ᠡᠯ᠎ᠡ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠳᠤ᠄
ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ 《ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ》 ᠬᠢᠨᠠᠯᠲᠠ ᠬᠠᠮᠢᠶᠠᠷᠤᠯᠲᠠ ᠵᠢᠨ ᠠᠵᠢᠯ᠎ᠢ ᠵᠢᠷᠤᠮᠵᠢᠭᠤᠯᠬᠤ ᠵᠢᠨ ᠲᠥᠯᠥᠭᠡ᠂ ᠲᠣᠬᠢᠶᠠᠯᠳᠤᠯ ᠵᠶ᠋ᠠᠷ ᠰᠤᠭᠤᠴᠢᠨ ᠪᠠᠢ᠌ᠴᠠᠭ᠋ᠠᠬᠤ ᠠᠵᠢᠯ᠎ᠢ ᠪᠦᠬᠦᠨ᠎ᠳᠤ ᠪᠦᠷᠬᠦᠭᠦᠯᠬᠦ᠂ ᠪᠠᠢ᠌ᠩᠭᠤᠵᠢᠭᠤᠯᠬᠤ ᠵᠢ ᠠᠬᠢᠭᠤᠯᠵᠤ᠂ 《ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶᠡᠨ᠎ᠳᠤ ᠰᠠᠯᠠᠭ᠎ᠠ ᠮᠥᠴᠢᠷ ᠬᠣᠯᠪᠤᠭ᠋ᠠᠯᠠᠨ 〈ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ〉 ᠬᠢᠨᠠᠨ ᠬᠠᠮᠢᠶᠠᠷᠬᠤ ᠰᠠᠨᠠᠯ᠎ᠢ ᠪᠦᠬᠦ ᠲᠠᠯ᠎ᠠ᠎ᠪᠠᠷ ᠬᠡᠷᠡᠭᠵᠢᠭᠦᠯᠬᠦ ᠲᠤᠬᠠᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠠᠨᠠᠯ》 (ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠲᠠᠷᠬᠠᠭ᠋ᠠᠭᠰᠠᠨ [2019] 5 ᠲᠣᠭ᠋ᠠᠲᠤ) 《ᠠᠮᠢ ᠠᠬᠤᠢ ᠣᠷᠴᠢᠨ ᠲᠣᠭᠣᠷᠢᠨ᠎ᠤ 〈ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ〉 ᠬᠢᠨᠠᠨ ᠬᠠᠮᠢᠶᠠᠷᠬᠤ ᠠᠵᠢᠯ᠎ᠢ ᠪᠦᠬᠦ ᠲᠠᠯ᠎ᠠ᠎ᠪᠠᠷ ᠬᠡᠷᠡᠭᠵᠢᠭᠦᠯᠬᠦ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠯᠪᠠᠨ ᠲᠢᠩᠬᠢᠮ᠎ᠤᠨ ᠵᠢᠯᠤᠭᠣᠳᠬᠤ ᠰᠠᠨᠠᠯ》 (ᠣᠷᠴᠢᠨ ᠲᠣᠭᠣᠷᠢᠨ᠎ᠤ ᠶᠠᠮᠤᠨ᠎ᠤ ᠠᠯᠪᠠᠨ ᠲᠢᠩᠬᠢᠮ᠎ᠤᠨ ᠬᠠᠤᠯᠢ ᠬᠡᠷᠡᠭᠵᠢᠭᠦᠯᠬᠦ [2021] 18 ᠲᠣᠭ᠋ᠠᠲᠤ) 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶᠡᠨ᠎ᠳᠤ ᠰᠠᠯᠠᠭ᠎ᠠ ᠮᠥᠴᠢᠷ ᠬᠣᠯᠪᠤᠭ᠋ᠠᠯᠠᠨ 〈ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ〉 ᠬᠢᠨᠠᠨ ᠬᠠᠮᠢᠶᠠᠷᠤᠯᠲᠠ ᠵᠢᠨ ᠬᠡᠷᠡᠭᠵᠢᠭᠦᠯᠬᠦ ᠠᠷᠭ᠎ᠠ》 ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ᠎ᠤᠨ ᠱᠠᠭ᠋ᠠᠷᠳᠠᠯᠭ᠎ᠠ᠎ᠪᠠᠷ ᠮᠠᠨ᠎ᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ᠂ ᠮᠠᠨ᠎ᠤ ᠲᠢᠩᠬᠢᠮ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ 〈ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ〉 ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠬᠡᠷᠡᠭᠵᠢᠭᠦᠯᠬᠦ ᠨᠠᠷᠢᠨ ᠳᠦᠷᠢᠮ》᠎ᠢ ᠲᠣᠭᠲᠠᠭ᠋ᠠᠪᠠ᠃ ᠡᠳᠦᠭᠡ ᠲᠠᠨᠠᠷ᠎ᠲᠤ ᠳᠠᠷᠤᠮᠠᠯᠯᠠᠨ ᠪᠠᠭᠤᠯᠭ᠋ᠠᠪᠠ᠂ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠬᠢᠨᠠᠮᠠᠭ᠋ᠠᠢ ᠬᠡᠷᠡᠭᠵᠢᠭᠦᠯᠲᠦᠭᠡᠢ᠃
ᠬᠠᠷᠢᠯᠴᠠᠬᠤ ᠬᠥᠮᠥᠨ᠄ ᠰᠤᠷᠤᠨ᠎ᠠ
ᠬᠠᠷᠢᠯᠴᠠᠬᠤ ᠤᠲᠠᠰᠤ᠄ 0471-4632185
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠠᠮᠢ ᠠᠬᠤᠢ ᠣᠷᠴᠢᠨ ᠲᠣᠭᠣᠷᠢᠨ᠎ᠤ ᠲᠢᠩᠬᠢᠮ
2024 ᠣᠨ᠎ᠤ 7 ᠰᠠᠷ᠎ᠠ ᠵᠢᠨ 18᠎ᠤ ᠡᠳᠦᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ 《ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ》
ᠬᠢᠨᠠᠨ ᠬᠠᠮᠢᠶᠠᠷᠬᠤ ᠠᠵᠢᠯ᠎ᠢ ᠬᠡᠷᠡᠭᠵᠢᠭᠦᠯᠬᠦ ᠨᠠᠷᠢᠨ ᠳᠦᠷᠢᠮ
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ 《ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ》 ᠬᠢᠨᠠᠯᠲᠠ ᠬᠠᠮᠢᠶᠠᠷᠤᠯᠲᠠ ᠵᠢᠨ ᠠᠵᠢᠯ᠎ᠢ ᠵᠢᠷᠤᠮᠵᠢᠭᠤᠯᠵᠤ᠂ ᠮᠠᠨ᠎ᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ 《ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ》 ᠬᠢᠨᠠᠯᠲᠠ ᠬᠠᠮᠢᠶᠠᠷᠤᠯᠲᠠ ᠵᠢᠨ ᠠᠵᠢᠯ᠎ᠢ ᠪᠦᠬᠦᠨ᠎ᠳᠤ ᠬᠠᠮᠤᠷᠤᠭᠤᠯᠬᠤ᠂ ᠪᠠᠢ᠌ᠩᠭᠤᠵᠢᠭᠤᠯᠬᠤ ᠵᠢ ᠪᠡᠶᠡᠯᠡᠭᠦᠯᠵᠦ᠂ 《ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶᠡᠨ᠎ᠳᠤ ᠰᠠᠯᠠᠭ᠎ᠠ ᠮᠥᠴᠢᠷ ᠬᠣᠯᠪᠤᠭ᠋ᠠᠯᠠᠨ 〈ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ〉 ᠵᠢ ᠬᠢᠨᠠᠨ ᠬᠠᠮᠢᠶᠠᠷᠬᠤ ᠵᠢ ᠪᠦᠬᠦ ᠲᠠᠯ᠎ᠠ᠎ᠪᠠᠷ ᠬᠡᠷᠡᠭᠵᠢᠭᠦᠯᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》 (ᠲᠥᠷᠥ ᠵᠢᠨ ᠶᠠᠪᠤᠳᠠᠯ᠎ᠤᠨ ᠬᠤᠷᠢᠶᠠᠨ᠎ᠤ ᠲᠠᠷᠬᠠᠭ᠋ᠠᠭᠰᠠᠨ [2019] 5 ᠲᠣᠭ᠋ᠠᠲᠤ) 《ᠠᠮᠢ ᠠᠬᠤᠢ ᠣᠷᠴᠢᠨ ᠲᠣᠭᠣᠷᠢᠨ᠎ᠤ 〈ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ〉 ᠵᠢᠨ ᠬᠢᠨᠠᠨ ᠬᠠᠮᠢᠶᠠᠷᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠯᠪᠠᠨ ᠲᠢᠩᠬᠢᠮ᠎ᠤᠨ ᠵᠢᠯᠤᠭᠣᠳᠬᠤ ᠰᠠᠨᠠᠯ》 (ᠣᠷᠴᠢᠨ ᠲᠣᠭᠣᠷᠢᠨ᠎ᠤ ᠶᠠᠮᠤᠨ᠎ᠤ ᠠᠯᠪᠠᠨ ᠲᠢᠩᠬᠢᠮ᠎ᠤᠨ ᠬᠠᠤᠯᠢ ᠬᠡᠷᠡᠭᠵᠢᠭᠦᠯᠬᠦ [2021] 18 ᠲᠣᠭ᠋ᠠᠲᠤ) 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠨ ᠬᠠᠮᠢᠶᠠᠷᠬᠤ ᠬᠦᠷᠢᠶ᠎ᠡ ᠴᠠᠷᠠᠭ᠎ᠠ ᠵᠢᠨ ᠰᠠᠯᠠᠭ᠎ᠠ ᠮᠥᠴᠢᠷ᠎ᠤᠳ ᠬᠣᠯᠪᠤᠭ᠋ᠠᠯᠠᠨ 〈ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ〉 ᠬᠢᠨᠠᠨ ᠬᠠᠮᠢᠶᠠᠷᠤᠯᠲᠠ ᠵᠢᠨ ᠬᠡᠷᠡᠭᠵᠢᠭᠦᠯᠬᠦ ᠠᠷᠭ᠎ᠠ》 (ᠥᠪᠥᠷ ᠮᠣᠩᠭᠣᠯ᠎ᠤᠨ ᠵᠠᠰᠠᠭ᠎ᠤᠨ ᠣᠷᠳᠣᠨ᠎ᠤ ᠲᠠᠷᠬᠠᠭ᠋ᠠᠭᠰᠠᠨ [2019] 10 ᠲᠣᠭ᠋ᠠᠲᠤ) ᠪᠣᠯᠣᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠲᠣᠭᠲᠠᠭ᠋ᠠᠯ᠎ᠤᠨ ᠱᠠᠭ᠋ᠠᠷᠳᠠᠯᠭ᠎ᠠ᠂ ᠮᠠᠨ᠎ᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠨᠠᠷᠢᠨ ᠳᠦᠷᠢᠮ᠎ᠢ ᠲᠣᠭᠲᠠᠭ᠋ᠠᠨ᠎ᠠ᠃
ᠬᠣᠶᠠᠳᠤᠭ᠋ᠠᠷ ᠵᠦᠢ᠍ᠯ ᠲᠣᠰ ᠨᠠᠷᠢᠨ ᠳᠦᠷᠢᠮ᠎ᠳᠤ ᠬᠡᠯᠡᠵᠦ ᠪᠠᠢ᠌ᠭ᠎ᠠ 《ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ》᠎ᠪᠠᠷ ᠰᠤᠭᠤᠴᠢᠨ ᠪᠠᠢ᠌ᠴᠠᠭ᠋ᠠᠬᠤ (ᠳᠣᠷᠣᠭᠰᠢ ᠲᠣᠬᠢᠶᠠᠯᠳᠤᠯ ᠵᠶ᠋ᠠᠷ ᠰᠤᠭᠤᠴᠢᠨ ᠪᠠᠢ᠌ᠴᠠᠭ᠋ᠠᠬᠤ ᠭᠡᠵᠦ ᠲᠣᠪᠴᠢᠯᠠᠨ᠎ᠠ) ᠭᠡᠳᠡᠭ᠎ᠨᠢ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ ᠬᠢᠨᠠᠯᠲᠠ ᠬᠠᠮᠢᠶᠠᠷᠤᠯᠲᠠ ᠵᠢᠨ ᠶᠠᠪᠤᠴᠠ᠎ᠳᠤ ᠪᠠᠢ᠌ᠴᠠᠭ᠋ᠠᠭᠳᠠᠬᠤ ᠡᠲᠡᠭᠡᠳ ᠵᠶ᠋ᠡᠨ ᠲᠣᠬᠢᠶᠠᠯᠳᠤᠯ ᠵᠶ᠋ᠠᠷ ᠰᠤᠭᠤᠴᠢᠨ ᠰᠣᠩᠭᠣᠵᠤ᠂ ᠪᠠᠢ᠌ᠴᠠᠭ᠋ᠠᠬᠤ ᠠᠵᠢᠯᠲᠠᠨ ᠵᠶ᠋ᠠᠨ ᠲᠣᠬᠢᠶᠠᠯᠳᠤᠯ ᠵᠶ᠋ᠠᠷ ᠰᠣᠩᠭᠣᠨ ᠲᠣᠮᠢᠯᠠᠵᠤ᠂ ᠪᠠᠢ᠌ᠴᠠᠭ᠋ᠠᠭᠰᠠᠨ ᠪᠠᠶ᠋ᠢᠳᠠᠯ ᠪᠠ ᠪᠠᠢ᠌ᠴᠠᠭ᠋ᠠᠨ ᠰᠢᠢ᠍ᠳᠪᠦᠷᠢᠯᠡᠭᠰᠡᠨ ᠦᠷ᠎ᠡ ᠳ᠋ᠦᠩ ᠵᠶ᠋ᠡᠨ ᠴᠠᠭ ᠲᠤᠬᠠᠢᠳᠤᠨᠢ ᠨᠡᠢ᠌ᠭᠡᠮ᠎ᠳᠤ ᠢᠯᠡ ᠪᠣᠯᠭ᠋ᠠᠬᠤ ᠬᠢᠨᠠᠯᠲᠠ ᠬᠠᠮᠢᠶᠠᠷᠤᠯᠲᠠ ᠵᠢᠨ ᠠᠷᠭ᠎ᠠ ᠮᠠᠶᠢᠭ᠎ᠢ ᠵᠢᠭ᠋ᠠᠵᠤ ᠪᠤᠢ᠃
ᠭᠤᠷᠪᠠᠳᠤᠭ᠋ᠠᠷ ᠵᠦᠢ᠍ᠯ ᠲᠣᠰ ᠨᠠᠷᠢᠨ ᠳᠦᠷᠢᠮ᠎ᠳᠠᠬᠢ ᠰᠠᠯᠠᠭ᠎ᠠ ᠮᠥᠴᠢᠷ᠎ᠤᠳ ᠬᠠᠮᠲᠤᠷᠠᠨ ᠰᠤᠭᠤᠴᠢᠨ ᠪᠠᠢ᠌ᠴᠠᠭ᠋ᠠᠬᠤ ᠭᠡᠳᠡᠭ᠎ᠨᠢ ᠭᠣᠣᠯᠳᠠᠭᠤ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠰᠠᠯᠠᠭ᠎ᠠ ᠮᠥᠴᠢᠷ ᠵᠶ᠋ᠡᠷ ᠲᠦᠷᠦᠭᠦᠯᠡᠭᠦᠯᠦᠨ᠂ ᠪᠤᠰᠤᠳ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠣᠷᠣᠯᠴᠠᠵᠤ ᠬᠠᠮᠲᠤ᠎ᠪᠠᠷ ᠵᠣᠬᠢᠶᠠᠨ ᠪᠠᠢ᠌ᠭᠤᠯᠤᠨ ᠬᠡᠷᠡᠭᠵᠢᠭᠦᠯᠦᠭᠰᠡᠨ ᠲᠣᠬᠢᠶᠠᠯᠳᠤᠯ ᠵᠶ᠋ᠡᠷ ᠰᠤᠭᠤᠴᠢᠨ ᠪᠠᠢ᠌ᠴᠠᠭ᠋ᠠᠬᠤ ᠵᠢ ᠵᠢᠭ᠋ᠠᠵᠤ ᠪᠤᠢ᠃
ᠳᠥᠷᠪᠡᠳᠦᠭᠡᠷ ᠵᠦᠢ᠍ᠯ 《ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ》 ᠬᠢᠨᠠᠯᠲᠠ ᠬᠠᠮᠢᠶᠠᠷᠤᠯᠲᠠ ᠵᠢᠨ ᠠᠵᠢᠯ᠎ᠳᠤ 《ᠬᠠᠤᠯᠢ ᠶᠣᠰᠣᠭ᠋ᠠᠷ ᠬᠡᠷᠡᠭᠵᠢᠭᠦᠯᠬᠦ᠂ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ᠂ ᠲᠥᠯᠥᠪᠯᠡᠭᠡ᠎ᠪᠠᠷ ᠨᠢᠭᠡᠳᠦᠯᠲᠡᠢ ᠲᠥᠯᠥᠪᠯᠡᠬᠦ᠂ ᠨᠠᠷᠢᠯᠢᠭ ᠣᠨᠣᠴᠠᠲᠠᠢ᠎ᠪᠠᠷ ᠵᠢᠷᠤᠮᠵᠢᠭᠤᠯᠬᠤ》 ᠵᠠᠷᠴᠢᠮ᠎ᠢ ᠪᠠᠷᠢᠮᠲᠠᠯᠠᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠬᠤ ᠵᠢᠨ ᠲᠣᠭᠣᠷᠢᠨ᠎ᠳᠤ᠂ ᠲᠥᠯᠥᠪᠯᠡᠭᠡ᠎ᠪᠠᠷ ᠨᠢᠭᠡᠳᠦᠯᠲᠡᠢ ᠲᠥᠯᠥᠪᠯᠡᠬᠦ ᠵᠢ ᠴᠢᠩᠭ᠋ᠠᠳᠬᠠᠵᠤ᠂ ᠬᠠᠮᠵᠢᠯᠴᠠᠨ ᠬᠣᠯᠪᠤᠭ᠋ᠠᠯᠠᠨ ᠬᠥᠳᠡᠯᠦᠯᠴᠡᠬᠦ ᠵᠢ ᠴᠢᠬᠤᠯᠠᠴᠢᠯᠠᠨ᠂ ᠲᠡᠷᠢᠭᠦᠨ᠎ᠤ ᠬᠠᠮᠢᠶᠠᠷᠤᠯᠲᠠ ᠵᠢᠨ ᠠᠷᠭ᠎ᠠ ᠪᠠᠷᠢᠯ᠎ᠢ ᠬᠡᠷᠡᠭᠯᠡᠵᠦ᠂ ᠲᠣᠬᠢᠶᠠᠯᠳᠤᠯ ᠵᠶ᠋ᠠᠷ ᠰᠤᠭᠤᠴᠢᠨ ᠪᠠᠢ᠌ᠴᠠᠭ᠋ᠠᠬᠤ ᠵᠢᠨ ᠨᠠᠷᠢᠯᠢᠭ ᠣᠨᠣᠴᠠᠲᠠᠢ ᠴᠢᠨᠠᠷ᠎ᠢ ᠴᠢᠩᠭ᠋ᠠᠷᠠᠭᠤᠯᠤᠨ᠎ᠠ᠃ ᠰᠠᠯᠠᠭ᠎ᠠ ᠮᠥᠴᠢᠷ ᠠᠯᠤᠰᠯᠠᠨ ᠬᠣᠯᠪᠣᠭ᠋ᠠᠯᠠᠬᠤ ᠵᠢ ᠠᠬᠢᠭᠤᠯᠵᠤ᠂ ᠤᠬᠠᠭᠤᠯᠤᠨ ᠬᠥᠲᠥᠯᠥᠨ ᠵᠢᠯᠤᠭᠣᠳᠬᠤ ᠵᠢ ᠴᠢᠬᠤᠯᠠᠴᠢᠯᠠᠵᠤ᠂ ᠠᠵᠤ ᠠᠬᠤᠢ᠌ᠯᠠᠯ᠎ᠤᠨ ᠬᠡᠪ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ᠎ᠳᠠᠬᠢ ᠬᠠᠷᠰᠢᠯᠠᠯ᠎ᠢ ᠪᠠᠭ᠋ᠠᠰᠬᠠᠨ᠂ ᠠᠵᠤ ᠠᠬᠤᠢ᠌ᠯᠠᠯ᠎ᠤᠨ ᠳᠠᠷᠤᠭ᠋ᠠᠰᠤ ᠵᠢ ᠬᠥᠩᠭᠡᠷᠡᠭᠦᠯᠵᠦ᠂ ᠳᠠᠪᠬᠤᠷᠳᠠᠭᠤᠯᠤᠨ ᠬᠠᠤᠯᠢ ᠬᠡᠷᠡᠭᠵᠢᠭᠦᠯᠬᠦ᠂ ᠳᠤᠷ᠎ᠠ᠎ᠪᠠᠷ ᠵᠶ᠋ᠠᠨ ᠬᠠᠤᠯᠢ ᠬᠡᠷᠡᠭᠵᠢᠭᠦᠯᠬᠦ᠂ ᠬᠠᠤᠯᠢ ᠬᠡᠷᠡᠭᠵᠢᠭᠦᠯᠬᠦ᠎ᠳᠡᠭᠡᠨ ᠭᠣᠣᠯᠴᠢ ᠪᠤᠰᠤ ᠪᠠᠶ᠋ᠢᠬᠤ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ ᠵᠢ ᠳᠡᠭᠡᠭᠰᠢᠯᠡᠭᠦᠯᠦᠨ᠂ ᠢᠯᠡ ᠲᠣᠳᠣ᠂ ᠵᠢᠷᠤᠮᠵᠢᠯ᠎ᠲᠠᠢ ᠡᠮᠬᠢ ᠵᠢᠷᠤᠮ᠎ᠲᠠᠢ᠂ ᠡᠷᠬᠡ ᠲᠡᠭᠰᠢ ᠲᠥᠪ ᠭᠣᠣᠯᠴᠢ ᠬᠢᠨᠠᠯᠲᠠ ᠬᠠᠮᠢᠶᠠᠷᠤᠯᠲᠠ ᠵᠢᠨ ᠣᠷᠴᠢᠨ ᠲᠣᠭᠣᠷᠢᠨ᠎ᠢ ᠪᠤᠢ ᠪᠣᠯᠭ᠋ᠠᠨ᠎ᠠ᠃
ᠲᠠᠪᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠨᠢ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ 《ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ》 ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠵᠣᠬᠢᠶᠠᠨ ᠪᠠᠢ᠌ᠭᠤᠯᠤᠨ ᠵᠣᠬᠢᠴᠠᠭᠤᠯᠬᠤ᠂ ᠱᠠᠯᠠᠪᠳᠠᠭᠤᠯᠤᠨ ᠵᠢᠯᠤᠭᠣᠳᠬᠤ ᠵᠢ ᠬᠠᠷᠢᠭᠤᠴᠠᠬᠤ ᠵᠢᠨ ᠬᠠᠮᠲᠤ᠂ ᠬᠣᠯᠪᠣᠭᠳᠠᠯ ᠪᠦᠬᠦᠢ ᠲᠣᠭᠲᠠᠭ᠋ᠠᠯ᠎ᠤᠨ ᠱᠠᠭ᠋ᠠᠷᠳᠠᠯᠭ᠎ᠠ ᠶᠣᠰᠣᠭ᠋ᠠᠷ ᠰᠠᠯᠠᠭ᠎ᠠ ᠮᠥᠴᠢᠷ᠎ᠤᠳ ᠬᠣᠯᠪᠤᠭ᠋ᠠᠯᠠᠨ 《ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ》 ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠨ᠎ᠡ᠃ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠨᠢ ᠲᠣᠰ ᠱᠠᠲᠤ ᠵᠢᠴᠢ ᠬᠣᠰᠢᠭᠤ ᠰᠢᠶᠠᠨ ᠲᠣᠭᠣᠷᠢᠭ᠎ᠤᠨ ᠠᠮᠢ ᠠᠬᠤᠢ ᠣᠷᠴᠢᠨ ᠲᠣᠭᠣᠷᠢᠨ᠎ᠤ ᠬᠤᠪᠢᠶᠠᠷᠢ ᠲᠣᠪᠴᠢᠶ᠎ᠠ ᠵᠢᠨ 《ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ》 ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠢ᠌ᠴᠠᠭ᠋ᠠᠬᠤ ᠠᠵᠢᠯ᠎ᠢ ᠬᠠᠷᠢᠭᠤᠴᠠᠬᠤ ᠵᠢᠨ ᠬᠠᠮᠲᠤ᠂ ᠬᠣᠯᠪᠣᠭᠳᠠᠯ ᠪᠦᠬᠦᠢ ᠲᠣᠭᠲᠠᠭ᠋ᠠᠯ᠎ᠤᠨ ᠱᠠᠭ᠋ᠠᠷᠳᠠᠯᠭ᠎ᠠ ᠶᠣᠰᠣᠭ᠋ᠠᠷ ᠰᠠᠯᠠᠭ᠎ᠠ ᠮᠥᠴᠢᠷ᠎ᠤᠳ ᠬᠣᠯᠪᠤᠭ᠋ᠠᠯᠠᠨ 《ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ》 ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠨ᠎ᠡ᠃
ᠵᠢᠷᠭᠤᠳᠤᠭ᠋ᠠᠷ ᠵᠦᠢ᠍ᠯ ᠵᠠᠭ᠋ᠠᠯᠳᠤᠯᠭ᠎ᠠ ᠬᠢᠵᠦ ᠢᠯᠡᠴᠢᠯᠡᠨ ᠮᠡᠳᠡᠭᠦᠯᠬᠦ᠂ ᠳᠡᠭᠡᠳᠦ ᠱᠠᠲᠤᠨ᠎ᠤ ᠰᠠᠯᠠᠭ᠎ᠠ ᠮᠥᠴᠢᠷ᠎ᠠᠴᠠ ᠰᠢᠯᠵᠢᠭᠦᠯᠦᠨ ᠰᠢᠢ᠍ᠳᠪᠦᠷᠢᠯᠡᠭᠦᠯᠵᠦ ᠲᠤᠰᠢᠶᠠᠨ ᠰᠢᠢ᠍ᠳᠪᠦᠷᠢᠯᠡᠭᠦᠯᠬᠦ᠂ ᠪᠤᠰᠤᠳ ᠰᠠᠯᠠᠭ᠎ᠠ ᠮᠥᠴᠢᠷ᠎ᠤᠨ ᠰᠢᠯᠵᠢᠭᠦᠯᠦᠨ ᠬᠦᠷᠭᠡᠭᠰᠡᠨ ᠬᠡᠷᠡᠭ᠂ ᠣᠷᠴᠢᠨ ᠲᠣᠭᠣᠷᠢᠨ᠎ᠤ ᠭᠡᠨᠡᠳᠲᠡ ᠵᠢᠨ ᠬᠡᠷᠡᠭ᠂ ᠴᠥᠮ᠎ᠡ ᠵᠢᠨ ᠠᠮᠤᠷ ᠲᠦᠪᠰᠢᠨ᠎ᠤ ᠪᠠᠢ᠌ᠴᠠᠭ᠋ᠠᠯᠲᠠ᠂ ᠲᠣᠭ᠎ᠠ ᠪᠠᠷᠢᠮᠲᠠ ᠵᠢᠨ ᠵᠠᠳᠠᠯᠤᠯᠲᠠ ᠪᠤᠶᠤ ᠬᠢᠨᠠᠨ ᠬᠡᠮᠵᠢᠯᠲᠡ᠎ᠪᠠᠷ ᠢᠯᠡᠷᠡᠭᠦᠯᠦᠭᠰᠡᠨ ᠠᠰᠠᠭᠤᠳᠠᠯ᠎ᠤᠨ ᠰᠦᠪᠡᠭᠴᠢ ᠵᠡᠷᠭᠡ ᠪᠣᠳᠠᠲᠠᠢ ᠪᠠᠢ᠌ᠴᠠᠭ᠋ᠠᠭᠳᠠᠬᠤ ᠡᠲᠡᠭᠡᠳ᠎ᠲᠤ ᠴᠢᠭᠯᠡᠭᠦᠯᠬᠦ ᠴᠢᠨᠠᠷᠲᠠᠢ ᠪᠠᠢ᠌ᠴᠠᠭ᠋ᠠᠯᠲᠠ ᠬᠢᠬᠦ᠎ᠠᠴᠠ ᠭᠠᠳᠠᠨ᠎ᠠ᠂ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢᠨ ᠪᠠᠢ᠌ᠴᠠᠭ᠋ᠠᠯᠲᠠ᠂ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ᠂ ᠲᠤᠰᠬᠠᠢ ᠵᠦᠢ᠍ᠯ᠎ᠤᠨ ᠪᠠᠢ᠌ᠴᠠᠭ᠋ᠠᠯᠲᠠ᠂ ᠰᠠᠯᠠᠭ᠎ᠠ ᠮᠥᠴᠢᠷ ᠬᠠᠮᠲᠤᠷᠠᠨ ᠪᠠᠢ᠌ᠴᠠᠭ᠋ᠠᠬᠤ ᠵᠡᠷᠭᠡ ᠠᠵᠢᠯᠯᠠᠭ᠎ᠠ ᠵᠢ ᠪᠠᠭᠲᠠᠭ᠋ᠠᠭᠰᠠᠨ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠲᠥᠯᠥᠪᠯᠡᠭᠡᠲᠦ ᠴᠢᠨᠠᠷᠲᠠᠢ ᠪᠤᠰᠤᠳ ᠪᠠᠢ᠌ᠴᠠᠭ᠋ᠠᠯᠲᠠ ᠵᠢ ᠴᠥᠮ ᠲᠠᠰᠢᠷᠠᠮ ᠳᠠᠭ᠋ᠠᠤ ᠰᠤᠭᠤᠴᠢᠨ ᠪᠠᠢ᠌ᠴᠠᠭ᠋ᠠᠬᠤ ᠠᠷᠭ᠎ᠠ ᠮᠠᠶᠢᠭ ᠵᠶ᠋ᠠᠷ ᠵᠣᠬᠢᠶᠠᠨ ᠪᠠᠢ᠌ᠭᠤᠯᠵᠤ ᠬᠡᠷᠡᠭᠵᠢᠭᠦᠯᠦᠨ᠎ᠡ᠃
ᠳᠣᠯᠣᠳᠤᠭ᠋ᠠᠷ ᠵᠦᠢ᠍ᠯ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ 《ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ》 ᠰᠤᠭᠤᠴᠢᠨ ᠪᠠᠢ᠌ᠴᠠᠭ᠋ᠠᠬᠤ ᠠᠵᠢᠯ᠎ᠤᠨ ᠵᠢᠷᠤᠮᠵᠢᠯ᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ᠂ ᠤᠯᠤᠰ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠢᠯᠡ ᠨᠡᠢ᠌ᠲᠡᠯᠡᠬᠦ ᠰᠢᠰᠲ᠋ᠧᠮ᠎ᠳᠤ ᠲᠦᠰᠢᠭᠯᠡᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶ᠎ᠡ ᠴᠠᠷᠠᠭ᠎ᠠ ᠵᠢᠨ ᠰᠠᠯᠠᠭ᠎ᠠ ᠮᠥᠴᠢᠷ᠎ᠤᠳ ᠬᠠᠮᠲᠤᠷᠠᠨ ᠲᠠᠰᠢᠷᠠᠮ ᠳᠠᠭ᠋ᠠᠤ ᠰᠤᠭᠤᠴᠢᠨ ᠪᠠᠢ᠌ᠴᠠᠭ᠋ᠠᠬᠤ ᠠᠵᠢᠯ᠎ᠳᠤ ᠣᠷᠣᠯᠴᠠᠬᠤ ᠵᠢᠨ ᠬᠠᠮᠲᠤ᠂ ᠠᠳᠠᠯᠢ ᠨᠢᠭᠡᠨ ᠪᠠᠢ᠌ᠴᠠᠭ᠋ᠠᠭᠳᠠᠬᠤ ᠡᠲᠡᠭᠡᠳ᠎ᠤᠨ ᠲᠣᠰ ᠰᠠᠯᠠᠭ᠎ᠠ ᠮᠥᠴᠢᠷ᠎ᠤᠨ ᠬᠠᠷᠢᠭᠤᠴᠠᠨ ᠬᠢᠨᠠᠨ ᠬᠠᠮᠢᠶᠠᠷᠬᠤ ᠭᠣᠣᠯᠳᠠᠯᠭ᠎ᠠ᠎ᠲᠠᠢ ᠠᠭᠤᠯᠭ᠎ᠠ ᠵᠢ ᠰᠤᠭᠤᠴᠢᠨ ᠪᠠᠢ᠌ᠴᠠᠭ᠋ᠠᠬᠤ ᠪᠠ ᠦᠷ᠎ᠡ ᠳ᠋ᠦᠩ᠎ᠢ ᠢᠯᠡ ᠨᠡᠢ᠌ᠲᠡᠯᠡᠬᠦ ᠵᠡᠷᠭᠡ ᠠᠵᠢᠯ᠎ᠢ ᠬᠠᠷᠢᠭᠤᠴᠠᠨ᠎ᠠ᠃
ᠬᠣᠶᠠᠳᠤᠭ᠋ᠠᠷ ᠪᠦᠯᠦᠭ 《ᠨᠢᠭᠡ ᠲᠠᠩᠰᠠ ᠬᠣᠶᠠᠷ ᠬᠥᠮᠥᠷᠭᠡ》 ᠵᠢᠨ ᠬᠠᠮᠢᠶᠠᠷᠤᠯᠲᠠ
ᠨᠠᠢ᠍ᠮᠠᠳᠤᠭ᠋ᠠᠷ ᠵᠦᠢ᠍ᠯ 《ᠨᠢᠭᠡ ᠲᠠᠩᠰᠠ ᠬᠣᠶᠠᠷ ᠬᠥᠮᠥᠷᠭᠡ》 ᠭᠡᠳᠡᠭ᠎ᠨᠢ ᠬᠣᠣᠰ ᠲᠣᠬᠢᠶᠠᠯᠳᠤᠯ ᠵᠶ᠋ᠡᠷ ᠰᠤᠭᠤᠴᠢᠨ ᠪᠠᠢ᠌ᠴᠠᠭ᠋ᠠᠬᠤ ᠵᠦᠢ᠍ᠯᠡᠰ᠎ᠤᠨ ᠨᠠᠷᠢᠨ ᠲᠠᠩᠰᠠ᠂ ᠪᠠᠢ᠌ᠴᠠᠭ᠋ᠠᠭᠳᠠᠬᠤ ᠡᠲᠡᠭᠡᠳ᠎ᠤᠨ ᠨᠡᠷᠡᠰ᠎ᠤᠨ ᠬᠥᠮᠥᠷᠭᠡ ᠪᠠ ᠪᠠᠢ᠌ᠴᠠᠭ᠋ᠠᠬᠤ ᠠᠵᠢᠯᠲᠠᠨ᠎ᠤ ᠨᠡᠷᠡᠰ᠎ᠤᠨ ᠬᠥᠮᠥᠷᠭᠡ ᠵᠢ ᠵᠢᠭ᠋ᠠᠵᠤ ᠪᠤᠢ᠃
ᠶᠢᠰᠦᠳᠦᠭᠡᠷ ᠵᠦᠢ᠍ᠯ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠬᠣᠯᠪᠣᠭᠳᠠᠬᠤ ᠪᠠᠢ᠌ᠭ᠋ᠠᠯᠢ ᠵᠢᠨ ᠠᠮᠢ ᠠᠬᠤᠢ᠂ ᠤᠰᠤ᠂ ᠠᠭ᠋ᠠᠷ ᠮᠠᠨᠳᠠᠯ᠂ ᠬᠥᠷᠥᠰᠥ ᠰᠢᠷᠣᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠬᠢᠮᠢ ᠵᠢᠨ ᠪᠣᠳᠠᠰ᠂ ᠠᠭᠤᠷ ᠠᠮᠢᠰᠬᠤᠯ᠂ ᠰᠠᠴᠤᠷᠠᠭ᠎ᠤᠨ ᠠᠮᠤᠷ ᠲᠦᠪᠰᠢᠨ᠂ ᠣᠷᠴᠢᠨ ᠲᠣᠭᠣᠷᠢᠨ᠎ᠤ ᠦᠨᠡᠯᠡᠯᠲᠡ᠂ ᠪᠣᠬᠢᠷᠲᠤᠯ ᠭᠠᠳᠠᠭᠰᠢᠯᠠᠭᠤᠯᠬᠤ ᠵᠢ ᠵᠥᠪᠰᠢᠶᠡᠷᠡᠬᠦ᠂ ᠬᠢᠨᠠᠨ ᠬᠡᠮᠵᠢᠬᠦ᠂ ᠬᠠᠤᠯᠢ ᠬᠡᠷᠡᠭᠵᠢᠭᠦᠯᠬᠦ᠂ ᠪᠠᠴᠢᠮ ᠪᠠᠢ᠌ᠳᠠᠯ᠎ᠢ ᠠᠷᠭ᠋ᠠᠴᠠᠬᠤ ᠵᠡᠷᠭᠡ ᠬᠠᠮᠢᠶ᠎ᠠ ᠪᠦᠬᠦᠢ ᠲᠤᠬᠠᠢ᠌ᠯᠠᠭᠰᠠᠨ ᠠᠵᠢᠯ᠎ᠤᠨ ᠰᠠᠯᠠᠭ᠎ᠠ ᠮᠥᠴᠢᠷ᠂ ᠰᠤᠭᠤᠴᠢᠨ ᠪᠠᠢ᠌ᠴᠠᠭ᠋ᠠᠭᠳᠠᠬᠤ ᠡᠲᠡᠭᠡᠳ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠳᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠲᠣᠨᠣᠭ ᠲᠥᠬᠦᠭᠡᠷᠦᠮᠵᠢ ᠵᠢᠨ ᠠᠵᠢᠯᠯᠠᠭ᠋ᠠᠨ᠎ᠤ ᠪᠠᠢ᠌ᠳᠠᠯ᠂ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠢ ᠬᠢᠨᠠᠨ ᠬᠠᠮᠢᠶᠠᠷᠴᠤ ᠪᠠᠢ᠌ᠭ᠎ᠠ ᠪᠠᠢ᠌ᠳᠠᠯ᠂ ᠭᠣᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠵᠢᠨ ᠵᠢᠷᠤᠮᠵᠢᠭᠰᠠᠨ ᠬᠠᠮᠢᠶᠠᠷᠤᠯᠲᠠ ᠵᠢᠨ ᠪᠠᠢ᠌ᠳᠠᠯ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠵᠢᠴᠢ ᠠᠶᠤᠯᠲᠠᠢ ᠬᠠᠶᠠᠭᠳᠠᠮᠠᠯ ᠪᠣᠳᠠᠰ᠎ᠤᠨ ᠬᠠᠮᠢᠶᠠᠷᠤᠯᠲᠠ ᠵᠢᠨ ᠪᠠᠢ᠌ᠳᠠᠯ᠂ ᠬᠢᠮᠢ ᠵᠢᠨ ᠪᠣᠳᠠᠰ᠎ᠤᠨ ᠣᠷᠴᠢᠨ ᠲᠣᠭᠣᠷᠢᠨ᠎ᠤ ᠨᠠᠭᠦᠷᠡᠰᠦᠲᠦ᠋ᠷᠦᠭᠴᠢ ᠵᠢᠨ ᠭᠠᠳᠠᠭᠰᠢᠯᠠᠭᠤᠯᠤᠯᠲᠠ ᠵᠢᠨ ᠪᠠᠢ᠌ᠳᠠᠯ᠂ ᠰᠠᠴᠤᠷᠠᠭ᠎ᠤᠨ ᠠᠮᠤᠷ ᠲᠦᠪᠰᠢᠨ᠎ᠤ ᠲᠥᠷᠥᠯ ᠵᠦᠢ᠍ᠯ᠎ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠳᠦᠷᠢᠮ᠎ᠢ ᠨᠠᠢ᠌ᠳᠠᠪᠤᠷᠢᠵᠢᠭᠤᠯᠤᠭᠰᠠᠨ ᠵᠢᠴᠢ ᠦᠨᠡᠮᠯᠡᠯ ᠣᠯᠣᠭᠰᠠᠨ᠎ᠤ ᠳᠠᠷᠠᠭ᠎ᠠ ᠬᠡᠷᠡᠭᠵᠢᠭᠦᠯᠦᠭᠰᠡᠨ ᠪᠠᠢ᠌ᠳᠠᠯ᠂ ᠠᠮᠢ ᠠᠬᠤᠢ ᠣᠷᠴᠢᠨ ᠲᠣᠭᠣᠷᠢᠨ᠎ᠢ ᠬᠢᠨᠠᠨ ᠬᠡᠮᠵᠢᠬᠦ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠪᠠᠢ᠌ᠭᠤᠯᠤᠮᠵᠢ ᠪᠦᠬᠦ ᠤᠯᠤᠰ᠎ᠤᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠲᠤ ᠣᠷᠣᠭᠤᠯᠤᠭᠰᠠᠨ ᠬᠦᠯᠡᠮᠵᠢ ᠵᠢᠨ ᠬᠡᠢ ᠪᠡᠶᠡᠲᠦ ᠵᠢᠨ ᠭᠣᠣᠯᠳᠠᠯᠭ᠎ᠠ᠎ᠲᠠᠢ ᠭᠠᠳᠠᠭᠰᠢᠯᠠᠭᠤᠯᠤᠯᠲᠠ ᠵᠢᠨ ᠨᠢᠭᠡᠴᠢ ᠵᠢᠨ ᠨᠠᠢ᠌ᠳᠠᠯᠭ᠎ᠠ᠎ᠪᠠᠷ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢᠨ ᠬᠠᠮᠢᠶ᠎ᠠ ᠪᠦᠬᠦᠢ ᠰᠢᠯᠭ᠋ᠠᠨ ᠪᠠᠢ᠌ᠴᠠᠭ᠋ᠠᠵᠤ ᠬᠡᠮᠵᠢᠬᠦ ᠪᠠ ᠣᠨ᠎ᠤ ᠭᠠᠳᠠᠭᠰᠢᠯᠠᠭᠤᠯᠤᠯᠲᠠ ᠵᠢᠨ ᠮᠡᠳᠡᠭᠦᠯᠦᠯᠲᠡ ᠵᠢ ᠨᠠᠢ᠌ᠷᠠᠭᠤᠯᠤᠨ ᠵᠣᠬᠢᠶᠠᠬᠤ ᠮᠡᠷᠭᠡᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠴᠢ ᠣᠷᠴᠢᠨ ᠲᠣᠭᠣᠷᠢᠨ᠎ᠤ ᠦᠨᠡᠯᠡᠯᠲᠡ ᠵᠢᠨ ᠨᠢᠭᠡᠴᠢ ᠵᠢᠨ ᠮᠡᠳᠡᠭᠦᠯᠦᠯᠲᠡ (ᠲᠣᠭ᠎ᠠ ᠪᠠᠷᠢᠮᠲᠠ) ᠵᠢᠨ ᠶᠠᠰᠤ ᠴᠢᠨᠠᠷ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ 《ᠭᠤᠷᠪᠠ ᠵᠢ ᠬᠠᠮᠲᠤᠳᠤᠨᠢ ᠬᠢᠬᠦ》 ᠳᠦᠷᠢᠮ᠎ᠢ ᠨᠠᠢ᠌ᠳᠠᠪᠤᠷᠢᠵᠢᠭᠤᠯᠤᠭᠰᠠᠨ ᠵᠢᠴᠢ ᠪᠠᠷᠢᠯᠭ᠎ᠠ ᠳᠠᠭᠤᠰᠤᠭᠰᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠬᠦᠭᠡᠷᠦᠮᠵᠢ ᠵᠢ ᠪᠡᠶ᠎ᠡ᠎ᠪᠠᠨ ᠳᠠᠭ᠋ᠠᠭ᠋ᠠᠵᠤ ᠰᠢᠯᠭ᠋ᠠᠨ ᠠᠪᠤᠭᠰᠠᠨ ᠪᠠᠢ᠌ᠳᠠᠯ᠂ ᠣᠷᠴᠢᠨ ᠲᠣᠭᠣᠷᠢᠨ᠎ᠤ ᠭᠡᠨᠡᠳᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠬᠤ ᠪᠡᠯᠡᠳᠬᠡᠯ ᠲᠥᠰᠥᠯ᠎ᠤᠨ ᠪᠠᠢ᠌ᠳᠠᠯ᠂ ᠣᠷᠴᠢᠨ ᠲᠣᠭᠣᠷᠢᠨ᠎ᠤ ᠠᠮᠤᠷ ᠲᠦᠪᠰᠢᠨ᠎ᠤ ᠳᠠᠯᠳᠠ ᠬᠡᠮ᠎ᠤᠨ ᠪᠠᠢ᠌ᠳᠠᠯ᠂ ᠠᠵᠤ ᠠᠬᠤᠢ᠌ᠯᠠᠯ᠎ᠤᠨ ᠣᠷᠴᠢᠨ ᠲᠣᠭᠣᠷᠢᠨ᠎ᠤ ᠮᠡᠳᠡᠭᠡ ᠵᠠᠩᠭᠢ ᠵᠢ ᠬᠠᠤᠯᠢ ᠶᠣᠰᠣᠭ᠋ᠠᠷ ᠨᠡᠢ᠌ᠲᠡᠯᠡᠭᠰᠡᠨ ᠪᠠᠢ᠌ᠳᠠᠯ ᠵᠡᠷᠭᠡ᠎ᠳᠤ ᠬᠢᠭᠰᠡᠨ ᠪᠠᠢ᠌ᠴᠠᠭ᠋ᠠᠯᠲᠠ᠂ ᠴᠥᠮ ᠲᠣᠬᠢᠶᠠᠯᠳᠤᠯ ᠵᠶ᠋ᠠᠷ ᠰᠤᠭᠤᠴᠢᠨ ᠪᠠᠢ᠌ᠴᠠᠭ᠋ᠠᠬᠤ ᠳᠦᠷᠦᠯ ᠵᠦᠢ᠍ᠯ᠎ᠤᠨ ᠨᠠᠷᠢᠨ ᠲᠠᠩᠰᠠᠨ᠎ᠳᠤ ᠵᠢᠭᠰᠠᠭ᠋ᠠᠨ ᠣᠷᠣᠭᠤᠯᠬᠤ ᠵᠢᠨ ᠬᠠᠮᠲᠤ ᠪᠠᠢ᠌ᠴᠠᠭ᠋ᠠᠬᠤ ᠠᠵᠢᠯᠲᠠᠨ ᠪᠠ ᠪᠠᠢ᠌ᠴᠠᠭ᠋ᠠᠭᠳᠠᠬᠤ ᠡᠲᠡᠭᠡᠳ᠎ᠤᠨ ᠨᠡᠷᠡᠰ᠎ᠤᠨ ᠬᠥᠮᠥᠷᠭᠡ ᠵᠢ ᠪᠠᠢ᠌ᠭᠤᠯᠵᠤ᠂ ᠲᠣᠬᠢᠶᠠᠯᠳᠤᠯ ᠵᠶ᠋ᠠᠷ ᠰᠤᠭᠤᠴᠢᠨ ᠪᠠᠢ᠌ᠴᠠᠭ᠋ᠠᠬᠤ ᠠᠷᠭ᠎ᠠ ᠮᠠᠶᠢᠭ᠎ᠢ ᠠᠪᠴᠤ ᠵᠣᠬᠢᠶᠠᠨ ᠪᠠᠢ᠌ᠭᠤᠯᠤᠨ ᠬᠡᠷᠡᠭᠵᠢᠭᠦᠯᠦᠨ᠎ᠡ᠃
ᠠᠷᠪᠠᠳᠤᠭ᠋ᠠᠷ ᠵᠦᠢ᠍ᠯ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠢ ᠦᠨᠳᠦᠰᠦᠯᠡᠨ᠂ ᠲᠣᠰ ᠰᠠᠯᠠᠭ᠎ᠠ ᠮᠥᠴᠢᠷ᠎ᠤᠨ ᠵᠶ᠋ᠡᠨ ᠡᠷᠬᠡ ᠬᠠᠷᠢᠭᠤᠴᠠᠯᠭ᠎ᠠ ᠵᠢᠨ ᠨᠠᠷᠢᠨ ᠲᠠᠩᠰᠠ ᠵᠢ ᠪᠥᠬᠥ ᠲᠠᠯ᠎ᠠ᠎ᠪᠠᠷ ᠡᠮᠬᠢᠯᠡᠵᠦ᠂ ᠲᠣᠬᠢᠶᠠᠯᠳᠤᠯ ᠵᠶ᠋ᠠᠷ ᠰᠤᠭᠤᠴᠢᠨ ᠪᠠᠢ᠌ᠴᠠᠭ᠋ᠠᠬᠤ ᠳᠦᠷᠦᠯ ᠵᠦᠢ᠍ᠯ᠎ᠤᠨ ᠨᠠᠷᠢᠨ ᠲᠠᠩᠰᠠ ᠵᠢ ᠲᠣᠭᠲᠠᠭ᠋ᠠᠨ ᠲᠡᠭᠦᠯᠳᠡᠷᠵᠢᠭᠦᠯᠵᠦ᠂ ᠰᠤᠭᠤᠴᠢᠨ ᠪᠠᠢ᠌ᠴᠠᠭ᠋ᠠᠬᠤ ᠳᠦᠷᠦᠯ ᠵᠦᠢ᠍ᠯ᠂ ᠪᠠᠢ᠌ᠴᠠᠭ᠋ᠠᠭᠳᠠᠬᠤ ᠡᠲᠡᠭᠡᠳ᠂ ᠰᠤᠭᠤᠴᠢᠨ ᠪᠠᠢ᠌ᠴᠠᠭ᠋ᠠᠬᠤ ᠲᠥᠷᠥᠯ ᠬᠡᠯᠪᠡᠷᠢ᠂ ᠪᠠᠢ᠌ᠴᠠᠭ᠋ᠠᠬᠤ ᠠᠷᠭ᠎ᠠ ᠮᠠᠶᠢᠭ᠂ ᠪᠠᠢ᠌ᠴᠠᠭ᠋ᠠᠬᠤ ᠦᠨᠳᠦᠰᠦᠯᠡᠯ᠂ ᠰᠤᠭᠤᠴᠢᠨ ᠪᠠᠢ᠌ᠴᠠᠭ᠋ᠠᠬᠤ ᠭᠣᠣᠯ ᠴᠣᠭᠴᠠ ᠵᠡᠷᠭᠡ ᠵᠢ ᠲᠣᠳᠣᠷᠬᠠᠢ᠌ᠯᠠᠬᠤ ᠵᠢᠨ ᠬᠠᠮᠲᠤ 《ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ》 ᠬᠢᠨᠠᠨ ᠬᠠᠮᠢᠶᠠᠷᠤᠯᠲᠠ ᠵᠢᠨ ᠲᠠᠪᠴᠠᠩ᠎ᠳᠤ ᠣᠷᠣᠭᠤᠯᠤᠨ᠎ᠠ᠃
ᠠᠷᠪᠠᠨ ᠨᠢᠭᠡᠳᠦᠭᠡᠷ ᠵᠦᠢ᠍ᠯ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠨ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ ᠵᠢᠨ ᠮᠡᠳᠡᠭᠡ ᠵᠠᠩᠭᠢ᠎ᠪᠠᠷ ᠰᠠᠭᠤᠷᠢ ᠪᠣᠯᠭ᠋ᠠᠭᠰᠠᠨ᠂ ᠲᠣᠰ ᠵᠠᠰᠠᠭ ᠵᠠᠬᠢᠷᠭ᠋ᠠᠨ᠎ᠤ ᠣᠷᠣᠨ᠎ᠢ ᠬᠠᠮᠤᠷᠤᠭᠰᠠᠨ ᠪᠠᠢ᠌ᠴᠠᠭ᠋ᠠᠭᠳᠠᠬᠤ ᠡᠲᠡᠭᠡᠳ᠎ᠤᠨ ᠨᠡᠷᠡᠰ᠎ᠤᠨ ᠬᠥᠮᠥᠷᠭᠡ ᠵᠢ ᠪᠠᠢ᠌ᠭᠤᠯᠤᠨ ᠪᠦᠷᠢᠨᠰᠢᠭᠦᠯᠬᠦ ᠵᠢᠨ ᠬᠠᠮᠲᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠨᠡᠷᠡᠢ᠌ᠳᠦᠯ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠲᠥᠷᠥᠯ ᠬᠡᠯᠪᠡᠷᠢ᠂ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ᠂ ᠨᠢᠭᠡᠳᠦᠯᠲᠡᠢ ᠨᠡᠢ᠌ᠭᠡᠮ᠎ᠤᠨ ᠢᠲᠡᠭᠡᠮᠵᠢ ᠵᠢᠨ ᠣᠷᠣᠯᠠᠬᠤ ᠨᠣᠮᠧᠷ᠂ ᠳᠠᠩᠰᠠᠯᠠᠬᠤ ᠪᠠᠢ᠌ᠭᠤᠯᠭ᠎ᠠ᠂ ᠪᠠᠢ᠌ᠭᠤᠯᠤᠭᠳᠠᠭᠰᠠᠨ ᠡᠳᠦᠷ ᠬᠤᠭᠤᠴᠠᠭ᠎ᠠ ᠵᠡᠷᠭᠡ ᠠᠭᠤᠯᠭ᠎ᠠ ᠵᠢ ᠲᠡᠮᠳᠡᠭᠯᠡᠨ᠎ᠡ᠃
ᠠᠷᠪᠠᠨ ᠬᠣᠶᠠᠳᠤᠭ᠋ᠠᠷ ᠵᠦᠢ᠍ᠯ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ ᠵᠦᠷᠢᠶᠡᠴᠢᠯᠡᠭᠰᠡᠨ ᠬᠠᠮᠢᠶᠠᠷᠤᠯᠲᠠ ᠵᠢᠨ ᠵᠠᠷᠴᠢᠮ ᠶᠣᠰᠣᠭ᠋ᠠᠷ᠂ ᠬᠢᠨᠠᠨ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠬᠦ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ ᠵᠢᠨ ᠲᠥᠷᠥᠯ ᠵᠦᠢ᠍ᠯ᠂ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠵᠢᠨ ᠢᠲᠡᠭᠡᠮᠵᠢ ᠵᠢᠨ ᠲᠡᠮᠳᠡᠭᠯᠡᠯ ᠪᠠ ᠠᠮᠢ ᠠᠬᠤᠢ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠬᠡᠷᠡᠭᠴᠡᠭᠡ ᠵᠡᠷᠭᠡ ᠬᠦᠴᠦᠨ ᠵᠦᠢ᠍ᠯ᠎ᠲᠠᠢ ᠤᠶᠠᠯᠳᠤᠭᠤᠯᠤᠨ᠂ ᠪᠠᠢ᠌ᠴᠠᠭ᠋ᠠᠬᠤ ᠡᠲᠡᠭᠡᠳ᠎ᠤᠨ ᠬᠥᠮᠥᠷᠭᠡ ᠵᠢ ᠰᠢᠨᠵᠢᠯᠡᠬᠦ ᠤᠬᠠᠭ᠋ᠠᠨᠴᠢ᠎ᠪᠠᠷ ᠤᠨᠴᠠᠭ᠋ᠠᠢ ᠬᠢᠨᠠᠨ ᠬᠠᠮᠢᠶᠠᠷᠬᠤ ᠡᠲᠡᠭᠡᠳ᠂ ᠭᠣᠣᠯᠳᠠᠯᠭ᠎ᠠ᠎ᠲᠠᠢ ᠬᠢᠨᠠᠨ ᠬᠠᠮᠢᠶᠠᠷᠬᠤ ᠡᠲᠡᠭᠡᠳ ᠪᠠ ᠡᠩ᠎ᠤᠨ ᠬᠢᠨᠠᠨ ᠬᠠᠮᠢᠶᠠᠷᠬᠤ ᠡᠲᠡᠭᠡᠳ ᠵᠡᠷᠭᠡ 3 ᠬᠤᠪᠢᠶᠠᠷᠢ ᠬᠥᠮᠥᠷᠭᠡ ᠪᠣᠯᠭ᠋ᠠᠨ ᠬᠤᠪᠢᠶᠠᠬᠤ ᠵᠢᠨ ᠬᠠᠮᠲᠤ᠂ ᠲᠠᠷᠬᠠᠯᠲᠠ ᠵᠢᠨ ᠣᠷᠣᠨ ᠪᠦᠰᠡ᠂ ᠠᠵᠢᠯ ᠲᠥᠷᠥᠯ᠎ᠤᠨ ᠠᠵᠤ ᠦᠢ᠍ᠯᠡᠰ᠎ᠤᠨ ᠲᠥᠷᠥᠯ ᠬᠡᠯᠪᠡᠷᠢ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠪᠠᠶ᠋ᠢᠳᠠᠯ᠂ ᠭᠠᠳᠠᠭᠰᠢᠯᠠᠭᠤᠯᠬᠤ ᠪᠣᠬᠢᠷ ᠪᠣᠳᠠᠰ᠎ᠤᠨ ᠲᠥᠷᠥᠯ ᠬᠡᠯᠪᠡᠷᠢ᠂ ᠦᠢ᠍ᠯᠡᠳᠪᠦᠷᠢᠯᠡᠯ᠎ᠤᠨ ᠬᠡᠪᠴᠢᠶ᠎ᠡ᠂ ᠦᠢ᠍ᠯᠡᠳᠪᠦᠷᠢᠯᠡᠯ᠎ᠤᠨ ᠦᠶᠡᠯᠡᠯ᠎ᠤᠨ ᠣᠨᠴᠠᠯᠢᠭ᠂ ᠬᠢᠨᠠᠨ ᠬᠠᠮᠢᠶᠠᠷᠬᠤ ᠲᠥᠷᠥᠯ ᠬᠡᠯᠪᠡᠷᠢ᠂ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠠᠵᠢᠯ᠎ᠤᠨ ᠪᠦᠲᠦᠮᠵᠢ ᠵᠢᠨ ᠲᠠᠰ ᠬᠤᠪᠢᠶᠠᠷᠢᠯᠠᠯ᠂ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠥᠪ ᠲᠠᠯ᠎ᠠ ᠵᠢᠨ ᠨᠠᠷᠢᠨ ᠲᠠᠩᠰᠠ ᠵᠡᠷᠭᠡ ᠬᠦᠴᠦᠨ ᠵᠦᠢ᠍ᠯ ᠵᠶ᠋ᠡᠷ ᠢᠯᠭ᠋ᠠᠨ ᠬᠠᠮᠢᠶᠠᠷᠤᠯᠲᠠ ᠬᠢᠨ᠎ᠡ᠃ ᠬᠠᠮᠢᠶ᠎ᠠ ᠪᠦᠬᠦᠢ ᠵᠠᠰᠠᠭ ᠵᠠᠬᠢᠷᠭ᠋ᠠᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠳ ᠬᠢᠨᠠᠯᠲᠠ ᠬᠠᠮᠢᠶᠠᠷᠤᠯᠲᠠ ᠵᠢᠨ ᠣᠨᠴᠠᠯᠢᠭ᠎ᠲᠠᠢ᠎ᠪᠠᠨ ᠤᠶᠠᠯᠳᠤᠭᠤᠯᠤᠨ ᠡᠯ᠎ᠡ ᠲᠥᠷᠥᠯ᠎ᠤᠨ ᠢᠯᠭ᠋ᠠᠬᠤ ᠲᠡᠮᠳᠡᠭ᠎ᠢ ᠪᠠᠢ᠌ᠷᠢᠯᠠᠭᠤᠯᠵᠤ᠂ ᠬᠥᠳᠡᠯᠦᠩᠭᠦᠢ᠎ᠪᠠᠷ ᠲᠣᠬᠢᠷᠠᠭᠤᠯᠤᠯᠲᠠ ᠬᠢᠵᠦ ᠪᠣᠯᠣᠨ᠎ᠠ᠃
ᠭᠤᠷᠪᠠᠳᠤᠭ᠋ᠠᠷ ᠪᠦᠯᠦᠭ ᠲᠣᠬᠢᠶᠠᠯᠳᠤᠯ ᠵᠶ᠋ᠠᠷ ᠰᠤᠭᠤᠴᠢᠨ ᠪᠠᠢ᠌ᠴᠠᠭ᠋ᠠᠬᠤ ᠲᠥᠯᠥᠪᠯᠡᠭᠡᠲᠦ ᠬᠠᠮᠢᠶᠠᠷᠤᠯᠲᠠ
ᠠᠷᠪᠠ ᠶᠢᠰᠦᠳᠦᠭᠡᠷ ᠵᠦᠢ᠍ᠯ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠬᠠᠷᠢᠶ᠎ᠠ ᠰᠠᠯᠠᠭ᠎ᠠ ᠮᠥᠴᠢᠷ᠂ ᠪᠠᠢ᠌ᠭᠤᠯᠤᠮᠵᠢ᠎ᠠᠴᠠ ᠠᠳᠠᠯᠢ ᠨᠢᠭᠡᠨ ᠪᠠᠢ᠌ᠴᠠᠭ᠋ᠠᠭᠳᠠᠬᠤ ᠡᠲᠡᠭᠡᠳ᠎ᠲᠤ ᠲᠣᠬᠢᠶᠠᠯᠳᠤᠯ ᠵᠶ᠋ᠠᠷ ᠰᠤᠭᠤᠴᠢᠨ ᠪᠠᠢ᠌ᠴᠠᠭ᠋ᠠᠬᠤ ᠠᠵᠢᠯ ᠥᠷᠨᠢᠭᠦᠯᠦᠭᠰᠡᠨ ᠪᠠᠢ᠌ᠪᠠᠯ᠂ ᠰᠠᠯᠠᠭ᠎ᠠ ᠮᠥᠴᠢᠷ᠎ᠤᠨ ᠳᠣᠲᠣᠭ᠋ᠠᠳᠤ᠎ᠳᠠᠭᠠᠨ ᠬᠠᠮᠲᠤᠷᠠᠨ ᠰᠤᠭᠤᠴᠢᠨ ᠪᠠᠢ᠌ᠴᠠᠭ᠋ᠠᠬᠤ ᠵᠢ ᠵᠣᠬᠢᠶᠠᠨ ᠪᠠᠢ᠌ᠭᠤᠯᠵᠤ᠂ ᠠᠳᠠᠯᠢ ᠨᠢᠭᠡᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠪᠠᠢ᠌ᠴᠠᠭ᠋ᠠᠬᠤ ᠳᠦᠷᠦᠯ ᠵᠦᠢ᠍ᠯ᠎ᠢ ᠨᠢᠭᠡ ᠯᠡ ᠤᠳᠠᠭ᠎ᠠ᠎ᠳᠤ ᠪᠡᠶᠡᠯᠡᠭᠦᠯᠬᠦ ᠬᠡᠷᠡᠭᠲᠡᠢ; ᠬᠣᠯᠪᠣᠭ᠋ᠠᠯᠠᠵᠤ ᠳᠡᠢ᠌ᠯᠬᠦ ᠦᠭᠡᠢ ᠵᠢ᠎ᠨᠢ ᠵᠣᠬᠢᠶᠠᠨ ᠪᠠᠢ᠌ᠭᠤᠯᠬᠤ ᠰᠠᠯᠠᠭ᠎ᠠ ᠮᠥᠴᠢᠷ᠎ᠠᠴᠠ ᠲᠣᠬᠢᠶᠠᠯᠳᠤᠯ ᠵᠶ᠋ᠠᠷ ᠰᠤᠭᠤᠴᠢᠨ ᠪᠠᠢ᠌ᠴᠠᠭ᠋ᠠᠨ᠎ᠠ᠃ ᠪᠤᠰᠤᠳ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠠᠢ ᠬᠣᠯᠪᠤᠭ᠋ᠠᠯᠠᠨ ᠠᠳᠠᠯᠢ ᠨᠢᠭᠡᠨ ᠪᠠᠢ᠌ᠴᠠᠭ᠋ᠠᠭᠳᠠᠬᠤ ᠡᠲᠡᠭᠡᠳ᠎ᠲᠤ ᠲᠣᠬᠢᠶᠠᠯᠳᠤᠯ ᠵᠶ᠋ᠠᠷ ᠰᠤᠭᠤᠴᠢᠨ ᠪᠠᠢ᠌ᠴᠠᠭ᠋ᠠᠯᠲᠠ ᠬᠢᠬᠦ ᠴᠢᠬᠤᠯᠠᠲᠠᠢ ᠪᠣᠯ᠂ ᠰᠠᠯᠠᠭ᠎ᠠ ᠮᠥᠴᠢᠷ ᠬᠠᠮᠲᠤᠷᠠᠨ ᠲᠣᠬᠢᠶᠠᠯᠳᠤᠯ ᠵᠶ᠋ᠠᠷ ᠰᠤᠭᠤᠴᠢᠨ ᠪᠠᠢ᠌ᠴᠠᠭ᠋ᠠᠯᠲᠠ ᠬᠢᠬᠦ ᠬᠣᠯᠪᠣᠭᠳᠠᠯ ᠪᠦᠬᠦᠢ ᠳᠦᠷᠢᠮ ᠲᠣᠭᠲᠠᠭ᠋ᠠᠯ᠎ᠤᠨ ᠱᠠᠭ᠋ᠠᠷᠳᠠᠯᠭ᠎ᠠ ᠶᠣᠰᠣᠭ᠋ᠠᠷ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠵᠣᠬᠢᠴᠠᠭᠤᠯᠤᠨ ᠬᠠᠮᠲᠤᠷᠠᠨ ᠪᠠᠢ᠌ᠴᠠᠭ᠋ᠠᠯᠲᠠ ᠥᠷᠨᠢᠭᠦᠯᠦᠨ᠎ᠡ᠃
ᠬᠣᠷᠢᠳᠤᠭ᠋ᠠᠷ ᠵᠦᠢ᠍ᠯ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ ᠣᠨ᠎ᠤ ᠠᠵᠢᠯ᠎ᠲᠠᠢ᠎ᠪᠠᠨ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠪᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠣᠨ᠎ᠤ ᠠᠵᠢᠯ᠎ᠤᠨ ᠲᠥᠯᠥᠪᠯᠡᠭᠡ ᠵᠢ ᠳᠠᠷᠤᠮᠠᠯᠯᠠᠨ ᠶᠠᠪᠤᠭᠤᠯᠤᠭᠰᠠᠨ᠎ᠤ ᠳᠠᠷᠠᠭ᠎ᠠ ᠣᠨ᠎ᠤ ᠲᠣᠬᠢᠶᠠᠯᠳᠤᠯ ᠵᠶ᠋ᠠᠷ ᠰᠤᠭᠤᠴᠢᠨ ᠪᠠᠢ᠌ᠴᠠᠭ᠋ᠠᠬᠤ ᠠᠵᠢᠯ᠎ᠤᠨ ᠲᠥᠯᠥᠪᠯᠡᠭᠡ ᠵᠢ ᠲᠦᠷᠭᠡᠬᠡᠨ ᠲᠣᠭᠲᠠᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠣᠨ᠎ᠤ ᠰᠤᠭᠤᠴᠢᠨ ᠪᠠᠢ᠌ᠴᠠᠭ᠋ᠠᠬᠤ ᠠᠵᠢᠯ᠎ᠤᠨ ᠲᠥᠯᠥᠪᠯᠡᠭᠡ᠎ᠳᠤ ᠭᠣᠣᠯᠳᠠᠭᠤ ᠰᠠᠯᠠᠭ᠎ᠠ ᠮᠥᠴᠢᠷ᠎ᠤᠳ ᠬᠠᠮᠲᠤᠷᠠᠨ ᠣᠨ᠎ᠤ ᠰᠤᠭᠤᠴᠢᠨ ᠪᠠᠢ᠌ᠴᠠᠭ᠋ᠠᠬᠤ ᠲᠥᠯᠥᠪᠯᠡᠭᠡ ᠵᠢ ᠪᠠᠭᠲᠠᠭ᠋ᠠᠨ᠎ᠠ᠃ ᠠᠶ᠋ᠢᠮᠠᠭ ᠬᠣᠲᠠ᠂ ᠬᠣᠰᠢᠭᠤ ᠰᠢᠶᠠᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠣᠨ᠎ᠤ ᠰᠤᠭᠤᠴᠢᠨ ᠪᠠᠢ᠌ᠴᠠᠭ᠋ᠠᠬᠤ ᠠᠵᠢᠯ᠎ᠤᠨ ᠲᠥᠯᠥᠪᠯᠡᠭᠡ᠎ᠳᠤ ᠭᠣᠣᠯᠳᠠᠭᠤ ᠰᠠᠯᠠᠭ᠎ᠠ ᠮᠥᠴᠢᠷ᠎ᠤᠨ ᠣᠨ᠎ᠤ ᠰᠤᠭᠤᠴᠢᠨ ᠪᠠᠢ᠌ᠴᠠᠭ᠋ᠠᠬᠤ ᠲᠥᠯᠥᠪᠯᠡᠭᠡ᠂ ᠰᠠᠯᠠᠭ᠎ᠠ ᠮᠥᠴᠢᠷ᠎ᠤᠨ ᠳᠣᠲᠣᠭ᠋ᠠᠳᠤ ᠵᠢᠨ ᠬᠠᠮᠲᠤᠷᠠᠭᠰᠠᠨ ᠣᠨ᠎ᠤ ᠰᠤᠭᠤᠴᠢᠨ ᠪᠠᠢ᠌ᠴᠠᠭ᠋ᠠᠬᠤ ᠲᠥᠯᠥᠪᠯᠡᠭᠡ ᠪᠠ ᠰᠠᠯᠠᠭ᠎ᠠ ᠮᠥᠴᠢᠷ᠎ᠤᠨ ᠬᠠᠮᠲᠤᠷᠠᠭᠰᠠᠨ ᠣᠨ᠎ᠤ ᠰᠤᠭᠤᠴᠢᠨ ᠪᠠᠢ᠌ᠴᠠᠭ᠋ᠠᠬᠤ ᠲᠥᠯᠥᠪᠯᠡᠭᠡ ᠪᠠᠭᠲᠠᠨ᠎ᠠ᠃
ᠬᠣᠷᠢᠨ ᠨᠢᠭᠡᠳᠦᠭᠡᠷ ᠵᠦᠢ᠍ᠯ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠳᠣᠲᠣᠭ᠋ᠠᠳᠤ᠎ᠳᠠᠭᠠᠨ ᠬᠠᠮᠲᠤᠷᠠᠨ ᠰᠤᠭᠤᠴᠢᠨ ᠪᠠᠢ᠌ᠴᠠᠭ᠋ᠠᠬᠤ᠎ᠳᠤ 《ᠬᠡᠨ ᠲᠦᠷᠦᠭᠦᠯᠡᠨ ᠳᠠᠭ᠋ᠠᠭᠤᠯᠪᠠᠯ ᠬᠡᠨ ᠬᠠᠷᠢᠭᠤᠴᠠᠵᠤ᠂ ᠬᠣᠯᠪᠣᠭ᠋ᠠᠯᠠᠪᠠᠯ ᠵᠣᠬᠢᠬᠤ ᠵᠢ᠎ᠨᠢ ᠬᠣᠯᠪᠣᠭ᠋ᠠᠯᠠᠭᠤᠯᠵᠤ᠂ ᠬᠣᠯᠪᠣᠭ᠋ᠠᠯᠠᠪᠠᠯ ᠵᠣᠬᠢᠬᠤ ᠵᠢ᠎ᠨᠢ ᠪᠦᠬᠦᠨ᠎ᠢ ᠬᠣᠯᠪᠣᠭ᠋ᠠᠯᠠᠭᠤᠯᠬᠤ》 ᠵᠠᠷᠴᠢᠮ ᠶᠣᠰᠣᠭ᠋ᠠᠷ ᠲᠣᠰ ᠰᠠᠯᠠᠭ᠎ᠠ ᠮᠥᠴᠢᠷ᠎ᠤᠨ ᠵᠶ᠋ᠡᠨ ᠳᠦᠷᠦᠯ ᠵᠦᠢ᠍ᠯ᠎ᠤᠨ ᠨᠠᠷᠢᠨ ᠲᠠᠩᠰᠠ ᠪᠠ ᠣᠨ᠎ᠤ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ᠂ ᠵᠠᠰᠠᠭ ᠵᠠᠬᠢᠷᠭ᠋ᠠᠨ᠎ᠤ ᠬᠢᠨᠠᠯᠲᠠ ᠬᠠᠮᠢᠶᠠᠷᠤᠯᠲᠠ ᠵᠢᠨ ᠡᠭᠦᠷᠭᠡ ᠴᠢᠳᠠᠪᠤᠷᠢ᠎ᠳᠤ ᠬᠣᠯᠪᠣᠭᠳᠠᠬᠤ ᠰᠠᠯᠠᠭ᠎ᠠ ᠮᠥᠴᠢᠷ ᠵᠶ᠋ᠡᠷ ᠲᠦᠷᠦᠭᠦᠯᠡᠭᠦᠯᠦᠨ᠂ ᠳᠣᠲᠣᠭ᠋ᠠᠳᠤ ᠵᠢᠨ ᠪᠤᠰᠤᠳ ᠰᠠᠯᠠᠭ᠎ᠠ ᠮᠥᠴᠢᠷ᠎ᠲᠠᠢ ᠬᠣᠯᠪᠣᠭ᠋ᠠᠯᠠᠵᠤ᠂ ᠲᠣᠰ ᠰᠠᠯᠠᠭ᠎ᠠ ᠮᠥᠴᠢᠷ ᠵᠶ᠋ᠡᠷ ᠵᠶ᠋ᠡᠨ ᠲᠦᠷᠦᠭᠦᠯᠡᠭᠦᠯᠦᠭᠰᠡᠨ ᠳᠣᠲᠣᠭ᠋ᠠᠳᠤ᠎ᠳᠠᠭᠠᠨ ᠬᠠᠮᠲᠤᠷᠠᠨ ᠰᠤᠭᠤᠴᠢᠨ ᠪᠠᠢ᠌ᠴᠠᠭ᠋ᠠᠬᠤ ᠠᠵᠢᠯ᠎ᠤᠨ ᠲᠥᠯᠥᠪᠯᠡᠭᠡ ᠵᠢ ᠬᠠᠮᠲᠤ᠎ᠪᠠᠷ ᠲᠣᠭᠲᠠᠭ᠋ᠠᠬᠤ ᠵᠢᠨ ᠬᠠᠮᠲᠤ᠂ ᠠᠳᠠᠯᠢ ᠨᠢᠭᠡᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠳᠣᠲᠣᠭ᠋ᠠᠳᠤ᠎ᠳᠠᠭᠠᠨ ᠬᠠᠮᠲᠤᠷᠠᠨ ᠲᠣᠬᠢᠶᠠᠯᠳᠤᠯ ᠵᠶ᠋ᠠᠷ ᠪᠠᠢ᠌ᠴᠠᠭ᠋ᠠᠬᠤ ᠠᠵᠢᠯ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠦᠨ᠎ᠡ᠃
ᠬᠣᠷᠢᠨ ᠬᠣᠶᠠᠳᠤᠭ᠋ᠠᠷ ᠵᠦᠢ᠍ᠯ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠣᠨ᠎ᠤ ᠲᠣᠬᠢᠶᠠᠯᠳᠤᠯ ᠵᠶ᠋ᠠᠷ ᠰᠤᠭᠤᠴᠢᠨ ᠪᠠᠢ᠌ᠴᠠᠭ᠋ᠠᠬᠤ ᠲᠥᠯᠥᠪᠯᠡᠭᠡ᠎ᠳᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠳᠣᠣᠷᠠᠬᠢ ᠠᠭᠤᠯᠭ᠎ᠠ ᠵᠢ ᠪᠠᠭᠲᠠᠭ᠋ᠠᠬᠤ ᠪᠣᠯᠪᠠᠴᠤ ᠬᠢᠵᠠᠭ᠋ᠠᠷᠯᠠᠬᠤ ᠦᠭᠡᠢ᠄ ᠰᠤᠭᠤᠴᠢᠨ ᠪᠠᠢ᠌ᠴᠠᠭ᠋ᠠᠬᠤ ᠡᠭᠦᠷᠭᠡ ᠵᠢᠨ ᠨᠡᠷᠡᠢ᠌ᠳᠦᠯ᠂ ᠰᠤᠭᠤᠴᠢᠨ ᠪᠠᠢ᠌ᠴᠠᠭ᠋ᠠᠬᠤ ᠴᠠᠭ᠂ ᠡᠬᠢᠯᠡᠵᠦ ᠪᠠᠢ᠌ᠴᠠᠭ᠋ᠠᠬᠤ ᠴᠠᠭ᠂ ᠪᠠᠢ᠌ᠴᠠᠭ᠋ᠠᠭᠳᠠᠬᠤ ᠡᠲᠡᠭᠡᠳ᠎ᠤᠨ ᠬᠡᠪᠴᠢᠶ᠎ᠡ᠂ ᠰᠤᠭᠤᠴᠢᠨ ᠠᠪᠬᠤ ᠬᠠᠷᠢᠴᠠᠯ ᠪᠤᠶᠤ ᠲᠣᠭ᠎ᠠ ᠬᠡᠮᠵᠢᠶ᠎ᠡ᠂ ᠰᠤᠭᠤᠴᠢᠨ ᠠᠪᠬᠤ ᠰᠠᠯᠠᠭ᠎ᠠ ᠮᠥᠴᠢᠷ᠂ ᠰᠤᠭᠤᠴᠢᠨ ᠪᠠᠢ᠌ᠴᠠᠭ᠋ᠠᠬᠤ ᠵᠦᠢ᠍ᠯᠡᠰ᠂ ᠪᠠᠢ᠌ᠴᠠᠭ᠋ᠠᠬᠤ ᠭᠣᠣᠯᠳᠠᠯᠭ᠎ᠠ ᠵᠡᠷᠭᠡ᠃
ᠬᠣᠷᠢᠨ ᠭᠤᠷᠪᠠᠳᠤᠭ᠋ᠠᠷ ᠵᠦᠢ᠍ᠯ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ᠎ᠤᠨ ᠳᠣᠲᠣᠭ᠋ᠠᠳᠤ ᠵᠢᠨ ᠬᠠᠮᠲᠤᠷᠠᠭᠰᠠᠨ ᠣᠨ᠎ᠤ ᠲᠣᠬᠢᠶᠠᠯᠳᠤᠯ ᠵᠶ᠋ᠠᠷ ᠰᠤᠭᠤᠴᠢᠨ ᠪᠠᠢ᠌ᠴᠠᠭ᠋ᠠᠬᠤ ᠲᠥᠯᠥᠪᠯᠡᠭᠡ ᠵᠢ ᠲᠣᠭᠲᠠᠭ᠋ᠠᠬᠤ᠎ᠳᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠎ᠡ᠂ ᠳᠣᠣᠷᠠᠬᠢ ᠠᠭᠤᠯᠭ᠎ᠠ ᠵᠢ ᠪᠠᠭᠲᠠᠭ᠋ᠠᠬᠤ ᠪᠣᠯᠪᠠᠴᠤ ᠬᠢᠵᠠᠭ᠋ᠠᠷᠯᠠᠭᠳᠠᠬᠤ ᠦᠭᠡᠢ᠄ ᠬᠠᠮᠲᠤᠷᠠᠨ ᠰᠤᠭᠤᠴᠢᠨ ᠪᠠᠢ᠌ᠴᠠᠭ᠋ᠠᠬᠤ ᠡᠭᠦᠷᠭᠡ᠂ ᠭᠠᠷᠳᠠᠨ ᠬᠢᠬᠦ ᠰᠠᠯᠠᠭ᠎ᠠ ᠮᠥᠴᠢᠷ᠂ ᠣᠷᠣᠯᠴᠠᠬᠤ ᠰᠠᠯᠠᠭ᠎ᠠ ᠮᠥᠴᠢᠷ᠂ ᠪᠠᠢ᠌ᠴᠠᠭ᠋ᠠᠬᠤ ᠠᠷᠭ᠎ᠠ ᠮᠠᠶᠢᠭ᠂ ᠬᠡᠷᠡᠭᠵᠢᠭᠦᠯᠬᠦ ᠲᠠᠰ ᠳᠠᠪᠬᠤᠷᠭ᠎ᠠ᠂ ᠰᠤᠭᠤᠴᠢᠨ ᠪᠠᠢ᠌ᠴᠠᠭ᠋ᠠᠬᠤ ᠬᠠᠷᠢᠴᠠᠯ ᠪᠤᠶᠤ ᠲᠣᠭ᠎ᠠ ᠬᠡᠮᠵᠢᠶ᠎ᠡ᠂ ᠪᠠᠢ᠌ᠴᠠᠭ᠋ᠠᠯᠲᠠ ᠵᠢᠨ ᠡᠬᠢᠯᠡᠬᠦ ᠪᠠ ᠳᠠᠭᠤᠰᠬᠤ ᠴᠠᠭ᠂ ᠬᠠᠮᠲᠤᠷᠠᠨ ᠰᠤᠭᠤᠴᠢᠨ ᠪᠠᠢ᠌ᠴᠠᠭ᠋ᠠᠬᠤ ᠳᠦᠷᠦᠯ ᠵᠦᠢ᠍ᠯ᠂ ᠪᠠᠢ᠌ᠴᠠᠭ᠋ᠠᠬᠤ ᠭᠣᠣᠯᠳᠠᠯᠭ᠎ᠠ ᠵᠡᠷᠭᠡ᠃
ᠳᠥᠷᠪᠡᠳᠦᠭᠡᠷ ᠪᠦᠯᠦᠭ ᠲᠣᠬᠢᠶᠠᠯᠳᠤᠯ ᠵᠶ᠋ᠠᠷ ᠰᠤᠭᠤᠴᠢᠨ ᠪᠠᠢ᠌ᠴᠠᠭ᠋ᠠᠬᠤ ᠬᠠᠷᠢᠴᠠᠯ ᠪᠠ ᠤᠳᠠᠭ᠎ᠠ
ᠬᠣᠷᠢᠨ ᠳᠥᠷᠪᠡᠳᠦᠭᠡᠷ ᠵᠦᠢ᠍ᠯ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢᠨ ᠪᠠᠢ᠌ᠴᠠᠭ᠋ᠠᠯᠲᠠ᠂ ᠲᠤᠰᠬᠠᠢ ᠵᠦᠢ᠍ᠯ᠎ᠤᠨ ᠪᠠᠢ᠌ᠴᠠᠭ᠋ᠠᠯᠲᠠ᠂ ᠰᠠᠯᠠᠭ᠎ᠠ ᠮᠥᠴᠢᠷ᠎ᠤᠳ ᠬᠠᠮᠲᠤᠷᠠᠨ ᠪᠠᠢ᠌ᠴᠠᠭ᠋ᠠᠬᠤ ᠵᠡᠷᠭᠡ ᠬᠢᠨᠠᠯᠲᠠ ᠬᠠᠮᠢᠶᠠᠷᠤᠯᠲᠠ ᠵᠢᠨ ᠠᠵᠢᠯ᠎ᠢ ᠥᠷᠨᠢᠭᠦᠯᠬᠦ ᠵᠢᠨ ᠰᠤᠭᠤᠴᠢᠨ ᠪᠠᠢ᠌ᠴᠠᠭ᠋ᠠᠬᠤ ᠬᠠᠷᠢᠴᠠᠯ ᠪᠠ ᠤᠳᠠᠭ᠎ᠠ ᠵᠢ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠠᠵᠢᠯ᠎ᠤᠨ ᠬᠡᠷᠡᠭᠴᠡᠭᠡ᠎ᠲᠠᠢ ᠤᠶᠠᠯᠳᠤᠭᠤᠯᠤᠨ ᠥᠪᠡᠰᠦᠪᠡᠨ ᠲᠣᠭᠲᠠᠭ᠋ᠠᠨ᠎ᠠ᠃
ᠬᠣᠷᠢᠨ ᠲᠠᠪᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠣᠷᠢᠶ᠎ᠠ ᠵᠢᠨ ᠠᠯᠪᠠᠨ ᠭᠡᠷ ᠬᠠᠮᠲᠤᠷᠠᠨ 《ᠬᠠᠤᠯᠢᠵᠢᠯ᠎ᠤᠨ ᠡᠵᠡᠩᠨᠡᠯᠲᠡ ᠵᠢᠨ ᠣᠷᠴᠢᠨ ᠲᠣᠭᠣᠷᠢᠨ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠢ ᠠᠷᠭ᠎ᠠ ᠬᠡᠮᠵᠢᠶ᠎ᠡ᠎ᠨᠦᠭᠦᠳ》 《ᠣᠨᠴᠠ ᠲᠣᠭᠲᠠᠭᠰᠠᠨ ᠪᠤᠰᠤ ᠠᠵᠤ ᠠᠬᠤᠢ᠌ᠯᠠᠯ᠎ᠳᠤ ᠴᠢᠭᠯᠡᠭᠦᠯᠦᠨ ᠥᠷᠨᠢᠭᠦᠯᠦᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢᠨ ᠠᠵᠢᠯᠯᠠᠭ᠎ᠠ ᠵᠢ ᠵᠠᠷᠴᠢᠮ ᠳᠡᠭᠡᠷ᠎ᠡ᠎ᠪᠠᠨ ᠨᠢᠭᠡ ᠵᠢᠯ᠎ᠳᠤ ᠨᠢᠭᠡ ᠯᠡ ᠤᠳᠠᠭ᠎ᠠ ᠥᠷᠨᠢᠭᠦᠯᠦᠨ᠎ᠡ》 ᠭᠡᠬᠦ ᠲᠣᠭᠲᠠᠭ᠋ᠠᠯ᠎ᠢ ᠳᠠᠷᠤᠮᠠᠯᠯᠠᠨ ᠲᠠᠷᠬᠠᠭ᠋ᠠᠪᠠ᠃ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠵᠦ᠂ ᠣᠷᠣᠨ ᠪᠦᠰᠡ ᠵᠢᠨ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠂ ᠪᠣᠬᠢᠷᠲᠤᠯ᠎ᠤᠨ ᠡᠬᠢ ᠵᠢᠨ ᠲᠣᠭ᠎ᠠ ᠬᠡᠮᠵᠢᠶ᠎ᠡ᠂ ᠪᠠᠢ᠌ᠴᠠᠭ᠋ᠠᠬᠤ ᠠᠵᠢᠯᠲᠠᠨ᠎ᠤ ᠲᠣᠭ᠎ᠠ ᠬᠡᠮᠵᠢᠶ᠎ᠡ᠂ ᠵᠠᠰᠠᠭ ᠵᠠᠬᠢᠷᠭ᠋ᠠᠨ᠎ᠤ ᠣᠷᠣᠨ᠎ᠤ ᠲᠠᠯᠠᠪᠠᠶ ᠪᠠ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠠᠵᠢᠯ᠎ᠤᠨ ᠬᠡᠷᠡᠭᠴᠡᠭᠡ ᠵᠡᠷᠭᠡ ᠬᠦᠴᠦᠨ ᠵᠦᠢ᠍ᠯ᠎ᠢ ᠶᠡᠷᠦᠩᠬᠡᠢ᠌ᠯᠡᠨ ᠪᠣᠳᠣᠯᠬᠢᠯᠠᠵᠤ᠂ ᠤᠨᠴᠠᠭ᠋ᠠᠢ ᠬᠢᠨᠠᠨ ᠬᠠᠮᠢᠶᠠᠷᠬᠤ ᠡᠲᠡᠭᠡᠳ᠂ ᠭᠣᠣᠯᠳᠠᠯᠭ᠎ᠠ᠎ᠲᠠᠢ ᠬᠢᠨᠠᠨ ᠬᠠᠮᠢᠶᠠᠷᠬᠤ ᠡᠲᠡᠭᠡᠳ᠂ ᠡᠩ᠎ᠤᠨ ᠬᠢᠨᠠᠨ ᠬᠠᠮᠢᠶᠠᠷᠬᠤ ᠡᠲᠡᠭᠡᠳ᠎ᠤᠨ ᠰᠣᠩᠭᠣᠨ ᠠᠪᠬᠤ ᠲᠥᠷᠥᠯ ᠢᠯᠭ᠋ᠠᠯ᠎ᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠰᠤᠭᠤᠴᠢᠨ ᠪᠠᠢ᠌ᠴᠠᠭ᠋ᠠᠬᠤ ᠬᠠᠷᠢᠴᠠᠯ᠎ᠢ ᠨᠠᠷᠢᠯᠢᠭᠵᠢᠭᠤᠯᠬᠤ ᠵᠢᠨ ᠬᠠᠮᠲᠤ ᠱᠠᠲᠤ ᠬᠤᠪᠢᠶᠠᠨ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠬᠥᠳᠡᠯᠦᠩᠭᠦᠢ᠎ᠪᠠᠷ ᠲᠣᠬᠢᠷᠠᠭᠤᠯᠤᠯᠲᠠ ᠬᠢᠨ᠎ᠡ᠃ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠠᠰᠠᠭᠤᠳᠠᠯ ᠣᠷᠣᠰᠢᠵᠤ ᠪᠠᠢ᠌ᠭ᠎ᠠ᠂ ᠤᠯᠠᠨ ᠲᠦᠮᠡᠨ᠎ᠤ ᠨᠡᠢ᠌ᠳᠡᠮ᠎ᠤᠨ ᠲᠤᠰᠬᠠᠯ ᠴᠢᠩᠭ᠎ᠠ᠂ ᠨᠡᠢ᠌ᠭᠡᠮ᠎ᠤᠨ ᠠᠩᠬᠠᠷᠤᠯ᠎ᠤᠨ ᠬᠡᠮᠵᠢᠶ᠎ᠡ ᠥᠨᠳᠥᠷ᠂ ᠢᠲᠡᠭᠡᠮᠵᠢ ᠵᠢᠨ ᠦᠨᠡᠯᠡᠯᠲᠡ ᠵᠢᠨ ᠲᠠᠰ ᠳᠣᠣᠷ᠎ᠠ᠂ ᠣᠨᠴᠠᠭ᠋ᠠᠢ ᠬᠠᠮᠢᠶᠠᠷᠤᠯᠲᠠ ᠵᠢᠨ ᠬᠡᠷᠡᠭᠴᠡᠭᠡ᠎ᠲᠠᠢ ᠵᠢᠴᠢ ᠪᠣᠬᠢᠷᠲᠤᠯ᠎ᠢ ᠰᠡᠷᠭᠡᠢ᠌ᠯᠡᠨ ᠵᠠᠰᠠᠬᠤ ᠮᠡᠷᠭᠡᠵᠢᠯ᠎ᠨᠢ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠤᠨ ᠲᠣᠭᠲᠠᠭ᠋ᠠᠯ᠎ᠳᠤ ᠲᠣᠭᠲᠠᠭᠤᠨ ᠵᠶ᠋ᠠᠷ ᠬᠦᠷᠴᠦ ᠳᠡᠢ᠌ᠯᠬᠦ ᠦᠭᠡᠢ ᠬᠢᠨᠠᠨ ᠬᠠᠮᠢᠶᠠᠷᠬᠤ ᠡᠲᠡᠭᠡᠳ᠎ᠲᠤ ᠰᠤᠭᠤᠴᠢᠨ ᠪᠠᠢ᠌ᠴᠠᠭ᠋ᠠᠬᠤ ᠤᠳᠠᠭ᠎ᠠ ᠵᠢ ᠵᠣᠬᠢᠬᠤ ᠬᠡᠮᠵᠢᠶ᠎ᠡ᠎ᠪᠠᠷ ᠨᠡᠮᠡᠭᠳᠡᠭᠦᠯᠵᠦ ᠪᠣᠯᠣᠨ᠎ᠠ; ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠬᠢᠷᠢ ᠬᠡᠮᠵᠢᠶ᠎ᠡ᠎ᠪᠠᠷ ᠥᠨᠳᠥᠷ᠂ ᠢᠲᠡᠭᠡᠮᠵᠢ᠎ᠪᠠᠷ ᠨᠡᠯᠢᠶᠡᠳ ᠰᠠᠶ᠋ᠢᠨ᠂ ᠣᠷᠴᠢᠨ ᠲᠣᠭᠣᠷᠢᠨ᠎ᠤ ᠲᠦᠭᠰᠢᠭᠦᠷᠢ᠎ᠪᠠᠷ ᠨᠡᠯᠢᠶᠡᠳ ᠳᠣᠣᠷ᠎ᠠ ᠠᠵᠤ ᠠᠬᠤᠢ᠌ᠯᠠᠯ᠎ᠳᠤ ᠰᠤᠭᠤᠴᠢᠨ ᠪᠠᠢ᠌ᠴᠠᠭ᠋ᠠᠬᠤ ᠤᠳᠠᠭ᠎ᠠ ᠵᠢ ᠵᠣᠬᠢᠬᠤ ᠬᠡᠮᠵᠢᠶ᠎ᠡ᠎ᠪᠠᠷ ᠪᠠᠭ᠋ᠠᠰᠬᠠᠵᠤ ᠪᠣᠯᠣᠨ᠎ᠠ᠃
(ᠨᠢᠭᠡ) ᠣᠨᠴᠠᠭ᠋ᠠᠢ ᠬᠢᠨᠠᠨ ᠬᠠᠮᠢᠶᠠᠷᠬᠤ ᠡᠲᠡᠭᠡᠳ᠎ᠢ ᠰᠤᠭᠤᠴᠢᠨ ᠪᠠᠢ᠌ᠴᠠᠭ᠋ᠠᠬᠤ ᠬᠠᠷᠢᠴᠠᠯ ᠪᠠ ᠤᠳᠠᠭ᠎ᠠ᠃ ᠠᠶ᠋ᠢᠮᠠᠭ ᠬᠣᠲᠠ (ᠬᠣᠰᠢᠭᠤ᠂ ᠰᠢᠶᠠᠨ᠂ ᠬᠣᠲᠠ ᠵᠢ ᠪᠠᠭᠲᠠᠭ᠋ᠠᠨ᠎ᠠ) ᠵᠢᠨ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠤᠯᠠᠷᠢᠯ ᠪᠦᠷᠢ ᠠᠳᠠᠭ᠎ᠲᠠᠭᠠᠨ ᠲᠣᠰ ᠵᠠᠰᠠᠭ ᠵᠠᠬᠢᠷᠭ᠋ᠠᠨ᠎ᠤ ᠣᠷᠣᠨ᠎ᠤ 25% ᠵᠢᠨ ᠤᠨᠴᠠᠭ᠋ᠠᠢ ᠬᠢᠨᠠᠨ ᠬᠠᠮᠢᠶᠠᠷᠬᠤ ᠡᠲᠡᠭᠡᠳ᠎ᠲᠤ ᠰᠤᠭᠤᠴᠢᠨ ᠪᠠᠢ᠌ᠴᠠᠭ᠋ᠠᠯᠲᠠ ᠬᠢᠨ᠎ᠡ᠃
(ᠬᠣᠶᠠᠷ) ᠭᠣᠣᠯᠳᠠᠯᠭ᠎ᠠ᠎ᠲᠠᠢ ᠬᠢᠨᠠᠨ ᠬᠠᠮᠢᠶᠠᠷᠬᠤ ᠡᠲᠡᠭᠡᠳ᠎ᠤᠨ ᠰᠤᠭᠤᠴᠢᠨ ᠪᠠᠢ᠌ᠴᠠᠭ᠋ᠠᠬᠤ ᠬᠠᠷᠢᠴᠠᠯ ᠪᠠ ᠤᠳᠠᠭ᠎ᠠ᠃ ᠠᠶ᠋ᠢᠮᠠᠭ ᠬᠣᠲᠠ (ᠬᠣᠰᠢᠭᠤ᠂ ᠰᠢᠶᠠᠨ᠂ ᠬᠣᠲᠠ ᠵᠢ ᠪᠠᠭᠲᠠᠭ᠋ᠠᠨ᠎ᠠ) ᠵᠢᠨ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠤᠯᠠᠷᠢᠯ ᠪᠦᠷᠢ ᠨᠠᠭ᠋ᠠᠲᠤ ᠵᠠᠬ᠎ᠠ᠎ᠳᠠᠭᠠᠨ ᠲᠣᠰ ᠵᠠᠰᠠᠭ ᠵᠠᠬᠢᠷᠭ᠋ᠠᠨ᠎ᠤ ᠣᠷᠣᠨ᠎ᠤ 20% ᠵᠢᠨ ᠭᠣᠣᠯᠳᠠᠯᠭ᠎ᠠ᠎ᠲᠠᠢ ᠬᠢᠨᠠᠨ ᠬᠠᠮᠢᠶᠠᠷᠬᠤ ᠡᠲᠡᠭᠡᠳ᠎ᠲᠤ ᠰᠤᠭᠤᠴᠢᠨ ᠪᠠᠢ᠌ᠴᠠᠭ᠋ᠠᠯᠲᠠ ᠬᠢᠨ᠎ᠡ᠃
(ᠭᠤᠷᠪᠠ) ᠡᠩ᠎ᠤᠨ ᠬᠢᠨᠠᠨ ᠬᠠᠮᠢᠶᠠᠷᠬᠤ ᠡᠲᠡᠭᠡᠳ᠎ᠤᠨ ᠰᠤᠭᠤᠴᠢᠨ ᠪᠠᠢ᠌ᠴᠠᠭ᠋ᠠᠬᠤ ᠬᠠᠷᠢᠴᠠᠯ ᠪᠠ ᠤᠳᠠᠭ᠎ᠠ᠃ ᠠᠶ᠋ᠢᠮᠠᠭ ᠬᠣᠲᠠ (ᠬᠣᠰᠢᠭᠤ᠂ ᠰᠢᠶᠠᠨ᠂ ᠬᠣᠲᠠ ᠵᠢ ᠪᠠᠭᠲᠠᠭ᠋ᠠᠨ᠎ᠠ) ᠵᠢᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ ᠤᠯᠠᠷᠢᠯ ᠪᠦᠷᠢ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ 10% ᠵᠢᠨ ᠡᠩ᠎ᠤᠨ ᠬᠢᠨᠠᠨ ᠬᠠᠮᠢᠶᠠᠷᠬᠤ ᠡᠲᠡᠭᠡᠳ᠎ᠲᠤ ᠰᠤᠭᠤᠴᠢᠨ ᠪᠠᠢ᠌ᠴᠠᠭ᠋ᠠᠯᠲᠠ ᠬᠢᠨ᠎ᠡ᠃
(ᠳᠥᠷᠪᠡ) ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ 《ᠭᠤᠷᠪᠠ ᠵᠢ ᠬᠠᠮᠲᠤᠳᠤᠨᠢ ᠬᠢᠬᠦ》 ᠵᠢᠴᠢ ᠪᠠᠷᠢᠯᠭ᠎ᠠ ᠳᠠᠭᠤᠰᠤᠭᠰᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠡᠶ᠎ᠡ᠎ᠪᠠᠨ ᠳᠠᠭ᠋ᠠᠭ᠋ᠠᠵᠤ ᠰᠢᠯᠭ᠋ᠠᠨ ᠠᠪᠬᠤ ᠠᠵᠢᠯ᠎ᠢ ᠰᠤᠭᠤᠴᠢᠨ ᠪᠠᠢ᠌ᠴᠠᠭ᠋ᠠᠬᠤ ᠤᠳᠠᠭ᠎ᠠ᠃ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠪᠤᠢ ᠪᠦᠬᠦᠢ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠲᠥᠷᠥᠯ ᠬᠤᠪᠢᠶᠠᠨ ᠬᠠᠮᠢᠶᠠᠷᠬᠤ ᠨᠡᠷᠡᠰ᠎ᠤᠨ ᠵᠢᠭᠰᠠᠭ᠋ᠠᠯᠲᠠ᠎ᠳᠤ ᠵᠢᠭᠰᠠᠭ᠋ᠠᠨ ᠣᠷᠣᠭᠤᠯᠤᠭᠰᠠᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠬᠣᠶᠠᠷ᠎ᠢ ᠲᠣᠬᠢᠶᠠᠯᠳᠤᠯ ᠵᠶ᠋ᠠᠷ ᠬᠢᠬᠦ ᠵᠢᠨ ᠳᠠᠭ᠋ᠠᠤ ᠰᠤᠭᠤᠴᠢᠨ ᠪᠠᠢ᠌ᠴᠠᠭ᠋ᠠᠵᠤ ᠬᠡᠪᠴᠢᠶᠡᠨ᠎ᠳᠤ ᠣᠷᠣᠭᠤᠯᠬᠤ ᠵᠢᠨ ᠬᠠᠮᠲᠤ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠪᠣᠳᠠᠲᠤ ᠪᠠᠶ᠋ᠢᠳᠠᠯ᠎ᠢ ᠦᠨᠳᠦᠰᠦᠯᠡᠨ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠠᠵᠢᠯ᠎ᠲᠠᠢ ᠤᠶᠠᠯᠳᠤᠭᠤᠯᠤᠨ ᠰᠤᠭᠤᠴᠢᠨ ᠪᠠᠢ᠌ᠴᠠᠭ᠋ᠠᠬᠤ ᠬᠠᠷᠢᠴᠠᠯ᠎ᠢ ᠥᠪᠡᠰᠦᠪᠡᠨ ᠲᠣᠭᠲᠠᠭ᠋ᠠᠨ᠎ᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ ᠵᠢᠴᠢ ᠥᠪᠡᠷᠲᠡᠭᠡᠨ ᠵᠠᠰᠠᠬᠤ ᠣᠷᠣᠨ᠎ᠤ ᠬᠢᠨᠠᠨ ᠵᠥᠪᠰᠢᠶᠡᠷᠡᠭᠰᠡᠨ ᠭᠣᠣᠯᠳᠠᠯᠭ᠎ᠠ᠎ᠲᠠᠢ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠠᠵᠢᠯ ᠡᠬᠢᠯᠡᠭᠦᠯᠦᠨ ᠪᠦᠲᠦᠭᠡᠨ ᠪᠠᠢ᠌ᠭᠤᠯᠤᠭᠰᠠᠨ᠎ᠤ ᠳᠠᠷᠠᠭ᠎ᠠ ᠦᠢ᠍ᠯᠡᠳᠪᠦᠷᠢᠯᠡᠯ᠎ᠳᠤ ᠣᠷᠣᠭᠤᠯᠬᠤ ᠪᠤᠶᠤ ᠬᠡᠷᠡᠭᠯᠡᠬᠦ᠎ᠳᠤ ᠣᠷᠣᠭᠤᠯᠬᠤ ᠬᠦᠷᠲᠡᠯᠡᠬᠢ 1 ᠵᠢᠯ᠎ᠤᠨ ᠳᠣᠲᠣᠷ᠎ᠠ᠂ ᠰᠤᠭᠤᠴᠢᠨ ᠪᠠᠢ᠌ᠴᠠᠭ᠋ᠠᠬᠤ ᠠᠵᠢᠯ᠎ᠢ ᠨᠠᠭ᠋ᠠᠲᠤ ᠵᠠᠬ᠎ᠠ᠎ᠳᠠᠭᠠᠨ ᠨᠢᠭᠡ ᠤᠳᠠᠭ᠎ᠠ ᠪᠦᠬᠦᠨ᠎ᠢ ᠬᠠᠮᠤᠷᠬᠤ ᠵᠢ ᠪᠡᠶᠡᠯᠡᠭᠦᠯᠬᠦ ᠬᠡᠷᠡᠭᠲᠡᠶ᠃
ᠲᠠᠪᠤᠳᠤᠭ᠋ᠠᠷ ᠪᠦᠯᠦᠭ ᠲᠣᠬᠢᠶᠠᠯᠳᠤᠯ ᠵᠶ᠋ᠠᠷ ᠰᠤᠭᠤᠴᠢᠨ ᠪᠠᠢ᠌ᠴᠠᠭ᠋ᠠᠬᠤ ᠵᠢ ᠬᠡᠷᠡᠭᠵᠢᠭᠦᠯᠬᠦ
ᠬᠣᠷᠢᠨ ᠵᠢᠷᠭᠤᠳᠤᠭ᠋ᠠᠷ ᠵᠦᠢ᠍ᠯ ᠲᠣᠬᠢᠶᠠᠯᠳᠤᠯ ᠵᠶ᠋ᠠᠷ ᠰᠤᠭᠤᠴᠢᠨ ᠪᠠᠢ᠌ᠴᠠᠭ᠋ᠠᠬᠤ ᠵᠢ ᠲᠥᠷᠥᠯ ᠬᠤᠪᠢᠶᠠᠨ ᠬᠡᠷᠡᠭᠵᠢᠭᠦᠯᠦᠨ᠎ᠡ᠃ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ ᠣᠨᠴᠠ ᠲᠣᠭᠲᠠᠭᠰᠠᠨ ᠴᠠᠭ ᠬᠤᠭᠤᠴᠠᠭ᠋ᠠᠨ᠎ᠳᠤ ᠣᠨᠴᠠ ᠲᠣᠭᠲᠠᠭᠰᠠᠨ ᠠᠵᠢᠯ ᠲᠥᠷᠥᠯ᠂ ᠣᠨᠴᠠ ᠲᠣᠭᠲᠠᠭᠰᠠᠨ ᠣᠷᠣᠨ ᠪᠦᠰᠡ᠎ᠳᠤ ᠬᠠᠨᠳᠤᠭᠤᠯᠤᠭᠰᠠᠨ ᠪᠠᠢ᠌ᠴᠠᠭ᠋ᠠᠯᠲᠠ ᠵᠢ ᠥᠷᠨᠢᠭᠦᠯᠬᠦ᠎ᠳᠡᠭᠡᠨ᠂ ᠪᠠᠢ᠌ᠴᠠᠭ᠋ᠠᠭᠳᠠᠬᠤ ᠡᠲᠡᠭᠡᠳ᠂ ᠪᠠᠢ᠌ᠴᠠᠭ᠋ᠠᠭᠳᠠᠬᠤ ᠬᠥᠮᠥᠰ᠎ᠲᠤ ᠪᠠᠶ᠋ᠢᠬᠤ ᠲᠡᠮᠳᠡᠭ᠎ᠤᠨ ᠶᠣᠰᠣᠭ᠋ᠠᠷ᠂ ᠬᠢᠵᠠᠭ᠋ᠠᠷᠯᠠᠭᠰᠠᠨ ᠬᠡᠪᠴᠢᠶᠡᠨ ᠳᠣᠲᠣᠷ᠎ᠠ ᠪᠠᠢ᠌ᠴᠠᠭ᠋ᠠᠭᠳᠠᠬᠤ ᠡᠲᠡᠭᠡᠳ᠎ᠢ ᠲᠣᠬᠢᠶᠠᠯᠳᠤᠯ ᠵᠶ᠋ᠠᠷ ᠰᠣᠩᠭᠣᠨ ᠠᠪᠴᠤ᠂ ᠪᠠᠢ᠌ᠴᠠᠭ᠋ᠠᠬᠤ ᠬᠥᠮᠥᠰ᠎ᠲᠠᠢ ᠲᠣᠬᠢᠷᠠᠭᠤᠯᠤᠨ᠂ ᠲᠣᠬᠢᠶᠠᠯᠳᠤᠯ ᠵᠶ᠋ᠠᠷ ᠰᠤᠭᠤᠴᠢᠨ ᠪᠠᠢ᠌ᠴᠠᠭ᠋ᠠᠬᠤ ᠠᠵᠢᠯ᠎ᠢ ᠬᠠᠨᠳᠤᠯᠭ᠎ᠠ᠎ᠲᠠᠢ᠎ᠪᠠᠷ ᠥᠷᠨᠢᠭᠦᠯᠵᠦ ᠪᠣᠯᠣᠨ᠎ᠠ᠃ ᠪᠣᠬᠢᠷᠲᠤᠯ᠎ᠤᠨ ᠡᠬᠢ ᠰᠤᠷᠪᠤᠯᠵᠢ ᠵᠢᠨ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢᠨ ᠪᠠᠢ᠌ᠴᠠᠭ᠋ᠠᠯᠲᠠ ᠵᠢ ᠥᠷᠨᠢᠭᠦᠯᠬᠦ᠎ᠳᠤ᠂ ᠵᠠᠷᠴᠢᠮ ᠳᠡᠭᠡᠷ᠎ᠡ᠎ᠪᠠᠨ ᠬᠦᠷᠢᠶ᠎ᠡ ᠬᠡᠪᠴᠢᠶ᠎ᠡ ᠵᠢᠨ ᠨᠥᠬᠥᠴᠡᠯ᠎ᠢ ᠤᠷᠢᠳᠴᠢᠯᠠᠨ ᠲᠣᠭᠲᠠᠭ᠋ᠠᠬᠤ ᠦᠭᠡᠢ᠂ ᠪᠠᠢ᠌ᠴᠠᠭ᠋ᠠᠭᠳᠠᠬᠤ ᠡᠲᠡᠭᠡᠳ᠎ᠢ ᠲᠣᠬᠢᠶᠠᠯᠳᠤᠯ ᠵᠶ᠋ᠠᠷ ᠰᠣᠩᠭᠣᠨ ᠠᠪᠴᠤ᠂ ᠪᠠᠢ᠌ᠴᠠᠭ᠋ᠠᠬᠤ ᠠᠵᠢᠯᠲᠠᠨ᠎ᠢ ᠲᠣᠬᠢᠶᠠᠯᠳᠤᠯ ᠵᠶ᠋ᠠᠷ ᠰᠣᠩᠭᠣᠨ ᠲᠣᠮᠢᠯᠠᠬᠤ ᠬᠡᠷᠡᠭᠲᠡᠶ᠃
ᠬᠣᠷᠢᠨ ᠳᠣᠯᠣᠳᠤᠭ᠋ᠠᠷ ᠵᠦᠢ᠍ᠯ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ᠎ᠬᠢᠨ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠵᠦ ᠪᠠᠢ᠌ᠴᠠᠭ᠋ᠠᠬᠤ ᠠᠵᠢᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ᠂ ᠪᠠᠢ᠌ᠴᠠᠭ᠋ᠠᠬᠤ ᠠᠵᠢᠯᠲᠠᠨ᠎ᠤ ᠨᠡᠷᠡᠰ᠎ᠤᠨ ᠬᠥᠮᠥᠷᠭᠡ᠎ᠳᠤ᠂ ᠰᠢᠨᠵᠢᠯᠡᠬᠦ ᠤᠬᠠᠭ᠋ᠠᠨᠴᠢ᠎ᠪᠠᠷ ᠨᠠᠢ᠌ᠷᠠᠭᠤᠯᠤᠨ ᠵᠣᠬᠢᠶᠠᠬᠤ᠂ ᠲᠠᠰᠢᠷᠠᠮ ᠵᠶ᠋ᠠᠷ ᠵᠣᠬᠢᠴᠠᠭᠤᠯᠬᠤ ᠠᠷᠭ᠎ᠠ ᠬᠡᠯᠪᠡᠷᠢ᠎ᠪᠠᠷ ᠳᠠᠮᠵᠢᠨ᠂ ᠪᠠᠢ᠌ᠴᠠᠭ᠋ᠠᠬᠤ ᠠᠵᠢᠯᠲᠠᠨ ᠪᠠ ᠪᠠᠢ᠌ᠴᠠᠭ᠋ᠠᠭᠳᠠᠬᠤ ᠡᠲᠡᠭᠡᠳ᠎ᠢ ᠰᠢᠨᠵᠢᠯᠡᠬᠦ ᠤᠬᠠᠭ᠋ᠠᠨᠴᠢ᠎ᠪᠠᠷ ᠵᠣᠬᠢᠴᠠᠭᠤᠯᠬᠤ ᠵᠢ ᠪᠡᠶᠡᠯᠡᠭᠦᠯᠦᠨ᠎ᠡ᠃
ᠬᠣᠷᠢᠨ ᠨᠠᠢ᠍ᠮᠠᠳᠤᠭ᠋ᠠᠷ ᠵᠦᠢ᠍ᠯ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ 《ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ》 ᠬᠢᠨᠠᠯᠲᠠ ᠬᠠᠮᠢᠶᠠᠷᠤᠯᠲᠠ ᠵᠢᠨ ᠰᠢᠰᠲ᠋ᠧᠮ ᠵᠶ᠋ᠡᠷ ᠳᠡᠮᠵᠢᠨ᠂ ᠪᠠᠢ᠌ᠴᠠᠭ᠋ᠠᠭᠳᠠᠬᠤ ᠡᠲᠡᠭᠡᠳ᠎ᠤᠨ ᠨᠡᠷᠡᠰ᠎ᠤᠨ ᠬᠥᠮᠥᠷᠭᠡ᠎ᠠᠴᠠ ᠲᠥᠯᠥᠪᠯᠡᠭᠡ ᠶᠣᠰᠣᠭ᠋ᠠᠷ᠂ ᠰᠤᠭᠤᠴᠢᠨ ᠪᠠᠢ᠌ᠴᠠᠭ᠋ᠠᠬᠤ ᠬᠠᠷᠢᠴᠠᠯ ᠵᠶ᠋ᠠᠷ ᠪᠠᠢ᠌ᠴᠠᠭ᠋ᠠᠭᠳᠠᠬᠤ ᠡᠲᠡᠭᠡᠳ᠎ᠢ ᠰᠤᠭᠤᠴᠢᠨ ᠠᠪᠬᠤ ᠬᠡᠷᠡᠭᠲᠡᠶ; ᠪᠠᠢ᠌ᠴᠠᠭ᠋ᠠᠬᠤ ᠠᠵᠢᠯᠲᠠᠨ᠎ᠤ ᠨᠡᠷᠡᠰ᠎ᠤᠨ ᠬᠥᠮᠥᠷᠭᠡ᠎ᠠᠴᠠ ᠪᠠᠢ᠌ᠴᠠᠭ᠋ᠠᠬᠤ ᠠᠵᠢᠯᠲᠠᠨ᠎ᠢ ᠲᠣᠬᠢᠶᠠᠯᠳᠤᠯ ᠵᠶ᠋ᠠᠷ ᠰᠣᠩᠭᠣᠨ᠂ ᠪᠠᠢ᠌ᠴᠠᠭ᠋ᠠᠬᠤ ᠳᠤᠭᠤᠢ᠌ᠯᠠᠩ᠎ᠢ ᠪᠦᠷᠢᠯᠳᠦᠭᠦᠯᠵᠦ᠂ ᠪᠠᠢ᠌ᠴᠠᠭ᠋ᠠᠬᠤ ᠳᠤᠭᠤᠢ᠌ᠯᠠᠩ ᠨᠢᠭᠡᠪᠦᠷᠢ ᠵᠢ 2 ᠬᠥᠮᠥᠨ᠎ᠠᠴᠠ ᠳᠤᠲᠠᠭᠤ ᠪᠠᠢ᠌ᠯᠭ᠋ᠠᠬᠤ ᠦᠭᠡᠢ ᠪᠥᠭᠡᠳ ᠲᠣᠬᠢᠶᠠᠯᠳᠤᠯ ᠵᠶ᠋ᠠᠷ ᠵᠣᠬᠢᠴᠠᠭᠤᠯᠬᠤ ᠬᠡᠷᠡᠭᠲᠡᠶ᠃
ᠬᠣᠷᠢ ᠶᠢᠰᠦᠳᠦᠭᠡᠷ ᠵᠦᠢ᠍ᠯ 《ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ》᠎ᠪᠠᠷ ᠳᠡᠮᠵᠢᠨ ᠬᠢᠨᠠᠨ ᠬᠠᠮᠢᠶᠠᠷᠬᠤ ᠰᠢᠰᠲ᠋ᠧᠮ᠎ᠤᠨ ᠲᠠᠰᠢᠷᠠᠮ ᠳᠠᠭ᠋ᠠᠤ ᠰᠣᠩᠭᠣᠭᠰᠠᠨ ᠪᠠᠢ᠌ᠴᠠᠭ᠋ᠠᠬᠤ ᠠᠵᠢᠯᠲᠠᠨ᠎ᠢ ᠳᠤᠷ᠎ᠠ᠎ᠪᠠᠷ ᠵᠶ᠋ᠠᠨ ᠰᠣᠯᠢᠵᠤ ᠪᠣᠯᠬᠤ ᠦᠭᠡᠢ᠂ ᠦᠨᠡᠨᠬᠦ ᠤᠨᠴᠠᠭ᠋ᠠᠢ ᠪᠠᠶ᠋ᠢᠳᠠᠯ᠎ᠠᠴᠠ ᠪᠣᠯᠵᠤ ᠰᠣᠯᠢᠬᠤ ᠴᠢᠬᠤᠯᠠᠲᠠᠢ ᠪᠣᠯ ᠪᠠᠢ᠌ᠭ᠎ᠠ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ᠂ ᠴᠠᠭ ᠲᠤᠬᠠᠢᠳᠤᠨᠢ ᠲᠣᠬᠢᠶᠠᠯᠳᠤᠯ ᠵᠶ᠋ᠠᠷ ᠰᠣᠩᠭᠣᠨ ᠲᠣᠮᠢᠯᠠᠬᠤ ᠠᠷᠭ᠎ᠠ ᠮᠠᠶᠢᠭ ᠵᠶ᠋ᠠᠷ ᠣᠷᠣᠯᠠᠨ ᠪᠠᠢ᠌ᠴᠠᠭ᠋ᠠᠬᠤ ᠠᠵᠢᠯᠲᠠᠨ᠎ᠢ ᠰᠣᠩᠭᠣᠨ ᠭᠠᠷᠭ᠋ᠠᠨ᠎ᠠ᠃
ᠭᠤᠴᠢᠳᠤᠭ᠋ᠠᠷ ᠵᠦᠢ᠍ᠯ ᠲᠣᠬᠢᠶᠠᠯᠳᠤᠯ ᠵᠶ᠋ᠠᠷ ᠪᠠᠢ᠌ᠴᠠᠭ᠋ᠠᠯᠲᠠ ᠬᠢᠬᠦ ᠳᠤᠮᠳᠠ᠂ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ᠎ᠬᠢᠨ ᠰᠤᠭᠤᠴᠢᠨ ᠪᠠᠢ᠌ᠴᠠᠭ᠋ᠠᠬᠤ ᠶᠠᠰᠤ ᠴᠢᠨᠠᠷ᠎ᠢ ᠦᠨᠡᠨᠬᠦ ᠪᠠᠲᠤᠯᠠᠬᠤ ᠬᠡᠷᠡᠭᠲᠡᠢ᠃ ᠵᠠᠷᠴᠢᠮ ᠳᠡᠭᠡᠷ᠎ᠡ᠎ᠪᠠᠨ᠂ ᠳᠡᠭᠡᠳᠦ ᠱᠠᠲᠤᠨ᠎ᠤ ᠰᠠᠯᠠᠭ᠎ᠠ ᠮᠥᠴᠢᠷ᠎ᠨᠢ ᠳᠣᠣᠷᠠᠳᠤ ᠱᠠᠲᠤᠨ᠎ᠤ ᠰᠠᠯᠠᠭ᠎ᠠ ᠮᠥᠴᠢᠷ᠎ᠤᠨ ᠵᠶ᠋ᠡᠨ ᠲᠣᠰ ᠵᠢᠯ᠎ᠤᠨ ᠰᠣᠩᠭᠣᠨ ᠪᠠᠢ᠌ᠴᠠᠭ᠋ᠠᠭᠳᠠᠭᠰᠠᠨ ᠪᠠᠢ᠌ᠴᠠᠭ᠋ᠠᠭᠳᠠᠬᠤ ᠡᠲᠡᠭᠡᠳ᠎ᠤᠨ ᠳᠣᠲᠣᠷ᠎ᠠ᠎ᠠᠴᠠ ᠳᠠᠬᠢᠨᠲᠠ ᠰᠣᠩᠭᠣᠨ ᠪᠠᠢ᠌ᠴᠠᠭ᠋ᠠᠵᠤ ᠪᠣᠯᠣᠨ᠎ᠠ; ᠳᠣᠣᠷᠠᠳᠤ ᠱᠠᠲᠤᠨ᠎ᠤ ᠰᠠᠯᠠᠭ᠎ᠠ ᠮᠥᠴᠢᠷ ᠪᠠᠢ᠌ᠴᠠᠭ᠋ᠠᠭᠳᠠᠬᠤ ᠡᠲᠡᠭᠡᠳ᠎ᠢ ᠰᠣᠩᠭᠣᠨ ᠠᠪᠬᠤ ᠦᠶ᠎ᠡ᠎ᠳᠤ᠂ ᠠᠳᠠᠯᠢ ᠨᠢᠭᠡ ᠵᠢᠯ᠎ᠳᠤ ᠳᠡᠭᠡᠳᠦ ᠱᠠᠲᠤᠨ᠎ᠠᠴᠠ ᠨᠢᠭᠡᠨᠲᠡ ᠰᠣᠩᠭᠣᠨ ᠪᠠᠢ᠌ᠴᠠᠭ᠋ᠠᠭᠰᠠᠨ ᠪᠥᠭᠡᠳ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠢᠯᠡᠷᠡᠭᠦᠯᠦᠭᠰᠡᠨ ᠦᠭᠡᠢ ᠪᠠᠢ᠌ᠪᠠᠯ᠂ ᠲᠣᠬᠢᠶᠠᠯᠳᠤᠯ ᠵᠶ᠋ᠠᠷ ᠰᠣᠩᠭᠣᠨ ᠪᠠᠢ᠌ᠴᠠᠭ᠋ᠠᠬᠤ ᠦᠶ᠎ᠡ᠎ᠳᠤ ᠬᠠᠰᠤᠵᠤ ᠪᠣᠯᠣᠨ᠎ᠠ᠃
ᠭᠤᠴᠢᠨ ᠨᠢᠭᠡᠳᠦᠭᠡᠷ ᠵᠦᠢ᠍ᠯ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ ᠵᠠᠷᠴᠢᠮ ᠳᠡᠭᠡᠷ᠎ᠡ᠎ᠪᠠᠨ ᠪᠣᠳᠠᠲᠠᠢ ᠭᠠᠵᠠᠷ᠎ᠲᠤᠨᠢ ᠪᠠᠢ᠌ᠴᠠᠭ᠋ᠠᠯᠲᠠ ᠬᠢᠬᠦ ᠠᠷᠭ᠎ᠠ ᠬᠡᠯᠪᠡᠷᠢ ᠵᠢ ᠠᠪᠴᠤ ᠲᠣᠬᠢᠶᠠᠯᠳᠤᠯ ᠵᠶ᠋ᠠᠷ ᠪᠠᠢ᠌ᠴᠠᠭ᠋ᠠᠯᠲᠠ ᠬᠢᠬᠦ ᠠᠵᠢᠯ᠎ᠢ ᠥᠷᠨᠢᠭᠦᠯᠬᠦ ᠬᠡᠷᠡᠭᠲᠡᠢ; ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠥᠪ ᠲᠠᠯ᠎ᠠ ᠵᠢᠨ ᠨᠠᠷᠢᠨ ᠲᠠᠩᠰᠠ᠎ᠳᠤ ᠣᠷᠣᠭᠤᠯᠤᠭᠰᠠᠨ ᠬᠢᠨᠠᠨ ᠬᠠᠮᠢᠶᠠᠷᠬᠤ ᠡᠲᠡᠭᠡᠳ᠎ᠲᠤ ᠵᠠᠷᠴᠢᠮ ᠳᠡᠭᠡᠷ᠎ᠡ᠎ᠪᠠᠨ ᠲᠤᠬᠠᠢ ᠵᠢᠨ ᠲᠠᠯᠠᠪᠤᠷ᠎ᠤᠨ ᠪᠤᠰᠤ ᠠᠷᠭ᠎ᠠ ᠮᠠᠶᠢᠭ ᠵᠶ᠋ᠠᠷ ᠪᠠᠢ᠌ᠴᠠᠭ᠋ᠠᠯᠲᠠ ᠥᠷᠨᠢᠭᠦᠯᠦᠨ᠎ᠡ᠃
ᠭᠤᠴᠢᠨ ᠬᠣᠶᠠᠳᠤᠭ᠋ᠠᠷ ᠵᠦᠢ᠍ᠯ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ᠎ᠬᠢᠨ ᠲᠤᠬᠠᠢ ᠵᠢᠨ ᠲᠠᠯᠠᠪᠠᠢ ᠵᠢᠨ ᠪᠠᠢ᠌ᠴᠠᠭ᠋ᠠᠯᠲᠠ ᠵᠢᠨ ᠠᠵᠢᠯᠯᠠᠭ᠎ᠠ ᠵᠢ ᠵᠢᠷᠤᠮᠵᠢᠭᠤᠯᠵᠤ᠂ ᠲᠤᠬᠠᠢ ᠵᠢᠨ ᠲᠠᠯᠠᠪᠠᠢ ᠵᠢᠨ ᠪᠠᠢ᠌ᠴᠠᠭ᠋ᠠᠯᠲᠠ ᠬᠢᠬᠦ᠎ᠳᠡᠭᠡᠨ ᠪᠠᠢ᠌ᠴᠠᠭ᠋ᠠᠬᠤ ᠠᠵᠢᠯᠲᠠᠨ᠎ᠤ ᠪᠡᠶ᠎ᠡ ᠵᠢᠨ ᠭᠠᠷᠤᠯ᠎ᠢ ᠲᠣᠳᠣᠷᠬᠠᠢ᠌ᠯᠠᠵᠤ᠂ ᠬᠠᠤᠯᠢ ᠬᠡᠷᠡᠭᠵᠢᠭᠦᠯᠬᠦ (ᠠᠵᠢᠯ) ᠦᠨᠡᠮᠯᠡᠯ ᠵᠶ᠋ᠡᠨ ᠦᠵᠡᠭᠦᠯᠬᠦ ᠬᠡᠷᠡᠭᠲᠡᠢ; ᠪᠠᠢ᠌ᠴᠠᠭ᠋ᠠᠯᠲᠠ ᠵᠢᠨ ᠦᠨᠳᠦᠰᠦᠯᠡᠯ᠂ ᠪᠠᠢ᠌ᠴᠠᠭ᠋ᠠᠯᠲᠠ ᠵᠢᠨ ᠰᠠᠨᠠᠭ᠎ᠠ ᠵᠣᠷᠢᠯᠲᠠ ᠪᠠ ᠪᠠᠢ᠌ᠴᠠᠭ᠋ᠠᠯᠲᠠ ᠵᠢᠨ ᠶᠠᠪᠤᠴᠠ ᠵᠢ ᠲᠣᠳᠣᠷᠬᠠᠢ᠌ᠯᠠᠬᠤ ᠵᠢᠨ ᠬᠠᠮᠲᠤ ᠬᠠᠮᠵᠢᠯᠴᠠᠬᠤ ᠵᠢ ᠱᠠᠭ᠋ᠠᠷᠳᠠᠨ᠎ᠠ᠃ ᠡᠭᠦᠨ᠎ᠤ ᠬᠠᠮᠲᠤ ᠨᠢᠭᠡᠨᠲᠡ ᠲᠣᠭᠲᠠᠭ᠋ᠠᠭᠰᠠᠨ ᠪᠠᠢ᠌ᠴᠠᠭ᠋ᠠᠬᠤ ᠶᠠᠪᠤᠴᠠ ᠪᠠ ᠪᠠᠢ᠌ᠴᠠᠭ᠋ᠠᠬᠤ ᠠᠭᠤᠯᠭ᠎ᠠ ᠵᠢᠨ ᠶᠣᠰᠣᠭ᠋ᠠᠷ ᠪᠠᠢ᠌ᠴᠠᠭ᠋ᠠᠬᠤ ᠠᠵᠢᠯ᠎ᠢ ᠥᠷᠨᠢᠭᠦᠯᠵᠦ᠂ ᠨᠡᠭᠦᠳᠡᠯ ᠬᠠᠤᠯᠢ ᠬᠡᠷᠡᠭᠵᠢᠭᠦᠯᠬᠦ ᠰᠢᠰᠲ᠋ᠧᠮ ᠵᠶ᠋ᠡᠷ ᠳᠠᠮᠵᠢᠭᠤᠯᠤᠨ ᠴᠠᠭ ᠲᠤᠬᠠᠢᠳᠤᠨᠢ ᠳᠠᠮᠵᠢᠭᠤᠯᠬᠤ ᠬᠡᠷᠡᠭᠲᠡᠶ᠃
ᠭᠤᠴᠢᠨ ᠭᠤᠷᠪᠠᠳᠤᠭ᠋ᠠᠷ ᠵᠦᠢ᠍ᠯ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ᠎ᠬᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠢᠯᠡ ᠨᠡᠢ᠌ᠲᠡᠯᠡᠬᠦ ᠳᠦᠷᠢᠮ᠂ ᠬᠠᠤᠯᠢ ᠬᠡᠷᠡᠭᠵᠢᠭᠦᠯᠦᠯᠲᠡ ᠵᠢᠨ ᠪᠦᠬᠦ ᠶᠠᠪᠤᠴᠠ ᠵᠢ ᠲᠡᠮᠳᠡᠭᠯᠡᠬᠦ ᠳᠦᠷᠢᠮ᠎ᠢ ᠭᠦᠨᠵᠡᠭᠡᠢ ᠬᠡᠷᠡᠭᠵᠢᠭᠦᠯᠵᠦ᠂ ᠨᠡᠭᠦᠳᠡᠯ ᠬᠠᠤᠯᠢ ᠬᠡᠷᠡᠭᠵᠢᠭᠦᠯᠬᠦ ᠰᠢᠰᠲ᠋ᠧᠮ᠎ᠤᠨ ᠬᠡᠷᠡᠭᠯᠡᠯᠲᠡ ᠵᠢ ᠬᠣᠣᠰ ᠲᠣᠬᠢᠶᠠᠯᠳᠤᠯ ᠵᠶ᠋ᠠᠷ ᠰᠤᠭᠤᠴᠢᠨ ᠪᠠᠢ᠌ᠴᠠᠭ᠋ᠠᠬᠤ ᠠᠵᠢᠯ᠎ᠢ ᠥᠷᠨᠢᠭᠦᠯᠬᠦ ᠭᠣᠣᠯ ᠠᠷᠭ᠎ᠠ ᠪᠠᠷᠢᠯ ᠪᠣᠯᠭ᠋ᠠᠵᠤ᠂ ᠮᠡᠳᠡᠭᠡ ᠵᠠᠩᠭᠢᠵᠢᠯᠲᠠ ᠵᠢᠨ ᠰᠢᠰᠲ᠋ᠧᠮ᠎ᠤᠨ ᠪᠠᠢ᠌ᠭᠤᠯᠤᠯᠲᠠ᠂ ᠬᠠᠮᠢᠶᠠᠷᠤᠯᠲᠠ ᠪᠠ ᠬᠡᠷᠡᠭᠯᠡᠯᠲᠡ ᠵᠢ ᠨᠢᠭᠡᠳᠦᠯᠲᠡᠢ ᠲᠥᠯᠥᠪᠵᠢᠭᠦᠯᠦᠨ ᠴᠢᠩᠭ᠋ᠠᠳᠬᠠᠨ᠎ᠠ᠃
ᠭᠤᠴᠢᠨ ᠳᠥᠷᠪᠡᠳᠦᠭᠡᠷ ᠵᠦᠢ᠍ᠯ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ ᠲᠤᠬᠠᠢ ᠵᠢᠨ ᠲᠠᠯᠠᠪᠠᠢ ᠵᠢᠨ ᠬᠢᠨᠠᠨ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢ ᠬᠡᠷᠡᠭᠵᠢᠭᠦᠯᠬᠦ ᠦᠶ᠎ᠡ᠎ᠳᠤ᠂ ᠬᠢᠨᠠᠨ ᠬᠠᠮᠢᠶᠠᠷᠬᠤ ᠠᠵᠢᠯᠲᠠᠨ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ ᠢᠯᠡᠷᠡᠭᠦᠯᠪᠡᠯ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠲᠤ ᠴᠠᠭ ᠲᠤᠬᠠᠢᠳᠤᠨᠢ ᠰᠢᠯᠵᠢᠭᠦᠯᠦᠨ ᠲᠤᠰᠢᠶᠠᠵᠤ᠂ ᠬᠠᠤᠯᠢ ᠬᠡᠷᠡᠭᠵᠢᠭᠦᠯᠬᠦ ᠠᠵᠢᠯᠲᠠᠨ ᠪᠠᠢ᠌ᠴᠠᠭ᠋ᠠᠨ ᠰᠢᠢ᠍ᠳᠪᠦᠷᠢᠯᠡᠬᠦ ᠶᠠᠪᠤᠴᠠ᠎ᠳᠤ ᠪᠠᠢ᠌ᠴᠠᠭ᠋ᠠᠵᠤ ᠭᠡᠷᠡᠴᠢ ᠠᠪᠬᠤ ᠪᠠ ᠭᠡᠷᠡᠴᠢ ᠪᠠᠷᠢᠮᠲᠠ ᠵᠢ ᠲᠣᠭᠲᠠᠪᠤᠷᠢᠵᠢᠭᠤᠯᠬᠤ ᠠᠵᠢᠯ᠎ᠢ ᠬᠠᠤᠯᠢ ᠶᠣᠰᠣᠭ᠋ᠠᠷ ᠰᠠᠶ᠋ᠢᠲᠤᠷ ᠬᠢᠨ᠎ᠡ᠃ ᠦᠨᠡᠬᠡᠷ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ᠎ᠲᠠᠢ ᠪᠠᠢ᠌ᠵᠤ᠂ ᠬᠡᠷᠡᠭ ᠪᠣᠯᠭ᠋ᠠᠨ ᠲᠠᠨᠭ᠌ᠰᠠᠯᠠᠵᠤ ᠪᠠᠢ᠌ᠴᠠᠭ᠋ᠠᠨ ᠰᠢᠢ᠍ᠳᠪᠦᠷᠢᠯᠡᠬᠦ ᠬᠡᠷᠡᠭᠲᠡᠶ ᠪᠠᠢ᠌ᠪᠠᠯ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠵᠢᠷᠤᠮ ᠶᠣᠰᠣᠭ᠋ᠠᠷ ᠶᠠᠪᠤᠭᠳᠠᠭᠤᠯᠤᠨ᠎ᠠ; ᠶᠠᠯ᠎ᠠ ᠬᠢᠭᠰᠡᠨ ᠰᠡᠵᠢᠭᠯᠡᠯᠲᠡᠢ ᠪᠠᠢ᠌ᠪᠠᠯ᠂ ᠬᠠᠤᠯᠢ ᠶᠣᠰᠣᠭ᠋ᠠᠷ ᠬᠠᠤᠯᠢ ᠴᠠᠭ᠋ᠠᠵᠠ ᠵᠢᠨ ᠪᠠᠢ᠌ᠭᠤᠯᠭ᠎ᠠ᠎ᠳᠤ ᠰᠢᠯᠵᠢᠭᠦᠯᠦᠨ ᠬᠦᠷᠭᠡᠨ᠎ᠡ᠃ ᠪᠤᠰᠤᠳ ᠰᠠᠯᠠᠭ᠎ᠠ ᠮᠥᠴᠢᠷ᠎ᠤᠨ ᠬᠠᠷᠢᠶᠠᠯᠠᠯ᠎ᠳᠤ ᠬᠠᠷᠢᠶᠠᠯᠠᠭᠳᠠᠪᠠᠯ᠂ ᠬᠣᠯᠪᠣᠭᠳᠠᠯ ᠪᠦᠬᠦᠢ ᠵᠢᠷᠤᠮ᠎ᠤᠨ ᠲᠣᠭᠲᠠᠭ᠋ᠠᠯ ᠶᠣᠰᠣᠭ᠋ᠠᠷ ᠴᠠᠭ ᠲᠤᠬᠠᠢᠳᠤᠨᠢ ᠰᠢᠯᠵᠢᠭᠦᠯᠦᠨ ᠲᠤᠰᠢᠶᠠᠵᠤ ᠰᠢᠢ᠍ᠳᠪᠦᠷᠢᠯᠡᠨ᠎ᠡ᠃
ᠭᠤᠴᠢᠨ ᠲᠠᠪᠤᠳᠤᠭ᠋ᠠᠷ ᠵᠦᠢ᠍ᠯ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠵᠦ ᠪᠠᠢ᠌ᠴᠠᠭ᠋ᠠᠬᠤ ᠠᠵᠢᠯᠲᠠᠳ ᠲᠤᠬᠠᠢ ᠵᠢᠨ ᠲᠠᠯᠠᠪᠠᠢ ᠵᠢᠨ ᠪᠠᠢ᠌ᠴᠠᠭ᠋ᠠᠯᠲᠠ ᠵᠢᠨ ᠪᠣᠳᠠᠲᠠᠢ ᠪᠠᠶ᠋ᠢᠳᠠᠯ᠎ᠢ ᠦᠨᠳᠦᠰᠦᠯᠡᠨ᠂ ᠲᠤᠬᠠᠢ ᠵᠢᠨ ᠲᠠᠯᠠᠪᠠᠢ ᠵᠢᠨ ᠪᠠᠢ᠌ᠴᠠᠭ᠋ᠠᠯᠲᠠ ᠵᠢᠨ ᠲᠡᠮᠳᠡᠭᠯᠡᠯ᠎ᠢ ᠦᠨᠡᠨ ᠪᠣᠳᠠᠲᠠᠢ᠎ᠪᠠᠷ ᠲᠠᠭᠯᠠᠨ ᠪᠢᠴᠢᠬᠦ ᠵᠢᠨ ᠬᠠᠮᠲᠤ ᠭᠠᠷᠤᠨ ᠦᠰᠦᠭ ᠵᠢᠷᠤᠵᠤ ᠨᠤᠲᠠᠯᠠᠵᠤ᠂ ᠬᠠᠮᠢᠶ᠎ᠠ ᠪᠦᠬᠦᠢ ᠮᠠᠲ᠋ᠧᠷᠢᠶᠠᠯ᠎ᠢ ᠴᠠᠭ ᠲᠤᠬᠠᠢᠳᠤᠨᠢ ᠬᠠᠳᠠᠭ᠋ᠠᠯᠠᠵᠤ ᠳᠠᠩᠰᠠ ᠡᠪᠬᠡᠮᠡᠯ᠎ᠳᠤ ᠣᠷᠣᠭᠤᠯᠬᠤ ᠵᠢ ᠰᠠᠶ᠋ᠢᠲᠤᠷ ᠬᠢᠬᠦ ᠬᠡᠷᠡᠭᠲᠡᠢ᠃
ᠭᠤᠴᠢᠨ ᠵᠢᠷᠭᠤᠳᠤᠭ᠋ᠠᠷ ᠵᠦᠢ᠍ᠯ ᠰᠠᠯᠠᠭ᠎ᠠ ᠮᠥᠴᠢᠷ ᠬᠠᠮᠲᠤᠷᠠᠨ ᠰᠤᠭᠤᠴᠢᠨ ᠪᠠᠢ᠌ᠴᠠᠭ᠋ᠠᠵᠤ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠳᠤ ᠬᠣᠯᠪᠣᠭᠳᠠᠯ ᠪᠦᠬᠦᠢ ᠳᠦᠷᠢᠮ᠎ᠤᠨ ᠶᠣᠰᠣᠭ᠋ᠠᠷ ᠬᠡᠷᠡᠭᠵᠢᠭᠦᠯᠦᠨ᠎ᠡ᠃
ᠵᠢᠷᠭᠤᠳᠤᠭ᠋ᠠᠷ ᠪᠦᠯᠦᠭ ᠮᠡᠳᠡᠭᠡ ᠵᠠᠩᠭᠢ ᠵᠢ ᠢᠯᠡ ᠪᠣᠯᠭ᠋ᠠᠬᠤ ᠪᠠ ᠬᠢᠨᠠᠯᠲᠠ ᠲᠠᠯᠪᠢᠵᠤ ᠬᠠᠮᠢᠶᠠᠷᠬᠤ
ᠭᠤᠴᠢᠨ ᠳᠣᠯᠣᠳᠤᠭ᠋ᠠᠷ ᠵᠦᠢ᠍ᠯ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ 《ᠬᠡᠨ ᠪᠠᠢ᠌ᠴᠠᠭ᠋ᠠᠪᠠᠯ᠂ ᠬᠡᠨ ᠪᠢᠴᠢᠵᠦ ᠤᠷᠤᠭᠤᠯᠬᠤ᠂ ᠬᠡᠨ ᠢᠯᠡ ᠪᠣᠯᠭ᠋ᠠᠬᠤ》 ᠵᠠᠷᠴᠢᠮ ᠶᠣᠰᠣᠭ᠋ᠠᠷ᠂ ᠲᠣᠬᠢᠶᠠᠯᠳᠤᠯ ᠵᠶ᠋ᠠᠷ ᠰᠤᠭᠤᠴᠢᠨ ᠪᠠᠢ᠌ᠴᠠᠭ᠋ᠠᠬᠤ ᠡᠭᠦᠷᠭᠡ᠎ᠪᠠᠨ ᠪᠡᠶᠡᠯᠡᠭᠦᠯᠦᠭᠰᠡᠨ᠎ᠤ ᠳᠠᠷᠠᠭ᠋ᠠᠬᠢ 20 ᠠᠵᠢᠯᠯᠠᠬᠤ ᠡᠳᠦᠷ᠎ᠤᠨ ᠳᠣᠲᠣᠷ᠎ᠠ᠂ ᠰᠤᠭᠤᠴᠢᠨ ᠪᠠᠢ᠌ᠴᠠᠭ᠋ᠠᠭᠰᠠᠨ ᠪᠠᠶ᠋ᠢᠳᠠᠯ ᠪᠠ ᠪᠠᠢ᠌ᠴᠠᠭ᠋ᠠᠨ ᠰᠢᠢ᠍ᠳᠪᠦᠷᠢᠯᠡᠭᠰᠡᠨ ᠦᠷ᠎ᠡ ᠳ᠋ᠦᠩ᠎ᠤᠨ ᠮᠡᠳᠡᠭᠡ ᠵᠠᠩᠭᠢ ᠵᠡᠷᠭᠡ ᠪᠠᠶ᠋ᠢᠳᠠᠯ᠎ᠢ ᠰᠠᠨᠠᠭ᠋ᠠᠴᠢᠯᠠᠭ᠎ᠠ᠎ᠠᠴᠠ᠎ᠪᠠᠨ ᠲᠣᠰ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠫᠤᠷᠲᠸᠯ ᠰᠦᠯᠵᠢᠶ᠎ᠡ ᠪᠤᠶᠤ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠲᠠᠪᠴᠠᠩ᠎ᠳᠤ ᠢᠯᠡ ᠪᠣᠯᠭ᠋ᠠᠵᠤ᠂ ᠣᠨ᠎ᠤ ᠰᠤᠭᠤᠴᠢᠨ ᠪᠠᠢ᠌ᠴᠠᠭ᠋ᠠᠭᠰᠠᠨ ᠦᠷ᠎ᠡ ᠳ᠋ᠦᠩ᠎ᠢ 100%᠎ᠪᠠᠷ ᠢᠯᠡ ᠪᠣᠯᠭ᠋ᠠᠬᠤ ᠵᠢ ᠪᠡᠶᠡᠯᠡᠭᠦᠯᠦᠨ᠎ᠡ᠃ ᠪᠠᠢ᠌ᠴᠠᠭ᠋ᠠᠭᠰᠠᠨ ᠪᠠᠶ᠋ᠢᠳᠠᠯ ᠪᠠ ᠪᠠᠢ᠌ᠴᠠᠭ᠋ᠠᠨ ᠰᠢᠢ᠍ᠳᠪᠦᠷᠢᠯᠡᠭᠰᠡᠨ ᠦᠷ᠎ᠡ ᠳ᠋ᠦᠩ᠎ᠨᠢ ᠨᠢᠭᠤᠴᠠ᠂ ᠤᠯᠤᠰ᠎ᠤᠨ ᠠᠮᠤᠷ ᠲᠦᠪᠰᠢᠨ᠂ ᠤᠯᠠᠨ ᠨᠠᠢ᠌ᠳᠠ ᠵᠢᠨ ᠠᠮᠤᠷ ᠲᠦᠪᠰᠢᠨ᠎ᠳᠤ ᠬᠣᠯᠪᠣᠭᠳᠠᠪᠠᠯ᠂ ᠢᠯᠡ ᠪᠣᠯᠭ᠋ᠠᠬᠤ ᠦᠭᠡᠢ ᠪᠠᠢ᠌ᠵᠤ ᠪᠣᠯᠣᠨ᠎ᠠ᠃
ᠭᠤᠴᠢᠨ ᠨᠠᠢ᠍ᠮᠠᠳᠤᠭ᠋ᠠᠷ ᠵᠦᠢ᠍ᠯ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ 《ᠬᠣᠶᠠᠷ᠎ᠢ ᠲᠣᠬᠢᠶᠠᠯᠳᠤᠯ ᠵᠶ᠋ᠠᠷ ᠬᠢᠵᠦ᠂ ᠨᠢᠭᠡ ᠵᠢ ᠢᠯᠡ ᠪᠣᠯᠭ᠋ᠠᠬᠤ》 ᠬᠢᠨᠠᠯᠲᠠ ᠬᠠᠮᠢᠶᠠᠷᠤᠯᠲᠠ ᠵᠢᠨ ᠲᠠᠪᠴᠠᠩ᠎ᠤᠨ ᠲᠠᠭᠯᠠᠨ ᠮᠡᠳᠡᠭᠦᠯᠬᠦ ᠱᠠᠭ᠋ᠠᠷᠳᠠᠯᠭ᠎ᠠ ᠶᠣᠰᠣᠭ᠋ᠠᠷ᠂ ᠪᠠᠢ᠌ᠴᠠᠭ᠋ᠠᠭᠰᠠᠨ ᠦᠷ᠎ᠡ ᠳ᠋ᠦᠩ᠎ᠤᠨ ᠮᠡᠳᠡᠭᠡ ᠵᠠᠩᠭᠢ ᠵᠢᠨ ᠠᠭᠤᠯᠭ᠎ᠠ ᠵᠢ 《ᠠᠰᠠᠭᠤᠳᠠᠯ᠎ᠢ ᠣᠯᠵᠤ ᠮᠡᠳᠡᠭᠰᠡᠨ ᠦᠭᠡᠢ》 《ᠠᠰᠠᠭᠤᠳᠠᠯ᠎ᠢ ᠢᠯᠡᠷᠡᠭᠦᠯᠵᠦ ᠨᠢᠭᠡᠨᠲᠡ ᠴᠡᠭᠴᠡᠯᠡᠨ ᠰᠠᠢ᠌ᠵᠢᠷᠠᠭᠤᠯᠬᠤ᠎ᠪᠠᠷ ᠵᠠᠷᠯᠢᠭᠳᠠᠭᠰᠠᠨ》 《ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠷᠡᠭᠦᠯᠵᠦ ᠨᠢᠭᠡᠨᠲᠡ ᠬᠡᠷᠡᠭ ᠪᠣᠯᠭ᠋ᠠᠨ ᠳᠡᠩᠰᠡᠯᠡᠵᠦ ᠪᠠᠢ᠌ᠴᠠᠭ᠋ᠠᠭᠰᠠᠨ》 《ᠪᠠᠢ᠌ᠴᠠᠭ᠋ᠠᠭᠳᠠᠬᠤ ᠡᠲᠡᠭᠡᠳ᠎ᠢ ᠨᠢᠭᠡᠨᠲᠡ ᠬᠦᠴᠦᠨ ᠦᠭᠡᠢ ᠪᠣᠯᠭ᠋ᠠᠭᠰᠠᠨ》 《ᠠᠰᠠᠭᠤᠳᠠᠯ᠎ᠢ ᠢᠯᠡᠷᠡᠭᠦᠯᠵᠦ ᠨᠢᠭᠡᠨᠲᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠰᠢᠯᠵᠢᠭᠦᠯᠦᠨ ᠲᠤᠰᠢᠶᠠᠭᠰᠠᠨ》 《ᠪᠠᠢ᠌ᠴᠠᠭ᠋ᠠᠯᠲᠠ᠎ᠳᠤ ᠬᠠᠮᠵᠢᠯᠴᠠᠬᠤ ᠦᠭᠡᠢ》 《ᠠᠰᠠᠭᠤᠳᠠᠯ᠎ᠢ ᠣᠯᠵᠤ ᠮᠡᠳᠡᠪᠡᠯ ᠦᠷᠭᠦᠯᠵᠢᠯᠡᠨ ᠰᠢᠢ᠍ᠳᠪᠦᠷᠢᠯᠡᠬᠦ ᠬᠡᠷᠡᠭᠲᠡᠶ》 ᠵᠡᠷᠭᠡ ᠲᠥᠬᠥᠮ ᠠᠷᠭ᠎ᠠ ᠮᠠᠶᠢᠭ ᠵᠶ᠋ᠠᠷ ᠢᠯᠡᠳᠬᠡᠵᠦ ᠪᠣᠯᠣᠨ᠎ᠠ᠃ ᠵᠠᠰᠠᠭ ᠵᠠᠬᠢᠷᠭ᠋ᠠᠨ᠎ᠤ ᠰᠢᠢ᠍ᠳᠬᠡᠯ᠎ᠢ ᠬᠡᠷᠡᠭᠵᠢᠭᠦᠯᠬᠦ᠎ᠳᠤ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠣᠭᠲᠠᠭ᠋ᠠᠯ ᠭᠠᠷᠭ᠋ᠠᠭᠰᠠᠨ᠎ᠤ ᠳᠠᠷᠠᠭ᠎ᠠ᠂ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ ᠬᠣᠯᠪᠣᠭᠳᠠᠯ ᠪᠦᠬᠦᠢ ᠮᠡᠳᠡᠭᠡ ᠵᠠᠩᠭᠢ ᠵᠢ ᠤᠯᠠᠮ ᠨᠢᠭᠡ ᠠᠯᠬᠤᠮ ᠢᠯᠡ ᠪᠣᠯᠭ᠋ᠠᠨ᠎ᠠ᠃
ᠭᠤᠴᠢ ᠶᠢᠰᠦᠳᠦᠭᠡᠷ ᠵᠦᠢ᠍ᠯ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ᠎ᠬᠢᠨ ᠳᠡᠭᠡᠳᠦ ᠳᠣᠣᠷᠠᠳᠤ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ ᠵᠢᠴᠢ ᠪᠤᠰᠤᠳ ᠰᠠᠯᠠᠭ᠎ᠠ ᠮᠥᠴᠢᠷ᠎ᠤᠨ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠵᠢ ᠨᠢᠭᠡᠳᠦᠯᠲᠡᠢ ᠲᠥᠯᠥᠪᠵᠢᠭᠦᠯᠦᠨ ᠵᠣᠯᠭ᠋ᠠᠭᠤᠯᠬᠤ ᠵᠢ ᠰᠠᠶ᠋ᠢᠲᠤᠷ ᠬᠢᠵᠦ᠂ ᠮᠡᠳᠡᠭᠡ ᠵᠠᠩᠭᠢ ᠵᠢ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ᠂ ᠪᠠᠢ᠌ᠴᠠᠭ᠋ᠠᠭᠰᠠᠨ ᠦᠷ᠎ᠡ ᠳ᠋ᠦᠩ᠎ᠢ ᠬᠠᠷᠢᠯᠴᠠᠨ ᠮᠡᠳᠡᠷᠡᠬᠦ ᠵᠢ ᠪᠡᠶᠡᠯᠡᠭᠦᠯᠦᠨ᠎ᠡ᠃
ᠳᠥᠴᠢᠳᠦᠭᠡᠷ ᠵᠦᠢ᠍ᠯ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ᠎ᠬᠢᠨ ᠬᠢᠨᠠᠨ ᠰᠢᠯᠭ᠋ᠠᠵᠤ ᠱᠠᠩᠨᠠᠵᠤ ᠲᠣᠷᠭ᠋ᠠᠬᠤ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠬᠣᠯᠪᠣᠭᠳᠠᠯ ᠪᠦᠬᠦᠢ ᠲᠣᠭᠲᠠᠭ᠋ᠠᠯ᠎ᠤᠨ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠡᠭᠦᠷᠭᠡ ᠲᠤᠰᠢᠶᠠᠯ᠎ᠳᠠᠭᠠᠨ ᠦᠨᠡᠨᠴᠢ ᠰᠢᠳᠤᠷᠭᠤ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠳᠢ ᠰᠠᠢ᠌ᠰᠢᠶᠠᠬᠤ ᠪᠠ ᠵᠣᠷᠢᠭᠵᠢᠭᠤᠯᠵᠤ᠂ ᠭᠦᠢ᠍ᠴᠡᠳᠬᠡᠭᠰᠡᠨ ᠦᠭᠡᠢ᠂ ᠵᠣᠬᠢᠰ ᠦᠭᠡᠢ ᠭᠦᠢ᠍ᠴᠡᠳᠬᠡᠭᠰᠡᠨ ᠪᠤᠶᠤ ᠬᠠᠤᠯᠢ᠎ᠠᠴᠠ ᠵᠥᠷᠢᠴᠡᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠳᠢ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ᠃ ᠲᠣᠬᠢᠶᠠᠯᠳᠤᠯ ᠵᠶ᠋ᠠᠷ ᠰᠤᠭᠤᠴᠢᠨ ᠪᠠᠢ᠌ᠴᠠᠭ᠋ᠠᠬᠤ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠬᠦ ᠶᠣᠰᠣᠲᠠᠢ ᠪᠠᠢ᠌ᠴᠠᠭ᠋ᠠᠬᠤ ᠠᠵᠢᠯᠲᠠᠨ ᠰᠤᠭᠤᠴᠢᠨ ᠪᠠᠢ᠌ᠴᠠᠭ᠋ᠠᠬᠤ ᠲᠥᠯᠥᠪᠯᠡᠭᠡ ᠵᠢᠨ ᠶᠣᠰᠣᠭ᠋ᠠᠷ᠂ ᠪᠠᠢ᠌ᠴᠠᠭ᠋ᠠᠬᠤ ᠡᠭᠦᠷᠭᠡ ᠬᠠᠷᠢᠭᠤᠴᠠᠯᠭ᠎ᠠ᠎ᠪᠠᠨ ᠨᠢᠭᠡᠨᠲᠡ ᠬᠢᠨᠠᠮᠠᠭ᠋ᠠᠢ ᠭᠦᠢ᠍ᠴᠡᠳᠬᠡᠭᠰᠡᠨ᠂ ᠡᠰᠡᠬᠦᠯ᠎ᠡ ᠬᠡᠳᠦᠶ᠋ᠢᠪᠡᠷ ᠬᠠᠷᠠᠬᠠᠨ ᠪᠠᠢ᠌ᠴᠠᠭ᠋ᠠᠯᠲᠠ ᠬᠢᠭᠡᠳᠦᠢ ᠪᠣᠯᠪᠠᠴᠤ ᠲᠣᠭᠲᠠᠭᠰᠠᠨ ᠴᠠᠭ ᠬᠤᠭᠤᠴᠠᠭ᠎ᠠ᠎ᠠᠴᠠ ᠬᠡᠲᠦᠷᠡᠭᠡᠳᠦᠢ᠂ ᠪᠠᠢ᠌ᠴᠠᠭ᠋ᠠᠭᠳᠠᠬᠤ ᠡᠲᠡᠭᠡᠳ ᠬᠠᠤᠯᠢ᠎ᠠᠴᠠ ᠵᠥᠷᠢᠴᠡᠭᠰᠡᠨ ᠪᠠᠢ᠌ᠪᠠᠯ᠂ ᠬᠣᠯᠪᠣᠭᠳᠠᠯ ᠪᠦᠬᠦᠢ ᠠᠵᠢᠯᠲᠠᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠵᠢ ᠨᠡᠬᠡᠮᠵᠢᠯᠡᠬᠦ ᠦᠭᠡᠢ ᠪᠠᠶ᠋ᠢᠬᠤ ᠬᠡᠷᠡᠭᠲᠡᠶ᠃
ᠳᠥᠴᠢᠨ ᠨᠢᠭᠡᠳᠦᠭᠡᠷ ᠵᠦᠢ᠍ᠯ ᠳᠡᠭᠡᠳᠦ ᠱᠠᠲᠤᠨ᠎ᠤ ᠰᠠᠯᠠᠭ᠎ᠠ ᠮᠥᠴᠢᠷ᠎ᠨᠢ ᠳᠣᠣᠷᠠᠳᠤ ᠱᠠᠲᠤᠨ᠎ᠤ ᠠᠵᠢᠯ ᠲᠥᠷᠥᠯ᠎ᠤᠨ ᠰᠠᠯᠠᠭ᠎ᠠ ᠮᠥᠴᠢᠷ᠎ᠢ ᠵᠢᠯᠤᠭᠣᠳᠬᠤ᠂ ᠱᠠᠯᠠᠪᠳᠠᠭᠤᠯᠬᠤ ᠪᠠ ᠪᠠᠢ᠌ᠴᠠᠭ᠋ᠠᠬᠤ᠎ᠪᠠᠨ ᠴᠢᠩᠭ᠋ᠠᠳᠬᠠᠵᠤ᠂ ᠬᠢᠨᠠᠨ ᠬᠠᠮᠢᠶᠠᠷᠬᠤ ᠰᠢᠰᠲ᠋ᠧᠮ᠂ ᠲᠤᠬᠠᠢ ᠵᠢᠨ ᠭᠠᠵᠠᠷ᠎ᠲᠤᠨᠢ ᠱᠠᠯᠠᠪᠳᠠᠭᠤᠯᠤᠨ ᠪᠠᠢ᠌ᠴᠠᠭ᠋ᠠᠬᠤ᠂ ᠥᠯᠢᠭᠡᠷ ᠠᠪᠴᠤ ᠳᠠᠬᠢᠨ ᠪᠠᠢ᠌ᠴᠠᠭ᠋ᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠬᠢᠨᠠᠯᠲᠠ ᠲᠠᠯᠪᠢᠵᠤ ᠪᠠᠢ᠌ᠴᠠᠭ᠋ᠠᠬᠤ ᠵᠢ ᠥᠷᠨᠢᠭᠦᠯᠵᠦ᠂ ᠳᠦᠷᠢᠮ᠎ᠤᠨ ᠲᠣᠭᠲᠠᠴᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ 《ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ》 ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠨᠠᠢ᠌ᠳᠠᠪᠤᠷᠢᠵᠢᠭᠤᠯᠬᠤ ᠵᠢ ᠠᠬᠢᠭᠤᠯᠤᠨ᠎ᠠ᠃
ᠳᠥᠴᠢᠨ ᠬᠣᠶᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ ᠪᠣᠯᠣᠨ ᠠᠶ᠋ᠢᠮᠠᠭ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠦᠯᠲᠡ ᠵᠢ ᠮᠥᠷᠳᠡᠨ ᠪᠠᠢ᠌ᠴᠠᠭ᠋ᠠᠬᠤ ᠠᠵᠢᠯ᠎ᠲᠠᠢ ᠤᠶᠠᠯᠳᠤᠭᠤᠯᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ 《ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ》 ᠳᠦᠷᠢᠮ᠎ᠢ ᠨᠠᠢ᠌ᠳᠠᠪᠤᠷᠢᠵᠢᠭᠤᠯᠤᠭᠰᠠᠨ ᠪᠠᠶ᠋ᠢᠳᠠᠯ᠎ᠳᠤ ᠬᠢᠨᠠᠯᠲᠠ ᠲᠠᠯᠪᠢᠨ ᠪᠠᠢ᠌ᠴᠠᠭ᠋ᠠᠯᠲᠠ ᠬᠢᠵᠦ᠂ ᠣᠷᠣᠰᠢᠵᠤ ᠪᠠᠢ᠌ᠭ᠎ᠠ ᠠᠰᠠᠭᠤᠳᠠᠯ᠎ᠢ ᠴᠠᠭ ᠲᠤᠬᠠᠢᠳᠤᠨᠢ ᠡᠷᠢᠵᠦ᠂ ᠲᠣᠬᠢᠶᠠᠯᠳᠤᠯ ᠵᠶ᠋ᠠᠷ ᠰᠤᠭᠤᠴᠢᠨ ᠪᠠᠢ᠌ᠴᠠᠭ᠋ᠠᠬᠤ ᠳᠦᠷᠢᠮ᠎ᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠠᠬᠢᠭᠤᠯᠤᠨ᠎ᠠ᠃
ᠳᠥᠴᠢᠨ ᠭᠤᠷᠪᠠᠳᠤᠭ᠋ᠠᠷ ᠵᠦᠢ᠍ᠯ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ ᠤᠯᠠᠷᠢᠯ ᠪᠦᠷᠢ ᠵᠢᠨ ᠨᠢᠭᠡᠳᠦᠭᠡᠷ ᠰᠠᠷ᠎ᠠ ᠵᠢᠨ 5 ᠡᠳᠦᠷ᠎ᠠᠴᠠ ᠡᠮᠦᠨ᠎ᠡ ᠳᠡᠭᠡᠷ᠎ᠡ ᠤᠯᠠᠷᠢᠯ᠎ᠤᠨ ᠲᠣᠬᠢᠶᠠᠯᠳᠤᠯ ᠵᠶ᠋ᠠᠷ ᠰᠤᠭᠤᠴᠢᠨ ᠪᠠᠢ᠌ᠴᠠᠭ᠋ᠠᠬᠤ ᠠᠵᠢᠯ᠎ᠢ ᠥᠷᠨᠢᠭᠦᠯᠦᠭᠰᠡᠨ ᠪᠠᠶ᠋ᠢᠳᠠᠯ᠎ᠢ ᠬᠤᠷᠢᠶᠠᠩᠭᠤᠢ᠌ᠯᠠᠬᠤ ᠵᠢᠨ ᠬᠠᠮᠲᠤ᠂ 《ᠠᠮᠢ ᠠᠬᠤᠢ ᠣᠷᠴᠢᠨ ᠲᠣᠭᠣᠷᠢᠨ 〈ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ〉 ᠪᠠᠶ᠋ᠢᠳᠠᠯ᠎ᠤᠨ ᠪᠦᠷᠢᠳᠬᠡᠯ᠎ᠤᠨ ᠬᠦᠰᠦᠨᠦᠭᠲᠦ》 ᠵᠢ ᠲᠠᠭᠯᠠᠨ ᠮᠡᠳᠡᠭᠦᠯᠦᠨ᠎ᠡ; ᠵᠢᠯ ᠪᠦᠷᠢ ᠵᠢᠨ 11 ᠰᠠᠷ᠎ᠠ ᠵᠢᠨ 5᠎ᠤ ᠡᠳᠦᠷ᠎ᠠᠴᠠ ᠡᠮᠦᠨ᠎ᠡ᠂ ᠲᠣᠰ ᠵᠢᠯ᠎ᠤᠨ 《ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ》 ᠵᠢ ᠨᠠᠢ᠌ᠳᠠᠪᠤᠷᠢᠵᠢᠭᠤᠯᠤᠭᠰᠠᠨ ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠥᠪᠡᠰᠦᠪᠡᠨ ᠪᠠᠢ᠌ᠴᠠᠭ᠋ᠠᠭᠰᠠᠨ ᠮᠡᠳᠡᠭᠦᠯᠦᠯᠲᠡ᠎ᠪᠠᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠲᠤ ᠮᠡᠳᠡᠭᠦᠯᠦᠨ᠎ᠡ᠃
ᠳᠥᠴᠢᠨ ᠳᠥᠷᠪᠡᠳᠦᠭᠡᠷ ᠵᠦᠢ᠍ᠯ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ ᠲᠣᠰ ᠭᠠᠵᠠᠷ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠡᠷᠡᠭᠵᠢᠭᠦᠯᠬᠦ ᠲᠥᠰᠥᠯ ᠲᠣᠭᠲᠠᠭ᠋ᠠᠵᠤ᠂ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠵᠶ᠋ᠠᠨ ᠤᠯᠠᠮ ᠨᠢᠭᠡ ᠠᠯᠬᠤᠮ ᠲᠣᠳᠣᠷᠬᠠᠢ᠌ᠯᠠᠨ᠂ ᠠᠵᠢᠯ᠎ᠤᠨ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠨᠠᠢ᠌ᠳᠠᠪᠤᠷᠢᠵᠢᠭᠤᠯᠬᠤ ᠠᠷᠭ᠎ᠠ ᠬᠡᠮᠵᠢᠶ᠎ᠡ᠎ᠪᠠᠨ ᠨᠠᠷᠢᠯᠢᠭᠵᠢᠭᠤᠯᠤᠨ᠎ᠠ᠃
ᠳᠠᠭ᠋ᠠᠯᠳᠤᠭᠤᠯᠤᠭᠰᠠᠨ ᠲᠤᠢ᠌ᠷᠢᠮ
ᠳᠥᠴᠢᠨ ᠲᠠᠪᠤᠳᠤᠭ᠋ᠠᠷ ᠵᠦᠢ᠍ᠯ ᠲᠣᠰ ᠨᠠᠷᠢᠨ ᠳᠦᠷᠢᠮ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠬᠠᠷᠢᠭᠤᠴᠠᠨ ᠲᠠᠢ᠌ᠯᠪᠤᠷᠢᠯᠠᠵᠤ᠂ ᠨᠡᠢ᠌ᠲᠡᠯᠡᠭᠰᠡᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠬᠡᠷᠪᠡ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠢ ᠲᠣᠭᠲᠠᠭ᠋ᠠᠬᠤ᠎ᠳᠤ ᠠᠰᠲᠠᠭ᠋ᠠᠨ ᠲᠣᠬᠢᠷᠠᠭᠤᠯᠤᠯᠲᠠ ᠬᠢᠬᠦ ᠲᠣᠭᠲᠠᠭ᠋ᠠᠯ᠎ᠲᠠᠢ ᠪᠠᠢ᠌ᠪᠠᠯ᠂ ᠲᠡᠷᠡ ᠲᠣᠭᠲᠠᠭ᠋ᠠᠯ᠎ᠢ ᠵᠢᠷᠤᠮᠯᠠᠨ᠎ᠠ᠃