ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠬᠤ ᠠᠷᠪᠠᠨ ᠨᠢᠭᠡᠨ ᠵᠤᠷᠪᠤᠰ ᠲᠥᠷᠥ ᠵᠢᠨ ᠪᠣᠳᠣᠯᠭ᠎ᠠ ᠠᠷᠭ᠎ᠠ ᠬᠡᠮᠵᠢᠶᠡᠨ᠎ᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2023-02-22

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠡᠲᠸᠷᠢᠶᠠᠯ

          ᠥᠪᠥᠷ ᠵᠠᠰᠠᠭ ᠠᠯᠪᠠᠨ ᠲᠠᠷᠬᠠᠭ᠋ᠠᠭᠰᠠᠨ [2022] 72 ᠳ᠋ᠤᠭ᠋ᠠᠷ ᠲᠣᠭ᠋ᠠᠲᠤ


      ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠬᠤ ᠠᠷᠪᠠᠨ ᠨᠢᠭᠡᠨ ᠵᠤᠷᠪᠤᠰ ᠲᠥᠷᠥ ᠵᠢᠨ ᠪᠣᠳᠣᠯᠭ᠎ᠠ ᠠᠷᠭ᠎ᠠ ᠬᠡᠮᠵᠢᠶᠡᠨ᠎ᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ

ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄

     《ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠦᠨᠡᠨ ᠬᠦ᠌ ᠴᠢᠩᠭ᠋ᠠᠳᠬᠠᠨ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ》 (ᠲᠦᠷᠦ ᠠᠯᠪᠠᠨ ᠲᠠᠷᠬᠠᠭ᠋ᠠᠭᠰᠠᠨ

[2019] 50 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠮᠠᠨ᠎ᠤ ᠣᠷᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ (ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠰᠢᠨ᠎ᠡ᠎ᠪᠠᠷ ᠪᠠᠢ᠌ᠭᠤᠯᠬᠤ᠂ ᠥᠭᠡᠷᠡᠴᠢᠯᠡᠨ ᠪᠠᠢ᠌ᠭᠤᠯᠵᠤ ᠰᠠᠢ᠌ᠵᠢᠷᠠᠭᠤᠯᠬᠤ ᠪᠠ ᠵᠡᠭᠦᠨ ᠬᠣᠢ᠌ᠲᠤ ᠣᠷᠣᠨ᠎ᠤ ᠬᠠᠷ᠎ᠠ ᠬᠥᠷᠥᠰᠥᠲᠦ ᠭᠠᠵᠠᠷ᠎ᠢ ᠬᠠᠮᠠᠭ᠋ᠠᠯᠠᠬᠤ ᠪᠦᠲᠦᠭᠡᠨ ᠪᠠᠢ᠌ᠭᠤᠯᠤᠯᠲᠠ ᠵᠢ ᠪᠠᠭᠲᠠᠭ᠋ᠠᠨ᠎ᠠ) ᠵᠢ ᠲᠦᠷᠭᠡᠨ ᠠᠬᠢᠭᠤᠯᠵᠤ᠂ ᠠᠮᠤ ᠪᠤᠳᠠᠭ᠋ᠠᠨ᠎ᠤ ᠶᠡᠷᠦᠩᠬᠡᠢ ᠦᠢ᠍ᠯᠡᠳᠪᠦᠷᠢᠯᠡᠯ᠎ᠤᠨ ᠴᠢᠳᠠᠪᠤᠷᠢ ᠵᠢ ᠪᠡᠬᠢᠵᠢᠭᠦᠯᠬᠦ ᠪᠠ ᠳᠡᠭᠡᠭᠰᠢᠯᠡᠭᠦᠯᠵᠦ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠬᠤ ᠠᠷᠪᠠᠨ ᠨᠢᠭᠡᠨ ᠵᠤᠷᠪᠤᠰ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠳᠣᠣᠷᠠᠬᠢ ᠮᠡᠲᠦ ᠮᠡᠳᠡᠭᠳᠡᠶ᠎ᠡ᠃

      ᠨᠢᠭᠡ᠂ ᠨᠥᠬᠥᠪᠦᠷᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠬᠦ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠳᠠᠬᠢ ᠲᠥᠪ᠎ᠤᠨ ᠲᠥᠰᠥᠪ᠎ᠤᠨ ᠳᠣᠲᠣᠷᠠᠬᠢ ᠪᠠ ᠲᠥᠪ᠎ᠤᠨ ᠡᠳ᠋᠎ᠤᠨ ᠵᠠᠰᠠᠭ᠎ᠤᠨ ᠰᠢᠯᠵᠢᠭᠦᠯᠦᠨ ᠲᠥᠯᠦᠬᠦ ᠬᠣᠶᠠᠷ ᠠᠷᠭ᠎ᠠ ᠵᠠᠮ᠎ᠤᠨ ᠪᠡᠯᠡ ᠣᠷᠣᠭᠤᠯᠤᠯᠲᠠ ᠵᠢ ᠨᠢᠭᠡᠳᠦᠯᠲᠡᠢ ᠲᠥᠯᠥᠪᠯᠡᠵᠦ ᠡᠮᠬᠢᠯᠡᠨ ᠨᠡᠢ᠌ᠯᠡᠭᠦᠯᠬᠦ ᠬᠡᠷᠡᠭᠲᠡᠢ᠃ ᠣᠷᠣᠨ ᠨᠤᠲᠤᠭ᠎ᠤᠨ ᠡᠳ᠋᠎ᠤᠨ ᠵᠠᠰᠠᠭ᠎ᠠᠴᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠳᠤ ᠣᠷᠣᠭᠤᠯᠬᠤ ᠵᠠᠷᠤᠯᠭ᠎ᠠ ᠵᠢ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠳ᠋᠎ᠤᠨ ᠵᠠᠰᠠᠭ ᠬᠠᠷᠢᠭᠤᠴᠠᠵᠤ᠂ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ) ᠲᠠᠬᠢᠵᠤ ᠲᠦᠬᠦᠷᠵᠢᠭᠦᠯᠬᠦ ᠦᠭᠡᠢ᠃ 2022 ᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠮᠦ᠍ ᠪᠦᠷᠢ ᠵᠢᠨ ᠲᠡᠭᠰᠢᠳᠬᠡᠭᠰᠡᠨ ᠡᠳ᠋᠎ᠤᠨ ᠵᠠᠰᠠᠭ᠎ᠤᠨ ᠨᠥᠬᠥᠪᠦᠷᠢ ᠵᠢᠨ ᠪᠠᠷᠢᠮᠵᠢᠶ᠎ᠠ᠎ᠨᠢ ᠤᠰᠤᠨ ᠲᠠᠷᠢᠶ᠎ᠠ ᠵᠢ 1700 ᠲᠥᠭᠥᠷᠢᠭ᠎ᠠᠴᠠ ᠳᠣᠣᠷ᠎ᠠ ᠪᠠᠢ᠌ᠯᠭ᠋ᠠᠵᠤ ᠪᠣᠯᠬᠤ ᠦᠭᠡᠢ᠂ ᠬᠠᠭᠤᠷᠠᠢ ᠲᠠᠷᠢᠶ᠎ᠠ ᠵᠢ 1200 ᠲᠥᠭᠥᠷᠢᠭ᠎ᠠᠴᠠ ᠳᠣᠣᠷ᠎ᠠ ᠪᠠᠢ᠌ᠯᠭ᠋ᠠᠵᠤ ᠪᠣᠯᠬᠤ ᠦᠭᠡᠢ᠂ 2023 ᠣᠨ᠎ᠠᠴᠠ ᠡᠬᠢᠯᠡᠨ ᠤᠯᠤᠰ᠎ᠤᠨ ᠱᠠᠭ᠋ᠠᠷᠳᠠᠯᠭ᠎ᠠ ᠶᠣᠰᠣᠭ᠋ᠠᠷ ᠬᠥᠳᠡᠯᠦᠩᠭᠦᠢ ᠲᠣᠬᠢᠷᠠᠭᠤᠯᠤᠯᠲᠠ ᠬᠢᠵᠦ᠂ ᠪᠠᠲᠤᠯᠠᠭ᠎ᠠ ᠵᠢᠨ ᠡᠷᠴᠢᠮ ᠵᠶ᠋ᠠᠨ ᠴᠢᠩᠭ᠋ᠠᠳᠬᠠᠬᠤ ᠬᠡᠷᠡᠭᠲᠡᠢ᠃

(ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ)

      ᠬᠣᠶᠠᠷ᠂ ᠳᠠᠭ᠋ᠠᠭ᠋ᠠᠴᠢᠯᠠᠯᠲᠠ ᠵᠠᠷᠯᠠᠬᠤ ᠪᠠ ᠳᠠᠭ᠋ᠠᠭ᠋ᠠᠴᠢᠯᠠᠯᠲᠠ ᠬᠦᠯᠢᠶᠡᠬᠦ ᠵᠢ ᠵᠢᠷᠤᠮᠵᠢᠭᠤᠯᠬᠤ ᠬᠡᠷᠡᠭᠲᠡᠢ᠃ ᠵᠠᠷᠴᠢᠮ ᠳᠡᠭᠡᠷ᠎ᠡ᠎ᠪᠠᠨ ᠪᠠᠷᠢᠯᠭ᠎ᠠ ᠪᠠᠷᠢᠬᠤ ᠨᠢᠭᠡᠴᠢ ᠵᠢᠨ ᠳᠠᠭ᠋ᠠᠭ᠋ᠠᠴᠢᠯᠠᠯᠲᠠ ᠬᠦᠯᠢᠶᠡᠬᠦ ᠳᠠᠭ᠋ᠠᠭ᠋ᠠᠴᠢᠯᠠᠯᠲᠠ ᠵᠢᠨ ᠬᠡᠰᠡᠭ᠎ᠤᠨ ᠲᠠᠯᠠᠪᠠᠢ ᠵᠢ 5000 ᠮᠦ᠍᠎ᠠᠴᠠ ᠳᠣᠣᠷ᠎ᠠ ᠪᠠᠢ᠌ᠯᠭ᠋ᠠᠵᠤ ᠪᠣᠯᠬᠤ ᠦᠭᠡᠢ᠂ ᠬᠠᠮᠲᠤᠷᠠᠭᠰᠠᠨ ᠴᠣᠭᠴᠠ ᠳᠠᠭ᠋ᠠᠭ᠋ᠠᠴᠢᠯᠠᠯᠲᠠ ᠬᠦᠯᠢᠶᠡᠬᠦ ᠵᠢ ᠵᠥᠪᠰᠢᠶᠡᠷᠡᠬᠦ ᠦᠭᠡᠢ᠃ ᠪᠦᠬᠦ ᠶᠠᠪᠤᠴᠠ᠎ᠳᠤ ᠡᠯᠧᠺᠲᠷᠣᠨ ᠵᠶ᠋ᠡᠷ ᠳᠠᠭ᠋ᠠᠭ᠋ᠠᠴᠢᠯᠠᠯᠲᠠ ᠵᠠᠷᠯᠠᠵᠤ᠂ ᠳᠠᠭ᠋ᠠᠭ᠋ᠠᠴᠢᠯᠠᠯᠲᠠ ᠬᠦᠯᠢᠶᠡᠬᠦ ᠪᠠ ᠠᠯᠤᠰ᠎ᠠᠴᠠ ᠣᠨᠳᠣᠣ ᠭᠠᠵᠠᠷ᠎ᠲᠤ ᠳᠠᠭ᠋ᠠᠭ᠋ᠠᠴᠢᠯᠠᠯᠲᠠ ᠦᠨᠡᠯᠡᠬᠦ ᠵᠢ ᠬᠡᠷᠡᠭᠵᠢᠭᠦᠯᠬᠦ ᠬᠡᠷᠡᠭᠲᠡᠢ᠃ ᠪᠠᠷᠢᠯᠭ᠎ᠠ ᠪᠠᠷᠢᠬᠤ ᠭᠡᠷ᠎ᠡ ᠵᠢ ᠢᠯᠡ᠎ᠪᠠᠷ ᠨᠡᠢ᠌ᠲᠡᠯᠡᠨ᠂ 《ᠦᠨᠡᠨ ᠬᠤᠳᠠᠯ ᠭᠡᠷ᠎ᠡ》 《ᠬᠢᠮᠳᠠ᠎ᠪᠠᠷ ᠣᠯᠵᠤ ᠥᠨᠳᠥᠷ ᠦᠨ᠎ᠡ᠎ᠪᠠᠷ ᠳ᠋ᠦᠩᠨᠡᠨ ᠪᠣᠳᠤᠬᠤ》 ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠵᠢᠯᠯᠠᠭ᠎ᠠ᠎ᠨᠤᠭᠤᠳ᠎ᠢ ᠡᠷᠡᠰ ᠴᠢᠩᠭ᠎ᠠ ᠪᠠᠢ᠌ᠴᠠᠭ᠋ᠠᠨ ᠰᠢᠢ᠍ᠳᠪᠦᠷᠢᠯᠡᠬᠦ ᠬᠡᠷᠡᠭᠲᠡᠢ᠃ ᠲᠦᠷᠢᠶᠡᠰᠦᠯᠡᠭᠦᠯᠦᠨ ᠵᠢᠭᠡᠯᠡᠭᠦᠯᠬᠦ᠂ ᠲᠦᠰᠢᠭᠯᠡᠬᠦ᠂ ᠰᠢᠯᠵᠢᠭᠦᠯᠦᠨ ᠳᠠᠭ᠋ᠠᠭ᠋ᠠᠴᠢᠯᠠᠭᠤᠯᠬᠤ᠂ ᠠᠵᠢᠯ᠎ᠤᠨ ᠪᠦᠲᠦᠮᠵᠢ᠎ᠪᠠᠨ ᠬᠤᠳᠠᠯ ᠵᠶ᠋ᠠᠷ ᠮᠡᠳᠡᠭᠦᠯᠬᠦ ᠵᠡᠷᠭᠡ ᠬᠡᠯᠪᠡᠷᠢ ᠮᠠᠶᠢᠭ ᠵᠶ᠋ᠠᠷ ᠬᠤᠳᠠᠯ ᠬᠠᠭᠤᠷᠮᠠᠭ ᠵᠣᠬᠢᠶᠠᠭᠰᠠᠨ᠎ᠢ ᠪᠠᠢ᠌ᠴᠠᠭ᠋ᠠᠨ ᠢᠯᠡᠷᠡᠭᠦᠯᠦᠮᠡᠭᠴᠡ ᠳᠠᠭ᠋ᠠᠭ᠋ᠠᠴᠢᠯᠠᠯᠲᠠ ᠬᠦᠯᠢᠶᠡᠬᠦ

(ᠳᠠᠭ᠋ᠠᠭ᠋ᠠᠴᠢᠯᠠᠯᠲᠠ ᠣᠯᠬᠤ) ᠬᠢᠷᠢ ᠬᠡᠮ᠎ᠢ᠎ᠨᠢ ᠬᠦᠴᠦᠨ ᠦᠭᠡᠢ ᠪᠣᠯᠭ᠋ᠠᠵᠤ᠂ 3 ᠵᠢᠯ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠬᠢᠯᠢ ᠳᠣᠲᠣᠷᠠᠬᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠠᠵᠢᠯᠯᠠᠭ᠎ᠠ᠎ᠳᠤ ᠣᠷᠤᠯᠴᠠᠬᠤ ᠵᠢ᠎ᠨᠢ ᠴᠠᠭ᠋ᠠᠵᠠᠯᠠᠨ᠎ᠠ᠃ (ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ)

      ᠭᠤᠷᠪᠠ᠂ ᠡᠮᠦᠨᠡᠬᠢ ᠬᠤᠭᠤᠴᠠᠭ᠋ᠠᠨ᠎ᠤ ᠠᠵᠢᠯ᠎ᠢ ᠰᠢᠯᠢᠳᠡᠭᠵᠢᠭᠦᠯᠬᠦ ᠬᠡᠷᠡᠭᠲᠡᠢ᠃ ᠨᠥᠬᠥᠴᠡᠯ᠎ᠳᠤ ᠨᠡᠢ᠌ᠴᠡᠭᠰᠡᠨ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠢ ᠴᠥᠮ ᠠᠯᠬᠤᠮ ᠠᠯᠬᠤᠮ ᠵᠶ᠋ᠠᠷ ᠲᠥᠷᠥᠯ ᠵᠦᠢ᠍ᠯ᠎ᠤᠨ ᠨᠥᠭᠡᠴᠡ ᠬᠥᠮᠥᠷᠭᠡ᠎ᠳᠤ ᠳᠠᠩᠰᠠᠯᠠᠨ ᠣᠷᠣᠭᠤᠯᠵᠤ᠂ ᠲᠤᠬᠠᠢ ᠵᠢᠨ ᠵᠢᠯ᠎ᠤᠨ ᠪᠦᠲᠦᠭᠡᠨ ᠪᠠᠢ᠌ᠭᠤᠯᠬᠤ ᠡᠭᠦᠷᠭᠡ ᠵᠢ ᠡᠮᠦᠨᠡᠬᠢ ᠵᠢᠯ᠎ᠤᠨ 9 ᠳ᠋ᠦ᠍ᠭᠡᠷ ᠰᠠᠷ᠎ᠠ᠎ᠳᠤ ᠳᠠᠩᠰᠠᠯᠠᠨ ᠣᠷᠣᠭᠤᠯᠵᠤ ᠳᠠᠭᠤᠰᠬᠠᠬᠤ ᠬᠡᠷᠡᠭᠲᠡᠢ᠂ 2022 ᠣᠨ᠎ᠠᠴᠠ ᠬᠣᠢ᠌ᠰᠢ ᠨᠥᠭᠡᠴᠡ ᠬᠥᠮᠥᠷᠭᠡ ᠵᠢᠨ ᠬᠠᠮᠢᠶᠠᠷᠤᠯᠲᠠ᠎ᠳᠤ ᠣᠷᠣᠭᠤᠯᠤᠭ᠋ᠠᠳᠤᠢ ᠲᠥᠷᠦᠯ ᠵᠦᠢ᠍ᠯ᠎ᠢ ᠣᠨ᠎ᠤ ᠪᠦᠲᠦᠭᠡᠨ ᠪᠠᠢ᠌ᠭᠤᠯᠬᠤ ᠡᠭᠦᠷᠭᠡ᠎ᠳᠤ ᠵᠢᠭᠰᠠᠭ᠋ᠠᠬᠤ ᠦᠭᠡᠢ᠃ ᠬᠣᠰᠢᠭᠤ ᠰᠢᠶᠠᠨ (ᠬᠣᠲᠠ᠂ ᠲᠣᠭᠣᠷᠢᠭ)᠎ᠤ ᠵᠢᠷᠤᠭᠯᠠᠨ ᠲᠥᠯᠥᠪᠯᠡᠵᠦ ᠳᠠᠭ᠋ᠠᠭ᠋ᠠᠴᠢᠯᠠᠯᠲᠠ ᠵᠠᠷᠯᠠᠬᠤ᠂   ᠠᠩᠬ᠎ᠠ ᠠᠯᠬᠤᠮ ᠵᠢᠷᠤᠭᠯᠠᠨ ᠲᠥᠯᠥᠪᠯᠡᠬᠦ᠂ ᠨᠤᠲᠠᠯᠠᠯᠲᠠ ᠬᠢᠵᠦ ᠬᠢᠨᠠᠨ ᠵᠥᠪᠰᠢᠶᠡᠷᠡᠬᠦ ᠵᠡᠷᠭᠡ ᠡᠮᠦᠨᠡᠬᠢ ᠬᠤᠭᠤᠴᠠᠭ᠋ᠠᠨ᠎ᠤ ᠠᠵᠢᠯ᠎ᠤᠳ ᠵᠶ᠋ᠠᠨ ᠤᠷᠢᠳᠴᠢᠯᠠᠨ ᠥᠷᠨᠢᠭᠦᠯᠬᠦ ᠵᠢ ᠠᠬᠢᠭᠤᠯᠵᠤ᠂ ᠲᠤᠬᠠᠢ ᠵᠢᠨ ᠵᠢᠯ᠎ᠤᠨ 3 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠠᠵᠢᠯ ᠡᠬᠢᠯᠡᠭᠦᠯᠬᠦ ᠨᠥᠬᠥᠴᠡᠯ ᠵᠶ᠋ᠠᠨ ᠪᠦᠷᠢᠳᠦᠭᠦᠯᠬᠦ ᠵᠢ ᠪᠠᠲᠤᠯᠠᠵᠤ᠂ 《ᠵᠣᠭᠣᠰ᠎ᠨᠢ ᠲᠥᠷᠥᠯ ᠵᠦᠢ᠍ᠯ ᠵᠶ᠋ᠡᠨ ᠬᠦᠯᠢᠶᠡᠬᠦ》᠎ᠠᠴᠠ ᠵᠠᠢ᠌ᠯᠠᠰᠬᠢᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠲᠦᠭᠡᠨ ᠪᠠᠢ᠌ᠭᠤᠯᠬᠤ ᠳᠤᠮᠳᠠ ᠣᠢ᠌ᠲᠤ ᠭᠠᠵᠠᠷ ᠡᠪᠡᠰᠦ ᠪᠡᠯᠴᠢᠭᠡᠷ᠎ᠢ ᠡᠵᠡᠯᠡᠨ ᠬᠡᠷᠡᠭᠯᠡᠬᠦ ᠵᠢ ᠬᠢᠨᠠᠨ ᠵᠥᠪᠰᠢᠶᠡᠷᠡᠬᠦ᠂ ᠬᠠᠢ᠌ᠷ ᠴᠢᠯᠠᠭᠤᠨ ᠮᠠᠲᠸᠷᠢᠶᠠᠯ᠎ᠢ ᠠᠪᠴᠤ ᠬᠡᠷᠡᠭᠯᠡᠬᠦ ᠵᠥᠪᠰᠢᠶᠡᠷᠡᠯ᠂ ᠤᠰᠤ ᠲᠠᠲᠠᠬᠤ ᠵᠥᠪᠰᠢᠶᠡᠷᠡᠯ᠎ᠢ ᠬᠢᠨᠠᠨ ᠵᠥᠪᠰᠢᠶᠡᠷᠡᠬᠦ ᠵᠡᠷᠭᠡ᠎ᠳᠤ ᠰᠠᠭ᠋ᠠᠳ ᠦᠭᠡᠢ ᠨᠡᠪᠲᠡᠷᠡᠬᠦ ᠵᠠᠮ᠎ᠤᠨ ᠬᠠᠮᠢᠶᠠᠷᠤᠯᠲᠠ ᠬᠡᠷᠡᠭᠵᠢᠭᠦᠯᠬᠦ ᠬᠡᠷᠡᠭᠲᠡᠢ᠃ (ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ᠂ ᠣᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ)

      ᠳᠥᠷᠪᠡ᠂ ᠪᠡᠯᠡ ᠮᠥᠩᠭᠥᠨ᠎ᠤ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠪᠡᠯᠡ ᠮᠥᠩᠭᠥᠨ᠎ᠳᠤ ᠲᠤᠰᠬᠠᠢ ᠲᠠᠩᠰᠠ ᠡᠷᠦᠬᠡ ᠵᠢᠨ ᠬᠠᠮᠢᠶᠠᠷᠤᠯᠲᠠ ᠬᠡᠷᠡᠭᠵᠢᠭᠦᠯᠵᠦ᠂ ᠪᠠᠷᠢᠯᠭ᠎ᠠ ᠵᠢᠨ ᠠᠬᠢᠴᠠ ᠎ᠪᠠᠷ ᠪᠡᠯᠡ ᠮᠥᠩᠭᠥᠨ ᠲᠣᠭ᠋ᠠᠴᠠᠭ᠎ᠠ ᠬᠢᠵᠦ᠂ ᠪᠠᠷᠢᠯᠭ᠎ᠠ ᠵᠢᠨ ᠠᠬᠢᠴᠠ᠎ᠪᠠᠷ ᠲᠣᠭ᠋ᠠᠴᠠᠭ᠎ᠠ ᠬᠢᠬᠦ ᠵᠣᠭᠣᠰᠤᠨ᠎ᠤ ᠬᠠᠷᠢᠴᠠᠯ᠎ᠢ ᠨᠢᠭᠡᠨᠲᠡ ᠳᠠᠭᠤᠰᠤᠭᠰᠠᠨ ᠪᠠᠷᠢᠯᠭ᠎ᠠ ᠵᠢᠨ ᠦᠨ᠎ᠡ ᠮᠥᠩᠭᠥᠨ᠎ᠤ 80%᠎ᠠᠴᠠ ᠳᠣᠣᠷ᠎ᠠ ᠪᠠᠢ᠌ᠯᠭ᠋ᠠᠵᠤ ᠪᠣᠯᠬᠣ ᠦᠭᠡᠢ᠂ ᠪᠤᠰᠤᠳ ᠲᠣᠭ᠋ᠠᠴᠠᠬᠤ ᠶᠣᠰᠣᠲᠠᠢ ᠪᠠᠷᠢᠯᠭ᠎ᠠ ᠵᠢᠨ ᠵᠣᠭᠣᠰ᠎ᠢ ᠪᠠᠷᠢᠯᠭ᠎ᠠ ᠵᠢᠨ ᠠᠵᠢᠯ ᠳᠠᠭᠤᠰᠴᠤ ᠰᠢᠯᠭ᠋ᠠᠨ ᠬᠤᠷᠢᠶᠠᠭ᠋ᠠᠳ ᠬᠢᠷᠢ ᠲᠡᠩᠴᠡᠭᠰᠡᠨ᠎ᠤ ᠳᠠᠷᠠᠭ᠋ᠠᠬᠢ 30 ᠡᠳᠦᠷ᠎ᠤᠨ ᠳᠣᠲᠣᠷ᠎ᠠ ᠲᠣᠭ᠋ᠠᠴᠠᠭ᠎ᠠ ᠬᠢᠬᠦ ᠬᠡᠷᠡᠭᠲᠡᠢ᠃ ᠡᠳ᠋᠎ᠤᠨ ᠵᠠᠰᠠᠭ᠎ᠤᠨ ᠪᠡᠯᠡ ᠣᠷᠣᠭᠤᠯᠤᠯᠲᠠ ᠵᠢᠨ ᠬᠢᠨᠠᠵᠤ ᠬᠠᠰᠤᠬᠤ ᠪᠠ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠭᠰᠡᠨ ᠦᠯᠡᠳᠡᠪᠦᠷᠢ ᠪᠡᠯᠡ ᠮᠥᠩᠭᠥ ᠵᠢ ᠴᠥᠮ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠬᠡᠷᠡᠭᠲᠡᠢ᠃ ᠪᠠᠷᠢᠯᠭ᠎ᠠ ᠵᠢᠨ ᠠᠬᠢᠴᠠ᠎ᠨᠢ ᠤᠳᠠᠭ᠋ᠠᠨ᠂ ᠡᠭᠦᠷᠭᠡ᠎ᠪᠠᠨ ᠦᠯᠦ ᠪᠡᠶᠡᠯᠡᠭᠦᠯᠦᠭᠰᠡᠨ᠂ ᠲᠤᠰᠬᠠᠢ ᠵᠦᠢ᠍ᠯ᠎ᠤᠨ ᠪᠡᠯᠡ ᠮᠥᠩᠭᠥ ᠵᠢ ᠰᠢᠬᠠᠨ ᠡᠵᠡᠯᠡᠵᠦ ᠰᠢᠯᠵᠢᠭᠦᠯᠦᠨ ᠬᠡᠷᠡᠭᠯᠡᠭᠰᠡᠨ᠂ ᠪᠠᠷᠢᠯᠭ᠎ᠠ ᠵᠢᠨ ᠵᠣᠭᠣᠰ᠎ᠢ ᠬᠤᠭᠤᠴᠠᠭ᠎ᠠ ᠬᠡᠲᠦᠷᠡᠭᠡᠳ ᠲᠣᠭ᠋ᠠᠴᠠᠭ᠎ᠠ ᠬᠢᠭᠡᠳᠦᠢ ᠬᠣᠰᠢᠭᠤ ᠰᠢᠶᠠᠨ (ᠬᠣᠲᠠ᠂ ᠲᠣᠭᠣᠷᠢᠭ)᠎ᠤ ᠲᠤᠬᠠᠢ ᠵᠢᠨ ᠵᠢᠯ᠎ᠤᠨ ᠡᠳ᠋᠎ᠤᠨ ᠵᠠᠰᠠᠭ᠎ᠤᠨ ᠨᠥᠬᠥᠪᠦᠷᠢ ᠪᠡᠯᠡ ᠮᠥᠩᠭᠥ ᠵᠢ᠎ᠨᠢ ᠪᠤᠴᠠᠭ᠋ᠠᠨ ᠠᠪᠴᠤ᠂ ᠳᠠᠷᠠᠭ᠎ᠠ ᠵᠢᠯ᠎ᠤᠨ ᠲᠥᠷᠥᠯ ᠵᠦᠢ᠍ᠯ᠎ᠤᠨ ᠪᠡᠯᠡ ᠮᠥᠩᠭᠥ ᠵᠢ᠎ᠨᠢ ᠲᠣᠬᠢᠷᠠᠭᠤᠯᠤᠨ ᠪᠠᠭ᠋ᠠᠰᠬᠠᠬᠤ ᠪᠥᠭᠡᠳ ᠪᠠᠢ᠌ᠳᠠᠯ᠎ᠢ ᠦᠨᠳᠦᠰᠦᠯᠡᠨ ᠬᠣᠯᠪᠣᠭᠳᠠᠯ ᠪᠦᠬᠦᠢ ᠬᠥᠮᠥᠰ᠎ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃

(ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ)

    ᠲᠠᠪᠤ᠂ ᠭᠠᠵᠠᠷ ᠰᠢᠷᠣᠢ ᠵᠢ ᠨᠡᠮᠡᠭᠳᠡᠭᠦᠯᠬᠦ ᠳᠠᠯᠳᠠ ᠬᠦᠴᠦᠨ᠎ᠢ ᠠᠭᠤᠳᠠᠯᠬᠤ ᠬᠡᠷᠡᠭᠲᠡᠢ᠃ 《ᠭᠤᠷᠪᠠ ᠵᠢ ᠡᠪᠳᠡᠨ᠂ ᠲᠠᠪᠤ ᠵᠢ ᠨᠢᠭᠡᠳᠬᠡᠵᠦ᠂ ᠨᠢᠭᠡ ᠵᠢ ᠲᠠᠬᠢᠨ ᠬᠤᠪᠢᠶᠠᠷᠢᠯᠠᠬᠤ》 ᠴᠡᠭᠴᠡᠯᠡᠨ ᠵᠠᠰᠠᠬᠤ ᠵᠠᠭᠪᠤᠷ᠎ᠢ ᠶᠠᠪᠤᠭᠳᠠᠭᠤᠯᠵᠤ᠂ ᠲᠠᠷᠢᠶᠠᠯᠠᠬᠤ ᠡᠷᠦᠬᠡ ᠵᠢᠨ ᠳᠠᠭ᠋ᠠᠭ᠋ᠠᠴᠢᠯᠠᠯᠲᠠ ᠵᠢᠨ ᠵᠠᠭ᠋ᠠᠭ ᠬᠢᠵᠠᠭ᠋ᠠᠷ᠎ᠢ ᠡᠪᠳᠡᠨ᠂ ᠡᠮᠬᠢ ᠵᠠᠮᠪᠠᠷᠠᠭ᠎ᠠ ᠦᠭᠡᠢ ᠲᠠᠷᠢᠶᠠᠨ ᠭᠠᠵᠠᠷ᠎ᠤᠨ ᠵᠠᠭ᠋ᠠᠭ ᠬᠢᠵᠠᠭ᠋ᠠᠷ᠎ᠢ ᠡᠪᠳᠡᠵᠦ ᠡᠮᠬᠢ ᠳᠢᠭᠯᠢᠮ ᠦᠭᠡᠢ ᠭᠤᠤ ᠰᠤᠪᠠᠭ᠎ᠤᠨ ᠵᠠᠮ ᠱᠤᠭᠤᠮ᠎ᠤᠨ ᠪᠠᠢ᠌ᠷᠢᠰᠢᠭᠤᠯᠤᠯᠲᠠ ᠵᠢ ᠡᠪᠳᠡᠬᠦ ᠬᠡᠷᠡᠭᠲᠡᠢ; ᠰᠢᠨ᠎ᠡ ᠲᠥᠯᠦᠪᠵᠢᠭᠦᠯᠭᠡ ᠵᠢᠨ ᠶᠣᠰᠣᠭ᠋ᠠᠷ᠂ ᠭᠤᠤ ᠰᠤᠪᠠᠭ᠎ᠢ ᠨᠢᠭᠡᠳᠦᠯᠲᠡᠢ ᠮᠠᠯᠲᠠᠵᠤ᠂ ᠵᠠᠮ᠎ᠢ ᠨᠢᠭᠡᠳᠦᠯᠲᠡᠢ ᠵᠠᠰᠠᠵᠤ᠂ ᠮᠣᠳᠣ ᠲᠠᠷᠢᠵᠤ ᠣᠢ᠌ᠵᠢᠭᠤᠯᠬᠤ ᠵᠢ ᠨᠢᠭᠡᠳᠦᠯᠲᠡᠢ ᠬᠢᠵᠦ᠂ ᠭᠠᠵᠠᠷ ᠬᠥᠷᠥᠰᠥ ᠵᠢ ᠨᠢᠭᠡᠳᠦᠯᠲᠡᠢ ᠲᠡᠭᠰᠢᠯᠡᠵᠦ᠂ ᠭᠠᠵᠠᠷ ᠬᠡᠰᠡᠭ᠎ᠢ ᠨᠢᠭᠡᠳᠦᠯᠲᠡᠢ ᠬᠤᠪᠢᠶᠠᠷᠢᠯᠠᠬᠤ ᠬᠡᠷᠡᠭᠲᠡᠢ; ᠴᠡᠭᠴᠡᠯᠡᠨ ᠵᠠᠰᠠᠵᠤ ᠳᠠᠭᠤᠰᠤᠭᠰᠠᠨ᠎ᠤ ᠳᠠᠷᠠᠭ᠎ᠠ ᠲᠠᠬᠢᠨ ᠬᠤᠪᠢᠶᠠᠷᠢᠯᠠᠨ ᠡᠵᠡᠩᠨᠡᠭᠦᠯᠵᠦ᠂ ᠲᠠᠷᠢᠶᠠᠯᠠᠬᠤ ᠭᠠᠵᠠᠷ᠎ᠤᠨ ᠲᠣᠭ᠎ᠠ ᠬᠡᠮᠵᠢᠶ᠎ᠡ ᠵᠢ ᠬᠠᠮᠤᠭ᠎ᠤᠨ ᠶᠡᠬᠡ ᠬᠡᠪᠴᠢᠶ᠎ᠡ᠎ᠪᠠᠷ ᠨᠡᠮᠡᠭᠳᠡᠭᠦᠯᠬᠦ ᠬᠡᠷᠡᠭᠲᠡᠢ᠃ (ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)

      ᠵᠢᠷᠭᠤᠭ᠎ᠠ᠂ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ᠎ᠢ ᠪᠠᠲᠤᠯᠠᠬᠤ ᠬᠡᠷᠡᠭᠲᠡᠢ᠃ 《ᠬᠣᠶᠠᠷ᠎ᠢ ᠲᠠᠰᠢᠷᠠᠮ ᠵᠶ᠋ᠠᠷ ᠰᠤᠭᠤᠴᠢᠨ᠂ ᠨᠢᠭᠡ ᠵᠢ ᠢᠯᠡ ᠪᠣᠯᠭ᠋ᠠᠬᠤ》 ᠲᠥᠷᠥᠯ ᠵᠦᠢ᠍ᠯ᠎ᠤᠨ ᠰᠤᠭᠤᠴᠢᠨ ᠪᠠᠢ᠌ᠴᠠᠭ᠋ᠠᠬᠤ ᠲᠣᠭᠲᠠᠴᠠ ᠵᠢ ᠪᠠᠢ᠌ᠭᠤᠯᠤᠨ᠂ ᠠᠰᠠᠭᠤᠳᠠᠯ ᠢᠯᠡᠷᠡᠭᠦᠯᠪᠡᠯ ᠲᠣᠳᠣᠷᠬᠠᠢ ᠬᠠᠭᠤᠳᠠᠰᠤ ᠵᠢᠨ ᠬᠠᠮᠢᠶᠠᠷᠤᠯᠲᠠ ᠵᠢᠨ ᠰᠢᠰᠲᠸᠮ᠎ᠳᠤ ᠲᠡᠮᠳᠡᠭᠯᠡᠨ ᠣᠷᠣᠭᠤᠯᠵᠤ ᠲᠣᠭᠲᠠᠭᠰᠠᠨ ᠬᠤᠭᠤᠴᠠᠭ᠋ᠠᠨ᠎ᠳᠤ ᠴᠡᠭᠴᠡᠯᠡᠨ ᠰᠠᠢ᠌ᠵᠢᠷᠠᠭᠤᠯᠬᠤ ᠬᠡᠷᠡᠭᠲᠡᠢ᠃ ᠪᠦᠲᠦᠭᠡᠨ ᠪᠠᠢ᠌ᠭᠤᠯᠤᠯᠲᠠ ᠎ᠳᠤ ᠣᠷᠣᠯᠴᠠᠭᠰᠠᠨ ᠠᠵᠤ ᠠᠬᠤᠢ᠌ᠯᠠᠯ᠎ᠤᠳ᠎ᠤᠨ ᠢᠲᠡᠭᠡᠮᠵᠢ ᠵᠢᠨ ᠦᠨᠡᠯᠡᠯᠲᠡ ᠵᠢ ᠥᠷᠨᠢᠭᠦᠯᠵᠦ᠂ ᠢᠲᠡᠭᠡᠯ ᠠᠯᠳᠠᠭᠰᠠᠳ ᠪᠠ ᠢᠲᠡᠭᠡᠮᠵᠢᠲᠡᠢ ᠳᠠᠩᠰᠠ ᠵᠢ ᠪᠠᠢ᠌ᠭᠤᠯᠤᠨ᠂ ᠢᠲᠡᠭᠡᠯ ᠠᠯᠳᠠᠭᠰᠠᠳ᠎ᠢ ᠲᠣᠷᠭᠣᠨ ᠰᠢᠢ᠍ᠳᠬᠡᠬᠦ᠎ᠪᠠᠨ ᠴᠢᠩᠭ᠋ᠠᠳᠬᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠪᠠ ᠠᠢ᠌ᠮᠠᠭ ᠬᠣᠲᠠ ᠬᠣᠶᠠᠷ ᠱᠠᠲᠤᠨ᠎ᠤ ᠲᠠᠷᠢᠶᠠᠯᠠᠩ᠎ᠤᠨ ᠪᠡᠯᠡ ᠣᠷᠣᠭᠤᠯᠤᠯᠲᠠ᠂ ᠨᠡᠭᠡᠭᠡᠨ ᠬᠥᠭᠵᠢᠭᠦᠯᠦᠯᠲᠡ᠂ ᠪᠦᠲᠦᠭᠡᠨ ᠪᠠᠢ᠌ᠭᠤᠯᠤᠯᠲᠠ ᠵᠢᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠰᠦᠪᠡᠭᠴᠢᠯᠡᠨ ᠪᠠᠢ᠌ᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠪᠠᠢ᠌ᠭᠤᠯᠤᠨ ᠬᠦᠴᠦᠷᠬᠡᠭᠵᠢᠭᠦᠯᠵᠦ᠂ ᠮᠡᠷᠭᠡᠵᠢᠯ᠎ᠤᠨ ᠲᠤᠯᠭ᠋ᠠᠭᠤᠷᠢᠯᠠᠬᠤ ᠦᠢ᠍ᠯᠡᠴᠢᠯᠡᠭᠡᠨ᠎ᠢ ᠰᠠᠢ᠌ᠲᠤᠷ ᠬᠢᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠠᠴᠠ ᠬᠢᠨᠠᠯᠲᠠ ᠲᠠᠯᠪᠢᠬᠤ ᠬᠠᠯᠠᠮᠰᠢᠯ ᠤᠲᠠᠰᠤ ᠲᠣᠬᠢᠷᠠᠭᠤᠯᠤᠨ᠂ ᠬᠣᠰᠢᠭᠤ ᠰᠢᠶᠠᠨ

(ᠬᠣᠲᠠ᠂ ᠲᠣᠭᠣᠷᠢᠭ)᠎ᠠᠴᠠ ᠬᠢᠨᠠᠯᠲᠠ ᠲᠠᠯᠪᠢᠭᠴᠢ ᠲᠠᠷᠢᠶᠠᠴᠢᠨ ᠮᠠᠯᠴᠢᠨ᠎ᠤ ᠨᠡᠢ᠌ᠲᠡ ᠵᠢᠨ ᠠᠰᠢᠭᠲᠤ ᠠᠵᠢᠯ᠎ᠤᠨ ᠪᠠᠢ᠌ᠷᠢ ᠲᠣᠬᠢᠷᠠᠭᠤᠯᠵᠤ᠂ ᠵᠠᠭᠤᠴᠢᠯᠠᠭᠤᠷ᠎ᠤᠨ ᠬᠢᠨᠠᠯᠲᠠ ᠲᠠᠯᠪᠢᠬᠤ ᠵᠢ ᠴᠢᠩᠭ᠋ᠠᠷᠠᠭᠤᠯᠵᠤ᠂ ᠠᠰᠠᠭᠤᠳᠠᠯ᠎ᠢ ᠳᠠᠷᠤᠢ᠌ᠬᠠᠨ ᠢᠯᠡᠷᠡᠭᠦᠯᠵᠦ᠂ ᠲᠦᠷᠭᠡᠨ ᠰᠢᠢ᠍ᠳᠪᠦᠷᠢᠯᠡᠬᠦ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠬᠦ ᠬᠡᠷᠡᠭᠲᠡᠢ᠃ (ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠨᠠᠮ᠎ᠤᠨ ᠬᠣᠷᠢᠶᠠᠨ᠎ᠤ ᠪᠠᠢ᠌ᠭᠤᠯᠤᠮᠵᠢ ᠣᠷᠣᠨ ᠲᠣᠭ᠋ᠠᠨ᠎ᠤ ᠵᠥᠪᠯᠡᠯ᠎ᠤᠨ ᠠᠯᠪᠠᠨ ᠭᠡᠷ)

      ᠳᠣᠯᠣᠭ᠎ᠠ᠂ ᠰᠢᠯᠭ᠋ᠠᠨ ᠬᠤᠷᠢᠶᠠᠵᠤ ᠬᠥᠮᠥᠷᠭᠡᠯᠡᠬᠦ ᠵᠢ ᠵᠢᠷᠤᠮᠵᠢᠭᠤᠯᠬᠤ ᠬᠡᠷᠡᠭᠲᠡᠢ᠃ ᠠᠢ᠌ᠮᠠᠭ ᠬᠣᠲᠠ ᠵᠢᠨ ᠪᠠᠷᠢᠯᠭ᠎ᠠ ᠵᠢᠨ ᠠᠵᠢᠯ ᠳᠠᠭᠤᠰᠴᠤ ᠰᠢᠯᠭ᠋ᠠᠨ ᠬᠤᠷᠢᠶᠠᠭᠰᠠᠨ ᠲᠥᠷᠥᠯ ᠵᠦᠢ᠍ᠯ᠎ᠤᠨ ᠬᠠᠷᠢᠴᠠᠯ᠎ᠢ 100% ᠬᠦᠷᠦᠭᠦᠯᠵᠦ᠂ ᠥᠪᠡᠷᠲᠡᠭᠡᠨ ᠵᠠᠰᠠᠬᠤ ᠣᠷᠣᠨ᠎ᠠᠴᠠ ᠰᠤᠭᠤᠴᠢᠨ ᠪᠠᠢ᠌ᠴᠠᠭ᠋ᠠᠭᠰᠠᠨ ᠬᠠᠷᠢᠴᠠᠯ᠎ᠢ 10%᠎ᠠᠴᠠ ᠳᠣᠣᠷ᠎ᠠ ᠪᠠᠢ᠌ᠯᠭ᠋ᠠᠵᠤ ᠪᠣᠯᠬᠤ ᠦᠭᠡᠢ᠃ ᠪᠦᠲᠦᠭᠡᠨ ᠪᠠᠢ᠌ᠭᠤᠯᠤᠭᠰᠠᠨ ᠶᠠᠰᠤ ᠴᠢᠨᠠᠷ᠎ᠨᠢ ᠪᠠᠷᠢᠮᠵᠢᠶᠠᠨ᠎ᠳᠤ ᠡᠰᠡ ᠬᠦᠷᠦᠭᠰᠡᠨ ᠪᠣᠯ᠂ ᠬᠣᠰᠢᠭᠤ ᠰᠢᠶᠠᠨ

(ᠬᠣᠲᠠ᠂ ᠲᠣᠭᠣᠷᠢᠭ)᠎ᠠᠴᠠ ᠥᠪᠡᠰᠦᠪᠡᠨ ᠪᠡᠯᠡ ᠭᠠᠷᠭ᠋ᠠᠨ ᠲᠤᠰ ᠪᠦᠲᠦᠭᠡᠨ ᠪᠠᠢ᠌ᠭᠤᠯᠬᠤ ᠬᠤᠭᠤᠴᠠᠭ᠋ᠠᠨ᠎ᠳᠤ ᠴᠡᠭᠴᠡᠯᠡᠨ ᠰᠠᠢ᠌ᠵᠢᠷᠠᠭᠤᠯᠬᠤ ᠪᠤᠶᠤ ᠨᠥᠬᠥᠵᠦ ᠪᠠᠷᠢᠭᠤᠯᠬᠤ᠎ᠪᠠᠨ ᠪᠡᠶᠡᠯᠡᠭᠦᠯᠵᠦ᠂ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠵᠦ ᠳᠡᠢ᠌ᠯᠬᠦ ᠦᠭᠡᠢ ᠪᠣᠯ ᠡᠳ᠋᠎ᠤᠨ ᠵᠠᠰᠠᠭ᠎ᠤᠨ ᠨᠥᠬᠥᠪᠦᠷᠢ ᠪᠡᠯᠡ ᠮᠥᠩᠭᠥ ᠵᠢ᠎ᠨᠢ ᠪᠤᠴᠠᠭ᠋ᠠᠨ ᠠᠪᠬᠤ ᠬᠡᠷᠡᠭᠲᠡᠢ᠃ ᠲᠥᠷᠥᠯ ᠵᠦᠢ᠍ᠯ ᠲᠣᠭᠲᠠᠭ᠋ᠠᠬᠤ᠂ ᠪᠠᠷᠢᠯᠭ᠎ᠠ ᠪᠠᠷᠢᠵᠤ ᠳᠠᠭᠤᠰᠬᠠᠬᠤ᠂ ᠪᠠᠷᠢᠯᠭ᠎ᠠ ᠵᠢᠨ ᠠᠵᠢᠯ ᠳᠠᠭᠤᠰᠴᠤ ᠰᠢᠯᠭ᠋ᠠᠨ ᠬᠤᠷᠢᠶᠠᠬᠤ ᠭᠤᠷᠪᠠᠨ ᠱᠠᠲᠤ ᠦᠶ᠎ᠡ᠎ᠳᠤ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠰᠠᠯᠠᠭ᠎ᠠ ᠮᠥᠴᠢᠷ᠎ᠠᠴᠠ ᠪᠥᠬᠦ ᠤᠯᠤᠰ᠎ᠤᠨ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠶᠡᠷᠦᠩᠬᠡᠢ ᠬᠢᠨᠠᠨ ᠰᠢᠯᠭ᠋ᠠᠵᠤ ᠬᠢᠨᠠᠨ ᠬᠠᠮᠢᠶᠠᠷᠬᠤ ᠲᠠᠪᠴᠠᠩ ᠵᠶ᠋ᠠᠷ ᠳᠠᠮᠵᠢᠭᠤᠯᠤᠨ ᠴᠠᠭ ᠲᠤᠬᠠᠢ᠎ᠳᠤ᠎ᠨᠢ ᠮᠡᠳᠡᠭᠡ ᠵᠠᠩᠭᠢ ᠵᠢ᠎ᠨᠢ ᠲᠡᠮᠳᠡᠭᠯᠡᠨ ᠣᠷᠣᠭᠤᠯᠬᠤ ᠵᠢᠨ ᠬᠠᠮᠲᠤ ᠵᠢᠷᠤᠭ᠎ᠢ᠎ᠨᠢ ᠬᠥᠮᠥᠷᠭᠡ ᠎ᠳᠤ ᠣᠷᠣᠭᠤᠯᠬᠤ ᠬᠡᠷᠡᠭᠲᠡᠢ᠃

(ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)

      ᠨᠠᠢ᠍ᠮᠠ᠂ ᠪᠠᠢ᠌ᠭᠤᠯᠤᠭᠰᠠᠨ᠎ᠤ ᠳᠠᠷᠠᠭ᠋ᠠᠬᠢ ᠬᠠᠮᠢᠶᠠᠷᠤᠯᠲᠠ ᠬᠠᠮᠠᠭ᠋ᠠᠯᠠᠯᠲᠠ ᠵᠢ ᠴᠢᠩᠭ᠋ᠠᠳᠬᠠᠬᠤ ᠬᠡᠷᠡᠭᠲᠡᠢ᠃ ᠪᠠᠷᠢᠯᠭ᠎ᠠ ᠵᠢ ᠬᠠᠮᠢᠶᠠᠷᠤᠨ ᠬᠠᠮᠠᠭ᠋ᠠᠯᠠᠬᠤ ᠣᠯᠠᠨ ᠡᠰᠢᠲᠦ ᠲᠣᠭᠲᠠᠴᠠ ᠵᠢ ᠪᠦᠷᠢᠨᠰᠢᠭᠦᠯᠵᠦ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ ᠶᠡᠷᠦᠩᠬᠡᠢ ᠬᠠᠷᠢᠭᠤᠴᠠᠯᠭ᠎ᠠ ᠡᠭᠦᠷᠭᠡᠯᠡᠨ᠂ ᠭᠠᠴᠠᠭ᠎ᠠ ᠲᠤᠰᠬᠤᠨ᠎ᠤ ᠬᠠᠮᠲᠤ ᠵᠢᠨ ᠵᠣᠬᠢᠶᠠᠨ ᠪᠠᠢ᠌ᠭᠤᠯᠤᠯᠲᠠ᠎ᠨᠢ ᠬᠠᠮᠢᠶᠠᠷᠤᠨ ᠬᠠᠮᠠᠭ᠋ᠠᠯᠠᠬᠤ ᠭᠣᠣᠯ ᠴᠣᠭᠴᠠ ᠪᠠᠢ᠌ᠵᠤ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠰᠠᠯᠠᠭ᠎ᠠ ᠮᠥᠴᠢᠷ ᠬᠢᠨᠠᠯᠲᠠ ᠲᠠᠯᠪᠢᠬᠤ ᠵᠢ ᠬᠠᠷᠢᠭᠤᠴᠠᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠪᠠᠷ ᠳᠠᠮᠵᠢᠨ ᠰᠢᠨ᠎ᠡ᠎ᠪᠠᠷ ᠨᠡᠮᠡᠭᠳᠡᠭᠰᠡᠨ ᠲᠠᠷᠢᠶᠠᠯᠠᠬᠤ ᠭᠠᠵᠠᠷ᠎ᠤᠨ ᠤᠯᠤᠰ᠎ᠤᠨ ᠥᠮᠴᠢᠯᠡᠯ᠎ᠠᠴᠠ ᠪᠤᠰᠤᠳ᠎ᠢ᠎ᠨᠢ ᠴᠥᠮ ᠭᠠᠴᠠᠭ᠎ᠠ ᠲᠣᠰᠬᠣᠨ᠎ᠤ ᠬᠠᠮᠲᠤ ᠵᠢᠨ ᠡᠵᠡᠩᠨᠡᠯᠲᠡ ᠬᠠᠮᠢᠶᠠᠷᠤᠯᠲᠠ᠎ᠳᠤ ᠬᠣᠷᠢᠶᠠᠨ ᠣᠷᠣᠭᠤᠯᠵᠤ᠂ ᠣᠯᠣᠭᠰᠠᠨ ᠠᠰᠢᠭ ᠣᠷᠣᠯᠭ᠎ᠠ ᠵᠢ᠎ᠨᠢ ᠳᠠᠷᠠᠭ᠋ᠠᠴᠢ ᠵᠢᠨ ᠬᠠᠮᠢᠶᠠᠷᠤᠯᠲᠠ ᠬᠠᠮᠠᠭ᠋ᠠᠯᠠᠯᠲᠠ᠎ᠳᠤ ᠬᠡᠷᠡᠭᠯᠡᠬᠦ ᠬᠡᠷᠡᠭᠲᠡᠢ; ᠰᠢᠨ᠎ᠡ᠎ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠪᠠ ᠰᠢᠨ᠎ᠡ᠎ᠪᠠᠷ ᠨᠡᠮᠡᠭᠳᠡᠭᠰᠡᠨ ᠠᠮᠤ ᠪᠤᠳᠠᠭ᠋ᠠᠨ᠎ᠤ ᠤᠨᠠᠯᠲᠠ ᠵᠢᠨ ᠭᠦᠢ᠍ᠴᠡᠳᠬᠡᠯ ᠲᠣᠭ᠎ᠠ ᠵᠢ ᠬᠠᠷᠭᠤᠭᠤᠯᠤᠨ ᠲᠣᠭᠲᠠᠭ᠋ᠠᠬᠤ ᠠᠵᠢᠯ᠎ᠢ ᠴᠠᠭ ᠲᠤᠬᠠᠢ᠎ᠳᠤ᠎ᠨᠢ ᠰᠠᠢ᠌ᠲᠤᠷ ᠬᠢᠵᠦ᠂ ᠨᠥᠬᠥᠪᠦᠷᠢᠯᠡᠬᠦ ᠲᠠᠷᠢᠶᠠᠨ ᠭᠠᠵᠠᠷ᠎ᠤᠨ ᠭᠦᠢ᠍ᠴᠡᠳᠬᠡᠯ ᠲᠣᠭ᠋ᠠᠨ᠎ᠤ ᠬᠥᠮᠥᠷᠭᠡ᠎ᠳᠤ ᠬᠠᠮᠤᠷᠤᠨ ᠣᠷᠣᠭᠤᠯᠤᠭ᠋ᠠᠳ ᠬᠡᠷᠡᠭᠯᠡᠭᠰᠡᠨ ᠭᠠᠵᠠᠷ ᠵᠶ᠋ᠠᠷ ᠨᠥᠬᠥᠪᠦᠷᠢᠯᠡᠨ ᠲᠡᠩᠴᠡᠭᠦᠷᠢᠰᠢᠭᠦᠯᠬᠦ᠎ᠳᠤ ᠬᠡᠷᠡᠭᠯᠡᠵᠦ᠂ ᠣᠯᠣᠭᠰᠠᠨ ᠠᠰᠢᠭ ᠣᠷᠣᠯᠭ᠎ᠠ ᠵᠢ᠎ᠨᠢ ᠶᠠᠭᠤᠨ᠎ᠤ ᠤᠷᠢᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠠᠬᠢᠨ ᠣᠷᠣᠭᠤᠯᠤᠯᠲᠠ ᠪᠠ ᠵᠢᠭᠡᠯᠡᠯᠭᠡ ᠵᠢᠨ ᠲᠡᠮᠳᠡᠭᠲᠦ ᠵᠢ ᠲᠥᠯᠥᠬᠦ᠎ᠳᠤ ᠬᠡᠷᠡᠭᠯᠡᠬᠦ ᠬᠡᠷᠡᠭᠲᠡᠢ᠃ ᠵᠠᠰᠠᠭ᠎ᠤᠨ ᠣᠷᠳᠣᠨ᠎ᠤ ᠦᠢ᠍ᠯᠡᠴᠢᠯᠡᠭᠡ ᠬᠤᠳᠠᠯᠳᠤᠨ ᠠᠪᠬᠤ ᠠᠷᠭ᠎ᠠ ᠵᠢ ᠰᠦᠪᠡᠭᠴᠢᠯᠡᠨ ᠬᠡᠷᠡᠭᠯᠡᠵᠦ᠂ ᠭᠤᠷᠪᠠᠳᠠᠭᠴᠢ ᠡᠲᠡᠭᠡᠳ᠎ᠤᠨ ᠪᠠᠢ᠌ᠭᠤᠯᠤᠮᠵᠢ᠎ᠪᠠᠷ ᠲᠤᠰᠬᠠᠢ᠌ᠵᠢᠭᠰᠠᠨ ᠬᠠᠮᠢᠶᠠᠷᠤᠯᠲᠠ ᠬᠠᠮᠠᠭ᠋ᠠᠯᠠᠯᠲᠠ ᠬᠢᠯᠭᠡᠬᠦ ᠬᠡᠷᠡᠭᠲᠡᠢ᠃ ᠪᠠᠷᠢᠯᠭ᠎ᠠ ᠵᠢᠨ ᠶᠠᠰᠤ ᠴᠢᠨᠠᠷ᠎ᠤᠨ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠲᠤᠷᠰᠢᠯᠲᠠ ᠵᠢᠨ ᠴᠡᠭ᠎ᠤᠨ ᠠᠵᠢᠯ᠎ᠢ ᠥᠷᠨᠢᠭᠦᠯᠬᠦ ᠬᠡᠷᠡᠭᠲᠡᠢ᠃ (ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠥᠪᠥᠷ ᠮᠣᠩᠭᠣᠯ᠎ᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)

      ᠶᠢᠰᠦ᠂ ᠥᠭᠡᠷᠡᠴᠢᠯᠡᠯᠲᠡ ᠰᠢᠨᠡᠴᠢᠯᠡᠯᠲᠡ ᠵᠢ ᠭᠦᠨᠵᠡᠭᠡᠢ᠌ᠷᠡᠭᠦᠯᠬᠦ ᠬᠡᠷᠡᠭᠲᠡᠢ᠃ ᠤᠷᠢᠳ ᠵᠶ᠋ᠠᠷ ᠰᠢᠯᠵᠢᠭᠦᠯᠦᠨ ᠡᠷᠭᠢᠯᠳᠦᠭᠦᠯᠵᠦ ᠳᠠᠷᠠᠭ᠎ᠠ᠎ᠨᠢ ᠲᠥᠷᠥᠯ ᠵᠦᠢ᠍ᠯ ᠲᠣᠭᠲᠠᠭ᠋ᠠᠬᠤ ᠪᠠ ᠤᠷᠢᠳ ᠵᠶ᠋ᠠᠷ ᠲᠡᠭᠰᠢᠯᠡᠨ ᠳᠠᠷᠠᠭ᠎ᠠ᠎ᠨᠢ ᠪᠦᠲᠦᠭᠡᠨ ᠪᠠᠢ᠌ᠭᠤᠯᠬᠤ ᠵᠢ ᠵᠣᠷᠢᠭᠵᠢᠭᠤᠯᠵᠤ᠂ ᠪᠦᠬᠦ ᠲᠤᠰᠬᠤᠨ ᠪᠦᠬᠦ ᠳᠤᠭᠤᠢ᠌ᠯᠠᠩ ᠪᠦᠬᠦᠯᠢ ᠬᠡᠰᠡᠭ᠎ᠤᠨ ᠲᠠᠷᠢᠶᠠᠯᠠᠬᠤ ᠭᠠᠵᠠᠷ᠎ᠢ ᠪᠦᠬᠦᠯᠢ᠎ᠪᠠᠷ᠎ᠨᠢ ᠰᠢᠯᠵᠢᠭᠦᠯᠦᠨ ᠡᠷᠭᠢᠯᠳᠦᠭᠦᠯᠬᠦ ᠵᠢ ᠠᠬᠢᠭᠤᠯᠬᠤ ᠬᠡᠷᠡᠭᠲᠡᠢ᠃ ᠲᠠᠷᠢᠶᠠᠴᠢᠳ ᠮᠠᠯᠴᠢᠳ᠎ᠤᠨ ᠬᠣᠷᠰᠢᠨ ᠡᠵᠡᠩᠨᠡᠬᠦ ᠵᠢ ᠬᠥᠭᠵᠢᠭᠦᠯᠬᠦ ᠵᠢ ᠵᠣᠷᠢᠭᠵᠢᠭᠤᠯᠵᠤ᠂ ᠪᠦᠬᠦᠯᠢ ᠪᠠᠢ᠌ᠭᠤᠯᠤᠮᠵᠢᠲᠤ ᠳᠦᠷᠢᠮ᠎ᠤᠨ ᠲᠠᠷᠢᠶᠠᠯᠠᠬᠤ ᠵᠢ ᠨᠠᠢ᠌ᠳᠠᠨ ᠬᠠᠮᠢᠶᠠᠷᠤᠭᠤᠯᠬᠤ ᠵᠢ ᠳᠡᠯᠭᠡᠷᠡᠭᠦᠯᠬᠦ ᠬᠡᠷᠡᠭᠲᠡᠢ᠃ ᠤᠷᠢᠳ ᠵᠶ᠋ᠠᠷ ᠪᠠᠢ᠌ᠭᠤᠯᠤᠨ ᠳᠠᠷᠠᠭ᠎ᠠ᠎ᠨᠢ ᠨᠥᠬᠥᠵᠦ ᠪᠠᠢ᠌ᠭᠤᠯᠬᠤ ᠵᠠᠭᠪᠤᠷ᠎ᠢ ᠵᠣᠷᠢᠭᠵᠢᠭᠤᠯᠬᠤ ᠬᠡᠷᠡᠭᠲᠡᠢ᠃ ᠭᠠᠴᠠᠭ᠎ᠠ ᠲᠣᠰᠬᠣᠨ ᠵᠶ᠋ᠠᠷ ᠰᠠᠭᠤᠷᠢ ᠪᠣᠯᠭ᠋ᠠᠵᠤ᠂ ᠰᠤᠮᠤ ᠰᠢᠶᠠᠩ ᠪᠠᠯᠭ᠋ᠠᠰᠤ᠎ᠪᠠᠷ ᠨᠢᠭᠡᠴᠢ ᠪᠣᠯᠭ᠋ᠠᠨ᠂ ᠪᠦᠬᠦ ᠬᠣᠰᠢᠭᠤ ᠰᠢᠶᠠᠨ (ᠬᠣᠲᠠ᠂ ᠲᠣᠭᠣᠷᠢᠭ) ᠵᠶ᠋ᠠᠷ ᠠᠬᠢᠭᠤᠯᠬᠤ ᠵᠢ᠎ᠨᠢ ᠡᠩ ᠲᠡᠷᠢᠭᠦᠨ᠎ᠳᠤ ᠳᠡᠮᠵᠢᠵᠦ᠂ ᠪᠦᠬᠦ ᠬᠡᠪᠴᠢᠶᠡᠨ᠎ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠲᠦᠭᠡᠨ ᠪᠠᠢ᠌ᠭᠤᠯᠵᠤ᠂ ᠨᠢᠭᠡ ᠨᠢᠭᠡ ᠤᠴᠢᠷ ᠵᠶ᠋ᠠᠷ ᠵᠥᠪᠯᠡᠬᠦ ᠠᠷᠭ᠎ᠠ᠎ᠪᠠᠷ ᠬᠥᠬᠢᠭᠦᠯᠬᠦ ᠬᠡᠷᠡᠭᠲᠡᠢ᠃

(ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)

      ᠠᠷᠪᠠ᠂ ᠠᠵᠢᠯ᠎ᠤᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠨ ᠴᠢᠩᠭ᠋ᠠᠳᠬᠠᠬᠤ ᠬᠡᠷᠡᠭᠲᠡᠢ᠃ ᠵᠠᠰᠠᠭ᠎ᠤᠨ ᠣᠷᠳᠣᠨ᠎ᠤ ᠭᠣᠣᠯ ᠤᠳᠤᠷᠢᠳᠤᠯᠭ᠎ᠠ ᠶᠡᠷᠦᠩᠬᠡᠢ᠎ᠳᠤ᠎ᠨᠢ ᠬᠠᠷᠢᠭᠤᠴᠠᠵᠤ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠰᠢᠭᠤᠳ ᠬᠠᠷᠢᠭᠤᠴᠠᠬᠤ ᠵᠢ ᠪᠠᠷᠢᠮᠲᠠᠯᠠᠬᠤ ᠬᠡᠷᠡᠭᠲᠡᠢ; ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠲᠥᠷᠦᠯ ᠵᠦᠢ᠍ᠯ᠎ᠢ ᠬᠡᠷᠡᠭᠵᠢᠭᠦᠯᠬᠦ ᠭᠣᠣᠯ ᠴᠣᠭᠴᠠ ᠵᠢᠨ ᠬᠠᠷᠢᠭᠤᠴᠠᠯᠭ᠎ᠠ ᠵᠢ ᠭᠦᠢ᠍ᠴᠡᠳᠬᠡᠬᠦ ᠬᠡᠷᠡᠭᠲᠡᠢ; ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠰᠠᠯᠠᠭ᠎ᠠ ᠮᠥᠴᠢᠷ᠎ᠨᠢ ᠠᠵᠢᠯ ᠲᠥᠷᠥᠯ᠎ᠢ ᠬᠠᠮᠢᠶᠠᠷᠬᠤ ᠪᠠ ᠲᠤᠬᠠᠢ᠌ᠯᠠᠭᠰᠠᠨ ᠠᠵᠢᠯ᠎ᠤᠨ ᠵᠢᠯᠣᠭᠣᠳᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠬᠦ ᠬᠡᠷᠡᠭᠲᠡᠢ; ᠰᠤᠮᠤ ᠰᠢᠶᠠᠩ ᠪᠠᠯᠭ᠋ᠠᠰᠤᠨ᠎ᠤ ᠵᠠᠰᠠᠭ᠎ᠤᠨ ᠣᠷᠳᠣᠨ᠎ᠨᠢ ᠲᠥᠷᠦᠯ ᠵᠦᠢ᠍ᠯ᠎ᠢ ᠬᠢᠨᠠᠨ ᠬᠠᠮᠢᠶᠠᠷᠬᠤ ᠰᠢᠭᠤᠳ ᠬᠠᠷᠢᠭᠤᠴᠠᠯᠭ᠎ᠠ ᠵᠢ ᠡᠭᠦᠷᠭᠡᠯᠡᠬᠦ ᠬᠡᠷᠡᠭᠲᠡᠢ᠃ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠎ᠢ ᠬᠥᠲᠥᠯᠥᠨ ᠵᠢᠯᠤᠭᠣᠳᠴᠤ ᠪᠠᠢ᠌ᠭ᠋ᠠᠳ ᠠᠷᠠᠳ ᠲᠦᠮᠡᠨ᠎ᠢ ᠢᠳᠡᠪᠬᠢᠲᠡᠢ ᠵᠣᠬᠢᠶᠠᠨ ᠪᠠᠢ᠌ᠭᠤᠯᠵᠤ ᠣᠷᠣᠯᠴᠠᠭᠤᠯᠬᠤ᠂ ᠵᠥᠷᠢᠴᠡᠯ ᠮᠥᠷᠭᠦᠯᠳᠦᠭᠡᠨ᠎ᠢ ᠵᠣᠬᠢᠴᠠᠭᠤᠯᠤᠨ ᠰᠢᠢ᠍ᠳᠪᠦᠷᠢᠯᠡᠬᠦ᠂ ᠪᠠᠢ᠌ᠴᠠᠭ᠋ᠠᠵᠤ ᠰᠢᠯᠭ᠋ᠠᠨ ᠬᠤᠷᠢᠶᠠᠬᠤ᠎ᠳᠤ ᠣᠷᠣᠯᠴᠠᠭᠤᠯᠬᠤ ᠬᠡᠷᠡᠭᠲᠡᠢ᠃ (ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ)

      ᠠᠷᠪᠠᠨ ᠨᠢᠭᠡ᠂ ᠬᠥᠬᠢᠭᠦᠯᠬᠦ ᠲᠣᠭᠲᠠᠴᠠ ᠵᠢ ᠪᠠᠢ᠌ᠭᠤᠯᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠠᠵᠢᠯ᠎ᠢ ᠦᠨᠡᠯᠡᠨ ᠬᠦᠬᠢᠭᠦᠯᠬᠦ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠡᠮᠦᠨᠡᠬᠢ ᠬᠤᠭᠤᠴᠠᠭ᠋ᠠᠨ᠎ᠤ ᠠᠵᠢᠯ᠂ ᠪᠦᠲᠦᠭᠡᠨ ᠪᠠᠢ᠌ᠭᠤᠯᠤᠭᠰᠠᠨ ᠲᠠᠯᠠᠪᠠᠢ ᠬᠢᠭᠡᠳ ᠶᠠᠰᠤ ᠴᠢᠨᠠᠷ᠂ ᠪᠡᠯᠡ ᠮᠥᠩᠭᠥᠨ᠎ᠤ ᠣᠷᠣᠭᠤᠯᠤᠯᠲᠠ ᠪᠠ ᠵᠠᠷᠤᠯᠭ᠎ᠠ᠂ ᠪᠠᠷᠢᠯᠭ᠎ᠠ ᠵᠢᠨ ᠠᠵᠢᠯ ᠳᠠᠭᠤᠰᠴᠤ ᠰᠢᠯᠭ᠋ᠠᠨ ᠬᠤᠷᠢᠶᠠᠬᠤ ᠪᠠ ᠵᠢᠷᠤᠭ᠎ᠢ ᠬᠥᠮᠥᠷᠭᠡ᠎ᠳᠤ ᠣᠷᠣᠭᠤᠯᠬᠤ᠂ ᠪᠠᠢ᠌ᠭᠤᠯᠤᠭᠰᠠᠨ᠎ᠤ ᠳᠠᠷᠠᠭ᠎ᠠ ᠬᠠᠮᠢᠶᠠᠷᠴᠤ ᠬᠠᠮᠠᠭ᠋ᠠᠯᠠᠬᠤ ᠪᠠ ᠳᠦᠷᠢᠮ᠎ᠤᠨ ᠪᠦᠲᠦᠭᠡᠨ ᠪᠠᠢ᠌ᠭᠤᠯᠤᠯᠲᠠ ᠵᠡᠷᠭᠡ ᠵᠢ ᠶᠡᠷᠦᠩᠬᠡᠢ᠌ᠯᠡᠨ ᠦᠨᠡᠯᠡᠵᠦ᠂ ᠬᠥᠬᠢᠭᠦᠯᠬᠦ ᠬᠡᠪᠴᠢᠶᠡᠨ᠎ᠳᠤ ᠣᠷᠣᠭᠰᠠᠨ ᠭᠠᠵᠠᠷ ᠣᠷᠣᠨ ᠪᠣᠯ ᠢᠷᠡᠬᠦ ᠵᠢᠯ᠎ᠳᠤ᠎ᠨᠢ ᠲᠥᠷᠥᠯ ᠵᠦᠢ᠍ᠯ᠎ᠤᠨ ᠪᠡᠯᠡ ᠮᠥᠩᠭᠥ ᠬᠤᠪᠢᠶᠠᠷᠢᠯᠠᠬᠤ᠎ᠳᠤ᠎ᠪᠠᠨ ᠢᠯᠡᠭᠦᠦ ᠪᠣᠳᠣᠯᠬᠢᠯᠠᠬᠤ ᠬᠡᠷᠡᠭᠲᠡᠢ᠃ ᠡᠭᠦᠨ᠎ᠤ ᠬᠠᠮᠲᠤ᠂ ᠥᠪᠡᠷᠲᠡᠭᠡᠨ ᠵᠠᠰᠠᠬᠤ ᠣᠷᠣᠨ᠎ᠠᠴᠠ ᠵᠢᠯ ᠪᠦᠷᠢ 1000 ᠲᠦᠮᠡᠨ ᠲᠥᠭᠥᠷᠢᠭ ᠲᠣᠬᠢᠷᠠᠭᠤᠯᠵᠤ ᠲᠤᠬᠠᠢ ᠵᠢᠨ ᠵᠢᠯ᠎ᠤᠨ ᠲᠥᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠮᠵᠢ᠎ᠪᠠᠷ ᠰᠠᠢ᠌ᠨ ᠬᠣᠰᠢᠭᠤ ᠰᠢᠶᠠᠨ (ᠬᠣᠲᠠ᠂ ᠲᠣᠭᠣᠷᠢᠭ)᠎ᠢ ᠬᠥᠬᠢᠭᠦᠯᠦᠨ᠂ 1000 ᠲᠦᠮᠡᠨ ᠲᠥᠭᠥᠷᠢᠭ ᠲᠣᠬᠢᠷᠠᠭᠤᠯᠤᠨ ᠪᠦᠲᠦᠭᠡᠨ ᠪᠠᠢ᠌ᠭᠤᠯᠤᠭᠰᠠᠨ ᠲᠥᠷᠥᠯ ᠵᠦᠢ᠍ᠯ᠎ᠢ ᠬᠠᠮᠢᠶᠠᠷᠤᠨ ᠬᠠᠮᠠᠭ᠋ᠠᠯᠠᠭᠰᠠᠨ ᠦᠷ᠎ᠡ ᠪᠦᠲᠦᠮᠵᠢ᠎ᠪᠠᠷ ᠰᠠᠢ᠌ᠨ ᠭᠠᠴᠠᠭ᠎ᠠ ᠲᠣᠰᠬᠣᠨ᠎ᠤ ᠬᠠᠮᠲᠤ ᠨᠡᠢ᠌ᠲᠡ ᠵᠢ ᠬᠥᠬᠢᠭᠦᠯᠬᠦ ᠬᠡᠷᠡᠭᠲᠡᠢ᠃ (ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ)

                                        2022 ᠣᠨ᠎ᠤ 9 ᠳ᠋ᠦ᠍ᠭᠡᠷ ᠰᠠᠷ᠎ᠠ ᠵᠢᠨ 26᠎ᠤ ᠡᠳᠦᠷ

                                                 (ᠲᠤᠰ ᠪᠢᠴᠢᠭ ᠮᠠᠲᠸᠷᠢᠶᠠᠯ᠎ᠢ ᠢᠯᠡ ᠨᠡᠢ᠌ᠲᠡᠯᠡᠨ᠎ᠡ)

ᠬᠠᠭᠤᠯᠤᠨ ᠢᠯᠡᠭᠡᠬᠦ᠎ᠨᠢ᠄

      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠡᠯ᠎ᠡ ᠰᠠᠯᠠᠭ᠎ᠠ ᠮᠥᠴᠢᠷ᠂ ᠥᠪᠥᠷ ᠮᠣᠩᠭᠣᠯ᠎ᠤᠨ ᠴᠡᠷᠢᠭ᠎ᠤᠨ ᠲᠣᠭᠣᠷᠢᠭ᠂ ᠵᠡᠪᠰᠡᠭᠲᠦ ᠴᠠᠭᠳᠠᠭ᠎ᠠ ᠵᠢᠨ ᠥᠪᠥᠷ ᠮᠣᠩᠭᠣᠯ᠎ᠤᠨ ᠶᠡᠷᠦᠩᠬᠡᠢ ᠠᠩᠭᠢ᠃

      ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠩᠭᠤ ᠬᠣᠷᠢᠶᠠᠨ᠎ᠤ ᠠᠯᠪᠠᠨ ᠲᠢᠩᠬᠢᠮ᠂ ᠤᠯᠤᠰ ᠲᠥᠷᠦ ᠵᠢᠨ ᠵᠥᠪᠯᠡᠯᠭᠡᠨ᠎ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢ᠌ᠴᠠᠭ᠋ᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ᠂ ᠪᠠᠢ᠌ᠴᠠᠭ᠋ᠠᠬᠤ ᠬᠣᠷᠢᠶ᠎ᠠ᠃

      ᠡᠯ᠎ᠡ ᠠᠷᠠᠳ᠎ᠤᠨ ᠪᠦᠯᠬᠦᠮ᠂ ᠰᠣᠨᠢᠨ ᠮᠡᠳᠡᠭᠡᠨ᠎ᠤ ᠨᠢᠭᠡᠴᠢ᠃

                      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

                                    2022 ᠣᠨ᠎ᠤ 9 ᠳ᠋ᠦ᠍ᠭᠡᠷ ᠰᠠᠷ᠎ᠠ ᠵᠢᠨ 28᠎ᠤ ᠡᠳᠦᠷ ᠳᠠᠷᠤᠮᠠᠯᠯᠠᠨ ᠲᠠᠷᠬᠠᠭ᠋ᠠᠪᠠ

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠲᠦᠷᠭᠡᠨ ᠬᠥᠭᠵᠢᠯᠲᠡ ᠵᠢ ᠠᠬᠢᠭᠤᠯᠬᠤ ᠠᠷᠭ᠎ᠠ ᠬᠡᠮᠵᠢᠶ᠎ᠡ᠎ᠨᠦᠭᠦᠳ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠠᠵᠢᠯ᠎ᠢ ᠪᠦᠬᠦ ᠲᠠᠯ᠎ᠠ᠎ᠪᠠᠷ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠵᠢᠯᠤᠭᠣᠳᠬᠤ ᠰᠠᠨᠠᠯ
ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠲᠤ ᠠᠵᠢᠯ ᠣᠯᠭᠣᠬᠤ ᠵᠢ ᠠᠬᠢᠭᠤᠯᠬᠤ ᠭᠤᠷᠪᠠᠨ ᠵᠢᠯ᠎ᠤᠨ ᠠᠵᠢᠯᠯᠠᠭ᠋ᠠᠨ᠎ᠤ ᠬᠡᠷᠡᠭᠵᠢᠭᠦᠯᠬᠦ ᠲᠥᠰᠥᠯ (2022 — 2024 ᠣᠨ)᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
 
             蒙ICP备05000248号