ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠵᠢᠨ ᠲᠤᠰᠠᠳᠠ᠂ 《ᠨᠠᠮ ᠵᠠᠰᠠᠭ ᠠᠳᠠᠯᠢ ᠬᠠᠷᠢᠭᠤᠴᠠᠯᠭ᠎ᠠ᠎ᠲᠠᠢ᠂ ᠨᠢᠭᠡ ᠠᠵᠢᠯ᠎ᠤᠨ ᠪᠠᠶ᠋ᠢᠷᠢ ᠬᠤᠤᠰ ᠬᠠᠷᠢᠭᠤᠴᠠᠯᠭ᠎ᠠ᠎ᠲᠠᠢ》 ᠪᠠᠶ᠋ᠢᠬᠤ ᠵᠢ ᠪᠣᠳᠠᠲᠠᠶ᠎ᠳᠤ ᠨᠠᠶ᠋ᠢᠳᠠᠪᠤᠷᠢᠵᠢᠭᠤᠯᠬᠤ ᠵᠢ ᠠᠬᠢᠭᠤᠯᠵᠤ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠰᠢᠪᠳᠤᠯᠤᠯᠳᠠ ᠵᠢᠨ ᠳᠠᠶ᠋ᠢᠯᠠᠯᠳᠤᠭ᠋ᠠᠨ᠎ᠤ ᠱᠠᠲᠤ ᠦᠶ᠎ᠡ ᠵᠢᠨ ᠴᠢᠨᠠᠷᠲᠠᠶ ᠬᠠᠷᠠᠯᠲᠠ ᠵᠢ ᠪᠡᠶᠡᠯᠡᠭᠦᠯᠬᠦ ᠵᠢᠨ ᠶᠠᠰᠤ ᠴᠢᠨᠠᠷ᠎ᠢ ᠦᠨᠡᠨ ᠬᠦ᠌ ᠪᠠᠲᠤᠯᠠᠵᠤ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠰᠢᠪᠳᠤᠯᠤᠯᠳᠠ ᠵᠢᠨ ᠳᠠᠶ᠋ᠢᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠬᠦ ᠪᠠᠲᠤ ᠪᠡᠬᠢ ᠰᠠᠭᠤᠷᠢ ᠵᠢ ᠲᠠᠯᠪᠢᠵᠤ᠂ ᠤᠢ᠍ᠢ᠍ᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠤᠷᠢᠶᠠᠨ᠎ᠤ ᠠᠯᠪᠠᠨ ᠭᠡᠷ 《2020 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠭᠰᠠᠨ ᠰᠢᠪᠳᠤᠯᠤᠯᠳᠠ ᠵᠢᠨ ᠳᠠᠶ᠋ᠢᠯᠠᠯᠳᠤᠭ᠋ᠠᠨ᠎ᠤ ᠦᠷ᠎ᠡ ᠪᠦᠲᠦᠮᠵᠢ ᠵᠢ ᠬᠢᠨᠠᠨ ᠰᠢᠯᠭ᠋ᠠᠬᠤ ᠵᠢᠴᠢ ᠬᠤᠪᠢ ᠣᠯᠭᠣᠬᠤ ᠨᠠᠷᠢᠨ ᠲᠦᠷᠢᠮ》᠎ᠢ ᠳᠠᠷᠤᠮᠠᠯᠯᠠᠨ ᠲᠠᠷᠬᠠᠭ᠋ᠠᠯ᠎ᠠ᠂ ᠡᠯ᠎ᠡ ᠠᠶ᠋ᠢᠮᠠᠭ ᠬᠤᠳᠠ ᠵᠢᠨ 2020 ᠣᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠭᠰᠠᠨ ᠰᠢᠪᠳᠤᠯᠤᠯᠳᠠ ᠵᠢᠨ ᠳᠠᠶ᠋ᠢᠯᠠᠯᠳᠤᠭ᠋ᠠᠨ᠎ᠤ ᠦᠷ᠎ᠡ ᠪᠦᠲᠦᠮᠵᠢ ᠵᠢ ᠬᠢᠨᠠᠨ ᠰᠢᠯᠭ᠋ᠠᠬᠤ ᠠᠵᠢᠯ ᠥᠷᠨᠢᠭᠦᠯᠵᠡᠢ᠃
ᠲᠣᠰ ᠤᠳᠠᠭ᠋ᠠᠨ᠎ᠤ ᠬᠢᠨᠠᠨ ᠰᠢᠯᠭ᠋ᠠᠯᠲᠠ ᠵᠢᠨ ᠠᠭᠤᠯᠭ᠎ᠠ᠎ᠳᠤ ᠨᠠᠮ ᠵᠠᠰᠠᠭ᠎ᠤᠨ ᠭᠤᠤᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠂ ᠠᠮᠢ ᠠᠬᠤᠶ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠬᠠᠤᠯᠢ ᠲᠣᠭᠲᠠᠭ᠋ᠠᠭᠰᠠᠨ ᠪᠠ ᠬᠢᠨᠠᠯᠲᠠ ᠲᠠᠯᠪᠢᠭᠰᠠᠨ ᠪᠠᠶ᠋ᠢᠳᠠᠯ᠂ ᠠᠮᠢ ᠠᠬᠤᠶ ᠤᠷᠴᠢᠨ ᠲᠤᠭᠤᠷᠢᠨ᠎ᠤ ᠶᠠᠰᠤ ᠴᠢᠨᠠᠷ᠎ᠤᠨ ᠪᠠᠶ᠋ᠢᠳᠠᠯ ᠵᠢᠴᠢ 2020 ᠣᠨ᠎ᠤ ᠠᠵᠢᠯ᠎ᠤᠨ ᠬᠠᠷᠠᠯᠳᠠᠳᠤ ᠡᠭᠦᠷᠭᠡ ᠵᠢ ᠪᠡᠶᠡᠯᠡᠭᠦᠯᠦᠭᠰᠡᠨ ᠪᠠᠶ᠋ᠢᠳᠠᠯ᠂ ᠪᠠᠯᠠ ᠮᠥᠩᠭᠥ ᠵᠢ ᠨᠠᠢ᠌ᠳᠠᠪᠤᠷᠢᠵᠢᠭᠤᠯᠵᠤ ᠬᠡᠷᠡᠭᠯᠡᠭᠰᠡᠨ ᠪᠠᠶ᠋ᠢᠳᠠᠯ᠂ ᠣᠯᠠᠨ ᠨᠡᠶ᠋ᠢᠲᠡ ᠵᠢᠨ ᠰᠠᠨᠠᠭ᠋ᠠᠨ᠎ᠳᠤ ᠨᠡᠶ᠋ᠢᠴᠡᠭᠰᠡᠨ ᠬᠡᠮᠵᠢᠶ᠎ᠡ ᠭᠡᠬᠦ ᠲᠠᠪᠤᠨ ᠶᠡᠬᠡ ᠲᠥᠷᠥᠯ᠎ᠤᠨ 32 ᠵᠦᠢ᠍ᠯ᠎ᠤᠨ ᠭᠦᠢ᠍ᠴᠡᠳᠭᠡᠯ ᠲᠣᠭ᠎ᠠ ᠪᠠᠭᠳᠠᠵᠤ ᠪᠤᠢ᠃ ᠬᠢᠨᠠᠨ ᠰᠢᠯᠭ᠋ᠠᠭᠰᠠᠨ ᠦᠷ᠎ᠡ ᠳ᠋ᠦᠩ᠎ᠢ ᠡᠯ᠎ᠡ ᠠᠶ᠋ᠢᠮᠠᠭ ᠬᠤᠳᠠ ᠵᠢᠨ ᠨᠠᠮ᠎ᠤᠨ ᠬᠤᠷᠢᠶ᠎ᠠ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠵᠠᠰᠠᠭ᠎ᠤᠨ ᠣᠷᠳᠣᠨ (ᠵᠠᠰᠠᠭ ᠵᠠᠬᠢᠷᠭ᠋ᠠᠨ᠎ᠤ ᠵᠠᠬᠢᠷᠭ᠎ᠠ)᠎ᠤ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ᠎ᠢ ᠶᠡᠷᠦᠩᠬᠡᠶ᠋ᠢᠯᠡᠨ ᠬᠢᠨᠠᠨ ᠦᠨᠡᠯᠡᠬᠦ᠂ ᠱᠠᠩᠨᠠᠬᠤ ᠲᠣᠷᠭ᠋ᠠᠬᠤ ᠲᠣᠮᠢᠯᠠᠬᠤ ᠪᠠᠭᠤᠯᠭ᠋ᠠᠬᠤ ᠵᠢᠨ ᠴᠢᠬᠤᠯᠠ ᠦᠨᠳᠦᠰᠦᠯᠡᠯ ᠪᠣᠯᠭ᠋ᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠮᠢᠶ᠎ᠠ ᠪᠦᠬᠦᠢ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠬᠤᠪᠢᠶᠠᠷᠢᠯᠠᠯᠲᠠ ᠵᠢᠨ ᠯᠠᠪᠯᠠᠯᠲᠠ ᠵᠢᠨ ᠦᠨᠳᠦᠰᠦᠯᠡᠯ ᠪᠣᠯᠭ᠋ᠠᠨ᠎ᠠ᠃
ᠱᠠᠭ᠋ᠠᠷᠳᠠᠯᠭ᠎ᠠ ᠶᠣᠰᠣᠭ᠋ᠠᠷ᠂ ᠡᠯ᠎ᠡ ᠠᠶ᠋ᠢᠮᠠᠭ ᠬᠣᠲᠠ ᠨᠢᠭᠡᠨᠲᠡ ᠥᠪᠡᠷ᠎ᠢ᠎ᠪᠠᠨ ᠦᠨᠡᠯᠡᠨ ᠳ᠋ᠦᠩᠨᠡᠬᠦ ᠠᠵᠢᠯ᠎ᠢ ᠪᠥᠬᠥ ᠲᠠᠯ᠎ᠠ᠎ᠪᠠᠷ ᠥᠷᠨᠢᠭᠦᠯᠵᠦ᠂ ᠲᠠᠷᠠᠭ᠋ᠠᠴᠢ ᠵᠢᠨ ᠠᠯᠬᠤᠮ᠎ᠳᠤ ᠲᠠᠰ ᠳᠠᠷᠠᠭ᠋ᠠᠯᠠᠯ ᠶᠣᠰᠣᠭ᠋ᠠᠷ ᠡᠯ᠎ᠡ ᠠᠶ᠋ᠢᠮᠠᠭ ᠬᠣᠲᠠ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠭᠰᠠᠨ ᠰᠢᠪᠳᠤᠯᠤᠯᠳᠠ ᠵᠢᠨ ᠲᠠᠢ᠌ᠯᠠᠯᠳᠤᠭ᠋ᠠᠨ᠎ᠤ ᠦᠷ᠎ᠡ ᠪᠦᠲᠦᠮᠵᠢ ᠵᠢᠨ ᠥᠪᠡᠷ᠎ᠢ᠎ᠪᠠᠨ ᠦᠨᠡᠯᠡᠭᠰᠡᠨ ᠦᠷ᠎ᠡ ᠳ᠋ᠦᠩ᠎ᠢ ᠬᠢᠨᠠᠨ ᠬᠠᠷᠭᠤᠭᠤᠯᠵᠤ᠂ ᠶᠡᠷᠦᠩᠬᠡᠶ᠋ᠢᠯᠡᠨ ᠦᠨᠡᠯᠡᠨ᠎ᠡ᠃