ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠥᠪ ᠲᠠᠯ᠎ᠠ ᠵᠢᠨ ᠨᠠᠷᠢᠨ ᠳᠠᠩᠰᠠ ᠵᠢᠨ ᠬᠠᠮᠢᠶᠠᠷᠤᠯᠲᠠ ᠵᠢᠨ ᠳᠦᠷᠢᠮ》᠎ᠢ ᠬᠡᠪᠯᠡᠨ ᠳᠠᠷᠤᠮᠯᠠᠬᠤ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2024-08-23

      ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ᠂ ᠬᠢᠨᠠᠯᠲᠠ ᠬᠠᠮᠢᠶᠠᠷᠤᠯᠲᠠ ᠵᠢᠨ ᠣᠢ᠌ᠯᠠᠭ᠋ᠠᠭᠳᠠᠬᠤᠨ ᠵᠶ᠋ᠠᠨ ᠬᠤᠪᠢᠷᠠᠭᠤᠯᠬᠤ᠂ ᠬᠠᠤᠯᠢ ᠬᠡᠷᠡᠭᠵᠢᠭᠦᠯᠬᠦ ᠠᠷᠭ᠎ᠠ ᠮᠠᠶᠢᠭ ᠵᠶ᠋ᠠᠨ ᠰᠢᠯᠢᠳᠡᠭᠵᠢᠭᠦᠯᠬᠦ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠠᠮᠢ ᠠᠬᠤᠢ ᠣᠷᠴᠢᠨ ᠲᠣᠭᠣᠷᠢᠨ᠎ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠥᠪ ᠲᠠᠯ᠎ᠠ ᠵᠢᠨ ᠨᠠᠷᠢᠨ ᠲᠠᠩᠰᠠ ᠵᠢᠨ ᠬᠠᠮᠢᠶᠠᠷᠤᠯᠲᠠ᠂ ᠠᠮᠢ ᠠᠬᠤᠢ ᠣᠷᠴᠢᠨ ᠲᠣᠭᠣᠷᠢᠨ᠎ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠥᠪ ᠲᠠᠯ᠎ᠠ ᠵᠢᠨ ᠨᠠᠷᠢᠨ ᠲᠠᠩᠰᠠ ᠵᠢ ᠪᠠᠢ᠌ᠩᠭᠤᠵᠢᠭᠤᠯᠵᠤ ᠳᠦᠷᠢᠮᠵᠢᠭᠦᠯᠬᠦ ᠵᠢ ᠠᠬᠢᠭᠤᠯᠵᠤ᠂ ᠬᠠᠤᠯᠢ ᠬᠡᠷᠡᠭᠵᠢᠭᠦᠯᠬᠦ ᠦᠢ᠍ᠯᠡᠳᠦᠯ ᠴᠢᠳᠠᠪᠤᠷᠢ᠎ᠪᠠᠨ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠯᠪᠠᠨ ᠲᠢᠩᠬᠢᠮ᠎ᠤᠨ 《ᠠᠮᠢ ᠠᠬᠤᠢ ᠣᠷᠴᠢᠨ ᠲᠣᠭᠣᠷᠢᠨ᠎ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠥᠪ ᠲᠠᠯ᠎ᠠ ᠵᠢᠨ ᠨᠠᠷᠢᠨ ᠲᠠᠩᠰᠠ ᠵᠢᠨ ᠬᠠᠮᠢᠶᠠᠷᠤᠯᠲᠠ ᠵᠢ ᠴᠢᠩᠭ᠋ᠠᠳᠬᠠᠵᠤ ᠵᠦᠷᠢᠶᠡᠴᠢᠯᠡᠭᠰᠡᠨ ᠬᠠᠤᠯᠢ ᠬᠡᠷᠡᠭᠵᠢᠭᠦᠯᠦᠯᠲᠡ ᠵᠢᠨ ᠬᠢᠨᠠᠯᠲᠠ ᠬᠠᠮᠢᠶᠠᠷᠤᠯᠲᠠ ᠵᠢ ᠠᠬᠢᠭᠤᠯᠬᠤ ᠲᠤᠬᠠᠢ ᠵᠢᠯᠤᠭᠣᠳᠬᠤ ᠰᠠᠨᠠᠯ》 (ᠣᠷᠴᠢᠨ ᠲᠣᠭᠣᠷᠢᠨ᠎ᠤ ᠠᠯᠪᠠᠨ ᠭᠡᠷ᠎ᠤᠨ ᠬᠠᠤᠯᠢ ᠬᠡᠷᠡᠭᠵᠢᠭᠦᠯᠬᠦ [2021] 10 ᠲᠣᠭ᠋ᠠᠲᠤ)᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯ᠎ᠤᠨ ᠪᠣᠳᠠᠲᠠᠢ᠎ᠲᠠᠢ ᠤᠶᠠᠯᠳᠤᠭᠤᠯᠤᠨ᠂ ᠮᠠᠨ᠎ᠤ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠥᠪ ᠲᠠᠯ᠎ᠠ ᠵᠢᠨ ᠨᠠᠷᠢᠨ ᠲᠠᠩᠰᠠ ᠵᠢᠨ ᠬᠠᠮᠢᠶᠠᠷᠤᠯᠲᠠ ᠵᠢᠨ ᠳᠦᠷᠢᠮ》᠎ᠢ ᠲᠣᠭᠲᠠᠭ᠋ᠠᠪᠠ᠃ ᠣᠲᠣ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠬᠢᠨᠠᠮᠠᠭ᠋ᠠᠢ ᠬᠡᠷᠡᠭᠵᠢᠭᠦᠯᠲᠦᠭᠡᠢ᠃
      ᠬᠠᠷᠢᠯᠴᠠᠬᠤ ᠬᠥᠮᠥᠨ᠄ ᠰᠤᠷᠤᠨ᠎ᠠ
      ᠬᠠᠷᠢᠯᠴᠠᠬᠤ ᠤᠲᠠᠰᠤ᠄ 0471-4632185
             ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ
                        2024 ᠣᠨ᠎ᠤ 7 ᠰᠠᠷ᠎ᠠ ᠵᠢᠨ 18


      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠥᠪ ᠲᠠᠯ᠎ᠠ ᠵᠢᠨ ᠨᠠᠷᠢᠨ ᠲᠠᠩᠰᠠ ᠵᠢᠨ ᠬᠠᠮᠢᠶᠠᠷᠤᠯᠲᠠ ᠵᠢᠨ ᠳᠦᠷᠢᠮ
      ᠨᠢᠭᠡᠳᠦᠭᠡᠷ ᠪᠦᠯᠦᠭ ᠶᠡᠷᠦᠩᠬᠡᠢ ᠳᠦᠷᠢᠮ
      ᠨᠢᠭᠡᠳᠦᠭᠡᠷ ᠵᠦᠢ᠍ᠯ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠬᠢᠨᠠᠯᠲᠠ ᠬᠠᠮᠢᠶᠠᠷᠤᠯᠲᠠ ᠵᠢᠨ ᠣᠢ᠌ᠯᠠᠭ᠋ᠠᠭᠳᠠᠬᠤᠨ ᠵᠶ᠋ᠠᠨ ᠬᠤᠪᠢᠷᠠᠭᠤᠯᠵᠤ᠂ ᠬᠠᠤᠯᠢ ᠬᠡᠷᠡᠭᠵᠢᠭᠦᠯᠬᠦ ᠠᠷᠭ᠎ᠠ ᠮᠠᠶᠢᠭ ᠵᠶ᠋ᠠᠨ ᠰᠢᠯᠢᠳᠡᠭᠵᠢᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠥᠪ ᠲᠠᠯ᠎ᠠ ᠵᠢᠨ ᠨᠠᠷᠢᠨ ᠲᠠᠩᠰᠠ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠠᠮᠢ ᠠᠬᠤᠢ ᠣᠷᠴᠢᠨ ᠲᠣᠭᠣᠷᠢᠨ᠎ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠥᠪ ᠲᠠᠯ᠎ᠠ ᠵᠢᠨ ᠨᠠᠷᠢᠨ ᠲᠠᠩᠰᠠ ᠵᠢ ᠪᠠᠢ᠌ᠩᠭᠤᠵᠢᠭᠤᠯᠬᠤ᠂ ᠳᠦᠷᠢᠮᠵᠢᠭᠦᠯᠬᠦ ᠵᠢ ᠠᠬᠢᠭᠤᠯᠵᠤ᠂ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ ᠵᠢ ᠪᠥᠬᠥ ᠲᠠᠯ᠎ᠠ᠎ᠪᠠᠷ ᠳᠡᠬᠡᠭᠰᠢᠯᠡᠬᠦᠯᠬᠦ ᠵᠢᠨ ᠲᠥᠯᠥᠭᠡ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠯᠪᠠᠨ ᠲᠢᠩᠬᠢᠮ 《ᠠᠮᠢ ᠠᠬᠤᠢ ᠣᠷᠴᠢᠨ ᠲᠣᠭᠣᠷᠢᠨ᠎ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠥᠪ ᠲᠠᠯ᠎ᠠ ᠵᠢᠨ ᠨᠠᠷᠢᠨ ᠲᠠᠩᠰᠠ ᠵᠢᠨ ᠬᠠᠮᠢᠶᠠᠷᠤᠯᠲᠠ ᠵᠢ ᠴᠢᠩᠭ᠋ᠠᠳᠬᠠᠵᠤ ᠵᠦᠷᠢᠶᠡᠴᠢᠯᠡᠭᠰᠡᠨ ᠬᠠᠤᠯᠢ ᠬᠡᠷᠡᠭᠵᠢᠭᠦᠯᠦᠯᠲᠡ ᠵᠢᠨ ᠬᠢᠨᠠᠯᠲᠠ ᠬᠠᠮᠢᠶᠠᠷᠤᠯᠲᠠ ᠵᠢ ᠠᠬᠢᠭᠤᠯᠬᠤ ᠲᠤᠬᠠᠢ ᠵᠢᠯᠤᠭᠣᠳᠬᠤ ᠰᠠᠨᠠᠯ》 (ᠣᠷᠴᠢᠨ ᠲᠣᠭᠣᠷᠢᠨ᠎ᠤ ᠲᠢᠩᠬᠢᠮ᠎ᠤᠨ ᠠᠯᠪᠠᠨ ᠭᠡᠷ᠎ᠤᠨ ᠬᠠᠤᠯᠢ ᠬᠡᠷᠡᠭᠵᠢᠭᠦᠯᠬᠦ [2021] 10 ᠲᠣᠭ᠋ᠠᠲᠤ)᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠣᠰ ᠳᠦᠷᠢᠮ᠎ᠢ ᠲᠣᠭᠲᠠᠭ᠋ᠠᠪᠠ᠃
      ᠬᠣᠶᠠᠳᠤᠭ᠋ᠠᠷ ᠵᠦᠢ᠍ᠯ ᠲᠣᠰ ᠳᠦᠷᠢᠮ᠎ᠳᠤ ᠬᠡᠯᠡᠵᠦ ᠪᠠᠢ᠌ᠭ᠎ᠠ ᠠᠮᠢ ᠠᠬᠤᠢ ᠣᠷᠴᠢᠨ ᠲᠣᠭᠣᠷᠢᠨ᠎ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠥᠪ ᠲᠠᠯ᠎ᠠ ᠵᠢᠨ ᠨᠠᠷᠢᠨ ᠲᠠᠩᠰᠠ (ᠳᠣᠷᠣᠭᠰᠢ 《ᠵᠥᠪ ᠲᠠᠯ᠎ᠠ ᠵᠢᠨ ᠨᠠᠷᠢᠨ ᠲᠠᠩᠰᠠ》 ᠭᠡᠵᠦ ᠳᠥᠭᠥᠮᠴᠢᠯᠡᠨ᠎ᠡ) ᠭᠡᠳᠡᠭ᠎ᠨᠢ ᠠᠮᠢ ᠠᠬᠤᠢ ᠣᠷᠴᠢᠨ ᠲᠣᠭᠣᠷᠢᠨ᠎ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯᠯᠠᠭ᠎ᠠ ᠳᠤᠮᠳᠠ᠂ ᠨᠥᠬᠥᠴᠡᠯ᠎ᠳᠤ ᠨᠡᠶ᠋ᠢᠴᠡᠬᠦ ᠠᠵᠤ ᠠᠬᠤᠢ᠌ᠯᠠᠯ ᠪᠣᠯᠣᠨ ᠳᠦᠷᠦᠯ ᠵᠦᠢ᠍ᠯ᠎ᠢ ᠰᠢᠯᠢᠨ ᠰᠣᠩᠭᠣᠬᠤ᠎ᠳᠤ ᠲᠤᠬᠠᠢ ᠵᠢᠨ ᠲᠠᠯᠠᠪᠠᠢ ᠵᠢᠨ ᠪᠠᠢ᠌ᠴᠠᠭ᠋ᠠᠯᠲᠠ ᠵᠢ ᠪᠠᠭ᠋ᠠᠰᠬᠠᠬᠤ᠂ ᠬᠡᠯᠲᠦᠷᠢᠭᠦᠯᠬᠦ ᠪᠠ ᠬᠠᠪᠰᠤᠷᠤᠨ ᠲᠡᠳᠬᠦᠬᠦ ᠵᠢ ᠴᠢᠩᠭ᠋ᠠᠳᠬᠠᠬᠤ ᠵᠡᠷᠭᠡ ᠵᠥᠪ ᠴᠢᠭᠯᠡᠯ᠎ᠤᠨ ᠤᠷᠮᠠᠰᠢᠭᠤᠯᠬᠤ ᠠᠷᠭ᠎ᠠ ᠬᠡᠮᠵᠢᠶ᠎ᠡ ᠠᠪᠤᠭᠰᠠᠨ ᠨᠠᠷᠢᠨ ᠲᠠᠩᠰᠠ ᠵᠢ ᠵᠢᠭ᠋ᠠᠵᠤ ᠪᠤᠢ᠃
      ᠭᠤᠷᠪᠠᠳᠤᠭ᠋ᠠᠷ ᠵᠦᠢ᠍ᠯ ᠵᠥᠪ ᠲᠠᠯ᠎ᠠ ᠵᠢᠨ ᠲᠣᠳᠣᠷᠬᠠᠢ ᠲᠠᠩᠰᠠ ᠵᠢᠨ ᠳᠦᠷᠢᠮ᠎ᠢ ᠬᠡᠷᠡᠭᠵᠢᠭᠦᠯᠵᠦ᠂ ᠠᠵᠤ ᠠᠬᠤᠢ᠌ᠯᠠᠯ᠎ᠤᠨ ᠤᠬᠠᠮᠰᠠᠷ᠎ᠠᠴᠠ᠎ᠪᠠᠨ ᠬᠠᠤᠯᠢ ᠵᠢ ᠰᠠᠬᠢᠬᠤ ᠵᠢ ᠬᠥᠲᠥᠯᠥᠨ ᠵᠢᠯᠤᠭᠣᠳᠬᠤ ᠪᠠ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠢ ᠴᠢᠩᠭ᠋ᠠᠳᠬᠠᠬᠤ ᠵᠢ ᠵᠡᠷᠭᠡ᠎ᠪᠠᠷ ᠴᠢᠬᠤᠯᠠᠴᠢᠯᠠᠬᠤ ᠵᠠᠷᠴᠢᠮ᠎ᠢ ᠪᠠᠷᠢᠮᠲᠠᠯᠠᠵᠤ᠂ ᠴᠢᠩᠭ᠎ᠠ ᠵᠢᠷᠤᠮᠵᠢᠭᠤᠨ ᠬᠠᠤᠯᠢ ᠬᠡᠷᠡᠭᠵᠢᠭᠦᠯᠬᠦ ᠪᠠ ᠣᠨᠣᠴᠠᠲᠠᠢ ᠬᠠᠪᠰᠤᠷᠤᠨ ᠲᠡᠳᠬᠦᠬᠦ ᠵᠢ ᠤᠶᠠᠯᠳᠤᠭᠤᠯᠬᠤ ᠵᠠᠷᠴᠢᠮ᠎ᠢ ᠪᠠᠷᠢᠮᠲᠠᠯᠠᠵᠤ᠂ ᠨᠢᠭᠡᠳᠦᠯᠲᠡᠢ ᠬᠢᠨᠠᠨ ᠬᠠᠮᠢᠶᠠᠷᠬᠤ ᠪᠠᠷᠢᠮᠵᠢᠶ᠎ᠠ ᠪᠣᠯᠣᠨ ᠵᠦᠷᠢᠶᠡᠴᠢᠯᠡᠭᠰᠡᠨ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠵᠢ ᠤᠶᠠᠯᠳᠤᠭᠤᠯᠬᠤ ᠵᠠᠷᠴᠢᠮ᠎ᠢ ᠪᠠᠷᠢᠮᠲᠠᠯᠠᠨ᠎ᠠ᠃
      ᠳᠥᠷᠪᠡᠳᠦᠭᠡᠷ ᠵᠦᠢ᠍ᠯ ᠲᠣᠰ ᠳᠦᠷᠢᠮ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠠᠮᠢ ᠠᠬᠤᠢ ᠣᠷᠴᠢᠨ ᠲᠣᠭᠣᠷᠢᠨ᠎ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯᠯᠠᠭ᠎ᠠ᠎ᠳᠤ ᠬᠡᠷᠡᠭᠯᠡᠨ᠎ᠡ᠃
      ᠬᠣᠶᠠᠳᠤᠭ᠋ᠠᠷ ᠪᠦᠯᠦᠭ ᠨᠠᠷᠢᠨ ᠲᠠᠩᠰᠠ ᠵᠢᠨ ᠬᠠᠮᠢᠶᠠᠷᠤᠯᠲᠠ
      ᠲᠠᠪᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠲᠣᠰ ᠵᠠᠰᠠᠭ ᠵᠠᠬᠢᠷᠭ᠋ᠠᠨ᠎ᠤ ᠣᠷᠣᠨ᠎ᠤ ᠵᠥᠪ ᠲᠠᠯ᠎ᠠ ᠵᠢᠨ ᠨᠠᠷᠢᠨ ᠲᠠᠩᠰᠠ ᠵᠢᠨ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠬᠦ ᠵᠢ ᠬᠠᠷᠢᠭᠤᠴᠠᠵᠤ᠂ ᠨᠥᠬᠥᠴᠡᠯ᠂ ᠲᠠᠰ ᠳᠠᠷᠠᠭ᠋ᠠᠯᠠᠯ᠂ ᠬᠦᠴᠦᠨ᠎ᠲᠠᠢ ᠬᠤᠭᠤᠴᠠᠭ᠎ᠠ᠎ᠳᠤ ᠣᠷᠣᠭᠤᠯᠬᠤ ᠪᠠ ᠵᠥᠪ ᠲᠠᠯ᠎ᠠ ᠵᠢᠨ ᠨᠠᠷᠢᠨ ᠲᠠᠩᠰᠠ ᠵᠢᠨ ᠠᠵᠤ ᠠᠬᠤᠢ᠌ᠯᠠᠯ (ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ ᠪᠠᠭᠲᠠᠨ᠎ᠠ᠂ ᠳᠣᠷᠣᠭᠰᠢ ᠠᠳᠠᠯᠢ)᠎ᠤᠨ ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠲᠣᠳᠣᠷᠬᠠᠢ᠌ᠯᠠᠵᠤ᠂ ᠵᠥᠪ ᠲᠠᠯ᠎ᠠ ᠵᠢᠨ ᠨᠠᠷᠢᠨ ᠲᠠᠩᠰᠠ ᠵᠢ ᠣᠷᠣᠭᠤᠯᠬᠤ ᠨᠥᠬᠥᠴᠡᠯ᠎ᠢ ᠴᠠᠭ᠎ᠲᠤᠨᠢ ᠲᠣᠬᠢᠷᠠᠭᠤᠯᠤᠨ ᠰᠢᠯᠢᠳᠡᠭᠵᠢᠭᠦᠯᠬᠦ ᠵᠢᠨ ᠬᠠᠮᠲᠤ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠠᠵᠢᠯ ᠥᠷᠨᠢᠭᠦᠯᠦᠭᠰᠡᠨ ᠪᠠᠶ᠋ᠢᠳᠠᠯ᠎ᠢ ᠤᠯᠠᠷᠢᠯ ᠵᠶ᠋ᠠᠷ ᠲᠣᠬᠢᠷᠠᠭᠤᠯᠤᠨ᠎ᠠ᠃
      ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠨᠢ ᠲᠣᠰ ᠵᠠᠰᠠᠭ ᠵᠠᠬᠢᠷᠭ᠋ᠠᠨ᠎ᠤ ᠣᠷᠣᠨ᠎ᠤ ᠵᠥᠪ ᠲᠠᠯ᠎ᠠ ᠵᠢᠨ ᠨᠠᠷᠢᠨ ᠲᠠᠩᠰᠠ ᠵᠢᠨ ᠠᠵᠤ ᠠᠬᠤᠢ᠌ᠯᠠᠯ᠎ᠤᠨ ᠨᠡᠷᠡᠰ᠎ᠢ ᠨᠠᠢ᠌ᠷᠠᠭᠤᠯᠤᠨ ᠵᠣᠬᠢᠶᠠᠬᠤ ᠠᠵᠢᠯ᠎ᠢ ᠬᠠᠷᠢᠭᠤᠴᠠᠵᠤ᠂ ᠵᠥᠪ ᠲᠠᠯ᠎ᠠ ᠵᠢᠨ ᠨᠠᠷᠢᠨ ᠲᠠᠩᠰᠠ ᠵᠢᠨ ᠠᠵᠤ ᠠᠬᠤᠢ᠌ᠯᠠᠯ᠎ᠢ ᠣᠷᠣᠭᠤᠯᠬᠤ᠂ ᠢᠯᠡ ᠪᠣᠯᠭ᠋ᠠᠬᠤ᠂ ᠲᠣᠬᠢᠷᠠᠭᠤᠯᠬᠤ ᠵᠡᠷᠭᠡ ᠠᠵᠢᠯ᠎ᠢ ᠰᠠᠶ᠋ᠢᠲᠤᠷ ᠬᠢᠬᠦ ᠵᠢᠨ ᠬᠠᠮᠲᠤ᠂ ᠲᠣᠰ ᠭᠠᠵᠠᠷ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠠᠮᠢᠶ᠎ᠠ ᠪᠦᠬᠦᠢ ᠬᠢᠨᠠᠨ ᠬᠠᠮᠢᠶᠠᠷᠬᠤ ᠪᠠ ᠤᠷᠮᠠᠰᠢᠭᠤᠯᠬᠤ ᠠᠷᠭ᠎ᠠ ᠬᠡᠮᠵᠢᠶ᠎ᠡ ᠵᠢ ᠨᠠᠷᠢᠯᠢᠭᠵᠢᠭᠤᠯᠤᠨ ᠲᠤᠭᠤᠰᠢᠯᠠᠭᠤᠯᠬᠤ ᠵᠡᠷᠭᠡ ᠠᠵᠢᠯ᠎ᠢ ᠰᠠᠶ᠋ᠢᠲᠤᠷ ᠬᠢᠨ᠎ᠡ᠃
      ᠵᠢᠷᠭᠤᠳᠤᠭ᠋ᠠᠷ ᠵᠦᠢ᠍ᠯ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢᠨ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠨᠥᠬᠥᠴᠡᠯ᠎ᠳᠤ ᠨᠡᠶ᠋ᠢᠴᠡᠬᠦ ᠠᠵᠤ ᠠᠬᠤᠢ᠌ᠯᠠᠯ ᠪᠤᠶᠤ ᠲᠥᠷᠥᠯ ᠵᠦᠢ᠍ᠯ᠎ᠢ ᠵᠥᠪ ᠲᠠᠯ᠎ᠠ ᠵᠢᠨ ᠨᠠᠷᠢᠨ ᠲᠠᠩᠰᠠ᠎ᠳᠤ ᠣᠷᠣᠭᠤᠯᠤᠨ᠎ᠠ᠃
      ᠳᠣᠯᠣᠳᠤᠭ᠋ᠠᠷ ᠵᠦᠢ᠍ᠯ ᠠᠶ᠋ᠢᠮᠠᠭ ᠬᠣᠲᠠ ᠵᠢᠨ ᠵᠥᠪ ᠲᠠᠯ᠎ᠠ ᠵᠢᠨ ᠨᠠᠷᠢᠨ ᠲᠠᠩᠰᠠ ᠵᠢᠨ ᠠᠵᠤ ᠠᠬᠤᠢ᠌ᠯᠠᠯ᠎ᠤᠨ ᠨᠡᠷᠡᠰ᠎ᠢ ᠨᠡᠢ᠌ᠲᠡᠯᠡᠬᠦ ᠪᠠ ᠲᠣᠬᠢᠷᠠᠭᠤᠯᠬᠤ᠎ᠠᠴᠠ ᠡᠮᠦᠨ᠎ᠡ᠂ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠰᠦᠯᠵᠢᠶᠡᠨ ᠥᠷᠲᠡᠭᠡ ᠵᠡᠷᠭᠡ ᠵᠠᠭᠤᠴᠢᠯᠠᠭᠤᠷ᠎ᠤᠨ ᠲᠠᠪᠴᠠᠩ ᠵᠶ᠋ᠠᠷ ᠳᠠᠮᠵᠢᠭᠤᠯᠤᠨ ᠨᠡᠢ᠌ᠭᠡᠮ᠎ᠳᠤ ᠢᠯᠡ ᠨᠡᠢ᠌ᠲᠡᠯᠡᠬᠦ ᠵᠢᠨ ᠬᠠᠮᠲᠤ ᠵᠠᠭ᠋ᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ᠎ᠢ ᠨᠡᠢ᠌ᠲᠡᠯᠡᠵᠦ᠂ ᠨᠡᠢ᠌ᠭᠡᠮ᠎ᠤᠨ ᠬᠢᠨᠠᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠨ᠎ᠡ᠃
      ᠨᠠᠢ᠍ᠮᠠᠳᠤᠭ᠋ᠠᠷ ᠵᠦᠢ᠍ᠯ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ ᠵᠥᠪ ᠲᠠᠯ᠎ᠠ ᠵᠢᠨ ᠨᠠᠷᠢᠨ ᠲᠠᠩᠰᠠ ᠵᠢᠨ ᠠᠵᠤ ᠠᠬᠤᠢ᠌ᠯᠠᠯ᠎ᠤᠨ ᠳᠣᠣᠷᠠᠬᠢ ᠮᠡᠳᠡᠭᠡ ᠵᠠᠩᠭᠢ ᠵᠢ ᠨᠡᠢ᠌ᠭᠡᠮ᠎ᠳᠤ ᠢᠯᠡ ᠪᠣᠯᠭ᠋ᠠᠨ᠎ᠠ᠄
      (ᠨᠢᠭᠡ) ᠨᠡᠷᠡᠢ᠌ᠳᠦᠯ;
      (ᠬᠣᠶᠠᠷ) ᠪᠠᠢ᠌ᠭ᠎ᠠ ᠭᠠᠵᠠᠷ;
      (ᠭᠤᠷᠪᠠ) ᠨᠢᠭᠡᠳᠦᠯᠲᠡᠢ ᠨᠡᠢ᠌ᠭᠡᠮ᠎ᠤᠨ ᠢᠲᠡᠭᠡᠮᠵᠢ ᠵᠢᠨ ᠣᠷᠣᠯᠠᠬᠤ ᠨᠣᠮᠧᠷ;
      (ᠳᠥᠷᠪᠡ) ᠬᠠᠷᠢᠶ᠎ᠠ ᠠᠵᠢᠯ ᠲᠤᠢ᠌ᠷᠦᠯ;
      (ᠲᠠᠪᠤ) ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠤᠨ ᠳ᠋ᠤᠭ᠋ᠠᠷᠯᠠᠯ (ᠪᠣᠬᠢᠷᠲᠤᠯ ᠪᠣᠳᠠᠰ ᠭᠠᠳᠠᠭᠰᠢᠯᠠᠭᠤᠯᠬᠤ ᠳᠠᠩᠰᠠᠯᠠᠯᠲᠠ ᠵᠢᠨ ᠳ᠋ᠤᠭ᠋ᠠᠷᠯᠠᠯ);
      (ᠵᠢᠷᠭᠤᠭ᠎ᠠ) ᠢᠯᠭ᠋ᠠᠨ ᠭᠠᠷᠭ᠋ᠠᠭᠰᠠᠨ ᠭᠣᠣᠯ ᠪᠣᠬᠢᠷᠲᠤᠭᠤᠯᠬᠤ ᠪᠣᠳᠠᠰ;
      (ᠲᠤᠯᠤᠭ᠎ᠠ) ᠵᠥᠪ ᠲᠠᠯ᠎ᠠ ᠵᠢᠨ ᠨᠠᠷᠢᠨ ᠲᠠᠩᠰᠠ ᠵᠢᠨ ᠬᠦᠴᠦᠨ᠎ᠲᠠᠢ ᠬᠤᠭᠤᠴᠠᠭ᠎ᠠ;
      (ᠨᠠᠢ᠍ᠮᠠ) ᠪᠤᠰᠤᠳ ᠢᠯᠡ ᠪᠣᠯᠭ᠋ᠠᠬᠤ ᠴᠢᠬᠤᠯᠠᠲᠠᠢ ᠮᠡᠳᠡᠭᠡ ᠵᠠᠩᠭᠢ᠃
      ᠶᠢᠰᠦᠳᠦᠭᠡᠷ ᠵᠦᠢ᠍ᠯ ᠵᠥᠪ ᠲᠠᠯ᠎ᠠ ᠵᠢᠨ ᠨᠠᠷᠢᠨ ᠲᠠᠩᠰᠠ᠎ᠳᠤ ᠬᠥᠳᠡᠯᠦᠩᠭᠦᠢ ᠬᠠᠮᠢᠶᠠᠷᠤᠯᠲᠠ ᠵᠢ ᠬᠡᠷᠡᠭᠵᠢᠭᠦᠯᠵᠦ᠂ ᠲᠣᠬᠢᠷᠠᠭᠤᠯᠤᠯᠲᠠ ᠬᠢᠬᠦ᠎ᠳᠤ ᠣᠷᠣᠭᠤᠯᠬᠤ ᠪᠠ ᠰᠢᠯᠵᠢᠭᠦᠯᠦᠨ ᠭᠠᠷᠭ᠋ᠠᠵᠤ ᠲᠣᠬᠢᠷᠠᠭᠤᠯᠤᠯᠲᠠ ᠬᠢᠬᠦ ᠬᠣᠶᠠᠷ ᠵᠦᠢ᠍ᠯ᠎ᠤᠨ ᠬᠡᠯᠪᠡᠷᠢ ᠬᠤᠪᠢᠶᠠᠨ᠎ᠠ᠃
      ᠲᠣᠬᠢᠷᠠᠭᠤᠯᠤᠯᠲᠠ᠎ᠳᠤ ᠣᠷᠣᠭᠤᠯᠬᠤ ᠭᠡᠳᠡᠭ᠎ᠨᠢ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠨᠢ ᠲᠣᠭᠲᠠᠭ᠋ᠠᠯ᠎ᠤᠨ ᠱᠠᠭ᠋ᠠᠷᠳᠠᠯᠭ᠎ᠠ ᠶᠣᠰᠣᠭ᠋ᠠᠷ ᠨᠥᠬᠥᠴᠡᠯ᠎ᠳᠤ ᠨᠡᠶ᠋ᠢᠴᠡᠬᠦ ᠠᠵᠤ ᠠᠬᠤᠢ᠌ᠯᠠᠯ ᠪᠠ ᠲᠥᠷᠥᠯ ᠵᠦᠢ᠍ᠯ᠎ᠢ ᠴᠠᠭ ᠲᠤᠬᠠᠢ᠎ᠳᠤᠨᠢ ᠵᠥᠪ ᠲᠠᠯ᠎ᠠ ᠵᠢᠨ ᠨᠠᠷᠢᠨ ᠲᠠᠩᠰᠠ᠎ᠳᠤ ᠣᠷᠣᠭᠤᠯᠬᠤ ᠵᠢ ᠵᠢᠭ᠋ᠠᠵᠤ ᠪᠤᠢ᠃
      ᠰᠢᠯᠵᠢᠭᠦᠯᠦᠨ ᠭᠠᠷᠭ᠋ᠠᠵᠤ ᠲᠣᠬᠢᠷᠠᠭᠤᠯᠤᠯᠲᠠ ᠬᠢᠬᠦ ᠭᠡᠳᠡᠭ᠎ᠨᠢ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠨᠢ ᠲᠣᠭᠲᠠᠭ᠋ᠠᠯ᠎ᠤᠨ ᠱᠠᠭ᠋ᠠᠷᠳᠠᠯᠭ᠎ᠠ ᠶᠣᠰᠣᠭ᠋ᠠᠷ ᠨᠥᠬᠥᠴᠡᠯ᠎ᠳᠤ ᠨᠡᠶ᠋ᠢᠴᠡᠬᠦ ᠦᠭᠡᠢ ᠪᠣᠯᠤᠭᠰᠠᠨ ᠠᠵᠤ ᠠᠬᠤᠢ᠌ᠯᠠᠯ ᠪᠠ ᠲᠥᠷᠥᠯ ᠵᠦᠢ᠍ᠯ᠎ᠢ ᠵᠥᠪ ᠲᠠᠯ᠎ᠠ ᠵᠢᠨ ᠨᠠᠷᠢᠨ ᠲᠠᠩᠰᠠ᠎ᠠᠴᠠ ᠴᠠᠭ ᠲᠤᠬᠠᠢ᠎ᠳᠤᠨᠢ ᠰᠢᠯᠵᠢᠭᠦᠯᠦᠨ ᠭᠠᠷᠭ᠋ᠠᠬᠤ ᠵᠢ ᠵᠢᠭ᠋ᠠᠵᠤ ᠪᠤᠢ᠃
      ᠠᠷᠪᠠᠳᠤᠭ᠋ᠠᠷ ᠵᠦᠢ᠍ᠯ ᠵᠥᠪ ᠲᠠᠯ᠎ᠠ ᠵᠢᠨ ᠨᠠᠷᠢᠨ ᠲᠠᠩᠰᠠ ᠵᠢᠨ ᠠᠵᠢᠯ ᠲᠥᠷᠥᠯ᠎ᠤᠨ ᠲᠥᠷᠥᠯ ᠢᠯᠭ᠋ᠠᠯ᠄
      (ᠨᠢᠭᠡ) ᠪᠠᠴᠢᠮ ᠪᠠᠶ᠋ᠢᠳᠠᠯ᠎ᠢ ᠠᠷᠭ᠋ᠠᠴᠠᠬᠤ ᠪᠠᠲᠤᠯᠠᠭ᠎ᠠ ᠵᠢᠨ ᠡᠳ᠋ ᠪᠣᠳᠠᠰ ᠦᠢ᠍ᠯᠡᠳᠪᠦᠷᠢᠯᠡᠬᠦ ᠠᠵᠤ ᠠᠬᠤᠢ᠌ᠯᠠᠯ᠂ ᠡᠭᠦᠨ᠎ᠳᠤ ᠭᠣᠣᠯᠳᠠᠭᠤ ᠬᠢᠵᠢᠭ᠎ᠢ ᠰᠡᠷᠭᠡᠢ᠌ᠯᠡᠬᠦ ᠡᠳ᠋ ᠪᠣᠳᠠᠰ᠂ ᠡᠮ ᠡᠮᠨᠡᠯᠭᠡ ᠵᠢᠨ ᠡᠳ᠋ ᠪᠣᠳᠠᠰ᠂ ᠭᠠᠮᠰᠢᠭ᠎ᠠᠴᠠ ᠠᠪᠤᠷᠠᠬᠤ ᠡᠳ᠋ ᠪᠣᠳᠠᠰ᠎ᠤᠨ ᠦᠢ᠍ᠯᠡᠳᠪᠦᠷᠢᠯᠡᠯ ᠵᠡᠷᠭᠡ ᠬᠣᠯᠪᠣᠭᠳᠠᠯ ᠪᠦᠬᠦᠢ ᠠᠵᠤ ᠠᠬᠤᠢ᠌ᠯᠠᠯ ᠪᠠᠭᠲᠠᠨ᠎ᠠ;
      (ᠬᠣᠶᠠᠷ) ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠠᠵᠢᠯ ᠲᠥᠷᠥᠯ᠎ᠤᠨ ᠠᠵᠤ ᠠᠬᠤᠢ᠌ᠯᠠᠯ᠂ ᠡᠭᠦᠨ᠎ᠳᠤ ᠭᠣᠣᠯᠳᠠᠭᠤ ᠬᠡᠪᠴᠢᠶᠡᠵᠢᠯ᠎ᠠᠴᠠ ᠳᠡᠭᠡᠭᠰᠢᠬᠢ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ᠂ ᠨᠢᠲᠤᠯᠬᠤ ᠵᠢᠴᠢ ᠮᠢᠬᠠᠨ᠎ᠤ ᠵᠦᠢ᠍ᠯ᠎ᠢ ᠡᠳ᠋ᠰᠢᠭᠦᠯᠬᠦ᠂ ᠲᠠᠷᠢᠶᠠᠯᠠᠩ ᠲᠤᠰᠠᠯᠠᠬᠤ ᠢᠳᠡᠭᠡᠨ᠎ᠢ ᠡᠳ᠋ᠰᠢᠭᠦᠯᠬᠦ᠂ ᠢᠳᠡᠭᠡᠨ ᠦᠢ᠍ᠯᠡᠳᠬᠦ᠂ ᠴᠠᠬᠢᠯᠭ᠋ᠠᠨ ᠬᠦᠴᠦᠨ᠂ ᠰᠢᠲᠠᠮᠠᠬᠠᠢ ᠬᠡᠢ ᠵᠡᠷᠭᠡ ᠵᠢᠴᠢ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠲᠠᠢ ᠰᠢᠭᠤᠳ ᠬᠣᠯᠪᠣᠭᠳᠠᠬᠤ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠬᠡᠮᠵᠢᠶ᠎ᠡ᠎ᠪᠠᠷ ᠪᠠᠭ᠎ᠠ᠂ ᠣᠷᠴᠢᠨ ᠲᠣᠭᠣᠷᠢᠨ᠎ᠤ ᠲᠦᠭᠰᠢᠭᠦᠷᠢ᠎ᠪᠠᠷ ᠪᠠᠭ᠎ᠠ᠂ ᠠᠵᠢᠯ ᠣᠯᠭᠣᠬᠤ ᠴᠢᠳᠠᠪᠤᠷᠢ᠎ᠪᠠᠷ ᠴᠢᠩᠭ᠎ᠠ ᠠᠵᠤ ᠠᠬᠤᠢ᠌ᠯᠠᠯ ᠪᠠᠭᠲᠠᠨ᠎ᠠ;
      (ᠭᠤᠷᠪᠠ) ᠪᠣᠬᠢᠷᠲᠤᠯ ᠵᠶ᠋ᠠᠷ ᠬᠠᠷᠢᠴᠠᠩᠭᠤᠢ ᠨᠡᠯᠢᠶᠡᠳ ᠪᠠᠭ᠎ᠠ᠂ ᠠᠵᠢᠯ ᠣᠯᠭᠣᠬᠤ ᠴᠢᠳᠠᠪᠤᠷᠢ᠎ᠪᠠᠷ ᠴᠢᠩᠭ᠎ᠠ ᠭᠣᠣᠯᠳᠠᠯᠭ᠎ᠠ᠎ᠲᠠᠢ ᠠᠵᠢᠯ ᠳᠦᠷᠦᠯ᠎ᠤᠨ ᠠᠵᠤ ᠠᠬᠤᠢ᠌ᠯᠠᠯ᠂ ᠡᠭᠦᠨ᠎ᠳᠤ ᠭᠣᠣᠯᠳᠠᠭᠤ ᠺᠣᠮᠫᠢᠦ᠋ᠲ᠋ᠧᠷ᠂ ᠮᠡᠳᠡᠭᠡ ᠬᠣᠯᠪᠣᠭ᠎ᠠ ᠪᠠ ᠪᠤᠰᠤᠳ ᠡᠯᠧᠺᠲᠷᠣᠨ ᠲᠥᠬᠦᠭᠡᠷᠦᠮᠵᠢ ᠦᠢ᠍ᠯᠡᠳᠬᠦ ᠦᠢ᠍ᠯᠡᠰ᠂ ᠮᠧᠬᠠᠨᠢᠭ ᠪᠣᠯᠪᠠᠰᠤᠷᠠᠭᠤᠯᠬᠤ ᠵᠢᠴᠢ ᠮᠠᠰᠢᠨ ᠲᠡᠷᠭᠡ ᠵᠢ ᠰᠡᠯᠪᠢᠨ ᠵᠠᠰᠠᠬᠤ ᠵᠡᠷᠭᠡ ᠮᠡᠷᠭᠡᠵᠢᠯ ᠬᠤᠷᠠᠭᠰᠠᠨ ᠬᠡᠯᠪᠡᠷᠢ ᠵᠢᠨ ᠪᠠ ᠬᠥᠳᠡᠯᠮᠦᠷᠢ ᠬᠤᠷᠠᠭᠰᠠᠨ ᠬᠡᠯᠪᠡᠷᠢ ᠵᠢᠨ ᠠᠵᠢᠯ ᠳᠦᠷᠦᠯ᠎ᠤᠨ ᠠᠵᠤ ᠠᠬᠤᠢ᠌ᠯᠠᠯ ᠪᠠᠭᠲᠠᠨ᠎ᠠ;
      (ᠳᠥᠷᠪᠡ) ᠤᠯᠤᠰ ᠪᠣᠯᠣᠨ ᠣᠷᠣᠨ ᠨᠤᠲᠤᠭ᠎ᠤᠨ ᠭᠣᠣᠯ ᠪᠤᠯᠠᠬᠤ ᠪᠠᠷᠢᠯᠭ᠎ᠠ ᠵᠢᠨ ᠲᠥᠷᠥᠯ ᠵᠦᠢ᠍ᠯ ᠪᠣᠯᠣᠨ ᠭᠣᠣᠯ ᠪᠤᠯᠠᠬᠤ ᠬᠦᠷᠢᠶᠡᠨ᠎ᠤ ᠠᠵᠤ ᠠᠬᠤᠢ᠌ᠯᠠᠯ᠎ᠳᠤ ᠬᠣᠯᠪᠣᠭᠳᠠᠬᠤ᠃ ᠭᠣᠣᠯ ᠪᠤᠯᠠᠬᠤ ᠢᠨᠵᠧᠨᠧᠷᠢᠩ᠎ᠤᠨ ᠲᠥᠷᠥᠯ ᠵᠦᠢ᠍ᠯ᠎ᠳᠤ ᠭᠣᠣᠯᠳᠠᠭᠤ ᠵᠠᠮ ᠬᠠᠷᠢᠯᠴᠠᠭ᠋ᠠᠨ᠎ᠤ ᠦᠨᠳᠦᠰᠦᠨ ᠪᠦᠲᠦᠭᠡᠨ ᠪᠠᠢ᠌ᠭᠤᠯᠤᠯᠲᠠ᠂ ᠤᠰᠤᠨ ᠠᠰᠢᠭᠯᠠᠯᠲᠠ᠂ ᠨᠤᠷᠠᠭ᠋ᠠᠵᠤ ᠨᠡᠭᠦᠯᠭᠡᠵᠦ ᠲᠥᠪᠬᠢᠨᠡᠭᠦᠯᠬᠦ᠂ ᠬᠣᠲᠠ ᠵᠢᠨ ᠶᠠᠪᠤᠳᠠᠯ᠎ᠤᠨ ᠰᠠᠭᠤᠷᠢ ᠪᠡᠯᠡᠳᠬᠡᠮᠵᠢ ᠵᠢᠴᠢ ᠶᠠᠳᠠᠭᠤ ᠵᠢ ᠲᠡᠳᠬᠦᠬᠦ ᠢᠨᠵᠧᠨᠧᠷᠢᠩ᠎ᠤᠨ ᠲᠥᠷᠥᠯ ᠵᠦᠢ᠍ᠯ ᠪᠠᠭᠲᠠᠨ᠎ᠠ; ᠭᠣᠣᠯ ᠪᠤᠯᠠᠬᠤ ᠬᠦᠷᠢᠶᠡᠨ᠎ᠤ ᠠᠵᠤ ᠠᠬᠤᠢ᠌ᠯᠠᠯ᠎ᠳᠤ ᠭᠣᠣᠯᠳᠠᠭᠤ ᠭᠣᠣᠯ ᠪᠤᠯᠠᠬᠤ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠵᠡᠷᠭᠡ ᠪᠠᠢ᠌ᠯᠳᠤᠬᠤ ᠪᠣᠳᠣᠯᠭ᠎ᠠ ᠵᠢᠨ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠂ ᠠᠭ᠋ᠠᠷ᠎ᠤᠨ ᠠᠶᠠᠯᠠᠯ ᠰᠠᠨᠰᠠᠷ᠎ᠤᠨ ᠠᠶᠠᠯᠠᠯ᠂ ᠴᠠᠬᠢᠯᠭ᠋ᠠᠨ ᠬᠦᠴᠦᠨ᠎ᠤ ᠲᠣᠨᠣᠭ ᠲᠥᠬᠦᠭᠡᠷᠦᠮᠵᠢ ᠦᠢ᠍ᠯᠡᠳᠬᠦ᠂ ᠳᠡᠭᠡᠳᠦ ᠲᠡᠰ᠎ᠤᠨ ᠲᠣᠨᠣᠭ ᠲᠥᠬᠦᠭᠡᠷᠦᠮᠵᠢ ᠦᠢ᠍ᠯᠡᠳᠬᠦ ᠵᠡᠷᠭᠡ ᠣᠲᠣ ᠦᠶ᠎ᠡ ᠵᠢᠨ ᠲᠣᠨᠣᠭ ᠲᠥᠬᠦᠭᠡᠷᠦᠮᠵᠢ ᠦᠢ᠍ᠯᠡᠳᠬᠦ ᠦᠢ᠍ᠯᠡᠰ ᠪᠠᠭᠲᠠᠨ᠎ᠠ;
      (ᠲᠠᠪᠤ) ᠠᠳᠠᠯᠢ ᠠᠵᠢᠯ ᠳᠦᠷᠦᠯ᠎ᠳᠠᠬᠢ ᠪᠣᠬᠢᠷᠲᠤᠯ᠎ᠢ ᠰᠡᠷᠭᠡᠢ᠌ᠯᠡᠨ ᠵᠠᠰᠠᠬᠤ ᠬᠢᠷᠢ ᠬᠡᠮᠵᠢᠶ᠎ᠡ᠎ᠪᠠᠷ ᠨᠡᠯᠢᠶᠡᠳ ᠥᠨᠳᠥᠷ᠂ ᠣᠷᠴᠢᠨ ᠲᠣᠭᠣᠷᠢᠨ᠎ᠤ ᠬᠠᠮᠢᠶᠠᠷᠤᠯᠲᠠ᠎ᠨᠢ ᠵᠢᠷᠤᠮᠵᠢᠯ᠎ᠲᠠᠢ᠂ ᠦᠢ᠍ᠯᠡᠳᠪᠦᠷᠢᠯᠡᠯ᠎ᠤᠨ ᠲᠣᠨᠣᠭ ᠲᠥᠬᠦᠭᠡᠷᠦᠮᠵᠢ ᠵᠢᠨ ᠤᠷᠠᠯᠠᠯ᠎ᠨᠢ ᠨᠡᠯᠢᠶᠡᠳ ᠲᠡᠷᠢᠭᠦᠨ᠎ᠤ ᠠᠵᠤ ᠠᠬᠤᠢ᠌ᠯᠠᠯ;
      (ᠵᠢᠷᠭᠤᠭ᠎ᠠ) ᠳᠡᠭᠡᠷ᠎ᠡ ᠨᠢᠭᠡ ᠦᠨᠡᠯᠡᠯᠲᠡ ᠵᠢᠨ ᠦᠶᠡᠯᠡᠯ᠎ᠤᠨ ᠬᠤᠭᠤᠴᠠᠭ᠋ᠠᠨ᠎ᠳᠠᠬᠢ ᠣᠷᠴᠢᠨ ᠲᠣᠭᠣᠷᠢᠨ᠎ᠤ ᠢᠲᠡᠭᠡᠮᠵᠢ ᠵᠢᠨ ᠦᠨᠡᠯᠡᠯᠲᠡ ᠵᠢᠨ ᠲᠠᠰ᠎ᠨᠢ A ᠲᠠᠰ᠎ᠤᠨ ᠠᠵᠤ ᠠᠬᠤᠢ᠌ᠯᠠᠯ;
      (ᠲᠤᠯᠤᠭ᠎ᠠ) ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠭᠣᠣᠯ ᠪᠤᠯᠠᠬᠤ ᠠᠵᠢᠯ ᠲᠥᠷᠥᠯ᠎ᠤᠨ ᠠᠵᠢᠯ᠎ᠤᠨ ᠠᠮᠵᠢᠯᠲᠠ ᠪᠦᠲᠦᠮᠵᠢ᠎ᠨᠢ A ᠲᠠᠰ᠎ᠤᠨ ᠪᠠ ᠬᠥᠲᠥᠯᠥᠨ ᠳᠠᠭ᠋ᠠᠭᠤᠯᠬᠤ ᠴᠢᠨᠠᠷᠲᠠᠢ ᠠᠵᠤ ᠠᠬᠤᠢ᠌ᠯᠠᠯ; ᠭᠣᠣᠯᠳᠠᠯᠭ᠎ᠠ᠎ᠲᠠᠢ ᠠᠵᠢᠯ ᠲᠥᠷᠥᠯ᠎ᠤᠨ ᠳᠣᠲᠣᠷᠠᠬᠢ ᠪᠠᠲᠤᠯᠠᠭ᠎ᠠ ᠵᠢᠨ ᠲᠥᠷᠥᠯ᠎ᠤᠨ ᠠᠵᠤ ᠠᠬᠤᠢ᠌ᠯᠠᠯ᠎ᠤᠨ ᠠᠵᠢᠯ᠎ᠤᠨ ᠠᠮᠵᠢᠯᠲᠠ ᠪᠦᠲᠦᠮᠵᠢ ᠵᠢᠨ ᠲᠠᠰ᠎ᠨᠢ B ᠲᠠᠰ ᠵᠢᠴᠢ ᠲᠡᠭᠦᠨ᠎ᠠᠴᠠ ᠳᠡᠭᠡᠭᠰᠢ ᠪᠤᠶᠤ ᠬᠥᠲᠥᠯᠥᠨ ᠳᠠᠭ᠋ᠠᠭᠤᠯᠬᠤ ᠴᠢᠨᠠᠷᠲᠠᠢ ᠭᠦᠢ᠍ᠴᠡᠳᠬᠡᠯ ᠲᠣᠭ᠎ᠠ ᠵᠢᠨ ᠬᠢᠷᠢ ᠬᠡᠮᠵᠢᠶ᠎ᠡ᠎ᠳᠤ ᠬᠦᠷᠦᠭᠰᠡᠨ ᠠᠵᠤ ᠠᠬᠤᠢ᠌ᠯᠠᠯ (A ᠲᠠᠰ᠂ B ᠲᠠᠰ᠂ ᠬᠥᠲᠥᠯᠥᠨ ᠳᠠᠭ᠋ᠠᠭᠤᠯᠬᠤ ᠴᠢᠨᠠᠷᠲᠠᠢ ᠭᠦᠢ᠍ᠴᠡᠳᠬᠡᠯ ᠲᠣᠭ᠎ᠠ ᠵᠢ 《ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠭᠣᠣᠯ ᠪᠤᠯᠠᠬᠤ ᠠᠵᠢᠯ ᠲᠥᠷᠥᠯ᠎ᠤᠨ ᠪᠠᠴᠢᠮ ᠪᠠᠶ᠋ᠢᠳᠠᠯ᠎ᠢ ᠠᠷᠭ᠋ᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠠᠷᠭ᠎ᠠ ᠬᠡᠮᠵᠢᠶ᠎ᠡ ᠵᠢ ᠲᠣᠭᠲᠠᠭ᠋ᠠᠬᠤ ᠮᠡᠷᠭᠡᠵᠢᠯ᠎ᠤᠨ ᠵᠦᠭᠯᠡᠭᠦᠷ》᠎ᠢ ᠦᠨᠳᠦᠰᠦᠯᠡᠨ ᠲᠣᠭᠲᠠᠭ᠋ᠠᠵᠤ᠂ ᠨᠡᠷᠡᠰ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠯᠪᠠᠨ ᠰᠦᠯᠵᠢᠶ᠎ᠡ᠎ᠳᠤ ᠨᠡᠢ᠌ᠲᠡᠯᠡᠨ᠎ᠡ)᠃
      ᠠᠷᠪᠠᠨ ᠨᠢᠭᠡᠳᠦᠭᠡᠷ ᠵᠦᠢ᠍ᠯ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ᠎ᠬᠢᠨ ᠠᠵᠤ ᠠᠬᠤᠢ᠌ᠯᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠤᠨ ᠪᠦᠲᠦᠮᠵᠢ ᠪᠣᠯᠣᠨ ᠣᠷᠴᠢᠨ ᠲᠣᠭᠣᠷᠢᠨ᠎ᠤ ᠲᠦᠭᠰᠢᠭᠦᠷᠢ ᠵᠢᠨ ᠬᠠᠮᠢᠶᠠᠷᠤᠯᠲᠠ ᠵᠢᠨ ᠴᠢᠳᠠᠪᠤᠷᠢ ᠵᠢ ᠦᠨᠡᠯᠡᠨ ᠵᠢᠱ᠌ᠢᠬᠦ ᠵᠢ ᠵᠣᠷᠢᠭᠵᠢᠭᠤᠯᠵᠤ᠂ ᠵᠥᠪ ᠲᠠᠯ᠎ᠠ ᠵᠢᠨ ᠨᠠᠷᠢᠨ ᠲᠠᠩᠰᠠ ᠪᠣᠯᠣᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠢᠲᠡᠭᠡᠮᠵᠢ ᠵᠢ ᠦᠨᠡᠯᠡᠬᠦ᠂ ᠪᠣᠬᠢᠷᠲᠤᠯ ᠭᠠᠳᠠᠭᠰᠢᠯᠠᠭᠤᠯᠬᠤ ᠵᠢ ᠵᠥᠪᠰᠢᠶᠡᠷᠡᠬᠦ ᠬᠠᠮᠢᠶᠠᠷᠤᠯᠲᠠ᠂ ᠬᠦᠨᠳᠦ ᠪᠣᠬᠢᠷᠲᠤᠯ᠎ᠲᠠᠢ ᠴᠠᠭ ᠠᠭᠤᠷ᠎ᠢ ᠠᠷᠭ᠋ᠠᠴᠠᠬᠤ ᠵᠡᠷᠭᠡ ᠳᠦᠷᠢᠮ᠎ᠢ ᠨᠢᠭᠡᠳᠦᠯᠲᠡᠢ ᠲᠥᠯᠥᠪᠵᠢᠭᠦᠯᠦᠨ ᠵᠣᠯᠭ᠋ᠠᠭᠤᠯᠬᠤ ᠵᠢ ᠰᠠᠶ᠋ᠢᠲᠤᠷ ᠬᠢᠨ᠎ᠡ᠃
      ᠠᠷᠪᠠᠨ ᠬᠣᠶᠠᠳᠤᠭ᠋ᠠᠷ ᠵᠦᠢ᠍ᠯ ᠠᠷᠪᠠᠳᠤᠭ᠋ᠠᠷ ᠵᠦᠢ᠍ᠯ᠎ᠤᠨ ᠲᠣᠭᠲᠠᠭ᠋ᠠᠯ᠎ᠳᠤ ᠨᠡᠶ᠋ᠢᠴᠡᠬᠦ ᠵᠥᠪ ᠲᠠᠯ᠎ᠠ ᠵᠢᠨ ᠨᠠᠷᠢᠨ ᠲᠠᠩᠰᠠ ᠵᠢᠨ ᠠᠵᠢᠯ ᠳᠦᠷᠦᠯ᠎ᠤᠨ ᠳᠦᠷᠦᠯ ᠢᠯᠭ᠋ᠠᠯ᠎ᠳᠤ ᠣᠷᠣᠭᠤᠯᠤᠭᠰᠠᠨ ᠠᠵᠤ ᠠᠬᠤᠢ᠌ᠯᠠᠯ ᠪᠠ ᠳᠦᠷᠦᠯ ᠵᠦᠢ᠍ᠯ᠎ᠨᠢ ᠳᠣᠣᠷᠠᠬᠢ ᠨᠥᠬᠥᠴᠡᠯ᠎ᠢ ᠬᠠᠮᠲᠤ᠎ᠳᠤᠨᠢ ᠬᠠᠩᠭ᠋ᠠᠬᠤ ᠴᠢᠬᠤᠯᠠᠲᠠᠢ ᠪᠠᠢ᠌ᠪᠠᠯ ᠰᠠᠶᠢ ᠠᠮᠢ ᠠᠬᠤᠢ ᠣᠷᠴᠢᠨ ᠲᠣᠭᠣᠷᠢᠨ᠎ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠥᠪ ᠲᠠᠯ᠎ᠠ ᠵᠢᠨ ᠨᠠᠷᠢᠨ ᠲᠠᠩᠰᠠᠨ᠎ᠳᠤ ᠨᠠᠢ᠌ᠷᠠᠭᠤᠯᠤᠨ ᠣᠷᠣᠭᠤᠯᠵᠤ ᠪᠣᠯᠣᠨ᠎ᠠ᠄
      (ᠨᠢᠭᠡ) ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠷᠳᠠᠮ ᠪᠦᠷᠢᠨ᠂ ᠣᠷᠴᠢᠨ ᠲᠣᠭᠣᠷᠢᠨ᠎ᠤ ᠬᠠᠮᠢᠶᠠᠷᠤᠯᠲᠠ ᠵᠢᠷᠤᠮᠵᠢᠯ᠎ᠲᠠᠢ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠲᠣᠨᠣᠭ ᠲᠥᠬᠦᠭᠡᠷᠦᠮᠵᠢ ᠪᠦᠷᠢᠨ ᠭᠦᠢ᠍ᠴᠡᠳ ᠪᠥᠭᠡᠳ ᠬᠡᠪ᠎ᠤᠨ ᠶᠣᠰᠣᠭ᠋ᠠᠷ ᠠᠵᠢᠯᠯᠠᠵᠤ᠂ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢ ᠲᠣᠭᠲᠠᠭᠤᠨ ᠵᠶ᠋ᠠᠷ ᠪᠠᠷᠢᠮᠵᠢᠶ᠎ᠠ᠎ᠳᠤ ᠬᠦᠷᠦᠭᠦᠯᠦᠨ᠎ᠡ;
      (ᠬᠣᠶᠠᠷ) ᠣᠷᠴᠢᠨ ᠲᠣᠭᠣᠷᠢᠨ᠎ᠤ ᠬᠠᠤᠯᠢ ᠵᠢ ᠰᠠᠬᠢᠵᠤ ᠪᠠᠢ᠌ᠭ᠎ᠠ ᠪᠠᠶ᠋ᠢᠳᠠᠯ᠎ᠨᠢ ᠰᠠᠢ᠍ᠢ᠍ᠨ᠂ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢᠨ ᠪᠠᠶ᠋ᠢᠳᠠᠯ᠎ᠨᠢ ᠰᠠᠢ᠍ᠢ᠍ᠨ᠂ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢᠨ ᠬᠠᠮᠢᠶᠠᠷᠤᠯᠲᠠ ᠵᠢᠨ ᠴᠢᠳᠠᠪᠤᠷᠢ᠎ᠨᠢ ᠨᠡᠯᠢᠶᠡᠳ ᠴᠢᠩᠭ᠎ᠠ᠂ ᠣᠢ᠌ᠷ᠎ᠠ ᠵᠢᠨ ᠭᠤᠷᠪᠠᠨ ᠵᠢᠯ᠎ᠤᠨ ᠳᠣᠲᠣᠷ᠎ᠠ ᠣᠷᠴᠢᠨ ᠲᠣᠭᠣᠷᠢᠨ᠎ᠤ ᠬᠠᠤᠯᠢ ᠵᠢ ᠵᠥᠷᠢᠴᠡᠭᠰᠡᠨ᠎ᠠᠴᠠ ᠪᠣᠯᠵᠤ ᠵᠠᠰᠠᠭ ᠵᠠᠬᠢᠷᠭ᠋ᠠᠨ᠎ᠤ ᠰᠢᠢ᠍ᠳᠬᠡᠯ ᠣᠯᠣᠭᠰᠠᠨ ᠦᠭᠡᠢ ᠪᠠ ᠣᠷᠴᠢᠨ ᠲᠣᠭᠣᠷᠢᠨ᠎ᠤ ᠭᠡᠨᠡᠳᠲᠡ ᠵᠢᠨ ᠬᠡᠷᠡᠭ ᠭᠠᠷᠤᠭᠰᠠᠨ ᠦᠭᠡᠢ;
      (ᠭᠤᠷᠪᠠ) ᠣᠷᠴᠢᠨ ᠲᠣᠭᠣᠷᠢᠨ᠎ᠤ ᠮᠡᠳᠡᠭᠡ ᠵᠠᠩᠭᠢ ᠵᠢ ᠢᠯᠡ ᠪᠣᠯᠭ᠋ᠠᠭᠰᠠᠨ ᠪᠠᠶ᠋ᠢᠳᠠᠯ᠎ᠨᠢ ᠦᠨᠡᠨ ᠪᠣᠳᠠᠲᠠᠢ᠂ ᠴᠠᠭ ᠲᠤᠬᠠᠢ᠎ᠳᠤᠨᠢ᠂ ᠪᠦᠷᠢᠨ ᠭᠦᠢ᠍ᠴᠡᠳ ᠪᠠᠶ᠋ᠢᠬᠤ ᠬᠡᠷᠡᠭᠲᠡᠢ;
      (ᠳᠥᠷᠪᠡ) ᠪᠠᠢ᠌ᠴᠠᠭ᠋ᠠᠨ ᠬᠠᠷᠭᠤᠭᠤᠯᠬᠤ᠎ᠪᠠᠷ ᠳᠠᠮᠵᠢᠭ᠋ᠠᠳ ᠣᠢ᠌ᠷ᠎ᠠ ᠵᠢᠨ ᠭᠤᠷᠪᠠᠨ ᠵᠢᠯ᠎ᠤᠨ ᠳᠣᠲᠣᠷ᠎ᠠ ᠣᠷᠴᠢᠨ ᠲᠣᠭᠣᠷᠢᠨ᠎ᠤ ᠵᠠᠬᠢᠳᠠᠯ ᠰᠣᠷᠪᠤᠯᠵᠢᠯᠠᠭ᠎ᠠ ᠵᠢᠨ ᠵᠠᠭ᠋ᠠᠯᠳᠤᠯᠭ᠎ᠠ ᠵᠢᠨ ᠠᠰᠠᠭᠤᠳᠠᠯ ᠭᠠᠷᠤᠭᠰᠠᠨ ᠦᠭᠡᠢ ᠪᠤᠶᠤ ᠵᠠᠬᠢᠳᠠᠯ ᠰᠣᠷᠪᠤᠯᠵᠢᠯᠠᠭ᠎ᠠ ᠵᠢᠨ ᠵᠠᠭ᠋ᠠᠯᠳᠤᠯᠭ᠎ᠠ ᠵᠢᠨ ᠠᠰᠠᠭᠤᠳᠠᠯ᠎ᠨᠢ ᠦᠨᠡᠨ ᠪᠣᠳᠠᠲᠠᠢ ᠪᠢᠰᠢ;
      (ᠲᠠᠪᠤ) ᠲᠣᠭᠲᠠᠭ᠋ᠠᠯ ᠶᠣᠰᠣᠭ᠋ᠠᠷ ᠭᠦᠢ᠍ᠴᠡᠳᠬᠡᠵᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠢ ᠰᠣᠯᠢᠵᠤ ᠠᠪᠬᠤ᠎ᠪᠠᠷ ᠭᠤᠶᠤᠴᠢᠯᠠᠬᠤ ᠵᠢᠨ ᠬᠠᠮᠲᠤ ᠦᠨᠡᠮᠯᠡᠯ ᠶᠣᠰᠣᠭ᠋ᠠᠷ ᠪᠣᠬᠢᠷᠲᠤᠯ ᠪᠣᠳᠠᠰ ᠭᠠᠳᠠᠭᠰᠢᠯᠠᠭᠤᠯᠬᠤ;
      (ᠵᠢᠷᠭᠤᠭ᠎ᠠ) ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠭᠣᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠭᠠᠷᠭ᠋ᠠᠬᠤ ᠵᠥᠪᠰᠢᠶᠡᠷᠡᠯ᠎ᠤᠨ ᠪᠢᠴᠢᠭ ᠮᠠᠲ᠋ᠧᠷᠢᠶᠠᠯ᠎ᠢ ᠬᠠᠤᠯᠢ ᠶᠣᠰᠣᠭ᠋ᠠᠷ ᠣᠯᠣᠭᠰᠠᠨ ᠮᠥᠷᠲᠡᠭᠡᠨ ᠲᠣᠭᠲᠠᠭᠤᠨ ᠵᠶ᠋ᠠᠷ ᠪᠠᠷᠢᠮᠵᠢᠶ᠎ᠠ᠎ᠳᠤ ᠬᠦᠷᠦᠭᠦᠯᠦᠨ ᠭᠠᠳᠠᠭᠰᠢᠯᠠᠭᠤᠯᠤᠨ᠎ᠠ;
      (ᠲᠤᠯᠤᠭ᠎ᠠ) ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ ᠵᠢᠨ ᠱᠠᠭ᠋ᠠᠷᠳᠠᠯᠭ᠎ᠠ ᠶᠣᠰᠣᠭ᠋ᠠᠷ ᠬᠢᠨᠠᠨ ᠬᠡᠮᠵᠢᠬᠦ ᠠᠵᠢᠯ᠎ᠢ ᠵᠢᠷᠤᠮᠵᠢᠭᠤᠯᠤᠨ ᠥᠷᠨᠢᠭᠦᠯᠬᠦ ᠵᠢᠨ ᠬᠠᠮᠲᠤ ᠲᠣᠭᠲᠠᠭᠤᠨ ᠵᠶ᠋ᠠᠷ ᠪᠠᠷᠢᠮᠵᠢᠶ᠎ᠠ᠎ᠳᠤ ᠬᠦᠷᠦᠭᠦᠯᠦᠨ ᠭᠠᠳᠠᠭᠰᠢᠯᠠᠭᠤᠯᠬᠤ;
      (ᠨᠠᠢ᠍ᠮᠠ) ᠪᠥᠬᠥ ᠤᠯᠤᠰ᠎ᠤᠨ ᠨᠠᠭᠦᠷᠡᠰᠦᠲᠦ᠋ᠷᠦᠭᠴᠢ ᠵᠢᠨ ᠵᠠᠬ᠎ᠠ ᠳᠡᠯᠭᠡᠭᠦᠷ᠎ᠤᠨ ᠭᠡᠷ᠎ᠡ᠎ᠪᠠᠨ ᠭᠦᠢ᠍ᠴᠡᠳᠬᠡᠵᠦ ᠢᠯᠭ᠋ᠠᠷᠠᠭᠤᠯᠤᠨ ᠲᠤᠰᠢᠶᠠᠬᠤ ᠵᠢ ᠬᠤᠭᠤᠴᠠᠭ᠎ᠠ ᠶᠣᠰᠣᠭ᠋ᠠᠷ ᠲᠣᠭ᠎ᠠ ᠶᠣᠰᠣᠭ᠋ᠠᠷ ᠪᠡᠶᠡᠯᠡᠭᠦᠯᠦᠨ᠎ᠡ᠃
      ᠠᠷᠪᠠᠨ ᠭᠤᠷᠪᠠᠳᠤᠭ᠋ᠠᠷ ᠵᠦᠢ᠍ᠯ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠨ ᠨᠢᠭᠡ᠎ᠳᠤ ᠨᠡᠢ᠌ᠴᠡᠭᠰᠡᠨ ᠪᠠᠢ᠌ᠪᠠᠯ᠂ ᠵᠥᠪ ᠲᠠᠯ᠎ᠠ ᠵᠢᠨ ᠨᠠᠷᠢᠨ ᠲᠠᠩᠰᠠᠨ᠎ᠳᠤ ᠣᠷᠣᠭᠤᠯᠵᠤ ᠪᠣᠯᠬᠤ ᠦᠭᠡᠢ᠄
      (ᠨᠢᠭᠡ) ᠠᠮᠢᠳᠤᠷᠠᠯ᠎ᠤᠨ ᠬᠣᠭ ᠨᠣᠪᠰᠢ ᠵᠢ ᠲᠥᠪᠯᠡᠷᠡᠭᠦᠯᠦᠨ ᠰᠢᠲᠠᠭ᠋ᠠᠬᠤ᠂ ᠠᠶᠤᠯᠲᠠᠢ ᠬᠠᠶᠠᠭᠳᠠᠮᠠᠯ ᠪᠣᠳᠠᠰ (ᠡᠮᠴᠢᠯᠡᠭᠡᠨ᠎ᠤ ᠬᠠᠶᠠᠭᠳᠠᠮᠠᠯ ᠪᠣᠳᠠᠰ ᠪᠠᠭᠲᠠᠨ᠎ᠠ)᠎ᠢ ᠲᠥᠪᠯᠡᠷᠡᠭᠦᠯᠦᠨ ᠰᠢᠢ᠍ᠳᠪᠦᠷᠢᠯᠡᠬᠦ᠂ ᠰᠠᠴᠤᠷᠠᠭ᠎ᠤᠨ ᠲᠥᠷᠥᠯ᠂ ᠬᠣᠲᠠ ᠬᠥᠳᠡᠭᠡ ᠵᠢᠨ ᠠᠮᠢᠳᠤᠷᠠᠯ᠎ᠤᠨ ᠪᠣᠬᠢᠷ ᠤᠰᠤ ᠵᠢ ᠲᠥᠪᠯᠡᠷᠡᠭᠦᠯᠦᠨ ᠰᠢᠢ᠍ᠳᠪᠦᠷᠢᠯᠡᠬᠦ᠂ ᠠᠵᠤ ᠦᠢ᠍ᠯᠡᠳᠪᠦᠷᠢ ᠲᠥᠪᠯᠡᠷᠡᠭᠰᠡᠨ ᠣᠷᠣᠨ᠎ᠤ ᠠᠵᠤ ᠦᠢ᠍ᠯᠡᠳᠪᠦᠷᠢ ᠵᠢᠨ ᠪᠣᠬᠢᠷ ᠤᠰᠤ ᠵᠢ ᠲᠥᠪᠯᠡᠷᠡᠭᠦᠯᠦᠨ ᠰᠢᠢ᠍ᠳᠪᠦᠷᠢᠯᠡᠬᠦ᠎ᠳᠤ ᠬᠣᠯᠪᠣᠭᠳᠠᠬᠤ ᠠᠵᠤ ᠠᠬᠤᠢ᠌ᠯᠠᠯ ᠪᠤᠶᠤ ᠲᠥᠷᠥᠯ ᠵᠦᠢ᠍ᠯ᠎ᠳᠤ ᠬᠣᠯᠪᠣᠭᠳᠠᠭᠰᠠᠨ;
      (ᠬᠣᠶᠠᠷ) ᠳᠡᠭᠡᠷ᠎ᠡ ᠨᠢᠭᠡ ᠦᠨᠡᠯᠡᠯᠲᠡ ᠵᠢᠨ ᠦᠶᠡᠯᠡᠯ᠎ᠤᠨ ᠬᠤᠭᠤᠴᠠᠭ᠋ᠠᠨ᠎ᠳᠠᠬᠢ ᠣᠷᠴᠢᠨ ᠲᠣᠭᠣᠷᠢᠨ᠎ᠤ ᠢᠲᠡᠭᠡᠮᠵᠢ ᠵᠢᠨ ᠦᠨᠡᠯᠡᠯᠲᠡ ᠵᠢᠨ ᠲᠠᠰ᠎ᠨᠢ D ᠲᠠᠰ᠎ᠤᠨ ᠠᠵᠤ ᠠᠬᠤᠢ᠌ᠯᠠᠯ;
      (ᠭᠤᠷᠪᠠ) ᠣᠢ᠌ᠷ᠎ᠠ ᠵᠢᠨ ᠭᠤᠷᠪᠠᠨ ᠵᠢᠯ᠎ᠳᠤ ᠵᠣᠷᠢᠭᠤᠳᠠ᠎ᠪᠠᠷ ᠳᠠᠯᠳᠠᠭᠤᠷ ᠭᠠᠳᠠᠭᠤᠷᠴᠢᠯᠠᠬᠤ᠂ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠬᠤ᠂ ᠬᠢᠨᠠᠯᠲᠠ ᠬᠠᠮᠢᠶᠠᠷᠤᠯᠲᠠ ᠎ᠠᠴᠠ ᠵᠠᠶ᠋ᠢᠯᠠᠬᠤ ᠵᠡᠷᠭᠡ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠬᠦᠨᠳᠦ ᠨᠣᠴᠢᠲᠠᠢ ᠦᠢ᠍ᠯᠡ ᠠᠵᠢᠯᠯᠠᠭ᠎ᠠ ᠣᠷᠣᠰᠢᠵᠤ ᠪᠠᠢ᠌ᠭ᠎ᠠ ᠠᠵᠤ ᠠᠬᠤᠢ᠌ᠯᠠᠯ;
      (ᠳᠥᠷᠪᠡ) ᠣᠷᠣᠭᠤᠯᠬᠤ᠎ᠳᠤ ᠲᠣᠬᠢᠷᠠᠬᠤ ᠦᠭᠡᠢ ᠪᠤᠰᠤᠳ ᠠᠵᠤ ᠠᠬᠤᠢ᠌ᠯᠠᠯ᠃
      ᠠᠷᠪᠠᠨ ᠳᠥᠷᠪᠡᠳᠦᠭᠡᠷ ᠵᠦᠢ᠍ᠯ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ ᠲᠤᠰ ᠭᠠᠵᠠᠷ᠎ᠤᠨ ᠠᠵᠤ ᠦᠢ᠍ᠯᠡᠰ᠎ᠤᠨ ᠪᠠᠢ᠌ᠭᠤᠯᠤᠮᠵᠢ᠂ ᠣᠷᠴᠢᠨ ᠲᠣᠭᠣᠷᠢᠨ᠎ᠤ ᠪᠠᠭᠲᠠᠭ᠋ᠠᠮᠵᠢ᠂ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢ᠌ᠵᠢᠷᠠᠭᠤᠯᠬᠤ ᠬᠠᠷᠠᠯᠲᠠ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠴᠢᠳᠠᠪᠤᠷᠢ᠎ᠲᠠᠢ᠎ᠪᠠᠨ ᠤᠶᠠᠯᠳᠤᠭᠤᠯᠤᠨ᠂ ᠡᠭᠦᠨ᠎ᠤ ᠬᠠᠮᠲᠤ ᠠᠵᠤ ᠠᠬᠤᠢ᠌ᠯᠠᠯ᠎ᠤᠨ ᠲᠣᠨᠣᠭ ᠲᠥᠬᠦᠭᠡᠷᠦᠮᠵᠢ ᠵᠢᠨ ᠬᠢᠷᠢ ᠲᠦᠪᠰᠢᠨ᠂ ᠪᠠᠷᠢᠮᠵᠢᠶ᠎ᠠ᠎ᠳᠤ ᠬᠦᠷᠦᠭᠰᠡᠨ ᠭᠠᠳᠠᠭᠰᠢᠯᠠᠭᠤᠯᠤᠯᠲᠠ ᠵᠢᠨ ᠪᠠᠶ᠋ᠢᠳᠠᠯ᠂ ᠭᠠᠳᠠᠭᠰᠢᠯᠠᠭᠤᠯᠤᠯᠲᠠ ᠵᠢᠨ ᠶᠡᠷᠦᠩᠬᠡᠢ ᠬᠡᠮᠵᠢᠶ᠎ᠡ ᠵᠢᠨ ᠪᠠᠶ᠋ᠢᠳᠠᠯ᠂ ᠬᠢᠨᠠᠨ ᠡᠵᠡᠮᠳᠡᠬᠦ ᠰᠢᠰᠲ᠋ᠧᠮ᠎ᠤᠨ ᠰᠦᠯᠵᠢᠶᠡᠨ᠎ᠤ ᠪᠠᠶ᠋ᠢᠳᠠᠯ᠂ ᠣᠷᠴᠢᠨ ᠲᠣᠭᠣᠷᠢᠨ᠎ᠤ ᠲᠦᠭᠰᠢᠭᠦᠷᠢ ᠵᠢᠨ ᠬᠠᠮᠢᠶᠠᠷᠤᠯᠲᠠ ᠵᠢᠨ ᠴᠢᠳᠠᠪᠤᠷᠢ᠂ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠴᠢᠳᠠᠪᠤᠷᠢ᠂ ᠣᠷᠴᠢᠨ ᠲᠣᠭᠣᠷᠢᠨ᠎ᠤ ᠮᠡᠳᠡᠭᠡ ᠵᠠᠩᠭᠢ ᠵᠢ ᠢᠯᠡ ᠪᠣᠯᠭ᠋ᠠᠭᠰᠠᠨ ᠪᠠᠶ᠋ᠢᠳᠠᠯ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠢᠲᠡᠭᠡᠮᠵᠢ ᠵᠢᠨ ᠦᠨᠡᠯᠡᠯᠲᠡ ᠵᠢᠨ ᠦᠷ᠎ᠡ ᠳ᠋ᠦᠩ᠂ ᠴᠡᠭᠴᠡᠯᠡᠨ ᠰᠠᠢ᠌ᠵᠢᠷᠠᠭᠤᠯᠬᠤ ᠵᠢ ᠨᠠᠢ᠌ᠳᠠᠪᠤᠷᠢᠵᠢᠭᠤᠯᠤᠭᠰᠠᠨ ᠪᠠᠶ᠋ᠢᠳᠠᠯ ᠵᠡᠷᠭᠡ ᠡᠯᠧᠮᠧᠨ᠋ᠲ᠎ᠢ ᠶᠡᠷᠦᠩᠬᠡᠢ᠌ᠯᠡᠨ ᠪᠣᠳᠣᠯᠬᠢᠯᠠᠵᠤ᠂ ᠵᠥᠪ ᠲᠠᠯ᠎ᠠ ᠵᠢᠨ ᠲᠣᠳᠣᠷᠬᠠᠢ ᠲᠠᠩᠰᠠᠨ᠎ᠳᠤ ᠣᠷᠣᠭᠤᠯᠬᠤ᠂ ᠨᠡᠢ᠌ᠲᠡᠯᠡᠬᠦ᠂ ᠰᠢᠯᠵᠢᠭᠦᠯᠦᠨ ᠭᠠᠷᠭ᠋ᠠᠬᠤ ᠵᠡᠷᠭᠡ ᠠᠵᠢᠯ᠎ᠢ ᠬᠠᠤᠯᠢ ᠲᠣᠭᠲᠠᠭ᠋ᠠᠯ ᠶᠣᠰᠣᠭ᠋ᠠᠷ᠂ ᠴᠢᠩᠭ᠎ᠠ ᠵᠢᠷᠤᠮᠵᠢᠭᠤᠨ᠂ ᠡᠷᠬᠡ ᠲᠡᠭᠰᠢ ᠲᠥᠪ ᠭᠣᠣᠯᠴᠢ᠎ᠪᠠᠷ ᠵᠣᠬᠢᠶᠠᠨ ᠪᠠᠢ᠌ᠭᠤᠯᠵᠤ ᠬᠡᠷᠡᠭᠵᠢᠭᠦᠯᠦᠨ᠎ᠡ᠃
      ᠠᠷᠪᠠᠨ ᠲᠠᠪᠤᠳᠤᠭ᠋ᠠᠷ ᠵᠦᠢ᠍ᠯ ᠵᠥᠪ ᠲᠠᠯ᠎ᠠ ᠵᠢᠨ ᠨᠠᠷᠢᠨ ᠲᠠᠩᠰᠠᠨ᠎ᠳᠤ ᠣᠷᠣᠭᠤᠯᠤᠭᠰᠠᠨ ᠠᠵᠤ ᠠᠬᠤᠢ᠌ᠯᠠᠯ᠎ᠤᠨ ᠬᠦᠴᠦᠨ᠎ᠲᠠᠢ ᠬᠤᠭᠤᠴᠠᠭ᠎ᠠ᠎ᠨᠢ 3 ᠵᠢᠯ᠂ ᠨᠡᠢ᠌ᠲᠡᠯᠡᠭᠰᠡᠨ ᠡᠳᠦᠷ᠎ᠠᠴᠠ ᠡᠬᠢᠯᠡᠵᠦ ᠪᠣᠳᠣᠪᠠᠯ᠂ ᠬᠦᠴᠦᠨ᠎ᠲᠠᠢ ᠬᠤᠭᠤᠴᠠᠭ᠎ᠠ ᠳᠠᠭᠤᠰᠬᠤ᠎ᠠᠴᠠ ᠡᠮᠦᠨ᠎ᠡ᠂ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ ᠨᠠᠷᠢᠨ ᠲᠠᠩᠰᠠ ᠵᠢᠨ ᠳᠣᠲᠣᠷᠠᠬᠢ ᠠᠵᠤ ᠠᠬᠤᠢ᠌ᠯᠠᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠷᠳᠠᠮ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠲᠣᠨᠣᠭ ᠲᠥᠬᠦᠭᠡᠷᠦᠮᠵᠢ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠢ ᠬᠡᠷᠡᠭᠵᠢᠭᠦᠯᠦᠭᠰᠡᠨ ᠪᠠᠶ᠋ᠢᠳᠠᠯ᠂ ᠭᠣᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠵᠢ ᠪᠠᠢ᠌ᠷᠢᠯᠠᠭᠤᠯᠬᠤ ᠵᠥᠪᠰᠢᠶᠡᠷᠡᠯ᠎ᠤᠨ ᠪᠠᠶ᠋ᠢᠳᠠᠯ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠮᠢᠶᠠᠷᠤᠯᠲᠠ ᠵᠢᠨ ᠳᠦᠷᠢᠮ ᠵᠡᠷᠭᠡ ᠪᠠᠶ᠋ᠢᠳᠠᠯ᠎ᠤᠨ ᠪᠥᠬᠥ ᠳᠡᠰ ᠳᠠᠷᠠᠭ᠋ᠠᠯᠠᠯ ᠪᠥᠬᠥ ᠬᠦᠴᠦᠨ ᠵᠦᠢ᠍ᠯ᠎ᠳᠤ ᠨᠠᠭ᠋ᠠᠲᠤ ᠵᠠᠬ᠎ᠠ᠎ᠳᠠᠭᠠᠨ ᠨᠢᠭᠡ ᠤᠳᠠᠭ᠎ᠠ ᠵᠢᠨ ᠴᠢᠨᠠᠷᠲᠠᠢ 《ᠪᠡᠶ᠎ᠡ ᠵᠢᠨ ᠪᠠᠢ᠌ᠴᠠᠭ᠋ᠠᠯᠲᠠ ᠵᠢᠨ ᠮᠠᠶᠢᠭ》᠎ᠤᠨ ᠲᠤᠬᠠᠢ ᠵᠢᠨ ᠲᠠᠯᠠᠪᠤᠷ᠎ᠲᠤ ᠬᠠᠪᠰᠤᠷᠤᠨ ᠲᠡᠳᠬᠦᠵᠦ᠂ ᠠᠵᠤ ᠠᠬᠤᠢ᠌ᠯᠠᠯ᠎ᠢ ᠱᠠᠯᠠᠪᠳᠠᠭᠤᠯᠵᠤ ᠪᠠᠶ᠋ᠢᠭ᠋ᠠᠳ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠬᠢᠷᠢ ᠲᠦᠪᠰᠢᠨ᠎ᠢ ᠳᠡᠬᠡᠭᠰᠢᠯᠡᠬᠦᠯᠦᠨ᠎ᠡ᠃
      ᠭᠤᠷᠪᠠᠳᠤᠭ᠋ᠠᠷ ᠪᠦᠯᠦᠭ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠷᠭ᠎ᠠ ᠮᠠᠶᠢᠭ
      ᠠᠷᠪᠠᠨ ᠵᠢᠷᠭᠤᠳᠤᠭ᠋ᠠᠷ ᠵᠦᠢ᠍ᠯ ᠵᠥᠪ ᠲᠠᠯ᠎ᠠ ᠵᠢᠨ ᠨᠠᠷᠢᠨ ᠲᠠᠩᠰᠠ ᠵᠢᠨ ᠳᠣᠲᠣᠷᠠᠬᠢ ᠠᠵᠤ ᠠᠬᠤᠢ᠌ᠯᠠᠯ᠎ᠢ 《ᠬᠣᠶᠠᠷ ᠲᠠᠰᠢᠷᠠᠮ ᠵᠶ᠋ᠠᠷ ᠰᠣᠩᠭᠣᠬᠤ᠂ ᠨᠢᠭᠡ ᠵᠢ ᠢᠯᠡ ᠪᠣᠯᠭ᠋ᠠᠬᠤ》 ᠪᠣᠬᠢᠷᠲᠤᠯ᠎ᠤᠨ ᠡᠬᠢ ᠵᠢᠨ ᠬᠢᠨᠠᠯᠲᠠ ᠬᠠᠮᠢᠶᠠᠷᠤᠯᠲᠠ ᠵᠢᠨ ᠬᠥᠳᠡᠯᠦᠩᠭᠦᠢ ᠮᠡᠳᠡᠭᠡ ᠵᠠᠩᠭᠢ ᠵᠢᠨ ᠬᠥᠮᠥᠷᠭᠡ᠎ᠳᠤ ᠣᠷᠣᠭᠤᠯᠬᠤ ᠵᠢᠨ ᠬᠠᠮᠲᠤ᠂ ᠬᠠᠤᠯᠢ ᠬᠡᠷᠡᠭᠵᠢᠭᠦᠯᠬᠦ ᠲᠥᠯᠥᠪᠯᠡᠭᠡ᠎ᠳᠤ ᠵᠢᠭᠰᠠᠭ᠋ᠠᠨ ᠣᠷᠣᠭᠤᠯᠵᠤ᠂ ᠰᠤᠭᠤᠴᠢᠨ ᠪᠠᠢ᠌ᠴᠠᠭ᠋ᠠᠭᠳᠠᠭᠰᠠᠨ ᠠᠵᠤ ᠠᠬᠤᠢ᠌ᠯᠠᠯ᠎ᠨᠢ ᠵᠠᠷᠴᠢᠮ ᠳᠡᠭᠡᠷ᠎ᠡ᠎ᠪᠠᠨ ᠲᠤᠬᠠᠢ ᠵᠢᠨ ᠲᠠᠯᠠᠪᠤᠷ᠎ᠤᠨ ᠪᠤᠰᠤ ᠠᠷᠭ᠎ᠠ ᠮᠠᠶᠢᠭ ᠵᠶ᠋ᠠᠷ ᠭᠣᠣᠯ ᠪᠣᠯᠭ᠋ᠠᠵᠤ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢ ᠥᠷᠨᠢᠭᠦᠯᠦᠨ᠎ᠡ᠃
      ᠠᠷᠪᠠᠨ ᠳᠣᠯᠣᠳᠤᠭ᠋ᠠᠷ ᠵᠦᠢ᠍ᠯ ᠲᠣᠰ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠵᠣᠬᠢᠶᠠᠨ ᠪᠠᠢ᠌ᠭᠤᠯᠤᠭᠰᠠᠨ ᠡᠯ᠎ᠡ ᠲᠥᠷᠥᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠤᠰᠬᠠᠢ ᠠᠵᠢᠯᠯᠠᠭ᠎ᠠ᠂ ᠡᠯ᠎ᠡ ᠵᠦᠢ᠍ᠯ᠎ᠤᠨ ᠲᠤᠰᠬᠠᠢ ᠪᠠᠢ᠌ᠴᠠᠭ᠋ᠠᠯᠲᠠ ᠵᠢᠨ ᠬᠦᠷᠢᠶ᠎ᠡ ᠬᠡᠪᠴᠢᠶᠡᠨ᠎ᠳᠤ ᠵᠢᠭᠰᠠᠭ᠋ᠠᠭᠳᠠᠭᠰᠠᠨ ᠵᠥᠪ ᠲᠠᠯ᠎ᠠ ᠵᠢᠨ ᠨᠠᠷᠢᠨ ᠲᠠᠩᠰᠠ᠎ᠲᠠᠢ ᠠᠵᠤ ᠠᠬᠤᠢ᠌ᠯᠠᠯ᠎ᠳᠤ᠂ ᠲᠤᠬᠠᠢ ᠵᠢᠨ ᠲᠠᠯᠠᠪᠤᠷ᠎ᠤᠨ ᠪᠤᠰᠤ ᠠᠷᠭ᠎ᠠ ᠮᠠᠶᠢᠭ ᠵᠶ᠋ᠠᠷ ᠭᠣᠣᠯ ᠪᠣᠯᠭ᠋ᠠᠵᠤ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢ ᠥᠷᠨᠢᠭᠦᠯᠦᠨ᠎ᠡ᠃
      ᠠᠷᠪᠠᠨ ᠨᠠᠢ᠍ᠮᠠᠳᠤᠭ᠋ᠠᠷ ᠵᠦᠢ᠍ᠯ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ ᠡᠯ᠎ᠡ ᠲᠥᠷᠥᠯ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠲᠣᠭ᠎ᠠ ᠪᠠᠷᠢᠮᠲᠠ᠂ ᠥᠪᠡᠰᠦᠪᠡᠨ ᠬᠢᠨᠠᠨ ᠬᠡᠮᠵᠢᠭᠰᠡᠨ ᠲᠣᠭ᠎ᠠ ᠪᠠᠷᠢᠮᠲᠠ ᠪᠤᠶᠤ ᠡᠨᠧᠷᠭᠢ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠲᠣᠭ᠎ᠠ ᠪᠠᠷᠢᠮᠲᠠ ᠵᠢ ᠶᠡᠷᠦᠩᠬᠡᠢ᠌ᠯᠡᠨ ᠬᠡᠷᠡᠭᠯᠡᠵᠦ ᠪᠠᠶ᠋ᠢᠭ᠋ᠠᠳ ᠲᠣᠮᠣ ᠳ᠋ᠠᠢ᠌ᠲ᠋ᠠ᠎ᠳᠤ ᠵᠠᠳᠠᠯᠤᠯᠲᠠ ᠬᠢᠵᠦ ᠰᠤᠳᠤᠯᠤᠨ ᠮᠠᠭ᠋ᠠᠳᠯᠠᠵᠤ ᠤᠷᠢᠳᠴᠢᠯᠠᠨ ᠰᠡᠷᠡᠮᠵᠢᠯᠡᠭᠦᠯᠵᠦ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠠᠭ ᠲᠤᠬᠠᠢ᠎ᠳᠤᠨᠢ ᠨᠠᠷᠢᠯᠢᠭ ᠣᠨᠣᠴᠠᠲᠠᠢ᠎ᠪᠠᠷ ᠢᠯᠡᠷᠡᠭᠦᠯᠦᠨ᠎ᠡ᠃
      ᠠᠷᠪᠠ ᠶᠢᠰᠦᠳᠦᠭᠡᠷ ᠵᠦᠢ᠍ᠯ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ᠎ᠬᠢᠨ ᠲᠤᠬᠠᠢ ᠵᠢᠨ ᠲᠠᠯᠠᠪᠠᠢ ᠵᠢᠨ ᠪᠤᠰᠤ ᠬᠠᠤᠯᠢ ᠬᠡᠷᠡᠭᠵᠢᠭᠦᠯᠬᠦ ᠠᠷᠭ᠎ᠠ ᠬᠡᠯᠪᠡᠷᠢ᠎ᠪᠠᠷ ᠵᠥᠪ ᠲᠠᠯ᠎ᠠ ᠵᠢᠨ ᠨᠠᠷᠢᠨ ᠲᠠᠩᠰᠠ ᠵᠢᠨ ᠳᠣᠲᠣᠷᠠᠬᠢ ᠠᠵᠤ ᠠᠬᠤᠢ᠌ᠯᠠᠯ᠎ᠳᠤ ᠬᠣᠯᠪᠣᠭᠳᠠᠯ ᠪᠦᠬᠦᠢ ᠲᠣᠭᠲᠠᠭ᠋ᠠᠯ᠎ᠠᠴᠠ ᠬᠡᠯᠲᠦᠷᠢᠭᠦᠯᠬᠦ ᠪᠠᠶ᠋ᠢᠳᠠᠯ ᠣᠷᠣᠰᠢᠵᠤ ᠪᠠᠢ᠌ᠭ᠎ᠠ ᠣᠷᠴᠢᠨ ᠲᠣᠭᠣᠷᠢᠨ᠎ᠤ ᠠᠰᠠᠭᠤᠳᠠᠯ᠎ᠤᠨ ᠰᠦᠪᠡᠭᠴᠢ ᠪᠤᠶᠤ ᠰᠦᠯᠵᠢᠶᠡᠨ ᠳᠡᠭᠡᠷᠡᠬᠢ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠬᠡᠪ᠎ᠤᠨ ᠪᠤᠰᠤ ᠪᠠᠶ᠋ᠢᠬᠤ ᠪᠤᠶᠤ ᠪᠠᠷᠢᠮᠵᠢᠶ᠎ᠠ᠎ᠠᠴᠠ ᠬᠡᠲᠦᠷᠡᠭᠰᠡᠨ ᠵᠡᠷᠭᠡ ᠠᠰᠠᠭᠤᠳᠠᠯ᠎ᠤᠨ ᠰᠦᠪᠡᠭᠴᠢ ᠵᠢ ᠢᠯᠡᠷᠡᠭᠦᠯᠦᠨ᠎ᠡ᠃ ᠡᠯᠧᠺᠲᠷᠣᠨ ᠱᠠᠯᠠᠪᠳᠠᠭᠤᠯᠤᠨ ᠰᠢᠢ᠍ᠳᠪᠦᠷᠢᠯᠡᠬᠦ ᠲᠠᠪᠴᠠᠩ᠎ᠤᠨ ᠰᠢᠰᠲ᠋ᠧᠮ᠎ᠢ ᠬᠡᠷᠡᠭᠯᠡᠨ ᠠᠵᠤ ᠠᠬᠤᠢ᠌ᠯᠠᠯ᠎ᠳᠤ ᠰᠡᠷᠡᠮᠵᠢᠯᠡᠭᠦᠯᠬᠦ ᠳᠣᠬᠢᠶ᠎ᠠ ᠵᠢ ᠴᠠᠭ ᠲᠤᠬᠠᠢ᠎ᠳᠤᠨᠢ ᠶᠠᠪᠤᠭᠤᠯᠵᠤ᠂ ᠠᠵᠤ ᠠᠬᠤᠢ᠌ᠯᠠᠯ᠎ᠨᠢ ᠰᠡᠷᠡᠮᠵᠢᠯᠡᠭᠦᠯᠦᠯ᠎ᠢ ᠣᠯᠣᠭᠰᠠᠨ᠎ᠤ ᠳᠠᠷᠠᠭ᠎ᠠ᠂ 12 ᠴᠠᠭ᠎ᠤᠨ ᠳᠣᠲᠣᠷ᠎ᠠ ᠴᠠᠭ ᠲᠤᠬᠠᠢ᠎ᠳᠤᠨᠢ ᠥᠪᠡᠷ ᠵᠶ᠋ᠡᠨ ᠬᠢᠨᠠᠨ ᠪᠠᠢ᠌ᠴᠠᠭ᠋ᠠᠬᠤ ᠵᠢ ᠥᠷᠨᠢᠭᠦᠯᠬᠦ ᠵᠢᠨ ᠬᠠᠮᠲᠤ ᠱᠠᠯᠠᠪᠳᠠᠭᠤᠯᠤᠨ ᠰᠢᠢ᠍ᠳᠪᠦᠷᠢᠯᠡᠬᠦ ᠲᠠᠪᠴᠠᠩ᠎ᠳᠤ ᠬᠠᠷᠢᠭᠤ ᠲᠤᠰᠬᠠᠬᠤ (ᠪᠤᠶᠤ ᠪᠢᠴᠢᠭ᠎ᠤᠨ ᠮᠡᠳᠡᠭᠦᠯᠦᠯᠲᠡ ᠪᠠ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ ᠵᠶ᠋ᠠᠨ ᠲᠤᠰᠢᠶᠠᠬᠤ) ᠬᠡᠷᠡᠭᠲᠡᠶ᠂ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ ᠵᠶ᠋ᠡᠷ ᠳᠠᠬᠢᠨ ᠬᠢᠨᠠᠭᠤᠯᠵᠤ ᠨᠤᠲᠠᠯᠠᠭᠤᠯᠤᠭᠰᠠᠨ᠎ᠤ ᠳᠠᠷᠠᠭ᠎ᠠ᠂ ᠲᠤᠬᠠᠢ ᠵᠢᠨ ᠲᠠᠯᠠᠪᠤᠷ᠎ᠤᠨ ᠪᠠᠢ᠌ᠴᠠᠭ᠋ᠠᠯᠲᠠ ᠵᠢᠨ ᠲᠠᠰ ᠳᠠᠷᠠᠭ᠋ᠠᠯᠠᠯ᠎ᠢ ᠡᠬᠢᠯᠡᠭᠦᠯᠬᠦ ᠦᠭᠡᠢ ᠪᠠᠢ᠌ᠵᠤ ᠪᠣᠯᠣᠨ᠎ᠠ᠃
      ᠬᠣᠷᠢᠳᠤᠭ᠋ᠠᠷ ᠵᠦᠢ᠍ᠯ ᠵᠥᠪ ᠲᠠᠯ᠎ᠠ ᠵᠢᠨ ᠨᠠᠷᠢᠨ ᠲᠠᠩᠰᠠ ᠵᠢᠨ ᠳᠣᠲᠣᠷᠠᠬᠢ ᠠᠵᠤ ᠠᠬᠤᠢ᠌ᠯᠠᠯ᠎ᠳᠤ ᠳᠣᠣᠷᠠᠬᠢ ᠪᠠᠶ᠋ᠢᠳᠠᠯ ᠪᠠᠢ᠌ᠪᠠᠯ᠂ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ᠎ᠬᠢᠨ ᠲᠤᠬᠠᠢ ᠵᠢᠨ ᠲᠠᠯᠠᠪᠠᠢ ᠵᠢᠨ ᠬᠠᠤᠯᠢ ᠬᠡᠷᠡᠭᠵᠢᠭᠦᠯᠬᠦ ᠲᠡᠰ ᠳᠠᠷᠠᠭ᠋ᠠᠯᠠᠯ᠎ᠢ ᠡᠬᠢᠯᠡᠭᠦᠯᠬᠦ ᠬᠡᠷᠡᠭᠲᠡᠢ᠃
      (ᠨᠢᠭᠡ) ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ ᠲᠤᠬᠠᠢ ᠵᠢᠨ ᠲᠠᠯᠠᠪᠤᠷ᠎ᠤᠨ ᠪᠤᠰᠤ ᠬᠠᠤᠯᠢ ᠬᠡᠷᠡᠭᠵᠢᠭᠦᠯᠬᠦ ᠠᠷᠭ᠎ᠠ ᠮᠠᠶᠢᠭ ᠵᠶ᠋ᠠᠷ ᠠᠵᠤ ᠠᠬᠤᠢ᠌ᠯᠠᠯ᠎ᠳᠤ ᠬᠠᠤᠯᠢ ᠵᠢ ᠵᠥᠷᠢᠴᠡᠭᠰᠡᠨ ᠠᠰᠠᠭᠤᠳᠠᠯ ᠣᠷᠣᠰᠢᠵᠤ ᠪᠠᠶ᠋ᠢᠬᠤ ᠵᠢ ᠣᠯᠵᠤ ᠮᠡᠳᠡᠭᠰᠡᠨ ᠪᠥᠭᠡᠳ ᠤᠷᠢᠳᠴᠢᠯᠠᠨ ᠰᠡᠷᠡᠮᠵᠢᠯᠡᠭᠦᠯᠦᠭᠰᠡᠨ᠎ᠤ ᠳᠠᠷᠠᠭ᠎ᠠ᠂ ᠠᠵᠤ ᠠᠬᠤᠢ᠌ᠯᠠᠯ᠎ᠨᠢ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠢ᠌ᠵᠢᠷᠠᠭᠤᠯᠤᠭᠰᠠᠨ ᠦᠭᠡᠢ᠂ ᠴᠡᠭᠴᠡᠯᠡᠨ ᠰᠠᠢ᠌ᠵᠢᠷᠠᠭᠤᠯᠤᠭᠰᠠᠨ᠎ᠨᠢ ᠪᠣᠳᠠᠲᠠᠢ᠌ᠵᠢᠭᠰᠠᠨ ᠦᠭᠡᠢ ᠪᠤᠶᠤ ᠴᠡᠭᠴᠡᠯᠡᠨ ᠰᠠᠢ᠌ᠵᠢᠷᠠᠭᠤᠯᠬᠤ ᠵᠢ ᠲᠡᠪᠴᠢᠭᠰᠡᠨ;
      (ᠬᠣᠶᠠᠷ) ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ ᠲᠤᠬᠠᠢ ᠵᠢᠨ ᠲᠠᠯᠠᠪᠤᠷ᠎ᠤᠨ ᠪᠤᠰᠤ ᠬᠠᠤᠯᠢ ᠬᠡᠷᠡᠭᠵᠢᠭᠦᠯᠬᠦ ᠠᠷᠭ᠎ᠠ ᠮᠠᠶᠢᠭ ᠵᠶ᠋ᠠᠷ ᠠᠵᠤ ᠠᠬᠤᠢ᠌ᠯᠠᠯ᠎ᠳᠤ ᠣᠷᠣᠰᠢᠵᠤ ᠪᠠᠢ᠌ᠭ᠎ᠠ ᠣᠷᠴᠢᠨ ᠲᠣᠭᠣᠷᠢᠨ᠎ᠤ ᠠᠰᠠᠭᠤᠳᠠᠯ᠎ᠢ ᠣᠯᠵᠤ ᠮᠡᠳᠡᠭᠡᠳ ᠲᠤᠬᠠᠢ ᠵᠢᠨ ᠲᠠᠯᠠᠪᠤᠷ᠎ᠲᠤᠨᠢ ᠦᠨᠡᠨᠬᠦ ᠬᠢᠨᠠᠨ ᠬᠠᠷᠭᠤᠭᠤᠯᠬᠤ ᠴᠢᠬᠤᠯᠠᠲᠠᠢ ᠪᠠᠶ᠋ᠢᠬᠤ;
      (ᠭᠤᠷᠪᠠ) ᠤᠯᠠᠨ ᠲᠦᠮᠡᠨ᠎ᠤ ᠢᠯᠡᠴᠢᠯᠡᠨ ᠮᠡᠳᠡᠭᠦᠯᠵᠦ ᠵᠠᠭ᠋ᠠᠯᠳᠤᠬᠤ᠂ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ᠎ᠤ ᠪᠠᠶ᠋ᠢᠳᠠᠯ ᠪᠠ ᠵᠠᠭᠤᠴᠢᠯᠠᠭᠤᠷ᠎ᠤᠨ ᠢᠯᠡᠴᠢᠯᠡᠭᠰᠡᠨ ᠵᠡᠷᠭᠡ ᠠᠰᠠᠭᠤᠳᠠᠯ᠎ᠳᠤ ᠬᠣᠯᠪᠣᠭᠳᠠᠭᠰᠠᠨ;
      (ᠳᠥᠷᠪᠡ) ᠣᠷᠴᠢᠨ ᠲᠣᠭᠣᠷᠢᠨ᠎ᠤ ᠭᠡᠨᠡᠳᠲᠡ ᠵᠢᠨ ᠬᠡᠷᠡᠭ ᠡᠭᠦᠰᠦᠭᠰᠡᠨ;
      (ᠲᠠᠪᠤ) ᠡᠳᠦᠷ ᠲᠤᠲᠤᠮ᠎ᠤᠨ ᠬᠠᠮᠢᠶᠠᠷᠤᠯᠲᠠ ᠵᠢᠨ ᠳᠤᠮᠳᠠ ᠰᠡᠵᠢᠭᠯᠡᠯᠲᠡᠢ ᠠᠰᠠᠭᠤᠳᠠᠯ᠎ᠤᠨ ᠰᠦᠪᠡᠭᠴᠢ ᠵᠢ ᠢᠯᠡᠷᠡᠭᠦᠯᠦᠭᠰᠡᠨ;
      (ᠵᠢᠷᠭᠤᠭ᠎ᠠ) ᠤᠯᠤᠰ᠂ ᠥᠪᠡᠷᠲᠡᠭᠡᠨ ᠵᠠᠰᠠᠬᠤ ᠣᠷᠣᠨ᠎ᠤ ᠲᠣᠮᠣ ᠬᠡᠯᠪᠡᠷᠢ ᠵᠢᠨ ᠠᠵᠢᠯᠯᠠᠭ᠎ᠠ ᠵᠢᠨ ᠬᠡᠷᠡᠭᠴᠡᠭᠡ ᠵᠢ ᠪᠠᠲᠤᠯᠠᠭ᠎ᠠ᠎ᠲᠠᠢ ᠪᠣᠯᠭ᠋ᠠᠬᠤ;
      (ᠲᠤᠯᠤᠭ᠎ᠠ) ᠤᠳᠤᠷᠢᠳᠤᠯᠭ᠎ᠠ ᠵᠢᠨ ᠵᠢᠭ᠋ᠠᠪᠤᠷᠢ᠎ᠳᠤ ᠴᠣᠬᠣᠯᠠᠪᠤᠷᠢᠯᠠᠭᠰᠠᠨ ᠣᠷᠴᠢᠨ ᠲᠣᠭᠣᠷᠢᠨ᠎ᠤ ᠬᠣᠯᠪᠣᠭᠳᠠᠯ ᠪᠦᠬᠦᠢ ᠠᠰᠠᠭᠤᠳᠠᠯ;
      (ᠨᠠᠢ᠍ᠮᠠ) ᠲᠤᠬᠠᠢ ᠵᠢᠨ ᠲᠠᠯᠠᠪᠤᠷ᠎ᠤᠨ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢ ᠡᠬᠢᠯᠡᠭᠦᠯᠬᠦ ᠶᠣᠰᠣᠲᠠᠢ ᠪᠤᠰᠤᠳ ᠪᠠᠶ᠋ᠢᠳᠠᠯ᠃
      ᠬᠣᠷᠢᠨ ᠨᠢᠭᠡᠳᠦᠭᠡᠷ ᠵᠦᠢ᠍ᠯ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠠᠴᠠ ᠵᠥᠪ ᠲᠠᠯ᠎ᠠ ᠵᠢᠨ ᠨᠠᠷᠢᠨ ᠲᠠᠩᠰᠠ ᠵᠢᠨ ᠳᠣᠲᠣᠷᠠᠬᠢ ᠠᠵᠤ ᠠᠬᠤᠢ᠌ᠯᠠᠯ᠎ᠤᠨ ᠲᠤᠬᠠᠢ ᠵᠢᠨ ᠲᠠᠯᠠᠪᠠᠢ ᠵᠢᠨ ᠬᠠᠤᠯᠢ ᠬᠡᠷᠡᠭᠵᠢᠭᠦᠯᠦᠯᠲᠡ ᠵᠢ ᠡᠬᠢᠯᠡᠭᠦᠯᠬᠦ᠎ᠠᠴᠠ ᠡᠮᠦᠨ᠎ᠡ᠂ ᠲᠤᠬᠠᠢ ᠵᠢᠨ ᠲᠠᠯᠠᠪᠠᠢ ᠵᠢᠨ ᠪᠠᠢ᠌ᠴᠠᠭ᠋ᠠᠯᠲᠠ ᠵᠢᠨ ᠬᠢᠨᠠᠨ ᠵᠥᠪᠰᠢᠶᠡᠷᠡᠬᠦ ᠲᠡᠰ ᠳᠠᠷᠠᠭ᠋ᠠᠯᠠᠯ᠎ᠢ ᠭᠦᠢ᠍ᠴᠡᠳᠬᠡᠵᠦ᠂ ᠬᠠᠤᠯᠢ ᠬᠡᠷᠡᠭᠵᠢᠭᠦᠯᠬᠦ ᠪᠠᠢ᠌ᠭᠤᠯᠤᠮᠵᠢ ᠵᠢᠨ ᠭᠣᠣᠯ ᠬᠠᠷᠢᠭᠤᠴᠠᠯᠭ᠋ᠠᠲᠠᠨ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ ᠰᠠᠶᠢ ᠲᠤᠬᠠᠢ ᠵᠢᠨ ᠲᠠᠯᠠᠪᠠᠢ ᠵᠢᠨ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢ ᠥᠷᠨᠢᠭᠦᠯᠵᠦ ᠪᠣᠯᠣᠨ᠎ᠠ᠃
      ᠳᠥᠷᠪᠡᠳᠦᠭᠡᠷ ᠪᠦᠯᠦᠭ ᠤᠷᠠᠮᠰᠢᠭᠤᠯᠤᠨ ᠵᠣᠷᠢᠭᠵᠢᠭᠤᠯᠬᠤ ᠪᠠ ᠵᠠᠯᠬᠠᠭ᠋ᠠᠨ ᠰᠢᠢ᠍ᠳᠬᠡᠬᠦ
      ᠬᠣᠷᠢᠨ ᠬᠣᠶᠠᠳᠤᠭ᠋ᠠᠷ ᠵᠦᠢ᠍ᠯ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ᠎ᠬᠢᠨ ᠵᠥᠪ ᠲᠠᠯ᠎ᠠ ᠵᠢᠨ ᠨᠠᠷᠢᠨ ᠲᠠᠩᠰᠠ᠎ᠲᠠᠢ ᠠᠵᠤ ᠠᠬᠤᠢ᠌ᠯᠠᠯ᠎ᠢ ᠤᠷᠢᠵᠤ ᠰᠣᠯᠢᠯᠴᠠᠭᠤᠯᠤᠨ ᠶᠠᠷᠢᠯᠴᠠᠵᠤ᠂ ᠠᠵᠤ ᠠᠬᠤᠢ᠌ᠯᠠᠯ᠎ᠤᠨ ᠬᠦᠰᠡᠯ ᠱᠠᠭ᠋ᠠᠷᠳᠠᠯᠭ᠎ᠠ ᠵᠢ ᠴᠠᠭ ᠲᠤᠬᠠᠢ᠎ᠳᠤᠨᠢ ᠰᠣᠨᠣᠰᠴᠤ᠂ ᠬᠣᠯᠪᠣᠭᠳᠠᠯ ᠪᠦᠬᠦᠢ ᠠᠵᠢᠯ ᠳᠦᠷᠦᠯ ᠠᠵᠤ ᠠᠬᠤᠢ᠌ᠯᠠᠯ᠎ᠤᠨ ᠬᠠᠤᠯᠢ᠎ᠠᠴᠠ ᠵᠥᠷᠢᠴᠡᠭᠰᠡᠨ ᠲᠦᠭᠰᠢᠭᠦᠷᠢ ᠵᠢᠨ ᠴᠡᠭ᠎ᠢ ᠡᠮᠬᠢᠯᠡᠵᠦ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠱᠠᠭ᠋ᠠᠷᠳᠠᠯᠭ᠎ᠠ ᠵᠢ ᠲᠣᠳᠣᠷᠬᠠᠢ᠌ᠯᠠᠵᠤ᠂ ᠬᠠᠤᠯᠢ ᠴᠠᠭ᠋ᠠᠵᠠ ᠵᠢ ᠲᠦᠭᠡᠮᠡᠯᠵᠢᠭᠦᠯᠬᠦ ᠤᠬᠠᠭᠤᠯᠭ᠎ᠠ ᠵᠢ ᠴᠢᠩᠭ᠋ᠠᠳᠬᠠᠵᠤ᠂ ᠠᠵᠤ ᠠᠬᠤᠢ᠌ᠯᠠᠯ᠎ᠤᠨ ᠬᠠᠤᠯᠢ ᠵᠢ ᠰᠠᠬᠢᠬᠤ ᠤᠬᠠᠮᠰᠠᠷ᠎ᠢ ᠴᠢᠩᠭ᠋ᠠᠳᠬᠠᠨ᠎ᠠ᠃
      ᠬᠣᠷᠢᠨ ᠭᠤᠷᠪᠠᠳᠤᠭ᠋ᠠᠷ ᠵᠦᠢ᠍ᠯ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ ᠵᠥᠪ ᠲᠠᠯ᠎ᠠ ᠵᠢᠨ ᠨᠠᠷᠢᠨ ᠲᠠᠩᠰᠠ ᠵᠢᠨ ᠠᠵᠤ ᠠᠬᠤᠢ᠌ᠯᠠᠯ᠎ᠤᠨ ᠪᠣᠳᠠᠲᠠᠢ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ᠂ ᠬᠠᠪᠰᠤᠷᠤᠨ ᠲᠡᠳᠬᠦᠵᠦ ᠵᠢᠯᠤᠭᠣᠳᠬᠤ᠎ᠪᠠᠨ ᠴᠢᠩᠭ᠋ᠠᠳᠬᠠᠵᠤ᠂ ᠴᠠᠭ ᠲᠤᠬᠠᠢ᠎ᠳᠤᠨᠢ ᠰᠠᠨᠠᠭᠤᠯᠤᠨ ᠰᠡᠷᠡᠮᠵᠢᠯᠡᠭᠦᠯᠵᠦ᠂ ᠲᠤᠰᠬᠠᠢ ᠪᠠᠢ᠌ᠭᠤᠯᠤᠮᠵᠢ ᠵᠢ ᠬᠥᠲᠥᠯᠥᠨ ᠵᠢᠯᠤᠭᠣᠳᠴᠤ ᠪᠠᠶ᠋ᠢᠭ᠋ᠠᠳ ᠠᠵᠤ ᠠᠬᠤᠢ᠌ᠯᠠᠯ᠎ᠳᠤ ᠨᠠᠷᠢᠯᠢᠭᠵᠢᠭᠤᠯᠤᠭᠰᠠᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠦᠢ᠍ᠯᠡᠴᠢᠯᠡᠭᠡ ᠬᠠᠩᠭ᠋ᠠᠵᠤ᠂ ᠠᠵᠤ ᠠᠬᠤᠢ᠌ᠯᠠᠯ᠎ᠢ ᠬᠠᠪᠰᠤᠷᠤᠨ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢᠨ ᠬᠠᠮᠢᠶᠠᠷᠤᠯᠲᠠ ᠵᠢᠨ ᠴᠢᠳᠠᠪᠤᠷᠢ ᠵᠢ᠎ᠨᠢ ᠳᠡᠬᠡᠭᠰᠢᠯᠡᠬᠦᠯᠦᠨ᠎ᠡ᠃
      ᠬᠣᠷᠢᠨ ᠳᠥᠷᠪᠡᠳᠦᠭᠡᠷ ᠵᠦᠢ᠍ᠯ ᠵᠥᠪ ᠲᠠᠯ᠎ᠠ ᠵᠢᠨ ᠨᠠᠷᠢᠨ ᠲᠠᠩᠰᠠ᠎ᠲᠠᠢ ᠠᠵᠤ ᠠᠬᠤᠢ᠌ᠯᠠᠯ᠎ᠨᠢ ᠠᠩᠬ᠎ᠠ ᠤᠳᠠᠭ᠎ᠠ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠮᠥᠷᠲᠡᠭᠡᠨ ᠬᠣᠣᠷ ᠬᠥᠨᠥᠭᠡᠯ᠎ᠤᠨ ᠦᠷ᠎ᠡ ᠳ᠋ᠦᠩ᠎ᠨᠢ ᠬᠥᠩᠭᠡᠨ ᠪᠥᠭᠡᠳ ᠴᠠᠭ ᠲᠤᠬᠠᠢ᠎ᠳᠤᠨᠢ ᠵᠠᠯᠠᠷᠠᠭᠤᠯᠤᠭᠰᠠᠨ ᠪᠠᠢ᠌ᠪᠠᠯ᠂ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠬᠡᠯ ᠥᠭᠬᠦ ᠦᠭᠡᠢ ᠪᠠᠢ᠌ᠵᠤ ᠪᠣᠯᠣᠨ᠎ᠠ᠂ ᠵᠥᠪ ᠲᠠᠯ᠎ᠠ ᠵᠢᠨ ᠨᠠᠷᠢᠨ ᠲᠠᠩᠰᠠ᠎ᠪᠠᠨ ᠰᠢᠯᠵᠢᠭᠦᠯᠬᠦ ᠦᠭᠡᠢ᠃
      ᠬᠣᠷᠢᠨ ᠲᠠᠪᠤᠳᠤᠭ᠋ᠠᠷ ᠵᠦᠢ᠍ᠯ ᠵᠥᠪ ᠲᠠᠯ᠎ᠠ ᠵᠢᠨ ᠨᠠᠷᠢᠨ ᠲᠠᠩᠰᠠ ᠵᠢᠨ ᠳᠣᠲᠣᠷᠠᠬᠢ ᠠᠵᠤ ᠠᠬᠤᠢ᠌ᠯᠠᠯ᠎ᠳᠤ ᠳᠣᠣᠷᠠᠬᠢ ᠪᠠᠶ᠋ᠢᠳᠠᠯ᠎ᠤᠨ ᠨᠢᠭᠡ᠎ᠨᠢ ᠪᠠᠢ᠌ᠪᠠᠯ᠂ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ ᠲᠡᠭᠦᠨ᠎ᠢ ᠵᠥᠪ ᠲᠠᠯ᠎ᠠ ᠵᠢᠨ ᠨᠠᠷᠢᠨ ᠲᠠᠩᠰᠠᠨ᠎ᠠᠴᠠ ᠰᠢᠯᠵᠢᠭᠦᠯᠦᠨ ᠭᠠᠷᠭ᠋ᠠᠵᠤ᠂ ᠨᠡᠢ᠌ᠭᠡᠮ᠎ᠳᠤ ᠢᠯᠡ ᠪᠣᠯᠭ᠋ᠠᠬᠤ ᠵᠢᠨ ᠬᠠᠮᠲᠤ᠂ 《ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ》 ᠤᠨᠴᠠᠭ᠋ᠠᠢ ᠬᠢᠨᠠᠨ ᠬᠠᠮᠢᠶᠠᠷᠬᠤ ᠡᠲᠡᠭᠡᠳ᠎ᠲᠤ ᠵᠢᠭᠰᠠᠭ᠋ᠠᠨ ᠣᠷᠣᠭᠤᠯᠵᠤ᠂ ᠬᠢᠨᠠᠨ ᠬᠠᠮᠢᠶᠠᠷᠬᠤ ᠡᠷᠴᠢᠮ ᠵᠶ᠋ᠡᠨ ᠴᠢᠩᠭ᠋ᠠᠷᠠᠭᠤᠯᠤᠨ᠎ᠠ᠃
      (ᠨᠢᠭᠡ) ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ ᠲᠤᠬᠠᠢ ᠵᠢᠨ ᠲᠠᠯᠠᠪᠤᠷ᠎ᠤᠨ ᠪᠤᠰᠤ ᠬᠠᠤᠯᠢ ᠬᠡᠷᠡᠭᠵᠢᠭᠦᠯᠬᠦ ᠠᠷᠭ᠎ᠠ ᠮᠠᠶᠢᠭ ᠵᠶ᠋ᠠᠷ ᠳᠠᠮᠵᠢᠭᠤᠯᠤᠨ ᠵᠥᠪ ᠲᠠᠯ᠎ᠠ ᠵᠢᠨ ᠨᠠᠷᠢᠨ ᠲᠠᠩᠰᠠ ᠵᠢᠨ ᠳᠣᠲᠣᠷᠠᠬᠢ ᠠᠵᠤ ᠠᠬᠤᠢ᠌ᠯᠠᠯ᠎ᠳᠤ ᠬᠠᠤᠯᠢ ᠵᠢ ᠵᠥᠷᠢᠴᠡᠭᠰᠡᠨ ᠠᠰᠠᠭᠤᠳᠠᠯ ᠣᠷᠣᠰᠢᠵᠤ ᠪᠠᠶ᠋ᠢᠬᠤ ᠵᠢ ᠣᠯᠵᠤ ᠮᠡᠳᠡᠭᠰᠡᠨ ᠪᠥᠭᠡᠳ ᠤᠷᠢᠳᠴᠢᠯᠠᠨ ᠰᠡᠷᠡᠮᠵᠢᠯᠡᠭᠦᠯᠦᠭᠰᠡᠨ᠎ᠤ ᠳᠠᠷᠠᠭ᠎ᠠ᠂ ᠠᠵᠤ ᠠᠬᠤᠢ᠌ᠯᠠᠯ᠎ᠨᠢ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠢ᠌ᠵᠢᠷᠠᠭᠤᠯᠤᠭᠰᠠᠨ ᠦᠭᠡᠢ᠂ ᠴᠡᠭᠴᠡᠯᠡᠨ ᠰᠠᠢ᠌ᠵᠢᠷᠠᠭᠤᠯᠤᠭᠰᠠᠨ᠎ᠨᠢ ᠪᠣᠳᠠᠲᠠᠢ᠌ᠵᠢᠭᠰᠠᠨ ᠦᠭᠡᠢ ᠪᠤᠶᠤ ᠴᠡᠭᠴᠡᠯᠡᠨ ᠰᠠᠢ᠌ᠵᠢᠷᠠᠭᠤᠯᠬᠤ ᠵᠢ ᠲᠡᠪᠴᠢᠭᠰᠡᠨ;
      (ᠬᠣᠶᠠᠷ) ᠵᠥᠪ ᠲᠠᠯ᠎ᠠ ᠵᠢᠨ ᠨᠠᠷᠢᠨ ᠲᠠᠩᠰᠠ ᠵᠢᠨ ᠳᠣᠲᠣᠷᠠᠬᠢ ᠠᠵᠤ ᠠᠬᠤᠢ᠌ᠯᠠᠯ᠎ᠤᠨ ᠤᠯᠠᠨ ᠲᠦᠮᠡᠨ᠎ᠳᠤ ᠬᠣᠯᠪᠣᠭᠳᠠᠭᠰᠠᠨ ᠳᠠᠬᠢᠨ ᠳᠠᠪᠲᠠᠨ ᠢᠯᠡᠴᠢᠯᠡᠨ ᠵᠠᠭ᠋ᠠᠯᠳᠤᠵᠤ᠂ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ᠎ᠤ ᠪᠠᠶ᠋ᠢᠳᠠᠯ ᠪᠤᠶᠤ ᠵᠠᠭᠤᠴᠢᠯᠠᠭᠤᠷ᠎ᠤᠨ ᠢᠯᠡᠴᠢᠯᠡᠯᠲᠡ ᠵᠢ ᠡᠭᠦᠰᠬᠡᠭᠰᠡᠨ ᠵᠡᠷᠭᠡ ᠠᠰᠠᠭᠤᠳᠠᠯ᠎ᠢ ᠪᠠᠢ᠌ᠴᠠᠭ᠋ᠠᠭ᠋ᠠᠳ ᠦᠨᠡᠨ ᠪᠣᠳᠠᠲᠠᠢ ᠪᠣᠯᠤᠭᠰᠠᠨ;
      (ᠭᠤᠷᠪᠠ) ᠣᠷᠴᠢᠨ ᠠᠬᠤᠢ ᠵᠢᠨ ᠭᠡᠨᠡᠳᠲᠡ ᠵᠢᠨ ᠬᠡᠷᠡᠭ ᠡᠭᠦᠰᠦᠭᠰᠡᠨ;
      (ᠳᠥᠷᠪᠡ) ᠤᠯᠤᠰ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠪᠠ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠠᠶ᠋ᠢᠳᠠᠯ ᠲᠥᠷᠥ ᠵᠢᠨ ᠪᠣᠳᠣᠯᠭ᠎ᠠ ᠵᠢᠨ ᠬᠤᠪᠢᠷᠠᠯᠲᠠ᠎ᠳᠤ ᠲᠣᠬᠢᠷᠠᠭᠤᠯᠤᠯᠲᠠ ᠬᠢᠬᠦ ᠴᠢᠬᠤᠯᠠᠲᠠᠢ ᠪᠠᠶ᠋ᠢᠬᠤ;
      (ᠲᠠᠪᠤ) ᠳᠡᠭᠡᠷ᠎ᠡ ᠨᠢᠭᠡ ᠦᠨᠡᠯᠡᠯᠲᠡ ᠵᠢᠨ ᠦᠶᠡᠯᠡᠯ᠎ᠤᠨ ᠬᠤᠭᠤᠴᠠᠭ᠋ᠠᠨ᠎ᠳᠠᠬᠢ ᠣᠷᠴᠢᠨ ᠲᠣᠭᠣᠷᠢᠨ᠎ᠤ ᠢᠲᠡᠭᠡᠮᠵᠢ ᠵᠢᠨ ᠦᠨᠡᠯᠡᠯᠲᠡ ᠵᠢᠨ ᠲᠠᠰ᠎ᠨᠢ D ᠲᠠᠰ᠎ᠤᠨ ᠠᠵᠤ ᠠᠬᠤᠢ᠌ᠯᠠᠯ;
      (ᠵᠢᠷᠭᠤᠭ᠎ᠠ) ᠵᠥᠪ ᠲᠠᠯ᠎ᠠ ᠵᠢᠨ ᠨᠠᠷᠢᠨ ᠬᠠᠭᠤᠳᠠᠰᠤ᠎ᠲᠠᠢ ᠠᠵᠤ ᠠᠬᠤᠢ᠌ᠯᠠᠯ᠎ᠳᠤ ᠮᠠᠭᠤ ᠰᠠᠨᠠᠭ᠎ᠠ᠎ᠲᠠᠢ᠎ᠪᠠᠷ ᠳᠠᠯᠳᠠᠭᠤᠷ ᠭᠠᠳᠠᠭᠰᠢᠯᠠᠭᠤᠯᠬᠤ᠂ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠬᠤ᠂ ᠬᠢᠨᠠᠯᠲᠠ ᠬᠠᠮᠢᠶᠠᠷᠤᠯᠲᠠ᠎ᠠᠴᠠ ᠵᠠᠶ᠋ᠢᠯᠠᠬᠤ᠂ ᠪᠠᠷᠢᠮᠵᠢᠶ᠎ᠠ ᠎ᠠᠴᠠ ᠬᠦᠨᠳᠦ ᠨᠣᠴᠢᠲᠠᠢ ᠬᠡᠲᠦᠷᠡᠭᠦᠯᠦᠨ ᠭᠠᠳᠠᠭᠰᠢᠯᠠᠭᠤᠯᠬᠤ ᠵᠡᠷᠭᠡ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠣᠷᠣᠰᠢᠵᠤ ᠪᠠᠶ᠋ᠢᠬᠤ;
      (ᠲᠤᠯᠤᠭ᠎ᠠ) ᠵᠥᠪ ᠲᠠᠯ᠎ᠠ ᠵᠢᠨ ᠲᠣᠳᠣᠷᠬᠠᠢ ᠲᠠᠩᠰᠠ ᠵᠢ ᠰᠢᠯᠵᠢᠭᠦᠯᠦᠨ ᠭᠠᠷᠭ᠋ᠠᠭᠰᠠᠨ ᠪᠤᠰᠤᠳ ᠪᠠᠶ᠋ᠢᠳᠠᠯ᠎ᠤᠳ᠃
      ᠲᠠᠪᠤᠳᠤᠭ᠋ᠠᠷ ᠪᠦᠯᠦᠭ ᠳᠠᠭ᠋ᠠᠯᠳᠤᠭᠤᠯᠤᠭᠰᠠᠨ ᠳᠦᠷᠢᠮ
      ᠬᠣᠷᠢᠨ ᠵᠢᠷᠭᠤᠳᠤᠭ᠋ᠠᠷ ᠵᠦᠢ᠍ᠯ ᠲᠣᠰ ᠳᠦᠷᠢᠮ᠎ᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠬᠠᠷᠢᠭᠤᠴᠠᠨ ᠲᠠᠢ᠌ᠯᠪᠤᠷᠢᠯᠠᠵᠤ᠂ ᠨᠡᠢ᠌ᠲᠡᠯᠡᠭᠰᠡᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠬᠡᠷᠪᠡ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠢ ᠲᠣᠭᠲᠠᠭ᠋ᠠᠬᠤ᠎ᠳᠤ ᠠᠰᠲᠠᠭ᠋ᠠᠨ ᠲᠣᠬᠢᠷᠠᠭᠤᠯᠤᠯᠲᠠ ᠵᠢᠨ ᠲᠣᠭᠲᠠᠭ᠋ᠠᠯ᠎ᠲᠠᠢ ᠪᠠᠢ᠌ᠪᠠᠯ᠂ ᠲᠡᠷᠡ ᠲᠣᠭᠲᠠᠭ᠋ᠠᠯ ᠵᠶ᠋ᠠᠷ ᠲᠣᠭᠲᠠᠭ᠋ᠠᠬᠤ ᠬᠡᠷᠡᠭᠲᠡᠶ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠦᠷᠢᠶ᠎ᠡ ᠴᠠᠷᠠᠭ᠎ᠠ ᠵᠢᠨ 〈ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ〉 ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠬᠡᠷᠡᠭᠵᠢᠭᠦᠯᠬᠦ ᠨᠠᠷᠢᠨ ᠳᠦᠷᠢᠮ》᠎ᠢ ᠳᠠᠷᠤᠮᠠᠯᠯᠠᠨ ᠪᠠᠭᠤᠯᠭ᠋ᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠮᠡᠳᠡᠭᠳᠡᠯ
ᠰᠢ ᠵᠢᠨ ᠫᠢᠩ᠄ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢ᠌ᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭ᠋ᠠᠯ》᠎ᠤᠨ ᠲᠤᠬᠠᠢ ᠲᠣᠳᠣᠷᠬᠠᠢ᠌ᠯᠠᠯᠲᠠ
ᠳᠠᠯᠠᠳ ᠬᠣᠰᠢᠭᠤᠨ᠎ᠤ 100 ᠲᠦᠮᠡᠨ ᠺᠢᠯᠣᠸᠠᠲ᠎ᠤᠨ ᠠᠭᠤᠷᠬᠠᠢ ᠵᠢᠨ ᠣᠷᠣᠨ᠎ᠤ ᠭᠡᠷᠡᠯ ᠸᠣᠯᠲ + ᠡᠨᠧᠷᠭᠢ ᠬᠠᠳᠠᠭ᠋ᠠᠯᠠᠬᠤ ᠲᠥᠷᠥᠯ ᠵᠦᠢ᠍ᠯ (ᠭᠡᠷᠡᠯ ᠸᠣᠯᠲ᠎ᠤᠨ ᠬᠡᠰᠡᠭ)᠎ᠤᠨ ᠲᠣᠣᠷ᠎ᠲᠤ ᠵᠠᠯᠭ᠋ᠠᠬᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠴᠣᠬᠣᠯᠠᠪᠤᠷᠢ
ᠢᠦᠢ ᠵᠢᠩ ᠰᠢᠨᠵᠢᠯᠡᠬᠦ ᠤᠬᠠᠭᠠ ᠲᠧᠭᠨᠢᠭ ᠮᠡᠷᠭᠡᠵᠢᠯ᠎ᠤᠨ ᠣᠨᠴᠠ ᠲᠥᠷᠥᠯ᠎ᠤᠨ ᠰᠢᠯ᠎ᠢ ᠶᠡᠷᠦᠩᠬᠡᠢ᠌ᠯᠡᠨ ᠠᠰᠢᠭᠯᠠᠬᠤ ᠲᠥᠷᠥᠯ ᠵᠦᠢ᠍ᠯ᠎ᠤᠨ 110 ᠺᠢᠯᠣᠸᠠᠲ᠎ᠤᠨ ᠴᠠᠬᠢᠯᠭ᠋ᠠᠨ ᠬᠠᠩᠭ᠋ᠠᠬᠤ ᠱᠤᠭᠤᠮ᠎ᠤᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ  ᠲᠣᠭᠣᠷᠢᠨ᠎ᠤ ᠲᠢᠩᠬᠢᠮ᠎ᠤᠨ ᠴᠣᠬᠣᠯᠠᠪᠤᠷᠢ
ᠦᠬᠠᠢ ᠬᠣᠲᠠ ᠵᠢᠨ ᠭᠤᠸᠠᠩ ᠵᠢᠨ ᠰᠢᠨ᠎ᠡ ᠮᠠᠲ᠋ᠧᠷᠢᠶᠠᠯ᠎ᠤᠨ ᠬᠢᠵᠠᠭ᠋ᠠᠷᠲᠤ ᠺᠣᠮᠫᠠᠨᠢ ᠵᠢᠨ 220kV ᠬᠦᠴᠦᠳᠡᠯ ᠥᠭᠡᠷᠡᠴᠢᠯᠡᠬᠦ ᠥᠷᠲᠡᠭᠡ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠴᠣᠬᠣᠯᠠᠪᠤᠷᠢ
 
             蒙ICP备05000248号