ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠣᠷᠴᠢᠨ ᠲᠤᠭᠤᠷᠢᠨ᠎ᠢ ᠬᠠᠮᠠᠭ᠋ᠠᠯᠠᠬᠤ ᠮᠡᠳᠡᠯᠭᠡ
ᠨᠡᠶ᠋ᠢᠲᠡᠯᠡᠭᠰᠡᠨ ᠴᠠᠭ᠄ 2021-02-09

      ᠣᠷᠴᠢᠨ ᠲᠣᠭᠣᠷᠢᠨ ᠎ᠤ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ᠎ᠤ ᠲᠥᠭᠡᠮᠡᠯᠵᠢᠬᠦᠯᠦᠯᠳᠡ—  《ᠨᠡᠭᠦᠷᠡᠰᠦᠲᠥ᠋ᠷᠥᠭᠴᠢ ᠵᠢᠨ ᠰᠠᠭᠤᠳᠬᠠᠯ》
     《ᠨᠡᠭᠦᠷᠡᠰᠦᠲᠥ᠋ᠷᠥᠭᠴᠢ ᠵᠢᠨ ᠰᠠᠭᠤᠳᠬᠠᠯ》᠎ᠨᠢ ᠣᠳᠣᠬᠠᠨ᠎ᠤ ᠬᠠᠯᠠᠮᠰᠢᠯ ᠦᠭᠡ ᠪᠤᠯᠵᠠᠢ᠃   ᠥᠨᠥ ᠵᠢᠯ᠎ᠤᠨ 9   ᠳ᠋ᠤᠭᠡᠷ ᠰᠠᠷ᠎ᠠ᠎ᠳᠤ ᠶᠠᠪᠤᠭᠳᠠᠭᠰᠠᠨ ᠳᠠᠯᠠᠨ ᠲᠠᠪᠤᠳᠤᠭ᠋ᠠᠷ ᠬᠤᠭᠤᠴᠠᠭ᠋ᠠᠨ᠎ᠤ ᠣᠯᠠᠨ ᠤᠯᠤᠰ᠎ᠤᠨ ᠬᠣᠯᠪᠣᠭ᠋ᠠᠲᠤ ᠪᠠᠢ᠌ᠭᠤᠯᠤᠯᠭ᠎ᠠ ᠵᠢᠨ ᠶᠡᠬᠡ ᠬᠤᠷᠠᠯ᠎ᠤᠨ ᠡᠩ᠎ᠤᠨ ᠮᠠᠷᠭᠤᠯᠳᠤᠭ᠋ᠠᠨ᠎ᠠᠴᠠ 12 ᠰᠠᠷ᠎ᠠ᠎ᠳᠤ ᠶᠠᠪᠤᠭᠳᠠᠭᠰᠠᠨ ᠠᠭᠤᠷ ᠠᠮᠢᠰᠬᠤᠯ᠎ᠤᠨ ᠠᠤᠭ᠎ᠠ ᠵᠣᠷᠢᠭᠲᠤ ᠲᠦᠷᠦᠭᠦᠴᠦᠳ᠎ᠤᠨ ᠬᠤᠷᠠᠯ ᠪᠣᠯᠲᠠᠯ᠎ᠠ᠂ ᠮᠠᠨ᠎ᠤ ᠤᠯᠤᠰ  ᠎ᠨᠢ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢ 2030 ᠣᠨ᠎ᠠᠴᠠ ᠡᠮᠦᠨ᠎ᠡ ᠣᠷᠭᠢᠯ ᠬᠡᠮᠵᠢᠭᠳᠡᠯ᠎ᠳᠤ ᠬᠦᠷᠭᠡᠵᠦ᠂ 2060 ᠣᠨ᠎ᠠᠴᠠ ᠡᠮᠦᠨ᠎ᠡ ᠨᠡᠭᠦᠷᠡᠰᠦᠲᠥ᠋ᠷᠥᠭᠴᠢ ᠵᠢᠨ   ᠰᠠᠭᠤᠳᠬᠠᠯ ᠵᠢ ᠪᠡᠶᠡᠯᠡᠭᠦᠯᠬᠦ᠎ᠪᠠᠷ ᠴᠢᠷᠮᠠᠢ᠌ᠨ᠎ᠠ ᠭᠡᠵᠦ ᠣᠯᠠᠨᠲᠠ   ᠢᠯᠡᠷᠬᠡᠢ᠌ᠯᠡᠭᠰᠡᠨ ᠪᠠᠢ᠌ᠨ᠎ᠠ᠃ ᠲᠦᠷᠦᠭᠦᠬᠡᠨ ᠲᠡᠭᠦᠰᠦᠭᠰᠡᠨ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠠᠴᠠ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢ ᠤᠷᠬᠢᠯ᠎ᠳᠤ ᠬᠦᠷᠭᠡᠬᠦ ᠠᠵᠢᠯ  ᠂ ᠨᠡᠭᠦᠷᠡᠰᠦᠲᠥ᠋ᠷᠥᠭᠴᠢ   ᠵᠢᠨ ᠰᠠᠭᠤᠳᠬᠠᠯ ᠎ᠤᠨ ᠠᠵᠢᠯ᠎ᠢ ᠰᠠᠢ᠌ᠲᠤᠷ   ᠬᠢᠬᠦ ᠵᠢ ᠢᠷᠡᠬᠦ ᠵᠢᠯ᠎ᠤᠨ 8 ᠶᠡᠬᠡ ᠭᠣᠣᠯᠳᠠᠯᠭ᠎ᠠ᠎ᠲᠠᠢ ᠡᠭᠦᠷᠭᠡ ᠵᠢᠨ ᠨᠢᠭᠡ ᠪᠤᠯᠭ᠋ᠠᠪᠠ᠃
      ᠰᠤᠷᠪᠤᠯᠵᠢᠯᠠᠭᠴᠢ ᠬᠠᠮᠢᠶ᠎ᠠ   ᠪᠦᠬᠦᠢ ᠰᠠᠯᠠᠭ᠎ᠠ ᠮᠥᠴᠢᠷ ᠪᠠ ᠲᠤᠰᠬᠠᠶ ᠮᠡᠷᠭᠡᠵᠢᠯᠲᠡᠨ᠎ᠢ ᠰᠤᠷᠪᠤᠯᠵᠢᠯᠠᠵᠤ᠂ ᠨᠡᠭᠦᠷᠡᠰᠦᠲᠥ᠋ᠷᠥᠭᠴᠢ ᠰᠠᠭᠤᠳᠬᠠᠬᠤ   ᠲᠤᠬᠠᠢ ᠶᠠᠷᠢᠯᠴᠠᠭᠰᠠᠨ ᠪᠠᠢ᠌ᠨ᠎ᠠ᠃
      ᠠᠰᠠᠭᠤᠯᠲᠠ ᠨᠢᠭᠡ᠄ ᠶᠠᠭᠤᠨ᠎ᠳᠤ 《ᠨᠡᠭᠦᠷᠡᠰᠦᠲᠥ᠋ᠷᠥᠭᠴᠢ ᠵᠢᠨ ᠰᠠᠭᠤᠳᠬᠠᠯ》᠎ᠢ ᠲᠤᠷᠠᠳᠣᠭᠰᠠᠨ ᠪᠤᠢ?
      ᠡᠭᠦᠨ᠎ᠢ ᠠᠭᠤᠷ ᠠᠮᠢᠰᠬᠤᠯ᠎ᠤᠨ ᠬᠤᠪᠢᠷᠠᠯᠲᠠ᠎ᠠᠴᠠ ᠶᠠᠷᠢᠬᠤ ᠬᠡᠷᠡᠭᠲᠡᠶ᠃ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠰᠣᠨᠢᠨ ᠮᠡᠳᠡᠭᠡᠨ᠎ᠤ ᠠᠵᠢᠯᠲᠠᠳ᠎ᠤᠨ ᠨᠡᠢ᠌ᠭᠡᠮᠯᠢᠭ᠎ᠤᠨ ᠤᠢ᠍ᠢ᠍ᠷ᠎ᠠ ᠵᠢᠨ ᠡᠳᠦᠷ ᠡᠷᠬᠢᠯᠡᠭᠰᠡᠨ ᠣᠷᠴᠢᠨ ᠲᠣᠭᠣᠷᠢᠨ᠎ᠤ ᠴᠠᠢ᠌ᠯᠠᠯᠭ᠎ᠠ ᠳᠡᠭᠡᠷ᠎ᠡ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠪᠠᠢ᠌ᠯᠳᠤᠬᠤ ᠪᠤᠳᠤᠯᠭ᠎ᠠ ᠵᠢᠨ ᠰᠤᠳᠤᠯᠭ᠋ᠠᠨ ᠪᠣᠯᠤᠨ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠲᠥᠪ᠎ᠤᠨ ᠪᠠᠢ᠌ᠯᠳᠤᠬᠤ ᠪᠤᠳᠤᠯᠭ᠎ᠠ ᠵᠢᠨ ᠲᠥᠯᠥᠪᠵᠢᠭᠦᠯᠭᠡ ᠵᠢᠨ ᠬᠡᠯᠲᠡᠰ᠎ᠤᠨ ᠡᠷᠬᠢᠯᠡᠭᠴᠢ ᠴᠠᠢ ᠴᠢ ᠮᠢᠨ ᠬᠡᠯᠡᠬᠦ᠎ᠳᠡᠭᠡᠨ᠄ ᠠᠭᠤᠷ ᠠᠮᠢᠰᠬᠤᠯ᠎ᠤᠨ ᠬᠤᠪᠢᠷᠠᠯᠲᠠ᠎ᠨᠢ ᠬᠡᠲᠦᠷᠡᠮᠡᠬᠡᠢ ᠠᠭᠤᠷ ᠠᠮᠢᠰᠬᠤᠯ᠎ᠤᠨ ᠬᠡᠷᠡᠭ᠎ᠢ ᠣᠯᠠᠨᠲᠠ ᠡᠭᠦᠰᠭᠡᠵᠦ᠂ ᠨᠥᠯᠥᠭᠡ᠎ᠨᠢ ᠡᠳᠦᠷ ᠢᠷᠡᠬᠦᠶ᠎ᠡ ᠬᠦᠨᠳᠦ ᠨᠣᠴᠢᠲᠠᠢ ᠪᠤᠯᠵᠤ ᠪᠠᠢ᠌ᠨ᠎ᠠ᠃ ᠳᠠᠯᠠᠶ ᠲᠠᠩᠭᠢᠰ᠎ᠤᠨ ᠠᠮᠢ ᠠᠬᠤᠶ ᠵᠢᠨ ᠰᠢᠰᠲ᠋ᠧᠮ ᠬᠦᠨᠳᠦ ᠨᠣᠴᠢᠲᠠᠶ ᠡᠪᠳᠡᠭᠳᠡᠵᠦ᠂ ᠳᠠᠯᠠᠶ ᠲᠠᠩᠭᠢᠰ ᠬᠦᠴᠢᠯᠵᠢᠬᠦ᠂ ᠳᠠᠯᠠᠶ ᠵᠢᠨ ᠲᠦᠪᠰᠢᠨ ᠳᠡᠭᠡᠭᠰᠢᠯᠡᠬᠦ᠂ ᠮᠥᠰᠥᠲᠦᠯᠭᠡ ᠤᠬᠤᠷᠢᠬᠤ ᠵᠡᠷᠭᠡ ᠵᠢ ᠡᠭᠦᠰᠭᠡᠪᠡ᠃ ᠥᠨᠳᠥᠷ ᠳᠤᠯᠠᠭ᠋ᠠᠨ ᠬᠠᠯᠠᠭᠤᠨ ᠳᠠᠪᠠᠯᠭ᠋ᠠᠨ᠂ ᠲᠤᠢ᠌ᠯ᠎ᠤᠨ ᠰᠢᠷᠦᠭᠦᠨ ᠪᠣᠷᠣᠭ᠋ᠠᠨ ᠵᠡᠷᠭᠡ ᠴᠠᠭ ᠠᠭᠤᠷ᠎ᠤᠨ ᠭᠠᠮᠰᠢᠭ᠎ᠨᠢ ᠠᠵᠤ ᠠᠬᠤᠶ ᠵᠢᠨ ᠬᠣᠬᠢᠷᠠᠯ᠎ᠢ ᠪᠣᠶ ᠪᠣᠯᠭ᠋ᠠᠭᠰᠠᠨ ᠵᠶ᠋ᠠᠷ ᠪᠠᠷᠠᠬᠤ ᠥᠬᠡᠶ᠂ ᠨᠠᠩ ᠴᠤ᠌ ᠪᠥᠬᠥ ᠳᠡᠯᠡᠬᠡᠶ ᠵᠢᠨ ᠵᠠᠭᠤᠨ ᠲᠦᠮᠡᠨ ᠬᠥᠮᠦᠨ᠎ᠢ ᠦᠬᠦᠭᠦᠯᠦᠭᠰᠡᠨ ᠪᠠᠢ᠌ᠨ᠎ᠠ᠃ ᠠᠭᠤᠷ ᠠᠮᠢᠰᠬᠤᠯ᠎ᠤᠨ ᠬᠤᠪᠢᠷᠠᠯᠲᠠ᠎ᠨᠢ ᠪᠠᠰᠠ ᠠᠮᠢ ᠠᠬᠤᠶ ᠵᠢᠨ ᠰᠢᠰᠲ᠋ᠧᠮ᠎ᠢ ᠨᠥᠯᠥᠭᠡᠯᠡᠨ᠎ᠡ᠂ ᠵᠢᠱ᠌ᠢᠶᠡᠯᠡᠪᠡᠯ ᠠᠹᠷᠢᠺᠠ ᠲᠢᠪ ᠵᠡᠷᠭᠡ ᠭᠠᠵᠠᠷ᠎ᠤᠨ ᠴᠠᠷᠴᠠᠬᠠᠶ ᠵᠢᠨ ᠭᠠᠮᠰᠢᠭ᠎ᠨᠢ ᠠᠮᠤ ᠪᠤᠳᠠᠭ᠋ᠠᠨ᠎ᠤ ᠠᠮᠤᠷ ᠲᠦᠪᠰᠢᠨ᠎ᠢ ᠬᠦᠨᠳᠦ ᠨᠣᠴᠢᠲᠠᠶ ᠰᠦᠷᠳᠡᠭᠦᠯᠵᠦ ᠪᠠᠢ᠌ᠨ᠎ᠠ᠃
      ᠲᠡᠷᠡ ᠵᠢᠭ᠋ᠠᠵᠤ ᠭᠠᠷᠭ᠋ᠠᠭᠰᠠᠨ᠎ᠨᠢ᠂ ᠠᠵᠢᠭᠯᠠᠯᠲᠠ᠎ᠠᠴᠠ ᠦᠵᠡᠪᠡᠯ᠂ ᠮᠠᠨ᠎ᠤ ᠤᠯᠤᠰ᠎ᠤᠨ ᠳᠤᠯᠠᠭ᠋ᠠᠨ᠎ᠤ ᠳᠡᠭᠡᠭᠰᠢᠯᠡᠯᠲᠡ ᠵᠢᠨ ᠬᠡᠮᠵᠢᠶ᠎ᠡ ᠪᠥᠬᠥ ᠳᠡᠯᠡᠬᠡᠶ ᠵᠢᠨ ᠳᠤᠮᠳᠠᠴᠢ ᠬᠢᠷᠢ ᠲᠦᠪᠰᠢᠨ᠎ᠠᠴᠠ ᠥᠨᠳᠥᠷ ᠪᠠᠢ᠌ᠵᠤ᠂ ᠠᠭᠤᠷ ᠠᠮᠢᠰᠬᠤᠯ᠎ᠤᠨ ᠬᠤᠪᠢᠷᠠᠯᠲᠠ᠎ᠠᠴᠠ ᠪᠣᠯᠤᠭᠰᠠᠨ ᠠᠵᠤ ᠠᠬᠤᠶ ᠵᠢᠨ ᠰᠢᠭᠤᠳ ᠬᠣᠬᠢᠷᠠᠯ᠎ᠨᠢ ᠪᠥᠬᠥ ᠳᠡᠯᠡᠬᠡᠶ ᠵᠢᠨ ᠳᠤᠮᠳᠠᠴᠢ ᠬᠢᠷᠢ ᠲᠦᠪᠰᠢᠨ᠎ᠤ 7 ᠳᠠᠬᠢᠨ ᠭᠠᠷᠤᠶ ᠪᠣᠯᠤᠨ᠎ᠠ᠃
      ᠲᠡᠷᠡ ᠬᠡᠯᠡᠬᠦ᠎ᠳᠡᠭᠡᠨ᠂ ᠠᠭᠤᠷ ᠠᠮᠢᠰᠬᠤᠯ᠎ᠤᠨ ᠬᠤᠪᠢᠷᠠᠯᠲᠠ᠎ᠨᠢ ᠭᠣᠣᠯᠳᠠᠭᠤ ᠬᠥᠮᠦᠨ ᠲᠥᠷᠥᠯᠬᠢᠲᠡᠨ  ᠎ᠤ ᠨᠡᠭᠦᠷᠡᠰᠦ᠂ ᠴᠢᠯᠠᠭᠤᠨ ᠲᠤᠰᠤ ᠵᠢ ᠰᠢᠲᠠᠭ᠋ᠠᠬᠤ᠎ᠪᠠᠷ ᠭᠣᠣᠯ ᠪᠣᠯᠭ᠋ᠠᠭᠰᠠᠨ ᠴᠢᠯᠠᠭᠤᠵᠢᠮᠠᠯ᠎ᠤᠨ ᠡᠨᠧᠷᠭᠢ᠎ᠠᠴᠠ ᠡᠭᠦᠰᠦᠭᠰᠡᠨ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠂ ᠮᠧᠲ᠋ᠠᠨ ᠵᠡᠷᠭᠡ ᠬᠦᠯᠡᠮᠵᠢ ᠵᠢᠨ ᠬᠡᠢ ᠪᠡᠶᠡᠲᠦ᠎ᠠᠴᠠ ᠪᠤᠯᠤᠭᠰᠠᠨ ᠶᠤᠮ᠃
     《ᠫᠠᠷᠢᠰ᠎ᠤᠨ ᠬᠡᠯᠡᠯᠴᠡᠭᠡᠷ》᠎ᠲᠤ 2020 ᠣᠨ᠎ᠠᠴᠠ ᠬᠣᠢ᠌ᠰᠢ ᠳᠡᠯᠡᠬᠡᠶ ᠨᠡᠢ᠌ᠲᠡ᠎ᠪᠠᠷ ᠵᠶ᠋ᠡᠨ ᠠᠭᠤᠷ ᠠᠮᠢᠰᠬᠤᠯ᠎ᠤᠨ ᠬᠤᠪᠢᠷᠠᠯᠲᠠ ᠵᠢ ᠬᠠᠮᠲᠤᠷᠠᠨ ᠠᠷᠭ᠋ᠠᠴᠠᠬᠤ ᠦᠨᠳᠦᠰᠦᠨ ᠲᠥᠯᠥᠪ᠎ᠢ ᠲᠣᠭᠲᠠᠭ᠋ᠠᠵᠤ᠂ ᠪᠥᠬᠥ ᠳᠡᠯᠡᠬᠡᠶ ᠵᠢᠨ ᠳᠤᠮᠳᠠᠴᠢ ᠠᠭ᠋ᠠᠷ᠎ᠤᠨ ᠳᠤᠯᠠᠭ᠋ᠠᠨ᠎ᠢ ᠠᠵᠤ ᠦᠢᠯᠡᠳᠪᠦᠷᠢᠵᠢᠯᠲᠡ ᠵᠢᠨ ᠡᠮᠦᠨᠡᠬᠢ ᠬᠢᠷᠢ ᠲᠦᠪᠰᠢᠨ᠎ᠠᠴᠠ 2 ᠭ᠋ᠷᠠᠳᠦ᠋ᠰ᠎ᠤᠨ ᠳᠣᠲᠣᠷ᠎ᠠ ᠬᠢᠵᠠᠭ᠋ᠠᠷᠯᠠᠬᠤ ᠵᠢᠨ ᠬᠠᠮᠲᠤ ᠳᠤᠯᠠᠭ᠋ᠠᠨ᠎ᠢ 1.5 ᠭ᠋ᠷᠠᠳᠦ᠋ᠰ᠎ᠤᠨ ᠳᠣᠲᠣᠷ᠎ᠠ ᠬᠢᠵᠠᠭ᠋ᠠᠷᠯᠠᠬᠤ᠎ᠪᠠᠷ ᠴᠢᠷᠮᠠᠢ᠌ᠨ᠎ᠠ ᠭᠡᠵᠦ ᠳᠤᠷᠠᠳᠤᠨ ᠭᠠᠷᠭ᠋ᠠᠵᠠᠶ᠃
      ᠳᠡᠯᠡᠬᠡᠶ ᠵᠢᠨ ᠴᠠᠭ ᠠᠭᠤᠷ᠎ᠤᠨ ᠵᠣᠬᠢᠶᠠᠨ ᠪᠠᠢ᠌ᠭᠤᠯᠤᠯᠲᠠ ᠵᠢᠨ ᠮᠡᠳᠡᠭᠦᠯᠦᠯᠲᠡ᠎ᠳᠤ ᠢᠯᠡᠷᠡᠭᠦᠯᠦᠭᠰᠡᠨ ᠵᠶ᠋ᠡᠷ᠂ 2019 ᠣᠨ᠎ᠤ ᠪᠥᠬᠥ ᠳᠡᠯᠡᠬᠡᠶ ᠵᠢᠨ ᠳᠤᠮᠳᠠᠴᠢ ᠳᠤᠯᠠᠭ᠋ᠠᠨ᠎ᠤ ᠬᠡᠮᠵᠢᠶ᠎ᠡ᠎ᠨᠢ ᠠᠵᠤ ᠦᠢᠯᠡᠳᠪᠦᠷᠢᠵᠢᠯᠲᠡ ᠵᠢᠨ ᠡᠮᠦᠨᠡᠬᠢ ᠬᠢᠷᠢ ᠲᠦᠪᠰᠢᠨ᠎ᠠᠴᠠ 1.1 ᠭ᠋ᠷᠠᠳᠦ᠋ᠰ ᠥᠨᠳᠥᠷ   ᠪᠠᠢ᠌ᠨ᠎ᠠ᠃ ᠢᠩᠭᠢᠬᠦᠯᠡᠷ ᠬᠥᠮᠦᠨ ᠲᠥᠷᠥᠯᠬᠢᠲᠡᠨ᠎ᠳᠤ ᠦᠯᠡᠳᠡᠵᠦ ᠪᠠᠢ᠌ᠭ᠎ᠠ ᠴᠠᠭ ᠨᠢᠭᠡᠨᠲᠡ ᠠᠷᠪᠢᠨ ᠪᠢᠰᠢ  ᠂ ᠡᠷᠬᠡᠪᠰᠢ ᠨᠡᠩ ᠪᠣᠳᠠᠲᠠᠢ ᠠᠵᠢᠯᠯᠠᠭ᠎ᠠ ᠠᠪᠬᠤ ᠬᠡᠷᠡᠭᠲᠡᠢ ᠭᠡᠵᠦ ᠬᠡᠯᠡᠵᠦ ᠪᠣᠯᠤᠨ᠎ᠠ᠃
      ᠡᠨᠡᠬᠦ ᠠᠬᠤᠢ ᠪᠠᠢ᠌ᠳᠠᠯ ᠳᠣᠣᠷ᠎ᠠ᠂ ᠮᠠᠨ᠎ᠤ ᠤᠯᠤᠰ  ᠎ᠨᠢ ᠠᠮᠠᠯᠠᠯᠲᠠ ᠬᠢᠵᠦ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢ ᠤᠷᠬᠢᠯ᠎ᠳᠤ ᠬᠦᠷᠭᠡᠬᠦ  ᠂ ᠨᠡᠭᠦᠷᠡᠰᠦᠲᠥ᠋ᠷᠥᠭᠴᠢ ᠵᠢᠨ ᠰᠠᠭᠤᠳᠬᠠᠯ᠎ᠤᠨ ᠬᠠᠷᠠᠯᠲᠠ᠂ ᠠᠯᠤᠰ᠎ᠤᠨ ᠲᠥᠰᠦᠪ᠎ᠢ   ᠲᠤᠷᠠᠳᠣᠭᠰᠠᠨ ᠪᠠᠢ᠌ᠨ᠎ᠠ᠃
      ᠠᠰᠠᠭᠤᠯᠲᠠ ᠬᠣᠶᠠᠷ᠄ ᠶᠠᠭ᠋ᠠᠬᠢᠪᠠᠯ ᠰᠠᠶᠢ   ᠨᠡᠭᠦᠷᠡᠰᠦᠲᠥ᠋ᠷᠥᠭᠴᠢ ᠵᠢᠨ ᠰᠠᠭᠤᠳᠬᠠᠯ᠎ᠢ ᠪᠡᠶᠡᠯᠡᠭᠦᠯᠵᠦ ᠴᠢᠳᠠᠬᠤ ᠪᠤᠢ?
      ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ᠎ᠳᠤ ᠨᠠᠮᠳᠠᠭᠤᠯᠬᠤ ᠪᠠ ᠵᠣᠬᠢᠴᠠᠭᠤᠯᠬᠤ ᠬᠣᠶᠠᠷ ᠲᠠᠯ᠎ᠠ ᠵᠢᠨ ᠠᠵᠢᠯ᠎ᠢ ᠪᠠᠭᠲᠠᠭ᠋ᠠᠨ᠎ᠠ᠃ ᠨᠡᠭᠦᠷᠡᠰᠦᠲᠥ᠋ᠷᠥᠭᠴᠢ ᠵᠢᠨ ᠰᠠᠭᠤᠳᠬᠠᠯ᠎ᠨᠢ ᠠᠭᠤᠷ ᠠᠮᠢᠰᠬᠤᠯ᠎ᠤᠨ ᠬᠤᠪᠢᠷᠠᠯᠲᠠ ᠵᠢ ᠨᠠᠮᠳᠠᠭ᠋ᠠᠨ᠎ᠠ᠃ ᠨᠡᠭᠦᠷᠡᠰᠦᠲᠥ᠋ᠷᠥᠭᠴᠢ ᠵᠢᠨ ᠰᠠᠭᠤᠳᠬᠠᠯ᠎ᠢ ᠬᠡᠷᠬᠢᠨ ᠪᠡᠶᠡᠯᠡᠭᠦᠯᠬᠦ ᠪᠤᠢ?
      ᠪᠢᠳᠡ ᠦᠪᠡᠷ᠎ᠤᠨ ᠠᠮᠢᠳᠣᠷᠠᠯ ᠵᠶ᠋ᠠᠨ ᠬᠠᠷᠠᠵᠠᠭ᠋ᠠᠶ᠎ᠠ᠃
      ᠲᠡᠷᠭᠡᠨ᠎ᠳᠤ ᠰᠠᠭᠤᠬᠤ᠄ ᠡᠩ᠎ᠤᠨ ᠮᠠᠰᠢᠨ ᠲᠡᠷᠭᠡ ᠲᠦᠯᠡᠰᠢ ᠬᠡᠷᠡᠭᠰᠡᠨ᠎ᠡ᠂ ᠰᠢᠨ᠎ᠡ ᠡᠨᠧᠷᠭᠢ ᠵᠢᠨ ᠮᠠᠰᠢᠨ ᠲᠡᠷᠭᠡ ᠴᠠᠬᠢᠯᠭ᠋ᠠᠨ ᠬᠡᠷᠡᠭᠰᠡᠨ᠎ᠡ᠃
      ᠬᠣᠭᠣᠯᠠ ᠢᠳᠡᠬᠦ᠄ ᠬᠣᠭᠣᠯᠠ ᠪᠤᠳᠠᠭ᠎ᠠ ᠬᠢᠬᠦ᠎ᠳᠤ ᠨᠡᠭᠦᠷᠡᠰᠦ᠂ ᠰᠢᠲᠠᠮᠠᠬᠠᠶ       ᠬᠡᠶ ᠪᠤᠶᠤ ᠴᠠᠬᠢᠯᠭ᠋ᠠᠨ ᠬᠡᠷᠡᠭᠯᠡᠨ᠎ᠡ᠃
      ᠭᠠᠷ ᠤᠲᠠᠰᠤ᠄ ᠤᠲᠠᠰᠤ ᠵᠠᠯᠭ᠋ᠠᠵᠤ ᠴᠡᠨᠡᠭᠯᠡᠭᠰᠡᠨ   ᠴᠤ᠌ ᠲᠡᠷᠡ ᠴᠠᠬᠢᠯᠭ᠋ᠠᠨ ᠬᠤᠷᠢᠶᠠᠭᠤᠷ ᠵᠶ᠋ᠠᠷ ᠴᠡᠨᠡᠭᠯᠡᠭᠰᠡᠨ ᠴᠦ᠍ ᠲᠡᠷᠡ᠂ ᠪᠦᠷ ᠴᠠᠬᠢᠯᠭ᠋ᠠᠨ᠎ᠠᠴᠠ ᠰᠠᠯᠵᠤ ᠴᠢᠳᠠᠬᠤ ᠦᠭᠡᠢ  ᠁
      ᠰᠢᠭᠤᠳ ᠴᠢᠯᠠᠭᠤᠵᠢᠮᠠᠯ ᠲᠦᠯᠡᠰᠢ ᠵᠢᠨ ᠰᠢᠲᠠᠯᠲᠠ᠎ᠠᠴᠠ ᠭᠠᠳᠠᠨ᠎ᠠ᠂ ᠮᠠᠨ᠎ᠤ   ᠬᠡᠷᠡᠭᠯᠡᠵᠦ ᠪᠠᠢ᠌ᠭ᠎ᠠ ᠴᠠᠬᠢᠯᠭ᠋ᠠᠨ᠎ᠤ ᠶᠡᠬᠡᠩᠬᠢ ᠬᠡᠰᠡᠭ᠎ᠨᠢ ᠨᠡᠭᠦᠷᠡᠰᠦ ᠰᠢᠲᠠᠭ᠋ᠠᠳᠠᠭ ᠴᠠᠬᠢᠯᠭ᠋ᠠᠨ ᠦᠢ᠍ᠯᠡᠳᠪᠦᠷᠢ᠎ᠠᠴᠠ   ᠢᠷᠡᠯᠳᠡ᠎ᠲᠠᠢ᠂ ᠴᠥᠭᠡᠨ ᠬᠡᠰᠡᠭ᠎ᠨᠢ ᠰᠠᠯᠬᠢᠨ ᠡᠨᠧᠷᠭᠢ᠂ ᠨᠡᠷᠡᠨ᠎ᠤ ᠡᠨᠧᠷᠭᠢ ᠵᠡᠷᠭᠡ ᠴᠢᠯᠠᠭᠤᠵᠢᠮᠠᠯ᠎ᠤᠨ ᠪᠤᠰᠤ ᠡᠨᠧᠷᠭᠢ ᠵᠢᠨ ᠰᠤᠷᠪᠤᠯᠵᠢ᠎ᠠᠴᠠ   ᠢᠷᠡᠯᠳᠡ᠎ᠲᠠᠢ᠃ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ᠂ ᠪᠠᠷᠢᠯᠭ᠎ᠠ᠂ ᠵᠠᠮ ᠬᠠᠷᠢᠯᠴᠠᠭ᠎ᠠ ᠵᠡᠷᠭᠡ ᠪᠣᠯ ᠪᠠᠰᠠ ᠴᠤ᠌ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢᠨ   ᠲᠥᠪᠯᠡᠷᠡᠩᠭᠦᠢ ᠢᠷᠡᠯᠲᠡ ᠪᠤᠯᠤᠨ᠎ᠠ᠃
      ᠡᠭᠦᠨ᠎ᠠᠴᠠ ᠦᠵᠡᠬᠦ᠎ᠳᠤ᠂ ᠨᠡᠭᠦᠷᠡᠰᠦᠲᠥ᠋ᠷᠥᠭᠴᠢ ᠵᠢᠨ ᠰᠠᠭᠤᠳᠬᠠᠯ᠎ᠢ ᠪᠡᠶᠡᠯᠡᠭᠦᠯᠬᠦ᠎ᠳᠤ᠂ ᠠᠵᠤ ᠠᠬᠤᠢ ᠨᠡᠢ᠌ᠭᠡᠮ  ᠎ᠨᠢ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠵᠦᠭ ᠪᠦᠬᠦ ᠲᠠᠯ᠎ᠠ᠎ᠪᠠᠷ ᠰᠢᠯᠵᠢᠬᠦ ᠴᠢᠬᠤᠯᠠᠲᠠᠢ ᠪᠠᠢ᠌ᠨ᠎ᠠ᠃
      ᠲᠤᠰᠬᠠᠶ ᠮᠡᠷᠭᠡᠵᠢᠯᠲᠡᠨ ᠵᠢᠭ᠋ᠠᠵᠤ ᠭᠠᠷᠭ᠋ᠠᠭᠰᠠᠨ᠎ᠨᠢ᠂ ᠨᠡᠭᠦᠷᠡᠰᠦᠲᠥ᠋ᠷᠥᠭᠴᠢ ᠵᠢᠨ ᠰᠠᠭᠤᠳᠬᠠᠯ᠎ᠨᠢ ᠡᠷᠬᠡᠪᠰᠢ  《ᠨᠡᠮᠡᠬᠦ ᠬᠠᠰᠤᠬᠤ ᠠᠷᠭ᠎ᠠ》 ᠵᠢ ᠰᠠᠢ᠌ᠲᠤᠷ ᠬᠡᠷᠡᠭᠯᠡᠬᠦ ᠬᠡᠷᠡᠭᠲᠡᠶ᠃ ᠨᠢᠭᠡ ᠲᠠᠯ᠎ᠠ᠎ᠪᠠᠷ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠵᠡᠷᠭᠡ ᠬᠦᠯᠡᠮᠵᠢ ᠵᠢᠨ ᠬᠡᠶ ᠪᠡᠶᠡᠲᠦ ᠵᠢᠨ ᠭᠠᠳᠠᠭᠰᠢᠯᠠᠭᠤᠯᠤᠯᠲᠠ ᠵᠢ ᠪᠠᠭ᠋ᠠᠰᠬᠠᠵᠤ᠂ ᠨᠥᠭᠥᠭᠡ ᠲᠠᠯ᠎ᠠ᠎ᠪᠠᠷ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠰᠢᠩᠭᠡᠭᠡᠨ ᠠᠪᠬᠤ ᠵᠢ ᠨᠡᠮᠡᠭᠳᠡᠭᠦᠯᠵᠦ᠂ ᠨᠡᠭᠦᠷᠡᠰᠦᠲᠥ᠋ᠷᠥᠭᠴᠢ ᠵᠢ ᠬᠤᠷᠢᠶᠠᠨ ᠴᠤᠭᠯᠠᠭᠤᠯᠬᠤ ᠪᠠ ᠪᠢᠲᠡᠭᠦᠮᠵᠢᠯᠡᠨ ᠬᠠᠳᠠᠭ᠋ᠠᠯᠠᠬᠤ ᠮᠡᠷᠭᠡᠵᠢᠯ᠎ᠢ ᠬᠥᠭᠵᠢᠭᠦᠯᠵᠦ᠂ ᠭᠠᠳᠠᠭᠰᠢᠯᠠᠭᠤᠯᠤᠯᠲᠠ ᠵᠢᠨ ᠬᠡᠮᠵᠢᠶ᠎ᠡ ᠪᠠ ᠰᠢᠩᠭᠡᠭᠡᠨ ᠠᠪᠬᠤ ᠬᠡᠮᠵᠢᠶ᠎ᠡ ᠵᠢᠨ ᠲᠡᠩᠴᠡᠭᠦᠷᠢ ᠵᠢ ᠪᠡᠶᠡᠯᠡᠭᠦᠯᠬᠦ ᠬᠡᠷᠡᠭᠲᠡᠶ᠃
      ᠤᠯᠤᠰ᠎ᠤᠨ ᠠᠭᠤᠷ ᠠᠮᠢᠰᠬᠤᠯ᠎ᠤᠨ ᠲᠥᠪ᠎ᠤᠨ ᠳᠡᠳ᠋ ᠡᠷᠬᠢᠯᠡᠭᠴᠢ ᠴᠤᠤ ᠴᠢᠩ ᠴᠧᠨ ᠬᠡᠯᠡᠬᠦ᠎ᠳᠡᠭᠡᠨ᠂ ᠨᠠᠮᠳᠠᠭ᠋ᠠᠬᠤ ᠠᠷᠭ᠎ᠠ ᠬᠡᠮᠵᠢᠶ᠎ᠡ ᠦᠷ᠎ᠡ ᠪᠦᠲᠦᠮᠵᠢ ᠭᠠᠷᠭ᠋ᠠᠲᠠᠯ᠎ᠠ ᠮᠠᠰᠢ ᠣᠷᠳᠣ ᠬᠤᠭᠤᠴᠠᠭ᠎ᠠ ᠬᠡᠷᠡᠭᠰᠡᠨ᠎ᠡ᠂ ᠭᠡᠪᠡᠴᠦ ᠣᠳᠣᠬᠠᠨ᠎ᠳᠤ ᠨᠢᠭᠡᠨᠲᠡ ᠠᠭᠤᠷ ᠠᠮᠢᠰᠬᠤᠯ᠎ᠤᠨ ᠬᠤᠪᠢᠷᠠᠯᠲᠠ᠎ᠠᠴᠠ ᠪᠤᠯᠵᠤ ᠮᠠᠰᠢ ᠣᠯᠠᠨ ᠨᠥᠯᠥᠭᠡ ᠡᠭᠦᠰᠦᠭᠰᠡᠨ ᠪᠣᠯᠬᠣᠷ ᠠᠭᠤᠷ ᠠᠮᠢᠰᠬᠤᠯ᠎ᠤᠨ ᠬᠤᠪᠢᠷᠠᠯᠲᠠ᠎ᠳᠤ ᠵᠣᠬᠢᠴᠠᠬᠤ ᠠᠵᠢᠯ ᠳᠤᠲᠠᠭᠳᠠᠵᠤ ᠪᠣᠯᠤᠰᠢ ᠥᠬᠡᠶ ᠶᠤᠮ ᠭᠡᠪᠡ᠃
      ᠲᠡᠷᠡ ᠵᠢᠱ᠌ᠢᠶ᠎ᠡ ᠲᠠᠲᠠᠵᠤ ᠬᠡᠯᠡᠬᠦ᠎ᠳᠡᠭᠡᠨ᠂ ᠣᠲᠣ ᠬᠡᠷᠡᠯ ᠢᠯᠴᠢ ᠤᠰᠤ ᠵᠡᠷᠭᠡ ᠨᠥᠬᠥᠴᠡᠯ᠎ᠳᠤ ᠴᠥᠮ ᠡᠳᠦᠶ ᠲᠡᠳᠦᠶ ᠬᠤᠪᠢᠷᠠᠯᠲᠠ ᠭᠠᠷᠣᠭᠰᠠᠨ᠎ᠠᠴᠠ ᠪᠤᠯᠵᠤ᠂ ᠲᠠᠷᠢᠶᠠᠯᠠᠩ᠎ᠤᠨ ᠦᠢᠯᠡᠳᠪᠦᠷᠢᠯᠡᠯ᠎ᠳᠠᠬᠢ ᠲᠠᠷᠢᠮᠠᠯ᠎ᠤᠨ ᠲᠣᠬᠢᠷᠠᠭᠤᠯᠤᠯᠲᠠ᠂ ᠲᠥᠷᠥᠯ ᠵᠦᠢᠯ᠎ᠤᠨ ᠰᠣᠩᠭᠣᠯᠲᠠ ᠵᠡᠷᠭᠡ᠎ᠳᠤ ᠱᠠᠭ᠋ᠠᠷᠳᠠᠯᠭ᠎ᠠ ᠲᠤᠷᠠᠳᠣᠭᠰᠠᠨ ᠪᠠᠢ᠌ᠨ᠎ᠠ᠂ ᠡᠨᠡ᠎ᠨᠢ ᠨᠠᠩ ᠣᠯᠠᠨ ᠥᠪᠡᠷ᠎ᠤᠨ ᠥᠷᠲᠡᠭ᠎ᠤᠨ ᠣᠷᠣᠭᠤᠯᠤᠯᠲᠠ ᠬᠡᠷᠡᠭᠰᠡᠬᠦ ᠵᠢ ᠬᠠᠷᠠᠭᠤᠯᠵᠤ ᠪᠠᠢ᠌ᠨ᠎ᠠ ᠭᠡᠵᠡᠶ᠃
      ᠠᠰᠠᠭᠤᠯᠲᠠ ᠭᠤᠷᠪᠠ᠄ ᠮᠠᠨ᠎ᠤ ᠤᠯᠤᠰ᠎ᠤᠨ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠣᠷᠭᠢᠯ ᠬᠡᠮᠵᠢᠭᠳᠡᠯ᠎ᠳᠤ ᠬᠦᠷᠬᠡᠬᠦ᠂   ᠨᠡᠭᠦᠷᠡᠰᠦᠲᠥ᠋ᠷᠥᠭᠴᠢ ᠵᠢᠨ   ᠰᠠᠭᠤᠳᠬᠠᠯ᠎ᠢ ᠪᠡᠶᠡᠯᠡᠬᠦᠯᠬᠦ ᠬᠦᠰᠡᠯ ᠡᠷᠡᠮᠡᠯᠵᠡᠯ᠎ᠢ ᠬᠡᠷᠬᠢᠨ ᠦᠵᠡᠬᠦ ᠪᠣᠶ?
      ᠴᠥᠭᠡᠨ ᠪᠤᠰᠤ ᠬᠥᠭᠵᠢᠭᠰᠡᠨ ᠤᠯᠤᠰ ᠨᠢᠭᠡᠨᠲᠡ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠪᠠ ᠠᠵᠤ ᠠᠬᠤᠢ ᠵᠢᠨ ᠬᠠᠷᠢᠴᠠᠭ᠎ᠠ᠎ᠪᠠᠨ ᠲᠠᠰᠤᠯᠵᠠᠢ᠃ ᠭᠡᠪᠡᠴᠦ ᠮᠠᠨ᠎ᠤ ᠤᠯᠤᠰ ᠮᠥᠨ ᠯᠡ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠨᠡᠮᠡᠭᠳᠡᠬᠦ ᠱᠠᠲᠤᠨ᠎ᠳᠤ ᠣᠷᠣᠰᠢᠵᠤ᠂ ᠬᠠᠷᠠᠬᠠᠨ ᠤᠷᠬᠢᠯ ᠬᠡᠮᠵᠢᠭᠳᠡᠯ᠎ᠳᠤ ᠬᠦᠷᠦᠭᠡᠳᠦᠢ ᠪᠠᠢ᠌ᠨ᠎ᠠ᠃ ᠮᠠᠰᠢ ᠤᠯᠠᠨ ᠬᠥᠭᠵᠢᠭᠰᠡᠨ ᠤᠯᠤᠰ᠎ᠲᠠᠢ ᠬᠠᠷᠢᠴᠠᠭᠤᠯᠪᠠᠯ᠂ ᠮᠠᠨ᠎ᠤ ᠤᠯᠤᠰ᠎ᠤᠨ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ᠎ᠨᠢ ᠤᠷᠬᠢᠯ   ᠬᠡᠮᠵᠢᠭᠳᠡᠯ᠎ᠠᠴᠠ ᠨᠡᠭᠦᠷᠡᠰᠦᠲᠥ᠋ᠷᠥᠭᠴᠢ ᠵᠢᠨ   ᠰᠠᠭᠤᠳᠬᠠᠯ᠎ᠢ ᠪᠡᠶᠡᠯᠡᠬᠦᠯᠬᠦ   ᠬᠦᠷᠲᠡᠯᠡᠬᠢ ᠬᠤᠭᠤᠴᠠᠭ᠎ᠠ ᠬᠡᠳᠦᠨ ᠠᠷᠪᠠᠨ ᠵᠢᠯ ᠪᠣᠭᠣᠨᠢᠰᠬᠤ ᠪᠣᠯᠤᠨ᠎ᠠ᠃
      ᠠᠮᠢ ᠠᠬᠤᠶ ᠣᠷᠴᠢᠨ   ᠲᠤᠭᠤᠷᠢᠨ᠎ᠤ ᠶᠠᠮᠤᠨ᠎ᠤ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠵᠤᠷᠭ᠋ᠠᠨ᠎ᠤ ᠳᠠᠷᠤᠭ᠎ᠠ ᠯᠢ ᠭᠣᠤ ᠢᠯᠡᠷᠬᠡᠢ᠌ᠯᠡᠬᠦ᠎ᠳᠡᠭᠡᠨ᠂ ᠬᠠᠮᠤᠭ᠎ᠤᠨ ᠲᠣᠮᠣ ᠬᠥᠭᠵᠢᠵᠦ ᠪᠠᠢ᠌ᠭ᠎ᠠ ᠤᠯᠤᠰ ᠪᠣᠯᠤᠭᠰᠠᠨ᠎ᠤ ᠬᠤᠪᠢ᠎ᠳᠤ᠂ ᠮᠠᠨ᠎ᠤ ᠤᠯᠤᠰ᠎ᠤᠨ ᠬᠥᠭᠵᠢᠯᠲᠡ ᠵᠢᠨ ᠲᠡᠩᠴᠡᠭᠦᠷᠢ ᠥᠬᠡᠶ ᠭᠦᠢᠴᠡᠳ ᠥᠬᠡᠶ ᠠᠰᠠᠭᠤᠳᠠᠯ ᠮᠥᠨ ᠯᠡ ᠲᠣᠪᠣᠢ᠌ᠮ᠎ᠠ ᠪᠠᠢ᠌ᠵᠤ᠂ ᠠᠵᠤ ᠠᠬᠤᠶ ᠵᠢ ᠬᠥᠭᠵᠢᠭᠦᠯᠬᠦ᠂ ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ᠂ ᠶᠠᠳᠠᠭᠤ ᠬᠦᠴᠢᠷᠳᠡᠯ᠎ᠢ ᠠᠷᠢᠯᠭ᠋ᠠᠬᠤ᠂ ᠪᠣᠬᠢᠷᠲᠤᠯ᠎ᠢ ᠵᠠᠰᠠᠬᠤ ᠵᠡᠷᠭᠡ ᠠᠯᠢ ᠣᠯᠠᠨ ᠬᠠᠲᠠᠭᠤ ᠪᠡᠷᠬᠡ ᠡᠭᠦᠷᠭᠡ ᠲᠤᠯᠭ᠋ᠠᠷᠠᠵᠤ ᠪᠠᠢ᠌ᠨ᠎ᠠ᠃
     《ᠮᠠᠨ᠎ᠤ ᠤᠯᠤᠰ᠎ᠤᠨ ᠳᠤᠷᠠᠳᠤᠭᠰᠠᠨ ᠰᠢᠨ᠎ᠡ ᠤᠯᠤᠰ᠎ᠤᠨ ᠪᠡᠶ᠎ᠡ᠎ᠪᠠᠨ ᠳᠠᠭ᠋ᠠᠭ᠋ᠠᠵᠤ ᠬᠤᠪᠢ ᠨᠡᠮᠡᠷᠢ ᠦᠵᠡᠭᠦᠯᠬᠦ ᠬᠠᠷᠠᠯᠲᠠ ᠪᠣᠯᠤᠨ ᠨᠡᠭᠦᠷᠡᠰᠦᠲᠥ᠋ᠷᠥᠭᠴᠢ ᠵᠢᠨ   ᠰᠠᠭᠤᠳᠬᠠᠯ᠎ᠤᠨ ᠬᠦᠰᠡᠯ ᠡᠷᠡᠮᠡᠯᠵᠡᠯ᠎ᠨᠢ ᠳᠥᠭᠥᠮᠬᠡᠨ ᠵᠶ᠋ᠡᠷ  〈ᠭᠠᠷ ᠵᠶ᠋ᠠᠨ ᠰᠣᠩᠭᠤᠬᠤ   ᠪᠤᠶᠤ ᠥᠨᠳᠡᠢ᠌ᠪᠡᠯ〉 ᠲᠠᠷᠣᠢ ᠪᠤᠯᠠᠴᠢᠬᠠᠬᠤ ᠶᠠᠪᠤᠳᠠᠯ   ᠪᠢᠰᠢ᠂ ᠬᠠᠷᠢᠨ ᠬᠠᠪᠰᠤᠷᠤᠨ ᠭᠦᠶᠦᠵᠦ᠂ ᠬᠤᠷᠳᠤᠴᠠ᠎ᠪᠠᠨ ᠲᠦᠷᠭᠡᠳᠬᠡᠵᠦ᠂ ᠬᠦᠴᠦᠯᠡᠨ ᠴᠢᠷᠮᠠᠢ᠌ᠪᠠᠯ   ᠰᠠᠶᠢ ᠪᠡᠶᠡᠯᠡᠭᠦᠯᠵᠦ ᠴᠢᠳᠠᠨ᠎ᠠ》 ᠭᠡᠵᠦ ᠯᠢ ᠭᠤᠤ ᠬᠡᠯᠡᠪᠡ᠃
      ᠲᠡᠷᠡ ᠵᠢᠭ᠋ᠠᠵᠤ ᠭᠠᠷᠭ᠋ᠠᠭᠰᠠᠨ᠎ᠨᠢ᠂ ᠮᠠᠰᠢ ᠤᠯᠠᠨ ᠬᠥᠭᠵᠢᠭᠰᠡᠨ ᠤᠯᠤᠰ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠤᠷᠬᠢᠯ᠎ᠳᠤ   ᠬᠦᠷᠭᠡᠬᠦ ᠵᠢ   ᠪᠡᠶᠡᠯᠡᠬᠦᠯᠦᠭᠰᠡᠨ᠎ᠨᠢ ᠨᠢᠭᠡᠨ ᠮᠡᠷᠭᠡᠵᠢᠯ᠂ ᠠᠵᠤ ᠠᠬᠤᠢ ᠵᠢᠨ ᠬᠥᠭᠵᠢᠯᠲᠡ ᠵᠢᠨ ᠪᠠᠢ᠌ᠭ᠋ᠠᠯᠢ ᠵᠢᠨ ᠶᠠᠪᠤᠴᠠ ᠪᠣᠯᠤᠨ᠎ᠠ᠂ ᠬᠠᠷᠢᠨ ᠮᠠᠨ᠎ᠤ ᠤᠯᠤᠰ᠎ᠨᠢ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠵᠢᠨ ᠲᠥᠯᠥᠭᠡ ᠥᠪᠡᠷ᠎ᠤᠨ ᠳᠠᠷᠤᠯᠲᠠ᠎ᠪᠠᠨ ᠨᠡᠮᠡᠭᠳᠡᠭᠦᠯᠵᠦ᠂ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠨᠡᠩ ᠬᠦᠴᠦᠲᠡᠢ ᠲᠦᠷᠦ ᠵᠢᠨ ᠪᠤᠳᠤᠯᠭ᠎ᠠ ᠠᠷᠭ᠎ᠠ ᠬᠡᠮᠵᠢᠢ᠎ᠡ ᠠᠪᠬᠤ ᠬᠡᠷᠡᠭᠲᠡᠢ᠃ ᠮᠠᠨ᠎ᠤ ᠤᠯᠤᠰ ᠠᠵᠤ ᠠᠬᠤᠢ ᠵᠢᠨ ᠬᠥᠭᠵᠢᠯᠲᠡ ᠵᠢᠨ ᠨᠡᠯᠢᠶᠡᠳ ᠳᠣᠣᠷ᠎ᠠ ᠲᠦᠪᠰᠢᠨ᠎ᠳᠤ ᠪᠠᠢ᠌ᠵᠤ᠂ ᠨᠡᠭᠦᠷᠡᠰᠦᠲᠥ᠋ᠷᠥᠭᠴᠢ ᠵᠢᠨ   ᠭᠠᠳᠠᠭᠰᠢᠯᠠᠭᠤᠯᠤᠯᠲᠠ ᠵᠢ ᠤᠷᠬᠢᠯ᠎ᠳᠤ ᠬᠦᠷᠬᠦ ᠵᠢ ᠡᠷᠲᠡᠬᠡᠨ ᠪᠡᠶᠡᠯᠡᠭᠦᠯᠬᠦ᠎ᠪᠠᠷ ᠴᠢᠷᠮᠠᠢ᠌ᠬᠤ ᠬᠡᠷᠡᠭᠲᠡᠢ᠂ 2030 ᠣᠨ᠎ᠠᠴᠠ ᠡᠮᠦᠨ᠎ᠡ ᠤᠷᠬᠢᠯ᠎ᠳᠤ ᠬᠦᠷᠬᠦ ᠬᠠᠷᠠᠯᠲᠠ ᠵᠢ ᠪᠡᠶᠡᠯᠡᠭᠦᠯᠬᠦ ᠦᠶ᠎ᠡ᠎ᠳᠤ᠂ ᠮᠠᠨ᠎ᠤ ᠤᠯᠤᠰ᠎ᠤᠨ ᠬᠥᠮᠦᠨ ᠳᠤᠮᠳᠠᠴᠢ ᠵᠢᠨ GDP ᠮᠥᠨ ᠬᠦ᠌ ᠮᠠᠰᠢ ᠤᠯᠠᠨ ᠬᠥᠭᠵᠢᠭᠰᠡᠨ ᠤᠯᠤᠰ᠎ᠤᠨ ᠤᠷᠬᠢᠯ᠎ᠳᠤ ᠬᠦᠷᠬᠦ ᠦᠶ᠎ᠡ ᠵᠢᠨ ᠲᠦᠪᠰᠢᠨ᠎ᠠᠴᠠ ᠢᠯᠡᠳᠲᠡ ᠳᠣᠣᠷ᠎ᠠ ᠪᠠᠢ᠌ᠬᠤ ᠪᠣᠯᠤᠨ᠎ᠠ᠃
      ᠡᠭᠦᠨ᠎ᠤ ᠬᠠᠮᠲᠤ᠂ ᠮᠠᠨ᠎ᠤ ᠤᠯᠤᠰ᠎ᠤᠨ ᠡᠨᠧᠷᠭᠢ ᠵᠢᠨ ᠰᠤᠷᠪᠤᠯᠵᠢ ᠵᠢᠨ ᠪᠦᠲᠦᠴᠡ᠎ᠨᠢ ᠨᠡᠭᠦᠷᠡᠰᠦ᠎ᠪᠠᠷ ᠭᠣᠣᠯ ᠪᠣᠯᠭ᠋ᠠᠵᠤ᠂ ᠨᠡᠯᠢᠶᠡᠳ ᠣᠬᠣᠷᠬᠠᠨ ᠬᠤᠭᠤᠴᠠᠭ᠋ᠠᠨ ᠳᠣᠲᠣᠷ᠎ᠠ ᠨᠡᠭᠦᠷᠡᠰᠦᠨ᠎ᠤ ᠬᠡᠷᠡᠭᠯᠡᠭᠡᠨ᠎ᠤ ᠡᠵᠡᠯᠡᠬᠦ ᠬᠠᠷᠢᠴᠠᠯ᠎ᠢ ᠶᠡᠬᠡ᠎ᠪᠠᠷ ᠪᠠᠭᠤᠷᠠᠭᠤᠯᠬᠤ᠎ᠳᠤ ᠮᠡᠷᠭᠡᠵᠢᠯ᠂ ᠠᠵᠤ ᠦᠢ᠍ᠯᠡᠰ᠂ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠢ᠌ᠭᠤᠯᠤᠯᠲᠠ᠂ ᠠᠵᠢᠯ ᠣᠯᠭᠣᠯᠲᠠ᠂ ᠨᠡᠢ᠌ᠭᠡᠮ᠎ᠤᠨ ᠪᠠᠲᠤᠯᠠᠭ᠎ᠠ ᠵᠡᠷᠭᠡ ᠡᠯ᠎ᠡ ᠵᠦᠢ᠍ᠯ᠎ᠤᠨ ᠪᠤᠳᠤᠯᠢᠶᠠᠨᠲᠠᠢ ᠠᠰᠠᠭᠤᠳᠠᠯ ᠪᠠ ᠰᠢᠯᠭ᠋ᠠᠯᠲᠠ ᠵᠢ ᠢᠯᠠᠨ ᠳᠠᠪᠠᠬᠤ ᠴᠢᠬᠤᠯᠠᠲᠠᠢ ᠶᠤᠮ᠃
      ᠥᠷᠢᠰᠥᠯᠳᠦᠭᠡᠨ ᠪᠠ ᠠᠵᠠ ᠲᠣᠬᠢᠶᠠᠯ   ᠵᠡᠷᠭᠡᠪᠡᠷ ᠤᠷᠤᠰᠢᠵᠤ ᠪᠤᠢ᠃ ᠴᠠᠢ ᠴᠢ ᠮᠢᠨ᠎ᠤ ᠦᠵᠡᠬᠦ᠎ᠪᠠᠷ᠂ ᠨᠡᠭᠦᠷᠡᠰᠦᠲᠥ᠋ᠷᠥᠭᠴᠢ ᠵᠢᠨ   ᠰᠠᠭᠤᠳᠬᠠᠯ᠎ᠢ   ᠪᠡᠶᠡᠯᠡᠬᠦᠯᠬᠦ ᠬᠦᠰᠡᠯ ᠡᠷᠡᠮᠡᠯᠵᠡᠯ᠎ᠨᠢ ᠠᠵᠤ ᠠᠬᠤᠶ ᠪᠠ ᠮᠡᠷᠭᠡᠵᠢᠯ᠎ᠤᠨ ᠵᠦᠶ   ᠵᠤᠬᠢᠰᠲᠤ ᠴᠢᠨᠠᠷ᠎ᠲᠠᠢ᠃ ᠣᠳᠣᠬᠠᠨ᠎ᠳᠤ ᠮᠠᠨ᠎ᠤ ᠤᠯᠤᠰ᠎ᠤᠨ ᠶᠡᠬᠡ᠎ᠪᠠᠷ   ᠬᠦᠭᠵᠢᠬᠦᠯᠵᠦ ᠪᠠᠢ᠌ᠭ᠎ᠠ ᠳᠠᠬᠢᠨ ᠡᠭᠦᠰᠴᠦ ᠪᠣᠯᠬᠤ ᠡᠨᠧᠷᠭᠢ᠂ ᠤᠶᠤᠨᠲᠤ ᠴᠠᠬᠢᠯᠭ᠋ᠠᠨ ᠲᠣᠣᠷ᠂ ᠰᠢᠨ᠎ᠡ ᠡᠨᠧᠷᠭᠢ ᠵᠢᠨ ᠮᠠᠰᠢᠨ ᠲᠡᠷᠭᠡ ᠵᠡᠷᠭᠡ ᠳᠣᠣᠷ᠎ᠠ ᠨᠡᠭᠦᠷᠡᠰᠦᠲᠥ᠋ᠷᠥᠭᠴᠢᠲᠦ ᠰᠢᠨ᠎ᠡ ᠠᠵᠤ ᠦᠢ᠍ᠯᠡᠰ  ᠂ ᠰᠢᠨ᠎ᠡ ᠮᠡᠷᠭᠡᠵᠢᠯ᠎ᠨᠢ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢᠨ ᠴᠢᠭᠯᠡᠯ᠎ᠳᠤ ᠨᠡᠢ᠌ᠴᠡᠵᠦ ᠪᠤᠢ᠂   ᠡᠳᠡᠭᠡᠷ᠎ᠨᠢ ᠮᠠᠨ᠎ᠤ ᠤᠯᠤᠰ᠎ᠤᠨ ᠠᠳᠬᠤᠬᠤ ᠴᠢᠬᠤᠯᠠᠲᠠᠢ ᠠᠵᠠ ᠲᠣᠬᠢᠶᠠᠯ   ᠪᠤᠯᠬᠤ   ᠶᠤᠮ᠃
      ᠠᠰᠠᠭᠤᠯᠲᠠ ᠳᠥᠷᠪᠡ᠄ 《ᠠᠷᠪᠠᠨ ᠳᠥᠷᠪᠡᠳᠦᠭᠡᠷ ᠲᠠᠪᠤᠨ ᠵᠢᠯ》᠎ᠳᠤ ᠶᠠᠭ᠋ᠠᠬᠢᠵᠤ ᠠᠵᠢᠯᠯᠠᠬᠤ ᠪᠣᠶ?
      ᠴᠤᠤ ᠴᠢᠩ ᠴᠸᠨ ᠬᠡᠯᠡᠬᠦ᠎ᠳᠡᠭᠡᠨ᠂ ᠡᠮᠦᠨᠡᠬᠢ ᠬᠤᠭᠤᠴᠠᠭ᠋ᠠᠨ᠎ᠤ ᠪᠣᠬᠢᠷᠲᠤᠯ ᠎ᠤᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ ᠴᠢᠷᠮᠠᠢ᠌ᠯᠭ᠎ᠠ᠎ᠨᠢ ᠬᠡᠳᠦᠶ ᠠᠷᠪᠢᠨ ᠪᠣᠯ ᠰᠡᠭᠦᠯᠴᠢ ᠵᠢᠨ ᠬᠤᠭᠤᠴᠠᠭ᠋ᠠᠨ᠎ᠤ ᠳᠠᠷᠤᠯᠲᠠ᠎ᠨᠢ ᠲᠡᠳᠦᠶ ᠪᠠᠭ᠎ᠠ ᠪᠠᠢ᠌ᠵᠤ᠂ ᠬᠡᠯᠪᠡᠷᠢ᠎ᠪᠠᠨ ᠬᠤᠪᠢᠷᠠᠭᠤᠯᠬᠤ᠎ᠳᠤ ᠬᠡᠷᠡᠭᠰᠡᠬᠦ ᠴᠠᠭ᠎ᠨᠢ ᠲᠡᠳᠦᠶ ᠣᠬᠣᠷ ᠪᠣᠯᠤᠨ᠎ᠠ᠃
      ᠮᠠᠨ᠎ᠤ ᠤᠯᠤᠰ 2030 ᠣᠨ ᠪᠣᠯᠬᠤ᠎ᠳᠤ᠂ ᠨᠢᠭᠡᠴᠢ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠪᠦᠬᠦ ᠦᠷᠲᠡᠭ᠎ᠤᠨ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢ 2005 ᠣᠨ᠎ᠤ᠎ᠬᠢ᠎ᠠᠴᠠ 65%᠎ᠠᠴᠠ ᠳᠡᠭᠡᠭᠰᠢ ᠪᠠᠭᠤᠷᠠᠭᠤᠯᠵᠤ᠂ ᠠᠩᠬᠠᠳᠠᠭᠴᠢ ᠡᠨᠧᠷᠭᠢ ᠵᠢᠨ ᠰᠤᠷᠪᠤᠯᠵᠢ ᠵᠢᠨ ᠬᠡᠷᠡᠭᠯᠡᠭᠡ᠎ᠳᠠᠬᠢ ᠴᠢᠯᠠᠭᠤᠵᠢᠮᠠᠯ᠎ᠤᠨ ᠪᠤᠰᠤ ᠡᠨᠧᠷᠭᠢ ᠵᠢᠨ ᠰᠤᠷᠪᠤᠯᠵᠢ ᠵᠢᠨ ᠡᠵᠡᠯᠡᠬᠦ ᠬᠤᠪᠢ ᠵᠢᠨ ᠵᠢᠩ᠎ᠢ 25% ᠣᠷᠴᠢᠮ᠎ᠳᠤ ᠬᠦᠷᠭᠡᠵᠦ᠂ ᠤᠢ ᠰᠢᠭᠤᠢ ᠵᠢᠨ ᠬᠠᠳᠠᠭ᠋ᠠᠯᠠᠭᠳᠠᠴᠠ ᠵᠢ 2005 ᠣᠨ᠎ᠤ᠎ᠬᠢ᠎ᠠᠴᠠ 60 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠨᠡᠮᠡᠭᠳᠡᠭᠦᠯᠵᠦ᠂ ᠰᠠᠯᠬᠢᠨ ᠬᠦᠴᠦᠨ᠎ᠤ ᠴᠠᠬᠢᠯᠭ᠋ᠠᠨ᠂ ᠨᠡᠷᠡᠨ᠎ᠤ ᠡᠨᠧᠷᠭᠢ ᠵᠢᠨ ᠴᠠᠬᠢᠯᠭ᠋ᠠᠨ ᠭᠠᠷᠭ᠋ᠠᠬᠤ ᠶᠡᠷᠦᠩᠬᠡᠢ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ ᠵᠢ 12 ᠳ᠋ᠦᠩᠰᠢᠭᠤᠷ ᠺᠢᠯᠣᠸᠠᠲ᠎ᠠᠴᠠ ᠳᠡᠭᠡᠭᠰᠢ᠎ᠳᠤ ᠬᠦᠷᠭᠡᠨ᠎ᠡ ᠭᠡᠵᠦ ᠨᠡᠢ᠌ᠲᠡᠯᠡᠪᠡ᠃
      ᠰᠢᠨ᠎ᠡ ᠬᠠᠷᠠᠯᠲᠠ᠎ᠳᠤ ᠬᠦᠷᠬᠦ᠎ᠪᠠᠷ 《ᠠᠷᠪᠠᠨ ᠳᠥᠷᠪᠡᠳᠦᠭᠡᠷ ᠲᠠᠪᠤᠨ ᠵᠢᠯ》᠎ᠳᠤ ᠶᠠᠭ᠋ᠠᠬᠢᠵᠤ ᠬᠢᠬᠦ᠎ᠨᠢ ᠬᠥᠮᠦᠰ᠎ᠤᠨ ᠠᠩᠬᠠᠷᠤᠯ᠎ᠢ ᠶᠡᠬᠡᠳᠡ ᠲᠠᠲᠠᠵᠤ ᠪᠠᠢ᠌ᠨ᠎ᠠ᠃
      ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠵᠤᠷᠭ᠋ᠠᠨ᠎ᠤ ᠬᠠᠷᠢᠭᠤᠴᠠᠯᠭ᠋ᠠᠲᠠᠨ ᠢᠯᠡᠷᠬᠡᠢ᠌ᠯᠡᠬᠦ᠎ᠳᠡᠭᠡᠨ᠂ ᠡᠷᠴᠢᠮ᠎ᠲᠠᠢ ᠨᠡᠭᠦᠷᠡᠰᠦᠲᠥ᠋ᠷᠥᠭᠴᠢ ᠵᠢᠨ ᠬᠦᠴᠦᠯᠡᠴᠡ ᠵᠢ ᠪᠠᠭᠤᠷᠠᠭᠤᠯᠬᠤ ᠬᠢᠵᠠᠭ᠋ᠠᠷᠯᠠᠬᠤ ᠴᠢᠨᠠᠷᠲᠠᠶ ᠭᠦᠢᠴᠡᠳᠬᠡᠯ ᠲᠣᠭ᠎ᠠ ᠵᠢ 《ᠠᠷᠪᠠᠨ ᠳᠥᠷᠪᠡᠳᠦᠭᠡᠷ ᠲᠠᠪᠤᠨ ᠵᠢᠯ》  ᠎ᠤᠨ ᠲᠥᠯᠥᠪᠵᠢᠭᠦᠯᠭᠡ ᠵᠢᠨ ᠬᠥᠲᠥᠯᠪᠦᠷᠢ᠎ᠳᠤ ᠣᠷᠣᠭᠤᠯᠵᠤ᠂ ᠣᠷᠣᠨ ᠨᠤᠲᠤᠭ᠎ᠲᠤ ᠬᠤᠪᠢᠶᠠᠨ ᠥᠭᠴᠦ ᠨᠠᠢ᠌ᠳᠠᠪᠤᠷᠢᠵᠢᠭᠤᠯᠬᠤ ᠪᠥᠭᠡᠳ ᠬᠢᠨᠠᠯᠲᠠ ᠪᠠᠢ᠌ᠴᠠᠭ᠋ᠠᠯᠲᠠ᠎ᠪᠠᠨ ᠴᠢᠩᠭ᠋ᠠᠳᠬᠠᠨ᠎ᠠ ᠭᠡᠵᠡᠢ᠃
      ᠲᠡᠷᠡ ᠢᠯᠡᠷᠬᠡᠢ᠌ᠯᠡᠬᠦ᠎ᠳᠡᠭᠡᠨ᠂ 2030 ᠣᠨ᠎ᠠᠴᠠ   ᠡᠮᠦᠨ᠎ᠡ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠎ᠤᠨ ᠭᠠᠳᠠᠭᠰᠢᠯᠠᠭᠤᠯᠤᠯᠲᠠ ᠵᠢ ᠤᠷᠬᠢᠯ ᠬᠡᠮᠵᠢᠭᠳᠡᠯ᠎ᠳᠤ ᠬᠦᠷᠭᠡᠬᠦ ᠠᠵᠢᠯᠯᠠᠭ᠎ᠠ ᠵᠢᠨ ᠲᠥᠰᠦᠯ᠎ᠢ ᠱᠠᠯᠠᠪᠳᠠᠨ ᠲᠣᠭᠲᠠᠭ᠋ᠠᠵᠤ᠂  《ᠠᠷᠪᠠᠨ ᠳᠥᠷᠪᠡᠳᠦᠭᠡᠷ ᠲᠠᠪᠤᠨ ᠵᠢᠯ  》᠂  《ᠠᠷᠪᠠᠨ ᠲᠠᠪᠤᠳᠤᠭ᠋ᠠᠷ ᠲᠠᠪᠤᠨ ᠵᠢᠯ》  ᠎ᠤᠨ ᠬᠤᠭᠤᠴᠠᠭ᠋ᠠᠨ᠎ᠳᠤ ᠦᠷᠭᠦᠯᠵᠢᠯᠡᠨ ᠠᠬᠢᠭᠤᠯᠤᠨ ᠬᠡᠷᠡᠭᠵᠢᠭᠦᠯᠦᠨ᠎ᠡ᠃ ᠡᠯ᠎ᠡ ᠭᠠᠵᠠᠷ ᠣᠷᠣᠨ ᠪᠣᠯᠤᠨ ᠭᠣᠣᠯᠳᠠᠯᠭ᠎ᠠ᠎ᠲᠠᠢ ᠠᠵᠢᠯ ᠲᠥᠷᠥᠯ᠎ᠤᠨ  〈ᠣᠷᠭᠢᠯ  ᠎ᠳᠤ ᠬᠦᠷᠬᠦ〉 ᠬᠠᠷᠠᠯᠲᠠ᠂ ᠵᠠᠮ ᠱᠤᠭᠤᠮ᠎ᠤᠨ ᠵᠢᠷᠤᠭ᠂ ᠠᠵᠢᠯᠯᠠᠭ᠋ᠠᠨ᠎ᠤ ᠲᠥᠰᠦᠯ ᠪᠣᠯᠤᠨ ᠢᠵᠢ ᠠᠷᠭ᠎ᠠ ᠬᠡᠮᠵᠢᠶ᠎ᠡ ᠵᠢ ᠲᠤᠳᠤᠷᠬᠠᠢ ᠲᠤᠭᠳᠠᠭ᠋ᠠᠨ᠎ᠠ᠃ ᠡᠭᠦᠨ᠎ᠤ ᠬᠠᠮᠲᠤ᠂ ᠵᠠᠬ᠎ᠠ ᠳᠡᠯᠭᠡᠭᠦᠷ᠎ᠤᠨ ᠲᠣᠭᠲᠠᠴᠠ ᠵᠢᠨ ᠦᠢ᠍ᠯᠡᠳᠦᠯ᠎ᠢ ᠨᠡᠩ ᠰᠠᠢ᠍ᠢ᠍ᠨ ᠪᠠᠳᠠᠷᠠᠭᠤᠯᠵᠤ᠂ ᠪᠦᠬᠦ ᠤᠯᠤᠰ᠎ᠤᠨ ᠨᠡᠭᠦᠷᠡᠰᠦᠲᠥ᠋ᠷᠥᠭᠴᠢ ᠵᠢᠨ ᠵᠠᠬ᠎ᠠ ᠳᠡᠯᠭᠡᠭᠦᠷ᠎ᠤᠨ ᠪᠠᠢ᠌ᠭᠤᠯᠤᠯᠲᠠ ᠵᠢ ᠲᠦᠷᠭᠡᠯᠡᠨ ᠠᠬᠢᠭᠤᠯᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠬᠠᠤᠯᠢ ᠲᠣᠭᠲᠠᠭ᠋ᠠᠯᠲᠠ ᠵᠢ ᠠᠬᠢᠭᠤᠯᠤᠨ᠎ᠠ᠃
      ᠡᠨᠧᠷᠭᠢ ᠵᠢᠨ ᠳᠣᠤᠷ᠎ᠠ ᠨᠡᠭᠦᠷᠡᠰᠦᠲᠥ᠋ᠷᠥᠭᠴᠢᠲᠦ ᠬᠡᠯᠪᠡᠷᠢ ᠵᠢᠨ ᠬᠤᠪᠢᠷᠠᠯᠲᠠ ᠪᠣᠯ ᠴᠢᠬᠤᠯᠠ ᠠᠭᠤᠯᠭ᠎ᠠ ᠪᠤᠯᠤᠨ᠎ᠠ᠃ ᠲᠤᠰ ᠬᠠᠷᠢᠭᠤᠴᠠᠯᠭ᠋ᠠᠲᠠᠨ ᠬᠡᠯᠡᠬᠦ᠎ᠳᠡᠭᠡᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠪᠦᠲᠦᠮᠵᠢᠲᠡᠢ ᠠᠷᠭ᠎ᠠ ᠬᠡᠮᠵᠢᠢ᠎ᠡ ᠠᠪᠴᠤ ᠴᠢᠯᠠᠭᠤᠵᠢᠮᠠᠯ ᠡᠨᠧᠷᠭᠢ ᠵᠢᠨ ᠬᠡᠷᠡᠭᠯᠡᠭᠡ ᠵᠢ ᠬᠢᠵᠠᠭ᠋ᠠᠷᠯᠠᠵᠤ᠂ ᠨᠡᠭᠦᠷᠡᠰᠦᠨ᠎ᠤ ᠬᠡᠷᠡᠭᠯᠡᠭᠡ ᠡᠷᠲᠡᠬᠡᠨ ᠤᠷᠬᠢᠯ᠎ᠳᠠᠭᠠᠨ ᠬᠦᠷᠬᠦ ᠵᠢ ᠠᠬᠢᠭᠤᠯᠬᠤ ᠬᠡᠷᠡᠭᠲᠡᠢ᠃ ᠨᠡᠭᠦᠷᠡᠰᠦ ᠵᠢ ᠬᠢᠵᠠᠭ᠋ᠠᠷᠯᠠᠬᠤ ᠨᠡᠩ ᠴᠢᠩᠭ᠎ᠠ ᠠᠷᠭ᠎ᠠ ᠬᠡᠮᠵᠢᠶ᠎ᠡ ᠵᠢ ᠬᠡᠷᠡᠭᠵᠢᠭᠦᠯᠵᠦ᠂ ᠴᠢᠯᠠᠭᠤᠵᠢᠮᠠᠯ᠎ᠤᠨ ᠪᠤᠰᠤ ᠡᠨᠧᠷᠭᠢ ᠵᠢ ᠶᠡᠬᠡᠪᠡᠷ ᠬᠥᠭᠵᠢᠭᠦᠯᠦᠨ᠂ ᠭᠡᠷᠡᠯ   ᠴᠡᠨᠡᠩ᠂ ᠰᠠᠯᠬᠢᠨ ᠬᠦᠴᠦᠨ᠎ᠤ ᠴᠠᠬᠢᠯᠭ᠋ᠠᠨ ᠵᠡᠷᠭᠡ ᠰᠢᠨ᠎ᠡ ᠡᠨᠧᠷᠭᠢ ᠵᠢ ᠰᠢᠩᠭᠡᠭᠡᠨ ᠠᠪᠬᠤ ᠴᠢᠳᠠᠪᠤᠷᠢ᠎ᠪᠠᠨ ᠳᠡᠭᠡᠭᠰᠢᠯᠡᠭᠦᠯᠵᠦ᠂ ᠳᠠᠬᠢᠨ ᠡᠭᠦᠰᠴᠦ ᠪᠣᠯᠬᠤ ᠡᠨᠧᠷᠭᠢ᠎ᠪᠠᠷ ᠤᠰᠤᠲᠥ᠋ᠷᠥᠭᠴᠢ ᠬᠢᠬᠦ ᠵᠡᠷᠭᠡ ᠲᠡᠷᠢᠭᠦᠨ᠎ᠤ ᠮᠡᠷᠭᠡᠵᠢᠯ ᠪᠣᠯᠤᠨ ᠠᠵᠤ ᠦᠢ᠍ᠯᠡᠰ᠎ᠢ ᠢᠳᠡᠪᠬᠢᠲᠡᠶ᠎ᠪᠠᠷ ᠨᠡᠭᠡᠭᠡᠨ   ᠬᠦᠭᠵᠢᠬᠦᠯᠬᠦ ᠬᠡᠷᠡᠭᠳᠡᠢ᠃ ᠴᠠᠬᠢᠯᠭ᠋ᠠᠨ ᠬᠦᠴᠦᠨ᠎ᠤ ᠰᠢᠰᠲ᠋ᠧᠮ᠎ᠤᠨ ᠬᠡᠯᠪᠡᠷᠢ᠎ᠪᠠᠨ ᠬᠤᠪᠢᠷᠠᠭᠤᠯᠬᠤ ᠵᠢ ᠲᠦᠯᠬᠢᠨ ᠠᠬᠢᠭᠤᠯᠵᠤ᠂ ᠥᠨᠳᠥᠷ ᠬᠠᠷᠢᠴᠠᠯ ᠪᠦᠬᠦᠢ ᠳᠠᠬᠢᠠ ᠡᠭᠦᠰᠴᠦ ᠪᠣᠯᠬᠤ ᠡᠨᠧᠷᠭᠢ ᠵᠢᠨ ᠰᠤᠷᠪᠤᠯᠵᠢ᠎ᠳᠤ ᠵᠣᠬᠢᠴᠠᠭᠰᠠᠨ ᠴᠠᠬᠢᠯᠭ᠋ᠠᠨ ᠬᠦᠴᠦᠨ᠎ᠤ ᠠᠷᠠᠯᠵᠢᠶ᠎ᠠ ᠪᠠ ᠲᠤᠬᠢᠷᠡᠭᠤᠯᠦᠯᠳᠠ ᠵᠢᠨ ᠲᠣᠭᠲᠠᠴᠠ ᠵᠢ   ᠪᠠᠢ᠌ᠭᠤᠯᠬᠤ ᠬᠡᠷᠡᠭᠲᠡᠢ᠃
      ᠲᠠᠷᠠᠭ᠋ᠠᠴᠢ ᠵᠢᠨ ᠠᠯᠬᠤᠮ᠎ᠳᠤ᠂ ᠠᠵᠤ ᠦᠢᠯᠡᠳᠪᠦᠷᠢ᠂ ᠵᠠᠮ ᠬᠠᠷᠢᠯᠴᠠᠭ᠎ᠠ᠂ ᠪᠠᠷᠢᠯᠭ᠎ᠠ ᠵᠡᠷᠭᠡ ᠭᠣᠤᠯᠳᠠᠯᠭ᠎ᠠ᠎ᠲᠠᠢ ᠬᠦᠷᠢᠶᠡᠨ᠎ᠳᠠᠬᠢ ᠳᠣᠤᠷ᠎ᠠ ᠨᠡᠭᠦᠷᠡᠰᠦᠲᠥ᠋ᠷᠥᠭᠴᠢᠲᠦ ᠠᠵᠢᠯᠯᠠᠭ᠎ᠠ ᠵᠢ ᠦᠷᠭᠦᠯᠵᠢᠯᠡᠨ ᠭᠦᠨᠵᠡᠭᠡᠢ᠌ᠷᠡᠭᠦᠯᠬᠦ ᠵᠢᠨ ᠬᠠᠮᠲᠤ ᠲᠥᠬᠥᠮ ᠪᠥᠭᠡᠳ ᠲᠣᠬᠢᠷᠠᠮᠵᠢᠲᠠᠶ᠂ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ᠎ᠢ ᠰᠠᠨᠠᠭ᠋ᠠᠴᠢᠯᠠᠵᠤ᠂ ᠨᠡᠢ᠌ᠭᠡᠮ ᠳᠠᠶᠠᠭ᠋ᠠᠷ ᠵᠶ᠋ᠠᠨ ᠬᠠᠮᠲᠤ᠎ᠪᠠᠷ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ᠎ᠳᠤ ᠣᠷᠣᠯᠴᠠᠬᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠶ᠃
      ᠲᠡᠷᠡ ᠬᠡᠯᠡᠬᠦ᠎ᠳᠡᠭᠡᠨ᠂ ᠳᠤᠮᠳᠠᠳᠤ ᠤᠯᠤᠰ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠵᠠᠰᠠᠯᠲᠠ᠎ᠳᠤ ᠢᠳᠡᠪᠬᠢᠲᠡᠢ ᠣᠷᠣᠯᠴᠠᠵᠤ᠂ ᠲᠥᠪ ᠭᠣᠣᠯᠴᠢ ᠵᠦᠢ ᠵᠣᠬᠢᠰᠲᠠᠢ᠂ ᠬᠠᠮᠲᠤᠷᠠᠯᠴᠠᠵᠤ ᠬᠠᠮᠲᠤ᠎ᠪᠠᠷ ᠠᠰᠢᠭ ᠬᠦᠷᠳᠡᠬᠦ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠵᠠᠰᠠᠯᠲᠠ ᠵᠢᠨ ᠰᠢᠰᠲ᠋ᠧᠮ᠎ᠢ ᠪᠠᠢ᠌ᠭᠤᠯᠬᠤ᠎ᠳᠤ  《ᠳᠤᠮᠳᠠᠳᠤ ᠤᠯᠤᠰ᠎ᠤᠨ ᠤᠶᠤᠨ ᠤᠬᠠᠭ᠋ᠠᠨ》   ᠪᠠ  《  ᠳᠤᠮᠳᠠᠳᠤ ᠤᠯᠤᠰ᠎ᠤᠨ ᠲᠥᠰᠦᠯ  》   ᠵᠶ᠋ᠡᠨ ᠦᠷᠭᠦᠯᠵᠢᠯᠡᠨ   ᠬᠠᠨᠳᠢᠪᠯᠠᠨ᠎ᠠ᠃

ᠢᠷᠡᠯᠲᠡ᠄ ᠵᠢᠨᠢᠩ᠎ᠤᠨ ᠠᠮᠢ ᠠᠬᠤᠶ ᠣᠷᠴᠢᠨ ᠲᠣᠭᠣᠷᠢᠨ᠎ᠤ ᠸᠢᠴᠠᠲ ᠲᠠᠪᠴᠠᠩ
          
ᠬᠠᠮᠢᠶ᠎ᠡ ᠪᠦᠬᠦᠢ ᠰᠣᠨᠢᠨ
2020 ᠣᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠭᠰᠠᠨ ᠰᠢᠪᠳᠤᠯᠤᠯᠳᠠ ᠵᠢᠨ ᠳᠠᠶ᠋ᠢᠯᠠᠯᠳᠤᠭ᠋ᠠᠨ᠎ᠤ ᠦᠷ᠎ᠡ ᠪᠦᠲᠦᠮᠵᠢ ᠵᠢ ᠬᠢᠨᠠᠨ ᠰᠢᠯᠭ᠋ᠠᠬᠤ ᠠᠵᠢᠯ᠎ᠢ ᠪᠦᠬᠦ ᠲᠠᠯ᠎ᠠ᠎ᠪᠠᠷ ᠦᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠬᠠᠳᠠ ᠵᠢᠨ ᠠᠮᠢ ᠠᠬᠤᠶ ᠣᠷᠴᠢᠨ ᠲᠣᠭᠣᠷᠢᠨ᠎ᠤ ᠬᠢᠨᠠᠨ ᠬᠡᠮᠵᠢᠯᠳᠡ ᠵᠢᠨ ᠦᠷᠳᠡᠭᠡᠨ᠎ᠤ ᠡᠯᠡᠰᠦᠨ ᠰᠢᠭᠤᠷᠭ᠎ᠠ ᠵᠢᠨ ᠠᠦ᠋ᠲ᠋ᠣ᠋ ᠬᠢᠨᠠᠨ ᠬᠡᠮᠵᠢᠯᠳᠡ ᠵᠢᠨ ᠥᠷᠲᠡᠭᠡ ᠵᠢᠨ ᠠᠵᠢᠯᠯᠠᠭᠤᠯᠵᠤ ᠬᠠᠮᠠᠭ᠋ᠠᠯᠠᠬᠤ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠭᠡᠷ᠎ᠡ ᠵᠢᠨ ᠠᠯᠪᠠᠨ ᠵᠠᠷᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠬᠠᠳᠠ ᠵᠢᠨ ᠠᠮᠢ ᠠᠬᠤᠶ ᠣᠷᠴᠢᠨ ᠲᠣᠭᠣᠷᠢᠨ᠎ᠤ ᠬᠢᠨᠠᠨ ᠬᠡᠮᠵᠢᠯᠳᠡ ᠵᠢᠨ ᠦᠷᠳᠡᠭᠡᠨ᠎ᠤ ᠵᠠᠭᠪᠤᠷ ᠣᠷᠣᠭᠤᠯᠬᠤ ᠠᠦ᠋ᠲ᠋ᠣ᠋ ᠮᠠᠰᠢᠨ ᠬᠤᠳᠠᠯᠳᠤᠨ ᠠᠪᠬᠤ ᠲᠥᠷᠥᠯ ᠵᠦᠢ᠍ᠯ᠎ᠤᠨ ᠥᠷᠢᠰᠥᠯᠳᠦᠭᠡᠨ᠎ᠤ ᠬᠡᠯᠡᠯᠴᠡᠭᠡᠷ᠎ᠤᠨ ᠠᠯᠪᠠᠨ ᠵᠠᠷᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ᠎ᠳᠤ ᠨᠠᠶ᠋ᠢᠳᠠᠵᠤ ᠲᠢᠩᠬᠢᠮ᠎ᠤᠨ ᠰᠢᠰᠲ᠋ᠧᠮ᠎ᠤᠨ 2021 ᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠲᠥᠷᠥᠯ ᠵᠦᠢ᠍ᠯ᠎ᠢ ᠬᠢᠨᠠᠨ ᠬᠠᠷᠭᠤᠭᠤᠯᠬᠤ ᠦᠢ᠍ᠯᠡᠴᠢᠯᠡᠭᠡ ᠵᠢᠨ ᠦᠷᠢᠰᠦᠯᠳᠦᠭᠡᠨ᠎ᠤ ᠵᠦᠪᠳᠡᠯᠴᠡᠭᠡᠷ᠎ᠤᠨ ᠠᠯᠪᠠᠨ ᠵᠠᠷᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠴᠠᠪ᠎ᠤᠨ ᠠᠮᠢ ᠠᠬᠤᠶ ᠣᠷᠴᠢᠨ ᠲᠣᠭᠣᠷᠢᠨ᠎ᠤ ᠬᠢᠨᠠᠨ ᠬᠡᠮᠵᠢᠯᠳᠡ ᠵᠢᠨ ᠦᠷᠳᠡᠭᠡᠨ᠎ᠤ ᠪᠠᠺᠲ᠋ᠧᠷᠢ ᠥᠬᠡᠶ᠎ᠪᠠᠷ ᠴᠡᠪᠡᠷᠰᠢᠭᠦᠯᠬᠦ ᠲᠣᠭᠲᠠᠮᠠᠯ ᠳᠤᠯᠠᠭ᠋ᠠᠨ ᠲᠣᠭᠲᠠᠮᠠᠯ ᠴᠢᠭᠢᠭᠯᠢᠭ ᠲᠤᠷᠰᠢᠯᠲᠠ ᠵᠢᠨ ᠲᠠᠰᠤᠭ᠎ᠢ ᠰᠡᠯᠪᠢᠨ ᠵᠠᠰᠠᠵᠤ ᠥᠭᠡᠷᠡᠴᠢᠯᠡᠬᠦ ᠢᠨᠵᠧᠨᠧᠷᠢᠩ᠎ᠤᠨ ᠠᠷᠠᠯᠵᠢᠶ᠎ᠠ ᠪᠦᠲᠦᠭᠰᠡᠨ ᠦᠷ᠎ᠡ ᠳ᠋ᠦᠩ᠎ᠤᠨ ᠠᠯᠪᠠᠨ ᠵᠠᠷᠯᠠᠯ
 
             蒙ICP备05000248号