ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠢᠲᠡᠭᠡᠮᠵᠢ ᠵᠢᠨ ᠳᠦᠷᠢᠮ
ᠨᠡᠶ᠋ᠢᠲᠡᠯᠡᠭᠰᠡᠨ ᠴᠠᠭ᠄ 2024-10-16

      (2024 ᠣᠨ᠎ᠤ 7 ᠰᠠᠷ᠎ᠠ ᠵᠢᠨ 25᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠷᠪᠠᠨ ᠨᠢᠭᠡᠳᠦᠭᠡᠷ ᠤᠳᠠᠭ᠋ᠠᠨ᠎ᠤ ᠬᠤᠷᠠᠯ᠎ᠠᠴᠠ ᠪᠠᠲᠤᠯᠠᠪᠠ)
      ᠨᠢᠭᠡᠳᠦᠭᠡᠷ ᠪᠦᠯᠦᠭ    ᠶᠡᠷᠦᠩᠬᠡᠢ ᠳᠦᠷᠢᠮ
      ᠨᠢᠭᠡᠳᠦᠭᠡᠷ ᠵᠦᠢ᠍ᠯ ᠨᠡᠢ᠌ᠭᠡᠮ᠎ᠤᠨ ᠦᠨᠡᠨᠴᠢ ᠢᠲᠡᠭᠡᠮᠵᠢ ᠵᠢᠨ ᠤᠬᠠᠮᠰᠠᠷ ᠪᠠ ᠢᠲᠡᠭᠡᠮᠵᠢ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠨᠡᠢ᠌ᠭᠡᠮ᠎ᠤᠨ ᠢᠲᠡᠭᠡᠮᠵᠢ ᠵᠢᠨ ᠰᠢᠰᠲ᠋ᠧᠮᠵᠢ ᠵᠢᠨ ᠪᠠᠢ᠌ᠭᠤᠯᠤᠯᠲᠠ ᠵᠢ ᠠᠬᠢᠭᠤᠯᠬᠤ ᠪᠠ ᠵᠢᠷᠤᠮᠵᠢᠭᠤᠯᠵᠤ᠂ ᠨᠡᠢ᠌ᠭᠡᠮ᠎ᠤᠨ ᠢᠲᠡᠭᠡᠮᠵᠢ ᠵᠢᠨ ᠭᠣᠣᠯ ᠴᠣᠭᠴᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠵᠦ᠂ ᠨᠡᠢ᠌ᠭᠡᠮ ᠵᠢᠷᠤᠮ᠎ᠤᠨ ᠭᠣᠣᠯᠯᠠᠬᠤ ᠥᠷᠲᠡᠭ᠎ᠤᠨ ᠦᠵᠡᠯᠲᠡ ᠵᠢ ᠪᠠᠳᠠᠷᠠᠭᠤᠯᠬᠤ ᠵᠢᠨ ᠲᠤᠰᠠᠳᠠ᠂ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠣᠰ ᠳᠦᠷᠢᠮ᠎ᠢ ᠲᠣᠭᠲᠠᠭ᠋ᠠᠪᠠ᠃
      ᠬᠣᠶᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷ᠎ᠠ ᠨᠡᠢ᠌ᠭᠡᠮ᠎ᠤᠨ ᠢᠲᠡᠭᠡᠮᠵᠢ ᠵᠢᠨ ᠰᠢᠰᠲ᠋ᠧᠮᠵᠢ ᠵᠢᠨ ᠪᠠᠢ᠌ᠭᠤᠯᠤᠯᠲᠠ ᠵᠢ ᠥᠷᠨᠢᠭᠦᠯᠵᠦ᠂ ᠨᠡᠢ᠌ᠭᠡᠮ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ᠂ ᠢᠲᠡᠭᠡᠮᠵᠢ᠎ᠲᠠᠢ ᠪᠠᠶ᠋ᠢᠬᠤ ᠵᠢ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ᠎ᠢ ᠵᠠᠯᠬᠠᠭ᠋ᠠᠨ ᠴᠡᠭᠡᠷᠯᠡᠭᠦᠯᠬᠦ᠂ ᠢᠲᠡᠭᠡᠮᠵᠢ ᠵᠢᠨ ᠭᠣᠣᠯ ᠴᠣᠭᠴᠠ ᠵᠢᠨ ᠡᠷᠬᠡ ᠠᠰᠢᠭ᠎ᠢ ᠬᠠᠮᠠᠭ᠋ᠠᠯᠠᠬᠤ᠂ ᠢᠲᠡᠭᠡᠮᠵᠢ ᠵᠢᠨ ᠦᠢ᠍ᠯᠡᠴᠢᠯᠡᠭᠡᠨ᠎ᠤ ᠠᠵᠢᠯ ᠲᠥᠷᠥᠯ᠎ᠢ ᠵᠢᠷᠤᠮᠵᠢᠭᠤᠯᠬᠤ ᠪᠠ ᠬᠥᠭᠵᠢᠭᠦᠯᠬᠦ ᠵᠡᠷᠭᠡ ᠠᠵᠢᠯᠯᠠᠭ᠎ᠠ ᠵᠢ ᠡᠷᠭᠢᠯᠡᠬᠦ᠎ᠳᠤ ᠲᠣᠰ ᠳᠦᠷᠢᠮ ᠲᠣᠬᠢᠷᠠᠨ᠎ᠠ᠃
      ᠭᠤᠷᠪᠠᠳᠤᠭ᠋ᠠᠷ ᠵᠦᠢ᠍ᠯ ᠲᠤᠰ ᠳᠦᠷᠢᠮ᠎ᠳᠤ ᠬᠡᠯᠡᠵᠦ ᠪᠠᠢ᠌ᠭ᠎ᠠ ᠨᠡᠢ᠌ᠭᠡᠮ᠎ᠤᠨ ᠢᠲᠡᠭᠡᠮᠵᠢ ᠭᠡᠳᠡᠭ᠎ᠨᠢ ᠢᠷᠭᠡᠨ᠎ᠤ ᠬᠡᠷᠡᠭ᠎ᠤᠨ ᠠᠵᠢᠯᠯᠠᠭ᠎ᠠ ᠵᠢᠨ ᠪᠦᠷᠢᠨ ᠴᠢᠳᠠᠪᠤᠷᠢ᠎ᠲᠠᠢ ᠪᠠᠶ᠋ᠢᠭ᠋ᠠᠯᠢ ᠬᠥᠮᠥᠨ᠂ ᠬᠠᠤᠯᠢ ᠵᠢᠨ ᠡᠷᠬᠡᠲᠡᠨ ᠪᠠ ᠬᠠᠤᠯᠢ ᠵᠢᠨ ᠡᠷᠬᠡᠲᠡᠨ ᠪᠤᠰᠤ ᠵᠣᠬᠢᠶᠠᠨ ᠪᠠᠢ᠌ᠭᠤᠯᠤᠯᠲᠠ ᠵᠡᠷᠭᠡ ᠢᠲᠡᠭᠡᠮᠵᠢ ᠵᠢᠨ ᠭᠣᠣᠯ ᠴᠣᠭᠴᠠ ᠵᠢᠨ ᠬᠠᠤᠯᠢ᠎ᠳᠤ ᠲᠣᠭᠲᠠᠭ᠋ᠠᠭᠰᠠᠨ ᠡᠭᠦᠷᠭᠡ ᠵᠢ ᠵᠢᠷᠤᠮᠯᠠᠵᠤ᠂ ᠬᠠᠤᠯᠢ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠪᠤᠶᠤ ᠪᠣᠯᠵᠣᠨ ᠲᠣᠭᠲᠠᠭᠰᠠᠨ ᠡᠭᠦᠷᠭᠡ᠎ᠪᠠᠨ ᠭᠦᠢ᠍ᠴᠡᠳᠬᠡᠬᠦ ᠪᠠᠶ᠋ᠢᠳᠠᠯ᠎ᠢ ᠵᠢᠭ᠋ᠠᠵᠤ ᠪᠠᠢ᠌ᠨ᠎ᠠ᠃
      ᠲᠣᠰ ᠳᠦᠷᠢᠮ᠎ᠳᠤ ᠬᠡᠯᠡᠵᠦ ᠪᠠᠢ᠌ᠭ᠎ᠠ ᠨᠡᠢ᠌ᠭᠡᠮ᠎ᠤᠨ ᠢᠲᠡᠭᠡᠮᠵᠢ ᠵᠢᠨ ᠮᠡᠳᠡᠭᠡ ᠵᠠᠩᠭᠢ ᠭᠡᠳᠡᠭ᠎ᠨᠢ ᠢᠲᠡᠭᠡᠮᠵᠢ ᠵᠢᠨ ᠭᠣᠣᠯ ᠴᠣᠭᠴᠠ ᠵᠢᠨ ᠨᠡᠢ᠌ᠭᠡᠮ᠎ᠤᠨ ᠢᠲᠡᠭᠡᠮᠵᠢ ᠵᠢᠨ ᠪᠠᠶ᠋ᠢᠳᠠᠯ᠎ᠢ ᠢᠯᠭ᠋ᠠᠨ ᠲᠠᠨᠢᠬᠤ᠂ ᠵᠠᠳᠠᠯᠬᠤ᠂ ᠮᠠᠭ᠋ᠠᠳᠯᠠᠬᠤ᠎ᠳᠤ ᠬᠡᠷᠡᠭᠯᠡᠵᠦ ᠪᠣᠯᠬᠤ ᠪᠤᠰᠤᠳᠴᠢ ᠲᠣᠭ᠎ᠠ ᠪᠠᠷᠢᠮᠲᠠ ᠪᠠ ᠮᠠᠲ᠋ᠧᠷᠢᠶᠠᠯ᠎ᠢ ᠵᠢᠭ᠋ᠠᠵᠤ ᠪᠤᠢ᠂ ᠡᠭᠦᠨ᠎ᠳᠤ ᠤᠯᠠᠨ ᠨᠠᠢ᠌ᠳᠠ ᠵᠢᠨ ᠢᠲᠡᠭᠡᠮᠵᠢ ᠵᠢᠨ ᠮᠡᠳᠡᠭᠡ ᠵᠠᠩᠭᠢ ᠪᠠ ᠤᠯᠠᠨ ᠨᠠᠢ᠌ᠳᠠ ᠵᠢᠨ ᠪᠤᠰᠤ ᠢᠲᠡᠭᠡᠮᠵᠢ ᠵᠢᠨ ᠮᠡᠳᠡᠭᠡ ᠵᠠᠩᠭᠢ ᠪᠠᠭᠲᠠᠨ᠎ᠠ᠃
      ᠲᠣᠰ ᠳᠦᠷᠢᠮ᠎ᠳᠤ ᠬᠡᠯᠡᠵᠦ ᠪᠠᠢ᠌ᠭ᠎ᠠ ᠤᠯᠠᠨ ᠨᠠᠢ᠌ᠳᠠ ᠵᠢᠨ ᠢᠲᠡᠭᠡᠮᠵᠢ ᠵᠢᠨ ᠮᠡᠳᠡᠭᠡ ᠵᠠᠩᠭᠢ ᠭᠡᠳᠡᠭ᠎ᠨᠢ ᠲᠥᠷᠥ ᠵᠢᠨ ᠪᠠᠢ᠌ᠭᠤᠯᠭ᠎ᠠ ᠵᠢᠴᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠠᠴᠠ ᠡᠷᠬᠡ ᠣᠯᠭᠣᠭᠰᠠᠨ ᠤᠯᠠᠨ ᠨᠠᠢ᠌ᠳᠠ ᠵᠢᠨ ᠬᠡᠷᠡᠭ ᠶᠠᠪᠤᠳᠠᠯ᠎ᠢ ᠬᠠᠮᠢᠶᠠᠷᠬᠤ ᠡᠭᠦᠷᠭᠡ ᠴᠢᠳᠠᠪᠤᠷᠢ᠎ᠲᠠᠢ ᠵᠣᠬᠢᠶᠠᠨ ᠪᠠᠢ᠌ᠭᠤᠯᠤᠯᠲᠠ ᠵᠢᠨ ᠬᠠᠤᠯᠢ ᠶᠣᠰᠣᠭ᠋ᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠤᠯᠠᠨ ᠨᠠᠢ᠌ᠳᠠ ᠵᠢᠨ ᠦᠢ᠍ᠯᠡᠴᠢᠯᠡᠭᠡ ᠬᠠᠩᠭ᠋ᠠᠬᠤ ᠶᠠᠪᠤᠴᠠ᠎ᠳᠤ ᠪᠤᠢ ᠪᠣᠯᠤᠭᠰᠠᠨ ᠪᠤᠶᠤ ᠣᠯᠣᠭᠰᠠᠨ ᠢᠲᠡᠭᠡᠮᠵᠢ ᠵᠢᠨ ᠭᠣᠣᠯ ᠴᠣᠭᠴᠠ ᠵᠢᠨ ᠨᠡᠢ᠌ᠭᠡᠮ᠎ᠤᠨ ᠢᠲᠡᠭᠡᠮᠵᠢ ᠵᠢᠨ ᠪᠠᠶ᠋ᠢᠳᠠᠯ᠎ᠢ ᠢᠯᠭ᠋ᠠᠨ ᠲᠠᠨᠢᠬᠤ᠂ ᠵᠠᠳᠠᠯᠬᠤ᠂ ᠮᠠᠭ᠋ᠠᠳᠯᠠᠵᠤ ᠪᠣᠯᠬᠤ ᠪᠤᠰᠤᠳᠴᠢ ᠲᠣᠭ᠎ᠠ ᠪᠠᠷᠢᠮᠲᠠ ᠪᠠ ᠮᠠᠲ᠋ᠧᠷᠢᠶᠠᠯ᠎ᠢ ᠵᠢᠭ᠋ᠠᠵᠤ ᠪᠤᠢ᠃
      ᠲᠣᠰ ᠳᠦᠷᠢᠮ᠎ᠳᠤ ᠬᠡᠯᠡᠵᠦ ᠪᠠᠢ᠌ᠭ᠎ᠠ ᠤᠯᠠᠨ ᠨᠠᠢ᠌ᠳᠠ ᠵᠢᠨ ᠪᠤᠰᠤ ᠢᠲᠡᠭᠡᠮᠵᠢ ᠵᠢᠨ ᠮᠡᠳᠡᠭᠡ ᠵᠠᠩᠭᠢ ᠭᠡᠳᠡᠭ᠎ᠨᠢ ᠢᠲᠡᠭᠡᠮᠵᠢ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ᠂ ᠠᠵᠢᠯ ᠲᠥᠷᠥᠯ᠎ᠤᠨ ᠨᠡᠢ᠌ᠭᠡᠮᠯᠢᠭ ᠬᠤᠳᠠᠯᠳᠤᠭ᠋ᠠᠨ᠎ᠤ ᠡᠪᠯᠡᠯ ᠵᠢᠴᠢ ᠪᠤᠰᠤᠳ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠪᠠ ᠵᠣᠬᠢᠶᠠᠨ ᠪᠠᠢ᠌ᠭᠤᠯᠤᠯᠲᠠ᠂ ᠪᠠᠶ᠋ᠢᠭ᠋ᠠᠯᠢ ᠬᠥᠮᠥᠨ᠎ᠤ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ ᠵᠢᠨ ᠳᠤᠮᠳᠠ ᠪᠤᠢ ᠪᠣᠯᠤᠭᠰᠠᠨ ᠪᠤᠶᠤ ᠣᠯᠣᠭᠰᠠᠨ ᠢᠲᠡᠭᠡᠮᠵᠢ ᠵᠢᠨ ᠮᠡᠳᠡᠭᠡ ᠵᠠᠩᠭᠢ ᠵᠢᠴᠢ ᠢᠯᠡᠷᠬᠡᠢ᠌ᠯᠡᠬᠦ᠂ ᠥᠪᠡᠰᠦᠪᠡᠨ ᠮᠡᠳᠡᠭᠦᠯᠬᠦ᠂ ᠠᠮᠠᠯᠠᠬᠤ ᠵᠡᠷᠭᠡ ᠬᠡᠯᠪᠡᠷᠢ᠎ᠪᠠᠷ ᠬᠠᠩᠭ᠋ᠠᠭᠰᠠᠨ ᠲᠣᠰ ᠪᠡᠶ᠎ᠡ ᠵᠢᠨ ᠮᠡᠳᠡᠭᠡ ᠵᠠᠩᠭᠢ ᠵᠢ ᠵᠢᠭ᠋ᠠᠵᠤ ᠪᠤᠢ᠃
      ᠳᠥᠷᠪᠡᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠵᠶ᠋ᠡᠨ ᠪᠣᠯᠭ᠋ᠠᠵᠤ᠂ ᠴᠢᠨᠠᠷ ᠰᠠᠢ᠌ᠲᠠᠢ ᠬᠥᠭᠵᠢᠯᠲᠡ᠎ᠳᠤ ᠦᠢ᠍ᠯᠡᠴᠢᠯᠡᠬᠦ ᠵᠢ ᠪᠠᠲᠤᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠬᠠᠤᠯᠢ ᠶᠣᠰᠣᠭ᠋ᠠᠷ ᠬᠡᠷᠡᠭᠵᠢᠭᠦᠯᠬᠦ᠂ ᠵᠠᠰᠠᠭ᠎ᠤᠨ ᠣᠷᠳᠣᠨ᠎ᠠᠴᠠ ᠠᠬᠢᠭᠤᠯᠬᠤ᠂ ᠨᠡᠢ᠌ᠭᠡᠮ᠎ᠠᠴᠠ ᠬᠠᠮᠲᠤᠪᠠᠷ ᠪᠠᠢ᠌ᠭᠤᠯᠬᠤ᠂ ᠡᠷᠬᠡ ᠠᠰᠢᠭ᠎ᠢ ᠬᠠᠮᠠᠭ᠋ᠠᠯᠠᠬᠤ᠂ ᠮᠡᠳᠡᠭᠡ ᠵᠠᠩᠭᠢ ᠵᠢ ᠬᠠᠮᠲᠤᠪᠠᠷ ᠡᠳ᠋ᠯᠡᠬᠦ᠂ ᠱᠠᠩᠨᠠᠵᠤ ᠲᠣᠷᠭ᠋ᠠᠬᠤ ᠵᠢ ᠤᠶᠠᠯᠳᠤᠭᠤᠯᠬᠤ ᠵᠠᠷᠴᠢᠮ᠎ᠢ ᠵᠢᠷᠤᠮᠯᠠᠬᠤ ᠬᠡᠷᠡᠭᠲᠡᠢ᠃
      ᠲᠠᠪᠤᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠨᠡᠢ᠌ᠭᠡᠮ᠎ᠤᠨ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ ᠲᠡᠭᠦᠨ᠎ᠢ ᠤᠯᠤᠰ ᠠᠷᠠᠳ᠎ᠤᠨ ᠠᠵᠤ ᠠᠬᠤᠢ ᠪᠣᠯᠣᠨ ᠨᠡᠢ᠌ᠭᠡᠮ᠎ᠤᠨ ᠬᠥᠭᠵᠢᠯᠲᠡ ᠵᠢᠨ ᠲᠥᠯᠦᠪᠵᠢᠭᠦᠯᠭᠡ ᠵᠢᠴᠢ ᠵᠠᠰᠠᠭ᠎ᠤᠨ ᠣᠷᠳᠣᠨ᠎ᠤ ᠬᠠᠷᠢᠭᠤᠴᠠᠯᠭ᠎ᠠ ᠵᠢᠨ ᠬᠠᠷᠠᠯᠲᠠ ᠵᠢᠨ ᠬᠢᠨᠠᠨ ᠰᠢᠯᠭ᠋ᠠᠬᠤ ᠰᠢᠰᠲ᠋ᠧᠮ᠎ᠳᠤ ᠣᠷᠣᠭᠤᠯᠵᠤ᠂ ᠬᠡᠷᠡᠭ ᠵᠥᠪᠯᠡᠵᠦ ᠵᠣᠬᠢᠴᠠᠭᠤᠯᠬᠤ ᠲᠣᠭᠲᠠᠴᠠ ᠵᠢ ᠪᠠᠢ᠌ᠭᠤᠯᠤᠨ᠂ ᠠᠵᠢᠯ᠎ᠤᠨ ᠬᠦᠴᠦᠨ᠎ᠢ ᠪᠠᠲᠤᠯᠠᠵᠤ᠂ ᠬᠡᠷᠡᠭᠰᠡᠬᠦ ᠵᠠᠷᠤᠳᠠᠯ᠎ᠢ ᠲᠤᠰ ᠱᠠᠲᠤᠨ᠎ᠤ ᠡᠳ᠋᠎ᠤᠨ ᠵᠠᠰᠠᠭ᠎ᠤᠨ ᠲᠥᠰᠥᠪ᠎ᠲᠤ ᠣᠷᠣᠭᠤᠯᠬᠤ ᠬᠡᠷᠡᠭᠲᠡᠶ᠃
      ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠣᠷᠣᠨ ᠪᠦᠰᠡ ᠠᠯᠤᠰᠯᠠᠭᠰᠠᠨ ᠢᠲᠡᠭᠡᠮᠵᠢ ᠵᠢᠨ ᠬᠠᠮᠲᠤᠷᠠᠯᠴᠠᠭ᠎ᠠ ᠵᠢᠨ ᠲᠣᠭᠲᠠᠴᠠ ᠪᠠᠢ᠌ᠭᠤᠯᠬᠤ ᠵᠢ ᠲᠦᠯᠬᠢᠨ ᠠᠬᠢᠭᠤᠯᠬᠤ ᠬᠡᠷᠡᠭᠲᠡᠢ᠃
      ᠵᠢᠷᠭᠤᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠰᠠᠯᠠᠭ᠎ᠠ ᠮᠥᠴᠢᠷ᠎ᠨᠢ ᠨᠡᠢ᠌ᠭᠡᠮ᠎ᠤᠨ ᠢᠲᠡᠭᠡᠮᠵᠢ ᠵᠢᠨ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ᠂ ᠨᠡᠢ᠌ᠭᠡᠮ᠎ᠤᠨ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠵᠢᠨ ᠶᠡᠷᠦᠩᠬᠡᠢ᠌ᠯᠡᠨ ᠵᠣᠬᠢᠴᠠᠭᠤᠯᠬᠤ ᠪᠠ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠢ ᠬᠠᠷᠢᠭᠤᠴᠠᠵᠤ᠂ ᠬᠠᠷᠢᠶ᠎ᠠ ᠪᠦᠬᠦᠢ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠪᠠᠢ᠌ᠭᠤᠯᠤᠮᠵᠢ᠎ᠨᠤᠭᠤᠳ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠢᠲᠡᠭᠡᠮᠵᠢ ᠵᠢᠨ ᠮᠡᠳᠡᠭᠡ ᠵᠠᠩᠭᠢ ᠵᠢ ᠴᠤᠭᠯᠠᠭᠤᠯᠬᠤ᠂ ᠬᠠᠮᠲᠤᠪᠠᠷ ᠡᠳ᠋ᠯᠡᠬᠦ᠂ ᠬᠡᠷᠡᠭᠯᠡᠬᠦ᠂ ᠦᠢ᠍ᠯᠡᠴᠢᠯᠡᠬᠦ ᠵᠢᠴᠢ ᠬᠢᠨᠠᠯᠲᠠ ᠲᠠᠯᠪᠢᠵᠤ ᠪᠠᠢ᠌ᠴᠠᠭ᠋ᠠᠬᠤ ᠵᠡᠷᠭᠡ ᠬᠠᠮᠢᠶᠠᠷᠤᠯᠲᠠ ᠵᠢᠨ ᠠᠵᠢᠯ᠎ᠢ ᠪᠣᠳᠠᠲᠠᠢ ᠡᠭᠦᠷᠭᠡᠯᠡᠨ᠎ᠡ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠂ ᠠᠷᠠᠳ᠎ᠤᠨ ᠶᠠᠪᠤᠳᠠᠯ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠂ ᠡᠳ᠋᠎ᠤᠨ ᠵᠠᠰᠠᠭ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠬᠢᠭᠡᠳ ᠲᠣᠭ᠎ᠠ ᠪᠠᠷᠢᠮᠲᠠ ᠵᠢᠨ ᠬᠠᠮᠢᠶᠠᠷᠤᠯᠲᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠬᠢᠨᠠᠨ ᠪᠠᠢ᠌ᠴᠠᠭ᠋ᠠᠬᠤ ᠵᠥᠪᠯᠡᠯ᠂ ᠠᠷᠠᠳ᠎ᠤᠨ ᠰᠢᠭᠦᠬᠦ ᠬᠣᠷᠢᠶ᠎ᠠ᠂ ᠠᠷᠠᠳ᠎ᠤᠨ ᠪᠠᠢ᠌ᠴᠠᠭ᠋ᠠᠬᠤ ᠬᠣᠷᠢᠶ᠎ᠠ ᠵᠡᠷᠭᠡ᠎ᠨᠢ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ ᠳᠣᠲᠣᠷ᠎ᠠ᠎ᠪᠠᠨ ᠲᠣᠰ ᠠᠵᠢᠯ ᠲᠥᠷᠥᠯ᠂ ᠲᠣᠰ ᠬᠦᠷᠢᠶᠡᠨ᠎ᠳᠠᠬᠢ ᠨᠡᠢ᠌ᠭᠡᠮ᠎ᠤᠨ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠵᠢᠨ ᠠᠵᠢᠯ᠎ᠢ ᠰᠠᠶ᠋ᠢᠲᠤᠷ ᠬᠢᠬᠦ ᠬᠡᠷᠡᠭᠲᠡᠶ᠃
      ᠳᠣᠯᠣᠳᠤᠭ᠋ᠠᠷ ᠵᠦᠢ᠍ᠯ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ᠎ᠨᠤᠭᠤᠳ ᠬᠠᠮᠢᠶ᠎ᠠ ᠪᠦᠬᠦᠢ ᠬᠢᠴᠢᠶᠡᠯ᠎ᠳᠤ ᠲᠦᠰᠢᠭᠯᠡᠨ ᠦᠨᠡᠨᠴᠢ ᠢᠲᠡᠭᠡᠮᠵᠢ ᠵᠢᠨ ᠬᠥᠮᠦᠵᠢᠯ᠎ᠢ ᠥᠷᠨᠢᠭᠦᠯᠬᠦ ᠬᠡᠷᠡᠭᠲᠡᠶ᠃ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠨᠡᠢ᠌ᠭᠡᠮ᠎ᠤᠨ ᠢᠲᠡᠭᠡᠮᠵᠢ ᠵᠢᠨ ᠬᠠᠮᠢᠶ᠎ᠠ ᠪᠦᠬᠦᠢ ᠬᠢᠴᠢᠶᠡᠯ ᠨᠡᠭᠡᠭᠡᠬᠦ ᠵᠢ ᠵᠣᠷᠢᠭᠵᠢᠭᠤᠯᠵᠤ᠂ ᠢᠲᠡᠭᠡᠮᠵᠢ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ᠎ᠯᠤᠭ᠎ᠠ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠨ᠂ ᠢᠲᠡᠭᠡᠮᠵᠢ ᠵᠢᠨ ᠦᠢ᠍ᠯᠡᠴᠢᠯᠡᠭᠡᠨ᠎ᠤ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠦᠨ᠎ᠡ᠃
ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠰᠣᠨᠢᠨ ᠮᠡᠳᠡᠭᠡᠨ᠎ᠤ ᠵᠠᠭᠤᠴᠢ᠎ᠨᠤᠭᠤᠳ ᠦᠨᠡᠨᠴᠢ ᠢᠲᠡᠭᠡᠮᠵᠢ ᠵᠢᠨ ᠲᠤᠬᠠᠢ ᠤᠬᠠᠭᠤᠯᠭ᠎ᠠ᠎ᠪᠠᠨ ᠴᠢᠩᠭ᠋ᠠᠳᠬᠠᠵᠤ᠂ ᠨᠡᠢ᠌ᠭᠡᠮ᠎ᠤᠨ ᠢᠲᠡᠭᠡᠮᠵᠢ ᠵᠢᠨ ᠲᠤᠬᠠᠢ ᠮᠡᠳᠡᠯᠭᠡ ᠵᠢ ᠲᠦᠭᠡᠮᠡᠯᠵᠢᠭᠦᠯᠦᠨ᠂ ᠦᠨᠡᠨᠴᠢ ᠢᠲᠡᠭᠡᠮᠵᠢᠲᠡᠢ ᠲᠡᠷᠢᠭᠦᠨ᠎ᠤ ᠨᠡᠢ᠌ᠲᠡᠯᠢᠭ ᠵᠢᠱ᠌ᠢᠶ᠎ᠡ ᠵᠢ ᠮᠠᠭᠲᠠᠨ ᠰᠠᠢ᠌ᠰᠢᠶᠠᠵᠤ᠂ ᠨᠡᠢ᠌ᠭᠡᠮ᠎ᠤᠨ ᠦᠨᠡᠨᠴᠢ ᠢᠲᠡᠭᠡᠮᠵᠢ ᠵᠢᠨ ᠰᠠᠢ᠍ᠢ᠍ᠨ ᠰᠠᠢ᠌ᠬᠠᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠶ᠃
      ᠨᠠᠢ᠍ᠮᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠠᠴᠠ ᠦᠨᠡᠨᠴᠢ ᠢᠲᠡᠭᠡᠮᠵᠢᠲᠡᠢ ᠰᠣᠶᠣᠯ᠎ᠤᠨ ᠪᠠᠢ᠌ᠭᠤᠯᠤᠯᠲᠠ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ ᠨᠡᠢ᠌ᠭᠡᠮ ᠨᠠᠢ᠌ᠳᠠ ᠵᠢᠨ ᠶᠣᠰᠣ ᠮᠣᠷᠠᠯ᠂ ᠠᠵᠢᠯ ᠮᠡᠷᠭᠡᠵᠢᠯ᠎ᠤᠨ ᠶᠣᠰᠣ ᠮᠣᠷᠠᠯ᠂ ᠭᠡᠷ ᠪᠦᠯᠢ ᠵᠢᠨ ᠰᠠᠢ᠌ᠬᠠᠨ ᠰᠤᠷᠲᠠᠯ ᠪᠠ ᠬᠤᠪᠢ ᠬᠥᠮᠥᠨ᠎ᠤ ᠵᠠᠩ ᠮᠣᠷᠠᠯ᠎ᠤᠨ ᠬᠥᠮᠦᠵᠢᠯ᠎ᠢ ᠥᠷᠨᠢᠭᠦᠯᠦᠨ᠂ ᠦᠨᠡᠨᠴᠢ ᠢᠲᠡᠭᠡᠮᠵᠢ ᠵᠢᠨ ᠬᠡᠪ ᠳᠠᠭᠤᠷᠢᠶᠠᠯ᠎ᠢ ᠪᠤᠢ ᠪᠣᠯᠭ᠋ᠠᠵᠤ᠂ ᠦᠨᠡᠨᠴᠢ ᠢᠲᠡᠭᠡᠮᠵᠢᠲᠡᠢ ᠪᠠᠶ᠋ᠢᠬᠤ ᠤᠯᠠᠮᠵᠢᠯᠠᠯᠲᠤ ᠰᠣᠶᠣᠯ ᠪᠠ ᠭᠡᠷ᠎ᠡ ᠵᠢᠨ ᠵᠣᠷᠢᠭ ᠰᠠᠨᠠᠭ᠎ᠠ ᠵᠢ ᠪᠠᠳᠠᠷᠠᠭᠤᠯᠤᠨ᠎ᠠ᠃
      ᠶᠢᠰᠦᠳᠦᠭᠡᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠨᠡᠢ᠌ᠭᠡᠮ᠎ᠤᠨ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠵᠢᠨ ᠠᠵᠢᠯ᠎ᠤᠨ ᠳᠤᠮᠳᠠ ᠢᠯᠡᠷᠬᠡᠢ ᠠᠮᠵᠢᠯᠲᠠ ᠭᠠᠷᠭ᠋ᠠᠭᠰᠠᠨ ᠨᠢᠭᠡᠴᠢ ᠪᠣᠯᠣᠨ ᠬᠤᠪᠢ ᠬᠥᠮᠥᠨ᠎ᠢ ᠤᠯᠤᠰ ᠪᠣᠯᠣᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠠᠢ᠌ᠰᠢᠶᠠᠨ ᠬᠥᠬᠢᠭᠦᠯᠬᠦ ᠪᠠ ᠱᠠᠩᠨᠠᠬᠤ ᠬᠡᠷᠡᠭᠲᠡᠶ᠃
      ᠬᠣᠶᠠᠳᠤᠭ᠋ᠠᠷ ᠪᠦᠯᠦᠭ  ᠨᠡᠢ᠌ᠭᠡᠮ᠎ᠤᠨ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ
      ᠠᠷᠪᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠠᠴᠠ ᠨᠡᠢ᠌ᠭᠡᠮ᠎ᠤᠨ ᠢᠲᠡᠭᠡᠮᠵᠢ ᠵᠢᠨ ᠰᠢᠰᠲ᠋ᠧᠮ᠎ᠢ ᠪᠠᠢ᠌ᠭᠤᠯᠤᠨ ᠪᠦᠷᠢᠨᠰᠢᠭᠦᠯᠵᠦ᠂ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ᠂ ᠬᠤᠳᠠᠯᠳᠤᠭ᠋ᠠᠨ᠎ᠤ ᠶᠠᠪᠤᠳᠠᠯ᠎ᠤᠨ ᠦᠨᠡᠨᠴᠢ ᠢᠲᠡᠭᠡᠮᠵᠢ᠂ ᠨᠡᠢ᠌ᠭᠡᠮ᠎ᠤᠨ ᠦᠨᠡᠨᠴᠢ ᠢᠲᠡᠭᠡᠮᠵᠢ ᠪᠠ ᠬᠠᠤᠯᠢ ᠴᠠᠭ᠋ᠠᠵᠠ ᠵᠢᠨ ᠤᠯᠠᠨ ᠨᠠᠢ᠌ᠳᠠ ᠵᠢᠨ ᠢᠲᠡᠭᠡᠮᠵᠢ ᠵᠢᠨ ᠪᠠᠢ᠌ᠭᠤᠯᠤᠯᠲᠠ ᠵᠢ ᠴᠢᠩᠭ᠋ᠠᠳᠬᠠᠨ᠂ ᠰᠠᠶ᠋ᠢᠨ ᠰᠠᠢ᠌ᠬᠠᠨ ᠨᠡᠢ᠌ᠭᠡᠮ᠎ᠤᠨ ᠢᠲᠡᠭᠡᠮᠵᠢ ᠵᠢᠨ ᠣᠷᠴᠢᠨ ᠲᠣᠭᠣᠷᠢᠨ᠎ᠢ ᠪᠤᠢ ᠪᠣᠯᠭ᠋ᠠᠨ᠎ᠠ᠃
      ᠠᠷᠪᠠᠨ ᠨᠢᠭᠡᠳᠦᠭᠡᠷ ᠵᠦᠢ᠍ᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠠᠬᠢᠭᠤᠯᠵᠤ᠂ ᠡᠷᠬᠡ ᠵᠢ ᠬᠢᠵᠠᠭ᠋ᠠᠷᠯᠠᠬᠤ ᠪᠠ ᠬᠢᠨᠠᠯᠲᠠ ᠲᠠᠯᠪᠢᠬᠤ ᠲᠣᠭᠲᠠᠴᠠ ᠵᠢ ᠪᠦᠷᠢᠨᠰᠢᠭᠦᠯᠵᠦ᠂ ᠬᠠᠤᠯᠢ ᠶᠣᠰᠣᠭ᠋ᠠᠷ ᠡᠭᠦᠷᠭᠡ ᠲᠤᠰᠢᠶᠠᠯ ᠵᠶ᠋ᠠᠨ ᠭᠦᠢ᠍ᠴᠡᠳᠬᠡᠵᠦ᠂ ᠦᠨᠡᠨᠴᠢ ᠢᠲᠡᠭᠡᠮᠵᠢᠲᠡᠢ᠎ᠪᠠᠷ ᠵᠠᠰᠠᠭ ᠶᠠᠪᠤᠭᠤᠯᠵᠤ᠂ ᠦᠨᠡᠨᠴᠢ ᠢᠲᠡᠭᠡᠮᠵᠢᠲᠡᠢ᠎ᠪᠠᠷ ᠬᠠᠤᠯᠢ ᠬᠡᠷᠡᠭᠵᠢᠭᠦᠯᠵᠦ᠂ ᠰᠢᠢ᠍ᠳᠪᠦᠷᠢᠲᠦ ᠪᠣᠳᠣᠯᠭ᠎ᠠ ᠵᠢᠨ ᠢᠯᠡ ᠲᠣᠳᠣ ᠵᠢᠨ ᠬᠡᠮᠵᠢᠶ᠎ᠡ ᠵᠢ ᠨᠡᠮᠡᠭᠳᠡᠭᠦᠯᠦᠨ᠂ ᠰᠢᠢ᠍ᠳᠪᠦᠷᠢᠲᠦ ᠪᠣᠳᠣᠯᠭ᠎ᠠ ᠵᠢᠨ ᠰᠢᠨᠵᠢᠯᠡᠬᠦ ᠤᠬᠠᠭ᠋ᠠᠨᠴᠢᠯᠠᠭᠰᠠᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠵᠠᠰᠠᠭ᠎ᠤᠨ ᠣᠷᠳᠣᠨ᠎ᠤ ᠢᠲᠡᠭᠡᠯ ᠵᠶ᠋ᠡᠨ ᠠᠯᠳᠠᠬᠤ ᠲᠦᠭᠰᠢᠭᠦᠷᠢ ᠵᠢᠨ ᠳᠠᠯᠳᠠ ᠬᠡᠮ᠎ᠢ ᠰᠡᠷᠭᠡᠢ᠌ᠯᠡᠨ ᠠᠷᠢᠯᠭ᠋ᠠᠵᠤ᠂ ᠵᠠᠰᠠᠭ᠎ᠤᠨ ᠣᠷᠳᠣᠨ᠎ᠤ ᠤᠯᠠᠨ ᠨᠠᠢ᠌ᠳᠠ ᠵᠢᠨ ᠢᠲᠡᠭᠡᠭᠦᠯᠬᠦ ᠬᠦᠴᠦᠨ᠎ᠢ ᠳᠡᠭᠡᠭᠰᠢᠯᠡᠭᠦᠯᠬᠦ ᠬᠡᠷᠡᠭᠲᠡᠶ᠃
ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠨᠡᠢ᠌ᠭᠡᠮ᠎ᠤᠨ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠳᠤᠮᠳᠠ ᠥᠯᠢᠭᠡᠷ ᠳᠠᠭᠤᠷᠢᠶᠠᠯ ᠪᠣᠯᠬᠤ ᠦᠢ᠍ᠯᠡᠳᠦᠯ ᠵᠶ᠋ᠡᠨ ᠪᠠᠳᠠᠷᠠᠭᠤᠯᠵᠤ᠂ ᠠᠯᠪᠠᠨ ᠲᠤᠰᠢᠶᠠᠯᠲᠠᠨ᠎ᠤ ᠦᠨᠡᠨᠴᠢ ᠢᠲᠡᠭᠡᠮᠵᠢ ᠵᠢᠨ ᠬᠥᠮᠦᠵᠢᠯ ᠪᠠ ᠢᠲᠡᠭᠡᠮᠵᠢ ᠵᠢᠨ ᠬᠠᠮᠢᠶᠠᠷᠤᠯᠲᠠ ᠵᠢ ᠴᠢᠩᠭ᠋ᠠᠳᠬᠠᠨ᠂ ᠠᠯᠪᠠᠨ ᠲᠤᠰᠢᠶᠠᠯᠲᠠᠨ᠎ᠤ ᠦᠨᠡᠨᠴᠢ ᠢᠲᠡᠭᠡᠮᠵᠢ ᠵᠢᠨ ᠲᠠᠩᠰᠠ ᠡᠪᠬᠡᠮᠡᠯ᠎ᠢ ᠪᠠᠢ᠌ᠭᠤᠯᠤᠨ ᠪᠦᠷᠢᠨᠰᠢᠭᠦᠯᠬᠦ ᠬᠡᠷᠡᠭᠲᠡᠶ᠃
      ᠠᠷᠪᠠᠨ ᠬᠣᠶᠠᠳᠤᠭ᠋ᠠᠷ ᠵᠦᠢ᠍ᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠂ ᠵᠠᠰᠠᠭ᠎ᠤᠨ ᠣᠷᠳᠣᠨ ᠪᠠ ᠨᠡᠢ᠌ᠭᠡᠮ᠎ᠤᠨ ᠬᠥᠷᠥᠩᠭᠡ ᠵᠢᠨ ᠬᠠᠮᠲᠤᠷᠠᠯᠴᠠᠭ᠎ᠠ᠂ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠷᠢ ᠥᠭᠴᠡᠭᠡ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠠᠬᠢ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠬᠡᠷᠡᠭᠲᠡᠶ᠃ ᠥᠷᠢᠲᠦᠭᠳᠡᠵᠦ ᠪᠠᠢ᠌ᠭ᠎ᠠ ᠠᠵᠤ ᠠᠬᠤᠢ᠌ᠯᠠᠯ᠎ᠤᠨ ᠲᠠᠩᠰᠠᠨ  ᠵᠣᠭᠣᠰ᠎ᠢ ᠰᠢᠢ᠍ᠳᠪᠦᠷᠢᠯᠡᠬᠦ ᠣᠷᠳᠣ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠦᠷᠢᠨᠰᠢᠭᠦᠯᠵᠦ᠂ ᠡᠵᠡᠩᠨᠡᠯᠲᠡ ᠵᠢᠨ ᠭᠣᠣᠯ ᠴᠣᠭᠴᠠ᠎ᠳᠤ ᠬᠠᠤᠯᠢ ᠶᠣᠰᠣᠭ᠋ᠠᠷ ᠬᠢᠭᠰᠡᠨ ᠲᠥᠷᠥ ᠵᠢᠨ ᠪᠣᠳᠣᠯᠭ᠎ᠠ ᠵᠢᠨ ᠠᠮᠠᠯᠠᠯᠲᠠ ᠵᠢᠴᠢ ᠬᠠᠤᠯᠢ ᠶᠣᠰᠣᠭ᠋ᠠᠷ ᠲᠣᠭᠲᠠᠭ᠋ᠠᠭᠰᠠᠨ ᠡᠯ᠎ᠡ ᠲᠥᠷᠥᠯ᠎ᠤᠨ ᠭᠡᠷ᠎ᠡ ᠵᠢ ᠭᠦᠢ᠍ᠴᠡᠳᠬᠡᠬᠦ᠎ᠳᠤ᠂ ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢᠯᠠᠯ᠎ᠳᠤ ᠲᠣᠬᠢᠷᠠᠭᠤᠯᠤᠯᠲᠠ ᠬᠢᠬᠦ᠂ ᠵᠠᠰᠠᠭ᠎ᠤᠨ ᠣᠷᠳᠣᠨ᠎ᠤ ᠬᠤᠭᠤᠴᠠᠭ᠎ᠠ ᠰᠣᠯᠢᠬᠤ᠂ ᠪᠠᠢ᠌ᠭᠤᠯᠤᠮᠵᠢ ᠪᠤᠶᠤ ᠡᠭᠦᠷᠭᠡ ᠴᠢᠳᠠᠪᠤᠷᠢ᠎ᠳᠤ ᠲᠣᠬᠢᠷᠠᠭᠤᠯᠤᠯᠲᠠ ᠬᠢᠬᠦ ᠵᠢᠴᠢ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠢ ᠰᠣᠯᠢᠬᠤ ᠵᠡᠷᠭᠡ᠎ᠪᠠᠷ ᠰᠢᠯᠲᠠᠭ ᠪᠣᠯᠭ᠋ᠠᠵᠤ ᠭᠡᠷ᠎ᠡ᠎ᠠᠴᠠ ᠵᠥᠷᠢᠴᠡᠨ ᠭᠡᠷ᠎ᠡ ᠵᠢ ᠡᠪᠳᠡᠵᠦ ᠪᠣᠯᠬᠤ ᠦᠭᠡᠢ᠃
      ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠰᠢᠭᠦᠬᠦ ᠬᠣᠷᠢᠶᠠᠨ᠎ᠤ ᠬᠦᠴᠦᠨ᠎ᠲᠠᠢ ᠪᠣᠯᠤᠭᠰᠠᠨ ᠲᠠᠰᠤᠯᠠᠯᠳᠠ ᠵᠢ ᠢᠳᠡᠪᠬᠢᠲᠡᠢ ᠭᠦᠢ᠍ᠴᠡᠳᠬᠡᠬᠦ ᠬᠡᠷᠡᠭᠲᠡᠢ᠃ ᠤᠯᠤᠰ ᠣᠷᠣᠨ᠎ᠤ ᠠᠰᠢᠭ ᠲᠤᠰᠠ᠂ ᠤᠯᠠᠨ ᠨᠠᠢ᠌ᠳᠠ ᠵᠢᠨ ᠠᠰᠢᠭ ᠲᠤᠰᠠ ᠪᠤᠶᠤ ᠬᠠᠤᠯᠢ᠎ᠪᠠᠷ ᠲᠣᠭᠲᠠᠭ᠋ᠠᠭᠰᠠᠨ ᠪᠤᠰᠤᠳ ᠤᠴᠢᠷ ᠰᠢᠯᠲᠠᠭ᠋ᠠᠨ᠎ᠠᠴᠠ ᠪᠣᠯᠵᠤ ᠵᠠᠰᠠᠭ᠎ᠤᠨ ᠣᠷᠳᠣᠨ᠎ᠤ ᠲᠥᠷᠥ ᠵᠢᠨ ᠪᠣᠳᠣᠯᠭ᠎ᠠ ᠵᠢᠨ ᠠᠮᠠᠯᠠᠯᠲᠠ ᠪᠤᠶᠤ ᠭᠡᠷ᠎ᠡ ᠵᠢᠨ ᠪᠣᠯᠵᠣᠯ᠎ᠢ ᠬᠤᠪᠢᠷᠠᠭᠤᠯᠬᠤ ᠴᠢᠬᠤᠯᠠᠲᠠᠢ ᠪᠠᠢ᠌ᠪᠠᠯ᠂ ᠬᠠᠤᠯᠢ᠎ᠪᠠᠷ ᠲᠣᠭᠲᠠᠭ᠋ᠠᠭᠰᠠᠨ ᠡᠷᠬᠡ ᠵᠢᠨ ᠬᠡᠪᠴᠢᠶ᠎ᠡ ᠪᠠ ᠵᠢᠷᠤᠮ᠎ᠤᠨ ᠶᠣᠰᠣᠭ᠋ᠠᠷ ᠬᠣᠯᠪᠣᠭᠳᠠᠯ ᠪᠦᠬᠦᠢ ᠡᠵᠡᠩᠨᠡᠯᠲᠡ ᠵᠢᠨ ᠭᠣᠣᠯ ᠴᠣᠭᠴᠠ ᠵᠢᠨ ᠡᠳ᠋ ᠬᠥᠷᠥᠩᠭᠡ ᠵᠢᠨ ᠬᠣᠬᠢᠷᠠᠯ᠎ᠳᠤ ᠨᠥᠬᠥᠪᠦᠷᠢ ᠥᠭᠬᠦ ᠬᠡᠷᠡᠭᠲᠡᠶ᠃
      ᠠᠷᠪᠠᠨ ᠭᠤᠷᠪᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠠᠴᠠ ᠵᠠᠰᠠᠭ᠎ᠤᠨ ᠶᠠᠪᠤᠳᠠᠯ᠎ᠤᠨ ᠢᠲᠡᠭᠡᠯ ᠠᠯᠳᠠᠭᠰᠠᠳ᠎ᠢ ᠲᠡᠮᠳᠡᠭᠯᠡᠬᠦ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠰᠠᠯᠠᠭ᠎ᠠ ᠮᠥᠴᠢᠷ᠎ᠨᠢ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠶᠠᠪᠤᠴᠠ᠎ᠳᠤ ᠬᠠᠤᠯᠢ ᠲᠣᠭᠲᠠᠭ᠋ᠠᠯ᠎ᠠᠴᠠ ᠵᠥᠷᠢᠴᠡᠭᠰᠡᠨ᠂ ᠢᠲᠡᠭᠡᠯ ᠠᠯᠳᠠᠵᠤ ᠭᠡᠷ᠎ᠡ ᠵᠥᠷᠢᠴᠡᠭᠰᠡᠨ ᠵᠡᠷᠭᠡ ᠵᠠᠰᠠᠭ᠎ᠤᠨ ᠶᠠᠪᠤᠳᠠᠯ᠎ᠤᠨ ᠢᠲᠡᠭᠡᠯ ᠠᠯᠳᠠᠭᠰᠠᠨ ᠲᠡᠮᠳᠡᠭᠯᠡᠯ᠎ᠢ ᠴᠤᠭᠯᠠᠭᠤᠯᠬᠤ ᠵᠢ ᠬᠠᠷᠢᠭᠤᠴᠠᠬᠤ ᠵᠢᠨ ᠬᠠᠮᠲᠤ᠂ ᠬᠠᠤᠯᠢ ᠲᠣᠭᠲᠠᠭ᠋ᠠᠯ ᠶᠣᠰᠣᠭ᠋ᠠᠷ ᠨᠡᠢ᠌ᠭᠡᠮ᠎ᠳᠤ ᠢᠯᠡ ᠨᠡᠢ᠌ᠲᠡᠯᠡᠨ᠎ᠡ᠃
      ᠥᠪᠡᠷᠲᠡᠭᠡᠨ ᠵᠠᠰᠠᠬᠤ ᠣᠷᠣᠨ᠎ᠤ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠪᠠᠢ᠌ᠭᠤᠯᠤᠮᠵᠢ᠎ᠨᠢ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠠᠵᠤ ᠠᠬᠤᠢ᠌ᠯᠠᠯ᠎ᠯᠤᠭ᠎ᠠ ᠭᠠᠷ᠎ᠤᠨ ᠦᠰᠦᠭ ᠵᠢᠷᠤᠭᠰᠠᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠂ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ᠂ ᠵᠠᠰᠠᠭ᠎ᠤᠨ ᠣᠷᠳᠣᠨ ᠪᠠ ᠨᠡᠢ᠌ᠭᠡᠮ᠎ᠤᠨ ᠬᠥᠷᠥᠩᠭᠡ ᠵᠢᠨ ᠬᠠᠮᠲᠤᠷᠠᠯᠴᠠᠭ᠎ᠠ᠂ ᠠᠵᠤ ᠦᠢ᠍ᠯᠡᠰ ᠵᠶ᠋ᠡᠷ ᠲᠡᠳᠬᠦᠬᠦ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠡᠷᠭᠡ ᠲᠠᠯ᠎ᠠ᠎ᠳᠤ ᠬᠣᠯᠪᠣᠭᠳᠠᠭᠰᠠᠨ ᠭᠡᠷ᠎ᠡ ᠭᠦᠢ᠍ᠴᠡᠳᠬᠡᠭᠰᠡᠨ ᠮᠡᠳᠡᠭᠡ ᠵᠠᠩᠭᠢ ᠵᠢ ᠴᠤᠭᠯᠠᠭᠤᠯᠤᠨ ᠬᠠᠮᠲᠤ᠎ᠪᠠᠷ ᠬᠤᠪᠢᠶᠠᠯᠴᠠᠵᠤ᠂ ᠬᠥᠳᠡᠯᠦᠩᠭᠦᠢ᠎ᠪᠠᠷ ᠮᠥᠷᠳᠡᠬᠦ ᠪᠠ ᠵᠠᠳᠠᠯᠤᠨ ᠰᠢᠢ᠍ᠳᠪᠦᠷᠢᠯᠡᠬᠦ ᠬᠡᠷᠡᠭᠲᠡᠶ᠃
      ᠠᠷᠪᠠᠨ ᠳᠥᠷᠪᠡᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠠᠴᠠ ᠵᠠᠰᠠᠭ᠎ᠤᠨ ᠶᠠᠪᠤᠳᠠᠯ᠎ᠤᠨ ᠢᠲᠡᠭᠡᠯ ᠵᠶ᠋ᠡᠨ ᠠᠯᠳᠠᠭᠰᠠᠳ᠎ᠠᠴᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ᠎ᠢ ᠪᠠᠢ᠌ᠭᠤᠯᠤᠨ ᠪᠦᠷᠢᠨᠰᠢᠭᠦᠯᠦᠨ᠎ᠡ᠃ ᠵᠠᠰᠠᠭ᠎ᠤᠨ ᠶᠠᠪᠤᠳᠠᠯ᠎ᠤᠨ ᠢᠲᠡᠭᠡᠯ ᠠᠯᠳᠠᠭᠰᠠᠨ ᠲᠡᠮᠳᠡᠭᠯᠡᠯ᠎ᠲᠠᠢ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ᠂ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠬᠠᠤᠯᠢ ᠶᠣᠰᠣᠭ᠋ᠠᠷ ᠱᠠᠭ᠋ᠠᠷᠳᠠᠵᠤ ᠪᠠᠶ᠋ᠢᠭ᠋ᠠᠳ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠥᠭᠡᠷᠡᠴᠢᠯᠡᠭᠦᠯᠵᠦ᠂ ᠨᠡᠢ᠌ᠲᠡᠯᠡᠨ ᠰᠢᠭᠦᠮᠵᠢᠯᠡᠬᠦ ᠵᠢᠨ ᠬᠠᠮᠲᠤ᠂ ᠵᠠᠰᠠᠭ᠎ᠤᠨ ᠶᠠᠪᠤᠳᠠᠯ᠎ᠤᠨ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢ ᠪᠤᠢ ᠪᠣᠯᠭ᠋ᠠᠭᠰᠠᠨ ᠵᠠᠰᠠᠭ᠎ᠤᠨ ᠣᠷᠳᠣᠨ ᠪᠤᠶᠤ ᠰᠠᠯᠠᠭ᠎ᠠ ᠮᠥᠴᠢᠷ᠎ᠤᠨ ᠭᠣᠣᠯ ᠬᠠᠷᠢᠭᠤᠴᠠᠯᠭ᠋ᠠᠲᠠᠨ ᠪᠠ ᠰᠢᠭᠤᠳ ᠬᠠᠷᠢᠭᠤᠴᠠᠯᠭ᠋ᠠᠲᠠᠨ᠎ᠠᠴᠠ ᠬᠠᠤᠯᠢ ᠶᠣᠰᠣᠭ᠋ᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃
      ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠳᠣᠣᠷ᠎ᠠ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠬᠢᠨᠠᠨ ᠪᠠᠢ᠌ᠴᠠᠭ᠋ᠠᠯᠲᠠ ᠬᠢᠵᠦ᠂ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠬᠢᠨᠠᠨ ᠰᠢᠯᠭ᠋ᠠᠯᠲᠠ ᠪᠠ ᠦᠨᠡᠯᠡᠯᠲᠡ ᠬᠢᠵᠦ᠂ ᠬᠢᠨᠠᠨ ᠰᠢᠯᠭ᠋ᠠᠭᠰᠠᠨ ᠦᠷ᠎ᠡ ᠳ᠋ᠦᠩ᠎ᠢ ᠳᠣᠣᠷ᠎ᠠ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠵᠢᠯ᠎ᠤᠨ ᠠᠮᠵᠢᠯᠲᠠ ᠪᠦᠲᠦᠮᠵᠢ ᠵᠢ ᠬᠢᠨᠠᠨ ᠰᠢᠯᠭ᠋ᠠᠬᠤ ᠴᠢᠬᠤᠯᠠ ᠦᠨᠳᠦᠰᠦᠯᠡᠯ ᠪᠣᠯᠭ᠋ᠠᠨ᠎ᠠ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠣᠰ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ᠎ᠳᠤ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠪᠠᠢ᠌ᠳᠠᠯ᠎ᠤᠨ ᠮᠡᠳᠡᠭᠦᠯᠦᠯᠲᠡ ᠬᠢᠵᠦ᠂ ᠬᠠᠤᠯᠢ ᠶᠣᠰᠣᠭ᠋ᠠᠷ ᠬᠢᠨᠠᠯᠲᠠ ᠵᠢ ᠬᠦᠯᠢᠶᠡᠬᠦ ᠬᠡᠷᠡᠭᠳᠡᠢ᠃
      ᠠᠷᠪᠠᠨ ᠲᠠᠪᠤᠳᠤᠭ᠋ᠠᠷ ᠵᠦᠢ᠍ᠯ  ᠡᠵᠡᠩᠨᠡᠯᠲᠡ ᠵᠢᠨ ᠭᠣᠣᠯ ᠴᠣᠭᠴᠠ ᠦᠨᠡᠨᠴᠢ ᠢᠲᠡᠭᠡᠮᠵᠢᠲᠡᠢ ᠪᠠᠶ᠋ᠢᠬᠤ ᠵᠠᠷᠴᠢᠮ᠎ᠢ ᠵᠢᠷᠤᠮᠯᠠᠨ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠠᠵᠢᠯ ᠳᠦᠷᠦᠯ᠎ᠤᠨ ᠨᠠᠢ᠌ᠳᠠ ᠵᠢᠨ ᠭᠡᠷ᠎ᠡ ᠵᠢ ᠵᠢᠷᠤᠮᠯᠠᠵᠤ᠂ ᠠᠮᠠᠯᠠᠯᠲᠠ᠎ᠪᠠᠨ ᠬᠢᠴᠢᠶᠡᠩᠭᠦᠢ᠌ᠯᠡᠨ ᠵᠢᠷᠤᠮᠯᠠᠵᠤ᠂ ᠭᠣᠣᠯᠴᠢ᠎ᠪᠠᠷ ᠥᠷᠢᠰᠥᠯᠳᠦᠬᠦ ᠬᠡᠷᠡᠭᠲᠡᠶ᠃
      ᠡᠵᠡᠩᠨᠡᠯᠲᠡ ᠵᠢᠨ ᠭᠣᠣᠯ ᠴᠣᠭᠴᠠ ᠵᠢᠨ ᠥᠪᠡᠷ᠎ᠢ᠎ᠪᠠᠨ ᠬᠢᠵᠠᠭ᠋ᠠᠷᠯᠠᠬᠤ᠂ ᠥᠪᠡᠷ᠎ᠢ᠎ᠪᠠᠨ ᠬᠠᠮᠢᠶᠠᠷᠬᠤ ᠲᠣᠭᠲᠠᠴᠠ᠎ᠪᠠᠨ ᠲᠡᠭᠦᠯᠳᠡᠷᠵᠢᠭᠦᠯᠬᠦ ᠵᠢ ᠵᠣᠷᠢᠭᠵᠢᠭᠤᠯᠵᠤ᠂ ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠣᠭᠤᠯᠬᠤ᠎ᠠᠴᠠ ᠡᠮᠦᠨ᠎ᠡ ᠨᠡᠢ᠌ᠭᠡᠮ᠎ᠳᠤ ᠢᠯᠡ ᠠᠮᠠᠯᠠᠯᠲᠠ ᠬᠢᠵᠦ᠂ ᠬᠠᠤᠯᠢ᠎ᠠᠴᠠ ᠵᠥᠷᠢᠴᠡᠨ ᠢᠲᠡᠭᠡᠯ ᠵᠶ᠋ᠡᠨ ᠠᠯᠳᠠᠭᠰᠠᠨ ᠦᠢ᠍ᠯᠡ ᠠᠵᠢᠯᠯᠠᠭ᠎ᠠ ᠡᠭᠦᠰᠦᠭᠰᠡᠨ᠎ᠤ ᠳᠠᠷᠠᠭ᠎ᠠ ᠰᠠᠶ᠋ᠢᠨ ᠳᠤᠷ᠎ᠠ᠎ᠠᠴᠠ᠎ᠪᠠᠨ ᠬᠢᠵᠠᠭ᠋ᠠᠷᠯᠠᠯ ᠪᠠ ᠵᠠᠯᠬᠠᠭ᠋ᠠᠨ ᠴᠡᠭᠡᠷᠯᠡᠭᠦᠯᠬᠦ ᠵᠢ ᠬᠦᠯᠢᠶᠡᠬᠦ ᠬᠡᠷᠡᠭᠲᠡᠶ᠃
      ᠠᠷᠪᠠᠨ ᠵᠢᠷᠭᠤᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠤᠳᠠᠯᠳᠤᠭ᠋ᠠᠨ᠎ᠤ ᠶᠠᠪᠤᠳᠠᠯ᠎ᠤᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠠᠬᠢᠭᠤᠯᠵᠤ᠂ ᠢᠲᠡᠭᠡᠮᠵᠢ᠎ᠪᠠᠷ ᠰᠠᠭᠤᠷᠢ ᠪᠣᠯᠭ᠋ᠠᠭᠰᠠᠨ ᠰᠢᠨ᠎ᠡ ᠬᠡᠯᠪᠡᠷᠢ ᠵᠢᠨ ᠬᠢᠨᠠᠨ ᠬᠠᠮᠢᠶᠠᠷᠬᠤ ᠲᠣᠭᠲᠠᠴᠠ ᠵᠢ ᠪᠠᠢ᠌ᠭᠤᠯᠤᠨ᠂ ᠡᠵᠡᠩᠨᠡᠯᠲᠡ ᠵᠢᠨ ᠭᠣᠣᠯ ᠴᠣᠭᠴᠠ ᠵᠢᠨ ᠢᠲᠡᠭᠡᠮᠵᠢ ᠵᠢᠨ ᠪᠠᠶ᠋ᠢᠳᠠᠯ᠎ᠢ ᠦᠨᠳᠦᠰᠦᠯᠡᠨ ᠢᠲᠡᠭᠡᠮᠵᠢ ᠵᠢᠨ ᠦᠨᠡᠯᠡᠯᠲᠡ ᠵᠢ ᠥᠷᠨᠢᠭᠦᠯᠵᠦ᠂ ᠱᠠᠲᠤ ᠲᠥᠷᠥᠯ ᠬᠤᠪᠢᠶᠠᠨ ᠬᠢᠨᠠᠨ ᠬᠠᠮᠢᠶᠠᠷᠬᠤ ᠵᠢ ᠬᠡᠷᠡᠭᠵᠢᠭᠦᠯᠦᠨ᠂ ᠡᠵᠡᠩᠨᠡᠯᠲᠡ ᠵᠢᠨ ᠭᠣᠣᠯ ᠴᠣᠭᠴᠠ ᠵᠢᠨ ᠢᠲᠡᠭᠡᠮᠵᠢ᠎ᠲᠠᠢ ᠪᠠᠢ᠌ᠵᠤ ᠠᠮᠠᠯᠠᠯᠲᠠ᠎ᠪᠠᠨ ᠪᠡᠶᠡᠯᠡᠭᠦᠯᠬᠦ ᠵᠢ ᠬᠥᠲᠥᠯᠥᠨ ᠵᠢᠯᠤᠭᠣᠳᠴᠤ᠂ ᠢᠲᠡᠭᠡᠮᠵᠢ ᠵᠢᠨ ᠥᠪᠡᠷ᠎ᠢ᠎ᠪᠠᠨ ᠱᠠᠭ᠋ᠠᠷᠳᠠᠬᠤ ᠵᠢ ᠴᠢᠩᠭ᠋ᠠᠷᠠᠭᠤᠯᠬᠤ ᠬᠡᠷᠡᠭᠲᠡᠶ᠃
      ᠠᠷᠪᠠᠨ ᠳᠣᠯᠣᠳᠤᠭ᠋ᠠᠷ ᠵᠦᠢ᠍ᠯ  ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ᠂ ᠨᠡᠢ᠌ᠭᠡᠮ᠎ᠤᠨ ᠪᠦᠯᠬᠦᠮ᠂ ᠨᠡᠢ᠌ᠭᠡᠮ ᠨᠠᠢ᠌ᠳᠠ ᠵᠢᠨ᠎ᠬᠢᠨ ᠦᠨᠡᠨᠴᠢ ᠢᠲᠡᠭᠡᠮᠵᠢ ᠵᠢᠨ ᠤᠬᠠᠮᠰᠠᠷ ᠵᠶ᠋ᠠᠨ ᠳᠡᠭᠡᠭᠰᠢᠯᠡᠭᠦᠯᠬᠦ ᠬᠡᠷᠡᠭᠲᠡᠶ᠃ ᠨᠡᠢ᠌ᠭᠡᠮ᠎ᠤᠨ ᠪᠦᠷᠢᠯᠳᠦᠬᠦᠨ᠎ᠨᠦᠭᠦᠳ ᠬᠣᠭᠣᠷᠣᠨᠳᠤ᠎ᠪᠠᠨ ᠦᠨᠡᠨᠴᠢ᠎ᠪᠠᠷ ᠬᠠᠨᠳᠤᠵᠤ᠂ ᠢᠲᠡᠭᠡᠯ ᠵᠶ᠋ᠡᠷ ᠦᠨᠳᠦᠰᠦ ᠪᠣᠯᠭ᠋ᠠᠵᠤ᠂ ᠠᠮᠠᠯᠠᠯᠲᠠ᠎ᠪᠠᠨ ᠪᠠᠲᠤ ᠰᠠᠬᠢᠵᠤ᠂ ᠥᠪᠡᠷ᠎ᠤᠨ ᠰᠠᠢ᠍ᠢ᠍ᠨ ᠰᠠᠢ᠌ᠬᠠᠨ ᠢᠲᠡᠭᠡᠮᠵᠢ᠎ᠪᠠᠨ ᠬᠠᠮᠠᠭ᠋ᠠᠯᠠᠬᠤ ᠬᠡᠷᠡᠭᠲᠡᠶ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠤᠪᠢ ᠬᠥᠮᠥᠨ᠎ᠤ ᠢᠲᠡᠭᠡᠮᠵᠢ ᠵᠢᠨ ᠲᠡᠮᠳᠡᠭᠯᠡᠯ᠎ᠤᠨ ᠲᠣᠭᠲᠠᠴᠠ ᠵᠢ ᠪᠠᠢ᠌ᠭᠤᠯᠬᠤ ᠵᠢ ᠠᠬᠢᠭᠤᠯᠵᠤ᠂ ᠨᠡᠢ᠌ᠭᠡᠮ᠎ᠤᠨ ᠪᠦᠷᠢᠯᠳᠦᠬᠦᠨ᠎ᠢ ᠬᠥᠲᠥᠯᠥᠨ ᠵᠢᠯᠤᠭᠣᠳᠴᠤ ᠪᠠᠶ᠋ᠢᠭ᠋ᠠᠳ ᠢᠲᠡᠭᠡᠮᠵᠢ᠎ᠲᠠᠢ ᠪᠠᠶ᠋ᠢᠬᠤ ᠤᠬᠠᠮᠰᠠᠷ ᠵᠢ ᠪᠤᠢ ᠪᠣᠯᠭ᠋ᠠᠨ᠎ᠠ᠃
      ᠠᠷᠪᠠᠨ ᠨᠠᠢ᠍ᠮᠠᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠡᠮ ᠡᠮᠨᠡᠯᠭᠡ ᠡᠷᠡᠭᠦᠯ ᠬᠠᠮᠠᠭ᠋ᠠᠯᠠᠯ᠂ ᠨᠡᠢ᠌ᠭᠡᠮ᠎ᠤᠨ ᠪᠠᠲᠤᠯᠠᠭ᠎ᠠ᠂ ᠬᠥᠳᠡᠯᠮᠦᠷᠢ ᠬᠦᠴᠦᠨ ᠬᠡᠷᠡᠭᠯᠡᠬᠦ᠂ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ᠎ᠤ ᠰᠤᠳᠤᠯᠤᠯ᠂ ᠰᠣᠶᠣᠯ ᠪᠣᠯᠪᠠᠰᠤᠷᠠᠯ᠂ ᠪᠡᠶ᠎ᠡ ᠵᠢᠨ ᠲᠠᠮᠢᠷ᠂ ᠠᠶᠤᠯᠭᠦᠢ ᠦᠢ᠍ᠯᠡᠳᠪᠦᠷᠢᠯᠡᠯ᠂ ᠠᠮᠢ ᠠᠬᠤᠢ ᠣᠷᠴᠢᠨ ᠲᠣᠭᠣᠷᠢᠨ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠠᠬᠢ ᠨᠡᠢ᠌ᠭᠡᠮ᠎ᠤᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠠᠬᠢᠭᠤᠯᠵᠤ᠂ ᠠᠵᠢᠯ ᠮᠡᠷᠭᠡᠵᠢᠯ᠎ᠤᠨ ᠢᠲᠡᠭᠡᠮᠵᠢ ᠵᠢᠨ ᠮᠡᠳᠡᠭᠦᠯᠦᠯᠲᠡ ᠵᠢ ᠳᠡᠯᠭᠡᠷᠡᠭᠦᠯᠦᠨ ᠬᠡᠷᠡᠭᠯᠡᠵᠦ᠂ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠬᠢᠭᠡᠳ ᠬᠠᠮᠲᠤ ᠵᠢᠨ ᠵᠠᠰᠠᠯᠲᠠ ᠵᠢᠨ ᠵᠣᠯᠭ᠋ᠠᠯᠳᠤᠨ ᠬᠣᠯᠪᠤᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠨ᠂ ᠢᠲᠡᠭᠡᠯ᠎ᠲᠠᠢ ᠪᠠᠶ᠋ᠢᠬᠤ᠎ᠨᠢ ᠢᠷᠠᠭᠤ ᠠᠯᠳᠠᠷ᠎ᠲᠠᠢ᠂ ᠢᠲᠡᠭᠡᠯ ᠵᠶ᠋ᠡᠨ ᠠᠯᠳᠠᠬᠤ᠎ᠨᠢ ᠢᠴᠢᠭᠦᠷᠢᠲᠡᠢ ᠪᠠᠢ᠌ᠬᠤ ᠨᠡᠢ᠌ᠭᠡᠮ᠎ᠤᠨ ᠠᠭᠤᠷ ᠠᠮᠢᠰᠬᠤᠯ᠎ᠢ ᠪᠤᠢ ᠪᠣᠯᠭ᠋ᠠᠵᠤ᠂ ᠨᠡᠢ᠌ᠭᠡᠮ᠎ᠤᠨ ᠪᠣᠯᠪᠠᠰᠤᠨ᠎ᠤ ᠳᠠᠪᠰᠢᠯᠲᠠ ᠵᠢ ᠠᠬᠢᠭᠤᠯᠤᠨ᠎ᠠ᠃
      ᠠᠷᠪᠠ ᠶᠢᠰᠦᠳᠦᠭᠡᠷ ᠵᠦᠢ᠍ᠯ ᠬᠠᠤᠯᠢ ᠴᠠᠭ᠋ᠠᠵᠠ ᠵᠢᠨ ᠪᠠᠢ᠌ᠭᠤᠯᠭ᠎ᠠ ᠲᠥᠪ ᠭᠣᠣᠯᠴᠢ ᠪᠠ ᠦᠷ᠎ᠡ ᠠᠰᠢᠭ᠎ᠢ ᠬᠠᠷᠢᠯᠴᠠᠨ ᠨᠢᠭᠡᠳᠦᠭᠦᠯᠬᠦ ᠵᠢ ᠪᠠᠷᠢᠮᠲᠠᠯᠠᠵᠤ᠂ ᠬᠠᠤᠯᠢ ᠴᠠᠭ᠋ᠠᠵᠠ ᠵᠢᠨ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠬᠠᠤᠯᠢ ᠴᠠᠭ᠋ᠠᠵᠠ ᠵᠢ ᠢᠯᠡ ᠪᠣᠯᠭ᠋ᠠᠬᠤ ᠵᠢ ᠠᠬᠢᠭᠤᠯᠵᠤ᠂ ᠠᠷᠠᠳ᠎ᠤᠨ ᠲᠥᠯᠥᠭᠡ ᠬᠠᠤᠯᠢ ᠪᠠᠷᠢᠬᠤ ᠵᠢ ᠦᠢ᠍ᠯᠡᠳᠦᠯᠭᠡᠵᠢᠭᠦᠯᠵᠦ᠂ ᠬᠠᠤᠯᠢ ᠴᠠᠭ᠋ᠠᠵᠠ ᠵᠢᠨ ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠨ᠂ ᠲᠥᠪ ᠭᠣᠣᠯᠴᠢ᠎ᠪᠠᠷ ᠬᠠᠤᠯᠢ ᠪᠠᠷᠢᠬᠤ ᠵᠢ ᠴᠢᠩᠳᠠᠯᠠᠵᠤ᠂ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠪᠠ ᠪᠤᠷᠤᠭᠤ ᠬᠡᠷᠡᠭ᠎ᠢ ᠨᠡᠬᠡᠮᠵᠢᠯᠡᠬᠦ ᠳᠦᠷᠢᠮ᠎ᠢ ᠨᠠᠢ᠌ᠳᠠᠪᠤᠷᠢᠵᠢᠭᠤᠯᠵᠤ᠂ ᠤᠳᠠᠭ᠋ᠠᠨ ᠲᠡᠩᠨᠡᠵᠦ ᠳᠠᠭᠤᠰᠬᠠᠬᠤ ᠦᠭᠡᠢ᠂ ᠤᠳᠠᠭ᠋ᠠᠰᠢᠷᠠᠭᠤᠯᠤᠭ᠋ᠠᠳ ᠰᠢᠢ᠍ᠳᠪᠦᠷᠢᠯᠡᠬᠦ ᠦᠭᠡᠢ ᠬᠡᠷᠡᠭ᠎ᠢ ᠰᠡᠷᠭᠡᠢ᠌ᠯᠡᠨ ᠵᠠᠯᠠᠷᠠᠭᠤᠯᠵᠤ᠂ ᠬᠤᠳᠠᠯ ᠬᠠᠭᠤᠷᠮᠠᠭ ᠵᠠᠷᠭᠤᠯᠳᠤᠬᠤ ᠠᠵᠢᠯᠯᠠᠭ᠎ᠠ ᠵᠢ ᠰᠡᠷᠭᠡᠢ᠌ᠯᠡᠬᠦ ᠪᠠ ᠵᠠᠯᠬᠠᠭ᠋ᠠᠨ ᠰᠢᠢ᠍ᠳᠬᠡᠬᠦ ᠠᠵᠢᠯ᠎ᠢ ᠴᠢᠩᠭ᠋ᠠᠳᠬᠠᠵᠤ᠂ ᠠᠷᠠᠳ᠎ᠤᠨ ᠢᠲᠡᠭᠡᠯ᠎ᠢ ᠣᠯᠵᠤ᠂ ᠬᠠᠤᠯᠢ ᠴᠠᠭ᠋ᠠᠵᠠ ᠵᠢᠨ ᠤᠯᠠᠨ ᠨᠠᠢ᠌ᠳᠠ ᠵᠢ ᠢᠲᠡᠭᠡᠭᠦᠯᠬᠦ ᠬᠦᠴᠦᠨ᠎ᠢ ᠳᠡᠭᠡᠭᠰᠢᠯᠡᠭᠦᠯᠦᠨ᠎ᠡ᠃
      ᠬᠣᠷᠢᠳᠤᠭ᠋ᠠᠷ ᠵᠦᠢ᠍ᠯ  ᠰᠢᠭᠦᠨ ᠲᠠᠰᠤᠯᠬᠤ ᠪᠠᠢ᠌ᠭᠤᠯᠭ᠎ᠠ ᠰᠢᠭᠦᠨ ᠲᠠᠰᠤᠯᠬᠤ ᠡᠭᠦᠷᠭᠡ ᠴᠢᠳᠠᠪᠤᠷᠢ᠎ᠪᠠᠨ ᠬᠠᠤᠯᠢ ᠶᠣᠰᠣᠭ᠋ᠠᠷ ᠭᠦᠢ᠍ᠴᠡᠳᠬᠡᠵᠦ᠂ ᠬᠠᠤᠯᠢ ᠴᠠᠭ᠋ᠠᠵᠠ ᠵᠢᠨ ᠮᠠᠭ᠋ᠠᠳᠯᠠᠯᠲᠠ ᠪᠠ ᠲᠠᠰᠤᠯᠤᠯᠲᠠ ᠵᠢᠨ ᠡᠷᠬᠡ᠎ᠪᠠᠨ ᠵᠥᠪ ᠵᠶ᠋ᠡᠷ ᠬᠡᠷᠡᠭᠵᠢᠭᠦᠯᠵᠦ᠂ ᠰᠢᠭᠦᠨ ᠲᠠᠰᠤᠯᠤᠯᠲᠠ ᠵᠢᠨ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠶ᠃ ᠭᠦᠢ᠍ᠴᠡᠳᠬᠡᠬᠦ ᠠᠵᠢᠯᠯᠠᠭ᠎ᠠ ᠵᠢ ᠵᠢᠷᠤᠮᠵᠢᠭᠤᠯᠤᠨ᠂ ᠭᠦᠢ᠍ᠴᠡᠳᠬᠡᠬᠦ ᠡᠷᠴᠢᠮ᠎ᠢ ᠴᠢᠩᠭ᠋ᠠᠷᠠᠭᠤᠯᠵᠤ᠂ ᠢᠲᠡᠭᠡᠮᠵᠢ ᠵᠢᠨ ᠲᠠᠯ᠎ᠠ᠎ᠪᠠᠷ ᠬᠠᠮᠲᠤᠷᠠᠨ ᠵᠠᠯᠬᠠᠭ᠋ᠠᠨ ᠴᠡᠭᠡᠷᠯᠡᠭᠦᠯᠬᠦ ᠵᠢ ᠬᠡᠷᠡᠭᠵᠢᠭᠦᠯᠵᠦ᠂ ᠭᠡᠷ᠎ᠡ᠎ᠠᠴᠠ ᠵᠥᠷᠢᠴᠡᠵᠦ ᠢᠲᠡᠭᠡᠯ ᠠᠯᠳᠠᠭᠰᠠᠳ᠎ᠢ ᠵᠠᠯᠬᠠᠭ᠋ᠠᠨ ᠰᠢᠢ᠍ᠳᠬᠡᠵᠦ᠂ ᠦᠨᠡᠨᠴᠢ ᠢᠲᠡᠭᠡᠮᠵᠢᠲᠡᠢ ᠪᠠᠶ᠋ᠢᠬᠤ ᠵᠢ ᠬᠥᠲᠥᠯᠥᠨ ᠵᠢᠯᠤᠭᠣᠳᠴᠤ᠂ ᠠᠷᠠᠳ ᠤᠯᠠᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠂ ᠦᠨᠡᠨᠴᠢ ᠢᠲᠡᠭᠡᠮᠵᠢᠲᠡᠢ ᠨᠡᠢ᠌ᠭᠡᠮ᠎ᠤᠨ ᠪᠠᠢ᠌ᠭᠤᠯᠤᠯᠲᠠ ᠵᠢ ᠠᠬᠢᠭᠤᠯᠤᠨ᠎ᠠ᠃
      ᠬᠣᠷᠢᠨ ᠨᠢᠭᠡᠳᠦᠭᠡᠷ ᠵᠦᠢ᠍ᠯ  ᠪᠠᠢ᠌ᠴᠠᠭ᠋ᠠᠬᠤ ᠪᠠᠢ᠌ᠭᠤᠯᠭ᠎ᠠ ᠬᠠᠤᠯᠢ ᠴᠠᠭ᠋ᠠᠵᠠ ᠵᠢᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ᠎ᠪᠠᠨ ᠬᠠᠤᠯᠢ ᠶᠣᠰᠣᠭ᠋ᠠᠷ ᠭᠦᠢ᠍ᠴᠡᠳᠬᠡᠵᠦ᠂ ᠡᠷᠡᠭᠦᠦ ᠵᠢᠨ ᠬᠡᠷᠡᠭ᠂ ᠢᠷᠭᠡᠨ᠎ᠤ ᠬᠡᠷᠡᠭ᠂ ᠵᠠᠰᠠᠭ ᠵᠠᠬᠢᠷᠭ᠋ᠠᠨ᠎ᠤ ᠬᠡᠷᠡᠭ᠂ ᠨᠠᠢ᠌ᠳᠠ ᠵᠢᠨ ᠠᠰᠠᠷᠠᠮᠵᠢ ᠵᠢᠨ ᠵᠠᠷᠭᠤ ᠵᠢᠨ ᠪᠠᠢ᠌ᠴᠠᠭ᠋ᠠᠬᠤ ᠠᠵᠢᠯ᠎ᠤᠨ ᠬᠠᠤᠯᠢ ᠴᠠᠭ᠋ᠠᠵᠠ ᠵᠢᠨ ᠬᠢᠨᠠᠯᠲᠠ ᠵᠢᠨ ᠶᠠᠰᠤ ᠴᠢᠨᠠᠷ ᠪᠠ ᠦᠷ᠎ᠡ ᠪᠦᠲᠦᠮᠵᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠶ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠ ᠡᠷᠡᠭᠦᠦ ᠵᠢᠨ ᠬᠡᠷᠡᠭ᠎ᠤᠨ ᠬᠠᠤᠯᠢ ᠪᠠᠷᠢᠬᠤ ᠵᠢ ᠬᠣᠣᠰ ᠴᠢᠭᠯᠡᠯ ᠵᠶ᠋ᠡᠷ ᠵᠣᠯᠭ᠋ᠠᠭᠤᠯᠬᠤ ᠲᠣᠭᠲᠠᠴᠠ ᠵᠢ ᠴᠢᠩᠭ᠋ᠠᠳᠬᠠᠵᠤ᠂ ᠡᠷᠡᠭᠦᠦ ᠵᠢᠨ ᠬᠡᠷᠡᠭ᠎ᠤᠨ ᠬᠡᠷᠡᠭ ᠪᠣᠯᠭ᠋ᠠᠨ ᠳᠠᠩᠰᠠᠯᠠᠬᠤ᠂ ᠲᠠᠩᠨᠠᠨ ᠪᠠᠢ᠌ᠴᠠᠭ᠋ᠠᠬᠤ ᠠᠵᠢᠯᠯᠠᠭ᠎ᠠ ᠪᠠ ᠰᠢᠭᠦᠨ ᠲᠠᠰᠤᠯᠬᠤ ᠠᠵᠢᠯᠯᠠᠭ᠎ᠠ᠎ᠳᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠵᠤ᠂ ᠡᠷᠡᠭᠦᠦ ᠵᠢᠨ ᠬᠡᠷᠡᠭ᠎ᠤᠨ ᠠᠷᠭ᠎ᠠ ᠪᠠᠷᠢᠯ᠎ᠢ ᠠᠰᠢᠭᠯᠠᠨ ᠢᠷᠭᠡᠨ᠎ᠤ ᠬᠡᠷᠡᠭ᠂ ᠠᠵᠤ ᠠᠬᠤᠢ ᠵᠢᠨ ᠵᠢᠭᠤᠷᠠᠯᠳᠤᠭ᠋ᠠᠨ᠎ᠳᠤ ᠭᠠᠷ ᠲᠥᠷᠥᠬᠦ ᠵᠢ ᠰᠡᠷᠭᠡᠢ᠌ᠯᠡᠨ ᠵᠠᠯᠠᠷᠠᠭᠤᠯᠵᠤ᠂ ᠦᠨᠡᠨᠴᠢ ᠢᠲᠡᠭᠡᠮᠵᠢᠲᠡᠢ᠎ᠪᠠᠷ ᠵᠠᠷᠭᠤᠯᠳᠤᠬᠤ ᠣᠷᠴᠢᠨ ᠨᠥᠬᠥᠴᠡᠯ᠎ᠢ ᠪᠤᠢ ᠪᠣᠯᠭ᠋ᠠᠵᠤ᠂ ᠬᠠᠤᠯᠢ ᠴᠠᠭ᠋ᠠᠵᠠ ᠵᠢᠨ ᠲᠥᠪ ᠭᠣᠣᠯᠴᠢ ᠪᠠ ᠡᠷᠬᠡ ᠰᠦᠷ᠎ᠢ ᠬᠠᠮᠠᠭ᠋ᠠᠯᠠᠵᠤ᠂ ᠨᠡᠢ᠌ᠭᠡᠮ᠎ᠤᠨ ᠦᠨᠡᠨᠴᠢ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠠᠬᠢᠭᠤᠯᠤᠨ ᠵᠢᠷᠤᠮᠵᠢᠭᠤᠯᠤᠨ᠎ᠠ᠃
      ᠬᠣᠷᠢᠨ ᠬᠣᠶᠠᠳᠤᠭ᠋ᠠᠷ ᠵᠦᠢ᠍ᠯ  ᠬᠥᠨᠳᠡᠯᠡᠨ᠎ᠠᠴᠠ ᠲᠠᠰᠤᠯᠬᠤ ᠺᠣᠮᠢᠰ᠂ ᠬᠠᠤᠯᠢᠴᠢ ᠵᠢᠨ ᠠᠵᠢᠯ ᠡᠷᠬᠢᠯᠡᠬᠦ ᠭᠠᠵᠠᠷ᠂ ᠠᠯᠪᠠᠨ ᠭᠡᠷᠡᠴᠢᠯᠡᠭᠡ ᠵᠢᠨ ᠪᠠᠢ᠌ᠭᠤᠯᠤᠮᠵᠢ᠂ ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠭᠠᠵᠠᠷ᠂ ᠬᠠᠤᠯᠢ ᠴᠠᠭ᠋ᠠᠵᠠ ᠵᠢᠨ ᠰᠢᠯᠭ᠋ᠠᠨ ᠲᠣᠭᠲᠠᠭ᠋ᠠᠯᠲᠠ ᠵᠢᠨ ᠪᠠᠢ᠌ᠭᠤᠯᠤᠮᠵᠢ ᠵᠡᠷᠭᠡ᠎ᠨᠢ ᠲᠤᠰ ᠪᠡᠶ᠎ᠡ ᠵᠢᠨ ᠢᠲᠡᠭᠡᠮᠵᠢ ᠵᠢᠨ ᠪᠠᠢ᠌ᠭᠤᠯᠤᠯᠲᠠ᠎ᠪᠠᠨ ᠴᠢᠩᠭ᠋ᠠᠳᠬᠠᠵᠤ᠂ ᠬᠠᠤᠯᠢ ᠶᠣᠰᠣᠭ᠋ᠠᠷ ᠡᠷᠬᠡ ᠲᠡᠭᠰᠢ ᠲᠥᠪ ᠭᠣᠣᠯᠴᠢ᠎ᠪᠠᠷ ᠠᠵᠢᠯ ᠡᠷᠬᠢᠯᠡᠬᠦ ᠬᠡᠷᠡᠭᠲᠡᠶ᠃
      ᠬᠥᠨᠳᠡᠯᠡᠨ᠎ᠠᠴᠠ ᠲᠠᠰᠤᠯᠤᠭᠴᠢ᠂ ᠬᠠᠤᠯᠢᠴᠢ᠂ ᠠᠯᠪᠠᠨ ᠭᠡᠷᠡᠴᠢᠯᠡᠭᠴᠢ᠂ ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠲᠠᠨ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯᠲᠠᠨ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠠᠵᠢᠯᠲᠠᠨ ᠲᠤᠬᠠᠢ᠌ᠯᠠᠭᠰᠠᠨ ᠠᠵᠢᠯ᠎ᠤᠨ ᠶᠣᠰᠣ ᠮᠣᠷᠠᠯ᠎ᠢ ᠬᠢᠴᠢᠶᠡᠩᠭᠦᠢ᠌ᠯᠡᠨ ᠵᠢᠷᠤᠮᠯᠠᠵᠤ᠂ ᠦᠨᠡᠨᠴᠢ ᠢᠲᠡᠭᠡᠮᠵᠢᠲᠡᠢ ᠵᠢᠷᠤᠮᠵᠢᠯ᠎ᠲᠠᠢ᠎ᠪᠠᠷ ᠠᠵᠢᠯ ᠡᠷᠬᠢᠯᠡᠬᠦ ᠬᠡᠷᠡᠭᠲᠡᠢ᠃
      ᠭᠤᠷᠪᠠᠳᠤᠭ᠋ᠠᠷ ᠪᠦᠯᠦᠭ  ᠨᠡᠢ᠌ᠭᠡᠮ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ
      ᠬᠣᠷᠢᠨ ᠭᠤᠷᠪᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠲᠠᠪᠴᠠᠩ᠎ᠨᠢ ᠪᠥᠬᠥ ᠣᠷᠣᠨ᠎ᠤ ᠨᠡᠢ᠌ᠭᠡᠮ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠨᠢᠭᠡᠳᠦᠯᠲᠡᠢ ᠴᠤᠭᠯᠠᠭᠤᠯᠬᠤ ᠪᠠ ᠬᠠᠮᠢᠶᠠᠷᠤᠨ᠎ᠠ᠃ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠪᠠᠢ᠌ᠭᠤᠯᠤᠭᠰᠠᠨ ᠠᠵᠢᠯ ᠲᠥᠷᠥᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠰᠢᠰᠲ᠋ᠧᠮ᠎ᠨᠢ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠲᠠᠪᠴᠠᠩ᠎ᠯᠤᠭ᠎ᠠ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠬᠡᠷᠡᠭᠲᠡᠶ᠃
      ᠬᠣᠷᠢᠨ ᠳᠥᠷᠪᠡᠳᠦᠭᠡᠷ ᠵᠦᠢ᠍ᠯ ᠨᠡᠢ᠌ᠭᠡᠮ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠴᠤᠭᠯᠠᠭᠤᠯᠬᠤ᠂ ᠳᠠᠩᠰᠠᠯᠠᠬᠤ᠂ ᠬᠠᠳᠠᠭ᠋ᠠᠯᠠᠬᠤ᠂ ᠬᠠᠮᠲᠤᠪᠠᠷ ᠬᠤᠪᠢᠶᠠᠯᠴᠠᠬᠤ᠂ ᠢᠯᠡ ᠪᠣᠯᠭ᠋ᠠᠬᠤ᠂ ᠪᠠᠢ᠌ᠴᠠᠭ᠋ᠠᠨ ᠯᠠᠪᠯᠠᠬᠤ ᠪᠠ ᠬᠡᠷᠡᠭᠯᠡᠬᠦ ᠵᠡᠷᠭᠡ ᠠᠵᠢᠯᠯᠠᠭ᠎ᠠ᠎ᠳᠤ᠂ ᠬᠠᠤᠯᠢ᠎ᠳᠤ ᠨᠡᠶ᠋ᠢᠴᠡᠬᠦ᠂ ᠵᠦᠢ ᠶᠣᠰᠣᠨ᠎ᠤ᠂ ᠴᠢᠬᠤᠯᠠ᠎ᠲᠠᠢ᠂ ᠪᠣᠯᠭᠣᠮᠵᠢᠲᠠᠢ ᠪᠠᠶ᠋ᠢᠬᠤ ᠵᠠᠷᠴᠢᠮ᠎ᠢ ᠵᠢᠷᠤᠮᠯᠠᠵᠤ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠠᠬᠢ ᠬᠠᠮᠢᠶ᠎ᠠ ᠪᠦᠬᠦᠢ ᠲᠣᠭ᠎ᠠ ᠪᠠᠷᠢᠮᠲᠠ ᠵᠢᠨ ᠠᠮᠤᠷ ᠲᠦᠪᠰᠢᠨ᠂ ᠬᠤᠪᠢ ᠬᠥᠮᠥᠨ᠎ᠤ ᠮᠡᠳᠡᠭᠡ ᠵᠠᠩᠭᠢ ᠵᠢ ᠬᠠᠮᠠᠭ᠋ᠠᠯᠠᠬᠤ ᠵᠡᠷᠭᠡ ᠲᠣᠭᠲᠠᠭ᠋ᠠᠯ᠎ᠢ ᠴᠢᠩᠭ᠎ᠠ ᠬᠡᠷᠡᠭᠵᠢᠭᠦᠯᠬᠦ ᠬᠡᠷᠡᠭᠲᠡᠶ᠃
      ᠬᠣᠷᠢᠨ ᠲᠠᠪᠤᠳᠤᠭ᠋ᠠᠷ ᠵᠦᠢ᠍ᠯ ᠤᠯᠠᠨ ᠨᠠᠢ᠌ᠳᠠ ᠵᠢᠨ ᠢᠲᠡᠭᠡᠮᠵᠢ ᠵᠢᠨ ᠮᠡᠳᠡᠭᠡ ᠵᠠᠩᠭᠢ ᠵᠢ ᠴᠤᠭᠯᠠᠭᠤᠯᠬᠤ᠂ ᠨᠡᠢ᠌ᠲᠡᠯᠡᠬᠦ᠂ ᠬᠡᠷᠡᠭᠯᠡᠬᠦ ᠵᠢᠴᠢ ᠬᠠᠮᠢᠶᠠᠷᠬᠤ ᠪᠠ ᠦᠢ᠍ᠯᠡᠴᠢᠯᠡᠬᠦ ᠠᠵᠢᠯᠯᠠᠭ᠎ᠠ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠨ ᠨᠠᠢ᠌ᠳᠠ ᠵᠢᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠳᠦᠷᠢᠮ》ᠪᠣᠯᠣᠨ ᠪᠤᠰᠤᠳ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠢ ᠬᠡᠷᠡᠭᠯᠡᠨ᠎ᠡ᠃
      ᠬᠣᠷᠢᠨ ᠵᠢᠷᠭᠤᠳᠤᠭ᠋ᠠᠷ ᠵᠦᠢ᠍ᠯ ᠤᠯᠠᠨ ᠨᠠᠢ᠌ᠳᠠ ᠵᠢᠨ ᠪᠤᠰᠤ ᠢᠲᠡᠭᠡᠮᠵᠢ ᠵᠢᠨ ᠮᠡᠳᠡᠭᠡ ᠵᠠᠩᠭᠢ ᠵᠢ ᠴᠤᠭᠯᠠᠭᠤᠯᠬᠤ ᠨᠢᠭᠡᠴᠢ᠎ᠨᠦᠭᠦᠳ ᠤᠯᠠᠨ ᠨᠠᠢ᠌ᠳᠠ ᠵᠢᠨ ᠪᠤᠰᠤ ᠢᠲᠡᠭᠡᠮᠵᠢ ᠵᠢᠨ ᠮᠡᠳᠡᠭᠡ ᠵᠠᠩᠭᠢ ᠵᠢ ᠬᠠᠤᠯᠢ ᠶᠣᠰᠣᠭ᠋ᠠᠷ ᠴᠤᠭᠯᠠᠭᠤᠯᠵᠤ᠂ ᠢᠲᠡᠭᠡᠮᠵᠢ ᠵᠢᠨ ᠲᠠᠩᠰᠠ ᠡᠪᠬᠡᠮᠡᠯ ᠪᠠᠢ᠌ᠭᠤᠯᠬᠤ ᠬᠡᠷᠡᠭᠲᠡᠶ᠃
      ᠤᠯᠠᠨ ᠨᠠᠢ᠌ᠳᠠ ᠵᠢᠨ ᠪᠤᠰᠤ ᠢᠲᠡᠭᠡᠮᠵᠢ ᠵᠢᠨ ᠮᠡᠳᠡᠭᠡ ᠵᠠᠩᠭᠢ ᠵᠢ ᠴᠤᠭᠯᠠᠭᠤᠯᠬᠤ ᠨᠢᠭᠡᠴᠢ᠎ᠨᠢ ᠪᠣᠯᠵᠣᠨ ᠲᠣᠭᠲᠠᠭᠰᠠᠨ ᠶᠣᠰᠣᠭ᠋ᠠᠷ ᠨᠡᠢ᠌ᠭᠡᠮ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠲᠠᠪᠴᠠᠩ᠎ᠳᠤ ᠤᠯᠠᠨ ᠨᠠᠢ᠌ᠳᠠ ᠵᠢᠨ ᠪᠤᠰᠤ ᠢᠲᠡᠭᠡᠮᠵᠢ ᠵᠢᠨ ᠮᠡᠳᠡᠭᠡ ᠵᠠᠩᠭᠢ ᠵᠢ ᠬᠠᠩᠭ᠋ᠠᠬᠤ ᠵᠢ ᠵᠣᠷᠢᠭᠵᠢᠭᠤᠯᠤᠨ᠎ᠠ᠃ ᠤᠯᠠᠨ ᠨᠠᠢ᠌ᠳᠠ ᠵᠢᠨ ᠪᠤᠰᠤ ᠢᠲᠡᠭᠡᠮᠵᠢ ᠵᠢᠨ ᠮᠡᠳᠡᠭᠡ ᠵᠠᠩᠭᠢ ᠵᠢ ᠴᠤᠭᠯᠠᠭᠤᠯᠬᠤ ᠨᠢᠭᠡᠴᠢ᠎ᠨᠢ ᠬᠠᠩᠭ᠋ᠠᠭᠰᠠᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠤᠯᠢ ᠶᠣᠰᠣᠴᠢ ᠴᠢᠨᠠᠷ᠂ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ᠎ᠲᠤ ᠬᠠᠷᠢᠭᠤᠴᠠᠬᠤ ᠬᠡᠷᠡᠭᠲᠡᠶ᠃
      ᠤᠯᠠᠨ ᠨᠠᠢ᠌ᠳᠠ ᠵᠢᠨ ᠪᠤᠰᠤ ᠢᠲᠡᠭᠡᠮᠵᠢ ᠵᠢᠨ ᠮᠡᠳᠡᠭᠡ ᠵᠠᠩᠭᠢ ᠵᠢ ᠢᠯᠡ ᠪᠣᠯᠭ᠋ᠠᠬᠤ᠂ ᠬᠠᠮᠲᠤᠪᠠᠷ ᠬᠤᠪᠢᠶᠠᠯᠴᠠᠬᠤ᠂ ᠪᠠᠢ᠌ᠴᠠᠭ᠋ᠠᠨ ᠯᠠᠪᠯᠠᠬᠤ᠎ᠳᠤ ᠬᠠᠤᠯᠢ ᠶᠣᠰᠣᠭ᠋ᠠᠷ ᠢᠯᠡ ᠪᠣᠯᠭ᠋ᠠᠬᠤ᠂ ᠢᠲᠡᠭᠡᠮᠵᠢ ᠵᠢᠨ ᠭᠣᠣᠯ ᠴᠣᠭᠴᠠ᠎ᠨᠢ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ᠂ ᠢᠲᠡᠭᠡᠮᠵᠢ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ᠎ᠨᠢ ᠬᠠᠤᠯᠢ ᠶᠣᠰᠣᠭ᠋ᠠᠷ ᠬᠠᠩᠭ᠋ᠠᠬᠤ ᠪᠤᠶᠤ ᠪᠣᠯᠵᠣᠨ ᠲᠣᠭᠲᠠᠭᠰᠠᠨ ᠪᠤᠰᠤᠳ ᠠᠷᠭ᠎ᠠ ᠮᠠᠶᠢᠭ ᠵᠶ᠋ᠠᠷ ᠶᠠᠪᠤᠭᠳᠠᠭᠤᠯᠵᠤ ᠪᠣᠯᠣᠨ᠎ᠠ᠃
      ᠬᠣᠷᠢᠨ ᠳᠣᠯᠣᠳᠤᠭ᠋ᠠᠷ ᠵᠦᠢ᠍ᠯ ᠢᠲᠡᠭᠡᠮᠵᠢ ᠵᠢᠨ ᠭᠣᠣᠯ ᠴᠣᠭᠴᠠ᠎ᠨᠢ ᠢᠯᠡᠷᠬᠡᠢ᠌ᠯᠡᠯᠲᠡ ᠬᠢᠬᠦ᠂ ᠪᠡᠶ᠎ᠡ᠎ᠪᠠᠨ ᠳᠠᠭ᠋ᠠᠭ᠋ᠠᠵᠤ ᠮᠡᠳᠡᠭᠦᠯᠬᠦ᠂ ᠨᠡᠢ᠌ᠭᠡᠮ᠎ᠤᠨ ᠠᠮᠠᠯᠠᠯᠲᠠ ᠬᠢᠬᠦ ᠵᠡᠷᠭᠡ ᠬᠡᠯᠪᠡᠷᠢ᠎ᠪᠠᠷ ᠨᠡᠢ᠌ᠭᠡᠮ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠲᠠᠪᠴᠠᠩ᠂ ᠢᠲᠡᠭᠡᠮᠵᠢ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ᠂ ᠠᠵᠢᠯ ᠲᠥᠷᠥᠯ᠎ᠤᠨ ᠨᠡᠢ᠌ᠭᠡᠮᠯᠢᠭ ᠬᠤᠳᠠᠯᠳᠤᠭ᠋ᠠᠨ᠎ᠤ ᠡᠪᠯᠡᠯ ᠵᠡᠷᠭᠡ᠎ᠳᠤ ᠲᠣᠰ ᠪᠡᠶ᠎ᠡ ᠵᠢᠨ ᠨᠡᠢ᠌ᠭᠡᠮ᠎ᠤᠨ ᠢᠲᠡᠭᠡᠮᠵᠢ ᠵᠢᠨ ᠮᠡᠳᠡᠭᠡ ᠵᠠᠩᠭᠢ᠎ᠪᠠᠨ ᠬᠠᠩᠭ᠋ᠠᠬᠤ ᠵᠢᠨ ᠬᠠᠮᠲᠤ᠂ ᠬᠠᠩᠭ᠋ᠠᠭᠰᠠᠨ ᠮᠡᠳᠡᠭᠡ ᠵᠠᠩᠭᠢ ᠵᠢᠨ ᠬᠠᠤᠯᠢ ᠶᠣᠰᠣᠴᠢ ᠴᠢᠨᠠᠷ᠂ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ᠎ᠲᠤ ᠬᠠᠷᠢᠭᠤᠴᠠᠬᠤ ᠬᠡᠷᠡᠭᠲᠡᠶ᠃
      ᠬᠣᠷᠢᠨ ᠨᠠᠢ᠍ᠮᠠᠳᠤᠭ᠋ᠠᠷ ᠵᠦᠢ᠍ᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠢᠲᠡᠭᠡᠮᠵᠢ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ᠂ ᠠᠵᠢᠯ ᠲᠥᠷᠥᠯ᠎ᠤᠨ ᠨᠡᠢ᠌ᠭᠡᠮᠯᠢᠭ ᠬᠤᠳᠠᠯᠳᠤᠭ᠋ᠠᠨ᠎ᠤ ᠡᠪᠯᠡᠯ ᠵᠢᠴᠢ ᠪᠤᠰᠤᠳ ᠬᠠᠤᠯᠢ ᠵᠢᠨ ᠡᠷᠬᠡᠲᠡᠨ ᠪᠠ ᠬᠠᠤᠯᠢ ᠵᠢᠨ ᠡᠷᠬᠡᠲᠡᠨ ᠪᠤᠰᠤ ᠵᠣᠬᠢᠶᠠᠨ ᠪᠠᠢ᠌ᠭᠤᠯᠤᠯᠲᠠ᠎ᠯᠤᠭ᠎ᠠ ᠵᠢᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠤᠯᠠᠨ ᠨᠠᠢ᠌ᠳᠠ ᠵᠢᠨ ᠢᠲᠡᠭᠡᠮᠵᠢ ᠵᠢᠨ ᠮᠡᠳᠡᠭᠡ ᠵᠠᠩᠭᠢ ᠪᠠ ᠤᠯᠠᠨ ᠨᠠᠢ᠌ᠳᠠ ᠵᠢᠨ ᠪᠤᠰᠤ ᠢᠲᠡᠭᠡᠮᠵᠢ ᠵᠢᠨ ᠮᠡᠳᠡᠭᠡ ᠵᠠᠩᠭᠢ ᠵᠢ ᠠᠭᠤᠰᠤᠯᠴᠠᠭᠤᠯᠤᠨ ᠬᠡᠷᠡᠭᠯᠡᠬᠦ ᠵᠢ ᠠᠬᠢᠭᠤᠯᠬᠤ ᠬᠡᠷᠡᠭᠲᠡᠶ᠃
      ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠲᠠᠪᠴᠠᠩ ᠬᠢᠭᠡᠳ ᠮᠥᠩᠭᠥᠨ ᠭᠦᠢ᠍ᠯᠭᠡᠭᠡᠨ᠎ᠤ ᠢᠲᠡᠭᠡᠮᠵᠢ ᠵᠢᠨ ᠮᠡᠳᠡᠭᠡ ᠵᠠᠩᠭᠢ ᠵᠢᠨ ᠰᠠᠭᠤᠷᠢ ᠳ᠋ᠠᠢ᠌ᠲ᠋ᠠ ᠬᠥᠮᠥᠷᠭᠡ ᠵᠡᠷᠭᠡ ᠬᠠᠮᠢᠶ᠎ᠠ ᠪᠦᠬᠦᠢ ᠢᠲᠡᠭᠡᠮᠵᠢ ᠵᠢᠨ ᠮᠡᠳᠡᠭᠡ ᠵᠠᠩᠭᠢ ᠵᠢᠨ ᠲᠠᠪᠴᠠᠩ᠎ᠨᠢ ᠳ᠋ᠠᠢ᠌ᠲ᠋ᠠ ᠵᠢ ᠬᠠᠮᠲᠤᠪᠠᠷ ᠬᠤᠪᠢᠶᠠᠯᠴᠠᠬᠤ ᠵᠢ ᠴᠢᠩᠭ᠋ᠠᠳᠬᠠᠵᠤ᠂ ᠨᠡᠢ᠌ᠭᠡᠮ᠎ᠤᠨ ᠬᠡᠷᠡᠭᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠬᠡᠷᠡᠭᠲᠡᠶ᠃
ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠢᠲᠡᠭᠡᠮᠵᠢ ᠵᠢᠨ ᠳᠦᠷᠢᠮ (ᠳᠣᠣᠷᠠᠳᠤ)
      ᠳᠥᠷᠪᠡᠳᠦᠭᠡᠷ ᠪᠦᠯᠦᠭ ᠢᠲᠡᠭᠡᠮᠵᠢ᠎ᠲᠠᠢ ᠪᠠᠶ᠋ᠢᠬᠤ ᠵᠢ ᠤᠷᠮᠠᠰᠢᠭᠤᠯᠬᠤ ᠪᠠ ᠢᠲᠡᠭᠡᠯ ᠠᠯᠳᠠᠭᠰᠠᠳ᠎ᠢ ᠵᠠᠯᠬᠠᠭ᠋ᠠᠨ ᠴᠡᠭᠡᠷᠯᠡᠭᠦᠯᠬᠦ
      ᠬᠣᠷᠢ ᠶᠢᠰᠦᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠢᠲᠡᠭᠡᠮᠵᠢᠲᠡᠢ ᠪᠠᠶ᠋ᠢᠬᠤ ᠵᠢ ᠤᠷᠮᠠᠰᠢᠭᠤᠯᠬᠤ ᠪᠠ ᠢᠲᠡᠭᠡᠯ ᠠᠯᠳᠠᠭᠰᠠᠳ᠎ᠢ ᠵᠠᠯᠬᠠᠭ᠋ᠠᠨ ᠴᠡᠭᠡᠷᠯᠡᠭᠦᠯᠬᠦ ᠲᠣᠭᠲᠠᠴᠠ ᠵᠢ ᠪᠠᠢ᠌ᠭᠤᠯᠵᠤ᠂ ᠢᠲᠡᠭᠡᠮᠵᠢᠲᠡᠢ ᠪᠠᠶ᠋ᠢᠬᠤ ᠦᠢ᠍ᠯᠡ ᠠᠵᠢᠯᠯᠠᠭ᠎ᠠ ᠵᠢ ᠰᠠᠨᠠᠭ᠋ᠠᠴᠢᠯᠠᠬᠤ ᠪᠠ ᠰᠠᠢ᠌ᠰᠢᠶᠠᠵᠤ᠂ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢ ᠵᠠᠯᠬᠠᠭ᠋ᠠᠨ ᠴᠡᠭᠡᠷᠯᠡᠭᠦᠯᠬᠦ ᠪᠠ ᠬᠢᠵᠠᠭ᠋ᠠᠷᠯᠠᠬᠤ ᠬᠡᠷᠡᠭᠲᠡᠶ᠃
      ᠭᠤᠴᠢᠳᠤᠭ᠋ᠠᠷ ᠵᠦᠢ᠍ᠯ ᠢᠲᠡᠭᠡᠮᠵᠢᠲᠡᠢ ᠪᠠᠶ᠋ᠢᠬᠤ ᠵᠢ ᠤᠷᠮᠠᠰᠢᠭᠤᠯᠬᠤ ᠡᠲᠡᠭᠡᠳ᠎ᠢ ᠦᠨᠡᠯᠡᠨ ᠲᠣᠭᠲᠠᠭ᠋ᠠᠬᠤ ᠠᠷᠭ᠎ᠠ ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠰᠠᠯᠠᠭ᠎ᠠ ᠮᠥᠴᠢᠷ᠎ᠠᠴᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠣᠭᠲᠠᠭ᠋ᠠᠬᠤ ᠵᠢᠨ ᠬᠠᠮᠲᠤ ᠨᠡᠢ᠌ᠭᠡᠮ᠎ᠳᠤ ᠨᠡᠢ᠌ᠲᠡᠯᠡᠨ᠎ᠡ᠃
      ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠦᠨᠡᠯᠡᠨ ᠲᠣᠭᠲᠠᠭ᠋ᠠᠬᠤ ᠠᠷᠭ᠎ᠠ ᠵᠢᠨ ᠶᠣᠰᠣᠭ᠋ᠠᠷ ᠢᠲᠡᠭᠡᠮᠵᠢᠲᠡᠢ ᠪᠠᠶ᠋ᠢᠬᠤ ᠵᠢ ᠤᠷᠮᠠᠰᠢᠭᠤᠯᠬᠤ ᠡᠲᠡᠭᠡᠳ᠎ᠢ ᠨᠤᠲᠠᠯᠠᠨ ᠲᠣᠭᠲᠠᠭ᠋ᠠᠬᠤ ᠵᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠲᠠᠪᠴᠠᠩ ᠵᠶ᠋ᠠᠷ ᠳᠠᠮᠵᠢᠭᠤᠯᠤᠨ ᠨᠡᠢ᠌ᠭᠡᠮ᠎ᠳᠤ ᠨᠡᠢ᠌ᠲᠡᠯᠡᠨ᠎ᠡ᠃
      ᠭᠤᠴᠢᠨ ᠨᠢᠭᠡᠳᠦᠭᠡᠷ ᠵᠦᠢ᠍ᠯ  ᠲᠥᠷᠥ ᠵᠢᠨ ᠪᠠᠢ᠌ᠭᠤᠯᠭ᠎ᠠ ᠵᠢᠴᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠠᠴᠠ ᠡᠷᠬᠡ ᠣᠯᠭᠣᠭᠰᠠᠨ ᠤᠯᠠᠨ ᠨᠠᠢ᠌ᠳᠠ ᠵᠢᠨ ᠠᠵᠢᠯ ᠶᠠᠪᠤᠳᠠᠯ᠎ᠢ ᠬᠠᠮᠢᠶᠠᠷᠬᠤ ᠡᠭᠦᠷᠭᠡ ᠴᠢᠳᠠᠪᠤᠷᠢ ᠪᠦᠬᠦᠢ ᠵᠣᠬᠢᠶᠠᠨ ᠪᠠᠢ᠌ᠭᠤᠯᠤᠯᠲᠠ ᠬᠠᠤᠯᠢ᠎ᠪᠠᠷ ᠲᠣᠭᠲᠠᠭ᠋ᠠᠭᠰᠠᠨ ᠡᠷᠬᠡ ᠵᠢᠨ ᠬᠡᠪᠴᠢᠶᠡᠨ ᠳᠣᠲᠣᠷ᠎ᠠ᠎ᠪᠠᠨ ᠢᠲᠡᠭᠡᠮᠵᠢᠲᠡᠢ ᠪᠠᠶ᠋ᠢᠬᠤ ᠵᠢ ᠤᠷᠮᠠᠰᠢᠭᠤᠯᠤᠨ ᠵᠣᠷᠢᠭᠵᠢᠭᠤᠯᠬᠤ ᠡᠲᠡᠭᠡᠳ᠎ᠲᠤ ᠤᠷᠮᠠᠰᠢᠭᠤᠯᠤᠨ ᠵᠣᠷᠢᠭᠵᠢᠭᠤᠯᠬᠤ ᠠᠷᠭ᠎ᠠ ᠬᠡᠮᠵᠢᠶ᠎ᠡ ᠠᠪᠴᠤ ᠪᠣᠯᠣᠨ᠎ᠠ᠃
      ᠭᠤᠴᠢᠨ ᠬᠣᠶᠠᠳᠤᠭ᠋ᠠᠷ ᠵᠦᠢ᠍ᠯ ᠢᠲᠡᠭᠡᠯ ᠠᠯᠳᠠᠭᠰᠠᠳ᠎ᠢ ᠵᠠᠯᠬᠠᠭ᠋ᠠᠨ ᠴᠡᠭᠡᠷᠯᠡᠭᠦᠯᠬᠦ ᠠᠷᠭ᠎ᠠ ᠬᠡᠮᠵᠢᠶ᠎ᠡ᠎ᠳᠤ ᠨᠠᠷᠢᠨ ᠬᠠᠭᠤᠳᠠᠰᠤ ᠵᠢᠨ ᠳᠦᠷᠢᠮ᠎ᠤᠨ ᠬᠠᠮᠢᠶᠠᠷᠤᠯᠲᠠ ᠵᠢ ᠬᠡᠷᠡᠭᠵᠢᠭᠦᠯᠦᠨ᠎ᠡ᠃ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠤᠯᠤᠰ᠎ᠠᠴᠠ ᠠᠰᠲᠠᠭ᠋ᠠᠨ ᠲᠣᠭᠲᠠᠭ᠋ᠠᠯ᠎ᠲᠠᠢ ᠪᠠᠶ᠋ᠢᠬᠤ ᠵᠢ ᠭᠠᠷᠭ᠋ᠠᠪᠠᠯ᠂ ᠬᠠᠮᠢᠶ᠎ᠠ ᠪᠦᠬᠦᠢ ᠢᠲᠡᠭᠡᠮᠵᠢ ᠵᠢᠨ ᠭᠣᠣᠯ ᠴᠣᠭᠴᠠ᠎ᠳᠤ ᠲᠣᠳᠣᠷᠬᠠᠢ ᠬᠠᠭᠤᠳᠠᠰᠤᠨ᠎ᠳᠤ ᠵᠢᠭᠰᠠᠭ᠋ᠠᠭᠰᠠᠨ ᠬᠣᠬᠢᠷᠠᠯ᠎ᠢ ᠪᠠᠭ᠋ᠠᠰᠬᠠᠬᠤ ᠪᠤᠶᠤ ᠡᠭᠦᠷᠭᠡ ᠵᠢ ᠨᠡᠮᠡᠭᠳᠡᠭᠦᠯᠬᠦ᠎ᠠᠴᠠ ᠳᠠᠪᠠᠭᠰᠠᠨ ᠵᠠᠯᠬᠠᠭ᠋ᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠪᠴᠤ ᠪᠣᠯᠬᠤ ᠦᠭᠡᠢ; ᠢᠲᠡᠭᠡᠯ ᠵᠶ᠋ᠡᠨ ᠠᠯᠳᠠᠭᠰᠠᠨ ᠠᠵᠢᠯᠯᠠᠭ᠎ᠠ ᠵᠢᠨ ᠰᠢᠨᠵᠢ ᠴᠢᠨᠠᠷ᠂ ᠦᠢ᠍ᠯᠡ ᠪᠠᠶ᠋ᠢᠳᠠᠯ ᠪᠠ ᠨᠡᠢ᠌ᠭᠡᠮ᠎ᠤᠨ ᠨᠥᠯᠥᠭᠡ ᠵᠢ ᠦᠨᠳᠦᠰᠦᠯᠡᠨ᠂ ᠢᠲᠡᠭᠡᠯ ᠵᠶ᠋ᠡᠨ ᠠᠯᠳᠠᠭᠰᠠᠨ ᠭᠣᠣᠯ ᠴᠣᠭᠴᠠ᠎ᠳᠤ ᠬᠦᠨᠳᠦ ᠬᠥᠩᠭᠡᠨ᠎ᠨᠢ ᠵᠣᠬᠢᠰᠲᠠᠢ ᠵᠠᠯᠬᠠᠭ᠋ᠠᠨ ᠴᠡᠭᠡᠷᠯᠡᠭᠦᠯᠬᠦ ᠠᠷᠭ᠎ᠠ ᠬᠡᠮᠵᠢᠶ᠎ᠡ ᠵᠢ ᠠᠪᠤᠨ᠎ᠠ᠃
      ᠭᠤᠴᠢᠨ ᠭᠤᠷᠪᠠᠳᠤᠭ᠋ᠠᠷ ᠵᠦᠢ᠍ᠯ ᠲᠥᠷᠥ ᠵᠢᠨ ᠪᠠᠢ᠌ᠭᠤᠯᠭ᠎ᠠ ᠵᠢᠴᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠠᠴᠠ ᠡᠷᠬᠡ ᠣᠯᠭᠣᠭᠰᠠᠨ ᠤᠯᠠᠨ ᠨᠠᠢ᠌ᠳᠠ ᠵᠢᠨ ᠠᠵᠢᠯ ᠶᠠᠪᠤᠳᠠᠯ᠎ᠢ ᠬᠠᠮᠢᠶᠠᠷᠬᠤ ᠡᠭᠦᠷᠭᠡ ᠴᠢᠳᠠᠪᠤᠷᠢ᠎ᠲᠠᠢ ᠵᠣᠬᠢᠶᠠᠨ ᠪᠠᠢ᠌ᠭᠤᠯᠤᠯᠲᠠ᠎ᠠᠴᠠ ᠢᠲᠡᠭᠡᠯ ᠵᠶ᠋ᠡᠨ ᠠᠯᠳᠠᠭᠰᠠᠨ ᠦᠢ᠍ᠯᠡ ᠠᠵᠢᠯᠯᠠᠭ᠎ᠠ ᠵᠢ ᠨᠤᠲᠠᠯᠠᠨ ᠲᠣᠭᠲᠠᠭ᠋ᠠᠬᠤ᠎ᠳᠠᠭᠠᠨ᠂ ᠬᠠᠤᠯᠢ᠎ᠳᠤ ᠨᠡᠢ᠌ᠴᠡᠬᠦ᠂ ᠪᠤᠰᠤᠳᠴᠢ᠂ ᠬᠢᠨᠠᠭᠤᠷ ᠪᠣᠯᠭᠣᠮᠵᠢᠲᠠᠢ᠂ ᠬᠣᠯᠪᠣᠭ᠎ᠠ᠎ᠲᠠᠢ ᠪᠠᠶ᠋ᠢᠬᠤ ᠵᠠᠷᠴᠢᠮ᠎ᠢ ᠵᠢᠷᠤᠮᠯᠠᠨ᠂ ᠳᠣᠣᠷ᠎ᠠ ᠵᠢᠭᠰᠠᠭ᠋ᠠᠭᠰᠠᠨ ᠪᠢᠴᠢᠭ ᠬᠠᠷ᠎ᠠ᠎ᠪᠠᠷ ᠦᠨᠳᠦᠰᠦᠯᠡᠯ ᠪᠣᠯᠭ᠋ᠠᠬᠤ ᠬᠡᠷᠡᠭᠲᠡᠶ᠄
      (ᠨᠢᠭᠡ) ᠬᠦᠴᠦᠨ᠎ᠲᠠᠢ ᠪᠣᠯᠤᠭᠰᠠᠨ ᠬᠠᠤᠯᠢ ᠴᠠᠭ᠋ᠠᠵᠠ ᠵᠢᠨ ᠲᠠᠰᠤᠯᠤᠨ ᠲᠣᠭᠲᠠᠭ᠋ᠠᠯᠲᠠ ᠵᠢᠨ ᠪᠢᠴᠢᠭ ᠬᠠᠷ᠎ᠠ ᠪᠠ ᠬᠥᠨᠳᠡᠯᠡᠨ᠎ᠠᠴᠠ ᠲᠠᠰᠤᠯᠤᠭᠰᠠᠨ ᠪᠢᠴᠢᠭ ᠬᠠᠷ᠎ᠠ᠃
      (ᠬᠣᠶᠠᠷ) ᠬᠦᠴᠦᠨ᠎ᠲᠠᠢ ᠪᠣᠯᠤᠭᠰᠠᠨ ᠵᠠᠰᠠᠭ ᠵᠠᠬᠢᠷᠭ᠋ᠠᠨ᠎ᠤ ᠰᠢᠢ᠍ᠳᠬᠡᠯ ᠪᠠ ᠵᠠᠰᠠᠭ ᠵᠠᠬᠢᠷᠭ᠋ᠠᠨ᠎ᠤ ᠳᠠᠰᠤᠯᠤᠨ ᠲᠣᠭᠲᠠᠭ᠋ᠠᠯᠲᠠ ᠵᠡᠷᠭᠡ ᠵᠠᠰᠠᠭ ᠵᠠᠬᠢᠷᠭ᠋ᠠᠨ᠎ᠤ ᠦᠢ᠍ᠯᠡ ᠠᠵᠢᠯᠯᠠᠭ᠎ᠠ ᠵᠢᠨ ᠲᠣᠭᠲᠠᠭ᠋ᠠᠯ᠎ᠤᠨ ᠪᠢᠴᠢᠭ ᠬᠠᠷ᠎ᠠ᠃
      (ᠭᠤᠷᠪᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠤᠶᠤ ᠤᠯᠤᠰ᠎ᠠᠴᠠ ᠲᠣᠭᠲᠠᠭ᠋ᠠᠭᠰᠠᠨ ᠢᠲᠡᠭᠡᠯ ᠵᠶ᠋ᠡᠨ ᠠᠯᠳᠠᠭᠰᠠᠨ ᠦᠢ᠍ᠯᠡ ᠠᠵᠢᠯᠯᠠᠭ᠎ᠠ ᠵᠢ ᠨᠤᠲᠠᠯᠠᠨ ᠲᠣᠭᠲᠠᠭ᠋ᠠᠬᠤ ᠦᠨᠳᠦᠰᠦᠯᠡᠯ ᠪᠣᠯᠭ᠋ᠠᠵᠤ ᠪᠣᠯᠬᠤ ᠪᠤᠰᠤᠳ ᠪᠢᠴᠢᠭ ᠬᠠᠷ᠎ᠠ᠃
      ᠭᠤᠴᠢᠨ ᠳᠥᠷᠪᠡᠳᠦᠭᠡᠷ ᠵᠦᠢ᠍ᠯ   ᠢᠲᠡᠭᠡᠯ ᠵᠶ᠋ᠡᠨ ᠠᠯᠳᠠᠭᠰᠠᠨ ᠦᠢ᠍ᠯᠡ ᠠᠵᠢᠯᠯᠠᠭ᠎ᠠ ᠵᠢ ᠢᠲᠡᠭᠡᠯ ᠵᠶ᠋ᠡᠨ ᠠᠯᠳᠠᠭᠰᠠᠨ ᠮᠡᠳᠡᠭᠡ ᠵᠠᠩᠭᠢ ᠵᠢᠨ ᠲᠡᠮᠳᠡᠭᠯᠡᠯ᠎ᠳᠤ ᠣᠷᠣᠭᠤᠯᠤᠭᠰᠠᠨ ᠪᠠᠢ᠌ᠪᠠᠯ᠂ ᠢᠲᠡᠭᠡᠮᠵᠢ ᠵᠢᠨ ᠭᠣᠣᠯ ᠴᠣᠭᠴᠠ ᠵᠢᠨ ᠨᠤᠲᠠᠯᠠᠨ ᠲᠣᠭᠲᠠᠭ᠋ᠠᠭᠰᠠᠨ ᠰᠢᠨᠵᠢ ᠴᠢᠨᠠᠷ᠂ ᠰᠢᠯᠲᠠᠭ᠋ᠠᠨ᠂ ᠦᠨᠳᠦᠰᠦᠯᠡᠯ᠂ ᠰᠢᠯᠵᠢᠭᠦᠯᠵᠦ ᠭᠠᠷᠭ᠋ᠠᠬᠤ ᠨᠥᠬᠥᠴᠡᠯ ᠪᠣᠯᠣᠨ ᠲᠡᠳᠬᠦᠬᠦ ᠠᠷᠭ᠎ᠠ ᠵᠠᠮ᠎ᠢ ᠬᠡᠯᠡᠵᠦ ᠥᠭᠬᠦ ᠬᠡᠷᠡᠭᠲᠡᠶ᠃ ᠢᠲᠡᠭᠡᠯ ᠵᠶ᠋ᠠᠨ ᠠᠯᠳᠠᠭᠰᠠᠨ ᠢᠲᠡᠭᠡᠮᠵᠢ ᠵᠢᠨ ᠪᠡᠶᠡᠴᠢ ᠴᠣᠭᠴᠠ᠎ᠳᠤ ᠵᠠᠯᠬᠠᠭ᠋ᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠪᠬᠤ᠎ᠪᠠᠷ ᠲᠣᠭᠲᠠᠭ᠋ᠠᠭᠰᠠᠨ ᠪᠠᠢ᠌ᠪᠠᠯ᠂ ᠪᠠᠰᠠ ᠵᠠᠯᠬᠠᠭ᠋ᠠᠨ ᠴᠡᠭᠡᠷᠯᠡᠭᠦᠯᠬᠦ ᠠᠷᠭ᠎ᠠ ᠬᠡᠮᠵᠢᠶ᠎ᠡ ᠵᠢ ᠬᠦᠴᠦᠨ ᠦᠭᠡᠢ ᠪᠣᠯᠭ᠋ᠠᠬᠤ ᠨᠥᠬᠥᠴᠡᠯ᠎ᠢ ᠬᠡᠯᠡᠵᠦ ᠥᠭᠬᠦ ᠬᠡᠷᠡᠭᠲᠡᠶ᠃
      ᠭᠤᠴᠢᠨ ᠲᠠᠪᠤᠳᠤᠭ᠋ᠠᠷ ᠵᠦᠢ᠍ᠯ ᠢᠲᠡᠭᠡᠮᠵᠢ ᠵᠢᠨ ᠭᠣᠣᠯ ᠴᠣᠭᠴᠠ ᠵᠢ ᠬᠦᠨᠳᠦ ᠨᠣᠴᠢᠲᠠᠢ ᠢᠲᠡᠭᠡᠯ ᠵᠶ᠋ᠡᠨ ᠠᠯᠳᠠᠭᠰᠠᠨ ᠭᠣᠣᠯ ᠴᠣᠭᠴᠠ ᠵᠢᠨ ᠨᠡᠷᠡᠰ᠎ᠲᠤ ᠵᠢᠭᠰᠠᠭ᠋ᠠᠨ ᠣᠷᠣᠭᠤᠯᠬᠤ᠎ᠳᠤ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠣᠯᠣᠨ ᠤᠯᠤᠰ᠎ᠠᠴᠠ ᠲᠣᠭᠲᠠᠭ᠋ᠠᠭᠰᠠᠨ ᠦᠨᠳᠦᠰᠦᠯᠡᠯ ᠪᠣᠯᠣᠨ ᠨᠤᠲᠠᠯᠠᠨ ᠲᠣᠭᠲᠠᠭ᠋ᠠᠬᠤ ᠪᠠᠷᠢᠮᠵᠢᠶ᠎ᠠ ᠵᠢ ᠬᠡᠷᠡᠭᠵᠢᠭᠦᠯᠬᠦ ᠵᠢᠨ ᠬᠠᠮᠲᠤ ᠳᠣᠣᠷᠠᠬᠢ ᠮᠡᠲᠦ ᠦᠢ᠍ᠯᠡ ᠠᠵᠢᠯᠯᠠᠭ᠎ᠠ᠎ᠪᠠᠷ ᠬᠢᠵᠠᠭ᠋ᠠᠷᠯᠠᠬᠤ ᠬᠡᠷᠡᠭᠲᠡᠶ᠄
      (ᠨᠢᠭᠡ) ᠠᠷᠠᠳ ᠤᠯᠠᠨ᠎ᠤ ᠪᠡᠶ᠎ᠡ ᠵᠢᠨ ᠡᠷᠡᠭᠦᠯ ᠮᠠᠨᠳᠤ ᠪᠠ ᠠᠮᠢ ᠨᠠᠰᠤᠨ᠎ᠤ ᠠᠮᠤᠷ ᠲᠦᠪᠰᠢᠨ᠎ᠳᠤ ᠬᠦᠨᠳᠦ ᠨᠣᠴᠢᠲᠠᠢ ᠬᠣᠣᠷ ᠬᠥᠨᠥᠭᠡᠯ ᠤᠴᠠᠷᠠᠭᠤᠯᠤᠭᠰᠠᠨ ᠦᠢ᠍ᠯᠡ ᠠᠵᠢᠯᠯᠠᠭ᠎ᠠ;
      (ᠬᠣᠶᠠᠷ) ᠵᠠᠬ᠎ᠠ ᠳᠡᠯᠭᠡᠭᠦᠷ᠎ᠤᠨ ᠭᠣᠣᠯᠴᠢ ᠥᠷᠢᠰᠥᠯᠳᠦᠭᠡᠨ᠎ᠤ ᠡᠮᠬᠢ ᠵᠢᠷᠤᠮ ᠪᠠ ᠨᠡᠢ᠌ᠭᠡᠮ᠎ᠤᠨ ᠬᠡᠪ᠎ᠤᠨ ᠡᠮᠬᠢ ᠵᠢᠷᠤᠮ᠎ᠢ ᠬᠦᠨᠳᠦ ᠨᠣᠴᠢᠲᠠᠢ ᠡᠪᠳᠡᠭᠰᠡᠨ ᠦᠢ᠍ᠯᠡ ᠠᠵᠢᠯᠯᠠᠭ᠎ᠠ;
      (ᠭᠤᠷᠪᠠ) ᠬᠠᠤᠯᠢ᠎ᠪᠠᠷ ᠲᠣᠭᠲᠠᠭ᠋ᠠᠭᠰᠠᠨ ᠡᠭᠦᠷᠭᠡ᠎ᠪᠠᠨ ᠭᠦᠢ᠍ᠴᠡᠳᠬᠡᠬᠦ ᠵᠢ ᠲᠡᠪᠴᠢᠵᠦ᠂ ᠬᠠᠤᠯᠢ ᠪᠠᠷᠢᠬᠤ ᠪᠠᠢ᠌ᠭᠤᠯᠭ᠎ᠠ᠂ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠤᠯᠠᠨ ᠨᠠᠢ᠌ᠳᠠ ᠵᠢ ᠢᠲᠡᠭᠡᠭᠦᠯᠬᠦ ᠬᠦᠴᠦᠨ᠎ᠢ ᠬᠦᠨᠳᠦ ᠨᠣᠴᠢᠲᠠᠢ ᠨᠥᠯᠥᠭᠡᠯᠡᠭᠰᠡᠨ ᠦᠢ᠍ᠯᠡ ᠠᠵᠢᠯᠯᠠᠭ᠎ᠠ;
      (ᠳᠥᠷᠪᠡ) ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠡᠭᠦᠷᠭᠡ᠎ᠪᠠᠨ ᠭᠦᠢ᠍ᠴᠡᠳᠬᠡᠬᠦ ᠵᠢ ᠲᠡᠪᠴᠢᠭᠰᠡᠨ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠠᠰᠢᠭ ᠲᠤᠰᠠ᠎ᠳᠤ ᠬᠣᠣᠷ ᠬᠥᠨᠥᠭᠡᠯ ᠤᠴᠠᠷᠠᠭᠤᠯᠤᠭᠰᠠᠨ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠲᠥᠬᠦᠭᠡᠷᠦᠮᠵᠢ ᠵᠢ ᠡᠪᠳᠡᠭᠰᠡᠨ ᠵᠡᠷᠭᠡ ᠦᠢ᠍ᠯᠡ ᠠᠵᠢᠯᠯᠠᠭ᠎ᠠ;
      (ᠲᠠᠪᠤ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠣᠯᠣᠨ ᠤᠯᠤᠰ᠎ᠠᠴᠠ ᠲᠣᠭᠲᠠᠭ᠋ᠠᠭᠰᠠᠨ ᠪᠤᠰᠤᠳ ᠬᠦᠨᠳᠦ ᠨᠣᠴᠢᠲᠠᠢ ᠢᠲᠡᠭᠡᠯ ᠵᠶ᠋ᠡᠨ ᠠᠯᠳᠠᠭᠰᠠᠨ ᠦᠢ᠍ᠯᠡ ᠠᠵᠢᠯᠯᠠᠭ᠎ᠠ;
      ᠭᠤᠴᠢᠨ ᠵᠢᠷᠭᠤᠳᠤᠭ᠋ᠠᠷ ᠵᠦᠢ᠍ᠯ ᠲᠥᠷᠥ ᠵᠢᠨ ᠪᠠᠢ᠌ᠭᠤᠯᠭ᠎ᠠ ᠵᠢᠴᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠠᠴᠠ ᠡᠷᠬᠡ ᠣᠯᠭᠣᠭᠰᠠᠨ ᠤᠯᠠᠨ ᠨᠠᠢ᠌ᠳᠠ ᠵᠢᠨ ᠠᠵᠢᠯ ᠶᠠᠪᠤᠳᠠᠯ᠎ᠢ ᠬᠠᠮᠢᠶᠠᠷᠬᠤ ᠡᠭᠦᠷᠭᠡ ᠴᠢᠳᠠᠪᠤᠷᠢ᠎ᠲᠠᠢ ᠵᠣᠬᠢᠶᠠᠨ ᠪᠠᠢ᠌ᠭᠤᠯᠤᠯᠲᠠ᠎ᠠᠴᠠ ᠬᠦᠨᠳᠦ ᠨᠣᠴᠢᠲᠠᠢ ᠢᠲᠡᠭᠡᠯ ᠵᠶ᠋ᠡᠨ ᠠᠯᠳᠠᠭᠰᠠᠨ ᠭᠣᠣᠯ ᠴᠣᠭᠴᠠ ᠵᠢ ᠨᠤᠲᠠᠯᠠᠨ ᠲᠣᠭᠲᠠᠭ᠋ᠠᠬᠤ ᠲᠣᠭᠲᠠᠭ᠋ᠠᠯ ᠭᠠᠷᠭ᠋ᠠᠬᠤ᠎ᠠᠴᠠ ᠡᠮᠦᠨ᠎ᠡ᠂ ᠢᠲᠡᠭᠡᠮᠵᠢ ᠵᠢᠨ ᠭᠣᠣᠯ ᠴᠣᠭᠴᠠ᠎ᠳᠤ ᠲᠣᠭᠲᠠᠭ᠋ᠠᠭᠰᠠᠨ ᠤᠴᠢᠷ ᠰᠢᠯᠲᠠᠭ᠋ᠠᠨ᠂ ᠦᠨᠳᠦᠰᠦᠯᠡᠯ ᠪᠣᠯᠣᠨ ᠬᠠᠤᠯᠢ ᠶᠣᠰᠣᠭ᠋ᠠᠷ ᠡᠳ᠋ᠯᠡᠬᠦ ᠡᠷᠬᠡ ᠵᠢ ᠬᠡᠯᠡᠵᠦ ᠥᠭᠬᠦ ᠬᠡᠷᠡᠭᠲᠡᠶ᠃ ᠢᠲᠡᠭᠡᠮᠵᠢ ᠵᠢᠨ ᠭᠣᠣᠯ ᠴᠣᠭᠴᠠ ᠣᠨᠳᠣᠣ ᠰᠠᠨᠠᠯ ᠳᠤᠷᠠᠳᠤᠭᠰᠠᠨ ᠪᠠᠢ᠌ᠪᠠᠯ᠂ ᠬᠢᠨᠠᠨ ᠬᠠᠷᠭᠤᠭᠤᠯᠬᠤ ᠵᠢᠨ ᠬᠠᠮᠲᠤ ᠲᠣᠭᠲᠠᠭ᠋ᠠᠭᠰᠠᠨ ᠴᠠᠭ ᠬᠤᠭᠤᠴᠠᠭ᠋ᠠᠨ ᠳᠣᠲᠣᠷ᠎ᠠ ᠦᠷ᠎ᠡ ᠳ᠋ᠦᠩ᠎ᠢ᠎ᠨᠢ ᠬᠠᠷᠢᠭᠤ ᠲᠤᠰᠬᠠᠬᠤ ᠬᠡᠷᠡᠭᠲᠡᠶ᠃
      ᠢᠲᠡᠭᠡᠮᠵᠢ ᠵᠢᠨ ᠭᠣᠣᠯ ᠴᠣᠭᠴᠠ ᠵᠢ ᠬᠦᠨᠳᠦ ᠨᠣᠴᠢᠲᠠᠢ ᠢᠲᠡᠭᠡᠯ ᠠᠯᠳᠠᠭᠰᠠᠨ ᠭᠣᠣᠯ ᠴᠣᠭᠴᠠ ᠵᠢᠨ ᠨᠡᠷᠡᠰ᠎ᠲᠤ ᠵᠢᠭᠰᠠᠭ᠋ᠠᠨ ᠣᠷᠣᠭᠤᠯᠬᠤ᠎ᠳᠤ ᠨᠤᠲᠠᠯᠠᠨ ᠲᠣᠭᠲᠠᠭ᠋ᠠᠭᠰᠠᠨ ᠲᠣᠭᠲᠠᠭ᠋ᠠᠯ᠎ᠤᠨ ᠪᠢᠴᠢᠭ ᠬᠠᠷ᠎ᠠ ᠭᠠᠷᠭ᠋ᠠᠵᠤ᠂ ᠤᠴᠢᠷ ᠰᠢᠯᠲᠠᠭ᠋ᠠᠨ᠂ ᠦᠨᠳᠦᠰᠦᠯᠡᠯ᠂ ᠢᠲᠡᠭᠡᠯ ᠠᠯᠳᠠᠭᠰᠠᠳ᠎ᠢ ᠵᠠᠯᠬᠠᠭ᠋ᠠᠨ ᠴᠡᠭᠡᠷᠯᠡᠭᠦᠯᠬᠦ ᠠᠷᠭ᠎ᠠ ᠬᠡᠮᠵᠢᠶ᠎ᠡ ᠵᠢᠨ ᠰᠠᠨᠠᠭᠤᠯᠤᠮᠵᠢ᠂ ᠰᠢᠯᠵᠢᠭᠦᠯᠦᠨ ᠭᠠᠷᠭ᠋ᠠᠬᠤ ᠨᠥᠬᠥᠴᠡᠯ ᠪᠠ ᠲᠠᠰ ᠳᠠᠷᠠᠭ᠋ᠠᠯᠠᠯ ᠵᠢᠴᠢ ᠲᠡᠳᠬᠦᠬᠦ ᠠᠷᠭ᠎ᠠ ᠬᠡᠮᠵᠢᠶ᠎ᠡ ᠵᠢ ᠲᠣᠳᠣᠷᠬᠠᠢ᠌ᠯᠠᠨ ᠲᠡᠮᠳᠡᠭᠯᠡᠵᠦ᠂ ᠢᠲᠡᠭᠡᠮᠵᠢ ᠵᠢᠨ ᠭᠣᠣᠯ ᠴᠣᠭᠴᠠ᠎ᠳᠤ ᠬᠠᠤᠯᠢ ᠶᠣᠰᠣᠭ᠋ᠠᠷ ᠬᠦᠷᠭᠡᠬᠦ ᠵᠢᠨ ᠬᠠᠮᠲᠤ ᠨᠤᠲᠠᠯᠠᠨ ᠲᠣᠭᠲᠠᠭ᠋ᠠᠭᠰᠠᠨ ᠬᠦᠨᠳᠦ ᠨᠣᠴᠢᠲᠠᠢ ᠢᠲᠡᠭᠡᠯ ᠠᠯᠳᠠᠭᠰᠠᠨ ᠭᠣᠣᠯ ᠴᠣᠭᠴᠠ ᠵᠢᠨ ᠨᠡᠷᠡᠰ᠎ᠢ ᠴᠠᠭ ᠲᠤᠬᠠᠢ᠎ᠳᠤᠨᠢ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠲᠠᠪᠴᠠᠩ ᠵᠶ᠋ᠠᠷ ᠳᠠᠮᠵᠢᠭᠤᠯᠤᠨ ᠨᠡᠢ᠌ᠭᠡᠮ᠎ᠳᠤ ᠨᠡᠢ᠌ᠲᠡᠯᠡᠬᠦ ᠬᠡᠷᠡᠭᠲᠡᠶ᠃
      ᠨᠤᠲᠠᠯᠠᠨ ᠲᠣᠭᠲᠠᠭ᠋ᠠᠬᠤ ᠪᠠᠷᠢᠮᠵᠢᠶ᠎ᠠ ᠪᠠ ᠨᠤᠲᠠᠯᠠᠨ ᠲᠣᠭᠲᠠᠭ᠋ᠠᠬᠤ ᠵᠢᠷᠤᠮ᠎ᠠᠴᠠ ᠵᠥᠷᠢᠴᠡᠨ ᠬᠦᠨᠳᠦ ᠨᠣᠴᠢᠲᠠᠢ ᠢᠲᠡᠭᠡᠯ ᠠᠯᠳᠠᠭᠰᠠᠨ ᠭᠣᠣᠯ ᠴᠣᠭᠴᠠ ᠵᠢᠨ ᠨᠡᠷᠡᠰ᠎ᠢ ᠳᠤᠷ᠎ᠠ᠎ᠪᠠᠷ ᠵᠶ᠋ᠠᠨ ᠨᠤᠲᠠᠯᠠᠨ ᠲᠣᠭᠲᠠᠭ᠋ᠠᠵᠤ ᠪᠣᠯᠬᠤ ᠦᠭᠡᠢ᠃
      ᠭᠤᠴᠢᠨ ᠳᠣᠯᠣᠳᠤᠭ᠋ᠠᠷ ᠵᠦᠢ᠍ᠯ ᠬᠠᠤᠯᠢ ᠵᠢᠨ ᠡᠷᠬᠡᠲᠡᠨ᠂ ᠬᠠᠤᠯᠢ ᠵᠢᠨ ᠡᠷᠬᠡᠲᠡᠨ ᠪᠤᠰᠤ ᠵᠣᠬᠢᠶᠠᠨ ᠪᠠᠢ᠌ᠭᠤᠯᠤᠯᠲᠠ ᠵᠡᠷᠭᠡ᠎ᠨᠢ ᠬᠦᠨᠳᠦ ᠨᠣᠴᠢᠲᠠᠢ ᠢᠲᠡᠭᠡᠯ ᠵᠶ᠋ᠡᠨ ᠠᠯᠳᠠᠭᠰᠠᠨ ᠭᠣᠣᠯ ᠴᠣᠭᠴᠠ᠎ᠪᠠᠷ ᠨᠤᠲᠠᠯᠠᠨ ᠲᠣᠭᠲᠠᠭ᠋ᠠᠭᠳᠠᠭᠰᠠᠨ ᠪᠠᠢ᠌ᠪᠠᠯ᠂ ᠤᠯᠤᠰ᠎ᠤᠨ ᠲᠣᠭᠲᠠᠭ᠋ᠠᠯ ᠶᠣᠰᠣᠭ᠋ᠠᠷ ᠲᠡᠭᠦᠨ᠎ᠤ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ᠂ ᠭᠣᠣᠯ ᠬᠠᠷᠢᠭᠤᠴᠠᠯᠭ᠋ᠠᠲᠠᠨ᠂ ᠪᠣᠳᠠᠲᠠᠢ ᠡᠵᠡᠮᠳᠡᠭᠴᠢ ᠵᠢ ᠢᠲᠡᠭᠡᠯ ᠵᠶ᠋ᠡᠨ ᠠᠯᠳᠠᠭᠰᠠᠨ ᠲᠡᠮᠳᠡᠭᠯᠡᠯ᠎ᠳᠤ ᠣᠷᠣᠭᠤᠯᠬᠤ ᠬᠡᠷᠡᠭᠲᠡᠶ᠃
      ᠲᠠᠪᠤᠳᠤᠭ᠋ᠠᠷ ᠪᠦᠯᠦᠭ  ᠢᠲᠡᠭᠡᠮᠵᠢ ᠵᠢᠨ ᠭᠣᠣᠯ ᠴᠣᠭᠴᠠ ᠵᠢᠨ ᠡᠷᠬᠡ ᠠᠰᠢᠭ᠎ᠢ ᠬᠠᠮᠠᠭ᠋ᠠᠯᠠᠬᠤ
      ᠭᠤᠴᠢᠨ ᠨᠠᠢ᠍ᠮᠠᠳᠤᠭ᠋ᠠᠷ ᠵᠦᠢ᠍ᠯ  ᠢᠲᠡᠭᠡᠮᠵᠢ ᠵᠢᠨ ᠭᠣᠣᠯ ᠴᠣᠭᠴᠠ᠎ᠨᠢ ᠲᠤᠰ ᠪᠡᠶ᠎ᠡ ᠵᠢᠨ ᠢᠲᠡᠭᠡᠮᠵᠢ ᠵᠢᠨ ᠮᠡᠳᠡᠭᠡ ᠵᠠᠩᠭᠢ᠎ᠪᠠᠨ ᠪᠠᠢ᠌ᠴᠠᠭ᠋ᠠᠨ ᠯᠠᠪᠯᠠᠬᠤ ᠪᠠ ᠪᠠᠭᠤᠯᠭ᠋ᠠᠨ ᠠᠪᠬᠤ ᠡᠷᠬᠡ᠎ᠲᠠᠢ᠂ ᠲᠡᠭᠦᠨ᠎ᠲᠠᠢ ᠬᠣᠯᠪᠣᠭᠳᠠᠬᠤ ᠢᠲᠡᠭᠡᠮᠵᠢ ᠵᠢᠨ ᠮᠡᠳᠡᠭᠡ ᠵᠠᠩᠭᠢ ᠵᠢ ᠴᠤᠭᠯᠠᠭᠤᠯᠤᠭᠰᠠᠨ᠂ ᠴᠤᠭᠯᠠᠭᠤᠯᠤᠨ ᠳᠠᠩᠰᠠᠯᠠᠭᠰᠠᠨ᠂ ᠪᠣᠯᠪᠠᠰᠤᠷᠠᠭᠤᠯᠤᠭᠰᠠᠨ ᠪᠠ ᠬᠠᠮᠲᠤ᠎ᠪᠠᠷ ᠡᠳ᠋ᠯᠡᠵᠦ ᠪᠠᠢ᠌ᠭ᠎ᠠ ᠪᠠᠶ᠋ᠢᠳᠠᠯ ᠵᠢᠴᠢ ᠲᠡᠭᠦᠨ᠎ᠤ ᠢᠲᠡᠭᠡᠮᠵᠢ ᠵᠢᠨ ᠮᠡᠳᠡᠭᠦᠯᠦᠯᠲᠡ᠎ᠳᠤ ᠲᠣᠳᠣᠷᠬᠠᠢ ᠲᠡᠮᠳᠡᠭᠯᠡᠭᠰᠡᠨ ᠮᠡᠳᠡᠭᠡ ᠵᠠᠩᠭᠢ ᠵᠢᠨ ᠢᠷᠡᠯᠲᠡ ᠪᠠ ᠬᠤᠪᠢᠷᠠᠯᠲᠠ ᠵᠢᠨ ᠤᠴᠢᠷ ᠰᠢᠯᠲᠠᠭ᠋ᠠᠨ᠎ᠢ ᠮᠡᠳᠡᠬᠦ ᠡᠷᠬᠡ᠎ᠲᠠᠢ᠃
      ᠭᠤᠴᠢ ᠶᠢᠰᠦᠳᠦᠭᠡᠷ ᠵᠦᠢ᠍ᠯ ᠢᠲᠡᠭᠡᠮᠵᠢ ᠵᠢᠨ ᠭᠣᠣᠯ ᠴᠣᠭᠴᠠ᠎ᠨᠢ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠪᠠᠢ᠌ᠭᠤᠯᠤᠮᠵᠢ ᠵᠢᠨ ᠵᠠᠷᠯᠠᠨ ᠨᠡᠢ᠌ᠲᠡᠯᠡᠭᠰᠡᠨ ᠪᠤᠶᠤ ᠲᠡᠮᠳᠡᠭᠯᠡᠭᠰᠡᠨ ᠤᠯᠠᠨ ᠨᠠᠢ᠌ᠳᠠ ᠵᠢᠨ ᠢᠲᠡᠭᠡᠮᠵᠢ ᠵᠢᠨ ᠮᠡᠳᠡᠭᠡ ᠵᠠᠩᠭᠢ᠎ᠳᠤ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠨ ᠨᠢᠭᠡ᠎ᠨᠢ ᠣᠷᠣᠰᠢᠵᠤ ᠪᠠᠢ᠌ᠨ᠎ᠠ ᠭᠡᠵᠦ ᠦᠵᠡᠪᠡᠯ᠂ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢ ᠨᠤᠲᠠᠯᠠᠨ ᠲᠣᠭᠲᠠᠭ᠋ᠠᠭᠰᠠᠨ ᠨᠢᠭᠡᠴᠢ ᠪᠤᠶᠤ ᠲᠡᠭᠦᠨ᠎ᠤ ᠤᠯᠠᠨ ᠨᠠᠢ᠌ᠳᠠ ᠵᠢᠨ ᠢᠲᠡᠭᠡᠮᠵᠢ ᠵᠢᠨ ᠮᠡᠳᠡᠭᠡ ᠵᠠᠩᠭᠢ ᠵᠢ ᠨᠡᠢ᠌ᠲᠡᠯᠡᠨ ᠲᠡᠮᠳᠡᠭᠯᠡᠭᠰᠡᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠪᠠᠢ᠌ᠭᠤᠯᠤᠮᠵᠢ᠎ᠳᠤ ᠣᠨᠳᠣᠣ ᠰᠠᠨᠠᠯ᠎ᠲᠠᠢ ᠭᠤᠶᠤᠴᠢᠯᠠᠯ ᠭᠠᠷᠭ᠋ᠠᠵᠤ ᠪᠣᠯᠣᠨ᠎ᠠ᠄
      (ᠨᠢᠭᠡ) ᠪᠣᠳᠠᠲᠤ ᠪᠠᠶ᠋ᠢᠳᠠᠯ᠎ᠲᠠᠢ ᠨᠡᠶ᠋ᠢᠴᠡᠬᠦ ᠦᠭᠡᠢ᠂ ᠪᠤᠷᠤᠭᠤ᠎ᠲᠠᠢ ᠪᠤᠶᠤ ᠣᠷᠬᠢᠭᠳᠠᠭᠤᠯᠤᠭᠰᠠᠨ ᠪᠠᠶ᠋ᠢᠳᠠᠯ᠎ᠲᠠᠢ ᠪᠠᠶ᠋ᠢᠬᠤ᠃
      (ᠬᠣᠶᠠᠷ) ᠬᠤᠳᠠᠯᠳᠤᠭ᠋ᠠᠨ᠎ᠤ ᠨᠢᠭᠤᠴᠠ᠂ ᠬᠤᠪᠢ ᠬᠥᠮᠥᠨ᠎ᠤ ᠨᠢᠭᠤᠴᠠ ᠪᠤᠶᠤ ᠪᠤᠰᠤᠳ ᠬᠠᠤᠯᠢ ᠶᠣᠰᠣᠨ᠎ᠤ ᠡᠷᠬᠡ ᠠᠰᠢᠭ᠎ᠲᠤᠨᠢ ᠬᠠᠯᠳᠠᠭᠰᠠᠨ᠃
      (ᠭᠤᠷᠪᠠ)ᠵᠠᠷᠯᠠᠨ ᠨᠡᠢ᠌ᠲᠡᠯᠡᠬᠦ ᠬᠤᠭᠤᠴᠠᠭ᠎ᠠ᠎ᠠᠴᠠ ᠬᠡᠲᠦᠷᠡᠭᠰᠡᠨ ᠪᠠᠶ᠋ᠢᠲᠠᠯ᠎ᠠ ᠮᠥᠨ ᠵᠠᠷᠯᠠᠨ ᠨᠡᠢ᠌ᠲᠡᠯᠡᠭᠰᠡᠨ᠃
      (ᠳᠥᠷᠪᠡ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠨᠡᠢ᠌ᠲᠡᠯᠡᠵᠦ ᠪᠣᠯᠬᠤ ᠦᠭᠡᠢ ᠪᠤᠰᠤᠳ ᠮᠡᠳᠡᠭᠡ ᠵᠠᠩᠭᠢ᠃
      ᠳᠥᠴᠢᠳᠦᠭᠡᠷ ᠵᠦᠢ᠍ᠯ  ᠢᠲᠡᠭᠡᠮᠵᠢ ᠵᠢᠨ ᠭᠣᠣᠯ ᠴᠣᠭᠴᠠ᠎ᠨᠢ ᠢᠲᠡᠭᠡᠮᠵᠢ ᠵᠢᠨ ᠮᠡᠳᠡᠭᠡ ᠵᠠᠩᠭᠢ ᠵᠢ ᠵᠠᠰᠠᠨ ᠰᠡᠷᠭᠦᠭᠡᠬᠦ ᠡᠷᠬᠡ ᠵᠢ ᠬᠠᠤᠯᠢ ᠶᠣᠰᠣᠭ᠋ᠠᠷ ᠡᠳ᠋ᠯᠡᠨ᠎ᠡ᠃ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠤᠯᠤᠰ᠎ᠠᠴᠠ ᠲᠣᠭᠲᠠᠭ᠋ᠠᠭᠰᠠᠨ ᠵᠠᠰᠠᠨ ᠰᠡᠷᠭᠦᠭᠡᠵᠦ ᠪᠣᠯᠬᠤ ᠦᠭᠡᠢ ᠪᠠᠶ᠋ᠢᠳᠠᠯ᠎ᠢ ᠭᠠᠷᠭ᠋ᠠᠪᠠᠯ᠂ ᠬᠣᠯᠪᠣᠭᠳᠠᠯ ᠪᠦᠬᠦᠢ ᠨᠥᠬᠥᠴᠡᠯ᠎ᠢ ᠬᠠᠩᠭ᠋ᠠᠭᠰᠠᠨ ᠢᠲᠡᠭᠡᠮᠵᠢ ᠵᠢᠨ ᠭᠣᠣᠯ ᠴᠣᠭᠴᠠ᠎ᠨᠢ ᠴᠥᠮ ᠢᠲᠡᠭᠡᠮᠵᠢ ᠵᠢᠨ ᠮᠡᠳᠡᠭᠡ ᠵᠠᠩᠭᠢ ᠵᠢ ᠵᠠᠰᠠᠨ ᠰᠡᠷᠭᠦᠭᠡᠬᠦ᠎ᠪᠠᠷ ᠭᠤᠶᠤᠴᠢᠯᠠᠬᠤ ᠡᠷᠬᠡ᠎ᠲᠠᠢ᠃
      ᠲᠥᠷᠥ ᠵᠢᠨ ᠪᠠᠢ᠌ᠭᠤᠯᠭ᠎ᠠ ᠵᠢᠴᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠠᠴᠠ ᠡᠷᠬᠡ ᠣᠯᠭᠣᠭᠰᠠᠨ ᠤᠯᠠᠨ ᠨᠠᠢ᠌ᠳᠠ ᠵᠢᠨ ᠬᠡᠷᠡᠭ ᠶᠠᠪᠤᠳᠠᠯ᠎ᠢ ᠬᠠᠮᠢᠶᠠᠷᠬᠤ ᠡᠭᠦᠷᠭᠡ ᠴᠢᠳᠠᠪᠤᠷᠢ᠎ᠲᠠᠢ ᠵᠣᠬᠢᠶᠠᠨ ᠪᠠᠢ᠌ᠭᠤᠯᠤᠯᠲᠠ᠎ᠨᠢ ᠢᠲᠡᠭᠡᠮᠵᠢ ᠵᠢ ᠰᠡᠷᠭᠦᠭᠡᠬᠦ ᠬᠠᠮᠵᠢᠯᠴᠠᠬᠤ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠢᠲᠡᠭᠡᠮᠵᠢ ᠵᠢ ᠰᠡᠷᠭᠦᠭᠡᠭᠰᠡᠨ ᠦᠷ᠎ᠡ ᠳ᠋ᠦᠩ᠎ᠢ ᠴᠠᠭ ᠲᠤᠬᠠᠢ᠎ᠳᠤᠨᠢ ᠵᠡᠷᠭᠡ᠎ᠳᠤᠨᠢ ᠰᠢᠨᠡᠳᠬᠡᠬᠦ ᠬᠡᠷᠡᠭᠲᠡᠶ᠃ ᠢᠲᠡᠭᠡᠮᠵᠢ ᠵᠢᠨ ᠰᠡᠷᠭᠦᠭᠡᠯᠲᠡ ᠵᠢ ᠪᠡᠶᠡᠯᠡᠭᠦᠯᠦᠭᠰᠡᠨ᠎ᠤ ᠳᠠᠷᠠᠭ᠎ᠠ᠂ ᠬᠠᠮᠢᠶ᠎ᠠ ᠪᠦᠬᠦᠢ ᠨᠢᠭᠡᠴᠢ᠎ᠨᠢ ᠢᠲᠡᠭᠡᠮᠵᠢ ᠵᠢᠨ ᠭᠣᠣᠯ ᠴᠣᠭᠴᠠ ᠵᠢ ᠵᠠᠯᠬᠠᠭ᠋ᠠᠨ ᠴᠡᠭᠡᠷᠯᠡᠭᠦᠯᠬᠦ ᠠᠷᠭ᠎ᠠ ᠬᠡᠮᠵᠢᠶ᠎ᠡ᠎ᠪᠠᠨ ᠵᠣᠭᠰᠤᠭ᠋ᠠᠬᠤ ᠬᠡᠷᠡᠭᠲᠡᠶ᠃
      ᠶᠠᠮᠠᠷᠪᠠ ᠵᠣᠬᠢᠶᠠᠨ ᠪᠠᠢ᠌ᠭᠤᠯᠤᠯᠲᠠ ᠪᠠ ᠬᠤᠪᠢ ᠬᠥᠮᠥᠨ ᠶᠠᠮᠠᠷᠪᠠ ᠬᠡᠯᠪᠡᠷᠢ᠎ᠪᠠᠷ ᠢᠲᠡᠭᠡᠮᠵᠢ ᠵᠢᠨ ᠰᠡᠷᠭᠦᠭᠡᠯᠲᠡ ᠵᠢ ᠭᠤᠶᠤᠴᠢᠯᠠᠭᠰᠠᠨ ᠭᠣᠣᠯ ᠴᠣᠭᠴᠠ᠎ᠠᠴᠠ ᠶᠠᠮᠠᠷᠪᠠ ᠵᠠᠷᠤᠳᠠᠯ ᠰᠦᠢ᠍ᠳᠬᠡᠯ ᠬᠤᠷᠢᠶᠠᠵᠤ ᠪᠣᠯᠬᠤ ᠦᠭᠡᠢ᠃
      ᠢᠲᠡᠭᠡᠮᠵᠢ ᠵᠢᠨ ᠮᠡᠳᠡᠭᠡ ᠵᠠᠩᠭᠢ ᠵᠢ ᠰᠡᠷᠭᠦᠭᠡᠬᠦ ᠪᠣᠳᠠᠲᠠᠢ ᠠᠷᠭ᠎ᠠ ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠰᠠᠯᠠᠭ᠎ᠠ ᠮᠥᠴᠢᠷ᠎ᠠᠴᠠ ᠲᠣᠭᠲᠠᠭ᠋ᠠᠬᠤ ᠵᠢᠨ ᠬᠠᠮᠲᠤ ᠨᠡᠢ᠌ᠭᠡᠮ᠎ᠳᠤ ᠨᠡᠢ᠌ᠲᠡᠯᠡᠨ᠎ᠡ᠃
      ᠳᠥᠴᠢᠨ ᠨᠢᠭᠡᠳᠦᠭᠡᠷ ᠵᠦᠢ᠍ᠯ  ᠳᠣᠷᠣ ᠵᠢᠨ ᠪᠠᠢ᠌ᠭᠤᠯᠭ᠎ᠠ ᠵᠢᠴᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠠᠴᠠ ᠡᠷᠬᠡ ᠣᠯᠭᠣᠭᠰᠠᠨ ᠤᠯᠠᠨ ᠨᠠᠢ᠌ᠳᠠ ᠵᠢᠨ ᠠᠵᠢᠯ ᠶᠠᠪᠤᠳᠠᠯ᠎ᠢ ᠬᠠᠮᠢᠶᠠᠷᠬᠤ ᠡᠭᠦᠷᠭᠡ ᠴᠢᠳᠠᠪᠤᠷᠢ ᠪᠦᠬᠦᠢ ᠵᠣᠬᠢᠶᠠᠨ ᠪᠠᠢ᠌ᠭᠤᠯᠤᠯᠲᠠ᠎ᠨᠤᠭᠤᠳ ᠳᠣᠣᠷ᠎ᠠ ᠵᠢᠭᠰᠠᠭ᠋ᠠᠭᠰᠠᠨ ᠢᠲᠡᠭᠡᠮᠵᠢ ᠵᠢᠨ ᠮᠡᠳᠡᠭᠡ ᠵᠠᠩᠭᠢ ᠵᠢᠨ ᠠᠶᠤᠯᠭᠦᠢ ᠵᠢᠨ ᠬᠠᠮᠢᠶᠠᠷᠤᠯᠲᠠ ᠵᠢᠨ ᠲᠤᠰᠢᠶᠠᠯ ᠬᠠᠷᠢᠭᠤᠴᠠᠯᠭ᠎ᠠ ᠵᠢ ᠭᠦᠢ᠍ᠴᠡᠳᠬᠡᠬᠦ ᠬᠡᠷᠡᠭᠲᠡᠶ᠄
      (ᠨᠢᠭᠡ) ᠢᠲᠡᠭᠡᠮᠵᠢ ᠵᠢᠨ ᠮᠡᠳᠡᠭᠡ ᠵᠠᠩᠭᠢ ᠵᠢᠨ ᠠᠶᠤᠯᠭᠦᠢ ᠵᠢᠨ ᠬᠠᠮᠢᠶᠠᠷᠤᠯᠲᠠ ᠵᠢᠨ ᠲᠣᠭᠲᠠᠴᠠ ᠪᠣᠯᠣᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠲᠣᠭᠲᠠᠴᠠ ᠵᠢ ᠪᠠᠢ᠌ᠭᠤᠯᠬᠤ ᠬᠡᠷᠡᠭᠲᠡᠶ;
      (ᠬᠣᠶᠠᠷ) ᠢᠲᠡᠭᠡᠮᠵᠢ ᠵᠢᠨ ᠮᠡᠳᠡᠭᠡ ᠵᠠᠩᠭᠢ ᠵᠢ ᠪᠠᠢ᠌ᠴᠠᠭ᠋ᠠᠨ ᠯᠠᠪᠯᠠᠬᠤ ᠳᠦᠷᠢᠮ᠎ᠤᠨ ᠵᠢᠷᠤᠮᠵᠢᠯ᠎ᠢ ᠪᠠᠢ᠌ᠭᠤᠯᠬᠤ ᠬᠡᠷᠡᠭᠲᠡᠶ;
      (ᠭᠤᠷᠪᠠ)ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠨᠢᠭᠤᠴᠠ ᠵᠢ ᠬᠠᠮᠠᠭ᠋ᠠᠯᠠᠬᠤ ᠵᠢ ᠬᠢᠨᠠᠨ ᠪᠠᠢ᠌ᠴᠠᠭ᠋ᠠᠬᠤ ᠳᠦᠷᠢᠮ᠎ᠢ ᠪᠠᠢ᠌ᠭᠤᠯᠬᠤ ᠬᠡᠷᠡᠭᠲᠡᠶ;
      (ᠳᠥᠷᠪᠡ) ᠠᠶᠤᠯᠭᠦᠢ ᠵᠢᠨ ᠡᠵᠡᠮᠳᠡᠵᠦ ᠪᠣᠯᠬᠤ ᠮᠡᠷᠭᠡᠵᠢᠯ᠎ᠤᠨ ᠰᠡᠷᠭᠡᠢ᠌ᠯᠡᠯᠲᠡ ᠵᠢᠨ ᠠᠷᠭ᠎ᠠ ᠬᠡᠮᠵᠢᠶ᠎ᠡ ᠠᠪᠬᠤ ᠬᠡᠷᠡᠭᠲᠡᠢ;
      (ᠲᠠᠪᠤ) ᠮᠡᠳᠡᠭᠡ ᠵᠠᠩᠭᠢ ᠵᠢᠨ ᠠᠮᠤᠷ ᠲᠦᠪᠰᠢᠨ᠎ᠤ ᠲᠤᠬᠠᠢ ᠤᠯᠤᠰ᠎ᠤᠨ ᠬᠣᠯᠪᠣᠭᠳᠠᠯ ᠪᠦᠬᠦᠢ ᠪᠤᠰᠤᠳ ᠲᠣᠭᠲᠠᠭ᠋ᠠᠯ᠎ᠢ ᠵᠢᠷᠤᠮᠯᠠᠨ ᠰᠠᠬᠢᠨ᠎ᠠ;
      ᠳᠥᠴᠢᠨ ᠬᠣᠶᠠᠳᠤᠭ᠋ᠠᠷ ᠵᠦᠢ᠍ᠯ  ᠶᠠᠮᠠᠷᠪᠠ ᠵᠣᠬᠢᠶᠠᠨ ᠪᠠᠢ᠌ᠭᠤᠯᠤᠯᠲᠠ ᠪᠠ ᠬᠤᠪᠢ ᠬᠥᠮᠥᠨ ᠳᠣᠣᠷᠠᠬᠢ ᠮᠡᠲᠦ ᠦᠢ᠍ᠯᠡ ᠠᠵᠢᠯᠯᠠᠭ᠎ᠠ ᠵᠢ ᠬᠢᠵᠦ ᠪᠣᠯᠬᠤ ᠦᠭᠡᠢ᠄
      (ᠨᠢᠭᠡ) ᠢᠲᠡᠭᠡᠮᠵᠢ ᠵᠢᠨ ᠮᠡᠳᠡᠭᠡ ᠵᠠᠩᠭᠢ ᠵᠢ ᠬᠠᠤᠯᠢ ᠪᠤᠰᠤ᠎ᠪᠠᠷ ᠬᠠᠩᠭ᠋ᠠᠬᠤ᠂ ᠣᠯᠬᠤ᠂ ᠴᠤᠭᠯᠠᠭᠤᠯᠬᠤ᠂ ᠳᠠᠩᠰᠠᠯᠠᠬᠤ᠂ ᠪᠠᠢ᠌ᠴᠠᠭ᠋ᠠᠨ ᠯᠠᠪᠯᠠᠬᠤ᠂ ᠬᠠᠳᠠᠭ᠋ᠠᠯᠠᠬᠤ᠂ ᠬᠡᠷᠡᠭᠯᠡᠬᠦ᠂ ᠬᠠᠮᠲᠤᠪᠠᠷ ᠡᠳ᠋ᠯᠡᠬᠦ᠂ ᠢᠯᠡ ᠪᠣᠯᠭ᠋ᠠᠬᠤ᠂ ᠪᠣᠯᠪᠠᠰᠤᠷᠠᠭᠤᠯᠬᠤ᠂ ᠳᠠᠮᠵᠢᠭᠤᠯᠬᠤ ᠵᠢᠴᠢ ᠬᠤᠳᠠᠯᠳᠤᠭ᠋ᠠᠯᠠᠬᠤ;
      (ᠬᠣᠶᠠᠷ) ᠢᠲᠡᠭᠡᠮᠵᠢ ᠵᠢᠨ ᠭᠣᠣᠯ ᠴᠣᠭᠴᠠ᠎ᠯᠤᠭ᠎ᠠ ᠪᠣᠯᠵᠣᠨ ᠲᠣᠭᠲᠠᠭᠰᠠᠨ ᠬᠡᠪᠴᠢᠶᠡᠨ᠎ᠠᠴᠠ ᠬᠡᠲᠦᠷᠡᠭᠦᠯᠦᠨ ᠢᠲᠡᠭᠡᠮᠵᠢ ᠵᠢᠨ ᠮᠡᠳᠡᠭᠡ ᠵᠠᠩᠭᠢ ᠵᠢ ᠬᠡᠷᠡᠭᠯᠡᠬᠦ;
      (ᠭᠤᠷᠪᠠ) ᠢᠲᠡᠭᠡᠮᠵᠢ ᠵᠢᠨ ᠮᠡᠳᠡᠭᠡ ᠵᠠᠩᠭᠢ ᠵᠢ ᠬᠤᠯᠠᠭ᠋ᠠᠢ᠌ᠯᠠᠵᠤ᠂ ᠥᠭᠡᠷᠡᠲᠦᠭᠦᠯᠵᠦ᠂ ᠬᠤᠳᠠᠯ ᠵᠶ᠋ᠠᠷ ᠵᠣᠬᠢᠶᠠᠵᠤ᠂ ᠲᠣᠭᠲᠠᠭ᠋ᠠᠯ᠎ᠠᠴᠠ ᠵᠥᠷᠢᠴᠡᠨ ᠬᠠᠰᠤᠵᠤ ᠬᠠᠶᠠᠬᠤ;
      (ᠳᠥᠷᠪᠡ) ᠡᠷᠬᠡ ᠣᠯᠭᠣᠭᠰᠠᠨ ᠦᠭᠡᠢ᠎ᠪᠠᠷ ᠢᠯᠡ ᠪᠣᠯᠭ᠋ᠠᠭᠰᠠᠨ ᠢᠲᠡᠭᠡᠮᠵᠢ ᠵᠢᠨ ᠮᠡᠳᠡᠭᠡ ᠵᠠᠩᠭᠢ ᠵᠢ ᠵᠠᠳᠠᠷᠠᠭᠤᠯᠬᠤ;
      (ᠲᠠᠪᠤ) ᠤᠯᠤᠰ᠎ᠤᠨ ᠨᠢᠭᠤᠴᠠ᠂ ᠬᠤᠳᠠᠯᠳᠤᠭ᠋ᠠᠨ᠎ᠤ ᠨᠢᠭᠤᠴᠠ᠂ ᠬᠤᠪᠢ ᠬᠥᠮᠥᠨ᠎ᠤ ᠨᠢᠭᠤᠴᠠ᠎ᠳᠤ ᠬᠣᠯᠪᠣᠭᠳᠠᠭᠰᠠᠨ ᠢᠲᠡᠭᠡᠮᠵᠢ ᠵᠢᠨ ᠮᠡᠳᠡᠭᠡ ᠵᠠᠩᠭᠢ ᠵᠢ ᠵᠠᠳᠠᠷᠠᠭᠤᠯᠬᠤ;
      (ᠵᠢᠷᠭᠤᠭ᠎ᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠴᠠᠭ᠋ᠠᠵᠠᠯᠠᠭᠰᠠᠨ ᠪᠤᠰᠤᠳ ᠦᠢ᠍ᠯᠡ ᠠᠵᠢᠯᠯᠠᠭ᠎ᠠ᠃
      ᠵᠢᠷᠭᠤᠳᠤᠭ᠋ᠠᠷ ᠪᠦᠯᠦᠭ  ᠢᠲᠡᠭᠡᠮᠵᠢ ᠵᠢᠨ ᠦᠢ᠍ᠯᠡᠴᠢᠯᠡᠭᠡᠨ᠎ᠤ ᠠᠵᠢᠯ ᠳᠦᠷᠦᠯ᠎ᠢ ᠵᠢᠷᠤᠮᠵᠢᠭᠤᠯᠬᠤ ᠪᠠ ᠬᠥᠭᠵᠢᠭᠦᠯᠬᠦ
      ᠳᠥᠴᠢᠨ ᠭᠤᠷᠪᠠᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠢᠲᠡᠭᠡᠮᠵᠢ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠥᠭᠵᠢᠯᠲᠡ ᠵᠢ ᠳᠠᠮᠵᠢᠵᠤ᠂ ᠢᠲᠡᠭᠡᠮᠵᠢ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠪᠣᠢ᠌ᠵᠢᠭᠤᠯᠬᠤ ᠵᠢ ᠴᠢᠩᠭ᠋ᠠᠳᠬᠠᠨ᠂ ᠢᠲᠡᠭᠡᠮᠵᠢ ᠵᠢᠨ ᠦᠢ᠍ᠯᠡᠴᠢᠯᠡᠭᠡᠨ᠎ᠤ ᠵᠠᠬ᠎ᠠ ᠳᠡᠯᠭᠡᠭᠦᠷ᠎ᠤᠨ ᠡᠷᠡᠭᠦᠯ ᠵᠶ᠋ᠡᠷ ᠬᠥᠭᠵᠢᠬᠦ ᠵᠢ ᠳᠠᠮᠵᠢᠵᠤ᠂ ᠬᠥᠲᠥᠯᠥᠨ ᠵᠢᠯᠤᠭᠣᠳᠬᠤ ᠬᠡᠷᠡᠭᠲᠡᠶ᠃
      ᠳᠥᠴᠢᠨ ᠳᠥᠷᠪᠡᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠰᠠᠯᠠᠭ᠎ᠠ ᠮᠥᠴᠢᠷ᠎ᠤᠳ ᠤᠯᠠᠨ ᠨᠠᠢ᠌ᠳᠠ ᠵᠢᠨ ᠢᠲᠡᠭᠡᠮᠵᠢ ᠵᠢᠨ ᠮᠡᠳᠡᠭᠡ ᠵᠠᠩᠭᠢ ᠵᠢᠨ ᠨᠡᠢ᠌ᠭᠡᠮ᠎ᠳᠤ ᠨᠡᠭᠡᠭᠡᠯᠲᠡ᠎ᠲᠠᠢ ᠪᠠᠶ᠋ᠢᠬᠤ ᠵᠢ ᠡᠮᠬᠢ ᠵᠢᠷᠤᠮ᠎ᠲᠠᠢ᠎ᠪᠠᠷ ᠥᠷᠭᠡᠳᠬᠡᠵᠦ᠂ ᠢᠲᠡᠭᠡᠮᠵᠢ ᠵᠢᠨ ᠦᠢ᠍ᠯᠡᠴᠢᠯᠡᠭᠡᠨ᠎ᠤ ᠠᠵᠢᠯ ᠲᠥᠷᠥᠯ᠎ᠤᠨ ᠬᠥᠭᠵᠢᠯᠲᠡ ᠵᠢᠨ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠬᠡᠷᠡᠭᠲᠡᠶ᠃
      ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠰᠠᠯᠠᠭ᠎ᠠ ᠮᠥᠴᠢᠷ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠢᠲᠡᠭᠡᠮᠵᠢ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠬᠢᠨᠠᠯᠲᠠ ᠲᠠᠯᠪᠢᠵᠤ ᠬᠠᠮᠢᠶᠠᠷᠬᠤ᠎ᠪᠠᠨ ᠴᠢᠩᠭ᠋ᠠᠳᠬᠠᠵᠤ᠂ ᠢᠲᠡᠭᠡᠮᠵᠢ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠢᠲᠡᠭᠡᠮᠵᠢ ᠵᠢᠨ ᠠᠮᠠᠯᠠᠯᠲᠠ ᠵᠢᠨ ᠳᠦᠷᠢᠮ᠎ᠢ ᠪᠠᠢ᠌ᠭᠤᠯᠤᠨ᠂ ᠢᠲᠡᠭᠡᠮᠵᠢ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠬᠢᠭᠡᠳ ᠢᠲᠡᠭᠡᠮᠵᠢ ᠵᠢᠨ ᠠᠵᠢᠯ ᠬᠢᠭᠰᠡᠳ᠎ᠤᠨ ᠢᠲᠡᠭᠡᠮᠵᠢ ᠵᠢ ᠲᠡᠮᠳᠡᠭᠯᠡᠬᠦ ᠲᠣᠭᠲᠠᠴᠠ ᠵᠢ ᠪᠦᠷᠢᠨᠰᠢᠭᠦᠯᠦᠨ᠎ᠡ᠃
      ᠳᠥᠴᠢᠨ ᠲᠠᠪᠤᠳᠤᠭ᠋ᠠᠷ ᠵᠦᠢ᠍ᠯ ᠢᠲᠡᠭᠡᠮᠵᠢ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠬᠢᠭᠡᠳ ᠲᠡᠭᠦᠨ᠎ᠤ ᠠᠵᠢᠯᠯᠠᠭᠰᠠᠳ ᠬᠠᠮᠢᠶ᠎ᠠ ᠪᠦᠬᠦᠢ ᠲᠤᠬᠠᠢ᠌ᠯᠠᠭᠰᠠᠨ ᠠᠵᠢᠯ ᠥᠷᠨᠢᠭᠦᠯᠬᠦ᠎ᠳᠡᠭᠡᠨ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠵᠢᠴᠢ ᠤᠯᠤᠰ ᠪᠣᠯᠣᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠢᠲᠡᠭᠡᠮᠵᠢ ᠵᠢᠨ ᠦᠢ᠍ᠯᠡᠴᠢᠯᠡᠭᠡᠨ᠎ᠤ ᠠᠵᠢᠯ ᠲᠥᠷᠥᠯ᠎ᠤᠨ ᠵᠢᠷᠤᠮᠵᠢᠯ᠎ᠳᠤ ᠨᠡᠢ᠌ᠴᠡᠭᠰᠡᠨ ᠪᠠᠶ᠋ᠢᠬᠤ ᠬᠡᠷᠡᠭᠲᠡᠶ᠂ ᠳᠣᠣᠷᠠᠬᠢ ᠮᠡᠲᠦ ᠦᠢ᠍ᠯᠡ ᠠᠵᠢᠯᠯᠠᠭ᠎ᠠ ᠵᠢ ᠬᠢᠵᠦ ᠪᠣᠯᠬᠤ ᠦᠭᠡᠢ᠄
      (ᠨᠢᠭᠡ) ᠬᠤᠳᠠᠯ ᠬᠠᠭᠤᠷᠮᠠᠭ ᠵᠶ᠋ᠠᠷ ᠤᠬᠠᠭᠤᠯᠬᠤ᠂ ᠵᠡᠷᠭᠡ ᠳᠡᠰ᠎ᠢ ᠦᠨᠡᠯᠡᠬᠦ᠎ᠪᠠᠷ ᠠᠮᠠᠯᠠᠬᠤ ᠵᠡᠷᠭᠡ ᠠᠷᠭ᠎ᠠ ᠮᠠᠶᠢᠭ ᠵᠶ᠋ᠠᠷ ᠲᠤᠬᠠᠢ᠌ᠯᠠᠭᠰᠠᠨ ᠠᠵᠢᠯ᠎ᠢ ᠳᠠᠭ᠋ᠠᠭ᠋ᠠᠨ ᠠᠪᠬᠤ;
      (ᠬᠣᠶᠠᠷ) ᠢᠲᠡᠭᠡᠮᠵᠢ ᠵᠢᠨ ᠭᠣᠣᠯ ᠴᠣᠭᠴᠠ᠎ᠳᠤ ᠵᠣᠷᠢᠭᠤᠳᠠ᠎ᠪᠠᠷ ᠲᠡᠰ ᠲᠣᠭᠲᠠᠭ᠋ᠠᠬᠤ;
      (ᠭᠤᠷᠪᠠ) ᠬᠤᠳᠠᠯ ᠬᠠᠭᠤᠷᠮᠠᠭ ᠢᠲᠡᠭᠡᠮᠵᠢ ᠵᠢᠨ ᠦᠨᠡᠯᠡᠯᠲᠡ ᠵᠢᠨ ᠮᠡᠳᠡᠭᠦᠯᠦᠯᠲᠡ ᠬᠢᠵᠦ ᠥᠭᠬᠦ;
      (ᠳᠥᠷᠪᠡ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠴᠠᠭ᠋ᠠᠵᠠᠯᠠᠭᠰᠠᠨ ᠪᠤᠰᠤᠳ ᠦᠢ᠍ᠯᠡ ᠠᠵᠢᠯᠯᠠᠭ᠎ᠠ᠃
      ᠳᠥᠴᠢᠨ ᠵᠢᠷᠭᠤᠳᠤᠭ᠋ᠠᠷ ᠵᠦᠢ᠍ᠯ  ᠢᠲᠡᠭᠡᠮᠵᠢ ᠵᠢᠨ ᠦᠢ᠍ᠯᠡᠴᠢᠯᠡᠭᠡᠨ᠎ᠤ ᠠᠵᠢᠯ ᠳᠦᠷᠦᠯ᠎ᠤᠨ ᠵᠣᠬᠢᠶᠠᠨ ᠪᠠᠢ᠌ᠭᠤᠯᠤᠯᠲᠠ᠎ᠨᠤᠭᠤᠳ ᠠᠵᠢᠯ ᠳᠦᠷᠦᠯ᠎ᠤᠨ ᠥᠪᠡᠷ᠎ᠢ᠎ᠪᠠᠨ ᠱᠠᠭ᠋ᠠᠷᠳᠠᠬᠤ ᠬᠠᠮᠢᠶᠠᠷᠤᠯᠲᠠ᠎ᠪᠠᠨ ᠴᠢᠩᠭ᠋ᠠᠳᠬᠠᠵᠤ᠂ ᠬᠠᠮᠢᠶᠠᠷᠤᠯᠲᠠ ᠵᠢᠨ ᠵᠢᠷᠤᠮᠵᠢᠯ ᠲᠣᠭᠲᠠᠭ᠋ᠠᠨ᠂ ᠤᠬᠠᠭᠤᠯᠭ᠎ᠠ ᠪᠣᠯᠪᠠᠰᠤᠷᠠᠯ ᠪᠠ ᠠᠵᠢᠯ ᠳᠦᠷᠦᠯ᠎ᠤᠨ ᠮᠡᠳᠡᠭᠡ ᠵᠠᠩᠭᠢ ᠨᠡᠢ᠌ᠲᠡᠯᠡᠬᠦ ᠵᠡᠷᠭᠡ ᠠᠵᠢᠯᠯᠠᠭ᠎ᠠ ᠵᠢ ᠥᠷᠨᠢᠭᠦᠯᠵᠦ᠂ ᠠᠵᠢᠯ ᠳᠦᠷᠦᠯ᠎ᠤᠨ ᠦᠢ᠍ᠯᠡᠴᠢᠯᠡᠭᠡᠨ᠎ᠤ ᠴᠢᠳᠠᠪᠤᠷᠢ ᠪᠠ ᠤᠯᠠᠨ ᠨᠠᠢ᠌ᠳᠠ ᠵᠢ ᠢᠲᠡᠭᠡᠭᠦᠯᠬᠦ ᠬᠦᠴᠦᠨ᠎ᠢ ᠳᠡᠭᠡᠭᠰᠢᠯᠡᠭᠦᠯᠬᠦ ᠬᠡᠷᠡᠭᠲᠡᠶ᠃
      ᠳᠣᠯᠣᠳᠤᠭ᠋ᠠᠷ ᠪᠦᠯᠦᠭ  ᠬᠠᠤᠯᠢ ᠵᠢᠨ ᠬᠠᠷᠢᠭᠤᠴᠠᠯᠭ᠎ᠠ
      ᠳᠥᠴᠢᠨ ᠳᠣᠯᠣᠳᠤᠭ᠋ᠠᠷ ᠵᠦᠢ᠍ᠯ ᠲᠤᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠨᠢᠭᠡᠨᠲᠡ ᠪᠣᠳᠠᠲᠠᠢ ᠰᠢᠢ᠍ᠳᠭᠡᠨ ᠲᠣᠷᠭ᠋ᠠᠬᠤ ᠲᠣᠭᠲᠠᠭ᠋ᠠᠯ ᠭᠠᠷᠭ᠋ᠠᠭᠰᠠᠨ ᠪᠣᠯ ᠲᠡᠷᠡ ᠲᠣᠭᠲᠠᠭ᠋ᠠᠯ᠎ᠢ ᠵᠢᠷᠤᠮᠯᠠᠨ᠎ᠠ᠃
      ᠳᠥᠴᠢᠨ ᠨᠠᠢ᠍ᠮᠠᠳᠤᠭ᠋ᠠᠷ ᠵᠦᠢ᠍ᠯ ᠲᠤᠰ ᠳᠦᠷᠢᠮ᠎ᠤᠨ ᠳᠥᠴᠢᠨ ᠲᠠᠪᠤᠳᠤᠭ᠋ᠠᠷ ᠵᠦᠢ᠍ᠯ᠎ᠤᠨ ᠲᠣᠭᠲᠠᠭ᠋ᠠᠯ᠎ᠠᠴᠠ ᠵᠥᠷᠢᠴᠡᠵᠦ᠂ ᠢᠲᠡᠭᠡᠮᠵᠢ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠬᠢᠭᠡᠳ ᠲᠡᠭᠦᠨ᠎ᠤ ᠠᠵᠢᠯᠯᠠᠭᠰᠠᠳ ᠳᠣᠣᠷᠠᠬᠢ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠢ᠌ᠪᠠᠯ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠰᠠᠯᠠᠭ᠎ᠠ ᠮᠥᠴᠢᠷ᠎ᠠᠴᠠ ᠬᠠᠤᠯᠢ᠎ᠠᠴᠠ ᠵᠥᠷᠢᠴᠡᠵᠦ ᠣᠯᠣᠭᠰᠠᠨ ᠣᠯᠵᠠᠪᠤᠷᠢ ᠵᠢ᠎ᠨᠢ ᠬᠣᠷᠢᠶᠠᠨ ᠠᠪᠴᠤ᠂ ᠪᠠᠢ᠌ᠭᠤᠯᠭ᠎ᠠ ᠨᠢᠭᠡᠴᠢ ᠵᠢ 2 ᠲᠦᠮᠡᠨ ᠲᠥᠭᠥᠷᠢᠭ᠎ᠠᠴᠠ ᠳᠡᠭᠡᠭᠰᠢ 20 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠬᠡᠵᠦ᠂ ᠬᠤᠪᠢ ᠬᠥᠮᠥᠨ᠎ᠢ 1 ᠲᠦᠮᠡᠨ ᠲᠥᠭᠥᠷᠢᠭ᠎ᠠᠴᠠ ᠳᠡᠭᠡᠭᠰᠢ 5 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠬᠡᠨ᠎ᠡ; ᠢᠲᠡᠭᠡᠮᠵᠢ ᠵᠢᠨ ᠭᠣᠣᠯ ᠴᠣᠭᠴᠠ ᠵᠢᠨ ᠬᠠᠤᠯᠢ ᠶᠣᠰᠣᠨ᠎ᠤ ᠡᠷᠬᠡ ᠠᠰᠢᠭ᠎ᠲᠤ ᠬᠣᠬᠢᠷᠠᠯ ᠤᠴᠠᠷᠠᠭᠤᠯᠤᠭᠰᠠᠨ ᠪᠠᠢ᠌ᠪᠠᠯ᠂ ᠬᠠᠤᠯᠢ ᠶᠣᠰᠣᠭ᠋ᠠᠷ ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠡᠭᠦᠷᠭᠡᠯᠡᠨ᠎ᠡ; ᠶᠠᠯ᠎ᠠ ᠪᠣᠯᠵᠤ ᠪᠦᠷᠢᠯᠳᠦᠭᠰᠡᠨ ᠪᠠᠢ᠌ᠪᠠᠯ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠄
      (ᠨᠢᠭᠡ) ᠬᠤᠳᠠᠯ ᠬᠠᠭᠤᠷᠮᠠᠭ ᠵᠶ᠋ᠠᠷ ᠤᠬᠠᠭᠤᠯᠬᠤ᠂ ᠵᠡᠷᠭᠡ ᠳᠡᠰ᠎ᠢ ᠦᠨᠡᠯᠡᠬᠦ᠎ᠪᠠᠷ ᠠᠮᠠᠯᠠᠬᠤ ᠵᠡᠷᠭᠡ ᠠᠷᠭ᠎ᠠ ᠮᠠᠶᠢᠭ ᠵᠶ᠋ᠠᠷ ᠲᠤᠬᠠᠢ᠌ᠯᠠᠭᠰᠠᠨ ᠠᠵᠢᠯ᠎ᠢ ᠳᠠᠭ᠋ᠠᠭ᠋ᠠᠨ ᠠᠪᠤᠭᠰᠠᠨ;
      (ᠬᠣᠶᠠᠷ) ᠢᠲᠡᠭᠡᠮᠵᠢ ᠵᠢᠨ ᠭᠣᠣᠯ ᠴᠣᠭᠴᠠ᠎ᠳᠤ ᠵᠣᠷᠢᠭᠤᠳᠠ᠎ᠪᠠᠷ ᠲᠡᠰ ᠲᠣᠭᠲᠠᠭ᠋ᠠᠭᠰᠠᠨ;
      (ᠭᠤᠷᠪᠠ) ᠬᠤᠳᠠᠯ ᠬᠠᠭᠤᠷᠮᠠᠭ ᠢᠲᠡᠭᠡᠮᠵᠢ ᠵᠢᠨ ᠦᠨᠡᠯᠡᠯᠲᠡ ᠵᠢᠨ ᠮᠡᠳᠡᠭᠦᠯᠦᠯᠲᠡ ᠪᠢᠴᠢᠵᠦ ᠥᠭᠭᠦᠭᠰᠡᠨ᠃
      ᠳᠥᠴᠢ ᠶᠢᠰᠦᠳᠦᠭᠡᠷ ᠵᠦᠢ᠍ᠯ  ᠨᠡᠢ᠌ᠭᠡᠮ᠎ᠤᠨ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠵᠢᠨ ᠠᠵᠢᠯ᠎ᠤᠨ ᠳᠤᠮᠳᠠ᠂ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠢ᠌ᠯᠠᠭᠰᠠᠨ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠭᠰᠡᠨ᠂ ᠬᠤᠪᠢ ᠵᠢᠨ ᠨᠠᠢ᠌ᠷ ᠬᠠᠷᠠᠵᠤ ᠬᠠᠤᠯᠢ ᠶᠣᠰᠣ ᠵᠢ ᠵᠥᠷᠢᠴᠡᠭᠰᠡᠨ ᠪᠠᠢ᠌ᠪᠠᠯ᠂ ᠰᠢᠭᠤᠳ ᠬᠠᠷᠢᠭᠤᠴᠠᠵᠤ ᠪᠠᠢ᠌ᠭ᠎ᠠ ᠡᠷᠬᠢᠯᠡᠨ ᠬᠠᠮᠢᠶᠠᠷᠬᠤ ᠬᠥᠮᠥᠨ ᠪᠠ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠥᠨ᠎ᠳᠤ ᠬᠠᠤᠯᠢ ᠶᠣᠰᠣᠭ᠋ᠠᠷ ᠰᠢᠢ᠍ᠳᠬᠡᠯ ᠥᠭᠭᠦᠨ᠎ᠡ; ᠶᠠᠯ᠎ᠠ ᠪᠣᠯᠵᠤ ᠪᠦᠷᠢᠯᠳᠦᠭᠰᠡᠨ ᠪᠠᠢ᠌ᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
      ᠨᠠᠢ᠍ᠮᠠᠳᠤᠭ᠋ᠠᠷ ᠪᠦᠯᠦᠭ  ᠳᠠᠭ᠋ᠠᠯᠳᠤᠭᠤᠯᠤᠭᠰᠠᠨ ᠳᠦᠷᠢᠮ
      ᠲᠠᠪᠢᠳᠤᠭ᠋ᠠᠷ ᠵᠦᠢ᠍ᠯ ᠢᠲᠡᠭᠡᠮᠵᠢ ᠵᠢᠨ ᠪᠠᠢ᠌ᠴᠠᠭ᠋ᠠᠯᠲᠠ ᠵᠢᠨ ᠠᠵᠢᠯ᠎ᠳᠠᠬᠢ ᠬᠢᠨᠠᠯᠲᠠ ᠬᠠᠮᠢᠶᠠᠷᠤᠯᠲᠠ ᠵᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠭᠦᠢ᠍ᠴᠡᠳᠬᠡᠨ᠎ᠡ᠃
      ᠲᠠᠪᠢᠨ ᠨᠢᠭᠡᠳᠦᠭᠡᠷ ᠵᠦᠢ᠍ᠯ  ᠲᠤᠰ ᠳᠦᠷᠢᠮ᠎ᠢ 2024 ᠣᠨ᠎ᠤ 9 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠤᠷᠠᠳ᠎ᠤᠨ ᠳᠤᠮᠳᠠᠳᠤ ᠬᠣᠰᠢᠭᠤᠨ᠎ᠤ ᠭᠠᠭᠴᠠᠮᠣᠳᠤ ᠪᠣᠭᠣᠮᠲᠠ ᠵᠢᠨ 50 ᠲᠦᠮᠡᠨ ᠺᠢᠯᠣᠸᠠᠲ᠎ᠤᠨ ᠠᠮᠢᠳᠤᠯᠢᠭ ᠴᠢᠨᠠᠷᠲᠠᠢ ᠪᠣᠬᠢᠷᠲᠤᠯ ᠦᠭᠡᠢ ᠴᠠᠬᠢᠯᠭ᠋ᠠᠨ ᠬᠠᠩᠭ᠋ᠠᠬᠤ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠤᠨ 220 ᠺᠢᠯᠣᠸᠠᠲ᠎ᠤᠨ ᠴᠠᠬᠢᠯᠭ᠋ᠠᠨ ᠳᠠᠮᠵᠢᠭᠤᠯᠬᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠎ᠤᠨ ᠴᠣᠬᠣᠯᠠᠪᠤᠷᠢ
ᠤᠷᠠᠳ᠎ᠤᠨ ᠬᠣᠢ᠌ᠲᠤ ᠬᠣᠰᠢᠭᠤᠨ᠎ᠤ ᠮᠧᠩ ᠨᠧᠩ᠎ᠤᠨ 100 ᠲᠦᠮᠡᠨ ᠺᠢᠯᠣᠸᠠᠲ᠎ᠤᠨ ᠰᠠᠯᠬᠢᠨ ᠬᠦᠴᠦᠨ᠎ᠤ ᠨᠥᠭᠡᠴᠡ ᠵᠢᠨ ᠰᠠᠭᠤᠷᠢᠨ ᠭᠠᠵᠠᠷ᠎ᠤᠨ ᠪᠠᠲᠤᠯᠠᠭ᠎ᠠ ᠵᠢᠨ ᠴᠢᠨᠠᠷᠲᠠᠢ ᠲᠥᠷᠥᠯ ᠵᠦᠢ᠍ᠯ᠎ᠤᠨ 220kV᠎ᠤᠨ ᠴᠠᠬᠢᠯᠭ᠋ᠠᠨ ᠳᠠᠮᠵᠢᠭᠤᠯᠬᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠴᠣᠬᠣᠯᠠᠪᠤᠷᠢ
ᠵᠥᠩ ᠭᠤᠸᠠᠩ ᠴᠥᠮ᠎ᠡ ᠵᠢᠨ ᠬᠢᠩᠭ᠋ᠠᠨ ᠠᠶ᠋ᠢᠮᠠᠭ᠎ᠤᠨ ᠲᠦᠴᠢᠦᠸᠠᠨ ᠰᠢᠶᠠᠨ᠎ᠤ ᠬᠣᠷᠴᠢᠨ᠎ᠤ ᠡᠯᠡᠰᠦᠷᠬᠡᠭ ᠭᠠᠵᠠᠷ᠎ᠤᠨ ᠡᠯᠡᠰᠦ ᠵᠢ ᠰᠡᠷᠭᠡᠢ᠌ᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯ ᠴᠡᠨᠡᠭ᠎ᠢ ᠨᠢᠭᠡ ᠴᠣᠭᠴᠠᠵᠢᠭᠤᠯᠬᠤ ᠲᠥᠷᠥᠯ ᠵᠦᠢ᠍ᠯ (ᠨᠢᠭᠡᠳᠦᠭᠡᠷ ᠬᠤᠭᠤᠴᠠᠭ᠋ᠠᠨ᠎ᠤ 200MW ᠭᠡᠷᠡᠯ ᠸᠣᠯᠲ)᠎ᠤᠨ 220kV ᠬᠦᠴᠦᠳᠡᠯ ᠳᠡᠭᠡᠭᠰᠢᠯᠡᠭᠦᠯᠬᠦ ᠥᠷᠲᠡᠭᠡ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠴᠣᠬᠣᠯᠠᠪᠤᠷᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠵᠦᠩ ᠭᠤᠸᠠᠩ ᠴᠥᠮ᠎ᠡ ᠵᠢᠨ ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠬᠣᠷᠴᠢᠨ᠎ᠤ ᠡᠯᠡᠰᠦᠷᠬᠡᠭ ᠭᠠᠵᠠᠷ᠎ᠤᠨ ᠡᠯᠡᠰᠦ ᠵᠢ ᠰᠡᠷᠭᠡᠢ᠌ᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯ ᠴᠡᠨᠡᠭ᠎ᠢ ᠨᠢᠭᠡ ᠴᠣᠭᠴᠠᠵᠢᠭᠤᠯᠬᠤ ᠲᠥᠷᠥᠯ ᠵᠦᠢ᠍ᠯ (ᠨᠢᠭᠡᠳᠦᠭᠡᠷ ᠬᠤᠭᠤᠴᠠᠭ᠋ᠠᠨ᠎ᠤ 300MW ᠭᠡᠷᠡᠯ ᠸᠣᠯᠲ)᠎ᠤᠨ 220kV ᠬᠦᠴᠦᠳᠡᠯ ᠳᠡᠭᠡᠭᠰᠢᠯᠡᠭᠦᠯᠬᠦ ᠥᠷᠲᠡᠭᠡ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠴᠣᠬᠣᠯᠠᠪᠤᠷᠢ
ᠤᠷᠠᠳ᠎ᠤᠨ ᠳᠤᠮᠳᠠᠳᠤ ᠬᠣᠰᠢᠭᠤᠨ᠎ᠤ ᠮᠧᠩ ᠨᠧᠩ᠎ᠤᠨ 150 ᠲᠦᠮᠡᠨ ᠺᠢᠯᠣᠸᠠᠲ᠎ᠤᠨ ᠰᠠᠯᠬᠢᠨ ᠬᠦᠴᠦᠨ᠎ᠤ ᠨᠥᠭᠡᠴᠡ ᠵᠢᠨ ᠰᠠᠭᠤᠷᠢᠨ ᠭᠠᠵᠠᠷ᠎ᠤᠨ ᠲᠥᠷᠥᠯ ᠵᠦᠢ᠍ᠯ᠎ᠤᠨ 220 ᠺᠢᠯᠣᠸᠠᠲ ᠵᠶ᠋ᠠᠷ ᠴᠠᠬᠢᠯᠭ᠋ᠠᠨ ᠳᠠᠮᠵᠢᠭᠤᠯᠬᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠴᠣᠬᠣᠯᠠᠪᠤᠷᠢ
 
             蒙ICP备05000248号