ᠥᠪᠥᠷ ᠮᠣᠩᠭᠣᠯ᠎ᠤᠨ ᠴᠠᠬᠢᠯᠭ᠋ᠠᠨ ᠬᠦᠴᠦᠨ (ᠪᠦᠯᠦᠭᠯᠡᠯ)᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠪᠠᠶᠠᠨᠨᠠᠭᠤᠷ᠎ᠤᠨ ᠴᠠᠬᠢᠯᠭ᠋ᠠᠨ ᠬᠠᠩᠭ᠋ᠠᠬᠤ ᠬᠤᠪᠢᠶᠠᠷᠢ ᠺᠣᠮᠫᠠᠨᠢ᠎ᠳᠤ᠄
ᠲᠠᠨ᠎ᠤ ᠺᠣᠮᠫᠠᠨᠢ ᠵᠢᠨ ᠮᠡᠳᠡᠭᠦᠯᠦᠨ ᠬᠦᠷᠭᠡᠭᠰᠡᠨ 《ᠤᠷᠠᠳ᠎ᠤᠨ ᠳᠤᠮᠳᠠᠳᠤ ᠬᠣᠰᠢᠭᠤᠨ᠎ᠤ ᠮᠧᠩ ᠨᠧᠩ᠎ᠤᠨ 150 ᠲᠦᠮᠡᠨ ᠺᠢᠯᠣᠸᠠᠲ᠎ᠤᠨ ᠰᠠᠯᠬᠢᠨ ᠬᠦᠴᠦᠨ᠎ᠤ ᠨᠥᠭᠡᠴᠡ ᠵᠢᠨ ᠰᠠᠭᠤᠷᠢᠨ ᠭᠠᠵᠠᠷ᠎ᠤᠨ ᠲᠥᠷᠥᠯ ᠵᠦᠢ᠍ᠯ᠎ᠤᠨ 220 ᠺᠢᠯᠣᠸᠠᠲ ᠵᠶ᠋ᠠᠷ ᠴᠠᠬᠢᠯᠭ᠋ᠠᠨ ᠳᠠᠮᠵᠢᠭᠤᠯᠬᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ》 (ᠳᠣᠷᠣᠭᠰᠢ 《ᠮᠡᠳᠡᠭᠦᠯᠦᠯᠲᠡ ᠵᠢᠨ ᠬᠦᠰᠦᠨᠦᠭᠲᠦ》 ᠭᠡᠵᠦ ᠲᠣᠪᠴᠢᠯᠠᠨ᠎ᠠ) ᠵᠢ ᠣᠯᠵᠤ ᠣᠢ᠌ᠯᠠᠭ᠋ᠠᠪᠠ᠃ ᠰᠤᠳᠤᠯᠬᠤ᠎ᠪᠠᠷ ᠳᠠᠮᠵᠢᠨ ᠳᠣᠣᠷᠠᠬᠢ ᠮᠡᠲᠦ ᠴᠣᠬᠣᠯᠠᠪᠤᠷᠢᠯᠠᠶ᠎ᠠ᠄
ᠨᠢᠭᠡ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠦᠨᠳᠦᠰᠦᠨ ᠪᠠᠶ᠋ᠢᠳᠠᠯ
(ᠨᠢᠭᠡ) ᠬᠦᠴᠦᠳᠡᠯ ᠥᠭᠡᠷᠡᠴᠢᠯᠡᠬᠦ ᠢᠨᠵᠧᠨᠧᠷᠢᠩ᠃ ᠪᠠᠶᠠᠨᠨᠠᠭᠤᠷ᠎ᠤᠨ ᠤᠷᠠᠳ᠎ᠤᠨ ᠳᠤᠮᠳᠠᠳᠤ ᠬᠣᠰᠢᠭᠤᠨ᠎ᠤ 500kV ᠬᠦᠴᠦᠳᠡᠯ ᠥᠭᠡᠷᠡᠴᠢᠯᠡᠬᠦ ᠥᠷᠲᠡᠭᠡ ᠵᠢᠨ 220kV᠎ᠤᠨ 1 ᠴᠠᠬᠢᠯᠭ᠋ᠠᠨ ᠬᠡᠯᠬᠢᠶ᠎ᠡ ᠵᠢ ᠦᠷᠭᠡᠳᠭᠡᠨ ᠪᠠᠢ᠌ᠭᠤᠯᠤᠨ᠎ᠠ᠃
(ᠬᠣᠶᠠᠷ) ᠵᠠᠮ ᠱᠤᠭᠤᠮ᠎ᠤᠨ ᠪᠠᠷᠢᠯᠭ᠎ᠠ᠃ (1)1 # ᠬᠦᠴᠦᠳᠡᠯ ᠳᠡᠭᠡᠭᠰᠢᠯᠡᠭᠦᠯᠬᠦ ᠥᠷᠲᠡᠭᠡ — 2 # ᠬᠦᠴᠦᠳᠡᠯ ᠳᠡᠭᠡᠭᠰᠢᠯᠡᠭᠦᠯᠬᠦ ᠥᠷᠲᠡᠭᠡ ᠵᠢᠨ 220kV ᠴᠠᠬᠢᠯᠭ᠋ᠠᠨ ᠳᠠᠮᠵᠢᠭᠤᠯᠬᠤ ᠱᠤᠭᠤᠮ᠎ᠢ ᠰᠢᠨ᠎ᠡ᠎ᠪᠠᠷ ᠪᠠᠢ᠌ᠭᠤᠯᠵᠤ᠂ ᠱᠤᠭᠤᠮ᠎ᠤᠨ ᠣᠷᠳᠣᠨ᠎ᠢ 18km᠂ ᠲᠠᠩ ᠪᠢᠲᠡᠭᠦᠦ ᠬᠡᠯᠬᠢᠶ᠎ᠡ ᠵᠢ ᠲᠠᠲᠠᠵᠤ᠂ 53 ᠰᠠᠭᠤᠷᠢ ᠲᠡᠮᠦᠷ ᠰᠤᠪᠤᠷᠭ᠎ᠠ ᠵᠢ ᠰᠢᠨ᠎ᠡ᠎ᠪᠠᠷ ᠪᠠᠢ᠌ᠭᠤᠯᠤᠨ᠎ᠠ᠃ (2)2 # ᠬᠦᠴᠦᠳᠡᠯ ᠳᠡᠭᠡᠭᠰᠢᠯᠡᠭᠦᠯᠬᠦ ᠥᠷᠲᠡᠭᠡ — ᠪᠠᠶᠠᠨᠨᠠᠭᠤᠷ᠎ᠤᠨ ᠤᠷᠠᠳ᠎ᠤᠨ ᠳᠤᠮᠳᠠᠳᠤ ᠬᠣᠰᠢᠭᠤᠨ᠎ᠤ 500kV ᠬᠦᠴᠦᠳᠡᠯ ᠥᠭᠡᠷᠡᠴᠢᠯᠡᠬᠦ ᠥᠷᠲᠡᠭᠡ ᠵᠢᠨ 220kV ᠴᠠᠬᠢᠯᠭ᠋ᠠᠨ ᠳᠠᠮᠵᠢᠭᠤᠯᠬᠤ ᠱᠤᠭᠤᠮ᠎ᠢ ᠰᠢᠨ᠎ᠡ᠎ᠪᠠᠷ ᠪᠠᠢ᠌ᠭᠤᠯᠵᠤ᠂ ᠱᠤᠭᠤᠮ᠎ᠤᠨ ᠤᠷᠳᠤᠨᠢ ᠪᠠᠷᠤᠭ 67.3km ᠪᠠᠢ᠌ᠵᠤ᠂ ᠡᠭᠦᠨ᠎ᠳᠤ ᠲᠠᠩ ᠪᠢᠲᠡᠭᠦᠦ ᠬᠡᠯᠬᠢᠶ᠎ᠡ᠎ᠨᠢ 11.5km ᠪᠠᠢ᠌ᠵᠤ᠂ 3 # ᠬᠦᠴᠦᠳᠡᠯ ᠳᠡᠭᠡᠭᠰᠢᠯᠡᠭᠦᠯᠬᠦ ᠥᠷᠲᠡᠭᠡ — ᠪᠠᠶᠠᠨᠨᠠᠭᠤᠷ᠎ᠤᠨ ᠤᠷᠠᠳ᠎ᠤᠨ ᠳᠤᠮᠳᠠᠳᠤ ᠬᠣᠰᠢᠭᠤᠨ᠎ᠤ 220kV ᠴᠠᠬᠢᠯᠭ᠋ᠠᠨ ᠬᠡᠯᠬᠢᠶ᠎ᠡ ᠵᠢᠨ ᠢᠵᠢᠯᠢ ᠰᠤᠪᠤᠷᠭ᠎ᠠ ᠵᠢᠨ ᠬᠣᠣᠰ ᠪᠢᠲᠡᠭᠦᠦ ᠬᠡᠯᠬᠢᠶ᠎ᠡ ᠵᠢ 55.8 km ᠲᠠᠲᠠᠵᠤ᠂194 ᠰᠠᠭᠤᠷᠢ(3 # ᠬᠦᠴᠦᠳᠡᠯ ᠳᠡᠭᠡᠭᠰᠢᠯᠡᠭᠦᠯᠬᠦ ᠥᠷᠲᠡᠭᠡ — ᠪᠠᠶᠠᠨᠨᠠᠭᠤᠷ᠎ᠤᠨ ᠤᠷᠠᠳ᠎ᠤᠨ ᠳᠤᠮᠳᠠᠳᠤ ᠬᠣᠰᠢᠭᠤᠨ᠎ᠤ 220kV ᠴᠠᠬᠢᠯᠭ᠋ᠠᠨ ᠬᠡᠯᠬᠢᠶ᠎ᠡ ᠵᠢᠨ ᠢᠵᠢᠯᠢ ᠰᠤᠪᠤᠷᠭ᠎ᠠ ᠵᠢᠨ ᠬᠣᠣᠰ ᠪᠢᠲᠡᠭᠦᠦ ᠬᠡᠯᠬᠢᠶ᠎ᠡ᠎ᠳᠤ ᠨᠠᠢ᠌ᠳᠠ 161 ᠰᠠᠭᠤᠷᠢ ᠪᠠᠢ᠌ᠭᠤᠯᠤᠨ᠎ᠠ) ᠲᠡᠮᠦᠷ ᠰᠤᠪᠤᠷᠭ᠎ᠠ ᠵᠢ ᠰᠢᠨ᠎ᠡ᠎ᠪᠠᠷ ᠪᠠᠢ᠌ᠭᠤᠯᠤᠨ᠎ᠠ᠃ (3) 3 # ᠬᠦᠴᠦᠳᠡᠯ ᠳᠡᠭᠡᠭᠰᠢᠯᠡᠭᠦᠯᠬᠦ ᠥᠷᠲᠡᠭᠡ — ᠪᠠᠶᠠᠨᠨᠠᠭᠤᠷ᠎ᠤᠨ ᠤᠷᠠᠳ᠎ᠤᠨ ᠳᠤᠮᠳᠠᠳᠤ ᠬᠣᠰᠢᠭᠤᠨ᠎ᠤ 500kV ᠬᠦᠴᠦᠳᠡᠯ ᠥᠭᠡᠷᠡᠴᠢᠯᠡᠬᠦ ᠥᠷᠲᠡᠭᠡ ᠵᠢᠨ 220kV ᠴᠠᠬᠢᠯᠭ᠋ᠠᠨ ᠳᠠᠮᠵᠢᠭᠤᠯᠬᠤ ᠱᠤᠭᠤᠮ᠎ᠢ ᠰᠢᠨ᠎ᠡ᠎ᠪᠠᠷ ᠪᠠᠢ᠌ᠭᠤᠯᠵᠤ᠂ ᠱᠤᠭᠤᠮ᠎ᠤᠨ ᠣᠷᠳᠣᠨ᠎ᠢ ᠪᠠᠷᠤᠭ 62.7 km ᠪᠠᠢ᠌ᠵᠤ᠂ ᠡᠭᠦᠨ᠎ᠳᠤ ᠲᠠᠩ ᠪᠢᠲᠡᠭᠦᠦ ᠬᠡᠯᠬᠢᠶ᠎ᠡ 6.9 km ᠪᠠᠢ᠌ᠵᠤ᠂ 2 # ᠬᠦᠴᠦᠳᠡᠯ ᠳᠡᠭᠡᠭᠰᠢᠯᠡᠭᠦᠯᠬᠦ ᠥᠷᠲᠡᠭᠡ — ᠪᠠᠶᠠᠨᠨᠠᠭᠤᠷ᠎ᠤᠨ ᠤᠷᠠᠳ᠎ᠤᠨ ᠳᠤᠮᠳᠠᠳᠤ ᠬᠣᠰᠢᠭᠤᠨ᠎ᠤ 220kV ᠱᠤᠭᠤᠮ᠎ᠤᠨ ᠢᠵᠢᠯᠢ ᠰᠤᠪᠤᠷᠭ᠎ᠠ ᠵᠢᠨ ᠬᠣᠣᠰ ᠪᠢᠲᠡᠭᠦᠦ ᠬᠡᠯᠬᠢᠶ᠎ᠡ ᠵᠢ 55.8 km ᠲᠠᠲᠠᠵᠤ᠂ ᠪᠠᠷᠤᠭ 20 ᠰᠠᠭᠤᠷᠢ ᠲᠡᠮᠦᠷ ᠰᠤᠪᠤᠷᠭ᠎ᠠ ᠵᠢ ᠰᠢᠨ᠎ᠡ᠎ᠪᠠᠷ ᠪᠠᠢ᠌ᠭᠤᠯᠵᠤ᠂ 2 # ᠬᠦᠴᠦᠳᠡᠯ ᠳᠡᠭᠡᠭᠰᠢᠯᠡᠭᠦᠯᠬᠦ ᠥᠷᠲᠡᠭᠡ — ᠪᠠᠶᠠᠨᠨᠠᠭᠤᠷ᠎ᠤᠨ ᠤᠷᠠᠳ᠎ᠤᠨ ᠳᠤᠮᠳᠠᠳᠤ ᠬᠣᠰᠢᠭᠤᠨ᠎ᠤ 220kV ᠱᠤᠭᠤᠮ᠎ᠤᠨ 161 ᠰᠤᠪᠤᠷᠭ᠎ᠠ ᠵᠢᠨ ᠰᠠᠭᠤᠷᠢ ᠵᠢ ᠠᠰᠢᠭᠯᠠᠨ᠎ᠠ᠃
ᠲᠣᠰ ᠢᠨᠵᠧᠨᠧᠷᠢᠩ᠎ᠤᠨ ᠴᠠᠬᠢᠯᠭ᠋ᠠᠨ ᠳᠠᠮᠵᠢᠭᠤᠯᠬᠤ ᠱᠤᠭᠤᠮ᠎ᠨᠢ ᠵᠠᠢ᠌ᠯᠠᠬᠤ ᠵᠢᠨ ᠠᠷᠭ᠎ᠠ ᠦᠭᠡᠢ᠎ᠪᠠᠷ ᠤᠷᠠᠳ᠎ᠤᠨ ᠳᠤᠮᠳᠠᠳᠤ ᠬᠣᠰᠢᠭᠤᠨ᠎ᠤ ᠰᠠᠯᠬᠢ ᠵᠢ ᠬᠠᠯᠬᠠᠯᠠᠵᠤ ᠡᠯᠡᠰᠦ ᠵᠢ ᠲᠣᠭᠲᠠᠪᠤᠷᠢᠵᠢᠭᠤᠯᠬᠤ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠪᠠᠷᠤᠭ 50.5 km ᠰᠤᠨᠳᠠᠯᠠᠨ ᠥᠩᠭᠡᠷᠡᠵᠦ᠂ 150 ᠰᠠᠭᠤᠷᠢ ᠰᠤᠪᠤᠷᠭ᠎ᠠ ᠪᠣᠰᠬᠠᠨ᠎ᠠ᠃
ᠲᠣᠰ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠭᠠᠵᠠᠷ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶᠠᠨᠨᠠᠭᠤᠷ ᠬᠣᠲᠠ ᠵᠢᠨ ᠤᠷᠠᠳ᠎ᠤᠨ ᠳᠤᠮᠳᠠᠳᠤ ᠬᠣᠰᠢᠭᠤᠨ᠎ᠤ ᠬᠢᠯᠢ᠎ᠳᠤ ᠪᠤᠢ᠃
ᠬᠣᠶᠠᠷ᠂ ᠶᠡᠷᠦᠩᠬᠡᠢ ᠰᠠᠨᠠᠯ
ᠲᠣᠰ ᠲᠥᠷᠥᠯ ᠵᠦᠢ᠍ᠯ᠎ᠳᠤ 《ᠮᠡᠳᠡᠭᠦᠯᠦᠯᠲᠡ ᠵᠢᠨ ᠬᠦᠰᠦᠨᠦᠭᠲᠦ》᠎ᠳᠤ ᠳᠤᠷᠠᠳᠤᠭᠰᠠᠨ ᠡᠯ᠎ᠡ ᠵᠦᠢ᠍ᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠪᠠ ᠳᠣᠣᠷᠠᠬᠢ ᠮᠡᠲᠦ ᠠᠵᠢᠯ᠎ᠤᠨ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠤᠭᠰᠠᠨ᠎ᠤ ᠳᠠᠷᠠᠭ᠎ᠠ᠂ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠪᠠᠷᠢᠮᠵᠢᠶ᠎ᠠ ᠵᠢᠨ ᠱᠠᠭ᠋ᠠᠷᠳᠠᠯᠭ᠎ᠠ ᠵᠢ ᠬᠠᠩᠭ᠋ᠠᠵᠤ ᠪᠣᠯᠣᠨ᠎ᠠ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠠᠯ᠎ᠠ᠎ᠠᠴᠠ ᠵᠠᠳᠠᠯᠪᠠᠯ᠂ ᠮᠠᠨ᠎ᠤ ᠲᠢᠩᠬᠢᠮ ᠲᠣᠰ ᠲᠥᠷᠥᠯ ᠵᠦᠢ᠍ᠯ᠎ᠢ 《ᠮᠡᠳᠡᠭᠦᠯᠦᠯᠲᠡ ᠵᠢᠨ ᠬᠦᠰᠦᠨᠦᠭᠲᠦ》᠎ᠳᠤ ᠵᠢᠭᠰᠠᠭ᠋ᠠᠭᠰᠠᠨ ᠰᠢᠨᠵᠢ ᠴᠢᠨᠠᠷ᠂ ᠬᠡᠪᠴᠢᠶ᠎ᠡ᠂ ᠭᠠᠵᠠᠷ ᠣᠷᠣᠨ ᠪᠠ ᠠᠪᠬᠤ᠎ᠪᠠᠷ ᠪᠠᠢ᠌ᠭ᠎ᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢᠨ ᠶᠣᠰᠣᠭ᠋ᠠᠷ ᠪᠦᠲᠦᠭᠡᠨ ᠪᠠᠢ᠌ᠭᠤᠯᠬᠤ ᠵᠢ ᠵᠠᠷᠴᠢᠮ ᠳᠡᠭᠡᠷ᠎ᠡ᠎ᠪᠠᠨ ᠵᠥᠪᠰᠢᠶᠡᠷᠡᠪᠡ᠃
ᠭᠤᠷᠪᠠ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠴᠢ ᠠᠵᠢᠯᠯᠠᠭ᠋ᠠᠨ᠎ᠤ ᠬᠤᠭᠤᠴᠠᠭ᠋ᠠᠨ᠎ᠳᠤ ᠰᠠᠶ᠋ᠢᠲᠤᠷ ᠬᠢᠪᠡᠰᠦ ᠵᠣᠬᠢᠬᠤ ᠠᠵᠢᠯ
(ᠨᠢᠭᠡ) ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠎ᠠ᠂ ᠡᠵᠡᠩᠨᠡᠯᠲᠡ ᠵᠢᠨ ᠬᠤᠭᠤᠴᠠᠭ᠋ᠠᠨ᠎ᠳᠠᠬᠢ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠵᠤ᠂ ᠠᠮᠢ ᠠᠬᠤᠢ ᠵᠢ ᠬᠠᠮᠠᠭ᠋ᠠᠯᠠᠬᠤ ᠪᠠ ᠰᠡᠷᠭᠦᠭᠡᠬᠦ ᠠᠵᠢᠯ᠎ᠢ ᠰᠠᠶ᠋ᠢᠲᠤᠷ ᠬᠢᠨ᠎ᠡ᠃ ᠪᠠᠷᠢᠯᠭ᠎ᠠ ᠪᠠᠷᠢᠬᠤ ᠬᠤᠭᠤᠴᠠᠭ᠋ᠠᠨ᠎ᠳᠤ ᠪᠠᠷᠢᠯᠭ᠎ᠠ ᠪᠠᠷᠢᠬᠤ ᠠᠵᠢᠯᠯᠠᠭ᠎ᠠ ᠵᠢᠨ ᠬᠡᠪᠴᠢᠶ᠎ᠡ ᠵᠢ ᠴᠢᠩᠭ᠎ᠠ ᠬᠢᠵᠠᠭ᠋ᠠᠷᠯᠠᠵᠤ᠂ ᠵᠦᠢ ᠵᠣᠬᠢᠰᠲᠠᠢ ᠪᠠᠢ᠌ᠷᠢᠯᠠᠭᠤᠯᠤᠨ᠂ ᠭᠠᠵᠠᠷ ᠰᠢᠷᠣᠢ ᠵᠢ ᠡᠵᠡᠯᠡᠨ ᠬᠡᠷᠡᠭᠯᠡᠬᠦ ᠪᠠ ᠤᠷᠭᠤᠮᠠᠯ᠎ᠤᠨ ᠬᠤᠴᠢᠯᠭ᠎ᠠ ᠵᠢ ᠡᠪᠳᠡᠬᠦ ᠵᠢ ᠠᠯᠢ ᠴᠢᠳᠠᠬᠤ᠎ᠪᠠᠷ ᠪᠠᠭ᠋ᠠᠰᠬᠠᠬᠤ ᠬᠡᠷᠡᠭᠲᠡᠶ᠃
(ᠬᠣᠶᠠᠷ) 《ᠮᠡᠳᠡᠭᠦᠯᠦᠯᠲᠡ ᠵᠢᠨ ᠬᠦᠰᠦᠨᠦᠭᠲᠦ》᠎ᠳᠤ ᠳᠤᠷᠠᠳᠤᠭᠰᠠᠨ ᠠᠵᠢᠯᠯᠠᠭ᠋ᠠᠨ᠎ᠤ ᠳᠠᠪᠲᠠᠮᠵᠢ ᠵᠢᠨ ᠴᠠᠬᠢᠯᠭ᠋ᠠᠨ ᠣᠷᠣᠨ᠂ ᠠᠵᠢᠯᠯᠠᠭ᠋ᠠᠨ᠎ᠤ ᠳᠠᠪᠲᠠᠮᠵᠢ ᠵᠢᠨ ᠰᠣᠷᠢᠨᠵᠢᠨ ᠣᠷᠣᠨ᠎ᠤ ᠡᠷᠬᠢᠨ ᠲᠣᠭᠣᠷᠢᠨ᠎ᠤ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡᠯᠡᠯ᠎ᠢ ᠡᠵᠡᠮᠳᠡᠬᠦ ᠪᠠ ᠰᠠᠢ᠌ᠵᠢᠷᠠᠭᠤᠯᠬᠤ ᠠᠷᠭ᠎ᠠ ᠬᠡᠮᠵᠢᠶ᠎ᠡ ᠪᠠ ᠠᠷᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠬᠢᠨᠠᠨ ᠬᠡᠮᠵᠢᠭᠰᠡᠨ ᠬᠡᠮᠵᠢᠭᠳᠡᠯ᠎ᠨᠢ 《ᠴᠠᠬᠢᠯᠭ᠋ᠠᠨ ᠰᠣᠷᠢᠨᠵᠢᠨ᠎ᠤ ᠣᠷᠴᠢᠨ ᠲᠣᠭᠣᠷᠢᠨ᠎ᠢ ᠡᠵᠡᠮᠳᠡᠬᠦ ᠬᠢᠵᠠᠭ᠋ᠠᠷ ᠬᠡᠮᠵᠢᠭᠳᠡᠯ》 (GB8702 — 2014)᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠶ᠋ᠢᠬᠤ ᠬᠡᠷᠡᠭᠲᠡᠶ᠃
(ᠭᠤᠷᠪᠠ) ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠎ᠠ ᠵᠢᠴᠢ ᠠᠵᠢᠯᠯᠠᠭ᠋ᠠᠨ᠎ᠤ ᠬᠤᠭᠤᠴᠠᠭ᠋ᠠᠨ᠎ᠳᠠᠬᠢ ᠱᠤᠤᠭᠢᠶᠠᠨ᠎ᠤ ᠬᠡᠮᠵᠢᠭᠳᠡᠯ ᠵᠢᠴᠢ ᠱᠤᠤᠭᠢᠶᠠᠨ᠎ᠢ ᠰᠡᠷᠭᠡᠢ᠌ᠯᠡᠬᠦ ᠠᠷᠭ᠎ᠠ ᠬᠡᠮᠵᠢᠶ᠎ᠡ᠎ᠨᠢ 《ᠮᠡᠳᠡᠭᠦᠯᠦᠯᠲᠡ ᠵᠢᠨ ᠬᠦᠰᠦᠨᠦᠭᠲᠦ》᠎ᠳᠤ ᠳᠤᠷᠠᠳᠤᠭᠰᠠᠨ ᠱᠠᠭ᠋ᠠᠷᠳᠠᠯᠭ᠎ᠠ ᠵᠢ ᠬᠠᠩᠭ᠋ᠠᠵᠤ᠂ ᠬᠢᠨᠠᠨ ᠬᠡᠮᠵᠢᠭᠰᠡᠨ ᠬᠡᠮᠵᠢᠭᠳᠡᠯ᠎ᠨᠢ ᠤᠯᠤᠰ᠎ᠤᠨ ᠦᠨᠡᠯᠡᠬᠦ ᠪᠠᠷᠢᠮᠵᠢᠶ᠎ᠠ ᠵᠢᠨ ᠬᠢᠵᠠᠭ᠋ᠠᠷ ᠬᠡᠮᠵᠢᠭᠳᠡᠯ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠶ᠋ᠢᠬᠤ ᠬᠡᠷᠡᠭᠲᠡᠶ᠃
(ᠳᠥᠷᠪᠡ) ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢ ᠵᠥᠪᠰᠢᠶᠡᠷᠡᠭᠦᠯᠦᠭᠰᠡᠨ᠎ᠤ ᠳᠠᠷᠠᠭ᠎ᠠ᠂ ᠲᠥᠷᠥᠯ ᠵᠦᠢ᠍ᠯ᠎ᠤᠨ ᠰᠢᠨᠵᠢ ᠴᠢᠨᠠᠷ᠂ ᠬᠡᠪᠴᠢᠶ᠎ᠡ᠂ ᠭᠠᠵᠠᠷ ᠣᠷᠣᠨ ᠪᠤᠶᠤ ᠠᠮᠢ ᠠᠬᠤᠢ ᠵᠢᠨ ᠬᠠᠮᠠᠭ᠋ᠠᠯᠠᠯᠲᠠ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠠᠷᠭ᠎ᠠ ᠬᠡᠮᠵᠢᠶ᠎ᠡ᠎ᠳᠤ ᠴᠢᠬᠤᠯᠠ ᠶᠡᠬᠡ ᠬᠤᠪᠢᠷᠠᠯᠲᠠ ᠭᠠᠷᠪᠠᠯ᠂ ᠱᠠᠭ᠋ᠠᠷᠳᠠᠯᠭ᠎ᠠ ᠶᠣᠰᠣᠭ᠋ᠠᠷ ᠳᠠᠬᠢᠵᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃
ᠳᠥᠷᠪᠡ᠂ ᠪᠦᠲᠦᠭᠡᠨ ᠪᠠᠢ᠌ᠭᠤᠯᠬᠤ ᠨᠢᠭᠡᠴᠢ ᠲᠣᠭᠲᠠᠭᠰᠠᠨ ᠲᠠᠰ ᠳᠠᠷᠠᠭ᠋ᠠᠯᠠᠯ ᠵᠶ᠋ᠠᠷ ᠪᠠᠷᠢᠯᠭ᠎ᠠ ᠳᠠᠭᠤᠰᠤᠭᠰᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠯᠭ᠋ᠠᠨ ᠬᠤᠷᠢᠶᠠᠬᠤ ᠵᠢ ᠪᠡᠶᠡᠯᠡᠭᠦᠯᠦᠭᠰᠡᠨ᠎ᠤ ᠳᠠᠷᠠᠭ᠎ᠠ᠂ ᠲᠥᠷᠥᠯ ᠵᠦᠢ᠍ᠯ᠎ᠢ ᠰᠠᠶᠢ ᠵᠢᠩᠬᠢᠨᠢ᠎ᠪᠠᠷ ᠠᠰᠢᠭᠯᠠᠯᠲᠠ᠎ᠳᠤ ᠣᠷᠣᠭᠤᠯᠵᠤ ᠪᠣᠯᠣᠨ᠎ᠠ᠃
ᠲᠠᠪᠤ᠂ ᠮᠠᠨ᠎ᠤ ᠲᠢᠩᠬᠢᠮ᠎ᠠᠴᠠ ᠪᠠᠶᠠᠨᠨᠠᠭᠤᠷ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠳᠤ ᠨᠠᠶ᠋ᠢᠳᠠᠵᠤ ᠲᠤᠰ ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠋ᠠᠨ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ ᠠᠵᠢᠯ᠎ᠢ ᠬᠠᠷᠢᠭᠤᠴᠠᠭᠤᠯᠤᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ
2024 ᠣᠨ᠎ᠤ 8 ᠰᠠᠷ᠎ᠠ ᠵᠢᠨ 21᠎ᠤ ᠡᠳᠦᠷ