵᠶ᠋ᠠᠷ ᠮᠠᠭ᠋ᠠᠳᠯᠠᠨ ᠲᠣᠭᠲᠠᠭ᠋ᠠᠭᠳᠠᠭᠰᠠᠨ ᠪᠠᠶ᠋ᠢᠪᠠᠯ᠂ ᠠᠵᠤ ᠠᠬᠤᠶ᠋ᠢᠯᠠᠯ᠎ᠤᠨ ᠣᠯᠵᠠᠪᠤᠷᠢ ᠵᠢᠨ ᠭᠠᠶ᠋ᠢᠯᠢ ᠵᠢ᠎ᠨᠢ 15% ᠵᠢᠨ ᠭᠠᠶ᠋ᠢᠯᠢ ᠵᠢᠨ ᠨᠣᠷᠮ᠎ᠠ᠎ᠪᠠᠷ ᠬᠠᠤᠯᠢ ᠶᠣᠰᠣᠭ᠋ᠠᠷ ᠬᠠᠰᠤᠵᠤ ᠲᠠᠲᠠᠪᠤᠷᠢᠯᠠᠨ᠎ᠠ᠃
4. ᠪᠣᠬᠢᠷᠳᠣᠯ ᠦᠭᠡᠢ ᠮᠥᠩᠭᠦᠨ ᠭᠦᠢ᠍ᠯᠭᠡᠭᠡᠨ᠎ᠤ ᠲᠡᠳᠬᠦᠨ ᠳᠡᠮᠵᠢᠬᠦ ᠲᠥᠷᠥ ᠵᠢᠨ ᠪᠣᠳᠣᠯᠭ᠎ᠠ᠃ ᠪᠠᠩᠬᠢ ᠵᠢᠨ ᠦᠢ᠍ᠯᠡᠰ᠎ᠤᠨ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠵᠣᠷᠢᠭᠵᠢᠭᠤᠯᠵᠤ ᠪᠠᠶ᠋ᠢᠭ᠋ᠠᠳ ᠪᠣᠬᠢᠷᠲᠤᠯ ᠥᠬᠡᠶ ᠠᠭᠤᠷᠬᠠᠶ ᠵᠢᠨ ᠣᠨᠴᠠᠯᠢᠭ ᠪᠦᠬᠦᠢ ᠢᠲᠡᠭᠡᠮᠵᠢᠲᠦ ᠵᠢᠭᠡᠯᠡᠯᠭᠡ ᠵᠢᠨ ᠨᠡᠷᠡᠳᠬᠦᠨ᠎ᠢ ᠰᠤᠳᠤᠯᠤᠨ ᠨᠡᠭᠡᠭᠡᠵᠦ᠂ ᠪᠣᠬᠢᠷᠲᠤᠯ ᠥᠬᠡᠶ ᠠᠭᠤᠷᠬᠠᠶ ᠵᠢ ᠪᠥᠲᠥᠭᠡᠨ ᠪᠠᠶ᠋ᠢᠭᠤᠯᠬᠤ᠎ᠳᠤ ᠪᠡᠯᠡ ᠮᠥᠩᠭᠦ᠎ᠪᠠᠷ ᠳᠡᠮᠵᠢᠬᠦ ᠡᠷᠴᠢᠮ᠎ᠢ᠎ᠨᠢ ᠴᠢᠩᠭ᠋ᠠᠷᠠᠭᠤᠯᠤᠨ᠎ᠠ᠃ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠵᠣᠷᠢᠭᠵᠢᠭᠤᠯᠵᠤ ᠪᠠᠶ᠋ᠢᠭ᠋ᠠᠳ ᠪᠣᠬᠢᠷᠲᠤᠯ ᠥᠬᠡᠶ ᠠᠭᠤᠷᠬᠠᠶ ᠵᠢᠨ ᠠᠵᠤ ᠠᠬᠤᠶ᠋ᠢᠯᠠᠯ᠎ᠳᠠᠬᠢ ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡ ᠪᠠ ᠪᠠᠯᠠ ᠲᠣᠬᠢᠷᠠᠭᠤᠯᠭ᠎ᠠ ᠵᠢᠨ ᠳᠡᠮᠵᠢᠯᠭᠡ ᠵᠢ ᠢᠳᠡᠪᠬᠢᠲᠡᠶ ᠰᠠᠶ᠋ᠢᠲᠤᠷ ᠬᠢᠯᠭᠡᠨ᠎ᠡ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠪᠣᠬᠢᠷᠲᠤᠯ ᠦᠭᠡᠶ ᠠᠭᠤᠷᠬᠠᠶ ᠵᠢ ᠪᠦᠲᠦᠭᠡᠨ ᠪᠠᠶ᠋ᠢᠭᠤᠯᠬᠤ᠎ᠳᠤ ᠪᠣᠬᠢᠷᠳᠣᠯ ᠦᠭᠡᠢ ᠢᠲᠡᠭᠡᠮᠵᠢᠲᠦ ᠵᠢᠭᠡᠯᠡᠯᠭᠡ᠎ᠪᠠᠷ ᠳᠡᠮᠵᠢᠬᠦ᠎ᠪᠠᠨ ᠴᠢᠩᠭ᠋ᠠᠳᠬᠠᠨ᠎ᠠ᠃ ᠪᠣᠬᠢᠷᠲᠤᠯ ᠥᠬᠡᠶ ᠠᠭᠤᠷᠬᠠᠶ ᠵᠢᠨ ᠮᠡᠳᠡᠭᠡ ᠵᠠᠩᠭᠢ ᠵᠢ ᠠᠵᠤ ᠠᠬᠤᠶ᠋ᠢᠯᠠᠯ᠎ᠤᠨ ᠢᠲᠡᠭᠡᠮᠵᠢ ᠵᠢᠨ ᠰᠢᠰᠲ᠋ᠧᠮ᠎ᠳᠤ ᠣᠷᠣᠭᠤᠯᠵᠤ᠂ ᠪᠠᠩᠬᠢ ᠵᠢᠨ ᠦᠢ᠍ᠯᠡᠰ᠎ᠤᠨ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠢᠲᠡᠭᠡᠮᠵᠢᠲᠦ ᠵᠢᠭᠡᠯᠡᠯᠭᠡ ᠵᠢᠨ ᠲᠤᠬᠠᠶ᠋ᠢᠯᠠᠭᠰᠠᠨ ᠠᠵᠢᠯ᠎ᠢ ᠭᠦᠢ᠍ᠴᠡᠳᠭᠡᠬᠦ ᠪᠠ ᠪᠤᠰᠤᠳ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠦᠢ᠍ᠯᠡᠴᠢᠯᠡᠭᠡ ᠬᠠᠩᠭ᠋ᠠᠬᠤ ᠴᠢᠬᠤᠯᠠ ᠭᠦᠢ᠍ᠴᠡᠳᠬᠡᠯ ᠲᠤᠭ᠎ᠠ ᠵᠢᠨ ᠦᠨᠳᠦᠰᠦᠯᠡᠯ ᠪᠣᠯᠭ᠋ᠠᠨ᠎ᠠ᠃ ᠵᠠᠰᠠᠭ᠎ᠤᠨ ᠣᠷᠳᠣᠨ᠎ᠤ ᠴᠢᠨᠠᠷᠲᠠᠶ ᠳᠠᠭ᠋ᠠᠭ᠋ᠠᠯᠲᠠ ᠬᠢᠬᠦ ᠪᠠᠶ᠋ᠢᠭᠤᠯᠤᠮᠵᠢ ᠵᠢ ᠳᠠᠮᠵᠢᠵᠤ ᠪᠠᠶ᠋ᠢᠭ᠋ᠠᠳ ᠪᠦᠲᠦᠴᠡᠯᠡᠭᠰᠡᠨ ᠪᠣᠬᠢᠷᠲᠤᠯ ᠦᠭᠡᠢ ᠠᠭᠤᠷᠬᠠᠢ ᠵᠢᠨ ᠦᠢ᠍ᠯᠡᠰ᠎ᠤᠨ ᠳᠠᠭ᠋ᠠᠭ᠋ᠠᠯᠲᠠ ᠬᠢᠬᠦ ᠰᠠᠭᠤᠷᠢ ᠮᠥᠩᠭᠦ ᠵᠢ ᠰᠦᠪᠡᠭᠴᠢᠯᠡᠨ ᠪᠠᠶ᠋ᠢᠭᠤᠯᠵᠤ᠂ ᠪᠣᠬᠢᠷᠲᠤᠯ ᠦᠭᠡᠢ ᠠᠭᠤᠷᠬᠠᠢ ᠵᠢᠨ ᠠᠵᠤ ᠠᠬᠤᠶ᠋ᠢᠯᠠᠯ ᠪᠠ ᠲᠥᠷᠥᠯ ᠵᠦᠢ᠍ᠯ᠎ᠳᠤ ᠢᠲᠡᠭᠡᠮᠵᠢ ᠨᠡᠮᠡᠭᠳᠡᠭᠦᠯᠬᠦ ᠦᠢ᠍ᠯᠡᠴᠢᠯᠡᠭᠡ ᠬᠠᠩᠭ᠋ᠠᠨ᠎ᠠ᠃ ᠨᠡᠶ᠋ᠢᠭᠡᠮ᠎ᠤᠨ ᠬᠥᠷᠥᠩᠭᠡ ᠵᠢ ᠵᠣᠷᠢᠭᠵᠢᠭᠤᠯᠵᠤ ᠪᠠᠶ᠋ᠢᠭ᠋ᠠᠳ ᠪᠣᠬᠢᠷᠲᠤᠯ ᠥᠬᠡᠶ ᠠᠭᠤᠷᠬᠠᠶ ᠵᠢᠨ ᠦᠢ᠍ᠯᠡᠰ᠎ᠤᠨ ᠠᠵᠤ ᠦᠢ᠍ᠯᠡᠰ᠎ᠤᠨ ᠰᠠᠭᠤᠷᠢ ᠮᠥᠩᠭᠦ ᠵᠢ ᠪᠠᠶ᠋ᠢᠭᠤᠯᠵᠤ᠂ ᠪᠣᠬᠢᠷᠲᠤᠯ ᠥᠬᠡᠶ ᠠᠭᠤᠷᠬᠠᠶ ᠵᠢᠨ ᠲᠥᠷᠥᠯ ᠵᠦᠢ᠍ᠯ᠎ᠳᠤ ᠪᠠᠯᠠ ᠮᠥᠩᠭᠦ ᠵᠢᠨ ᠳᠡᠮᠵᠢᠯᠭᠡ ᠦᠵᠡᠭᠦᠯᠦᠨ᠎ᠡ᠃ ᠨᠥᠬᠦᠴᠡᠯ᠎ᠳᠤ ᠨᠡᠶ᠋ᠢᠴᠡᠭᠰᠡᠨ ᠪᠣᠬᠢᠷᠲᠤᠯ ᠥᠬᠡᠶ ᠠᠭᠤᠷᠬᠠᠶ ᠵᠢᠨ ᠠᠵᠤ ᠠᠬᠤᠶ᠋ᠢᠯᠠᠯ᠎ᠤᠳ᠎ᠤᠨ ᠬᠢᠯᠢ ᠵᠢᠨ ᠳᠣᠲᠣᠭ᠋ᠠᠳᠤ᠎ᠳᠠᠬᠢ ᠳᠤᠮᠳᠠ ᠵᠢᠵᠢᠭ ᠠᠵᠤ ᠠᠬᠤᠶ᠋ᠢᠯᠠᠯ᠎ᠤᠨ ᠰᠠᠮᠪᠠᠷ᠎ᠠ᠂ ᠦᠢ᠍ᠯᠡᠰ ᠴᠣᠭᠴᠠᠯᠠᠬᠤ ᠰᠠᠮᠪᠠᠷ᠎ᠠ ᠪᠠ ᠭᠤᠤᠯ ᠰᠠᠮᠪᠠᠷ᠎ᠠ ᠵᠢᠴᠢ 《ᠰᠢᠨ᠎ᠡ ᠭᠤᠷᠪᠠᠳᠤᠭ᠋ᠠᠷ ᠰᠠᠮᠪᠠᠷ᠎ᠠ》 ᠪᠠ ᠣᠷᠣᠨ ᠪᠦᠰᠡ ᠵᠢᠨ ᠰᠲ᠋ᠣᠺ᠎ᠤᠨ ᠡᠷᠬᠡ ᠵᠢᠨ ᠵᠠᠬ᠎ᠠ ᠳᠡᠯᠭᠡᠭᠦᠷ᠎ᠲᠤ ᠫᠠᠶ᠋ᠢᠰᠠ ᠡᠯᠭᠦᠨ ᠪᠠᠯᠠ ᠲᠣᠬᠢᠷᠠᠭᠤᠯᠬᠤ ᠵᠢ ᠠᠬᠢᠭᠤᠯᠤᠨ᠎ᠠ᠃
(ᠬᠤᠶᠠᠷ) ᠪᠣᠬᠢᠷᠲᠤᠯ ᠦᠭᠡᠢ ᠠᠭᠤᠷᠬᠠᠢ ᠵᠢ ᠪᠦᠲᠦᠭᠡᠨ ᠪᠠᠶ᠋ᠢᠭᠤᠯᠬᠤ ᠳᠡᠰ ᠳᠠᠷᠠᠭ᠋ᠠᠯᠠᠯ᠎ᠢ᠎ᠨᠢ ᠴᠢᠩᠳᠠᠯᠠᠨ᠎ᠠ᠃ ᠠᠭᠤᠷᠬᠠᠢ ᠵᠢᠨ ᠠᠵᠤ ᠠᠬᠤᠶ᠋ᠢᠯᠠᠯ ᠪᠣᠯ ᠪᠣᠬᠢᠷᠲᠤᠯ ᠦᠭᠡᠢ ᠠᠭᠤᠷᠬᠠᠢ ᠵᠢ ᠪᠦᠲᠦᠭᠡᠨ ᠪᠠᠶ᠋ᠢᠭᠤᠯᠬᠤ ᠬᠠᠷᠢᠭᠤᠴᠠᠯᠭ᠎ᠠ ᠵᠢᠨ ᠭᠤᠤᠯ ᠴᠣᠭᠴᠠ ᠪᠣᠯᠬᠤ ᠲᠤᠯᠠ ᠪᠣᠬᠢᠷᠲᠤᠯ ᠦᠭᠡᠢ ᠠᠭᠤᠷᠬᠠᠢ ᠵᠢ ᠪᠦᠲᠦᠭᠡᠨ ᠪᠠᠶ᠋ᠢᠭᠤᠯᠬᠤ ᠪᠠᠷᠢᠮᠵᠢᠶ᠎ᠠ ᠪᠠ ᠲᠥᠯᠥᠪᠵᠢᠭᠦᠯᠭᠡ ᠶᠣᠰᠣᠭ᠋ᠠᠷ ᠠᠭᠤᠷᠬᠠᠢ᠎ᠪᠠᠨ ᠳᠡᠰ ᠳᠡᠪᠰᠢᠭᠦᠯᠵᠦ ᠥᠭᠡᠷᠡᠴᠢᠯᠡᠨ ᠰᠢᠨᠡᠳᠬᠡᠨ᠎ᠡ᠃ ᠪᠥᠬᠦ ᠤᠯᠤᠰ᠎ᠤᠨ ᠪᠣᠬᠢᠷᠲᠤᠯ ᠥᠬᠡᠶ ᠠᠭᠤᠷᠬᠠᠶ ᠵᠢᠨ ᠨᠡᠷᠡᠰ᠎ᠲᠤ ᠰᠢᠯᠢᠨ ᠰᠣᠩᠭᠤᠬᠤ᠎ᠳᠤ ᠤᠯᠤᠰ᠎ᠤᠨ ᠬᠤᠯᠪᠣᠭᠳᠠᠯ ᠪᠥᠬᠦᠶ ᠲᠣᠭᠲᠠᠭ᠋ᠠᠯ᠎ᠤᠨ ᠲᠠᠰ ᠳᠠᠷᠠᠭ᠋ᠠᠯᠠᠯ ᠶᠣᠰᠣᠭ᠋ᠠᠷ ᠦᠨᠡᠯᠡᠨ ᠵᠢᠱ᠌ᠢᠵᠦ ᠲᠣᠭᠲᠠᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠦᠭᠡᠢ ᠠᠭᠤᠷᠬᠠᠢ ᠵᠢᠨ ᠨᠡᠷᠡᠰ᠎ᠲᠤ ᠣᠷᠣᠬᠤ᠎ᠪᠠᠷ ᠭᠤᠶᠤᠴᠢᠯᠠᠭᠰᠠᠨ ᠠᠭᠤᠷᠬᠠᠢᠨᠤᠭᠤᠳᠨᠢ ᠠᠵᠤ ᠠᠬᠤᠶ᠋ᠢᠯᠠᠯ᠎ᠤᠨ ᠵᠶ᠋ᠠᠨ ᠪᠣᠬᠢᠷᠲᠤᠯ ᠦᠭᠡᠢ ᠠᠭᠤᠷᠬᠠᠢ ᠵᠢ ᠪᠦᠲᠦᠭᠡᠨ ᠪᠠᠶ᠋ᠢᠭᠤᠯᠬᠤ ᠡᠭᠦᠷᠭᠡ᠎ᠪᠠᠨ ᠪᠡᠶᠡᠯᠡᠭᠦᠯᠦᠭᠰᠡᠨ᠎ᠤ ᠳᠠᠷᠠᠭ᠎ᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠲᠤ ᠥᠪᠡᠷ᠎ᠤᠨ ᠦᠨᠡᠯᠡᠵᠦ ᠵᠢᠱ᠌ᠢᠭᠰᠡᠨ ᠮᠡᠳᠡᠭᠦᠯᠦᠯᠲᠡ᠎ᠪᠠᠨ ᠳᠡᠪᠰᠢᠭᠦᠯᠵᠦ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠨᠢ ᠠᠮᠢ ᠠᠬᠤᠢ ᠣᠷᠴᠢᠨ ᠲᠣᠭᠤᠷᠢᠨ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠯᠴᠠᠨ᠂ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠬᠤ ᠠᠷᠭ᠎ᠠ ᠮᠠᠶᠢᠭ ᠵᠶ᠋ᠠᠷ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ᠎ᠳᠤ ᠨᠠᠶ᠋ᠢᠳᠠᠵᠤ ᠪᠠᠶ᠋ᠢᠭ᠋ᠠᠳ ᠲᠤᠬᠠᠶ ᠵᠢᠨ ᠭᠠᠵᠠᠷ᠎ᠲᠤᠨᠢ ᠬᠠᠷᠭᠤᠭᠤᠯᠤᠨ ᠪᠠᠶ᠋ᠢᠴᠠᠭ᠋ᠠᠵᠤ ᠦᠨᠡᠯᠡᠨ ᠵᠢᠱ᠌ᠢᠨ᠎ᠡ᠂ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠣᠯ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠠᠶ᠋ᠢᠮᠠᠭ ᠬᠤᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠨᠢ ᠮᠡᠳᠡᠭᠦᠯᠵᠣ ᠵᠠᠷᠯᠠᠨ ᠨᠡᠶ᠋ᠢᠲᠡᠯᠡᠨ᠎ᠡ᠂ ᠵᠠᠷᠯᠠᠨ ᠨᠡᠶ᠋ᠢᠲᠡᠯᠡᠭᠡᠳ ᠣᠨᠳᠣᠤ ᠰᠠᠨᠠᠯ ᠦᠭᠡᠢ ᠪᠣᠯ ᠠᠶ᠋ᠢᠮᠠᠭ ᠬᠤᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠳᠤ ᠮᠡᠳᠡᠭᠦᠯᠦᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠦᠭᠡᠢ ᠠᠭᠤᠷᠬᠠᠢ ᠵᠢᠨ ᠨᠡᠷᠡᠰ᠎ᠲᠤ ᠣᠷᠣᠭᠤᠯᠵᠤ᠂ ᠨᠡᠶ᠋ᠢᠭᠡᠮ᠎ᠤᠨ ᠬᠢᠨᠠᠯᠲᠠ ᠲᠠᠯᠪᠢᠯᠲᠠ ᠵᠢ ᠬᠦᠯᠢᠶᠡᠨ᠎ᠡ᠃
(ᠭᠤᠷᠪᠠ) ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠤᠨ᠎ᠠ᠃ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ ᠪᠣᠯ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠶ᠋ᠢᠭᠤᠯᠤᠯᠲᠠ᠎ᠳᠤ ᠬᠢᠨᠠᠯᠲᠠ ᠬᠠᠮᠢᠶᠠᠷᠤᠯᠲᠠ ᠵᠢᠨ ᠭᠤᠤᠯ ᠴᠣᠭᠴᠠ ᠪᠣᠯᠬᠤ ᠣᠴᠢᠷ᠎ᠠᠴᠠ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ᠂ ᠳᠣᠲᠣᠭ᠋ᠠᠳᠤ ᠵᠢ ᠬᠠᠮᠠᠭ᠋ᠠᠯᠠᠬᠤ᠂ ᠪᠠᠶ᠋ᠢᠭ᠋ᠠᠯᠢ ᠵᠢᠨ ᠡᠬᠢ ᠪᠠᠶᠠᠯᠢᠭ᠂ ᠠᠮᠢ ᠠᠬᠤᠢ ᠣᠷᠴᠢᠨ ᠲᠣᠭᠤᠷᠢᠨ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠵᠤ ᠲᠣᠭᠲᠠᠮᠠᠯ ᠬᠤᠭᠤᠴᠠᠭ᠎ᠠ᠎ᠲᠠᠢ ᠦᠨᠡᠯᠡᠨ ᠵᠢᠱ᠌ᠢᠨ᠎ᠡ᠃ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠨᠢ ᠪᠣᠬᠢᠷᠲᠤᠯ ᠦᠭᠡᠢ ᠠᠭᠤᠷᠬᠠᠢ ᠵᠢ ᠪᠦᠲᠦᠭᠡᠨ ᠪᠠᠶ᠋ᠢᠭᠤᠯᠬᠤ ᠠᠵᠢᠯ᠎ᠳᠤ ᠪᠠᠢ᠍ᠴᠠᠭ᠋ᠠᠯᠲᠠ ᠬᠢᠬᠦ ᠪᠠ ᠰᠤᠭᠤᠴᠢᠨ ᠪᠠᠶ᠋ᠢᠴᠠᠭ᠋ᠠᠬᠤ ᠡᠷᠴᠢᠮ ᠵᠶ᠋ᠠᠨ ᠴᠢᠩᠭ᠋ᠠᠷᠠᠭᠤᠯᠬᠤ ᠬᠡᠷᠩᠳᠠᠢ᠃ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠪᠠᠶ᠋ᠢᠬᠤ ᠪᠤᠶᠤ ᠦᠨᠡᠯᠡᠨ ᠵᠢᠱ᠌ᠢᠭᠡᠳ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠶ᠋ᠢᠭᠤᠯᠤᠯᠲᠠ ᠵᠢᠨ ᠪᠠᠷᠢᠮᠵᠢᠶ᠎ᠠ᠎ᠳᠤ ᠬᠦᠷᠦᠭᠰᠡᠨ ᠦᠭᠡᠢ ᠠᠭᠤᠷᠬᠠᠢ ᠵᠢᠨ ᠠᠵᠤ ᠠᠬᠤᠶ᠋ᠢᠯᠠᠯ᠎ᠳᠤ᠂ ᠬᠠᠮᠢᠶ᠎ᠠ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠬᠢᠵᠠᠭ᠋ᠠᠷᠯᠠᠵᠤ ᠴᠡᠭᠴᠡᠯᠡᠨ ᠰᠠᠶ᠋ᠢᠵᠢᠷᠠᠭᠤᠯᠵᠤ᠂ ᠬᠠᠤᠯᠢ ᠴᠠᠭ᠋ᠠᠵᠠ᠎ᠠᠴᠠ ᠵᠥᠷᠢᠴᠡᠭᠰᠡᠨ ᠪᠠᠶ᠋ᠢᠪᠠᠯ ᠬᠠᠤᠯᠢ ᠶᠣᠰᠣᠭ᠋ᠠᠷ ᠰᠢᠢ᠍ᠳᠬᠡᠨ ᠲᠣᠷᠭ᠋ᠠᠨ᠎ᠠ᠃ ᠬᠤᠭᠤᠴᠠᠭ᠎ᠠ᠎ᠨᠢ ᠥᠩᠭᠡᠷᠡᠭᠰᠡᠨ ᠪᠠᠶ᠋ᠢᠲᠠᠯ᠎ᠠ ᠴᠡᠭᠴᠡᠯᠡᠵᠦ ᠰᠠᠶ᠋ᠢᠵᠢᠷᠠᠭᠤᠯᠤᠭᠰᠠᠨ᠎ᠨᠢ ᠭᠦᠢ᠍ᠴᠡᠣᠨ ᠦᠭᠡᠢ ᠪᠣᠬᠢᠷᠲᠤᠯ ᠦᠭᠡᠢ ᠠᠭᠤᠷᠬᠠᠶ ᠵᠢ ᠲᠠᠰ ᠳᠠᠷᠠᠭ᠋ᠠᠯᠠᠯ ᠶᠣᠰᠣᠭ᠋ᠠᠷ ᠪᠣᠬᠢᠷᠲᠤᠯ ᠥᠬᠡᠶ ᠠᠭᠤᠷᠬᠠᠶ ᠵᠢᠨ ᠨᠡᠷᠡᠰ᠎ᠠᠴᠠ ᠭᠠᠷᠭ᠋ᠠᠵᠤ᠂ ᠲᠣᠬᠢᠷᠠᠯᠴᠠᠬᠤ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠬᠦᠴᠦᠨ ᠥᠬᠡᠶ ᠪᠣᠯᠭ᠋ᠠᠬᠤ ᠵᠢᠨ ᠬᠠᠮᠲᠤ ᠵᠠᠷᠯᠠᠨ ᠨᠡᠶ᠋ᠢᠲᠡᠯᠡᠨ᠎ᠡ᠃ ᠴᠡᠭᠴᠡᠯᠡᠨ ᠰᠠᠶ᠋ᠢᠵᠢᠷᠠᠭᠤᠯᠬᠤ ᠵᠢ ᠲᠡᠪᠴᠢᠭᠰᠡᠨ ᠪᠤᠶᠤ ᠲᠤᠶ᠋ᠢᠯᠪᠤᠷᠢᠲᠠᠢ ᠰᠠᠶ᠋ᠢᠵᠢᠷᠠᠭᠤᠯᠬᠤ᠎ᠳᠤ ᠬᠦᠴᠢᠷᠲᠡᠶ ᠠᠭᠤᠷᠬᠠᠢ ᠵᠢᠨ ᠠᠵᠤ ᠠᠬᠤᠶ᠋ᠢᠯᠠᠯ᠎ᠳᠤ᠂ ᠡᠯ᠎ᠡ ᠭᠠᠵᠠᠷ ᠣᠷᠣᠨ᠎ᠨᠢ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ᠂ ᠳᠣᠲᠣᠭ᠋ᠠᠳᠤ ᠵᠢ ᠬᠠᠮᠠᠭ᠋ᠠᠯᠠᠬᠤ᠂ ᠪᠠᠶ᠋ᠢᠭ᠋ᠠᠯᠢ ᠵᠢᠨ ᠡᠬᠢ ᠪᠠᠶᠠᠯᠢᠭ᠂ ᠠᠮᠢ ᠠᠬᠤᠢ ᠣᠷᠴᠢᠨ ᠲᠣᠭᠤᠷᠢᠨ᠂ ᠣᠢ ᠰᠢᠭᠤᠶ ᠪᠠ ᠨᠤᠲᠤᠭ ᠪᠡᠯᠴᠢᠭᠡᠷ᠂ ᠡᠨᠧᠷᠭᠢ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠡᠭᠦᠷᠭᠡ ᠴᠢᠳᠠᠪᠤᠷᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠬᠠᠤᠯᠢ ᠴᠠᠭ᠋ᠠᠵᠠ ᠪᠠ ᠠᠵᠤ ᠠᠬᠤᠢ ᠵᠢᠨ ᠠᠷᠭ᠎ᠠ ᠪᠠᠷᠢᠯ᠎ᠢ ᠶᠡᠷᠦᠩᠬᠡᠶ᠋ᠢᠯᠡᠨ ᠬᠡᠷᠡᠭᠯᠡᠵᠦ᠂ ᠬᠠᠤᠯᠢ ᠶᠣᠰᠣᠭ᠋ᠠᠷ ᠬᠠᠭ᠋ᠠᠬᠤ ᠬᠡᠷᠩᠳᠠᠢ᠃
ᠲᠠᠪᠤ᠂ ᠪᠠᠲᠤᠯᠠᠭ᠎ᠠ ᠵᠢᠨ ᠠᠷᠭ᠎ᠠ ᠬᠡᠮᠵᠢᠶ᠎ᠡ
(ᠨᠢᠭᠡ) ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠬᠤ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠨᠢ ᠪᠣᠬᠢᠷᠲᠤᠯ ᠦᠭᠡᠢ ᠠᠭᠤᠷᠬᠠᠢ ᠵᠢ ᠪᠦᠲᠦᠭᠡᠨ ᠪᠠᠶ᠋ᠢᠭᠤᠯᠬᠤ᠎ᠪᠠᠨ ᠠᠮᠢ ᠠᠬᠤᠢ ᠣᠷᠴᠢᠨ ᠲᠣᠭᠤᠷᠢᠨ᠎ᠢ ᠰᠠᠶ᠋ᠢᠵᠢᠷᠠᠭᠤᠯᠬᠤ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ ᠪᠠ ᠠᠵᠤ ᠠᠬᠤᠶ ᠨᠡᠶ᠋ᠢᠭᠡᠮ᠎ᠤᠨ ᠪᠦᠬᠦ ᠲᠠᠯ᠎ᠠ ᠵᠢᠨ ᠬᠥᠭᠵᠢᠯᠲᠡ ᠵᠢ ᠠᠬᠢᠭᠤᠯᠬᠤ ᠴᠢᠬᠤᠯᠠ ᠠᠵᠢᠯ ᠪᠣᠯᠭ᠋ᠠᠨ᠂ ᠡᠳᠦᠷ ᠲᠤᠲᠤᠮ᠎ᠤᠨ ᠴᠢᠬᠤᠯᠠ ᠵᠥᠪᠯᠡᠬᠦ ᠵᠦᠢ᠍ᠯ᠎ᠳᠤ᠎ᠪᠠᠨ ᠣᠷᠣᠭᠤᠯᠵᠤ᠂ ᠤᠳᠤᠷᠢᠳᠬᠤ᠎ᠪᠠᠨ ᠴᠢᠩᠭ᠋ᠠᠳᠬᠠᠨ᠂ ᠨᠠᠷᠢᠨ ᠨᠢᠮᠪᠠᠶ ᠵᠣᠬᠢᠶᠠᠨ ᠪᠠᠶ᠋ᠢᠭᠤᠯᠵᠤ᠂ ᠨᠠᠶ᠋ᠢᠳᠠᠪᠤᠷᠢᠵᠢᠭᠤᠯᠬᠤ ᠵᠢ ᠴᠢᠬᠤᠯᠠᠴᠢᠯᠠᠨ᠂ ᠡᠯ᠎ᠡ ᠲᠠᠯ᠎ᠠ ᠵᠢᠨ ᠬᠦᠴᠦᠨ᠎ᠢ ᠳᠠᠶ᠋ᠢᠴᠢᠯᠠᠵᠤ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠵᠤ ᠬᠠᠮᠢᠶᠠᠷᠬᠤ ᠪᠠ ᠠᠭᠤᠷᠬᠠᠶ ᠵᠢᠨ ᠠᠮᠢ ᠠᠬᠤᠶ ᠣᠷᠴᠢᠨ ᠲᠣᠭᠤᠷᠢᠨ᠎ᠢ ᠬᠠᠮᠠᠭ᠋ᠠᠯᠠᠵᠤ ᠵᠠᠰᠠᠬᠤ ᠡᠷᠴᠢᠮ ᠵᠶ᠋ᠠᠨ ᠴᠢᠩᠭ᠋ᠠᠷᠠᠭᠤᠯᠤᠨ᠂ ᠪᠣᠬᠢᠷᠲᠤᠯ ᠦᠭᠡᠢ ᠠᠭᠤᠷᠬᠠᠢ ᠵᠢ ᠪᠦᠲᠦᠭᠡᠨ ᠪᠠᠶ᠋ᠢᠭᠤᠯᠬᠤ ᠵᠢ ᠲᠦᠷᠭᠡᠳᠬᠡᠨ ᠠᠬᠢᠭᠤᠯᠬᠤ ᠬᠡᠷᠩᠳᠠᠢ᠃ ᠪᠣᠬᠢᠷᠲᠤᠯ ᠦᠭᠡᠢ ᠠᠭᠤᠷᠬᠠᠢ ᠵᠢ ᠪᠦᠲᠦᠭᠡᠨ ᠪᠠᠶ᠋ᠢᠭᠤᠯᠬᠤ ᠠᠵᠢᠯ᠎ᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠪᠦᠲᠦᠭᠡᠨ ᠪᠠᠶ᠋ᠢᠭᠤᠯᠤᠯᠲᠠ ᠵᠢᠨ ᠤᠳᠤᠷᠢᠳᠬᠤ ᠳᠤᠭᠤᠶ᠋ᠢᠯᠠᠩ᠎ᠤᠨ ᠲᠤᠰᠬᠠᠶ ᠠᠵᠢᠯ ᠪᠣᠯᠭ᠋ᠠᠨ᠂ ᠥᠪᠡᠷᠲᠡᠭᠡᠨ ᠵᠠᠰᠠᠬᠤ ᠣᠷᠣᠨ᠎ᠤ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ ᠪᠣᠳᠠᠲᠠᠶ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠨᠧᠷᠭᠢ ᠵᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ᠎ᠤ ᠲᠢᠩᠬᠢᠮ᠂ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠪᠠ ᠥᠪᠥᠷ ᠮᠣᠩᠭᠤᠯ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ᠂ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠣᠷᠣᠯᠴᠠᠨ᠂ ᠪᠦᠬᠦ ᠣᠷᠣᠨ᠎ᠤ ᠪᠣᠬᠢᠷᠲᠤᠯ ᠦᠭᠡᠶ ᠠᠭᠤᠷᠬᠠᠶ ᠵᠢ ᠪᠦᠲᠦᠭᠡᠨ ᠪᠠᠶ᠋ᠢᠭᠤᠯᠬᠤ ᠠᠵᠢᠯ᠎ᠳᠤ ᠨᠢᠭᠡᠳᠦᠯᠲᠡᠶ ᠲᠥᠯᠥᠪᠯᠡᠵᠦ ᠵᠢᠭ᠋ᠠᠨ ᠵᠢᠯᠣᠭᠤᠳᠬᠤ ᠵᠢ ᠬᠠᠷᠢᠭᠤᠴᠠᠵᠤ᠂ ᠪᠦᠬᠦ ᠣᠷᠣᠨ᠎ᠤ ᠪᠣᠬᠢᠷᠲᠤᠯ ᠦᠭᠡᠶ ᠠᠭᠤᠷᠬᠠᠶ ᠵᠢ ᠪᠦᠲᠦᠭᠡᠨ ᠪᠠᠶ᠋ᠢᠭᠤᠯᠬᠤ ᠲᠠᠯ᠎ᠠ ᠵᠢᠨ ᠭᠤᠤᠯᠳᠠᠯᠭ᠎ᠠ᠎ᠲᠠᠢ ᠬᠦᠴᠢᠷ ᠠᠰᠠᠭᠤᠳᠠᠯ᠎ᠢ ᠵᠣᠬᠢᠴᠠᠭᠤᠯᠵᠤ ᠰᠢᠢ᠍ᠳᠪᠦᠷᠢᠯᠡᠨ᠎ᠡ᠃ ᠲᠤᠰᠬᠠᠶ ᠵᠦᠢ᠍ᠯ᠎ᠤᠨ ᠠᠵᠢᠯ ᠵᠣᠬᠢᠴᠠᠭᠤᠯᠬᠤ ᠠᠯᠪᠠᠨ ᠭᠡᠷ᠎ᠢ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠳᠤ ᠪᠠᠶ᠋ᠢᠷᠢᠯᠠᠭᠤᠯᠤᠨ᠎ᠠ᠃ ᠡᠯ᠎ᠡ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠨᠢ ᠬᠠᠷᠠᠭ᠋ᠠᠯᠵᠠᠭᠰᠠᠨ ᠵᠣᠬᠢᠶᠠᠨ ᠪᠠᠶ᠋ᠢᠭᠤᠯᠵᠤ ᠤᠳᠤᠷᠢᠳᠬᠤ ᠪᠠᠶ᠋ᠢᠭᠤᠯᠤᠮᠵᠢ ᠵᠢ ᠪᠠᠶ᠋ᠢᠭᠤᠯᠵᠤ᠂ ᠲᠤᠰ ᠭᠠᠵᠠᠷ ᠣᠷᠣᠨ᠎ᠤ ᠪᠣᠬᠢᠷᠲᠤᠯ ᠦᠭᠡᠢ ᠠᠭᠤᠷᠬᠠᠢ ᠵᠢᠨ ᠲᠥᠯᠦᠪᠵᠢᠭᠦᠯᠭᠡ ᠪᠠ ᠠᠵᠢᠯ᠎ᠤᠨ ᠲᠥᠰᠦᠯ᠎ᠢ ᠵᠣᠬᠢᠶᠠᠨ ᠪᠠᠶ᠋ᠢᠭᠤᠯᠵᠤ ᠲᠣᠭᠲᠠᠭ᠋ᠠᠬᠤ ᠵᠢ᠎ᠨᠢ ᠬᠠᠷᠢᠭᠤᠴᠠᠨ᠂ ᠪᠣᠬᠢᠷᠲᠤᠯ ᠥᠬᠡᠶ ᠠᠭᠤᠷᠬᠠᠶ ᠵᠢ ᠪᠥᠲᠥᠭᠡᠨ ᠪᠠᠶ᠋ᠢᠭᠤᠯᠬᠤ ᠬᠠᠷᠠᠯᠲᠠ ᠡᠭᠦᠷᠭᠡ᠂ ᠠᠵᠢᠯ᠎ᠤᠨ ᠠᠭᠤᠯᠭ᠎ᠠ᠂ ᠬᠡᠷᠡᠭᠵᠢᠭᠦᠯᠬᠦ ᠠᠯᠬᠤᠮ ᠳᠠᠷᠠᠭ᠎ᠠ᠂ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ᠂ ᠲᠥᠬᠦᠷ ᠲᠥᠷᠥ ᠵᠢᠨ ᠪᠣᠳᠣᠯᠭ᠎ᠠ᠂ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠵᠡᠷᠭᠡ ᠵᠢ ᠨᠠᠷᠢᠯᠢᠬ᠍ᠵᠢᠭᠤᠯᠤᠨ ᠪᠣᠳᠠᠲᠠᠶ᠋ᠢᠵᠢᠭᠤᠯᠬᠤ ᠵᠢᠨ ᠬᠠᠮᠲᠤ᠂ ᠨᠠᠶ᠋ᠢᠳᠠᠪᠤᠷᠢᠵᠢᠭᠤᠯᠬᠤ ᠪᠠ ᠬᠢᠨᠠᠯᠲᠠ ᠲᠠᠯᠪᠢᠬᠤ ᠵᠢ ᠰᠠᠶ᠋ᠢᠲᠤᠷ ᠠᠳᠬᠤᠬᠤ ᠬᠡᠷᠡᠭᠲᠡᠶ᠃
(ᠬᠤᠶᠠᠷ) ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ᠎ᠢ ᠲᠣᠳᠤᠷᠬᠠᠶ᠋ᠢᠯᠠᠬᠤ ᠬᠡᠷᠡᠭᠲᠡᠶ᠃ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ᠂ ᠡᠨᠧᠷᠭᠢ ᠵᠢᠨ ᠰᠠᠯᠠᠭ᠎ᠠ ᠮᠥᠴᠢᠷ᠎ᠨᠢ ᠪᠣᠬᠢᠷᠲᠤᠯ ᠦᠭᠡᠢ ᠠᠭᠤᠷᠬᠠᠶ ᠵᠢ ᠪᠦᠲᠦᠭᠡᠨ ᠪᠠᠶ᠋ᠢᠭᠤᠯᠬᠤ ᠠᠵᠢᠯ᠎ᠢ ᠠᠵᠢᠯ ᠲᠥᠷᠥᠯ᠎ᠤᠨ ᠬᠥᠭᠵᠢᠯᠲᠡ ᠵᠢᠨ ᠲᠥᠯᠥᠪᠵᠢᠭᠦᠯᠭᠡ᠎ᠳᠤ᠎ᠪᠠᠨ ᠣᠷᠣᠭᠤᠯᠵᠤ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ᠂ ᠡᠨᠧᠷᠭᠢ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠰᠠᠯᠠᠭ᠎ᠠ ᠮᠥᠴᠢᠷ᠎ᠨᠢ ᠲᠥᠷᠥᠯ ᠵᠦᠢ᠍ᠯ᠎ᠢ ᠬᠠᠷᠭᠤᠭᠤᠯᠤᠨ ᠵᠥᠪᠰᠢᠶᠡᠷᠡᠬᠦ᠎ᠪᠠᠨ ᠴᠢᠩᠳᠠᠯᠠᠬᠤ ᠬᠡᠷᠡᠭᠲᠡᠶ᠃ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠰᠠᠯᠠᠭ᠎ᠠ ᠮᠥᠴᠢᠷ᠎ᠨᠢ ᠲᠡᠷᠢᠭᠦᠨ᠎ᠤ ᠨᠡᠭᠡᠭᠡᠨ ᠮᠠᠯᠲᠠᠬᠤ ᠮᠡᠷᠭᠡᠵᠢᠯ᠎ᠤᠨ ᠠᠷᠭ᠎ᠠ ᠵᠢ ᠵᠣᠬᠢᠶᠠᠨ ᠪᠠᠶ᠋ᠢᠭᠤᠯᠵᠤ ᠰᠤᠳᠤᠯᠬᠤ ᠪᠠ ᠶᠡᠭᠡ᠎ᠪᠠᠷ ᠳᠡᠯᠭᠡᠷᠡᠭᠦᠯᠬᠦ ᠵᠢ ᠬᠠᠷᠢᠭᠤᠴᠠᠵᠤ᠂ ᠦᠯᠡᠳᠡᠭᠳᠡᠯ ᠠᠭᠤᠷᠬᠠᠢ ᠵᠢ ᠶᠡᠷᠦᠩᠬᠡᠶ᠋ᠢᠯᠡᠨ ᠠᠰᠢᠭᠯᠠᠬᠤ ᠲᠥᠯᠥᠪᠵᠢᠭᠦᠯᠭᠡ ᠲᠣᠭᠲᠠᠭ᠋ᠠᠨ᠂ ᠬᠤᠯᠪᠣᠭᠳᠠᠯ ᠪᠦᠬᠦᠢ ᠲᠥᠷᠥ ᠵᠢᠨ ᠪᠤᠳᠤᠯᠭ᠎ᠠ ᠵᠢ ᠰᠤᠳᠤᠯᠤᠨ ᠲᠣᠭᠲᠠᠭ᠋ᠠᠬᠤ ᠬᠡᠷᠡᠭᠲᠡᠢ᠃ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠯᠲᠠ ᠵᠢᠨ ᠲᠥᠰᠦᠪ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ᠂ ᠠᠭᠤᠷᠬᠠᠢ ᠵᠢᠨ ᠣᠷᠴᠢᠨ ᠲᠣᠭᠤᠷᠢᠨ᠎ᠢ ᠵᠠᠰᠠᠬᠤ᠂ ᠭᠤᠷᠪᠠᠳᠠᠬᠢ ᠡᠲᠡᠭᠡᠳ ᠵᠶ᠋ᠠᠷ ᠦᠨᠡᠯᠡᠨ ᠵᠢᠱ᠌ᠢᠭᠦᠯᠬᠦ᠂ ᠪᠣᠬᠢᠷᠲᠤᠯ ᠦᠭᠡᠢ ᠠᠭᠤᠷᠬᠠᠶ᠎ᠳᠤ ᠱᠠᠩᠨᠠᠬᠤ ᠵᠠᠷᠤᠳᠠᠯ᠎ᠢ᠎ᠨᠢ ᠨᠠᠶ᠋ᠢᠳᠠᠪᠤᠷᠢᠵᠢᠭᠤᠯᠬᠤ ᠵᠢ ᠬᠠᠷᠢᠭᠤᠴᠠᠵᠤ᠂ ᠠᠭᠤᠷᠬᠠᠢ ᠵᠢᠨ ᠣᠷᠴᠢᠨ ᠲᠣᠭᠤᠷᠢᠨ᠎ᠢ ᠵᠠᠰᠠᠵᠤ ᠰᠡᠷᠭᠦᠭᠡᠬᠦ ᠰᠠᠭᠤᠷᠢ ᠮᠥᠩᠭᠦᠨ᠎ᠤ ᠳᠦᠷᠢᠮ᠎ᠤᠨ ᠲᠥᠷᠥ ᠵᠢᠨ ᠪᠣᠳᠣᠯᠭ᠎ᠠ ᠵᠢ ᠲᠣᠭᠲᠠᠭ᠋ᠠᠬᠤ᠎ᠳᠤ ᠬᠠᠮᠵᠢᠯᠴᠠᠵᠤ ᠰᠠᠶ᠋ᠢᠲᠤᠷ ᠬᠢᠬᠦ ᠬᠡᠷᠡᠭᠲᠡᠶ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠨᠢ ᠪᠣᠬᠢᠷᠲᠤᠯ ᠦᠭᠡᠢ ᠠᠭᠤᠷᠬᠠᠢ ᠵᠢᠨ ᠡᠳᠦᠷ ᠲᠤᠲᠤᠮ᠎ᠤᠨ ᠠᠵᠢᠯ ᠪᠠ ᠨᠡᠷᠡᠰ᠎ᠤᠨ ᠳᠠᠩᠰᠠ ᠵᠢᠨ ᠬᠠᠮᠢᠶᠠᠷᠤᠯᠲᠠ ᠵᠢ ᠬᠠᠷᠢᠭᠤᠴᠠᠨ᠂ ᠮᠡᠷᠭᠡᠵᠢᠯ᠎ᠤᠨ ᠪᠠᠷᠢᠮᠵᠢᠶ᠎ᠠ ᠵᠢ ᠲᠦᠷᠦᠭᠦᠯᠡᠨ ᠲᠣᠭᠲᠠᠭ᠋ᠠᠵᠤ᠂ ᠪᠣᠬᠢᠷᠲᠤᠯ ᠥᠬᠡᠶ ᠠᠭᠤᠷᠬᠠᠶ ᠵᠢᠴᠢ ᠬᠦᠷᠦᠰᠦᠨ ᠳᠠᠪᠬᠤᠷᠭ᠎ᠠ ᠵᠢᠨ ᠣᠷᠴᠢᠨ ᠲᠣᠭᠤᠷᠢᠨ᠎ᠤ ᠵᠠᠰᠠᠬᠤ ᠠᠵᠢᠯ᠎ᠳᠤ ᠬᠢᠨᠠᠯᠲᠠ ᠲᠠᠯᠪᠢᠵᠤ ᠬᠠᠮᠢᠶᠠᠷᠬᠤ᠂ 《ᠭᠤᠷᠪᠠᠨ ᠨᠣᠷᠮ᠎ᠠ》 ᠵᠢᠨ ᠭᠦᠢ᠍ᠴᠡᠳᠬᠡᠯ ᠲᠤᠭ᠎ᠠ᠎ᠪᠠᠨ ᠨᠠᠶ᠋ᠢᠳᠠᠪᠤᠷᠢᠵᠢᠭᠤᠯᠬᠤ ᠵᠡᠷᠭᠡ ᠠᠵᠢᠯ᠎ᠢ ᠬᠠᠷᠢᠭᠤᠴᠠᠨ᠎ᠠ᠃ ᠠᠮᠢ ᠠᠬᠤᠢ ᠣᠷᠴᠢᠨ ᠲᠣᠭᠤᠷᠢᠨ᠎ᠤ ᠰᠠᠯᠠᠭ᠎ᠠ ᠮᠥᠴᠢᠷ᠎ᠨᠢ ᠠᠭᠤᠷᠬᠠᠢ ᠵᠢᠨ 《ᠭᠤᠷᠪᠠᠨ ᠬᠠᠶᠠᠭᠳᠠᠮᠠᠯ》᠎ᠢ ᠵᠠᠰᠠᠬᠤ ᠵᠢᠴᠢ ᠪᠣᠬᠢᠷᠲᠤᠯ ᠪᠣᠳᠠᠰ᠎ᠢ ᠪᠠᠷᠢᠮᠵᠢᠶ᠎ᠠ ᠶᠣᠰᠣᠭ᠋ᠠᠷ ᠭᠠᠳᠠᠭᠰᠢᠯᠠᠭᠤᠯᠬᠤ ᠠᠵᠢᠯ᠎ᠳᠤ ᠬᠢᠨᠠᠯᠲᠠ ᠬᠠᠮᠢᠶᠠᠷᠤᠯᠲᠠ ᠬᠢᠬᠦ ᠵᠢ ᠬᠠᠷᠢᠭᠤᠴᠠᠵᠤ᠂ ᠠᠭᠤᠷᠬᠠᠢ ᠵᠢᠨ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢ ᠬᠦᠴᠦᠲᠡᠢ ᠠᠬᠢᠭᠤᠯᠬᠤ ᠬᠡᠷᠩᠳᠠᠢ᠃ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠨᠢ ᠠᠭᠤᠷᠬᠠᠶ ᠨᠡᠭᠡᠭᠡᠨ ᠮᠠᠯᠲᠠᠬᠤ᠎ᠳᠤ ᠬᠡᠷᠡᠭᠯᠡᠬᠦ ᠤᠰᠤ ᠵᠢ ᠬᠠᠮᠢᠶᠠᠷᠬᠤ ᠪᠠ ᠬᠥᠷᠥᠰᠥ ᠰᠢᠷᠣᠶ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠠᠵᠢᠯ᠎ᠤᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠬᠤ ᠬᠡᠷᠡᠭᠲᠡᠶ᠃ ᠪᠤᠰᠤᠳ ᠬᠠᠮᠢᠶ᠎ᠠ ᠪᠦᠬᠦᠢ ᠰᠠᠯᠠᠭ᠎ᠠ ᠮᠥᠴᠢᠷ᠎ᠨᠢ ᠲᠣᠰ ᠪᠡᠶ᠎ᠡ ᠵᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠨ᠂ ᠪᠣᠬᠢᠷᠲᠤᠯ ᠦᠭᠡᠢ ᠠᠭᠤᠷᠬᠠᠢ ᠵᠢ ᠪᠦᠲᠦᠭᠡᠨ ᠪᠠᠶ᠋ᠢᠭᠤᠯᠬᠤ ᠱᠠᠭ᠋ᠠᠷᠳᠠᠯᠭ᠎ᠠ᠎ᠲᠠᠢ ᠤᠶᠠᠯᠳᠤᠭᠤᠯᠵᠤ᠂ ᠬᠠᠮᠢᠶ᠎ᠠ ᠪᠦᠬᠦᠢ ᠠᠵᠢᠯ᠎ᠢ ᠰᠠᠶ᠋ᠢᠲᠤᠷ ᠨᠠᠶ᠋ᠢᠳᠠᠪᠤᠷᠢᠵᠢᠭᠤᠯᠬᠤ ᠬᠡᠷᠡᠭᠲᠡᠶ᠃
(ᠭᠤᠷᠪᠠ) ᠬᠠᠷᠠᠯᠲᠠᠲᠤ ᠬᠠᠷᠢᠭᠤᠴᠠᠯᠭᠠᠳᠤ ᠰᠢᠯᠭ᠋ᠠᠨ ᠬᠢᠨᠠᠬᠤ ᠵᠢ ᠴᠢᠩᠭ᠋ᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠨᠢ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠪᠣᠬᠢᠷᠲᠤᠯ ᠦᠭᠡᠶ ᠠᠭᠤᠷᠬᠠᠶ ᠵᠢ ᠪᠦᠲᠦᠭᠡᠨ ᠪᠠᠶ᠋ᠢᠭᠤᠯᠬᠤ ᠱᠠᠭ᠋ᠠᠷᠳᠠᠯᠭ᠎ᠠ ᠵᠢ ᠦᠨᠳᠦᠰᠦᠯᠡᠨ᠂ ᠪᠣᠬᠢᠷᠳᠤᠯ ᠦᠭᠡᠶ ᠠᠭᠤᠷᠬᠠᠶ ᠵᠢ ᠪᠦᠲᠦᠭᠡᠨ ᠪᠠᠶ᠋ᠢᠭᠤᠯᠬᠤ ᠠᠵᠢᠯ᠎ᠤᠨ ᠬᠢᠨᠠᠯᠲᠠ ᠬᠠᠮᠢᠶᠠᠷᠤᠯᠲᠠ ᠵᠢᠨ ᠠᠷᠭ᠎ᠠ ᠵᠢ ᠪᠠᠶ᠋ᠢᠭᠤᠯᠤᠨ ᠪᠦᠷᠢᠨᠰᠢᠭᠦᠯᠬᠦ ᠬᠡᠷᠡᠭᠲᠡᠶ᠃ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠵᠢᠴᠢ ᠡᠯ᠎ᠡ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠪᠣᠬᠢᠷᠲᠤᠯ ᠦᠭᠡᠶ ᠠᠭᠤᠷᠬᠠᠶ ᠵᠢ ᠪᠦᠲᠦᠭᠡᠨ ᠪᠠᠶ᠋ᠢᠭᠤᠯᠬᠤ ᠲᠥᠯᠥᠪᠵᠢᠭᠦᠯᠭᠡ ᠪᠠ ᠪᠣᠬᠢᠷᠲᠤᠯ ᠦᠭᠡᠶ ᠠᠭᠤᠷᠬᠠᠶ ᠵᠢ ᠪᠦᠲᠦᠭᠡᠨ ᠪᠠᠶ᠋ᠢᠭᠤᠯᠬᠤ ᠠᠵᠢᠯ᠎ᠤᠨ ᠬᠢᠨᠠᠨ ᠰᠢᠯᠭ᠋ᠠᠬᠤ ᠵᠣᠬᠢᠴᠠᠩᠭᠤᠢ ᠠᠷᠭ᠎ᠠ ᠵᠢ ᠲᠣᠭᠲᠠᠭ᠋ᠠᠨ᠂ ᠪᠣᠬᠢᠷᠲᠤᠯ ᠦᠭᠡᠢ ᠠᠭᠤᠷᠬᠠᠢ ᠵᠢ ᠪᠦᠲᠦᠭᠡᠨ ᠪᠠᠶ᠋ᠢᠭᠤᠯᠬᠤ ᠠᠵᠢᠯ᠎ᠤᠨ ᠪᠡᠶᠡᠯᠡᠭᠦᠯᠦᠭᠰᠡᠨ ᠪᠠᠶ᠋ᠢᠳᠠᠯ ᠵᠶ᠋ᠠᠨ ᠵᠢᠯ᠎ᠤᠨ ᠡᠴᠦᠰ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠰᠢᠰᠲ᠋ᠧᠮᠵᠢ᠎ᠳᠤ ᠣᠷᠣᠭᠤᠯᠵᠤ᠂ ᠣᠨ᠎ᠤ ᠪᠣᠬᠢᠷᠲᠤᠯ ᠦᠭᠡᠶ ᠠᠭᠤᠷᠬᠠᠶ ᠵᠢ ᠪᠦᠲᠦᠭᠡᠨ ᠪᠠᠶ᠋ᠢᠭᠤᠯᠤᠭᠰᠠᠨ ᠠᠬᠢᠴᠠ ᠵᠢᠴᠢ ᠦᠷ᠎ᠡ ᠪᠦᠲᠦᠮᠵᠢ᠎ᠳᠤ ᠦᠨᠡᠯᠡᠨ ᠵᠢᠱ᠌ᠢᠬᠦ ᠠᠵᠢᠯ᠎ᠢ ᠥᠷᠨᠢᠭᠦᠯᠦᠨ᠂ ᠭᠤᠤᠯ ᠪᠣᠯᠬᠤ ᠬᠠᠷᠠᠯᠲᠠ ᠵᠢᠨ ᠭᠦᠢ᠍ᠴᠡᠳᠬᠡᠯ ᠲᠤᠭ᠎ᠠ᠂ ᠭᠤᠤᠯᠳᠠᠯᠭ᠎ᠠ᠎ᠲᠠᠢ ᠡᠭᠦᠷᠭᠡ᠂ ᠴᠢᠬᠤᠯᠠ ᠶᠡᠭᠡ ᠲᠥᠷᠥ ᠵᠢᠨ ᠪᠣᠳᠣᠯᠭ᠎ᠠ ᠵᠡᠷᠭᠡ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠳᠤ ᠰᠢᠯᠭ᠋ᠠᠨ ᠬᠢᠨᠠᠬᠤ ᠡᠷᠴᠢᠮ ᠵᠶ᠋ᠠᠨ ᠴᠢᠩᠭ᠋ᠠᠷᠠᠭᠤᠯᠬᠤ ᠬᠡᠷᠡᠭᠲᠡᠶ᠃ ᠪᠣᠬᠢᠷᠲᠤᠯ ᠥᠬᠡᠶ ᠠᠭᠤᠷᠬᠠᠶ ᠵᠢ ᠪᠥᠲᠥᠭᠡᠨ ᠪᠠᠶ᠋ᠢᠭᠤᠯᠬᠤ ᠠᠵᠢᠯ᠎ᠳᠤ ᠡᠭᠦᠷᠭᠡ ᠬᠠᠷᠢᠭᠤᠴᠠᠯᠭ᠎ᠠ᠎ᠪᠠᠨ ᠠᠯᠳᠠᠭᠰᠠᠨ ᠪᠠᠶ᠋ᠢᠪᠠᠯ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠷᠢᠭᠤᠴᠠᠯᠭ᠎ᠠ ᠬᠡᠯᠡᠯᠴᠡᠬᠦ ᠲᠦᠷᠢᠮ》᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠲᠦᠷᠢᠮ》᠂ 《ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠠᠯᠪᠠᠲᠠᠨ᠎ᠤ ᠰᠢᠢ᠍ᠳᠬᠡᠯ ᠥᠭᠬᠦ ᠲᠦᠷᠢᠮ》 ᠵᠡᠷᠭᠡ ᠬᠠᠮᠢᠶ᠎ᠠ ᠪᠥᠬᠦᠶ ᠲᠣᠭᠲᠠᠭ᠋ᠠᠯ᠎ᠢ ᠴᠢᠩᠭ᠎ᠠ ᠵᠢᠷᠤᠮᠯᠠᠨ ᠬᠠᠷᠢᠭᠤᠴᠠᠯᠭ᠎ᠠ ᠲᠤᠯᠭ᠋ᠠᠨ ᠬᠡᠯᠡᠯᠴᠡᠬᠦ ᠬᠡᠷᠡᠭᠲᠡᠢ᠃
(ᠳᠥᠷᠪᠡ) ᠰᠣᠨᠢᠨ ᠮᠡᠳᠡᠭᠡᠨ᠎ᠤ ᠤᠬᠠᠭᠤᠯᠵᠤ ᠮᠡᠳᠡᠭᠡᠯᠡᠬᠦ ᠵᠢ ᠴᠢᠩᠭ᠋ᠠᠳᠬᠠᠬᠤ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠨᠢ ᠪᠣᠬᠢᠷᠲᠤᠯ ᠥᠬᠡᠶ ᠠᠭᠤᠷᠬᠠᠶ ᠵᠢᠨ ᠦᠢ᠍ᠯᠡᠰ᠎ᠤᠨ ᠬᠥᠭᠵᠢᠯᠲᠡ ᠵᠢᠨ ᠦᠢ᠍ᠯᠡᠴᠢᠯᠡᠭᠡᠨ᠎ᠤ ᠲᠠᠪᠴᠠᠩ ᠵᠢᠴᠢ ᠰᠦᠯᠵᠢᠶ᠎ᠡ᠂ ᠲᠧᠯᠸᠢᠰ᠂ ᠰᠣᠨᠢᠨ᠂ ᠸᠢᠴᠠᠲ ᠵᠡᠷᠭᠡ ᠵᠠᠭᠤᠴᠢᠯᠠᠭᠤᠷ᠎ᠤᠨ ᠡᠬᠢ ᠪᠠᠶᠠᠯᠢᠭ᠎ᠢ ᠭᠦᠢ᠍ᠴᠡᠳ ᠠᠰᠢᠭᠯᠠᠵᠤ᠂ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠶ᠋ᠢᠭᠤᠯᠤᠯᠲᠠ ᠵᠢᠨ ᠨᠡᠶ᠋ᠢᠲᠡᠯᠢᠭ ᠲᠤᠷᠰᠢᠯᠭ᠎ᠠ ᠪᠠ ᠠᠬᠢᠯᠲᠠ ᠵᠢᠨ ᠦᠷ᠎ᠡ ᠪᠦᠲᠦᠮᠵᠢ ᠵᠢ ᠥᠷᠭᠡᠨ ᠵᠶ᠋ᠠᠷ ᠤᠬᠠᠭᠤᠯᠤᠨ᠂ ᠶᠠᠷᠢᠶ᠎ᠠ ᠬᠡᠯᠡᠯᠴᠡᠭᠡ᠎ᠪᠠᠷ ᠤᠬᠠᠭᠤᠯᠵᠤ ᠬᠦᠲᠦᠯᠦᠨ ᠵᠢᠯᠣᠭᠤᠳᠬᠤ ᠵᠢ ᠴᠢᠩᠭ᠋ᠠᠳᠬᠠᠵᠤ᠂ ᠪᠣᠬᠢᠷᠲᠤᠯ ᠦᠭᠡᠶ ᠠᠭᠤᠷᠬᠠᠶ ᠵᠢ ᠪᠦᠲᠦᠭᠡᠨ ᠪᠠᠶ᠋ᠢᠭᠤᠯᠬᠤ ᠲᠠᠯ᠎ᠠ᠎ᠳᠠᠬᠢ ᠪᠦᠬᠦ ᠨᠡᠶ᠋ᠢᠭᠡᠮ ᠢᠯᠠᠩᠭᠤᠶ᠎ᠠ ᠠᠭᠤᠷᠬᠠᠶ ᠵᠢᠨ ᠠᠵᠤ ᠠᠬᠤᠶ᠋ᠢᠯᠠᠯ᠎ᠤᠨ ᠦᠵᠡᠯ ᠲᠠᠨᠢᠯᠲᠠ ᠵᠢ ᠳᠡᠭᠡᠭᠰᠢᠯᠡᠭᠦᠯᠦᠨ᠂ ᠨᠡᠶ᠋ᠢᠭᠡᠮ᠎ᠤᠨ ᠡᠯ᠎ᠡ ᠡᠲᠡᠭᠡᠳ᠎ᠲᠤ ᠪᠣᠬᠢᠷᠲᠤᠯ ᠦᠭᠡᠶ ᠠᠭᠤᠷᠬᠠᠶ ᠵᠢ ᠣᠶ᠋ᠢᠯᠠᠭ᠋ᠠᠭᠤᠯᠵᠤ᠂ ᠪᠣᠬᠢᠷᠲᠤᠯ ᠦᠭᠡᠶ ᠠᠭᠤᠷᠬᠠᠢ ᠵᠢᠨ ᠪᠦᠲᠦᠭᠡᠨ ᠪᠠᠶ᠋ᠢᠭᠤᠯᠤᠯᠲᠠ᠎ᠳᠤ ᠢᠳᠡᠪᠬᠢᠲᠡᠶ ᠳᠡᠮᠵᠢᠯᠭᠡ ᠦᠵᠡᠭᠦᠯᠬᠦ ᠪᠠ ᠣᠷᠣᠯᠴᠠᠭᠤᠯᠬᠤ ᠬᠡᠷᠡᠭᠲᠡᠶ᠃
ᠲᠣᠰ ᠲᠥᠰᠦᠯ᠎ᠢ ᠳᠠᠷᠤᠮᠠᠯᠯᠠᠨ ᠶᠠᠪᠤᠭᠤᠯᠤᠭᠰᠠᠨ ᠡᠳᠦᠷ᠎ᠠᠴᠠ ᠡᠬᠢᠯᠡᠨ ᠬᠡᠷᠡᠭᠵᠢᠭᠦᠯᠵᠦ᠂ 《ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠥᠪᠥᠷ ᠵᠠᠰᠠᠭ ᠲᠠᠷᠬᠠᠭ᠋ᠠᠭᠰᠠᠨ [2017] 111 ᠳ᠋ᠦ᠍ᠭᠡᠷ ᠲᠣᠭ᠋ᠠᠲᠤ)᠎ᠢ ᠬᠠᠮᠲᠤᠳᠤᠨᠢ ᠬᠦᠴᠦᠨ ᠥᠬᠡᠶ ᠪᠣᠯᠭ᠋ᠠᠨ᠎ᠠ᠃