ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠴᠢᠩ ᠰᠡᠳᠬᠢᠯ᠎ᠤᠨ ᠬᠦᠰᠡᠯ ᠨᠠᠢ᠌ᠳᠠᠯᠭ᠎ᠠ ᠵᠢ ᠰᠠᠢ᠍ᠢ᠍ᠨ ᠰᠠᠢ᠌ᠬᠠᠨ ᠪᠣᠳᠠᠲᠤ ᠠᠬᠤᠢ ᠪᠣᠯᠭ᠋ᠠᠨ ᠬᠤᠪᠢᠷᠠᠭᠤᠯᠬᠤ᠎ᠪᠠᠷ ᠴᠢᠷᠮᠠᠢ᠌ᠰᠤᠭ᠋ᠠᠢ — ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠭᠰᠠᠨ ᠨᠢᠭᠡ ᠵᠢᠯ᠎ᠤᠨ ᠤᠢ ᠵᠢᠨ ᠲᠠᠰᠢᠷᠠᠮ᠎ᠳᠤ
ᠨᠡᠶ᠋ᠢᠲᠡᠯᠡᠭᠰᠡᠨ ᠴᠠᠭ᠄ 2024-07-24

      《ᠪᠣᠭᠣᠮᠲᠠ ᠵᠢᠨ ᠭᠠᠳᠠᠨᠠᠬᠢ ᠬᠡᠷᠡᠯᠳᠦ ᠰᠤᠪᠤᠳ》 ᠤᠯᠠᠭ᠋ᠠᠨᠰᠤᠬᠠᠢ ᠨᠠᠭᠤᠷ᠎ᠲᠤ᠂ ᠲᠡᠭᠷᠢ᠎ᠨᠢ ᠴᠡᠯᠡᠢ᠌ᠵᠦ ᠤᠰᠤ᠎ᠨᠢ ᠨᠡᠯᠦᠢ᠌ᠵᠦ᠂ ᠡᠪᠡᠰᠦ ᠮᠣᠳᠣ᠎ᠨᠢ ᠢᠭ᠌ᠴᠤᠷᠠᠨ᠂ ᠪᠣᠯᠵᠣᠮᠣᠷ ᠰᠢᠪᠠᠭᠤ᠎ᠨᠢ ᠵᠢᠷᠭᠢᠯᠳᠦᠨ ᠨᠢᠰᠦᠨ᠎ᠡ; ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠤᠨ ᠨᠢᠭᠡᠳᠦᠭᠡᠷ ᠹᠷᠣᠨᠲ᠎ᠲᠤ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ 《ᠬᠤᠷᠳᠤᠴᠠ᠎ᠪᠠᠨ ᠳᠡᠭᠡᠭᠰᠢᠯᠡᠭᠦᠯᠦᠨ ᠲᠦᠷᠭᠡᠳᠬᠡᠨ᠎ᠡ》; ᠦᠨᠳᠦᠰᠦᠲᠡᠨ᠎ᠨᠦᠭᠦᠳ᠎ᠤᠨ ᠠᠷᠠᠳ ᠲᠦᠮᠡᠨ ᠡᠶ᠎ᠡ ᠵᠣᠬᠢᠴᠠᠩᠭᠤᠢ᠎ᠪᠠᠷ ᠣᠷᠣᠰᠢᠵᠤ᠂ ᠪᠦᠯᠬᠦᠮᠳᠡᠨ ᠲᠡᠮᠡᠴᠡᠬᠦ᠎ᠨᠢ ᠠᠶᠠᠨᠳᠠᠭ᠋ᠠᠨ᠎ᠤ ᠬᠡᠪ ᠵᠠᠩᠰᠢᠯ ᠪᠣᠯᠪᠠ ᠁ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 118.3 ᠲᠦᠮᠡᠨ ᠲᠡᠭᠰᠢ ᠳᠥᠷᠪᠡᠯᠵᠢᠨ ᠺᠢᠯᠤᠮᠥᠲᠷ ᠨᠤᠲᠤᠭ ᠳᠡᠪᠢᠰᠬᠡᠷ ᠳᠡᠭᠡᠷ᠎ᠡ᠂ ᠲᠦᠭ ᠲᠦᠮᠡᠨ ᠥᠭᠡᠳᠡᠯᠡᠨ ᠲᠠᠪᠰᠢᠬᠤ ᠳᠦᠷᠢ ᠲᠥᠷᠬᠦ  ᠭᠠᠵᠠᠷ ᠪᠣᠯᠭ᠋ᠠᠨ᠎ᠳᠤ ᠬᠠᠷᠠᠭᠳᠠᠵᠤ᠂ ᠴᠡᠴᠡᠭᠯᠡᠨ ᠬᠥᠭᠵᠢᠭᠰᠡᠨ᠂ ᠡᠶ᠎ᠡ ᠵᠣᠬᠢᠴᠠᠩᠭᠤᠢ᠂ ᠦᠵᠡᠰᠬᠦᠯᠡᠩᠲᠦ ᠰᠠᠢ᠌ᠬᠠᠨ ᠰᠢᠨ᠎ᠡ ᠵᠢᠷᠤᠭ ᠲᠥᠰᠥᠪ᠎ᠢ ᠬᠠᠮᠲᠤᠪᠠᠷ ᠵᠢᠷᠤᠭᠯᠠᠨ᠎ᠠ᠃
      2023 ᠣᠨ᠎ᠤ 6 ᠰᠠᠷ᠎ᠠ᠎ᠳᠤ᠂ ᠵᠤᠨ᠎ᠤ ᠡᠬᠢᠨ᠎ᠤ ᠰᠠᠢ᠌ᠬᠠᠨ ᠤᠯᠠᠷᠢᠯ᠎ᠳᠤ᠂ ᠶᠡᠷᠦᠩᠬᠡᠢ ᠱᠦᠵᠢ ᠰᠢ ᠵᠢᠨ ᠫᠢᠩ ᠳᠥᠷᠪᠡᠳᠡᠬᠢ ᠤᠳᠠᠭ᠎ᠠ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠪᠠ᠃ ᠬᠦᠰᠡᠯ ᠨᠠᠢ᠌ᠳᠠᠯᠭ᠎ᠠ ᠵᠢᠨ ᠳᠠᠭᠤᠨ ᠴᠡᠭᠡᠵᠢᠨ᠎ᠳᠤ ᠬᠠᠳᠠᠩᠰᠢᠵᠤ᠂ ᠤᠷᠤᠭᠰᠢᠯᠠᠯᠲᠠ ᠵᠢᠨ ᠬᠦᠴᠦᠨ ᠳᠠᠬᠢᠨ ᠵᠶ᠋ᠠᠷ ᠨᠡᠮᠡᠭᠳᠡᠪᠡ᠃
      ᠬᠠᠯᠠᠮᠵᠢᠯᠠᠯ᠎ᠢ ᠬᠦᠯᠢᠶᠡᠨ᠂ ᠲᠠᠰᠢᠭᠤᠷ ᠵᠶ᠋ᠠᠨ ᠡᠷᠭᠢᠭᠦᠯᠦᠨ ᠡᠷᠡᠯᠬᠡᠭᠯᠡᠨ ᠤᠷᠤᠭᠰᠢᠯᠠᠨ᠎ᠠ᠃ ᠰᠢ ᠵᠢᠨ ᠫᠢᠩ ᠶᠡᠷᠦᠩᠬᠡᠢ ᠱᠦᠵᠢ ᠵᠢᠨ ᠵᠢᠭ᠋ᠠᠭᠰᠠᠨ ᠴᠢᠭᠯᠡᠯ ᠵᠶ᠋ᠡᠷ᠂ ᠨᠢᠭᠡ ᠵᠢᠯ᠎ᠤᠨ ᠲᠤᠷᠰᠢ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠤᠯᠠᠨ ᠲᠦᠮᠡᠨ 《ᠠᠮᠢ ᠴᠥᠯᠡᠨ ᠲᠡᠮᠡᠴᠡᠬᠦ》 ᠵᠣᠷᠢᠭ ᠰᠠᠨᠠᠭ᠎ᠠ᠂ 《ᠭᠠᠪᠰᠢᠭ᠋ᠠᠢ᠌ᠯᠠᠬᠤ》 ᠡᠷᠴᠢ ᠵᠣᠷᠢᠭ᠂ 《ᠪᠣᠳᠠᠲᠠᠢ》 ᠰᠤᠷᠲᠠᠯ᠎ᠢ ᠪᠠᠳᠠᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠡᠯ᠎ᠡ ᠵᠦᠢ᠍ᠯ᠎ᠤᠨ ᠠᠵᠢᠯ᠎ᠤᠨ ᠭᠣᠣᠯ ᠰᠢᠵᠢᠮ ᠪᠣᠯᠭ᠋ᠠᠵᠤ᠂ ᠬᠦᠴᠦ᠎ᠪᠠᠨ ᠲᠥᠪᠯᠡᠷᠡᠭᠦᠯᠦᠨ 《ᠬᠣᠶᠠᠷ ᠶᠡᠬᠡ ᠶᠠᠪᠤᠳᠠᠯ》᠎ᠢ ᠰᠠᠶ᠋ᠢᠲᠤᠷ ᠬᠢᠵᠦ᠂ ᠴᠤᠴᠠᠯᠲᠠ ᠦᠭᠡᠢ ᠤᠷᠤᠭᠰᠢᠯᠠᠵᠤ ᠰᠢᠨ᠎ᠡ ᠵᠠᠮ ᠵᠶ᠋ᠠᠷ ᠳᠤᠮᠳᠠ ᠤᠷᠤᠰᠬᠠᠯ᠎ᠳᠤ ᠣᠷᠣᠵᠤ᠂ ᠴᠢᠩ ᠰᠡᠳᠬᠢᠯ᠎ᠤᠨ ᠨᠠᠢ᠌ᠳᠠᠯᠭ᠎ᠠ ᠵᠢ ᠰᠠᠢ᠍ᠢ᠍ᠨ ᠰᠠᠢ᠌ᠬᠠᠨ ᠪᠣᠳᠠᠲᠤ ᠠᠬᠤᠢ ᠪᠣᠯᠭ᠋ᠠᠨ ᠬᠤᠪᠢᠷᠠᠭᠤᠯᠬᠤ᠎ᠪᠠᠷ ᠴᠢᠷᠮᠠᠢ᠌ᠪᠠ᠃
      ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠭᠣᠣᠯ ᠰᠢᠵᠢᠮ᠎ᠠᠴᠠ ᠥᠴᠥᠬᠡᠨ ᠴᠤ᠌ ᠰᠠᠯᠤᠩᠭᠢᠷᠠᠬᠤ ᠦᠭᠡᠢ
      ᠨᠢᠭᠡ ᠵᠢᠯ᠎ᠤᠨ ᠲᠤᠷᠰᠢ᠂ ᠥᠪᠥᠷ ᠮᠣᠩᠭᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭ᠋ᠠᠵᠤ᠂ 《ᠰᠢᠪᠲᠤᠯᠤᠯᠲᠠ》 ᠪᠣᠯᠣᠨ 《ᠤᠷᠤᠭᠰᠢᠯᠠᠯᠲᠠ》 ᠵᠢᠨ ᠲᠥᠯᠥᠭᠡ ᠰᠡᠳᠬᠢᠯ ᠵᠶ᠋ᠡᠨ ᠨᠢᠭᠡᠳᠬᠡᠨ ᠬᠦᠴᠦ᠎ᠪᠠᠨ ᠬᠠᠮᠲᠤᠳᠬᠠᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠢ᠌ᠭᠤᠯᠬᠤ ᠲᠤᠬᠠᠢ ᠲᠣᠭᠲᠠᠭ᠋ᠠᠯ》᠎ᠢ ᠲᠣᠭᠲᠠᠭ᠋ᠠᠨ ᠨᠡᠢ᠌ᠲᠡᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠭᠣᠣᠯ ᠱᠤᠭᠤᠮ᠎ᠢ ᠪᠠᠲᠤ ᠪᠡᠬᠢ ᠪᠤᠢ ᠪᠣᠯᠭ᠋ᠠᠬᠤ ᠠᠵᠢᠯ᠎ᠳᠤ ᠪᠥᠬᠥ ᠲᠠᠯ᠎ᠠ ᠵᠢᠨ ᠪᠠᠢ᠌ᠷᠢᠯᠠᠭᠤᠯᠤᠯᠲᠠ ᠬᠢᠵᠦ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠲᠠᠯ᠎ᠠ᠎ᠪᠠᠷ ᠵᠢᠱ᠌ᠢᠶᠡᠴᠢ ᠪᠣᠯᠬᠤ》 ᠵᠢ 《ᠲᠤᠯᠤᠭ᠋ᠠᠨ ᠵᠢᠱ᠌ᠢᠶᠡᠴᠢ ᠪᠣᠯᠬᠤ》 ᠵᠢᠨ ᠨᠢᠭᠡ᠎ᠪᠠᠷ ᠲᠣᠭᠲᠠᠭ᠋ᠠᠪᠠ᠃ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠣᠣᠯ ᠰᠢᠵᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ᠎ᠨᠦᠭᠦᠳ》᠎ᠢ ᠨᠡᠢ᠌ᠲᠡᠯᠡᠵᠦ᠂ 28 ᠵᠤᠷᠪᠤᠰ ᠪᠣᠳᠠᠲᠠᠢ ᠠᠷᠭ᠎ᠠ ᠬᠡᠮᠵᠢᠶ᠎ᠡ ᠵᠢ ᠲᠣᠭᠲᠠᠭ᠋ᠠᠪᠠ᠃
      ᠡᠭᠦᠷᠭᠡ ᠬᠠᠷᠢᠭᠤᠴᠠᠯᠭ᠎ᠠ᠎ᠪᠠᠨ ᠲᠣᠳᠣᠷᠬᠠᠢ᠌ᠯᠠᠬᠤ᠎ᠠᠴᠠ ᠡᠬᠢᠯᠡᠨ ᠠᠳᠬᠤᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠣᠣᠯ ᠰᠢᠵᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠬᠤ ᠵᠢ ᠥᠪᠥᠷ ᠮᠣᠩᠭᠣᠯ᠎ᠤᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠵᠢᠨ 《ᠭᠤᠷᠪᠠ ᠵᠢ ᠲᠣᠭᠲᠠᠭ᠋ᠠᠬᠤ》 ᠲᠣᠭᠲᠠᠭ᠋ᠠᠯ᠎ᠳᠤ ᠪᠢᠴᠢᠨ ᠣᠷᠣᠭᠤᠯᠵᠤ᠂ ᠡᠨᠡᠬᠦ ᠠᠵᠢᠯ᠎ᠢ ᠬᠡᠨ ᠬᠢᠬᠦ᠂ ᠶᠠᠭᠤ ᠬᠢᠬᠦ ᠵᠢ ᠴᠢᠨᠠᠭᠰᠢᠳᠠ ᠲᠣᠳᠣᠷᠬᠠᠢ᠌ᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠦᠵᠡᠯ ᠰᠠᠨᠠᠭ᠎ᠠ ᠵᠢ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠤ ᠠᠵᠢᠯ ᠠᠮᠢᠳᠤᠷᠠᠯ᠎ᠳᠤ ᠠᠭᠤᠰᠤᠯᠴᠠᠭᠤᠯᠬᠤ ᠵᠢ ᠦᠢ᠍ᠯᠡ ᠠᠵᠢᠯᠯᠠᠭ᠋ᠠᠨ᠎ᠤ ᠪᠠᠷᠢᠮᠵᠢᠶ᠎ᠠ ᠪᠠ ᠡᠳᠦᠷ ᠲᠤᠲᠤᠮ᠎ᠤᠨ ᠳᠠᠳᠬᠠᠯ ᠪᠣᠯᠭ᠋ᠠᠪᠠ᠃
      ᠰᠣᠶᠣᠯ ᠵᠶ᠋ᠠᠷ ᠰᠦᠭ ᠰᠦᠨᠡᠰᠦ ᠵᠢ ᠱᠤᠭᠤᠬᠤ ᠵᠢ ᠪᠠᠷᠢᠮᠲᠠᠯᠠᠵᠤ᠂ ᠴᠢᠮᠡᠭᠡ ᠠᠨᠢᠷ ᠦᠭᠡᠢ ᠠᠭ᠋ᠠᠵᠢᠮ ᠵᠶ᠋ᠠᠷ ᠤᠮᠳᠠᠯᠠᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠡᠯ᠎ᠡ ᠱᠠᠲᠤᠨ᠎ᠤ ᠡᠯ᠎ᠡ ᠳᠦᠷᠦᠯ᠎ᠤᠨ ᠰᠤᠷᠭ᠋ᠠᠭᠤᠯᠢ ᠵᠢᠨ ᠰᠤᠷᠭ᠋ᠠᠭᠤᠯᠢ ᠡᠷᠬᠢᠯᠡᠵᠤ ᠰᠤᠷᠭ᠋ᠠᠭᠤᠯᠢ ᠵᠢ ᠵᠠᠰᠠᠬᠤ᠂ ᠪᠢᠴᠢᠭ ᠵᠢᠭ᠋ᠠᠵᠤ ᠬᠥᠮᠥᠨ᠎ᠢ ᠬᠥᠮᠥᠵᠢᠭᠦᠯᠬᠦ ᠪᠦᠬᠦ ᠶᠠᠪᠤᠴᠠ᠎ᠳᠤ ᠠᠭᠤᠰᠤᠯᠴᠠᠭᠤᠯᠵᠤ᠂ ᠤᠯᠤᠰ᠎ᠤᠨ ᠨᠢᠭᠡᠳᠦᠯᠲᠡᠢ ᠨᠠᠢ᠌ᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠬᠡᠷᠡᠭᠯᠡᠬᠦ ᠵᠢ ᠪᠦᠬᠦ ᠲᠠᠯ᠎ᠠ᠎ᠪᠠᠷ ᠳᠡᠯᠭᠡᠷᠡᠭᠦᠯᠵᠦ᠂ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠶᠡᠬᠡᠪᠡᠷ ᠳᠡᠯᠭᠡᠷᠡᠭᠦᠯᠦᠨ ᠲᠦᠭᠡᠮᠡᠯᠵᠢᠭᠦᠯᠪᠡ; ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢᠨ ᠰᠤᠳᠤᠯᠭ᠋ᠠᠨ᠎ᠤ ᠢᠨᠵᠧᠨᠧᠷᠢᠩ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠡᠳ᠋ᠯᠡᠬᠦ ᠳᠤᠮᠳᠠᠳᠤ ᠵᠢᠨ ᠰᠣᠶᠣᠯ᠎ᠤᠨ ᠲᠡᠮᠳᠡᠭ ᠪᠠ ᠳᠦᠷᠢ ᠲᠥᠷᠬᠦ ᠵᠢ ᠢᠯᠡᠷᠡᠭᠦᠯᠦᠭᠰᠡᠨ ᠨᠢᠭᠡ ᠪᠦᠯᠦᠭ ᠤᠳᠬ᠎ᠠ ᠤᠷᠠᠯᠢᠭ᠎ᠤᠨ ᠪᠦᠲᠦᠭᠡᠯ᠎ᠢ ᠨᠠᠷᠢᠯᠢᠭ ᠪᠦᠲᠦᠭᠡᠵᠦ᠂ ᠰᠣᠶᠣᠯ ᠵᠶ᠋ᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠨᠡᠪᠴᠢᠭᠦᠯᠬᠦ ᠵᠢ ᠪᠠᠷᠢᠮᠲᠠᠯᠠᠵᠤ᠂ ᠦᠨᠳᠦᠰᠦᠲᠡᠨ᠎ᠨᠦᠭᠦᠳ᠎ᠤᠨ ᠠᠬ᠎ᠠ ᠳᠡᠭᠦᠦ ᠬᠣᠭᠣᠷᠣᠨᠳᠤ᠎ᠪᠠᠨ ᠳᠣᠲᠣᠨᠣ ᠪᠠᠢ᠌ᠬᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠤᠨ ᠰᠠᠨᠠᠭ᠋ᠠᠨ᠎ᠤ ᠬᠣᠯᠪᠣᠭ᠋ᠠᠰᠤ ᠵᠢ ᠤᠯᠠᠮ᠎ᠠᠴᠠ ᠤᠯᠠᠮ ᠪᠡᠬᠢᠵᠢᠭᠦᠯᠪᠡ᠃
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠠᠭ᠋ᠠᠭᠤᠯᠭ᠎ᠠ᠎ᠪᠠᠷ᠂ ᠪᠦᠬᠦ ᠣᠷᠣᠨ ᠵᠶ᠋ᠠᠷ ᠵᠶ᠋ᠠᠨ 《ᠬᠣᠶᠠᠷ᠎ᠢ ᠲᠣᠭᠲᠠᠭ᠋ᠠᠭᠰᠠᠨ》᠎ᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠥᠨᠳᠥᠷᠴᠡ᠎ᠠᠴᠠ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ᠂ ᠦᠨᠳᠦᠰᠦᠲᠡᠨ᠎ᠤ ᠰᠡᠷᠭᠦᠨ ᠮᠠᠨᠳᠤᠯᠲᠠ ᠵᠢ ᠪᠡᠶᠡᠯᠡᠭᠦᠯᠬᠦ ᠥᠨᠳᠥᠷᠴᠡ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ 《ᠲᠠᠪᠤᠨ ᠶᠡᠬᠡ ᠡᠭᠦᠷᠭᠡ》 ᠵᠢ ᠰᠠᠶ᠋ᠢᠲᠤᠷ ᠬᠢᠬᠦ ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ 《ᠬᠣᠶᠠᠷ ᠶᠡᠬᠡ ᠶᠠᠪᠤᠳᠠᠯ》᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ ᠥᠨᠳᠥᠷᠴᠡ᠎ᠠᠴᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠣᠣᠯ ᠰᠢᠵᠢᠮ᠎ᠢ ᠲᠤᠭᠤᠰᠢᠯᠠᠭᠤᠯᠵᠤ᠂ ᠶᠠᠮᠠᠷᠪᠠ ᠠᠰᠠᠭᠤᠳᠠᠯ᠎ᠢ ᠪᠣᠳᠣᠯᠬᠢᠯᠠᠬᠤ᠂ ᠶᠠᠮᠠᠷᠪᠠ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠶᠠᠮᠠᠷᠪᠠ ᠠᠵᠢᠯ᠎ᠢ ᠬᠢᠬᠦ᠎ᠳᠤ ᠴᠥᠮ ᠡᠨᠡᠬᠦ ᠭᠣᠣᠯ ᠰᠢᠵᠢᠮ᠎ᠤᠨ ᠲᠣᠭᠣᠷᠢᠨ᠎ᠳᠤ ᠥᠷᠨᠢᠭᠦᠯᠬᠦ ᠵᠢ ᠢᠮᠠᠭᠲᠠ ᠪᠡᠶᠡᠯᠡᠭᠦᠯᠪᠡ᠃
      ᠬᠠᠮᠲᠤ᠎ᠪᠠᠷ ᠴᠢᠨᠡᠭᠡᠯᠢᠭᠵᠢᠬᠦ ᠵᠠᠮ ᠳᠡᠭᠡᠷ᠎ᠡ ᠡᠩᠨᠡᠭᠡ᠎ᠠᠴᠠ᠎ᠪᠠᠨ ᠬᠣᠴᠣᠷᠬᠤ ᠦᠭᠡᠢ᠂ ᠲᠦᠮᠡᠨ ᠶᠠᠪᠤᠳᠠᠯ᠎ᠳᠤ ᠠᠷᠠᠳ᠎ᠤᠨ ᠠᠮᠢᠳᠤᠷᠠᠯ ᠬᠠᠮᠤᠭ᠎ᠤᠨ ᠴᠢᠬᠤᠯᠠ ᠪᠠᠢ᠌ᠳᠠᠭ᠃
      ᠨᠢᠭᠡ ᠵᠢᠯ᠎ᠤᠨ ᠲᠤᠷᠰᠢ᠂ ᠥᠪᠥᠷ ᠮᠣᠩᠭᠣᠯ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ ᠵᠢ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠡᠭᠦᠰᠬᠡᠯ ᠪᠠ ᠲᠡᠭᠦᠰᠬᠡᠯ ᠪᠣᠯᠭ᠋ᠠᠵᠤ᠂ ᠪᠥᠬᠥ ᠣᠷᠣᠨ᠎ᠤ ᠠᠵᠤ ᠠᠬᠤᠢ ᠵᠢᠨ ᠬᠥᠭᠵᠢᠯᠲᠡ ᠪᠠ ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ᠎ᠳᠤ ᠲᠤᠯᠭ᠋ᠠᠭᠤᠷᠢᠯᠠᠬᠤ ᠴᠢᠨᠠᠷᠲᠠᠢ᠂ ᠬᠥᠲᠥᠯᠥᠨ ᠳᠠᠭ᠋ᠠᠭᠤᠯᠬᠤ ᠴᠢᠨᠠᠷᠲᠠᠢ᠂ ᠬᠥᠰᠢᠭᠦᠷᠭᠡ ᠵᠢᠨ ᠴᠢᠨᠠᠷᠲᠠᠢ ᠦᠢ᠍ᠯᠡᠳᠦᠯ᠎ᠲᠠᠢ 《ᠵᠢᠷᠭᠤᠭ᠋ᠠᠨ ᠢᠨᠵᠧᠨᠧᠷᠢᠩ》᠎ᠢ ᠰᠠᠶ᠋ᠢᠲᠤᠷ ᠬᠡᠷᠡᠭᠵᠢᠭᠦᠯᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠮᠲᠤ᠎ᠪᠠᠷ ᠰᠠᠭᠤᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠡᠳ᠋ᠯᠡᠬᠦ᠂ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭ᠋ᠠᠬᠤ ᠵᠢ ᠤᠯᠠᠮ ᠨᠢᠭᠡ ᠠᠯᠬᠤᠮ ᠠᠬᠢᠭᠤᠯᠪᠠ᠃
      ᠥᠪᠥᠷ ᠮᠣᠩᠭᠣᠯ᠎ᠤᠨ 2023 ᠣᠨ᠎ᠤ ᠠᠷᠠᠳ᠎ᠤᠨ ᠠᠮᠢᠳᠤᠷᠠᠯ᠎ᠤᠨ ᠬᠢᠷᠢ ᠪᠦᠲᠦᠮᠵᠢ ᠵᠢᠨ ᠬᠠᠭᠤᠳᠠᠰᠤ ᠵᠢ ᠰᠡᠬᠦᠬᠦ᠎ᠳᠤ᠂ ᠠᠯᠢ ᠤᠯᠠᠨ ᠲᠣᠭ᠎ᠠ ᠪᠠᠷᠢᠮᠲᠠ᠎ᠨᠢ ᠦᠨᠡᠨ ᠪᠣᠳᠠᠲᠠᠢ ᠬᠦᠴᠦᠨ ᠲᠡᠭᠦᠯᠳᠡᠷ᠄
      2023 ᠣᠨ᠎ᠳᠤ᠂ ᠥᠪᠥᠷ ᠮᠣᠩᠭᠣᠯ᠎ᠤᠨ ᠪᠥᠬᠥ ᠰᠠᠭᠤᠭ᠋ᠠᠯᠢ ᠠᠷᠠᠳ᠎ᠤᠨ ᠬᠥᠮᠥᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 38130 ᠲᠥᠭᠥᠷᠢᠭ᠎ᠲᠤ ᠬᠦᠷᠴᠦ᠂ ᠲᠦᠷᠦᠭᠦᠸ᠋ ᠵᠢᠯ᠎ᠤᠨ᠎ᠬᠢ᠎ᠠᠴᠠ 6.1%᠎ᠪᠠᠷ ᠨᠡᠮᠡᠭᠳᠡᠨ᠂ ᠬᠣᠲᠠ ᠪᠠᠯᠭ᠋ᠠᠰᠤᠨ᠎ᠤ 21.87 ᠲᠦᠮᠡᠨ ᠬᠥᠮᠥᠨ᠎ᠳᠤ ᠰᠢᠨ᠎ᠡ᠎ᠪᠠᠷ ᠠᠵᠢᠯ ᠣᠯᠭᠣᠪᠠ; ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢ 11236 ᠢᠵᠢ (ᠲᠠᠰᠤᠯᠭ᠎ᠠ) ᠪᠠᠢ᠌ᠭᠤᠯᠵᠤ᠂ 26373 ᠡᠷᠦᠭᠡ᠎ᠳᠤ ᠲᠦᠷᠢᠶᠡᠰᠦᠯᠡᠯ᠎ᠤᠨ ᠨᠥᠬᠥᠪᠦᠷᠢ ᠣᠯᠭᠣᠵᠤ᠂ ᠠᠷᠠᠳ ᠤᠯᠠᠨ᠎ᠤ ᠠᠮᠤᠷ ᠠᠮᠤᠭᠤᠯᠠᠩ ᠣᠷᠣᠨ ᠰᠠᠭᠤᠴᠠ ᠵᠢᠨ ᠬᠦᠰᠡᠯ᠎ᠢ ᠪᠡᠶᠡᠯᠡᠭᠦᠯᠪᠡ; ᠲᠦᠭᠡᠮᠡᠯ ᠬᠠᠷᠠᠭ᠋ᠠᠯᠵᠠᠯ᠎ᠤᠨ ᠴᠢᠨᠠᠷᠲᠠᠢ ᠬᠡᠦᠬᠡᠳ᠎ᠤᠨ ᠴᠡᠴᠡᠷᠯᠢᠭ᠎ᠤᠨ ᠪᠦᠷᠬᠦᠴᠡ ᠵᠢᠨ ᠨᠣᠷᠮ᠎ᠠ 88.06% ᠬᠦᠷᠴᠦ᠂ ᠰᠤᠷᠬᠤ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠬᠡᠦᠬᠡᠳ᠎ᠤᠨ ᠴᠡᠴᠡᠷᠯᠢᠭ᠎ᠲᠤ ᠣᠷᠣᠬᠤ ᠪᠥᠬᠥ ᠨᠣᠷᠮ᠎ᠠ 95.0% ᠬᠦᠷᠴᠦ᠂ 《ᠬᠡᠦᠬᠡᠳ᠎ᠤᠨ ᠴᠡᠴᠡᠷᠯᠢᠭ᠎ᠲᠤ ᠣᠷᠣᠬᠤ᠎ᠳᠤ ᠬᠦᠴᠢᠷᠲᠡᠢ ᠪᠠᠶ᠋ᠢᠬᠤ》 ᠠᠰᠠᠭᠤᠳᠠᠯ᠎ᠢ ᠪᠦᠲᠦᠮᠵᠢᠲᠡᠢ ᠨᠠᠮᠳᠠᠭᠤᠯᠪᠠ; 4 ᠤᠯᠤᠰ᠎ᠤᠨ ᠲᠡᠰ᠎ᠤᠨ ᠪᠠ 4 ᠮᠤᠵᠢ ᠵᠢᠨ ᠲᠡᠰ᠎ᠤᠨ ᠣᠷᠣᠨ ᠪᠦᠰᠡ ᠵᠢᠨ ᠡᠮ ᠡᠮᠨᠡᠯᠭᠡ ᠵᠢᠨ ᠲᠥᠪ᠎ᠢ ᠪᠠᠢ᠌ᠭᠤᠯᠵᠤ᠂ ᠴᠢᠨᠠᠷ ᠰᠠᠢ᠌ᠲᠠᠢ ᠡᠮ ᠡᠮᠨᠡᠯᠭᠡ ᠵᠢᠨ ᠡᠬᠢ ᠪᠠᠶᠠᠯᠢᠭ᠎ᠢ ᠲᠡᠩᠴᠡᠭᠦᠷᠢᠲᠡᠢ ᠥᠷᠭᠡᠳᠬᠡᠬᠦ ᠵᠢ ᠠᠬᠢᠭᠤᠯᠵᠤ᠂ ᠤᠯᠠᠨ ᠲᠦᠮᠡᠨ᠎ᠤ ᠡᠪᠡᠳᠴᠢᠨ ᠦᠵᠡᠭᠦᠯᠬᠦ᠎ᠳᠤ ᠬᠦᠴᠢᠷᠲᠡᠢ ᠡᠪᠡᠳᠴᠢᠨ ᠦᠵᠡᠭᠦᠯᠬᠦ᠎ᠳᠤ ᠦᠨᠡᠲᠡᠢ ᠪᠠᠶ᠋ᠢᠬᠤ ᠠᠰᠠᠭᠤᠳᠠᠯ᠎ᠢ ᠪᠦᠲᠦᠮᠵᠢᠲᠡᠢ ᠨᠠᠮᠳᠠᠭᠤᠯᠪᠠ ᠁ 43 ᠵᠦᠢ᠍ᠯ᠎ᠤᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠪᠦᠬᠦᠨ᠎ᠢ ᠪᠡᠶᠡᠯᠡᠭᠦᠯᠵᠦ᠂ ᠠᠷᠠᠳ᠎ᠤᠨ ᠠᠮᠢᠳᠤᠷᠠᠯ᠎ᠤᠨ ᠦᠢ᠍ᠯᠡᠴᠢᠯᠡᠭᠡ ᠵᠢ ᠨᠡᠩ ᠳᠤᠯᠠᠭ᠋ᠠᠬᠠᠨ ᠪᠣᠯᠭ᠋ᠠᠵᠤ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠢ ᠨᠡᠩ ᠦᠨᠡᠲᠡᠢ ᠪᠣᠯᠭ᠋ᠠᠵᠤ᠂ ᠠᠷᠠᠳ᠎ᠤᠨ ᠠᠮᠢᠳᠤᠷᠠᠯ᠎ᠢ ᠨᠡᠩ ᠵᠣᠯ ᠵᠢᠷᠭ᠋ᠠᠯ᠎ᠲᠠᠢ ᠪᠣᠯᠭ᠋ᠠᠪᠠ᠃
      ᠡᠨᠡ ᠵᠢᠯ᠂ ᠥᠪᠥᠷ ᠮᠣᠩᠭᠣᠯ ᠪᠠᠰᠠ 4 ᠶᠡᠬᠡ ᠲᠥᠷᠥᠯ᠎ᠤᠨ 33 ᠬᠤᠪᠢ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠨᠠᠷᠢᠨ ᠲᠠᠩᠰᠠ ᠵᠢ ᠵᠠᠯᠭ᠋ᠠᠭ᠎ᠠ᠎ᠪᠠᠷ ᠨᠡᠢ᠌ᠲᠡᠯᠡᠵᠦ᠂ ᠠᠵᠢᠯ ᠣᠯᠬᠤ᠎ᠳᠤ ᠬᠦᠴᠢᠷᠲᠡᠢ 5 ᠲᠦᠮᠡᠨ ᠬᠥᠮᠥᠨ᠎ᠢ ᠬᠠᠪᠰᠤᠷᠤᠨ ᠲᠡᠳᠬᠦᠵᠦ ᠠᠵᠢᠯ ᠣᠯᠭᠣᠬᠤ ᠵᠢ ᠪᠡᠶᠡᠯᠡᠭᠦᠯᠬᠦ᠎ᠠᠴᠠ ᠪᠥᠬᠥ ᠠᠷᠠᠳ ᠵᠶ᠋ᠠᠷ ᠵᠶ᠋ᠠᠨ ᠳᠠᠭ᠋ᠠᠳᠬᠠᠯ᠎ᠳᠤ ᠣᠷᠣᠯᠴᠠᠬᠤ ᠲᠥᠯᠥᠪᠯᠡᠭᠡ ᠵᠢ ᠭᠦᠨᠵᠡᠭᠡᠢ ᠬᠡᠷᠡᠭᠵᠢᠭᠦᠯᠬᠦ ᠬᠦᠷᠲᠡᠯ᠎ᠡ᠂ ᠰᠢᠨ᠎ᠡ᠎ᠪᠠᠷ 1.5 ᠲᠦᠮᠡᠨ ᠨᠢᠯᠬ᠎ᠠ ᠬᠡᠦᠬᠡᠳ᠎ᠤᠨ ᠨᠠᠢ᠌ᠳᠠᠨ ᠬᠥᠮᠥᠵᠢᠭᠦᠯᠬᠦ ᠪᠠᠢ᠌ᠷᠢ ᠵᠢ ᠨᠡᠮᠡᠭᠳᠡᠭᠦᠯᠵᠦ᠂ 420 ᠺᠢᠯᠣᠮᠧᠲᠷ᠎ᠤᠨ ᠢᠯᠴᠢ ᠬᠠᠩᠭ᠋ᠠᠬᠤ ᠬᠣᠭᠣᠯᠠᠢ ᠵᠢ ᠥᠭᠡᠷᠡᠴᠢᠯᠡᠬᠦ ᠢᠨᠵᠧᠨᠧᠷᠢᠩ ᠬᠦᠷᠲᠡᠯ᠎ᠡ ᠁ ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ 《ᠵᠠᠩᠭᠢᠯᠠᠭ᠎ᠠ ᠵᠢᠨ ᠪᠠᠭ᠎ᠠ ᠶᠠᠪᠤᠳᠠᠯ》᠎ᠨᠢ ᠣᠲᠣ ᠶᠠᠭ ᠠᠷᠠᠳ ᠤᠯᠠᠨ᠎ᠤ 《ᠠᠷᠠᠳ᠎ᠤᠨ ᠠᠮᠢᠳᠤᠷᠠᠯ᠎ᠤᠨ ᠶᠡᠬᠡ ᠶᠠᠪᠤᠳᠠᠯ》 ᠪᠣᠯᠵᠤ ᠪᠠᠢ᠌ᠨ᠎ᠠ᠃
      ᠲᠣᠭ᠎ᠠ ᠪᠦᠷᠢᠳᠬᠡᠯ᠎ᠨᠢ ᠴᠥᠮ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠤ ᠪᠤᠶᠠᠨ ᠵᠢᠷᠭ᠋ᠠᠯ᠎ᠲᠠᠢ ᠨᠢᠭᠲᠠ ᠬᠣᠯᠪᠣᠭ᠎ᠠ᠎ᠲᠠᠢ ᠶᠤᠮ; ᠠᠷᠭ᠎ᠠ ᠬᠡᠮᠵᠢᠶ᠎ᠡ ᠨᠢᠭᠡᠪᠦᠷᠢ᠎ᠨᠢ ᠴᠥᠮ ᠠᠵᠤ ᠠᠬᠤᠢ ᠨᠡᠢ᠌ᠭᠡᠮ᠎ᠤᠨ ᠨᠠᠩ ᠴᠢᠨᠠᠷ ᠰᠠᠢ᠌ᠲᠠᠢ᠂ ᠨᠠᠩ ᠦᠷ᠎ᠡ ᠪᠦᠲᠦᠮᠵᠢ᠎ᠲᠠᠢ᠂ ᠨᠠᠩ ᠲᠥᠪ ᠭᠣᠣᠯᠴᠢ᠂ ᠨᠠᠩ ᠦᠷᠭᠦᠯᠵᠢᠯᠡᠬᠦ᠂ ᠨᠠᠩ ᠠᠮᠤᠷ ᠲᠦᠪᠰᠢᠨ ᠬᠥᠭᠵᠢᠯᠲᠡ ᠵᠢᠨ ᠰᠠᠭᠤᠷᠢ ᠵᠢ ᠲᠠᠰᠤᠷᠠᠯᠲᠠ ᠦᠭᠡᠢ ᠪᠡᠬᠢᠵᠢᠭᠦᠯᠵᠦ ᠪᠠᠢ᠌ᠨ᠎ᠠ᠃
      ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠦᠷᠢᠨ ᠪᠦᠲᠦᠨ᠂ ᠣᠨᠣᠪᠴᠢᠲᠠᠢ᠂ ᠪᠥᠬᠥ ᠲᠠᠯ᠎ᠠ᠎ᠪᠠᠷ ᠲᠤᠭᠤᠰᠢᠯᠠᠭᠤᠯᠤᠨ᠎ᠠ
      ᠶᠡᠷᠦᠩᠬᠡᠢ ᠱᠦᠵᠢ ᠰᠢ ᠵᠢᠨ ᠫᠢᠩ᠎ᠤᠨ 《ᠬᠣᠶᠠᠷ ᠬᠠᠯᠬᠠᠪᠴᠢ》᠂ 《ᠬᠣᠶᠠᠷ ᠰᠠᠭᠤᠷᠢᠨ ᠭᠠᠵᠠᠷ》᠂ 《ᠨᠢᠭᠡ ᠪᠡᠬᠢᠯᠡᠯᠲᠡ》 ᠵᠢᠨ ᠲᠤᠬᠠᠢ ᠪᠠᠢ᠌ᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ᠎ᠨᠢ ᠰᠢᠨ᠎ᠡ ᠴᠠᠭ ᠦᠶ᠎ᠡ ᠵᠢᠨ ᠥᠪᠥᠷ ᠮᠣᠩᠭᠣᠯ᠎ᠤᠨ ᠡᠭᠦᠷᠭᠡ ᠪᠠ ᠬᠠᠷᠢᠭᠤᠴᠠᠯᠭ᠎ᠠ ᠵᠢ ᠲᠣᠳᠣᠷᠬᠠᠢ ᠵᠢᠭ᠋ᠠᠵᠤ᠂ ᠰᠢᠨ᠎ᠡ ᠴᠠᠭ ᠦᠶ᠎ᠡ ᠵᠢᠨ ᠥᠪᠥᠷ ᠮᠣᠩᠭᠣᠯ᠎ᠤᠨ ᠬᠥᠭᠵᠢᠯᠲᠡ ᠵᠢᠨ ᠶᠡᠷᠦᠩᠬᠡᠢ ᠴᠢᠭᠯᠡᠯ᠂ ᠶᠡᠬᠡ ᠪᠠᠢ᠌ᠷᠢᠰᠢᠭᠤᠯᠤᠯᠲᠠ ᠪᠣᠯᠣᠨ᠎ᠠ᠃
      ᠨᠢᠭᠡ ᠵᠢᠯ᠎ᠤᠨ ᠲᠤᠷᠰᠢ᠂ ᠥᠪᠥᠷ ᠮᠣᠩᠭᠣᠯ 《ᠲᠠᠪᠤᠨ ᠶᠡᠬᠡ ᠡᠭᠦᠷᠭᠡ》᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠦᠴᠦ᠎ᠪᠠᠨ ᠬᠠᠮᠲᠤᠳᠬᠠᠵᠤ᠂ ᠡᠬᠡ ᠤᠯᠤᠰ᠎ᠤᠨ ᠤᠮᠠᠷᠠᠲᠤ ᠵᠢᠨ ᠡᠨᠡᠬᠦ ᠦᠵᠡᠮᠵᠢ ᠵᠢᠨ ᠣᠷᠣᠨ᠎ᠢ ᠨᠡᠩ ᠦᠵᠡᠰᠬᠦᠯᠡᠩᠲᠦ ᠰᠠᠢ᠌ᠬᠠᠨ ᠪᠣᠯᠭ᠋ᠠᠨ ᠪᠦᠲᠦᠭᠡᠨ ᠪᠠᠢ᠌ᠭᠤᠯᠪᠠ —
      《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠢ ᠳᠠᠢ᠌ᠯᠠᠯᠳᠤᠭ᠋ᠠᠨ᠎ᠢ ᠪᠦᠬᠦ ᠲᠠᠯ᠎ᠠ᠎ᠪᠠᠷ ᠬᠢᠵᠦ᠂ ᠪᠦᠬᠦ ᠵᠢᠯ᠎ᠳᠤ 950 ᠲᠦᠮᠡᠨ ᠮᠦ᠍ ᠡᠯᠡᠰᠦ ᠵᠢ ᠰᠡᠷᠭᠡᠢ᠌ᠯᠡᠨ ᠵᠠᠰᠠᠵᠤ᠂ 556 ᠲᠦᠮᠡᠨ ᠮᠦ᠍ ᠣᠢ᠌ᠵᠢᠭᠤᠯᠵᠤ᠂ 1817 ᠲᠦᠮᠡᠨ ᠮᠦ᠍ ᠡᠪᠡᠰᠦ ᠲᠠᠷᠢᠵᠤ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠣᠨ 《ᠤᠯᠠᠭ᠋ᠠᠨᠰᠤᠬᠠᠢ ᠨᠠᠭᠤᠷ᠂ ᠳᠠᠭ᠎ᠠ ᠵᠢᠨ ᠨᠠᠭᠤᠷ᠂ ᠬᠥᠯᠥᠨ ᠨᠠᠭᠤᠷ》᠂ ᠴᠠᠭ᠋ᠠᠨᠨᠠᠭᠤᠷ᠎ᠤᠨ ᠶᠡᠷᠦᠩᠬᠡᠢ᠌ᠯᠡᠭᠰᠡᠨ ᠵᠠᠰᠠᠯᠲᠠ ᠵᠢ ᠭᠦᠨᠵᠡᠭᠡᠢ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠨᠡᠩ ᠪᠠᠲᠤ ᠪᠡᠬᠢ ᠪᠣᠯᠭ᠋ᠠᠵᠠᠢ;
      ᠭᠣᠣᠯᠳᠠᠯᠭ᠎ᠠ᠎ᠲᠠᠢ ᠬᠦᠷᠢᠶᠡᠨ᠎ᠤ ᠠᠶᠤᠯ ᠲᠦᠭᠰᠢᠭᠦᠷᠢ ᠵᠢ ᠬᠦᠴᠦᠯᠡᠨ ᠰᠡᠷᠭᠡᠢ᠌ᠯᠡᠨ ᠠᠷᠢᠯᠭ᠋ᠠᠵᠤ᠂ 10 ᠭᠠᠵᠠᠷ ᠣᠷᠣᠨ᠎ᠤ ᠥᠷᠢ ᠥᠭᠴᠡᠭᠡᠨ᠎ᠤ ᠠᠶᠤᠯ ᠲᠦᠭᠰᠢᠭᠦᠷᠢ ᠵᠢᠨ ᠤᠯᠠᠪᠤᠷ ᠥᠩᠭᠡ ᠵᠢᠨ ᠲᠡᠰ᠎ᠠᠴᠠ ᠤᠬᠤᠷᠢᠨ ᠭᠠᠷᠴᠤ᠂ ᠨᠡᠢ᠌ᠭᠡᠮ᠎ᠤᠨ ᠶᠡᠬᠡ ᠲᠠᠯ᠎ᠠ ᠵᠢᠨ ᠲᠣᠭᠲᠠᠭᠤᠨ ᠪᠠᠶ᠋ᠢᠳᠠᠯ᠎ᠢ ᠪᠠᠲᠤᠯᠠᠵᠤ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠨᠡᠩ ᠪᠠᠲᠤ ᠪᠡᠬᠢ ᠪᠣᠯᠭ᠋ᠠᠪᠠ᠃
      ᠡᠬᠢ ᠪᠠᠶᠠᠯᠢᠭ᠎ᠢ ᠭᠦᠨ ᠠᠭᠤᠳᠠᠯᠵᠤ ᠨᠡᠭᠡᠭᠡᠨ ᠬᠥᠭᠵᠢᠭᠦᠯᠵᠦ ᠤᠯᠠᠷᠢᠭᠤᠯᠤᠨ ᠠᠰᠢᠭᠯᠠᠵᠤ᠂ 12.2 ᠳ᠋ᠦᠩᠰᠢᠭᠤᠷ ᠲᠣᠨ ᠨᠡᠭᠦᠷᠡᠰᠦ ᠦᠢ᠍ᠯᠡᠳᠪᠦᠷᠢᠯᠡᠵᠦ᠂ 9.45 ᠳ᠋ᠦᠩᠰᠢᠭᠤᠷ ᠲᠣᠨ ᠬᠠᠩᠭ᠋ᠠᠯᠭ᠎ᠠ ᠵᠢ ᠪᠠᠲᠤᠯᠠᠵᠤ᠂ ᠴᠠᠬᠢᠯᠭ᠋ᠠᠨ ᠬᠦᠴᠦᠨ᠎ᠤ ᠶᠡᠷᠦᠩᠬᠡᠢ ᠮᠠᠰᠢᠨ ᠴᠣᠭᠴᠠᠯᠠᠪᠤᠷᠢ 2 ᠳ᠋ᠦᠩᠰᠢᠭᠤᠷ ᠺᠢᠯᠣᠸᠠᠲ᠎ᠢ ᠳᠠᠪᠠᠵᠤ᠂ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ 9300 ᠲᠦᠮᠡᠨ ᠺᠢᠯᠣᠸᠠᠲ᠎ᠲᠤ ᠬᠦᠷᠴᠦ᠂ ᠤᠯᠤᠰ᠎ᠤᠨ ᠴᠢᠬᠤᠯᠠ ᠡᠨᠧᠷᠭᠢ ᠵᠢᠨ ᠰᠤᠷᠪᠤᠯᠵᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠨᠠᠩ ᠡᠷᠴᠢᠮᠲᠡᠢ ᠬᠦᠴᠦᠲᠡᠢ ᠪᠣᠯᠪᠠ;
      ᠭᠠᠵᠠᠷ᠂ ᠤᠰᠤ᠂ ᠡᠭᠦᠯᠳᠡᠷ ᠵᠡᠷᠭᠡ ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠡᠯᠧᠮᠧᠨ᠋ᠲ᠎ᠤᠨ ᠪᠠᠲᠤᠯᠠᠭ᠎ᠠ ᠵᠢ ᠴᠢᠩᠭ᠋ᠠᠳᠬᠠᠵᠤ᠂ ᠠᠮᠤ ᠪᠤᠳᠠᠭ᠋ᠠᠨ᠎ᠤ ᠤᠨᠠᠯᠲᠠ 791.6 ᠳ᠋ᠦᠩᠰᠢᠭᠤᠷ ᠵᠢᠩ᠎ᠳᠤ ᠬᠦᠷᠴᠦ᠂ 500 ᠭᠠᠷᠤᠢ ᠳ᠋ᠦᠩᠰᠢᠭᠤᠷ ᠵᠢᠩ ᠭᠠᠳᠠᠭᠰᠢ ᠰᠢᠯᠵᠢᠭᠦᠯᠦᠨ᠂ ᠭᠣᠣᠯ ᠪᠣᠯᠬᠤ ᠮᠢᠬᠠᠨ᠎ᠤ ᠵᠦᠢ᠍ᠯ᠂ ᠦᠨᠢᠶᠡᠨ ᠰᠦ᠍ ᠵᠢᠨ ᠭᠠᠷᠤᠯᠲᠠ ᠴᠥᠮ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠴᠦ᠂ ᠤᠯᠤᠰ᠎ᠤᠨ ᠴᠢᠬᠤᠯᠠ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ ᠨᠠᠩ ᠲᠣᠭ᠎ᠠ ᠬᠡᠮᠵᠢᠶ᠎ᠡ᠎ᠪᠠᠷ ᠶᠡᠬᠡ ᠶᠠᠰᠤ ᠴᠢᠨᠠᠷ ᠵᠶ᠋ᠠᠷ ᠰᠢᠯᠢᠳᠡᠭ ᠪᠣᠯᠪᠠ;
      ᠨᠡᠭᠡᠭᠡᠯᠲᠡᠲᠤ ᠮᠠᠶᠢᠭ᠎ᠤᠨ ᠠᠵᠤ ᠠᠬᠤᠢ ᠵᠢ ᠲᠦᠷᠭᠡᠪᠴᠢᠯᠡᠨ ᠬᠥᠭᠵᠢᠭᠦᠯᠵᠦ᠂ ᠪᠣᠭᠣᠮᠲᠠ ᠵᠢᠨ ᠪᠠᠷᠠᠭ᠎ᠠ ᠲᠡᠭᠡᠭᠡᠪᠦᠷᠢ ᠵᠢᠨ ᠬᠡᠮᠵᠢᠶ᠎ᠡ 1 ᠳ᠋ᠦᠩᠰᠢᠭᠤᠷ ᠲᠣᠨ᠎ᠢ ᠳᠠᠪᠠᠵᠤ᠂ ᠭᠠᠳᠠᠭ᠋ᠠᠳᠤ ᠠᠷᠠᠯᠵᠢᠶᠠᠨ᠎ᠤ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠶᠡᠷᠦᠩᠬᠡᠢ ᠬᠡᠮᠵᠢᠶ᠎ᠡ 30.4%᠎ᠪᠠᠷ ᠨᠡᠮᠡᠭᠳᠡᠨ᠂ ᠳᠤᠮᠳᠠᠳᠤ ᠡᠸᠦ᠋ᠷᠦᠫᠡ᠎ᠳᠤ ᠬᠦᠷᠬᠦ ᠡᠭᠡᠯᠵᠢᠨ᠎ᠤ ᠭᠠᠯᠲᠤ ᠲᠡᠷᠭᠡ 73.7%᠎ᠪᠠᠷ ᠨᠡᠮᠡᠭᠳᠡᠵᠦ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠤ ᠭᠤᠷᠪᠠᠯᠵᠢᠨ ᠬᠣᠢ᠌ᠭ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠤᠯᠤᠩ᠎ᠤᠨ ᠣᠷᠣᠨ ᠵᠡᠷᠭᠡ᠎ᠯᠦᠭᠡ ᠵᠢᠨ ᠰᠣᠯᠢᠯᠴᠠᠭ᠎ᠠ ᠬᠠᠮᠲᠤᠷᠠᠯᠴᠠᠭ᠎ᠠ ᠨᠡᠩ ᠨᠢᠭᠲᠠ ᠪᠣᠯᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠨᠡᠩ ᠥᠷᠨᠢᠭᠦᠨ ᠬᠥᠭᠵᠢᠪᠡ᠃
      《ᠪᠢᠳᠡ ᠠᠵᠢᠯ ᠬᠢᠵᠦ ᠦᠢ᠍ᠯᠡᠰ ᠪᠣᠰᠬᠠᠬᠤ᠎ᠳᠠᠭᠠᠨ ᠮᠣᠩᠭᠣᠯ ᠮᠣᠷᠢ ᠰᠢᠭ᠋ ᠵᠶ᠋ᠡᠷ ᠵᠣᠪᠠᠭᠤᠷᠢ ᠵᠦᠳᠡᠭᠦᠷᠢ ᠵᠢ ᠲᠡᠰᠪᠦᠷᠢᠯᠡᠬᠦ᠂ ᠴᠤᠴᠠᠯᠲᠠ ᠦᠭᠡᠢ ᠤᠷᠤᠭᠰᠢᠯᠠᠬᠤ ᠵᠣᠷᠢᠭ ᠰᠠᠨᠠᠭ᠎ᠠ᠎ᠲᠠᠢ ᠪᠠᠶ᠋ᠢᠬᠤ ᠬᠡᠷᠡᠭᠲᠡᠢ》 ᠭᠡᠬᠦ ᠴᠢᠩ ᠰᠡᠳᠬᠢᠯ᠎ᠤᠨ ᠨᠠᠢ᠌ᠳᠠᠯᠭ᠎ᠠ ᠵᠢ ᠮᠥᠨ ᠯᠡ ᠴᠢᠬᠢᠨ᠎ᠳᠤ ᠬᠠᠳᠠᠩᠰᠢᠭᠤᠯᠤᠨ᠎ᠠ᠃
      ᠤᠮᠠᠷᠠᠲᠤ ᠬᠢᠯᠢ᠎ᠳᠤ ᠮᠣᠩᠭᠣᠯ ᠮᠣᠷᠢ ᠳᠠᠪᠬᠢᠯᠳᠤᠨ᠂ ᠬᠤᠷᠳᠤᠨ ᠮᠣᠷᠢᠨ᠎ᠳᠤ ᠲᠠᠰᠢᠭᠤᠷ ᠨᠡᠮᠡᠨ᠎ᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠤᠷᠠᠯ᠎ᠠᠴᠠ ᠰᠢᠨ᠎ᠡ ᠠᠶᠠᠨ ᠵᠠᠮ᠎ᠳᠠᠭᠠᠨ᠂ ᠥᠪᠥᠷ ᠮᠣᠩᠭᠣᠯ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠬᠥᠭᠵᠢᠯᠲᠡ ᠵᠢᠨ ᠶᠠᠰᠤ ᠴᠢᠨᠠᠷ ᠦᠷ᠎ᠡ ᠠᠰᠢᠭ᠎ᠢ ᠴᠢᠬᠤᠯᠠᠴᠢᠯᠠᠬᠤ᠂ ᠠᠵᠢᠯ ᠶᠠᠪᠤᠳᠠᠯ ᠬᠢᠬᠦ᠎ᠳᠤ ᠲᠡᠷᠢᠭᠦᠨ᠎ᠳᠤ ᠣᠷᠣᠬᠤ᠎ᠪᠠᠷ ᠡᠷᠡᠯᠬᠡᠭᠯᠡᠨ ᠲᠡᠮᠡᠴᠡᠬᠦ᠂ ᠠᠵᠢᠯ ᠵᠶ᠋ᠠᠨ ᠬᠠᠷᠠᠬᠠᠨ ᠨᠠᠢ᠌ᠳᠠᠪᠤᠷᠢᠵᠢᠭᠤᠯᠵᠤ ᠪᠠᠢ᠌ᠭ᠎ᠠ ᠰᠠᠢ᠍ᠢ᠍ᠨ ᠣᠷᠴᠢᠯ᠎ᠢ ᠪᠤᠢ ᠪᠣᠯᠭ᠋ᠠᠬᠤ ᠵᠢ ᠠᠬᠢᠭᠤᠯᠵᠤ᠂ ᠤᠯᠤᠰ᠎ᠤᠨ ᠠᠮᠢ ᠠᠬᠤᠢ᠂ ᠡᠨᠧᠷᠭᠢ᠂ ᠠᠮᠤ ᠪᠤᠳᠠᠭ᠎ᠠ᠂ ᠠᠵᠤ ᠦᠢ᠍ᠯᠡᠰ ᠪᠣᠯᠣᠨ ᠬᠢᠯᠢ ᠬᠢᠵᠠᠭ᠋ᠠᠷ᠎ᠤᠨ ᠠᠮᠤᠷ ᠲᠦᠪᠰᠢᠨ᠎ᠢ ᠪᠠᠲᠤᠯᠠᠬᠤ ᠴᠢᠳᠠᠪᠬᠢ ᠵᠢ ᠦᠨᠡᠨᠬᠦ ᠳᠡᠭᠡᠭᠰᠢᠯᠡᠭᠦᠯᠵᠦ᠂ ᠪᠦᠬᠦ ᠤᠯᠤᠰ᠎ᠤᠨ ᠴᠢᠨᠠᠷ ᠰᠠᠢ᠌ᠲᠠᠢ ᠬᠥᠭᠵᠢᠯᠲᠡ᠎ᠳᠤ ᠦᠢ᠍ᠯᠡᠴᠢᠯᠡᠵᠦ ᠪᠠᠲᠤᠯᠠᠬᠤ ᠵᠢᠨ ᠴᠢᠬᠤᠯᠠ ᠲᠤᠯᠭ᠋ᠠᠭᠤᠷᠢᠯᠠᠯ᠎ᠢ ᠴᠣᠭᠴᠠᠯᠠᠵᠤ᠂ ᠰᠢᠨ᠎ᠡ ᠵᠢᠳᠬᠦᠯ ᠴᠢᠷᠮᠠᠢ᠌ᠯᠭ᠎ᠠ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠲᠠᠰᠤᠷᠠᠯᠲᠠ ᠦᠭᠡᠢ ᠪᠢᠴᠢᠭᠯᠡᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠥᠪ ᠲᠠᠯ᠎ᠠ ᠵᠢᠨ ᠨᠠᠷᠢᠨ ᠳᠠᠩᠰᠠ ᠵᠢᠨ ᠬᠠᠮᠢᠶᠠᠷᠤᠯᠲᠠ ᠵᠢᠨ ᠳᠦᠷᠢᠮ》᠎ᠢ ᠬᠡᠪᠯᠡᠨ ᠳᠠᠷᠤᠮᠯᠠᠬᠤ ᠲᠤᠬᠠᠢ ᠮᠡᠳᠡᠭᠳᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠦᠷᠢᠶ᠎ᠡ ᠴᠠᠷᠠᠭ᠎ᠠ ᠵᠢᠨ 〈ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ〉 ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠬᠡᠷᠡᠭᠵᠢᠭᠦᠯᠬᠦ ᠨᠠᠷᠢᠨ ᠳᠦᠷᠢᠮ》᠎ᠢ ᠳᠠᠷᠤᠮᠠᠯᠯᠠᠨ ᠪᠠᠭᠤᠯᠭ᠋ᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠮᠡᠳᠡᠭᠳᠡᠯ
ᠰᠢ ᠵᠢᠨ ᠫᠢᠩ᠄ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢ᠌ᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭ᠋ᠠᠯ》᠎ᠤᠨ ᠲᠤᠬᠠᠢ ᠲᠣᠳᠣᠷᠬᠠᠢ᠌ᠯᠠᠯᠲᠠ
ᠳᠠᠯᠠᠳ ᠬᠣᠰᠢᠭᠤᠨ᠎ᠤ 100 ᠲᠦᠮᠡᠨ ᠺᠢᠯᠣᠸᠠᠲ᠎ᠤᠨ ᠠᠭᠤᠷᠬᠠᠢ ᠵᠢᠨ ᠣᠷᠣᠨ᠎ᠤ ᠭᠡᠷᠡᠯ ᠸᠣᠯᠲ + ᠡᠨᠧᠷᠭᠢ ᠬᠠᠳᠠᠭ᠋ᠠᠯᠠᠬᠤ ᠲᠥᠷᠥᠯ ᠵᠦᠢ᠍ᠯ (ᠭᠡᠷᠡᠯ ᠸᠣᠯᠲ᠎ᠤᠨ ᠬᠡᠰᠡᠭ)᠎ᠤᠨ ᠲᠣᠣᠷ᠎ᠲᠤ ᠵᠠᠯᠭ᠋ᠠᠬᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠴᠣᠬᠣᠯᠠᠪᠤᠷᠢ
ᠢᠦᠢ ᠵᠢᠩ ᠰᠢᠨᠵᠢᠯᠡᠬᠦ ᠤᠬᠠᠭᠠ ᠲᠧᠭᠨᠢᠭ ᠮᠡᠷᠭᠡᠵᠢᠯ᠎ᠤᠨ ᠣᠨᠴᠠ ᠲᠥᠷᠥᠯ᠎ᠤᠨ ᠰᠢᠯ᠎ᠢ ᠶᠡᠷᠦᠩᠬᠡᠢ᠌ᠯᠡᠨ ᠠᠰᠢᠭᠯᠠᠬᠤ ᠲᠥᠷᠥᠯ ᠵᠦᠢ᠍ᠯ᠎ᠤᠨ 110 ᠺᠢᠯᠣᠸᠠᠲ᠎ᠤᠨ ᠴᠠᠬᠢᠯᠭ᠋ᠠᠨ ᠬᠠᠩᠭ᠋ᠠᠬᠤ ᠱᠤᠭᠤᠮ᠎ᠤᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ  ᠲᠣᠭᠣᠷᠢᠨ᠎ᠤ ᠲᠢᠩᠬᠢᠮ᠎ᠤᠨ ᠴᠣᠬᠣᠯᠠᠪᠤᠷᠢ
 
             蒙ICP备05000248号