ᠥᠪᠥᠷ ᠮᠣᠩᠭᠣᠯ᠎ᠤᠨ ᠪᠥᠸᠧ ᠶᠤᠸᠠᠨ ᠶᠢᠨ ᠭᠧᠨ ᠬᠢᠮᠢ ᠵᠢᠨ ᠠᠵᠤ ᠦᠢ᠍ᠯᠡᠳᠪᠦᠷᠢ ᠵᠢᠨ ᠬᠢᠵᠠᠭ᠋ᠠᠷᠲᠤ ᠺᠣᠮᠫᠠᠨᠢ᠎ᠳᠤ᠄
ᠲᠠᠨ᠎ᠤ ᠺᠣᠮᠫᠠᠨᠢ ᠵᠢᠨ ᠮᠡᠳᠡᠭᠦᠯᠦᠨ ᠬᠦᠷᠭᠡᠭᠰᠡᠨ 《ᠥᠪᠥᠷ ᠮᠣᠩᠭᠣᠯ᠎ᠤᠨ ᠪᠥᠸᠧ ᠶᠤᠸᠠᠨ ᠶᠢᠨ ᠭᠧᠨ ᠬᠢᠮᠢ ᠵᠢᠨ ᠠᠵᠤ ᠦᠢ᠍ᠯᠡᠳᠪᠦᠷᠢ ᠵᠢᠨ ᠬᠢᠵᠠᠭ᠋ᠠᠷᠲᠤ ᠺᠣᠮᠫᠠᠨᠢ ᠵᠢᠨ 110 ᠺᠢᠯᠣᠸᠠᠲ᠎ᠤᠨ ᠴᠠᠬᠢᠯᠭ᠋ᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ》 (ᠳᠣᠷᠣᠭᠰᠢ 《ᠮᠡᠳᠡᠭᠦᠯᠦᠯᠲᠡ ᠵᠢᠨ ᠬᠦᠰᠦᠨᠦᠭᠲᠦ》 ᠭᠡᠵᠦ ᠲᠣᠪᠴᠢᠯᠠᠨ᠎ᠠ) ᠵᠢ ᠬᠤᠷᠢᠶᠠᠨ ᠣᠯᠵᠤ ᠣᠢ᠌ᠯᠠᠭ᠋ᠠᠪᠠ᠃ ᠰᠤᠳᠤᠯᠬᠤ᠎ᠪᠠᠷ ᠳᠠᠮᠵᠢᠨ ᠳᠣᠣᠷᠠᠬᠢ ᠮᠡᠲᠦ ᠴᠣᠬᠣᠯᠠᠪᠤᠷᠢᠯᠠᠶ᠎ᠠ᠄
ᠨᠢᠭᠡ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠦᠨᠳᠦᠰᠦᠨ ᠪᠠᠶ᠋ᠢᠳᠠᠯ
ᠨᠢᠭᠡᠨᠲᠡ 110kV ᠴᠠᠬᠢᠯᠭ᠋ᠠᠨ ᠬᠦᠷᠭᠡᠬᠦ ᠬᠡᠯᠬᠢᠶ᠎ᠡ ᠵᠢ ᠪᠠᠢ᠌ᠭᠤᠯᠵᠤ᠂ ᠬᠤᠩ᠎ᠲᠠᠢ ᠵᠢᠨ 220kV ᠬᠦᠴᠦᠳᠡᠯ ᠥᠭᠡᠷᠡᠴᠢᠯᠡᠬᠦ ᠥᠷᠲᠡᠭᠡ᠎ᠠᠴᠠ ᠡᠬᠢᠯᠡᠵᠦ᠂ ᠪᠦᠸᠸ ᠶᠤᠸᠠᠨ᠎ᠤ 110kV ᠬᠦᠴᠦᠳᠡᠯ ᠥᠭᠡᠷᠡᠴᠢᠯᠡᠬᠦ ᠥᠷᠲᠡᠭᠡ᠎ᠳᠤ ᠬᠦᠷᠪᠡ᠃ ᠤᠲᠠᠰᠤᠨ᠎ᠤ ᠪᠥᠬᠥ ᠣᠷᠳᠣᠨ᠎ᠢ 106.8116 km᠂ ᠡᠭᠦᠨ᠎ᠳᠤ ᠠᠭ᠋ᠠᠷ᠎ᠲᠠᠬᠢ ᠤᠲᠠᠰᠤ 104.875 km᠂ ᠴᠠᠬᠢᠯᠭ᠋ᠠᠨ ᠳᠡᠭᠡᠰᠦᠨ᠎ᠤ ᠤᠲᠠᠰᠤ 1.9366 km᠂ ᠰᠢᠨ᠎ᠡ᠎ᠪᠠᠷ ᠪᠠᠢ᠌ᠭᠤᠯᠤᠭᠰᠠᠨ ᠱᠣᠩ ᠰᠤᠪᠤᠷᠭ᠎ᠠ 331 ᠪᠤᠢ᠃
ᠨᠢᠭᠡᠨᠲᠡ ᠪᠠᠢ᠌ᠭᠤᠯᠤᠭᠰᠠᠨ ᠵᠠᠮ ᠱᠤᠭᠤᠮ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠠᠱ᠌ᠠ ᠵᠡᠭᠦᠨ ᠬᠣᠰᠢᠭᠤᠨ᠎ᠤ ᠠᠪᠤᠷᠭᠤ ᠭᠦᠷᠪᠡᠯ᠎ᠤᠨ ᠴᠢᠯᠠᠭᠤᠵᠢᠮᠠᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠲᠤᠷᠰᠢᠯᠲᠠ ᠵᠢᠨ ᠣᠷᠣᠨ᠎ᠤ ᠣᠷᠳᠣ ᠵᠢᠨ ᠬᠡᠮᠵᠢᠶ᠎ᠡ᠎ᠨᠢ 47.85 km᠂ ᠰᠤᠪᠤᠷᠭ᠎ᠠ 150 ᠰᠠᠭᠤᠷᠢ ᠪᠠᠢ᠌ᠨ᠎ᠠ᠃
ᠲᠣᠰ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠭᠠᠵᠠᠷ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠯᠠᠱ᠌ᠠ ᠠᠶ᠋ᠢᠮᠠᠭ᠎ᠤᠨ ᠵᠡᠭᠦᠨ ᠬᠣᠰᠢᠭᠤ᠂ ᠠᠯᠠᠱ᠌ᠠ ᠠᠶ᠋ᠢᠮᠠᠭ᠎ᠤᠨ ᠪᠠᠷᠠᠭᠤᠨ ᠬᠣᠰᠢᠭᠤᠨ᠎ᠤ ᠬᠢᠵᠠᠭ᠋ᠠᠷᠲᠤ ᠪᠤᠢ᠃
ᠬᠣᠶᠠᠷ᠂ ᠶᠡᠷᠦᠩᠬᠡᠢ ᠰᠠᠨᠠᠯ
ᠲᠣᠰ ᠲᠥᠷᠥᠯ ᠵᠦᠢ᠍ᠯ᠎ᠢ ᠨᠢᠭᠡᠨᠲᠡ 2022 ᠣᠨ᠎ᠤ 1 ᠰᠠᠷ᠎ᠠ᠎ᠳᠤ ᠪᠠᠢ᠌ᠭᠤᠯᠵᠤ ᠳᠠᠭᠤᠰᠬᠠᠭᠰᠠᠨ ᠪᠥᠭᠡᠳ ᠠᠰᠢᠭᠯᠠᠯᠲᠠ᠎ᠳᠤ ᠣᠷᠣᠭᠤᠯᠤᠨ ᠠᠵᠢᠯᠯᠠᠭᠤᠯᠪᠠ᠂ ᠲᠣᠰ ᠲᠥᠷᠥᠯ ᠵᠦᠢ᠍ᠯ᠎ᠤᠨ 《ᠵᠥᠪᠰᠢᠶᠡᠷᠡᠯ ᠦᠭᠡᠢ᠎ᠪᠠᠷ ᠤᠷᠢᠳᠠᠪᠠᠷ ᠪᠠᠢ᠌ᠭᠤᠯᠬᠤ》 ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠠᠯᠠᠱ᠌ᠠ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠵᠠᠰᠠᠭ ᠵᠠᠬᠢᠷᠭ᠋ᠠᠨ᠎ᠤ ᠰᠢᠳᠬᠡᠯ ᠦᠯᠦ ᠥᠭᠬᠦ ᠲᠣᠭᠲᠠᠭ᠋ᠠᠯ᠎ᠤᠨ ᠪᠢᠴᠢᠭ (ᠠᠯᠠᠱ᠌ᠠ ᠪᠠᠷᠠᠭᠤᠨ ᠬᠣᠰᠢᠭᠤ ᠵᠢᠨ ᠣᠷᠴᠢᠨ ᠲᠣᠭᠣᠷᠢᠨ᠎ᠤ ᠲᠣᠷᠭ᠋ᠠᠬᠤ ᠪᠢᠴᠢᠭ [2023] 2 ᠲᠣᠭ᠋ᠠᠲᠤ) ᠭᠠᠷᠭ᠋ᠠᠪᠠ᠃ ᠤᠤᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠠᠮᠤᠨ᠎ᠤ 《ᠪᠦᠲᠦᠭᠡᠨ ᠪᠠᠢ᠌ᠭᠤᠯᠤᠯᠲᠠ ᠵᠢᠨ ᠳᠦᠷᠦᠯ ᠵᠦᠢ᠍ᠯ》᠎ᠢ ᠵᠥᠪᠰᠢᠶᠡᠷᠡᠭᠦᠯᠦᠭᠡᠳᠦᠢ᠎ᠪᠠᠷ ᠤᠷᠢᠳᠠᠪᠠᠷ ᠪᠠᠢ᠌ᠭᠤᠯᠤᠭᠰᠠᠨ 〈ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠬᠠᠤᠯᠢ ᠴᠠᠭ᠋ᠠᠵᠠ ᠵᠢ ᠬᠡᠷᠡᠭᠯᠡᠬᠦ ᠠᠰᠠᠭᠤᠳᠠᠯ᠎ᠤᠨ ᠲᠤᠬᠠᠢ ᠰᠠᠨᠠᠯ》 (ᠣᠷᠴᠢᠨ ᠲᠣᠭᠣᠷᠢᠨ᠎ᠢ ᠬᠠᠮᠠᠭ᠋ᠠᠯᠠᠬᠤ ᠤᠯᠤᠰ ᠲᠥᠷᠥ ᠬᠠᠤᠯᠢ ᠴᠠᠭ᠋ᠠᠵᠠ ᠵᠢᠨ ᠵᠠᠬᠢᠳᠠᠯ [2018] 31 ᠲᠣᠭ᠋ᠠᠲᠤ)᠎ᠢ ᠦᠨᠳᠦᠰᠦᠯᠡᠨ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠴᠢ ᠲᠥᠷᠥ ᠵᠢᠨ ᠪᠣᠳᠣᠯᠭ᠎ᠠ ᠵᠢᠨ ᠲᠠᠯ᠎ᠠ᠎ᠠᠴᠠ ᠵᠠᠳᠠᠯᠪᠠᠯ᠂ ᠲᠣᠰ ᠳᠦᠷᠦᠯ ᠵᠦᠢ᠍ᠯ᠎ᠨᠢ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ᠎ᠳᠤ ᠨᠡᠢ᠌ᠴᠡᠵᠦ ᠪᠠᠢ᠌ᠨ᠎ᠠ᠂ ᠮᠠᠨ᠎ᠤ ᠲᠢᠩᠬᠢᠮ ᠲᠣᠰ ᠳᠦᠷᠦᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠴᠣᠬᠣᠯᠠᠪᠤᠷᠢ ᠵᠢ ᠵᠠᠷᠴᠢᠮ ᠳᠡᠭᠡᠷ᠎ᠡ᠎ᠪᠠᠨ ᠵᠥᠪᠰᠢᠶᠡᠷᠡᠪᠡ᠃
ᠭᠤᠷᠪᠠ᠂ ᠲᠥᠷᠥᠯ ᠵᠦᠢ᠍ᠯ᠎ᠤᠨ ᠠᠵᠢᠯᠯᠠᠭ᠋ᠠᠨ᠎ᠤ ᠬᠤᠭᠤᠴᠠᠭ᠋ᠠᠨ᠎ᠳᠤ ᠰᠠᠶ᠋ᠢᠲᠤᠷ ᠬᠢᠪᠡᠰᠦ ᠵᠣᠬᠢᠬᠤ ᠠᠵᠢᠯ
(ᠨᠢᠭᠡ) ᠲᠥᠷᠥᠯ ᠵᠦᠢ᠍ᠯ᠎ᠤᠨ ᠡᠵᠡᠩᠨᠡᠯᠲᠡ ᠵᠢᠨ ᠬᠤᠭᠤᠴᠠᠭ᠋ᠠᠨ᠎ᠳᠠᠬᠢ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠵᠤ᠂ ᠠᠯᠠᠱ᠌ᠠ ᠵᠡᠭᠦᠨ ᠬᠣᠰᠢᠭᠤᠨ᠎ᠤ ᠠᠪᠤᠷᠭᠤ ᠭᠦᠷᠪᠡᠯ᠎ᠤᠨ ᠴᠢᠯᠠᠭᠤᠵᠢᠮᠠᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠵᠢᠴᠢ ᠡᠷᠬᠢᠨ ᠲᠣᠭᠣᠷᠢᠨ᠎ᠤ ᠣᠷᠣᠨ ᠪᠦᠰᠡ ᠵᠢᠨ ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠠᠵᠢᠯ᠎ᠢ ᠰᠠᠢ᠌ᠲᠤᠷ ᠬᠢᠬᠦ ᠬᠡᠷᠡᠭᠳᠡᠢ᠃
(ᠬᠣᠶᠠᠷ) 《ᠮᠡᠳᠡᠭᠦᠯᠦᠯᠲᠡ ᠵᠢᠨ ᠬᠦᠰᠦᠨᠦᠭᠲᠦ》᠎ᠳᠤ ᠳᠤᠷᠠᠳᠤᠭᠰᠠᠨ ᠠᠵᠤ ᠦᠢ᠍ᠯᠡᠳᠪᠦᠷᠢ ᠵᠢᠨ ᠳᠠᠪᠲᠠᠮᠵᠢ ᠵᠢᠨ ᠴᠠᠬᠢᠯᠭ᠋ᠠᠨ ᠣᠷᠣᠨ᠂ ᠠᠵᠢᠯ ᠦᠢ᠍ᠯᠡᠳᠪᠦᠷᠢ ᠵᠢᠨ ᠳᠠᠪᠲᠠᠮᠵᠢ ᠵᠢᠨ ᠰᠣᠷᠢᠨᠵᠢᠨ ᠣᠷᠣᠨ᠎ᠤ ᠡᠷᠬᠢᠨ ᠲᠣᠭᠣᠷᠢᠨ᠎ᠤ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡᠯᠡᠯ᠎ᠢ ᠡᠵᠡᠮᠳᠡᠬᠦ ᠪᠠ ᠰᠠᠢ᠌ᠵᠢᠷᠠᠭᠤᠯᠬᠤ ᠠᠷᠭ᠎ᠠ ᠬᠡᠮᠵᠢᠶ᠎ᠡ ᠪᠠ ᠠᠷᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠬᠢᠨᠠᠨ ᠬᠡᠮᠵᠢᠭᠰᠡᠨ ᠬᠡᠮᠵᠢᠭᠳᠡᠯ᠎ᠨᠢ 《ᠴᠠᠬᠢᠯᠭ᠋ᠠᠨ ᠰᠣᠷᠢᠨᠵᠢᠨ᠎ᠤ ᠣᠷᠴᠢᠨ ᠲᠣᠭᠣᠷᠢᠨ᠎ᠢ ᠡᠵᠡᠮᠳᠡᠬᠦ ᠬᠢᠵᠠᠭ᠋ᠠᠷ ᠬᠡᠮᠵᠢᠭᠳᠡᠯ》 (GB8702 — 2014) ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠶ᠋ᠢᠬᠤ ᠬᠡᠷᠡᠭᠲᠡᠶ᠃
(ᠭᠤᠷᠪᠠ) ᠲᠥᠷᠥᠯ ᠵᠦᠢ᠍ᠯ᠎ᠤᠨ ᠠᠵᠢᠯᠯᠠᠭ᠋ᠠᠨ᠎ᠤ ᠬᠤᠭᠤᠴᠠᠭ᠋ᠠᠨ᠎ᠳᠠᠬᠢ ᠱᠤᠤᠭᠢᠶᠠᠨ᠎ᠤ ᠬᠡᠮᠵᠢᠭᠳᠡᠯ ᠵᠢᠴᠢ ᠱᠤᠤᠭᠢᠶᠠᠨ᠎ᠢ ᠰᠡᠷᠭᠡᠢ᠌ᠯᠡᠬᠦ ᠠᠷᠭ᠎ᠠ ᠬᠡᠮᠵᠢᠶ᠎ᠡ᠎ᠨᠢ 《ᠮᠡᠳᠡᠭᠦᠯᠦᠯᠲᠡ ᠵᠢᠨ ᠬᠦᠰᠦᠨᠦᠭᠲᠦ》᠎ᠳᠤ ᠳᠤᠷᠠᠳᠤᠭᠰᠠᠨ ᠱᠠᠭ᠋ᠠᠷᠳᠠᠯᠭ᠎ᠠ ᠵᠢ ᠬᠠᠩᠭ᠋ᠠᠵᠤ᠂ ᠬᠢᠨᠠᠨ ᠬᠡᠮᠵᠢᠭᠰᠡᠨ ᠬᠡᠮᠵᠢᠭᠳᠡᠯ᠎ᠨᠢ ᠤᠯᠤᠰ᠎ᠤᠨ ᠦᠨᠡᠯᠡᠬᠦ ᠪᠠᠷᠢᠮᠵᠢᠶ᠎ᠠ ᠵᠢᠨ ᠬᠢᠵᠠᠭ᠋ᠠᠷ ᠬᠡᠮᠵᠢᠭᠳᠡᠯ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠶ᠋ᠢᠬᠤ ᠬᠡᠷᠡᠭᠲᠡᠶ᠃
ᠳᠥᠷᠪᠡ᠂ ᠪᠦᠲᠦᠭᠡᠨ ᠪᠠᠢ᠌ᠭᠤᠯᠤᠯᠲᠠ ᠵᠢᠨ ᠨᠢᠭᠡᠴᠢ᠎ᠨᠢ ᠲᠣᠭᠲᠠᠭᠰᠠᠨ ᠲᠠᠰ ᠳᠠᠷᠠᠭ᠋ᠠᠯᠠᠯ᠎ᠤᠨ ᠶᠣᠰᠣᠭ᠋ᠠᠷ ᠪᠠᠷᠢᠯᠭ᠎ᠠ ᠳᠠᠭᠤᠰᠤᠭᠰᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠯᠭ᠋ᠠᠨ ᠬᠤᠷᠢᠶᠠᠬᠤ ᠵᠢ ᠪᠡᠶᠡᠯᠡᠭᠦᠯᠬᠦ ᠬᠡᠷᠡᠭᠲᠡ᠊᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠠᠮᠢ ᠠᠬᠤᠢ ᠣᠷᠴᠢᠨ ᠲᠣᠭᠣᠷᠢᠨ᠎ᠤ ᠲᠢᠩᠬᠢᠮ
2023 ᠣᠨ᠎ᠤ 11 ᠰᠠᠷ᠎ᠠ ᠵᠢᠨ 3᠎ᠤ ᠡᠳᠦᠷ