ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠠᠮᠢ ᠠᠬᠤᠢ ᠣᠷᠴᠢᠨ ᠲᠤᠭᠤᠷᠢᠨ᠎ᠳᠤ ᠬᠢᠨᠠᠯᠲᠠ ᠲᠠᠯᠪᠢᠬᠤ ᠠᠷᠭ᠎ᠠ (ᠲᠤᠷᠰᠢᠨ ᠬᠡᠷᠡᠭᠵᠢᠭᠦᠯᠬᠦ)
ᠨᠡᠶ᠋ᠢᠲᠡᠯᠡᠭᠰᠡᠨ ᠴᠠᠭ᠄ 2023-03-16

      ᠨᠢᠭᠡᠳᠦᠭᠡᠷ ᠵᠦᠢ᠍ᠯ   ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠠᠮᠢ ᠠᠬᠤᠢ ᠣᠷᠴᠢᠨ ᠲᠣᠭᠣᠷᠢᠨ᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠵᠤ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠴᠢᠩᠭ᠎ᠠ ᠰᠠᠬᠢᠵᠤ᠂ ᠤᠯᠤᠰ᠎ᠤᠨ ᠠᠮᠢ ᠠᠬᠤᠢ ᠵᠢᠨ ᠠᠮᠤᠷ ᠲᠦᠪᠰᠢᠨ᠎ᠢ ᠪᠠᠲᠤᠯᠠᠬᠤ ᠵᠢᠨ ᠲᠥᠯᠥᠭᠡ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠬᠠᠤᠯᠢ》 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠳᠠᠯᠠᠢ ᠵᠢᠨ ᠣᠷᠴᠢᠨ ᠲᠣᠭᠣᠷᠢᠨ ᠎ᠢ ᠬᠠᠮᠠᠭ᠋ᠠᠯᠠᠬᠤ ᠬᠠᠤᠯᠢ》᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠠᠮᠤᠷ ᠲᠦᠪᠰᠢᠨ᠎ᠤ ᠬᠠᠤᠯᠢ》᠂ 《ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠵᠠᠭ᠋ᠠᠭᠯᠠᠨ ᠲᠣᠭᠲᠠᠭ᠋ᠠᠬᠤ ᠪᠠ ᠴᠢᠩᠭ᠎ᠠ ᠰᠠᠬᠢᠬᠤ ᠲᠤᠬᠠᠢ ᠰᠠᠨᠠᠯ᠎ᠤᠳ》᠂ 《ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢᠨ ᠲᠥᠯᠦᠪᠵᠢᠭᠦᠯᠭᠡ᠎ᠳᠤ ᠭᠤᠷᠪᠠᠨ ᠬᠢᠵᠠᠭ᠋ᠠᠷᠯᠠᠬᠤ ᠱᠤᠭᠤᠮ᠎ᠢ ᠨᠢᠭᠡᠳᠦᠯᠲᠡᠢ ᠲᠥᠯᠥᠪᠯᠡᠨ ᠲᠣᠭᠲᠠᠭ᠋ᠠᠵᠤ ᠨᠠᠢ᠌ᠳᠠᠪᠤᠷᠢᠵᠢᠭᠤᠯᠬᠤ ᠲᠤᠬᠠᠢ ᠵᠢᠯᠤᠭᠣᠳᠬᠤ ᠰᠠᠨᠠᠯ》᠂ 《ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠡᠭᠦᠷᠭᠡ ᠴᠢᠳᠠᠪᠤᠷᠢ ᠵᠢᠨ ᠲᠣᠬᠢᠷᠠᠭᠤᠯᠤᠯᠲᠠ᠂ ᠳᠣᠲᠣᠭ᠋ᠠᠳᠤ ᠵᠢᠨ ᠪᠠᠢ᠌ᠭᠤᠯᠤᠮᠵᠢ ᠪᠠ ᠠᠵᠢᠯᠲᠠᠨ᠎ᠤ ᠣᠷᠣᠨ ᠲᠣᠭ᠎ᠠ ᠵᠢᠨ ᠲᠣᠭᠲᠠᠭ᠋ᠠᠯ》᠂ 《ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠬᠠᠢ ᠵᠢᠯᠤᠭᠣᠳᠬᠤ ᠰᠠᠨᠠᠯ》᠂ 《ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠬᠠᠮᠢᠶᠠᠷᠤᠯᠲᠠ ᠵᠢ ᠴᠢᠩᠭ᠋ᠠᠳᠬᠠᠬᠤ ᠲᠤᠬᠠᠢ ᠮᠡᠳᠡᠭᠳᠡᠯ (ᠲᠤᠷᠰᠢᠨ ᠬᠡᠷᠡᠭᠵᠢᠭᠦᠯᠬᠦ)》 ᠲᠣᠰ ᠠᠷᠭ᠎ᠠ᠎ᠨᠤᠭᠤᠳ ᠎ᠢ ᠲᠣᠭᠲᠠᠭ᠋ᠠᠪᠠ᠃

      ᠬᠣᠶᠠᠳᠤᠭ᠋ᠠᠷ ᠵᠦᠢ᠍ᠯ ᠲᠣᠰ ᠠᠷᠭ᠎ᠠ ᠵᠢ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠥᠷᠨᠢᠭᠦᠯᠦᠭᠰᠡᠨ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠠᠮᠢ ᠠᠬᠤᠢ ᠣᠷᠴᠢᠨ ᠲᠣᠭᠣᠷᠢᠨ᠎ᠤ ᠬᠢᠨᠠᠯᠲᠠ ᠲᠠᠯᠪᠢᠬᠤ ᠠᠵᠢᠯ᠎ᠳᠤ ᠬᠡᠷᠡᠭᠯᠡᠨ᠎ᠡ᠃

      ᠲᠣᠰ ᠠᠷᠭ᠎ᠠ᠎ᠳᠤ ᠬᠡᠯᠡᠵᠦ ᠪᠠᠢ᠌ᠭ᠎ᠠ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠭᠡᠳᠡᠭ᠎ᠨᠢ ᠲᠥᠷᠥ ᠵᠢᠨ ᠶᠠᠪᠤᠳᠠᠯ᠎ᠤᠨ ᠬᠣᠷᠢᠶ᠎ᠠ᠎ᠪᠠᠷ ᠵᠥᠪᠰᠢᠶᠡᠷᠡᠭᠦᠯᠦᠭᠡᠳ᠂ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠨᠡᠢ᠌ᠲᠡᠯᠡᠨ ᠬᠡᠷᠡᠭᠵᠢᠭᠦᠯᠦᠭᠰᠡᠨ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠵᠢᠭ᠋ᠠᠵᠤ ᠪᠣᠶ᠃

      ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠳᠣᠲᠣᠷᠠᠬᠢ ᠡᠯ᠎ᠡ ᠱᠠᠲᠤᠨ᠎ᠤ ᠡᠯ᠎ᠡ ᠲᠦᠷᠦᠯ᠎ᠤᠨ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠨᠢᠭᠡᠨᠲᠡ ᠲᠣᠭᠲᠠᠭ᠋ᠠᠭᠰᠠᠨ ᠪᠠᠢ᠌ᠪᠠᠯ ᠲᠡᠷᠡ ᠲᠣᠭᠲᠠᠭ᠋ᠠᠯ᠎ᠢ ᠳᠠᠭ᠋ᠠᠨ᠎ᠠ᠃

      ᠭᠤᠷᠪᠠᠳᠤᠭ᠋ᠠᠷ ᠵᠦᠢ᠍ᠯ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠨᠢᠭᠡᠳᠦᠯᠲᠡᠢ ᠲᠥᠯᠥᠪᠵᠢᠭᠦᠯᠦᠨ ᠨᠡᠢ᠍ᠢ᠍ᠳᠡ᠎ᠳᠤᠨᠢ ᠬᠠᠷᠠᠭ᠋ᠠᠯᠵᠠᠬᠤ᠂ ᠪᠣᠬᠢᠷᠳᠤᠯ ᠦᠭᠡᠢ ᠬᠥᠭᠵᠢᠭᠦᠯᠬᠦ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ᠂ ᠲᠦᠷᠦᠯ ᠬᠤᠪᠢᠶᠠᠨ ᠬᠢᠨᠠᠯᠲᠠ ᠲᠠᠯᠪᠢᠬᠤ᠂ ᠤᠯᠠᠨ ᠨᠡᠶ᠋ᠢᠲᠡ᠎ᠪᠠᠷ ᠵᠶ᠋ᠡᠨ ᠣᠷᠤᠯᠴᠠᠬᠤ ᠵᠠᠷᠴᠢᠮ᠎ᠢ ᠪᠠᠷᠢᠮᠲᠠᠯᠠᠵᠤ᠂ ᠴᠢᠩᠭ᠎ᠠ ᠨᠢᠮᠪᠠᠢ ᠬᠢᠨᠠᠯᠲᠠ ᠲᠠᠯᠪᠢᠬᠤ ᠰᠢᠰᠲ᠋ᠧᠮ᠎ᠢ ᠪᠠᠢ᠌ᠭᠤᠯᠵᠤ᠂ ᠨᠢᠭᠡ ᠤᠯᠠᠭ᠋ᠠᠨ ᠱᠤᠭᠤᠮ ᠵᠶ᠋ᠠᠷ ᠪᠠᠢ᠌ᠭ᠋ᠠᠯᠢ ᠵᠢᠨ ᠠᠮᠢ ᠠᠬᠤᠢ ᠵᠢᠨ ᠠᠮᠤᠷ ᠲᠦᠪᠰᠢᠨ᠎ᠤ ᠵᠠᠭ᠋ᠠᠭ᠎ᠢ ᠰᠠᠬᠢᠬᠤ ᠵᠢ ᠪᠡᠶᠡᠯᠡᠭᠦᠯᠵᠦ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠠᠮᠢ ᠠᠬᠤᠢ ᠵᠢᠨ ᠴᠢᠳᠠᠮᠵᠢ ᠵᠢ ᠪᠠᠭᠤᠷᠠᠭᠤᠯᠬᠤ ᠦᠭᠡᠢ᠂ ᠲᠠᠯᠠᠪᠠᠢ ᠵᠢ ᠪᠠᠭ᠋ᠠᠰᠬᠠᠬᠤ ᠦᠭᠡᠢ᠂ ᠰᠢᠨᠵᠢ ᠴᠢᠨᠠᠷ᠎ᠢ ᠬᠤᠪᠢᠷᠠᠭᠤᠯᠬᠤ ᠦᠭᠡᠢ ᠪᠠᠢ᠌ᠬᠤ ᠵᠢ ᠦᠨᠡᠨ ᠬᠦ᠌ ᠪᠠᠲᠤᠯᠠᠵᠤ᠂ ᠠᠮᠢ ᠠᠬᠤᠢ ᠵᠢᠨ ᠰᠢᠰᠲ᠋ᠧᠮ᠎ᠤᠨ ᠶᠠᠰᠤ ᠴᠢᠨᠠᠷ ᠪᠠ ᠲᠣᠭᠲᠠᠪᠤᠷᠢᠲᠤ ᠴᠢᠨᠠᠷ᠎ᠢ ᠳᠡᠭᠡᠭᠰᠢᠯᠡᠭᠦᠯᠦᠨ᠎ᠡ᠃

      ᠳᠥᠷᠪᠡᠳᠦᠭᠡᠷ ᠵᠦᠢ᠍ᠯ ᠠᠮᠢ ᠠᠬᠤᠢ ᠣᠷᠴᠢᠨ ᠲᠣᠭᠣᠷᠢᠨ᠎ᠤ ᠶᠠᠮᠤᠨ ᠪᠦᠬᠦ ᠤᠯᠤᠰ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠠᠮᠢ ᠠᠬᠤᠢ ᠣᠷᠴᠢᠨ ᠲᠣᠭᠣᠷᠢᠨ᠎ᠳᠤ ᠬᠢᠨᠠᠯᠲᠠ ᠲᠠᠯᠪᠢᠬᠤ ᠠᠵᠢᠯ᠎ᠢ ᠵᠣᠬᠢᠶᠠᠨ ᠪᠠᠢ᠌ᠭᠤᠯᠵᠤ ᠥᠷᠨᠢᠭᠦᠯᠬᠦ ᠵᠢ ᠬᠠᠷᠢᠭᠤᠴᠠᠨ᠎ᠠ᠃

      ᠮᠤᠵᠢ ᠵᠢᠨ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ ᠲᠤᠰ ᠵᠠᠰᠠᠭ ᠵᠠᠬᠢᠷᠭ᠋ᠠᠨ᠎ᠤ ᠣᠷᠣᠨ᠎ᠤ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠠᠮᠢ ᠠᠬᠤᠢ ᠣᠷᠴᠢᠨ ᠲᠣᠭᠣᠷᠢᠨ ᠎ᠳᠤ ᠬᠢᠨᠠᠯᠲᠠ ᠲᠠᠯᠪᠢᠬᠤ ᠠᠵᠢᠯ᠎ᠢ ᠬᠠᠷᠢᠭᠤᠴᠠᠨ᠎ᠠ᠃

  ᠲᠠᠪᠤᠳᠤᠭ᠋ᠠᠷ ᠵᠦᠢ᠍ᠯ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠠᠮᠢ ᠠᠬᠤᠢ ᠣᠷᠴᠢᠨ ᠲᠣᠭᠣᠷᠢᠨ᠎ᠤ ᠬᠢᠨᠠᠯᠲᠠ ᠲᠠᠯᠪᠢᠬᠤ ᠠᠵᠢᠯ᠎ᠳᠤ ᠳᠣᠣᠷᠠᠬᠢ ᠵᠦᠢ᠍ᠯᠡᠰ ᠪᠠᠭᠲᠠᠨ᠎ᠠ᠄

     (ᠨᠢᠭᠡ) ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠠᠮᠢ ᠠᠬᠤᠢ ᠣᠷᠴᠢᠨ ᠲᠣᠭᠣᠷᠢᠨ᠎ᠤ ᠬᠠᠮᠢᠶ᠎ᠠ ᠪᠦᠬᠦᠢ ᠳᠦᠷᠢᠮ᠎ᠢ ᠲᠣᠭᠲᠠᠭ᠋ᠠᠭᠰᠠᠨ ᠪᠠ ᠨᠠᠢ᠌ᠳᠠᠪᠤᠷᠢᠵᠢᠭᠤᠯᠤᠭᠰᠠᠨ ᠪᠠᠢ᠌ᠳᠠᠯ;

     (ᠬᠣᠶᠠᠷ) ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠲᠣᠬᠢᠷᠠᠭᠤᠯᠤᠯᠲᠠ ᠵᠢᠨ ᠠᠮᠢ ᠠᠬᠤᠢ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ;

     (ᠭᠤᠷᠪᠠ) ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠳᠣᠲᠣᠷᠠᠬᠢ ᠬᠥᠮᠥᠨ ᠎ᠤ ᠠᠵᠢᠯᠯᠠᠭ᠎ᠠ ᠵᠢᠨ ᠠᠮᠢ ᠠᠬᠤᠢ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ;

     (ᠳᠥᠷᠪᠡ) ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠠᠮᠢ ᠠᠬᠤᠢ ᠵᠢᠨ ᠴᠢᠳᠠᠮᠵᠢ ᠵᠢᠨ ᠪᠠᠢ᠌ᠳᠠᠯ ᠵᠢᠴᠢ ᠬᠤᠪᠢᠷᠠᠯᠲᠠ;

     (ᠲᠠᠪᠤ) ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠳᠣᠲᠣᠷᠠᠬᠢ ᠠᠮᠢ ᠠᠬᠤᠢ ᠵᠢ ᠡᠪᠳᠡᠭᠰᠡᠨ ᠠᠰᠠᠭᠤᠳᠠᠯ ᠵᠢᠴᠢ ᠲᠡᠭᠦᠨ ᠎ᠢ ᠰᠢᠢ᠍ᠳᠪᠦᠷᠢᠯᠡᠵᠦ ᠴᠡᠭᠴᠡᠯᠡᠨ ᠰᠠᠢ᠌ᠵᠢᠷᠠᠭᠤᠯᠤᠭᠰᠠᠨ ᠪᠠᠢ᠌ᠳᠠᠯ;

     (ᠵᠢᠷᠭᠤᠭ᠎ᠠ) ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠳᠣᠲᠣᠷᠠᠬᠢ ᠠᠮᠢ ᠠᠬᠤᠢ ᠵᠢ ᠬᠠᠮᠠᠭ᠋ᠠᠯᠠᠵᠤ ᠰᠡᠷᠭᠦᠭᠡᠬᠦ ᠢᠨᠵᠧᠨᠧᠷᠢᠩ᠎ᠢ ᠬᠡᠷᠡᠭᠵᠢᠭᠦᠯᠦᠭᠰᠡᠨ ᠠᠮᠢ ᠠᠬᠤᠢ ᠣᠷᠴᠢᠨ ᠲᠣᠭᠣᠷᠢᠨ᠎ᠤ ᠦᠷ᠎ᠡ ᠪᠦᠲᠦᠮᠵᠢ;

     (ᠳᠣᠯᠣᠭ᠎ᠠ) ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠠᠮᠢ ᠠᠬᠤᠢ ᠵᠢᠨ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠠᠴᠠ ᠬᠢᠨᠠᠯᠲᠠ ᠲᠠᠯᠪᠢᠬᠤ ᠵᠢ ᠬᠡᠷᠡᠭᠵᠢᠭᠦᠯᠬᠦ ᠪᠤᠰᠤᠳ ᠵᠦᠢ᠍ᠯᠡᠰ᠎ᠤᠳ᠃

      ᠵᠢᠷᠭᠤᠳᠤᠭ᠋ᠠᠷ ᠵᠦᠢ᠍ᠯ ᠠᠮᠢ ᠠᠬᠤᠢ ᠵᠢᠨ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠠᠴᠠ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠳᠤ ᠲᠣᠬᠢᠷᠠᠭᠤᠯᠤᠯᠲᠠ ᠬᠢᠬᠦ ᠲᠥᠰᠥᠯ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠨᠥᠯᠥᠭᠡ ᠵᠢ ᠬᠢᠨᠠᠨ ᠬᠠᠷᠭᠤᠭᠤᠯᠤᠭᠰᠠᠨ ᠰᠠᠨᠠᠯ ᠳᠤᠷᠠᠳᠤᠨ᠎ᠠ᠃

      ᠳᠣᠯᠣᠳᠤᠭ᠋ᠠᠷ ᠵᠦᠢ᠍ᠯ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠳᠣᠲᠣᠷ᠎ᠠ᠂ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠭᠣᠣᠯ ᠬᠠᠮᠠᠭ᠋ᠠᠯᠠᠯᠲᠠ ᠵᠢᠨ ᠣᠷᠣᠨ᠎ᠳᠤ ᠵᠠᠷᠴᠢᠮ ᠳᠡᠭᠡᠷ᠎ᠡ᠎ᠪᠠᠨ ᠬᠥᠮᠥᠰ᠎ᠤᠨ ᠠᠵᠢᠯᠯᠠᠭ᠎ᠠ ᠬᠢᠬᠦ ᠵᠢ ᠴᠠᠭ᠋ᠠᠵᠠᠯᠠᠵᠤ᠂ ᠪᠤᠰᠤᠳ ᠣᠷᠣᠨ ᠪᠦᠰᠡ᠎ᠳᠤ ᠨᠡᠭᠡᠭᠡᠨ ᠬᠥᠭᠵᠢᠭᠦᠯᠬᠦ ᠴᠢᠨᠠᠷᠲᠠᠢ᠂ ᠦᠢ᠍ᠯᠡᠳᠪᠦᠷᠢᠯᠡᠯ᠎ᠤᠨ ᠴᠢᠨᠠᠷᠲᠠᠢ ᠪᠦᠲᠦᠭᠡᠨ ᠪᠠᠢ᠌ᠭᠤᠯᠤᠯᠲᠠ ᠵᠢᠨ ᠠᠵᠢᠯᠯᠠᠭ᠎ᠠ ᠵᠢ ᠴᠢᠩᠭ᠎ᠠ ᠴᠠᠭ᠋ᠠᠵᠠᠯᠠᠵᠤ᠂ ᠣᠲᠣ ᠵᠢᠨ ᠬᠡᠷᠡᠭᠵᠢᠭᠦᠯᠵᠦ ᠪᠠᠢ᠌ᠭ᠎ᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠨᠡᠢ᠌ᠴᠡᠭᠰᠡᠨ ᠤᠷᠢᠲᠠᠯ ᠳᠣᠣᠷ᠎ᠠ᠂ ᠤᠯᠤᠰ᠎ᠤᠨ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠲᠥᠷᠥᠯ ᠵᠦᠢ᠍ᠯ᠎ᠢ ᠭᠠᠷᠭ᠋ᠠᠪᠠᠯ᠂ ᠵᠥᠪᠬᠡᠨ ᠠᠮᠢ ᠠᠬᠤᠢ ᠵᠢᠨ ᠴᠢᠳᠠᠮᠵᠢ᠎ᠳᠤ ᠡᠪᠳᠡᠯᠡᠭᠡ ᠤᠴᠠᠷᠠᠭᠤᠯᠬᠤ ᠦᠭᠡᠢ ᠬᠢᠵᠠᠭ᠋ᠠᠷ᠎ᠲᠠᠢ ᠬᠥᠮᠥᠰ᠎ᠤᠨ ᠠᠵᠢᠯᠯᠠᠭ᠎ᠠ ᠬᠢᠬᠦ ᠵᠢ ᠵᠥᠪᠰᠢᠶᠡᠷᠡᠨ᠎ᠡ᠃

      ᠠᠮᠢ ᠠᠬᠤᠢ ᠵᠢᠨ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠠᠴᠠ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠳᠣᠲᠣᠷᠠᠬᠢ ᠬᠢᠵᠠᠭ᠋ᠠᠷ᠎ᠲᠠᠢ ᠬᠥᠮᠥᠨ᠎ᠤ ᠠᠵᠢᠯᠯᠠᠭ᠎ᠠ᠎ᠳᠤ ᠠᠮᠢ ᠠᠬᠤᠢ ᠣᠷᠴᠢᠨ ᠲᠣᠭᠣᠷᠢᠨ᠎ᠤ ᠴᠢᠩᠭ᠎ᠠ ᠬᠢᠨᠠᠯᠲᠠ ᠲᠠᠯᠪᠢᠬᠤ ᠵᠢ ᠬᠡᠷᠡᠭᠵᠢᠭᠦᠯᠦᠨ᠎ᠡ᠃

      ᠨᠠᠢ᠍ᠮᠠᠳᠤᠭ᠋ᠠᠷ ᠵᠦᠢ᠍ᠯ᠎ᠨᠢ ᠠᠮᠢ ᠠᠬᠤᠢ ᠣᠷᠴᠢᠨ ᠲᠣᠭᠣᠷᠢᠨ᠎ᠤ ᠶᠠᠮᠤᠨ ᠠᠮᠢ ᠠᠬᠤᠢ ᠵᠢᠨ ᠶᠠᠰᠤ ᠴᠢᠨᠠᠷ᠎ᠢ ᠬᠢᠨᠠᠨ ᠬᠡᠮᠵᠢᠬᠦ ᠪᠠᠷᠢᠮᠵᠢᠶ᠎ᠠ ᠵᠢᠨ ᠵᠢᠷᠤᠮᠵᠢᠯ᠎ᠢ ᠲᠣᠭᠲᠠᠭ᠋ᠠᠵᠤ᠂ ᠠᠮᠢ ᠠᠬᠤᠢ ᠵᠢᠨ ᠶᠠᠰᠤ ᠴᠢᠨᠠᠷ᠎ᠢ ᠬᠢᠨᠠᠨ ᠬᠡᠮᠵᠢᠬᠦ ᠰᠦᠯᠵᠢᠶ᠎ᠡ᠎ᠳᠤ ᠲᠦᠰᠢᠭᠯᠡᠨ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠠᠮᠢ ᠠᠬᠤᠢ ᠵᠢᠨ ᠶᠠᠰᠤ ᠴᠢᠨᠠᠷ᠎ᠢ ᠬᠢᠨᠠᠨ ᠬᠡᠮᠵᠢᠬᠦ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠠᠮᠢ ᠠᠬᠤᠢ ᠣᠷᠴᠢᠨ ᠲᠤᠭᠤᠷᠢᠨ᠎ᠳᠤ ᠦᠵᠡᠭᠦᠯᠬᠦ ᠵᠣᠷᠢᠭᠤᠳᠠ ᠠᠵᠢᠯᠯᠠᠭ᠎ᠠ ᠵᠢᠨ ᠨᠥᠯᠥᠭᠡ ᠵᠢ ᠭᠣᠣᠯᠳᠠᠯᠭ᠎ᠠ᠎ᠲᠠᠢ ᠠᠩᠬᠠᠷᠤᠨ᠎ᠠ᠃

      ᠮᠤᠵᠢ ᠵᠢᠨ ᠱᠠᠲᠤᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠰᠠᠯᠠᠭ᠎ᠠ ᠮᠥᠴᠢᠷ ᠲᠤᠰ ᠵᠠᠰᠠᠭ ᠵᠠᠬᠢᠷᠭ᠋ᠠᠨ᠎ᠤ ᠣᠷᠣᠨ᠎ᠤ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠠᠮᠢ ᠠᠬᠤᠢ ᠵᠢᠨ ᠶᠠᠰᠤ ᠴᠢᠨᠠᠷ᠎ᠢ ᠬᠢᠨᠠᠨ ᠬᠡᠮᠵᠢᠬᠦ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠬᠢᠨᠠᠨ ᠬᠡᠮᠵᠢᠭᠰᠡᠨ ᠦᠷ᠎ᠡ ᠳ᠋ᠦᠩ᠎ᠢ ᠤᠯᠤᠰ᠎ᠤᠨ ᠠᠮᠢ ᠠᠬᠤᠢ ᠵᠢᠨ ᠶᠠᠰᠤ ᠴᠢᠨᠠᠷ᠎ᠢ ᠬᠢᠨᠠᠨ ᠬᠡᠮᠵᠢᠬᠦ ᠰᠦᠯᠵᠢᠶᠡᠨ ᠲᠣᠭ᠎ᠠ ᠪᠠᠷᠢᠮᠲᠠ ᠪᠤᠯᠭ᠋ᠠᠵᠤ ᠬᠠᠮᠲᠤ᠎ᠪᠠᠷ ᠡᠳᠡᠯᠡᠨ᠎ᠡ᠃                  

      ᠶᠢᠰᠦᠳᠦᠭᠡᠷ ᠵᠦᠢ᠍ᠯ   ᠠᠮᠢ ᠠᠬᠤᠢ ᠣᠷᠴᠢᠨ ᠲᠣᠭᠣᠷᠢᠨ᠎ᠤ ᠶᠠᠮᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠠᠮᠢ ᠠᠬᠤᠢ ᠵᠢᠨ ᠪᠠᠢ᠌ᠳᠠᠯ᠎ᠢ ᠦᠨᠡᠯᠡᠨ ᠵᠢᠱ᠌ᠢᠬᠦ ᠳᠦᠷᠢᠮ᠎ᠢ ᠪᠠᠢ᠌ᠭᠤᠯᠵᠤ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠬᠢᠨᠠᠨ ᠬᠠᠮᠢᠶᠠᠷᠬᠤ ᠭᠦᠢ᠍ᠴᠡᠳᠬᠡᠯ ᠲᠣᠭ᠋ᠠᠨ᠎ᠤ ᠰᠢᠰᠲ᠋ᠧᠮ ᠪᠠ ᠠᠮᠢ ᠠᠬᠤᠢ ᠵᠢᠨ ᠪᠠᠢ᠌ᠳᠠᠯ᠎ᠢ ᠦᠨᠡᠯᠡᠨ ᠵᠢᠱ᠌ᠢᠬᠦ ᠪᠠᠷᠢᠮᠵᠢᠶ᠎ᠠ ᠵᠢᠷᠤᠮᠵᠢᠯ᠎ᠢ ᠲᠣᠭᠲᠠᠭ᠋ᠠᠵᠤ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠠᠮᠢ ᠠᠬᠤᠢ ᠵᠢᠨ ᠪᠠᠢ᠌ᠳᠠᠯ᠎ᠢ ᠦᠨᠡᠯᠡᠨ ᠵᠢᠱ᠌ᠢᠬᠦ ᠠᠵᠢᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠢ᠌ᠭᠤᠯᠤᠨ ᠥᠷᠨᠢᠭᠦᠯᠵᠦ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠠᠮᠢ ᠠᠬᠤᠢ ᠵᠢᠨ ᠰᠢᠰᠲ᠋ᠧᠮ᠎ᠤᠨ ᠪᠠᠢ᠌ᠷᠢᠰᠢᠯ᠂ ᠶᠠᠰᠤ ᠴᠢᠨᠠᠷ᠂ ᠦᠢ᠍ᠯᠡᠴᠢᠯᠡᠭᠡᠨ᠎ᠤ ᠴᠢᠳᠠᠮᠵᠢ ᠪᠠ ᠬᠠᠮᠠᠭ᠋ᠠᠯᠠᠯᠲᠠ ᠵᠢᠨ ᠦᠷ᠎ᠡ ᠪᠦᠲᠦᠮᠵᠢ ᠵᠢ ᠦᠨᠡᠯᠡᠨ ᠵᠢᠱ᠌ᠢᠨ᠎ᠡ᠃

      ᠠᠷᠪᠠᠳᠤᠭ᠋ᠠᠷ ᠵᠦᠢ᠍ᠯ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠠᠴᠠ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠳᠣᠲᠣᠷᠠᠬᠢ ᠠᠮᠢ ᠠᠬᠤᠢ ᠵᠢ ᠡᠪᠳᠡᠭᠰᠡᠨ ᠠᠰᠠᠭᠤᠳᠠᠯ᠎ᠳᠤ ᠬᠢᠨᠠᠯᠲᠠ ᠲᠠᠯᠪᠢᠬᠤ ᠵᠢ ᠵᠣᠬᠢᠶᠠᠨ ᠪᠠᠢ᠌ᠭᠤᠯᠤᠨ᠎ᠠ᠂ ᠭᠣᠣᠯ ᠠᠵᠢᠯ᠎ᠤᠨ ᠲᠡᠰ ᠳᠠᠷᠠᠭ᠋ᠠᠯᠠᠯ᠎ᠨᠢ ᠳᠣᠣᠷᠠᠬᠢ ᠮᠡᠲᠦ᠄

     (ᠨᠢᠭᠡ) ᠠᠮᠢ ᠠᠬᠤᠢ ᠣᠷᠴᠢᠨ ᠲᠣᠭᠣᠷᠢᠨ᠎ᠤ ᠶᠠᠮᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠠᠮᠢ ᠠᠬᠤᠢ ᠵᠢᠨ ᠶᠠᠰᠤ ᠴᠢᠨᠠᠷ᠎ᠢ ᠬᠢᠨᠠᠨ ᠬᠡᠮᠵᠢᠭᠰᠡᠨ ᠦᠷ᠎ᠡ ᠳ᠋ᠦᠩ᠎ᠢ ᠦᠨᠳᠦᠰᠦᠯᠡᠨ᠂ ᠵᠠᠭᠤᠴᠢᠯᠠᠭᠤᠷ᠎ᠤᠨ ᠢᠯᠡᠴᠢᠯᠡᠭᠰᠡᠨ᠂ ᠣᠯᠠᠨ ᠲᠦᠮᠡᠨ᠎ᠤ ᠢᠯᠡᠴᠢᠯᠡᠭᠰᠡᠨ ᠪᠠ ᠡᠳᠦᠷ ᠲᠤᠲᠤᠮ᠎ᠤᠨ ᠬᠢᠨᠠᠯᠲᠠ ᠲᠠᠯᠪᠢᠯᠲᠠ᠎ᠳᠤ ᠢᠯᠡᠷᠡᠭᠦᠯᠦᠭᠰᠡᠨ ᠠᠮᠢ ᠠᠬᠤᠢ ᠵᠢᠨ ᠡᠪᠳᠡᠭᠳᠡᠯ᠎ᠤᠨ ᠠᠰᠠᠭᠤᠳᠠᠯ᠎ᠤᠨ ᠰᠦᠪᠡᠭᠴᠢ᠎ᠲᠠᠢ ᠤᠶᠠᠯᠳᠤᠭᠤᠯᠤᠨ᠂ ᠠᠮᠢ ᠠᠬᠤᠢ ᠵᠢᠨ ᠡᠪᠳᠡᠭᠳᠡᠯ᠎ᠤᠨ ᠰᠡᠵᠢᠭ᠎ᠲᠠᠢ ᠠᠰᠠᠭᠤᠳᠠᠯ᠎ᠤᠨ ᠵᠢᠷᠤᠭ ᠪᠠ ᠰᠦᠪᠡᠭᠴᠢ ᠵᠢ ᠭᠠᠷᠭ᠋ᠠᠨ ᠠᠪᠬᠤ ᠵᠢᠨ ᠬᠠᠮᠲᠤ ᠮᠤᠵᠢ ᠵᠢᠨ ᠱᠠᠲᠤᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠲᠤ ᠬᠦᠷᠭᠡᠨ᠎ᠡ᠃

     (ᠬᠣᠶᠠᠷ) ᠮᠤᠵᠢ ᠵᠢᠨ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠠᠴᠠ ᠠᠮᠢ ᠠᠬᠤᠢ ᠵᠢ ᠡᠪᠳᠡᠭᠰᠡᠨ ᠰᠡᠵᠢᠭᠯᠡᠯᠲᠡᠢ ᠠᠰᠠᠭᠤᠳᠠᠯ᠎ᠢ ᠲᠤᠬᠠᠢ ᠵᠢᠨ ᠭᠠᠵᠠᠷ᠎ᠲᠤᠨᠢ ᠬᠢᠨᠠᠨ ᠬᠠᠷᠭᠤᠭᠤᠯᠬᠤ ᠵᠢ ᠵᠣᠬᠢᠶᠠᠨ ᠪᠠᠢ᠌ᠭᠤᠯᠤᠨ ᠥᠷᠨᠢᠭᠦᠯᠬᠦ ᠵᠢᠨ ᠬᠠᠮᠲᠤ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠳᠤ ᠲᠤᠬᠠᠢ ᠵᠢᠨ ᠭᠠᠵᠠᠷ᠎ᠲᠤᠨᠢ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠢ ᠮᠡᠳᠡᠭᠦᠯᠦᠨ᠎ᠡ᠃

     (ᠭᠤᠷᠪᠠ) ᠠᠮᠢ ᠠᠬᠤᠢ ᠣᠷᠴᠢᠨ ᠲᠣᠭᠣᠷᠢᠨ ᠎ᠤ ᠶᠠᠮᠤᠨ᠎ᠠᠴᠠ ᠬᠢᠨᠠᠨ ᠬᠠᠷᠭᠤᠭᠤᠯᠤᠭᠰᠠᠨ᠎ᠤ ᠳᠠᠷᠠᠭ᠋ᠠᠬᠢ ᠠᠮᠢ ᠠᠬᠤᠢ ᠵᠢ ᠡᠪᠳᠡᠭᠰᠡᠨ ᠠᠰᠠᠭᠤᠳᠠᠯ᠎ᠢ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠳᠡᠵᠦ᠂ ᠲᠤᠰᠢᠶᠠᠯ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠲᠤ ᠰᠢᠯᠵᠢᠭᠦᠯᠦᠨ ᠲᠤᠰᠢᠶᠠᠵᠤ ᠲᠡᠮᠳᠡᠭᠯᠡᠭᠦᠯᠦᠨ᠎ᠡ᠃

     (ᠳᠥᠷᠪᠡ) ᠠᠮᠢ ᠠᠬᠤᠢ ᠣᠷᠴᠢᠨ ᠲᠣᠭᠣᠷᠢᠨ᠎ᠤ ᠶᠠᠮᠤᠨ ᠎ᠠᠴᠠ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠳᠣᠲᠣᠷᠠᠬᠢ ᠠᠮᠢ ᠠᠬᠤᠢ ᠵᠢᠨ ᠡᠪᠳᠡᠭᠳᠡᠯ᠎ᠤᠨ ᠠᠰᠠᠭᠤᠳᠠᠯ᠎ᠢ ᠰᠢᠢ᠍ᠳᠪᠦᠷᠢᠯᠡᠭᠰᠡᠨ᠂ ᠴᠡᠭᠴᠡᠯᠡᠨ ᠰᠠᠢ᠌ᠵᠢᠷᠠᠭᠤᠯᠤᠭᠰᠠᠨ ᠪᠠᠢ᠌ᠳᠠᠯ᠎ᠳᠤ ᠬᠢᠨᠠᠯᠲᠠ ᠲᠠᠯᠪᠢᠨ᠎ᠠ᠃

     (ᠲᠠᠪᠤ) ᠠᠮᠢ ᠠᠬᠤᠢ ᠣᠷᠴᠢᠨ ᠲᠣᠭᠣᠷᠢᠨ᠎ᠤ ᠶᠠᠮᠤᠨ ᠎ᠠᠴᠠ ᠠᠮᠢ ᠠᠬᠤᠢ ᠵᠢ ᠬᠦᠨᠳᠦ ᠨᠣᠴᠢᠲᠠᠢ ᠡᠪᠳᠡᠭᠰᠡᠨ᠂ ᠴᠡᠭᠴᠡᠯᠡᠨ ᠰᠠᠢ᠌ᠵᠢᠷᠠᠭᠤᠯᠬᠤ ᠠᠵᠢᠯᠯᠠᠭ᠎ᠠ᠎ᠨᠢ ᠤᠳᠠᠭ᠋ᠠᠨ᠂ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠭᠰᠠᠨ᠂ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠭᠰᠠᠨ ᠦᠭᠡᠢ ᠪᠠᠢ᠌ᠪᠠᠯ᠂ ᠪᠠᠢ᠌ᠳᠠᠯ᠎ᠢ᠎ᠨᠢ ᠦᠵᠡᠵᠦ ᠪᠠᠢ᠌ᠭ᠋ᠠᠳ ᠵᠠᠬᠢᠳᠠᠯ ᠵᠶ᠋ᠠᠷ ᠮᠡᠳᠡᠭᠳᠡᠬᠦ᠂ ᠵᠠᠷᠯᠠᠨ ᠮᠡᠳᠡᠭᠳᠡᠬᠦ᠂ ᠪᠣᠯᠵᠣᠨ ᠶᠠᠷᠢᠯᠴᠠᠬᠤ ᠵᠡᠷᠭᠡ ᠠᠷᠭ᠎ᠠ ᠬᠡᠮᠵᠢᠶ᠎ᠡ ᠠᠪᠴᠤ ᠴᠡᠭᠴᠡᠯᠡᠨ ᠰᠠᠢ᠌ᠵᠢᠷᠠᠭᠤᠯᠬᠤ ᠵᠢ ᠱᠠᠯᠠᠪᠳᠠᠭᠤᠯᠤᠨ᠎ᠠ᠃

      ᠠᠷᠪᠠᠨ ᠨᠢᠭᠡᠳᠦᠭᠡᠷ ᠵᠦᠢ᠍ᠯ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠳᠣᠲᠣᠷᠠᠬᠢ ᠠᠮᠢ ᠠᠬᠤᠢ ᠵᠢ ᠡᠪᠳᠡᠭᠰᠡᠨ ᠬᠠᠤᠯᠢ ᠬᠡᠷᠡᠭᠵᠢᠭᠦᠯᠬᠦ ᠠᠵᠢᠯ᠎ᠢ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠥᠷᠨᠢᠭᠦᠯᠦᠨ᠎ᠡ᠃

      ᠠᠷᠪᠠᠨ ᠬᠣᠶᠠᠳᠤᠭ᠋ᠠᠷ ᠵᠦᠢ᠍ᠯ ᠠᠮᠢ ᠠᠬᠤᠢ ᠣᠷᠴᠢᠨ ᠲᠣᠭᠣᠷᠢᠨ᠎ᠤ ᠶᠠᠮᠤᠨ ᠠᠮᠢ ᠠᠬᠤᠢ ᠵᠢ ᠬᠠᠮᠠᠭ᠋ᠠᠯᠠᠬᠤ ᠵᠠᠰᠠᠨ ᠰᠡᠷᠭᠦᠭᠡᠬᠦ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠯᠲᠠ ᠲᠠᠯᠪᠢᠬᠤ ᠪᠠᠷᠢᠮᠵᠢᠶ᠎ᠠ ᠵᠢᠨ ᠵᠢᠷᠤᠮᠵᠢᠯ᠎ᠢ ᠲᠣᠭᠲᠠᠭ᠋ᠠᠨ ᠲᠡᠭᠦᠯᠳᠡᠷᠵᠢᠭᠦᠯᠵᠦ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠳᠣᠲᠣᠷᠠᠬᠢ ᠠᠮᠢ ᠠᠬᠤᠢ ᠵᠢ ᠬᠠᠮᠠᠭ᠋ᠠᠯᠠᠬᠤ ᠰᠡᠷᠭᠦᠭᠡᠬᠦ ᠢᠨᠵᠧᠨᠧᠷᠢᠩ᠎ᠢ ᠬᠡᠷᠡᠭᠵᠢᠭᠦᠯᠦᠭᠰᠡᠨ ᠠᠮᠢ ᠠᠬᠤᠢ ᠣᠷᠴᠢᠨ ᠲᠣᠭᠣᠷᠢᠨ᠎ᠤ ᠦᠷ᠎ᠡ ᠪᠦᠲᠦᠮᠵᠢ ᠵᠢ ᠦᠨᠡᠯᠡᠨ ᠵᠢᠱ᠌ᠢᠬᠦ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠠᠮᠢ ᠠᠬᠤᠢ ᠵᠢ ᠬᠠᠮᠠᠭ᠋ᠠᠯᠠᠬᠤ ᠵᠠᠰᠠᠨ ᠰᠡᠷᠭᠦᠭᠡᠬᠦ ᠢᠨᠵᠧᠨᠧᠷᠢᠩ᠎ᠳᠠᠬᠢ ᠬᠡᠯᠪᠡᠷᠢᠴᠢ ᠦᠵᠡᠯ᠎ᠤᠨ ᠠᠰᠠᠭᠤᠳᠠᠯ᠎ᠤᠨ ᠬᠢᠨᠠᠯᠲᠠ ᠪᠠᠢ᠌ᠴᠠᠭ᠋ᠠᠯᠲᠠ ᠵᠢ ᠴᠢᠩᠭ᠋ᠠᠳᠬᠠᠨ᠎ᠠ᠃

      ᠠᠷᠪᠠᠨ ᠭᠤᠷᠪᠠᠳᠤᠭ᠋ᠠᠷ ᠵᠦᠢ᠍ᠯ ᠠᠮᠢ ᠠᠬᠤᠢ ᠣᠷᠴᠢᠨ ᠲᠣᠭᠣᠷᠢᠨ᠎ᠤ ᠶᠠᠮᠤᠨ ᠤᠯᠤᠰ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠬᠢᠨᠠᠯᠲᠠ ᠬᠠᠮᠢᠶᠠᠷᠤᠯᠲᠠ ᠵᠢᠨ ᠲᠠᠪᠴᠠᠩ᠎ᠳᠤ ᠲᠦᠰᠢᠭᠯᠡᠨ᠂ 《ᠲᠠᠪᠤᠨ ᠦᠨᠳᠦᠰᠦᠨ ᠵᠠᠷᠴᠢᠮ》᠎ᠢ ᠣᠭᠲᠠᠷᠭᠤᠢ ᠪᠠ ᠭᠠᠵᠠᠷ ᠳᠡᠯᠡᠬᠡᠢ ᠵᠢ ᠨᠢᠭᠡ ᠴᠣᠭᠴᠠᠵᠢᠭᠤᠯᠤᠭᠰᠠᠨ ᠠᠮᠢ ᠠᠬᠤᠢ ᠣᠷᠴᠢᠨ ᠲᠣᠭᠣᠷᠢᠨ᠎ᠤ ᠪᠡᠶᠡᠲᠦ ᠠᠯᠤᠰ ᠰᠡᠷᠡᠯ᠎ᠤᠨ ᠬᠢᠨᠠᠨ ᠬᠡᠮᠵᠢᠬᠦ ᠰᠢᠰᠲ᠋ᠧᠮ᠎ᠢ ᠶᠡᠷᠦᠩᠬᠡᠢ᠌ᠯᠡᠨ ᠠᠰᠢᠭᠯᠠᠵᠤ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠬᠢᠨᠠᠯᠲᠠ ᠲᠠᠯᠪᠢᠬᠤ ᠳ᠋ᠠᠢ᠌ᠲ᠋ᠠ ᠬᠥᠮᠥᠷᠭᠡ ᠪᠠ ᠮᠡᠳᠡᠭᠡ ᠵᠠᠩᠭᠢ ᠵᠢᠨ ᠰᠢᠰᠲ᠋ᠧᠮ᠎ᠢ ᠪᠠᠢ᠌ᠭᠤᠯᠤᠨ᠎ᠠ᠃

      ᠡᠯ᠎ᠡ ᠮᠤᠵᠢ (ᠣᠷᠣᠨ᠂ ᠬᠣᠲᠠ) ᠵᠢᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ ᠪᠣᠳᠠᠲᠠᠢ ᠬᠡᠷᠡᠭᠴᠡᠭᠡ᠎ᠪᠠᠨ ᠦᠨᠳᠦᠰᠦᠯᠡᠨ᠂ ᠲᠣᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠬᠢᠨᠠᠯᠲᠠ ᠬᠠᠮᠢᠶᠠᠷᠤᠯᠲᠠ ᠵᠢᠨ ᠲᠠᠪᠴᠠᠩ ᠪᠠ ᠬᠢᠨᠠᠯᠲᠠ ᠲᠠᠯᠪᠢᠬᠤ ᠳ᠋ᠠᠢ᠌ᠲ᠋ᠠ ᠵᠢᠨ ᠬᠥᠮᠥᠷᠭᠡ ᠵᠢ ᠪᠠᠢ᠌ᠭᠤᠯᠤᠨ ᠲᠡᠭᠦᠯᠳᠡᠷᠵᠢᠭᠦᠯᠵᠦ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠲᠣᠭ᠎ᠠ ᠪᠠᠷᠢᠮᠲᠠ ᠵᠢᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠵᠢ ᠪᠡᠶᠡᠯᠡᠭᠦᠯᠦᠨ᠎ᠡ᠃

      ᠠᠷᠪᠠᠨ ᠳᠥᠷᠪᠡᠳᠦᠭᠡᠷ ᠵᠦᠢ᠍ᠯ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ ᠬᠠᠤᠯᠢ ᠲᠣᠭᠲᠠᠭ᠋ᠠᠯ ᠶᠣᠰᠣᠭ᠋ᠠᠷ ᠨᠡᠢ᠌ᠭᠡᠮ᠎ᠳᠤ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠠᠮᠢ ᠠᠬᠤᠢ ᠵᠢᠨ ᠶᠠᠰᠤ ᠴᠢᠨᠠᠷ᠎ᠢ ᠬᠢᠨᠠᠨ ᠬᠡᠮᠵᠢᠭᠰᠡᠨ᠂ ᠠᠮᠢ ᠠᠬᠤᠢ ᠵᠢᠨ ᠪᠠᠢ᠌ᠳᠠᠯ᠎ᠢ ᠦᠨᠡᠯᠡᠨ ᠵᠢᠱ᠌ᠢᠭᠰᠡᠨ ᠵᠡᠷᠭᠡ ᠠᠮᠢ ᠠᠬᠤᠢ ᠣᠷᠴᠢᠨ ᠲᠣᠭᠣᠷᠢᠨ᠎ᠤ ᠬᠢᠨᠠᠯᠲᠠ ᠲᠠᠯᠪᠢᠯᠲᠠ ᠵᠢᠨ ᠬᠠᠮᠢᠶ᠎ᠠ ᠪᠦᠬᠦᠢ ᠮᠡᠳᠡᠭᠡ ᠵᠠᠩᠭᠢ ᠵᠢ ᠨᠡᠢ᠌ᠲᠡᠯᠡᠵᠦ᠂ ᠨᠡᠢ᠌ᠭᠡᠮ᠎ᠤᠨ ᠬᠢᠨᠠᠯᠲᠠ ᠲᠠᠯᠪᠢᠯᠲᠠ ᠵᠢ ᠬᠦᠯᠢᠶᠡᠨ᠎ᠡ᠃

      ᠠᠷᠠᠳ ᠢᠷᠭᠡᠳ᠂ ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠢ᠌ᠭᠤᠯᠤᠯᠲᠠ ᠵᠢᠨ ᠬᠠᠤᠯᠢ ᠲᠣᠭᠲᠠᠭ᠋ᠠᠯ ᠶᠣᠰᠣᠭ᠋ᠠᠷ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠠᠮᠢ ᠠᠬᠤᠢ ᠣᠷᠴᠢᠨ ᠲᠣᠭᠣᠷᠢᠨ᠎ᠳᠤ ᠬᠢᠨᠠᠯᠲᠠ ᠲᠠᠯᠪᠢᠬᠤ᠎ᠳᠤ ᠣᠷᠤᠯᠴᠠᠬᠤ ᠵᠢ ᠵᠣᠷᠢᠭᠵᠢᠭᠤᠯᠤᠨ᠎ᠠ᠃

      ᠠᠷᠪᠠᠨ ᠲᠠᠪᠤᠳᠤᠭ᠋ᠠᠷ ᠵᠦᠢ᠍ᠯ ᠠᠮᠢ ᠠᠬᠤᠢ ᠣᠷᠴᠢᠨ ᠲᠣᠭᠣᠷᠢᠨ᠎ᠤ ᠶᠠᠮᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠬᠠᠮᠠᠭ᠋ᠠᠯᠠᠯᠲᠠ ᠵᠢᠨ ᠦᠷ᠎ᠡ ᠪᠦᠲᠦᠮᠵᠢ ᠵᠢ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠤ ᠬᠠᠮᠢᠶ᠎ᠠ ᠪᠦᠬᠦᠢ ᠬᠢᠨᠠᠨ ᠰᠢᠯᠭ᠋ᠠᠯᠲᠠ᠎ᠳᠤ ᠣᠷᠣᠭᠤᠯᠵᠤ᠂ ᠬᠢᠨᠠᠨ ᠰᠢᠯᠭ᠋ᠠᠭᠰᠠᠨ ᠦᠷ᠎ᠡ ᠳ᠋ᠦᠩ᠎ᠢ ᠨᠠᠮ ᠵᠠᠰᠠᠭ᠎ᠤᠨ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ᠎ᠤᠨ ᠶᠡᠷᠦᠩᠬᠡᠢ᠌ᠯᠡᠭᠰᠡᠨ ᠦᠨᠡᠯᠡᠯᠲᠡ ᠵᠢᠴᠢ ᠬᠠᠷᠢᠭᠤᠴᠠᠯᠭ᠎ᠠ ᠨᠡᠬᠡᠮᠵᠢᠯᠡᠬᠦ᠂ ᠪᠠᠢ᠌ᠭ᠋ᠠᠯᠢ ᠵᠢᠨ ᠡᠬᠢ ᠪᠠᠶᠠᠯᠢᠭ ᠡᠳ᠋ ᠬᠥᠷᠥᠩᠭᠡ ᠵᠢ ᠲᠤᠰᠢᠶᠠᠯ᠎ᠠᠴᠠ᠎ᠪᠠᠨ ᠰᠠᠯᠬᠤ᠎ᠳᠤ ᠬᠢᠨᠠᠨ ᠪᠤᠳᠤᠬᠤ᠂ ᠱᠠᠩᠨᠠᠵᠤ ᠲᠣᠷᠭ᠋ᠠᠬᠤ ᠲᠤᠰᠢᠶᠠᠯ᠎ᠳᠤ ᠲᠣᠮᠢᠯᠠᠵᠤ ᠲᠤᠰᠢᠶᠠᠯ᠎ᠠᠴᠠ ᠪᠠᠭᠤᠯᠭ᠋ᠠᠬᠤ ᠵᠢᠴᠢ ᠬᠣᠯᠪᠣᠭᠳᠠᠯ ᠪᠦᠬᠦᠢ ᠭᠠᠵᠠᠷ ᠣᠷᠣᠨ᠎ᠤ ᠠᠮᠢ ᠠᠬᠤᠢ ᠵᠢᠨ ᠨᠥᠬᠥᠪᠦᠷᠢ ᠥᠭᠬᠦ ᠵᠢᠨ ᠴᠢᠬᠤᠯᠠ ᠯᠠᠪᠯᠠᠯᠲᠠ ᠪᠣᠯᠭ᠋ᠠᠬᠤ ᠵᠢ ᠠᠬᠢᠭᠤᠯᠤᠨ᠎ᠠ᠃

      ᠠᠷᠪᠠᠨ ᠵᠢᠷᠭᠤᠳᠤᠭ᠋ᠠᠷ ᠵᠦᠢ᠍ᠯ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠳᠣᠲᠣᠷ᠎ᠠ ᠣᠷᠣᠰᠢᠵᠤ ᠪᠠᠢ᠌ᠭ᠎ᠠ ᠠᠮᠢ ᠠᠬᠤᠢ ᠵᠢ ᠡᠪᠳᠡᠵᠦ ᠪᠠᠢ᠌ᠭ᠎ᠠ ᠲᠣᠪᠣᠢ᠌ᠮ᠎ᠠ ᠠᠰᠠᠭᠤᠳᠠᠯ ᠪᠠ ᠠᠮᠢ ᠠᠬᠤᠢ ᠵᠢ ᠬᠠᠮᠠᠭ᠋ᠠᠯᠠᠵᠤ ᠵᠠᠰᠠᠨ ᠰᠡᠷᠭᠦᠭᠡᠬᠦ ᠬᠡᠯᠪᠡᠷᠢᠴᠢ ᠦᠵᠡᠯ᠎ᠤᠨ ᠠᠰᠠᠭᠤᠳᠠᠯ᠎ᠢ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ᠎ᠳᠤ ᠣᠷᠣᠭᠤᠯᠤᠭᠰᠠᠨ ᠪᠠᠢ᠌ᠪᠠᠯ᠂ 《ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠲᠣᠭᠲᠠᠭ᠋ᠠᠯ》 ᠵᠡᠷᠭᠡ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ᠃

      ᠠᠮᠢ ᠠᠬᠤᠢ ᠣᠷᠴᠢᠨ ᠲᠣᠭᠣᠷᠢᠨ᠎ᠢ ᠬᠣᠬᠢᠷᠠᠭᠤᠯᠤᠭᠰᠠᠨ ᠪᠠᠢ᠌ᠪᠠᠯ᠂ ᠲᠣᠭᠣᠷᠢᠭ ᠪᠠᠢ᠌ᠭᠤᠯᠤᠭᠰᠠᠨ ᠬᠤᠳᠠ ᠵᠢᠨ ᠱᠠᠲᠤ ᠵᠢᠴᠢ ᠲᠡᠭᠦᠨ᠎ᠠᠴᠠ ᠳᠡᠭᠡᠭᠰᠢᠬᠢ (ᠰᠢᠭᠤᠳ ᠬᠠᠷᠢᠶ᠎ᠠ ᠬᠣᠲᠠ᠎ᠳᠤ ᠬᠠᠷᠢᠶᠠᠯᠠᠭᠳᠠᠬᠤ ᠲᠣᠭᠣᠷᠢᠭ ᠰᠢᠶᠠᠨ᠎ᠢ ᠪᠠᠭᠲᠠᠭ᠋ᠠᠨ᠎ᠠ) ᠣᠷᠣᠨ ᠨᠤᠲᠤᠭ᠎ᠤᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ ᠤᠯᠤᠰ᠎ᠤᠨ ᠪᠠ ᠲᠤᠰ ᠭᠠᠵᠠᠷ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠠᠵᠢᠯᠯᠠᠭ᠎ᠠ᠎ᠠᠴᠠ ᠲᠥᠯᠥᠪᠦᠷᠢ ᠠᠪᠬᠤ ᠠᠵᠢᠯ᠎ᠢ ᠴᠠᠭ ᠲᠤᠬᠠᠢ ᠎ᠳᠤ ᠵᠣᠬᠢᠶᠠᠨ ᠪᠠᠢ᠌ᠭᠤᠯᠵᠤ ᠥᠷᠨᠢᠭᠦᠯᠬᠦ ᠪᠤᠶᠤ ᠰᠢᠯᠵᠢᠭᠦᠯᠦᠨ ᠥᠭᠭᠦᠨ᠎ᠡ᠃

      ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠯᠲᠠ ᠲᠠᠯᠪᠢᠬᠤ ᠠᠵᠢᠯ᠎ᠤᠨ ᠳᠤᠮᠳᠠ ᠠᠯᠪᠠᠨ ᠲᠤᠰᠢᠶᠠᠯᠲᠠᠨ ᠰᠠᠬᠢᠯᠭ᠎ᠠ ᠪᠠᠲᠤ ᠬᠠᠤᠯᠢ ᠴᠠᠭ᠋ᠠᠵᠠ᠎ᠠᠴᠠ ᠵᠥᠷᠢᠴᠡᠭᠰᠡᠨ ᠰᠡᠵᠢᠭᠯᠡᠯᠲᠡᠢ ᠪᠠᠢ᠌ᠬᠤ ᠵᠢ ᠣᠯᠵᠤ ᠮᠡᠳᠡᠪᠡᠯ᠂ ᠬᠣᠯᠪᠣᠭᠳᠠᠯ ᠪᠦᠬᠦᠢ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ ᠬᠠᠮᠢᠶᠠᠷᠤᠯᠲᠠ ᠵᠢᠨ ᠡᠷᠬᠡ ᠵᠢᠨ ᠬᠢᠵᠠᠭ᠋ᠠᠷ ᠶᠣᠰᠣᠭ᠋ᠠᠷ᠂ ᠠᠰᠠᠭᠤᠳᠠᠯ᠎ᠤᠨ ᠰᠦᠪᠡᠭᠴᠢ ᠵᠡᠷᠭᠡ ᠬᠣᠯᠪᠣᠭᠳᠠᠯ ᠪᠦᠬᠦᠢ ᠮᠠᠲ᠋ᠧᠷᠢᠶᠠᠯ᠎ᠢ ᠴᠠᠭ ᠲᠤᠬᠠᠢ᠎ᠳᠤᠨᠢ ᠬᠣᠯᠪᠣᠭᠳᠠᠯ ᠪᠦᠬᠦᠢ ᠪᠠᠢ᠌ᠭᠤᠯᠤᠯᠭ᠎ᠠ ᠪᠤᠶᠤ ᠰᠠᠯᠠᠭ᠎ᠠ ᠮᠥᠴᠢᠷ᠎ᠲᠤ ᠰᠢᠯᠵᠢᠭᠦᠯᠦᠨ ᠬᠦᠷᠭᠡᠵᠦ ᠳᠦᠷᠢᠮ ᠲᠣᠭᠲᠠᠭ᠋ᠠᠯ ᠰᠠᠬᠢᠯᠭ᠎ᠠ ᠪᠠᠲᠤ ᠬᠠᠤᠯᠢ ᠴᠠᠭ᠋ᠠᠵᠠ ᠵᠢᠨ ᠶᠣᠰᠣᠭ᠋ᠠᠷ ᠰᠢᠳᠪᠦᠷᠢᠯᠡᠬᠦᠯᠦᠨ᠎ᠡ᠃

      ᠶᠠᠯ᠎ᠠ ᠬᠢᠭᠰᠡᠨ ᠰᠡᠵᠢᠭᠯᠡᠯᠲᠡᠢ ᠪᠠᠢ᠌ᠪᠠᠯ᠂ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ ᠴᠠᠭ ᠲᠤᠬᠠᠢ᠎ᠳᠤᠨᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠢᠨᠠᠨ ᠪᠠᠢ᠌ᠴᠠᠭ᠋ᠠᠬᠤ ᠪᠠᠢ᠌ᠭᠤᠯᠤᠯᠭ᠎ᠠ ᠪᠤᠶᠤ ᠬᠠᠤᠯᠢ ᠴᠠᠭ᠋ᠠᠵᠠ ᠵᠢᠨ ᠪᠠᠢ᠌ᠭᠤᠯᠤᠯᠭ᠎ᠠ᠎ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭ᠋ᠠᠷ ᠰᠢᠢ᠍ᠳᠪᠦᠷᠢᠯᠡᠬᠦᠯᠦᠨ᠎ᠡ᠃

      ᠠᠷᠪᠠᠨ ᠳᠣᠯᠣᠳᠤᠭ᠋ᠠᠷ ᠵᠦᠢ᠍ᠯ ᠮᠤᠵᠢ ᠵᠢᠨ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ ᠲᠤᠰ ᠵᠠᠰᠠᠭ ᠵᠠᠬᠢᠷᠭ᠋ᠠᠨ᠎ᠤ ᠣᠷᠣᠨ᠎ᠤ ᠪᠣᠳᠠᠲᠠᠢ ᠪᠠᠢ᠌ᠳᠠᠯ᠎ᠲᠠᠢ᠎ᠪᠠᠨ ᠤᠶᠠᠯᠳᠤᠭᠤᠯᠵᠤ᠂ ᠲᠤᠰ ᠠᠷᠭ᠎ᠠ᠎ᠪᠠᠷ ᠯᠠᠪᠯᠠᠯᠲᠠ ᠪᠣᠯᠭ᠋ᠠᠵᠤ᠂ ᠲᠤᠰ ᠵᠠᠰᠠᠭ ᠵᠠᠬᠢᠷᠭ᠋ᠠᠨ᠎ᠤ ᠣᠷᠣᠨ᠎ᠤ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠠᠮᠢ ᠠᠬᠤᠢ ᠣᠷᠴᠢᠨ ᠲᠣᠭᠣᠷᠢᠨ᠎ᠳᠤ ᠬᠢᠨᠠᠯᠲᠠ ᠲᠠᠯᠪᠢᠬᠤ ᠠᠷᠭ᠎ᠠ ᠵᠢ ᠲᠣᠭᠲᠠᠭ᠋ᠠᠨ᠎ᠠ᠃

      ᠠᠷᠪᠠᠨ ᠨᠠᠢ᠍ᠮᠠᠳᠤᠭ᠋ᠠᠷ ᠵᠦᠢ᠍ᠯ ᠲᠣᠰ ᠠᠷᠭ᠎ᠠ ᠵᠢ ᠠᠮᠢ ᠠᠬᠤᠢ ᠣᠷᠴᠢᠨ ᠲᠣᠭᠣᠷᠢᠨ ᠎ᠤ ᠶᠠᠮᠤᠨ ᠎ᠠᠴᠠ ᠬᠠᠷᠢᠭᠤᠴᠠᠨ ᠲᠠᠢ᠌ᠯᠪᠤᠷᠢᠯᠠᠨ᠎ᠠ᠃

      ᠠᠷᠪᠠ ᠶᠢᠰᠦᠳᠦᠭᠡᠷ ᠵᠦᠢ᠍ᠯ ᠲᠣᠰ ᠠᠷᠭ᠎ᠠ ᠵᠢ 2023 ᠣᠨ᠎ᠤ 1 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃


ᠢᠷᠡᠯᠲᠡ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠲ᠋ᠢᠩᠬᠢᠮ
          
ᠬᠠᠮᠢᠶ᠎ᠡ ᠪᠦᠬᠦᠢ ᠰᠣᠨᠢᠨ
ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠪᠠᠲᠤᠯᠠᠭ᠎ᠠ ᠵᠢᠨ ᠲᠣᠭᠲᠠᠴᠠ᠎ᠳᠤ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠥᠪᠥᠷ ᠵᠠᠰᠠᠭ ᠠᠯᠪᠠᠨ ᠲᠠᠷᠬᠠᠭ᠋ᠠᠭᠰᠠᠨ[2016]77 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠤᠨ ᠬᠠᠮᠢᠶ᠎ᠠ ᠪᠦᠬᠦᠢ ᠠᠭᠤᠯᠭ᠎ᠠ᠎ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠠᠰᠤᠵᠢᠯ᠎ᠤᠨ ᠠᠵᠤ ᠦᠢ᠍ᠯᠡᠰ᠎ᠤᠨ ᠲᠦᠷᠭᠡᠨ ᠬᠥᠭᠵᠢᠯᠲᠡ ᠵᠢ ᠠᠬᠢᠭᠤᠯᠬᠤ ᠲᠤᠬᠠᠢ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ᠎ᠢ ᠳᠠᠷᠤᠮᠠᠯᠯᠠᠨ ᠶᠠᠪᠤᠭᠤᠯᠬᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠤᠨ ᠬᠠᠮᠢᠶᠠᠷᠤᠯᠲᠠ᠎ᠳᠤ ᠥᠭᠡᠷᠡᠴᠢᠯᠡᠯᠲᠡ ᠬᠢᠵᠦ ᠲᠡᠭᠦᠯᠳᠡᠷᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ
ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠶᠡᠷᠦᠩᠬᠡᠢ᠌ᠯᠡᠭᠰᠡᠨ ᠠᠵᠢᠯ᠎ᠤᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
 
             蒙ICP备05000248号