ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠵᠢᠨ ᠬᠥᠭᠵᠢᠯᠲᠡ ᠵᠢ ᠴᠢᠩᠭ᠋ᠠᠳᠬᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ
ᠨᠡᠶ᠋ᠢᠲᠡᠯᠡᠭᠰᠡᠨ ᠴᠠᠭ᠄ 2021-08-09

ᠦᠪᠦᠷ ᠵᠠᠰᠠᠭ ᠠᠯᠪᠠᠨ ᠲᠠᠷᠬᠠᠭ᠋ᠠᠭᠰᠠᠨ [2021] 21 ᠳ᠋ᠦ᠍ᠭᠡᠷ ᠲᠣᠭ᠋ᠠᠲᠤ   2021 ᠣᠨ᠎ᠤ 4 ᠳ᠋ᠣᠭᠡᠷ ᠰᠠᠷ᠎ᠠ ᠵᠢᠨ 15᠎ᠤ ᠡᠳᠦᠷ

ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
     《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠬᠡᠷᠡᠭᠴᠡᠬᠡᠨ᠎ᠤ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠵᠢᠨ ᠬᠥᠭᠵᠢᠯᠲᠡ ᠵᠢᠨ ᠲᠦᠷᠢᠮ》᠎ᠢ ᠲᠤᠭᠤᠰᠢᠯᠠᠭᠤᠯᠤᠨ ᠬᠡᠷᠡᠭᠵᠢᠭᠦᠯᠵᠦ᠂ ᠪᠥᠬᠦ ᠣᠷᠣᠨ᠎ᠤ ᠪᠠᠷᠢᠯᠭ᠎ᠠ ᠵᠢᠨ ᠡᠨᠧᠷᠭᠢ ᠠᠷᠪᠢᠯᠠᠬᠤ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ᠂ ᠪᠣᠬᠢᠷᠲᠤᠯ ᠥᠬᠡᠶ ᠪᠠᠷᠢᠯᠭ᠎ᠠ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠳᠤᠤᠷᠠᠬᠢ ᠮᠡᠲᠦ ᠰᠠᠨᠠᠯ᠎ᠢ ᠳᠤᠷᠠᠳᠪᠠ᠃
      ᠨᠢᠭᠡ᠂ ᠶᠡᠷᠦᠩᠬᠡᠢ ᠱᠠᠭ᠋ᠠᠷᠳᠠᠯᠭ᠎ᠠ
     ( ᠨᠢᠭᠡ ᠵᠢᠯᠣᠭᠤᠳᠬᠤ ᠦᠵᠡᠯ ᠰᠠᠨᠠᠭ᠎ᠠ
      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠨ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠬᠢᠨᠠᠮᠠᠭ᠋ᠠᠢ ᠨᠠᠶ᠋ᠢᠳᠠᠪᠤᠷᠢᠵᠢᠭᠤᠯᠤᠨ᠂ ᠪᠣᠬᠢᠷᠲᠤᠯ ᠦᠭᠡᠢ᠎ᠪᠠᠷ᠂ ᠨᠡᠭᠦᠷᠡᠰᠦᠲᠥ᠋ᠷᠥᠭᠴᠢ ᠪᠠᠭ᠋ᠠᠲᠠᠢ ᠪᠠ ᠦᠷᠭᠦᠯᠵᠢᠯᠡᠬᠦ ᠬᠥᠭᠵᠢᠯᠲᠡ᠎ᠪᠠᠷ ᠭᠤᠤᠯ ᠱᠤᠭᠤᠮ ᠪᠣᠯᠭ᠋ᠠᠵᠤ᠂ ᠲᠥᠷᠥ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠬᠦ᠂ ᠵᠠᠬ᠎ᠠ ᠳᠡᠯᠭᠡᠭᠦᠷ᠎ᠤᠨ ᠠᠵᠢᠯᠯᠠᠭ᠎ᠠ ᠵᠢ ᠵᠢᠷᠤᠮᠵᠢᠭᠤᠯᠬᠤ᠂ ᠮᠡᠷᠭᠡᠵᠢᠯ ᠵᠶ᠋ᠠᠷ ᠲᠤᠯᠭ᠋ᠠᠭᠤᠷᠢᠯᠠᠬᠤ ᠵᠢ ᠴᠢᠩᠭ᠋ᠠᠳᠬᠠᠬᠤ᠎ᠪᠠᠷ ᠠᠷᠭ᠎ᠠ ᠪᠠᠷᠢᠯ ᠪᠣᠯᠭ᠋ᠠᠨ᠂ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠵᠢᠨ ᠬᠥᠭᠵᠢᠯᠲᠡ ᠵᠢᠨ ᠬᠠᠷᠠᠯᠲᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠪᠦᠬᠦ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠬᠦᠷᠢᠶᠡᠨ᠎ᠤ ᠡᠨᠧᠷᠭᠢ ᠵᠢᠨ ᠬᠤᠷᠣᠭᠳᠠᠯ᠎ᠳᠤ 《ᠬᠤᠶᠠᠷ᠎ᠢ ᠬᠢᠵᠠᠭ᠋ᠠᠷᠯᠠᠬᠤ》 ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠵᠦ᠂ ᠡᠬᠢ ᠪᠠᠶᠠᠯᠢᠭ ᠡᠨᠧᠷᠭᠢ ᠵᠢᠨ ᠬᠤᠷᠣᠭᠳᠠᠯ᠎ᠢ ᠪᠠᠭ᠋ᠠᠰᠬᠠᠨ᠂ ᠤᠷᠤᠰᠢᠨ ᠰᠠᠭᠤᠬᠤ ᠣᠷᠴᠢᠨ ᠲᠣᠭᠤᠷᠢᠨ᠎ᠤ ᠴᠢᠨᠠᠷ ᠴᠢᠨᠰᠠᠭ᠎ᠠ ᠵᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ᠎ᠳᠤ ᠬᠦᠴᠦᠲᠡᠶ ᠲᠤᠯᠭ᠋ᠠᠭᠤᠷᠢᠯᠠᠯ ᠬᠠᠩᠭ᠋ᠠᠨ᠎ᠠ᠃
      ᠬᠤᠶᠠᠷ ᠦᠨᠳᠦᠰᠦᠨ ᠵᠠᠷᠴᠢᠮ
     --- ᠬᠠᠤᠯᠢ ᠶᠣᠰᠣᠭ᠋ᠠᠷ ᠠᠬᠢᠭᠤᠯᠵᠤ᠂ ᠵᠢᠷᠤᠮᠵᠢᠭᠤᠯᠤᠨ ᠬᠠᠮᠢᠶᠠᠷᠤᠨ᠎ᠠ᠃ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠬᠡᠷᠡᠭᠴᠡᠬᠡᠨ᠎ᠤ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠵᠢᠨ ᠬᠥᠭᠵᠢᠯᠲᠡ ᠵᠢᠨ ᠳᠦᠷᠢᠮ》᠎ᠤᠨ ᠱᠠᠭ᠋ᠠᠷᠳᠠᠯᠭ᠎ᠠ ᠶᠣᠰᠣᠭ᠋ᠠᠷ᠂ ᠲᠥᠷᠥ ᠵᠢᠨ ᠪᠣᠳᠣᠯᠭ᠎ᠠ ᠵᠢᠨ ᠲᠣᠭᠲᠠᠯᠴᠠᠭ᠎ᠠ᠂ ᠬᠠᠮᠢᠶᠠᠷᠤᠯᠲᠠ ᠵᠢᠨ ᠲᠣᠭᠲᠠᠯᠴᠠᠭ᠎ᠠ᠂ ᠮᠡᠷᠭᠡᠵᠢᠯ᠎ᠤᠨ ᠲᠣᠭᠲᠠᠯᠴᠠᠭ᠎ᠠ ᠵᠢ ᠪᠦᠷᠢᠨᠰᠢᠭᠦᠯᠵᠦ᠂ ᠡᠯ᠎ᠡ ᠰᠠᠯᠠᠭ᠎ᠠ ᠮᠥᠴᠢᠷ᠎ᠤᠨ ᠵᠣᠬᠢᠴᠠᠭᠤᠯᠤᠨ ᠠᠬᠢᠭᠤᠯᠬᠤ ᠲᠣᠭᠲᠠᠴᠠ ᠵᠢ ᠪᠠᠳᠠᠷᠠᠭᠤᠯᠤᠨ᠂ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠬᠠᠮᠢᠶᠠᠷᠬᠤ ᠬᠢᠷᠢ ᠲᠦᠪᠰᠢᠨ᠎ᠢ᠎ᠨᠢ ᠳᠡᠭᠡᠭᠰᠢᠯᠡᠭᠦᠯᠦᠨ᠎ᠡ᠃
     --- ᠭᠤᠤᠯᠳᠠᠯᠭ᠎ᠠ᠎ᠪᠠᠨ ᠲᠣᠪᠤᠶ᠋ᠢᠯᠭ᠋ᠠᠵᠤ᠂ ᠪᠦᠬᠦ ᠲᠠᠯ᠎ᠠ᠎ᠪᠠᠷ ᠠᠬᠢᠭᠤᠯᠤᠨ᠎ᠠ᠃ ᠪᠣᠬᠢᠷᠲᠤᠯ ᠦᠭᠡᠢ ᠪᠠᠷᠢᠯᠭ᠎ᠠ ᠵᠢ ᠬᠥᠭᠵᠢᠭᠦᠯᠬᠦ᠎ᠪᠠᠷ ᠭᠤᠣᠯ ᠱᠤᠭᠤᠮ ᠪᠣᠯᠭ᠋ᠠᠨ᠂ ᠪᠠᠷᠢᠯᠭ᠎ᠠ ᠵᠢᠨ ᠡᠨᠧᠷᠭᠢ ᠵᠢᠨ ᠠᠰᠢᠭᠯᠠᠮᠵᠢ ᠵᠢ ᠳᠡᠭᠡᠭᠰᠢᠯᠡᠭᠦᠯᠬᠦ᠂ ᠪᠣᠬᠢᠷᠲᠤᠯ ᠦᠭᠡᠢ ᠪᠠᠷᠢᠯᠭ᠎ᠠ ᠵᠢᠨ ᠮᠠᠲ᠋ᠧᠷᠢᠶᠠᠯ᠎ᠢ ᠳᠡᠯᠭᠡᠷᠡᠭᠦᠯᠬᠦ᠂ ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ ᠵᠢ ᠬᠥᠭᠵᠢᠭᠦᠯᠬᠦ᠂ ᠣᠳᠣ ᠵᠢᠨ ᠪᠠᠶ᠋ᠢᠭ᠎ᠠ ᠪᠠᠷᠢᠯᠭ᠎ᠠ ᠵᠢᠨ ᠡᠨᠧᠷᠭᠢ ᠠᠷᠪᠢᠯᠠᠬᠤ ᠵᠢ ᠥᠭᠡᠷᠡᠴᠢᠯᠡᠨ ᠰᠠᠶ᠋ᠢᠵᠢᠷᠠᠭᠤᠯᠬᠤ᠂ ᠳᠠᠬᠢᠨ ᠡᠭᠦᠰᠴᠦ ᠪᠣᠯᠬᠤ ᠡᠨᠧᠷᠭᠢ ᠵᠢ ᠬᠡᠷᠡᠭᠯᠡᠬᠦ᠂ ᠪᠠᠷᠢᠯᠭ᠎ᠠ ᠵᠢᠨ ᠳᠤᠯᠠᠭ᠋ᠠᠨ ᠪᠠᠶ᠋ᠢᠯᠭ᠋ᠠᠬᠤ ᠵᠢ ᠪᠠᠳᠤᠯᠠᠬᠤ ᠪᠦᠲᠦᠴᠡ ᠵᠢ ᠨᠢᠭᠡ ᠴᠤᠭᠴᠠᠵᠢᠭᠤᠯᠤᠨ ᠬᠡᠷᠡᠭᠯᠡᠬᠦ᠂ ᠢᠳᠡᠪᠬᠢ ᠪᠤᠰᠤ ᠬᠡᠯᠪᠡᠷᠢ ᠪᠦᠬᠦᠢ ᠬᠡᠳᠦ ᠪᠠᠭ᠎ᠠ ᠡᠨᠧᠷᠭᠢ ᠵᠢᠨ ᠬᠤᠷᠣᠭᠳᠠᠯ᠎ᠲᠠᠢ ᠪᠠᠷᠢᠯᠭ᠎ᠠ ᠵᠢ ᠬᠥᠭᠵᠢᠭᠦᠯᠬᠦ ᠪᠠ ᠪᠣᠬᠢᠷᠲᠤᠯ ᠦᠭᠡᠢ᠎ᠪᠠᠷ ᠪᠠᠷᠢᠯᠭ᠎ᠠ ᠪᠠᠷᠢᠬᠤ ᠵᠡᠷᠭᠡ ᠠᠵᠢᠯ᠎ᠢ ᠭᠤᠣᠯᠳᠠᠯᠭ᠎ᠠ᠎ᠲᠠᠢ ᠰᠠᠶ᠋ᠢᠲᠤᠷ ᠠᠳᠬᠤᠨ᠎ᠠ᠃
     --- ᠭᠠᠵᠠᠷ ᠣᠷᠣᠨ᠎ᠤ ᠪᠠᠶ᠋ᠢᠳᠠᠯ᠎ᠳᠤ᠎ᠨᠢ ᠲᠣᠬᠢᠷᠠᠭᠤᠯᠤᠨ᠂ ᠲᠥᠷᠥᠯ ᠬᠤᠪᠢᠶᠠᠵᠤ ᠵᠢᠭ᠋ᠠᠨ ᠵᠢᠯᠣᠭᠤᠳᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠲᠦᠪᠰᠢᠨ᠂ ᠡᠬᠢ ᠪᠠᠶᠠᠯᠢᠭ ᠠᠭᠤᠷ ᠠᠮᠢᠰᠬᠤᠯ᠎ᠤᠨ ᠨᠥᠬᠦᠴᠡᠯ ᠪᠠ ᠦᠢ᠍ᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ᠎ᠲᠠᠢ ᠤᠶᠠᠯᠳᠤᠭᠤᠯᠤᠨ᠂ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠵᠢ ᠬᠥᠭᠵᠢᠭᠦᠯᠬᠦ ᠬᠠᠷᠠᠯᠲᠠ ᠪᠣᠯᠤᠨ ᠠᠷᠭ᠎ᠠ ᠪᠣᠳᠣᠯᠭ᠎ᠠ ᠵᠢ ᠡᠮᠬᠢ ᠵᠢᠷᠤᠮ᠎ᠲᠠᠢ ᠨᠠᠶ᠋ᠢᠳᠠᠪᠤᠷᠢᠵᠢᠭᠤᠯᠵᠤ᠂ ᠠᠷᠠᠳ ᠣᠯᠠᠨ᠎ᠤ ᠣᠷᠣᠰᠢᠨ ᠰᠠᠭᠤᠬᠤ ᠰᠠᠶ᠋ᠢᠨ ᠰᠠᠶ᠋ᠢᠬᠠᠨ ᠣᠷᠴᠢᠨ ᠲᠣᠭᠤᠷᠢᠨ᠎ᠤ ᠬᠡᠷᠡᠭᠴᠡᠭᠡ ᠵᠢ ᠬᠠᠩᠭ᠋ᠠᠨ᠎ᠠ᠃
     --- ᠮᠡᠷᠭᠡᠵᠢᠯ ᠵᠶ᠋ᠠᠷ ᠬᠥᠲᠥᠯᠥᠨ ᠳᠠᠭ᠋ᠠᠭᠤᠯᠵᠤ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠨ᠎ᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠵᠦ᠂ 《ᠳᠥᠷᠪᠡᠨ ᠰᠢᠨ᠎ᠡ ᠮᠡᠷᠭᠡᠵᠢᠯ》 (ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠮᠠᠲ᠋ᠧᠷᠢᠶᠠᠯ᠂ ᠰᠢᠨ᠎ᠡ ᠦᠢ᠍ᠯᠡᠳᠬᠦᠨ)᠎ᠤᠨ ᠬᠡᠷᠡᠭᠯᠡᠭᠡᠨ᠎ᠢ ᠠᠬᠢᠭᠤᠯᠤᠨ᠂ ᠬᠤᠴᠣᠷᠤᠩᠭᠤᠶ ᠮᠡᠷᠭᠡᠵᠢᠯ ᠪᠠ ᠦᠢ᠍ᠯᠡᠳᠬᠦᠨ᠎ᠢ ᠲᠦᠷᠭᠡᠳᠬᠡᠨ ᠰᠢᠭᠰᠢᠭᠳᠡᠭᠦᠯᠵᠦ᠂ ᠪᠥᠬᠦ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠬᠦᠷᠢᠶᠡᠨ᠎ᠤ ᠡᠨᠧᠷᠭᠢ ᠵᠢᠨ ᠬᠤᠷᠣᠭᠳᠠᠯ᠎ᠤᠨ 《ᠬᠤᠶᠠᠷ᠎ᠢ ᠬᠢᠵᠠᠭ᠋ᠠᠷᠯᠠᠬᠤ》 ᠬᠠᠷᠠᠯᠲᠠ ᠵᠢ ᠪᠡᠶᠡᠯᠡᠭᠦᠯᠦᠨ᠎ᠡ᠃
     ( ᠭᠤᠷᠪᠠ ᠭᠤᠣᠯ ᠬᠠᠷᠠᠯᠲᠠ  
     2022 ᠣᠨ᠎ᠳᠤ᠂ ᠪᠥᠬᠦ ᠣᠷᠣᠨ᠎ᠤ ᠬᠤᠲᠠ ᠪᠠᠯᠭ᠋ᠠᠰᠤᠨ᠎ᠤ ᠰᠢᠨ᠎ᠡ᠎ᠪᠠᠷ ᠪᠠᠶ᠋ᠢᠭᠤᠯᠤᠭᠳᠠᠭᠰᠠᠨ ᠪᠠᠷᠢᠯᠭ᠎ᠠ᠎ᠳᠠᠬᠢ ᠪᠣᠬᠢᠷᠲᠤᠯ ᠥᠬᠡᠶ ᠪᠠᠷᠢᠯᠭ᠎ᠠ ᠵᠢᠨ ᠡᠵᠡᠯᠡᠬᠦ ᠬᠠᠷᠢᠴᠠᠯ᠎ᠢ 60% ᠪᠣᠯᠭ᠋ᠠᠨ᠎ᠠ; ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ ᠵᠢᠨ ᠡᠵᠡᠯᠡᠬᠦ ᠬᠠᠷᠢᠴᠠᠯ᠎ᠢ 15% ᠪᠣᠯᠭ᠋ᠠᠬᠤ᠎ᠪᠠᠷ ᠴᠢᠷᠮᠠᠶ᠋ᠢᠨ᠎ᠠ; ᠡᠯ᠎ᠡ ᠠᠶ᠋ᠢᠮᠠᠭ ᠬᠤᠲᠠ᠎ᠨᠢ ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠵᠢᠨ ᠬᠤᠷᠣᠭᠳᠠᠯ᠎ᠲᠠᠢ ᠪᠠᠷᠢᠯᠭ᠎ᠠ ᠵᠢᠨ ᠲᠤᠷᠰᠢᠯᠲᠠ ᠵᠢᠨ ᠴᠡᠭ᠎ᠤᠨ ᠠᠵᠢᠯ᠎ᠢ ᠥᠷᠨᠢᠭᠦᠯᠬᠦ ᠬᠡᠷᠡᠭᠲᠡᠶ; ᠣᠳᠣ ᠵᠢᠨ ᠪᠠᠶ᠋ᠢᠭ᠎ᠠ ᠣᠷᠣᠨ ᠰᠠᠭᠤᠴᠠ ᠵᠢᠨ ᠪᠠᠷᠢᠯᠭ᠎ᠠ ᠵᠢᠨ ᠡᠨᠧᠷᠭᠢ ᠠᠷᠪᠢᠯᠠᠬᠤ ᠵᠢ ᠥᠭᠡᠷᠡᠴᠢᠯᠡᠨ ᠰᠠᠶ᠋ᠢᠵᠢᠷᠠᠭᠤᠯᠬᠤ ᠠᠵᠢᠯ᠎ᠢ 500 ᠲᠦᠮᠡᠨ ᠲᠡᠭᠰᠢ ᠳᠥᠷᠪᠡᠯᠵᠢᠨ ᠮᠸᠲᠷ   ᠪᠡᠶᠡᠯᠡᠭᠦᠯᠵᠦ᠂ ᠪᠣᠬᠢᠷᠲᠤᠯ ᠦᠭᠡᠶ ᠪᠠᠷᠢᠯᠭ᠎ᠠ ᠵᠢᠨ ᠮᠠᠲ᠋ᠧᠷᠢᠶᠠᠯ ᠬᠡᠷᠡᠭᠯᠡᠬᠦ ᠲᠠᠯᠠᠪᠠᠶ ᠵᠢ 700 ᠲᠦᠮᠡᠨ ᠲᠡᠭᠰᠢ ᠳᠥᠷᠪᠡᠯᠵᠢᠨ ᠮᠸᠲᠷ ᠪᠣᠯᠭ᠋ᠠᠨ᠎ᠠ; ᠰᠢᠨ᠎ᠡ᠎ᠪᠠᠷ ᠪᠠᠶ᠋ᠢᠭᠤᠯᠤᠭᠳᠠᠭᠰᠠᠨ ᠪᠠᠷᠢᠯᠭ᠎ᠠ᠎ᠳᠠᠬᠢ ᠪᠠᠷᠢᠯᠭ᠎ᠠ ᠵᠢᠨ ᠳᠤᠯᠠᠭ᠋ᠠᠨ ᠪᠠᠶ᠋ᠢᠯᠭ᠋ᠠᠬᠤ ᠵᠢ ᠪᠠᠳᠤᠯᠠᠬᠤ ᠪᠦᠲᠦᠴᠡ ᠵᠢᠨ ᠨᠢᠭᠡ ᠴᠣᠭᠴᠠᠵᠢᠭᠤᠯᠤᠭᠰᠠᠨ ᠲᠥᠷᠥᠯ ᠵᠦᠢ᠍ᠯ᠎ᠤᠨ ᠡᠵᠡᠯᠡᠬᠦ ᠬᠠᠷᠢᠴᠠᠯ᠎ᠢ 10% ᠪᠣᠯᠭ᠋ᠠᠨ᠎ᠠ; ᠠᠷᠠᠳ᠎ᠤᠨ ᠬᠡᠷᠡᠭᠴᠡᠬᠡᠨ᠎ᠤ ᠪᠠᠷᠢᠯᠭ᠎ᠠ᠎ᠳᠤ ᠬᠡᠷᠡᠭᠯᠡᠬᠦ ᠳᠠᠬᠢᠨ ᠡᠭᠦᠰᠴᠦ ᠪᠣᠯᠬᠤ ᠡᠨᠧᠷᠭᠢ ᠵᠢᠨ ᠬᠠᠷᠢᠴᠠᠯ᠎ᠢ 10% ᠪᠣᠯᠭ᠋ᠠᠨ᠎ᠠ᠃ 2025 ᠣᠨ ᠪᠣᠯᠬᠤ᠎ᠳᠤ᠂ ᠪᠥᠬᠦ ᠣᠷᠣᠨ᠎ᠤ ᠬᠤᠲᠠ ᠪᠠᠯᠭ᠋ᠠᠰᠤᠨ᠎ᠤ ᠰᠢᠨ᠎ᠡ᠎ᠪᠠᠷ ᠪᠠᠶ᠋ᠢᠭᠤᠯᠬᠤ ᠪᠠᠷᠢᠯᠭ᠎ᠠ᠎ᠳᠤ ᠪᠣᠬᠢᠷᠲᠤᠯ ᠥᠬᠡᠶ ᠪᠠᠷᠢᠯᠭ᠎ᠠ ᠵᠢᠨ ᠪᠠᠷᠢᠮᠵᠢᠶ᠎ᠠ ᠵᠢ ᠪᠥᠬᠦ ᠲᠠᠯ᠎ᠠ᠎ᠪᠠᠷ ᠬᠡᠷᠡᠭᠵᠢᠭᠦᠯᠵᠦ᠂ ᠪᠣᠬᠢᠷᠲᠤᠯ ᠥᠬᠡᠶ ᠠᠮᠢ ᠠᠬᠤᠶ ᠵᠢᠨ ᠬᠤᠲᠠ ᠲᠣᠭᠤᠷᠢᠭ ᠪᠠ ᠪᠣᠬᠢᠷᠲᠤᠯ ᠥᠬᠡᠶ ᠠᠮᠢ ᠠᠬᠤᠶ ᠵᠢᠨ ᠰᠠᠭᠤᠭ᠋ᠠᠯᠢ ᠲᠣᠭᠤᠷᠢᠭ᠎ᠤᠨ ᠪᠥᠲᠥᠭᠡᠨ ᠪᠠᠶ᠋ᠢᠭᠤᠯᠤᠯᠲᠠ ᠵᠢ ᠲᠠᠰᠤᠷᠠᠯᠲᠠ ᠥᠬᠡᠶ ᠠᠬᠢᠭᠤᠯᠤᠨ᠂ ᠰᠢᠨ᠎ᠡ᠎ᠪᠠᠷ ᠪᠠᠶ᠋ᠢᠭᠤᠯᠤᠭᠳᠠᠭᠰᠠᠨ ᠪᠠᠷᠢᠯᠭ᠎ᠠ᠎ᠳᠠᠬᠢ ᠣᠳᠣᠨ ᠲᠠᠰ᠎ᠲᠠᠢ ᠪᠣᠬᠢᠷᠲᠤᠯ ᠥᠬᠡᠶ ᠪᠠᠷᠢᠯᠭ᠎ᠠ ᠵᠢᠨ ᠡᠵᠡᠯᠡᠬᠦ ᠬᠠᠷᠢᠴᠠᠯ᠎ᠢ 30%᠎ᠠᠴᠠ ᠳᠠᠪᠠᠭᠤᠯᠤᠨ᠎ᠠ; ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ ᠵᠢᠨ ᠲᠠᠯᠠᠪᠠᠢ ᠪᠦᠷᠢ᠎ᠳᠠᠬᠢ ᠡᠵᠡᠯᠡᠬᠦ ᠬᠠᠷᠢᠴᠠᠯ᠎ᠢ 30% ᠪᠣᠯᠭ᠋ᠠᠬᠤ᠎ᠪᠠᠷ ᠴᠢᠷᠮᠠᠶ᠋ᠢᠨ᠎ᠠ; ᠣᠳᠣ ᠵᠢᠨ ᠪᠠᠶ᠋ᠢᠭ᠎ᠠ ᠣᠷᠣᠨ ᠰᠠᠭᠤᠴᠠ ᠵᠢᠨ ᠪᠠᠷᠢᠯᠭ᠎ᠠ ᠵᠢᠨ ᠡᠨᠧᠷᠭᠢ ᠠᠷᠪᠢᠯᠠᠬᠤ᠎ᠳᠤ 1000 ᠲᠦᠮᠡᠨ ᠲᠡᠭᠰᠢ ᠳᠥᠷᠪᠡᠯᠵᠢᠨ ᠮᠸᠲᠷ ᠥᠭᠡᠷᠡᠴᠢᠯᠡᠨ ᠰᠠᠶ᠋ᠢᠵᠢᠷᠠᠭᠤᠯᠵᠤ᠂ ᠣᠯᠠᠨ ᠨᠡᠶ᠋ᠢᠲᠡ ᠵᠢᠨ ᠪᠠᠷᠢᠯᠭ᠎ᠠ ᠵᠢᠨ ᠡᠨᠧᠷᠭᠢ ᠵᠢᠨ ᠠᠰᠢᠭᠯᠠᠮᠵᠢ᠎ᠪᠠᠨ ᠳᠡᠭᠡᠭᠰᠢᠯᠡᠭᠦᠯᠬᠦ ᠵᠢ ᠲᠠᠰᠤᠷᠠᠯᠲᠠ ᠥᠬᠡᠶ ᠭᠦᠨᠵᠡᠭᠡᠶ᠋ᠢᠷᠡᠭᠦᠯᠦᠨ᠎ᠡ; ᠪᠣᠬᠢᠷᠲᠤᠯ ᠦᠭᠡᠶ ᠪᠠᠷᠢᠯᠭ᠎ᠠ ᠵᠢᠨ ᠮᠠᠲ᠋ᠧᠷᠢᠶᠠᠯ᠎ᠢ ᠳᠡᠯᠭᠡᠷᠡᠭᠦᠯᠬᠦ ᠲᠠᠯᠠᠪᠠᠶ᠎ᠪᠠᠨ 1000 ᠲᠦᠮᠡᠨ ᠲᠡᠭᠰᠢ ᠳᠥᠷᠪᠡᠯᠵᠢᠨ ᠮᠸᠲᠷ᠎ᠲᠤ ᠬᠦᠷᠭᠡᠵᠦ᠂ ᠪᠠᠷᠢᠯᠭ᠎ᠠ ᠵᠢᠨ ᠳᠤᠯᠠᠭ᠋ᠠᠨ ᠪᠠᠶ᠋ᠢᠯᠭ᠋ᠠᠬᠤ ᠵᠢ ᠪᠠᠳᠤᠯᠠᠬᠤ ᠪᠦᠲᠦᠴᠡ ᠵᠢ ᠨᠢᠭᠡ ᠴᠣᠭᠴᠠᠵᠢᠭᠤᠯᠤᠭᠰᠠᠨ ᠲᠥᠷᠥᠯ ᠵᠦᠢ᠍ᠯ᠎ᠤᠨ ᠡᠵᠡᠯᠡᠬᠦ ᠬᠠᠷᠢᠴᠠᠯ᠎ᠢ᠎ᠨᠢ 30%᠎ᠠᠴᠠ ᠳᠡᠭᠡᠭᠰᠢ ᠪᠣᠯᠭ᠋ᠠᠨ᠂ ᠠᠷᠠᠳ᠎ᠤᠨ ᠬᠡᠷᠡᠭᠴᠡᠬᠡᠨ᠎ᠤ ᠪᠠᠷᠢᠯᠭ᠎ᠠ᠎ᠳᠤ ᠳᠠᠬᠢᠨ ᠡᠭᠦᠰᠴᠦ ᠪᠣᠯᠬᠤ ᠡᠨᠧᠷᠭᠢ ᠵᠢᠨ ᠬᠡᠷᠡᠭᠯᠡᠬᠦ ᠬᠠᠷᠢᠴᠠᠯ᠎ᠢ 30% ᠪᠣᠯᠭ᠋ᠠᠨ᠎ᠠ᠃
      ᠬᠤᠶᠠᠷ᠂ ᠭᠤᠣᠯᠳᠠᠯᠭ᠎ᠠ᠎ᠲᠠᠢ ᠡᠭᠦᠷᠭᠡ
     (ᠨᠢᠭᠡ) ᠰᠢᠨ᠎ᠡ᠎ᠪᠠᠷ ᠪᠠᠶ᠋ᠢᠭᠤᠯᠬᠤ ᠪᠠᠷᠢᠯᠭ᠎ᠠ ᠵᠢᠨ ᠡᠨᠧᠷᠭᠢ ᠵᠢᠨ ᠠᠰᠢᠭᠯᠠᠮᠵᠢ ᠵᠢ ᠳᠡᠭᠡᠭᠰᠢᠯᠡᠭᠦᠯᠬᠦ᠎ᠪᠠᠨ ᠴᠢᠩᠭ᠋ᠠᠳᠬᠠᠨ᠎ᠠ᠃
     1 . ᠪᠠᠷᠢᠯᠭ᠎ᠠ ᠵᠢᠨ ᠡᠨᠧᠷᠭᠢ ᠠᠷᠪᠢᠯᠠᠬᠤ ᠠᠯᠪᠠᠳᠠᠯᠭ᠎ᠠ ᠵᠢᠨ ᠴᠢᠨᠠᠷᠲᠠᠶ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠦᠨ᠎ᠡ᠃ ᠬᠤᠲᠠ ᠪᠠᠯᠭ᠋ᠠᠰᠤᠨ᠎ᠤ ᠰᠢᠨ᠎ᠡ᠎ᠪᠠᠷ ᠪᠠᠶ᠋ᠢᠭᠤᠯᠬᠤ ᠪᠠᠷᠢᠯᠭ᠎ᠠ᠎ᠳᠤ 《ᠣᠷᠣᠨ ᠰᠠᠭᠤᠴᠠ ᠵᠢᠨ ᠪᠠᠷᠢᠯᠭ᠎ᠠ ᠵᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠵᠢᠨ ᠪᠠᠷᠢᠮᠵᠢᠶ᠎ᠠ》 (DBJ03-35-2019) ᠪᠠ 《ᠣᠯᠠᠨ ᠨᠡᠶ᠋ᠢᠲᠡ ᠵᠢᠨ ᠪᠠᠷᠢᠯᠭ᠎ᠠ ᠵᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠵᠢᠨ ᠪᠠᠷᠢᠮᠵᠢᠶ᠎ᠠ》 (DBJ03-27-2017) ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠪᠠᠷᠢᠯᠭ᠎ᠠ ᠵᠢᠨ ᠡᠭᠦᠳᠡ ᠴᠣᠩᠬᠤ᠂ ᠭᠠᠳᠠᠷ ᠬᠡᠷᠡᠮ᠎ᠤᠨ ᠳᠤᠯᠠᠭ᠋ᠠᠨ ᠪᠠᠶ᠋ᠢᠯᠭ᠋ᠠᠬᠤ ᠵᠢ ᠪᠠᠲᠤᠯᠠᠬᠤ ᠵᠡᠷᠭᠡ ᠵᠠᠩᠭᠢᠯᠠᠭ᠎ᠠ ᠵᠢᠨ ᠬᠡᠰᠡᠭ ᠪᠣᠯᠬᠤ ᠤᠭᠰᠠᠷᠠᠮᠠᠯ ᠪᠡᠯᠡᠨ ᠦᠢ᠍ᠯᠡᠳᠬᠦᠨ᠎ᠤ ᠡᠨᠧᠷᠭᠢ ᠠᠷᠪᠢᠯᠠᠬᠤ ᠴᠢᠳᠠᠮᠵᠢ ᠵᠢ ᠭᠤᠣᠯᠳᠠᠯᠭ᠎ᠠ᠎ᠲᠠᠢ ᠳᠡᠭᠡᠭᠰᠢᠯᠡᠭᠦᠯᠦᠨ᠂ ᠵᠢᠷᠤᠭ ᠲᠥᠯᠥᠪᠯᠡᠭᠡ᠂ ᠵᠢᠷᠤᠭ ᠬᠢᠨᠠᠬᠤ᠂ ᠪᠠᠷᠢᠯᠭ᠎ᠠ ᠪᠠᠷᠢᠬᠤ᠂ ᠪᠠᠶ᠋ᠢᠴᠠᠭ᠋ᠠᠨ ᠰᠢᠯᠭ᠋ᠠᠬᠤ᠂ ᠬᠢᠨᠠᠨ ᠬᠠᠮᠢᠶᠠᠷᠬᠤ᠂ ᠪᠠᠷᠢᠯᠭ᠎ᠠ ᠳᠠᠭᠤᠰᠤᠭᠰᠠᠨ᠎ᠢ ᠰᠢᠯᠭ᠋ᠠᠨ ᠠᠪᠬᠤ ᠵᠡᠷᠭᠡ ᠭᠤᠭᠴᠣᠭ᠋ᠠᠨ᠎ᠳᠠᠬᠢ ᠡᠨᠧᠷᠭᠢ ᠠᠷᠪᠢᠯᠠᠬᠤ ᠶᠠᠰᠤ ᠴᠢᠨᠠᠷ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠨᠡᠩ ᠥᠨᠳᠥᠷ ᠪᠠᠷᠢᠮᠵᠢᠶ᠎ᠠ᠎ᠪᠠᠷ ᠱᠠᠭ᠋ᠠᠷᠳᠠᠵᠤ ᠡᠨᠧᠷᠭᠢ ᠵᠢᠨ ᠬᠤᠷᠣᠭᠳᠠᠯ ᠪᠠᠷᠤᠭ ᠯᠡ ᠦᠭᠡᠶ᠂ ᠡᠨᠧᠷᠭᠢ ᠵᠢᠨ ᠬᠤᠷᠣᠭᠳᠠᠯ ᠥᠴᠥᠬᠡᠨ ᠴᠦ᠍ ᠦᠭᠡᠶ ᠪᠠᠷᠢᠯᠭ᠎ᠠ ᠵᠢᠨ ᠪᠠᠷᠢᠮᠵᠢᠶ᠎ᠠ ᠵᠢ ᠬᠡᠷᠡᠭᠵᠢᠭᠦᠯᠬᠦ ᠵᠢ᠎ᠨᠢ ᠵᠣᠷᠢᠭᠵᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠨ᠎ᠠ᠃ ᠳᠣᠷᠣᠭᠰᠢ ᠴᠥᠮ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠬᠤ ᠴᠢᠬᠤᠯᠠᠲᠠᠢ ᠪᠣᠯᠬᠤᠷ ᠳᠠᠭᠢᠵᠤ ᠵᠢᠭᠰᠠᠭ᠋ᠠᠵᠤ ᠲᠤᠳᠤᠷᠬᠠᠶ᠋ᠢᠯᠠᠬᠤ ᠥᠬᠡᠶ)
     2 . ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠵᠢᠨ ᠬᠤᠷᠣᠭᠳᠠᠯ᠎ᠲᠠᠢ ᠪᠠᠷᠢᠯᠭ᠎ᠠ ᠵᠢᠨ ᠬᠥᠭᠵᠢᠯᠲᠡ ᠵᠢ ᠯᠠᠪᠳᠠᠭᠤᠨ ᠵᠶ᠋ᠠᠷ ᠠᠬᠢᠭᠤᠯᠤᠨ᠎ᠠ᠃ ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠵᠢᠨ ᠬᠤᠷᠣᠭᠳᠠᠯ᠂ ᠡᠨᠧᠷᠭᠢ ᠵᠢᠨ ᠬᠤᠷᠣᠭᠳᠠᠯ ᠪᠠᠷᠤᠭ ᠯᠡ ᠦᠭᠡᠢ ᠬᠠᠮᠢᠶ᠎ᠠ ᠪᠥᠬᠦᠶ ᠵᠢᠷᠤᠭ ᠲᠥᠯᠥᠪᠯᠡᠭᠡ᠂ ᠮᠠᠲ᠋ᠧᠷᠢᠶᠠᠯ᠎ᠤᠨ ᠬᠡᠷᠡᠭᠯᠡᠭᠡᠨ᠎ᠤ ᠮᠡᠷᠭᠡᠵᠢᠯ᠎ᠤᠨ ᠵᠦᠭᠯᠡᠭᠦᠷ ᠪᠠ ᠪᠠᠷᠢᠯᠭ᠎ᠠ ᠪᠠᠷᠢᠬᠤ ᠮᠡᠷᠭᠡᠵᠢᠯ᠎ᠤᠨ ᠳᠦᠷᠢᠮᠯᠠᠯ᠎ᠢ ᠨᠠᠶ᠋ᠢᠷᠠᠭᠤᠯᠤᠨ ᠵᠣᠬᠢᠶᠠᠵᠤ᠂ ᠮᠡᠷᠭᠡᠵᠢᠯ᠎ᠤᠨ ᠪᠠᠷᠢᠮᠵᠢᠶ᠎ᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ᠃ ᠢᠳᠡᠪᠬᠢ ᠪᠤᠰᠤ ᠬᠡᠯᠪᠡᠷᠢ ᠪᠦᠬᠦᠢ ᠬᠡᠳᠦ ᠪᠠᠭ᠎ᠠ ᠡᠨᠧᠷᠭᠢ ᠵᠢᠨ ᠬᠤᠷᠣᠭᠳᠠᠯ᠂ ᠡᠨᠧᠷᠭᠢ ᠵᠢᠨ ᠬᠤᠷᠣᠭᠳᠠᠯ ᠪᠠᠷᠤᠭ ᠯᠡ ᠦᠭᠡᠢ ᠮᠡᠷᠭᠡᠵᠢᠯ᠎ᠤᠨ ᠰᠤᠳᠤᠯᠤᠯ ᠪᠠ ᠬᠤᠷᠠᠭᠤᠯᠵᠤ ᠰᠢᠨ᠎ᠡ ᠵᠢ ᠡᠭᠦᠳᠬᠦ ᠵᠢ ᠰᠠᠶ᠋ᠢᠲᠤᠷ ᠬᠢᠵᠦ᠂ ᠠᠵᠤ ᠦᠢ᠍ᠯᠡᠰ᠎ᠤᠨ ᠬᠠᠩᠭ᠋ᠠᠯᠭ᠎ᠠ ᠪᠠ ᠮᠡᠷᠭᠡᠵᠢᠯ᠎ᠤᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠵᠢᠨ ᠬᠤᠷᠣᠭᠳᠠᠯ᠎ᠲᠠᠢ ᠪᠠᠷᠢᠯᠭ᠎ᠠ᠂ ᠡᠨᠧᠷᠭᠢ ᠵᠢᠨ ᠬᠤᠷᠣᠭᠳᠠᠯ ᠪᠠᠷᠤᠭ ᠯᠡ ᠦᠭᠡᠢ ᠪᠠᠷᠢᠯᠭ᠎ᠠ ᠵᠢᠨ ᠲᠤᠷᠰᠢᠯᠲᠠ ᠵᠢᠨ ᠴᠡᠭ᠎ᠤᠨ ᠵᠢᠱ᠌ᠢᠶ᠎ᠡ ᠦᠵᠡᠭᠦᠯᠬᠦ ᠠᠵᠢᠯ᠎ᠢ ᠥᠷᠨᠢᠭᠦᠯᠵᠦ᠂ ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠵᠢᠨ ᠬᠤᠷᠣᠭᠳᠠᠯ᠎ᠲᠠᠢ᠂ ᠡᠨᠧᠷᠭᠢ ᠵᠢᠨ ᠬᠤᠷᠣᠭᠳᠠᠯ ᠪᠠᠷᠤᠭ ᠯᠡ ᠦᠭᠡᠢ ᠪᠠᠷᠢᠯᠭ᠎ᠠ ᠵᠢᠨ ᠬᠥᠭᠵᠢᠯᠲᠡ ᠵᠢ ᠲᠠᠰᠤᠷᠠᠯᠲᠠ ᠦᠭᠡᠢ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠬᠠᠷᠢᠭᠤᠴᠠᠨ᠎ᠠ)
     3 . ᠪᠠᠷᠢᠯᠭ᠎ᠠ ᠵᠢᠨ ᠡᠨᠧᠷᠭᠢ ᠠᠷᠪᠢᠯᠠᠬᠤ ᠬᠢᠨᠠᠯᠲᠠ ᠬᠠᠮᠢᠶᠠᠷᠤᠯᠲᠠ ᠵᠢᠨ ᠲᠣᠭᠲᠠᠯᠴᠠᠭ᠎ᠠ ᠵᠢ   ᠪᠥᠷᠢᠨᠰᠢᠭᠦᠯᠦᠨ᠎ᠡ᠃ ᠡᠨᠧᠷᠭᠢ ᠵᠢᠨ ᠠᠰᠢᠭᠯᠠᠮᠵᠢ ᠵᠢ ᠰᠢᠯᠭ᠋ᠠᠨ ᠲᠣᠭᠲᠠᠭ᠋ᠠᠬᠤ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠵᠦ᠂ ᠡᠨᠧᠷᠭᠢ ᠵᠢᠨ ᠠᠰᠢᠭᠯᠠᠮᠵᠢ ᠵᠢ ᠰᠢᠯᠭ᠋ᠠᠨ ᠲᠣᠭᠲᠠᠭ᠋ᠠᠬᠤ ᠪᠠᠶ᠋ᠢᠭᠤᠯᠤᠮᠵᠢ ᠵᠢᠨ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠂ ᠢᠯᠡᠳᠬᠡᠬᠦ ᠲᠡᠮᠳᠡᠭ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ᠎ᠪᠠᠨ   ᠠᠬᠢᠭᠤᠯᠤᠨ᠎ᠠ᠃ ᠣᠯᠠᠨ ᠨᠡᠶ᠋ᠢᠲᠡ ᠵᠢᠨ ᠪᠠᠷᠢᠯᠭ᠎ᠠ ᠵᠢᠨ ᠡᠨᠧᠷᠭᠢ ᠵᠢᠨ ᠠᠰᠢᠭᠯᠠᠮᠵᠢ ᠵᠢᠨ ᠬᠠᠮᠢᠶᠠᠷᠤᠯᠲᠠ ᠵᠢ ᠴᠢᠩᠭ᠋ᠠᠷᠠᠭᠤᠯᠵᠤ᠂ ᠠᠯᠪᠠᠨ ᠪᠠᠶ᠋ᠢᠭᠤᠯᠭ᠎ᠠ ᠵᠢᠨ ᠠᠯᠪᠠᠯᠠᠬᠤ ᠭᠠᠵᠠᠷ᠎ᠤᠨ ᠪᠠᠷᠢᠯᠭ᠎ᠠ ᠪᠠ ᠣᠯᠠᠨ ᠨᠡᠶ᠋ᠢᠲᠡ ᠵᠢᠨ ᠲᠣᠮᠣ ᠬᠡᠯᠪᠡᠷᠢ ᠵᠢᠨ ᠪᠠᠷᠢᠯᠭ᠎ᠠ᠎ᠳᠤ ᠡᠨᠧᠷᠭᠢ ᠠᠷᠪᠢᠯᠠᠬᠤ ᠵᠢ ᠬᠢᠨᠠᠨ ᠰᠢᠨᠵᠢᠬᠦ ᠰᠢᠰᠲ᠋ᠧᠮ ᠤᠭᠰᠠᠷᠠᠬᠤ ᠵᠢ ᠠᠬᠢᠭᠤᠯᠤᠨ᠎ᠠ᠂ ᠨᠥᠬᠦᠴᠡᠯ᠎ᠲᠠᠢ ᠭᠠᠵᠠᠷ ᠣᠷᠣᠨ᠎ᠨᠢ ᠣᠯᠠᠨ ᠨᠡᠶ᠋ᠢᠲᠡ ᠵᠢᠨ ᠪᠤᠰᠤᠳ ᠪᠠᠷᠢᠯᠭ᠎ᠠ᠂ ᠣᠷᠣᠨ ᠰᠠᠭᠤᠴᠠ ᠵᠢᠨ ᠪᠠᠷᠢᠯᠭ᠎ᠠ ᠬᠦᠷᠲᠡᠯ᠎ᠡ ᠤᠭᠰᠠᠷᠠᠵᠦ᠂ ᠪᠠᠷᠢᠯᠭ᠎ᠠ ᠵᠢᠨ ᠡᠨᠧᠷᠭᠢ ᠬᠡᠷᠡᠭᠯᠡᠬᠦ ᠵᠢ ᠲᠥᠷᠥᠯ ᠬᠤᠪᠢᠶᠠᠬᠤ ᠪᠠ ᠵᠦᠢ᠍ᠯ ᠬᠤᠪᠢᠶᠠᠨ ᠬᠡᠮᠵᠢᠬᠦ ᠪᠣᠯᠭ᠋ᠠᠨ᠎ᠠ᠃ ᠣᠯᠠᠨ ᠨᠡᠶ᠋ᠢᠲᠡ ᠵᠢᠨ ᠪᠠᠷᠢᠯᠭ᠎ᠠ᠎ᠳᠠᠬᠢ ᠡᠨᠧᠷᠭᠢ ᠵᠣᠬᠢᠰᠲᠠᠶ ᠬᠡᠷᠡᠭᠯᠡᠬᠦ᠂ ᠡᠨᠧᠷᠭᠢ ᠵᠢᠨ ᠬᠤᠷᠣᠭᠳᠠᠯ᠎ᠢ ᠬᠢᠵᠠᠭ᠋ᠠᠷᠯᠠᠬᠤ᠂ ᠪᠠᠷᠢᠯᠭ᠎ᠠ ᠵᠢᠨ ᠲᠥᠷᠥᠯ ᠬᠤᠪᠢᠶᠠᠨ ᠡᠨᠧᠷᠭᠢ ᠬᠡᠷᠡᠭᠯᠡᠬᠦ ᠵᠢᠨ ᠵᠢᠱ᠌ᠢᠶᠡᠯᠡᠪᠦᠷᠢ ᠵᠡᠷᠭᠡ ᠳᠦᠷᠢᠮ᠎ᠢ ᠪᠠᠶ᠋ᠢᠭᠤᠯᠤᠨ᠎ᠠ᠃ ᠡᠨᠧᠷᠭᠢ ᠵᠢᠨ ᠬᠤᠷᠣᠭᠳᠠᠯ᠎ᠢ ᠪᠦᠷᠢᠳᠬᠡᠬᠦ᠂ ᠡᠨᠧᠷᠭᠢ ᠵᠢ ᠬᠢᠨᠠᠨ ᠪᠣᠳᠣᠬᠤ᠂ ᠡᠨᠧᠷᠭᠢ ᠵᠢᠨ ᠬᠤᠷᠣᠭᠳᠠᠯ᠎ᠢ ᠰᠦᠯᠵᠢᠶ᠎ᠡ᠎ᠪᠠᠷ ᠬᠢᠨᠠᠨ ᠰᠢᠨᠵᠢᠬᠦ᠂ ᠡᠨᠧᠷᠭᠢ ᠵᠢᠨ ᠠᠰᠢᠭᠯᠠᠮᠵᠢ ᠵᠢ ᠢᠯᠡ ᠨᠡᠶ᠋ᠢᠲᠡᠯᠡᠬᠦ ᠵᠡᠷᠭᠡ ᠠᠵᠢᠯ ᠵᠶ᠋ᠠᠨ   ᠠᠬᠢᠭᠤᠯᠵᠤ᠂ ᠪᠠᠷᠢᠯᠭ᠎ᠠ ᠵᠢᠨ ᠠᠵᠢᠯᠯᠠᠭ᠋ᠠᠨ᠎ᠤ ᠱᠠᠲᠤᠨ᠎ᠳᠠᠬᠢ ᠡᠨᠧᠷᠭᠢ ᠵᠢᠨ ᠠᠰᠢᠭᠯᠠᠮᠵᠢ ᠵᠢᠨ ᠬᠠᠮᠢᠶᠠᠷᠤᠯᠲᠠ ᠵᠢ ᠴᠢᠩᠭ᠋ᠠᠷᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠪᠠᠶ᠋ᠢᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ)
     4 . ᠮᠠᠯᠵᠢᠬᠤ ᠲᠠᠷᠢᠶᠠᠯᠠᠬᠤ ᠣᠷᠣᠨ᠎ᠤ ᠣᠷᠣᠨ ᠰᠠᠭᠤᠴᠠ ᠵᠢ ᠬᠥᠲᠥᠯᠥᠨ ᠵᠢᠯᠣᠭᠤᠳᠴᠤ ᠪᠠᠶ᠋ᠢᠭ᠋ᠠᠳ ᠪᠠᠷᠢᠯᠭ᠎ᠠ ᠵᠢᠨ ᠡᠨᠧᠷᠭᠢ ᠠᠷᠪᠢᠯᠠᠬᠤ ᠪᠠᠷᠢᠮᠵᠢᠶ᠎ᠠ ᠵᠢ ᠬᠡᠷᠡᠭᠵᠢᠭᠦᠯᠦᠨ᠎ᠡ᠃ ᠵᠠᠰᠠᠭ᠎ᠤᠨ ᠣᠷᠳᠣᠨ᠎ᠠᠴᠠ ᠪᠠᠯᠠ ᠣᠷᠣᠭᠤᠯᠤᠭᠰᠠᠨ ᠮᠠᠯᠵᠢᠬᠤ ᠲᠠᠷᠢᠶᠠᠯᠠᠬᠤ ᠣᠷᠣᠨ᠎ᠤ ᠣᠯᠠᠨ ᠨᠡᠶ᠋ᠢᠲᠡ ᠵᠢᠨ ᠪᠠᠷᠢᠯᠭ᠎ᠠ᠂ ᠮᠠᠯᠵᠢᠬᠤ ᠲᠠᠷᠢᠶᠠᠯᠠᠬᠤ ᠣᠷᠣᠨ᠎ᠤ ᠡᠯ᠎ᠡ ᠲᠥᠷᠥᠯ᠎ᠤᠨ ᠬᠡᠷ ᠪᠠᠶ᠋ᠢᠰᠢᠩ᠎ᠤᠨ ᠪᠥᠲᠥᠭᠡᠨ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠳᠤ ᠪᠣᠬᠢᠷᠲᠤᠯ ᠥᠬᠡᠶ ᠡᠨᠧᠷᠭᠢ ᠠᠷᠪᠢᠯᠠᠬᠤ ᠮᠡᠷᠭᠡᠵᠢᠯ᠎ᠢ ᠰᠣᠩᠭᠤᠨ ᠬᠡᠷᠡᠭᠯᠡᠬᠦ ᠵᠢ᠎ᠨᠢ ᠵᠣᠷᠢᠭᠵᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠣᠷᠣᠨ ᠰᠠᠭᠤᠴᠠ ᠵᠢᠨ ᠪᠠᠷᠢᠯᠭ᠎ᠠ ᠵᠢ 《ᠮᠠᠯᠵᠢᠬᠤ ᠲᠠᠷᠢᠶᠠᠯᠠᠬᠤ ᠣᠷᠣᠨ᠎ᠤ ᠣᠷᠣᠨ ᠰᠠᠭᠤᠴᠠ ᠵᠢᠨ ᠪᠠᠷᠢᠯᠭ᠎ᠠ ᠵᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠵᠢᠨ ᠪᠠᠷᠢᠮᠵᠢᠶ᠎ᠠ》 (DBJ03-78-2017) ᠶᠣᠰᠣᠭ᠋ᠠᠷ ᠵᠢᠷᠤᠭᠯᠠᠨ ᠲᠥᠯᠥᠪᠯᠡᠬᠦ ᠪᠠ ᠪᠠᠶ᠋ᠢᠭᠤᠯᠬᠤ ᠵᠢ ᠠᠬᠢᠭᠤᠯᠤᠨ᠎ᠠ᠃ ᠬᠤᠳᠠ ᠬᠥᠳᠡᠭᠡ ᠵᠢᠨ ᠠᠭᠤᠯᠵᠠᠷ ᠬᠡᠰᠡᠭ᠎ᠲᠠᠬᠢ ᠤᠤᠯ᠎ᠤᠨ ᠪᠠᠶ᠋ᠢᠭᠰᠠᠨ ᠪᠠᠷᠢᠯᠭ᠎ᠠ ᠵᠢᠨ ᠡᠨᠧᠷᠭᠢ ᠠᠷᠪᠢᠯᠠᠬᠤ ᠵᠢ ᠥᠭᠡᠷᠡᠴᠢᠯᠡᠨ ᠰᠠᠶ᠋ᠢᠵᠢᠷᠠᠭᠤᠯᠬᠤ ᠪᠠ ᠰᠢᠨ᠎ᠡ᠎ᠪᠠᠷ ᠪᠠᠶ᠋ᠢᠭᠤᠯᠬᠤ ᠪᠠᠷᠢᠯᠭ᠎ᠠ ᠵᠢᠨ ᠡᠨᠧᠷᠭᠢ ᠵᠢᠨ ᠠᠰᠢᠭᠯᠠᠮᠵᠢ ᠵᠢ ᠳᠡᠭᠡᠭᠰᠢᠯᠡᠭᠦᠯᠬᠦ᠎ᠪᠠᠨ ᠴᠢᠩᠭ᠋ᠠᠳᠬᠠᠨ᠎ᠠ᠃ ᠲᠠᠷᠢᠶᠠᠴᠢᠨ᠎ᠤ ᠭᠡᠷ ᠪᠠᠶ᠋ᠢᠰᠢᠩ᠎ᠤᠨ ᠪᠣᠬᠢᠷᠲᠤᠯ ᠦᠭᠡᠢ ᠪᠦᠲᠦᠭᠡᠨ ᠪᠠᠶ᠋ᠢᠭᠤᠯᠤᠯᠲᠠ ᠵᠢ ᠥᠷᠨᠢᠭᠦᠯᠦᠨ᠎ᠡ᠃ ᠴᠡᠪᠡᠷ ᠳᠤᠯᠠᠭ᠋ᠠᠯᠠᠭ᠎ᠠ ᠵᠢ ᠳᠡᠯᠭᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠪᠠᠷᠢᠯᠭ᠎ᠠ ᠵᠢᠨ ᠡᠨᠧᠷᠭᠢ ᠬᠡᠷᠡᠭᠯᠡᠬᠦ ᠵᠢ ᠴᠡᠪᠡᠷᠰᠢᠭᠦᠯᠬᠦ᠂ ᠨᠡᠭᠦᠷᠡᠰᠦ ᠦᠭᠡᠢ ᠪᠣᠯᠭ᠋ᠠᠬᠤ ᠵᠢ᠎ᠨᠢ ᠬᠥᠲᠥᠯᠥᠨ ᠵᠢᠯᠣᠭᠤᠳᠴᠤ᠂ ᠣᠷᠣᠨ ᠰᠠᠭᠤᠴᠠ ᠵᠢᠨ ᠣᠷᠴᠢᠨ ᠨᠥᠬᠦᠴᠡᠯ᠎ᠢ ᠰᠠᠶ᠋ᠢᠵᠢᠷᠠᠭᠤᠯᠤᠨ᠂ ᠡᠩ᠎ᠤᠨ ᠡᠨᠧᠷᠭᠢ ᠵᠢᠨ ᠬᠤᠷᠣᠭᠳᠠᠯ᠎ᠢ ᠪᠠᠭᠤᠷᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠠᠮᠢ ᠠᠬᠤᠶ ᠣᠷᠴᠢᠨ ᠲᠣᠭᠤᠷᠢᠨ᠎ᠤ ᠲᠢᠩᠬᠢᠮ ᠬᠠᠷᠢᠭᠤᠴᠠᠨ᠎ᠠ)
     (ᠬᠤᠶᠠᠷ) ᠪᠣᠬᠢᠷᠲᠤᠯ ᠦᠭᠡᠢ ᠪᠠᠷᠢᠯᠭ᠎ᠠ ᠵᠢᠨ ᠬᠡᠪᠴᠢᠶᠡᠵᠢᠨ ᠬᠥᠭᠵᠢᠬᠦ ᠵᠢ ᠠᠬᠢᠭᠤᠯᠤᠨ᠎ᠠ᠃
     1 . ᠪᠣᠬᠢᠷᠲᠤᠯ ᠦᠭᠡᠶ ᠪᠠᠷᠢᠯᠭ᠎ᠠ ᠵᠢᠨ ᠪᠠᠷᠢᠮᠵᠢᠶ᠎ᠠ ᠵᠢ ᠬᠡᠷᠡᠭᠵᠢᠭᠦᠯᠬᠦ ᠬᠡᠪᠴᠢᠶ᠎ᠡ᠎ᠪᠠᠨ ᠥᠷᠭᠡᠳᠬᠡᠨ᠎ᠡ᠃ ᠪᠣᠬᠢᠷᠲᠤᠯ ᠦᠭᠡᠶ ᠪᠠᠷᠢᠯᠭ᠎ᠠ ᠵᠢ ᠠᠬᠢᠭᠤᠯᠬᠤ᠎ᠳᠤ ᠳᠠᠩ ᠴᠣᠭᠴᠠ᠂ ᠪᠦᠯᠬᠦᠮ᠎ᠲᠠᠢ ᠬᠥᠭᠵᠢᠵᠦ ᠪᠠᠶ᠋ᠢᠭᠰᠠᠨ᠎ᠠᠴᠠ ᠰᠠᠭᠤᠭ᠋ᠠᠯᠢ ᠲᠣᠭᠤᠷᠢᠭ ᠲᠡᠶ᠋ᠢᠰᠢ᠂ ᠣᠷᠣᠨ ᠪᠦᠰᠡ ᠲᠡᠶ᠋ᠢᠰᠢ ᠬᠥᠭᠵᠢᠭᠦᠯᠬᠦ ᠪᠣᠯᠭ᠋ᠠᠵᠤ᠂ ᠪᠣᠬᠢᠷᠲᠤᠯ ᠦᠭᠡᠶ ᠠᠮᠢ ᠠᠬᠤᠶ ᠵᠢᠨ ᠰᠠᠭᠤᠭ᠋ᠠᠯᠢ ᠲᠣᠭᠤᠷᠢᠭ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠬᠥᠬᠡᠬᠤᠲᠠ᠂ ᠪᠤᠭᠤᠲᠤ ᠬᠤᠲᠠ ᠵᠢᠨ ᠰᠢᠨ᠎ᠡ᠎ᠪᠠᠷ ᠪᠠᠶ᠋ᠢᠭᠤᠯᠬᠤ ᠪᠠᠷᠢᠯᠭ᠎ᠠ᠎ᠳᠤ ᠪᠣᠬᠢᠷᠲᠤᠯ ᠦᠭᠡᠶ ᠪᠠᠷᠢᠯᠭ᠎ᠠ ᠵᠢᠨ ᠪᠠᠷᠢᠮᠵᠢᠶ᠎ᠠ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠪᠤᠰᠤᠳ ᠭᠠᠵᠠᠷ ᠣᠷᠣᠨ᠎ᠢ ᠵᠣᠷᠢᠭᠵᠢᠭᠤᠯᠤᠨ ᠪᠣᠬᠢᠷᠲᠤᠯ ᠦᠭᠡᠶ ᠪᠠᠷᠢᠯᠭ᠎ᠠ ᠵᠢᠨ ᠬᠡᠷᠡᠭᠵᠢᠭᠦᠯᠬᠦ ᠬᠡᠪᠴᠢᠶ᠎ᠡ ᠵᠢ ᠥᠷᠭᠡᠳᠬᠡᠨ᠎ᠡ᠃ ᠡᠯ᠎ᠡ ᠭᠠᠵᠠᠷ ᠣᠷᠣᠨ᠎ᠤ ᠪᠣᠬᠢᠷᠲᠤᠯ ᠥᠬᠡᠶ ᠠᠮᠢ ᠠᠬᠤᠶ ᠵᠢᠨ ᠬᠤᠲᠠ ᠲᠣᠭᠤᠷᠢᠭ᠎ᠤᠨ ᠬᠥᠭᠵᠢᠯᠲᠡ ᠵᠢᠨ ᠲᠥᠯᠥᠪᠵᠢᠭᠦᠯᠭᠡ ᠲᠣᠭᠲᠠᠭ᠋ᠠᠬᠤ ᠵᠢ ᠠᠬᠢᠭᠤᠯᠵᠤ᠂ ᠲᠥᠷᠥ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠦᠨ᠂ ᠪᠠᠶ᠋ᠢᠭᠤᠯᠤᠯ ᠲᠣᠭᠲᠠᠴᠠ᠎ᠳᠤ ᠰᠢᠨ᠎ᠡ ᠵᠢ ᠡᠭᠦᠳᠦᠨ᠂ ᠪᠣᠬᠢᠷᠲᠤᠯ ᠥᠬᠡᠶ ᠠᠮᠢ ᠠᠬᠤᠶ ᠵᠢᠨ ᠬᠤᠲᠠ ᠲᠣᠭᠤᠷᠢᠭ᠎ᠢ ᠢᠳᠡᠪᠬᠢᠲᠡᠶ ᠡᠭᠦᠳᠦᠨ ᠪᠠᠶ᠋ᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ᠎ᠤ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠬᠠᠷᠢᠭᠤᠴᠠᠨ᠎ᠠ)
     2 . ᠥᠨᠳᠥᠷ ᠣᠳᠣᠨ ᠲᠠᠰ᠎ᠤᠨ ᠪᠣᠬᠢᠷᠲᠤᠯ ᠦᠭᠡᠶ ᠪᠠᠷᠢᠯᠭ᠎ᠠ ᠵᠢ ᠬᠥᠭᠵᠢᠭᠦᠯᠦᠨ᠎ᠡ᠃ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠬᠡᠷᠡᠭᠴᠡᠬᠡᠨ᠎ᠤ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠵᠢᠨ ᠬᠥᠭᠵᠢᠯᠲᠡ ᠵᠢᠨ ᠳᠦᠷᠢᠮ》᠎ᠳᠤ ᠲᠣᠭᠲᠠᠭ᠋ᠠᠭᠰᠠᠨ 《ᠳᠥᠷᠪᠡᠨ ᠲᠥᠷᠥᠯ》᠎ᠤᠨ ᠠᠷᠠᠳ᠎ᠤᠨ ᠬᠡᠷᠡᠭᠴᠡᠬᠡᠨ᠎ᠤ ᠪᠠᠷᠢᠯᠭ᠎ᠠ ᠵᠢ ᠨᠢᠭᠡ ᠣᠳᠣᠨ ᠳᠡᠰ᠎ᠠᠴᠠ ᠳᠡᠭᠡᠭᠰᠢᠬᠢ ᠪᠣᠬᠢᠷᠲᠤᠯ ᠦᠭᠡᠶ ᠪᠠᠷᠢᠯᠭ᠎ᠠ ᠵᠢᠨ ᠪᠠᠷᠢᠮᠵᠢᠶ᠎ᠠ᠎ᠪᠠᠷ ᠵᠢᠷᠤᠭᠯᠠᠨ ᠲᠥᠯᠥᠪᠯᠡᠵᠦ ᠪᠠᠶ᠋ᠢᠭᠤᠯᠤᠨ᠎ᠠ᠃ ᠪᠠᠷᠢᠯᠭ᠎ᠠ᠂ ᠪᠦᠲᠦᠴᠡ᠂ ᠮᠠᠰᠢᠨ ᠴᠠᠬᠢᠯᠭ᠋ᠠᠨ᠂ ᠵᠠᠰᠠᠵᠤ ᠴᠢᠮᠡᠭᠯᠡᠬᠦ ᠵᠡᠷᠭᠡ ᠲᠤᠰᠬᠠᠶ ᠮᠡᠷᠭᠡᠵᠢᠯ ᠵᠶ᠋ᠠᠷ ᠬᠠᠮᠵᠢᠯᠴᠠᠬᠤ ᠵᠢᠴᠢ ᠵᠢᠷᠤᠭᠯᠠᠨ ᠲᠥᠯᠥᠪᠯᠡᠬᠦ᠂ ᠦᠢ᠍ᠯᠡᠳᠪᠦᠷᠢᠯᠡᠬᠦ᠂ ᠬᠤᠳᠠᠯᠳᠤᠨ ᠠᠪᠬᠤ ᠪᠦᠬᠦ ᠶᠠᠪᠤᠴᠠ ᠵᠢ᠎ᠨᠢ ᠨᠢᠭᠡᠳᠦᠯᠲᠡᠶ ᠲᠥᠯᠥᠪᠯᠡᠭᠰᠡᠨ ᠪᠣᠬᠢᠷᠲᠤᠯ ᠦᠭᠡᠶ ᠪᠠᠷᠢᠯᠭ᠎ᠠ ᠵᠢᠨ ᠮᠡᠷᠭᠡᠵᠢᠯ᠎ᠤᠨ ᠬᠤᠷᠠᠮᠠᠯ ᠬᠡᠷᠡᠭᠯᠡᠭᠡᠨ᠎ᠢ ᠳᠡᠯᠭᠡᠷᠡᠭᠦᠯᠵᠦ᠂ ᠪᠤᠰᠤᠳ ᠭᠡᠷ ᠪᠠᠶ᠋ᠢᠰᠢᠩ ᠭᠠᠵᠠᠷ ᠬᠥᠷᠥᠩᠭᠡ ᠵᠢᠨ ᠨᠡᠭᠡᠭᠡᠨ ᠬᠥᠭᠵᠢᠭᠦᠯᠬᠦ ᠲᠥᠷᠥᠯ ᠵᠦᠢ᠍ᠯ᠎ᠳᠤ ᠥᠨᠳᠥᠷ ᠣᠳᠣᠨ ᠲᠠᠰ᠎ᠤᠨ ᠪᠣᠬᠢᠷᠲᠤᠯ ᠦᠭᠡᠶ ᠪᠠᠷᠢᠯᠭ᠎ᠠ ᠪᠦᠲᠦᠭᠡᠨ ᠪᠠᠶ᠋ᠢᠭᠤᠯᠬᠤ ᠵᠢ ᠵᠣᠷᠢᠭᠵᠢᠭᠤᠯᠤᠨ᠂ ᠨᠢᠭᠡ ᠪᠦᠯᠦᠭ ᠣᠳᠣᠨ ᠲᠠᠰ᠎ᠲᠠᠢ ᠪᠣᠬᠢᠷᠲᠤᠯ ᠦᠭᠡᠶ ᠪᠠᠷᠢᠯᠭ᠎ᠠ᠂ ᠪᠣᠬᠢᠷᠲᠤᠯ ᠦᠭᠡᠶ ᠠᠮᠢ ᠠᠬᠤᠶ ᠵᠢᠨ ᠰᠠᠭᠤᠭ᠋ᠠᠯᠢ ᠲᠣᠭᠤᠷᠢᠭ᠎ᠢ ᠲᠥᠪᠯᠡᠷᠡᠭᠦᠯᠦᠨ ᠵᠠᠯᠭ᠋ᠠᠯᠳᠤᠭᠤᠯᠵᠤ ᠪᠦᠲᠦᠭᠡᠨ ᠪᠠᠶ᠋ᠢᠭᠤᠯᠤᠨ᠎ᠠ᠃ ᠪᠣᠬᠢᠷᠲᠤᠯ ᠦᠭᠡᠶ ᠪᠠᠷᠢᠯᠭ᠎ᠠ ᠵᠢᠨ ᠲᠡᠮᠳᠡᠭ᠎ᠢ ᠱᠠᠲᠤ ᠬᠤᠪᠢᠶᠠᠨ ᠬᠠᠮᠢᠶᠠᠷᠬᠤ ᠵᠢ ᠬᠡᠷᠡᠭᠵᠢᠭᠦᠯᠵᠦ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠂ ᠡᠯ᠎ᠡ ᠠᠶ᠋ᠢᠮᠠᠭ ᠬᠤᠲᠠ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠣᠪᠴᠢᠶ᠎ᠠ᠎ᠳᠤ ᠲᠤᠰ ᠲᠤᠰ ᠭᠤᠷᠪᠠᠨ ᠣᠳᠣᠨ᠂ ᠬᠤᠶᠠᠷ ᠣᠳᠣᠨ᠂ ᠨᠢᠭᠡ ᠣᠳᠣᠨ ᠲᠡᠰ᠎ᠤᠨ ᠪᠣᠬᠢᠷᠲᠤᠯ ᠦᠭᠡᠶ ᠪᠠᠷᠢᠯᠭ᠎ᠠ ᠵᠢᠨ ᠲᠡᠮᠳᠡᠭ ᠣᠯᠭᠤᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ ᠬᠠᠷᠢᠭᠤᠴᠠᠨ᠎ᠠ)
     3 . ᠪᠣᠬᠢᠷᠲᠤᠯ ᠥᠬᠡᠶ ᠣᠷᠣᠨ ᠰᠠᠭᠤᠴᠠ ᠵᠢᠨ ᠬᠡᠷᠡᠭᠯᠡᠭᠴᠢ᠎ᠳᠤ ᠬᠢᠨᠠᠯᠲᠠ ᠲᠠᠯᠪᠢᠬᠤ ᠲᠣᠭᠲᠠᠴᠠ ᠵᠢ ᠪᠠᠶ᠋ᠢᠭᠤᠯᠤᠨ᠎ᠠ᠃ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ᠎ᠤ 《ᠪᠣᠬᠢᠷᠲᠤᠯ ᠥᠬᠡᠶ ᠣᠷᠣᠨ ᠰᠠᠭᠤᠴᠠ ᠬᠤᠳᠠᠯᠳᠤᠨ ᠠᠪᠤᠭᠴᠢ ᠵᠢᠨ ᠭᠡᠷ ᠪᠠᠶ᠋ᠢᠰᠢᠩ᠎ᠢ ᠰᠢᠯᠭ᠋ᠠᠬᠤ ᠵᠦᠭᠯᠡᠭᠦᠷ》 ᠪᠠ ᠪᠣᠬᠢᠷᠲᠤᠯ ᠥᠬᠡᠶ ᠣᠷᠣᠨ ᠰᠠᠭᠤᠴᠠ ᠵᠢᠨ ᠬᠡᠷᠡᠭᠯᠡᠭᠴᠢ᠎ᠳᠤ ᠬᠢᠨᠠᠯᠲᠠ ᠲᠠᠯᠪᠢᠬᠤ ᠠᠵᠢᠯ᠎ᠤᠨ ᠱᠠᠭ᠋ᠠᠷᠳᠠᠯᠭ᠎ᠠ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠪᠣᠬᠢᠷᠲᠤᠯ ᠥᠬᠡᠶ ᠣᠷᠣᠨ ᠰᠠᠭᠤᠴᠠ ᠵᠢᠨ ᠨᠡᠭᠡᠭᠡᠨ ᠬᠥᠭᠵᠢᠭᠦᠯᠵᠦ ᠪᠦᠲᠦᠭᠡᠨ ᠪᠠᠶ᠋ᠢᠭᠤᠯᠬᠤ ᠨᠢᠭᠡᠴᠢ ᠵᠢ ᠬᠥᠲᠥᠯᠥᠨ ᠵᠢᠯᠣᠭᠤᠳᠴᠤ ᠪᠠᠶ᠋ᠢᠭ᠋ᠠᠳ ᠭᠡᠷ ᠪᠠᠶ᠋ᠢᠰᠢᠩ ᠬᠤᠳᠠᠯᠳᠤᠨ ᠠᠪᠤᠭᠴᠢ᠎ᠲᠠᠢ ᠬᠠᠮᠵᠢᠯᠴᠠᠨ ᠭᠡᠷ ᠪᠠᠶ᠋ᠢᠰᠢᠩ᠎ᠢ᠎ᠨᠢ ᠰᠢᠯᠭ᠋ᠠᠬᠤ ᠠᠵᠢᠯ᠎ᠢ ᠰᠠᠶ᠋ᠢᠲᠤᠷ ᠬᠢᠯᠭᠡᠨ᠎ᠡ᠃ ᠡᠯ᠎ᠡ ᠭᠠᠵᠠᠷ ᠣᠷᠣᠨ᠎ᠢ ᠵᠣᠷᠢᠭᠵᠢᠭᠤᠯᠵᠤ ᠪᠠᠶ᠋ᠢᠭ᠋ᠠᠳ ᠣᠷᠣᠨ ᠰᠠᠭᠤᠴᠠ ᠵᠢᠨ ᠪᠣᠬᠢᠷᠲᠤᠯ ᠥᠬᠡᠶ ᠴᠢᠳᠠᠮᠵᠢ ᠪᠠ ᠪᠦᠷᠢᠨ ᠵᠠᠰᠠᠵᠤ ᠴᠢᠮᠡᠭᠯᠡᠬᠦ ᠶᠠᠰᠤ ᠴᠢᠨᠠᠷ᠎ᠤᠨ ᠬᠠᠮᠢᠶ᠎ᠠ ᠪᠦᠬᠦᠢ ᠭᠦᠢ᠍ᠴᠡᠳᠬᠡᠯ ᠲᠤᠭ᠎ᠠ ᠵᠢ ᠲᠠᠸᠠᠷ᠎ᠤᠨ ᠭᠡᠷ ᠪᠠᠶ᠋ᠢᠰᠢᠩ ᠬᠤᠳᠠᠯᠳᠤᠭ᠋ᠠᠯᠠᠬᠤ ᠭᠡᠷ᠎ᠡ᠂ ᠣᠷᠣᠨ ᠰᠠᠭᠤᠴᠠ ᠵᠢᠨ ᠶᠠᠰᠤ ᠴᠢᠨᠠᠷ᠎ᠤᠨ ᠪᠠᠲᠤᠯᠠᠭ᠎ᠠ ᠵᠢᠨ ᠪᠢᠴᠢᠭ ᠪᠠ ᠣᠷᠣᠨ ᠰᠠᠭᠤᠴᠠ ᠬᠡᠷᠡᠭᠯᠡᠬᠦ ᠲᠣᠳᠣᠷᠬᠠᠶ᠋ᠢᠯᠠᠯᠲᠠ ᠵᠢᠨ ᠪᠢᠴᠢᠭ᠎ᠲᠤ ᠣᠷᠣᠭᠤᠯᠵᠤ᠂ ᠶᠠᠰᠤ ᠴᠢᠨᠠᠷ᠎ᠤᠨ ᠵᠠᠰᠠᠵᠤ ᠪᠠᠲᠤᠯᠠᠬᠤ ᠬᠠᠷᠢᠭᠤᠴᠠᠯᠭ᠎ᠠ ᠪᠠ ᠵᠢᠭᠤᠷᠠᠯᠳᠤᠭ᠋ᠠᠨ᠎ᠢ ᠰᠢᠢ᠍ᠳᠪᠦᠷᠢᠡᠯᠬᠦ ᠠᠷᠭ᠎ᠠ ᠮᠠᠶᠢᠭ᠎ᠢ᠎ᠨᠢ ᠲᠣᠳᠣᠷᠬᠠᠶ ᠲᠣᠭᠲᠠᠭ᠋ᠠᠨ᠎ᠠ᠃ ᠨᠢᠭᠡ ᠪᠦᠯᠦᠭ ᠣᠷᠣᠨ ᠰᠠᠭᠤᠴᠠ᠎ᠳᠤ ᠡᠷᠡᠭᠦᠯ ᠡᠩᠬᠡ ᠵᠢᠨ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠢ ᠠᠬᠢᠭᠤᠯᠵᠤ᠂ ᠣᠷᠣᠨ ᠰᠠᠭᠤᠴᠠ ᠵᠢᠨ ᠡᠷᠡᠭᠦᠯ ᠡᠩᠬᠡ ᠵᠢᠨ ᠴᠢᠳᠠᠮᠵᠢ ᠵᠢᠨ ᠵᠢᠷᠤᠭ ᠲᠥᠯᠥᠪᠯᠡᠭᠡ ᠵᠢᠨ ᠱᠠᠭ᠋ᠠᠷᠳᠠᠯᠭ᠎ᠠ ᠵᠢ ᠴᠢᠩᠭ᠋ᠠᠷᠠᠭᠤᠯᠤᠨ᠂ ᠪᠠᠷᠢᠯᠭ᠎ᠠ ᠳᠠᠭᠤᠰᠴᠤ ᠰᠢᠯᠭ᠋ᠠᠨ ᠠᠪᠬᠤ ᠬᠠᠮᠢᠶᠠᠷᠤᠯᠲᠠ ᠵᠢ ᠴᠢᠩᠳᠠᠯᠠᠵᠤ᠂ ᠪᠣᠬᠢᠷᠲᠤᠯ ᠥᠬᠡᠶ ᠡᠷᠡᠭᠦᠯ ᠡᠩᠬᠡ ᠵᠢᠨ ᠣᠷᠣᠨ ᠰᠠᠭᠤᠴᠠ ᠵᠢᠨ ᠴᠢᠨᠠᠷ ᠴᠢᠨᠰᠠᠭ᠎ᠠ ᠵᠢ ᠪᠠᠲᠤᠯᠠᠨ᠎ᠠ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ ᠬᠠᠷᠢᠭᠤᠴᠠᠨ᠎ᠠ)
     (ᠭᠤᠷᠪᠠ) ᠪᠠᠷᠢᠯᠭ᠎ᠠ ᠵᠢᠨ ᠠᠵᠤ ᠦᠢ᠍ᠯᠡᠳᠪᠦᠷᠢᠵᠢᠭᠰᠡᠨ ᠬᠥᠭᠵᠢᠯᠲᠡ ᠵᠢ ᠠᠬᠢᠭᠤᠯᠤᠨ᠎ᠠ᠃
     1 . ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ ᠵᠢ ᠦᠷᠭᠦᠯᠵᠢᠯᠡᠨ ᠬᠥᠭᠵᠢᠭᠦᠯᠦᠨ᠎ᠡ᠃ ᠪᠠᠷᠢᠮᠵᠢᠶᠠᠲᠤ ᠪᠡᠯᠡᠨ ᠤᠭᠰᠠᠷᠠᠮᠠᠯ ᠦᠢ᠍ᠯᠡᠳᠬᠦᠨ ᠵᠶ᠋ᠠᠷ ᠰᠠᠭᠤᠷᠢ ᠪᠣᠯᠭ᠋ᠠᠭᠰᠠᠨ ᠲᠤᠰᠬᠠᠶ᠋ᠢᠵᠢᠭᠰᠠᠨ᠂ ᠬᠡᠪᠴᠢᠶᠡᠵᠢᠭᠰᠡᠨ᠂ ᠮᠡᠳᠡᠭᠡ ᠵᠠᠩᠭᠢᠵᠢᠭᠰᠠᠨ ᠦᠢ᠍ᠯᠡᠳᠪᠦᠷᠢᠯᠡᠯ᠎ᠤᠨ ᠲᠣᠭᠲᠠᠯᠴᠠᠭ᠎ᠠ ᠵᠢ ᠪᠠᠶ᠋ᠢᠭᠤᠯᠵᠤ᠂ ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ ᠵᠢᠨ ᠠᠵᠤ ᠦᠢ᠍ᠯᠡᠰ᠎ᠢ ᠬᠥᠲᠥᠯᠦᠨ ᠵᠢᠯᠣᠭᠤᠳᠴᠤ ᠪᠠᠶ᠋ᠢᠭ᠋ᠠᠳ ᠰᠢᠨᠵᠢᠯᠡᠬᠦ ᠤᠬᠠᠭ᠋ᠠᠨᠴᠢ᠎ᠪᠠᠷ ᠵᠣᠬᠢᠰᠲᠠᠶ ᠪᠠᠶ᠋ᠢᠷᠢᠰᠢᠭᠤᠯᠤᠨ᠂ ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ ᠵᠢᠨ ᠠᠵᠤ ᠦᠢ᠍ᠯᠡᠰ᠎ᠤᠨ ᠰᠠᠭᠤᠷᠢᠨ ᠭᠠᠵᠠᠷ ᠪᠠ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ᠎ᠡ᠃ ᠤᠭᠰᠠᠷᠠᠮᠠᠯ ᠬᠡᠯᠪᠡᠷᠢ ᠪᠦᠬᠦᠢ ᠪᠧᠲ᠋ᠤᠨ᠎ᠤ ᠪᠦᠲᠦᠴᠡ ᠵᠢᠨ ᠲᠥᠷᠥᠯ ᠵᠦᠢ᠍ᠯ᠎ᠳᠤ ᠳᠣᠲᠣᠷ᠎ᠠ ᠭᠠᠳᠠᠨᠠᠬᠢ ᠬᠡᠷᠡᠮ᠎ᠤᠨ ᠬᠠᠪᠲᠠᠰᠤ᠂ ᠠᠰᠠᠷ᠎ᠤᠨ ᠬᠠᠪᠲᠠᠰᠤ᠂ ᠠᠰᠠᠷ᠎ᠤᠨ ᠱᠠᠲᠤ ᠵᠡᠷᠭᠡ ᠪᠡᠯᠡᠨ ᠤᠨᠨᠰᠠᠷᠠᠮᠠᠯ ᠲᠣᠨᠤᠭ᠎ᠢ ᠤᠷᠢᠳ ᠵᠶ᠋ᠠᠷ ᠬᠡᠷᠡᠭᠯᠡᠨ᠂ ᠳᠠᠬᠢᠭ᠋ᠠᠳ ᠠᠯᠬᠤᠮ ᠠᠯᠬᠤᠮ ᠵᠶ᠋ᠠᠷ ᠪᠣᠰᠤᠭ᠎ᠠ ᠲᠣᠨᠣᠭᠯᠠᠭ᠋ᠠᠰᠤ ᠵᠢ ᠬᠡᠷᠡᠭᠯᠡᠬᠦ ᠪᠣᠯᠭ᠋ᠠᠨ ᠬᠥᠭᠵᠢᠭᠦᠯᠵᠦ᠂ ᠤᠭᠰᠠᠷᠠᠬᠤ ᠨᠣᠷᠮ᠎ᠠ ᠵᠢᠨ ᠬᠢᠷᠢ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ᠂ ᠠᠯᠪᠠᠯᠠᠬᠤ ᠠᠰᠠᠷ᠂ ᠡᠮᠨᠡᠯᠭᠡ ᠵᠢᠨ ᠬᠤᠷᠢᠶ᠎ᠠ᠂ ᠰᠤᠷᠭ᠋ᠠᠭᠤᠯᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠷᠳᠣᠨ᠂ ᠪᠡᠶ᠎ᠡ ᠵᠢᠨ ᠲᠠᠮᠢᠷ᠎ᠤᠨ ᠣᠷᠳᠣᠨ ᠵᠡᠷᠭᠡ ᠡᠯ᠎ᠡ ᠲᠥᠷᠥᠯ᠎ᠤᠨ ᠠᠷᠠᠳ᠎ᠤᠨ ᠬᠡᠷᠡᠭᠴᠡᠭᠡᠨ᠎ᠤ ᠪᠠᠷᠢᠯᠭ᠎ᠠ᠎ᠳᠤ ᠤᠭᠰᠠᠷᠠᠮᠠᠯ ᠬᠡᠯᠪᠡᠷᠢ ᠪᠦᠬᠦᠢ ᠪᠣᠯᠣᠳ ᠪᠦᠲᠦᠴᠡ ᠬᠡᠷᠡᠭᠯᠡᠬᠦ ᠵᠢ ᠠᠬᠢᠭᠤᠯᠵᠤ᠂ ᠨᠡᠭᠡᠭᠡᠨ ᠬᠥᠭᠵᠢᠭᠦᠯᠵᠦ ᠪᠠᠶ᠋ᠢᠭ᠎ᠠ ᠬᠤᠳᠠᠯᠳᠤᠭ᠋ᠠᠴᠢᠨ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠤᠭᠰᠠᠷᠠᠮᠠᠯ ᠬᠡᠯᠪᠡᠷᠢ ᠪᠦᠬᠦᠢ ᠪᠣᠯᠣᠳ ᠪᠦᠳᠦᠴᠡ᠎ᠲᠠᠢ ᠣᠷᠣᠨ ᠰᠠᠭᠤᠴᠠ ᠵᠢ ᠪᠥᠲᠥᠭᠡᠨ ᠪᠠᠶ᠋ᠢᠭᠤᠯᠤᠨ᠎ᠠ᠃ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠴᠡᠴᠡᠷᠯᠢᠭ᠎ᠤᠨ ᠦᠵᠡᠮᠵᠢ᠂ ᠥᠪᠡᠰᠦᠪᠡᠨ ᠲᠡᠷᠭᠡ ᠵᠢᠯᠣᠭᠤᠳᠴᠤ ᠵᠤᠭ᠋ᠠᠴᠠᠭᠰᠠᠳ᠎ᠤᠨ ᠪᠠᠭᠤᠳᠠᠯ ᠵᠢᠴᠢ ᠠᠮᠠᠷᠠᠯᠲᠠ ᠵᠢᠨ ᠣᠷᠣᠨ ᠵᠡᠷᠭᠡ ᠣᠷᠣᠨ ᠪᠦᠰᠡ᠎ᠳᠠᠬᠢ ᠰᠢᠨ᠎ᠡ ᠪᠠᠷᠢᠯᠭ᠎ᠠ᠎ᠳᠤ᠂ ᠭᠠᠵᠠᠷ ᠣᠷᠣᠨ᠎ᠤ ᠪᠠᠶ᠋ᠢᠳᠠᠯ᠎ᠳᠤ᠎ᠪᠠᠨ ᠲᠤᠬᠢᠷᠠᠭᠤᠯᠤᠨ ᠤᠳᠤ ᠦᠶ᠎ᠡ ᠵᠢᠨ ᠤᠭᠰᠠᠷᠠᠮᠠᠯ ᠬᠡᠯᠪᠡᠷᠢ ᠪᠦᠬᠦᠢ ᠮᠣᠳᠣᠨ ᠪᠦᠲᠦᠴᠡ ᠵᠢ ᠬᠥᠭᠵᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ ᠬᠠᠷᠢᠭᠤᠴᠠᠨ᠎ᠠ)
     2 . ᠣᠷᠣᠨ ᠰᠠᠭᠤᠴᠠ᠎ᠳᠤ ᠪᠦᠷᠢᠨ ᠵᠠᠰᠠᠵᠤ ᠴᠢᠮᠡᠭᠯᠡᠬᠦ ᠵᠢ ᠢᠳᠡᠪᠬᠢᠲᠡᠢ ᠬᠡᠷᠡᠭᠵᠢᠭᠦᠯᠦᠨ᠎ᠡ᠃ ᠣᠷᠣᠨ ᠰᠠᠭᠤᠴᠠ ᠵᠢᠨ ᠪᠦᠷᠢᠨ ᠵᠠᠰᠠᠵᠤ ᠴᠢᠮᠡᠭᠯᠡᠬᠦ ᠲᠥᠷᠥᠯ ᠵᠦᠢ᠍ᠯ᠎ᠢ ᠠᠬᠢᠭᠤᠯᠬᠤ᠎ᠳᠤ ᠪᠠᠷᠢᠯᠭ᠎ᠠ᠎ᠪᠠᠨ ᠶᠡᠷᠦᠩᠬᠡᠶ᠋ᠢᠯᠡᠨ ᠳᠠᠭ᠋ᠠᠭ᠋ᠠᠴᠢᠯᠠᠭᠤᠯᠬᠤ ᠠᠷᠭ᠎ᠠ ᠮᠠᠶᠢᠭ᠎ᠢ ᠬᠡᠷᠡᠭᠵᠢᠭᠦᠯᠵᠤ᠂ ᠵᠢᠷᠤᠭᠯᠠᠨ ᠲᠥᠯᠥᠪᠯᠡᠬᠦ᠂ ᠬᠤᠳᠠᠯᠳᠤᠨ ᠠᠪᠬᠤ᠂ ᠪᠠᠷᠢᠯᠭ᠎ᠠ ᠪᠠᠷᠢᠬᠤ᠎ᠪᠠᠨ ᠨᠢᠭᠡ ᠴᠣᠠᠠᠴᠠᠵᠢᠭᠤᠯᠬᠤ ᠵᠢ ᠪᠡᠶᠡᠯᠡᠭᠦᠯᠦᠨ᠎ᠡ᠃ ᠲᠣᠪᠶᠤᠭ ᠮᠠᠶᠢᠭ᠎ᠤᠨ ᠰᠣᠩᠭᠤᠯᠲᠠ᠎ᠲᠠᠢ ᠵᠠᠰᠠᠵᠤ ᠴᠢᠮᠡᠭᠯᠡᠬᠦ ᠵᠢ ᠬᠡᠷᠡᠭᠵᠢᠭᠦᠯᠵᠦ᠂ ᠥᠪᠡᠷᠮᠢᠴᠡ ᠣᠨᠴᠠᠯᠢᠭ᠎ᠲᠠᠢ ᠬᠡᠷᠡᠭᠴᠡᠭᠡ ᠱᠠᠭ᠋ᠠᠷᠳᠠᠯᠭ᠎ᠠ ᠵᠢ᠎ᠨᠢ ᠬᠠᠩᠭ᠋ᠠᠨ᠎ᠠ᠃ ᠬᠠᠭᠤᠷᠠᠶ᠎ᠪᠠᠷ ᠤᠭᠰᠠᠷᠠᠭᠰᠠᠨ ᠠᠰᠠᠷ (ᠱᠠᠯᠠ)᠎ᠤᠨ ᠥᠩᠭᠡᠨ ᠲᠠᠯ᠎ᠠ᠂ ᠨᠢᠭᠡᠳᠬᠡᠯ ᠴᠢᠳᠠᠮᠵᠢ᠎ᠲᠠᠢ ᠲᠣᠭᠤᠭ᠋ᠠᠨ ᠬᠡᠷ᠂ ᠨᠢᠭᠡᠳᠬᠡᠯ ᠴᠢᠳᠠᠮᠵᠢ᠎ᠲᠠᠢ ᠠᠷᠢᠭᠤᠨ ᠴᠡᠪᠡᠷ᠎ᠤᠨ ᠲᠠᠰᠤᠯᠭ᠎ᠠ᠂ ᠬᠤᠭᠤᠯᠠᠶ ᠭᠤᠤᠷᠰᠤ ᠤᠲᠠᠰᠤ ᠵᠡᠷᠭᠡ ᠵᠢ ᠤᠭᠰᠠᠷᠠᠮᠠᠯ ᠠᠷᠭ᠎ᠠ᠎ᠪᠠᠷ ᠵᠠᠰᠠᠵᠤ ᠴᠢᠮᠡᠭᠯᠡᠨ ᠤᠭᠰᠠᠷᠠᠵᠤ ᠪᠠᠶ᠋ᠢᠭᠤᠯᠬᠤ ᠵᠢ᠎ᠨᠢ ᠠᠬᠢᠭᠤᠯᠤᠨ᠎ᠠ᠃ ᠣᠷᠣᠨ ᠰᠠᠭᠤᠴᠠ ᠵᠢᠨ ᠪᠦᠷᠢᠨ ᠵᠠᠰᠠᠵᠤ ᠴᠢᠮᠡᠭᠯᠡᠬᠦ᠎ᠳᠤ ᠬᠢᠨᠠᠨ ᠪᠠᠶ᠋ᠢᠴᠠᠭ᠋ᠠᠬᠤ ᠡᠷᠴᠢᠮ᠎ᠢ ᠴᠢᠩᠭ᠋ᠠᠷᠠᠭᠤᠯᠵᠤ᠂ ᠪᠣᠷᠣᠯᠠᠭᠤᠯᠤᠨ ᠬᠤᠳᠠᠯᠳᠤᠬᠤ᠎ᠳᠤ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠨ᠂ ᠪᠡᠯᠡᠨ ᠣᠷᠣᠨ ᠰᠠᠭᠤᠴᠠ ᠵᠢ ᠵᠠᠰᠠᠵᠤ ᠴᠢᠮᠡᠭᠯᠡᠬᠦ᠂ ᠣᠷᠴᠢᠨ ᠲᠣᠭᠤᠷᠢᠨ᠎ᠢ ᠬᠠᠮᠠᠭ᠋ᠠᠯᠠᠬᠤ ᠪᠠ ᠬᠡᠷ ᠳᠣᠲᠣᠷᠠᠬᠢ ᠣᠷᠴᠢᠨ᠎ᠤ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ᠎ᠡ᠃ ᠡᠯ᠎ᠡ ᠭᠠᠵᠠᠷ ᠣᠷᠣᠨ᠎ᠤ ᠲᠥᠪ ᠪᠣᠯᠬᠤ ᠬᠤᠲᠠ ᠵᠢᠨ ᠲᠣᠭᠤᠷᠢᠭ᠎ᠤᠨ ᠬᠡᠪᠴᠢᠶᠡᠨ᠎ᠳᠠᠬᠢ ᠰᠢᠨ᠎ᠡ ᠪᠠᠶ᠋ᠢᠭᠤᠯᠤᠭᠰᠠᠨ ᠣᠷᠣᠨ ᠰᠠᠭᠤᠴᠠ᠎ᠳᠤ ᠪᠠᠷᠢᠯᠭ᠎ᠠ ᠵᠢᠨ ᠪᠦᠷᠢᠨ ᠵᠠᠰᠠᠵᠤ ᠴᠢᠮᠡᠭᠯᠡᠬᠦ ᠵᠢ ᠬᠡᠷᠡᠭᠵᠢᠭᠦᠯᠵᠦ᠂ ᠪᠡᠯᠡᠨ ᠭᠡᠷ ᠪᠠᠶ᠋ᠢᠰᠢᠩ᠎ᠤᠨ ᠠᠷᠠᠯᠵᠢᠶ᠎ᠠ ᠵᠢ ᠪᠡᠶᠡᠯᠡᠭᠦᠯᠦᠨ᠎ᠡ; ᠪᠤᠰᠤᠳ ᠣᠷᠣᠨ ᠪᠦᠰᠡ᠎ᠳᠠᠬᠢ ᠰᠢᠨ᠎ᠡ ᠪᠠᠶ᠋ᠢᠭᠤᠯᠤᠭᠰᠠᠨ ᠣᠷᠣᠨ ᠰᠠᠭᠤᠴᠠ᠎ᠳᠤ ᠪᠦᠷᠢᠨ ᠵᠠᠰᠠᠵᠤ ᠴᠢᠮᠡᠭᠯᠡᠬᠦ ᠪᠠ ᠪᠡᠯᠡᠨ ᠭᠡᠷ ᠪᠠᠶ᠋ᠢᠰᠢᠩ ᠵᠶ᠋ᠠᠨ ᠲᠤᠰᠢᠶᠠᠬᠤ᠎ᠳᠤ ᠬᠡᠷᠡᠭᠵᠢᠭᠦᠯᠬᠦ ᠬᠡᠪᠴᠢᠶ᠎ᠡ ᠪᠠ ᠴᠠᠭ ᠬᠤᠭᠤᠴᠠᠭ᠎ᠠ ᠵᠢ ᠲᠣᠳᠣᠷᠬᠠᠶ ᠲᠣᠭᠲᠠᠭ᠋ᠠᠵᠤ᠂ ᠣᠷᠣᠨ ᠰᠠᠭᠤᠴᠠ ᠵᠢᠨ ᠪᠦᠷᠢᠨ ᠵᠠᠰᠠᠵᠤ ᠴᠢᠮᠡᠭᠯᠡᠬᠦ ᠵᠢ ᠨᠡᠶ᠋ᠢᠳᠡᠮ ᠪᠦᠷᠬᠦᠭᠦᠯᠬᠦ᠎ᠪᠠᠷ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ ᠬᠠᠷᠢᠭᠤᠴᠠᠨ᠎ᠠ)
     (ᠳᠥᠷᠪᠡ) ᠤᠤᠯ᠎ᠤᠨ ᠪᠠᠶ᠋ᠢᠭᠰᠠᠨ ᠪᠠᠷᠢᠯᠭ᠎ᠠ ᠵᠢᠨ ᠡᠨᠧᠷᠭᠢ ᠠᠷᠪᠢᠯᠠᠬᠤ ᠪᠣᠯᠭ᠋ᠠᠨ ᠥᠭᠡᠷᠡᠴᠢᠯᠡᠨ ᠰᠠᠶ᠋ᠢᠵᠢᠷᠠᠭᠤᠯᠬᠤ ᠠᠵᠢᠯ᠎ᠢ ᠯᠠᠪᠳᠠᠭᠤᠨ ᠵᠶ᠋ᠠᠷ ᠠᠬᠢᠭᠤᠯᠤᠨ᠎ᠠ᠃
     1 . ᠤᠤᠯ᠎ᠤᠨ ᠪᠠᠶ᠋ᠢᠭᠰᠠᠨ ᠣᠷᠣᠨ ᠰᠠᠭᠤᠴᠠ ᠵᠢᠨ ᠪᠠᠷᠢᠯᠭ᠎ᠠ ᠵᠢᠨ ᠡᠨᠧᠷᠭᠢ ᠠᠷᠪᠢᠯᠠᠬᠤ ᠪᠣᠯᠭ᠋ᠠᠨ ᠥᠭᠡᠷᠡᠴᠢᠯᠡᠨ ᠰᠠᠶ᠋ᠢᠵᠢᠷᠠᠭᠤᠯᠬᠤ ᠠᠵᠢᠯ᠎ᠢ ᠦᠷᠭᠦᠯᠵᠢᠯᠡᠨ ᠠᠬᠢᠭᠤᠯᠤᠨ᠎ᠠ᠃ ᠬᠤᠲᠠ ᠵᠢᠨ ᠬᠤᠤᠰ ᠵᠠᠰᠠᠯᠲᠠ᠂ ᠴᠡᠪᠡᠷ ᠳᠤᠯᠠᠭ᠋ᠠᠯᠠᠯᠭ᠎ᠠ᠂ ᠬᠤᠲᠠ ᠪᠠᠯᠭ᠋ᠠᠰᠤᠨ᠎ᠤ ᠬᠠᠭᠤᠴᠢᠨ ᠰᠠᠭᠤᠭ᠋ᠠᠯᠢ ᠲᠣᠭᠤᠷᠢᠭ᠎ᠢ ᠥᠭᠡᠷᠡᠴᠢᠯᠡᠨ ᠰᠢᠨᠡᠳᠬᠡᠬᠦ ᠵᠡᠷᠭᠡ᠎ᠲᠠᠢ ᠤᠶᠠᠯᠳᠤᠭᠤᠯᠤᠨ᠂ ᠡᠳ᠋᠎ᠤᠨ ᠵᠠᠰᠠᠭ᠎ᠤᠨ ᠴᠢᠨᠠᠷᠲᠠᠶ ᠪᠠᠯᠠ ᠮᠥᠩᠭᠦ᠎ᠪᠠᠷ ᠬᠥᠲᠥᠯᠦᠨ ᠵᠢᠯᠣᠭᠤᠳᠬᠤ᠂ ᠥᠮᠴᠢᠲᠡᠨ᠎ᠤ ᠪᠠᠶ᠋ᠢᠭ᠎ᠠ ᠨᠢᠭᠡᠴᠢ ᠪᠠ ᠢᠯᠴᠢ ᠬᠠᠩᠭ᠋ᠠᠬᠤ ᠠᠵᠤ ᠠᠬᠤᠶ᠋ᠢᠯᠠᠯ ᠵᠶ᠋ᠠᠷ ᠭᠤᠤᠯ ᠴᠣᠭᠴᠠ ᠪᠣᠯᠭ᠋ᠠᠭᠰᠠᠨ᠂ ᠬᠤᠭᠤᠯᠠᠶ ᠭᠤᠤᠷᠰᠤ ᠤᠳᠠᠰᠤᠨ᠎ᠤ ᠠᠵᠢᠯ᠎ᠤᠨ ᠨᠢᠭᠡᠴᠢ᠎ᠲᠠᠢ ᠬᠠᠮᠲᠤᠷᠠᠵᠤ ᠪᠠᠶ᠋ᠢᠭᠤᠯᠤᠭᠰᠠᠨ᠂ ᠣᠷᠣᠨ ᠰᠠᠭᠤᠴᠠ ᠵᠢᠨ ᠰᠡᠯᠪᠢᠨ ᠵᠠᠰᠠᠬᠤ ᠰᠠᠭᠤᠷᠢ ᠮᠥᠩᠭᠦ᠎ᠪᠠᠷ ᠨᠥᠬᠦᠪᠦᠷᠢᠯᠡᠬᠦ᠂ ᠠᠰᠢᠭ ᠭᠥᠷᠳᠡᠭᠰᠡᠨ ᠰᠠᠭᠤᠭ᠋ᠠᠯᠢ ᠠᠷᠠᠳ᠎ᠤᠨ ᠣᠷᠣᠯᠴᠠᠭᠰᠠᠨ ᠣᠯᠠᠨ ᠡᠰᠢᠵᠢᠯ᠎ᠤᠨ ᠪᠡᠯᠡ ᠬᠤᠷᠠᠮᠳᠤᠭᠤᠯᠭ᠎ᠠ ᠵᠢᠨ ᠤᠤᠯ᠎ᠤᠨ ᠪᠠᠶ᠋ᠢᠭᠰᠠᠨ ᠣᠷᠣᠨ ᠰᠠᠭᠤᠴᠠ ᠵᠢᠨ ᠪᠠᠷᠢᠯᠭ᠎ᠠ ᠵᠢᠨ ᠡᠨᠧᠷᠭᠢ ᠠᠷᠪᠢᠯᠠᠬᠤ ᠵᠢ᠎ᠨᠢ ᠥᠭᠡᠷᠡᠴᠢᠯᠡᠨ ᠰᠠᠶ᠋ᠢᠵᠢᠷᠠᠭᠤᠯᠬᠤ ᠵᠠᠭᠪᠤᠷ᠎ᠢ ᠢᠳᠡᠪᠬᠢᠲᠡᠶ ᠳᠡᠯᠭᠡᠷᠡᠭᠦᠯᠦᠨ᠎ᠡ᠃ ᠤᠤᠯ᠎ᠤᠨ ᠪᠠᠶ᠋ᠢᠭᠰᠠᠨ ᠣᠷᠣᠨ ᠰᠠᠭᠤᠴᠠ ᠵᠢᠨ ᠪᠠᠷᠢᠯᠭ᠎ᠠ᠎ᠳᠤ ᠪᠣᠬᠢᠷᠲᠤᠯ ᠥᠬᠡᠶ ᠪᠣᠯᠭ᠋ᠠᠨ ᠥᠭᠡᠷᠡᠴᠢᠯᠡᠵᠦ ᠰᠠᠶ᠋ᠢᠵᠢᠷᠠᠭᠤᠯᠬᠤ ᠵᠢ ᠵᠣᠷᠢᠭᠵᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠬᠠᠷᠢᠭᠤᠴᠠᠨ᠎ᠠ)
     2 . ᠣᠯᠠᠨ ᠨᠡᠶ᠋ᠢᠲᠡ ᠵᠢᠨ ᠪᠠᠷᠢᠯᠭ᠎ᠠ ᠵᠢ ᠡᠨᠧᠷᠭᠢ ᠠᠷᠪᠢᠯᠠᠬᠤ ᠪᠣᠯᠭ᠋ᠠᠨ ᠥᠭᠡᠷᠡᠴᠢᠯᠡᠨ ᠰᠠᠶ᠋ᠢᠵᠢᠷᠠᠭᠤᠯᠬᠤ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠣᠯᠠᠨ ᠨᠡᠶ᠋ᠢᠲᠡ ᠵᠢᠨ ᠪᠠᠷᠢᠯᠭ᠎ᠠ ᠵᠢᠨ ᠡᠨᠧᠷᠭᠢ ᠬᠡᠷᠡᠭᠯᠡᠬᠦ ᠬᠠᠮᠢᠶᠠᠷᠤᠯᠲᠠ ᠵᠢ ᠴᠢᠩᠭ᠋ᠠᠷᠠᠭᠤᠯᠵᠤ᠂ ᠠᠵᠤ ᠦᠢ᠍ᠯᠡᠰ ᠬᠢᠭᠡᠳ ᠮᠥᠩᠭᠦᠨ ᠭᠦᠢ᠍ᠯᠭᠡᠭᠡ ᠵᠢᠨ ᠤᠶᠠᠯᠳᠤᠬᠤ ᠪᠠ ᠮᠥᠩᠭᠦᠨ ᠭᠦᠢ᠍ᠯᠭᠡᠭᠡᠨ᠎ᠤ ᠰᠢᠨ᠎ᠡ ᠵᠢ ᠡᠭᠦᠳᠴᠦ ᠦᠢ᠍ᠯᠡᠴᠢᠯᠡᠬᠦ ᠵᠢ᠎ᠨᠢ ᠠᠬᠢᠭᠤᠯᠤᠨ᠎ᠠ᠃ ᠠᠯᠪᠠᠨ ᠪᠠᠶ᠋ᠢᠭᠤᠯᠭ᠎ᠠ ᠵᠢᠨ ᠠᠯᠪᠠᠯᠠᠬᠤ ᠪᠠᠷᠢᠯᠭ᠎ᠠ᠂ ᠵᠠᠰᠠᠭ᠎ᠤᠨ ᠣᠷᠳᠣᠨ᠎ᠠᠴᠠ ᠪᠠᠯᠠ ᠣᠷᠣᠭᠤᠯᠤᠭᠰᠠᠨ ᠣᠯᠠᠨ ᠨᠡᠶ᠋ᠢᠲᠡ ᠵᠢᠨ ᠪᠠᠷᠢᠯᠭ᠎ᠠ ᠪᠠ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠪᠠᠷᠢᠯᠭ᠎ᠠ ᠵᠢ ᠤᠷᠢᠳ ᠵᠶ᠋ᠠᠷ ᠡᠨᠧᠷᠭᠢ ᠠᠷᠪᠢᠯᠠᠬᠤ ᠪᠣᠯᠭ᠋ᠠᠨ ᠥᠭᠡᠷᠡᠴᠢᠯᠡᠨ ᠰᠠᠶ᠋ᠢᠵᠢᠷᠠᠭᠤᠯᠵᠤ᠂ ᠦᠢ᠍ᠯᠡᠴᠢᠯᠡᠭᠡ ᠬᠤᠳᠠᠯᠳᠤᠨ ᠠᠪᠬᠤ ᠠᠷᠭ᠎ᠠ ᠬᠡᠯᠪᠡᠷᠢ ᠵᠢ ᠬᠡᠷᠡᠭᠯᠡᠨ ᠡᠨᠧᠷᠭᠢ ᠠᠷᠪᠢᠯᠠᠬᠤ ᠠᠵᠢᠯᠯᠠᠭ᠋ᠠᠨ᠎ᠤ ᠬᠠᠮᠢᠶᠠᠷᠤᠯᠲᠠ ᠵᠢ ᠬᠡᠷᠡᠭᠵᠢᠭᠦᠯᠬᠦ ᠵᠢ᠎ᠨᠢ ᠵᠣᠷᠢᠭᠵᠢᠭᠤᠯᠤᠨ᠂ ᠭᠡᠷ᠎ᠡ᠎ᠲᠠᠢ ᠡᠨᠧᠷᠭᠢ ᠵᠢᠨ ᠬᠠᠮᠢᠶᠠᠷᠤᠯᠲᠠ ᠵᠢᠨ ᠵᠠᠭᠪᠤᠷ ᠶᠣᠰᠣᠭ᠋ᠠᠷ ᠡᠨᠧᠷᠭᠢ ᠠᠷᠪᠢᠯᠠᠬᠤ ᠦᠢ᠍ᠯᠡᠴᠢᠯᠡᠭᠡᠨ᠎ᠤ ᠺᠣᠮᠫᠠᠨᠢ᠎ᠳᠤ ᠥᠭᠭᠦᠭᠰᠡᠨ ᠵᠠᠷᠤᠯᠭ᠎ᠠ ᠵᠢ᠎ᠨᠢ ᠡᠨᠧᠷᠭᠢ ᠵᠢᠨ ᠵᠠᠷᠤᠳᠠᠯ᠎ᠤᠨ ᠵᠠᠷᠤᠯᠭ᠎ᠠ᠎ᠲᠠᠢ ᠠᠳᠠᠯᠢ᠎ᠪᠠᠷ ᠦᠵᠡᠨ᠎ᠡ᠃ ᠣᠯᠠᠨ ᠨᠡᠶ᠋ᠢᠲᠡ ᠵᠢᠨ ᠪᠠᠷᠢᠯᠭ᠎ᠠ ᠵᠢᠨ ᠡᠨᠧᠷᠭᠢ ᠵᠢᠨ ᠠᠰᠢᠭᠯᠠᠮᠵᠢ ᠵᠢ ᠳᠡᠭᠡᠭᠰᠢᠯᠡᠭᠦᠯᠬᠦ ᠭᠤᠣᠯᠳᠠᠯᠭ᠎ᠠ᠎ᠲᠠᠢ ᠬᠤᠲᠠ ᠵᠢᠨ ᠪᠦᠲᠦᠭᠡᠨ ᠪᠠᠶ᠋ᠢᠭᠤᠯᠤᠯᠲᠠ ᠵᠢ ᠥᠷᠨᠢᠭᠦᠯᠵᠦ᠂ ᠬᠥᠬᠡᠬᠤᠲᠠ᠂ ᠪᠤᠭᠤᠲᠤ ᠬᠤᠲᠠ᠎ᠨᠢ ᠣᠯᠠᠨ ᠨᠡᠶ᠋ᠢᠲᠡ ᠵᠢᠨ ᠪᠠᠷᠢᠯᠭ᠎ᠠ ᠵᠢᠨ ᠡᠨᠧᠷᠭᠢ ᠠᠷᠪᠢᠯᠠᠬᠤ᠎ᠪᠠᠷ ᠥᠭᠡᠷᠡᠴᠢᠯᠡᠨ ᠰᠠᠶ᠋ᠢᠵᠢᠷᠠᠭᠤᠯᠬᠤ ᠡᠷᠴᠢᠮ ᠵᠶ᠋ᠠᠨ ᠴᠢᠩᠭ᠋ᠠᠷᠠᠭᠤᠯᠤᠨ᠂ ᠠᠵᠢᠯᠯᠠᠭ᠋ᠠᠨ᠎ᠤ ᠬᠠᠮᠢᠶᠠᠷᠤᠯᠲᠠ ᠵᠢᠨ ᠳᠦᠷᠢᠮ ᠵᠶ᠋ᠠᠨ ᠲᠡᠭᠦᠯᠳᠡᠷᠵᠢᠭᠦᠯᠵᠦ᠂ ᠭᠡᠷ᠎ᠡ᠎ᠲᠠᠢ ᠡᠨᠧᠷᠭᠢ ᠵᠢᠨ ᠬᠠᠮᠢᠶᠠᠷᠤᠯᠲᠠ ᠬᠢᠭᠡᠳ ᠭᠡᠷ᠎ᠡ᠎ᠲᠠᠢ ᠤᠰᠤ ᠠᠷᠪᠢᠯᠠᠬᠤ ᠬᠠᠮᠢᠶᠠᠷᠤᠯᠲᠠ ᠵᠢ ᠳᠡᠯᠭᠡᠷᠡᠭᠦᠯᠦᠨ᠂ ᠪᠤᠰᠤᠳ ᠠᠶ᠋ᠢᠮᠠᠭ ᠬᠤᠲᠠ᠎ᠨᠢ ᠣᠯᠠᠨ ᠨᠡᠶ᠋ᠢᠲᠡ ᠵᠢᠨ ᠪᠠᠷᠢᠯᠭ᠎ᠠ ᠵᠢ ᠡᠨᠧᠷᠭᠢ ᠠᠷᠪᠢᠯᠠᠬᠤ ᠪᠣᠯᠭ᠋ᠠᠨ ᠥᠭᠡᠷᠡᠴᠢᠯᠡᠨ ᠰᠠᠶ᠋ᠢᠵᠢᠷᠠᠭᠤᠯᠬᠤ ᠠᠵᠢᠯ ᠵᠶ᠋ᠠᠨ ᠢᠳᠡᠪᠬᠢᠲᠡᠶ ᠠᠬᠢᠭᠤᠯᠬᠤ ᠬᠡᠷᠡᠭᠲᠡᠶ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠪᠠᠶ᠋ᠢᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠤᠯ᠎ᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ)
     (ᠲᠠᠪᠤ) ᠪᠣᠬᠢᠷᠲᠤᠯ ᠥᠬᠡᠶ ᠪᠠᠷᠢᠯᠭ᠎ᠠ ᠵᠢᠨ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠬᠦ ᠵᠢ ᠴᠢᠩᠭ᠋ᠠᠳᠬᠠᠨ᠎ᠠ᠃
     1 . ᠪᠣᠬᠢᠷᠲᠤᠯ ᠥᠬᠡᠶ ᠪᠠᠷᠢᠯᠭ᠎ᠠ ᠵᠢᠨ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠬᠦ ᠵᠢ ᠴᠢᠩᠭ᠋ᠠᠷᠠᠭᠤᠯᠤᠨ᠎ᠠ᠃ ᠨᠢᠭᠲᠠ ᠴᠢᠩᠭ᠋ᠠᠯᠢᠭ ᠰᠢᠷᠪᠥᠰᠥ ᠪᠣᠯᠣᠳ᠂ ᠴᠢᠳᠠᠮᠵᠢ ᠰᠠᠶ᠋ᠢᠲᠠᠢ ᠪᠧᠲ᠋ᠤᠨ᠂ ᠴᠢᠳᠠᠮᠵᠢ ᠰᠠᠶ᠋ᠢᠲᠠᠢ ᠦᠷᠦᠮᠡᠯ   ᠮᠠᠲ᠋ᠧᠷᠢᠶᠠᠯ᠂ ᠳᠤᠯᠠᠭ᠋ᠠᠨ ᠪᠠᠶ᠋ᠢᠯᠭ᠋ᠠᠬᠤ ᠪᠦᠲᠦᠴᠡ ᠵᠢ ᠨᠢᠭᠡ ᠴᠣᠭᠴᠠᠵᠢᠭᠤᠯᠤᠭᠰᠠᠨ ᠬᠡᠷᠡᠮ᠎ᠤᠨ ᠬᠠᠪᠲᠠᠰᠤ ᠵᠡᠷᠭᠡ ᠪᠣᠬᠢᠷᠲᠤᠯ ᠥᠬᠡᠶ ᠪᠠᠷᠢᠯᠭ᠎ᠠ ᠵᠢᠨ ᠮᠠᠲ᠋ᠧᠷᠢᠶᠠᠯ᠎ᠢ ᠶᠡᠭᠡ᠎ᠪᠠᠷ ᠬᠥᠭᠵᠢᠭᠦᠯᠵᠦ᠂ ᠪᠣᠬᠢᠷᠲᠤᠯ ᠥᠬᠡᠶ ᠪᠠᠷᠢᠯᠭ᠎ᠠ ᠵᠢᠨ ᠮᠠᠲ᠋ᠧᠷᠢᠶᠠᠯ᠎ᠤᠨ ᠵᠢᠱ᠌ᠢᠶ᠎ᠡ ᠦᠵᠡᠭᠦᠯᠬᠦ ᠦᠢ᠍ᠯᠡᠳᠬᠦᠨ ᠪᠠ ᠵᠢᠱ᠌ᠢᠶ᠎ᠡ ᠦᠵᠡᠭᠦᠯᠬᠦ ᠠᠵᠤ ᠠᠬᠤᠶ᠋ᠢᠯᠠᠯ᠎ᠢ ᠪᠣᠶ ᠪᠣᠯᠭ᠋ᠠᠨ᠎ᠠ᠃ ᠪᠣᠬᠢᠷᠲᠤᠯ ᠥᠬᠡᠶ ᠪᠠᠷᠢᠯᠭ᠎ᠠ ᠵᠢᠨ ᠮᠠᠲ᠋ᠧᠷᠢᠶᠠᠯ᠎ᠤᠨ ᠦᠢ᠍ᠯᠡᠳᠬᠦᠨ᠎ᠤ ᠭᠡᠷᠡᠴᠢᠯᠡᠯ᠎ᠤᠨ ᠲᠦᠷᠢᠮ᠎ᠢ ᠬᠡᠷᠡᠭᠵᠢᠭᠦᠯᠬᠦ ᠵᠢ᠎ᠨᠢ ᠠᠬᠢᠭᠤᠯᠵᠤ᠂ ᠪᠣᠬᠢᠷᠲᠤᠯ ᠥᠬᠡᠶ ᠪᠠᠷᠢᠯᠭ᠎ᠠ ᠵᠢᠨ ᠮᠠᠲ᠋ᠧᠷᠢᠶᠠᠯ᠎ᠤᠨ ᠦᠢ᠍ᠯᠡᠳᠬᠦᠨ ᠦᠢ᠍ᠯᠡᠳᠪᠦᠷᠢᠯᠡᠬᠦ᠂ ᠭᠡᠷᠡᠴᠢᠯᠡᠬᠦ᠂ ᠮᠡᠳᠡᠭᠡ ᠵᠠᠩᠭᠢ ᠴᠤᠭᠯᠠᠭᠤᠯᠵᠤ ᠬᠡᠷᠡᠭᠯᠡᠬᠦ ᠵᠡᠷᠭᠡ᠎ᠳᠤ ᠬᠢᠨᠠᠯᠲᠠ ᠲᠠᠯᠪᠢᠵᠤ ᠬᠠᠮᠢᠶᠠᠷᠬᠤ ᠵᠢ ᠴᠢᠩᠭ᠋ᠠᠳᠬᠠᠨ᠎ᠠ᠃ ᠪᠣᠬᠢᠷᠲᠤᠯ ᠥᠬᠡᠶ ᠪᠠᠷᠢᠯᠭ᠎ᠠ ᠵᠢᠨ ᠮᠠᠲ᠋ᠧᠷᠢᠶᠠᠯ᠎ᠤᠨ ᠵᠠᠬ᠎ᠠ ᠳᠡᠯᠭᠡᠭᠦᠷ᠎ᠤᠨ ᠲᠣᠭᠲᠠᠯᠴᠠᠭ᠎ᠠ ᠵᠢ ᠪᠦᠷᠢᠨᠰᠢᠬᠦᠯᠵᠦ᠂ ᠪᠣᠬᠢᠷᠲᠤᠯ ᠥᠬᠡᠶ ᠪᠠᠷᠢᠯᠭ᠎ᠠ ᠵᠢᠨ ᠮᠠᠲ᠋ᠧᠷᠢᠶᠠᠯ᠎ᠤᠨ ᠦᠢ᠍ᠯᠡᠳᠬᠦᠨ᠎ᠤ ᠶᠠᠰᠤ ᠴᠢᠨᠠᠷ᠎ᠢ ᠳᠡᠭᠡᠭᠰᠢᠯᠡᠭᠦᠯᠦᠨ᠂ ᠪᠣᠬᠢᠷᠲᠤᠯ ᠥᠬᠡᠶ ᠪᠠᠷᠢᠯᠭ᠎ᠠ ᠵᠢᠨ ᠮᠠᠲ᠋ᠧᠷᠢᠶᠠᠯ᠎ᠤᠨ ᠦᠢ᠍ᠯᠡᠳᠬᠦᠨ᠎ᠤ ᠬᠠᠩᠭ᠋ᠠᠯᠭ᠎ᠠ ᠵᠢ ᠨᠡᠮᠡᠭᠳᠡᠭᠦᠯᠵᠦ᠂ ᠪᠣᠬᠢᠷᠲᠤᠯ ᠥᠬᠡᠶ ᠦᠢ᠍ᠯᠡᠳᠬᠦᠨ᠎ᠤ ᠬᠡᠷᠡᠭᠯᠡᠭᠡ ᠵᠢ ᠬᠥᠲᠥᠯᠦᠨ ᠵᠢᠯᠣᠭᠤᠳᠴᠤ᠂ ᠪᠠᠷᠢᠯᠭ᠎ᠠ ᠵᠢᠨ ᠮᠠᠲ᠋ᠧᠷᠢᠶᠠᠯ᠎ᠤᠨ ᠠᠵᠤ ᠦᠢ᠍ᠯᠡᠳᠪᠦᠷᠢ ᠪᠠ ᠪᠠᠷᠢᠯᠭ᠎ᠠ ᠵᠢᠨ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠠᠬᠢᠭᠤᠯᠤᠨ᠎ᠠ᠃ ᠪᠣᠬᠢᠷᠲᠤᠯ ᠦᠭᠡᠶ ᠪᠠᠷᠢᠯᠭ᠎ᠠ᠂ ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ ᠵᠡᠷᠭᠡ ᠵᠠᠰᠠᠭ᠎ᠤᠨ ᠣᠷᠳᠣᠨ᠎ᠤ ᠪᠡᠯᠡ ᠣᠷᠣᠭᠤᠯᠤᠭᠰᠠᠨ ᠪᠤᠶᠤ ᠡᠳ᠋᠎ᠤᠨ ᠵᠠᠰᠠᠭ᠎ᠤᠨ ᠪᠡᠯᠡ ᠮᠥᠩᠭᠦ ᠵᠢ ᠬᠡᠷᠡᠭᠯᠡᠵᠦ ᠪᠦᠲᠦᠭᠡᠨ ᠪᠠᠶ᠋ᠢᠭᠤᠯᠬᠤ ᠲᠥᠷᠥᠯ ᠵᠦᠢ᠍ᠯ ᠵᠢᠴᠢ 2 ᠲᠦᠮᠡᠨ ᠲᠡᠭᠰᠢ ᠳᠥᠷᠪᠡᠯᠵᠢᠨ ᠮᠸᠲᠷ᠎ᠠᠴᠠ ᠢᠯᠡᠭᠦᠦ ᠲᠠᠯᠠᠪᠠᠢ᠎ᠲᠠᠢ ᠣᠯᠠᠨ ᠨᠡᠶ᠋ᠢᠲᠡ ᠵᠢᠨ ᠪᠠᠷᠢᠯᠭ᠎ᠠ᠂ 5 ᠲᠦᠮᠡᠨ ᠲᠡᠭᠰᠢ ᠳᠥᠷᠪᠡᠯᠵᠢᠨ ᠮᠸᠲᠷ᠎ᠠᠴᠠ ᠢᠯᠡᠭᠦᠦ ᠲᠠᠯᠠᠪᠠᠢ᠎ᠲᠠᠢ ᠣᠷᠣᠨ ᠰᠠᠭᠤᠴᠠ ᠵᠢᠨ ᠪᠠᠷᠢᠯᠭ᠎ᠠ ᠵᠢᠨ ᠲᠥᠷᠥᠯ ᠵᠦᠢ᠍ᠯ᠎ᠳᠤ ᠭᠡᠷᠡᠴᠢᠯᠡᠯ ᠣᠯᠤᠭᠰᠠᠨ ᠪᠣᠬᠢᠷᠲᠤᠯ ᠦᠭᠡᠶ ᠪᠠᠷᠢᠯᠭ᠎ᠠ ᠵᠢᠨ ᠮᠠᠲ᠋ᠧᠷᠢᠶᠠᠯ᠎ᠤᠨ ᠦᠢ᠍ᠯᠡᠳᠬᠦᠨ᠎ᠢ ᠡᠩ ᠲᠡᠷᠢᠭᠦᠨ᠎ᠳᠤ ᠬᠡᠷᠡᠭᠯᠡᠬᠦ ᠵᠢ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ ᠬᠠᠷᠢᠭᠤᠴᠠᠨ᠎ᠠ)
     2 . ᠪᠠᠷᠢᠯᠭ᠎ᠠ ᠵᠢᠨ ᠳᠤᠯᠠᠭ᠋ᠠᠨ᠎ᠢ ᠬᠠᠮᠠᠭ᠋ᠠᠯᠠᠬᠤ ᠪᠦᠲᠦᠴᠡ᠎ᠳᠤ ᠨᠢᠭᠡ ᠴᠣᠭᠴᠠᠵᠢᠭᠤᠯᠬᠤ ᠵᠢ   ᠬᠡᠷᠡᠭᠵᠢᠭᠦᠯᠦᠨ᠎ᠡ᠃ ᠪᠠᠷᠢᠯᠭ᠎ᠠ ᠵᠢᠨ ᠳᠤᠯᠠᠭ᠋ᠠᠨ᠎ᠢ ᠬᠠᠮᠠᠭ᠋ᠠᠯᠠᠬᠤ ᠪᠦᠲᠦᠴᠡ᠎ᠳᠤ ᠨᠢᠭᠡ ᠴᠣᠭᠴᠠᠵᠢᠭᠤᠯᠬᠤ ᠮᠡᠷᠭᠡᠵᠢᠯ᠎ᠢ ᠳᠡᠯᠭᠡᠷᠡᠭᠦᠯᠬᠦ ᠠᠵᠢᠯ᠎ᠤᠨ ᠲᠥᠰᠦᠯ᠎ᠢ ᠲᠣᠭᠲᠠᠭ᠋ᠠᠵᠤ᠂ ᠨᠢᠭᠡ ᠴᠣᠭᠴᠠᠵᠢᠭᠤᠯᠤᠭᠰᠠᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠰᠠᠶ᠋ᠢᠲᠤᠷ ᠠᠳᠬᠤᠨ᠂ ᠦᠢ᠍ᠯᠡᠳᠪᠦᠷᠢᠯᠡᠬᠦ ᠠᠵᠤ ᠠᠬᠤᠶ᠋ᠢᠯᠠᠯ᠎ᠤᠨ ᠨᠢᠭᠡ ᠴᠣᠭᠴᠠᠵᠢᠭᠤᠯᠤᠭᠰᠠᠨ ᠮᠡᠷᠭᠡᠵᠢᠯ᠎ᠢ ᠰᠤᠳᠤᠯᠤᠨ ᠨᠡᠭᠡᠭᠡᠬᠦ ᠪᠠ ᠣᠷᠣᠭᠤᠯᠤᠨ ᠠᠪᠴᠢᠷᠠᠬᠤ ᠵᠢ ᠬᠥᠲᠥᠯᠥᠨ ᠵᠢᠯᠣᠭᠤᠳᠴᠤ᠂ ᠭᠠᠷ ᠤᠷᠠᠯᠠᠯ ᠲᠣᠨᠤᠭ ᠲᠥᠬᠦᠭᠡᠷᠦᠮᠵᠢ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠂ ᠶᠠᠰᠤ ᠴᠢᠨᠠᠷ᠎ᠢ᠎ᠨᠢ ᠪᠠᠲᠤᠯᠠᠬᠤ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠨᠢᠭᠡ ᠴᠣᠭᠴᠠᠵᠢᠭᠤᠯᠤᠭᠰᠠᠨ ᠮᠡᠷᠭᠡᠵᠢᠯ᠎ᠲᠠᠢ ᠦᠢ᠍ᠯᠡᠳᠬᠦᠨ᠎ᠤ ᠶᠠᠰᠤ ᠴᠢᠨᠠᠷ ᠪᠠ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢ ᠪᠠᠲᠤᠯᠠᠨ᠎ᠠ᠃ ᠨᠢᠭᠡ ᠴᠣᠭᠴᠠᠵᠢᠭᠤᠯᠤᠭᠰᠠᠨ ᠮᠡᠷᠭᠡᠵᠢᠯ᠎ᠳᠤ ᠰᠢᠯᠢᠨ ᠰᠣᠩᠭᠤᠬᠤ ᠠᠵᠢᠯ᠎ᠢ ᠥᠷᠨᠢᠭᠦᠯᠵᠦ᠂ ᠪᠦᠷᠢᠨ ᠲᠡᠭᠦᠯᠳᠡᠷ ᠮᠡᠷᠭᠡᠵᠢᠯ᠎ᠤᠨ ᠲᠤᠯᠭ᠋ᠠᠭᠤᠷᠢᠯᠠᠯ᠎ᠲᠠᠢ ᠲᠣᠭᠲᠠᠯᠴᠠᠭ᠎ᠠ ᠵᠢ ᠪᠠᠶ᠋ᠢᠭᠤᠯᠤᠨ᠎ᠠ᠃ ᠪᠦᠬᠦ ᠣᠷᠣᠨ᠎ᠤ ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ᠂ ᠪᠣᠬᠢᠷᠲᠤᠯ ᠦᠭᠡᠶ ᠪᠠᠷᠢᠯᠭ᠎ᠠ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠭᠰᠠᠨ ᠣᠯᠠᠨ ᠨᠡᠶ᠋ᠢᠲᠡ ᠵᠢᠨ ᠪᠠᠷᠢᠯᠭ᠎ᠠ ᠪᠠ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠪᠠᠷᠢᠯᠭ᠎ᠠ᠎ᠳᠤ ᠨᠢᠭᠡ ᠴᠣᠭᠴᠠᠵᠢᠭᠤᠯᠤᠭᠰᠠᠨ ᠮᠡᠷᠭᠡᠵᠢᠯ ᠬᠡᠷᠡᠭᠯᠡᠬᠦ ᠵᠢ ᠠᠬᠢᠭᠤᠯᠤᠨ᠎ᠠ᠃ ᠬᠥᠬᠡᠬᠤᠲᠠ᠂ ᠪᠤᠭᠤᠲᠤ ᠬᠤᠲᠠ᠂ ᠬᠢᠩᠭ᠋ᠠᠨ ᠠᠶ᠋ᠢᠮᠠᠭ᠎ᠤᠨ ᠰᠢᠨ᠎ᠡ ᠪᠠᠶ᠋ᠢᠭᠤᠯᠬᠤ ᠪᠠᠷᠢᠯᠭ᠎ᠠ᠎ᠳᠤ ᠤᠷᠢᠳ ᠵᠶ᠋ᠠᠷ ᠨᠢᠭᠡ ᠴᠣᠭᠴᠠᠵᠢᠭᠤᠯᠤᠭᠰᠠᠨ ᠮᠡᠷᠭᠡᠵᠢᠯ᠎ᠢ ᠬᠡᠷᠡᠭᠯᠡᠵᠦ᠂ ᠪᠤᠰᠤᠳ ᠠᠶ᠋ᠢᠮᠠᠭ ᠬᠤᠲᠠ᠎ᠳᠤ ᠠᠯᠬᠤᠮ ᠠᠯᠬᠤᠮ ᠵᠶ᠋ᠠᠷ ᠳᠡᠯᠭᠡᠷᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠳᠠ ᠵᠢᠨ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠬᠠᠷᠢᠭᠤᠴᠠᠨ᠎ᠠ)
     3 . 《ᠳᠥᠷᠪᠡᠨ ᠰᠢᠨ᠎ᠡ》 ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠬᠦ᠎ᠪᠠᠨ ᠴᠢᠩᠭ᠋ᠠᠳᠬᠠᠨ᠎ᠠ᠃ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠵᠢᠨ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ   ᠮᠠᠲ᠋ᠧᠷᠢᠶᠠᠯ᠂ ᠰᠢᠨ᠎ᠡ ᠦᠢ᠍ᠯᠡᠳᠬᠦᠨ᠎ᠢ ᠳᠡᠯᠭᠡᠷᠡᠭᠦᠯᠦᠨ ᠬᠡᠷᠡᠭᠯᠡᠵᠦ᠂ ᠳᠡᠯᠭᠡᠷᠡᠭᠦᠯᠦᠨ ᠬᠡᠷᠡᠭᠯᠡᠬᠦ ᠵᠢ᠎ᠨᠢ ᠬᠢᠵᠠᠭ᠋ᠠᠷᠯᠠᠨ ᠬᠤᠷᠢᠭᠯᠠᠬᠤ ᠮᠡᠷᠭᠡᠵᠢᠯ᠎ᠤᠨ ᠭᠠᠷᠴᠠᠭ᠎ᠢ ᠴᠠᠭ ᠲᠤᠬᠠᠶ᠎ᠳᠤ᠎ᠨᠢ ᠰᠢᠨᠡᠳᠬᠡᠨ ᠨᠡᠶ᠋ᠢᠲᠡᠯᠡᠨ᠎ᠡ᠃ ᠠᠶᠠᠨᠳᠠᠭ᠋ᠠᠨ ᠨᠠᠷᠠᠨ᠎ᠤ ᠬᠡᠷᠡᠯ ᠲᠤᠰᠬᠤ᠂ ᠰᠠᠯᠬᠢ ᠨᠡᠪᠲᠡᠷᠡᠬᠦ᠂ ᠪᠣᠷᠣᠭ᠋ᠠᠨ᠎ᠤ ᠤᠰᠤ ᠴᠤᠭᠯᠠᠭᠤᠯᠬᠤ᠂ ᠴᠡᠪᠡᠷᠵᠢᠭᠦᠨ ᠤᠰᠤ ᠵᠢ ᠠᠰᠢᠭᠯᠠᠬᠤ᠂ ᠤᠰᠤ   ᠠᠷᠪᠢᠯᠠᠬᠤ᠂ ᠲᠠᠭᠤ ᠬᠥᠨᠳᠡᠶ᠋ᠢᠷᠡᠭᠦᠯᠬᠦ ᠵᠡᠷᠭᠡ ᠪᠣᠯᠪᠠᠰᠤᠷᠠᠩᠭᠤᠶ ᠪᠣᠯᠤᠭᠰᠠᠨ ᠮᠡᠷᠭᠡᠵᠢᠯ᠎ᠤᠨ ᠦᠢ᠍ᠯᠡᠳᠬᠦᠨ᠎ᠢ ᠭᠠᠵᠠᠷ ᠣᠷᠣᠨ᠎ᠤ ᠪᠠᠶ᠋ᠢᠳᠠᠯ᠎ᠳᠤ᠎ᠪᠠᠨ ᠳᠣᠭᠢᠷᠠᠭᠤᠯᠤᠨ ᠳᠡᠯᠭᠡᠷᠡᠭᠦᠯᠵᠦ᠂ ᠪᠠᠷᠢᠯᠭ᠎ᠠ ᠵᠢᠨ ᠬᠤᠭ ᠨᠣᠪᠰᠢ᠂ ᠨᠡᠭᠦᠷᠡᠰᠦᠨ ᠴᠢᠯᠠᠭᠤ᠂ ᠨᠤᠨᠲᠠᠭ ᠨᠡᠭᠦᠷᠡᠰᠦᠨ᠎ᠤ ᠦᠨᠡᠰᠦ᠂ ᠵᠤᠤᠬ᠎ᠠ ᠵᠢᠨ ᠰᠢᠭ᠋ᠠᠷᠤ᠂ ᠦᠯᠡᠳᠡᠭᠳᠡᠯ ᠬᠦᠳᠡᠷ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠠᠰᠢᠭᠯᠠᠨ ᠲᠦᠭᠦᠬᠡᠶ ᠮᠠᠲ᠋ᠧᠷᠢᠶᠠᠯ ᠪᠣᠯᠭ᠋ᠠᠵᠤ ᠬᠡᠷᠡᠮ᠎ᠤᠨ ᠮᠠᠲ᠋ᠧᠷᠢᠶᠠᠯ ᠦᠢ᠍ᠯᠡᠳᠪᠦᠷᠢᠯᠡᠬᠦ ᠵᠢ ᠵᠣᠷᠢᠭᠵᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠬᠠᠷᠢᠭᠤᠴᠠᠨ᠎ᠠ)
     (ᠵᠢᠷᠭᠤᠭ᠎ᠠ) ᠲᠠᠬᠢᠨ ᠡᠭᠦᠰᠴᠤ ᠪᠣᠯᠬᠤ ᠡᠨᠧᠷᠬᠢ ᠵᠢᠨ ᠪᠠᠷᠢᠯᠭ᠎ᠠ᠎ᠳᠤ ᠬᠡᠷᠡᠭᠯᠡᠬᠦ ᠬᠡᠪᠴᠢᠶ᠎ᠡ ᠵᠢ   ᠥᠷᠭᠡᠳᠬᠡᠨ᠎ᠡ᠃ ᠪᠠᠷᠢᠯᠭ᠎ᠠ᠎ᠳᠤ ᠳᠠᠬᠢᠨ ᠡᠭᠦᠰᠴᠦ ᠪᠣᠯᠬᠤ ᠡᠨᠧᠷᠭᠢ ᠵᠢ ᠬᠡᠷᠡᠭᠯᠡᠬᠦ᠎ᠪᠠᠨ ᠴᠢᠩᠭ᠋ᠠᠳᠬᠠᠨ᠎ᠠ᠃ ᠨᠡᠷᠡᠨ᠎ᠤ ᠡᠨᠧᠷᠭᠢ᠂ ᠭᠦᠢ᠍ᠬᠡᠨ ᠳᠠᠪᠬᠤᠷᠭ᠎ᠠ᠎ᠳᠠᠬᠢ ᠭᠠᠵᠠᠷ᠎ᠤᠨ ᠢᠯᠴᠢ ᠵᠢᠨ ᠡᠨᠧᠷᠭᠢ᠂ ᠠᠭ᠋ᠠᠷ᠎ᠤᠨ ᠡᠨᠧᠷᠭᠢ ᠵᠡᠷᠭᠡ ᠰᠢᠨ᠎ᠡ ᠡᠨᠧᠷᠭᠢ ᠵᠢ ᠭᠠᠵᠠᠷ ᠣᠷᠣᠨ᠎ᠤ ᠪᠠᠶ᠋ᠢᠳᠠᠯ᠎ᠳᠤ᠎ᠪᠠᠨ ᠲᠣᠬᠢᠷᠠᠭᠤᠯᠤᠨ ᠪᠠᠷᠢᠯᠭ᠎ᠠ᠎ᠳᠤ ᠬᠡᠷᠡᠭᠯᠡᠬᠦ ᠵᠢ ᠠᠬᠢᠭᠤᠯᠵᠤ᠂ ᠠᠷᠠᠳ᠎ᠤᠨ ᠬᠡᠷᠡᠭᠴᠡᠬᠡᠨ᠎ᠤ ᠪᠠᠷᠢᠯᠭ᠎ᠠ ᠵᠢᠨ ᠡᠩ᠎ᠤᠨ ᠡᠨᠧᠷᠭᠢ ᠵᠢᠨ ᠬᠡᠷᠡᠭᠯᠡᠯᠲᠡ ᠵᠢ ᠪᠠᠭ᠋ᠠᠰᠬᠠᠨ᠎ᠠ᠃ ᠳᠠᠬᠢᠨ ᠡᠭᠦᠰᠴᠦ ᠪᠣᠯᠬᠤ ᠡᠨᠧᠷᠭᠢ ᠵᠢ ᠪᠠᠷᠢᠯᠭ᠎ᠠ᠎ᠳᠤ ᠬᠡᠷᠡᠭᠯᠡᠬᠦ ᠢᠨᠵᠧᠨᠧᠷᠢᠩ᠎ᠤᠨ ᠲᠥᠯᠥᠪᠵᠢᠭᠦᠯᠭᠡ᠂ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ᠂ ᠰᠢᠯᠭ᠋ᠠᠨ ᠠᠪᠬᠤ᠂ ᠠᠵᠢᠯᠯᠠᠭᠤᠯᠬᠤ ᠵᠡᠷᠭᠡ ᠲᠠᠯ᠎ᠠ ᠵᠢᠨ ᠬᠠᠮᠢᠶᠠᠷᠤᠯᠲᠠ ᠵᠢ ᠴᠢᠩᠭ᠋ᠠᠳᠬᠠᠨ᠎ᠠ᠃ ᠨᠡᠷᠡᠨ᠎ᠤ ᠡᠨᠧᠷᠭᠢ᠎ᠪᠠᠷ ᠤᠰᠤ ᠬᠠᠯᠠᠭ᠋ᠠᠬᠤ ᠪᠠᠷᠢᠯᠭ᠎ᠠ ᠵᠢᠨ ᠨᠢᠭᠡ ᠴᠣᠭᠴᠠᠵᠢᠭᠤᠯᠬᠤ ᠰᠢᠰᠲ᠋ᠧᠮ᠎ᠢ ᠶᠡᠭᠡ᠎ᠪᠠᠷ ᠬᠥᠭᠵᠢᠭᠦᠯᠵᠦ᠂ 12 ᠳᠠᠪᠬᠤᠷᠯᠢᠭ ᠬᠦᠷᠬᠦ ᠦᠭᠡᠢ ᠣᠷᠣᠨ ᠰᠠᠭᠤᠴᠠ ᠵᠢᠨ ᠪᠠᠷᠢᠯᠭ᠎ᠠ ᠪᠠ ᠡᠮᠨᠡᠯᠭᠡ ᠵᠢᠨ ᠬᠤᠷᠢᠶ᠎ᠠ᠂ ᠰᠤᠷᠭ᠋ᠠᠭᠤᠯᠢ᠂ ᠵᠣᠴᠢᠳ᠎ᠤᠨ ᠪᠠᠭᠤᠳᠠᠯ᠂ ᠤᠮᠪᠠᠯᠲᠠ ᠵᠢᠨ ᠲᠠᠲᠠᠭ᠋ᠠᠯ᠂ ᠣᠯᠠᠨ ᠨᠡᠶ᠋ᠢᠲᠡ ᠵᠢᠨ ᠤᠬᠢᠶᠠᠯᠭ᠎ᠠ ᠵᠢᠨ ᠥᠷᠥᠭᠡ ᠵᠡᠷᠭᠡ ᠣᠯᠠᠨ ᠨᠡᠶ᠋ᠢᠲᠡ ᠵᠢᠨ ᠪᠠᠷᠢᠯᠭ᠎ᠠ᠎ᠳᠤ ᠨᠡᠷᠡᠨ᠎ᠤ ᠡᠨᠧᠷᠭᠢ ᠵᠢᠨ ᠭᠡᠷᠡᠯ ᠢᠯᠴᠢ ᠬᠡᠷᠡᠭᠯᠡᠬᠦ ᠪᠠᠷᠢᠯᠭ᠎ᠠ ᠵᠢᠨ ᠨᠢᠭᠡ ᠴᠣᠭᠴᠠᠵᠢᠭᠤᠯᠤᠭᠰᠠᠨ ᠮᠡᠷᠭᠡᠵᠢᠯ᠎ᠢ ᠠᠬᠢᠭᠤᠯᠤᠨ᠎ᠠ᠃ ᠬᠤᠲᠠ ᠪᠠᠯᠭ᠋ᠠᠰᠤᠨ᠎ᠤ ᠪᠠᠷᠢᠯᠭ᠎ᠠ᠎ᠳᠤ ᠨᠡᠷᠡᠨ᠎ᠤ ᠡᠨᠧᠷᠭᠢ ᠵᠢᠨ ᠭᠡᠷᠡᠯ ᠴᠡᠨᠡᠭ᠎ᠤᠨ ᠲᠠᠷᠬᠠᠯᠲᠠ ᠵᠢᠨ ᠬᠡᠯᠪᠡᠷᠢ᠎ᠲᠠᠢ᠂ ᠨᠢᠭᠡ ᠴᠣᠭᠴᠠᠵᠢᠭᠤᠯᠤᠨ ᠬᠡᠷᠡᠭᠯᠡᠬᠦ ᠵᠢ ᠳᠡᠯᠭᠡᠷᠡᠭᠦᠯᠵᠦ᠂ ᠲᠤᠬᠠᠶ ᠵᠢᠨ ᠭᠠᠵᠠᠷ᠎ᠲᠤ᠎ᠨᠢ ᠦᠢ᠍ᠯᠡᠳᠪᠦᠷᠢᠯᠡᠬᠦ ᠪᠠ ᠠᠪᠴᠤ ᠬᠡᠷᠡᠭᠯᠡᠬᠦ ᠪᠣᠯᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠡᠨᠧᠷᠭᠢ ᠵᠢᠨ ᠲᠣᠪᠴᠢᠶ᠎ᠠ ᠬᠠᠷᠢᠭᠤᠴᠠᠨ᠎ᠠ)
     (ᠳᠣᠯᠤᠭ᠎ᠠ) ᠪᠣᠬᠢᠷᠲᠤᠯ ᠥᠬᠡᠶ ᠪᠠᠷᠢᠯᠭ᠎ᠠ ᠪᠠᠷᠢᠬᠤ ᠠᠵᠢᠯ᠎ᠢ ᠠᠬᠢᠭᠤᠯᠤᠨ᠎ᠠ᠃ ᠪᠣᠬᠢᠷᠲᠤᠯ ᠦᠭᠡᠢ᠎ᠪᠠᠷ ᠪᠠᠷᠢᠯᠭ᠎ᠠ ᠪᠠᠷᠢᠬᠤ ᠪᠠ ᠠᠮᠤᠷ ᠲᠦᠪᠰᠢᠨ ᠪᠣᠯᠪᠠᠰᠤᠨ ᠵᠶ᠋ᠠᠷ ᠪᠠᠷᠢᠯᠭ᠎ᠠ ᠪᠠᠷᠢᠬᠤ ᠵᠢ ᠠᠬᠢᠭᠤᠯᠤᠨ᠎ᠠ᠃ ᠪᠣᠬᠢᠷᠲᠤᠯ ᠥᠬᠡᠶ ᠪᠠᠷᠢᠯᠭ᠎ᠠ ᠪᠠᠷᠢᠬᠤ ᠢᠨᠵᠧᠨᠧᠷᠢᠩ᠎ᠤᠨ ᠵᠢᠱ᠌ᠢᠶ᠎ᠡ ᠦᠵᠡᠭᠦᠯᠬᠦ ᠠᠵᠢᠯ᠎ᠢ ᠥᠷᠨᠢᠭᠦᠯᠵᠦ᠂ ᠰᠢᠨᠵᠢᠯᠡᠬᠦ ᠤᠬᠠᠭ᠋ᠠᠨᠴᠢ᠎ᠪᠠᠷ ᠬᠠᠮᠢᠶᠠᠷᠬᠤ ᠪᠠ ᠲᠡᠷᠢᠭᠦᠨ᠎ᠤ ᠮᠡᠷᠭᠡᠵᠢᠯ᠎ᠢ ᠬᠡᠷᠡᠭᠯᠡᠬᠦ᠎ᠪᠠᠷ ᠳᠠᠮᠵᠢᠭᠤᠯᠤᠨ᠂ ᠪᠠᠷᠢᠯᠭ᠎ᠠ ᠵᠢᠨ ᠬᠤᠭ ᠲᠣᠭᠤᠰᠣ ᠵᠢ ᠵᠠᠰᠠᠬᠤ᠂ ᠤᠰᠤ ᠠᠷᠪᠢᠯᠠᠵᠤ ᠬᠤᠷᠣᠭᠳᠠᠯ᠎ᠢ ᠪᠠᠭ᠋ᠠᠰᠬᠠᠬᠤ᠂ ᠰᠢᠭ᠋ᠠᠷᠤ ᠰᠢᠷᠣᠶ ᠵᠢᠨ ᠲᠡᠭᠡᠭᠡᠪᠦᠷᠢ᠂ ᠱᠤᠤᠬᠢᠶᠠᠨ᠎ᠤ ᠪᠣᠬᠢᠷᠲᠤᠯ᠂ ᠵᠠᠳᠠᠯᠤᠨ ᠰᠠᠯᠭ᠋ᠠᠵᠤ ᠡᠷᠭᠢᠯᠳᠦᠭᠦᠯᠦᠨ ᠠᠰᠢᠭᠯᠠᠬᠤ ᠵᠡᠷᠭᠡ ᠲᠠᠯ᠎ᠠ ᠵᠢᠨ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠵᠤ᠂ 《ᠳᠥᠷᠪᠡ ᠵᠢ ᠠᠷᠪᠢᠯᠠᠵᠤ ᠣᠷᠴᠢᠨ ᠲᠣᠭᠤᠷᠢᠨ᠎ᠢ ᠬᠠᠮᠠᠭ᠋ᠠᠯᠠᠬᠤ》 (ᠡᠨᠧᠷᠭᠢ ᠠᠷᠪᠢᠯᠠᠬᠤ᠂ ᠭᠠᠵᠠᠷ ᠰᠢᠷᠣᠶ ᠠᠷᠪᠢᠯᠠᠬᠤ᠂ ᠤᠰᠤ ᠠᠷᠪᠢᠯᠠᠬᠤ᠂ ᠮᠠᠲ᠋ᠧᠷᠢᠶᠠᠯ ᠠᠷᠪᠢᠯᠠᠬᠤ ᠪᠠ ᠣᠷᠴᠢᠨ ᠲᠣᠭᠤᠷᠢᠨ᠎ᠢ ᠬᠠᠮᠠᠭ᠋ᠠᠯᠠᠬᠤ) ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠤᠨ᠂ ᠬᠠᠮᠤᠭ᠎ᠤᠨ ᠶᠡᠭᠡ ᠬᠡᠮᠵᠢᠶ᠎ᠡ᠎ᠪᠠᠷ ᠡᠨᠧᠷᠭᠢ ᠠᠷᠪᠢᠯᠠᠵᠤ ᠬᠤᠷᠣᠭᠳᠠᠯ᠎ᠢ ᠪᠠᠭᠤᠷᠠᠭᠤᠯᠤᠨ᠂ ᠪᠠᠷᠢᠯᠭ᠎ᠠ ᠵᠢᠨ ᠭᠠᠵᠠᠷ᠎ᠤᠨ ᠪᠣᠬᠢᠷᠲᠤᠯ ᠥᠬᠡᠶ ᠪᠠᠷᠢᠯᠭ᠎ᠠ ᠪᠠᠷᠢᠬᠤ ᠪᠠ ᠣᠷᠴᠢᠨ ᠲᠣᠭᠤᠷᠢᠨ᠎ᠢ ᠬᠠᠮᠠᠭ᠋ᠠᠯᠠᠵᠤ ᠵᠠᠰᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠠᠮᠢ ᠠᠬᠤᠶ ᠣᠷᠴᠢᠨ ᠲᠣᠭᠤᠷᠢᠨ᠎ᠤ ᠲᠢᠩᠬᠢᠮ ᠬᠠᠷᠢᠭᠤᠴᠠᠨ᠎ᠠ)
     (ᠨᠠᠢ᠍ᠮᠠ) ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢ ᠴᠢᠩᠭ᠋ᠠᠳᠬᠠᠨ᠎ᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰᠵᠢᠭᠦᠯᠦᠨ ᠬᠥᠭᠵᠢᠭᠦᠯᠬᠦ ᠵᠢ ᠠᠬᠢᠭᠤᠯᠤᠨ᠎ᠠ᠃ ᠠᠵᠤ ᠠᠬᠤᠶ᠋ᠢᠯᠠᠯ ᠵᠶ᠋ᠠᠷ ᠭᠤᠣᠯ ᠴᠣᠭᠴᠠ ᠪᠣᠯᠭ᠋ᠠᠭᠰᠠᠨ᠂ ᠵᠠᠬ᠎ᠠ ᠳᠡᠯᠭᠡᠭᠦᠷ ᠵᠶ᠋ᠠᠷ ᠤᠳᠤᠷᠢᠳᠤᠮᠵᠢ ᠪᠣᠯᠭ᠋ᠠᠭᠰᠠᠨ᠂ ᠦᠢ᠍ᠯᠡᠳᠪᠦᠷᠢᠯᠡᠬᠦ ᠵᠢᠭ᠋ᠠᠬᠤ ᠰᠤᠳᠤᠯᠬᠤ ᠬᠡᠷᠡᠭᠯᠡᠬᠦ ᠵᠢ ᠨᠢᠭᠡ ᠴᠣᠭᠴᠠᠵᠢᠭᠤᠯᠤᠭᠰᠠᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲᠣᠭᠲᠠᠯᠴᠠᠭ᠎ᠠ ᠵᠢ ᠪᠠᠶ᠋ᠢᠭᠤᠯᠤᠨ᠎ᠠ᠃ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠵᠢᠨ ᠨᠡᠶ᠋ᠢᠲᠡᠯᠢᠭ ᠴᠢᠨᠠᠷ ᠪᠠ ᠵᠠᠩᠭᠢᠯᠠᠭ᠎ᠠ ᠵᠢᠨ ᠮᠡᠷᠭᠡᠵᠢᠯ᠎ᠤᠨ ᠰᠤᠳᠤᠯᠤᠨ ᠨᠡᠭᠡᠭᠡᠬᠦ ᠵᠢᠴᠢ ᠬᠡᠷᠡᠭᠯᠡᠬᠦ ᠵᠢ ᠴᠢᠩᠭ᠋ᠠᠷᠠᠭᠤᠯᠵᠤ᠂ ᠨᠥᠬᠦᠴᠡᠯ᠎ᠳᠤ ᠨᠡᠶ᠋ᠢᠴᠡᠭᠰᠡᠨ ᠭᠠᠵᠠᠷ ᠣᠷᠣᠨ ᠪᠠ ᠠᠵᠤ ᠠᠬᠤᠶ᠋ᠢᠯᠠᠯ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠂ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ ᠵᠢᠨ ᠰᠤᠳᠤᠯᠬᠤ ᠲᠥᠪ᠂ ᠭᠤᠤᠯᠳᠠᠯᠭ᠎ᠠ᠎ᠲᠠᠢ ᠲᠤᠷᠰᠢᠯᠲᠠ ᠵᠢᠨ ᠲᠠᠰᠤᠭ ᠪᠠᠶ᠋ᠢᠭᠤᠯᠬᠤ ᠵᠢ ᠳᠡᠮᠵᠢᠵᠦ᠂ ᠪᠥᠲᠥᠭᠡᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠥᠷᠥᠯ ᠵᠦᠢ᠍ᠯ᠂ ᠮᠡᠷᠭᠡᠵᠢᠯ᠂ ᠮᠠᠲ᠋ᠧᠷᠢᠶᠠᠯ᠂ ᠲᠥᠬᠦᠭᠡᠷᠦᠮᠵᠢ ᠵᠡᠷᠭᠡ᠎ᠪᠠᠨ ᠪᠥᠬᠦ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠯᠥᠪᠯᠡᠭᠡ ᠵᠢᠨ ᠳᠡᠮᠵᠢᠬᠦ ᠬᠦᠷᠢᠶᠡᠨ᠎ᠳᠤ ᠵᠢᠭᠰᠠᠭ᠋ᠠᠨ ᠣᠷᠣᠭᠤᠯᠬᠤ ᠵᠢ ᠠᠬᠢᠭᠤᠯᠤᠨ᠎ᠠ᠃ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠵᠢᠨ ᠲᠡᠷᠢᠭᠦᠨ᠎ᠤ ᠮᠡᠷᠭᠡᠵᠢᠯ᠎ᠢ ᠢᠳᠡᠪᠬᠢᠲᠡᠶ᠎ᠪᠠᠷ ᠣᠷᠣᠭᠤᠯᠵᠤ ᠠᠪᠴᠢᠷᠠᠬᠤ᠂ ᠬᠡᠷᠡᠭᠯᠡᠬᠦ ᠪᠠ ᠰᠢᠩᠭᠡᠭᠡᠨ ᠠᠪᠴᠤ᠂ ᠲᠤᠰ ᠭᠠᠵᠠᠷ ᠣᠷᠣᠨ᠎ᠤ᠎ᠪᠠᠨ ᠪᠣᠳᠠᠲᠠᠢ᠎ᠳᠤ ᠨᠡᠶ᠋ᠢᠴᠡᠭᠰᠡᠨ ᠲᠥᠬᠦᠷ ᠦᠢ᠍ᠯᠡᠳᠬᠦᠨ ᠪᠠ ᠰᠢᠨ᠎ᠡ ᠮᠡᠷᠭᠡᠵᠢᠯ᠎ᠢ ᠬᠥᠭᠵᠢᠭᠦᠯᠦᠨ᠂ ᠲᠡᠷᠢᠭᠦᠨ᠎ᠤ ᠪᠣᠯᠪᠠᠰᠤᠷᠠᠩᠭᠤᠶ ᠮᠡᠷᠭᠡᠵᠢᠯ᠎ᠤᠨ ᠦᠢ᠍ᠯᠡᠳᠬᠦᠨ᠎ᠢ ᠠᠵᠤ ᠦᠢ᠍ᠯᠡᠰᠵᠢᠭᠦᠯᠬᠦ ᠠᠬᠢᠴᠠ ᠵᠢ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠥᠪᠥᠷ ᠮᠣᠩᠭᠤᠯ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ ᠬᠠᠷᠢᠭᠤᠴᠠᠨ᠎ᠠ)
      ᠭᠤᠷᠪᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ
     (ᠨᠢᠭᠡ) ᠵᠣᠬᠢᠶᠠᠨ ᠪᠠᠶ᠋ᠢᠭᠤᠯᠵᠤ ᠤᠳᠤᠷᠢᠳᠬᠤ ᠵᠢ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠵᠢᠨ ᠬᠥᠭᠵᠢᠯᠲᠡ ᠵᠢᠨ ᠲᠢᠩᠬᠢᠮ᠎ᠤᠨ ᠬᠤᠭᠤᠷᠣᠨᠳᠣᠬᠢ ᠬᠠᠮᠲᠤᠷᠠᠭᠰᠠᠨ ᠬᠤᠷᠠᠯ᠎ᠤᠨ ᠳᠦᠷᠢᠮ᠎ᠢ ᠪᠠᠶ᠋ᠢᠭᠤᠯᠤᠨ᠂ ᠬᠠᠮᠲᠤᠷᠠᠭᠰᠠᠨ ᠬᠤᠷᠠᠯ᠎ᠤᠨ ᠠᠯᠪᠠᠨ ᠭᠡᠷ᠎ᠢ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠎ᠳᠤ ᠲᠣᠬᠢᠷᠠᠭᠤᠯᠵᠤ᠂ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠵᠢᠨ ᠬᠥᠭᠵᠢᠯᠲᠡ ᠵᠢᠨ ᠠᠵᠢᠯ᠎ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠡᠯ᠎ᠡ ᠠᠶ᠋ᠢᠮᠠᠭ ᠬᠤᠲᠠ᠎ᠨᠢ ᠲᠤᠰ ᠰᠠᠨᠠᠯ᠎ᠢ ᠪᠠᠭᠤᠯᠭ᠋ᠠᠭᠰᠠᠨ᠎ᠤ ᠳᠠᠷᠠᠭ᠋ᠠᠬᠢ 6 ᠰᠠᠷ᠎ᠠ ᠵᠢᠨ ᠳᠣᠲᠣᠷ᠎ᠠ᠂ ᠲᠥᠬᠦᠷ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠬᠠᠷᠠᠯᠲᠠ ᠡᠭᠦᠷᠭᠡ᠎ᠪᠠᠨ ᠨᠠᠷᠢᠯᠢᠭᠵᠢᠭᠤᠯᠤᠨ᠂ ᠬᠠᠷᠢᠭᠤᠴᠠᠬᠤ ᠨᠢᠭᠡᠴᠢ ᠵᠢ ᠲᠣᠳᠣᠷᠬᠠᠶ᠋ᠢᠯᠠᠵᠤ᠂ ᠳᠡᠮᠵᠢᠬᠦ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ᠂ ᠬᠠᠷᠢᠶ᠎ᠠ ᠪᠦᠬᠦᠢ ᠬᠤᠰᠢᠭᠤ ᠰᠢᠶᠠᠨ (ᠬᠤᠲᠠ᠂ ᠲᠣᠭᠤᠷᠢᠭ)᠎ᠢ ᠵᠢᠭ᠋ᠠᠨ ᠵᠢᠯᠣᠭᠤᠳᠴᠤ ᠪᠠᠶ᠋ᠢᠭ᠋ᠠᠳ ᠬᠠᠷᠢᠭᠤᠴᠠᠯᠭ᠎ᠠ ᠵᠢᠨ ᠲᠣᠭᠲᠠᠴᠠ ᠵᠢ᠎ᠨᠢ ᠪᠦᠷᠢᠨᠰᠢᠭᠦᠯᠵᠦ᠂ ᠵᠡᠷᠭᠡ᠎ᠪᠠᠷ ᠠᠳᠬᠤᠨ ᠬᠠᠮᠲᠤ᠎ᠪᠠᠷ ᠬᠠᠮᠢᠶᠠᠷᠬᠤ ᠠᠵᠢᠯ᠎ᠤᠨ ᠪᠠᠶ᠋ᠢᠷᠢᠰᠢᠯ᠎ᠢ ᠪᠣᠶ ᠪᠣᠯᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ ᠵᠡᠷᠭᠡ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠬᠠᠷᠢᠭᠤᠴᠠᠨ᠎ᠠ)
     (ᠬᠤᠶᠠᠷ) ᠪᠦᠲᠦᠭᠡᠨ ᠪᠠᠶ᠋ᠢᠭᠤᠯᠬᠤ ᠪᠠᠷᠢᠯᠭ᠎ᠠ ᠵᠢᠨ ᠪᠦᠬᠦ ᠶᠠᠪᠤᠴᠠ᠎ᠳᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠬᠡᠷᠡᠭᠴᠡᠬᠡᠨ᠎ᠤ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠵᠢᠨ ᠬᠥᠭᠵᠢᠯᠲᠡ ᠵᠢᠨ ᠲᠦᠷᠢᠮ》 ᠵᠡᠷᠭᠡ ᠵᠢᠨ ᠬᠤᠯᠪᠣᠭᠳᠠᠯ ᠪᠥᠬᠦᠶ ᠱᠠᠭ᠋ᠠᠷᠳᠠᠯᠭ᠎ᠠ ᠶᠣᠰᠣᠭ᠋ᠠᠷ᠂ ᠠᠷᠠᠳ᠎ᠤᠨ ᠬᠡᠷᠡᠭᠴᠡᠬᠡᠨ᠎ᠤ ᠪᠠᠷᠢᠯᠭ᠎ᠠ ᠵᠢᠨ ᠲᠥᠷᠥᠯ ᠵᠦᠢ᠍ᠯ ᠲᠣᠭᠲᠠᠭ᠋ᠠᠬᠤ᠂ ᠲᠥᠯᠥᠪᠵᠢᠭᠦᠯᠬᠦ᠂ ᠭᠠᠵᠠᠷ ᠬᠡᠷᠡᠭᠯᠡᠬᠦ᠂ ᠵᠢᠷᠤᠭᠯᠠᠨ ᠲᠥᠯᠥᠪᠯᠡᠬᠦ᠂ ᠵᠢᠷᠤᠭ᠎ᠢ ᠬᠢᠨᠠᠬᠤ᠂ ᠪᠠᠷᠢᠯᠭ᠎ᠠ ᠪᠠᠷᠢᠬᠤ᠂ ᠪᠠᠶ᠋ᠢᠴᠠᠭ᠋ᠠᠨ ᠰᠢᠯᠭ᠋ᠠᠬᠤ᠂ ᠰᠢᠯᠭ᠋ᠠᠨ ᠠᠪᠬᠤ᠂ ᠦᠨᠡᠯᠡᠬᠦ ᠵᠡᠷᠭᠡ ᠪᠥᠬᠦ ᠶᠠᠪᠤᠴᠠ᠎ᠳᠤ ᠬᠢᠨᠠᠨ ᠬᠠᠮᠢᠶᠠᠷᠬᠤ ᠲᠣᠭᠲᠠᠴᠠ ᠵᠢ ᠲᠡᠭᠦᠯᠳᠡᠷᠵᠢᠭᠦᠯᠵᠦ᠂ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠵᠢᠨ ᠬᠠᠮᠢᠶ᠎ᠠ ᠪᠥᠬᠦᠶ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ᠂ ᠪᠠᠷᠢᠮᠵᠢᠶ᠎ᠠ ᠵᠢᠷᠤᠮᠵᠢᠯ᠎ᠢ ᠬᠡᠷᠡᠭᠵᠢᠭᠦᠯᠬᠦ᠎ᠳᠤ ᠨᠡᠭᠡᠭᠡᠨ ᠬᠥᠭᠵᠢᠭᠦᠯᠵᠦ ᠪᠥᠲᠥᠭᠡᠨ ᠪᠠᠶ᠋ᠢᠭᠤᠯᠬᠤ᠂ ᠬᠠᠶ᠋ᠢᠨ ᠪᠠᠶ᠋ᠢᠴᠠᠭ᠋ᠠᠵᠤ ᠵᠢᠷᠤᠭᠯᠠᠨ ᠲᠥᠯᠥᠪᠯᠡᠬᠦ᠂ ᠪᠠᠷᠢᠯᠭ᠎ᠠ ᠵᠢᠨ ᠵᠢᠷᠤᠭ᠎ᠢ ᠬᠢᠨᠠᠨ ᠪᠠᠶ᠋ᠢᠴᠠᠭ᠋ᠠᠬᠤ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠪᠠᠷᠢᠯᠭ᠎ᠠ ᠵᠢᠨ ᠪᠥᠲᠥᠭᠡᠨ ᠪᠠᠶ᠋ᠢᠭᠤᠯᠬᠤ ᠡᠯ᠎ᠡ ᠲᠠᠯ᠎ᠠ ᠵᠢᠨ᠎ᠬᠢᠨ᠎ᠤ ᠭᠤᠤᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠎ᠠ᠃ ᠡᠯ᠎ᠡ ᠱᠠᠲᠤᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢ ᠬᠡᠷᠡᠭᠵᠢᠭᠦᠯᠬᠦ ᠱᠠᠲᠤᠨ᠎ᠳᠤ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠵᠢᠨ ᠬᠥᠭᠵᠢᠯᠲᠡ ᠵᠢᠨ ᠱᠠᠭ᠋ᠠᠷᠳᠠᠯᠭ᠎ᠠ ᠵᠢ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠳᠡᠰ ᠳᠠᠷᠠᠭ᠋ᠠᠯᠠᠯ᠎ᠳᠤ ᠣᠷᠣᠭᠤᠯᠵᠤ᠂ ᠪᠠᠷᠢᠯᠭ᠎ᠠ ᠵᠢᠨ ᠵᠢᠷᠤᠭ᠎ᠤᠨ ᠬᠢᠨᠠᠨ ᠪᠠᠶ᠋ᠢᠴᠠᠭ᠋ᠠᠯᠲᠠ᠂ ᠪᠠᠷᠢᠯᠭ᠎ᠠ ᠪᠠᠷᠢᠬᠤ ᠵᠥᠪᠰᠢᠶᠡᠷᠡᠯ᠂ ᠪᠠᠷᠢᠯᠭ᠎ᠠ ᠳᠠᠭᠤᠰᠤᠭᠰᠠᠨ᠎ᠢ ᠰᠢᠯᠭ᠋ᠠᠨ ᠠᠪᠴᠤ ᠪᠦᠷᠢᠳᠬᠡᠨ ᠳᠠᠩᠰᠠᠯᠠᠬᠤ ᠵᠡᠷᠭᠡ ᠵᠠᠩᠭᠢᠯᠠᠭ᠎ᠠ ᠵᠢᠨ ᠭᠤᠭᠴᠤᠭ᠎ᠠ ᠵᠢ ᠴᠢᠩᠭ᠎ᠠ ᠠᠳᠬᠤᠨ᠂ 《ᠬᠤᠶᠠᠷ᠎ᠢ ᠰᠤᠭᠤᠴᠢᠨ ᠪᠠᠶ᠋ᠢᠴᠠᠭ᠋ᠠᠵᠤ᠂ ᠨᠢᠭᠡ ᠵᠢ ᠢᠯᠡ ᠪᠣᠯᠭ᠋ᠠᠬᠤ》 ᠪᠠ 《ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ》 ᠵᠢᠨ ᠵᠠᠭᠪᠤᠷ ᠶᠣᠰᠣᠭ᠋ᠠᠷ᠂ ᠡᠳᠦᠷ ᠲᠤᠲᠤᠮ᠎ᠤᠨ ᠪᠠᠶ᠋ᠢᠴᠠᠭ᠋ᠠᠬᠤ ᠪᠠ ᠰᠤᠭᠤᠴᠢᠨ ᠪᠠᠶ᠋ᠢᠴᠠᠭ᠋ᠠᠵᠤ ᠰᠢᠯᠭ᠋ᠠᠬᠤ ᠵᠢ ᠤᠶᠠᠯᠳᠤᠭᠤᠯᠤᠭᠰᠠᠨ ᠪᠠᠶ᠋ᠢᠴᠠᠭ᠋ᠠᠬᠤ ᠠᠷᠭ᠎ᠠ ᠬᠡᠯᠪᠡᠷᠢ ᠵᠢ ᠬᠡᠷᠡᠭᠯᠡᠵᠦ᠂ ᠡᠯ᠎ᠡ ᠲᠠᠯ᠎ᠠ ᠵᠢᠨ᠎ᠬᠢᠨ᠎ᠤ ᠭᠤᠤᠯ ᠴᠣᠭᠴᠠ ᠵᠢᠨ ᠬᠡᠷᠡᠭᠵᠢᠭᠦᠯᠵᠦ ᠪᠠᠶ᠋ᠢᠭ᠎ᠠ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠵᠢᠨ ᠬᠠᠮᠢᠶ᠎ᠠ ᠪᠦᠬᠦᠢ ᠪᠠᠷᠢᠮᠵᠢᠶ᠎ᠠ᠂ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠢ ᠪᠠᠷᠢᠯᠭ᠎ᠠ ᠵᠢᠨ ᠵᠢᠷᠤᠭ ᠲᠥᠯᠥᠪᠯᠡᠭᠡᠨ᠎ᠤ ᠲᠤᠰᠬᠠᠶ ᠬᠠᠭᠤᠳᠠᠰᠤ᠂ ᠪᠠᠷᠢᠯᠭ᠎ᠠ ᠵᠢᠨ ᠵᠢᠷᠤᠭ ᠲᠥᠯᠥᠪᠯᠡᠭᠡᠨ᠎ᠤ ᠪᠢᠴᠢᠭ ᠮᠠᠲ᠋ᠧᠷᠢᠶᠠᠯ᠎ᠤᠨ ᠶᠠᠰᠤ ᠴᠢᠨᠠᠷ᠎ᠤᠨ ᠬᠢᠨᠠᠨ ᠪᠠᠶ᠋ᠢᠴᠠᠭ᠋ᠠᠯᠲᠠ᠂ ᠲᠤᠰᠬᠠᠶ ᠪᠠᠷᠢᠯᠭ᠎ᠠ ᠵᠢᠨ ᠮᠡᠷᠭᠡᠵᠢᠯ᠎ᠤᠨ ᠲᠥᠰᠦᠯ᠂ ᠲᠤᠰᠬᠠᠶ ᠬᠢᠨᠠᠨ ᠬᠠᠮᠢᠶᠠᠷᠬᠤ ᠨᠠᠷᠢᠨ ᠲᠦᠷᠢᠮ ᠵᠡᠷᠭᠡ ᠵᠢ ᠨᠠᠶ᠋ᠢᠷᠠᠭᠤᠯᠤᠨ ᠬᠢᠨᠠᠬᠤ ᠪᠠ ᠬᠡᠷᠡᠭᠵᠢᠭᠦᠯᠦᠭᠰᠡᠨ ᠪᠠᠶ᠋ᠢᠳᠠᠯ᠎ᠳᠤ ᠭᠤᠤᠯᠳᠠᠯᠭ᠎ᠠ᠎ᠲᠠᠢ ᠪᠠᠶ᠋ᠢᠴᠠᠭ᠋ᠠᠯᠲᠠ ᠬᠢᠵᠦ᠂ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠵᠢᠨ ᠶᠠᠰᠤ ᠴᠢᠨᠠᠷ᠎ᠤᠨ ᠠᠵᠢᠯᠯᠠᠭ᠎ᠠ᠎ᠳᠤ ᠡᠯ᠎ᠡ ᠲᠠᠯ᠎ᠠ ᠵᠢᠨ᠎ᠬᠢᠨ᠎ᠤ ᠭᠤᠣᠯ ᠴᠣᠭᠴᠠ ᠵᠢᠨ ᠬᠢᠨᠠᠯᠲᠠ ᠲᠠᠯᠪᠢᠵᠤ ᠬᠠᠮᠢᠶᠠᠷᠬᠤ ᠵᠢ ᠴᠢᠩᠭ᠋ᠠᠳᠬᠠᠨ᠂ ᠡᠯ᠎ᠡ ᠵᠦᠢ᠍ᠯ᠎ᠤᠨ ᠱᠠᠭ᠋ᠠᠷᠳᠠᠯᠭ᠎ᠠ᠎ᠪᠠᠨ ᠪᠣᠲᠠᠲᠠᠶ᠋ᠢᠵᠢᠭᠤᠯᠤᠨ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠨ᠎ᠠ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ)
     (ᠭᠤᠷᠪᠠ) ᠤᠷᠮᠠᠰᠢᠭᠤᠯᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠡᠨᠧᠷᠭᠢ ᠠᠷᠪᠢᠯᠠᠨ ᠪᠣᠬᠢᠷ ᠪᠣᠳᠠᠰ ᠭᠠᠳᠠᠭᠰᠢᠯᠠᠭᠤᠯᠬᠤ ᠵᠢ ᠪᠠᠭ᠋ᠠᠰᠬᠠᠬᠤ᠂ ᠠᠵᠤ ᠦᠢ᠍ᠯᠡᠰ᠎ᠢ ᠬᠥᠭᠵᠢᠭᠦᠯᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠵᠡᠷᠭᠡ ᠲᠠᠯ᠎ᠠ ᠵᠢᠨ ᠲᠥᠷᠥ ᠵᠢᠨ ᠪᠣᠳᠣᠯᠭ᠎ᠠ᠎ᠲᠠᠢ ᠤᠶᠠᠯᠳᠤᠭᠤᠯᠤᠨ᠂ ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠵᠢᠨ ᠬᠤᠷᠣᠭᠳᠠᠯ᠎ᠲᠠᠢ ᠪᠠ ᠡᠨᠧᠷᠭᠢ ᠵᠢᠨ ᠬᠤᠷᠣᠭᠳᠠᠯ ᠪᠠᠷᠤᠭ ᠯᠡ ᠦᠭᠡᠢ ᠪᠠᠷᠢᠯᠭ᠎ᠠ᠂ ᠪᠣᠬᠢᠷᠲᠤᠯ ᠥᠬᠡᠶ ᠠᠮᠢ ᠠᠬᠤᠶ ᠵᠢᠨ ᠬᠤᠲᠠ ᠲᠣᠭᠤᠷᠢᠭ᠂ ᠣᠳᠣᠨ ᠲᠠᠰ᠎ᠲᠠᠢ ᠪᠣᠬᠢᠷᠲᠤᠯ ᠥᠬᠡᠶ ᠪᠠᠷᠢᠯᠭ᠎ᠠ᠂ ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ᠂ ᠳᠠᠬᠢᠨ ᠡᠭᠦᠰᠴᠦ ᠪᠣᠯᠬᠤ ᠡᠨᠧᠷᠭᠢ ᠵᠢᠨ ᠬᠡᠷᠡᠭᠯᠡᠯᠲᠡ᠂ ᠣᠳᠣ ᠵᠢᠨ ᠪᠠᠶ᠋ᠢᠭ᠎ᠠ ᠪᠠᠷᠢᠯᠭ᠎ᠠ ᠵᠢᠨ ᠡᠨᠧᠷᠭᠢ ᠠᠷᠪᠢᠯᠠᠬᠤ ᠵᠢ ᠥᠭᠡᠷᠡᠴᠢᠯᠡᠨ ᠰᠠᠶ᠋ᠢᠵᠢᠷᠠᠭᠤᠯᠬᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠡᠬᠢ ᠪᠠᠶᠠᠯᠢᠭᠵᠢᠭᠤᠯᠤᠨ ᠠᠰᠢᠭᠯᠠᠬᠤ᠂ ᠡᠨᠧᠷᠭᠢ ᠵᠢᠨ ᠭᠡᠷ᠎ᠡ᠎ᠲᠠᠢ ᠬᠠᠮᠢᠶᠠᠷᠤᠯᠲᠠ ᠵᠢᠨ ᠲᠥᠷᠥᠯ ᠵᠦᠢ᠍ᠯ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢ᠍ᠯ᠂ ᠰᠠᠭᠤᠷᠢ ᠴᠢᠳᠠᠪᠤᠷᠢ ᠵᠢᠨ ᠪᠦᠲᠦᠭᠡᠨ ᠪᠠᠶ᠋ᠢᠭᠤᠯᠤᠯᠲᠠ ᠵᠡᠷᠭᠡ ᠵᠢ ᠳᠡᠮᠵᠢᠬᠦ ᠡᠷᠴᠢᠮ ᠵᠶ᠋ᠠᠨ ᠭᠤᠤᠯᠳᠠᠯᠭ᠎ᠠ᠎ᠲᠠᠢ ᠴᠢᠩᠭ᠋ᠠᠷᠠᠭᠤᠯᠤᠨ᠎ᠠ᠃ ᠭᠠᠶ᠋ᠢᠯᠢ ᠰᠦᠢ᠍ᠳᠬᠡᠯ᠎ᠤᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ ᠪᠤᠶᠤ ᠡᠬᠢ ᠪᠠᠶᠠᠯᠢᠭ᠎ᠢ ᠶᠡᠷᠦᠩᠬᠡᠶ᠋ᠢᠯᠡᠨ ᠠᠰᠢᠭᠯᠠᠭᠰᠠᠨ ᠤᠭᠰᠠᠷᠠᠮᠠᠯ ᠬᠡᠯᠪᠡᠷᠢ ᠪᠦᠬᠦᠢ᠂ ᠪᠣᠬᠢᠷᠲᠤᠯ ᠦᠭᠡᠶ ᠪᠠᠷᠢᠯᠭ᠎ᠠ ᠵᠢᠨ ᠮᠠᠲ᠋ᠧᠷᠢᠶᠠᠯ᠂ ᠪᠠᠷᠢᠯᠭ᠎ᠠ ᠵᠢᠨ ᠳᠤᠯᠠᠭ᠋ᠠᠨ᠎ᠢ ᠬᠠᠮᠠᠭ᠋ᠠᠯᠠᠬᠤ ᠪᠦᠲᠦᠴᠡ ᠵᠢ ᠨᠢᠭᠡ ᠴᠣᠭᠴᠠᠵᠢᠭᠤᠯᠬᠤ ᠵᠡᠷᠭᠡ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠳᠤ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠭᠠᠶ᠋ᠢᠯᠢ ᠰᠦᠢ᠍ᠳᠬᠡᠯ᠎ᠢ᠎ᠨᠢ ᠬᠠᠰᠤᠵᠤ ᠬᠡᠯᠲᠦᠷᠢᠭᠦᠯᠬᠦ ᠪᠣᠳᠣᠯᠭ᠎ᠠ ᠵᠢ ᠬᠦᠷᠲᠡᠭᠡᠨ᠎ᠡ; ᠪᠣᠬᠢᠷᠲᠤᠯ ᠦᠭᠡᠶ ᠪᠠᠷᠢᠯᠭ᠎ᠠ ᠵᠢ ᠦᠨᠡᠯᠡᠬᠦ ᠲᠡᠮᠳᠡᠭ᠎ᠲᠠᠢ ᠲᠥᠷᠥᠯ ᠵᠦᠢ᠍ᠯ᠎ᠳᠤ ᠭᠠᠶ᠋ᠢᠯᠢ ᠰᠦᠢ᠍ᠳᠬᠡᠯ᠎ᠢ᠎ᠨᠢ ᠬᠠᠰᠤᠵᠤ ᠬᠡᠯᠲᠦᠷᠢᠭᠦᠯᠬᠦ ᠪᠠ ᠰᠢᠯᠢᠳᠡᠭ᠎ᠢ᠎ᠨᠢ ᠰᠢᠯᠭ᠋ᠠᠷᠠᠭᠤᠯᠵᠤ ᠲᠡᠷᠢᠭᠦᠨ᠎ᠤ᠎ᠬᠢ ᠵᠢ ᠡᠭᠦᠳᠬᠦ ᠲᠥᠷᠥ ᠵᠢᠨ ᠪᠣᠳᠣᠯᠭ᠎ᠠ ᠵᠢ ᠬᠦᠷᠲᠡᠭᠡᠬᠦ ᠠᠵᠢᠯ ᠵᠶ᠋ᠠᠨ ᠦᠷᠭᠦᠯᠵᠢᠯᠡᠨ ᠨᠠᠶ᠋ᠢᠳᠠᠪᠤᠷᠢᠵᠢᠭᠤᠯᠤᠨ᠎ᠠ᠃ ᠪᠣᠬᠢᠷᠲᠤᠯ ᠥᠬᠡᠶ ᠪᠠᠷᠢᠯᠭ᠎ᠠ᠂ ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ᠂ ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠵᠢᠨ ᠬᠤᠷᠣᠭᠳᠠᠯ᠎ᠲᠠᠢ ᠪᠠᠷᠢᠯᠭ᠎ᠠ᠎ᠳᠤ ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡ ᠵᠢ ᠲᠡᠭᠦᠯᠳᠡᠷᠵᠢᠭᠦᠯᠵᠦ᠂ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠳᠠᠮᠵᠢᠵᠤ ᠪᠠᠶ᠋ᠢᠭ᠋ᠠᠳ ᠭᠡᠷ ᠪᠠᠶ᠋ᠢᠰᠢᠩ ᠭᠠᠵᠠᠷ ᠬᠥᠷᠥᠩᠭᠡ ᠵᠢᠨ ᠲᠣᠬᠢᠷᠠᠭᠤᠯᠭ᠎ᠠ ᠡᠵᠡᠮᠰᠢᠯ᠎ᠤᠨ ᠲᠥᠷᠥ ᠵᠢᠨ ᠪᠣᠳᠣᠯᠭ᠎ᠠ᠎ᠳᠤ ᠨᠡᠶ᠋ᠢᠴᠡᠭᠦᠯᠦᠭᠰᠡᠨ ᠤᠷᠢᠲᠠᠯ ᠳᠤᠤᠷ᠎ᠠ᠂ ᠬᠤᠳᠠᠯᠳᠤᠨ ᠠᠪᠤᠭᠴᠢ᠎ᠳᠤ ᠵᠢᠭᠡᠯᠡᠯᠭᠡ ᠵᠢᠨ ᠵᠣᠭᠤᠰᠤᠨ᠎ᠤ ᠲᠤᠭ᠎ᠠ ᠪᠤᠶᠤ ᠬᠦᠦ ᠵᠢᠨ ᠨᠣᠷᠮ᠎ᠠ ᠵᠢᠨ ᠬᠠᠷᠠᠭ᠋ᠠᠯᠵᠠᠯ ᠦᠵᠡᠭᠦᠯᠵᠤ᠂ ᠨᠣᠭᠤᠭ᠋ᠠᠨ ᠮᠥᠩᠭᠦᠨ ᠭᠦᠢ᠍ᠯᠭᠡᠭᠡᠨ ᠵᠶ᠋ᠠᠷ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠵᠢᠨ ᠬᠥᠭᠵᠢᠯᠲᠡ ᠵᠢ᠎ᠨᠢ ᠳᠡᠮᠵᠢᠬᠦ ᠵᠢ ᠠᠬᠢᠭᠤᠯᠤᠨ᠂ ᠤᠯᠤᠰ᠎ᠤᠨ ᠪᠣᠬᠢᠷᠲᠤᠯ ᠥᠬᠡᠶ ᠬᠥᠭᠵᠢᠯᠲᠡ ᠵᠢᠨ ᠰᠠᠭᠤᠷᠢ ᠮᠥᠩᠭᠦ ᠵᠢ ᠰᠠᠶ᠋ᠢᠲᠤᠷ ᠬᠡᠷᠡᠭᠯᠡᠵᠦ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠦᠷᠢᠶᠡᠨ᠎ᠳᠤ ᠵᠠᠰᠠᠭ᠎ᠤᠨ ᠣᠷᠳᠣᠨ ᠪᠠ ᠨᠡᠶ᠋ᠢᠭᠡᠮ᠎ᠤᠨ ᠬᠥᠷᠥᠩᠭᠡ ᠵᠢᠨ ᠬᠠᠮᠲᠤᠷᠠᠯᠴᠠᠭ᠎ᠠ (PPP) ᠵᠢᠨ ᠠᠷᠭ᠎ᠠ ᠬᠡᠯᠪᠡᠷᠢ ᠵᠢ ᠬᠡᠷᠡᠭᠯᠡᠬᠦ ᠵᠢ᠎ᠨᠢ ᠵᠣᠷᠢᠭᠵᠢᠭᠤᠯᠵᠤ ᠪᠠᠶ᠋ᠢᠭ᠋ᠠᠳ ᠠᠵᠢᠯ ᠵᠶ᠋ᠠᠨ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠡᠨᠧᠷᠭᠢ ᠵᠢᠨ ᠲᠣᠪᠴᠢᠶ᠎ᠠ᠂ ᠥᠪᠥᠷ ᠮᠣᠩᠭᠤᠯ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ᠂ ᠠᠷᠠᠳ᠎ᠤᠨ ᠪᠠᠩᠬᠢ ᠵᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ᠎ᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ)
     (ᠳᠥᠷᠪᠡ) ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠠᠵᠢᠯ ᠵᠶ᠋ᠠᠨ ᠴᠢᠩᠭ᠋ᠠᠷᠠᠭᠤᠯᠤᠨ᠎ᠠ᠃ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠪᠣᠯ ᠲᠤᠰ ᠭᠠᠵᠠᠷ ᠣᠷᠣᠨ᠎ᠤ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠵᠢᠨ ᠬᠥᠭᠵᠢᠯᠲᠡ ᠵᠢ ᠠᠬᠢᠭᠤᠯᠬᠤ ᠠᠵᠢᠯ᠎ᠤᠨ ᠨᠢᠭᠡᠳᠦᠭᠡᠷ ᠬᠠᠷᠢᠭᠤᠴᠠᠯᠭ᠎ᠠ ᠵᠢᠨ ᠭᠤᠣᠯ ᠴᠣᠭᠴᠠ ᠪᠣᠯᠤᠨ᠎ᠠ᠂ ᠡᠯ᠎ᠡ ᠠᠶ᠋ᠢᠮᠠᠭ ᠬᠤᠲᠠ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ   ᠪᠠᠶ᠋ᠢᠭᠤᠯᠤᠯᠲᠠ ᠵᠢᠨ ᠲᠣᠪᠴᠢᠶ᠎ᠠ ᠪᠣᠯ ᠭᠤᠣᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠠᠵᠢᠯ᠎ᠤᠨ ᠨᠢᠭᠡᠳᠦᠭᠡᠷ ᠳᠠᠭ᠋ᠠᠭ᠋ᠠᠨ ᠡᠭᠦᠷᠭᠡᠯᠡᠬᠦ ᠰᠠᠯᠠᠭ᠎ᠠ ᠮᠥᠴᠢᠷ ᠪᠣᠯᠬᠤᠷ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ᠂ ᠡᠨᠧᠷᠭᠢ ᠵᠢᠨ ᠬᠤᠷᠣᠭᠳᠠᠯ᠎ᠤᠨ 《ᠬᠤᠶᠠᠷ᠎ᠢ ᠬᠢᠵᠠᠭ᠋ᠠᠷᠯᠠᠬᠤ》᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠬᠠᠷᠢᠭᠤᠴᠠᠯᠭ᠎ᠠ ᠵᠢᠨ ᠬᠠᠷᠠᠯᠲᠠ ᠵᠢ ᠰᠢᠯᠭ᠋ᠠᠨ ᠬᠢᠨᠠᠬᠤ ᠵᠡᠷᠭᠡ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠵᠢᠨ ᠬᠥᠭᠵᠢᠯᠲᠡ ᠵᠢᠨ ᠱᠠᠭ᠋ᠠᠷᠳᠠᠯᠭ᠎ᠠ   ᠶᠣᠰᠣᠭ᠋ᠠᠷ᠂ ᠠᠵᠢᠯ᠎ᠤᠨ ᠲᠣᠭᠲᠠᠴᠠ ᠵᠢ ᠪᠦᠷᠢᠨᠰᠢᠭᠦᠯᠵᠦ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ᠂ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ᠎ᠢ ᠲᠣᠳᠣᠷᠬᠠᠶ ᠲᠣᠭᠲᠠᠭ᠋ᠠᠵᠤ᠂ ᠠᠬᠢᠭᠤᠯᠬᠤ ᠡᠷᠴᠢᠮ ᠵᠶ᠋ᠠᠨ ᠴᠢᠩᠭ᠋ᠠᠷᠠᠭᠤᠯᠤᠨ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠴᠢᠩᠭ᠋ᠠᠳᠬᠠᠵᠤ᠂ ᠤᠬᠠᠭᠤᠯᠭ᠎ᠠ ᠬᠥᠮᠦᠵᠢᠯ᠎ᠢ ᠰᠠᠶ᠋ᠢᠲᠤᠷ ᠬᠢᠵᠦ᠂ ᠡᠯ᠎ᠡ ᠵᠦᠢ᠍ᠯ᠎ᠤᠨ ᠬᠠᠷᠠᠯᠲᠠ ᠡᠭᠦᠷᠭᠡ ᠵᠢ ᠨᠠᠶ᠋ᠢᠳᠠᠪᠤᠷᠢᠵᠢᠭᠤᠯᠤᠨ ᠨᠠᠷᠢᠯᠢᠬ᠍ᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ; ᠠᠵᠢᠯ᠎ᠤᠨ ᠠᠬᠢᠴᠠ ᠪᠠ ᠦᠷ᠎ᠡ ᠪᠦᠲᠦᠮᠵᠢ ᠵᠢ ᠴᠠᠭ ᠲᠤᠬᠠᠶ᠎ᠳᠤ᠎ᠨᠢ ᠳ᠋ᠦᠩᠨᠡᠨ᠂ ᠣᠨ᠎ᠤ ᠮᠡᠳᠡᠭᠦᠯᠦᠯᠲᠡ ᠵᠢ ᠪᠢᠴᠢᠵᠦ᠂ ᠵᠢᠯ ᠪᠦᠷᠢ ᠵᠢᠨ ᠰᠡᠭᠦᠯᠴᠢ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠎ᠳᠤ ᠮᠡᠳᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠎ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ᠂ ᠴᠠᠭ᠎ᠲᠤ᠎ᠨᠢ ᠲᠤᠬᠢᠷᠠᠭᠤᠯᠤᠨ ᠡᠯ᠎ᠡ ᠭᠠᠵᠠᠷ ᠣᠷᠣᠨ᠎ᠢ ᠬᠥᠳᠡᠯᠦᠩᠭᠦᠶ ᠵᠢᠭ᠋ᠠᠨ ᠵᠢᠯᠣᠭᠤᠳᠬᠤ᠂ ᠬᠢᠨᠠᠯᠲᠠ ᠲᠠᠯᠪᠢᠵᠤ ᠰᠢᠯᠭ᠋ᠠᠨ ᠬᠢᠨᠠᠬᠤ ᠪᠠ ᠦᠷ᠎ᠡ ᠪᠦᠲᠦᠮᠵᠢ ᠵᠢ᠎ᠨᠢ ᠦᠨᠡᠯᠡᠨ ᠵᠢᠱ᠌ᠢᠨ᠎ᠡ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠳᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ᠎ᠤ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠵᠡᠷᠭᠡ ᠰᠠᠯᠠᠭ᠎ᠠ ᠮᠥᠴᠢᠷ ᠬᠠᠷᠢᠭᠤᠴᠠᠨ᠎ᠠ)
 
     (ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
 

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
                      2021 ᠣᠨ᠎ᠤ 4 ᠳ᠋ᠦ᠍ᠭᠡᠷ ᠰᠠᠷ᠎ᠠ ᠵᠢᠨ 15᠎ᠤ ᠡᠳᠦᠷ ᠳᠠᠷᠤᠮᠠᠯᠯᠠᠨ ᠲᠠᠷᠬᠠᠭ᠋ᠠᠪᠠ
 
   
   


ᠢᠷᠡᠯᠲᠡ᠄ ᠥᠪᠥᠷ ᠮᠣᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠬᠠᠮᠢᠶᠠᠷᠤᠯᠲᠠ ᠵᠢᠨ ᠠᠵᠢᠯ᠎ᠢ ᠤᠯᠠᠮ ᠨᠢᠭᠡ ᠠᠯᠬᠤᠮ ᠰᠠᠢ᠍ᠲᠤᠷ ᠬᠢᠬᠦ ᠲᠣᠬᠠᠢ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠭᠢᠮ᠎ᠤᠨ ᠮᠡᠳᠡᠭᠳᠡᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠦᠪᠡᠷᠲᠡᠭᠡᠨ ᠵᠠᠰᠠᠬᠤ ᠤᠷᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠳᠦᠬᠦᠮ ᠦᠵᠡᠬᠦᠯᠬᠦ ᠬᠠᠯᠠᠮᠰᠢᠯ ᠤᠳᠠᠰᠦ ᠵᠢ ᠰᠢᠯᠢᠳᠡᠭᠵᠢᠬᠦᠯᠬᠦ ᠠᠵᠢᠯ᠎ᠤᠨ ᠲᠦᠷᠭᠡᠳᠬᠡᠨ ᠠᠬᠢᠭᠤᠯᠬᠤ ᠲᠦᠰᠦᠯ᠎ᠢ ᠳᠠᠷᠤᠮᠠᠯᠯᠠᠨ ᠶᠠᠪᠤᠭᠤᠯᠬᠤ ᠲᠤᠬᠠᠢ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ᠎ᠤᠨ ᠮᠡᠳᠡᠭᠳᠡᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠥᠷᠥᠯ ᠵᠦᠢ᠍ᠯ᠎ᠤᠨ ᠵᠠᠷᠤᠯᠭ᠎ᠠ ᠵᠢᠨ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠰᠢᠨ᠎ᠡ ᠮᠠᠶᠢᠭ᠎ᠤᠨ ᠪᠠᠷᠢᠯᠭ᠎ᠠ ᠵᠢᠨ ᠠᠵᠤ ᠦᠢ᠍ᠯᠡᠳᠪᠦᠷᠢᠵᠢᠯᠲᠡ ᠵᠢᠨ ᠪᠣᠬᠢᠷᠲᠤᠯ ᠥᠬᠡᠶ ᠬᠥᠭᠵᠢᠯᠲᠡ ᠵᠢ ᠠᠬᠢᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ
 
             蒙ICP备05000248号