ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠵᠡᠭᠦᠨ ᠬᠡᠰᠡᠭ᠎ᠤᠨ ᠬᠥᠯᠥᠨ ᠪᠣᠢ᠌ᠷ᠎ᠤᠨ ᠡᠸᠡᠩᠬᠢ ᠲᠠᠪᠤᠳᠤᠭ᠋ᠠᠷ ᠮᠠᠯᠵᠢᠯ᠎ᠤᠨ ᠲᠠᠯᠠᠪᠠᠶ ᠵᠢᠨ 110 ᠺᠢᠯᠣᠸᠠᠲ᠎ᠤᠨ ᠬᠦᠴᠦᠳᠡᠯ ᠥᠭᠡᠷᠡᠴᠢᠯᠡᠬᠦ ᠥᠷᠲᠡᠭᠡ ᠵᠢᠨ 1᠂ 2  ᠨᠣᠮᠧᠷᠲᠤ ᠬᠦᠴᠦᠳᠡᠯ ᠥᠭᠡᠷᠡᠴᠢᠯᠡᠭᠴᠢ ᠢᠨᠵᠧᠨᠧᠷᠢᠩ (ᠪᠠᠷᠠᠭᠤᠨ ᠠᠭᠤᠯᠠ ᠵᠢᠨ 110kV ᠬᠦᠴᠦᠳᠡᠯ ᠥᠭᠡᠷᠡᠴᠢᠯᠡᠬᠦ ᠥᠷᠲᠡᠭᠡ)᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠴᠣᠬᠣᠯᠠᠪᠤᠷᠢ
ᠨᠡᠶ᠋ᠢᠲᠡᠯᠡᠭᠰᠡᠨ ᠴᠠᠭ᠄ 2024-03-22

      ᠤᠯᠤᠰ᠎ᠤᠨ ᠴᠠᠬᠢᠯᠭ᠋ᠠᠨ ᠲᠣᠣᠷ᠎ᠤᠨ ᠥᠪᠥᠷ ᠮᠣᠩᠭᠣᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠬᠢᠵᠠᠭ᠋ᠠᠷᠲᠤ ᠺᠣᠮᠫᠠᠨᠢ ᠵᠢᠨ ᠬᠥᠯᠥᠨ ᠪᠣᠢ᠌ᠷ ᠴᠠᠬᠢᠯᠭ᠋ᠠᠨ ᠬᠠᠩᠭ᠋ᠠᠬᠤ ᠺᠣᠮᠫᠠᠨᠢ᠎ᠳᠤ᠄

      ᠲᠠᠨ᠎ᠤ ᠺᠣᠮᠫᠠᠨᠢ ᠵᠢᠨ ᠮᠡᠳᠡᠭᠦᠯᠦᠨ ᠬᠦᠷᠭᠡᠭᠰᠡᠨ 《ᠥᠪᠥᠷ ᠮᠣᠩᠭᠣᠯ᠎ᠤᠨ ᠵᠡᠭᠦᠨ ᠬᠡᠰᠡᠭ᠎ᠤᠨ ᠬᠥᠯᠥᠨ ᠪᠣᠢ᠌ᠷ᠎ᠤᠨ ᠡᠸᠡᠩᠬᠢ ᠲᠠᠪᠤᠳᠤᠭ᠋ᠠᠷ ᠮᠠᠯᠵᠢᠯ᠎ᠤᠨ ᠲᠠᠯᠠᠪᠠᠶ ᠵᠢᠨ 110 ᠺᠢᠯᠣᠸᠠᠲ᠎ᠤᠨ ᠬᠦᠴᠦᠳᠡᠯ ᠥᠭᠡᠷᠡᠴᠢᠯᠡᠬᠦ ᠥᠷᠲᠡᠭᠡ ᠵᠢᠨ 1᠂ 2 ᠳ᠋ᠤᠭ᠋ᠠᠷ ᠨᠣᠮᠧᠷᠲᠤ ᠬᠦᠴᠦᠳᠡᠯ ᠥᠭᠡᠷᠡᠴᠢᠯᠡᠭᠴᠢ ᠢᠨᠵᠧᠨᠧᠷᠢᠩ (ᠪᠠᠷᠠᠭᠤᠨ ᠠᠭᠤᠯᠠ ᠵᠢᠨ 110kV ᠬᠦᠴᠦᠳᠡᠯ ᠥᠭᠡᠷᠡᠴᠢᠯᠡᠬᠦ ᠥᠷᠲᠡᠭᠡ)᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ》 (ᠳᠣᠷᠣᠭᠰᠢ 《ᠮᠡᠳᠡᠭᠦᠯᠦᠯᠲᠡ ᠵᠢᠨ ᠬᠦᠰᠦᠨᠦᠭᠲᠦ》 ᠭᠡᠵᠦ ᠲᠣᠪᠴᠢᠯᠠᠨ᠎ᠠ) ᠵᠢ ᠣᠯᠵᠤ ᠣᠢ᠌ᠯᠠᠭ᠋ᠠᠪᠠ᠃ ᠰᠤᠳᠤᠯᠬᠤ᠎ᠪᠠᠷ ᠳᠠᠮᠵᠢᠨ ᠳᠣᠣᠷᠠᠬᠢ ᠮᠡᠲᠦ ᠴᠣᠬᠣᠯᠠᠪᠤᠷᠢᠯᠠᠶ᠎ᠠ᠄

      ᠨᠢᠭᠡ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠦᠨᠳᠦᠰᠦᠨ ᠪᠠᠶ᠋ᠢᠳᠠᠯ

      ᠰᠢᠱ᠌ᠠᠨ᠎ᠤ 110kV ᠬᠦᠴᠦᠳᠡᠯ ᠥᠭᠡᠷᠡᠴᠢᠯᠡᠬᠦ ᠤᠢ᠌ᠷᠳᠡᠭᠡ ᠣᠲᠣ 1 ᠨᠣᠮᠧᠷᠲᠤ ᠬᠦᠴᠦᠳᠡᠯ ᠥᠭᠡᠷᠡᠴᠢᠯᠡᠭᠴᠢ (40MVA) ᠪᠠ 2 ᠨᠣᠮᠧᠷᠲᠤ ᠬᠦᠴᠦᠳᠡᠯ ᠥᠭᠡᠷᠡᠴᠢᠯᠡᠭᠴᠢ (31.5 MVA) ᠪᠠᠢ᠌ᠨ᠎ᠠ᠃ ᠲᠣᠰ ᠬᠤᠭᠤᠴᠠᠭ᠋ᠠᠨ᠎ᠳᠤ 2 ᠬᠦᠴᠦᠳᠡᠯ ᠥᠭᠡᠷᠡᠴᠢᠯᠡᠭᠴᠢ ᠵᠢ ᠠᠵᠢᠯᠯᠠᠭᠤᠯᠬᠤ ᠵᠢ ᠵᠣᠭᠰᠤᠭ᠋ᠠᠬᠤ ᠵᠢᠨ ᠬᠠᠮᠲᠤ ᠣᠲᠣ ᠵᠢᠨ 2 ᠬᠦᠴᠦᠳᠡᠯ ᠥᠭᠡᠷᠡᠴᠢᠯᠡᠭᠴᠢ ᠵᠢᠨ ᠪᠠᠶ᠋ᠢᠷᠢᠨ᠎ᠳᠤ 40MVA ᠬᠦᠴᠦᠳᠡᠯ ᠥᠭᠡᠷᠡᠴᠢᠯᠡᠭᠴᠢ ᠵᠢ 1 ᠰᠢᠨ᠎ᠡ᠎ᠪᠠᠷ ᠪᠠᠢ᠌ᠭᠤᠯᠤᠨ᠎ᠠ (ᠲᠠᠪᠤᠳᠤᠭ᠋ᠠᠷ ᠮᠠᠯᠵᠢᠯ᠎ᠤᠨ ᠲᠠᠯᠠᠪᠠᠶ ᠵᠢᠨ 110kV ᠬᠦᠴᠦᠳᠡᠯ ᠥᠭᠡᠷᠡᠴᠢᠯᠡᠬᠦ ᠥᠷᠲᠡᠭᠡ 2  ᠨᠣᠮᠧᠷᠲᠤ ᠬᠦᠴᠦᠳᠡᠯ ᠥᠭᠡᠷᠡᠴᠢᠯᠡᠭᠴᠢ ᠵᠢ ᠨᠡᠭᠦᠯᠭᠡᠨ᠎ᠡ)᠃

      ᠲᠣᠰ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠭᠠᠵᠠᠷ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯᠥᠨ ᠪᠣᠢ᠌ᠷ ᠬᠣᠲᠠ ᠵᠢᠨ ᠬᠠᠶ᠋ᠢᠯᠠᠷ ᠲᠣᠭᠣᠷᠢᠭ᠎ᠤᠨ ᠬᠢᠵᠠᠭ᠋ᠠᠷ᠎ᠲᠤ ᠪᠠᠢ᠌ᠷᠢᠯᠠᠨ᠎ᠠ᠃

      ᠬᠣᠶᠠᠷ᠂ ᠶᠡᠷᠦᠩᠬᠡᠢ ᠰᠠᠨᠠᠯ

      ᠲᠣᠰ ᠲᠥᠷᠥᠯ ᠵᠦᠢ᠍ᠯ᠎ᠳᠤ 《ᠮᠡᠳᠡᠭᠦᠯᠦᠯᠲᠡ ᠵᠢᠨ ᠬᠦᠰᠦᠨᠦᠭᠲᠦ》᠎ᠳᠤ ᠳᠤᠷᠠᠳᠤᠭᠰᠠᠨ ᠡᠯ᠎ᠡ ᠵᠦᠢ᠍ᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠤᠭᠰᠠᠨ᠎ᠤ ᠳᠠᠷᠠᠭ᠎ᠠ᠂ ᠣᠷᠴᠢᠨ ᠲᠣᠭᠣᠷᠢᠨ᠎ᠳᠤ ᠦᠵᠡᠭᠦᠯᠬᠦ ᠠᠰᠢᠭ ᠦᠭᠡᠢ ᠨᠥᠯᠥᠭᠡ ᠪᠠ ᠣᠷᠣᠰᠢᠵᠤ ᠮᠡᠳᠡᠬᠦ ᠣᠷᠴᠢᠨ ᠲᠣᠭᠣᠷᠢᠨ᠎ᠤ ᠲᠦᠭᠰᠢᠭᠦᠷᠢ ᠵᠢ ᠡᠵᠡᠮᠳᠡᠵᠦ ᠪᠣᠯᠬᠤ ᠬᠡᠪᠴᠢᠶᠡᠨ᠎ᠳᠤ ᠪᠠᠢ᠌ᠯᠭ᠋ᠠᠨ᠎ᠠ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠠᠯ᠎ᠠ᠎ᠠᠴᠠ ᠵᠠᠳᠠᠯᠪᠠᠯ᠂ ᠮᠠᠨ᠎ᠤ ᠲᠢᠩᠬᠢᠮ ᠲᠣᠰ ᠲᠥᠷᠥᠯ ᠵᠦᠢ᠍ᠯ᠎ᠢ 《ᠮᠡᠳᠡᠭᠦᠯᠦᠯᠲᠡ ᠵᠢᠨ ᠬᠦᠰᠦᠨᠦᠭᠲᠦ》᠎ᠳᠤ ᠵᠢᠭᠰᠠᠭ᠋ᠠᠭᠰᠠᠨ ᠰᠢᠨᠵᠢ ᠴᠢᠨᠠᠷ᠂ ᠬᠡᠪᠴᠢᠶ᠎ᠡ᠂ ᠭᠠᠵᠠᠷ ᠣᠷᠣᠨ ᠪᠠ ᠠᠪᠬᠤ᠎ᠪᠠᠷ ᠪᠠᠢ᠌ᠭ᠎ᠠ ᠣᠷᠴᠢᠨ ᠠᠬᠤᠢ ᠵᠢᠨ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢᠨ ᠶᠣᠰᠣᠭ᠋ᠠᠷ ᠪᠦᠲᠦᠭᠡᠨ ᠪᠠᠢ᠌ᠭᠤᠯᠬᠤ ᠵᠢ ᠵᠠᠷᠴᠢᠮ ᠳᠡᠭᠡᠷ᠎ᠡ᠎ᠪᠠᠨ ᠵᠥᠪᠰᠢᠶᠡᠷᠡᠪᠡ᠃

      ᠭᠤᠷᠪᠠ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠴᠢ ᠠᠵᠢᠯᠯᠠᠭ᠋ᠠᠨ᠎ᠤ ᠬᠤᠭᠤᠴᠠᠭ᠋ᠠᠨ᠎ᠳᠤ ᠰᠠᠶ᠋ᠢᠲᠤᠷ ᠬᠢᠪᠡᠰᠦ ᠵᠣᠬᠢᠬᠤ ᠠᠵᠢᠯ

      (ᠨᠢᠭᠡ) ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠎ᠠ᠂ ᠡᠵᠡᠩᠨᠡᠯᠲᠡ ᠵᠢᠨ ᠬᠤᠭᠤᠴᠠᠭ᠋ᠠᠨ᠎ᠳᠠᠬᠢ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠵᠤ᠂ ᠠᠮᠢ ᠠᠬᠤᠢ ᠵᠢ ᠬᠠᠮᠠᠭ᠋ᠠᠯᠠᠬᠤ ᠪᠠ ᠰᠡᠷᠭᠦᠭᠡᠬᠦ ᠠᠵᠢᠯ᠎ᠢ ᠰᠠᠶ᠋ᠢᠲᠤᠷ ᠬᠢᠨ᠎ᠡ᠃ ᠪᠠᠷᠢᠯᠭ᠎ᠠ ᠪᠠᠷᠢᠬᠤ ᠬᠤᠭᠤᠴᠠᠭ᠋ᠠᠨ᠎ᠳᠤ ᠪᠠᠷᠢᠯᠭ᠎ᠠ ᠪᠠᠷᠢᠬᠤ ᠠᠵᠢᠯᠯᠠᠭ᠎ᠠ ᠵᠢᠨ ᠬᠡᠪᠴᠢᠶ᠎ᠡ ᠵᠢ ᠴᠢᠩᠭ᠎ᠠ ᠬᠢᠵᠠᠭ᠋ᠠᠷᠯᠠᠵᠤ᠂ ᠵᠦᠢ ᠵᠣᠬᠢᠰᠲᠠᠢ ᠪᠠᠢ᠌ᠷᠢᠯᠠᠭᠤᠯᠤᠨ᠂ ᠭᠠᠵᠠᠷ ᠰᠢᠷᠣᠢ ᠵᠢ ᠡᠵᠡᠯᠡᠨ ᠬᠡᠷᠡᠭᠯᠡᠬᠦ ᠪᠠ ᠤᠷᠭᠤᠮᠠᠯ᠎ᠤᠨ ᠬᠤᠴᠢᠯᠭ᠎ᠠ ᠵᠢ ᠡᠪᠳᠡᠬᠦ ᠵᠢ ᠠᠯᠢ ᠴᠢᠳᠠᠬᠤ᠎ᠪᠠᠷ ᠪᠠᠭ᠋ᠠᠰᠬᠠᠬᠤ ᠬᠡᠷᠡᠭᠲᠡᠶ᠃

      (ᠬᠣᠶᠠᠷ) 《ᠮᠡᠳᠡᠭᠦᠯᠦᠯᠲᠡ ᠵᠢᠨ ᠬᠦᠰᠦᠨᠦᠭᠲᠦ》᠎ᠳᠤ ᠳᠤᠷᠠᠳᠤᠭᠰᠠᠨ ᠠᠵᠢᠯ᠎ᠤᠨ ᠳᠠᠪᠲᠠᠮᠵᠢ ᠵᠢᠨ ᠴᠠᠬᠢᠯᠭ᠋ᠠᠨ ᠣᠷᠣᠨ᠂ ᠴᠠᠬᠢᠯᠭ᠋ᠠᠨ ᠬᠦᠴᠦᠨ᠎ᠤ ᠳᠠᠪᠲᠠᠮᠵᠢ ᠵᠢᠨ ᠰᠣᠷᠢᠨᠵᠢᠨ ᠣᠷᠣᠨ᠎ᠤ ᠡᠷᠬᠢᠨ ᠲᠣᠭᠣᠷᠢᠨ᠎ᠤ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡᠯᠡᠯ᠎ᠢ ᠡᠵᠡᠮᠳᠡᠬᠦ ᠪᠠ ᠰᠠᠢ᠌ᠵᠢᠷᠠᠭᠤᠯᠬᠤ ᠠᠷᠭ᠎ᠠ ᠬᠡᠮᠵᠢᠶ᠎ᠡ ᠪᠠ ᠠᠷᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠬᠢᠨᠠᠨ ᠬᠡᠮᠵᠢᠭᠰᠡᠨ ᠬᠡᠮᠵᠢᠭᠳᠡᠯ᠎ᠨᠢ 《ᠴᠠᠬᠢᠯᠭ᠋ᠠᠨ ᠰᠣᠷᠢᠨᠵᠢᠨ᠎ᠤ ᠣᠷᠴᠢᠨ ᠲᠣᠭᠣᠷᠢᠨ᠎ᠢ ᠡᠵᠡᠮᠳᠡᠬᠦ ᠬᠢᠵᠠᠭ᠋ᠠᠷ ᠬᠡᠮᠵᠢᠭᠳᠡᠯ》 (GB8702 — 2014)᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠶ᠋ᠢᠬᠤ ᠬᠡᠷᠡᠭᠲᠡᠶ᠃

      (ᠭᠤᠷᠪᠠ) ᠡᠵᠡᠩᠨᠡᠯᠲᠡ ᠵᠢᠨ ᠬᠤᠭᠤᠴᠠᠭ᠋ᠠᠨ᠎ᠳᠠᠬᠢ ᠬᠦᠴᠦᠳᠡᠯ ᠥᠭᠡᠷᠡᠴᠢᠯᠡᠬᠦ ᠥᠷᠲᠡᠭᠡᠨ᠎ᠤ ᠠᠮᠢᠳᠤᠷᠠᠯ᠎ᠤᠨ ᠪᠣᠬᠢᠷ ᠤᠰᠤ ᠵᠢ ᠣᠲᠣ ᠵᠢᠨ ᠪᠠᠢ᠌ᠭ᠎ᠠ ᠪᠠᠭ᠋ᠠᠰᠤᠨ ᠲᠠᠲᠠᠭ᠋ᠠᠯ᠎ᠢ ᠠᠰᠢᠭᠯᠠᠵᠤ᠂ ᠪᠠᠭ᠋ᠠᠰᠤᠨ ᠲᠠᠲᠠᠭ᠋ᠠᠯ ᠵᠶ᠋ᠠᠷ ᠰᠢᠢ᠍ᠳᠪᠦᠷᠢᠯᠡᠭᠰᠡᠨ᠎ᠤ ᠳᠠᠷᠠᠭ᠎ᠠ ᠲᠣᠭᠲᠠᠮᠠᠯ ᠬᠤᠭᠤᠴᠠᠭ᠎ᠠ᠎ᠲᠠᠢ᠎ᠪᠠᠷ ᠴᠡᠪᠡᠷᠯᠡᠨ ᠭᠠᠷᠭ᠋ᠠᠨ᠎ᠠ᠃ ᠲᠥᠬᠦᠭᠡᠷᠦᠮᠵᠢ ᠵᠢ ᠰᠡᠯᠪᠢᠨ ᠵᠠᠰᠠᠬᠤ ᠶᠠᠪᠤᠴᠠ᠎ᠳᠤ ᠪᠤᠢ ᠪᠣᠯᠤᠭᠰᠠᠨ ᠬᠦᠴᠦᠳᠡᠯ ᠥᠭᠡᠷᠡᠴᠢᠯᠡᠭᠴᠢ ᠵᠢᠨ ᠬᠠᠶᠠᠭᠳᠠᠮᠠᠯ ᠲᠣᠰᠣ᠂ ᠬᠠᠶᠠᠭᠳᠠᠮᠠᠯ ᠬᠡᠯᠬᠢᠶ᠎ᠡ ᠳ᠋ᠢᠶᠠᠨ ᡂᠢ ᠵᠡᠷᠭᠡ ᠵᠢ ᠪᠥᠬᠥᠳᠡ ᠵᠢ ᠡᠭᠡᠭᠦᠯᠦᠨ ᠬᠤᠷᠢᠶᠠᠬᠤ ᠬᠡᠷᠡᠭᠲᠡᠶ᠂ ᠬᠡᠷᠪᠡ ᠪᠥᠬᠥᠳᠡ ᠵᠢ ᠡᠭᠡᠭᠦᠯᠦᠨ ᠬᠤᠷᠢᠶᠠᠵᠤ ᠳᠡᠢ᠌ᠯᠬᠦ ᠦᠭᠡᠢ ᠪᠣᠯ ᠡᠷᠬᠡᠪᠰᠢ ᠠᠰ᠎ᠲᠤᠨᠢ ᠬᠠᠳᠠᠭ᠋ᠠᠯᠠᠵᠤ᠂ ᠠᠶᠤᠯᠲᠠᠢ ᠬᠠᠶᠠᠭᠳᠠᠮᠠᠯ ᠪᠣᠳᠠᠰ᠎ᠢ ᠡᠵᠡᠩᠨᠡᠬᠦ ᠵᠥᠪᠰᠢᠶᠡᠷᠡᠯ᠎ᠤᠨ ᠵᠣᠬᠢᠴᠠᠩᠭᠤᠢ ᠬᠢᠷᠢ ᠬᠡᠮ᠎ᠲᠠᠢ ᠨᠢᠭᠡᠴᠢ᠎ᠳᠤ ᠲᠥᠪᠯᠡᠷᠡᠭᠦᠯᠦᠨ ᠬᠦᠷᠭᠡᠵᠦ ᠰᠢᠢ᠍ᠳᠪᠦᠷᠢᠯᠡᠭᠦᠯᠬᠦ ᠬᠡᠷᠡᠭᠲᠡᠶ᠃

      (ᠳᠥᠷᠪᠡ) ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠎ᠠ ᠵᠢᠴᠢ ᠠᠵᠢᠯᠯᠠᠭ᠋ᠠᠨ᠎ᠤ ᠬᠤᠭᠤᠴᠠᠭ᠋ᠠᠨ᠎ᠳᠠᠬᠢ ᠱᠤᠤᠭᠢᠶᠠᠨ᠎ᠤ ᠬᠡᠮᠵᠢᠭᠳᠡᠯ ᠵᠢᠴᠢ ᠱᠤᠤᠭᠢᠶᠠᠨ᠎ᠢ ᠰᠡᠷᠭᠡᠢ᠌ᠯᠡᠬᠦ ᠠᠷᠭ᠎ᠠ ᠬᠡᠮᠵᠢᠶ᠎ᠡ᠎ᠨᠢ 《ᠮᠡᠳᠡᠭᠦᠯᠦᠯᠲᠡ ᠵᠢᠨ ᠬᠦᠰᠦᠨᠦᠭᠲᠦ》᠎ᠳᠤ ᠳᠤᠷᠠᠳᠤᠭᠰᠠᠨ ᠱᠠᠭ᠋ᠠᠷᠳᠠᠯᠭ᠎ᠠ ᠵᠢ ᠬᠠᠩᠭ᠋ᠠᠵᠤ᠂ ᠬᠢᠨᠠᠨ ᠬᠡᠮᠵᠢᠭᠰᠡᠨ ᠬᠡᠮᠵᠢᠭᠳᠡᠯ᠎ᠨᠢ ᠤᠯᠤᠰ᠎ᠤᠨ ᠦᠨᠡᠯᠡᠬᠦ ᠪᠠᠷᠢᠮᠵᠢᠶ᠎ᠠ ᠵᠢᠨ ᠬᠢᠵᠠᠭ᠋ᠠᠷ ᠬᠡᠮᠵᠢᠭᠳᠡᠯ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠶ᠋ᠢᠬᠤ ᠬᠡᠷᠡᠭᠲᠡᠶ᠃

      (ᠲᠠᠪᠤ) ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢ ᠵᠥᠪᠰᠢᠶᠡᠷᠡᠭᠦᠯᠦᠭᠰᠡᠨ᠎ᠤ ᠳᠠᠷᠠᠭ᠎ᠠ᠂  ᠳᠦᠷᠦᠯ ᠵᠦᠢ᠍ᠯ᠎ᠤᠨ ᠰᠢᠨᠵᠢ ᠴᠢᠨᠠᠷ᠂ ᠬᠡᠪᠴᠢᠶ᠎ᠡ᠂ ᠭᠠᠵᠠᠷ ᠣᠷᠣᠨ ᠪᠤᠶᠤ ᠠᠮᠢ ᠠᠬᠤᠢ ᠵᠢᠨ ᠬᠠᠮᠠᠭ᠋ᠠᠯᠠᠯᠲᠠ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠠᠷᠭ᠎ᠠ ᠬᠡᠮᠵᠢᠶ᠎ᠡ᠎ᠳᠤ ᠴᠢᠬᠤᠯᠠ ᠶᠡᠬᠡ ᠬᠤᠪᠢᠷᠠᠯᠲᠠ ᠭᠠᠷᠪᠠᠯ᠂ ᠱᠠᠭ᠋ᠠᠷᠳᠠᠯᠭ᠎ᠠ ᠶᠣᠰᠣᠭ᠋ᠠᠷ ᠲᠠᠬᠢᠵᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃

      ᠳᠥᠷᠪᠡ᠂ ᠪᠦᠲᠦᠭᠡᠨ ᠪᠠᠢ᠌ᠭᠤᠯᠬᠤ ᠨᠢᠭᠡᠴᠢ ᠲᠣᠭᠲᠠᠭᠰᠠᠨ ᠲᠠᠰ ᠳᠠᠷᠠᠭ᠋ᠠᠯᠠᠯ ᠵᠶ᠋ᠠᠷ ᠪᠠᠷᠢᠯᠭ᠎ᠠ ᠳᠠᠭᠤᠰᠤᠭᠰᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠯᠭ᠋ᠠᠨ ᠬᠤᠷᠢᠶᠠᠬᠤ ᠵᠢ ᠪᠡᠶᠡᠯᠡᠭᠦᠯᠦᠭᠰᠡᠨ᠎ᠤ ᠳᠠᠷᠠᠭ᠎ᠠ᠂ ᠲᠥᠷᠥᠯ ᠵᠦᠢ᠍ᠯ᠎ᠢ ᠰᠠᠶᠢ ᠵᠢᠩᠬᠢᠨᠢ᠎ᠪᠠᠷ ᠠᠰᠢᠭᠯᠠᠯᠲᠠ᠎ᠳᠤ ᠣᠷᠣᠭᠤᠯᠵᠤ ᠪᠣᠯᠣᠨ᠎ᠠ᠃

      ᠲᠠᠪᠤ᠂ ᠮᠠᠨ᠎ᠤ ᠲᠢᠩᠬᠢᠮ᠎ᠠᠴᠠ ᠬᠥᠯᠥᠨ ᠪᠣᠢ᠌ᠷ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠳᠤ ᠨᠠᠶ᠋ᠢᠳᠠᠵᠤ ᠲᠣᠰ ᠲᠥᠷᠥᠯ ᠵᠦᠢ᠍ᠯ᠎ᠤᠨ ᠪᠠᠷᠢᠯᠭ᠎ᠠ ᠵᠢᠨ ᠬᠤᠭᠤᠴᠠᠭ᠋ᠠᠨ᠎ᠤ ᠬᠢᠨᠠᠯᠲᠠ ᠪᠠᠢ᠌ᠴᠠᠭ᠋ᠠᠯᠲᠠ ᠵᠢᠨ ᠠᠵᠢᠯ᠎ᠢ ᠬᠠᠷᠢᠭᠤᠴᠠᠭᠤᠯᠤᠨ᠎ᠠ᠃

          ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ

            2024 ᠣᠨ᠎ᠤ 1 ᠰᠠᠷ᠎ᠠ ᠵᠢᠨ 8᠎ᠤ ᠡᠳᠦᠷ


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ
ᠥᠪᠥᠷ ᠮᠣᠩᠭᠣᠯ᠎ᠤᠨ ᠵᠡᠭᠦᠨ ᠬᠡᠰᠡᠭ᠎ᠤᠨ ᠬᠢᠩᠭ᠋ᠠᠨ᠎ᠤ ᠫᠢᠩᠴᠤᠸᠠᠨ — ᠹᠦᠰᠢᠩ II ᠳ᠋ᠤᠭ᠋ᠠᠷ ᠤᠳᠠᠭ᠋ᠠᠨ᠎ᠤ 220 ᠺᠢᠯᠣᠸᠠᠲ᠎ᠤᠨ ᠱᠤᠭᠤᠮ᠎ᠤᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠴᠣᠬᠣᠯᠠᠪᠤᠷᠢ
ᠣᠷᠳᠣᠰ ᠬᠣᠲᠠ ᠵᠢᠨ ᠬᠠᠩᠭ᠋ᠠᠢ ᠰᠢᠨ᠎ᠡ ᠡᠨᠧᠷᠭᠢ ᠵᠢᠨ 40MW ᠳᠠᠷᠬᠠᠶ ᠬᠡᠯᠪᠡᠷᠢ ᠵᠢᠨ ᠰᠠᠯᠬᠢᠨ ᠬᠦᠴᠦᠨ᠎ᠤ ᠴᠠᠬᠢᠯᠭ᠋ᠠᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢ᠍ᠯ᠎ᠤᠨ 110kV ᠬᠦᠴᠦᠳᠡᠯ ᠳᠡᠭᠡᠭᠰᠢᠯᠡᠭᠦᠯᠬᠦ ᠥᠷᠲᠡᠭᠡ ᠵᠢᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠴᠣᠬᠣᠯᠠᠪᠤᠷᠢ
 
             蒙ICP备05000248号