ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠳᠠᠮᠵᠢᠭᠤᠯᠤᠨ ᠰᠠᠴᠤᠷᠠᠭᠤᠯᠬᠤ ᠲᠥᠪ ᠄
ᠲᠠᠨ᠎ᠤ ᠺᠣᠮᠫᠠᠨᠢ ᠵᠢᠨ ᠮᠡᠳᠡᠭᠦᠯᠦᠨ ᠬᠦᠷᠭᠡᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠳᠠᠮᠵᠢᠭᠤᠯᠤᠨ ᠰᠠᠴᠤᠷᠠᠭᠤᠯᠬᠤ ᠲᠥᠪ᠎ᠤᠨ ᠵᠢᠨᠢᠩ᠎ᠤᠨ 585 ᠰᠠᠭᠤᠷᠢ ᠨᠤᠷᠠᠭ᠋ᠠᠵᠤ ᠪᠠᠢ᠌ᠭᠤᠯᠬᠤ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠪᠢᠴᠢᠭ》 (ᠳᠣᠷᠣᠭᠰᠢ 《ᠮᠡᠳᠡᠭᠦᠯᠦᠯᠲᠡ ᠵᠢᠨ ᠪᠢᠴᠢᠭ》 ᠭᠡᠵᠦ ᠲᠣᠪᠴᠢᠯᠠᠨ᠎ᠠ)᠎ᠢ ᠣᠯᠵᠤ ᠣᠢ᠌ᠯᠠᠭ᠋ᠠᠪᠠ᠃ ᠰᠤᠳᠤᠯᠬᠤ᠎ᠪᠠᠷ ᠳᠠᠮᠵᠢᠨ ᠳᠣᠣᠷᠠᠬᠢ ᠮᠡᠲᠦ ᠴᠣᠬᠣᠯᠠᠪᠤᠷᠢᠯᠠᠶ᠎ᠠ᠄
ᠨᠢᠭᠡ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠦᠨᠳᠦᠰᠦᠨ ᠪᠠᠶ᠋ᠢᠳᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠳᠠᠮᠵᠢᠭᠤᠯᠤᠨ ᠰᠠᠴᠤᠷᠠᠭᠤᠯᠬᠤ ᠲᠥᠪ᠎ᠤᠨ ᠵᠢᠨᠢᠩ᠎ᠤᠨ 585 ᠰᠠᠭᠤᠷᠢ ᠮᠠᠰᠢᠨ᠎ᠢ 1958 ᠣᠨ᠎ᠳᠤ ᠪᠠᠢ᠌ᠭᠤᠯᠵᠤ᠂ ᠨᠢᠭᠡᠨᠲᠡ 5 ᠰᠠᠭᠤᠷᠢ ᠠᠨᠲ᠋ᠢᠨ᠎ᠠ ᠵᠢᠨ ᠰᠤᠪᠤᠷᠭ᠎ᠠ ᠵᠢ ᠪᠠᠢ᠌ᠭᠤᠯᠵᠤ᠂ ᠡᠭᠦᠨ᠎ᠳᠤ 1# — 4 # ᠰᠤᠪᠤᠷᠭ᠎ᠠ᠎ᠨᠢ ᠳᠤᠮᠳᠠ ᠳᠣᠯᠭᠢᠶᠠᠨ᠎ᠤ ᠱᠤᠭᠤᠮ᠎ᠤᠨ ᠬᠡᠯᠪᠡᠷᠢᠲᠦ ᠲᠡᠮᠦᠷ ᠰᠤᠪᠤᠷᠭ᠎ᠠ᠂ 5# ᠰᠤᠪᠤᠷᠭ᠎ᠠ᠎ᠨᠢ ᠪᠡᠶ᠎ᠡ᠎ᠪᠠᠨ ᠳᠠᠭ᠋ᠠᠭ᠋ᠠᠭᠰᠠᠨ ᠲᠡᠮᠦᠷ ᠰᠤᠪᠤᠷᠭ᠎ᠠ ᠪᠣᠯᠣᠨ᠎ᠠ᠃ 1 # ᠰᠤᠪᠤᠷᠭ᠎ᠠ ᠵᠢᠨ ᠥᠨᠳᠥᠷ᠎ᠤᠨ ᠬᠡᠮᠵᠢᠶ᠎ᠡ᠎ᠨᠢ 76m᠂ ᠳᠠᠪᠲᠠᠮᠵᠢ ᠵᠢᠨ ᠬᠡᠪᠴᠢᠶ᠎ᠡ᠎ᠨᠢ 549kHz-855kHz᠃ 2 # ᠰᠤᠪᠤᠷᠭ᠎ᠠ ᠵᠢᠨ ᠥᠨᠳᠥᠷ᠎ᠤᠨ ᠬᠡᠮᠵᠢᠶ᠎ᠡ᠎ᠨᠢ 76m᠂ ᠳᠠᠪᠲᠠᠮᠵᠢ ᠵᠢᠨ ᠬᠡᠪᠴᠢᠶ᠎ᠡ᠎ᠨᠢ 747kHz-1170kHz᠃ 3 # ᠰᠤᠪᠤᠷᠭ᠎ᠠ ᠵᠢᠨ ᠥᠨᠳᠥᠷ᠎ᠤᠨ ᠬᠡᠮᠵᠢᠶ᠎ᠡ᠎ᠨᠢ 76m᠂ ᠳᠠᠪᠲᠠᠮᠵᠢ ᠵᠢᠨ ᠬᠡᠪᠴᠢᠶ᠎ᠡ᠎ᠨᠢ 675kHz-1305kHz4᠃ ᠰᠤᠪᠤᠷᠭ᠎ᠠ ᠵᠢᠨ ᠥᠨᠳᠥᠷ᠎ᠤᠨ ᠬᠡᠮᠵᠢᠶ᠎ᠡ᠎ᠨᠢ 32m᠂ ᠳᠠᠪᠲᠠᠮᠵᠢ ᠵᠢᠨ ᠬᠡᠪᠴᠢᠶ᠎ᠡ᠎ᠨᠢ 1044kHz-1458kHz ᠪᠣᠯᠣᠨ᠎ᠠ᠃ 5 # ᠰᠤᠪᠤᠷᠭ᠎ᠠ ᠵᠢᠨ ᠥᠨᠳᠥᠷ᠎ᠤᠨ ᠬᠡᠮᠵᠢᠶ᠎ᠡ᠎ᠨᠢ 72m᠂ ᠡᠭᠦᠨ᠎ᠳᠤ ᠰᠡᠯᠭᠦᠭᠡ ᠳᠠᠪᠲᠠᠮᠵᠢᠲᠤ ᠠᠨᠲ᠋ᠢᠨ᠎ᠠ ᠵᠢᠨ ᠥᠨᠳᠥᠷ᠎ᠤᠨ ᠬᠡᠮᠵᠢᠶ᠎ᠡ᠎ᠨᠢ 60m᠂ ᠳᠠᠪᠲᠠᠮᠵᠢ᠎ᠨᠢ 89.1 MHz᠂ 96 MHz᠂ 97.1 MHz᠂ 103.6 MHz᠂ 105.6 MHz᠂ 106.5 MHz᠂ 101.9 MHz᠂ 107.1 MHz; ᠪᠢᠴᠢᠯ ᠳᠣᠯᠭᠢᠶᠠᠨᠲᠤ ᠠᠨᠲ᠋ᠢᠨ᠎ᠠ 2᠂ ᠠᠨᠲ᠋ᠢᠨ᠎ᠠ ᠵᠢᠨ ᠥᠨᠳᠥᠷ᠎ᠤᠨ ᠬᠡᠮᠵᠢᠶ᠎ᠡ᠎ᠨᠢ 56m᠂ ᠳᠠᠪᠲᠠᠮᠵᠢ᠎ᠨᠢ 6000MHz᠂ ᠠᠨᠲ᠋ᠢᠨ᠎ᠠ ᠵᠢᠨ ᠥᠨᠳᠥᠷ᠎ᠤᠨ ᠬᠡᠮᠵᠢᠶ᠎ᠡ᠎ᠨᠢ 46m᠂ ᠳᠠᠪᠲᠠᠮᠵᠢ᠎ᠨᠢ 8000MHz ᠪᠣᠯᠣᠨ᠎ᠠ᠃ ᠲᠣᠰ ᠤᠳᠠᠭ᠎ᠠ ᠤᠤᠯ᠎ᠤᠨ ᠲᠤᠬᠠᠢ᠌ᠯᠠᠭᠰᠠᠨ ᠠᠵᠢᠯ᠎ᠤᠨ ᠠᠰᠠᠷ᠎ᠢ 1500m2᠎ᠢ ᠨᠤᠷᠠᠭ᠋ᠠᠵᠤ᠂ ᠤᠤᠯ ᠭᠠᠵᠠᠷ᠎ᠲᠤᠨᠢ ᠲᠤᠬᠠᠢ᠌ᠯᠠᠭᠰᠠᠨ ᠠᠵᠢᠯ᠎ᠤᠨ ᠠᠰᠠᠷ᠎ᠢ ᠰᠢᠨ᠎ᠡ᠎ᠪᠠᠷ ᠪᠠᠢ᠌ᠭᠤᠯᠤᠨ᠎ᠠ᠂ ᠪᠠᠷᠢᠯᠭ᠎ᠠ ᠵᠢᠨ ᠶᠡᠷᠦᠩᠬᠡᠢ ᠲᠠᠯᠠᠪᠠᠶ᠎ᠨᠢ 2500m2 ᠪᠣᠯᠣᠨ᠎ᠠ᠃
ᠲᠣᠰ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠭᠠᠵᠠᠷ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠴᠠᠪ ᠬᠣᠲᠠ ᠵᠢᠨ ᠵᠢᠨᠢᠩ ᠲᠣᠭᠣᠷᠢᠭ᠎ᠤᠨ ᠬᠢᠯᠢ᠎ᠳᠤ ᠪᠤᠢ᠃
ᠬᠣᠶᠠᠷ᠂ ᠶᠡᠷᠦᠩᠬᠡᠢ ᠰᠠᠨᠠᠯ
ᠲᠣᠰ ᠲᠥᠷᠥᠯ ᠵᠦᠢ᠍ᠯ᠎ᠳᠤ 《ᠮᠡᠳᠡᠭᠦᠯᠦᠯᠲᠡ ᠵᠢᠨ ᠪᠢᠴᠢᠭ》᠎ᠳᠤ ᠳᠤᠷᠠᠳᠤᠭᠰᠠᠨ ᠡᠯ᠎ᠡ ᠵᠦᠢ᠍ᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠤᠭᠰᠠᠨ᠎ᠤ ᠳᠠᠷᠠᠭ᠎ᠠ᠂ ᠣᠷᠴᠢᠨ ᠲᠣᠭᠣᠷᠢᠨ᠎ᠳᠤ ᠦᠵᠡᠭᠦᠯᠬᠦ ᠠᠰᠢᠭ ᠦᠭᠡᠢ ᠨᠥᠯᠥᠭᠡ ᠪᠠ ᠣᠷᠣᠰᠢᠵᠤ ᠮᠡᠳᠡᠬᠦ ᠣᠷᠴᠢᠨ ᠲᠣᠭᠣᠷᠢᠨ᠎ᠤ ᠲᠦᠭᠰᠢᠭᠦᠷᠢ ᠵᠢ ᠡᠵᠡᠮᠳᠡᠵᠦ ᠪᠣᠯᠬᠤ ᠬᠡᠪᠴᠢᠶᠡᠨ᠎ᠳᠤ ᠪᠠᠢ᠌ᠯᠭ᠋ᠠᠨ᠎ᠠ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠡᠭᠦᠳᠡᠨ᠎ᠠᠴᠠ ᠵᠠᠳᠠᠯᠪᠠᠯ᠂ ᠮᠠᠨ᠎ᠤ ᠲᠢᠩᠬᠢᠮ ᠲᠣᠰ ᠲᠥᠷᠥᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠴᠣᠬᠣᠯᠠᠪᠤᠷᠢ ᠵᠢ ᠵᠠᠷᠴᠢᠮ ᠳᠡᠭᠡᠷ᠎ᠡ᠎ᠪᠠᠨ ᠵᠥᠪᠰᠢᠶᠡᠷᠡᠪᠡ᠃
ᠭᠤᠷᠪᠠ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠴᠢ ᠠᠵᠢᠯᠯᠠᠭ᠋ᠠᠨ᠎ᠤ ᠬᠤᠭᠤᠴᠠᠭ᠋ᠠᠨ᠎ᠳᠤ ᠰᠠᠶ᠋ᠢᠲᠤᠷ ᠬᠢᠪᠡᠰᠦ ᠵᠣᠬᠢᠬᠤ ᠠᠵᠢᠯ
(ᠨᠢᠭᠡ) 《ᠮᠡᠳᠡᠭᠦᠯᠦᠯᠲᠡ ᠵᠢᠨ ᠪᠢᠴᠢᠭ》᠎ᠲᠤ ᠳᠤᠷᠠᠳᠤᠭᠰᠠᠨ ᠴᠠᠬᠢᠯᠭ᠋ᠠᠨ ᠰᠣᠷᠢᠨᠵᠢᠨ ᠰᠠᠴᠤᠷᠠᠭ᠂ ᠱᠤᠤᠭᠢᠶᠠᠨ᠎ᠤ ᠡᠷᠬᠢᠨ ᠲᠣᠭᠣᠷᠢᠨ᠎ᠤ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡᠯᠡᠯ᠎ᠢ ᠡᠵᠡᠮᠳᠡᠬᠦ ᠪᠠ ᠰᠠᠢ᠌ᠵᠢᠷᠠᠭᠤᠯᠬᠤ ᠠᠷᠭ᠎ᠠ ᠬᠡᠮᠵᠢᠶ᠎ᠡ ᠪᠣᠯᠣᠨ ᠠᠷᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠬᠤ ᠬᠡᠷᠡᠭᠲᠡᠶ᠃ ᠦᠢ᠍ᠯᠡᠳᠪᠦᠷᠢ ᠵᠢᠨ ᠵᠠᠭ᠋ᠠᠭ᠎ᠤᠨ ᠣᠷᠣᠨ ᠪᠦᠰᠡ᠎ᠳᠤ ᠹᠢᠽᠢᠺ᠎ᠤᠨ ᠲᠤᠰᠠᠭ᠋ᠠᠷᠯᠠᠯᠢ ᠬᠡᠷᠡᠭᠯᠡᠵᠦ᠂ ᠬᠦᠷᠢᠶ᠎ᠡ ᠬᠡᠷᠡᠮ᠂ ᠬᠦᠷᠢᠶ᠎ᠡ ᠬᠠᠰᠢᠶ᠎ᠠ ᠳᠡᠭᠡᠷ᠎ᠡ ᠢᠶᠤᠨᠵᠢᠯᠲᠠ ᠵᠢᠨ ᠰᠠᠴᠤᠷᠠᠭ᠎ᠤᠨ ᠰᠡᠷᠡᠮᠵᠢ ᠵᠢᠨ ᠫᠠᠢ᠌ᠰᠠ᠂ ᠤᠷᠢᠶ᠎ᠠ ᠯᠣᠽᠦ᠋ᠩ ᠵᠡᠷᠭᠡ ᠵᠢ ᠡᠯᠭᠦᠵᠦ ᠤᠯᠠᠨ ᠨᠠᠢ᠌ᠳᠠ᠎ᠳᠤ ᠮᠡᠳᠡᠭᠳᠡᠬᠦ ᠬᠡᠷᠡᠭᠲᠡᠶ᠃
(ᠬᠣᠶᠠᠷ) ᠪᠠᠷᠢᠯᠭ᠎ᠠ ᠵᠢᠨ ᠭᠠᠵᠠᠷ᠎ᠢ ᠥᠷᠲᠡᠭᠡᠨ᠎ᠤ ᠬᠡᠪᠴᠢᠶᠡᠨ ᠳᠣᠲᠣᠷ᠎ᠠ ᠴᠢᠩᠭ᠎ᠠ ᠬᠢᠵᠠᠭ᠋ᠠᠷᠯᠠᠵᠤ᠂ ᠭᠠᠵᠠᠷ᠎ᠤᠨ ᠭᠠᠳᠠᠷᠭᠤ ᠵᠢᠨ ᠤᠷᠭᠤᠮᠠᠯ᠎ᠤᠨ ᠬᠤᠴᠢᠯᠭ᠎ᠠ ᠵᠢ ᠡᠪᠳᠡᠬᠦ ᠵᠢ ᠠᠯᠢ ᠴᠢᠳᠠᠬᠤ᠎ᠪᠠᠷ ᠪᠠᠭ᠋ᠠᠰᠬᠠᠬᠤ ᠬᠡᠷᠡᠭᠲᠡᠶ᠃ ᠲᠣᠭᠲᠠᠭᠰᠠᠨ ᠬᠤᠭᠤᠴᠠᠭ᠎ᠠ᠎ᠲᠠᠢ᠎ᠪᠠᠷ ᠵᠠᠮ᠎ᠤᠨ ᠭᠠᠳᠠᠷᠭᠤ᠎ᠳᠤ ᠤᠰᠤ ᠰᠦᠷᠴᠢᠵᠦ᠂ ᠲᠣᠭᠣᠰᠣ ᠰᠢᠷᠣᠢ ᠳᠡᠭᠳᠡᠬᠦ᠎ᠠᠴᠠ ᠵᠠᠢ᠌ᠯᠠᠰᠬᠢᠬᠦ ᠬᠡᠷᠡᠭᠲᠡᠶ᠃ ᠪᠠᠷᠢᠯᠭ᠎ᠠ ᠵᠢᠨ ᠬᠤᠭᠤᠴᠠᠭ᠋ᠠᠨ᠎ᠳᠤ ᠭᠠᠷᠤᠭᠰᠠᠨ ᠬᠣᠭ ᠨᠣᠪᠰᠢ ᠵᠢ ᠡᠷᠬᠡᠪᠰᠢ ᠲᠥᠪᠯᠡᠷᠡᠭᠦᠯᠦᠨ ᠬᠣᠷᠢᠶᠠᠨ ᠠᠪᠴᠤ᠂ ᠲᠤᠬᠠᠢ ᠵᠢᠨ ᠭᠠᠵᠠᠷ᠎ᠤᠨ ᠣᠷᠴᠢᠨ ᠲᠣᠭᠣᠷᠢᠨ᠎ᠤ ᠠᠷᠢᠭᠤᠨ ᠴᠡᠪᠡᠷ᠎ᠤᠨ ᠰᠠᠯᠠᠭ᠎ᠠ ᠮᠥᠴᠢᠷ᠎ᠲᠤ ᠬᠦᠷᠭᠡᠨ ᠥᠭᠴᠦ ᠲᠥᠪᠯᠡᠷᠡᠭᠦᠯᠦᠨ ᠰᠢᠢ᠍ᠳᠪᠦᠷᠢᠯᠡᠭᠦᠯᠬᠦ ᠬᠡᠷᠡᠭᠲᠡᠶ᠃
(ᠭᠤᠷᠪᠠ) ᠡᠵᠡᠩᠨᠡᠯᠲᠡ ᠵᠢᠨ ᠬᠤᠭᠤᠴᠠᠭ᠋ᠠᠨ᠎ᠤ ᠥᠷᠲᠡᠭᠡ ᠵᠢᠨ ᠲᠣᠭᠣᠷᠢᠭ᠎ᠤᠨ ᠠᠮᠢᠳᠤᠷᠠᠯ᠎ᠤᠨ ᠪᠣᠬᠢᠷ ᠤᠰᠤ ᠵᠢ ᠢᠯᠭ᠋ᠠᠳᠠᠰᠤᠨ ᠲᠠᠲᠠᠭ᠋ᠠᠯ ᠵᠶ᠋ᠠᠷ ᠰᠢᠢ᠍ᠳᠪᠦᠷᠢᠯᠡᠵᠦ ᠪᠠᠷᠢᠮᠵᠢᠶ᠎ᠠ᠎ᠳᠤ ᠬᠦᠷᠦᠭᠦᠯᠦᠭᠰᠡᠨ᠎ᠤ ᠳᠠᠷᠠᠭ᠎ᠠ ᠵᠠᠬ᠎ᠠ ᠳᠡᠯᠭᠡᠭᠦᠷ᠎ᠤᠨ ᠳᠣᠲᠣᠷᠠᠬᠢ ᠪᠣᠬᠢᠷ ᠤᠰᠤᠨ᠎ᠤ ᠬᠣᠭᠣᠯᠠᠢ ᠵᠢᠨ ᠲᠣᠣᠷ᠎ᠲᠤ ᠣᠷᠣᠭᠤᠯᠤᠨ᠎ᠠ᠃ ᠲᠣᠨᠣᠭ ᠲᠥᠬᠦᠭᠡᠷᠦᠮᠵᠢ ᠵᠢ ᠰᠡᠯᠪᠢᠨ ᠵᠠᠰᠠᠬᠤ ᠶᠠᠪᠤᠴᠠ᠎ᠳᠤ ᠪᠤᠢ ᠪᠣᠯᠤᠭᠰᠠᠨ ᠬᠠᠶᠠᠭᠳᠠᠮᠠᠯ ᠬᠡᠯᠬᠢᠶ᠎ᠡ ᠴᠡᠨᠡᠭ᠎ᠢ ᠪᠦᠬᠦᠨ᠎ᠢ ᠠᠶᠤᠯᠲᠠᠢ ᠬᠠᠶᠠᠭᠳᠠᠮᠠᠯ ᠪᠣᠳᠠᠰ᠎ᠢ ᠡᠵᠡᠩᠨᠡᠬᠦ ᠵᠥᠪᠰᠢᠶᠡᠷᠡᠯ᠎ᠤᠨ ᠵᠣᠬᠢᠴᠠᠩᠭᠤᠢ ᠬᠢᠷᠢ ᠬᠡᠮ᠎ᠲᠠᠢ ᠨᠢᠭᠡᠴᠢ᠎ᠳᠤ ᠬᠦᠷᠭᠡᠨ ᠥᠭᠴᠦ ᠰᠢᠢ᠍ᠳᠪᠦᠷᠢᠯᠡᠭᠦᠯᠬᠦ ᠬᠡᠷᠡᠭᠲᠡᠶ᠃
(ᠳᠥᠷᠪᠡ) ᠲᠥᠷᠥᠯ ᠵᠦᠢ᠍ᠯ᠎ᠤᠨ ᠪᠠᠷᠢᠯᠭ᠎ᠠ ᠪᠠᠷᠢᠬᠤ ᠬᠤᠭᠤᠴᠠᠭ᠎ᠠ ᠬᠢᠭᠡᠳ ᠠᠵᠢᠯᠯᠠᠭ᠋ᠠᠨ᠎ᠤ ᠬᠤᠭᠤᠴᠠᠭ᠋ᠠᠨ᠎ᠤ ᠱᠤᠤᠭᠢᠶᠠᠨ᠎ᠤ ᠬᠡᠮᠵᠢᠭᠳᠡᠯ ᠬᠢᠭᠡᠳ ᠱᠤᠤᠭᠢᠶᠠᠨ᠎ᠢ ᠰᠡᠷᠭᠡᠢ᠌ᠯᠡᠬᠦ ᠠᠷᠭ᠎ᠠ ᠬᠡᠮᠵᠢᠶ᠎ᠡ᠎ᠨᠢ 《ᠮᠡᠳᠡᠭᠦᠯᠦᠯᠲᠡ ᠵᠢᠨ ᠪᠢᠴᠢᠭ》᠎ᠲᠤ ᠳᠤᠷᠠᠳᠤᠭᠰᠠᠨ ᠱᠠᠭ᠋ᠠᠷᠳᠠᠯᠭ᠎ᠠ ᠵᠢ ᠬᠠᠩᠭ᠋ᠠᠭᠰᠠᠨ ᠪᠠᠶ᠋ᠢᠬᠤ ᠬᠡᠷᠡᠭᠲᠡᠶ᠂ ᠬᠢᠨᠠᠨ ᠬᠡᠮᠵᠢᠭᠰᠡᠨ ᠬᠡᠮᠵᠢᠭᠳᠡᠯ᠎ᠨᠢ ᠤᠯᠤᠰ᠎ᠤᠨ ᠦᠨᠡᠯᠡᠬᠦ ᠪᠠᠷᠢᠮᠵᠢᠶ᠎ᠠ ᠵᠢᠨ ᠬᠢᠵᠠᠭ᠋ᠠᠷ ᠥᠷᠳᠡᠭ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠶ᠋ᠢᠬᠤ ᠬᠡᠷᠡᠭᠲᠡᠶ
ᠳᠥᠷᠪᠡ᠂ ᠪᠦᠲᠦᠭᠡᠨ ᠪᠠᠢ᠌ᠭᠤᠯᠤᠯᠲᠠ ᠵᠢᠨ ᠨᠢᠭᠡᠴᠢ᠎ᠨᠢ ᠲᠣᠭᠲᠠᠭᠰᠠᠨ ᠲᠠᠰ ᠳᠠᠷᠠᠭ᠋ᠠᠯᠠᠯ᠎ᠤᠨ ᠶᠣᠰᠣᠭ᠋ᠠᠷ ᠪᠠᠷᠢᠯᠭ᠎ᠠ ᠳᠠᠭᠤᠰᠤᠭᠰᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠯᠭ᠋ᠠᠨ ᠠᠪᠬᠤ ᠵᠢ ᠪᠡᠶᠡᠯᠡᠭᠦᠯᠬᠦ ᠬᠡᠷᠡᠭᠲᠡᠶ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ
2024 ᠣᠨ᠎ᠤ 7 ᠰᠠᠷ᠎ᠠ ᠵᠢᠨ 13᠎ᠤ ᠡᠳᠦᠷ