ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠵᠥᠩ ᠮᠧᠢ ᠡᠨᠧᠷᠭᠢ ᠵᠢᠨ ᠪᠦᠯᠦᠭᠯᠡᠯ ᠺᠣᠮᠫᠠᠨᠢ ᠵᠢᠨ ᠰᠢᠯᠢ ᠵᠢᠨ ᠭᠣᠣᠯ᠎ᠤᠨ ᠮᠠᠩᠯᠠᠢ ᠴᠠᠬᠢᠯᠭ᠋ᠠᠨ ᠭᠠᠷᠭ᠋ᠠᠬᠤ ᠬᠢᠵᠭ᠋ᠠᠷᠳᠤ ᠺᠣᠮᠫᠠᠨᠢ ᠵᠢᠨ 2 × 660MW ᠥᠨᠳᠥᠷ ᠪᠦᠲᠦᠮᠵᠢᠲᠡᠢ ᠬᠡᠲᠦ ᠵᠠᠭ᠋ᠠᠭ᠎ᠤᠨ ᠨᠡᠭᠦᠷᠡᠰᠦ ᠲᠦᠯᠡᠵᠦ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ ᠵᠢᠨ ᠢᠨᠵᠧᠨᠧᠷᠢᠩ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠪᠢᠴᠢᠭ᠎ᠤᠨ ᠲᠤᠬᠠᠢ ᠴᠣᠬᠣᠯᠠᠪᠤᠷᠢ
ᠨᠡᠶ᠋ᠢᠲᠡᠯᠡᠭᠰᠡᠨ ᠴᠠᠭ᠄ 2023-09-25

      ᠵᠥᠩ ᠮᠧᠢ ᠡᠨᠧᠷᠭᠢ ᠵᠢᠨ ᠪᠦᠯᠦᠭᠯᠡᠯ ᠺᠣᠮᠫᠠᠨᠢ ᠵᠢᠨ ᠰᠢᠯᠢ ᠵᠢᠨ ᠭᠣᠣᠯ᠎ᠤᠨ ᠮᠠᠩᠯᠠᠢ ᠴᠠᠬᠢᠯᠭ᠋ᠠᠨ ᠭᠠᠷᠭ᠋ᠠᠬᠤ ᠬᠢᠵᠠᠭ᠋ᠠᠷᠲᠤ ᠺᠣᠮᠫᠠᠨᠢ᠎ᠳᠤ᠄

      ᠲᠠᠨ᠎ᠤ ᠪᠠᠢ᠌ᠭᠤᠯᠭ᠎ᠠ ᠵᠢᠨ ᠮᠡᠳᠡᠭᠦᠯᠦᠭᠰᠡᠨ 《ᠵᠥᠩ ᠮᠧᠢ ᠡᠨᠧᠷᠭᠢ ᠵᠢᠨ ᠪᠦᠯᠦᠭᠯᠡᠯ ᠺᠣᠮᠫᠠᠨᠢ ᠵᠢᠨ ᠰᠢᠯᠢ ᠵᠢᠨ ᠭᠣᠣᠯ᠎ᠤᠨ ᠮᠠᠩᠯᠠᠢ ᠴᠠᠬᠢᠯᠭ᠋ᠠᠨ ᠭᠠᠷᠭ᠋ᠠᠬᠤ ᠬᠢᠵᠠᠭ᠋ᠠᠷᠲᠤ ᠺᠣᠮᠫᠠᠨᠢ ᠵᠢᠨ 2 × 660MW ᠥᠨᠳᠥᠷ ᠪᠦᠲᠦᠮᠵᠢᠲᠡᠢ ᠬᠡᠲᠦ ᠵᠠᠭ᠋ᠠᠭ᠎ᠤᠨ ᠨᠡᠭᠦᠷᠡᠰᠦ ᠲᠦᠯᠡᠵᠦ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ ᠵᠢᠨ ᠢᠨᠵᠧᠨᠧᠷᠢᠩ᠎ᠤᠨ ᠣᠷᠴᠢᠨ ᠠᠬᠤᠢ᠎ᠳᠤ ᠦᠵᠡᠭᠦᠯᠬᠦ ᠨᠥᠯᠥᠭᠡᠯᠡᠯ᠎ᠤᠨ ᠲᠤᠬᠠᠢ ᠮᠡᠳᠡᠭᠦᠯᠦᠯᠲᠡ ᠵᠢᠨ ᠪᠢᠴᠢᠭ》 (ᠳᠣᠷᠣᠭᠰᠢ 《ᠮᠡᠳᠡᠭᠦᠯᠦᠯᠲᠡ ᠵᠢᠨ ᠪᠢᠴᠢᠭ》 ᠭᠡᠵᠦ ᠲᠣᠪᠴᠢᠯᠠᠨ᠎ᠠ)᠎ᠢ ᠬᠤᠷᠢᠶᠠᠮᠵᠢᠯᠠᠵᠤ ᠲᠡᠷᠡᠴᠢᠯᠡᠨ ᠪᠠᠢ᠌ᠳᠠᠯ᠎ᠢ ᠣᠢ᠌ᠯᠠᠭ᠋ᠠᠪᠠ᠃ ᠰᠤᠳᠤᠯᠬᠤ᠎ᠪᠠᠷ ᠳᠠᠮᠵᠢᠨ ᠳᠣᠣᠷᠠᠬᠢ ᠮᠡᠲᠦ ᠴᠣᠬᠣᠯᠠᠪᠤᠷᠢᠯᠠᠶ᠎ᠠ᠄

      ᠨᠢᠭᠡ᠂ ᠲᠣᠰ ᠲᠥᠷᠥᠯ ᠵᠦᠢ᠍ᠯ᠎ᠨᠢ ᠰᠢᠯᠢ ᠵᠢᠨ ᠭᠣᠣᠯ ᠠᠶ᠋ᠢᠮᠠᠭ᠎ᠤᠨ ᠰᠥᠨᠢᠳ ᠵᠡᠭᠦᠨ ᠬᠣᠰᠢᠭᠤᠨ᠎ᠤ ᠮᠠᠩᠯᠠᠢ ᠨᠡᠭᠦᠷᠡᠰᠦᠨ ᠠᠭᠤᠷᠬᠠᠢ ᠵᠢᠨ ᠪᠠᠷᠠᠭᠤᠨ ᠲᠠᠯ᠎ᠠ᠎ᠳᠤ ᠪᠠᠢ᠌ᠷᠢᠯᠠᠵᠤ᠂ 2 × 660MW᠎ᠤᠨ ᠬᠡᠲᠦ ᠵᠠᠭ᠋ᠠᠭ᠎ᠤᠨ ᠠᠭ᠋ᠠᠷ ᠬᠥᠷᠥᠭᠡᠵᠦ ᠴᠠᠷᠴᠠᠭ᠋ᠠᠬᠤ ᠮᠠᠶᠢᠭ᠎ᠤᠨ ᠮᠠᠰᠢᠨ ᠴᠣᠭᠴᠠᠯᠠᠪᠤᠷᠢ ᠵᠢ ᠪᠦᠲᠦᠭᠡᠨ ᠪᠠᠢ᠌ᠭᠤᠯᠬᠤ᠎ᠪᠠᠷ ᠲᠥᠯᠥᠪᠯᠡᠵᠦ᠂ ᠡᠭᠦᠨ᠎ᠳᠤ 2119.7 ᠲᠣᠨ/ ᠴᠠᠭ᠎ᠤᠨ ᠬᠡᠲᠦ ᠵᠠᠭ᠋ᠠᠭ᠎ᠤᠨ ᠬᠦᠴᠦᠳᠡᠯ ᠥᠭᠡᠷᠡᠴᠢᠯᠡᠬᠦ ᠲᠣᠭᠲᠠᠮᠠᠯ ᠭᠦᠶᠦᠳᠡᠯᠲᠦ ᠵᠤᠤᠬ᠎ᠠ ᠵᠢ ᠢᠵᠢ ᠪᠦᠷᠢᠳᠦᠭᠦᠯᠵᠦ᠂ ᠲᠡᠷᠡᠴᠢᠯᠡᠨ ᠲᠣᠭᠣᠰᠣ ᠠᠷᠢᠯᠭ᠋ᠠᠬᠤ᠂ ᠬᠦᠬᠦᠷ ᠦᠭᠡᠢ᠌ᠳᠡᠭᠦᠯᠬᠦ᠂ ᠱᠡᠦ ᠦᠭᠡᠢ᠌ᠳᠡᠭᠦᠯᠬᠦ ᠲᠥᠬᠦᠭᠡᠷᠦᠮᠵᠢ ᠵᠢ ᠵᠡᠷᠭᠡ᠎ᠳᠤᠨᠢ ᠪᠦᠲᠦᠭᠡᠨ ᠪᠠᠢ᠌ᠭᠤᠯᠵᠤ᠂ ᠰᠢᠢ᠍ᠳᠪᠦᠷᠢᠯᠡᠭᠰᠡᠨ᠎ᠤ ᠳᠠᠷᠠᠭ᠎ᠠ ᠤᠲᠤᠭ᠎ᠠ ᠤᠨᠢᠶᠠᠷ᠎ᠢ 225 ᠮᠧᠲᠷ᠎ᠤᠨ ᠥᠨᠳᠥᠷ ᠤᠲᠤᠭ᠎ᠠ ᠵᠢᠨ ᠰᠤᠪᠤᠷᠭ᠎ᠠ ᠵᠢ ᠨᠢᠭᠡᠳᠬᠡᠨ ᠠᠭ᠋ᠠᠷ ᠬᠥᠷᠥᠭᠡᠬᠦ ᠰᠤᠪᠤᠷᠭ᠎ᠠ᠎ᠪᠠᠷ ᠳᠠᠮᠵᠢᠭᠤᠯᠤᠨ ᠭᠠᠳᠠᠭᠰᠢᠯᠠᠭᠤᠯᠤᠨ᠎ᠠ᠃

      ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ ᠵᠢᠨ ᠳᠣᠲᠣᠭ᠋ᠠᠳᠤ ᠵᠢᠨ ᠡᠨᠧᠷᠭᠢ ᠴᠠᠬᠢᠯᠭ᠋ᠠᠨ ᠬᠦᠴᠦᠨ ᠦᠰᠦᠭ [2022] 1422 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠳᠤ ᠲᠣᠰ ᠲᠥᠷᠥᠯ ᠵᠦᠢ᠍ᠯ᠎ᠢ ᠬᠢᠨᠠᠨ ᠵᠥᠪᠰᠢᠶᠡᠷᠡᠨ᠎ᠡ᠃ 《ᠮᠡᠳᠡᠭᠦᠯᠦᠯᠲᠡ ᠵᠢᠨ ᠪᠢᠴᠢᠭ》᠎ᠳᠤ᠂ ᠠᠮᠢ ᠠᠬᠤᠢ ᠵᠢᠨ ᠬᠠᠮᠠᠭ᠋ᠠᠯᠠᠯᠲᠠ ᠪᠠ ᠪᠣᠬᠢᠷᠲᠤᠯ᠎ᠢ ᠰᠡᠷᠭᠡᠢ᠌ᠯᠡᠨ ᠵᠠᠰᠠᠬᠤ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠤᠭᠰᠠᠨ ᠤᠷᠢᠲᠠᠯ ᠳᠣᠣᠷ᠎ᠠ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠣᠷᠴᠢᠨ ᠲᠣᠭᠣᠷᠢᠨ᠎ᠳᠤ ᠦᠵᠡᠭᠦᠯᠬᠦ ᠠᠰᠢᠭ ᠦᠭᠡᠢ ᠨᠥᠯᠥᠭᠡ ᠵᠢ ᠵᠣᠬᠢᠬᠤ ᠬᠡᠮᠵᠢᠶ᠎ᠡ᠎ᠪᠠᠷ ᠨᠠᠮᠳᠠᠭᠤᠯᠬᠤ ᠪᠠ ᠬᠢᠵᠠᠭ᠋ᠠᠷᠯᠠᠵᠤ ᠴᠢᠳᠠᠨ᠎ᠠ ᠭᠡᠵᠡᠢ᠃ ᠡᠢ᠌ᠮᠦ᠎ᠠᠴᠠ᠂ ᠮᠠᠨ᠎ᠤ ᠲᠢᠩᠬᠢᠮ ᠲᠤᠰ ᠳᠦᠷᠦᠯ ᠵᠦᠢ᠍ᠯ᠎ᠢ 《ᠮᠡᠳᠡᠭᠦᠯᠦᠯᠲᠡ ᠵᠢᠨ ᠪᠢᠴᠢᠭ》᠎ᠲᠤ ᠵᠢᠭᠰᠠᠭ᠋ᠠᠭᠰᠠᠨ ᠪᠦᠲᠦᠭᠡᠨ ᠪᠠᠢ᠌ᠭᠤᠯᠤᠯᠲᠠ ᠵᠢᠨ ᠳᠦᠷᠦᠯ ᠵᠦᠢ᠍ᠯ᠎ᠤᠨ ᠰᠢᠨᠵᠢ ᠴᠢᠨᠠᠷ᠂ ᠬᠡᠪᠴᠢᠶ᠎ᠡ᠂ ᠭᠠᠵᠠᠷ᠂ ᠦᠢ᠍ᠯᠡᠳᠪᠦᠷᠢᠯᠡᠯ᠎ᠤᠨ ᠤᠷᠠᠯᠠᠯ ᠪᠠ ᠲᠣᠭᠲᠠᠭ᠋ᠠᠨ ᠬᠡᠷᠡᠭᠯᠡᠬᠦ᠎ᠪᠠᠷ ᠪᠠᠢ᠌ᠭ᠎ᠠ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢᠴᠢ ᠳᠣᠣᠷ᠎ᠠ ᠳᠤᠷᠠᠳᠤᠭᠰᠠᠨ ᠱᠠᠭ᠋ᠠᠷᠳᠠᠯᠭ᠎ᠠ ᠶᠣᠰᠣᠭ᠋ᠠᠷ ᠪᠦᠲᠦᠭᠡᠨ ᠪᠠᠢ᠌ᠭᠤᠯᠬᠤ ᠵᠢ ᠵᠠᠷᠴᠢᠮ ᠳᠡᠭᠡᠷ᠎ᠡ᠎ᠪᠠᠨ ᠵᠥᠪᠰᠢᠶᠡᠷᠡᠪᠡ᠃

      ᠬᠣᠶᠠᠷ᠂ ᠲᠥᠷᠥᠯ ᠵᠦᠢ᠍ᠯ᠎ᠢ ᠵᠢᠷᠤᠭᠯᠠᠨ ᠲᠥᠯᠥᠪᠯᠡᠬᠦ᠂ ᠪᠦᠲᠦᠭᠡᠨ ᠪᠠᠢ᠌ᠭᠤᠯᠬᠤ ᠪᠠ ᠡᠵᠡᠩᠨᠡᠬᠦ ᠶᠠᠪᠤᠴᠠ᠎ᠳᠤ ᠪᠠᠰᠠ ᠳᠣᠣᠷᠠᠬᠢ ᠠᠵᠢᠯ᠎ᠢ ᠰᠠᠶ᠋ᠢᠲᠤᠷ ᠬᠢᠬᠦ ᠬᠡᠷᠡᠭᠲᠡᠶ᠃

      (ᠨᠢᠭᠡ) ᠬᠠᠶᠠᠭᠳᠠᠮᠠᠯ ᠬᠡᠢ ᠵᠢᠨ ᠪᠣᠬᠢᠷᠲᠤᠯ᠎ᠤᠨ ᠰᠡᠷᠭᠡᠢ᠌ᠯᠡᠨ ᠵᠠᠰᠠᠯᠲᠠ ᠵᠢ ᠴᠢᠩᠭ᠋ᠠᠳᠬᠠᠬᠤ ᠬᠡᠷᠡᠭᠳᠡᠢ᠃ ᠭᠦᠸᠧᠯᠦ ᠵᠢᠨ ᠤᠲᠤᠭ᠎ᠠ ᠵᠢ ᠰᠢᠢ᠍ᠳᠪᠦᠷᠢᠯᠡᠭᠰᠡᠨ᠎ᠤ ᠳᠠᠷᠠᠭ᠎ᠠ ᠤᠲᠤᠭ᠎ᠠ ᠲᠣᠭᠣᠰᠣ᠂ ᠬᠦᠬᠦᠷ᠎ᠤᠨ ᠳᠠᠪᠬᠤᠷ ᠢᠰᠦᠯ᠂ ᠠᠽᠣᠲ᠎ᠤᠨ ᠢᠰᠦᠮᠡᠭ᠎ᠨᠢ ᠲᠠᠨ᠎ᠤ ᠪᠠᠢ᠌ᠭᠤᠯᠭ᠎ᠠ ᠵᠢᠨ ᠠᠮᠠᠯᠠᠯᠲᠠ ᠶᠣᠰᠣᠭ᠋ᠠᠷ 5 ᠮᠢᠯᠢᠭ᠌ᠷᠠᠮ/ ᠪᠣᠰᠣᠭ᠎ᠠ ᠳᠥᠷᠪᠡᠯᠵᠢᠨ ᠮᠧᠲᠷ᠂ 35 ᠮᠢᠯᠢᠭ᠌ᠷᠠᠮ/ ᠪᠣᠰᠣᠭ᠎ᠠ ᠳᠥᠷᠪᠡᠯᠵᠢᠨ ᠮᠧᠲᠷ᠂ 50 ᠮᠢᠯᠢᠭ᠌ᠷᠠᠮ/ ᠪᠣᠰᠣᠭ᠎ᠠ ᠳᠥᠷᠪᠡᠯᠵᠢᠨ ᠮᠧᠲᠷ᠎ᠤᠨ ᠬᠢᠵᠠᠭ᠋ᠠᠷ ᠬᠡᠮᠵᠢᠭᠳᠡᠯ᠎ᠤᠨ ᠱᠠᠭ᠋ᠠᠷᠳᠠᠯᠭ᠎ᠠ ᠵᠢ ᠬᠡᠷᠡᠭᠵᠢᠭᠦᠯᠵᠦ᠂ ᠮᠥᠩᠭᠥᠨ ᠤᠰᠤ ᠵᠢᠴᠢ ᠨᠢᠭᠡᠳᠪᠦᠷᠢ᠎ᠨᠢ 《ᠭᠠᠯ ᠴᠠᠬᠢᠯᠭ᠋ᠠᠨ᠎ᠤ ᠦᠢ᠍ᠯᠡᠳᠪᠦᠷᠢ ᠵᠢᠨ ᠠᠭ᠋ᠠᠷ ᠮᠠᠨᠳᠠᠯ᠎ᠤᠨ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠪᠠᠷᠢᠮᠵᠢᠶ᠎ᠠ》 (GB13223 — 2011) ᠨᠡᠭᠦᠷᠡᠰᠦ ᠰᠢᠲᠠᠭ᠋ᠠᠬᠤ ᠭᠦᠸᠧᠯᠦ ᠵᠢᠨ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠥᠳᠬᠡᠴᠡ ᠵᠢᠨ ᠬᠢᠵᠠᠭ᠋ᠠᠷ ᠬᠡᠮᠵᠢᠭᠳᠡᠯ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠶ᠋ᠢᠬᠤ ᠬᠡᠷᠡᠭᠲᠡᠶ᠃ ᠲᠦᠭᠦᠬᠡᠢ ᠨᠡᠭᠦᠷᠡᠰᠦ ᠵᠢ ᠬᠡᠮᠬᠡᠴᠢᠬᠦ᠂ ᠳᠠᠮᠵᠢᠭᠤᠯᠤᠨ ᠲᠡᠭᠡᠭᠡᠪᠦᠷᠢᠯᠡᠬᠦ᠂ ᠨᠡᠭᠦᠷᠡᠰᠦᠨ ᠬᠥᠮᠥᠷᠭᠡ ᠵᠢᠨ ᠬᠣᠭᠣᠷᠣᠨᠳᠤ᠂ ᠦᠨᠡᠰᠦ ᠰᠢᠭ᠋ᠠᠷᠤ ᠵᠢ ᠬᠠᠳᠠᠭ᠋ᠠᠯᠠᠵᠤ ᠲᠡᠭᠡᠭᠡᠪᠦᠷᠢᠯᠡᠬᠦ᠂ ᠴᠣᠬᠣᠢ ᠵᠢᠨ ᠴᠢᠯᠠᠭᠤᠨ ᠨᠤᠨᠳᠠᠭ᠎ᠤᠨ ᠬᠥᠮᠥᠷᠭᠡ ᠵᠡᠷᠭᠡ᠎ᠠᠴᠠ ᠡᠭᠦᠰᠦᠭᠰᠡᠨ ᠬᠠᠶᠠᠭᠳᠠᠮᠠᠯ ᠬᠡᠢ ᠵᠢ ᠰᠢᠢ᠍ᠳᠪᠦᠷᠢᠯᠡᠭᠰᠡᠨ᠎ᠤ ᠳᠠᠷᠠᠭ᠎ᠠ 《ᠠᠭ᠋ᠠᠷ ᠮᠠᠨᠳᠠᠯ᠎ᠤᠨ ᠪᠣᠬᠢᠷᠲᠤᠯ ᠪᠣᠳᠠᠰ᠎ᠢ ᠶᠡᠷᠦᠩᠬᠡᠢ᠌ᠯᠡᠨ ᠭᠠᠳᠠᠭᠰᠢᠯᠠᠭᠤᠯᠬᠤ ᠪᠠᠷᠢᠮᠵᠢᠶ᠎ᠠ》 (GB16297 — 1996) ᠵᠢᠨ ᠰᠢᠨ᠎ᠡ ᠪᠣᠬᠢᠷᠲᠤᠯ᠎ᠤᠨ ᠡᠬᠢ ᠵᠢᠨ ᠠᠭ᠋ᠠᠷ ᠮᠠᠨᠳᠠᠯ᠎ᠤᠨ ᠪᠣᠬᠢᠷᠲᠤᠯ ᠪᠣᠳᠠᠰ᠎ᠢ ᠬᠣᠶᠠᠳᠤᠭ᠋ᠠᠷ ᠳᠡᠰ᠎ᠤᠨ ᠭᠠᠳᠠᠭᠰᠢᠯᠠᠭᠤᠯᠬᠤ ᠬᠢᠵᠠᠭ᠋ᠠᠷ ᠬᠡᠮᠵᠢᠭᠳᠡᠯ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠶ᠋ᠢᠬᠤ ᠬᠡᠷᠡᠭᠲᠡᠶ᠃ ᠡᠯ᠎ᠡ ᠲᠥᠷᠥᠯ᠎ᠤᠨ ᠪᠣᠳᠠᠰ᠎ᠤᠨ ᠮᠠᠲ᠋ᠧᠷᠢᠶᠠᠯ᠎ᠳᠤ ᠴᠥᠮ ᠬᠣᠭᠣᠯᠠᠢ ᠪᠤᠶᠤ ᠬᠣᠭᠣᠯᠠᠢ ᠬᠡᠯᠪᠡᠷᠢᠲᠦ ᠪᠦᠰᠡᠲᠦ ᠳᠠᠮᠵᠢᠭᠤᠯᠬᠤ ᠮᠠᠰᠢᠨ ᠵᠡᠷᠭᠡ ᠨᠢᠭᠲᠠ ᠪᠢᠲᠡᠭᠦᠮᠵᠢᠯᠡᠨ ᠬᠦᠷᠭᠡᠬᠦ ᠠᠷᠭ᠎ᠠ ᠮᠠᠶᠢᠭ᠎ᠢ ᠬᠡᠷᠡᠭᠯᠡᠵᠦ᠂ ᠦᠨᠡᠨᠬᠦ ᠮᠠᠰᠢᠨ ᠲᠡᠷᠭᠡ᠎ᠪᠠᠷ ᠲᠡᠭᠡᠭᠡᠪᠦᠷᠢᠯᠡᠬᠦ ᠴᠢᠬᠤᠯᠠ᠎ᠲᠠᠢ ᠪᠠᠢ᠌ᠪᠠᠯ᠂ ᠰᠢᠨ᠎ᠡ ᠡᠨᠧᠷᠭᠢ ᠵᠢᠨ ᠮᠠᠰᠢᠨ ᠲᠡᠷᠭᠡ ᠪᠤᠶᠤ ᠤᠯᠤᠰ᠎ᠤᠨ ᠵᠢᠷᠭᠤᠳᠤᠭ᠋ᠠᠷ ᠭᠠᠳᠠᠭᠰᠢᠯᠠᠭᠤᠯᠬᠤ ᠪᠠᠷᠢᠮᠵᠢᠶ᠎ᠠ᠎ᠳᠤ ᠬᠦᠷᠦᠭᠰᠡᠨ ᠮᠠᠰᠢᠨ ᠲᠡᠷᠭᠡ ᠵᠢ ᠬᠡᠷᠡᠭᠯᠡᠬᠦ ᠵᠢᠨ ᠬᠠᠮᠲᠤ ᠸᠠᠭᠣᠨ᠎ᠢ ᠪᠢᠲᠡᠭᠦᠮᠵᠢᠯᠡᠬᠦ ᠪᠤᠶᠤ ᠨᠢᠭᠲᠠ ᠪᠦᠲᠡᠭᠡᠯᠭᠡ᠎ᠲᠠᠢ ᠪᠠᠢ᠌ᠯᠭ᠋ᠠᠬᠤ ᠬᠡᠷᠡᠭᠲᠡᠶ᠃

      (ᠬᠣᠶᠠᠷ) ᠤᠰᠤᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠬᠤ ᠭᠡᠷᠡᠭᠳᠡᠢ᠃ ᠪᠣᠬᠢᠷᠲᠤᠯ᠎ᠢ ᠠᠷᠢᠯᠭ᠋ᠠᠨ ᠴᠡᠪᠡᠷᠯᠡᠬᠦ᠂ ᠴᠢᠨᠠᠷ᠎ᠢ᠎ᠨᠢ ᠢᠯᠭ᠋ᠠᠨ ᠰᠢᠢ᠍ᠳᠪᠦᠷᠢᠯᠡᠬᠦ᠂ ᠡᠭᠡᠭᠦᠯᠦᠨ ᠪᠤᠴᠠᠭ᠋ᠠᠨ ᠬᠡᠷᠡᠭᠯᠡᠬᠦ ᠵᠠᠷᠴᠢᠮ ᠶᠣᠰᠣᠭ᠋ᠠᠷ᠂ ᠡᠯ᠎ᠡ ᠲᠥᠷᠥᠯ᠎ᠤᠨ ᠬᠠᠶᠠᠭᠳᠠᠮᠠᠯ ᠤᠰᠤ ᠵᠢ ᠲᠣᠬᠢᠲᠠᠢ ᠰᠢᠢ᠍ᠳᠪᠦᠷᠢᠯᠡᠬᠦ ᠬᠡᠷᠡᠭᠲᠡᠶ᠃ ᠭᠦᠸᠧᠯᠦ ᠵᠢᠨ ᠬᠠᠩᠭ᠋ᠠᠯᠭ᠎ᠠ ᠵᠢᠨ ᠤᠰᠤ ᠵᠢ ᠰᠢᠢ᠍ᠳᠪᠦᠷᠢᠯᠡᠬᠦ ᠰᠢᠰᠲ᠋ᠧᠮ᠎ᠤᠨ ᠬᠡᠲᠦ ᠱᠦᠭᠦᠬᠦ ᠲᠣᠨᠣᠭᠯᠠᠯ᠎ᠤᠨ ᠡᠰᠡᠷᠭᠦ ᠤᠬᠢᠶᠠᠬᠤ ᠤᠰᠤ᠂ ᠭᠣᠣᠯ ᠦᠢ᠍ᠯᠡᠳᠪᠦᠷᠢ ᠵᠢᠨ ᠭᠡᠷ ᠪᠠᠢ᠌ᠰᠢᠩ ᠵᠢᠴᠢ ᠪᠤᠰᠤᠳ ᠭᠠᠵᠠᠷ ᠳᠡᠭᠡᠷᠡᠬᠢ ᠤᠬᠢᠶᠠᠬᠤ ᠤᠰᠤ ᠵᠡᠷᠭᠡ ᠵᠢ ᠠᠵᠤ ᠦᠢ᠍ᠯᠡᠳᠪᠦᠷᠢ ᠵᠢᠨ ᠬᠠᠶᠠᠭᠳᠠᠮᠠᠯ ᠤᠰᠤ ᠵᠢ ᠰᠢᠢ᠍ᠳᠪᠦᠷᠢᠯᠡᠬᠦ ᠰᠢᠰᠲ᠋ᠧᠮ ᠵᠶ᠋ᠡᠷ ᠳᠠᠮᠵᠢᠭᠤᠯᠤᠨ ᠰᠢᠢ᠍ᠳᠪᠦᠷᠢᠯᠡᠵᠦ᠂ 《ᠬᠣᠲᠠ ᠵᠢᠨ ᠪᠣᠬᠢᠷ ᠤᠰᠤ ᠵᠢ ᠳᠠᠬᠢᠨ ᠠᠰᠢᠭᠯᠠᠬᠤ ᠠᠵᠤ ᠦᠢ᠍ᠯᠡᠳᠪᠦᠷᠢ ᠵᠢᠨ ᠬᠡᠷᠡᠭᠯᠡᠬᠦ ᠤᠰᠤᠨ᠎ᠤ ᠴᠢᠨᠠᠷ》 (GB/T19923-2022) ᠎ᠤᠨ ᠵᠣᠬᠢᠬᠤ ᠬᠢᠵᠠᠭ᠋ᠠᠷ ᠬᠡᠮᠵᠢᠭᠳᠡᠯ᠎ᠢ ᠬᠠᠩᠭ᠋ᠠᠭᠰᠠᠨ᠎ᠤ ᠳᠠᠷᠠᠭ᠎ᠠ ᠭᠣᠣᠯ ᠦᠢ᠍ᠯᠡᠳᠪᠦᠷᠢ ᠵᠢᠨ ᠭᠡᠷ ᠪᠠᠢ᠌ᠰᠢᠩ ᠵᠢᠴᠢ ᠨᠡᠭᠦᠷᠡᠰᠦ ᠳᠠᠮᠵᠢᠭᠤᠯᠬᠤ ᠰᠢᠰᠲ᠋ᠧᠮ᠎ᠤᠨ ᠤᠬᠢᠶᠠᠬᠤ ᠤᠰᠤ ᠵᠡᠷᠭᠡ᠎ᠳᠤ ᠪᠤᠴᠠᠭ᠋ᠠᠨ ᠬᠡᠷᠡᠭᠯᠡᠪᠡᠯ ᠵᠣᠬᠢᠨ᠎ᠠ᠃ ᠠᠮᠢᠳᠤᠷᠠᠯ᠎ᠤᠨ ᠪᠣᠬᠢᠷ ᠤᠰᠤ ᠵᠢ ᠠᠮᠢᠳᠤᠷᠠᠯ᠎ᠤᠨ ᠪᠣᠬᠢᠷ ᠤᠰᠤ ᠵᠢ ᠰᠢᠢ᠍ᠳᠪᠦᠷᠢᠯᠡᠬᠦ ᠰᠢᠰᠲ᠋ᠧᠮ᠎ᠤᠨ ᠰᠢᠢ᠍ᠳᠪᠦᠷᠢᠯᠡᠯᠲᠡ᠎ᠪᠠᠷ ᠳᠠᠮᠵᠢᠭᠤᠯᠤᠨ 《ᠬᠣᠲᠠ ᠵᠢᠨ ᠪᠣᠬᠢᠷ ᠤᠰᠤ ᠵᠢ ᠳᠠᠬᠢᠨ ᠠᠰᠢᠭᠯᠠᠬᠤ ᠬᠣᠲᠠ ᠵᠢᠨ ᠡᠯᠳᠡᠪ ᠵᠦᠢ᠍ᠯ᠎ᠤᠨ ᠬᠡᠷᠡᠭᠯᠡᠬᠦ ᠤᠰᠤᠨ᠎ᠤ ᠴᠢᠨᠠᠷ》 (GB/T18920-2020) ᠎ᠤᠨ ᠵᠣᠬᠢᠬᠤ ᠬᠢᠵᠠᠭ᠋ᠠᠷ ᠬᠡᠮᠵᠢᠭᠳᠡᠯ᠎ᠢ ᠬᠠᠩᠭ᠋ᠠᠭᠰᠠᠨ᠎ᠤ ᠳᠠᠷᠠᠭ᠎ᠠ ᠦᠢ᠍ᠯᠡᠳᠪᠦᠷᠢ ᠵᠢᠨ ᠲᠣᠭᠣᠷᠢᠭ᠎ᠤᠨ ᠨᠣᠭᠣᠭ᠋ᠠᠷᠠᠭᠤᠯᠤᠯᠲᠠ ᠪᠠ ᠵᠠᠮ᠎ᠤᠨ ᠰᠦᠷᠴᠢᠯᠲᠡ᠎ᠳᠤ ᠪᠤᠴᠠᠭ᠋ᠠᠨ ᠬᠡᠷᠡᠭᠯᠡᠪᠡᠯ ᠵᠣᠬᠢᠨ᠎ᠠ᠃ ᠨᠡᠭᠦᠷᠡᠰᠦ ᠠᠭᠤᠯᠤᠭᠰᠠᠨ ᠬᠠᠶᠠᠭᠳᠠᠮᠠᠯ ᠤᠰᠤ ᠵᠢ ᠨᠡᠭᠦᠷᠡᠰᠦ ᠠᠭᠤᠯᠤᠭᠰᠠᠨ ᠬᠠᠶᠠᠭᠳᠠᠮᠠᠯ ᠤᠰᠤ ᠵᠢ ᠰᠢᠢ᠍ᠳᠪᠦᠷᠢᠯᠡᠬᠦ ᠥᠷᠲᠡᠭᠡ᠎ᠪᠠᠷ ᠳᠠᠮᠵᠢᠭᠤᠯᠤᠨ ᠰᠢᠢ᠍ᠳᠪᠦᠷᠢᠯᠡᠭᠡᠳ 《ᠬᠣᠲᠠ ᠵᠢᠨ ᠪᠣᠬᠢᠷ ᠤᠰᠤ ᠵᠢ ᠳᠠᠬᠢᠨ ᠠᠰᠢᠭᠯᠠᠬᠤ ᠠᠵᠤ ᠦᠢ᠍ᠯᠡᠳᠪᠦᠷᠢ ᠵᠢᠨ ᠬᠡᠷᠡᠭᠯᠡᠬᠦ ᠤᠰᠤᠨ᠎ᠤ ᠴᠢᠨᠠᠷ》 (GB/T19923-2022) ᠎ᠤᠨ ᠵᠣᠬᠢᠬᠤ ᠬᠢᠵᠠᠭ᠋ᠠᠷ ᠬᠡᠮᠵᠢᠭᠳᠡᠯ᠎ᠢ ᠬᠠᠩᠭ᠋ᠠᠭᠰᠠᠨ᠎ᠤ ᠳᠠᠷᠠᠭ᠎ᠠ ᠨᠡᠭᠦᠷᠡᠰᠦ ᠳᠠᠮᠵᠢᠭᠤᠯᠬᠤ ᠰᠢᠰᠲ᠋ᠧᠮ᠎ᠤᠨ ᠤᠬᠢᠶᠠᠵᠤ ᠴᠡᠪᠡᠷᠯᠡᠬᠦ᠎ᠳᠤ ᠬᠡᠷᠡᠭᠯᠡᠬᠦ ᠤᠰᠤᠨ᠎ᠳᠤ ᠪᠤᠴᠠᠭ᠋ᠠᠨ ᠬᠡᠷᠡᠭᠯᠡᠪᠡᠯ ᠵᠣᠬᠢᠨ᠎ᠠ᠃ ᠬᠦᠬᠦᠷ ᠦᠭᠡᠢ᠌ᠳᠡᠭᠦᠯᠦᠭᠰᠡᠨ ᠬᠠᠶᠠᠭᠳᠠᠮᠠᠯ ᠤᠰᠤ ᠵᠢ ᠬᠦᠬᠦᠷ ᠦᠭᠡᠢ᠌ᠳᠡᠭᠦᠯᠦᠭᠰᠡᠨ ᠬᠠᠶᠠᠭᠳᠠᠮᠠᠯ ᠤᠰᠤ ᠵᠢ ᠰᠢᠢ᠍ᠳᠪᠦᠷᠢᠯᠡᠬᠦ ᠰᠢᠰᠲ᠋ᠧᠮ ᠵᠶ᠋ᠡᠷ ᠰᠢᠢ᠍ᠳᠪᠦᠷᠢᠯᠡᠭᠰᠡᠨ᠎ᠤ ᠳᠠᠷᠠᠭ᠎ᠠ᠂ ᠡᠭᠦᠰᠦᠭᠰᠡᠨ ᠠᠭᠤᠷᠰᠢᠭᠤᠯᠤᠭᠰᠠᠨ ᠴᠡᠪᠡᠷ ᠤᠰᠤ᠎ᠨᠢ 《ᠬᠣᠲᠠ ᠵᠢᠨ ᠪᠣᠬᠢᠷ ᠤᠰᠤ ᠵᠢ ᠳᠠᠬᠢᠨ ᠠᠰᠢᠭᠯᠠᠬᠤ ᠠᠵᠤ ᠦᠢ᠍ᠯᠡᠳᠪᠦᠷᠢ᠎ᠳᠤ ᠬᠡᠷᠡᠭᠯᠡᠬᠦ ᠤᠰᠤᠨ᠎ᠤ ᠤᠰᠤᠨ᠎ᠤ ᠴᠢᠨᠠᠷ》 (GB/T19923-2022)᠎ᠤᠨ ᠵᠣᠬᠢᠬᠤ ᠬᠢᠵᠠᠭ᠋ᠠᠷ ᠬᠡᠮᠵᠢᠭᠳᠡᠯ᠎ᠢ ᠬᠠᠩᠭ᠋ᠠᠭᠰᠠᠨ᠎ᠤ ᠳᠠᠷᠠᠭ᠎ᠠ ᠳᠠᠬᠢᠨ ᠬᠦᠬᠦᠷ ᠦᠭᠡᠢ᠌ᠳᠡᠭᠦᠯᠬᠦ ᠰᠢᠰᠲ᠋ᠧᠮ᠎ᠤᠨ ᠤᠰᠤ ᠨᠥᠬᠥᠪᠦᠷᠢᠯᠡᠬᠦ᠎ᠳᠤ ᠬᠡᠷᠡᠭᠯᠡᠵᠦ᠂ ᠡᠭᠦᠰᠦᠭᠰᠡᠨ ᠠᠭᠰᠢᠭ᠋ᠠᠮᠠᠯ ᠰᠢᠩᠭᠡᠨ᠎ᠢ ᠥᠨᠳᠥᠷ ᠳᠤᠯᠠᠭ᠋ᠠᠨ᠎ᠤ ᠬᠠᠵᠠᠭᠤ ᠵᠠᠮ᠎ᠤᠨ ᠬᠠᠳᠠᠭ᠋ᠠᠬᠤ ᠰᠤᠪᠤᠷᠭ᠎ᠠ ᠵᠢᠨ ᠤᠲᠤᠭ᠎ᠠ ᠠᠭᠤᠷᠰᠢᠭᠤᠯᠬᠤ ᠤᠷᠠᠯᠠᠯ ᠵᠶ᠋ᠠᠷ ᠰᠢᠢ᠍ᠳᠪᠦᠷᠢᠯᠡᠨ᠎ᠡ᠃ ᠲᠥᠷᠥᠯ ᠵᠦᠢ᠍ᠯ᠎ᠤᠨ ᠦᠢ᠍ᠯᠡᠳᠪᠦᠷᠢᠯᠡᠯ᠂ ᠠᠮᠢᠳᠤᠷᠠᠯ᠎ᠤᠨ ᠬᠠᠶᠠᠭᠳᠠᠮᠠᠯ ᠤᠰᠤ ᠵᠢ ᠰᠢᠢ᠍ᠳᠪᠦᠷᠢᠯᠡᠭᠰᠡᠨ᠎ᠤ ᠳᠠᠷᠠᠭ᠎ᠠ ᠪᠦᠬᠦᠨ᠎ᠢ ᠪᠠᠷᠢᠮᠵᠢᠶ᠎ᠠ᠎ᠳᠤ ᠬᠦᠷᠭᠡᠵᠦ ᠪᠤᠴᠠᠭ᠋ᠠᠨ ᠬᠡᠷᠡᠭᠯᠡᠵᠦ᠂ ᠭᠠᠳᠠᠭᠰᠢ ᠦᠯᠦ ᠭᠠᠳᠠᠭᠰᠢᠯᠠᠭᠤᠯᠬᠤ ᠬᠡᠷᠡᠭᠳᠡᠢ᠃

      (ᠭᠤᠷᠪᠠ) ᠳᠣᠣᠷ᠎ᠠ ᠱᠤᠤᠭᠢᠶᠠᠨ᠎ᠲᠠᠢ ᠲᠥᠬᠦᠭᠡᠷᠦᠮᠵᠢ ᠵᠢ ᠰᠣᠩᠭᠣᠨ ᠬᠡᠷᠡᠭᠯᠡᠵᠦ᠂ ᠳᠣᠷᠭᠢᠯᠲᠠ ᠵᠢ ᠪᠠᠭ᠋ᠠᠰᠬᠠᠬᠤ᠂ ᠲᠠᠭᠤ ᠬᠥᠨᠳᠡᠢ᠌ᠷᠡᠭᠦᠯᠬᠦ ᠪᠠ ᠲᠠᠭᠤ ᠨᠠᠮᠳᠠᠭ᠋ᠠᠬᠤ ᠵᠡᠷᠭᠡ ᠱᠤᠤᠭᠢᠶᠠᠨ᠎ᠢ ᠬᠢᠵᠠᠭ᠋ᠠᠷᠯᠠᠬᠤ ᠲᠣᠬᠢᠲᠠᠢ ᠠᠷᠭ᠎ᠠ ᠬᠡᠮᠵᠢᠶ᠎ᠡ ᠵᠢ ᠠᠪᠴᠤ᠂ ᠦᠢ᠍ᠯᠡᠳᠪᠦᠷᠢ ᠵᠢᠨ᠎ᠬᠢᠨ᠎ᠤ ᠱᠤᠤᠭᠢᠶᠠᠨ᠎ᠢ 《ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠦᠢ᠍ᠯᠡᠳᠪᠦᠷᠢ ᠵᠢᠨ᠎ᠬᠢᠨ᠎ᠤ ᠣᠷᠴᠢᠨ ᠲᠣᠭᠣᠷᠢᠨ᠎ᠤ ᠱᠤᠤᠭᠢᠶᠠᠨ᠎ᠢ ᠭᠠᠳᠠᠭᠰᠢᠯᠠᠭᠤᠯᠬᠤ ᠪᠠᠷᠢᠮᠵᠢᠶ᠎ᠠ》 (GB12348—2008) 3 ᠲᠥᠷᠥᠯ᠎ᠤᠨ ᠪᠠᠷᠢᠮᠵᠢᠶ᠎ᠠ ᠵᠢᠨ ᠱᠠᠭ᠋ᠠᠷᠳᠠᠯᠭ᠎ᠠ᠎ᠳᠤ ᠬᠠᠩᠭ᠋ᠠᠬᠤ ᠵᠢ ᠦᠨᠡᠨᠬᠦ ᠪᠠᠲᠤᠯᠠᠬᠤ ᠬᠡᠷᠡᠭᠳᠡᠢ᠃ ᠲᠡᠭᠡᠭᠡᠪᠦᠷᠢ ᠵᠢᠨ ᠲᠡᠷᠭᠡ ᠬᠥᠰᠬᠡ ᠵᠢᠨ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢ ᠴᠢᠩᠭ᠋ᠠᠳᠬᠠᠵᠤ᠂ ᠲᠠᠭᠤᠨ᠎ᠤ ᠬᠠᠯᠬᠠᠪᠴᠢ ᠵᠢ ᠵᠦᠢ ᠵᠣᠬᠢᠰᠲᠠᠢ ᠪᠠᠢ᠌ᠷᠢᠯᠠᠭᠤᠯᠬᠤ ᠵᠢᠨ ᠬᠠᠮᠲᠤ ᠲᠤᠰᠬᠠᠢ ᠵᠦᠢ᠍ᠯ᠎ᠤᠨ ᠵᠢᠷᠤᠭ ᠲᠥᠯᠥᠪᠯᠡᠭᠡ ᠵᠢ ᠥᠷᠨᠢᠭᠦᠯᠵᠦ᠂ ᠲᠡᠭᠦᠨ᠎ᠤ ᠬᠡᠯᠪᠡᠷᠢ᠂ ᠪᠦᠲᠦᠴᠡ᠂ ᠮᠠᠲ᠋ᠧᠷᠢᠶᠠᠯ᠎ᠤᠨ ᠴᠢᠨᠠᠷ᠂ ᠣᠷᠳᠣ ᠵᠢᠨ ᠬᠡᠮᠵᠢᠶ᠎ᠡ᠂ ᠥᠨᠳᠥᠷ᠎ᠤᠨ ᠬᠡᠮᠵᠢᠶ᠎ᠡ ᠵᠡᠷᠭᠡ᠎ᠨᠢ ᠱᠤᠤᠭᠢᠶᠠᠨ᠎ᠢ ᠪᠠᠭᠤᠷᠠᠭᠤᠯᠬᠤ ᠦᠷ᠎ᠡ ᠪᠦᠲᠦᠮᠵᠢ ᠵᠢᠨ ᠱᠠᠭ᠋ᠠᠷᠳᠠᠯᠭ᠎ᠠ ᠵᠢ ᠬᠠᠩᠭ᠋ᠠᠬᠤ ᠵᠢ ᠦᠨᠡᠨᠬᠦ ᠪᠠᠲᠤᠯᠠᠵᠤ᠂ ᠣᠷᠣᠨ ᠪᠦᠰᠡ ᠵᠢᠨ ᠲᠠᠭᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠬᠠᠮᠠᠭ᠋ᠠᠯᠠᠬᠤ ᠬᠡᠷᠡᠭᠳᠡᠢ᠃

      (ᠳᠥᠷᠪᠡ) ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠬᠤ ᠬᠡᠷᠡᠭᠳᠡᠢ᠃ ᠮᠠᠩᠯᠠᠢ ᠨᠡᠭᠦᠷᠡᠰᠦᠨ ᠠᠭᠤᠷᠬᠠᠢ ᠵᠢᠨ ᠨᠡᠭᠡᠭᠡᠨ ᠮᠠᠯᠲᠠᠬᠤ ᠲᠥᠯᠥᠪᠯᠡᠭᠡ ᠵᠢᠴᠢ ᠬᠠᠶᠠᠭᠳᠠᠮᠠᠯ ᠮᠠᠯᠲᠠᠭᠰᠠᠨ ᠨᠦᠬᠡ ᠵᠢ ᠡᠭᠡᠭᠦᠯᠦᠨ ᠪᠥᠭᠯᠡᠬᠦ ᠪᠠ ᠠᠮᠢ ᠠᠬᠤᠢ ᠵᠢ ᠰᠡᠷᠭᠦᠭᠡᠬᠦ ᠲᠥᠰᠥᠯ᠎ᠲᠠᠢ ᠤᠶᠠᠯᠳᠤᠭᠤᠯᠤᠨ᠂ ᠭᠦᠸᠧᠯᠦ ᠵᠢᠨ ᠨᠤᠨᠳᠠᠭ ᠨᠡᠭᠦᠷᠡᠰᠦᠨ᠎ᠤ ᠦᠨᠡᠰᠦ᠂ ᠵᠤᠤᠬ᠎ᠠ ᠵᠢᠨ ᠰᠢᠭ᠋ᠠᠷᠤ᠂ ᠬᠦᠬᠦᠷ ᠦᠭᠡᠢ᠌ᠳᠡᠭᠦᠯᠦᠭᠰᠡᠨ ᠵᠤᠭ᠋ᠠᠩ᠎ᠢ ᠠᠰᠢᠭᠯᠠᠬᠤ ᠪᠠ ᠰᠢᠢ᠍ᠳᠪᠦᠷᠢᠯᠡᠬᠦ ᠠᠷᠭ᠎ᠠ ᠮᠠᠶᠢᠭ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠶᠡᠷᠦᠩᠬᠡᠢ᠌ᠯᠡᠨ ᠠᠰᠢᠭᠯᠠᠬᠤ᠎ᠨᠢ ᠰᠠᠭ᠋ᠠᠳ ᠦᠭᠡᠢ ᠦᠶ᠎ᠡ᠎ᠳᠤ ᠲᠣᠰ ᠲᠥᠷᠥᠯ ᠵᠦᠢ᠍ᠯ᠎ᠤᠨ ᠥᠪᠡᠰᠦᠪᠡᠨ ᠪᠠᠢ᠌ᠭᠤᠯᠤᠭᠰᠠᠨ ᠦᠨᠡᠰᠦ ᠬᠠᠳᠠᠭ᠋ᠠᠯᠠᠬᠤ ᠲᠠᠯᠠᠪᠠᠶ᠎ᠳᠤ ᠬᠦᠷᠭᠡᠵᠦ ᠲᠦᠷ ᠬᠠᠳᠠᠭ᠋ᠠᠯᠠᠭᠤᠯᠬᠤ ᠬᠡᠷᠡᠭᠳᠡᠢ᠃ ᠠᠶᠤᠯᠲᠠᠢ ᠬᠠᠶᠠᠭᠳᠠᠮᠠᠯ ᠪᠣᠳᠠᠰ᠎ᠢ ᠦᠢ᠍ᠯᠡᠳᠪᠦᠷᠢ᠎ᠳᠤ ᠲᠥᠪᠯᠡᠷᠡᠭᠦᠯᠦᠨ ᠬᠦᠷᠭᠡᠵᠦ ᠬᠣᠷᠢᠶᠠᠨ ᠠᠪᠤᠭᠤᠯᠬᠤ ᠪᠤᠶᠤ ᠬᠢᠷᠢ ᠬᠡᠮ᠎ᠲᠠᠢ ᠨᠢᠭᠡᠴᠢ᠎ᠳᠤ ᠬᠦᠷᠭᠡᠵᠦ ᠠᠶᠤᠯᠭᠦᠢ᠎ᠪᠠᠷ ᠰᠢᠢ᠍ᠳᠪᠦᠷᠢᠯᠡᠭᠦᠯᠬᠦ ᠬᠡᠷᠡᠭᠲᠡᠶ᠃

      (ᠲᠠᠪᠤ) ᠣᠷᠴᠢᠨ ᠲᠣᠭᠣᠷᠢᠨ᠎ᠤ ᠲᠦᠭᠰᠢᠭᠦᠷᠢ ᠵᠢ ᠰᠡᠷᠭᠡᠢ᠌ᠯᠡᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠬᠤ ᠬᠡᠷᠡᠭᠳᠡᠢ᠃ ᠡᠯ᠎ᠡ ᠵᠦᠢ᠍ᠯ᠎ᠤᠨ ᠣᠷᠴᠢᠨ ᠲᠣᠭᠣᠷᠢᠨ᠎ᠤ ᠲᠦᠭᠰᠢᠭᠦᠷᠢ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠴᠢ ᠰᠡᠷᠭᠡᠢ᠌ᠯᠡᠬᠦ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠵᠤ᠂ ᠣᠷᠴᠢᠨ ᠲᠣᠭᠣᠷᠢᠨ᠎ᠤ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠢ ᠲᠣᠭᠲᠠᠭ᠋ᠠᠬᠤ ᠵᠢᠨ ᠬᠠᠮᠲᠤ ᠲᠣᠭᠲᠠᠮᠠᠯ ᠬᠤᠭᠤᠴᠠᠭ᠎ᠠ᠎ᠲᠠᠢ᠎ᠪᠠᠷ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠣᠷᠢᠯᠲᠠ ᠵᠢ ᠥᠷᠨᠢᠭᠦᠯᠵᠦ᠂ ᠣᠷᠣᠨ ᠪᠦᠰᠡ ᠵᠢᠨ ᠣᠷᠴᠢᠨ ᠲᠣᠭᠣᠷᠢᠨ᠎ᠤ ᠭᠣᠣᠯᠳᠠᠯᠭ᠎ᠠ᠎ᠲᠠᠢ ᠨᠡᠪᠴᠢᠯᠲᠡ ᠵᠢ ᠰᠡᠷᠭᠡᠢ᠌ᠯᠡᠬᠦ ᠣᠷᠣᠨ᠂ ᠡᠩ᠎ᠤᠨ ᠨᠡᠪᠴᠢᠯᠲᠡ ᠵᠢ ᠰᠡᠷᠭᠡᠢ᠌ᠯᠡᠬᠦ ᠣᠷᠣᠨ ᠵᠡᠷᠭᠡ ᠣᠷᠣᠨ ᠬᠤᠪᠢᠶᠠᠨ ᠨᠡᠪᠴᠢᠯᠲᠡ ᠵᠢ ᠰᠡᠷᠭᠡᠢ᠌ᠯᠡᠬᠦ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠬᠤ ᠵᠢᠨ ᠬᠠᠮᠲᠤ ᠡᠳᠦᠷ ᠲᠤᠲᠤᠮ᠎ᠤᠨ ᠬᠠᠮᠠᠭ᠋ᠠᠯᠠᠬᠤ᠂ ᠰᠡᠯᠪᠢᠨ ᠵᠠᠰᠠᠬᠤ ᠵᠢ ᠴᠢᠩᠭ᠋ᠠᠳᠬᠠᠵᠤ᠂ ᠭᠠᠵᠠᠷ ᠳᠣᠣᠷᠠᠬᠢ ᠤᠰᠤ ᠵᠢ ᠬᠢᠨᠠᠨ ᠬᠡᠮᠵᠢᠬᠦ ᠬᠤᠳᠳᠤᠭ᠎ᠢ ᠵᠦᠢ ᠵᠣᠬᠢᠰᠲᠠᠢ ᠪᠠᠢ᠌ᠷᠢᠯᠠᠭᠤᠯᠤᠨ᠂ ᠭᠠᠵᠠᠷ ᠳᠣᠣᠷᠠᠬᠢ ᠤᠰᠤᠨ᠎ᠤ ᠪᠣᠬᠢᠷᠲᠤᠯ ᠭᠠᠷᠤᠮᠠᠭᠴᠠ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ ᠪᠣᠯᠣᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠷᠭ᠎ᠠ ᠬᠡᠮᠵᠢᠶ᠎ᠡ ᠵᠢ ᠳᠠᠷᠤᠢ᠌ᠬᠠᠨ ᠡᠬᠢᠯᠡᠭᠦᠯᠵᠦ᠂ ᠭᠠᠵᠠᠷ ᠳᠣᠣᠷᠠᠬᠢ ᠤᠰᠤᠨ᠎ᠤ ᠣᠷᠴᠢᠨ ᠲᠣᠭᠣᠷᠢᠨ᠎ᠳᠤ ᠠᠰᠢᠭ ᠦᠭᠡᠢ ᠣᠷᠴᠢᠨ ᠲᠣᠭᠣᠷᠢᠨ᠎ᠤ ᠨᠥᠯᠥᠭᠡᠯᠡᠯ᠎ᠢ ᠪᠠᠭ᠋ᠠᠰᠬᠠᠨ᠂ ᠡᠷᠬᠢᠨ ᠲᠣᠭᠣᠷᠢᠨ᠎ᠤ ᠤᠤᠭᠤᠬᠤ ᠤᠰᠤᠨ᠎ᠤ ᠠᠶᠤᠯ ᠦᠭᠡᠢ ᠵᠢ ᠪᠠᠲᠤᠯᠠᠬᠤ ᠬᠡᠷᠡᠭᠲᠡᠶ᠃

      (ᠵᠢᠷᠭᠤᠭ᠎ᠠ) ᠲᠠᠨ᠎ᠤ ᠺᠣᠮᠫᠠᠨᠢ ᠰᠢᠯᠢ ᠵᠢᠨ ᠭᠣᠣᠯ ᠠᠶ᠋ᠢᠮᠠᠭ᠎ᠤᠨ ᠵᠠᠬᠢᠷᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠂ ᠠᠵᠤ ᠠᠬᠤᠢ᠌ᠯᠠᠯ᠎ᠢ ᠬᠠᠮᠵᠢᠨ᠂ ᠭᠣᠣᠯ ᠪᠣᠯᠬᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢᠨ ᠣᠷᠣᠨ ᠪᠦᠰᠡ ᠵᠢᠨ ᠪᠠᠭ᠋ᠠᠰᠬᠠᠬᠤ ᠲᠥᠰᠥᠯ᠎ᠢ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠲᠣᠰ ᠲᠥᠷᠥᠯ ᠵᠦᠢ᠍ᠯ᠎ᠳᠤ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ ᠣᠯᠬᠤ᠎ᠠᠴᠠ ᠡᠮᠦᠨ᠎ᠡ ᠡᠯ᠎ᠡ ᠵᠦᠢ᠍ᠯ᠎ᠤᠨ ᠣᠷᠣᠨ ᠪᠦᠰᠡ ᠵᠢᠨ ᠪᠠᠭ᠋ᠠᠰᠬᠠᠬᠤ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠬᠤ ᠵᠢ ᠦᠨᠡᠨᠬᠦ ᠪᠠᠲᠤᠯᠠᠬᠤ ᠬᠡᠷᠡᠭᠲᠡᠶ᠃ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠡᠷᠴᠢᠮ ᠵᠶ᠋ᠡᠨ ᠴᠢᠩᠭ᠋ᠠᠷᠠᠭᠤᠯᠵᠤ᠂ ᠳᠦᠷᠦᠯ ᠵᠦᠢ᠍ᠯ᠎ᠤᠨ ᠠᠷᠢᠭᠤᠨ ᠴᠡᠪᠡᠷ ᠦᠢ᠍ᠯᠡᠳᠪᠦᠷᠢᠯᠡᠯ᠎ᠤᠨ ᠬᠢᠷᠢ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠪᠣᠬᠢᠷᠲᠤᠯ᠎ᠢ ᠪᠠᠭ᠋ᠠᠰᠬᠠᠵᠤ ᠨᠠᠭᠦᠷᠡᠰᠦᠲᠦ᠋ᠷᠦᠭᠴᠢ ᠵᠢ ᠪᠠᠭ᠋ᠠᠰᠬᠠᠬᠤ ᠵᠢ ᠬᠠᠮᠵᠢᠯᠴᠠᠨ ᠵᠠᠰᠠᠬᠤ ᠠᠵᠢᠯ ᠥᠷᠨᠢᠭᠦᠯᠬᠦ ᠵᠢ ᠵᠣᠷᠢᠭᠵᠢᠭᠤᠯᠬᠤ ᠬᠡᠷᠡᠭᠳᠡᠢ᠃

      ᠭᠤᠷᠪᠠ᠂ ᠳᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠳᠤ ᠡᠷᠬᠡᠪᠰᠢ ᠢᠵᠢ ᠪᠦᠷᠢᠳᠦᠭᠰᠡᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠬᠦᠭᠡᠷᠦᠮᠵᠢ ᠵᠢ ᠭᠣᠣᠯ ᠪᠠᠷᠢᠯᠭ᠎ᠠ᠎ᠲᠠᠢ ᠬᠠᠮᠲᠤ᠎ᠳᠤᠨᠢ ᠵᠢᠷᠤᠵᠤ ᠲᠥᠯᠥᠪᠯᠡᠨ᠂ ᠬᠠᠮᠲᠤ᠎ᠳᠤᠨᠢ ᠪᠠᠷᠢᠵᠤ᠂ ᠬᠠᠮᠲᠤ᠎ᠳᠤᠨᠢ ᠠᠰᠢᠭᠯᠠᠯᠲᠠ᠎ᠳᠤ ᠣᠷᠣᠭᠤᠯᠤᠨ ᠬᠡᠷᠡᠭᠯᠡᠬᠦ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ 《ᠭᠤᠷᠪᠠ ᠵᠢ ᠬᠠᠮᠲᠤ᠎ᠳᠤᠨᠢ ᠬᠢᠬᠦ》 ᠳᠦᠷᠢᠮ᠎ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠬᠤ ᠠᠷᠭ᠎ᠠ ᠬᠡᠮᠵᠢᠶ᠎ᠡ ᠵᠢᠨ ᠲᠤᠰᠬᠠᠢ ᠵᠢᠷᠤᠭ ᠲᠥᠯᠥᠪᠯᠡᠭᠡ ᠵᠢᠨ ᠱᠠᠭ᠋ᠠᠷᠳᠠᠯᠭ᠎ᠠ ᠵᠢ ᠰᠢᠯᠢᠳᠡᠭᠵᠢᠭᠦᠯᠬᠦ ᠪᠠ ᠨᠠᠷᠢᠯᠢᠭᠵᠢᠭᠤᠯᠤᠭᠰᠠᠨ᠎ᠤ ᠳᠠᠷᠠᠭ᠋ᠠᠬᠢ ᠡᠯ᠎ᠡ ᠵᠦᠢ᠍ᠯ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢᠴᠢ ᠲᠣᠶ᠋ᠢᠮᠣ ᠲᠥᠰᠥᠪ᠎ᠢ ᠵᠢᠷᠤᠵᠤ ᠲᠥᠯᠥᠪᠯᠡᠬᠦ ᠵᠢᠴᠢ ᠪᠠᠷᠢᠯᠭ᠎ᠠ ᠪᠠᠷᠢᠬᠤ ᠵᠡᠷᠭᠡ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠵᠢᠴᠢ ᠭᠡᠷ᠎ᠡ᠎ᠳᠤ ᠣᠷᠣᠭᠤᠯᠬᠤ ᠵᠢᠨ ᠬᠠᠮᠲᠤ ᠬᠠᠷᠢᠭᠤᠴᠠᠯᠭ᠎ᠠ ᠵᠢ ᠲᠣᠳᠣᠷᠬᠠᠢ᠌ᠯᠠᠬᠤ ᠬᠡᠷᠡᠭᠲᠡᠶ᠃ ᠠᠵᠢᠯ ᠳᠠᠭᠤᠰᠤᠭᠰᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠯᠭ᠋ᠠᠨ ᠠᠪᠬᠤ ᠵᠢ ᠲᠣᠭᠲᠠᠭ᠋ᠠᠭᠰᠠᠨ ᠲᠠᠰ ᠳᠠᠷᠠᠭ᠋ᠠᠯᠠᠯ ᠶᠣᠰᠣᠭ᠋ᠠᠷ ᠬᠡᠷᠡᠭᠵᠢᠭᠦᠯᠬᠦ ᠬᠡᠷᠡᠭᠲᠡᠶ᠃ ᠱᠠᠭ᠋ᠠᠷᠳᠠᠯᠭ᠎ᠠ ᠶᠣᠰᠣᠭ᠋ᠠᠷ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠬᠤ ᠠᠷᠭ᠎ᠠ ᠬᠡᠮᠵᠢᠶ᠎ᠡ ᠵᠢᠨ ᠠᠮᠤᠷ ᠲᠦᠪᠰᠢᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠪᠠ ᠳᠠᠯᠳᠠ ᠬᠡᠮ᠎ᠢ ᠵᠢᠭᠰᠠᠭ᠋ᠠᠨ ᠪᠠᠢ᠌ᠴᠠᠭ᠋ᠠᠵᠤ ᠵᠠᠰᠠᠬᠤ ᠵᠢ ᠥᠷᠨᠢᠭᠦᠯᠬᠦ ᠬᠡᠷᠡᠭᠳᠡᠢ᠃

      ᠳᠥᠷᠪᠡ᠂ ᠮᠠᠨ᠎ᠤ ᠲᠢᠩᠬᠢᠮ᠎ᠠᠴᠠ ᠰᠢᠯᠢ ᠵᠢᠨ ᠭᠣᠣᠯ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠳᠤ ᠨᠠᠶ᠋ᠢᠳᠠᠵᠤ ᠲᠣᠰ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠪᠠ ᠡᠵᠡᠩᠨᠡᠯᠲᠡ ᠵᠢᠨ ᠬᠤᠭᠤᠴᠠᠭ᠋ᠠᠨ᠎ᠳᠠᠬᠢ ᠡᠯ᠎ᠡ ᠵᠦᠢ᠍ᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠭᠰᠠᠨ ᠪᠠᠶ᠋ᠢᠳᠠᠯ᠎ᠳᠤ ᠬᠢᠨᠠᠯᠲᠠ ᠪᠠᠢ᠌ᠴᠠᠭ᠋ᠠᠯᠲᠠ ᠪᠠ ᠬᠠᠮᠢᠶᠠᠷᠤᠯᠲᠠ ᠬᠢᠯᠭᠡᠪᠡ᠃

            ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 

             ᠠᠮᠢ ᠠᠬᠤᠢ ᠣᠷᠴᠢᠨ ᠲᠣᠭᠣᠷᠢᠨ᠎ᠤ ᠲᠢᠩᠬᠢᠮ

                   2023 ᠣᠨ᠎ᠤ 8 ᠰᠠᠷ᠎ᠠ ᠵᠢᠨ 25᠎ᠤ ᠡᠳᠦᠷ


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠠᠶᠤᠯᠭᠦᠢ ᠦᠢ᠍ᠯᠡᠳᠪᠦᠷᠢᠯᠡᠯ᠎ᠤᠨ ᠬᠠᠤᠯᠢ ᠵᠢ ᠬᠡᠷᠡᠭᠵᠢᠭᠦᠯᠦᠭᠰᠡᠨ ᠪᠠᠶ᠋ᠢᠳᠠᠯ᠎ᠢ ᠬᠠᠷᠢᠭᠤ ᠲᠤᠰᠬᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠵᠠᠬᠢᠳᠠᠯ
ᠠᠵᠤ ᠦᠢ᠍ᠯᠡᠳᠪᠦᠷᠢ ᠵᠢᠨ ᠱᠤᠤᠭᠢᠶᠠᠨ᠎ᠤ ᠪᠣᠬᠢᠷᠲᠤᠯ᠎ᠢ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ ᠵᠢᠨ ᠠᠵᠢᠯ᠎ᠢ ᠥᠷᠨᠢᠭᠦᠯᠬᠦ ᠲᠤᠬᠠᠢ ᠮᠡᠳᠡᠭᠳᠡᠯ
ᠥᠪᠥᠷ ᠮᠣᠩᠭᠣᠯ᠎ᠤᠨ ᠬᠥᠬᠡᠬᠣᠲᠠ ᠵᠢᠨ ᠲᠦᠸᠧᠴᠢᠩ ᠠᠵᠤ ᠠᠬᠤᠢ ᠵᠢᠨ ᠨᠡᠭᠡᠭᠡᠯᠲᠡ ᠵᠢᠨ ᠲᠣᠭᠣᠷᠢᠭ᠎ᠤᠨ ᠪᠣᠬᠢᠷᠲᠤᠯ ᠦᠭᠡᠢ ᠴᠠᠬᠢᠯᠭ᠋ᠠᠨ ᠬᠠᠩᠭ᠋ᠠᠬᠤ ᠲᠥᠷᠥᠯ ᠵᠦᠢ᠍ᠯ — ᠲᠣᠭᠲᠠᠬᠤ ᠭᠡᠷᠡᠯ ᠴᠡᠨᠡᠭ ᠵᠶ᠋ᠠᠷ ᠴᠠᠬᠢᠯᠭ᠋ᠠᠨ ᠭᠠᠷᠭ᠋ᠠᠬᠤ ᠲᠥᠷᠥᠯ ᠵᠦᠢ᠍ᠯ᠎ᠤᠨ ᠨᠢᠭᠡᠳᠦᠭᠡᠷ ᠬᠤᠭᠤᠴᠠᠭ᠋ᠠᠨ᠎ᠤ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠴᠣᠬᠣᠯᠠᠪᠤᠷᠢ
ᠥᠪᠥᠷ ᠮᠣᠩᠭᠣᠯ᠎ᠤᠨ ᠪᠥᠸᠧ ᠶᠤᠸᠠᠨ ᠶᠢᠨ ᠭᠧᠨ ᠬᠢᠮᠢ ᠵᠢᠨ ᠠᠵᠤ ᠦᠢ᠍ᠯᠡᠳᠪᠦᠷᠢ ᠵᠢᠨ ᠬᠢᠵᠠᠭ᠋ᠠᠷᠲᠤ ᠺᠣᠮᠫᠠᠨᠢ ᠵᠢᠨ 110 ᠺᠢᠯᠣᠸᠠᠲ᠎ᠤᠨ ᠴᠠᠬᠢᠯᠭ᠋ᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠎ᠤᠨ ᠴᠣᠬᠣᠯᠠᠪᠤᠷᠢ
ᠣᠷᠳᠣᠰ᠎ᠤᠨ ᠬᠢᠶ᠎ᠠ ᠪᠠᠭᠰᠢ ᠬᠣᠢ᠌ᠲᠤ ᠲᠣᠭᠣᠷᠢᠭ᠎ᠤᠨ 110 ᠺᠢᠯᠣᠸᠠᠲ᠎ᠤᠨ ᠬᠦᠴᠦᠳᠡᠯ ᠥᠭᠡᠷᠡᠴᠢᠯᠡᠬᠦ ᠥᠷᠲᠡᠭᠡ ᠵᠢᠨ ᠭᠣᠣᠯ ᠬᠤᠪᠢᠰᠤᠯᠲᠠ ᠵᠢᠨ ᠪᠠᠭᠲᠠᠭ᠋ᠠᠮᠵᠢ ᠵᠢ ᠨᠡᠮᠡᠭᠳᠡᠭᠦᠯᠬᠦ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠎ᠤᠨ ᠴᠣᠬᠣᠯᠠᠪᠤᠷᠢ
 
             蒙ICP备05000248号