ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠠᠶᠤᠯᠭᠦᠢ ᠦᠢ᠍ᠯᠡᠳᠪᠦᠷᠢᠯᠡᠯ᠎ᠤᠨ ᠬᠠᠤᠯᠢ ᠵᠢ ᠬᠡᠷᠡᠭᠵᠢᠭᠦᠯᠦᠭᠰᠡᠨ ᠪᠠᠶ᠋ᠢᠳᠠᠯ᠎ᠢ ᠬᠠᠷᠢᠭᠤ ᠲᠤᠰᠬᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠵᠠᠬᠢᠳᠠᠯ
ᠨᠡᠶ᠋ᠢᠲᠡᠯᠡᠭᠰᠡᠨ ᠴᠠᠭ᠄ 2023-10-07

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠶᠤᠯᠭᠦᠢ ᠦᠢ᠍ᠯᠡᠳᠪᠦᠷᠢᠯᠡᠯ᠎ᠤᠨ ᠵᠥᠪᠯᠡᠯ᠄

      《ᠠᠶᠤᠯᠭᠦᠢ ᠦᠢ᠍ᠯᠡᠳᠪᠦᠷᠢᠯᠡᠯ᠎ᠤᠨ ᠬᠠᠤᠯᠢ ᠵᠢ ᠬᠡᠷᠡᠭᠵᠢᠭᠦᠯᠬᠦ᠎ᠪᠠᠷ ᠵᠥᠪᠳᠡᠯᠴᠡᠬᠦ ᠭᠤᠶᠤᠴᠢᠯᠠᠯ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠶᠤᠯᠭᠦᠢ ᠦᠢ᠍ᠯᠡᠳᠪᠦᠷᠢᠯᠡᠯ᠎ᠤᠨ ᠵᠥᠪᠯᠡᠯ᠎ᠤᠨ ᠠᠯᠪᠠᠨ ᠭᠡᠷ᠎ᠤᠨ ᠵᠠᠬᠢᠳᠠᠯ》᠎ᠢ ᠲᠣᠰᠴᠤ ᠣᠢ᠌ᠯᠠᠭ᠋ᠠᠪᠠ᠃ ᠣᠲᠣ ᠮᠠᠨ᠎ᠤ ᠲᠢᠩᠬᠢᠮ᠎ᠤᠨ ᠠᠶᠤᠯᠭᠦᠢ ᠦᠢ᠍ᠯᠡᠳᠪᠦᠷᠢᠯᠡᠯ᠎ᠤᠨ ᠬᠠᠤᠯᠢ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠪᠠᠶ᠋ᠢᠳᠠᠯ᠎ᠢ ᠳᠣᠣᠷᠠᠬᠢ ᠮᠡᠲᠦ᠎ᠪᠠᠷ ᠵᠠᠬᠢᠳᠠᠯ ᠵᠶ᠋ᠠᠷ ᠮᠡᠳᠡᠭᠦᠯᠦᠶ᠎ᠡ᠄

      ᠨᠢᠭᠡ᠂ ᠬᠠᠮᠢᠶ᠎ᠠ ᠪᠦᠬᠦᠢ ᠠᠵᠢᠯ᠎ᠢ ᠥᠷᠨᠢᠭᠦᠯᠦᠭᠰᠡᠨ ᠪᠠᠶ᠋ᠢᠳᠠᠯ

      (ᠨᠢᠭᠡ) ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠤᠨ ᠴᠢᠭᠯᠡᠯᠲᠡ᠂ ᠵᠠᠷᠴᠢᠮ᠂ ᠲᠣᠭᠲᠠᠴᠠ ᠵᠢ ᠨᠠᠢ᠌ᠳᠠᠪᠤᠷᠢᠵᠢᠭᠤᠯᠤᠭᠰᠠᠨ ᠪᠠᠶ᠋ᠢᠳᠠᠯ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ᠎ᠤᠨ ᠰᠤᠷᠤᠯᠴᠠᠯᠭ᠎ᠠ ᠵᠢ 2 ᠤᠳᠠᠭ᠎ᠠ ᠵᠣᠬᠢᠶᠠᠨ ᠪᠠᠢ᠌ᠭᠤᠯᠵᠤ᠂ ᠲᠢᠩᠬᠢᠮ᠎ᠤᠨ ᠳᠠᠷᠤᠭ᠎ᠠ ᠵᠢᠨ ᠲᠤᠰᠬᠠᠢ ᠰᠡᠳᠦᠪᠲᠦ ᠬᠤᠷᠠᠯ᠎ᠢ 3 ᠤᠳᠠᠭ᠎ᠠ ᠬᠤᠷᠠᠯᠳᠤᠭᠤᠯᠵᠤ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠥᠮ᠎ᠤᠨ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠤᠨ ᠬᠤᠷᠠᠯ᠎ᠢ 3 ᠤᠳᠠᠭ᠎ᠠ ᠬᠤᠷᠠᠯᠳᠤᠭᠤᠯᠪᠠ᠃ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠤᠨ ᠲᠤᠬᠠᠢ ᠰᠢᠢ᠍ᠳᠪᠦᠷᠢᠲᠦ ᠪᠣᠳᠣᠯᠭ᠎ᠠ ᠵᠢᠨ ᠥᠪᠡᠷᠲᠡᠭᠡᠨ ᠵᠠᠰᠠᠬᠤ ᠣᠷᠣᠨ᠎ᠤ ᠠᠶᠤᠯᠭᠦᠢ ᠵᠢᠨ ᠵᠥᠪᠯᠡᠯ᠎ᠤᠨ ᠠᠵᠢᠯ᠎ᠤᠨ ᠲᠣᠬᠢᠷᠠᠭᠤᠯᠤᠯᠲᠠ ᠪᠠ ᠬᠤᠷᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠠᠶᠤᠯᠭᠦᠢ ᠦᠢ᠍ᠯᠡᠳᠪᠦᠷᠢᠯᠡᠯ᠎ᠤᠨ ᠲᠤᠬᠠᠢ ᠴᠢᠬᠤᠯᠠ ᠥᠭᠦᠯᠡᠯᠲᠡ ᠵᠢ ᠰᠤᠷᠤᠯᠴᠠᠵᠤ᠂ ᠠᠮᠢ ᠠᠬᠤᠢ ᠣᠷᠴᠢᠨ ᠲᠣᠭᠣᠷᠢᠨ᠎ᠤ ᠬᠦᠷᠢᠶ᠎ᠡ ᠴᠠᠷᠠᠭ᠎ᠠ ᠵᠢᠨ ᠠᠮᠤᠷ ᠲᠦᠪᠰᠢᠨ᠎ᠤ ᠤᠬᠠᠮᠰᠠᠷ᠎ᠢ ᠴᠢᠩᠭ᠋ᠠᠷᠠᠭᠤᠯᠤᠨ᠂ ᠠᠮᠤᠷ ᠲᠦᠪᠰᠢᠨ᠎ᠤ ᠲᠦᠭᠰᠢᠭᠦᠷᠢ ᠵᠢ ᠰᠡᠷᠭᠡᠢ᠌ᠯᠡᠬᠦ ᠲᠣᠭᠲᠠᠴᠠ ᠵᠢ ᠪᠦᠷᠢᠨ ᠪᠠᠢ᠌ᠭᠤᠯᠵᠤ᠂ ᠠᠶᠤᠯᠭᠦᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠪᠠ᠃

      (ᠬᠣᠶᠠᠷ) ᠠᠶᠤᠯᠭᠦᠢ ᠦᠢ᠍ᠯᠡᠳᠪᠦᠷᠢᠯᠡᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠣᠨ ᠬᠠᠮᠢᠶ᠎ᠠ ᠪᠦᠬᠦᠢ ᠮᠡᠳᠡᠯᠭᠡ ᠵᠢᠨ ᠤᠬᠠᠭᠤᠯᠭ᠎ᠠ ᠬᠥᠮᠦᠵᠢᠯ ᠪᠤᠯᠪᠠᠰᠤᠷᠠᠯ᠎ᠤᠨ ᠪᠠᠶ᠋ᠢᠳᠠᠯ᠃ ᠥᠪᠡᠷᠲᠡᠭᠡᠨ ᠵᠠᠰᠠᠬᠤ ᠣᠷᠣᠨ᠎ᠤ ᠠᠶᠤᠯᠭᠦᠢ ᠵᠢᠨ ᠦᠢ᠍ᠯᠡᠳᠪᠦᠷᠢᠯᠡᠯ᠎ᠤᠨ ᠵᠥᠪᠯᠡᠯ᠎ᠤᠨ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠶᠤᠯᠭᠦᠢ ᠵᠢᠨ ᠦᠢ᠍ᠯᠡᠳᠪᠦᠷᠢᠯᠡᠯ᠎ᠤᠨ ᠬᠠᠤᠯᠢ ᠵᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠤᠬᠠᠢ ᠮᠡᠳᠡᠭᠳᠡᠯ》 (ᠥᠪᠥᠷ ᠮᠣᠩᠭᠣᠯ᠎ᠤᠨ ᠠᠶᠤᠯᠭᠦᠢ ᠵᠢᠨ ᠦᠢ᠍ᠯᠡᠳᠪᠦᠷᠢᠯᠡᠯ᠎ᠤᠨ ᠵᠥᠪᠯᠡᠯ [2021] 41 ᠳ᠋ᠦ᠍ᠭᠡᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠰᠢᠨ᠎ᠡ 《ᠠᠶᠤᠯᠭᠦᠢ ᠵᠢᠨ ᠦᠢ᠍ᠯᠡᠳᠪᠦᠷᠢᠯᠡᠯ᠎ᠤᠨ ᠬᠠᠤᠯᠢ》 ᠵᠢ ᠤᠬᠠᠭᠤᠯᠤᠨ ᠲᠤᠭᠤᠰᠢᠯᠠᠭᠤᠯᠬᠤ ᠲᠤᠬᠠᠢ ᠰᠢᠨ᠎ᠡ ᠱᠠᠭ᠋ᠠᠷᠳᠠᠯᠭ᠎ᠠ ᠰᠢᠨ᠎ᠡ ᠪᠠᠢ᠌ᠷᠢᠯᠠᠭᠤᠯᠤᠯᠲᠠ ᠵᠢ ᠨᠢᠭᠲᠠ ᠠᠩᠬᠠᠷᠪᠠ᠃ ᠲᠢᠩᠬᠢᠮ᠎ᠤᠨ ᠭᠣᠣᠯ ᠤᠳᠤᠷᠢᠳᠬᠤ ᠨᠥᠬᠥᠳ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠴᠠᠭ ᠲᠤᠬᠠᠢ᠎ᠳᠤᠨᠢ ᠴᠣᠬᠣᠯᠠᠪᠤᠷᠢ ᠥᠭᠬᠦ ᠵᠢᠨ ᠬᠠᠮᠲᠤ ᠲᠢᠩᠬᠢᠮ᠎ᠤᠨ ᠳᠠᠷᠤᠭ᠎ᠠ ᠵᠢᠨ ᠲᠤᠰᠬᠠᠢ ᠰᠡᠳᠦᠪᠲᠦ ᠬᠤᠷᠠᠯ ᠳᠡᠭᠡᠷ᠎ᠡ ᠡᠯ᠎ᠡ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ᠎ᠢ ᠰᠤᠷᠤᠯᠴᠠᠨ ᠤᠯᠠᠮᠵᠢᠯᠠᠪᠠ᠃ ᠠᠮᠢ ᠠᠬᠤᠢ ᠣᠷᠴᠢᠨ ᠲᠣᠭᠣᠷᠢᠨ᠎ᠤ ᠲᠤᠰᠬᠠᠢ ᠰᠡᠳᠦᠪᠲᠦ ᠲᠤᠰᠬᠠᠢ ᠪᠤᠯᠤᠩ ᠵᠶ᠋ᠠᠷ ᠳᠠᠮᠵᠢᠭᠤᠯᠤᠨ 《ᠠᠶᠤᠯᠭᠦᠢ ᠦᠢ᠍ᠯᠡᠳᠪᠦᠷᠢᠯᠡᠯ᠎ᠤᠨ ᠬᠠᠤᠯᠢ》 ᠵᠢ ᠰᠤᠷᠤᠯᠴᠠᠨ ᠲᠤᠭᠤᠰᠢᠯᠠᠭᠤᠯᠵᠤ᠂ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠠᠶᠤᠯᠭᠦᠢ ᠦᠢ᠍ᠯᠡᠳᠪᠦᠷᠢᠯᠡᠯ᠎ᠤᠨ ᠤᠬᠠᠭᠤᠯᠭ᠎ᠠ ᠵᠢᠨ ᠠᠵᠢᠯᠯᠠᠭ᠎ᠠ ᠵᠢ ᠴᠢᠩᠭ᠋ᠠᠳᠬᠠᠵᠤ᠂ ᠠᠶᠤᠯᠭᠦᠢ ᠦᠢ᠍ᠯᠡᠳᠪᠦᠷᠢᠯᠡᠯ᠎ᠤᠨ ᠮᠡᠳᠡᠯᠭᠡ ᠵᠢ ᠲᠦᠭᠡᠮᠡᠯᠵᠢᠭᠦᠯᠦᠨ᠂ ᠠᠶᠤᠯᠭᠦᠢ ᠦᠢ᠍ᠯᠡᠳᠪᠦᠷᠢᠯᠡᠯ᠎ᠤᠨ ᠦᠵᠡᠯ ᠤᠬᠠᠮᠰᠠᠷ᠎ᠢ ᠪᠠᠲᠤ ᠪᠡᠬᠢ ᠪᠤᠢ ᠪᠣᠯᠭ᠋ᠠᠪᠠ᠃ 2023 ᠣᠨ᠎ᠤ 9 ᠰᠠᠷ᠎ᠠ ᠵᠢᠨ 13 ᠎ᠠᠴᠠ 15᠎ᠤ ᠡᠳᠦᠷ ᠪᠣᠯᠲᠠᠯ᠎ᠠ᠂ ᠪᠥᠬᠥ ᠣᠷᠣᠨ᠎ᠤ ᠣᠷᠴᠢᠨ ᠲᠣᠭᠣᠷᠢᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠪᠤᠯᠪᠠᠰᠤᠷᠠᠯ᠎ᠤᠨ ᠠᠩᠭᠢ ᠵᠢ ᠡᠷᠭᠢᠯᠡᠵᠦ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠥᠪ ᠪᠣᠯᠣᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠎ᠤᠨ ᠬᠣᠯᠪᠣᠭᠳᠠᠯ ᠪᠦᠬᠦᠢ ᠤᠳᠤᠷᠢᠳᠤᠯᠭ᠎ᠠ ᠪᠣᠯᠣᠨ ᠲᠤᠰᠬᠠᠢ ᠮᠡᠷᠭᠡᠵᠢᠯᠲᠡᠨ᠎ᠢ ᠤᠷᠢᠵᠤ᠂ ᠲᠣᠰ ᠪᠡᠶ᠎ᠡ ᠵᠢᠨ ᠥᠩᠭᠡᠷᠡᠯᠲᠡ ᠪᠠ ᠲᠥᠷᠥᠭᠳᠡᠯ ᠵᠶ᠋ᠡᠨ ᠦᠨᠳᠦᠰᠦᠯᠡᠨ ᠪᠥᠬᠥ ᠣᠷᠣᠨ᠎ᠤ ᠣᠷᠴᠢᠨ ᠲᠣᠭᠣᠷᠢᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ 60 ᠭᠠᠷᠤᠢ ᠠᠵᠢᠯᠲᠠᠨ᠎ᠳᠤ ᠲᠤᠬᠠᠢ ᠵᠢᠨ ᠲᠠᠯᠠᠪᠤᠷ᠎ᠲᠤ ᠬᠢᠴᠢᠶᠡᠯ ᠣᠷᠣᠵᠤ᠂ ᠦᠨᠳᠦᠰᠦᠨ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠴᠢᠳᠠᠪᠤᠷᠢ ᠪᠠ ᠲᠦᠪᠰᠢᠨ᠎ᠢ ᠳᠡᠭᠡᠭᠰᠢᠯᠡᠭᠦᠯᠪᠡ᠃

      (ᠭᠤᠷᠪᠠ) ᠬᠦᠷᠢᠶ᠎ᠡ ᠴᠠᠷᠠᠭ᠎ᠠ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠭᠰᠠᠨ ᠪᠠᠶ᠋ᠢᠳᠠᠯ᠃ ᠨᠢᠭᠡ᠎ᠳᠤ ᠬᠠᠪᠰᠤᠷᠤᠨ ᠲᠡᠳᠬᠦᠵᠦ ᠵᠢᠯᠤᠭᠣᠳᠬᠤ᠎ᠪᠠᠨ ᠴᠢᠩᠭ᠋ᠠᠳᠬᠠᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠠᠮᠤᠷ ᠲᠦᠪᠰᠢᠨ᠎ᠤ ᠶᠡᠬᠡ ᠵᠢᠭᠰᠠᠭ᠋ᠠᠨ ᠪᠠᠢ᠌ᠴᠠᠭ᠋ᠠᠬᠤ ᠶᠡᠬᠡ ᠴᠡᠭᠴᠡᠯᠡᠨ ᠵᠠᠰᠠᠬᠤ ᠠᠵᠢᠯᠯᠠᠭ᠎ᠠ ᠵᠢᠨ ᠲᠥᠰᠥᠯ》᠎ᠢ ᠳᠠᠷᠤᠮᠠᠯᠯᠠᠨ ᠲᠠᠷᠬᠠᠭ᠋ᠠᠵᠤ᠂ ᠵᠢᠭᠰᠠᠭ᠋ᠠᠨ ᠪᠠᠢ᠌ᠴᠠᠭ᠋ᠠᠬᠤ ᠠᠵᠢᠯ᠎ᠢ ᠨᠠᠷᠢᠨ ᠨᠢᠮᠪᠠᠢ ᠵᠣᠬᠢᠶᠠᠨ ᠪᠠᠢ᠌ᠭᠤᠯᠤᠨ᠂ ᠠᠶ᠋ᠢᠮᠠᠭ ᠬᠣᠲᠠ ᠵᠢᠨ ᠥᠪᠡᠷ᠎ᠢ᠎ᠪᠠᠨ ᠪᠠᠢ᠌ᠴᠠᠭ᠋ᠠᠬᠤ ᠪᠠ ᠥᠪᠡᠷᠲᠡᠭᠡᠨ ᠵᠠᠰᠠᠬᠤ ᠣᠷᠣᠨ᠎ᠤ ᠲᠤᠬᠠᠢ ᠵᠢᠨ ᠲᠠᠯᠠᠪᠤᠷ᠎ᠲᠤᠨᠢ ᠬᠠᠪᠰᠤᠷᠤᠨ ᠲᠡᠳᠬᠦᠵᠦ ᠵᠢᠯᠤᠭᠣᠳᠬᠤ ᠵᠢ ᠪᠥᠬᠥ ᠲᠠᠯ᠎ᠠ᠎ᠪᠠᠷ ᠪᠡᠶᠡᠯᠡᠭᠦᠯᠪᠡ᠃ ᠲᠤᠬᠠᠢ ᠵᠢᠨ ᠲᠠᠯᠠᠪᠤᠷ᠎ᠲᠤ ᠬᠠᠪᠰᠤᠷᠤᠨ ᠲᠡᠳᠬᠦᠵᠦ ᠵᠢᠯᠤᠭᠣᠳᠬᠤ ᠠᠵᠢᠯ᠎ᠤᠨ ᠳᠤᠮᠳᠠ᠂ ᠨᠠᠢ᠌ᠳᠠ 119 ᠠᠰᠠᠭᠤᠳᠠᠯ᠎ᠢ ᠢᠯᠡᠷᠡᠭᠦᠯᠵᠦ᠂ 112 ᠠᠰᠠᠭᠤᠳᠠᠯ᠎ᠢ ᠨᠢᠭᠡᠨᠲᠡ ᠴᠡᠭᠴᠡᠯᠡᠨ ᠵᠠᠰᠠᠵᠤ ᠳᠠᠭᠤᠰᠬᠠᠭ᠋ᠠᠳ᠂ ᠦᠯᠡᠳᠡᠭᠰᠡᠨ 7 ᠠᠰᠠᠭᠤᠳᠠᠯ᠎ᠢ ᠶᠠᠭ ᠴᠠᠭ᠎ᠤᠨ ᠬᠢᠵᠠᠭ᠋ᠠᠷ᠎ᠤᠨ ᠱᠠᠭ᠋ᠠᠷᠳᠠᠯᠭ᠎ᠠ ᠶᠣᠰᠣᠭ᠋ᠠᠷ ᠴᠡᠭᠴᠡᠯᠡᠨ ᠵᠠᠰᠠᠵᠤ ᠪᠠᠢ᠌ᠨ᠎ᠠ᠃ ᠬᠣᠶᠠᠷ᠎ᠲᠤ᠂ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠡᠵᠡᠮᠳᠡᠬᠦ ᠵᠢ ᠴᠢᠩᠭ᠋ᠠᠳᠬᠠᠪᠠ᠃ ᠰᠠᠯᠠᠭ᠎ᠠ ᠮᠥᠴᠢᠷ᠎ᠤᠨ ᠬᠠᠮᠲᠤᠷᠠᠨ ᠬᠥᠳᠡᠯᠦᠯᠴᠡᠬᠦ ᠵᠢ ᠴᠢᠩᠭ᠋ᠠᠳᠬᠠᠵᠤ᠂ ᠬᠠᠮᠢᠶ᠎ᠠ ᠪᠦᠬᠦᠢ ᠠᠶᠤᠯᠲᠠᠢ ᠬᠠᠶᠠᠭᠳᠠᠮᠠᠯ ᠪᠣᠳᠠᠰ᠎ᠢ ᠰᠢᠯᠵᠢᠭᠦᠯᠦᠭᠰᠡᠨ ᠵᠡᠷᠭᠡ ᠪᠠᠶ᠋ᠢᠳᠠᠯ᠎ᠢ ᠵᠠᠮ ᠬᠠᠷᠢᠯᠴᠠᠭ᠎ᠠ ᠲᠡᠭᠡᠭᠡᠪᠦᠷᠢ ᠵᠢᠨ ᠰᠠᠯᠠᠭ᠎ᠠ ᠮᠥᠴᠢᠷ᠎ᠲᠤ ᠴᠠᠭ ᠲᠤᠬᠠᠢ᠎ᠳᠤᠨᠢ ᠮᠡᠳᠡᠭᠳᠡᠵᠦ᠂ ᠪᠣᠭᠣᠮᠲᠠ ᠵᠢᠨ ᠰᠠᠯᠠᠭ᠎ᠠ ᠮᠥᠴᠢᠷ᠎ᠲᠠᠢ ᠬᠠᠮᠲᠤᠷᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠨᠢᠭᠤᠴᠠ᠎ᠪᠠᠷ ᠠᠷᠠᠯᠵᠢᠶᠠᠯᠠᠭᠰᠠᠨ ᠬᠠᠤᠯᠢ᠎ᠠᠴᠠ ᠵᠥᠷᠢᠴᠡᠭᠰᠡᠨ ᠬᠡᠷᠡᠭ᠎ᠢ ᠵᠢᠭᠰᠠᠭ᠋ᠠᠨ ᠪᠠᠢ᠌ᠴᠠᠭ᠋ᠠᠬᠤ ᠠᠵᠢᠯ᠎ᠢ ᠰᠠᠶ᠋ᠢᠲᠤᠷ ᠬᠢᠵᠦ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠠᠨᠳᠤ ᠵᠢᠨ ᠵᠥᠪᠯᠡᠯ᠎ᠲᠠᠢ ᠬᠠᠮᠵᠢᠯᠴᠠᠨ ᠬᠢᠵᠢᠭ᠎ᠲᠤ ᠬᠣᠯᠪᠣᠭᠳᠠᠭᠰᠠᠨ ᠡᠮᠴᠢᠯᠡᠭᠡᠨ᠎ᠤ ᠬᠠᠶᠠᠭᠳᠠᠮᠠᠯ ᠪᠣᠳᠠᠰ᠎ᠤᠨ ᠲᠤᠰᠬᠠᠢ ᠵᠦᠢ᠍ᠯ᠎ᠤᠨ ᠪᠠᠢ᠌ᠴᠠᠭ᠋ᠠᠯᠲᠠ ᠵᠢ ᠥᠷᠨᠢᠭᠦᠯᠪᠡ᠃ ᠣᠷᠣᠨ ᠪᠦᠰᠡ ᠠᠯᠤᠰᠯᠠᠨ ᠬᠠᠮᠲᠤᠷᠠᠯᠴᠠᠬᠤ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠠᠶᠤᠯᠲᠠᠢ ᠬᠠᠶᠠᠭᠳᠠᠮᠠᠯ ᠪᠣᠳᠠᠰ᠎ᠢ ᠰᠢᠯᠵᠢᠭᠦᠯᠦᠨ ᠲᠡᠭᠡᠭᠡᠪᠦᠷᠢᠯᠡᠬᠦ᠎ᠳᠤ ᠳᠥᠭᠥᠮ ᠳᠥᠲᠡ ᠪᠣᠯᠭ᠋ᠠᠬᠤ ᠵᠢ ᠠᠬᠢᠭᠤᠯᠬᠤ ᠵᠢᠨ ᠲᠥᠯᠥᠭᠡ᠂ ᠪᠡᠭᠡᠵᠢᠩ ᠬᠤᠳᠠ᠂ ᠲᠢᠶᠠᠨᠵᠢᠨ ᠬᠤᠳᠠ᠂ ᠾᠧᠪᠧᠢ ᠮᠤᠵᠢ᠂ ᠱᠠᠨ ᠰᠢ ᠮᠤᠵᠢ ᠵᠢᠨ ᠠᠮᠢ ᠠᠬᠤᠢ  ᠣᠷᠴᠢᠨ ᠲᠣᠭᠣᠷᠢᠨ᠎ᠤ ᠲᠢᠩᠬᠢᠮ (ᠲᠣᠪᠴᠢᠶ᠎ᠠ)᠎ᠲᠠᠢ ᠬᠠᠮᠲᠤ᠎ᠪᠠᠷ 《ᠤᠮᠠᠷᠠᠲᠤ ᠣᠷᠣᠨ᠎ᠤ ᠠᠶᠤᠯᠲᠠᠢ ᠬᠠᠶᠠᠭᠳᠠᠮᠠᠯ ᠪᠣᠳᠠᠰ᠎ᠢ ᠬᠠᠮᠲᠤᠷᠠᠨ ᠰᠡᠷᠭᠡᠢ᠌ᠯᠡᠵᠦ ᠬᠠᠮᠲᠤᠷᠠᠨ ᠡᠵᠡᠮᠳᠡᠵᠦ ᠬᠠᠮᠲᠤᠷᠠᠨ ᠵᠠᠰᠠᠬᠤ ᠬᠠᠮᠲᠤᠷᠠᠯᠴᠠᠭ᠋ᠠᠨ᠎ᠤ ᠬᠡᠯᠡᠯᠴᠡᠭᠡᠷ》᠎ᠲᠤ ᠭᠠᠷ᠎ᠤᠨ ᠦᠰᠦᠭ ᠵᠢᠷᠤᠵᠤ᠂ ᠠᠶᠤᠯᠲᠠᠢ ᠬᠠᠶᠠᠭᠳᠠᠮᠠᠯ ᠪᠣᠳᠠᠰ᠎ᠢ ᠮᠤᠵᠢ ᠠᠯᠤᠰᠯᠠᠨ ᠰᠢᠯᠵᠢᠭᠦᠯᠬᠦ《ᠨᠡᠷᠡᠰ᠎ᠤᠨ ᠴᠠᠭ᠋ᠠᠨ ᠲᠠᠩᠰᠠ》 ᠵᠢᠨ ᠬᠠᠮᠲᠤᠷᠠᠯᠴᠠᠭ᠋ᠠᠨ᠎ᠤ ᠲᠣᠭᠲᠠᠴᠠ ᠵᠢ ᠪᠠᠢ᠌ᠭᠤᠯᠵᠤ᠂ ᠤᠮᠠᠷᠠᠲᠤ ᠣᠷᠣᠨ᠎ᠤ ᠠᠶᠤᠯᠲᠠᠢ ᠬᠠᠶᠠᠭᠳᠠᠮᠠᠯ ᠪᠣᠳᠠᠰ᠎ᠢ ᠬᠠᠮᠲᠤᠷᠠᠨ ᠰᠡᠷᠭᠡᠢ᠌ᠯᠡᠵᠦ ᠬᠠᠮᠲᠤᠷᠠᠨ ᠡᠵᠡᠮᠳᠡᠵᠦ ᠬᠠᠮᠲᠤᠷᠠᠨ ᠵᠠᠰᠠᠬᠤ ᠵᠢ ᠴᠢᠩᠭ᠋ᠠᠳᠬᠠᠪᠠ᠃ ᠯᠢᠶᠣᠤᠨᠢᠩ ᠮᠤᠵᠢ᠂ ᠬᠢᠷᠢᠨ ᠮᠤᠵᠢ᠂ ᠬᠠᠷᠠᠮᠥ᠋ᠷᠡᠨ ᠮᠤᠵᠢ᠂ ᠱᠠᠨᠰᠢ ᠮᠤᠵᠢ᠂ ᠨᠢᠩᠰᠢᠶᠠ ᠵᠢᠨ ᠬᠣᠲᠣᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠯᠦᠭᠡ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠦᠯᠲᠡ ᠵᠢᠨ ᠬᠣᠯᠪᠤᠭ᠋ᠠᠯᠠᠨ ᠬᠥᠳᠡᠯᠦᠯᠴᠡᠬᠦ ᠵᠥᠪᠯᠡᠯᠴᠡᠭᠡᠷ ᠲᠣᠭᠲᠠᠵᠤ᠂ ᠠᠶᠤᠯᠲᠠᠢ ᠬᠠᠶᠠᠭᠳᠠᠮᠠᠯ ᠪᠣᠳᠠᠰ᠎ᠢ ᠣᠨᠳᠣᠣ ᠭᠠᠵᠠᠷ᠎ᠲᠤ ᠰᠢᠢ᠍ᠳᠪᠦᠷᠢᠯᠡᠵᠦ ᠠᠰᠬᠠᠵᠤ ᠴᠢᠳᠬᠤᠬᠤ ᠵᠢ ᠬᠠᠮᠲᠤᠷᠠᠨ ᠬᠠᠤᠯᠢ ᠬᠡᠷᠡᠭᠵᠢᠭᠦᠯᠬᠦ ᠡᠷᠴᠢᠮ ᠵᠶ᠋ᠡᠨ ᠴᠢᠩᠭ᠋ᠠᠷᠠᠭᠤᠯᠪᠠ᠃ 

      (ᠳᠥᠷᠪᠡ) ᠦᠢ᠍ᠯᠡᠳᠪᠦᠷᠢᠯᠡᠯ᠎ᠤᠨ ᠠᠶᠤᠯᠭᠦᠢ ᠵᠢᠨ ᠡᠨᠳᠡᠯ᠎ᠤᠨ ᠣᠷᠴᠢᠨ ᠲᠣᠭᠣᠷᠢᠨ᠎ᠤ ᠪᠠᠴᠢᠮ ᠪᠠᠶ᠋ᠢᠳᠠᠯ ᠎ᠢ ᠠᠷᠭ᠋ᠠᠴᠠᠭ᠋ᠠᠬᠤ ᠵᠢᠨ ᠠᠪᠤᠷᠠᠨ ᠲᠤᠰᠠᠯᠠᠬᠤ ᠴᠢᠳᠠᠪᠤᠷᠢ ᠵᠢᠨ ᠪᠠᠢ᠌ᠭᠤᠯᠤᠯᠲᠠ ᠵᠢᠨ ᠪᠠᠶ᠋ᠢᠳᠠᠯ᠃ ᠨᠢᠭᠡ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠭᠡᠨᠡᠳᠲᠡ ᠡᠭᠦᠰᠦᠭᠰᠡᠨ ᠣᠷᠴᠢᠨ ᠲᠣᠭᠣᠷᠢᠨ᠎ᠤ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ (ᠲᠤᠷᠰᠢᠨ ᠬᠡᠷᠡᠭᠵᠢᠭᠦᠯᠬᠦ)》᠎ᠢ ᠨᠠᠢ᠌ᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠳᠡᠪᠰᠢᠭᠦᠯᠦᠨ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠬᠦ ᠵᠢᠨ ᠬᠠᠮᠲᠤ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠳᠤ ᠮᠡᠳᠡᠭᠦᠯᠦᠨ ᠳᠠᠩᠰᠠᠯᠠᠭᠤᠯᠵᠤ᠂ ᠪᠥᠬᠥ ᠣᠷᠣᠨ᠎ᠤ 12 ᠠᠶ᠋ᠢᠮᠠᠭ ᠬᠣᠲᠠ᠂ 103 ᠬᠣᠰᠢᠭᠤ ᠰᠢᠶᠠᠨ (ᠬᠣᠲᠠ᠂ ᠲᠣᠭᠣᠷᠢᠭ)᠎ᠳᠤ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠢ ᠵᠠᠰᠠᠨ ᠨᠠᠶ᠋ᠢᠷᠠᠭᠤᠯᠬᠤ ᠵᠢ ᠪᠡᠶᠡᠯᠡᠭᠦᠯᠵᠦ᠂ ᠪᠥᠬᠥ ᠣᠷᠣᠨ᠎ᠤ ᠬᠡᠪᠴᠢᠶᠡᠨ᠎ᠳᠤ ᠭᠤᠷᠪᠠᠨ ᠱᠠᠲᠤ᠎ᠪᠠᠷ ᠪᠦᠬᠦᠨ᠎ᠢ ᠬᠠᠮᠤᠷᠬᠤ ᠵᠢ ᠤᠷᠢᠳᠠᠪᠠᠷ ᠪᠡᠶᠡᠯᠡᠭᠦᠯᠪᠡ᠃ ᠬᠣᠶᠠᠷ᠎ᠲᠤ ᠬᠠᠮᠢᠶ᠎ᠠ ᠪᠦᠬᠦᠢ ᠬᠦᠷᠢᠶ᠎ᠡ ᠴᠠᠷᠠᠭ᠎ᠠ᠂ ᠬᠠᠮᠢᠶ᠎ᠠ ᠪᠦᠬᠦᠢ ᠨᠢᠭᠡᠴᠢ ᠵᠢᠨ ᠰᠠᠴᠤᠷᠠᠭ᠎ᠢ ᠬᠢᠨᠠᠨ ᠬᠡᠮᠵᠢᠬᠦ᠂ ᠣᠷᠴᠢᠨ ᠲᠣᠭᠣᠷᠢᠨ᠎ᠢ ᠬᠢᠨᠠᠨ ᠬᠡᠮᠵᠢᠬᠦ᠂ ᠰᠠᠴᠤᠷᠠᠭ᠎ᠢ ᠰᠡᠷᠭᠡᠢ᠌ᠯᠡᠨ ᠬᠠᠮᠠᠭ᠋ᠠᠯᠠᠬᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠂ ᠭᠠᠯ ᠤᠨᠲᠠᠷᠠᠭ᠋ᠠᠵᠤ ᠠᠪᠤᠷᠠᠨ ᠲᠤᠰᠠᠯᠠᠬᠤ᠂ ᠠᠶᠤᠯ᠎ᠲᠠᠢ ᠬᠢᠮᠢ ᠵᠢᠨ ᠪᠣᠳᠠᠰ᠎ᠤᠨ ᠠᠮᠤᠷ ᠲᠦᠪᠰᠢᠨ᠂ ᠴᠥᠮ᠎ᠡ ᠵᠢᠨ ᠬᠥᠳᠡᠯᠭᠡᠬᠦ ᠬᠦᠴᠦᠨ᠂ ᠦᠷᠡᠨ᠎ᠤ ᠬᠦᠳᠡᠷ ᠬᠠᠶ᠋ᠢᠯᠤᠭᠤᠯᠬᠤ᠂ ᠳᠠᠭ᠋ᠠᠯᠲᠠ ᠠᠭᠤᠷᠬᠠᠢ ᠵᠢᠴᠢ ᠴᠥᠮ᠎ᠡ ᠵᠢᠨ ᠮᠡᠷᠭᠡᠵᠢᠯ᠎ᠤᠨ ᠠᠰᠢᠭᠯᠠᠯᠲᠠ ᠵᠡᠷᠭᠡ ᠬᠠᠮᠢᠶ᠎ᠠ ᠪᠦᠬᠦᠢ ᠬᠦᠷᠢᠶ᠎ᠡ ᠴᠠᠷᠠᠭ᠎ᠠ᠎ᠳᠤ ᠬᠣᠯᠪᠣᠭᠳᠠᠭᠰᠠᠨ 24 ᠲᠤᠰᠬᠠᠢ ᠮᠡᠷᠭᠡᠵᠢᠯᠲᠡᠨ ᠵᠶ᠋ᠡᠷ ᠪᠦᠷᠢᠯᠳᠦᠭᠰᠡᠨ ᠥᠪᠡᠷᠲᠡᠭᠡᠨ ᠵᠠᠰᠠᠬᠤ ᠣᠷᠣᠨ᠎ᠤ ᠴᠥᠮ᠎ᠡ ᠬᠢᠭᠡᠳ ᠰᠠᠴᠤᠷᠠᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠤᠰᠬᠠᠢ ᠮᠡᠷᠭᠡᠵᠢᠯᠲᠡᠨ᠎ᠤ ᠬᠥᠮᠥᠷᠭᠡ ᠵᠢ ᠵᠣᠬᠢᠶᠠᠨ ᠪᠠᠢ᠌ᠭᠤᠯᠪᠠ᠃

      (ᠲᠠᠪᠤ) ᠰᠢᠨᠵᠢᠯᠡᠬᠦ ᠤᠬᠠᠭ᠋ᠠᠨ ᠲᠡᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠥᠷᠨᠢᠭᠦᠯᠦᠭᠰᠡᠨ ᠵᠢᠴᠢ ᠪᠠᠲᠤᠯᠠᠭ᠎ᠠ ᠵᠢᠨ ᠳᠦᠷᠢᠮ᠎ᠤᠨ ᠪᠠᠢ᠌ᠭᠤᠯᠤᠯᠲᠠ ᠵᠢ ᠴᠢᠩᠭ᠋ᠠᠳᠬᠠᠭᠰᠠᠨ ᠪᠠᠶ᠋ᠢᠳᠠᠯ᠃ ᠬᠠᠤᠯᠢ ᠬᠡᠷᠡᠭᠵᠢᠭᠦᠯᠬᠦ ᠶᠡᠬᠡ ᠪᠣᠯᠪᠠᠰᠤᠷᠠᠯ᠎ᠤᠨ ᠠᠵᠢᠯ᠎ᠤᠨ ᠪᠠᠶ᠋ᠢᠷᠢ ᠵᠢᠨ ᠮᠡᠷᠭᠡᠵᠢᠯ ᠴᠢᠳᠠᠪᠤᠷᠢ ᠵᠢᠨ ᠪᠣᠳᠠᠲᠤ ᠮᠥᠷᠥᠢ᠌ᠴᠡᠭᠡᠨ ᠶᠠᠪᠤᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠠᠤᠯᠢ ᠬᠡᠷᠡᠭᠵᠢᠭᠦᠯᠬᠦ ᠠᠷᠭ᠎ᠠ ᠪᠠᠷᠢᠯ᠎ᠢ ᠳᠡᠯᠭᠡᠨ ᠦᠵᠡᠭᠦᠯᠵᠦ᠂ ᠵᠢᠯᠣᠭᠣᠴᠢ ᠦᠭᠡᠢ ᠨᠢᠰᠬᠡᠯ᠎ᠤᠨ ᠬᠠᠤᠯᠢ ᠬᠡᠷᠡᠭᠵᠢᠭᠦᠯᠦᠯᠲᠡ ᠵᠢᠨ ᠬᠡᠷᠡᠭᠯᠡᠯᠲᠡ᠂ ᠪᠣᠬᠢᠷᠲᠤᠯ᠎ᠤᠨ ᠡᠬᠢ ᠵᠢᠨ ᠲᠤᠬᠠᠢ ᠵᠢᠨ ᠲᠠᠯᠠᠪᠠᠢ ᠵᠢᠨ ᠬᠠᠤᠯᠢ ᠬᠡᠷᠡᠭᠵᠢᠭᠦᠯᠦᠯᠲᠡ᠂ VR ᠲᠤᠬᠠᠢ ᠵᠢᠨ ᠲᠠᠯᠠᠪᠠᠢ ᠵᠢᠨ ᠳᠠᠭᠤᠷᠢᠶᠠᠮᠠᠯ ᠬᠠᠤᠯᠢ ᠬᠡᠷᠡᠭᠵᠢᠭᠦᠯᠦᠯᠲᠡ᠂ ᠪᠣᠬᠢᠷᠲᠤᠯ᠎ᠤᠨ ᠡᠬᠢ ᠵᠢᠨ ᠠᠦ᠋ᠲ᠋ᠣ᠋ ᠬᠢᠨᠠᠨ ᠬᠡᠮᠵᠢᠯᠲᠡ ᠵᠢᠨ ᠲᠥᠬᠦᠭᠡᠷᠦᠮᠵᠢ ᠵᠢᠨ ᠲᠤᠬᠠᠢ ᠵᠢᠨ ᠲᠠᠯᠠᠪᠠᠢ ᠵᠢᠨ ᠪᠠᠢ᠌ᠴᠠᠭ᠋ᠠᠯᠲᠠ ᠵᠡᠷᠭᠡ ᠠᠷᠭ᠎ᠠ ᠬᠡᠯᠪᠡᠷᠢ᠎ᠪᠠᠷ ᠪᠣᠯᠪᠠᠰᠤᠷᠠᠯ ᠵᠶ᠋ᠠᠷ ᠪᠠᠢ᠌ᠯᠳᠤᠭ᠋ᠠᠨ᠎ᠢ ᠣᠷᠣᠯᠠᠭᠤᠯᠬᠤ᠂ ᠪᠣᠯᠪᠠᠰᠤᠷᠠᠯ ᠵᠶ᠋ᠠᠷ ᠪᠠᠢ᠌ᠯᠳᠤᠭ᠋ᠠᠨ᠎ᠢ ᠠᠬᠢᠭᠤᠯᠬᠤ᠂ ᠪᠣᠯᠪᠠᠰᠤᠷᠠᠯ ᠵᠶ᠋ᠠᠷ ᠪᠠᠢ᠌ᠯᠳᠤᠭ᠋ᠠᠨ᠎ᠢ ᠬᠦᠴᠦᠷᠬᠡᠭᠵᠢᠭᠦᠯᠵᠦ᠂ 《ᠰᠠᠬᠢᠯᠭ᠎ᠠ ᠪᠠᠲᠤ ᠴᠢᠩᠭ᠎ᠠ᠂ ᠴᠢᠳᠠᠪᠤᠷᠢ ᠴᠢᠩᠭ᠎ᠠ᠂ ᠣᠪᠣᠷ ᠰᠤᠷᠲᠠᠯ ᠰᠢᠯᠢᠳᠡᠭ ᠰᠠᠢ᠍ᠢ᠍ᠨ᠂ ᠬᠦᠨᠳᠦ ᠡᠭᠦᠷᠭᠡ ᠵᠢ ᠵᠣᠷᠢᠭᠲᠠᠢ᠎ᠪᠠᠷ ᠡᠭᠦᠷᠭᠡᠯᠡᠬᠦ》 ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠲᠡᠮᠦᠷ ᠴᠡᠷᠢᠭ᠎ᠢ ᠪᠦᠬᠦ ᠬᠦᠴᠦᠨ ᠵᠶ᠋ᠡᠷ ᠵᠶ᠋ᠡᠨ ᠴᠣᠭᠴᠠᠯᠠᠪᠠ᠃

      (ᠵᠢᠷᠭᠤᠭ᠎ᠠ) ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠠᠢ᠌ᠴᠠᠭ᠋ᠠᠨ ᠰᠢᠢ᠍ᠳᠪᠦᠷᠢᠯᠡᠭᠰᠡᠨ᠂ ᠡᠨᠳᠡᠯ᠎ᠢ ᠪᠠᠢ᠌ᠴᠠᠭ᠋ᠠᠨ ᠰᠢᠢ᠍ᠳᠪᠦᠷᠢᠯᠡᠭᠰᠡᠨ ᠡᠷᠡᠭᠦᠦ ᠰᠢᠳᠬᠡᠯ᠎ᠢ ᠵᠣᠯᠭ᠋ᠠᠭᠤᠯᠤᠭᠰᠠᠨ ᠪᠠᠶ᠋ᠢᠳᠠᠯ᠃ ᠨᠢᠭᠡ᠎ᠳᠤ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠡᠷᠭᠡ ᠰᠠᠯᠠᠭ᠎ᠠ ᠮᠥᠴᠢᠷ᠎ᠤᠨ ᠬᠣᠭᠤᠷᠤᠨᠳᠤᠬᠢ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ᠂ ᠣᠷᠣᠨ ᠪᠦᠰᠡ ᠵᠢᠨ ᠬᠠᠮᠵᠢᠯᠴᠠᠭ᠎ᠠ᠂ ᠬᠦᠨᠳᠦ ᠶᠡᠬᠡ ᠬᠡᠷᠡᠭ᠎ᠢ ᠵᠥᠪᠳᠡᠯᠴᠡᠨ ᠱᠠᠯᠠᠪᠳᠠᠭᠤᠯᠤᠨ ᠰᠢᠢ᠍ᠳᠪᠦᠷᠢᠯᠡᠭᠦᠯᠬᠦ ᠳᠦᠷᠢᠮ᠎ᠢ ᠪᠠᠢ᠌ᠭᠤᠯᠵᠤ᠂ ᠠᠮᠢ ᠠᠬᠤᠢ ᠣᠷᠴᠢᠨ ᠲᠣᠭᠣᠷᠢᠨ ᠬᠢᠭᠡᠳ ᠪᠤᠰᠤᠳ ᠰᠠᠯᠠᠭ᠎ᠠ ᠮᠥᠴᠢᠷ᠎ᠤᠨ ᠨᠡᠪᠲᠡᠷᠡᠯᠴᠡᠭᠡ ᠬᠠᠮᠵᠢᠯᠴᠠᠭ᠎ᠠ ᠪᠠ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠵᠢ ᠴᠢᠩᠭ᠋ᠠᠳᠬᠠᠵᠤ᠂ ᠠᠶᠤᠯᠲᠠᠢ ᠬᠠᠶᠠᠭᠳᠠᠮᠠᠯ ᠪᠣᠳᠠᠰ᠎ᠢ ᠭᠠᠷᠭ᠋ᠠᠬᠤ᠂ ᠴᠤᠭᠯᠠᠭᠤᠯᠬᠤ᠂ ᠬᠠᠳᠠᠭ᠋ᠠᠯᠠᠬᠤ᠂ ᠰᠢᠢ᠍ᠳᠪᠦᠷᠢᠯᠡᠵᠦ ᠠᠰᠢᠭᠯᠠᠬᠤ ᠵᠢ ᠬᠡᠷᠡᠭᠵᠢᠭᠦᠯᠬᠦ ᠪᠦᠬᠦ ᠶᠠᠪᠤᠴᠠ᠎ᠳᠤ ᠴᠢᠩᠭ᠎ᠠ ᠬᠢᠨᠠᠯᠲᠠ ᠬᠠᠮᠢᠶᠠᠷᠤᠯᠲᠠ ᠵᠢ ᠪᠠᠷᠢᠮᠲᠠᠯᠠᠪᠠ᠃ ᠬᠣᠶᠠᠷ᠎ᠲᠤ ᠠᠶᠤᠯᠲᠠᠢ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ ᠲᠤᠰᠬᠠᠢ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠴᠠᠭ᠋ᠠᠬᠤ ᠬᠣᠷᠢᠶ᠎ᠠ᠂ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ᠎ᠲᠠᠢ ᠬᠠᠮᠲᠤᠷᠠᠨ 《ᠠᠮᠢ ᠠᠬᠤᠢ ᠣᠷᠴᠢᠨ ᠲᠣᠭᠣᠷᠢᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ ᠵᠢᠨ ᠬᠡᠷᠡᠭ᠎ᠤᠨ ᠬᠠᠤᠯᠢ ᠴᠠᠭ᠋ᠠᠵᠠ ᠵᠢ ᠵᠣᠯᠭ᠋ᠠᠭᠤᠯᠬᠤ ᠠᠵᠢᠯ᠎ᠢ ᠴᠢᠩᠭ᠋ᠠᠳᠬᠠᠬᠤ ᠲᠤᠬᠠᠢ ᠰᠠᠨᠠᠯ》 (ᠥᠪᠥᠷ ᠮᠣᠩᠭᠣᠯ᠎ᠤᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠲᠠᠷᠬᠠᠭ᠋ᠠᠭᠰᠠᠨ [2022] 132 ᠳ᠋ᠤᠭ᠋ᠠᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠴᠠᠭ᠋ᠠᠬᠤ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠲᠠᠢ ᠬᠠᠮᠲᠤᠷᠠᠨ ᠠᠶᠤᠯᠲᠠᠢ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠪᠠ ᠭᠣᠣᠯᠳᠠᠯᠭ᠎ᠠ᠎ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠠᠦ᠋ᠲ᠋ᠣ᠋ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ (《ᠬᠣᠶᠠᠷ᠎ᠲᠤ ᠴᠣᠬᠢᠯᠲᠠ ᠥᠭᠬᠦ》 ᠲᠤᠰᠬᠠᠢ ᠠᠵᠢᠯᠯᠠᠭ᠎ᠠ ᠭᠡᠵᠦ ᠲᠣᠪᠴᠢᠯᠠᠨ᠎ᠠ) ᠵᠢ ᠬᠠᠮᠲᠤᠪᠠᠷ ᠥᠷᠨᠢᠭᠦᠯᠪᠡ ᠃ ᠣᠳᠣᠬᠠᠨ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠨᠠᠢ᠌ᠳᠠ 9 ᠠᠶᠤᠯᠲᠠᠢ ᠬᠠᠶᠠᠭᠳᠠᠮᠠᠯ ᠪᠣᠳᠠᠰ᠎ᠤᠨ ᠬᠠᠤᠯᠢ᠎ᠠᠴᠠ ᠵᠥᠷᠢᠴᠡᠭᠰᠡᠨ ᠬᠡᠷᠡᠭ᠎ᠢ ᠪᠠᠢ᠌ᠴᠠᠭ᠋ᠠᠨ ᠰᠢᠢ᠍ᠳᠪᠦᠷᠢᠯᠡᠵᠦ᠂ ᠡᠭᠦᠨ᠎ᠳᠤ 4 ᠬᠡᠷᠡᠭ᠎ᠢ ᠰᠢᠯᠵᠢᠭᠦᠯᠦᠨ ᠬᠦᠷᠭᠡᠵᠦ᠂ 5 ᠬᠡᠷᠡᠭ᠎ᠢ ᠵᠠᠰᠠᠭ ᠵᠠᠬᠢᠷᠭ᠋ᠠᠨ᠎ᠤ ᠰᠢᠳᠬᠡᠯ ᠥᠭᠴᠦ᠂ 140 ᠲᠦᠮᠡᠨ ᠲᠥᠭᠥᠷᠢᠭ᠎ᠤᠨ ᠲᠣᠷᠭ᠋ᠠᠭᠤᠯᠢ᠎ᠪᠠᠷ ᠰᠢᠳᠬᠡᠪᠡ᠃

      ᠬᠣᠶᠠᠷ᠂ ᠬᠠᠤᠯᠢ ᠴᠠᠭ᠋ᠠᠵᠠ ᠵᠢ ᠬᠡᠷᠡᠭᠵᠢᠭᠦᠯᠬᠦ ᠳᠤᠮᠳᠠ ᠣᠷᠣᠰᠢᠵᠤ ᠪᠠᠢ᠌ᠭ᠎ᠠ ᠭᠣᠣᠯ ᠠᠰᠠᠭᠤᠳᠠᠯ

      ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠵᠠᠰᠠᠬᠤ᠎ᠳᠤ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ᠂ ᠡᠷᠡᠭᠦᠯ ᠬᠠᠮᠠᠭ᠋ᠠᠯᠠᠯ ᠡᠷᠡᠭᠦᠯ ᠮᠠᠨᠳᠤ᠂ ᠵᠠᠮ ᠬᠠᠷᠢᠯᠴᠠᠭ᠎ᠠ ᠲᠡᠭᠡᠭᠡᠪᠦᠷᠢ᠂ ᠬᠤᠳᠠᠯᠳᠤᠭ᠋ᠠᠨ᠎ᠤ ᠶᠠᠪᠤᠳᠠᠯ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠣᠯᠪᠣᠭᠳᠠᠵᠤ᠂ ᠰᠠᠯᠠᠭ᠎ᠠ ᠮᠥᠴᠢᠷ᠎ᠤᠨ ᠬᠣᠭᠣᠷᠣᠨᠳᠤ᠎ᠪᠠᠨ ᠬᠣᠯᠪᠤᠭ᠋ᠠᠯᠠᠨ ᠬᠥᠳᠡᠯᠦᠯᠴᠡᠬᠦ ᠬᠢᠨᠠᠨ ᠬᠠᠮᠢᠶᠠᠷᠤᠯᠲᠠ ᠪᠠ ᠬᠠᠤᠯᠢ ᠬᠡᠷᠡᠭᠵᠢᠭᠦᠯᠬᠦ ᠲᠣᠭᠲᠠᠴᠠ᠎ᠪᠠᠷ ᠬᠦᠷᠦᠯᠴᠡᠬᠦ ᠦᠭᠡᠢ᠂ ᠠᠵᠢᠯ᠎ᠤᠨ ᠬᠠᠮᠲᠤᠷᠠᠯ᠎ᠤᠨ ᠬᠦᠴᠦᠨ ᠵᠶ᠋ᠡᠷ ᠬᠦᠷᠦᠯᠴᠡᠬᠦ ᠦᠭᠡᠢ ᠪᠠᠢ᠌ᠨ᠎ᠠ᠃

      ᠭᠤᠷᠪᠠ᠂ ᠬᠠᠤᠯᠢ ᠴᠠᠭ᠋ᠠᠵᠠ ᠵᠢᠨ ᠬᠡᠷᠡᠭᠵᠢᠭᠦᠯᠦᠯᠲᠡ ᠵᠢ ᠠᠬᠢᠭᠤᠯᠬᠤ ᠰᠠᠨᠠᠯ ᠰᠠᠨᠠᠭᠤᠯᠭ᠎ᠠ

      ᠠᠮᠢ ᠠᠬᠤᠢ ᠣᠷᠴᠢᠨ ᠲᠣᠭᠣᠷᠢᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠠᠵᠢᠯᠲᠠᠨ᠎ᠤ ᠲᠤᠬᠠᠢ᠌ᠯᠠᠭᠰᠠᠨ ᠠᠵᠢᠯ᠎ᠤᠨ ᠬᠡᠪ ᠴᠢᠨᠠᠷ ᠪᠠ ᠴᠢᠳᠠᠪᠤᠷᠢ ᠵᠢ ᠤᠯᠠᠮ ᠴᠢᠨᠠᠭᠰᠢᠳᠠ ᠴᠢᠩᠭ᠋ᠠᠷᠠᠭᠤᠯᠵᠤ᠂ ᠠᠮᠤᠷ ᠲᠦᠪᠰᠢᠨ᠎ᠤ ᠦᠨᠳᠦᠰᠦᠨ ᠱᠠᠲᠤᠨ᠎ᠤ ᠰᠠᠭᠤᠷᠢ ᠰᠢᠰᠲ᠋ᠧᠮ᠎ᠤᠨ ᠪᠠᠢ᠌ᠭᠤᠯᠤᠯᠲᠠ ᠵᠢ ᠴᠢᠩᠭ᠋ᠠᠳᠬᠠᠨ᠂ ᠠᠵᠢᠯᠲᠠᠨ᠎ᠤ ᠪᠤᠯᠪᠠᠰᠤᠷᠠᠯ᠎ᠤᠨ ᠡᠷᠴᠢᠮ᠎ᠢ ᠴᠢᠩᠭ᠋ᠠᠷᠠᠭᠤᠯᠵᠤ᠂ ᠠᠵᠢᠯ ᠡᠷᠬᠢᠯᠡᠭᠰᠡᠳ᠎ᠤᠨ ᠠᠮᠢ ᠠᠬᠤᠢ ᠣᠷᠴᠢᠨ ᠲᠣᠭᠣᠷᠢᠨ᠎ᠤ ᠠᠮᠤᠷ ᠲᠦᠪᠰᠢᠨ᠎ᠤ ᠤᠬᠠᠮᠰᠠᠷ᠎ᠢ ᠳᠡᠬᠡᠭᠰᠢᠯᠡᠬᠦᠯᠦᠨ᠎ᠡ᠃

          ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ

               2023 ᠣᠨ᠎ᠤ 9 ᠰᠠᠷ᠎ᠠ ᠵᠢᠨ 8᠎ᠤ ᠡᠳᠦᠷ


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠠᠵᠤ ᠦᠢ᠍ᠯᠡᠳᠪᠦᠷᠢ ᠵᠢᠨ ᠱᠤᠤᠭᠢᠶᠠᠨ᠎ᠤ ᠪᠣᠬᠢᠷᠲᠤᠯ᠎ᠢ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ ᠵᠢᠨ ᠠᠵᠢᠯ᠎ᠢ ᠥᠷᠨᠢᠭᠦᠯᠬᠦ ᠲᠤᠬᠠᠢ ᠮᠡᠳᠡᠭᠳᠡᠯ
ᠥᠪᠥᠷ ᠮᠣᠩᠭᠣᠯ᠎ᠤᠨ ᠬᠥᠬᠡᠬᠣᠲᠠ ᠵᠢᠨ ᠲᠦᠸᠧᠴᠢᠩ ᠠᠵᠤ ᠠᠬᠤᠢ ᠵᠢᠨ ᠨᠡᠭᠡᠭᠡᠯᠲᠡ ᠵᠢᠨ ᠲᠣᠭᠣᠷᠢᠭ᠎ᠤᠨ ᠪᠣᠬᠢᠷᠲᠤᠯ ᠦᠭᠡᠢ ᠴᠠᠬᠢᠯᠭ᠋ᠠᠨ ᠬᠠᠩᠭ᠋ᠠᠬᠤ ᠲᠥᠷᠥᠯ ᠵᠦᠢ᠍ᠯ — ᠲᠣᠭᠲᠠᠬᠤ ᠭᠡᠷᠡᠯ ᠴᠡᠨᠡᠭ ᠵᠶ᠋ᠠᠷ ᠴᠠᠬᠢᠯᠭ᠋ᠠᠨ ᠭᠠᠷᠭ᠋ᠠᠬᠤ ᠲᠥᠷᠥᠯ ᠵᠦᠢ᠍ᠯ᠎ᠤᠨ ᠨᠢᠭᠡᠳᠦᠭᠡᠷ ᠬᠤᠭᠤᠴᠠᠭ᠋ᠠᠨ᠎ᠤ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠴᠣᠬᠣᠯᠠᠪᠤᠷᠢ
ᠥᠪᠥᠷ ᠮᠣᠩᠭᠣᠯ᠎ᠤᠨ ᠪᠥᠸᠧ ᠶᠤᠸᠠᠨ ᠶᠢᠨ ᠭᠧᠨ ᠬᠢᠮᠢ ᠵᠢᠨ ᠠᠵᠤ ᠦᠢ᠍ᠯᠡᠳᠪᠦᠷᠢ ᠵᠢᠨ ᠬᠢᠵᠠᠭ᠋ᠠᠷᠲᠤ ᠺᠣᠮᠫᠠᠨᠢ ᠵᠢᠨ 110 ᠺᠢᠯᠣᠸᠠᠲ᠎ᠤᠨ ᠴᠠᠬᠢᠯᠭ᠋ᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠎ᠤᠨ ᠴᠣᠬᠣᠯᠠᠪᠤᠷᠢ
ᠣᠷᠳᠣᠰ᠎ᠤᠨ ᠬᠢᠶ᠎ᠠ ᠪᠠᠭᠰᠢ ᠬᠣᠢ᠌ᠲᠤ ᠲᠣᠭᠣᠷᠢᠭ᠎ᠤᠨ 110 ᠺᠢᠯᠣᠸᠠᠲ᠎ᠤᠨ ᠬᠦᠴᠦᠳᠡᠯ ᠥᠭᠡᠷᠡᠴᠢᠯᠡᠬᠦ ᠥᠷᠲᠡᠭᠡ ᠵᠢᠨ ᠭᠣᠣᠯ ᠬᠤᠪᠢᠰᠤᠯᠲᠠ ᠵᠢᠨ ᠪᠠᠭᠲᠠᠭ᠋ᠠᠮᠵᠢ ᠵᠢ ᠨᠡᠮᠡᠭᠳᠡᠭᠦᠯᠬᠦ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠎ᠤᠨ ᠴᠣᠬᠣᠯᠠᠪᠤᠷᠢ
ᠥᠪᠥᠷ ᠮᠣᠩᠭᠣᠯ᠎ᠤᠨ ᠵᠡᠭᠦᠨ ᠬᠡᠰᠡᠭ᠎ᠤᠨ ᠤᠯᠠᠭ᠋ᠠᠨᠬᠠᠳᠠ ᠵᠢᠨ ᠪᠣᠷᠣᠬᠤᠲᠠ ᠵᠢᠨ 220 ᠺᠢᠯᠣᠸᠠᠲ᠎ᠤᠨ ᠬᠦᠴᠦᠳᠡᠯ ᠥᠭᠡᠷᠡᠴᠢᠯᠡᠬᠦ ᠥᠷᠲᠡᠭᠡ ᠵᠢᠨ ᠥᠭᠡᠷᠡᠴᠢᠯᠡᠨ ᠪᠠᠢ᠌ᠭᠤᠯᠬᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠥᠯᠥᠭᠡ ᠵᠢᠨ ᠬᠦᠰᠦᠨᠦᠭᠲᠦ ᠵᠢᠨ ᠴᠣᠬᠣᠯᠠᠪᠤᠷᠢ
 
             蒙ICP备05000248号