ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢᠵᠢᠯ᠎ᠤᠨ ᠤᠬᠠᠭᠤᠯᠭ᠎ᠠ ᠵᠢᠨ ᠬᠥᠮᠦᠵᠢᠯ᠎ᠤᠨ ᠳᠦᠷᠢᠮ
ᠨᠡᠶ᠋ᠢᠲᠡᠯᠡᠭᠰᠡᠨ ᠴᠠᠭ᠄ 2023-09-22

      (2012 ᠣᠨ᠎ᠤ 11 ᠰᠠᠷ᠎ᠠ ᠵᠢᠨ 29᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠭᠤᠴᠢᠨ ᠬᠣᠶᠠᠳᠤᠭ᠋ᠠᠷ ᠬᠤᠷᠠᠯ᠎ᠠᠴᠠ ᠪᠠᠲᠤᠯᠠᠪᠠ 2022 ᠣᠨ᠎ᠤ 7 ᠰᠠᠷ᠎ᠠ ᠵᠢᠨ 28᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠭᠤᠴᠢᠨ ᠵᠢᠷᠭᠤᠳᠤᠭ᠋ᠠᠷ ᠬᠤᠷᠠᠯ᠎ᠤᠨ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠳᠦᠷᠢᠮ᠎ᠤᠨ ᠤᠬᠠᠭᠤᠯᠭ᠎ᠠ ᠬᠥᠮᠦᠵᠢᠯ᠎ᠤᠨ ᠳᠦᠷᠢᠮ〉 ᠵᠡᠷᠭᠡ 3 ᠬᠤᠪᠢ ᠣᠷᠣᠨ ᠨᠤᠲᠤᠭ᠎ᠤᠨ ᠴᠢᠨᠠᠷᠲᠠᠢ ᠬᠠᠤᠯᠢ ᠳᠦᠷᠢᠮ᠎ᠤᠨ ᠲᠣᠭᠲᠠᠭ᠋ᠠᠯ》᠎ᠠᠴᠠ ᠵᠠᠰᠠᠪᠤᠷᠢ ᠣᠷᠣᠭᠤᠯᠪᠠ

      ᠨᠢᠭᠡᠳᠦᠭᠡᠷ ᠵᠦᠢ᠍ᠯ᠂ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠪᠥᠬᠥ ᠠᠷᠠᠳ᠎ᠤᠨ ᠬᠠᠤᠯᠢᠵᠢᠯ᠎ᠤᠨ ᠦᠵᠡᠯᠲᠡ ᠪᠠ ᠬᠠᠤᠯᠢ ᠴᠠᠭ᠋ᠠᠵᠠ ᠵᠢᠨ ᠬᠡᠪ ᠴᠢᠨᠠᠷ᠎ᠢ ᠴᠢᠩᠭ᠋ᠠᠳᠬᠠᠨ᠂ ᠨᠡᠢ᠌ᠭᠡᠮ ᠵᠢᠷᠤᠮ᠎ᠤᠨ ᠬᠠᠤᠯᠢᠵᠢᠯ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠨᠡᠢ᠌ᠭᠡᠮ ᠵᠢᠷᠤᠮ᠎ᠤᠨ ᠬᠠᠤᠯᠢᠵᠢᠯ᠎ᠤᠨ ᠰᠣᠶᠣᠯ᠎ᠢ ᠪᠠᠢ᠌ᠭᠤᠯᠤᠨ᠂ ᠨᠡᠢ᠌ᠭᠡᠮ᠎ᠤᠨ ᠵᠠᠰᠠᠯᠲᠠ ᠵᠢᠨ ᠬᠠᠤᠯᠢᠵᠢᠯ᠎ᠤᠨ ᠲᠦᠪᠰᠢᠨ᠎ᠢ ᠳᠡᠭᠡᠭᠰᠢᠯᠡᠭᠦᠯᠵᠦ᠂ ᠬᠠᠤᠯᠢᠵᠢᠯ᠎ᠤᠨ ᠥᠪᠥᠷ ᠮᠣᠩᠭᠣᠯ᠎ᠤᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠬᠤ ᠵᠢᠨ ᠲᠤᠰᠠᠳᠠ᠂ ᠦᠨᠳᠦᠰᠦᠨ ᠬᠠᠤᠯᠢ ᠪᠠ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ ᠲᠣᠰ ᠳᠦᠷᠢᠮ᠎ᠢ ᠲᠣᠭᠲᠠᠭ᠋ᠠᠪᠠ᠃

      ᠬᠣᠶᠠᠳᠤᠭ᠋ᠠᠷ ᠵᠦᠢ᠍ᠯ᠂ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠪᠦᠬᠦ ᠲᠠᠯ᠎ᠠ᠎ᠪᠠᠷ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ᠦᠨᠳᠦᠰᠦᠨ ᠬᠠᠤᠯᠢ᠎ᠪᠠᠷ ᠭᠣᠣᠯ ᠪᠣᠯᠭ᠋ᠠᠭᠰᠠᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠬᠠᠤᠯᠢ ᠴᠠᠭ᠋ᠠᠵᠠ ᠵᠢᠨ ᠰᠢᠰᠲ᠋ᠧᠮ᠎ᠢ ᠤᠬᠠᠭᠤᠯᠵᠤ᠂ ᠨᠠᠮ᠎ᠤᠨ ᠳᠣᠲᠣᠭ᠋ᠠᠳᠤ ᠵᠢᠨ ᠬᠠᠤᠯᠢ ᠳᠦᠷᠢᠮ᠎ᠢ ᠤᠬᠠᠭᠤᠯᠬᠤ᠂ ᠬᠠᠤᠯᠢ ᠲᠣᠭᠲᠠᠭ᠋ᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠵᠢ ᠰᠠᠬᠢᠬᠤ ᠵᠡᠷᠭᠡ ᠬᠠᠤᠯᠢ᠎ᠪᠠᠷ ᠵᠠᠰᠠᠬᠤ ᠦᠢ᠍ᠯᠡᠳᠦᠯᠭᠡ ᠵᠢ ᠤᠬᠠᠭᠤᠯᠵᠤ᠂ ᠤᠯᠠᠨ ᠲᠡᠰ ᠳᠠᠪᠬᠤᠷᠭ᠎ᠠ ᠤᠯᠠᠨ ᠬᠦᠷᠢᠶᠡᠨ᠎ᠤ ᠬᠠᠤᠯᠢ᠎ᠪᠠᠷ ᠵᠠᠰᠠᠬᠤ ᠵᠢ ᠠᠬᠢᠭᠤᠯᠵᠤ᠂ ᠠᠷᠠᠳ ᠢᠷᠭᠡᠳ᠎ᠤᠨ ᠬᠠᠤᠯᠢ ᠵᠢ ᠬᠦᠨᠳᠦᠳᠬᠡᠬᠦ ᠬᠠᠤᠯᠢ ᠵᠢ ᠰᠤᠷᠬᠤ ᠬᠠᠤᠯᠢ ᠵᠢ ᠰᠠᠬᠢᠬᠤ ᠬᠠᠤᠯᠢ ᠵᠢ ᠬᠡᠷᠡᠭᠯᠡᠬᠦ ᠤᠬᠠᠮᠰᠠᠷ ᠪᠠ ᠦᠢ᠍ᠯᠡ ᠠᠵᠢᠯᠯᠠᠭ᠋ᠠᠨ᠎ᠤ ᠳᠠᠳᠬᠠᠯ᠎ᠢ ᠬᠥᠮᠥᠵᠢᠭᠦᠯᠵᠦ᠂ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ᠂ ᠨᠡᠢ᠌ᠭᠡᠮ᠎ᠤᠨ ᠪᠦᠯᠬᠦᠮ ᠪᠠ ᠪᠤᠰᠤᠳ ᠵᠣᠬᠢᠶᠠᠨ ᠪᠠᠢ᠌ᠭᠤᠯᠤᠯᠲᠠ ᠵᠢᠨ ᠬᠠᠤᠯᠢ ᠶᠣᠰᠣᠭ᠋ᠠᠷ ᠠᠵᠢᠯᠯᠠᠬᠤ᠂ ᠦᠨᠡᠨᠴᠢ ᠢᠲᠡᠭᠡᠮᠵᠢᠲᠡᠢ᠎ᠪᠠᠷ ᠬᠠᠤᠯᠢ ᠵᠢ ᠰᠠᠬᠢᠬᠤ ᠵᠢ ᠠᠬᠢᠭᠤᠯᠵᠤ᠂ ᠲᠥᠷᠥ ᠵᠢᠨ ᠪᠠᠢ᠌ᠭᠤᠯᠭ᠎ᠠ ᠵᠢᠨ ᠬᠠᠤᠯᠢ ᠶᠣᠰᠣᠭ᠋ᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ᠂ ᠲᠥᠪ ᠭᠣᠣᠯᠴᠢ᠎ᠪᠠᠷ ᠬᠠᠤᠯᠢ ᠪᠠᠷᠢᠬᠤ ᠴᠢᠳᠠᠪᠤᠷᠢ ᠵᠢ ᠴᠢᠩᠭ᠋ᠠᠷᠠᠭᠤᠯᠵᠤ᠂ ᠨᠡᠢ᠌ᠭᠡᠮ᠎ᠤᠨ ᠵᠠᠰᠠᠯᠲᠠ ᠵᠢᠨ ᠬᠠᠤᠯᠢ᠎ᠪᠠᠷ ᠵᠠᠰᠠᠬᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃

      ᠭᠤᠷᠪᠠᠳᠤᠭ᠋ᠠᠷ ᠵᠦᠢ᠍ᠯ᠂ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠢ ᠥᠷᠨᠢᠭᠦᠯᠬᠦ ᠪᠣᠯ ᠪᠦᠬᠦ ᠨᠡᠢ᠌ᠭᠡᠮ᠎ᠤᠨ ᠬᠠᠮᠲᠤ ᠵᠢᠨ ᠬᠠᠷᠢᠭᠤᠴᠠᠯᠭ᠎ᠠ ᠮᠥᠨ᠃

      ᠲᠥᠷᠥ ᠵᠢᠨ ᠪᠠᠢ᠌ᠭᠤᠯᠭ᠎ᠠ᠂ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ᠂ ᠨᠡᠢ᠌ᠭᠡᠮ᠎ᠤᠨ ᠪᠦᠯᠬᠦᠮ ᠪᠠ ᠪᠤᠰᠤᠳ ᠵᠣᠬᠢᠶᠠᠨ ᠪᠠᠢ᠌ᠭᠤᠯᠤᠯᠲᠠ᠎ᠨᠤᠭᠤᠳ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠢ ᠠᠵᠢᠯ᠎ᠤᠨ ᠲᠥᠯᠥᠪᠯᠡᠭᠡ᠎ᠳᠡᠭᠡᠨ ᠣᠷᠣᠭᠤᠯᠵᠤ᠂ ᠲᠤᠰ ᠰᠠᠯᠠᠭ᠎ᠠ ᠮᠥᠴᠢᠷ᠂ ᠲᠤᠰ ᠨᠢᠭᠡᠴᠢ ᠵᠢᠴᠢ ᠨᠡᠢ᠌ᠭᠡᠮ᠎ᠳᠤ ᠬᠠᠨᠳᠤᠭᠤᠯᠤᠭᠰᠠᠨ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠤᠨ ᠠᠵᠢᠯ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠬᠦ᠎ᠪᠠᠷ ᠵᠣᠬᠢᠴᠠᠩᠭᠤᠢ ᠪᠠᠢ᠌ᠭᠤᠯᠤᠮᠵᠢ ᠪᠠ ᠠᠵᠢᠯᠲᠠᠨ᠎ᠢ ᠲᠣᠭᠲᠠᠭ᠋ᠠᠬᠤ ᠬᠡᠷᠡᠭᠲᠡᠶ᠃

      ᠬᠠᠤᠯᠢ ᠵᠢᠨ ᠤᠬᠠᠭ᠋ᠠᠨ᠎ᠤ ᠬᠥᠮᠦᠵᠢᠯ᠎ᠤᠨ ᠠᠵᠢᠯᠲᠠᠨ᠂ ᠬᠠᠤᠯᠢ ᠴᠠᠭ᠋ᠠᠵᠠ ᠵᠢᠨ ᠪᠣᠳᠠᠲᠤ ᠶᠠᠪᠤᠳᠠᠯ᠎ᠤᠨ ᠠᠵᠢᠯᠲᠠᠨ ᠵᠢᠴᠢ ᠪᠤᠰᠤᠳ ᠬᠠᠤᠯᠢ ᠴᠠᠭ᠋ᠠᠵᠠ ᠵᠢᠨ ᠲᠤᠰᠬᠠᠢ ᠮᠡᠷᠭᠡᠵᠢᠯ᠎ᠤᠨ ᠠᠵᠢᠯᠲᠠᠨ ᠵᠡᠷᠭᠡ ᠨᠡᠢ᠌ᠭᠡᠮ᠎ᠤᠨ ᠬᠦᠴᠦᠨ᠎ᠤ ᠬᠠᠤᠯᠢ ᠴᠠᠭ᠋ᠠᠵᠠ ᠵᠢᠨ ᠵᠥᠪᠯᠡᠯᠭᠡ ᠥᠭᠬᠦ᠂ ᠬᠠᠤᠯᠢ᠎ᠪᠠᠷ ᠵᠠᠰᠠᠬᠤ ᠲᠠᠢ᠌ᠯᠤᠮᠵᠢ᠂ ᠰᠠᠢ᠍ᠢ᠍ᠨ ᠳᠤᠷ᠎ᠠ ᠵᠢᠨ ᠦᠢ᠍ᠯᠡᠴᠢᠯᠡᠭᠡ ᠵᠡᠷᠭᠡ ᠤᠯᠠᠨ ᠵᠦᠢ᠍ᠯ᠎ᠤᠨ ᠬᠡᠯᠪᠡᠷᠢ᠎ᠪᠠᠷ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠢ ᠳᠡᠮᠵᠢᠬᠦ ᠪᠠ ᠲᠡᠭᠦᠨ᠎ᠳᠤ ᠣᠷᠣᠯᠴᠠᠬᠤ ᠵᠢ ᠵᠣᠷᠢᠭᠵᠢᠭᠤᠯᠤᠨ᠎ᠠ᠃

      ᠳᠥᠷᠪᠡᠳᠦᠭᠡᠷ ᠵᠦᠢ᠍ᠯ᠂ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠢ ᠨᠢᠭᠡᠳᠦᠯᠲᠡᠢ ᠲᠥᠯᠥᠪᠵᠢᠭᠦᠯᠵᠦ᠂ ᠳᠦᠷᠦᠯ ᠬᠤᠪᠢᠶᠠᠨ ᠬᠡᠷᠡᠭᠵᠢᠭᠦᠯᠵᠦ᠂ ᠪᠠᠢ᠌ᠩᠭᠤ ᠵᠢᠨ ᠬᠥᠮᠦᠵᠢᠯ ᠪᠣᠯᠣᠨ ᠲᠥᠪᠯᠡᠷᠡᠭᠦᠯᠦᠨ ᠬᠥᠮᠥᠵᠢᠭᠦᠯᠬᠦ ᠵᠢ ᠤᠶᠠᠯᠳᠤᠭᠤᠯᠬᠤ᠂ ᠲᠦᠭᠡᠮᠡᠯᠵᠢᠭᠦᠯᠬᠦ ᠬᠥᠮᠦᠵᠢᠯ ᠪᠣᠯᠣᠨ ᠭᠣᠣᠯᠳᠠᠯᠭ᠎ᠠ᠎ᠲᠠᠢ ᠬᠥᠮᠦᠵᠢᠯ᠎ᠢ ᠤᠶᠠᠯᠳᠤᠭᠤᠯᠬᠤ᠂ ᠤᠬᠠᠭᠤᠯᠭ᠎ᠠ ᠬᠥᠮᠦᠵᠢᠯ ᠪᠣᠯᠣᠨ ᠬᠠᠤᠯᠢ᠎ᠪᠠᠷ ᠵᠠᠰᠠᠬᠤ ᠦᠢ᠍ᠯᠡᠳᠦᠯᠭᠡ ᠵᠢ ᠤᠶᠠᠯᠳᠤᠭᠤᠯᠬᠤ ᠵᠠᠷᠴᠢᠮ᠎ᠢ ᠬᠡᠷᠡᠭᠵᠢᠭᠦᠯᠪᠡᠯ ᠵᠣᠬᠢᠨ᠎ᠠ᠃

      ᠲᠠᠪᠤᠳᠤᠭ᠋ᠠᠷ ᠵᠦᠢ᠍ᠯ᠂ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠤᠨ ᠡᠲᠡᠭᠡᠳ ᠪᠣᠯ ᠠᠯᠢᠪᠠ ᠬᠥᠮᠦᠵᠢᠯ ᠬᠦᠷᠲᠡᠬᠦ ᠴᠢᠳᠠᠪᠤᠷᠢ᠎ᠲᠠᠢ ᠠᠷᠠᠳ ᠢᠷᠭᠡᠨ ᠪᠣᠯᠣᠨ᠎ᠠ᠂ ᠭᠣᠣᠯᠳᠠᠯᠭ᠎ᠠ᠎ᠨᠢ ᠠᠯᠪᠠᠨ ᠲᠤᠰᠢᠶᠠᠯᠲᠠᠨ ᠪᠠ ᠵᠠᠯᠠᠭᠤᠴᠤᠳ ᠪᠠᠭ᠋ᠠᠴᠤᠳ ᠪᠣᠯᠣᠨ᠎ᠠ᠃

      ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠢ ᠬᠢᠬᠦ᠎ᠳᠡᠭᠡᠨ ᠠᠳᠠᠯᠢ ᠪᠤᠰᠤ ᠴᠠᠭ ᠦᠶ᠎ᠡ ᠵᠢᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠠᠶ᠋ᠢᠳᠠᠯ ᠪᠠ ᠪᠣᠳᠠᠲᠤ ᠬᠡᠷᠡᠭᠴᠡᠭᠡ ᠵᠢ ᠦᠨᠳᠦᠰᠦᠯᠡᠨ᠂ ᠭᠣᠣᠯ ᠠᠭᠤᠯᠭ᠎ᠠ ᠪᠠ ᠦᠨᠳᠦᠰᠦᠨ ᠱᠠᠭ᠋ᠠᠷᠳᠠᠯᠭ᠎ᠠ ᠵᠢ ᠲᠣᠭᠲᠠᠭ᠋ᠠᠵᠤ᠂ ᠬᠠᠨᠳᠤᠯᠭ᠋ᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ᠎ᠢ ᠴᠢᠩᠭ᠋ᠠᠷᠠᠭᠤᠯᠪᠠᠯ ᠵᠣᠬᠢᠨ᠎ᠠ᠃

      ᠴᠥᠭᠡᠨ ᠲᠣᠭ᠋ᠠᠲᠤ ᠦᠨᠳᠦᠰᠦᠲᠡᠨ᠎ᠤ ᠲᠥᠪᠯᠡᠷᠡᠨ ᠰᠠᠭᠤᠵᠤ ᠪᠠᠢ᠌ᠭ᠎ᠠ ᠭᠠᠵᠠᠷ ᠣᠷᠣᠨ᠎ᠳᠤ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠢ ᠥᠷᠨᠢᠭᠦᠯᠬᠦ᠎ᠳᠤ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠬᠡᠷᠡᠭᠯᠡᠪᠡᠯ ᠵᠣᠬᠢᠨ᠎ᠠ᠂ ᠬᠡᠷᠡᠭᠴᠡᠭᠡ᠎ᠪᠠᠨ ᠦᠨᠳᠦᠰᠦᠯᠡᠨ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠠ ᠲᠤᠬᠠᠢ ᠵᠢᠨ ᠭᠠᠵᠠᠷ᠎ᠲᠤ ᠨᠡᠢ᠌ᠳᠡᠮ ᠬᠡᠷᠡᠭᠯᠡᠵᠦ ᠪᠠᠢ᠌ᠭ᠎ᠠ ᠴᠥᠭᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠢ ᠵᠡᠷᠭᠡ᠎ᠪᠠᠷ ᠬᠡᠷᠡᠭᠯᠡᠵᠦ ᠪᠣᠯᠣᠨ᠎ᠠ᠃

      ᠵᠢᠷᠭᠤᠳᠤᠭ᠋ᠠᠷ ᠵᠦᠢ᠍ᠯ᠂ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠨᠢ ᠤᠯᠠᠨ ᠵᠦᠢ᠍ᠯ᠎ᠤᠨ ᠠᠴᠢᠶᠠᠯᠠᠪᠤᠷᠢ᠂ ᠬᠡᠯᠪᠡᠷᠢ ᠪᠠ ᠠᠷᠭ᠎ᠠ᠎ᠪᠠᠷ ᠳᠠᠮᠵᠢᠭᠤᠯᠤᠨ᠂ ᠬᠠᠤᠯᠢ ᠴᠠᠭ᠋ᠠᠵᠠ ᠵᠢ ᠬᠥᠳᠡᠭᠡ ᠲᠣᠰᠬᠤᠨ᠎ᠳᠤ ᠣᠷᠣᠭᠤᠯᠬᠤ᠂ ᠨᠡᠢ᠌ᠭᠡᠮ ᠲᠣᠭᠣᠷᠢᠭ᠎ᠲᠤ ᠣᠷᠣᠭᠤᠯᠬᠤ᠂ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ᠂ ᠪᠠᠢ᠌ᠭᠤᠯᠭ᠎ᠠ ᠨᠢᠭᠡᠴᠢ᠎ᠳᠤ ᠣᠷᠣᠭᠤᠯᠬᠤ᠂ ᠠᠵᠤ ᠠᠬᠤᠢ᠌ᠯᠠᠯ᠎ᠳᠤ ᠣᠷᠣᠭᠤᠯᠬᠤ᠂ ᠴᠡᠷᠢᠭ᠎ᠤᠨ ᠬᠤᠸᠠᠷᠠᠨ᠎ᠳᠤ ᠣᠷᠣᠭᠤᠯᠬᠤ᠂ ᠲᠣᠣᠷ ᠰᠦᠯᠵᠢᠶᠡᠨ᠎ᠳᠤ ᠣᠷᠣᠭᠤᠯᠬᠤ ᠵᠢᠴᠢ ᠬᠠᠤᠯᠢ ᠴᠠᠭ᠋ᠠᠵᠠ ᠵᠢᠨ ᠤᠬᠠᠭᠤᠯᠭ᠎ᠠ ᠵᠢᠨ ᠰᠠᠷ᠎ᠠ᠂ ᠤᠬᠠᠭᠤᠯᠭ᠎ᠠ ᠵᠢᠨ ᠭᠠᠷᠠᠭ᠂ ᠤᠬᠠᠭᠤᠯᠭ᠎ᠠ ᠵᠢᠨ ᠡᠳᠦᠷ ᠪᠠ 《ᠬᠠᠤᠯᠢᠵᠢᠯ᠎ᠤᠨ ᠤᠯᠠᠭ᠋ᠠᠨᠮᠥ᠋ᠴᠢᠷ》 ᠵᠡᠷᠭᠡ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠵᠦ᠂ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠵᠢᠨ ᠬᠠᠨᠳᠤᠯᠭ᠋ᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ᠎ᠢ ᠬᠦᠴᠦᠯᠡᠨ ᠳᠡᠭᠡᠭᠰᠢᠯᠡᠭᠦᠯᠪᠡᠯ ᠵᠣᠬᠢᠨ᠎ᠠ᠃

      ᠳᠣᠯᠣᠳᠤᠭ᠋ᠠᠷ ᠵᠦᠢ᠍ᠯ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠠᠤᠯᠢ ᠲᠦᠭᠡᠮᠡᠯᠵᠢᠭᠦᠯᠬᠦ ᠲᠥᠯᠦᠪᠵᠢᠭᠦᠯᠭᠡ ᠲᠣᠭᠲᠠᠭ᠋ᠠᠵᠤ᠂ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ ᠠᠵᠢᠯ᠎ᠢ ᠤᠯᠤᠰ ᠠᠷᠠᠳ᠎ᠤᠨ ᠠᠵᠤ ᠠᠬᠤᠢ ᠬᠢᠭᠡᠳ ᠨᠡᠢ᠌ᠭᠡᠮ᠎ᠤᠨ ᠬᠥᠭᠵᠢᠯᠲᠡ ᠵᠢᠨ ᠲᠥᠯᠦᠪᠵᠢᠭᠦᠯᠭᠡ ᠪᠣᠯᠣᠨ ᠵᠠᠰᠠᠭ᠎ᠤᠨ ᠣᠷᠳᠣᠨ᠎ᠤ ᠤᠯᠠᠨ ᠨᠠᠢ᠌ᠳᠠ ᠵᠢᠨ ᠦᠢ᠍ᠯᠡᠴᠢᠯᠡᠭᠡᠨ᠎ᠤ ᠰᠢᠰᠢᠲ᠋ᠧᠮ᠎ᠳᠤ ᠣᠷᠣᠭᠤᠯᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠦᠨ᠎ᠡ᠃

      ᠨᠠᠢ᠍ᠮᠠᠳᠤᠭ᠋ᠠᠷ ᠵᠦᠢ᠍ᠯ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠠᠷᠠᠳ ᠢᠷᠭᠡᠳ ᠬᠥᠮᠥᠨ ᠪᠦᠷᠢ ᠵᠢᠯ᠎ᠳᠤ 0.5 ᠲᠥᠭᠥᠷᠢᠭ᠎ᠠᠴᠠ ᠳᠣᠣᠷ᠎ᠠ ᠦᠭᠡᠢ ᠪᠠᠶ᠋ᠢᠬᠤ ᠪᠠᠷᠢᠮᠵᠢᠶ᠎ᠠ᠎ᠪᠠᠷ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠤᠨ ᠵᠠᠷᠤᠳᠠᠯ᠎ᠢ ᠲᠣᠰ ᠱᠠᠲᠤᠨ᠎ᠤ ᠵᠠᠰᠠᠭ᠎ᠤᠨ ᠣᠷᠳᠣᠨ᠎ᠤ ᠲᠥᠰᠥᠪ᠎ᠲᠡᠭᠡᠨ ᠣᠷᠣᠭᠤᠯᠵᠤ᠂ ᠲᠤᠰᠬᠠᠢ ᠵᠣᠭᠣᠰ᠎ᠢ ᠲᠤᠰᠬᠠᠢ ᠵᠦᠢ᠍ᠯ᠎ᠳᠤ ᠬᠡᠷᠡᠭᠯᠡᠬᠦ ᠵᠢᠨ ᠬᠠᠮᠲᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠬᠢᠷᠢ ᠲᠦᠪᠰᠢᠨ᠎ᠢ ᠳᠠᠭ᠋ᠠᠯᠳᠤᠨ ᠬᠥᠳᠡᠯᠦᠩᠭᠦᠢ᠎ᠪᠠᠷ ᠲᠣᠬᠢᠷᠠᠭᠤᠯᠤᠯᠲᠠ ᠬᠢᠪᠡᠯ ᠵᠣᠬᠢᠨ᠎ᠠ᠃

      ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠣᠭᠲᠠᠭ᠋ᠠᠯ ᠶᠣᠰᠣᠭ᠋ᠠᠷ ᠵᠠᠰᠠᠭ᠎ᠤᠨ ᠣᠷᠳᠣᠨ᠎ᠤ ᠦᠢ᠍ᠯᠡᠴᠢᠯᠡᠭᠡ ᠬᠤᠳᠠᠯᠳᠤᠨ ᠠᠪᠬᠤ ᠠᠷᠭ᠎ᠠ ᠮᠠᠶᠢᠭ ᠵᠶ᠋ᠠᠷ ᠳᠠᠮᠵᠢᠭᠤᠯᠤᠨ᠂ ᠨᠡᠢ᠌ᠭᠡᠮ᠎ᠤᠨ ᠬᠦᠴᠦᠨ᠎ᠢ ᠲᠡᠳᠡᠨ ᠣᠷᠣᠭᠤᠯᠵᠤ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠤᠨ ᠬᠠᠮᠢᠶ᠎ᠠ ᠪᠦᠬᠦᠢ ᠠᠵᠢᠯ᠎ᠢ ᠥᠷᠨᠢᠭᠦᠯᠵᠦ ᠪᠣᠯᠣᠨ᠎ᠠ᠃

      ᠲᠥᠷᠥ ᠵᠢᠨ ᠪᠠᠢ᠌ᠭᠤᠯᠭ᠎ᠠ᠂ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ᠂ ᠨᠡᠢ᠌ᠭᠡᠮ᠎ᠤᠨ ᠪᠦᠯᠬᠦᠮ ᠪᠠ ᠪᠤᠰᠤᠳ ᠵᠣᠬᠢᠶᠠᠨ ᠪᠠᠢ᠌ᠭᠤᠯᠤᠯᠲᠠ᠎ᠨᠤᠭᠤᠳ ᠴᠢᠬᠤᠯᠠ ᠪᠦᠬᠦᠢ ᠵᠠᠷᠤᠳᠠᠯ᠎ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠤᠨ ᠠᠵᠢᠯ᠎ᠤᠨ ᠬᠡᠪ ᠵᠶ᠋ᠡᠷ ᠥᠷᠨᠢᠬᠦ ᠵᠢ ᠪᠠᠲᠤᠯᠠᠪᠠᠯ ᠵᠣᠬᠢᠨ᠎ᠠ᠃

      ᠪᠠᠶ᠋ᠢᠭ᠋ᠠᠯᠢ ᠬᠥᠮᠥᠨ᠂ ᠬᠠᠤᠯᠢ ᠵᠢᠨ ᠡᠷᠬᠡᠲᠡᠨ ᠪᠠ ᠬᠠᠤᠯᠢ ᠵᠢᠨ ᠡᠷᠬᠡᠲᠡᠨ ᠪᠤᠰᠤ ᠬᠥᠮᠥᠰ ᠵᠣᠬᠢᠶᠠᠨ ᠪᠠᠢ᠌ᠭᠤᠯᠤᠯᠲᠠ ᠵᠢᠨ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ ᠠᠵᠢᠯ᠎ᠳᠤ ᠬᠠᠤᠯᠢ ᠶᠣᠰᠣᠭ᠋ᠠᠷ ᠨᠠᠢ᠌ᠳᠠ ᠵᠢᠨ ᠠᠰᠠᠷᠠᠮᠵᠢ ᠵᠢᠨ ᠴᠢᠨᠠᠷᠲᠠᠢ ᠣᠷᠣᠭᠤᠯᠤᠯᠲᠠ ᠬᠢᠬᠦ ᠵᠢ ᠵᠣᠷᠢᠭᠵᠢᠭᠤᠯᠤᠨ᠎ᠠ᠃

      ᠶᠢᠰᠦᠳᠦᠭᠡᠷ ᠵᠦᠢ᠍ᠯ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠤᠨ ᠠᠵᠢᠯ᠎ᠢ ᠭᠣᠣᠯᠴᠢᠯᠠᠨ ᠬᠠᠮᠢᠶᠠᠷᠴᠤ᠂ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠤᠨ ᠠᠵᠢᠯ᠎ᠤᠨ ᠲᠥᠯᠦᠪᠵᠢᠭᠦᠯᠭᠡ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠤᠨ ᠠᠵᠢᠯ᠎ᠢ ᠵᠣᠬᠢᠶᠠᠨ ᠪᠠᠢ᠌ᠭᠤᠯᠵᠤ᠂ ᠵᠢᠯᠤᠭᠣᠳᠴᠤ᠂ ᠵᠣᠬᠢᠴᠠᠭᠤᠯᠵᠤ᠂ ᠪᠠᠢ᠌ᠴᠠᠭ᠋ᠠᠬᠤ ᠪᠠ ᠬᠢᠨᠠᠨ ᠰᠢᠯᠭ᠋ᠠᠨ᠎ᠠ᠃

      ᠠᠷᠪᠠᠳᠤᠭ᠋ᠠᠷ ᠵᠦᠢ᠍ᠯ᠂ ᠲᠥᠷᠥ ᠵᠢᠨ ᠪᠠᠢ᠌ᠭᠤᠯᠭ᠎ᠠ᠂ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ᠂ ᠨᠡᠢ᠌ᠭᠡᠮ᠎ᠤᠨ ᠪᠦᠯᠬᠦᠮ ᠪᠠ ᠪᠤᠰᠤᠳ ᠵᠣᠬᠢᠶᠠᠨ ᠪᠠᠢ᠌ᠭᠤᠯᠤᠯᠲᠠ᠎ᠨᠢ ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ᠂ ᠬᠡᠨ ᠬᠠᠮᠢᠶᠠᠷᠪᠠᠯ ᠬᠡᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ᠂ ᠬᠡᠨ ᠦᠢ᠍ᠯᠡᠴᠢᠯᠡᠪᠡᠯ ᠬᠡᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠵᠠᠷᠴᠢᠮ ᠶᠣᠰᠣᠭ᠋ᠠᠷ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠬᠠᠷᠢᠭᠤᠴᠠᠯᠭ᠎ᠠ ᠵᠢᠨ ᠳᠦᠷᠢᠮ᠎ᠢ ᠨᠠᠢ᠌ᠳᠠᠪᠤᠷᠢᠵᠢᠭᠤᠯᠤᠨ᠎ᠠ᠃ ᠲᠤᠰ ᠰᠢᠰᠲ᠋ᠧᠮ ᠲᠤᠰ ᠠᠵᠢᠯ ᠲᠥᠷᠥᠯ᠎ᠤᠨ ᠬᠠᠤᠯᠢ ᠲᠦᠭᠡᠮᠡᠯᠵᠢᠭᠦᠯᠬᠦ ᠲᠥᠯᠦᠪᠵᠢᠭᠦᠯᠭᠡ᠂ ᠣᠨ᠎ᠤ ᠬᠠᠤᠯᠢ ᠲᠦᠭᠡᠮᠡᠯᠵᠢᠭᠦᠯᠬᠦ ᠲᠥᠯᠥᠪᠯᠡᠭᠡ ᠵᠢ ᠲᠣᠭᠲᠠᠭ᠋ᠠᠵᠤ᠂ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠳᠤᠷᠢᠳᠤᠯᠭ᠎ᠠ ᠪᠠ ᠠᠵᠢᠯ᠎ᠤᠨ ᠪᠠᠢ᠌ᠭᠤᠯᠤᠮᠵᠢ ᠵᠢ ᠪᠠᠢ᠌ᠭᠤᠯᠤᠨ ᠲᠡᠭᠦᠯᠳᠡᠷᠵᠢᠭᠦᠯᠵᠦ᠂ ᠪᠣᠳᠠᠲᠠᠢ ᠬᠠᠷᠢᠭᠤᠴᠠᠯᠭ᠋ᠠᠲᠤ ᠰᠠᠯᠠᠭ᠎ᠠ ᠮᠥᠴᠢᠷ ᠪᠠ ᠬᠠᠷᠢᠭᠤᠴᠠᠯᠭ᠋ᠠᠲᠠᠨ᠎ᠢ ᠲᠣᠳᠣᠷᠬᠠᠢ ᠪᠣᠯᠭ᠋ᠠᠵᠤ᠂ ᠲᠤᠰ ᠰᠢᠰᠲ᠋ᠧᠮ ᠲᠤᠰ ᠠᠵᠢᠯ ᠳᠦᠷᠦᠯ ᠲᠤᠰ ᠨᠢᠭᠡᠴᠢ ᠵᠢᠨ ᠠᠵᠢᠯᠲᠠᠨ᠎ᠤ ᠬᠠᠤᠯᠢ ᠵᠢ ᠰᠤᠷᠴᠤ ᠬᠠᠤᠯᠢ ᠵᠢ ᠬᠡᠷᠡᠭᠯᠡᠬᠦ ᠵᠢ ᠠᠬᠢᠭᠤᠯᠵᠤ᠂ ᠬᠠᠮᠢᠶᠠᠷᠬᠤ ᠪᠠ ᠦᠢ᠍ᠯᠡᠴᠢᠯᠡᠬᠦ ᠡᠲᠡᠭᠡᠳ᠎ᠲᠤ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠡᠷᠴᠢᠮ᠎ᠢ ᠴᠢᠩᠭ᠋ᠠᠷᠠᠭᠤᠯᠬᠤ ᠵᠢᠨ ᠬᠠᠮᠲᠤ ᠱᠠᠭ᠋ᠠᠷᠳᠠᠯᠭ᠎ᠠ ᠶᠣᠰᠣᠭ᠋ᠠᠷ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠤᠨ ᠠᠵᠢᠯ᠎ᠢ ᠥᠷᠨᠢᠭᠦᠯᠦᠭᠰᠡᠨ ᠪᠠᠶ᠋ᠢᠳᠠᠯ ᠵᠶ᠋ᠠᠨ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠦᠨ᠎ᠡ᠃

      ᠠᠷᠪᠠᠨ ᠨᠢᠭᠡᠳᠦᠭᠡᠷ ᠵᠦᠢ᠍ᠯ᠂ ᠬᠠᠤᠯᠢ ᠪᠠᠷᠢᠬᠤ ᠪᠠᠢ᠌ᠭᠤᠯᠭ᠎ᠠ ᠪᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠳ ᠬᠠᠤᠯᠢ ᠪᠠᠷᠢᠬᠤ ᠪᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠯᠠᠭ᠎ᠠ᠎ᠲᠠᠢ ᠤᠶᠠᠯᠳᠤᠭᠤᠯᠤᠨ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠬᠥᠮᠦᠵᠢᠯ᠎ᠢ ᠥᠷᠨᠢᠭᠦᠯᠪᠡᠯ ᠵᠣᠬᠢᠨ᠎ᠠ᠃ ᠰᠢᠭᠦᠬᠦ ᠲᠤᠰᠢᠶᠠᠯᠲᠠᠨ᠂ ᠪᠠᠢ᠌ᠴᠠᠭ᠋ᠠᠬᠤ ᠲᠤᠰᠢᠶᠠᠯᠲᠠᠨ᠂ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠠᠵᠢᠯᠲᠠᠨ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠂ ᠬᠠᠤᠯᠢᠴᠢ ᠵᠢᠴᠢ ᠪᠤᠰᠤᠳ ᠬᠠᠤᠯᠢ ᠴᠠᠭ᠋ᠠᠵᠠ ᠵᠢᠨ ᠠᠵᠢᠯᠲᠠᠨ ᠦᠨᠳᠦᠰᠦᠨ ᠱᠠᠲᠤᠨ᠎ᠳᠤ ᠭᠦᠨᠵᠡᠭᠡᠢ᠌ᠷᠡᠵᠦ᠂ ᠬᠡᠷᠡᠭ ᠵᠶ᠋ᠡᠷ ᠬᠠᠤᠯᠢ ᠵᠢ ᠲᠠᠢ᠌ᠯᠪᠤᠷᠢᠯᠠᠬᠤ ᠠᠵᠢᠯᠯᠠᠭ᠎ᠠ ᠵᠢ ᠥᠷᠨᠢᠭᠦᠯᠵᠦ᠂ ᠬᠡᠷᠡᠭ᠎ᠢ ᠰᠢᠢ᠍ᠳᠪᠦᠷᠢᠯᠡᠬᠦ ᠪᠤᠶᠤ ᠬᠠᠤᠯᠢ ᠴᠠᠭ᠋ᠠᠵᠠ ᠵᠢᠨ ᠦᠢ᠍ᠯᠡᠴᠢᠯᠡᠭᠡ ᠬᠠᠩᠭ᠋ᠠᠬᠤ ᠶᠠᠪᠤᠴᠠ᠎ᠳᠤ ᠬᠣᠯᠪᠣᠭᠳᠠᠭᠰᠠᠨ ᠬᠠᠤᠯᠢ ᠴᠠᠭ᠋ᠠᠵᠠ ᠵᠢᠨ ᠠᠰᠠᠭᠤᠳᠠᠯ᠎ᠤᠨ ᠲᠤᠬᠠᠢ ᠵᠠᠷᠭᠤ᠎ᠳᠤ ᠣᠷᠣᠯᠴᠠᠭᠰᠠᠳ᠂ ᠵᠠᠰᠠᠭ ᠵᠠᠬᠢᠷᠭ᠋ᠠᠨ᠎ᠤ ᠬᠠᠷᠢᠴᠠᠩᠭᠤᠢ ᠬᠥᠮᠥᠨ᠂ ᠠᠰᠢᠭ ᠬᠣᠣᠷ᠎ᠤᠨ ᠬᠠᠷᠢᠴᠠᠭ᠎ᠠ᠎ᠲᠠᠢ ᠬᠥᠮᠥᠨ ᠵᠢᠴᠢ ᠪᠤᠰᠤᠳ ᠬᠣᠯᠪᠣᠭᠳᠠᠯ ᠪᠦᠬᠦᠢ ᠬᠥᠮᠥᠰ᠎ᠲᠤ ᠴᠠᠭ ᠲᠤᠬᠠᠢ᠎ᠳᠤᠨᠢ ᠬᠠᠤᠯᠢ ᠵᠢ ᠲᠠᠢ᠌ᠯᠪᠤᠷᠢᠯᠠᠨ ᠶᠣᠰᠣ ᠶᠠᠷᠢᠵᠤ᠂ ᠮᠠᠳᠠᠭ᠎ᠲᠠᠢ ᠠᠰᠠᠭᠤᠳᠠᠯ᠎ᠢ᠎ᠨᠢ ᠲᠠᠢ᠌ᠯᠪᠤᠷᠢᠯᠠᠨ ᠲᠥᠭᠡᠷᠢᠭᠳᠡᠯ᠎ᠢ᠎ᠨᠢ ᠠᠯᠳᠠᠷᠠᠭ᠋ᠠᠨ᠎ᠠ᠃

      ᠠᠷᠪᠠᠨ ᠬᠣᠶᠠᠳᠤᠭ᠋ᠠᠷ ᠵᠦᠢ᠍ᠯ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠳ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠬᠥᠮᠥᠨ ᠪᠦᠷᠢ ᠵᠢᠯ᠎ᠳᠤ 30 ᠬᠢᠴᠢᠶᠡᠯ᠎ᠤᠨ ᠴᠠᠭ᠎ᠠᠴᠠ ᠳᠤᠲᠠᠭᠤ ᠦᠭᠡᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠪᠤᠯᠪᠠᠰᠤᠷᠠᠯ ᠬᠦᠷᠲᠡᠭᠡᠬᠦ ᠵᠢ ᠦᠨᠡᠨᠬᠦ ᠪᠠᠲᠤᠯᠠᠨ᠎ᠠ᠃

      ᠠᠷᠪᠠᠨ ᠭᠤᠷᠪᠠᠳᠤᠭ᠋ᠠᠷ ᠵᠦᠢ᠍ᠯ᠂ ᠠ᠋ᠯᠪᠠᠲᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠨᠢ ᠦᠨᠳᠦᠰᠦᠨ ᠬᠠᠤᠯᠢ ᠴᠠᠭ᠋ᠠᠵᠠ ᠵᠢᠨ ᠮᠡᠳᠡᠯᠭᠡ ᠪᠠ ᠲᠤᠬᠠᠢ᠌ᠯᠠᠭᠰᠠᠨ ᠠᠵᠢᠯ᠎ᠲᠠᠢ ᠬᠣᠯᠪᠣᠭᠳᠠᠬᠤ ᠬᠠᠤᠯᠢ ᠴᠠᠭ᠋ᠠᠵᠠ ᠵᠢᠨ ᠮᠡᠳᠡᠯᠭᠡ ᠵᠢ ᠠᠯᠪᠠᠳᠠᠨ ᠡᠯᠰᠡᠨ ᠬᠡᠷᠡᠭᠯᠡᠬᠦ ᠰᠢᠯᠭ᠋ᠠᠯᠲᠠ᠂ ᠠᠩᠬ᠎ᠠ ᠲᠤᠰᠢᠶᠠᠯ ᠡᠭᠦᠷᠭᠡᠯᠡᠬᠦ ᠪᠣᠯᠪᠠᠰᠤᠷᠠᠯ᠂ ᠲᠤᠰᠢᠶᠠᠯ ᠡᠭᠦᠷᠭᠡᠯᠡᠬᠦ ᠪᠣᠯᠪᠠᠰᠤᠷᠠᠯ᠂ ᠲᠤᠰᠬᠠᠢ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ ᠪᠠ ᠠᠵᠢᠯ᠎ᠤᠨ ᠪᠠᠶ᠋ᠢᠷᠢ ᠵᠢᠨ ᠪᠣᠯᠪᠠᠰᠤᠷᠠᠯ᠎ᠤᠨ ᠠᠭᠤᠯᠭ᠎ᠠ᠎ᠳᠤ ᠣᠷᠣᠭᠤᠯᠤᠨ᠎ᠠ᠃

      ᠡᠯ᠎ᠡ ᠱᠠᠲᠤᠨ᠎ᠤ ᠠᠯᠪᠠᠨ ᠲᠤᠰᠢᠶᠠᠯᠲᠠᠨ᠎ᠤ ᠪᠤᠯᠪᠠᠰᠤᠷᠠᠯ᠎ᠤᠨ ᠪᠠᠢ᠌ᠭᠤᠯᠤᠮᠵᠢ᠎ᠨᠤᠭᠤᠳ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠪᠣᠯᠣᠨ ᠦᠨᠳᠦᠰᠦᠨ ᠬᠠᠤᠯᠢ᠂ ᠬᠠᠤᠯᠢ ᠴᠠᠭ᠋ᠠᠵᠠ ᠵᠢᠴᠢ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠢ ᠲᠥᠷᠥ ᠵᠢᠨ ᠠᠵᠢᠯᠲᠠᠨ᠎ᠤ ᠪᠣᠯᠪᠠᠰᠤᠷᠠᠯ᠎ᠤᠨ ᠵᠠᠪᠠᠯ ᠰᠤᠷᠬᠤ ᠬᠢᠴᠢᠶᠡᠯ᠎ᠤᠨ ᠬᠡᠪᠴᠢᠶᠡᠨ᠎ᠳᠤ ᠣᠷᠣᠭᠤᠯᠪᠠᠯ ᠵᠣᠬᠢᠨ᠎ᠠ᠃

      ᠠᠷᠪᠠᠨ ᠳᠥᠷᠪᠡᠳᠦᠭᠡᠷ ᠵᠦᠢ᠍ᠯ᠂ ᠰᠣᠶᠣᠯ᠂ ᠰᠣᠨᠢᠨ ᠮᠡᠳᠡᠭᠡ ᠬᠡᠪᠯᠡᠯ᠂ ᠷᠠᠳᠢᠣ᠋ ᠨᠡᠪᠲᠡᠷᠡᠭᠦᠯᠭᠡ ᠲᠧᠯᠸᠢᠰ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠢ ᠰᠤᠷᠲᠠᠯ ᠤᠬᠠᠭᠤᠯᠭ᠎ᠠ ᠰᠣᠶᠣᠯ᠎ᠤᠨ ᠦᠢ᠍ᠯᠡᠰ᠎ᠤᠨ ᠬᠥᠭᠵᠢᠯᠲᠡ ᠵᠢᠨ ᠲᠥᠯᠥᠪᠯᠡᠭᠡ᠎ᠳᠡᠭᠡᠨ ᠣᠷᠣᠭᠤᠯᠵᠤ᠂ ᠬᠠᠤᠯᠢᠵᠢᠯ᠎ᠤᠨ ᠰᠣᠶᠣᠯ᠎ᠤᠨ ᠵᠢᠭᠰᠠᠭ᠋ᠠᠯ᠎ᠤᠨ ᠭᠠᠵᠠᠷ᠎ᠤᠨ ᠪᠠᠢ᠌ᠭᠤᠯᠤᠯᠲᠠ ᠵᠢ ᠴᠢᠩᠭ᠋ᠠᠳᠬᠠᠨ᠂ ᠵᠠᠭᠤᠴᠢᠯᠠᠭᠤᠷ᠎ᠤᠨ ᠨᠠᠢ᠌ᠳᠠ ᠵᠢᠨ ᠠᠰᠠᠷᠠᠮᠵᠢ ᠵᠢᠨ ᠬᠠᠤᠯᠢ ᠲᠦᠭᠡᠮᠡᠯᠵᠢᠭᠦᠯᠬᠦ ᠳᠦᠷᠢᠮ᠎ᠢ ᠪᠠᠢ᠌ᠭᠤᠯᠤᠨ ᠲᠡᠭᠦᠯᠳᠡᠷᠵᠢᠭᠦᠯᠵᠦ᠂ ᠬᠣᠯᠪᠣᠭᠳᠠᠯ ᠪᠦᠬᠦᠢ ᠨᠢᠭᠡᠴᠢ ᠵᠢ ᠵᠣᠬᠢᠶᠠᠨ ᠪᠠᠢ᠌ᠭᠤᠯᠤᠨ ᠵᠢᠯᠤᠭᠣᠳᠴᠤ ᠪᠠᠶ᠋ᠢᠭ᠋ᠠᠳ ᠬᠠᠤᠯᠢᠵᠢᠯ᠎ᠤᠨ ᠰᠡᠳᠦᠪᠲᠦ ᠤᠳᠬ᠎ᠠ ᠵᠣᠬᠢᠶᠠᠯ ᠤᠷᠠᠯᠢᠭ᠎ᠤᠨ ᠪᠦᠲᠦᠭᠡᠯ᠎ᠢ ᠵᠣᠬᠢᠶᠠᠨ ᠪᠦᠲᠦᠭᠡᠬᠦ᠂ ᠲᠣᠭᠯᠠᠬᠤ᠂ ᠬᠡᠪᠯᠡᠭᠦᠯᠬᠦ ᠪᠠ ᠨᠡᠪᠲᠡᠷᠡᠭᠦᠯᠬᠦ ᠠᠵᠢᠯ᠎ᠢ ᠰᠠᠶ᠋ᠢᠲᠤᠷ ᠬᠢᠯᠭᠡᠪᠡᠯ ᠵᠣᠬᠢᠨ᠎ᠠ᠃

      ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠤᠯᠠᠨ ᠨᠠᠢ᠌ᠳᠠ ᠵᠢᠨ ᠳᠠᠮᠵᠢᠭᠤᠯᠬᠤ ᠵᠠᠭᠤᠴᠢ᠎ᠨᠢ ᠬᠠᠤᠯᠢᠵᠢᠯ᠎ᠤᠨ ᠫᠷᠣᠭ᠌ᠷᠠᠮ᠂ ᠪᠤᠯᠤᠩ ᠨᠡᠭᠡᠭᠡᠵᠦ᠂ ᠨᠠᠢ᠌ᠳᠠ ᠵᠢᠨ ᠠᠰᠠᠷᠠᠮᠵᠢ ᠵᠢᠨ ᠴᠢᠨᠠᠷᠲᠠᠢ ᠬᠠᠤᠯᠢᠵᠢᠯ᠎ᠤᠨ ᠤᠬᠠᠭᠤᠯᠭ᠎ᠠ ᠬᠥᠮᠦᠵᠢᠯ ᠥᠷᠨᠢᠭᠦᠯᠪᠡᠯ ᠵᠣᠬᠢᠨ᠎ᠠ᠃

      ᠠᠷᠪᠠᠨ ᠲᠠᠪᠤᠳᠤᠭ᠋ᠠᠷ ᠵᠦᠢ᠍ᠯ᠂ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠢ ᠡᠯ᠎ᠡ ᠱᠠᠲᠤᠨ᠎ᠤ ᠡᠯ᠎ᠡ ᠳᠦᠷᠦᠯ᠎ᠤᠨ ᠰᠤᠷᠭ᠋ᠠᠭᠤᠯᠢ ᠵᠢᠨ ᠵᠢᠭ᠋ᠠᠨ ᠰᠤᠷᠭ᠋ᠠᠬᠤ ᠠᠭᠤᠯᠭ᠎ᠠ᠎ᠳᠤ ᠣᠷᠣᠭᠤᠯᠬᠤ ᠵᠢᠨ ᠬᠠᠮᠲᠤ ᠵᠣᠬᠢᠶᠠᠨ ᠪᠠᠢ᠌ᠭᠤᠯᠵᠤ ᠬᠡᠷᠡᠭᠵᠢᠭᠦᠯᠪᠡᠯ ᠵᠣᠬᠢᠨ᠎ᠠ᠃

      ᠡᠯ᠎ᠡ ᠱᠠᠲᠤᠨ᠎ᠤ ᠡᠯ᠎ᠡ ᠳᠦᠷᠦᠯ᠎ᠤᠨ ᠰᠤᠷᠭ᠋ᠠᠭᠤᠯᠢ᠎ᠨᠤᠭᠤᠳ ᠲᠥᠯᠥᠪᠯᠡᠭᠡ᠂ ᠵᠢᠭ᠋ᠠᠬᠤ ᠮᠠᠲ᠋ᠧᠷᠢᠶᠠᠯ᠂ ᠬᠢᠴᠢᠶᠡᠯ᠎ᠤᠨ ᠴᠠᠭ᠂ ᠪᠠᠭᠰᠢ ᠵᠢᠨ ᠬᠢᠷᠢ ᠬᠡᠮ᠎ᠢ ᠨᠠᠢ᠌ᠳᠠᠪᠤᠷᠢᠵᠢᠭᠤᠯᠵᠤ᠂ ᠠᠳᠠᠯᠢ ᠪᠤᠰᠤ ᠨᠠᠰᠤᠨ᠎ᠤ ᠱᠠᠲᠤᠨ᠎ᠤ ᠰᠤᠷᠤᠭᠴᠢᠳ᠎ᠤᠨ ᠪᠡᠶ᠎ᠡ ᠮᠠᠬᠠᠪᠤᠳ᠂ ᠰᠡᠳᠬᠢᠴᠡ ᠵᠢᠨ ᠣᠨᠴᠠᠯᠢᠭ ᠪᠠ ᠬᠦᠯᠢᠶᠡᠨ ᠠᠪᠬᠤ ᠴᠢᠳᠠᠪᠤᠷᠢ ᠵᠢ ᠦᠨᠳᠦᠰᠦᠯᠡᠨ᠂ ᠬᠠᠤᠯᠢᠵᠢᠯ᠎ᠤᠨ ᠤᠬᠠᠭᠤᠯᠭ᠎ᠠ ᠬᠥᠮᠦᠵᠢᠯ ᠪᠠ ᠬᠠᠤᠯᠢᠵᠢᠯ᠎ᠤᠨ ᠦᠢ᠍ᠯᠡᠳᠦᠯᠭᠡ ᠵᠢᠨ ᠠᠵᠢᠯᠯᠠᠭ᠎ᠠ ᠵᠢ ᠬᠠᠨᠳᠤᠯᠭ᠋ᠠᠲᠤ ᠴᠢᠨᠠᠷᠲᠠᠢ᠎ᠪᠠᠷ ᠥᠷᠨᠢᠭᠦᠯᠪᠡᠯ ᠵᠣᠬᠢᠨ᠎ᠠ᠃

      ᠳᠤᠮᠳᠠᠳᠤ ᠪᠠᠭ᠎ᠠ ᠰᠤᠷᠭ᠋ᠠᠭᠤᠯᠢ᠎ᠨᠤᠭᠤᠳ ᠬᠠᠤᠯᠢ ᠴᠠᠭ᠋ᠠᠵᠠ ᠵᠢᠨ ᠮᠡᠳᠡᠯᠭᠡ ᠪᠠ ᠬᠠᠤᠯᠢ᠎ᠪᠠᠷ ᠵᠠᠰᠠᠬᠤ ᠠᠵᠢᠯ᠎ᠤᠨ ᠲᠤᠷᠰᠢᠯᠭ᠎ᠠ᠎ᠲᠠᠢ ᠠᠵᠢᠯᠲᠠᠨ᠎ᠢ ᠤᠷᠢᠵᠤ ᠬᠠᠤᠯᠢ᠎ᠪᠠᠷ ᠵᠠᠰᠠᠬᠤ ᠳᠡᠳ᠋ ᠵᠠᠬᠢᠷᠤᠯ᠎ᠤᠨ ᠲᠤᠰᠢᠶᠠᠯ᠎ᠢ ᠬᠠᠪᠰᠤᠷᠭ᠋ᠠᠨ ᠬᠠᠷᠢᠭᠤᠴᠠᠭᠤᠯᠵᠤ᠂ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠢ ᠬᠠᠮᠵᠢᠨ ᠥᠷᠨᠢᠭᠦᠯᠪᠡᠯ ᠵᠣᠬᠢᠨ᠎ᠠ᠃

      ᠠᠷᠪᠠᠨ ᠵᠢᠷᠭᠤᠳᠤᠭ᠋ᠠᠷ ᠵᠦᠢ᠍ᠯ ᠳᠣᠲᠣᠭ᠋ᠠᠳᠤ ᠵᠢ ᠬᠠᠮᠠᠭ᠋ᠠᠯᠠᠬᠤ᠂ ᠠᠷᠠᠳ᠎ᠤᠨ ᠶᠠᠪᠤᠳᠠᠯ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ᠂ ᠵᠠᠬᠢᠳᠠᠯ ᠰᠣᠷᠪᠤᠯᠵᠢᠯᠠᠭ᠎ᠠ ᠵᠡᠷᠭᠡ ᠰᠠᠯᠠᠭ᠎ᠠ ᠮᠥᠴᠢᠷ᠎ᠤᠳ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ᠂ ᠨᠡᠭᠦᠳᠡᠯ ᠬᠥᠮᠥᠰ᠂ ᠠᠮᠢᠳᠤᠯᠢᠭ ᠵᠶ᠋ᠠᠷ ᠠᠵᠢᠯ ᠣᠯᠣᠭᠰᠠᠳ᠂ ᠠᠵᠢᠯ ᠠᠯᠳᠠᠭᠰᠠᠳ᠂ ᠮᠠᠯᠵᠢᠬᠤ ᠲᠠᠷᠢᠶᠠᠯᠠᠬᠤ ᠣᠷᠣᠨ᠎ᠤ ᠭᠡᠷ᠎ᠲᠡᠭᠡᠨ ᠬᠣᠴᠣᠷᠤᠭᠰᠠᠨ ᠬᠥᠮᠥᠰ ᠪᠠ ᠵᠠᠬᠢᠳᠠᠯ ᠰᠣᠷᠪᠤᠯᠵᠢᠯᠠᠭ᠎ᠠ ᠬᠢᠭᠰᠡᠳ᠎ᠲᠤ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠲᠡᠳᠡᠨ᠎ᠢ ᠬᠥᠲᠥᠯᠥᠨ ᠵᠢᠯᠤᠭᠣᠳᠴᠤ ᠪᠠᠶ᠋ᠢᠭ᠋ᠠᠳ ᠬᠠᠤᠯᠢ ᠵᠢ ᠰᠤᠷᠤᠯᠴᠠᠭᠤᠯᠵᠤ᠂ ᠬᠠᠤᠯᠢ ᠵᠢ ᠰᠠᠬᠢᠭᠤᠯᠵᠤ᠂ ᠬᠠᠤᠯᠢ ᠶᠣᠰᠣᠨ᠎ᠤ ᠡᠷᠬᠡ ᠠᠰᠢᠭ ᠵᠶ᠋ᠠᠨ ᠬᠠᠤᠯᠢ ᠶᠣᠰᠣᠭ᠋ᠠᠷ ᠬᠠᠮᠠᠭ᠋ᠠᠯᠠᠬᠤ ᠴᠢᠳᠠᠪᠤᠷᠢ ᠵᠢ᠎ᠨᠢ ᠳᠡᠬᠡᠭᠰᠢᠯᠡᠬᠦᠯᠦᠨ᠎ᠡ᠃

      ᠠᠷᠪᠠᠨ ᠳᠣᠯᠣᠳᠤᠭ᠋ᠠᠷ ᠵᠦᠢ᠍ᠯ᠂ ᠡᠷᠡᠭᠦᠯ ᠬᠠᠮᠠᠭ᠋ᠠᠯᠠᠯ ᠡᠷᠡᠭᠦᠯ ᠮᠠᠨᠳᠤ᠂ ᠲᠠᠷᠢᠶᠠᠯᠠᠩ ᠮᠠᠯ ᠠᠵᠤ ᠠᠬᠤᠢ᠂ ᠣᠢ ᠰᠢᠭᠤᠢ ᠪᠠ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ᠎ᠤᠳ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠤᠯᠠᠨ ᠨᠠᠢ᠌ᠳᠠ ᠵᠢᠨ ᠡᠷᠡᠭᠦᠯ ᠬᠠᠮᠠᠭ᠋ᠠᠯᠠᠯ᠎ᠤᠨ ᠠᠮᠤᠷ ᠲᠦᠪᠰᠢᠨ᠂ ᠬᠢᠵᠢᠭ ᠡᠪᠡᠳᠴᠢᠨ᠎ᠢ ᠰᠡᠷᠭᠡᠢ᠌ᠯᠡᠨ ᠵᠠᠰᠠᠬᠤ᠂ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠵᠡᠷᠭᠡ ᠲᠠᠯ᠎ᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠬᠠᠮᠢᠶ᠎ᠠ ᠪᠦᠬᠦᠢ ᠮᠡᠳᠡᠯᠭᠡ ᠵᠢᠨ ᠤᠬᠠᠭᠤᠯᠭ᠎ᠠ ᠵᠢᠨ ᠡᠷᠴᠢᠮ ᠵᠶ᠋ᠡᠨ ᠴᠢᠩᠭ᠋ᠠᠷᠠᠭᠤᠯᠵᠤ᠂ ᠠᠷᠠᠳ ᠢᠷᠭᠡᠳ᠎ᠤᠨ ᠤᠯᠠᠨ ᠨᠠᠢ᠌ᠳᠠ ᠵᠢᠨ ᠡᠷᠡᠭᠦᠯ ᠬᠠᠮᠠᠭ᠋ᠠᠯᠠᠯ᠎ᠤᠨ ᠭᠡᠨᠡᠳᠲᠡ ᠵᠢᠨ ᠬᠡᠷᠡᠭ᠂ ᠬᠢᠵᠢᠭ ᠡᠪᠡᠳᠴᠢᠨ᠎ᠢ ᠤᠷᠢᠳᠴᠢᠯᠠᠨ ᠰᠡᠷᠭᠡᠢ᠌ᠯᠡᠬᠦ ᠤᠬᠠᠮᠰᠠᠷ᠎ᠢ ᠴᠢᠩᠭ᠋ᠠᠷᠠᠭᠤᠯᠪᠠᠯ ᠵᠣᠬᠢᠨ᠎ᠠ᠃

      ᠠᠷᠪᠠᠨ ᠨᠠᠢ᠍ᠮᠠᠳᠤᠭ᠋ᠠᠷ ᠵᠦᠢ᠍ᠯ᠂ ᠭᠢᠨᠳᠠᠨ᠂ ᠰᠠᠬᠢᠨ ᠬᠣᠷᠢᠬᠤ ᠭᠠᠵᠠᠷ᠂ ᠨᠡᠢ᠌ᠭᠡᠮ ᠲᠣᠭᠣᠷᠢᠭ᠎ᠤᠨ ᠵᠠᠯᠠᠷᠠᠭᠤᠯᠬᠤ ᠪᠠᠢ᠌ᠭᠤᠯᠤᠮᠵᠢ᠂ ᠲᠦᠷ ᠬᠣᠷᠢᠬᠤ ᠭᠠᠵᠠᠷ᠂ ᠠᠯᠪᠠᠳᠠᠯᠭ᠎ᠠ᠎ᠪᠠᠷ ᠲᠤᠰᠠᠭ᠋ᠠᠷᠯᠠᠵᠤ ᠬᠣᠣᠷ ᠡᠳ᠋ᠯᠡᠬᠦ ᠵᠢ᠎ᠨᠢ ᠵᠣᠭᠰᠤᠭ᠋ᠠᠬᠤ ᠭᠠᠵᠠᠷ᠎ᠤᠳ ᠲᠤᠰ ᠲᠤᠰ᠎ᠤᠨ ᠲᠤᠰᠢᠶᠠᠯ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ᠂ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠢ ᠡᠷᠡᠭᠦᠦ ᠰᠢᠳᠬᠡᠯ ᠭᠦᠢ᠍ᠴᠡᠳᠬᠡᠵᠦ ᠪᠠᠢ᠌ᠭ᠎ᠠ ᠬᠥᠮᠥᠰ᠂ ᠬᠣᠷᠢᠭᠳᠠᠵᠤ ᠪᠠᠢ᠌ᠭ᠎ᠠ ᠬᠥᠮᠥᠰ᠂ ᠨᠡᠢ᠌ᠭᠡᠮ ᠲᠣᠭᠣᠷᠢᠭ᠎ᠠᠴᠠ ᠵᠠᠯᠠᠷᠠᠭᠤᠯᠬᠤ ᠡᠲᠡᠭᠡᠳ᠂ ᠵᠠᠰᠠᠭ ᠵᠠᠬᠢᠷᠭ᠋ᠠᠨ ᠵᠶ᠋ᠠᠷ ᠲᠦᠷ ᠬᠣᠷᠢᠬᠤ ᠬᠥᠮᠥᠰ᠂ ᠠᠯᠪᠠᠳᠠᠯᠭ᠎ᠠ᠎ᠪᠠᠷ ᠲᠤᠰᠠᠭ᠋ᠠᠷᠯᠠᠵᠤ ᠬᠣᠣᠷ ᠡᠳ᠋ᠯᠡᠬᠦ ᠵᠢ᠎ᠨᠢ ᠵᠣᠭᠰᠤᠭ᠋ᠠᠬᠤ ᠬᠥᠮᠥᠰ᠎ᠢ ᠬᠥᠮᠥᠵᠢᠭᠦᠯᠦᠨ ᠥᠭᠡᠷᠡᠴᠢᠯᠡᠬᠦ ᠲᠥᠯᠥᠪᠯᠡᠭᠡ᠎ᠳᠤ ᠣᠷᠣᠭᠤᠯᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠪᠡᠯ ᠵᠣᠬᠢᠨ᠎ᠠ᠃

      ᠠᠷᠪᠠ ᠶᠢᠰᠦᠳᠦᠭᠡᠷ ᠵᠦᠢ᠍ᠯ᠂ ᠠᠵᠢᠯᠴᠢᠨ᠎ᠤ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ᠂ ᠵᠡᠮᠳᠡᠭᠴᠦᠳ᠎ᠤᠨ ᠬᠣᠯᠪᠣᠭ᠋ᠠᠲᠤ ᠬᠤᠷᠠᠯ ᠵᠡᠷᠭᠡ ᠵᠣᠬᠢᠶᠠᠨ ᠪᠠᠢ᠌ᠭᠤᠯᠤᠯᠲᠠ᠎ᠨᠤᠭᠤᠳ ᠲᠤᠰ ᠲᠤᠰ᠎ᠤᠨ ᠠᠵᠢᠯ᠎ᠤᠨ ᠬᠦᠷᠢᠶ᠎ᠡ ᠬᠡᠪᠴᠢᠶ᠎ᠡ ᠪᠠ ᠠᠵᠢᠯ᠎ᠤᠨ ᠣᠨᠴᠠᠯᠢᠭ ᠵᠶ᠋ᠠᠨ ᠦᠨᠳᠦᠰᠦᠯᠡᠨ᠂ ᠬᠣᠯᠪᠣᠭᠳᠠᠯ ᠪᠦᠬᠦᠢ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠵᠦ᠂ ᠠᠵᠢᠯᠲᠠᠨ ᠠᠵᠢᠯᠴᠢᠨ᠂ ᠵᠠᠯᠠᠭᠤᠴᠤᠳ ᠪᠠᠭ᠋ᠠᠴᠤᠳ᠂ ᠡᠮᠡᠭᠲᠡᠶ᠋ᠢᠴᠦᠳ ᠬᠡᠦᠬᠡᠳ᠂ ᠵᠡᠮᠳᠡᠭᠴᠦᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠪᠠᠯ ᠵᠣᠬᠢᠨ᠎ᠠ᠃

      ᠬᠣᠷᠢᠳᠤᠭ᠋ᠠᠷ ᠵᠦᠢ᠍ᠯ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠨᠢ ᠦᠨᠳᠦᠰᠦᠨ ᠱᠠᠲᠤᠨ᠎ᠤ ᠤᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠯᠤᠭ᠎ᠠ ᠨᠢᠭᠲᠠ ᠬᠣᠯᠪᠣᠭ᠎ᠠ᠎ᠲᠠᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠵᠤ᠂ ᠤᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠶ᠋ᠢᠭ᠋ᠠᠳ ᠬᠠᠤᠯᠢ ᠶᠣᠰᠣᠭ᠋ᠠᠷ ᠡᠷᠬᠡ ᠠᠰᠢᠭ ᠵᠶ᠋ᠠᠨ ᠬᠠᠮᠠᠭ᠋ᠠᠯᠠᠬᠤ᠂ ᠭᠣᠮᠣᠳᠠᠯ ᠱᠠᠭ᠋ᠠᠷᠳᠠᠯᠭ᠎ᠠ᠎ᠪᠠᠨ ᠢᠯᠡᠳᠬᠡᠬᠦ᠂ ᠵᠢᠭᠤᠷᠠᠯᠳᠤᠭ᠋ᠠᠨ᠎ᠢ ᠨᠠᠮᠳᠠᠭᠤᠯᠵᠤ᠂ ᠤᠯᠠᠨ ᠲᠦᠮᠡᠨ᠎ᠤ ᠦᠨᠳᠦᠰᠦᠨ ᠱᠠᠲᠤᠨ᠎ᠤ ᠥᠪᠡᠷᠲᠡᠭᠡᠨ ᠵᠠᠰᠠᠬᠤ ᠪᠠ ᠨᠡᠢ᠌ᠭᠡᠮ᠎ᠤᠨ ᠬᠠᠮᠢᠶᠠᠷᠤᠯᠲᠠ ᠵᠢᠨ ᠠᠵᠢᠯᠯᠠᠭ᠎ᠠ᠎ᠳᠤ ᠣᠷᠣᠯᠴᠠᠬᠤ ᠦᠵᠡᠯ ᠤᠬᠠᠮᠰᠠᠷ ᠪᠠ ᠴᠢᠳᠠᠪᠤᠷᠢ ᠵᠢ ᠳᠡᠭᠡᠭᠰᠢᠯᠡᠭᠦᠯᠪᠡᠯ ᠵᠣᠬᠢᠨ᠎ᠠ᠃

      ᠬᠣᠷᠢᠨ ᠨᠢᠭᠡᠳᠦᠭᠡᠷ ᠵᠦᠢ᠍ᠯ᠂ ᠠᠯᠪᠠᠲᠠᠨ ᠪᠠ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠲᠠᠨ᠎ᠤ ᠬᠠᠤᠯᠢ》᠎ᠪᠠᠷ ᠯᠠᠪᠯᠠᠯᠲᠠ ᠪᠣᠯᠭ᠋ᠠᠨ ᠬᠠᠮᠢᠶᠠᠷᠴᠤ ᠪᠠᠢ᠌ᠭ᠎ᠠ ᠠᠵᠢᠯᠲᠠᠨ᠂ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠡᠵᠡᠩᠨᠡᠯᠲᠡ ᠬᠠᠮᠢᠶᠠᠷᠤᠯᠲᠠ ᠵᠢᠨ ᠠᠵᠢᠯᠲᠠᠨ᠂ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠳᠤ ᠳᠡᠰ ᠪᠠ ᠳᠦᠷᠦᠯ ᠬᠤᠪᠢᠶᠠᠨ ᠬᠠᠤᠯᠢ ᠴᠠᠭ᠋ᠠᠵᠠ ᠵᠢᠨ ᠮᠡᠳᠡᠯᠭᠡ ᠵᠢᠨ ᠰᠢᠯᠭ᠋ᠠᠯᠲᠠ ᠬᠢᠨ᠎ᠡ᠃ ᠰᠢᠯᠭ᠋ᠠᠯᠲᠠ ᠵᠢᠨ ᠠᠵᠢᠯ᠎ᠢ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠵᠣᠬᠢᠶᠠᠨ ᠪᠠᠢ᠌ᠭᠤᠯᠤᠨ ᠬᠡᠷᠡᠭᠵᠢᠭᠦᠯᠦᠨ᠎ᠡ᠃

      ᠬᠣᠷᠢᠨ ᠬᠣᠶᠠᠳᠤᠭ᠋ᠠᠷ ᠵᠦᠢ᠍ᠯ᠂ ᠲᠤᠢ᠌ᠷᠦ ᠵᠢᠨ ᠪᠠᠢ᠌ᠭᠤᠯᠭ᠎ᠠ᠂ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ᠂ ᠨᠡᠢ᠌ᠭᠡᠮ᠎ᠤᠨ ᠪᠦᠯᠬᠦᠮ᠎ᠤᠳ ᠬᠠᠤᠯᠢ ᠴᠠᠭ᠋ᠠᠵᠠ ᠵᠢ ᠰᠤᠷᠤᠯᠴᠠᠵᠤ ᠵᠢᠷᠤᠮᠯᠠᠭᠰᠠᠨ ᠪᠠᠶ᠋ᠢᠳᠠᠯ᠎ᠢ ᠠᠵᠢᠯᠲᠠᠨ᠎ᠢ ᠬᠢᠨᠠᠨ ᠰᠢᠯᠭ᠋ᠠᠬᠤ᠂ ᠰᠢᠯᠭ᠋ᠠᠨ ᠪᠠᠢ᠌ᠴᠠᠭ᠋ᠠᠬᠤ ᠵᠢᠨ ᠴᠢᠬᠤᠯᠠ ᠠᠭᠤᠯᠭ᠎ᠠ ᠪᠣᠯᠭ᠋ᠠᠪᠠᠯ ᠵᠣᠬᠢᠨ᠎ᠠ᠃

      ᠬᠣᠷᠢᠨ ᠭᠤᠷᠪᠠᠳᠤᠭ᠋ᠠᠷ ᠵᠦᠢ᠍ᠯ᠂ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠵᠢᠴᠢ ᠪᠠᠢ᠌ᠩᠭᠤ ᠵᠢᠨ ᠬᠣᠷᠢᠶ᠎ᠠ ᠠᠵᠢᠯ᠎ᠤᠨ ᠮᠡᠳᠡᠭᠦᠯᠦᠯᠲᠡ ᠵᠢ ᠰᠣᠨᠣᠰᠬᠤ ᠪᠠ ᠬᠢᠨᠠᠨ ᠶᠠᠷᠢᠯᠴᠠᠬᠤ᠂ ᠬᠠᠤᠯᠢ ᠬᠡᠷᠡᠭᠵᠢᠭᠦᠯᠬᠦ ᠪᠠᠢ᠌ᠴᠠᠭ᠋ᠠᠯᠲᠠ ᠬᠢᠬᠦ ᠵᠢᠴᠢ ᠲᠥᠯᠥᠭᠡᠯᠡᠭᠴᠢᠳ᠎ᠤᠨ ᠪᠠᠢ᠌ᠴᠠᠭ᠋ᠠᠨ ᠦᠵᠡᠬᠦ᠂ ᠲᠤᠰᠬᠠᠢ ᠰᠡᠳᠦᠪᠲᠦ ᠪᠠᠢ᠌ᠴᠠᠭ᠋ᠠᠨ ᠰᠤᠳᠤᠯᠤᠯᠲᠠ ᠬᠢᠬᠦ ᠵᠡᠷᠭᠡ ᠬᠡᠯᠪᠡᠷᠢ᠎ᠪᠠᠷ ᠳᠠᠮᠵᠢᠭᠤᠯᠤᠨ᠂ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠤᠨ ᠠᠵᠢᠯ᠎ᠤᠨ ᠬᠢᠨᠠᠯᠲᠠ ᠪᠠᠢ᠌ᠴᠠᠭ᠋ᠠᠯᠲᠠ᠎ᠪᠠᠨ ᠴᠢᠩᠭ᠋ᠠᠳᠬᠠᠪᠠᠯ ᠵᠣᠬᠢᠨ᠎ᠠ᠃

      ᠬᠣᠷᠢᠨ ᠳᠥᠷᠪᠡᠳᠦᠭᠡᠷ ᠵᠦᠢ᠍ᠯ᠂ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠤᠨ ᠠᠵᠢᠯ᠎ᠤᠨ ᠳᠤᠮᠳᠠ ᠲᠣᠪᠣᠢ᠌ᠮ᠎ᠠ ᠠᠮᠵᠢᠯᠲᠠ ᠪᠦᠲᠦᠮᠵᠢ᠎ᠲᠠᠢ ᠨᠢᠭᠡᠴᠢ ᠪᠠ ᠬᠤᠪᠢ ᠬᠥᠮᠥᠨ᠎ᠢ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠠᠴᠠ ᠰᠠᠢ᠌ᠰᠢᠶᠠᠨ ᠬᠥᠬᠢᠭᠦᠯᠬᠦ ᠪᠠ ᠱᠠᠩᠨᠠᠪᠠᠯ ᠵᠣᠬᠢᠨ᠎ᠠ᠃

      ᠬᠣᠷᠢᠨ ᠲᠠᠪᠤᠳᠤᠭ᠋ᠠᠷ ᠵᠦᠢ᠍ᠯ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠬᠠᠤᠯᠢ ᠴᠠᠭ᠋ᠠᠵᠠ ᠵᠢ ᠲᠦᠭᠡᠮᠡᠯᠵᠢᠭᠦᠯᠬᠦ ᠲᠥᠯᠦᠪᠵᠢᠭᠦᠯᠭᠡ᠂ ᠣᠨ᠎ᠤ ᠬᠠᠤᠯᠢ ᠴᠠᠭ᠋ᠠᠵᠠ ᠵᠢ ᠲᠦᠭᠡᠮᠡᠯᠵᠢᠭᠦᠯᠬᠦ ᠲᠥᠯᠥᠪᠯᠡᠭᠡ ᠪᠣᠯᠣᠨ ᠬᠠᠤᠯᠢ ᠴᠠᠭ᠋ᠠᠵᠠ ᠵᠢ ᠲᠦᠭᠡᠮᠡᠯᠵᠢᠭᠦᠯᠬᠦ ᠬᠠᠷᠢᠭᠤᠴᠠᠯᠭ᠎ᠠ ᠵᠢᠨ ᠨᠠᠷᠢᠨ ᠬᠠᠭᠤᠳᠠᠰᠤ ᠵᠢ ᠨᠠᠢ᠌ᠳᠠᠪᠤᠷᠢᠵᠢᠭᠤᠯᠤᠭᠰᠠᠨ ᠪᠠᠶ᠋ᠢᠳᠠᠯ᠎ᠳᠤ ᠬᠢᠨᠠᠯᠲᠠ ᠲᠠᠯᠪᠢᠵᠤ ᠪᠠᠢ᠌ᠴᠠᠭ᠋ᠠᠯᠲᠠ ᠬᠢᠪᠡᠯ ᠵᠣᠬᠢᠨ᠎ᠠ᠃

      ᠬᠢᠨᠠᠯᠲᠠ ᠲᠠᠯᠪᠢᠵᠤ ᠪᠠᠢ᠌ᠴᠠᠭ᠋ᠠᠬᠤ᠎ᠳᠠᠭᠠᠨ᠂ ᠭᠤᠷᠪᠠᠳᠠᠭᠢ ᠡᠲᠡᠭᠡᠳ᠎ᠤᠨ ᠪᠠᠢ᠌ᠭᠤᠯᠤᠮᠵᠢ᠎ᠳᠤ ᠨᠠᠶ᠋ᠢᠳᠠᠵᠤ ᠬᠠᠷᠢᠭᠤᠴᠠᠯᠭ᠎ᠠ ᠵᠢᠨ ᠳᠦᠷᠢᠮ᠎ᠢ ᠭᠦᠢ᠍ᠴᠡᠳᠬᠡᠭᠰᠡᠨ ᠪᠠᠶ᠋ᠢᠳᠠᠯ᠂ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠤᠨ ᠦᠷ᠎ᠡ ᠪᠦᠲᠦᠮᠵᠢ ᠵᠡᠷᠭᠡ ᠵᠦᠢ᠍ᠯᠡᠰ᠎ᠤᠨ ᠲᠤᠬᠠᠢ ᠦᠨᠡᠯᠡᠨ ᠵᠢᠱ᠌ᠢᠯᠲᠡ ᠬᠢᠯᠭᠡᠵᠦ ᠪᠣᠯᠣᠨ᠎ᠠ᠂ ᠦᠨᠡᠯᠡᠨ ᠵᠢᠱ᠌ᠢᠭᠰᠡᠨ ᠦᠷ᠎ᠡ ᠳ᠋ᠦᠩ᠎ᠢ ᠬᠢᠨᠠᠨ ᠰᠢᠯᠭ᠋ᠠᠬᠤ ᠵᠢᠨ ᠴᠢᠬᠤᠯᠠ ᠯᠠᠪᠯᠠᠯᠲᠠ ᠪᠣᠯᠭ᠋ᠠᠨ᠎ᠠ᠃

      ᠬᠣᠷᠢᠨ ᠵᠢᠷᠭᠤᠳᠤᠭ᠋ᠠᠷ ᠵᠦᠢ᠍ᠯ ᠲᠥᠷᠥ ᠵᠢᠨ ᠠᠯᠪᠠᠨ ᠪᠠᠢ᠌ᠭᠤᠯᠭ᠎ᠠ᠂ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ᠂ ᠨᠡᠢ᠌ᠭᠡᠮ᠎ᠤᠨ ᠪᠦᠯᠬᠦᠮ ᠪᠠ ᠪᠤᠰᠤᠳ ᠵᠣᠬᠢᠶᠠᠨ ᠪᠠᠢ᠌ᠭᠤᠯᠤᠯᠲᠠ᠎ᠨᠤᠭᠤᠳ ᠲᠣᠰ ᠳᠦᠷᠢᠮ᠎ᠤᠨ ᠲᠣᠭᠲᠠᠭ᠋ᠠᠯ ᠶᠣᠰᠣᠭ᠋ᠠᠷ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠤᠨ ᠠᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠦᠭᠡᠢ ᠪᠠᠢ᠌ᠪᠠᠯ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠢ᠌ᠵᠢᠷᠠᠭᠤᠯᠬᠤ ᠰᠠᠨᠠᠭᠤᠯᠭ᠎ᠠ ᠳᠤᠷᠠᠳᠤᠨ᠎ᠠ; ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠢ᠌ᠪᠠᠯ᠂ ᠬᠠᠮᠢᠶᠠᠷᠤᠯᠲᠠ ᠵᠢᠨ ᠡᠷᠬᠡ᠎ᠲᠠᠢ ᠪᠠᠢ᠌ᠭᠤᠯᠭ᠎ᠠ᠎ᠠᠴᠠ ᠵᠠᠷᠯᠠᠨ ᠰᠢᠭᠦᠮᠵᠢᠯᠡᠨ᠎ᠡ; ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠢ ᠪᠠᠢ᠌ᠪᠠᠯ᠂ ᠰᠢᠭᠤᠳ ᠬᠠᠷᠢᠭᠤᠴᠠᠵᠤ ᠪᠠᠢ᠌ᠭ᠎ᠠ ᠡᠷᠬᠢᠯᠡᠨ ᠬᠠᠮᠢᠶᠠᠷᠬᠤ ᠬᠥᠮᠥᠨ ᠪᠠ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠥᠨ᠎ᠳᠤ ᠬᠠᠤᠯᠢ ᠶᠣᠰᠣᠭ᠋ᠠᠷ ᠰᠢᠳᠬᠡᠯ ᠥᠭᠭᠦᠨ᠎ᠡ᠃

      ᠬᠣᠷᠢᠨ ᠳᠣᠯᠣᠳᠤᠭ᠋ᠠᠷ ᠵᠦᠢ᠍ᠯ᠂ ᠲᠤᠰ ᠳᠦᠷᠢᠮ᠎ᠢ 2013 ᠣᠨ᠎ᠤ 1 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠵᠥᠩ ᠮᠧᠢ ᠡᠨᠧᠷᠭᠢ ᠵᠢᠨ ᠪᠦᠯᠦᠭᠯᠡᠯ ᠺᠣᠮᠫᠠᠨᠢ ᠵᠢᠨ ᠰᠢᠯᠢ ᠵᠢᠨ ᠭᠣᠣᠯ᠎ᠤᠨ ᠮᠠᠩᠯᠠᠢ ᠴᠠᠬᠢᠯᠭ᠋ᠠᠨ ᠭᠠᠷᠭ᠋ᠠᠬᠤ ᠬᠢᠵᠭ᠋ᠠᠷᠳᠤ ᠺᠣᠮᠫᠠᠨᠢ ᠵᠢᠨ 2 × 660MW ᠥᠨᠳᠥᠷ ᠪᠦᠲᠦᠮᠵᠢᠲᠡᠢ ᠬᠡᠲᠦ ᠵᠠᠭ᠋ᠠᠭ᠎ᠤᠨ ᠨᠡᠭᠦᠷᠡᠰᠦ ᠲᠦᠯᠡᠵᠦ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ ᠵᠢᠨ ᠢᠨᠵᠧᠨᠧᠷᠢᠩ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠪᠢᠴᠢᠭ᠎ᠤᠨ ᠲᠤᠬᠠᠢ ᠴᠣᠬᠣᠯᠠᠪᠤᠷᠢ
ᠠᠶᠤᠯᠭᠦᠢ ᠦᠢ᠍ᠯᠡᠳᠪᠦᠷᠢᠯᠡᠯ᠎ᠤᠨ ᠬᠠᠤᠯᠢ ᠵᠢ ᠬᠡᠷᠡᠭᠵᠢᠭᠦᠯᠦᠭᠰᠡᠨ ᠪᠠᠶ᠋ᠢᠳᠠᠯ᠎ᠢ ᠬᠠᠷᠢᠭᠤ ᠲᠤᠰᠬᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠵᠠᠬᠢᠳᠠᠯ
ᠠᠵᠤ ᠦᠢ᠍ᠯᠡᠳᠪᠦᠷᠢ ᠵᠢᠨ ᠱᠤᠤᠭᠢᠶᠠᠨ᠎ᠤ ᠪᠣᠬᠢᠷᠲᠤᠯ᠎ᠢ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ ᠵᠢᠨ ᠠᠵᠢᠯ᠎ᠢ ᠥᠷᠨᠢᠭᠦᠯᠬᠦ ᠲᠤᠬᠠᠢ ᠮᠡᠳᠡᠭᠳᠡᠯ
ᠥᠪᠥᠷ ᠮᠣᠩᠭᠣᠯ᠎ᠤᠨ ᠬᠥᠬᠡᠬᠣᠲᠠ ᠵᠢᠨ ᠲᠦᠸᠧᠴᠢᠩ ᠠᠵᠤ ᠠᠬᠤᠢ ᠵᠢᠨ ᠨᠡᠭᠡᠭᠡᠯᠲᠡ ᠵᠢᠨ ᠲᠣᠭᠣᠷᠢᠭ᠎ᠤᠨ ᠪᠣᠬᠢᠷᠲᠤᠯ ᠦᠭᠡᠢ ᠴᠠᠬᠢᠯᠭ᠋ᠠᠨ ᠬᠠᠩᠭ᠋ᠠᠬᠤ ᠲᠥᠷᠥᠯ ᠵᠦᠢ᠍ᠯ — ᠲᠣᠭᠲᠠᠬᠤ ᠭᠡᠷᠡᠯ ᠴᠡᠨᠡᠭ ᠵᠶ᠋ᠠᠷ ᠴᠠᠬᠢᠯᠭ᠋ᠠᠨ ᠭᠠᠷᠭ᠋ᠠᠬᠤ ᠲᠥᠷᠥᠯ ᠵᠦᠢ᠍ᠯ᠎ᠤᠨ ᠨᠢᠭᠡᠳᠦᠭᠡᠷ ᠬᠤᠭᠤᠴᠠᠭ᠋ᠠᠨ᠎ᠤ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠴᠣᠬᠣᠯᠠᠪᠤᠷᠢ
ᠥᠪᠥᠷ ᠮᠣᠩᠭᠣᠯ᠎ᠤᠨ ᠪᠥᠸᠧ ᠶᠤᠸᠠᠨ ᠶᠢᠨ ᠭᠧᠨ ᠬᠢᠮᠢ ᠵᠢᠨ ᠠᠵᠤ ᠦᠢ᠍ᠯᠡᠳᠪᠦᠷᠢ ᠵᠢᠨ ᠬᠢᠵᠠᠭ᠋ᠠᠷᠲᠤ ᠺᠣᠮᠫᠠᠨᠢ ᠵᠢᠨ 110 ᠺᠢᠯᠣᠸᠠᠲ᠎ᠤᠨ ᠴᠠᠬᠢᠯᠭ᠋ᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠎ᠤᠨ ᠴᠣᠬᠣᠯᠠᠪᠤᠷᠢ
 
             蒙ICP备05000248号