ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ᠎ᠳᠤ ᠨᠠᠶ᠋ᠢᠳᠠᠵᠤ ᠲᠢᠩᠬᠢᠮ᠎ᠤᠨ ᠰᠢᠰᠲ᠋ᠧᠮ᠎ᠤᠨ 2021 ᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠲᠥᠷᠥᠯ ᠵᠦᠢ᠍ᠯ᠎ᠢ ᠬᠢᠨᠠᠨ ᠬᠠᠷᠭᠤᠭᠤᠯᠬᠤ ᠦᠢ᠍ᠯᠡᠴᠢᠯᠡᠭᠡ ᠵᠢᠨ ᠦᠷᠢᠰᠦᠯᠳᠦᠭᠡᠨ᠎ᠤ ᠵᠦᠪᠳᠡᠯᠴᠡᠭᠡᠷ᠎ᠤᠨ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2021-09-03

      ᠨᠢᠭᠡ᠂ ᠲᠥᠷᠥᠯ ᠵᠦᠢ᠍ᠯ᠎ᠤᠨ ᠦᠨᠳᠦᠰᠦᠨ ᠪᠠᠶ᠋ᠢᠳᠠᠯ
      ᠲᠥᠷᠥᠯ ᠵᠦᠢ᠍ᠯ᠎ᠤᠨ ᠳ᠋ᠤᠭ᠋ᠠᠷ᠄ STHJT-ZB-2021-0001
      ᠲᠥᠷᠥᠯ ᠵᠦᠢ᠍ᠯ᠎ᠤᠨ ᠨᠡᠷᠡᠶ᠋ᠢᠳᠦᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ᠎ᠳᠤ ᠨᠠᠶ᠋ᠢᠳᠠᠵᠤ ᠲᠢᠩᠬᠢᠮ᠎ᠤᠨ ᠰᠢᠰᠲ᠋ᠧᠮ᠎ᠤᠨ 2021 ᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠲᠥᠷᠥᠯ ᠵᠦᠢ᠍ᠯ᠎ᠢ ᠬᠢᠨᠠᠨ ᠬᠠᠷᠭᠤᠭᠤᠯᠵᠤ ᠦᠢ᠍ᠯᠡᠴᠢᠯᠡᠬᠦ ᠦᠷᠢᠰᠦᠯᠳᠦᠭᠡᠨ᠎ᠤ ᠵᠦᠪᠳᠡᠯᠴᠡᠭᠡᠷ᠎ᠤᠨ ᠠᠯᠪᠠᠨ ᠵᠠᠷᠯᠠᠯ
      ᠲᠥᠰᠦᠪ᠎ᠤᠨ ᠵᠣᠭᠣᠰ᠎ᠤᠨ ᠲᠣᠭ᠎ᠠ᠄ 22 ᠲᠦᠮᠡᠨ ᠲᠥᠭᠥᠷᠢᠭ (ᠠᠷᠠᠳ᠎ᠤᠨ ᠵᠣᠭᠣᠰ)
      ᠬᠠᠮᠤᠭ᠎ᠤᠨ ᠥᠨᠳᠥᠷ ᠬᠢᠵᠠᠭ᠋ᠠᠷᠯᠠᠭᠰᠠᠨ ᠦᠨ᠎ᠡ (ᠵᠢᠱ᠌ᠢᠶᠡᠯᠡᠪᠡᠯ)᠄ 22 ᠲᠦᠮᠡᠨ ᠲᠥᠭᠥᠷᠢᠭ (ᠠᠷᠠᠳ᠎ᠤᠨ ᠵᠣᠭᠣᠰ)
      ᠬᠤᠳᠠᠯᠳᠤᠨ ᠠᠪᠬᠤ ᠬᠡᠷᠡᠭᠴᠡᠭᠡ᠄
      ᠳ᠋ᠤᠭ᠋ᠠᠷ᠄ 1
      ᠳᠠᠭ᠋ᠠᠭ᠋ᠠᠴᠢᠯᠠᠭᠰᠠᠨ ᠪᠠᠷᠠᠭ᠎ᠠ᠂ ᠦᠢ᠍ᠯᠡᠴᠢᠯᠡᠭᠡ ᠪᠠ ᠢᠨᠵᠧᠨᠧᠷᠢᠩ᠎ᠤᠨ ᠨᠡᠷᠡᠶ᠋ᠢᠳᠦᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ᠎ᠳᠤ ᠨᠠᠶ᠋ᠢᠳᠠᠵᠤ ᠲᠢᠩᠬᠢᠮ᠎ᠤᠨ ᠰᠢᠰᠲ᠋ᠧᠮ᠎ᠤᠨ 2021 ᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠲᠥᠷᠥᠯ ᠵᠦᠢ᠍ᠯ᠎ᠤᠨ ᠬᠢᠨᠠᠨ ᠬᠠᠷᠭᠤᠭᠤᠯᠬᠤ ᠦᠢ᠍ᠯᠡᠴᠢᠯᠡᠭᠡ
      ᠲᠣᠭ᠎ᠠ ᠬᠡᠮᠵᠢᠶ᠎ᠡ᠄ 1
      ᠮᠡᠷᠭᠡᠵᠢᠯ᠎ᠤᠨ ᠬᠡᠪ ᠪᠠᠷᠢᠮᠵᠢᠶ᠎ᠠ᠂ ᠪᠣᠯᠵᠣᠯᠲᠤ ᠲᠣᠭ᠎ᠠ ᠵᠢᠴᠢ ᠱᠠᠭ᠋ᠠᠷᠳᠠᠯᠭ᠎ᠠ᠄ ᠲᠢᠩᠬᠢᠮ᠎ᠤᠨ ᠰᠢᠰᠲ᠋ᠧᠮ᠎ᠤᠨ 2021 ᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠲᠥᠷᠥᠯ ᠵᠦᠢ᠍ᠯ᠎ᠳᠤ ᠬᠢᠨᠠᠨ ᠬᠠᠷᠭᠤᠭᠤᠯᠤᠯᠲᠠ   ᠬᠢᠵᠦ᠂ ᠵᠢᠱ᠌ᠢᠯᠲᠡ᠎ᠪᠠᠷ ᠬᠢᠨᠠᠨ ᠬᠠᠷᠭᠤᠭᠤᠯᠬᠤ ᠲᠥᠷᠥᠯ ᠵᠦᠢ᠍ᠯ ᠨᠡᠶ᠋ᠢᠲᠡ 100 ᠣᠷᠴᠢᠮ ᠪᠠᠶ᠋ᠢᠨ᠎ᠠ᠃ ᠬᠠᠮᠤᠭ ᠡᠴᠦᠰ᠎ᠲᠤ ᠠᠵᠢᠯ᠎ᠤᠨ ᠬᠡᠮᠵᠢᠶ᠎ᠡ ᠵᠢ ᠪᠣᠳᠠᠲᠠᠶ ᠬᠢᠨᠠᠨ ᠬᠠᠷᠭᠤᠭᠤᠯᠤᠭᠰᠠᠨ ᠲᠣᠭ᠎ᠠ ᠬᠡᠮᠵᠢᠶ᠎ᠡ᠎ᠪᠠᠷ ᠪᠠᠷᠢᠮᠵᠢᠶ᠎ᠠ ᠪᠣᠯᠭ᠋ᠠᠨ᠎ᠠ᠃
      ᠲᠥᠰᠦᠪ᠎ᠤᠨ ᠵᠣᠭᠣᠰ᠎ᠤᠨ ᠲᠣᠭ᠎ᠠ (ᠲᠦᠮᠡᠨ ᠲᠥᠭᠥᠷᠢᠭ)᠄ 22
      ᠲᠤᠰᠬᠠᠶ᠋ᠢᠯᠠᠨ ᠳᠤᠮᠳᠠ ᠵᠢᠵᠢᠭ ᠠᠵᠤ ᠠᠬᠤᠶ᠋ᠢᠯᠠᠯ᠎ᠤᠨ ᠬᠤᠳᠠᠯᠳᠤᠨ ᠠᠪᠬᠤ ᠲᠥᠷᠥᠯ ᠵᠦᠢ᠍ᠯ᠎ᠳᠤ ᠬᠠᠨᠳᠤᠭᠤᠯᠤᠭᠰᠠᠨ ᠡᠰᠡᠬᠦ᠄   ᠬᠠᠨᠳᠤᠭᠤᠯᠤᠭᠰᠠᠨ ᠦᠭᠡᠢ
      ᠭᠡᠷ᠎ᠡ ᠵᠢ ᠭᠦᠢ᠍ᠴᠡᠳᠬᠡᠬᠦ ᠬᠤᠭᠤᠴᠠᠭ᠎ᠠ᠄ ᠭᠡᠷ᠎ᠡ᠎ᠳᠤ ᠪᠣᠯᠵᠣᠨ ᠲᠣᠭᠲᠠᠭ᠋ᠠᠨ᠎ᠠ᠃
      ᠲᠤᠰ ᠵᠦᠢ᠍ᠯ᠎ᠳᠤ ᠬᠠᠮᠲᠤᠷᠠᠭᠰᠠᠨ ᠴᠣᠭᠴᠠ ᠵᠢᠨ ᠳᠠᠭ᠋ᠠᠭ᠋ᠠᠴᠢᠯᠠᠯᠲᠠ᠎ᠳᠤ ᠣᠷᠣᠯᠴᠠᠬᠤ ᠵᠢ ᠬᠦᠯᠢᠶᠡᠨ ᠠᠪᠬᠤ ᠦᠭᠡᠶ᠃
    ᠬᠣᠶᠠᠷ᠂ ᠭᠤᠶᠤᠴᠢᠯᠠᠭᠴᠢ ᠵᠢᠨ ᠬᠢᠷᠢ ᠬᠡᠮ᠎ᠤᠨ ᠱᠠᠭ᠋ᠠᠷᠳᠠᠯᠭ᠎ᠠ
     1. 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ》 ᠵᠢᠨ ᠬᠣᠷᠢᠨ ᠬᠣᠶᠠᠳᠤᠭ᠋ᠠᠷ ᠵᠦᠢ᠍ᠯ᠎ᠤᠨ ᠲᠣᠭᠲᠠᠭ᠋ᠠᠯ᠎ᠢ ᠬᠠᠩᠭ᠋ᠠᠨ᠎ᠠ᠄
     (1) ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠵᠢ ᠪᠡᠶ᠎ᠡ᠎ᠪᠠᠨ ᠳᠠᠭ᠋ᠠᠭ᠋ᠠᠵᠤ ᠡᠭᠦᠷᠭᠡᠯᠡᠬᠦ ᠴᠢᠳᠠᠪᠤᠷᠢ᠎ᠲᠠᠢ ᠪᠠᠶ᠋ᠢᠵᠤ᠂ ᠬᠦᠴᠦᠨ ᠪᠦᠬᠦᠢ ᠡᠵᠡᠩᠨᠡᠯᠲᠡ ᠵᠢᠨ ᠦᠨᠡᠮᠯᠡᠯ᠎ᠤᠨ ᠬᠠᠭᠤᠯᠪᠤᠷᠢ ᠳᠡᠪᠲᠡᠷ᠎ᠢ ᠬᠠᠩᠭ᠋ᠠᠬᠤ;
     (2) ᠰᠠᠶ᠋ᠢᠨ ᠰᠠᠶ᠋ᠢᠬᠠᠨ ᠬᠤᠳᠠᠯᠳᠤᠭ᠋ᠠᠨ᠎ᠤ ᠢᠲᠡᠭᠡᠯ ᠬᠦᠨᠳᠦ ᠪᠠ ᠪᠦᠷᠢᠨ ᠲᠡᠭᠦᠯᠳᠡᠷ ᠡᠳ᠋᠎ᠤᠨ ᠶᠠᠪᠤᠳᠠᠯ᠎ᠤᠨ ᠨᠢᠭᠲᠠᠯᠠᠨ ᠪᠤᠳᠤᠬᠤ ᠲᠦᠷᠢᠮ᠎ᠲᠠᠢ ᠪᠠᠶ᠋ᠢᠵᠤ᠂ ᠨᠢᠭᠡ ᠵᠢᠯ (2019 ᠣᠨ ᠪᠤᠶᠤ 2020 ᠣᠨ)᠎ᠤᠨ ᠪᠡᠯᠡᠨ ᠵᠣᠭᠣᠰ᠎ᠤᠨ   ᠭᠦᠢ᠍ᠯᠭᠡᠭᠡᠨ᠎ᠤ ᠬᠦᠰᠦᠨᠦᠭᠲᠦ᠂ ᠣᠯᠵᠠᠪᠤᠷᠢ ᠠᠯᠳᠠᠪᠤᠷᠢ ᠵᠢᠨ ᠬᠦᠰᠦᠨᠦᠭᠲᠦ᠂ ᠡᠳ᠋ ᠬᠥᠷᠥᠩᠭᠡ ᠵᠢᠨ ᠥᠷᠢ ᠥᠭᠴᠡᠭᠡ ᠵᠢᠨ ᠬᠦᠰᠦᠨᠦᠭᠲᠦ ᠪᠠ ᠡᠳ᠋᠎ᠤᠨ ᠶᠠᠪᠤᠳᠠᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠳᠠᠭ᠋ᠠᠯᠳᠤᠭᠤᠯᠤᠯ ᠲᠠᠶ᠋ᠢᠯᠪᠤᠷᠢ ᠵᠢ ᠬᠠᠩᠭ᠋ᠠᠨ᠎ᠠ᠂ (ᠪᠠᠶ᠋ᠢᠭᠤᠯᠤᠭᠳᠠᠭ᠋ᠠᠳ ᠨᠢᠭᠡ ᠵᠢᠯ ᠬᠥᠷᠬᠥ ᠥᠬᠡᠶ ᠪᠣᠯ ᠰᠠᠷ᠎ᠠ ᠰᠢᠬᠠᠮ ᠪᠦᠷᠢᠨ ᠪᠦᠲᠦᠨ ᠰᠠᠷ᠎ᠠ ᠵᠢᠨ ᠡᠳ᠋᠎ᠤᠨ ᠶᠠᠪᠤᠳᠠᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢ ᠬᠠᠩᠭ᠋ᠠᠨ᠎ᠠ);
     (3) ᠭᠠᠶ᠋ᠢᠯᠢ ᠲᠠᠲᠠᠪᠤᠷᠢ ᠪᠠ ᠨᠡᠶ᠋ᠢᠭᠡᠮ᠎ᠤᠨ ᠪᠠᠲᠤᠯᠠᠭ᠎ᠠ ᠵᠢᠨ ᠪᠡᠯᠡ ᠮᠥᠩᠭᠥ ᠵᠢ ᠬᠠᠤᠯᠢ ᠶᠣᠰᠣᠭ᠋ᠠᠷ ᠲᠤᠰᠢᠶᠠᠭᠰᠠᠨ ᠰᠠᠢ᠍ᠢ᠍ᠨ ᠰᠠᠶ᠋ᠢᠬᠠᠨ ᠲᠡᠮᠳᠡᠭᠯᠡᠯ᠎ᠲᠠᠢ ᠪᠠᠶ᠋ᠢᠵᠤ᠂ 2020 ᠣᠨ᠎ᠤ 6 ᠳ᠋ᠤᠭ᠋ᠠᠷ ᠰᠠᠷ᠎ᠠ᠎ᠠᠴᠠ ᠤᠳᠤ ᠪᠣᠯᠲᠠᠯ᠎ᠠ ᠨᠡᠶ᠋ᠢᠭᠡᠮ᠎ᠤᠨ ᠪᠠᠲᠤᠯᠠᠭ᠎ᠠ ᠵᠢᠨ ᠪᠡᠯᠡ ᠮᠥᠩᠭᠥ ᠵᠢ ᠵᠠᠯᠭ᠋ᠠᠭ᠎ᠠ᠎ᠪᠠᠷ 3 ᠰᠠᠷ᠎ᠠ ᠲᠤᠰᠢᠶᠠᠭᠰᠠᠨ ᠭᠡᠷᠡᠴᠢ ᠮᠠᠲ᠋ᠧᠷᠢᠶᠠᠯ (ᠨᠡᠶ᠋ᠢᠭᠡᠮ᠎ᠤᠨ ᠳᠠᠭ᠋ᠠᠳᠬᠠᠯ᠎ᠢ ᠲᠤᠰᠢᠶᠠᠭᠰᠠᠨ ᠪᠠᠷᠢᠮᠲᠠ)᠎ᠢ ᠬᠠᠩᠭ᠋ᠠᠬᠤ; 2020 ᠣᠨ᠎ᠤ 6 ᠳ᠋ᠤᠭ᠋ᠠᠷ ᠰᠠᠷ᠎ᠠ᠎ᠠᠴᠠ ᠣᠲᠣ ᠪᠣᠯᠲᠠᠯ᠎ᠠ ᠳᠤᠷ᠎ᠠ ᠵᠢᠨ ᠨᠢᠭᠡ ᠰᠠᠷ᠎ᠠ᠎ᠳᠤ ᠭᠠᠶ᠋ᠢᠯᠢ ᠲᠠᠲᠠᠪᠤᠷᠢ ᠲᠤᠰᠢᠶᠠᠭᠰᠠᠨ ᠬᠦᠴᠦᠨ ᠪᠥᠬᠥᠶ ᠫᠢᠶᠣᠣ ᠪᠠᠷᠢᠮᠲᠠ ᠵᠢᠨ ᠭᠡᠷᠡᠴᠢ ᠪᠠᠷᠢᠮᠲᠠ (ᠥᠷᠲᠡᠭ ᠨᠡᠮᠡᠭᠳᠡᠯ᠎ᠤᠨ ᠭᠠᠶ᠋ᠢᠯᠢ ᠪᠤᠶᠤ ᠠᠵᠤ ᠠᠬᠤᠶ᠋ᠢᠯᠠᠯ᠎ᠤᠨ ᠠᠰᠢᠭ ᠣᠷᠣᠯᠭ᠎ᠠ ᠵᠢᠨ ᠭᠠᠶ᠋ᠢᠯᠢ ᠵᠢᠨ ᠭᠡᠷᠡᠴᠢ ᠪᠠᠷᠢᠮᠲᠠ ᠵᠢ ᠬᠠᠤᠯᠢ ᠶᠣᠰᠣᠭ᠋ᠠᠷ ᠭᠠᠶ᠋ᠢᠯᠢ᠎ᠠᠴᠠ ᠭᠡᠯᠳᠦᠷᠢᠭᠦᠯᠬᠦ᠎ᠳᠡᠭᠡᠨ ᠵᠣᠬᠢᠴᠠᠩᠭᠤᠶ ᠪᠢᠴᠢᠭ ᠮᠠᠲ᠋ᠧᠷᠢᠶᠠᠯ ᠬᠠᠩᠭ᠋ᠠᠵᠤ᠂ ᠲᠡᠭᠦᠨ᠎ᠤ ᠬᠠᠤᠯᠢ ᠶᠣᠰᠣᠭ᠋ᠠᠷ ᠭᠠᠶ᠋ᠢᠯᠢ᠎ᠠᠴᠠ ᠭᠡᠯᠳᠦᠷᠢᠭᠦᠯᠬᠦ ᠵᠢ ᠭᠡᠷᠡᠴᠢᠯᠡᠬᠦ ᠬᠡᠷᠡᠭᠲᠡᠶ);
     (4) ᠲᠤᠰ ᠤᠳᠠᠭ᠋ᠠᠨ᠎ᠤ ᠬᠤᠳᠠᠯᠳᠤᠨ ᠠᠪᠬᠤ ᠲᠦᠷᠦᠯ ᠵᠦᠢ᠍ᠯ᠎ᠳᠤ ᠣᠷᠣᠯᠴᠠᠬᠤ᠎ᠠᠴᠠ ᠡᠮᠦᠨᠡᠬᠢ ᠭᠤᠷᠪᠠᠨ ᠵᠢᠯ᠎ᠤᠨ ᠳᠣᠲᠣᠷ᠎ᠠ᠂ ᠡᠵᠡᠩᠨᠡᠯᠲᠡ ᠵᠢᠨ ᠠᠵᠢᠯᠯᠠᠭ᠎ᠠ ᠵᠢᠨ ᠳᠤᠮᠳᠠ ᠬᠠᠤᠯᠢ ᠵᠢ ᠬᠦᠨᠳᠦ ᠶᠡᠬᠡ ᠵᠥᠷᠢᠴᠡᠭᠰᠡᠨ ᠲᠡᠮᠳᠡᠭᠯᠡᠯ ᠪᠠᠶ᠋ᠢᠬᠤ ᠦᠭᠡᠢ ᠪᠢᠴᠢᠭ᠎ᠤᠨ ᠢᠯᠡᠷᠬᠡᠶ᠋ᠢᠯᠡᠯᠲᠡ ᠵᠢᠨ ᠵᠠᠬᠢᠳᠠᠯ;
     (5) 《ᠢᠲᠡᠭᠡᠮᠵᠢ ᠵᠢᠨ ᠳᠤᠮᠳᠠᠳᠤ ᠤᠯᠤᠰ》 ᠰᠦᠯᠵᠢᠶ᠎ᠡ   (www.creditchina.gov.cn)᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ (www.ccgp.gov.cn) ᠵᠡᠷᠭᠡ ᠠᠷᠭ᠎ᠠ ᠵᠠᠮ ᠵᠶ᠋ᠠᠷ ᠳᠡᠮᠵᠢᠨ ᠬᠠᠮᠢᠶ᠎ᠠ ᠪᠥᠬᠥᠶ ᠭᠣᠤᠯ ᠴᠣᠭᠴᠠ ᠵᠢᠨ ᠢᠲᠡᠭᠡᠮᠵᠢ ᠵᠢᠨ ᠲᠡᠮᠳᠡᠭᠯᠡᠯ᠎ᠢ ᠪᠠᠶ᠋ᠢᠴᠠᠭ᠋ᠠᠨ ᠯᠠᠪᠯᠠᠵᠤ᠂ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠢ ᠢᠲᠡᠭᠡᠯ ᠠᠯᠳᠠᠭᠰᠠᠨ   ᠭᠦᠢ᠍ᠴᠡᠳᠭᠡᠭᠳᠡᠭᠴᠢ᠂ ᠬᠦᠨᠳᠦ ᠶᠡᠬᠡ ᠭᠠᠶ᠋ᠢᠯᠢ ᠲᠠᠲᠠᠪᠤᠷᠢ ᠵᠢᠨ ᠬᠠᠤᠯᠢ᠎ᠠᠴᠠ ᠵᠥᠷᠢᠴᠡᠭᠰᠡᠨ ᠬᠡᠷᠡᠭ᠎ᠤᠨ ᠲᠤᠬᠠᠢ᠌ᠳᠠᠢ ᠬᠥᠮᠦᠨ᠎ᠤ ᠨᠡᠷᠡᠰ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ ᠵᠢᠨ ᠬᠠᠤᠯᠢ᠎ᠠᠴᠠ ᠬᠦᠨᠳᠦ ᠨᠣᠴᠢᠲᠠᠶ ᠵᠥᠷᠢᠴᠡᠵᠦ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢᠨ ᠲᠡᠮᠳᠡᠭᠯᠡᠯ᠎ᠤᠨ ᠨᠡᠷᠡᠰ᠎ᠲᠤ ᠣᠷᠣᠭᠤᠯᠵᠤ ᠪᠣᠯᠬᠤ   ᠥᠬᠡᠶ᠃
     2. ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ᠎ᠳᠤ ᠬᠠᠩᠭ᠋ᠠᠬᠤ ᠴᠢᠬᠤᠯᠠᠲᠠᠶ ᠬᠢᠷᠢ ᠬᠡᠮ᠎ᠤᠨ ᠱᠠᠭ᠋ᠠᠷᠳᠠᠯᠭ᠎ᠠ᠄ ᠪᠠᠶ᠋ᠢᠬᠤ ᠥᠬᠡᠶ᠃
     3. ᠲᠤᠰ ᠵᠦᠢ᠍ᠯᠡᠰ᠎ᠤᠨ ᠣᠨᠴᠠ ᠲᠣᠭᠲᠠᠭ᠋ᠠᠭᠰᠠᠨ ᠬᠢᠷᠢ ᠬᠡᠮ᠎ᠤᠨ ᠱᠠᠭ᠋ᠠᠷᠳᠠᠯᠭ᠎ᠠ᠄ ᠡᠳ᠋᠎ᠤᠨ ᠵᠠᠰᠠᠭ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠣᠯᠭᠣᠭᠰᠠᠨ ᠨᠢᠭᠲᠠᠯᠠᠨ ᠪᠤᠳᠤᠭᠴᠢ ᠵᠢᠨ ᠬᠡᠷᠡᠭ ᠡᠷᠬᠢᠯᠡᠬᠦ ᠭᠠᠵᠠᠷ᠎ᠤᠨ ᠠᠵᠢᠯ ᠡᠷᠬᠢᠯᠡᠬᠦ ᠦᠨᠡᠮᠯᠡᠯ (ᠬᠦᠴᠦᠨ᠎ᠲᠠᠢ ᠬᠤᠭᠤᠴᠠᠭ᠋ᠠᠨ᠎ᠳᠤ)᠎ᠢ ᠪᠦᠷᠢᠳᠦᠭᠦᠯᠦᠭᠰᠡᠨ ᠪᠠᠶ᠋ᠢᠬᠤ ᠬᠡᠷᠡᠭᠲᠡᠶ᠂ ᠲᠣᠮᠢᠯᠠᠬᠤ᠎ᠪᠠᠷ ᠪᠠᠶ᠋ᠢᠭ᠎ᠠ ᠲᠦᠷᠦᠯ ᠵᠦᠢ᠍ᠯ᠎ᠤᠨ ᠬᠠᠷᠢᠭᠤᠴᠠᠯᠭ᠋ᠠᠲᠠᠨ᠎ᠨᠢ ᠡᠷᠬᠡᠪᠰᠢ ᠳᠠᠩᠰᠠᠯᠠᠭᠤᠯᠤᠭᠰᠠᠨ ᠨᠢᠭᠲᠠᠯᠠᠨ ᠪᠤᠳᠤᠭᠴᠢ ᠵᠢᠨ ᠦᠨᠡᠮᠯᠡᠯ᠎ᠢ ᠪᠦᠷᠢᠳᠦᠭᠦᠯᠦᠭᠰᠡᠨ ᠪᠠᠶ᠋ᠢᠬᠤ ᠬᠡᠷᠡᠭᠲᠡᠶ᠃
      ᠭᠤᠷᠪᠠ᠂ ᠵᠥᠪᠳᠡᠯᠴᠡᠭᠰᠡᠨ ᠪᠢᠴᠢᠭ ᠮᠠᠲ᠋ᠧᠷᠢᠶᠠᠯ᠎ᠢ ᠣᠯᠤᠭᠰᠠᠨ᠎ᠨᠢ
      ᠴᠠᠭ᠄ 2021 ᠣᠨ᠎ᠤ 9 ᠳ᠋ᠤᠭᠡᠷ ᠰᠠᠷ᠎ᠠ ᠵᠢᠨ 6᠎ᠤ ᠡᠳᠦᠷ᠎ᠠᠴᠠ 2021 ᠣᠨ᠎ᠤ 9 ᠳ᠋ᠤᠭᠡᠷ ᠰᠠᠷ᠎ᠠ ᠵᠢᠨ 10᠎ᠤ ᠡᠳᠦᠷ ᠪᠣᠯᠲᠠᠯ᠎ᠠ᠂ ᠡᠳᠦᠷ ᠪᠦᠷᠢ ᠵᠢᠨ ᠦᠳᠡ ᠵᠢᠨ ᠡᠮᠦᠨᠡᠬᠢ 9᠄ 00᠎ᠠᠴᠠ 12᠄ 00᠂ ᠦᠳᠡ ᠵᠢᠨ ᠬᠣᠶ᠋ᠢᠨᠠᠬᠢ 14᠄ 00᠎ᠠᠴᠠ 17᠄ 30 (ᠪᠡᠭᠡᠵᠢᠩ᠎ᠤᠨ ᠴᠠᠭ᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠪᠠᠭᠲᠠᠬᠤ ᠥᠬᠡᠶ)᠃
      ᠭᠠᠵᠠᠷ᠄ ᠰᠦᠯᠵᠢᠶᠡᠨ᠎ᠠᠴᠠ ᠣᠯᠵᠤ ᠠᠪᠤᠨ᠎ᠠ᠃
      ᠬᠡᠯᠪᠡᠷᠢ᠄ ᠰᠢᠤᠳᠠᠨ᠎ᠤ ᠵᠦᠢ᠍ᠯ᠎ᠤᠨ ᠬᠡᠯᠪᠡᠷᠢ᠃ ᠪᠢᠴᠢᠭ ᠮᠠᠲ᠋ᠧᠷᠢᠶᠠᠯ᠎ᠢ ᠤᠯᠬᠤ᠎ᠳᠤ ᠡᠷᠬᠡᠪᠰᠢ ᠳᠠᠭ᠋ᠠᠯᠳᠤᠭᠤᠯᠤᠯ ᠨᠢᠭᠡ᠎ᠳᠠᠬᠢ ᠳᠠᠩᠰᠠᠯᠠᠬᠤ ᠬᠦᠰᠦᠨᠦᠭᠲᠦ ᠪᠣᠯᠤᠨ ᠲᠤᠰ ᠠᠯᠪᠠᠨ ᠵᠠᠷ᠎ᠤᠨ ᠭᠤᠶᠤᠴᠢᠯᠠᠭᠴᠢ ᠵᠢᠨ ᠬᠢᠷᠢ ᠬᠡᠮ᠎ᠤᠨ ᠱᠠᠭ᠋ᠠᠷᠳᠠᠯᠭ᠎ᠠ᠎ᠳᠠᠬᠢ ᠮᠠᠲ᠋ᠧᠷᠢᠶᠠᠯ᠎ᠢ ᠨᠢᠭᠤᠷ ᠳᠠᠷᠠᠭ᠋ᠠᠯᠠᠨ ᠳᠠᠷᠤᠮᠠᠯᠯᠠᠭ᠋ᠠᠳ ᠠᠯᠪᠠᠨ ᠲᠠᠮᠠᠭ᠎ᠠ ᠳᠠᠷᠤᠬᠤ ᠵᠢᠨ ᠬᠠᠮᠲᠤ ᠰᠢᠷᠪᠢᠭᠡᠳ ᠨᠢᠭᠡᠨ PDF ᠬᠡᠯᠪᠡᠷᠢ ᠵᠢᠨ ᠪᠢᠴᠢᠭ ᠮᠠᠲ᠋ᠧᠷᠢᠶᠠᠯ ᠪᠣᠯᠭ᠋ᠠᠨ ᠬᠤᠪᠢᠷᠠᠭᠤᠯᠤᠭ᠋ᠠᠳ 348056150@qqcom ᠰᠢᠦᠳᠠᠨ᠎ᠤ ᠬᠠᠶ᠋ᠢᠷᠴᠠᠭ᠎ᠲᠤ ᠬᠦᠷᠭᠡᠵᠦ᠂ ᠵᠥᠪᠳᠡᠯᠴᠡᠬᠦ ᠪᠢᠴᠢᠭ ᠮᠠᠲ᠋ᠧᠷᠢᠶᠠᠯ᠎ᠢ ᠤᠯᠬᠤ ᠬᠡᠷᠡᠭᠲᠡᠶ᠃
      ᠬᠤᠳᠠᠯᠳᠤᠬᠤ ᠦᠨ᠎ᠡ᠄ 0 ᠲᠥᠭᠥᠷᠢᠭ᠃
      ᠲᠦᠷᠪᠡ᠂ ᠳᠠᠭ᠋ᠠᠭ᠋ᠠᠴᠢᠯᠠᠯᠲᠠ᠎ᠳᠤ ᠣᠷᠣᠬᠤ ᠪᠢᠴᠢᠭ ᠮᠠᠲ᠋ᠧᠷᠢᠶᠠᠯ ᠵᠶ᠋ᠠᠨ ᠲᠤᠰᠢᠶᠠᠬᠤ ᠡᠴᠦᠰ᠎ᠤᠨ ᠴᠠᠭ᠂ ᠳᠠᠭ᠋ᠠᠭ᠋ᠠᠴᠢᠯᠠᠯᠲᠠ ᠵᠢ ᠨᠡᠶ᠋ᠢᠲᠡᠯᠡᠬᠦ ᠴᠠᠭ ᠪᠠ ᠭᠠᠵᠠᠷ
      ᠳᠠᠭ᠋ᠠᠭ᠋ᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ᠎ᠢ ᠲᠤᠰᠢᠶᠠᠬᠤ ᠡᠴᠦᠰ᠎ᠤᠨ ᠴᠠᠭ᠄ 2021 ᠣᠨ᠎ᠤ 9 ᠳ᠋ᠤᠭᠡᠷ ᠰᠠᠷ᠎ᠠ ᠵᠢᠨ 16᠎ᠤ ᠡᠳᠦᠷ᠎ᠤᠨ 9 ᠴᠠᠭ 30 ᠮᠢᠨᠦ᠋ᠲ (ᠪᠡᠭᠡᠵᠢᠩ᠎ᠤᠨ ᠴᠠᠭ ᠵᠶ᠋ᠠᠷ)᠃
      ᠳᠠᠭ᠋ᠠᠭ᠋ᠠᠴᠢᠯᠠᠯᠲᠠ ᠨᠡᠶ᠋ᠢᠲᠡᠯᠡᠬᠦ ᠴᠠᠭ᠄ 2021 ᠣᠨ᠎ᠤ 9 ᠳ᠋ᠤᠭᠡᠷ ᠰᠠᠷ᠎ᠠ ᠵᠢᠨ 16᠎ᠤ ᠡᠳᠦᠷ᠎ᠤᠨ 9 ᠴᠠᠭ 30 ᠮᠢᠨᠦ᠋ᠲ (ᠪᠡᠭᠡᠵᠢᠩ᠎ᠤᠨ ᠴᠠᠭ ᠵᠶ᠋ᠠᠷ)᠃
      ᠭᠠᠵᠠᠷ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ 2 ᠳ᠋ᠤᠭ᠋ᠠᠷ ᠠᠰᠠᠷ᠎ᠤᠨ 3 ᠳ᠋ᠤᠭ᠋ᠠᠷ ᠨᠤᠮᠸᠷᠳᠤ ᠬᠤᠷᠠᠯ᠎ᠤᠨ ᠭᠡᠷ
      ᠲᠠᠪᠤ᠂ ᠠᠯᠪᠠᠨ ᠵᠠᠷᠯᠠᠯ᠎ᠤᠨ ᠬᠤᠭᠤᠴᠠᠭ᠎ᠠ
      ᠲᠤᠰ ᠠᠯᠪᠠᠨ ᠵᠠᠷᠯᠠᠯ᠎ᠢ ᠨᠡᠶ᠋ᠢᠲᠡᠯᠡᠭᠰᠡᠨ ᠡᠳᠦᠷ᠎ᠠᠴᠠ ᠡᠬᠢᠯᠡᠨ 5 ᠠᠵᠢᠯᠯᠠᠬᠤ ᠡᠳᠦᠷ᠃
      ᠵᠢᠷᠭᠤᠭ᠎ᠠ᠂ ᠪᠤᠰᠤᠳ ᠨᠥᠬᠥᠪᠥᠷᠢᠯᠡᠬᠦ ᠵᠦᠢ᠍ᠯ ᠄   ᠦᠭᠡᠢ᠃
      ᠳᠣᠯᠣᠭ᠎ᠠ᠂ ᠲᠣᠰ ᠤᠳᠠᠭ᠋ᠠᠨ᠎ᠤ ᠳᠠᠭ᠋ᠠᠭ᠋ᠠᠴᠢᠯᠠᠯᠲᠠ ᠵᠠᠷᠯᠠᠬᠤ᠎ᠳᠤ ᠯᠠᠪᠯᠠᠨ ᠠᠰᠠᠭᠤᠪᠠᠯ᠂ ᠳᠣᠤᠷᠠᠬᠢ ᠠᠷᠭ᠎ᠠ ᠮᠠᠶᠢᠭ ᠵᠶ᠋ᠠᠷ ᠬᠠᠷᠢᠯᠴᠠᠭ᠋ᠠᠷᠠᠶ
     1.   ᠬᠤᠳᠠᠯᠳᠤᠨ ᠠᠪᠤᠭᠴᠢ ᠵᠢᠨ ᠮᠡᠳᠡᠭᠡ ᠵᠠᠩᠭᠢ
      ᠬᠤᠳᠠᠯᠳᠤᠨ ᠠᠪᠤᠭᠴᠢ ᠵᠢᠨ ᠨᠡᠷᠡᠶ᠋ᠢᠳᠦᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠤᠭᠤᠷᠢᠨ᠎ᠤ ᠲᠢᠩᠬᠢᠮ
      ᠬᠠᠶᠢᠭ᠄ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠲᠸᠩ ᠹᠸᠢ ᠵᠠᠮ᠎ᠤᠨ 39 ᠳ᠋ᠤᠭᠡᠷ ᠨᠣᠮᠧᠷ
      ᠰᠢᠦᠳᠠᠨ ᠳ᠋ᠤᠭ᠋ᠠᠷ᠄ 010010
      ᠬᠠᠷᠢᠯᠴᠠᠬᠤ ᠬᠥᠮᠦᠨ᠄ ᠭᠧ ᠠᠪᠠᠬᠠᠶ
      ᠴᠠᠬᠢᠯᠭ᠋ᠠᠨ ᠮᠡᠳᠡᠭᠡ᠄ 0471-4632218
                             2021 ᠣᠨ᠎ᠤ 9 ᠳ᠋ᠤᠭᠡᠷ ᠰᠠᠷ᠎ᠠ ᠵᠢᠨ 3᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠴᠠᠪ᠎ᠤᠨ ᠠᠮᠢ ᠠᠬᠤᠶ ᠣᠷᠴᠢᠨ ᠲᠣᠭᠣᠷᠢᠨ᠎ᠤ ᠬᠢᠨᠠᠨ ᠬᠡᠮᠵᠢᠯᠳᠡ ᠵᠢᠨ ᠦᠷᠳᠡᠭᠡᠨ᠎ᠤ ᠪᠠᠺᠲ᠋ᠧᠷᠢ ᠥᠬᠡᠶ᠎ᠪᠠᠷ ᠴᠡᠪᠡᠷᠰᠢᠭᠦᠯᠬᠦ ᠲᠣᠭᠲᠠᠮᠠᠯ ᠳᠤᠯᠠᠭ᠋ᠠᠨ ᠲᠣᠭᠲᠠᠮᠠᠯ ᠴᠢᠭᠢᠭᠯᠢᠭ ᠲᠤᠷᠰᠢᠯᠲᠠ ᠵᠢᠨ ᠲᠠᠰᠤᠭ᠎ᠢ ᠰᠡᠯᠪᠢᠨ ᠵᠠᠰᠠᠵᠤ ᠥᠭᠡᠷᠡᠴᠢᠯᠡᠬᠦ ᠢᠨᠵᠧᠨᠧᠷᠢᠩ᠎ᠤᠨ ᠠᠷᠠᠯᠵᠢᠶ᠎ᠠ ᠪᠦᠲᠦᠭᠰᠡᠨ ᠦᠷ᠎ᠡ ᠳ᠋ᠦᠩ᠎ᠤᠨ ᠠᠯᠪᠠᠨ ᠵᠠᠷᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠥᠪ ᠦᠷᠳᠡᠭᠡᠨ᠎ᠤ ᠪᠢᠴᠢᠯ ᠳᠣᠯᠭᠢᠶᠠᠨ᠎ᠤ ᠰᠠᠴᠤᠷᠠᠯᠲᠠ ᠵᠢᠨ ᠬᠡᠮᠵᠢᠭᠦᠷ᠎ᠢ ᠰᠡᠯᠪᠢᠨ ᠵᠠᠰᠠᠬᠤ ᠦᠢ᠍ᠯᠡᠴᠢᠯᠡᠭᠡ ᠵᠢᠨ ᠲᠦᠷᠦᠯ ᠵᠦᠢ᠍ᠯ᠎ᠤᠨ ᠠᠷᠠᠯᠵᠢᠶ᠎ᠡ ᠪᠦᠳᠦᠭᠰᠡᠨ ᠦᠷ᠎ᠡ ᠳ᠋ᠦᠩ᠎ᠤᠨ ᠠᠯᠪᠠᠨ ᠵᠠᠷᠯᠠᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠥᠷᠥᠯ ᠵᠦᠢ᠍ᠯ᠎ᠤᠨ ᠵᠠᠷᠤᠯᠭ᠎ᠠ ᠵᠢᠨ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠤᠯᠠᠭ᠋ᠠᠨᠬᠠᠳᠠ ᠵᠢᠨ ᠳ᠋ᠦᠩ ᠯᠢ ᠢᠮᠠᠭ᠋ᠠᠨ᠎ᠤ ᠨᠤᠤᠯᠤᠭᠤᠷ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠡᠷᠭᠡ 5 ᠠᠵᠤ ᠠᠬᠤᠶ᠋ᠢᠯᠠᠯ᠎ᠳᠤ 2020 ᠣᠨ᠎ᠤ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠵᠢᠨ ᠶᠠᠰᠤ ᠴᠢᠨᠠᠷ᠎ᠤᠨ ᠱᠠᠩᠨᠠᠯ ᠣᠯᠭᠤᠬᠤ ᠲᠤᠬᠠᠢ ᠨᠡᠪᠳᠡᠷᠡᠭᠦᠯᠬᠡ
ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠶ᠋ᠢᠭᠤᠯᠤᠯᠲᠠ ᠵᠢᠨ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
 
             蒙ICP备05000248号