ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ (ᠲᠣᠪᠴᠢᠶ᠎ᠠ)᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠢᠩᠲ᠋ᠤᠸᠠᠨ᠎ᠤ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠳᠤ᠄
《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠤᠯᠢ》 《ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ ᠵᠢᠨ ᠳᠦᠷᠢᠮ》᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠵᠤ ᠦᠢ᠍ᠯᠡᠳᠪᠦᠷᠢ ᠵᠢᠨ ᠱᠤᠤᠭᠢᠶᠠᠨ᠎ᠤ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ ᠵᠢ ᠬᠠᠤᠯᠢ ᠶᠣᠰᠣᠭ᠋ᠠᠷ ᠬᠡᠷᠡᠭᠵᠢᠭᠦᠯᠬᠦ ᠵᠢᠨ ᠲᠥᠯᠥᠭᠡ᠂ ᠣᠲᠣ ᠬᠣᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠮᠡᠳᠡᠭᠳᠡᠶ᠎ᠡ᠃
ᠨᠢᠭᠡ᠂ ᠶᠡᠷᠦᠩᠬᠡᠢ ᠱᠠᠭ᠋ᠠᠷᠳᠠᠯᠭ᠎ᠠ
(ᠨᠢᠭᠡ) ᠠᠵᠢᠯ᠎ᠤᠨ ᠬᠠᠷᠠᠯᠲᠠ
ᠠᠵᠤ ᠦᠢ᠍ᠯᠡᠳᠪᠦᠷᠢ ᠵᠢᠨ ᠱᠤᠤᠭᠢᠶᠠᠨ ᠭᠠᠷᠭ᠋ᠠᠵᠤ ᠪᠠᠢ᠌ᠭ᠎ᠠ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠪᠣᠯᠣᠨ ᠪᠤᠰᠤᠳ ᠡᠵᠡᠩᠨᠡᠭᠴᠢ (ᠳᠣᠷᠣᠭᠰᠢ ᠪᠣᠬᠢᠷᠲᠤᠯ ᠭᠠᠳᠠᠭᠰᠢᠯᠠᠭᠤᠯᠬᠤ ᠨᠢᠭᠡᠴᠢ ᠭᠡᠵᠦ ᠲᠣᠪᠴᠢᠯᠠᠨ᠎ᠠ) ᠵᠢ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ᠎ᠳᠤ ᠬᠠᠤᠯᠢ ᠶᠣᠰᠣᠭ᠋ᠠᠷ ᠠᠯᠬᠤᠮ ᠠᠯᠬᠤᠮ ᠵᠶ᠋ᠠᠷ ᠣᠷᠣᠭᠤᠯᠵᠤ᠂ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ ᠭᠤᠶᠤᠴᠢᠯᠠᠨ ᠣᠯᠬᠤ ᠪᠤᠶᠤ ᠪᠣᠬᠢᠷᠲᠤᠯ ᠭᠠᠳᠠᠭᠰᠢᠯᠠᠭᠤᠯᠬᠤ ᠳᠠᠩᠰᠠᠯᠠᠯᠲᠠ ᠵᠢᠨ ᠬᠦᠰᠦᠨᠦᠭᠲᠦ ᠲᠠᠭᠯᠠᠨ ᠮᠡᠳᠡᠭᠦᠯᠬᠦ ᠵᠢ ᠠᠬᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ ᠠᠵᠤ ᠦᠢ᠍ᠯᠡᠳᠪᠦᠷᠢ ᠵᠢᠨ ᠱᠤᠤᠭᠢᠶᠠᠨ᠎ᠢ ᠪᠦᠬᠦᠨ᠎ᠢ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠤᠨ ᠬᠠᠮᠢᠶᠠᠷᠤᠯᠲᠠ᠎ᠳᠤ ᠬᠠᠤᠯᠢ ᠶᠣᠰᠣᠭ᠋ᠠᠷ ᠣᠷᠣᠭᠤᠯᠤᠨ᠎ᠠ᠃
(ᠬᠣᠶᠠᠷ) ᠬᠡᠷᠡᠭᠵᠢᠭᠦᠯᠬᠦ ᠬᠡᠪᠴᠢᠶ᠎ᠡ
《ᠤᠯᠤᠰ ᠠᠷᠠᠳ᠎ᠤᠨ ᠠᠵᠤ ᠠᠬᠤᠢ ᠵᠢᠨ ᠠᠵᠢᠯ ᠲᠥᠷᠥᠯ᠎ᠤᠨ ᠠᠩᠭᠢᠯᠠᠯ》 (GB/T 4754) ᠶᠣᠰᠣᠭ᠋ᠠᠷ ᠠᠵᠤ ᠦᠢ᠍ᠯᠡᠳᠪᠦᠷᠢ ᠵᠢᠨ ᠠᠵᠢᠯ ᠲᠥᠷᠥᠯ (ᠠᠵᠢᠯ ᠲᠥᠷᠥᠯ᠎ᠤᠨ ᠲᠥᠷᠥᠯ ᠵᠦᠢ᠍ᠯ᠎ᠨᠢ B᠂ C᠂ D)᠎ᠳᠤ ᠬᠠᠷᠢᠶᠠᠯᠠᠭᠳᠠᠬᠤ ᠮᠥᠷᠲᠡᠭᠡᠨ 《ᠲᠣᠭᠲᠠᠮᠠᠯ ᠪᠣᠬᠢᠷᠲᠤᠯ᠎ᠤᠨ ᠡᠬᠢ ᠵᠢᠨ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠢ ᠲᠥᠷᠥᠯ ᠬᠤᠪᠢᠶᠠᠨ ᠬᠠᠮᠢᠶᠠᠷᠬᠤ ᠨᠡᠷᠡᠰ᠎ᠤᠨ ᠵᠢᠭᠰᠠᠭ᠋ᠠᠯᠲᠠ (2019 ᠣᠨ᠎ᠤ ᠬᠡᠪᠯᠡᠯ)》 (ᠳᠣᠷᠣᠭᠰᠢ 《ᠨᠡᠷᠡᠰ᠎ᠤᠨ ᠵᠢᠭᠰᠠᠭ᠋ᠠᠯᠲᠠ》 ᠭᠡᠵᠦ ᠲᠣᠪᠴᠢᠯᠠᠨ᠎ᠠ) ᠵᠢ ᠦᠨᠳᠦᠰᠦᠯᠡᠨ 3 — 99 ᠳ᠋ᠦ᠍ᠭᠡᠷ ᠲᠥᠷᠥᠯ᠎ᠤᠨ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ᠎ᠳᠤ ᠣᠷᠣᠭᠤᠯᠬᠤ ᠶᠣᠰᠣᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠢ᠎ᠳᠤ ᠬᠠᠷᠢᠶᠠᠯᠠᠭᠳᠠᠨ᠎ᠠ᠃
《ᠨᠡᠷᠡᠰ᠎ᠤᠨ ᠵᠢᠭᠰᠠᠭ᠋ᠠᠯᠲᠠ》 ᠵᠢᠨ 3 — 99 ᠳ᠋ᠦ᠍ᠭᠡᠷ ᠳᠦᠷᠦᠯ᠎ᠠᠴᠠ ᠭᠠᠳᠠᠨ᠎ᠠ ᠪᠤᠶᠤ 《ᠨᠡᠷᠡᠰ᠎ᠤᠨ ᠵᠢᠭᠰᠠᠭ᠋ᠠᠯᠲᠠ》᠎ᠳᠤ ᠲᠣᠭᠲᠠᠭ᠋ᠠᠯ ᠭᠠᠷᠭ᠋ᠠᠭᠰᠠᠨ ᠦᠭᠡᠢ ᠪᠣᠯᠪᠠᠴᠤ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ᠎ᠳᠤ ᠦᠨᠡᠬᠡᠷ ᠣᠷᠣᠭᠤᠯᠬᠤ ᠴᠢᠬᠤᠯᠠᠲᠠᠢ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ᠎ᠳᠤ ᠬᠠᠷᠢᠶᠠᠯᠠᠭᠳᠠᠪᠠᠯ᠂ ᠮᠤᠵᠢ ᠵᠢᠨ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ 《ᠨᠡᠷᠡᠰ᠎ᠤᠨ ᠵᠢᠭᠰᠠᠭ᠋ᠠᠯᠲᠠ》 ᠵᠢᠨ ᠨᠠᠢ᠍ᠮᠠᠳᠤᠭ᠋ᠠᠷ ᠵᠦᠢ᠍ᠯ᠎ᠤᠨ ᠲᠣᠭᠲᠠᠭ᠋ᠠᠯ᠎ᠢ ᠦᠨᠳᠦᠰᠦᠯᠡᠨ᠂ ᠠᠵᠤ ᠦᠢ᠍ᠯᠡᠳᠪᠦᠷᠢ ᠵᠢᠨ ᠱᠤᠤᠭᠢᠶᠠᠨ᠎ᠤ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ ᠵᠢᠨ ᠰᠠᠨᠠᠭᠤᠯᠭ᠎ᠠ᠎ᠪᠠᠨ ᠳᠤᠷᠠᠳᠴᠤ᠂ ᠮᠠᠨ᠎ᠤ ᠶᠠᠮᠤᠨ᠎ᠳᠤ ᠮᠡᠳᠡᠭᠦᠯᠦᠨ ᠲᠣᠭᠲᠠᠭ᠋ᠠᠯᠭ᠋ᠠᠵᠤ ᠪᠣᠯᠣᠨ᠎ᠠ᠃
(ᠭᠤᠷᠪᠠ) ᠬᠡᠷᠡᠭᠯᠡᠬᠦ ᠪᠠᠷᠢᠮᠵᠢᠶ᠎ᠠ
ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠢ ᠭᠤᠶᠤᠴᠢᠯᠠᠬᠤ ᠪᠠ ᠬᠢᠨᠠᠨ ᠣᠯᠭᠣᠬᠤ᠎ᠳᠤ 《ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠢ ᠭᠤᠶᠤᠴᠢᠯᠠᠬᠤ ᠪᠠ ᠬᠢᠨᠠᠨ ᠣᠯᠭᠣᠬᠤ ᠮᠡᠷᠭᠡᠵᠢᠯ᠎ᠤᠨ ᠵᠢᠷᠤᠮᠵᠢᠯ᠎ᠤᠨ ᠠᠵᠤ ᠦᠢ᠍ᠯᠡᠳᠪᠦᠷᠢ ᠵᠢᠨ ᠱᠤᠤᠭᠢᠶᠠᠨ》 (HJ1301 — 2023) (ᠳᠣᠷᠣᠭᠰᠢ 《ᠠᠵᠤ ᠦᠢ᠍ᠯᠡᠳᠪᠦᠷᠢ ᠵᠢᠨ ᠱᠤᠤᠭᠢᠶᠠᠨ᠎ᠤ ᠮᠡᠷᠭᠡᠵᠢᠯ᠎ᠤᠨ ᠵᠢᠷᠤᠮᠵᠢᠯ》 ᠭᠡᠵᠦ ᠲᠣᠪᠴᠢᠯᠠᠨ᠎ᠠ)᠎ᠤ ᠱᠠᠭ᠋ᠠᠷᠳᠠᠯᠭ᠎ᠠ ᠵᠢ ᠬᠡᠷᠡᠭᠯᠡᠨ᠎ᠡ᠃
(ᠳᠥᠷᠪᠡ) ᠬᠡᠷᠡᠭᠵᠢᠭᠦᠯᠬᠦ ᠠᠷᠭ᠎ᠠ ᠮᠠᠶᠢᠭ
ᠲᠣᠰ ᠮᠡᠳᠡᠭᠳᠡᠯ᠎ᠢ ᠨᠡᠢ᠌ᠲᠡᠯᠡᠭᠰᠡᠨ᠎ᠤ ᠳᠠᠷᠠᠭ᠎ᠠ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠢ ᠠᠩᠬ᠎ᠠ ᠤᠳᠠᠭ᠎ᠠ ᠭᠤᠶᠤᠴᠢᠯᠠᠭᠰᠠᠨ ᠪᠣᠬᠢᠷᠲᠤᠯ ᠭᠠᠳᠠᠭᠰᠢᠯᠠᠭᠤᠯᠬᠤ ᠨᠢᠭᠡᠴᠢ᠎ᠳᠤ᠂ ᠬᠠᠮᠢᠶ᠎ᠠ ᠪᠦᠬᠦᠢ ᠠᠵᠢᠯ ᠲᠥᠷᠥᠯ᠎ᠤᠨ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠢ ᠭᠤᠶᠤᠴᠢᠯᠠᠬᠤ ᠪᠠ ᠮᠡᠷᠭᠡᠵᠢᠯ᠎ᠤᠨ ᠵᠢᠷᠤᠮᠵᠢᠯ ᠪᠠ 《ᠠᠵᠤ ᠦᠢ᠍ᠯᠡᠳᠪᠦᠷᠢ ᠵᠢᠨ ᠱᠤᠤᠭᠢᠶᠠᠨ᠎ᠤ ᠮᠡᠷᠭᠡᠵᠢᠯ᠎ᠤᠨ ᠵᠢᠷᠤᠮᠵᠢᠯ》᠎ᠢ ᠬᠢᠨᠠᠨ ᠣᠯᠭᠣᠬᠤ᠎ᠪᠠᠷ ᠭᠤᠶᠤᠴᠢᠯᠠᠬᠤᠯᠤᠭᠠ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ ᠣᠯᠵᠤ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠳᠤ ᠠᠵᠤ ᠦᠢ᠍ᠯᠡᠳᠪᠦᠷᠢ ᠵᠢᠨ ᠱᠤᠤᠭᠢᠶᠠᠨ᠎ᠤ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ ᠵᠢᠨ ᠵᠦᠢ᠍ᠯᠡᠰ᠎ᠢ ᠬᠠᠮᠲᠤᠳᠤᠨᠢ ᠲᠡᠮᠳᠡᠭᠯᠡᠬᠦ ᠬᠡᠷᠡᠭᠲᠡᠶ᠃
ᠲᠤᠰ ᠮᠡᠳᠡᠭᠳᠡᠯ᠎ᠢ ᠨᠡᠢ᠌ᠲᠡᠯᠡᠬᠦ᠎ᠠᠴᠠ ᠡᠮᠦᠨ᠎ᠡ ᠨᠢᠭᠡᠨᠲᠡ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ ᠣᠯᠬᠤ᠎ᠪᠠᠷ ᠭᠤᠶᠤᠴᠢᠯᠠᠭᠰᠠᠨ ᠨᠢᠭᠡᠴᠢ᠎ᠳᠤ᠂ 2025 ᠣᠨ᠎ᠠᠴᠠ ᠡᠮᠦᠨ᠎ᠡ ᠠᠵᠤ ᠦᠢ᠍ᠯᠡᠳᠪᠦᠷᠢ ᠵᠢᠨ ᠱᠤᠤᠭᠢᠶᠠᠨ᠎ᠢ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠤᠨ ᠬᠠᠮᠢᠶᠠᠷᠤᠯᠲᠠ᠎ᠳᠤ ᠣᠷᠣᠭᠤᠯᠬᠤ ᠬᠠᠮᠢᠶ᠎ᠠ ᠪᠦᠬᠦᠢ ᠠᠵᠢᠯ᠎ᠢ ᠪᠡᠶᠡᠯᠡᠭᠦᠯᠵᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ ᠳᠦᠭᠦᠷᠬᠦ ᠪᠤᠶᠤ ᠪᠤᠰᠤᠳ ᠰᠢᠯᠲᠠᠭ᠋ᠠᠨ᠎ᠠᠴᠠ ᠪᠣᠯᠵᠤ ᠳᠠᠬᠢᠵᠤ ᠭᠤᠶᠤᠴᠢᠯᠠᠬᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠢ ᠬᠤᠪᠢᠷᠠᠭᠤᠯᠬᠤ ᠴᠢᠬᠤᠯᠠᠲᠠᠢ ᠦᠶ᠎ᠡ᠎ᠳᠤ᠂ 《ᠠᠵᠤ ᠦᠢ᠍ᠯᠡᠳᠪᠦᠷᠢ ᠵᠢᠨ ᠱᠤᠤᠭᠢᠶᠠᠨ᠎ᠤ ᠮᠡᠷᠭᠡᠵᠢᠯ᠎ᠤᠨ ᠵᠢᠷᠤᠮᠵᠢᠯ》᠎ᠢ ᠦᠨᠳᠦᠰᠦᠯᠡᠨ᠂ ᠳᠠᠬᠢᠵᠤ ᠭᠤᠶᠤᠴᠢᠯᠠᠬᠤ᠎ᠪᠠᠷ ᠳᠠᠮᠵᠢᠭᠤᠯᠤᠨ ᠠᠵᠤ ᠦᠢ᠍ᠯᠡᠳᠪᠦᠷᠢ ᠵᠢᠨ ᠱᠤᠤᠭᠢᠶᠠᠨ᠎ᠤ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ ᠵᠢᠨ ᠵᠦᠢ᠍ᠯᠡᠰ᠎ᠢ ᠨᠡᠮᠡᠭᠳᠡᠭᠦᠯᠵᠦ ᠪᠣᠯᠣᠨ᠎ᠠ᠃ ᠠᠵᠤ ᠦᠢ᠍ᠯᠡᠳᠪᠦᠷᠢ ᠵᠢᠨ ᠱᠤᠤᠭᠢᠶᠠᠨ᠎ᠤ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ ᠵᠢᠨ ᠵᠦᠢ᠍ᠯᠡᠰ᠎ᠢ ᠵᠠᠳᠠᠭ᠋ᠠᠢ ᠬᠠᠭᠤᠳᠠᠰᠤᠨ᠎ᠤ ᠠᠷᠭ᠎ᠠ ᠮᠠᠶᠢᠭ ᠵᠶ᠋ᠠᠷ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠳᠤ ᠨᠡᠮᠡᠵᠦ ᠣᠷᠣᠭᠤᠯᠬᠤ ᠵᠢᠨ ᠬᠠᠮᠲᠤ ᠵᠠᠳᠠᠭ᠋ᠠᠢ ᠬᠠᠭᠤᠳᠠᠰᠤᠨ᠎ᠤ ᠭᠠᠵᠠᠷ᠎ᠲᠤ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠤᠨ ᠠᠯᠪᠠᠨ ᠲᠠᠮᠠᠭ᠎ᠠ ᠵᠢ ᠳᠠᠷᠤᠬᠤ ᠬᠡᠷᠡᠭᠲᠡᠶ᠃
ᠪᠣᠬᠢᠷᠲᠤᠯ ᠪᠣᠳᠠᠰ ᠭᠠᠳᠠᠭᠰᠢᠯᠠᠭᠤᠯᠬᠤ ᠳᠠᠩᠰᠠᠯᠠᠯᠲᠠ᠎ᠳᠤ ᠣᠷᠣᠭᠤᠯᠤᠭᠰᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ᠎ᠳᠤ᠂ ᠲᠣᠰ ᠮᠡᠳᠡᠭᠳᠡᠯ᠎ᠢ ᠨᠡᠢ᠌ᠲᠡᠯᠡᠭᠰᠡᠨ᠎ᠤ ᠳᠠᠷᠠᠭ᠎ᠠ ᠪᠣᠬᠢᠷᠲᠤᠯ ᠪᠣᠳᠠᠰ ᠭᠠᠳᠠᠭᠰᠢᠯᠠᠭᠤᠯᠬᠤ ᠳᠠᠩᠰᠠᠯᠠᠯᠲᠠ ᠵᠢ ᠠᠩᠬ᠎ᠠ ᠤᠳᠠᠭ᠎ᠠ ᠬᠢᠭᠰᠡᠨ ᠪᠠᠢ᠌ᠪᠠᠯ᠂ ᠪᠣᠬᠢᠷᠲᠤᠯ ᠪᠣᠳᠠᠰ ᠭᠠᠳᠠᠭᠰᠢᠯᠠᠭᠤᠯᠬᠤ ᠳᠠᠩᠰᠠᠯᠠᠯᠲᠠ ᠵᠢᠨ ᠬᠦᠰᠦᠨᠦᠭᠲᠦ᠎ᠳᠠᠬᠢ ᠠᠵᠤ ᠦᠢ᠍ᠯᠡᠳᠪᠦᠷᠢ ᠵᠢᠨ ᠱᠤᠤᠭᠢᠶᠠᠨ᠎ᠤ ᠬᠠᠮᠢᠶᠠᠷᠤᠯᠲᠠ ᠵᠢᠨ ᠬᠠᠮᠢᠶ᠎ᠠ ᠪᠦᠬᠦᠢ ᠠᠭᠤᠯᠭ᠎ᠠ ᠵᠢ ᠪᠦᠷᠢᠨ ᠪᠦᠲᠦᠨ ᠲᠠᠭᠯᠠᠨ ᠮᠡᠳᠡᠭᠦᠯᠬᠦ ᠬᠡᠷᠡᠭᠲᠡᠶ; ᠲᠣᠰ ᠮᠡᠳᠡᠭᠳᠡᠯ᠎ᠢ ᠨᠡᠢ᠌ᠲᠡᠯᠡᠬᠦ᠎ᠠᠴᠠ ᠡᠮᠦᠨ᠎ᠡ ᠨᠢᠭᠡᠨᠲᠡ ᠪᠣᠬᠢᠷᠲᠤᠯ ᠭᠠᠳᠠᠭᠰᠢᠯᠠᠭᠤᠯᠬᠤ ᠳᠠᠩᠰᠠᠯᠠᠯᠲᠠ ᠬᠢᠭᠰᠡᠨ ᠪᠠᠢ᠌ᠪᠠᠯ᠂ ᠪᠣᠬᠢᠷᠲᠤᠯ ᠭᠠᠳᠠᠭᠰᠢᠯᠠᠭᠤᠯᠬᠤ ᠳᠠᠩᠰᠠᠯᠠᠯᠲᠠ ᠵᠢᠨ ᠬᠦᠰᠦᠨᠦᠭᠲᠦ ᠵᠢ ᠦᠷᠭᠦᠯᠵᠢᠯᠡᠭᠦᠯᠬᠦ ᠪᠤᠶᠤ ᠬᠤᠪᠢᠷᠠᠭᠤᠯᠬᠤ ᠦᠶ᠎ᠡ᠎ᠳᠤ ᠠᠵᠤ ᠦᠢ᠍ᠯᠡᠳᠪᠦᠷᠢ ᠵᠢᠨ ᠱᠤᠤᠭᠢᠶᠠᠨ᠎ᠤ ᠬᠠᠮᠢᠶᠠᠷᠤᠯᠲᠠ ᠵᠢᠨ ᠬᠠᠮᠢᠶ᠎ᠠ ᠪᠦᠬᠦᠢ ᠠᠭᠤᠯᠭ᠎ᠠ ᠵᠢ ᠨᠡᠮᠡᠨ᠎ᠡ᠃
(ᠲᠠᠪᠤ) ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠤᠨ ᠠᠭᠤᠯᠭ᠎ᠠ
ᠪᠣᠬᠢᠷᠲᠤᠯ ᠭᠠᠳᠠᠭᠰᠢᠯᠠᠭᠤᠯᠬᠤ ᠨᠢᠭᠡᠴᠢ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠢ ᠳᠠᠬᠢᠵᠤ ᠭᠤᠶᠤᠴᠢᠯᠠᠬᠤ ᠦᠶ᠎ᠡ᠎ᠳᠤ᠂ ᠪᠥᠬᠥ ᠤᠯᠤᠰ᠎ᠤᠨ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠤᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠲᠠᠪᠴᠠᠩ ᠪᠤᠶᠤ ᠵᠠᠬᠢᠳᠠᠯ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠠᠵᠤ ᠦᠢ᠍ᠯᠡᠳᠪᠦᠷᠢ ᠵᠢᠨ ᠱᠤᠤᠭᠢᠶᠠᠨ᠎ᠤ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ ᠭᠤᠶᠤᠴᠢᠯᠠᠬᠤ ᠬᠦᠰᠦᠨᠦᠭᠲᠦ᠎ᠪᠠᠨ ᠲᠤᠰᠢᠶᠠᠵᠤ ᠪᠣᠯᠣᠨ᠎ᠠ᠃ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠬᠠᠤᠯᠢ ᠶᠣᠰᠣᠭ᠋ᠠᠷ ᠨᠥᠬᠥᠴᠡᠯ᠎ᠳᠤ ᠨᠡᠢ᠌ᠴᠡᠭᠰᠡᠨ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ᠎ᠳᠤ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ ᠣᠯᠭᠣᠵᠤ᠂ ᠡᠭᠦᠨ᠎ᠤ ᠬᠠᠮᠲᠤ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠳᠤ ᠱᠤᠤᠭᠢᠶᠠᠨ ᠡᠭᠦᠰᠬᠡᠬᠦ ᠨᠢᠭᠡᠴᠢ ᠵᠢᠴᠢ ᠳ᠋ᠤᠭ᠋ᠠᠷᠯᠠᠯ᠂ ᠱᠤᠤᠭᠢᠶᠠᠨ ᠡᠭᠦᠰᠬᠡᠬᠦ ᠭᠣᠣᠯ ᠲᠥᠬᠦᠭᠡᠷᠦᠮᠵᠢ ᠵᠢᠴᠢ ᠲᠣᠭ᠎ᠠ ᠬᠡᠮᠵᠢᠶ᠎ᠡ᠂ ᠳᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠭᠣᠣᠯ ᠲᠥᠬᠦᠭᠡᠷᠦᠮᠵᠢ ᠵᠢᠴᠢ ᠲᠣᠭ᠎ᠠ ᠬᠡᠮᠵᠢᠶ᠎ᠡ᠂ ᠦᠢ᠍ᠯᠡᠳᠪᠦᠷᠢ ᠵᠢᠨ ᠭᠠᠳᠠᠨᠠᠬᠢ ᠳᠠᠭᠤ ᠳᠠᠭᠤᠲᠤ ᠣᠷᠴᠢᠨ ᠲᠣᠭᠣᠷᠢᠨ᠎ᠤ ᠴᠢᠳᠠᠮᠵᠢᠲᠤ ᠣᠷᠣᠨ᠎ᠤ ᠳᠦᠷᠦᠯ ᠢᠯᠭ᠋ᠠᠯ᠂ ᠦᠢ᠍ᠯᠡᠳᠪᠦᠷᠢᠯᠡᠬᠦ ᠴᠠᠭ᠂ ᠠᠵᠤ ᠦᠢ᠍ᠯᠡᠳᠪᠦᠷᠢ ᠵᠢᠨ ᠳᠠᠭᠤ ᠱᠤᠤᠭᠢᠶᠠᠨ᠎ᠤ ᠵᠥᠪᠰᠢᠶᠡᠷᠡᠯ᠎ᠤᠨ ᠭᠠᠳᠠᠭᠰᠢᠯᠠᠭᠤᠯᠤᠯᠲᠠ ᠵᠢᠨ ᠬᠢᠵᠠᠭ᠋ᠠᠷ ᠬᠡᠮᠵᠢᠭᠳᠡᠯ᠂ ᠥᠪᠡᠰᠦᠪᠡᠨ ᠬᠢᠨᠠᠨ ᠬᠡᠮᠵᠢᠬᠦ ᠱᠠᠭ᠋ᠠᠷᠳᠠᠯᠭ᠎ᠠ ᠵᠢᠴᠢ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠡᠬᠡ ᠳᠠᠩᠰᠠ ᠵᠢᠨ ᠲᠡᠮᠳᠡᠭᠯᠡᠯ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠢ ᠬᠡᠷᠡᠭᠵᠢᠭᠦᠯᠬᠦ ᠮᠡᠳᠡᠭᠦᠯᠦᠯᠲᠡ ᠵᠢ ᠨᠠᠢ᠌ᠷᠠᠭᠤᠯᠤᠨ ᠵᠣᠬᠢᠶᠠᠬᠤ᠂ ᠮᠡᠳᠡᠭᠡ ᠵᠠᠩᠭᠢ ᠵᠢ ᠢᠯᠡ ᠪᠣᠯᠭ᠋ᠠᠬᠤ ᠵᠡᠷᠭᠡ ᠱᠠᠭ᠋ᠠᠷᠳᠠᠯᠭ᠎ᠠ ᠵᠢ ᠲᠡᠮᠳᠡᠭᠯᠡᠬᠦ ᠵᠢᠨ ᠬᠠᠮᠲᠤ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠤᠨ ᠭᠦᠢ᠍ᠴᠡᠳᠬᠡᠬᠦ ᠮᠡᠳᠡᠭᠦᠯᠦᠯᠲᠡ ᠵᠢ ᠨᠠᠢ᠌ᠷᠠᠭᠤᠯᠤᠨ ᠵᠣᠬᠢᠶᠠᠬᠤ᠂ ᠮᠡᠳᠡᠭᠡ ᠵᠠᠩᠭᠢ ᠵᠢ ᠢᠯᠡ ᠪᠣᠯᠭ᠋ᠠᠬᠤ ᠵᠡᠷᠭᠡ ᠱᠠᠭ᠋ᠠᠷᠳᠠᠯᠭ᠎ᠠ ᠵᠢ ᠲᠡᠮᠳᠡᠭᠯᠡᠨ᠎ᠡ᠃
ᠬᠣᠶᠠᠷ᠂ ᠭᠣᠣᠯ ᠡᠭᠦᠷᠭᠡ
(ᠨᠢᠭᠡ) ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢ ᠵᠢᠯᠤᠭᠣᠳᠴᠤ ᠲᠠᠭᠯᠠᠨ ᠮᠡᠳᠡᠭᠦᠯᠬᠦ᠎ᠪᠠᠷ ᠭᠤᠶᠤᠴᠢᠯᠠᠬᠤ ᠵᠢ ᠰᠠᠶ᠋ᠢᠲᠤᠷ ᠬᠢᠬᠦ ᠬᠡᠷᠡᠭᠲᠡᠶ
ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠨᠢ ᠪᠣᠬᠢᠷᠲᠤᠯ ᠭᠠᠳᠠᠭᠰᠢᠯᠠᠭᠤᠯᠬᠤ ᠨᠢᠭᠡᠴᠢ᠎ᠳᠠᠬᠢ ᠵᠢᠯᠣᠭᠣᠳᠤᠯᠭ᠎ᠠ᠎ᠪᠠᠨ ᠴᠢᠩᠭ᠋ᠠᠳᠬᠠᠵᠤ᠂ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢ ᠱᠠᠯᠠᠪᠳᠠᠭᠤᠯᠵᠤ ᠪᠠᠶ᠋ᠢᠭ᠋ᠠᠳ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ ᠭᠤᠶᠤᠴᠢᠯᠠᠬᠤ᠎ᠳᠠᠭᠠᠨ᠂ 《ᠠᠵᠤ ᠦᠢ᠍ᠯᠡᠳᠪᠦᠷᠢ ᠵᠢᠨ ᠱᠤᠤᠭᠢᠶᠠᠨ᠎ᠤ ᠮᠡᠷᠭᠡᠵᠢᠯ᠎ᠤᠨ ᠵᠢᠷᠤᠮᠵᠢᠯ》᠎ᠢ ᠴᠢᠩᠭ᠎ᠠ ᠬᠠᠷᠢᠴᠠᠭᠤᠯᠤᠨ᠂ ᠠᠵᠤ ᠦᠢ᠍ᠯᠡᠳᠪᠦᠷᠢ ᠵᠢᠨ ᠱᠤᠤᠭᠢᠶᠠᠨ᠎ᠤ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠤᠨ ᠭᠤᠶᠤᠴᠢᠯᠠᠯ᠎ᠤᠨ ᠬᠦᠰᠦᠨᠦᠭᠲᠦ ᠵᠢ ᠲᠠᠭᠯᠠᠨ ᠮᠡᠳᠡᠭᠦᠯᠵᠦ᠂ ᠪᠣᠬᠢᠷᠲᠤᠯ ᠭᠠᠳᠠᠭᠰᠢᠯᠠᠭᠤᠯᠬᠤ ᠨᠢᠭᠡᠴᠢ᠎ᠨᠢ ᠭᠤᠶᠤᠴᠢᠯᠠᠯ᠎ᠤᠨ ᠬᠦᠰᠦᠨᠦᠭᠲᠦ ᠵᠢᠨ ᠠᠭᠤᠯᠭ᠎ᠠ ᠵᠢᠨ ᠪᠦᠷᠢᠨ ᠪᠦᠲᠦᠨ ᠴᠢᠨᠠᠷ᠂ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠲᠣᠭᠲᠠᠭ᠋ᠠᠯ᠎ᠳᠤ ᠨᠡᠶ᠋ᠢᠴᠡᠬᠦ ᠴᠢᠨᠠᠷ᠎ᠲᠤ ᠬᠠᠷᠢᠭᠤᠴᠠᠬᠤ ᠵᠢ ᠴᠢᠬᠤᠯᠠᠴᠢᠯᠠᠬᠤ ᠬᠡᠷᠡᠭᠲᠡᠶ᠃
(ᠬᠣᠶᠠᠷ) ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠢ ᠬᠢᠨᠠᠨ ᠬᠠᠷᠭᠤᠭᠤᠯᠵᠤ ᠪᠣᠭᠣᠮᠲᠠ ᠰᠠᠬᠢᠬᠤ ᠵᠢ ᠴᠢᠩᠭ᠋ᠠᠳᠬᠠᠬᠤ ᠬᠡᠷᠡᠭᠲᠡᠶ
ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠨᠢ ᠬᠠᠮᠲᠤᠷᠠᠨ ᠬᠢᠨᠠᠨ ᠬᠠᠷᠭᠤᠭᠤᠯᠬᠤ ᠲᠣᠭᠲᠠᠴᠠ ᠵᠢ ᠪᠠᠢ᠌ᠭᠤᠯᠵᠤ᠂ ᠱᠤᠤᠭᠢᠶᠠᠨ᠎ᠤ ᠬᠠᠮᠢᠶᠠᠷᠤᠯᠲᠠ ᠵᠢᠨ ᠠᠵᠢᠯᠲᠠᠨ ᠠᠵᠤ ᠦᠢ᠍ᠯᠡᠳᠪᠦᠷᠢ ᠵᠢᠨ ᠱᠤᠤᠭᠢᠶᠠᠨ᠎ᠤ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠤᠨ ᠭᠤᠶᠤᠴᠢᠯᠠᠯ᠎ᠤᠨ ᠬᠦᠰᠦᠨᠦᠭᠲᠦ ᠵᠢ ᠬᠢᠨᠠᠨ ᠬᠠᠷᠭᠤᠭᠤᠯᠬᠤ᠎ᠳᠤ ᠣᠷᠣᠯᠴᠠᠵᠤ᠂ ᠭᠠᠳᠠᠭᠰᠢᠯᠠᠭᠤᠯᠬᠤ ᠬᠢᠵᠠᠭ᠋ᠠᠷ ᠬᠡᠮᠵᠢᠭᠳᠡᠯ᠎ᠢ ᠵᠥᠪᠰᠢᠶᠡᠷᠡᠬᠦ᠂ ᠥᠪᠡᠰᠦᠪᠡᠨ ᠬᠢᠨᠠᠨ ᠬᠡᠮᠵᠢᠬᠦ ᠪᠠ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠡᠬᠡ ᠲᠠᠩᠰᠠ ᠵᠢᠨ ᠲᠡᠮᠳᠡᠭᠯᠡᠯ᠎ᠤᠨ ᠱᠠᠭ᠋ᠠᠷᠳᠠᠯᠭ᠎ᠠ᠎ᠨᠢ 《ᠠᠵᠤ ᠦᠢ᠍ᠯᠡᠳᠪᠦᠷᠢ ᠵᠢᠨ ᠱᠤᠤᠭᠢᠶᠠᠨ᠎ᠤ ᠮᠡᠷᠭᠡᠵᠢᠯ᠎ᠤᠨ ᠵᠢᠷᠤᠮ᠎ᠵᠢ》᠎ᠳᠤ ᠨᠡᠶ᠋ᠢᠴᠡᠬᠦ ᠡᠰᠡᠬᠦ ᠵᠢ ᠭᠣᠣᠯᠳᠠᠯᠭ᠎ᠠ᠎ᠲᠠᠢ ᠬᠢᠨᠠᠨ ᠬᠠᠷᠭᠤᠭᠤᠯᠬᠤ ᠬᠡᠷᠡᠭᠲᠡᠶ᠃ ᠴᠢᠬᠤᠯᠠᠲᠠᠢ ᠦᠶ᠎ᠡ᠎ᠳᠤ ᠬᠠᠤᠯᠢ ᠬᠡᠷᠡᠭᠵᠢᠭᠦᠯᠬᠦ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠠᠢ ᠬᠠᠮᠲᠤᠷᠠᠨ ᠲᠤᠬᠠᠢ ᠵᠢᠨ ᠲᠠᠯᠠᠪᠠᠶ ᠵᠢᠨ ᠬᠢᠨᠠᠨ ᠪᠠᠢ᠌ᠴᠠᠭ᠋ᠠᠯᠲᠠ ᠥᠷᠨᠢᠭᠦᠯᠵᠦ ᠪᠣᠯᠣᠨ᠎ᠠ᠃
(ᠭᠤᠷᠪᠠ) ᠪᠣᠬᠢᠷᠲᠤᠯ ᠭᠠᠳᠠᠭᠰᠢᠯᠠᠭᠤᠯᠬᠤ ᠵᠢ ᠳᠠᠩᠰᠠᠯᠠᠬᠤ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠬᠦ ᠬᠡᠷᠡᠭᠲᠡᠶ
ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠠᠴᠠ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠵᠢ ᠵᠣᠬᠢᠶᠠᠨ ᠪᠠᠢ᠌ᠭᠤᠯᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠳᠠᠩᠰᠠᠯᠠᠯ᠎ᠤᠨ ᠠᠵᠢᠯ᠎ᠢ ᠥᠷᠨᠢᠭᠦᠯᠵᠦ᠂ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢ ᠱᠠᠯᠠᠪᠳᠠᠭᠤᠯᠵᠤ ᠪᠣᠬᠢᠷᠲᠤᠯ ᠭᠠᠳᠠᠭᠰᠢᠯᠠᠭᠤᠯᠬᠤ ᠳᠠᠩᠰᠠᠯᠠᠯᠲᠠ ᠵᠢ ᠦᠷᠭᠦᠯᠵᠢᠯᠡᠭᠦᠯᠬᠦ ᠪᠠ ᠬᠤᠪᠢᠷᠠᠭᠤᠯᠬᠤ ᠦᠶ᠎ᠡ᠎ᠳᠤ᠂ ᠪᠣᠬᠢᠷᠲᠤᠯ ᠭᠠᠳᠠᠭᠰᠢᠯᠠᠭᠤᠯᠬᠤ ᠳᠠᠩᠰᠠᠯᠠᠯᠲᠠ ᠵᠢᠨ ᠬᠦᠰᠦᠨᠦᠭᠲᠦ ᠵᠢᠨ ᠬᠡᠯᠪᠡᠷᠢ ᠮᠠᠶᠢᠭ (ᠠᠵᠤ ᠦᠢ᠍ᠯᠡᠳᠪᠦᠷᠢ ᠵᠢᠨ ᠱᠤᠤᠭᠢᠶᠠᠨ᠎ᠤ ᠬᠡᠰᠡᠭ) (ᠳᠠᠭ᠋ᠠᠯᠳᠤᠭᠤᠯᠤᠯ᠎ᠳᠤ ᠨᠠᠷᠢᠪᠴᠢᠯᠠᠨ ᠦᠵᠡᠭᠡᠷᠡᠢ) ᠶᠣᠰᠣᠭ᠋ᠠᠷ᠂ ᠪᠥᠬᠥ ᠤᠯᠤᠰ᠎ᠤᠨ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠤᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠲᠠᠪᠴᠠᠩ ᠳᠡᠭᠡᠷ᠎ᠡ ᠦᠨᠡᠨ ᠮᠥᠨ ᠵᠶ᠋ᠡᠷ᠎ᠨᠢ ᠲᠠᠭᠯᠠᠨ ᠮᠡᠳᠡᠭᠦᠯᠵᠦ᠂ ᠪᠣᠬᠢᠷᠲᠤᠯ ᠭᠠᠳᠠᠭᠰᠢᠯᠠᠭᠤᠯᠬᠤ ᠳᠠᠩᠰᠠᠯᠠᠯᠲᠠ ᠵᠢᠨ ᠬᠦᠰᠦᠨᠦᠭᠲᠦ ᠵᠢᠨ ᠠᠭᠤᠯᠭ᠎ᠠ᠎ᠳᠤ ᠠᠵᠤ ᠦᠢ᠍ᠯᠡᠳᠪᠦᠷᠢ ᠵᠢᠨ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠪᠡᠯᠡᠳᠬᠡᠮᠵᠢ᠂ ᠭᠠᠳᠠᠭᠰᠢᠯᠠᠭᠤᠯᠬᠤ ᠪᠠᠷᠢᠮᠵᠢᠶ᠎ᠠ ᠵᠢᠨ ᠨᠡᠷᠡᠢ᠌ᠳᠦᠯ ᠵᠢᠴᠢ ᠳ᠋ᠤᠭ᠋ᠠᠷ ᠵᠡᠷᠭᠡ ᠵᠢ ᠪᠠᠭᠲᠠᠭ᠋ᠠᠨ᠎ᠠ᠃
(ᠳᠥᠷᠪᠡ) ᠦᠨᠡᠮᠯᠡᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠭᠡᠷᠡᠭᠳᠡᠢ
ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ ᠪᠣᠬᠢᠷ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠪᠣᠬᠢᠷ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠤᠨ ᠶᠠᠰᠤ ᠴᠢᠨᠠᠷ᠎ᠤᠨ ᠬᠠᠮᠢᠶᠠᠷᠤᠯᠲᠠ ᠵᠢ ᠴᠢᠩᠭ᠋ᠠᠷᠠᠭᠤᠯᠤᠨ᠂ ᠪᠣᠬᠢᠷ ᠪᠣᠳᠠᠰ ᠭᠠᠳᠠᠭᠰᠢᠯᠠᠭᠤᠯᠬᠤ ᠨᠢᠭᠡᠴᠢ ᠵᠢ ᠱᠠᠯᠠᠪᠳᠠᠭᠤᠯᠵᠤ ᠦᠨᠡᠮᠯᠡᠯ᠎ᠲᠠᠢ᠎ᠪᠠᠷ ᠪᠣᠬᠢᠷ ᠪᠣᠳᠠᠰ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠢ ᠬᠠᠤᠯᠢ ᠶᠣᠰᠣᠭ᠋ᠠᠷ ᠣᠯᠣᠭᠰᠠᠨ ᠦᠭᠡᠢ᠎ᠪᠠᠷ ᠠᠵᠤ ᠦᠢ᠍ᠯᠡᠳᠪᠦᠷᠢ ᠵᠢᠨ ᠱᠤᠤᠭᠢᠶᠠᠨ᠎ᠢ ᠭᠠᠳᠠᠭᠰᠢᠯᠠᠭᠤᠯᠤᠭᠰᠠᠨ᠂ ᠡᠰᠡᠬᠦᠯ᠎ᠡ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠤᠨ ᠱᠠᠭ᠋ᠠᠷᠳᠠᠯᠭ᠎ᠠ ᠶᠣᠰᠣᠭ᠋ᠠᠷ ᠠᠵᠤ ᠦᠢ᠍ᠯᠡᠳᠪᠦᠷᠢ ᠵᠢᠨ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ᠂ ᠱᠤᠤᠭᠢᠶᠠᠨ᠎ᠢ ᠭᠠᠳᠠᠭᠰᠢᠯᠠᠭᠤᠯᠬᠤ᠂ ᠡᠬᠡ ᠲᠠᠩᠰᠠ ᠵᠢ ᠲᠡᠮᠳᠡᠭᠯᠡᠬᠦ᠂ ᠭᠦᠢ᠍ᠴᠡᠳᠬᠡᠬᠦ ᠮᠡᠳᠡᠭᠦᠯᠦᠯᠲᠡ ᠵᠢ ᠲᠤᠰᠢᠶᠠᠭᠰᠠᠨ᠂ ᠮᠡᠳᠡᠭᠡ ᠵᠠᠩᠭᠢ ᠵᠢ ᠢᠯᠡ ᠪᠣᠯᠭ᠋ᠠᠭᠰᠠᠨ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢ ᠬᠠᠤᠯᠢ ᠶᠣᠰᠣᠭ᠋ᠠᠷ ᠰᠢᠢ᠍ᠳᠭᠡᠨ ᠲᠣᠷᠭ᠋ᠠᠨ᠎ᠠ᠃
ᠭᠤᠷᠪᠠ᠂ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ
(ᠨᠢᠭᠡ) ᠵᠣᠬᠢᠶᠠᠨ ᠪᠠᠢ᠌ᠭᠤᠯᠤᠨ ᠬᠡᠷᠡᠭᠵᠢᠭᠦᠯᠬᠦ ᠵᠢ ᠰᠠᠶ᠋ᠢᠲᠤᠷ ᠬᠢᠬᠦ ᠬᠡᠷᠡᠭᠲᠡᠶ
ᠮᠤᠵᠢ ᠵᠢᠨ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠠᠵᠤ ᠦᠢ᠍ᠯᠡᠳᠪᠦᠷᠢ ᠵᠢᠨ ᠱᠤᠤᠭᠢᠶᠠᠨ᠎ᠢ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ ᠵᠢᠨ ᠠᠵᠢᠯ᠎ᠳᠤ ᠣᠷᠣᠭᠤᠯᠬᠤ ᠵᠢ ᠨᠢᠭᠡᠳᠦᠯᠲᠡᠢ ᠲᠥᠯᠥᠪᠵᠢᠭᠦᠯᠬᠦ ᠪᠠ ᠵᠣᠬᠢᠶᠠᠨ ᠪᠠᠢ᠌ᠭᠤᠯᠬᠤ ᠵᠢ ᠬᠠᠷᠢᠭᠤᠴᠠᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠢ ᠬᠢᠨᠠᠨ ᠣᠯᠭᠣᠬᠤ ᠠᠵᠢᠯ᠎ᠤᠨ ᠵᠢᠯᠣᠭᠣᠳᠤᠯᠭ᠎ᠠ ᠵᠢ ᠴᠢᠩᠭ᠋ᠠᠳᠬᠠᠨ᠎ᠠ᠃
(ᠬᠣᠶᠠᠷ) ᠤᠬᠠᠭᠤᠯᠤᠨ ᠲᠤᠭᠤᠰᠢᠯᠠᠭᠤᠯᠬᠤ ᠪᠣᠯᠪᠠᠰᠤᠷᠠᠯ ᠥᠷᠨᠢᠭᠦᠯᠬᠦ ᠬᠡᠷᠡᠭᠲᠡᠶ
ᠭᠣᠣᠯ ᠵᠠᠭᠤᠴᠢᠯᠠᠭᠤᠷ ᠪᠣᠯᠣᠨ ᠰᠢᠨ᠎ᠡ ᠵᠠᠭᠤᠴᠢᠯᠠᠭᠤᠷ ᠵᠡᠷᠭᠡ ᠤᠯᠠᠨ ᠵᠦᠢ᠍ᠯ᠎ᠤᠨ ᠠᠷᠭ᠎ᠠ ᠬᠡᠯᠪᠡᠷᠢ᠎ᠪᠠᠷ ᠤᠯᠠᠨ ᠶᠠᠩᠵᠤ ᠵᠢᠨ ᠤᠬᠠᠭᠤᠯᠭ᠎ᠠ ᠵᠢᠨ ᠪᠤᠯᠪᠠᠰᠤᠷᠠᠯ ᠥᠷᠨᠢᠭᠦᠯᠬᠦ ᠵᠢ ᠵᠣᠷᠢᠭᠵᠢᠭᠤᠯᠵᠤ᠂ ᠮᠡᠷᠭᠡᠵᠢᠯ᠎ᠤᠨ ᠲᠤᠰᠬᠠᠢ ᠮᠡᠷᠭᠡᠵᠢᠯᠲᠡᠨ ᠪᠠ ᠲᠤᠬᠠᠢ᠌ᠯᠠᠭᠰᠠᠨ ᠠᠵᠢᠯ᠎ᠤᠨ ᠨᠢᠷᠤᠭᠤᠪᠴᠢ ᠬᠦᠴᠦᠨ᠎ᠢ ᠵᠣᠬᠢᠶᠠᠨ ᠪᠠᠢ᠌ᠭᠤᠯᠤᠨ ᠠᠵᠤ ᠦᠢ᠍ᠯᠡᠳᠪᠦᠷᠢ ᠵᠢᠨ ᠱᠤᠤᠭᠢᠶᠠᠨ᠎ᠢ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ᠎ᠳᠤ ᠣᠷᠣᠭᠤᠯᠬᠤ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠪᠠ ᠤᠬᠠᠭᠤᠯᠤᠨ ᠨᠡᠪᠲᠡᠷᠡᠭᠦᠯᠬᠦ ᠡᠷᠴᠢᠮ᠎ᠢ ᠴᠢᠩᠭ᠋ᠠᠷᠠᠭᠤᠯᠵᠤ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠢ ᠬᠢᠨᠠᠨ ᠵᠥᠪᠰᠢᠶᠡᠷᠡᠬᠦ ᠠᠵᠢᠯᠲᠠᠨ᠂ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠠᠵᠢᠯᠲᠠᠨ ᠪᠠ ᠮᠡᠷᠭᠡᠵᠢᠯ᠎ᠤᠨ ᠪᠠᠢ᠌ᠭᠤᠯᠤᠮᠵᠢ ᠵᠡᠷᠭᠡ ᠬᠠᠮᠢᠶ᠎ᠠ ᠪᠦᠬᠦᠢ ᠠᠵᠢᠯᠲᠠᠨ᠎ᠤ ᠠᠵᠤ ᠦᠢ᠍ᠯᠡᠳᠪᠦᠷᠢ ᠵᠢᠨ ᠱᠤᠤᠭᠢᠶᠠᠨ᠎ᠤ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ ᠵᠢᠨ ᠲᠤᠬᠠᠢ ᠲᠠᠨᠢᠯᠲᠠ ᠪᠠ ᠲᠤᠬᠠᠢ᠌ᠯᠠᠭᠰᠠᠨ ᠠᠵᠢᠯ᠎ᠤᠨ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠲᠣᠭᠲᠠᠭ᠋ᠠᠯ᠎ᠳᠤ ᠨᠡᠢ᠌ᠴᠡᠭᠦᠯᠦᠨ ᠭᠤᠶᠤᠴᠢᠯᠠᠬᠤ᠂ ᠦᠨᠡᠮᠯᠡᠯ ᠶᠣᠰᠣᠭ᠋ᠠᠷ ᠪᠣᠬᠢᠷᠲᠤᠯ ᠭᠠᠳᠠᠭᠰᠢᠯᠠᠭᠤᠯᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃
(ᠭᠤᠷᠪᠠ) ᠬᠠᠪᠰᠤᠷᠤᠨ ᠲᠡᠳᠬᠦᠵᠦ ᠵᠢᠯᠤᠭᠣᠳᠬᠤ ᠵᠢ ᠴᠢᠩᠭ᠋ᠠᠷᠠᠭᠤᠯᠬᠤ ᠬᠡᠷᠡᠭᠲᠡᠶ
ᠮᠠᠨ᠎ᠤ ᠶᠠᠮᠤᠨ ᠠᠵᠤ ᠦᠢ᠍ᠯᠡᠳᠪᠦᠷᠢ ᠵᠢᠨ ᠱᠤᠤᠭᠢᠶᠠᠨ᠎ᠤ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ ᠵᠢᠨ ᠠᠵᠢᠯ᠎ᠤᠨ ᠬᠠᠪᠰᠤᠷᠤᠨ ᠲᠡᠳᠬᠦᠬᠦ ᠵᠢᠯᠣᠭᠣᠳᠤᠯᠭ᠎ᠠ ᠵᠢ ᠴᠢᠩᠭ᠋ᠠᠳᠬᠠᠵᠤ᠂ ᠳᠠᠭ᠋ᠠᠳᠬᠠᠯ᠎ᠢ ᠳᠠᠭ᠋ᠠᠭ᠋ᠠᠴᠢᠯᠠᠬᠤ ᠠᠵᠢᠯ᠎ᠤᠨ ᠲᠣᠭᠲᠠᠴᠠ ᠵᠢ ᠦᠷᠭᠦᠯᠵᠢᠯᠡᠨ ᠬᠡᠷᠡᠭᠯᠡᠵᠦ᠂ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠤᠨ ᠮᠡᠷᠭᠡᠵᠢᠯ᠎ᠤᠨ ᠵᠢᠯᠣᠭᠣᠳᠤᠯᠭ᠎ᠠ ᠥᠷᠨᠢᠭᠦᠯᠵᠦ᠂ ᠠᠵᠢᠯ᠎ᠤᠨ ᠠᠬᠢᠴᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠮᠥᠷᠳᠡᠵᠦ᠂ ᠲᠤᠬᠠᠢ ᠵᠢᠨ ᠲᠠᠯᠠᠪᠤᠷ᠎ᠤᠨ ᠵᠢᠯᠣᠭᠣᠳᠤᠯᠭ᠎ᠠ ᠵᠢ ᠴᠠᠭᠲᠤᠨᠢ ᠲᠣᠬᠢᠷᠠᠭᠤᠯᠤᠨ ᠥᠷᠨᠢᠭᠦᠯᠦᠨ᠎ᠡ᠃
ᠳᠠᠭ᠋ᠠᠯᠳᠤᠭᠤᠯᠤᠯ᠄ ᠪᠣᠬᠢᠷᠲᠤᠯ ᠭᠠᠳᠠᠭᠰᠢᠯᠠᠭᠤᠯᠬᠤ ᠵᠢ ᠳᠠᠩᠰᠠᠯᠠᠬᠤ ᠬᠦᠰᠦᠨᠦᠭᠲᠦ ᠵᠢᠨ ᠬᠡᠯᠪᠡᠷᠢ ᠮᠠᠶᠢᠭ (ᠠᠵᠤ ᠦᠢ᠍ᠯᠡᠳᠪᠦᠷᠢ ᠵᠢᠨ ᠱᠤᠤᠭᠢᠶᠠᠨ᠎ᠤ ᠬᠡᠰᠡᠭ)
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠯᠪᠠᠨ ᠲᠢᠩᠬᠢᠮ
2023 ᠣᠨ᠎ᠤ 9 ᠰᠠᠷ᠎ᠠ ᠵᠢᠨ 29᠎ᠤ ᠡᠳᠦᠷ
(ᠲᠤᠰ ᠮᠠᠲ᠋ᠧᠷᠢᠶᠠᠯ᠎ᠢ ᠨᠡᠢ᠌ᠭᠡᠮ ᠨᠠᠢ᠌ᠳᠠ᠎ᠳᠤ ᠢᠯᠡ ᠪᠣᠯᠭ᠋ᠠᠪᠠ)
ᠬᠠᠭᠤᠯᠤᠨ ᠬᠦᠷᠭᠡᠬᠦ᠄ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠣᠷᠴᠢᠨ ᠲᠣᠭᠣᠷᠢᠨ᠎ᠤ ᠢᠨᠵᠧᠨᠧᠷᠢᠩ᠎ᠤᠨ ᠦᠨᠡᠯᠡᠨ ᠵᠢᠱ᠌ᠢᠬᠦ ᠲᠥᠪ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠯᠪᠠᠨ ᠲᠢᠩᠬᠢᠮ 2023 ᠣᠨ᠎ᠤ 10 ᠰᠠᠷ᠎ᠠ ᠵᠢᠨ 7 ᠤ ᠡᠳᠦᠷ ᠳᠠᠷᠤᠮᠠᠯᠯᠠᠨ ᠲᠠᠷᠬᠠᠭ᠋ᠠᠪᠠ