ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠪᠦᠬᠦ ᠣᠷᠣᠨ᠎ᠤ ᠵᠠᠳᠠᠭ᠋ᠠᠢ ᠨᠡᠭᠦᠷᠡᠰᠦᠨ ᠠᠭᠤᠷᠬᠠᠢ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠠᠷᠭ᠎ᠠ ᠬᠡᠮᠵᠢᠶ᠎ᠡ᠎ᠨᠦᠭᠦᠳ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠨᠡᠶ᠋ᠢᠲᠡᠯᠡᠭᠰᠡᠨ ᠴᠠᠭ᠄ 2023-05-15

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ

                                  ᠥᠪᠥᠷ ᠵᠠᠰᠠᠭ ᠲᠠᠷᠬᠠᠭ᠋ᠠᠭᠰᠠᠨ [2023] 11 ᠳ᠋ᠦ᠍ᠭᠡᠷ ᠲᠣᠭ᠋ᠠᠲᠤ


      ᠪᠦᠬᠦ ᠣᠷᠣᠨ᠎ᠤ ᠵᠠᠳᠠᠭ᠋ᠠᠢ ᠨᠡᠭᠦᠷᠡᠰᠦᠨ ᠠᠭᠤᠷᠬᠠᠢ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠠᠷᠭ᠎ᠠ ᠬᠡᠮᠵᠢᠶ᠎ᠡ᠎ᠨᠦᠭᠦᠳ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ

ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄

      ᠠᠯᠠᠱ᠌ᠠ ᠵᠢᠨ ᠰᠢᠨ ᠵᠢᠩ ᠨᠡᠭᠦᠷᠡᠰᠦᠨ᠎ᠤ ᠦᠢ᠍ᠯᠡᠰ᠎ᠤᠨ ᠬᠢᠵᠠᠭ᠋ᠠᠷᠲᠤ ᠺᠣᠮᠫᠠᠨᠢ ᠵᠢᠨ ᠵᠠᠳᠠᠭ᠋ᠠᠢ ᠨᠡᠭᠦᠷᠡᠰᠦᠨ ᠠᠭᠤᠷᠬᠠᠢ ᠵᠢᠨ 《2 · 22》᠎ᠤᠨ ᠣᠨᠴᠠ ᠬᠦᠨᠳᠦ ᠶᠡᠬᠡ ᠶᠡᠭᠦᠷᠡᠭᠰᠡᠨ ᠠᠳᠡᠯ᠎ᠤᠨ ᠰᠤᠷᠭ᠋ᠠᠮᠵᠢ ᠵᠢ ᠭᠦᠨᠵᠡᠭᠡᠢ ᠲᠣᠭᠲᠠᠭ᠋ᠠᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠢ᠌ᠭᠤᠯᠤᠨ᠂ ᠵᠠᠳᠠᠭ᠋ᠠᠢ ᠨᠡᠭᠦᠷᠡᠰᠦᠨ ᠠᠭᠤᠷᠬᠠᠢ ᠵᠢᠨ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠠᠳᠡᠯ ᠭᠠᠷᠬᠤ ᠵᠢ ᠡᠷᠡᠰ ᠰᠡᠷᠭᠡᠢ᠌ᠯᠡᠨ ᠬᠣᠷᠢᠭᠯᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠡᠳᠦᠭᠡ ᠪᠦᠬᠦ ᠣᠷᠣᠨ᠎ᠤ ᠵᠠᠳᠠᠭ᠋ᠠᠢ ᠨᠡᠭᠦᠷᠡᠰᠦᠨ ᠠᠭᠤᠷᠬᠠᠢ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠠᠷᠭ᠎ᠠ ᠬᠡᠮᠵᠢᠶ᠎ᠡ᠎ᠨᠦᠭᠦᠳ᠎ᠢ ᠳᠣᠣᠷᠠᠬᠢ ᠮᠡᠲᠦ ᠮᠡᠳᠡᠭᠳᠡᠶ᠎ᠡ᠃

      ᠨᠢᠭᠡ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠠᠭ᠋ᠠᠬᠢᠭᠰᠠᠨ ᠴᠤ᠌ ᠠᠮᠤᠷ ᠲᠦᠪᠰᠢᠨ᠎ᠢ ᠦᠷᠡᠭᠳᠡᠭᠦᠯᠬᠦ᠎ᠪᠠᠷ ᠦᠨ᠎ᠡ ᠦᠷᠲᠡᠭ ᠪᠣᠯᠭ᠋ᠠᠵᠤ ᠪᠣᠯᠬᠤ ᠦᠭᠡᠢ ᠤᠯᠠᠭ᠋ᠠᠨ ᠱᠤᠭᠤᠮ᠎ᠤᠨ ᠤᠬᠠᠮᠰᠠᠷ᠎ᠢ ᠪᠠᠲᠤ ᠪᠤᠢ ᠪᠣᠯᠭ᠋ᠠᠨ᠂ 《ᠣᠷᠣᠨ ᠨᠤᠲᠤᠭ᠎ᠤᠨ ᠨᠠᠮ ᠵᠠᠰᠠᠭ᠎ᠤᠨ ᠤᠳᠤᠷᠢᠳᠬᠤ ᠺᠠᠳ᠋ᠷ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠳᠦᠷᠢᠮ᠎ᠤᠨ ᠲᠣᠭᠲᠠᠭ᠋ᠠᠯ》᠎ᠢ ᠴᠢᠩᠭ᠎ᠠ ᠬᠡᠷᠡᠭᠵᠢᠭᠦᠯᠵᠦ᠂ ᠬᠢᠨᠠᠯᠲᠠ ᠬᠠᠮᠢᠶᠠᠷᠤᠯᠲᠠ ᠵᠢᠨ ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠨ᠂ ᠬᠢᠨᠠᠯᠲᠠ ᠬᠠᠮᠢᠶᠠᠷᠤᠯᠲᠠ ᠵᠢᠨ ᠠᠵᠢᠯᠲᠠᠨ᠎ᠢ ᠭᠦᠢ᠍ᠴᠡᠳ ᠴᠢᠩᠭ᠎ᠠ ᠲᠣᠬᠢᠷᠠᠭᠤᠯᠵᠤ᠂ ᠬᠠᠷᠢᠶ᠎ᠠ ᠭᠠᠵᠠᠷ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠬᠤ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠯᠡᠨ᠂ ᠵᠠᠳᠠᠭ᠋ᠠᠢ ᠨᠡᠭᠦᠷᠡᠰᠦᠨ ᠠᠭᠤᠷᠬᠠᠢ᠎ᠳᠤ ᠬᠡᠷᠡᠭᠯᠡᠬᠦ ᠭᠠᠵᠠᠷ᠎ᠢ ᠵᠦᠢ ᠵᠣᠬᠢᠰᠲᠠᠢ ᠲᠥᠬᠥᠷᠵᠢᠭᠦᠯᠦᠨ ᠲᠣᠬᠢᠷᠠᠭᠤᠯᠵᠤ᠂ ᠨᠡᠭᠦᠷᠡᠰᠦᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ ᠪᠠᠢ᠌ᠷᠢᠰᠢᠯ᠎ᠢ ᠰᠢᠯᠢᠳᠡᠭᠵᠢᠭᠦᠯᠦᠨ᠂ ᠵᠠᠳᠠᠭ᠋ᠠᠢ ᠨᠡᠭᠦᠷᠡᠰᠦᠨ ᠠᠭᠤᠷᠬᠠᠢ ᠵᠢᠨ ᠬᠣᠯᠪᠤᠭ᠋ᠠᠯᠠᠨ ᠳᠠᠬᠢᠨ ᠵᠣᠬᠢᠶᠠᠨ ᠪᠠᠢ᠌ᠭᠤᠯᠬᠤ ᠵᠢ ᠳᠡᠮᠵᠢᠵᠦ᠂ ᠵᠠᠳᠠᠭ᠋ᠠᠢ ᠨᠡᠭᠦᠷᠡᠰᠦᠨ ᠠᠭᠤᠷᠬᠠᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃

      ᠬᠣᠶᠠᠷ᠂ ᠡᠯ᠎ᠡ ᠱᠠᠲᠤᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠺᠣᠮᠢᠰ᠂ ᠡᠨᠧᠷᠭᠢ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠺᠣᠮᠢᠰ᠎ᠨᠢ ᠲᠦᠷᠦᠭᠦᠯᠡᠨ ᠠᠵᠢᠯᠯᠠᠵᠤ ᠶᠡᠷᠦᠩᠬᠡᠢ᠎ᠳᠤ᠎ᠨᠢ ᠠᠳᠬᠤᠬᠤ ᠦᠢ᠍ᠯᠡᠳᠦᠯ ᠵᠶ᠋ᠡᠨ ᠪᠠᠳᠠᠷᠠᠭᠤᠯᠤᠨ᠂ ᠡᠯ᠎ᠡ ᠰᠠᠯᠠᠭ᠎ᠠ ᠮᠥᠴᠢᠷ᠎ᠢ ᠰᠢᠮᠳᠠᠭᠤᠯᠵᠤ ᠪᠠᠢ᠌ᠭ᠋ᠠᠳ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠭᠠᠵᠠᠷ ᠬᠥᠳᠡᠯᠦᠯᠲᠡ᠂ ᠴᠠᠭ ᠠᠭᠤᠷ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ ᠬᠢᠭᠡᠳ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠎ᠲᠠᠢ ᠰᠠᠯᠠᠭ᠎ᠠ ᠮᠥᠴᠢᠷ᠎ᠯᠦᠭᠡ ᠵᠢᠨ ᠬᠠᠮᠲᠤᠷᠠᠨ ᠬᠥᠳᠡᠯᠦᠯᠴᠡᠬᠦ ᠠᠵᠢᠯ᠎ᠤᠨ ᠲᠣᠭᠲᠠᠴᠠ ᠵᠢ ᠪᠠᠢ᠌ᠭᠤᠯᠵᠤ᠂ ᠲᠡᠷᠢᠭᠦᠨ᠎ᠤ ᠮᠡᠷᠭᠡᠵᠢᠯ᠎ᠤᠨ ᠠᠷᠭ᠎ᠠ ᠪᠠᠷᠢᠯ᠎ᠢ ᠭᠦᠢ᠍ᠴᠡᠳ ᠠᠰᠢᠭᠯᠠᠨ᠂ ᠵᠠᠳᠠᠭ᠋ᠠᠢ ᠨᠡᠭᠦᠷᠡᠰᠦᠨ ᠠᠭᠤᠷᠬᠠᠢ ᠵᠢᠨ ᠠᠮᠤᠷ ᠲᠦᠪᠰᠢᠨ᠎ᠤ ᠲᠦᠭᠰᠢᠭᠦᠷᠢ ᠵᠢ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠵᠢ ᠴᠢᠩᠭ᠋ᠠᠳᠬᠠᠵᠤ᠂ ᠭᠠᠵᠠᠷ ᠬᠥᠳᠡᠯᠦᠯᠲᠡ᠂ ᠲᠤᠢ᠌ᠯ᠎ᠤᠨ ᠭᠠᠢ ᠭᠠᠮᠰᠢᠭᠲᠤ ᠴᠠᠭ ᠠᠭᠤᠷ᠂ ᠭᠠᠵᠠᠷ ᠰᠢᠨᠵᠢᠯᠡᠭᠡᠨ᠎ᠤ ᠭᠠᠢ ᠭᠠᠮᠰᠢᠭ᠂ ᠳᠠᠭ᠋ᠠᠭᠤᠯᠢ ᠣᠳᠣᠨ᠎ᠤ ᠵᠢᠷᠤᠭ ᠳᠦᠷᠰᠦ ᠵᠡᠷᠭᠡ ᠵᠢᠨ ᠬᠢᠨᠠᠨ ᠰᠢᠨᠵᠢᠭᠰᠡᠨ ᠮᠡᠳᠡᠭᠡ ᠵᠠᠩᠭᠢ ᠵᠢ ᠬᠠᠮᠲᠤ᠎ᠳᠤ᠎ᠪᠠᠨ ᠬᠦᠷᠲᠡᠯᠴᠡᠵᠦ ᠬᠠᠷᠢᠯᠴᠠᠨ ᠨᠡᠪᠲᠡᠷᠡᠯᠴᠡᠬᠦ ᠵᠢ ᠪᠡᠶᠡᠯᠡᠭᠦᠯᠬᠦ ᠬᠡᠷᠡᠭᠲᠡᠢ᠃

      ᠭᠤᠷᠪᠠ᠂ ᠡᠯ᠎ᠡ ᠱᠠᠲᠤᠨ᠎ᠤ ᠨᠡᠭᠦᠷᠡᠰᠦᠨ᠎ᠤ ᠠᠵᠢᠯ ᠲᠥᠷᠥᠯ᠎ᠤᠨ ᠬᠠᠮᠢᠶᠠᠷᠤᠯᠲᠠ᠂ ᠨᠡᠭᠦᠷᠡᠰᠦᠨ ᠠᠭᠤᠷᠬᠠᠢ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠂ ᠠᠭᠤᠷᠬᠠᠢ ᠵᠢᠨ ᠠᠮᠤᠷ ᠲᠦᠪᠰᠢᠨ᠎ᠤ ᠬᠢᠨᠠᠨ ᠪᠠᠢ᠌ᠴᠠᠭ᠋ᠠᠯᠲᠠ ᠵᠡᠷᠭᠡ ᠰᠠᠯᠠᠭ᠎ᠠ ᠮᠥᠴᠢᠷ᠎ᠨᠢ ᠱᠠᠲᠤ ᠬᠤᠪᠢᠶᠠᠨ ᠬᠢᠨᠠᠨ ᠬᠠᠮᠢᠶᠠᠷᠬᠤ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠬᠠᠤᠯᠢ ᠵᠢ ᠴᠢᠩᠭ᠎ᠠ ᠬᠡᠷᠡᠭᠵᠢᠭᠦᠯᠦᠨ᠂ ᠬᠢᠨᠠᠯᠲᠠ ᠬᠠᠮᠢᠶᠠᠷᠤᠯᠲᠠ ᠬᠢᠨᠠᠨ ᠪᠠᠢ᠌ᠴᠠᠭ᠋ᠠᠯᠲᠠ ᠬᠢᠬᠦ ᠪᠠ ᠬᠠᠤᠯᠢ ᠬᠡᠷᠡᠭᠵᠢᠭᠦᠯᠬᠦ ᠦᠷ᠎ᠡ ᠴᠢᠳᠠᠮᠵᠢ᠎ᠪᠠᠨ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ; ᠵᠠᠳᠠᠭ᠋ᠠᠢ ᠨᠡᠭᠦᠷᠡᠰᠦᠨ ᠠᠭᠤᠷᠬᠠᠢ ᠵᠢᠨ ᠬᠦᠨᠳᠦ ᠶᠡᠬᠡ ᠭᠠᠢ ᠭᠠᠮᠰᠢᠭ᠎ᠤᠨ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠰᠢᠰᠲ᠋ᠧᠮ᠎ᠤᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠦᠢ᠍ᠯᠡᠳᠪᠦᠷᠢᠯᠡᠯ᠎ᠤᠨ ᠪᠠᠢ᠌ᠳᠠᠯ ᠪᠠ ᠠᠮᠤᠷ ᠲᠦᠪᠰᠢᠨ᠎ᠤ ᠪᠠᠢ᠌ᠳᠠᠯ᠎ᠢ ᠴᠠᠭ ᠲᠤᠬᠠᠢ᠎ᠳᠤ᠎ᠨᠢ ᠬᠢᠨᠠᠨ ᠡᠵᠡᠮᠳᠡᠬᠦ ᠬᠡᠷᠡᠭᠲᠡᠢ;   ᠬᠠᠤᠯᠢ ᠪᠤᠰᠤ ᠠᠵᠢᠯᠯᠠᠭ᠎ᠠ᠎ᠳᠤ ᠴᠣᠬᠢᠯᠲᠠ ᠥᠭᠴᠦ ᠬᠠᠤᠯᠢ᠎ᠠᠴᠠ ᠵᠥᠷᠢᠴᠡᠭᠰᠡᠨ᠎ᠢ ᠵᠠᠰᠠᠬᠤ ᠥᠨᠳᠥᠷ ᠳᠠᠷᠤᠯᠲᠠᠲᠤ ᠪᠠᠢ᠌ᠳᠠᠯ᠎ᠢ ᠢᠮᠠᠭᠲᠠ ᠪᠠᠲᠤᠯᠠᠵᠤ᠂ ᠵᠠᠳᠠᠭ᠋ᠠᠢ ᠨᠡᠭᠦᠷᠡᠰᠦᠨ ᠠᠭᠤᠷᠬᠠᠢ ᠵᠢᠨ ᠪᠣᠳᠠᠲᠠᠢ ᠡᠵᠡᠮᠳᠡᠭᠴᠢ ᠪᠠ ᠪᠣᠳᠠᠲᠠᠢ ᠪᠡᠯᠡ ᠭᠠᠷᠭ᠋ᠠᠭᠴᠢ ᠵᠡᠷᠭᠡ 《ᠵᠠᠩᠭᠢᠯᠠᠭ᠎ᠠ ᠵᠢᠨ ᠬᠥᠮᠥᠨ》 ᠪᠠ ᠠᠭᠤᠷᠬᠠᠢ ᠵᠢᠨ ᠳᠠᠷᠤᠭ᠎ᠠ᠂ ᠶᠡᠷᠦᠩᠬᠡᠢ ᠢᠨᠵᠧᠨᠧᠷ ᠵᠡᠷᠭᠡ 《ᠵᠠᠩᠭᠢᠯᠠᠭ᠎ᠠ ᠵᠢᠨ ᠴᠥᠭᠡᠨ ᠲᠣᠭ᠋ᠠᠲᠠᠨ》᠎ᠢ ᠴᠢᠩᠭ᠎ᠠ ᠠᠩᠬᠠᠷᠤᠨ᠂ ᠬᠠᠷᠢᠭᠤᠴᠠᠯᠭ᠎ᠠ ᠨᠡᠬᠡᠮᠵᠢᠯᠡᠬᠦ ᠬᠠᠷᠢᠭᠤᠴᠠᠯᠭ᠎ᠠ ᠬᠡᠯᠡᠯᠴᠡᠬᠦ ᠵᠢ ᠴᠢᠩᠭ᠋ᠠᠷᠠᠭᠤᠯᠵᠤ᠂ ᠶᠠᠯ᠎ᠠ ᠬᠢᠭᠰᠡᠨ ᠵᠶ᠋ᠠᠷ ᠰᠡᠵᠢᠭᠯᠡᠭᠳᠡᠭᠰᠡᠨ ᠬᠡᠷᠡᠭ᠎ᠢ ᠬᠠᠤᠯᠢ ᠴᠠᠭ᠋ᠠᠵᠠ ᠵᠢᠨ ᠪᠠᠢ᠌ᠭᠤᠯᠭ᠎ᠠ᠎ᠳᠤ ᠰᠢᠯᠵᠢᠭᠦᠯᠦᠨ ᠬᠦᠷᠭᠡᠵᠦ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠡᠯ᠎ᠡ ᠱᠠᠲᠤᠨ᠎ᠤ ᠪᠠᠢ᠌ᠭ᠋ᠠᠯᠢ ᠵᠢᠨ ᠡᠬᠢ ᠪᠠᠶᠠᠯᠢᠭ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠨᠢ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠬᠡᠪᠴᠢᠶᠡᠨ ᠳᠣᠲᠣᠷ᠎ᠠ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠬᠡᠨ᠎ᠡ᠃ ᠡᠯ᠎ᠡ ᠱᠠᠲᠤᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠺᠣᠮᠢᠰ᠎ᠤᠨ ᠠᠯᠪᠠᠨ ᠭᠡᠷ᠎ᠨᠢ ᠬᠢᠨᠠᠯᠲᠠ ᠲᠠᠯᠪᠢᠨ ᠵᠢᠯᠤᠭᠣᠳᠴᠤ ᠵᠣᠬᠢᠴᠠᠭᠤᠯᠬᠤ ᠠᠵᠢᠯ ᠵᠶ᠋ᠠᠨ ᠴᠢᠩᠭ᠋ᠠᠳᠬᠠᠬᠤ ᠬᠡᠷᠡᠭᠲᠡᠢ᠃

      ᠳᠥᠷᠪᠡ᠂ ᠵᠠᠳᠠᠭ᠋ᠠᠢ ᠨᠡᠭᠦᠷᠡᠰᠦᠨ ᠠᠭᠤᠷᠬᠠᠢ ᠵᠢᠨ ᠠᠵᠤ ᠠᠬᠤᠢ᠌ᠯᠠᠯ᠎ᠤᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ᠂ ᠪᠣᠳᠠᠲᠠᠢ ᠡᠵᠡᠮᠳᠡᠭᠴᠢ᠂ ᠪᠣᠳᠠᠲᠠᠢ ᠬᠠᠷᠢᠭᠤᠴᠠᠯᠭ᠋ᠠᠲᠠᠨ᠎ᠨᠢ ᠡᠷᠬᠡᠪᠰᠢ ᠠᠶᠤᠯ ᠦᠭᠡᠢ ᠦᠢ᠍ᠯᠡᠳᠪᠦᠷᠢᠯᠡᠯ᠎ᠤᠨ ᠨᠢᠭᠡᠳᠦᠭᠡᠷ ᠬᠠᠷᠢᠭᠤᠴᠠᠯᠭ᠋ᠠᠲᠠᠨ᠎ᠤ ᠬᠠᠷᠢᠭᠤᠴᠠᠯᠭ᠎ᠠ᠎ᠪᠠᠨ ᠴᠢᠩᠭ᠎ᠠ ᠭᠦᠢ᠍ᠴᠡᠳᠬᠡᠵᠦ᠂ ᠲᠤᠰ ᠨᠢᠭᠡᠴᠢ ᠵᠢᠨ ᠵᠶ᠋ᠠᠨ ᠠᠶᠤᠯ ᠦᠭᠡᠢ ᠦᠢ᠍ᠯᠡᠳᠪᠦᠷᠢᠯᠡᠯ᠎ᠳᠤ ᠶᠡᠷᠦᠩᠬᠡᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ 《ᠠᠭᠤᠷᠬᠠᠢ ᠵᠢᠨ ᠲᠠᠪᠤᠨ ᠳᠠᠷᠤᠭ᠎ᠠ》᠎ᠨᠢ ᠡᠭᠦᠷᠭᠡ ᠬᠠᠷᠢᠭᠤᠴᠠᠯᠭ᠎ᠠ᠎ᠪᠠᠨ ᠴᠢᠩᠭ᠎ᠠ ᠭᠦᠢ᠍ᠴᠡᠳᠬᠡᠵᠦ᠂ ᠠᠭᠤᠷᠬᠠᠢ ᠵᠢᠨ ᠳᠠᠷᠤᠭ᠎ᠠ ᠵᠢᠵᠢᠭᠦᠷ ᠳᠠᠭ᠋ᠠᠭᠤᠯᠬᠤ ᠳᠦᠷᠢᠮ᠎ᠢ ᠴᠢᠩᠭ᠎ᠠ ᠬᠡᠷᠡᠭᠵᠢᠭᠦᠯᠦᠨ᠂ ᠨᠡᠷ᠎ᠡ ᠵᠢᠨ ᠲᠡᠳᠦᠢ ᠵᠢᠵᠢᠭᠦᠷᠯᠡᠬᠦ ᠦᠢ᠍ᠯᠡ ᠠᠵᠢᠯᠯᠠᠭ᠎ᠠ ᠵᠢ ᠴᠢᠩᠭ᠎ᠠ ᠴᠠᠭ᠋ᠠᠵᠠᠯᠠᠬᠤ ᠬᠡᠷᠡᠭᠲᠡᠢ᠃ ᠵᠠᠳᠠᠭ᠋ᠠᠢ ᠨᠡᠭᠦᠷᠡᠰᠦᠨ ᠠᠭᠤᠷᠬᠠᠢ᠎ᠨᠤᠭᠤᠳ ᠵᠥᠪᠰᠢᠶᠡᠷᠡᠭᠰᠡᠨ ᠵᠢᠷᠤᠭ ᠲᠥᠯᠥᠪᠯᠡᠭᠡ ᠵᠢ ᠴᠢᠩᠭ᠎ᠠ ᠵᠢᠷᠤᠮᠯᠠᠨ ᠪᠠᠷᠢᠯᠭ᠎ᠠ ᠪᠠᠷᠢᠵᠤ᠂ ᠬᠢᠨᠠᠨ ᠰᠢᠨᠵᠢᠬᠦ ᠲᠥᠬᠦᠭᠡᠷᠦᠮᠵᠢ ᠵᠢ ᠭᠦᠢ᠍ᠴᠡᠳ ᠲᠡᠭᠦᠯᠳᠡᠷ ᠪᠦᠷᠢᠨ ᠰᠠᠢ᠌ᠨ ᠪᠠᠢ᠌ᠯᠭ᠋ᠠᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠳᠦᠷᠢᠮ᠎ᠢ ᠪᠦᠷᠢᠨᠰᠢᠭᠦᠯᠬᠦ ᠵᠢᠨ ᠬᠠᠮᠲᠤ ᠪᠣᠳᠠᠲᠠᠢ᠌ᠵᠢᠭᠤᠯᠤᠨ ᠬᠡᠷᠡᠭᠵᠢᠭᠦᠯᠬᠦ ᠬᠡᠷᠡᠭᠲᠡᠢ᠃

      ᠲᠠᠪᠤ᠂ ᠰᠢᠯᠭ᠋ᠠᠨ ᠪᠠᠢ᠌ᠴᠠᠭ᠋ᠠᠵᠤ ᠬᠡᠮᠵᠢᠨ ᠪᠠᠢ᠌ᠴᠠᠭ᠋ᠠᠬᠤ᠂ ᠵᠢᠷᠤᠭᠯᠠᠨ ᠲᠥᠯᠥᠪᠯᠡᠬᠦ᠂ ᠦᠨᠡᠯᠡᠬᠦ᠂ ᠭᠠᠵᠠᠷ ᠰᠢᠨᠵᠢᠯᠡᠭᠡᠨ᠎ᠤ ᠬᠠᠢ᠌ᠨ ᠰᠢᠨᠵᠢᠬᠦ ᠵᠡᠷᠭᠡ ᠵᠠᠭᠤᠴᠢ ᠪᠠᠢ᠌ᠭᠤᠯᠤᠮᠵᠢ᠎ᠨᠤᠭᠤᠳ ᠪᠣᠳᠠᠲᠤ ᠪᠠᠢ᠌ᠳᠠᠯ ᠵᠶ᠋ᠠᠨ ᠦᠨᠳᠦᠰᠦᠯᠡᠨ ᠮᠡᠳᠡᠭᠦᠯᠦᠯᠲᠡ ᠭᠠᠷᠭ᠋ᠠᠵᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠵᠢ ᠴᠢᠩᠭ᠎ᠠ ᠴᠠᠭ᠋ᠠᠵᠠᠯᠠᠬᠤ ᠬᠡᠷᠡᠭᠲᠡᠢ᠃ ᠪᠣᠳᠠᠲᠤ ᠪᠠᠢ᠌ᠳᠠᠯ᠎ᠢ ᠦᠨᠳᠦᠰᠦᠯᠡᠭᠰᠡᠨ ᠦᠭᠡᠢ ᠪᠤᠶᠤ ᠬᠤᠳᠠᠯ ᠬᠠᠭᠤᠷᠮᠠᠭ ᠮᠡᠳᠡᠭᠦᠯᠦᠯᠲᠡ ᠭᠠᠷᠭ᠋ᠠᠭᠰᠠᠨ ᠪᠠᠢ᠌ᠪᠠᠯ᠂ 《ᠬᠠᠷ᠎ᠠ ᠲᠠᠩᠰᠠ》 ᠵᠢᠨ ᠬᠠᠮᠢᠶᠠᠷᠤᠯᠲᠠ᠎ᠳᠤ ᠣᠷᠣᠭᠤᠯᠵᠤ᠂ ᠬᠣᠯᠪᠤᠭ᠋ᠠᠯᠠᠨ ᠵᠠᠯᠬᠠᠭ᠋ᠠᠨ ᠴᠡᠭᠡᠷᠯᠡᠭᠦᠯᠬᠦ ᠵᠢ ᠬᠡᠷᠡᠭᠵᠢᠭᠦᠯᠬᠦ ᠬᠡᠷᠡᠭᠲᠡᠢ᠃

      ᠵᠢᠷᠭᠤᠭ᠎ᠠ᠂ ᠤᠯᠤᠰ᠎ᠤᠨ ᠠᠭᠤᠷᠬᠠᠢ ᠵᠢᠨ ᠠᠮᠤᠷ ᠲᠦᠪᠰᠢᠨ᠎ᠢ ᠬᠢᠨᠠᠨ ᠪᠠᠢ᠌ᠴᠠᠭ᠋ᠠᠬᠤ ᠲᠣᠪᠴᠢᠶ᠎ᠠ ᠵᠢᠨ ᠥᠪᠥᠷ ᠮᠣᠩᠭᠣᠯ᠎ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ᠎ᠲᠠᠢ ᠬᠠᠮᠲᠤᠷᠠᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠨ ᠠᠭᠤᠷᠬᠠᠢ ᠵᠢ ᠲᠥᠷᠥᠯ ᠬᠤᠪᠢᠶᠠᠨ ᠬᠢᠨᠠᠨ ᠬᠠᠮᠢᠶᠠᠷᠴᠤ ᠬᠢᠨᠠᠨ ᠪᠠᠢ᠌ᠴᠠᠭ᠋ᠠᠬᠤ ᠵᠢᠨ ᠬᠡᠷᠡᠭᠵᠢᠭᠦᠯᠬᠦ ᠠᠷᠭ᠎ᠠ》 ᠵᠢᠨ ᠱᠠᠭ᠋ᠠᠷᠳᠠᠯᠭ᠎ᠠ ᠶᠣᠰᠣᠭ᠋ᠠᠷ᠂ ᠤᠯᠠᠷᠢᠯ ᠪᠦᠷᠢ ᠵᠠᠳᠠᠭ᠋ᠠᠢ ᠨᠡᠭᠦᠷᠡᠰᠦᠨ ᠠᠭᠤᠷᠬᠠᠢ ᠵᠢᠨ ᠲᠥᠷᠥᠯ ᠬᠤᠪᠢᠶᠠᠨ ᠲᠠᠰ ᠦᠨᠡᠯᠡᠬᠦ᠎ᠳᠤ ᠬᠥᠳᠡᠯᠦᠩᠭᠦᠢ᠎ᠪᠠᠷ ᠲᠣᠬᠢᠷᠠᠭᠤᠯᠤᠯᠲᠠ ᠬᠢᠵᠦ᠂ ᠲᠥᠷᠥᠯ ᠬᠤᠪᠢᠶᠠᠨ ᠲᠠᠰ ᠦᠨᠡᠯᠡᠭᠰᠡᠨ ᠪᠠᠢ᠌ᠳᠠᠯ᠎ᠢ ᠨᠡᠢ᠌ᠭᠡᠮ᠎ᠳᠤ ᠨᠡᠢ᠌ᠲᠡᠯᠡᠨ᠎ᠡ᠃ ᠵᠠᠳᠠᠭ᠋ᠠᠢ ᠨᠡᠭᠦᠷᠡᠰᠦᠨ ᠠᠭᠤᠷᠬᠠᠢ ᠵᠢᠨ ᠲᠥᠷᠥᠯ ᠬᠤᠪᠢᠶᠠᠨ ᠳᠡᠰ ᠦᠨᠡᠯᠡᠭᠰᠡᠨ ᠦᠷ᠎ᠡ ᠳ᠋ᠦᠩ᠎ᠤᠨ ᠰᠢᠨᠵᠢᠯᠡᠬᠦ ᠤᠬᠠᠭ᠋ᠠᠨᠴᠢ ᠬᠡᠷᠡᠭᠯᠡᠯᠲᠡ ᠵᠢ ᠴᠢᠩᠭ᠋ᠠᠳᠬᠠᠵᠤ᠂ C ᠲᠥᠷᠥᠯ᠎ᠤᠨ ᠵᠠᠳᠠᠭ᠋ᠠᠢ ᠨᠡᠭᠦᠷᠡᠰᠦᠨ ᠠᠭᠤᠷᠬᠠᠢ ᠵᠢ ᠭᠣᠣᠯᠳᠠᠯᠭ᠎ᠠ᠎ᠲᠠᠢ ᠬᠢᠨᠠᠨ ᠬᠠᠮᠢᠶᠠᠷᠴᠤ ᠬᠢᠨᠠᠨ ᠪᠠᠢ᠌ᠴᠠᠭ᠋ᠠᠬᠤ ᠡᠲᠡᠭᠡᠳ᠎ᠲᠤ ᠵᠢᠭᠰᠠᠭ᠋ᠠᠨ ᠣᠷᠣᠭᠤᠯᠵᠤ᠂ ᠬᠦᠨᠳᠦ ᠶᠡᠬᠡ ᠠᠮᠤᠷ ᠲᠦᠪᠰᠢᠨ᠎ᠤ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠭᠰᠠᠨ ᠦᠭᠡᠢ᠂ ᠬᠦᠨᠳᠦ ᠶᠡᠬᠡ ᠠᠳᠡᠯ᠎ᠤᠨ ᠳᠠᠯᠳᠠ ᠭᠡᠮ ᠣᠷᠣᠰᠢᠵᠤ ᠪᠠᠢ᠌ᠭ᠎ᠠ ᠵᠢ᠎ᠨᠢ ᠴᠥᠮ ᠬᠠᠤᠯᠢ ᠲᠣᠭᠲᠠᠭ᠋ᠠᠯ ᠶᠣᠰᠣᠭ᠋ᠠᠷ ᠵᠠᠷᠯᠢᠭᠳᠠᠵᠤ ᠪᠠᠢ᠌ᠭ᠋ᠠᠳ ᠦᠢ᠍ᠯᠡᠳᠪᠦᠷᠢᠯᠡᠯ᠎ᠢ᠎ᠨᠢ ᠵᠣᠭᠰᠣᠭ᠋ᠠᠵᠤ ᠴᠡᠭᠴᠡᠯᠡᠨ ᠰᠠᠢ᠌ᠵᠢᠷᠠᠭᠤᠯᠵᠤ᠂ ᠡᠳᠦᠷ ᠲᠤᠲᠤᠮ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠲᠤᠰᠬᠠᠢ ᠬᠥᠮᠥᠨ ᠲᠣᠮᠢᠯᠠᠨ ᠬᠠᠷᠠᠭᠤᠯᠤᠨ ᠰᠠᠬᠢᠭᠤᠯᠵᠤ᠂ ᠴᠡᠭᠴᠡᠯᠡᠨ ᠰᠠᠢ᠌ᠵᠢᠷᠠᠭᠤᠯᠬᠤ ᠵᠢ ᠪᠣᠳᠠᠲᠠᠢ᠌ᠵᠢᠭᠤᠯᠤᠭᠰᠠᠨ᠎ᠤ ᠬᠠᠮᠲᠤ ᠠᠮᠤᠷ ᠲᠦᠪᠰᠢᠨ᠎ᠤ ᠲᠠᠯ᠎ᠠ᠎ᠪᠠᠷ ᠰᠢᠯᠭ᠋ᠠᠨ ᠬᠤᠷᠢᠶᠠᠵᠤ ᠠᠪᠬᠤ᠎ᠳᠤ ᠬᠢᠷᠢ ᠲᠡᠩᠴᠡᠭᠰᠡᠨ᠎ᠤ ᠳᠠᠷᠠᠭ᠎ᠠ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢ᠎ᠨᠢ ᠰᠡᠷᠭᠦᠭᠡᠵᠦ ᠪᠣᠯᠣᠨ᠎ᠠ᠃ ᠡᠯ᠎ᠡ ᠱᠠᠲᠤᠨ᠎ᠤ ᠨᠡᠭᠦᠷᠡᠰᠦᠨ ᠠᠭᠤᠷᠬᠠᠢ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠂ ᠠᠭᠤᠷᠬᠠᠢ ᠵᠢᠨ ᠠᠮᠤᠷ ᠲᠦᠪᠰᠢᠨ᠎ᠤ ᠬᠢᠨᠠᠨ ᠪᠠᠢ᠌ᠴᠠᠭ᠋ᠠᠯᠲᠠ ᠵᠢᠨ ᠰᠠᠯᠠᠭ᠎ᠠ ᠮᠥᠴᠢᠷ᠎ᠨᠢ C ᠲᠥᠷᠥᠯ᠎ᠤᠨ ᠨᠡᠭᠦᠷᠡᠰᠦᠨ ᠠᠭᠤᠷᠬᠠᠢ ᠵᠢᠨ ᠪᠠᠢ᠌ᠴᠠᠭ᠋ᠠᠯᠲᠠ ᠵᠢᠨ ᠳᠠᠪᠲᠠᠮᠵᠢ᠎ᠪᠠᠨ ᠨᠡᠮᠡᠭᠳᠡᠭᠦᠯᠬᠦ ᠬᠡᠷᠡᠭᠲᠡᠢ᠃ 《ᠨᠡᠭᠦᠷᠡᠰᠦᠨ ᠠᠭᠤᠷᠬᠠᠢ ᠵᠢᠨ ᠦᠢ᠍ᠯᠡᠳᠪᠦᠷᠢᠯᠡᠯ᠎ᠤᠨ ᠴᠢᠳᠠᠪᠤᠷᠢ ᠵᠢᠨ ᠬᠠᠮᠢᠶᠠᠷᠤᠯᠲᠠ ᠵᠢᠨ ᠠᠷᠭ᠎ᠠ》 ᠵᠢ ᠴᠢᠩᠭ᠎ᠠ ᠵᠢᠷᠤᠮᠯᠠᠨ C ᠲᠥᠷᠥᠯ᠎ᠤᠨ ᠨᠡᠭᠦᠷᠡᠰᠦᠨ ᠠᠭᠤᠷᠬᠠᠢ᠎ᠳᠤ ᠦᠢ᠍ᠯᠡᠳᠪᠦᠷᠢᠯᠡᠬᠦ ᠴᠢᠳᠠᠮᠵᠢ ᠵᠢ᠎ᠨᠢ ᠬᠠᠷᠭᠤᠭᠤᠯᠤᠨ ᠲᠣᠭᠲᠠᠭ᠋ᠠᠬᠤ ᠠᠵᠢᠯ᠎ᠢ ᠥᠷᠨᠢᠭᠦᠯᠬᠦ ᠬᠡᠷᠡᠭᠲᠡᠢ᠃

      ᠳᠣᠯᠤᠭ᠎ᠠ᠂ ᠵᠠᠳᠠᠭ᠋ᠠᠢ ᠨᠡᠭᠦᠷᠡᠰᠦᠨ ᠠᠭᠤᠷᠬᠠᠢ᠎ᠳᠤ 《ᠨᠡᠭᠦᠷᠡᠰᠦᠨ ᠠᠭᠤᠷᠬᠠᠢ ᠵᠢᠨ ᠬᠦᠨᠳᠦ ᠶᠡᠬᠡ ᠠᠳᠡᠯ᠎ᠤᠨ ᠲᠠᠯᠲᠠ ᠭᠡᠮ᠎ᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ》᠎ᠳᠤ ᠲᠣᠳᠣᠷᠬᠠᠢ᠌ᠯᠠᠭᠰᠠᠨ ᠬᠦᠨᠳᠦ ᠶᠡᠬᠡ ᠠᠳᠡᠯ᠎ᠤᠨ ᠳᠠᠯᠳᠠ ᠭᠡᠮ᠎ᠤᠨ ᠪᠠᠢ᠌ᠳᠠᠯ᠎ᠤᠨ ᠨᠢᠭᠡ᠎ᠨᠢ ᠪᠠᠢ᠌ᠪᠠᠯ᠂ ᠬᠠᠤᠯᠢ ᠲᠣᠭᠲᠠᠭ᠋ᠠᠯ ᠶᠣᠰᠣᠭ᠋ᠠᠷ ᠵᠠᠷᠯᠢᠭᠳᠠᠵᠤ ᠪᠠᠢ᠌ᠭ᠋ᠠᠳ ᠦᠢ᠍ᠯᠡᠳᠪᠦᠷᠢᠯᠡᠯ᠎ᠢ᠎ᠨᠢ ᠵᠣᠭᠰᠣᠭ᠋ᠠᠵᠤ ᠴᠡᠭᠴᠡᠯᠡᠭᠦᠯᠦᠨ᠎ᠡ; 《ᠨᠡᠭᠦᠷᠡᠰᠦᠨ ᠠᠭᠤᠷᠬᠠᠢ ᠵᠢᠨ ᠬᠦᠨᠳᠦ ᠶᠡᠬᠡ ᠠᠳᠡᠯ᠎ᠤᠨ ᠳᠠᠯᠳᠠ ᠭᠡᠮ᠎ᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ》᠎ᠠᠴᠠ ᠭᠠᠳᠠᠨᠠᠬᠢ ᠡᠩ᠎ᠤᠨ ᠳᠠᠯᠳᠠ ᠭᠡᠮ ᠣᠷᠣᠰᠢᠵᠤ ᠪᠠᠢ᠌ᠪᠠᠯ᠂ ᠵᠠᠷᠯᠢᠭᠳᠠᠵᠤ ᠪᠠᠢ᠌ᠭ᠋ᠠᠳ ᠳᠠᠯᠳᠠ ᠭᠡᠮ᠎ᠢ ᠲᠡᠷᠡ ᠳᠠᠷᠤᠢ᠎ᠳᠤ᠎ᠨᠢ ᠠᠷᠢᠯᠭ᠋ᠠᠬᠤ ᠪᠤᠶᠤ ᠬᠤᠭᠤᠴᠠᠭ᠎ᠠ ᠬᠢᠵᠠᠭ᠋ᠠᠷᠯᠠᠨ ᠠᠷᠢᠯᠭ᠋ᠠᠭᠤᠯᠬᠤ ᠬᠡᠷᠡᠭᠲᠡᠢ᠂ ᠬᠡᠷᠡᠭᠵᠢᠭᠦᠯᠬᠦ ᠵᠢ ᠲᠡᠪᠴᠢᠪᠡᠯ᠂ ᠬᠠᠤᠯᠢ ᠲᠣᠭᠲᠠᠭ᠋ᠠᠯ ᠶᠣᠰᠣᠭ᠋ᠠᠷ ᠪᠠᠢ᠌ᠴᠠᠭ᠋ᠠᠨ ᠰᠢᠢ᠍ᠳᠪᠦᠷᠢᠯᠡᠬᠦ ᠬᠡᠷᠡᠭᠲᠡᠢ᠃

      ᠨᠠᠢ᠍ᠮᠠ᠂ ᠵᠠᠳᠠᠭ᠋ᠠᠢ ᠨᠡᠭᠦᠷᠡᠰᠦᠨ ᠠᠭᠤᠷᠬᠠᠢ᠎ᠨᠢ ᠰᠠᠷ᠎ᠠ ᠪᠦᠷᠢ᠎ᠳᠤ ᠬᠠᠷᠢᠶ᠎ᠠ ᠭᠠᠵᠠᠷ᠎ᠤᠨ ᠵᠶ᠋ᠠᠨ ᠨᠡᠭᠦᠷᠡᠰᠦᠨ ᠠᠭᠤᠷᠬᠠᠢ ᠵᠢᠨ ᠡᠳᠦᠷ ᠲᠤᠲᠤᠮ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠂ ᠠᠭᠤᠷᠬᠠᠢ ᠵᠢᠨ ᠠᠮᠤᠷ ᠲᠦᠪᠰᠢᠨ᠎ᠢ ᠬᠢᠨᠠᠨ ᠪᠠᠢ᠌ᠴᠠᠭ᠋ᠠᠬᠤ ᠵᠢ ᠬᠠᠷᠢᠭᠤᠴᠠᠬᠤ ᠰᠠᠯᠠᠭ᠎ᠠ ᠮᠥᠴᠢᠷ᠎ᠲᠤ ᠳᠡᠭᠲᠡᠷ᠎ᠤᠨ ᠥᠨᠳᠥᠷ᠎ᠤᠨ ᠬᠡᠮᠵᠢᠶ᠎ᠡ ᠵᠡᠷᠭᠡ ᠠᠶᠤᠯ ᠦᠭᠡᠢ ᠦᠢ᠍ᠯᠡᠳᠪᠦᠷᠢᠯᠡᠯ᠎ᠤᠨ ᠬᠦᠴᠦᠨ ᠵᠦᠢ᠍ᠯ᠎ᠢ ᠮᠡᠳᠡᠭᠦᠯᠵᠦ᠂ ᠪᠠᠢ᠌ᠭ᠎ᠠ ᠭᠠᠵᠠᠷ᠎ᠤᠨ ᠠᠢ᠌ᠮᠠᠭ ᠬᠣᠲᠠ ᠵᠢᠨ ᠨᠡᠭᠦᠷᠡᠰᠦᠨ ᠠᠭᠤᠷᠬᠠᠢ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠠᠭᠤᠷᠬᠠᠢ ᠵᠢᠨ ᠠᠮᠤᠷ ᠲᠦᠪᠰᠢᠨ᠎ᠤ ᠬᠢᠨᠠᠨ ᠪᠠᠢ᠌ᠴᠠᠭ᠋ᠠᠬᠤ ᠰᠠᠯᠠᠭ᠎ᠠ ᠮᠥᠴᠢᠷ᠎ᠲᠠᠢ ᠬᠠᠮᠲᠤᠷᠠᠨ ᠨᠡᠢ᠌ᠭᠡᠮ᠎ᠳᠤ ᠨᠡᠢ᠌ᠲᠡᠯᠡᠬᠦ ᠬᠡᠷᠡᠭᠲᠡᠢ᠃ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ᠎ᠢ ᠣᠯᠵᠤ ᠮᠡᠳᠡᠪᠡᠯ᠂ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠬᠡᠯ ᠲᠣᠷᠭ᠋ᠠᠭᠤᠯᠢ ᠥᠭᠬᠦ ᠵᠢᠨ ᠬᠠᠮᠲᠤ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠬᠣᠯᠪᠤᠭ᠋ᠠᠯᠠᠨ ᠵᠠᠯᠬᠠᠭ᠋ᠠᠨ ᠴᠡᠭᠡᠷᠯᠡᠭᠦᠯᠬᠦ ᠵᠢ ᠬᠡᠷᠡᠭᠵᠢᠭᠦᠯᠬᠦ ᠬᠡᠷᠡᠭᠲᠡᠢ᠃

      ᠶᠢᠰᠦ᠂ ᠵᠠᠳᠠᠭ᠋ᠠᠢ ᠨᠡᠭᠦᠷᠡᠰᠦᠨ ᠠᠭᠤᠷᠬᠠᠢ᠎ᠳᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠭᠠᠵᠠᠷ ᠬᠥᠳᠡᠯᠦᠯᠲᠡ ᠵᠢ ᠬᠢᠨᠠᠨ ᠰᠢᠨᠵᠢᠬᠦ ᠲᠤᠰᠬᠠᠢ ᠥᠷᠲᠡᠭᠡ ᠰᠦᠯᠵᠢᠶ᠎ᠡ᠂ ᠬᠠᠵᠠᠭᠤ ᠪᠡᠯ᠎ᠤᠨ ᠷᠠᠳᠠᠷ᠎ᠢ ᠪᠠᠭᠲᠠᠭ᠋ᠠᠭᠰᠠᠨ ᠬᠠᠵᠠᠭᠤ ᠪᠡᠯ᠎ᠤᠨ ᠬᠢᠨᠠᠨ ᠰᠢᠨᠵᠢᠵᠦ ᠰᠡᠷᠡᠮᠵᠢᠯᠡᠭᠦᠯᠬᠦ ᠰᠢᠰᠲ᠋ᠧᠮ᠂ ᠬᠠᠷᠠᠭ᠋ᠠᠨ ᠳᠠᠪᠲᠠᠮᠵᠢ᠎ᠪᠠᠷ ᠬᠢᠨᠠᠨ ᠡᠵᠡᠮᠳᠡᠬᠦ ᠰᠢᠰᠲ᠋ᠧᠮ᠂ ᠲᠡᠷᠭᠡ ᠬᠥᠰᠬᠡ ᠲᠣᠬᠢᠷᠠᠭᠤᠯᠬᠤ ᠰᠢᠰᠲ᠋ᠧᠮ᠎ᠢ ᠪᠠᠢ᠌ᠭᠤᠯᠵᠤ᠂ 24 ᠴᠠᠭ᠎ᠤᠨ ᠰᠦᠯᠵᠢᠶᠡᠨ ᠳᠡᠭᠡᠷ᠎ᠡ ᠬᠢᠨᠠᠨ ᠰᠢᠨᠵᠢᠬᠦ ᠵᠢ ᠬᠡᠷᠡᠭᠵᠢᠭᠦᠯᠬᠦ ᠵᠢᠨ ᠬᠠᠮᠲᠤ ᠠᠭᠤᠷᠬᠠᠢ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠲᠦᠭᠰᠢᠭᠦᠷᠢ ᠵᠢ ᠬᠢᠨᠠᠨ ᠰᠢᠨᠵᠢᠵᠦ ᠰᠡᠷᠡᠮᠵᠢᠯᠡᠭᠦᠯᠬᠦ ᠰᠢᠰᠲ᠋ᠧᠮ᠎ᠯᠦᠭᠡ ᠰᠦᠯᠵᠢᠶ᠎ᠡ᠎ᠪᠠᠨ ᠬᠣᠯᠪᠣᠬᠤ ᠬᠡᠷᠡᠭᠲᠡᠢ᠃ ᠬᠠᠵᠠᠭᠤ ᠪᠡᠯ᠎ᠤᠨ ᠵᠥᠷᠢᠭᠳᠡᠯ᠂ ᠮᠠᠯᠲᠠᠵᠤ ᠬᠣᠭᠣᠰᠤᠷᠠᠭᠤᠯᠤᠭᠰᠠᠨ ᠣᠷᠣᠨ᠂ ᠬᠠᠶᠠᠭᠳᠠᠮᠠᠯ ᠭᠤᠳᠤᠮᠵᠢᠨ ᠵᠠᠮ ᠵᠡᠷᠭᠡ ᠭᠠᠮᠰᠢᠭ ᠤᠴᠠᠷᠠᠭᠤᠯᠬᠤ ᠨᠢᠭᠤᠭᠳᠠᠮᠠᠯ ᠬᠦᠴᠦᠨ ᠵᠦᠢ᠍ᠯ᠎ᠢ ᠪᠥᠬᠦ ᠲᠠᠯ᠎ᠠ᠎ᠪᠠᠷ ᠪᠠᠢ᠌ᠴᠠᠭ᠋ᠠᠨ ᠲᠣᠳᠣᠯᠠᠵᠤ᠂ ᠵᠠᠰᠠᠬᠤ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠤᠨ᠂ ᠵᠠᠰᠠᠯᠲᠠ ᠵᠢ ᠪᠣᠳᠠᠲᠠᠢ᠌ᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠠᠭᠤᠷᠬᠠᠢ ᠮᠠᠯᠲᠠᠬᠤ ᠲᠠᠯᠠᠪᠤᠷ᠎ᠤᠨ ᠣᠷᠣᠵᠤ ᠭᠠᠷᠬᠤ ᠭᠠᠵᠠᠷ ᠵᠡᠷᠭᠡ ᠢᠯᠡ ᠭᠠᠵᠠᠷ᠎ᠲᠤ ᠡᠷᠬᠡᠪᠰᠢ ᠵᠠᠷᠯᠠᠨ ᠮᠡᠳᠡᠭᠳᠡᠬᠦ ᠫᠠᠢ᠌ᠰᠠ ᠲᠠᠯᠪᠢᠵᠤ᠂ ᠲᠤᠬᠠᠢ ᠵᠢᠨ ᠲᠠᠯᠠᠪᠤᠷ᠎ᠤᠨ ᠠᠮᠤᠷ ᠲᠦᠪᠰᠢᠨ᠎ᠤ ᠲᠦᠭᠰᠢᠭᠦᠷᠢ ᠵᠢ ᠲᠣᠳᠣᠷᠬᠠᠢ ᠪᠢᠴᠢᠵᠦ᠂ ᠠᠵᠢᠯᠯᠠᠬᠤ ᠬᠥᠮᠥᠰ᠎ᠲᠤ ᠠᠶᠤᠯ᠎ᠠᠴᠠ ᠪᠠᠴᠢᠮ ᠵᠠᠢ᠌ᠯᠠᠬᠤ ᠪᠠᠢ᠌ᠳᠠᠯ ᠪᠠ ᠡᠷᠬᠡ ᠵᠢ ᠲᠣᠳᠣᠷᠬᠠᠢ ᠬᠡᠯᠡᠵᠦ ᠥᠭᠬᠦ ᠬᠡᠷᠡᠭᠲᠡᠶ;   ᠪᠡᠯ ᠶᠡᠭᠦᠷᠡᠬᠦ ᠪᠠ ᠨᠤᠷᠠᠵᠤ ᠴᠥᠮᠥᠷᠡᠬᠦ ᠵᠡᠷᠭᠡ ᠠᠳᠡᠯ ᠭᠠᠷᠬᠤ ᠰᠢᠨᠵᠢ ᠮᠠᠶᠢᠭ᠎ᠲᠠᠢ ᠪᠠᠢ᠌ᠪᠠᠯ᠂ ᠡᠷᠬᠡᠪᠰᠢ ᠲᠡᠷᠡ ᠳᠠᠷᠤᠢ᠎ᠳᠤ᠎ᠨᠢ ᠠᠵᠢᠯᠯᠠᠬᠤ᠎ᠪᠠᠨ ᠪᠠᠢ᠌ᠵᠤ᠂ ᠬᠥᠮᠥᠰ᠎ᠢ ᠵᠠᠢ᠌ᠯᠠᠭᠤᠯᠤᠨ ᠶᠠᠪᠤᠭᠤᠯᠬᠤ ᠬᠡᠷᠡᠭᠲᠡᠢ᠃

      ᠠᠷᠪᠠ᠂ ᠵᠠᠳᠠᠭ᠋ᠠᠢ ᠨᠡᠭᠦᠷᠡᠰᠦᠨ ᠠᠭᠤᠷᠬᠠᠢ ᠵᠢᠨ ᠪᠠᠷᠢᠯᠭ᠎ᠠ ᠳᠠᠭ᠋ᠠᠭ᠋ᠠᠴᠢᠯᠠᠭᠰᠠᠨ ᠨᠢᠭᠡᠴᠢ᠎ᠳᠠᠬᠢ ᠠᠶᠤᠯ ᠦᠭᠡᠢ ᠵᠢᠨ ᠬᠠᠮᠢᠶᠠᠷᠤᠯᠲᠠ᠎ᠪᠠᠨ ᠡᠷᠬᠡᠪᠰᠢ ᠴᠢᠩᠭ᠋ᠠᠳᠬᠠᠬᠤ ᠬᠡᠷᠡᠭᠲᠡᠢ᠃ ᠨᠡᠭᠦᠷᠡᠰᠦ ᠮᠠᠯᠲᠠᠬᠤ ᠪᠠᠷᠢᠯᠭ᠎ᠠ ᠵᠢ ᠭᠠᠳᠠᠭᠰᠢ ᠳᠠᠭ᠋ᠠᠭ᠋ᠠᠴᠢᠯᠠᠭᠤᠯᠵᠤ ᠪᠣᠯᠬᠤ ᠦᠭᠡᠢ; ᠦᠢ᠍ᠯᠡᠳᠪᠦᠷᠢᠯᠡᠯ᠎ᠤᠨ ᠴᠢᠳᠠᠪᠤᠷᠢ᠎ᠨᠢ 500 ᠲᠦᠮᠡᠨ ᠲᠣᠨ / ᠵᠢᠯ᠎ᠠᠴᠠ ᠳᠣᠷᠣᠭᠰᠢᠬᠢ ᠵᠠᠳᠠᠭ᠋ᠠᠢ ᠨᠡᠭᠦᠷᠡᠰᠦᠨ ᠠᠭᠤᠷᠬᠠᠢ ᠵᠢᠨ ᠱᠠᠭ᠋ᠠᠯᠬᠤ ᠪᠠᠷᠢᠯᠭ᠎ᠠ ᠵᠢ ᠳᠠᠭ᠋ᠠᠭ᠋ᠠᠴᠢᠯᠠᠬᠤ ᠨᠢᠭᠡᠴᠢ᠎ᠨᠢ 1᠎ᠠᠴᠠ ᠬᠡᠲᠦᠷᠡᠵᠦ ᠪᠣᠯᠬᠤ ᠦᠭᠡᠢ᠂ ᠦᠢ᠍ᠯᠡᠳᠪᠦᠷᠢᠯᠡᠯ᠎ᠤᠨ ᠴᠢᠳᠠᠪᠤᠷᠢ᠎ᠨᠢ 500 ᠲᠦᠮᠡᠨ ᠲᠣᠨ / ᠵᠢᠯ ᠵᠢᠴᠢ ᠲᠡᠭᠦᠨ᠎ᠠᠴᠠ ᠳᠡᠭᠡᠭᠰᠢᠬᠢ ᠵᠠᠳᠠᠭ᠋ᠠᠢ ᠨᠡᠭᠦᠷᠡᠰᠦᠨ ᠠᠭᠤᠷᠬᠠᠢ ᠵᠢᠨ ᠱᠠᠭ᠋ᠠᠯᠬᠤ ᠪᠠᠷᠢᠯᠭ᠎ᠠ ᠵᠢ ᠳᠠᠭ᠋ᠠᠭ᠋ᠠᠴᠢᠯᠠᠬᠤ ᠨᠢᠭᠡᠴᠢ᠎ᠨᠢ 2᠎ᠠᠴᠠ ᠬᠡᠲᠦᠷᠡᠵᠦ ᠪᠣᠯᠬᠤ ᠦᠭᠡᠢ᠃ ᠳᠠᠭ᠋ᠠᠭ᠋ᠠᠴᠢᠯᠠᠭᠰᠠᠨ ᠨᠢᠭᠡᠴᠢ᠎ᠨᠦᠭᠦᠳ᠎ᠨᠢ ᠲᠤᠰ ᠠᠭᠤᠷᠬᠠᠢ ᠵᠢᠨ ᠡᠩᠨᠡᠭᠡ᠎ᠯᠦᠭᠡ ᠪᠠᠷᠢᠮᠵᠢᠶ᠎ᠠ᠎ᠪᠠᠨ ᠨᠢᠭᠡᠳᠦᠯᠲᠡᠢ ᠪᠣᠯᠭ᠋ᠠᠵᠤ᠂ ᠨᠢᠭᠡᠳᠦᠯᠲᠡᠢ ᠬᠠᠮᠢᠶᠠᠷᠬᠤ ᠬᠡᠷᠡᠭᠲᠡᠢ᠃ ᠵᠠᠳᠠᠭ᠋ᠠᠢ ᠨᠡᠭᠦᠷᠡᠰᠦᠨ ᠠᠭᠤᠷᠬᠠᠢ ᠵᠢᠨ ᠳᠠᠭ᠋ᠠᠭ᠋ᠠᠴᠢᠯᠠᠯᠲᠠ ᠵᠠᠷᠯᠠᠬᠤ᠎ᠳᠤ ᠲᠣᠰ ᠠᠭᠤᠷᠬᠠᠢ ᠵᠢᠨ ᠦᠢ᠍ᠯᠡᠳᠪᠦᠷᠢᠯᠡᠯ᠎ᠤᠨ ᠴᠢᠳᠠᠪᠤᠷᠢ ᠵᠢ ᠦᠨᠳᠦᠰᠦᠯᠡᠨ᠂ ᠪᠠᠷᠢᠯᠭ᠎ᠠ ᠳᠠᠭ᠋ᠠᠭ᠋ᠠᠴᠢᠯᠠᠬᠤ ᠨᠢᠭᠡᠴᠢ ᠵᠢᠨ ᠬᠢᠷᠢ ᠬᠡᠮ᠎ᠤᠨ ᠱᠠᠭ᠋ᠠᠷᠳᠠᠯᠭ᠎ᠠ ᠵᠢ ᠲᠣᠳᠣᠷᠬᠠᠢ᠌ᠯᠠᠬᠤ ᠬᠡᠷᠡᠭᠲᠡᠶ; ᠳᠠᠭ᠋ᠠᠭ᠋ᠠᠴᠢᠯᠠᠯᠲᠠ ᠵᠠᠷᠯᠠᠯᠲᠠ ᠵᠢᠨ ᠳᠣᠣᠷ᠎ᠠ ᠬᠢᠵᠠᠭ᠋ᠠᠷ ᠦᠨ᠎ᠡ ᠵᠢ ᠲᠣᠭᠲᠠᠭ᠋ᠠᠬᠤ ᠵᠢᠨ ᠬᠠᠮᠲᠤ ᠳᠠᠭ᠋ᠠᠭ᠋ᠠᠴᠢᠯᠠᠯᠲᠠ ᠬᠦᠯᠢᠶᠡᠬᠦ ᠨᠢᠭᠡᠴᠢ ᠵᠢᠨ ᠠᠵᠢᠯ᠎ᠤᠨ ᠠᠮᠵᠢᠯᠲᠠ ᠪᠦᠲᠦᠮᠵᠢ᠂ ᠴᠢᠳᠠᠪᠤᠷᠢ ᠵᠡᠷᠭᠡ ᠬᠦᠴᠦᠨ ᠵᠦᠢ᠍ᠯ᠎ᠢ ᠶᠡᠷᠦᠩᠬᠡᠢ᠌ᠯᠡᠨ ᠪᠣᠳᠣᠯᠬᠢᠯᠠᠵᠤ ᠪᠠᠢ᠌ᠭ᠋ᠠᠳ ᠳᠠᠭ᠋ᠠᠭ᠋ᠠᠴᠢᠯᠠᠯᠲᠠ ᠣᠨᠣᠬᠣ ᠠᠵᠤ ᠠᠬᠤᠢ᠌ᠯᠠᠯ᠎ᠢ ᠲᠣᠭᠲᠠᠭ᠋ᠠᠬᠤ ᠬᠡᠷᠡᠭᠲᠡᠢ᠂ ᠳᠥᠭᠥᠮᠬᠡᠨ ᠵᠶ᠋ᠠᠷ ᠬᠠᠮᠤᠭ᠎ᠤᠨ ᠳᠣᠣᠷ᠎ᠠ ᠦᠨ᠎ᠡ᠎ᠪᠠᠷ ᠳᠠᠭ᠋ᠠᠭ᠋ᠠᠴᠢᠯᠠᠯᠲᠠ ᠣᠨᠣᠭ᠋ᠠᠵᠤ ᠪᠣᠯᠬᠤ ᠦᠭᠡᠢ᠃ ᠳᠠᠭ᠋ᠠᠭ᠋ᠠᠴᠢᠯᠠᠬᠤ ᠨᠢᠭᠡᠴᠢ ᠵᠢᠨ᠎ᠬᠢᠨ ᠳᠠᠭ᠋ᠠᠭ᠋ᠠᠴᠢᠯᠠᠭᠰᠠᠨ ᠪᠠᠷᠢᠯᠭ᠎ᠠ ᠵᠢᠨ ᠭᠣᠣᠯ ᠴᠣᠭᠴᠠ ᠵᠢ ᠬᠤᠪᠢᠶᠠᠨ ᠳᠠᠭ᠋ᠠᠭ᠋ᠠᠴᠢᠯᠠᠭᠤᠯᠬᠤ ᠵᠢ᠎ᠨᠢ ᠴᠠᠭ᠋ᠠᠵᠠᠯᠠᠵᠤ᠂ ᠳᠠᠭ᠋ᠠᠭ᠋ᠠᠴᠢᠯᠠᠭᠰᠠᠨ ᠨᠢᠭᠡᠴᠢ ᠲᠡᠭᠦᠨ᠎ᠤ ᠥᠪᠡᠷ᠎ᠤᠨ ᠳᠠᠭ᠋ᠠᠭ᠋ᠠᠨ ᠠᠪᠤᠭᠰᠠᠨ ᠪᠠᠷᠢᠯᠭ᠎ᠠ᠎ᠪᠠᠨ ᠰᠢᠯᠵᠢᠭᠦᠯᠦᠨ ᠳᠠᠭ᠋ᠠᠭ᠋ᠠᠴᠢᠯᠠᠭᠤᠯᠬᠤ ᠵᠢ ᠴᠠᠭ᠋ᠠᠵᠠᠯᠠᠬᠤ ᠬᠡᠷᠡᠭᠲᠡᠢ᠃

      ᠠᠷᠪᠠᠨ ᠨᠢᠭᠡ᠂ ᠵᠠᠳᠠᠭ᠋ᠠᠢ ᠨᠡᠭᠦᠷᠡᠰᠦᠨ ᠠᠭᠤᠷᠬᠠᠢ ᠪᠣᠯ ᠬᠠᠤᠯᠢ ᠲᠣᠭᠲᠠᠭ᠋ᠠᠯ ᠶᠣᠰᠣᠭ᠋ᠠᠷ ᠪᠦᠬᠦ ᠠᠵᠢᠯᠯᠠᠭᠰᠠᠳ᠎ᠲᠤ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ ᠲᠤᠰᠢᠶᠠᠨ ᠥᠭᠴᠦ᠂ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠳᠠᠭ᠋ᠠᠳᠬᠠᠯ᠎ᠳᠤ ᠤᠷᠤᠭᠤᠯᠬᠤ ᠬᠡᠷᠡᠭᠲᠡᠢ᠃

      ᠠᠷᠪᠠᠨ ᠬᠣᠶᠠᠷ᠂ ᠵᠠᠳᠠᠭ᠋ᠠᠢ ᠨᠡᠭᠦᠷᠡᠰᠦᠨ ᠠᠭᠤᠷᠬᠠᠢ ᠵᠢᠨ ᠠᠳᠠᠯᠢ ᠨᠢᠭᠡ ᠨᠡᠭᠡᠭᠡᠨ ᠮᠠᠯᠲᠠᠬᠤ ᠲᠡᠭᠰᠢ ᠲᠠᠪᠴᠠᠩ᠂ ᠠᠳᠠᠯᠢ ᠨᠢᠭᠡ ᠤᠬᠤᠵᠤ ᠮᠠᠯᠲᠠᠬᠤ ᠪᠦᠰᠡ᠂ ᠮᠠᠯᠲᠠᠵᠤ ᠱᠠᠭ᠋ᠠᠯᠬᠤ ᠲᠥᠬᠦᠭᠡᠷᠦᠮᠵᠢ ᠵᠢᠨ ᠬᠣᠭᠣᠷᠣᠨᠳᠤᠬᠢ ᠠᠮᠤᠷ ᠲᠦᠪᠰᠢᠨ᠎ᠤ ᠵᠠᠢ᠎ᠨᠢ 50 ᠮᠧᠲᠷ᠎ᠠᠴᠠ ᠣᠢ᠌ᠷ᠎ᠠ ᠪᠠᠢ᠌ᠵᠤ ᠪᠣᠯᠬᠤ ᠦᠭᠡᠢ᠂ ᠲᠡᠭᠡᠭᠡᠪᠦᠷᠢ ᠵᠢᠨ ᠲᠥᠬᠦᠭᠡᠷᠦᠮᠵᠢ ᠵᠢᠨ ᠬᠣᠭᠣᠷᠣᠨᠳᠤᠬᠢ ᠠᠮᠤᠷ ᠲᠦᠪᠰᠢᠨ᠎ᠤ ᠵᠠᠢ᠎ᠨᠢ 30 ᠮᠧᠲᠷ᠎ᠠᠴᠠ ᠪᠠᠭ᠎ᠠ ᠪᠠᠢ᠌ᠵᠤ ᠪᠣᠯᠬᠤ ᠦᠭᠡᠢ᠃ 300 ᠮᠧᠲᠷ᠎ᠤᠨ ᠠᠵᠢᠯᠯᠠᠬᠤ ᠱᠤᠭᠤᠮ᠎ᠤᠨ ᠬᠡᠪᠴᠢᠶᠡᠨ ᠳᠣᠲᠣᠷ᠎ᠠ᠂ ᠳᠡᠭᠡᠷ᠎ᠡ᠎ᠠᠴᠠ ᠳᠣᠷᠣᠭᠰᠢ ᠪᠦᠬᠦ ᠳᠡᠭᠲᠡᠷ᠎ᠲᠤ ᠳᠠᠩ ᠡᠭᠡᠯᠵᠢ ᠵᠢᠨ ᠠᠵᠢᠯᠯᠠᠬᠤ ᠬᠥᠮᠥᠨ᠎ᠤ ᠲᠣᠭ᠎ᠠ᠎ᠨᠢ 29 ᠬᠥᠮᠥᠨ᠎ᠠᠴᠠ ᠢᠯᠡᠭᠦᠦ ᠪᠠᠢ᠌ᠵᠤ ᠪᠣᠯᠬᠤ ᠦᠭᠡᠢ᠃

      ᠠᠷᠪᠠᠨ ᠭᠤᠷᠪᠠ᠂ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠨ ᠠᠭᠤᠷᠬᠠᠢ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠤᠯᠤᠰ᠎ᠤᠨ ᠠᠭᠤᠷᠬᠠᠢ ᠵᠢᠨ ᠠᠮᠤᠷ ᠲᠦᠪᠰᠢᠨ᠎ᠤ ᠬᠢᠨᠠᠨ ᠪᠠᠢ᠌ᠴᠠᠭ᠋ᠠᠬᠤ ᠲᠣᠪᠴᠢᠶ᠎ᠠ ᠵᠢᠨ ᠥᠪᠥᠷ ᠮᠣᠩᠭᠣᠯ᠎ᠤᠨ ᠲᠣᠪᠴᠢᠶ᠎ᠠ᠎ᠲᠠᠢ ᠬᠠᠮᠲᠤᠷᠠᠨ᠂ ᠵᠠᠳᠠᠭ᠋ᠠᠢ ᠨᠡᠭᠦᠷᠡᠰᠦᠨ ᠠᠭᠤᠷᠬᠠᠢ ᠵᠢᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠠᠢ᠌ᠳᠠᠯ᠂ ᠦᠢ᠍ᠯᠡᠳᠪᠦᠷᠢᠯᠡᠯ ᠪᠠ ᠠᠵᠢᠯ ᠵᠶ᠋ᠠᠨ ᠵᠣᠭᠰᠣᠭ᠋ᠠᠭᠰᠠᠨ ᠰᠢᠯᠲᠠᠭ᠋ᠠᠨ᠂ ᠦᠢ᠍ᠯᠡᠳᠪᠦᠷᠢᠯᠡᠯ ᠪᠠ ᠠᠵᠢᠯ ᠵᠶ᠋ᠠᠨ ᠰᠡᠷᠭᠦᠭᠡᠭᠰᠡᠨ ᠴᠣᠬᠣᠯᠠᠪᠤᠷᠢ ᠵᠡᠷᠭᠡ ᠪᠠᠢ᠌ᠳᠠᠯ᠎ᠢ ᠴᠠᠭ ᠲᠤᠬᠠᠢ᠎ᠳᠤ᠎ᠨᠢ ᠨᠡᠢ᠌ᠭᠡᠮ᠎ᠳᠤ ᠢᠯᠡ ᠪᠣᠯᠭ᠋ᠠᠵᠤ᠂ ᠨᠡᠢ᠌ᠭᠡᠮ᠎ᠤᠨ᠎ᠬᠢᠨ᠎ᠤ ᠬᠢᠨᠠᠯᠲᠠ ᠲᠠᠯᠪᠢᠯᠲᠠ ᠵᠢ ᠬᠦᠯᠢᠶᠡᠬᠦ ᠬᠡᠷᠡᠭᠲᠡᠢ᠃

      ᠠᠷᠪᠠᠨ ᠳᠥᠷᠪᠡ᠂ ᠡᠯ᠎ᠡ ᠱᠠᠲᠤᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠂ ᠨᠡᠭᠦᠷᠡᠰᠦᠨ᠎ᠤ ᠠᠵᠢᠯ ᠲᠥᠷᠥᠯ᠎ᠤᠨ ᠬᠠᠮᠢᠶᠠᠷᠤᠯᠲᠠ᠂ ᠨᠡᠭᠦᠷᠡᠰᠦᠨ ᠠᠭᠤᠷᠬᠠᠢ ᠵᠢᠨ ᠠᠶᠤᠯ ᠦᠭᠡᠢ ᠵᠢᠨ ᠬᠢᠨᠠᠯᠲᠠ ᠬᠠᠮᠢᠶᠠᠷᠤᠯᠲᠠ᠂ ᠠᠭᠤᠷᠬᠠᠢ ᠵᠢᠨ ᠠᠶᠤᠯ ᠦᠭᠡᠢ ᠵᠢᠨ ᠬᠢᠨᠠᠨ ᠪᠠᠢ᠌ᠴᠠᠭ᠋ᠠᠬᠤ ᠵᠡᠷᠭᠡ ᠰᠠᠯᠠᠭ᠎ᠠ ᠮᠥᠴᠢᠷ᠎ᠤᠳ ᠨᠡᠭᠦᠷᠡᠰᠦᠨ ᠠᠭᠤᠷᠬᠠᠢ ᠵᠢᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠬᠦ ᠠᠷᠭ᠎ᠠ ᠵᠠᠮ᠎ᠢ ᠰᠠᠭ᠋ᠠᠳ ᠦᠭᠡᠢ ᠨᠡᠪᠲᠡᠷᠡᠭᠦᠯᠦᠨ᠂ ᠨᠡᠢ᠌ᠭᠡᠮ᠎ᠳᠤ ᠢᠯᠡᠴᠢᠯᠡᠨ ᠮᠡᠳᠡᠭᠦᠯᠬᠦ ᠤᠲᠠᠰᠤ᠎ᠪᠠᠨ ᠢᠯᠡ ᠪᠣᠯᠭ᠋ᠠᠵᠤ᠂ ᠢᠯᠡᠴᠢᠯᠡᠨ ᠮᠡᠳᠡᠭᠦᠯᠦᠭᠰᠡᠨ᠎ᠢ ᠱᠠᠩᠨᠠᠬᠤ ᠵᠠᠷᠤᠳᠠᠯ᠎ᠢ᠎ᠨᠢ ᠠᠳᠠᠯᠢ ᠱᠠᠲᠤᠨ᠎ᠤ ᠡᠳ᠋᠎ᠤᠨ ᠵᠠᠰᠠᠭ᠎ᠤᠨ ᠲᠥᠰᠥᠪ᠎ᠲᠤ ᠣᠷᠣᠭᠤᠯᠬᠤ ᠬᠡᠷᠡᠭᠲᠡᠢ᠃

      ᠠᠷᠪᠠᠨ ᠲᠠᠪᠤ᠂ ᠵᠠᠳᠠᠭ᠋ᠠᠢ ᠨᠡᠭᠦᠷᠡᠰᠦᠨ ᠠᠭᠤᠷᠬᠠᠢ᠎ᠳᠤ 《ᠳᠥᠷᠪᠡᠨ ᠨᠢᠭᠡ ᠪᠦᠯᠦᠭ》 ᠰᠢᠢ᠍ᠳᠪᠦᠷᠢᠯᠡᠬᠦ ᠠᠷᠭ᠎ᠠ ᠬᠡᠮᠵᠢᠶ᠎ᠡ ᠵᠢ ᠠᠪᠬᠤ ᠬᠡᠷᠡᠭᠲᠡᠢ᠃

     (ᠨᠢᠭᠡ) ᠨᠢᠭᠡ ᠪᠦᠯᠦᠭ᠎ᠢ ᠬᠠᠭ᠋ᠠᠯᠭ᠋ᠠᠨ ᠵᠣᠭᠰᠣᠭ᠋ᠠᠵᠤ ᠪᠤᠴᠠᠭ᠋ᠠᠨ ᠭᠠᠷᠭ᠋ᠠᠨ᠎ᠠ᠃ ᠬᠦᠨᠳᠦ ᠶᠡᠬᠡ ᠠᠳᠡᠯ᠎ᠤᠨ ᠳᠠᠯᠳᠠ ᠭᠡᠮ ᠣᠷᠣᠰᠢᠵᠤ᠂ ᠴᠡᠭᠴᠡᠯᠡᠨ ᠰᠠᠢ᠌ᠵᠢᠷᠠᠭᠤᠯᠤᠭᠰᠠᠨ᠎ᠤ ᠳᠠᠷᠠᠭ᠎ᠠ ᠮᠥᠨ ᠬᠦ᠌ ᠠᠮᠤᠷ ᠲᠦᠪᠰᠢᠨ᠎ᠤ ᠨᠥᠬᠥᠴᠡᠯ᠎ᠳᠤ ᠬᠦᠷᠴᠦ ᠳᠡᠶ᠋ᠢᠯᠬᠦ ᠦᠭᠡᠢ ᠵᠠᠳᠠᠭ᠋ᠠᠢ ᠨᠡᠭᠦᠷᠡᠰᠦᠨ ᠠᠭᠤᠷᠬᠠᠢ ᠵᠢ ᠬᠠᠤᠯᠢ ᠲᠣᠭᠲᠠᠭ᠋ᠠᠯ ᠶᠣᠰᠣᠭ᠋ᠠᠷ ᠬᠠᠭ᠋ᠠᠯᠭ᠋ᠠᠨ ᠵᠣᠭᠰᠣᠭ᠋ᠠᠵᠤ ᠪᠤᠴᠠᠭ᠋ᠠᠨ ᠭᠠᠷᠭ᠋ᠠᠬᠤ ᠬᠡᠷᠡᠭᠲᠡᠢ᠃

     (ᠬᠣᠶᠠᠷ) ᠨᠢᠭᠡ ᠪᠦᠯᠦᠭ᠎ᠢ ᠡᠮᠬᠢᠯᠡᠨ ᠨᠡᠢ᠌ᠯᠡᠭᠦᠯᠵᠦ ᠳᠠᠬᠢᠨ ᠵᠣᠬᠢᠶᠠᠨ ᠪᠠᠢ᠌ᠭᠤᠯᠤᠨ᠎ᠠ᠃ ᠡᠬᠢ ᠪᠠᠶᠠᠯᠢᠭ᠎ᠤᠨ ᠬᠤᠪᠢᠶᠠᠷᠢᠯᠠᠯᠲᠠ᠎ᠨᠢ ᠰᠢᠨᠵᠢᠯᠡᠬᠦ ᠤᠬᠠᠭ᠋ᠠᠨᠴᠢ ᠪᠤᠰᠤ᠂ ᠵᠦᠢ ᠵᠣᠬᠢᠰ ᠦᠭᠡᠢ ᠪᠠᠢ᠌ᠵᠤ᠂ ᠠᠭᠤᠷᠬᠠᠢ ᠵᠢᠨ ᠰᠠᠪᠠ ᠵᠢᠨ ᠲᠠᠯᠠᠪᠠᠢ᠎ᠨᠢ ᠪᠠᠭ᠎ᠠ᠂ ᠬᠡᠪ᠎ᠤᠨ ᠮᠠᠯᠲᠠᠵᠤ ᠴᠡᠪᠡᠷᠯᠡᠬᠦ ᠠᠵᠢᠯ᠎ᠢ ᠪᠡᠶᠡᠯᠡᠭᠦᠯᠬᠦ ᠵᠢᠨ ᠠᠷᠭ᠎ᠠ ᠦᠭᠡᠢ᠂ ᠡᠰᠡᠬᠦᠯ᠎ᠡ ᠬᠠᠵᠠᠭᠤ ᠬᠠᠪᠢ᠎ᠪᠠᠷ᠎ᠬᠢ ᠨᠡᠭᠦᠷᠡᠰᠦᠨ ᠠᠭᠤᠷᠬᠠᠢ ᠠᠶᠤᠯ ᠦᠭᠡᠢ ᠦᠢ᠍ᠯᠡᠳᠪᠦᠷᠢᠯᠡᠯ᠎ᠢ᠎ᠨᠢ ᠨᠥᠯᠥᠭᠡᠯᠡᠵᠦ ᠪᠠᠢ᠌ᠭ᠎ᠠ ᠵᠠᠳᠠᠭ᠋ᠠᠢ ᠨᠡᠭᠦᠷᠡᠰᠦᠨ ᠠᠭᠤᠷᠬᠠᠢ ᠵᠢ ᠬᠠᠤᠯᠢ ᠲᠣᠭᠲᠠᠭ᠋ᠠᠯ ᠶᠣᠰᠣᠭ᠋ᠠᠷ ᠡᠮᠬᠢᠯᠡᠨ ᠨᠡᠢ᠌ᠯᠡᠭᠦᠯᠵᠦ ᠳᠠᠬᠢᠨ ᠵᠣᠬᠢᠶᠠᠨ ᠪᠠᠢ᠌ᠭᠤᠯᠵᠤ᠂ ᠵᠢᠵᠢᠭ ᠬᠡᠯᠪᠡᠷᠢ ᠵᠢᠨ ᠵᠠᠳᠠᠭ᠋ᠠᠢ ᠨᠡᠭᠦᠷᠡᠰᠦᠨ ᠠᠭᠤᠷᠬᠠᠢ ᠵᠢ ᠲᠣᠮᠣ ᠬᠡᠯᠪᠡᠷᠢ ᠵᠢᠨ ᠠᠭᠤᠷᠬᠠᠢ ᠲᠡᠢ᠌ᠰᠢ ᠬᠡᠯᠪᠡᠷᠢ ᠵᠢ᠎ᠨᠢ ᠬᠤᠪᠢᠷᠠᠭᠤᠯᠬᠤ ᠵᠢ ᠠᠬᠢᠭᠤᠯᠤᠨ᠂ ᠬᠠᠮᠢᠶᠠᠷᠤᠨ ᠡᠵᠡᠮᠳᠡᠬᠦ ᠵᠢ ᠨᠢᠭᠡ ᠴᠣᠭᠴᠠᠵᠢᠭᠤᠯᠬᠤ᠂ ᠨᠡᠭᠡᠭᠡᠨ ᠮᠠᠯᠲᠠᠬᠤ ᠵᠢ ᠣᠶᠤᠨᠴᠢᠯᠠᠬᠤ᠂ ᠲᠣᠨᠤᠭ ᠲᠥᠬᠦᠭᠡᠷᠦᠮᠵᠢ ᠵᠢ ᠬᠦᠨᠳᠦ ᠬᠡᠯᠪᠡᠷᠢᠵᠢᠭᠦᠯᠬᠦ᠂ ᠡᠩᠨᠡᠭᠡ ᠵᠢ ᠲᠤᠰᠬᠠᠢ᠌ᠵᠢᠭᠤᠯᠬᠤ᠂ ᠬᠠᠮᠢᠶᠠᠷᠤᠯᠲᠠ ᠵᠢ ᠨᠠᠷᠢᠯᠢᠭᠵᠢᠭᠤᠯᠬᠤ ᠪᠠ ᠠᠮᠢ ᠠᠬᠤᠢ ᠵᠢ ᠡᠬᠢ ᠪᠠᠶᠠᠯᠢᠭᠵᠢᠭᠤᠯᠬᠤ ᠵᠢ ᠪᠡᠶᠡᠯᠡᠭᠦᠯᠬᠦ ᠬᠡᠷᠡᠭᠲᠡᠢ᠃

     (ᠭᠤᠷᠪᠠ) ᠨᠢᠭᠡ ᠪᠦᠯᠦᠭ᠎ᠢ ᠥᠭᠡᠷᠡᠴᠢᠯᠡᠨ ᠰᠠᠢ᠌ᠵᠢᠷᠠᠭᠤᠯᠤᠨ᠎ᠠ᠃ ᠣᠲᠣ ᠵᠢᠨ ᠪᠠᠢ᠌ᠭ᠎ᠠ ᠬᠠᠳᠠᠭ᠋ᠠᠯᠠᠭᠳᠠᠴᠠ᠎ᠪᠠᠷ ᠠᠷᠪᠢᠨ᠂ ᠲᠤᠬᠠᠢ ᠵᠢᠨ ᠲᠠᠯᠠᠪᠤᠷ᠎ᠢ ᠰᠠᠢ᠌ᠲᠤᠷ ᠬᠠᠮᠢᠶᠠᠷᠤᠭᠰᠠᠨ᠂ ᠮᠡᠷᠭᠡᠵᠢᠯ᠎ᠤᠨ ᠠᠵᠢᠯᠲᠠᠨ᠎ᠤ ᠲᠣᠬᠢᠷᠠᠭᠤᠯᠤᠯᠲᠠ᠎ᠨᠢ ᠰᠠᠢ᠌ᠨ ᠪᠠᠢ᠌ᠬᠤ ᠵᠠᠳᠠᠭ᠋ᠠᠢ ᠨᠡᠭᠦᠷᠡᠰᠦᠨ ᠠᠭᠤᠷᠬᠠᠢ᠎ᠳᠤ ᠵᠢᠯᠣᠭᠣᠴᠢ ᠦᠭᠡᠢ᠂ ᠬᠠᠵᠠᠭᠤ ᠪᠠᠯ᠎ᠤᠨ ᠷᠠᠳᠠᠷ᠎ᠤᠨ ᠬᠢᠨᠠᠨ ᠰᠢᠨᠵᠢᠯᠲᠡ ᠵᠡᠷᠭᠡ ᠲᠡᠷᠢᠭᠦᠨ᠎ᠤ ᠮᠡᠷᠭᠡᠵᠢᠯ᠎ᠤᠨ ᠬᠡᠷᠡᠭᠯᠡᠯᠲᠡ ᠵᠢ ᠠᠬᠢᠭᠤᠯᠵᠤ᠂ ᠣᠶᠤᠨᠴᠢᠯᠠᠯᠲᠠ᠂ ᠮᠡᠳᠡᠭᠡ ᠵᠠᠩᠭᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠥᠭᠡᠷᠡᠴᠢᠯᠡᠯᠲᠡ᠎ᠪᠠᠷ ᠳᠠᠮᠵᠢᠭᠤᠯᠤᠨ᠂ ᠠᠶᠤᠯ ᠦᠭᠡᠢ ᠦᠢ᠍ᠯᠡᠳᠪᠦᠷᠢᠯᠡᠯ᠎ᠤᠨ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃      (ᠳᠥᠷᠪᠡ) ᠨᠢᠭᠡ ᠪᠦᠯᠦᠭ᠎ᠢ ᠰᠢᠨ᠎ᠡ᠎ᠪᠠᠷ ᠪᠠᠢ᠌ᠭᠤᠯᠬᠤ᠎ᠪᠠᠷ ᠲᠥᠯᠥᠪᠵᠢᠭᠦᠯᠦᠨ᠎ᠡ᠃ ᠤᠯᠤᠰ᠎ᠤᠨ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ ᠪᠣᠯᠣᠨ ᠨᠡᠭᠦᠷᠡᠰᠦᠨ᠎ᠤ ᠬᠠᠩᠭ᠋ᠠᠯᠭ᠎ᠠ ᠬᠡᠷᠡᠭᠴᠡᠭᠡ ᠵᠢᠨ ᠪᠠᠢ᠌ᠳᠠᠯ᠎ᠲᠠᠢ ᠭᠦᠢ᠍ᠴᠡᠳ ᠤᠶᠠᠯᠳᠤᠭᠤᠯᠤᠨ᠂ ᠨᠡᠭᠦᠷᠡᠰᠦᠨ᠎ᠤ ᠦᠢ᠍ᠯᠡᠳᠪᠦᠷᠢᠯᠡᠯ᠎ᠤᠨ ᠴᠢᠳᠠᠮᠵᠢ ᠵᠢ ᠦᠷᠭᠦᠯᠵᠢᠯᠡᠭᠦᠯᠬᠦ ᠵᠢ ᠯᠠᠪᠳᠠᠭᠤᠨ ᠵᠶ᠋ᠠᠷ ᠠᠬᠢᠭᠤᠯᠵᠤ᠂ ᠣᠳᠣᠬᠢᠴᠢᠯᠠᠭᠰᠠᠨ ᠲᠣᠮᠣ ᠬᠡᠯᠪᠡᠷᠢ ᠵᠢᠨ ᠵᠠᠳᠠᠭ᠋ᠠᠢ ᠨᠡᠭᠦᠷᠡᠰᠦᠨ ᠠᠭᠤᠷᠬᠠᠢ ᠵᠢ ᠰᠢᠨ᠎ᠡ᠎ᠪᠠᠷ ᠪᠠᠢ᠌ᠭᠤᠯᠬᠤ ᠬᠡᠷᠡᠭᠲᠡᠢ᠃

      ᠠᠷᠪᠠᠨ ᠵᠢᠷᠭᠤᠭ᠎ᠠ᠂ ᠡᠯ᠎ᠡ ᠭᠠᠵᠠᠷ ᠣᠷᠣᠨ᠎ᠨᠢ ᠵᠠᠳᠠᠭ᠋ᠠᠢ ᠨᠡᠭᠦᠷᠡᠰᠦᠨ ᠠᠭᠤᠷᠬᠠᠢ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠶᠠᠪᠤᠴᠠ᠎ᠳᠤ ᠣᠷᠣᠰᠢᠵᠤ ᠪᠠᠢ᠌ᠭ᠎ᠠ ᠭᠠᠵᠠᠷ ᠰᠢᠷᠣᠢ ᠵᠢᠨ ᠠᠰᠢᠭᠯᠠᠯᠲᠠ᠂ ᠠᠭᠤᠷᠬᠠᠢ ᠵᠢᠨ ᠠᠵᠢᠯ ᠲᠦᠷᠦᠯ᠎ᠤᠨ ᠡᠷᠬᠡ ᠳᠠᠪᠬᠤᠴᠠᠭᠰᠠᠨ ᠵᠡᠷᠭᠡ ᠲᠣᠪᠣᠢ᠌ᠮ᠎ᠠ ᠠᠰᠠᠭᠤᠳᠠᠯ ᠎ᠢ ᠴᠠᠭ ᠲᠤᠬᠠᠢ᠎ᠳᠤ᠎ᠨᠢ ᠰᠤᠳᠤᠯᠤᠨ ᠰᠢᠢ᠍ᠳᠪᠦᠷᠢᠯᠡᠵᠦ᠂ ᠬᠠᠵᠠᠭᠤ ᠬᠠᠪᠢ᠎ᠪᠠᠷ᠎ᠬᠢ ᠵᠠᠳᠠᠭ᠋ᠠᠢ ᠨᠡᠭᠦᠷᠡᠰᠦᠨ ᠠᠭᠤᠷᠬᠠᠢ ᠵᠢᠨ ᠳᠠᠷᠤᠭᠳᠠᠵᠤ ᠪᠠᠢ᠌ᠭ᠎ᠠ ᠮᠠᠯᠲᠠᠭ᠎ᠠ ᠦᠭᠡᠢ ᠨᠡᠭᠦᠷᠡᠰᠦᠨ᠎ᠤ ᠠᠰᠠᠭᠤᠳᠠᠯ ᠎ᠢ ᠢᠳᠡᠪᠬᠢᠲᠡᠢ ᠵᠣᠬᠢᠴᠠᠭᠤᠯᠤᠨ ᠰᠢᠢ᠍ᠳᠪᠦᠷᠢᠯᠡᠬᠦ ᠬᠡᠷᠡᠭᠲᠡᠢ᠃

      ᠠᠷᠪᠠᠨ ᠳᠣᠯᠣᠭ᠎ᠠ᠂ ᠠᠭᠤᠷᠬᠠᠢ ᠵᠢᠨ ᠠᠵᠢᠯ ᠲᠦᠷᠦᠯ᠎ᠤᠨ ᠡᠷᠬᠡ ᠵᠢᠨ ᠲᠣᠬᠢᠷᠠᠭᠤᠯᠤᠯᠲᠠ᠂ ᠮᠠᠯᠲᠠᠵᠤ ᠪᠣᠯᠬᠤ ᠬᠦᠷᠢᠶ᠎ᠡ ᠬᠡᠪᠴᠢᠶ᠎ᠡ᠂ ᠭᠠᠢ ᠭᠠᠮᠰᠢᠭ᠎ᠤᠨ ᠲᠦᠭᠰᠢᠭᠦᠷᠢ ᠵᠡᠷᠭᠡ ᠬᠦᠴᠦᠨ ᠵᠦᠢ᠍ᠯ ᠎ᠤᠳ᠎ᠢ ᠶᠡᠷᠦᠩᠬᠡᠢ᠌ᠯᠡᠨ ᠪᠣᠳᠣᠯᠬᠢᠯᠠᠵᠤ᠂ ᠰᠢᠨᠵᠢᠯᠡᠬᠦ ᠤᠬᠠᠭ᠋ᠠᠨᠴᠢ᠎ᠪᠠᠷ ᠨᠤᠲᠠᠯᠠᠨ᠂ ᠵᠠᠳᠠᠭ᠋ᠠᠢ ᠨᠡᠭᠦᠷᠡᠰᠦᠨ ᠠᠭᠤᠷᠬᠠᠢ᠎ᠠᠴᠠ ᠠᠭᠤᠷᠬᠠᠢ ᠵᠢᠨ ᠬᠤᠳᠳᠤᠭ᠎ᠲᠤ᠂ ᠠᠭᠤᠷᠬᠠᠢ ᠵᠢᠨ ᠬᠤᠳᠳᠤᠭ᠎ᠠᠴᠠ ᠵᠠᠳᠠᠭ᠋ᠠᠢ ᠨᠡᠭᠦᠷᠡᠰᠦᠨ ᠠᠭᠤᠷᠬᠠᠢ᠎ᠳᠤ ᠮᠠᠯᠲᠠᠬᠤ ᠪᠣᠯᠭ᠋ᠠᠨ ᠬᠤᠪᠢᠷᠠᠭ᠋ᠠᠬᠤ ᠨᠡᠭᠦᠷᠡᠰᠦᠨ ᠠᠭᠤᠷᠬᠠᠢ ᠵᠢᠨ ᠲᠥᠷᠥᠯ ᠵᠦᠢ᠍ᠯ ᠎ᠢ ᠬᠢᠨᠠᠨ ᠵᠥᠪᠰᠢᠶᠡᠷᠡᠬᠦ ᠭᠣᠭᠴᠣᠭ᠎ᠠ ᠵᠢ ᠴᠢᠩᠭ᠎ᠠ ᠠᠳᠬᠤᠬᠤ ᠬᠡᠷᠡᠭᠲᠡᠢ᠃

      ᠠᠷᠪᠠᠨ ᠨᠠᠢ᠍ᠮᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠠᠵᠢᠯᠲᠠᠳ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠢ᠎ᠪᠠᠷ ᠲᠡᠮᠡᠴᠡᠵᠦ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠨ᠂ ᠵᠠᠳᠠᠭ᠋ᠠᠢ ᠨᠡᠭᠦᠷᠡᠰᠦᠨ ᠠᠭᠤᠷᠬᠠᠢ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯ᠎ᠤᠨ ᠶᠠᠪᠤᠴᠠ᠎ᠳᠤ ᠠᠮᠵᠢᠯᠲᠠ ᠪᠦᠲᠦᠮᠵᠢ᠎ᠪᠠᠷ ᠳᠣᠪᠣᠢ᠌ᠭᠰᠠᠨ᠎ᠢ ᠬᠠᠮᠢᠶ᠎ᠠ ᠪᠦᠬᠦᠢ ᠬᠥᠬᠢᠭᠦᠯᠦᠨ ᠱᠠᠩᠨᠠᠬᠤ ᠵᠢᠨ ᠦᠶ᠎ᠡ᠎ᠳᠤ ᠢᠳᠡᠪᠬᠢᠲᠡᠢ᠎ᠪᠠᠷ ᠲᠠᠨᠢᠯᠴᠠᠭᠤᠯᠤᠨ ᠳᠡᠪᠰᠢᠭᠦᠯᠬᠦ ᠬᠡᠷᠡᠭᠲᠡᠢ; ᠬᠠᠷᠢᠭᠤᠴᠠᠯᠭ᠎ᠠ ᠠᠯᠳᠠᠵᠤ ᠲᠤᠰᠢᠶᠠᠯ᠎ᠳᠤ᠎ᠪᠠᠨ ᠣᠰᠣᠯᠳᠠᠭᠰᠠᠨ᠎ᠢ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃

                                           2023 ᠣᠨ᠎ᠤ 4 ᠳ᠋ᠦ᠍ᠭᠡᠷ ᠰᠠᠷ᠎ᠠ ᠵᠢᠨ 27᠎ᠤ ᠡᠳᠦᠷ


                        ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

                                2023 ᠣᠨ᠎ᠤ 4 ᠳ᠋ᠦ᠍ᠭᠡᠷ ᠰᠠᠷ᠎ᠠ ᠵᠢᠨ 28᠎ᠤ ᠡᠳᠦᠷ ᠳᠠᠷᠤᠮᠠᠯᠯᠠᠨ ᠲᠠᠷᠬᠠᠭ᠋ᠠᠪᠠ

     (ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)


ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢᠵᠢᠯ᠎ᠤᠨ ᠤᠬᠠᠭᠤᠯᠭ᠎ᠠ ᠵᠢᠨ ᠬᠥᠮᠦᠵᠢᠯ᠎ᠤᠨ ᠳᠦᠷᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠵᠥᠩ ᠮᠧᠢ ᠡᠨᠧᠷᠭᠢ ᠵᠢᠨ ᠪᠦᠯᠦᠭᠯᠡᠯ ᠺᠣᠮᠫᠠᠨᠢ ᠵᠢᠨ ᠰᠢᠯᠢ ᠵᠢᠨ ᠭᠣᠣᠯ᠎ᠤᠨ ᠮᠠᠩᠯᠠᠢ ᠴᠠᠬᠢᠯᠭ᠋ᠠᠨ ᠭᠠᠷᠭ᠋ᠠᠬᠤ ᠬᠢᠵᠭ᠋ᠠᠷᠳᠤ ᠺᠣᠮᠫᠠᠨᠢ ᠵᠢᠨ 2 × 660MW ᠥᠨᠳᠥᠷ ᠪᠦᠲᠦᠮᠵᠢᠲᠡᠢ ᠬᠡᠲᠦ ᠵᠠᠭ᠋ᠠᠭ᠎ᠤᠨ ᠨᠡᠭᠦᠷᠡᠰᠦ ᠲᠦᠯᠡᠵᠦ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ ᠵᠢᠨ ᠢᠨᠵᠧᠨᠧᠷᠢᠩ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠪᠢᠴᠢᠭ᠎ᠤᠨ ᠲᠤᠬᠠᠢ ᠴᠣᠬᠣᠯᠠᠪᠤᠷᠢ
ᠠᠶᠤᠯᠭᠦᠢ ᠦᠢ᠍ᠯᠡᠳᠪᠦᠷᠢᠯᠡᠯ᠎ᠤᠨ ᠬᠠᠤᠯᠢ ᠵᠢ ᠬᠡᠷᠡᠭᠵᠢᠭᠦᠯᠦᠭᠰᠡᠨ ᠪᠠᠶ᠋ᠢᠳᠠᠯ᠎ᠢ ᠬᠠᠷᠢᠭᠤ ᠲᠤᠰᠬᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠵᠠᠬᠢᠳᠠᠯ
ᠠᠵᠤ ᠦᠢ᠍ᠯᠡᠳᠪᠦᠷᠢ ᠵᠢᠨ ᠱᠤᠤᠭᠢᠶᠠᠨ᠎ᠤ ᠪᠣᠬᠢᠷᠲᠤᠯ᠎ᠢ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ ᠵᠢᠨ ᠠᠵᠢᠯ᠎ᠢ ᠥᠷᠨᠢᠭᠦᠯᠬᠦ ᠲᠤᠬᠠᠢ ᠮᠡᠳᠡᠭᠳᠡᠯ
 
             蒙ICP备05000248号