ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠵᠡᠭᠦᠨ ᠬᠡᠰᠡᠭ᠎ᠤᠨ ᠤᠯᠠᠭ᠋ᠠᠨᠬᠠᠳᠠ ᠵᠢᠨ ᠪᠣᠷᠣᠬᠤᠲᠠ ᠵᠢᠨ 220 ᠺᠢᠯᠣᠸᠠᠲ᠎ᠤᠨ ᠬᠦᠴᠦᠳᠡᠯ ᠥᠭᠡᠷᠡᠴᠢᠯᠡᠬᠦ ᠥᠷᠲᠡᠭᠡ ᠵᠢᠨ ᠥᠭᠡᠷᠡᠴᠢᠯᠡᠨ ᠪᠠᠢ᠌ᠭᠤᠯᠬᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠥᠯᠥᠭᠡ ᠵᠢᠨ ᠬᠦᠰᠦᠨᠦᠭᠲᠦ ᠵᠢᠨ ᠴᠣᠬᠣᠯᠠᠪᠤᠷᠢ
ᠨᠡᠶ᠋ᠢᠲᠡᠯᠡᠭᠰᠡᠨ ᠴᠠᠭ᠄ 2023-12-28

      ᠤᠯᠤᠰ᠎ᠤᠨ ᠴᠠᠬᠢᠯᠭ᠋ᠠᠨ ᠲᠣᠣᠷ᠎ᠤᠨ ᠥᠪᠥᠷ ᠮᠣᠩᠭᠣᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠬᠢᠵᠠᠭ᠋ᠠᠷᠲᠤ ᠺᠣᠮᠫᠠᠨᠢ ᠵᠢᠨ ᠤᠯᠠᠭ᠋ᠠᠨᠬᠠᠳᠠ ᠵᠢᠨ ᠴᠠᠬᠢᠯᠭ᠋ᠠᠨ ᠬᠠᠩᠭ᠋ᠠᠬᠤ ᠲᠣᠪᠴᠢᠶ᠎ᠠ

      ᠲᠠᠨ᠎ᠤ ᠺᠣᠮᠫᠠᠨᠢ ᠵᠢᠨ ᠮᠡᠳᠡᠭᠦᠯᠦᠨ ᠬᠦᠷᠭᠡᠭᠰᠡᠨ 《ᠥᠪᠥᠷ ᠮᠣᠩᠭᠣᠯ᠎ᠤᠨ ᠵᠡᠭᠦᠨ ᠬᠡᠰᠡᠭ᠎ᠤᠨ ᠤᠯᠠᠭ᠋ᠠᠨᠬᠠᠳᠠ ᠵᠢᠨ ᠪᠣᠷᠣᠬᠤᠲᠠ ᠵᠢᠨ 220 ᠺᠢᠯᠣᠸᠠᠲ᠎ᠤᠨ ᠬᠦᠴᠦᠳᠡᠯ ᠥᠭᠡᠷᠡᠴᠢᠯᠡᠬᠦ ᠥᠷᠲᠡᠭᠡ ᠵᠢᠨ ᠥᠭᠡᠷᠡᠴᠢᠯᠡᠯᠲᠡ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ》 (ᠳᠣᠷᠣᠭᠰᠢ 《ᠮᠡᠳᠡᠭᠦᠯᠦᠯᠲᠡ ᠵᠢᠨ ᠬᠦᠰᠦᠨᠦᠭᠲᠦ》 ᠭᠡᠵᠦ ᠲᠣᠪᠴᠢᠯᠠᠨ᠎ᠠ) ᠵᠢ ᠣᠯᠵᠤ ᠣᠢ᠌ᠯᠠᠭ᠋ᠠᠪᠠ᠃ ᠰᠤᠳᠤᠯᠬᠤ᠎ᠪᠠᠷ ᠳᠠᠮᠵᠢᠨ ᠳᠣᠣᠷᠠᠬᠢ ᠮᠡᠲᠦ ᠴᠣᠬᠣᠯᠠᠪᠤᠷᠢᠯᠠᠶ᠎ᠠ᠄

      ᠨᠢᠭᠡ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠦᠨᠳᠦᠰᠦᠨ ᠪᠠᠶ᠋ᠢᠳᠠᠯ

      ᠪᠣᠷᠣᠬᠤᠲᠠ 220 ᠺᠢᠯᠤᠸᠤᠯᠲ᠎ᠤᠨ ᠬᠦᠴᠦᠳᠡᠯ ᠥᠭᠡᠷᠡᠴᠢᠯᠡᠬᠦ ᠥᠷᠲᠡᠭᠡᠨ᠎ᠤ ᠤᠤᠯ᠎ᠤᠨ 2 ᠰᠠᠤᠷᠢ 90MVA ᠵᠢᠨ ᠭᠣᠣᠯ ᠬᠤᠪᠢᠰᠤᠯᠲᠠ ᠵᠢ 2 ᠰᠠᠤᠷᠢ 180MVA ᠵᠢᠨ ᠭᠣᠣᠯ ᠬᠤᠪᠢᠰᠤᠯᠲᠠ᠎ᠪᠠᠷ ᠥᠭᠡᠷᠡᠴᠢᠯᠡᠨ ᠪᠠᠢ᠌ᠭᠤᠯᠤᠨ᠎ᠠ᠃

      ᠲᠣᠰ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠭᠠᠵᠠᠷ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠬᠠᠳᠠ ᠬᠣᠲᠠ ᠵᠢᠨ ᠣᠩᠨᠢᠭᠤᠳ ᠬᠣᠰᠢᠭᠤᠨ᠎ᠤ ᠬᠢᠵᠠᠭ᠋ᠠᠷ᠎ᠲᠤ ᠪᠤᠢ᠃

      ᠬᠣᠶᠠᠷ᠂ ᠶᠡᠷᠦᠩᠬᠡᠢ ᠰᠠᠨᠠᠯ

      ᠲᠣᠰ ᠲᠥᠷᠥᠯ ᠵᠦᠢ᠍ᠯ᠎ᠳᠤ 《ᠮᠡᠳᠡᠭᠦᠯᠦᠯᠲᠡ ᠵᠢᠨ ᠬᠦᠰᠦᠨᠦᠭᠲᠦ》᠎ᠳᠤ ᠳᠤᠷᠠᠳᠤᠭᠰᠠᠨ ᠡᠯ᠎ᠡ ᠵᠦᠢ᠍ᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠤᠭᠰᠠᠨ᠎ᠤ ᠳᠠᠷᠠᠭ᠎ᠠ᠂ ᠣᠷᠴᠢᠨ ᠲᠣᠭᠣᠷᠢᠨ᠎ᠳᠤ ᠦᠵᠡᠭᠦᠯᠬᠦ ᠠᠰᠢᠭ ᠦᠭᠡᠢ ᠨᠥᠯᠥᠭᠡ ᠪᠠ ᠣᠷᠣᠰᠢᠵᠤ ᠮᠡᠳᠡᠬᠦ ᠣᠷᠴᠢᠨ ᠲᠣᠭᠣᠷᠢᠨ᠎ᠤ ᠲᠦᠭᠰᠢᠭᠦᠷᠢ ᠵᠢ ᠡᠵᠡᠮᠳᠡᠵᠦ ᠪᠣᠯᠬᠤ ᠬᠡᠪᠴᠢᠶᠡᠨ᠎ᠳᠤ ᠪᠠᠢ᠌ᠯᠭ᠋ᠠᠨ᠎ᠠ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠠᠯ᠎ᠠ᠎ᠠᠴᠠ ᠵᠠᠳᠠᠯᠪᠠᠯ᠂ ᠮᠠᠨ᠎ᠤ ᠲᠢᠩᠬᠢᠮ ᠲᠣᠰ ᠲᠥᠷᠥᠯ ᠵᠦᠢ᠍ᠯ᠎ᠢ 《ᠮᠡᠳᠡᠭᠦᠯᠦᠯᠲᠡ ᠵᠢᠨ ᠬᠦᠰᠦᠨᠦᠭᠲᠦ》᠎ᠳᠤ ᠵᠢᠭᠰᠠᠭ᠋ᠠᠭᠰᠠᠨ ᠰᠢᠨᠵᠢ ᠴᠢᠨᠠᠷ᠂ ᠬᠡᠪᠴᠢᠶ᠎ᠡ᠂ ᠭᠠᠵᠠᠷ ᠣᠷᠣᠨ ᠪᠠ ᠬᠡᠷᠡᠭᠵᠢᠭᠦᠯᠬᠦ᠎ᠪᠠᠷ ᠪᠠᠢ᠌ᠭ᠎ᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢᠨ ᠶᠣᠰᠣᠭ᠋ᠠᠷ ᠪᠦᠲᠦᠭᠡᠨ ᠪᠠᠢ᠌ᠭᠤᠯᠬᠤ ᠵᠢ ᠵᠠᠷᠴᠢᠮ ᠳᠡᠭᠡᠷ᠎ᠡ᠎ᠪᠠᠨ ᠵᠥᠪᠰᠢᠶᠡᠷᠡᠪᠡ᠃

      ᠭᠤᠷᠪᠠ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠴᠢ ᠠᠵᠢᠯᠯᠠᠭ᠋ᠠᠨ᠎ᠤ ᠬᠤᠭᠤᠴᠠᠭ᠋ᠠᠨ᠎ᠳᠤ ᠰᠠᠶ᠋ᠢᠲᠤᠷ ᠬᠢᠪᠡᠰᠦ ᠵᠣᠬᠢᠬᠤ ᠠᠵᠢᠯ

      (ᠨᠢᠭᠡ) ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠎ᠠ᠂ ᠡᠵᠡᠩᠨᠡᠯᠲᠡ ᠵᠢᠨ ᠬᠤᠭᠤᠴᠠᠭ᠋ᠠᠨ᠎ᠳᠠᠬᠢ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠵᠤ᠂ ᠠᠮᠢ ᠠᠬᠤᠢ ᠵᠢ ᠬᠠᠮᠠᠭ᠋ᠠᠯᠠᠬᠤ ᠪᠠ ᠰᠡᠷᠭᠦᠭᠡᠬᠦ ᠠᠵᠢᠯ᠎ᠢ ᠰᠠᠶ᠋ᠢᠲᠤᠷ ᠬᠢᠨ᠎ᠡ᠃ ᠪᠠᠷᠢᠯᠭ᠎ᠠ ᠪᠠᠷᠢᠬᠤ ᠬᠤᠭᠤᠴᠠᠭ᠋ᠠᠨ᠎ᠳᠤ ᠪᠠᠷᠢᠯᠭ᠎ᠠ ᠪᠠᠷᠢᠬᠤ ᠠᠵᠢᠯᠯᠠᠭ᠎ᠠ ᠵᠢᠨ ᠬᠡᠪᠴᠢᠶ᠎ᠡ ᠵᠢ ᠴᠢᠩᠭ᠎ᠠ ᠬᠢᠵᠠᠭ᠋ᠠᠷᠯᠠᠵᠤ᠂ ᠵᠦᠢ ᠵᠣᠬᠢᠰᠲᠠᠢ ᠪᠠᠢ᠌ᠷᠢᠯᠠᠭᠤᠯᠤᠨ᠂ ᠭᠠᠵᠠᠷ ᠰᠢᠷᠣᠢ ᠵᠢ ᠡᠵᠡᠯᠡᠨ ᠬᠡᠷᠡᠭᠯᠡᠬᠦ ᠪᠠ ᠤᠷᠭᠤᠮᠠᠯ᠎ᠤᠨ ᠬᠤᠴᠢᠯᠭ᠎ᠠ ᠵᠢ ᠡᠪᠳᠡᠬᠦ ᠵᠢ ᠠᠯᠢ ᠴᠢᠳᠠᠬᠤ᠎ᠪᠠᠷ ᠪᠠᠭ᠋ᠠᠰᠬᠠᠬᠤ ᠬᠡᠷᠡᠭᠲᠡᠶ᠃

      (ᠬᠣᠶᠠᠷ) 《ᠮᠡᠳᠡᠭᠦᠯᠦᠯᠲᠡ ᠵᠢᠨ ᠬᠦᠰᠦᠨᠦᠭᠲᠦ》᠎ᠳᠤ ᠳᠤᠷᠠᠳᠤᠭᠰᠠᠨ ᠠᠵᠢᠯ ᠦᠢ᠍ᠯᠡᠳᠪᠦᠷᠢ ᠵᠢᠨ ᠳᠠᠪᠲᠠᠮᠵᠢ ᠵᠢᠨ ᠴᠠᠬᠢᠯᠭ᠋ᠠᠨ ᠣᠷᠣᠨ᠂ ᠠᠵᠢᠯ ᠦᠢ᠍ᠯᠡᠳᠪᠦᠷᠢ ᠵᠢᠨ ᠳᠠᠪᠲᠠᠮᠵᠢ ᠵᠢᠨ ᠰᠣᠷᠢᠨᠵᠢᠨ ᠣᠷᠣᠨ᠎ᠤ ᠡᠷᠬᠢᠨ ᠲᠣᠭᠣᠷᠢᠨ᠎ᠤ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡᠯᠡᠯ᠎ᠢ ᠡᠵᠡᠮᠳᠡᠬᠦ ᠪᠠ ᠰᠠᠢ᠌ᠵᠢᠷᠠᠭᠤᠯᠬᠤ ᠠᠷᠭ᠎ᠠ ᠬᠡᠮᠵᠢᠶ᠎ᠡ ᠪᠠ ᠠᠷᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠬᠢᠨᠠᠨ ᠬᠡᠮᠵᠢᠭᠰᠡᠨ ᠬᠡᠮᠵᠢᠭᠳᠡᠯ᠎ᠨᠢ 《ᠴᠠᠬᠢᠯᠭ᠋ᠠᠨ ᠰᠣᠷᠢᠨᠵᠢᠨ᠎ᠤ ᠣᠷᠴᠢᠨ ᠲᠣᠭᠣᠷᠢᠨ᠎ᠢ ᠡᠵᠡᠮᠳᠡᠬᠦ ᠬᠢᠵᠠᠭ᠋ᠠᠷ ᠬᠡᠮᠵᠢᠭᠳᠡᠯ》 (GB8702 — 2014)᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠶ᠋ᠢᠬᠤ ᠬᠡᠷᠡᠭᠲᠡᠶ᠃

      (ᠭᠤᠷᠪᠠ) ᠲᠥᠬᠦᠭᠡᠷᠦᠮᠵᠢ ᠵᠢ ᠰᠡᠯᠪᠢᠨ ᠵᠠᠰᠠᠬᠤ ᠶᠠᠪᠤᠴᠠ᠎ᠳᠤ ᠪᠤᠢ ᠪᠣᠯᠤᠭᠰᠠᠨ ᠬᠠᠶᠠᠭᠳᠠᠮᠠᠯ ᠬᠦᠴᠦᠳᠡᠯ ᠥᠭᠡᠷᠡᠴᠢᠯᠡᠭᠴᠢ ᠵᠢᠨ ᠲᠣᠰᠣ᠂ ᠬᠠᠶᠠᠭᠳᠠᠮᠠᠯ ᠴᠠᠬᠢᠯᠭ᠋ᠠᠨ ᠬᠤᠷᠢᠶᠠᠭᠤᠷ ᠵᠡᠷᠭᠡ ᠵᠢ ᠪᠥᠬᠥᠨ᠎ᠢ ᠡᠭᠡᠭᠦᠯᠦᠨ ᠬᠤᠷᠢᠶᠠᠵᠤ᠂ ᠪᠥᠬᠥᠨ᠎ᠢ ᠡᠭᠡᠭᠦᠯᠦᠨ ᠬᠤᠷᠢᠶᠠᠵᠤ ᠳᠡᠢ᠌ᠯᠬᠦ ᠦᠭᠡᠢ ᠪᠣᠯ ᠡᠷᠬᠡᠪᠰᠢ ᠠᠰ᠎ᠲᠤᠨᠢ ᠬᠠᠳᠠᠭ᠋ᠠᠯᠠᠵᠤ᠂ ᠠᠶᠤᠯᠲᠠᠢ ᠬᠠᠶᠠᠭᠳᠠᠮᠠᠯ ᠪᠣᠳᠠᠰ᠎ᠢ ᠡᠵᠡᠩᠨᠡᠬᠦ ᠵᠣᠬᠢᠴᠠᠩᠭᠤᠢ ᠵᠥᠪᠰᠢᠶᠡᠷᠡᠯ᠎ᠤᠨ ᠬᠢᠷᠢ ᠬᠡᠮ᠎ᠲᠠᠢ ᠨᠢᠭᠡᠴᠢ᠎ᠳᠤ ᠲᠥᠪᠯᠡᠷᠡᠭᠦᠯᠦᠨ ᠬᠦᠷᠭᠡᠵᠦ ᠰᠢᠢ᠍ᠳᠪᠦᠷᠢᠯᠡᠭᠦᠯᠬᠦ ᠬᠡᠷᠡᠭᠲᠡᠶ᠃

      (ᠳᠥᠷᠪᠡ) ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠎ᠠ ᠵᠢᠴᠢ ᠠᠵᠢᠯᠯᠠᠭ᠋ᠠᠨ᠎ᠤ ᠬᠤᠭᠤᠴᠠᠭ᠋ᠠᠨ᠎ᠳᠠᠬᠢ ᠱᠤᠤᠭᠢᠶᠠᠨ᠎ᠤ ᠬᠡᠮᠵᠢᠭᠳᠡᠯ ᠵᠢᠴᠢ ᠱᠤᠤᠭᠢᠶᠠᠨ᠎ᠢ ᠰᠡᠷᠭᠡᠢ᠌ᠯᠡᠬᠦ ᠠᠷᠭ᠎ᠠ ᠬᠡᠮᠵᠢᠶ᠎ᠡ᠎ᠨᠢ 《ᠮᠡᠳᠡᠭᠦᠯᠦᠯᠲᠡ ᠵᠢᠨ ᠬᠦᠰᠦᠨᠦᠭᠲᠦ》᠎ᠳᠤ ᠳᠤᠷᠠᠳᠤᠭᠰᠠᠨ ᠱᠠᠭ᠋ᠠᠷᠳᠠᠯᠭ᠎ᠠ ᠵᠢ ᠬᠠᠩᠭ᠋ᠠᠵᠤ᠂ ᠬᠢᠨᠠᠨ ᠬᠡᠮᠵᠢᠭᠰᠡᠨ ᠬᠡᠮᠵᠢᠭᠳᠡᠯ᠎ᠨᠢ ᠤᠯᠤᠰ᠎ᠤᠨ ᠦᠨᠡᠯᠡᠬᠦ ᠪᠠᠷᠢᠮᠵᠢᠶ᠎ᠠ ᠵᠢᠨ ᠬᠢᠵᠠᠭ᠋ᠠᠷ ᠬᠡᠮᠵᠢᠭᠳᠡᠯ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠶ᠋ᠢᠬᠤ ᠬᠡᠷᠡᠭᠲᠡᠶ᠃

      (ᠲᠠᠪᠤ) ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢ ᠵᠥᠪᠰᠢᠶᠡᠷᠡᠭᠦᠯᠦᠭᠰᠡᠨ᠎ᠤ ᠳᠠᠷᠠᠭ᠎ᠠ᠂ ᠳᠦᠷᠦᠯ ᠵᠦᠢ᠍ᠯ᠎ᠤᠨ ᠰᠢᠨᠵᠢ ᠴᠢᠨᠠᠷ᠂ ᠬᠡᠪᠴᠢᠶ᠎ᠡ᠂ ᠭᠠᠵᠠᠷ ᠣᠷᠣᠨ ᠪᠤᠶᠤ ᠠᠮᠢ ᠠᠬᠤᠢ ᠵᠢᠨ ᠬᠠᠮᠠᠭ᠋ᠠᠯᠠᠯᠲᠠ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠠᠷᠭ᠎ᠠ ᠬᠡᠮᠵᠢᠶ᠎ᠡ᠎ᠳᠤ ᠴᠢᠬᠤᠯᠠ ᠶᠡᠬᠡ ᠬᠤᠪᠢᠷᠠᠯᠲᠠ ᠭᠠᠷᠪᠠᠯ᠂ ᠱᠠᠭ᠋ᠠᠷᠳᠠᠯᠭ᠎ᠠ ᠶᠣᠰᠣᠭ᠋ᠠᠷ ᠲᠠᠬᠢᠵᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃

      ᠳᠥᠷᠪᠡ᠂ ᠪᠦᠲᠦᠭᠡᠨ ᠪᠠᠢ᠌ᠭᠤᠯᠬᠤ ᠨᠢᠭᠡᠴᠢ ᠲᠣᠭᠲᠠᠭᠰᠠᠨ ᠲᠠᠰ ᠳᠠᠷᠠᠭ᠋ᠠᠯᠠᠯ ᠵᠶ᠋ᠠᠷ ᠪᠠᠷᠢᠯᠭ᠎ᠠ ᠳᠠᠭᠤᠰᠤᠭᠰᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠯᠭ᠋ᠠᠨ ᠬᠤᠷᠢᠶᠠᠬᠤ ᠵᠢ ᠪᠡᠶᠡᠯᠡᠭᠦᠯᠦᠭᠰᠡᠨ᠎ᠤ ᠳᠠᠷᠠᠭ᠎ᠠ᠂ ᠲᠥᠷᠥᠯ ᠵᠦᠢ᠍ᠯ᠎ᠢ ᠰᠠᠶᠢ ᠵᠢᠩᠬᠢᠨᠢ᠎ᠪᠠᠷ ᠠᠰᠢᠭᠯᠠᠯᠲᠠ᠎ᠳᠤ ᠣᠷᠣᠭᠤᠯᠵᠤ ᠪᠣᠯᠣᠨ᠎ᠠ᠃

      ᠲᠠᠪᠤ᠂ ᠮᠠᠨ᠎ᠤ ᠲᠢᠩᠬᠢᠮ᠎ᠠᠴᠠ ᠤᠯᠠᠭ᠋ᠠᠨᠬᠠᠳᠠ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠳᠤ ᠨᠠᠶ᠋ᠢᠳᠠᠵᠤ ᠲᠣᠰ ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠋ᠠᠨ᠎ᠤ ᠬᠢᠨᠠᠯᠲᠠ ᠪᠠᠢ᠌ᠴᠠᠭ᠋ᠠᠯᠲᠠ ᠵᠢᠨ ᠠᠵᠢᠯ᠎ᠢ ᠬᠠᠷᠢᠭᠤᠴᠠᠭᠤᠯᠤᠨ᠎ᠠ᠃

            ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ

               2023 ᠣᠨ᠎ᠤ 10 ᠰᠠᠷ᠎ᠠ ᠵᠢᠨ 10᠎ᠤ ᠡᠳᠦᠷ


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠬᠤᠩ ᠵᠢᠨ᠎ᠤ ᠬᠦᠷᠭᠡᠵᠦ ᠭᠠᠷᠭ᠋ᠠᠬᠤ ᠵᠠᠮ ᠱᠤᠭᠤᠮ᠎ᠤᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠮᠡᠳᠡᠭᠦᠯᠦᠯᠲᠡ ᠵᠢᠨ ᠴᠣᠬᠣᠯᠠᠪᠤᠷᠢ
ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ ᠬᠤᠳᠠ ᠵᠢᠨ ᠣᠶᠤᠨᠲᠤ ᠴᠣᠭᠴᠠ ᠵᠢ ᠬᠠᠮᠲᠤᠷᠠᠨ ᠨᠡᠭᠡᠭᠡᠨ ᠬᠥᠭᠵᠢᠭᠦᠯᠬᠦ 《ᠠᠭ᠋ᠠᠷ᠎ᠤᠨ ᠶᠠᠰᠤ ᠴᠢᠨᠠᠷ᠎ᠢ ᠬᠢᠨᠠᠨ ᠬᠡᠮᠵᠢᠬᠦ》 ᠲᠣᠭ᠎ᠠ ᠪᠠᠷᠢᠮᠲᠠ ᠵᠢ ᠬᠠᠮᠲᠤᠪᠠᠷ ᠡᠳ᠋ᠯᠡᠬᠦ ᠬᠠᠷᠢᠭᠤᠴᠠᠯᠭ᠎ᠠ ᠵᠢᠨ ᠨᠠᠷᠢᠨ ᠬᠠᠭᠤᠳᠠᠰᠤ᠎ᠳᠤ ᠵᠠᠰᠠᠪᠤᠷᠢ ᠣᠷᠣᠭᠤᠯᠬᠤ ᠰᠠᠨᠠᠯ᠎ᠢ ᠬᠠᠷᠢᠭᠤ ᠲᠤᠰᠬᠠᠭᠰᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠵᠠᠬᠢᠳᠠᠯ
ᠬᠣᠷᠢᠨᠭᠡᠷ ᠰᠢᠶᠠᠨ᠎ᠤ ᠬᠥᠩ ᠯᠠᠮᠠ ᠵᠢᠨ 110 ᠺᠢᠯᠣᠸᠠᠲ᠎ᠤᠨ ᠬᠦᠴᠦᠳᠡᠯ ᠥᠭᠡᠷᠡᠴᠢᠯᠡᠬᠦ ᠥᠷᠲᠡᠭᠡ 2 ᠨᠣᠮᠧᠷᠲᠤ ᠬᠦᠴᠦᠳᠡᠯ ᠦᠭᠡᠷᠡᠴᠢᠯᠡᠭᠴᠢ ᠵᠢ ᠥᠷᠭᠡᠳᠬᠡᠨ ᠪᠠᠢ᠌ᠭᠤᠯᠬᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠴᠣᠬᠣᠯᠠᠪᠤᠷᠢ
ᠬᠢᠩᠭ᠋ᠠᠨ ᠠᠶ᠋ᠢᠮᠠᠭ᠎ᠤᠨ ᠡᠦ ᠭᠠᠩ ᠪᠣᠯᠣᠳ ᠲᠡᠮᠦᠷ᠎ᠤᠨ ᠺᠣᠮᠫᠠᠨᠢ ᠵᠢᠨ 220kV ᠬᠦᠴᠦᠳᠡᠯ ᠥᠭᠡᠷᠡᠴᠢᠯᠡᠬᠦ ᠥᠷᠲᠡᠭᠡ ᠵᠢᠨ 220kV ᠴᠠᠬᠢᠯᠭ᠋ᠠᠨ ᠬᠦᠷᠭᠡᠬᠦ ᠵᠠᠮ ᠱᠤᠭᠤᠮ᠎ᠤᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠴᠣᠬᠣᠯᠠᠪᠤᠷᠢ
ᠥᠪᠥᠷ ᠮᠣᠩᠭᠣᠯ᠎ᠤᠨ ᠵᠡᠭᠦᠨ ᠬᠡᠰᠡᠭ᠎ᠤᠨ ᠬᠥᠯᠥᠨ ᠪᠣᠢ᠌ᠷ᠎ᠤᠨ ᠡᠸᠡᠩᠬᠢ ᠲᠠᠪᠤᠳᠤᠭ᠋ᠠᠷ ᠮᠠᠯᠵᠢᠯ᠎ᠤᠨ ᠲᠠᠯᠠᠪᠠᠶ ᠵᠢᠨ 110 ᠺᠢᠯᠣᠸᠠᠲ᠎ᠤᠨ ᠬᠦᠴᠦᠳᠡᠯ ᠥᠭᠡᠷᠡᠴᠢᠯᠡᠬᠦ ᠥᠷᠲᠡᠭᠡ ᠵᠢᠨ 1᠂ 2  ᠨᠣᠮᠧᠷᠲᠤ ᠬᠦᠴᠦᠳᠡᠯ ᠥᠭᠡᠷᠡᠴᠢᠯᠡᠭᠴᠢ ᠢᠨᠵᠧᠨᠧᠷᠢᠩ (ᠪᠠᠷᠠᠭᠤᠨ ᠠᠭᠤᠯᠠ ᠵᠢᠨ 110kV ᠬᠦᠴᠦᠳᠡᠯ ᠥᠭᠡᠷᠡᠴᠢᠯᠡᠬᠦ ᠥᠷᠲᠡᠭᠡ)᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠴᠣᠬᠣᠯᠠᠪᠤᠷᠢ
 
             蒙ICP备05000248号