ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ ᠰᠣᠷᠣᠭᠴᠢ ᠵᠢ ᠮᠥᠩᠭᠥ᠎ᠪᠠᠷ ᠲᠤᠰᠠᠯᠠᠬᠤ ᠲᠥᠷᠥ ᠵᠢᠨ ᠪᠣᠳᠣᠯᠭ᠎ᠠ ᠵᠢ ᠲᠣᠬᠢᠷᠠᠭᠤᠯᠤᠨ ᠲᠡᠭᠦᠯᠳᠡᠷᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2023-02-06

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ

ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ

            ᠥᠪᠥᠷ ᠵᠠᠰᠠᠭ ᠠᠯᠪᠠᠨ ᠲᠠᠷᠬᠠᠭ᠋ᠠᠭᠰᠠᠨ [2022] 56 ᠳ᠋ᠤᠭ᠋ᠠᠷ ᠲᠣᠭ᠋ᠠᠲᠤ

      ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ ᠰᠣᠷᠣᠭᠴᠢ ᠵᠢ ᠮᠥᠩᠭᠥ᠎ᠪᠠᠷ ᠲᠤᠰᠠᠯᠠᠬᠤ ᠲᠥᠷᠥ ᠵᠢᠨ ᠪᠣᠳᠣᠯᠭ᠎ᠠ ᠵᠢ ᠲᠣᠬᠢᠷᠠᠭᠤᠯᠤᠨ ᠲᠡᠭᠦᠯᠳᠡᠷᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ

ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠠᠵᠢᠯ ᠦᠢ᠍ᠯᠡᠰ᠎ᠤᠨ ᠨᠢᠭᠡᠴᠢ᠎ᠳᠤ᠄

     《ᠲᠥᠰᠥᠪ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠬᠦ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠠᠨᠠᠯ》 (ᠲᠥᠪ ᠲᠠᠷᠬᠠᠭ᠋ᠠᠭᠰᠠᠨ[2018] 34 ᠳ᠋ᠦ᠍ᠭᠡᠷ ᠲᠣᠭ᠋ᠠᠲᠤ)᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ ᠰᠤᠷᠤᠨᠨᠴᠢ ᠵᠢ ᠮᠥᠩᠭᠥ᠎ᠪᠠᠷ ᠲᠤᠰᠠᠯᠠᠬᠤ ᠲᠥᠷᠥ ᠵᠢᠨ ᠪᠣᠳᠣᠯᠭ᠎ᠠ ᠵᠢ ᠤᠯᠠᠮ ᠨᠢᠭᠡ ᠠᠯᠬᠤᠮ   ᠲᠡᠭᠦᠯᠳᠡᠷᠵᠢᠭᠦᠯᠬᠦ ᠵᠢᠨ ᠲᠤᠰᠠᠳᠠ᠂ 《ᠰᠤᠷᠭ᠋ᠠᠨ ᠬᠥᠮᠦᠵᠢᠯ᠎ᠤᠨ ᠬᠦᠷᠢᠶ᠎ᠡ ᠴᠠᠷᠠᠭ᠋ᠠᠨ᠎ᠳᠠᠬᠢ ᠲᠥᠪ᠎ᠤᠨ ᠪᠠ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ [2019] 27 ᠳ᠋ᠤᠭ᠋ᠠᠷ ᠲᠣᠭ᠋ᠠᠲᠤ)᠂ 《ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠠᠩᠰᠠ ᠡᠪᠬᠡᠮᠡᠯ ᠪᠠᠢ᠌ᠭᠤᠯᠤᠨ ᠺᠠᠷᠲ᠎ᠲᠤ ᠣᠷᠣᠭᠤᠯᠤᠭᠰᠠᠨ ᠭᠡᠷ ᠪᠦᠯᠢ ᠵᠢᠨ ᠠᠵᠤ ᠠᠬᠤᠢ᠎ᠨᠢ ᠬᠦᠴᠢᠷᠳᠡᠯᠲᠡᠢ ᠰᠣᠷᠣᠭᠴᠢᠣᠨ᠎ᠤᠨ ᠰᠤᠷᠤᠯᠭ᠎ᠠ ᠵᠢᠨ ᠰᠤᠯᠠ ᠵᠠᠷᠤᠳᠠᠯ᠎ᠢ ᠬᠡᠯᠲᠦᠷᠢᠭᠦᠯᠬᠦ ᠲᠤᠬᠠᠢ ᠡᠳ᠋᠎ᠤᠨ ᠵᠠᠰᠠᠭ᠎ᠤᠨ ᠶᠠᠮᠤᠨ   ᠰᠤᠷᠭ᠋ᠠᠨ ᠬᠥᠮᠦᠵᠢᠯ᠎ᠤᠨ ᠶᠠᠮᠤᠨ᠎ᠤ ᠰᠠᠨᠠᠯ》 (ᠡᠳ᠋᠎ᠤᠨ ᠵᠠᠰᠠᠭ ᠰᠤᠷᠭ᠋ᠠᠨ ᠬᠥᠮᠦᠵᠢᠯ [2016] 292 ᠳ᠋ᠤᠭ᠋ᠠᠷ ᠲᠣᠭ᠋ᠠᠲᠤ)᠂ 《〈ᠰᠤᠷᠤᠨᠨᠴᠢ ᠵᠢ ᠮᠥᠩᠭᠥ᠎ᠪᠠᠷ ᠲᠤᠰᠠᠯᠠᠬᠤ ᠵᠢᠨ ᠪᠡᠯᠡ ᠮᠥᠩᠭᠥᠨ᠎ᠤ ᠬᠠᠮᠢᠶᠠᠷᠤᠯᠲᠠ ᠵᠢᠨ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠢ ᠡᠳ᠋᠎ᠤᠨ ᠵᠠᠰᠠᠭ᠎ᠤᠨ ᠶᠠᠮᠤᠨ   ᠰᠤᠷᠭ᠋ᠠᠨ ᠬᠥᠮᠦᠵᠢᠯ᠎ᠤᠨ ᠶᠠᠮᠤᠨ   ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ   ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠤᠨ ᠶᠠᠮᠤᠨ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠳᠠᠢ᠌ᠴᠢᠯᠠᠯᠲᠠ ᠵᠢᠨ ᠶᠠᠮᠤᠨ᠎ᠤ ᠮᠡᠳᠡᠭᠳᠡᠯ》 (ᠡᠳ᠋᠎ᠤᠨ ᠵᠠᠰᠠᠭ ᠰᠤᠷᠭ᠋ᠠᠨ ᠬᠥᠮᠦᠵᠢᠯ [2021] 310 ᠳ᠋ᠤᠭ᠋ᠠᠷ ᠲᠣᠭ᠋ᠠᠲᠤ) ᠵᠡᠷᠭᠡ ᠪᠢᠴᠢᠭ ᠮᠠᠲ᠋ᠧᠷᠢᠶᠠᠯ᠎ᠤᠳ᠎ᠤᠨ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ ᠰᠣᠷᠣᠭᠴᠢ ᠵᠢ ᠮᠥᠩᠭᠥ᠎ᠪᠠᠷ ᠲᠤᠰᠠᠯᠠᠬᠤ ᠲᠥᠷᠥ ᠵᠢᠨ ᠪᠣᠳᠣᠯᠭ᠎ᠠ ᠵᠢ ᠲᠣᠬᠢᠷᠠᠭᠤᠯᠤᠨ ᠲᠡᠭᠦᠯᠳᠡᠷᠵᠢᠭᠦᠯᠬᠦ ᠵᠢᠨ ᠬᠣᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠶ᠎ᠡ᠃

      ᠨᠢᠭᠡ᠂ ᠶᠡᠷᠦᠩᠬᠡᠢ ᠱᠠᠭ᠋ᠠᠷᠳᠠᠯᠭ᠎ᠠ

      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠬᠣᠷᠢᠶᠠᠨ᠎ᠤ ᠤᠳᠠᠭ᠎ᠠ ᠪᠦᠷᠢ ᠵᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠰᠤᠷᠭ᠋ᠠᠨ ᠬᠥᠮᠦᠵᠢᠯ᠎ᠤᠨ ᠲᠤᠬᠠᠢ ᠴᠢᠬᠤᠯᠠ ᠥᠭᠦᠯᠡᠯᠲᠡ ᠪᠠ ᠪᠦᠬᠦ ᠤᠯᠤᠰ᠎ᠤᠨ ᠰᠤᠷᠭ᠋ᠠᠨ ᠬᠥᠮᠦᠵᠢᠯ᠎ᠤᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠬᠦᠴᠦᠯᠡᠨ ᠪᠠᠲᠤ   ᠴᠣᠭᠴᠠᠯᠠᠵᠤ᠂ ᠰᠤᠷᠭ᠋ᠠᠨ ᠬᠥᠮᠦᠵᠢᠯ᠎ᠤᠨ ᠭᠣᠣᠯᠴᠢ ᠪᠠᠢ᠌ᠬᠤ ᠵᠢ ᠠᠬᠢᠭᠤᠯᠬᠤ᠂ ᠰᠤᠷᠭ᠋ᠠᠨ ᠬᠥᠮᠦᠵᠢᠯ᠎ᠤᠨ ᠪᠦᠲᠦᠴᠡ ᠵᠢ ᠰᠢᠯᠢᠳᠡᠭᠵᠢᠭᠦᠯᠬᠦ᠂ ᠬᠥᠳᠡᠯᠮᠦᠷᠢᠴᠢᠳ᠎ᠤᠨ ᠬᠡᠪ ᠴᠢᠨᠠᠷ᠎ᠢ ᠳᠡᠭᠡᠭᠰᠢᠯᠡᠭᠦᠯᠬᠦ᠎ᠪᠠᠷ ᠡᠭᠦᠰᠴᠡ ᠪᠠ ᠲᠤᠰᠤᠯᠲᠠ ᠪᠣᠯᠭ᠋ᠠᠵᠤ᠂ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ ᠰᠤᠷᠤᠨᠨᠴᠢ ᠵᠢ ᠮᠥᠩᠭᠥ᠎ᠪᠠᠷ ᠲᠤᠰᠠᠯᠠᠬᠤ ᠲᠦᠷᠦ ᠵᠢᠨ ᠪᠣᠳᠣᠯᠭ᠎ᠠ ᠵᠢ ᠲᠣᠬᠢᠷᠠᠭᠤᠯᠤᠨ ᠲᠡᠭᠦᠯᠳᠡᠷᠵᠢᠭᠦᠯᠵᠦ᠂ ᠬᠤᠳᠠ ᠬᠥᠳᠡᠭᠡ ᠵᠢᠨ ᠵᠣᠩᠬᠢᠯᠠᠬᠤ ᠲᠣᠭ᠋ᠠᠨ᠎ᠤ ᠰᠢᠨ᠎ᠡ᠎ᠪᠠᠷ ᠨᠡᠮᠡᠭᠳᠡᠭᠰᠡᠨ ᠬᠥᠳᠡᠯᠮᠦᠷᠢ ᠬᠦᠴᠦᠨ᠎ᠤ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠨ ᠬᠥᠮᠦᠵᠢᠯ ᠬᠥᠷᠳᠡᠬᠥ ᠵᠢ ᠪᠡᠶᠡᠯᠡᠭᠦᠯᠵᠦ᠂ ᠤᠯᠠᠨ ᠨᠡᠶ᠋ᠢᠲᠡ ᠵᠢᠨ ᠰᠤᠷᠭ᠋ᠠᠨ ᠬᠥᠮᠦᠵᠢᠯ᠎ᠤᠨ ᠦᠨᠳᠦᠰᠦᠨ ᠦᠢ᠍ᠯᠡᠴᠢᠯᠡᠭᠡᠨ᠎ᠤ ᠠᠳᠠᠯᠢ ᠲᠡᠭᠰᠢ ᠪᠣᠯᠬᠣ ᠵᠢ ᠤᠯᠠᠮ ᠨᠢᠭᠡ ᠠᠯᠬᠤᠮ ᠠᠬᠢᠭᠤᠯᠤᠨ᠎ᠠ᠃

      ᠬᠣᠶᠠᠷ᠂ ᠭᠣᠣᠯ ᠠᠭᠤᠯᠭ᠎ᠠ

     (ᠨᠢᠭᠡ) ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠃

     1. ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠣᠷᠣᠭᠴᠢ ᠵᠢᠨ ᠰᠤᠷᠤᠯᠭ᠎ᠠ ᠵᠢᠨ ᠰᠤᠯᠠ ᠵᠠᠷᠤᠳᠠᠯ᠎ᠢ ᠬᠡᠯᠲᠦᠷᠢᠭᠦᠯᠬᠦ ᠵᠢᠨ ᠬᠠᠮᠲᠤ ᠰᠦᠢ᠍ᠳᠬᠡᠯ ᠬᠤᠷᠢᠶᠠᠬᠤ ᠦᠭᠡᠢ᠎ᠪᠠᠷ ᠰᠤᠷᠬᠤ ᠪᠢᠴᠢᠭ ᠬᠠᠩᠭ᠋ᠠᠨ᠎ᠠ᠃

      ᠪᠥᠬᠥ ᠣᠷᠣᠨ᠎ᠤ ᠰᠤᠷᠭ᠋ᠠᠭᠤᠯᠢ ᠵᠢᠨ ᠬᠠᠷᠢᠶ᠎ᠠ᠎ᠪᠠᠨ ᠵᠢᠩᠬᠢᠨᠢ᠎ᠪᠠᠷ ᠳᠠᠩᠰᠠᠯᠠᠭᠤᠯᠤᠭᠰᠠᠨ ᠪᠤᠢ ᠪᠦᠬᠦᠢ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢ᠎ᠠᠴᠠ ᠰᠤᠷᠤᠯᠭ᠎ᠠ ᠵᠢᠨ ᠰᠤᠯᠠ ᠵᠠᠷᠤᠳᠠᠯ ᠬᠤᠷᠢᠶᠠᠬᠤ ᠦᠭᠡᠢ ᠮᠥᠷᠲᠡᠭᠡᠨ ᠰᠦᠢ᠍ᠳᠬᠡᠯ ᠬᠤᠷᠢᠶᠠᠬᠤ ᠦᠭᠡᠢ᠎ᠪᠠᠷ ᠰᠤᠷᠬᠤ ᠪᠢᠴᠢᠭ ᠬᠠᠩᠭ᠋ᠠᠨ᠎ᠠ᠃

      ᠰᠤᠷᠤᠯᠭ᠎ᠠ ᠵᠢᠨ ᠰᠤᠯᠠ ᠵᠠᠷᠤᠳᠠᠯ᠎ᠢ ᠬᠡᠯᠲᠦᠷᠢᠭᠦᠯᠬᠦ ᠪᠠᠷᠢᠮᠵᠢᠶ᠎ᠠ ᠪᠣᠯ ᠰᠣᠷᠣᠭᠴᠢ ᠪᠣᠯᠭ᠋ᠠᠨ᠎ᠳᠤ ᠵᠢᠯ ᠪᠦᠷᠢ 2000 ᠲᠥᠭᠥᠷᠢᠭ ᠪᠣᠯᠣᠨ᠎ᠠ᠃ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠶ᠋ᠡᠷ ᠬᠠᠤᠯᠢ ᠶᠣᠰᠣᠭ᠋ᠠᠷ ᠵᠥᠪᠰᠢᠶᠡᠷᠡᠭᠦᠯᠦᠭᠰᠡᠨ ᠠᠷᠠᠳ᠎ᠠᠴᠠ ᠡᠷᠭᠢᠯᠡᠭᠰᠡᠨ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠰᠤᠷᠤᠯᠴᠠᠵᠤ ᠪᠠᠢ᠌ᠭ᠎ᠠ ᠰᠤᠷᠤᠯᠭ᠎ᠠ ᠵᠢᠨ ᠰᠤᠯᠠ ᠵᠠᠷᠤᠳᠠᠯ᠎ᠢ ᠬᠡᠯᠲᠦᠷᠢᠭᠦᠯᠬᠦ ᠲᠥᠷᠥ ᠵᠢᠨ ᠪᠣᠳᠣᠯᠭ᠎ᠠ ᠵᠢᠨ ᠨᠥᠬᠥᠴᠡᠯ᠎ᠳᠤ ᠨᠡᠢ᠌ᠴᠡᠭᠰᠡᠨ ᠰᠣᠷᠣᠭᠴᠢ᠎ᠳᠤ ᠥᠪᠡᠷᠲᠡᠭᠡᠨ ᠵᠠᠰᠠᠬᠤ ᠣᠷᠣᠨ᠎ᠠᠴᠠ ᠠᠳᠠᠯᠢ ᠪᠠᠷᠢᠮᠵᠢᠶ᠎ᠠ᠎ᠪᠠᠷ ᠲᠡᠳᠬᠦᠮᠵᠢ ᠦᠵᠡᠭᠦᠯᠵᠦ᠂ ᠬᠤᠷᠢᠶᠠᠬᠤ ᠰᠤᠷᠤᠯᠭ᠎ᠠ ᠵᠢᠨ ᠰᠤᠯᠠ ᠵᠠᠷᠤᠳᠠᠯ᠎ᠨᠢ ᠲᠡᠳᠬᠦᠮᠵᠢ ᠵᠢᠨ ᠪᠠᠷᠢᠮᠵᠢᠶ᠎ᠠ᠎ᠠᠴᠠ ᠳᠡᠭᠡᠭᠦᠷ ᠪᠠᠢ᠌ᠪᠠᠯ᠂ ᠰᠤᠷᠭ᠋ᠠᠭᠤᠯᠢ  ᠎ᠨᠢ ᠲᠣᠭᠲᠠᠭ᠋ᠠᠯ ᠶᠣᠰᠣᠭ᠋ᠠᠷ ᠰᠤᠷᠤᠭᠴᠢᠳ᠎ᠠᠴᠠ ᠵᠥᠷᠢᠶᠡᠲᠦ ᠲᠣᠭ᠋ᠠᠨ᠎ᠤ ᠬᠡᠰᠡᠭ᠎ᠢ᠎ᠨᠢ ᠦᠷᠭᠦᠯᠵᠢᠯᠡᠨ ᠬᠤᠷᠢᠶᠠᠵᠤ ᠪᠣᠯᠣᠨ᠎ᠠ᠃ ᠰᠤᠷᠤᠯᠭ᠎ᠠ ᠵᠢᠨ ᠰᠤᠯᠠ ᠵᠠᠷᠤᠳᠠᠯ᠎ᠢ ᠬᠡᠯᠲᠦᠷᠢᠭᠦᠯᠬᠦ᠎ᠳᠤ ᠬᠡᠷᠡᠭᠰᠡᠬᠦ ᠵᠠᠷᠤᠳᠠᠯ᠎ᠳᠤ᠂ ᠤᠯᠤᠰ᠎ᠠᠴᠠ ᠲᠣᠭᠲᠠᠭ᠋ᠠᠭᠰᠠᠨ ᠬᠡᠰᠡᠭ᠎ᠲᠤ ᠤᠯᠤᠰ᠎ᠤᠨ ᠰᠠᠭᠤᠷᠢ ᠪᠠᠷᠢᠮᠵᠢᠶ᠎ᠠ ᠵᠢ ᠬᠡᠷᠡᠭᠵᠢᠭᠦᠯᠦᠨ᠂ ᠲᠥᠪ ᠪᠠ ᠣᠷᠣᠨ ᠨᠤᠲᠤᠭ  8᠄ 2᠎ᠤᠨ ᠬᠠᠷᠢᠴᠠᠯ ᠵᠶ᠋ᠠᠷ ᠬᠤᠪᠢᠳᠠᠨ   ᠡᠭᠦᠷᠭᠡᠯᠡᠵᠦ᠂ ᠣᠷᠣᠨ ᠨᠤᠲᠤᠭ᠎ᠤᠨ ᠬᠤᠪᠢᠳᠠᠨ ᠡᠭᠦᠷᠭᠡᠯᠡᠬᠦ 20% ᠵᠢᠨ ᠬᠡᠰᠡᠭ ᠵᠢᠴᠢ ᠥᠪᠡᠷᠲᠡᠭᠡᠨ ᠵᠠᠰᠠᠬᠤ ᠣᠷᠣᠨ᠎ᠤ ᠨᠡᠢ᠌ᠲᠡᠯᠡᠭᠰᠡᠨ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠰᠤᠯᠠ ᠵᠠᠷᠤᠳᠠᠯ᠎ᠢ ᠬᠡᠯᠲᠦᠷᠢᠭᠦᠯᠬᠦ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠰᠤᠷᠭ᠋ᠠᠭᠤᠯᠢ ᠵᠢᠨ ᠰᠣᠷᠣᠭᠴᠢ ᠵᠢᠨ ᠬᠡᠷᠡᠭᠰᠡᠬᠦ ᠵᠠᠷᠤᠳᠠᠯ᠎ᠢ ᠴᠥᠮ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠤᠨ ᠵᠠᠰᠠᠭ ᠳᠠᠭ᠋ᠠᠭ᠋ᠠᠨ ᠡᠭᠦᠷᠭᠡᠯᠡᠵᠦ᠂ ᠪᠤᠰᠤᠳ ᠰᠣᠷᠣᠭᠴᠢᠣᠨ᠎ᠤᠨ ᠬᠡᠷᠡᠭᠰᠡᠬᠦ ᠵᠠᠷᠤᠳᠠᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠵᠶ᠋ᠡᠷ ᠥᠪᠡᠷᠲᠡᠭᠡᠨ ᠵᠠᠰᠠᠬᠤ ᠣᠷᠣᠨ ᠬᠢᠭᠡᠳ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢᠨ ᠬᠤᠪᠢᠶᠠᠷᠢᠯᠠᠯ᠎ᠤᠨ ᠬᠠᠷᠢᠴᠠᠯ ᠶᠣᠰᠣᠭ᠋ᠠᠷ ᠬᠤᠪᠢᠳᠠᠨ ᠡᠭᠦᠷᠭᠡᠯᠡᠨ᠎ᠡ᠃

      ᠰᠦᠢ᠍ᠳᠬᠡᠯ ᠬᠤᠷᠢᠶᠠᠬᠤ ᠦᠭᠡᠢ᠎ᠪᠠᠷ ᠰᠤᠷᠬᠤ ᠪᠢᠴᠢᠭ ᠬᠠᠩᠭ᠋ᠠᠬᠤ ᠪᠠᠷᠢᠮᠵᠢᠶ᠎ᠠ ᠪᠣᠯ ᠥᠨᠳᠥᠷ ᠳᠤᠮᠳᠠᠳᠤ ᠵᠢᠨ ᠨᠢᠭᠡᠳᠦᠭᠡᠷ ᠣᠨ᠂ ᠥᠨᠳᠥᠷ ᠳᠤᠮᠳᠠᠳᠤ ᠵᠢᠨ ᠬᠣᠶᠠᠳᠤᠭ᠋ᠠᠷ ᠣᠨ᠎ᠤ ᠰᠣᠷᠣᠭᠴᠢ ᠪᠣᠯᠭ᠋ᠠᠨ᠎ᠳᠤ ᠵᠢᠯ ᠪᠦᠷᠢ 550 ᠲᠥᠭᠥᠷᠢᠭ᠂ ᠥᠨᠳᠥᠷ ᠳᠤᠮᠳᠠᠳᠤ ᠵᠢᠨ ᠭᠤᠷᠪᠠᠳᠤᠭ᠋ᠠᠷ ᠣᠨ᠎ᠤ ᠰᠣᠷᠣᠭᠴᠢ ᠪᠣᠯᠭ᠋ᠠᠨ᠎ᠳᠤ ᠵᠢᠯ ᠪᠦᠷᠢ 100 ᠲᠥᠭᠥᠷᠢᠭ ᠪᠣᠯᠣᠨ᠎ᠠ᠃ ᠰᠦᠢ᠍ᠳᠬᠡᠯ ᠬᠤᠷᠢᠶᠠᠬᠤ ᠦᠭᠡᠢ᠎ᠪᠠᠷ ᠰᠤᠷᠬᠤ ᠪᠢᠴᠢᠭ ᠬᠠᠩᠭ᠋ᠠᠬᠤ᠎ᠳᠤ ᠬᠡᠷᠡᠭᠰᠡᠬᠦ ᠵᠠᠷᠤᠳᠠᠯ᠎ᠳᠠᠬᠢ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠰᠤᠷᠭ᠋ᠠᠭᠤᠯᠢ ᠵᠢᠨ ᠰᠣᠷᠣᠭᠴᠢ᠂ ᠤᠤᠯ᠎ᠨᠢ ᠮᠣᠩᠭᠣᠯ ᠬᠡᠯᠡ᠎ᠪᠠᠷ ᠬᠢᠴᠢᠶᠡᠯᠯᠡᠵᠦ ᠪᠠᠢ᠌ᠭᠰᠠᠨ ᠪᠠ ᠰᠣᠯᠣᠩᠭᠣᠰ ᠬᠡᠯᠡ᠎ᠪᠠᠷ ᠬᠢᠴᠢᠶᠡᠯᠯᠡᠵᠦ ᠪᠠᠢ᠌ᠭᠰᠠᠨ ᠰᠣᠷᠣᠭᠴᠢ ᠵᠢᠨ ᠬᠡᠷᠡᠭᠰᠡᠬᠦ ᠵᠠᠷᠤᠳᠠᠯ᠎ᠢ ᠴᠥᠮ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠤᠨ ᠵᠠᠰᠠᠭ ᠳᠠᠭ᠋ᠠᠭ᠋ᠠᠨ ᠡᠭᠦᠷᠭᠡᠯᠡᠵᠦ᠂ ᠪᠤᠰᠤᠳ ᠰᠣᠷᠣᠭᠴᠢᠣᠨ᠎ᠤᠨ ᠬᠡᠷᠡᠭᠰᠡᠬᠦ ᠵᠠᠷᠤᠳᠠᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠵᠶ᠋ᠡᠷ ᠥᠪᠡᠷᠲᠡᠭᠡᠨ ᠵᠠᠰᠠᠬᠤ ᠣᠷᠣᠨ ᠬᠢᠭᠡᠳ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢᠨ ᠬᠤᠪᠢᠶᠠᠷᠢᠯᠠᠯ᠎ᠤᠨ ᠬᠠᠷᠢᠴᠠᠯ ᠶᠣᠰᠣᠭ᠋ᠠᠷ ᠬᠤᠪᠢᠳᠠᠨ ᠡᠭᠦᠷᠭᠡᠯᠡᠨ᠎ᠡ᠃

     2. ᠤᠯᠤᠰ᠎ᠤᠨ ᠰᠤᠷᠤᠯᠭ᠎ᠠ ᠵᠢᠨ ᠲᠡᠳᠬᠦᠪᠦᠷᠢ ᠮᠥᠩᠭᠥ᠃

      ᠪᠥᠬᠥ ᠣᠷᠣᠨ᠎ᠤ ᠰᠤᠷᠭ᠋ᠠᠭᠤᠯᠢ ᠵᠢᠨ ᠬᠠᠷᠢᠶ᠎ᠠ᠎ᠪᠠᠨ ᠵᠢᠩᠬᠢᠨᠢ᠎ᠪᠠᠷ ᠳᠠᠩᠰᠠᠯᠠᠭᠤᠯᠤᠭᠰᠠᠨ ᠪᠤᠢ ᠪᠦᠬᠦᠢ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠪᠠᠢ᠌ᠭ᠎ᠠ ᠭᠡᠷ ᠪᠦᠯᠢ ᠵᠢᠨ ᠠᠵᠤ ᠠᠬᠤᠢ᠎ᠨᠢ ᠬᠦᠴᠢᠷᠳᠡᠯᠲᠡᠢ   ᠰᠣᠷᠣᠨᠨᠴᠢ᠎ᠳᠤ ᠬᠠᠨᠳᠤᠭᠤᠯᠵᠤ ᠤᠯᠤᠰ᠎ᠤᠨ ᠰᠤᠷᠤᠯᠭ᠎ᠠ ᠵᠢᠨ ᠲᠡᠳᠬᠦᠪᠦᠷᠢ ᠮᠥᠩᠭᠥᠨ᠎ᠤ ᠳᠦᠷᠢᠮ ᠪᠠᠢ᠌ᠭᠤᠯᠵᠤ᠂ ᠮᠥᠩᠭᠥ᠎ᠪᠠᠷ ᠲᠤᠰᠠᠯᠠᠬᠤ ᠵᠢᠨ ᠳᠤᠮᠳᠠᠴᠢ ᠪᠠᠷᠢᠮᠵᠢᠶ᠎ᠠ᠎ᠨᠢ ᠰᠣᠷᠣᠭᠴᠢ ᠪᠣᠯᠭ᠋ᠠᠨ᠎ᠳᠤ ᠵᠢᠯ ᠪᠦᠷᠢ 2000 ᠲᠥᠭᠥᠷᠢᠭ᠂ ᠪᠣᠳᠠᠲᠠᠢ ᠪᠠᠷᠢᠮᠵᠢᠶ᠎ᠠ ᠵᠢ ᠡᠯ᠎ᠡ ᠭᠠᠵᠠᠷ ᠣᠷᠣᠨ᠎ᠨᠢ ᠪᠣᠳᠠᠲᠠᠢ᠎ᠲᠠᠢ᠎ᠪᠠᠨ ᠤᠶᠠᠯᠳᠤᠭᠤᠯᠵᠤ 1000 ᠲᠥᠭᠥᠷᠢᠭ — 3000 ᠲᠥᠭᠥᠷᠢᠭ᠎ᠤᠨ ᠬᠡᠪᠴᠢᠶᠡᠨ᠎ᠳᠤ ᠲᠣᠭᠲᠠᠭ᠋ᠠᠵᠤ᠂ 2 — 3 ᠲᠠᠰ ᠬᠤᠪᠢᠶᠠᠵᠤ ᠪᠣᠯᠣᠨ᠎ᠠ᠃ ᠭᠡᠷ ᠪᠦᠯᠢ ᠵᠢᠨ ᠠᠵᠤ ᠠᠬᠤᠢ᠎ᠨᠢ ᠬᠦᠴᠢᠷᠳᠡᠯᠲᠡᠢ ᠰᠣᠷᠣᠭᠴᠢ ᠵᠢ ᠥᠪᠡᠷᠲᠡᠭᠡᠨ ᠵᠠᠰᠠᠬᠤ ᠣᠷᠣᠨ ᠰᠤᠷᠭ᠋ᠠᠭᠤᠯᠢ᠎ᠳᠤ ᠪᠠᠢ᠌ᠭ᠎ᠠ ᠰᠤᠷᠤᠨᠨᠴᠢ ᠵᠢᠨ 30%᠎ᠪᠠᠷ ᠲᠥᠰᠥᠭᠡᠯᠡᠨ ᠪᠤᠳᠤᠵᠤ᠂ ᠡᠯ᠎ᠡ ᠠᠢ᠌ᠮᠠᠭ ᠬᠣᠲᠠ᠎ᠨᠢ ᠪᠣᠳᠠᠲᠤ ᠪᠠᠢ᠌ᠳᠠᠯ ᠵᠶ᠋ᠠᠨ ᠦᠨᠳᠦᠰᠦᠯᠡᠨ ᠬᠣᠰᠢᠭᠤ ᠰᠢᠶᠠᠨ (ᠬᠣᠲᠠ᠂ ᠲᠣᠭᠣᠷᠢᠭ) ᠵᠶ᠋ᠡᠷ᠂ ᠰᠤᠷᠭ᠋ᠠᠭᠤᠯᠢ᠎ᠪᠠᠷ ᠲᠥᠰᠥᠭᠡᠯᠡᠨ ᠪᠣᠳᠣᠨ᠎ᠡ᠃ ᠬᠡᠷᠡᠭᠰᠡᠬᠦ ᠵᠠᠷᠤᠳᠠᠯ᠎ᠢ ᠲᠥᠪ ᠪᠠ ᠣᠷᠣᠨ ᠨᠤᠲᠤᠭ 8᠄ 2᠎ᠤᠨ ᠬᠠᠷᠢᠴᠠᠯ ᠵᠶ᠋ᠡᠷ ᠬᠤᠪᠢᠳᠠᠨ ᠡᠭᠦᠷᠭᠡᠯᠡᠵᠦ᠂ ᠣᠷᠣᠨ ᠨᠤᠲᠤᠭ᠎ᠤᠨ ᠬᠤᠪᠢᠳᠠᠨ ᠡᠭᠦᠷᠭᠡᠯᠡᠬᠦ 20% ᠵᠢᠨ ᠬᠡᠰᠡᠭ   ᠪᠠ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠰᠤᠷᠭ᠋ᠠᠭᠤᠯᠢ ᠵᠢᠨ ᠰᠣᠷᠣᠭᠴᠢ ᠵᠢᠨ ᠬᠡᠷᠡᠭᠰᠡᠬᠦ ᠵᠠᠷᠤᠳᠠᠯ᠎ᠢ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠤᠨ ᠵᠠᠰᠠᠭ ᠳᠠᠭ᠋ᠠᠭ᠋ᠠᠨ ᠡᠭᠦᠷᠭᠡᠯᠡᠵᠦ᠂ ᠪᠤᠰᠤᠳ ᠰᠤᠷᠭ᠋ᠠᠭᠤᠯᠢ ᠵᠢᠨ ᠰᠣᠷᠣᠭᠴᠢᠣᠨ᠎ᠤᠨ ᠬᠡᠷᠡᠭᠰᠡᠬᠦ ᠵᠠᠷᠤᠳᠠᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠵᠶ᠋ᠡᠷ ᠥᠪᠡᠷᠲᠡᠭᠡᠨ ᠵᠠᠰᠠᠬᠤ ᠣᠷᠣᠨ ᠬᠢᠭᠡᠳ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢᠨ ᠬᠤᠪᠢᠶᠠᠷᠢᠯᠠᠯ᠎ᠤᠨ ᠬᠠᠷᠢᠴᠠᠯ ᠵᠶ᠋ᠠᠷ ᠬᠤᠪᠢᠳᠠᠨ   ᠡᠭᠦᠷᠭᠡᠯᠡᠨ᠎ᠡ᠃

     (ᠬᠣᠶᠠᠷ) ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠃

     1. ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠣᠷᠣᠨᠨᠴᠢ ᠵᠢᠨ ᠰᠤᠷᠤᠯᠭ᠎ᠠ ᠵᠢᠨ ᠰᠦᠢ᠍ᠳᠬᠡᠯ᠎ᠢ ᠬᠡᠯᠲᠦᠷᠢᠭᠦᠯᠬᠦ ᠵᠢᠨ ᠬᠠᠮᠲᠤ ᠰᠦᠢ᠍ᠳᠬᠡᠯ ᠬᠤᠷᠢᠶᠠᠬᠤ ᠦᠭᠡᠢ᠎ᠪᠠᠷ ᠰᠤᠷᠬᠤ ᠪᠢᠴᠢᠭ ᠬᠠᠩᠭ᠋ᠠᠨ᠎ᠠ᠃

      ᠪᠥᠬᠥ ᠣᠷᠣᠨ᠎ᠤ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ (ᠮᠡᠷᠭᠡᠵᠢᠯ᠎ᠤᠨ ᠠᠵᠢᠯᠴᠢᠨ᠎ᠤ ᠰᠤᠷᠭ᠋ᠠᠭᠤᠯᠢ ᠪᠠᠭᠲᠠᠨ᠎ᠠ᠂ ᠳᠣᠷᠣᠭᠰᠢ ᠠᠳᠠᠯᠢ) ᠵᠢᠨ ᠪᠦᠬᠦᠯᠢ ᠡᠳᠦᠷ᠎ᠤᠨ ᠳᠦᠷᠢᠮᠲᠦ ᠰᠤᠷᠤᠯᠭ᠎ᠠ ᠵᠢᠨ ᠨᠠᠮᠲᠠᠷ᠎ᠲᠠᠢ ᠰᠤᠷᠭ᠋ᠠᠨ ᠬᠥᠮᠦᠵᠢᠯ᠎ᠤᠨ ᠵᠢᠩᠬᠢᠨᠢ ᠰᠤᠷᠭ᠋ᠠᠭᠤᠯᠢ ᠵᠢᠨ ᠬᠠᠷᠢᠶ᠎ᠠ᠎ᠲᠠᠢ ᠰᠤᠷᠭ᠋ᠠᠭᠤᠯᠢ᠎ᠳᠤ ᠪᠠᠢ᠌ᠭ᠎ᠠ ᠰᠣᠷᠣᠭᠴᠢ᠎ᠠᠴᠠ ᠰᠤᠷᠤᠯᠭ᠎ᠠ ᠵᠢᠨ ᠰᠦᠢ᠍ᠳᠬᠡᠯ ᠬᠤᠷᠢᠶᠠᠬᠤ ᠦᠭᠡᠢ ᠮᠥᠷᠲᠡᠭᠡᠨ ᠰᠦᠢ᠍ᠳᠬᠡᠯ ᠬᠤᠷᠢᠶᠠᠬᠤ ᠦᠭᠡᠢ᠎ᠪᠠᠷ ᠰᠤᠷᠬᠤ ᠪᠢᠴᠢᠭ   ᠬᠠᠩᠭ᠋ᠠᠨ᠎ᠠ᠃

      ᠰᠤᠷᠤᠯᠭ᠎ᠠ ᠵᠢᠨ ᠰᠦᠢ᠍ᠳᠬᠡᠯ᠎ᠢ ᠬᠡᠯᠲᠦᠷᠢᠭᠦᠯᠬᠦ ᠪᠠᠷᠢᠮᠵᠢᠶ᠎ᠠ ᠪᠣᠯ ᠰᠣᠷᠣᠭᠴᠢ ᠪᠣᠯᠭ᠋ᠠᠨ᠎ᠳᠤ ᠵᠢᠯ ᠪᠦᠷᠢ 2000 ᠲᠥᠭᠥᠷᠢᠭ ᠪᠣᠯᠣᠨ᠎ᠠ᠃ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠶ᠋ᠡᠷ ᠬᠠᠤᠯᠢ ᠶᠣᠰᠣᠭ᠋ᠠᠷ ᠵᠥᠪᠰᠢᠶᠡᠷᠡᠭᠦᠯᠦᠭᠰᠡᠨ ᠠᠷᠠᠳ᠎ᠠᠴᠠ ᠡᠷᠭᠢᠯᠡᠭᠰᠡᠨ ᠰᠤᠷᠭ᠋ᠠᠭᠤᠯᠢ ᠪᠣᠯᠣᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠶ᠋ᠡᠷ ᠬᠠᠤᠯᠢ ᠶᠣᠰᠣᠭ᠋ᠠᠷ ᠵᠥᠪᠰᠢᠶᠡᠷᠡᠭᠦᠯᠦᠭᠰᠡᠨ ᠠᠷᠠᠳ᠎ᠠᠴᠠ ᠡᠷᠭᠢᠯᠡᠭᠰᠡᠨ ᠮᠡᠷᠭᠡᠵᠢᠯ᠎ᠤᠨ ᠠᠵᠢᠯᠴᠢᠨ᠎ᠤ ᠰᠤᠷᠭ᠋ᠠᠭᠤᠯᠢ᠎ᠳᠤ ᠰᠤᠷᠤᠯᠴᠠᠵᠤ ᠪᠠᠢ᠌ᠭ᠎ᠠ ᠰᠤᠷᠤᠯᠭ᠎ᠠ ᠵᠢᠨ ᠰᠦᠢ᠍ᠳᠬᠡᠯ᠎ᠢ ᠬᠡᠯᠲᠦᠷᠢᠭᠦᠯᠬᠦ ᠲᠥᠷᠥ ᠵᠢᠨ ᠪᠣᠳᠣᠯᠭ᠎ᠠ ᠵᠢᠨ ᠨᠥᠬᠥᠴᠡᠯ᠎ᠳᠤ ᠨᠡᠢ᠌ᠴᠡᠭᠰᠡᠨ ᠰᠣᠷᠣᠭᠴᠢᠣᠨ᠎ᠲᠤ ᠥᠪᠡᠷᠲᠡᠭᠡᠨ ᠵᠠᠰᠠᠬᠤ ᠣᠷᠣᠨ᠎ᠠᠴᠠ ᠠᠳᠠᠯᠢ ᠪᠠᠷᠢᠮᠵᠢᠶ᠎ᠠ᠎ᠪᠠᠷ ᠲᠡᠳᠬᠦᠮᠵᠢ ᠦᠵᠡᠭᠦᠯᠵᠦ᠂ ᠰᠤᠷᠤᠯᠭ᠎ᠠ ᠵᠢᠨ ᠰᠦᠢ᠍ᠳᠬᠡᠯ᠎ᠨᠢ ᠲᠡᠳᠬᠦᠮᠵᠢ ᠵᠢᠨ ᠪᠠᠷᠢᠮᠵᠢᠶ᠎ᠠ᠎ᠠᠴᠠ ᠳᠡᠭᠡᠭᠦᠷ ᠪᠠᠢ᠌ᠪᠠᠯ᠂ ᠰᠤᠷᠭ᠋ᠠᠭᠤᠯᠢ᠎ᠨᠢ ᠲᠣᠭᠲᠠᠭ᠋ᠠᠯ ᠶᠣᠰᠣᠭ᠋ᠠᠷ ᠰᠤᠷᠤᠨᠨᠴᠢ᠎ᠠᠴᠠ ᠵᠥᠷᠢᠶᠡᠲᠦ ᠲᠣᠭ᠋ᠠᠨ᠎ᠤ ᠬᠡᠰᠡᠭ᠎ᠢ᠎ᠨᠢ ᠦᠷᠭᠦᠯᠵᠢᠯᠡᠨ ᠬᠤᠷᠢᠶᠠᠵᠤ ᠪᠣᠯᠣᠨ᠎ᠠ᠃ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠤᠨᠴᠠᠭ᠋ᠠᠢ ᠲᠥᠷᠥᠯ᠎ᠤᠨ ᠲᠤᠰᠬᠠᠢ ᠮᠡᠷᠭᠡᠵᠢᠯ᠎ᠤᠨ ᠰᠣᠷᠣᠭᠴᠢ ᠵᠢᠨ ᠰᠤᠷᠤᠯᠭ᠎ᠠ ᠵᠢᠨ ᠰᠦᠢ᠍ᠳᠬᠡᠯ᠎ᠤᠨ ᠪᠠᠷᠢᠮᠵᠢᠶ᠎ᠠ ᠵᠢᠨ ᠥᠪᠡᠷᠲᠡᠭᠡᠨ ᠵᠠᠰᠠᠬᠤ ᠣᠷᠣᠨ᠎ᠤ ᠰᠦᠢ᠍ᠳᠬᠡᠯ ᠥᠯᠥ ᠬᠤᠷᠢᠶᠠᠬᠤ ᠪᠠᠷᠢᠮᠵᠢᠶ᠎ᠠ᠎ᠠᠴᠠ ᠳᠡᠭᠡᠭᠦᠷ ᠭᠠᠷᠤᠭᠰᠠᠨ ᠬᠡᠰᠡᠭ᠎ᠢ᠎ᠨᠢ ᠬᠤᠪᠢ ᠬᠥᠮᠥᠨ ᠦᠪᠡᠰᠦᠪᠡᠨ ᠡᠭᠦᠷᠭᠡᠯᠡᠬᠦ ᠬᠡᠷᠡᠭᠲᠡᠢ᠃ ᠰᠤᠷᠤᠯᠭ᠎ᠠ ᠵᠢᠨ ᠰᠦᠢ᠍ᠳᠬᠡᠯ᠎ᠢ ᠬᠡᠯᠲᠦᠷᠢᠭᠦᠯᠬᠦ᠎ᠳᠤ ᠬᠡᠷᠡᠭᠰᠡᠬᠦ ᠵᠠᠷᠤᠳᠠᠯ᠎ᠳᠤ᠂ ᠤᠯᠤᠰ᠎ᠠᠴᠠ ᠲᠣᠭᠲᠠᠭ᠋ᠠᠭᠰᠠᠨ ᠬᠡᠰᠡᠭ᠎ᠲᠤ ᠤᠯᠤᠰ᠎ᠤᠨ ᠰᠠᠭᠤᠷᠢ ᠪᠠᠷᠢᠮᠵᠢᠶ᠎ᠠ ᠵᠢ ᠬᠡᠷᠡᠭᠵᠢᠭᠦᠯᠵᠦ᠂ ᠲᠥᠪ ᠬᠢᠭᠡᠳ ᠣᠷᠣᠨ ᠨᠤᠲᠤᠭ 8᠄ 2᠎ᠤᠨ ᠬᠠᠷᠢᠴᠠᠯ ᠵᠶ᠋ᠠᠷ ᠬᠤᠪᠢᠳᠠᠨ ᠡᠭᠦᠷᠭᠡᠯᠡᠵᠦ᠂ ᠣᠷᠣᠨ ᠨᠤᠲᠤᠭ᠎ᠤᠨ ᠬᠤᠪᠢᠳᠠᠨ ᠡᠭᠦᠷᠭᠡᠯᠡᠬᠦ 20% ᠵᠢᠨ ᠬᠡᠰᠡᠭ ᠵᠢᠴᠢ ᠥᠪᠡᠷᠲᠡᠭᠡᠨ ᠵᠠᠰᠠᠬᠤ ᠣᠷᠣᠨ᠎ᠤ ᠨᠡᠢ᠌ᠲᠡᠯᠡᠭᠰᠡᠨ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠤᠷᠤᠯᠭ᠎ᠠ ᠵᠢᠨ ᠰᠦᠢ᠍ᠳᠬᠡᠯ᠎ᠢ ᠬᠡᠯᠲᠦᠷᠢᠭᠦᠯᠬᠦ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠰᠤᠷᠭ᠋ᠠᠭᠤᠯᠢ ᠵᠢᠨ ᠰᠣᠷᠣᠭᠴᠢ ᠵᠢᠨ ᠬᠡᠷᠡᠭᠰᠡᠬᠦ ᠵᠠᠷᠤᠳᠠᠯ᠎ᠢ ᠴᠥᠮ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠤᠨ ᠵᠠᠰᠠᠭ ᠳᠠᠭ᠋ᠠᠭ᠋ᠠᠨ ᠡᠭᠦᠷᠭᠡᠯᠡᠵᠦ᠂ ᠪᠤᠰᠤᠳ ᠰᠤᠷᠭ᠋ᠠᠭᠤᠯᠢ ᠵᠢᠨ ᠰᠣᠷᠣᠭᠴᠢᠣᠨ᠎ᠤ ᠬᠡᠷᠡᠭᠰᠡᠬᠦ ᠵᠠᠷᠤᠳᠠᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠵᠶ᠋ᠠᠷ ᠥᠪᠡᠷᠲᠡᠭᠡᠨ ᠵᠠᠰᠠᠬᠤ ᠣᠷᠣᠨ ᠬᠢᠭᠡᠳ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢᠨ ᠬᠤᠪᠢᠶᠠᠷᠢᠯᠠᠯ᠎ᠤᠨ ᠬᠠᠷᠢᠴᠠᠯ ᠵᠶ᠋ᠡᠷ ᠬᠤᠪᠢᠳᠠᠨ   ᠡᠭᠦᠷᠭᠡᠯᠡᠨ᠎ᠡ᠃

      ᠰᠦᠢ᠍ᠳᠬᠡᠯ ᠬᠤᠷᠢᠶᠠᠬᠤ ᠦᠭᠡᠢ᠎ᠪᠠᠷ ᠰᠤᠷᠬᠤ ᠪᠢᠴᠢᠭ ᠬᠠᠩᠭ᠋ᠠᠬᠤ ᠪᠠᠷᠢᠮᠵᠢᠶ᠎ᠠ ᠪᠣᠯ ᠨᠢᠭᠡ ᠬᠣᠶᠠᠳᠤᠭ᠋ᠠᠷ ᠣᠨ᠎ᠤ ᠰᠣᠷᠣᠭᠴᠢ   ᠪᠣᠯᠭ᠋ᠠᠨ᠎ᠳᠤ ᠵᠢᠯ ᠪᠦᠷᠢ 550 ᠲᠥᠭᠥᠷᠢᠭ᠂ ᠭᠤᠷᠪᠠᠳᠤᠭ᠋ᠠᠷ ᠣᠨ᠎ᠤ ᠰᠣᠷᠣᠭᠴᠢ ᠪᠣᠯᠭ᠋ᠠᠨ᠎ᠳᠤ ᠵᠢᠯ ᠪᠦᠷᠢ 100 ᠲᠥᠭᠥᠷᠢᠭ ᠪᠣᠯᠣᠨ᠎ᠠ᠃ ᠰᠦᠢ᠍ᠳᠬᠡᠯ ᠬᠤᠷᠢᠶᠠᠬᠤ ᠦᠭᠡᠢ᠎ᠪᠠᠷ ᠰᠤᠷᠬᠤ ᠪᠢᠴᠢᠭ ᠬᠠᠩᠭ᠋ᠠᠬᠤ᠎ᠳᠤ ᠬᠡᠷᠡᠭᠰᠡᠬᠦ ᠵᠠᠷᠤᠳᠠᠯ᠎ᠳᠤ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠰᠤᠷᠭ᠋ᠠᠭᠤᠯᠢ ᠵᠢᠨ ᠰᠤᠷᠤᠨᠨᠴᠢ ᠵᠢᠨ ᠬᠡᠷᠡᠭᠰᠡᠬᠦ ᠵᠠᠷᠤᠳᠠᠯ᠎ᠢ ᠴᠥᠮ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠤᠨ ᠵᠠᠰᠠᠭ ᠳᠠᠭ᠋ᠠᠭ᠋ᠠᠨ ᠡᠭᠦᠷᠭᠡᠯᠡᠵᠦ᠂ ᠪᠤᠰᠤᠳ ᠰᠣᠷᠣᠭᠴᠢᠣᠨ᠎ᠤᠨ ᠬᠡᠷᠡᠭᠰᠡᠬᠦ ᠵᠠᠷᠤᠳᠠᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠵᠶ᠋ᠠᠷ ᠥᠪᠡᠷᠲᠡᠭᠡᠨ ᠵᠠᠰᠠᠬᠤ ᠣᠷᠣᠨ ᠬᠢᠭᠡᠳ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢᠨ ᠬᠤᠪᠢᠶᠠᠷᠢᠯᠠᠯ᠎ᠤᠨ ᠬᠠᠷᠢᠴᠠᠯ ᠵᠶ᠋ᠠᠷ ᠬᠤᠪᠢᠳᠠᠨ ᠡᠭᠦᠷᠭᠡᠯᠡᠨ᠎ᠡ᠃

     2. ᠤᠯᠤᠰ᠎ᠤᠨ ᠰᠤᠷᠤᠯᠭ᠎ᠠ ᠵᠢᠨ ᠬᠦᠬᠢᠭᠦᠯᠬᠦ ᠮᠥᠩᠭᠥ᠃

      ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠪᠦᠬᠦᠯᠢ ᠡᠳᠦᠷ᠎ᠤᠨ ᠳᠦᠷᠢᠮᠲᠦ ᠰᠤᠷᠭ᠋ᠠᠭᠤᠯᠢ᠎ᠳᠠᠬᠢ ᠰᠣᠷᠣᠭᠴᠢ ᠵᠢᠨ ᠰᠤᠷᠤᠯᠭ᠎ᠠ ᠵᠢᠨ ᠬᠢᠷᠢ ᠪᠦᠲᠦᠮᠵᠢ᠂ ᠮᠡᠷᠭᠡᠵᠢᠯ ᠴᠢᠳᠠᠪᠤᠷᠢ ᠵᠢᠨ ᠢᠯᠡᠷᠡᠯ ᠵᠡᠷᠭᠡ ᠲᠠᠯ᠎ᠠ᠎ᠳᠤ ᠣᠨᠴᠠ ᠰᠢᠯᠢᠳᠡᠭ ᠪᠠᠢ᠌ᠭ᠎ᠠ ᠰᠤᠷᠤᠨᠨᠴᠢ ᠵᠢ ᠱᠠᠩᠨᠠᠨ ᠬᠥᠬᠢᠭᠦᠯᠵᠦ᠂ ᠱᠠᠩᠨᠠᠨ ᠬᠥᠬᠢᠭᠦᠯᠬᠦ ᠪᠠᠷᠢᠮᠵᠢᠶ᠎ᠠ ᠪᠣᠯ ᠰᠣᠷᠣᠭᠴᠢ ᠪᠣᠯᠭ᠋ᠠᠨ᠎ᠳᠤ ᠵᠢᠯ ᠪᠦᠷᠢ 6000 ᠲᠥᠭᠥᠷᠢᠭ᠂ ᠬᠡᠷᠡᠭᠰᠡᠬᠦ ᠵᠠᠷᠤᠳᠠᠯ᠎ᠢ ᠲᠥᠪ᠎ᠤᠨ ᠡᠳ᠋᠎ᠤᠨ ᠵᠠᠰᠠᠭ᠎ᠠᠴᠠ ᠳᠠᠭ᠋ᠠᠭ᠋ᠠᠨ ᠡᠭᠦᠷᠭᠡᠯᠡᠨ᠎ᠡ᠃

     3. ᠤᠯᠤᠰ᠎ᠤᠨ ᠰᠤᠷᠤᠯᠭ᠎ᠠ ᠵᠢᠨ ᠲᠡᠳᠬᠦᠪᠦᠷᠢ ᠮᠥᠩᠭᠥ᠃

      ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠪᠦᠬᠦᠯᠢ ᠡᠳᠦᠷ᠎ᠤᠨ ᠳᠦᠷᠢᠮᠲᠦ ᠰᠤᠷᠤᠯᠭ᠎ᠠ ᠵᠢᠨ ᠨᠠᠮᠲᠠᠷ᠎ᠲᠠᠢ ᠰᠤᠷᠭ᠋ᠠᠨ ᠬᠥᠮᠦᠵᠢᠯ᠎ᠤᠨ ᠵᠢᠩᠬᠢᠨᠢ ᠰᠤᠷᠭ᠋ᠠᠭᠤᠯᠢ ᠵᠢᠨ ᠬᠠᠷᠢᠶ᠎ᠠ᠎ᠲᠠᠢ ᠨᠢᠭᠡ ᠬᠣᠶᠠᠳᠤᠭ᠋ᠠᠷ ᠣᠨ᠎ᠤ ᠪᠣᠶ ᠪᠦᠬᠦᠢ ᠲᠠᠷᠢᠶᠠᠯᠠᠬᠤ ᠮᠠᠯᠵᠢᠬᠤ ᠣᠷᠣᠨ (ᠰᠢᠶᠠᠨ ᠪᠠᠯᠭ᠋ᠠᠰᠤ ᠪᠠᠭᠲᠠᠨ᠎ᠠ)᠎ᠤ ᠰᠤᠷᠭ᠋ᠠᠭᠤᠯᠢ᠎ᠳᠤ ᠪᠠᠢ᠌ᠭ᠎ᠠ ᠰᠣᠷᠣᠭᠴᠢ ᠵᠢᠴᠢ ᠬᠣᠲᠠ ᠵᠢᠨ ᠲᠠᠷᠢᠶᠠᠯᠠᠩ᠎ᠳᠤ ᠬᠣᠯᠪᠣᠭᠳᠠᠬᠤ ᠲᠤᠰᠬᠠᠢ ᠮᠡᠷᠭᠡᠵᠢᠯ᠎ᠤᠨ ᠰᠣᠷᠣᠭᠴᠢ ᠪᠠ ᠲᠠᠷᠢᠶᠠᠯᠠᠩ᠎ᠳᠤ ᠦᠯᠦ ᠬᠣᠯᠪᠣᠭᠳᠠᠬᠤ ᠲᠤᠰᠬᠠᠢ ᠮᠡᠷᠭᠡᠵᠢᠯ᠎ᠤᠨ ᠭᠡᠷ ᠪᠦᠯᠢ ᠵᠢᠨ ᠠᠵᠤ ᠠᠬᠤᠢ᠎ᠨᠢ ᠬᠦᠴᠢᠷᠳᠡᠯᠲᠡᠢ ᠰᠤᠷᠤᠨᠨᠴᠢ᠎ᠳᠤ ᠬᠠᠨᠳᠤᠭᠤᠯᠵᠤ ᠤᠯᠤᠰ᠎ᠤᠨ ᠰᠤᠷᠤᠯᠭ᠎ᠠ ᠵᠢᠨ ᠲᠡᠳᠬᠦᠪᠦᠷᠢ ᠮᠥᠩᠭᠥᠨ᠎ᠤ ᠳᠦᠷᠢᠮ᠎ᠢ ᠪᠠᠢ᠌ᠭᠤᠯᠵᠤ᠂ ᠮᠥᠩᠭᠥ᠎ᠪᠠᠷ ᠲᠤᠰᠠᠯᠠᠬᠤ ᠪᠠᠷᠢᠮᠵᠢᠶ᠎ᠠ ᠪᠣᠯ ᠪᠦᠬᠦᠯᠢ ᠡᠳᠦᠷ᠎ᠤᠨ ᠳᠦᠷᠢᠮᠲᠦ ᠰᠤᠷᠤᠯᠭ᠎ᠠ ᠵᠢᠨ ᠨᠠᠮᠲᠠᠷ᠎ᠲᠠᠢ ᠰᠤᠷᠭ᠋ᠠᠨ ᠬᠥᠮᠦᠵᠢᠯ᠎ᠤᠨ ᠵᠢᠩᠬᠢᠨᠢ ᠰᠤᠷᠭ᠋ᠠᠭᠤᠯᠢ ᠵᠢᠨ ᠬᠠᠷᠢᠶ᠎ᠠ  ᠎ᠲᠠᠢ᠂ ᠨᠢᠭᠡ ᠬᠣᠶᠠᠳᠤᠭ᠋ᠠᠷ ᠣᠨ᠎ᠤ ᠲᠠᠷᠢᠶᠠᠯᠠᠩ᠎ᠳᠤ ᠬᠣᠯᠪᠣᠭᠳᠠᠬᠤ ᠲᠤᠰᠬᠠᠢ ᠮᠡᠷᠭᠡᠵᠢᠯ ᠪᠠ ᠲᠠᠷᠢᠶᠠᠯᠠᠩ᠎ᠳᠤ ᠦᠯᠦ ᠬᠣᠯᠪᠣᠭᠳᠠᠬᠤ ᠲᠤᠰᠬᠠᠢ ᠮᠡᠷᠭᠡᠵᠢᠯ᠎ᠤᠨ ᠭᠡᠷ ᠪᠦᠯᠢ ᠵᠢᠨ ᠠᠵᠤ ᠠᠬᠤᠢ᠎ᠨᠢ ᠬᠦᠴᠢᠷᠳᠡᠯᠲᠡᠢ ᠰᠣᠷᠣᠭᠴᠢ ᠵᠢᠴᠢ ᠶᠡᠬᠡ ᠬᠢᠩᠭ᠋ᠠᠨ ᠳᠠᠪᠠᠭ᠋ᠠᠨ᠎ᠤ ᠡᠮᠦᠨ᠎ᠡ ᠬᠣᠷᠮᠣᠢ ᠵᠢᠨ ᠠᠭᠤᠯᠠᠷᠬᠠᠭ ᠣᠷᠣᠨ (ᠷᠠᠰᠢᠶᠠᠨ ᠬᠣᠲᠠ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ᠂ ᠵᠠᠯᠠᠢ᠌ᠳ ᠬᠣᠰᠢᠭᠤ᠂ ᠲᠦᠴᠢᠦᠸᠠᠨ ᠰᠢᠶᠠᠨ)᠂ ᠶᠠᠨ ᠱᠠᠨ —᠎ᠲᠠᠢ ᠬᠠᠩ ᠱᠠᠨ ᠠᠭᠤᠯᠠᠷᠬᠠᠭ ᠣᠷᠣᠨ (ᠬᠤᠸᠠᠳᠧ ᠰᠢᠶᠠᠨ᠂ ᠱᠠᠩᠳᠤ ᠰᠢᠶᠠᠨ᠂ ᠰᠢᠨᠭᠾᠸ ᠰᠢᠶᠠᠨ)᠎ᠤ ᠲᠠᠷᠢᠶᠠᠯᠠᠬᠤ ᠮᠠᠯᠵᠢᠬᠤ ᠣᠷᠣᠨ (ᠰᠢᠶᠠᠨ᠎ᠤ ᠬᠣᠲᠠ ᠵᠢ ᠪᠠᠭᠲᠠᠭ᠋ᠠᠬᠤ ᠦᠭᠡᠢ)᠎ᠤ ᠰᠣᠷᠣᠭᠴᠢ ᠪᠣᠯᠭ᠋ᠠᠨ᠎ᠳᠤ ᠵᠢᠯ ᠪᠦᠷᠢ 2000 ᠲᠥᠭᠥᠷᠢᠭ᠂ ᠪᠤᠰᠤᠳ ᠰᠣᠷᠣᠭᠴᠢ᠎ᠳᠤ ᠬᠥᠮᠥᠨ ᠪᠣᠯᠭ᠋ᠠᠨ᠎ᠳᠤ ᠵᠢᠯ ᠪᠦᠷᠢ 1500 ᠲᠥᠭᠥᠷᠢᠭ ᠪᠣᠯᠣᠨ᠎ᠠ᠃ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠤᠯᠤᠰ᠎ᠤᠨ ᠰᠤᠷᠤᠯᠭ᠎ᠠ ᠵᠢᠨ ᠲᠡᠳᠬᠦᠪᠦᠷᠢ ᠮᠥᠩᠭᠥᠨ᠎ᠤ ᠤᠯᠤᠰ᠎ᠠᠴᠠ ᠲᠣᠭᠲᠠᠭ᠋ᠠᠭᠰᠠᠨ ᠬᠡᠰᠡᠭ᠎ᠲᠤ ᠤᠯᠤᠰ᠎ᠤᠨ ᠰᠠᠭᠤᠷᠢ ᠪᠠᠷᠢᠮᠵᠢᠶ᠎ᠠ ᠵᠢ ᠬᠡᠷᠡᠭᠵᠢᠭᠦᠯᠵᠦ᠂ ᠬᠡᠷᠡᠭᠰᠡᠬᠦ ᠵᠠᠷᠤᠳᠠᠯ᠎ᠢ ᠲᠥᠪ ᠪᠠ ᠣᠷᠣᠨ ᠨᠤᠲᠤᠭ 8᠄ 2᠎ᠤᠨ ᠬᠠᠷᠢᠴᠠᠯ ᠵᠶ᠋ᠠᠷ ᠬᠤᠪᠢᠳᠠᠨ ᠡᠭᠦᠷᠭᠡᠯᠡᠵᠦ᠂ ᠣᠷᠣᠨ ᠨᠤᠲᠤᠭ᠎ᠤᠨ ᠬᠤᠪᠢᠳᠠᠨ ᠡᠭᠦᠷᠭᠡᠯᠡᠬᠦ 20% ᠵᠢᠨ ᠬᠡᠰᠡᠭ ᠵᠢᠴᠢ ᠥᠪᠡᠷᠲᠡᠭᠡᠨ ᠵᠠᠰᠠᠬᠤ ᠣᠷᠣᠨ᠎ᠤ ᠨᠡᠢ᠌ᠲᠡᠯᠡᠭᠰᠡᠨ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠤᠯᠤᠰ᠎ᠤᠨ ᠰᠤᠷᠤᠯᠭ᠎ᠠ ᠵᠢᠨ ᠲᠡᠳᠬᠦᠪᠦᠷᠢ ᠮᠥᠩᠭᠥᠨ᠎ᠤ ᠲᠥᠷᠥ ᠵᠢᠨ ᠪᠣᠳᠣᠯᠭ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠰᠤᠷᠭ᠋ᠠᠭᠤᠯᠢ ᠵᠢᠨ ᠰᠣᠷᠣᠭᠴᠢ ᠵᠢᠨ ᠬᠡᠷᠡᠭᠰᠡᠬᠦ ᠵᠠᠷᠤᠳᠠᠯ᠎ᠢ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠤᠨ ᠵᠠᠰᠠᠭ   ᠳᠠᠭ᠋ᠠᠭ᠋ᠠᠨ ᠡᠭᠦᠷᠭᠡᠯᠡᠵᠦ᠂ ᠪᠤᠰᠤᠳ ᠰᠤᠷᠭ᠋ᠠᠭᠤᠯᠢ ᠵᠢᠨ ᠰᠣᠷᠣᠭᠴᠢᠣᠨ᠎ᠤᠨ ᠬᠡᠷᠡᠭᠰᠡᠬᠦ ᠵᠠᠷᠤᠳᠠᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠵᠶ᠋ᠡᠷ ᠥᠪᠡᠷᠲᠡᠭᠡᠨ ᠵᠠᠰᠠᠬᠤ ᠣᠷᠣᠨ ᠬᠢᠭᠡᠳ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢᠨ ᠬᠤᠪᠢᠶᠠᠷᠢᠯᠠᠯ᠎ᠤᠨ ᠬᠠᠷᠢᠴᠠᠯ ᠵᠶ᠋ᠠᠷ ᠬᠤᠪᠢᠳᠠᠨ ᠡᠭᠦᠷᠭᠡᠯᠡᠨ᠎ᠡ᠃

     4. ᠪᠠᠢ᠌ᠷᠢ᠎ᠳᠤ ᠰᠠᠭᠤᠭ᠎ᠠ ᠰᠤᠷᠤᠨᠨᠴᠢ᠎ᠳᠤ ᠬᠣᠨᠣᠭ᠎ᠤᠨ ᠵᠠᠷᠤᠳᠠᠯ᠎ᠤᠨ ᠲᠡᠳᠬᠦᠮᠵᠢ ᠦᠭᠭᠦ᠃

      ᠪᠥᠬᠥ ᠣᠷᠣᠨ᠎ᠤ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠪᠦᠬᠦᠯᠢ ᠡᠳᠦᠷ᠎ᠤᠨ ᠳᠦᠷᠢᠮᠲᠦ ᠰᠤᠷᠤᠯᠭ᠎ᠠ ᠵᠢᠨ ᠨᠠᠮᠲᠠᠷ  ᠎ᠲᠠᠢ ᠰᠤᠷᠭ᠋ᠠᠨ ᠬᠥᠮᠦᠵᠢᠯ᠎ᠤᠨ ᠵᠢᠩᠬᠢᠨᠢ ᠰᠤᠷᠭ᠋ᠠᠭᠤᠯᠢ ᠵᠢᠨ ᠬᠠᠷᠢᠶ᠎ᠠ᠎ᠲᠠᠢ᠂ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠣᠨ᠎ᠤ ᠪᠠᠢ᠌ᠷᠢ᠎ᠳᠤ ᠰᠠᠭᠤᠭ᠎ᠠ ᠰᠣᠷᠣᠭᠴᠢ(ᠠᠵᠢᠯᠯᠠᠵᠤ ᠰᠤᠷᠤᠯᠴᠠᠬᠤ ᠵᠢᠨ ᠰᠣᠯᠪᠢᠴᠠᠬᠤ ᠵᠢ ᠬᠡᠷᠡᠭᠵᠢᠭᠦᠯᠦᠭᠰᠡᠨ ᠰᠣᠷᠣᠭᠴᠢ ᠪᠠᠭᠲᠠᠬᠤ ᠦᠭᠡᠢ)᠎ᠳᠤ ᠬᠣᠨᠣᠭ᠎ᠤᠨ ᠵᠠᠷᠤᠳᠠᠯ᠎ᠤᠨ ᠲᠡᠳᠬᠦᠮᠵᠢ ᠥᠭᠴᠦ᠂ ᠲᠡᠳᠬᠦᠮᠵᠢ ᠵᠢᠨ ᠪᠠᠷᠢᠮᠵᠢᠶ᠎ᠠ ᠪᠣᠯ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠎ᠳᠠᠬᠢ ᠳᠤᠮᠳᠠ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠰᠣᠷᠣᠭᠴᠢ ᠪᠣᠯᠭ᠋ᠠᠨ᠎ᠳᠤ ᠵᠢᠯ ᠪᠦᠷᠢ 800 ᠲᠥᠭᠥᠷᠢᠭ; ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠣᠷᠣᠭᠴᠢ ᠪᠣᠯᠭ᠋ᠠᠨ᠎ᠳᠤ ᠵᠢᠯ ᠪᠦᠷᠢ 500 ᠲᠥᠭᠥᠷᠢᠭ ᠪᠣᠯᠣᠨ᠎ᠠ᠃ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠠᠢ᠌ᠷᠢ᠎ᠳᠤ ᠰᠠᠭᠤᠬᠤ ᠰᠣᠷᠣᠭᠴᠢ  ᠎ᠳᠤ ᠣᠯᠭᠣᠬᠤ ᠬᠣᠨᠣᠭ᠎ᠤᠨ ᠵᠠᠷᠤᠳᠠᠯ᠎ᠤᠨ ᠲᠡᠳᠬᠦᠮᠵᠢ ᠵᠢᠨ ᠪᠡᠯᠡ ᠮᠥᠩᠭᠥ ᠵᠢ ᠴᠥᠮ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠤᠨ ᠵᠠᠰᠠᠭ ᠳᠠᠭ᠋ᠠᠭ᠋ᠠᠨ ᠡᠭᠦᠷᠭᠡᠯᠡᠨ᠎ᠡ᠃

      ᠭᠤᠷᠪᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ

     (ᠨᠢᠭᠡ) ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠵᠤ᠂ ᠠᠵᠢᠯ᠎ᠤᠨ ᠲᠣᠭᠲᠠᠴᠠ᠎ᠪᠠᠨ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠲᠠᠨᠢᠯᠲᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠨ᠂ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠵᠶ᠋ᠠᠨ ᠲᠣᠳᠣᠷᠬᠠᠢ᠌ᠯᠠᠵᠤ᠂ ᠬᠠᠷᠢᠭᠤᠴᠠᠯᠭ᠎ᠠ ᠨᠡᠬᠡᠮᠵᠢᠯᠡᠬᠦ ᠳᠦᠷᠢᠮ᠎ᠢ ᠪᠠᠢ᠌ᠭᠤᠯᠤᠨ ᠪᠦᠷᠢᠨᠰᠢᠭᠦᠯᠬᠦ ᠬᠡᠷᠡᠭᠲᠡᠢ᠃ ᠡᠯ᠎ᠡ ᠱᠠᠲᠤᠨ᠎ᠤ ᠡᠳ᠋᠎ᠤᠨ ᠵᠠᠰᠠᠭ᠂ ᠰᠤᠷᠭ᠋ᠠᠨ ᠬᠥᠮᠦᠵᠢᠯ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠎ᠤᠳ ᠨᠢᠭᠲᠠ ᠬᠠᠮᠵᠢᠯᠴᠠᠨ᠂ ᠲᠥᠷᠥ ᠵᠢᠨ ᠪᠣᠳᠣᠯᠭ᠎ᠠ ᠵᠢᠨ ᠤᠷᠤᠭᠰᠢᠲᠠᠢ ᠬᠡᠷᠡᠭᠵᠢᠭᠦᠯᠦᠭᠳᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃

     (ᠬᠣᠶᠠᠷ) ᠰᠦᠢ᠍ᠳᠬᠡᠯ ᠬᠤᠷᠢᠶᠠᠬᠤ ᠠᠵᠢᠯᠯᠠᠭ᠎ᠠ ᠵᠢ ᠵᠢᠷᠤᠮᠵᠢᠭᠤᠯᠵᠤ᠂ ᠰᠠᠭᠤᠷᠢ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ᠃ ᠠᠯᠪᠠᠨ᠎ᠠᠴᠠ ᠡᠷᠭᠢᠯᠡᠭᠰᠡᠨ ᠡᠩ ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ᠎ᠨᠤᠭᠤᠳ ᠰᠤᠷᠤᠯᠭ᠎ᠠ ᠵᠢᠨ ᠰᠤᠯᠠ ᠵᠠᠷᠤᠳᠠᠯ᠎ᠢ ᠬᠡᠯᠲᠦᠷᠢᠭᠦᠯᠦᠭᠰᠡᠨ᠎ᠠᠴᠠ ᠪᠣᠯᠵᠤ ᠪᠤᠰᠤᠳ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠳᠡᠭᠡᠭᠰᠢᠯᠡᠭᠦᠯᠬᠦ ᠪᠤᠶᠤ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠬᠤ ᠲᠥᠷᠥᠯ ᠵᠦᠢ᠍ᠯ ᠭᠠᠷᠭ᠋ᠠᠵᠤ ᠪᠣᠯᠬᠤ ᠦᠭᠡᠢ᠃ ᠡᠯ᠎ᠡ ᠭᠠᠵᠠᠷ ᠣᠷᠣᠨ᠎ᠨᠢ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠠᠴᠠ ᠡᠷᠭᠢᠯᠡᠭᠰᠡᠨ ᠰᠤᠷᠭ᠋ᠠᠨ ᠬᠥᠮᠦᠵᠢᠯ᠎ᠢ ᠠᠬᠢᠭᠤᠯᠬᠤ ᠬᠠᠤᠯᠢ》 ᠵᠢᠴᠢ ᠬᠡᠷᠡᠭᠵᠢᠭᠦᠯᠬᠦ ᠳᠦᠷᠢᠮ᠎ᠤᠨ ᠱᠠᠭ᠋ᠠᠷᠳᠠᠯᠭ᠎ᠠ ᠶᠣᠰᠣᠭ᠋ᠠᠷ᠂ ᠠᠷᠠᠳ᠎ᠠᠴᠠ ᠡᠷᠭᠢᠯᠡᠭᠰᠡᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠳᠤ ᠬᠤᠷᠢᠶᠠᠬᠤ ᠡᠯ᠎ᠡ ᠵᠦᠢ᠍ᠯ᠎ᠤᠨ ᠰᠦᠢ᠍ᠳᠬᠡᠯ᠎ᠳᠠᠬᠢ ᠬᠠᠮᠢᠶᠠᠷᠤᠯᠲᠠ᠎ᠪᠠᠨ ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭᠲᠡᠢ᠃ ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠳᠠᠬᠢ ᠰᠤᠷᠭ᠋ᠠᠭᠤᠯᠢ ᠵᠢᠨ ᠰᠣᠷᠣᠭᠴᠢ ᠵᠢᠨ ᠰᠤᠷᠭ᠋ᠠᠭᠤᠯᠢ ᠵᠢᠨ ᠬᠠᠷᠢᠶ᠎ᠠ ᠵᠢᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠰᠣᠷᠣᠭᠴᠢ ᠵᠢᠨ ᠰᠤᠷᠭ᠋ᠠᠭᠤᠯᠢ ᠵᠢᠨ ᠬᠠᠷᠢᠶ᠎ᠠ ᠵᠢᠨ ᠮᠡᠳᠡᠭᠡ ᠵᠠᠩᠭᠢ ᠪᠠ ᠮᠥᠩᠭᠥ᠎ᠪᠠᠷ ᠲᠤᠰᠠᠯᠠᠬᠤ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ ᠵᠶ᠋ᠡᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ 《ᠰᠤᠷᠭ᠋ᠠᠭᠤᠯᠢ ᠵᠢᠨ ᠳᠠᠪᠬᠤᠷ ᠬᠠᠷᠢᠶ᠎ᠠ》᠎ᠲᠠᠢ ᠪᠠᠢ᠌ᠬᠤ ᠦᠵᠡᠭᠳᠡᠯ᠎ᠢ ᠡᠷᠡᠰ ᠬᠣᠷᠢᠭᠯᠠᠵᠤ᠂ ᠰᠣᠷᠣᠭᠴᠢᠣᠨ᠎ᠤᠨ ᠦᠨᠳᠦᠰᠦᠨ ᠮᠡᠳᠡᠭᠡ ᠵᠠᠩᠭᠢ ᠵᠢᠨ ᠪᠦᠷᠢᠨ ᠪᠦᠲᠦᠨ ᠪᠠ ᠣᠨᠣᠪᠴᠢᠲᠠᠶ ᠪᠠᠢ᠌ᠬᠤ ᠵᠢ ᠪᠠᠲᠤᠯᠠᠬᠤ ᠬᠡᠷᠡᠭᠲᠡᠢ᠃ ᠠᠷᠠᠳ᠎ᠤᠨ ᠶᠠᠪᠤᠳᠠᠯ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠵᠡᠮᠳᠡᠭᠴᠦᠳ᠎ᠤᠨ ᠬᠣᠯᠪᠣᠭ᠋ᠠᠲᠤ ᠬᠤᠷᠠᠯ᠂ ᠠᠵᠢᠯᠴᠢᠨ᠎ᠤ ᠡᠪᠯᠡᠯ ᠵᠡᠷᠭᠡ ᠰᠠᠯᠠᠭ᠎ᠠ ᠮᠥᠴᠢᠷ᠎ᠯᠦᠭᠡ ᠬᠠᠮᠢᠶ᠎ᠠ ᠪᠦᠬᠦᠢ ᠲᠣᠭ᠎ᠠ ᠪᠠᠷᠢᠮᠲᠠ ᠵᠢ ᠵᠠᠯᠭ᠋ᠠᠭᠤᠯᠬᠤ ᠠᠵᠢᠯ ᠵᠶ᠋ᠡᠨ ᠰᠠᠢ᠌ᠲᠤᠷ ᠬᠢᠬᠦ ᠬᠡᠷᠡᠭᠲᠡᠢ᠃

     (ᠭᠤᠷᠪᠠ) ᠵᠠᠷᠤᠳᠠᠯ᠎ᠤᠨ ᠬᠠᠷᠢᠭᠤᠴᠠᠯᠭ᠎ᠠ᠎ᠪᠠᠨ ᠨᠠᠢ᠌ᠳᠠᠪᠤᠷᠢᠵᠢᠭᠤᠯᠵᠤ᠂ ᠪᠡᠯᠡ ᠮᠥᠩᠭᠥᠨ᠎ᠤ ᠬᠠᠮᠢᠶᠠᠷᠤᠯᠲᠠ᠎ᠪᠠᠨ ᠴᠢᠩᠭ᠋ᠠᠷᠠᠭᠤᠯᠬᠤ ᠬᠡᠷᠡᠭᠲᠡᠢ᠃ ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠲᠥᠪ᠂ ᠥᠪᠡᠷᠲᠡᠭᠡᠨ ᠵᠠᠰᠠᠬᠤ ᠣᠷᠣᠨ᠎ᠤ ᠲᠡᠳᠬᠦᠮᠵᠢ ᠵᠢᠨ ᠪᠡᠯᠡ ᠮᠥᠩᠭᠥ ᠪᠠ ᠣᠷᠣᠨ ᠨᠤᠲᠤᠭ᠎ᠤᠨ ᠳᠠᠭ᠋ᠠᠭ᠋ᠠᠨ ᠡᠭᠦᠷᠭᠡᠯᠡᠪᠡᠰᠦ ᠵᠣᠬᠢᠬᠤ ᠪᠡᠯᠡ ᠮᠥᠩᠭᠥ ᠵᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠵᠢᠨ ᠬᠠᠮᠲᠤ᠂ ᠴᠠᠭ ᠲᠤᠬᠠᠢ᠎ᠳᠤ᠎ᠨᠢ ᠲᠣᠭ᠎ᠠ ᠶᠣᠰᠣᠭ᠋ᠠᠷ ᠰᠠᠯᠭ᠋ᠠᠨ ᠥᠭᠴᠦ ᠪᠣᠳᠠᠲᠠᠢ᠌ᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ ᠵᠢᠨ ᠪᠡᠯᠡ ᠮᠥᠩᠭᠥᠨ᠎ᠤ ᠲᠥᠰᠥᠪ᠎ᠤᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠲᠥᠰᠥᠪ᠎ᠢ ᠨᠠᠷᠢᠯᠢᠬ᠍ᠵᠢᠭᠤᠨ ᠨᠠᠢ᠌ᠷᠠᠭᠤᠯᠤᠨ ᠵᠣᠬᠢᠶᠠᠵᠤ᠂ ᠲᠥᠰᠥᠪ᠎ᠤᠨ ᠬᠡᠷᠡᠭᠵᠢᠭᠦᠯᠦᠯᠲᠡ ᠵᠢ ᠴᠢᠩᠳᠠᠯᠠᠵᠤ᠂ ᠲᠥᠰᠥᠪ᠎ᠲᠤ ᠬᠢᠨᠠᠯᠲᠠ ᠲᠠᠯᠪᠢᠬᠣ᠎ᠪᠠᠨ ᠴᠢᠩᠭ᠋ᠠᠷᠠᠭᠤᠯᠬᠤ ᠬᠡᠷᠡᠭᠲᠡᠢ᠃ ᠰᠤᠷᠭ᠋ᠠᠭᠤᠯᠢ ᠵᠢᠨ ᠡᠳ᠋᠎ᠤᠨ ᠶᠠᠪᠤᠳᠠᠯ᠎ᠤᠨ ᠡᠳ᠋ ᠬᠥᠷᠥᠩᠭᠡ ᠵᠢᠨ ᠬᠠᠮᠢᠶᠠᠷᠤᠯᠲᠠ ᠵᠡᠷᠭᠡ ᠰᠠᠭᠤᠷᠢᠯᠠᠬᠤ ᠴᠢᠨᠠᠷᠲᠠᠢ ᠠᠵᠢᠯ ᠵᠶ᠋ᠡᠨ ᠴᠢᠩᠭ᠋ᠠᠳᠬᠠᠵᠤ᠂ ᠨᠢᠭᠲᠠᠯᠠᠨ ᠪᠤᠳᠤᠵᠦ ᠲᠣᠭ᠋ᠠᠴᠠᠭ᠎ᠠ ᠬᠢᠬᠦ᠎ᠪᠠᠨ ᠵᠢᠷᠤᠮᠵᠢᠭᠤᠯᠤᠨ᠂ ᠲᠣᠭᠲᠠᠭ᠋ᠠᠭᠰᠠᠨ ᠬᠡᠪᠴᠢᠶ᠎ᠡ ᠪᠠ ᠪᠠᠷᠢᠮᠵᠢᠶ᠎ᠠ ᠵᠢ ᠴᠢᠩᠭ᠎ᠠ ᠵᠢᠷᠤᠮᠯᠠᠨ ᠵᠠᠷᠤᠯᠭ᠎ᠠ ᠵᠠᠷᠤᠴᠠᠭᠤᠯᠵᠤ᠂ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠣᠷᠣᠭᠴᠢ ᠵᠢ ᠮᠥᠩᠭᠥ᠎ᠪᠠᠷ ᠲᠤᠰᠠᠯᠠᠬᠤ ᠡᠯ᠎ᠡ ᠵᠦᠢ᠍ᠯ᠎ᠤᠨ ᠪᠡᠯᠡ ᠮᠥᠩᠭᠥᠨ᠎ᠤ ᠬᠡᠷᠡᠭᠯᠡᠯᠲᠡ ᠵᠢᠨ ᠠᠮᠤᠷ ᠲᠦᠪᠰᠢᠨ᠂ ᠵᠢᠷᠤᠮᠵᠢᠯ᠎ᠲᠠᠢ ᠪᠥᠭᠡᠳ ᠪᠦᠲᠦᠮᠵᠢᠲᠡᠶ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃

     (ᠳᠥᠷᠪᠡ) ᠮᠡᠳᠡᠭᠡ ᠵᠠᠩᠭᠢ ᠵᠢ ᠢᠯᠡ ᠪᠣᠯᠭ᠋ᠠᠬᠤ ᠵᠢ ᠠᠬᠢᠭᠤᠯᠵᠤ᠂ ᠬᠢᠨᠠᠯᠲᠠ ᠲᠠᠯᠪᠢᠵᠤ ᠪᠠᠢ᠌ᠴᠠᠭ᠋ᠠᠬᠤ᠎ᠪᠠᠨ ᠴᠢᠩᠭ᠋ᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ᠎ᠨᠢ ᠬᠢᠨᠠᠯᠲᠠ ᠲᠠᠯᠪᠢᠵᠤ ᠪᠠᠢ᠌ᠴᠠᠭ᠋ᠠᠬᠤ ᠪᠠ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ ᠵᠶ᠋ᠠᠨ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ ᠵᠶ᠋ᠠᠨ ᠲᠣᠭᠲᠠᠭ᠋ᠠᠯ ᠶᠣᠰᠣᠭ᠋ᠠᠷ ᠨᠡᠢ᠌ᠲᠡᠯᠡᠬᠦ ᠵᠢᠨ ᠬᠠᠮᠲᠤ᠂ ᠨᠡᠢ᠌ᠭᠡᠮ᠎ᠤᠨ ᠬᠢᠨᠠᠯᠲᠠ ᠵᠢ ᠬᠦᠯᠢᠶᠡᠬᠦ ᠬᠡᠷᠡᠭᠲᠡᠢ᠃ ᠰᠣᠷᠣᠭᠴᠢ ᠵᠢᠨ ᠲᠣᠭ᠎ᠠ ᠵᠢ ᠬᠤᠳᠠᠯ ᠵᠶ᠋ᠠᠷ ᠮᠡᠳᠡᠭᠦᠯᠭᠦ᠂ ᠲᠡᠳᠬᠦᠮᠵᠢ ᠵᠢᠨ ᠪᠡᠯᠡ ᠮᠥᠩᠭᠥ ᠵᠢ ᠮᠡᠬᠡᠯᠡᠨ ᠠᠪᠬᠤ ᠵᠡᠷᠭᠡ ᠦᠢ᠍ᠯᠡ ᠠᠵᠢᠯᠯᠠᠭ᠎ᠠ ᠵᠢ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠥᠰᠥᠪ᠎ᠤᠨ ᠬᠠᠤᠯᠢ》 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠢᠨᠠᠨ ᠪᠠᠢ᠌ᠴᠠᠭ᠋ᠠᠬᠤ ᠬᠠᠤᠯᠢ》 《ᠡᠳ᠋᠎ᠤᠨ ᠵᠠᠰᠠᠭ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠰᠢᠢ᠍ᠳᠬᠡᠨ ᠲᠣᠷᠭ᠋ᠠᠬᠤ ᠳᠦᠷᠢᠮ》 ᠵᠡᠷᠭᠡ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ ᠵᠶ᠋ᠡᠷ ᠴᠢᠩᠭ᠎ᠠ ᠰᠢᠢ᠍ᠳᠪᠦᠷᠢᠯᠡᠬᠦ ᠵᠢᠨ ᠬᠠᠮᠲᠤ᠂ ᠬᠠᠤᠯᠢ ᠲᠣᠭᠲᠠᠭ᠋ᠠᠯ ᠶᠣᠰᠣᠭ᠋ᠠᠷ ᠬᠠᠮᠢᠶ᠎ᠠ ᠪᠦᠬᠦᠢ ᠬᠥᠮᠥᠰ᠎ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠡᠯ᠎ᠡ ᠱᠠᠲᠤᠨ᠎ᠤ ᠬᠢᠨᠠᠨ ᠪᠤᠳᠤᠬᠤ ᠰᠠᠯᠠᠭ᠎ᠠ ᠮᠥᠴᠢᠷ᠎ᠨᠢ ᠲᠡᠳᠬᠦᠮᠵᠢ ᠵᠢᠨ ᠪᠡᠯᠡ ᠮᠥᠩᠭᠥ ᠵᠢ ᠲᠤᠰᠬᠠᠢ ᠵᠦᠢ᠍ᠯ ᠵᠶ᠋ᠡᠷ ᠬᠢᠨᠠᠨ ᠪᠤᠳᠤᠬᠤ ᠪᠠ ᠣᠨ᠎ᠤ ᠬᠢᠨᠠᠨ ᠪᠤᠳᠤᠬᠤ ᠠᠵᠢᠯ ᠵᠶ᠋ᠡᠨ ᠬᠢᠨᠠᠮᠠᠭ᠋ᠠᠢ ᠰᠠᠢ᠌ᠲᠤᠷ ᠬᠢᠵᠦ᠂ ᠪᠡᠯᠡ ᠮᠥᠩᠭᠥ ᠵᠢ ᠨᠠᠢ᠌ᠳᠠᠪᠤᠷᠢᠵᠢᠭᠤᠯᠵᠤ ᠪᠠᠢ᠌ᠭ᠎ᠠ ᠪᠠᠢ᠌ᠳᠠᠯ᠎ᠳᠤ ᠬᠢᠨᠠᠯᠲᠠ ᠲᠠᠯᠪᠢᠬᠤ ᠬᠡᠷᠡᠭᠲᠡᠢ᠃

     (ᠲᠠᠪᠤ) ᠤᠬᠠᠭᠤᠯᠵᠤ ᠬᠥᠲᠥᠯᠥᠨ ᠵᠢᠯᠤᠭᠣᠳᠬᠤ᠎ᠪᠠᠨ ᠴᠢᠩᠭ᠋ᠠᠳᠬᠠᠵᠤ᠂ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠦᠷᠢᠯᠳᠦᠭᠦᠯᠬᠦ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠤᠷᠭ᠋ᠠᠭᠤᠯᠢ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ ᠰᠤᠷᠤᠨᠨᠴᠢ ᠵᠢ ᠮᠥᠩᠭᠥ᠎ᠪᠠᠷ ᠲᠤᠰᠠᠯᠠᠬᠤ ᠲᠥᠷᠥ ᠵᠢᠨ ᠪᠣᠳᠣᠯᠭ᠎ᠠ ᠵᠢ ᠤᠬᠠᠭᠤᠯᠬᠤ ᠠᠵᠢᠯ ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠡᠯ᠎ᠡ ᠵᠦᠢ᠍ᠯ᠎ᠤᠨ ᠤᠬᠠᠭᠤᠯᠭ᠎ᠠ ᠵᠢᠨ ᠵᠠᠭᠤᠴᠢᠯᠠᠭᠤᠷ᠎ᠢ ᠥᠷᠭᠡᠨ ᠵᠶ᠋ᠡᠷ ᠠᠰᠢᠭᠯᠠᠨ᠂ ᠣᠯᠠᠨ ᠵᠦᠢ᠍ᠯ᠎ᠤᠨ ᠠᠷᠭ᠎ᠠ ᠮᠠᠶᠢᠭ ᠵᠶ᠋ᠡᠷ ᠨᠡᠢ᠌ᠭᠡᠮ᠎ᠳᠤ ᠭᠦᠨᠵᠡᠭᠡᠢ ᠤᠬᠠᠭᠤᠯᠵᠤ᠂ ᠨᠠᠮ ᠪᠠ ᠵᠠᠰᠠᠭ᠎ᠤᠨ ᠣᠷᠳᠣᠨ᠎ᠤ ᠠᠷᠠᠳ᠎ᠲᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠬᠥᠮᠥᠨ ᠪᠦᠬᠦᠨ᠎ᠳᠤ ᠮᠡᠳᠡᠭᠦᠯᠵᠦ᠂ ᠬᠥᠮᠥᠰ᠎ᠤᠨ ᠰᠡᠳᠬᠢᠯ᠎ᠳᠤ ᠬᠠᠳᠠᠩᠰᠢᠭᠤᠯᠤᠨ᠂ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢ ᠪᠣᠳᠠᠲᠠᠢ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃

      ᠲᠣᠰ ᠮᠡᠳᠡᠭᠳᠡᠯ᠎ᠢ 2022 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ᠎ᠠᠴᠠ ᠡᠬᠢᠯᠡᠵᠦ ᠬᠡᠷᠡᠭᠵᠢᠭᠦᠯᠦᠨ᠎ᠡ᠃ ᠤᠤᠯ᠎ᠳᠤ᠎ᠪᠠᠨ ᠬᠡᠷᠡᠭᠵᠢᠭᠦᠯᠵᠦ ᠪᠠᠢ᠌ᠭᠰᠠᠨ 《ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠣᠷᠣᠭᠴᠢ ᠪᠣᠯᠣᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠳᠠᠬᠢ ᠮᠣᠩᠭᠣᠯ ᠬᠡᠯᠡ (ᠰᠣᠯᠣᠩᠭᠣᠰ ᠬᠡᠯᠡ)᠎ᠪᠠᠷ ᠬᠢᠴᠢᠶᠡᠯᠯᠡᠵᠦ ᠪᠠᠢ᠌ᠭ᠎ᠠ ᠰᠤᠷᠤᠨᠨᠴᠢ ᠵᠢᠨ ᠭᠡᠷ   ᠪᠦᠯᠢ ᠵᠢᠨ ᠠᠵᠤ ᠠᠬᠤᠢ᠎ᠨᠢ ᠬᠦᠴᠢᠷᠳᠡᠯᠲᠡᠢ ᠰᠤᠷᠤᠭᠴᠢᠳ᠎ᠲᠤ 〈ᠬᠣᠶᠠᠷ᠎ᠢ ᠬᠡᠯᠲᠦᠷᠢᠭᠦᠯᠬᠦ〉 ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠲᠤᠬᠠᠢ ᠰᠠᠨᠠᠯ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠠᠴᠠ ᠤᠯᠠᠮᠵᠢᠯᠠᠨ ᠶᠠᠪᠤᠭᠤᠯᠬᠤ ᠮᠡᠳᠡᠭᠳᠡᠯ》 (ᠥᠪᠥᠷ ᠵᠠᠰᠠᠭ ᠲᠠᠷᠬᠠᠭ᠋ᠠᠭᠰᠠᠨ [2011] 23 ᠳ᠋ᠤᠭ᠋ᠠᠷ ᠲᠣᠭ᠋ᠠᠲᠤ)᠂ 《ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ 〈ᠬᠣᠶᠠᠷ᠎ᠢ ᠬᠡᠯᠲᠦᠷᠢᠭᠦᠯᠬᠦ〉 ᠲᠥᠷᠥ ᠵᠢᠨ ᠪᠣᠳᠣᠯᠭ᠎ᠠ ᠵᠢᠨ ᠬᠣᠯᠪᠣᠭᠳᠠᠯ ᠪᠦᠬᠦᠢ ᠵᠦᠢ᠍ᠯᠡᠰ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2012] 147 ᠳ᠋ᠤᠭ᠋ᠠᠷ ᠲᠣᠭ᠋ᠠᠲᠤ)᠎ᠢ ᠬᠠᠮᠲᠤ᠎ᠳᠤ᠎ᠨᠢ ᠬᠦᠴᠦᠨ ᠦᠭᠡᠢ ᠪᠣᠯᠭ᠋ᠠᠨ᠎ᠠ᠃

                                  2022 ᠣᠨ᠎ᠤ 8 ᠳ᠋ᠤᠭ᠋ᠠᠷ ᠰᠠᠷ᠎ᠠ ᠵᠢᠨ 1᠎ᠤ ᠡᠳᠦᠷ

                                       (ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)

      ᠬᠠᠭᠤᠯᠤᠨ ᠢᠯᠡᠭᠡᠬᠦ᠎ᠨᠢ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠡᠯ᠎ᠡ ᠰᠠᠯᠠᠭ᠎ᠠ ᠮᠥᠴᠢᠷ᠂ ᠥᠪᠥᠷ ᠮᠣᠩᠭᠣᠯ᠎ᠤᠨ ᠴᠡᠷᠢᠭ᠎ᠤᠨ ᠲᠣᠭᠣᠷᠢᠭ᠂ ᠵᠡᠪᠰᠡᠭᠲᠦ ᠴᠠᠭᠳᠠᠭ᠎ᠠ ᠵᠢᠨ ᠥᠪᠥᠷ ᠮᠣᠩᠭᠣᠯ᠎ᠤᠨ ᠶᠡᠷᠦᠩᠬᠡᠢ ᠠᠩᠭᠢ᠃

    ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠩᠭᠤ ᠬᠣᠷᠢᠶᠠᠨ᠎ᠤ ᠠᠯᠪᠠᠨ ᠲᠢᠩᠬᠢᠮ᠂ ᠤᠯᠤᠰ ᠲᠦᠷᠦ ᠵᠢᠨ ᠵᠥᠪᠯᠡᠯᠭᠡᠨ᠎ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢ᠌ᠴᠠᠭ᠋ᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ᠂ ᠪᠠᠢ᠌ᠴᠠᠭ᠋ᠠᠬᠤ ᠬᠣᠷᠢᠶ᠎ᠠ᠃

      ᠡᠯ᠎ᠡ ᠠᠷᠠᠳ᠎ᠤᠨ ᠪᠦᠯᠬᠦᠮ᠂ ᠰᠣᠨᠢᠨ ᠮᠡᠳᠡᠭᠡᠨ᠎ᠤ ᠨᠢᠭᠡᠴᠢ᠃

                ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

                                           2022 ᠣᠨ᠎ᠤ 8 ᠳ᠋ᠤᠭ᠋ᠠᠷ ᠰᠠᠷ᠎ᠠ ᠵᠢᠨ 1᠎ᠤ ᠡᠳᠦᠷ ᠳᠠᠷᠤᠮᠠᠯᠯᠠᠨ ᠲᠠᠷᠬᠠᠭ᠋ᠠᠪᠠ

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠬᠦᠨᠳᠦ ᠬᠡᠴᠡᠭᠦᠦ ᠣᠨᠴᠠᠭ᠋ᠠᠢ ᠡᠪᠡᠳᠴᠢᠨ᠎ᠤ ᠡᠮᠴᠢᠯᠡᠭᠡᠨ᠎ᠤ ᠳᠠᠭ᠋ᠠᠳᠬᠠᠯ ᠪᠠ ᠠᠪᠤᠷᠠᠨ ᠲᠤᠰᠠᠯᠠᠬᠤ ᠳᠦᠷᠢᠮ᠎ᠢ ᠪᠦᠷᠢᠨᠰᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ
ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠣᠢ ᠵᠢᠨ ᠶᠡᠷᠦᠩᠬᠡᠢ᠌ᠯᠡᠨ ᠴᠡᠭᠴᠡᠯᠡᠵᠦ ᠵᠠᠰᠠᠬᠤ ᠠᠵᠢᠯ᠎ᠢ ᠭᠦᠨᠵᠡᠭᠡᠢ᠌ᠷᠡᠭᠦᠯᠵᠦ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠬᠤ ᠠᠷᠪᠠᠨ ᠨᠢᠭᠡᠨ ᠵᠤᠷᠪᠤᠰ ᠲᠥᠷᠥ ᠵᠢᠨ ᠪᠣᠳᠣᠯᠭ᠎ᠠ ᠠᠷᠭ᠎ᠠ ᠬᠡᠮᠵᠢᠶᠡᠨ᠎ᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠲᠦᠷᠭᠡᠨ ᠬᠥᠭᠵᠢᠯᠲᠡ ᠵᠢ ᠠᠬᠢᠭᠤᠯᠬᠤ ᠠᠷᠭ᠎ᠠ ᠬᠡᠮᠵᠢᠶ᠎ᠡ᠎ᠨᠦᠭᠦᠳ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
 
             蒙ICP备05000248号