ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠲᠤ ᠠᠵᠢᠯ ᠣᠯᠭᠣᠬᠤ ᠵᠢ ᠠᠬᠢᠭᠤᠯᠬᠤ ᠭᠤᠷᠪᠠᠨ ᠵᠢᠯ᠎ᠤᠨ ᠠᠵᠢᠯᠯᠠᠭ᠋ᠠᠨ᠎ᠤ ᠬᠡᠷᠡᠭᠵᠢᠭᠦᠯᠬᠦ ᠲᠥᠰᠥᠯ (2022 — 2024 ᠣᠨ)᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2023-04-04

              ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ

                                  ᠥᠪᠥᠷ ᠵᠠᠰᠠᠭ ᠠᠯᠪᠠᠨ ᠲᠠᠷᠬᠠᠭ᠋ᠠᠭᠰᠠᠨ [2022] 68 ᠳ᠋ᠤᠭ᠋ᠠᠷ ᠲᠣᠭ᠋ᠠᠲᠤ

            ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠲᠤ ᠠᠵᠢᠯ ᠣᠯᠭᠣᠬᠤ ᠵᠢ ᠠᠬᠢᠭᠤᠯᠬᠤ ᠭᠤᠷᠪᠠᠨ ᠵᠢᠯ᠎ᠤᠨ ᠠᠵᠢᠯᠯᠠᠭ᠋ᠠᠨ᠎ᠤ

            ᠬᠡᠷᠡᠭᠵᠢᠭᠦᠯᠬᠦ ᠲᠥᠰᠥᠯ (2022 — 2024 ᠣᠨ)᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ

            ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ

ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄

     《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠲᠤ ᠠᠵᠢᠯ ᠣᠯᠭᠣᠬᠤ ᠵᠢ ᠠᠬᠢᠭᠤᠯᠬᠤ ᠭᠤᠷᠪᠠᠨ ᠵᠢᠯ᠎ᠤᠨ ᠠᠵᠢᠯᠯᠠᠭ᠋ᠠᠨ᠎ᠤ ᠬᠡᠷᠡᠭᠵᠢᠭᠦᠯᠬᠦ ᠲᠥᠰᠥᠯ (2022 — 2024 ᠣᠨ)》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠢ᠃

                                                             2022 ᠣᠨ᠎ᠤ 9 ᠳ᠋ᠦ᠍ᠭᠡᠷ ᠰᠠᠷ᠎ᠠ ᠵᠢᠨ 10᠎ᠤ ᠡᠳᠦᠷ

           (ᠲᠤᠰ ᠪᠢᠴᠢᠭ ᠮᠠᠲᠸᠷᠢᠶᠠᠯ᠎ᠢ ᠢᠯᠡ ᠨᠡᠢ᠌ᠲᠡᠯᠡᠨ᠎ᠡ)  

                        ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠲᠤ ᠠᠵᠢᠯ ᠣᠯᠭᠣᠬᠤ ᠵᠢ

                        ᠠᠬᠢᠭᠤᠯᠬᠤ ᠭᠤᠷᠪᠠᠨ ᠵᠢᠯ᠎ᠤᠨ ᠠᠵᠢᠯᠯᠠᠭ᠋ᠠᠨ᠎ᠤ ᠬᠡᠷᠡᠭᠵᠢᠭᠦᠯᠬᠦ ᠲᠥᠰᠥᠯ (2022 — 2024 ᠣᠨ)

     《ᠵᠡᠮᠳᠡᠭᠴᠦᠳ᠎ᠲᠤ ᠠᠵᠢᠯ ᠣᠯᠭᠣᠬᠤ ᠵᠢ ᠠᠬᠢᠭᠤᠯᠬᠤ ᠭᠤᠷᠪᠠᠨ ᠵᠢᠯ᠎ᠤᠨ ᠠᠵᠢᠯᠯᠠᠭ᠋ᠠᠨ᠎ᠤ ᠲᠥᠰᠥᠯ (2022 — 2024 ᠣᠨ)᠎ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠵᠢᠨ ᠶᠠᠪᠤᠳᠠᠯ᠎ᠤᠨ   ᠬᠣᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ [2022] 6 ᠳ᠋ᠤᠭ᠋ᠠᠷ ᠲᠣᠭ᠋ᠠᠲᠤ) ᠵᠢᠴᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠵᠡᠮᠳᠡᠭᠴᠦᠳ᠎ᠤᠨ ᠠᠵᠢᠯ ᠦᠢ᠍ᠯᠡᠰ᠎ᠤᠨ ᠬᠥᠭᠵᠢᠯᠲᠡ ᠵᠢᠨ ᠲᠥᠯᠦᠪᠵᠢᠭᠦᠯᠭᠡ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠠᠵᠢᠯ ᠣᠯᠭᠣᠯᠲᠠ ᠵᠢ ᠠᠬᠢᠭᠤᠯᠬᠤ ᠲᠥᠯᠦᠪᠵᠢᠭᠦᠯᠭᠡ》 《〈ᠦᠢ᠍ᠯᠡᠰ ᠴᠣᠭᠴᠠᠯᠠᠬᠤ ᠥᠪᠥᠷ ᠮᠣᠩᠭᠣᠯ᠎ᠤᠨ   ᠠᠵᠢᠯᠯᠠᠭ᠋ᠠᠨ〉᠎ᠤ ᠬᠡᠷᠡᠭᠵᠢᠭᠦᠯᠬᠦ ᠲᠥᠰᠥᠯ (2022 — 2025 ᠣᠨ)》᠎ᠤᠨ ᠱᠠᠭ᠋ᠠᠷᠳᠠᠯᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠤᠨ᠂ ᠪᠥᠬᠥ ᠣᠷᠣᠨ᠎ᠤ ᠵᠡᠮᠳᠡᠭᠴᠦᠳ᠎ᠲᠤ ᠭᠦᠢ᠍ᠴᠡᠳ ᠠᠵᠢᠯ ᠣᠯᠭᠣᠬᠤ ᠵᠢ ᠲᠦᠷᠭᠡᠳᠬᠡᠨ ᠠᠬᠢᠭᠤᠯᠵᠤ᠂ ᠬᠠᠮᠲᠤ᠎ᠪᠠᠷ ᠪᠠᠶᠠᠵᠢᠬᠤ ᠵᠢ ᠪᠡᠶᠡᠯᠡᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ᠎ᠪᠠᠨ   ᠤᠶᠠᠯᠳᠤᠭᠤᠯᠤᠨ᠂ ᠲᠣᠰ ᠲᠥᠰᠥᠯ᠎ᠢ ᠲᠣᠭᠲᠠᠭ᠋ᠠᠪᠠ᠃

      ᠨᠢᠭᠡ᠂ ᠭᠣᠣᠯ ᠬᠠᠷᠠᠯᠲᠠ

     2022 — 2024 ᠣᠨ᠎ᠳᠤ᠂ ᠪᠥᠬᠥ ᠣᠷᠣᠨ᠎ᠤ ᠬᠣᠲᠠ ᠬᠥᠳᠡᠭᠡ ᠵᠢᠨ 2.4 ᠲᠦᠮᠡᠨ ᠵᠡᠮᠳᠡᠭᠴᠦᠳ᠎ᠲᠤ ᠰᠢᠨ᠎ᠡ᠎ᠪᠠᠷ ᠠᠵᠢᠯ ᠣᠯᠭᠣᠵᠤ᠂ ᠠᠵᠢᠯ ᠣᠯᠬᠤ ᠬᠦᠰᠡᠯ ᠪᠠ ᠴᠢᠳᠠᠪᠤᠷᠢ᠎ᠲᠠᠢ 《ᠭᠡᠷ ᠪᠦᠯᠢ᠎ᠪᠠᠷ ᠵᠶ᠋ᠡᠨ ᠠᠵᠢᠯ ᠦᠭᠡᠢ》 ᠵᠡᠮᠳᠡᠭᠴᠦᠳ᠎ᠤᠨ ᠭᠡᠷ ᠪᠦᠯᠢ᠎ᠳᠤ ᠨᠠᠭ᠋ᠠᠲᠤ ᠵᠠᠬ᠎ᠠ᠎ᠳᠤ᠎ᠪᠠᠨ 1 ᠬᠥᠮᠥᠨ᠎ᠳᠤ᠎ᠨᠢ ᠠᠵᠢᠯ ᠣᠯᠭᠣᠬᠤ ᠵᠢ ᠪᠠᠲᠤᠯᠠᠨ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ ᠪᠠ ᠪᠣᠳᠠᠲᠤ ᠬᠡᠷᠡᠭᠯᠡᠭᠡᠨ᠎ᠤ ᠮᠡᠷᠭᠡᠵᠢᠯ᠎ᠤᠨ ᠪᠣᠯᠪᠠᠰᠤᠷᠠᠯ᠎ᠢ 3 ᠲᠦᠮᠡᠨ ᠬᠥᠮᠥᠨ ᠤᠳᠠᠭ᠎ᠠ ᠥᠷᠨᠢᠭᠦᠯᠦᠨ᠎ᠡ᠃ ᠠᠵᠢᠯ ᠣᠯᠬᠤ ᠬᠦᠰᠡᠯ ᠪᠠ ᠴᠢᠳᠠᠪᠤᠷᠢ᠎ᠲᠠᠢ ᠵᠡᠮᠳᠡᠭᠴᠦᠳ᠎ᠲᠤ ᠤᠯᠠᠮ ᠰᠢᠯᠢᠳᠡᠭ ᠠᠵᠢᠯ ᠣᠯᠭᠣᠯᠲᠠ ᠵᠢᠨ ᠦᠢ᠍ᠯᠡᠴᠢᠯᠡᠭᠡ   ᠬᠠᠩᠭ᠋ᠠᠨ᠂ ᠵᠡᠮᠳᠡᠭᠴᠦᠳ᠎ᠤᠨ ᠠᠵᠢᠯ ᠣᠯᠵᠤ ᠦᠢ᠍ᠯᠡᠰ ᠴᠣᠭᠴᠠᠯᠠᠬᠤ ᠴᠢᠳᠠᠪᠤᠷᠢ ᠵᠢ ᠦᠷᠭᠦᠯᠵᠢᠯᠡᠨ   ᠲᠡᠬᠡᠭᠰᠢᠯᠡᠬᠦᠯᠵᠦ᠂ ᠵᠡᠮᠳᠡᠭᠴᠦᠳ᠎ᠤᠨ ᠠᠵᠢᠯ ᠣᠯᠬᠤ ᠡᠷᠬᠡ ᠠᠰᠢᠭ᠎ᠢ ᠤᠯᠠᠮ ᠰᠠᠢ᠌ᠲᠤᠷ ᠪᠠᠲᠤᠯᠠᠨ᠂ ᠵᠡᠮᠳᠡᠭᠴᠦᠳ᠎ᠤᠨ ᠠᠵᠢᠯ ᠣᠯᠵᠤ ᠦᠢ᠍ᠯᠡᠰ ᠴᠣᠭᠴᠠᠯᠠᠬᠤ ᠲᠥᠷᠥ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠤᠯᠠᠮ ᠲᠡᠭᠦᠯᠳᠡᠷᠵᠢᠭᠦᠯᠦᠨ᠂ ᠵᠡᠮᠳᠡᠭᠴᠦᠳ᠎ᠤᠨ ᠠᠵᠢᠯ ᠣᠯᠵᠤ ᠦᠢ᠍ᠯᠡᠰ ᠴᠣᠭᠴᠠᠯᠠᠬᠤ ᠵᠢ ᠣᠢ᠌ᠯᠠᠭ᠋ᠠᠬᠤ᠂ ᠬᠠᠯᠠᠮᠵᠢᠯᠠᠬᠤ᠂ ᠲᠡᠮᠵᠢᠬᠦ ᠰᠠᠢ᠌ᠨ ᠰᠠᠢ᠌ᠬᠠᠨ ᠨᠡᠢ᠌ᠭᠡᠮ᠎ᠤᠨ ᠣᠷᠴᠢᠨ ᠨᠥᠬᠥᠴᠡᠯ᠎ᠢ ᠪᠣᠶ ᠪᠣᠯᠭ᠋ᠠᠬᠤ ᠵᠢ ᠠᠬᠢᠭᠤᠯᠤᠨ᠎ᠠ᠃

      ᠬᠣᠶᠠᠷ᠂ ᠭᠣᠣᠯ ᠠᠷᠭ᠎ᠠ ᠬᠡᠮᠵᠢᠶ᠎ᠡ

     (ᠨᠢᠭᠡ) ᠪᠠᠢ᠌ᠭᠤᠯᠭ᠎ᠠ᠂ ᠠᠵᠢᠯ ᠦᠢ᠍ᠯᠡᠰ᠎ᠤᠨ ᠨᠢᠭᠡᠴᠢ ᠲᠦᠷᠦᠭᠦᠯᠡᠨ ᠵᠡᠮᠳᠡᠭᠴᠦᠳ᠎ᠢ   ᠲᠣᠬᠢᠷᠠᠭᠤᠯᠵᠤ ᠠᠵᠢᠯ ᠣᠯᠭᠣᠬᠤ ᠠᠵᠢᠯᠯᠠᠭ᠋ᠠᠨ᠎ᠢ ᠬᠡᠷᠡᠭᠵᠢᠭᠦᠯᠦᠨ᠎ᠡ᠃ ᠡᠯ᠎ᠡ ᠱᠠᠲᠤᠨ᠎ᠤ ᠪᠠᠢ᠌ᠭᠤᠯᠭ᠎ᠠ᠂ ᠠᠵᠢᠯ ᠦᠢ᠍ᠯᠡᠰ᠎ᠤᠨ ᠨᠢᠭᠡᠴᠢ ᠵᠢᠨ ᠵᠡᠮᠳᠡᠭᠴᠦᠳ᠎ᠢ ᠲᠣᠬᠢᠷᠠᠭᠤᠯᠤᠨ ᠠᠵᠢᠯ ᠣᠯᠭᠣᠭᠰᠠᠨ ᠪᠠᠢ᠌ᠳᠠᠯ᠎ᠢ ᠪᠦᠷᠢᠳᠬᠡᠬᠦ ᠳᠦᠷᠢᠮ᠎ᠢ ᠪᠠᠢ᠌ᠭᠤᠯᠤᠨ ᠲᠡᠭᠦᠯᠳᠡᠷᠵᠢᠭᠦᠯᠵᠦ᠂ ᠪᠠᠢ᠌ᠭᠤᠯᠭ᠎ᠠ᠂ ᠠᠵᠢᠯ ᠦᠢ᠍ᠯᠡᠰ᠎ᠤᠨ ᠨᠢᠭᠡᠴᠢ ᠵᠡᠮᠳᠡᠭᠴᠦᠳ᠎ᠢ ᠬᠠᠷᠢᠴᠠᠯ ᠶᠣᠰᠣᠭ᠋ᠠᠷ ᠲᠣᠬᠢᠷᠠᠭᠤᠯᠤᠨ ᠠᠵᠢᠯ ᠣᠯᠭᠣᠬᠤ ᠠᠵᠢᠯ᠎ᠤᠨ ᠲᠥᠷᠥᠯ ᠵᠦᠢ᠍ᠯ᠎ᠢ ᠠᠬᠢᠭᠤᠯᠬᠤ ᠲᠥᠯᠥᠪᠯᠡᠭᠡ ᠵᠢ ᠲᠣᠭᠲᠠᠭ᠋ᠠᠬᠤ ᠬᠡᠷᠡᠭᠲᠡᠢ᠃ 2024 ᠣᠨ ᠪᠣᠯᠬᠤ᠎ᠳᠤ᠂ ᠣᠷᠣᠨ ᠲᠣᠭ᠎ᠠ᠎ᠨᠢ 50 ᠬᠥᠮᠥᠨ (ᠪᠠᠭᠲᠠᠨ᠎ᠠ)᠎ᠠᠴᠠ ᠳᠡᠭᠡᠭᠰᠢᠬᠢ ᠥᠪᠡᠷᠲᠡᠭᠡᠨ ᠵᠠᠰᠠᠬᠤ ᠣᠷᠣᠨ᠎ᠤ ᠱᠠᠲᠤ᠂ ᠠᠢ᠌ᠮᠠᠭ ᠬᠤᠳᠠ ᠵᠢᠨ ᠱᠠᠲᠤᠨ᠎ᠤ ᠪᠠᠢ᠌ᠭᠤᠯᠭ᠎ᠠ ᠪᠠ ᠣᠷᠣᠨ ᠲᠣᠭ᠎ᠠ᠎ᠨᠢ 67 ᠬᠥᠮᠥᠨ (ᠪᠠᠭᠲᠠᠨ᠎ᠠ)᠎ᠠᠴᠠ ᠳᠡᠭᠡᠭᠰᠢᠬᠢ ᠠᠵᠢᠯ ᠦᠢ᠍ᠯᠡᠰ᠎ᠤᠨ ᠨᠢᠭᠡᠴᠢ (ᠳᠤᠮᠳᠠᠳᠤ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ᠎ᠠᠴᠠ ᠭᠠᠳᠠᠨ᠎ᠠ) ᠵᠢᠨ ᠲᠣᠬᠢᠷᠠᠭᠤᠯᠤᠭᠰᠠᠨ ᠵᠡᠮᠳᠡᠭᠴᠦᠳ᠎ᠨᠢ ᠲᠣᠭᠲᠠᠭᠰᠠᠨ ᠬᠠᠷᠢᠴᠠᠯ᠎ᠳᠤ ᠬᠥᠷᠥᠭᠰᠡᠨ ᠦᠭᠡᠢ ᠪᠣᠯ ᠨᠠᠭ᠋ᠠᠲᠤ ᠵᠠᠬ᠎ᠠ᠎ᠳᠤ᠎ᠪᠠᠨ 1 ᠵᠡᠮᠳᠡᠭ ᠬᠥᠮᠥᠨ᠎ᠢ ᠲᠣᠬᠢᠷᠠᠭᠤᠯᠵᠤ ᠠᠵᠢᠯ ᠣᠯᠭᠣᠬᠤ ᠬᠡᠷᠡᠭᠲᠡᠢ᠃ ᠬᠣᠰᠢᠭᠤ ᠰᠢᠶᠠᠨ᠎ᠤ ᠱᠠᠲᠤᠨ᠎ᠤ ᠪᠠ ᠰᠢᠶᠠᠩ ᠪᠠᠯᠭ᠋ᠠᠰᠤᠨ᠎ᠤ ᠱᠠᠲᠤᠨ᠎ᠤ ᠪᠠᠢ᠌ᠭᠤᠯᠭ᠎ᠠ ᠪᠠ ᠠᠵᠢᠯ ᠦᠢ᠍ᠯᠡᠰ᠎ᠤᠨ ᠨᠢᠭᠡᠴᠢ᠎ᠨᠢ ᠣᠷᠣᠨ ᠲᠣᠭ᠋ᠠᠨ᠎ᠤ ᠶᠡᠷᠦᠩᠬᠡᠢ ᠲᠣᠭ᠎ᠠ᠎ᠪᠠᠨ ᠦᠨᠳᠦᠰᠦᠯᠡᠨ᠂ ᠨᠢᠭᠡᠳᠦᠯᠲᠡᠢ ᠲᠥᠯᠥᠪᠯᠡᠨ ᠬᠠᠷᠢᠴᠠᠯ ᠶᠣᠰᠣᠭ᠋ᠠᠷ ᠵᠡᠮᠳᠡᠭᠴᠦᠳ᠎ᠢ ᠲᠣᠬᠢᠷᠠᠭᠤᠯᠤᠨ ᠠᠵᠢᠯ ᠣᠯᠭᠣᠬᠤ ᠬᠡᠷᠡᠭᠲᠡᠢ᠃ ᠡᠯ᠎ᠡ ᠱᠠᠲᠤᠨ᠎ᠤ ᠵᠡᠮᠳᠡᠭᠴᠦᠳ᠎ᠤᠨ ᠬᠣᠯᠪᠣᠭ᠋ᠠᠲᠤ ᠬᠤᠷᠠᠯ᠎ᠨᠢ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠲᠠᠢ ᠬᠠᠮᠲᠤᠷᠠᠨ ᠪᠠᠢ᠌ᠭᠤᠯᠭ᠎ᠠ᠂ ᠠᠵᠢᠯ ᠦᠢ᠍ᠯᠡᠰ᠎ᠤᠨ ᠨᠢᠭᠡᠴᠢ ᠵᠢᠨ ᠵᠡᠮᠳᠡᠭᠴᠦᠳ᠎ᠢ ᠲᠣᠬᠢᠷᠠᠭᠤᠯᠵᠤ ᠠᠵᠢᠯ ᠣᠯᠭᠣᠭᠰᠠᠨ ᠪᠠᠢ᠌ᠳᠠᠯ᠎ᠢ ᠣᠨ ᠵᠢᠯ᠂ ᠲᠡᠰ ᠳᠠᠪᠬᠤᠷᠭ᠎ᠠ ᠬᠤᠪᠢᠶᠠᠨ ᠪᠦᠷᠢᠳᠬᠡᠬᠦ ᠵᠢᠨ ᠬᠠᠮᠲᠤ ᠨᠡᠢ᠌ᠭᠡᠮ᠎ᠳᠤ ᠨᠡᠢ᠌ᠲᠡᠯᠡᠵᠦ᠂ ᠪᠠᠢ᠌ᠭᠤᠯᠭ᠎ᠠ᠂ ᠠᠵᠢᠯ ᠦᠢ᠍ᠯᠡᠰ ᠎ᠤᠨ ᠨᠢᠭᠡᠴᠢ ᠵᠢ ᠰᠢᠮᠳᠠᠭᠤᠯᠵᠤ ᠪᠠᠢ᠌ᠭ᠋ᠠᠳ ᠵᠡᠮᠳᠡᠭᠴᠦᠳ᠎ᠢ ᠳᠥᠪᠬᠢᠨᠡᠭᠦᠯᠦᠨ ᠠᠵᠢᠯ ᠣᠯᠭᠣᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠂ ᠨᠠᠮ᠎ᠤᠨ ᠬᠣᠷᠢᠶᠠᠨ᠎ᠤ ᠪᠠᠢ᠌ᠭᠤᠯᠤᠮᠵᠢ ᠣᠷᠣᠨ ᠲᠣᠭ᠎ᠠ ᠵᠢᠨ ᠠᠯᠪᠠᠨ ᠭᠡᠷ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠵᠡᠮᠳᠡᠭᠴᠦᠳ᠎ᠤᠨ ᠬᠣᠯᠪᠣᠭ᠋ᠠᠲᠤ ᠬᠤᠷᠠᠯ᠂ ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ᠃ ᠳᠠᠷᠠᠭ᠋ᠠᠬᠢ ᠠᠭᠤᠯᠭ᠎ᠠ ᠵᠢ ᠴᠥᠮ ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠬᠠᠷᠢᠭᠤᠴᠠᠨ ᠨᠠᠢ᠌ᠳᠠᠪᠤᠷᠢᠵᠢᠭᠤᠯᠬᠤ ᠪᠣᠯᠬᠣᠷ ᠳᠠᠭᠢᠵᠤ ᠵᠢᠭᠰᠠᠭ᠋ᠠᠬᠤ ᠦᠭᠡᠢ)

     (ᠬᠣᠶᠠᠷ) ᠤᠯᠤᠰ᠎ᠤᠨ ᠥᠮᠴᠢᠯᠡᠯᠲᠦ ᠠᠵᠤ ᠠᠬᠤᠢ᠌ᠯᠠᠯ ᠵᠡᠮᠳᠡᠭᠴᠦᠳ᠎ᠢ ᠲᠣᠬᠢᠷᠠᠭᠤᠯᠵᠤ ᠠᠵᠢᠯ ᠣᠯᠭᠣᠬᠤ ᠠᠵᠢᠯᠯᠠᠭ᠋ᠠᠨ᠎ᠢ ᠬᠡᠷᠡᠭᠵᠢᠭᠦᠯᠦᠨ᠎ᠡ᠃ ᠡᠯ᠎ᠡ ᠭᠠᠵᠠᠷ ᠣᠷᠣᠨ᠎ᠨᠢ ᠵᠢᠯ ᠪᠦᠷᠢ 1 — 2 ᠤᠳᠠᠭ᠋ᠠᠨ᠎ᠤ ᠤᠯᠤᠰ᠎ᠤᠨ ᠥᠮᠴᠢᠯᠡᠯᠲᠦ ᠠᠵᠤ ᠠᠬᠤᠢ᠌ᠯᠠᠯ ᠵᠡᠮᠳᠡᠭᠴᠦᠳ᠎ᠢ ᠲᠤᠰᠠᠯᠠᠨ ᠠᠵᠢᠯ ᠣᠯᠭᠣᠬᠤ ᠲᠤᠰᠬᠠᠢ ᠲᠠᠯᠠᠪᠤᠷ᠎ᠤᠨ ᠠᠵᠢᠯᠲᠠᠨ ᠤᠷᠢᠬᠤ ᠠᠵᠢᠯᠯᠠᠭ᠎ᠠ ᠵᠢ ᠲᠥᠪᠯᠡᠷᠡᠭᠦᠯᠵᠦ ᠵᠣᠬᠢᠶᠠᠨ ᠪᠠᠢ᠌ᠭᠤᠯᠵᠤ ᠥᠷᠨᠢᠭᠦᠯᠦᠨ᠂ ᠠᠵᠢᠯ᠎ᠤᠨ ᠪᠠᠢ᠌ᠷᠢ᠎ᠪᠠᠷ ᠨᠡᠯᠢᠶᠡᠳ ᠣᠯᠠᠨ ᠨᠢᠭᠡ ᠪᠦᠯᠦᠭ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠢ ᠰᠣᠩᠭᠣᠵᠤ᠂ ᠵᠢᠯ ᠪᠦᠷᠢ ᠨᠢᠭᠡ ᠪᠦᠯᠦᠭ ᠠᠵᠢᠯ᠎ᠤᠨ ᠪᠠᠢ᠌ᠷᠢ ᠭᠠᠷᠭ᠋ᠠᠵᠤ ᠪᠠᠢ᠌ᠭ᠋ᠠᠳ ᠵᠡᠮᠳᠡᠭᠴᠦᠳ᠎ᠢ ᠬᠠᠨᠳᠤᠯᠭ᠎ᠠ᠎ᠲᠠᠢ᠎ᠪᠠᠷ ᠤᠷᠢᠬᠤ ᠬᠡᠷᠡᠭᠲᠡᠢ᠃ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠨᠢ ᠬᠠᠷᠢᠴᠠᠯ ᠶᠣᠰᠣᠭ᠋ᠠᠷ ᠵᠡᠮᠳᠡᠭᠴᠦᠳ᠎ᠢ ᠲᠣᠬᠢᠷᠠᠭᠤᠯᠵᠤ ᠠᠵᠢᠯ ᠣᠯᠭᠣᠭᠰᠠᠨ ᠪᠠᠢ᠌ᠳᠠᠯ ᠵᠶ᠋ᠠᠨ ᠠᠵᠤ ᠠᠬᠤᠢ᠌ᠯᠠᠯ᠎ᠤᠨ ᠬᠠᠷᠢᠭᠤᠴᠠᠯᠭ᠎ᠠ ᠵᠢᠨ ᠮᠡᠳᠡᠭᠦᠯᠦᠯᠲᠡ᠎ᠳᠤ᠎ᠪᠠᠨ ᠣᠷᠣᠭᠤᠯᠵᠤ᠂ ᠬᠠᠷᠢᠴᠠᠯ ᠶᠣᠰᠣᠭ᠋ᠠᠷ ᠵᠡᠮᠳᠡᠭᠴᠦᠳ᠎ᠢ ᠲᠣᠬᠢᠷᠠᠭᠤᠯᠤᠨ ᠠᠵᠢᠯ ᠣᠯᠭᠣᠭᠰᠠᠨ ᠦᠭᠡᠢ ᠪᠠᠢ᠌ᠪᠠᠯ ᠵᠡᠮᠳᠡᠭᠴᠦᠳ᠎ᠲᠤ ᠠᠵᠢᠯ ᠣᠯᠭᠣᠬᠤ ᠪᠠᠲᠤᠯᠠᠭ᠎ᠠ ᠵᠢᠨ ᠮᠥᠩᠭᠥ ᠵᠢ ᠴᠠᠭ ᠲᠤᠬᠠᠢ᠎ᠳᠤ᠎ᠨᠢ ᠭᠦᠢ᠍ᠴᠡᠳ ᠲᠣᠭ᠎ᠠ᠎ᠪᠠᠷ ᠲᠤᠰᠢᠶᠠᠬᠤ ᠬᠡᠷᠡᠭᠲᠡᠢ᠃   ᠨᠠᠪᠴᠢᠨ ᠲᠠᠮᠠᠬᠢᠨ ᠪᠦᠲᠦᠭᠡᠭᠳᠡᠬᠦᠨ᠎ᠢ ᠵᠢᠵᠢᠭᠯᠡᠨ ᠪᠣᠷᠣᠯᠠᠭᠤᠯᠬᠤ ᠵᠥᠪᠰᠢᠶᠡᠷᠡᠯ᠎ᠤᠨ ᠦᠨᠡᠮᠯᠡᠯ ᠭᠤᠶᠤᠴᠢᠯᠠᠭᠰᠠᠨ ᠵᠡᠮᠳᠡᠭᠴᠦᠳ᠎ᠲᠤ ᠡᠯ᠎ᠡ ᠭᠠᠵᠠᠷ ᠣᠷᠣᠨ᠎ᠤ ᠨᠠᠪᠴᠢᠨ ᠲᠠᠮᠠᠬᠢ ᠲᠤᠰᠬᠠᠢ ᠬᠤᠳᠠᠯᠳᠤᠬᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠲᠤᠬᠠᠢ ᠵᠢᠨ ᠭᠠᠵᠠᠷ᠎ᠤᠨ ᠪᠣᠳᠠᠲᠤ ᠪᠠᠢ᠌ᠳᠠᠯ ᠵᠶ᠋ᠠᠨ ᠦᠨᠳᠦᠰᠦᠯᠡᠨ᠂ ᠨᠠᠪᠴᠢᠨ ᠲᠠᠮᠠᠬᠢᠨ ᠪᠦᠲᠦᠭᠡᠭᠳᠡᠬᠦᠨ᠎ᠢ ᠵᠢᠵᠢᠭᠯᠡᠨ ᠬᠤᠳᠠᠯᠳᠤᠬᠤ ᠴᠡᠭ᠎ᠤᠨ ᠲᠣᠭ᠎ᠠ ᠬᠡᠮᠵᠢᠶ᠎ᠡ ᠪᠠ ᠬᠣᠭᠣᠷᠣᠨᠳᠣᠬᠢ ᠵᠠᠢ ᠵᠢᠨ ᠱᠠᠭ᠋ᠠᠷᠳᠠᠯᠭ᠎ᠠ ᠵᠢ ᠵᠣᠬᠢᠰᠲᠠᠢ᠎ᠪᠠᠷ ᠠᠭᠤᠵᠢᠭᠤ ᠲᠠᠯᠪᠢᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠵᠡᠮᠳᠡᠭᠴᠦᠳ᠎ᠤᠨ ᠬᠣᠯᠪᠣᠭ᠋ᠠᠲᠤ ᠬᠤᠷᠠᠯ᠂ ᠥᠪᠥᠷ ᠮᠣᠩᠭᠣᠯ᠎ᠤᠨ ᠨᠠᠪᠴᠢᠨ ᠲᠠᠮᠠᠬᠢ ᠲᠤᠰᠬᠠᠢ ᠬᠤᠳᠠᠯᠳᠤᠬᠤ ᠲᠣᠪᠴᠢᠶ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

     (ᠭᠤᠷᠪᠠ) ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ ᠵᠡᠮᠳᠡᠭᠴᠦᠳ᠎ᠲᠤ ᠬᠦᠴᠦᠨ ᠨᠡᠮᠡᠷᠢᠯᠡᠵᠦ ᠠᠵᠢᠯ ᠣᠯᠭᠣᠬᠤ ᠠᠵᠢᠯᠯᠠᠭ᠋ᠠᠨ᠎ᠢ ᠬᠡᠷᠡᠭᠵᠢᠭᠦᠯᠦᠨ᠎ᠡ᠃ ᠨᠢᠭᠡ ᠪᠦᠯᠦᠭ ᠲᠦᠷᠦᠭᠦᠦ ᠲᠠᠪᠴᠠᠩ᠂ ᠡᠯᠧᠺᠲᠷᠣᠨ ᠬᠤᠳᠠᠯᠳᠤᠭ᠎ᠠ᠂ ᠲᠦᠷᠭᠡᠨ ᠬᠦᠷᠭᠡᠯᠲᠡ ᠵᠡᠷᠭᠡ ᠰᠢᠨ᠎ᠡ ᠠᠵᠢᠯ ᠣᠯᠭᠣᠯᠲᠠ ᠵᠢᠨ ᠬᠡᠯᠪᠡᠷᠢ ᠵᠢᠨ ᠠᠵᠤ ᠠᠬᠤᠢ᠌ᠯᠠᠯ᠎ᠢ ᠵᠣᠬᠢᠶᠠᠨ ᠪᠠᠢ᠌ᠭᠤᠯᠵᠤ ᠵᠡᠮᠳᠡᠭᠴᠦᠳ᠎ᠤᠨ ᠠᠵᠢᠯ ᠣᠯᠭᠣᠯᠲᠠ ᠵᠢᠨ ᠬᠡᠷᠡᠭᠴᠡᠭᠡ ᠱᠠᠭ᠋ᠠᠷᠳᠠᠯᠭ᠎ᠠ᠎ᠲᠠᠢ ᠵᠣᠯᠭ᠋ᠠᠭᠤᠯᠬᠤ ᠬᠡᠷᠡᠭᠲᠡᠢ᠃ ᠬᠥᠮᠥᠨ ᠬᠡᠷᠡᠭᠯᠡᠬᠦ ᠨᠢᠭᠡᠴᠢ ᠵᠢᠨ ᠵᠡᠮᠳᠡᠭᠴᠦᠳ᠎ᠢ ᠲᠣᠬᠢᠷᠠᠭᠤᠯᠵᠤ ᠠᠵᠢᠯ ᠣᠯᠭᠣᠭᠰᠠᠨ᠎ᠳᠤ ᠬᠦᠷᠲᠡᠭᠡᠬᠦ ᠱᠠᠩᠨᠠᠯ ᠵᠢᠴᠢ ᠬᠠᠮᠢᠶ᠎ᠠ ᠪᠦᠬᠦᠢ ᠨᠡᠮᠡᠭᠦᠷᠢ ᠵᠢᠨ ᠲᠥᠷᠥ ᠵᠢᠨ ᠪᠣᠳᠣᠯᠭ᠎ᠠ ᠵᠢ ᠴᠠᠭ ᠲᠤᠬᠠᠢ᠎ᠳᠤ᠎ᠨᠢ   ᠭᠦᠢ᠍ᠴᠡᠳ ᠲᠣᠭ᠎ᠠ᠎ᠪᠠᠷ ᠨᠠᠢ᠌ᠳᠠᠪᠤᠷᠢᠵᠢᠭᠤᠯᠬᠤ ᠬᠡᠷᠡᠭᠲᠡᠢ᠃ ᠪᠥᠬᠥ ᠣᠷᠣᠨ᠎ᠤ ᠡᠯ᠎ᠡ ᠱᠠᠲᠤᠨ᠎ᠤ ᠵᠡᠮᠳᠡᠭᠴᠦᠳ᠎ᠤᠨ ᠬᠣᠯᠪᠣᠭ᠋ᠠᠲᠤ ᠬᠤᠷᠠᠯ᠎ᠨᠢ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠂ ᠠᠵᠤ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠋ᠠᠲᠤ ᠬᠤᠷᠠᠯ᠂ ᠠᠵᠤ ᠠᠬᠤᠢ᠌ᠯᠠᠯ᠎ᠤᠨ ᠬᠣᠯᠪᠣᠭ᠋ᠠᠲᠤ ᠵᠣᠬᠢᠶᠠᠨ ᠪᠠᠢ᠌ᠭᠤᠯᠤᠯᠲᠠ ᠵᠢᠴᠢ ᠠᠵᠢᠯ ᠲᠥᠷᠥᠯ᠎ᠤᠨ ᠨᠡᠢ᠌ᠭᠡᠮᠯᠢᠭ ᠬᠤᠳᠠᠯᠳᠤᠭ᠋ᠠᠨ᠎ᠤ ᠡᠪᠯᠡᠯ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠡᠷᠭᠡ᠎ᠯᠦᠭᠡ ᠬᠠᠮᠲᠤᠷᠠᠯᠴᠠᠭ᠎ᠠ᠎ᠪᠠᠨ ᠴᠢᠩᠭ᠋ᠠᠳᠬᠠᠨ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠳᠤ ᠵᠡᠮᠳᠡᠭᠴᠦᠳ᠎ᠢ ᠲᠤᠰᠠᠯᠠᠨ ᠠᠵᠢᠯ ᠣᠯᠭᠣᠬᠤ ᠲᠠᠪᠴᠠᠩ ᠪᠠᠢ᠌ᠭᠤᠯᠤᠨ᠂ ᠵᠡᠮᠳᠡᠭᠴᠦᠳ᠎ᠢ ᠰᠢᠩᠭᠡᠬᠡᠨ ᠠᠪᠴᠤ ᠠᠵᠢᠯ ᠣᠯᠭᠣᠭᠤᠯᠬᠤ ᠬᠡᠷᠡᠭᠲᠡᠢ᠃ ᠵᠡᠮᠳᠡᠭᠴᠦᠳ᠎ᠤᠨ ᠪᠡᠶ᠎ᠡ᠎ᠪᠠᠨ ᠳᠠᠭ᠋ᠠᠭ᠋ᠠᠵᠤ ᠦᠢ᠍ᠯᠡᠰ ᠴᠣᠭᠴᠠᠯᠠᠵᠤ ᠪᠠᠢ᠌ᠭ᠎ᠠ ᠠᠵᠤ ᠠᠬᠤᠢ᠌ᠯᠠᠯ ᠵᠢᠴᠢ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠵᠢᠯᠤᠭᠣᠳᠬᠤ ᠪᠠ ᠲᠡᠳᠬᠦᠬᠦ᠎ᠪᠠᠨ ᠴᠢᠩᠭ᠋ᠠᠳᠬᠠᠵᠤ᠂ ᠬᠥᠳᠡᠯᠮᠦᠷᠢ ᠵᠢᠨ ᠲᠥᠷᠥᠯ ᠵᠦᠢ᠍ᠯ ᠬᠠᠷᠢᠯᠴᠠᠵᠤ ᠦᠭᠭᠦ᠂ ᠠᠵᠢᠯ ᠣᠯᠭᠣᠵᠤ ᠦᠢ᠍ᠯᠡᠰ ᠴᠣᠭᠴᠠᠯᠠᠬᠤ ᠪᠣᠯᠪᠠᠰᠤᠷᠠᠯ ᠪᠠ ᠬᠥᠯᠥᠰᠦᠯᠡᠭᠴᠢ ᠵᠢᠨ ᠪᠣᠯᠪᠠᠰᠤᠷᠠᠯ ᠥᠷᠨᠢᠭᠦᠯᠬᠦ ᠵᠡᠷᠭᠡ ᠦᠢ᠍ᠯᠡᠴᠢᠯᠡᠭᠡ ᠬᠠᠩᠭ᠋ᠠᠬᠤ ᠬᠡᠷᠡᠭᠲᠡᠢ᠃ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠨᠢ ᠵᠡᠮᠳᠡᠭᠴᠦᠳ᠎ᠢ ᠲᠣᠰᠠᠯᠠᠨ ᠠᠵᠢᠯ ᠣᠯᠭᠣᠭᠰᠠᠨ᠂ ᠬᠠᠷᠢᠴᠠᠯ ᠶᠣᠰᠣᠭ᠋ᠠᠷ ᠵᠡᠮᠳᠡᠭᠴᠦᠳ᠎ᠢ ᠲᠣᠬᠢᠷᠠᠭᠤᠯᠤᠨ ᠠᠵᠢᠯ ᠣᠯᠭᠣᠭᠰᠠᠨ ᠪᠠᠢ᠌ᠳᠠᠯ ᠵᠶ᠋ᠠᠨ ᠠᠵᠤ ᠠᠬᠤᠢ᠌ᠯᠠᠯ᠎ᠤᠨ ᠨᠡᠢ᠌ᠭᠡᠮ᠎ᠤᠨ ᠬᠠᠷᠢᠭᠤᠴᠠᠯᠭ᠎ᠠ ᠵᠢᠨ ᠮᠡᠳᠡᠭᠦᠯᠦᠯᠲᠡ᠎ᠳᠤ᠎ᠪᠠᠨ ᠣᠷᠣᠭᠤᠯᠬᠤ ᠪᠤᠶᠤ ᠨᠡᠢ᠌ᠭᠡᠮ᠎ᠤᠨ ᠬᠠᠷᠢᠭᠤᠴᠠᠯᠭ᠎ᠠ ᠵᠢᠨ ᠲᠤᠰᠬᠠᠢ ᠮᠡᠳᠡᠭᠦᠯᠦᠯᠲᠡ ᠵᠢ ᠨᠠᠢ᠌ᠷᠠᠭᠤᠯᠤᠨ ᠵᠣᠬᠢᠶᠠᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠠᠵᠤ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠋ᠠᠲᠤ ᠬᠤᠷᠠᠯ᠂ ᠵᠡᠮᠳᠡᠭᠴᠦᠳ᠎ᠤᠨ ᠬᠣᠯᠪᠣᠭ᠋ᠠᠲᠤ ᠬᠤᠷᠠᠯ᠂ ᠥᠪᠥᠷ ᠮᠣᠩᠭᠣᠯ᠎ᠤᠨ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

     (ᠳᠥᠷᠪᠡ) ᠵᠡᠮᠳᠡᠭᠴᠦᠳ᠎ᠤᠨ ᠵᠣᠬᠢᠶᠠᠨ ᠪᠠᠢ᠌ᠭᠤᠯᠤᠯᠲᠠ᠎ᠠᠴᠠ ᠵᠡᠮᠳᠡᠭᠴᠦᠳ᠎ᠲᠤ ᠠᠵᠢᠯ ᠣᠯᠭᠣᠬᠤ᠎ᠳᠤ ᠬᠦᠴᠦᠨ ᠨᠡᠮᠡᠷᠢᠯᠡᠬᠦ ᠠᠵᠢᠯᠯᠠᠭ᠋ᠠᠨ᠎ᠢ ᠬᠡᠷᠡᠭᠵᠢᠭᠦᠯᠦᠨ᠎ᠡ᠃ ᠵᠡᠮᠳᠡᠭᠴᠦᠳ᠎ᠤᠨ ᠲᠤᠰᠬᠠᠢ ᠨᠡᠢ᠌ᠭᠡᠮᠯᠢᠭ᠂ ᠵᠡᠮᠳᠡᠭᠴᠦᠳ᠎ᠢ ᠲᠤᠰᠠᠯᠠᠬᠤ ᠠᠵᠤ ᠠᠬᠤᠢ᠌ᠯᠠᠯ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠠ ᠵᠡᠮᠳᠡᠭᠴᠦᠳ᠎ᠤᠨ ᠠᠵᠢᠯ ᠣᠯᠵᠤ ᠦᠢ᠍ᠯᠡᠰ ᠴᠣᠭᠴᠠᠯᠠᠬᠤ ᠲᠠᠯ᠎ᠠ᠎ᠪᠠᠷ᠎ᠬᠢ ᠳᠠᠭ᠋ᠠᠭᠤᠯᠤᠭᠴᠢ ᠵᠢᠨ ᠦᠢ᠍ᠯᠡᠳᠦᠯ᠎ᠢ ᠪᠠᠳᠠᠷᠠᠭᠤᠯᠵᠤ᠂ ᠨᠢᠭᠡ ᠪᠦᠯᠦᠭ ᠵᠠᠬ᠎ᠠ ᠳᠡᠯᠭᠡᠭᠦᠷ᠎ᠤᠨ ᠠᠯᠤᠰ᠎ᠤᠨ ᠲᠥᠯᠥᠪ᠎ᠲᠠᠢ᠂ ᠠᠮᠢᠵᠢᠷᠠᠯ᠎ᠤᠨ ᠬᠦᠴᠦᠨ ᠵᠶ᠋ᠡᠷ ᠴᠢᠩᠭ᠎ᠠ ᠵᠡᠮᠳᠡᠭᠴᠦᠳ᠎ᠤᠨ ᠠᠵᠢᠯ ᠣᠯᠵᠤ ᠦᠢ᠍ᠯᠡᠰ ᠴᠣᠭᠴᠠᠯᠠᠬᠤ ᠲᠥᠷᠥᠯ ᠵᠦᠢ᠍ᠯ᠎ᠢ ᠪᠣᠢ᠌ᠵᠢᠭᠤᠯᠬᠤ ᠬᠡᠷᠡᠭᠲᠡᠢ᠃ 《ᠬᠠᠢ᠌ᠷ᠎ᠠ ᠢᠪᠡᠭᠡᠭᠰᠡᠨ ᠤᠮᠠᠷᠠᠲᠤ ᠬᠢᠯᠢ》 — ᠦᠢ᠍ᠯᠡᠰ᠎ᠢ᠎ᠨᠢ ᠲᠤᠰᠠᠯᠠᠬᠤ ᠪᠠ ᠦᠪᠡᠰᠦᠪᠡᠨ ᠬᠦᠴᠦᠷᠬᠡᠭᠵᠢᠬᠦ ᠨᠡᠶ᠋ᠢᠲᠡ ᠵᠢᠨ ᠠᠰᠠᠷᠠᠮᠵᠢ ᠵᠢᠨ ᠵᠡᠮᠳᠡᠭᠴᠦᠳ᠎ᠲᠤ ᠲᠤᠰᠠᠯᠠᠬᠤ ᠠᠵᠢᠯᠯᠠᠭ᠋ᠠᠨ᠎ᠢ ᠥᠷᠨᠢᠭᠦᠯᠵᠦ᠂ ᠠᠵᠢᠯ ᠣᠯᠬᠤ ᠬᠦᠰᠡᠯ ᠪᠠ ᠴᠢᠳᠠᠪᠤᠷᠢ᠎ᠲᠠᠢ ᠵᠡᠮᠳᠡᠭᠴᠦᠳ᠎ᠲᠤ ᠠᠵᠢᠯ ᠣᠯᠭᠣᠯᠲᠠ ᠵᠢᠨ ᠬᠠᠪᠰᠤᠷᠤᠯᠭ᠎ᠠ ᠳᠡᠮᠵᠢᠯᠭᠡ   ᠬᠠᠩᠭ᠋ᠠᠬᠤ ᠬᠡᠷᠡᠭᠲᠡᠢ᠃ ᠵᠡᠮᠳᠡᠭᠴᠦᠳ᠎ᠤᠨ ᠲᠤᠰᠠᠯᠠᠬᠤ ᠴᠢᠨᠠᠷᠲᠠᠢ ᠠᠵᠢᠯ ᠣᠯᠭᠣᠬᠤ ᠪᠠᠢ᠌ᠭᠤᠯᠤᠮᠵᠢ᠂ ᠵᠡᠮᠳᠡᠭᠴᠦᠳ᠎ᠤᠨ ᠨᠠᠢ᠌ᠳᠠᠨ ᠠᠰᠠᠷᠠᠭᠤᠯᠬᠤ ᠪᠠᠢ᠌ᠭᠤᠯᠤᠮᠵᠢ᠂ ᠵᠡᠮᠳᠡᠭᠴᠦᠳ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠪᠠᠢ᠌ᠭᠤᠯᠤᠮᠵᠢ᠂ ᠰᠣᠬᠣᠷ ᠬᠥᠮᠥᠨ᠎ᠤ ᠢᠯᠢᠯᠭᠡ ᠵᠢᠨ ᠪᠠᠢ᠌ᠭᠤᠯᠤᠮᠵᠢ᠂ 《ᠬᠠᠯᠠᠭᠤᠨ ᠳᠣᠲᠣᠨᠣᠰᠤᠭ ᠭᠡᠷ ᠣᠷᠣᠨ》᠂ ᠵᠡᠮᠳᠡᠭᠴᠦᠳ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠠᠵᠢᠯ᠎ᠤᠨ ᠲᠠᠰᠤᠭ ᠵᠡᠷᠭᠡ ᠪᠠᠢ᠌ᠭᠤᠯᠤᠮᠵᠢ ᠵᠢᠨ ᠵᠡᠷᠭᠡ ᠳᠡᠰ᠎ᠢ ᠦᠨᠡᠯᠡᠨ ᠲᠣᠭᠲᠠᠭ᠋ᠠᠬᠤ ᠵᠢᠴᠢ ᠱᠠᠩᠨᠠᠵᠤ ᠨᠥᠬᠥᠪᠦᠷᠢᠯᠡᠬᠦ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠵᠡᠮᠳᠡᠭᠴᠦᠳ᠎ᠤᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠡᠯ᠎ᠡ ᠲᠥᠷᠥᠯ᠎ᠤᠨ ᠪᠠᠢ᠌ᠭᠤᠯᠤᠮᠵᠢ ᠵᠢᠨ ᠣᠷᠳᠣ ᠬᠤᠭᠤᠴᠠᠭ᠎ᠠ᠎ᠪᠠᠷ᠂ ᠲᠣᠭᠲᠠᠭᠤᠨ ᠵᠶ᠋ᠡᠷ᠂ ᠵᠢᠷᠤᠮᠵᠢᠯ᠎ᠲᠠᠢ ᠠᠵᠢᠯᠯᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠠᠩᠬ᠎ᠠ ᠤᠳᠠᠭ᠎ᠠ ᠵᠢᠵᠢᠭ ᠪᠢᠴᠢᠯ ᠠᠵᠤ ᠠᠬᠤᠢ᠌ᠯᠠᠯ ᠪᠤᠶᠤ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠡᠷᠬᠢᠯᠡᠵᠦ ᠪᠠᠢ᠌ᠭ᠎ᠠ ᠵᠡᠮᠳᠡᠭᠴᠦᠳ᠎ᠨᠢ ᠨᠥᠬᠥᠴᠡᠯ᠎ᠳᠤ ᠨᠡᠢ᠌ᠴᠡᠭᠰᠡᠨ ᠪᠠᠢ᠌ᠪᠠᠯ ᠲᠣᠭᠲᠠᠭ᠋ᠠᠯ ᠶᠣᠰᠣᠭ᠋ᠠᠷ ᠦᠢ᠍ᠯᠡᠰ ᠴᠣᠭᠴᠠᠯᠠᠬᠤ ᠨᠡᠮᠡᠭᠦᠷᠢ ᠣᠯᠭᠣᠬᠤ ᠬᠡᠷᠡᠭᠲᠡᠢ᠃ ᠵᠡᠮᠳᠡᠭᠴᠦᠳ᠎ᠤᠨ ᠦᠢ᠍ᠯᠡᠰ ᠴᠣᠭᠴᠠᠯᠠᠬᠤ᠎ᠳᠤ ᠵᠢᠭᠡᠯᠡᠯᠭᠡ ᠵᠢᠨ ᠳᠠᠮ ᠬᠦᠦ ᠬᠠᠩᠭ᠋ᠠᠵᠤ᠂ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠵᠡᠮᠳᠡᠭᠴᠦᠳ᠎ᠤᠨ ᠦᠢ᠍ᠯᠡᠰ ᠴᠣᠭᠴᠠᠯᠠᠬᠤ ᠲᠤᠰᠬᠠᠢ ᠵᠢᠭᠡᠯᠡᠯᠭᠡ ᠵᠢᠨ ᠲᠥᠷᠥᠯ ᠵᠦᠢ᠍ᠯ ᠪᠠᠶ᠋ᠢᠭᠤᠯᠬᠤ ᠵᠢ ᠵᠣᠷᠢᠭᠵᠢᠭᠤᠯᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠣᠯᠪᠣᠭ᠋ᠠᠲᠤ ᠬᠤᠷᠠᠯ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠡᠮᠡᠭᠲᠡᠢ᠌ᠴᠦᠳ᠎ᠤᠨ ᠬᠣᠯᠪᠣᠭ᠋ᠠᠲᠤ ᠬᠤᠷᠠᠯ᠂ ᠡᠳ᠋᠎ᠤᠨ ᠵᠠᠰᠠᠭ᠎ᠤᠨ ᠲᠢᠩᠬᠢᠮ᠂ ᠠᠷᠠᠳ᠎ᠤᠨ ᠪᠠᠩᠬᠢ ᠵᠢᠨ ᠬᠥᠬᠡᠬᠣᠲᠠ ᠲᠥᠪ ᠰᠠᠯᠪᠤᠷᠢ ᠪᠠᠩᠬᠢ᠂ ᠥᠪᠥᠷ ᠮᠣᠩᠭᠣᠯ᠎ᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

     (ᠲᠠᠪᠤ) ᠠᠵᠢᠯ ᠣᠯᠬᠤ᠎ᠳᠤ ᠬᠦᠴᠢᠷᠲᠡᠢ ᠵᠡᠮᠳᠡᠭᠴᠦᠳ᠎ᠤᠨ ᠠᠵᠢᠯ ᠣᠯᠬᠤ᠎ᠳᠤ᠎ᠨᠢ ᠬᠠᠪᠰᠤᠷᠤᠨ ᠲᠡᠳᠬᠦᠬᠦ ᠠᠵᠢᠯᠯᠠᠭ᠋ᠠᠨ᠎ᠢ ᠬᠡᠷᠡᠭᠵᠢᠭᠦᠯᠦᠨ᠎ᠡ᠃

《ᠬᠠᠢ᠌ᠷᠠᠯᠠᠨ ᠬᠠᠯᠠᠮᠵᠢᠯᠠᠬᠤ ᠭᠡᠷ ᠣᠷᠣᠨ》 《ᠬᠠᠯᠠᠭᠤᠨ   ᠳᠣᠲᠣᠨᠣᠰᠤᠭ ᠭᠡᠷ ᠣᠷᠣᠨ》᠂ ᠲᠤᠰᠠᠯᠠᠬᠤ ᠴᠢᠨᠠᠷᠲᠠᠢ ᠠᠵᠢᠯ ᠣᠯᠭᠣᠬᠤ ᠪᠠᠢ᠌ᠭᠤᠯᠤᠮᠵᠢ᠂ ᠵᠡᠮᠳᠡᠭᠴᠦᠳ᠎ᠤᠨ ᠨᠠᠢ᠌ᠳᠠᠨ ᠠᠰᠠᠷᠠᠭᠤᠯᠬᠤ ᠪᠠᠢ᠌ᠭᠤᠯᠤᠮᠵᠢ ᠵᠡᠷᠭᠡ ᠵᠡᠮᠳᠡᠭᠴᠦᠳ᠎ᠢ ᠲᠤᠰᠠᠯᠠᠬᠤ ᠪᠠᠢ᠌ᠭᠤᠯᠤᠮᠵᠢ᠎ᠪᠠᠷ ᠳᠠᠮᠵᠢᠭᠤᠯᠤᠨ᠂ ᠵᠣᠬᠢᠬᠤ ᠬᠡᠮᠵᠢᠶᠡᠨ᠎ᠤ ᠬᠥᠳᠡᠯᠮᠦᠷᠢᠯᠡᠬᠦ ᠴᠢᠳᠠᠪᠤᠷᠢ᠎ᠲᠠᠢ ᠪᠣᠯᠪᠠᠴᠤ ᠥᠷᠢᠰᠦᠯᠳᠦᠭᠡᠨ᠎ᠤ ᠴᠢᠨᠠᠷᠲᠠᠢ ᠬᠥᠳᠡᠯᠮᠦᠷᠢ ᠬᠦᠴᠦᠨ᠎ᠤ ᠵᠠᠬ᠎ᠠ ᠳᠡᠯᠭᠡᠭᠦᠷ᠎ᠲᠤ ᠣᠷᠣᠬᠤ᠎ᠳᠤ ᠪᠡᠷᠬᠡᠲᠡᠢ ᠣᠶᠤᠨ ᠤᠬᠠᠭ᠋ᠠᠨ᠂ ᠣᠶᠤᠨ ᠮᠡᠳᠡᠷᠡᠯ ᠪᠠ ᠦᠶ᠎ᠡ ᠭᠡᠰᠢᠭᠦᠨ᠎ᠨᠢ ᠬᠦᠨᠳᠦ ᠠᠷᠬᠠᠭ᠎ᠲᠠᠢ ᠵᠡᠮᠳᠡᠭᠴᠦᠳ᠎ᠢ ᠲᠣᠬᠢᠷᠠᠭᠤᠯᠤᠨ ᠠᠵᠢᠯ ᠣᠯᠭᠣᠬᠤ ᠬᠡᠷᠡᠭᠲᠡᠢ᠃ ᠵᠡᠮᠳᠡᠭᠴᠦᠳ᠎ᠲᠤ ᠠᠵᠢᠯ ᠣᠯᠭᠣᠬᠤ ᠵᠢ ᠠᠬᠢᠭᠤᠯᠬᠤ ᠲᠥᠷᠥ ᠵᠢᠨ ᠪᠣᠳᠣᠯᠭ᠎ᠠ ᠵᠢ ᠨᠡᠢ᠌ᠭᠡᠮ᠎ᠤᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ᠎ᠯᠤᠭ᠎ᠠ ᠵᠣᠯᠭ᠋ᠠᠭᠤᠯᠬᠤ᠎ᠪᠠᠨ ᠴᠢᠩᠭ᠋ᠠᠳᠬᠠᠵᠤ᠂ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠲᠡᠭᠡᠬᠦ ᠬᠡᠪᠴᠢᠶᠡᠨ᠎ᠠᠴᠠ ᠠᠭ᠋ᠠᠵᠢᠮ ᠵᠶ᠋ᠠᠷ ᠪᠤᠴᠠᠭ᠋ᠠᠨ ᠭᠠᠷᠭ᠋ᠠᠬᠤ ᠲᠥᠷᠥ ᠵᠢᠨ ᠪᠣᠳᠣᠯᠭ᠎ᠠ ᠵᠢ ᠲᠣᠭᠲᠠᠭ᠋ᠠᠯ ᠶᠣᠰᠣᠭ᠋ᠠᠷ ᠨᠠᠢ᠌ᠳᠠᠪᠤᠷᠢᠵᠢᠭᠤᠯᠤᠨ᠂ ᠲᠡᠳᠡᠨ᠎ᠢ   ᠬᠠᠪᠰᠤᠷᠴᠤ ᠪᠠᠢ᠌ᠭ᠋ᠠᠳ ᠳᠣᠲᠣᠭ᠋ᠠᠳᠤ ᠬᠥᠭᠵᠢᠯᠲᠡ ᠵᠢᠨ ᠴᠢᠳᠠᠪᠤᠷᠢ ᠵᠢ᠎ᠨᠢ ᠲᠡᠬᠡᠭᠰᠢᠯᠡᠬᠦᠯᠬᠦ ᠬᠡᠷᠡᠭᠲᠡᠢ᠃ ᠵᠡᠮᠳᠡᠭᠴᠦᠳ᠎ᠤᠨ ᠲᠤᠰᠬᠠᠢ ᠠᠵᠢᠯ᠎ᠤᠨ ᠪᠠᠢ᠌ᠷᠢ ᠵᠢ ᠨᠡᠭᠡᠭᠡᠨ ᠬᠥᠭᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠤᠨ᠂ ᠨᠥᠬᠥᠴᠡᠯ᠎ᠳᠤ ᠨᠡᠶ᠋ᠢᠴᠡᠬᠦ᠂ ᠵᠠᠬ᠎ᠠ ᠳᠡᠯᠭᠡᠭᠦᠷ᠎ᠤᠨ ᠠᠷᠭ᠎ᠠ ᠵᠠᠮ ᠵᠶ᠋ᠠᠷ ᠳᠡᠮᠵᠢᠨ ᠠᠵᠢᠯ ᠣᠯᠬᠤ ᠵᠢ ᠪᠡᠶᠡᠯᠡᠭᠦᠯᠬᠦ᠎ᠳᠤ ᠬᠦᠴᠢᠷᠲᠡᠢ ᠵᠡᠮᠳᠡᠭᠴᠦᠳ᠎ᠢ ᠦᠨᠳᠦᠰᠦ᠎ᠠᠴᠠ᠎ᠨᠢ ᠪᠠᠲᠤᠯᠠᠨ ᠲᠥᠪᠬᠢᠨᠡᠭᠦᠯᠵᠦ᠂ ᠨᠡᠮᠡᠭᠦᠷᠢ ᠥᠭᠬᠦ ᠬᠤᠭᠤᠴᠠᠭ᠎ᠠ᠎ᠨᠢ ᠲᠤᠯᠤᠭᠰᠠᠨ᠎ᠤ ᠳᠠᠷᠠᠭ᠎ᠠ   ᠮᠥᠨ ᠬᠦ᠌ ᠪᠤᠰᠤᠳ ᠠᠷᠭ᠎ᠠ ᠵᠠᠮ ᠵᠶ᠋ᠠᠷ ᠠᠵᠢᠯ ᠣᠯᠬᠤ ᠵᠢ ᠪᠡᠶᠡᠯᠡᠭᠦᠯᠬᠦ᠎ᠳᠤ ᠬᠦᠴᠢᠷᠲᠡᠢ ᠪᠠᠢ᠌ᠭ᠎ᠠ ᠬᠦᠨᠳᠦ ᠵᠡᠮᠳᠡᠭᠴᠦᠳ᠎ᠢ ᠳᠠᠬᠢᠨ ᠲᠠᠰ ᠳᠠᠷᠠᠭ᠋ᠠᠯᠠᠯ ᠶᠣᠰᠣᠭ᠋ᠠᠷ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠠᠵᠢᠯ᠎ᠤᠨ ᠪᠠᠢ᠌ᠷᠢ᠎ᠪᠠᠷ ᠳᠡᠮᠵᠢᠨ   ᠲᠥᠪᠬᠢᠨᠡᠭᠦᠯᠵᠦ᠂ ᠨᠡᠶ᠋ᠢᠲᠡ ᠲᠥᠪᠬᠢᠨᠡᠭᠦᠯᠬᠦ ᠤᠳᠠᠭ᠎ᠠ ᠵᠢ ᠵᠠᠷᠴᠢᠮ ᠳᠡᠭᠡᠷ᠎ᠡ᠎ᠪᠠᠨ 2 ᠤᠳᠠᠭ᠎ᠠ᠎ᠠᠴᠠ ᠬᠡᠲᠦᠷᠡᠭᠦᠯᠵᠦ ᠪᠣᠯᠬᠤ ᠦᠭᠡᠢ᠃ (ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠣᠯᠪᠣᠭ᠋ᠠᠲᠤ ᠬᠤᠷᠠᠯ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠠᠷᠠᠳ᠎ᠤᠨ ᠶᠠᠪᠤᠳᠠᠯ᠎ᠤᠨ ᠲᠢᠩᠬᠢᠮ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

     (ᠵᠢᠷᠭᠤᠭ᠎ᠠ) ᠲᠠᠷᠢᠶᠠᠯᠠᠬᠤ ᠮᠠᠯᠵᠢᠬᠤ ᠣᠷᠣᠨ᠎ᠤ ᠵᠡᠮᠳᠡᠭᠴᠦᠳ᠎ᠤᠨ ᠠᠵᠢᠯ ᠣᠯᠬᠤ᠎ᠳᠤ᠎ᠨᠢ ᠬᠠᠪᠰᠤᠷᠤᠨ ᠲᠡᠳᠬᠦᠬᠦ ᠠᠵᠢᠯᠯᠠᠭ᠋ᠠᠨ᠎ᠢ ᠬᠡᠷᠡᠭᠵᠢᠭᠦᠯᠦᠨ᠎ᠡ᠃ ᠵᠡᠮᠳᠡᠭᠴᠦᠳ᠎ᠤᠨ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠲᠠᠷᠢᠶᠠᠯᠠᠬᠤ ᠮᠠᠯᠵᠢᠬᠤ ᠣᠷᠣᠨ᠎ᠤ ᠵᠡᠮᠳᠡᠭᠴᠦᠳ ᠵᠢᠴᠢ ᠲᠡᠳᠡᠨ᠎ᠤ ᠭᠡᠷ ᠪᠦᠯᠢ ᠵᠢᠨ ᠪᠦᠷᠢᠯᠳᠦᠭᠦᠨ᠎ᠤ ᠲᠠᠷᠢᠵᠦ ᠵᠠᠢ᠌ᠯᠠᠬᠤ᠂ ᠲᠡᠵᠢᠭᠡᠨ ᠦᠷᠡᠵᠢᠭᠦᠯᠬᠦ᠂ ᠪᠣᠯᠪᠠᠰᠣᠷᠠᠭᠣᠯᠵᠦ ᠡᠳ᠋ᠰᠢᠭᠦᠯᠬᠦ᠂ ᠡᠯᠧᠺᠲᠷᠣᠨ ᠬᠤᠳᠠᠯᠳᠤᠭ᠎ᠠ ᠵᠡᠷᠭᠡ ᠠᠵᠢᠯ ᠲᠥᠷᠥᠯ ᠡᠷᠭᠢᠯᠡᠬᠦ ᠵᠢ᠎ᠨᠢ ᠲᠡᠳᠬᠦᠵᠦ᠂ ᠲᠠᠷᠢᠶᠠᠯᠠᠬᠤ ᠮᠠᠯᠵᠢᠬᠤ ᠣᠷᠣᠨ᠎ᠤ ᠵᠡᠮᠳᠡᠭᠴᠦᠳ᠎ᠤᠨ ᠬᠡᠷᠡᠭᠯᠡᠭᠡᠨ᠎ᠤ ᠮᠡᠷᠭᠡᠵᠢᠯ᠎ᠤᠨ ᠪᠣᠯᠪᠠᠰᠤᠷᠠᠯ᠎ᠤᠨ ᠲᠥᠷᠥᠯ ᠵᠦᠢ᠍ᠯ᠎ᠢ ᠬᠡᠷᠡᠭᠵᠢᠭᠦᠯᠦᠨ᠂ ᠲᠣᠭᠲᠠᠭ᠋ᠠᠯ ᠶᠣᠰᠣᠭ᠋ᠠᠷ ᠵᠣᠬᠢᠮᠵᠢᠲᠠᠢ ᠨᠡᠮᠡᠭᠦᠷᠢ ᠥᠭᠬᠦ ᠬᠡᠷᠡᠭᠲᠡᠢ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠬᠥᠲᠥᠴᠢ ᠠᠵᠤ ᠠᠬᠤᠢ᠌ᠯᠠᠯ ᠬᠢᠭᠡᠳ ᠶᠠᠳᠠᠭᠤ ᠎ᠠᠴᠠ ᠠᠩᠭᠢᠵᠢᠷᠠᠭᠤᠯᠬᠤ ᠵᠡᠮᠳᠡᠭᠴᠦᠳ᠎ᠤᠨ ᠠᠰᠢᠭ ᠲᠤᠰᠠ ᠵᠢ ᠬᠣᠯᠪᠣᠭᠳᠠᠭᠤᠯᠬᠤ ᠲᠣᠭᠲᠠᠴᠠ ᠵᠢ ᠪᠠᠢ᠌ᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠵᠡᠮᠳᠡᠭᠴᠦᠳ᠎ᠤᠨ ᠣᠷᠣᠯᠭ᠎ᠠ ᠵᠢ ᠨᠡᠮᠡᠭᠳᠡᠭᠦᠯᠬᠦ ᠬᠡᠷᠡᠭᠲᠡᠢ᠃ ᠪᠡᠭᠡᠵᠢᠩ ᠥᠪᠥᠷ ᠮᠣᠩᠭᠣᠯ᠎ᠤᠨ ᠵᠡᠮᠳᠡᠭᠴᠦᠳ᠎ᠢ ᠬᠠᠪᠰᠤᠷᠤᠨ ᠲᠡᠳᠬᠦᠬᠦ ᠬᠠᠮᠵᠢᠯᠴᠠᠭ᠎ᠠ ᠵᠢ ᠦᠷᠭᠦᠯᠵᠢᠯᠡᠨ ᠠᠬᠢᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠨ ᠭᠣᠣᠯᠳᠠᠯᠭ᠎ᠠ ᠪᠣᠯᠬᠤ ᠬᠠᠪᠰᠤᠷᠤᠨ ᠲᠡᠳᠬᠦᠬᠦ ᠬᠣᠰᠢᠭᠤ ᠰᠢᠶᠠᠨ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠵᠡᠮᠳᠡᠭᠴᠦᠳ᠎ᠲᠤ ᠠᠵᠢᠯ ᠣᠯᠭᠣᠵᠤ ᠬᠠᠪᠰᠤᠷᠤᠨ ᠲᠡᠳᠬᠦᠬᠦ ᠲᠥᠷᠥᠯ ᠵᠦᠢ᠍ᠯ᠎ᠳᠤ ᠳᠡᠮᠵᠢᠯᠭᠡ ᠦᠵᠡᠬᠦᠯᠬᠦ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠣᠯᠪᠣᠭ᠋ᠠᠲᠤ ᠬᠤᠷᠠᠯ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

     (ᠳᠣᠯᠣᠭ᠎ᠠ) ᠵᠡᠮᠳᠡᠭ ᠣᠶᠤᠲᠠᠳ᠎ᠤᠨ ᠠᠵᠢᠯ ᠣᠯᠬᠤ ᠵᠢ᠎ᠨᠢ ᠬᠠᠪᠰᠤᠷᠤᠨ ᠲᠡᠳᠬᠦᠬᠦ ᠠᠵᠢᠯᠯᠠᠭ᠋ᠠᠨ᠎ᠢ ᠬᠡᠷᠡᠭᠵᠢᠭᠦᠯᠦᠨ᠎ᠡ᠃ ᠰᠠᠯᠠᠭ᠎ᠠ ᠮᠥᠴᠢᠷ ᠬᠣᠭᠣᠷᠣᠨᠳᠤ᠎ᠪᠠᠨ ᠵᠡᠮᠳᠡᠭ ᠣᠶᠤᠲᠠᠳ᠎ᠤᠨ ᠮᠡᠳᠡᠭᠡ ᠵᠠᠩᠭᠢ ᠵᠢ ᠰᠣᠯᠢᠯᠴᠠᠬᠤ ᠲᠣᠭᠲᠠᠴᠠ ᠵᠢ ᠪᠠᠢ᠌ᠭᠤᠯᠵᠤ᠂ ᠪᠥᠬᠥ ᠣᠷᠣᠨ᠎ᠤ ᠰᠤᠷᠭ᠋ᠠᠭᠤᠯᠢ᠎ᠳᠤ ᠪᠠᠢ᠌ᠭ᠎ᠠ ᠵᠡᠮᠳᠡᠭ ᠣᠶᠤᠲᠠᠳ᠎ᠤᠨ ᠲᠣᠭ᠎ᠠ ᠪᠠᠷᠢᠮᠲᠠ ᠵᠢ ᠣᠨᠣᠪᠴᠢᠲᠠᠶ ᠡᠵᠡᠮᠰᠢᠨ᠂ 《ᠨᠢᠭᠡ ᠬᠥᠮᠥᠨ᠎ᠳᠤ ᠨᠢᠭᠡ ᠪᠣᠳᠣᠯᠭ᠎ᠠ ᠬᠡᠷᠡᠭᠵᠢᠭᠦᠯᠬᠦ》 ᠠᠵᠢᠯ ᠣᠯᠭᠣᠬᠤ ᠦᠢ᠍ᠯᠡᠴᠢᠯᠡᠭᠡᠨ᠎ᠤ ᠡᠬᠡ ᠲᠠᠩᠰᠠ ᠵᠢ ᠪᠠᠢ᠌ᠭᠤᠯᠵᠤ᠂ 《ᠨᠢᠭᠡ᠎ᠳᠤ ᠨᠢᠭᠡ ᠵᠢ ᠴᠢᠭᠯᠡᠬᠦᠯᠬᠦ》 ᠣᠨᠣᠴᠠᠲᠠᠢ ᠦᠢ᠍ᠯᠡᠴᠢᠯᠡᠭᠡᠨ᠎ᠢ ᠥᠷᠨᠢᠭᠦᠯᠬᠦ ᠬᠡᠷᠡᠭᠲᠡᠢ᠃ ᠲᠣᠮᠣ ᠳ᠋ᠠᠢ᠌ᠲ᠋ᠠ ᠵᠢᠨ ᠲᠠᠪᠴᠠᠩ᠎ᠳᠤ ᠲᠦᠰᠢᠭᠯᠡᠨ ᠠᠵᠤ ᠠᠬᠤᠢ᠌ᠯᠠᠯ ᠪᠠ ᠵᠡᠮᠳᠡᠭ ᠣᠶᠤᠲᠠᠳ᠎ᠲᠤ ᠮᠡᠳᠡᠭᠡ ᠵᠠᠩᠭᠢ ᠵᠢ ᠬᠠᠮᠲᠤ᠎ᠳᠤ᠎ᠪᠠᠨ ᠭᠥᠷᠳᠡᠬᠦ ᠲᠣᠭᠲᠠᠴᠠ ᠵᠢ ᠪᠠᠢ᠌ᠭᠤᠯᠤᠨ ᠥᠭᠴᠦ᠂ ᠬᠥᠮᠥᠨ ᠬᠡᠷᠡᠭᠯᠡᠬᠦ ᠨᠢᠭᠡᠴᠢ ᠬᠢᠭᠡᠳ ᠵᠡᠮᠳᠡᠭ ᠣᠶᠤᠲᠠᠳ᠎ᠤᠨ ᠬᠣᠭᠣᠷᠣᠨᠳᠣᠬᠢ ᠮᠡᠳᠡᠭᠡ ᠵᠠᠩᠭᠢ ᠨᠡᠪᠲᠡᠷᠡᠯᠴᠡᠬᠦ ᠵᠠᠮ ᠮᠥᠷ᠎ᠢ᠎ᠨᠢ ᠰᠢᠯᠤᠭᠤᠳᠬᠠᠬᠤ ᠬᠡᠷᠡᠭᠲᠡᠢ᠃ ᠵᠡᠮᠳᠡᠭ ᠣᠶᠤᠲᠠᠳ᠎ᠲᠤ ᠠᠵᠢᠯ ᠣᠯᠭᠣᠯᠲᠠ ᠵᠢᠨ ᠵᠢᠯᠣᠭᠣᠳᠤᠯᠭ᠎ᠠ᠂ ᠠᠵᠢᠯ᠎ᠤᠨ ᠪᠠᠢ᠌ᠷᠢ ᠵᠢᠨ ᠲᠠᠨᠢᠯᠴᠠᠭᠤᠯᠭ᠎ᠠ᠂ ᠤᠷ᠎ᠠ ᠮᠡᠷᠭᠡᠵᠢᠯ᠎ᠤᠨ ᠪᠣᠯᠪᠠᠰᠤᠷᠠᠯ ᠪᠠ ᠲᠤᠰᠬᠠᠢ ᠲᠠᠯᠠᠪᠤᠷ᠎ᠤᠨ ᠠᠵᠢᠯᠲᠠᠨ ᠤᠷᠢᠬᠤ ᠠᠵᠢᠯᠯᠠᠭ᠎ᠠ ᠵᠡᠷᠭᠡ ᠬᠠᠨᠳᠤᠯᠭ᠋ᠠᠲᠤ ᠴᠢᠨᠠᠷᠲᠠᠢ ᠦᠢ᠍ᠯᠡᠴᠢᠯᠡᠭᠡ ᠵᠢ ᠥᠷᠨᠢᠭᠦᠯᠬᠦ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠵᠡᠮᠳᠡᠭᠴᠦᠳ᠎ᠤᠨ ᠬᠣᠯᠪᠣᠭ᠋ᠠᠲᠤ ᠬᠤᠷᠠᠯ ᠠᠵᠢᠯ ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

     (ᠨᠠᠢ᠍ᠮᠠ) ᠰᠣᠬᠣᠷ ᠬᠥᠮᠥᠨ᠎ᠤ ᠢᠯᠢᠯᠭᠡ᠎ᠪᠠᠷ ᠠᠵᠢᠯ ᠣᠯᠭᠣᠯᠲᠠ ᠵᠢ ᠠᠬᠢᠭᠤᠯᠬᠤ ᠠᠵᠢᠯᠯᠠᠭ᠋ᠠᠨ᠎ᠢ ᠬᠡᠷᠡᠭᠵᠢᠭᠦᠯᠦᠨ᠎ᠡ᠃ ᠥᠪᠥᠷ ᠮᠣᠩᠭᠣᠯ᠎ᠤᠨ ᠰᠣᠬᠣᠷ ᠬᠥᠮᠥᠨ᠎ᠤ ᠢᠯᠢᠯᠭᠡ ᠵᠢᠨ ᠡᠮᠨᠡᠯᠭᠡ ᠵᠢᠨ ᠬᠣᠷᠢᠶᠠᠨ᠎ᠤ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠤᠨ᠎ᠠ᠃ ᠣᠲᠣ ᠵᠢᠨ ᠬᠡᠷᠡᠭᠵᠢᠭᠦᠯᠵᠦ ᠪᠠᠢ᠌ᠭ᠎ᠠ ᠲᠥᠷᠥ ᠵᠢᠨ ᠪᠣᠳᠣᠯᠭ᠎ᠠ ᠵᠢᠨ ᠵᠥᠪᠰᠢᠶᠡᠷᠡᠬᠦ ᠬᠡᠪᠴᠢᠶᠡᠨ᠎ᠳᠤ ᠰᠣᠬᠣᠷ ᠬᠥᠮᠥᠨ᠎ᠤ ᠢᠯᠢᠯᠭᠡ ᠵᠢᠨ ᠪᠠᠢ᠌ᠭᠤᠯᠤᠮᠵᠢ (ᠡᠮᠴᠢᠯᠡᠭᠡᠨ᠎ᠤ ᠪᠤᠰᠤ ᠪᠠᠢ᠌ᠭᠤᠯᠤᠮᠵᠢ) ᠡᠷᠭᠢᠯᠡᠬᠦ ᠬᠢᠵᠠᠭ᠋ᠠᠷᠯᠠᠯ᠎ᠢ᠎ᠨᠢ ᠪᠠᠭ᠋ᠠᠰᠬᠠᠬᠤ ᠬᠡᠷᠡᠭᠲᠡᠢ᠃ ᠰᠣᠬᠣᠷ ᠬᠥᠮᠥᠨ᠎ᠤ ᠡᠮᠴᠢᠯᠡᠭᠡᠨ᠎ᠤ ᠢᠯᠢᠯᠭᠡ ᠵᠢᠨ ᠠᠵᠢᠯᠲᠠᠳ᠎ᠤᠨ ᠡᠮᠴᠢᠯᠡᠭᠡᠨ᠎ᠤ ᠢᠯᠢᠯᠭᠡ ᠵᠢᠨ ᠭᠠᠵᠠᠷ ᠡᠷᠬᠢᠯᠡᠬᠦ ᠵᠢ   ᠲᠡᠮᠵᠢᠨ᠎ᠡ᠃ ᠨᠡᠢ᠌ᠭᠡᠮ᠎ᠤᠨ ᠬᠦᠴᠦᠨ᠎ᠢ ᠳᠠᠲᠡᠨ ᠣᠷᠣᠭᠤᠯᠵᠤ᠂ ᠡᠯ᠎ᠡ ᠭᠠᠵᠠᠷ ᠣᠷᠣᠨ᠎ᠤ ᠰᠣᠬᠣᠷ ᠬᠥᠮᠥᠨ᠎ᠤ ᠢᠯᠢᠯᠭᠡ ᠵᠢᠨ ᠪᠠᠢ᠌ᠭᠤᠯᠤᠮᠵᠢ ᠵᠢᠨ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠵᠦ᠂ ᠰᠣᠬᠣᠷ ᠬᠥᠮᠥᠨ᠎ᠤ ᠢᠯᠢᠯᠭᠡ ᠵᠢᠨ ᠨᠡᠷᠡᠳᠦ ᠲᠡᠮᠳᠡᠭ᠎ᠢ ᠡᠭᠦᠳᠦᠨ᠂ ᠰᠣᠬᠣᠷ ᠬᠥᠮᠥᠨ᠎ᠤ ᠢᠯᠢᠯᠭᠡ ᠵᠢᠨ ᠠᠵᠢᠯ ᠲᠦᠷᠦᠯ᠎ᠤᠨ ᠡᠷᠡᠭᠦᠯ ᠬᠥᠭᠵᠢᠯᠲᠡ ᠵᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ᠎ᠨᠢ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠤᠨ ᠬᠦᠨᠳᠦ ᠨᠣᠴᠢᠲᠠᠢ ᠨᠥᠯᠥᠭᠡᠯᠡᠯ᠎ᠢ ᠢᠳᠡᠪᠬᠢᠲᠡᠢ ᠠᠷᠭ᠋ᠠᠴᠠᠭ᠋ᠠᠵᠤ᠂ ᠠᠷᠭ᠎ᠠ ᠬᠡᠮᠵᠢᠶ᠎ᠡ ᠠᠪᠴᠤ ᠪᠠᠢ᠌ᠭ᠋ᠠᠳ ᠰᠣᠬᠣᠷ ᠬᠥᠮᠥᠨ᠎ᠤ ᠢᠯᠢᠯᠭᠡ ᠵᠢᠨ ᠪᠠᠢ᠌ᠭᠤᠯᠤᠮᠵᠢ ᠵᠢᠨ ᠬᠥᠭᠵᠢᠯᠲᠡ ᠵᠢ ᠲᠡᠳᠬᠦᠬᠦ ᠬᠡᠷᠡᠭᠲᠡᠢ᠃ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠨᠢ ᠨᠥᠬᠥᠴᠡᠯ᠎ᠳᠤ ᠨᠡᠶ᠋ᠢᠴᠡᠬᠦ ᠰᠣᠬᠣᠷ ᠬᠥᠮᠥᠨ᠎ᠤ ᠡᠮᠴᠢᠯᠡᠭᠡᠨ᠎ᠤ ᠢᠯᠢᠯᠭᠡ ᠵᠢᠨ ᠪᠠᠢ᠌ᠭᠤᠯᠤᠮᠵᠢ ᠵᠢ ᠴᠠᠭ ᠲᠤᠬᠠᠢ᠎ᠳᠤ᠎ᠨᠢ ᠡᠮᠴᠢᠯᠡᠭᠡᠨ᠎ᠤ ᠳᠠᠭ᠋ᠠᠳᠬᠠᠯ᠎ᠤᠨ ᠲᠣᠭᠲᠠᠭᠰᠠᠨ ᠴᠡᠭ᠎ᠤᠨ ᠬᠡᠪᠴᠢᠶᠡᠨ᠎ᠳᠤ ᠣᠷᠣᠭᠣᠯᠬᠣ ᠬᠡᠷᠡᠭᠲᠡᠢ᠃ ᠰᠣᠬᠣᠷ ᠬᠥᠮᠥᠰ᠎ᠤᠨ ᠰᠣᠶᠣᠯ ᠤᠷᠠᠯᠢᠭ᠂ ᠰᠡᠳᠬᠢᠴᠡ ᠵᠢᠨ ᠡᠷᠡᠭᠦᠯ ᠬᠠᠮᠠᠭ᠋ᠠᠯᠠᠯ ᠪᠠ ᠮᠡᠳᠡᠭᠡ ᠵᠠᠩᠭᠢᠴᠢᠯᠠᠯᠲᠠ ᠵᠢᠨ ᠬᠡᠷᠡᠭᠯᠡᠭᠡᠨ ᠵᠡᠷᠭᠡ ᠬᠦᠷᠢᠶᠡᠨ᠎ᠳᠤ ᠠᠵᠢᠯ ᠣᠯᠬᠤ ᠵᠢ ᠲᠡᠮᠵᠢᠬᠦ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠡᠮᠴᠢᠯᠡᠭᠡᠨ᠎ᠤ ᠳᠠᠭ᠋ᠠᠳᠬᠠᠯ᠎ᠤᠨ ᠲᠣᠪᠴᠢᠶ᠎ᠠ᠂ ᠵᠡᠮᠳᠡᠭᠴᠦᠳ᠎ᠤᠨ ᠬᠣᠯᠪᠣᠭ᠋ᠠᠲᠤ ᠬᠤᠷᠠᠯ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

     (ᠶᠢᠰᠦ) ᠵᠡᠮᠳᠡᠭᠴᠦᠳ᠎ᠲᠤ ᠠᠵᠢᠯ ᠣᠯᠭᠣᠬᠤ ᠦᠢ᠍ᠯᠡᠴᠢᠯᠡᠭᠡ ᠵᠢ ᠳᠡᠭᠡᠭᠰᠢᠯᠡᠭᠦᠯᠬᠦ ᠠᠵᠢᠯᠯᠠᠭ᠋ᠠᠨ᠎ᠢ ᠬᠡᠷᠡᠭᠵᠢᠭᠦᠯᠦᠨ᠎ᠡ᠃ ᠡᠯ᠎ᠡ ᠱᠠᠲᠤᠨ᠎ᠤ ᠵᠡᠮᠳᠡᠭᠴᠦᠳ᠎ᠤᠨ ᠬᠣᠯᠪᠣᠭ᠋ᠠᠲᠤ ᠬᠤᠷᠠᠯ᠎ᠨᠢ 《ᠳᠥᠷᠪᠡᠨ ᠨᠢᠭᠡ》 ᠠᠵᠢᠯ ᠣᠯᠭᠣᠬᠤ ᠦᠢ᠍ᠯᠡᠴᠢᠯᠡᠭᠡᠨ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠠᠵᠢᠯ ᠣᠯᠬᠤ ᠨᠠᠰᠤᠨ᠎ᠳᠤ᠎ᠪᠠᠨ ᠠᠵᠢᠯ ᠣᠯᠣᠭ᠋ᠠᠳᠤᠢ ᠵᠡᠮᠳᠡᠭᠴᠦᠳ᠎ᠲᠤ ᠨᠠᠭ᠋ᠠᠲᠤ ᠵᠠᠬ᠎ᠠ᠎ᠳᠤ᠎ᠪᠠᠨ ᠨᠢᠭᠡ ᠤᠳᠠᠭ᠋ᠠᠨ᠎ᠤ ᠰᠠᠭᠤᠷᠢ ᠮᠡᠳᠡᠭᠡ ᠵᠠᠩᠭᠢ ᠵᠢᠨ ᠬᠠᠷᠭᠤᠭᠤᠯᠤᠯᠲᠠ ᠬᠢᠵᠦ᠂ ᠨᠢᠭᠡ ᠤᠳᠠᠭ᠋ᠠᠨ᠎ᠤ ᠠᠵᠢᠯ ᠮᠡᠷᠭᠡᠵᠢᠯ᠎ᠤᠨ ᠴᠢᠳᠠᠪᠤᠷᠢ ᠵᠢᠨ ᠦᠨᠡᠯᠡᠨ ᠵᠢᠱ᠌ᠢᠯᠲᠡ ᠥᠷᠨᠢᠭᠦᠯᠵᠦ᠂ ᠨᠢᠭᠡ ᠤᠳᠠᠭ᠋ᠠᠨ᠎ᠤ ᠠᠵᠢᠯ ᠣᠯᠬᠤ ᠬᠡᠷᠡᠭᠴᠡᠭᠡ ᠱᠠᠭ᠋ᠠᠷᠳᠠᠯᠭ᠎ᠠ ᠵᠢᠨ ᠪᠦᠷᠢᠳᠬᠡᠨ ᠳᠠᠩᠰᠠᠯᠠᠯᠲᠠ ᠬᠢᠵᠦ᠂ ᠨᠢᠭᠡ ᠤᠳᠠᠭ᠋ᠠᠨ᠎ᠤ ᠠᠵᠢᠯ ᠣᠯᠭᠣᠬᠤ ᠦᠢ᠍ᠯᠡᠴᠢᠯᠡᠭᠡᠨ᠎ᠢ ᠥᠷᠨᠢᠭᠦᠯᠬᠦ ᠬᠡᠷᠡᠭᠲᠡᠢ᠃ ᠵᠡᠮᠳᠡᠭᠴᠦᠳ᠎ᠲᠤ ᠠᠵᠢᠯ ᠣᠯᠭᠣᠬᠤ ᠲᠠᠯ᠎ᠠ᠎ᠪᠠᠷ᠎ᠬᠢ ᠬᠠᠪᠰᠤᠷᠤᠨ ᠵᠢᠯᠣᠭᠣᠳᠤᠭᠴᠢ ᠵᠢᠨ ᠡᠩᠨᠡᠭᠡᠨ᠎ᠤ ᠠᠵᠢᠯ᠎ᠤᠨ ᠬᠠᠮᠢᠶᠠᠷᠤᠯᠲᠠ ᠵᠢᠨ ᠲᠣᠭᠲᠠᠴᠠ ᠵᠢ ᠪᠦᠷᠢᠨᠰᠢᠭᠦᠯᠵᠦ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠵᠡᠮᠳᠡᠭᠴᠦᠳ᠎ᠲᠤ ᠠᠵᠢᠯ ᠣᠯᠭᠣᠬᠤ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠵᠢᠷᠣᠮᠵᠢᠨᠨᠰᠠᠨ ᠪᠠᠢ᠌ᠭᠤᠯᠤᠯᠲᠠ᠎ᠪᠠᠨ ᠪᠡᠶᠡᠯᠡᠭᠦᠯᠬᠦ ᠬᠡᠷᠡᠭᠲᠡᠢ᠃ ᠡᠯ᠎ᠡ ᠲᠥᠷᠥᠯ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠂ ᠠᠵᠢᠯ ᠣᠯᠭᠣᠵᠤ ᠦᠢ᠍ᠯᠡᠰ ᠴᠣᠭᠴᠠᠯᠠᠬᠤ ᠪᠦᠲᠦᠭᠡᠯᠴᠢ ᠰᠡᠳᠬᠢᠮᠵᠢ ᠵᠢᠨ ᠤᠷᠤᠯᠳᠤᠭ᠋ᠠᠨ ᠪᠠ ᠰᠣᠯᠢᠯᠴᠠᠭ᠋ᠠᠨ᠎ᠤ ᠠᠵᠢᠯᠯᠠᠭ᠎ᠠ ᠵᠢ ᠥᠷᠨᠢᠭᠦᠯᠵᠦ᠂ ᠨᠢᠭᠡ ᠪᠦᠯᠦᠭ ᠲᠤᠰᠬᠠᠢ᠌ᠵᠢᠭᠰᠠᠨ ᠬᠢᠷᠢ ᠬᠡᠮᠵᠢᠶ᠎ᠡ ᠥᠨᠳᠥᠷ᠂ ᠦᠢ᠍ᠯᠡᠴᠢᠯᠡᠬᠦ ᠴᠢᠳᠠᠪᠤᠷᠢ ᠰᠠᠢ᠌ᠲᠠᠢ ᠵᠡᠮᠳᠡᠭᠴᠦᠳ᠎ᠢ ᠲᠤᠰᠠᠯᠠᠬᠤ ᠨᠡᠢ᠌ᠭᠡᠮ᠎ᠤᠨ ᠪᠠᠢ᠌ᠭᠤᠯᠤᠮᠵᠢ ᠵᠢ ᠪᠣᠢ᠌ᠵᠢᠭᠤᠯᠵᠤ᠂ ᠵᠡᠮᠳᠡᠭᠴᠦᠳ  ᠎ᠲᠤ ᠠᠵᠢᠯ ᠣᠯᠭᠣᠵᠤ ᠦᠢ᠍ᠯᠡᠰ ᠴᠣᠭᠴᠠᠯᠠᠬᠤ ᠲᠠᠯ᠎ᠠ᠎ᠪᠠᠷ᠎ᠬᠢ ᠨᠢᠭᠡ ᠪᠦᠯᠦᠭ ᠵᠢᠷᠤᠮᠯᠠᠨ ᠳᠠᠭᠤᠷᠢᠶᠠᠵᠤ ᠪᠣᠯᠬᠤᠢ᠌ᠴᠠ ᠳᠡᠯᠭᠡᠷᠡᠭᠦᠯᠬᠦ᠎ᠳᠤ ᠬᠢᠯᠪᠠᠷ ᠲᠥᠷᠥᠯ ᠵᠦᠢ᠍ᠯ᠎ᠢ ᠰᠣᠩᠭᠣᠨ ᠳᠡᠪᠰᠢᠭᠦᠯᠵᠦ᠂ ᠨᠢᠭᠡ ᠪᠦᠯᠦᠭ ᠵᠡᠮᠳᠡᠭᠴᠦᠳ᠎ᠤᠨ ᠤᠷ᠎ᠠ ᠴᠢᠳᠠᠪᠤᠷᠢ ᠵᠢᠨ ᠮᠠᠰᠲ᠋ᠧᠷ ᠪᠠ ᠪᠣᠳᠠᠰ᠎ᠤᠨ ᠪᠤᠰᠤ ᠰᠣᠶᠣᠯ᠎ᠤᠨ ᠥᠪ᠎ᠤᠨ ᠠᠵᠢᠯ᠎ᠤᠨ ᠲᠠᠰᠤᠭ᠎ᠢ ᠲᠡᠳᠬᠦᠬᠦ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠣᠯᠪᠣᠭ᠋ᠠᠲᠤ ᠬᠤᠷᠠᠯ᠂ ᠠᠵᠢᠯᠴᠢᠨ᠎ᠤ ᠶᠡᠷᠦᠩᠬᠡᠢ ᠡᠪᠯᠡᠯ᠂ ᠡᠪᠯᠡᠯ᠎ᠤᠨ ᠬᠣᠷᠢᠶ᠎ᠠ᠂ ᠡᠮᠡᠭᠲᠡᠢ᠌ᠴᠦᠳ᠎ᠤᠨ ᠬᠣᠯᠪᠣᠭ᠋ᠠᠲᠤ ᠬᠤᠷᠠᠯ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

     (ᠠᠷᠪᠠ) ᠵᠡᠮᠳᠡᠭᠴᠦᠳ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠋ᠠᠨ᠎ᠢ ᠬᠡᠷᠡᠭᠵᠢᠭᠦᠯᠦᠨ᠎ᠡ᠃ ᠵᠡᠮᠳᠡᠭᠴᠦᠳ᠎ᠲᠤ ᠪᠣᠯᠪᠠᠰᠤᠷᠠᠯ ᠬᠢᠬᠦ ᠡᠷᠴᠢᠮ ᠵᠶ᠋ᠡᠨ ᠴᠢᠩᠭ᠋ᠠᠷᠠᠭᠤᠯᠵᠤ᠂ ᠠᠵᠢᠯ ᠣᠯᠬᠤ ᠬᠦᠰᠡᠯ ᠪᠠ ᠪᠣᠯᠪᠠᠰᠤᠷᠠᠯ ᠭᠦᠷᠲᠡᠬᠦ ᠬᠡᠷᠡᠭᠴᠡᠭᠡ ᠱᠠᠭ᠋ᠠᠷᠳᠠᠯᠭ᠎ᠠ᠎ᠲᠠᠢ ᠵᠡᠮᠳᠡᠭᠴᠦᠳ᠎ᠢ ᠬᠠᠪᠰᠤᠷᠴᠤ ᠪᠠᠢ᠌ᠭ᠋ᠠᠳ ᠵᠣᠬᠢᠬᠤ ᠠᠵᠢᠯ ᠣᠯᠵᠤ ᠦᠢ᠍ᠯᠡᠰ ᠴᠣᠭᠴᠠᠯᠠᠬᠤ ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠨᠡᠢ᠌ᠳᠡᠮ ᠬᠦᠷᠲᠡᠭᠡᠬᠦ ᠬᠡᠷᠡᠭᠲᠡᠢ᠃ ᠣᠯᠠᠨ ᠨᠡᠶ᠋ᠢᠲᠡ ᠵᠢᠨ ᠪᠣᠯᠪᠠᠰᠤᠷᠠᠯ᠎ᠤᠨ ᠪᠠᠢ᠌ᠭᠤᠯᠤᠮᠵᠢ᠎ᠳᠤ ᠲᠦᠰᠢᠭᠯᠡᠨ᠂ ᠵᠡᠮᠳᠡᠭᠴᠦᠳ᠎ᠤᠨ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠡᠯ᠎ᠡ ᠱᠠᠲᠤᠨ᠎ᠤ ᠵᠡᠮᠳᠡᠭᠴᠦᠳ᠎ᠤᠨ ᠬᠣᠯᠪᠣᠭ᠋ᠠᠲᠤ ᠬᠤᠷᠠᠯ᠎ᠨᠢ ᠪᠡᠯᠡ ᠮᠥᠩᠭᠥ᠎ᠪᠠᠨ ᠨᠢᠭᠡᠳᠦᠯᠲᠡᠢ ᠲᠥᠯᠥᠪᠯᠡᠵᠦ ᠪᠠᠢ᠌ᠭ᠋ᠠᠳ ᠰᠠᠭ᠋ᠠᠳ ᠦᠭᠡᠢ᠎ᠪᠠᠷ ᠥᠭᠡᠷᠡᠴᠢᠯᠡᠬᠦ᠂ ᠪᠡᠯᠡᠳᠬᠡᠮᠵᠢ ᠲᠥᠬᠦᠭᠡᠷᠦᠮᠵᠢ᠂ ᠪᠣᠯᠪᠠᠰᠤᠷᠠᠯ᠎ᠤᠨ ᠵᠠᠷᠤᠳᠠᠯ ᠵᠡᠷᠭᠡ ᠲᠠᠯ᠎ᠠ᠎ᠪᠠᠷ ᠵᠣᠬᠢᠮᠵᠢᠲᠠᠢ ᠳᠡᠮᠵᠢᠯᠭᠡ ᠦᠵᠡᠬᠦᠯᠬᠦ ᠬᠡᠷᠡᠭᠲᠡᠢ᠃ ᠨᠥᠬᠥᠴᠡᠯ᠎ᠲᠠᠢ ᠥᠪᠡᠷᠲᠡᠭᠡᠨ ᠵᠠᠰᠠᠬᠤ ᠣᠷᠣᠨ᠎ᠤ ᠳᠤᠮᠳᠠ ᠪᠠ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠵᠡᠮᠳᠡᠭ ᠰᠣᠷᠣᠭᠴᠢ ᠡᠯᠰᠡᠬᠦ ᠬᠡᠪᠴᠢᠶ᠎ᠡ᠎ᠪᠠᠨ ᠠᠯᠬᠤᠮ ᠠᠯᠬᠤᠮ ᠵᠶ᠋ᠠᠷ ᠥᠷᠭᠡᠳᠬᠡᠬᠦ ᠵᠢ᠎ᠨᠢ ᠵᠣᠷᠢᠭᠵᠢᠭᠤᠯᠵᠤ᠂ ᠠᠩᠬ᠎ᠠ ᠪᠠ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠣᠶᠣᠯ᠎ᠤᠨ ᠬᠢᠷᠢ ᠬᠡᠮᠵᠢᠶ᠎ᠡ᠎ᠲᠠᠢ ᠵᠡᠮᠳᠡᠭᠴᠦᠳ᠎ᠢ ᠬᠠᠪᠰᠤᠷᠤᠨ ᠳᠤᠮᠳᠠ ᠪᠠ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ ᠬᠦᠷᠲᠡᠭᠡᠵᠦ᠂ ᠲᠣᠭᠲᠠᠭ᠋ᠠᠯ ᠶᠣᠰᠣᠭ᠋ᠠᠷ ᠰᠣᠷᠣᠭᠴᠢ ᠵᠢ ᠲᠤᠰᠠᠯᠠᠬᠤ ᠲᠥᠷᠥ ᠵᠢᠨ ᠪᠣᠳᠣᠯᠭ᠎ᠠ ᠵᠢ ᠬᠦᠷᠲᠡᠭᠡᠬᠦ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠣᠯᠪᠣᠭ᠋ᠠᠲᠤ ᠬᠤᠷᠠᠯ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      ᠭᠤᠷᠪᠠ᠂ ᠪᠠᠲᠤᠯᠠᠭ᠎ᠠ ᠵᠢ ᠴᠢᠩᠭ᠋ᠠᠷᠠᠭᠤᠯᠬᠤ ᠬᠡᠷᠡᠭᠲᠡᠢ

     (ᠨᠢᠭᠡ) ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ᠎ᠪᠠᠨ ᠴᠢᠩᠭ᠋ᠠᠳᠬᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠠᠵᠢᠯ᠎ᠤᠨ ᠵᠥᠪᠯᠡᠯ᠎ᠠᠴᠠ ᠲᠦᠷᠦᠭᠦᠯᠡᠵᠦ ᠨᠠᠢ᠌ᠳᠠᠪᠤᠷᠢᠵᠢᠭᠤᠯᠬᠤ ᠵᠢ ᠠᠳᠬᠤᠵᠤ᠂ ᠡᠯ᠎ᠡ ᠠᠢ᠌ᠮᠠᠭ ᠬᠣᠲᠠ ᠵᠢᠨ ᠵᠡᠮᠳᠡᠭᠴᠦᠳ᠎ᠤᠨ ᠠᠵᠢᠯ᠎ᠤᠨ ᠵᠥᠪᠯᠡᠯ᠎ᠨᠢ ᠢᠳᠡᠪᠬᠢᠲᠡᠢ ᠬᠠᠮᠵᠢᠯᠴᠠᠨ᠂ ᠨᠢᠭᠡᠳᠦᠯᠲᠡᠢ ᠤᠳᠤᠷᠢᠳᠬᠤ᠂ ᠱᠠᠲᠤ ᠬᠤᠪᠢᠶᠠᠨ ᠬᠠᠷᠢᠭᠤᠴᠠᠬᠤ᠂ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠬᠤ ᠪᠠᠢ᠌ᠷᠢᠰᠢᠯ᠎ᠢ ᠪᠣᠶ ᠪᠣᠯᠭ᠋ᠠᠬᠣ ᠬᠡᠷᠡᠭᠲᠡᠢ᠃ ᠮᠠᠨ᠎ᠤ ᠣᠷᠣᠨ᠎ᠤ ᠵᠡᠮᠳᠡᠭᠴᠦᠳ᠎ᠤᠨ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ᠂ ᠡᠮᠦᠨ᠎ᠡ ᠳᠤᠷᠠᠳᠤᠭᠰᠠᠨ ᠠᠷᠪᠠᠨ ᠵᠦᠢ᠍ᠯ᠎ᠤᠨ ᠠᠵᠢᠯᠯᠠᠭ᠋ᠠᠨ᠎ᠲᠠᠢ ᠬᠠᠷᠭᠤᠭᠤᠯᠵᠤ   ᠵᠣᠬᠢᠬᠤ ᠲᠥᠷᠥ ᠵᠢᠨ ᠪᠣᠳᠣᠯᠭ᠎ᠠ ᠲᠣᠭᠲᠠᠭ᠋ᠠᠨ ᠨᠡᠢ᠌ᠲᠡᠯᠡᠬᠦ ᠬᠡᠷᠡᠭᠲᠡᠢ᠃ ᠠᠵᠢᠯ᠎ᠤᠨ ᠨᠠᠷᠢᠨ ᠬᠠᠭᠤᠳᠠᠰᠤ ᠵᠢ ᠵᠢᠭᠰᠠᠭ᠋ᠠᠵᠤ᠂ ᠬᠠᠷᠢᠭᠤᠴᠠᠯᠭ᠋ᠠᠲᠤ ᠰᠠᠯᠠᠭ᠎ᠠ ᠮᠥᠴᠢᠷ᠂ ᠡᠭᠦᠷᠭᠡ ᠬᠠᠷᠠᠯᠲᠠ᠂ ᠪᠡᠶᠡᠯᠡᠭᠦᠯᠬᠦ ᠴᠠᠭ ᠬᠤᠭᠤᠴᠠᠭ᠎ᠠ᠎ᠪᠠᠨ ᠲᠣᠳᠣᠷᠬᠠᠢ᠌ᠯᠠᠬᠤ ᠬᠡᠷᠡᠭᠲᠡᠢ᠃ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠲᠤᠰ ᠲᠤᠰ᠎ᠤᠨ ᠬᠠᠷᠢᠭᠤᠴᠠᠯᠭ᠎ᠠ᠎ᠪᠠᠨ ᠡᠭᠦᠷᠭᠡᠯᠡᠨ᠂ ᠵᠣᠬᠢᠴᠠᠯᠳᠤᠨ ᠬᠠᠮᠵᠢᠯᠴᠠᠵᠤ᠂ ᠨᠡᠢ᠌ᠯᠡᠮᠡᠯ ᠬᠦᠴᠦᠨ᠎ᠢ ᠪᠤᠢ ᠪᠣᠯᠭ᠋ᠠᠨ᠂ ᠵᠡᠮᠳᠡᠭᠴᠦᠳ᠎ᠲᠤ ᠠᠵᠢᠯ ᠣᠯᠭᠣᠬᠤ ᠠᠵᠢᠯ᠎ᠢ ᠢᠳᠡᠪᠬᠢᠲᠡᠢ᠎ᠪᠠᠷ ᠠᠬᠢᠭᠤᠯᠬᠤ ᠬᠡᠷᠡᠭᠲᠡᠢ᠃

     (ᠬᠣᠶᠠᠷ) ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠎ᠪᠠᠨ ᠲᠡᠭᠦᠯᠳᠡᠷᠵᠢᠭᠦᠯᠬᠦ ᠬᠡᠷᠡᠭᠲᠡᠢ᠃ ᠵᠡᠮᠳᠡᠭᠴᠦᠳ᠎ᠲᠤ ᠠᠵᠢᠯ ᠣᠯᠭᠣᠬᠤ ᠵᠢ ᠠᠬᠢᠭᠤᠯᠬᠤ ᠲᠤᠬᠠᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂

《ᠪᠠᠢ᠌ᠭᠤᠯᠭ᠎ᠠ᠂ ᠠᠵᠢᠯ ᠦᠢ᠍ᠯᠡᠰ᠎ᠤᠨ ᠨᠢᠭᠡᠴᠢ᠂ ᠤᠯᠤᠰ᠎ᠤᠨ ᠥᠮᠴᠢᠯᠡᠯᠲᠦ ᠠᠵᠤ ᠠᠬᠤᠢ᠌ᠯᠠᠯ ᠲᠦᠷᠦᠭᠦᠯᠡᠨ ᠵᠡᠮᠳᠡᠭᠴᠦᠳ᠎ᠢ ᠲᠣᠬᠢᠷᠠᠭᠤᠯᠤᠨ ᠠᠵᠢᠯ ᠣᠯᠭᠣᠬᠤ ᠠᠷᠭ᠎ᠠ》 ᠵᠢᠨ ᠶᠣᠰᠣᠭ᠋ᠠᠷ᠂ ᠵᠡᠮᠳᠡᠭᠴᠦᠳ᠎ᠤᠨ ᠡᠯᠰᠡᠨ ᠬᠡᠷᠡᠭᠯᠡᠬᠦ (ᠤᠷᠢᠬᠤ) ᠰᠢᠯᠭ᠋ᠠᠯᠲᠠ᠎ᠳᠤ ᠣᠷᠤᠯᠴᠠᠬᠤ᠎ᠳᠤ ᠵᠦᠢ ᠵᠣᠬᠢᠰᠲᠠᠢ ᠲᠥᠬᠥᠮ ᠦᠵᠡᠭᠦᠯᠵᠦ᠂ ᠵᠡᠮᠳᠡᠭᠴᠦᠳ᠎ᠤᠨ ᠠᠵᠢᠯ᠎ᠤᠨ ᠪᠠᠢ᠌ᠷᠢ᠎ᠳᠤ ᠭᠠᠷᠬᠤ ᠪᠡᠶ᠎ᠡ ᠵᠢᠨ ᠪᠠᠢ᠌ᠴᠠᠭ᠋ᠠᠯᠲᠠ ᠵᠢᠨ ᠠᠷᠭ᠎ᠠ ᠵᠢ ᠵᠦᠢ ᠵᠣᠬᠢᠰᠲᠠᠢ ᠲᠣᠭᠲᠠᠭ᠋ᠠᠬᠤ ᠬᠡᠷᠡᠭᠲᠡᠢ᠃ ᠵᠡᠮᠳᠡᠭᠴᠦᠳ᠎ᠲᠤ ᠬᠠᠷᠢᠴᠠᠯ ᠶᠣᠰᠣᠭ᠋ᠠᠷ ᠠᠵᠢᠯ ᠣᠯᠭᠣᠬᠤ ᠬᠡᠯᠪᠡᠷᠢ᠎ᠳᠤ ᠰᠢᠨ᠎ᠡ ᠵᠢ ᠡᠭᠦᠳᠬᠦ ᠬᠡᠷᠡᠭᠲᠡᠢ᠃ ᠵᠡᠮᠳᠡᠭᠴᠦᠳ᠎ᠲᠤ ᠠᠵᠢᠯ ᠣᠯᠭᠣᠬᠤ ᠡᠯ᠎ᠡ ᠲᠥᠷᠥᠯ᠎ᠤᠨ ᠦᠢ᠍ᠯᠡᠴᠢᠯᠡᠭᠡᠨ ᠪᠠ ᠠᠵᠢᠯ ᠮᠡᠷᠭᠡᠵᠢᠯ᠎ᠤᠨ ᠪᠣᠯᠪᠠᠰᠤᠷᠠᠯ᠎ᠢ ᠥᠷᠭᠡᠨ ᠵᠶ᠋ᠡᠷ ᠥᠷᠨᠢᠭᠦᠯᠵᠦ᠂ ᠪᠡᠭᠡᠵᠢᠩ ᠥᠪᠥᠷ ᠮᠣᠩᠭᠣᠯ ᠵᠡᠮᠳᠡᠭᠴᠦᠳ᠎ᠲᠤ ᠠᠵᠢᠯ ᠣᠯᠭᠣᠬᠤ ᠬᠠᠮᠵᠢᠯᠴᠠᠭ᠎ᠠ᠎ᠪᠠᠨ ᠴᠢᠩᠭ᠋ᠠᠳᠬᠠᠬᠤ ᠬᠡᠷᠡᠭᠲᠡᠢ᠃ ᠨᠥᠬᠥᠴᠡᠯ᠎ᠳᠤ ᠨᠡᠢ᠌ᠴᠡᠭᠰᠡᠨ ᠠᠵᠢᠯ᠎ᠠᠴᠠ ᠪᠣᠯᠵᠤ ᠭᠡᠮᠲᠦᠭᠰᠡᠨ ᠵᠡᠮᠳᠡᠭ ᠠᠵᠢᠯᠲᠠᠨ ᠠᠵᠢᠯᠴᠢᠨ᠎ᠢ ᠵᠡᠮᠳᠡᠭᠴᠦᠳ᠎ᠲᠤ ᠠᠵᠢᠯ ᠣᠯᠭᠣᠬᠤ ᠦᠢ᠍ᠯᠡᠴᠢᠯᠡᠭᠡᠨ᠎ᠤ ᠲᠣᠭᠲᠠᠯᠴᠠᠭ᠎ᠠ᠎ᠳᠤ ᠤᠷᠤᠭᠤᠯᠬᠤ ᠬᠡᠷᠡᠭᠲᠡᠢ᠃

     (ᠭᠤᠷᠪᠠ) ᠰᠠᠭᠤᠷᠢ ᠮᠡᠳᠡᠭᠡ ᠵᠠᠩᠭᠢ ᠵᠢ ᠪᠠᠢ᠌ᠴᠠᠭ᠋ᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠬᠣᠯᠪᠣᠭ᠋ᠠᠲᠤ ᠬᠤᠷᠠᠯ ᠵᠶ᠋ᠠᠷ ᠲᠦᠷᠦᠭᠦᠯᠡᠭᠦᠯᠦᠨ᠂ ᠬᠠᠮᠢᠶ᠎ᠠ ᠪᠦᠬᠦᠢ ᠰᠠᠯᠠᠭ᠎ᠠ ᠮᠥᠴᠢᠷ᠎ᠯᠦᠭᠡ ᠲᠣᠭ᠎ᠠ ᠪᠠᠷᠢᠮᠲᠠ᠎ᠪᠠᠨ ᠬᠠᠷᠢᠴᠠᠭᠤᠯᠵᠤ᠂ ᠠᠯᠪᠠᠨ ᠪᠠᠢ᠌ᠭᠤᠯᠭ᠎ᠠ᠂ ᠠᠵᠢᠯ ᠦᠢ᠍ᠯᠡᠰ᠎ᠤᠨ ᠨᠢᠭᠡᠴᠢ᠂ ᠤᠯᠤᠰ ᠎ᠤᠨ ᠥᠮᠴᠢᠯᠡᠯᠲᠦ ᠠᠵᠤ ᠠᠬᠤᠢ᠌ᠯᠠᠯ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠲᠣᠭ᠎ᠠ ᠬᠡᠮᠵᠢᠶ᠎ᠡ᠂ ᠬᠡᠪᠴᠢᠶ᠎ᠡ ᠵᠢᠴᠢ ᠵᠡᠮᠳᠡᠭᠴᠦᠳ᠎ᠲᠤ ᠠᠵᠢᠯ ᠣᠯᠭᠣᠭᠰᠠᠨ ᠪᠠᠢ᠌ᠳᠠᠯ᠎ᠢ ᠣᠢ᠌ᠯᠠᠭ᠋ᠠᠨ᠂ ᠨᠢᠭᠡ ᠪᠦᠯᠦᠭ ᠬᠥᠮᠥᠨ ᠬᠡᠷᠡᠭᠯᠡᠬᠦ ᠬᠡᠪᠴᠢᠶ᠎ᠡ᠎ᠪᠠᠷ ᠥᠷᠭᠡᠨ᠂ ᠵᠡᠮᠳᠡᠭᠴᠦᠳ᠎ᠲᠤ ᠠᠵᠢᠯ ᠣᠯᠭᠣᠬᠤ ᠨᠢᠭᠤᠭᠳᠠᠮᠠᠯ ᠬᠦᠴᠦᠨ ᠵᠶ᠋ᠠᠷ ᠭᠦᠢ᠍ᠴᠡᠳ ᠬᠥᠮᠥᠨ ᠬᠡᠷᠡᠭᠯᠡᠬᠦ ᠨᠢᠭᠡᠴᠢ ᠵᠢ ᠰᠣᠩᠭᠣᠵᠤ᠂ ᠠᠵᠢᠯ ᠣᠯᠭᠣᠯᠲᠠ ᠵᠢ ᠠᠬᠢᠭᠤᠯᠬᠤ ᠠᠵᠢᠯᠯᠠᠭ᠋ᠠᠨ᠎ᠤ ᠭᠣᠣᠯᠳᠠᠯᠭ᠎ᠠ ᠪᠣᠯᠬᠤ ᠡᠲᠡᠭᠡᠳ ᠪᠣᠯᠭ᠋ᠠᠬᠤ ᠬᠡᠷᠡᠭᠲᠡᠢ᠃ ᠡᠭᠦᠨ᠎ᠤ ᠬᠠᠮᠲᠤ᠂ ᠡᠯ᠎ᠡ ᠱᠠᠲᠤᠨ᠎ᠤ ᠵᠡᠮᠳᠡᠭᠴᠦᠳ᠎ᠤᠨ ᠬᠣᠯᠪᠣᠭ᠋ᠠᠲᠤ ᠬᠤᠷᠠᠯ᠎ᠢ ᠵᠣᠬᠢᠶᠠᠨ ᠪᠠᠢ᠌ᠭᠤᠯᠤᠨ ᠪᠥᠬᠥ ᠣᠷᠣᠨ᠎ᠤ ᠠᠵᠢᠯ ᠣᠯᠬᠤ ᠨᠠᠰᠤᠨ᠎ᠳᠤ᠎ᠪᠠᠨ ᠠᠵᠢᠯ ᠣᠯᠣᠭ᠋ᠠᠳᠤᠢ ᠵᠡᠮᠳᠡᠭᠴᠦᠳ᠎ᠤᠨ ᠰᠠᠭᠤᠷᠢ ᠮᠡᠳᠡᠭᠡ ᠵᠠᠩᠭᠢ ᠵᠢᠨ ᠪᠠᠢ᠌ᠳᠠᠯ᠎ᠢ ᠣᠢ᠌ᠯᠠᠭ᠋ᠠᠨ ᠪᠠᠢ᠌ᠴᠠᠭ᠋ᠠᠬᠤ ᠵᠢᠨ ᠬᠠᠮᠲᠤ ᠪᠠᠢ᠌ᠴᠠᠭ᠋ᠠᠭᠰᠠᠨ ᠲᠣᠭ᠎ᠠ ᠪᠠᠷᠢᠮᠲᠠ᠎ᠪᠠᠨ ᠬᠤᠷᠢᠶᠠᠩᠭᠤᠢ᠌ᠯᠠᠨ ᠵᠠᠳᠠᠯᠵᠤ᠂ ᠠᠵᠢᠯ ᠮᠡᠷᠭᠡᠵᠢᠯ᠎ᠤᠨ ᠴᠢᠳᠠᠪᠤᠷᠢ ᠵᠢ ᠦᠨᠡᠯᠡᠨ ᠵᠢᠱ᠌ᠢᠬᠦ᠂ ᠠᠵᠢᠯ ᠣᠯᠬᠤ ᠬᠡᠷᠡᠭᠴᠡᠭᠡ ᠱᠠᠭ᠋ᠠᠷᠳᠠᠯᠭ᠎ᠠ ᠵᠢ ᠪᠦᠷᠢᠳᠬᠡᠨ ᠳᠠᠩᠰᠠᠯᠠᠬᠤ ᠪᠠ ᠠᠵᠢᠯ ᠣᠯᠭᠣᠬᠤ ᠦᠢ᠍ᠯᠡᠴᠢᠯᠡᠭᠡ ᠵᠡᠷᠭᠡ ᠠᠵᠢᠯ᠎ᠢ ᠥᠷᠨᠢᠭᠦᠯᠬᠦ ᠬᠡᠷᠡᠭᠲᠡᠢ᠃

     (ᠳᠥᠷᠪᠡ) ᠪᠡᠯᠡ ᠮᠥᠩᠭᠥᠨ᠎ᠤ ᠪᠠᠲᠤᠯᠠᠭ᠎ᠠ ᠵᠢ ᠴᠢᠩᠭ᠋ᠠᠷᠠᠭᠤᠯᠬᠤ ᠬᠡᠷᠡᠭᠲᠡᠢ᠃ ᠵᠡᠮᠳᠡᠭᠴᠦᠳ᠎ᠲᠤ ᠠᠵᠢᠯ ᠣᠯᠭᠣᠬᠤ ᠪᠣᠯᠪᠠᠰᠤᠷᠠᠯ᠂ ᠠᠵᠢᠯ ᠣᠯᠭᠣᠬᠤ ᠦᠢ᠍ᠯᠡᠴᠢᠯᠡᠭᠡᠨ᠂ ᠨᠡᠮᠡᠭᠦᠷᠢ ᠥᠭᠴᠦ ᠱᠠᠩᠨᠠᠬᠤ ᠵᠡᠷᠭᠡ ᠬᠠᠮᠢᠶ᠎ᠠ ᠪᠦᠬᠦᠢ ᠪᠡᠯᠡ ᠮᠥᠩᠭᠥᠨ᠎ᠤ ᠣᠷᠣᠭᠤᠯᠤᠯᠲᠠ ᠵᠢ ᠪᠠᠲᠤᠯᠠᠵᠤ᠂ ᠨᠡᠮᠡᠭᠦᠷᠢ ᠥᠭᠬᠦ ᠪᠠ ᠱᠠᠩᠨᠠᠬᠤ ᠪᠠᠷᠢᠮᠵᠢᠶ᠎ᠠ᠂ ᠨᠥᠬᠥᠴᠡᠯ ᠵᠡᠷᠭᠡ ᠠᠭᠤᠯᠭ᠎ᠠ ᠵᠢ ᠵᠦᠢ ᠵᠣᠬᠢᠰᠲᠠᠢ ᠲᠣᠭᠲᠠᠭ᠋ᠠᠬᠤ ᠬᠡᠷᠡᠭᠲᠡᠢ᠃ ᠵᠡᠮᠳᠡᠭᠴᠦᠳ᠎ᠤᠨ ᠠᠵᠢᠯ ᠣᠯᠵᠤ ᠦᠢ᠍ᠯᠡᠰ ᠴᠣᠭᠴᠠᠯᠠᠬᠤ ᠵᠢ ᠲᠡᠳᠬᠦᠨ ᠲᠡᠮᠵᠢᠬᠦ ᠡᠯ᠎ᠡ ᠲᠥᠷᠥᠯ᠎ᠤᠨ ᠪᠡᠯᠡ ᠮᠥᠩᠭᠥ ᠵᠢ ᠨᠢᠭᠡᠳᠦᠯᠲᠡᠢ ᠲᠥᠯᠥᠪᠯᠡᠨ ᠰᠠᠢ᠌ᠲᠤᠷ ᠬᠡᠷᠡᠭᠯᠡᠵᠦ᠂ ᠰᠣᠯᠪᠢᠴᠠᠭᠤᠯᠤᠨ ᠬᠡᠷᠡᠭᠯᠡᠬᠦ᠎ᠠᠴᠠ ᠵᠠᠢ᠌ᠯᠠᠰᠬᠢᠬᠦ ᠬᠡᠷᠡᠭᠲᠡᠢ᠃ ᠵᠡᠮᠳᠡᠭᠴᠦᠳ᠎ᠲᠤ ᠠᠵᠢᠯ ᠣᠯᠭᠣᠬᠤ ᠲᠠᠯ᠎ᠠ᠎ᠪᠠᠷ᠎ᠬᠢ ᠡᠯ᠎ᠡ ᠲᠥᠷᠥᠯ᠎ᠤᠨ ᠬᠠᠪᠰᠤᠷᠤᠨ ᠲᠡᠳᠬᠦᠬᠦ ᠪᠠ ᠪᠣᠯᠪᠠᠰᠤᠷᠠᠯ ᠬᠦᠷᠲᠡᠭᠡᠬᠦ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠲᠣᠭᠲᠠᠭ᠋ᠠᠯ ᠶᠣᠰᠣᠭ᠋ᠠᠷ ᠲᠡᠳᠬᠦᠬᠦ ᠬᠡᠷᠡᠭᠲᠡᠢ᠃ ᠬᠠᠷᠢᠴᠠᠯ᠎ᠠᠴᠠ ᠳᠠᠪᠠᠭᠤᠯᠵᠤ ᠵᠡᠮᠳᠡᠭᠴᠦᠳ᠎ᠢ ᠲᠣᠬᠢᠷᠠᠭᠤᠯᠤᠨ ᠠᠵᠢᠯ ᠣᠯᠭᠣᠭᠰᠠᠨ ᠬᠥᠮᠥᠨ ᠬᠡᠷᠡᠭᠯᠡᠬᠦ ᠨᠢᠭᠡᠴᠢ ᠵᠢ ᠱᠠᠩᠨᠠᠨ ᠬᠥᠬᠢᠭᠦᠯᠬᠦ ᠡᠷᠴᠢᠮ ᠵᠶ᠋ᠠᠨ ᠴᠢᠩᠭ᠋ᠠᠷᠠᠭᠤᠯᠬᠤ ᠬᠡᠷᠡᠭᠲᠡᠢ᠃

     (ᠲᠠᠪᠤ) ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠶ ᠪᠣᠯᠭ᠋ᠠᠬᠣ ᠬᠡᠷᠡᠭᠲᠡᠢ᠃ 《ᠵᠡᠮᠳᠡᠭᠴᠦᠳ᠎ᠲᠤ ᠠᠵᠢᠯ ᠣᠯᠭᠣᠬᠤ ᠤᠬᠠᠭᠤᠯᠭ᠎ᠠ ᠵᠢᠨ ᠣᠨ》᠎ᠤ ᠠᠵᠢᠯᠯᠠᠭ᠋ᠠᠨ᠎ᠲᠠᠢ ᠤᠶᠠᠯᠳᠤᠭᠤᠯᠤᠨ᠂ ᠵᠡᠮᠳᠡᠭᠴᠦᠳ᠎ᠲᠤ ᠠᠵᠢᠯ ᠣᠯᠭᠣᠬᠤ ᠤᠬᠠᠭᠤᠯᠭ᠎ᠠ ᠵᠢᠨ ᠡᠷᠴᠢᠮ ᠵᠶ᠋ᠡᠨ ᠨᠡᠮᠡᠭᠳᠡᠭᠦᠯᠬᠦ ᠬᠡᠷᠡᠭᠲᠡᠢ᠃ ᠲᠥᠬᠥᠮ ᠣᠢ᠌ᠯᠠᠭ᠋ᠠᠮᠵᠢᠲᠠᠢ᠂ ᠲᠣᠪᠴᠢ ᠠᠪᠰᠠᠷᠬᠠᠨ ᠥᠰᠥᠭ ᠪᠢᠴᠢᠭ᠂ ᠬᠡᠷᠡᠯ ᠵᠢᠷᠤᠭ᠂ ᠸᠢᠳᠢᠤ᠋ ᠬᠡᠯᠪᠡᠷᠢ᠎ᠪᠠᠷ ᠷᠠᠳᠢᠣ᠋ ᠲᠧᠯᠸᠢᠰ᠂ ᠰᠣᠨᠢᠨ᠂ ᠰᠦᠯᠵᠢᠶ᠎ᠡ ᠪᠠ ᠰᠢᠨ᠎ᠡ ᠵᠠᠭᠤᠴᠢᠯᠠᠭᠤᠷ᠎ᠤᠨ ᠲᠠᠪᠴᠠᠩ ᠵᠶ᠋ᠠᠷ ᠳᠠᠮᠵᠢᠭᠤᠯᠤᠨ ᠵᠡᠮᠳᠡᠭᠴᠦᠳ᠎ᠤᠨ ᠠᠵᠢᠯ ᠣᠯᠵᠤ ᠦᠢ᠍ᠯᠡᠰ ᠴᠣᠭᠴᠠᠯᠠᠬᠤ ᠵᠢ ᠲᠡᠳᠬᠦᠬᠦ ᠲᠥᠷᠥ ᠵᠢᠨ ᠪᠣᠳᠣᠯᠭ᠎ᠠ ᠵᠢ ᠶᠡᠬᠡ᠎ᠪᠠᠷ ᠤᠬᠠᠭᠤᠯᠵᠤ᠂ ᠬᠥᠮᠥᠨ ᠬᠡᠷᠡᠭᠯᠡᠬᠦ ᠨᠢᠭᠡᠴᠢ ᠵᠢᠨ ᠵᠡᠮᠳᠡᠭᠴᠦᠳ᠎ᠢ ᠲᠣᠬᠢᠷᠠᠭᠤᠯᠤᠨ ᠠᠵᠢᠯ ᠣᠯᠭᠣᠬᠤ ᠨᠡᠢ᠌ᠭᠡᠮ᠎ᠤᠨ ᠬᠠᠷᠢᠭᠤᠴᠠᠯᠭ᠎ᠠ  ᠎ᠪᠠᠨ ᠭᠦᠢ᠍ᠴᠡᠳᠬᠡᠭᠰᠡᠨ᠂ ᠵᠡᠮᠳᠡᠭᠴᠦᠳ᠎ᠤᠨ ᠠᠵᠢᠯ ᠣᠯᠵᠤ ᠦᠢ᠍ᠯᠡᠰ ᠴᠣᠭᠴᠠᠯᠠᠭᠰᠠᠨ ᠨᠡᠢ᠌ᠲᠡᠯᠢᠭ ᠲᠤᠷᠰᠢᠯᠭ᠎ᠠ ᠵᠡᠷᠭᠡ ᠵᠢ ᠳᠡᠯᠭᠡᠷᠡᠭᠦᠯᠬᠦ ᠬᠡᠷᠡᠭᠲᠡᠢ᠃

     (ᠵᠢᠷᠭᠤᠭ᠎ᠠ) ᠬᠢᠨᠠᠨ ᠰᠢᠨᠵᠢᠵᠦ ᠦᠨᠡᠯᠡᠨ ᠵᠢᠱ᠌ᠢᠬᠦ ᠠᠵᠢᠯ᠎ᠢ ᠥᠷᠨᠢᠭᠦᠯᠬᠦ ᠬᠡᠷᠡᠭᠲᠡᠢ᠃ ᠲᠣᠰ ᠲᠥᠰᠥᠯ᠎ᠢ ᠬᠡᠷᠡᠭᠵᠢᠭᠦᠯᠬᠦ ᠬᠤᠭᠤᠴᠠᠭ᠋ᠠᠨ᠎ᠳᠤ᠂ ᠥᠪᠡᠷᠲᠡᠭᠡᠨ ᠵᠠᠰᠠᠬᠤ ᠣᠷᠣᠨ᠎ᠠᠴᠠ ᠲᠣᠭᠲᠠᠮᠠᠯ ᠬᠤᠭᠤᠴᠠᠭ᠎ᠠ᠎ᠲᠠᠢ᠎ᠪᠠᠷ ᠠᠵᠢᠯ᠎ᠤᠨ ᠠᠬᠢᠴᠠ ᠵᠢᠨ ᠪᠠᠢ᠌ᠳᠠᠯ᠎ᠢ ᠲᠣᠬᠢᠷᠠᠭᠤᠯᠬᠤ ᠬᠡᠷᠡᠭᠲᠡᠢ᠃ ᠡᠯ᠎ᠡ ᠠᠢ᠌ᠮᠠᠭ ᠬᠤᠳᠠ ᠵᠢᠨ ᠵᠡᠮᠳᠡᠭᠴᠦᠳ᠎ᠤᠨ ᠠᠵᠢᠯ᠎ᠤᠨ ᠵᠥᠪᠯᠡᠯ᠎ᠨᠢ ᠵᠢᠯ ᠪᠦᠷᠢ ᠵᠢᠨ 11 ᠳ᠋ᠦ᠍ᠭᠡᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠠᠵᠢᠯ᠎ᠤᠨ ᠵᠥᠪᠯᠡᠯ᠎ᠳᠤ ᠠᠵᠢᠯ ᠵᠶ᠋ᠠᠨ ᠨᠠᠢ᠌ᠳᠠᠪᠤᠷᠢᠵᠢᠭᠤᠯᠤᠭᠰᠠᠨ ᠪᠠᠢ᠌ᠳᠠᠯ ᠵᠶ᠋ᠠᠨ ᠮᠡᠳᠡᠬᠦᠯᠬᠦ ᠬᠡᠷᠡᠭᠲᠡᠢ᠃ 2024 ᠣᠨ᠎ᠤ ᠡᠴᠦᠰ᠎ᠲᠤ᠂ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠤᠨ ᠠᠵᠢᠯ᠎ᠤᠨ ᠵᠥᠪᠯᠡᠯ ᠪᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠲᠥᠰᠥᠯ᠎ᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠳᠤ ᠪᠥᠬᠥ ᠲᠠᠯ᠎ᠠ ᠵᠢᠨ ᠳ᠋ᠦᠩᠨᠡᠯᠲᠡ ᠪᠠ ᠦᠨᠡᠯᠡᠨ ᠵᠢᠱ᠌ᠢᠯᠲᠡ ᠬᠢᠬᠦ ᠬᠡᠷᠡᠭᠲᠡᠢ᠃

                       

                       

                        ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

                              2022 ᠣᠨ᠎ᠤ 9 ᠳ᠋ᠦ᠍ᠭᠡᠷ ᠰᠠᠷ᠎ᠠ ᠵᠢᠨ 13᠎ᠤ ᠡᠳᠦᠷ ᠳᠠᠷᠤᠮᠠᠯᠯᠠᠨ ᠲᠠᠷᠬᠠᠭ᠋ᠠᠪᠠ

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠪᠦᠬᠦ ᠣᠷᠣᠨ᠎ᠤ ᠵᠠᠳᠠᠭ᠋ᠠᠢ ᠨᠡᠭᠦᠷᠡᠰᠦᠨ ᠠᠭᠤᠷᠬᠠᠢ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠠᠷᠭ᠎ᠠ ᠬᠡᠮᠵᠢᠶ᠎ᠡ᠎ᠨᠦᠭᠦᠳ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢᠵᠢᠯ᠎ᠤᠨ ᠤᠬᠠᠭᠤᠯᠭ᠎ᠠ ᠵᠢᠨ ᠬᠥᠮᠦᠵᠢᠯ᠎ᠤᠨ ᠳᠦᠷᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠵᠥᠩ ᠮᠧᠢ ᠡᠨᠧᠷᠭᠢ ᠵᠢᠨ ᠪᠦᠯᠦᠭᠯᠡᠯ ᠺᠣᠮᠫᠠᠨᠢ ᠵᠢᠨ ᠰᠢᠯᠢ ᠵᠢᠨ ᠭᠣᠣᠯ᠎ᠤᠨ ᠮᠠᠩᠯᠠᠢ ᠴᠠᠬᠢᠯᠭ᠋ᠠᠨ ᠭᠠᠷᠭ᠋ᠠᠬᠤ ᠬᠢᠵᠭ᠋ᠠᠷᠳᠤ ᠺᠣᠮᠫᠠᠨᠢ ᠵᠢᠨ 2 × 660MW ᠥᠨᠳᠥᠷ ᠪᠦᠲᠦᠮᠵᠢᠲᠡᠢ ᠬᠡᠲᠦ ᠵᠠᠭ᠋ᠠᠭ᠎ᠤᠨ ᠨᠡᠭᠦᠷᠡᠰᠦ ᠲᠦᠯᠡᠵᠦ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ ᠵᠢᠨ ᠢᠨᠵᠧᠨᠧᠷᠢᠩ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠪᠢᠴᠢᠭ᠎ᠤᠨ ᠲᠤᠬᠠᠢ ᠴᠣᠬᠣᠯᠠᠪᠤᠷᠢ
 
             蒙ICP备05000248号