ᠤᠯᠤᠰ᠎ᠤᠨ ᠴᠠᠬᠢᠯᠭ᠋ᠠᠨ ᠲᠣᠣᠷ᠎ᠤᠨ ᠥᠪᠥᠷ ᠮᠣᠩᠭᠣᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠬᠢᠵᠠᠭ᠋ᠠᠷᠲᠤ ᠺᠣᠮᠫᠠᠨᠢ ᠵᠢᠨ ᠤᠯᠠᠭ᠋ᠠᠨᠬᠠᠳᠠ ᠵᠢᠨ ᠴᠠᠬᠢᠯᠭ᠋ᠠᠨ ᠬᠠᠩᠭ᠋ᠠᠬᠤ ᠺᠣᠮᠫᠠᠨᠢ᠄
ᠲᠠᠨ᠎ᠤ ᠺᠣᠮᠫᠠᠨᠢ ᠵᠢᠨ ᠮᠡᠳᠡᠭᠦᠯᠦᠨ ᠬᠦᠷᠭᠡᠭᠰᠡᠨ 《ᠥᠪᠥᠷ ᠮᠣᠩᠭᠣᠯ᠎ᠤᠨ ᠵᠡᠭᠦᠨ ᠬᠡᠰᠡᠭ᠎ᠤᠨ ᠤᠯᠠᠭ᠋ᠠᠨᠬᠠᠳᠠ ᠵᠢᠨ ᠡᠮᠦᠨᠡᠲᠦ ᠤᠮᠠᠷᠠᠲᠤ ᠵᠢᠨ ᠴᠠᠬᠢᠯᠭ᠋ᠠᠨ ᠰᠣᠷᠢᠨᠵᠢᠨ᠎ᠤ ᠴᠠᠭ᠋ᠠᠷᠢᠭ ᠲᠣᠣᠷ᠎ᠢ ᠵᠠᠳᠠᠯᠬᠤ 220kV ᠢᠵᠢ ᠪᠦᠷᠢᠳᠦᠭᠦᠯᠬᠦ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ》 (ᠳᠣᠷᠣᠭᠰᠢ 《ᠮᠡᠳᠡᠭᠦᠯᠦᠯᠲᠡ ᠵᠢᠨ ᠬᠦᠰᠦᠨᠦᠭᠲᠦ》 ᠭᠡᠵᠦ ᠲᠣᠪᠴᠢᠯᠠᠨ᠎ᠠ) ᠵᠢ ᠣᠯᠵᠤ ᠣᠢ᠌ᠯᠠᠭ᠋ᠠᠪᠠ᠃ ᠰᠤᠳᠤᠯᠬᠤ᠎ᠪᠠᠷ ᠳᠠᠮᠵᠢᠨ ᠳᠣᠣᠷᠠᠬᠢ ᠮᠡᠲᠦ ᠴᠣᠬᠣᠯᠠᠪᠤᠷᠢᠯᠠᠶ᠎ᠠ᠄
ᠨᠢᠭᠡ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠦᠨᠳᠦᠰᠦᠨ ᠪᠠᠶ᠋ᠢᠳᠠᠯ
(ᠨᠢᠭᠡ) ᠬᠦᠴᠦᠳᠡᠯ ᠥᠭᠡᠷᠡᠴᠢᠯᠡᠬᠦ ᠢᠨᠵᠧᠨᠧᠷᠢᠩ᠃ (1) ᠮᠠᠯᠢᠨᠤ 220kV ᠬᠦᠴᠦᠳᠡᠯ ᠥᠭᠡᠷᠡᠴᠢᠯᠡᠬᠦ ᠥᠷᠲᠡᠭᠡ ᠵᠢ ᠦᠷᠬᠡᠳᠬᠡᠨ ᠪᠠᠢ᠌ᠭᠤᠯᠬᠤ ᠳᠦᠷᠦᠯ ᠵᠦᠢ᠍ᠯ᠎ᠤᠨ 2 ᠬᠡᠯᠬᠢᠶ᠎ᠡ ᠲᠤᠰᠠᠭ᠋ᠠᠷ ᠱᠤᠭᠤᠮ᠎ᠤᠨ 220kV ᠵᠢᠨ ᠴᠠᠬᠢᠯᠭ᠋ᠠᠨ ᠤᠲᠠᠰᠤ ᠲᠠᠲᠠᠨ᠎ᠠ᠃ (2)ᠠᠨᠴᠢᠩ᠎ᠤᠨ 220kV ᠵᠢᠨ ᠬᠦᠴᠦᠳᠡᠯ ᠥᠭᠡᠷᠡᠴᠢᠯᠡᠬᠦ ᠥᠷᠲᠡᠭᠡ ᠵᠢ ᠥᠷᠭᠡᠳᠬᠡᠨ ᠪᠠᠢ᠌ᠭᠤᠯᠬᠤ 1 ᠬᠡᠯᠬᠢᠶ᠎ᠡ 220kV ᠵᠢᠨ ᠴᠠᠬᠢᠯᠭ᠋ᠠᠨ ᠤᠲᠠᠰᠤ ᠲᠠᠲᠠᠨ᠎ᠠ᠃ (3) ᠪᠣᠷᠣᠬᠤᠲᠠ ᠵᠢᠨ 220kV ᠬᠦᠴᠦᠳᠡᠯ ᠥᠭᠡᠷᠡᠴᠢᠯᠡᠬᠦ ᠥᠷᠲᠡᠭᠡ ᠵᠢ ᠥᠷᠭᠡᠳᠬᠡᠨ ᠪᠠᠢ᠌ᠭᠤᠯᠤᠭ᠋ᠠᠳ 1 ᠬᠡᠯᠬᠢᠶ᠎ᠡ 220kV ᠵᠢᠨ ᠴᠠᠬᠢᠯᠭ᠋ᠠᠨ ᠭᠠᠷᠭ᠋ᠠᠬᠤ ᠵᠠᠢ ᠪᠠᠢ᠌ᠭᠤᠯᠤᠨ᠎ᠠ (4) ᠳ᠋ᠠᠪᠠᠨ᠎ᠤ 220kV ᠨᠡᠭᠡᠭᠡᠯᠭᠡ ᠵᠢᠨ ᠥᠷᠲᠡᠭᠡ ᠵᠢ ᠥᠷᠭᠡᠳᠬᠡᠨ ᠪᠠᠢ᠌ᠭᠤᠯᠤᠭ᠋ᠠᠳ᠂ 2 ᠬᠡᠯᠬᠢᠶ᠎ᠡ 220kV ᠵᠢᠨ ᠱᠤᠭᠤᠮ᠎ᠠᠴᠠ ᠭᠠᠷᠭ᠋ᠠᠬᠤ ᠵᠠᠢ ᠵᠢ ᠥᠷᠭᠡᠳᠬᠡᠨ ᠪᠠᠢ᠌ᠭᠤᠯᠤᠨ᠎ᠠ᠃
(ᠬᠣᠶᠠᠷ) ᠴᠠᠬᠢᠯᠭ᠋ᠠᠨ ᠱᠤᠭᠤᠮ᠎ᠤᠨ ᠢᠨᠵᠧᠨᠧᠷᠢᠩ᠃ (1) ᠴᠢᠩ ᠱᠠᠨ ᠬᠦᠴᠦᠳᠡᠯ ᠥᠭᠡᠷᠡᠴᠢᠯᠡᠬᠦ ᠥᠷᠲᠡᠭᠡ — ᠵᠢᠨ ᠭᠧᠦ ᠯᠢᠶᠠᠩ ᠬᠦᠴᠦᠳᠡᠯ ᠥᠭᠡᠷᠡᠴᠢᠯᠡᠬᠦ ᠥᠷᠲᠡᠭᠡ ᠵᠢᠨ π ᠤᠲᠠᠰᠤ ᠵᠢ ᠮᠠ ᠯᠢᠨ ᠬᠦᠴᠦᠳᠡᠯ ᠥᠭᠡᠷᠡᠴᠢᠯᠡᠬᠦ ᠥᠷᠲᠡᠭᠡ ᠳᠤ ᠵᠠᠯᠭ᠋ᠠᠨ ᠣᠷᠣᠭᠤᠯᠬᠤ 220kV ᠴᠠᠬᠢᠯᠭ᠋ᠠᠨ ᠬᠦᠷᠭᠡᠬᠦ ᠱᠤᠭᠤᠮ᠎ᠢ ᠰᠢᠨ᠎ᠡ᠎ᠪᠠᠷ ᠪᠠᠢ᠌ᠭᠤᠯᠵᠤ᠂ ᠪᠥᠬᠥ ᠣᠷᠳᠣᠨ᠎ᠢ 17.25 km ᠪᠠᠢ᠌ᠵᠤ᠂ ᠠᠳᠠᠯᠢ ᠨᠢᠭᠡ ᠰᠤᠪᠤᠷᠭ᠎ᠠ ᠵᠢᠨ ᠬᠣᠣᠰ ᠴᠠᠬᠢᠯᠭ᠋ᠠᠨ ᠬᠡᠯᠬᠢᠶ᠎ᠡ ᠵᠢ 5.25 km ᠡᠯᠭᠦᠨ ᠲᠠᠲᠠᠵᠤ᠂ ᠬᠣᠶᠠᠷ ᠵᠤᠷᠪᠤᠰ ᠲᠠᠩ ᠴᠠᠬᠢᠯᠭ᠋ᠠᠨ ᠬᠡᠯᠬᠢᠶ᠎ᠡ 2×6km ᠵᠢ ᠵᠡᠷᠭᠡᠴᠡᠭᠦᠯᠦᠨ ᠲᠠᠲᠠᠵᠤ᠂ ᠰᠢᠨ᠎ᠡ᠎ᠪᠠᠷ ᠪᠠᠢ᠌ᠭᠤᠯᠤᠭᠰᠠᠨ ᠰᠤᠪᠤᠷᠭ᠎ᠠ ᠵᠢᠨ ᠰᠠᠭᠤᠷᠢᠨ᠎ᠢ 76 ᠰᠠᠭᠤᠷᠢ ᠪᠣᠯᠣᠨ᠎ᠠ; (2) ᠠᠨᠴᠢᠩ ᠥᠷᠲᠡᠭᠡ — ᠪᠣᠷᠣᠬᠤᠲᠠ ᠬᠦᠴᠦᠳᠡᠯ ᠥᠭᠡᠷᠡᠴᠢᠯᠡᠬᠦ ᠥᠷᠲᠡᠭᠡ ᠵᠢᠨ Ⅱ ᠤᠲᠠᠰᠤ ᠵᠢᠨ 220kV ᠴᠠᠬᠢᠯᠭ᠋ᠠᠨ ᠬᠦᠷᠭᠡᠬᠦ ᠱᠤᠭᠤᠮ᠎ᠢ ᠰᠢᠨ᠎ᠡ᠎ᠪᠠᠷ ᠪᠠᠢ᠌ᠭᠤᠯᠵᠤ᠂ ᠪᠥᠬᠥ ᠣᠷᠳᠣᠨ᠎ᠢ 82.6km ᠤᠨ ᠲᠠᠩ ᠴᠠᠬᠢᠯᠭ᠋ᠠᠨ ᠬᠡᠯᠬᠢᠶ᠎ᠡ ᠱᠤᠭᠤᠮ᠎ᠢ ᠲᠠᠲᠠᠵᠤ᠂ 229 ᠰᠠᠭᠤᠷᠢ ᠰᠤᠪᠤᠷᠭ᠎ᠠ ᠵᠢᠨ ᠰᠠᠭᠤᠷᠢ ᠵᠢ ᠰᠢᠨ᠎ᠡ᠎ᠪᠠᠷ ᠪᠠᠢ᠌ᠭᠤᠯᠤᠨ᠎ᠠ᠃ (3) ᠪᠣᠷᠣᠬᠤᠲᠠ — ᠳ᠋ᠠᠪᠠᠨ ᠤ ᠬᠦᠴᠦᠳᠡᠯ ᠥᠭᠡᠷᠡᠴᠢᠯᠡᠬᠦ ᠥᠷᠲᠡᠭᠡ ᠵᠢᠨ π ᠤᠲᠠᠰᠤ ᠵᠢ ᠳ᠋ᠠᠪᠠᠨ ᠥᠷᠲᠡᠭᠡ᠎ᠳᠤ ᠵᠠᠯᠭ᠋ᠠᠨ ᠣᠷᠣᠭᠤᠯᠬᠤ 220kV ᠴᠠᠬᠢᠯᠭ᠋ᠠᠨ ᠬᠦᠷᠭᠡᠬᠦ ᠱᠤᠭᠤᠮ᠎ᠢ ᠰᠢᠨ᠎ᠡ᠎ᠪᠠᠷ ᠪᠠᠢ᠌ᠭᠤᠯᠵᠤ᠂ ᠪᠥᠬᠥ ᠣᠷᠳᠣᠨ᠎ᠢ 2×35.1km ᠤᠨ ᠲᠠᠩ ᠴᠠᠬᠢᠯᠭ᠋ᠠᠨ ᠬᠡᠯᠬᠢᠶ᠎ᠡ ᠵᠢ ᠲᠠᠲᠠᠵᠤ᠂ 187 ᠰᠠᠭᠤᠷᠢ ᠰᠤᠪᠤᠷᠭ᠎ᠠ ᠵᠢᠨ ᠰᠠᠭᠤᠷᠢ ᠵᠢ ᠰᠢᠨ᠎ᠡ᠎ᠪᠠᠷ ᠪᠠᠢ᠌ᠭᠤᠯᠤᠨ᠎ᠠ; ᠲᠠᠩ ᠴᠠᠬᠢᠯᠭ᠋ᠠᠨ ᠬᠡᠯᠬᠢᠶ᠎ᠡ 220kV ᠵᠢᠨ ᠣᠩᠨᠢᠭᠤᠳ᠎ᠠᠴᠠ ᠳ᠋ᠠᠪᠠᠨ ᠬᠦᠷᠬᠦ ᠪᠠᠷᠤᠭ 0.5km ᠤᠷᠳᠤ ᠱᠤᠭᠤᠮ᠎ᠢ ᠨᠤᠷᠠᠠᠭ᠋ᠠᠵᠤ᠂ ᠣᠩᠨᠢᠭᠤᠳ᠎ᠠᠴᠠ ᠳ᠋ᠠᠪᠠᠨ ᠬᠦᠷᠬᠦ 220kV ᠤᠨ ᠴᠠᠬᠢᠯᠭ᠋ᠠᠨ ᠬᠦᠷᠭᠡᠬᠦ ᠱᠤᠭᠤᠮ᠎ᠤᠨ 2 ᠰᠠᠭᠤᠷᠢ ᠰᠤᠪᠤᠷᠭ᠎ᠠ ᠵᠢ ᠨᠤᠷᠠᠭ᠋ᠠᠨ᠎ᠠ᠃
ᠰᠢᠨ᠎ᠡ᠎ᠪᠠᠷ ᠪᠠᠢ᠌ᠭᠤᠯᠤᠭᠰᠠᠨ 220kV ᠴᠠᠬᠢᠯᠭ᠋ᠠᠨ ᠬᠦᠷᠭᠡᠬᠦ ᠱᠤᠭᠤᠮ᠎ᠤᠨ ᠬᠡᠰᠡᠭ᠎ᠨᠢ ᠪᠠᠭ᠋ᠠᠷᠢᠨ ᠪᠠᠷᠠᠭᠤᠨ ᠬᠣᠰᠢᠭᠤᠨ᠎ᠤ ᠶᠡᠬᠡ ᠬᠢᠩᠭ᠋ᠠᠨ ᠳᠠᠪᠠᠭ᠎ᠠ ᠵᠢᠨ ᠤᠰᠤᠨ᠎ᠤ ᠡᠬᠢ ᠰᠤᠷᠪᠤᠯᠵᠢ ᠵᠢ ᠬᠠᠳᠠᠭ᠋ᠠᠯᠠᠬᠤ ᠪᠠ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷᠲᠠᠢ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠪᠠ ᠪᠠᠭ᠋ᠠᠷᠢᠨ ᠪᠠᠷᠠᠭᠤᠨ ᠬᠣᠰᠢᠭᠤᠨ᠎ᠤ ᠬᠣᠷᠴᠢᠨ᠎ᠤ ᠡᠯᠡᠰᠦᠷᠬᠡᠭ ᠭᠠᠵᠠᠷ᠎ᠤᠨ ᠰᠠᠯᠬᠢ ᠵᠢ ᠬᠠᠯᠬᠠᠯᠠᠵᠤ ᠡᠯᠡᠰᠦ ᠵᠢ ᠲᠣᠭᠲᠠᠪᠤᠷᠢᠵᠢᠭᠤᠯᠬᠤ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠵᠶ᠋ᠠᠷ ᠥᠩᠭᠡᠷᠡᠬᠦ᠎ᠨᠢ ᠵᠠᠢ᠌ᠯᠠᠰᠢ ᠦᠭᠡᠢ ᠶᠤᠮ᠂ ᠡᠭᠦᠨ᠎ᠳᠤ᠂ ᠶᠡᠬᠡ ᠬᠢᠩᠭ᠋ᠠᠨ ᠳᠠᠪᠠᠭ᠎ᠠ ᠵᠢᠨ ᠤᠰᠤᠨ᠎ᠤ ᠡᠬᠢ ᠰᠤᠷᠪᠤᠯᠵᠢ ᠵᠢ ᠬᠠᠳᠠᠭ᠋ᠠᠯᠠᠬᠤ ᠪᠠ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷᠲᠠᠢ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠳᠣᠲᠣᠷᠠᠬᠢ ᠴᠠᠬᠢᠯᠭ᠋ᠠᠨ ᠬᠦᠷᠭᠡᠬᠦ ᠱᠤᠭᠤᠮ᠎ᠤᠨ ᠣᠷᠳᠣ ᠵᠢᠨ ᠬᠡᠮᠵᠢᠶ᠎ᠡ᠎ᠨᠢ 4.6+4.7km ᠪᠠᠢ᠌ᠵᠤ᠂ ᠲᠡᠮᠦᠷ ᠰᠤᠪᠤᠷᠭ᠎ᠠ ᠵᠢ 22 ᠰᠠᠭᠤᠷᠢ ᠰᠢᠨ᠎ᠡ᠎ᠪᠠᠷ ᠪᠠᠢ᠌ᠭᠤᠯᠤᠨ᠎ᠠ᠃ ᠬᠣᠷᠴᠢᠨ᠎ᠤ ᠡᠯᠡᠰᠦᠷᠬᠡᠭ ᠭᠠᠵᠠᠷ᠎ᠤᠨ ᠰᠠᠯᠬᠢ ᠵᠢ ᠬᠠᠯᠬᠠᠯᠠᠨ ᠡᠯᠡᠰᠦ ᠵᠢ ᠲᠣᠭᠲᠠᠪᠤᠷᠢᠵᠢᠭᠤᠯᠬᠤ ᠠᠮᠢ ᠠᠬᠤᠢ ᠵᠢᠨ ᠬᠠᠮᠠᠭ᠋ᠠᠯᠠᠯᠲᠠ ᠵᠢᠨ ᠣᠷᠣᠨ ᠵᠶ᠋ᠠᠷ ᠥᠩᠭᠡᠷᠡᠬᠦ ᠴᠠᠬᠢᠯᠭ᠋ᠠᠨ ᠬᠦᠷᠭᠡᠬᠦ ᠵᠠᠮ ᠱᠤᠭᠤᠮ᠎ᠤᠨ ᠣᠷᠳᠣᠨ᠎ᠢ 16.7+16.5km ᠪᠠᠢ᠌ᠵᠤ᠂ 91 ᠰᠠᠭᠤᠷᠢ ᠲᠡᠮᠦᠷ ᠰᠤᠪᠤᠷᠭ᠎ᠠ ᠵᠢ ᠰᠢᠨ᠎ᠡ᠎ᠪᠠᠷ ᠪᠠᠢ᠌ᠭᠤᠯᠤᠨ᠎ᠠ᠃
ᠲᠣᠰ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠭᠠᠵᠠᠷ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠬᠠᠳᠠ ᠬᠣᠲᠠ ᠵᠢᠨ ᠶᠤᠸᠠᠨ ᠪᠦᠦ ᠱᠠᠨ ᠲᠣᠭᠣᠷᠢᠭ᠂ ᠰᠦᠩᠱ᠌ᠠᠨ ᠲᠣᠭᠣᠷᠢᠭ᠂ ᠣᠩᠨᠢᠭᠤᠳ ᠬᠣᠰᠢᠭᠤ ᠪᠠ ᠪᠠᠭ᠋ᠠᠷᠢᠨ ᠪᠠᠷᠠᠭᠤᠨ ᠬᠣᠰᠢᠭᠤᠨ᠎ᠤ ᠬᠢᠯᠢ᠎ᠳᠤ ᠪᠠᠢ᠌ᠷᠢᠯᠠᠨ᠎ᠠ᠃
ᠬᠣᠶᠠᠷ᠂ ᠶᠡᠷᠦᠩᠬᠡᠢ ᠰᠠᠨᠠᠯ
ᠲᠣᠰ ᠲᠥᠷᠥᠯ ᠵᠦᠢ᠍ᠯ᠎ᠳᠤ 《ᠮᠡᠳᠡᠭᠦᠯᠦᠯᠲᠡ ᠵᠢᠨ ᠬᠦᠰᠦᠨᠦᠭᠲᠦ》᠎ᠳᠤ ᠳᠤᠷᠠᠳᠤᠭᠰᠠᠨ ᠡᠯ᠎ᠡ ᠵᠦᠢ᠍ᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠪᠠ ᠳᠣᠣᠷᠠᠬᠢ ᠮᠡᠲᠦ ᠠᠵᠢᠯ᠎ᠤᠨ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠤᠭᠰᠠᠨ᠎ᠤ ᠳᠠᠷᠠᠭ᠎ᠠ᠂ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠪᠠᠷᠢᠮᠵᠢᠶ᠎ᠠ ᠵᠢᠨ ᠱᠠᠭ᠋ᠠᠷᠳᠠᠯᠭ᠎ᠠ ᠵᠢ ᠬᠠᠩᠭ᠋ᠠᠵᠤ ᠪᠣᠯᠣᠨ᠎ᠠ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠠᠯ᠎ᠠ᠎ᠠᠴᠠ ᠵᠠᠳᠠᠯᠪᠠᠯ᠂ ᠮᠠᠨ᠎ᠤ ᠲᠢᠩᠬᠢᠮ ᠲᠣᠰ ᠲᠥᠷᠥᠯ ᠵᠦᠢ᠍ᠯ᠎ᠢ 《ᠮᠡᠳᠡᠭᠦᠯᠦᠯᠲᠡ ᠵᠢᠨ ᠬᠦᠰᠦᠨᠦᠭᠲᠦ》᠎ᠳᠤ ᠵᠢᠭᠰᠠᠭ᠋ᠠᠭᠰᠠᠨ ᠰᠢᠨᠵᠢ ᠴᠢᠨᠠᠷ᠂ ᠬᠡᠪᠴᠢᠶ᠎ᠡ᠂ ᠭᠠᠵᠠᠷ ᠣᠷᠣᠨ ᠪᠠ ᠠᠪᠬᠤ᠎ᠪᠠᠷ ᠪᠠᠢ᠌ᠭ᠎ᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢᠨ ᠶᠣᠰᠣᠭ᠋ᠠᠷ ᠪᠦᠲᠦᠭᠡᠨ ᠪᠠᠢ᠌ᠭᠤᠯᠬᠤ ᠵᠢ ᠵᠠᠷᠴᠢᠮ ᠳᠡᠭᠡᠷ᠎ᠡ᠎ᠪᠠᠨ ᠵᠥᠪᠰᠢᠶᠡᠷᠡᠪᠡ᠃
ᠭᠤᠷᠪᠠ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠴᠢ ᠠᠵᠢᠯᠯᠠᠭ᠋ᠠᠨ᠎ᠤ ᠬᠤᠭᠤᠴᠠᠭ᠋ᠠᠨ᠎ᠳᠤ ᠰᠠᠶ᠋ᠢᠲᠤᠷ ᠬᠢᠪᠡᠰᠦ ᠵᠣᠬᠢᠬᠤ ᠠᠵᠢᠯ
(ᠨᠢᠭᠡ) ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠎ᠠ᠂ ᠡᠵᠡᠩᠨᠡᠯᠲᠡ ᠵᠢᠨ ᠬᠤᠭᠤᠴᠠᠭ᠋ᠠᠨ᠎ᠳᠠᠬᠢ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠵᠤ᠂ ᠠᠮᠢ ᠠᠬᠤᠢ ᠵᠢ ᠬᠠᠮᠠᠭ᠋ᠠᠯᠠᠬᠤ ᠪᠠ ᠰᠡᠷᠭᠦᠭᠡᠬᠦ ᠠᠵᠢᠯ᠎ᠢ ᠰᠠᠶ᠋ᠢᠲᠤᠷ ᠬᠢᠨ᠎ᠡ᠃ ᠪᠠᠷᠢᠯᠭ᠎ᠠ ᠪᠠᠷᠢᠬᠤ ᠬᠤᠭᠤᠴᠠᠭ᠋ᠠᠨ᠎ᠳᠤ ᠪᠠᠷᠢᠯᠭ᠎ᠠ ᠪᠠᠷᠢᠬᠤ ᠠᠵᠢᠯᠯᠠᠭ᠎ᠠ ᠵᠢᠨ ᠬᠡᠪᠴᠢᠶ᠎ᠡ ᠵᠢ ᠴᠢᠩᠭ᠎ᠠ ᠬᠢᠵᠠᠭ᠋ᠠᠷᠯᠠᠵᠤ᠂ ᠵᠦᠢ ᠵᠣᠬᠢᠰᠲᠠᠢ ᠪᠠᠢ᠌ᠷᠢᠯᠠᠭᠤᠯᠤᠨ᠂ ᠭᠠᠵᠠᠷ ᠰᠢᠷᠣᠢ ᠵᠢ ᠡᠵᠡᠯᠡᠨ ᠬᠡᠷᠡᠭᠯᠡᠬᠦ ᠪᠠ ᠤᠷᠭᠤᠮᠠᠯ᠎ᠤᠨ ᠬᠤᠴᠢᠯᠭ᠎ᠠ ᠵᠢ ᠡᠪᠳᠡᠬᠦ ᠵᠢ ᠠᠯᠢ ᠴᠢᠳᠠᠬᠤ᠎ᠪᠠᠷ ᠪᠠᠭ᠋ᠠᠰᠬᠠᠬᠤ ᠬᠡᠷᠡᠭᠲᠡᠶ᠃
(ᠬᠣᠶᠠᠷ) 《ᠮᠡᠳᠡᠭᠦᠯᠦᠯᠲᠡ ᠵᠢᠨ ᠬᠦᠰᠦᠨᠦᠭᠲᠦ》᠎ᠳᠤ ᠳᠤᠷᠠᠳᠤᠭᠰᠠᠨ ᠠᠵᠢᠯᠯᠠᠭ᠋ᠠᠨ᠎ᠤ ᠳᠠᠪᠲᠠᠮᠵᠢ ᠵᠢᠨ ᠴᠠᠬᠢᠯᠭ᠋ᠠᠨ ᠣᠷᠣᠨ᠂ ᠠᠵᠢᠯᠯᠠᠭ᠋ᠠᠨ᠎ᠤ ᠳᠠᠪᠲᠠᠮᠵᠢ ᠵᠢᠨ ᠰᠣᠷᠢᠨᠵᠢᠨ ᠣᠷᠣᠨ᠎ᠤ ᠡᠷᠬᠢᠨ ᠲᠣᠭᠣᠷᠢᠨ᠎ᠤ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡᠯᠡᠯ᠎ᠢ ᠡᠵᠡᠮᠳᠡᠬᠦ ᠪᠠ ᠰᠠᠢ᠌ᠵᠢᠷᠠᠭᠤᠯᠬᠤ ᠠᠷᠭ᠎ᠠ ᠬᠡᠮᠵᠢᠶ᠎ᠡ ᠪᠠ ᠠᠷᠭ᠎ᠠ ᠬᠢᠳᠡᠯ᠎ᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠬᠢᠨᠠᠨ ᠬᠡᠮᠵᠢᠭᠰᠡᠨ ᠬᠡᠮᠵᠢᠭᠳᠡᠯ᠎ᠨᠢ 《ᠴᠠᠬᠢᠯᠭ᠋ᠠᠨ ᠰᠣᠷᠢᠨᠵᠢᠨ᠎ᠤ ᠣᠷᠴᠢᠨ ᠲᠣᠭᠣᠷᠢᠨ᠎ᠢ ᠡᠵᠡᠮᠳᠡᠬᠦ ᠬᠢᠵᠠᠭ᠋ᠠᠷ ᠬᠡᠮᠵᠢᠭᠳᠡᠯ》 (GB8702 — 2014) ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠶ᠋ᠢᠬᠤ ᠬᠡᠷᠡᠭᠲᠡᠶ᠃
(ᠭᠤᠷᠪᠠ) ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠎ᠠ ᠵᠢᠴᠢ ᠠᠵᠢᠯᠯᠠᠭ᠋ᠠᠨ᠎ᠤ ᠬᠤᠭᠤᠴᠠᠭ᠋ᠠᠨ᠎ᠳᠠᠬᠢ ᠱᠤᠤᠭᠢᠶᠠᠨ᠎ᠤ ᠬᠡᠮᠵᠢᠭᠳᠡᠯ ᠵᠢᠴᠢ ᠱᠤᠤᠭᠢᠶᠠᠨ᠎ᠢ ᠰᠡᠷᠭᠡᠢ᠌ᠯᠡᠬᠦ ᠠᠷᠭ᠎ᠠ ᠬᠡᠮᠵᠢᠶ᠎ᠡ᠎ᠨᠢ 《ᠮᠡᠳᠡᠭᠦᠯᠦᠯᠲᠡ ᠵᠢᠨ ᠬᠦᠰᠦᠨᠦᠭᠲᠦ》᠎ᠳᠤ ᠳᠤᠷᠠᠳᠤᠭᠰᠠᠨ ᠱᠠᠭ᠋ᠠᠷᠳᠠᠯᠭ᠎ᠠ ᠵᠢ ᠬᠠᠩᠭ᠋ᠠᠵᠤ᠂ ᠬᠢᠨᠠᠨ ᠬᠡᠮᠵᠢᠭᠰᠡᠨ ᠬᠡᠮᠵᠢᠭᠳᠡᠯ᠎ᠨᠢ ᠤᠯᠤᠰ᠎ᠤᠨ ᠦᠨᠡᠯᠡᠬᠦ ᠪᠠᠷᠢᠮᠵᠢᠶ᠎ᠠ ᠵᠢᠨ ᠬᠢᠵᠠᠭ᠋ᠠᠷ ᠬᠡᠮᠵᠢᠭᠳᠡᠯ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠶ᠋ᠢᠬᠤ ᠬᠡᠷᠡᠭᠲᠡᠶ᠃
(ᠳᠥᠷᠪᠡ) ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢ ᠮᠡᠳᠡᠭᠦᠯᠦᠨ ᠵᠥᠪᠰᠢᠶᠡᠷᠡᠭᠦᠯᠦᠭᠰᠡᠨ᠎ᠤ ᠳᠠᠷᠠᠭ᠎ᠠ᠂ ᠲᠥᠷᠥᠯ ᠵᠦᠢ᠍ᠯ᠎ᠤᠨ ᠰᠢᠨᠵᠢ ᠴᠢᠨᠠᠷ᠂ ᠬᠡᠪᠴᠢᠶ᠎ᠡ᠂ ᠭᠠᠵᠠᠷ ᠣᠷᠣᠨ ᠪᠤᠶᠤ ᠠᠮᠢ ᠠᠬᠤᠢ ᠵᠢᠨ ᠬᠠᠮᠠᠭ᠋ᠠᠯᠠᠯᠲᠠ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠠᠷᠭ᠎ᠠ ᠬᠡᠮᠵᠢᠶ᠎ᠡ᠎ᠳᠤ ᠴᠢᠬᠤᠯᠠ ᠶᠡᠬᠡ ᠬᠤᠪᠢᠷᠠᠯᠲᠠ ᠭᠠᠷᠪᠠᠯ᠂ ᠱᠠᠭ᠋ᠠᠷᠳᠠᠯᠭ᠎ᠠ ᠶᠣᠰᠣᠭ᠋ᠠᠷ ᠳᠠᠬᠢᠵᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃
ᠳᠥᠷᠪᠡ᠂ ᠪᠦᠲᠦᠭᠡᠨ ᠪᠠᠢ᠌ᠭᠤᠯᠬᠤ ᠨᠢᠭᠡᠴᠢ᠎ᠨᠢ ᠲᠣᠭᠲᠠᠭᠰᠠᠨ ᠲᠠᠰ ᠳᠠᠷᠠᠭ᠋ᠠᠯᠠᠯ ᠵᠶ᠋ᠠᠷ ᠪᠠᠷᠢᠯᠭ᠎ᠠ ᠳᠠᠭᠤᠰᠤᠭᠰᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠯᠭ᠋ᠠᠨ ᠬᠤᠷᠢᠶᠠᠬᠤ ᠵᠢ ᠪᠡᠶᠡᠯᠡᠭᠦᠯᠦᠭᠰᠡᠨ᠎ᠤ ᠳᠠᠷᠠᠭ᠎ᠠ᠂ ᠲᠥᠷᠥᠯ ᠵᠦᠢ᠍ᠯ᠎ᠢ ᠰᠠᠶᠢ ᠵᠢᠩᠬᠢᠨᠢ᠎ᠪᠠᠷ ᠠᠰᠢᠭᠯᠠᠯᠲᠠ᠎ᠳᠤ ᠣᠷᠣᠭᠤᠯᠵᠤ ᠪᠣᠯᠣᠨ᠎ᠠ᠃
ᠲᠠᠪᠤ᠂ ᠮᠠᠨ᠎ᠤ ᠲᠢᠩᠬᠢᠮ᠎ᠠᠴᠠ ᠤᠯᠠᠭ᠋ᠠᠨᠬᠠᠳᠠ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠳᠤ ᠨᠠᠶ᠋ᠢᠳᠠᠵᠤ ᠲᠣᠰ ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠋ᠠᠨ᠎ᠤ ᠬᠢᠨᠠᠯᠲᠠ ᠪᠠᠢ᠌ᠴᠠᠭ᠋ᠠᠯᠲᠠ ᠵᠢᠨ ᠠᠵᠢᠯ᠎ᠢ ᠬᠠᠷᠢᠭᠤᠴᠠᠭᠤᠯᠤᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ
2024 ᠣᠨ᠎ᠤ 7 ᠰᠠᠷ᠎ᠠ ᠵᠢᠨ 13 ᠤ ᠡᠳᠦᠷ