ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠠᠵᠢᠯ᠎ᠢ ᠪᠦᠬᠦ ᠲᠠᠯ᠎ᠠ᠎ᠪᠠᠷ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠵᠢᠯᠤᠭᠣᠳᠬᠤ ᠰᠠᠨᠠᠯ
ᠨᠡᠶ᠋ᠢᠲᠡᠯᠡᠭᠰᠡᠨ ᠴᠠᠭ᠄ 2023-03-29

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲᠸᠷᠢᠶᠠᠯ

                  ᠥᠪᠥᠷ ᠵᠠᠰᠠᠭ ᠠᠯᠪᠠᠨ ᠲᠠᠷᠬᠠᠭ᠋ᠠᠭᠰᠠᠨ [2022] 85 ᠳ᠋ᠤᠭ᠋ᠠᠷ ᠲᠣᠭ᠋ᠠᠲᠤ

      ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠠᠵᠢᠯ᠎ᠢ ᠪᠦᠬᠦ ᠲᠠᠯ᠎ᠠ᠎ᠪᠠᠷ ᠠᠬᠢᠭᠤᠯᠬᠤ ᠲᠤᠬᠠᠢ ᠥᠪᠥᠷ

      ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠵᠢᠯᠤᠭᠣᠳᠬᠤ ᠰᠠᠨᠠᠯ

ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄

     《ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ ᠢᠳᠡᠭᠡᠨ᠎ᠤ ᠠᠮᠤᠷ ᠲᠦᠪᠰᠢᠨ᠎ᠤ ᠠᠵᠢᠯ᠎ᠢ ᠴᠢᠩᠭ᠋ᠠᠳᠬᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ   ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》 (ᠲᠥᠪ ᠲᠠᠷᠬᠠᠭ᠋ᠠᠭᠰᠠᠨ [2019] 17 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠳᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠢᠳᠡᠭᠡᠨ᠎ᠤ ᠠᠮᠤᠷ ᠲᠦᠪᠰᠢᠨ᠎ᠤ ᠲᠦᠭᠰᠢᠭᠦᠷᠢ ᠵᠢ ᠰᠡᠷᠡᠮᠵᠢᠯᠡᠨ ᠠᠷᠢᠯᠭ᠋ᠠᠬᠤ ᠴᠢᠳᠠᠪᠤᠷᠢ ᠵᠢ ᠳᠡᠭᠡᠭᠰᠢᠯᠡᠭᠦᠯᠵᠦ᠂ ᠨᠡᠢ᠌ᠭᠡᠮ᠎ᠤᠨ ᠬᠠᠮᠲᠤ ᠵᠢᠨ ᠵᠠᠰᠠᠯᠲᠠ ᠵᠢᠨ ᠪᠡᠶᠡᠯᠡᠭᠳᠡᠯ᠎ᠢ ᠠᠬᠢᠭᠤᠯᠬᠤ ᠵᠢᠨ ᠲᠤᠰᠠᠳᠠ᠂ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠬᠠᠤᠯᠢ》 ᠵᠡᠷᠭᠡ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠵᠦ᠂ ᠡᠳᠦᠭᠡ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠠᠵᠢᠯ᠎ᠢ ᠪᠦᠬᠦ ᠲᠠᠯ᠎ᠠ᠎ᠪᠠᠷ ᠠᠬᠢᠭᠤᠯᠬᠤ ᠲᠤᠬᠠᠢ ᠳᠣᠣᠷᠠᠬᠢ ᠮᠡᠲᠦ ᠰᠠᠨᠠᠯ᠎ᠢ ᠳᠤᠷᠠᠳᠪᠠ᠃

      ᠨᠢᠭᠡ᠂ ᠶᠡᠷᠦᠩᠬᠡᠢ ᠱᠠᠭ᠋ᠠᠷᠳᠠᠯᠭ᠎ᠠ

     (ᠨᠢᠭᠡ) ᠵᠢᠯᠤᠭᠣᠳᠬᠤ ᠦᠵᠡᠯ ᠰᠠᠨᠠᠭ᠎ᠠ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠨ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠲᠥᠷᠥ ᠵᠢᠨ ᠪᠣᠳᠣᠯᠭ᠎ᠠ᠎ᠪᠠᠷ ᠬᠥᠲᠥᠯᠥᠨ ᠵᠢᠯᠤᠭᠣᠳᠬᠤ᠂ ᠵᠠᠬ᠎ᠠ ᠳᠡᠯᠭᠡᠭᠦᠷ ᠵᠶ᠋ᠠᠷ ᠠᠵᠢᠯᠯᠠᠭᠤᠯᠬᠤ᠂ ᠵᠠᠰᠠᠭ᠎ᠤᠨ ᠣᠷᠳᠣᠨ᠎ᠠᠴᠠ ᠠᠬᠢᠭᠤᠯᠬᠤ᠂ ᠡᠷᠬᠡ ᠲᠡᠭᠰᠢ᠎ᠪᠠᠷ ᠥᠷᠢᠰᠦᠯᠳᠦᠬᠦ᠂ ᠣᠯᠠᠨ ᠲᠠᠯ᠎ᠠ ᠵᠢᠨ᠎ᠬᠢᠨ ᠬᠦᠷᠲᠡᠬᠦ》 ᠵᠠᠷᠴᠢᠮ ᠶᠣᠰᠣᠭ᠋ᠠᠷ᠂ ᠢᠳᠡᠭᠡᠨ᠎ᠤ ᠠᠮᠤᠷ ᠲᠦᠪᠰᠢᠨ᠎ᠳᠠᠬᠢ ᠬᠠᠷᠢᠶᠠᠲᠤ ᠣᠷᠣᠨ᠎ᠤ ᠬᠠᠷᠢᠭᠤᠴᠠᠯᠭ᠎ᠠ ᠪᠠ ᠦᠢ᠍ᠯᠡᠳᠪᠦᠷᠢᠯᠡᠭᠴᠢ ᠡᠵᠡᠩᠨᠡᠭᠴᠢ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠢ ᠤᠯᠠᠮ ᠨᠢᠭᠡ ᠠᠯᠬᠤᠮ ᠴᠢᠩᠭ᠋ᠠᠳᠬᠠᠨ᠂ ᠳᠠᠭ᠋ᠠᠳᠬᠠᠯ᠎ᠤᠨ ᠲᠦᠭᠰᠢᠭᠦᠷᠢ ᠵᠢᠨ ᠬᠠᠮᠢᠶᠠᠷᠤᠯᠲᠠ ᠪᠠ ᠠᠵᠤ ᠠᠬᠤᠢ ᠵᠢᠨ ᠨᠥᠬᠥᠪᠦᠷᠢ ᠵᠢᠨ ᠴᠢᠳᠠᠮᠵᠢ ᠵᠢ ᠪᠠᠳᠠᠷᠠᠭᠤᠯᠵᠤ᠂ ᠢᠳᠡᠭᠡᠨ᠎ᠤ ᠠᠮᠤᠷ ᠲᠦᠪᠰᠢᠨ᠎ᠤ ᠡᠨᠳᠡᠯ ᠭᠠᠷᠬᠤ ᠵᠢ ᠤᠷᠢᠳᠴᠢᠯᠠᠨ ᠰᠡᠷᠭᠡᠢ᠌ᠯᠡᠬᠦ ᠬᠢᠷᠢ ᠲᠦᠪᠰᠢᠨ᠎ᠢ ᠳᠡᠭᠡᠭᠰᠢᠯᠡᠭᠦᠯᠦᠨ᠂ ᠬᠡᠷᠡᠭᠯᠡᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠵᠤ᠂ ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠨᠡᠷᠡᠳᠬᠦᠨ᠂ ᠦᠢ᠍ᠯᠡᠴᠢᠯᠡᠭᠡ᠂ ᠬᠠᠮᠢᠶᠠᠷᠤᠯᠲᠠ ᠪᠠ ᠮᠡᠷᠭᠡᠵᠢᠯ᠎ᠤᠨ ᠰᠢᠨᠡᠴᠢᠯᠡᠯᠲᠡ ᠵᠢᠨ ᠴᠢᠳᠠᠪᠤᠷᠢ ᠵᠢ ᠴᠢᠩᠭ᠋ᠠᠳᠬᠠᠵᠤ᠂ ᠢᠳᠡᠭᠡᠨ ᠦᠢ᠍ᠯᠡᠳᠪᠦᠷᠢᠯᠡᠭᠴᠢ ᠡᠵᠡᠩᠨᠡᠭᠴᠢᠳ᠎ᠢ ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠢ ᠳᠠᠭ᠋ᠠᠳᠬᠠᠭᠤᠯᠬᠤ᠎ᠪᠠᠷ ᠤᠷᠮᠠᠰᠢᠭᠤᠯᠤᠨ ᠵᠣᠷᠢᠭᠵᠢᠭᠤᠯᠬᠤ ᠪᠠ ᠬᠥᠲᠥᠯᠥᠨ ᠵᠢᠯᠤᠭᠣᠳᠴᠤ᠂ ᠢᠳᠡᠭᠡᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠬᠡᠯᠪᠡᠷᠢ ᠵᠢ ᠰᠢᠯᠢᠳᠡᠭᠵᠢᠭᠦᠯᠵᠦ᠂ ᠨᠡᠢ᠌ᠭᠡᠮ᠎ᠤᠨ ᠵᠠᠰᠠᠯᠲᠠ ᠵᠢᠨ ᠲᠣᠭᠲᠠᠯᠴᠠᠭ᠋ᠠᠨ᠎ᠤ ᠪᠠᠢ᠌ᠭᠤᠯᠤᠯᠲᠠ ᠵᠢ ᠲᠡᠭᠦᠯᠳᠡᠷᠵᠢᠭᠦᠯᠦᠨ᠂ ᠢᠳᠡᠭᠡᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃

     (ᠬᠣᠶᠠᠷ) ᠠᠵᠢᠯ᠎ᠤᠨ ᠬᠠᠷᠠᠯᠲᠠ᠃ ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠪᠠᠲᠤᠯᠠᠭ᠎ᠠ ᠵᠢᠨ ᠲᠣᠭᠲᠠᠯᠴᠠᠭ᠎ᠠ ᠵᠢ ᠪᠦᠷᠢᠨᠰᠢᠭᠦᠯᠵᠦ᠂ ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠢ ᠲᠦᠭᠡᠮᠡᠯᠵᠢᠭᠦᠯᠬᠦ ᠵᠠᠭᠪᠤᠷ᠎ᠢ ᠪᠠᠢ᠌ᠭᠤᠯᠤᠨ᠂ 《ᠳᠠᠭ᠋ᠠᠳᠬᠠᠯ᠎ᠤᠨ ᠵᠠᠷᠤᠳᠠᠯ ᠪᠠᠭ᠎ᠠ᠂ ᠳᠠᠭ᠋ᠠᠳᠬᠠᠯ᠎ᠤᠨ ᠮᠥᠩᠭᠥ ᠶᠡᠬᠡ᠂ ᠪᠠᠲᠤᠯᠠᠬᠤ ᠬᠡᠪᠴᠢᠶ᠎ᠡ ᠥᠷᠭᠡᠨ》 ᠢᠳᠡᠭᠡᠨ᠎ᠤ ᠠᠮᠤᠷ ᠲᠦᠪᠰᠢᠨ᠎ᠤ ᠬᠠᠮ ᠳᠠᠭ᠋ᠠᠳᠬᠠᠯ᠎ᠢ ᠰᠤᠳᠤᠯᠵᠤ ᠬᠥᠭᠵᠢᠭᠦᠯᠬᠦ ᠵᠢ ᠵᠣᠷᠢᠭᠵᠢᠭᠤᠯᠵᠤ᠂ ᠣᠯᠠᠨ ᠡᠰᠢᠲᠦ ᠨᠡᠷᠡᠳᠬᠦᠨ᠎ᠢ ᠰᠢᠨᠵᠢᠯᠡᠬᠦ ᠤᠬᠠᠭ᠋ᠠᠨᠴᠢ ᠵᠦᠢ ᠵᠣᠬᠢᠰᠲᠠᠢ ᠲᠥᠰᠥᠪᠯᠡᠵᠦ᠂ ᠳᠠᠭ᠋ᠠᠳᠬᠠᠯ᠎ᠤᠨ ᠬᠠᠮᠤᠷᠬᠤ ᠬᠡᠪᠴᠢᠶ᠎ᠡ ᠵᠢ ᠥᠷᠭᠡᠳᠬᠡᠨ᠂ 2025 ᠣᠨ ᠪᠣᠯᠬᠤ᠎ᠳᠤ᠂ ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠡᠷᠬᠡ ᠲᠡᠭᠰᠢ ᠨᠢᠭᠡᠳᠦᠯᠲᠡᠢ᠂ ᠠᠮᠤᠷ ᠲᠦᠪᠰᠢᠨ ᠵᠢᠷᠤᠮᠵᠢᠭᠤᠨ᠂ ᠦᠷᠭᠦᠯᠵᠢᠯᠡᠬᠦᠢ᠌ᠴᠡ ᠰᠢᠨ᠎ᠡ ᠬᠥᠭᠵᠢᠯᠲᠡ ᠵᠢᠨ ᠪᠠᠢ᠌ᠷᠢᠰᠢᠭᠤᠯᠤᠯᠲᠠ ᠵᠢ ᠠᠩᠬ᠎ᠠ ᠠᠯᠬᠤᠮ ᠪᠠᠢ᠌ᠭᠤᠯᠬᠤ᠎ᠪᠠᠷ ᠴᠢᠷᠮᠠᠢ᠌ᠨ᠎ᠠ᠃

      ᠬᠣᠶᠠᠷ᠂ ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠲᠣᠭᠲᠠᠯᠴᠠᠭ᠋ᠠᠨ᠎ᠤ ᠪᠠᠢ᠌ᠭᠤᠯᠤᠯᠲᠠ ᠵᠢ ᠴᠢᠩᠭ᠋ᠠᠳᠬᠠᠨ᠎ᠠ

     (ᠭᠤᠷᠪᠠ) ᠳᠠᠭ᠋ᠠᠳᠬᠠᠯ᠎ᠤᠨ ᠨᠡᠷᠡᠳᠬᠦᠨ᠎ᠢ ᠰᠢᠯᠢᠳᠡᠭᠵᠢᠭᠦᠯᠦᠨ᠎ᠡ᠃ ᠳᠠᠭ᠋ᠠᠳᠬᠠᠯ᠎ᠤᠨ ᠪᠠᠢ᠌ᠭᠤᠯᠤᠮᠵᠢ᠎ᠨᠢ ᠳᠠᠭ᠋ᠠᠳᠬᠠᠯ᠎ᠳᠤ ᠳᠠᠭ᠋ᠠᠣᠡᠬᠠᠭᠣᠯᠬᠣ ᠠᠵᠤ ᠠᠬᠤᠢ᠌ᠯᠠᠯ᠎ᠤᠨ ᠠᠵᠢᠯ ᠲᠥᠷᠥᠯ᠎ᠤᠨ ᠲᠥᠷᠥᠯ ᠬᠡᠯᠪᠡᠷᠢ᠂ ᠦᠢ᠍ᠯᠡᠳᠪᠦᠷᠢᠯᠡᠨ ᠡᠵᠡᠩᠨᠡᠬᠦ ᠬᠡᠪᠴᠢᠶ᠎ᠡ᠂ ᠥᠩᠭᠡᠷᠡᠭᠰᠡᠨ᠎ᠤ ᠬᠣᠬᠢᠷᠠᠯ ᠵᠡᠷᠭᠡ ᠪᠠᠢ᠌ᠳᠠᠯ᠎ᠢ ᠶᠡᠷᠦᠩᠬᠡᠢ᠌ᠯᠡᠨ ᠪᠣᠳᠣᠯᠬᠢᠯᠠᠵᠤ᠂ ᠲᠦᠭᠰᠢᠭᠦᠷᠢ ᠵᠢᠨ ᠬᠣᠬᠢᠷᠠᠯ᠎ᠤᠨ ᠵᠠᠷᠴᠢᠮ ᠶᠣᠰᠣᠭ᠋ᠠᠷ᠂ ᠳᠠᠭ᠋ᠠᠳᠬᠠᠯ᠎ᠤᠨ ᠰᠠᠭᠤᠷᠢ ᠵᠠᠷᠤᠳᠠᠯ᠎ᠤᠨ ᠨᠣᠷᠮ᠎ᠠ ᠵᠢ ᠰᠢᠨᠵᠢᠯᠡᠬᠦ ᠤᠬᠠᠭ᠋ᠠᠨᠴᠢ ᠵᠦᠢ ᠵᠣᠬᠢᠰᠲᠠᠢ ᠲᠣᠭᠲᠠᠭ᠋ᠠᠬᠤ ᠬᠡᠷᠡᠭᠲᠡᠢ᠃ ᠳᠠᠭ᠋ᠠᠳᠬᠠᠯ᠎ᠤᠨ ᠵᠠᠷᠤᠳᠠᠯ᠎ᠤᠨ ᠨᠤᠷᠮ᠎ᠠ ᠵᠢᠨ ᠬᠡᠯᠪᠡᠯᠵᠡᠯᠲᠡ ᠵᠢᠨ ᠲᠣᠭᠲᠠᠴᠠ ᠵᠢ ᠪᠠᠢ᠌ᠭᠤᠯᠵᠤ᠂ ᠳᠠᠭ᠋ᠠᠳᠬᠠᠯ᠎ᠤᠨ ᠵᠠᠷᠤᠳᠠᠯ᠎ᠤᠨ ᠨᠤᠷᠮ᠎ᠠ ᠵᠢᠨ ᠬᠥᠰᠢᠭᠦᠷᠭᠡ ᠵᠢᠨ ᠲᠣᠬᠢᠷᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ 《ᠦᠨᠳᠦᠰᠦᠨ ᠬᠠᠷᠢᠭᠤᠴᠠᠯᠭ᠎ᠠ ᠵᠢᠨ ᠳᠠᠭ᠋ᠠᠳᠬᠠᠯ + ᠨᠡᠮᠡᠯᠲᠡ ᠳᠠᠭ᠋ᠠᠳᠬᠠᠯ》 ᠵᠶ᠋ᠠᠷ ᠪᠦᠲᠦᠴᠡ ᠪᠣᠯᠭ᠋ᠠᠨ᠂ 《ᠰᠦᠢ᠍ᠳᠦᠯ᠎ᠤᠨ ᠲᠥᠯᠥᠪᠦᠷᠢ + ᠵᠠᠷᠤᠳᠠᠯ᠎ᠤᠨ ᠨᠥᠬᠥᠪᠦᠷᠢ》᠎ᠪᠠᠷ ᠴᠢᠭᠯᠡᠯ ᠪᠣᠯᠭ᠋ᠠᠵᠤ᠂ ᠳᠠᠭ᠋ᠠᠳᠬᠠᠯ᠎ᠤᠨ ᠰᠢᠨ᠎ᠡ ᠨᠡᠷᠡᠳᠬᠦᠨ ᠎ᠢ ᠢᠳᠡᠪᠬᠢᠲᠡᠢ ᠨᠡᠭᠡᠭᠡᠨ ᠬᠥᠭᠵᠢᠭᠦᠯᠬᠦ ᠬᠡᠷᠡᠭᠲᠡᠢ᠃ ᠢᠳᠡᠭᠡᠨ ᠦᠢ᠍ᠯᠡᠳᠪᠦᠷᠢᠯᠡᠬᠦ ᠡᠵᠡᠩᠨᠡᠬᠦ ᠨᠢᠭᠡᠴᠢ ᠵᠢᠨ ᠬᠡᠪᠴᠢᠶ᠎ᠡ᠂ ᠡᠵᠡᠩᠨᠡᠯᠲᠡ ᠵᠢᠨ ᠪᠠᠢ᠌ᠳᠠᠯ ᠲᠥᠯᠥᠪ᠂ ᠲᠦᠭᠰᠢᠭᠦᠷᠢ ᠵᠢᠨ ᠣᠨᠴᠠᠯᠢᠭ ᠵᠡᠷᠭᠡ ᠵᠢ ᠦᠨᠳᠦᠰᠦᠯᠡᠨ ᠨᠡᠷᠡᠳᠬᠦᠨ᠎ᠤ ᠳᠠᠭ᠋ᠠᠳᠬᠠᠯ᠂ ᠡᠭᠡᠭᠦᠯᠦᠨ ᠠᠪᠴᠤ ᠲᠥᠯᠥᠪᠦᠷᠢ ᠥᠭᠬᠦ ᠳᠠᠭ᠋ᠠᠳᠬᠠᠯ᠂ ᠬᠠᠮᠲᠤ ᠴᠣᠭᠴᠠ ᠵᠢᠨ ᠳᠠᠭ᠋ᠠᠳᠬᠠᠯ ᠮᠡᠲᠦ ᠵᠢᠨ ᠣᠯᠠᠨ ᠡᠰᠢᠲᠦ ᠳᠠᠭ᠋ᠠᠳᠬᠠᠯ᠎ᠤᠨ ᠨᠡᠷᠡᠳᠬᠦᠨ᠎ᠢ ᠲᠥᠯᠥᠪᠯᠡᠨ ᠨᠡᠭᠡᠭᠡᠨ ᠬᠥᠭᠵᠢᠭᠦᠯᠵᠦ᠂ ᠳᠠᠭ᠋ᠠᠳᠬᠠᠯ᠎ᠤᠨ ᠬᠠᠷᠢᠭᠤᠴᠠᠯᠭ᠎ᠠ ᠵᠢᠨ ᠬᠡᠪᠴᠢᠶ᠎ᠡ ᠪᠠ ᠲᠥᠯᠥᠪᠦᠷᠢ ᠲᠥᠯᠥᠬᠦ ᠶᠠᠪᠤᠴᠠ ᠵᠢ ᠲᠣᠳᠣᠷᠬᠠᠢ᠌ᠯᠠᠵᠤ᠂ ᠬᠠᠷᠢᠭᠤᠴᠠᠯᠭ᠎ᠠ᠎ᠠᠴᠠ ᠬᠡᠯᠲᠦᠷᠢᠭᠦᠯᠬᠦ ᠵᠦᠢ᠍ᠯ ᠵᠤᠷᠪᠤᠰ᠎ᠢ ᠵᠣᠬᠢᠰᠲᠠᠢ᠎ᠪᠠᠷ ᠴᠥᠭᠡᠳᠬᠡᠨ᠂ ᠵᠠᠬ᠎ᠠ ᠳᠡᠯᠭᠡᠭᠦᠷ᠎ᠤᠨ ᠡᠯ᠎ᠡ ᠲᠥᠷᠥᠯ᠎ᠤᠨ ᠭᠣᠣᠯ ᠴᠣᠭᠴᠠ ᠵᠢᠨ ᠠᠳᠠᠯᠢ ᠪᠤᠰᠤ ᠱᠠᠭ᠋ᠠᠷᠳᠠᠯᠭ᠎ᠠ ᠵᠢ ᠬᠠᠩᠭ᠋ᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠲᠤᠰᠬᠠᠢ ᠬᠠᠷᠢᠶᠠᠯᠠᠯ᠎ᠤᠨ ᠳᠠᠭ᠋ᠠᠳᠬᠠᠯ᠎ᠤᠨ ᠨᠡᠷᠡᠳᠬᠦᠨ᠎ᠢ ᠨᠡᠭᠡᠭᠡᠨ ᠬᠥᠭᠵᠢᠭᠦᠯᠵᠦ᠂ ᠤᠤᠯ᠎ᠤᠨ ᠳᠠᠭ᠋ᠠᠳᠬᠠᠯ᠎ᠤᠨ ᠨᠡᠷᠡᠳᠬᠦᠨ᠎ᠤ ᠬᠠᠨᠳᠤᠯᠭ᠋ᠠᠲᠤ ᠴᠢᠨᠠᠷ ᠰᠤᠯᠠ᠂ ᠪᠠᠲᠤᠯᠠᠭ᠎ᠠ ᠴᠥᠭᠡᠨ᠂ ᠬᠠᠩᠰᠢ ᠥᠨᠳᠥᠷ᠂ ᠲᠥᠯᠥᠪᠦᠷᠢ ᠲᠥᠯᠥᠬᠦ᠎ᠳᠤ ᠬᠦᠴᠢᠷ ᠵᠡᠷᠭᠡ ᠠᠰᠠᠭᠤᠳᠠᠯ᠎ᠤᠳ᠎ᠢ ᠭᠣᠣᠯᠳᠠᠯᠭ᠎ᠠ᠎ᠲᠠᠢ ᠰᠢᠢ᠍ᠳᠪᠦᠷᠢᠯᠡᠨ᠎ᠡ᠃ ᠳᠠᠭ᠋ᠠᠳᠬᠠᠯ᠎ᠳᠤ ᠥᠷᠭᠦᠯᠵᠢᠯᠡᠨ ᠣᠷᠤᠯᠴᠠᠬᠤ ᠠᠵᠤ ᠠᠬᠤᠢ᠌ᠯᠠᠯ ᠨᠢᠭᠡᠴᠢ᠎ᠨᠦᠭᠦᠳ᠎ᠲᠤ ᠤᠷᠮᠠᠰᠢᠭᠤᠯᠤᠯ᠎ᠤᠨ ᠳᠥᠷᠥ ᠵᠢᠨ ᠪᠣᠳᠣᠯᠭ᠎ᠠ ᠬᠠᠩᠭ᠋ᠠᠵᠤ᠂ ᠢᠳᠡᠭᠡᠨ ᠦᠢ᠍ᠯᠡᠳᠪᠦᠷᠢᠯᠡᠭᠴᠢ ᠡᠵᠡᠩᠨᠡᠭᠴᠢᠳ᠎ᠤᠨ ᠤᠬᠠᠮᠰᠠᠷ᠎ᠠᠴᠠ᠎ᠪᠠᠨ ᠳᠠᠭ᠋ᠠᠳᠬᠠᠯ᠎ᠳᠤ ᠣᠷᠤᠯᠴᠠᠬᠤ ᠳᠣᠲᠣᠭ᠋ᠠᠳᠤ ᠬᠦᠴᠦᠨ᠎ᠢ ᠳᠡᠭᠡᠭᠰᠢᠯᠡᠭᠦᠯᠬᠦ ᠬᠡᠷᠡᠭᠲᠡᠢ᠃

     (ᠳᠥᠷᠪᠡ) ᠵᠠᠬ᠎ᠠ ᠳᠡᠯᠭᠡᠭᠦᠷ᠎ᠤᠨ ᠠᠵᠢᠯᠯᠠᠭ᠋ᠠᠨ᠎ᠤ ᠲᠣᠭᠲᠠᠴᠠ ᠵᠢ ᠵᠢᠷᠤᠮᠵᠢᠭᠤᠯᠤᠨ᠎ᠠ᠃ ᠳᠠᠭ᠋ᠠᠳᠬᠠᠯ᠎ᠤᠨ ᠵᠠᠭᠪᠤᠷ᠎ᠤᠨ ᠰᠢᠨᠡᠴᠢᠯᠡᠯᠲᠡ ᠵᠢ ᠵᠣᠷᠢᠭᠵᠢᠭᠤᠯᠵᠤ᠂ ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠬᠠᠮᠢᠶᠠᠳᠠᠬᠤ ᠲᠠᠯ᠎ᠠ ᠵᠢᠨ᠎ᠬᠢᠨ ᠵᠠᠭᠤᠴᠢᠯᠠᠬᠤ ᠺᠤᠮᠫᠠᠨᠢ ᠵᠢ ᠲᠣᠬᠢᠷᠠᠮᠵᠢᠲᠠᠢ ᠴᠠᠭ᠎ᠲᠤ ᠣᠷᠣᠭᠤᠯᠤᠨ ᠠᠪᠴᠢᠷᠠᠵᠤ᠂ ᠳᠠᠭ᠋ᠠᠳᠬᠠᠯ᠎ᠤᠨ ᠪᠠᠢ᠌ᠭᠤᠯᠤᠮᠵᠢ ᠵᠢᠨ 《ᠬᠠᠮᠵᠢᠶ᠎ᠠ ᠳᠠᠭ᠋ᠠᠳᠬᠠᠯ᠎ᠤᠨ ᠴᠣᠭᠴᠠ》 ᠬᠡᠯᠪᠡᠷᠢ᠎ᠪᠠᠷ ᠬᠠᠮᠲᠤᠷᠠᠨ ᠳᠠᠭ᠋ᠠᠳᠬᠠᠯ ᠳᠠᠭ᠋ᠠᠭ᠋ᠠᠬᠤ ᠵᠢ᠎ᠨᠢ ᠵᠣᠷᠢᠭᠵᠢᠭᠤᠯᠵᠤ᠂ ᠨᠢᠭᠡᠳᠦᠯᠲᠡᠢ ᠳᠠᠭ᠋ᠠᠳᠬᠠᠯ᠎ᠤᠨ ᠲᠥᠷᠥᠯ᠂ ᠨᠢᠭᠡᠳᠦᠯᠲᠡᠢ ᠵᠠᠷᠤᠳᠠᠯ᠎ᠤᠨ ᠨᠤᠷᠮ᠎ᠠ᠂ ᠨᠢᠭᠡᠳᠦᠯᠲᠡᠢ ᠵᠦᠢ᠍ᠯ ᠵᠤᠷᠪᠤᠰ᠂ ᠨᠢᠭᠡᠳᠦᠯᠲᠡᠢ ᠪᠠᠲᠤᠯᠠᠭ᠎ᠠ ᠵᠢᠨ ᠬᠡᠪᠴᠢᠶ᠎ᠡ ᠵᠢᠨ ᠵᠠᠭᠪᠤᠷ᠎ᠢ ᠬᠡᠷᠡᠭᠵᠢᠭᠦᠯᠵᠦ᠂ ᠠᠵᠢᠯ ᠲᠥᠷᠥᠯ ᠵᠶ᠋ᠡᠷ᠎ᠨᠢ ᠨᠢᠭᠡᠳᠦᠯᠲᠡᠢ ᠳᠠᠭ᠋ᠠᠣᠡᠬᠠᠭᠣᠯᠬᠣ᠂ ᠣᠷᠣᠨ ᠪᠦᠰᠡ ᠵᠢᠨ᠎ᠬᠢᠨ ᠲᠥᠪᠯᠡᠷᠡᠨ ᠳᠠᠭ᠋ᠠᠳᠬᠠᠯ᠎ᠳᠤ ᠳᠠᠭ᠋ᠠᠣᠡᠬᠠᠭᠣᠯᠬᠣ ᠵᠡᠷᠭᠡ ᠬᠡᠯᠪᠡᠷᠢ᠎ᠪᠠᠷ ᠬᠠᠮᠲᠤ ᠴᠣᠭᠴᠠ᠎ᠪᠠᠷ ᠵᠶ᠋ᠠᠨ᠂ ᠪᠥᠭᠡᠮ ᠵᠶ᠋ᠡᠷ ᠵᠶ᠋ᠠᠨ ᠳᠠᠭ᠋ᠠᠳᠬᠠᠯ᠎ᠳᠤ ᠣᠷᠤᠯᠴᠠᠬᠤ ᠵᠢ ᠠᠬᠢᠭᠤᠯᠤᠨ᠂ ᠳᠠᠭ᠋ᠠᠳᠬᠠᠯ᠎ᠤᠨ ᠬᠡᠪᠴᠢᠶᠡᠵᠢᠯ᠎ᠤᠨ ᠨᠥᠯᠥᠭᠡᠯᠡᠯ᠎ᠢ ᠳᠡᠭᠡᠭᠰᠢᠯᠡᠭᠦᠯᠵᠦ᠂ ᠳᠠᠭ᠋ᠠᠳᠬᠠᠯ᠎ᠤᠨ ᠥᠪᠡᠷ᠎ᠤᠨ ᠦᠷᠲᠡᠭ᠎ᠢ ᠪᠠᠭᠤᠷᠠᠭᠤᠯᠬᠤ ᠬᠡᠷᠡᠭᠲᠡᠢ᠃

     (ᠲᠠᠪᠤ) ᠳᠠᠭ᠋ᠠᠳᠬᠠᠯ᠎ᠤᠨ ᠲᠥᠯᠥᠪᠦᠷᠢ ᠲᠥᠯᠥᠬᠦ ᠲᠣᠭᠲᠠᠴᠠ ᠵᠢ ᠲᠡᠭᠦᠯᠳᠡᠷᠵᠢᠭᠦᠯᠦᠨ᠎ᠡ᠃ ᠳᠠᠭ᠋ᠠᠳᠬᠠᠯ᠎ᠤᠨ ᠦᠢ᠍ᠯᠡᠴᠢᠯᠡᠭᠡᠨ᠎ᠤ ᠬᠡᠯᠪᠡᠷᠢ ᠵᠢ ᠰᠢᠨᠡᠴᠢᠯᠡᠵᠦ᠂ ᠳᠠᠭ᠋ᠠᠳᠬᠠᠯ᠎ᠳᠤ ᠳᠠᠭ᠋ᠠᠣᠡᠬᠠᠭᠣᠯᠣᠭᠰᠠᠨ ᠢᠳᠡᠭᠡᠨ ᠦᠢ᠍ᠯᠡᠳᠪᠦᠷᠢᠯᠡᠨ ᠡᠵᠡᠩᠨᠡᠬᠦ ᠠᠵᠤ ᠠᠬᠤᠢ᠌ᠯᠠᠯ ᠨᠢᠭᠡᠴᠢ ᠎ᠨᠦᠭᠦᠳ᠎ᠲᠤ ᠲᠦᠭᠰᠢᠭᠦᠷᠢ ᠵᠢᠨ ᠬᠠᠮᠢᠶᠠᠷᠤᠯᠲᠠ ᠵᠢᠨ ᠦᠢ᠍ᠯᠡᠴᠢᠯᠡᠭᠡ ᠬᠠᠩᠭ᠋ᠠᠬᠤ᠎ᠪᠠᠨ ᠴᠢᠩᠭ᠋ᠠᠳᠬᠠᠵᠤ᠂ ᠳᠠᠭ᠋ᠠᠳᠬᠠᠯ᠎ᠳᠤ ᠳᠠᠭ᠋ᠠᠣᠡᠬᠠᠭᠣᠯᠣᠭᠰᠠᠨ ᠠᠵᠤ ᠠᠬᠤᠢ᠌ᠯᠠᠯ ᠨᠢᠭᠡᠴᠢ᠎ᠨᠦᠭᠦᠳ᠎ᠤᠨ ᠲᠦᠭᠰᠢᠭᠦᠷᠢ ᠵᠢᠨ ᠲᠤᠬᠠᠢ ᠬᠥᠮᠦᠵᠢᠯ ᠬᠢᠬᠦ ᠪᠠ ᠡᠨᠳᠡᠯ ᠭᠠᠷᠬᠤ᠎ᠠᠴᠠ ᠰᠡᠷᠭᠡᠢ᠌ᠯᠡᠬᠦ ᠬᠠᠮᠢᠶᠠᠷᠤᠯᠲᠠ ᠥᠷᠨᠢᠭᠦᠯᠬᠦ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠵᠢᠯᠤᠭᠣᠳᠴᠤ᠂ ᠳᠠᠭ᠋ᠠᠳᠬᠠᠯ᠎ᠳᠤ ᠳᠠᠭ᠋ᠠᠣᠡᠬᠠᠭᠣᠯᠣᠭᠰᠠᠣᠨ᠎ᠤᠨ ᠢᠳᠡᠭᠡᠨ᠎ᠤ ᠠᠮᠤᠷ ᠲᠦᠪᠰᠢᠨ᠎ᠤ ᠡᠨᠳᠡᠯ ᠭᠠᠷᠬᠤ᠎ᠠᠴᠠ ᠰᠡᠷᠭᠡᠢ᠌ᠯᠡᠬᠦ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠢ᠃ ᠳᠠᠭ᠋ᠠᠳᠬᠠᠯ᠎ᠤᠨ ᠪᠠᠢ᠌ᠭᠤᠯᠤᠮᠵᠢ ᠵᠢᠨ ᠲᠥᠯᠥᠪᠦᠷᠢ ᠲᠥᠯᠥᠬᠦ ᠮᠡᠳᠡᠭᠡ ᠵᠠᠩᠭᠢᠵᠢᠯᠲᠠ ᠵᠢᠨ ᠵᠠᠮ ᠮᠥᠷ᠎ᠤᠨ ᠪᠠᠢ᠌ᠭᠤᠯᠤᠯᠲᠠ ᠵᠢ ᠳᠡᠮᠵᠢᠵᠦ᠂ ᠪᠠᠭ᠎ᠠ ᠲᠣᠭ᠋ᠠᠨ᠎ᠤ ᠲᠥᠯᠥᠪᠦᠷᠢ ᠵᠢᠨ ᠲᠥᠯᠥᠬᠦ ᠶᠠᠪᠤᠴᠠ ᠵᠢ ᠴᠣᠮᠬᠠᠳᠬᠠᠵᠤ᠂ ᠲᠦᠷᠭᠡᠨ ᠰᠢᠢ᠍ᠳᠪᠦᠷᠢᠯᠡᠬᠦ ᠴᠤᠪᠤᠷᠠᠯ᠎ᠢ ᠲᠣᠳᠣᠷᠬᠠᠢ᠌ᠯᠠᠨ᠂ ᠳᠠᠭ᠋ᠠᠳᠬᠠᠯ᠎ᠤᠨ ᠲᠥᠯᠥᠪᠦᠷᠢ ᠲᠥᠯᠥᠬᠦ ᠬᠠᠷᠢᠭᠤᠴᠠᠯᠭ᠎ᠠ ᠵᠢ᠎ᠨᠢ ᠴᠠᠭ ᠲᠤᠬᠠᠢ᠎ᠳᠤ᠎ᠨᠢ ᠭᠦᠢ᠍ᠴᠡᠳᠬᠡᠯᠭᠡᠬᠦ ᠬᠡᠷᠡᠭᠲᠡᠢ᠃ ᠬᠠᠷᠢᠭᠤᠴᠠᠯᠭ᠎ᠠ᠎ᠨᠢ ᠲᠣᠳᠣᠷᠬᠠᠢ ᠢᠳᠡᠭᠡᠨ᠎ᠤ ᠠᠮᠤᠷ ᠲᠦᠪᠰᠢᠨ᠎ᠤ ᠡᠨᠳᠡᠯ᠎ᠳᠤ ᠳᠠᠭ᠋ᠠᠳᠬᠠᠯ᠎ᠤᠨ ᠪᠠᠢ᠌ᠭᠤᠯᠤᠮᠵᠢ᠎ᠠᠴᠠ ᠬᠣᠬᠢᠷᠠᠭᠴᠢᠳ᠎ᠲᠤ ᠤᠷᠢᠳ ᠵᠶ᠋ᠠᠷ ᠲᠦᠯᠣᠭᠦ ᠪᠤᠶᠤ ᠲᠥᠯᠥᠪᠦᠷᠢ ᠵᠢᠨ ᠮᠥᠩᠭᠥ᠎ᠪᠠᠨ ᠤᠷᠢᠳᠴᠢᠯᠠᠨ ᠥᠭᠴᠦ᠂ ᠲᠥᠯᠥᠪᠦᠷᠢ ᠲᠥᠯᠥᠬᠦ ᠦᠷ᠎ᠡ ᠪᠦᠲᠦᠮᠵᠢ᠎ᠪᠠᠨ ᠳᠡᠭᠡᠭᠰᠢᠯᠡᠭᠦᠯᠵᠦ᠂ ᠨᠡᠢ᠌ᠭᠡᠮ᠎ᠤᠨ ᠵᠥᠷᠢᠴᠡᠯ ᠵᠢᠭᠤᠷᠠᠯᠳᠤᠭ᠋ᠠᠨ᠎ᠢ ᠳᠠᠷᠤᠢ᠌ᠬᠠᠨ ᠰᠢᠢ᠍ᠳᠪᠦᠷᠢᠯᠡᠵᠦ᠂ ᠲᠥᠯᠥᠬᠦ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠬᠡᠷᠡᠭᠲᠡᠢ᠃

     (ᠵᠢᠷᠭᠤᠭ᠎ᠠ) ᠳᠠᠭ᠋ᠠᠳᠬᠠᠯ᠎ᠳᠤ ᠣᠷᠤᠯᠴᠠᠬᠤ ᠡᠵᠡᠩᠨᠡᠯᠲᠡ ᠵᠢᠨ ᠪᠠᠢ᠌ᠳᠠᠯ ᠲᠥᠯᠥᠪ᠎ᠤᠨ ᠬᠡᠪᠴᠢᠶ᠎ᠡ ᠵᠢ ᠲᠣᠳᠣᠷᠬᠠᠢ᠌ᠯᠠᠨ᠎ᠠ᠃ ᠡᠯ᠎ᠡ ᠭᠠᠵᠠᠷ ᠣᠷᠣᠨ᠎ᠨᠢ ᠭᠦᠨᠵᠡᠭᠡᠢ ᠰᠤᠳᠤᠯᠤᠭᠰᠠᠨ ᠰᠠᠭᠤᠷᠢᠨ ᠳᠡᠭᠡᠷ᠎ᠡ᠂ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠮᠢᠬ᠎ᠠ ᠥᠨᠳᠡᠭᠡ ᠰᠦ ᠵᠢᠴᠢ ᠡᠳᠡᠭᠡᠷ᠎ᠤᠨ ᠪᠦᠲᠦᠭᠡᠭᠳᠡᠬᠦᠨ᠎ᠤᠳ (ᠨᠢᠷᠠᠢ ᠨᠢᠯᠬ᠎ᠠ ᠬᠡᠦᠬᠡᠳ᠎ᠤᠨ ᠬᠡᠷᠡᠭᠯᠡᠬᠦ ᠨᠠᠢ᠌ᠷᠠᠯᠭ᠎ᠠ᠎ᠲᠠᠢ ᠰᠦᠨ ᠲᠠᠯᠬ᠎ᠠ ᠪᠠᠭᠲᠠᠨ᠎ᠠ) ᠪᠠ ᠬᠠᠷ᠎ᠠ ᠠᠷᠢᠬᠢ ᠦᠢ᠍ᠯᠡᠳᠪᠦᠷᠢᠯᠡᠬᠦ ᠠᠵᠤ ᠠᠬᠤᠢ᠌ᠯᠠᠯ᠂ ᠬᠠᠮᠲᠤ᠎ᠪᠠᠷ ᠬᠣᠭᠣᠯᠠᠯᠠᠳᠠᠭ ᠨᠢᠭᠡᠴᠢ (ᠰᠤᠷᠭ᠋ᠠᠭᠤᠯᠢ ᠵᠢᠨ ᠬᠦᠷᠢᠶᠡᠨ᠎ᠳᠠᠬᠢ ᠬᠣᠭᠣᠯᠠᠨ ᠭᠡᠷ᠂ ᠨᠠᠰᠤᠲᠠᠨ᠎ᠢ ᠠᠰᠠᠷᠠᠬᠤ ᠪᠠᠢ᠌ᠭᠤᠯᠤᠮᠵᠢ ᠵᠢᠨ ᠬᠣᠭᠣᠯᠠᠨ ᠭᠡᠷ᠂ ᠬᠥᠳᠡᠭᠡ ᠲᠣᠰᠬᠣᠨ᠎ᠤ ᠬᠠᠮᠲᠤ᠎ᠪᠠᠷ ᠬᠣᠭᠣᠯᠠᠯᠠᠬᠤ᠎ᠳᠤ ᠡᠵᠡᠩᠨᠡᠵᠦ ᠪᠠᠢ᠌ᠭ᠎ᠠ ᠨᠢᠭᠡᠴᠢ ᠵᠡᠷᠭᠡ ᠪᠠᠭᠲᠠᠨ᠎ᠠ)᠂ ᠪᠥᠭᠡᠮ ᠢᠳᠡᠭᠡᠨ᠎ᠢ ᠲᠣᠬᠢᠷᠠᠭᠤᠯᠤᠨ ᠬᠦᠷᠭᠡᠬᠦ ᠨᠢᠭᠡᠴᠢ᠂ ᠬᠣᠭᠣᠯᠠᠨ ᠭᠡᠷ᠎ᠤᠨ ᠬᠠᠮ ᠦᠢ᠍ᠯᠡᠴᠢᠯᠡᠭᠦᠷ ᠪᠠ ᠵᠠᠬᠢᠶᠠᠯᠠᠭ᠎ᠠ᠎ᠪᠠᠷ ᠪᠣᠯᠤᠭᠰᠠᠨ ᠢᠳᠡᠭᠡᠨ ᠲᠣᠬᠢᠷᠠᠭᠤᠯᠤᠨ ᠬᠦᠷᠭᠡᠬᠦ ᠨᠢᠭᠡᠴᠢ᠎ᠨᠦᠭᠦᠳ᠎ᠤᠨ ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠳᠤ ᠤᠬᠠᠮᠰᠠᠷ᠎ᠠᠴᠠ᠎ᠪᠠᠨ ᠳᠠᠭ᠋ᠠᠣᠡᠬᠠᠭᠣᠯᠬᠣ ᠵᠢ ᠭᠣᠣᠯᠳᠠᠯᠭ᠎ᠠ᠎ᠲᠠᠢ ᠠᠬᠢᠭᠤᠯᠬᠤ ᠬᠡᠷᠡᠭᠲᠡᠢ᠃ ᠨᠥᠬᠥᠴᠡᠯ᠎ᠲᠠᠢ ᠣᠷᠣᠨ ᠨᠤᠲᠤᠭ᠎ᠨᠢ ᠬᠡᠪᠴᠢᠶᠡᠵᠢᠯ᠎ᠠᠴᠠ ᠳᠡᠭᠡᠭᠰᠢᠬᠢ ᠢᠳᠡᠭᠡᠨ ᠦᠢ᠍ᠯᠡᠳᠪᠦᠷᠢᠯᠡᠬᠦ ᠠᠵᠤ ᠠᠬᠤᠢ᠌ᠯᠠᠯ᠂ ᠲᠠᠷᠢᠶᠠᠴᠢᠳ᠎ᠤᠨ ᠲᠤᠰᠬᠠᠢ ᠮᠡᠷᠭᠡᠵᠢᠯ᠎ᠤᠨ ᠬᠣᠷᠰᠢᠶᠠᠵᠢᠯ᠂ ᠡᠷᠡᠭᠦᠯᠵᠢᠯ᠎ᠤᠨ ᠢᠳᠡᠭᠡᠨ ᠦᠢ᠍ᠯᠡᠳᠪᠦᠷᠢᠯᠡᠬᠦ ᠠᠵᠤ ᠠᠬᠤᠢ᠌ᠯᠠᠯ᠂ ᠲᠠᠷᠢᠶᠠᠯᠠᠩ᠎ᠤᠨ ᠢᠳᠡᠭᠡᠨ᠎ᠤ ᠪᠦᠲᠦᠭᠡᠭᠳᠡᠬᠦᠨ᠎ᠤ ᠴᠤᠭᠯᠠᠭ᠎ᠠ ᠮᠠᠢ᠌ᠮᠠᠢ ᠵᠢᠨ ᠵᠠᠬ᠎ᠠ ᠳᠡᠯᠭᠡᠭᠦᠷ᠂ ᠢᠳᠡᠭᠡᠨ ᠪᠣᠷᠣᠯᠠᠭᠤᠯᠬᠤ ᠰᠦᠯᠵᠢᠶᠡᠨ ᠲᠠᠪᠴᠠᠩ᠂ ᠢᠳᠡᠭᠡᠨ ᠤᠮᠳᠠᠭ᠋ᠠᠨ᠎ᠤ ᠬᠡᠯᠬᠢᠶ᠎ᠡ ᠠᠵᠤ ᠠᠬᠤᠢ᠌ᠯᠠᠯ᠂ ᠬᠡᠯᠬᠢᠶ᠎ᠡ ᠬᠡᠳᠦ ᠳᠡᠯᠭᠡᠭᠦᠷ ᠵᠢᠴᠢ ᠲᠦᠭᠰᠢᠭᠦᠷᠢ᠎ᠪᠠᠷ ᠬᠠᠷᠢᠴᠠᠩᠭᠤᠢ ᠥᠨᠳᠥᠷ ᠪᠠᠢ᠌ᠭ᠎ᠠ ᠢᠳᠡᠭᠡᠨ ᠦᠢ᠍ᠯᠡᠳᠪᠦᠷᠢᠯᠡᠨ ᠡᠵᠡᠩᠨᠡᠬᠦ ᠪᠤᠰᠤᠳ ᠨᠢᠭᠡᠴᠢ᠎ᠨᠦᠭᠦᠳ᠎ᠤᠨ ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠳᠤ ᠣᠷᠤᠯᠴᠠᠬᠤ ᠵᠢ ᠢᠳᠡᠪᠬᠢᠲᠡᠢ ᠠᠬᠢᠭᠤᠯᠬᠤ ᠬᠡᠷᠡᠭᠲᠡᠢ᠃

      ᠭᠤᠷᠪᠠ᠂ ᠵᠣᠬᠢᠶᠠᠨ ᠪᠠᠢ᠌ᠭᠤᠯᠵᠤ ᠵᠣᠬᠢᠴᠠᠭᠤᠯᠬᠤ ᠵᠢ ᠴᠢᠩᠭ᠋ᠠᠷᠠᠭᠤᠯᠤᠨ᠎ᠠ

     (ᠳᠣᠯᠣᠭ᠎ᠠ) ᠵᠣᠬᠢᠶᠠᠨ ᠪᠠᠢ᠌ᠭᠤᠯᠵᠤ ᠵᠣᠬᠢᠴᠠᠭᠤᠯᠬᠤ ᠵᠢ ᠴᠢᠩᠭ᠋ᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠠᠵᠢᠯ᠎ᠢ ᠡᠳᠦᠷ ᠲᠣᠲᠣᠮ᠎ᠤᠨ ᠭᠣᠣᠯᠳᠠᠯᠭ᠎ᠠ ᠪᠣᠯᠬᠤ ᠠᠵᠢᠯ᠎ᠳᠤ᠎ᠪᠠᠨ ᠣᠷᠣᠭᠤᠯᠬᠤ ᠵᠢ ᠪᠦᠬᠦ ᠲᠠᠯ᠎ᠠ᠎ᠪᠠᠷ ᠠᠬᠢᠭᠤᠯᠵᠤ᠂ ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠵᠤ᠂ ᠠᠵᠢᠯ ᠪᠠᠢ᠌ᠷᠢᠯᠠᠭᠤᠯᠬᠤ᠂ ᠬᠡᠷᠡᠭᠵᠢᠭᠦᠯᠬᠦ ᠪᠠᠢ᠌ᠴᠠᠭ᠋ᠠᠬᠤ ᠪᠠ ᠰᠢᠯᠭ᠋ᠠᠨ ᠬᠢᠨᠠᠬᠤ ᠡᠷᠴᠢᠮ ᠵᠶ᠋ᠡᠨ ᠴᠢᠩᠭ᠋ᠠᠷᠠᠭᠤᠯᠬᠤ ᠬᠡᠷᠡᠭᠲᠡᠢ; ᠨᠢᠭᠡᠳᠦᠯᠲᠡᠢ ᠲᠥᠯᠥᠪᠯᠡᠨ ᠬᠠᠮᠲᠤᠷᠠᠨ ᠠᠵᠢᠯᠯᠠᠵᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ᠂ ᠳᠠᠭ᠋ᠠᠳᠬᠠᠯ᠎ᠤᠨ ᠪᠠᠢ᠌ᠭᠤᠯᠤᠮᠵᠢ᠂ ᠳᠠᠭ᠋ᠠᠳᠬᠠᠯ᠎ᠳᠤ ᠣᠷᠣᠯᠴᠠᠭᠰᠠᠨ ᠨᠢᠭᠡᠴᠢ ᠵᠡᠷᠭᠡ ᠣᠯᠠᠨ ᠡᠲᠡᠭᠡᠳ ᠵᠶ᠋ᠠᠷ ᠵᠶ᠋ᠠᠨ ᠣᠷᠣᠯᠴᠠᠭᠰᠠᠨ ᠠᠵᠢᠯ᠎ᠤᠨ ᠲᠣᠭᠲᠠᠴᠠ ᠵᠢ ᠪᠠᠢ᠌ᠭᠤᠯᠤᠨ᠂ ᠬᠠᠮᠲᠤᠷᠠᠯ ᠬᠦᠴᠦᠨ᠎ᠢ ᠪᠦᠷᠢᠯᠳᠦᠭᠦᠯᠵᠦ᠂ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠢᠳᠡᠪᠬᠢᠲᠡᠢ ᠠᠬᠢᠭᠤᠯᠤᠨ᠂ ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠠᠵᠢᠯ᠎ᠤᠨ ᠡᠮᠬᠢ ᠳᠠᠷᠠᠭ᠋ᠠᠯᠠᠯ᠎ᠲᠠᠢ ᠠᠬᠢᠬᠤ ᠵᠢ ᠪᠠᠲᠤᠯᠠᠬᠤ ᠬᠡᠷᠡᠭᠲᠡᠢ᠃

     (ᠨᠠᠢ᠍ᠮᠠ)   ᠲᠦᠭᠰᠢᠭᠦᠷᠢ ᠵᠢᠨ ᠲᠠᠯ᠎ᠠ᠎ᠳᠠᠬᠢ ᠬᠠᠮᠢᠶᠠᠷᠤᠯᠲᠠ᠎ᠪᠠᠨ ᠴᠢᠩᠭ᠋ᠠᠳᠬᠠᠨ᠎ᠠ᠃ ᠳᠠᠭ᠋ᠠᠳᠬᠠᠯ᠎ᠤᠨ ᠪᠠᠢ᠌ᠭᠤᠯᠤᠮᠵᠢ᠎ᠨᠢ ᠲᠦᠭᠰᠢᠭᠦᠷᠢ ᠵᠢᠨ ᠲᠠᠯ᠎ᠠ᠎ᠳᠠᠬᠢ ᠬᠠᠮᠢᠶᠠᠷᠤᠯᠲᠠ ᠦᠢ᠍ᠯᠡᠴᠢᠯᠡᠭᠡ᠎ᠪᠠᠨ ᠴᠢᠩᠭ᠋ᠠᠳᠬᠠᠵᠤ᠂ ᠲᠤᠰᠬᠠᠢ ᠮᠡᠷᠭᠡᠵᠢᠯ᠎ᠤᠨ ᠦᠢ᠍ᠯᠡᠴᠢᠯᠡᠭᠡᠨ᠎ᠤ ᠴᠢᠳᠠᠪᠤᠷᠢ᠎ᠪᠠᠨ ᠳᠡᠭᠡᠭᠰᠢᠯᠡᠭᠦᠯᠦᠨ᠂ ᠳᠠᠭ᠋ᠠᠳᠬᠠᠯ᠎ᠳᠤ ᠣᠷᠣᠯᠴᠠᠭᠰᠠᠨ ᠨᠢᠭᠡᠴᠢ᠎ᠳᠤ ᠳᠠᠯᠳᠠ ᠬᠡᠮ᠎ᠢ ᠵᠢᠭᠰᠠᠭ᠋ᠠᠨ ᠪᠠᠢ᠌ᠴᠠᠭ᠋ᠠᠬᠤ᠂ ᠲᠦᠭᠰᠢᠭᠦᠷᠢ ᠵᠢᠨ ᠲᠠᠯ᠎ᠠ ᠵᠢᠨ ᠦᠨᠡᠯᠡᠯᠲᠡ ᠬᠢᠬᠦ ᠵᠡᠷᠭᠡ ᠬᠣᠯᠪᠣᠭᠳᠠᠯ ᠪᠦᠬᠦᠢ ᠦᠢ᠍ᠯᠡᠴᠢᠯᠡᠭᠡ ᠬᠠᠩᠭ᠋ᠠᠬᠤ ᠬᠡᠷᠡᠭᠲᠡᠢ᠃ ᠳᠠᠭ᠋ᠠᠳᠬᠠᠯ ᠳᠠᠭ᠋ᠠᠭ᠋ᠠᠬᠤ᠎ᠠᠴᠠ᠎ᠪᠠᠨ ᠡᠮᠦᠨ᠎ᠡ ᠲᠤᠬᠠᠢ ᠵᠢᠨ ᠭᠠᠵᠠᠷ᠎ᠲᠤ᠎ᠨᠢ ᠪᠠᠢ᠌ᠴᠠᠭ᠋ᠠᠨ ᠰᠢᠨᠵᠢᠯᠡᠬᠦ᠎ᠪᠠᠨ ᠴᠢᠩᠭ᠋ᠠᠳᠬᠠᠵᠤ᠂ ᠳᠠᠭ᠋ᠠᠳᠬᠠᠯ᠎ᠳᠤ ᠳᠠᠭ᠋ᠠᠣᠡᠬᠠᠭᠣᠯᠬᠣ ᠨᠢᠭᠡᠴᠢ᠎ᠳᠤ ᠲᠦᠭᠰᠢᠭᠦᠷᠢ ᠵᠢᠨ ᠦᠨᠡᠯᠡᠯᠲᠡ ᠬᠢᠬᠦ ᠬᠡᠷᠡᠭᠲᠡᠢ᠃ ᠡᠯ᠎ᠡ ᠰᠠᠯᠠᠭ᠎ᠠ ᠮᠥᠴᠢᠷ᠎ᠨᠢ ᠬᠣᠯᠪᠣᠭᠳᠠᠯ ᠪᠦᠬᠦᠢ ᠳᠠᠭ᠋ᠠᠳᠬᠠᠯ᠎ᠤᠨ ᠪᠠᠢ᠌ᠭᠤᠯᠤᠮᠵᠢ ᠵᠢᠨ ᠠᠵᠢᠯ᠎ᠤᠨ᠎ᠬᠢᠨ ᠱᠠᠭ᠋ᠠᠷᠳᠠᠯᠭ᠎ᠠ᠎ᠠᠴᠠ ᠪᠣᠯᠵᠤ ᠲᠠᠷᠢᠶᠠᠯᠠᠩ᠎ᠤᠨ ᠢᠳᠡᠭᠡᠨ᠎ᠤ ᠪᠦᠲᠦᠭᠡᠭᠳᠡᠬᠦᠨ ᠪᠤᠶᠤ ᠢᠳᠡᠭᠡᠨ᠎ᠤ ᠠᠵᠤ ᠠᠬᠤᠢ᠌ᠯᠠᠯ᠎ᠤᠨ ᠢᠲᠡᠭᠡᠮᠵᠢ ᠵᠢᠨ ᠲᠡᠮᠳᠡᠭᠯᠡᠯ ᠪᠠ ᠬᠢᠨᠠᠯᠲᠠ ᠬᠠᠮᠢᠶᠠᠷᠤᠯᠲᠠ ᠵᠢᠨ ᠬᠠᠮᠢᠶ᠎ᠠ ᠪᠦᠬᠦᠢ ᠮᠡᠳᠡᠭᠡ ᠵᠠᠩᠭᠢ ᠵᠢ ᠬᠠᠤᠯᠢ ᠶᠣᠰᠣ᠎ᠪᠠᠷ ᠬᠦᠷᠲᠡᠬᠦ ᠵᠢ ᠳᠡᠮᠵᠢᠵᠦ᠂ ᠲᠦᠭᠰᠢᠭᠦᠷᠢ ᠵᠢᠨ ᠳ᠋ᠠᠢ᠌ᠲ᠋ᠠ ᠬᠥᠮᠥᠷᠭᠡ ᠵᠢ ᠲᠦᠷᠭᠡᠬᠡᠨ ᠪᠠᠢ᠌ᠭᠤᠯᠵᠤ᠂ ᠠᠵᠢᠯ ᠲᠦᠷᠦᠯ᠎ᠤᠨ ᠬᠣᠭᠣᠷᠣᠨᠳᠤ᠎ᠪᠠᠨ ᠲᠣᠭ᠎ᠠ ᠪᠠᠷᠢᠮᠲᠠ ᠵᠢ ᠬᠠᠮᠲᠤ᠎ᠳᠤ᠎ᠪᠠᠨ ᠬᠦᠷᠲᠡᠬᠦ ᠵᠢ ᠠᠯᠬᠤᠮ ᠠᠯᠬᠤᠮ ᠵᠶ᠋ᠠᠷ ᠪᠡᠶᠡᠯᠡᠭᠦᠯᠵᠦ᠂ ᠢᠳᠡᠭᠡᠨ᠎ᠤ ᠠᠮᠤᠷ ᠲᠦᠪᠰᠢᠨ᠎ᠤ ᠲᠦᠭᠰᠢᠭᠦᠷᠢ ᠵᠢ ᠢᠯᠭ᠋ᠠᠨ ᠲᠣᠳᠣᠯᠠᠬᠤ ᠬᠢᠷᠢ ᠲᠦᠪᠰᠢᠨ ᠪᠠ ᠲᠦᠭᠰᠢᠭᠦᠷᠢ ᠵᠢᠨ ᠲᠠᠯ᠎ᠠ᠎ᠳᠠᠬᠢ ᠬᠠᠮᠢᠶᠠᠷᠤᠯᠲᠠ ᠵᠢᠨ ᠴᠢᠳᠠᠪᠤᠷᠢ᠎ᠪᠠᠨ ᠳᠡᠭᠡᠭᠰᠢᠯᠡᠭᠦᠯᠵᠦ᠂ ᠪᠠᠢ᠌ᠴᠠᠭ᠋ᠠᠨ ᠢᠯᠡᠷᠡᠭᠦᠯᠦᠭᠰᠡᠨ ᠢᠳᠡᠭᠡᠨ᠎ᠤ ᠠᠮᠤᠷ ᠲᠦᠪᠰᠢᠨ᠎ᠤ ᠬᠦᠨᠳᠦ ᠶᠡᠬᠡ ᠲᠣᠪᠣᠢ᠌ᠮ᠎ᠠ ᠠᠰᠠᠭᠤᠳᠠᠯ᠎ᠤᠳ᠎ᠢ ᠴᠠᠭ ᠲᠤᠬᠠᠢ᠎ᠳᠤ᠎ᠨᠢ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ᠃

     (ᠶᠢᠰᠦ) ᠤᠬᠠᠭᠤᠯᠬᠤ ᠡᠷᠴᠢᠮ᠎ᠢ ᠴᠢᠩᠭ᠋ᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠴᠢᠬᠤᠯᠠ ᠠᠴᠢ ᠬᠣᠯᠪᠣᠭᠳᠠᠯ᠂ ᠣᠷᠣᠨ ᠨᠤᠲᠤᠭ᠎ᠤᠨ ᠲᠤᠷᠰᠢᠯᠭ᠎ᠠ᠂ ᠨᠡᠢ᠌ᠲᠡᠯᠢᠭ ᠵᠢᠱ᠌ᠢᠶ᠎ᠡ᠎ᠨᠦᠭᠦᠳ᠎ᠢ ᠥᠷᠭᠡᠨ ᠵᠶ᠋ᠡᠷ ᠤᠬᠠᠭᠤᠯᠬᠤ ᠬᠡᠷᠡᠭᠲᠡᠢ᠃ ᠳᠠᠭ᠋ᠠᠳᠬᠠᠯ᠎ᠳᠤ ᠳᠠᠭ᠋ᠠᠣᠡᠬᠠᠭᠣᠯᠣᠭᠰᠠᠨ ᠨᠢᠭᠡᠴᠢ᠎ᠤᠳ᠎ᠤᠨ ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠨᠢᠭᠡᠳᠦᠯᠲᠡᠢ ᠢᠯᠭ᠋ᠠᠬᠤ ᠲᠡᠮᠳᠡᠭ᠎ᠢ ᠵᠠᠷᠯᠠᠨ ᠨᠠᠭ᠋ᠠᠬᠤ᠂ ᠵᠡᠭᠦᠯᠲᠡ ᠲᠣᠳᠣᠷᠬᠠᠢ᠌ᠯᠠᠯᠲᠠ ᠬᠢᠬᠦ ᠪᠤᠶᠤ ᠡᠯᠭᠦᠬᠦ ᠵᠢ ᠳᠡᠮᠵᠢᠨ᠂ ᠳᠠᠭ᠋ᠠᠳᠬᠠᠯ᠎ᠳᠤ ᠣᠷᠣᠯᠴᠠᠭᠰᠠᠳ᠎ᠤᠨ ᠢᠯᠭ᠋ᠠᠨ ᠲᠠᠨᠢᠭᠳᠠᠬᠤ ᠬᠡᠮᠵᠢᠶ᠎ᠡ ᠵᠢ ᠨᠡᠮᠡᠭᠳᠡᠭᠦᠯᠵᠦ᠂ ᠳᠠᠭ᠋ᠠᠳᠬᠠᠯ᠎ᠳᠤ ᠳᠠᠭ᠋ᠠᠣᠡᠬᠠᠭᠣᠯᠣᠭᠰᠠᠨ ᠠᠵᠤ ᠠᠬᠤᠢ᠌ᠯᠠᠯ᠎ᠤᠳ᠎ᠢ ᠵᠣᠬᠢᠶᠠᠨ ᠪᠠᠢ᠌ᠭᠤᠯᠤᠨ ᠤᠳᠤᠷᠢᠳᠴᠤ ᠢᠲᠡᠭᠡᠮᠵᠢᠲᠦ ᠲᠡᠮᠳᠡᠭᠲᠦ ᠵᠢ ᠪᠣᠢ ᠪᠣᠯᠭ᠋ᠠᠨ᠂ ᠦᠨᠡᠨᠴᠢ ᠢᠲᠡᠭᠡᠮᠵᠢ ᠵᠢᠨ ᠰᠣᠶᠣᠯ ᠎ᠢ ᠬᠥᠮᠥᠵᠢᠭᠦᠯᠬᠦ ᠬᠡᠷᠡᠭᠲᠡᠢ᠃ ᠨᠡᠢ᠌ᠭᠡᠮ᠎ᠤᠨ ᠬᠠᠷᠢᠭᠤᠴᠠᠯᠭ᠎ᠠ ᠡᠭᠦᠷᠭᠡ᠎ᠪᠠᠨ ᠤᠬᠠᠮᠰᠠᠷ᠎ᠠᠴᠠ᠎ᠪᠠᠨ ᠡᠭᠦᠷᠭᠡᠯᠡᠭᠰᠡᠨ᠂ ᠳᠠᠭ᠋ᠠᠳᠬᠠᠯ᠎ᠳᠤ ᠢᠳᠡᠪᠬᠢᠲᠡᠢ ᠳᠠᠭ᠋ᠠᠣᠡᠬᠠᠭᠣᠯᠣᠭᠰᠠᠨ ᠨᠢᠭᠡ ᠪᠦᠯᠦᠭ ᠠᠵᠤ ᠠᠬᠤᠢ᠌ᠯᠠᠯ᠎ᠤᠳ ᠣᠨᠴᠠᠭ᠋ᠠᠢ᠌ᠯᠠᠨ ᠨᠡᠷ᠎ᠡ ᠨᠥᠯᠥᠭᠡ᠎ᠲᠠᠢ ᠠᠵᠤ ᠠᠬᠤᠢ᠌ᠯᠠᠯ᠎ᠤᠳ᠎ᠢ ᠰᠠᠢ᠌ᠰᠢᠶᠠᠨ ᠬᠥᠬᠢᠭᠦᠯᠵᠦ᠂ ᠵᠢᠱ᠌ᠢᠶ᠎ᠡ ᠦᠵᠡᠭᠦᠯᠦᠨ ᠳᠠᠭ᠋ᠠᠭᠤᠯᠬᠤ ᠦᠢ᠍ᠯᠡᠳᠦᠯ᠎ᠢ᠎ᠨᠢ ᠭᠦᠢ᠍ᠴᠡᠳ ᠪᠠᠳᠠᠷᠠᠭᠤᠯᠬᠤ ᠬᠡᠷᠡᠭᠲᠡᠢ᠃

      ᠲᠤᠰ ᠰᠠᠨᠠᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠵᠦ᠂ 《ᠢᠳᠡᠭᠡᠨ᠎ᠤ ᠵᠦᠢ᠍ᠯ᠎ᠤᠨ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠠᠵᠢᠯ᠎ᠢ ᠪᠦᠬᠦ ᠲᠠᠯ᠎ᠠ᠎ᠪᠠᠷ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2016] 49 ᠳ᠋ᠦ᠍ᠭᠡᠷ ᠲᠣᠭ᠋ᠠᠲᠤ)᠎ᠢ ᠬᠠᠮᠲᠤ᠎ᠳᠤ᠎ᠨᠢ ᠬᠦᠴᠦᠨ ᠦᠭᠡᠢ ᠪᠣᠯᠭ᠋ᠠᠨ᠎ᠠ᠃

                                                                  2022 ᠣᠨ᠎ᠤ 12 ᠳ᠋ᠤᠭ᠋ᠠᠷ ᠰᠠᠷ᠎ᠠ ᠵᠢᠨ 12᠎ᠤᠨ ᠡᠳᠦᠷ

     (ᠲᠤᠰ ᠪᠢᠴᠢᠭ ᠮᠠᠲᠸᠷᠢᠶᠠᠯ᠎ᠢ ᠢᠯᠡ ᠨᠡᠢ᠌ᠲᠡᠯᠡᠨ᠎ᠡ)

ᠬᠠᠭᠤᠯᠤᠨ ᠢᠯᠡᠭᠡᠬᠦ᠎ᠨᠢ᠄

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠡᠯ᠎ᠡ ᠰᠠᠯᠠᠭ᠎ᠠ ᠮᠥᠴᠢᠷ᠂ ᠥᠪᠥᠷ ᠮᠣᠩᠭᠣᠯ᠎ᠤᠨ ᠴᠡᠷᠢᠭ᠎ᠤᠨ ᠲᠣᠭᠣᠷᠢᠭ᠂ ᠵᠡᠪᠰᠡᠭᠲᠦ ᠴᠠᠭᠳᠠᠭ᠎ᠠ ᠵᠢᠨ ᠥᠪᠥᠷ ᠮᠣᠩᠭᠣᠯ᠎ᠤᠨ ᠶᠡᠷᠦᠩᠬᠡᠢ ᠠᠩᠭᠢ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠩᠭᠤ ᠬᠣᠷᠢᠶᠠᠨ᠎ᠤ ᠠᠯᠪᠠᠨ ᠲᠢᠩᠬᠢᠮ᠂ ᠤᠯᠤᠰ ᠲᠥᠷᠦ ᠵᠢᠨ ᠵᠥᠪᠯᠡᠯᠭᠡᠨ᠎ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢ᠌ᠴᠠᠭ᠋ᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ᠂ ᠪᠠᠢ᠌ᠴᠠᠭ᠋ᠠᠬᠤ ᠬᠣᠷᠢᠶ᠎ᠠ᠃

ᠡᠯ᠎ᠡ ᠠᠷᠠᠳ᠎ᠤᠨ ᠪᠦᠯᠬᠦᠮ᠂ ᠰᠣᠨᠢᠨ ᠮᠡᠳᠡᠭᠡᠨ᠎ᠤ ᠨᠢᠭᠡᠴᠢ᠃

                                    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

                                   2022 ᠣᠨ᠎ᠤ 12 ᠳ᠋ᠤᠭ᠋ᠠᠷ ᠰᠠᠷ᠎ᠠ ᠵᠢᠨ 13᠎ᠤ ᠡᠳᠦᠷ ᠳᠠᠷᠤᠮᠠᠯᠯᠠᠨ ᠲᠠᠷᠬᠠᠭ᠋ᠠᠪᠠ

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠲᠤ ᠠᠵᠢᠯ ᠣᠯᠭᠣᠬᠤ ᠵᠢ ᠠᠬᠢᠭᠤᠯᠬᠤ ᠭᠤᠷᠪᠠᠨ ᠵᠢᠯ᠎ᠤᠨ ᠠᠵᠢᠯᠯᠠᠭ᠋ᠠᠨ᠎ᠤ ᠬᠡᠷᠡᠭᠵᠢᠭᠦᠯᠬᠦ ᠲᠥᠰᠥᠯ (2022 — 2024 ᠣᠨ)᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠪᠦᠬᠦ ᠣᠷᠣᠨ᠎ᠤ ᠵᠠᠳᠠᠭ᠋ᠠᠢ ᠨᠡᠭᠦᠷᠡᠰᠦᠨ ᠠᠭᠤᠷᠬᠠᠢ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠠᠷᠭ᠎ᠠ ᠬᠡᠮᠵᠢᠶ᠎ᠡ᠎ᠨᠦᠭᠦᠳ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢᠵᠢᠯ᠎ᠤᠨ ᠤᠬᠠᠭᠤᠯᠭ᠎ᠠ ᠵᠢᠨ ᠬᠥᠮᠦᠵᠢᠯ᠎ᠤᠨ ᠳᠦᠷᠢᠮ
 
             蒙ICP备05000248号