ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠶᠡᠷᠦᠩᠬᠡᠢ᠌ᠯᠡᠭᠰᠡᠨ ᠠᠵᠢᠯ᠎ᠤᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠨᠡᠶ᠋ᠢᠲᠡᠯᠡᠭᠰᠡᠨ ᠴᠠᠭ᠄ 2023-02-01

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ

                                ᠥᠪᠥᠷ ᠵᠠᠰᠠᠭ ᠲᠠᠷᠬᠠᠭ᠋ᠠᠭᠰᠠᠨ [2022] 17 ᠳ᠋ᠤᠭ᠋ᠠᠷ ᠲᠣᠭ᠋ᠠᠲᠤ

ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠶᠡᠷᠦᠩᠬᠡᠢ᠌ᠯᠡᠭᠰᠡᠨ ᠠᠵᠢᠯ᠎ᠤᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ

ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄

      ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠶᠡᠷᠦᠩᠬᠡᠢ᠌ᠯᠡᠭᠰᠡᠨ ᠠᠵᠢᠯ᠎ᠤᠨ ᠬᠡᠷᠡᠭᠵᠢᠭᠦᠯᠬᠦ ᠲᠥᠰᠥᠯ》᠎ᠢ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠢ᠃

                                                   2022 ᠣᠨ᠎ᠤ 5 ᠳ᠋ᠤᠭ᠋ᠠᠷ ᠰᠠᠷ᠎ᠠ ᠵᠢᠨ 25᠎ᠤ ᠡᠳᠦᠷ

                                                            (ᠲᠤᠰ ᠪᠢᠴᠢᠭ ᠮᠠᠲ᠋ᠧᠷᠢᠶᠠᠯ ᠎ᠢ ᠢᠯᠡ ᠨᠡᠢ᠌ᠲᠡᠯᠡᠨ᠎ᠡ)

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠶᠡᠷᠦᠩᠬᠡᠢ᠌ᠯᠡᠭᠰᠡᠨ ᠠᠵᠢᠯ᠎ᠤᠨ ᠬᠡᠷᠡᠭᠵᠢᠭᠦᠯᠬᠦ ᠲᠥᠰᠥᠯ

     《〈ᠠᠷᠪᠠᠨ ᠳᠥᠷᠪᠡᠳᠦᠭᠡᠷ ᠲᠠᠪᠤᠨ ᠵᠢᠯ〉᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠶᠡᠷᠦᠩᠬᠡᠢ᠌ᠯᠡᠭᠰᠡᠨ ᠠᠵᠢᠯ᠎ᠤᠨ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠮᠡᠳᠡᠭᠳᠡᠯ》 (ᠲᠥᠷᠥ ᠲᠠᠷᠬᠠᠭ᠋ᠠᠭᠰᠠᠨ [2021] 33 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠵᠢ ᠶᠡᠬᠡ᠎ᠪᠠᠷ ᠠᠬᠢᠭᠤᠯᠤᠨ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠤᠷᠬᠢᠯ ᠬᠡᠮᠵᠢᠭᠳᠡᠯ᠎ᠠᠴᠠ᠎ᠨᠢ ᠪᠠᠭᠤᠷᠠᠭᠤᠯᠬᠤ᠂ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠬᠠᠷᠠᠯᠲᠠ ᠵᠢ ᠪᠡᠶᠡᠯᠡᠭᠦᠯᠬᠦ᠎ᠳᠤ ᠬᠦᠴᠦᠨ ᠨᠡᠮᠡᠷᠢᠯᠡᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠵᠤ᠂ ᠲᠤᠰ ᠲᠥᠰᠥᠯ᠎ᠢ ᠲᠣᠭᠲᠠᠭ᠋ᠠᠪᠠ᠃

      ᠨᠢᠭᠡ᠂ ᠶᠡᠷᠦᠩᠬᠡᠢ ᠱᠠᠭ᠋ᠠᠷᠳᠠᠯᠭ᠎ᠠ

      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠤᠳᠠᠭ᠎ᠠ ᠪᠦᠷᠢ ᠵᠢᠨ ᠲᠥᠪ ᠬᠣᠷᠢᠶᠠᠨ᠎ᠤ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠪᠦᠬᠦ ᠲᠠᠯ᠎ᠠ ᠎ᠪᠠᠷ ᠨᠠᠢ᠌ᠳᠠᠪᠤᠷᠢᠵᠢᠭᠤᠯᠤᠨ᠂ ᠲᠣᠭᠲᠠᠭᠤᠨ ᠪᠠᠢ᠌ᠯᠭ᠋ᠠᠬᠤ ᠵᠢ ᠲᠡᠷᠢᠭᠦᠨ᠎ᠳᠤ ᠲᠠᠯᠪᠢᠬᠤ ᠪᠠ ᠲᠣᠭᠲᠠᠭᠤᠨ ᠪᠠᠢ᠌ᠯᠭ᠋ᠠᠬᠤ ᠵᠢᠨ ᠵᠡᠷᠭᠡ᠎ᠳᠤ ᠤᠷᠤᠭᠰᠢᠯᠠᠭᠤᠯᠬᠤ ᠠᠵᠢᠯ᠎ᠤᠨ ᠶᠡᠷᠦᠩᠬᠡᠢ ᠬᠥᠭ ᠠᠶᠠᠰ᠎ᠢ ᠪᠠᠷᠢᠮᠲᠠᠯᠠᠵᠤ᠂ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ ᠪᠠ ᠪᠣᠬᠢᠷᠳᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠵᠠᠮ ᠵᠶ᠋ᠠᠷ ᠯᠠᠪᠳᠠᠭᠤᠨ ᠪᠠᠲᠤᠲᠠᠢ ᠵᠠᠮᠨᠠᠨ᠂ ᠪᠣᠬᠢᠷᠳᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠭᠦᠨᠵᠡᠭᠡᠢ ᠰᠠᠢ᠌ᠲᠤᠷ ᠬᠢᠵᠦ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠋ᠠᠲᠠᠢ ᠣᠷᠴᠢᠯᠲᠤ ᠬᠥᠭᠵᠢᠯᠲᠡ ᠵᠢᠨ ᠠᠵᠤ ᠠᠬᠤᠢ ᠵᠢᠨ ᠲᠣᠭᠲᠠᠯᠴᠠᠭ᠎ᠠ ᠵᠢ ᠲᠦᠷᠭᠡᠳᠬᠡᠨ ᠪᠠᠢ᠌ᠭᠤᠯᠤᠨ ᠪᠦᠷᠢᠨᠰᠢᠭᠦᠯᠵᠦ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠋ᠠᠲᠠᠢ ᠬᠡᠯᠪᠡᠷᠢ ᠲᠡᠢ᠌ᠰᠢ ᠪᠥᠬᠥ ᠲᠠᠯ᠎ᠠ᠎ᠪᠠᠷ ᠬᠤᠪᠢᠷᠠᠭᠤᠯᠬᠤ ᠵᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠬᠠᠷᠠᠯᠲᠠ᠎ᠪᠠᠨ ᠪᠡᠶᠡᠯᠡᠭᠦᠯᠬᠦ ᠵᠢ ᠦᠨᠡᠨ ᠬᠦ᠌ ᠪᠠᠲᠤᠯᠠᠵᠤ᠂ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ᠂ ᠪᠣᠬᠢᠷᠳᠤᠯ᠎ᠢ ᠪᠠᠭ᠋ᠠᠰᠬᠠᠬᠤ᠂ ᠨᠣᠭᠣᠭ᠋ᠠᠷᠠᠭᠤᠯᠤᠯᠲᠠ᠎ᠪᠠᠨ ᠥᠷᠭᠡᠳᠬᠡᠬᠦ᠂ ᠠᠵᠤ ᠠᠬᠤᠢ ᠵᠢ ᠨᠡᠮᠡᠭᠳᠡᠭᠦᠯᠬᠦ᠎ᠪᠠᠨ ᠬᠠᠮᠵᠢᠯᠴᠠᠭᠤᠯᠤᠨ ᠠᠬᠢᠭᠤᠯᠬᠤ ᠵᠢ ᠪᠡᠶᠡᠯᠡᠭᠦᠯᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠦᠨ᠎ᠡ᠃

      ᠬᠣᠶᠠᠷ᠂ ᠭᠣᠣᠯ ᠬᠠᠷᠠᠯᠲᠠ

     2025 ᠣᠨ ᠪᠣᠯᠬᠤ᠎ᠳᠤ᠂ ᠪᠥᠬᠥ ᠣᠷᠣᠨ᠎ᠤ ᠨᠢᠭᠡᠴᠢ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠤᠨ ᠡᠨᠧᠷᠭᠢ ᠵᠢᠨ ᠬᠣᠷᠣᠭᠳᠠᠯ᠎ᠢ 2020 ᠣᠨ᠎ᠤ᠎ᠬᠢ᠎ᠠᠴᠠ 15% ᠪᠠᠭᠤᠷᠠᠭᠤᠯᠵᠤ᠂ ᠡᠨᠧᠷᠭᠢ ᠵᠢᠨ ᠬᠡᠷᠡᠭᠯᠡᠭᠡᠨ᠎ᠤ ᠶᠡᠷᠦᠩᠬᠡᠢ ᠬᠡᠮᠵᠢᠶ᠎ᠡ ᠵᠢ ᠵᠣᠬᠢᠰᠲᠠᠢ ᠬᠢᠵᠠᠭ᠋ᠠᠷᠯᠠᠨ᠂ ᠬᠢᠮᠢ ᠵᠢᠨ ᠬᠦᠴᠢᠯᠲᠥ᠋ᠷᠥᠭᠴᠢ ᠬᠡᠷᠡᠭᠰᠡᠬᠦ ᠬᠡᠮᠵᠢᠶ᠎ᠡ᠂ ᠰᠢᠪᠲᠦᠷᠲᠦ ᠠᠽᠣᠲ᠂ ᠠᠽᠣᠲ᠎ᠤᠨ ᠢᠰᠦᠮᠡᠭ᠂ ᠳᠡᠭᠳᠡᠮᠡᠬᠡᠢ ᠴᠢᠨᠠᠷᠲᠠᠢ ᠣᠷᠭ᠋ᠠᠨᠢᠭ ᠪᠣᠳᠠᠰ᠎ᠤᠨ ᠭᠠᠳᠠᠭᠰᠢᠯᠠᠭᠤᠯᠤᠯᠲᠠ ᠵᠢᠨ ᠶᠡᠷᠦᠩᠬᠡᠢ ᠬᠡᠮᠵᠢᠶ᠎ᠡ ᠵᠢ 2020 ᠣᠨ᠎ᠤ᠎ᠬᠢ᠎ᠠᠴᠠ ᠲᠣᠰ ᠲᠣᠰ 8%᠂ 8%᠂ 10%᠂ 10%᠎ᠠᠴᠠ ᠳᠡᠭᠡᠭᠰᠢ ᠪᠠᠭᠤᠷᠠᠭᠤᠯᠤᠨ᠎ᠠ᠃ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠪᠠ ᠪᠠᠢ᠌ᠭᠤᠯᠤᠮᠵᠢ ᠲᠣᠭᠲᠠᠴᠠ ᠵᠢ ᠨᠡᠩ ᠪᠦᠷᠢᠨᠰᠢᠭᠦᠯᠵᠦ᠂ ᠡᠨᠧᠷᠭᠢ ᠵᠢ ᠠᠰᠢᠭᠯᠠᠭᠰᠠᠨ ᠦᠷ᠎ᠡ ᠪᠦᠲᠦᠮᠵᠢ ᠪᠠ ᠭᠣᠣᠯ ᠪᠣᠯᠬᠤ ᠪᠣᠬᠢᠷᠳᠤᠯ ᠪᠣᠳᠠᠰ᠎ᠤᠨ ᠭᠠᠳᠠᠭᠰᠢᠯᠠᠭᠤᠯᠤᠯᠲᠠ ᠵᠢ ᠬᠢᠵᠠᠭ᠋ᠠᠷᠯᠠᠬᠤ ᠲᠦᠪᠰᠢᠨ ᠵᠶ᠋ᠠᠨ ᠢᠯᠡᠳᠲᠡ ᠳᠡᠭᠡᠭᠰᠢᠯᠡᠭᠦᠯᠦᠨ᠂ ᠭᠣᠣᠯᠳᠠᠯᠭ᠎ᠠ᠎ᠲᠠᠢ ᠠᠵᠢᠯ ᠲᠦᠷᠦᠯ᠎ᠤᠨ ᠡᠨᠧᠷᠭᠢ ᠵᠢᠨ ᠠᠰᠢᠭᠯᠠᠮᠵᠢ ᠪᠠ ᠭᠣᠣᠯ ᠪᠣᠯᠬᠤ ᠪᠣᠬᠢᠷᠳᠤᠯ ᠪᠣᠳᠠᠰ᠎ᠤᠨ ᠭᠠᠳᠠᠭᠰᠢᠯᠠᠭᠤᠯᠤᠯᠲᠠ ᠵᠢ ᠦᠨᠳᠦᠰᠦᠨ᠎ᠳᠤ᠎ᠪᠠᠨ ᠤᠯᠤᠰ᠎ᠤᠨ ᠳᠣᠲᠣᠭ᠋ᠠᠳᠤ ᠵᠢᠨ ᠲᠡᠷᠢᠭᠦᠨ ᠲᠦᠪᠰᠢᠨ᠎ᠳᠤ ᠬᠦᠷᠭᠡᠵᠦ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠡᠬᠢ ᠪᠠᠶᠠᠯᠢᠭ᠎ᠲᠤ ᠲᠦᠰᠢᠭᠯᠡᠬᠦ ᠬᠡᠯᠪᠡᠷᠢ᠎ᠲᠠᠢ ᠪᠠᠢ᠌ᠭᠰᠠᠨ᠎ᠠᠴᠠ᠎ᠨᠢ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠲᠡᠢ᠌ᠰᠢ ᠬᠡᠯᠪᠡᠷᠢ ᠵᠢ᠎ᠨᠢ ᠬᠤᠪᠢᠷᠠᠭᠤᠯᠬᠤ᠂ ᠪᠦᠳᠦᠭᠦᠯᠢᠭ ᠪᠥᠭᠡᠳ ᠨᠡᠭᠦᠷᠡᠰᠦᠲᠥ᠋ᠷᠥᠭᠴᠢ ᠶᠡᠬᠡᠲᠡᠢ ᠬᠡᠯᠪᠡᠷᠢ᠎ᠲᠠᠢ ᠪᠠᠢ᠌ᠭᠰᠠᠨ᠎ᠠᠴᠠ᠎ᠨᠢ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠋ᠠᠲᠠᠢ ᠲᠡᠢ᠌ᠰᠢ ᠬᠡᠯᠪᠡᠷᠢ ᠵᠢ᠎ᠨᠢ ᠬᠤᠪᠢᠷᠠᠭᠤᠯᠬᠤ᠂ ᠲᠠᠷᠠᠬᠠᠢ ᠪᠤᠲᠠᠷᠬᠠᠢ ᠪᠥᠭᠡᠳ ᠳᠣᠣᠷ᠎ᠠ ᠦᠷ᠎ᠡ ᠠᠰᠢᠭᠲᠤ ᠬᠡᠯᠪᠡᠷᠢ᠎ᠲᠠᠢ ᠪᠠᠢ᠌ᠭᠰᠠᠨ᠎ᠠᠴᠠ᠎ᠨᠢ ᠡᠷᠴᠢᠮᠯᠢᠭ ᠪᠥᠭᠡᠳ ᠥᠨᠳᠥᠷ ᠪᠦᠲᠦᠮᠵᠢᠲᠡᠶ ᠲᠡᠢ᠌ᠰᠢ ᠬᠡᠯᠪᠡᠷᠢ ᠵᠢ᠎ᠨᠢ ᠬᠤᠪᠢᠷᠠᠭᠤᠯᠬᠤ ᠲᠠᠯ᠎ᠠ᠎ᠪᠠᠷ ᠮᠡᠳᠡᠭᠳᠡᠮ᠎ᠡ ᠦᠷ᠎ᠡ ᠪᠦᠲᠦᠭᠡᠮᠵᠢ᠎ᠲᠠᠢ ᠪᠣᠯᠭ᠋ᠠᠨ᠎ᠠ᠃

    ᠭᠤᠷᠪᠠ᠂ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠭᠣᠣᠯᠳᠠᠯᠭ᠎ᠠ᠎ᠲᠠᠢ ᠢᠨᠵᠧᠨᠧᠷᠢᠩ᠎ᠢ ᠬᠡᠷᠡᠭᠵᠢᠭᠦᠯᠦᠨ᠎ᠡ

     (ᠨᠢᠭᠡ) ᠭᠣᠣᠯᠳᠠᠯᠭ᠎ᠠ᠎ᠲᠠᠢ ᠠᠵᠢᠯ ᠲᠥᠷᠥᠯ᠎ᠢ ᠪᠣᠬᠢᠷᠳᠤᠯ ᠦᠭᠡᠢ ᠪᠣᠯᠭ᠋ᠠᠨ ᠲᠠᠰ ᠳᠡᠪᠰᠢᠭᠦᠯᠬᠦ ᠢᠨᠵᠧᠨᠧᠷᠢᠩ᠃ ᠬᠢᠮᠢ ᠵᠢᠨ ᠠᠵᠤ ᠦᠢ᠍ᠯᠡᠳᠪᠦᠷᠢ᠂ ᠪᠣᠯᠣᠳ ᠲᠡᠮᠦᠷ᠂ ᠥᠩᠭᠡᠲᠦ ᠲᠡᠮᠦᠷᠯᠢᠭ᠂ ᠪᠠᠷᠢᠯᠭ᠎ᠠ ᠵᠢᠨ ᠮᠠᠲ᠋ᠧᠷᠢᠶᠠᠯ᠂ ᠬᠡᠦᠷᠰᠢᠭᠦᠯᠬᠦ᠂ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠡᠷᠭᠡ ᠡᠨᠧᠷᠭᠢ ᠵᠢᠨ ᠬᠣᠷᠣᠭᠳᠠᠯ ᠪᠠ ᠭᠠᠳᠠᠭᠰᠢᠯᠠᠭᠤᠯᠤᠯᠲᠠ ᠶᠡᠬᠡᠲᠡᠢ ᠠᠵᠢᠯ ᠲᠦᠷᠦᠯ ᠵᠶ᠋ᠡᠷ ᠭᠣᠣᠯᠳᠠᠭᠤᠯᠵᠤ᠂ ᠡᠨᠧᠷᠭᠢ ᠠᠷᠪᠢᠯᠠᠬᠤ ᠥᠭᠡᠷᠡᠴᠢᠯᠡᠯᠲᠡ ᠪᠠ ᠪᠣᠬᠢᠷᠳᠤᠯ ᠪᠣᠳᠠᠰ᠎ᠢ ᠭᠦᠨᠵᠡᠭᠡᠢ ᠵᠠᠰᠠᠬᠤ ᠠᠵᠢᠯ᠎ᠢ ᠪᠦᠬᠦ ᠲᠠᠯ᠎ᠠ᠎ᠪᠠᠷ ᠠᠬᠢᠭᠤᠯᠤᠨ᠂ ᠡᠨᠧᠷᠭᠢ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠥᠯ᠎ᠢ ᠲᠣᠭᠲᠠᠭ᠋ᠠᠵᠤ᠂ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠴᠢᠬᠤᠯᠠ ᠶᠡᠬᠡ ᠲᠦᠷᠦᠯ ᠵᠦᠢ᠍ᠯ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠦᠨ᠎ᠡ᠃ ᠭᠣᠣᠯᠳᠠᠯᠭ᠎ᠠ᠎ᠲᠠᠢ ᠡᠨᠧᠷᠭᠢ ᠬᠡᠷᠡᠭᠯᠡᠬᠦ ᠠᠵᠢᠯ ᠲᠥᠷᠥᠯ᠎ᠳᠠᠬᠢ ᠡᠨᠧᠷᠭᠢ ᠠᠷᠪᠢᠯᠠᠬᠤ ᠮᠡᠷᠭᠡᠵᠢᠯ᠎ᠤᠨ ᠲᠣᠨᠣᠭ ᠲᠥᠬᠦᠭᠡᠷᠦᠮᠵᠢ᠎ᠳᠤ ᠰᠢᠨ᠎ᠡ ᠵᠢ ᠡᠭᠦᠳᠬᠦ ᠪᠠ ᠲᠡᠳᠡᠭᠡᠷ᠎ᠢ ᠠᠰᠢᠭᠯᠠᠵᠤ ᠬᠡᠷᠡᠭᠯᠡᠬᠦ᠎ᠪᠠᠨ ᠴᠢᠩᠭ᠋ᠠᠳᠬᠠᠵᠤ᠂ ᠥᠨᠳᠥᠷ ᠦᠷ᠎ᠡ ᠪᠦᠲᠦᠮᠵᠢ᠎ᠲᠠᠢ ᠨᠠᠷᠢᠯᠢᠭ ᠨᠡᠷᠡᠬᠦ ᠰᠢᠰᠲ᠋ᠧᠮ᠂ ᠥᠨᠳᠥᠷ ᠳᠤᠯᠠᠭ᠋ᠠᠨ ᠥᠨᠳᠥᠷ ᠳᠠᠷᠤᠯᠲᠠᠲᠤ ᠬᠠᠭᠤᠷᠠᠢ ᠤᠨᠲᠠᠷᠠᠭ᠋ᠠᠯᠲᠠ ᠵᠢᠨ ᠭᠡᠣᠷᠰᠦ᠂ ᠡᠯᠪᠡᠭ ᠬᠦᠴᠢᠯᠲᠥ᠋ᠷᠥᠭᠴᠢᠲᠦ ᠡᠷᠴᠢᠮᠵᠢᠭᠦᠯᠦᠭᠰᠡᠨ ᠬᠠᠢ᠌ᠯᠤᠭᠤᠯᠤᠯᠲᠠ ᠵᠡᠷᠭᠡ ᠡᠨᠧᠷᠭᠢ ᠠᠷᠪᠢᠯᠠᠬᠤ ᠮᠡᠷᠭᠡᠵᠢᠯ᠎ᠢ ᠳᠡᠯᠭᠡᠷᠡᠭᠦᠯᠵᠦ᠂ ᠥᠨᠳᠥᠷ ᠵᠤᠤᠬ᠎ᠠ — ᠡᠷᠭᠢᠭᠦᠯ ᠵᠤᠤᠬ᠎ᠠ ᠵᠢᠨ ᠣᠷᠳᠣ ᠤᠳᠠᠭ᠋ᠠᠨ ᠶᠠᠪᠤᠴᠠ᠎ᠪᠠᠷ ᠪᠣᠯᠣᠳ ᠪᠣᠯᠪᠠᠰᠤᠷᠠᠭᠤᠯᠬᠤ ᠬᠡᠯᠪᠡᠷᠢ ᠵᠢ ᠬᠤᠪᠢᠷᠠᠭᠤᠯᠤᠭ᠋ᠠᠳ ᠴᠠᠬᠢᠯᠭ᠋ᠠᠨ ᠵᠤᠤᠬ᠎ᠠ ᠵᠢᠨ ᠣᠬᠣᠷ ᠲᠦᠷᠭᠡᠨ ᠶᠠᠪᠤᠴᠠ᠎ᠪᠠᠷ ᠪᠣᠯᠣᠳ ᠪᠣᠯᠪᠠᠰᠤᠷᠠᠭᠤᠯᠬᠤ ᠪᠣᠯᠭ᠋ᠠᠨ ᠬᠡᠷᠡᠭᠯᠡᠬᠦ ᠵᠢ ᠵᠣᠷᠢᠭᠵᠢᠭᠤᠯᠤᠨ᠎ᠠ᠃ ᠪᠣᠯᠣᠳ ᠲᠡᠮᠦᠷ᠂ ᠱᠦᠢ᠍ᠨᠢ᠂ ᠬᠡᠦᠷᠰᠢᠭᠦᠯᠬᠦ ᠠᠵᠢᠯ ᠲᠥᠷᠥᠯ ᠵᠢᠴᠢ ᠨᠡᠭᠦᠷᠡᠰᠦ ᠰᠢᠲᠠᠭ᠋ᠠᠬᠤ ᠵᠤᠤᠬ᠎ᠠ ᠵᠢᠨ ᠬᠡᠲᠦ ᠳᠣᠣᠷ᠎ᠠ ᠭᠠᠳᠠᠭᠰᠢᠯᠠᠭᠤᠯᠤᠯᠲᠠ ᠵᠢᠨ ᠥᠭᠡᠷᠡᠴᠢᠯᠡᠨ ᠰᠢᠨᠡᠳᠬᠡᠬᠦ ᠠᠵᠢᠯ᠎ᠢ ᠠᠬᠢᠭᠤᠯᠵᠤ᠂ 2025 ᠣᠨ ᠪᠣᠯᠬᠤ᠎ᠳᠤ᠂ ᠪᠥᠬᠥ ᠣᠷᠣᠨ᠎ᠤ 80%᠎ᠠᠴᠠ ᠳᠡᠭᠡᠭᠰᠢᠬᠢ ᠪᠣᠯᠣᠳ ᠲᠡᠮᠦᠷ᠎ᠤᠨ ᠦᠢ᠍ᠯᠡᠳᠪᠦᠷᠢᠯᠡᠬᠦ ᠴᠢᠳᠠᠮᠵᠢ᠎ᠳᠤ ᠬᠡᠲᠦ ᠳᠣᠣᠷ᠎ᠠ ᠭᠠᠳᠠᠭᠰᠢᠯᠠᠭᠤᠯᠤᠯᠲᠠ ᠵᠢᠨ ᠥᠭᠡᠷᠡᠴᠢᠯᠡᠨ ᠰᠢᠨᠡᠳᠬᠡᠬᠦ ᠠᠵᠢᠯ᠎ᠢ ᠪᠡᠶᠡᠯᠡᠭᠦᠯᠦᠨ᠂ ᠭᠣᠣᠯᠳᠠᠯᠭ᠎ᠠ᠎ᠲᠠᠢ ᠣᠷᠣᠨ ᠪᠦᠰᠡ ᠵᠢᠨ ᠦᠯᠡᠳᠡᠭᠡᠭᠰᠡᠨ ᠨᠡᠭᠦᠷᠡᠰᠦ ᠰᠢᠲᠠᠭ᠋ᠠᠬᠤ ᠵᠤᠤᠬ᠎ᠠ ᠵᠢᠴᠢ ᠪᠤᠰᠤᠳ ᠭᠠᠵᠠᠷ ᠣᠷᠣᠨ᠎ᠤ 65 ᠠᠭᠤᠷᠰᠢᠯᠲᠠ ᠵᠢᠨ ᠲᠣᠨ / ᠴᠠᠭ ᠵᠢᠴᠢ ᠲᠡᠭᠦᠨ᠎ᠠᠴᠠ ᠳᠡᠭᠡᠭᠰᠢᠬᠢ ᠨᠡᠭᠦᠷᠡᠰᠦ ᠰᠢᠲᠠᠭ᠋ᠠᠬᠤ ᠵᠤᠤᠬ᠎ᠠ (ᠴᠠᠬᠢᠯᠭ᠋ᠠᠨ ᠬᠦᠴᠦᠨ ᠪᠠᠭᠲᠠᠨ᠎ᠠ) ᠵᠢᠨ ᠬᠡᠲᠦ ᠳᠣᠣᠷ᠎ᠠ ᠭᠠᠳᠠᠭᠰᠢᠯᠠᠭᠤᠯᠤᠯᠲᠠ ᠵᠢ ᠪᠥᠬᠥ ᠲᠠᠯ᠎ᠠ᠎ᠪᠠᠷ ᠪᠡᠶᠡᠯᠡᠭᠦᠯᠦᠨ᠎ᠡ᠃ ᠭᠣᠣᠯᠳᠠᠯᠭ᠎ᠠ᠎ᠲᠠᠢ ᠠᠵᠢᠯ ᠲᠦᠷᠦᠯ᠎ᠳᠤ ᠴᠡᠪᠡᠷ ᠦᠢ᠍ᠯᠡᠳᠪᠦᠷᠢᠯᠡᠯ ᠪᠠ ᠠᠵᠤ ᠦᠢ᠍ᠯᠡᠳᠪᠦᠷᠢ ᠵᠢᠨ ᠬᠠᠶᠠᠭᠳᠠᠮᠠᠯ ᠤᠰᠤ ᠵᠢ ᠡᠬᠢ ᠪᠠᠶᠠᠯᠢᠭᠵᠢᠭᠤᠯᠤᠨ ᠠᠰᠢᠭᠯᠠᠬᠤ ᠥᠭᠡᠷᠡᠴᠢᠯᠡᠯᠲᠡ ᠵᠢ ᠥᠷᠨᠢᠭᠦᠯᠦᠨ᠎ᠡ᠃ ᠰᠢᠨ᠎ᠡ ᠬᠡᠯᠪᠡᠷᠢ ᠵᠢᠨ ᠰᠠᠭᠤᠷᠢ ᠪᠡᠯᠡᠳᠬᠡᠮᠵᠢ ᠵᠢᠨ ᠡᠨᠧᠷᠭᠢ ᠵᠢᠨ ᠠᠰᠢᠭᠯᠠᠮᠵᠢ ᠵᠢ ᠳᠡᠭᠡᠭᠰᠢᠯᠡᠭᠦᠯᠦᠨ ᠠᠬᠢᠭᠤᠯᠵᠤ᠂ ᠨᠢᠭᠡᠨᠲᠡ ᠪᠠᠢ᠌ᠭ᠎ᠠ ᠳ᠋ᠠᠢ᠌ᠲ᠋ᠠ ᠵᠢᠨ ᠲᠥᠪ ᠎ᠢ ᠪᠣᠬᠢᠷᠳᠤᠯ ᠦᠭᠡᠢ ᠪᠣᠯᠭ᠋ᠠᠨ ᠡᠨᠧᠷᠭᠢ ᠠᠷᠪᠢᠯᠠᠬᠤ ᠲᠡᠢ᠌ᠰᠢ ᠥᠭᠡᠷᠡᠴᠢᠯᠡᠬᠦ ᠵᠢ ᠠᠬᠢᠭᠤᠯᠤᠨ᠂ ᠪᠣᠬᠢᠷᠳᠤᠯ ᠦᠭᠡᠢ ᠴᠠᠬᠢᠯᠭ᠋ᠠᠨ ᠵᠶ᠋ᠠᠷ ᠣᠷᠣᠯᠠᠭᠤᠯᠬᠤ ᠵᠢ ᠵᠣᠷᠢᠭᠵᠢᠭᠤᠯᠵᠤ᠂ ᠥᠨᠳᠥᠷ ᠦᠷ᠎ᠡ ᠪᠦᠲᠦᠮᠵᠢ᠎ᠲᠠᠢ ᠬᠥᠯᠳᠡᠭᠡᠬᠦ ᠮᠡᠷᠭᠡᠵᠢᠯ᠂ ᠲᠡᠷᠢᠭᠦᠨ᠎ᠤ ᠰᠠᠯᠬᠢ ᠨᠡᠪᠲᠡᠷᠡᠭᠦᠯᠬᠦ ᠮᠡᠷᠭᠡᠵᠢᠯ᠂ ᠦᠯᠡᠳᠡᠪᠦᠷᠢ ᠢᠯᠴᠢ ᠵᠢ ᠠᠰᠢᠭᠯᠠᠬᠤ ᠮᠡᠷᠭᠡᠵᠢᠯ᠂ ᠡᠨᠧᠷᠭᠢ ᠵᠢᠨ ᠬᠣᠷᠣᠭᠳᠠᠯ᠎ᠤᠨ ᠬᠠᠮᠢᠶᠠᠷᠤᠯᠲᠠ ᠵᠢᠨ ᠰᠢᠰᠲ᠋ᠧᠮ ᠵᠡᠷᠭᠡ ᠵᠢ ᠳᠡᠯᠭᠡᠷᠡᠭᠦᠯᠦᠨ᠎ᠡ᠃ ᠳ᠋ᠠᠢ᠌ᠲ᠋ᠠ ᠵᠢᠨ ᠲᠥᠪ᠎ᠤᠨ ᠲᠥᠯᠦᠪᠵᠢᠭᠦᠯᠭᠡ ᠵᠢᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠵᠦ᠂ ᠰᠢᠨ᠎ᠡ᠎ᠪᠠᠷ ᠪᠠᠢ᠌ᠭᠤᠯᠤᠭᠰᠠᠨ ᠲᠣᠮᠣ ᠬᠡᠯᠪᠡᠷᠢ ᠵᠢᠨ᠂ ᠬᠡᠲᠦ ᠲᠣᠮᠣ ᠬᠡᠯᠪᠡᠷᠢ ᠵᠢᠨ ᠳ᠋ᠠᠢ᠌ᠲ᠋ᠠ ᠵᠢᠨ ᠲᠥᠪ᠎ᠢ ᠵᠠᠷᠴᠢᠮ ᠳᠡᠭᠡᠷ᠎ᠡ᠎ᠪᠠᠨ ᠤᠯᠤᠰ᠎ᠤᠨ ᠵᠠᠩᠭᠢᠶᠠᠰᠤ ᠪᠣᠯᠬᠤ ᠳ᠋ᠠᠢ᠌ᠲ᠋ᠠ ᠵᠢᠨ ᠲᠥᠪ᠎ᠤᠨ ᠴᠤᠭᠯᠠᠷᠠᠯ᠎ᠤᠨ ᠬᠡᠪᠴᠢᠶᠡᠨ᠎ᠳᠤ ᠪᠠᠢ᠌ᠷᠢᠰᠢᠭᠤᠯᠤᠨ᠂ ᠪᠣᠬᠢᠷᠳᠤᠯ ᠦᠭᠡᠢ ᠳ᠋ᠠᠢ᠌ᠲ᠋ᠠ ᠵᠢᠨ ᠲᠥᠪ᠎ᠤᠨ ᠪᠦᠲᠦᠭᠡᠨ ᠪᠠᠢ᠌ᠭᠤᠯᠤᠯᠲᠠ ᠵᠢᠨ ᠪᠠᠷᠢᠮᠵᠢᠶ᠎ᠠ᠎ᠳᠤ ᠬᠦᠷᠦᠭᠦᠯᠵᠦ᠂ PUE ᠬᠡᠮᠵᠢᠭᠳᠡᠯ (ᠴᠠᠬᠢᠯᠭ᠋ᠠᠨ ᠡᠨᠧᠷᠭᠢ ᠠᠰᠢᠭᠯᠠᠭᠰᠠᠨ ᠪᠦᠲᠦᠮᠵᠢ)᠎ᠢ 1.3᠎ᠠᠴᠠ ᠳᠠᠪᠠᠭᠤᠯᠬᠤ ᠦᠭᠡᠢ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠢᠭᠡᠴᠢ ᠨᠡᠮᠡᠭᠳᠡᠯ ᠦᠷᠳᠡᠭ᠎ᠤᠨ ᠡᠨᠧᠷᠭᠢ ᠵᠢᠨ ᠬᠣᠷᠣᠭᠳᠠᠯ᠎ᠢ 20% ᠪᠠᠭᠤᠷᠠᠭᠤᠯᠵᠤ᠂ ᠠᠵᠤ ᠦᠢ᠍ᠯᠡᠳᠪᠦᠷᠢ ᠵᠢᠨ ᠲᠦᠮᠡᠨ ᠲᠥᠭᠥᠷᠢᠭ ᠪᠦᠷᠢ ᠵᠢᠨ ᠨᠡᠮᠡᠭᠳᠡᠯ ᠦᠷᠳᠡᠭ᠎ᠲᠤ ᠬᠡᠷᠡᠭᠯᠡᠬᠦ ᠣᠰᠣᠨ᠎ᠤ ᠬᠡᠮᠵᠢᠶ᠎ᠡ ᠵᠢ 13% ᠪᠠᠭᠤᠷᠠᠭᠤᠯᠤᠨ᠎ᠠ᠃ 2025 ᠣᠨ ᠪᠣᠯᠬᠤ᠎ᠳᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ ᠠᠵᠢᠯᠯᠠᠭ᠎ᠠ ᠵᠢ ᠬᠡᠷᠡᠭᠵᠢᠭᠦᠯᠬᠦ᠎ᠪᠠᠷ ᠳᠠᠮᠵᠢᠭᠤᠯᠤᠨ᠂ ᠪᠣᠯᠣᠳ ᠲᠡᠮᠦᠷ᠂ ᠴᠠᠬᠢᠯᠭ᠋ᠠᠨ ᠵᠠᠳᠠᠯᠤᠯ᠎ᠤᠨ ᠬᠥᠩᠭᠡᠨ ᠴᠠᠭ᠋ᠠᠨ᠂ ᠱᠦᠢ᠍ᠨᠢ᠂ ᠬᠠᠪᠲᠠᠭ᠋ᠠᠢ ᠰᠢᠯ᠂ ᠡᠲ᠋ᠧᠨ᠂ ᠨᠡᠢ᠌ᠯᠡᠯᠭᠡ ᠰᠢᠪᠲᠦᠷ᠂ ᠴᠠᠬᠢᠯᠠᠭᠤᠷ ᠴᠢᠯᠠᠭᠤ ᠵᠡᠷᠭᠡ ᠭᠣᠣᠯᠳᠠᠯᠭ᠎ᠠ᠎ᠲᠠᠢ ᠠᠵᠢᠯ ᠲᠥᠷᠥᠯ᠎ᠤᠨ ᠦᠢ᠍ᠯᠡᠳᠪᠦᠷᠢᠯᠡᠬᠦ ᠴᠢᠳᠠᠮᠵᠢ ᠪᠠ ᠳ᠋ᠠᠢ᠌ᠲ᠋ᠠ ᠵᠢᠨ ᠲᠥᠪ᠎ᠤᠨ᠎ᠬᠢᠨ᠎ᠤ ᠡᠨᠧᠷᠭᠢ ᠵᠢᠨ ᠠᠰᠢᠭᠯᠠᠮᠵᠢ ᠵᠢᠨ ᠬᠡᠪ ᠪᠠᠷᠢᠮᠵᠢᠶᠠᠨ᠎ᠤ ᠲᠦᠪᠰᠢᠨ᠎ᠳᠤ ᠬᠦᠷᠦᠭᠰᠡᠨ ᠬᠠᠷᠢᠴᠠᠯ᠎ᠢ 30%᠎ᠠᠴᠠ ᠳᠠᠪᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠨᠧᠷᠭᠢ ᠵᠢᠨ ᠲᠣᠪᠴᠢᠶ᠎ᠠ᠂ ᠲᠣᠮᠣ ᠳ᠋ᠠᠢ᠌ᠲ᠋ᠠ ᠵᠢᠨ ᠲᠥᠪ ᠵᠡᠷᠭᠡ᠎ᠨᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠵᠤ᠂ ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠨ ᠨᠠᠢ᠌ᠳᠠᠪᠤᠷᠢᠵᠢᠭᠤᠯᠤᠨ᠎ᠠ᠃ ᠳᠣᠷᠣᠭᠰᠢᠬᠢ ᠵᠢ ᠴᠥᠮ ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠠᠷᠢᠭᠤᠴᠠᠨ ᠨᠠᠢ᠌ᠳᠠᠪᠤᠷᠢᠵᠢᠭᠤᠯᠬᠤ ᠪᠣᠯᠬᠣᠷ ᠳᠠᠭᠢᠵᠤ ᠵᠢᠭᠰᠠᠭ᠋ᠠᠬᠤ ᠦᠭᠡᠢ)

     (ᠬᠣᠶᠠᠷ) ᠬᠦᠷᠢᠶᠡᠯᠡᠩ ᠲᠣᠭᠣᠷᠢᠭ᠎ᠤᠨ ᠡᠨᠧᠷᠭᠢ ᠠᠷᠪᠢᠯᠠᠵᠤ ᠣᠷᠴᠢᠨ ᠲᠣᠭᠣᠷᠢᠨ᠎ᠢ ᠬᠠᠮᠠᠭ᠋ᠠᠯᠠᠬᠤ ᠵᠢ ᠳᠡᠭᠡᠭᠰᠢᠯᠡᠭᠦᠯᠬᠦ ᠢᠨᠵᠧᠨᠧᠷᠢᠩ᠃ ᠬᠦᠷᠢᠶᠡᠯᠡᠩ ᠲᠣᠭᠣᠷᠢᠭ᠎ᠲᠤ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠋ᠠᠲᠠᠢ ᠣᠷᠴᠢᠯᠲᠤ ᠬᠥᠭᠵᠢᠯᠲᠡ ᠵᠢᠨ ᠶᠡᠷᠦᠩᠬᠡᠢ᠌ᠯᠡᠭᠰᠡᠨ ᠣᠨᠣᠰᠢᠯᠠᠯᠲᠠ ᠵᠢ ᠥᠷᠨᠢᠭᠦᠯᠵᠦ᠂ ᠪᠣᠬᠢᠷᠳᠤᠯ ᠦᠭᠡᠢ ᠠᠵᠤ ᠦᠢ᠍ᠯᠡᠰ᠎ᠤᠨ ᠪᠥᠭᠡᠮᠨᠡᠷᠡᠯ᠂ ᠡᠨᠧᠷᠭᠢ ᠵᠢᠨ ᠡᠬᠢ ᠪᠠᠶᠠᠯᠢᠭ᠎ᠤᠨ ᠠᠰᠢᠭᠯᠠᠯᠲᠠ᠂ ᠴᠡᠪᠡᠷ ᠦᠢ᠍ᠯᠡᠳᠪᠦᠷᠢᠯᠡᠯ ᠵᠡᠷᠭᠡ ᠲᠠᠯ᠎ᠠ᠎ᠪᠠᠷ᠎ᠬᠢ ᠪᠠᠭᠤᠷᠠᠢ ᠭᠣᠭᠴᠣᠭ᠎ᠠ ᠵᠢ᠎ᠨᠢ ᠬᠠᠢ᠌ᠵᠤ᠂ ᠬᠦᠷᠢᠶᠡᠯᠡᠩ ᠲᠣᠭᠣᠷᠢᠭ᠎ᠤᠨ ᠪᠣᠬᠢᠷᠳᠤᠯ ᠦᠭᠡᠢ ᠬᠥᠭᠵᠢᠯᠲᠡ ᠵᠢᠨ ᠨᠢᠭᠤᠭᠳᠠᠮᠠᠯ ᠬᠦᠴᠦᠨ᠎ᠢ᠎ᠨᠢ ᠰᠢᠰᠲ᠋ᠧᠮ᠎ᠲᠠᠢ᠎ᠪᠠᠷ ᠠᠭᠤᠳᠠᠯᠤᠨ ᠭᠠᠷᠭ᠋ᠠᠨ᠎ᠠ᠃ ᠡᠨᠧᠷᠭᠢ ᠵᠢᠨ ᠬᠣᠷᠣᠭᠳᠠᠯ ᠶᠡᠬᠡᠲᠡᠢ᠂ ᠭᠠᠳᠠᠭᠰᠢᠯᠠᠭᠤᠯᠤᠯᠲᠠ ᠶᠡᠬᠡᠲᠡᠢ ᠲᠥᠷᠥᠯ ᠵᠦᠢ᠍ᠯ᠎ᠢ ᠰᠢᠨ᠎ᠡ᠎ᠪᠠᠷ ᠪᠠᠶ᠋ᠢᠭᠤᠯᠬᠤ᠎ᠳᠤ ᠵᠠᠷᠴᠢᠮ ᠳᠡᠭᠡᠷ᠎ᠡ᠎ᠪᠠᠨ ᠬᠦᠷᠢᠶᠡᠯᠡᠩ ᠲᠣᠭᠣᠷᠢᠭ᠎ᠲᠤ ᠣᠷᠣᠭᠤᠯᠵᠤ᠂ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠬᠦᠷᠢᠶᠡᠯᠡᠩ ᠲᠣᠭᠣᠷᠢᠭ ᠲᠡᠢ᠌ᠰᠢ ᠪᠥᠭᠡᠮᠨᠡᠷᠡᠬᠦ ᠵᠢ ᠠᠬᠢᠭᠤᠯᠤᠨ᠎ᠠ᠃ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠡᠨᠧᠷᠭᠢ ᠵᠢᠨ ᠰᠢᠰᠲ᠋ᠧᠮ᠎ᠢ ᠪᠦᠬᠦᠯᠢ ᠴᠣᠭᠴᠠ᠎ᠪᠠᠷ᠎ᠨᠢ ᠰᠢᠯᠢᠳᠡᠭᠵᠢᠭᠦᠯᠬᠦ ᠵᠢ ᠠᠬᠢᠭᠤᠯᠵᠤ᠂ ᠲᠡᠬᠢᠨ ᠡᠭᠦᠰᠴᠦ ᠪᠣᠯᠬᠤ ᠡᠨᠧᠷᠭᠢ ᠵᠢ ᠡᠩ ᠲᠡᠷᠢᠭᠦᠨ᠎ᠳᠤ ᠠᠰᠢᠭᠯᠠᠬᠤ ᠵᠢ ᠵᠣᠷᠢᠭᠵᠢᠭᠤᠯᠤᠨ᠎ᠠ᠃ ᠬᠦᠷᠢᠶᠡᠯᠡᠩ ᠲᠣᠭᠣᠷᠢᠭ᠎ᠤᠨ ᠳᠣᠲᠣᠷᠠᠬᠢ ᠪᠣᠬᠢᠷ ᠤᠰᠤ ᠵᠢ ᠰᠢᠢ᠍ᠳᠪᠦᠷᠢᠯᠡᠬᠦ᠂ ᠴᠡᠪᠡᠷᠵᠢᠭᠦᠨ ᠤᠰᠤ ᠵᠢ ᠡᠭᠡᠭᠦᠯᠦᠨ ᠬᠡᠷᠡᠭᠯᠡᠬᠦ ᠵᠡᠷᠭᠡ ᠣᠯᠠᠨ ᠨᠡᠶ᠋ᠢᠲᠡ ᠵᠢᠨ ᠰᠠᠭᠤᠷᠢ ᠪᠡᠯᠡᠳᠬᠡᠮᠵᠢ ᠵᠢ ᠬᠠᠮᠲᠤ᠎ᠪᠠᠷ ᠪᠠᠢ᠌ᠭᠤᠯᠤᠨ ᠬᠠᠮᠲᠤ᠎ᠳᠤ᠎ᠪᠠᠨ ᠬᠦᠷᠲᠡᠵᠦ᠂ ᠣᠷᠣᠬᠤ ᠤᠰᠤᠨ᠎ᠤ ᠥᠳᠬᠡᠴᠡ᠎ᠨᠢ ᠬᠡᠪ᠎ᠤᠨ ᠪᠤᠰᠤ ᠪᠠᠢ᠌ᠭ᠎ᠠ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ᠎ᠳᠤ ᠬᠡᠰᠡᠭ ᠲᠣᠭᠣᠷᠢᠭ᠎ᠤᠨ ᠬᠣᠭᠣᠯᠠᠢ ᠲᠣᠣᠷ᠎ᠢ ᠰᠢᠰᠲ᠋ᠧᠮᠵᠢᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠵᠢ ᠥᠷᠨᠢᠭᠦᠯᠦᠨ᠎ᠡ᠃ ᠠᠵᠤ ᠦᠢ᠍ᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠶᠡᠷᠦᠩᠬᠡᠢ᠌ᠯᠡᠨ ᠠᠰᠢᠭᠯᠠᠬᠤ ᠵᠢ ᠠᠬᠢᠭᠤᠯᠵᠤ᠂ ᠠᠶᠤᠯᠲᠠᠢ ᠬᠠᠶᠠᠭᠳᠠᠮᠠᠯ ᠪᠣᠳᠠᠰ᠎ᠢ ᠲᠥᠪᠯᠡᠷᠡᠭᠦᠯᠦᠨ ᠬᠠᠳᠠᠭ᠋ᠠᠯᠠᠬᠤ ᠪᠠ ᠰᠢᠢ᠍ᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠳᠡᠭᠳᠡᠮᠡᠬᠡᠢ ᠴᠢᠨᠠᠷᠲᠠᠢ ᠣᠷᠭ᠋ᠠᠨᠢᠭ ᠪᠣᠳᠠᠰ᠂ ᠴᠠᠬᠢᠯᠭ᠋ᠠᠨ ᠦᠩᠬᠡᠯᠡᠯᠲᠡ ᠵᠢᠨ ᠬᠠᠶᠠᠭᠳᠠᠮᠠᠯ ᠤᠰᠤ ᠵᠢᠴᠢ ᠣᠨᠴᠠᠯᠢᠭᠲᠤ ᠪᠣᠬᠢᠷᠳᠤᠯ ᠪᠣᠳᠠᠰ᠎ᠢ ᠲᠥᠪᠯᠡᠷᠡᠭᠦᠯᠦᠨ ᠵᠠᠰᠠᠬᠤ ᠵᠡᠷᠭᠡ

《ᠪᠦᠷᠢᠳᠦ》 ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠎ᠠ᠃ ᠰᠠᠭᠤᠷᠢ ᠪᠡᠯᠡᠳᠬᠡᠮᠵᠢ᠎ᠨᠢ ᠪᠦᠷᠢᠨ ᠲᠡᠭᠦᠯᠳᠡᠷ᠂ ᠴᠠᠬᠢᠯᠭ᠋ᠠᠨ ᠬᠡᠷᠡᠭᠯᠡᠬᠦ ᠳᠠᠭ᠋ᠠᠭ᠋ᠠᠴᠠ᠎ᠪᠠᠷ ᠨᠡᠯᠢᠶᠡᠳ ᠶᠡᠬᠡ᠂ ᠣᠷᠭᠢᠯ ᠦᠶ᠎ᠡ ᠵᠢ ᠦᠪᠡᠰᠦᠪᠡᠨ ᠲᠣᠬᠢᠷᠠᠭᠤᠯᠬᠤ ᠴᠢᠳᠠᠪᠤᠷᠢ᠎ᠪᠠᠷ ᠨᠡᠯᠢᠶᠡᠳ ᠴᠢᠩᠭ᠎ᠠ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠲᠤ ᠨᠡᠭᠦᠷᠡᠰᠦᠲᠥ᠋ᠷᠥᠭᠴᠢ ᠪᠠᠭ᠋ᠠᠲᠠᠢ ᠵᠢᠱ᠌ᠢᠶ᠎ᠡ ᠦᠵᠡᠭᠦᠯᠬᠦ ᠪᠦᠲᠦᠭᠡᠨ ᠪᠠᠢ᠌ᠭᠤᠯᠤᠯᠲᠠ ᠥᠷᠨᠢᠭᠦᠯᠬᠦ ᠵᠢ ᠵᠣᠷᠢᠭᠵᠢᠭᠤᠯᠤᠨ᠎ᠠ᠃ 2025 ᠣᠨ ᠪᠣᠯᠬᠤ᠎ᠳᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠤᠷᠴᠢᠯᠵᠢᠭᠤᠯᠬᠤ ᠬᠢᠷᠢ ᠲᠦᠪᠰᠢᠨ᠂ ᠡᠨᠧᠷᠭᠢ ᠠᠷᠪᠢᠯᠠᠵᠤ ᠣᠷᠴᠢᠨ ᠲᠣᠭᠣᠷᠢᠨ᠎ᠢ ᠬᠠᠮᠠᠭ᠋ᠠᠯᠠᠬᠤ ᠬᠢᠷᠢ ᠲᠦᠪᠰᠢᠨ᠎ᠢ ᠮᠡᠳᠡᠭᠳᠡᠬᠦᠢ᠌ᠴᠡ ᠳᠡᠭᠡᠭᠰᠢᠯᠡᠭᠦᠯᠵᠦ᠂ ᠨᠢᠭᠡ ᠪᠦᠯᠦᠭ ᠲᠥᠯᠥᠭᠡᠯᠡᠬᠦ ᠴᠢᠨᠠᠷᠲᠠᠢ ᠡᠨᠧᠷᠭᠢ ᠠᠷᠪᠢᠯᠠᠵᠤ ᠣᠷᠴᠢᠨ ᠲᠣᠭᠣᠷᠢᠨ᠎ᠢ ᠬᠠᠮᠠᠭ᠋ᠠᠯᠠᠬᠤ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ᠎ᠢ ᠪᠠᠢ᠌ᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

     (ᠭᠤᠷᠪᠠ) ᠬᠣᠲᠠ ᠪᠠᠯᠭ᠋ᠠᠰᠤᠨ᠎ᠤ ᠪᠣᠬᠢᠷᠳᠤᠯ ᠦᠭᠡᠢ ᠡᠨᠧᠷᠭᠢ ᠠᠷᠪᠢᠯᠠᠬᠤ ᠥᠭᠡᠷᠡᠴᠢᠯᠡᠯᠲᠡ ᠵᠢᠨ ᠢᠨᠵᠧᠨᠧᠷᠢᠩ᠃ ᠪᠣᠬᠢᠷᠳᠤᠯ ᠦᠭᠡᠢ ᠲᠥᠯᠦᠪᠵᠢᠭᠦᠯᠭᠡ ᠵᠢᠨ ᠵᠢᠷᠤᠵᠤ ᠲᠥᠯᠥᠪᠯᠡᠬᠦ ᠣᠨᠣᠯᠵᠢᠬᠤᠨ᠎ᠢ ᠰᠠᠨᠠᠭ᠋ᠠᠴᠢᠯᠠᠵᠤ᠂ ᠬᠣᠲᠠ ᠪᠠᠯᠭ᠋ᠠᠰᠤᠨ᠎ᠤ ᠪᠣᠬᠢᠷᠳᠤᠯ ᠦᠭᠡᠢ ᠲᠥᠯᠦᠪᠵᠢᠭᠦᠯᠭᠡ᠂ ᠪᠦᠲᠦᠭᠡᠨ ᠪᠠᠢ᠌ᠭᠤᠯᠤᠯᠲᠠ᠂ ᠠᠵᠢᠯᠯᠠᠭ᠋ᠠᠨ᠎ᠤ ᠬᠠᠮᠢᠶᠠᠷᠤᠯᠲᠠ ᠵᠢ ᠪᠥᠬᠥ ᠲᠠᠯ᠎ᠠ᠎ᠪᠠᠷ ᠠᠬᠢᠭᠤᠯᠤᠨ᠎ᠠ᠃ ᠰᠢᠨ᠎ᠡ᠎ᠪᠠᠷ ᠪᠠᠶ᠋ᠢᠭᠤᠯᠬᠤ ᠪᠠᠷᠢᠯᠭ᠎ᠠ ᠵᠢᠨ ᠡᠨᠧᠷᠭᠢ ᠠᠷᠪᠢᠯᠠᠬᠤ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠵᠦ᠂ ᠬᠡᠲᠦ ᠳᠣᠣᠷ᠎ᠠ ᠡᠨᠧᠷᠭᠢ ᠵᠢᠨ ᠬᠣᠷᠣᠭᠳᠠᠯ᠎ᠲᠠᠢ ᠪᠠᠷᠢᠯᠭ᠎ᠠ᠂ ᠡᠨᠧᠷᠭᠢ ᠵᠢᠨ ᠬᠣᠷᠣᠭᠳᠠᠯ ᠪᠠᠷᠤᠭ ᠯᠡ ᠦᠭᠡᠢ ᠪᠠᠷᠢᠯᠭ᠎ᠠ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠥᠴᠥᠬᠡᠨ ᠴᠤ᠌ ᠦᠭᠡᠢ ᠪᠠᠷᠢᠯᠭ᠎ᠠ ᠵᠡᠷᠭᠡ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠢ ᠥᠷᠨᠢᠭᠦᠯᠦᠨ᠎ᠡ᠃ ᠬᠣᠲᠠ ᠪᠠᠯᠭ᠋ᠠᠰᠤᠨ᠎ᠤ ᠪᠠᠷᠢᠯᠭ᠎ᠠ᠎ᠳᠤ ᠨᠡᠷᠡᠨ ᠡᠨᠧᠷᠭᠢ ᠵᠢᠨ ᠬᠡᠷᠡᠯ ᠴᠡᠨᠡᠭ᠎ᠢ ᠨᠢᠭᠡ ᠴᠣᠭᠴᠠᠵᠢᠭᠤᠯᠤᠨ ᠬᠡᠷᠡᠭᠯᠡᠬᠦ ᠵᠢ ᠳᠡᠯᠭᠡᠷᠡᠭᠦᠯᠦᠨ᠎ᠡ᠃ ᠲᠥᠪ ᠠᠭ᠋ᠠᠷᠵᠢᠭᠤᠯᠤᠭᠴᠢ᠂ ᠳ᠋ᠠᠢ᠌ᠲ᠋ᠠ ᠵᠢᠨ ᠲᠥᠪ᠂ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠂ ᠬᠥᠯᠳᠡᠭᠦᠦ᠎ᠪᠠᠷ ᠲᠡᠭᠡᠭᠡᠪᠦᠷᠢᠯᠡᠬᠦ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡᠨ ᠵᠡᠷᠭᠡ ᠪᠣᠬᠢᠷᠳᠤᠯ ᠦᠭᠡᠢ ᠥᠭᠡᠷᠡᠴᠢᠯᠡᠯᠲᠡ ᠵᠢᠨ ᠭᠣᠣᠯᠳᠠᠯᠭ᠎ᠠ᠎ᠲᠠᠢ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠬᠥᠯᠳᠡᠭᠡᠬᠦ ᠰᠢᠰᠲ᠋ᠧᠮ᠎ᠤᠨ ᠡᠨᠧᠷᠭᠢ ᠵᠢᠨ ᠠᠰᠢᠭᠯᠠᠮᠵᠢ ᠵᠢᠨ ᠬᠢᠷᠢ ᠬᠡᠮᠵᠢᠶ᠎ᠡ ᠵᠢ ᠶᠡᠬᠡ᠎ᠪᠠᠷ ᠳᠡᠭᠡᠭᠰᠢᠯᠡᠭᠦᠯᠦᠨ᠂ ᠬᠣᠲᠠ ᠪᠠᠯᠭ᠋ᠠᠰᠤᠨ᠎ᠤ ᠢᠯᠴᠢ ᠬᠠᠩᠭ᠋ᠠᠯᠲᠠ᠎ᠳᠤ ᠴᠡᠪᠡᠷ ᠳᠤᠯᠠᠭ᠋ᠠᠯᠠᠭ᠎ᠠ᠂ ᠠᠵᠤ ᠦᠢ᠍ᠯᠡᠳᠪᠦᠷᠢ ᠵᠢᠨ ᠦᠯᠡᠳᠡᠪᠦᠷᠢ ᠢᠯᠴᠢ᠂ ᠳᠠᠬᠢᠨ ᠡᠭᠦᠰᠴᠦ ᠪᠣᠯᠬᠤ ᠡᠨᠧᠷᠭᠢ ᠵᠡᠷᠭᠡ ᠵᠢ ᠬᠡᠪᠴᠢᠶᠡᠵᠢᠭᠦᠯᠦᠨ ᠬᠡᠷᠡᠭᠯᠡᠬᠦ᠎ᠪᠠᠨ ᠠᠬᠢᠭᠤᠯᠵᠤ᠂ ᠬᠣᠲᠠ ᠪᠠᠯᠭ᠋ᠠᠰᠤᠨ᠎ᠤ ᠴᠡᠪᠡᠷ ᠳᠤᠯᠠᠭ᠋ᠠᠯᠠᠭ᠎ᠠ ᠵᠢᠨ ᠬᠠᠷᠢᠴᠠᠯ ᠪᠠ ᠪᠣᠬᠢᠷᠳᠤᠯ ᠦᠭᠡᠢ ᠥᠨᠳᠥᠷ ᠪᠦᠳᠦᠮᠵᠢᠳᠡᠢ ᠬᠥᠯᠳᠡᠭᠡᠬᠦ ᠦᠢ᠍ᠯᠡᠳᠬᠦᠨ᠎ᠤ ᠵᠠᠬ᠎ᠠ ᠳᠡᠯᠭᠡᠭᠦᠷ᠎ᠤᠨ ᠡᠵᠡᠯᠡᠬᠦ ᠨᠣᠷᠮ᠎ᠠ ᠵᠢ ᠶᠡᠬᠡ᠎ᠪᠠᠷ ᠳᠡᠭᠡᠭᠰᠢᠯᠡᠭᠦᠯᠦᠨ᠎ᠡ᠃ ᠤᠯᠠᠨ ᠨᠡᠶ᠋ᠢᠲᠡ ᠵᠢᠨ ᠤᠰᠤ ᠬᠠᠩᠭ᠋ᠠᠬᠤ ᠬᠣᠭᠣᠯᠠᠢ ᠲᠣᠣᠷ᠎ᠤᠨ ᠭᠣᠭᠣᠵᠢᠵᠤ ᠰᠦᠢ᠍ᠳᠦᠭᠰᠡᠨ᠎ᠢ᠎ᠨᠢ ᠵᠠᠰᠠᠬᠤ ᠠᠵᠢᠯ᠎ᠢ ᠥᠷᠨᠢᠭᠦᠯᠵᠦ᠂ ᠤᠯᠤᠰ᠎ᠤᠨ ᠲᠤᠷᠰᠢᠯᠲᠠ ᠵᠢᠨ ᠴᠡᠭ᠎ᠤᠨ ᠪᠦᠲᠦᠭᠡᠨ ᠪᠠᠢ᠌ᠭᠤᠯᠤᠯᠲᠠ ᠵᠢ ᠴᠢᠷᠮᠠᠢ᠌ᠨ ᠣᠯᠣᠨ᠎ᠠ᠃ 2025 ᠣᠨ ᠪᠣᠯᠬᠤ᠎ᠳᠤ᠂ ᠬᠣᠲᠠ ᠪᠠᠯᠭ᠋ᠠᠰᠤᠨ᠎ᠤ ᠰᠢᠨ᠎ᠡ᠎ᠪᠠᠷ ᠪᠠᠢ᠌ᠭᠤᠯᠤᠭᠰᠠᠨ ᠪᠠᠷᠢᠯᠭ᠎ᠠ᠎ᠳᠤ ᠪᠣᠬᠢᠷᠳᠤᠯ ᠦᠭᠡᠢ ᠪᠠᠷᠢᠯᠭ᠎ᠠ ᠵᠢᠨ ᠪᠠᠷᠢᠮᠵᠢᠶ᠎ᠠ ᠵᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠨᠢᠭᠡᠨᠲᠡ ᠪᠠᠢ᠌ᠭ᠎ᠠ ᠣᠷᠣᠨ ᠰᠠᠭᠤᠴᠠ ᠵᠢᠨ ᠪᠠᠷᠢᠯᠭ᠎ᠠ᠎ᠳᠤ ᠡᠨᠧᠷᠭᠢ ᠠᠷᠪᠢᠯᠠᠬᠤ ᠥᠭᠡᠷᠡᠴᠢᠯᠡᠯᠲᠡ ᠵᠢ 1000 ᠲᠦᠮᠡᠨ ᠲᠡᠭᠰᠢ ᠳᠥᠷᠪᠡᠯᠵᠢᠨ ᠮᠧᠲᠷ ᠪᠡᠶᠡᠯᠡᠭᠦᠯᠵᠦ᠂ ᠪᠣᠬᠢᠷᠳᠤᠯ ᠦᠭᠡᠢ ᠪᠠᠷᠢᠯᠭ᠎ᠠ ᠵᠢ ᠲᠠᠩ ᠭᠠᠭᠴᠠ᠂ ᠰᠦᠷᠦᠭ ᠪᠦᠯᠦᠭ ᠵᠶ᠋ᠡᠷ ᠪᠠᠷᠢᠵᠤ ᠪᠠᠢ᠌ᠭᠰᠠᠨ᠎ᠠᠴᠠ᠎ᠨᠢ ᠰᠠᠭᠤᠭ᠋ᠠᠯᠢ ᠲᠣᠭᠣᠷᠢᠭᠵᠢᠭᠤᠯᠬᠤ ᠪᠠ ᠣᠷᠣᠨ ᠪᠦᠰᠡᠵᠢᠭᠦᠯᠬᠦ ᠪᠣᠯᠭ᠋ᠠᠨ ᠪᠠᠷᠢᠬᠤ ᠲᠡᠢ᠌ᠰᠢ ᠬᠥᠭᠵᠢᠭᠦᠯᠦᠨ᠎ᠡ᠃ ᠨᠡᠭᠦᠷᠡᠰᠦᠲᠥ᠋ᠷᠥᠭᠴᠢ ᠪᠠᠭ᠋ᠠᠲᠠᠢ ᠬᠤᠳᠠ᠂ ᠬᠤᠷ᠎ᠠ ᠤᠰᠤ ᠵᠢ ᠪᠦᠲᠦᠮᠵᠢᠲᠡᠢ ᠠᠰᠢᠭᠯᠠᠬᠤ ᠬᠤᠳᠠ᠂ 《ᠬᠠᠶᠠᠭᠳᠠᠮᠠᠯ ᠪᠣᠳᠠᠰ ᠦᠭᠡᠢ

ᠬᠤᠳᠠ》 ᠵᠢᠨ ᠵᠢᠱ᠌ᠢᠶ᠎ᠡ ᠦᠵᠡᠭᠦᠯᠬᠦ ᠲᠤᠷᠰᠢᠯᠲᠠ ᠵᠢᠨ ᠴᠡᠭ᠎ᠢ ᠲᠤᠰ ᠪᠦᠷᠢ 1-2 ᠪᠣᠢ ᠪᠣᠯᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠨᠧᠷᠭᠢ ᠵᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

     (ᠳᠥᠷᠪᠡ) ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠢᠨᠵᠧᠨᠧᠷᠢᠩ᠃ ᠪᠣᠬᠢᠷᠳᠤᠯ ᠦᠭᠡᠢ ᠶᠡᠷᠦᠩᠬᠡᠢ᠌ᠯᠡᠭᠰᠡᠨ ᠵᠠᠮ ᠬᠠᠷᠢᠯᠴᠠᠭ᠋ᠠᠨ᠎ᠤ ᠲᠣᠭᠲᠠᠯᠴᠠᠭ᠎ᠠ ᠵᠢᠨ ᠪᠦᠲᠦᠭᠡᠨ ᠪᠠᠢ᠌ᠭᠤᠯᠤᠯᠲᠠ ᠵᠢ ᠥᠷᠨᠢᠭᠦᠯᠵᠦ᠂ ᠴᠠᠬᠢᠯᠭ᠋ᠠᠨ ᠴᠡᠨᠡᠭᠯᠡᠵᠦ ᠳ᠋ᠢᠶᠠᠨ ᡂᠢ ᠰᠣᠯᠢᠬᠤ᠂ ᠬᠡᠢ ᠨᠡᠮᠡᠬᠦ᠂ ᠤᠰᠤᠲᠥ᠋ᠷᠥᠭᠴᠢ ᠨᠡᠮᠡᠬᠦ᠂ ᠨᠢᠰᠬᠡᠯ᠎ᠤᠨ ᠪᠠᠭᠤᠳᠠᠯ᠎ᠤᠨ ᠡᠷᠭᠢ ᠵᠠᠬ᠎ᠠ ᠵᠢᠨ ᠴᠠᠬᠢᠯᠭ᠋ᠠᠨ ᠵᠡᠷᠭᠡ ᠰᠠᠭᠤᠷᠢ ᠪᠡᠯᠡᠳᠬᠡᠮᠵᠢ ᠵᠢ ᠲᠡᠭᠦᠯᠳᠡᠷᠵᠢᠭᠦᠯᠦᠨ᠂ ᠲᠡᠭᠡᠭᠡᠪᠦᠷᠢ ᠵᠢᠨ ᠪᠦᠲᠦᠴᠡ ᠵᠢᠨ ᠬᠡᠯᠪᠡᠷᠢ᠎ᠪᠠᠨ ᠬᠤᠪᠢᠷᠠᠭᠤᠯᠬᠤ ᠪᠠ ᠭᠠᠳᠠᠭᠰᠢ ᠶᠠᠪᠤᠵᠤ ᠰᠠᠭᠤᠬᠤ ᠠᠷᠭ᠎ᠠ ᠮᠠᠶᠢᠭ ᠵᠶ᠋ᠠᠨ ᠬᠤᠪᠢᠷᠠᠭᠤᠯᠬᠤ ᠵᠢ ᠲᠦᠷᠭᠡᠳᠬᠡᠵᠦ᠂ ᠴᠡᠪᠡᠷ ᠡᠨᠧᠷᠭᠢ᠎ᠪᠠᠷ ᠣᠷᠣᠯᠠᠭᠤᠯᠬᠤ ᠵᠢ ᠬᠡᠷᠡᠭᠵᠢᠭᠦᠯᠦᠨ᠎ᠡ᠃ 《ᠨᠡᠶ᠋ᠢᠲᠡ ᠵᠢᠨ ᠵᠠᠮ ᠬᠠᠷᠢᠯᠴᠠᠭ᠎ᠠ᠎ᠪᠠᠷ ᠶᠠᠪᠤᠵᠤ ᠰᠠᠭᠤᠬᠤ ᠵᠢ ᠰᠠᠨᠠᠭ᠋ᠠᠴᠢᠯᠠᠬᠤ》 ᠪᠠᠢ᠌ᠯᠳᠤᠬᠤ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠣᠯᠠᠨ ᠨᠡᠶ᠋ᠢᠲᠡ ᠵᠢ ᠬᠥᠲᠥᠯᠥᠨ ᠵᠢᠯᠤᠭᠣᠳᠴᠤ ᠪᠠᠢ᠌ᠭ᠋ᠠᠳ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠋ᠠᠲᠠᠢ ᠠᠶᠠᠯᠠᠯ᠎ᠤᠨ ᠠᠷᠭ᠎ᠠ ᠮᠠᠶᠢᠭ᠎ᠢ ᠤᠷᠢᠳ ᠵᠶ᠋ᠠᠷ ᠰᠣᠩᠭᠣᠭᠤᠯᠤᠨ᠎ᠠ᠃ ᠪᠥᠭᠡᠮ ᠪᠠᠷᠠᠭ᠋ᠠᠨ᠎ᠤ ᠲᠡᠭᠡᠭᠡᠪᠦᠷᠢ ᠵᠢᠨ 《ᠵᠠᠰᠠᠮᠠᠯ ᠵᠠᠮ ᠵᠶ᠋ᠠᠷ ᠲᠡᠭᠡᠭᠡᠪᠦᠷᠢᠯᠡᠬᠦ ᠵᠢ ᠲᠡᠮᠦᠷ ᠵᠠᠮ ᠵᠶ᠋ᠡᠷ ᠲᠡᠭᠡᠭᠡᠪᠦᠷᠢᠯᠡᠬᠦ ᠲᠡᠢ᠌ᠰᠢ ᠰᠢᠯᠵᠢᠭᠦᠯᠬᠦ》 ᠵᠢ ᠦᠷᠭᠦᠯᠵᠢᠯᠡᠨ ᠠᠬᠢᠭᠤᠯᠵᠤ᠂ ᠴᠡᠪᠡᠷ ᠲᠡᠭᠡᠭᠡᠪᠦᠷᠢ ᠵᠢᠨ ᠬᠠᠷᠢᠴᠠᠯ᠎ᠢ ᠳᠡᠭᠡᠭᠰᠢᠯᠡᠭᠦᠯᠦᠨ᠎ᠡ᠃ ᠲᠡᠮᠦᠷ ᠵᠠᠮ᠎ᠤᠨ ᠴᠠᠬᠢᠯᠭ᠋ᠠᠨᠵᠢᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠡᠨᠧᠷᠭᠢ ᠵᠢᠨ ᠬᠣᠷᠣᠭᠳᠠᠯ ᠪᠠᠭ᠋ᠠᠲᠠᠢ ᠲᠡᠭᠡᠭᠡᠪᠦᠷᠢ ᠵᠢᠨ ᠲᠣᠨᠣᠭᠯᠠᠯ᠎ᠢ ᠳᠡᠯᠭᠡᠷᠡᠭᠦᠯᠦᠨ᠎ᠡ᠃ ᠵᠠᠮ ᠲᠡᠭᠡᠭᠡᠪᠦᠷᠢ ᠵᠢᠨ ᠬᠠᠭᠤᠴᠢᠨ ᠪᠠᠭ᠋ᠠᠵᠢ ᠬᠡᠷᠡᠭᠰᠡᠯ᠎ᠢ ᠬᠡᠷᠡᠭᠯᠡᠭᠡᠨ᠎ᠠᠴᠠ ᠭᠠᠷᠭ᠋ᠠᠬᠤ ᠪᠠ ᠰᠢᠨᠡᠳᠬᠡᠬᠦ ᠳᠦᠷᠢᠮ᠎ᠢ ᠴᠢᠩᠭ᠎ᠠ ᠬᠡᠷᠡᠭᠵᠢᠭᠦᠯᠦᠨ᠎ᠡ᠃ ᠮᠠᠰᠢᠨ ᠲᠡᠷᠭᠡᠨ᠎ᠤ ᠤᠯᠤᠰ᠎ᠤᠨ ᠵᠢᠷᠭᠤᠳᠤᠭ᠋ᠠᠷ ᠤᠳᠠᠭ᠋ᠠᠨ᠎ᠤ ᠭᠠᠳᠠᠭᠰᠢᠯᠠᠭᠤᠯᠤᠯᠲᠠ ᠵᠢᠨ ᠪᠠᠷᠢᠮᠵᠢᠶ᠎ᠠ ᠪᠠ ᠵᠠᠮ ᠬᠠᠷᠢᠯᠴᠠᠭ᠋ᠠᠨ᠎ᠤ ᠪᠤᠰᠤ ᠰᠢᠯᠵᠢᠮᠡᠯ ᠲᠦᠯᠡᠰᠢᠨ ᠲᠤᠰᠤᠨ ᠮᠧᠬᠠᠨᠢᠭ᠎ᠤᠨ ᠤᠯᠤᠰ᠎ᠤᠨ ᠳᠥᠷᠪᠡᠳᠦᠭᠡᠷ ᠤᠳᠠᠭ᠋ᠠᠨ᠎ᠤ ᠭᠠᠳᠠᠭᠰᠢᠯᠠᠭᠤᠯᠤᠯᠲᠠ ᠵᠢᠨ ᠪᠠᠷᠢᠮᠵᠢᠶ᠎ᠠ ᠵᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠬᠠᠭᠤᠴᠢᠷᠠᠭᠰᠠᠨ ᠮᠠᠰᠢᠨᠲᠤ ᠲᠡᠷᠭᠡ ᠵᠢ ᠤᠷᠢᠳᠴᠢᠯᠠᠨ ᠰᠢᠭᠰᠢᠭᠳᠡᠭᠦᠯᠵᠦ ᠰᠢᠨᠡᠳᠬᠡᠬᠦ ᠵᠢ ᠶᠡᠬᠡ᠎ᠪᠠᠷ ᠠᠬᠢᠭᠤᠯᠤᠨ᠎ᠠ᠃ ᠴᠡᠪᠡᠷ ᠲᠦᠯᠡᠰᠢ ᠵᠢᠨ ᠲᠤᠰᠤᠨ ᠮᠠᠰᠢᠨ᠎ᠤ ᠠᠵᠢᠯᠯᠠᠭ᠋ᠠᠨ᠎ᠢ ᠭᠦᠨᠵᠡᠭᠡᠢ ᠬᠡᠷᠡᠭᠵᠢᠭᠦᠯᠵᠦ᠂ ᠬᠦᠨᠳᠦ ᠬᠡᠯᠪᠡᠷᠢ ᠵᠢᠨ ᠲᠦᠯᠡᠰᠢ ᠵᠢᠨ ᠲᠣᠰᠣᠨ᠎ᠤ ᠪᠠᠷᠠᠭ᠋ᠠᠨ᠎ᠤ ᠲᠡᠷᠭᠡ ᠵᠢ ᠰᠢᠨᠡᠳᠬᠡᠨ ᠰᠣᠯᠢᠬᠤ ᠵᠢ᠎ᠨᠢ ᠵᠣᠷᠢᠭᠵᠢᠭᠤᠯᠤᠨ᠎ᠠ᠃ ᠮᠠᠰᠢᠨ ᠲᠡᠷᠭᠡᠨ᠎ᠤ ᠭᠠᠳᠠᠭᠰᠢᠯᠠᠭᠤᠯᠤᠯᠲᠠ ᠵᠢᠨ ᠰᠢᠯᠭ᠋ᠠᠨ ᠪᠠᠢ᠌ᠴᠠᠭ᠋ᠠᠯᠲᠠ ᠪᠠ ᠬᠠᠮᠠᠭ᠋ᠠᠯᠠᠯᠲᠠ ᠵᠢᠨ ᠳᠦᠷᠢᠮ᠎ᠢ ᠬᠡᠷᠡᠭᠵᠢᠭᠦᠯᠵᠦ᠂ ᠭᠠᠳᠠᠭᠰᠢᠯᠠᠭᠤᠯᠤᠯᠲᠠ ᠶᠡᠬᠡᠲᠡᠢ ᠮᠠᠰᠢᠨ ᠲᠡᠷᠭᠡ ᠵᠢ ᠡᠭᠡᠭᠦᠯᠦᠨ ᠠᠪᠴᠢᠷᠠᠬᠤ ᠬᠠᠮᠢᠶᠠᠷᠤᠯᠲᠠ ᠵᠢ ᠴᠢᠩᠭ᠋ᠠᠳᠬᠠᠨ᠎ᠠ᠃ ᠣᠶᠤᠨᠴᠢ ᠵᠠᠮ ᠬᠠᠷᠢᠯᠴᠠᠭ᠎ᠠ ᠵᠢ ᠶᠡᠬᠡ᠎ᠪᠠᠷ ᠬᠥᠭᠵᠢᠭᠦᠯᠵᠦ᠂ ᠲᠣᠮᠣ ᠳ᠋ᠠᠢ᠌ᠲ᠋ᠠ ᠵᠢ ᠢᠳᠡᠪᠬᠢᠲᠡᠢ ᠬᠡᠷᠡᠭᠯᠡᠨ ᠲᠡᠭᠡᠭᠡᠪᠦᠷᠢ ᠵᠢᠨ ᠵᠣᠬᠢᠶᠠᠨ ᠪᠠᠢ᠌ᠭᠤᠯᠤᠯᠲᠠ ᠵᠢᠨ ᠵᠠᠭᠪᠤᠷ᠎ᠢ ᠰᠢᠯᠢᠳᠡᠭᠵᠢᠭᠦᠯᠦᠨ᠎ᠡ᠃ ᠪᠣᠬᠢᠷᠳᠤᠯ ᠦᠭᠡᠢ ᠬᠦᠮᠦᠷᠭᠡᠯᠡᠯᠲᠡ ᠵᠢ ᠪᠦᠲᠦᠭᠡᠨ ᠪᠠᠢ᠌ᠭᠤᠯᠬᠤ᠎ᠪᠠᠨ ᠲᠦᠷᠭᠡᠳᠬᠡᠵᠦ᠂ ᠪᠣᠬᠢᠷᠳᠤᠯ ᠦᠭᠡᠢ ᠪᠠᠷᠠᠭ᠋ᠠᠨ᠎ᠤ ᠭᠦᠢ᠍ᠯᠭᠡᠭᠡᠨ᠎ᠤ ᠬᠦᠷᠢᠶᠡᠯᠡᠩ ᠲᠣᠭᠣᠷᠢᠭ ᠪᠠᠶ᠋ᠢᠭᠤᠯᠬᠤ ᠵᠢ ᠵᠣᠷᠢᠭᠵᠢᠭᠤᠯᠤᠨ᠎ᠠ᠃ ᠪᠠᠷᠢᠮᠵᠢᠶᠠᠵᠢᠭᠤᠯᠤᠭᠰᠠᠨ ᠪᠠᠷᠠᠭ᠋ᠠᠨ᠎ᠤ ᠭᠦᠢ᠍ᠯᠭᠡᠭᠡᠨ᠎ᠤ ᠡᠷᠭᠢᠯᠲᠡ ᠵᠢᠨ ᠬᠠᠢ᠌ᠷᠴᠠᠭ᠎ᠢ ᠳᠡᠯᠭᠡᠷᠡᠭᠦᠯᠦᠨ ᠬᠡᠷᠡᠭᠯᠡᠬᠦ᠎ᠪᠠᠨ ᠲᠦᠷᠭᠡᠳᠬᠡᠨ᠎ᠡ᠃ ᠪᠣᠬᠢᠷᠳᠤᠯ ᠦᠭᠡᠢ ᠲᠦᠷᠭᠡᠨ ᠬᠦᠷᠭᠡᠯᠲᠡ ᠵᠢᠨ ᠪᠣᠭᠣᠳᠠᠯ ᠪᠠᠭᠯᠠᠭ᠎ᠠ ᠵᠢ ᠪᠥᠬᠥ ᠲᠠᠯ᠎ᠠ᠎ᠪᠠᠷ ᠳᠡᠯᠭᠡᠷᠡᠭᠦᠯᠵᠦ᠂ ᠡᠯᠧᠺᠲᠷᠣᠨ ᠬᠤᠳᠠᠯᠳᠤᠭ᠋ᠠᠨ᠎ᠤ ᠠᠵᠤ ᠠᠬᠤᠢ᠌ᠯᠠᠯ᠂ ᠰᠢᠤᠳᠠᠨ᠎ᠤ ᠲᠦᠷᠭᠡᠨ ᠬᠦᠷᠭᠡᠯᠲᠡ ᠵᠢᠨ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠪᠠᠢ᠌ᠭ᠋ᠠᠳ ᠪᠣᠬᠢᠷᠳᠤᠯ ᠦᠭᠡᠢ ᠭᠡᠷᠡᠴᠢᠯᠡᠯ ᠣᠯᠣᠭᠰᠠᠨ ᠲᠦᠷᠭᠡᠨ ᠬᠦᠷᠭᠡᠯᠲᠡ ᠵᠢᠨ ᠪᠣᠭᠣᠳᠠᠯ ᠪᠠᠭᠯᠠᠭ᠎ᠠ ᠵᠢᠨ ᠦᠢ᠍ᠯᠡᠳᠬᠦᠨ᠎ᠢ   ᠰᠣᠩᠭᠣᠵᠤ ᠬᠤᠳᠠᠯᠳᠤᠨ ᠠᠪᠤᠭᠤᠯᠵᠤ ᠬᠡᠷᠡᠭᠯᠡᠭᠦᠯᠦᠨ᠎ᠡ᠃ 2025 ᠣᠨ ᠪᠣᠯᠬᠤ᠎ᠳᠤ᠂ ᠤᠯᠤᠰ᠎ᠤᠨ ᠭᠤᠷᠪᠠᠳᠤᠭ᠋ᠠᠷ ᠤᠳᠠᠭ᠋ᠠᠨ᠎ᠤ ᠭᠠᠳᠠᠭᠰᠢᠯᠠᠭᠤᠯᠤᠯᠲᠠ ᠵᠢᠨ ᠪᠠᠷᠢᠮᠵᠢᠶ᠎ᠠ ᠵᠢᠴᠢ ᠲᠡᠭᠦᠨ᠎ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶ᠎ᠠ᠎ᠲᠠᠢ ᠲᠦᠯᠡᠰᠢ ᠵᠢᠨ ᠲᠣᠰᠣᠨ᠎ᠤ ᠮᠠᠰᠢᠨ ᠲᠡᠷᠭᠡ ᠵᠢ ᠦᠨᠳᠦᠰᠦᠨ᠎ᠳᠤ᠎ᠪᠠᠨ ᠰᠢᠭᠰᠢᠭᠳᠡᠭᠦᠯᠵᠦ᠂ ᠪᠥᠬᠥ ᠣᠷᠣᠨ᠎ᠤ ᠰᠢᠨ᠎ᠡ ᠡᠨᠧᠷᠭᠢ ᠵᠢᠴᠢ ᠴᠡᠪᠡᠷ ᠡᠨᠧᠷᠭᠢ ᠵᠢᠨ ᠨᠡᠶ᠋ᠢᠲᠡ ᠵᠢᠨ ᠮᠠᠰᠢᠨ ᠲᠡᠷᠭᠡᠨ᠎ᠤ ᠬᠠᠷᠢᠴᠠᠯ᠎ᠢ 80%᠎ᠳᠤ ᠬᠦᠷᠦᠭᠦᠯᠵᠦ᠂ ᠲᠡᠮᠦᠷ ᠵᠠᠮ᠎ᠤᠨ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ ᠵᠢ 2020 ᠣᠨ᠎ᠤ᠎ᠬᠢ᠎ᠠᠴᠠ 10% ᠣᠷᠴᠢᠮ ᠵᠶ᠋ᠠᠷ ᠨᠡᠮᠡᠭᠳᠡᠭᠦᠯᠦᠨ᠎ᠡ﹔ 12 ᠠᠢ᠌ᠮᠠᠭ ᠬᠣᠲᠠ ᠵᠢᠨ ᠭᠣᠣᠯ ᠬᠣᠲᠠ ᠵᠢᠨ ᠲᠣᠭᠣᠷᠢᠭ᠎ᠤᠨ ᠣᠯᠠᠨ ᠨᠡᠶ᠋ᠢᠲᠡ ᠵᠢᠨ ᠵᠠᠮ ᠬᠠᠷᠢᠯᠴᠠᠭ᠎ᠠ᠎ᠪᠠᠷ ᠵᠣᠷᠴᠢᠬᠤ ᠨᠣᠷᠮ᠎ᠠ ᠵᠢ 20%᠎ᠳᠤ ᠬᠦᠷᠦᠭᠦᠯᠵᠦ᠂ ᠬᠣᠲᠠ ᠵᠢᠨ ᠭᠣᠣᠯ ᠲᠣᠭᠣᠷᠢᠭ᠎ᠤᠨ ᠵᠠᠮ ᠬᠠᠷᠢᠯᠴᠠᠭ᠋ᠠᠨ᠎ᠤ ᠪᠣᠬᠢᠷᠳᠤᠯ ᠦᠭᠡᠢ ᠵᠣᠷᠴᠢᠬᠤ ᠨᠣᠷᠮ᠎ᠠ ᠵᠢ 65%᠎ᠳᠤ ᠬᠦᠷᠭᠡᠨ᠎ᠡ᠃ (ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠨᠧᠷᠭᠢ ᠵᠢᠨ ᠲᠣᠪᠴᠢᠶ᠎ᠠ᠂ ᠥᠪᠥᠷ ᠮᠣᠩᠭᠣᠯ᠎ᠤᠨ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ᠂ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ ᠲᠣᠪᠴᠢᠶ᠎ᠠ ᠵᠢᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠵᠢᠢ ᠲᠦᠩ ᠲᠡᠮᠦᠷ ᠵᠠᠮ᠎ᠤᠨ [ᠪᠦᠯᠦᠭᠯᠡᠯ]᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

    (ᠲᠠᠪᠤ) ᠲᠠᠷᠢᠶᠠᠯᠠᠩ ᠮᠠᠯ ᠠᠵᠤ ᠠᠬᠤᠢ ᠵᠢᠨ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠢᠨᠵᠧᠨᠧᠷᠢᠩ᠃ ᠲᠣᠰᠣ ᠠᠷᠪᠢᠯᠠᠬᠤ᠂ ᠣᠷᠴᠢᠨ ᠠᠬᠤᠢ ᠵᠢ ᠬᠠᠮᠠᠭ᠋ᠠᠯᠠᠬᠤ ᠲᠠᠷᠢᠶᠠᠯᠠᠩ᠎ᠤᠨ ᠮᠠᠰᠢᠨ ᠪᠠ ᠲᠥᠬᠦᠭᠡᠷᠦᠮᠵᠢ ᠵᠢ ᠳᠡᠯᠭᠡᠷᠡᠭᠦᠯᠦᠨ ᠬᠡᠷᠡᠭᠯᠡᠵᠦ᠂ ᠡᠨᠧᠷᠭᠢ ᠠᠷᠪᠢᠯᠠᠬᠤ ᠲᠠᠷᠢᠶᠠᠯᠠᠩ᠎ᠤᠨ ᠬᠦᠯᠡᠮᠵᠢ ᠵᠢ ᠬᠥᠭᠵᠢᠭᠦᠯᠦᠨ᠂ ᠬᠥᠳᠡᠭᠡ ᠲᠣᠰᠬᠣᠨ᠎ᠤ ᠣᠷᠣᠨ ᠰᠠᠭᠤᠴᠠ᠎ᠳᠤ ᠰᠢᠨ᠎ᠡ ᠮᠠᠶᠢᠭ᠎ᠤᠨ ᠪᠠᠷᠢᠯᠭ᠎ᠠ ᠵᠢᠨ ᠮᠡᠷᠭᠡᠵᠢᠯ᠂ ᠪᠣᠬᠢᠷᠳᠤᠯ ᠦᠭᠡᠢ ᠪᠠᠷᠢᠯᠭ᠎ᠠ ᠵᠢᠨ ᠮᠠᠲ᠋ᠧᠷᠢᠶᠠᠯ᠂ ᠭᠡᠷᠡᠯ ᠴᠡᠨᠡᠭ ᠵᠶ᠋ᠡᠷ ᠴᠠᠬᠢᠯᠭ᠋ᠠᠨ ᠭᠠᠷᠭ᠋ᠠᠬᠤ ᠰᠢᠰᠲ᠋ᠧᠮ ᠪᠠ ᠴᠡᠪᠡᠷ ᠳᠤᠯᠠᠭ᠋ᠠᠯᠠᠭ᠎ᠠ ᠵᠢᠨ ᠲᠥᠬᠦᠭᠡᠷᠦᠮᠵᠢ ᠬᠡᠷᠡᠭᠯᠡᠬᠦ ᠵᠢ ᠵᠣᠷᠢᠭᠵᠢᠭᠤᠯᠤᠨ᠎ᠠ᠃ ᠬᠥᠳᠡᠭᠡ ᠲᠣᠰᠬᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠠᠬᠤᠢ ᠵᠢ ᠴᠡᠭᠴᠡᠯᠡᠨ ᠰᠠᠢ᠌ᠵᠢᠷᠠᠭᠤᠯᠬᠤ ᠠᠵᠢᠯᠯᠠᠭ᠎ᠠ ᠵᠢ ᠥᠷᠨᠢᠭᠦᠯᠵᠦ᠂ ᠬᠥᠳᠡᠭᠡ ᠲᠣᠰᠬᠣᠨ᠎ᠤ ᠠᠮᠢᠳᠤᠷᠠᠯ᠎ᠤᠨ ᠪᠣᠬᠢᠷ ᠤᠰᠤ ᠬᠣᠭ ᠨᠣᠪᠰᠢ ᠵᠢ ᠰᠢᠢ᠍ᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠂ ᠬᠥᠳᠡᠭᠡ ᠲᠣᠰᠬᠣᠨ᠎ᠤ ᠨᠡᠯᠢᠶᠡᠳ ᠶᠡᠬᠡ ᠪᠣᠬᠢᠷ ᠦᠮᠡᠬᠡᠢ ᠤᠰᠤᠨ ᠴᠣᠭᠴᠠ ᠵᠢ ᠦᠨᠳᠦᠰᠦᠨ᠎ᠳᠤ᠎ᠪᠠᠨ ᠠᠷᠢᠯᠭ᠋ᠠᠵᠤ᠂ ᠲᠣᠰᠬᠣᠨ᠎ᠤ ᠳᠦᠷᠰᠦ ᠪᠠᠢ᠌ᠳᠠᠯ᠎ᠢ ᠮᠡᠳᠡᠭᠳᠡᠬᠦᠢ᠌ᠴᠡ ᠳᠡᠭᠡᠭᠰᠢᠯᠡᠭᠦᠯᠦᠨ᠎ᠡ᠃ ᠲᠠᠷᠢᠶᠠᠯᠠᠩ᠎ᠤᠨ ᠤᠯᠠᠨ ᠡᠬᠢᠲᠦ ᠪᠣᠬᠢᠷᠳᠤᠯ᠎ᠢ ᠰᠡᠷᠭᠡᠢ᠌ᠯᠡᠨ ᠵᠠᠰᠠᠬᠤ ᠠᠵᠢᠯ᠎ᠢ ᠴᠢᠩᠭ᠋ᠠᠳᠬᠠᠵᠤ᠂ ᠬᠢᠮᠢ ᠵᠢᠨ ᠪᠣᠷᠳᠣᠭᠤᠷ ᠬᠢᠮᠢ ᠵᠢᠨ ᠲᠠᠷᠢᠶᠠᠨ ᠡᠮ᠎ᠤᠨ ᠬᠡᠮᠵᠢᠶ᠎ᠡ ᠵᠢ ᠪᠠᠭ᠋ᠠᠰᠬᠠᠬᠤ᠂ ᠡᠰᠢ ᠰᠦᠷᠡᠯ᠎ᠢ ᠶᠡᠷᠦᠩᠬᠡᠢ᠌ᠯᠡᠨ ᠠᠰᠢᠭᠯᠠᠬᠤ ᠵᠢ ᠠᠬᠢᠭᠤᠯᠵᠤ᠂ ᠲᠠᠷᠢᠶᠠᠯᠠᠩ᠎ᠤᠨ ᠵᠤᠯᠤᠮ᠎ᠠ ᠪᠦᠷᠬᠦᠪᠴᠢ ᠪᠠ ᠲᠠᠷᠢᠶᠠᠨ ᠡᠮ᠎ᠤᠨ ᠪᠣᠭᠣᠳᠠᠯ ᠪᠠᠨᠨᠯᠠᠭ᠋ᠠᠨ᠎ᠤ ᠬᠠᠶᠠᠭᠳᠠᠮᠠᠯ ᠪᠣᠳᠠᠰ᠎ᠢ ᠬᠣᠷᠢᠶᠠᠨ ᠠᠪᠴᠤ ᠰᠢᠢ᠍ᠳᠪᠦᠷᠢᠯᠡᠬᠦ ᠠᠵᠢᠯ᠎ᠢ ᠲᠦᠷᠭᠡᠳᠬᠡᠨ᠎ᠡ᠃ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ᠵᠢᠨ ᠮᠠᠯ ᠵᠢᠭᠦᠷᠲᠡᠨ᠎ᠤ ᠰᠢᠭᠢᠭ ᠰᠠᠩᠭ᠋ᠠᠰᠤᠨ᠎ᠤ ᠪᠣᠬᠢᠷᠳᠤᠯ᠎ᠢ ᠶᠡᠷᠦᠩᠬᠡᠢ᠌ᠯᠡᠨ ᠠᠰᠢᠭᠯᠠᠬᠤ ᠵᠢ ᠭᠦᠨᠵᠡᠭᠡᠢ ᠠᠬᠢᠭᠤᠯᠤᠨ᠎ᠠ᠃ 2025 ᠣᠨ ᠪᠣᠯᠬᠤ᠎ᠳᠤ᠂ ᠬᠥᠳᠡᠭᠡ ᠲᠣᠰᠬᠣᠨ᠎ᠤ ᠠᠮᠢᠳᠤᠷᠠᠯ᠎ᠤᠨ ᠪᠣᠬᠢᠷ ᠤᠰᠤ ᠵᠢ ᠵᠠᠰᠠᠵᠤ ᠰᠢᠢ᠍ᠳᠪᠦᠷᠢᠯᠡᠭᠰᠡᠨ ᠨᠣᠷᠮ᠎ᠠ ᠵᠢ 32% ᠣᠷᠴᠢᠮ᠎ᠳᠤ ᠬᠦᠷᠦᠭᠦᠯᠵᠦ᠂ ᠡᠰᠢ ᠰᠦᠷᠡᠯ᠎ᠢ ᠶᠡᠷᠦᠩᠬᠡᠢ᠌ᠯᠡᠨ ᠠᠰᠢᠭᠯᠠᠭᠰᠠᠨ ᠨᠣᠷᠮ᠎ᠠ ᠵᠢ 90%᠎ᠠᠴᠠ ᠳᠡᠭᠡᠭᠰᠢ᠎ᠳᠤ ᠲᠣᠭᠲᠠᠪᠤᠷᠢᠵᠢᠭᠤᠯᠵᠤ᠂ ᠭᠣᠣᠯ ᠪᠣᠯᠬᠤ ᠲᠠᠷᠢᠮᠠᠯ᠎ᠤᠨ ᠬᠢᠮᠢ ᠵᠢᠨ ᠪᠣᠷᠳᠣᠭᠤᠷ᠂ ᠲᠠᠷᠢᠶᠠᠨ ᠡᠮ ᠠᠰᠢᠭᠯᠠᠬᠤ ᠨᠣᠷᠮ᠎ᠠ ᠵᠢ ᠴᠥᠮ 43%᠎ᠠᠴᠠ ᠳᠡᠭᠡᠭᠰᠢ᠎ᠳᠤ ᠬᠦᠷᠦᠭᠦᠯᠵᠦ᠂ ᠮᠠᠯ ᠵᠢᠭᠦᠷᠲᠡᠨ᠎ᠤ ᠰᠢᠭᠢᠭ ᠰᠠᠩᠭ᠋ᠠᠰᠤᠨ᠎ᠤ ᠪᠣᠬᠢᠷᠳᠤᠯ᠎ᠢ ᠶᠡᠷᠦᠩᠬᠡᠢ᠌ᠯᠡᠨ ᠠᠰᠢᠭᠯᠠᠭᠰᠠᠨ ᠨᠣᠷᠮ᠎ᠠ ᠵᠢ 84%᠎ᠠᠴᠠ ᠳᠡᠭᠡᠭᠰᠢ᠎ᠳᠤ ᠬᠦᠷᠦᠭᠦᠯᠵᠦ᠂ ᠪᠣᠬᠢᠷᠳᠤᠯ ᠦᠭᠡᠢ ᠰᠡᠷᠭᠡᠢ᠌ᠯᠡᠨ ᠡᠵᠡᠮᠳᠡᠬᠦ᠂ ᠨᠢᠭᠡᠳᠦᠯᠲᠡᠢ ᠰᠡᠷᠭᠡᠢ᠌ᠯᠡᠨ ᠵᠠᠰᠠᠬᠤ ᠪᠦᠷᠬᠦᠴᠡ ᠵᠢ ᠲᠣᠰ ᠲᠣᠰ 55%᠂ 45%᠎ᠳᠤ ᠬᠦᠷᠦᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠡᠨᠧᠷᠭᠢ ᠵᠢᠨ ᠲᠣᠪᠴᠢᠶ᠎ᠠ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

     (ᠵᠢᠷᠭᠤᠭ᠎ᠠ) ᠣᠯᠠᠨ ᠨᠡᠶ᠋ᠢᠲᠡ ᠵᠢᠨ ᠪᠠᠢ᠌ᠭᠤᠯᠤᠮᠵᠢ ᠵᠢᠨ ᠡᠨᠧᠷᠭᠢ ᠵᠢᠨ ᠠᠰᠢᠭᠯᠠᠮᠵᠢ ᠵᠢ ᠳᠡᠭᠡᠭᠰᠢᠯᠡᠭᠦᠯᠬᠦ ᠢᠨᠵᠧᠨᠧᠷᠢᠩ᠃ ᠣᠯᠠᠨ ᠨᠡᠶ᠋ᠢᠲᠡ ᠵᠢᠨ ᠪᠠᠢ᠌ᠭᠤᠯᠤᠮᠵᠢ ᠵᠢᠨ ᠨᠢᠭᠡᠨᠲᠡ ᠪᠠᠢ᠌ᠭ᠎ᠠ ᠪᠠᠷᠢᠯᠭ᠎ᠠ ᠵᠢᠨ ᠪᠦᠲᠦᠴᠡ ᠵᠢ ᠬᠦᠷᠢᠶᠡᠯᠡᠨ ᠬᠠᠮᠠᠭ᠋ᠠᠯᠠᠬᠤ᠂ ᠢᠯᠴᠢ ᠬᠠᠩᠭ᠋ᠠᠬᠤ᠂ ᠬᠥᠯᠳᠡᠭᠡᠬᠦ᠂ ᠭᠡᠷᠡᠯᠲᠦᠭᠦᠯᠬᠦ ᠵᠡᠷᠭᠡ ᠪᠡᠯᠡᠳᠬᠡᠮᠵᠢ ᠲᠥᠬᠦᠭᠡᠷᠦᠮᠵᠢ ᠵᠢᠨ ᠡᠨᠧᠷᠭᠢ ᠠᠷᠪᠢᠯᠠᠬᠤ ᠥᠭᠡᠷᠡᠴᠢᠯᠡᠯᠲᠡ ᠵᠢ ᠲᠦᠷᠭᠡᠳᠬᠡᠵᠦ᠂ ᠡᠨᠧᠷᠭᠢ ᠠᠷᠪᠢᠯᠠᠬᠤ ᠰᠢᠨ᠎ᠡ ᠦᠢ᠍ᠯᠡᠳᠬᠦᠨ ᠰᠢᠨ᠎ᠡ ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠨ᠎ᠡ᠃ ᠣᠯᠠᠨ ᠨᠡᠶ᠋ᠢᠲᠡ ᠵᠢᠨ ᠪᠠᠢ᠌ᠭᠤᠯᠤᠮᠵᠢ ᠵᠢᠨ ᠡᠨᠧᠷᠭᠢ ᠠᠷᠪᠢᠯᠠᠬᠤ ᠬᠠᠮᠢᠶᠠᠷᠤᠯᠲᠠ ᠵᠢᠨ ᠵᠠᠭᠪᠤᠷ᠎ᠲᠤ ᠰᠢᠨ᠎ᠡ ᠵᠢ ᠡᠭᠦᠳᠴᠦ᠂ ᠡᠨᠧᠷᠭᠢ ᠵᠢᠨ ᠵᠠᠷᠤᠳᠠᠯ᠎ᠢ ᠨᠠᠢ᠌ᠳᠠᠨ ᠬᠠᠮᠢᠶᠠᠷᠤᠭᠤᠯᠬᠤ ᠵᠡᠷᠭᠡ ᠭᠡᠷᠡᠲᠦ ᠡᠨᠧᠷᠭᠢ ᠵᠢᠨ ᠬᠠᠮᠢᠶᠠᠷᠤᠯᠲᠠ ᠵᠢᠨ ᠵᠠᠭᠪᠤᠷ ᠬᠡᠷᠡᠭᠯᠡᠬᠦ ᠵᠢ ᠵᠣᠷᠢᠭᠵᠢᠭᠤᠯᠤᠨ᠎ᠠ᠃ ᠤᠯᠠᠨ ᠨᠡᠶ᠋ᠢᠲᠡ ᠵᠢᠨ ᠪᠠᠢ᠌ᠭᠤᠯᠤᠮᠵᠢ ᠵᠢᠨ ᠠᠯᠪᠠᠨ ᠠᠵᠢᠯ ᠠᠮᠢᠳᠤᠷᠠᠯ᠎ᠳᠤ ᠬᠡᠷᠡᠭᠯᠡᠬᠦ ᠡᠨᠧᠷᠭᠢ ᠵᠢ ᠴᠡᠪᠡᠷᠰᠢᠭᠦᠯᠬᠦ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠨᠡᠷᠡᠨ᠎ᠤ ᠡᠨᠧᠷᠭᠢ᠂ ᠰᠠᠯᠬᠢᠨ᠎ᠤ ᠡᠨᠧᠷᠭᠢ ᠵᠡᠷᠭᠡ ᠴᠡᠪᠡᠷ ᠡᠨᠧᠷᠭᠢ ᠵᠢ ᠳᠡᠯᠭᠡᠷᠡᠭᠦᠯᠦᠨ ᠬᠡᠷᠡᠭᠯᠡᠨ᠎ᠡ᠃ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠋ᠠᠲᠠᠢ ᠮᠡᠷᠭᠡᠵᠢᠯ᠎ᠤᠨ ᠬᠡᠷᠡᠭᠯᠡᠭᠡᠨ᠎ᠤ ᠵᠢᠱ᠌ᠢᠶ᠎ᠡ ᠦᠵᠡᠭᠦᠯᠦᠭᠰᠡᠨ ᠬᠡᠷᠡᠭ᠎ᠤᠨ ᠵᠢᠱ᠌ᠢᠶ᠎ᠡ ᠵᠢᠨ ᠤᠬᠠᠭᠤᠯᠭ᠎ᠠ ᠵᠢ ᠢᠳᠡᠪᠬᠢᠲᠡᠢ ᠥᠷᠨᠢᠭᠦᠯᠵᠦ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠋ᠠᠲᠠᠢ ᠮᠡᠷᠭᠡᠵᠢᠯ᠎ᠤᠨ ᠬᠡᠷᠡᠭᠯᠡᠭᠡᠨ᠎ᠢ ᠠᠬᠢᠭᠤᠯᠤᠨ᠎ᠠ᠃ ᠡᠨᠧᠷᠭᠢ ᠠᠷᠪᠢᠯᠠᠵᠤ ᠣᠷᠴᠢᠨ ᠠᠬᠤᠢ ᠵᠢ ᠬᠠᠮᠠᠭ᠋ᠠᠯᠠᠬᠤ ᠦᠢ᠍ᠯᠡᠳᠬᠦᠨ᠎ᠢ ᠤᠷᠢᠳ ᠵᠶ᠋ᠠᠷ ᠬᠤᠳᠠᠯᠳᠤᠨ ᠠᠪᠤᠭᠤᠯᠬᠤ ᠪᠠ ᠠᠯᠪᠠᠳᠠᠯᠭ᠎ᠠ᠎ᠪᠠᠷ ᠬᠤᠳᠠᠯᠳᠤᠨ ᠠᠪᠤᠭᠤᠯᠬᠤ ᠳᠦᠷᠢᠮ᠎ᠢ ᠴᠢᠩᠭ᠎ᠠ ᠬᠡᠷᠡᠭᠵᠢᠭᠦᠯᠵᠦ᠂ ᠣᠯᠠᠨ ᠨᠡᠶ᠋ᠢᠲᠡ ᠵᠢᠨ ᠪᠠᠢ᠌ᠭᠤᠯᠤᠮᠵᠢ᠎ᠨᠤᠭᠤᠳ ᠡᠨᠧᠷᠭᠢ ᠠᠷᠪᠢᠯᠠᠬᠤ᠂ ᠨᠡᠭᠦᠷᠡᠰᠦᠲᠥ᠋ᠷᠥᠭᠴᠢ ᠪᠠᠭ᠋ᠠᠲᠠᠢ᠂ ᠤᠷᠴᠢᠯᠳᠤᠭᠤᠯᠵᠦ ᠪᠠᠢ᠌ᠭ᠋ᠠᠳ ᠳᠠᠬᠢᠨ ᠠᠰᠢᠭᠯᠠᠵᠤ ᠪᠣᠯᠬᠣ ᠵᠡᠷᠭᠡ ᠪᠣᠬᠢᠷᠳᠤᠯ ᠦᠭᠡᠢ ᠦᠢ᠍ᠯᠡᠳᠬᠦᠨ᠎ᠢ ᠲᠦᠷᠦᠭᠦᠯᠡᠵᠦ ᠬᠤᠳᠠᠯᠳᠤᠨ ᠠᠪᠤᠨ᠎ᠠ᠃ ᠶᠠᠭᠤᠨ᠎ᠤ ᠤᠷᠢᠳ ᠬᠠᠭᠤᠴᠢᠷᠠᠭᠰᠠᠨ ᠮᠠᠰᠢᠨ ᠲᠡᠷᠭᠡ ᠵᠢ ᠰᠢᠭᠰᠢᠭᠳᠡᠭᠦᠯᠵᠦ᠂ ᠶᠠᠭᠤᠨ᠎ᠤ ᠤᠷᠢᠳ ᠡᠨᠧᠷᠭᠢ ᠠᠷᠪᠢᠯᠠᠬᠤ ᠪᠠ ᠰᠢᠨ᠎ᠡ ᠡᠨᠧᠷᠭᠢ ᠵᠢᠨ ᠮᠠᠰᠢᠨ ᠲᠡᠷᠭᠡ ᠵᠢ ᠬᠤᠳᠠᠯᠳᠤᠨ ᠠᠪᠴᠤ ᠬᠡᠷᠡᠭᠯᠡᠨ᠂ ᠰᠢᠨ᠎ᠡ᠎ᠪᠠᠷ ᠪᠠᠶ᠋ᠢᠭᠤᠯᠬᠤ ᠪᠠ ᠨᠢᠭᠡᠨᠲᠡ ᠪᠠᠢ᠌ᠭ᠎ᠠ ᠲᠡᠷᠭᠡᠨ ᠵᠣᠭᠰᠣᠭ᠋ᠠᠯ᠎ᠤᠨ ᠭᠠᠵᠠᠷ᠎ᠲᠤ ᠴᠠᠬᠢᠯᠭ᠋ᠠᠨ ᠬᠥᠳᠡᠯᠭᠡᠭᠦᠷᠲᠦ ᠮᠠᠰᠢᠨ ᠲᠡᠷᠭᠡᠨ᠎ᠤ ᠴᠠᠬᠢᠯᠭ᠋ᠠᠨ ᠴᠡᠨᠡᠭᠯᠡᠬᠦ ᠪᠡᠯᠡᠳᠬᠡᠮᠵᠢ ᠲᠣᠬᠢᠷᠠᠭᠤᠯᠬᠤ ᠪᠤᠶᠤ ᠴᠠᠬᠢᠯᠭ᠋ᠠᠨ ᠴᠡᠨᠡᠭᠯᠡᠬᠦ ᠪᠡᠯᠡᠳᠬᠡᠮᠵᠢ ᠵᠢᠨ ᠤᠭᠰᠠᠷᠠᠬᠤ ᠨᠥᠬᠥᠴᠡᠯ᠎ᠢ ᠤᠷᠢᠳᠴᠢᠯᠠᠨ ᠪᠦᠷᠢᠳᠦᠭᠦᠯᠦᠨ᠎ᠡ᠃ ᠡᠨᠧᠷᠭᠢ ᠠᠷᠪᠢᠯᠠᠬᠤ ᠥᠨᠳᠥᠷ ᠪᠦᠲᠦᠮᠵᠢᠲᠡᠶ ᠠᠯᠪᠠᠨ ᠠᠵᠢᠯ᠎ᠤᠨ ᠲᠥᠬᠦᠭᠡᠷᠦᠮᠵᠢ ᠵᠢ ᠢᠳᠡᠪᠬᠢᠲᠡᠢ᠎ᠪᠠᠷ ᠳᠡᠯᠭᠡᠷᠡᠭᠦᠯᠵᠦ᠂ ᠠᠭ᠋ᠠᠷ ᠵᠤᠬᠢᠴᠠᠭᠤᠯᠤᠭᠤᠷ᠂ ᠴᠠᠬᠢᠯᠭ᠋ᠠᠨ ᠱᠠᠲᠤ ᠵᠡᠷᠭᠡ ᠡᠨᠧᠷᠭᠢ ᠬᠣᠷᠣᠭᠳᠠᠭᠤᠯᠬᠤ ᠲᠥᠬᠦᠭᠡᠷᠦᠮᠵᠢ ᠵᠢ ᠵᠦᠢ ᠵᠣᠬᠢᠰᠲᠠᠢ᠎ᠪᠠᠷ ᠬᠡᠷᠡᠭᠯᠡᠨ᠎ᠡ᠃ ᠵᠢᠱ᠌ᠢᠶ᠎ᠡ ᠦᠵᠡᠬᠦᠯᠬᠦ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠠᠷᠪᠢᠯᠠᠨ ᠭᠠᠮᠨᠠᠬᠤ ᠬᠡᠯᠪᠡᠷᠢ ᠪᠦᠬᠦᠢ ᠣᠯᠠᠨ ᠨᠡᠶ᠋ᠢᠲᠡ ᠵᠢᠨ ᠪᠠᠢ᠌ᠭᠤᠯᠤᠮᠵᠢ ᠵᠢᠨ ᠵᠢᠱ᠌ᠢᠶ᠎ᠡ ᠦᠵᠡᠭᠦᠯᠬᠦ ᠨᠢᠭᠡᠴᠢ ᠵᠢ ᠡᠭᠦᠳᠦᠨ ᠪᠠᠶ᠋ᠢᠭᠤᠯᠬᠤ ᠪᠠ ᠡᠨᠧᠷᠭᠢ ᠵᠢᠨ ᠠᠰᠢᠭᠯᠠᠮᠵᠢ ᠵᠢᠨ

《ᠳᠠᠭ᠋ᠠᠭᠤᠯᠤᠭᠴᠢ》 ᠵᠢ ᠢᠳᠡᠪᠬᠢᠲᠡᠢ᠎ᠪᠠᠷ ᠰᠢᠯᠢᠨ ᠰᠣᠩᠭᠣᠨ᠎ᠠ᠃ 2025 ᠣᠨ ᠪᠣᠯᠬᠤ᠎ᠳᠤ᠂ 80%᠎ᠠᠴᠠ ᠳᠡᠭᠡᠭᠰᠢᠬᠢ ᠨᠠᠮ ᠵᠠᠰᠠᠭ᠎ᠤᠨ ᠪᠠᠢ᠌ᠭᠤᠯᠭ᠎ᠠ ᠵᠢ ᠠᠷᠪᠢᠯᠠᠨ ᠭᠠᠮᠨᠠᠬᠤ ᠬᠡᠯᠪᠡᠷᠢ ᠪᠦᠬᠦᠢ ᠪᠠᠢ᠌ᠭᠤᠯᠭ᠎ᠠ ᠪᠣᠯᠭ᠋ᠠᠨ ᠡᠭᠦᠳᠦᠨ ᠪᠠᠶ᠋ᠢᠭᠤᠯᠬᠤ᠎ᠪᠠᠷ ᠴᠢᠷᠮᠠᠢ᠌ᠵᠤ᠂ ᠣᠯᠠᠨ ᠨᠡᠶ᠋ᠢᠲᠡ ᠵᠢᠨ ᠪᠠᠢ᠌ᠭᠤᠯᠤᠮᠵᠢ ᠵᠢᠨ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ᠎ᠢ᠎ᠨᠢ ᠭᠦᠢ᠍ᠴᠡᠳ ᠪᠠᠳᠠᠷᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠲᠣᠪᠴᠢᠶ᠎ᠠ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠪᠡᠶ᠎ᠡ ᠵᠢᠨ ᠲᠠᠮᠢᠷ᠎ᠤᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

    (ᠲᠤᠯᠤᠭ᠎ᠠ) ᠭᠣᠣᠯᠳᠠᠯᠭ᠎ᠠ᠎ᠲᠠᠢ ᠣᠷᠣᠨ ᠪᠦᠰᠡ ᠵᠢᠨ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠢᠨᠵᠧᠨᠧᠷᠢᠩ᠃ ᠠᠭ᠋ᠠᠷ ᠮᠠᠨᠳᠠᠯ᠎ᠤᠨ ᠪᠣᠬᠢᠷᠳᠤᠯ᠎ᠢ ᠰᠡᠷᠭᠡᠢ᠌ᠯᠡᠨ ᠵᠠᠰᠠᠬᠤ ᠭᠣᠣᠯᠳᠠᠯᠭ᠎ᠠ᠎ᠲᠠᠢ ᠣᠷᠣᠨ ᠪᠦᠰᠡ ᠵᠢᠨ ᠨᠠᠮᠤᠷ ᠡᠪᠦᠯ᠎ᠤᠨ ᠤᠯᠠᠷᠢᠯ᠎ᠳᠠᠬᠢ ᠪᠣᠭᠣᠮᠲᠠ ᠰᠢᠪᠲᠤᠯᠬᠤ ᠠᠵᠢᠯᠯᠠᠭ᠋ᠠᠨ᠎ᠢ ᠦᠷᠭᠦᠯᠵᠢᠯᠡᠨ ᠠᠬᠢᠭᠤᠯᠵᠤ᠂ ᠭᠣᠣᠯᠳᠠᠯᠭ᠎ᠠ᠎ᠲᠠᠢ ᠠᠵᠢᠯ ᠲᠦᠷᠦᠯ᠎ᠤᠨ ᠪᠦᠲᠦᠴᠡ ᠵᠢ ᠲᠣᠬᠢᠷᠠᠭᠤᠯᠬᠤ ᠪᠠ ᠪᠣᠬᠢᠷᠳᠤᠯ᠎ᠢ ᠵᠠᠰᠠᠬᠤ ᠡᠷᠴᠢᠮ ᠵᠶ᠋ᠠᠨ ᠴᠢᠩᠭ᠋ᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠳᠤᠮᠳᠠ ᠪᠠ ᠪᠠᠷᠠᠭᠤᠨ ᠪᠡᠶ᠎ᠡ ᠵᠢᠨ ᠭᠠᠵᠠᠷ ᠣᠷᠣᠨ ᠵᠶ᠋ᠠᠷ ᠭᠣᠣᠯᠳᠠᠯᠭ᠎ᠠ ᠪᠣᠯᠭ᠋ᠠᠵᠤ᠂ ᠳᠡᠭᠳᠡᠮᠡᠬᠡᠢ ᠴᠢᠨᠠᠷᠲᠠᠢ ᠣᠷᠭ᠋ᠠᠨᠢᠭ ᠪᠣᠳᠠᠰ ᠪᠠ ᠠᠽᠣᠲ᠎ᠤᠨ ᠢᠰᠦᠮᠡᠭ᠎ᠤᠨ ᠭᠠᠳᠠᠭᠰᠢᠯᠠᠭᠤᠯᠤᠯᠲᠠ ᠵᠢ ᠬᠠᠮᠵᠢᠯᠴᠠᠭᠤᠯᠤᠨ ᠪᠠᠭ᠋ᠠᠰᠬᠠᠬᠤ ᠠᠵᠢᠯ᠎ᠢ ᠬᠦᠴᠦᠯᠡᠨ ᠠᠬᠢᠭᠤᠯᠵᠤ᠂ ᠵᠢᠵᠢᠭ ᠮᠥᠬᠥᠯᠢᠭᠲᠦ ᠪᠣᠳᠠᠰ ᠪᠠ ᠣᠽᠣᠨ᠎ᠢ ᠬᠠᠮᠵᠢᠯᠴᠠᠨ ᠡᠵᠡᠮᠳᠡᠬᠦ᠎ᠪᠠᠨ ᠴᠢᠩᠭ᠋ᠠᠳᠬᠠᠨ᠎ᠠ᠃ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠬᠣᠲᠠ ᠪᠠᠯᠭ᠋ᠠᠰᠤᠨ᠎ᠤ ᠪᠣᠬᠢᠷ ᠤᠰᠤ ᠬᠣᠭ ᠨᠣᠪᠰᠢ ᠵᠢ ᠰᠢᠢ᠍ᠳᠪᠦᠷᠢᠯᠡᠬᠦ ᠪᠠ ᠠᠵᠤ ᠦᠢ᠍ᠯᠡᠳᠪᠦᠷᠢ᠂ ᠲᠠᠷᠢᠶᠠᠯᠠᠩ᠎ᠤᠨ ᠣᠯᠠᠨ ᠡᠬᠢᠲᠦ᠂ ᠦᠯᠡᠳᠡᠭᠳᠡᠯ ᠰᠢᠬᠠᠳᠠᠰᠤ ᠵᠢᠨ ᠠᠭᠤᠷᠬᠠᠢ ᠲᠠᠯᠠᠪᠠᠢ ᠵᠡᠷᠭᠡ ᠪᠣᠬᠢᠷᠳᠤᠯ᠎ᠢ ᠵᠠᠰᠠᠬᠤ ᠢᠨᠵᠧᠨᠧᠷᠢᠩ᠎ᠢ ᠯᠠᠪᠳᠠᠭᠤᠨ ᠪᠠᠲᠤᠲᠠᠢ ᠠᠬᠢᠭᠤᠯᠵᠤ᠂ ᠬᠠᠲᠤᠨ ᠭᠣᠣᠯ᠎ᠤᠨ ᠠᠮᠢ ᠠᠬᠤᠢ ᠵᠢ ᠬᠠᠮᠠᠭ᠋ᠠᠯᠠᠵᠤ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠬᠦᠴᠦᠯᠡᠨ ᠰᠠᠢ᠌ᠲᠤᠷ ᠬᠢᠨ᠎ᠡ﹔ ᠤᠰᠤ ᠠᠷᠪᠢᠯᠠᠬᠤ ᠪᠠ ᠡᠵᠡᠮᠳᠡᠬᠦ ᠭᠦᠨᠴᠡ᠎ᠲᠠᠢ ᠠᠵᠢᠯᠯᠠᠭ᠋ᠠᠨ᠎ᠢ ᠬᠡᠷᠡᠭᠵᠢᠭᠦᠯᠦᠨ᠂ ᠴᠢᠬᠤᠯᠠ ᠰᠠᠯᠪᠤᠷᠢ ᠤᠷᠤᠰᠬᠠᠯ᠎ᠤᠨ ᠪᠣᠬᠢᠷᠳᠤᠯ᠎ᠢ ᠵᠠᠰᠠᠬᠤ ᠎ᠪᠠᠨ ᠴᠢᠩᠭ᠋ᠠᠳᠬᠠᠵᠤ᠂ ᠭᠣᠣᠯ ᠤᠷᠤᠭᠤ ᠪᠣᠬᠢᠷᠳᠤᠯ ᠭᠠᠳᠠᠭᠰᠢᠯᠠᠭᠤᠯᠬᠤ ᠠᠮᠠᠰᠠᠷ᠎ᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠠᠵᠢᠯ᠎ᠢ ᠥᠷᠨᠢᠭᠦᠯᠵᠦ᠂ 2025 ᠣᠨ ᠪᠣᠯᠬᠤ᠎ᠳᠤ᠂ ᠬᠠᠲᠤᠨ ᠭᠣᠣᠯ᠎ᠤᠨ ᠭᠣᠣᠯ ᠤᠷᠤᠰᠬᠠᠯ᠎ᠤᠨ ᠤᠰᠤᠨ᠎ᠤ ᠴᠢᠨᠠᠷ᠎ᠢ Ⅱ ᠲᠥᠷᠥᠯ᠎ᠳᠤ ᠬᠦᠷᠦᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠡᠨᠧᠷᠭᠢ ᠵᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

     (ᠨᠠᠢ᠍ᠮᠠ) ᠨᠡᠭᠦᠷᠡᠰᠦ ᠵᠢ ᠴᠡᠪᠡᠷᠰᠢᠭᠦᠯᠦᠨ ᠥᠨᠳᠥᠷ ᠪᠦᠲᠦᠮᠵᠢᠲᠡᠶ ᠠᠰᠢᠭᠯᠠᠬᠤ ᠢᠨᠵᠧᠨᠧᠷᠢᠩ᠃ ᠥᠪᠥᠷ ᠮᠣᠩᠭᠣᠯ᠎ᠤᠨ ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ ᠪᠣᠯᠬᠤ ᠪᠠᠢ᠌ᠷᠢ ᠲᠣᠭᠲᠠᠭ᠋ᠠᠯᠲᠠ᠎ᠳᠤ ᠰᠠᠭᠤᠷᠢᠯᠠᠨ᠂ ᠤᠯᠤᠰ᠎ᠤᠨ ᠡᠨᠧᠷᠭᠢ ᠵᠢᠨ ᠠᠮᠤᠷ ᠲᠦᠪᠰᠢᠨ᠂ ᠴᠠᠬᠢᠯᠭ᠋ᠠᠨ ᠬᠦᠴᠦᠨ᠎ᠤ ᠬᠠᠩᠭ᠋ᠠᠯᠭ᠎ᠠ ᠵᠢᠨ ᠠᠮᠤᠷ ᠲᠦᠪᠰᠢᠨ᠎ᠢ ᠪᠠᠲᠤᠯᠠᠭᠰᠠᠨ ᠤᠷᠢᠲᠠᠯ ᠳᠣᠣᠷ᠎ᠠ᠂ ᠤᠷᠢᠳ ᠵᠶ᠋ᠠᠷ ᠲᠣᠭᠲᠠᠭ᠋ᠠᠵᠤ ᠳᠠᠷᠠᠭ᠎ᠠ᠎ᠨᠢ ᠬᠦᠴᠦᠨ ᠦᠭᠡᠢ ᠪᠤᠯᠭ᠋ᠠᠬᠤ ᠵᠢ ᠪᠠᠷᠢᠮᠲᠠᠯᠠᠨ᠂ ᠨᠡᠭᠦᠷᠡᠰᠦᠨ᠎ᠤ ᠬᠡᠷᠡᠭᠯᠡᠭᠡᠨ᠎ᠤ ᠨᠡᠮᠡᠭᠳᠡᠯ᠎ᠢ ᠴᠢᠩᠭ᠎ᠠ ᠪᠥᠭᠡᠳ ᠵᠦᠢ ᠵᠣᠬᠢᠰᠲᠠᠢ ᠬᠢᠵᠠᠭ᠋ᠠᠷᠯᠠᠵᠤ᠂ ᠨᠡᠭᠦᠷᠡᠰᠦ ᠵᠢ ᠴᠡᠪᠡᠷᠰᠢᠭᠦᠯᠦᠨ ᠥᠨᠳᠥᠷ ᠪᠦᠲᠦᠮᠵᠢᠲᠡᠶ ᠠᠰᠢᠭᠯᠠᠬᠤ ᠵᠢ ᠰᠠᠢ᠌ᠲᠤᠷ ᠠᠳᠬᠤᠨ᠂ ᠪᠠᠢ᠌ᠭ᠎ᠠ ᠨᠡᠭᠦᠷᠡᠰᠦ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠨᠡᠭᠦᠷᠡᠰᠦ ᠵᠢ ᠠᠷᠪᠢᠯᠠᠵᠤ ᠨᠡᠭᠦᠷᠡᠰᠦᠨ᠎ᠤ ᠬᠣᠷᠣᠭᠳᠠᠯ᠎ᠢ ᠪᠠᠭ᠋ᠠᠰᠬᠠᠬᠤ ᠥᠭᠡᠷᠡᠴᠢᠯᠡᠯᠲᠡ᠂ ᠢᠯᠴᠢ ᠬᠠᠩᠭ᠋ᠠᠬᠤ ᠥᠭᠡᠷᠡᠴᠢᠯᠡᠯᠲᠡ᠂ ᠠᠮᠢᠳᠤᠯᠢᠭ ᠴᠢᠨᠠᠷᠲᠠᠢ ᠥᠭᠡᠷᠡᠴᠢᠯᠡᠯᠲᠡ ᠵᠢᠨ 《ᠭᠤᠷᠪᠠᠨ ᠥᠭᠡᠷᠡᠴᠢᠯᠡᠯᠲᠡ ᠵᠢᠨ ᠬᠣᠯᠪᠤᠭ᠋ᠠᠯᠠᠨ ᠬᠥᠳᠡᠯᠦᠯᠴᠡᠬᠦ》 ᠵᠢ ᠯᠠᠪᠳᠠᠭᠤᠨ ᠪᠥᠭᠡᠳ ᠡᠮᠬᠢ ᠵᠢᠷᠤᠮ᠎ᠲᠠᠢ ᠠᠬᠢᠭᠤᠯᠵᠤ᠂ ᠨᠡᠭᠦᠷᠡᠰᠦ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠬᠡᠲᠦ ᠳᠣᠣᠷ᠎ᠠ ᠭᠠᠳᠠᠭᠰᠢᠯᠠᠭᠤᠯᠤᠯᠲᠠ ᠵᠢᠨ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠤᠨ᠎ᠠ᠃ ᠨᠡᠭᠦᠷᠡᠰᠦ ᠰᠢᠲᠠᠭ᠋ᠠᠬᠤ ᠵᠢᠵᠢᠭ ᠲᠣᠭᠣᠭ᠋ᠠᠲᠤ ᠵᠤᠤᠬ᠎ᠠ ᠪᠠ ᠨᠡᠭᠦᠷᠡᠰᠦ ᠰᠢᠲᠠᠭ᠋ᠠᠬᠤ ᠢᠯᠴᠢ ᠴᠠᠬᠢᠯᠭ᠋ᠠᠨ᠎ᠤ ᠬᠣᠴᠤᠷᠤᠩᠭᠤᠢ ᠦᠢ᠍ᠯᠡᠳᠪᠦᠷᠢ (ᠪᠡᠯᠡᠳᠬᠡᠯ ᠴᠠᠬᠢᠯᠭ᠋ᠠᠨ᠎ᠤ ᠦᠢ᠍ᠯᠡᠳᠪᠦᠷᠢ ᠪᠠᠭᠲᠠᠨ᠎ᠠ) ᠵᠢ ᠰᠢᠭᠰᠢᠭᠳᠡᠭᠦᠯᠬᠦ ᠡᠷᠴᠢᠮ ᠵᠶ᠋ᠠᠨ ᠨᠡᠮᠡᠭᠳᠡᠭᠦᠯᠦᠨ᠎ᠡ᠂ 30 ᠲᠦᠮᠡᠨ ᠺᠢᠯᠣᠸᠠᠲ ᠵᠢᠴᠢ ᠲᠡᠭᠦᠨ᠎ᠠᠴᠠ ᠳᠡᠭᠡᠭᠰᠢᠬᠢ ᠢᠯᠴᠢ ᠴᠠᠬᠢᠯᠭ᠋ᠠᠨ᠎ᠢ ᠵᠡᠷᠭᠡ᠎ᠪᠠᠷ ᠭᠠᠷᠭ᠋ᠠᠬᠤ ᠴᠠᠬᠢᠯᠭ᠋ᠠᠨ᠎ᠤ ᠦᠢ᠍ᠯᠡᠳᠪᠦᠷᠢ ᠵᠢᠨ ᠢᠯᠴᠢ ᠬᠠᠩᠭ᠋ᠠᠬᠤ ᠷᠠᠳᠢᠤᠰ᠎ᠨᠢ 15 ᠺᠢᠯᠣᠮᠧᠲᠷ᠎ᠤᠨ ᠬᠡᠪᠴᠢᠶᠡᠨ ᠳᠣᠲᠣᠷᠠᠬᠢ ᠨᠡᠭᠦᠷᠡᠰᠦ ᠰᠢᠲᠠᠭ᠋ᠠᠬᠤ ᠵᠤᠤᠬ᠎ᠠ ᠵᠢ᠎ᠨᠢ ᠬᠡᠷᠡᠭᠯᠡᠭᠡᠨ᠎ᠠᠴᠠ ᠭᠠᠷᠭ᠋ᠠᠵᠤ ᠡᠮᠬᠢᠯᠡᠵᠦ ᠨᠡᠶ᠋ᠢᠯᠡᠭᠦᠯᠬᠦ ᠡᠭᠦᠷᠭᠡ ᠵᠢ ᠪᠡᠶᠡᠯᠡᠭᠦᠯᠦᠨ᠎ᠡ᠃ ᠪᠣᠯᠣᠳ ᠲᠡᠮᠦᠷ᠂ ᠴᠢᠳᠬᠤᠯᠲᠠ᠂ ᠪᠠᠷᠢᠯᠭ᠎ᠠ ᠵᠢᠨ ᠮᠠᠲ᠋ᠧᠷᠢᠶᠠᠯ ᠵᠡᠷᠭᠡ ᠨᠡᠭᠦᠷᠡᠰᠦ ᠬᠣᠷᠣᠭᠳᠠᠭᠤᠯᠬᠤ ᠭᠣᠣᠯᠳᠠᠯᠭ᠎ᠠ᠎ᠲᠠᠢ ᠠᠵᠢᠯ ᠲᠥᠷᠥᠯ᠎ᠳᠠᠬᠢ ᠬᠠᠮᠢᠶᠠᠷᠤᠯᠲᠠ᠎ᠪᠠᠨ ᠴᠢᠩᠭ᠋ᠠᠳᠬᠠᠵᠤ᠂ ᠴᠠᠬᠢᠯᠭ᠋ᠠᠨ ᠡᠨᠧᠷᠭᠢ᠎ᠪᠠᠷ ᠣᠷᠣᠯᠠᠭᠤᠯᠬᠤ ᠵᠢ ᠠᠬᠢᠭᠤᠯᠤᠨ᠎ᠠ᠃ ᠢᠯᠴᠢ ᠴᠠᠬᠢᠯᠭ᠋ᠠᠨ᠎ᠢ ᠵᠡᠷᠭᠡ᠎ᠪᠠᠷ ᠭᠠᠷᠭ᠋ᠠᠵᠤ ᠲᠥᠪᠯᠡᠷᠡᠭᠦᠯᠦᠨ ᠢᠯᠴᠢ ᠬᠠᠩᠭ᠋ᠠᠬᠤ ᠲᠠᠯᠠᠪᠠᠢ ᠵᠢ ᠦᠷᠭᠦᠯᠵᠢᠯᠡᠨ ᠥᠷᠭᠡᠳᠬᠡᠵᠦ᠂ ᠠᠵᠤ ᠦᠢ᠍ᠯᠡᠳᠪᠦᠷᠢ ᠵᠢᠨ ᠦᠯᠡᠳᠡᠭᠡᠯ ᠢᠯᠴᠢ᠎ᠪᠠᠷ ᠲᠥᠪᠯᠡᠷᠡᠭᠦᠯᠦᠨ ᠢᠯᠴᠢ ᠬᠠᠩᠭ᠋ᠠᠬᠤ ᠵᠢ ᠳᠡᠯᠭᠡᠷᠡᠭᠦᠯᠦᠨ᠎ᠡ᠂

《ᠬᠡᠮᠬᠡᠷᠬᠡᠢ ᠨᠡᠭᠦᠷᠡᠰᠦ ᠵᠢ ᠴᠠᠬᠢᠯᠭ᠋ᠠᠨ ᠡᠨᠧᠷᠬᠢ ᠪᠠ ᠰᠢᠲᠠᠮᠠᠬᠠᠢ ᠬᠡᠢ᠎ᠪᠠᠷ ᠣᠷᠣᠯᠠᠭᠤᠯᠬᠤ》 ᠵᠢ ᠰᠢᠨᠵᠢᠯᠡᠬᠦ ᠤᠬᠠᠭ᠋ᠠᠨᠴᠢ ᠪᠥᠭᠡᠳ ᠡᠮᠬᠢ ᠵᠢᠷᠤᠮ᠎ᠲᠠᠢ᠎ᠪᠠᠷ ᠠᠬᠢᠭᠤᠯᠵᠤ᠂ ᠬᠤᠳᠠ ᠬᠥᠳᠡᠭᠡ ᠵᠢᠨ ᠠᠭᠤᠯᠵᠠᠷ ᠬᠡᠰᠡᠭ ᠪᠠ ᠢᠯᠴᠢ ᠵᠢᠨ ᠬᠦᠴᠦᠨ᠎ᠤ ᠬᠣᠭᠣᠯᠠᠢ ᠲᠣᠣᠷ ᠬᠦᠷᠴᠦ ᠳᠡᠶ᠋ᠢᠯᠬᠦ ᠦᠭᠡᠢ ᠬᠠᠭᠤᠴᠢᠨ ᠬᠤᠳᠠ ᠲᠣᠭᠣᠷᠢᠭ᠎ᠲᠤ ᠴᠠᠬᠢᠯᠭ᠋ᠠᠨ ᠵᠤᠤᠬ᠎ᠠ᠂ ᠢᠯᠴᠢ ᠵᠢᠨ ᠬᠥᠭᠡᠷᠭᠡ᠂ ᠲᠠᠷᠠᠬᠠᠢ ᠮᠠᠶᠢᠭ᠎ᠤᠨ ᠴᠠᠬᠢᠯᠭ᠋ᠠᠨ ᠳᠤᠯᠠᠭ᠋ᠠᠴᠠᠭᠤᠯᠤᠭ᠎ᠠ ᠵᠢ ᠳᠡᠯᠭᠡᠷᠡᠭᠦᠯᠦᠨ ᠬᠡᠷᠡᠭᠯᠡᠵᠦ᠂ ᠳᠤᠯᠠᠭ᠋ᠠᠯᠠᠭ᠎ᠠ᠎ᠳᠤ ᠬᠡᠷᠡᠭᠯᠡᠬᠦ ᠨᠡᠭᠦᠷᠡᠰᠦᠨ᠎ᠤ ᠬᠡᠷᠡᠭᠴᠡᠭᠡ ᠵᠢ ᠪᠠᠭ᠋ᠠᠰᠬᠠᠨ᠎ᠠ᠃ 2025 ᠣᠨ ᠪᠣᠯᠬᠤ᠎ᠳᠤ᠂ 2000 ᠲᠦᠮᠡᠨ ᠺᠢᠯᠣᠸᠠᠲ᠎ᠤᠨ ᠨᠡᠭᠦᠷᠡᠰᠦ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠡᠨᠧᠷᠭᠢ ᠠᠷᠪᠢᠯᠠᠬᠤ ᠥᠭᠡᠷᠡᠴᠢᠯᠡᠯᠲᠡ ᠵᠢ ᠪᠡᠶᠡᠯᠡᠭᠦᠯᠵᠦ᠂ 3000 ᠲᠦᠮᠡᠨ ᠺᠢᠯᠣᠸᠠᠲ᠎ᠤᠨ ᠠᠮᠢᠳᠤᠯᠢᠭ ᠴᠢᠨᠠᠷᠲᠠᠢ ᠥᠭᠡᠷᠡᠴᠢᠯᠡᠯᠲᠡ ᠵᠢ ᠪᠡᠶᠡᠯᠡᠭᠦᠯᠦᠨ᠎ᠡ﹔ ᠪᠤᠭᠤᠲᠤ᠂ ᠬᠥᠬᠡᠬᠣᠲᠠ᠂ ᠤᠯᠠᠭ᠋ᠠᠨᠴᠠᠪ᠂ ᠪᠠᠶᠠᠨᠨᠠᠭᠤᠷ ᠵᠡᠷᠭᠡ ᠴᠡᠪᠡᠷ ᠳᠤᠯᠠᠭ᠋ᠠᠯᠠᠭ᠎ᠠ ᠵᠢᠨ ᠵᠢᠱ᠌ᠢᠶ᠎ᠡ ᠦᠵᠡᠭᠦᠯᠬᠦ ᠬᠣᠲᠠ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂

《ᠥᠪᠥᠷ ᠮᠣᠩᠭᠣᠯ᠎ᠳᠤ ᠰᠢᠲᠠᠮᠠᠬᠠᠢ ᠬᠡᠢ ᠵᠢ ᠪᠦᠷᠢᠨ ᠪᠦᠷᠬᠦᠭᠦᠯᠬᠦ》᠎ᠤᠨ ᠠᠵᠢᠯᠯᠠᠭ᠋ᠠᠨ᠎ᠢ ᠠᠬᠢᠭᠤᠯᠵᠤ᠂ ᠥᠪᠥᠷ ᠮᠣᠩᠭᠣᠯ᠎ᠤᠨ ᠪᠠᠷᠠᠭᠤᠨ ᠬᠡᠰᠡᠭ᠎ᠤᠨ ᠭᠠᠵᠠᠷ ᠣᠷᠣᠨ᠎ᠳᠤ ᠳᠠᠮᠵᠢᠭᠤᠯᠬᠤ ᠬᠣᠭᠣᠯᠠᠢ ᠵᠢᠨ ᠪᠠᠢ᠌ᠭ᠋ᠠᠯᠢ ᠵᠢᠨ ᠰᠢᠲᠠᠮᠠᠬᠠᠢ ᠬᠡᠢ ᠵᠢ  《ᠰᠢᠶᠠᠨ ᠪᠣᠯᠭ᠋ᠠᠨ᠎ᠳᠤ ᠨᠡᠪᠲᠡᠷᠡᠭᠦᠯᠬᠦ》 ᠵᠢ ᠦᠨᠳᠦᠰᠦᠨ᠎ᠳᠤ᠎ᠪᠠᠨ ᠪᠡᠶᠡᠯᠡᠭᠦᠯᠵᠦ᠂ ᠵᠡᠭᠦᠨ ᠬᠡᠰᠡᠭ᠎ᠤᠨ ᠭᠠᠵᠠᠷ ᠣᠷᠣᠨ᠎ᠳᠤ ᠳᠠᠮᠵᠢᠭᠤᠯᠬᠤ ᠬᠣᠭᠣᠯᠠᠢ ᠵᠢᠨ ᠪᠠᠢ᠌ᠭ᠋ᠠᠯᠢ ᠵᠢᠨ ᠰᠢᠲᠠᠮᠠᠬᠠᠢ ᠬᠡᠢ ᠵᠢ 《ᠬᠣᠲᠠ ᠪᠣᠯᠭ᠋ᠠᠨ᠎ᠳᠤ ᠨᠡᠪᠲᠡᠷᠡᠭᠦᠯᠬᠦ》 ᠵᠢ ᠪᠡᠶᠡᠯᠡᠭᠦᠯᠦᠨ᠎ᠡ﹔ ᠪᠥᠬᠥ ᠣᠷᠣᠨ᠎ᠤ ᠨᠡᠭᠦᠷᠡᠰᠦᠨ᠎ᠤ ᠬᠡᠷᠡᠭᠯᠡᠭᠡᠨ᠎ᠤ ᠬᠤᠪᠢ ᠵᠢᠨ ᠵᠢᠩ᠎ᠢ 75%᠎ᠠᠴᠠ ᠳᠣᠷᠣᠭᠰᠢ ᠪᠣᠯᠲᠠᠯ᠎ᠠ ᠪᠠᠭᠤᠷᠠᠭᠤᠯᠵᠤ᠂ ᠡᠨᠧᠷᠭᠢ ᠵᠢᠨ ᠬᠡᠷᠡᠭᠯᠡᠭᠡᠨ᠎ᠳᠠᠬᠢ ᠴᠢᠯᠠᠭᠤᠵᠢᠮᠠᠯ᠎ᠤᠨ ᠪᠤᠰᠤ ᠡᠨᠧᠷᠭᠢ ᠵᠢᠨ ᠡᠵᠡᠯᠡᠬᠦ ᠬᠤᠪᠢ ᠵᠢᠨ ᠵᠢᠩ᠎ᠢ 18% ᠣᠷᠴᠢᠮ ᠬᠦᠷᠭᠡᠨ᠎ᠡ᠃ (ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

    (ᠶᠢᠰᠦ) ᠳᠡᠭᠳᠡᠮᠡᠬᠡᠢ ᠣᠷᠭ᠋ᠠᠨᠢᠭ ᠪᠣᠳᠠᠰ᠎ᠢ ᠶᠡᠷᠦᠩᠬᠡᠢ᠌ᠯᠡᠵᠦ ᠴᠡᠭᠴᠡᠯᠡᠨ ᠵᠠᠰᠠᠬᠤ ᠢᠨᠵᠧᠨᠧᠷᠢᠩ᠃ VOCs ᠪᠠᠭ᠋ᠠᠲᠠᠢ ᠲᠦᠭᠦᠬᠡᠢ ᠮᠠᠲ᠋ᠧᠷᠢᠶᠠᠯ ᠪᠠ ᠲᠤᠰᠠᠯᠠᠬᠤ ᠮᠠᠲ᠋ᠧᠷᠢᠶᠠᠯ ᠵᠶ᠋ᠠᠷ ᠣᠷᠣᠯᠠᠭᠤᠯᠬᠤ ᠪᠣᠯᠣᠨ ᠦᠢ᠍ᠯᠡᠳᠬᠦᠨ᠎ᠤ ᠡᠬᠢ ᠰᠤᠷᠪᠤᠯᠵᠢ ᠵᠢ᠎ᠨᠢ ᠣᠷᠣᠯᠠᠭᠤᠯᠬᠤ ᠢᠨᠵᠧᠨᠧᠷᠢᠩ᠎ᠢ ᠠᠬᠢᠭᠤᠯᠵᠤ᠂ ᠪᠦᠬᠦ ᠶᠠᠪᠤᠴᠠ᠎ᠳᠤ᠎ᠨᠢ ᠪᠣᠬᠢᠷᠳᠤᠯ ᠪᠣᠳᠠᠰ᠎ᠢ ᠵᠠᠰᠠᠬᠤ ᠵᠢ ᠬᠡᠷᠡᠭᠵᠢᠭᠦᠯᠦᠨ᠎ᠡ᠃ ᠠᠵᠤ ᠦᠢ᠍ᠯᠡᠳᠪᠦᠷᠢ ᠵᠢᠨ ᠲᠦᠷᠬᠢᠨ ᠰᠠᠪᠠᠯᠠᠬᠤ᠂ ᠪᠣᠭᠣᠳᠠᠯᠯᠠᠨ ᠳᠠᠷᠤᠮᠠᠯᠯᠠᠬᠤ ᠵᠡᠷᠭᠡ ᠠᠵᠢᠯ ᠲᠦᠷᠦᠯ ᠵᠶ᠋ᠡᠷ ᠭᠣᠣᠯᠳᠠᠯᠭ᠎ᠠ ᠪᠣᠯᠭ᠋ᠠᠨ᠂ ᠳᠡᠭᠳᠡᠮᠡᠬᠡᠢ ᠣᠷᠭ᠋ᠠᠨᠢᠭ ᠪᠣᠳᠠᠰ᠎ᠤᠨ ᠠᠭᠤᠯᠤᠭᠳᠠᠴᠠ᠎ᠪᠠᠷ ᠪᠠᠭ᠋ᠠᠲᠠᠢ ᠰᠢᠷ᠂ ᠲᠤᠰᠤᠨ ᠪᠡᠬᠡ᠂ ᠨᠠᠭ᠋ᠠᠯᠳᠤᠭᠤᠯᠤᠭᠴᠢ᠂ ᠤᠬᠢᠶᠠᠨ ᠴᠡᠪᠡᠷᠯᠡᠬᠦ ᠡᠳ᠋ ᠬᠡᠷᠡᠭᠯᠡᠬᠦ ᠵᠢ ᠠᠬᠢᠭᠤᠯᠤᠨ᠎ᠠ᠃ ᠴᠢᠯᠠᠭᠤᠨ ᠲᠣᠰᠣ ᠪᠠ ᠬᠢᠮᠢ᠂ ᠬᠢᠮᠢ ᠵᠢᠨ ᠠᠵᠤ ᠦᠢ᠍ᠯᠡᠳᠪᠦᠷᠢ ᠵᠡᠷᠭᠡ ᠠᠵᠢᠯ ᠲᠥᠷᠥᠯ᠎ᠳᠠᠬᠢ ᠳᠡᠭᠳᠡᠮᠡᠬᠡᠢ ᠣᠷᠭ᠋ᠠᠨᠢᠭ ᠪᠣᠳᠠᠰ᠎ᠤᠨ ᠪᠣᠬᠢᠷᠳᠤᠯ᠎ᠤᠨ ᠵᠠᠰᠠᠯᠲᠠ᠎ᠪᠠᠨ ᠭᠦᠨᠵᠡᠭᠡᠢ᠌ᠷᠡᠭᠦᠯᠵᠦ᠂ ᠬᠠᠶᠠᠭᠳᠠᠮᠠᠯ ᠬᠡᠢ ᠵᠢ ᠬᠣᠷᠢᠶᠠᠨ ᠴᠤᠭᠯᠠᠭᠤᠯᠬᠤ ᠨᠣᠷᠮ᠎ᠠ᠂ ᠵᠠᠰᠠᠬᠤ ᠪᠡᠯᠡᠳᠬᠡᠮᠵᠢ ᠵᠢ ᠵᠡᠷᠭᠡ᠎ᠳᠤ᠎ᠨᠢ ᠠᠵᠢᠯᠯᠠᠭᠤᠯᠬᠤ ᠨᠣᠷᠮ᠎ᠠ ᠪᠠ ᠲᠠᠶᠠᠭᠳᠠᠬᠤ ᠨᠣᠷᠮ᠎ᠠ ᠵᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ᠃ ᠠᠮᠠᠷᠬᠠᠨ ᠳᠡᠭᠳᠡᠳᠡᠭ ᠣᠷᠭ᠋ᠠᠨᠢᠭ ᠰᠢᠩᠭᠡᠨ ᠪᠡᠶᠡᠲᠦ ᠬᠠᠳᠠᠭ᠋ᠠᠯᠠᠬᠤ ᠰᠠᠪᠠ ᠵᠢ ᠰᠢᠨᠡᠳᠬᠡᠨ ᠥᠭᠡᠷᠡᠴᠢᠯᠡᠵᠦ᠂ ᠬᠥᠪᠥᠮᠡᠯ ᠳᠡᠭᠡᠪᠦᠷ᠎ᠲᠠᠢ ᠲᠣᠰᠣ ᠬᠠᠳᠠᠭ᠋ᠠᠯᠠᠬᠤ ᠰᠠᠪᠠ᠎ᠳᠤ ᠪᠦᠷᠢᠨ ᠵᠠᠯᠭ᠋ᠠᠮᠠᠯ ᠰᠢᠩᠭᠡᠨ᠎ᠤ ᠬᠥᠪᠥᠮᠡᠯ ᠲᠠᠪᠠᠭ ᠪᠠ ᠥᠨᠳᠥᠷ ᠪᠦᠳᠦᠮᠵᠢᠳᠡᠢ ᠳᠠᠪᠬᠤᠷ ᠪᠢᠲᠡᠭᠦᠮᠵᠢᠯᠡᠬᠦ ᠮᠡᠷᠭᠡᠵᠢᠯ᠎ᠢ ᠬᠡᠷᠡᠭᠯᠡᠨ ᠳᠡᠯᠭᠡᠷᠡᠭᠦᠯᠦᠨ᠎ᠡ᠂ ᠬᠠᠶᠠᠭᠳᠠᠮᠠᠯ ᠤᠰᠤᠨ᠎ᠤ ᠰᠢᠰᠲ᠋ᠧᠮ᠎ᠤᠨ ᠥᠳᠬᠡᠴᠡ ᠶᠡᠬᠡᠲᠡᠢ ᠬᠠᠶᠠᠭᠳᠠᠮᠠᠯ ᠬᠡᠢ ᠵᠢ ᠲᠤᠰᠠᠭ᠋ᠠᠷ ᠬᠣᠷᠢᠶᠠᠨ ᠴᠤᠭᠯᠠᠭᠤᠯᠵᠤ ᠰᠢᠢ᠍ᠳᠪᠦᠷᠢᠯᠡᠨ᠎ᠡ᠃ 2025 ᠣᠨ ᠪᠣᠯᠬᠤ᠎ᠳᠤ᠂ ᠠᠭᠤᠰᠬᠠᠭᠴᠢ ᠬᠡᠯᠪᠡᠷᠢ ᠵᠢᠨ ᠠᠵᠤ ᠦᠢ᠍ᠯᠡᠳᠪᠦᠷᠢ ᠵᠢᠨ ᠰᠢᠷ ᠪᠤᠳᠤᠭ᠂ ᠲᠣᠰᠣᠨ ᠪᠡᠬᠡ ᠵᠢᠨ ᠬᠡᠷᠡᠭᠯᠡᠬᠦ ᠬᠠᠷᠢᠴᠠᠯ᠎ᠢ ᠲᠣᠰ ᠲᠣᠰ 20 ᠵᠠᠭᠤᠨ᠎ᠤ ᠴᠡᠭ᠂ 10 ᠵᠠᠭᠤᠨ᠎ᠤ ᠴᠡᠭ ᠪᠠᠭᠤᠷᠠᠭᠤᠯᠵᠤ᠂ ᠠᠭᠤᠰᠬᠠᠭᠴᠢ ᠬᠡᠯᠪᠡᠷᠢ ᠵᠢᠨ ᠨᠠᠭ᠋ᠠᠯᠳᠤᠭᠤᠯᠤᠭᠴᠢ ᠡᠳ᠋᠎ᠤᠨ ᠬᠡᠷᠡᠭᠯᠡᠬᠦ ᠬᠡᠮᠵᠢᠶ᠎ᠡ ᠵᠢ 20% ᠪᠠᠭᠤᠷᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ

ᠬᠠᠷᠢᠭᠤᠴᠠᠨ᠎ᠠ)

     (ᠠᠷᠪᠠ) ᠣᠷᠴᠢᠨ ᠲᠣᠭᠣᠷᠢᠨ᠎ᠤ ᠰᠠᠭᠤᠷᠢ ᠪᠡᠯᠡᠳᠬᠡᠮᠵᠢ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠢᠨᠵᠧᠨᠧᠷᠢᠩ᠃ ᠬᠣᠲᠠ ᠪᠠᠯᠭ᠋ᠠᠰᠤᠨ᠎ᠤ ᠤᠰᠤ ᠲᠠᠲᠠᠷᠠᠭᠤᠯᠬᠤ ᠬᠣᠭᠣᠯᠠᠢ ᠲᠣᠣᠷ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠬᠠᠭᠤᠴᠢᠷᠠᠭᠰᠠᠨ ᠬᠣᠭᠣᠯᠠᠢ ᠲᠣᠣᠷ᠎ᠢ ᠰᠢᠨᠡᠳᠬᠡᠨ ᠥᠭᠡᠷᠡᠴᠢᠯᠡᠬᠦ ᠵᠢ ᠠᠬᠢᠭᠤᠯᠵᠤ᠂ ᠬᠠᠲᠤᠨ ᠭᠣᠣᠯ᠎ᠤᠨ ᠭᠣᠣᠯ ᠤᠷᠤᠰᠬᠠᠯ ᠳᠠᠭ᠋ᠠᠤ ᠬᠣᠳᠠ ᠵᠢᠨ ᠪᠠᠢ᠌ᠭᠤᠯᠤᠭᠰᠠᠨ ᠲᠣᠭᠣᠷᠢᠭ᠎ᠤᠨ ᠬᠣᠭᠣᠯᠠᠢ ᠲᠣᠣᠷ᠎ᠢ ᠬᠣᠯᠢᠯᠳᠤᠭᠤᠯᠤᠨ ᠵᠠᠯᠭ᠋ᠠᠬᠤ ᠥᠭᠡᠷᠡᠴᠢᠯᠡᠯᠲᠡ ᠵᠢ ᠶᠡᠬᠡ᠎ᠪᠠᠷ ᠠᠬᠢᠭᠤᠯᠵᠤ᠂ ᠪᠣᠷᠣᠭ᠋ᠠᠨ᠎ᠤ ᠤᠰᠤ ᠪᠠ ᠪᠣᠬᠢᠷ ᠤᠰᠤ ᠵᠢ ᠰᠠᠯᠭ᠋ᠠᠨ ᠤᠷᠤᠰᠬᠠᠬᠤ ᠥᠭᠡᠷᠡᠴᠢᠯᠡᠯᠲᠡ ᠵᠢ ᠭᠠᠵᠠᠷ ᠣᠷᠣᠨ᠎ᠤ ᠪᠠᠢ᠌ᠳᠠᠯ᠎ᠳᠤ᠎ᠨᠢ ᠲᠣᠬᠢᠷᠠᠭᠤᠯᠤᠨ ᠠᠬᠢᠭᠤᠯᠤᠨ᠎ᠠ᠃ ᠪᠣᠬᠢᠷ ᠤᠰᠤ᠂ ᠬᠣᠭ ᠨᠣᠪᠰᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠶᠤᠯᠲᠠᠢ ᠬᠠᠶᠠᠭᠳᠠᠮᠠᠯ ᠪᠣᠳᠠᠰ᠂ ᠡᠮ ᠡᠮᠨᠡᠯᠭᠡ ᠵᠢᠨ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ ᠪᠡᠯᠡᠳᠬᠡᠮᠵᠢ ᠪᠠ ᠬᠢᠨᠠᠨ ᠰᠢᠨᠵᠢᠵᠦ ᠬᠢᠨᠠᠨ ᠬᠠᠮᠢᠶᠠᠷᠬᠤ ᠴᠢᠳᠠᠪᠤᠷᠢ ᠵᠢ ᠨᠢᠭᠡ ᠴᠣᠭᠴᠠᠵᠢᠭᠤᠯᠤᠭᠰᠠᠨ ᠣᠷᠴᠢᠨ ᠠᠬᠤᠢ ᠵᠢᠨ ᠰᠠᠭᠤᠷᠢ ᠪᠡᠯᠡᠳᠬᠡᠮᠵᠢ ᠵᠢᠨ ᠲᠣᠭᠲᠠᠯᠴᠠᠭ᠎ᠠ ᠵᠢ ᠲᠦᠷᠭᠡᠪᠴᠢᠯᠡᠨ ᠪᠠᠢ᠌ᠭᠤᠯᠵᠤ᠂ ᠡᠭᠡᠭᠦᠯᠦᠨ ᠬᠤᠷᠢᠶᠠᠵᠤ ᠪᠣᠯᠬᠤ ᠪᠣᠳᠠᠰ᠎ᠢ ᠲᠠᠬᠢᠨ ᠠᠰᠢᠭᠯᠠᠬᠤ ᠪᠠ ᠡᠬᠢ ᠪᠠᠶᠠᠯᠢᠭᠵᠢᠭᠤᠯᠬᠤ ᠬᠢᠷᠢ ᠬᠡᠮᠵᠢᠶ᠎ᠡ᠎ᠪᠠᠨ ᠳᠡᠭᠡᠭᠰᠢᠯᠡᠭᠦᠯᠦᠨ᠎ᠡ᠃ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠲᠠᠬᠢ ᠠᠵᠤ ᠦᠢ᠍ᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ ᠵᠢᠴᠢ ᠶᠡᠷᠦᠩᠬᠡᠢ᠌ᠯᠡᠨ ᠠᠰᠢᠭᠯᠠᠬᠤ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠵᠤ᠂ ᠡᠭᠡᠭᠦᠯᠦᠨ ᠬᠤᠷᠢᠶᠠᠵᠤ ᠪᠣᠯᠬᠤ ᠪᠣᠳᠠᠰ᠎ᠢ ᠡᠭᠡᠭᠦᠯᠦᠨ ᠬᠤᠷᠢᠶᠠᠬᠤ᠂ ᠢᠯᠭ᠋ᠠᠬᠤ᠂ ᠰᠢᠢ᠍ᠳᠪᠦᠷᠢᠯᠡᠬᠦ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠲᠣᠭᠣᠭ᠋ᠠᠨ ᠭᠡᠷ᠎ᠤᠨ ᠬᠣᠭ ᠨᠣᠪᠰᠢ ᠵᠢ ᠰᠢᠢ᠍ᠳᠪᠦᠷᠢᠯᠡᠬᠦ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠎ᠠ᠃ ᠠᠮᠢᠳᠤᠷᠠᠯ᠎ᠤᠨ ᠬᠣᠭ ᠨᠣᠪᠰᠢ ᠵᠢᠨ ᠲᠥᠷᠥᠯ ᠬᠤᠪᠢᠶᠠᠬᠤ ᠳᠦᠷᠢᠮ᠎ᠤᠨ ᠲᠣᠭᠲᠠᠯᠴᠠᠭ᠎ᠠ ᠪᠠ ᠲᠥᠷᠥᠯ ᠬᠤᠪᠢᠶᠠᠨ ᠲᠠᠯᠪᠢᠬᠤ᠂ ᠴᠤᠭᠯᠠᠭᠤᠯᠬᠤ᠂ ᠲᠡᠭᠡᠭᠡᠪᠦᠷᠢᠯᠡᠬᠦ᠂ ᠰᠢᠢ᠍ᠳᠪᠦᠷᠢᠯᠡᠬᠦ ᠰᠢᠰᠲ᠋ᠧᠮ᠎ᠢ ᠪᠠᠢ᠌ᠭᠤᠯᠤᠨ ᠲᠡᠭᠦᠯᠳᠡᠷᠵᠢᠭᠦᠯᠵᠦ᠂ ᠲᠥᠷᠥᠯ ᠬᠤᠪᠢᠶᠠᠨ ᠴᠤᠭᠯᠠᠭᠤᠯᠵᠤ ᠳᠠᠮᠵᠢᠭᠤᠯᠤᠨ ᠲᠡᠭᠡᠭᠡᠪᠦᠷᠢᠯᠡᠬᠦ ᠪᠡᠯᠡᠳᠬᠡᠮᠵᠢ ᠵᠢᠨ ᠲᠠᠯ᠎ᠠ᠎ᠪᠠᠷ᠎ᠬᠢ ᠳᠤᠲᠠᠭᠤᠳᠠᠯ᠎ᠢ ᠨᠥᠬᠥᠪᠦᠷᠢᠯᠡᠨ᠎ᠡ᠃ 2025 ᠣᠨ ᠪᠣᠯᠬᠤ᠎ᠳᠤ᠂ ᠬᠣᠲᠠ ᠵᠢᠨ ᠪᠣᠬᠢᠷ ᠰᠢᠪᠠᠷ᠎ᠢ ᠬᠣᠣᠷ ᠦᠭᠡᠢ᠌ᠳᠡᠭᠦᠯᠦᠨ ᠰᠢᠢ᠍ᠳᠪᠦᠷᠢᠯᠡᠬᠦ ᠨᠣᠷᠮ᠎ᠠ ᠵᠢ 90%᠎ᠠᠴᠠ ᠳᠡᠭᠡᠭᠰᠢ ᠪᠤᠯᠭ᠋ᠠᠵᠤ᠂ ᠬᠣᠲᠠ ᠵᠢᠨ ᠠᠮᠢᠳᠤᠷᠠᠯ᠎ᠤᠨ ᠬᠣᠭ ᠨᠣᠪᠰᠢ ᠵᠢ ᠰᠢᠲᠠᠭ᠋ᠠᠵᠤ ᠰᠢᠢ᠍ᠳᠪᠦᠷᠢᠯᠡᠬᠦ ᠴᠢᠳᠠᠪᠤᠷᠢ ᠵᠢᠨ ᠡᠵᠡᠯᠡᠬᠦ ᠬᠤᠪᠢ ᠵᠢᠨ ᠵᠢᠩ᠎ᠢ 65% ᠣᠷᠴᠢᠮ᠎ᠳᠤ ᠬᠦᠷᠦᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      ᠳᠥᠷᠪᠡ᠂ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠳᠦᠷᠦ ᠵᠢᠨ ᠪᠣᠳᠣᠯᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠦᠨ᠎ᠡ

     (ᠨᠢᠭᠡ) ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠤᠨ ᠬᠡᠮᠵᠢᠶ᠎ᠡ ᠵᠢ ᠰᠢᠯᠢᠳᠡᠭᠵᠢᠭᠦᠯᠦᠨ ᠲᠡᠭᠦᠯᠳᠡᠷᠵᠢᠭᠦᠯᠦᠨ᠎ᠡ᠃ ᠡᠨᠧᠷᠭᠢ ᠠᠷᠪᠢᠯᠠᠬᠤ ᠵᠢ ᠡᠩ ᠲᠡᠷᠢᠭᠦᠨ᠎ᠳᠤ ᠪᠣᠳᠣᠯᠬᠢᠯᠠᠬᠤ ᠵᠢ ᠪᠠᠷᠢᠮᠲᠠᠯᠠᠨ᠂ ᠡᠨᠧᠷᠭᠢ ᠵᠢᠨ ᠬᠣᠷᠣᠭᠳᠠᠯ᠎ᠤᠨ ᠬᠦᠴᠦᠯᠡᠴᠡ ᠵᠢᠨ ᠬᠢᠵᠠᠭ᠋ᠠᠷᠯᠠᠬᠤ ᠴᠢᠨᠠᠷᠲᠠᠢ ᠭᠦᠢ᠍ᠴᠡᠳᠬᠡᠯ ᠲᠣᠭ᠋ᠠᠨ᠎ᠤ ᠬᠠᠮᠢᠶᠠᠷᠤᠯᠲᠠ ᠵᠢ ᠴᠢᠩᠭ᠋ᠠᠷᠠᠭᠤᠯᠵᠤ᠂ ᠡᠨᠧᠷᠭᠢ ᠵᠢᠨ ᠭᠠᠷᠭ᠋ᠠᠯᠲᠠ ᠵᠢᠨ ᠨᠤᠷᠮ᠎ᠠ᠎ᠪᠠᠷ ᠴᠢᠬᠤᠯᠠ ᠦᠨᠳᠦᠰᠦᠯᠡᠯ ᠪᠣᠯᠭ᠋ᠠᠨ᠂ ᠬᠥᠭᠵᠢᠯᠲᠡ ᠵᠢᠨ ᠱᠠᠲᠤ ᠦᠶ᠎ᠡ ᠵᠡᠷᠭᠡ ᠬᠦᠴᠦᠨ ᠵᠦᠢ᠍ᠯ᠎ᠢ ᠶᠡᠷᠦᠩᠬᠡᠢ᠌ᠯᠡᠨ ᠪᠣᠳᠣᠯᠬᠢᠯᠠᠵᠤ᠂ ᠡᠯ᠎ᠡ ᠠᠢ᠌ᠮᠠᠭ ᠬᠤᠳᠠ ᠵᠢᠨ ᠡᠨᠧᠷᠭᠢ ᠵᠢᠨ ᠬᠣᠷᠣᠭᠳᠠᠯ᠎ᠤᠨ ᠬᠦᠴᠦᠯᠡᠴᠡ ᠵᠢ ᠪᠠᠭᠤᠷᠠᠭᠤᠯᠬᠤ ᠬᠠᠷᠠᠯᠲᠠ ᠵᠢ ᠵᠦᠢ ᠵᠣᠬᠢᠰᠲᠠᠢ ᠲᠣᠭᠲᠠᠭ᠋ᠠᠨ᠎ᠠ᠃ ᠡᠨᠧᠷᠭᠢ ᠵᠢᠨ ᠬᠡᠷᠡᠭᠯᠡᠭᠡᠨ᠎ᠤ ᠶᠡᠷᠦᠩᠬᠡᠢ ᠬᠡᠮᠵᠢᠶ᠎ᠡ ᠵᠢᠨ ᠬᠠᠮᠢᠶᠠᠷᠤᠯᠲᠠ ᠵᠢᠨ ᠬᠠᠷᠢᠮᠠᠬᠠᠢ ᠴᠢᠨᠠᠷ᠎ᠢ ᠪᠦᠲᠦᠮᠵᠢᠲᠡᠶ ᠴᠢᠩᠭ᠋ᠠᠷᠠᠭᠤᠯᠵᠤ᠂ ᠡᠯ᠎ᠡ ᠠᠢ᠌ᠮᠠᠭ ᠬᠣᠲᠠ᠎ᠨᠢ ᠥᠪᠡᠷᠲᠡᠭᠡᠨ ᠵᠠᠰᠠᠬᠤ ᠣᠷᠣᠨ᠎ᠤ ᠪᠠᠭᠤᠯᠭ᠋ᠠᠭᠰᠠᠨ ᠡᠨᠧᠷᠭᠢ ᠵᠢᠨ ᠬᠣᠷᠣᠭᠳᠠᠯ᠎ᠤᠨ ᠬᠦᠴᠦᠯᠡᠴᠡ ᠵᠢ ᠪᠠᠭᠤᠷᠠᠭᠤᠯᠬᠤ ᠣᠨ᠎ᠤ ᠬᠠᠷᠠᠯᠲᠠ ᠪᠠ ᠲᠣᠰ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠤᠨ ᠨᠡᠮᠡᠭᠳᠡᠯ᠎ᠤᠨ ᠬᠤᠷᠳᠤᠴᠠ ᠵᠢᠨ ᠣᠨ᠎ᠤ ᠬᠠᠷᠠᠯᠲᠠ᠎ᠪᠠᠨ ᠦᠨᠳᠦᠰᠦᠯᠡᠨ᠂ ᠲᠣᠰ ᠭᠠᠵᠠᠷ ᠣᠷᠣᠨ᠎ᠤ ᠡᠨᠧᠷᠭᠢ ᠵᠢᠨ ᠬᠣᠷᠣᠭᠳᠠᠯ᠎ᠤᠨ ᠶᠡᠷᠦᠩᠬᠡᠢ ᠬᠡᠮᠵᠢᠶ᠎ᠡ ᠵᠢᠨ ᠣᠨ᠎ᠤ ᠬᠠᠷᠠᠯᠲᠠ᠎ᠪᠠᠨ ᠵᠣᠬᠢᠰᠲᠠᠢ ᠲᠣᠭᠲᠠᠭ᠋ᠠᠨ᠎ᠠ﹔ ᠡᠨᠧᠷᠭᠢ ᠵᠢᠨ ᠬᠣᠷᠣᠭᠳᠠᠯ᠎ᠤᠨ ᠶᠡᠷᠦᠩᠬᠡᠢ ᠬᠡᠮᠵᠢᠶ᠎ᠡ ᠵᠢᠨ ᠬᠠᠷᠠᠯᠲᠠ᠎ᠨᠢ ᠵᠢᠱ᠌ᠢᠯᠲᠡ ᠵᠢᠨ ᠴᠢᠨᠠᠷᠲᠠᠢ ᠭᠦᠢ᠍ᠴᠡᠳᠬᠡᠯ ᠲᠣᠭ᠎ᠠ ᠪᠠᠢ᠌ᠵᠤ᠂ ᠠᠵᠤ ᠠᠬᠤᠢ ᠵᠢᠨ ᠨᠡᠮᠡᠭᠳᠡᠯ᠎ᠤᠨ ᠬᠤᠷᠳᠤᠴᠠ᠎ᠨᠢ ᠵᠢᠱ᠌ᠢᠭᠰᠡᠨ ᠬᠠᠷᠠᠯᠲᠠ᠎ᠠᠴᠠ ᠳᠠᠪᠠᠭᠰᠠᠨ ᠠᠢ᠌ᠮᠠᠭ ᠬᠣᠲᠠ᠎ᠨᠢ ᠡᠨᠧᠷᠭᠢ ᠵᠢᠨ ᠬᠣᠷᠣᠭᠳᠠᠯ᠎ᠤᠨ ᠶᠡᠷᠦᠩᠬᠡᠢ ᠬᠡᠮᠵᠢᠶ᠎ᠡ᠎ᠪᠠᠨ ᠵᠣᠬᠢᠴᠠᠩᠭᠤᠢ᠎ᠪᠠᠷ ᠲᠣᠬᠢᠷᠠᠭᠤᠯᠵᠤ ᠪᠣᠯᠣᠨ᠎ᠠ᠃ ᠡᠨᠧᠷᠭᠢ ᠵᠢᠨ ᠬᠣᠷᠣᠭᠳᠠᠯ᠎ᠤᠨ ᠬᠦᠴᠦᠯᠡᠴᠡ ᠵᠢ ᠪᠠᠭᠤᠷᠠᠭᠤᠯᠬᠤ ᠵᠢᠨ ᠤᠷᠮᠠᠰᠢᠭᠤᠯᠬᠤ ᠬᠠᠷᠠᠯᠲᠠ ᠵᠢ ᠪᠡᠶᠡᠯᠡᠭᠦᠯᠦᠭᠰᠡᠨ ᠠᠢ᠌ᠮᠠᠭ ᠬᠣᠲᠠ ᠵᠢ ᠪᠣᠯ ᠡᠨᠧᠷᠭᠢ ᠵᠢᠨ ᠬᠡᠷᠡᠭᠯᠡᠭᠡᠨ᠎ᠤ ᠶᠡᠷᠦᠩᠬᠡᠢ ᠬᠡᠮᠵᠢᠶ᠎ᠡ ᠵᠢ ᠰᠢᠯᠭ᠋ᠠᠨ ᠬᠢᠨᠠᠬᠤ᠎ᠠᠴᠠ ᠬᠡᠯᠲᠦᠷᠢᠭᠦᠯᠦᠨ᠎ᠡ᠃ ᠡᠯ᠎ᠡ ᠭᠠᠵᠠᠷ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ ᠰᠢᠨ᠎ᠡ᠎ᠪᠠᠷ ᠨᠡᠮᠡᠭᠳᠡᠭᠰᠡᠨ ᠳᠠᠬᠢᠨ ᠡᠭᠦᠰᠴᠦ ᠪᠣᠯᠬᠤ ᠡᠨᠧᠷᠭᠢ ᠵᠢᠨ ᠴᠠᠬᠢᠯᠭ᠋ᠠᠨ ᠬᠦᠴᠦᠨ᠎ᠤ ᠬᠡᠷᠡᠭᠯᠡᠭᠡᠨ᠎ᠤ ᠬᠡᠮᠵᠢᠶ᠎ᠡ ᠵᠢ ᠡᠨᠧᠷᠭᠢ ᠵᠢᠨ ᠬᠣᠷᠣᠭᠳᠠᠯ᠎ᠤᠨ ᠶᠡᠷᠦᠩᠬᠡᠢ ᠬᠡᠮᠵᠢᠶ᠎ᠡ ᠵᠢᠨ ᠰᠢᠯᠭ᠋ᠠᠨ ᠬᠢᠨᠠᠬᠤ᠎ᠳᠤ ᠣᠷᠣᠭᠤᠯᠬᠤ ᠦᠭᠡᠢ᠂ ᠲᠦᠭᠦᠬᠡᠢ ᠡᠳ᠋ ᠵᠶ᠋ᠠᠷ ᠬᠡᠷᠡᠭᠯᠡᠭᠰᠡᠨ ᠡᠨᠧᠷᠭᠢ ᠵᠢ ᠡᠨᠧᠷᠭᠢ ᠵᠢᠨ ᠬᠣᠷᠣᠭᠳᠠᠯ᠎ᠤᠨ ᠬᠦᠴᠦᠯᠡᠴᠡ ᠪᠠ ᠶᠡᠷᠦᠩᠬᠡᠢ ᠬᠡᠮᠵᠢᠶᠡᠨ᠎ᠤ ᠬᠣᠣᠰ ᠡᠵᠡᠮᠳᠡᠯ᠎ᠤᠨ ᠬᠢᠨᠠᠨ ᠰᠢᠯᠭ᠋ᠠᠯᠲᠠ᠎ᠳᠤ ᠣᠷᠣᠭᠤᠯᠬᠤ ᠦᠭᠡᠢ᠃ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠲᠥᠷᠥᠯ ᠵᠦᠢ᠍ᠯ᠎ᠤᠨ ᠡᠨᠧᠷᠭᠢ ᠵᠢᠨ ᠬᠣᠷᠣᠭᠳᠠᠯ᠎ᠢ ᠠᠰ᠎ᠲᠤ᠎ᠨᠢ ᠵᠢᠭᠰᠠᠭ᠋ᠠᠬᠤ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠡᠨᠧᠷᠭᠢ ᠵᠢᠨ ᠬᠣᠷᠣᠭᠳᠠᠯ᠎ᠢ ᠠᠰ᠎ᠲᠤ᠎ᠨᠢ ᠵᠢᠭᠰᠠᠭ᠋ᠠᠬᠤ ᠬᠡᠪᠴᠢᠶᠡᠨ᠎ᠳᠤ ᠵᠢᠭᠰᠠᠭ᠋ᠠᠨ ᠣᠷᠣᠭᠤᠯᠤᠭᠰᠠᠨ ᠴᠢᠬᠤᠯᠠ ᠶᠡᠬᠡ ᠲᠥᠷᠥᠯ ᠵᠦᠢ᠍ᠯ᠎ᠳᠠᠬᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠡᠭᠦᠷᠭᠡᠯᠡᠬᠦ ᠡᠨᠧᠷᠭᠢ ᠵᠢᠨ ᠬᠣᠷᠣᠭᠳᠠᠯ᠎ᠢ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠤᠨ ᠰᠢᠯᠭ᠋ᠠᠨ ᠬᠢᠨᠠᠯᠲᠠ᠎ᠳᠤ ᠬᠠᠷᠭᠤᠭᠤᠯᠤᠨ ᠬᠠᠰᠤᠨ᠎ᠠ᠃ ᠡᠨᠧᠷᠭᠢ ᠬᠡᠷᠡᠭᠯᠡᠬᠦ ᠲᠥᠰᠥᠪ᠎ᠤᠨ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠵᠦ᠂ ᠡᠨᠧᠷᠭᠢ ᠵᠢᠨ ᠬᠣᠷᠣᠭᠳᠠᠯ᠎ᠤᠨ ᠶᠡᠷᠦᠩᠬᠡᠢ ᠬᠡᠮᠵᠢᠶ᠎ᠡ ᠵᠢ ᠬᠢᠵᠠᠭ᠋ᠠᠷᠯᠠᠬᠤ ᠪᠠᠢ᠌ᠭᠰᠠᠨ᠎ᠠᠴᠠ᠎ᠪᠠᠨ ᠡᠨᠧᠷᠭᠢ ᠵᠢᠨ ᠬᠣᠷᠣᠭᠳᠠᠯ᠎ᠤᠨ ᠬᠦᠴᠦᠯᠡᠴᠡ ᠵᠢ ᠲᠡᠩᠴᠡᠭᠦᠷᠢᠰᠢᠭᠦᠯᠬᠦ ᠲᠡᠢ᠌ᠰᠢ ᠬᠤᠪᠢᠷᠠᠭᠤᠯᠬᠤ ᠵᠢ ᠪᠡᠶᠡᠯᠡᠭᠦᠯᠵᠦ᠂ ᠰᠢᠨ᠎ᠡ᠎ᠪᠠᠷ ᠭᠠᠷᠭ᠋ᠠᠬᠤ ᠲᠥᠷᠥᠯ ᠵᠦᠢ᠍ᠯ᠎ᠤᠨ ᠡᠨᠧᠷᠭᠢ ᠵᠢᠨ ᠬᠣᠷᠣᠭᠳᠠᠯ᠎ᠤᠨ ᠬᠦᠴᠦᠯᠡᠴᠡ᠎ᠳᠤ ᠬᠡᠪ ᠳᠠᠭᠤᠷᠢᠶᠠᠯ ᠵᠶ᠋ᠠᠷ ᠬᠥᠲᠥᠯᠥᠨ ᠵᠢᠯᠤᠭᠣᠳᠬᠤ ᠵᠢ ᠴᠢᠩᠭ᠋ᠠᠷᠠᠭᠤᠯᠤᠨ᠂ ᠡᠨᠧᠷᠭᠢ ᠵᠢᠨ ᠬᠣᠷᠣᠭᠳᠠᠯ᠎ᠤᠨ ᠬᠦᠴᠦᠯᠡᠴᠡ᠎ᠪᠠᠷ ᠪᠠᠭ᠎ᠠ ᠰᠢᠯᠢᠳᠡᠭ ᠲᠥᠷᠥᠯ ᠵᠦᠢ᠍ᠯ᠎ᠤᠨ ᠡᠨᠧᠷᠭᠢ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠵᠦᠢ ᠵᠣᠬᠢᠰᠲᠠᠢ ᠪᠠᠲᠤᠯᠠᠵᠤ᠂ ᠭᠠᠵᠠᠷ ᠣᠷᠣᠨ᠎ᠤ ᠡᠨᠧᠷᠭᠢ ᠵᠢᠨ ᠬᠣᠷᠣᠭᠳᠠᠯ᠎ᠤᠨ ᠬᠦᠴᠦᠯᠡᠴᠡ᠎ᠳᠤ ᠦᠵᠡᠭᠦᠯᠬᠦ ᠡᠨᠧᠷᠭᠢ ᠵᠢᠨ ᠬᠣᠷᠣᠭᠳᠠᠯ᠎ᠤᠨ ᠬᠦᠴᠦᠯᠡᠴᠡ ᠶᠡᠬᠡᠲᠡᠢ ᠲᠥᠷᠥᠯ ᠵᠦᠢ᠍ᠯ᠎ᠤᠨ ᠨᠥᠯᠥᠭᠡ ᠵᠢ ᠪᠦᠲᠦᠮᠵᠢᠲᠡᠶ ᠠᠷᠢᠯᠭ᠋ᠠᠨ᠎ᠠ᠃ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠤᠨ ᠰᠢᠯᠭ᠋ᠠᠨ ᠬᠢᠨᠠᠬᠤ ᠳᠠᠪᠲᠠᠮᠵᠢ ᠵᠢ ᠰᠢᠯᠢᠳᠡᠭᠵᠢᠭᠦᠯᠵᠦ᠂ 《ᠣᠨ᠎ᠤ ᠦᠨᠡᠯᠡᠯᠲᠡ᠂ ᠤᠷᠲᠤᠪᠲᠤᠷ ᠬᠤᠭᠤᠴᠠᠭ᠋ᠠᠨ᠎ᠤ ᠦᠨᠡᠯᠡᠨ ᠵᠢᠱ᠌ᠢᠯᠲᠡ᠂ ᠲᠠᠪᠤᠨ ᠵᠢᠯ᠎ᠤᠨ ᠰᠢᠯᠭ᠋ᠠᠨ ᠬᠢᠨᠠᠯᠲᠠ》 ᠵᠢ ᠬᠡᠷᠡᠭᠵᠢᠭᠦᠯᠵᠦ᠂ ᠡᠨᠧᠷᠭᠢ ᠵᠢᠨ ᠬᠣᠷᠣᠭᠳᠠᠯ᠎ᠤᠨ ᠬᠦᠴᠦᠯᠡᠴᠡ ᠵᠢᠨ ᠬᠠᠷᠠᠯᠲᠠ ᠵᠢ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ ᠨᠢᠭᠡᠳᠦᠯᠲᠡᠢ ᠲᠥᠯᠥᠪᠯᠡᠨ ᠰᠢᠯᠭ᠋ᠠᠨ ᠬᠢᠨᠠᠨ᠎ᠠ᠃ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠤᠨ ᠲᠥᠷᠥ ᠵᠢᠨ ᠪᠣᠳᠣᠯᠭ᠎ᠠ ᠵᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠣᠷᠬᠢᠯ ᠬᠡᠮᠵᠢᠭᠳᠡᠯ᠎ᠢ ᠪᠠᠭᠤᠷᠠᠭᠤᠯᠬᠤ ᠪᠠ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠬᠠᠷᠠᠯᠲᠠ ᠡᠭᠦᠷᠭᠡ᠎ᠯᠦᠭᠡ ᠵᠣᠯᠭ᠋ᠠᠭᠤᠯᠬᠤ᠎ᠪᠠᠨ ᠴᠢᠩᠭ᠋ᠠᠳᠬᠠᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠲᠣᠭ᠎ᠠ ᠪᠦᠷᠢᠳᠬᠡᠯ᠎ᠤᠨ ᠲᠣᠪᠴᠢᠶ᠎ᠠ᠂ ᠡᠨᠧᠷᠭᠢ ᠵᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

     (ᠬᠣᠶᠠᠷ) ᠪᠣᠬᠢᠷᠳᠤᠯ ᠪᠣᠳᠠᠰ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠵᠢ ᠬᠢᠵᠠᠭ᠋ᠠᠷᠯᠠᠬᠤ ᠳᠦᠷᠢᠮ᠎ᠢ ᠪᠦᠷᠢᠨᠰᠢᠭᠦᠯᠦᠨ᠎ᠡ᠃ ᠪᠣᠬᠢᠷᠳᠤᠯ᠎ᠢ ᠲᠤᠢ᠌ᠯ᠎ᠤᠨ ᠣᠨᠣᠴᠠᠲᠠᠢ᠎ᠪᠠᠷ ᠵᠠᠰᠠᠬᠤ᠂ ᠰᠢᠨᠵᠢᠯᠡᠬᠦ ᠤᠬᠠᠭ᠋ᠠᠨᠴᠢ᠎ᠪᠠᠷ ᠵᠠᠰᠠᠬᠤ᠂ ᠬᠠᠤᠯᠢ ᠶᠣᠰᠣᠭ᠋ᠠᠷ ᠵᠠᠰᠠᠬᠤ ᠵᠢ ᠪᠠᠷᠢᠮᠲᠠᠯᠠᠵᠤ᠂ ᠪᠣᠬᠢᠷᠳᠤᠯ ᠪᠣᠳᠠᠰ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠵᠢ ᠬᠢᠵᠠᠭ᠋ᠠᠷᠯᠠᠬᠤ ᠳᠦᠷᠢᠮ᠎ᠢ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠋ᠠᠲᠠᠢ ᠬᠥᠭᠵᠢᠯᠲᠡ ᠵᠢ ᠲᠦᠷᠭᠡᠳᠬᠡᠬᠦ᠂ ᠪᠦᠲᠦᠴᠡ ᠵᠢ ᠰᠢᠯᠢᠳᠡᠭᠵᠢᠭᠦᠯᠦᠨ ᠲᠣᠬᠢᠷᠠᠭᠤᠯᠬᠤ ᠵᠢ ᠠᠬᠢᠭᠤᠯᠬᠤ᠂ ᠣᠷᠴᠢᠨ ᠠᠬᠤᠢ ᠵᠢᠨ ᠵᠠᠰᠠᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠢᠨ ᠴᠢᠬᠤᠯᠠ ᠭᠠᠷᠳᠠᠴᠠ ᠪᠣᠯᠭ᠋ᠠᠵᠤ᠂ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠭᠣᠣᠯᠳᠠᠯᠭ᠎ᠠ᠎ᠲᠠᠢ ᠢᠨᠵᠧᠨᠧᠷᠢᠩ᠎ᠢ ᠠᠬᠢᠭᠤᠯᠤᠨ ᠬᠡᠷᠡᠭᠵᠢᠭᠦᠯᠵᠦ᠂ ᠪᠣᠬᠢᠷᠳᠤᠯ ᠭᠠᠳᠠᠭᠰᠢᠯᠠᠭᠤᠯᠬᠤ ᠵᠢ ᠪᠦᠲᠦᠮᠵᠢᠲᠡᠶ ᠪᠠᠭ᠋ᠠᠰᠬᠠᠬᠤ ᠴᠢᠳᠠᠪᠤᠷᠢ ᠵᠢ ᠪᠤᠢ ᠪᠣᠯᠭ᠋ᠠᠨ᠎ᠠ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠵᠢ ᠪᠠᠭ᠋ᠠᠰᠬᠠᠬᠤ ᠭᠦᠢ᠍ᠴᠡᠳᠬᠡᠯ ᠲᠣᠭ᠎ᠠ ᠵᠢ ᠵᠠᠳᠠᠯᠬᠤ ᠠᠷᠭ᠎ᠠ ᠮᠠᠶᠢᠭ ᠵᠶ᠋ᠠᠨ ᠰᠢᠯᠢᠳᠡᠭᠵᠢᠭᠦᠯᠵᠦ᠂ ᠬᠢᠨᠠᠨ ᠬᠡᠮᠵᠢᠵᠦ ᠪᠣᠯᠬᠤ᠂ ᠬᠠᠷᠭᠤᠭᠤᠯᠤᠨ ᠪᠠᠢ᠌ᠴᠠᠭ᠋ᠠᠵᠤ ᠪᠣᠯᠬᠤ᠂ ᠰᠢᠯᠭ᠋ᠠᠨ ᠬᠢᠨᠠᠵᠤ ᠪᠣᠯᠬᠤ ᠵᠠᠷᠴᠢᠮ ᠶᠣᠰᠣᠭ᠋ᠠᠷ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠭᠣᠣᠯ ᠪᠣᠯᠬᠤ ᠪᠣᠬᠢᠷᠳᠤᠯ ᠪᠣᠳᠠᠰ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠵᠢ ᠪᠠᠭ᠋ᠠᠰᠬᠠᠬᠤ ᠠᠵᠢᠯᠯᠠᠭ᠋ᠠᠨ᠎ᠤ ᠲᠥᠰᠥᠯ᠎ᠢ ᠨᠠᠢ᠌ᠷᠠᠭᠤᠯᠤᠨ ᠵᠣᠬᠢᠶᠠᠵᠤ᠂ ᠭᠣᠣᠯᠳᠠᠯᠭ᠎ᠠ᠎ᠲᠠᠢ ᠪᠠᠷᠢᠯᠭ᠎ᠠ ᠵᠢᠨ ᠪᠣᠬᠢᠷᠳᠤᠯ ᠪᠣᠳᠠᠰ ᠭᠠᠳᠠᠭᠰᠢᠯᠠᠭᠤᠯᠬᠤ ᠵᠢ ᠪᠠᠭ᠋ᠠᠰᠬᠠᠬᠤ ᠬᠡᠮᠵᠢᠶ᠎ᠡ ᠵᠢ ᠣᠷᠣᠨ ᠨᠤᠲᠤᠭ᠎ᠲᠤ ᠪᠠᠭᠤᠯᠭ᠋ᠠᠵᠤ᠂ ᠪᠣᠬᠢᠷᠳᠤᠯ᠎ᠢ ᠵᠠᠰᠠᠬᠤ ᠡᠭᠦᠷᠭᠡ ᠨᠡᠯᠢᠶᠡᠳ ᠬᠦᠨᠳᠦ ᠪᠠᠢ᠌ᠭ᠎ᠠ ᠭᠠᠵᠠᠷ ᠣᠷᠣᠨ᠎ᠨᠢ ᠪᠣᠬᠢᠷᠳᠤᠯ ᠭᠠᠳᠠᠭᠰᠢᠯᠠᠭᠤᠯᠬᠤ ᠎ᠪᠠᠨ ᠪᠠᠭ᠋ᠠᠰᠬᠠᠬᠤ ᠡᠭᠦᠷᠭᠡ ᠵᠢ ᠬᠠᠷᠢᠴᠠᠩᠭᠤᠢ ᠢᠯᠡᠭᠦᠬᠡᠨ ᠡᠭᠦᠷᠭᠡᠯᠡᠨ᠎ᠡ᠃ ᠡᠯ᠎ᠡ ᠭᠠᠵᠠᠷ ᠣᠷᠣᠨ᠎ᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠢᠨᠵᠧᠨᠧᠷᠢᠩ ᠵᠶ᠋ᠡᠨ ᠣᠨ ᠵᠢᠯ ᠵᠶ᠋ᠡᠷ ᠨᠠᠢ᠌ᠳᠠᠪᠤᠷᠢᠵᠢᠭᠤᠯᠬᠤ ᠵᠢ ᠵᠢᠯᠤᠭᠣᠳᠴᠤ᠂ ᠪᠣᠬᠢᠷᠳᠤᠯ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠵᠢ ᠪᠠᠭ᠋ᠠᠰᠬᠠᠬᠤ ᠵᠢ ᠬᠠᠷᠭᠤᠭᠤᠯᠤᠨ ᠪᠠᠢ᠌ᠴᠠᠭ᠋ᠠᠵᠤ ᠲᠣᠭ᠋ᠠᠴᠠᠭ᠎ᠠ ᠬᠢᠬᠦ ᠵᠢ ᠴᠢᠩᠭ᠋ᠠᠷᠠᠭᠤᠯᠤᠨ᠎ᠠ᠃ ᠤᠯᠤᠰ᠎ᠤᠨ ᠨᠢᠭᠡᠳᠦᠯᠲᠡᠢ ᠲᠣᠬᠢᠷᠠᠭᠤᠯᠤᠯᠲᠠ ᠪᠠᠢ᠌ᠷᠢᠯᠠᠭᠤᠯᠤᠯᠲᠠ ᠳᠣᠣᠷ᠎ᠠ ᠪᠣᠬᠢᠷᠳᠤᠯ ᠭᠠᠳᠠᠭᠰᠢᠯᠠᠭᠤᠯᠬᠤ ᠵᠥᠪᠰᠢᠶᠡᠷᠡᠯ᠂ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠵᠦ ᠬᠢᠨᠠᠨ ᠵᠥᠪᠰᠢᠶᠡᠷᠡᠬᠦ ᠵᠡᠷᠭᠡ ᠳᠦᠷᠢᠮ᠎ᠯᠦᠭᠡ ᠵᠣᠯᠭ᠋ᠠᠭᠤᠯᠬᠤ ᠵᠢ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠠᠷᠢᠭᠤᠴᠠᠨ᠎ᠠ)

     (ᠭᠤᠷᠪᠠ) ᠡᠨᠧᠷᠭᠢ ᠵᠢᠨ ᠬᠣᠷᠣᠭᠳᠠᠯ ᠶᠡᠬᠡᠲᠡᠢ ᠭᠠᠳᠠᠭᠰᠢᠯᠠᠭᠤᠯᠤᠯᠲᠠ ᠶᠡᠬᠡᠲᠡᠢ ᠬᠢᠷᠢ ᠲᠦᠪᠰᠢᠨ ᠵᠶ᠋ᠡᠷ ᠳᠣᠣᠷ᠎ᠠ ᠲᠦᠷᠦᠯ ᠵᠦᠢ᠍ᠯ᠎ᠢ ᠰᠣᠬᠣᠷ ᠪᠠᠯᠠᠢ᠎ᠪᠠᠷ ᠬᠥᠭᠵᠢᠭᠦᠯᠬᠦ ᠵᠢ ᠡᠷᠡᠰ ᠬᠣᠷᠢᠭᠯᠠᠨ᠎ᠠ᠃ ᠠᠵᠤ ᠦᠢ᠍ᠯᠡᠰ᠎ᠤᠨ ᠵᠥᠪᠰᠢᠶᠡᠷᠡᠨ ᠣᠷᠣᠭᠤᠯᠬᠤ᠂ ᠡᠨᠧᠷᠭᠢ ᠠᠷᠪᠢᠯᠠᠬᠤ ᠵᠢ ᠬᠢᠨᠠᠨ ᠪᠠᠢ᠌ᠴᠠᠭ᠋ᠠᠬᠤ᠂ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ᠂ ᠠᠵᠤ ᠦᠢ᠍ᠯᠡᠰ᠎ᠤᠨ ᠬᠡᠯᠬᠢᠶᠡᠨ᠎ᠤ ᠲᠠᠯ᠎ᠠ᠎ᠪᠠᠷ ᠡᠨᠧᠷᠭᠢ ᠵᠢᠨ ᠬᠣᠷᠣᠭᠳᠠᠯ ᠶᠡᠬᠡᠲᠡᠢ ᠭᠠᠳᠠᠭᠰᠢᠯᠠᠭᠤᠯᠤᠯᠲᠠ ᠶᠡᠬᠡᠲᠡᠢ ᠲᠥᠷᠥᠯ ᠵᠦᠢ᠍ᠯ

(ᠳᠣᠷᠣᠭᠰᠢ 《ᠬᠣᠶᠠᠷ ᠶᠡᠬᠡᠲᠡᠢ》 ᠲᠥᠷᠥᠯ ᠵᠦᠢ᠍ᠯ ᠭᠡᠵᠦ ᠲᠣᠪᠴᠢᠯᠠᠨ᠎ᠠ)᠎ᠢ ᠴᠢᠩᠭ᠎ᠠ ᠬᠢᠵᠠᠭ᠋ᠠᠷᠯᠠᠨ᠎ᠠ᠃ ᠤᠯᠤᠰ᠎ᠤᠨ ᠠᠵᠤ ᠦᠢ᠍ᠯᠡᠰ᠎ᠤᠨ ᠲᠥᠯᠦᠪᠵᠢᠭᠦᠯᠭᠡ ᠪᠠᠢ᠌ᠷᠢᠰᠢᠭᠤᠯᠤᠯᠲᠠ ᠵᠢᠨ ᠲᠥᠰᠥᠯ᠎ᠳᠤ ᠵᠢᠭᠰᠠᠭ᠋ᠠᠨ ᠣᠷᠣᠭᠤᠯᠤᠭᠰᠠᠨ᠎ᠠᠴᠠ ᠪᠤᠰᠤᠳ᠎ᠢ᠎ᠨᠢ ᠥᠪᠡᠷᠲᠡᠭᠡᠨ ᠵᠠᠰᠠᠬᠤ ᠣᠷᠣᠨ᠎ᠤ 《〈ᠠᠷᠪᠠᠨ ᠳᠥᠷᠪᠡᠳᠦᠭᠡᠷ ᠲᠠᠪᠤᠨ

ᠵᠢᠯ〉᠎ᠤᠨ ᠲᠥᠯᠦᠪᠵᠢᠭᠦᠯᠭᠡ ᠵᠢᠨ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠤᠨ ᠬᠠᠷᠠᠯᠲᠠ ᠡᠭᠦᠷᠭᠡ ᠵᠢ ᠪᠡᠶᠡᠯᠡᠭᠦᠯᠬᠦ ᠎ᠪᠠᠨ ᠦᠨᠡᠨ ᠬᠦ᠌ ᠪᠠᠲᠤᠯᠠᠬᠤ ᠲᠤᠬᠠᠢ ᠪᠠᠲᠤᠯᠠᠭ᠎ᠠ ᠵᠢᠨ ᠠᠷᠭ᠎ᠠ ᠬᠡᠮᠵᠢᠶ᠎ᠡ᠎ᠨᠦᠭᠦᠳ》 《〈ᠬᠣᠶᠠᠷ ᠶᠡᠬᠡᠲᠡᠢ〉 ᠲᠥᠷᠥᠯ ᠵᠦᠢ᠍ᠯ᠎ᠢ ᠳᠣᠣᠷ᠎ᠠ ᠬᠢᠷᠢ ᠲᠦᠪᠰᠢᠨ᠎ᠲᠠᠢ᠎ᠪᠠᠷ ᠰᠣᠬᠣᠷ ᠪᠠᠯᠠᠢ᠎ᠪᠠᠷ ᠬᠥᠭᠵᠢᠭᠦᠯᠬᠦ ᠵᠢ ᠡᠷᠡᠰ ᠬᠣᠷᠢᠭᠯᠠᠬᠤ ᠬᠠᠮᠢᠶᠠᠷᠤᠨ ᠡᠵᠡᠮᠳᠡᠬᠦ ᠭᠠᠷᠴᠠᠭ》᠎ᠤᠨ ᠲᠣᠭᠲᠠᠭ᠋ᠠᠯ᠎ᠢ ᠴᠢᠩᠭ᠎ᠠ ᠵᠢᠷᠤᠮᠯᠠᠨ᠂ 《ᠬᠣᠶᠠᠷ ᠶᠡᠬᠡᠲᠡᠢ》 ᠠᠵᠢᠯ ᠲᠥᠷᠥᠯ᠎ᠤᠨ ᠰᠢᠨ᠎ᠡ᠎ᠪᠠᠷ ᠨᠡᠮᠡᠭᠳᠡᠬᠦ ᠦᠢ᠍ᠯᠡᠳᠪᠦᠷᠢᠯᠡᠬᠦ ᠴᠢᠳᠠᠪᠤᠷᠢ᠂ ᠰᠢᠨ᠎ᠡ᠎ᠪᠠᠷ ᠭᠠᠷᠭ᠋ᠠᠬᠤ ᠲᠥᠷᠥᠯ ᠵᠦᠢ᠍ᠯ᠎ᠢ ᠴᠢᠩᠭ᠎ᠠ ᠡᠵᠡᠮᠳᠡᠨ᠎ᠡ᠃ 《ᠬᠣᠶᠠᠷ ᠶᠡᠬᠡᠲᠡᠢ》 ᠠᠵᠢᠯ ᠲᠥᠷᠥᠯ᠎ᠤᠨ ᠬᠠᠮᠢᠶᠠᠷᠤᠯᠲᠠ ᠵᠢᠨ ᠡᠬᠡ ᠲᠠᠩᠰᠠ ᠵᠢ ᠪᠠᠢ᠌ᠭᠤᠯᠵᠤ᠂ ᠴᠢᠯᠠᠭᠤᠨ ᠲᠣᠰᠣ ᠪᠠ ᠬᠢᠮᠢ᠂ ᠬᠡᠦᠷᠰᠢᠭᠦᠯᠬᠦ᠂ ᠬᠢᠮᠢ ᠵᠢᠨ ᠠᠵᠤ ᠦᠢ᠍ᠯᠡᠳᠪᠦᠷᠢ᠂ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ᠂ ᠪᠠᠷᠢᠯᠭ᠎ᠠ ᠵᠢᠨ ᠮᠠᠲ᠋ᠧᠷᠢᠶᠠᠯ᠂ ᠪᠣᠯᠣᠳ ᠲᠡᠮᠦᠷ᠂ ᠥᠩᠭᠡᠲᠦ ᠲᠡᠮᠦᠷᠯᠢᠭ᠂ ᠨᠡᠭᠦᠷᠡᠰᠦ ᠴᠠᠬᠢᠯᠭ᠋ᠠᠨ ᠵᠡᠷᠭᠡ ᠨᠠᠢ᠍ᠮᠠᠨ ᠶᠡᠬᠡ ᠠᠵᠢᠯ ᠲᠥᠷᠥᠯ᠎ᠤᠨ 5 ᠲᠦᠮᠡᠨ ᠲᠣᠨ᠎ᠤ ᠪᠠᠷᠢᠮᠵᠢᠶᠠᠲᠤ ᠨᠡᠭᠦᠷᠡᠰᠦ᠎ᠠᠴᠠ ᠳᠡᠭᠡᠭᠰᠢᠬᠢ ᠲᠥᠷᠥᠯ ᠵᠦᠢ᠍ᠯ᠎ᠢ ᠵᠢᠷᠤᠭᠯᠠᠨ ᠲᠥᠯᠥᠪᠯᠡᠬᠦ᠎ᠪᠠᠷ ᠭᠣᠣᠯᠳᠠᠯᠭ᠎ᠠ ᠪᠣᠯᠭ᠋ᠠᠨ᠂ ᠪᠠᠢ᠌ᠭᠤᠯᠵᠤ ᠪᠠᠢ᠌ᠭ᠎ᠠ᠂ ᠪᠠᠶ᠋ᠢᠭᠤᠯᠬᠤ᠎ᠪᠠᠷ ᠪᠠᠢ᠌ᠭ᠎ᠠ᠂ ᠦᠯᠡᠳᠡᠭᠡᠯ 《ᠬᠣᠶᠠᠷ ᠶᠡᠬᠡᠲᠡᠢ》 ᠲᠥᠷᠥᠯ ᠵᠦᠢ᠍ᠯ᠎ᠢ ᠪᠥᠬᠥ ᠲᠠᠯ᠎ᠠ᠎ᠪᠠᠷ ᠡᠮᠬᠢᠯᠡᠨ ᠳᠢᠭᠯᠡᠵᠦ᠂ ᠨᠠᠷᠢᠨ ᠬᠠᠭᠤᠳᠠᠰᠤᠨ᠎ᠤ ᠬᠠᠮᠢᠶᠠᠷᠤᠯᠲᠠ᠂ ᠲᠥᠷᠥᠯ ᠬᠤᠪᠢᠶᠠᠨ ᠰᠢᠢ᠍ᠳᠪᠦᠷᠢᠯᠡᠬᠦ᠂ ᠬᠥᠳᠡᠯᠦᠩᠭᠦᠢ᠎ᠪᠠᠷ ᠬᠢᠨᠠᠨ ᠡᠵᠡᠮᠳᠡᠬᠦ ᠵᠢ ᠬᠡᠷᠡᠭᠵᠢᠭᠦᠯᠦᠨ᠎ᠡ᠃ 《ᠡᠨᠧᠷᠭᠢ ᠵᠢᠨ ᠠᠰᠢᠭᠯᠠᠮᠵᠢ ᠵᠢᠨ ᠬᠢᠵᠠᠭ᠋ᠠᠷᠯᠠᠯ᠎ᠢ ᠴᠢᠩᠳᠠᠯᠠᠵᠤ ᠭᠣᠣᠯᠳᠠᠯᠭ᠎ᠠ᠎ᠲᠠᠢ ᠬᠦᠷᠢᠶᠡᠨ᠎ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ ᠠᠵᠢᠯ᠎ᠢ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠲᠥᠰᠥᠯ》᠎ᠤᠨ ᠶᠣᠰᠣᠭ᠋ᠠᠷ᠂ ᠠᠵᠤ ᠠᠬᠤᠢ᠌ᠯᠠᠯ᠎ᠤᠨ ᠡᠨᠧᠷᠭᠢ ᠵᠢᠨ ᠠᠰᠢᠭᠯᠠᠮᠵᠢ ᠵᠢᠨ ᠨᠠᠷᠢᠨ ᠬᠠᠭᠤᠳᠠᠰᠤ ᠵᠢ ᠪᠠᠢ᠌ᠭᠤᠯᠵᠤ᠂ ᠠᠵᠢᠯ ᠲᠥᠷᠥᠯ᠎ᠤᠨ ᠡᠨᠧᠷᠭᠢ ᠵᠢᠨ ᠠᠰᠢᠭᠯᠠᠮᠵᠢ ᠵᠢᠨ ᠰᠠᠭᠤᠷᠢ ᠪᠠᠷᠢᠮᠵᠢᠶ᠎ᠠ ᠵᠢᠨ ᠬᠢᠷᠢ ᠬᠡᠮᠵᠢᠶ᠎ᠡ᠎ᠠᠴᠠ ᠳᠣᠣᠷ᠎ᠠ ᠪᠠᠢ᠌ᠭ᠎ᠠ ᠦᠯᠡᠳᠡᠭᠡᠯ ᠲᠥᠷᠥᠯ ᠵᠦᠢ᠍ᠯ᠎ᠢ ᠮᠡᠷᠭᠡᠵᠢᠯ᠎ᠤᠨ ᠥᠭᠡᠷᠡᠴᠢᠯᠡᠯᠲᠡ᠎ᠪᠠᠷ ᠳᠠᠮᠵᠢᠭᠤᠯᠤᠨ ᠪᠦᠬᠦᠨ᠎ᠢ ᠤᠯᠤᠰ᠎ᠤᠨ ᠰᠠᠭᠤᠷᠢ ᠪᠠᠷᠢᠮᠵᠢᠶ᠎ᠠ ᠵᠢᠨ ᠬᠢᠷᠢ ᠬᠡᠮᠵᠢᠶ᠎ᠡ᠎ᠳᠤ ᠬᠦᠷᠦᠭᠦᠯᠦᠨ᠎ᠡ﹔ ᠡᠨᠧᠷᠭᠢ ᠵᠢᠨ ᠠᠰᠢᠭᠯᠠᠮᠵᠢ᠎ᠨᠢ ᠬᠡᠪ ᠳᠠᠭᠤᠷᠢᠶᠠᠯ᠎ᠤᠨ ᠬᠢᠷᠢ ᠬᠡᠮᠵᠢᠶ᠎ᠡ ᠪᠠ ᠰᠠᠭᠤᠷᠢ ᠪᠠᠷᠢᠮᠵᠢᠶ᠎ᠠ ᠵᠢᠨ ᠬᠢᠷᠢ ᠬᠡᠮᠵᠢᠶ᠎ᠡ ᠵᠢᠨ ᠬᠣᠭᠣᠷᠣᠨᠳᠤ ᠪᠠᠢ᠌ᠬᠤ ᠲᠥᠷᠥᠯ ᠵᠦᠢ᠍ᠯ᠎ᠳᠤ᠂ ᠤᠯᠤᠰ᠎ᠤᠨ ᠬᠡᠪ ᠳᠠᠭᠤᠷᠢᠶᠠᠯ᠎ᠤᠨ ᠬᠢᠷᠢ ᠬᠡᠮᠵᠢᠶ᠎ᠡ᠎ᠪᠠᠷ ᠯᠠᠪᠯᠠᠯᠲᠠ ᠪᠣᠯᠭ᠋ᠠᠵᠤ ᠥᠭᠡᠷᠡᠴᠢᠯᠡᠨ ᠲᠠᠰ ᠳᠡᠪᠰᠢᠭᠦᠯᠬᠦ ᠵᠢ ᠵᠣᠷᠢᠭᠵᠢᠭᠤᠯᠵᠤ᠂ ᠠᠵᠢᠯ ᠲᠥᠷᠥᠯ᠎ᠤᠨ ᠡᠨᠧᠷᠭᠢ ᠵᠢᠨ ᠠᠰᠢᠭᠯᠠᠮᠵᠢ ᠵᠢᠨ 《ᠳᠠᠭ᠋ᠠᠭᠤᠯᠤᠭᠴᠢ》 ᠵᠢᠨ ᠨᠡᠷᠡᠰ᠎ᠲᠤ ᠤᠷᠤᠭᠤᠯᠬᠤ᠎ᠪᠠᠷ ᠴᠢᠷᠮᠠᠶ᠋ᠢᠨ᠎ᠠ﹔ ᠰᠢᠨ᠎ᠡ᠎ᠪᠠᠷ ᠪᠠᠶ᠋ᠢᠭᠤᠯᠬᠤ ᠲᠦᠷᠦᠯ ᠵᠦᠢ᠍ᠯ ᠪᠦᠬᠦᠨ᠎ᠢ ᠤᠯᠤᠰ᠎ᠤᠨ ᠡᠨᠧᠷᠭᠢ ᠵᠢᠨ ᠠᠰᠢᠭᠯᠠᠮᠵᠢ ᠵᠢᠨ ᠬᠡᠪ ᠳᠠᠭᠤᠷᠢᠶᠠᠯ᠎ᠤᠨ ᠬᠢᠷᠢ ᠬᠡᠮᠵᠢᠶ᠎ᠡ᠎ᠪᠠᠷ ᠵᠢᠷᠤᠵᠤ ᠲᠥᠯᠥᠪᠯᠡᠨ ᠪᠦᠲᠦᠭᠡᠨ ᠪᠠᠶ᠋ᠢᠭᠤᠯᠤᠨ᠎ᠠ﹔ ᠥᠭᠡᠷᠡᠴᠢᠯᠡᠯᠲᠡ ᠵᠢ ᠬᠤᠭᠤᠴᠠᠭ᠎ᠠ ᠶᠣᠰᠣᠭ᠋ᠠᠷ ᠪᠡᠶᠡᠯᠡᠭᠦᠯᠵᠦ ᠳᠡᠶ᠋ᠢᠯᠬᠦ ᠦᠭᠡᠢ ᠲᠥᠷᠥᠯ ᠵᠦᠢ᠍ᠯ᠎ᠢ ᠲᠠᠰᠤᠷᠬᠠᠢ ᠰᠢᠭᠰᠢᠭᠳᠡᠭᠦᠯᠵᠦ᠂ ᠰᠢᠭᠰᠢᠭᠳᠡᠭᠦᠯᠬᠦ ᠴᠠᠭ ᠬᠤᠭᠤᠴᠠᠭ᠎ᠠ ᠵᠢ 3 ᠵᠢᠯ᠎ᠠᠴᠠ ᠬᠡᠲᠦᠷᠡᠭᠦᠯᠵᠦ ᠪᠣᠯᠬᠤ ᠦᠭᠡᠢ᠃ 《ᠬᠣᠶᠠᠷ ᠶᠡᠬᠡᠲᠡᠢ》 ᠲᠥᠷᠥᠯ ᠵᠦᠢ᠍ᠯ᠎ᠤᠨ ᠪᠥᠬᠥ ᠶᠠᠪᠤᠴᠠ᠎ᠳᠠᠬᠢ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠢ᠂ ᠲᠣᠭᠲᠠᠭ᠋ᠠᠯ᠎ᠠᠴᠠ ᠵᠥᠷᠢᠴᠡᠨ ᠬᠢᠨᠠᠵᠤ ᠵᠥᠪᠰᠢᠶᠡᠷᠡᠭᠰᠡᠨ᠂ ᠵᠥᠪᠰᠢᠶᠡᠷᠡᠭᠦᠯᠦᠭᠡᠳᠦᠢ᠎ᠪᠠᠷ ᠪᠠᠢ᠌ᠭᠤᠯᠤᠭᠰᠠᠨ᠂ ᠵᠥᠪᠰᠢᠶᠡᠷᠡᠭᠦᠯᠦᠭᠰᠡᠨ ᠪᠠ ᠪᠠᠢ᠌ᠭᠤᠯᠤᠭᠰᠠᠨ᠎ᠨᠢ ᠬᠠᠷᠢᠯᠴᠠᠨ ᠨᠡᠶ᠋ᠢᠴᠡᠬᠦ ᠦᠭᠡᠢ᠂ ᠴᠣᠬᠣᠯᠠᠪᠤᠷᠢ᠎ᠠᠴᠠ ᠳᠠᠪᠠᠭᠤᠯᠤᠨ ᠡᠨᠧᠷᠭᠢ ᠬᠡᠷᠡᠭᠯᠡᠭᠰᠡᠨ᠂ ᠪᠠᠷᠢᠮᠵᠢᠶ᠎ᠠ᠎ᠠᠴᠠ ᠬᠡᠲᠦᠷᠡᠭᠦᠯᠦᠨ ᠭᠠᠳᠠᠭᠰᠢᠯᠠᠭᠤᠯᠤᠭᠰᠠᠨ 《ᠬᠣᠶᠠᠷ ᠶᠡᠬᠡᠲᠡᠢ》 ᠲᠥᠷᠥᠯ ᠵᠦᠢ᠍ᠯ᠎ᠢ ᠡᠷᠡᠰ ᠵᠣᠭᠰᠣᠭ᠋ᠠᠵᠤ᠂ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠪᠠᠢ᠌ᠴᠠᠭ᠋ᠠᠨ ᠰᠢᠢ᠍ᠳᠪᠦᠷᠢᠯᠡᠨ᠎ᠡ᠃ ᠡᠳ᠋᠎ᠤᠨ ᠵᠠᠰᠠᠭ ᠠᠵᠤ ᠠᠬᠤᠢ ᠵᠢᠨ ᠰᠠᠬᠢᠯᠭ᠎ᠠ ᠪᠠᠲᠤ ᠵᠢ ᠴᠢᠩᠳᠠᠯᠠᠵᠤ᠂

《ᠬᠣᠶᠠᠷ ᠶᠡᠬᠡᠲᠡᠢ》 ᠲᠥᠷᠥᠯ ᠵᠦᠢ᠍ᠯ᠎ᠤᠨ ᠪᠡᠯᠡ ᠲᠣᠬᠢᠷᠠᠭᠤᠯᠬᠤ ᠲᠦᠷᠦ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠡᠨᠧᠷᠭᠢ ᠵᠢᠨ ᠲᠣᠪᠴᠢᠶ᠎ᠠ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠠᠷᠠᠳ᠎ᠤᠨ ᠪᠠᠩᠬᠢ ᠵᠢᠨ ᠬᠥᠬᠡᠬᠣᠲᠠ ᠲᠥᠪ ᠰᠠᠯᠪᠤᠷᠢ ᠪᠠᠩᠬᠢ᠂ ᠥᠪᠥᠷ ᠮᠣᠩᠭᠣᠯ᠎ᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

     (ᠳᠥᠷᠪᠡ) ᠬᠠᠤᠯᠢ ᠲᠣᠭᠲᠠᠭ᠋ᠠᠯ ᠪᠠ ᠪᠠᠷᠢᠮᠵᠢᠶ᠎ᠠ ᠵᠢᠨ ᠲᠣᠭᠲᠠᠯᠴᠠᠭ᠎ᠠ ᠵᠢ ᠪᠦᠷᠢᠨᠰᠢᠭᠦᠯᠦᠨ᠎ᠡ᠃ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠡᠨᠧᠷᠭᠢ ᠠᠷᠪᠢᠯᠠᠬᠤ ᠬᠠᠤᠯᠢ》 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠣᠷᠴᠢᠯ ᠠᠵᠤ ᠠᠬᠤᠢ ᠵᠢ ᠠᠬᠢᠭᠤᠯᠬᠤ ᠬᠠᠤᠯᠢ》 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠴᠡᠪᠡᠷ ᠦᠢ᠍ᠯᠡᠳᠪᠦᠷᠢᠯᠡᠯ᠎ᠢ ᠠᠬᠢᠭᠤᠯᠬᠤ ᠬᠠᠤᠯᠢ》 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠬᠠᠤᠯᠢ》 ᠵᠢᠴᠢ 《ᠠᠮᠢ ᠠᠬᠤᠢ ᠣᠷᠴᠢᠨ ᠲᠣᠭᠣᠷᠢᠨ᠎ᠢ ᠬᠢᠨᠠᠨ ᠰᠢᠨᠵᠢᠬᠦ ᠳᠦᠷᠢᠮ》 《ᠠᠷᠠᠳ᠎ᠤᠨ ᠬᠡᠷᠡᠭᠯᠡᠭᠡᠨ᠎ᠤ ᠪᠠᠷᠢᠯᠭ᠎ᠠ ᠵᠢᠨ ᠡᠨᠧᠷᠭᠢ ᠠᠷᠪᠢᠯᠠᠬᠤ ᠳᠦᠷᠢᠮ》 《ᠤᠯᠠᠨ ᠨᠡᠶ᠋ᠢᠲᠡ ᠵᠢᠨ ᠪᠠᠢ᠌ᠭᠤᠯᠤᠮᠵᠢ ᠵᠢᠨ ᠡᠨᠧᠷᠭᠢ ᠠᠷᠪᠢᠯᠠᠬᠤ ᠳᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠨ᠎ᠠ᠃ ᠨᠢᠭᠡ ᠪᠦᠯᠦᠭ 《ᠬᠣᠶᠠᠷ ᠶᠡᠬᠡᠲᠡᠢ》 ᠠᠵᠢᠯ ᠲᠥᠷᠥᠯ᠎ᠤᠨ ᠥᠪᠡᠷᠲᠡᠭᠡᠨ ᠵᠠᠰᠠᠬᠤ ᠣᠷᠣᠨ᠎ᠤ ᠡᠨᠧᠷᠭᠢ ᠠᠷᠪᠢᠯᠠᠬᠤ ᠣᠷᠣᠨ ᠨᠤᠲᠤᠭ᠎ᠤᠨ ᠪᠠᠷᠢᠮᠵᠢᠶ᠎ᠠ᠎ᠳᠤ ᠵᠠᠰᠠᠪᠤᠷᠢ ᠣᠷᠣᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠡᠨᠧᠷᠭᠢ ᠠᠷᠪᠢᠯᠠᠬᠤ ᠬᠠᠤᠯᠢ〉 ᠵᠢ ᠬᠡᠷᠡᠭᠵᠢᠭᠦᠯᠬᠦ ᠠᠷᠭ᠎ᠠ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠤᠨ ᠡᠨᠧᠷᠭᠢ ᠠᠷᠪᠢᠯᠠᠬᠤ ᠵᠢ ᠬᠢᠨᠠᠨ ᠪᠠᠢ᠌ᠴᠠᠭ᠋ᠠᠬᠤ ᠵᠢᠨ ᠬᠡᠷᠡᠭᠵᠢᠭᠦᠯᠬᠦ ᠠᠷᠭ᠎ᠠ》 ᠵᠡᠷᠭᠡ᠎ᠳᠤ ᠵᠠᠰᠠᠪᠤᠷᠢ ᠣᠷᠣᠭᠤᠯᠤᠨ᠎ᠠ᠃ ᠤᠯᠤᠰ᠎ᠤᠨ ᠱᠠᠭ᠋ᠠᠷᠳᠠᠯᠭ᠎ᠠ ᠶᠣᠰᠣᠭ᠋ᠠᠷ᠂ ᠡᠨᠧᠷᠭᠢ ᠵᠢᠨ ᠠᠰᠢᠭᠯᠠᠮᠵᠢ᠂ ᠤᠰᠤᠨ᠎ᠤ ᠠᠰᠢᠭᠯᠠᠮᠵᠢ ᠵᠢᠨ 《ᠳᠠᠭ᠋ᠠᠭᠤᠯᠤᠭᠴᠢ》᠎ᠪᠠᠷ ᠬᠥᠲᠥᠯᠥᠨ ᠳᠠᠭ᠋ᠠᠭᠤᠯᠬᠤ ᠠᠵᠢᠯᠯᠠᠭ᠋ᠠᠨ᠎ᠢ ᠭᠦᠨᠵᠡᠭᠡᠢ ᠥᠷᠨᠢᠭᠦᠯᠦᠨ᠎ᠡ᠃ ᠡᠨᠧᠷᠭᠢ ᠵᠢᠨ ᠬᠣᠷᠣᠭᠳᠠᠯ᠎ᠤᠨ ᠬᠢᠵᠠᠭ᠋ᠠᠷ ᠲᠣᠭ᠋ᠠᠨ᠎ᠤ ᠪᠠᠷᠢᠮᠵᠢᠶ᠎ᠠ ᠪᠠ ᠪᠣᠬᠢᠷᠳᠤᠯ ᠪᠣᠳᠠᠰ᠎ᠢ ᠭᠠᠳᠠᠭᠰᠢᠯᠠᠭᠤᠯᠬᠤ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠵᠦ᠂ ᠤᠯᠤᠰ᠎ᠤᠨ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠵᠦᠢ᠍ᠯ᠎ᠤᠨ ᠳᠡᠭᠳᠡᠮᠡᠬᠡᠢ ᠣᠷᠭ᠋ᠠᠨᠢᠭ ᠪᠣᠳᠠᠰ᠎ᠤᠨ ᠠᠭᠤᠯᠤᠭᠳᠠᠴᠠ ᠵᠢ ᠬᠢᠵᠠᠭ᠋ᠠᠷᠯᠠᠬᠤ ᠪᠠᠷᠢᠮᠵᠢᠶ᠎ᠠ ᠪᠠ ᠳᠡᠭᠳᠡᠮᠡᠬᠡᠢ ᠣᠷᠭ᠋ᠠᠨᠢᠭ ᠪᠣᠳᠠᠰ᠎ᠲᠤ ᠬᠣᠯᠪᠣᠭᠳᠠᠬᠤ ᠭᠣᠣᠯᠳᠠᠯᠭ᠎ᠠ᠎ᠲᠠᠢ ᠠᠵᠢᠯ ᠲᠦᠷᠦᠯ᠎ᠤᠨ ᠠᠭ᠋ᠠᠷ ᠮᠠᠨᠳᠠᠯ᠎ᠤᠨ ᠪᠣᠬᠢᠷᠳᠤᠯ᠎ᠢ ᠭᠠᠳᠠᠭᠰᠢᠯᠠᠭᠤᠯᠬᠤ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠵᠦ᠂ ᠭᠠᠳᠠᠭ᠋ᠠᠳᠤ᠎ᠠᠴᠠ ᠣᠷᠣᠭᠤᠯᠬᠤ ᠵᠠᠮ ᠬᠠᠷᠢᠯᠴᠠᠭ᠋ᠠᠨ᠎ᠤ ᠪᠤᠰᠤ ᠰᠢᠯᠵᠢᠮᠡᠯ ᠮᠧᠬᠠᠨᠢᠭ ᠪᠠ ᠬᠥᠳᠡᠯᠭᠡᠭᠦᠷ᠎ᠲᠤ ᠤᠯᠤᠰ᠎ᠤᠨ ᠤᠳᠤ ᠵᠢᠨ ᠬᠡᠷᠡᠭᠵᠢᠭᠦᠯᠵᠦ ᠪᠠᠢ᠌ᠭ᠎ᠠ ᠰᠢᠨ᠎ᠡ ᠦᠢ᠍ᠯᠡᠳᠪᠦᠷᠢᠯᠡᠯ᠎ᠤᠨ ᠲᠥᠬᠦᠭᠡᠷᠦᠮᠵᠢ ᠵᠢᠨ ᠭᠠᠳᠠᠭᠰᠢᠯᠠᠭᠤᠯᠬᠤ ᠪᠠᠷᠢᠮᠵᠢᠶ᠎ᠠ ᠵᠢ ᠬᠡᠷᠡᠭᠵᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠬᠠᠤᠯᠢ ᠴᠠᠭ᠋ᠠᠵᠠ ᠵᠢᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

     (ᠲᠠᠪᠤ) ᠠᠵᠤ ᠠᠬᠤᠢ ᠵᠢᠨ ᠲᠥᠷᠥ ᠵᠢᠨ ᠪᠣᠳᠣᠯᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠦᠨ᠎ᠡ᠃ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ᠎ᠳᠤ ᠦᠵᠡᠭᠦᠯᠬᠦ ᠡᠳ᠋᠎ᠤᠨ ᠵᠠᠰᠠᠭ᠎ᠤᠨ ᠳᠡᠮᠵᠢᠯᠭᠡ ᠵᠢᠨ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠂ ᠲᠤᠰᠬᠠᠢ ᠵᠦᠢ᠍ᠯ᠎ᠤᠨ ᠪᠡᠯᠡ ᠮᠥᠩᠭᠥ ᠵᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠡᠨᠧᠷᠭᠢ ᠠᠷᠪᠢᠯᠠᠬᠤ ᠥᠭᠡᠷᠡᠴᠢᠯᠡᠯᠲᠡ᠂ ᠶᠡᠷᠦᠩᠬᠡᠢ᠌ᠯᠡᠭᠰᠡᠨ ᠡᠨᠧᠷᠭᠢ ᠵᠢᠨ ᠠᠰᠢᠭᠯᠠᠮᠵᠢ ᠵᠢ ᠳᠡᠭᠡᠭᠰᠢᠯᠡᠭᠦᠯᠬᠦ᠂ ᠬᠣᠴᠤᠷᠤᠩᠭᠤᠢ ᠦᠢ᠍ᠯᠡᠳᠪᠦᠷᠢᠯᠡᠬᠦ ᠴᠢᠳᠠᠪᠤᠷᠢ ᠵᠢ ᠰᠢᠭᠰᠢᠬᠦ ᠪᠠ ᠦᠯᠡᠭᠦᠳᠡᠭᠰᠡᠨ ᠦᠢ᠍ᠯᠡᠳᠪᠦᠷᠢᠯᠡᠬᠦ ᠴᠢᠳᠠᠪᠤᠷᠢ ᠵᠢ ᠠᠷᠢᠯᠭ᠋ᠠᠬᠤ᠂ ᠡᠨᠧᠷᠭᠢ ᠠᠷᠪᠢᠯᠠᠬᠤ ᠴᠢᠬᠤᠯᠠ ᠶᠡᠬᠡ ᠮᠡᠷᠭᠡᠵᠢᠯ᠎ᠢ ᠰᠤᠳᠤᠯᠤᠨ ᠨᠡᠭᠡᠭᠡᠬᠦ ᠪᠠ ᠠᠵᠤ ᠦᠢ᠍ᠯᠡᠰᠵᠢᠭᠦᠯᠦᠨ ᠵᠢᠱ᠌ᠢᠶ᠎ᠡ ᠦᠵᠡᠭᠦᠯᠬᠦ ᠵᠡᠷᠭᠡ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠭᠣᠣᠯᠳᠠᠯᠭ᠎ᠠ᠎ᠲᠠᠢ ᠢᠨᠵᠧᠨᠧᠷᠢᠩ᠎ᠳᠤ ᠪᠡᠯᠡ ᠮᠥᠩᠭᠥᠨ᠎ᠤ ᠳᠡᠮᠵᠢᠯᠭᠡ ᠦᠵᠡᠭᠦᠯᠬᠦ ᠡᠷᠴᠢᠮ ᠵᠶ᠋ᠡᠨ ᠴᠢᠩᠭ᠋ᠠᠷᠠᠭᠤᠯᠤᠨ᠎ᠠ᠃ ᠲᠥᠪ᠎ᠤᠨ ᠲᠥᠰᠥᠪ᠎ᠤᠨ ᠳᠣᠲᠣᠷᠠᠬᠢ ᠪᠡᠯᠡ ᠣᠷᠣᠭᠤᠯᠤᠯᠲᠠ ᠵᠢᠨ ᠬᠠᠮᠢᠶ᠎ᠠ ᠪᠦᠬᠦᠢ ᠲᠤᠰᠬᠠᠢ ᠵᠦᠢ᠍ᠯ᠎ᠤᠨ ᠪᠠ ᠤᠯᠤᠰ᠎ᠤᠨ ᠡᠨᠧᠷᠭᠢ ᠠᠷᠪᠢᠯᠠᠬᠤ ᠠᠵᠢᠯ᠎ᠤᠨ ᠲᠤᠰᠬᠠᠢ ᠵᠦᠢ᠍ᠯ᠎ᠤᠨ ᠱᠠᠩᠨᠠᠯ᠎ᠤᠨ ᠪᠡᠯᠡ ᠮᠥᠩᠭᠥ ᠵᠡᠷᠭᠡ ᠵᠢ ᠢᠳᠡᠪᠬᠢᠯᠡᠨ ᠣᠯᠵᠤ᠂ ᠡᠨᠧᠷᠭᠢ ᠠᠷᠪᠢᠯᠠᠬᠤ ᠬᠠᠷᠠᠯᠲᠠᠲᠤ ᠬᠠᠷᠢᠭᠤᠴᠠᠯᠭ᠎ᠠ ᠵᠢᠨ ᠦᠨᠡᠯᠡᠯᠲᠡ ᠬᠢᠵᠦ ᠰᠢᠯᠭ᠋ᠠᠨ ᠬᠢᠨᠠᠭᠰᠠᠨ ᠦᠷ᠎ᠡ ᠳ᠋ᠦᠩ᠎ᠨᠢ ᠳᠠᠪᠠᠭᠤᠯᠤᠨ ᠪᠡᠶᠡᠯᠡᠭᠦᠯᠦᠭᠰᠡᠨ ᠳᠡᠰ᠎ᠲᠤ ᠬᠦᠷᠦᠭᠰᠡᠨ ᠭᠠᠵᠠᠷ ᠣᠷᠣᠨ᠎ᠢ ᠱᠠᠩᠨᠠᠨ ᠬᠥᠬᠢᠭᠦᠯᠦᠨ᠎ᠡ᠃ ᠡᠨᠧᠷᠭᠢ ᠠᠷᠪᠢᠯᠠᠬᠤ ᠴᠠᠬᠢᠯᠭ᠋ᠠᠨ᠎ᠤ ᠦᠨ᠎ᠡ ᠵᠢᠨ ᠲᠠᠯ᠎ᠠ᠎ᠳᠠᠬᠢ ᠨᠠᠩ ᠡᠷᠴᠢᠮᠲᠡᠢ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠡᠨᠧᠷᠭᠢ ᠵᠢᠨ ᠬᠣᠷᠣᠭᠳᠠᠯ ᠶᠡᠬᠡᠲᠡᠢ ᠠᠵᠢᠯ ᠲᠥᠷᠥᠯ᠎ᠤᠨ ᠴᠠᠬᠢᠯᠭ᠋ᠠᠨ᠎ᠤ ᠦᠨ᠎ᠡ ᠵᠢᠨ ᠲᠥᠷᠥ ᠵᠢᠨ ᠪᠣᠳᠣᠯᠭ᠎ᠠ ᠪᠠ ᠴᠠᠬᠢᠯᠭ᠋ᠠᠨ ᠬᠦᠴᠦᠨ᠎ᠤ ᠵᠠᠬ᠎ᠠ ᠳᠡᠯᠭᠡᠭᠦᠷ᠎ᠤᠨ ᠠᠷᠠᠯᠵᠢᠶᠠᠨ᠎ᠤ ᠲᠥᠷᠥ ᠵᠢᠨ ᠪᠣᠳᠣᠯᠭ᠎ᠠ ᠵᠢ ᠲᠣᠬᠢᠷᠠᠭᠤᠯᠤᠨ ᠲᠡᠭᠦᠯᠳᠡᠷᠵᠢᠭᠦᠯᠵᠦ᠂ 10 ᠺᠢᠯᠤᠸᠤᠯᠲ ᠵᠢᠴᠢ ᠲᠡᠭᠦᠨ᠎ᠠᠴᠠ ᠳᠡᠭᠡᠭᠰᠢᠬᠢ ᠡᠨᠧᠷᠭᠢ ᠵᠢᠨ ᠬᠣᠷᠣᠭᠳᠠᠯ ᠶᠡᠬᠡᠲᠡᠢ ᠠᠵᠢᠯ ᠲᠥᠷᠥᠯ᠎ᠤᠨ ᠬᠡᠷᠡᠭᠯᠡᠭᠴᠢᠳ ᠪᠦᠬᠦᠨ᠎ᠢ ᠴᠠᠬᠢᠯᠭ᠋ᠠᠨ ᠬᠦᠴᠦᠨ᠎ᠤ ᠵᠠᠬ᠎ᠠ ᠳᠡᠯᠭᠡᠭᠦᠷ᠎ᠲᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠣᠭᠲᠠᠭ᠋ᠠᠭᠰᠠᠨ ᠡᠨᠧᠷᠭᠢ ᠵᠢᠨ ᠬᠣᠷᠣᠭᠳᠠᠯ ᠶᠡᠬᠡᠲᠡᠢ ᠠᠵᠢᠯ ᠲᠥᠷᠥᠯ᠎ᠤᠨ ᠴᠠᠬᠢᠯᠭ᠋ᠠᠨ ᠬᠡᠷᠡᠭᠯᠡᠬᠦ ᠠᠵᠤ ᠠᠬᠤᠢ᠌ᠯᠠᠯ᠎ᠤᠨ ᠠᠷᠠᠯᠵᠢᠶᠠᠯᠠᠬᠤ ᠴᠠᠬᠢᠯᠭ᠋ᠠᠨ᠎ᠤ ᠦᠨ᠎ᠡ ᠵᠢ ᠳᠡᠭᠡᠭᠰᠢᠯᠡᠭᠦᠯᠬᠦ ᠵᠢ ᠬᠢᠵᠠᠭ᠋ᠠᠷᠯᠠᠬᠤ ᠦᠭᠡᠢ᠃ ᠵᠥᠷᠢᠶᠡᠲᠦ ᠴᠠᠬᠢᠯᠭ᠋ᠠᠨ᠎ᠤ ᠦᠨ᠎ᠡ ᠵᠢᠨ ᠲᠥᠷᠥ ᠵᠢᠨ ᠪᠣᠳᠣᠯᠭ᠎ᠠ ᠵᠢ ᠡᠮᠬᠢᠯᠡᠨ ᠨᠡᠢ᠌ᠯᠡᠭᠦᠯᠵᠦ᠂ ᠡᠨᠧᠷᠭᠢ ᠵᠢᠨ ᠬᠣᠷᠣᠭᠳᠠᠯ ᠶᠡᠬᠡᠲᠡᠢ ᠠᠵᠢᠯ ᠲᠥᠷᠥᠯ᠎ᠤᠨ ᠱᠠᠲᠤᠯᠢᠭ ᠴᠠᠬᠢᠯᠭ᠋ᠠᠨ᠎ᠤ ᠦᠨ᠎ᠡ ᠵᠢᠨ ᠨᠢᠭᠡᠳᠦᠯᠲᠡᠢ ᠳᠦᠷᠢᠮ᠎ᠢ ᠪᠠᠢ᠌ᠭᠤᠯᠤᠨ᠂ ᠡᠨᠧᠷᠭᠢ ᠵᠢᠨ ᠠᠰᠢᠭᠯᠠᠮᠵᠢ᠎ᠨᠢ ᠰᠠᠭᠤᠷᠢ ᠪᠠᠷᠢᠮᠵᠢᠶ᠎ᠠ ᠵᠢᠨ ᠬᠢᠷᠢ ᠬᠡᠮᠵᠢᠶ᠎ᠡ᠎ᠳᠤ ᠬᠦᠷᠦᠭᠰᠡᠨ ᠤᠤᠯ᠎ᠤᠨ ᠪᠠᠢ᠌ᠭ᠎ᠠ ᠠᠵᠤ ᠠᠬᠤᠢ᠌ᠯᠠᠯ ᠪᠠ ᠡᠨᠧᠷᠭᠢ ᠵᠢᠨ ᠠᠰᠢᠭᠯᠠᠮᠵᠢ᠎ᠨᠢ ᠬᠡᠪ ᠳᠠᠭᠤᠷᠢᠶᠠᠯ᠎ᠤᠨ ᠬᠢᠷᠢ ᠬᠡᠮᠵᠢᠶ᠎ᠡ᠎ᠳᠤ ᠬᠦᠷᠦᠭᠰᠡᠨ ᠪᠠᠢ᠌ᠭᠤᠯᠵᠤ ᠪᠠᠢ᠌ᠭ᠎ᠠ᠂ ᠪᠠᠶ᠋ᠢᠭᠤᠯᠬᠤ᠎ᠪᠠᠷ ᠪᠠᠢ᠌ᠭ᠎ᠠ ᠠᠵᠤ ᠠᠬᠤᠢ᠌ᠯᠠᠯ᠎ᠤᠨ ᠬᠡᠷᠡᠭᠯᠡᠬᠦ ᠴᠠᠬᠢᠯᠭ᠋ᠠᠨ᠎ᠤ ᠦᠨ᠎ᠡ ᠵᠢ ᠨᠡᠮᠡᠬᠦ ᠦᠭᠡᠢ᠂ ᠡᠨᠧᠷᠭᠢ ᠵᠢᠨ ᠠᠰᠢᠭᠯᠠᠮᠵᠢ᠎ᠨᠢ ᠰᠠᠭᠤᠷᠢ ᠪᠠᠷᠢᠮᠵᠢᠶ᠎ᠠ ᠵᠢᠨ ᠬᠢᠷᠢ ᠬᠡᠮᠵᠢᠶ᠎ᠡ᠎ᠳᠤ ᠬᠦᠷᠦᠭᠰᠡᠨ ᠦᠭᠡᠢ ᠠᠵᠤ ᠠᠬᠤᠢ᠌ᠯᠠᠯ᠎ᠳᠤ ᠡᠨᠧᠷᠭᠢ ᠵᠢᠨ ᠠᠰᠢᠭᠯᠠᠮᠵᠢ ᠵᠢᠨ ᠬᠢᠷᠢ ᠬᠡᠮᠵᠢᠶ᠎ᠡ ᠵᠢᠨ ᠵᠥᠷᠢᠶ᠎ᠡ ᠵᠢ ᠦᠨᠳᠦᠰᠦᠯᠡᠨ ᠱᠠᠲᠤᠯᠢᠭ ᠴᠠᠬᠢᠯᠭ᠋ᠠᠨ᠎ᠤ ᠦᠨ᠎ᠡ ᠵᠢ ᠬᠡᠷᠡᠭᠵᠢᠭᠦᠯᠦᠨ᠎ᠡ﹔ ᠡᠨᠧᠷᠭᠢ ᠵᠢᠨ ᠬᠣᠷᠣᠭᠳᠠᠯ ᠶᠡᠬᠡᠲᠡᠢ ᠠᠵᠢᠯ ᠲᠦᠷᠦᠯ᠎ᠤᠨ ᠬᠢᠵᠠᠭ᠋ᠠᠷᠯᠠᠬᠤ ᠲᠦᠷᠦᠯ᠎ᠤᠨ ᠦᠢ᠍ᠯᠡᠳᠪᠦᠷᠢᠯᠡᠬᠦ ᠴᠢᠳᠠᠪᠤᠷᠢ (ᠲᠣᠨᠣᠭᠯᠠᠯ)᠎ᠳᠤ ᠦᠷᠭᠦᠯᠵᠢᠯᠡᠨ ᠰᠢᠢ᠍ᠳᠬᠡᠯ᠎ᠤᠨ ᠴᠢᠨᠠᠷᠲᠠᠢ ᠠᠷᠠᠯᠵᠢᠶᠠᠨ᠎ᠤ ᠴᠠᠬᠢᠯᠭ᠋ᠠᠨ᠎ᠤ ᠦᠨ᠎ᠡ ᠵᠢ ᠬᠡᠷᠡᠭᠵᠢᠭᠦᠯᠦᠨ᠎ᠡ᠃ ᠦᠨ᠎ᠡ ᠨᠡᠮᠡᠭᠰᠡᠨ ᠴᠠᠬᠢᠯᠭ᠋ᠠᠨ᠎ᠤ ᠰᠦᠢ᠍ᠳᠬᠡᠯ᠎ᠢ ᠠᠵᠤ ᠠᠬᠤᠢ᠌ᠯᠠᠯ᠎ᠤᠨ ᠡᠨᠧᠷᠭᠢ ᠠᠷᠪᠢᠯᠠᠨ ᠪᠣᠬᠢᠷᠳᠤᠯ᠎ᠢ ᠪᠠᠭ᠋ᠠᠰᠬᠠᠵᠤ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ ᠮᠡᠷᠭᠡᠵᠢᠯ᠎ᠤᠨ ᠥᠭᠡᠷᠡᠴᠢᠯᠡᠯᠲᠡ ᠵᠢ ᠳᠡᠮᠵᠢᠬᠦ᠎ᠳᠤ ᠲᠤᠰᠬᠠᠢ ᠬᠡᠷᠡᠭᠯᠡᠨ᠎ᠡ᠃ ᠨᠣᠭᠣᠭ᠋ᠠᠨ ᠮᠥᠩᠭᠥᠨ ᠭᠦᠢ᠍ᠯᠭᠡᠭᠡᠨ᠎ᠤ ᠲᠣᠭᠲᠠᠯᠴᠠᠭ᠎ᠠ ᠵᠢ ᠪᠦᠷᠢᠨᠰᠢᠭᠦᠯᠵᠦ᠂ ᠨᠣᠭᠣᠭ᠋ᠠᠨ ᠢᠲᠡᠭᠡᠮᠵᠢᠲᠦ ᠵᠢᠭᠡᠯᠡᠯᠭᠡ ᠵᠢ ᠶᠡᠬᠡ᠎ᠪᠠᠷ ᠬᠥᠭᠵᠢᠭᠦᠯᠦᠨ᠂ ᠭᠣᠣᠯᠳᠠᠯᠭ᠎ᠠ᠎ᠲᠠᠢ ᠠᠵᠢᠯ ᠲᠥᠷᠥᠯ᠎ᠤᠨ ᠬᠦᠷᠢᠶᠡᠨ᠎ᠳᠠᠬᠢ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ᠎ᠪᠠᠨ ᠳᠡᠮᠵᠢᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠵᠢ ᠪᠠᠭ᠋ᠠᠰᠬᠠᠬᠤ ᠵᠢ ᠳᠡᠮᠵᠢᠬᠦ ᠪᠠᠭ᠋ᠠᠵᠢ ᠪᠠ ᠨᠡᠭᠦᠷᠡᠰᠦ ᠵᠢ ᠴᠡᠪᠡᠷᠰᠢᠭᠦᠯᠦᠨ ᠥᠨᠳᠥᠷ ᠪᠦᠲᠦᠮᠵᠢᠲᠡᠶ᠎ᠪᠠᠷ ᠠᠰᠢᠭᠯᠠᠬᠤ ᠵᠢ ᠳᠡᠮᠵᠢᠬᠦ ᠲᠤᠰᠬᠠᠢ ᠵᠦᠢ᠍ᠯ᠎ᠤᠨ ᠳᠠᠬᠢᠨ ᠵᠢᠭᠡᠯᠡᠯᠭᠡ ᠵᠢ ᠰᠠᠢ᠌ᠲᠤᠷ ᠬᠡᠷᠡᠭᠯᠡᠨ᠎ᠡ᠃ ᠨᠥᠬᠥᠴᠡᠯ᠎ᠲᠠᠢ ᠭᠠᠵᠠᠷ ᠣᠷᠣᠨ᠎ᠢ ᠵᠣᠷᠢᠭᠵᠢᠭᠤᠯᠵᠤ ᠪᠠᠢ᠌ᠭ᠋ᠠᠳ ᠨᠣᠭᠣᠭ᠋ᠠᠨ ᠵᠢᠭᠡᠯᠡᠯᠭᠡ᠎ᠳᠤ ᠡᠳ᠋᠎ᠤᠨ ᠵᠠᠰᠠᠭ᠎ᠤᠨ ᠳᠠᠮ ᠬᠦᠦ ᠥᠭᠬᠦ᠂ ᠱᠠᠩᠨᠠᠵᠤ ᠨᠥᠬᠥᠪᠦᠷᠢᠯᠡᠬᠦ᠂ ᠲᠦᠭᠰᠢᠭᠦᠷᠢ ᠵᠢᠨ ᠨᠥᠬᠥᠪᠦᠷᠢ ᠥᠭᠬᠦ᠂ ᠢᠲᠡᠭᠡᠮᠵᠢ ᠵᠢᠨ ᠳᠠᠭ᠋ᠠᠭ᠋ᠠᠯᠲᠠ ᠬᠢᠬᠦ ᠵᠡᠷᠭᠡ ᠲᠥᠬᠥᠷ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠰᠦᠪᠡᠭᠴᠢᠯᠡᠨ ᠪᠠᠢ᠌ᠭᠤᠯᠤᠭᠤᠯᠤᠨ᠎ᠠ᠃ ᠨᠣᠭᠣᠭ᠋ᠠᠨ ᠵᠢᠭᠡᠯᠡᠯᠭᠡ ᠵᠢᠨ ᠲᠡᠮᠳᠡᠭᠲᠦ ᠵᠢᠨ ᠬᠥᠭᠵᠢᠯᠲᠡ ᠵᠢ ᠲᠦᠷᠭᠡᠳᠬᠡᠵᠦ᠂ ᠨᠥᠬᠥᠴᠡᠯ᠎ᠳᠤ ᠨᠡᠢ᠌ᠴᠡᠭᠰᠡᠨ ᠠᠵᠤ ᠠᠬᠤᠢ᠌ᠯᠠᠯ᠎ᠤᠨ ᠨᠣᠭᠣᠭ᠋ᠠᠨ ᠺᠣᠮᠫᠠᠨᠢ ᠵᠢᠨ ᠵᠢᠭᠡᠯᠡᠯᠭᠡ ᠵᠢᠨ ᠲᠡᠮᠳᠡᠭ ᠲᠠᠷᠬᠠᠭ᠋ᠠᠬᠤ ᠵᠢ᠎ᠨᠢ ᠳᠡᠮᠵᠢᠨ᠎ᠡ᠃ ᠨᠥᠬᠥᠴᠡᠯ᠎ᠳᠤ ᠨᠡᠢ᠌ᠴᠡᠵᠦ ᠪᠠᠢ᠌ᠭ᠎ᠠ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠭᠰᠠᠨ ᠠᠵᠤ ᠠᠬᠤᠢ᠌ᠯᠠᠯ᠎ᠤᠨ ᠵᠠᠬ᠎ᠠ ᠳᠡᠯᠭᠡᠭᠦᠷ᠎ᠲᠤ ᠭᠠᠷᠴᠤ ᠪᠡᠯᠡ ᠲᠣᠬᠢᠷᠠᠭᠤᠯᠬᠤ ᠪᠠ ᠲᠠᠬᠢᠨ ᠪᠡᠯᠡ ᠲᠣᠬᠢᠷᠠᠭᠤᠯᠭ᠎ᠠ ᠬᠢᠬᠦ ᠵᠢ ᠲᠡᠮᠵᠢᠨ᠎ᠠ᠃ ᠣᠷᠴᠢᠨ ᠲᠣᠭᠣᠷᠢᠨ᠎ᠨᠢ ᠲᠦᠭᠰᠢᠭᠦᠷᠢ ᠶᠡᠬᠡᠲᠡᠢ ᠬᠦᠷᠢᠶᠡᠨ᠎ᠳᠠᠬᠢ ᠠᠵᠤ ᠠᠬᠤᠢ᠌ᠯᠠᠯ᠎ᠤᠨ ᠣᠷᠴᠢᠨ ᠲᠣᠭᠣᠷᠢᠨ᠎ᠤ ᠪᠣᠬᠢᠷᠳᠤᠯ᠎ᠤᠨ ᠬᠠᠷᠢᠭᠤᠴᠠᠯᠭ᠎ᠠ ᠵᠢᠨ ᠳᠠᠭ᠋ᠠᠳᠬᠠᠯ᠎ᠳᠤ ᠣᠷᠤᠯᠴᠠᠬᠤ ᠵᠢ ᠢᠳᠡᠪᠬᠢᠲᠡᠢ ᠠᠬᠢᠭᠤᠯᠤᠨ᠎ᠠ᠃ ᠣᠷᠴᠢᠨ ᠠᠬᠤᠢ ᠵᠢ ᠬᠠᠮᠠᠭ᠋ᠠᠯᠠᠬᠤ᠂ ᠡᠨᠧᠷᠭᠢ ᠠᠷᠪᠢᠯᠠᠵᠤ ᠤᠰᠤ ᠠᠷᠪᠢᠯᠠᠬᠤ᠂ ᠡᠬᠢ ᠪᠠᠶᠠᠯᠢᠭ᠎ᠢ ᠶᠡᠷᠦᠩᠬᠡᠢ᠌ᠯᠡᠨ ᠠᠰᠢᠭᠯᠠᠬᠤ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯᠲᠤ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠎ᠠ᠃ ᠤᠯᠤᠰ ᠭᠡᠷ᠎ᠲᠠᠢ ᠬᠠᠮᠵᠢᠯᠴᠠᠨ ᠳᠡᠭᠳᠡᠮᠡᠬᠡᠢ ᠣᠷᠭ᠋ᠠᠨᠢᠭ ᠪᠣᠳᠠᠰ᠎ᠢ ᠬᠢᠨᠠᠨ ᠰᠢᠨᠵᠢᠬᠦ ᠮᠡᠷᠭᠡᠵᠢᠯ ᠪᠠ ᠭᠠᠳᠠᠭᠰᠢᠯᠠᠭᠤᠯᠬᠤ ᠬᠡᠮᠵᠢᠶ᠎ᠡ ᠵᠢ ᠪᠤᠳᠤᠬᠤ ᠠᠷᠭ᠎ᠠ᠎ᠪᠠᠨ ᠲᠡᠭᠦᠯᠳᠡᠷᠵᠢᠭᠦᠯᠦᠨ᠎ᠡ᠃ ᠢᠯᠴᠢ ᠬᠠᠩᠭ᠋ᠠᠬᠤ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠬᠤᠳᠠ ᠪᠠᠯᠭ᠋ᠠᠰᠤᠨ᠎ᠤ ᠢᠯᠴᠢ ᠬᠠᠩᠭ᠋ᠠᠬᠤ ᠦᠨ᠎ᠡ ᠵᠢᠨ ᠲᠣᠭᠲᠠᠴᠠ ᠵᠢ ᠲᠡᠭᠦᠯᠳᠡᠷᠵᠢᠭᠦᠯᠦᠨ᠎ᠡ᠃ ᠬᠣᠲᠠ ᠪᠠᠯᠭ᠋ᠠᠰᠤᠨ᠎ᠤ ᠪᠣᠬᠢᠷ ᠤᠰᠤ ᠵᠢ ᠰᠢᠢ᠍ᠳᠪᠦᠷᠢᠯᠡᠬᠦ ᠰᠦᠢ᠍ᠳᠬᠡᠯ ᠲᠠᠲᠠᠪᠤᠷᠢᠯᠠᠬᠤ ᠪᠠᠷᠢᠮᠵᠢᠶ᠎ᠠ ᠵᠢ ᠬᠥᠳᠡᠯᠦᠩᠭᠦᠢ᠎ᠪᠠᠷ ᠲᠣᠬᠢᠷᠠᠭᠤᠯᠬᠤ ᠲᠣᠭᠲᠠᠴᠠ᠎ᠪᠠᠨ ᠪᠠᠢ᠌ᠭᠤᠯᠤᠨ ᠪᠦᠷᠢᠨᠰᠢᠭᠦᠯᠵᠦ᠂ ᠠᠰᠢᠭ ᠭᠥᠷᠳᠡᠭᠰᠡᠨ ᠲᠠᠷᠢᠶᠠᠴᠢᠨ ᠡᠷᠦᠬᠡ ᠵᠢᠨ ᠪᠣᠬᠢᠷ ᠤᠰᠤ ᠰᠢᠢ᠍ᠳᠪᠦᠷᠢᠯᠡᠬᠦ᠎ᠳᠤ ᠰᠦᠢ᠍ᠳᠬᠡᠯ ᠲᠤᠰᠢᠶᠠᠯᠭ᠋ᠠᠬᠤ ᠲᠣᠭᠲᠠᠴᠠ ᠵᠢ ᠰᠦᠪᠡᠭᠴᠢᠯᠡᠨ ᠪᠠᠢ᠌ᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠨᠧᠷᠭᠢ ᠵᠢᠨ ᠲᠣᠪᠴᠢᠶ᠎ᠠ᠂ ᠠᠷᠠᠳ᠎ᠤᠨ ᠪᠠᠩᠬᠢ ᠵᠢᠨ ᠬᠥᠬᠡᠬᠣᠲᠠ ᠲᠥᠪ ᠰᠠᠯᠪᠤᠷᠢ ᠪᠠᠩᠬᠢ᠂ ᠥᠪᠥᠷ ᠮᠣᠩᠭᠣᠯ᠎ᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠣᠯ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

     (ᠵᠢᠷᠭᠤᠭ᠎ᠠ) ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠵᠢᠨ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠵᠢ ᠪᠦᠷᠢᠨᠰᠢᠭᠦᠯᠦᠨ᠎ᠡ᠃ ᠡᠯ᠎ᠡ ᠭᠠᠵᠠᠷ ᠣᠷᠣᠨ᠎ᠤ ᠡᠨᠧᠷᠭᠢ ᠠᠷᠪᠢᠯᠠᠬᠤ ᠬᠡᠮᠵᠢᠶᠡᠨ᠎ᠤ ᠭᠦᠢ᠍ᠴᠡᠳᠬᠡᠯ ᠲᠣᠭ᠎ᠠ ᠵᠢ ᠲᠥᠯᠥᠪᠦᠷᠢ᠎ᠲᠠᠢ᠎ᠪᠠᠷ ᠬᠣᠷᠢᠶᠠᠨ ᠬᠠᠳᠠᠭ᠋ᠠᠯᠠᠬᠤ ᠲᠣᠭᠲᠠᠴᠠ ᠪᠠᠶ᠋ᠢᠭᠤᠯᠬᠤ ᠵᠢ ᠵᠣᠷᠢᠭᠵᠢᠭᠤᠯᠵᠤ᠂ ᠡᠨᠧᠷᠭᠢ ᠵᠢᠨ ᠬᠣᠷᠣᠭᠳᠠᠯ᠎ᠢ ᠪᠠᠭ᠋ᠠᠰᠬᠠᠬᠤ ᠬᠡᠮᠵᠢᠶᠡᠨ᠎ᠤ ᠭᠦᠢ᠍ᠴᠡᠳᠬᠡᠯ ᠲᠣᠭ᠎ᠠ ᠵᠢ᠎ᠨᠢ ᠣᠷᠣᠨ ᠪᠦᠰᠡ᠎ᠪᠠᠷ ᠨᠢᠭᠡᠳᠦᠯᠲᠡᠢ ᠲᠥᠯᠥᠪᠯᠡᠬᠦ ᠵᠢ ᠴᠢᠩᠭ᠋ᠠᠳᠬᠠᠨ᠎ᠠ᠃ ᠡᠨᠧᠷᠭᠢ ᠠᠷᠪᠢᠯᠠᠬᠤ ᠬᠡᠮᠵᠢᠶᠡᠨ᠎ᠤ ᠭᠦᠢ᠍ᠴᠡᠳᠬᠡᠯ ᠲᠣᠭ᠎ᠠ ᠵᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠵᠢ ᠰᠦᠪᠡᠭᠴᠢᠯᠡᠨ ᠥᠷᠨᠢᠭᠦᠯᠵᠦ᠂ 《ᠡᠨᠧᠷᠭᠢ ᠬᠡᠷᠡᠭᠯᠡᠭᠴᠢ ᠵᠠᠷᠤᠳᠠᠯ ᠲᠤᠰᠢᠶᠠᠵᠤ᠂ ᠡᠨᠧᠷᠭᠢ ᠠᠷᠪᠢᠯᠠᠭᠴᠢ ᠠᠰᠢᠭ ᠬᠦᠷᠳᠡᠬᠦ》 ᠡᠨᠧᠷᠭᠢ ᠬᠡᠷᠡᠭᠯᠡᠬᠦ ᠥᠪᠡᠷ᠎ᠤᠨ ᠦᠷᠳᠡᠭ᠎ᠤᠨ ᠠᠰᠢᠭ ᠣᠷᠣᠯᠭ᠎ᠠ ᠵᠢᠨ ᠲᠣᠭᠲᠠᠴᠠ ᠵᠢ ᠠᠯᠬᠤᠮ ᠠᠯᠬᠤᠮ ᠵᠶ᠋ᠠᠷ ᠪᠤᠢ ᠪᠣᠯᠭ᠋ᠠᠵᠤ᠂ ᠡᠨᠧᠷᠭᠢ ᠵᠢᠨ ᠬᠦᠴᠦᠨ ᠵᠦᠢ᠍ᠯ᠎ᠢ ᠴᠢᠨᠠᠷ ᠰᠠᠢ᠌ᠲᠠᠢ ᠲᠦᠷᠦᠯ ᠵᠦᠢ᠍ᠯ᠂ ᠠᠵᠤ ᠠᠬᠤᠢ᠌ᠯᠠᠯ᠂ ᠠᠵᠤ ᠦᠢ᠍ᠯᠡᠰ ᠵᠢᠴᠢ ᠠᠵᠤ ᠠᠬᠤᠢ ᠵᠢᠨ ᠬᠥᠭᠵᠢᠯᠲᠡ ᠵᠢᠨ ᠨᠥᠬᠥᠴᠡᠯ ᠵᠶ᠋ᠡᠷ ᠰᠠᠢ᠌ᠨ ᠭᠠᠵᠠᠷ ᠣᠷᠣᠨ ᠲᠡᠢ᠌ᠰᠢ ᠰᠢᠯᠵᠢᠭᠦᠯᠬᠦ ᠪᠠ ᠲᠥᠪᠯᠡᠷᠡᠭᠦᠯᠬᠦ ᠵᠢ ᠠᠬᠢᠭᠤᠯᠤᠨ᠎ᠠ᠃ ᠪᠥᠬᠥ ᠤᠯᠤᠰ᠎ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠠᠷᠠᠯᠵᠢᠶ᠎ᠠ ᠵᠢᠨ ᠵᠠᠬ᠎ᠠ ᠳᠡᠯᠭᠡᠭᠦᠷ᠎ᠲᠠᠢ ᠢᠳᠡᠪᠬᠢᠲᠡᠢ᠎ᠪᠠᠷ ᠵᠠᠯᠭ᠋ᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠵᠠᠬ᠎ᠠ ᠳᠡᠯᠭᠡᠭᠦᠷ᠎ᠢ ᠪᠣᠢ᠌ᠵᠢᠭᠤᠯᠤᠨ ᠬᠥᠭᠵᠢᠭᠦᠯᠦᠨ᠎ᠡ᠃ ᠪᠣᠬᠢᠷᠳᠤᠯ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠪᠣᠢ᠌ᠵᠢᠭᠤᠯᠤᠨ ᠬᠥᠭᠵᠢᠭᠦᠯᠵᠦ᠂ ᠨᠥᠬᠥᠴᠡᠯ᠎ᠲᠠᠢ ᠭᠠᠵᠠᠷ ᠣᠷᠣᠨ᠎ᠤ ᠪᠣᠬᠢᠷᠳᠤᠯ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠲᠤᠷᠰᠢᠯᠲᠠ ᠵᠢᠨ ᠴᠡᠭ᠎ᠤᠨ ᠬᠡᠪᠴᠢᠶ᠎ᠡ᠎ᠪᠠᠨ ᠥᠷᠭᠡᠳᠬᠡᠬᠦ ᠵᠢ᠎ᠨᠢ ᠵᠣᠷᠢᠭᠵᠢᠭᠤᠯᠤᠨ᠎ᠠ᠃ ᠪᠣᠬᠢᠷᠳᠤᠯ ᠦᠭᠡᠢ ᠴᠠᠬᠢᠯᠭ᠋ᠠᠨ ᠬᠦᠴᠦᠨ᠎ᠤ ᠦᠨᠡᠮᠯᠡᠯ᠎ᠤᠨ ᠠᠷᠠᠯᠵᠢᠶ᠎ᠠ ᠵᠢ ᠳᠡᠯᠭᠡᠷᠡᠭᠦᠯᠵᠦ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠵᠣᠷᠢᠭᠵᠢᠭᠤᠯᠵᠤ ᠪᠠᠢ᠌ᠭ᠋ᠠᠳ ᠪᠣᠬᠢᠷᠳᠤᠯ ᠦᠭᠡᠢ ᠴᠠᠬᠢᠯᠭ᠋ᠠᠨ ᠬᠦᠴᠦᠨ᠎ᠤ ᠦᠨᠡᠮᠯᠡᠯ᠎ᠤᠨ ᠠᠷᠠᠯᠵᠢᠶ᠎ᠠ ᠵᠢᠨ ᠠᠷᠭ᠎ᠠ ᠮᠠᠶᠢᠭ ᠵᠶ᠋ᠠᠷ ᠳᠠᠮᠵᠢᠭᠤᠯᠤᠨ ᠳᠠᠬᠢᠨ ᠡᠭᠦᠰᠴᠦ ᠪᠣᠯᠬᠤ ᠡᠨᠧᠷᠭᠢ ᠵᠢᠨ ᠴᠠᠬᠢᠯᠭ᠋ᠠᠨ ᠬᠦᠴᠦᠨ᠎ᠢ ᠠᠰᠢᠭᠯᠠᠭᠤᠯᠵᠤ ᠰᠢᠩᠭᠡᠯᠭᠡᠨ᠎ᠡ᠃ ᠡᠨᠧᠷᠭᠢ ᠵᠢ ᠲᠥᠯᠥᠪᠦᠷᠢ᠎ᠲᠠᠢ᠎ᠪᠠᠷ ᠨᠠᠢ᠌ᠳᠠᠵᠤ ᠬᠠᠮᠢᠶᠠᠷᠤᠭᠤᠯᠬᠤ ᠵᠡᠷᠭᠡ ᠡᠨᠧᠷᠭᠢ ᠵᠢᠨ ᠭᠡᠷᠡᠲᠦ ᠬᠠᠮᠢᠶᠠᠷᠤᠯᠲᠠ ᠵᠢᠨ ᠵᠠᠭᠪᠤᠷ᠎ᠢ ᠬᠡᠷᠡᠭᠵᠢᠭᠦᠯᠵᠦ᠂ ᠡᠨᠧᠷᠭᠢ ᠠᠷᠪᠢᠯᠠᠬᠤ ᠵᠥᠪᠯᠡᠯᠭᠡ ᠥᠭᠬᠦ᠂ ᠣᠨᠣᠰᠢᠯᠠᠬᠤ᠂ ᠵᠢᠷᠤᠵᠤ ᠲᠥᠯᠥᠪᠯᠡᠬᠦ᠂ ᠪᠡᠯᠡ ᠲᠣᠬᠢᠷᠠᠭᠤᠯᠬᠤ᠂ ᠥᠭᠡᠷᠡᠴᠢᠯᠡᠨ ᠰᠢᠨᠡᠳᠬᠡᠬᠦ᠂ ᠨᠠᠢ᠌ᠳᠠᠵᠤ ᠬᠠᠮᠢᠶᠠᠷᠤᠭᠤᠯᠬᠤ ᠵᠡᠷᠭᠡ 《ᠲᠥᠪᠯᠡᠷᠡᠩᠭᠦᠢ》 ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠵᠠᠭᠪᠤᠷ᠎ᠢ ᠢᠳᠡᠪᠬᠢᠲᠡᠢ᠎ᠪᠠᠷ ᠳᠡᠯᠭᠡᠷᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠣᠷᠬᠢᠯ ᠬᠡᠮᠵᠢᠭᠳᠡᠯ᠎ᠢ ᠪᠠᠭᠤᠷᠠᠭᠤᠯᠬᠤ᠂ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠲᠤᠰᠬᠠᠢ ᠮᠡᠷᠭᠡᠵᠢᠯᠲᠡᠨ᠎ᠤ ᠬᠥᠮᠥᠷᠭᠡ ᠵᠢᠨ ᠦᠢ᠍ᠯᠡᠳᠦᠯ᠎ᠢ ᠪᠠᠳᠠᠷᠠᠭᠤᠯᠤᠨ᠎ᠠ᠃ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠣᠷᠴᠢᠨ ᠲᠣᠭᠣᠷᠢᠨ᠎ᠢ ᠶᠡᠷᠦᠩᠬᠡᠢ᠌ᠯᠡᠨ ᠵᠠᠰᠠᠬᠤ ᠵᠢᠨ ᠭᠤᠷᠪᠠᠳᠠᠭᠢ ᠡᠲᠡᠭᠡᠳ᠎ᠤᠨ ᠨᠠᠢ᠌ᠳᠠᠨ ᠬᠠᠮᠢᠶᠠᠷᠤᠭᠤᠯᠬᠤ ᠦᠢ᠍ᠯᠡᠴᠢᠯᠡᠭᠡᠨ᠎ᠢ ᠠᠬᠢᠭᠤᠯᠵᠤ᠂ ᠡᠯ᠎ᠡ ᠲᠥᠷᠥᠯ᠎ᠤᠨ ᠬᠥᠷᠥᠩᠭᠡ ᠵᠢ ᠬᠥᠲᠥᠯᠥᠨ ᠵᠢᠯᠤᠭᠣᠳᠴᠤ ᠪᠠᠢ᠌ᠭ᠋ᠠᠳ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ ᠬᠠᠮᠢᠶᠠᠷᠤᠯᠲᠠ᠂ ᠣᠷᠴᠢᠨ ᠲᠣᠭᠣᠷᠢᠨ᠎ᠤ ᠵᠠᠰᠠᠯᠲᠠ ᠬᠢᠭᠡᠳ ᠦᠢ᠍ᠯᠡᠴᠢᠯᠡᠭᠡᠨ᠂ ᠪᠡᠯᠡ ᠣᠷᠣᠭᠤᠯᠤᠯᠲᠠ ᠵᠢᠨ ᠪᠦᠲᠦᠭᠡᠨ ᠪᠠᠢ᠌ᠭᠤᠯᠤᠯᠲᠠ᠂ ᠬᠡᠷᠡᠭᠵᠢᠭᠦᠯᠦᠯᠲᠡ᠎ᠳᠤ ᠣᠷᠣᠯᠴᠠᠭᠤᠯᠤᠨ᠎ᠠ᠃ ᠡᠨᠧᠷᠭᠢ ᠵᠢᠨ ᠢᠯᠡᠳᠬᠡᠮᠵᠢ ᠵᠢᠨ ᠬᠠᠮᠢᠶᠠᠷᠤᠯᠲᠠ ᠵᠢᠨ ᠳᠦᠷᠢᠮ᠎ᠢ ᠨᠠᠢ᠌ᠳᠠᠪᠤᠷᠢᠵᠢᠭᠤᠯᠵᠤ᠂ ᠪᠣᠬᠢᠷᠳᠤᠯ ᠦᠭᠡᠢ ᠪᠦᠲᠦᠭᠡᠭᠳᠡᠬᠦᠨ᠎ᠤ ᠭᠡᠷᠡᠴᠢ ᠣᠯᠭᠣᠬᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭ᠋ᠠᠲᠠᠢ ᠪᠥᠭᠡᠳ ᠣᠷᠴᠢᠨ ᠲᠣᠭᠣᠷᠢᠨ᠎ᠢ ᠬᠠᠮᠠᠭ᠋ᠠᠯᠠᠬᠤ ᠪᠦᠲᠦᠭᠡᠭᠳᠡᠬᠦᠨ᠎ᠤ ᠭᠡᠷᠡᠴᠢ ᠣᠯᠭᠣᠬᠤ ᠵᠢ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠨᠧᠷᠭᠢ ᠵᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

     (ᠳᠣᠯᠣᠭ᠎ᠠ) ᠪᠦᠷᠢᠳᠬᠡᠵᠦ ᠬᠢᠨᠠᠨ ᠰᠢᠨᠵᠢᠬᠦ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠡᠨᠧᠷᠭᠢ ᠬᠡᠷᠡᠭᠯᠡᠬᠦ ᠭᠣᠣᠯᠳᠠᠯᠭ᠎ᠠ᠎ᠲᠠᠢ ᠨᠢᠭᠡᠴᠢ ᠵᠢᠨ ᠡᠨᠧᠷᠭᠢ ᠵᠢᠨ ᠠᠰᠢᠭᠯᠠᠯᠲᠠ ᠵᠢᠨ ᠪᠠᠢ᠌ᠳᠠᠯ᠎ᠢ ᠮᠡᠳᠡᠭᠦᠯᠬᠦ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠡᠨᠧᠷᠭᠢ ᠬᠡᠷᠡᠭᠯᠡᠬᠦ ᠭᠣᠣᠯᠳᠠᠯᠭ᠎ᠠ᠎ᠲᠠᠢ ᠨᠢᠭᠡᠴᠢ ᠵᠢᠨ ᠡᠨᠧᠷᠭᠢ ᠵᠢᠨ ᠬᠣᠷᠣᠭᠳᠠᠯ᠎ᠢ ᠰᠦᠯᠵᠢᠶ᠎ᠡ᠎ᠪᠠᠷ ᠬᠢᠨᠠᠨ ᠰᠢᠨᠵᠢᠬᠦ ᠰᠢᠰᠲ᠋ᠧᠮ᠎ᠤᠨ ᠪᠠᠢ᠌ᠭᠤᠯᠤᠯᠲᠠ ᠪᠠ ᠬᠡᠷᠡᠭᠯᠡᠯᠲᠡ ᠵᠢ ᠴᠢᠩᠭ᠋ᠠᠳᠬᠠᠨ᠂ ᠡᠨᠧᠷᠭᠢ ᠵᠢᠨ ᠬᠡᠷᠡᠭᠯᠡᠭᠡ ᠵᠢ ᠬᠢᠨᠠᠨ ᠰᠢᠨᠵᠢᠵᠦ ᠵᠠᠳᠠᠯᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠡᠨᠧᠷᠭᠢ ᠵᠢᠨ ᠬᠡᠮᠵᠢᠯᠲᠡ ᠵᠢᠨ ᠪᠠᠭ᠋ᠠᠵᠢ ᠬᠡᠷᠡᠭᠰᠡᠯ ᠵᠶ᠋ᠠᠷ ᠬᠢᠨᠠᠨ ᠬᠠᠮᠢᠶᠠᠷᠬᠤ ᠵᠢ ᠴᠢᠩᠭ᠋ᠠᠳᠬᠠᠵᠤ᠂ ᠡᠨᠧᠷᠭᠢ ᠵᠢᠨ ᠬᠡᠮᠵᠢᠯᠲᠡ ᠵᠢᠨ ᠮᠡᠷᠭᠡᠵᠢᠯ᠎ᠤᠨ ᠵᠢᠷᠤᠮᠵᠢᠯ ᠪᠠ ᠪᠠᠷᠢᠮᠵᠢᠶ᠎ᠠ ᠵᠢᠨ ᠲᠣᠭᠲᠠᠯᠴᠠᠭ᠎ᠠ ᠵᠢ ᠪᠦᠷᠢᠨᠰᠢᠭᠦᠯᠦᠨ᠂ ᠡᠨᠧᠷᠭᠢ ᠬᠡᠷᠡᠭᠯᠡᠬᠦ ᠨᠢᠭᠡᠴᠢ ᠵᠢᠨ ᠬᠡᠮᠵᠢᠯᠲᠡ ᠵᠢᠨ ᠭᠣᠣᠯ ᠴᠣᠭᠴᠠ ᠪᠣᠯᠬᠤ ᠬᠠᠷᠢᠭᠤᠴᠠᠯᠭ᠎ᠠ ᠵᠢ᠎ᠨᠢ ᠴᠢᠩᠭ᠋ᠠᠷᠠᠭᠤᠯᠵᠤ᠂ ᠪᠦᠷᠢᠳᠬᠡᠬᠦ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠡᠨᠧᠷᠭᠢ ᠵᠢᠨ ᠲᠦᠷᠦᠯ ᠵᠦᠢ᠍ᠯ᠎ᠢ ᠲᠦᠷᠦᠯ ᠬᠤᠪᠢᠶᠠᠨ ᠪᠦᠷᠢᠳᠬᠡᠬᠦ ᠠᠵᠢᠯ᠎ᠢ ᠲᠡᠭᠦᠯᠳᠡᠷᠵᠢᠭᠦᠯᠦᠨ ᠨᠠᠷᠢᠯᠢᠭᠵᠢᠭᠤᠯᠵᠤ᠂ ᠠᠵᠤ ᠦᠢ᠍ᠯᠡᠳᠪᠦᠷᠢ᠂ ᠪᠠᠷᠢᠯᠭ᠎ᠠ᠂ ᠵᠠᠮ ᠬᠠᠷᠢᠯᠴᠠᠭ᠎ᠠ ᠵᠡᠷᠭᠡ ᠬᠦᠷᠢᠶ᠎ᠡ ᠴᠠᠷᠠᠭ᠋ᠠᠨ ᠎ᠳᠠᠬᠢ ᠡᠨᠧᠷᠭᠢ ᠵᠢᠨ ᠬᠡᠷᠡᠭᠯᠡᠭᠡ ᠵᠢ ᠪᠦᠷᠢᠳᠬᠡᠬᠦ ᠭᠦᠢ᠍ᠴᠡᠳᠬᠡᠯ ᠲᠣᠭ᠎ᠠ ᠪᠠ ᠠᠷᠭ᠎ᠠ ᠵᠢᠨ ᠲᠣᠭᠲᠠᠯᠴᠠᠭ᠎ᠠ ᠵᠢ ᠪᠦᠷᠢᠨᠰᠢᠭᠦᠯᠵᠦ᠂ ᠡᠨᠧᠷᠭᠢ ᠵᠢᠨ ᠪᠦᠷᠢᠳᠬᠡᠯ᠎ᠤᠨ ᠠᠵᠢᠯ᠎ᠤᠨ ᠲᠣᠭᠲᠠᠴᠠ ᠵᠢ ᠪᠦᠷᠢᠨᠰᠢᠭᠦᠯᠦᠨ ᠵᠢᠷᠤᠮᠵᠢᠭᠤᠯᠵᠤ᠂ ᠪᠦᠷᠢᠳᠬᠡᠭᠰᠡᠨ ᠲᠣᠭ᠎ᠠ ᠪᠠᠷᠢᠮᠲᠠ ᠵᠢᠨ ᠪᠦᠬᠦ ᠲᠠᠯ᠎ᠠ ᠵᠢᠨ᠂ ᠦᠨᠡᠨ ᠪᠣᠳᠠᠲᠠᠢ ᠪᠥᠭᠡᠳ ᠪᠤᠰᠤᠳᠴᠢ ᠪᠠᠢ᠌ᠬᠤ ᠵᠢ ᠪᠠᠲᠤᠯᠠᠨ᠎ᠠ᠃ ᠪᠣᠬᠢᠷᠳᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠲᠠᠢ ᠨᠢᠭᠡᠴᠢ ᠵᠢ ᠬᠠᠮᠤᠷᠤᠭᠰᠠᠨ ᠲᠣᠭᠲᠠᠮᠠᠯ ᠪᠣᠬᠢᠷᠳᠤᠯ᠎ᠤᠨ ᠡᠬᠢ ᠵᠢ ᠬᠢᠨᠠᠨ ᠬᠡᠮᠵᠢᠬᠦ ᠲᠣᠭᠲᠠᠯᠴᠠᠭ᠎ᠠ ᠵᠢ ᠪᠠᠢ᠌ᠭᠤᠯᠵᠤ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠪᠣᠬᠢᠷᠳᠤᠯ᠎ᠤᠨ ᠡᠬᠢ ᠵᠢ ᠬᠢᠨᠠᠨ ᠬᠡᠮᠵᠢᠬᠦ᠎ᠪᠠᠨ ᠴᠢᠩᠭ᠋ᠠᠳᠬᠠᠨ᠂ ᠳᠡᠭᠳᠡᠮᠡᠬᠡᠢ ᠴᠢᠨᠠᠷᠲᠠᠢ ᠣᠷᠭ᠋ᠠᠨᠢᠭ ᠪᠣᠳᠠᠰ᠎ᠤᠨ ᠭᠠᠳᠠᠭᠰᠢᠯᠠᠭᠤᠯᠤᠯᠲᠠ᠎ᠳᠤ ᠬᠣᠯᠪᠣᠭᠳᠠᠬᠤ ᠭᠣᠣᠯᠳᠠᠯᠭ᠎ᠠ᠎ᠲᠠᠢ ᠪᠣᠬᠢᠷᠳᠤᠯ ᠭᠠᠳᠠᠭᠰᠢᠯᠠᠭᠤᠯᠬᠤ ᠨᠢᠭᠡᠴᠢ᠎ᠳᠤ ᠰᠦᠯᠵᠢᠶ᠎ᠡ᠎ᠪᠠᠷ ᠬᠢᠨᠠᠨ ᠡᠵᠡᠮᠳᠡᠵᠦ ᠬᠢᠨᠠᠨ ᠬᠡᠮᠵᠢᠬᠦ ᠪᠡᠯᠡᠳᠬᠡᠮᠵᠢ ᠤᠭᠰᠠᠷᠠᠬᠤ ᠵᠢ ᠠᠬᠢᠭᠤᠯᠤᠨ᠎ᠠ᠃ ᠲᠣᠭ᠎ᠠ ᠪᠦᠷᠢᠳᠬᠡᠯ᠎ᠤᠨ ᠠᠵᠢᠯ᠎ᠤᠨ ᠦᠨᠳᠦᠰᠦᠨ ᠱᠠᠲᠤᠨ᠎ᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠪᠦᠷᠢᠳᠬᠡᠯ᠎ᠤᠨ ᠲᠣᠭ᠎ᠠ ᠪᠠᠷᠢᠮᠲᠠ ᠵᠢ ᠬᠢᠨᠠᠨ ᠬᠠᠷᠭᠤᠭᠤᠯᠬᠤ᠎ᠪᠠᠨ ᠴᠢᠩᠭ᠋ᠠᠷᠠᠭᠤᠯᠤᠨ᠂ ᠲᠣᠭ᠎ᠠ ᠪᠦᠷᠢᠳᠬᠡᠯ᠎ᠢ ᠬᠠᠭᠤᠷᠮᠠᠭ ᠵᠶ᠋ᠠᠷ ᠵᠣᠬᠢᠶᠠᠬᠤ᠂ ᠬᠤᠳᠠᠯ ᠵᠶ᠋ᠠᠷ ᠵᠣᠬᠢᠶᠠᠬᠤ ᠵᠢ ᠰᠡᠷᠭᠡᠢ᠌ᠯᠡᠵᠦ᠂ ᠪᠦᠷᠢᠳᠬᠡᠯ᠎ᠤᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠎ᠡ᠃

(ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠨᠧᠷᠭᠢ ᠵᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

     (ᠨᠠᠢ᠍ᠮᠠ) ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠲᠠᠯ᠎ᠠ ᠵᠢᠨ ᠴᠢᠳᠠᠪᠤᠷᠢᠲᠠᠨ᠎ᠤ ᠡᠩᠨᠡᠭᠡ ᠵᠢ ᠪᠤᠵᠠᠭ᠋ᠠᠢ᠌ᠷᠠᠭᠤᠯᠤᠨ᠎ᠠ᠃ ᠡᠨᠧᠷᠭᠢ ᠠᠷᠪᠢᠯᠠᠬᠤ ᠠᠵᠢᠯ᠎ᠢ ᠬᠢᠨᠠᠨ ᠪᠠᠢ᠌ᠴᠠᠭ᠋ᠠᠬᠤ ᠡᠩᠨᠡᠭᠡ ᠪᠠ ᠦᠨᠳᠦᠰᠦᠨ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠨ᠂ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠤᠳᠠ᠂ ᠬᠣᠰᠢᠭᠤ ᠰᠢᠶᠠᠨ (ᠬᠤᠳᠠ᠂ ᠲᠣᠭᠣᠷᠢᠭ) ᠭᠤᠷᠪᠠᠨ ᠱᠠᠲᠤᠨ᠎ᠤ ᠡᠨᠧᠷᠭᠢ ᠠᠷᠪᠢᠯᠠᠬᠤ ᠠᠵᠢᠯ᠎ᠢ ᠬᠢᠨᠠᠨ ᠪᠠᠢ᠌ᠴᠠᠭ᠋ᠠᠬᠤ ᠲᠣᠭᠲᠠᠯᠴᠠᠭ᠎ᠠ᠎ᠪᠠᠨ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠨᠧᠷᠭᠢ ᠠᠷᠪᠢᠯᠠᠬᠤ ᠠᠵᠢᠯ᠎ᠢ ᠬᠢᠨᠠᠨ ᠪᠠᠢ᠌ᠴᠠᠭ᠋ᠠᠬᠤ ᠪᠠᠢ᠌ᠭᠤᠯᠤᠮᠵᠢ᠎ᠨᠢ ᠲᠡᠭᠦᠯᠳᠡᠷ ᠪᠤᠰᠤ ᠠᠢ᠌ᠮᠠᠭ ᠬᠤᠳᠠ᠂ ᠬᠣᠰᠢᠭᠤ ᠰᠢᠶᠠᠨ (ᠬᠤᠳᠠ᠂ ᠲᠣᠭᠣᠷᠢᠭ)᠎ᠳᠤ ᠡᠨᠧᠷᠭᠢ ᠠᠷᠪᠢᠯᠠᠬᠤ ᠠᠵᠢᠯ᠎ᠢ ᠬᠢᠨᠠᠨ ᠪᠠᠢ᠌ᠴᠠᠭ᠋ᠠᠬᠤ ᠪᠠᠢ᠌ᠭᠤᠯᠤᠮᠵᠢ ᠪᠠᠶ᠋ᠢᠭᠤᠯᠬᠤ ᠵᠢ ᠠᠬᠢᠭᠤᠯᠵᠤ᠂ ᠡᠨᠧᠷᠭᠢ ᠠᠷᠪᠢᠯᠠᠬᠤ ᠠᠵᠢᠯ᠎ᠢ ᠬᠢᠨᠠᠨ ᠪᠠᠢ᠌ᠴᠠᠭ᠋ᠠᠬᠤ ᠵᠣᠬᠢᠴᠠᠩᠭᠤᠢ ᠠᠵᠢᠯᠲᠠᠨ ᠪᠠ ᠲᠥᠬᠦᠭᠡᠷᠦᠮᠵᠢ ᠵᠢ ᠲᠣᠬᠢᠷᠠᠭᠤᠯᠤᠨ᠎ᠠ᠃ ᠡᠨᠧᠷᠭᠢ ᠬᠡᠷᠡᠭᠯᠡᠬᠦ ᠭᠣᠣᠯᠳᠠᠯᠭ᠎ᠠ᠎ᠲᠠᠢ ᠨᠢᠭᠡᠴᠢ᠎ᠨᠦᠭᠦᠳ ᠱᠠᠭ᠋ᠠᠷᠳᠠᠯᠭ᠎ᠠ ᠶᠣᠰᠣᠭ᠋ᠠᠷ ᠡᠨᠧᠷᠭᠢ ᠵᠢᠨ ᠬᠠᠮᠢᠶᠠᠷᠤᠯᠲᠠ ᠵᠢᠨ ᠠᠵᠢᠯ᠎ᠤᠨ ᠪᠠᠢ᠌ᠷᠢ ᠪᠠ ᠬᠠᠷᠢᠭᠤᠴᠠᠯᠭ᠋ᠠᠲᠠᠨ᠎ᠢ ᠪᠠᠢ᠌ᠷᠢᠯᠠᠭᠤᠯᠬᠤ ᠬᠡᠷᠡᠭᠲᠡᠢ᠃ ᠬᠣᠰᠢᠭᠤ ᠰᠢᠶᠠᠨ᠎ᠤ ᠱᠠᠲᠤ ᠵᠢᠴᠢ ᠰᠤᠮᠤ ᠰᠢᠶᠠᠩ ᠪᠠᠯᠭ᠋ᠠᠰᠤᠨ᠎ᠤ ᠦᠨᠳᠦᠰᠦᠨ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠵᠢᠨ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠭᠣᠣᠯᠳᠠᠯᠭ᠎ᠠ᠎ᠲᠠᠢ ᠪᠣᠬᠢᠷᠳᠤᠯ ᠭᠠᠳᠠᠭᠰᠢᠯᠠᠭᠤᠯᠬᠤ ᠨᠢᠭᠡᠴᠢ᠎ᠳᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠤᠰᠬᠠᠢ ᠠᠵᠢᠯᠲᠠᠨ᠎ᠢ ᠲᠣᠬᠢᠷᠠᠭᠤᠯᠤᠨ᠎ᠠ᠃ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠬᠢᠨᠠᠨ ᠪᠠᠢ᠌ᠴᠠᠭ᠋ᠠᠵᠤ ᠬᠠᠤᠯᠢ ᠬᠡᠷᠡᠭᠵᠢᠭᠦᠯᠬᠦ ᠪᠠᠢ᠌ᠭᠤᠯᠤᠮᠵᠢ᠂ ᠠᠵᠤ ᠠᠬᠤᠢ᠌ᠯᠠᠯ ᠵᠡᠷᠭᠡ ᠵᠢᠨ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠠᠵᠢᠯᠲᠠᠨ᠎ᠳᠤ ᠪᠣᠯᠪᠠᠰᠤᠷᠠᠯ ᠬᠦᠷᠲᠡᠭᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ᠂ ᠤᠷᠤᠯᠳᠤᠭ᠋ᠠᠨ ᠮᠥᠷᠥᠢ᠌ᠴᠡᠭᠡᠨ᠂ ᠲᠤᠷᠰᠢᠯᠭ᠎ᠠ ᠰᠣᠯᠢᠯᠴᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠲᠤᠬᠠᠢ᠌ᠯᠠᠭᠰᠠᠨ ᠠᠵᠢᠯ᠎ᠤᠨ ᠬᠢᠷᠢ ᠬᠡᠮᠵᠢᠶ᠎ᠡ ᠵᠢ᠎ᠨᠢ ᠳᠡᠭᠡᠭᠰᠢᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

     (ᠶᠢᠰᠦ) ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠲᠡᠷᠢᠭᠦᠨ᠎ᠤ ᠮᠡᠷᠭᠡᠵᠢᠯ᠎ᠢ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠡᠷᠴᠢᠮ᠎ᠢ ᠴᠢᠩᠭ᠋ᠠᠷᠠᠭᠤᠯᠤᠨ᠎ᠠ᠃ ᠰᠢᠨ᠎ᠡ ᠬᠡᠯᠪᠡᠷᠢ ᠵᠢᠨ ᠡᠨᠧᠷᠭᠢ ᠬᠢᠭᠡᠳ ᠰᠢᠨ᠎ᠡ ᠬᠡᠯᠪᠡᠷᠢ ᠵᠢᠨ ᠴᠠᠬᠢᠯᠭ᠋ᠠᠨ ᠬᠦᠴᠦᠨ᠎ᠤ ᠰᠢᠰᠲ᠋ᠧᠮ᠂ ᠨᠡᠭᠦᠷᠡᠰᠦᠲᠥ᠋ᠷᠥᠭᠴᠢ ᠵᠢ ᠴᠤᠭᠯᠠᠭᠤᠯᠤᠨ ᠠᠰᠢᠭᠯᠠᠬᠤ ᠬᠢᠭᠡᠳ ᠪᠢᠲᠡᠭᠦᠮᠵᠢᠯᠡᠨ ᠬᠠᠳᠠᠭ᠋ᠠᠯᠠᠬᠤ (CCUS) ᠮᠡᠷᠭᠡᠵᠢᠯ᠎ᠢ ᠰᠤᠳᠤᠯᠤᠨ ᠨᠡᠭᠡᠭᠡᠬᠦ᠎ᠪᠠᠨ ᠴᠢᠩᠭ᠋ᠠᠳᠬᠠᠵᠤ᠂ ᠨᠡᠭᠦᠷᠡᠰᠦᠲᠥ᠋ᠷᠥᠭᠴᠢ ᠪᠠᠭ᠋ᠠᠲᠠᠢ ᠬᠡᠯᠪᠡᠷᠢ ᠲᠡᠢ᠌ᠰᠢ ᠬᠤᠪᠢᠷᠠᠭᠤᠯᠬᠤ ᠮᠡᠷᠭᠡᠵᠢᠯ᠎ᠢ ᠲᠡᠮᠵᠢᠨ ᠬᠥᠭᠵᠢᠭᠦᠯᠵᠦ᠂ ᠠᠮᠢ ᠠᠬᠤᠢ ᠵᠢᠨ ᠰᠢᠰᠲ᠋ᠧᠮ᠎ᠤᠨ ᠬᠤᠷᠠᠮᠳᠤᠯ᠎ᠢ ᠨᠡᠮᠡᠭᠳᠡᠭᠦᠯᠬᠦ ᠮᠡᠷᠭᠡᠵᠢᠯ᠎ᠤᠨ ᠰᠤᠳᠤᠯᠭ᠋ᠠᠨ᠎ᠢ ᠴᠢᠩᠭ᠋ᠠᠳᠬᠠᠵᠤ᠂ ᠴᠠᠬᠢᠯᠭ᠋ᠠᠨ᠎ᠤ ᠪᠤᠰᠤ ᠲᠠᠬᠢᠨ ᠡᠭᠦᠰᠴᠦ ᠪᠣᠯᠬᠤ ᠡᠨᠧᠷᠭᠢ ᠵᠢ ᠠᠰᠢᠭᠯᠠᠬᠤ ᠮᠡᠷᠭᠡᠵᠢᠯ᠎ᠢ ᠰᠤᠳᠤᠯᠤᠨ ᠨᠡᠭᠡᠭᠡᠬᠦ ᠵᠢ ᠬᠠᠢ᠌ᠨ ᠰᠦᠪᠡᠭᠴᠢᠯᠡᠨ᠎ᠡ᠃ ᠴᠠᠬᠢᠯᠭ᠋ᠠᠨ ᠬᠦᠴᠦᠨ᠂ ᠪᠣᠯᠣᠳ ᠲᠡᠮᠦᠷ᠂ ᠬᠢᠮᠢ ᠵᠢᠨ ᠠᠵᠤ ᠦᠢ᠍ᠯᠡᠳᠪᠦᠷᠢ᠂ ᠥᠩᠭᠡᠲᠦ ᠲᠡᠮᠦᠷᠯᠢᠭ᠂ ᠪᠠᠷᠢᠯᠭ᠎ᠠ ᠵᠡᠷᠭᠡ ᠭᠣᠣᠯᠳᠠᠯᠭ᠎ᠠ᠎ᠲᠠᠢ ᠠᠵᠢᠯ ᠲᠥᠷᠥᠯ᠎ᠤᠨ ᠲᠣᠭᠣᠷᠢᠨ᠎ᠳᠤ ᠦᠯᠡᠳᠡᠪᠦᠷᠢ ᠢᠯᠴᠢ ᠵᠢ ᠡᠭᠡᠭᠦᠯᠦᠨ ᠬᠤᠷᠢᠶᠠᠬᠤ᠂ ᠡᠨᠧᠷᠭᠢ ᠵᠢ ᠱᠠᠲᠤᠯᠠᠨ ᠠᠰᠢᠭᠯᠠᠬᠤ ᠵᠡᠷᠭᠡ ᠮᠡᠷᠭᠡᠵᠢᠯ᠎ᠢ ᠨᠡᠭᠡᠭᠡᠨ ᠬᠥᠭᠵᠢᠭᠦᠯᠬᠦ ᠪᠠ ᠬᠡᠷᠡᠭᠯᠡᠬᠦ ᠵᠢ ᠠᠬᠢᠭᠤᠯᠤᠨ᠎ᠠ᠃ ᠨᠡᠭᠦᠷᠡᠰᠦ ᠴᠡᠪᠡᠷᠰᠢᠭᠦᠯᠦᠨ ᠥᠨᠳᠥᠷ ᠪᠦᠲᠦᠮᠵᠢᠲᠡᠶ᠎ᠪᠠᠷ ᠠᠰᠢᠭᠯᠠᠬᠤ ᠵᠢᠨ ᠪᠡᠶ᠎ᠡ᠎ᠪᠠᠨ ᠳᠠᠭ᠋ᠠᠭ᠋ᠠᠵᠤ ᠰᠤᠳᠤᠯᠤᠨ ᠨᠡᠭᠡᠭᠡᠬᠦ ᠴᠢᠳᠠᠪᠤᠷᠢ ᠵᠢ ᠳᠡᠭᠡᠭᠰᠢᠯᠡᠭᠦᠯᠵᠦ᠂ ᠨᠡᠭᠦᠷᠡᠰᠦ ᠰᠢᠲᠠᠭ᠋ᠠᠬᠤ ᠲᠣᠭᠣᠭ᠋ᠠᠲᠤ ᠵᠤᠤᠬ᠎ᠠ ᠵᠢᠨ ᠡᠨᠧᠷᠭᠢ ᠠᠷᠪᠢᠯᠠᠵᠤ ᠣᠷᠴᠢᠨ ᠠᠬᠤᠢ ᠵᠢ ᠬᠠᠮᠠᠭ᠋ᠠᠯᠠᠬᠤ ᠵᠢ ᠶᠡᠷᠦᠩᠬᠡᠢ᠌ᠯᠡᠨ ᠳᠡᠭᠡᠭᠰᠢᠯᠡᠭᠦᠯᠬᠦ ᠪᠠ ᠴᠠᠬᠢᠯᠭ᠋ᠠᠨ ᠮᠠᠰᠢᠨ᠎ᠤ ᠰᠢᠰᠲ᠋ᠧᠮ᠎ᠤᠨ ᠡᠨᠧᠷᠭᠢ ᠵᠢᠨ ᠠᠰᠢᠭᠯᠠᠮᠵᠢ ᠵᠢ ᠳᠡᠭᠡᠭᠰᠢᠯᠡᠭᠦᠯᠬᠦ ᠵᠠᠩᠭᠢᠯᠠᠭ᠎ᠠ ᠵᠢᠨ ᠮᠡᠷᠭᠡᠵᠢᠯ᠎ᠤᠨ ᠰᠤᠳᠤᠯᠭ᠋ᠠᠨ᠎ᠢ ᠥᠷᠨᠢᠭᠦᠯᠵᠦ᠂ ᠣᠶᠤᠨᠯᠢᠭ ᠡᠨᠧᠷᠭᠢ ᠵᠢᠨ ᠬᠠᠮᠢᠶᠠᠷᠤᠯᠲᠠ ᠵᠢ ᠭᠦᠨᠵᠡᠭᠡᠢ᠌ᠷᠡᠭᠦᠯᠦᠨ᠂ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠡᠨᠧᠷᠭᠢ ᠵᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      ᠲᠠᠪᠤ᠂ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠴᠢᠩᠭ᠋ᠠᠳᠬᠠᠨ᠎ᠠ

     (ᠨᠢᠭᠡ) ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠨ᠎ᠠ᠃ ᠡᠯ᠎ᠡ ᠠᠢ᠌ᠮᠠᠭ ᠬᠤᠳᠠ᠂ ᠡᠯ᠎ᠡ ᠰᠠᠯᠠᠭ᠎ᠠ ᠮᠥᠴᠢᠷ ᠪᠠ ᠡᠯ᠎ᠡ ᠬᠣᠯᠪᠣᠭᠳᠠᠯ ᠪᠦᠬᠦᠢ ᠨᠢᠭᠡᠴᠢ᠎ᠨᠢ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠲᠤᠬᠠᠢ ᠤᠯᠤᠰ᠎ᠤᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠠᠵᠢᠯ᠎ᠤᠨ ᠱᠠᠭ᠋ᠠᠷᠳᠠᠯᠭ᠎ᠠ ᠵᠢ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠢᠰᠲ᠋ᠧᠮ᠎ᠤᠨ ᠦᠵᠡᠯᠲᠡ ᠵᠢ ᠪᠠᠷᠢᠮᠲᠠᠯᠠᠨ᠂ ᠬᠠᠷᠠᠯᠲᠠ ᠬᠠᠷᠢᠭᠤᠴᠠᠯᠭ᠎ᠠ᠎ᠪᠠᠨ ᠲᠣᠳᠣᠷᠬᠠᠢ᠌ᠯᠠᠵᠤ᠂ ᠣᠨ᠎ᠤ ᠲᠥᠯᠥᠪᠯᠡᠭᠡ ᠵᠢ ᠲᠣᠭᠲᠠᠭ᠋ᠠᠨ᠂ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠬᠦᠴᠦᠲᠡᠢ ᠠᠳᠬᠤᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠤ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠡᠯ᠎ᠡ ᠵᠦᠢ᠍ᠯ᠎ᠤᠨ ᠡᠭᠦᠷᠭᠡ᠎ᠪᠠᠨ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠲᠤᠰ ᠵᠠᠰᠠᠭ ᠵᠠᠬᠢᠷᠭ᠋ᠠᠨ᠎ᠤ ᠣᠷᠣᠨ᠎ᠳᠠᠬᠢ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠠᠵᠢᠯ᠎ᠤᠨ ᠶᠡᠷᠦᠩᠬᠡᠢ ᠬᠠᠷᠢᠭᠤᠴᠠᠯᠭ᠎ᠠ ᠵᠢ ᠡᠭᠦᠷᠭᠡᠯᠡᠵᠦ᠂ ᠭᠣᠣᠯ ᠬᠠᠷᠢᠭᠤᠴᠠᠬᠤ ᠬᠥᠮᠥᠨ ᠪᠣᠯ ᠨᠢᠭᠡᠳᠦᠭᠡᠷ ᠬᠠᠷᠢᠭᠤᠴᠠᠯᠭ᠋ᠠᠲᠠᠨ ᠪᠣᠯᠬᠤ ᠲᠤᠯᠠ ᠵᠣᠬᠢᠶᠠᠨ ᠪᠠᠢ᠌ᠭᠤᠯᠵᠤ ᠤᠳᠤᠷᠢᠳᠬᠤ ᠪᠠ ᠪᠠᠢ᠌ᠷᠢᠯᠠᠭᠤᠯᠤᠨ ᠠᠬᠢᠭᠤᠯᠬᠤ᠎ᠪᠠᠨ ᠦᠨᠡᠨ ᠬᠦ᠌ ᠴᠢᠩᠭ᠋ᠠᠳᠬᠠᠵᠤ᠂ ᠲᠤᠰ ᠭᠠᠵᠠᠷ ᠣᠷᠣᠨ᠎ᠤ᠎ᠪᠠᠨ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠬᠠᠷᠠᠯᠲᠠ ᠵᠢ ᠤᠯᠤᠰ ᠠᠷᠠᠳ᠎ᠤᠨ ᠠᠵᠤ ᠠᠬᠤᠢ ᠪᠣᠯᠣᠨ ᠨᠡᠢ᠌ᠭᠡᠮ᠎ᠤᠨ ᠬᠥᠭᠵᠢᠯᠲᠡ ᠵᠢᠨ ᠲᠠᠪᠤᠨ ᠵᠢᠯ᠎ᠤᠨ ᠲᠥᠯᠦᠪᠵᠢᠭᠦᠯᠭᠡ ᠬᠢᠭᠡᠳ ᠣᠨ᠎ᠤ ᠲᠥᠯᠥᠪᠯᠡᠭᠡ᠎ᠯᠦᠭᠡ ᠭᠦᠢ᠍ᠴᠡᠳ ᠵᠣᠯᠭ᠋ᠠᠭᠤᠯᠵᠤ᠂ ᠳᠣᠣᠷ᠎ᠠ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠭᠣᠣᠯᠳᠠᠯᠭ᠎ᠠ᠎ᠲᠠᠢ ᠨᠢᠭᠡᠴᠢ ᠵᠢᠨ ᠬᠠᠷᠢᠭᠤᠴᠠᠯᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠣᠳᠣᠷᠬᠠᠢ᠌ᠯᠠᠬᠤ ᠬᠡᠷᠡᠭᠲᠡᠢ᠃ ᠰᠢᠨᠵᠢᠯᠡᠬᠦ ᠤᠬᠠᠭ᠋ᠠᠨᠴᠢ᠎ᠪᠠᠷ ᠰᠢᠯᠭ᠋ᠠᠨ ᠬᠢᠨᠠᠵᠤ᠂ ᠬᠠᠷᠠᠯᠲᠠ ᠡᠭᠦᠷᠭᠡ ᠵᠢ ᠳᠥᠭᠥᠮᠬᠡᠨ ᠵᠶ᠋ᠡᠷ ᠱᠠᠲᠤ ᠱᠠᠲᠤ᠎ᠪᠠᠷ ᠢᠯᠭ᠋ᠠᠨ ᠬᠤᠪᠢᠶᠠᠷᠢᠯᠠᠬᠤ᠎ᠠᠴᠠ ᠰᠡᠷᠭᠡᠢ᠌ᠯᠡᠬᠦ ᠬᠡᠷᠡᠭᠲᠡᠢ᠃ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠳ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠬᠠᠷᠠᠯᠲᠠᠲᠤ ᠬᠠᠷᠢᠭᠤᠴᠠᠯᠭ᠎ᠠ ᠵᠢ ᠲᠦᠷᠦᠭᠦᠯᠡᠨ ᠨᠠᠢ᠌ᠳᠠᠪᠤᠷᠢᠵᠢᠭᠤᠯᠵᠤ᠂ ᠨᠡᠩ ᠴᠢᠩᠭ᠎ᠠ ᠬᠠᠷᠠᠯᠲᠠᠲᠤ ᠬᠠᠮᠢᠶᠠᠷᠤᠯᠲᠠ ᠬᠡᠷᠡᠭᠵᠢᠭᠦᠯᠬᠦ ᠵᠢ ᠵᠣᠷᠢᠭᠵᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠨᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠠᠵᠢᠯ᠎ᠤᠨ ᠵᠢᠯᠣᠭᠣᠳᠤᠯᠭ᠎ᠠ᠎ᠪᠠᠨ ᠰᠠᠢ᠌ᠲᠤᠷ ᠬᠢᠵᠦ᠂ ᠡᠭᠦᠷᠭᠡ᠎ᠪᠠᠨ ᠡᠮᠬᠢ ᠵᠢᠷᠤᠮ᠎ᠲᠠᠢ ᠪᠦᠲᠦᠮᠵᠢᠲᠡᠶ ᠨᠠᠢ᠌ᠳᠠᠪᠤᠷᠢᠵᠢᠭᠤᠯᠬᠤ ᠵᠢ ᠠᠬᠢᠭᠤᠯᠤᠨ᠂ ᠲᠦᠭᠰᠢᠭᠦᠷᠢ ᠵᠢ ᠴᠠᠭ ᠲᠤᠬᠠᠢ᠎ᠳᠤ᠎ᠨᠢ ᠰᠡᠷᠭᠡᠢ᠌ᠯᠡᠨ ᠠᠷᠢᠯᠭ᠋ᠠᠵᠤ᠂ ᠴᠢᠬᠤᠯᠠ ᠶᠡᠬᠡ ᠪᠠᠢ᠌ᠳᠠᠯ᠎ᠢ ᠴᠠᠭ ᠲᠤᠬᠠᠢ᠎ᠳᠤ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠬᠦ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

     (ᠬᠣᠶᠠᠷ) ᠬᠢᠨᠠᠯᠲᠠ ᠲᠠᠯᠪᠢᠵᠤ ᠰᠢᠯᠭ᠋ᠠᠨ ᠬᠢᠨᠠᠬᠤ ᠵᠢ ᠴᠢᠩᠭ᠋ᠠᠳᠬᠠᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠤ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠬᠠᠷᠠᠯᠲᠠᠲᠤ ᠬᠠᠷᠢᠭᠤᠴᠠᠯᠭ᠎ᠠ ᠵᠢᠨ ᠦᠨᠡᠯᠡᠯᠲᠡ ᠬᠢᠵᠦ ᠰᠢᠯᠭ᠋ᠠᠨ ᠬᠢᠨᠠᠬᠤ ᠵᠢ ᠴᠢᠩᠳᠠᠯᠠᠵᠤ᠂ ᠰᠢᠯᠭ᠋ᠠᠨ ᠬᠢᠨᠠᠭᠰᠠᠨ ᠦᠷ᠎ᠡ ᠳ᠋ᠦᠩ᠎ᠤᠨ ᠬᠡᠷᠡᠭᠯᠡᠯᠲᠡ ᠵᠢ ᠴᠢᠩᠭ᠋ᠠᠷᠠᠭᠤᠯᠤᠨ᠂ ᠠᠵᠢᠯ᠎ᠤᠨ ᠦᠷ᠎ᠡ ᠪᠦᠲᠦᠮᠵᠢ᠎ᠪᠠᠷ ᠢᠯᠡᠳᠲᠡ ᠭᠠᠵᠠᠷ ᠣᠷᠣᠨ᠎ᠢ ᠤᠷᠮᠠᠰᠢᠭᠤᠯᠬᠤ᠎ᠪᠠᠨ ᠴᠢᠩᠭ᠋ᠠᠳᠬᠠᠵᠤ᠂ ᠠᠵᠢᠯ᠎ᠨᠢ ᠨᠠᠢ᠌ᠳᠠᠪᠤᠷᠢᠲᠠᠢ ᠪᠢᠰᠢ ᠭᠠᠵᠠᠷ ᠣᠷᠣᠨ᠎ᠢ ᠰᠢᠮᠳᠠᠭᠤᠯᠤᠨ ᠵᠢᠯᠤᠭᠣᠳᠬᠤ᠎ᠪᠠᠨ ᠴᠢᠩᠭ᠋ᠠᠳᠬᠠᠵᠤ᠂ ᠰᠢᠯᠭ᠋ᠠᠨ ᠬᠢᠨᠠᠭᠰᠠᠨ ᠦᠷ᠎ᠡ ᠳ᠋ᠦᠩ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠬᠢᠨᠠᠨ ᠲᠣᠭᠲᠠᠭ᠋ᠠᠯᠭ᠋ᠠᠭᠰᠠᠨ᠎ᠤ ᠳᠠᠷᠠᠭ᠎ᠠ᠂ ᠺᠠᠳ᠋ᠷ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠲᠤᠰᠢᠶᠠᠵᠤ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ᠎ᠢ ᠶᠡᠷᠦᠩᠬᠡᠢ᠌ᠯᠡᠨ ᠰᠢᠯᠭ᠋ᠠᠵᠤ ᠬᠢᠨᠠᠨ ᠦᠨᠡᠯᠡᠯᠲᠡ ᠬᠢᠬᠦ ᠵᠢᠨ ᠴᠢᠬᠤᠯᠠ ᠦᠨᠳᠦᠰᠦᠯᠡᠯ ᠪᠣᠯᠭ᠋ᠠᠨ᠎ᠠ᠃ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠤᠨ ᠬᠢᠨᠠᠨ ᠰᠢᠯᠭ᠋ᠠᠬᠤ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠵᠦ᠂ ᠡᠨᠧᠷᠭᠢ ᠵᠢᠨ ᠬᠣᠷᠣᠭᠳᠠᠯ᠎ᠤᠨ ᠬᠦᠴᠦᠯᠡᠴᠡ ᠵᠢ ᠨᠡᠮᠡᠭᠳᠡᠭᠦᠯᠦᠭᠡᠳ ᠬᠢᠵᠠᠭ᠋ᠠᠷᠯᠠᠬᠤ ᠴᠢᠨᠠᠷᠲᠠᠢ ᠭᠦᠢ᠍ᠴᠡᠳᠬᠡᠯ ᠲᠣᠭ᠎ᠠ ᠵᠢᠨ ᠰᠢᠯᠭ᠋ᠠᠨ ᠬᠢᠨᠠᠬᠤ ᠬᠤᠪᠢᠳᠠᠯ᠎ᠢ ᠪᠠᠭᠤᠷᠠᠭᠤᠯᠵᠤ᠂ 《ᠬᠣᠶᠠᠷ ᠶᠡᠬᠡᠲᠡᠢ》 ᠲᠦᠷᠦᠯ ᠵᠦᠢ᠍ᠯ᠎ᠢ ᠳᠣᠣᠷ᠎ᠠ ᠬᠢᠷᠢ ᠲᠦᠪᠰᠢᠨ᠎ᠲᠠᠢ᠎ᠪᠠᠷ ᠰᠣᠬᠣᠷ ᠪᠠᠯᠠᠢ᠎ᠪᠠᠷ ᠬᠥᠭᠵᠢᠭᠦᠯᠬᠦ ᠵᠢ ᠡᠷᠡᠰ ᠬᠣᠷᠢᠭᠯᠠᠬᠤ ᠠᠵᠢᠯ᠂ ᠡᠨᠧᠷᠭᠢ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠠᠬᠢᠭᠤᠯᠤᠨ ᠰᠢᠯᠢᠳᠡᠭᠵᠢᠭᠦᠯᠬᠦ ᠠᠷᠭ᠎ᠠ ᠬᠡᠮᠵᠢᠶ᠎ᠡ᠂ ᠤᠯᠠᠨ ᠨᠡᠶ᠋ᠢᠲᠡ ᠵᠢᠨ ᠪᠠᠢ᠌ᠭᠤᠯᠤᠮᠵᠢ ᠵᠢᠨ ᠡᠨᠧᠷᠭᠢ ᠵᠢ ᠠᠷᠪᠢᠯᠠᠬᠤ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ᠎ᠨᠢ ᠰᠢᠯᠭ᠋ᠠᠨ ᠬᠢᠨᠠᠬᠤ ᠡᠷᠴᠢᠮ ᠵᠶ᠋ᠡᠨ ᠴᠢᠩᠭ᠋ᠠᠷᠠᠭᠤᠯᠵᠤ᠂ ᠵᠠᠬ᠎ᠠ ᠳᠡᠯᠭᠡᠭᠦᠷ᠎ᠤᠨ 《ᠡᠯᠡᠢ ᠤᠯᠠᠷᠢᠯ ᠪᠠ ᠬᠥᠭᠵᠢᠶᠡᠨᠲᠦ ᠤᠯᠠᠷᠢᠯ》᠂ ᠡᠨᠧᠷᠭᠢ ᠬᠡᠷᠡᠭᠯᠡᠬᠦ ᠵᠢᠨ 《ᠤᠷᠬᠢᠯ ᠤᠯᠠᠷᠢᠯ ᠪᠠ ᠰᠣᠭᠣ ᠤᠯᠠᠷᠢᠯ》 ᠵᠡᠷᠭᠡ ᠵᠢ ᠭᠦᠢ᠍ᠴᠡᠳ ᠪᠣᠳᠣᠯᠬᠢᠯᠠᠨ᠂ ᠬᠠᠷᠠᠯᠲᠠ᠎ᠪᠠᠨ ᠪᠡᠶᠡᠯᠡᠭᠦᠯᠬᠦ ᠠᠬᠢᠴᠠ᠂ ᠠᠵᠤ ᠠᠬᠤᠢ ᠵᠢᠨ ᠪᠠᠢ᠌ᠳᠠᠯ ᠵᠢᠴᠢ ᠦᠶᠡᠯᠡᠯ ᠠᠯᠤᠰᠯᠠᠭᠰᠠᠨ ᠬᠦᠴᠦᠨ ᠵᠦᠢ᠍ᠯ᠎ᠢ ᠨᠢᠭᠡᠳᠦᠯᠲᠡᠢ ᠲᠥᠯᠥᠪᠯᠡᠵᠦ᠂ ᠰᠢᠯᠭ᠋ᠠᠨ ᠬᠢᠨᠠᠬᠤ ᠳᠠᠪᠲᠠᠮᠵᠢ ᠵᠢ ᠰᠢᠯᠢᠳᠡᠭᠵᠢᠭᠦᠯᠦᠨ᠎ᠡ᠃ ᠪᠣᠬᠢᠷᠳᠤᠯ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠵᠢ ᠪᠠᠭ᠋ᠠᠰᠬᠠᠬᠤ ᠬᠠᠷᠠᠯᠲᠠ ᠡᠭᠦᠷᠭᠡ᠎ᠪᠠᠨ ᠪᠡᠶᠡᠯᠡᠭᠦᠯᠦᠭᠰᠡᠨ ᠪᠠᠢ᠌ᠳᠠᠯ᠎ᠢ᠎ᠨᠢ ᠬᠢᠨᠠᠨ ᠰᠢᠯᠭ᠋ᠠᠬᠤ ᠴᠢᠬᠤᠯᠠ ᠠᠭᠤᠯᠭ᠎ᠠ ᠪᠣᠯᠭ᠋ᠠᠵᠤ᠂ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠠᠵᠢᠯ᠎ᠤᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

     (ᠭᠤᠷᠪᠠ) ᠠᠷᠠᠳ ᠨᠡᠶ᠋ᠢᠲᠡ ᠵᠢᠨ ᠠᠵᠢᠯᠯᠠᠭ᠋ᠠᠨ᠎ᠢ ᠥᠷᠨᠢᠭᠦᠯᠦᠨ᠎ᠡ᠃ ᠨᠡᠢ᠌ᠭᠡᠮ ᠳᠠᠶᠠᠭ᠋ᠠᠷ ᠪᠣᠬᠢᠷᠳᠤᠯ ᠦᠭᠡᠢ ᠠᠮᠢᠳᠤᠷᠠᠯ᠎ᠢ ᠡᠭᠦᠳᠦᠨ ᠪᠠᠶ᠋ᠢᠭᠤᠯᠬᠤ ᠠᠵᠢᠯᠯᠠᠭ᠋ᠠᠨ᠎ᠢ ᠥᠷᠨᠢᠭᠦᠯᠵᠦ᠂ ᠠᠷᠪᠢᠲᠠᠢ ᠪᠥᠭᠡᠳ ᠲᠣᠬᠢᠷᠠᠮᠵᠢᠲᠠᠢ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠋ᠠᠲᠠᠢ᠂ ᠪᠣᠯᠪᠠᠰᠤᠨ ᠪᠥᠭᠡᠳ ᠡᠷᠡᠭᠦᠯ ᠰᠠᠷᠠᠭᠤᠯ ᠠᠮᠢᠳᠤᠷᠠᠯ᠎ᠤᠨ ᠠᠷᠭ᠎ᠠ ᠮᠠᠶᠢᠭ᠎ᠢ ᠰᠠᠨᠠᠭ᠋ᠠᠴᠢᠯᠠᠵᠤ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠋ᠠᠲᠠᠢ ᠨᠡᠢ᠌ᠭᠡᠮ᠎ᠤᠨ ᠬᠡᠪ ᠰᠤᠷᠲᠠᠯ᠎ᠢ ᠪᠣᠶ ᠪᠣᠯᠭ᠋ᠠᠨ᠎ᠠ᠃ ᠡᠨᠧᠷᠭᠢ ᠠᠷᠪᠢᠯᠠᠬᠤ ᠤᠬᠠᠭᠤᠯᠭ᠎ᠠ ᠵᠢᠨ ᠭᠠᠷᠠᠭ᠂ ᠨᠡᠭᠦᠷᠡᠰᠦᠲᠥ᠋ᠷᠥᠭᠴᠢ ᠪᠠᠭ᠋ᠠᠲᠠᠢ ᠡᠳᠦᠷ᠂ ᠣᠷᠴᠢᠨ ᠠᠬᠤᠢ ᠵᠢᠨ ᠡᠳᠦᠷ ᠵᠡᠷᠭᠡ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠦᠨ᠂ ᠡᠳᠦᠷ ᠲᠤᠳᠤᠮ᠎ᠤᠨ ᠴᠢᠨᠠᠷᠲᠠᠢ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠤᠬᠠᠭᠤᠯᠭ᠎ᠠ ᠬᠥᠮᠦᠵᠢᠯ᠎ᠢ ᠴᠢᠩᠭ᠋ᠠᠳᠬᠠᠨ᠎ᠠ᠃ ᠨᠣᠭᠣᠭ᠋ᠠᠨ ᠬᠡᠷᠡᠭᠯᠡᠭᠡᠨ᠎ᠤ ᠵᠠᠬ᠎ᠠ ᠳᠡᠯᠭᠡᠭᠦᠷ᠎ᠢ ᠢᠳᠡᠪᠬᠢᠲᠡᠢ᠎ᠪᠠᠷ ᠪᠣᠢ᠌ᠵᠢᠭᠤᠯᠵᠤ᠂ ᠬᠡᠷᠡᠭᠯᠡᠭᠴᠢᠳ᠎ᠢ ᠬᠥᠲᠥᠯᠥᠨ ᠵᠢᠯᠤᠭᠣᠳᠴᠤ ᠪᠠᠢ᠌ᠭ᠋ᠠᠳ ᠡᠨᠧᠷᠭᠢ ᠠᠷᠪᠢᠯᠠᠬᠤ ᠪᠠ ᠰᠢᠨ᠎ᠡ ᠡᠨᠧᠷᠭᠢ ᠵᠢᠨ ᠮᠠᠰᠢᠨ ᠲᠡᠷᠭᠡ᠂ ᠥᠨᠳᠥᠷ ᠠᠰᠢᠭᠯᠠᠮᠵᠢ᠎ᠲᠠᠢ ᠭᠡᠷ᠎ᠤᠨ ᠴᠠᠬᠢᠯᠭ᠋ᠠᠨ ᠬᠡᠷᠡᠭᠰᠡᠯ᠂ ᠤᠰᠤ ᠠᠷᠪᠢᠯᠠᠬᠤ ᠬᠡᠯᠪᠡᠷᠢ ᠵᠢᠨ ᠪᠠᠭ᠋ᠠᠵᠢ ᠬᠡᠷᠡᠭᠰᠡᠯ ᠵᠡᠷᠭᠡ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠳᠣᠣᠷ᠎ᠠ ᠦᠢ᠍ᠯᠡᠳᠬᠦᠨ ᠬᠤᠳᠠᠯᠳᠤᠨ ᠠᠪᠤᠭᠤᠯᠵᠤ᠂ ᠨᠣᠭᠣᠭ᠋ᠠᠨ ᠬᠡᠷᠡᠭᠯᠡᠭᠡᠨ᠎ᠤ ᠣᠨᠣᠯᠵᠢᠬᠤᠨ᠎ᠢ ᠬᠥᠲᠥᠯᠥᠨ ᠵᠢᠯᠣᠭᠣᠳᠤᠨ᠎ᠠ᠃ ᠪᠣᠬᠢᠷᠳᠤᠯ ᠦᠭᠡᠢ ᠪᠥᠭᠡᠳ ᠳᠣᠣᠷ᠎ᠠ ᠨᠡᠭᠦᠷᠡᠰᠦᠲᠥ᠋ᠷᠥᠭᠴᠢᠲᠦ ᠠᠶᠠᠯᠠᠯ᠎ᠢ ᠶᠡᠬᠡ᠎ᠪᠠᠷ ᠳᠡᠯᠭᠡᠷᠡᠭᠦᠯᠵᠦ᠂ ᠪᠣᠬᠢᠷᠳᠤᠯ ᠦᠭᠡᠢ ᠠᠮᠢᠳᠤᠷᠠᠯ ᠪᠠ ᠰᠡᠯᠡᠭᠦᠴᠡᠯ᠎ᠤᠨ ᠵᠠᠭᠪᠤᠷ᠎ᠢ ᠰᠠᠨᠠᠭ᠋ᠠᠴᠢᠯᠠᠨ᠎ᠠ᠃ ᠠᠵᠢᠯ ᠲᠦᠷᠦᠯ᠎ᠤᠨ ᠨᠡᠢ᠌ᠭᠡᠮᠯᠢᠭ᠂ ᠬᠤᠳᠠᠯᠳᠤᠭ᠋ᠠᠨ᠎ᠤ ᠪᠦᠯᠬᠦᠮ᠂ ᠨᠡᠶ᠋ᠢᠲᠡ ᠵᠢᠨ ᠠᠰᠠᠷᠠᠮᠵᠢ ᠵᠢᠨ ᠵᠣᠬᠢᠶᠠᠨ ᠪᠠᠢ᠌ᠭᠤᠯᠤᠯᠲᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠢ ᠬᠥᠭᠵᠢᠭᠦᠯᠵᠦ᠂ ᠤᠯᠠᠨ ᠨᠡᠶ᠋ᠢᠲᠡ ᠵᠢᠨ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠎ᠠ᠎ᠳᠤ ᠣᠷᠤᠯᠴᠠᠬᠤ ᠵᠢ᠎ᠨᠢ ᠵᠣᠷᠢᠭᠵᠢᠭᠤᠯᠤᠨ᠎ᠠ᠃ ᠡᠨᠧᠷᠭᠢ ᠠᠷᠪᠢᠯᠠᠬᠤ ᠵᠢ ᠰᠠᠢ᠌ᠨ ᠳᠤᠷ᠎ᠠ᠎ᠠᠴᠠ᠎ᠪᠠᠨ ᠠᠮᠠᠯᠠᠬᠤ ᠠᠵᠢᠯᠯᠠᠭ᠎ᠠ ᠵᠢ ᠥᠷᠨᠢᠭᠦᠯᠵᠦ᠂ ᠤᠯᠠᠨ ᠨᠡᠶ᠋ᠢᠲᠡ ᠵᠢ ᠬᠥᠲᠥᠯᠥᠨ ᠵᠢᠯᠤᠭᠣᠳᠴᠤ ᠪᠠᠢ᠌ᠭ᠋ᠠᠳ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠬᠠᠷᠢᠭᠤᠴᠠᠯᠭ᠎ᠠ ᠵᠢ᠎ᠨᠢ ᠭᠦᠢ᠍ᠴᠡᠳᠬᠡᠯᠭᠡᠨ᠎ᠡ᠃ (ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠲᠣᠪᠴᠢᠶ᠎ᠠ᠂ ᠡᠮᠡᠭᠲᠡᠢ᠌ᠴᠦᠳ᠎ᠤᠨ ᠬᠣᠯᠪᠣᠭ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

     

      ᠳᠠᠭ᠋ᠠᠯᠳᠤᠭᠤᠯᠤᠯ᠄

     1. 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠡᠯ᠎ᠡ ᠠᠢ᠌ᠮᠠᠭ ᠬᠤᠳᠠ ᠵᠢᠨ ᠡᠨᠧᠷᠭᠢ ᠵᠢᠨ ᠬᠣᠷᠣᠭᠳᠠᠯ᠎ᠤᠨ ᠬᠦᠴᠦᠯᠡᠴᠡ ᠵᠢ ᠪᠠᠭᠤᠷᠠᠭᠤᠯᠬᠤ ᠬᠠᠷᠠᠯᠲᠠ  

附件1 “十四五”各盟市能耗强度降低目标.pdf

     2. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠭᠣᠣᠯ ᠪᠣᠯᠬᠤ ᠠᠵᠢᠯ ᠲᠥᠷᠥᠯ᠎ᠤᠨ ᠡᠨᠧᠷᠭᠢ ᠠᠷᠪᠢᠯᠠᠬᠤ ᠭᠦᠢ᠍ᠴᠡᠳᠬᠡᠯ ᠲᠣᠭ᠎ᠠ

附件2 内蒙古自治区“十四五”主要行业节能指标.pdf



ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ ᠰᠣᠷᠣᠭᠴᠢ ᠵᠢ ᠮᠥᠩᠭᠥ᠎ᠪᠠᠷ ᠲᠤᠰᠠᠯᠠᠬᠤ ᠲᠥᠷᠥ ᠵᠢᠨ ᠪᠣᠳᠣᠯᠭ᠎ᠠ ᠵᠢ ᠲᠣᠬᠢᠷᠠᠭᠤᠯᠤᠨ ᠲᠡᠭᠦᠯᠳᠡᠷᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠬᠦᠨᠳᠦ ᠬᠡᠴᠡᠭᠦᠦ ᠣᠨᠴᠠᠭ᠋ᠠᠢ ᠡᠪᠡᠳᠴᠢᠨ᠎ᠤ ᠡᠮᠴᠢᠯᠡᠭᠡᠨ᠎ᠤ ᠳᠠᠭ᠋ᠠᠳᠬᠠᠯ ᠪᠠ ᠠᠪᠤᠷᠠᠨ ᠲᠤᠰᠠᠯᠠᠬᠤ ᠳᠦᠷᠢᠮ᠎ᠢ ᠪᠦᠷᠢᠨᠰᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ
ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠣᠢ ᠵᠢᠨ ᠶᠡᠷᠦᠩᠬᠡᠢ᠌ᠯᠡᠨ ᠴᠡᠭᠴᠡᠯᠡᠵᠦ ᠵᠠᠰᠠᠬᠤ ᠠᠵᠢᠯ᠎ᠢ ᠭᠦᠨᠵᠡᠭᠡᠢ᠌ᠷᠡᠭᠦᠯᠵᠦ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠬᠤ ᠠᠷᠪᠠᠨ ᠨᠢᠭᠡᠨ ᠵᠤᠷᠪᠤᠰ ᠲᠥᠷᠥ ᠵᠢᠨ ᠪᠣᠳᠣᠯᠭ᠎ᠠ ᠠᠷᠭ᠎ᠠ ᠬᠡᠮᠵᠢᠶᠡᠨ᠎ᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
 
             蒙ICP备05000248号