ᠥᠪᠥᠷ ᠵᠠᠰᠠᠭ ᠠᠯᠪᠠᠨ ᠲᠠᠷᠬᠠᠭ᠋ᠠᠭᠰᠠᠨ [2021] 10 ᠳ᠋ᠤᠭ᠋ᠠᠷ ᠲᠣᠭ᠋ᠠᠲᠤ 2021 ᠣᠨ᠎ᠤ 2 ᠳ᠋ᠤᠭ᠋ᠠᠷ ᠰᠠᠷ᠎ᠠ ᠵᠢᠨ 8᠎ᠤ ᠡᠳᠦᠷ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠡᠳᠦᠬᠡ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠦᠯ》 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠵᠢᠨ ᠣᠷᠴᠢᠨ ᠲᠣᠭᠤᠷᠢᠨ᠎ᠤ ᠭᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠦᠯ》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠶ᠃
(ᠲᠣᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠣᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠦᠯ
《ᠵᠠᠮ ᠬᠠᠷᠢᠯᠴᠠᠭ᠎ᠠ ᠲᠡᠭᠡᠭᠡᠪᠦᠷᠢ ᠵᠢᠨ ᠭᠦᠷᠢᠶᠡᠨ᠎ᠳᠠᠬᠢ ᠲᠥᠪ᠎ᠤᠨ ᠬᠢᠬᠡᠳ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ [2019] 33 ᠳ᠋ᠤᠭ᠋ᠠᠷ ᠲᠣᠭ᠋ᠠᠲᠤ)᠂ 《ᠥᠪᠡᠷᠲᠡᠭᠡᠨ ᠵᠠᠰᠠᠬᠤ ᠣᠷᠣᠨ᠎ᠠᠴᠠ ᠳᠣᠷᠣᠭᠰᠢᠬᠢ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢ ᠠᠬᠢᠭᠤᠯᠬᠤ ᠵᠢᠨ ᠬᠡᠷᠡᠭᠵᠢᠭᠦᠯᠬᠦ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠥᠪᠥᠷ ᠵᠠᠰᠠᠭ ᠲᠠᠷᠬᠠᠭ᠋ᠠᠭᠰᠠᠨ [2018] 13 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠤᠨ᠂ ᠡᠳᠦᠭᠡ ᠵᠠᠮ ᠬᠠᠷᠢᠯᠴᠠᠭ᠎ᠠ ᠲᠡᠭᠡᠭᠡᠪᠦᠷᠢ ᠵᠢᠨ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠤᠬᠠᠶ ᠳᠣᠤᠷᠠᠬᠢ ᠮᠡᠲᠦ ᠲᠥᠰᠦᠯ᠎ᠢ ᠲᠣᠭᠲᠠᠭ᠋ᠠᠪᠠ᠃
ᠨᠢᠭᠡ᠂ ᠶᠡᠷᠦᠩᠬᠡᠶ ᠱᠠᠭ᠋ᠠᠷᠳᠠᠯᠭ᠎ᠠ
( ᠨᠢᠭᠡ ) ᠵᠢᠯᠣᠭᠤᠳᠬᠤ ᠦᠵᠡᠯ ᠰᠠᠨᠠᠭ᠎ᠠ᠃
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭ᠋ᠠᠨ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠣᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠥᠪ᠎ᠤᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠶᠡᠷᠦᠩᠬᠡᠶ ᠪᠠᠶ᠋ᠢᠷᠢᠯᠠᠭᠤᠯᠤᠯᠲᠠ ᠶᠣᠰᠣᠭ᠋ᠠᠷ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠭᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠰᠢᠨᠵᠢᠯᠡᠬᠦ ᠤᠬᠠᠭ᠋ᠠᠨᠴᠢ ᠪᠥᠭᠡᠳ ᠵᠦᠶ ᠵᠣᠬᠢᠰᠲᠠᠶ ᠬᠤᠪᠢᠶᠠᠷᠢᠯᠠᠵᠤ᠂ ᠣᠲᠣ ᠦᠶ᠎ᠡ ᠵᠢᠨ ᠡᠳ᠋᠎ᠤᠨ ᠵᠠᠰᠠᠭ᠎ᠤᠨ ᠲᠦᠷᠢᠮ᠎ᠲᠠᠢ ᠵᠣᠬᠢᠴᠠᠯᠳᠤᠭᠰᠠᠨ᠂ ᠤᠯᠤᠰ᠎ᠤᠨ ᠵᠠᠰᠠᠯᠲᠠ ᠵᠢᠨ ᠲᠣᠭᠲᠠᠯᠴᠠᠭ᠎ᠠ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠱᠠᠭ᠋ᠠᠷᠳᠠᠯᠭ᠎ᠠ᠎ᠲᠠᠢ ᠵᠣᠬᠢᠴᠠᠭᠰᠠᠨ ᠬᠠᠤᠯᠢ ᠶᠣᠰᠣᠭ᠋ᠠᠷ ᠵᠢᠷᠤᠮᠵᠢᠭᠰᠠᠨ᠂ ᠡᠷᠬᠡ ᠪᠠ ᠬᠠᠷᠢᠭᠤᠴᠠᠯᠭ᠎ᠠ᠎ᠨᠢ ᠵᠣᠬᠢᠴᠠᠯᠳᠤᠭᠰᠠᠨ᠂ ᠠᠵᠢᠯᠯᠠᠭ᠋ᠠᠨ᠎ᠨᠢ ᠥᠨᠳᠥᠷ ᠪᠦᠲᠦᠮᠵᠢᠲᠡᠶ᠂ ᠪᠠᠲᠤᠯᠠᠭ᠎ᠠ᠎ᠨᠢ ᠬᠦᠴᠦᠲᠡᠶ ᠪᠠᠶ᠋ᠢᠬᠤ ᠬᠤᠪᠢᠶᠠᠷᠢᠯᠠᠯᠲᠠ ᠵᠢᠨ ᠵᠠᠭᠪᠤᠷ᠎ᠢ ᠠᠯᠬᠤᠮ ᠠᠯᠬᠤᠮ ᠵᠶ᠋ᠠᠷ ᠪᠣᠶ ᠪᠣᠯᠭ᠋ᠠᠨ᠂ ᠥᠪᠡᠷᠲᠡᠭᠡᠨ ᠵᠠᠰᠠᠬᠤ ᠣᠷᠣᠨ᠎ᠠᠴᠠ ᠳᠣᠷᠣᠭᠰᠢᠬᠢ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠭᠦᠷᠭᠡ ᠬᠠᠷᠢᠭᠤᠴᠠᠯᠭ᠎ᠠ᠎ᠪᠠᠨ ᠨᠠᠩ ᠰᠠᠶ᠋ᠢᠲᠤᠷ ᠭᠦᠢ᠍ᠴᠡᠳᠬᠡᠬᠦ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠦᠢ᠍ᠯᠡᠴᠢᠯᠡᠭᠡᠨ᠎ᠤ ᠬᠠᠩᠭ᠋ᠠᠯᠭ᠎ᠠ ᠵᠢᠨ ᠦᠷ᠎ᠡ ᠪᠦᠲᠦᠮᠵᠢ ᠵᠢ ᠲᠠᠰᠤᠷᠠᠯᠲᠠ ᠥᠬᠡᠶ ᠳᠡᠭᠡᠭᠰᠢᠯᠡᠭᠦᠯᠬᠦ᠂ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠶᠡᠷᠦᠩᠬᠡᠶ᠋ᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠭᠲᠠᠯᠴᠠᠭ᠎ᠠ ᠵᠢ ᠲᠦᠷᠭᠡᠳᠬᠡᠨ ᠪᠠᠶ᠋ᠢᠭᠤᠯᠬᠤ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠶ᠋ᠢᠭ᠎ᠠ ᠰᠠᠶ᠋ᠢᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ ᠵᠢ ᠲᠠᠰᠤᠷᠠᠯᠲᠠ ᠥᠬᠡᠶ ᠬᠠᠩᠭ᠋ᠠᠬᠤ᠎ᠳᠤ ᠬᠦᠴᠦᠲᠡᠶ ᠪᠠᠲᠤᠯᠠᠭ᠎ᠠ ᠬᠠᠩᠭ᠋ᠠᠨ᠎ᠠ᠃
( ᠬᠤᠶᠠᠷ ) ᠦᠨᠳᠦᠰᠦᠨ ᠵᠠᠷᠴᠢᠮ
— ᠠᠷᠠᠳ ᠲᠦᠮᠡᠨ ᠵᠶ᠋ᠠᠷ ᠭᠤᠣᠯ ᠪᠤᠯᠭ᠋ᠠᠨᠨᠰᠠᠨ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠨ᠎ᠠ᠃ ᠠᠷᠠᠳ᠎ᠤᠨ ᠵᠠᠮ ᠬᠠᠷᠢᠯᠴᠠᠭ᠎ᠠ ᠵᠢ ᠠᠷᠠᠳ ᠲᠦᠮᠡᠨ᠎ᠳᠤ ᠦᠢ᠍ᠯᠡᠴᠢᠯᠡᠭᠦᠯᠬᠦ ᠦᠨᠳᠦᠰᠦᠨ ᠵᠣᠷᠢᠯᠲᠠ ᠵᠢ ᠪᠠᠷᠢᠮᠲᠠᠯᠠᠨ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠶ᠋ᠢᠭ᠎ᠠ ᠰᠠᠶ᠋ᠢᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ ᠵᠢ ᠬᠠᠩᠭ᠋ᠠᠬᠤ᠎ᠪᠠᠷ ᠡᠬᠢᠯᠡᠯᠲᠡ ᠪᠠ ᠵᠤᠨᠨᠰᠤᠴᠠ ᠪᠣᠯᠭ᠋ᠠᠵᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠲᠠᠯ᠎ᠠ᠎ᠳᠠᠬᠢ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠷᠢᠭᠤᠴᠠᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠤᠨ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠭᠦᠷᠢᠶᠡᠨ᠎ᠳᠠᠬᠢ ᠬᠥᠭᠵᠢᠯᠲᠡ ᠲᠡᠩᠴᠡᠬᠦᠨ ᠪᠤᠰᠤ ᠭᠦᠢ᠍ᠴᠡᠳ ᠪᠤᠰᠤ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠠᠷᠠᠳ ᠤᠯᠠᠨ᠎ᠤ ᠬᠦᠷᠲᠡᠮᠵᠢ ᠵᠢᠨ ᠲᠦᠷᠦᠭᠳᠡᠯ᠂ ᠵᠣᠯ ᠵᠢᠷᠭ᠋ᠠᠯᠲᠤ ᠲᠦᠷᠦᠭᠳᠡᠯ ᠪᠠ ᠠᠮᠤᠷ ᠲᠦᠪᠰᠢᠨ᠎ᠤ ᠲᠦᠷᠦᠭᠳᠡᠯ᠎ᠢ ᠲᠠᠰᠤᠷᠠᠯᠳᠠ ᠦᠭᠡᠢ ᠨᠡᠮᠡᠭᠳᠡᠭᠦᠯᠦᠨ᠎ᠡ᠃
— ᠵᠠᠮ ᠬᠠᠷᠢᠯᠴᠠᠭ᠎ᠠ ᠲᠡᠭᠡᠭᠡᠪᠦᠷᠢ ᠵᠢᠨ ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠠᠰᠢᠭ ᠭᠥᠷᠳᠡᠬᠦ ᠬᠡᠪᠴᠢᠶ᠎ᠡ ᠵᠢ ᠢᠯᠡᠷᠡᠭᠦᠯᠦᠨ᠎ᠡ᠃ ᠲᠥᠪ᠎ᠠᠴᠠ ᠣᠯᠭᠤᠭᠰᠠᠨ ᠡᠷᠬᠡ ᠵᠢᠨ ᠬᠡᠪᠴᠢᠶᠡᠨ ᠳᠣᠲᠣᠷ᠎ᠠ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠠᠰᠢᠭ ᠭᠥᠷᠳᠡᠬᠦ ᠬᠡᠪᠴᠢᠶ᠎ᠡ ᠵᠢ ᠦᠨᠳᠦᠰᠦᠯᠡᠨ ᠡᠯ᠎ᠡ ᠱᠠᠲᠤᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠵᠢ ᠵᠣᠬᠢᠰᠲᠠᠶ ᠲᠣᠭᠲᠠᠭ᠋ᠠᠵᠤ ᠪᠠᠶ᠋ᠢᠭ᠋ᠠᠳ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠠᠰᠢᠭ ᠬᠥᠷᠳᠡᠬᠦ ᠬᠡᠪᠴᠢᠶ᠎ᠡ ᠵᠢ ᠵᠠᠰᠠᠭ᠎ᠤᠨ ᠣᠷᠳᠣᠨ᠎ᠤ ᠬᠠᠷᠢᠶ᠎ᠠ ᠣᠷᠣᠨ ᠪᠦᠰᠡ᠎ᠯᠦᠭᠡ ᠨᠢᠭᠡᠳᠦᠯᠲᠡᠶ ᠪᠠᠶ᠋ᠢᠯᠭ᠋ᠠᠵᠤ᠂ ᠠᠰᠢᠭ ᠬᠥᠷᠳᠡᠬᠦ ᠬᠡᠪᠴᠢᠶ᠎ᠡ᠎ᠨᠢ ᠪᠥᠬᠦ ᠣᠷᠣᠨ᠎ᠢ ᠬᠠᠮᠤᠷᠤᠭᠰᠠᠨ ᠵᠠᠮ ᠬᠠᠷᠢᠯᠴᠠᠭ᠎ᠠ ᠲᠡᠭᠡᠭᠡᠪᠦᠷᠢ ᠵᠢᠨ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠢ ᠥᠪᠡᠷᠲᠡᠭᠡᠨ ᠵᠠᠰᠠᠬᠤ ᠣᠷᠣᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠳᠠᠬᠢ ᠣᠷᠣᠨ ᠪᠦᠰᠡ (ᠠᠶ᠋ᠢᠮᠠᠭ ᠬᠤᠳᠠ) ᠠᠯᠤᠰᠯᠠᠭᠰᠠᠨ ᠵᠠᠮ ᠬᠠᠷᠢᠯᠴᠠᠭ᠎ᠠ ᠲᠡᠭᠡᠭᠡᠪᠦᠷᠢ ᠵᠢᠨ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠢ ᠦᠪᠡᠷᠳᠡᠬᠡᠨ ᠵᠠᠰᠠᠬᠤ ᠣᠷᠣᠨ ᠬᠢᠭᠡᠳ ᠠᠶ᠋ᠢᠮᠠᠭ ᠬᠤᠳᠠ ᠬᠠᠮᠳᠣ᠎ᠪᠠᠷ ᠬᠠᠷᠢᠭᠤᠴᠠᠨ᠂ ᠭᠠᠵᠠᠷ ᠣᠷᠣᠨ᠎ᠤ ᠴᠢᠨᠠᠷᠲᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠢ ᠠᠶ᠋ᠢᠮᠠᠭ ᠬᠤᠳᠠ ᠬᠠᠷᠢᠭᠤᠴᠠᠨ᠎ᠠ᠃
— ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ ᠲᠥᠷᠥᠯ᠎ᠤᠨ ᠬᠥᠭᠵᠢᠯᠲᠡ ᠵᠢᠨ ᠵᠢᠮ᠎ᠡ ᠶᠣᠰᠣ ᠵᠢ ᠵᠢᠷᠤᠮᠯᠠᠨ᠎ᠠ᠃ ᠠᠵᠢᠯ ᠲᠥᠷᠥᠯ᠎ᠤᠨ ᠬᠥᠭᠵᠢᠯᠲᠡ ᠵᠢᠨ ᠵᠢᠮ᠎ᠡ ᠶᠣᠰᠣ ᠪᠠ ᠣᠨᠴᠠᠯᠢᠭ᠎ᠢ ᠭᠦᠢ᠍ᠴᠡᠳ ᠪᠣᠳᠣᠯᠬᠢᠯᠠᠨ᠂ ᠠᠵᠢᠯᠯᠠᠭ᠋ᠠᠨ᠎ᠤ ᠪᠠᠶ᠋ᠢᠳᠠᠯ᠎ᠨᠢ ᠰᠠᠶ᠋ᠢᠨ᠂ ᠬᠠᠮᠢᠶᠠᠷᠤᠯᠲᠠ᠎ᠨᠢ ᠪᠦᠲᠦᠮᠵᠢ᠎ᠲᠠᠢ᠂ ᠵᠠᠮ ᠬᠠᠷᠢᠯᠴᠠᠭ᠋ᠠᠨ᠎ᠤ ᠬᠥᠭᠵᠢᠯᠲᠡ ᠵᠢᠨ ᠪᠤᠳᠠᠳᠠᠢ᠎ᠳᠤ ᠨᠡᠢ᠍ᠴᠡᠭᠰᠡᠨ ᠵᠦᠢ᠍ᠯ᠎ᠢ ᠳ᠋ᠦᠩᠨᠡᠵᠦ ᠨᠣᠲᠠᠯᠠᠨ ᠲᠣᠭᠲᠠᠭ᠋ᠠᠵᠤ᠂ ᠰᠢᠨ᠎ᠡ ᠴᠠᠭ᠎ᠤᠨ ᠪᠠᠶ᠋ᠢᠳᠠᠯ᠎ᠳᠤ ᠥᠯᠥ ᠲᠤᠬᠢᠷᠠᠬᠤ ᠪᠠ ᠲᠣᠳᠣᠷᠬᠠᠶ ᠪᠤᠰᠤ ᠵᠦᠢ᠍ᠯ᠎ᠢ ᠲᠤᠬᠢᠷᠠᠭᠤᠯᠵᠦ ᠲᠡᠭᠦᠯᠳᠡᠷᠵᠢᠭᠦᠯᠦᠨ᠂ ᠥᠭᠡᠷᠡᠴᠢᠯᠡᠯᠲᠡ ᠬᠢᠬᠦ ᠨᠥᠬᠦᠴᠡᠯ᠎ᠨᠢ ᠬᠠᠷᠠᠬᠠᠨ ᠪᠤᠯᠪᠠᠰᠤᠷᠠᠭ᠋ᠠᠳᠤᠢ ᠵᠦᠢ᠍ᠯ᠎ᠢ ᠠᠯᠬᠤᠮ ᠠᠯᠬᠤᠮ ᠵᠶ᠋ᠠᠷ ᠲᠣᠬᠢᠷᠠᠭᠤᠯᠬᠤ ᠪᠠ ᠲᠡᠭᠦᠯᠳᠡᠷᠵᠢᠭᠦᠯᠵᠦ᠂ ᠬᠠᠮᠢᠶ᠎ᠠ ᠪᠥᠬᠦᠢ ᠥᠭᠡᠷᠡᠴᠢᠯᠡᠯᠲᠡ ᠵᠢ ᠯᠠᠪᠳᠠᠭᠤᠨ ᠵᠶ᠋ᠠᠷ ᠠᠬᠢᠭᠤᠯᠤᠨ᠎ᠠ᠃
ᠬᠤᠶᠠᠷ᠂ ᠭᠤᠣᠯ ᠠᠭᠤᠯᠭ᠎ᠠ
ᠳᠡᠭᠡᠷ᠎ᠡ ᠳᠤᠷᠠᠳᠤᠭᠰᠠᠨ ᠶᠡᠷᠦᠩᠬᠡᠶ ᠱᠠᠭ᠋ᠠᠷᠳᠠᠯᠭ᠎ᠠ ᠪᠠ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ᠎ᠤᠨ ᠣᠨᠴᠠᠯᠢᠭ᠎ᠢ ᠦᠨᠳᠦᠰᠦᠯᠡᠨ᠂ ᠵᠠᠰᠠᠮᠠᠯ ᠵᠠᠮ᠂ ᠤᠰᠤᠨ ᠵᠠᠮ᠂ ᠲᠡᠮᠦᠷ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ᠂ ᠰᠢᠤᠳᠠᠨ᠂ ᠶᠡᠷᠦᠩᠬᠡᠶ᠋ᠢᠯᠡᠭᠰᠡᠨ ᠵᠠᠮ ᠬᠠᠷᠢᠯᠴᠠᠭ᠎ᠠ ᠵᠡᠷᠭᠡ ᠵᠢᠷᠭᠤᠭ᠋ᠠᠨ ᠲᠠᠯ᠎ᠠ᠎ᠪᠠᠷ᠎ᠬᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠨ᠎ᠠ᠃
( ᠨᠢᠭᠡ) ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ
1. ᠵᠠᠰᠠᠮᠠᠯ ᠵᠠᠮ᠃
(1) ᠤᠯᠤᠰ᠎ᠤᠨ ᠳᠡᠭᠡᠲᠦ ᠬᠤᠷᠳᠤ ᠵᠢᠨ ᠵᠠᠰᠠᠮᠠᠯ ᠵᠠᠮ᠃ ᠥᠪᠡᠷᠲᠡᠭᠡᠨ ᠵᠠᠰᠠᠬᠤ ᠣᠷᠣᠨ (ᠣᠷᠣᠨ᠎ᠤ ᠬᠠᠷᠢᠶ᠎ᠠ ᠠᠵᠤ ᠠᠬᠤᠶ᠋ᠢᠯᠠᠯ ᠪᠠᠭᠲᠠᠨ᠎ᠠ)᠎ᠠᠴᠠ ᠤᠯᠤᠰ᠎ᠤᠨ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠲᠥᠷᠥᠯ ᠵᠦᠢ᠍ᠯ᠎ᠤᠨ ᠪᠥᠲᠥᠭᠡᠨ ᠪᠠᠢ᠍ᠭᠤᠯᠬᠤ᠂ ᠠᠷᠠᠴᠢᠯᠠᠨ ᠬᠠᠮᠠᠭ᠋ᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠵᠡᠷᠭᠡ ᠵᠣᠬᠢᠬᠤ ᠡᠭᠦᠷᠭᠡ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠬᠦ ᠵᠢᠨ ᠬᠠᠮᠲᠤ ᠪᠣᠳᠠᠲᠠᠶ ᠵᠣᠬᠢᠶᠠᠨ ᠪᠠᠶ᠋ᠢᠭᠤᠯᠤᠨ ᠭᠡᠷᠡᠭᠵᠢᠬᠦᠯᠵᠦ᠂ ᠤᠯᠤᠰ᠎ᠤᠨ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠪᠥᠲᠥᠭᠡᠨ ᠪᠠᠶ᠋ᠢᠭᠤᠯᠤᠯᠲᠠ᠎ᠳᠠᠬᠢ ᠲᠥᠪ᠎ᠤᠨ ᠡᠳ᠋᠎ᠤᠨ ᠵᠠᠰᠠᠭ᠎ᠤᠨ ᠭᠠᠷᠭ᠋ᠠᠬᠤ ᠪᠠᠯᠠ᠎ᠠᠴᠠ ᠭᠠᠳᠠᠨᠠᠬᠢ ᠪᠤᠰᠤᠳ ᠪᠠᠯᠠ ᠮᠥᠩᠭᠦ ᠴᠤᠭᠯᠠᠭᠤᠯᠬᠤ ᠵᠢ ᠬᠠᠷᠢᠭᠤᠴᠠᠨ᠎ᠠ᠃
(2) ᠤᠯᠤᠰ᠎ᠤᠨ ᠡᠩ᠎ᠤᠨ ᠵᠠᠮ᠃ ᠥᠪᠡᠷᠲᠡᠭᠡᠨ ᠵᠠᠰᠠᠬᠤ ᠣᠷᠣᠨ (ᠣᠷᠣᠨ᠎ᠤ ᠬᠠᠷᠢᠶ᠎ᠠ ᠠᠵᠤ ᠠᠬᠤᠶ᠋ᠢᠯᠠᠯ ᠪᠠᠭᠳᠠᠨ᠎ᠠ)᠎ᠠᠴᠠ ᠤᠯᠤᠰ᠎ᠤᠨ ᠡᠩ᠎ᠤᠨ ᠵᠠᠮ᠎ᠤᠨ ᠲᠠᠯ᠎ᠠ᠎ᠳᠠᠬᠢ ᠥᠪᠡᠷᠲᠡᠭᠡᠨ ᠵᠠᠰᠠᠬᠤ ᠣᠷᠣᠨ᠎ᠤ ᠬᠠᠷᠢᠭᠤᠴᠠᠬᠤ ᠬᠡᠰᠡᠭ᠎ᠤᠨ ᠪᠥᠲᠥᠭᠡᠨ ᠪᠠᠶ᠋ᠢᠭᠤᠯᠬᠤ᠂ ᠠᠷᠠᠴᠢᠯᠠᠨ ᠬᠠᠮᠠᠭ᠋ᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠵᠡᠷᠭᠡ ᠵᠣᠬᠢᠬᠤ ᠡᠭᠦᠷᠭᠡ ᠬᠠᠷᠢᠭᠤᠴᠠᠯᠭ᠎ᠠ ᠵᠢᠴᠢ ᠵᠣᠬᠢᠬᠤ ᠵᠠᠷᠤᠯᠭ᠎ᠠ ᠵᠢ ᠳᠠᠭ᠋ᠠᠭ᠋ᠠᠨ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠲᠣᠭᠲᠠᠭ᠋ᠠᠭᠰᠠᠨ ᠬᠡᠰᠡᠭ ᠴᠢᠬᠤᠯᠠ ᠶᠡᠭᠡ ᠲᠥᠷᠥᠯ ᠵᠦᠢ᠍ᠯ᠎ᠢ ᠥᠪᠡᠷᠲᠡᠭᠡᠨ ᠵᠠᠰᠠᠬᠤ ᠣᠷᠣᠨ (ᠣᠷᠣᠨ᠎ᠤ ᠬᠠᠷᠢᠶ᠎ᠠ ᠠᠵᠤ ᠠᠬᠤᠶ᠋ᠢᠯᠠᠯ ᠪᠠᠭᠳᠠᠨ᠎ᠠ)᠎ᠠᠴᠠ ᠬᠠᠷᠢᠭᠤᠴᠠᠵᠦ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ᠃
(3) ᠣᠷᠣᠨ ᠨᠤᠲᠤᠭ᠎ᠤᠨ ᠳᠡᠭᠡᠳᠦ ᠬᠤᠷᠳᠤ ᠵᠢᠨ ᠵᠠᠰᠠᠮᠠᠯ ᠵᠠᠮ᠃ ᠥᠪᠡᠷᠲᠡᠭᠡᠨ ᠵᠠᠰᠠᠬᠤ ᠣᠷᠣᠨ᠎ᠠᠴᠠ ᠣᠷᠣᠨ ᠨᠤᠲᠤᠭ᠎ᠤᠨ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠬᠤᠷᠸ᠎ᠠ ᠬᠠᠮᠢᠶᠠᠷᠤᠯᠲᠠ᠂ ᠲᠤᠰᠬᠠᠶ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠵᠡᠷᠭᠡ ᠡᠭᠦᠷᠭᠡ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠵᠦ᠂ ᠣᠷᠣᠨ ᠨᠤᠲᠤᠭ᠎ᠤᠨ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠲᠠᠯ᠎ᠠ᠎ᠳᠠᠬᠢ ᠥᠪᠡᠷᠲᠡᠭᠡᠨ ᠵᠠᠰᠠᠬᠤ ᠣᠷᠣᠨ᠎ᠤ ᠬᠠᠷᠢᠭᠤᠴᠠᠬᠤ ᠬᠡᠰᠡᠭ᠎ᠤᠨ ᠪᠥᠲᠥᠭᠡᠨ ᠪᠠᠶ᠋ᠢᠭᠤᠯᠬᠤ᠂ ᠠᠷᠠᠴᠢᠯᠠᠨ ᠬᠠᠮᠠᠭ᠋ᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠵᠡᠷᠭᠡ ᠵᠣᠬᠢᠬᠤ ᠡᠭᠦᠷᠭᠡ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠵᠦ᠂ ᠣᠷᠣᠨ ᠨᠤᠲᠤᠭ᠎ᠤᠨ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠪᠥᠲᠥᠭᠡᠨ ᠪᠠᠢ᠍ᠭᠤᠯᠬᠤ ᠬᠥᠷᠥᠩᠭᠡ ᠮᠦᠩᠬᠦᠨ᠎ᠤ ᠲᠠᠯ᠎ᠠ᠎ᠪᠠᠷ᠎ᠬᠢ ᠵᠣᠬᠢᠬᠤ ᠵᠠᠷᠤᠯᠭ᠎ᠠ ᠵᠢ ᠳᠠᠭ᠋ᠠᠭ᠋ᠠᠨ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠲᠣᠭᠲᠠᠭ᠋ᠠᠭᠰᠠᠨ ᠬᠡᠰᠡᠭ ᠴᠢᠬᠤᠯᠠ ᠶᠡᠭᠡ ᠲᠥᠷᠥᠯ ᠵᠦᠢ᠍ᠯ᠎ᠢ ᠥᠪᠡᠷᠲᠡᠭᠡᠨ ᠵᠠᠰᠠᠬᠤ ᠣᠷᠣᠨ (ᠣᠷᠣᠨ᠎ᠤ ᠬᠠᠷᠢᠶ᠎ᠠ ᠠᠵᠤ ᠠᠬᠤᠶ᠋ᠢᠯᠠᠯ᠎ᠢ ᠪᠠᠭᠲᠠᠭ᠋ᠠᠨ᠎ᠠ)᠎ᠠᠴᠠ ᠬᠠᠷᠢᠭᠤᠴᠠᠵᠦ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ᠃
(4) ᠮᠤᠵᠢ ᠵᠢᠨ ᠡᠩ᠎ᠤᠨ ᠵᠠᠮ᠃ ᠥᠪᠡᠷᠲᠡᠭᠡᠨ ᠵᠠᠰᠠᠬᠤ ᠣᠷᠣᠨ᠎ᠠᠴᠠ ᠮᠤᠵᠢ ᠵᠢᠨ ᠡᠩ᠎ᠤᠨ ᠵᠠᠮ᠎ᠤᠨ ᠲᠤᠰᠬᠠᠶ ᠲᠥᠯᠥᠪᠵᠢᠭᠦᠯᠭᠡ᠂ ᠲᠥᠷᠥ ᠵᠢᠨ ᠪᠤᠳᠤᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠬᠦ ᠵᠢᠨ ᠬᠠᠮᠲᠤ᠂ ᠪᠥᠳᠥᠭᠡᠨ ᠪᠠᠶ᠋ᠢᠭᠤᠯᠬᠤ᠂ ᠠᠷᠠᠴᠢᠯᠠᠨ ᠬᠠᠮᠠᠭ᠋ᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠲᠠᠯ᠎ᠠ ᠵᠢᠨ ᠵᠤᠬᠢᠬᠤ ᠡᠭᠦᠷᠭᠡ ᠬᠠᠷᠢᠭᠤᠴᠠᠯᠭ᠎ᠠ ᠵᠢᠴᠢ ᠵᠤᠬᠢᠬᠤ ᠵᠠᠷᠤᠯᠭ᠎ᠠ ᠵᠢ ᠳᠠᠭ᠋ᠠᠭ᠋ᠠᠨ ᠡᠭᠦᠷᠭᠡᠯᠡᠨ᠎ᠡ᠃
(5) ᠤᠯᠤᠰ᠎ᠤᠨ ᠣᠷᠣᠨ ᠪᠦᠰᠡ ᠵᠢᠨ ᠴᠢᠨᠠᠷᠲᠠᠶ ᠵᠠᠰᠠᠮᠠᠯ ᠵᠠᠮ᠎ᠤᠨ ᠵᠠᠮ ᠬᠠᠷᠢᠯᠴᠠᠭ᠋ᠠᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠣᠨᠤᠭ ᠲᠥᠬᠦᠭᠡᠷᠦᠮᠵᠢ ᠡᠳ᠋ ᠪᠠᠷᠠᠭ᠋ᠠᠨ᠎ᠤ ᠨᠥᠭᠡᠴᠡ᠃ ᠥᠪᠡᠷᠲᠡᠭᠡᠨ ᠵᠠᠰᠠᠬᠤ ᠣᠷᠣᠨ᠎ᠠᠴᠠ ᠲᠥᠪ᠎ᠤᠨ ᠲᠤᠰᠬᠠᠶ ᠲᠥᠯᠥᠪᠵᠢᠭᠦᠯᠭᠡ ᠵᠢ ᠦᠨᠳᠦᠰᠦᠯᠡᠨ ᠤᠯᠤᠰ᠎ᠤᠨ ᠣᠷᠣᠨ ᠪᠦᠰᠡ ᠵᠢᠨ ᠴᠢᠨᠠᠷᠲᠠᠶ ᠵᠠᠰᠠᠮᠠᠯ ᠵᠠᠮ᠎ᠤᠨ ᠵᠠᠮ ᠬᠠᠷᠢᠯᠴᠠᠭ᠋ᠠᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠣᠨᠤᠭ ᠲᠥᠬᠦᠭᠡᠷᠦᠮᠵᠢ ᠡᠳ᠋ ᠪᠠᠷᠠᠭ᠎ᠠ ᠨᠥᠭᠡᠴᠡᠯᠡᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠬᠦ ᠵᠢᠨ ᠬᠠᠮᠲᠤ ᠬᠠᠷᠢᠭᠤᠴᠠᠵᠦ ᠵᠣᠬᠢᠶᠠᠨ ᠪᠠᠢ᠍ᠭᠤᠯᠵᠦ ᠬᠡᠷᠡᠭᠵᠢᠬᠦᠯᠦᠨ᠎ᠡ᠃ ᠥᠪᠡᠷᠲᠡᠭᠡᠨ ᠵᠠᠰᠠᠬᠤ ᠣᠷᠣᠨ᠎ᠨᠢ ᠲᠥᠪ᠎ᠤᠨ ᠵᠠᠷᠤᠯᠭ᠎ᠠ᠎ᠠᠴᠠ ᠭᠠᠳᠠᠨᠠᠬᠢ ᠪᠤᠰᠤᠳ ᠵᠠᠷᠤᠯᠭ᠎ᠠ ᠵᠢ ᠳᠠᠭ᠋ᠠᠭ᠋ᠠᠨ ᠡᠭᠦᠷᠭᠡᠯᠡᠨ᠎ᠡ᠃
2. ᠤᠰᠤᠨ ᠵᠠᠮ᠃
ᠮᠤᠵᠢ ᠠᠯᠤᠰᠯᠠᠭᠰᠠᠨ ᠤᠰᠤᠨ ᠳᠡᠬᠡᠷᠡᠭᠢ ᠠᠶᠠᠯᠠᠬᠤ ᠵᠠᠮ᠃ ᠥᠪᠡᠷᠲᠡᠭᠡᠨ ᠵᠠᠰᠠᠬᠤ ᠣᠷᠣᠨ᠎ᠠᠴᠠ ᠲᠤᠰᠬᠠᠶ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠬᠦ ᠵᠢᠨ ᠬᠠᠮᠲᠤ᠂ ᠪᠥᠲᠥᠭᠡᠨ ᠪᠠᠶ᠋ᠢᠭᠤᠯᠬᠤ᠂ ᠠᠷᠠᠴᠢᠯᠠᠨ ᠬᠠᠮᠠᠭ᠋ᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠵᠡᠷᠭᠡ ᠪᠣᠳᠠᠲᠠᠶ ᠵᠦᠢ᠍ᠯᠡᠰ᠎ᠤᠨ ᠭᠦᠢ᠍ᠴᠡᠳᠬᠡᠨ ᠬᠡᠷᠡᠭᠵᠢᠬᠦᠯᠬᠦ ᠵᠢ ᠳᠠᠭ᠋ᠠᠭ᠋ᠠᠨ ᠡᠭᠦᠷᠬᠡᠯᠡᠨ᠎ᠡ᠃ ᠥᠪᠡᠷᠲᠡᠭᠡᠨ ᠵᠠᠰᠠᠬᠤ ᠣᠷᠣᠨ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠨ᠎ᠡ᠃
3. ᠲᠡᠮᠦᠷ ᠵᠠᠮ᠃ ᠥᠪᠡᠷᠲᠡᠭᠡᠨ ᠵᠠᠰᠠᠬᠤ ᠣᠷᠣᠨ᠎ᠠᠴᠠ ᠲᠤᠰᠬᠠᠶ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠂ ᠥᠪᠡᠷᠲᠡᠭᠡᠨ ᠵᠠᠰᠠᠬᠤ ᠣᠷᠣᠨ᠎ᠤ ᠰᠢᠢ᠍ᠳᠪᠦᠷᠢᠲᠦ ᠪᠣᠳᠣᠯᠭ᠎ᠠ᠎ᠪᠠᠷ ᠳᠤᠨᠨᠲᠠᠭ᠋ᠠᠨᠨᠰᠠᠨ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠲᠡᠭᠡᠭᠡᠪᠦᠷᠢ᠂ ᠬᠢᠨᠠᠯᠲᠠ ᠲᠠᠯᠪᠢᠵᠤ ᠦᠨᠡᠯᠡᠬᠦ ᠪᠠ ᠬᠠᠮᠢᠶ᠎ᠠ ᠪᠥᠬᠦᠶ ᠬᠢᠨᠠᠨ ᠵᠥᠪᠰᠢᠶᠡᠷᠡᠬᠦ ᠠᠵᠢᠯ ᠵᠡᠷᠭᠡ ᠡᠭᠦᠷᠭᠡ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠵᠦ᠂ ᠪᠣᠳᠠᠲᠠᠶ ᠭᠦᠢ᠍ᠴᠡᠳᠭᠡᠬᠦ ᠵᠦᠢ᠍ᠯᠡᠰ᠎ᠲᠤ ᠥᠪᠡᠷᠲᠡᠭᠡᠨ ᠵᠠᠰᠠᠬᠤ ᠣᠷᠣᠨ᠎ᠠᠴᠠ ᠵᠣᠬᠢᠬᠤ ᠵᠠᠷᠤᠯᠭ᠎ᠠ ᠵᠢᠨ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠨ᠎ᠡ᠃
4. ᠠᠷᠠᠳ᠎ᠤᠨ ᠠᠭ᠋ᠠᠷ᠎ᠤᠨ ᠲᠡᠭᠡᠭᠡᠪᠦᠷ᠊ᠢ᠃
(1) ᠥᠪᠡᠷᠲᠡᠭᠡᠨ ᠵᠠᠰᠠᠬᠤ ᠣᠷᠣᠨ᠎ᠠᠴᠠ ᠲᠤᠰᠬᠠᠶ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠪᠠ ᠬᠠᠮᠢᠶ᠎ᠠ ᠪᠥᠬᠦᠶ ᠬᠢᠨᠠᠨ ᠵᠥᠪᠰᠢᠶᠡᠷᠡᠬᠦ ᠠᠵᠢᠯ ᠵᠡᠷᠭᠡ ᠡᠭᠦᠷᠭᠡ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠵᠦ᠂ ᠪᠣᠳᠠᠲᠠᠶ ᠭᠦᠢ᠍ᠴᠡᠳᠭᠡᠬᠦ ᠵᠦᠢ᠍ᠯᠡᠰ᠎ᠢ ᠥᠪᠡᠷᠲᠡᠭᠡᠨ ᠵᠠᠰᠠᠬᠤ ᠣᠷᠣᠨ᠎ᠠᠴᠠ ᠬᠡᠷᠡᠭᠵᠢᠭᠦᠯᠦᠨ᠎ᠡ᠃
(2) ᠪᠥᠬᠦ ᠤᠯᠤᠰ᠎ᠤᠨ ᠲᠡᠭᠡᠭᠡᠪᠦᠷᠢ ᠵᠢᠨ ᠨᠢᠰᠬᠡᠯ᠎ᠤᠨ ᠪᠠᠭᠤᠳᠠᠯ᠎ᠤᠨ ᠪᠠᠶ᠋ᠢᠷᠢᠰᠢᠭᠤᠯᠤᠯᠲᠠ ᠪᠠ ᠪᠥᠳᠥᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢ ᠦᠨᠳᠦᠰᠦᠯᠡᠨ᠂ ᠪᠥᠬᠦ ᠣᠷᠣᠨ᠎ᠤ ᠲᠡᠭᠡᠭᠡᠪᠦᠷᠢ ᠵᠢᠨ ᠨᠢᠰᠬᠡᠯ᠎ᠤᠨ ᠪᠠᠭᠤᠳᠠᠯ᠎ᠤᠨ ᠪᠥᠳᠥᠭᠡᠨ ᠪᠠᠶ᠋ᠢᠭᠤᠯᠬᠤ ᠲᠥᠯᠥᠪᠵᠢᠭᠦᠯᠭᠡ ᠵᠢ ᠲᠣᠭᠲᠠᠭ᠋ᠠᠨ᠎ᠠ᠃
(3) ᠪᠥᠬᠦ ᠣᠷᠣᠨ᠎ᠤ ᠨᠡᠶ᠋ᠢᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠤᠨ ᠪᠠᠶ᠋ᠢᠷᠢᠰᠢᠭᠤᠯᠤᠯᠲᠠ ᠪᠠ ᠲᠥᠯᠥᠪᠵᠢᠭᠦᠯᠭᠡ ᠵᠢ ᠲᠣᠭᠲᠠᠭ᠋ᠠᠨ᠎ᠠ᠃
(4) ᠴᠢᠬᠤᠯᠠ ᠶᠡᠭᠡ ᠪᠠ ᠪᠠᠴᠢᠮ ᠪᠠᠶ᠋ᠢᠳᠠᠯ᠎ᠤᠨ ᠠᠭ᠋ᠠᠷ᠎ᠤᠨ ᠲᠡᠭᠡᠭᠡᠪᠦᠷᠢ᠃ ᠥᠪᠡᠷᠲᠡᠭᠡᠨ ᠵᠠᠰᠠᠬᠤ ᠣᠷᠣᠨ᠎ᠠᠴᠠ ᠲᠥᠷᠥ ᠵᠢᠨ ᠪᠣᠳᠣᠯᠭ᠎ᠠ ᠲᠣᠭᠲᠠᠭ᠋ᠠᠬᠤ᠂ ᠬᠢᠨᠠᠯᠲᠠ ᠲᠠᠯᠪᠢᠵᠤ ᠦᠨᠡᠯᠡᠬᠦ ᠵᠡᠷᠭᠡ ᠡᠭᠦᠷᠭᠡ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠵᠦ᠂ ᠪᠣᠳᠠᠲᠠᠶ ᠭᠦᠢ᠍ᠴᠡᠳᠭᠡᠬᠦ ᠵᠦᠢ᠍ᠯᠡᠰ᠎ᠢ ᠥᠪᠡᠷᠲᠡᠭᠡᠨ ᠵᠠᠰᠠᠬᠤ ᠣᠷᠣᠨ (ᠣᠷᠣᠨ᠎ᠤ ᠬᠠᠷᠢᠶ᠎ᠠ ᠠᠵᠤ ᠠᠬᠤᠶ᠋ᠢᠯᠠᠯ ᠪᠠᠭᠳᠠᠨ᠎ᠠ)᠎ᠠᠴᠠ ᠬᠡᠷᠡᠭᠵᠢᠭᠦᠯᠦᠨ᠎ᠡ᠃ ᠳᠡᠭᠡᠷ᠎ᠡ ᠳᠤᠷᠠᠳᠤᠭᠰᠠᠨ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠭᠦᠷᠢᠶᠡᠨᠤ ᠵᠦᠢ᠍ᠯᠡᠰ᠎ᠲᠤ ᠥᠪᠡᠷᠲᠡᠭᠡᠨ ᠵᠠᠰᠠᠬᠤ ᠣᠷᠣᠨ᠎ᠠᠴᠠ ᠵᠣᠬᠢᠬᠤ ᠵᠠᠷᠤᠯᠭ᠎ᠠ ᠵᠢᠨ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠨ᠎ᠡ᠃
5. ᠰᠢᠦᠳᠠᠨ᠎ᠤ ᠶᠠᠪᠤᠳᠠᠯ᠃
(1) ᠰᠢᠤᠳᠠᠨ᠎ᠤ ᠦᠢ᠍ᠯᠡᠰ᠎ᠤᠨ ᠠᠮᠤᠷ ᠲᠦᠪᠰᠢᠨ᠎ᠤ ᠬᠠᠮᠢᠶᠠᠷᠤᠯᠲᠠ ᠪᠠ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠃ ᠥᠪᠡᠷᠲᠡᠭᠡᠨ ᠵᠠᠰᠠᠬᠤ ᠣᠷᠣᠨ᠎ᠠᠴᠠ ᠰᠢᠤᠳᠠᠨ᠎ᠤ ᠦᠢ᠍ᠯᠡᠰ᠎ᠤᠨ ᠠᠮᠤᠷ ᠲᠦᠪᠰᠢᠨ᠎ᠤ ᠬᠠᠮᠢᠶᠠᠷᠤᠯᠲᠠ ᠪᠠ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠪᠣᠳᠠᠲᠠᠶ ᠭᠦᠢ᠍ᠴᠡᠳᠭᠡᠬᠦ ᠵᠦᠢ᠍ᠯᠡᠰ᠎ᠤᠨ ᠬᠡᠷᠡᠭᠵᠢᠭᠦᠯᠦᠯᠲᠡ ᠵᠢ ᠳᠠᠭ᠋ᠠᠭ᠋ᠠᠨ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ᠎ᠤ ᠰᠢᠤᠳᠠᠨ᠎ᠤ ᠦᠢ᠍ᠯᠡᠰ᠎ᠤᠨ ᠠᠮᠤᠷ ᠲᠦᠪᠰᠢᠨ᠎ᠤ ᠲᠥᠪ᠎ᠤᠨ ᠵᠠᠷᠤᠯᠭ᠎ᠠ ᠵᠢᠨ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠨ᠎ᠡ᠃ (2) ᠰᠢᠦᠳᠠᠨ᠎ᠤ ᠤᠯᠠᠨ ᠨᠡᠶ᠋ᠢᠲᠡ ᠵᠢᠨ ᠪᠤᠰᠤᠳ ᠦᠢ᠍ᠯᠡᠴᠢᠯᠡᠭᠡ᠃ ᠥᠪᠡᠷᠲᠡᠭᠡᠨ ᠵᠠᠰᠠᠬᠤ ᠣᠷᠣᠨ᠎ᠠᠴᠠ ᠰᠢᠤᠳᠠᠨ᠎ᠤ ᠲᠦᠭᠡᠮᠡᠯ ᠦᠢ᠍ᠯᠡᠴᠢᠯᠡᠭᠡ᠂ ᠤᠨᠴᠠᠭ᠋ᠠᠢ ᠦᠢ᠍ᠯᠡᠴᠢᠯᠡᠭᠡ᠂ ᠲᠦᠷᠭᠡᠨ ᠢᠯᠡᠭᠡᠬᠦ ᠵᠦᠢ᠍ᠯ᠎ᠢ ᠬᠢᠯᠢ᠎ᠪᠠᠷ ᠣᠷᠣᠭᠤᠯᠵᠤ ᠭᠠᠷᠭ᠋ᠠᠬᠤ ᠪᠠ ᠲᠦᠷᠭᠡᠨ ᠢᠯᠡᠭᠡᠯᠲᠡ ᠵᠢᠨ ᠦᠢ᠍ᠯᠡᠴᠢᠯᠡᠭᠡᠨ᠎ᠤ ᠦᠢ᠍ᠯᠡᠴᠢᠯᠡᠭᠦᠷ᠎ᠤᠨ ᠦᠵᠦᠭᠦᠷ᠎ᠤᠨ ᠰᠠᠭᠤᠷᠢ ᠪᠡᠯᠡᠳᠬᠡᠮᠵᠢ᠂ ᠰᠢᠤᠳᠠᠨ᠎ᠤ ᠦᠢ᠍ᠯᠡᠰ᠎ᠤᠨ ᠣᠷᠴᠢᠨ ᠲᠣᠭᠤᠷᠢᠨ᠎ᠤ ᠪᠣᠬᠢᠷᠲᠤᠯ᠎ᠢ ᠵᠠᠰᠠᠬᠤ ᠴᠡᠭᠴᠡᠯᠡᠬᠦ ᠡᠭᠦᠷᠭᠡ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠨ᠎ᠡ᠃ ᠳᠡᠭᠡᠷ᠎ᠡ ᠳᠤᠷᠠᠳᠤᠭᠰᠠᠨ ᠵᠦᠢ᠍ᠯᠡᠰ᠎ᠢ ᠥᠪᠡᠷᠲᠡᠭᠡᠨ ᠵᠠᠰᠠᠬᠤ ᠣᠷᠣᠨ᠎ᠠᠴᠠ ᠲᠤᠰᠬᠠᠶ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠵᠢᠨ ᠪᠣᠳᠠᠲᠠᠶ ᠨᠠᠶ᠋ᠢᠳᠠᠪᠤᠷᠢᠵᠢᠭᠤᠯᠵᠤ ᠬᠡᠷᠡᠭᠵᠢᠬᠦᠯᠬᠦ ᠵᠠᠷᠤᠯᠭ᠎ᠠ ᠵᠢᠨ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠨ᠎ᠡ᠃
( ᠬᠤᠶᠠᠷ ) ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠬᠠᠮᠲᠤ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠃
1. ᠵᠠᠰᠠᠮᠠᠯ ᠵᠠᠮ᠃
(1) ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ ᠵᠢᠨ ᠡᠯ᠎ᠡ ᠱᠠᠲᠤᠨ᠎ᠤ ᠵᠠᠰᠠᠮᠠᠯ ᠵᠠᠮ᠎ᠤᠨ ᠵᠠᠮ ᠬᠠᠷᠢᠯᠴᠠᠭ᠋ᠠᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠣᠨᠤᠭ ᠲᠥᠬᠦᠭᠡᠷᠦᠮᠵᠢ ᠡᠳ᠋ ᠪᠠᠷᠠᠭ᠎ᠠ ᠵᠢᠨ ᠨᠦᠬᠡᠴᠡ᠃ ᠥᠪᠡᠷᠲᠡᠭᠡᠨ ᠵᠠᠰᠠᠬᠤ ᠣᠷᠣᠨ᠎ᠠᠴᠠ ᠲᠤᠰᠬᠠᠶ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠵᠦ᠂ ᠪᠣᠳᠠᠲᠠᠶ ᠭᠦᠢ᠍ᠴᠡᠳᠭᠡᠬᠦ ᠵᠦᠢ᠍ᠯᠡᠰ᠎ᠢ ᠠᠶ᠋ᠢᠮᠠᠭ ᠬᠤᠲᠠ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠪᠠ ᠠᠶ᠋ᠢᠮᠠᠭ ᠬᠤᠲᠠ᠎ᠨᠢ ᠵᠠᠷᠤᠯᠭ᠎ᠠ ᠵᠢᠨ ᠬᠠᠷᠢᠭᠤᠴᠠᠯᠭ᠎ᠠ ᠵᠢ ᠬᠠᠮᠳᠤ᠎ᠪᠠᠷ ᠳᠠᠭ᠋ᠠᠭ᠋ᠠᠨ ᠡᠭᠦᠷᠭᠡᠯᠡᠨ᠎ᠡ᠃
(2) ᠵᠠᠮ ᠲᠡᠭᠡᠭᠡᠪᠦᠷᠢ ᠵᠢᠨ ᠥᠷᠲᠡᠭᠡ ᠲᠠᠯᠠᠪᠤᠷ᠃ ᠥᠪᠡᠷᠲᠡᠭᠡᠨ ᠵᠠᠰᠠᠬᠤ ᠣᠷᠣᠨ᠎ᠠᠴᠠ ᠲᠤᠰᠬᠠᠶ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠵᠦ᠂ ᠪᠥᠲᠥᠭᠡᠨ ᠪᠠᠶ᠋ᠢᠭᠤᠯᠬᠤ᠂ ᠠᠷᠠᠴᠢᠯᠠᠨ ᠬᠠᠮᠠᠭ᠋ᠠᠯᠠᠬᠤ᠂ ᠬᠠᠮᠢᠶᠠᠷᠬᠤ᠂ ᠲᠡᠭᠡᠭᠡᠪᠦᠷᠢᠯᠡᠨ ᠡᠵᠡᠩᠨᠡᠬᠦ ᠵᠡᠷᠭᠡ ᠪᠣᠳᠠᠲᠠᠶ ᠵᠦᠢ᠍ᠯᠡᠰ᠎ᠢ ᠭᠦᠢ᠍ᠴᠡᠣᠡᠭᠡᠨ ᠬᠡᠷᠩᠵᠢᠭᠦᠯᠭᠦ ᠵᠢ ᠠᠶ᠋ᠢᠮᠠᠭ ᠬᠤᠲᠠ ᠳᠠᠭ᠋ᠠᠭ᠋ᠠᠨ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ᠎ᠨᠢ ᠵᠠᠷᠤᠯᠭ᠎ᠠ ᠵᠢᠨ ᠬᠠᠷᠢᠭᠤᠴᠠᠯᠭ᠎ᠠ ᠵᠢ ᠬᠠᠮᠳᠤ᠎ᠪᠠᠷ ᠳᠠᠭ᠋ᠠᠭ᠋ᠠᠨ ᠡᠭᠦᠷᠭᠡᠯᠡᠨ᠎ᠡ᠃
(3) ᠵᠠᠮ ᠲᠡᠭᠡᠭᠡᠪᠦᠷᠢ ᠵᠢᠨ ᠬᠠᠮᠢᠶᠠᠷᠤᠯᠲᠠ᠃ ᠥᠪᠡᠷᠲᠡᠭᠡᠨ ᠵᠠᠰᠠᠬᠤ ᠣᠷᠣᠨ᠎ᠠᠴᠠ ᠲᠤᠰᠬᠠᠶ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ᠂ ᠵᠣᠬᠢᠶᠠᠨ ᠪᠠᠶ᠋ᠢᠭᠤᠯᠵᠤ ᠵᠣᠬᠢᠴᠠᠭᠤᠯᠬᠤ ᠡᠭᠦᠷᠭᠡ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠵᠦ᠂ ᠪᠣᠳᠠᠲᠠᠶ ᠵᠦᠢ᠍ᠯᠡᠰ᠎ᠢ ᠭᠦᠢ᠍ᠴᠡᠳᠬᠡᠨ ᠬᠡᠷᠡᠭᠵᠢᠬᠦᠯᠬᠦ ᠵᠢ ᠠᠶ᠋ᠢᠮᠠᠭ ᠬᠤᠲᠠ ᠳᠠᠭ᠋ᠠᠭ᠋ᠠᠨ ᠡᠭᠦᠷᠬᠡᠯᠡᠨ᠎ᠡ᠃ ᠥᠪᠡᠷᠲᠡᠭᠡᠨ ᠵᠠᠰᠠᠬᠤ ᠣᠷᠣᠨ ᠪᠠ ᠠᠶ᠋ᠢᠮᠠᠭ ᠬᠤᠲᠠ᠎ᠨᠢ ᠵᠠᠷᠤᠯᠭ᠎ᠠ ᠵᠢᠨ ᠬᠠᠷᠢᠭᠤᠴᠠᠯᠭ᠎ᠠ ᠵᠢ ᠬᠠᠮᠳᠤ᠎ᠪᠠᠷ ᠳᠠᠭ᠋ᠠᠭ᠋ᠠᠨ ᠡᠭᠦᠷᠭᠡᠯᠡᠨ᠎ᠡ᠃
2. ᠤᠰᠤᠨ ᠵᠠᠮ᠃
(1) ᠤᠰᠤᠨ ᠵᠠᠮ᠎ᠤᠨ ᠲᠡᠭᠡᠭᠡᠪᠦᠷᠢ ᠵᠢᠨ ᠪᠣᠬᠢᠷᠲᠤᠯ ᠥᠬᠡᠶ ᠬᠦᠭᠵᠢᠯᠲᠡ᠃ ᠥᠪᠡᠷᠲᠡᠭᠡᠨ ᠵᠠᠰᠠᠬᠤ ᠣᠷᠣᠨ᠎ᠨᠢ ᠲᠥᠪ᠎ᠤᠨ ᠲᠥᠯᠥᠪᠵᠢᠭᠦᠯᠭᠡ ᠵᠢ ᠦᠨᠳᠦᠰᠦᠯᠡᠨ ᠵᠣᠬᠢᠬᠤ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠂ ᠪᠣᠳᠠᠲᠠᠶ ᠭᠦᠢ᠍ᠴᠡᠳᠭᠡᠬᠦ ᠵᠦᠢ᠍ᠯᠡᠰ᠎ᠢ ᠠᠶ᠋ᠢᠮᠠᠭ ᠬᠤᠲᠠ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠪᠠ ᠠᠶ᠋ᠢᠮᠠᠭ ᠬᠤᠳᠠ᠎ᠨᠢ ᠲᠥᠪ᠎ᠤᠨ ᠵᠠᠷᠤᠯᠭ᠎ᠠ᠎ᠠᠴᠠ ᠭᠠᠳᠠᠨᠠᠬᠢ ᠪᠤᠰᠤᠳ ᠵᠠᠷᠤᠯᠭ᠎ᠠ ᠵᠢ ᠬᠠᠮᠳᠤ᠎ᠪᠠᠷ ᠳᠠᠭ᠋ᠠᠭ᠋ᠠᠨ ᠡᠭᠦᠷᠭᠡᠯᠡᠨ᠎ᠡ᠃
(2) ᠥᠪᠡᠷᠲᠡᠭᠡᠨ ᠵᠠᠰᠠᠬᠤ ᠣᠷᠣᠨ᠎ᠤ ᠬᠠᠮᠢᠶᠠᠷᠴᠤ ᠪᠠᠶ᠋ᠢᠭ᠎ᠠ ᠤᠰᠤᠨ ᠣᠷᠣᠨ᠎ᠳᠤ ᠬᠠᠶ᠋ᠢᠨ ᠠᠪᠤᠷᠠᠬᠤ ᠪᠠ ᠣᠩᠭᠤᠴᠠ ᠰᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠃ ᠥᠪᠡᠷᠲᠡᠭᠡᠨ ᠵᠠᠰᠠᠬᠤ ᠣᠷᠣᠨ᠎ᠠᠴᠠ ᠲᠥᠷᠥ ᠵᠢᠨ ᠪᠣᠳᠣᠯᠭ᠎ᠠ ᠵᠢᠨ ᠲᠤᠨᠨᠳᠠᠭ᠋ᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠵᠦ᠂ ᠪᠣᠳᠠᠲᠠᠶ ᠭᠦᠢ᠍ᠴᠡᠳᠭᠡᠬᠦ ᠵᠦᠢ᠍ᠯᠡᠰ᠎ᠢ ᠠᠶ᠋ᠢᠮᠠᠭ ᠬᠤᠲᠠ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠪᠠ ᠠᠶ᠋ᠢᠮᠠᠭ ᠬᠤᠲᠠ᠎ᠨᠢ ᠵᠠᠷᠤᠯᠭ᠎ᠠ ᠵᠢᠨ ᠬᠠᠷᠢᠭᠤᠴᠠᠯᠭ᠎ᠠ ᠵᠢ ᠬᠠᠮᠳᠤ᠎ᠪᠠᠷ ᠳᠠᠭ᠋ᠠᠭ᠋ᠠᠨ ᠡᠭᠦᠷᠭᠡᠯᠡᠨ᠎ᠡ᠃
3. ᠲᠡᠮᠦᠷ ᠵᠠᠮ᠃
(1) ᠭᠤᠣᠯ ᠱᠤᠭᠤᠮ᠎ᠤᠨ ᠲᠡᠮᠦᠷ ᠵᠠᠮ᠃ ᠲᠥᠪ (ᠲᠥᠪ᠎ᠤᠨ ᠠᠵᠤ ᠠᠬᠤᠶ᠋ᠢᠯᠠᠯ ᠪᠠᠭᠲᠠᠨ᠎ᠠ) ᠬᠢᠭᠡᠳ ᠮᠠᠨ᠎ᠤ ᠣᠷᠣᠨ᠎ᠠᠴᠠ ᠭᠤᠣᠯ ᠱᠤᠭᠤᠮ᠎ᠤᠨ ᠲᠡᠮᠥᠷ ᠵᠠᠮ᠎ᠤᠨ ᠲᠠᠯ᠎ᠠ᠎ᠪᠠᠷ᠎ᠬᠢ ᠵᠣᠬᠢᠶᠠᠨ ᠪᠠᠶ᠋ᠢᠭᠤᠯᠬᠤ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠵᠢ ᠬᠠᠮᠳᠤ᠎ᠪᠠᠷ ᠳᠠᠭ᠋ᠠᠭ᠋ᠠᠨ ᠡᠭᠦᠷᠭᠡᠯᠡᠨ᠎ᠡ᠂ ᠡᠭᠦᠨ᠎ᠳᠤ ᠪᠥᠳᠥᠭᠡᠨ ᠪᠠᠶ᠋ᠢᠭᠤᠯᠬᠤ᠂ ᠠᠷᠠᠴᠢᠯᠠᠨ ᠬᠠᠮᠠᠭ᠋ᠠᠯᠠᠬᠤ᠂ ᠬᠠᠮᠢᠶᠠᠷᠬᠤ᠂ ᠲᠡᠭᠡᠭᠡᠪᠦᠷᠢᠯᠡᠨ ᠡᠵᠡᠩᠨᠡᠬᠦ ᠵᠡᠷᠭᠡ ᠪᠣᠳᠠᠲᠠᠶ ᠭᠦᠢ᠍ᠴᠡᠳᠬᠡᠬᠦ ᠵᠦᠢ᠍ᠯᠡᠰ ᠪᠠᠭᠲᠠᠨ᠎ᠠ᠃
(2) ᠬᠤᠳᠠ ᠵᠢᠨ ᠬᠤᠭᠤᠷᠣᠨᠳᠣᠬᠢ ᠲᠡᠮᠤᠷ ᠵᠠᠮ᠃ ᠥᠪᠡᠷᠲᠡᠭᠡᠨ ᠵᠠᠰᠠᠬᠤ ᠣᠷᠣᠨ ᠬᠢᠭᠡᠳ ᠡᠯ᠎ᠡ ᠠᠶ᠋ᠢᠮᠠᠭ ᠬᠤᠲᠠ᠎ᠨᠢ ᠬᠤᠲᠠ ᠵᠢᠨ ᠬᠤᠭᠤᠷᠣᠨᠳᠣᠬᠢ ᠲᠡᠮᠦᠷ ᠵᠠᠮ᠎ᠤᠨ ᠲᠠᠯ᠎ᠠ᠎ᠪᠠᠷ᠎ᠬᠢ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠵᠢ ᠬᠠᠮᠳᠤ᠎ᠪᠠᠷ ᠳᠠᠭ᠋ᠠᠭ᠋ᠠᠨ ᠡᠭᠦᠷᠭᠡᠯᠡᠨ᠎ᠡ᠂ ᠡᠭᠦᠨ᠎ᠳᠤ ᠪᠥᠲᠥᠭᠡᠨ ᠪᠠᠶ᠋ᠢᠭᠤᠯᠬᠤ᠂ ᠠᠷᠠᠴᠢᠯᠠᠨ ᠬᠠᠮᠠᠭ᠋ᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠵᠡᠷᠭᠡ ᠪᠣᠳᠠᠲᠠᠶ ᠭᠦᠢ᠍ᠴᠡᠳᠭᠡᠬᠦ ᠵᠦᠢ᠍ᠯᠡᠰ ᠪᠠᠭᠲᠠᠨ᠎ᠠ᠃ ᠳᠡᠭᠡᠷ᠎ᠡ ᠳᠤᠷᠠᠳᠤᠭᠰᠠᠨ ᠲᠡᠮᠦᠷ ᠵᠠᠮ᠎ᠤᠨ ᠭᠦᠷᠢᠶᠡᠨᠤ ᠵᠦᠢ᠍ᠯᠡᠰ᠎ᠲᠤ ᠥᠪᠡᠷᠲᠡᠭᠡᠨ ᠵᠠᠰᠠᠬᠤ ᠣᠷᠣᠨ ᠪᠠ ᠠᠶ᠋ᠢᠮᠠᠭ ᠬᠤᠲᠠ᠎ᠨᠢ ᠵᠣᠬᠢᠬᠤ ᠵᠠᠷᠤᠯᠭ᠎ᠠ ᠵᠢᠨ ᠬᠠᠷᠢᠭᠤᠴᠠᠯᠭ᠎ᠠ ᠵᠢ ᠬᠠᠮᠳᠤ᠎ᠪᠠᠷ ᠳᠠᠭ᠋ᠠᠭ᠋ᠠᠨ ᠡᠭᠦᠷᠭᠡᠯᠡᠨ᠎ᠡ᠃
4. ᠠᠷᠠᠳ᠎ᠤᠨ ᠠᠭ᠋ᠠᠷ᠎ᠤᠨ ᠲᠡᠭᠡᠭᠡᠪᠦᠷᠢ᠃
(1) ᠲᠡᠭᠡᠭᠡᠪᠦᠷᠢ ᠵᠢᠨ ᠨᠢᠰᠬᠡᠯ᠎ᠤᠨ ᠪᠠᠭᠤᠳᠠᠯ᠎ᠤᠨ ᠪᠥᠲᠥᠭᠡᠨ ᠪᠠᠶ᠋ᠢᠭᠤᠯᠤᠯᠲᠠ ᠪᠠ ᠣᠯᠠᠨ ᠨᠡᠶ᠋ᠢᠲᠡ ᠵᠢᠨ ᠠᠭ᠋ᠠᠷ᠎ᠤᠨ ᠠᠶᠠᠯᠠᠯ᠎ᠤᠨ ᠱᠤᠭᠤᠮ᠎ᠤᠨ ᠲᠡᠭᠡᠭᠡᠪᠦᠷᠢ᠃ ᠡᠭᠦᠨ᠎ᠳᠤ᠂ ᠥᠪᠡᠷᠲᠡᠭᠡᠨ ᠵᠠᠰᠠᠬᠤ ᠣᠷᠣᠨ᠎ᠠᠴᠠ ᠰᠢᠭᠤᠳ ᠬᠠᠮᠢᠶᠠᠷᠴᠤ ᠪᠠᠶ᠋ᠢᠭ᠎ᠠ ᠬᠥᠬᠡᠬᠤᠲᠠ ᠨᠢᠰᠬᠡᠯ᠎ᠤᠨ ᠪᠠᠭᠤᠳᠠᠯ᠎ᠤᠨ ᠪᠥᠲᠥᠭᠡᠨ ᠪᠠᠶ᠋ᠢᠭᠤᠯᠤᠯᠲᠠ ᠪᠠ ᠣᠯᠠᠨ ᠨᠡᠶ᠋ᠢᠲᠡ ᠵᠢᠨ ᠠᠭ᠋ᠠᠷ᠎ᠤᠨ ᠲᠡᠭᠡᠭᠡᠪᠦᠷᠢ ᠵᠢᠨ ᠠᠶᠠᠯᠠᠯ᠎ᠤᠨ ᠱᠤᠭᠤᠮ ᠵᠡᠷᠭᠡ ᠪᠣᠳᠠᠲᠠᠶ ᠬᠡᠷᠡᠭᠵᠢᠭᠦᠯᠬᠦ ᠵᠦᠢ᠍ᠯᠡᠰ᠎ᠢ ᠥᠪᠡᠷᠲᠡᠭᠡᠨ ᠵᠠᠰᠠᠬᠤ ᠣᠷᠣᠨ ᠵᠶ᠋ᠠᠷ ᠭᠤᠤᠯ ᠪᠣᠯᠭ᠋ᠠᠨ ᠬᠡᠷᠡᠭᠵᠢᠭᠦᠯᠦᠨ᠎ᠡ᠃
(2) ᠨᠡᠶ᠋ᠢᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠤᠨ ᠪᠥᠳᠥᠭᠡᠨ ᠪᠠᠶ᠋ᠢᠭᠤᠯᠤᠯᠲᠠ ᠪᠠ ᠨᠡᠶ᠋ᠢᠳᠡᠮ ᠬᠡᠷᠡᠭᠯᠡᠭᠡᠨ᠎ᠤ ᠠᠭ᠋ᠠᠷ᠎ᠤᠨ ᠲᠡᠭᠡᠭᠡᠪᠦᠷᠢ ᠵᠢᠨ ᠣᠶ᠋ᠢᠷ᠎ᠠ ᠵᠠᠮ᠎ᠤᠨ ᠲᠡᠭᠡᠭᠡᠪᠦᠷᠢ ᠵᠢᠨ ᠠᠶᠠᠯᠠᠯ᠎ᠤᠨ ᠱᠤᠭᠤᠮ ᠵᠡᠷᠭᠡ ᠨᠡᠶ᠋ᠢᠳᠡᠮ ᠬᠡᠷᠡᠭᠯᠡᠭᠡᠨ᠎ᠤ ᠠᠭ᠋ᠠᠷ᠎ᠤᠨ ᠲᠡᠭᠡᠭᠡᠪᠦᠷᠢ ᠵᠢᠨ ᠠᠵᠢᠯᠯᠠᠬᠤ ᠲᠥᠷᠥᠯ ᠵᠦᠢ᠍ᠯ᠃ ᠳᠡᠭᠡᠷ᠎ᠡ ᠳᠤᠷᠠᠳᠤᠭᠰᠠᠨ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠭᠦᠷᠢᠶᠡᠨᠤ ᠵᠦᠢ᠍ᠯᠡᠰ᠎ᠲᠤ ᠥᠪᠡᠷᠲᠡᠭᠡᠨ ᠵᠠᠰᠠᠬᠤ ᠣᠷᠣᠨ ᠪᠠ ᠠᠶ᠋ᠢᠮᠠᠭ ᠬᠤᠲᠠ᠎ᠨᠢ ᠵᠣᠬᠢᠬᠤ ᠵᠠᠷᠤᠯᠭ᠎ᠠ ᠵᠢᠨ ᠬᠠᠷᠢᠭᠤᠴᠠᠯᠭ᠎ᠠ ᠵᠢ ᠬᠠᠮᠳᠤ᠎ᠪᠠᠷ ᠳᠠᠭ᠋ᠠᠭ᠋ᠠᠨ ᠡᠭᠦᠷᠭᠡᠯᠡᠨ᠎ᠡ᠃
5. ᠰᠢᠦᠳᠠᠨ᠎ᠤ ᠶᠠᠪᠤᠳᠠᠯ ᠃
(1) ᠰᠢᠤᠳᠠᠨ᠎ᠤ ᠦᠢ᠍ᠯᠡᠰ᠎ᠤᠨ ᠠᠮᠤᠷ ᠲᠦᠪᠰᠢᠨ᠎ᠤ ᠬᠠᠮᠢᠶᠠᠷᠤᠯᠲᠠ ᠪᠠ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠃ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ᠎ᠨᠢ ᠬᠠᠮᠳᠤ᠎ᠪᠠᠷ ᠰᠢᠤᠳᠠᠨ᠎ᠤ ᠦᠢ᠍ᠯᠡᠰ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠤᠯᠭ᠋ᠠᠭᠤᠷᠢᠯᠠᠬᠤ ᠲᠣᠭᠲᠠᠯᠴᠠᠭ᠎ᠠ ᠵᠢ ᠲᠡᠭᠦᠯᠳᠡᠷᠵᠢᠭᠦᠯᠬᠦ ᠪᠣᠳᠠᠲᠠᠶ ᠬᠡᠷᠡᠭᠵᠢᠭᠦᠯᠬᠦ ᠵᠦᠢ᠍ᠯᠡᠰ᠎ᠢ ᠳᠠᠭ᠋ᠠᠭ᠋ᠠᠨ ᠡᠭᠦᠷᠭᠡᠯᠡᠨ᠎ᠡ᠃
(2) ᠰᠢᠦᠳᠠᠨ᠎ᠤ ᠤᠯᠠᠨ ᠨᠡᠶ᠋ᠢᠲᠡ ᠵᠢᠨ ᠪᠤᠰᠤᠳ ᠦᠢ᠍ᠯᠡᠴᠢᠯᠡᠭᠡ᠃ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ᠎ᠨᠢ ᠬᠠᠮᠳᠤ᠎ᠪᠠᠷ ᠰᠢᠤᠳᠠᠨ᠎ᠤ ᠲᠦᠭᠡᠮᠡᠯ ᠦᠢ᠍ᠯᠡᠴᠢᠯᠡᠭᠡ᠂ ᠤᠨᠴᠠᠭ᠋ᠠᠢ ᠦᠢ᠍ᠯᠡᠴᠢᠯᠡᠭᠡ ᠪᠠ ᠤᠶᠤᠨᠴᠢ ᠲᠦᠷᠭᠡᠨ ᠢᠯᠡᠭᠡᠯᠲᠡ ᠵᠢᠨ ᠵᠦᠢ᠍ᠯ᠎ᠤᠨ ᠬᠠᠶ᠋ᠢᠷᠴᠠᠭ (ᠵᠠᠬᠢᠳᠠᠯ ᠪᠠ ᠪᠣᠭᠤᠳᠠᠯ᠎ᠤᠨ ᠬᠠᠶ᠋ᠢᠷᠴᠠᠭ) ᠵᠡᠷᠭᠡ ᠰᠠᠭᠤᠷᠢ ᠪᠡᠯᠡᠳᠬᠡᠮᠵᠢ᠂ ᠰᠢᠤᠳᠠᠨ᠎ᠤ ᠦᠢ᠍ᠯᠡᠰ᠎ᠤᠨ ᠣᠷᠴᠢᠨ ᠲᠣᠭᠤᠷᠢᠨ᠎ᠤ ᠪᠣᠬᠢᠷᠲᠤᠯ᠎ᠢ ᠵᠠᠰᠠᠬᠤ ᠵᠡᠷᠭᠡ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠨ᠎ᠡ᠃ ᠳᠡᠭᠡᠷ᠎ᠡ ᠳᠤᠷᠠᠳᠤᠭᠰᠠᠨ ᠵᠦᠢ᠍ᠯᠡᠰ᠎ᠲᠤ ᠥᠪᠡᠷᠲᠡᠭᠡᠨ ᠵᠠᠰᠠᠬᠤ ᠣᠷᠣᠨ᠎ᠠᠴᠠ ᠲᠤᠰᠬᠠᠶ ᠲᠥᠯᠥᠪᠵᠢᠭᠦᠯᠭᠡ᠂ ᠲᠥᠷᠥ ᠵᠢᠨ ᠪᠤᠳᠤᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠵᠡᠷᠭᠡ ᠡᠭᠦᠷᠭᠡ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠵᠦ᠂ ᠠᠶ᠋ᠢᠮᠠᠭ ᠬᠤᠳᠠ᠎ᠨᠢ ᠪᠣᠳᠠᠲᠠᠶ ᠵᠦᠢ᠍ᠯᠡᠰ᠎ᠤᠨ ᠭᠦᠢ᠍ᠴᠡᠳᠬᠡᠨ ᠬᠡᠷᠡᠭᠵᠢᠭᠦᠯᠬᠦ ᠵᠢ ᠳᠠᠭ᠋ᠠᠭ᠋ᠠᠨ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ᠎ᠨᠢ ᠵᠠᠷᠤᠯᠭ᠎ᠠ ᠵᠢᠨ ᠬᠠᠷᠢᠭᠤᠴᠠᠯᠭ᠎ᠠ ᠵᠢ ᠬᠠᠮᠳᠤ᠎ᠪᠠᠷ ᠳᠠᠭ᠋ᠠᠭ᠋ᠠᠨ ᠡᠭᠦᠷᠭᠡᠯᠡᠨ᠎ᠡ᠃
6. ᠶᠡᠷᠦᠩᠬᠡᠶ᠋ᠢᠯᠡᠭᠰᠡᠨ ᠵᠠᠮ ᠬᠠᠷᠢᠯᠴᠠᠭ᠎ᠠ᠃
(1) ᠲᠡᠭᠡᠭᠡᠪᠦᠷᠢ ᠵᠢᠨ ᠪᠦᠲᠦᠴᠡ ᠵᠢᠨ ᠲᠣᠬᠢᠷᠠᠭᠤᠯᠤᠯᠲᠠ᠃ ᠥᠪᠡᠷᠲᠡᠭᠡᠨ ᠵᠠᠰᠠᠬᠤ ᠣᠷᠣᠨ᠎ᠠᠴᠠ ᠪᠥᠬᠦ ᠣᠷᠣᠨ᠎ᠤ ᠲᠡᠭᠡᠭᠡᠪᠦᠷᠢ ᠵᠢᠨ ᠪᠦᠲᠦᠴᠡ ᠵᠢᠨ ᠲᠣᠬᠢᠷᠠᠭᠤᠯᠤᠯᠲᠠ ᠵᠢᠨ ᠲᠥᠰᠦᠯ᠎ᠢ ᠲᠣᠭᠲᠠᠭ᠋ᠠᠬᠤ᠂ ᠬᠢᠨᠠᠯᠲᠠ ᠲᠠᠯᠪᠢᠵᠤ ᠦᠨᠡᠯᠡᠬᠦ ᠵᠡᠷᠭᠡ ᠡᠭᠦᠷᠭᠡ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠵᠦ᠂ ᠪᠣᠳᠠᠲᠠᠶ ᠭᠦᠢ᠍ᠴᠡᠳᠭᠡᠬᠦ ᠵᠦᠢ᠍ᠯᠡᠰ᠎ᠢ ᠥᠪᠡᠷᠲᠡᠭᠡᠨ ᠵᠠᠰᠠᠬᠤ ᠣᠷᠣᠨ ᠪᠠ ᠠᠶ᠋ᠢᠮᠠᠭ ᠬᠤᠲᠠ᠎ᠨᠢ ᠬᠠᠮᠳᠤ᠎ᠪᠠᠷ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ (ᠣᠷᠣᠨ᠎ᠤ ᠬᠠᠷᠢᠶ᠎ᠠ ᠠᠵᠤ ᠠᠬᠤᠶ᠋ᠢᠯᠠᠯ ᠪᠠᠭᠲᠠᠨ᠎ᠠ) ᠪᠠ ᠠᠶ᠋ᠢᠮᠠᠭ ᠬᠤᠲᠠ᠎ᠨᠢ ᠲᠥᠪ᠎ᠤᠨ ᠵᠠᠷᠤᠯᠭ᠎ᠠ᠎ᠠᠴᠠ ᠭᠠᠳᠠᠨᠠᠬᠢ ᠪᠤᠰᠤᠳ ᠵᠠᠷᠤᠯᠭ᠎ᠠ ᠵᠢ ᠬᠠᠮᠳᠤ᠎ᠪᠠᠷ ᠳᠠᠭ᠋ᠠᠭ᠋ᠠᠨ ᠡᠭᠦᠷᠭᠡᠯᠡᠨ᠎ᠡ᠃
(2) ᠪᠦᠬᠦ ᠤᠯᠤᠰ᠎ᠤᠨ ᠴᠢᠨᠠᠷᠲᠠᠶ ᠶᠡᠷᠦᠩᠬᠡᠶ᠋ᠢᠯᠡᠭᠰᠡᠨ ᠲᠡᠭᠡᠭᠡᠪᠦᠷᠢ ᠵᠢᠨ ᠵᠠᠩᠭᠢᠯᠠᠭ᠎ᠠ ᠬᠢᠭᠡᠣᠨ ᠲᠥᠪᠯᠡᠷᠡᠭᠦᠯᠬᠦ ᠶᠠᠪᠤᠭᠤᠯᠬᠤ ᠲᠡᠭᠡᠭᠡᠪᠦᠷᠢᠯᠡᠬᠦ ᠲᠣᠭᠲᠠᠯᠴᠠᠭ᠎ᠠ᠃ ᠲᠥᠪ᠎ᠤᠨ ᠲᠤᠰᠬᠠᠶ ᠲᠥᠯᠥᠪᠵᠢᠭᠦᠯᠭᠡ ᠵᠢ ᠦᠨᠳᠦᠰᠦᠯᠡᠵᠦ᠂ ᠪᠥᠬᠦ ᠤᠯᠤᠰ᠎ᠤᠨ ᠴᠢᠨᠠᠷᠲᠠᠶ ᠶᠡᠷᠦᠩᠬᠡᠶ᠋ᠢᠯᠡᠭᠰᠡᠨ ᠲᠡᠭᠡᠭᠡᠪᠦᠷᠢ ᠵᠢᠨ ᠵᠠᠩᠭᠢᠯᠠᠭ᠎ᠠ ᠬᠢᠭᠡᠳ ᠲᠥᠪᠯᠡᠷᠡᠭᠦᠯᠬᠦ ᠶᠠᠪᠤᠭᠤᠯᠬᠤ ᠲᠡᠭᠡᠭᠡᠪᠦᠷᠢᠯᠡᠬᠦ ᠲᠣᠨᠨᠳᠠᠯᠴᠠᠭ᠎ᠠ ᠵᠢᠨ ᠪᠥᠲᠥᠭᠡᠨ ᠪᠠᠶ᠋ᠢᠭᠤᠯᠬᠤ᠂ ᠠᠷᠠᠴᠢᠯᠠᠨ ᠬᠠᠮᠠᠭ᠋ᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠵᠡᠷᠭᠡ ᠪᠣᠳᠠᠲᠠᠶ ᠭᠦᠢ᠍ᠴᠡᠳᠭᠡᠬᠦ ᠵᠦᠢ᠍ᠯᠡᠰ᠎ᠢ ᠥᠪᠡᠷᠲᠡᠭᠡᠨ ᠵᠠᠰᠠᠬᠤ ᠣᠷᠣᠨ ᠪᠣᠯᠤᠨ ᠠᠶ᠋ᠢᠮᠠᠭ ᠬᠤᠲᠠ᠎ᠨᠢ ᠬᠠᠮᠳᠣ᠎ᠪᠠᠷ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠪᠠ ᠠᠶ᠋ᠢᠮᠠᠭ ᠬᠤᠳᠠ᠎ᠨᠢ ᠲᠥᠪ᠎ᠤᠨ ᠵᠠᠷᠤᠯᠭ᠎ᠠ᠎ᠠᠴᠠ ᠭᠠᠳᠠᠨᠠᠬᠢ ᠪᠤᠰᠤᠳ ᠵᠠᠷᠤᠯᠭ᠎ᠠ ᠵᠢ ᠬᠠᠮᠳᠤ᠎ᠪᠠᠷ ᠳᠠᠭ᠋ᠠᠭ᠋ᠠᠨ ᠡᠭᠦᠷᠭᠡᠯᠡᠨ᠎ᠡ᠃
(3) ᠶᠡᠷᠦᠩᠬᠡᠶ᠋ᠢᠯᠡᠭᠰᠡᠨ ᠵᠠᠮ ᠬᠠᠷᠢᠯᠴᠠᠭ᠋ᠠᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠠᠲᠤᠯᠠᠭ᠎ᠠ᠃ ᠥᠪᠡᠷᠲᠡᠭᠡᠨ ᠵᠠᠰᠠᠬᠤ ᠣᠷᠣᠨ ᠪᠠ ᠠᠶ᠋ᠢᠮᠠᠭ ᠬᠤᠲᠠ᠎ᠨᠢ ᠤᠯᠤᠰ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠴᠢᠨᠠᠷᠲᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡ᠂ ᠴᠡᠷᠢᠭ ᠠᠷᠠᠳ᠎ᠤᠨ ᠬᠡᠷᠡᠭᠴᠡᠭᠡ ᠵᠢᠨ ᠠᠭᠤᠰᠤᠯᠴᠠᠯ ᠪᠠ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠵᠠᠮ ᠬᠠᠷᠢᠯᠴᠠᠭ᠋ᠠᠨ᠎ᠤ ᠳᠠᠶ᠋ᠢᠴᠢᠯᠠᠯᠲᠠ ᠵᠢᠨ ᠴᠢᠳᠠᠪᠤᠷᠢ ᠵᠢᠨ ᠪᠠᠶ᠋ᠢᠭᠤᠯᠤᠯᠲᠠ ᠬᠢᠭᠡᠳ ᠬᠠᠮᠢᠶᠠᠷᠤᠯᠲᠠ᠂ ᠤᠯᠤᠰ᠎ᠤᠨ ᠣᠨᠴᠠᠭ᠋ᠠᠢ ᠭᠤᠤᠯᠳᠠᠯᠭ᠎ᠠ᠎ᠲᠠᠢ ᠡᠳ᠋ ᠪᠠᠷᠠᠭ᠎ᠠ ᠵᠢᠨ ᠲᠡᠭᠡᠭᠡᠪᠦᠷᠢ ᠵᠢᠨ ᠪᠠᠲᠤᠯᠠᠭ᠎ᠠ ᠵᠡᠷᠭᠡ ᠡᠭᠦᠷᠭᠡ ᠬᠠᠷᠢᠭᠤᠴᠠᠯᠭ᠎ᠠ ᠵᠢ ᠬᠠᠮᠳᠤ᠎ᠪᠠᠷ ᠳᠠᠭ᠋ᠠᠭ᠋ᠠᠨ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠪᠠ ᠠᠶ᠋ᠢᠮᠠᠭ ᠬᠤᠳᠠ᠎ᠨᠢ ᠲᠥᠪ᠎ᠤᠨ ᠵᠠᠷᠤᠯᠭ᠎ᠠ᠎ᠠᠴᠠ ᠭᠠᠳᠠᠨᠠᠬᠢ ᠪᠤᠰᠤᠳ ᠵᠠᠷᠤᠯᠭ᠎ᠠ ᠵᠢ ᠬᠠᠮᠳᠤ᠎ᠪᠠᠷ ᠳᠠᠭ᠋ᠠᠭ᠋ᠠᠨ ᠡᠭᠦᠷᠭᠡᠯᠡᠨ᠎ᠡ᠃
(4) ᠶᠡᠷᠦᠩᠬᠡᠶ᠋ᠢᠯᠡᠭᠰᠡᠨ ᠵᠠᠮ ᠬᠠᠷᠢᠯᠴᠠᠭ᠋ᠠᠨ᠎ᠤ ᠠᠵᠢᠯ ᠲᠦᠷᠦᠯ᠎ᠤᠨ ᠬᠠᠮᠢᠶᠠᠷᠤᠯᠲᠠ ᠵᠢᠨ ᠮᠡᠳᠡᠭᠡ ᠵᠠᠩᠬᠢᠴᠢᠯᠠᠯᠲᠠ᠃ ᠥᠪᠡᠷᠲᠡᠭᠡᠨ ᠵᠠᠰᠠᠬᠤ ᠣᠷᠣᠨ ᠪᠠ ᠠᠶ᠋ᠢᠮᠠᠭ ᠬᠤᠳᠠ᠎ᠨᠢ ᠪᠥᠳᠥᠭᠡᠨ ᠪᠠᠶ᠋ᠢᠭᠤᠯᠬᠤ᠂ ᠬᠠᠮᠠᠭ᠋ᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠵᠡᠷᠭᠡ ᠪᠣᠳᠠᠲᠠᠶ ᠭᠦᠢ᠍ᠴᠡᠳᠬᠡᠬᠦ ᠵᠦᠢ᠍ᠯᠡᠰ᠎ᠤᠨ ᠬᠡᠷᠡᠭᠵᠢᠭᠦᠯᠦᠯᠲᠡ ᠵᠢ ᠬᠠᠮᠳᠤ᠎ᠪᠠᠷ ᠳᠠᠭ᠋ᠠᠭ᠋ᠠᠨ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠪᠠ ᠠᠶ᠋ᠢᠮᠠᠭ ᠬᠤᠳᠠ᠎ᠨᠢ ᠲᠥᠪ᠎ᠤᠨ ᠵᠠᠷᠤᠯᠭ᠎ᠠ᠎ᠠᠴᠠ ᠭᠠᠳᠠᠨᠠᠬᠢ ᠪᠤᠰᠤᠳ ᠵᠠᠷᠤᠯᠭ᠎ᠠ ᠵᠢ ᠬᠠᠮᠳᠤ᠎ᠪᠠᠷ ᠳᠠᠭ᠋ᠠᠭ᠋ᠠᠨ ᠡᠭᠦᠷᠭᠡᠯᠡᠨ᠎ᠡ᠃
( ᠭᠤᠷᠪᠠ) ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠃
1. ᠵᠠᠰᠠᠮᠠᠯ ᠵᠠᠮ᠃
(1) ᠤᠯᠤᠰ᠎ᠤᠨ ᠡᠩ᠎ᠤᠨ ᠵᠠᠮ᠃ ᠠᠶ᠋ᠢᠮᠠᠭ ᠬᠤᠳᠠ᠎ᠨᠢ ᠤᠯᠤᠰ᠎ᠤᠨ ᠡᠩ᠎ᠤᠨ ᠵᠠᠮ᠎ᠤᠨ ᠪᠥᠳᠥᠭᠡᠨ ᠪᠠᠶ᠋ᠢᠭᠤᠯᠬᠤ᠂ ᠠᠷᠠᠴᠢᠯᠠᠨ ᠬᠠᠮᠠᠭ᠋ᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠲᠠᠯ᠎ᠠ ᠵᠢᠨ ᠵᠣᠬᠢᠬᠤ ᠡᠭᠦᠷᠭᠡ ᠬᠠᠷᠢᠭᠤᠴᠠᠯᠭ᠎ᠠ ᠬᠢᠭᠡᠳ ᠪᠣᠳᠠᠲᠠᠶ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠵᠢ ᠳᠠᠭ᠋ᠠᠭ᠋ᠠᠨ ᠡᠭᠦᠷᠭᠡᠯᠡᠬᠦ ᠵᠢᠨ ᠬᠠᠮᠲᠤ᠂ ᠤᠯᠤᠰ᠎ᠤᠨ ᠡᠩ᠎ᠤᠨ ᠵᠠᠮ᠎ᠤᠨ ᠪᠥᠳᠥᠭᠡᠨ ᠪᠠᠶ᠋ᠢᠭᠤᠯᠬᠤ᠂ ᠠᠷᠠᠴᠢᠯᠠᠨ ᠬᠠᠮᠠᠭ᠋ᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠵᠢᠯ᠎ᠳᠠᠬᠢ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠵᠠᠷᠤᠯᠭ᠎ᠠ᠎ᠠᠴᠠ ᠭᠠᠳᠠᠨᠠᠬᠢ ᠪᠤᠰᠤᠳ ᠵᠠᠷᠤᠯᠭ᠎ᠠ (ᠵᠢᠱ᠌ᠢᠶᠡᠯᠡᠪᠡᠯ ᠭᠠᠵᠠᠷ ᠳᠠᠲᠠᠪᠤᠷᠢᠯᠠᠬᠤ᠎ᠳᠤ ᠨᠤᠷᠠᠭ᠋ᠠᠵᠦ ᠨᠡᠭᠦᠯᠭᠡᠬᠦ ᠵᠡᠷᠭᠡ) ᠵᠢ ᠳᠠᠭ᠋ᠠᠭ᠋ᠠᠨ ᠡᠭᠦᠷᠭᠡᠯᠡᠨ᠎ᠡ᠃
(2) ᠣᠷᠣᠨ ᠨᠤᠲᠤᠭ᠎ᠤᠨ ᠳᠡᠭᠡᠳᠦ ᠬᠤᠷᠳᠤ ᠵᠢᠨ ᠵᠠᠰᠠᠮᠠᠯ ᠵᠠᠮ᠃ ᠠᠶ᠋ᠢᠮᠠᠭ ᠬᠤᠲᠠ (ᠬᠠᠷᠢᠶ᠎ᠠ ᠪᠥᠬᠦᠶ ᠠᠵᠤ ᠠᠬᠤᠶ᠋ᠢᠯᠠᠯ ᠪᠠᠭᠲᠠᠨ᠎ᠠ)᠎ᠨᠢ ᠣᠷᠣᠨ ᠨᠤᠲᠤᠭ᠎ᠤᠨ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠬᠤ᠂ ᠠᠷᠠᠴᠢᠯᠠᠨ ᠬᠠᠮᠠᠭ᠋ᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠲᠠᠯ᠎ᠠ ᠵᠢᠨ ᠵᠣᠬᠢᠬᠤ ᠡᠭᠦᠷᠭᠡ ᠬᠠᠷᠢᠭᠤᠴᠠᠯᠭ᠎ᠠ ᠵᠢᠴᠢ ᠪᠣᠳᠠᠲᠠᠶ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠵᠢ ᠳᠠᠭ᠋ᠠᠭ᠋ᠠᠨ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ᠎ᠤ ᠪᠠᠯᠠ ᠭᠠᠷᠭ᠋ᠠᠭᠰᠠᠨ᠎ᠠᠴᠠ ᠭᠠᠳᠠᠨᠠᠬᠢ ᠪᠤᠰᠤᠳ ᠵᠠᠷᠤᠯᠭ᠎ᠠ ᠵᠢ ᠳᠠᠭ᠋ᠠᠭ᠋ᠠᠨ ᠡᠭᠦᠷᠭᠡᠯᠡᠨ᠎ᠡ᠃
(3) ᠮᠤᠵᠢ ᠵᠢᠨ ᠡᠩ᠎ᠤᠨ ᠵᠠᠮ᠃ ᠠᠶ᠋ᠢᠮᠠᠭ ᠬᠤᠳᠠ᠎ᠨᠢ ᠮᠤᠵᠢ ᠵᠢᠨ ᠡᠩ᠎ᠤᠨ ᠵᠠᠮ᠎ᠤᠨ ᠪᠥᠳᠥᠭᠡᠨ ᠪᠠᠶ᠋ᠢᠭᠤᠯᠬᠤ᠂ ᠠᠷᠠᠴᠢᠯᠠᠨ ᠬᠠᠮᠠᠭ᠋ᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠲᠠᠯ᠎ᠠ ᠵᠢᠨ ᠵᠣᠬᠢᠬᠤ ᠡᠭᠦᠷᠭᠡ ᠬᠠᠷᠢᠭᠤᠴᠠᠯᠭ᠎ᠠ ᠬᠢᠭᠡᠳ ᠪᠣᠳᠠᠲᠠᠶ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠵᠢ ᠳᠠᠭ᠋ᠠᠭ᠋ᠠᠨ ᠡᠭᠦᠷᠭᠡᠯᠡᠬᠦ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠪᠡᠯᠡ ᠭᠠᠷᠭ᠋ᠠᠭᠰᠠᠨ᠎ᠠᠴᠠ ᠭᠠᠳᠠᠨᠠᠬᠢ ᠪᠤᠰᠤᠳ ᠵᠠᠷᠤᠯᠭ᠎ᠠ ᠵᠢ ᠳᠠᠭ᠋ᠠᠭ᠋ᠠᠨ ᠡᠭᠦᠷᠭᠡᠯᠡᠨ᠎ᠡ᠃
(4) ᠬᠥᠳᠡᠭᠡ ᠲᠣᠰᠬᠤᠨ᠎ᠤ ᠵᠠᠰᠠᠮᠠᠯ ᠵᠠᠮ᠃ ᠠᠶ᠋ᠢᠮᠠᠭ ᠬᠤᠲᠠ᠎ᠨᠢ ᠬᠥᠳᠡᠭᠡ ᠲᠣᠰᠬᠤᠨ᠎ᠤ ᠵᠠᠰᠠᠮᠠᠯ ᠵᠠᠮ᠎ᠤᠨ ᠲᠤᠰᠬᠠᠶ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠵᠦ᠂ ᠬᠥᠳᠡᠭᠡ ᠲᠣᠰᠬᠤᠨ᠎ᠤ ᠵᠠᠰᠠᠮᠠᠯ ᠵᠠᠮ᠎ᠤᠨ ᠪᠥᠲᠥᠭᠡᠨ ᠪᠠᠶ᠋ᠢᠭᠤᠯᠬᠤ᠂ ᠠᠷᠠᠴᠢᠯᠠᠨ ᠬᠠᠮᠠᠭ᠋ᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠵᠡᠷᠭᠡ ᠪᠣᠳᠠᠲᠠᠶ ᠭᠦᠢ᠍ᠴᠡᠳᠭᠡᠬᠦ ᠵᠦᠢ᠍ᠯᠡᠰ᠎ᠢ ᠭᠦᠢ᠍ᠴᠡᠳᠬᠡᠨ ᠬᠡᠷᠡᠭᠵᠢᠭᠦᠯᠬᠦ ᠵᠢ ᠳᠠᠭ᠋ᠠᠭ᠋ᠠᠨ ᠡᠭᠦᠷᠭᠡᠯᠡᠨ᠎ᠡ᠃ ᠬᠥᠳᠡᠭᠡ ᠲᠣᠰᠬᠤᠨ᠎ᠤ ᠵᠠᠰᠠᠮᠠᠯ ᠵᠠᠮ᠎ᠳᠤ ᠵᠠᠷᠤᠯᠭ᠎ᠠ ᠵᠢᠨ ᠬᠠᠷᠢᠭᠤᠴᠠᠯᠭ᠎ᠠ ᠵᠢ ᠠᠶ᠋ᠢᠮᠠᠭ ᠬᠤᠲᠠ ᠳᠠᠭ᠋ᠠᠭ᠋ᠠᠨ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠣᠳᠠᠲᠤ ᠪᠠᠶ᠋ᠢᠳᠠᠯ᠎ᠢ᠎ᠨᠢ ᠦᠵᠡᠵᠦ ᠪᠠᠶ᠋ᠢᠭ᠋ᠠᠳ ᠪᠥᠲᠥᠭᠡᠨ ᠪᠠᠶ᠋ᠢᠭᠤᠯᠬᠤ ᠪᠠ ᠠᠷᠠᠴᠢᠯᠠᠨ ᠬᠠᠮᠠᠭ᠋ᠠᠯᠠᠬᠤ ᠲᠠᠯ᠎ᠠ᠎ᠪᠠᠷ ᠵᠣᠬᠢᠬᠤ ᠪᠠᠯᠠ ᠮᠥᠩᠭᠦ ᠵᠢᠨ ᠳᠡᠮᠵᠢᠯᠭᠡ ᠦᠵᠡᠬᠦᠯᠦᠨ᠎ᠡ᠃
2. ᠤᠰᠤᠨ ᠵᠠᠮ᠃
(1) ᠳᠣᠲᠣᠭ᠋ᠠᠳᠤ ᠭᠤᠣᠯ ᠮᠥᠷᠡᠨ᠎ᠤ ᠪᠤᠰᠤᠳ ᠠᠶᠠᠯᠠᠯ᠎ᠤᠨ ᠵᠠᠮ᠃ ᠠᠶ᠋ᠢᠮᠠᠭ ᠬᠤᠲᠠ᠎ᠨᠢ ᠲᠤᠰᠬᠠᠶ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠬᠦ ᠵᠢᠨ ᠬᠠᠮᠲᠤ᠂ ᠪᠥᠲᠥᠭᠡᠨ ᠪᠠᠶ᠋ᠢᠭᠤᠯᠬᠤ᠂ ᠠᠷᠠᠴᠢᠯᠠᠨ ᠬᠠᠮᠠᠭ᠋ᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠵᠡᠷᠭᠡ ᠪᠣᠳᠠᠲᠠᠶ ᠵᠦᠢ᠍ᠯᠡᠰ᠎ᠢ ᠭᠦᠢ᠍ᠴᠡᠳᠬᠡᠨ ᠬᠡᠷᠡᠭᠵᠢᠭᠦᠯᠬᠦ ᠵᠢ ᠳᠠᠭ᠋ᠠᠭ᠋ᠠᠨ ᠡᠭᠦᠷᠭᠡᠯᠡᠨ᠎ᠡ᠃ ᠠᠶ᠋ᠢᠮᠠᠭ ᠬᠤᠲᠠ᠎ᠨᠢ ᠵᠠᠷᠤᠯᠭ᠎ᠠ ᠵᠢᠨ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠨ᠎ᠡ᠃
(2) ᠠᠶᠠᠨᠴᠢᠳ᠎ᠤᠨ ᠲᠡᠭᠡᠭᠡᠪᠦᠷᠢ ᠵᠢᠨ ᠭᠠᠷᠠᠮ᠎ᠤᠨ ᠠᠶᠤᠯ ᠥᠬᠡᠶ ᠵᠢ ᠪᠠᠶ᠋ᠢᠴᠠᠭ᠋ᠠᠨ ᠰᠢᠯᠭ᠋ᠠᠬᠤ ᠪᠡᠯᠡᠳᠬᠡᠮᠵᠢ᠂ ᠬᠥᠳᠡᠭᠡ ᠲᠣᠰᠬᠤᠨ᠎ᠤ ᠤᠰᠤᠨ ᠵᠠᠮ ᠳᠡᠭᠡᠷᠡᠬᠢ ᠠᠶᠠᠨᠴᠢᠳ᠎ᠤᠨ ᠵᠦᠬᠡᠬᠡᠪᠦᠷᠢ ᠲᠡᠭᠡᠭᠡᠪᠦᠷᠢ ᠵᠢᠨ ᠬᠠᠮᠢᠶᠠᠷᠤᠯᠲᠠ᠃ ᠠᠶ᠋ᠢᠮᠠᠭ ᠬᠤᠲᠠ᠎ᠨᠢ ᠲᠤᠰᠬᠠᠶ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠬᠦ ᠵᠢᠨ ᠬᠠᠮᠲᠤ᠂ ᠪᠥᠲᠥᠭᠡᠨ ᠪᠠᠶ᠋ᠢᠭᠤᠯᠬᠤ᠂ ᠠᠷᠠᠴᠢᠯᠠᠨ ᠬᠠᠮᠠᠭ᠋ᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠵᠡᠷᠭᠡ ᠪᠣᠳᠠᠲᠠᠶ ᠵᠦᠢ᠍ᠯᠡᠰ᠎ᠢ ᠭᠦᠢ᠍ᠴᠡᠳᠬᠡᠨ ᠬᠡᠷᠡᠭᠵᠢᠭᠦᠯᠬᠦ ᠵᠢ ᠳᠠᠭ᠋ᠠᠭ᠋ᠠᠨ ᠡᠭᠦᠷᠭᠡᠯᠡᠨ᠎ᠡ᠃ ᠠᠶ᠋ᠢᠮᠠᠭ ᠬᠤᠲᠠ᠎ᠨᠢ ᠵᠠᠷᠤᠯᠭ᠎ᠠ ᠵᠢᠨ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠨ᠎ᠡ᠃
(3) ᠥᠪᠡᠷᠲᠡᠭᠡᠨ ᠵᠠᠰᠠᠬᠤ ᠣᠷᠣᠨ᠎ᠠᠴᠠ ᠬᠠᠮᠢᠶᠠᠷᠬᠤ ᠤᠰᠤᠨ ᠣᠷᠣᠨ᠎ᠤ ᠤᠰᠤᠨ ᠵᠠᠮ ᠳᠡᠭᠡᠷᠡᠬᠢ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠃ ᠠᠶ᠋ᠢᠮᠠᠭ ᠬᠤᠲᠠ᠎ᠨᠢ ᠪᠣᠳᠠᠲᠠᠶ ᠵᠦᠢ᠍ᠯᠡᠰ᠎ᠢ ᠭᠦᠢ᠍ᠴᠡᠳᠬᠡᠨ ᠬᠡᠷᠡᠭᠵᠢᠬᠦᠯᠬᠦ ᠵᠢ ᠳᠠᠭ᠋ᠠᠭ᠋ᠠᠨ ᠡᠭᠦᠷᠬᠡᠯᠡᠨ᠎ᠡ᠃ ᠠᠶ᠋ᠢᠮᠠᠭ ᠬᠤᠲᠠ᠎ᠨᠢ ᠵᠠᠷᠤᠯᠭ᠎ᠠ ᠵᠢᠨ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠨ᠎ᠡ᠃
3. ᠲᠡᠮᠦᠷ ᠵᠠᠮ᠃
(1) ᠬᠤᠲᠠ ᠵᠢᠨ ᠴᠠᠷᠠᠭ᠋ᠠᠨ (ᠲᠡᠭᠦᠷᠭᠡ)᠎ᠳᠠᠬᠢ ᠲᠡᠮᠦᠷ ᠵᠠᠮ᠂ ᠰᠠᠯᠪᠤᠷᠢ ᠱᠤᠭᠤᠮ᠎ᠤᠨ ᠲᠡᠮᠦᠷ ᠵᠠᠮ᠂ ᠲᠡᠮᠦᠷ ᠵᠠᠮ᠎ᠤᠨ ᠲᠤᠰᠬᠠᠶ ᠱᠤᠭᠤᠮ᠎ᠤᠨ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠵᠤ ᠠᠷᠠᠴᠢᠯᠠᠨ ᠬᠠᠮᠠᠭ᠋ᠠᠯᠠᠬᠤ᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠵᠡᠷᠭᠡ ᠵᠢ ᠪᠠᠭᠲᠠᠭ᠋ᠠᠭᠰᠠᠨ ᠪᠣᠳᠠᠲᠠᠢ ᠭᠦᠢ᠍ᠴᠡᠳᠭᠡᠬᠦ ᠵᠦᠢ᠍ᠯᠡᠰ᠎ᠢ ᠡᠯ᠎ᠡ ᠠᠶ᠋ᠢᠮᠠᠭ ᠬᠤᠲᠠ ᠬᠡᠷᠡᠭᠵᠢᠭᠦᠯᠬᠦ ᠪᠤᠶᠤ ᠥᠪᠡᠷᠲᠡᠭᠡᠨ ᠵᠠᠰᠠᠬᠤ ᠣᠷᠣᠨ᠎ᠳᠠᠬᠢ ᠲᠡᠮᠦᠷ ᠵᠠᠮ᠎ᠤᠨ ᠲᠣᠪᠴᠢᠶ᠎ᠠ᠎ᠳᠤ ᠨᠠᠶ᠋ᠢᠳᠠᠵᠤ ᠬᠡᠷᠡᠭᠵᠢᠭᠦᠯᠦᠨ᠎ᠡ᠃
(2) ᠲᠡᠮᠦᠷ ᠵᠠᠮ ᠳᠠᠭ᠋ᠠᠤ (ᠤᠯᠠᠭ᠋ᠠᠨ ᠱᠤᠭᠤᠮ᠎ᠠᠴᠠ ᠭᠠᠳᠠᠨᠠᠬᠢ) ᠵᠢᠨ ᠣᠷᠴᠢᠨ ᠲᠣᠭᠤᠷᠢᠨ᠎ᠤ ᠪᠣᠬᠢᠷᠲᠤᠯ᠎ᠢ ᠵᠠᠰᠠᠬᠤ ᠪᠠ ᠲᠡᠮᠦᠷ ᠵᠠᠮ ᠳᠠᠭ᠋ᠠᠤ ᠵᠢᠨ ᠠᠮᠤᠷ ᠲᠦᠪᠰᠢᠨ᠎ᠤ ᠣᠷᠴᠢᠨ ᠲᠣᠭᠤᠷᠢᠨ᠎ᠢ ᠴᠡᠭᠴᠡᠯᠡᠨ ᠵᠠᠰᠠᠬᠤ᠎ᠳᠤ᠂ ᠤᠯᠤᠰ᠎ᠤᠨ ᠲᠡᠮᠦᠷ ᠵᠠᠮ᠂ ᠤᠯᠤᠰ᠎ᠤᠨ ᠲᠡᠮᠦᠷ ᠵᠠᠮ᠎ᠤᠨ ᠲᠡᠭᠡᠭᠡᠪᠦᠷᠢ ᠵᠢᠨ ᠠᠵᠤ ᠠᠬᠤᠶ᠋ᠢᠯᠠᠯ᠎ᠤᠨ ᠪᠤᠳᠠᠳᠠᠢ ᠬᠠᠮᠢᠶᠠᠷᠴᠤ ᠪᠠᠶ᠋ᠢᠭ᠎ᠠ ᠪᠠᠯᠠ ᠨᠡᠶ᠋ᠢᠯᠡᠭᠦᠯᠦᠭᠰᠡᠨ ᠲᠡᠮᠦᠷ ᠵᠠᠮ᠎ᠠᠴᠠ ᠭᠠᠳᠠᠨ᠎ᠠ ᠪᠤᠰᠤᠳ ᠲᠡᠮᠦᠷ ᠵᠠᠮ᠎ᠤᠨ ᠠᠮᠤᠷ ᠲᠦᠪᠰᠢᠨ᠎ᠢ ᠬᠠᠮᠠᠭ᠋ᠠᠯᠠᠬᠤ ᠡᠭᠦᠷᠭᠡ ᠬᠠᠷᠢᠭᠤᠴᠠᠯᠭ᠎ᠠ ᠵᠢ ᠠᠶ᠋ᠢᠮᠠᠭ ᠬᠤᠲᠠ ᠬᠠᠷᠢᠭᠤᠴᠠᠨ᠎ᠠ᠃ ᠳᠡᠭᠡᠷ᠎ᠡ ᠳᠤᠷᠠᠳᠤᠭᠰᠠᠨ ᠲᠡᠮᠦᠷ ᠵᠠᠮ᠎ᠤᠨ ᠬᠦᠷᠢᠶᠡᠨ᠎ᠤ ᠵᠦᠢ᠍ᠯᠡᠰ᠎ᠲᠤ ᠠᠶ᠋ᠢᠮᠠᠭ ᠬᠤᠲᠠ᠎ᠨᠢ ᠵᠣᠬᠢᠬᠤ ᠵᠠᠷᠤᠯᠭ᠎ᠠ ᠵᠢᠨ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠨ᠎ᠡ᠃
4. ᠠᠷᠠᠳ᠎ᠤᠨ ᠠᠭ᠋ᠠᠷ᠎ᠤᠨ ᠲᠡᠭᠡᠭᠡᠪᠦᠷᠢ ᠃
(1) ᠲᠡᠭᠡᠭᠡᠪᠦᠷᠢ ᠵᠢᠨ ᠨᠢᠰᠬᠡᠯ᠎ᠤᠨ ᠪᠠᠭᠤᠳᠠᠯ᠎ᠤᠨ ᠪᠥᠲᠥᠭᠡᠨ ᠪᠠᠶ᠋ᠢᠭᠤᠯᠬᠤ᠂ ᠬᠠᠮᠠᠭ᠋ᠠᠯᠠᠬᠤ᠂ ᠲᠡᠬᠡᠬᠡᠪᠦᠷᠢᠯᠡᠨ ᠡᠵᠡᠩᠨᠡᠬᠦ ᠪᠠ ᠣᠯᠠᠨ ᠨᠡᠶ᠋ᠢᠲᠡ ᠵᠢᠨ ᠠᠭ᠋ᠠᠷ᠎ᠤᠨ ᠲᠡᠭᠡᠭᠡᠪᠦᠷᠢ ᠵᠢᠨ ᠠᠶᠠᠯᠠᠯ᠎ᠤᠨ ᠱᠤᠭᠤᠮ ᠵᠡᠷᠭᠡ ᠪᠣᠳᠠᠲᠠᠶ ᠵᠦᠢ᠍ᠯᠡᠰ᠎ᠢ ᠭᠦᠢ᠍ᠴᠳᠭᠡᠨ ᠬᠡᠷᠡᠭᠵᠢᠭᠦᠯᠦᠨ᠎ᠡ᠃
(2) ᠨᠡᠶ᠋ᠢᠳᠡᠮ ᠬᠡᠷᠡᠭᠯᠡᠭᠡᠨ᠎ᠤ ᠨᠢᠰᠬᠡᠯ᠎ᠤᠨ ᠪᠠᠭᠤᠳᠠᠯ᠎ᠤᠨ ᠪᠥᠲᠥᠭᠡᠨ ᠪᠠᠶ᠋ᠢᠭᠤᠯᠤᠯᠲᠠ᠂ ᠬᠠᠮᠠᠭ᠋ᠠᠯᠠᠯᠲᠠ᠂ ᠡᠵᠡᠩᠨᠡᠯᠲᠡ ᠪᠠ ᠨᠡᠶ᠋ᠢᠳᠡᠮ ᠬᠡᠷᠡᠭᠯᠡᠭᠡᠨ᠎ᠤ ᠠᠭ᠋ᠠᠷ᠎ᠤᠨ ᠠᠶᠠᠯᠠᠯ᠎ᠤᠨ ᠣᠶ᠋ᠢᠷ᠎ᠠ ᠵᠠᠮ᠎ᠤᠨ ᠲᠡᠭᠡᠭᠡᠪᠦᠷᠢ ᠵᠢᠨ ᠠᠶᠠᠯᠠᠯ᠎ᠤᠨ ᠱᠤᠭᠤᠮ ᠵᠡᠷᠭᠡ ᠨᠡᠶ᠋ᠢᠳᠡᠮ ᠬᠡᠷᠡᠭᠯᠡᠭᠡᠨ᠎ᠤ ᠠᠭ᠋ᠠᠷ᠎ᠤᠨ ᠠᠶᠠᠯᠠᠯ᠎ᠤᠨ ᠠᠵᠢᠯᠯᠠᠭ᠋ᠠᠨ᠎ᠤ ᠲᠥᠷᠥᠯ ᠵᠦᠢ᠍ᠯ᠎ᠤᠨ ᠪᠣᠳᠠᠲᠠᠶ ᠭᠦᠢ᠍ᠴᠡᠳᠭᠡᠬᠦ ᠵᠦᠢ᠍ᠯᠡᠰ᠎ᠢ ᠬᠡᠷᠡᠭᠵᠢᠭᠦᠯᠦᠨ᠎ᠡ᠃ ᠳᠡᠭᠡᠷ᠎ᠡ ᠳᠤᠷᠠᠳᠤᠭᠰᠠᠨ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠭᠦᠷᠢᠶᠡᠨᠤ ᠵᠦᠢ᠍ᠯᠡᠰ᠎ᠲᠤ ᠠᠶ᠋ᠢᠮᠠᠭ ᠬᠤᠲᠠ᠎ᠨᠢ ᠵᠣᠬᠢᠬᠤ ᠵᠠᠷᠤᠯᠭ᠎ᠠ ᠵᠢᠨ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠨ᠎ᠡ᠃
5. ᠰᠢᠦᠳᠠᠨ᠎ᠤ ᠶᠠᠪᠤᠳᠠᠯ᠃
(1) ᠰᠢᠤᠳᠠᠨ᠎ᠤ ᠦᠢ᠍ᠯᠡᠰ᠎ᠤᠨ ᠠᠮᠤᠷ ᠲᠦᠪᠰᠢᠨ᠎ᠤ ᠬᠠᠮᠢᠶᠠᠷᠤᠯᠲᠠ ᠪᠠ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠃ ᠠᠶ᠋ᠢᠮᠠᠭ ᠬᠤᠳᠠ᠎ᠨᠢ ᠰᠢᠦᠳᠠᠨ᠎ᠤ ᠦᠢ᠍ᠯᠡᠰ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠲᠤᠯᠭ᠋ᠠᠭᠤᠷᠢᠯᠠᠬᠤ ᠲᠣᠭᠲᠠᠯᠴᠠᠭ᠎ᠠ᠂ ᠭᠤᠪᠢᠭᠤᠯᠵᠦ ᠢᠯᠡᠭᠡᠬᠦ ᠵᠢᠨ ᠠᠮᠤᠷ ᠲᠦᠪᠰᠢᠨ᠎ᠢ ᠪᠠᠲᠤᠯᠠᠬᠤ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠪᠣᠳᠠᠲᠠᠶ ᠵᠦᠢ᠍ᠯᠡᠰ᠎ᠢ ᠭᠦᠢ᠍ᠴᠡᠳᠭᠡᠨ ᠬᠡᠷᠡᠭᠵᠢᠬᠦᠯᠬᠦ ᠵᠢ ᠳᠠᠭ᠋ᠠᠭ᠋ᠠᠨ ᠡᠭᠦᠷᠭᠡᠯᠡᠵᠦ᠂ ᠠᠶ᠋ᠢᠮᠠᠭ ᠬᠤᠳᠠ ᠵᠢᠨ ᠰᠢᠦᠳᠠᠨ᠎ᠤ ᠦᠢ᠍ᠯᠡᠰ᠎ᠤᠨ ᠠᠮᠤᠷ ᠲᠦᠪᠰᠢᠨ᠎ᠤ ᠲᠥᠪ᠎ᠤᠨ ᠵᠠᠷᠤᠯᠭ᠎ᠠ ᠵᠢᠨ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠨ᠎ᠡ᠃
(2) ᠰᠢᠦᠳᠠᠨ᠎ᠤ ᠤᠯᠠᠨ ᠨᠡᠶ᠋ᠢᠲᠡ ᠵᠢᠨ ᠪᠤᠰᠤᠳ ᠦᠢ᠍ᠯᠡᠴᠢᠯᠡᠭᠡ᠃ ᠠᠶ᠋ᠢᠮᠠᠭ ᠬᠤᠲᠠ᠎ᠨᠢ ᠮᠠᠯᠵᠢᠬᠤ ᠲᠠᠷᠢᠶᠠᠯᠠᠬᠤ ᠣᠷᠣᠨ᠎ᠤ ᠰᠢᠤᠳᠠᠨ᠎ᠤ ᠲᠦᠭᠡᠮᠡᠯ ᠦᠢ᠍ᠯᠡᠴᠢᠯᠡᠭᠡ᠂ ᠤᠨᠴᠠᠭ᠋ᠠᠢ ᠦᠢ᠍ᠯᠡᠴᠢᠯᠡᠭᠡ᠂ 《ᠲᠦᠷᠭᠡᠨ ᠢᠯᠡᠭᠡᠯᠲᠡ ᠵᠢ ᠲᠣᠰᠬᠤᠨ᠎ᠳᠤ ᠣᠷᠣᠭᠤᠯᠬᠤ》᠂ ᠰᠢᠤᠳᠠᠨ᠎ᠤ ᠦᠢ᠍ᠯᠡᠰ᠎ᠤᠨ ᠣᠷᠴᠢᠨ ᠲᠣᠭᠤᠷᠢᠨ᠎ᠤ ᠪᠣᠬᠢᠷᠲᠤᠯ᠎ᠢ ᠵᠠᠰᠠᠬᠤ ᠵᠡᠷᠭᠡ ᠡᠭᠦᠷᠭᠡ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠨ᠎ᠡ᠃ ᠳᠡᠭᠡᠷ᠎ᠡ ᠳᠤᠷᠠᠳᠤᠭᠰᠠᠨ ᠵᠦᠢ᠍ᠯᠡᠰ᠎ᠲᠤ ᠠᠶ᠋ᠢᠮᠠᠭ ᠬᠤᠲᠠ᠎ᠨᠢ ᠪᠥᠲᠥᠭᠡᠨ ᠪᠠᠶ᠋ᠢᠭᠤᠯᠬᠤ᠂ ᠬᠠᠮᠠᠭ᠋ᠠᠯᠠᠬᠤ᠂ ᠲᠡᠬᠡᠬᠡᠪᠦᠷᠢᠯᠡᠨ ᠡᠵᠡᠩᠨᠡᠬᠦ ᠵᠡᠷᠭᠡ ᠪᠣᠳᠠᠲᠠᠶ ᠵᠦᠢ᠍ᠯᠡᠰ᠎ᠢ ᠭᠦᠢ᠍ᠴᠡᠳᠭᠡᠨ ᠬᠡᠷᠡᠭᠵᠢᠭᠦᠯᠬᠦ ᠵᠢ ᠳᠠᠭ᠋ᠠᠭ᠋ᠠᠨ ᠡᠭᠦᠷᠭᠡᠯᠡᠨ᠎ᠡ᠃ ᠠᠶ᠋ᠢᠮᠠᠭ ᠬᠤᠲᠠ᠎ᠨᠢ ᠵᠠᠷᠤᠯᠭ᠎ᠠ ᠵᠢᠨ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠨ᠎ᠡ᠃
6. ᠶᠡᠷᠦᠩᠬᠡᠶ᠋ᠢᠯᠡᠭᠰᠡᠨ ᠵᠠᠮ ᠬᠠᠷᠢᠯᠴᠠᠭ᠎ᠠ᠃ ᠡᠩ᠎ᠤᠨ ᠴᠢᠨᠠᠷᠲᠠᠶ ᠶᠡᠷᠦᠩᠬᠡᠶ᠋ᠢᠯᠡᠭᠰᠡᠨ ᠲᠡᠭᠡᠭᠡᠪᠦᠷᠢ ᠵᠢᠨ ᠵᠠᠩᠭᠢᠯᠠᠭ᠎ᠠ᠃ ᠠᠶ᠋ᠢᠮᠠᠭ ᠬᠤᠲᠠ᠎ᠨᠢ ᠡᠩ᠎ᠤᠨ ᠴᠢᠨᠠᠷᠲᠠᠶ ᠶᠡᠷᠦᠩᠬᠡᠶ᠋ᠢᠯᠡᠭᠰᠡᠨ ᠲᠡᠭᠡᠭᠡᠪᠦᠷᠢ ᠵᠢᠨ ᠵᠠᠩᠭᠢᠯᠠᠭ᠎ᠠ ᠵᠢᠨ ᠲᠤᠰᠬᠠᠶ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠂ ᠬᠢᠨᠠᠯᠲᠠ ᠲᠠᠯᠪᠢᠵᠤ ᠦᠨᠡᠯᠡᠬᠦ ᠵᠡᠷᠭᠡ ᠡᠭᠦᠷᠭᠡ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠵᠦ᠂ ᠪᠥᠲᠥᠭᠡᠨ ᠪᠠᠶ᠋ᠢᠭᠤᠯᠬᠤ᠂ ᠬᠠᠮᠠᠭ᠋ᠠᠯᠠᠬᠤ (ᠠᠷᠠᠴᠢᠯᠠᠨ ᠬᠠᠮᠠᠭ᠋ᠠᠯᠠᠬᠤ)᠂ ᠬᠠᠮᠢᠶᠠᠷᠬᠤ᠂ ᠲᠡᠬᠡᠬᠡᠪᠦᠷᠢᠯᠡᠨ ᠡᠵᠡᠩᠨᠡᠬᠦ ᠵᠡᠷᠭᠡ ᠪᠣᠳᠠᠲᠠᠶ ᠵᠦᠢ᠍ᠯᠡᠰ᠎ᠢ ᠭᠦᠢ᠍ᠴᠡᠳᠬᠡᠨ ᠬᠡᠷᠡᠭᠵᠢᠭᠦᠯᠬᠦ ᠵᠢ ᠳᠠᠭ᠋ᠠᠭ᠋ᠠᠨ ᠡᠭᠦᠷᠭᠡᠯᠡᠨ᠎ᠡ᠃ ᠡᠩ᠎ᠤᠨ ᠴᠢᠨᠠᠷᠲᠠᠶ ᠶᠡᠷᠦᠩᠬᠡᠶ᠋ᠢᠯᠡᠭᠰᠡᠨ ᠲᠡᠭᠡᠭᠡᠪᠦᠷᠢ ᠵᠢᠨ ᠵᠠᠩᠭᠢᠯᠠᠭ᠎ᠠ᠎ᠳᠤ ᠵᠠᠷᠤᠯᠭ᠎ᠠ ᠵᠢᠨ ᠬᠠᠷᠢᠭᠤᠴᠠᠯᠭ᠎ᠠ ᠵᠢ ᠠᠶ᠋ᠢᠮᠠᠭ ᠬᠤᠲᠠ᠎ᠨᠢ ᠳᠠᠭ᠋ᠠᠭ᠋ᠠᠨ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠪᠣᠳᠠᠲᠤ ᠪᠠᠶ᠋ᠢᠳᠠᠯ᠎ᠢ᠎ᠨᠢ ᠦᠵᠡᠵᠦ ᠪᠠᠶ᠋ᠢᠭ᠋ᠠᠳ ᠵᠣᠬᠢᠬᠤ ᠬᠡᠮᠵᠢᠶᠡᠨ᠎ᠤ ᠪᠥᠲᠥᠭᠡᠨ ᠪᠠᠶ᠋ᠢᠭᠤᠯᠬᠤ ᠪᠡᠯᠡ ᠮᠦᠩᠬᠦᠨ᠎ᠤ ᠳᠡᠮᠵᠢᠯᠭᠡ ᠦᠵᠡᠬᠦᠯᠦᠨ᠎ᠡ᠃
ᠡᠭᠦᠨ᠎ᠠᠴᠠ ᠭᠠᠳᠠᠨ᠎ᠠ᠂ ᠵᠠᠰᠠᠮᠠᠯ ᠵᠠᠮ᠂ ᠤᠰᠤᠨ ᠵᠠᠮ᠂ ᠲᠡᠮᠦᠷ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ᠂ ᠰᠢᠦᠳᠠᠨ᠎ᠤ ᠶᠠᠪᠤᠳᠠᠯ᠂ ᠶᠡᠷᠦᠩᠬᠡᠶ᠋ᠢᠯᠡᠭᠰᠡᠨ ᠵᠠᠮ ᠬᠠᠷᠢᠯᠴᠠᠭ᠋ᠠᠨ᠎ᠤ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠪᠠ ᠠᠶ᠋ᠢᠮᠠᠭ ᠬᠤᠲᠠ ᠵᠢᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠴᠢᠳᠠᠪᠤᠷᠢ ᠵᠢᠨ ᠪᠠᠶ᠋ᠢᠭᠤᠯᠤᠯᠲᠠ᠎ᠳᠤ ᠭᠤᠤᠯᠳᠠᠭᠤ ᠬᠠᠮᠢᠶ᠎ᠠ ᠪᠥᠬᠦᠶ ᠬᠦᠷᠢᠶᠡᠨ᠎ᠳᠠᠬᠢ ᠠᠵᠢᠯ ᠲᠥᠷᠥᠯ᠎ᠤᠨ ᠬᠠᠮᠢᠶᠠᠷᠤᠯᠲᠠ ᠪᠠ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠤ ᠥᠷᠨᠢᠭᠦᠯᠦᠭᠰᠡᠨ ᠪᠥᠬᠦ ᠲᠠᠯ᠎ᠠ ᠵᠢᠨ ᠴᠢᠨᠠᠷᠲᠠᠶ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠪᠠ ᠪᠠᠷᠠᠯᠠᠯᠲᠠ ᠴᠢᠨᠠᠷᠲᠠᠶ ᠴᠢᠬᠤᠯᠠ ᠶᠡᠭᠡ ᠠᠰᠠᠭᠤᠳᠠᠯ᠎ᠤᠨ ᠰᠣᠳᠣᠯᠣᠯ᠂ ᠴᠢᠬᠤᠯᠠ ᠶᠡᠭᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥᠯ ᠵᠦᠢ᠍ᠯ᠎ᠤᠨ ᠰᠢᠪᠲᠤᠯᠤᠯᠲᠠ ᠪᠠ ᠦᠷ᠎ᠡ ᠪᠦᠲᠦᠭᠡᠯ᠎ᠢ ᠣᠯᠠᠷᠢᠭᠤᠯᠬᠤ ᠵᠢᠴᠢ ᠴᠢᠬᠤᠯᠠ ᠶᠡᠭᠡ ᠲᠤᠰᠬᠠᠶ ᠵᠦᠢ᠍ᠯ᠎ᠤᠨ ᠠᠵᠢᠯ᠂ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠂ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ᠂ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ᠂ ᠪᠠᠷᠢᠮᠵᠢᠶ᠎ᠠ ᠲᠣᠭᠲᠠᠭ᠋ᠠᠬᠤ; ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ᠂ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ; ᠠᠵᠢᠯ ᠲᠥᠷᠥᠯ᠎ᠤᠨ ᠲᠤᠭ᠎ᠠ ᠪᠦᠷᠢᠳᠬᠡᠯ ᠬᠢᠬᠡᠳ ᠠᠵᠢᠯᠯᠠᠭ᠋ᠠᠨ᠎ᠤ ᠬᠢᠨᠠᠨ ᠰᠢᠨᠵᠢᠯᠲᠡ; ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠴᠢᠨᠠᠷᠲᠠᠶ ᠵᠠᠮ ᠬᠠᠷᠢᠯᠴᠠᠭ᠋ᠠᠨ᠎ᠤ ᠲᠡᠭᠡᠭᠡᠪᠦᠷᠢ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠡᠷᠭᠡ ᠵᠦᠢ᠍ᠯᠡᠰ ᠪᠠᠭᠲᠠᠨ᠎ᠠ᠃ ᠥᠪᠡᠷᠲᠡᠭᠡᠨ ᠵᠠᠰᠠᠬᠤ ᠣᠷᠣᠨ᠎ᠤ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠴᠢᠳᠠᠪᠤᠷᠢ ᠵᠢᠨ ᠪᠠᠶ᠋ᠢᠭᠤᠯᠤᠯᠲᠠ᠎ᠳᠤ ᠥᠪᠡᠷᠲᠡᠭᠡᠨ ᠵᠠᠰᠠᠬᠤ ᠣᠷᠣᠨ᠎ᠠᠴᠠ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠵᠦ᠂ ᠠᠶ᠋ᠢᠮᠠᠭ ᠬᠤᠲᠠ ᠵᠢᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠴᠢᠳᠠᠪᠤᠷᠢ ᠵᠢᠨ ᠪᠠᠶ᠋ᠢᠭᠤᠯᠤᠯᠲᠠ᠎ᠳᠤ ᠠᠶ᠋ᠢᠮᠠᠭ ᠬᠤᠲᠠ᠎ᠨᠢ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠨ᠎ᠡ᠃
ᠭᠤᠷᠪᠠ᠂ ᠲᠥᠬᠦᠷ ᠠᠷᠭ᠎ᠠ ᠬᠡᠮᠵᠢᠶ᠎ᠡ
(ᠨᠢᠭᠡ) ᠵᠣᠬᠢᠶᠠᠨ ᠪᠠᠢ᠍ᠭᠤᠯᠵᠦ ᠤᠳᠤᠷᠢᠳᠬᠤ᠎ᠪᠠᠨ ᠴᠢᠩᠭ᠋ᠠᠳᠬᠠᠵᠤ᠂ ᠥᠭᠡᠷᠡᠴᠢᠯᠡᠯᠲᠡ ᠵᠢᠨ ᠨᠠᠶ᠋ᠢᠳᠠᠪᠤᠷᠢᠵᠢᠭᠤᠯᠤᠯᠲᠠ ᠵᠢ ᠦᠨᠡᠨ ᠬᠦ᠌ ᠪᠠᠲᠤᠯᠠᠨ᠎ᠠ᠃ ᠡᠯ᠎ᠡ ᠠᠶ᠋ᠢᠮᠠᠭ ᠬᠤᠲᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠨᠢᠭᠡᠴᠢ᠎ᠨᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ 《ᠳᠥᠷᠪᠡᠨ ᠦᠵᠡᠯ ᠤᠬᠠᠮᠰᠠᠷ》 ᠵᠶ᠋ᠠᠨ ᠤᠯᠠᠮ ᠨᠢᠭᠡ ᠠᠯᠬᠤᠮ ᠴᠢᠩᠭ᠋ᠠᠳᠬᠠᠨ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠦᠨ᠂ ᠵᠣᠬᠢᠶᠠᠨ ᠪᠠᠶ᠋ᠢᠭᠤᠯᠵᠤ ᠣᠳᠣᠷᠢᠳᠬᠤ ᠪᠠ ᠵᠣᠬᠢᠴᠠᠭᠤᠯᠤᠨ ᠬᠠᠮᠵᠢᠯᠴᠠᠬᠤ᠎ᠪᠠᠨ ᠦᠨᠡᠨ ᠬᠦ᠌ ᠴᠢᠩᠭ᠋ᠠᠳᠬᠠᠵᠤ᠂ ᠲᠣᠰ ᠲᠥᠰᠦᠯ᠎ᠳᠤ ᠲᠣᠳᠣᠷᠬᠠᠢ ᠲᠣᠨᠨᠳᠠᠭ᠋ᠠᠨᠨᠰᠠᠨ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠡᠭᠦᠷᠭᠡ ᠪᠠ ᠠᠷᠭ᠎ᠠ ᠬᠡᠮᠵᠢᠶ᠎ᠡ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠳ ᠲᠣᠰ ᠲᠥᠰᠦᠯ᠎ᠢ ᠦᠨᠳᠦᠰᠦᠯᠡᠨ ᠥᠭᠡᠷᠡᠴᠢᠯᠡᠯᠲᠡ ᠵᠢᠨ ᠡᠭᠦᠷᠭᠡ ᠪᠠ ᠠᠷᠭ᠎ᠠ ᠬᠡᠮᠵᠢᠶ᠎ᠡ᠎ᠪᠠᠨ ᠨᠠᠷᠢᠯᠢᠬ᠍ᠵᠢᠭᠤᠯᠤᠨ ᠪᠣᠳᠠᠲᠠᠶ᠋ᠢᠵᠢᠭᠤᠯᠵᠤ᠂ ᠥᠭᠡᠷᠡᠴᠢᠯᠡᠯᠲᠡ ᠵᠢᠨ ᠡᠭᠦᠷᠭᠡ ᠵᠢᠨ ᠠᠬᠢᠴᠠ ᠵᠢᠨ ᠪᠠᠶ᠋ᠢᠳᠠᠯ᠎ᠢ ᠰᠢᠮᠳᠠᠭᠤᠯᠤᠨ ᠪᠠᠶ᠋ᠢᠴᠠᠭ᠋ᠠᠬᠤ ᠪᠠ ᠦᠨᠡᠯᠡᠨ ᠵᠢᠱ᠌ᠢᠬᠦ᠎ᠪᠠᠨ ᠴᠢᠩᠭ᠋ᠠᠷᠠᠭᠤᠯᠤᠨ᠂ ᠥᠭᠡᠷᠡᠴᠢᠯᠡᠯᠲᠡ᠎ᠠᠴᠠ ᠪᠣᠯᠤᠭᠰᠠᠨ ᠬᠦᠴᠢᠷᠳᠡᠯ ᠪᠠ ᠠᠰᠠᠭᠤᠳᠠᠯ᠎ᠢ ᠲᠣᠬᠢᠲᠠᠶ ᠰᠢᠢ᠍ᠳᠪᠦᠷᠢᠯᠡᠬᠦ ᠬᠡᠷᠡᠭᠲᠡᠶ᠃ ᠡᠯ᠎ᠡ ᠠᠶ᠋ᠢᠮᠠᠭ ᠬᠤᠲᠠ᠎ᠨᠢ ᠥᠪᠥᠷ ᠵᠠᠰᠠᠭ ᠲᠠᠷᠬᠠᠭ᠋ᠠᠭᠰᠠᠨ [2018] 13 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠣᠰᠣᠭ᠋ᠠᠷ᠂ ᠲᠣᠰ ᠭᠠᠵᠠᠷ ᠣᠷᠣᠨ᠎ᠤ ᠪᠣᠳᠠᠳᠠᠢ᠎ᠲᠠᠢ᠎ᠪᠠᠨ ᠤᠶᠠᠯᠳᠤᠭᠤᠯᠤᠨ᠂ ᠠᠶ᠋ᠢᠮᠠᠭ ᠬᠤᠲᠠ᠎ᠠᠴᠠ ᠳᠣᠷᠣᠭᠰᠢᠬᠢ ᠵᠠᠮ ᠬᠠᠷᠢᠯᠴᠠᠭ᠎ᠠ ᠲᠡᠭᠡᠭᠡᠪᠦᠷᠢ ᠵᠢᠨ ᠬᠦᠷᠢᠶᠠᠨ᠎ᠳᠠᠬᠢ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠬᠢᠭᠡᠳ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠦᠯ ᠵᠶ᠋ᠠᠨ ᠲᠣᠭᠲᠠᠭ᠋ᠠᠵᠤ᠂ ᠵᠣᠬᠢᠬᠤ ᠡᠭᠦᠷᠭᠡ ᠬᠠᠷᠢᠭᠤᠴᠠᠯᠭ᠎ᠠ᠎ᠪᠠᠨ ᠰᠠᠶ᠋ᠢᠲᠤᠷ ᠭᠦᠢ᠍ᠴᠡᠳᠭᠡᠨ᠂ ᠥᠭᠡᠷᠡᠴᠢᠯᠡᠯᠲᠡ ᠵᠢᠨ ᠤᠷᠤᠭᠰᠢᠲᠠᠶ ᠬᠡᠷᠡᠭᠵᠢᠭᠦᠯᠦᠭᠳᠡᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃
(ᠬᠤᠶᠠᠷ) ᠵᠠᠷᠤᠯᠭ᠎ᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠣᠷᠣᠭᠤᠯᠤᠯᠲᠠ ᠵᠢᠨ ᠪᠠᠲᠤᠯᠠᠭ᠎ᠠ ᠵᠢ ᠴᠢᠩᠭ᠋ᠠᠷᠠᠭᠤᠯᠤᠨ᠎ᠠ᠃ ᠡᠯ᠎ᠡ ᠠᠶ᠋ᠢᠮᠠᠭ ᠬᠤᠲᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠨᠢᠭᠡᠴᠢ᠎ᠨᠢ ᠲᠣᠰ ᠲᠥᠰᠦᠯ᠎ᠢ ᠦᠨᠳᠦᠰᠦᠯᠡᠨ᠂ ᠲᠣᠭᠲᠠᠭ᠋ᠠᠯ ᠶᠣᠰᠣᠭ᠋ᠠᠷ ᠲᠥᠰᠦᠪ᠎ᠤᠨ ᠲᠣᠬᠢᠷᠠᠭᠤᠯᠤᠯᠲᠠ ᠪᠠ ᠪᠠᠯᠠ ᠣᠷᠣᠭᠤᠯᠤᠯᠲᠠ ᠵᠢᠨ ᠲᠥᠯᠥᠪᠯᠡᠭᠡ᠎ᠪᠠᠨ ᠰᠠᠶ᠋ᠢᠲᠤᠷ ᠬᠢᠵᠦ᠂ ᠵᠠᠷᠤᠯᠭ᠎ᠠ ᠵᠢᠨ ᠬᠠᠷᠢᠭᠤᠴᠠᠯᠭ᠎ᠠ ᠵᠢ ᠦᠨᠡᠨ ᠬᠦ᠌ ᠨᠠᠶ᠋ᠢᠳᠠᠪᠤᠷᠢᠵᠢᠭᠤᠯᠬᠤ ᠬᠡᠷᠡᠭᠲᠡᠶ᠃ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠳᠤ ᠬᠠᠷᠢᠶᠠᠯᠠᠭᠳᠠᠬᠤ ᠵᠢ ᠵᠠᠷᠴᠢᠮ ᠳᠡᠭᠡᠷ᠎ᠡ᠎ᠪᠠᠨ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠦᠪᠡᠷᠰᠡᠳ᠎ᠤᠨ ᠡᠳ᠋᠎ᠤᠨ ᠬᠦᠴᠦᠨ᠎ᠤ ᠲᠣᠬᠢᠷᠠᠭᠤᠯᠤᠯᠲᠠ᠎ᠪᠠᠷ ᠳᠠᠮᠵᠢᠭᠤᠯᠤᠨ᠂ ᠠᠶ᠋ᠢᠮᠠᠭ ᠬᠤᠲᠠ ᠵᠢᠨ ᠳᠠᠭ᠋ᠠᠭ᠋ᠠᠨ ᠡᠭᠦᠷᠭᠡᠯᠡᠭᠰᠡᠨ ᠵᠠᠷᠤᠯᠭ᠎ᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠬᠤ᠎ᠪᠠᠨ ᠦᠨᠡᠨ ᠬᠦ᠌ ᠪᠠᠳᠤᠯᠠᠬᠤ ᠬᠡᠷᠡᠭᠳᠡᠢ᠃ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠵᠢ ᠭᠦᠢ᠍ᠴᠡᠳᠬᠡᠬᠦ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠬᠤᠭᠤᠴᠠᠭ᠋ᠠᠨ᠎ᠳᠤ᠂ ᠥᠪᠡᠷᠲᠡᠭᠡᠨ ᠵᠠᠰᠠᠬᠤ ᠣᠷᠣᠨ᠎ᠠᠴᠠ ᠠᠳᠠᠯᠢ ᠪᠤᠰᠤ ᠴᠠᠭ ᠬᠤᠭᠤᠴᠠᠭ᠋ᠠᠨ᠎ᠤ ᠬᠥᠭᠵᠢᠯᠲᠡ ᠵᠢᠨ ᠬᠠᠷᠠᠯᠲᠠ ᠪᠠ ᠠᠶ᠋ᠢᠮᠠᠭ ᠬᠤᠲᠠ ᠵᠢᠨ ᠡᠳ᠋᠎ᠤᠨ ᠬᠦᠴᠦᠨ᠎ᠤ ᠬᠢᠷᠢ ᠬᠡᠮᠵᠢᠶ᠎ᠡ ᠵᠢ ᠶᠡᠷᠦᠩᠬᠡᠶ᠋ᠢᠯᠡᠨ ᠪᠣᠳᠣᠯᠬᠢᠯᠠᠵᠤ ᠪᠠᠶ᠋ᠢᠭ᠋ᠠᠳ ᠵᠣᠬᠢᠬᠤ ᠬᠡᠮᠵᠢᠶᠡᠨ᠎ᠤ ᠪᠠᠯᠠ ᠮᠦᠩᠭᠦᠨ᠎ᠤ ᠳᠡᠮᠵᠢᠯᠭᠡ ᠥᠭᠴᠦ ᠪᠣᠯᠤᠨ᠎ᠠ᠃ (ᠭᠤᠷᠪᠠ) ᠥᠭᠡᠷᠡᠴᠢᠯᠡᠯᠲᠡ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠠᠶ᠋ᠢᠨ ᠰᠠᠢ᠍ᠬᠠᠨ ᠬᠠᠷᠢᠯᠴᠠᠨ ᠭᠦᠳᠡᠯᠦᠯᠴᠡᠬᠦ ᠪᠣᠯᠭ᠋ᠠᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠵᠢᠨ ᠭᠦᠷᠢᠶᠡᠨᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ᠎ᠪᠠᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠦᠷᠢᠶᠡᠨᠤ ᠴᠢᠬᠤᠯᠠ ᠶᠡᠭᠡ ᠥᠭᠡᠷᠡᠴᠢᠯᠡᠯᠲᠡ᠎ᠯᠦᠭᠡ ᠣᠷᠭ᠋ᠠᠨᠢᠭ ᠵᠶ᠋ᠠᠷ ᠵᠤᠯᠭ᠋ᠠᠭᠤᠯᠤᠨ᠂ ᠨᠢᠭᠡᠳᠦᠯᠲᠡᠶ ᠲᠥᠯᠥᠪᠯᠡᠨ ᠠᠬᠢᠭᠤᠯᠵᠤ᠂ ᠰᠠᠶ᠋ᠢᠨ ᠰᠠᠢ᠍ᠬᠠᠨ ᠬᠠᠷᠢᠯᠴᠠᠨ ᠭᠦᠳᠡᠯᠦᠯᠴᠡᠬᠦ ᠪᠣᠯᠭ᠋ᠠᠨ᠂ ᠪᠣᠳᠠᠲᠤ ᠦᠷ᠎ᠡ ᠪᠦᠲᠦᠮᠵᠢ ᠤᠯᠬᠤ᠎ᠪᠠᠷ ᠴᠢᠷᠮᠠᠶ᠋ᠢᠬᠤ ᠬᠡᠷᠡᠭᠲᠡᠶ᠃ ᠤᠯᠤᠰ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠥᠭᠡᠷᠡᠴᠢᠯᠡᠯᠲᠡ ᠵᠢᠨ ᠠᠬᠢᠴᠠ ᠪᠠ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠨᠡᠶ᠋ᠢᠲᠡᠯᠡᠭᠰᠡᠨ ᠪᠠᠶ᠋ᠢᠳᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠭᠦᠷᠢᠶᠡᠨᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢᠨ ᠬᠤᠪᠢᠶᠠᠷᠢᠯᠠᠯ᠎ᠢ ᠴᠠᠭᠲᠤᠨᠢ ᠲᠤᠬᠢᠷᠠᠭᠤᠯᠵᠦ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠥᠳᠡᠯᠦᠩᠭᠦᠶ᠎ᠪᠠᠷ ᠳᠣᠭᠢᠷᠠᠭᠤᠯᠤᠨ᠂ ᠰᠠᠶ᠋ᠢᠨ ᠰᠠᠶ᠋ᠢᠬᠠᠨ ᠬᠠᠷᠢᠯᠴᠠᠨ ᠭᠦᠳᠡᠯᠦᠯᠴᠡᠬᠦ ᠪᠠ ᠬᠠᠮᠵᠢᠯᠴᠠᠨ ᠠᠬᠢᠭᠤᠯᠬᠤ ᠪᠠᠶ᠋ᠢᠳᠠᠯ᠎ᠢ ᠪᠣᠶ ᠪᠣᠯᠭ᠋ᠠᠨ᠎ᠠ᠃ ᠲᠥᠰᠦᠪ᠎ᠤᠨ ᠬᠠᠮᠢᠶᠠᠷᠤᠯᠲᠠ ᠵᠢᠨ ᠲᠦᠷᠢᠮ᠎ᠢ ᠲᠡᠭᠦᠯᠳᠡᠷᠵᠢᠭᠦᠯᠵᠦ᠂ ᠲᠥᠰᠦᠪ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠦᠨ᠂ ᠦᠯᠡᠳᠡᠭᠡᠯ ᠪᠡᠯᠡ ᠮᠥᠩᠭᠦ ᠵᠢ ᠭᠦᠢ᠍ᠯᠭᠡᠭᠡᠯᠡᠵᠣ᠂ ᠵᠠᠷᠤᠯᠭ᠎ᠠ ᠵᠢᠨ ᠪᠦᠲᠦᠴᠡ ᠵᠢ ᠰᠢᠯᠢᠳᠡᠭᠵᠢᠭᠦᠯᠦᠨ᠂ ᠵᠠᠮ ᠲᠡᠭᠡᠭᠡᠪᠦᠷᠢ ᠵᠢᠨ ᠭᠦᠷᠢᠶᠡᠨ᠎ᠳᠠᠬᠢ ᠪᠡᠯᠡ ᠮᠥᠩᠭᠦ ᠵᠢᠨ ᠲᠤᠬᠢᠷᠠᠭᠤᠯᠤᠯᠳᠠ ᠵᠢᠨ ᠦᠷ᠎ᠡ ᠪᠦᠲᠦᠮᠵᠢ ᠪᠠ ᠬᠡᠷᠡᠭᠯᠡᠯᠲᠡ ᠵᠢᠨ ᠦᠷ᠎ᠡ ᠠᠰᠢᠭ᠎ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃
(ᠳᠥᠷᠪᠡ) ᠲᠦᠬᠦᠷ ᠲᠦᠷᠢᠮ᠎ᠢ ᠲᠡᠭᠦᠯᠳᠡᠷᠵᠢᠭᠦᠯᠵᠦ᠂ ᠵᠢᠷᠤᠮᠵᠢᠭᠰᠠᠨ ᠠᠵᠢᠯᠯᠠᠭ᠋ᠠᠨ᠎ᠢ ᠠᠬᠢᠭᠤᠯᠤᠨ᠎ᠠ᠃ ᠡᠯ᠎ᠡ ᠠᠶ᠋ᠢᠮᠠᠭ ᠬᠤᠲᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ᠎ᠨᠢ ᠥᠭᠡᠷᠡᠴᠢᠯᠡᠯᠲᠡ ᠵᠢᠨ ᠵᠣᠷᠢᠭ ᠰᠠᠨᠠᠭ᠎ᠠ ᠶᠣᠰᠣᠭ᠋ᠠᠷ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠭᠦᠷᠢᠶᠡᠨ᠎ᠳᠠᠬᠢ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠵᠢᠨ ᠲᠠᠯ᠎ᠠ᠎ᠪᠠᠷ᠎ᠬᠢ ᠬᠠᠮᠢᠶ᠎ᠠ ᠪᠥᠬᠦᠶ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠲᠦᠷᠢᠮ ᠵᠢᠴᠢ ᠲᠦᠷᠢᠮ᠎ᠢ ᠪᠥᠬᠦ ᠲᠠᠯ᠎ᠠ᠎ᠪᠠᠷ ᠰᠢᠰᠲ᠋ᠧᠮ᠎ᠲᠠᠢ ᠡᠮᠬᠢᠯᠡᠨ ᠳᠢᠭᠯᠡᠭᠰᠡᠨ ᠰᠠᠭᠤᠷᠢᠨ ᠳᠡᠭᠡᠷ᠎ᠡ᠂ ᠬᠠᠮᠢᠶ᠎ᠠ ᠪᠥᠬᠦᠶ ᠬᠠᠮᠢᠶᠠᠷᠤᠯᠲᠠ ᠵᠢᠨ ᠲᠦᠷᠢᠮ᠎ᠳᠤ ᠱᠠᠯᠠᠪᠳᠠᠨ ᠵᠠᠰᠠᠪᠤᠷᠢ ᠣᠷᠣᠭᠤᠯᠵᠤ᠂ ᠬᠠᠮᠢᠶ᠎ᠠ ᠪᠥᠬᠦᠶ ᠬᠠᠤᠯᠢ ᠲᠣᠭᠲᠠᠭ᠋ᠠᠯ᠂ ᠲᠣᠭᠲᠠᠭ᠋ᠠᠯ ᠲᠦᠷᠢᠮ᠎ᠢ ᠲᠡᠭᠦᠯᠳᠡᠷᠵᠢᠭᠦᠯᠬᠦ᠎ᠪᠠᠨ ᠠᠬᠢᠭᠤᠯᠤᠨ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠭᠦᠷᠢᠶᠡᠨ᠎ᠳᠠᠬᠢ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢᠨ ᠬᠤᠪᠢᠶᠠᠷᠢᠯᠠᠯ᠎ᠢ ᠬᠠᠤᠯᠢ᠎ᠪᠠᠷ ᠵᠠᠰᠠᠬᠤ ᠪᠠ ᠵᠢᠷᠤᠮᠵᠢᠭᠤᠯᠬᠤ᠎ᠪᠠᠨ ᠠᠯᠬᠤᠮ ᠠᠯᠬᠤᠮ ᠵᠶ᠋ᠠᠷ ᠪᠡᠶᠡᠯᠡᠬᠦᠯᠬᠦ ᠬᠡᠷᠡᠭᠳᠡᠢ᠃
ᠲᠣᠰ ᠲᠥᠰᠦᠯ᠎ᠢ 2021 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠤᠷᠢᠨ᠎ᠤ ᠬᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠦᠯ
《ᠠᠮᠢ ᠠᠬᠤᠶ ᠣᠷᠴᠢᠨ ᠲᠣᠭᠤᠷᠢᠨ᠎ᠤ ᠭᠦᠷᠢᠶᠡᠨ᠎ᠳᠠᠬᠢ ᠲᠥᠪ᠎ᠤᠨ ᠬᠢᠬᠡᠳ ᠤᠷᠤᠨ ᠨᠤᠲᠤᠭ᠎ᠤᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ [2020] 13 ᠳ᠋ᠤᠭ᠋ᠠᠷ ᠲᠣᠭ᠋ᠠᠲᠤ) ᠪᠠ 《ᠥᠪᠡᠷᠲᠡᠭᠡᠨ ᠵᠠᠰᠠᠬᠤ ᠣᠷᠣᠨ᠎ᠠᠴᠠ ᠳᠣᠷᠣᠭᠰᠢᠬᠢ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢ ᠠᠬᠢᠭᠤᠯᠬᠤ ᠵᠢᠨ ᠬᠡᠷᠡᠭᠵᠢᠭᠦᠯᠬᠦ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠥᠪᠥᠷ ᠵᠠᠰᠠᠭ ᠲᠠᠷᠬᠠᠭ᠋ᠠᠭᠰᠠᠨ [2020] 13 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ᠂ ᠡᠳᠦᠭᠡ ᠠᠮᠢ ᠠᠬᠤᠶ ᠣᠷᠴᠢᠨ ᠲᠣᠭᠤᠷᠢᠨ᠎ᠤ ᠭᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ᠎ᠳᠤ ᠲᠣᠰ ᠲᠥᠰᠦᠯ᠎ᠢ ᠲᠣᠭᠲᠠᠭ᠋ᠠᠪᠠ᠃
ᠨᠢᠭᠡ᠂ ᠶᠡᠷᠦᠩᠬᠡᠶ ᠱᠠᠭ᠋ᠠᠷᠳᠠᠯᠭ᠎ᠠ
( ᠨᠢᠭᠡ) ᠵᠢᠯᠣᠭᠤᠳᠬᠤ ᠦᠵᠡᠯ ᠰᠠᠨᠠᠭ᠎ᠠ᠃
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠦᠭᠦᠳᠡ ᠬᠤᠷᠠᠯ ᠵᠢᠴᠢ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠭᠦᠭᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ ᠤᠰᠤ ᠮᠦᠨ ᠭᠡᠬᠦ ᠣᠨᠣᠯᠵᠢᠬᠤᠨ᠎ᠢ ᠪᠠᠷᠢᠮᠲᠠᠯᠠᠨ᠂ ᠠᠮᠢ ᠠᠬᠤᠶ ᠵᠢ ᠤᠷᠢᠳ ᠵᠶ᠋ᠠᠷ ᠪᠤᠳᠤᠯᠬᠢᠯᠠᠬᠤ᠂ ᠪᠣᠬᠢᠷᠲᠤᠯ ᠦᠭᠡᠶ᠎ᠪᠠᠷ ᠬᠥᠭᠵᠢᠭᠦᠯᠬᠦ ᠱᠠᠭ᠋ᠠᠷᠳᠠᠯᠭ᠎ᠠ ᠶᠣᠰᠣᠭ᠋ᠠᠷ᠂ ᠣᠳᠣ ᠦᠶ᠎ᠡ ᠵᠢᠨ ᠡᠳ᠋᠎ᠤᠨ ᠵᠠᠰᠠᠭ᠎ᠤᠨ ᠳᠦᠷᠢᠮ᠎ᠢ ᠲᠦᠷᠭᠡᠳᠬᠡᠨ ᠪᠠᠶ᠋ᠢᠭᠤᠯᠵᠤ᠂ ᠵᠠᠰᠠᠭ᠎ᠤᠨ ᠣᠷᠳᠣᠨ᠎ᠤ ᠬᠤᠭᠤᠷᠣᠨᠳᠣᠬᠢ ᠠᠵᠢᠯ ᠶᠠᠪᠤᠳᠠᠯ᠎ᠤᠨ ᠡᠷᠬᠡ ᠪᠠ ᠡᠳ᠋᠎ᠤᠨ ᠵᠠᠰᠠᠭ᠎ᠤᠨ ᠡᠷᠬᠡ ᠵᠢᠨ ᠬᠤᠪᠢᠶᠠᠷᠢᠯᠠᠯ᠎ᠢ ᠰᠢᠯᠢᠳᠡᠭᠵᠢᠭᠦᠯᠵᠦ᠂ ᠡᠷᠬᠡ ᠪᠠ ᠬᠠᠷᠢᠭᠤᠴᠠᠯᠭ᠎ᠠ᠎ᠨᠢ ᠲᠣᠳᠣᠷᠬᠠᠶ᠂ ᠡᠳ᠋᠎ᠤᠨ ᠬᠦᠴᠦᠨ᠎ᠨᠢ ᠵᠣᠬᠢᠴᠠᠩᠭᠤᠶ᠂ ᠣᠷᠣᠨ ᠪᠦᠰᠡ᠎ᠨᠢ ᠲᠡᠩᠴᠡᠭᠦᠷᠢᠲᠡᠶ ᠠᠮᠢ ᠠᠬᠤᠶ ᠣᠷᠴᠢᠨ ᠲᠣᠭᠤᠷᠢᠨ᠎ᠤ ᠭᠦᠷᠢᠶᠡᠨ᠎ᠳᠠᠬᠢ ᠥᠪᠡᠷᠲᠡᠭᠡᠨ ᠵᠠᠰᠠᠬᠤ ᠣᠷᠣᠨ ᠪᠠ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠬᠠᠷᠢᠴᠠᠭ᠎ᠠ ᠵᠢ ᠪᠠᠶ᠋ᠢᠭᠤᠯᠤᠨ᠂ ᠲᠣᠨᠨᠳᠠᠪᠤᠷᠢ ᠪᠦᠭᠦᠢ ᠵᠠᠰᠠᠭ᠎ᠤᠨ ᠣᠷᠳᠣᠨ᠎ᠤ ᠠᠵᠢᠯ ᠶᠠᠪᠤᠳᠠᠯ᠎ᠤᠨ ᠡᠷᠬᠡ᠂ ᠵᠠᠷᠤᠯᠭ᠎ᠠ ᠵᠢᠨ ᠬᠠᠷᠢᠭᠤᠴᠠᠯᠭ᠎ᠠ ᠪᠠ ᠡᠳ᠋᠎ᠤᠨ ᠬᠦᠴᠦᠨ᠎ᠨᠢ ᠬᠠᠷᠢᠯᠴᠠᠨ ᠵᠣᠬᠢᠴᠠᠯᠳᠤᠭᠰᠠᠨ ᠲᠦᠷᠢᠮ᠎ᠢ ᠪᠤᠢ ᠪᠣᠯᠭ᠋ᠠᠵᠤ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠵᠢ ᠡᠷᠡᠰ ᠳᠡᠮᠵᠢᠨ᠂ ᠠᠮᠢ ᠠᠬᠤᠶ ᠵᠢᠨ ᠪᠣᠯᠪᠠᠰᠤᠨ᠎ᠤ ᠲᠣᠭᠲᠠᠯᠴᠠᠭ᠎ᠠ ᠵᠢ ᠲᠦᠷᠬᠡᠳᠬᠡᠨ ᠪᠠᠶ᠋ᠢᠭᠤᠯᠵᠤ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯ᠎ᠤᠨ ᠥᠭᠡᠷᠡᠴᠢᠯᠡᠯᠲᠡ ᠵᠢ ᠠᠬᠢᠭᠤᠯᠤᠨ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠦᠳᠦᠭᠡᠨ ᠪᠠᠶ᠋ᠢᠭᠤᠯᠤᠯᠲᠠ ᠵᠢ ᠠᠬᠢᠭᠤᠯᠬᠤ ᠪᠠ ᠬᠥᠮᠦᠨ ᠬᠢᠭᠡᠳ ᠪᠠᠶ᠋ᠢᠭ᠋ᠠᠯᠢ ᠵᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ ᠵᠢ ᠪᠡᠶᠡᠯᠡᠭᠦᠯᠬᠦ᠎ᠳᠤ ᠬᠦᠴᠦᠲᠡᠶ ᠲᠣᠯᠭ᠋ᠠᠭᠤᠷᠢᠯᠠᠯ ᠬᠠᠩᠭ᠋ᠠᠨ᠎ᠠ᠃
( ᠬᠤᠶᠠᠷ ) ᠦᠨᠳᠦᠰᠦᠨ ᠵᠠᠷᠴᠢᠮ᠃
— ᠪᠦᠷᠢᠨ ᠲᠡᠭᠦᠯᠳᠡᠷ ᠠᠵᠢᠯ ᠶᠠᠪᠤᠳᠠᠯ᠎ᠤᠨ ᠡᠷᠬᠡ ᠵᠢᠨ ᠪᠣᠷᠣ ᠲᠥᠰᠥᠪ᠎ᠢ ᠪᠠᠶ᠋ᠢᠭᠤᠯᠵᠤ᠂ ᠡᠯ᠎ᠡ ᠱᠠᠲᠤᠨ᠎ᠤ ᠡᠷᠬᠡ ᠪᠠ ᠬᠠᠷᠢᠭᠤᠴᠠᠯᠭ᠎ᠠ ᠵᠢᠨ ᠬᠤᠪᠢᠶᠠᠷᠢᠯᠠᠯ᠎ᠢ ᠲᠣᠳᠣᠷᠬᠠᠶ᠋ᠢᠯᠠᠨ᠎ᠠ᠃ ᠲᠥᠪ᠎ᠤᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠬᠤ ᠪᠠ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠳᠤ ᠰᠠᠭᠤᠷᠢᠯᠠᠬᠤ ᠵᠢ ᠤᠶᠠᠯᠳᠤᠭᠤᠯᠬᠤ᠎ᠪᠠᠨ ᠪᠠᠷᠢᠮᠳᠠᠯᠠᠨ᠂ ᠲᠥᠪ᠎ᠤᠨ ᠠᠮᠢ ᠠᠬᠤᠶ ᠣᠷᠴᠢᠨ ᠲᠣᠭᠤᠷᠢᠨ᠎ᠤ ᠬᠦᠷᠢᠶᠡᠨ᠎ᠳᠠᠬᠢ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢᠨ ᠬᠤᠪᠢᠶᠠᠷᠢᠯᠠᠯ᠎ᠤᠨ ᠪᠣᠷᠣ ᠲᠥᠰᠥᠪ᠎ᠢ ᠵᠢᠷᠤᠮᠯᠠᠵᠤ᠂ ᠪᠥᠬᠦ ᠲᠠᠯ᠎ᠠ᠎ᠪᠠᠷ ᠡᠮᠬᠢᠯᠡᠵᠤ ᠨᠠᠷᠢᠯᠢᠭᠵᠢᠭᠤᠯᠤᠨ᠂ ᠪᠥᠬᠦ ᠲᠠᠯ᠎ᠠ ᠵᠢ ᠬᠠᠮᠤᠷᠤᠭᠰᠠᠨ᠂ ᠲᠠᠰ ᠱᠠᠳᠣ᠎ᠨᠢ ᠲᠣᠳᠣᠷᠬᠠᠶ ᠪᠠᠶ᠋ᠢᠬᠤ ᠠᠵᠢᠯ ᠶᠠᠪᠤᠳᠠᠯ᠎ᠤᠨ ᠡᠷᠬᠡ ᠵᠢᠨ ᠪᠣᠷᠣ ᠲᠥᠰᠥᠪ᠎ᠢ ᠪᠦᠷᠢᠯᠳᠦᠭᠦᠯᠦᠨ᠎ᠡ᠃ ᠲᠣᠭᠲᠠᠭᠤᠨ ᠪᠠᠶ᠋ᠢᠯᠭ᠋ᠠᠬᠤ ᠵᠢᠨ ᠵᠡᠷᠭᠡ᠎ᠳᠤ ᠤᠷᠤᠭᠰᠢᠯᠠᠭᠤᠯᠬᠤ ᠬᠢᠬᠡᠳ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠤᠶᠠᠯᠳᠤᠭᠤᠯᠬᠤ᠎ᠪᠠᠨ ᠪᠠᠷᠢᠮᠲᠠᠯᠠᠵᠤ᠂ ᠲᠡᠦᠬᠡ ᠵᠢᠨ ᠤᠯᠠᠷᠢᠯ ᠬᠤᠪᠢᠰᠤᠯᠲᠠ ᠵᠢ ᠬᠦᠨᠳᠦᠳᠭᠡᠨ᠂ ᠤᠳᠤ ᠵᠢᠨ ᠬᠡᠷᠡᠭᠵᠢᠭᠦᠯᠵᠦ ᠪᠠᠶ᠋ᠢᠭ᠎ᠠ ᠪᠠᠶ᠋ᠢᠭᠤᠯᠤᠯᠯᠤᠭᠠ ᠵᠣᠯᠭ᠋ᠠᠭᠤᠯᠬᠤ ᠵᠢ ᠴᠢᠬᠤᠯᠠᠴᠢᠯᠠᠵᠤ᠂ ᠤᠳᠤ ᠵᠢᠨ ᠬᠡᠷᠡᠭᠵᠢᠭᠦᠯᠵᠦ ᠪᠠᠶ᠋ᠢᠭ᠎ᠠ ᠬᠤᠪᠢᠶᠠᠷᠢᠯᠠᠯ ᠵᠶ᠋ᠠᠷ ᠨᠡᠯᠢᠶᠡᠳ ᠰᠢᠨᠵᠢᠯᠡᠬᠦ ᠤᠬᠠᠭ᠋ᠠᠨᠴᠢ ᠵᠦᠢ ᠵᠣᠬᠢᠰᠲᠠᠢ ᠵᠦᠢ᠍ᠯᠡᠰ᠎ᠢ ᠨᠤᠲᠠᠯᠠᠨ ᠲᠣᠭᠲᠠᠭ᠋ᠠᠵᠤ᠂ ᠤᠳᠤ ᠵᠢᠨ ᠬᠡᠷᠡᠭᠵᠢᠭᠦᠯᠵᠦ ᠪᠠᠶ᠋ᠢᠭ᠎ᠠ ᠬᠤᠪᠢᠶᠠᠷᠢᠯᠠᠯ᠎ᠨᠢ ᠵᠦᠢ ᠵᠤᠬᠢᠰ ᠦᠭᠡᠢ ᠵᠦᠢ᠍ᠯᠡᠰ᠎ᠲᠤ ᠲᠤᠬᠢᠷᠠᠭᠤᠯᠤᠯᠳᠠ ᠬᠢᠵᠦ᠂ ᠥᠭᠡᠷᠡᠴᠢᠯᠡᠯᠲᠡ ᠵᠢᠨ ᠨᠥᠬᠦᠴᠡᠯ ᠬᠠᠷᠠᠬᠠᠨ ᠪᠦᠷᠢᠯᠳᠦᠭᠡᠳᠦᠢ ᠪᠠᠶ᠋ᠢᠪᠠᠯ ᠤᠳᠤ ᠵᠢᠨ ᠬᠡᠷᠡᠭᠵᠢᠭᠦᠯᠵᠦ ᠪᠠᠶ᠋ᠢᠭ᠎ᠠ ᠬᠤᠪᠢᠶᠠᠷᠢᠯᠠᠯ ᠵᠶ᠋ᠠᠨ ᠲᠦᠷ ᠦᠷᠭᠦᠯᠵᠢᠯᠡᠭᠦᠯᠵᠦ᠂ ᠮᠠᠨ᠎ᠤ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠭᠦᠷᠢᠶᠡᠨᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠣᠯᠤᠨ ᠵᠠᠷᠤᠯᠭ᠎ᠠ ᠵᠢᠨ ᠬᠠᠷᠢᠭᠤᠴᠠᠯᠭ᠎ᠠ ᠵᠢᠨ ᠪᠣᠷᠣ ᠲᠥᠰᠥᠪ ᠪᠠ ᠡᠳ᠋᠎ᠤᠨ ᠬᠦᠴᠦᠨ᠎ᠤ ᠪᠠᠶ᠋ᠢᠷᠢᠰᠢᠯ᠎ᠢ ᠶᠡᠷᠦᠩᠬᠡᠢ᠎ᠳᠤ᠎ᠨᠢ ᠲᠣᠭᠲᠠᠭᠤᠨ ᠪᠠᠶ᠋ᠢᠯᠭ᠋ᠠᠬᠤ ᠵᠢ ᠪᠠᠲᠤᠯᠠᠨ᠎ᠠ᠃
— ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠶ ᠲᠦᠯᠦᠪᠯᠡᠬᠦ ᠵᠢ ᠴᠢᠩᠭ᠋ᠠᠳᠬᠠᠵᠤ᠂ ᠣᠷᠣᠨ ᠪᠦᠰᠡ ᠵᠢᠨ ᠵᠣᠬᠢᠴᠠᠩᠭᠤᠶ ᠬᠥᠭᠵᠢᠯᠲᠡ ᠵᠢ ᠠᠬᠢᠭᠤᠯᠤᠨ᠎ᠠ᠃ ᠴᠢᠬᠤᠯᠠ ᠶᠡᠭᠡ ᠵᠦᠢ᠍ᠯᠡᠰ᠎ᠢ ᠥᠪᠡᠷᠲᠡᠭᠡᠨ ᠵᠠᠰᠠᠬᠤ ᠣᠷᠣᠨ᠎ᠠᠴᠠ ᠨᠢᠭᠡᠳᠦᠯᠲᠡᠶ ᠲᠥᠯᠥᠪᠯᠡᠬᠦ ᠵᠢ ᠴᠢᠩᠭ᠋ᠠᠳᠬᠠᠵᠤ᠂ ᠠᠮᠢ ᠠᠬᠤᠶ ᠣᠷᠴᠢᠨ ᠲᠣᠭᠤᠷᠢᠨ᠎ᠤ ᠵᠠᠰᠠᠯᠲᠠ ᠪᠠ ᠬᠠᠮᠠᠭ᠋ᠠᠯᠠᠯᠲᠠ ᠵᠢᠨ ᠦᠷ᠎ᠡ ᠠᠰᠢᠭ᠎ᠢ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠣᠷᠣᠨ ᠪᠦᠰᠡ ᠵᠢᠨ ᠵᠣᠬᠢᠴᠠᠩᠭᠤᠶ ᠬᠥᠭᠵᠢᠯᠲᠡ᠂ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠰᠢᠭᠤᠯᠤᠯᠲᠠ᠎ᠳᠤ ᠬᠤᠯᠪᠣᠭᠳᠠᠭᠰᠠᠨ ᠴᠢᠬᠤᠯᠠ ᠶᠡᠭᠡ ᠠᠮᠢ ᠠᠬᠤᠶ ᠣᠷᠴᠢᠨ ᠲᠣᠭᠤᠷᠢᠨ᠎ᠤ ᠭᠦᠷᠢᠶᠡᠨᠤ ᠵᠦᠢ᠍ᠯᠡᠰ᠎ᠢ ᠨᠢᠭᠡᠳᠦᠯᠲᠡᠶ ᠲᠥᠯᠥᠪᠯᠡᠬᠦ ᠬᠠᠷᠢᠭᠤᠴᠠᠯᠭ᠎ᠠ ᠵᠢ ᠴᠢᠩᠭ᠋ᠠᠳᠬᠠᠵᠤ᠂ ᠦᠨᠳᠦᠰᠦᠨ ᠱᠠᠲᠤᠨ᠎ᠤ ᠵᠠᠷᠤᠯᠭ᠎ᠠ ᠵᠢᠨ ᠳᠠᠷᠤᠭ᠋ᠠᠰᠤ ᠵᠢ ᠬᠦᠩᠭᠡᠷᠡᠭᠦᠯᠦᠨ᠂ ᠰᠢᠨ᠎ᠡ ᠵᠢ ᠡᠭᠦᠳᠬᠦ ᠬᠥᠭᠵᠢᠯᠲᠡ ᠵᠢᠨ ᠣᠨᠣᠯᠵᠢᠬᠤᠨ᠎ᠢ ᠡᠵᠡᠮᠳᠡᠨ᠂ ᠲᠦᠷᠢᠮ᠎ᠤᠨ ᠰᠢᠨ᠎ᠡ ᠵᠢ ᠡᠭᠦᠳᠬᠦ᠂ ᠬᠠᠮᠢᠶᠠᠷᠤᠯᠲᠠ ᠵᠢᠨ ᠰᠢᠨ᠎ᠡ ᠵᠢ ᠡᠭᠦᠳᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠴᠢᠩᠭ᠋ᠠᠳᠬᠠᠵᠤ᠂ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠭᠰᠠᠨ ᠰᠠᠭᠤᠷᠢᠨ ᠳᠡᠭᠡᠷ᠎ᠡ᠂ ᠵᠠᠰᠠᠭ᠎ᠤᠨ ᠣᠷᠳᠣᠨ ᠵᠶ᠋ᠠᠷ ᠭᠤᠣᠯᠯᠠᠭᠤᠯᠤᠭᠰᠠᠨ᠂ ᠠᠵᠤ ᠠᠬᠤᠶ᠋ᠢᠯᠠᠯ ᠵᠶ᠋ᠠᠷ ᠭᠤᠣᠯ ᠴᠣᠭᠴᠠ ᠪᠣᠯᠭ᠋ᠠᠭᠰᠠᠨ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠪᠠ ᠨᠡᠶ᠋ᠢᠲᠡ ᠤᠯᠠᠨ ᠵᠶ᠋ᠠᠷ ᠵᠶ᠋ᠠᠨ ᠣᠷᠣᠯᠴᠠᠭᠰᠠᠨ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠶᠡᠭᠡ ᠪᠠᠶ᠋ᠢᠷᠢᠰᠢᠯ᠎ᠢ ᠪᠠᠶ᠋ᠢᠭᠤᠯᠬᠤ᠎ᠪᠠᠨ ᠲᠦᠷᠭᠡᠳᠬᠡᠨ ᠠᠬᠢᠭᠤᠯᠵᠤ᠂ ᠠᠷᠠᠳ ᠤᠯᠠᠨ᠎ᠤ ᠠᠮᠢ ᠠᠬᠤᠢ ᠣᠷᠴᠢᠨ ᠲᠣᠭᠤᠷᠢᠨ᠎ᠤ ᠬᠦᠷᠲᠡᠮᠵᠢ ᠵᠢᠨ ᠲᠦᠷᠦᠭᠳᠡᠯ᠂ ᠵᠤᠯ ᠵᠢᠷᠭ᠋ᠠᠯᠲᠤ ᠲᠦᠷᠦᠭᠳᠡᠯ᠂ ᠠᠮᠤᠷ ᠲᠦᠪᠰᠢᠨ᠎ᠤ ᠲᠦᠷᠦᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃
— ᠠᠶ᠋ᠢᠮᠠᠭ ᠬᠤᠲᠠ ᠵᠢᠨ ᠬᠠᠮᠢᠶᠠᠷᠤᠯᠲᠠ ᠵᠢᠨ ᠳᠠᠪᠠᠭᠤᠯᠢᠭ᠎ᠢ ᠪᠠᠳᠠᠷᠠᠭᠤᠯᠵᠤ᠂ ᠬᠠᠮᠵᠢᠯᠴᠬᠠᠰᠠᠨ ᠨᠡᠶ᠋ᠢᠯᠡᠮᠡᠯ ᠬᠦᠴᠦᠨ᠎ᠢ ᠪᠣᠶ ᠪᠣᠯᠭ᠋ᠠᠨ᠎ᠠ᠃ ᠰᠢᠯᠢᠳᠡᠭᠵᠢᠭᠦᠯᠦᠨ ᠲᠣᠬᠢᠷᠠᠭᠤᠯᠵᠤ᠂ ᠠᠶ᠋ᠢᠮᠠᠭ ᠬᠤᠲᠠ ᠵᠢᠨ ᠳᠠᠪᠠᠭᠤᠯᠢᠭ᠎ᠢ ᠪᠠᠳᠠᠷᠠᠭᠤᠯᠤᠨ᠂ ᠲᠤᠬᠠᠶ ᠵᠢᠨ ᠭᠠᠵᠠᠷ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠢᠷᠢ ᠲᠦᠪᠰᠢᠨ ᠪᠠ ᠡᠳ᠋᠎ᠤᠨ ᠵᠠᠰᠠᠭ᠎ᠤᠨ ᠳᠠᠭ᠋ᠠᠭ᠋ᠠᠬᠤ ᠴᠢᠳᠠᠪᠤᠷᠢ ᠵᠢ ᠭᠦᠢ᠍ᠴᠡᠳ ᠪᠣᠳᠣᠯᠬᠢᠯᠠᠭᠰᠠᠨ ᠰᠠᠭᠤᠷᠢᠨ ᠳᠡᠭᠡᠷ᠎ᠡ᠂ ᠠᠮᠢ ᠠᠬᠤᠶ ᠣᠷᠴᠢᠨ ᠲᠣᠭᠤᠷᠢᠨ᠎ᠤ ᠭᠦᠷᠢᠶᠡᠨ᠎ᠳᠠᠬᠢ ᠡᠯ᠎ᠡ ᠲᠥᠷᠥᠯ᠎ᠤᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠵᠦᠶ ᠵᠣᠬᠢᠰᠲᠠᠶ ᠲᠣᠭᠲᠠᠭ᠋ᠠᠵᠤ᠂ ᠡᠷᠬᠡ᠂ ᠬᠠᠷᠢᠭᠤᠴᠠᠯᠭ᠎ᠠ᠂ ᠠᠰᠢᠭ᠎ᠢ ᠨᠢᠭᠡᠳᠦᠯᠲᠡᠶ ᠪᠠᠶ᠋ᠢᠯᠭ᠋ᠠᠬᠤ ᠵᠢ ᠪᠡᠶᠡᠯᠡᠭᠦᠯᠦᠨ᠂ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ ᠪᠠ ᠵᠠᠰᠠᠭ ᠵᠠᠬᠢᠷᠭ᠋ᠠᠨ᠎ᠤ ᠦᠷ᠎ᠡ ᠪᠦᠲᠦᠮᠵᠢ ᠵᠢ ᠨᠠᠩ ᠰᠠᠶ᠋ᠢᠲᠤᠷ ᠳᠡᠭᠡᠭᠰᠢᠯᠡᠭᠦᠯᠦᠨ᠂ ᠡᠳ᠋᠎ᠤᠨ ᠵᠠᠰᠠᠭ᠎ᠤᠨ ᠦᠷᠭᠦᠯᠵᠢᠯᠡᠬᠦ ᠵᠢ ᠦᠨᠡᠨ ᠬᠦ᠌ ᠪᠠᠲᠤᠯᠠᠨ᠎ᠠ᠃ ᠠᠶ᠋ᠢᠮᠠᠭ ᠬᠤᠲᠠ ᠵᠢᠨ ᠵᠠᠷᠤᠯᠭ᠎ᠠ ᠵᠢᠨ ᠬᠠᠷᠢᠭᠤᠴᠠᠯᠭ᠎ᠠ ᠵᠢ ᠲᠣᠳᠣᠷᠬᠠᠶ᠋ᠢᠯᠠᠭᠰᠠᠨ ᠪᠠᠶ᠋ᠢᠪᠠᠯ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠪᠣᠳᠠᠲᠤ ᠪᠠᠶ᠋ᠢᠳᠠᠯ᠎ᠤᠨ ᠬᠡᠷᠡᠭᠴᠡᠭᠡ ᠵᠢ᠎ᠨᠢ ᠦᠨᠳᠦᠰᠦᠯᠡᠨ᠂ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ᠎ᠲᠠᠢ᠎ᠨᠢ ᠤᠶᠠᠯᠳᠤᠭᠤᠯᠤᠨ ᠨᠥᠬᠦᠪᠥᠷᠢ ᠥᠭᠴᠦ᠂ ᠠᠶ᠋ᠢᠮᠠᠭ ᠬᠤᠲᠠ ᠵᠢᠨ ᠢᠳᠡᠪᠬᠢᠵᠢᠯ᠎ᠢ ᠭᠦᠢ᠍ᠴᠡᠳ ᠳᠠᠶ᠋ᠢᠴᠢᠯᠠᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠤᠷᠢᠨ᠎ᠤ ᠵᠠᠰᠠᠯᠲᠠ ᠵᠢᠨ ᠲᠣᠭᠲᠠᠯᠴᠠᠭ᠎ᠠ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠬᠦᠴᠦ᠎ᠪᠠᠨ ᠬᠠᠮᠲᠤᠳᠬᠠᠨ ᠠᠬᠢᠭᠤᠯᠤᠨ᠎ᠠ᠃
ᠬᠤᠶᠠᠷ᠂ ᠭᠤᠣᠯ ᠠᠭᠤᠯᠭ᠎ᠠ
( ᠨᠢᠭᠡ) ᠠᠮᠢ ᠠᠬᠤᠶ ᠣᠷᠴᠢᠨ ᠲᠣᠭᠤᠷᠢᠨ᠎ᠤ ᠲᠥᠯᠥᠪᠵᠢᠭᠦᠯᠭᠡ ᠵᠢᠨ ᠲᠦᠷᠢᠮ᠎ᠢ ᠲᠣᠭᠲᠠᠭ᠋ᠠᠨ᠎ᠠ᠃
1. ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠤᠷᠢᠨ᠎ᠤ ᠲᠥᠯᠥᠪᠵᠢᠭᠦᠯᠭᠡ᠂ ᠣᠷᠣᠨ ᠪᠦᠰᠡ ᠠᠯᠤᠰᠯᠠᠭᠰᠠᠨ ᠠᠮᠢ ᠠᠬᠤᠶ ᠣᠷᠴᠢᠨ ᠲᠣᠭᠤᠷᠢᠨ᠎ᠤ ᠲᠥᠯᠥᠪᠵᠢᠭᠦᠯᠭᠡ᠂ ᠭᠤᠣᠯᠳᠠᠯᠭ᠎ᠠ᠎ᠲᠠᠢ ᠰᠠᠪᠠ ᠭᠠᠵᠠᠷ᠎ᠤᠨ ᠠᠮᠢ ᠠᠬᠤᠶ ᠣᠷᠴᠢᠨ ᠲᠣᠭᠤᠷᠢᠨ᠎ᠤ ᠲᠥᠯᠥᠪᠵᠢᠭᠦᠯᠭᠡ᠂ ᠨᠥᠯᠥᠭᠡ᠎ᠪᠠᠷ ᠨᠡᠯᠢᠶᠡᠳ ᠶᠡᠭᠡ ᠪᠣᠯᠬᠤ ᠭᠤᠣᠯᠳᠠᠯᠭ᠎ᠠ᠎ᠲᠠᠢ ᠣᠷᠣᠨ ᠪᠦᠰᠡ ᠵᠢᠨ ᠠᠮᠢ ᠠᠬᠤᠶ ᠣᠷᠴᠢᠨ ᠲᠣᠭᠤᠷᠢᠨ᠎ᠤ ᠲᠥᠯᠥᠪᠵᠢᠭᠦᠯᠭᠡ ᠪᠠ ᠪᠦᠬᠦ ᠣᠷᠣᠨ᠎ᠤ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠲᠥᠯᠥᠪᠵᠢᠭᠦᠯᠭᠡ ᠵᠢᠴᠢ ᠠᠵᠢᠯ᠎ᠤᠨ ᠲᠥᠰᠦᠯ᠂ ᠬᠦᠯᠡᠮᠵᠢ ᠵᠢᠨ ᠬᠡᠶ ᠪᠡᠶᠡᠲᠦ ᠵᠢᠨ ᠭᠠᠳᠠᠭᠰᠢᠯᠠᠭᠤᠯᠤᠯᠲᠠ ᠵᠢ ᠬᠢᠵᠠᠭ᠋ᠠᠷᠯᠠᠬᠤ᠂ ᠪᠣᠬᠢᠷᠲᠤᠯ ᠥᠬᠡᠶ ᠪᠦᠬᠡᠳ ᠨᠡᠭᠦᠷᠡᠰᠣᠳᠦ᠋ᠷᠦᠭᠴᠢ ᠪᠠᠭ᠋ᠠᠳᠠᠢ ᠬᠥᠭᠵᠢᠯᠲᠡ ᠵᠢ ᠠᠬᠢᠭᠤᠯᠬᠤ ᠵᠢᠨ ᠲᠥᠷᠥ ᠵᠢᠨ ᠪᠣᠳᠣᠯᠭ᠎ᠠ ᠲᠤᠬᠲᠠᠭ᠋ᠠᠬᠤ ᠵᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠣᠯᠬᠤ᠎ᠪᠠᠷ ᠨᠤᠲᠠᠯᠠᠨ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠨ᠎ᠡ᠃
2. ᠠᠮᠢ ᠠᠬᠤᠶ ᠣᠷᠴᠢᠨ ᠲᠣᠭᠤᠷᠢᠨ᠎ᠤ ᠪᠤᠰᠤᠳ ᠲᠥᠯᠥᠪᠵᠢᠭᠦᠯᠭᠡ ᠲᠣᠭᠲᠠᠭ᠋ᠠᠬᠤ ᠵᠢ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠪᠠᠷ ᠨᠤᠲᠠᠯᠠᠨ ᠲᠣᠭᠲᠠᠭ᠋ᠠᠵᠣ᠂ ᠠᠶ᠋ᠢᠮᠠᠭ ᠬᠤᠲᠠ᠎ᠨᠢ ᠵᠠᠷᠤᠯᠭ᠎ᠠ ᠵᠢᠨ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠨ᠎ᠡ᠃
( ᠬᠤᠶᠠᠷ) ᠠᠮᠢ ᠠᠬᠤᠶ ᠣᠷᠴᠢᠨ ᠲᠣᠭᠤᠷᠢᠨ᠎ᠢ ᠬᠢᠨᠠᠨ ᠰᠢᠨᠵᠢᠵᠦ ᠬᠠᠤᠯᠢ ᠬᠡᠷᠡᠭᠵᠢᠭᠦᠯᠦᠨ᠎ᠡ᠃
1. ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠤᠷᠢᠨ᠎ᠤ ᠬᠢᠨᠠᠨ ᠰᠢᠨᠵᠢᠬᠦ ᠰᠦᠯᠵᠢᠶ᠎ᠡ ᠵᠢᠨ ᠪᠥᠲᠥᠭᠡᠨ ᠪᠠᠶ᠋ᠢᠭᠤᠯᠤᠯᠲᠠ ᠬᠢᠭᠡᠳ ᠠᠵᠢᠯᠯᠠᠭ᠋ᠠᠨ᠎ᠤ ᠬᠠᠮᠠᠭ᠋ᠠᠯᠠᠯᠲᠠ᠂ ᠠᠮᠢ ᠠᠬᠤᠶ ᠣᠷᠴᠢᠨ ᠲᠣᠭᠤᠷᠢᠨ᠎ᠤ ᠬᠠᠤᠯᠢ ᠬᠡᠷᠡᠭᠵᠢᠭᠦᠯᠬᠦ ᠡᠩᠨᠡᠭᠡ ᠵᠢᠨ ᠴᠢᠳᠠᠪᠤᠷᠢ ᠵᠢᠨ ᠪᠠᠶ᠋ᠢᠭᠤᠯᠤᠯᠲᠠ ᠵᠡᠷᠭᠡ ᠵᠦᠢ᠍ᠯᠡᠰ ᠬᠢᠬᠡᠳ ᠠᠮᠢ ᠠᠬᠤᠶ ᠣᠷᠴᠢᠨ ᠲᠣᠭᠤᠷᠢᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠬᠠᠮᠢᠶ᠎ᠠ ᠪᠥᠬᠦᠶ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠭᠰᠡᠨ ᠪᠠᠶ᠋ᠢᠳᠠᠯ ᠵᠢᠴᠢ ᠠᠮᠢ ᠠᠬᠤᠶ ᠣᠷᠴᠢᠨ ᠲᠣᠭᠤᠷᠢᠨ᠎ᠤ ᠶᠠᠰᠤ ᠴᠢᠨᠠᠷ᠎ᠤᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠳᠤ ᠬᠢᠨᠠᠯᠲᠠ ᠲᠠᠯᠪᠢᠨ ᠪᠠᠶ᠋ᠢᠴᠠᠭ᠋ᠠᠬᠤ᠂ ᠪᠥᠬᠦ ᠣᠷᠣᠨ᠎ᠤ ᠴᠢᠨᠠᠷᠲᠠᠶ ᠠᠮᠢ ᠠᠬᠤᠶ ᠣᠷᠴᠢᠨ ᠲᠣᠭᠤᠷᠢᠨ᠎ᠤ ᠬᠠᠤᠯᠢ ᠬᠡᠷᠡᠭᠵᠢᠬᠦᠯᠦᠨ ᠪᠠᠶ᠋ᠢᠴᠠᠭ᠋ᠠᠬᠤ ᠪᠠ ᠰᠢᠮᠳᠠᠭᠤᠯᠤᠨ ᠪᠠᠶ᠋ᠢᠴᠠᠭ᠋ᠠᠬᠤ ᠵᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠪᠠᠷ ᠨᠤᠲᠠᠯᠠᠨ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠨ᠎ᠡ᠃
2. ᠠᠶ᠋ᠢᠮᠠᠭ ᠬᠤᠲᠠ ᠵᠢᠨ ᠠᠮᠢ ᠠᠬᠤᠶ ᠣᠷᠴᠢᠨ ᠲᠣᠭᠤᠷᠢᠨ᠎ᠤ ᠬᠢᠨᠠᠨ ᠰᠢᠨᠵᠢᠬᠦ᠂ ᠠᠮᠢ ᠠᠬᠤᠶ ᠣᠷᠴᠢᠨ ᠲᠣᠭᠤᠷᠢᠨ᠎ᠤ ᠬᠠᠤᠯᠢ ᠬᠡᠷᠡᠭᠵᠢᠭᠦᠯᠬᠦ ᠡᠩᠨᠡᠭᠡ ᠵᠢᠨ ᠴᠢᠳᠠᠪᠤᠷᠢ ᠵᠢᠨ ᠪᠠᠶ᠋ᠢᠭᠤᠯᠤᠯᠲᠠ ᠵᠡᠷᠭᠡ ᠵᠦᠢ᠍ᠯᠡᠰ ᠵᠢᠴᠢ ᠠᠮᠢ ᠠᠬᠤᠶ ᠣᠷᠴᠢᠨ ᠲᠣᠭᠤᠷᠢᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠬᠠᠮᠢᠶ᠎ᠠ ᠪᠥᠬᠦᠶ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠭᠰᠡᠨ ᠪᠠᠶ᠋ᠢᠳᠠᠯ᠎ᠳᠤ ᠬᠢᠨᠠᠯᠲᠠ ᠲᠠᠯᠪᠢᠨ ᠪᠠᠶ᠋ᠢᠴᠠᠭ᠋ᠠᠬᠤ᠂ ᠠᠶ᠋ᠢᠮᠠᠭ ᠬᠤᠲᠠ ᠵᠢᠨ ᠠᠮᠢ ᠠᠬᠤᠶ ᠣᠷᠴᠢᠨ ᠲᠣᠭᠤᠷᠢᠨ᠎ᠤ ᠬᠠᠤᠯᠢ ᠬᠡᠷᠡᠭᠵᠢᠬᠦᠯᠦᠨ ᠪᠠᠶ᠋ᠢᠴᠠᠭ᠋ᠠᠬᠤ ᠵᠢ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠪᠠᠷ ᠨᠤᠲᠠᠯᠠᠨ ᠲᠣᠭᠲᠠᠭ᠋ᠠᠵᠤ᠂ ᠠᠶ᠋ᠢᠮᠠᠭ ᠬᠤᠲᠠ᠎ᠨᠢ ᠵᠠᠷᠤᠯᠭ᠎ᠠ ᠵᠢᠨ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠨ᠎ᠡ᠃
3. ᠠᠶ᠋ᠢᠮᠠᠭ ᠬᠤᠲᠠ ᠵᠢᠨ ᠵᠠᠰᠠᠭ ᠵᠠᠬᠢᠷᠭ᠋ᠠᠨ᠎ᠤ ᠣᠷᠣᠨ᠎ᠳᠠᠬᠢ ᠤᠯᠤᠰ᠎ᠠᠴᠠ ᠡᠵᠡᠮᠳᠡᠬᠦ᠂ ᠣᠷᠣᠨ᠎ᠠᠴᠠ ᠡᠵᠡᠮᠳᠡᠵᠦ ᠪᠠᠶ᠋ᠢᠭ᠎ᠠ ᠠᠮᠢ ᠠᠬᠤᠶ ᠣᠷᠴᠢᠨ ᠲᠣᠭᠤᠷᠢᠨ᠎ᠤ ᠶᠠᠰᠤ ᠴᠢᠨᠠᠷ᠎ᠢ ᠬᠢᠨᠠᠨ ᠰᠢᠨᠵᠢᠬᠦ ᠥᠷᠲᠡᠭᠡ ᠴᠡᠭ᠎ᠤᠨ ᠠᠵᠢᠯᠯᠠᠭ᠋ᠠᠨ᠎ᠤ ᠰᠠᠭᠤᠷᠢ ᠨᠥᠬᠦᠴᠡᠯ᠎ᠤᠨ ᠪᠠᠲᠤᠯᠠᠭ᠎ᠠ ᠵᠢ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠪᠠᠷ ᠨᠤᠲᠠᠯᠠᠨ ᠲᠣᠭᠲᠠᠭ᠋ᠠᠵᠤ᠂ ᠠᠶ᠋ᠢᠮᠠᠭ ᠬᠤᠲᠠ᠎ᠨᠢ ᠵᠠᠷᠤᠯᠭ᠎ᠠ ᠵᠢᠨ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠬᠡᠯᠡᠵᠦ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠰᠢᠯᠵᠢᠭᠦᠯᠦᠨ ᠲᠦᠯᠦᠬᠦ ᠵᠢ ᠨᠢᠭᠡᠳᠦᠯᠲᠡᠶ ᠲᠥᠯᠥᠪᠯᠡᠬᠦ᠎ᠪᠠᠷ ᠳᠠᠮᠵᠢᠭᠤᠯᠵᠦ ᠳᠡᠮᠵᠢᠯᠭᠡ ᠦᠵᠡᠭᠦᠯᠦᠨ᠎ᠡ᠃
( ᠭᠤᠷᠪᠠ ) ᠠᠮᠢ ᠠᠬᠤᠶ ᠣᠷᠴᠢᠨ ᠲᠣᠭᠤᠷᠢᠨ᠎ᠤ ᠬᠠᠮᠢᠶᠠᠷᠤᠯᠲᠠ ᠵᠢᠨ ᠶᠠᠪᠤᠳᠠᠯ ᠬᠢᠭᠡᠳ ᠴᠢᠳᠠᠪᠤᠷᠢ ᠵᠢᠨ ᠪᠠᠶ᠋ᠢᠭᠤᠯᠤᠯᠲᠠ᠃
1. ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠵᠦ ᠪᠠᠶ᠋ᠢᠭ᠎ᠠ ᠲᠥᠯᠥᠪᠵᠢᠭᠦᠯᠭᠡ ᠪᠠ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠤᠷᠢᠨ᠎ᠤ ᠨᠥᠯᠥᠭᠡᠯᠡᠯ᠎ᠢ ᠦᠨᠡᠯᠡᠨ ᠬᠠᠮᠢᠶᠠᠷᠬᠤ ᠵᠢᠴᠢ ᠠᠵᠢᠯ ᠶᠠᠪᠤᠳᠠᠯ᠎ᠤᠨ ᠳᠤᠮᠳᠠᠬᠢ ᠪᠠ ᠠᠵᠢᠯ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ᠂ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ ᠵᠢᠨ ᠣᠷᠣᠨ ᠵᠠᠶ ᠵᠢᠨ ᠠᠮᠢ ᠠᠬᠤᠶ ᠣᠷᠴᠢᠨ ᠲᠣᠭᠤᠷᠢᠨ᠎ᠤ ᠦᠨᠡᠯᠡᠯᠲᠡ᠂ ᠪᠦᠬᠦ ᠣᠷᠣᠨ᠎ᠤ ᠭᠤᠣᠯᠳᠠᠯᠭ᠎ᠠ᠎ᠲᠠᠢ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ᠂ ᠣᠷᠴᠢᠨ ᠲᠣᠭᠤᠷᠢᠨ᠎ᠤ ᠶᠠᠰᠤ ᠴᠢᠨᠠᠷ᠎ᠢ ᠰᠠᠶ᠋ᠢᠵᠢᠷᠠᠭᠤᠯᠬᠤ ᠪᠠ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢ ᠬᠢᠵᠠᠭ᠋ᠠᠷᠯᠠᠬᠤ᠂ ᠨᠡᠭᠦᠷᠡᠰᠦᠲᠥ᠋ᠷᠥᠭᠴᠢ ᠪᠠᠭ᠋ᠠᠲᠠᠢ ᠲᠤᠷᠰᠢᠯᠲᠠ ᠵᠢᠨ ᠴᠡᠭ᠎ᠤᠨ ᠵᠢᠱ᠌ᠢᠶ᠎ᠡ ᠦᠵᠡᠭᠦᠯᠬᠦ ᠵᠡᠷᠭᠡ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠬᠠᠷᠠᠯᠲᠠ ᠵᠢ ᠦᠨᠡᠯᠡᠵᠦ ᠰᠢᠯᠭ᠋ᠠᠨ ᠬᠢᠨᠠᠬᠤ᠂ ᠪᠦᠬᠦ ᠣᠷᠣᠨ᠎ᠤ ᠭᠤᠣᠯ ᠮᠦᠷᠡᠨ ᠤᠷᠤᠭᠤ ᠪᠣᠬᠢᠷᠲᠤᠯ ᠪᠣᠳᠠᠰ ᠭᠠᠳᠠᠭᠰᠢᠯᠠᠭᠤᠯᠬᠤ ᠭᠠᠵᠠᠷ ᠲᠣᠬᠢᠷᠠᠭᠤᠯᠵᠣ ᠬᠠᠮᠢᠶᠠᠷᠬᠤ᠂ ᠥᠪᠡᠷᠲᠡᠭᠡᠨ ᠵᠠᠰᠠᠬᠤ ᠣᠷᠣᠨ᠎ᠤ ᠡᠷᠬᠡ ᠮᠡᠳᠡᠯ᠎ᠤᠨ ᠬᠡᠪᠴᠢᠶᠡᠨ᠎ᠳᠠᠬᠢ ᠪᠣᠬᠢᠷᠲᠤᠯ ᠪᠣᠳᠠᠰ ᠭᠠᠳᠠᠭᠰᠢᠯᠠᠭᠤᠯᠬᠤ ᠵᠢ ᠬᠢᠵᠠᠭ᠋ᠠᠷᠯᠠᠬᠤ ᠵᠥᠪᠰᠢᠶᠡᠷᠡᠯ᠎ᠤᠨ ᠳᠦᠷᠢᠮ᠂ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢ ᠲᠥᠯᠥᠪᠦᠷᠢ᠎ᠲᠠᠢ ᠬᠡᠷᠡᠭᠯᠡᠬᠦ ᠪᠠ ᠠᠷᠠᠯᠵᠢᠶᠠᠯᠠᠬᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶ᠎ᠠ ᠵᠢᠨ ᠨᠢᠭᠡᠳᠦᠯᠲᠡᠶ ᠬᠢᠨᠠᠯᠲᠠ ᠲᠠᠯᠪᠢᠵᠦ ᠬᠠᠮᠢᠶᠠᠷᠬᠤ᠂ ᠪᠦᠬᠦ ᠣᠷᠣᠨ᠎ᠤ ᠴᠢᠨᠠᠷᠲᠠᠶ ᠠᠮᠢ ᠠᠬᠤᠢ ᠣᠷᠴᠢᠨ ᠲᠣᠭᠤᠷᠢᠨ᠎ᠢ ᠨᠡᠶ᠋ᠢᠳᠡᠮ ᠪᠠᠢ᠍ᠴᠠᠭ᠋ᠠᠬᠤ᠂ ᠪᠦᠷᠢᠳᠬᠡᠬᠦ᠂ ᠲᠤᠰᠬᠠᠶ ᠪᠠᠶ᠋ᠢᠴᠠᠭ᠋ᠠᠵᠤ ᠦᠨᠡᠯᠡᠨ ᠵᠢᠱ᠌ᠢᠬᠦ ᠪᠠ ᠠᠵᠢᠭᠯᠠᠨ ᠰᠢᠨᠵᠢᠬᠦ᠂ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢ ᠬᠢᠵᠠᠭ᠋ᠠᠷᠯᠠᠬᠤ ᠰᠠᠭᠤᠷᠢ ᠰᠤᠳᠤᠯᠤᠯ᠂ ᠲᠣᠭ᠋ᠠᠴᠠᠭ᠋ᠠᠯᠠᠵᠤ ᠳᠠᠬᠢᠨ ᠪᠤᠳᠤᠬᠤ ᠵᠢᠴᠢ ᠴᠢᠳᠠᠪᠤᠷᠢ ᠵᠢᠨ ᠪᠠᠶ᠋ᠢᠭᠤᠯᠤᠯᠲᠠ᠂ ᠪᠥᠬᠦ ᠲᠠᠯ᠎ᠠ ᠵᠢᠨ ᠴᠢᠨᠠᠷᠲᠠᠶ ᠪᠠ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠠᠴᠢ ᠬᠤᠯᠪᠣᠭᠳᠠᠯ ᠪᠦᠭᠦᠢ ᠠᠮᠢ ᠠᠬᠤᠶ ᠵᠢᠨ ᠠᠰᠢᠭ ᠭᠥᠷᠳᠡᠬᠦ ᠬᠡᠪᠴᠢᠶ᠎ᠡ᠎ᠪᠠᠷ ᠥᠷᠭᠡᠨ ᠳᠡᠯᠭᠡᠷ ᠠᠮᠢ ᠠᠬᠤᠶ ᠵᠢ ᠬᠠᠮᠠᠭ᠋ᠠᠯᠠᠨ ᠦᠩᠵᠢᠬᠦᠯᠬᠦ ᠵᠢ ᠵᠢᠭ᠋ᠠᠨ ᠵᠢᠯᠤᠭᠤᠳᠴᠤ ᠵᠣᠬᠢᠴᠠᠭᠤᠯᠬᠤ ᠪᠠ ᠬᠢᠨᠠᠯᠲᠠ ᠲᠠᠯᠪᠢᠬᠤ᠂ ᠴᠥᠮ᠎ᠡ ᠬᠢᠭᠡᠳ ᠰᠠᠴᠤᠷᠠᠭ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠂ ᠪᠥᠬᠦ ᠣᠷᠣᠨ᠎ᠤ ᠠᠮᠢ ᠠᠬᠤᠶ ᠣᠷᠴᠢᠨ ᠲᠣᠭᠤᠷᠢᠨ᠎ᠤ ᠤᠬᠠᠭᠤᠯᠭ᠎ᠠ ᠬᠥᠮᠦᠵᠢᠯ᠂ ᠪᠥᠬᠦ ᠣᠷᠣᠨ᠎ᠤ ᠣᠷᠴᠢᠨ ᠲᠣᠭᠤᠷᠢᠨ᠎ᠤ ᠴᠢᠬᠤᠯᠠ ᠶᠡᠭᠡ ᠮᠡᠳᠡᠭᠡ ᠵᠠᠩᠭᠢ ᠵᠢ ᠨᠢᠭᠡᠳᠦᠯᠲᠡᠶ ᠨᠡᠶ᠋ᠢᠲᠡᠯᠡᠬᠦ ᠵᠡᠷᠭᠡ ᠵᠦᠢ᠍ᠯᠡᠰ᠎ᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠪᠠᠷ ᠨᠤᠲᠠᠯᠠᠨ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠨ᠎ᠡ᠃
2. ᠠᠶ᠋ᠢᠮᠠᠭ ᠬᠤᠲᠠ ᠵᠢᠨ ᠲᠥᠯᠥᠪᠵᠢᠭᠦᠯᠭᠡ ᠪᠠ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠤᠷᠢᠨ᠎ᠤ ᠨᠥᠯᠥᠭᠡᠯᠡᠯ᠎ᠢ ᠦᠨᠡᠯᠡᠨ ᠬᠠᠮᠢᠶᠠᠷᠬᠤ ᠵᠢᠴᠢ ᠠᠵᠢᠯ ᠶᠠᠪᠤᠳᠠᠯ᠎ᠤᠨ ᠳᠤᠮᠳᠠᠬᠢ ᠪᠠ ᠠᠵᠢᠯ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ᠂ ᠠᠶ᠋ᠢᠮᠠᠭ ᠬᠤᠲᠠ ᠵᠢᠨ ᠣᠷᠣᠨ ᠪᠦᠰᠡ ᠵᠢᠨ ᠣᠷᠣᠨ ᠵᠠᠶ ᠵᠢᠨ ᠠᠮᠢ ᠠᠬᠤᠶ ᠣᠷᠴᠢᠨ ᠲᠣᠭᠤᠷᠢᠨ᠎ᠤ ᠦᠨᠡᠯᠡᠯᠲᠡ᠂ ᠣᠷᠣᠨ ᠨᠤᠲᠤᠭ᠎ᠤᠨ ᠴᠢᠨᠠᠷᠲᠠᠶ ᠭᠤᠣᠯᠳᠠᠯᠭ᠎ᠠ᠎ᠲᠠᠢ ᠪᠣᠬᠢᠷᠲᠤᠯ ᠪᠣᠳᠠᠰ ᠭᠠᠳᠠᠭᠰᠢᠯᠠᠭᠤᠯᠬᠤ ᠵᠢ ᠪᠠᠭ᠋ᠠᠰᠬᠠᠬᠤ᠂ ᠣᠷᠴᠢᠨ ᠲᠣᠭᠤᠷᠢᠨ᠎ᠤ ᠶᠠᠰᠤ ᠴᠢᠨᠠᠷ᠎ᠢ ᠰᠠᠶ᠋ᠢᠵᠢᠷᠠᠭᠤᠯᠬᠤ ᠪᠠ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢ ᠬᠢᠵᠠᠭ᠋ᠠᠷᠯᠠᠬᠤ᠂ ᠨᠡᠭᠦᠷᠡᠰᠦᠲᠥ᠋ᠷᠥᠭᠴᠢ ᠪᠠᠭ᠋ᠠᠲᠠᠢ ᠲᠤᠷᠰᠢᠯᠲᠠ ᠵᠢᠨ ᠴᠡᠭ᠎ᠤᠨ ᠵᠢᠱ᠌ᠢᠶ᠎ᠡ ᠦᠵᠡᠭᠦᠯᠬᠦ ᠵᠡᠷᠭᠡ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠬᠠᠷᠠᠯᠲᠠ ᠵᠢ ᠦᠨᠡᠯᠡᠵᠦ ᠰᠢᠯᠭ᠋ᠠᠨ ᠬᠢᠨᠠᠬᠤ᠂ ᠣᠷᠣᠨ ᠨᠤᠲᠤᠭ᠎ᠤᠨ ᠭᠤᠣᠯ ᠮᠦᠷᠡᠨ ᠤᠷᠤᠭᠤ ᠪᠣᠬᠢᠷᠲᠤᠯ ᠪᠣᠳᠠᠰ ᠭᠠᠳᠠᠭᠰᠢᠯᠠᠭᠤᠯᠬᠤ ᠭᠠᠵᠠᠷ ᠲᠣᠬᠢᠷᠠᠭᠤᠯᠵᠣ ᠬᠠᠮᠢᠶᠠᠷᠬᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠵᠢ ᠬᠢᠵᠠᠭ᠋ᠠᠷᠯᠠᠬᠤ ᠵᠥᠪᠰᠢᠶᠡᠷᠡᠯ᠎ᠤᠨ ᠳᠦᠷᠢᠮ᠂ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠢ ᠲᠥᠯᠥᠪᠦᠷᠢ᠎ᠲᠠᠢ ᠬᠡᠷᠡᠭᠯᠡᠬᠦ ᠪᠠ ᠠᠷᠠᠯᠵᠢᠶᠠᠯᠠᠬᠤ᠂ ᠠᠮᠢ ᠠᠬᠤᠶ ᠣᠷᠴᠢᠨ ᠲᠣᠭᠤᠷᠢᠨ᠎ᠢ ᠨᠡᠶ᠋ᠢᠳᠡᠮ ᠪᠠᠶ᠋ᠢᠴᠠᠭ᠋ᠠᠬᠤ᠂ ᠪᠦᠷᠢᠳᠬᠡᠬᠦ ᠪᠠ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ ᠵᠢ ᠲᠣᠭ᠋ᠠᠴᠠᠭ᠋ᠠᠯᠠᠵᠤ ᠬᠠᠷᠭᠤᠭᠤᠯᠤᠨ ᠪᠠᠶ᠋ᠢᠴᠠᠭ᠋ᠠᠬᠤ ᠵᠢᠴᠢ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠣᠷᠣᠨ ᠨᠤᠲᠤᠭ᠎ᠤᠨ ᠬᠢᠨᠠᠯᠲᠠ ᠬᠠᠮᠢᠶᠠᠷᠤᠯᠲᠠ᠂ ᠠᠮᠢ ᠠᠬᠤᠶ ᠵᠢᠨ ᠠᠰᠢᠭ ᠭᠥᠷᠳᠡᠬᠦ ᠬᠡᠪᠴᠢᠶᠡᠨ᠎ᠤ ᠣᠷᠣᠨ ᠪᠦᠰᠡ ᠵᠢᠨ ᠴᠢᠨᠠᠷ ᠵᠶ᠋ᠠᠷ ᠨᠡᠯᠢᠶᠡᠳ ᠴᠢᠩᠭ᠎ᠠ ᠪᠦᠬᠦᠢ ᠣᠷᠣᠨ ᠨᠤᠲᠤᠭ᠎ᠤᠨ ᠠᠮᠢ ᠠᠬᠤᠶ ᠵᠢ ᠬᠠᠮᠠᠭ᠋ᠠᠯᠠᠨ ᠦᠩᠵᠢᠬᠦᠯᠬᠦ ᠵᠢ ᠵᠢᠭ᠋ᠠᠨ ᠵᠢᠯᠤᠭᠤᠳᠴᠣ ᠵᠣᠬᠢᠴᠠᠭᠤᠯᠬᠤ ᠪᠠ ᠬᠢᠨᠠᠯᠲᠠ ᠲᠠᠯᠪᠢᠬᠤ᠂ ᠣᠷᠣᠨ ᠨᠤᠲᠤᠭ᠎ᠤᠨ ᠴᠢᠨᠠᠷᠲᠠᠶ ᠰᠠᠴᠤᠷᠠᠭ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠂ ᠣᠷᠣᠨ ᠨᠤᠲᠤᠭ᠎ᠤᠨ ᠴᠢᠨᠠᠷᠲᠠᠶ ᠠᠮᠢ ᠠᠬᠤᠶ ᠣᠷᠴᠢᠨ ᠲᠣᠭᠤᠷᠢᠨ᠎ᠤ ᠤᠬᠠᠭᠤᠯᠭ᠎ᠠ ᠬᠥᠮᠦᠵᠢᠯ᠂ ᠣᠷᠣᠨ ᠨᠤᠲᠤᠭ᠎ᠤᠨ ᠣᠷᠴᠢᠨ ᠲᠣᠭᠤᠷᠢᠨ᠎ᠤ ᠮᠡᠳᠡᠭᠡ ᠵᠠᠩᠭᠢ ᠨᠡᠶ᠋ᠢᠲᠡᠯᠡᠬᠦ᠂ ᠣᠷᠣᠨ ᠨᠤᠲᠤᠭ᠎ᠤᠨ ᠵᠠᠰᠠᠭ ᠵᠠᠬᠢᠷᠭ᠋ᠠᠨ᠎ᠤ ᠣᠷᠣᠨ᠎ᠳᠠᠬᠢ ᠬᠦᠯᠡᠮᠵᠢ ᠵᠢᠨ ᠬᠡᠶ ᠪᠡᠶᠡᠲᠦ ᠵᠢᠨ ᠭᠠᠳᠠᠭᠰᠢᠯᠠᠭᠤᠯᠤᠯᠲᠠ ᠵᠢ ᠬᠢᠵᠠᠭ᠋ᠠᠷᠯᠠᠬᠤ ᠵᠡᠷᠭᠡ ᠵᠦᠢ᠍ᠯᠡᠰ᠎ᠢ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠪᠠᠷ ᠨᠤᠲᠠᠯᠠᠨ ᠲᠣᠭᠲᠠᠭ᠋ᠠᠵᠤ᠂ ᠠᠶ᠋ᠢᠮᠠᠭ ᠬᠤᠲᠠ᠎ᠨᠢ ᠵᠠᠷᠤᠯᠭ᠎ᠠ ᠵᠢᠨ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠨ᠎ᠡ᠃
( ᠲᠥᠷᠪᠡ) ᠣᠷᠴᠢᠨ ᠲᠣᠭᠤᠷᠢᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ᠃
1. ᠠᠶ᠋ᠢᠮᠠᠭ ᠬᠤᠲᠠ᠎ᠨᠢ ᠲᠥᠪ᠎ᠤᠨ ᠪᠠ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠵᠢᠨ ᠬᠤᠪᠢᠶᠠᠷᠢᠯᠠᠯ᠎ᠤᠨ ᠰᠠᠭᠤᠷᠢᠨ ᠳᠡᠭᠡᠷ᠎ᠡ᠂ ᠰᠠᠴᠤᠷᠠᠭ᠎ᠤᠨ ᠴᠢᠨᠠᠷᠲᠠᠶ ᠪᠣᠬᠢᠷᠲᠤᠯ᠎ᠢ ᠰᠡᠷᠭᠡᠶ᠋ᠢᠯᠡᠨ ᠵᠠᠰᠠᠬᠤ᠂ ᠬᠥᠬᠡᠬᠤᠲᠠ ᠪᠤᠭᠤᠲᠤ ᠣᠷᠳᠣᠰ ᠪᠠᠶᠠᠨᠨᠠᠭᠤᠷ᠂ ᠦᠬᠠᠶ ᠬᠤᠳᠠ ᠵᠢᠴᠢ ᠡᠷᠬᠢᠨ ᠲᠣᠭᠤᠷᠢᠨ᠎ᠤ ᠭᠠᠵᠠᠷ ᠣᠷᠣᠨ ᠵᠡᠷᠭᠡ ᠨᠥᠯᠥᠭᠡ᠎ᠪᠠᠷ ᠨᠡᠯᠢᠶᠡᠳ ᠶᠡᠭᠡ ᠪᠣᠯᠬᠤ ᠭᠤᠣᠯᠳᠠᠯᠭ᠎ᠠ᠎ᠲᠠᠢ ᠣᠷᠣᠨ ᠪᠦᠰᠡ ᠵᠢᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ᠂ ᠬᠠᠳᠤᠨ ᠭᠤᠣᠯ᠂ ᠬᠥᠯᠥᠨ ᠨᠠᠭᠤᠷ᠂ ᠲᠠᠭ᠎ᠠ ᠵᠢᠨ ᠨᠠᠭᠤᠷ᠂ ᠤᠯᠠᠭ᠋ᠠᠨᠰᠤᠬᠠᠢ ᠵᠡᠷᠭᠡ ᠭᠤᠣᠯᠳᠠᠯᠭ᠎ᠠ᠎ᠲᠠᠢ ᠨᠠᠭᠤᠷ ᠴᠦᠬᠦᠷᠦᠮ᠎ᠤᠨ ᠰᠠᠪᠠ ᠭᠠᠵᠠᠷ᠂ ᠨᠥᠯᠥᠭᠡ᠎ᠪᠠᠷ ᠨᠡᠯᠢᠶᠡᠳ ᠶᠡᠭᠡ ᠪᠣᠯᠬᠤ ᠭᠤᠣᠯᠳᠠᠯᠭ᠎ᠠ᠎ᠲᠠᠢ ᠣᠷᠣᠨ ᠪᠦᠰᠡ ᠵᠢᠨ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠵᠡᠷᠭᠡ ᠵᠦᠢ᠍ᠯᠡᠰ᠎ᠢ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠳᠠ ᠵᠢᠨ ᠬᠠᠮᠲᠤ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠪᠠᠷ ᠨᠤᠲᠠᠯᠠᠨ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠳᠠ᠎ᠨᠢ ᠵᠠᠷᠤᠯᠭ᠎ᠠ ᠵᠢᠨ ᠬᠠᠷᠢᠭᠤᠴᠠᠯᠭ᠎ᠠ ᠵᠢ ᠬᠠᠮᠳᠤ᠎ᠪᠠᠷ ᠳᠠᠭ᠋ᠠᠭ᠋ᠠᠨ ᠡᠭᠦᠷᠭᠡᠯᠡᠨ᠎ᠡ᠃
2. ᠬᠥᠷᠥᠰᠥ ᠰᠢᠷᠣᠶ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ᠂ ᠲᠠᠷᠢᠶᠠᠯᠠᠩ ᠬᠥᠳᠡᠭᠡ ᠲᠣᠰᠬᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ᠂ ᠬᠢᠮᠢ ᠵᠢᠨ ᠪᠣᠳᠠᠰ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ᠂ ᠭᠠᠵᠠᠷ ᠳᠣᠤᠷᠠᠬᠢ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠵᠢᠴᠢ ᠪᠤᠰᠤᠳ ᠠᠶ᠋ᠢᠮᠠᠭ ᠬᠤᠲᠠ ᠵᠢᠨ ᠠᠭ᠋ᠠᠷ ᠮᠠᠨᠳᠠᠯ ᠪᠠ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠵᠢ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠪᠠᠷ ᠨᠤᠲᠠᠯᠠᠨ ᠲᠣᠭᠲᠠᠭ᠋ᠠᠵᠤ᠂ ᠠᠶ᠋ᠢᠮᠠᠭ ᠬᠤᠲᠠ᠎ᠨᠢ ᠵᠠᠷᠤᠯᠭ᠎ᠠ ᠵᠢᠨ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠰᠢᠯᠵᠢᠭᠦᠯᠦᠨ ᠲᠦᠯᠦᠬᠦ ᠵᠢ ᠨᠢᠭᠡᠳᠦᠯᠲᠡᠶ ᠲᠥᠯᠥᠪᠯᠡᠬᠦ᠎ᠪᠠᠷ ᠳᠠᠮᠵᠢᠭᠤᠯᠵᠦ ᠳᠡᠮᠵᠢᠯᠭᠡ ᠦᠵᠡᠭᠦᠯᠦᠨ᠎ᠡ᠃
3. ᠱᠤᠤᠭᠢᠶᠠᠨ᠂ ᠬᠡᠷᠡᠯ᠂ ᠦᠮᠡᠬᠡᠶ ᠦᠨᠦᠷ᠂ ᠴᠠᠬᠢᠯᠭ᠋ᠠᠨ ᠰᠣᠷᠢᠨᠵᠢᠨ ᠰᠠᠴᠤᠷᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠵᠡᠷᠭᠡ ᠵᠢ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠪᠠᠷ ᠨᠤᠲᠠᠯᠠᠨ ᠲᠣᠭᠲᠠᠭ᠋ᠠᠵᠤ᠂ ᠠᠶ᠋ᠢᠮᠠᠭ ᠬᠤᠲᠠ᠎ᠨᠢ ᠵᠠᠷᠤᠯᠭ᠎ᠠ ᠵᠢᠨ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠨ᠎ᠡ᠃
( ᠲᠠᠪᠤ ) ᠠᠮᠢ ᠠᠬᠤᠶ ᠣᠷᠴᠢᠨ ᠲᠣᠭᠤᠷᠢᠨ᠎ᠤ ᠭᠦᠷᠢᠶᠡᠨ᠎ᠳᠠᠬᠢ ᠪᠤᠰᠤᠳ ᠵᠦᠢ᠍ᠯᠡᠰ᠃
1. ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠤᠷᠢᠨ᠎ᠤ ᠭᠦᠷᠢᠶᠡᠨ᠎ᠳᠠᠬᠢ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ ᠪᠠ ᠣᠷᠣᠨ ᠨᠤᠲᠤᠭ᠎ᠤᠨ ᠲᠥᠷᠥ ᠵᠢᠨ ᠪᠣᠳᠣᠯᠭ᠎ᠠ᠂ ᠪᠠᠷᠢᠮᠵᠢᠶ᠎ᠠ᠂ ᠮᠡᠷᠭᠡᠵᠢᠯ᠎ᠤᠨ ᠵᠢᠷᠤᠮᠵᠢᠯ᠎ᠢ ᠰᠤᠳᠤᠯᠤᠨ ᠲᠣᠭᠲᠠᠭ᠋ᠠᠬᠤ ᠵᠡᠷᠭᠡ ᠵᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠪᠠᠷ ᠨᠤᠲᠠᠯᠠᠨ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠠᠴᠠ ᠵᠠᠷᠤᠯᠭ᠎ᠠ ᠵᠢᠨ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠨ᠎ᠡ᠃
2. ᠠᠶ᠋ᠢᠮᠠᠭ ᠬᠤᠲᠠ ᠵᠢᠨ ᠠᠮᠢ ᠠᠬᠤᠶ ᠣᠷᠴᠢᠨ ᠲᠣᠭᠤᠷᠢᠨ᠎ᠤ ᠭᠦᠷᠢᠶᠡᠨ᠎ᠳᠠᠬᠢ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ ᠪᠠ ᠣᠷᠣᠨ ᠨᠤᠲᠤᠭ᠎ᠤᠨ ᠲᠥᠷᠥ ᠵᠢᠨ ᠪᠣᠳᠣᠯᠭ᠎ᠠ᠂ ᠪᠠᠷᠢᠮᠵᠢᠶ᠎ᠠ᠂ ᠮᠡᠷᠭᠡᠵᠢᠯ᠎ᠤᠨ ᠵᠢᠷᠤᠮᠵᠢᠯ᠎ᠢ ᠰᠤᠳᠤᠯᠤᠨ ᠲᠣᠭᠲᠠᠭ᠋ᠠᠬᠤ ᠵᠡᠷᠭᠡ ᠵᠢ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠪᠠᠷ ᠨᠤᠲᠠᠯᠠᠨ ᠲᠣᠭᠲᠠᠭ᠋ᠠᠵᠤ᠂ ᠠᠶ᠋ᠢᠮᠠᠭ ᠬᠤᠲᠠ᠎ᠨᠢ ᠵᠠᠷᠤᠯᠭ᠎ᠠ ᠵᠢᠨ ᠬᠠᠷᠢᠭᠤᠴᠠᠯᠭ᠎ᠠ ᠵᠢ ᠳᠠᠭ᠋ᠠᠭ᠋ᠠᠨ ᠡᠭᠦᠷᠭᠡᠯᠡᠨ᠎ᠡ᠃
ᠭᠤᠷᠪᠠ᠂ ᠲᠥᠬᠦᠷ ᠠᠷᠭ᠎ᠠ ᠬᠡᠮᠵᠢᠶ᠎ᠡ
(ᠨᠢᠭᠡ) ᠵᠣᠬᠢᠶᠠᠨ ᠪᠠᠶ᠋ᠢᠭᠤᠯᠵᠤ ᠤᠳᠤᠷᠢᠳᠬᠤ ᠵᠢ ᠴᠢᠩᠭ᠋ᠠᠳᠬᠠᠨ᠎ᠠ᠃ ᠡᠯ᠎ᠡ ᠠᠶ᠋ᠢᠮᠠᠭ ᠬᠤᠲᠠ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠎ᠨᠢ 《ᠳᠥᠷᠪᠡᠨ ᠦᠵᠡᠯ ᠤᠬᠠᠮᠰᠠᠷ》 ᠵᠶ᠋ᠠᠨ ᠤᠯᠠᠮ ᠨᠢᠭᠡ ᠠᠯᠬᠤᠮ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠨ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠵᠣᠬᠢᠶᠠᠨ ᠪᠠᠢ᠍ᠭᠤᠯᠵᠦ ᠤᠳᠤᠷᠢᠳᠬᠤ᠎ᠪᠠᠨ ᠴᠢᠩᠭ᠋ᠠᠳᠬᠠᠨ᠂ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠵᠦ᠂ ᠨᠢᠭᠲᠠ ᠵᠤᠬᠢᠴᠠᠭᠤᠯᠵᠦ ᠬᠠᠮᠵᠢᠯᠴᠠᠨ᠂ ᠥᠭᠡᠷᠡᠴᠢᠯᠡᠯᠲᠡ ᠵᠢᠨ ᠠᠵᠢᠯ ᠵᠶ᠋ᠠᠨ ᠨᠠᠶ᠋ᠢᠳᠠᠪᠤᠷᠢᠵᠢᠭᠤᠯᠵᠤ ᠪᠣᠳᠠᠲᠠᠶ᠋ᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
(ᠬᠤᠶᠠᠷ) ᠵᠠᠷᠤᠯᠭ᠎ᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠎ᠠ᠃ ᠡᠯ᠎ᠡ ᠠᠶ᠋ᠢᠮᠠᠭ ᠬᠤᠲᠠ᠎ᠨᠢ ᠠᠮᠢ ᠠᠬᠤᠶ ᠣᠷᠴᠢᠨ ᠲᠣᠭᠤᠷᠢᠨ ᠵᠶ᠋ᠠᠨ ᠡᠳ᠋᠎ᠤᠨ ᠵᠠᠰᠠᠭ᠎ᠤᠨ ᠵᠠᠷᠤᠯᠭ᠎ᠠ ᠵᠢᠨ ᠭᠤᠤᠯᠳᠠᠯᠭ᠎ᠠ᠎ᠲᠠᠢ ᠬᠦᠷᠢᠶ᠎ᠡ ᠪᠣᠯᠭ᠋ᠠᠬᠤ ᠵᠢ ᠢᠮᠠᠭᠲᠠ ᠪᠠᠷᠢᠮᠲᠠᠯᠠᠵᠤ᠂ ᠲᠣᠰ ᠲᠥᠰᠦᠯ᠎ᠳᠤ ᠲᠣᠭᠲᠠᠭ᠋ᠠᠭᠰᠠᠨ ᠥᠪᠡᠷᠲᠡᠭᠡᠨ ᠵᠠᠰᠠᠬᠤ ᠣᠷᠣᠨ ᠬᠢᠭᠡᠳ ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢᠨ ᠬᠤᠪᠢᠶᠠᠷᠢᠯᠠᠯ᠎ᠢ ᠦᠨᠳᠦᠰᠦᠯᠡᠨ᠂ ᠲᠣᠭᠲᠠᠭ᠋ᠠᠯ ᠶᠣᠰᠣᠭ᠋ᠠᠷ ᠲᠥᠰᠦᠪ᠎ᠤᠨ ᠲᠣᠬᠢᠷᠠᠭᠤᠯᠤᠯᠲᠠ ᠵᠢ ᠰᠠᠶ᠋ᠢᠲᠤᠷ ᠬᠢᠵᠦ᠂ ᠵᠠᠷᠤᠯᠭ᠎ᠠ ᠵᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠬᠦ ᠬᠡᠷᠡᠭᠲᠡᠶ᠃ ᠪᠡᠯᠡ ᠮᠥᠩᠭᠦ ᠬᠡᠷᠡᠭᠯᠡᠬᠦ ᠴᠢᠭᠯᠡᠯ ᠵᠶ᠋ᠠᠨ ᠲᠤᠬᠢᠷᠠᠭᠤᠯᠤᠨ ᠰᠢᠯᠢᠳᠡᠭᠵᠢᠭᠦᠯᠵᠦ᠂ ᠪᠡᠯᠡ ᠮᠥᠩᠭᠦ ᠬᠡᠷᠡᠭᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠰᠢᠪᠳᠤᠯᠤᠯᠲᠠ ᠵᠢᠨ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠵᠢ ᠳᠡᠮᠵᠢᠵᠦ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠶ᠋ᠢᠭ᠎ᠠ ᠰᠠᠶ᠋ᠢᠨ ᠰᠠᠶ᠋ᠢᠬᠠᠨ ᠠᠮᠢ ᠠᠬᠤᠢ ᠣᠷᠴᠢᠨ ᠲᠣᠭᠤᠷᠢᠨ᠎ᠤ ᠬᠡᠷᠡᠭᠴᠡᠭᠡ ᠵᠢ ᠲᠠᠰᠤᠷᠠᠯᠲᠠ ᠦᠭᠡᠢ ᠬᠠᠩᠭ᠋ᠠᠬᠤ ᠬᠡᠷᠡᠭᠲᠡᠢ᠃
(ᠭᠤᠷᠪᠠ) ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠵᠢ ᠴᠢᠬᠤᠯᠠᠴᠢᠯᠠᠨ᠎ᠠ᠃ ᠡᠯ᠎ᠡ ᠠᠶ᠋ᠢᠮᠠᠭ ᠬᠤᠲᠠ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠎ᠨᠢ ᠲᠣᠰ ᠲᠥᠰᠦᠯ᠎ᠤᠨ ᠵᠣᠷᠢᠭ ᠰᠠᠨᠠᠭ᠎ᠠ ᠶᠣᠰᠣᠭ᠋ᠠᠷ᠂ ᠪᠣᠳᠠᠲᠠᠶ᠎ᠲᠠᠢ᠎ᠪᠠᠨ ᠤᠶᠠᠯᠳᠤᠭᠤᠯᠤᠨ ᠬᠠᠮᠢᠶ᠎ᠠ ᠪᠥᠬᠦᠶ ᠲᠦᠷᠢᠮ᠎ᠳᠤ ᠵᠠᠰᠠᠪᠤᠷᠢ ᠤᠷᠤᠭᠤᠯᠤᠨ ᠲᠡᠭᠦᠯᠳᠡᠷᠵᠢᠬᠦᠯᠵᠦ᠂ ᠥᠪᠡᠷᠲᠡᠭᠡᠨ ᠵᠠᠰᠠᠬᠤ ᠣᠷᠣᠨ᠎ᠠᠴᠠ ᠳᠣᠷᠣᠭᠰᠢᠬᠢ ᠠᠮᠢ ᠠᠬᠤᠶ ᠣᠷᠴᠢᠨ ᠲᠣᠭᠤᠷᠢᠨ᠎ᠤ ᠭᠦᠷᠢᠶᠡᠨᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠵᠦᠶ ᠵᠣᠬᠢᠰᠲᠠᠶ ᠬᠤᠪᠢᠶᠠᠷᠢᠯᠠᠬᠤ ᠬᠡᠷᠡᠭᠲᠡᠶ᠃ ᠨᠢᠭᠡᠳᠦᠯᠲᠡᠢ ᠲᠦᠯᠦᠪᠯᠡᠵᠦ ᠨᠡᠶ᠋ᠢᠲᠡᠳᠤᠨᠢ ᠬᠠᠷᠠᠭ᠋ᠠᠯᠵᠠᠬᠤ ᠪᠠ ᠵᠣᠬᠢᠴᠠᠯᠳᠤᠨ ᠬᠠᠮᠵᠢᠯᠴᠠᠬᠤ ᠵᠢ ᠴᠢᠬᠤᠯᠠᠴᠢᠯᠠᠨ᠂ ᠠᠵᠢᠯ᠎ᠤᠨ ᠨᠡᠢ᠍ᠯᠡᠮᠡᠯ ᠬᠦᠴᠦᠨ᠎ᠢ ᠪᠦᠷᠢᠯᠳᠦᠭᠦᠯᠵᠦ᠂ ᠠᠮᠢ ᠠᠬᠤᠢ ᠣᠷᠴᠢᠨ ᠲᠣᠭᠤᠷᠢᠨ᠎ᠤ ᠭᠦᠷᠢᠶᠡᠨᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢᠨ ᠬᠤᠪᠢᠶᠠᠷᠢᠯᠠᠯ᠎ᠢ ᠵᠢᠷᠤᠮᠵᠢᠭᠤᠯᠤᠨ ᠠᠵᠢᠯᠯᠠᠭᠤᠯᠬᠤ᠎ᠪᠠᠨ ᠴᠢᠨᠠᠷ ᠰᠠᠶ᠋ᠢᠲᠠᠢ᠂ ᠠᠶ᠋ᠢᠵᠠᠮ ᠶᠠᠪᠤᠴᠠ᠎ᠲᠠᠢ᠎ᠪᠠᠷ ᠠᠬᠢᠭᠤᠯᠬᠤ ᠬᠡᠷᠡᠭᠲᠡᠢ᠃
(ᠳᠥᠷᠪᠡ) ᠥᠭᠡᠷᠡᠴᠢᠯᠡᠯᠲᠡ ᠵᠢ ᠵᠣᠬᠢᠴᠠᠯᠳᠤᠭᠤᠯᠤᠨ ᠠᠬᠢᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠨᠢ ᠠᠮᠢ ᠠᠬᠤᠢ ᠣᠷᠴᠢᠨ ᠲᠣᠭᠤᠷᠢᠨ᠎ᠤ ᠭᠦᠷᠢᠶᠡᠨᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ᠎ᠪᠠᠨ ᠢᠳᠡᠪᠬᠢᠲᠡᠢ ᠪᠦᠭᠡᠳ ᠯᠠᠪᠳᠠᠭᠤᠨ ᠵᠶ᠋ᠠᠷ ᠨᠢᠭᠡᠳᠦᠯᠲᠡᠢ ᠲᠦᠯᠦᠪᠯᠡᠨ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ᠎ᠤ ᠭᠦᠷᠢᠶᠡᠨ᠎ᠳᠠᠬᠢ ᠤᠳᠤ ᠵᠢᠨ ᠴᠢᠬᠤᠯᠠ ᠶᠡᠭᠡ ᠥᠭᠡᠷᠡᠴᠢᠯᠡᠯᠲᠡ᠎ᠯᠦᠭᠡ ᠣᠷᠭ᠋ᠠᠨᠢᠭ ᠵᠶ᠋ᠠᠷ ᠵᠣᠯᠭ᠋ᠠᠭᠤᠯᠵᠤ᠂ ᠪᠦᠬᠦᠯᠢ ᠴᠣᠭᠴᠠ᠎ᠪᠠᠷ᠎ᠨᠢ ᠠᠬᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠬᠡᠷᠡᠭᠲᠡᠢ᠃ ᠦᠵᠤ ᠵᠢᠷᠤᠭ ᠲᠥᠯᠥᠪᠯᠡᠭᠡ ᠵᠢ ᠴᠢᠩᠭ᠋ᠠᠳᠬᠠᠵᠤ᠂ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠨᠡᠶ᠋ᠢᠲᠡᠯᠡᠬᠦ ᠴᠠᠭ ᠲᠣᠬᠢᠶᠠᠯ᠂ ᠡᠷᠴᠢᠮ ᠪᠠ ᠠᠶ᠋ᠢᠵᠠᠮ ᠶᠠᠪᠤᠴᠠ ᠵᠢ ᠣᠨᠣᠪᠴᠢᠲᠠᠢ ᠡᠵᠡᠮᠳᠡᠨ᠂ ᠰᠠᠶ᠋ᠢᠨ ᠰᠠᠶ᠋ᠢᠬᠠᠨ ᠵᠶ᠋ᠠᠷ ᠬᠠᠷᠢᠯᠴᠠᠨ ᠭᠦᠳᠡᠯᠦᠯᠴᠡᠭᠰᠡᠨ᠂ ᠵᠤᠬᠢᠴᠠᠯᠳᠤᠭᠤᠯᠵᠦ ᠠᠬᠢᠭᠤᠯᠤᠭᠰᠠᠨ ᠪᠠᠶ᠋ᠢᠳᠠᠯ᠎ᠢ ᠪᠤᠢ ᠪᠣᠯᠭ᠋ᠠᠬᠤ ᠬᠡᠷᠡᠭᠲᠡᠢ᠃ ᠲᠥᠰᠦᠪ᠎ᠤᠨ ᠬᠠᠮᠢᠶᠠᠷᠤᠯᠲᠠ ᠵᠢᠨ ᠲᠦᠷᠢᠮ᠎ᠢ ᠲᠡᠭᠦᠯᠳᠡᠷᠵᠢᠭᠦᠯᠵᠦ᠂ ᠲᠥᠰᠦᠪ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠦᠨ᠂ ᠵᠠᠷᠤᠯᠭ᠎ᠠ ᠵᠢᠨ ᠪᠦᠲᠦᠴᠡ ᠵᠢ ᠰᠢᠯᠢᠳᠡᠭᠵᠢᠭᠦᠯᠵᠦ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ᠂ ᠬᠠᠤᠯᠢ ᠶᠣᠰᠣᠭ᠋ᠠᠷ ᠬᠦᠷᠦᠩᠭᠡ ᠮᠦᠩᠭᠦ ᠠᠬᠤᠶ᠋ᠢᠯᠠᠬᠤ ᠵᠢ ᠲᠦᠷᠬᠡᠳᠬᠡᠨ ᠠᠬᠢᠭᠤᠯᠬᠤ ᠬᠡᠷᠡᠭᠲᠡᠶ᠃
ᠲᠣᠰ ᠲᠥᠰᠦᠯ᠎ᠢ 2021 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2021 ᠣᠨ᠎ᠤ 2 ᠳ᠋ᠤᠭ᠋ᠠᠷ ᠰᠠᠷ᠎ᠠ ᠵᠢᠨ 8᠎ᠤ ᠡᠳᠦᠷ ᠳᠠᠷᠣᠮᠠᠯᠯᠠᠨ ᠲᠠᠷᠬᠠᠭ᠋ᠠᠪᠠ