ᠦᠪᠦᠷ ᠵᠠᠰᠠᠭ ᠠᠯᠪᠠᠨ ᠦᠰᠦᠭ [2021] 45 ᠳ᠋ᠤᠭ᠋ᠠᠷ ᠲᠣᠭ᠋ᠠᠲᠤ 2021 ᠣᠨ᠎ᠤ 7 ᠳ᠋ᠤᠭ᠋ᠠᠷ ᠰᠠᠷ᠎ᠠ ᠵᠢᠨ 8᠎ᠤ ᠡᠳᠦᠷ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠪᠥᠬᠦ ᠣᠷᠣᠨ᠎ᠤ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠬᠠᠮᠢᠶᠠᠷᠤᠯᠲᠠ ᠵᠢᠨ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠵᠦ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠪᠠ ᠦᠢ᠍ᠯᠡᠴᠢᠯᠡᠭᠦ ᠬᠢᠷᠢ ᠲᠦᠪᠰᠢᠨ᠎ᠢ ᠦᠨᠡᠨ ᠬᠦ᠌ ᠳᠡᠭᠡᠭᠰᠢᠯᠡᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠶ᠎ᠡ᠃
ᠨᠢᠭᠡ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠲᠤ ᠬᠢᠨᠠᠯᠲᠠ ᠬᠠᠮᠢᠶᠠᠷᠤᠯᠲᠠ ᠬᠢᠬᠦ ᠡᠭᠦᠷᠭᠡ ᠬᠠᠷᠢᠭᠤᠴᠠᠯᠭ᠎ᠠ ᠵᠢ ᠲᠤᠳᠤᠷᠬᠠᠢ ᠲᠣᠭᠲᠠᠭ᠋ᠠᠬᠤ ᠬᠡᠷᠡᠭᠲᠡᠢ
(ᠨᠢᠭᠡ) ᠬᠠᠮᠢᠶᠠᠷᠤᠯᠲᠠ ᠵᠢᠨ ᠬᠦᠷᠢᠶ᠎ᠡ ᠬᠡᠪᠴᠢᠶ᠎ᠡ᠃ ᠵᠠᠰᠠᠭ᠎ᠤᠨ ᠣᠷᠳᠣᠨ᠎ᠤ ᠰᠢᠰᠲ᠋ᠧᠮ᠎ᠤᠨ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢᠴᠢ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠲᠤ ᠲᠣᠰ ᠮᠡᠳᠡᠭᠳᠡᠯ᠎ᠤᠨ ᠱᠠᠭ᠋ᠠᠷᠳᠠᠯᠭ᠎ᠠ ᠶᠣᠰᠣᠭ᠋ᠠᠷ ᠬᠠᠮᠢᠶᠠᠷᠤᠯᠲᠠ ᠵᠢᠨ ᠠᠵᠢᠯ᠎ᠢ ᠥᠷᠨᠢᠭᠦᠯᠬᠦ ᠬᠡᠷᠡᠭᠲᠡᠶ᠃ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠨᠢᠭᠡᠴᠢ ᠲᠤᠰᠠᠭ᠋ᠠᠷ ᠪᠠᠶ᠋ᠢᠭᠤᠯᠤᠭᠰᠠᠨ ᠦᠭᠡᠢ ᠪᠣᠯᠪᠠᠴᠤ ᠨᠠᠮ᠎ᠤᠨ ᠪᠠᠶ᠋ᠢᠭᠤᠯᠭ᠎ᠠ ᠵᠢᠨ ᠨᠡᠷ᠎ᠡ ᠳᠣᠣᠷ᠎ᠠ ᠭᠠᠳᠠᠭᠰᠢ᠎ᠪᠠᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠫᠠᠶ᠋ᠢᠰᠠ ᠡᠯᠭᠦᠭᠰᠡᠨ ᠰᠠᠯᠠᠭ᠎ᠠ ᠮᠥᠴᠢᠷ ᠵᠢᠴᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠠᠴᠠ ᠡᠷᠬᠡ ᠣᠯᠭᠤᠭᠰᠠᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠡᠷᠬᠡ ᠲᠤᠰᠢᠶᠠᠯ᠎ᠲᠠᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ᠎ᠨᠦᠭᠦᠳ ᠡᠭᠦᠨ ᠵᠶ᠋ᠠᠷ ᠯᠠᠪᠯᠠᠯᠲᠠ ᠪᠣᠯᠭ᠋ᠠᠨ ᠬᠡᠷᠡᠭᠵᠢᠭᠦᠯᠵᠦ ᠪᠣᠯᠤᠨ᠎ᠠ᠃ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠠᠵᠢᠯ᠎ᠳᠤ ᠨᠢᠭᠡᠨᠲᠡ ᠲᠣᠭᠲᠠᠭ᠋ᠠᠯ᠎ᠲᠠᠢ ᠪᠠᠶ᠋ᠢᠪᠠᠯ᠂ ᠲᠡᠷᠡ ᠲᠣᠭᠲᠠᠭ᠋ᠠᠯ᠎ᠢ᠎ᠨᠢ ᠵᠢᠷᠤᠮᠯᠠᠨ᠎ᠠ᠃
(ᠬᠤᠶᠠᠷ) ᠭᠤᠣᠯᠴᠢᠯᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ ᠪᠣᠯ ᠪᠥᠬᠦ ᠣᠷᠣᠨ᠎ᠤ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠭᠤᠤᠯᠴᠢᠯᠠᠨ ᠬᠠᠮᠢᠶᠠᠷᠬᠤ ᠨᠢᠭᠡᠴᠢ ᠪᠠᠶ᠋ᠢᠵᠤ᠂ ᠪᠥᠬᠦ ᠣᠷᠣᠨ᠎ᠤ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠪᠦᠳᠣᠭᠡᠨ ᠪᠠᠶ᠋ᠢᠭᠤᠯᠤᠯᠲᠠ ᠪᠠ ᠬᠥᠭᠵᠢᠯᠲᠡ ᠵᠢ ᠠᠬᠢᠭᠤᠯᠬᠤ᠂ ᠵᠢᠯᠣᠭᠤᠳᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ᠂ ᠰᠢᠯᠭ᠋ᠠᠨ ᠬᠢᠨᠠᠬᠤ ᠵᠢ ᠬᠠᠷᠢᠭᠤᠴᠠᠨ᠎ᠠ᠃ ᠠᠶ᠋ᠢᠮᠠᠭ ᠬᠤᠲᠠ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷ᠎ᠨᠢ ᠲᠣᠰ ᠭᠠᠵᠠᠷ ᠣᠷᠣᠨ᠎ᠤ᠎ᠪᠠᠨ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢᠨ ᠭᠤᠤᠯᠴᠢᠯᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠲᠣᠰ ᠭᠠᠵᠠᠷ ᠣᠷᠣᠨ᠎ᠤ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢ ᠨᠢᠭᠡᠳᠦᠯᠲᠡᠶ ᠲᠦᠯᠣᠪᠵᠢᠭᠦᠯᠭᠦ ᠪᠠ ᠡᠳᠦᠷ ᠲᠤᠲᠤᠮ᠎ᠤᠨ ᠬᠢᠨᠠᠨ ᠰᠢᠡᠵᠢᠭᠦ ᠵᠢ ᠬᠠᠷᠢᠭᠤᠴᠠᠬᠤ ᠪᠦᠭᠡᠳ ᠰᠦᠯᠵᠢᠶᠡᠨ ᠥᠷᠲᠡᠭᠡ ᠵᠢᠨ ᠨᠡᠭᠡᠭᠡᠨ ᠡᠷᠭᠢᠯᠡᠵᠦ ᠡᠮᠬᠢᠯᠡᠨ ᠨᠡᠶ᠋ᠢᠯᠡᠭᠦᠯᠬᠦ᠂ ᠠᠮᠤᠷ ᠲᠦᠪᠰᠢᠨ᠎ᠤ ᠬᠠᠮᠢᠶᠠᠷᠤᠯᠲᠠ᠂ ᠰᠢᠯᠭ᠋ᠠᠨ ᠬᠢᠨᠠᠵᠤ ᠦᠨᠡᠯᠡᠬᠦ ᠪᠠ ᠬᠢᠨᠠᠯᠲᠠ ᠲᠠᠯᠪᠢᠵᠤ ᠬᠠᠷᠢᠭᠤᠴᠠᠯᠭ᠎ᠠ ᠬᠡᠯᠡᠯᠴᠡᠬᠦ ᠵᠡᠷᠭᠡ ᠠᠵᠢᠯ᠎ᠤᠳ᠎ᠢ ᠰᠠᠶ᠋ᠢᠲᠤᠷ ᠬᠢᠬᠦ ᠵᠢ ᠬᠠᠷᠢᠭᠤᠴᠠᠨ᠎ᠠ᠃ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷ᠎ᠨᠢ ᠲᠣᠰ ᠭᠠᠵᠠᠷ ᠣᠷᠣᠨ᠎ᠤ᠎ᠪᠠᠨ ᠵᠠᠰᠠᠭ᠎ᠤᠨ ᠣᠷᠳᠣᠨ᠎ᠤ ᠰᠢᠰᠲ᠋ᠧᠮ᠎ᠤᠨ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠭᠤᠤᠯᠴᠢᠯᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠰᠢᠨ᠎ᠡ ᠵᠠᠭᠤᠴᠢᠯᠠᠭᠤᠷ᠎ᠢ ᠪᠦᠷᠢᠳᠭᠡᠨ ᠳᠠᠩᠰᠠᠯᠠᠵᠤ ᠬᠠᠮᠢᠶᠠᠷᠬᠤ᠂ ᠨᠡᠭᠡᠭᠡᠨ ᠡᠷᠭᠢᠯᠡᠵᠦ ᠬᠠᠭ᠋ᠠᠵᠤ ᠵᠣᠭᠰᠣᠭ᠋ᠠᠬᠤ᠂ ᠡᠮᠬᠢᠯᠡᠨ ᠨᠡᠶ᠋ᠢᠯᠡᠭᠦᠯᠵᠦ ᠬᠦᠴᠦᠨ ᠥᠬᠡᠶ ᠪᠣᠯᠭ᠋ᠠᠬᠤ᠂ ᠡᠳᠦᠷ ᠲᠤᠲᠤᠮ᠎ᠤᠨ ᠬᠢᠨᠠᠨ ᠰᠢᠨᠵᠢᠬᠦ᠂ ᠵᠣᠬᠢᠴᠠᠭᠤᠯᠤᠨ ᠲᠣᠬᠢᠷᠠᠭᠤᠯᠵᠤ ᠬᠢᠨᠠᠯᠲᠠ ᠲᠠᠯᠪᠢᠬᠤ ᠵᠡᠷᠭᠡ ᠠᠵᠢᠯ᠎ᠤᠳ᠎ᠢ ᠬᠠᠷᠢᠭᠤᠴᠠᠨ᠎ᠠ᠃ ᠪᠠᠶ᠋ᠢᠭᠤᠯᠤᠮᠵᠢ ᠵᠢᠨ ᠣᠷᠣᠨ ᠲᠤᠭ᠎ᠠ᠂ ᠳᠣᠲᠣᠭ᠋ᠠᠳᠤ ᠵᠢ ᠬᠠᠮᠠᠭ᠋ᠠᠯᠠᠬᠤ᠂ ᠴᠢᠮᠡᠭᠡ ᠬᠤᠯᠪᠣᠭ᠋ᠠᠨ᠎ᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠨᠢ ᠬᠠᠮᠵᠢᠯᠴᠠᠨ ᠬᠢᠨᠠᠵᠤ ᠬᠠᠮᠢᠶᠠᠷᠬᠤ ᠨᠢᠭᠡᠴᠢ ᠪᠣᠯᠤᠭᠰᠠᠨ᠎ᠤ ᠬᠤᠪᠢ᠎ᠳᠤ᠂ ᠰᠦᠯᠵᠢᠶᠡᠨ ᠥᠷᠲᠡᠭᠡ ᠵᠢᠨ ᠢᠯᠡᠷᠬᠡᠢ᠍ᠯᠡᠭᠴᠢ᠂ ᠳ᠋ᠣᠮᠠᠶ᠋ᠢᠨ ᠨᠡᠷ᠎ᠡ ᠪᠠ ᠢᠨᠲ᠋ᠧᠷᠨᠧᠲ᠎ᠤᠨ ᠠᠭᠤᠯᠭ᠎ᠠ ᠬᠠᠩᠭ᠋ᠠᠭᠴᠢ (ICP) ᠵᠢ ᠪᠦᠷᠢᠳᠭᠡᠨ ᠳᠠᠩᠰᠠᠯᠠᠵᠤ ᠬᠠᠮᠢᠶᠠᠷᠬᠤ᠂ ᠠᠮᠤᠷ ᠲᠦᠪᠰᠢᠨ᠎ᠤ ᠵᠡᠷᠭᠡ ᠳᠡᠰ᠎ᠢ᠎ᠨᠢ ᠬᠠᠮᠠᠭ᠋ᠠᠯᠠᠬᠤ ᠵᠡᠷᠭᠡ ᠠᠵᠢᠯ᠎ᠤᠳ᠎ᠢ ᠬᠠᠮᠲᠤ᠎ᠳᠤ᠎ᠪᠠᠨ ᠰᠠᠶ᠋ᠢᠲᠤᠷ ᠬᠢᠬᠦ ᠬᠡᠷᠡᠭᠲᠡᠶ᠃
(ᠭᠤᠷᠪᠠ) ᠭᠤᠣᠯᠴᠢᠯᠠᠨ ᠡᠷᠭᠢᠯᠡᠬᠦ ᠡᠭᠦᠷᠭᠡ ᠬᠠᠷᠢᠭᠤᠴᠠᠯᠭ᠎ᠠ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠰᠠᠯᠠᠭ᠎ᠠ ᠮᠥᠴᠢᠷ᠎ᠤᠨ ᠠᠯᠪᠠᠨ ᠬᠡᠷ᠎ᠨᠢ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ᠎ᠤᠨ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢᠴᠢ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠭᠤᠣᠯᠴᠢᠯᠠᠨ ᠡᠷᠬᠢᠯᠡᠬᠦ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠨ᠎ᠡ᠃ ᠭᠤᠣᠯᠴᠢᠯᠠᠨ ᠡᠷᠭᠢᠯᠡᠬᠦ ᠨᠢᠭᠡᠴᠢ᠎ᠨᠢ ᠰᠦᠯᠵᠢᠶᠡᠨ ᠥᠷᠲᠡᠭᠡ ᠪᠠ ᠰᠢᠨ᠎ᠡ ᠵᠠᠭᠤᠴᠢᠯᠠᠭᠤᠷ᠎ᠤᠨ ᠲᠦᠯᠦᠪᠵᠢᠭᠦᠯᠦᠨ ᠪᠦᠲᠦᠭᠡᠨ ᠪᠠᠶ᠋ᠢᠭᠤᠯᠬᠤ᠂ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ᠂ ᠡᠷᠡᠭᠦᠯ ᠵᠶ᠋ᠠᠷ ᠬᠥᠭᠵᠢᠭᠦᠯᠬᠦ᠂ ᠠᠮᠤᠷ ᠲᠦᠪᠰᠢᠨ᠎ᠤ ᠬᠠᠮᠢᠶᠠᠷᠤᠯᠲᠠ ᠵᠡᠷᠭᠡ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠵᠦ᠂ ᠲᠣᠰ ᠨᠢᠭᠡᠴᠢ ᠵᠢᠨ ᠵᠶ᠋ᠠᠨ ᠳᠣᠲᠣᠭ᠋ᠠᠳᠤ᠎ᠳᠤ᠎ᠪᠠᠨ ᠪᠠᠶ᠋ᠢᠭᠤᠯᠤᠭᠰᠠᠨ ᠪᠠᠶ᠋ᠢᠭᠤᠯᠤᠮᠵᠢ ᠵᠢ ᠵᠢᠭ᠋ᠠᠨ ᠲᠣᠭᠲᠠᠭ᠋ᠠᠬᠤ ᠪᠤᠶᠤ ᠪᠤᠰᠤᠳ ᠲᠤᠰᠬᠠᠶ ᠪᠠᠶ᠋ᠢᠭᠤᠯᠤᠮᠵᠢ᠎ᠳᠤ ᠨᠠᠶ᠋ᠢᠳᠠᠵᠤ ᠳᠠᠭ᠋ᠠᠭ᠋ᠠᠨ ᠭᠦᠢ᠍ᠴᠡᠳᠬᠡᠬᠦ ᠨᠢᠭᠡᠴᠢ ᠪᠣᠯᠭ᠋ᠠᠵᠤ᠂ ᠰᠦᠯᠵᠢᠶᠡᠨ ᠥᠷᠲᠡᠭᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠡᠳᠦᠷ ᠲᠤᠲᠤᠮ᠎ᠤᠨ ᠠᠵᠢᠯᠯᠠᠭᠤᠯᠵᠤ ᠪᠠᠲᠤᠯᠠᠬᠤ ᠠᠵᠢᠯ᠎ᠢ ᠪᠣᠳᠠᠲᠠᠶ ᠡᠭᠦᠷᠭᠡᠯᠡᠭᠦᠯᠦᠨ᠎ᠡ᠃ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠳ ᠭᠤᠤᠯᠴᠢᠯᠠᠨ ᠬᠠᠮᠢᠶᠠᠷᠴᠤ ᠡᠷᠭᠢᠯᠡᠬᠦ ᠪᠠ ᠬᠠᠷᠢᠶ᠎ᠠ ᠭᠠᠵᠠᠷ᠎ᠲᠤᠨᠢ ᠬᠠᠮᠢᠶᠠᠷᠤᠭᠤᠯᠬᠤ ᠵᠠᠷᠴᠢᠮ ᠶᠣᠰᠣᠭ᠋ᠠᠷ᠂ ᠤᠬᠠᠭᠤᠯᠭ᠎ᠠ᠂ ᠰᠦᠯᠵᠢᠶᠡᠨ᠎ᠤ ᠮᠡᠳᠡᠭᠡ ᠵᠠᠩᠭᠢ ᠵᠡᠷᠭᠡ ᠰᠠᠯᠠᠭ᠎ᠠ ᠮᠥᠴᠢᠷ᠎ᠤᠨ ᠲᠤᠬᠠᠶ᠋ᠢᠯᠠᠭᠰᠠᠨ ᠠᠵᠢᠯ᠎ᠤᠨ ᠵᠢᠯᠣᠭᠤᠳᠣᠯᠭ᠎ᠠ ᠪᠠ ᠬᠤᠷᠸ᠎ᠠ ᠬᠠᠮᠢᠶᠠᠷᠤᠯᠲᠠ ᠵᠢ ᠬᠦᠯᠢᠶᠡᠨ ᠠᠪᠬᠤ ᠬᠡᠷᠡᠭᠲᠡᠶ᠃
ᠬᠤᠶᠠᠷ᠂ ᠡᠯ᠎ᠡ ᠵᠦᠢ᠍ᠯ᠎ᠤᠨ ᠭᠤᠤᠯᠳᠠᠯᠭ᠎ᠠ᠎ᠲᠠᠢ ᠡᠭᠦᠷᠭᠡ ᠵᠢ ᠪᠥᠬᠦ ᠬᠦᠴᠦᠨ ᠵᠶ᠋ᠠᠷ ᠵᠶ᠋ᠠᠨ ᠠᠬᠢᠭᠤᠯᠬᠤ ᠬᠡᠷᠡᠭᠲᠡᠢ (ᠨᠢᠭᠡ) ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢᠨ ᠪᠠᠶ᠋ᠢᠭᠤᠯᠤᠯᠲᠠ ᠵᠢ ᠠᠬᠢᠭᠤᠯᠬᠤ ᠬᠡᠷᠡᠭᠲᠡᠢ᠃ 1. ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢᠨ ᠡᠷᠴᠢᠮᠵᠢᠭᠦᠯᠦᠭᠰᠡᠨ ᠲᠠᠪᠴᠠᠩ᠎ᠢ ᠵᠢᠷᠤᠮᠵᠢᠭᠤᠯᠤᠨ ᠪᠠᠶ᠋ᠢᠭᠤᠯᠬᠤ ᠬᠡᠷᠡᠭᠲᠡᠢ᠃ ᠡᠯᠧᠺᠳ᠋ᠷᠣᠨ ᠵᠠᠰᠠᠭ᠎ᠤᠨ ᠶᠠᠪᠤᠳᠠᠯ᠎ᠤᠨ ᠭᠠᠳᠠᠷ ᠰᠦᠯᠵᠢᠶ᠎ᠡ᠎ᠳᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠡᠷᠴᠢᠮᠵᠢᠭᠦᠯᠦᠭᠰᠡᠨ ᠲᠠᠪᠴᠠᠩ᠎ᠢ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠥᠴᠢᠷ᠎ᠤᠨ ᠰᠦᠯᠵᠢᠶ᠎ᠡ ᠪᠦᠬᠦᠨ᠎ᠢ ᠲᠣᠰ ᠡᠷᠴᠢᠮᠵᠢᠭᠦᠯᠦᠭᠰᠡᠨ ᠲᠠᠪᠴᠠᠩ᠎ᠳᠤ ᠰᠢᠯᠵᠢᠭᠦᠯᠦᠨ᠎ᠡ; ᠡᠯ᠎ᠡ ᠠᠶ᠋ᠢᠮᠠᠭ ᠬᠤᠲᠠ᠎ᠨᠢ ᠣᠲᠣ ᠵᠢᠨ ᠪᠠᠶ᠋ᠢᠭ᠎ᠠ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢᠨ ᠴᠤᠭᠯᠠᠷᠠᠯ᠎ᠤᠨ ᠲᠠᠪᠴᠠᠩ ᠵᠶ᠋ᠠᠨ ᠲᠠᠰ ᠳᠡᠪᠰᠢᠭᠦᠯᠦᠨ ᠡᠷᠴᠢᠮᠵᠢᠭᠦᠯᠦᠭᠰᠡᠨ ᠲᠠᠪᠴᠠᠩ ᠪᠣᠯᠭ᠋ᠠᠨ ᠥᠭᠡᠷᠡᠴᠢᠯᠡᠬᠦ ᠵᠢᠨ ᠬᠠᠮᠲᠤ᠂ ᠬᠠᠷᠢᠶ᠎ᠠ ᠣᠷᠣᠨ᠎ᠳᠠᠬᠢ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ (ᠬᠤᠰᠢᠭᠤ ᠰᠢᠶᠠᠨ᠎ᠤ ᠱᠠᠲᠤᠨ᠎ᠤ ᠵᠠᠰᠠᠭ᠎ᠤᠨ ᠣᠷᠳᠣᠨ᠎ᠤ ᠫᠣᠷᠲ᠋ᠧᠯ ᠰᠦᠯᠵᠢᠶᠡᠨ ᠥᠷᠲᠡᠭᠡ ᠪᠠᠭᠲᠠᠨ᠎ᠠ) ᠪᠦᠬᠦᠨ᠎ᠢ ᠲᠣᠰ ᠱᠠᠲᠤᠨ᠎ᠤ ᠡᠷᠴᠢᠮᠵᠢᠭᠦᠯᠦᠭᠰᠡᠨ ᠲᠠᠪᠴᠠᠩ᠎ᠳᠤ ᠰᠢᠯᠵᠢᠭᠦᠯᠭᠦ ᠬᠡᠷᠩᠳᠠᠢ᠃ ᠡᠯ᠎ᠡ ᠠᠶ᠋ᠢᠮᠠᠭ ᠬᠤᠲᠠ᠎ᠨᠢ ᠤᠯᠤᠰ᠎ᠤᠨ ᠬᠠᠮᠢᠶ᠎ᠠ ᠪᠥᠬᠦᠶ ᠱᠠᠭ᠋ᠠᠷᠳᠠᠯᠭ᠎ᠠ ᠶᠣᠰᠣᠭ᠋ᠠᠷ᠂ ᠨᠢᠭᠡᠳᠦᠯᠲᠡᠶ ᠮᠡᠳᠡᠭᠡ ᠵᠠᠩᠭᠢ ᠵᠢᠨ ᠡᠬᠢ ᠪᠠᠶᠠᠯᠢᠭ᠎ᠤᠨ ᠬᠥᠮᠥᠷᠭᠡ᠎ᠳᠤ ᠲᠦᠰᠢᠭᠯᠡᠨ᠂ ᠨᠢᠭᠡᠳᠦᠯᠲᠡᠶ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢᠨ ᠴᠢᠳᠠᠮᠵᠢ ᠵᠢᠨ ᠲᠤᠯᠭ᠋ᠠᠭᠤᠷᠢᠯᠠᠯ᠎ᠤᠨ ᠲᠣᠭᠲᠠᠯᠴᠠᠭ᠎ᠠ ᠵᠢ ᠪᠠᠶ᠋ᠢᠭᠤᠯᠵᠤ᠂ ᠵᠢᠭᠳᠡ ᠪᠠᠷᠢᠮᠵᠢᠶ᠎ᠠ᠎ᠲᠠᠢ᠂ ᠳ᠋ᠠᠶ᠋ᠢᠲ᠋ᠠ᠎ᠨᠢ ᠢᠷᠡᠯᠲᠡ ᠨᠢᠬᠡᠳᠡᠢ ᠬᠡᠷᠡᠭᠯᠡᠭᠡᠨ᠎ᠤ ᠦᠢ᠍ᠯᠡᠴᠢᠯᠡᠭᠡ ᠬᠠᠩᠭ᠋ᠠᠵᠤ᠂ ᠮᠡᠳᠡᠭᠡ ᠵᠠᠩᠭᠢ ᠨᠡᠶ᠋ᠢᠲᠡᠯᠡᠬᠦ᠂ ᠲᠠᠶ᠋ᠢᠯᠤᠮᠵᠢ ᠬᠢᠵᠦ ᠬᠠᠷᠢᠭᠤ ᠥᠭᠬᠦ᠂ ᠠᠵᠢᠯ ᠶᠠᠪᠤᠳᠠᠯ ᠭᠦᠢ᠍ᠴᠡᠳᠬᠡᠬᠦ᠎ᠳᠤ ᠦᠢ᠍ᠯᠡᠴᠢᠯᠡᠬᠦ᠂ ᠬᠠᠷᠢᠯᠴᠠᠨ ᠣᠶ᠋ᠢᠯᠠᠭ᠋ᠠᠯᠴᠠᠬᠤ ᠵᠡᠷᠭᠡ ᠴᠢᠳᠠᠮᠵᠢ ᠵᠢ᠎ᠨᠢ ᠡᠷᠴᠢᠮᠵᠢᠭᠦᠯᠬᠦ ᠵᠢ ᠠᠬᠢᠭᠤᠯᠬᠤ ᠬᠡᠷᠡᠭᠲᠡᠶ᠃ ᠡᠯ᠎ᠡ ᠠᠶ᠋ᠢᠮᠠᠭ ᠬᠤᠲᠠ ᠵᠢᠨ ᠡᠷᠴᠢᠮᠵᠢᠭᠦᠯᠦᠭᠰᠡᠨ ᠲᠠᠪᠴᠠᠩ᠎ᠨᠢ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠣᠯᠠᠨ ᠲᠠᠩᠰᠠᠨ ᠡᠷᠦᠬᠡ ᠵᠢᠨ ᠬᠠᠮᠢᠶᠠᠷᠤᠯᠲᠠ᠂ ᠬᠢᠨᠠᠨ ᠰᠢᠨᠵᠢᠬᠦ ᠦᠢ᠍ᠯᠡᠴᠢᠯᠡᠭᠡ ᠵᠡᠷᠭᠡ ᠴᠢᠳᠠᠮᠵᠢ ᠵᠢ᠎ᠨᠢ ᠰᠢᠯᠢᠳᠡᠭᠵᠢᠭᠦᠯᠦᠨ ᠲᠠᠰ ᠳᠡᠪᠰᠢᠭᠦᠯᠬᠦ ᠪᠠ ᠨᠡᠭᠡᠭᠡᠨ ᠲᠡᠭᠦᠯᠳᠡᠷᠵᠢᠭᠦᠯᠵᠦ᠂ ᠡᠯ᠎ᠡ ᠲᠥᠷᠥᠯ᠎ᠤᠨ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠡᠷᠴᠢᠮᠵᠢᠭᠦᠯᠦᠭᠰᠡᠨ ᠲᠠᠪᠴᠠᠩ᠎ᠳᠤ ᠠᠯᠬᠤᠮ ᠠᠯᠬᠤᠮ ᠵᠶ᠋ᠠᠷ ᠰᠢᠯᠵᠢᠭᠦᠯᠦᠨ᠂ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠨᠢᠭᠡᠳᠦᠯᠲᠡᠶ ᠬᠢᠨᠠᠯᠲᠠ ᠬᠠᠮᠢᠶᠠᠷᠤᠯᠲᠠ ᠵᠢ ᠪᠡᠶᠡᠯᠡᠭᠦᠯᠦᠨ᠂ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠬᠢᠭᠡᠳ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠠᠭᠤᠰᠤᠯᠴᠠᠨ ᠬᠥᠭᠵᠢᠬᠦ ᠵᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠩᠳᠠᠢ᠃
2. ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢᠨ ᠨᠢᠭᠡᠳᠦᠯᠲᠡᠶ ᠮᠡᠳᠡᠭᠡ ᠵᠠᠩᠭᠢ ᠵᠢᠨ ᠡᠬᠢ ᠪᠠᠶᠠᠯᠢᠭ᠎ᠤᠨ ᠬᠥᠮᠥᠷᠭᠡ ᠵᠢ ᠪᠠᠶ᠋ᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠬᠢᠭᠡᠳ ᠡᠯ᠎ᠡ ᠠᠶ᠋ᠢᠮᠠᠭ ᠬᠤᠲᠠ᠎ᠨᠢ ᠲᠦᠷᠦᠯ ᠠᠩᠬᠢᠯᠠᠯ᠎ᠨᠢ ᠰᠢᠨᠵᠢᠯᠡᠬᠦ ᠤᠬᠠᠭ᠋ᠠᠨᠴᠢ᠂ ᠲᠦᠪᠯᠡᠷᠡᠭᠦᠯᠵᠣ ᠵᠢᠷᠤᠮᠵᠢᠭᠤᠯᠤᠭᠰᠠᠨ᠂ ᠬᠠᠮᠲᠤ᠎ᠪᠠᠷ ᠭᠥᠷᠳᠡᠵᠦ ᠬᠠᠮᠲᠤ᠎ᠪᠠᠷ ᠬᠡᠷᠩᠯᠡᠭᠦ ᠪᠥᠬᠦ ᠲᠠᠪᠴᠠᠩ᠎ᠤᠨ ᠨᠢᠭᠡᠳᠦᠯᠲᠡᠶ ᠮᠡᠳᠡᠭᠡ ᠵᠠᠩᠭᠢ ᠵᠢᠨ ᠡᠬᠢ ᠪᠠᠶᠠᠯᠢᠭ᠎ᠤᠨ ᠬᠥᠮᠥᠷᠭᠡ ᠵᠢ ᠪᠠᠶ᠋ᠢᠭᠤᠯᠵᠣ᠂ 《ᠤᠷᠢᠳ ᠵᠶ᠋ᠠᠷ ᠬᠥᠮᠥᠷᠭᠡ᠎ᠳᠤ ᠣᠷᠣᠭᠤᠯᠵᠤ᠂ ᠳᠠᠷᠠᠭ᠎ᠠ᠎ᠳᠤ᠎ᠨᠢ ᠬᠡᠷᠡᠭᠯᠡᠬᠦ》 ᠵᠠᠷᠴᠢᠮ ᠶᠣᠰᠣᠭ᠋ᠠᠷ ᠬᠠᠮᠢᠶᠠᠷᠬᠤ ᠬᠡᠷᠡᠭᠲᠡᠶ᠃ ᠨᠢᠭᠡᠨᠲᠡ ᠡᠷᠴᠢᠮᠵᠢᠭᠦᠯᠦᠭᠰᠡᠨ ᠲᠠᠪᠴᠠᠩ ᠪᠠ ᠨᠢᠭᠡᠳᠦᠯᠲᠡᠶ ᠮᠡᠳᠡᠭᠡ ᠵᠠᠩᠭᠢ ᠵᠢᠨ ᠡᠬᠢ ᠪᠠᠶᠠᠯᠢᠭ᠎ᠤᠨ ᠬᠥᠮᠥᠷᠭᠡ ᠪᠠᠶ᠋ᠢᠭᠤᠯᠤᠭᠰᠠᠨ ᠠᠶ᠋ᠢᠮᠠᠭ ᠬᠤᠲᠠ᠎ᠨᠢ ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠶ ᠮᠡᠳᠡᠭᠡ ᠵᠠᠩᠭᠢ ᠵᠢᠨ ᠡᠬᠢ ᠪᠠᠶᠠᠯᠢᠭ᠎ᠤᠨ ᠬᠥᠮᠥᠷᠭᠡᠯᠦᠭᠡ ᠵᠣᠯᠭ᠋ᠠᠭᠤᠯᠬᠤ ᠵᠢ ᠲᠦᠷᠭᠡᠪᠴᠢᠯᠡᠨ ᠪᠡᠶᠡᠯᠡᠭᠦᠯᠬᠦ ᠬᠡᠷᠡᠭᠲᠡᠶ; ᠡᠷᠴᠢᠮᠵᠢᠭᠦᠯᠦᠭᠰᠡᠨ ᠲᠠᠪᠴᠠᠩ ᠪᠠ ᠨᠢᠭᠡᠳᠦᠯᠲᠡᠶ ᠮᠡᠳᠡᠭᠡ ᠵᠠᠩᠭᠢ ᠵᠢᠨ ᠡᠬᠢ ᠪᠠᠶᠠᠯᠢᠭ᠎ᠤᠨ ᠬᠥᠮᠥᠷᠭᠡ ᠵᠢ ᠪᠠᠶ᠋ᠢᠭᠤᠯᠤᠭ᠋ᠠᠳᠤᠶ ᠠᠶ᠋ᠢᠮᠠᠭ ᠬᠤᠲᠠ᠎ᠨᠢ ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠶ ᠮᠡᠳᠡᠭᠡ ᠵᠠᠩᠭᠢ ᠵᠢᠨ ᠡᠬᠢ ᠪᠠᠶᠠᠯᠢᠭ᠎ᠤᠨ ᠬᠥᠮᠥᠷᠭᠡ᠎ᠳᠤ ᠰᠠᠭᠤᠷᠢᠯᠠᠨ ᠣᠲᠣ ᠵᠢᠨ ᠪᠠᠶ᠋ᠢᠭ᠎ᠠ ᠲᠠᠪᠴᠠᠩ ᠵᠶ᠋ᠠᠨ ᠲᠠᠰ ᠳᠡᠪᠰᠢᠭᠦᠯᠦᠨ ᠦᠭᠡᠷᠡᠴᠢᠯᠡᠨ ᠰᠢᠨᠡᠳᠭᠡᠵᠦ᠂ ᠮᠡᠳᠡᠭᠡ ᠵᠠᠩᠭᠢ ᠵᠢᠨ ᠳ᠋ᠠᠶ᠋ᠢᠲ᠋ᠠ ᠵᠢ ᠵᠣᠯᠭ᠋ᠠᠭᠤᠯᠵᠤ ᠬᠠᠮᠲᠤ᠎ᠪᠠᠷ ᠭᠥᠷᠳᠡᠬᠦ ᠵᠢ ᠪᠡᠶᠡᠯᠡᠭᠦᠯᠭᠦ ᠬᠡᠷᠩᠳᠠᠢ᠃ ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠶ ᠮᠡᠳᠡᠭᠡ ᠵᠠᠩᠭᠢ ᠵᠢᠨ ᠡᠬᠢ ᠪᠠᠶᠠᠯᠢᠭ᠎ᠤᠨ ᠬᠥᠮᠥᠷᠭᠡ᠎ᠨᠢ ᠡᠯ᠎ᠡ ᠠᠶ᠋ᠢᠮᠠᠭ ᠬᠤᠲᠠ᠎ᠳᠤ ᠳ᠋ᠠᠶ᠋ᠢᠲ᠋ᠠ ᠵᠢᠨ ᠵᠠᠯᠭ᠋ᠠᠰᠤ ᠨᠡᠭᠡᠭᠡᠵᠦ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ ᠳ᠋ᠠᠶ᠋ᠢᠲ᠋ᠠ᠎ᠪᠠᠨ ᠬᠠᠷᠢᠯᠴᠠᠨ ᠬᠤᠯᠪᠣᠵᠣ ᠠᠭᠤᠰᠣᠯᠴᠠᠨ ᠨᠡᠪᠲᠡᠷᠡᠯᠴᠡᠬᠦ ᠵᠢ ᠪᠡᠶᠡᠯᠡᠭᠦᠯᠭᠦ ᠬᠡᠷᠩᠳᠠᠢ᠃
3. ᠰᠦᠯᠵᠢᠶᠡᠨ ᠥᠷᠲᠡᠭᠡ ᠵᠢᠨ ᠬᠠᠮᠢᠶᠠᠷᠤᠯᠲᠠ ᠵᠢᠨ ᠠᠵᠢᠯ᠎ᠢ ᠵᠢᠷᠤᠮᠵᠢᠭᠤᠯᠬᠤ ᠬᠡᠷᠡᠭᠲᠡᠢ᠃ 《ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢᠨ ᠬᠥᠭᠵᠢᠯᠲᠡ ᠵᠢᠨ ᠵᠢᠯᠣᠭᠤᠳᠤᠮᠵᠢ》 ᠵᠢᠨ ᠬᠠᠮᠢᠶ᠎ᠠ ᠪᠥᠬᠦᠶ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ ᠰᠦᠯᠵᠢᠶᠡᠨ ᠥᠷᠲᠡᠭᠡ ᠵᠢᠨ ᠬᠠᠮᠢᠶᠠᠷᠤᠯᠲᠠ ᠵᠢ ᠵᠢᠷᠤᠮᠵᠢᠭᠤᠯᠵᠤ᠂ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢ ᠰᠢᠨ᠎ᠡ᠎ᠪᠠᠷ ᠨᠡᠭᠡᠭᠡᠬᠦ᠎ᠳᠤ ᠲᠣᠰ ᠱᠠᠲᠤᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠭᠤᠶᠤᠴᠢᠯᠠᠯ ᠭᠠᠷᠭ᠋ᠠᠬᠤ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠳᠤ ᠮᠡᠳᠡᠭᠦᠯᠦᠨ ᠵᠥᠪᠰᠢᠶᠡᠷᠡᠭᠦᠯᠦᠭᠰᠡᠨ᠎ᠤ ᠳᠠᠷᠠᠭ᠎ᠠ᠂ 《ᠪᠥᠬᠦ ᠤᠯᠤᠰ᠎ᠤᠨ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢᠨ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠰᠢᠰᠲ᠋ᠧᠮ》᠎ᠳᠤ ᠭᠠᠷᠴᠤ ᠦᠨᠳᠦᠰᠦᠨ ᠮᠡᠳᠡᠭᠡ ᠵᠠᠩᠭᠢ᠎ᠪᠠᠨ ᠲᠤᠰᠢᠶᠠᠨ᠂ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢᠨ ᠢᠯᠡᠷᠬᠡᠶ᠋ᠢᠯᠡᠯ᠎ᠤᠨ ᠺᠣᠳ᠋᠎ᠢ ᠤᠯᠬᠤ ᠵᠢᠨ ᠬᠠᠮᠲᠤ ᠠᠮᠤᠷ ᠲᠦᠪᠰᠢᠨ᠎ᠤ ᠪᠠᠶ᠋ᠢᠴᠠᠭ᠋ᠠᠨ ᠰᠢᠯᠭ᠋ᠠᠯᠲᠠ ᠵᠢ ᠦᠩᠭᠡᠷᠡᠭᠦᠯᠣᠭᠡᠣᠨ ᠰᠦᠯᠵᠢᠶᠡᠨ᠎ᠳᠤ ᠭᠠᠷᠭ᠋ᠠᠵᠤ ᠠᠵᠢᠯᠯᠠᠭᠤᠯᠵᠤ ᠪᠣᠯᠣᠨ᠎ᠠ᠃ ᠵᠢᠯᠤᠭᠤᠳᠤᠮᠵᠢ ᠵᠢᠨ ᠱᠠᠭ᠋ᠠᠷᠳᠠᠯᠭ᠎ᠠ ᠵᠢᠨ ᠲᠠᠰ ᠳᠠᠷᠠᠭ᠋ᠠᠯᠠᠯ ᠵᠶ᠋ᠠᠷ ᠬᠠᠭ᠋ᠠᠵᠤ ᠵᠣᠭᠰᠣᠭ᠋ᠠᠬᠤ ᠭᠠᠷᠳᠠᠮ ᠭᠦᠢ᠍ᠴᠡᠳᠬᠡᠭᠰᠡᠨ ᠥᠬᠡᠶ᠎ᠪᠠᠷ ᠳᠤᠷ᠎ᠠ᠎ᠪᠠᠷ ᠵᠶ᠋ᠠᠨ ᠰᠦᠯᠵᠢᠶᠡᠨ᠎ᠠᠴᠠ ᠪᠠᠭᠤᠯᠭ᠋ᠠᠭᠰᠠᠨ ᠪᠠᠶ᠋ᠢᠪᠠᠯ᠂ ᠬᠤᠯᠪᠣᠭᠳᠠᠯ ᠪᠥᠬᠦᠶ ᠲᠣᠭᠲᠠᠭ᠋ᠠᠯ᠎ᠢ ᠦᠨᠳᠦᠰᠦᠯᠡᠨ ᠬᠠᠮᠢᠶ᠎ᠠ ᠪᠥᠬᠦᠶ ᠬᠠᠷᠢᠭᠤᠴᠠᠯᠭ᠎ᠠ᠎ᠲᠠᠢ ᠨᠢᠭᠡᠴᠢ ᠪᠠ ᠬᠠᠷᠢᠭᠤᠴᠠᠯᠭ᠋ᠠᠲᠠᠨ᠎ᠳᠤ ᠬᠠᠷᠢᠭᠤᠴᠠᠯᠭ᠎ᠠ ᠲᠤᠯᠭ᠋ᠠᠨ ᠬᠡᠯᠡᠯᠴᠡᠭᠦ ᠬᠡᠷᠩᠳᠠᠢ᠃
(ᠬᠤᠶᠠᠷ) ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠪᠠᠶ᠋ᠢᠭᠤᠯᠤᠯᠲᠠ ᠬᠠᠮᠢᠶᠠᠷᠤᠯᠲᠠ ᠵᠢ ᠵᠢᠷᠤᠮᠵᠢᠭᠤᠯᠬᠤ ᠬᠡᠷᠡᠭᠲᠡᠢ᠃
1. ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠵᠢ ᠵᠢᠷᠤᠮᠵᠢᠭᠤᠯᠬᠤ ᠬᠡᠷᠡᠭᠲᠡᠢ᠃ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠡᠭᠦᠷᠭᠡ ᠴᠢᠳᠠᠪᠤᠷᠢ ᠵᠢ ᠡᠭᠦᠷᠭᠡᠯᠡᠵᠦ ᠪᠥᠬᠦᠶ ᠰᠠᠯᠠᠭ᠎ᠠ ᠮᠥᠴᠢᠷ᠎ᠤᠳ ᠵᠠᠷᠴᠢᠮ ᠳᠡᠭᠡᠷ᠎ᠡ᠎ᠪᠠᠨ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ ᠭᠠᠷᠭ᠋ᠠᠬᠤ ᠬᠡᠷᠡᠭᠲᠡᠶ᠂ ᠨᠢᠭᠡᠴᠢ ᠵᠢᠨ ᠳᠣᠲᠣᠭ᠋ᠠᠳᠤ᠎ᠳᠤ᠎ᠪᠠᠨ ᠪᠠᠶ᠋ᠢᠭᠤᠯᠤᠭᠰᠠᠨ ᠪᠠᠶ᠋ᠢᠭᠤᠯᠤᠮᠵᠢ ᠵᠢᠨ ᠨᠡᠷ᠎ᠡ᠎ᠪᠠᠷ ᠲᠠᠩᠰᠠᠨ ᠡᠷᠦᠬᠡ ᠵᠢᠨ ᠨᠣᠮᠧᠷ ᠨᠡᠭᠡᠭᠡᠵᠦ ᠪᠣᠯᠬᠤ ᠥᠬᠡᠶ᠃ ᠰᠢᠨ᠎ᠡ ᠵᠠᠭᠤᠴᠢᠯᠠᠭᠤᠷ᠎ᠤᠨ ᠨᠡᠷᠡᠶ᠋ᠢᠳᠦᠯ᠎ᠨᠢ ᠲᠣᠪᠴᠢ ᠠᠪᠰᠠᠷᠬᠠᠨ ᠪᠦᠭᠡᠳ ᠵᠢᠷᠤᠮᠵᠢᠭᠤᠨ ᠪᠠᠶ᠋ᠢᠵᠤ᠂ ᠭᠤᠣᠯᠴᠢᠯᠠᠨ ᠡᠷᠭᠢᠯᠡᠭᠰᠡᠨ ᠨᠢᠭᠡᠴᠢ ᠵᠢᠨ ᠠᠵᠢᠯ᠎ᠤᠨ ᠡᠭᠦᠷᠭᠡ ᠬᠠᠷᠢᠭᠤᠴᠠᠯᠭ᠎ᠠ᠎ᠯᠤᠭ᠎ᠠ ᠬᠤᠯᠪᠣᠭ᠎ᠠ᠎ᠲᠠᠢ ᠪᠠᠶ᠋ᠢᠬᠤ ᠵᠢᠨ ᠬᠠᠮᠲᠤ᠂ ᠢᠯᠡ ᠪᠣᠯᠭ᠋ᠠᠬᠤ ᠭᠡᠷᠡᠴᠢᠯᠡᠯ᠎ᠤᠨ ᠮᠡᠳᠡᠭᠡ ᠵᠠᠩᠭᠢ᠎ᠳᠤ ᠭᠤᠣᠯᠴᠢᠯᠠᠨ ᠡᠷᠭᠢᠯᠡᠭᠰᠡᠨ ᠨᠢᠭᠡᠴᠢ ᠵᠢᠨ ᠨᠡᠷᠡᠶ᠋ᠢᠳᠦᠯ᠎ᠢ ᠲᠣᠳᠣᠷᠬᠠᠶ᠋ᠢᠯᠠᠬᠤ ᠬᠡᠷᠡᠭᠲᠡᠶ᠃ ᠬᠦᠴᠦᠨ ᠵᠶ᠋ᠠᠨ ᠲᠦᠪᠯᠡᠷᠡᠭᠦᠯᠵᠦ ᠪᠠᠶ᠋ᠢᠭ᠋ᠠᠳ ᠨᠢᠭᠡ ᠭᠤᠣᠯ ᠳᠠᠩᠰᠠᠨ ᠡᠷᠦᠬᠡ ᠵᠢᠨ ᠨᠣᠮᠧᠷ᠎ᠢ ᠰᠢᠯᠢᠳᠡᠭᠵᠢᠭᠦᠯᠦᠨ ᠴᠢᠩᠭ᠋ᠠᠷᠠᠭᠤᠯᠵᠤ᠂ ᠨᠢᠭᠡ ᠨᠢᠭᠡᠴᠢ᠎ᠨᠢ ᠵᠠᠷᠴᠢᠮ ᠳᠡᠭᠡᠷ᠎ᠡ᠎ᠪᠠᠨ ᠨᠢᠭᠡ ᠲᠠᠪᠴᠠᠩ᠎ᠳᠤ ᠨᠢᠭᠡ ᠯᠡ ᠳᠠᠩᠰᠠᠨ ᠡᠷᠦᠬᠡ ᠵᠢᠨ ᠨᠣᠮᠧᠷ ᠨᠡᠬᠡᠬᠡᠨ ᠪᠠᠶ᠋ᠢᠭᠤᠯᠬᠤ ᠬᠡᠷᠡᠭᠲᠡᠢ᠃ ᠠᠳᠠᠯᠢ ᠨᠢᠭᠡᠨ ᠲᠠᠪᠴᠠᠩ ᠳᠡᠭᠡᠷ᠎ᠡ ᠣᠯᠠᠨ ᠲᠠᠩᠰᠠᠨ ᠡᠷᠦᠬᠡ ᠵᠢᠨ ᠨᠣᠮᠧᠷ ᠨᠡᠭᠡᠭᠡᠵᠦ ᠪᠠᠶ᠋ᠢᠭᠤᠯᠤᠭᠰᠠᠨ ᠵᠢᠴᠢ ᠠᠳᠠᠯᠢ ᠪᠤᠰᠤ ᠲᠠᠪᠴᠠᠩ ᠳᠡᠭᠡᠷᠡᠬᠢ ᠴᠢᠳᠠᠮᠵᠢ᠎ᠨᠢ ᠠᠳᠠᠯᠢᠪᠲᠤᠷ᠂ ᠬᠡᠷᠡᠭᠯᠡᠭᠴᠢ ᠵᠢᠨ ᠠᠩᠬᠠᠷᠤᠯ᠎ᠤᠨ ᠬᠡᠮᠵᠢᠶ᠎ᠡ ᠳᠣᠤᠷ᠎ᠠ ᠪᠠ ᠠᠰᠢᠭᠯᠠᠯᠲᠠ ᠵᠢᠨ ᠨᠣᠷᠮ᠎ᠠ ᠥᠨᠳᠥᠷ ᠪᠢᠰᠢ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠢᠯᠭ᠋ᠠᠷᠠᠭᠤᠯᠤᠨ ᠡᠮᠬᠢᠯᠡᠨ ᠨᠡᠶ᠋ᠢᠯᠡᠭᠦᠯᠵᠦ᠂ ᠦᠨᠡᠨ ᠬᠦ᠌ ᠪᠠᠷᠢᠮᠲᠠᠯᠠᠨ ᠠᠵᠢᠯᠯᠠᠭᠤᠯᠬᠤ ᠴᠢᠳᠠᠯ ᠥᠬᠡᠶ ᠵᠢ᠎ᠨᠢ ᠡᠷᠡᠰ ᠬᠠᠭ᠋ᠠᠵᠤ ᠵᠣᠭᠰᠣᠭ᠋ᠠᠬᠤ ᠬᠡᠷᠡᠭᠲᠡᠶ᠃ ᠰᠢᠯᠵᠢᠮᠡᠯ ᠬᠡᠷᠡᠭᠯᠡᠭᠴᠢ ᠵᠢᠨ ᠦᠵᠦᠭᠦᠷ᠎ᠲᠤ IPv6 (ᠢᠨᠲ᠋ᠧᠷ ᠰᠦᠯᠵᠢᠶᠡᠨ᠎ᠤ ᠵᠥᠪᠯᠡᠯᠴᠡᠭᠡᠷ᠎ᠤᠨ 6 ᠳ᠋ᠤᠭ᠋ᠠᠷ ᠬᠡᠪᠯᠡᠯ) ᠵᠢ ᠪᠥᠬᠦ ᠲᠠᠯ᠎ᠠ᠎ᠪᠠᠷ ᠳᠡᠮᠵᠢᠵᠦ᠂ ᠠᠳᠠᠯᠢ ᠪᠤᠰᠤ ᠲᠡᠭᠦᠰᠬᠡᠯ ᠦᠵᠣᠭᠦᠷ᠎ᠲᠤ ᠳᠥᠭᠦᠮ ᠳᠥᠲᠡ ᠬᠡᠷᠡᠭᠯᠡᠬᠦ ᠵᠢ ᠳᠡᠮᠵᠢᠬᠦ ᠬᠡᠷᠡᠭᠲᠡᠶ᠃
2. ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠪᠦᠷᠢᠳᠭᠡᠨ ᠳᠠᠩᠰᠠᠯᠠᠬᠤ ᠲᠦᠷᠢᠮ᠎ᠢ ᠪᠠᠶ᠋ᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠥᠴᠢᠷ᠎ᠤᠨ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ ᠨᠡᠬᠡᠬᠡᠨ ᠪᠠᠶ᠋ᠢᠭᠤᠯᠬᠤ᠂ ᠬᠤᠪᠢᠷᠠᠭᠤᠯᠬᠤ᠂ ᠬᠠᠭ᠋ᠠᠵᠤ ᠵᠣᠭᠰᠣᠭ᠋ᠠᠬᠤ ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠠᠴᠠ ᠬᠢᠨᠠᠨ ᠬᠠᠷᠭᠤᠭᠤᠯᠬᠤ ᠬᠡᠷᠡᠭᠲᠡᠢ᠃ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠰᠠᠯᠠᠭ᠎ᠠ ᠮᠥᠴᠢᠷ᠎ᠤᠳ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ ᠨᠡᠭᠡᠭᠡᠨ ᠪᠠᠶ᠋ᠢᠭᠤᠯᠬᠤ᠎ᠳᠤ᠂ ᠲᠣᠰ ᠱᠠᠲᠤᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠭᠤᠶᠤᠴᠢᠯᠠᠯ ᠭᠠᠷᠭ᠋ᠠᠵᠣ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠳᠤ ᠬᠦᠷᠳᠡᠯ᠎ᠠ ᠱᠠᠲᠤ ᠳᠠᠷᠠᠭ᠋ᠠᠯᠠᠨ ᠮᠡᠳᠡᠭᠦᠯᠵᠣ ᠬᠢᠨᠠᠨ ᠬᠠᠷᠭᠤᠭᠤᠯᠵᠤ ᠵᠥᠪᠰᠢᠶᠡᠷᠡᠭᠦᠯᠦᠭᠰᠡᠨ᠎ᠤ ᠳᠠᠷᠠᠭ᠎ᠠ ᠳᠠᠩᠰᠠᠯᠠᠬᠤ ᠬᠡᠷᠩᠳᠠᠢ; ᠬᠤᠪᠢᠷᠠᠭᠤᠯᠬᠤ᠂ ᠬᠠᠭ᠋ᠠᠵᠤ ᠵᠣᠭᠰᠣᠭ᠋ᠠᠬᠤ ᠠᠵᠢᠯ᠎ᠢ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷ᠎ᠠᠴᠠ ᠬᠢᠨᠠᠨ ᠬᠠᠷᠭᠤᠭᠤᠯᠬᠤ ᠬᠡᠷᠡᠭᠲᠡᠶ᠃ ᠬᠢᠨᠠᠨ ᠬᠠᠮᠢᠶᠠᠷᠬᠤ ᠬᠡᠪᠴᠢᠶᠡᠨ᠎ᠳᠤ ᠪᠠᠶ᠋ᠢᠬᠤ ᠥᠬᠡᠶ᠂ 《ᠪᠥᠬᠦ ᠤᠯᠤᠰ᠎ᠤᠨ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠮᠡᠳᠡᠭᠦᠯᠦᠨ ᠬᠦᠷᠭᠡᠬᠦ ᠰᠢᠰᠲ᠋ᠧᠮ》᠎ᠠᠴᠠ ᠬᠠᠰᠤᠵᠤ ᠬᠠᠶᠠᠬᠤ ᠴᠢᠬᠤᠯᠠᠲᠠᠶ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠪᠢᠴᠢᠭ᠎ᠤᠨ ᠬᠡᠯᠪᠡᠷᠢ᠎ᠪᠠᠷ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠳᠤ ᠬᠦᠷᠳᠡᠯ᠎ᠠ ᠱᠠᠲᠤ ᠳᠠᠷᠠᠭ᠋ᠠᠯᠠᠨ ᠮᠡᠳᠡᠭᠦᠯᠵᠦ ᠬᠢᠨᠠᠨ ᠬᠠᠷᠭᠤᠭᠤᠯᠬᠤ ᠬᠡᠷᠡᠭᠲᠡᠶ᠃ ᠭᠤᠣᠯᠴᠢᠯᠠᠨ ᠡᠷᠭᠢᠯᠡᠭᠰᠡᠨ ᠨᠢᠭᠡᠴᠢ᠎ᠨᠢ ᠬᠤᠪᠢᠷᠠᠯᠳᠠ᠎ᠲᠠᠢ ᠪᠣᠯ᠂ ᠲᠠᠩᠰᠠᠨ ᠡᠷᠦᠬᠡ ᠵᠢᠨ ᠨᠣᠮᠧᠷ᠎ᠤᠨ ᠮᠡᠳᠡᠭᠡ ᠵᠠᠩᠭᠢ ᠵᠢ ᠴᠠᠭ ᠲᠤᠬᠠᠶ᠎ᠳᠤᠨᠢ ᠬᠤᠪᠢᠷᠠᠭᠤᠯᠬᠤ ᠪᠤᠶᠤ ᠬᠦᠴᠦᠨ ᠥᠬᠡᠶ ᠪᠣᠯᠭ᠋ᠠᠬᠤ ᠵᠢᠨ ᠬᠠᠮᠲᠤ ᠨᠡᠶ᠋ᠢᠭᠡᠮ᠎ᠳᠤ ᠵᠠᠷᠯᠠᠬᠤ ᠬᠡᠷᠡᠭᠲᠡᠶ᠃ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠨᠡᠭᠡᠭᠡᠨ ᠪᠠᠶ᠋ᠢᠭᠤᠯᠬᠤ᠂ ᠬᠤᠪᠢᠷᠠᠭᠤᠯᠬᠤ᠂ ᠬᠠᠭ᠋ᠠᠵᠤ ᠵᠣᠭᠰᠣᠭ᠋ᠠᠬᠤ᠎ᠳᠤ ᠴᠥᠮ 《ᠪᠥᠬᠦ ᠤᠯᠤᠰ᠎ᠤᠨ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠮᠡᠳᠡᠭᠦᠯᠦᠨ ᠬᠦᠷᠭᠡᠬᠦ ᠰᠢᠰᠲ᠋ᠧᠮ》᠎ᠳᠤ ᠭᠤᠶᠤᠴᠢᠯᠠᠯ ᠳᠡᠪᠰᠢᠭᠦᠯᠬᠦ ᠬᠡᠷᠡᠭᠲᠡᠶ᠃
3. 《ᠮᠦᠩᠬᠡ ᠰᠤᠪᠠᠭ》᠎ᠤᠨ ᠪᠥᠬᠦ ᠣᠷᠣᠨ᠎ᠤ ᠭᠠᠷ ᠤᠲᠠᠰᠤᠨ᠎ᠳᠠᠬᠢ ᠨᠢᠭᠡᠳᠦᠯᠲᠡᠶ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠢ ᠪᠠᠶ᠋ᠢᠭᠤᠯᠤᠨ᠎ᠠ᠃ 《ᠮᠦᠩᠬᠡ ᠰᠤᠪᠠᠭ》᠎ᠢ ᠪᠥᠬᠦ ᠣᠷᠣᠨ᠎ᠤ ᠨᠡᠶ᠋ᠢᠭᠡᠮ᠎ᠤᠨ ᠵᠠᠰᠠᠯᠲᠠ ᠪᠠ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠦᠯᠵᠢᠶᠡᠨ ᠳᠡᠭᠡᠷᠡᠬᠢ ᠶᠡᠷᠦᠩᠬᠡᠶ ᠫᠣᠷᠲ᠋ᠧᠯ᠂ ᠶᠡᠷᠦᠩᠬᠡᠶ ᠲᠠᠪᠴᠠᠩ ᠪᠣᠯᠭ᠋ᠠᠵᠤ᠂ ᠡᠯ᠎ᠡ ᠰᠠᠯᠠᠭ᠎ᠠ ᠮᠥᠴᠢᠷ (ᠠᠵᠢᠯ ᠲᠥᠷᠥᠯ)᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠮᠡᠳᠡᠭᠡ ᠵᠠᠩᠭᠢ ᠵᠢᠨ ᠡᠬᠢ ᠪᠠᠶᠠᠯᠢᠭ᠎ᠤᠨ ᠬᠠᠷᠢᠯᠴᠠᠨ ᠬᠤᠯᠪᠣᠵᠤ ᠬᠠᠷᠢᠯᠴᠠᠨ ᠨᠡᠪᠲᠡᠷᠡᠯᠴᠡᠬᠦ ᠪᠠ ᠬᠠᠮᠲᠤ᠎ᠪᠠᠷ ᠭᠥᠷᠳᠡᠵᠦ ᠬᠠᠮᠲᠤ᠎ᠪᠠᠷ ᠬᠡᠷᠡᠭᠯᠡᠬᠦ ᠵᠢ ᠪᠡᠶᠡᠯᠡᠭᠦᠯᠦᠨ᠂ ᠦᠢ᠍ᠯᠡᠴᠢᠯᠡᠭᠡᠨ᠎ᠤ ᠬᠠᠮᠤᠷᠬᠤ ᠬᠡᠪᠴᠢᠶ᠎ᠡ ᠵᠢ ᠠᠯᠬᠤᠮ ᠠᠯᠬᠤᠮ ᠵᠶ᠋ᠠᠷ ᠥᠷᠭᠡᠳᠬᠡᠵᠦ᠂ ᠦᠢ᠍ᠯᠡᠴᠢᠯᠡᠭᠡᠨ᠎ᠤ ᠬᠢᠨᠠᠯᠲᠠ ᠬᠠᠮᠢᠶᠠᠷᠤᠯᠲᠠ ᠦᠨᠡᠯᠡᠯᠲᠡ ᠵᠢ ᠴᠢᠩᠭ᠋ᠠᠷᠠᠭᠤᠯᠬᠤ ᠬᠡᠷᠡᠭᠲᠡᠢ᠃
(ᠭᠤᠷᠪᠠ) ᠴᠢᠳᠠᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠲᠡᠢ᠃
1. ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠴᠢᠳᠠᠮᠵᠢ ᠵᠢ᠎ᠨᠢ ᠭᠦᠨᠵᠡᠭᠡᠶ᠋ᠢᠷᠡᠭᠦᠯᠬᠦ ᠬᠡᠷᠡᠭᠲᠡᠢ᠃ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠠᠯ᠎ᠠ᠎ᠪᠠᠷ᠎ᠬᠢ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢᠨ ᠨᠢᠭᠡᠳᠦᠭᠡᠷ ᠲᠠᠪᠴᠠᠩ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠪᠠᠶ᠋ᠢᠩᠭᠤᠵᠢᠭᠰᠠᠨ ᠮᠡᠳᠡᠭᠡ ᠵᠠᠩᠭᠢ ᠨᠡᠶ᠋ᠢᠲᠡᠯᠡᠬᠦ ᠲᠣᠭᠲᠠᠴᠠ ᠵᠢ ᠪᠠᠶ᠋ᠢᠭᠤᠯᠤᠨ᠎ᠠ᠃ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠳᠤ ᠣᠯᠠᠨ ᠬᠡᠯᠪᠡᠷᠢ ᠵᠢᠨ ᠲᠠᠶ᠋ᠢᠯᠤᠮᠵᠢ ᠬᠢᠬᠦ ᠵᠢ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ ᠬᠢᠭᠡᠳ ᠲᠠᠶ᠋ᠢᠯᠤᠮᠵᠢ ᠵᠢᠨ ᠮᠠᠲ᠋ᠧᠷᠢᠶᠠᠯ᠎ᠢ ᠬᠠᠷᠢᠯᠴᠠᠨ ᠬᠤᠯᠪᠣᠭᠳᠠᠭᠤᠯᠬᠤ ᠵᠢ ᠪᠡᠶᠡᠯᠡᠭᠦᠯᠬᠦ ᠬᠡᠷᠡᠭᠲᠡᠶ᠃ 《ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ》 ᠲᠠᠪᠴᠠᠩ᠎ᠤᠨ ᠪᠠᠶ᠋ᠢᠭᠤᠯᠤᠯᠲᠠ ᠵᠢ ᠵᠢᠷᠤᠮᠵᠢᠭᠤᠯᠵᠤ᠂ ᠬᠠᠤᠯᠢ᠎ᠪᠠᠷ ᠲᠣᠭᠲᠠᠭ᠋ᠠᠭᠰᠠᠨ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ ᠠᠭᠤᠯᠭ᠎ᠠ ᠵᠢ ᠬᠠᠤᠯᠢ ᠶᠣᠰᠣᠭ᠋ᠠᠷ᠂ ᠴᠠᠭ ᠲᠤᠬᠠᠶ᠎ᠳᠤᠨᠢ᠂ ᠣᠨᠣᠪᠴᠢᠲᠠᠶ᠎ᠪᠠᠷ ᠨᠡᠶ᠋ᠢᠭᠡᠮ᠎ᠳᠤ ᠢᠯᠡ ᠪᠣᠯᠭ᠋ᠠᠵᠤ᠂ ᠴᠢᠬᠤᠯᠠ ᠲᠥᠷᠥ ᠵᠢᠨ ᠪᠣᠳᠣᠯᠭ᠎ᠠ ᠵᠢᠨ ᠮᠡᠳᠡᠭᠡ ᠵᠠᠩᠭᠢ ᠵᠢᠨ ᠬᠦᠴᠦᠨ᠎ᠲᠠᠢ ᠬᠤᠭᠤᠴᠠᠭ᠎ᠠ ᠵᠢᠨ ᠲᠣᠳᠣᠷᠬᠠᠶ᠋ᠢᠯᠠᠯᠲᠠ ᠵᠢ ᠰᠠᠶ᠋ᠢᠲᠤᠷ ᠬᠢᠬᠦ ᠬᠡᠷᠡᠭᠲᠡᠶ᠃ ᠡᠳ᠋᠎ᠤᠨ ᠵᠠᠰᠠᠭ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠬᠦᠴᠦᠯᠡᠨ ᠠᠬᠢᠭᠤᠯᠵᠤ᠂ ᠭᠤᠣᠯᠳᠠᠯᠭ᠎ᠠ᠎ᠲᠠᠢ ᠬᠦᠷᠢᠶᠡᠨ᠎ᠳᠠᠬᠢ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠢ ᠰᠠᠢ᠍ᠲᠤᠷ ᠬᠢᠬᠦ ᠬᠡᠷᠡᠭᠲᠡᠢ᠃ ᠬᠠᠷᠢᠶ᠎ᠠ ᠭᠠᠵᠠᠷ᠎ᠲᠤᠨᠢ ᠬᠠᠮᠢᠶᠠᠷᠤᠭᠤᠯᠬᠤ᠂ ᠱᠠᠲᠤ ᠬᠤᠪᠢᠶᠠᠨ ᠬᠠᠷᠢᠭᠤᠴᠠᠬᠤ᠂ ᠬᠡᠨ ᠭᠤᠤᠯᠴᠢᠯᠠᠨ ᠬᠠᠮᠢᠶᠠᠷᠪᠠᠯ ᠲᠡᠷᠡ ᠬᠠᠷᠢᠭᠤᠴᠠᠬᠤ ᠵᠠᠷᠴᠢᠮ ᠶᠣᠰᠣᠭ᠋ᠠᠷ᠂ ᠤᠬᠠᠭᠤᠯᠭ᠎ᠠ᠂ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠰᠠᠯᠠᠭ᠎ᠠ ᠮᠥᠴᠢᠷ᠎ᠤᠨ ᠵᠢᠯᠣᠭᠤᠳᠣᠯᠭ᠎ᠠ ᠳᠣᠤᠷ᠎ᠠ᠂ ᠵᠠᠰᠠᠭ᠎ᠤᠨ ᠶᠠᠪᠤᠳᠠᠯ᠎ᠤᠨ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠳᠤ ᠬᠠᠷᠢᠭᠤ ᠥᠭᠬᠦ ᠠᠵᠢᠯ᠎ᠢ ᠰᠠᠶ᠋ᠢᠲᠤᠷ ᠬᠢᠬᠦ ᠬᠡᠷᠡᠭᠲᠡᠶ᠃
2. ᠠᠵᠢᠯ ᠶᠠᠪᠤᠳᠠᠯ ᠭᠦᠢ᠍ᠴᠡᠳᠬᠡᠬᠦ ᠦᠢ᠍ᠯᠡᠴᠢᠯᠡᠭᠡᠨ᠎ᠤ ᠴᠢᠳᠠᠮᠵᠢ ᠵᠢ ᠲᠦᠪᠯᠡᠷᠡᠭᠦᠯᠬᠦ ᠬᠡᠷᠡᠭᠲᠡᠢ᠃ ᠵᠠᠰᠠᠭ᠎ᠤᠨ ᠣᠷᠳᠣᠨ᠎ᠤ ᠰᠦᠯᠵᠢᠶᠡᠨ ᠦᠷᠳᠡᠭᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠠᠵᠢᠯ ᠶᠠᠪᠤᠳᠠᠯ ᠭᠦᠢ᠍ᠴᠡᠳᠭᠡᠬᠦ ᠲᠠᠯ᠎ᠠ᠎ᠪᠠᠷ᠎ᠬᠢ ᠦᠢ᠍ᠯᠡᠴᠢᠯᠡᠭᠡᠨ᠎ᠤ ᠴᠢᠳᠠᠮᠵᠢ ᠵᠢ ᠴᠢᠩᠭ᠋ᠠᠳᠬᠠᠵᠤ᠂ ᠵᠠᠰᠠᠭ᠎ᠤᠨ ᠣᠷᠳᠣᠨ᠎ᠤ ᠰᠦᠯᠵᠢᠶᠡᠨ ᠦᠷᠳᠡᠭᠡ᠂ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠂ ᠪᠣᠳᠠᠲᠤ ᠴᠣᠭᠴᠠ ᠵᠢᠨ ᠵᠠᠰᠠᠭ᠎ᠤᠨ ᠶᠠᠪᠤᠳᠠᠯ᠎ᠤᠨ ᠲᠢᠩᠬᠢᠮ᠎ᠤᠨ ᠮᠡᠳᠡᠭᠡ ᠵᠠᠩᠭᠢ ᠳ᠋ᠠᠶ᠋ᠢᠲ᠋ᠠ᠎ᠪᠠᠨ ᠬᠠᠷᠢᠯᠴᠠᠨ ᠬᠤᠯᠪᠣᠵᠤ ᠬᠠᠮᠲᠤ᠎ᠪᠠᠷ ᠬᠦᠷᠳᠡᠭᠦ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠨᠡᠩ ᠤᠯᠠᠨ ᠵᠦᠢ᠍ᠯᠡᠰ᠎ᠢ 《ᠰᠦᠯᠵᠢᠶ᠎ᠡ᠎ᠪᠠᠷ ᠰᠢᠢ᠍ᠳᠪᠦᠷᠢᠯᠡᠬᠦ》 《ᠭᠠᠷ ᠤᠲᠠᠰᠤ᠎ᠪᠠᠷ ᠰᠢᠢ᠍ᠳᠪᠦᠷᠢᠯᠡᠬᠦ》 ᠵᠢ ᠠᠬᠢᠭᠤᠯᠬᠤ ᠬᠡᠷᠩᠳᠠᠢ᠃ ᠰᠦᠯᠵᠢᠶ᠎ᠡ᠎ᠪᠠᠷ ᠭᠦᠢ᠍ᠴᠡᠳᠬᠡᠵᠦ ᠪᠣᠯᠬᠤ ᠨᠡᠶ᠋ᠢᠭᠡᠮ᠎ᠤᠨ ᠵᠠᠰᠠᠯᠲᠠ ᠪᠠ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠷᠥᠯ᠎ᠤᠨ ᠵᠦᠢ᠍ᠯᠡᠰ ᠪᠦᠬᠦᠨ᠎ᠢ 《ᠮᠦᠩᠬᠡ ᠰᠤᠪᠠᠭ》 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠳᠤ ᠭᠠᠷᠭ᠋ᠠᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 《ᠨᠢᠭᠡ ᠰᠦᠯᠵᠢᠶ᠎ᠡ᠎ᠪᠠᠷ ᠨᠡᠶ᠋ᠢᠳᠡᠮ ᠭᠦᠢ᠍ᠴᠡᠳᠬᠡᠬᠦ》 ᠵᠢ ᠪᠥᠬᠦ ᠲᠠᠯ᠎ᠠ᠎ᠪᠠᠷ ᠠᠬᠢᠭᠤᠯᠬᠤ ᠬᠡᠷᠡᠭᠲᠡᠢ᠃
3. ᠵᠠᠰᠠᠭ ᠪᠠ ᠠᠷᠠᠳ᠎ᠤᠨ ᠬᠠᠷᠢᠯᠴᠠᠨ ᠬᠥᠳᠡᠯᠦᠯᠴᠡᠬᠦ ᠲᠠᠯ᠎ᠠ᠎ᠪᠠᠷ᠎ᠬᠢ ᠴᠢᠳᠠᠮᠵᠢ ᠵᠢ ᠲᠡᠭᠦᠯᠳᠡᠷᠵᠢᠭᠦᠯᠬᠦ ᠬᠡᠷᠡᠭᠲᠡᠢ᠃ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ᠎ᠳᠠᠬᠢ ᠦᠯᠡᠳᠡᠭᠡᠭᠰᠡᠨ ᠦᠭᠡ ᠵᠢ ᠭᠦᠢ᠍ᠴᠡᠳᠬᠡᠬᠦ ᠪᠠ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠭᠤᠶᠤᠴᠢᠯᠠᠯ ᠶᠣᠰᠣᠭ᠋ᠠᠷ ᠢᠯᠡ᠎ᠪᠠᠷ ᠭᠦᠢ᠍ᠴᠡᠳᠬᠡᠬᠦ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠭᠦ ᠬᠡᠷᠩᠳᠠᠢ᠃ ᠰᠦᠯᠵᠢᠶᠡᠨ ᠢᠷᠭᠡᠳ᠎ᠤᠨ ᠦᠯᠡᠳᠡᠭᠡᠭᠰᠡᠨ ᠦᠭᠡ ᠵᠢ ᠬᠢᠨᠠᠨ ᠦᠵᠡᠬᠦ᠂ ᠰᠢᠢ᠍ᠳᠪᠦᠷᠢᠯᠡᠬᠦ ᠪᠠ ᠬᠠᠷᠢᠭᠤ ᠲᠤᠰᠬᠠᠬᠤ ᠵᠡᠷᠭᠡ ᠲᠣᠭᠲᠠᠴᠠ ᠵᠢᠴᠢ ᠨᠢᠭᠡᠳᠦᠯᠲᠡᠶ᠂ ᠡᠷᠬᠡ ᠰᠦᠷ᠎ᠲᠠᠢ᠂ ᠪᠥᠬᠦ ᠲᠠᠯ᠎ᠠ ᠵᠢᠨ ᠠᠰᠠᠭᠤᠨ ᠯᠠᠪᠯᠠᠬᠤ ᠠᠰᠠᠭᠤᠯᠲᠠ ᠬᠠᠷᠢᠭᠤᠯᠲᠠ ᠵᠢᠨ ᠬᠥᠮᠥᠷᠭᠡ ᠵᠢ ᠪᠠᠶ᠋ᠢᠭᠤᠯᠤᠨ ᠲᠡᠭᠦᠯᠳᠡᠷᠵᠢᠭᠦᠯᠭᠦ ᠬᠡᠷᠩᠳᠠᠢ᠃
4. ᠤᠬᠠᠭᠤᠯᠵᠤ ᠬᠥᠲᠥᠯᠦᠨ ᠳᠠᠭ᠋ᠠᠭᠤᠯᠬᠤ ᠲᠠᠯ᠎ᠠ᠎ᠪᠠᠷ᠎ᠬᠢ ᠴᠢᠳᠠᠮᠵᠢ ᠵᠢ ᠴᠢᠩᠭ᠋ᠠᠷᠠᠭᠤᠯᠬᠤ ᠬᠡᠷᠡᠭᠲᠡᠢ᠃ ᠵᠠᠰᠠᠭ᠎ᠤᠨ ᠣᠷᠳᠣᠨ᠎ᠤ ᠰᠦᠯᠵᠢᠶᠡᠨ ᠦᠷᠳᠡᠭᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠤᠯᠤᠰ ᠲᠦᠷᠦᠴᠢ ᠴᠢᠨᠠᠷ᠂ ᠡᠷᠬᠡ ᠰᠦᠷᠲᠦ ᠴᠢᠨᠠᠷ ᠪᠠ ᠬᠤᠭᠤᠴᠠᠭ᠋ᠠᠲᠤ ᠴᠢᠨᠠᠷ᠎ᠢ ᠴᠢᠩᠭ᠋ᠠᠳᠬᠠᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠭᠤᠣᠯ ᠵᠢᠭᠰᠠᠭ᠋ᠠᠯ᠎ᠤᠨ ᠭᠠᠵᠠᠷ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠦᠯᠵᠢᠶ᠎ᠡ᠎ᠪᠠᠷ ᠵᠥᠪ ᠲᠠᠯ᠎ᠠ ᠵᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ᠎ᠤ ᠵᠢᠯᠤᠭᠤᠳᠤᠯᠭ᠎ᠠ ᠬᠢᠬᠦ ᠵᠢ ᠦᠨᠡᠨ ᠬᠦ᠌ ᠴᠢᠩᠭ᠋ᠠᠳᠬᠠᠵᠤ᠂ ᠰᠦᠯᠵᠢᠶᠡᠨ ᠳᠡᠭᠡᠷᠡᠬᠢ ᠣᠯᠠᠨ᠎ᠤ ᠠᠩᠬᠠᠷᠤᠯ᠎ᠳᠤ ᠭᠦᠷᠴᠣ ᠪᠠᠶ᠋ᠢᠭ᠎ᠠ ᠬᠠᠯᠠᠮᠰᠢᠯ ᠠᠰᠠᠭᠤᠳᠠᠯ᠎ᠤᠨ ᠲᠤᠬᠠᠶ ᠤᠯᠤᠯᠴᠠᠵᠦ ᠨᠡᠪᠳᠡᠷᠡᠯᠴᠡᠬᠦ᠎ᠪᠠᠨ ᠴᠢᠩᠭ᠋ᠠᠳᠬᠠᠵᠤ᠂ ᠰᠠᠨᠠᠭ᠋ᠠᠴᠢᠯᠠᠭ᠎ᠠ᠎ᠠᠴᠠ᠎ᠪᠠᠨ ᠤᠪᠤᠷ ᠵᠶ᠋ᠠᠨ ᠢᠯᠡᠳᠬᠡᠵᠦ᠂ ᠪᠦᠲᠦᠮᠵᠢᠲᠡᠶ᠎ᠪᠠᠷ ᠬᠥᠲᠥᠯᠥᠨ ᠵᠢᠯᠣᠭᠤᠳᠬᠤ ᠬᠡᠷᠡᠭᠲᠡᠶ᠃
ᠭᠤᠷᠪᠠ᠂ ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠵᠢ ᠦᠨᠡᠨ ᠬᠦ᠌ ᠴᠢᠩᠭ᠋ᠠᠳᠬᠠᠬᠤ ᠬᠡᠷᠡᠭᠲᠡᠶ
(ᠨᠢᠭᠡ) ᠮᠡᠳᠡᠭᠡ ᠵᠠᠩᠭᠢ ᠨᠡᠶ᠋ᠢᠲᠡᠯᠡᠬᠦ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠢ᠃ 《ᠱᠠᠲᠤ ᠬᠤᠪᠢᠶᠠᠨ ᠬᠢᠨᠠᠨ ᠬᠠᠷᠭᠤᠭᠤᠯᠬᠤ᠂ ᠤᠷᠢᠳ᠎ᠪᠠᠷ ᠬᠢᠨᠠᠵᠤ ᠳᠠᠷᠠᠭ᠎ᠠ᠎ᠨᠢ ᠨᠡᠢ᠍ᠲᠡᠯᠡᠬᠦ》 ᠵᠠᠷᠴᠢᠮ ᠶᠣᠰᠣᠭ᠋ᠠᠷ᠂ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠮᠡᠳᠡᠭᠡ ᠵᠠᠩᠭᠢ ᠵᠢᠨ ᠨᠡᠶ᠋ᠢᠲᠡᠯᠡᠵᠦ ᠬᠢᠨᠠᠨ ᠬᠠᠷᠭᠤᠭᠤᠯᠬᠤ ᠠᠵᠢᠯ᠎ᠢ ᠦᠨᠡᠨ ᠬᠦ᠌ ᠰᠠᠶ᠋ᠢᠲᠤᠷ ᠬᠢᠬᠦ ᠬᠡᠷᠡᠭᠲᠡᠢ᠃ ᠡᠯ᠎ᠡ ᠱᠠᠲᠤᠨ᠎ᠤ ᠭᠤᠣᠯᠴᠢᠯᠠᠨ ᠡᠷᠭᠢᠯᠡᠭᠰᠡᠨ ᠨᠢᠭᠡᠴᠢ᠎ᠨᠢ ᠠᠭᠤᠯᠭ᠎ᠠ ᠵᠢᠨ ᠮᠡᠳᠡᠭᠡ ᠵᠠᠩᠭᠢ ᠨᠡᠶ᠋ᠢᠲᠡᠯᠡᠬᠦ ᠵᠢ ᠰᠠᠢ᠍ᠳᠣᠷ ᠬᠢᠨᠠᠨ ᠬᠠᠷᠭᠤᠭᠤᠯᠬᠤ ᠡᠭᠦᠷᠭᠡ ᠬᠠᠷᠢᠭᠤᠴᠠᠯᠭ᠎ᠠ᠎ᠪᠠᠨ ᠪᠥᠬᠦ ᠲᠠᠯ᠎ᠠ᠎ᠪᠠᠷ ᠭᠦᠢ᠍ᠴᠡᠳᠬᠡᠵᠦ᠂ ᠮᠡᠳᠡᠭᠡ ᠵᠠᠩᠭᠢ ᠨᠡᠶ᠋ᠢᠲᠡᠯᠡᠬᠦ ᠲᠦᠭᠰᠢᠭᠦᠷᠢ ᠵᠢᠨ ᠤᠷᠢᠳᠠᠴᠢ ᠬᠢᠨᠠᠨ ᠬᠠᠷᠭᠤᠭᠤᠯᠤᠯᠲᠠ ᠵᠢ ᠴᠢᠩᠭ᠋ᠠᠳᠬᠠᠨ᠂ ᠮᠡᠳᠡᠭᠡ ᠵᠠᠩᠭᠢ ᠵᠢᠨ ᠢᠷᠡᠯᠲᠡ ᠵᠢᠨ ᠬᠠᠤᠯᠢ ᠶᠣᠰᠣᠨ᠎ᠤ ᠪᠥᠭᠡᠳ ᠵᠢᠩᠬᠢᠨᠢᠴᠢᠯᠡᠭᠰᠡᠨ᠂ ᠡᠷᠬᠡ ᠰᠦᠷᠳᠣ ᠪᠥᠭᠡᠳ ᠵᠦᠪ ᠣᠨᠣᠪᠴᠢᠲᠠᠶ᠂ ᠴᠠᠭ ᠲᠤᠬᠠᠶ᠋ᠢᠴᠢ ᠪᠦᠭᠡᠳ ᠪᠦᠲᠦᠮᠵᠢᠲᠡᠶ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠬᠤᠪᠢ ᠬᠦᠮᠣᠨ᠎ᠤ ᠦᠵᠡᠯᠲᠡ᠂ ᠰᠠᠨᠠᠯ ᠵᠡᠷᠭᠡ ᠵᠢ ᠲᠦᠯᠦᠭᠡᠯᠡᠭᠰᠡᠨ ᠦᠭᠡ ᠶᠠᠷᠢᠶ᠎ᠠ ᠵᠢ ᠳᠤᠷ᠎ᠠ᠎ᠪᠠᠷ ᠵᠶ᠋ᠠᠨ ᠨᠡᠶ᠋ᠢᠲᠡᠯᠡᠵᠦ ᠪᠣᠯᠬᠤ ᠦᠭᠡᠢ᠃ ᠭᠠᠵᠠᠷ᠎ᠤᠨ ᠵᠢᠷᠤᠭ ᠬᠡᠷᠡᠭᠯᠡᠬᠦ᠎ᠳᠤ᠎ᠪᠠᠨ ᠬᠡᠮᠵᠢᠨ ᠵᠢᠷᠤᠬᠤ ᠪᠠ ᠭᠠᠵᠠᠷ ᠵᠦᠢ ᠵᠢᠨ ᠰᠠᠯᠠᠭ᠎ᠠ ᠮᠥᠴᠢᠷ᠎ᠤᠨ ᠨᠡᠶ᠋ᠢᠲᠡᠯᠡᠭᠰᠡᠨ ᠪᠠᠷᠢᠮᠵᠢᠶᠠᠲᠤ ᠭᠠᠵᠠᠷ᠎ᠤᠨ ᠵᠢᠷᠤᠭ ᠪᠤᠶᠤ ᠬᠠᠤᠯᠢ ᠶᠣᠰᠣᠭ᠋ᠠᠷ ᠵᠢᠷᠤᠭ ᠬᠢᠨᠠᠭᠰᠠᠨ ᠨᠣᠮᠧᠷ ᠣᠯᠤᠭᠰᠠᠨ ᠭᠠᠵᠠᠷ᠎ᠤᠨ ᠵᠢᠷᠤᠭ᠎ᠢ ᠬᠡᠷᠡᠭᠯᠡᠬᠦ ᠬᠡᠷᠡᠭᠲᠡᠶ᠃
(ᠬᠤᠶᠠᠷ) ᠠᠵᠢᠯᠯᠠᠭᠤᠯᠵᠤ ᠪᠠᠲᠤᠯᠠᠬᠤ ᠲᠣᠭᠲᠠᠴᠠ᠎ᠪᠠᠨ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠨᠢ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠠᠵᠢᠯ᠎ᠤᠨ ᠬᠦᠴᠦᠨ᠎ᠤ ᠲᠣᠬᠢᠷᠠᠭᠤᠯᠤᠯᠲᠠ ᠵᠢ ᠴᠢᠩᠭ᠋ᠠᠳᠬᠠᠵᠤ᠂ ᠲᠤᠰᠬᠠᠶ ᠬᠥᠮᠦᠨ ᠵᠢᠭ᠋ᠠᠨ ᠲᠣᠭᠳᠠᠭ᠋ᠠᠨ ᠮᠡᠳᠡᠭᠡ ᠵᠠᠩᠭᠢ ᠵᠢᠨ ᠠᠭᠤᠯᠭ᠎ᠠ ᠪᠠ ᠠᠮᠤᠷ ᠲᠦᠪᠰᠢᠨ᠎ᠤ ᠠᠵᠢᠯᠯᠠᠭ᠋ᠠᠨ ᠵᠡᠷᠭᠡ ᠠᠵᠢᠯ᠎ᠢ ᠬᠠᠷᠢᠭᠤᠴᠠᠭᠤᠯᠬᠤ ᠬᠡᠷᠡᠭᠲᠡᠶ᠃ ᠭᠤᠣᠯᠴᠢᠯᠠᠨ ᠡᠷᠭᠢᠯᠡᠬᠦ ᠨᠢᠭᠡᠴᠢ᠎ᠨᠢ ᠵᠢᠵᠢᠭᠦᠷᠯᠡᠬᠦ ᠲᠦᠷᠢᠮ ᠪᠠ ᠬᠠᠮᠵᠢᠯᠴᠠᠨ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠪᠠᠶ᠋ᠢᠭᠤᠯᠵᠤ᠂ ᠠᠵᠢᠯᠯᠠᠭ᠋ᠠᠨ᠎ᠤ ᠳᠤᠮᠳᠠᠬᠢ ᠠᠰᠠᠭᠤᠳᠠᠯ᠎ᠢ ᠴᠠᠭ ᠲᠤᠬᠠᠶ᠎ᠳᠤᠨᠢ ᠣᠯᠵᠤ ᠮᠡᠳᠡᠬᠦ ᠪᠠ ᠵᠠᠯᠠᠷᠠᠭᠤᠯᠬᠤ ᠵᠢᠨ ᠬᠠᠮᠲᠤ ᠰᠠᠶ᠋ᠢᠲᠤᠷ ᠲᠡᠮᠳᠡᠭᠯᠡᠵᠦ᠂ ᠬᠠᠤᠯᠢ᠎ᠠᠴᠠ ᠵᠥᠷᠢᠴᠡᠭᠰᠡᠨ ᠬᠦᠨᠦᠭᠡᠯᠲᠡᠢ ᠮᠡᠳᠡᠭᠡ ᠵᠠᠩᠭᠢ ᠵᠢ ᠣᠯᠵᠤ ᠮᠡᠳᠡᠪᠡᠯ ᠲᠡᠷᠡ ᠳᠠᠷᠤᠶᠳᠤᠨᠢ ᠰᠢᠢ᠍ᠳᠪᠦᠷᠢᠯᠡᠵᠦ᠂ ᠴᠢᠬᠤᠯᠠ ᠶᠡᠭᠡ ᠶᠠᠷᠢᠶ᠎ᠠ ᠬᠡᠯᠡᠯᠴᠡᠭᠡᠨ᠎ᠤ ᠪᠠᠶ᠋ᠢᠳᠠᠯ ᠭᠠᠷᠪᠠᠯ ᠠᠵᠢᠯ᠎ᠤᠨ ᠲᠠᠰ ᠳᠠᠷᠠᠭ᠋ᠠᠯᠠᠯ ᠵᠶ᠋ᠠᠷ ᠬᠠᠮᠢᠶ᠎ᠠ ᠪᠥᠬᠦᠶ ᠰᠠᠯᠠᠭ᠎ᠠ ᠮᠥᠴᠢᠷ᠎ᠲᠤ ᠰᠢᠯᠵᠢᠭᠦᠯᠦᠨ ᠬᠦᠷᠭᠡᠵᠦ ᠰᠢᠢ᠍ᠳᠪᠦᠷᠢᠯᠡᠭᠦᠯᠬᠦ ᠵᠢᠨ ᠬᠠᠮᠲᠤ᠂ ᠭᠤᠤᠯᠴᠢᠯᠠᠨ ᠬᠠᠮᠢᠶᠠᠷᠬᠤ ᠨᠢᠭᠡᠴᠢ᠎ᠳᠤ ᠴᠠᠭ ᠲᠤᠬᠠᠶ᠎ᠳᠤᠨᠢ ᠮᠡᠳᠡᠭᠦᠯᠬᠦ ᠬᠡᠷᠡᠭᠲᠡᠶ᠃ 《ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢᠨ ᠠᠵᠢᠯ᠎ᠤᠨ ᠣᠨ᠎ᠤ ᠮᠡᠳᠡᠭᠦᠯᠦᠯᠲᠡ ᠵᠢᠨ ᠬᠦᠰᠦᠨᠦᠭᠲᠦ》 ᠵᠢ ᠲᠣᠭᠲᠠᠭ᠋ᠠᠯ ᠶᠣᠰᠣᠭ᠋ᠠᠷ ᠨᠠᠶ᠋ᠢᠷᠠᠭᠤᠯᠤᠨ ᠵᠣᠬᠢᠶᠠᠬᠤ ᠵᠢᠨ ᠬᠠᠮᠲᠤ᠂ ᠵᠢᠯ ᠪᠦᠷᠢ ᠵᠢᠨ 1 ᠳ᠋ᠦ᠍ᠭᠡᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠲᠣᠰ ᠰᠦᠯᠵᠢᠶᠡᠨ ᠥᠷᠲᠡᠭᠡ ᠵᠢᠨ ᠲᠦᠷᠦᠭᠦᠤ ᠨᠢᠭᠤᠷ᠎ᠤᠨ ᠢᠯᠡᠷᠬᠡᠶ ᠪᠠᠶ᠋ᠢᠷᠢᠨ᠎ᠳᠤ ᠨᠡᠶ᠋ᠢᠭᠡᠮ ᠨᠡᠶ᠋ᠢᠲᠡ᠎ᠳᠤ ᠢᠯᠡ ᠨᠡᠶ᠋ᠢᠲᠡᠯᠡᠬᠦ ᠬᠡᠷᠡᠭᠲᠡᠶ᠃ (ᠭᠤᠷᠪᠠ) ᠠᠮᠤᠷ ᠲᠦᠪᠰᠢᠨ᠎ᠤ ᠬᠠᠮᠠᠭ᠋ᠠᠯᠠᠯᠲᠠ᠎ᠪᠠᠨ ᠴᠢᠩᠭ᠋ᠠᠳᠬᠠᠬᠤ ᠬᠡᠷᠡᠭᠲᠡᠶ᠃ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠰᠦᠯᠵᠢᠶᠡᠨ᠎ᠤ ᠠᠮᠤᠷ ᠲᠦᠪᠰᠢᠨ᠎ᠤ ᠬᠠᠤᠯᠢ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠴᠢᠩᠭ᠎ᠠ ᠬᠡᠷᠡᠭᠵᠢᠭᠦᠯᠵᠦ᠂ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠲᠦᠷᠢᠮ᠎ᠢ ᠨᠠᠶ᠋ᠢᠳᠠᠪᠤᠷᠢᠵᠢᠭᠤᠯᠤᠨ᠂ ᠮᠡᠷᠭᠡᠵᠢᠯ᠎ᠤᠨ ᠠᠮᠤᠷ ᠲᠦᠪᠰᠢᠨ᠎ᠢ ᠲᠠᠪᠴᠠᠩ᠎ᠤᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠨᠢᠭᠡᠴᠢ᠎ᠠᠴᠠ ᠬᠠᠷᠢᠭᠤᠴᠠᠵᠤ᠂ ᠠᠭᠤᠯᠭ᠎ᠠ ᠵᠢᠨ ᠠᠮᠤᠷ ᠲᠦᠪᠰᠢᠨ᠎ᠢ ᠭᠤᠣᠯᠴᠢᠯᠠᠨ ᠡᠷᠬᠢᠯᠡᠬᠦ ᠨᠢᠭᠡᠴᠢ᠎ᠠᠴᠠ ᠬᠠᠷᠢᠭᠤᠴᠠᠬᠤ ᠬᠡᠷᠩᠳᠠᠢ᠃ ᠭᠤᠤᠯᠴᠢᠯᠠᠨ ᠬᠠᠮᠢᠶᠠᠷᠬᠤ ᠨᠢᠭᠡᠴᠢ᠎ᠨᠢ ᠢᠨᠲ᠋ᠧᠷ ᠰᠦᠯᠵᠢᠶᠡᠨ᠎ᠤ ᠮᠡᠳᠡᠭᠡ ᠵᠠᠩᠭᠢ᠂ ᠳᠣᠲᠣᠭ᠋ᠠᠳᠤ ᠵᠢ ᠬᠠᠮᠠᠭ᠋ᠠᠯᠠᠬᠤ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠠᠮᠤᠷ ᠲᠦᠪᠰᠢᠨ᠎ᠤ ᠬᠢᠨᠠᠨ ᠰᠢᠨᠵᠢᠵᠦ ᠰᠡᠷᠡᠮᠵᠢᠯᠡᠭᠦᠯᠬᠦ ᠲᠣᠭᠲᠠᠴᠠ ᠵᠢ ᠪᠠᠶ᠋ᠢᠭᠤᠯᠵᠤ᠂ ᠮᠡᠷᠭᠡᠵᠢᠯ᠎ᠤᠨ ᠲᠠᠪᠴᠠᠩ ᠪᠠ ᠠᠭᠤᠯᠭ᠎ᠠ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠠᠮᠤᠷ ᠲᠦᠪᠰᠢᠨ᠎ᠤ ᠦᠨᠡᠯᠡᠨ ᠵᠢᠱ᠌ᠢᠯᠲᠡ ᠬᠢᠬᠦ ᠬᠡᠷᠡᠭᠲᠡᠶ᠃ ᠭᠤᠣᠯᠴᠢᠯᠠᠨ ᠡᠷᠬᠢᠯᠡᠬᠦ ᠨᠢᠭᠡᠴᠢ᠎ᠨᠢ ᠲᠠᠩᠰᠠᠨ ᠨᠣᠮᠧᠷ ᠨᠢᠭᠤᠴᠠ ᠨᠣᠮᠧᠷ᠎ᠤᠨ ᠠᠮᠤᠷ ᠲᠦᠪᠰᠢᠨ᠎ᠤ ᠬᠠᠮᠢᠶᠠᠷᠤᠯᠲᠠ᠎ᠪᠠᠨ ᠴᠢᠩᠭ᠋ᠠᠳᠬᠠᠵᠤ᠂ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠵᠢᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠭᠤᠤᠯᠳᠠᠯᠭ᠎ᠠ ᠪᠣᠯᠬᠤ ᠬᠦᠨᠳᠡᠭᠦᠷᠢ᠎ᠲᠠᠢ ᠮᠡᠳᠡᠭᠡ ᠵᠠᠩᠭᠢ ᠵᠢ ᠡᠳᠦᠷ ᠪᠦᠷᠢ ᠰᠢᠷᠪᠢᠵᠦ ᠰᠤᠭᠤᠴᠢᠨ ᠪᠠᠶ᠋ᠢᠴᠠᠭ᠋ᠠᠵᠤ᠂ ᠠᠰᠠᠭᠤᠳᠠᠯ᠎ᠢ ᠣᠯᠵᠤ ᠮᠡᠳᠡᠪᠡᠯ ᠴᠠᠭ ᠲᠤᠬᠠᠶ᠎ᠳᠤᠨᠢ ᠰᠢᠢ᠍ᠳᠪᠦᠷᠢᠯᠡᠬᠦ ᠬᠡᠷᠡᠭᠲᠡᠶ᠃ ᠬᠡᠷᠡᠭᠯᠡᠭᠴᠢ ᠵᠢᠨ ᠮᠡᠳᠡᠭᠡ ᠵᠠᠩᠭᠢ ᠵᠢᠨ ᠠᠮᠤᠷ ᠲᠦᠪᠰᠢᠨ᠎ᠤ ᠬᠠᠮᠠᠭ᠋ᠠᠯᠠᠯᠲᠠ᠎ᠪᠠᠨ ᠴᠢᠩᠭ᠋ᠠᠳᠬᠠᠵᠤ᠂ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ᠎ᠠᠴᠠ ᠳᠠᠪᠠᠭᠰᠠᠨ ᠬᠤᠪᠢ ᠬᠥᠮᠦᠨ᠎ᠤ ᠮᠡᠳᠡᠭᠡ ᠵᠠᠩᠭᠢ ᠵᠢ ᠬᠠᠤᠯᠢ ᠪᠠ ᠲᠣᠭᠲᠠᠭ᠋ᠠᠯ᠎ᠠᠴᠠ ᠵᠥᠷᠢᠴᠡᠨ ᠣᠯᠵᠤ ᠪᠣᠯᠬᠤ ᠥᠬᠡᠶ᠂ ᠬᠡᠷᠡᠭᠯᠡᠭᠴᠢ ᠵᠢᠨ ᠡᠷᠬᠡ ᠠᠰᠢᠭ᠎ᠢ ᠬᠤᠬᠢᠷᠠᠭᠤᠯᠤᠭᠰᠠᠨ ᠠᠭᠤᠯᠭ᠎ᠠ ᠵᠢ ᠢᠯᠡ ᠪᠣᠯᠭ᠋ᠠᠵᠤ ᠪᠣᠯᠬᠤ ᠥᠬᠡᠶ᠃
(ᠳᠥᠷᠪᠡ) ᠬᠢᠨᠠᠯᠲᠠ ᠬᠠᠮᠢᠶᠠᠷᠤᠯᠲᠠ ᠵᠢᠨ ᠲᠣᠭᠲᠠᠴᠠ᠎ᠪᠠᠨ ᠪᠦᠷᠢᠨᠰᠢᠭᠦᠯᠬᠦ ᠬᠡᠷᠡᠭᠲᠡᠢ᠃ ᠡᠯ᠎ᠡ ᠭᠤᠤᠯᠴᠢᠯᠠᠨ ᠬᠠᠮᠢᠶᠠᠷᠬᠤ ᠨᠢᠭᠡᠴᠢ᠎ᠨᠢ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠤᠯᠠᠷᠢᠯ ᠪᠦᠷᠢ᠎ᠳᠤ ᠨᠢᠭᠡ ᠤᠳᠠᠭ᠎ᠠ ᠪᠥᠬᠦ ᠲᠠᠯ᠎ᠠ᠎ᠪᠠᠷ ᠲᠣᠭᠤᠷᠢᠨ ᠪᠠᠶ᠋ᠢᠴᠠᠭ᠋ᠠᠬᠤ ᠵᠢᠨ ᠬᠠᠮᠲᠤ ᠪᠠᠶ᠋ᠢᠴᠠᠭ᠋ᠠᠭᠰᠠᠨ ᠪᠠᠶ᠋ᠢᠳᠠᠯ ᠵᠶ᠋ᠠᠨ ᠴᠠᠭ ᠲᠤᠬᠠᠶ᠎ᠳᠤᠨᠢ ᠢᠯᠡ ᠪᠣᠯᠭ᠋ᠠᠬᠤ ᠬᠡᠷᠡᠭᠲᠡᠶ᠃ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠵᠢ ᠪᠠᠶ᠋ᠢᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠠᠴᠠ ᠰᠤᠭᠤᠴᠢᠨ ᠪᠠᠶ᠋ᠢᠴᠠᠭ᠋ᠠᠳ ᠨᠡᠪᠳᠡᠷᠡᠭᠦᠯᠵᠣ ᠮᠡᠳᠡᠭᠡᠯᠡᠭᠰᠡᠨ ᠠᠰᠠᠭᠤᠳᠠᠯ᠎ᠲᠠᠢ ᠰᠦᠯᠵᠢᠶᠡᠨ ᠥᠷᠲᠡᠭᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠲᠤ ᠬᠠᠷᠢᠭᠤᠴᠠᠯᠭ᠎ᠠ ᠬᠡᠯᠡᠯᠴᠡᠬᠦ ᠵᠢ ᠬᠡᠷᠡᠭᠵᠢᠭᠦᠯᠵᠦ᠂ ᠨᠡᠪᠳᠡᠷᠡᠭᠦᠯᠭᠦ ᠮᠡᠳᠡᠭᠡᠯᠡᠯ ᠪᠠᠭᠤᠯᠭ᠋ᠠᠭᠰᠠᠨ 10 ᠠᠵᠢᠯᠯᠠᠬᠤ ᠡᠳᠦᠷ᠎ᠤᠨ ᠳᠣᠲᠣᠷ᠎ᠠ ᠬᠠᠮᠢᠶ᠎ᠠ ᠪᠥᠬᠦᠶ ᠭᠠᠵᠠᠷ ᠣᠷᠣᠨ᠎ᠨᠢ ᠲᠣᠰ ᠭᠠᠵᠠᠷ ᠣᠷᠣᠨ᠎ᠤ ᠴᠡᠭᠴᠡᠯᠡᠨ ᠰᠠᠶ᠋ᠢᠵᠢᠷᠠᠭᠤᠯᠤᠭᠰᠠᠨ ᠪᠠ ᠬᠠᠷᠢᠭᠤᠴᠠᠯᠭ᠎ᠠ ᠬᠡᠯᠡᠯᠴᠡᠭᠰᠡᠨ ᠪᠠᠶ᠋ᠢᠳᠠᠯ ᠵᠶ᠋ᠠᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠎ᠳᠤ ᠪᠢᠴᠢᠭ ᠵᠶ᠋ᠠᠷ ᠮᠡᠳᠡᠭᠦᠯᠬᠦ ᠬᠡᠷᠡᠭᠲᠡᠶ᠃ ᠢᠨᠲ᠋ᠧᠷ ᠰᠦᠯᠵᠢᠶᠡᠨ᠎ᠤ ᠮᠡᠳᠡᠭᠡ ᠵᠠᠩᠭᠢ᠂ ᠳᠣᠲᠣᠭ᠋ᠠᠳᠤ ᠵᠢ ᠬᠠᠮᠠᠭ᠋ᠠᠯᠠᠬᠤ ᠵᠡᠷᠭᠡ ᠰᠠᠯᠠᠭ᠎ᠠ ᠮᠥᠴᠢᠷ᠎ᠯᠦᠭᠡ ᠠᠵᠢᠯ᠎ᠤᠨ ᠬᠠᠮᠵᠢᠯᠴᠠᠬᠤ ᠲᠣᠭᠲᠠᠴᠠ ᠵᠢ ᠪᠠᠶ᠋ᠢᠭᠤᠯᠵᠤ᠂ ᠰᠠᠨᠠᠭ᠋ᠠᠴᠢᠯᠠᠭ᠎ᠠ᠎ᠠᠴᠠ᠎ᠪᠠᠨ ᠬᠢᠨᠠᠨ ᠰᠢᠨᠵᠢᠬᠦ᠂ ᠰᠦᠯᠵᠢᠶᠡᠨ ᠢᠷᠭᠡᠳ᠎ᠤᠨ ᠢᠯᠡᠴᠢᠯᠡᠨ ᠮᠡᠳᠡᠭᠦᠯᠬᠦ ᠵᠡᠷᠭᠡ ᠠᠷᠭ᠎ᠠ ᠪᠠᠷᠢᠯ᠎ᠢ ᠲᠡᠭᠦᠯᠳᠡᠷᠵᠢᠭᠦᠯᠵᠦ᠂ ᠡᠯ᠎ᠡ ᠲᠦᠷᠦᠯ᠎ᠤᠨ ᠬᠤᠳᠠᠯ ᠬᠠᠭᠤᠷᠮᠠᠭ ᠪᠦᠬᠦᠢ ᠵᠠᠰᠠᠭ᠎ᠤᠨ ᠣᠷᠳᠣᠨ᠎ᠤ ᠰᠦᠯᠵᠢᠶᠡᠨ ᠦᠷᠲᠡᠭᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠬᠠᠤᠯᠢ ᠲᠣᠭᠲᠠᠭ᠋ᠠᠯ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠢ᠃
ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠨᠢ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠠᠵᠢᠯ᠎ᠢ ᠰᠠᠶ᠋ᠢᠲᠤᠷ ᠬᠢᠬᠦ ᠵᠢᠨ ᠴᠢᠬᠤᠯᠠ ᠠᠴᠢ ᠬᠤᠯᠪᠣᠭᠳᠠᠯ᠎ᠢ ᠭᠦᠢ᠍ᠴᠡᠳ ᠲᠠᠨᠢᠵᠤ᠂ ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠵᠣᠬᠢᠶᠠᠨ ᠪᠠᠶ᠋ᠢᠭᠤᠯᠵᠣ ᠣᠳᠣᠷᠢᠣᠡᠬᠤ᠎ᠪᠠᠨ ᠴᠢᠩᠭ᠋ᠠᠳᠬᠠᠵᠤ᠂ ᠬᠠᠮᠢᠶᠠᠷᠤᠯᠲᠠ ᠵᠢᠨ ᠲᠣᠭᠲᠠᠴᠠ᠎ᠪᠠᠨ ᠰᠢᠯᠤᠭᠤᠳᠬᠠᠨ᠂ ᠴᠢᠬᠤᠯᠠ ᠪᠥᠬᠦᠶ ᠵᠠᠷᠤᠳᠠᠯ᠎ᠤᠨ ᠪᠠᠲᠤᠯᠠᠭ᠎ᠠ ᠬᠠᠩᠭ᠋ᠠᠵᠤ᠂ ᠠᠵᠢᠯ᠎ᠤᠨ ᠬᠦᠴᠦᠨ ᠵᠶ᠋ᠠᠨ ᠭᠦᠢ᠍ᠴᠡᠳ ᠳᠣᠭᠢᠷᠠᠭᠤᠯᠤᠨ ᠬᠦᠴᠦᠷᠬᠡᠭᠵᠢᠭᠦᠯᠵᠦ᠂ ᠠᠵᠢᠯ᠎ᠤᠨ ᠪᠠᠶ᠋ᠢᠷᠢ ᠵᠢᠨ ᠡᠭᠦᠷᠭᠡ ᠬᠠᠷᠢᠭᠤᠴᠠᠯᠭ᠎ᠠ ᠵᠢ ᠲᠤᠳᠤᠷᠬᠠᠢ ᠲᠣᠭᠲᠠᠭ᠋ᠠᠬᠤ ᠬᠡᠷᠡᠭᠲᠡᠶ᠃ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠬᠠᠮᠢᠶᠠᠷᠤᠯᠲᠠ ᠵᠢᠨ ᠠᠵᠢᠯ᠎ᠤᠨ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠭᠤᠯᠤᠯ᠎ᠢ ᠬᠢᠨᠠᠮᠠᠭ᠋ᠠᠶ ᠵᠣᠬᠢᠶᠠᠨ ᠪᠠᠶ᠋ᠢᠭᠤᠯᠤᠨ ᠥᠷᠨᠢᠭᠦᠯᠵᠦ᠂ ᠮᠡᠳᠡᠭᠡ ᠵᠠᠩᠭᠢ ᠵᠢ ᠨᠠᠶ᠋ᠢᠷᠠᠭᠤᠯᠤᠨ ᠨᠡᠶ᠋ᠢᠲᠡᠯᠡᠬᠦ᠂ ᠬᠠᠷᠢᠭᠤ ᠥᠭᠴᠦ ᠬᠥᠲᠥᠯᠦᠨ ᠵᠢᠯᠣᠭᠤᠳᠬᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠴᠢᠳᠠᠪᠤᠷᠢ ᠪᠠ ᠬᠢᠷᠢ ᠬᠡᠮᠵᠢᠶ᠎ᠡ᠎ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠬᠠᠮᠢᠶ᠎ᠠ ᠪᠥᠬᠦᠶ ᠠᠵᠢᠯ᠎ᠤᠨ ᠪᠠᠶ᠋ᠢᠳᠠᠯ᠎ᠢ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠢ ᠭᠦᠨᠵᠡᠭᠡᠶ᠋ᠢᠷᠡᠭᠦᠯᠬᠦ ᠵᠢᠨ ᠴᠢᠬᠤᠯᠠ ᠠᠭᠤᠯᠭ᠎ᠠ ᠪᠣᠯᠭ᠋ᠠᠵᠤ ᠣᠨ᠎ᠤ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ᠎ᠳᠤ ᠣᠷᠣᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠠᠴᠠ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ ᠵᠢ ᠬᠢᠨᠠᠨ ᠰᠢᠨᠵᠢᠭᠦ ᠪᠠ ᠰᠤᠭᠤᠴᠢᠨ ᠪᠠᠶ᠋ᠢᠴᠠᠭ᠋ᠠᠬᠤ ᠵᠢᠨ ᠬᠠᠮᠲᠤ᠂ ᠬᠤᠯᠪᠣᠭᠳᠠᠯ ᠪᠥᠬᠦᠶ ᠪᠠᠶ᠋ᠢᠳᠠᠯ᠎ᠢ ᠨᠡᠪᠲᠡᠷᠡᠭᠦᠯᠦᠨ ᠮᠡᠳᠡᠭᠡᠯᠡᠨᠠ᠃
(ᠲᠣᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)