ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠤᠯᠠᠭ᠋ᠠᠨᠬᠠᠳᠠ ᠬᠣᠲᠠ ᠵᠢᠨ 200 ᠲᠦᠮᠡᠨ ᠺᠢᠯᠣᠸᠠᠲ᠎ᠤᠨ ᠥᠪᠡᠰᠦᠪᠡᠨ ᠪᠠᠢ᠌ᠭᠤᠯᠤᠭᠰᠠᠨ ᠣᠷᠭᠢᠯ ᠦᠶ᠎ᠡ ᠵᠢ ᠲᠣᠬᠢᠷᠠᠭᠤᠯᠬᠤ ᠴᠢᠳᠠᠪᠤᠷᠢ ᠵᠢᠨ ᠰᠠᠯᠬᠢ ᠬᠡᠷᠡᠯ ᠨᠥᠭᠡᠴᠡᠯᠡᠬᠦ ᠤᠯᠠᠨ ᠴᠢᠳᠠᠪᠤᠷᠢ ᠵᠢᠨ ᠬᠠᠷᠢᠯᠴᠠᠨ ᠨᠥᠬᠥᠪᠦᠷᠢᠯᠡᠵᠦ ᠨᠢᠭᠡ ᠴᠣᠭᠴᠠᠵᠢᠭᠤᠯᠬᠤ + ᠡᠯᠡᠰᠦᠷᠬᠡᠭᠵᠢᠯ᠎ᠢ ᠵᠠᠰᠠᠬᠤ ᠰᠠᠭᠤᠷᠢᠨ ᠭᠠᠵᠠᠷ (ᠣᠩᠨᠢᠭᠤᠳ ᠬᠣᠰᠢᠭᠤᠨ᠎ᠤ 50 ᠲᠦᠮᠡᠨ ᠺᠢᠯᠣᠸᠠᠲ᠎ᠤᠨ ᠭᠡᠷᠡᠯ ᠸᠣᠯᠲ᠎ᠤᠨ ᠲᠥᠷᠥᠯ ᠵᠦᠢ᠍ᠯ᠎ᠤᠨ ᠲᠣᠭᠣᠷᠢᠭ)᠎ᠤᠨ 220kV ᠬᠦᠴᠦᠳᠡᠯ ᠳᠡᠭᠡᠭᠰᠢᠯᠡᠭᠦᠯᠬᠦ ᠥᠷᠲᠡᠭᠡ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠴᠣᠬᠣᠯᠠᠪᠤᠷᠢ
ᠨᠡᠶ᠋ᠢᠲᠡᠯᠡᠭᠰᠡᠨ ᠴᠠᠭ᠄ 2024-10-31

ᠬᠤᠸᠠ ᠨᠧᠩ ᠥᠪᠥᠷ ᠮᠣᠩᠭᠣᠯ᠎ᠤᠨ ᠮᠧᠩ ᠳ᠋ᠦᠩ ᠰᠢᠨ᠎ᠡ ᠡᠨᠧᠷᠭᠢ ᠵᠢᠨ ᠬᠢᠵᠠᠭ᠋ᠠᠷᠲᠤ ᠺᠣᠮᠫᠠᠨᠢ᠎ᠳᠤ᠄
      ᠲᠠᠨ᠎ᠤ ᠺᠣᠮᠫᠠᠨᠢ ᠵᠢᠨ ᠮᠡᠳᠡᠭᠦᠯᠦᠨ ᠬᠦᠷᠭᠡᠭᠰᠡᠨ 《ᠤᠯᠠᠭ᠋ᠠᠨᠬᠠᠳᠠ ᠬᠣᠲᠠ ᠵᠢᠨ 200 ᠲᠦᠮᠡᠨ ᠺᠢᠯᠣᠸᠠᠲ᠎ᠤᠨ ᠥᠪᠡᠰᠦᠪᠡᠨ ᠪᠠᠢ᠌ᠭᠤᠯᠤᠭᠰᠠᠨ ᠣᠷᠭᠢᠯ ᠦᠶ᠎ᠡ ᠵᠢ ᠲᠣᠬᠢᠷᠠᠭᠤᠯᠬᠤ ᠴᠢᠳᠠᠪᠤᠷᠢ ᠵᠢᠨ ᠰᠠᠯᠬᠢ ᠬᠡᠷᠡᠯ ᠨᠥᠭᠡᠴᠡᠯᠡᠬᠦ ᠤᠯᠠᠨ ᠴᠢᠳᠠᠪᠤᠷᠢ ᠵᠢ ᠬᠠᠷᠢᠯᠴᠠᠨ ᠨᠥᠬᠥᠪᠦᠷᠢᠯᠡᠵᠦ ᠨᠢᠭᠡ ᠴᠣᠭᠴᠠᠵᠢᠭᠤᠯᠬᠤ + ᠡᠯᠡᠰᠦᠷᠬᠡᠭᠵᠢᠯ᠎ᠢ ᠵᠠᠰᠠᠬᠤ ᠰᠠᠭᠤᠷᠢᠨ ᠭᠠᠵᠠᠷ (ᠣᠩᠨᠢᠭᠤᠳ ᠬᠣᠰᠢᠭᠤᠨ᠎ᠤ 50 ᠲᠦᠮᠡᠨ ᠺᠢᠯᠣᠸᠠᠲ᠎ᠤᠨ ᠭᠡᠷᠡᠯ ᠸᠣᠯᠲ᠎ᠤᠨ ᠲᠥᠷᠥᠯ ᠵᠦᠢ᠍ᠯ᠎ᠤᠨ ᠲᠣᠭᠣᠷᠢᠭ)᠎ᠤᠨ 220kV ᠬᠦᠴᠦᠳᠡᠯ ᠳᠡᠭᠡᠭᠰᠢᠯᠡᠭᠦᠯᠬᠦ ᠥᠷᠲᠡᠭᠡ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ》 (ᠳᠣᠷᠣᠭᠰᠢ 《ᠮᠡᠳᠡᠭᠦᠯᠦᠯᠲᠡ ᠵᠢᠨ ᠬᠦᠰᠦᠨᠦᠭᠲᠦ》 ᠭᠡᠵᠦ ᠲᠣᠪᠴᠢᠯᠠᠨ᠎ᠠ)᠎ᠢ ᠣᠯᠵᠤ ᠣᠢ᠌ᠯᠠᠭ᠋ᠠᠪᠠ᠃ ᠰᠤᠳᠤᠯᠬᠤ᠎ᠪᠠᠷ ᠳᠠᠮᠵᠢᠨ ᠳᠣᠣᠷᠠᠬᠢ ᠮᠡᠲᠦ ᠴᠣᠬᠣᠯᠠᠪᠤᠷᠢᠯᠠᠶ᠎ᠠ᠄
      ᠨᠢᠭᠡ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠦᠨᠳᠦᠰᠦᠨ ᠪᠠᠶ᠋ᠢᠳᠠᠯ
      220kV ᠵᠢᠨ ᠬᠦᠴᠦᠳᠡᠯ ᠳᠡᠭᠡᠭᠰᠢᠯᠡᠭᠦᠯᠬᠦ ᠥᠷᠲᠡᠭᠡ ᠵᠢ ᠰᠢᠨ᠎ᠡ᠎ᠪᠠᠷ ᠪᠠᠢ᠌ᠭᠤᠯᠵᠤ᠂ 2×250MVA ᠵᠢᠨ ᠬᠤᠪᠢᠰᠬᠠᠭᠤᠷ᠂ 220kV ᠵᠢᠨ ᠴᠠᠬᠢᠯᠭ᠋ᠠᠨ ᠱᠤᠭᠤᠮ᠎ᠤᠨ ᠨᠢᠭᠡ ᠵᠠᠢ ᠵᠢ ᠪᠠᠢ᠌ᠭᠤᠯᠤᠨ᠎ᠠ᠃
      ᠲᠣᠰ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠭᠠᠵᠠᠷ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠬᠠᠳᠠ ᠬᠣᠲᠠ ᠵᠢᠨ ᠣᠩᠨᠢᠭᠤᠳ ᠬᠣᠰᠢᠭᠤᠨ᠎ᠤ ᠬᠢᠯᠢ᠎ᠳᠤ ᠪᠤᠢ᠃
      ᠬᠣᠶᠠᠷ᠂ ᠶᠡᠷᠦᠩᠬᠡᠢ ᠰᠠᠨᠠᠯ
      ᠲᠣᠰ ᠲᠥᠷᠥᠯ ᠵᠦᠢ᠍ᠯ᠎ᠳᠤ 《ᠮᠡᠳᠡᠭᠦᠯᠦᠯᠲᠡ ᠵᠢᠨ ᠬᠦᠰᠦᠨᠦᠭᠲᠦ》᠎ᠳᠤ ᠳᠤᠷᠠᠳᠤᠭᠰᠠᠨ ᠡᠯ᠎ᠡ ᠵᠦᠢ᠍ᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠤᠭᠰᠠᠨ᠎ᠤ ᠳᠠᠷᠠᠭ᠎ᠠ᠂ ᠣᠷᠴᠢᠨ ᠲᠣᠭᠣᠷᠢᠨ᠎ᠳᠤ ᠦᠵᠡᠭᠦᠯᠬᠦ ᠠᠰᠢᠭ ᠦᠭᠡᠢ ᠨᠥᠯᠥᠭᠡ ᠪᠠ ᠣᠷᠣᠰᠢᠵᠤ ᠮᠡᠳᠡᠬᠦ ᠣᠷᠴᠢᠨ ᠲᠣᠭᠣᠷᠢᠨ᠎ᠤ ᠲᠦᠭᠰᠢᠭᠦᠷᠢ ᠵᠢ ᠡᠵᠡᠮᠳᠡᠵᠦ ᠪᠣᠯᠬᠤ ᠬᠡᠪᠴᠢᠶᠡᠨ᠎ᠳᠤ ᠪᠠᠢ᠌ᠯᠭ᠋ᠠᠨ᠎ᠠ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠠᠯ᠎ᠠ᠎ᠠᠴᠠ ᠵᠠᠳᠠᠯᠪᠠᠯ᠂ ᠮᠠᠨ᠎ᠤ ᠲᠢᠩᠬᠢᠮ ᠲᠣᠰ ᠲᠥᠷᠥᠯ ᠵᠦᠢ᠍ᠯ᠎ᠢ 《ᠮᠡᠳᠡᠭᠦᠯᠦᠯᠲᠡ ᠵᠢᠨ ᠬᠦᠰᠦᠨᠦᠭᠲᠦ》᠎ᠳᠤ ᠵᠢᠭᠰᠠᠭ᠋ᠠᠭᠰᠠᠨ ᠰᠢᠨᠵᠢ ᠴᠢᠨᠠᠷ᠂ ᠬᠡᠪᠴᠢᠶ᠎ᠡ᠂ ᠭᠠᠵᠠᠷ ᠣᠷᠣᠨ ᠪᠠ ᠠᠪᠬᠤ᠎ᠪᠠᠷ ᠪᠠᠢ᠌ᠭ᠎ᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢᠨ ᠶᠣᠰᠣᠭ᠋ᠠᠷ ᠪᠦᠲᠦᠭᠡᠨ ᠪᠠᠢ᠌ᠭᠤᠯᠬᠤ ᠵᠢ ᠵᠠᠷᠴᠢᠮ ᠳᠡᠭᠡᠷ᠎ᠡ᠎ᠪᠠᠨ ᠵᠥᠪᠰᠢᠶᠡᠷᠡᠪᠡ᠃
      ᠭᠤᠷᠪᠠ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠴᠢ ᠠᠵᠢᠯᠯᠠᠭ᠋ᠠᠨ᠎ᠤ ᠬᠤᠭᠤᠴᠠᠭ᠋ᠠᠨ᠎ᠳᠤ ᠰᠠᠶ᠋ᠢᠲᠤᠷ ᠬᠢᠪᠡᠰᠦ ᠵᠣᠬᠢᠬᠤ ᠠᠵᠢᠯ
      (ᠨᠢᠭᠡ) ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠎ᠠ᠂ ᠡᠵᠡᠩᠨᠡᠯᠲᠡ ᠵᠢᠨ ᠬᠤᠭᠤᠴᠠᠭ᠋ᠠᠨ᠎ᠳᠠᠬᠢ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠵᠤ᠂ ᠠᠮᠢ ᠠᠬᠤᠢ ᠵᠢ ᠬᠠᠮᠠᠭ᠋ᠠᠯᠠᠬᠤ ᠪᠠ ᠰᠡᠷᠭᠦᠭᠡᠬᠦ ᠠᠵᠢᠯ᠎ᠢ ᠰᠠᠶ᠋ᠢᠲᠤᠷ ᠬᠢᠨ᠎ᠡ᠃ ᠪᠠᠷᠢᠯᠭ᠎ᠠ ᠪᠠᠷᠢᠬᠤ ᠬᠤᠭᠤᠴᠠᠭ᠋ᠠᠨ᠎ᠳᠤ ᠪᠠᠷᠢᠯᠭ᠎ᠠ ᠪᠠᠷᠢᠬᠤ ᠠᠵᠢᠯᠯᠠᠭ᠎ᠠ ᠵᠢᠨ ᠬᠡᠪᠴᠢᠶ᠎ᠡ ᠵᠢ ᠴᠢᠩᠭ᠎ᠠ ᠬᠢᠵᠠᠭ᠋ᠠᠷᠯᠠᠵᠤ᠂ ᠵᠦᠢ ᠵᠣᠬᠢᠰᠲᠠᠢ ᠪᠠᠢ᠌ᠷᠢᠯᠠᠭᠤᠯᠤᠨ᠂ ᠭᠠᠵᠠᠷ ᠰᠢᠷᠣᠢ ᠵᠢ ᠡᠵᠡᠯᠡᠨ ᠬᠡᠷᠡᠭᠯᠡᠬᠦ ᠪᠠ ᠤᠷᠭᠤᠮᠠᠯ᠎ᠤᠨ ᠬᠤᠴᠢᠯᠭ᠎ᠠ ᠵᠢ ᠡᠪᠳᠡᠬᠦ ᠵᠢ ᠠᠯᠢ ᠴᠢᠳᠠᠬᠤ᠎ᠪᠠᠷ ᠪᠠᠭ᠋ᠠᠰᠬᠠᠬᠤ ᠬᠡᠷᠡᠭᠲᠡᠶ᠃
      (ᠬᠣᠶᠠᠷ) 《ᠮᠡᠳᠡᠭᠦᠯᠦᠯᠲᠡ ᠵᠢᠨ ᠬᠦᠰᠦᠨᠦᠭᠲᠦ》᠎ᠳᠤ ᠳᠤᠷᠠᠳᠤᠭᠰᠠᠨ ᠠᠵᠢᠯᠯᠠᠭ᠋ᠠᠨ᠎ᠤ ᠳᠠᠪᠲᠠᠮᠵᠢ ᠵᠢᠨ ᠴᠠᠬᠢᠯᠭ᠋ᠠᠨ ᠣᠷᠣᠨ᠂ ᠠᠵᠢᠯᠯᠠᠭ᠋ᠠᠨ᠎ᠤ ᠠᠵᠢᠯ᠎ᠤᠨ ᠳᠠᠪᠲᠠᠮᠵᠢ ᠵᠢᠨ ᠰᠣᠷᠢᠨᠵᠢᠨ ᠣᠷᠣᠨ᠎ᠤ ᠡᠷᠬᠢᠨ ᠲᠣᠭᠣᠷᠢᠨ᠎ᠤ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡᠯᠡᠯ᠎ᠢ ᠡᠵᠡᠮᠳᠡᠬᠦ ᠪᠠ ᠰᠠᠢ᠌ᠵᠢᠷᠠᠭᠤᠯᠬᠤ ᠠᠷᠭ᠎ᠠ ᠬᠡᠮᠵᠢᠶ᠎ᠡ ᠪᠠ ᠠᠷᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠬᠢᠨᠠᠨ ᠬᠡᠮᠵᠢᠭᠰᠡᠨ ᠬᠡᠮᠵᠢᠭᠳᠡᠯ᠎ᠨᠢ 《ᠴᠠᠬᠢᠯᠭ᠋ᠠᠨ ᠰᠣᠷᠢᠨᠵᠢᠨ᠎ᠤ ᠣᠷᠴᠢᠨ ᠲᠣᠭᠣᠷᠢᠨ᠎ᠢ ᠡᠵᠡᠮᠳᠡᠬᠦ ᠬᠢᠵᠠᠭ᠋ᠠᠷ ᠬᠡᠮᠵᠢᠭᠳᠡᠯ》 (GB8702 — 2014) ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠶ᠋ᠢᠬᠤ ᠬᠡᠷᠡᠭᠲᠡᠶ᠃
      (ᠭᠤᠷᠪᠠ) ᠲᠥᠬᠦᠭᠡᠷᠦᠮᠵᠢ ᠵᠢ ᠰᠡᠯᠪᠢᠨ ᠵᠠᠰᠠᠬᠤ ᠶᠠᠪᠤᠴᠠ᠎ᠳᠤ ᠪᠤᠢ ᠪᠣᠯᠤᠭᠰᠠᠨ ᠬᠠᠶᠠᠭᠳᠠᠮᠠᠯ ᠬᠦᠴᠦᠳᠡᠯ ᠥᠭᠡᠷᠡᠴᠢᠯᠡᠭᠴᠢ ᠵᠢᠨ ᠲᠣᠰᠣ᠂ ᠬᠠᠶᠠᠭᠳᠠᠮᠠᠯ ᠴᠠᠬᠢᠯᠭ᠋ᠠᠨ ᠬᠤᠷᠢᠶᠠᠭᠤᠷ ᠵᠡᠷᠭᠡ ᠵᠢ ᠪᠥᠬᠥᠨ᠎ᠢ ᠡᠭᠡᠭᠦᠯᠦᠨ ᠬᠤᠷᠢᠶᠠᠬᠤ ᠬᠡᠷᠡᠭᠲᠡᠢ᠃ ᠪᠥᠬᠥᠨ᠎ᠢ ᠡᠭᠡᠭᠦᠯᠦᠨ ᠬᠤᠷᠢᠶᠠᠵᠤ ᠳᠡᠢ᠌ᠯᠬᠦ ᠦᠭᠡᠢ ᠪᠣᠯ ᠡᠷᠬᠡᠪᠰᠢ ᠠᠰ᠎ᠲᠤᠨᠢ ᠬᠠᠳᠠᠭ᠋ᠠᠯᠠᠵᠤ᠂ ᠠᠶᠤᠯᠲᠠᠢ ᠬᠠᠶᠠᠭᠳᠠᠮᠠᠯ ᠪᠣᠳᠠᠰ᠎ᠢ ᠡᠵᠡᠩᠨᠡᠬᠦ ᠬᠠᠷᠠᠭ᠋ᠠᠯᠵᠠᠭᠰᠠᠨ ᠵᠥᠪᠰᠢᠶᠡᠷᠡᠯ᠎ᠤᠨ ᠬᠢᠷᠢ ᠬᠡᠮ᠎ᠲᠠᠢ ᠨᠢᠭᠡᠴᠢ᠎ᠳᠤ ᠲᠥᠪᠯᠡᠷᠡᠭᠦᠯᠦᠨ ᠬᠦᠷᠭᠡᠵᠦ ᠰᠢᠢ᠍ᠳᠪᠦᠷᠢᠯᠡᠭᠦᠯᠬᠦ ᠬᠡᠷᠡᠭᠲᠡᠶ᠃
      (ᠳᠥᠷᠪᠡ) ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠎ᠠ ᠵᠢᠴᠢ ᠠᠵᠢᠯᠯᠠᠭ᠋ᠠᠨ᠎ᠤ ᠬᠤᠭᠤᠴᠠᠭ᠋ᠠᠨ᠎ᠳᠠᠬᠢ ᠱᠤᠤᠭᠢᠶᠠᠨ᠎ᠤ ᠬᠡᠮᠵᠢᠭᠳᠡᠯ ᠵᠢᠴᠢ ᠱᠤᠤᠭᠢᠶᠠᠨ᠎ᠢ ᠰᠡᠷᠭᠡᠢ᠌ᠯᠡᠬᠦ ᠠᠷᠭ᠎ᠠ ᠬᠡᠮᠵᠢᠶ᠎ᠡ᠎ᠨᠢ 《ᠮᠡᠳᠡᠭᠦᠯᠦᠯᠲᠡ ᠵᠢᠨ ᠬᠦᠰᠦᠨᠦᠭᠲᠦ》᠎ᠳᠤ ᠳᠤᠷᠠᠳᠤᠭᠰᠠᠨ ᠱᠠᠭ᠋ᠠᠷᠳᠠᠯᠭ᠎ᠠ ᠵᠢ ᠬᠠᠩᠭ᠋ᠠᠵᠤ᠂ ᠬᠢᠨᠠᠨ ᠬᠡᠮᠵᠢᠭᠰᠡᠨ ᠬᠡᠮᠵᠢᠭᠳᠡᠯ᠎ᠨᠢ ᠤᠯᠤᠰ᠎ᠤᠨ ᠦᠨᠡᠯᠡᠬᠦ ᠪᠠᠷᠢᠮᠵᠢᠶ᠎ᠠ ᠵᠢᠨ ᠬᠢᠵᠠᠭ᠋ᠠᠷ ᠬᠡᠮᠵᠢᠭᠳᠡᠯ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠶ᠋ᠢᠬᠤ ᠬᠡᠷᠡᠭᠲᠡᠶ᠃
      (ᠲᠠᠪᠤ) ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢ ᠵᠥᠪᠰᠢᠶᠡᠷᠡᠭᠦᠯᠦᠭᠰᠡᠨ᠎ᠤ ᠳᠠᠷᠠᠭ᠎ᠠ᠂ ᠳᠦᠷᠦᠯ ᠵᠦᠢ᠍ᠯ᠎ᠤᠨ ᠰᠢᠨᠵᠢ ᠴᠢᠨᠠᠷ᠂ ᠬᠡᠪᠴᠢᠶ᠎ᠡ᠂ ᠭᠠᠵᠠᠷ ᠣᠷᠣᠨ ᠪᠤᠶᠤ ᠠᠮᠢ ᠠᠬᠤᠢ ᠵᠢᠨ ᠬᠠᠮᠠᠭ᠋ᠠᠯᠠᠯᠲᠠ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠠᠷᠭ᠎ᠠ ᠬᠡᠮᠵᠢᠶ᠎ᠡ᠎ᠳᠤ ᠴᠢᠬᠤᠯᠠ ᠶᠡᠬᠡ ᠬᠤᠪᠢᠷᠠᠯᠲᠠ ᠭᠠᠷᠪᠠᠯ᠂ ᠱᠠᠭ᠋ᠠᠷᠳᠠᠯᠭ᠎ᠠ ᠶᠣᠰᠣᠭ᠋ᠠᠷ ᠲᠠᠬᠢᠵᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃
      ᠳᠥᠷᠪᠡ᠂ ᠪᠦᠲᠦᠭᠡᠨ ᠪᠠᠢ᠌ᠭᠤᠯᠬᠤ ᠨᠢᠭᠡᠴᠢ ᠲᠣᠭᠲᠠᠭᠰᠠᠨ ᠲᠠᠰ ᠳᠠᠷᠠᠭ᠋ᠠᠯᠠᠯ ᠵᠶ᠋ᠠᠷ ᠪᠠᠷᠢᠯᠭ᠎ᠠ ᠳᠠᠭᠤᠰᠤᠭᠰᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠯᠭ᠋ᠠᠨ ᠬᠤᠷᠢᠶᠠᠬᠤ ᠵᠢ ᠪᠡᠶᠡᠯᠡᠭᠦᠯᠦᠭᠰᠡᠨ᠎ᠤ ᠳᠠᠷᠠᠭ᠎ᠠ᠂ ᠲᠥᠷᠥᠯ ᠵᠦᠢ᠍ᠯ᠎ᠢ ᠰᠠᠶᠢ ᠵᠢᠩᠬᠢᠨᠢ᠎ᠪᠠᠷ ᠠᠰᠢᠭᠯᠠᠯᠲᠠ᠎ᠳᠤ ᠣᠷᠣᠭᠤᠯᠵᠤ ᠪᠣᠯᠣᠨ᠎ᠠ᠃
      ᠲᠠᠪᠤ᠂ ᠮᠠᠨ᠎ᠤ ᠲᠢᠩᠬᠢᠮ᠎ᠠᠴᠠ ᠤᠯᠠᠭ᠋ᠠᠨᠬᠠᠳᠠ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠳᠤ ᠨᠠᠶ᠋ᠢᠳᠠᠵᠤ ᠲᠣᠰ ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠋ᠠᠨ᠎ᠤ ᠬᠢᠨᠠᠯᠲᠠ ᠪᠠᠢ᠌ᠴᠠᠭ᠋ᠠᠯᠲᠠ ᠵᠢᠨ ᠠᠵᠢᠯ᠎ᠢ ᠬᠠᠷᠢᠭᠤᠴᠠᠭᠤᠯᠤᠨ᠎ᠠ᠃
         ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ
                2024 ᠣᠨ᠎ᠤ 8 ᠰᠠᠷ᠎ᠠ ᠵᠢᠨ 21᠎ᠤ ᠡᠳᠦᠷ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠲᠥᠪ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠪᠡᠯᠡ ᠮᠥᠩᠭᠥ ᠵᠢ ᠤᠷᠢᠳᠴᠢᠯᠠᠨ ᠵᠦᠪᠰᠢᠶᠡᠷᠴᠦ ᠳᠡᠮᠵᠢᠬᠦ᠎ᠪᠠᠷ ᠪᠠᠢ᠌ᠭ᠎ᠠ ᠲᠥᠷᠥᠯ ᠵᠦᠢ᠍ᠯ᠎ᠤᠨ ᠲᠤᠬᠠᠢ ᠢᠯᠡ ᠨᠡᠢ᠌ᠲᠡᠯᠡᠯ
ᠥᠪᠥᠷ ᠮᠣᠩᠭᠣᠯ᠎ᠤᠨ ᠵᠡᠭᠦᠨ ᠬᠡᠰᠡᠭ᠎ᠤᠨ ᠤᠯᠠᠭ᠋ᠠᠨᠬᠠᠳᠠ ᠵᠢᠨ ᠬᠡᠰᠢᠭᠲᠡᠨ ᠬᠣᠰᠢᠭᠤᠨ᠎ᠤ 500 ᠺᠢᠯᠣᠸᠠᠲ᠎ᠤᠨ ᠴᠠᠬᠢᠯᠭ᠋ᠠᠨ ᠳᠠᠮᠵᠢᠭᠤᠯᠬᠤ ᠬᠦᠴᠦᠳᠡᠯ ᠥᠭᠡᠷᠡᠴᠢᠯᠡᠬᠦ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡᠯᠡᠯ᠎ᠤᠨ ᠮᠡᠳᠡᠭᠦᠯᠦᠯᠲᠡ ᠵᠢᠨ ᠪᠢᠴᠢᠭ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠴᠣᠬᠣᠯᠠᠪᠤᠷᠢ
ᠲᠣᠬᠣᠮ᠎ᠤᠨ 500 ᠺᠢᠯᠣᠸᠠᠲ᠎ᠤᠨ ᠰᠢᠨ᠎ᠡ ᠡᠨᠧᠷᠭᠢ ᠵᠢᠨ ᠬᠤᠷᠠᠮᠠᠯ ᠴᠠᠬᠢᠯᠭ᠋ᠠᠨ ᠳᠠᠮᠵᠢᠭᠤᠯᠬᠤ ᠬᠦᠴᠦᠳᠡᠯ ᠥᠭᠡᠷᠡᠴᠢᠯᠡᠬᠦ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡᠯᠡᠯ᠎ᠤᠨ ᠮᠡᠳᠡᠭᠦᠯᠦᠯᠲᠡ ᠵᠢᠨ ᠪᠢᠴᠢᠭ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠴᠣᠬᠣᠯᠠᠪᠤᠷᠢ
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠬᠥᠬᠡᠬᠣᠲᠠ ᠵᠢᠨ ᠬᠤᠪᠢᠶᠠᠷᠢ ᠥᠷᠲᠡᠭᠡ ᠤᠷᠢᠳᠴᠢᠯᠠᠨ ᠲᠥᠯᠥᠪᠵᠢᠭᠦᠯᠵᠦ ᠡᠷᠲᠡ ᠪᠠᠢ᠌ᠷᠢᠯᠠᠭᠤᠯᠤᠨ ᠨᠠᠷᠢᠯᠢᠭ ᠣᠨᠣᠴᠠᠲᠠᠢ᠎ᠪᠠᠷ ᠬᠦᠴᠦᠯᠡᠨ ᠨᠠᠢ᠌ᠳᠠᠪᠤᠷᠢᠵᠢᠭᠤᠯᠤᠯᠲᠠ ᠵᠢ ᠠᠳᠬᠤᠵᠤ ᠪᠣᠢ
ᠤᠰᠤᠨ᠎ᠤ ᠴᠢᠨᠠᠷ᠎ᠢ ᠬᠢᠨᠠᠨ ᠰᠢᠯᠭ᠋ᠠᠬᠤ ᠠᠦᠲ᠋ᠣ᠋ ᠭᠠᠷᠠᠭ᠎ᠤᠨ ᠰᠣᠨᠢᠨ᠂ 2018 ᠣᠨ᠎ᠤ 29 ᠳ᠋ᠦ᠍ᠭᠡᠷ ᠬᠤᠭᠤᠴᠠᠭ᠎ᠠ
 
             蒙ICP备05000248号