ᠥᠪᠥᠷ ᠮᠣᠩᠭᠣᠯ᠎ᠤᠨ ᠵᠢᠨ ᠯᠢᠶᠠᠨ ᠬᠥᠩᠭᠡᠨᠴᠠᠭ᠋ᠠᠨ᠎ᠤ ᠮᠠᠲ᠋ᠧᠷᠢᠶᠠᠯ᠎ᠤᠨ ᠬᠢᠵᠠᠭ᠋ᠠᠷᠲᠤ ᠺᠣᠮᠫᠠᠨᠢ᠄
ᠲᠠᠨ᠎ᠤ ᠺᠣᠮᠫᠠᠨᠢ ᠵᠢᠨ ᠮᠡᠳᠡᠭᠦᠯᠦᠨ ᠬᠦᠷᠭᠡᠭᠰᠡᠨ 《ᠬᠣᠩ ᠵᠢᠨ᠎ᠤ ᠬᠦᠷᠭᠡᠵᠦ ᠭᠠᠷᠭ᠋ᠠᠬᠤ ᠵᠠᠮ ᠱᠤᠭᠤᠮ᠎ᠤᠨ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ》 (ᠳᠣᠷᠣᠭᠰᠢ 《ᠮᠡᠳᠡᠭᠦᠯᠦᠯᠲᠡ ᠵᠢᠨ ᠬᠦᠰᠦᠨᠦᠭᠲᠦ》 ᠭᠡᠵᠦ ᠲᠣᠪᠴᠢᠯᠠᠨ᠎ᠠ) ᠵᠢ ᠬᠤᠷᠢᠶᠠᠵᠤ ᠣᠢ᠌ᠯᠠᠭ᠋ᠠᠪᠠ᠃ ᠰᠤᠳᠤᠯᠬᠤ᠎ᠪᠠᠷ ᠳᠠᠮᠵᠢᠨ ᠳᠣᠣᠷᠠᠬᠢ ᠮᠡᠲᠦ ᠴᠣᠬᠣᠯᠠᠪᠤᠷᠢᠯᠠᠶ᠎ᠠ᠄
ᠨᠢᠭᠡ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠦᠨᠳᠦᠰᠦᠨ ᠪᠠᠶ᠋ᠢᠳᠠᠯ
220kV ᠴᠠᠬᠢᠯᠭ᠋ᠠᠨ ᠬᠦᠷᠭᠡᠬᠦ ᠱᠤᠭᠤᠮ᠎ᠢ ᠰᠢᠨ᠎ᠡ᠎ᠪᠠᠷ ᠪᠠᠢ᠌ᠭᠤᠯᠵᠤ᠂ ᠬᠣᠨᠳᠣ ᠨᠠᠭᠤᠷ᠎ᠤᠨ 220kV ᠬᠦᠴᠦᠳᠡᠯ ᠳᠡᠭᠡᠭᠰᠢᠯᠡᠭᠦᠯᠬᠦ ᠥᠷᠲᠡᠭᠡ᠎ᠠᠴᠠ ᠡᠬᠢᠯᠡᠵᠦ᠂ ᠵᠢᠨ ᠯᠢᠦᠢ ᠵᠢᠨ ᠬᠥᠩᠭᠡᠨᠴᠠᠭ᠋ᠠᠨ᠎ᠤ 220kV ᠬᠦᠴᠦᠳᠡᠯ ᠥᠭᠡᠷᠡᠴᠢᠯᠡᠬᠦ ᠥᠷᠲᠡᠭᠡ᠎ᠳᠤ ᠬᠦᠷᠭᠡᠨ᠎ᠡ᠃ ᠵᠠᠮ ᠱᠤᠭᠤᠮ᠎ᠤᠨ ᠪᠥᠬᠥ ᠣᠷᠳᠣᠨ᠎ᠢ 31.9 km᠂ ᠲᠠᠩ ᠪᠢᠲᠡᠭᠦᠦ ᠬᠡᠯᠬᠢᠶ᠎ᠡ ᠵᠢ ᠲᠠᠲᠠᠵᠤ᠂ ᠡᠭᠦᠨ᠎ᠳᠤ ᠪᠠᠢ᠌ᠭᠤᠯᠵᠤ ᠪᠠᠢ᠌ᠭ᠎ᠠ 220kV ᠰᠢᠷ᠎ᠠ ᠱᠤᠭᠤᠮ (ᠢᠵᠢᠯ ᠱᠣᠩ ᠰᠤᠪᠤᠷᠭ᠎ᠠ ᠵᠢᠨ ᠬᠣᠣᠰ ᠪᠢᠲᠡᠭᠦᠦ ᠬᠡᠯᠬᠢᠶ᠎ᠡ ᠵᠢᠨ ᠱᠤᠭᠤᠮ)᠎ᠢ ᠠᠰᠢᠭᠯᠠᠨ ᠥᠷᠥᠭᠡᠰᠦᠨ ᠲᠠᠯ᠎ᠠ᠎ᠪᠠᠷ ᠶᠠᠪᠤᠬᠤ ᠱᠤᠭᠤᠮ᠎ᠨᠢ ᠪᠠᠷᠤᠭ 11.1 km᠂ ᠰᠢᠨ᠎ᠡ᠎ᠪᠠᠷ ᠪᠠᠢ᠌ᠭᠤᠯᠤᠭᠰᠠᠨ ᠲᠠᠩ ᠪᠢᠲᠡᠭᠦᠦ ᠬᠡᠯᠬᠢᠶ᠎ᠡ ᠵᠢᠨ ᠣᠷᠳᠣᠨ᠎ᠢ 20.8 km ᠪᠠᠢ᠌ᠵᠤ᠂ ᠨᠠᠢ᠌ᠳᠠ 55 ᠰᠠᠭᠤᠷᠢ ᠱᠣᠩ ᠰᠤᠪᠤᠷᠭ᠎ᠠ ᠵᠢᠨ ᠰᠠᠭᠤᠷᠢ ᠵᠢ ᠪᠠᠢ᠌ᠷᠢᠯᠠᠭᠤᠯᠵᠠᠢ᠃
ᠲᠣᠰ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠭᠠᠵᠠᠷ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠦᠩᠯᠢᠶᠣᠣ ᠬᠣᠲᠠ ᠵᠢᠨ ᠬᠣᠥᠯᠢᠨ ᠭᠣᠣᠯ ᠬᠣᠲᠠ ᠵᠢᠨ ᠬᠢᠵᠠᠭ᠋ᠠᠷᠲᠤ ᠪᠤᠢ᠃
ᠬᠣᠶᠠᠷ᠂ ᠶᠡᠷᠦᠩᠬᠡᠢ ᠰᠠᠨᠠᠯ
ᠲᠣᠰ ᠲᠥᠷᠥᠯ ᠵᠦᠢ᠍ᠯ᠎ᠳᠤ 《ᠮᠡᠳᠡᠭᠦᠯᠦᠯᠲᠡ ᠵᠢᠨ ᠬᠦᠰᠦᠨᠦᠭᠲᠦ》᠎ᠳᠤ ᠳᠤᠷᠠᠳᠤᠭᠰᠠᠨ ᠡᠯ᠎ᠡ ᠵᠦᠢ᠍ᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠤᠭᠰᠠᠨ᠎ᠤ ᠳᠠᠷᠠᠭ᠎ᠠ᠂ ᠣᠷᠴᠢᠨ ᠲᠣᠭᠣᠷᠢᠨ᠎ᠳᠤ ᠦᠵᠡᠭᠦᠯᠬᠦ ᠠᠰᠢᠭ ᠦᠭᠡᠢ ᠨᠥᠯᠥᠭᠡ ᠪᠠ ᠣᠷᠣᠰᠢᠵᠤ ᠮᠡᠳᠡᠬᠦ ᠣᠷᠴᠢᠨ ᠲᠣᠭᠣᠷᠢᠨ᠎ᠤ ᠲᠦᠭᠰᠢᠭᠦᠷᠢ ᠵᠢ ᠡᠵᠡᠮᠳᠡᠵᠦ ᠪᠣᠯᠬᠤ ᠬᠡᠪᠴᠢᠶᠡᠨ᠎ᠳᠤ ᠪᠠᠢ᠌ᠯᠭ᠋ᠠᠨ᠎ᠠ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠠᠯ᠎ᠠ᠎ᠠᠴᠠ ᠵᠠᠳᠠᠯᠪᠠᠯ᠂ ᠮᠠᠨ᠎ᠤ ᠲᠢᠩᠬᠢᠮ ᠲᠣᠰ ᠲᠥᠷᠥᠯ ᠵᠦᠢ᠍ᠯ᠎ᠢ 《ᠮᠡᠳᠡᠭᠦᠯᠦᠯᠲᠡ ᠵᠢᠨ ᠬᠦᠰᠦᠨᠦᠭᠲᠦ》᠎ᠳᠤ ᠵᠢᠭᠰᠠᠭ᠋ᠠᠭᠰᠠᠨ ᠰᠢᠨᠵᠢ ᠴᠢᠨᠠᠷ᠂ ᠬᠡᠪᠴᠢᠶ᠎ᠡ᠂ ᠭᠠᠵᠠᠷ ᠣᠷᠣᠨ ᠪᠠ ᠠᠪᠬᠤ᠎ᠪᠠᠷ ᠪᠠᠢ᠌ᠭ᠎ᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢᠨ ᠶᠣᠰᠣᠭ᠋ᠠᠷ ᠪᠦᠲᠦᠭᠡᠨ ᠪᠠᠢ᠌ᠭᠤᠯᠬᠤ ᠵᠢ ᠵᠠᠷᠴᠢᠮ ᠳᠡᠭᠡᠷ᠎ᠡ᠎ᠪᠠᠨ ᠵᠥᠪᠰᠢᠶᠡᠷᠡᠪᠡ᠃
ᠭᠤᠷᠪᠠ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠴᠢ ᠠᠵᠢᠯᠯᠠᠭ᠋ᠠᠨ᠎ᠤ ᠬᠤᠭᠤᠴᠠᠭ᠋ᠠᠨ᠎ᠳᠤ ᠰᠠᠶ᠋ᠢᠲᠤᠷ ᠬᠢᠪᠡᠰᠦ ᠵᠣᠬᠢᠬᠤ ᠠᠵᠢᠯ
(ᠨᠢᠭᠡ) ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠎ᠠ᠂ ᠡᠵᠡᠩᠨᠡᠯᠲᠡ ᠵᠢᠨ ᠬᠤᠭᠤᠴᠠᠭ᠋ᠠᠨ᠎ᠳᠠᠬᠢ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠵᠤ᠂ ᠠᠮᠢ ᠠᠬᠤᠢ ᠵᠢ ᠬᠠᠮᠠᠭ᠋ᠠᠯᠠᠬᠤ ᠪᠠ ᠰᠡᠷᠭᠦᠭᠡᠬᠦ ᠠᠵᠢᠯ᠎ᠢ ᠰᠠᠶ᠋ᠢᠲᠤᠷ ᠬᠢᠨ᠎ᠡ᠃ ᠪᠠᠷᠢᠯᠭ᠎ᠠ ᠪᠠᠷᠢᠬᠤ ᠬᠤᠭᠤᠴᠠᠭ᠋ᠠᠨ᠎ᠳᠤ ᠪᠠᠷᠢᠯᠭ᠎ᠠ ᠪᠠᠷᠢᠬᠤ ᠠᠵᠢᠯᠯᠠᠭ᠎ᠠ ᠵᠢᠨ ᠬᠡᠪᠴᠢᠶ᠎ᠡ ᠵᠢ ᠴᠢᠩᠭ᠎ᠠ ᠬᠢᠵᠠᠭ᠋ᠠᠷᠯᠠᠵᠤ᠂ ᠵᠦᠢ ᠵᠣᠬᠢᠰᠲᠠᠢ ᠪᠠᠢ᠌ᠷᠢᠯᠠᠭᠤᠯᠤᠨ᠂ ᠭᠠᠵᠠᠷ ᠰᠢᠷᠣᠢ ᠵᠢ ᠡᠵᠡᠯᠡᠨ ᠬᠡᠷᠡᠭᠯᠡᠬᠦ ᠪᠠ ᠤᠷᠭᠤᠮᠠᠯ᠎ᠤᠨ ᠬᠤᠴᠢᠯᠭ᠎ᠠ ᠵᠢ ᠡᠪᠳᠡᠬᠦ ᠵᠢ ᠠᠯᠢ ᠴᠢᠳᠠᠬᠤ᠎ᠪᠠᠷ ᠪᠠᠭ᠋ᠠᠰᠬᠠᠬᠤ ᠬᠡᠷᠡᠭᠲᠡᠶ᠃
(ᠬᠣᠶᠠᠷ) 《ᠮᠡᠳᠡᠭᠦᠯᠦᠯᠲᠡ ᠵᠢᠨ ᠬᠦᠰᠦᠨᠦᠭᠲᠦ》᠎ᠳᠤ ᠳᠤᠷᠠᠳᠤᠭᠰᠠᠨ ᠠᠵᠢᠯ ᠦᠢ᠍ᠯᠡᠳᠪᠦᠷᠢ ᠵᠢᠨ ᠳᠠᠪᠲᠠᠮᠵᠢ ᠵᠢᠨ ᠴᠠᠬᠢᠯᠭ᠋ᠠᠨ ᠣᠷᠣᠨ᠂ ᠠᠵᠤ ᠦᠢ᠍ᠯᠡᠳᠪᠦᠷᠢ ᠵᠢᠨ ᠳᠠᠪᠲᠠᠮᠵᠢ ᠵᠢᠨ ᠰᠣᠷᠢᠨᠵᠢᠨ ᠣᠷᠣᠨ᠎ᠤ ᠡᠷᠬᠢᠨ ᠲᠣᠭᠣᠷᠢᠨ᠎ᠤ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡᠯᠡᠯ᠎ᠢ ᠡᠵᠡᠮᠳᠡᠬᠦ ᠪᠠ ᠰᠠᠢ᠌ᠵᠢᠷᠠᠭᠤᠯᠬᠤ ᠠᠷᠭ᠎ᠠ ᠬᠡᠮᠵᠢᠶ᠎ᠡ ᠪᠠ ᠠᠷᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠬᠢᠨᠠᠨ ᠬᠡᠮᠵᠢᠭᠰᠡᠨ ᠬᠡᠮᠵᠢᠭᠳᠡᠯ᠎ᠨᠢ 《ᠴᠠᠬᠢᠯᠭ᠋ᠠᠨ ᠰᠣᠷᠢᠨᠵᠢᠨ᠎ᠤ ᠣᠷᠴᠢᠨ ᠲᠣᠭᠣᠷᠢᠨ᠎ᠢ ᠡᠵᠡᠮᠳᠡᠬᠦ ᠬᠢᠵᠠᠭ᠋ᠠᠷ ᠬᠡᠮᠵᠢᠭᠳᠡᠯ》 (GB8702 — 2014)᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠶ᠋ᠢᠬᠤ ᠬᠡᠷᠡᠭᠲᠡᠶ᠃
(ᠭᠤᠷᠪᠠ) ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠎ᠠ ᠵᠢᠴᠢ ᠠᠵᠢᠯᠯᠠᠭ᠋ᠠᠨ᠎ᠤ ᠬᠤᠭᠤᠴᠠᠭ᠋ᠠᠨ᠎ᠳᠠᠬᠢ ᠱᠤᠤᠭᠢᠶᠠᠨ᠎ᠤ ᠬᠡᠮᠵᠢᠭᠳᠡᠯ ᠵᠢᠴᠢ ᠱᠤᠤᠭᠢᠶᠠᠨ᠎ᠢ ᠰᠡᠷᠭᠡᠢ᠌ᠯᠡᠬᠦ ᠠᠷᠭ᠎ᠠ ᠬᠡᠮᠵᠢᠶ᠎ᠡ᠎ᠨᠢ 《ᠮᠡᠳᠡᠭᠦᠯᠦᠯᠲᠡ ᠵᠢᠨ ᠬᠦᠰᠦᠨᠦᠭᠲᠦ》᠎ᠳᠤ ᠳᠤᠷᠠᠳᠤᠭᠰᠠᠨ ᠱᠠᠭ᠋ᠠᠷᠳᠠᠯᠭ᠎ᠠ ᠵᠢ ᠬᠠᠩᠭ᠋ᠠᠵᠤ᠂ ᠬᠢᠨᠠᠨ ᠬᠡᠮᠵᠢᠭᠰᠡᠨ ᠬᠡᠮᠵᠢᠭᠳᠡᠯ᠎ᠨᠢ ᠤᠯᠤᠰ᠎ᠤᠨ ᠦᠨᠡᠯᠡᠬᠦ ᠪᠠᠷᠢᠮᠵᠢᠶ᠎ᠠ ᠵᠢᠨ ᠬᠢᠵᠠᠭ᠋ᠠᠷ ᠬᠡᠮᠵᠢᠭᠳᠡᠯ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠶ᠋ᠢᠬᠤ ᠬᠡᠷᠡᠭᠲᠡᠶ᠃
(ᠳᠥᠷᠪᠡ) ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢ ᠵᠥᠪᠰᠢᠶᠡᠷᠡᠭᠦᠯᠦᠭᠰᠡᠨ᠎ᠤ ᠳᠠᠷᠠᠭ᠎ᠠ᠂ ᠲᠥᠷᠥᠯ ᠵᠦᠢ᠍ᠯ᠎ᠤᠨ ᠰᠢᠨᠵᠢ ᠴᠢᠨᠠᠷ᠂ ᠬᠡᠪᠴᠢᠶ᠎ᠡ᠂ ᠭᠠᠵᠠᠷ ᠣᠷᠣᠨ ᠪᠤᠶᠤ ᠠᠮᠢ ᠠᠬᠤᠢ ᠵᠢᠨ ᠬᠠᠮᠠᠭ᠋ᠠᠯᠠᠯᠲᠠ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠠᠷᠭ᠎ᠠ ᠬᠡᠮᠵᠢᠶ᠎ᠡ᠎ᠳᠤ ᠴᠢᠬᠤᠯᠠ ᠶᠡᠬᠡ ᠬᠤᠪᠢᠷᠠᠯᠲᠠ ᠭᠠᠷᠪᠠᠯ᠂ ᠱᠠᠭ᠋ᠠᠷᠳᠠᠯᠭ᠎ᠠ ᠶᠣᠰᠣᠭ᠋ᠠᠷ ᠳᠠᠬᠢᠵᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃
ᠳᠥᠷᠪᠡ᠂ ᠪᠦᠲᠦᠭᠡᠨ ᠪᠠᠢ᠌ᠭᠤᠯᠬᠤ ᠨᠢᠭᠡᠴᠢ ᠲᠣᠭᠲᠠᠭᠰᠠᠨ ᠲᠠᠰ ᠳᠠᠷᠠᠭ᠋ᠠᠯᠠᠯ ᠵᠶ᠋ᠠᠷ ᠪᠠᠷᠢᠯᠭ᠎ᠠ ᠳᠠᠭᠤᠰᠤᠭᠰᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠯᠭ᠋ᠠᠨ ᠬᠤᠷᠢᠶᠠᠬᠤ ᠵᠢ ᠪᠡᠶᠡᠯᠡᠭᠦᠯᠦᠭᠰᠡᠨ᠎ᠤ ᠳᠠᠷᠠᠭ᠎ᠠ᠂ ᠲᠥᠷᠥᠯ ᠵᠦᠢ᠍ᠯ᠎ᠢ ᠰᠠᠶᠢ ᠵᠢᠩᠬᠢᠨᠢ᠎ᠪᠠᠷ ᠠᠰᠢᠭᠯᠠᠯᠲᠠ᠎ᠳᠤ ᠣᠷᠣᠭᠤᠯᠵᠤ ᠪᠣᠯᠣᠨ᠎ᠠ᠃
ᠲᠠᠪᠤ᠂ ᠮᠠᠨ᠎ᠤ ᠲᠢᠩᠬᠢᠮ᠎ᠠᠴᠠ ᠲᠦᠩᠯᠢᠶᠣᠣ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠳᠤ ᠨᠠᠶ᠋ᠢᠳᠠᠵᠤ ᠲᠣᠰ ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠋ᠠᠨ᠎ᠤ ᠬᠢᠨᠠᠯᠲᠠ ᠪᠠᠢ᠌ᠴᠠᠭ᠋ᠠᠯᠲᠠ ᠵᠢᠨ ᠠᠵᠢᠯ᠎ᠢ ᠬᠠᠷᠢᠭᠤᠴᠠᠭᠤᠯᠤᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠠᠮᠢ ᠠᠬᠤᠢ ᠣᠷᠴᠢᠨ ᠲᠣᠭᠣᠷᠢᠨ᠎ᠤ ᠲᠢᠩᠬᠢᠮ
2023 ᠣᠨ᠎ᠤ 10 ᠰᠠᠷ᠎ᠠ ᠵᠢᠨ 10᠎ᠤ ᠡᠳᠦᠷ